ᠨᠡᠷᠡᠲᠦ ᠰᠢᠯᠦᠭᠴᠢ ᠪ • ᠪᠦᠷᠢᠨᠪᠠᠬᠢ
ᠨᠡᠶᠢᠲᠡᠯᠡᠭᠰᠡᠨ ᠴᠠᠭ᠄
2015/10/21
          ᠨᠡᠷᠡᠲᠦ ᠰᠢᠯᠦᠭᠴᠢ  ᠪ • ᠪᠦᠷᠢᠨᠪᠠᠬᠢ          ᠬᠦᠨᠳᠦᠲᠦ ᠰᠤᠨᠤᠰᠤᠭᠴᠢᠳ ᠡ᠂ ᠡᠨᠡ ᠤᠳᠠᠭᠠᠨ ᠤ ︽ᠤᠳᠤᠨ ᠮᠡᠴᠢᠳ︾ ᠲᠤᠰᠬᠠᠢ ᠫᠷᠤᠭ᠍ᠷᠡᠮ ᠳᠤ ᠶᠡᠭᠡ ᠰᠢᠯᠦᠭᠴᠢ᠂ ᠫᠷᠦᠹᠧᠰᠰᠦᠷ ᠪ• ᠪᠦᠷᠢᠨᠪᠠᠬᠢ ᠲᠠᠢ ᠶᠠᠷᠢᠯᠴᠠᠭᠰᠠᠨ ᠶᠠᠷᠢᠯᠴᠠᠭ᠎ᠠ ᠰᠤᠨᠤᠰᠬᠠᠬᠤ ᠪᠠᠷ ᠪᠡᠯᠡᠳᠭᠡᠯ᠎ᠡ᠃       ᠰᠤᠷᠪᠤᠯᠵᠢᠯᠠᠭᠴᠢ᠄ ᠨᠡᠷᠡᠲᠦ ᠰᠢᠯᠦᠭᠴᠢ᠂ ᠫᠷᠦᠹᠧᠰᠰᠦᠷ ᠪᠦᠷᠢᠨᠪᠠᠬᠢ ᠪᠠᠭᠰᠢ ᠲᠠ ᠰᠠᠶᠢᠨ ᠪᠠᠶᠢᠨ᠎ᠠ ᠤᠤ︖ ᠡᠨᠡ ᠵᠢᠯ ᠤᠨ ᠵᠤᠨ‌ᠤᠯᠠᠭᠠᠨᠬᠠᠳᠠ ᠳᠤ ᠪᠤᠯᠤᠭᠰᠠᠨ ᠰᠤᠳᠤᠯᠤᠨ ᠶᠠᠷᠢᠯᠴᠠᠬᠤ ᠬᠤᠷᠠᠯ ᠤᠨ ᠲᠠᠰᠢᠷᠠᠮ ᠳᠤ ᠲᠠᠨ ᠲᠠᠢ ᠶᠠᠷᠢᠯᠴᠠᠬᠤ ᠶᠢ ᠪᠤᠳᠤᠭᠰᠠᠨ ᠶᠤᠮ᠂ ᠵᠠᠪᠰᠢᠶᠠᠨ ᠢᠶᠠᠷ ᠬᠡᠰᠢᠭᠲᠡᠨ ᠤ ᠭᠠᠯᠳᠠᠰᠤᠲᠠᠢ ᠶᠢᠨ ᠷᠠᠰᠢᠶᠠᠨ ᠢᠶᠠᠷ ᠵᠤᠭᠠᠴᠠᠬᠤ ᠵᠠᠭᠤᠷ᠎ᠠ ᠳᠤᠬᠢᠶᠠᠯ ᠲᠠᠭᠠᠷᠠᠵᠤ ᠲᠠᠨ ᠲᠠᠢ ᠶᠠᠷᠢᠯᠴᠠᠬᠤ ᠪᠤᠯᠤᠯ᠎ᠠ᠃ ᠣᠷᠴᠢᠮ ᠤᠨ ᠵᠤᠬᠢᠶᠠᠯ ᠪᠦᠲᠦᠭᠡᠯ᠂ ᠤᠨᠤᠯ ᠤᠨ ᠰᠤᠳᠤᠯᠭ᠎ᠠ᠂ ᠬᠢᠴᠢᠶᠡᠯ ᠬᠦᠮᠦᠵᠢᠯ ᠤᠨ ᠪᠠᠶᠢᠳᠠᠯ ᠢᠶᠠᠨ ᠮᠠᠨ ᠤ ᠰᠤᠨᠤᠰᠤᠭᠴᠢᠳ ᠲᠤ ᠬᠠᠨᠳᠤᠵᠦ ᠲᠤᠪᠴᠢᠬᠠᠨ ᠲᠠᠨᠢᠯᠴᠠᠭᠤᠯᠬᠤ ᠤᠤ︖       ᠪᠦᠷᠢᠨᠪᠠᠬᠢ᠄ ᠤᠷᠢᠳ ᠢᠶᠠᠷ ᠤᠯᠠᠭᠠᠨᠬᠠᠳᠠ ᠳᠤ ᠪᠤᠯᠤᠭᠰᠠᠨ ᠡᠨᠡ ᠤᠳᠠᠭᠠᠨ ᠤ ᠶᠠᠷᠢᠯᠴᠠᠬᠤ ᠬᠤᠷᠠᠯ ᠠᠴᠠ ᠰᠡᠳᠦᠪᠯᠡᠵᠦ ᠲᠤᠪᠴᠢ ᠶᠠᠷᠢᠶ᠎ᠠ᠃ ᠵᠤᠤ ᠤᠳᠠ ᠶᠢᠨ ᠲᠡᠤᠬᠡ᠂ ᠬᠡᠯᠡ᠂ ᠤᠷᠠᠨ ᠵᠤᠬᠢᠶᠠᠯ ᠭᠡᠳᠡᠭ ᠰᠡᠳᠤᠪ ᠪᠤᠯ ᠶᠡᠭᠡ ᠠᠴᠢ ᠬᠤᠯᠪᠤᠭᠳᠠᠯ ᠲᠠᠢ ᠰᠡᠳᠦᠪ ᠶᠤᠮ᠃ ᠮᠠᠨ ᠤ ᠵᠤᠤ ᠤᠳᠠ ᠶᠢᠨ ᠦᠩᠭᠡᠷᠡᠭᠰᠡᠨ ᠤ ᠲᠡᠤᠬᠡ ᠲᠠᠢ ᠨᠡᠶᠢᠴᠡᠭᠰᠡᠨ ᠢᠶᠠᠷ ᠦᠯᠦ ᠪᠠᠷᠠᠨ ᠤᠳᠤ ᠶᠢᠨ ᠡᠷᠳᠡᠮ ᠰᠢᠨᠵᠢᠯᠡᠭᠡᠨ ᠤ ᠰᠠᠭᠤᠷᠢ᠂ ᠢᠷᠡᠭᠡᠳᠦᠢ ᠶᠢᠨ ᠬᠦᠭᠵᠢᠯ ᠲᠠᠢ ᠴᠦ ᠶᠡᠭᠡ ᠰᠠᠶᠢᠬᠠᠨ ᠨᠡᠶᠢᠴᠡᠭᠰᠡᠨ᠂ ᠡᠷᠳᠡᠮ ᠰᠢᠨᠵᠢᠯᠡᠭᠡᠨ ᠤ ᠦᠭᠡ ᠪᠠᠷ ᠬᠡᠯᠡᠪᠡᠯ ᠤᠷᠭᠤᠴᠠ ᠰᠠᠶᠢᠲᠠᠢ ᠠᠭᠤᠳᠠᠯᠤᠭᠤᠰᠢᠲᠠᠢ ᠡᠶᠢᠮᠦ ᠨᠢᠭᠡᠨ ᠰᠡᠳᠤᠪ ᠪᠠᠶᠢᠳᠠᠭ᠃ ᠤᠯᠠᠨ ᠤ ᠮᠡᠳᠡᠭᠡᠵᠢ ᠪᠠᠷ ᠤᠳᠤ ᠤᠯᠠᠭᠠᠨᠬᠠᠳᠠ ᠭᠡᠵᠦ ᠪᠠᠶᠢᠨ᠎ᠠ᠂ ᠬᠡᠷᠡᠭ ᠳᠡᠭᠡᠷ᠎ᠡ ᠪᠠᠨ ᠵᠤᠤ ᠤᠳᠠ ᠵᠤᠰᠤᠲᠤ ᠶᠢᠨ ᠡᠨᠡ ᠭᠠᠵᠠᠷ ᠪᠤᠯ ᠡᠷᠲᠡᠨ ᠤ ᠰᠤᠶᠤᠯ ᠤᠨ ᠦᠪ᠂ ᠵᠢᠱᠢᠶᠡᠯᠡᠪᠡᠯ ᠤᠯᠠᠭᠠᠨᠬᠠᠳᠠ ᠶᠢᠨ ᠡᠷᠲᠡᠨ ᠤ ᠰᠤᠶᠤᠯ᠂ ᠯᠢᠶᠤᠤ ᠶᠢᠨ ᠰᠤᠶᠤᠯ ᠢ ᠪᠤᠤ ᠬᠡᠯᠡ᠂ ᠤᠶᠢᠷ᠎ᠠ ᠶᠢᠨ ᠬᠤᠶᠠᠷ ᠵᠠᠭᠤᠭᠠᠳ ᠵᠢᠯ ᠤᠨ ᠪᠠᠶᠢᠳᠠᠯ ᠢᠶᠠᠷ ᠦᠵᠡᠭᠰᠡᠨ  ᠴᠦ ᠡᠨᠡ ᠭᠠᠵᠠᠷ ᠤᠨ ᠨᠡᠭᠦᠳᠡᠯ ᠮᠠᠯᠵᠢᠯ ᠤᠨ ᠰᠤᠶᠤᠯ ᠪᠤᠯᠤᠨ ᠲᠠᠷᠢᠶᠠᠯᠠᠬᠤ ᠰᠤᠶᠤᠯ ᠶᠡᠭᠡ ᠰᠤᠯᠢᠯᠴᠠᠭᠰᠠᠨ ᠬᠠᠷᠢᠯᠴᠠᠨ ᠨᠦᠬᠦᠪᠦᠷᠢᠯᠡᠭᠰᠡᠨ ᠠᠭᠤᠰᠤᠯᠴᠠᠭᠰᠠᠨ᠂ ᠡᠭᠦᠨ ᠤ ᠲᠤᠮᠳᠠ ᠠᠴᠠ ᠮᠠᠨ ᠤ ᠡᠷᠳᠡᠮᠲᠡᠢ ᠮᠡᠷᠭᠡᠨ ᠮᠤᠩᠭᠤᠯᠴᠤᠳ ᠥᠪᠡᠷ ᠤᠨ ᠢᠶᠠᠨ ᠰᠤᠶᠤᠯ ᠢ ᠬᠦᠭᠵᠢᠭᠦᠯᠦᠭᠰᠡᠨ ᠪᠠᠶᠢᠳᠠᠭ ᠃ ᠨᠡᠯᠢᠶᠡᠳ ᠳᠡᠭᠡᠷ᠎ᠡ ᠦᠶ᠎ᠡ ᠳᠤ ᠬᠠᠰᠪᠤᠤ ᠪᠠᠶᠢᠨ᠎ᠠ᠂ ᠢᠨᠵᠠᠨᠠᠰᠢ ᠶᠢᠨ ᠭᠡᠷ ᠪᠦᠯᠢ ᠶᠢᠨ ᠪᠢᠴᠢᠭ ᠤᠨ ᠬᠦᠮᠦᠰ ᠪᠠᠶᠢᠨ᠎ᠠ᠂ ᠢᠨᠠᠭᠰᠢᠯᠠᠪᠠᠯ ᠵᠤᠤ ᠤᠳᠠ ᠤᠷᠤᠨ ᠳᠤ ᠮᠤᠩᠭᠤᠯ ᠰᠤᠶᠤᠯ ᠪᠤᠯᠤᠨ ᠰᠤᠷᠭᠠᠨ ᠬᠦᠮᠦᠵᠢᠯ ᠳᠤ ᠶᠡᠭᠡ ᠬᠦᠴᠦ ᠦᠵᠡᠭᠦᠯᠦᠭᠰᠡᠨ ᠭᠦᠩᠰᠠᠩᠨᠤᠷᠪᠤ ᠪᠠᠶᠢᠨ᠎ᠠ᠂ ᠶᠡᠭᠡ ᠰᠡᠳᠬᠦᠯᠴᠢ ᠲᠡᠮᠬᠡᠲᠦ ᠪᠠᠶᠢᠨ᠎ᠠ᠂ ᠵᠠᠩ ᠰᠤᠷᠲᠠᠬᠤᠨ ᠤ ᠲᠠᠯ᠎ᠠ ᠪᠠᠷ ᠰᠤᠳᠤᠯᠤᠭᠰᠠᠨ ᠯᠤᠰᠠᠩᠴᠤᠶᠢᠳᠠᠨ ᠪᠠᠶᠢᠨ᠎ᠠ᠂ ᠪᠠᠭᠠᠷᠢᠨ ᠤ ᠷᠠᠰᠢᠫᠤᠩᠰᠤᠭ ᠪᠠᠶᠢᠨ᠎ᠠ᠂ ᠬᠡᠰᠢᠭᠲᠡᠨ ᠤ ᠷᠤᠯᠭᠠᠷᠵᠠᠪ ᠪᠠᠶᠢᠨ᠎ᠠ᠃ ᠡᠳᠡᠭᠡᠷ ᠬᠦᠮᠦᠰ ᠤᠨ ᠲᠤᠬᠠᠢ ᠶᠢᠨ ᠦᠶ᠎ᠡ ᠶᠢᠨ ᠨᠡᠶᠢᠭᠡᠮ ᠤᠨ ᠪᠠᠶᠢᠷᠢ ᠰᠠᠭᠤᠷᠢ᠂ ᠲᠡᠳᠡᠨ ᠤ ᠦᠵᠡᠯ ᠰᠤᠷᠲᠠᠯ ᠬᠠᠷᠢᠯᠴᠠᠨ ᠠᠳᠠᠯᠢ ᠦᠭᠡᠢ ᠪᠤᠯᠪᠠᠴᠤ ᠨᠢᠭᠡ ᠨᠢᠭᠡᠲᠦᠯᠲᠡᠢ ᠲᠠᠯ᠎ᠠ ᠪᠠᠶᠢᠨ᠎ᠠ᠂ ᠡᠨᠡ ᠨᠢ ᠦᠨᠳᠦᠰᠦᠲᠡᠨ ᠤ ᠪᠠᠨ ᠰᠤᠶᠤᠯ ᠢ ᠬᠠᠮᠠᠭᠠᠯᠠᠬᠤ ᠬᠠᠳᠠᠭᠠᠯᠠᠬᠤ ᠬᠦᠭᠵᠢᠭᠦᠯᠬᠦ ᠨᠢᠭᠡᠲᠦᠯᠲᠡᠢ ᠲᠠᠯ᠎ᠠ ᠪᠤᠯᠤᠨ᠎ᠠ᠂ ᠡᠭᠦᠨ ᠢ ᠤᠳᠤ ᠦᠶ᠎ᠡ ᠶᠢᠨ ᠤᠭᠰᠠᠭᠠᠲᠠᠨ ᠤ ᠤᠨᠤᠯ ᠢᠶᠠᠷ ᠦᠵᠡᠪᠡᠯ ᠰᠤᠶᠤᠯ ᠤᠨ ᠤᠬᠠᠮᠰᠠᠷ ᠭᠡᠨ᠎ᠡ᠃ ᠦᠩᠭᠡᠷᠡᠭᠰᠡᠨ ᠳᠤ ᠠᠩᠬᠢ ᠶᠢᠨ ᠤᠬᠠᠮᠰᠠᠷ ᠭᠡᠵᠦ ᠬᠡᠯᠡᠳᠡᠭ᠃ ᠰᠤᠶᠤᠯ ᠤᠨ ᠤᠬᠠᠮᠰᠠᠷ ᠦᠭᠡᠢ ᠪᠤᠯ ᠦᠪᠡᠷ ᠤᠨ ᠢᠶᠠᠨ ᠰᠤᠶᠤᠯ ᠢ ᠬᠠᠮᠠᠭᠠᠯᠠᠵᠤ ᠴᠢᠳᠠᠬᠤ ᠦᠭᠡᠢ᠂ ᠬᠦᠮᠦᠨ ᠤ ᠰᠤᠶᠤᠯ ᠢ ᠴᠦ ᠰᠠᠶᠢᠬᠠᠨ ᠰᠢᠩᠭᠡᠭᠡᠵᠦ ᠴᠢᠳᠠᠬᠤ ᠦᠭᠡᠢ᠂ ᠰᠤᠶᠤᠯ ᠢᠶᠠᠨ ᠰᠢᠨ᠎ᠡ ᠪᠠᠷ ᠬᠦᠭᠵᠢᠭᠦᠯᠵᠦ ᠨᠡᠩ ᠴᠢᠲᠠᠬᠤ ᠦᠭᠡᠢ᠃ ᠡᠶᠢᠮᠦ ᠪᠠᠶᠢᠨ᠎ᠠ᠃ ᠡᠳᠡᠭᠡᠷ ᠬᠦᠮᠦᠰ ᠤᠨ ᠢᠷᠠᠭᠤ ᠰᠠᠶᠢᠬᠠᠨ ᠤᠯᠠᠮᠵᠢᠯᠠᠯ ᠢ᠂ ᠡᠶᠢᠮᠦ ᠰᠠᠶᠢᠬᠠᠨ ᠲᠤᠤᠱᠯᠠᠭᠤᠯᠵᠦ ᠢᠷᠡᠭᠰᠡᠨ ᠰᠤᠶᠤᠯ ᠤᠨ ᠤᠬᠠᠮᠰᠠᠷ ᠢ ᠦᠨᠦ ᠶᠢᠨ ᠵᠠᠯᠠᠭᠤᠴᠤᠳ ᠬᠦᠭᠵᠢᠭᠦᠯᠬᠦ ᠬᠡᠷᠡᠭᠲᠡᠢ᠃ ᠨᠢᠭᠡ ᠤᠳᠠᠭᠠᠨ ᠤ ᠤᠨᠴᠠᠯᠢᠭ ᠢ ᠬᠠᠳᠠᠭᠠᠯᠠᠬᠤ ᠶᠠᠪᠤᠳᠠᠯ᠂ ᠡᠨᠡ ᠦᠨᠳᠦᠰᠦᠲᠡᠨ ᠤ ᠤᠷᠤᠰᠢᠨ ᠲᠤᠭᠲᠠᠨᠢᠬᠤ ᠯᠤᠭ᠎ᠠ ᠬᠠᠮᠤᠭ ᠤᠨ ᠴᠢᠬᠤᠯᠠ ᠨᠢ ᠰᠤᠶᠤᠯ ᠪᠠᠶᠢᠳᠠᠭ᠃ ᠰᠤᠶᠤᠯ ᠰᠡᠳᠬᠢᠴᠡ ᠵᠦᠢ᠂ ᠰᠤᠶᠤᠯ ᠤᠨ ᠦᠪ᠂ ᠰᠤᠶᠤᠯ ᠤᠨ ᠵᠤᠷᠢᠭ ᠰᠠᠨᠠᠭ᠎ᠠ᠂ ᠰᠤᠶᠤᠯ ᠤᠨ ᠳᠦᠷᠬᠦ ᠪᠠᠶᠢᠳᠠᠯ᠂ ᠡᠨᠡ ᠪᠤᠯ ᠦᠨᠳᠦᠰᠦᠲᠡᠨ ᠢ ᠪᠦᠯᠬᠦᠮᠳᠡᠭᠦᠯᠬᠦ ᠨᠢᠭᠡᠳᠦᠭᠦᠯᠬᠦ ᠠᠴᠢ ᠬᠤᠯᠪᠤᠭᠳᠠᠯ ᠲᠠᠢ᠃ ᠦᠭᠡᠷ᠎ᠡ ᠲᠠᠯ᠎ᠠ ᠪᠠᠷ ᠦᠵᠡᠬᠦ ᠳᠤ ᠬᠠᠷᠢ ᠦᠨᠳᠦᠰᠦᠲᠡᠨ ᠳᠤ ᠪᠠᠰᠠ ᠰᠤᠨᠢᠷᠬᠠᠯᠲᠠᠢ ᠵᠦᠢᠯ ᠪᠠᠶᠢᠳᠠᠭ᠂ ᠡᠶᠢᠮᠦ ᠤᠨᠴᠠᠯᠢᠭ ᠲᠠᠢ ᠪᠠᠶᠢᠳᠠᠭ ᠠᠴᠠ ᠬᠠᠷᠢ ᠦᠨᠳᠦᠰᠦᠲᠡᠨ ᠲᠠᠨ ᠢ ᠰᠤᠨᠢᠷᠬᠠᠨ᠎ᠠ᠂ ᠴᠢᠮ᠎ᠠ ᠠᠴᠠ ᠰᠤᠷᠤᠯᠴᠠᠨ᠎ᠠ᠂ ᠴᠢᠨᠦ ᠵᠠᠷᠢᠮ ᠵᠦᠢᠯ ᠢ ᠰᠢᠩᠭᠡᠭᠡᠵᠦ ᠠᠪᠤᠨ᠎ᠠ᠂ ᠴᠢᠮ᠎ᠠ ᠶᠢ ᠦᠨᠡᠯᠡᠨ᠎ᠡ᠃ ᠬᠡᠷᠪᠡ ᠡᠶᠢᠮᠦ ᠤᠨᠴᠠᠯᠢᠭ ᠢᠶᠠᠨ ᠠᠯᠳᠠᠭᠰᠠᠭᠠᠷ ᠬᠠᠷᠢ ᠦᠨᠳᠦᠰᠦᠲᠡᠨ ᠤ ᠤᠷᠮ᠎ᠠ ᠶᠢ ᠲᠠᠲᠠᠬᠤ ᠵᠦᠢᠯ ᠦᠭᠡᠢ ᠪᠤᠯᠤᠨ᠎ᠠ᠂ ᠡᠨᠡ ᠬᠤᠶᠠᠷ ᠪᠤᠯ ᠬᠤᠪᠢᠰᠤᠩᠭᠤᠢ ᠪᠦᠭᠡᠳ ᠨᠢᠭᠡᠲᠦᠯᠲᠡᠢ ᠪᠠᠶᠢᠳᠠᠭ᠃ ᠦᠨᠦ ᠵᠠᠷᠢᠮ ᠦᠶ᠎ᠡ ᠳᠤ ᠮᠠᠨ ᠤ ᠵᠠᠯᠠᠭᠤᠴᠤᠳ ᠤᠨ ᠨᠡᠯᠢᠶᠡᠳ ᠨᠢ ᠦᠨᠳᠦᠰᠦᠲᠡᠨ ᠤ ᠰᠤᠶᠤᠯ ᠤᠨ ᠲᠤᠬᠠᠢ ᠠᠩᠬᠠᠷᠤᠯ ᠲᠡᠳᠦᠢ ᠲᠤᠳᠤᠷᠬᠠᠢ ᠪᠢᠰᠢ᠂ ᠰᠤᠶᠤᠯ ᠤᠨ ᠤᠬᠠᠮᠰᠠᠷ ᠲᠡᠳᠦᠢ ᠲᠤᠳᠤᠷᠬᠠᠢ ᠪᠢᠰᠢ ᠡᠶᠢᠮᠦ ᠠᠰᠠᠭᠤᠳᠠᠯ ᠤᠷᠤᠰᠢᠵᠦ ᠪᠠᠶᠢᠨ᠎ᠠ᠃ ᠵᠠᠷᠢᠮ ᠦᠶ᠎ᠡ ᠳᠤ ᠦᠨᠳᠦᠰᠦᠲᠡᠨ ᠤ ᠬᠡᠯᠡ ᠪᠠᠯᠠᠷᠠᠬᠤ ᠶᠠᠪᠤᠳᠠᠯ ᠭᠠᠷᠤᠨ᠎ᠠ᠂ ᠭᠡᠪᠡᠴᠤ ᠰᠤᠶᠤᠯ ᠪᠤᠯ ᠮᠦᠬᠦᠬᠦ ᠦᠭᠡᠢ᠃ ᠰᠤᠶᠤᠯ ᠭᠡᠳᠡᠭ ᠪᠤᠯ ᠨᠢᠭᠡ ᠦᠨᠳᠦᠰᠦᠲᠡᠨ ᠤ ᠦᠷᠭᠦᠯᠵᠢ ᠤᠷᠤᠰᠢᠨ ᠲᠤᠭᠲᠠᠨᠢᠬᠤ ᠲᠠᠢ ᠬᠤᠯᠪᠤᠭᠳᠠᠭᠠᠠᠳ ᠢᠷᠡᠭᠰᠡᠨ ᠵᠠᠶᠠᠭ᠎ᠠ ᠲᠠᠪᠢᠯᠠᠩ ᠲᠠᠢ ᠬᠤᠯᠪᠤᠭᠳᠠᠭᠠᠳ ᠢᠷᠡᠭᠰᠡᠨ ᠵᠦᠢᠯ ᠪᠠᠶᠢᠨ᠎ᠠ᠂ ᠡᠭᠦᠨ ᠢ ᠵᠠᠪᠠᠯ ᠬᠠᠳᠠᠭᠠᠯᠠᠬᠤ ᠬᠡᠷᠡᠭᠲᠡᠢ᠃ ᠢᠯᠠᠩᠭᠤᠶ᠎ᠠ ᠠᠵᠤ ᠠᠬᠤᠢ ᠪᠦᠬᠦ ᠪᠦᠮᠪᠦᠷᠴᠡᠭ ᠳᠠᠶᠠᠭᠠᠷ ᠨᠡᠶᠢᠲᠡᠯᠢᠭ ᠪᠤᠯᠬᠤ ᠪᠠᠶᠢᠳᠠᠯ ᠳᠤ ᠰᠤᠶᠤᠯ ᠤᠨ ᠲᠠᠯ᠎ᠠ ᠪᠠᠷ ᠶᠠᠭᠠᠬᠢᠭᠰᠠᠨ ᠴᠦ ᠦᠪᠡᠷ ᠤᠨ ᠤᠨᠴᠠᠯᠢᠭ ᠢᠶᠠᠨ ᠬᠠᠳᠠᠭᠠᠯᠠᠬᠤ ᠬᠡᠷᠡᠭᠲᠡᠢ᠃ ᠡᠨᠡ ᠪᠤᠯ ᠶᠡᠭᠡ ᠠᠴᠢ ᠬᠤᠯᠪᠤᠭᠳᠠᠯᠲᠠᠢ ᠠᠰᠠᠭᠤᠳᠠᠯ ᠭᠡᠵᠦ ᠪᠢ ᠪᠤᠳᠤᠨ᠎ᠠ᠃ ᠢᠯᠠᠩᠭᠤᠶ᠎ᠠ ᠤᠳᠤ ᠶᠢᠨ ᠪᠠᠶᠢᠳᠠᠯ ᠳᠤᠤᠷ᠎ᠠ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠳᠠᠯ ᠳᠤᠤᠷ᠎ᠠ᠂ ᠦᠪᠡᠷ ᠤᠨ ᠢᠶᠠᠨ ᠦᠨᠳᠦᠰᠦᠲᠡᠨ ᠤ ᠰᠤᠶᠤᠯ ᠢ ᠬᠠᠳᠠᠭᠠᠯᠠᠬᠤ ᠶᠠᠪᠤᠳᠠᠯ ᠪᠤᠯ ᠨᠢᠭᠡ ᠦᠨᠳᠦᠰᠦᠲᠡᠨ ᠢᠷᠡᠭᠡᠳᠦᠢ ᠲᠠᠢ ᠬᠤᠯᠪᠤᠭᠳᠠᠨ᠎ᠠ᠃       ᠰᠤᠷᠪᠤᠯᠵᠢᠯᠠᠭᠴᠢ᠄ ᠡᠨᠡ ᠲᠠᠯ᠎ᠠ ᠶᠢᠨ ᠰᠤᠳᠤᠯᠭᠠᠨ ᠤ ᠬᠤᠪᠢ ᠳᠤ ᠲᠠᠨ ᠤ ᠤᠶᠢᠷ᠎ᠠ ᠶᠢᠨ ᠠᠩᠬᠠᠷᠤᠯ ᠪᠠ ᠪᠦᠲᠦᠭᠡᠯ ᠶᠠᠮᠠᠷ ᠰᠢᠤᠬᠠᠨ ᠪᠠᠶᠢᠨ᠎ᠠ︖       ᠪᠦᠷᠢᠨᠪᠠᠬᠢ᠄ ᠦᠨᠦ ᠮᠠᠨ ᠤ ᠦᠪᠦᠷ ᠮᠤᠩᠭᠤᠯ ᠤᠨ ᠬᠤᠯᠪᠤᠭᠳᠠᠬᠤ ᠪᠠᠶᠢᠭᠤᠯᠭ᠎ᠠ ᠪᠤᠯᠤᠨ ᠬᠠᠷᠢᠭᠤᠴᠠᠯᠭᠠᠲᠠᠨ ᠨᠦᠭᠦᠳ ᠮᠢᠨᠦ ᠵᠤᠬᠢᠶᠠᠯ ᠤᠨ ᠲᠡᠭᠦᠪᠦᠷᠢ ᠶᠢ ᠭᠠᠷᠭᠠᠬᠤ ᠲᠤᠬᠠᠢ ᠶᠡᠬᠡᠬᠡᠨ ᠲᠤᠰᠠᠯᠠᠮᠵᠢ ᠬᠠᠯᠠᠮᠵᠢ ᠦᠵᠡᠭᠦᠯᠵᠦ ᠪᠠᠶᠢᠨ᠎ᠠ᠃ ᠵᠠᠰᠠᠭ ᠤᠨ ᠤᠷᠳᠤᠨ᠂ ᠨᠠᠮ ᠤᠨ ᠬᠤᠷᠢᠶᠠᠨ ᠠᠴᠠ  ᠪᠦᠷ ᠮᠦᠩᠭᠦ ᠪᠠᠷ ᠲᠤᠰᠠᠯᠠᠭᠰᠠᠨ᠃ ᠮᠢᠨᠦ ᠲᠠᠪᠢᠨ ᠵᠢᠯ ᠤᠨ ᠵᠤᠬᠢᠶᠠᠯ ᠤᠨ ᠴᠢᠭᠤᠯᠭᠠᠨ ︿ᠪ • ᠪᠦᠷᠢᠨᠪᠠᠬᠢ ᠶᠢᠨ ᠤᠳᠬ᠎ᠠ ᠤᠶᠠᠩᠭ᠎ᠠ ᠶᠢᠨ ᠴᠢᠭᠤᠯᠭᠠᠨ﹀᠂ ᠤᠳᠬ᠎ᠠ ᠭᠡᠪᠡᠯ ᠦᠭᠦᠯᠡᠯ ᠰᠢᠨᠵᠢᠯᠡᠭᠡᠨ ᠪᠦᠷ ᠤᠷᠤᠨ᠎ᠠ᠂ ᠤᠶᠠᠩᠭ᠎ᠠ ᠭᠡᠪᠡᠯ ᠮᠢᠨᠦ ᠤᠷᠠᠨ ᠵᠤᠬᠢᠶᠠᠯ ᠤᠷᠤᠨ᠎ᠠ᠂ ᠬᠡᠷᠡᠭ ᠳᠡᠭᠡᠷ᠎ᠡ ᠪᠠᠨ ᠰᠢᠯᠦᠭ ᠪᠤᠯᠤᠨ ᠰᠤᠳᠤᠯᠤᠯ ᠤᠨ ᠴᠢᠭᠤᠯᠭᠠᠨ ᠪᠤᠯᠤᠨ᠎ᠠ᠃ ᠬᠡᠯᠡᠯᠭᠡᠨ ᠦᠭᠡᠢ ᠪᠦᠷᠢᠨ ᠵᠤᠬᠢᠶᠠᠯ ᠪᠢᠰᠢ᠃ ᠪᠢ ᠪᠦᠷᠢᠨ ᠵᠤᠬᠢᠶᠠᠯ ᠭᠡᠵᠦ ᠭᠠᠷᠭᠠᠬᠤ ᠲᠤᠷ᠎ᠠ ᠦᠭᠡᠢ᠃ ᠶᠠᠭᠠᠬᠢᠭᠠᠳ ᠭᠡᠪᠡᠯ᠂ ᠮᠢᠨᠦ ᠵᠤᠬᠢᠶᠠᠯ  ᠳᠤ ᠡᠴᠢᠨᠡᠭᠡᠨ ᠳᠦᠴᠢᠨᠡᠭᠡᠨ ᠶᠠᠭᠤᠮ᠎ᠠ ᠪᠠᠰᠠ ᠴᠠᠭ ᠦᠶ᠎ᠡ ᠶᠢ ᠲᠠᠭᠠᠭᠠᠳ ᠤᠷᠬᠢᠭᠳᠠᠬᠤ᠂ ᠠᠴᠢ ᠬᠤᠯᠪᠤᠭᠳᠠᠯ ᠦᠭᠡᠢ ᠪᠤᠯᠬᠤ ᠵᠦᠢᠯ ᠪᠠᠶᠢᠨ᠎ᠠ᠃ ᠢᠩᠬᠢᠬᠦᠯᠡᠷ ᠪᠢ ᠠᠯᠢ ᠪᠤᠯᠬᠤ ᠪᠠᠷ ᠦᠪᠡᠷ ᠢᠶᠠᠨ ᠵᠦᠭᠡᠷ ᠭᠡᠰᠡᠨ ᠢᠶᠠᠨ ᠰᠤᠩᠭᠤᠭᠠᠳ ᠳᠦᠷᠪᠡᠨ ᠪᠤᠳᠢ ᠭᠠᠷᠭᠠᠬᠤ ᠭᠡᠵᠦ ᠪᠤᠢ᠃       ᠰᠤᠷᠪᠤᠯᠵᠢᠯᠠᠭᠴᠢ᠄ ᠪᠢᠳᠡ ᠤᠩᠰᠢᠭᠴᠢ ᠪᠦᠭᠡᠳ ᠰᠤᠷᠤᠭᠴᠢ ᠪᠤᠯᠤᠭᠰᠠᠨ ᠤ ᠬᠤᠪᠢ ᠳᠤ ᠲᠠᠨ ᠤ ᠪᠦᠲᠦᠭᠡᠯ ᠡᠷᠲᠡᠬᠡᠨ ᠤᠩᠰᠢᠭᠴᠢ ᠤᠯᠠᠨ ᠲᠠᠢ ᠵᠤᠯᠭᠤᠭᠠᠰᠠᠢ ᠭᠡᠵᠦ ᠬᠦᠰᠡᠵᠦ ᠪᠠᠶᠢᠨ᠎ᠠ᠃       ᠪᠦᠷᠢᠨᠪᠠᠬᠢ᠄ ᠦᠪᠡᠷ ᠤᠨ ᠪᠦᠲᠦᠭᠡᠯ ᠤᠨ ᠲᠤᠬᠠᠢ᠂ ᠤᠶᠢᠷ᠎ᠠ ᠶᠢᠨ ᠬᠤᠷᠢᠭᠠᠳ ᠵᠢᠯ ᠮᠢᠨᠦ ᠠᠵᠢᠯᠯᠠᠭ᠎ᠠ ᠪᠤᠯ ᠳᠦᠷᠰᠦᠯᠡᠨ ᠰᠡᠳᠬᠢᠬᠦᠢ ᠠᠴᠠ ᠬᠡᠶᠢᠰᠪᠦᠷᠢᠯᠡᠨ ᠰᠡᠳᠬᠢᠬᠦᠢ ᠲᠡᠶᠢᠰᠢ ᠰᠢᠯᠵᠢᠭᠡᠳ ᠪᠠᠶᠢᠨ᠎ᠠ᠃ ᠮᠢᠨᠦ ᠠᠩᠬᠠᠷᠤᠯ ᠶᠠᠪᠤᠬᠤ ᠲᠤᠰᠤᠮ᠎ᠠ ᠡᠷᠳᠡᠮ ᠰᠢᠨᠵᠢᠯᠡᠭᠡᠨ ᠤ ᠲᠡᠶᠢᠰᠢ ᠲᠦᠪᠯᠡᠷᠡᠵᠡᠢ᠃ ᠤᠳᠤ ᠡᠭᠦᠨ ᠠᠴᠠ ᠪᠠᠨ ᠰᠤᠭᠤᠷᠠᠵᠤ ᠭᠠᠷᠴᠤ ᠴᠢᠳᠠᠬᠤ ᠦᠭᠡᠢ ᠪᠠᠶᠢᠨ᠎ᠠ᠃ ᠰᠢᠯᠦᠭ ᠪᠢᠴᠢᠶ᠎ᠡ ᠭᠡᠰᠡᠨ᠂ ᠵᠠᠷᠢᠮ ᠦᠶ᠎ᠡ ᠳᠡᠭᠡᠨ ᠪᠠᠭ᠎ᠠ ᠰᠠᠭ᠎ᠠ ᠢᠷᠡᠳᠡᠭ ᠪᠤᠯᠪᠠᠴᠤ᠂ ᠤᠶᠤᠲᠠᠨ ᠲᠠᠢ ᠪᠠᠨ ᠵᠠᠷᠢᠮ ᠶᠠᠭᠤᠮ᠎ᠠ ᠶᠢ ᠶᠠᠷᠢᠯᠴᠠᠨ᠎ᠠ᠂ ᠰᠤᠳᠤᠯᠤᠨ᠎ᠠ᠂ ᠵᠠᠷᠢᠮ ᠳᠠᠭᠠᠨ ᠡᠷᠳᠡᠮ ᠰᠢᠨᠵᠢᠯᠡᠭᠡᠨ ᠤ ᠰᠢᠨ᠎ᠡ ᠰᠤᠨᠢᠷᠬᠠᠯ ᠲᠠᠢ ᠵᠦᠢᠯ ᠪᠠᠰᠠ ᠪᠠᠶᠢᠨ᠎ᠠ᠂ ᠨᠠᠰᠤ ᠪᠠᠰᠠ ᠠᠬᠢᠵᠦ ᠪᠠᠶᠢᠨ᠎ᠠ᠂ ᠲᠠᠯᠠᠨ ᠲᠠᠪᠤ ᠬᠦᠷᠴᠦ ᠪᠠᠶᠢᠨ᠎ᠠ᠃      ᠰᠤᠷᠪᠤᠯᠵᠢᠯᠠᠭᠴᠢ᠄ ᠢᠩᠬᠢᠭᠡᠳ ᠦᠵᠡᠬᠦ ᠳᠤ ᠲᠠ ᠤᠢ ᠤᠬᠠᠭᠠᠨ ᠰᠠᠷᠠᠭᠤᠯ᠂ ᠪᠡᠶ᠎ᠡ ᠪᠠᠶᠢᠳᠠᠯ ᠬᠦᠩᠭᠡᠨ᠂ ᠭᠠᠶᠢᠭᠤᠢ ᠰᠠᠶᠢᠨ ᠬᠠᠷᠠᠭᠳᠠᠵᠤ ᠪᠠᠶᠢᠨ᠎ᠠ᠃       ᠪᠦᠷᠢᠨᠪᠠᠬᠢ᠄ ᠲᠠᠨ ᠤ ᠬᠡᠯᠡᠭᠰᠡᠨ ᠳᠤ ᠪᠠᠶᠠᠷᠯᠠᠵᠦ ᠪᠠᠶᠢᠨ᠎ᠠ᠂ ᠤᠨᠴᠠᠭᠠᠢ ᠡᠮᠵᠡᠭ ᠦᠭᠡᠢ᠂ ᠨᠠᠰᠤᠲᠠᠢ ᠬᠦᠮᠦᠨ ᠤ ᠪᠠᠶᠢᠳᠠᠯ ᠲᠠᠢ ᠨᠡᠶᠢᠴᠡᠵᠦ ᠪᠠᠶᠢᠨ᠎ᠠ᠂ ᠤᠨᠴᠠᠭᠠᠢ ᠶᠠᠭᠤᠮ᠎ᠠ ᠪᠠᠶᠢᠬᠤ ᠦᠭᠡᠢ᠃ ᠬᠠᠷᠢᠨ ᠳᠠᠷᠢᠬᠢ ᠪᠠᠨ ᠬᠡᠷᠡᠭᠯᠡᠬᠦ ᠲᠠᠯ᠎ᠠ ᠪᠠᠷ ᠶᠡᠷᠦᠳᠡᠭᠡᠨ ᠰᠤᠯᠠ ᠲᠠᠯᠠᠭᠠᠷ ᠲᠠᠯᠪᠢᠳᠠᠭ ᠦᠭᠡᠢ᠂ ᠨᠢᠭᠡ ᠶᠠᠭᠤᠮ᠎ᠠ ᠶᠢ ᠪᠤᠳᠤᠭᠠᠳ ᠯᠠ ᠪᠠᠶᠢᠳᠠᠭ ᠃ ᠬᠠᠷᠢᠨ ᠬᠡᠷᠡᠭᠯᠡᠬᠦ ᠲᠤᠰᠤᠮ᠎ᠠ ᠶᠡᠭᠡ ᠰᠤᠨᠢᠷᠬᠠᠯ ᠲᠠᠢ᠂ ᠡᠨᠡ ᠶᠠᠪᠤᠳᠠᠯ ᠴᠢᠨᠢ ᠶᠡᠭᠡ ᠰᠤᠨᠢᠨ ᠶᠤᠮ᠂ ᠦᠭᠦᠯᠡᠯ ᠶᠠᠭᠤᠮ᠎ᠠ ᠪᠢᠴᠢᠦ ᠤᠷᠤᠯᠳᠤᠬᠤ ᠳᠤ ᠵᠠᠷᠢᠮ ᠬᠦᠮᠦᠨ ᠲᠠ ᠦᠩᠭᠡᠷᠡᠤ ᠵᠦᠳᠡᠷᠡᠵᠦ ᠪᠤᠯᠬᠤ ᠦᠭᠡᠢ ᠭᠡᠳᠡᠭ ᠪᠢᠯᠡ᠃ ᠭᠡᠲᠡᠯ᠎ᠡ ᠪᠢ ᠬᠠᠷᠢᠨ ᠢᠩᠬᠢᠵᠦ ᠬᠢᠵᠦ ᠪᠠᠶᠢᠪᠠᠯ ᠪᠡᠶ᠎ᠡ ᠴᠢᠩᠭ᠎ᠠ ᠪᠤᠯᠤᠨ᠎ᠠ ᠭᠡᠵᠦ ᠪᠤᠳᠤᠳᠠᠭ᠃ ᠪᠢ ᠰᠤᠷᠭᠠᠭᠤᠯᠢ ᠳᠤ ᠤᠷᠲᠦ ᠬᠤᠭᠤᠴᠠᠭ᠎ᠠ ᠠᠵᠢᠯᠯᠠᠭᠰᠠᠨ᠃ ᠪᠢ ᠲᠠᠪᠢᠭᠠᠳ ᠵᠢᠯ ᠵᠤᠬᠢᠶᠠᠯ ᠪᠢᠴᠢᠭᠰᠡᠨ ᠢᠶᠠᠨ ᠡᠷᠭᠢᠴᠡᠭᠦᠯᠦᠨ ᠦᠵᠡᠬᠦ ᠳᠡᠭᠡᠨ᠂ ᠠᠵᠢᠯ ᠤᠨ ᠴᠢᠯᠦᠭᠡᠨ ᠤ ᠵᠤᠬᠢᠶᠠᠯᠴᠢ ᠪᠤᠯᠤᠨ ᠠᠵᠢᠯ ᠡᠭᠦᠷᠭᠡᠲᠦ ᠪᠠᠭᠰᠢ ᠶᠢᠨ ᠠᠵᠢᠯ ᠢ ᠤᠶᠠᠯᠳᠤᠭᠤᠯᠤᠨ ᠲᠡᠮᠡᠤᠯᠡᠭᠰᠡᠨ ᠲᠠᠪᠢᠭᠠᠳ ᠵᠢᠯ ᠭᠡᠵᠦ ᠳ᠋ᠦᠩᠨᠡᠭᠰᠡᠨ ᠶᠤᠮ᠃ ᠰᠤᠷᠭᠠᠨ ᠬᠦᠮᠦᠵᠢᠯ ᠤᠨ ᠠᠵᠢᠯ ᠪᠤᠯ ᠰᠠᠶᠢᠬᠠᠨ ᠠᠵᠢᠯ᠂ ᠢᠯᠠᠩᠭᠤᠶ᠎ᠠ ᠪᠢ ᠬᠢᠴᠢᠶᠡᠯ ᠵᠢᠭᠠᠬᠤ ᠳᠤᠷᠠᠲᠠᠢ᠂ ᠪᠤᠳᠤᠭᠰᠠᠨ ᠰᠠᠨᠠᠭᠰᠠᠨ ᠢᠶᠠᠨ ᠤᠶᠤᠲᠠᠳ ᠲᠠᠭᠠᠨ ᠬᠡᠯᠡᠵᠦ ᠥᠭᠭᠦᠨ᠎ᠡ᠂ ᠨᠦᠭᠦᠭᠡ ᠲᠠᠯ᠎ᠠ ᠪᠠᠷ ᠪᠠᠭᠰᠢ ᠬᠦᠮᠦᠨ ᠰᠤᠷᠤᠭᠴᠢ ᠠᠴᠠ ᠪᠠᠨ ᠠᠷᠪᠢᠨ ᠶᠠᠭᠤᠮ᠎ᠠ ᠰᠤᠷᠤᠨ᠎ᠠ᠂ ᠢᠯᠠᠩᠭᠤᠶ᠎ᠠ ᠵᠠᠯᠠᠭᠤ ᠬᠦᠮᠦᠨ ᠲᠠᠢ ᠬᠠᠮᠲᠤ ᠪᠠᠶᠢᠬᠤ ᠪᠤᠯ ᠲᠡᠳᠡᠨ ᠤ ᠰᠠᠨᠠᠭ᠎ᠠ ᠰᠡᠳᠬᠢᠯ ᠤᠨ ᠬᠤᠷᠴᠠᠯᠢᠭ ᠭᠢᠷᠠᠬᠠᠢ᠂ ᠰᠢᠨ᠎ᠡ ᠰᠡᠪᠡᠭᠦᠨ ᠶᠠᠭᠤᠮ᠎ᠠ ᠶᠢ ᠬᠦᠯᠢᠶᠡᠵᠦ ᠠᠪᠬᠤ ᠳᠤ ᠬᠤᠷᠳᠤᠨ᠂ ᠰᠢᠨ᠎ᠡ ᠰᠢᠨ᠎ᠡ ᠰᠡᠳᠦᠪ ᠢ ᠲᠤᠷᠠᠳᠴᠦ ᠭᠠᠷᠭᠠᠬᠤ ᠳᠤ ᠴᠢᠨᠦ ᠤᠬᠠᠵᠤ ᠤᠯᠤᠭᠰᠠᠨ ᠦᠭᠡᠢ ᠵᠠᠷᠢᠮ ᠵᠦᠢᠯ ᠢ ᠤᠷᠢᠳ ᠢᠶᠠᠷ ᠤᠬᠠᠮᠰᠠᠷᠯᠠᠭᠠᠳ ᠴᠢᠮ᠎ᠠ ᠲᠠᠢ ᠵᠦᠪᠳᠡᠬᠦ᠂ ᠵᠠᠯᠠᠭᠤ ᠶᠢᠨ ᠴᠤᠭ ᠵᠤᠯᠢ ᠲᠠᠢ ᠪᠠᠶᠢᠳᠠᠭ᠂ ᠡᠨᠡ ᠴᠢᠨᠢ ᠪᠠᠭᠰᠢ ᠪᠤᠯᠤᠭᠰᠠᠨ ᠬᠦᠮᠦᠨ ᠳᠤ ᠪᠠᠭᠰᠢ ᠶᠢᠨ ᠦᠲᠡᠭᠦᠰ ᠠᠭᠤᠷ ᠢ ᠠᠷᠢᠯᠭᠠᠵᠤ᠂ ᠦᠰᠪᠦᠷᠢ ᠶᠢᠨ ᠴᠤᠭ ᠵᠤᠯᠢ ᠶᠢ ᠤᠯᠭᠤᠵᠤ ᠥᠭᠳᠡᠭ᠃ ᠡᠶᠢᠮᠦ ᠤᠴᠢᠷ ᠠᠴᠠ ᠪᠢ ᠦᠩᠭᠡᠷᠡᠭᠰᠡᠨ ᠳᠤ ᠡᠶᠢᠮᠦ ᠦᠭᠦᠯᠡᠯ ᠪᠢᠴᠢᠭᠰᠡᠨ᠄ ᠪᠠᠭᠰᠢ ᠪᠤᠯᠤᠭᠰᠠᠨ ᠬᠦᠮᠦᠨ ᠶᠠᠭᠠᠬᠢᠯ᠎ᠠ ᠴᠦ ᠭᠡᠰᠡᠨ ᠦᠪᠡᠷ ᠤᠨ ᠢᠶᠠᠨ ᠮᠡᠳᠡᠯᠭᠡ ᠶᠢᠨ ᠪᠡᠯᠴᠢᠭᠡᠷ ᠲᠤ ᠱᠠᠪᠢ ᠨᠠᠷ ᠢᠶᠠᠨ ᠠᠳᠤᠭᠤᠯᠠᠵᠤ ᠶᠡᠷᠦ ᠪᠤᠯᠬᠤ ᠦᠭᠡᠢ᠂ ᠵᠠᠪᠠᠯ ᠮᠡᠳᠡᠯᠭᠡ ᠶᠢᠨ ᠪᠡᠯᠴᠢᠭᠡᠷ ᠠᠴᠠ ᠪᠠᠨ ᠬᠤᠯᠠ ᠭᠠᠷᠭᠠᠬᠤ ᠬᠡᠷᠡᠭᠲᠡᠢ᠃ ᠮᠢᠨᠦ ᠶᠡᠷᠦᠳᠡᠭᠡᠨ ᠬᠦᠰᠡᠬᠦ ᠶᠠᠪᠤᠳᠠᠯ ᠪᠤᠯ ᠮᠢᠨᠦ ᠰᠤᠷᠤᠭᠴᠢ ᠠᠯᠢ ᠪᠤᠯᠬᠤ ᠪᠠᠷ ᠨᠠᠮ᠎ᠠ ᠶᠢ ᠤᠯᠠᠨ ᠲᠠᠯ᠎ᠠ ᠪᠠᠷ ᠳᠠᠪᠠᠭ᠋ᠤ ᠶᠢ ᠬᠦᠰᠡᠳᠡᠭ᠃ ᠡᠨᠡ ᠪᠤᠯ ᠮᠢᠨᠦ ᠴᠢᠩ ᠰᠡᠳᠬᠢᠯ ᠤᠨ ᠬᠦᠰᠡᠯ ᠶᠤᠮ᠃       ᠰᠤᠷᠪᠤᠯᠵᠢᠯᠠᠭᠴᠢ᠄ ᠰᠤᠷᠪᠤᠯᠵᠢᠯᠠᠭ᠎ᠠ ᠬᠦᠯᠢᠶᠡᠭᠰᠡᠨ ᠪᠦᠷᠢᠨᠪᠠᠬᠢ ᠪᠠᠭᠰᠢ ᠳᠤ ᠪᠠᠶᠠᠷᠯᠠᠯ᠎ᠠ᠃       ᠪᠦᠷᠢᠨᠪᠠᠬᠢ᠄ ᠪᠢ ᠴᠦ ᠪᠠᠰᠠ ᠪᠠᠶᠠᠷᠯᠠᠵᠤ ᠪᠠᠶᠢᠨ᠎ᠠ᠂ ᠪᠠᠶᠠᠷᠲᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号