ᠮᠠᠰᠢᠨᠲᠦ ᠲᠡᠷᠭᠡ ᠶᠢ ᠰᠢᠯᠵᠢᠭᠦᠯᠥᠨ ᠪᠦᠷᠢᠳᠭᠡᠭᠦᠯᠬᠦ
ᠨᠡᠶᠢᠲᠡᠯᠡᠭᠰᠡᠨ ᠴᠠᠭ᠄
2015/10/20
         ᠳᠠᠩᠰᠠᠯᠠᠭᠤᠯᠤᠨ ᠪᠦᠷᠢᠳᠭᠡᠭᠦᠯᠥᠭᠰᠡᠨ ᠮᠠᠰᠢᠨᠲᠦ ᠲᠡᠷᠭᠡ ᠶᠢᠨ ᠦᠮᠴᠢᠯᠡᠬᠦ ᠡᠷᠭᠡ ᠶᠢ ᠰᠢᠯᠵᠢᠬᠦᠯᠬᠦ  ᠶᠠᠪᠤᠳᠠᠯ ᠭᠠᠷᠪᠠᠯ᠂ ᠮᠠᠰᠢᠨᠲᠦ ᠲᠡᠷᠭᠡᠨ ᠤ ᠤᠳᠤ ᠶᠢᠨ ᠦᠮᠴᠢᠯᠡᠭᠴᠢ ᠨᠢ ᠮᠠᠰᠢᠨᠲᠦ ᠲᠡᠷᠭᠡ ᠶᠢ ᠲᠤᠰᠢᠶᠠᠭᠰᠠᠨ  ᠡᠳᠥᠷ ᠠᠴᠠ ᠡᠬᠢᠯᠡᠨ 30 ᠡᠳᠦᠷ ᠤᠨ ᠳᠤᠲᠤᠷ᠎ᠠ ᠪᠦᠷᠢᠳᠭᠡᠭᠦᠯᠥᠭᠰᠡᠨ ᠭᠠᠵᠠᠷ ᠤᠨ ᠲᠡᠷᠭᠡ ᠬᠦᠰᠭᠡ ᠶᠢᠨ  ᠬᠠᠮᠢᠶᠠᠷᠤᠯᠲᠠ ᠶᠢᠨ ᠭᠠᠵᠠᠷ ᠲᠤ ᠰᠢᠯᠵᠢᠬᠦᠯᠥᠨ ᠪᠦᠷᠢᠳᠭᠡᠭᠦᠯᠬᠦ ᠪᠠᠷ ᠭᠤᠶᠤᠴᠢᠯᠠᠬᠤ ᠬᠡᠷᠡᠭᠲᠡᠢ᠃              ᠮᠠᠰᠢᠨᠲᠦ ᠲᠡᠷᠭᠡᠨ ᠤ ᠦᠮᠴᠢᠯᠡᠭᠴᠢ ᠰᠢᠯᠵᠢᠬᠦᠯᠦᠨ ᠪᠦᠷᠢᠳᠭᠡᠭᠦᠯᠬᠦ ᠶᠢ ᠭᠤᠶᠤᠴᠢᠯᠠᠬᠤ ᠠᠴᠠ ᠡᠮᠦᠨ᠎ᠡ  ᠂ ᠲᠤᠰ ᠲᠡᠷᠭᠡᠨ ᠤ ᠵᠠᠮ ᠬᠠᠷᠢᠯᠴᠠᠭᠠᠨ ᠤ ᠠᠶᠤᠯ ᠦᠭᠡᠢ ᠶᠢᠨ ᠬᠠᠤᠯᠢ ᠠᠴᠠ ᠵᠦᠷᠢᠴᠡᠭᠰᠡᠨ ᠳᠤ ᠬᠤᠯᠪᠤᠭᠳᠠᠬᠤ  ᠦᠢᠯᠡ ᠠᠵᠢᠯᠯᠠᠭ᠎ᠠ ᠪᠠ ᠵᠠᠮ ᠬᠠᠷᠢᠯᠴᠠᠭᠠᠨ ᠤ ᠠᠳᠡᠯ ᠢ ᠰᠢᠢᠳᠪᠦᠷᠢᠯᠡᠵᠦ ᠳᠠᠭᠤᠰᠬᠠᠭᠰᠠᠨ ᠪᠠᠶᠢᠬᠤ ᠬᠡᠷᠡᠭᠲᠠᠢ᠃            ᠰᠢᠯᠵᠢᠬᠦᠯᠥᠨ ᠪᠦᠷᠢᠳᠭᠡᠭᠦᠯᠬᠦ ᠪᠠᠷ ᠭᠤᠶᠤᠴᠢᠯᠠᠬᠤ ᠳᠤ᠂ ᠮᠠᠰᠢᠨᠲᠦ ᠲᠡᠷᠭᠡᠨ ᠤ ᠤᠳᠤ ᠶᠢᠨ  ᠦᠮᠴᠢᠯᠡᠭᠴᠢ ᠭᠤᠶᠤᠴᠢᠯᠠᠯ ᠤᠨ ᠬᠦᠰᠦᠨᠦᠭᠲᠦ ᠲᠠᠭᠯᠠᠵᠤ᠂ ᠮᠠᠰᠢᠨ ᠲᠡᠷᠭᠡ ᠶᠢ ᠲᠤᠰᠢᠶᠠᠨ ᠰᠢᠯᠭᠠᠭᠤᠯᠬᠤ ᠶᠢᠨ  ᠬᠠᠮᠲᠤ ᠳᠤᠤᠷᠠᠬᠢ ᠬᠡᠷᠡᠴᠢ᠂ ᠪᠠᠷᠢᠮᠲᠠ ᠶᠢ ᠲᠤᠰᠢᠶᠠᠬᠤ ᠬᠡᠷᠡᠭᠲᠡᠢ᠄              ︵ᠨᠢᠭᠡ︶ ᠮᠠᠰᠢᠨᠲᠦ ᠲᠡᠷᠭᠡᠨ ᠤ ᠤᠳᠤ ᠶᠢᠨ ᠦᠮᠴᠢᠯᠡᠭᠴᠢ ᠶᠢᠨ ᠪᠡᠶ᠎ᠡ ᠶᠢᠨ ᠬᠡᠷᠡᠴᠢ︔              ︵ᠬᠤᠶᠠᠷ︶ ᠮᠠᠰᠢᠨᠲᠦ ᠲᠡᠷᠭᠡᠨ ᠤ ᠦᠮᠴᠢᠯᠡᠬᠦ ᠡᠷᠭᠡ ᠶᠢ ᠰᠢᠯᠵᠢᠭᠦᠯᠦᠭᠰᠡᠨ ᠬᠡᠷᠡᠴᠢ᠂ ᠪᠠᠷᠢᠮᠲᠠ︔              ︵ᠭᠤᠷᠪᠠ︶ ᠮᠠᠰᠢᠨᠲᠦ ᠲᠡᠷᠭᠡ ᠶᠢ ᠪᠦᠷᠢᠳᠭᠡᠭᠦᠯᠥᠭᠰᠡᠨ ᠦᠨᠡᠮᠯᠡᠯ︔              ︵ᠳᠦᠷᠪᠡ︶ ᠮᠠᠰᠢᠨᠲᠦ ᠲᠡᠷᠭᠡᠨ ᠤ ᠵᠢᠯᠤᠭᠤᠳᠬᠤ ᠦᠨᠡᠮᠯᠡᠯ︔              ︵ᠲᠠᠪᠤ︶ ᠪᠤᠭᠤᠮᠲᠠ ᠠᠴᠠ ᠬᠢᠨᠠᠨ ᠬᠠᠮᠢᠶᠠᠷᠴᠦ ᠪᠠᠶᠢᠭ᠎ᠠ ᠮᠠᠰᠢᠨᠲᠦ ᠲᠡᠷᠭᠡ ᠳᠤ ᠬᠠᠷᠢᠶᠠᠯᠠᠭᠳᠠᠪᠠᠯ᠂  ᠪᠠᠰᠠ ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠪᠤᠭᠤᠮᠲᠠ ᠠᠴᠠ ᠬᠢᠨᠠᠨ ᠬᠠᠮᠢᠶᠠᠷᠴᠦ ᠪᠠᠶᠢᠭ᠎ᠠ  ᠲᠡᠷᠭᠡ ᠬᠦᠰᠭᠡ ᠶᠢᠨ ᠬᠢᠨᠠᠨ ᠬᠠᠮᠢᠶᠠᠷᠬᠤ ᠶᠢ ᠲᠠᠶᠢᠯᠤᠭᠰᠠᠨ ᠬᠡᠷᠡᠴᠢ︾ ᠪᠤᠶᠤ ᠪᠤᠭᠤᠮᠲᠠ ᠶᠢᠨ ᠰᠢᠯᠵᠢᠬᠦᠯᠥᠨ  ᠦᠭᠬᠦ ᠶᠢ ᠵᠦᠪᠰᠢᠶᠡᠷᠡᠭᠰᠡᠨ ᠬᠡᠷᠡᠴᠢ ᠶᠢ ᠲᠤᠰᠢᠶᠠᠬᠤ ᠬᠡᠷᠡᠭᠲᠡᠢ︔              ︵ᠵᠢᠷᠭᠤᠭ᠎ᠠ︶ ᠰᠢᠯᠭᠠᠨ ᠪᠠᠶᠢᠴᠠᠭᠠᠬᠤ ᠬᠦᠴᠦᠨ ᠲᠠᠢ ᠬᠤᠭᠤᠴᠠᠭ᠎ᠠ ᠨᠢ ᠬᠡᠲᠦᠷᠡᠭᠰᠡᠨ ᠮᠠᠰᠢᠨᠲᠦ  ᠲᠡᠷᠭᠡ ᠳᠤ ᠬᠠᠷᠢᠶᠠᠯᠠᠭᠳᠠᠪᠠᠯ᠂ ᠪᠠᠰᠠ ᠮᠠᠰᠢᠨᠲᠦ ᠲᠡᠷᠭᠡᠨ ᠤ ᠠᠶᠤᠯ ᠦᠭᠡᠢ ᠶᠢᠨ ᠮᠡᠷᠭᠡᠵᠢᠯ ᠤᠨ ᠰᠢᠯᠭᠠᠨ  ᠪᠠᠶᠢᠴᠠᠭᠠᠯᠲᠠ ᠳᠤ ᠬᠢᠷᠢ ᠲᠡᠩᠴᠡᠭᠰᠡᠨ ᠬᠡᠷᠡᠴᠢ ᠪᠠ ᠵᠠᠮ ᠬᠠᠷᠢᠯᠴᠠᠭᠠᠨ ᠤ ᠠᠳᠡᠯ ᠤᠨ ᠬᠠᠷᠢᠭᠤᠴᠠᠯᠭ᠎ᠠ ᠶᠢᠨ  ᠠᠯᠪᠠᠳᠠᠯᠭᠠᠲᠦ ᠳᠠᠭᠠᠳᠬᠠᠯ ᠤᠨ ᠬᠡᠷᠡᠴᠢ ᠶᠢ ᠲᠤᠰᠢᠶᠠᠬᠤ ᠬᠡᠷᠡᠭᠲᠠᠢ᠃                ᠮᠠᠰᠢᠨᠲᠦ ᠲᠡᠷᠭᠡᠨ ᠤ ᠤᠳᠤ ᠶᠢᠨ ᠦᠮᠴᠢᠯᠡᠭᠴᠢ ᠶᠢᠨ ᠰᠠᠭᠤᠵᠦ ᠪᠠᠶᠢᠭ᠎ᠠ ᠭᠠᠵᠠᠷ ᠨᠢ ᠲᠡᠷᠭᠡ  ᠬᠦᠰᠭᠡ ᠶᠢᠨ ᠬᠠᠮᠢᠶᠠᠷᠤᠯᠲᠠ ᠶᠢᠨ ᠭᠠᠵᠠᠷ ᠤᠨ ᠬᠠᠷᠢᠶ᠎ᠠ ᠣᠷᠣᠨ ᠳᠤ ᠪᠠᠶᠢᠪᠠᠯ᠂ ᠲᠡᠷᠭᠡ ᠬᠦᠰᠬᠡ ᠶᠢᠨ ᠬᠠᠮᠢᠶᠠᠷᠤᠯᠲᠠ ᠶᠢᠨ ᠭᠠᠵᠠᠷ ᠭᠤᠶᠤᠴᠢᠯᠠᠯ ᠢ ᠬᠦᠯᠢᠶᠡᠨ ᠠᠪᠤᠭᠰᠠᠨ ᠡᠳᠥᠷ ᠠᠴᠠ ᠡᠬᠢᠯᠡᠨ ᠨᠢᠭᠡ ᠡᠳᠦᠷ ᠤᠨ ᠳᠤᠲᠤᠷ᠎ᠠ  ᠂ ᠮᠠᠰᠢᠨᠲᠦ ᠲᠡᠷᠭᠡ ᠶᠢ ᠨᠤᠲᠠᠯᠠᠵᠦ᠂ ᠲᠡᠷᠭᠡ ᠬᠦᠰᠭᠡ ᠶᠢ ᠢᠯᠭᠠᠨ ᠲᠠᠨᠢᠬᠤ ᠣᠷᠣᠯᠠᠬᠤ ᠳ᠋ᠤᠭᠠᠷ ᠤᠨ ᠳᠠᠷᠤᠮᠠᠯ ᠬᠡᠪ ᠢ  ᠬᠠᠷᠭᠤᠭᠤᠯᠤᠨ᠂ ᠲᠤᠰᠢᠶᠠᠭᠰᠠᠨ ᠬᠡᠷᠡᠴᠢ᠂ ᠪᠠᠷᠢᠮᠲᠠ ᠶᠢ ᠬᠢᠨᠠᠨ ᠪᠠᠶᠢᠴᠠᠭᠠᠵᠤ᠂ ᠨᠣᠮᠧᠷᠲᠦ ᠫᠠᠶᠢᠰᠠᠨ᠂ ᠲᠡᠷᠭᠡ  ᠶᠠᠪᠤᠭᠤᠯᠬᠤ ᠦᠨᠡᠮᠯᠡᠯ ᠢ ᠬᠤᠷᠢᠶᠠᠵᠤ᠂ ᠮᠠᠰᠢᠨᠲᠦ ᠲᠡᠷᠭᠡᠨ ᠤ ᠰᠢᠨ᠎ᠡ ᠨᠣᠮᠧᠷᠲᠦ ᠫᠠᠶᠢᠰᠠ ᠶᠢᠨ ᠨᠤᠮᠧᠷ ᠢ ᠲᠣᠭᠲᠠᠭᠠᠨ᠂ ᠮᠠᠰᠢᠨᠲᠦ ᠲᠡᠷᠭᠡ ᠶᠢ ᠪᠦᠷᠢᠳᠭᠡᠭᠦᠯᠥᠭᠰᠡᠨ ᠦᠨᠡᠮᠯᠡᠯ ᠳᠡᠭᠡᠷ᠎ᠡ ᠰᠢᠯᠵᠢᠬᠦᠯᠥᠭᠰᠡᠨ ᠵᠦᠢᠯᠡᠰ ᠢ ᠴᠣᠬᠤᠯᠠᠪᠥᠷᠢᠯᠠᠵᠦ᠂  ᠨᠣᠮᠧᠷᠲᠦ ᠫᠠᠶᠢᠰᠠ᠂ ᠲᠡᠷᠭᠡ ᠶᠠᠪᠤᠭᠤᠯᠬᠤ ᠦᠨᠡᠮᠯᠡᠯ ᠪᠠ ᠪᠠᠶᠢᠴᠠᠭᠠᠨ ᠰᠢᠯᠭᠠᠭᠠᠳ ᠬᠢᠷᠢ ᠲᠡᠩᠴᠡᠭᠰᠡᠨ ᠲᠡᠮᠳᠡᠭ ᠢ  ᠳᠠᠬᠢᠵᠦ ᠬᠢᠨᠠᠨ ᠣᠯᠭᠤᠬᠤ ᠬᠡᠷᠡᠭᠲᠡᠢ᠃
 
ᠢᠷᠡᠯᠲᠡ᠄ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号