ᠦᠪᠦᠷ ᠮᠤᠩᠭᠤᠯ  ᠤᠨ  ᠦᠪᠡᠷᠲᠡᠭᠡᠨ  ᠵᠠᠰᠠᠬᠤ  ᠤᠷᠤᠨ  ᠤ  ᠲᠤᠰ ᠱᠠᠲᠤᠨ ᠤ ᠬᠤᠲᠠ  ᠪᠠᠯᠭᠠᠰᠤ ᠶᠢᠨ ᠦᠨᠳᠦᠰᠦᠨ ᠡᠮᠨᠡᠯᠭᠡ ᠶᠢᠨ ᠳᠠᠭᠠᠳᠬᠠᠯ ᠦᠨᠳᠦᠰᠦᠯᠡᠯ
ᠨᠡᠶᠢᠲᠡᠯᠡᠭᠰᠡᠨ ᠴᠠᠭ᠄
2015/10/16
       1.《 ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠦᠰᠦᠨ ᠡᠮᠨᠡᠯᠭᠡ ᠶᠢᠨ ᠳᠠᠭᠠᠳᠬᠠᠯ ᠤᠨ  ᠲᠤᠭᠲᠠᠭᠰᠠᠨ ᠴᠢᠭᠲᠦ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠦᠷ ᠬᠡᠷᠡᠭᠵᠢᠬᠦᠯᠬᠦ ᠠᠷᠭ᠎ᠠ》 ︵ ᠬᠦᠳᠡᠯᠮᠦᠷᠢ ᠨᠡᠶᠢᠭᠡᠮ ᠶᠠᠮᠤᠨ ᠲᠠᠷᠬᠠᠭᠠᠭᠰᠠᠨ〔1999〕14 ᠳ᠋ᠤᠭᠡᠷ ᠲᠤᠭᠠᠲᠤ︶︔            2.《 ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠠᠪᠤᠨ ᠠᠵᠢᠯ ᠤᠨ ᠲᠦᠰᠦᠯ ᠢ ᠳᠠᠷᠤᠮᠠᠯᠯᠠᠨ  ᠲᠠᠷᠬᠠᠭᠠᠬᠤ ᠲᠤᠬᠠᠢ ᠮᠡᠳᠡᠭᠳᠡᠯ》 ︵ᠦᠪᠦᠷ ᠬᠦᠮᠦᠨ ᠨᠡᠶᠢᠭᠡᠮ ᠲᠠᠷᠬᠠᠭᠠᠭᠰᠠᠨ ︵2012︶ 43 ᠳ᠋ᠤᠭᠠᠷ ᠲᠤᠭᠠᠲᠤ  ︶︔              ᠬᠦᠯᠢᠶᠡᠨ ᠠᠪᠬᠤ ᠨᠦᠬᠦᠴᠡᠯ᠄              1. ᠤᠷᠤᠨ ᠨᠤᠲᠤᠭ ᠤᠨ ᠡᠮᠴᠢᠯᠡᠭᠡᠨ ᠤ ᠪᠠᠶᠢᠭᠤᠯᠤᠮᠵᠢ ᠶᠢᠨ ᠲᠤᠬᠢᠷᠠᠭᠤᠯᠭ᠎ᠠ ᠶᠢᠨ ᠲᠦᠯᠦᠪᠯᠡᠭᠡ ᠳᠤ  ᠨᠡᠶᠢᠴᠡᠭᠰᠡᠨ ᠪᠠᠶᠢᠬᠤ  ︔              2. ᠡᠮᠴᠢᠯᠡᠭᠡᠨ ᠤ ᠪᠠᠶᠢᠭᠤᠯᠤᠮᠵᠢ ᠶᠢᠨ ᠬᠢᠨᠠᠨ ᠲᠤᠭᠲᠠᠭᠠᠬᠤ ᠪᠠᠷᠢᠮᠵᠢᠶ᠎ᠠ ᠳᠤ ᠨᠡᠶᠢᠴᠡᠭᠰᠡᠨ ᠪᠠᠶᠢᠬᠤ︔              3. ᠤᠯᠤᠰ ᠤᠨ ᠡᠮᠴᠢᠯᠡᠭᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠬᠤᠯᠪᠤᠭᠳᠠᠯ ᠪᠦᠬᠦᠢ ᠬᠠᠤᠯᠢ  ᠴᠠᠭᠠᠵᠠ᠂ ᠬᠠᠤᠯᠢ ᠲᠤᠭᠲᠠᠭᠠᠯ ᠪᠠ ᠪᠠᠷᠢᠮᠵᠢᠶ᠎ᠠ ᠶᠢ ᠵᠢᠷᠤᠮᠯᠠᠵᠤ᠂ ᠪᠦᠷᠢᠨ ᠲᠡᠭᠦᠯᠳᠡᠷ ᠡᠮᠴᠢᠯᠡᠭᠡ ᠶᠢᠨ  ᠦᠢᠯᠡᠴᠢᠯᠡᠭᠡᠨ ᠤ ᠬᠠᠮᠢᠶᠠᠷᠤᠯᠲᠠ ᠶᠢᠨ ᠳᠦᠷᠢᠮ ᠲᠠᠢ ᠪᠠᠶᠢᠬᠤ  ︔              4. ᠤᠯᠤᠰ᠂ ᠦᠪᠡᠷᠲᠡᠭᠡᠨ ᠵᠠᠰᠠᠬᠤ ᠤᠷᠤᠨ ᠤ ᠪᠠᠷᠠᠭ᠎ᠠ ᠶᠢᠨ ᠦᠨ᠎ᠡ ᠶᠢᠨ ᠰᠠᠯᠠᠭ᠎ᠠ ᠮᠦᠴᠢᠷ ᠤᠨ  ᠲᠤᠭᠲᠠᠭᠠᠭᠰᠠᠨ ᠡᠮᠴᠢᠯᠡᠭᠡ ᠶᠢᠨ ᠦᠢᠯᠡᠴᠢᠯᠡᠭᠡᠨ ᠪᠤᠯᠤᠨ ᠡᠮ ᠤᠨ ᠵᠦᠢᠯ ᠤᠨ ᠦᠨ᠎ᠡ ᠶᠢᠨ ᠲᠦᠷᠦ ᠶᠢᠨ  ᠪᠤᠳᠤᠯᠭ᠎ᠠ ᠶᠢ ᠴᠢᠩᠭ᠎ᠠ ᠬᠡᠷᠡᠭᠵᠢᠬᠦᠯᠵᠤ᠂ ᠪᠠᠷᠠᠭ᠎ᠠ ᠶᠢᠨ ᠦᠨ᠎ᠡ ᠶᠢᠨ ᠰᠠᠯᠠᠭ᠎ᠠ ᠮᠦᠴᠢᠷ ᠢᠶᠠᠷ ᠬᠢᠨᠠᠭᠤᠯᠵᠤ  ᠪᠠᠶᠢᠴᠠᠭᠠᠯᠭᠠᠭᠠᠳ ᠬᠢᠷᠢ ᠳᠤ ᠳᠡᠩᠴᠡᠭᠰᠡᠨ ᠪᠠᠶᠢᠬᠤ︔              5. ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠦᠰᠦᠨ ᠡᠮᠨᠡᠯᠭᠡ ᠶᠢᠨ ᠳᠠᠭᠠᠳᠬᠠᠯ ᠤᠨ  ᠳᠦᠷᠢᠮ ᠤᠨ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠲᠤᠭᠲᠠᠭᠠᠯ ᠢ ᠴᠢᠩᠭ᠎ᠠ ᠬᠡᠷᠡᠭᠵᠢᠬᠦᠯᠵᠤ᠂  ᠦᠨᠳᠦᠰᠦᠨ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠯᠤᠭ᠎ᠠ ᠵᠤᠬᠢᠴᠠᠭᠰᠠᠨ ᠳᠤᠲᠤᠭᠠᠲᠤ ᠬᠠᠮᠢᠶᠠᠷᠤᠯᠲᠠ ᠶᠢᠨ  ᠳᠦᠷᠢᠮ ᠢ ᠲᠤᠭᠲᠠᠭᠠᠨ᠂ ᠬᠡᠷᠡᠭᠴᠡᠭᠡ ᠪᠦᠬᠦᠢ ᠬᠠᠮᠢᠶᠠᠷᠤᠯᠲᠠ ᠶᠢᠨ ᠠᠵᠢᠯᠲᠠᠨ ᠪᠠ ᠪᠡᠯᠡᠳᠭᠡᠮᠵᠢ ᠶᠢ  ᠲᠤᠬᠢᠷᠠᠭᠤᠯᠤᠭᠰᠠᠨ ᠪᠠᠶᠢᠬᠤ᠃              ᠭᠤᠶᠤᠴᠢᠯᠠᠬᠤ ᠮᠠᠲ᠋ᠧᠷᠢᠶᠠᠯ᠄              1.《 ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠲᠠ ᠪᠠᠯᠭᠠᠰᠤ ᠶᠢᠨ ᠠᠵᠢᠯᠲᠠᠨ  ᠠᠵᠢᠯᠴᠢᠨ ᠤ ᠦᠨᠳᠦᠰᠦᠨ ᠡᠮᠨᠡᠯᠭᠡ ᠶᠢᠨ ᠳᠠᠭᠠᠳᠬᠠᠯ ᠤᠨ ᠲᠤᠭᠲᠠᠭᠰᠠᠨ ᠴᠢᠭᠲᠦ ᠡᠮᠴᠢᠯᠡᠭᠡᠨ ᠤ ᠪᠠᠶᠢᠭᠤᠯᠤᠮᠵᠢ ᠶᠢᠨ  ᠭᠤᠶᠤᠴᠢᠯᠠᠯ ᠤᠨ ᠪᠢᠴᠢᠭ》︔              2. ᠠᠵᠢᠯ ᠡᠷᠬᠢᠯᠡᠬᠦ ᠵᠦᠪᠰᠢᠶᠡᠷᠡᠯ ᠤᠨ ᠦᠨᠡᠮᠯᠡᠯ ᠤᠨ ᠳᠡᠳ᠋ ᠳᠡᠪᠲᠡᠷ ᠤᠨ ᠬᠠᠭᠤᠯᠪᠤᠷᠢ︔              3. ᠲᠤᠮᠤ ᠬᠡᠯᠪᠡᠷᠢ ᠶᠢᠨ ᠡᠮᠴᠢᠯᠡᠭᠡᠨ ᠤ ᠬᠡᠮᠵᠢᠭᠦᠷᠯᠢᠭ ᠪᠡᠯᠡᠳᠭᠡᠮᠵᠢ ᠶᠢᠨ ᠨᠠᠷᠢᠨ ᠳᠠᠩᠰᠠ︔              4. ᠳᠡᠭᠡᠷ᠎ᠡ ᠨᠢᠭᠡ ᠵᠢᠯ ᠤᠨ ᠲᠤᠬᠠᠶᠢᠯᠠᠭᠰᠠᠨ ᠠᠵᠢᠯ ᠤᠨ ᠤᠷᠤᠯᠭ᠎ᠠ ᠵᠠᠷᠤᠯᠭ᠎ᠠ ᠶᠢᠨ ᠪᠠᠶᠢᠳᠠᠯ ᠪᠠ  ᠡᠭᠦᠳᠡᠨ ᠡᠮᠨᠡᠯᠭᠡ᠂ ᠡᠮᠨᠡᠯᠭᠡ ᠳᠤ ᠰᠠᠭᠤᠵᠤ ᠡᠮᠴᠢᠯᠡᠭᠦᠯᠦᠭᠰᠡᠨ ᠦᠢᠯᠡᠴᠢᠯᠡᠭᠡᠨ ᠤ ᠬᠡᠮᠵᠢᠶ᠎ᠡ ︵ᠡᠬᠦᠨ ᠳᠤ ᠡᠬᠦᠳᠡᠨ  ᠡᠮᠨᠡᠯᠭᠡ ᠳᠤ ᠡᠮᠨᠡᠭᠦᠯᠦᠭᠰᠡᠨ ᠬᠦᠮᠦᠨ ᠤᠳᠠᠭ᠎ᠠ᠂ ᠤᠳᠠᠭ᠎ᠠ ᠪᠦᠷᠢ ᠶᠢᠨ ᠳᠤᠮᠳᠠᠴᠢ ᠡᠮ ᠡᠮᠨᠡᠯᠬᠡ ᠶᠢᠨ ᠵᠠᠷᠤᠳᠠᠯ᠂  ᠡᠮᠨᠡᠯᠭᠡ ᠳᠤ ᠰᠠᠭᠤᠭᠰᠠᠨ ᠬᠦᠮᠦᠨ ᠤ ᠲᠤᠭ᠎ᠠ᠂  ᠡᠮᠨᠡᠯᠭᠡ ᠳᠤ ᠰᠠᠭᠤᠭᠰᠠᠨ ᠳᠤᠮᠳᠠᠴᠢ ᠡᠳᠦᠷ᠂ ᠤᠳᠠᠭ᠎ᠠ  ᠪᠦᠷᠢ ᠶᠢᠨ ᠡᠮᠨᠡᠯᠭᠡ ᠳᠤ ᠰᠠᠭᠤᠭᠰᠠᠨ ᠳᠤᠮᠳᠠᠴᠢ ᠡᠮ ᠡᠮᠨᠡᠯᠭᠡ ᠶᠢᠨ ᠵᠠᠷᠤᠳᠠᠯ᠂ ᠡᠳᠦᠷ ᠪᠦᠷᠢ ᠶᠢᠨ ᠡᠮᠨᠡᠯᠭᠡ ᠳᠤ  ᠰᠠᠭᠤᠭᠰᠠᠨ ᠳᠤᠮᠳᠠᠴᠢ ᠡᠮ ᠡᠮᠨᠡᠯᠬᠡ ᠶᠢᠨ ᠵᠠᠷᠤᠳᠠᠯ ᠵᠡᠷᠭᠡ ᠪᠠᠭᠲᠠᠨ᠎ᠠ︶᠂ ᠬᠢᠭᠡᠳ ᠦᠨᠳᠦᠰᠦᠨ ᠡᠮᠨᠡᠯᠬᠡ ᠶᠢᠨ  ᠳᠠᠭᠠᠳᠬᠠᠯ ᠤᠨ ᠦᠢᠯᠡᠴᠢᠯᠡᠭᠡ ᠳᠠᠭᠠᠭᠠᠴᠢᠯᠠᠬᠤ ᠴᠢᠳᠠᠪᠤᠷᠢ︔              5. ᠡᠮᠴᠢᠯᠡᠭᠡᠨ ᠤ ᠪᠠᠶᠢᠭᠤᠯᠤᠮᠵᠢ ᠶᠢᠨ ᠬᠢᠨᠠᠨ ᠲᠤᠭᠳᠠᠭᠠᠬᠤ ᠪᠠᠷᠢᠮᠵᠢᠶ᠎ᠠ ᠳᠤ ᠨᠡᠶᠢᠴᠡᠭᠰᠡᠨ ᠬᠡᠷᠡᠴᠢ  ᠮᠠᠲ᠋ᠧᠷᠢᠶᠠᠯ ᠤᠨ ᠬᠠᠭᠤᠯᠪᠤᠷᠢ︔              6. ᠡᠮ ᠤᠨ ᠵᠦᠢᠯ ᠳᠠᠬᠢ ᠬᠢᠨᠠᠯᠲᠠ ᠬᠠᠮᠢᠶᠠᠷᠤᠯᠲᠠ ᠪᠠ ᠪᠠᠷᠠᠭ᠎ᠠ ᠶᠢᠨ ᠦᠨ᠎ᠡ ᠶᠢᠨ ᠰᠠᠯᠠᠭ᠎ᠠ ᠮᠦᠴᠢᠷ    ᠤᠨ ᠬᠢᠨᠠᠨ  ᠪᠠᠶᠢᠴᠠᠭᠠᠯᠳᠠ ᠳᠤ ᠬᠢᠷᠢ ᠳᠤ ᠲᠡᠩᠴᠡᠭᠰᠡᠨ ᠬᠡᠷᠡᠴᠢ ᠮᠠᠲ᠋ᠧᠷᠢᠶᠠᠯ︔              7. ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ  ᠰᠠᠯᠠᠭ᠎ᠠ ᠮᠦᠴᠢᠷ ᠤᠨ ᠲᠤᠭᠲᠠᠭᠠᠭᠰᠠᠨ ᠪᠤᠰᠤᠳ ᠮᠠᠲ᠋ᠧᠷᠢᠶᠠᠯ︔              ᠬᠦᠢᠴᠡᠳᠭᠡᠬᠦ ᠴᠤᠪᠤᠷᠠᠯ᠄              1. ᠬᠦᠢᠴᠡᠳᠭᠡᠬᠦ ᠴᠠᠭ ᠬᠤᠭᠤᠴᠠᠭ᠎ᠠ᠄ ᠦᠪᠡᠷᠲᠡᠭᠡᠨ ᠵᠠᠰᠠᠬᠤ ᠤᠷᠤᠨ ᠤ ᠲᠤᠰ ᠱᠠᠲᠤᠨ ᠤ  ᠴᠢᠭ᠋ ᠢᠶᠠᠷ ᠲᠤᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠪᠠ ᠴᠢᠭ᠋ ᠢᠶᠠᠷ ᠲᠤᠭᠲᠠᠭᠠᠭᠰᠠᠨ ᠬᠢᠷᠢ ᠬᠡᠮ ᠤᠨ  ᠪᠠᠶᠢᠭᠤᠯᠤᠮᠵᠢ ᠨᠢ ᠵᠢᠯ ᠪᠦᠷᠢ ᠶᠢᠨ ᠨᠢᠭᠡ᠂ ᠬᠤᠶᠠᠷ᠂ ᠭᠤᠷᠪᠠᠳᠤᠭᠠᠷ ᠤᠯᠠᠷᠢᠯ ᠳᠤ ᠲᠤᠰ ᠪᠦᠷᠢ ᠨᠢᠭᠡ ᠤᠳᠠᠭ᠎ᠠ  ᠭᠤᠶᠤᠴᠢᠯᠠᠨ ᠮᠡᠳᠡᠭᠦᠯᠵᠤ ᠬᠦᠢᠴᠡᠳᠭᠡᠨ᠎ᠡ᠃              2.  ᠪᠠᠶᠢᠭᠤᠯᠭ᠎ᠠ ᠨᠢᠭᠡᠴᠡ ᠭᠤᠶᠤᠴᠢᠯᠠᠬᠤ᠄ ᠡᠮᠴᠢᠯᠡᠭᠡᠨ ᠤ ᠪᠠᠶᠢᠭᠤᠯᠤᠮᠵᠢ ᠭᠤᠶᠤᠴᠢᠯᠠᠯ  ᠭᠠᠷᠭᠠᠵᠦ᠂ ᠬᠠᠮᠢᠶ᠎ᠠ ᠪᠦᠬᠦᠢ ᠮᠠᠲ᠋ᠧᠷᠢᠶᠠᠯ ᠢ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ  ᠪᠠᠲᠤᠯᠠᠭ᠎ᠠ ᠶᠢᠨ ᠲᠢᠩᠬᠢᠮ ᠤᠨ ᠡᠮᠨᠡᠯᠭᠡ ᠶᠢᠨ ᠳᠠᠭᠠᠳᠬᠠᠯ ᠤᠨ ᠭᠠᠵᠠᠷ ᠲᠤ ᠲᠤᠰᠢᠶᠠᠨ᠎ᠠ︔              3. ᠮᠠᠲ᠋ᠧᠷᠢᠶᠠᠯ ᠢ ᠬᠦᠯᠢᠶᠡᠨ ᠠᠪᠬᠤ᠄ ᠬᠦᠮᠦᠨ ᠤ ᠬᠦᠴᠦᠨ ᠤ ᠡᠬᠢ ᠪᠠᠶᠠᠯᠢᠭ ᠪᠠ ᠨᠠᠶᠢᠭᠡᠮ ᠤᠨ  ᠪᠠᠲᠤᠯᠠᠭ᠎ᠠ ᠶᠢᠨ ᠲᠢᠩᠬᠢᠮ ᠤᠨ ᠡᠮᠨᠡᠯᠭᠡ ᠶᠢᠨ ᠳᠠᠭᠠᠳᠬᠠᠯ ᠤᠨ ᠭᠠᠵᠠᠷ ᠤᠨ ᠠᠵᠢᠯᠲᠠᠨ ᠭᠤᠶᠤᠴᠢᠯᠠᠯ ᠤᠨ  ᠮᠠᠲ᠋ᠧᠷᠢᠶᠠᠯ ᠢ ᠪᠠᠶᠢᠴᠠᠭᠠᠵᠤ᠂ ᠮᠠᠲ᠋ᠧᠷᠢᠶᠠᠯ ᠨᠢ ᠪᠦᠷᠢᠨ ᠬᠦᠢᠴᠡᠳ ᠪᠠᠶᠢᠪᠠᠯ ᠮᠠᠲ᠋ᠧᠷᠢᠶᠠᠯ ᠢ ᠨᠢ ᠬᠦᠯᠢᠶᠡᠨ ᠠᠪᠤᠨ᠎ᠠ︔        4. ᠬᠢᠷᠢ ᠬᠡᠮ ᠢ ᠠᠩᠬ᠎ᠠ ᠬᠢᠨᠠᠬᠤ᠄《 ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ  ᠦᠨᠳᠦᠰᠦᠨ ᠡᠮᠨᠡᠯᠭᠡ ᠶᠢᠨ ᠳᠠᠭᠠᠳᠬᠠᠯ ᠤᠨ ᠲᠤᠭᠲᠠᠭᠰᠠᠨ ᠴᠢᠭᠲᠦ ᠡᠮᠴᠢᠯᠡᠭᠡᠨ ᠤ ᠪᠠᠶᠢᠭᠤᠯᠤᠮᠵᠢ ᠶᠢᠨ  ᠬᠠᠮᠢᠶᠠᠷᠤᠯᠲᠠ ᠶᠢᠨ ᠲᠦᠷ ᠬᠡᠷᠡᠭᠵᠢᠬᠦᠯᠬᠦ ᠠᠷᠭ᠎ᠠ》 ︵ᠬᠦᠳᠡᠯᠮᠦᠷᠢ ᠨᠡᠶᠢᠭᠡᠮ ᠶᠠᠮᠤᠨ  ᠲᠠᠷᠬᠠᠭᠠᠭᠰᠠᠨ〔1999〕14 ᠳ᠋ᠤᠭᠡᠷ ᠲᠤᠭᠠᠲᠤ︶ ᠤᠨ ᠱᠠᠭᠠᠷᠳᠠᠯᠭ᠎ᠠ ᠶᠤᠰᠤᠭᠠᠷ᠂  ᠭᠤᠶᠤᠴᠢᠯᠠᠯ  ᠭᠠᠷᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠠᠩᠬ᠎ᠠ ᠬᠢᠨᠠᠯᠲᠠ ᠬᠢᠵᠦ᠂ ᠱᠠᠭᠠᠷᠳᠠᠯᠭ᠎ᠠ ᠳᠤ ᠨᠡᠶᠢᠴᠡᠬᠦ ᠦᠭᠡᠢ ᠶᠢ   ᠨᠢ ᠳᠠᠬᠢᠨ ᠲᠠᠭᠯᠠᠭᠤᠯᠤᠨ᠎ᠠ᠃ ᠡᠭᠦᠨ ᠤ ᠬᠠᠮᠲᠤ ᠲᠤᠰᠬᠠᠢ ᠬᠦᠮᠦᠨ ᠲᠤᠮᠢᠯᠡᠵᠤ ᠭᠤᠶᠤᠴᠢᠯᠠᠨ ᠮᠡᠳᠡᠭᠦᠯᠦᠭᠰᠡᠨ  ᠪᠠᠶᠢᠭᠤᠯᠤᠮᠵᠢ ᠶᠢᠨ ᠲᠤᠬᠠᠢ ᠶᠢᠨ ᠭᠠᠵᠠᠷ ᠲᠤ ᠤᠴᠢᠭᠤᠯᠵᠦ᠂ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠤᠨ ᠦᠨᠡᠨ  ᠪᠤᠳᠠᠲᠤ ᠴᠢᠨᠠᠷ ᠪᠠ ᠭᠤᠶᠤᠴᠢᠯᠠᠨ ᠮᠡᠳᠡᠭᠦᠯᠦᠭᠰᠡᠨ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠵᠡᠷᠭᠡ  ᠠᠭᠤᠯᠭ᠎ᠠ ᠶᠢ ᠬᠢᠨᠠᠨ ᠪᠠᠶᠢᠴᠠᠭᠠᠯᠭᠠᠨ᠎ᠠ᠃ ᠲᠤᠬᠠᠢ ᠶᠢᠨ ᠭᠠᠵᠠᠷ ᠲᠤ ᠬᠦᠷᠴᠤ ᠬᠢᠨᠠᠨ ᠪᠠᠶᠢᠴᠠᠭᠠᠬᠤ ᠠᠵᠢᠯᠲᠠᠨ ᠠᠳᠠᠭ  ᠪᠠᠭ᠎ᠠ ᠳᠠᠭᠠᠨ 2 ᠬᠦᠮᠦᠨ ᠪᠠᠶᠢᠵᠤ᠂ ᠵᠢᠯ ᠪᠦᠷᠢ ᠶᠢᠨ 2᠂ 5᠂ 8 ᠳ᠋ᠤᠭᠠᠷ ᠰᠠᠷ᠎ᠠ   ᠳᠤ ᠬᠢᠨᠠᠨ ᠪᠠᠶᠢᠴᠠᠭᠠᠨ᠎ᠠ᠃        5. ᠬᠢᠨᠠᠨ ᠵᠦᠪᠰᠢᠶᠡᠷᠡᠬᠦ᠄ ᠴᠢᠭ᠋ ᠢᠶᠠᠷ ᠲᠤᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ  ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠬᠠᠷᠭᠤᠭᠤᠯᠬᠤ ᠪᠠ ᠲᠤᠬᠠᠢ ᠶᠢᠨ ᠭᠠᠵᠠᠷ ᠲᠤᠨᠢ ᠬᠢᠨᠠᠨ  ᠪᠠᠶᠢᠴᠠᠭᠠᠭᠰᠠᠨ ᠤ ᠰᠡᠭᠦᠯᠡᠷ᠂ ᠭᠠᠵᠠᠷ ᠤᠨ ᠶᠠᠪᠤᠳᠠᠯ ᠤᠨ ᠬᠤᠷᠠᠯ ᠬᠢᠵᠦ᠂ ᠴᠢᠭ᠋ ᠢᠶᠠᠷ ᠲᠤᠭᠲᠠᠭᠠᠭᠰᠠᠨ ᠬᠢᠷᠢ  ᠬᠡᠮ ᠤᠨ ᠪᠠᠶᠢᠭᠤᠯᠤᠮᠵᠢ  ᠶᠢᠨ ᠭᠤᠶᠤᠴᠢᠯᠠᠯ ᠢ ᠬᠢᠨᠠᠨ ᠬᠠᠷᠭᠤᠭᠤᠯᠤᠭᠰᠠᠨ᠂ ᠲᠤᠬᠠᠢ ᠶᠢᠨ ᠭᠠᠵᠠᠷ ᠲᠤᠨᠢ ᠬᠢᠨᠠᠨ  ᠪᠠᠶᠢᠴᠠᠭᠠᠭᠰᠠᠨ ᠦᠷ᠎ᠡ ᠳ᠋ᠦᠡᠭ ᠢ ᠰᠤᠳᠤᠯᠵᠤ᠂ ᠪᠠᠳᠤᠯᠠᠭᠰᠠᠨ ᠨᠡᠷᠡᠰ ᠢ ᠭᠠᠷᠭᠠᠵᠦ᠂ ᠬᠤᠪᠢᠳᠠᠨ ᠬᠠᠮᠢᠶᠠᠷᠬᠤ  ᠤᠳᠤᠷᠢᠳᠤᠯᠭ᠎ᠠ ᠳᠤ ᠮᠡᠳᠡᠭᠦᠯᠵᠤ ᠬᠢᠨᠠᠨ ᠵᠦᠪᠰᠢᠶᠡᠷᠡᠭᠦᠯᠦᠨ᠎ᠡ᠃              6. ᠨᠡᠶᠢᠲᠡ ᠳᠤ ᠵᠠᠷᠯᠠᠬᠤ ᠪᠠ ᠫᠠᠶᠢᠰᠠ ᠢᠯᠡᠷᠬᠡᠶᠢᠯᠡᠯ ᠤᠯᠭᠤᠬᠤ᠄ ᠪᠠᠳᠤᠯᠠᠭᠳᠠᠭᠰᠠᠨ ᠨᠡᠷᠡᠰ ᠢ  ᠨᠡᠶᠢᠭᠡᠮ ᠨᠡᠶᠢᠲᠡ ᠳᠤ 5 ᠠᠵᠢᠯᠯᠠᠬᠤ ᠡᠳᠦᠷ ᠨᠡᠶᠢᠳᠡᠯᠠᠨ᠎ᠠ᠃ ᠨᠡᠶᠢᠲᠡ ᠳᠤ ᠵᠠᠷᠯᠠᠨ ᠨᠡᠶᠢᠳᠡᠯᠡᠭᠡᠳ ᠲᠠᠭᠤᠰᠤᠭᠰᠠᠨ ᠤ  ᠰᠡᠭᠦᠯᠡᠷ ᠂ ᠬᠢᠷᠢ ᠲᠡᠩᠴᠡᠭᠰᠡᠳ ᠲᠤ《ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠲᠠ  ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠦᠰᠦᠨ ᠡᠮᠨᠡᠯᠭᠡ ᠶᠢᠨ ᠳᠠᠭᠠᠳᠬᠠᠯ ᠤᠨ ᠲᠤᠭᠲᠠᠭᠰᠠᠨ ᠴᠢᠭᠲᠦ  ᠡᠮᠴᠢᠯᠡᠭᠡᠨ ᠤ ᠪᠠᠶᠢᠭᠤᠯᠤᠮᠵᠢ ᠶᠢᠨ ᠬᠢᠷᠢ ᠬᠡᠮ ᠤᠨ ᠦᠨᠡᠮᠯᠡᠯ ᠤᠨ ᠪᠢᠴᠢᠭ》 ᠢ ᠤᠯᠭᠤᠬᠤ ᠶᠢᠨ ᠬᠠᠮᠲᠤ᠂ ᠫᠠᠶᠢᠰᠠ  ᠢᠯᠡᠷᠭᠡᠶᠢᠯᠡᠯ ᠢ ᠤᠯᠭᠤᠨ᠎ᠠ᠃ ᠴᠠᠭ ᠬᠤᠭᠤᠴᠠᠭ᠎ᠠ ᠨᠢ ᠵᠢᠯ ᠪᠦᠷᠢ ᠶᠢᠨ 3᠂ 6᠂ 9 ᠳ᠋ᠤᠭᠡᠷ ᠰᠠᠷ᠎ᠠ᠃
 
ᠢᠷᠡᠯᠲᠡ᠄ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号