| | ᠨᠢᠭᠡ᠂ ᠵᠦᠪᠰᠢᠶᠡᠷᠡᠬᠦ ᠲᠦᠷᠦᠯ ᠵᠦᠢᠯ᠄ | ᠡᠮ ᠤᠨ ᠵᠦᠢᠯ ᠤᠨ ᠵᠠᠷ ᠮᠡᠳᠡᠭᠡ ᠨᠡᠶᠢᠲᠡᠯᠡᠬᠦ ᠶᠢ ᠬᠢᠨᠠᠨ ᠵᠦᠪᠰᠢᠶᠡᠷᠡᠬᠦ᠃ | ᠬᠤᠶᠠᠷ᠂ ᠦᠨᠳᠦᠰᠦᠯᠡᠯ᠄ | 1. ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠠᠷ ᠮᠡᠳᠡᠭᠡᠨ ᠤ ᠬᠠᠤᠯᠢ︾ ︵ ᠪᠦᠬᠦᠳᠡ | ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠲᠡᠷᠢᠭᠦᠯᠦᠭᠴᠢ ᠤᠨ ᠵᠠᠷᠯᠢᠭ 34 ᠳ᠋ᠤᠭᠡᠷ ᠲᠤᠭᠠᠲᠤ︶︔ | 2. ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠡᠮ ᠤᠨ ᠵᠦᠢᠯ ᠤᠨ ᠬᠠᠮᠢᠶᠠᠷᠤᠯᠲᠠ ᠶᠢᠨ | ᠠᠷᠭ᠎ᠠ︾ ︵ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠲᠡᠷᠢᠭᠦᠯᠦᠭᠴᠢ ᠤᠨ ᠵᠠᠷᠯᠢᠭ 45 ᠳ᠋ᠤᠭᠠᠷ | ᠲᠤᠭᠠᠲᠤ︶︔ | 3. ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠡᠮ ᠤᠨ ᠵᠦᠢᠯ ᠤᠨ | ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠬᠦᠯᠬᠦ ᠳᠦᠷᠢᠮ︾ ︵ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 360 ᠳ᠋ᠤᠭᠠᠷ ᠲᠤᠭᠠᠲᠤ︶︔ | 4. ︽ᠡᠮ ᠤᠨ ᠵᠦᠢᠯ ᠤᠨ ᠵᠠᠷ ᠮᠡᠳᠡᠭᠡ ᠶᠢ ᠬᠢᠨᠠᠨ ᠪᠠᠶᠢᠴᠠᠭᠠᠬᠤ ᠠᠷᠭ᠎ᠠ︾ ︵ᠤᠯᠤᠰ ᠤᠨ ᠢᠳᠡᠭᠡᠨ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠵᠠᠷᠯᠢᠭ 27 ᠳ᠋ᠤᠭᠠᠷ ᠲᠤᠭᠠᠲᠤ︶︔ | 5. ︽ᠡᠮ ᠤᠨ ᠵᠦᠢᠯ ᠤᠨ ᠵᠠᠷ ᠮᠡᠳᠡᠭᠡ ᠶᠢ ᠬᠢᠨᠠᠨ ᠪᠠᠶᠢᠴᠠᠭᠠᠵᠤ ᠨᠡᠶᠢᠲᠡᠯᠡᠬᠦ ᠪᠠᠷᠢᠮᠵᠢᠶ᠎ᠠ︾ ︵ | ᠤᠯᠤᠰ ᠤᠨ ᠦᠢᠯᠡᠳᠪᠦᠷᠢ ᠬᠤᠳᠠᠯᠳᠤᠭᠠᠨ ᠤ ᠶᠡᠷᠦᠩᠭᠡᠢ ᠲᠤᠪᠴᠢᠶ᠎ᠠ ᠵᠠᠷᠯᠢᠭ 27 ᠳ᠋ᠤᠭᠠᠷ ᠲᠤᠭᠠᠲᠤ︶᠃ | ᠭᠤᠷᠪᠠ᠂ ᠭᠤᠶᠤᠴᠢᠯᠠᠯ ᠤᠨ ᠬᠡᠪᠴᠢᠶ᠎ᠠ᠄ | ᠲᠤᠰ ᠦᠪᠡᠷᠲᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠤ ᠳᠤᠲᠤᠷᠠᠬᠢ ᠬᠠᠤᠯᠢ ᠳᠤ | ᠨᠡᠶᠢᠴᠡᠭᠰᠡᠨ ᠬᠢᠷᠢ ᠬᠡᠮ ᠲᠠᠢ ᠡᠮ ᠤᠨ ᠵᠦᠢᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠪᠤᠶᠤ ᠡᠮ ᠤᠨ | ᠵᠦᠢᠯ ᠤᠨ ᠡᠵᠡᠩᠨᠡᠯᠲᠡ ᠶᠢᠨ ᠠᠵᠤ ᠠᠬᠤᠶᠢᠯᠠᠯ᠂ ᠤᠷᠤᠨ ᠤ ᠳᠤᠲᠤᠷᠠᠬᠢ ᠭᠠᠳᠠᠭᠠᠲᠤ ᠠᠴᠠ ᠡᠮ ᠤᠨ ᠵᠦᠢᠯ | ᠤᠷᠤᠭᠤᠯᠬᠤ ᠶᠢ ᠤᠷᠤᠯᠠᠨ ᠬᠦᠢᠴᠡᠳᠭᠡᠬᠦ ᠪᠠᠶᠢᠭᠤᠯᠤᠮᠵᠢ ᠡᠮ ᠤᠨ ᠵᠦᠢᠯ ᠤᠨ ᠵᠠᠷ ᠮᠡᠳᠡᠭᠡ ᠨᠡᠶᠢᠲᠡᠯᠡᠬᠦ ᠪᠠᠷ | ᠭᠤᠶᠤᠴᠢᠯᠠᠨ᠎ᠠ︔ | ᠳᠦᠷᠪᠡ᠂ ᠡᠮ ᠤᠨ ᠵᠦᠢᠯ ᠤᠨ ᠵᠠᠷ ᠮᠡᠳᠡᠭᠡ ᠶᠢ ᠨᠡᠶᠢᠲᠡᠯᠡᠬᠦ ᠪᠠᠷ ᠭᠤᠶᠤᠴᠢᠯᠬᠤ ᠳᠤ ᠲᠤᠰᠢᠶᠠᠬᠤ | ᠴᠢᠬᠤᠯᠠᠲᠠᠢ ᠮᠠᠲ᠋ᠧᠷᠢᠶᠠᠯ᠄ | ︵ᠨᠢᠭᠡ︶ ︽ᠡᠮ ᠤᠨ ᠵᠦᠢᠯ ᠤᠨ ᠵᠠᠷ ᠮᠡᠳᠡᠭᠡ ᠶᠢ ᠬᠢᠨᠠᠨ ᠪᠠᠶᠢᠴᠠᠭᠠᠬᠤ ᠬᠦᠰᠦᠨᠦᠭᠲᠦ︾ 5 ᠬᠤᠪᠢ ︔ | ᠪᠠᠷᠢᠮᠵᠢᠶ᠎ᠠ ᠳᠤ ᠨᠡᠶᠢᠴᠡᠭᠰᠡᠨ ᠡᠯᠧᠺᠲᠷᠤᠨ ᠪᠠᠷ ᠤᠨ ᠮᠡᠳᠡᠭᠡ ᠵᠠᠩᠬᠢ ᠶᠢᠨ ᠭᠤᠶᠤᠴᠢᠯᠠᠯ ᠤᠨ ᠪᠢᠴᠢᠭ ᠮᠠᠲ᠋ᠧᠷᠢᠶᠠᠯ ︵ | ᠤᠯᠤᠰ ᠤᠨ ᠢᠳᠡᠭᠡᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠶᠢᠨ ᠰᠦᠯᠵᠢᠶᠡᠨ ︵http: | //www.sfda.gov.cn︶ ᠳᠤ ᠭᠠᠷᠴᠦ᠂ ︽ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠵᠠᠷ | ᠮᠡᠳᠡᠭᠡ ᠶᠢᠨ ᠭᠤᠶᠤᠴᠢᠯᠠᠯ ᠤᠨ ᠰᠢᠰᠲ᠋ᠧᠮ︾ ᠠᠴᠠ ᠪᠠᠭᠤᠯᠭᠠᠨ ᠠᠪᠴᠤ᠂ ᠱᠠᠭᠠᠷᠳᠠᠯᠭ᠎ᠠ ᠶᠤᠰᠤᠭᠠᠷ ᠲᠠᠭᠯᠠᠨ | ᠮᠡᠳᠡᠭᠦᠯᠦᠨ᠎ᠡ︶︔ | ᠵᠠᠷ ᠮᠡᠳᠡᠭᠡ ᠭᠤᠶᠤᠴᠢᠯᠠᠭᠰᠠᠨ ᠨᠢᠭᠡᠴᠡ ᠶᠢᠨ ᠮᠡᠳᠡᠭᠦᠯᠦᠭᠰᠡᠨ ᠪᠢᠴᠢᠮᠡᠯ ᠪᠠᠷ ︵ᠡᠯᠧᠺᠲᠷᠤᠨ ᠪᠠᠷ︶ ᠤᠨ | ᠵᠠᠷ ᠮᠡᠳᠡᠭᠡ ᠶᠢᠨ ᠳᠠᠩᠰᠠ ᠡᠪᠭᠡᠮᠡᠯ ᠳᠤ ᠪᠠᠨ ︽ᠡᠮ ᠤᠨ ᠵᠦᠢᠯ ᠤᠨ ᠪᠠᠶᠢᠡᠭᠭᠤ ᠬᠡᠷᠡᠭᠯᠡᠭᠳᠡᠬᠦ ᠨᠡᠷᠡᠶᠢᠳᠦᠯ᠂ | ᠦᠢᠯᠡᠳᠪᠦᠷᠢᠯᠡᠭᠰᠡᠨ ᠦᠢᠯᠡᠳᠪᠦᠷᠢ ᠶᠢᠨ ᠪᠦᠬᠦᠯᠢ ᠨᠡᠷᠡᠶᠢᠳᠦᠯ᠂ ᠡᠮ ᠤᠨ ᠵᠦᠢᠯ ᠤᠨ ᠬᠢᠨᠠᠨ ᠵᠦᠪᠰᠢᠶᠡᠷᠡᠯ ᠤᠨ | ᠪᠢᠴᠢᠭ ᠮᠠᠲ᠋ᠧᠷᠢᠶᠠᠯ ᠤᠨ ᠳ᠋ᠤᠭᠠᠷ᠂ ᠢᠳᠬᠠᠯ ᠦᠭᠡᠰ︾ ᠵᠡᠷᠭᠡ ᠠᠭᠤᠯᠭ᠎ᠠ ᠬᠢᠭᠡᠳ ᠵᠠᠷ ᠮᠡᠳᠡᠭᠡ ᠶᠢᠨ ᠬᠢᠨᠠᠨ | ᠵᠦᠪᠰᠢᠶᠡᠷᠡᠯ ᠤᠨ ᠪᠢᠴᠢᠭ ᠮᠠᠲ᠋ᠧᠷᠢᠶᠠᠯ ᠤᠨ ᠳ᠋ᠤᠭᠠᠷ ᠤᠨ ᠬᠡᠪ ᠶᠠᠩᠵᠤ ᠶᠢ ᠲᠤᠲᠤᠷᠬᠠᠶᠢᠯᠠᠬᠤ ᠬᠡᠷᠡᠭᠲᠠᠢ᠃ ᠵᠤᠷ ᠤᠨ | ᠡᠮ ᠤᠨ ᠵᠠᠷ ᠮᠡᠳᠡᠭᠡ ᠶᠢᠨ ᠢᠳᠬᠠᠯ ᠦᠭᠡ ᠶᠢ᠄ ᠲᠤᠰ ᠵᠠᠷ ᠮᠡᠳᠡᠭᠡ ᠶᠢ ᠵᠦᠪᠬᠡᠨ ᠠᠨᠠᠭᠠᠬᠤ ᠤᠬᠠᠭᠠᠨ ᠡᠮ ᠤᠨ | ᠰᠤᠳᠤᠯᠤᠯ ᠤᠨ ᠲᠤᠰᠬᠠᠢ ᠮᠡᠷᠭᠡᠵᠢᠯᠲᠡᠨ ᠤ ᠤᠡᠭᠰᠢᠬᠤ ᠳᠤ ᠵᠤᠷᠢᠭᠤᠯᠪᠠ᠃ ᠵᠤᠷ ᠤᠨ ᠪᠤᠰᠤ ᠡᠮ ᠤᠨ ᠵᠠᠷ | ᠮᠡᠳᠡᠭᠡ ᠶᠢᠨ ᠢᠳᠬᠠᠯ ᠦᠬᠡ ᠶᠢ᠄ ᠡᠮ ᠤᠨ ᠵᠦᠢᠯ ᠤᠨ ᠲᠠᠶᠢᠯᠪᠤᠷᠢᠯᠠᠯᠲᠠ ᠶᠢᠨ ᠪᠢᠴᠢᠭ ᠪᠤᠶᠤ ᠡᠮᠴᠢ ᠶᠢᠨ | ᠵᠢᠯᠤᠭᠤᠳᠤᠯᠭ᠎ᠠ ᠳᠤᠤᠷ᠎ᠠ ᠬᠤᠳᠠᠯᠳᠤᠨ ᠠᠪᠬᠤ ᠪᠤᠶᠤ ᠬᠡᠷᠡᠭᠯᠡᠭᠡᠷᠠᠢ᠃ ᠬᠡᠷᠪᠡ ᠲᠤᠰ ᠡᠮ ᠤᠨ ᠵᠦᠢᠯ ᠳᠤ ᠮᠠᠭᠤ | ᠤᠷᠪᠠᠯ᠂ ᠴᠡᠭᠡᠷᠯᠡᠬᠦ ᠡᠪᠡᠳᠴᠢᠨ᠂ ᠠᠩᠬᠠᠷᠬᠤ ᠵᠦᠢᠯ ᠲᠠᠢ ᠪᠤᠯ ᠨᠡᠮᠡᠵᠤ ᠲᠤᠲᠤᠷᠬᠠᠶᠢᠯᠠᠨ᠂ ᠴᠡᠭᠡᠷᠯᠡᠬᠦ | ᠡᠪᠡᠳᠴᠢᠨ ᠳᠤ ᠪᠤᠳᠠᠲᠠᠢ ᠠᠭᠤᠯᠭ᠎ᠠ ᠶᠢ ᠨᠢ ᠨᠠᠷᠢᠨ ᠲᠤᠲᠤᠷᠬᠠᠢ ᠲᠤᠲᠤᠷᠬᠠᠶᠢᠯᠠᠬᠤ ᠬᠡᠷᠡᠭᠲᠠᠢ᠃ | ᠲᠧᠯᠸᠢᠰ ᠵᠠᠷ ᠮᠡᠳᠡᠭᠡ ᠶᠢᠨ ᠳᠠᠩᠰᠠ ᠡᠪᠬᠡᠮᠡᠯ ᠳᠤ ᠲᠧᠯᠸᠢᠰ ᠯᠧᠨ᠋ᠰ ᠬᠤᠪᠢᠶᠠᠬᠤ ᠪᠠᠷᠢᠮᠵᠢᠶ᠎ᠠ ᠳᠡᠪᠲᠡᠷ ︵ | ᠦᠵᠡᠭᠳᠡᠯ᠂ ᠦᠵᠡᠭᠳᠡᠯ ᠤᠨ ᠲᠤᠲᠤᠷᠬᠠᠶᠢᠯᠠᠯᠲᠠ᠂ ᠬᠠᠵᠠᠭᠤ ᠶᠢᠨ ᠦᠭᠡ ᠪᠠ ᠳᠡᠯᠭᠡᠴᠡ ᠶᠢᠨ ᠦᠰᠦᠭ᠂ ᠦᠵᠡᠭᠳᠡᠯ | ᠨᠢᠬᠡᠪᠦᠷᠢ ᠶᠢᠨ ᠨᠡᠪᠲᠡᠷᠡᠭᠦᠯᠬᠦ ᠴᠠᠭ ᠤᠨ ᠬᠡᠮᠵᠢᠶ᠎ᠡ ᠪᠠᠭᠲᠠᠨ᠎ᠠ︶ ᠢ ᠲᠤᠰᠢᠶ᠋ᠬᠤ ᠬᠡᠷᠡᠭᠲᠠᠢ︔ | ︵ᠬᠤᠶᠠᠷ︶ ᠤᠯᠤᠰ ᠲᠠᠭᠠᠨ ᠦᠢᠯᠡᠳᠪᠦᠷᠢᠯᠡᠭᠰᠡᠨ ᠡᠮ ᠤᠨ ᠵᠦᠢᠯ | 1. ᠭᠤᠶᠤᠴᠢᠯᠠᠭᠴᠢ ᠶᠢᠨ ︽ᠡᠵᠡᠩᠨᠡᠯᠲᠡ ᠶᠢᠨ ᠦᠨᠡᠮᠯᠡᠯ︾ ᠤᠨ ᠬᠠᠭᠤᠯᠪᠤᠷᠢ 1 ᠬᠤᠪᠢ︔ | 2. ᠭᠤᠶᠤᠴᠢᠯᠠᠭᠴᠢ ᠶᠢᠨ ︽ᠡᠮ ᠤᠨ ᠵᠦᠢᠯ ᠦᠢᠯᠡᠳᠪᠦᠷᠢᠯᠡᠬᠦ ᠵᠦᠪᠰᠢᠶᠡᠷᠡᠯ ᠤᠨ ᠦᠨᠡᠮᠯᠡᠯ︾ ᠪᠤᠶᠤ ︽ | ᠡᠮ ᠤᠨ ᠵᠦᠢᠯ ᠡᠵᠡᠩᠨᠡᠬᠦ ᠵᠦᠪᠰᠢᠶᠡᠷᠡᠯ ᠤᠨ ᠦᠨᠡᠮᠯᠡᠯ︾ ᠤᠨ ᠬᠠᠭᠤᠯᠪᠤᠷᠢ 1 ᠬᠤᠪᠢ︔ | 3. ᠭᠤᠶᠤᠴᠢᠯᠠᠭᠴᠢ ᠨᠢ ᠡᠮ ᠤᠨ ᠵᠦᠢᠯ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠦᠮᠦᠨ ᠪᠤᠯ᠂ | ᠡᠮ ᠤᠨ ᠵᠦᠢᠯ ᠦᠢᠯᠡᠳᠪᠦᠷᠢᠯᠡᠬᠦ ᠠᠵᠤ ᠠᠬᠤᠶᠢᠯᠠᠯ ᠨᠢ ᠲᠡᠭᠦᠨ ᠤ ᠭᠤᠶᠤᠴᠢᠯᠠᠭᠴᠢ ᠪᠤᠯᠬᠤ ᠶᠢ ᠨᠢ | ᠵᠦᠪᠰᠢᠶᠡᠷᠡᠭᠰᠡᠨ ᠬᠡᠷᠡᠴᠢ ᠪᠢᠴᠢᠭ ᠮᠠᠲ᠋ᠧᠷᠢᠶᠠᠯ ︵ᠡᠷᠬᠡ ᠤᠯᠭᠤᠭᠰᠠᠨ ᠪᠢᠴᠢᠭ︶ ᠤᠨ ᠡᠬᠡ ᠮᠠᠲ᠋ᠧᠷᠢᠶᠠᠯ ᠢ | ᠲᠤᠰᠢᠶᠠᠬᠤ ᠬᠡᠷᠡᠭᠲᠠᠢ︔ | 4. ᠡᠮ ᠤᠨ ᠵᠦᠢᠯ ᠤᠨ ᠬᠢᠨᠠᠨ ᠵᠦᠪᠰᠢᠶᠡᠷᠡᠯ ᠤᠨ ᠬᠡᠷᠡᠴᠢ ᠪᠢᠴᠢᠭ ᠮᠠᠲ᠋ᠧᠷᠢᠶᠠᠯ ᠤᠨ ᠬᠠᠭᠤᠯᠪᠤᠷᠢ᠂ | ᠬᠢᠨᠠᠨ ᠵᠦᠪᠰᠢᠶᠡᠷᠡᠭᠰᠡᠨ ᠲᠤᠲᠤᠷᠬᠠᠶᠢᠯᠠᠯᠲᠠ ᠶᠢᠨ ᠪᠢᠴᠢᠭ ᠤᠨ ᠬᠠᠭᠤᠯᠪᠤᠷᠢ 1 ᠬᠤᠪᠢ︔ | 5. ᠪᠤᠳᠠᠲᠠᠢ ᠬᠡᠷᠡᠭᠯᠡᠭᠰᠡᠨ ᠲᠡᠮᠳᠡᠭ ᠪᠠ ᠲᠤᠲᠤᠷᠬᠠᠶᠢᠯᠠᠯᠲᠠ ᠶᠢᠨ ᠪᠢᠴᠢᠭ 1 ᠬᠤᠪᠢ︔ | 6. ᠵᠤᠷ ᠤᠨ ᠪᠤᠰᠤ ᠡᠮ ᠤᠨ ᠵᠠᠷ ᠮᠡᠳᠡᠭᠡ ᠳᠤ ᠵᠤᠷ ᠤᠨ ᠪᠤᠰᠤ ᠡᠮ ᠤᠨ ᠵᠦᠢᠯ ᠢ ᠬᠢᠨᠠᠨ | ᠲᠤᠭᠲᠠᠭᠠᠭᠰᠠᠨ ᠪᠦᠷᠢᠳᠭᠡᠯ ᠤᠨ ᠦᠨᠡᠮᠯᠡᠯ ᠤᠨ ᠬᠠᠭᠤᠯᠪᠤᠷᠢ ᠬᠤᠯᠪᠤᠭᠳᠠᠯ ᠪᠦᠬᠦᠢ ᠬᠡᠷᠡᠴᠢ ᠶᠢᠨ ᠬᠠᠭᠤᠯᠪᠤᠷᠢ ᠶᠢ 1 | ᠬᠤᠪᠢ ᠲᠤᠰᠢᠶᠠᠬᠤ ᠬᠡᠷᠡᠭᠲᠠᠢ︔ | ︵ᠭᠤᠷᠪᠠ︶ ᠭᠠᠳᠠᠭᠠᠲᠤ ᠠᠴᠠ ᠤᠷᠤᠭᠤᠯᠤᠭᠰᠠᠨ ᠡᠮ ᠤᠨ ᠵᠦᠢᠯ | 1. ︽︽ᠭᠠᠳᠠᠭᠠᠲᠤ ᠠᠴᠠ ᠤᠷᠤᠭᠤᠯᠤᠭᠰᠠᠨ ᠡᠮ ᠤᠨ ᠵᠦᠢᠯ ᠢ ᠳᠠᠩᠰᠠᠯᠠᠭᠰᠠᠨ ᠦᠨᠡᠮᠯᠡᠯ︾ ᠪᠤᠶᠤ ︽ | ᠡᠮ ᠡᠮᠨᠡᠯᠬᠡ ᠶᠢᠨ ᠦᠢᠯᠡᠳᠭᠦᠨ ᠢ ᠳᠠᠩᠰᠠᠯᠠᠭᠰᠠᠨ ᠦᠨᠡᠮᠯᠡᠯ︾ ᠤᠨ ᠬᠠᠭᠤᠯᠪᠤᠷᠢ 1 ᠬᠤᠪᠢ︔ | 2. ᠵᠦᠪᠰᠢᠶᠡᠷᠡᠭᠦᠯᠦᠭᠰᠡᠨ ᠲᠤᠲᠤᠷᠬᠠᠶᠢᠯᠠᠯᠲᠠ ᠶᠢᠨ ᠪᠢᠴᠢᠭ ᠤᠨ ᠬᠠᠭᠤᠯᠪᠤᠷᠢ᠂ ᠪᠤᠳᠠᠲᠠᠢ ᠬᠡᠷᠡᠭᠯᠡᠬᠦ | ᠲᠤᠲᠤᠷᠬᠠᠶᠢᠯᠠᠯᠲᠠ ᠶᠢᠨ ᠪᠢᠴᠢᠭ ᠪᠠ ᠲᠡᠮᠳᠡᠭ 1 ᠬᠤᠪᠢ︔ 3. ᠭᠠᠳᠠᠭᠠᠲᠤ ᠠᠴᠠ ᠤᠷᠤᠭᠤᠯᠤᠭᠰᠠᠨ ᠡᠮ ᠤᠨ | ᠵᠦᠢᠯ ᠤᠨ ᠤᠷᠤᠯᠠᠬᠤ ᠪᠠᠶᠢᠭᠤᠯᠤᠮᠵᠢ ᠶᠢᠨ ᠬᠠᠮᠢᠶ᠎ᠠ ᠪᠦᠬᠦᠢ ᠬᠢᠷᠢ ᠬᠡᠮ ᠤᠨ ᠬᠡᠷᠡᠴᠢ ᠪᠢᠴᠢᠭ ᠮᠠᠲ᠋ᠧᠷᠢᠶᠠᠯ ᠤᠨ | ᠬᠠᠭᠤᠯᠪᠤᠷᠢ 1 ᠬᠤᠪᠢ︔ | ︵ᠳᠦᠷᠪᠡ︶ ᠤᠷᠤᠯᠠᠨ ᠬᠦᠢᠴᠡᠳᠭᠡᠭᠴᠢ ᠨᠢ ᠡᠮ ᠤᠨ ᠵᠦᠢᠯ ᠤᠨ ᠵᠠᠷ ᠮᠡᠳᠡᠭᠡ ᠶᠢᠨ ᠬᠢᠨᠠᠨ | ᠵᠦᠪᠰᠢᠶᠡᠷᠡᠯ ᠤᠨ ᠪᠢᠴᠢᠭ ᠮᠠᠲ᠋ᠧᠷᠢᠶᠠᠯ ᠤᠨ ᠳ᠋ᠤᠭᠠᠷ ᠢ ᠤᠷᠤᠯᠠᠨ ᠭᠤᠶᠤᠴᠢᠯᠠᠬᠤ ᠳᠤ᠂ ᠭᠤᠶᠤᠴᠢᠯᠠᠭᠴᠢ ᠶᠢᠨ | ᠨᠠᠶᠢᠳᠠᠯᠭ᠎ᠠ ᠶᠢᠨ ᠪᠢᠴᠢᠭ ᠤᠨ ᠡᠬᠡ ᠮᠠᠲ᠋ᠧᠷᠢᠶᠠᠯ ᠪᠠ ᠤᠷᠤᠯᠠᠨ ᠬᠦᠢᠴᠡᠳᠭᠡᠭᠴᠢ ᠶᠢᠨ ᠡᠵᠡᠩᠨᠡᠯᠲᠡ ᠶᠢᠨ ᠦᠨᠡᠮᠯᠡᠯ ᠤᠨ | ᠬᠠᠭᠤᠯᠪᠤᠷᠢ ᠵᠡᠷᠭᠡ ᠭᠤᠤᠯ ᠴᠤᠭᠴᠠ ᠶᠢᠨ ᠬᠢᠷᠢ ᠬᠡᠮ ᠤᠨ ᠬᠡᠷᠡᠴᠢ ᠪᠢᠴᠢᠭ ᠮᠠᠲ᠋ᠧᠷᠢᠶᠠᠯ ᠢ ᠲᠤᠰᠢᠶᠠᠨ᠎ᠠ︔ | ︵ᠲᠠᠪᠤ︶ ᠦᠢᠯᠡᠳᠪᠦᠷᠢᠯᠡᠯ ᠤᠨ ᠠᠵᠤ ᠠᠬᠤᠶᠢᠯᠠᠯ᠂ ᠡᠵᠡᠩᠨᠡᠯᠲᠡ ᠶᠢᠨ ᠠᠵᠤ ᠠᠬᠤᠶᠢᠯᠠᠯ ᠪᠤᠶᠤ | ᠤᠷᠤᠯᠠᠨ ᠬᠦᠢᠴᠡᠳᠭᠡᠭᠴᠢ ᠨᠢ ᠭᠠᠷᠳᠠᠨ ᠬᠦᠢᠴᠡᠳᠭᠡᠭᠴᠢ ᠳᠤ ᠨᠠᠶᠢᠳᠠᠵᠤ ᠡᠮ ᠤᠨ ᠵᠦᠢᠯ ᠤᠨ ᠵᠠᠷ ᠮᠡᠳᠡᠭᠡ ᠶᠢ | ᠨᠡᠶᠢᠲᠡᠯᠡᠨ ᠨᠡᠪᠲᠡᠷᠡᠭᠦᠯᠬᠦ ᠪᠠᠷ ᠭᠤᠶᠤᠴᠢᠯᠠᠭᠰᠠᠨ ᠨᠠᠶᠢᠳᠠᠯᠭ᠎ᠠ ᠶᠢᠨ ᠪᠢᠴᠢᠭ ᠤᠨ ᠡᠬᠡ ᠮᠠᠲ᠋ᠧᠷᠢᠶᠠᠯ ᠢ ᠲᠤᠰᠢᠶᠠᠨ᠎ᠠ︔ | ︵ᠵᠢᠷᠭᠤᠭ᠎ᠠ︶ ᠡᠮ ᠤᠨ ᠵᠦᠢᠯ ᠤᠨ ᠵᠠᠷ ᠮᠡᠳᠡᠭᠡ ᠶᠢᠨ ᠠᠭᠤᠯᠭ᠎ᠠ ᠨᠢ ᠡᠮ ᠤᠨ ᠵᠦᠢᠯ ᠤᠨ ᠲᠠᠸᠠᠷ ᠤᠨ | ᠨᠡᠷᠡᠶᠢᠳᠦᠯ᠂ ᠳᠠᠩᠰᠠᠯᠠᠭᠤᠯᠤᠭᠰᠠᠨ ᠲᠠᠸᠠᠷ ᠤᠨ ᠲᠡᠮᠳᠡᠭ᠂ ᠲᠤᠰᠬᠠᠢ ᠠᠰᠢᠭ ᠵᠡᠷᠭᠡ ᠲᠠᠢ ᠬᠤᠯᠪᠤᠭᠳᠠᠪᠠᠯ᠂ ᠬᠠᠮᠢᠶ᠎ᠠ | ᠪᠦᠬᠦᠢ ᠬᠦᠴᠦᠨ ᠲᠠᠢ ᠬᠡᠷᠡᠴᠢ ᠪᠢᠴᠢᠭ ᠮᠠᠲ᠋ᠧᠷᠢᠶᠠᠯ ᠤᠨ ᠬᠠᠭᠤᠯᠪᠤᠷᠢ ᠬᠢᠭᠡᠳ ᠪᠤᠰᠤᠳ ᠵᠠᠷ ᠮᠡᠳᠡᠭᠡᠨ ᠤ | ᠠᠭᠤᠯᠭ᠎ᠠ ᠶᠢᠨ ᠦᠨᠡᠨ ᠪᠤᠳᠠᠲᠤ ᠴᠢᠨᠠᠷ ᠢ ᠬᠡᠷᠡᠴᠢᠯᠡᠭᠰᠡᠨ ᠪᠤᠰᠤᠳ ᠪᠢᠴᠢᠭ ᠮᠠᠲ᠋ᠧᠷᠢᠶᠠᠯ ᠢ ᠲᠤᠰᠢᠶᠠᠬᠤ ᠬᠡᠷᠡᠭᠲᠠᠢ︔ | ᠳᠡᠭᠡᠷᠡᠬᠢ ᠲᠤᠰᠢᠶᠠᠬᠤ ᠪᠠᠷ ᠲᠤᠭᠲᠠᠭᠠᠭᠰᠠᠨ ᠬᠡᠷᠡᠴᠢ ᠪᠢᠴᠢᠭ ᠮᠠᠲ᠋ᠧᠷᠢᠶᠠᠯ ᠤᠨ ᠬᠠᠭᠤᠯᠪᠤᠷᠢ ᠳᠤ᠂ | ᠬᠡᠷᠡᠴᠢ ᠮᠠᠲ᠋ᠧᠷᠢᠶᠠᠯ ᠢ ᠤᠯᠭᠤᠭᠰᠠᠨ ᠪᠠᠶᠢᠭᠤᠯᠭ᠎ᠠ ᠨᠢᠭᠡᠴᠡ ᠨᠢ ᠠᠯᠪᠠᠨ ᠲᠠᠮᠠᠭ᠎ᠠ ᠪᠠᠨ ᠨᠡᠮᠡᠵᠤ ᠳᠠᠷᠤᠬᠤ ᠬᠡᠷᠡᠭᠲᠠᠢ︔ | ︵ᠳᠤᠯᠤᠭ᠎ᠠ︶ ᠲᠧᠯᠸᠢᠰ ᠵᠠᠷ ᠮᠡᠳᠡᠭᠡ ᠳᠤ᠄ ᠨᠡᠶᠢᠲᠡᠯᠡᠬᠦ ᠠᠭᠤᠯᠭ᠎ᠠ ᠲᠠᠢ ᠠᠳᠠᠯᠢ VCD᠂ DVD ᠶᠢ | ᠲᠤᠰᠢᠶᠠᠨ᠎ᠠ︔ ᠷᠠᠳᠢᠤ᠋ ᠵᠠᠷ ᠮᠡᠳᠡᠭᠡ ᠳᠤ ᠨᠡᠶᠢᠲᠡᠯᠡᠬᠦ ᠠᠭᠤᠯᠭ᠎ᠠ ᠲᠠᠢ ᠠᠳᠠᠯᠢ ᠰᠢᠩᠭᠡᠭᠡᠯᠲᠡ ᠶᠢᠨ ᠪᠦᠰᠡ ᠶᠢ | ᠲᠤᠰᠢᠶᠠᠨ᠎ᠠ︔ | ︵ᠨᠠᠢᠮᠠ︶ ᠭᠤᠶᠤᠴᠢᠯᠠᠯ ᠤᠨ ᠮᠠᠲ᠋ᠧᠷᠢᠶᠠᠯ ᠤᠨ ᠦᠨᠡᠨ ᠪᠤᠳᠠᠲᠤ ᠴᠢᠨᠠᠷ ᠢ ᠦᠪᠡᠷᠲᠡᠭᠡᠨ ᠪᠠᠲᠤᠯᠠᠨ | ᠢᠯᠡᠷᠭᠡᠶᠢᠯᠡᠬᠦ ᠶᠢᠨ ᠬᠠᠮᠲᠤ᠂ ᠮᠡᠲ᠋ᠧᠷᠢᠶᠠᠯ ᠳᠤ ᠬᠡᠷᠪᠡ ᠬᠤᠳᠠᠯ ᠬᠠᠭᠤᠷᠮᠠᠭ ᠵᠦᠢᠯ ᠪᠠᠶᠢᠪᠠᠯ ᠬᠠᠤᠯᠢ ᠴᠠᠭᠠᠵᠠ ᠶᠢᠨ | ᠬᠠᠷᠢᠭᠤᠴᠠᠯᠭ᠎ᠠ ᠡᠭᠦᠷᠬᠡᠯᠡᠬᠦ ᠠᠮᠠᠯᠠᠯᠲᠠ ᠬᠢᠨ᠎ᠡ᠃ | ᠲᠠᠪᠤ᠂ ᠬᠦᠢᠴᠡᠳᠭᠡᠬᠦ ᠴᠠᠭ ᠤᠨ ᠬᠢᠵᠠᠭᠠᠷ᠄ ᠬᠦᠯᠢᠶᠡᠨ ᠠᠪᠤᠭᠰᠠᠨ ᠡᠳᠦᠷ ᠠᠴᠠ ᠡᠬᠢᠯᠡᠨ 10 | ᠠᠵᠢᠯᠯᠠᠬᠤ ᠡᠳᠦᠷ ᠤᠨ ᠳᠤᠲᠤᠷ᠎ᠠ ᠬᠦᠢᠴᠡᠳᠭᠡᠨ᠎ᠡ | ᠵᠢᠷᠭᠤᠭ᠎ᠠ᠂ ᠰᠦᠢᠳᠭᠡᠯ ᠬᠤᠷᠢᠶᠠᠬᠤ ᠪᠠᠷᠢᠮᠵᠢᠶ᠎ᠠ᠄ ᠰᠦᠢᠳᠭᠡᠯ ᠬᠤᠷᠢᠶᠠᠬᠤ ᠦᠭᠡᠢ | ᠳᠤᠯᠤᠭ᠎ᠠ᠂ ᠬᠦᠢᠴᠡᠳᠭᠡᠬᠦ ᠪᠠᠶᠢᠭᠤᠯᠤᠮᠵᠢ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ | ᠢᠳᠡᠭᠡᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠶᠢᠨ ᠵᠠᠬ᠎ᠠ ᠳᠡᠯᠭᠡᠭᠦᠷ ᠤᠨ ᠬᠢᠨᠠᠯᠲᠠ ᠶᠢᠨ | ᠭᠠᠵᠠᠷ | ᠨᠠᠢᠮᠠ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠢᠳᠡᠭᠡᠨ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠤᠪᠴᠢᠶ᠎ᠠ ᠶᠢᠨ ᠬᠦᠯᠢᠶᠡᠨ ᠠᠪᠴᠤ ᠬᠦᠢᠴᠡᠳᠭᠡᠬᠦ ᠲᠢᠩᠬᠢᠮ |