ᠬᠦᠳᠡᠭᠡ ᠲᠤᠰᠬᠤᠨ ᠳᠤ ︽ᠠᠮᠢᠳᠤᠷᠠᠯ ᠤᠨ ᠤᠮᠳᠠ ᠤᠰᠤᠨ ᠤ ᠡᠷᠡᠭᠦᠯ ᠬᠠᠮᠠᠭᠠᠯᠠᠯ ᠤᠨ ᠪᠠᠷᠢᠮᠵᠢᠶ᠎ᠠ ︾   ᠶᠢ ᠬᠡᠷᠡᠭᠵᠢᠬᠦᠯᠬᠦ ᠳᠦᠷᠢᠮ
ᠨᠡᠶᠢᠲᠡᠯᠡᠭᠰᠡᠨ ᠴᠠᠭ᠄
2015/10/20
         1. ᠶᠡᠷᠦᠩᠬᠡᠢ ᠲᠦᠷᠢᠮ              1.1  ᠰᠠᠭᠤᠭᠠᠯᠢ ᠠᠷᠠᠳ ᠤᠨ ᠠᠮᠢᠳᠤᠷᠠᠯ ᠤᠨ ᠤᠮᠳᠠ ᠤᠰᠤᠨ ᠤ ᠴᠢᠨᠠᠷ ᠢ ᠠᠮᠤᠷ ᠲᠦᠪᠰᠢᠨ  ᠠᠷᠢᠭᠤᠨ ᠴᠡᠪᠡᠷ ᠪᠠᠶᠢᠯᠭᠠᠵᠦ᠂ ᠤᠯᠤᠰ ᠤᠨ ︽ᠠᠮᠢᠳᠤᠷᠠᠯ ᠤᠨ ᠤᠮᠳᠠ ᠤᠰᠤᠨ ᠤ ᠡᠷᠡᠭᠦᠯ ᠬᠠᠮᠠᠭᠠᠯᠠᠯ ᠤᠨ  ᠪᠠᠷᠢᠮᠵᠢᠶ᠎ᠠ  ︾   ᠶᠢᠨ ᠱᠠᠭᠠᠷᠳᠠᠯᠭ᠎ᠠ ᠳᠤ ᠢᠳᠡᠭ ᠢᠳᠡᠭ ᠢᠶᠠᠷ  ᠬᠦᠷᠦᠬᠦᠯᠵᠦ᠂ ᠠᠷᠠᠳ ᠤᠯᠠᠨ ᠤ ᠪᠡᠶ᠎ᠡ  ᠮᠠᠬᠠᠪᠤᠳ  ᠤᠨ ᠡᠷᠡᠬᠦᠯ ᠮᠡᠨᠳᠤ ᠶᠢ ᠪᠠᠳᠤᠯᠠᠵᠦ᠂ ᠬᠦᠳᠡᠭᠡ ᠲᠤᠰᠬᠤᠨ ᠤ ᠤᠰᠤ ᠦᠬᠡᠷᠡᠴᠢᠯᠡᠬᠦ ᠦᠢᠯᠡᠰ ᠤᠨ  ᠬᠦᠭᠵᠢᠯᠳᠡ ᠶᠢ ᠠᠬᠢᠭᠤᠯᠬᠤ ᠶᠢᠨ ᠲᠤᠰᠠᠳᠠ᠂ ᠤᠨᠴᠠᠭᠠᠶᠢᠯᠠᠨ ᠲᠤᠰ ᠲᠦᠷᠢᠮ ᠢ ᠲᠤᠭᠳᠠᠭᠠᠪᠠ᠃              1.2  ᠲᠤᠰ  ᠲᠦᠷᠢᠮ   ᠨᠢ  ᠦᠷᠭᠡᠨ  ᠤᠯᠠᠨ  ᠬᠦᠳᠡᠭᠡ  ᠲᠤᠰᠬᠤᠨ   ᠤ   ᠰᠠᠭᠤᠭᠠᠯᠢ  ᠠᠷᠠᠳ   ᠤᠨ  ᠴᠢᠭ᠋   ᠲᠤ  ᠲᠦᠪᠯᠡᠷᠡᠩᠭᠦᠢ ᠪᠠᠷ ᠤᠰᠤ ᠬᠠᠩᠭᠠᠬᠤ ᠪᠠ  ᠲᠠᠷᠬᠠᠢ  ᠪᠤᠳᠠᠷᠬᠠᠢ ᠪᠠᠷ ᠤᠰᠤ ᠬᠠᠩᠭᠠᠬᠤ ᠳᠤ ᠬᠡᠷᠡᠭᠯᠡᠬᠦ ᠳᠤ ᠲᠤᠬᠢᠷᠠᠨ᠎ᠠ᠃              1.3  ᠲᠦᠪᠯᠡᠷᠡᠩᠭᠦᠢ ᠪᠠᠷ ᠤᠰᠤ  ᠬᠠᠩᠭᠠᠬᠤ ᠶᠢ ᠰᠢᠨ᠎ᠡ ᠪᠠᠷ ᠪᠠᠶᠢᠭᠤᠯᠬᠤ ᠪᠤᠶᠤ  ᠦᠬᠡᠷᠡᠴᠢᠯᠡᠨ ᠪᠠᠶᠢᠭᠤᠯᠬᠤ ᠳᠤ ᠤᠰᠤᠨ ᠰᠤᠷᠪᠤᠯᠵᠢ ᠰᠤᠩᠭᠤᠬᠤ᠂ ᠤᠰᠤᠨ ᠰᠤᠷᠪᠤᠯᠵᠢ ᠶᠢ ᠬᠠᠮᠠᠭᠠᠯᠠᠬᠤ ᠪᠠ  ᠪᠠᠷᠢᠯᠭ᠎ᠠ ᠶᠢᠨ ᠵᠢᠷᠤᠭ ᠲᠦᠯᠤᠪᠯᠡᠭᠡ ᠶᠢ ᠲᠤᠰ ᠲᠦᠷᠢᠮ ᠵᠢᠴᠢ ᠬᠠᠮᠢᠶ᠎ᠠ ᠪᠦᠬᠦᠢ ᠪᠠᠷᠢᠮᠵᠢᠶ᠎ᠠ᠂ ᠬᠠᠤᠯᠢ ᠵᠠᠷᠯᠢᠭ ᠲᠤ  ᠨᠡᠶᠢᠴᠡᠬᠦᠯᠵᠦ᠂ ᠤᠷᠢᠳᠡᠪᠡᠷ ᠬᠢᠨᠠᠮᠠᠭᠠᠢ ᠬᠢᠨᠠᠨ ᠪᠠᠶᠢᠴᠠᠭᠠᠨ ᠵᠢᠷᠤᠭᠯᠠᠵᠦ᠂  ᠪᠠᠷᠢᠯᠭ᠎ᠠ ᠲᠡᠭᠦᠰᠦᠭᠰᠡᠨ ᠤ ᠰᠡᠭᠦᠯᠡᠷ   ᠨᠢ ᠵᠤᠬᠢᠶᠠᠨ ᠪᠠᠶᠢᠭᠤᠯᠤᠨ ᠰᠢᠯᠭᠠᠨ ᠬᠤᠷᠢᠶᠠᠵᠦ᠂ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ   ᠢᠶᠠᠷ ᠵᠦᠪᠰᠢᠶᠡᠷᠡᠬᠦᠯᠦᠭᠰᠡᠨ ᠤ ᠲᠠᠷᠠᠭ᠎ᠠ ᠠᠰᠢᠭᠯᠠᠯᠳᠠ ᠳᠤ ᠤᠷᠤᠭᠤᠯᠤᠨ ᠬᠡᠷᠡᠭᠯᠡᠵᠦ ᠪᠤᠯᠤᠨ᠎ᠠ᠃ ᠤᠰᠤ ᠬᠠᠩᠭᠠᠬᠤ  ᠨᠢᠭᠡᠴᠡ ᠨᠢ ᠤᠰᠤᠨ ᠤ ᠴᠢᠨᠠᠷ ᠢ ᠲᠤᠰ ᠲᠦᠷᠢᠮ ᠤᠨ ᠱᠠᠭᠠᠷᠳᠠᠯᠭ᠎ᠠ ᠳᠤ ᠨᠡᠶᠢᠴᠡᠬᠦᠯᠬᠦ ᠶᠢ ᠡᠷᠬᠡᠪᠰᠢ ᠪᠠᠳᠤᠯᠠᠬᠤ  ᠬᠡᠷᠡᠭᠲᠠᠢ᠃              1.4  ᠲᠠᠷᠬᠠᠢ ᠪᠤᠳᠠᠷᠬᠠᠢ ᠪᠠᠷ ᠤᠰᠤ ᠬᠠᠩᠭᠠᠬᠤ ᠳᠤ ᠤᠰᠤᠨ ᠰᠤᠷᠪᠤᠯᠵᠢ ᠶᠢ ᠰᠤᠩᠭᠤᠬᠤ᠂  ᠤᠰᠤᠨ  ᠤ ᠴᠢᠨᠠᠷ ᠢ ᠬᠢᠨᠠᠨ ᠲᠤᠭᠳᠠᠭᠠᠬᠤ᠂ ᠤᠰᠤᠨ ᠰᠤᠷᠪᠤᠯᠵᠢ ᠶᠢᠨ ᠡᠷᠡᠬᠦᠯ ᠬᠠᠮᠠᠭᠠᠯᠠᠯ ᠢ ᠰᠡᠷᠭᠡᠶᠢᠯᠡᠨ  ᠬᠠᠮᠠᠭᠠᠯᠠᠬᠤ ᠪᠠ ᠪᠠᠶᠢᠩᠭᠤ ᠶᠢᠨ ᠬᠠᠮᠢᠶᠠᠷᠤᠯᠳᠠ ᠶᠢᠨ ᠠᠵᠢᠯ ᠢ ᠤᠰᠤ ᠬᠠᠩᠭᠠᠵᠦ ᠪᠠᠶᠢᠭ᠎ᠠ ᠭᠠᠵᠠᠷ ᠤᠨ ᠰᠢᠶᠠᠩ᠂  ᠪᠠᠯᠭᠠᠰᠤ ᠶᠢᠨ ᠵᠠᠰᠠᠭ ᠤᠨ ᠤᠷᠳᠤᠨ ᠨᠢ ᠲᠤᠬᠠᠢ ᠶᠢᠨ ᠭᠠᠵᠠᠷ ᠤᠨ ᠬᠠᠮᠢᠶ᠎ᠠ ᠪᠦᠬᠦᠢ ᠨᠢᠭᠡᠴᠡ ᠳᠤ ᠨᠠᠶᠢᠳᠠᠨ  ᠬᠠᠮᠢᠶᠠᠷᠠᠭᠤᠯᠬᠤ ᠬᠡᠷᠡᠭᠲᠠᠢ᠃              2.  ᠤᠰᠤᠨ ᠤ ᠴᠢᠨᠠᠷ ᠢ ᠲᠡᠰ ᠬᠤᠪᠢᠶᠠᠨ ᠦᠨᠡᠯᠡᠬᠦ ᠲᠦᠷᠢᠮ ᠪᠤᠯᠤᠨ ᠡᠷᠡᠭᠦᠯ ᠬᠠᠮᠠᠭᠠᠯᠠᠯ ᠤᠨ  ᠱᠠᠭᠠᠷᠳᠠᠯᠭ᠎ᠠ              2.1  ᠬᠦᠳᠡᠭᠡ ᠲᠤᠰᠬᠤᠨ ᠤ ᠠᠮᠢᠳᠤᠷᠠᠯ ᠤᠨ ᠤᠮᠳᠠ ᠤᠰᠤᠨ ᠤ ᠴᠢᠨᠠᠷ ᠢ ᠳᠤᠤᠷᠠᠬᠢ   ᠬᠦᠰᠦᠨᠦᠭᠳᠤ  ᠳᠤ ᠲᠤᠭᠳᠠᠭᠠᠭᠰᠠᠨ ᠬᠢᠵᠠᠭᠠᠷᠳᠤ ᠬᠡᠮᠵᠢᠭᠳᠡᠯ ︵ᠬᠦᠰᠦᠨᠦᠭᠳᠤ ᠳᠤ ᠯᠠᠪᠯᠠ︶ ᠠᠴᠠ ᠳᠠᠪᠠᠭᠤᠯᠵᠦ  ᠪᠤᠯᠬᠤ ᠦᠬᠡᠢ᠃              2. 2  ᠲᠦᠪᠯᠡᠷᠡᠩᠬᠦᠢ ᠪᠠᠷ ᠤᠰᠤ ᠬᠠᠩᠭᠠᠬᠤ ᠳᠤ ᠤᠰᠤ ᠴᠡᠪᠡᠷᠰᠢᠬᠦᠯᠬᠦ ᠴᠢᠬᠤᠯᠠ ᠪᠦᠬᠦᠢ   ᠪᠡᠯᠡᠳᠬᠡᠮᠵᠢ ᠶᠢ ᠪᠦᠷᠢᠳᠤᠭᠦᠯᠬᠦ ᠶᠢ ᠦᠨᠳᠤᠰᠤᠯᠡᠬᠦ ᠠᠴᠠ ᠭᠠᠳᠠᠨ᠎ᠠ ᠪᠠᠰᠠ ᠡᠷᠬᠡᠪᠰᠢ ᠠᠷᠢᠭᠤᠳᠬᠠᠯ ᠬᠢᠵᠦ᠂ ᠬᠡᠪ   ᠤᠨ ᠠᠵᠢᠯᠯᠠᠭ᠎ᠠ ᠶᠢ ᠪᠠᠳᠤᠯᠠᠵᠦ᠂ ᠬᠠᠮᠢᠶᠠᠷᠤᠯᠳᠠ ᠶᠢᠨ ᠲᠦᠷᠢᠮ ᠪᠠ ᠠᠵᠢᠯᠯᠠᠬᠤ ᠵᠢᠷᠤᠮᠵᠢᠯ ᠢ ᠪᠠᠶᠢᠭᠤᠯᠤᠨ  ᠲᠡᠭᠦᠯᠳᠡᠷᠵᠢᠬᠦᠯᠵᠦ᠂ ᠬᠠᠩᠭᠠᠯᠭ᠎ᠠ ᠶᠢᠨ ᠤᠰᠤᠨ ᠤ ᠴᠢᠨᠠᠷ ᠢ ᠪᠠᠳᠤᠯᠠᠬᠤ ᠬᠡᠷᠡᠭᠲᠠᠢ᠃              2. 3  ᠬᠦᠳᠡᠭᠡ ᠲᠤᠰᠬᠤᠨ ᠤ ᠬᠠᠩᠭᠠᠬᠤ ᠤᠰᠤᠨ ᠤ ᠴᠢᠨᠠᠷ ᠢ ᠬᠤᠶᠠᠳᠤᠭᠠᠷ ᠲᠡᠰ   ᠠᠴᠠ  ᠳᠡᠭᠡᠭᠰᠢ  ᠳᠤ  ᠬᠦᠷᠦᠬᠦᠯᠬᠦ ᠬᠡᠷᠡᠭᠲᠠᠢ᠂ ᠭᠡᠪᠡᠴᠤ ᠤᠨᠴᠠᠭᠠᠢ ᠪᠠᠶᠢᠳᠠᠯ ᠳᠤᠤᠷ᠎ᠠ᠂  ᠵᠢᠱᠢᠶᠡᠯᠡᠪᠡᠯ ᠤᠰᠤᠨ ᠤ  ᠰᠤᠷᠪᠤᠯᠵᠢ ᠰᠤᠩᠭᠤᠬᠤ ᠪᠠ ᠰᠢᠢᠳᠪᠤᠷᠢᠯᠡᠬᠦ ᠨᠦᠬᠦᠴᠡᠯ ᠨᠢ ᠬᠢᠵᠠᠭᠠᠷᠯᠠᠭᠳᠠᠵᠦ ᠪᠠᠶᠢᠭ᠎ᠠ ᠭᠠᠵᠠᠷ ᠤᠷᠤᠨ ᠳᠤ ᠪᠤᠯ  ᠭᠤᠷᠪᠠᠳᠤᠭᠠᠷ ᠲᠡᠰ ᠤᠨ ᠤᠰᠤᠨ ᠤ ᠴᠢᠨᠠᠷ ᠢᠶᠠᠷ ᠰᠢᠢᠳᠪᠤᠷᠢᠯᠠᠵᠦ ᠪᠤᠯᠤᠨ᠎ᠠ᠃              2.4  ᠬᠤᠶᠠᠳᠤᠭᠠᠷ ᠲᠡᠰ᠂ ᠭᠤᠷᠪᠠᠳᠤᠭᠠᠷ ᠲᠡᠰ ᠤᠨ ᠤᠰᠤᠨ ᠤ ᠴᠢᠨᠠᠷ ᠤᠨ ᠱᠠᠭᠠᠷᠳᠠᠯᠭ᠎ᠠ ᠨᠢ  ᠬᠡᠪᠡᠯ ᠭᠤᠤᠯ ᠨᠢ ᠵᠠᠷᠢᠮ ᠭᠠᠵᠠᠷ ᠤᠷᠤᠨ ᠠᠵᠦ ᠠᠬᠤᠢ᠂ ᠭᠠᠵᠠᠷ ᠵᠦᠢ ᠵᠡᠷᠭᠡ ᠰᠢᠯᠳᠠᠭᠠᠨ ᠠᠴᠠ ᠪᠤᠯᠤᠭᠠᠳ  ᠤᠰᠤᠨ ᠤ ᠰᠤᠷᠪᠤᠯᠵᠢ ᠶᠢ ᠰᠤᠩᠭᠤᠬᠤ ᠪᠠ ᠰᠢᠢᠳᠪᠤᠷᠢᠯᠡᠬᠦ ᠨᠦᠬᠦᠴᠡᠯ ᠬᠢᠵᠠᠭᠠᠷᠯᠠᠭᠳᠠᠵᠦ ᠪᠠᠶᠢᠭ᠎ᠠ ᠪᠠᠶᠢᠳᠠᠯ ᠢ  ᠪᠤᠳᠤᠯᠬᠢᠯᠠᠵᠦ᠂ ᠵᠠᠷᠢᠮ ᠬᠦᠢᠴᠡᠳᠭᠡᠬᠦ ᠲᠤᠭ᠎ᠠ   ᠶᠢᠨ ᠱᠠᠭᠠᠷᠳᠠᠯᠭ᠎ᠠ ᠶᠢ ᠵᠤᠬᠢᠰᠲᠠᠢ ᠠᠭᠤᠵᠢᠭᠤ  ᠲᠠᠯᠪᠢᠭᠰᠠᠨ  ᠶᠤᠮ᠃ ᠬᠡᠬᠦ ᠳᠡᠭᠡᠨ᠂ ᠬᠤᠶᠠᠳᠤᠭᠠᠷ᠂ ᠭᠤᠷᠪᠠᠳᠤᠭᠠᠷ ᠲᠡᠰ ᠤᠨ ᠤᠰᠤᠨ ᠤ ᠱᠠᠭᠠᠷᠳᠠᠯᠭ᠎ᠠ ᠪᠠᠷ ᠰᠢᠯᠳᠠᠭ ᠪᠤᠯᠭᠠᠵᠦ᠂ ︽ᠭᠤᠷᠪᠠᠨ ᠬᠠᠶᠠᠭᠳᠠᠮᠠᠯ︾ ᠢ ᠭᠠᠳᠠᠭᠰᠢᠯᠠᠭᠤᠯᠬᠤ ᠱᠠᠭᠠᠷᠳᠠᠯᠭ᠎ᠠ ᠶᠢ ᠰᠤᠯᠠᠷᠠᠭᠤᠯᠵᠦ᠂ ᠤᠰᠤᠨ ᠰᠤᠷᠪᠤᠯᠵᠢ ᠶᠢ  ᠪᠤᠬᠢᠷᠳᠤᠭᠤᠯᠬᠤ᠂ ᠤᠰᠤᠨ ᠴᠢᠨᠠᠷ ᠢ ᠮᠠᠭᠤᠳᠠᠭᠤᠯᠬᠤ ᠠᠵᠢᠯᠯᠠᠭ᠎ᠠ ᠶᠢ ᠬᠠᠤᠯᠢ ᠶᠤᠰᠤᠨ ᠤ ᠪᠤᠯᠭᠠᠵᠦ ᠤᠭᠳᠤ ᠪᠤᠯᠬᠤ  ᠦᠬᠡᠢ᠃               3. ᠤᠰᠤᠨ ᠤ ᠰᠤᠷᠪᠤᠯᠵᠢ ᠰᠤᠩᠭᠤᠬᠤ᠂ ᠤᠰᠤᠨ ᠤ ᠰᠤᠷᠪᠤᠯᠵᠢ ᠶᠢᠨ ᠡᠷᠡᠭᠦᠯ ᠬᠠᠮᠠᠭᠠᠯᠠᠯ ᠢ  ᠰᠡᠷᠬᠡᠶᠢᠯᠡᠨ ᠬᠠᠮᠠᠭᠠᠯᠠᠬᠤ ᠵᠢᠴᠢ ᠲᠤᠰ ᠲᠦᠷᠢᠮ ᠳᠤ ᠲᠤᠳᠤᠷᠬᠠᠢ ᠲᠤᠭᠳᠠᠭᠠᠭᠰᠠᠨ ᠦᠬᠡᠢ  ᠪᠤᠰᠤᠳ ᠡᠷᠡᠭᠦᠯ  ᠬᠠᠮᠠᠭᠠᠯᠠᠯ ᠤᠨ ᠱᠠᠭᠠᠷᠳᠠᠯᠭ᠎ᠠ ᠶᠢ ᠪᠤᠯ  ᠤᠳᠤ ᠶᠢᠨ ᠭᠡᠷᠡᠭᠵᠢᠬᠦᠯᠵᠦ ᠪᠠᠶᠢᠭ᠎ᠠ ︽ᠠᠮᠢᠳᠤᠷᠠᠯ ᠤᠨ ᠤᠮᠳᠠ ᠤᠰᠤᠨ   ᠤ ᠡᠷᠡᠭᠦᠯ ᠬᠠᠮᠠᠭᠠᠯᠠᠯ ᠤᠨ ᠪᠠᠷᠢᠮᠵᠢᠶ᠎ᠠ︾ ︵GB5749--85) ᠪᠤᠯᠤᠨ ︽ᠬᠦᠳᠡᠭᠡ ᠲᠤᠰᠬᠤᠨ ᠤ ᠠᠮᠢᠳᠤᠷᠠᠯ   ᠤᠨ ᠤᠮᠳᠠ ᠤᠰᠤᠨ   ᠤ ᠡᠷᠡᠭᠦᠯ ᠬᠠᠮᠠᠭᠠᠯᠠᠯ ᠤᠨ ᠱᠠᠭᠠᠷᠳᠠᠯᠭ᠎ᠠ︾ ︵GB11730--89︶ ᠶᠢᠨ ᠬᠠᠮᠢᠶ᠎ᠠ  ᠪᠦᠬᠦᠢ ᠲᠤᠭᠳᠠᠭᠠᠯ ᠢᠶᠠᠷ ᠯᠠᠪᠯᠠᠯᠳᠠ ᠪᠤᠯᠭᠠᠨ ᠬᠡᠷᠡᠭᠵᠢᠬᠦᠯᠤᠨ᠎ᠠ᠃              4. ᠤᠰᠤᠨ ᠤ ᠴᠢᠨᠠᠷ ᠢ ᠪᠠᠶᠢᠴᠠᠭᠠᠬᠠᠤ᠄ ︽ᠠᠮᠢᠳᠤᠷᠠᠯ ᠤᠨ ᠤᠮᠳᠠ ᠤᠰᠤᠨ ᠤ ᠡᠷᠡᠭᠦᠯ ᠬᠠᠮᠠᠭᠠᠯᠠᠯ   ᠤᠨ ᠪᠠᠷᠢᠮᠵᠢᠶ᠎ᠠ︾ ᠪᠤᠯᠤᠨ ︽ᠠᠮᠢᠳᠤᠷᠠᠯ ᠤᠨ  ᠤᠮᠳᠠ ᠤᠰᠤᠨ ᠤ ᠪᠠᠷᠢᠮᠵᠢᠶ᠎ᠠ ᠶᠢ ᠰᠢᠯᠭᠠᠨ  ᠪᠠᠶᠢᠴᠠᠭᠠᠬᠤ  ᠠᠷᠭ᠎ᠠ ︾ ︵GB5750-85︶ ᠲᠠᠬᠢ ᠬᠠᠮᠢᠶ᠎ᠠ ᠪᠦᠬᠦᠢ ᠲᠤᠭᠳᠠᠭᠠᠯ ᠢᠶᠠᠷ ᠯᠠᠪᠯᠠᠯᠳᠠ ᠪᠤᠯᠭᠠᠨ ᠬᠡᠷᠡᠭᠵᠢᠬᠦᠯᠤᠨ᠎ᠠ᠃       ᠠᠮᠢᠳᠤᠷᠠᠯ ᠤᠨ ᠤᠮᠳᠠ ᠤᠰᠤᠨ ᠤ ᠴᠢᠨᠠᠷ ᠤᠨ ᠲᠡᠰ ᠬᠤᠪᠢᠶᠠᠬᠤ ᠱᠠᠭᠠᠷᠳᠠᠯᠭ᠎ᠠ — — — — — — — — — — — — — — — — — — — — — — — — — — — — — — — — — — — — — — — — — —       ᠲᠦᠷᠦᠯ ᠵᠦᠢᠯ               ᠨᠢᠭᠡᠳᠤᠭᠡᠷ ᠲᠡᠰ            ᠬᠤᠶᠠᠳᠤᠭᠠᠷ ᠲᠡᠰ             ᠭᠤᠷᠪᠠᠳᠤᠭᠠᠷ ᠲᠡᠰ       — — — — — — — — — — — — — — — — — — — — — — — —  — — — — — — — — — — — — — — — — — —      ᠰᠡᠷᠡᠯ ᠤᠨ ᠪᠡᠯᠭᠡ ᠲᠡᠮᠳᠡᠭ ᠪᠠ ᠡᠩ ᠤᠨ ᠬᠢᠮᠢ ᠶᠢᠨ ᠬᠦᠢᠴᠡᠳᠭᠡᠯ ᠲᠤᠭ᠎ᠠ᠄      ᠦᠩᠭᠡ ︵ᠬᠡᠮᠵᠢᠶ᠎ᠡ︶          15᠂ ᠪᠤᠰᠤᠳ ᠤᠨᠳᠤᠤ ᠦᠩᠬᠡ  ᠢᠯᠡᠷᠡᠬᠦ  ᠦᠬᠡᠢ  20   30     ᠪᠤᠯᠠᠩᠬᠢᠷ ᠤᠨ ᠬᠡᠮᠵᠢᠶ᠎ᠡ          3᠂ ᠤᠨᠴᠠᠭᠠᠢ ᠪᠠᠶᠢᠳᠠᠯ ᠤᠨ ᠳᠤᠤᠷ᠎ᠠ 51020  ᠬᠡᠳᠤᠷᠡᠭᠦ ᠦᠬᠡᠢ      ᠨᠢᠳᠤᠨ ᠳᠤ ᠦᠵᠡᠭᠳᠡᠭᠦ ᠡᠳ᠋    ᠪᠠᠶᠢᠵᠦ ᠪᠤᠯᠬᠤ ᠦᠬᠡᠢ      ᠪᠠᠶᠢᠵᠦ ᠪᠤᠯᠬᠤ ᠦᠬᠡᠢ         ᠪᠠᠶᠢᠵᠦ ᠪᠤᠯᠬᠤ ᠦᠬᠡᠢ     PH                        6᠂ 5~8᠂ 5           6~9                   6~9      ᠶᠡᠷᠦᠩᠬᠡᠢ ᠬᠠᠳᠠᠭᠤᠴᠠ ︵MI/L ᠨᠡᠭᠦᠷᠡᠰᠤ ᠬᠦᠴᠢᠯ   ᠤᠨ ᠺᠠᠯᠼ ᠪᠠᠷ ᠪᠤᠳᠤᠨ᠎ᠠ︶450    550    700      ᠲᠡᠮᠤᠷ ︵MI/L︶            0᠂ 3                 0᠂ 5                    1᠂ 0      ᠮᠠᠩᠭᠠᠨ ︵MI/L︶          0᠂ 1                 0᠂  3                    0᠂ 5      ᠾᠯᠤᠷᠳᠤ ᠨᠢᠭᠡᠳᠪᠤᠷᠢ  ︵MI/L︶250               300                    450      ᠬᠦᠬᠦᠷ ᠬᠦᠴᠢᠯ ᠤᠨ ᠳᠠᠪᠤᠰᠤ ︵MI/L︶250          300                     400      ᠠᠭᠤᠰᠤᠮᠠᠭᠠᠢ ᠶᠡᠷᠦᠩᠬᠡᠢ ᠬᠠᠳᠠᠭᠤ ᠪᠡᠶᠡᠳᠤ ︵MI/L︶1000    1500           2000      ᠬᠤᠤᠷ ᠵᠦᠢ ᠶᠢᠨ ᠤᠬᠠᠭᠠᠨ ᠤ ᠬᠦᠢᠴᠡᠳᠭᠡᠯ ᠲᠤᠭ᠎ᠠ᠄      ᠹᠯᠤᠷᠳᠤ ᠨᠢᠭᠡᠳᠪᠤᠷᠢ ︵MI/L︶ 1᠂ 0                 1᠂ 2                     1᠂ 5      ᠠᠷᠰᠧᠨ  ︵MI/L︶          0᠂ 05               0᠂  05                 0᠂ 05      ᠮᠦᠩᠭᠦᠨ ᠤᠰᠤ ︵MI/L︶   0᠂ 001              0᠂ 001               0᠂ 001       ᠺᠠᠳ᠋ᠮᠢ ︵MI/L︶            0᠂ 01                 0᠂ 01                0᠂ 01       ᠾᠷᠤᠮ ︵MI/L︶          0᠂ 05                0᠂  05                0᠂ 05      ᠬᠠᠷ᠎ᠠ ᠲᠤᠭᠤᠯᠭ᠎ᠠ ︵MI/L︶  0᠂ 05                0᠂ 05                0᠂ 05       ᠠᠽᠤᠲ ᠬᠦᠴᠢᠯ ᠤᠨ ᠲᠠᠪᠤᠰᠤ ︵MI/L ᠠᠽᠤᠲ ᠪᠠᠷ ᠪᠤᠳᠤᠨ᠎ᠠ︶ 20      20       20       ᠪᠠᠺᠲ᠋ᠧᠷᠢ ᠶᠢᠨ ᠰᠤᠳᠤᠯᠤᠯ ᠤᠨ ᠬᠦᠢᠴᠡᠳᠭᠡᠬᠦ ᠲᠤᠭ᠎ᠠ᠄       ᠪᠠᠺᠲ᠋ᠧᠷᠢ ᠶᠢᠨ ᠶᠡᠷᠦᠩᠬᠡᠢ ᠲᠤᠭ᠎ᠠ ︵ᠬᠤᠪᠢ/MI︶  100         200            500       ᠶᠡᠷᠦᠩᠬᠡᠢ ᠪᠦᠳᠤᠭᠦᠨ ᠬᠡᠳᠡᠰᠤᠨ ᠤ ᠪᠠᠺᠲ᠋ᠧᠷᠢ ᠶᠢᠨ ᠪᠦᠯᠦᠭ ︵ᠬᠤᠪᠢ/L︶ 3    11       27 ︵ᠵᠤᠯᠭᠠᠯᠳᠤᠭᠰᠠᠨ ᠤ30 ᠮᠢᠨᠦ᠋ᠲ ᠤᠨ ᠳᠠᠷᠠᠭ᠎ᠠ︶       ᠴᠢᠯᠤᠭᠡᠳᠤ ᠦᠯᠡᠳᠡᠪᠤᠷᠢ ᠾᠯᠤᠷ ︵MI/L︶ 0᠂ 3      0᠂ 3 ᠠᠴᠠ ᠳᠤᠳᠠᠭᠤ  ᠦᠬᠡᠢ 0᠂ 3 ᠠᠴᠠ ᠳᠤᠳᠠᠭᠤ ᠦᠬᠡᠢ       ᠦᠵᠤᠬᠦᠷ ᠤᠰᠤ           0᠂ 05 ᠠᠴᠠ ᠳᠤᠳᠠᠭᠤ ᠦᠬᠡᠢ  0᠂ 05 ᠠᠴᠠ  ᠳᠤᠳᠠᠭᠤ ᠦᠬᠡᠢ     0᠂05 ᠠᠴᠠ ᠳᠤᠲᠠᠭᠤ ᠦᠬᠡᠢ       — — — — — — — — — — — — — — — — — — — — — — — —  — — — — — — — — — — — — — — — —       ① ᠨᠢᠭᠡᠳᠤᠭᠡᠷ ᠲᠡᠰ᠄ ᠬᠦᠰᠡᠬᠦ ᠬᠡᠮᠵᠢᠭᠳᠡᠯ  ︔  ᠬᠤᠶᠠᠳᠤᠭᠠᠷ ᠲᠡᠰ᠄ ᠵᠦᠪᠰᠢᠶᠡᠷᠡᠬᠦ  ᠬᠡᠮᠵᠢᠭᠳᠡᠯ︔  ᠭᠤᠷᠪᠠᠳᠤᠭᠠᠷ ᠲᠡᠰ᠄  ᠰᠤᠩᠭᠤᠵᠦ ᠪᠤᠯᠬᠤ ᠪᠤᠰᠤᠳ ᠤᠰᠤᠨ ᠤ ᠰᠤᠷᠪᠤᠯᠵᠢ ᠲᠤᠳᠠᠭᠳᠠᠭᠰᠠᠨ  ᠦᠶᠡᠰ ᠴᠢᠯᠤᠭᠡᠲᠠᠢ ᠲᠠᠯᠪᠢᠬᠤ ᠬᠢᠵᠠᠭᠠᠷᠳᠤ ᠬᠡᠮᠵᠢᠭᠳᠡᠯ
 
ᠢᠷᠡᠯᠲᠡ᠄ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号