ᠡᠮ ᠤᠨ ᠵᠦᠢᠯ ᠡᠵᠡᠩᠨᠡᠬᠦ ︵ᠪᠦᠭᠡᠮ ᠢᠶᠠᠷ ᠬᠤᠳᠠᠯᠳᠤᠬᠤ︶ ᠵᠦᠪᠰᠢᠶᠡᠷᠡᠯ ᠤᠯᠬᠤ ᠭᠤᠶᠤᠴᠢᠯᠠᠯ ᠤᠨ  ᠮᠠᠲ᠋ᠧᠷᠢᠶᠠᠯ
ᠨᠡᠶᠢᠲᠡᠯᠡᠭᠰᠡᠨ ᠴᠠᠭ᠄
2015/10/20
        ᠡᠮ ᠤᠨ ᠵᠦᠢᠯ ᠡᠵᠡᠩᠨᠡᠬᠦ ︵ᠪᠦᠭᠡᠮ ᠢᠶᠠᠷ ᠬᠤᠳᠠᠯᠳᠤᠬᠤ︶ ᠵᠦᠪᠰᠢᠶᠡᠷᠡᠯ ᠤᠯᠬᠤ ᠭᠤᠶᠤᠴᠢᠯᠠᠯ ᠤᠨ  ᠮᠠᠲ᠋ᠧᠷᠢᠶᠠᠯ            ︵ᠨᠢᠭᠡ︶ ᠡᠮ ᠤᠨ ᠵᠦᠢᠯ ᠢ ᠪᠦᠭᠡᠮ ᠢᠶᠠᠷ ᠬᠤᠳᠠᠯᠳᠤᠬᠤ ᠠᠵᠤ ᠠᠬᠤᠶᠢᠯᠠᠯ ᠪᠡᠯᠡᠳᠭᠡᠨ ᠪᠠᠶᠢᠭᠤᠯᠬᠤ   ᠪᠠᠷ ᠭᠤᠶᠤᠴᠢᠯᠠᠬᠤ ᠳᠤ᠂ ᠳᠤᠤᠷᠠᠬᠢ ᠮᠠᠲ᠋ᠧᠷᠢᠶᠠᠯ ᠢ ᠲᠤᠰᠢᠶᠠᠬᠤ ᠬᠡᠷᠡᠭᠲᠠᠢ᠄              1. ᠡᠮ ᠤᠨ ᠵᠦᠢᠯ ᠢ ᠪᠦᠭᠡᠮ ᠢᠶᠠᠷ ᠬᠤᠳᠠᠯᠳᠤᠬᠤ ᠠᠵᠤ ᠠᠬᠤᠶᠢᠯᠠᠯ ᠪᠡᠯᠡᠳᠭᠡᠨ ᠪᠠᠶᠢᠭᠤᠯᠬᠤ  ᠭᠤᠶᠤᠴᠢᠯᠠᠯ ᠤᠨ ᠮᠡᠳᠡᠭᠦᠯᠦᠯᠲᠡ︔              2. ᠡᠮ ᠤᠨ ᠵᠦᠢᠯ ᠢ ᠪᠦᠭᠡᠮ ᠢᠶᠠᠷ ᠬᠤᠳᠠᠯᠳᠤᠬᠤ ᠠᠵᠤ ᠠᠬᠤᠶᠢᠯᠠᠯ ᠪᠡᠯᠡᠳᠭᠡᠨ ᠪᠠᠶᠢᠭᠤᠯᠬᠤ  ᠭᠤᠶᠤᠴᠢᠯᠠᠯ ᠢ ᠬᠢᠨᠠᠨ  ᠵᠦᠪᠰᠢᠶᠡᠷᠡᠬᠦ ᠬᠦᠰᠦᠨᠦᠭᠲᠦ ︵ᠳᠠᠭᠠᠯᠳᠤᠭᠤᠯᠤᠯ 1︶︔              3. ᠠᠵᠤ ᠠᠬᠤᠶᠢᠯᠠᠯ ᠡᠷᠬᠢᠯᠡᠬᠦ ᠪᠠᠷ ᠪᠠᠶᠢᠭ᠎ᠠ ᠬᠠᠤᠯᠢ ᠶᠢᠨ ᠡᠷᠭᠡᠲᠡᠨ᠂ ᠠᠵᠤ ᠠᠬᠤᠶᠢᠯᠠᠯ ᠤᠨ  ᠬᠠᠷᠢᠭᠤᠴᠠᠯᠭᠠᠲᠠᠨ᠂ ᠶᠠᠰᠤ ᠴᠢᠨᠠᠷ ᠤᠨ ᠬᠠᠷᠢᠭᠤᠴᠠᠯᠭᠠᠲᠠᠨ᠂ ᠶᠠᠰᠤ ᠴᠢᠨᠠᠷ ᠤᠨ ᠬᠠᠮᠢᠶᠠᠷᠤᠯᠲᠠ ᠶᠢᠨ  ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠪᠡᠶ᠎ᠡ ᠶᠢᠨ ᠦᠨᠡᠮᠯᠡᠯ᠂ ᠰᠤᠷᠤᠯᠭ᠎ᠠ ᠶᠢᠨ ᠨᠠᠮᠲᠠᠷ ᠤᠨ ᠬᠡᠷᠡᠴᠢ᠂ ᠠᠵᠢᠯ  ᠡᠷᠬᠢᠯᠡᠬᠦ ᠬᠢᠷᠢ ᠬᠡᠮ ᠤᠨ ᠬᠡᠷᠡᠴᠢ᠂ ᠪᠤᠯᠪᠠᠰᠤᠷᠠᠭᠤᠯᠤᠯ ᠪᠤᠶᠤ ᠠᠵᠢᠯ ᠤᠨ ᠪᠠᠶᠢᠷᠢ ᠶᠢᠨ ᠬᠢᠷᠢ ᠲᠡᠩᠴᠡᠭᠰᠡᠨ ᠬᠡᠷᠡᠴᠢ᠂  ᠠᠵᠢᠯ ᠠᠴᠠ ᠪᠠᠨ ᠰᠠᠯᠤᠭᠰᠠᠨ ᠬᠡᠷᠡᠴᠢ ᠶᠢᠨ ᠤᠭ ᠵᠦᠢᠯ᠂ ᠬᠠᠭᠤᠯᠪᠤᠷᠢ ᠬᠢᠭᠡᠳ ᠬᠤᠪᠢ ᠬᠦᠮᠦᠨ ᠤ ᠲᠤᠪᠴᠢ  ᠨᠠᠮᠲᠠᠷ︔              4. ᠡᠵᠡᠩᠨᠡᠬᠦ ᠪᠠᠷ ᠪᠠᠶᠢᠭ᠎ᠠ ᠡᠮ ᠤᠨ ᠵᠦᠢᠯ ᠤᠨ ᠬᠡᠪᠴᠢᠶ᠎ᠡ︔              5. ᠠᠵᠤ ᠠᠬᠤᠶᠢᠯᠠᠯ ᠡᠷᠬᠢᠯᠡᠬᠦ ᠪᠠᠷ ᠪᠠᠶᠢᠭ᠎ᠠ ᠠᠶᠢᠮᠠᠭ ᠬᠤᠲᠠ ᠶᠢᠨ ᠢᠳᠡᠭᠡᠨ ᠡᠮ ᠤᠨ ᠵᠦᠢᠯ ᠤᠨ  ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠠᠴᠠ ᠬᠢᠵᠤ ᠦᠭᠭᠦᠭᠰᠡᠨ ᠠᠵᠤ ᠠᠬᠤᠶᠢᠯᠠᠯ᠂ ᠠᠵᠤ ᠠᠬᠤᠶᠢᠯᠠᠯ ᠤᠨ  ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ᠂ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠶᠠᠰᠤ ᠴᠢᠨᠠᠷ ᠤᠨ  ᠬᠠᠷᠢᠭᠤᠴᠠᠯᠭᠠᠲᠠᠨ ᠳᠤ ︽ᠡᠮ ᠤᠨ ᠵᠦᠢᠯ ᠤᠨ ᠬᠠᠮᠢᠶᠠᠷᠤᠯᠲᠠ ᠶᠢᠨ ᠬᠠᠤᠯᠢ︾ ᠶᠢᠨ 76 ᠳ᠋ᠤᠭᠠᠷ ᠵᠦᠢᠯ᠂ 83  ᠳ᠋ᠤᠭᠠᠷ ᠵᠦᠢᠯ ᠳᠤ ᠲᠤᠭᠲᠠᠭᠠᠭᠰᠠᠨ ᠪᠠᠶᠢᠳᠠᠯ ᠦᠯᠦ ᠪᠠᠶᠢᠬᠤ ᠬᠡᠷᠡᠴᠢ︔              6. ᠪᠠᠶᠢᠭᠤᠯᠬᠤ ᠪᠠᠷ ᠪᠠᠶᠢᠭ᠎ᠠ ᠡᠵᠡᠩᠨᠡᠯᠲᠡ ᠶᠢᠨ ᠲᠠᠯᠠᠪᠤᠷ᠂ ᠲᠤᠰᠠᠯᠠᠬᠤ  ᠪᠡᠯᠡᠳᠭᠡᠮᠵᠢ᠂  ᠠᠵᠢᠯᠯᠠᠬᠤ ᠳᠤ ᠬᠡᠷᠡᠭᠯᠡᠬᠦ ᠬᠡᠷ᠂ ᠬᠦᠮᠦᠷᠭᠡ ᠶᠢᠨ ᠬᠠᠶ᠋ᠢᠭ ᠬᠢᠭᠡᠳ ᠡᠷᠬᠢᠨ ᠲᠤᠭᠤᠷᠢᠨ ᠤ ᠠᠷᠢᠭᠤᠨ ᠴᠡᠪᠡᠷ ᠤᠨ  ᠤᠷᠴᠢᠨ ᠲᠤᠭᠤᠷᠢᠨ ᠵᠡᠷᠭᠡ ᠶᠢᠨ ᠪᠠᠶᠢᠳᠠᠯ᠂ ᠭᠠᠵᠠᠷ ᠵᠦᠢ ᠶᠢᠨ ᠪᠠᠶᠢᠷᠢᠯᠠᠯ ᠤᠨ ᠵᠢᠷᠤᠭ᠂ ᠬᠠᠪᠲᠠᠭᠠᠢ  ᠪᠠᠶᠢᠷᠢᠰᠢᠭᠤᠯᠤᠯ ᠤᠨ ᠵᠢᠷᠤᠭ᠂ ᠦᠷ᠎ᠡ ᠳ᠋ᠦᠡᠭ ᠤᠨ ᠪᠡᠶᠡᠲᠦ ᠵᠢᠷᠤᠭ ︵ᠲᠠᠯᠠᠪᠠᠢ ᠪᠤᠶᠤ ᠡᠵᠡᠯᠡᠬᠦᠨ᠂ ᠤᠷᠲᠤ᠂  ᠦᠷᠭᠡᠨ᠂ ᠦᠨᠳᠦᠷ︶ ᠢ  ᠳᠠᠭᠠᠯᠳᠠᠭᠤᠯᠤᠨ᠎ᠠ︔              7. ᠪᠠᠶᠢᠭᠤᠯᠬᠤ ᠪᠠᠷ ᠪᠠᠶᠢᠭ᠎ᠠ ᠤᠳᠤ ᠦᠶ᠎ᠡ ᠶᠢᠨ ᠪᠠᠷᠠᠭ᠎ᠠ ᠶᠢᠨ ᠬᠦᠢᠯᠭᠡᠭᠡᠨ ᠤ ᠬᠦᠮᠦᠷᠭᠡᠯᠡᠨ  ᠬᠠᠳᠠᠭᠠᠯᠠᠬᠤ ᠰᠢᠰᠲ᠋ᠧᠮ ᠤᠨ ᠲᠦᠯᠦᠪᠵᠢᠭᠦᠯᠭᠡ ᠶᠢᠨ ᠪᠢᠴᠢᠭ᠂ ᠠᠮᠢᠳᠤ ᠪᠤᠳᠠᠰ ᠤᠨ ᠦᠢᠯᠡᠳᠭᠦᠨ᠂ ᠬᠢᠲᠠᠳ  ᠡᠮ ᠤᠨ ᠮᠠᠲ᠋ᠧᠷᠢᠶᠠᠯ᠂ ᠬᠢᠲᠠᠳ ᠡᠮ ᠤᠨ ᠴᠢᠨᠠᠬᠤ ᠡᠮ ᠢ ᠲᠤᠰᠬᠠᠢ ᠡᠵᠡᠩᠨᠡᠬᠦ ᠠᠵᠤ ᠠᠬᠤᠶᠢᠯᠠᠯ ᠡᠭᠦᠨ ᠳᠤ  ᠪᠠᠭᠲᠠᠬᠤ ᠦᠭᠡᠢ︔              8. ᠲᠤᠬᠢᠷᠠᠭᠤᠯᠬᠤ ᠪᠠᠷ ᠪᠠᠶᠢᠭ᠎ᠠ ᠪᠡᠯᠡᠳᠭᠡᠮᠵᠢ᠂ ᠲᠦᠬᠦᠭᠡᠷᠦᠮᠵᠢ ᠶᠢᠨ ᠭᠠᠷᠴᠠᠭ︔              9. ᠠᠵᠤ ᠠᠬᠤᠶᠢᠯᠠᠯ ᠤᠨ ᠳᠤᠲᠤᠷᠠᠬᠢ ᠡᠮ ᠤᠨ ᠵᠦᠢᠯ ᠬᠤᠳᠠᠯᠳᠤᠨ ᠠᠪᠴᠤ ᠤᠷᠤᠭᠤᠯᠬᠤ᠂  ᠬᠠᠳᠠᠭᠠᠯᠠᠬᠤ᠂ ᠪᠤᠷᠤᠯᠠᠭᠤᠯᠬᠤ ᠵᠢᠴᠢ ᠡᠵᠡᠩᠨᠡᠬᠦ ᠪᠠ ᠶᠠᠰᠤ ᠴᠢᠨᠠᠷ ᠤᠨ ᠡᠵᠡᠮᠳᠡᠯ ᠤᠨ ᠪᠦᠬᠦ ᠶᠠᠪᠤᠴᠠ ᠶᠢ ᠬᠠᠮᠤᠷᠴᠤ  ᠳᠡᠶᠢᠯᠬᠦ᠂ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢ ᠪᠦᠬᠦ ᠲᠠᠯ᠎ᠠ ᠪᠠᠷ ᠲᠡᠮᠳᠡᠭᠯᠡᠬᠦ ᠪᠠ ︽ᠡᠮ ᠤᠨ  ᠵᠦᠢᠯ ᠡᠵᠡᠩᠨᠡᠬᠦ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ︾ ᠤᠨ ᠲᠠᠯ᠎ᠠ ᠶᠢᠨ ᠮᠡᠳᠡᠭᠡ ᠵᠠᠩᠬᠢ ᠶᠢ  ᠬᠡᠷᠡᠭᠵᠢᠬᠦᠯᠬᠦ᠂ ︽ᠡᠮ ᠤᠨ ᠵᠦᠢᠯ ᠡᠵᠡᠩᠨᠡᠬᠦ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ︾ ᠠᠴᠠ ᠡᠮ ᠤᠨ  ᠵᠦᠢᠯ ᠡᠵᠡᠩᠨᠡᠬᠦ ᠪᠦᠬᠦ ᠶᠠᠪᠤᠴᠠ ᠳᠤ ᠲᠠᠯᠪᠢᠵᠤ ᠪᠠᠶᠢᠭ᠎ᠠ ᠱᠠᠭᠠᠷᠳᠠᠯᠭ᠎ᠠ ᠳᠤ ᠨᠡᠶᠢᠴᠡᠬᠦ᠂ ᠲᠤᠰ ᠭᠠᠵᠠᠷ ᠤᠨ ᠢᠳᠡᠭᠡᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠨᠦᠬᠦᠴᠡᠯ ᠢ ᠬᠦᠯᠢᠶᠡᠨ ᠠᠪᠤᠭᠰᠠᠨ ᠺᠤᠮᠫᠢᠤᠲ᠋ᠧᠷ ᠤᠨ  ᠬᠠᠮᠢᠶᠠᠷᠤᠯᠲᠠ ᠶᠢᠨ ᠮᠡᠳᠡᠭᠡ ᠵᠠᠩᠬᠢ ᠶᠢᠨ ᠰᠢᠰᠲ᠋ᠧᠮ ᠢ ᠬᠡᠷᠡᠭᠵᠢᠬᠦᠯᠵᠤ ᠪᠤᠯᠬᠤ ᠲᠦᠯᠦᠪᠵᠢᠭᠦᠯᠭᠡ ᠶᠢᠨ ᠪᠢᠴᠢᠭ᠃            10. ᠮᠠᠲ᠋ᠧᠷᠢᠶᠠᠯ ᠮᠡᠳᠡᠭᠦᠯᠬᠦ ᠳᠡᠭᠡᠨ᠂ ᠭᠤᠶᠤᠴᠢᠯᠠᠭᠴᠢ ᠨᠢ ᠬᠠᠤᠯᠢ ᠪᠠᠷ ᠲᠤᠭᠲᠠᠭᠠᠭᠰᠠᠨ  ᠲᠦᠯᠦᠭᠡᠯᠡᠭᠴᠢ ᠪᠤᠶᠤ ᠠᠵᠤ  ᠠᠬᠤᠶᠢᠯᠠᠯ ᠤᠨ ᠬᠠᠷᠢᠭᠤᠴᠠᠯᠭᠠᠲᠠᠨ ᠲᠤᠰ ᠬᠦᠮᠦᠨ ᠪᠢᠰᠢ ᠪᠤᠯ᠂ ᠬᠠᠤᠯᠢ ᠪᠠᠷ  ᠲᠤᠭᠲᠠᠭᠠᠭᠰᠠᠨ ᠲᠦᠯᠦᠭᠡᠯᠡᠭᠴᠢ ᠶᠢᠨ ᠭᠠᠷ ᠤᠨ ᠦᠰᠦᠭ ᠵᠢᠷᠤᠭᠰᠠᠨ ︽ᠡᠷᠬᠡ ᠤᠯᠭᠤᠬᠤ ᠨᠠᠶᠢᠳᠠᠯᠭ᠎ᠠ ᠶᠢᠨ ᠪᠢᠴᠢᠭ︾  ᠢ ᠲᠤᠰᠢᠶᠠᠬᠤ ᠬᠡᠷᠡᠭᠲᠠᠢ︔              11. ᠮᠡᠳᠡᠭᠦᠯᠦᠭᠰᠡᠨ ᠮᠠᠲ᠋ᠧᠷᠢᠶᠠᠯ ᠤᠨ ᠦᠨᠡᠨ ᠪᠤᠳᠠᠲᠤ ᠴᠢᠨᠠᠷ ᠢ ᠪᠠᠲᠤᠯᠠᠬᠤ ᠶᠢᠨ ᠬᠠᠮᠲᠤ ᠬᠠᠤᠯᠢ  ᠴᠠᠭᠠᠵᠠ ᠶᠢᠨ  ᠬᠠᠷᠢᠭᠤᠴᠠᠯᠭ᠎ᠠ ᠡᠭᠦᠷᠭᠡᠯᠡᠬᠦ ︽ᠠᠮᠠᠯᠳᠠᠭ᠎ᠠ ᠶᠢᠨ ᠪᠢᠴᠢᠭ︾᠃      ᠲᠤᠲᠤᠷᠬᠠᠶᠢᠯᠠᠬᠤ ᠨᠢ᠄ ᠭᠤᠶᠤᠴᠢᠯᠠᠯ ᠤᠨ ᠮᠠᠲ᠋ᠧᠷᠢᠶᠠᠯ ᠳᠤ ᠬᠢᠷᠢ ᠴᠢᠳᠠᠮᠵᠢ ᠶᠢ ᠬᠡᠷᠡᠴᠢᠯᠡᠭᠰᠡᠨ  ᠲᠦᠷᠦᠯ ᠤᠨ ᠪᠢᠴᠢᠭ ᠮᠠᠲ᠋ᠧᠷᠢᠶᠠᠯ ᠤᠨ ᠬᠠᠭᠤᠯᠪᠤᠷᠢ ᠲᠠᠢ ᠪᠠᠶᠢᠵᠤ᠂ ᠭᠤᠶᠤᠴᠢᠯᠠᠭᠴᠢ ᠨᠢ ᠬᠠᠤᠯᠢ ᠶᠢᠨ ᠡᠷᠭᠡᠲᠡᠨ  ᠪᠤᠶᠤ ᠪᠤᠰᠤᠳ ᠵᠤᠬᠢᠶᠠᠨ ᠪᠠᠶᠢᠭᠤᠯᠤᠯᠲᠠ ᠪᠠᠶᠢᠪᠠᠯ᠂ ᠬᠠᠭᠤᠯᠪᠤᠷᠢ ᠳᠡᠭᠡᠷ᠎ᠡ ᠬᠠᠤᠯᠢ ᠶᠢᠨ ᠡᠷᠭᠡᠲᠡᠨ ᠪᠤᠶᠤ ᠪᠤᠰᠤᠳ  ᠵᠤᠬᠢᠶᠠᠨ ᠪᠠᠶᠢᠭᠤᠯᠤᠯᠲᠠ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠠᠢ︔ ᠭᠤᠶᠤᠴᠢᠯᠠᠭᠴᠢ ᠨᠢ ᠪᠠᠶᠢᠭᠠᠯᠢ ᠬᠦᠮᠦᠨ  ᠪᠤᠯ ᠬᠠᠭᠤᠯᠪᠤᠷᠢ ᠳᠡᠭᠡᠷ᠎ᠡ ᠪᠠᠶᠢᠭᠠᠯᠢ ᠬᠦᠮᠦᠨ ᠭᠠᠷ ᠤᠨ ᠦᠰᠦᠭ ᠵᠢᠷᠤᠬᠤ ᠶᠢᠨ ᠬᠠᠮᠲᠤ ᠭᠠᠷ ᠤᠨ ᠤᠷᠤ ᠳᠠᠷᠤᠭᠰᠠᠨ  ᠪᠠᠶᠢᠬᠤ ᠬᠡᠷᠡᠭᠲᠠᠢ᠃  
 
ᠢᠷᠡᠯᠲᠡ᠄ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号