ᠵᠢᠯᠣᠭᠤᠴᠢ ᠶᠢᠨ ᠦᠨᠡᠮᠯᠡᠯ ᠢᠶᠠᠨ ᠭᠡᠭᠡᠭᠰᠡᠨ ᠪᠣᠶᠤ ᠰᠦᠢᠳᠬᠡᠭᠰᠡᠨ ᠪᠣᠯ ᠶᠠᠭᠠᠬᠢᠬᠤ ᠪᠣᠢ︖
ᠨᠡᠶᠢᠲᠡᠯᠡᠭᠰᠡᠨ ᠴᠠᠭ᠄
2015/10/16
        ᠨᠢᠭᠡ᠂ ᠲᠤᠰᠢᠶᠠᠬᠤ ᠮᠠᠲ᠋ᠧᠷᠢᠶᠠᠯ᠄            1᠂ ︽ᠮᠠᠰᠢᠨᠲᠦ ᠲᠡᠷᠭᠡᠨ ᠤ ᠵᠢᠯᠣᠭᠤᠴᠢ ᠶᠢᠨ ᠦᠨᠡᠮᠯᠡᠯ ᠤᠨ ᠭᠤᠶᠣᠴᠢᠯᠠᠯ ᠤᠨ ᠬᠥᠰᠦᠨᠦᠭᠲᠦ︾︔            2᠂ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠪᠣᠯᠣᠨ ᠬᠠᠭᠤᠯᠪᠤᠷᠢ︔              3᠂ ᠬᠦᠴᠦᠨ ᠪᠦᠬᠦᠢ ᠬᠤᠭᠤᠴᠠᠭ᠎ᠠ ᠨᠢ ᠳᠦᠭᠦᠷᠦᠭᠡᠳ ᠦᠨᠡᠮᠯᠡᠯ ᠰᠣᠯᠢᠬᠤ᠂ ᠲᠣᠭᠲᠠᠭᠰᠠᠨ ᠨᠠᠰᠤᠨ   ᠳᠤ ᠬᠦᠷᠦᠭᠡᠳ ᠦᠨᠡᠮᠯᠡᠯ ᠰᠣᠯᠢᠬᠤ ᠳᠤ ᠬᠠᠷᠢᠶᠠᠯᠠᠭᠳᠠᠪᠠᠯ᠂ ︽ᠮᠠᠰᠢᠨᠲᠦ ᠲᠡᠷᠭᠡᠨ ᠤ ᠵᠢᠯᠣᠭᠤᠴᠢ ᠶᠢᠨ ᠪᠡᠶ᠎ᠡ  ᠮᠠᠬᠠᠪᠤᠳ ᠤᠨ ᠨᠥᠬᠦᠴᠡᠯ ᠤᠨ ᠭᠡᠷᠡᠴᠢ︾ ᠲᠤᠰᠢᠶᠠᠬᠤ ᠬᠡᠷᠡᠭᠲᠡᠢ︔              4᠂ ᠣᠶᠢᠷ᠎ᠠ ᠶᠢᠨ ᠬᠤᠭᠤᠴᠠᠭᠠᠨ ᠤ ᠮᠠᠯᠠᠭᠠᠢ ᠦᠭᠡᠢ ᠴᠠᠭᠠᠨ ᠳᠡᠪᠢᠰᠬᠡᠷᠲᠦ ᠨᠢᠭᠡ ᠢᠮᠠᠬᠤ ᠪᠣᠳᠤᠭᠲᠤ  ᠭᠡᠷᠡᠯ ᠵᠢᠷᠤᠭ 4 ᠬᠠᠭᠤᠳᠠᠰᠤ             ᠬᠤᠶᠠᠷ᠂ ᠣᠨᠴᠠᠭᠠᠢ ᠰᠠᠨᠠᠭᠤᠯᠤᠮᠵᠢ              1᠂ ᠬᠤᠶᠠᠷ ᠪᠣᠶᠤ ᠬᠤᠶᠠᠷ ᠠᠴᠠ ᠳᠡᠭᠡᠭᠰᠢ ᠦᠨᠡᠮᠯᠡᠯ ᠰᠣᠯᠢᠬᠤ ᠲᠤᠬᠠᠶᠢᠯᠠᠭᠰᠠᠨ ᠠᠵᠢᠯ ᠢ ᠵᠡᠷᠭᠡ   ᠳᠤᠨᠢ ᠭᠦᠢᠴᠡᠳᠬᠡᠬᠦ ᠪᠠᠷ ᠭᠤᠶᠤᠴᠢᠯᠠᠭᠰᠠᠨ ᠳᠤ ᠪᠣᠯ ᠨᠡᠶᠢᠯᠡᠭᠦᠯᠦᠨ ᠭᠦᠢᠴᠡᠳᠬᠡᠵᠦ ᠪᠣᠯᠣᠨ᠎ᠠ︔              2᠂ ᠬᠤᠭᠤᠴᠠᠭ᠎ᠠ ᠳᠦᠭᠦᠷᠦᠭᠰᠡᠨ ᠤ ᠦᠨᠡᠮᠯᠡᠯ ᠰᠣᠯᠢᠬᠤ᠂ ᠲᠣᠭᠲᠠᠭᠰᠠᠨ ᠨᠠᠰᠤᠨ ᠳᠤ ᠬᠦᠷᠥᠭᠰᠡᠨ ᠤ ᠦᠨᠡᠮᠯᠡᠯ ᠰᠣᠯᠢᠬᠤ᠂ ᠵᠢᠯᠤᠭᠤᠳᠬᠤ ᠮᠠᠰᠢᠨ ᠤ ᠬᠡᠯᠪᠡᠷᠢ ᠪᠠᠨ ᠰᠠᠶᠢᠨ ᠳᠤᠷ᠎ᠠ ᠠᠴᠠ ᠪᠠᠨ ᠳᠣᠷᠣᠭᠰᠢᠯᠠᠭᠤᠯᠤᠭᠰᠠᠨ ᠤ ᠦᠨᠡᠮᠯᠡᠯ ᠰᠣᠯᠢᠬᠤ᠂ ᠵᠢᠯᠣᠭᠤᠴᠢ ᠶᠢᠨ ᠮᠡᠳᠡᠭᠡ ᠵᠠᠩᠭᠢ ᠳᠤ ᠬᠤᠪᠢᠷᠠᠯᠲᠠ ᠭᠠᠷᠤᠭᠰᠠᠨ ᠤ ᠦᠨᠡᠮᠯᠡᠯ ᠰᠣᠯᠢᠬᠤ  ᠶᠠᠪᠤᠳᠠᠯ ᠢ ᠭᠦᠢᠴᠡᠳᠭᠡᠬᠦ ᠦᠶ᠎ᠡ ᠳᠤ ᠤᠤᠯ ᠤᠨ ᠵᠢᠯᠣᠭᠤᠴᠢ ᠶᠢᠨ ᠦᠨᠡᠮᠯᠡᠯ ᠢ ᠨᠢ ᠪᠤᠴᠠᠭᠠᠵᠦ ᠠᠪᠤᠨ᠎ᠠ᠃              ᠭᠤᠷᠪᠡ᠂ ᠬᠡᠷᠡᠭ ᠡᠷᠬᠢᠯᠡᠬᠦ ᠴᠤᠪᠤᠷᠠᠯ᠄              ᠭᠠᠷᠳᠠᠮ ᠢᠶᠠᠨ ᠪᠦᠷᠢᠳᠦᠭᠦᠯᠦᠭᠡᠳ ᠯᠠᠪᠯᠠᠯᠭ᠎ᠠ ᠶᠢᠨ ᠲᠠᠪᠴᠠᠩ ᠳᠤ ᠬᠦᠷᠴᠦ ᠳ᠋ᠤᠭᠠᠷ ᠠᠪᠤᠨ᠎ᠠ᠃ ᠬᠦᠯᠢᠶᠡᠬᠦ ᠭᠠᠵᠠᠷ ᠲᠤ ᠲᠤᠬᠠᠶᠢᠯᠠᠭᠰᠠᠨ ᠠᠵᠢᠯ ᠭᠦᠢᠴᠡᠳᠬᠡᠬᠦ ᠳ᠋ᠤᠭᠠᠷ ᠳᠠᠭᠤᠳᠠᠬᠤ ᠶᠢ ᠬᠦᠯᠢᠶᠡᠨ᠎ᠡ᠃              ᠬᠦᠯᠢᠶᠡᠨ ᠠᠪᠴᠤ ᠰᠢᠢᠳᠪᠦᠷᠢᠯᠡᠬᠦ ᠴᠤᠩᠬᠤ ᠨᠢ 1 — — — 5 ᠳ᠋ᠤᠭᠠᠷ ᠴᠤᠩᠬᠤ ᠪᠣᠯᠬᠤ  ᠪᠦᠭᠡᠳ 6 ᠳ᠋ᠤᠭᠠᠷ ᠴᠤᠩᠬᠤᠨ ᠳᠤ ᠵᠠᠷᠤᠳᠠᠯ ᠲᠤᠰᠢᠶᠠᠨ᠎ᠠ᠃ 8 ᠳ᠋ᠤᠭᠠᠷ ᠴᠤᠩᠬᠤ ᠠᠴᠠ ᠵᠢᠯᠣᠭᠤᠴᠢ ᠶᠢᠨ  ᠦᠨᠡᠮᠯᠡᠯ ᠢᠶᠠᠨ ᠠᠪᠤᠨ᠎ᠠ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号