ᠥᠪᠥᠷ ᠮᠣᠩᠭᠤᠯ ᠠᠷᠭ᠎ᠠ ᠬᠡᠮᠵᠢᠶ᠎ᠡ ᠨᠡᠶᠢᠳᠡᠯᠡᠵᠦ ᠭᠡᠷ ᠪᠦᠯᠢ ᠳᠠᠬᠢ ᠬᠤᠭᠤᠴᠠᠭ᠎ᠠ ᠨᠢ ᠬᠡᠲᠦᠷᠡᠭᠰᠡᠨ ᠡᠮ   ᠤᠨ  ᠵᠦᠢᠯ ᠢ  ᠡᠭᠡᠬᠦᠯᠤᠨ ᠬᠤᠷᠢᠶᠠᠬᠤ ᠠᠵᠢᠯ  ᠤᠨ ᠬᠢᠨᠠᠯᠳᠠ ᠬᠠᠮᠢᠶᠠᠷᠤᠯᠲᠠ  ᠶᠢ  ᠴᠢᠩᠭᠠᠳᠬᠠᠪᠠ
ᠨᠡᠶᠢᠲᠡᠯᠡᠭᠰᠡᠨ ᠴᠠᠭ᠄
2015/10/16
         ᠤᠳᠤᠬᠠᠨ ᠳᠤ ᠮᠠᠨ ᠤ ᠣᠷᠣᠨ ᠤ ᠭᠡᠷ ᠪᠦᠯᠢ ︵ᠬᠤᠪᠢ ᠬᠥᠮᠥᠨ ᠪᠠᠭᠲᠠᠨ᠎ᠠ︶   ᠳᠠᠬᠢ  ᠬᠤᠭᠤᠴᠠᠭ᠎ᠠ ᠨᠢ ᠬᠡᠲᠦᠷᠡᠭᠰᠡᠨ ᠡᠮ ᠤᠨ ᠵᠦᠢᠯ ᠤᠨ ᠬᠡᠮᠵᠢᠶ᠎ᠡ ᠨᠢ ᠨᠡᠮᠡᠭᠳᠡᠬᠦ᠂ ᠬᠦᠨᠳᠦ ᠨᠣᠴᠢᠲᠠᠢ ᠪᠦᠷᠢᠯᠭᠡᠨ  ᠰᠦᠢᠳᠬᠡᠬᠦ᠂ ᠡᠮ ᠬᠡᠷᠡᠭᠯᠡᠬᠦ ᠠᠮᠤᠷ ᠲᠦᠪᠰᠢᠨ ᠤ ᠳᠠᠯᠳᠠ ᠭᠡᠮ ᠢ ᠡᠭᠦᠰᠬᠡᠬᠦ ᠵᠡᠷᠭᠡ ᠠᠰᠠᠭᠤᠳᠠᠯ ᠤᠳ ᠲᠤ  ᠴᠢᠭᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ  ᠲᠣᠪᠴᠢᠶ᠎ᠠ ᠲᠦᠷᠦᠭᠦᠬᠡᠨ ︽ᠭᠡᠷ ᠪᠦᠯᠢ  ᠳᠠᠬᠢ ᠬᠤᠭᠤᠴᠠᠭ᠎ᠠ ᠨᠢ ᠬᠡᠲᠦᠷᠡᠭᠰᠡᠨ ᠡᠮ ᠤᠨ ᠵᠦᠢᠯ ᠢ  ᠡᠬᠡᠬᠦᠯᠤᠨ  ᠬᠤᠷᠢᠶᠠᠬᠤ ᠠᠵᠢᠯ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠢᠳᠡᠭᠡᠨ ᠪᠠ  ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠭᠳᠡᠯ︾ ᠢ ᠳᠣᠷᠣᠭᠰᠢ  ᠪᠠᠭᠤᠯᠭᠠᠵᠦ᠂  ᠡᠯ᠎ᠡ ᠱᠠᠲᠤᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠷᠠᠳ ᠲᠦᠮᠡᠨ ᠳᠤ ᠦᠢᠯᠡᠴᠢᠯᠡᠬᠦ ᠡᠭᠦᠳᠡᠨ ᠠᠴᠠ ᠡᠭᠦᠰᠴᠤ᠂ ᠠᠵᠢᠯ ᠤᠨ ᠲᠥᠰᠥᠯ  ᠲᠣᠭᠲᠠᠭᠠᠵᠤ᠂ ᠡᠬᠡᠭᠦᠯᠤᠨ  ᠬᠤᠷᠢᠶᠠᠬᠤ ᠭᠠᠵᠠᠷ ᠪᠠᠶᠢᠭᠤᠯᠵᠤ᠂ ᠬᠠᠮᠢᠶᠠᠷᠤᠯᠲᠠ ᠪᠠ ᠤᠬᠠᠭᠤᠯᠭ᠎ᠠ ᠶᠢ ᠴᠢᠩᠭᠠᠳᠬᠠᠵᠤ᠂ ᠮᠠᠨ ᠤ ᠣᠷᠣᠨ ᠤ ᠭᠡᠷ  ᠪᠦᠯᠢ ᠳᠠᠬᠢ ᠬᠤᠭᠤᠴᠠᠭ᠎ᠠ ᠨᠢ ᠬᠡᠲᠦᠷᠡᠭᠰᠡᠨ ᠡᠮ ᠤᠨ ᠵᠦᠢᠯ ᠢ ᠡᠬᠡᠭᠦᠯᠤᠨ ᠬᠤᠷᠢᠶᠠᠬᠤ ᠠᠵᠢᠯ ᠢ ᠠᠯᠬᠤᠮ  ᠠᠯᠬᠤᠮ ᠢᠶᠠᠷ ᠲᠦᠷᠢᠮᠵᠢᠬᠦᠯᠬᠦ ᠬᠡᠷᠡᠭᠲᠠᠢ ᠬᠡᠵᠦ ᠱᠠᠭᠠᠷᠳᠠᠪᠠ᠃ ᠤᠳᠤᠬᠠᠨ᠎ᠠ᠂ ᠪᠦᠬᠦ ᠤᠯᠤᠰ ᠲᠤ ᠴᠦᠭᠡᠨ  ᠲᠣᠭᠠᠨ ᠤ ᠶᠡᠭᠡ ᠳᠤᠮᠳᠠ ᠬᠤᠲᠠ ᠭᠡᠷ ᠪᠦᠯᠢ  ᠳᠠᠬᠢ ᠬᠤᠭᠤᠴᠠᠭ᠎ᠠ ᠨᠢ ᠬᠡᠲᠦᠷᠡᠭᠰᠡᠨ ᠡᠮ ᠤᠨ ᠵᠦᠢᠯ ᠢ  ᠠᠰᠠᠷᠠᠮᠵᠢ ᠶᠢᠨ ᠬᠡᠯᠪᠡᠷᠢ ᠪᠠᠷ ᠡᠬᠡᠭᠦᠯᠤᠨ ᠬᠤᠷᠢᠶᠠᠬᠤ ᠪᠤᠶᠤ ᠲᠥᠯᠥᠪᠦᠷᠢ ᠲᠠᠢ ᠡᠬᠡᠭᠦᠯᠤᠨ ᠬᠤᠷᠢᠶᠠᠬᠤ ᠶᠢ ᠭᠠᠷᠭᠠᠪᠠᠯ  ᠵᠣᠩᠬᠢᠯᠠᠬᠤ ᠲᠣᠭᠠᠨ ᠤ ᠭᠠᠵᠠᠷ ᠣᠷᠣᠨ ᠤ ᠬᠤᠭᠤᠴᠠᠭ᠎ᠠ ᠨᠢ ᠬᠡᠲᠦᠷᠡᠭᠰᠡᠨ ᠡᠮ ᠤᠨ ᠵᠦᠢᠯ ᠢ ᠡᠬᠡᠬᠦᠯᠤᠨ ᠬᠤᠷᠢᠶᠠᠬᠤ ᠠᠵᠢᠯ ᠨᠢ ᠨᠡᠶᠢᠭᠡᠮ ᠨᠡᠶᠢᠳᠡ ᠠᠴᠠ ᠰᠠᠨᠠᠭᠠᠴᠢᠯᠠᠬᠤ ᠪᠠ ᠠᠷᠠᠳ ᠣᠯᠠᠨ ᠥᠪᠡᠷ ᠢᠶᠠᠨ ᠪᠤᠴᠠᠭᠠᠨ ᠦᠭᠬᠦ  ᠳᠡᠭᠡᠷ᠎ᠡ ᠵᠤᠭᠰᠤᠩᠬᠢᠷᠠᠵᠦ᠂ ᠡᠬᠡᠭᠦᠯᠤᠨ ᠬᠤᠷᠢᠶᠠᠬᠤ  ᠪᠦᠷᠢᠨ ᠲᠦᠬᠦᠷ ᠳᠦᠷᠢᠮ ᠳᠤᠲᠠᠭᠳᠠᠵᠤ ᠪᠠᠶᠢᠨ᠎ᠠ᠃  ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠡᠨᠡ ᠤᠳᠠᠭ᠎ᠠ ᠲᠤᠰᠬᠠᠶᠢᠯᠠᠨ ᠭᠡᠷ ᠪᠦᠯᠢ ᠳᠠᠬᠢ ᠬᠤᠭᠤᠴᠠᠭ᠎ᠠ ᠨᠢ ᠬᠡᠲᠦᠷᠡᠭᠰᠡᠨ ᠡᠮ ᠤᠨ ᠵᠦᠢᠯ ᠢ ᠡᠬᠡᠭᠦᠯᠤᠨ  ᠬᠤᠷᠢᠶᠠᠬᠤ ᠠᠵᠢᠯ ᠢ ᠴᠢᠩᠭᠠᠳᠬᠠᠬᠤ ᠮᠡᠳᠡᠭᠳᠡᠯ ᠪᠠᠭᠤᠯᠭᠠᠵᠦ᠂  ᠠᠵᠢᠯ ᠤᠨ ᠵᠠᠷᠴᠢᠮ᠂  ᠠᠵᠢᠯ ᠤᠨ ᠬᠠᠷᠠᠯᠲᠠ  ᠂ ᠡᠬᠡᠭᠦᠯᠤᠨ ᠬᠤᠷᠢᠶᠠᠬᠤ ᠠᠵᠤ ᠠᠬᠤᠶᠢᠯᠠᠯ ᠢ ᠰᠢᠭᠰᠢᠨ ᠰᠤᠩᠭᠤᠬᠤ᠂ ᠵᠠᠷᠤᠳᠠᠯ ᠢ ᠪᠠᠳᠤᠯᠠᠬᠤ ᠵᠡᠷᠭᠡ ᠲᠠᠯ᠎ᠠ ᠪᠠᠷ  ᠪᠤᠲᠠᠲᠠᠢ ᠱᠠᠭᠠᠷᠳᠠᠯᠭ᠎ᠠ ᠳᠤᠷᠠᠳᠴᠤ᠂  ᠪᠦᠬᠦ ᠣᠷᠣᠨ ᠤ ᠡᠯ᠎ᠡ ᠱᠠᠲᠤᠨ ᠤ ᠢᠳᠡᠭᠡᠨ ᠪᠠ ᠡᠮ ᠤᠨ ᠵᠦᠢᠯ ᠤᠨ  ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ   ᠤᠳ ᠠᠵᠢᠯ ᠢ ᠬᠦᠨᠳᠤᠳᠭᠡᠨ ᠦᠵᠡᠬᠦ ᠪᠠ ᠬᠠᠮᠢᠶᠠᠷᠤᠯᠳᠠ ᠪᠠᠨ  ᠴᠢᠩᠭᠠᠳᠬᠠᠵᠦ᠂ ᠠᠵᠢᠯ ᠤᠨ ᠲᠤᠷᠰᠢᠯᠭ᠎ᠠ ᠶᠢ ᠬᠤᠷᠠᠮᠳᠤᠭᠤᠯᠵᠤ᠂ ᠲᠤᠬᠠᠢ ᠶᠢᠨ ᠭᠠᠵᠠᠷ ᠣᠷᠣᠨ ᠤ ᠠᠬᠤᠢ  ᠪᠠᠶᠢᠳᠠᠯ ᠳᠤ ᠲᠤᠬᠢᠷᠠᠭᠰᠠᠨ ᠨᠢᠬᠡᠨ ᠲᠦᠭᠦᠷ ᠬᠠᠮᠢᠶᠠᠷᠤᠯᠲᠠ ᠶᠢᠨ ᠠᠷᠭ᠎ᠠ ᠶᠢ ᠢᠳᠡᠭ ᠢᠳᠡᠭ ᠢᠶᠠᠷ ᠪᠠᠶᠢᠭᠤᠯᠵᠦ᠂  ᠠᠷᠠᠳ ᠣᠯᠠᠨ ᠤ ᠡᠮ ᠬᠡᠷᠡᠭᠯᠡᠬᠦ ᠠᠮᠤᠷ ᠲᠦᠪᠰᠢᠨ ᠢ ᠬᠦᠳᠤᠯᠤᠨ ᠵᠢᠯᠤᠭᠤᠳᠬᠤ ᠶᠢ ᠵᠤᠷᠢᠵᠠᠢ᠃    
 
ᠢᠷᠡᠯᠲᠡ᠄ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号