ᠲᠤᠰᠬᠠᠢ ᠮᠡᠷᠭᠡᠵᠢᠯᠳᠠᠨ᠂  ᠤᠨᠴᠠ ᠲᠣᠮᠢᠯᠠᠬᠳᠠᠬᠰᠡᠳ ᠂  ᠨᠤᠳᠤᠭ ᠤᠨ ᠴᠢᠳᠠᠪᠤᠷᠢᠳᠡᠨ ᠭᠤᠷᠪᠡᠨ ᠱᠠᠳᠤᠨ ᠤ ᠰᠢᠨᠵᠢᠯᠡᠭᠡ  ᠮᠡᠷᠭᠡᠵᠢᠯ ᠤᠨ ᠴᠢᠳᠠᠪᠤᠷᠢᠳᠠᠨ ᠤ ᠲᠠᠪᠴᠠᠩ ᠭᠠᠷᠭᠠᠵᠤ᠂  ᠰᠢᠨᠵᠢᠯᠡᠭᠡ ᠮᠡᠷᠭᠡᠵᠢᠯ ᠤᠨ ᠪᠠᠷᠢᠮᠵᠢᠶᠠᠯᠠᠬᠰᠡᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2015/10/8
         ᠲᠤᠰᠬᠠᠢ ᠮᠡᠷᠭᠡᠵᠢᠯᠳᠠᠨ᠂  ᠤᠨᠴᠠ ᠲᠣᠮᠢᠯᠠᠬᠳᠠᠬᠰᠡᠳ  ᠂  ᠨᠤᠳᠤᠭ ᠤᠨ ᠴᠢᠳᠠᠪᠤᠷᠢᠳᠡᠨ ᠭᠤᠷᠪᠡᠨ ᠱᠠᠳᠤᠨ ᠤ ᠰᠢᠨᠵᠢᠯᠡᠭᠡ  ᠮᠡᠷᠭᠡᠵᠢᠯ ᠤᠨ ᠴᠢᠳᠠᠪᠤᠷᠢᠳᠠᠨ ᠤ ᠲᠠᠪᠴᠠᠩ ᠭᠠᠷᠭᠠᠵᠤ᠂  ᠰᠢᠨᠵᠢᠯᠡᠭᠡ ᠮᠡᠷᠭᠡᠵᠢᠯ ᠤᠨ ᠪᠠᠷᠢᠮᠵᠢᠶᠠᠯᠠᠬᠰᠡᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ᠰᠢᠨᠵᠢᠯᠡᠭᠡ ᠮᠡᠷᠭᠡᠵᠢᠯ ᠤᠨ ᠬᠦᠭᠵᠢᠯᠳᠡ ᠤᠳᠠᠭᠠᠨ ᠪᠠᠶᠢᠬᠤ ᠪᠤᠯ ᠣᠳᠣ ᠦᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢ ᠬᠢᠵᠠᠭᠠᠷᠯᠠᠵᠤ ᠪᠠᠶᠢᠭ᠎ᠠ ᠵᠠᠩᠬᠢᠯᠭ᠎ᠠ  ᠮᠦᠨ᠃ ᠡᠨᠡ  ᠬᠦ ᠠᠰᠠᠭᠤᠳᠠᠯ ᠢ ᠰᠡᠢᠳᠪᠤᠷᠢᠯᠡᠬᠦ ᠶᠢᠨ ᠲᠦᠯᠤᠬᠡ᠂ 9  ᠶᠡᠭᠡ ᠣᠳᠣᠷᠢᠳᠣᠮᠵᠢ ᠠᠵᠤ ᠤᠶᠢᠯᠡᠰ ᠪᠠᠶᠢᠭᠤᠯᠵᠤ᠂ ᠭᠤᠷᠪᠡᠨ ᠲᠡᠰ ᠤᠨ ᠰᠢᠨᠵᠢᠯᠡᠭᠡ ᠮᠡᠷᠭᠡᠵᠢᠯ ᠤᠨ ᠴᠢᠳᠠᠪᠤᠷᠢᠳᠡᠨ ᠤ ᠡᠩᠨᠡᠭᠡ ᠪᠠᠶᠢᠭᠤᠯᠪᠠ  ᠄ ᠨᠢᠭᠡ ᠳᠤ᠂  ᠦᠪᠤᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠠᠷᠬᠡ ᠤᠷᠤᠨ ᠤ ᠲᠤᠳᠤᠷ᠎ᠠ ᠭᠠᠳᠠᠨᠠᠬᠢ 8  ᠶᠡᠭᠡ ᠲᠡᠭᠡᠳᠤ ᠰᠤᠷᠭᠠᠭᠤᠯᠢ ᠪᠤᠯᠤᠨ ᠰᠢᠨᠵᠢᠯᠡᠬᠦ ᠣᠬᠠᠭᠠᠨ ᠤ ᠰᠤᠳᠤᠯᠭᠠᠨ ᠤ ᠬᠦᠷᠢᠶᠡᠯᠡᠩ ᠤᠨ 32  ᠫᠷᠤᠹᠧᠰᠰᠤᠷ ᠢᠶᠠᠷ  ᠭᠤᠤᠯ ᠴᠤᠬᠴᠠ ᠪᠤᠯᠭᠠᠬᠰᠡᠨ ᠰᠢᠨᠵᠢᠯᠡᠭᠡ ᠮᠡᠷᠭᠡᠵᠢᠯ ᠤᠨ ᠤᠨᠴᠠ ᠲᠤᠮᠢᠯᠠᠬᠳᠠᠬᠴᠢ ᠶᠢᠨ ᠪᠦᠯᠬᠦᠮ᠃  ᠭᠤᠷᠪᠠ ᠳᠤ᠂ 46  ᠨᠤᠳᠤᠭ ᠤᠨ ᠮᠡᠷᠭᠡᠵᠢᠯᠳᠡᠨ᠂  ᠭᠤᠤᠯ ᠴᠤᠬᠴᠠ ᠪᠤᠯᠭᠠᠬᠰᠡᠨ ᠤᠷᠤᠨ ᠨᠤᠳᠤᠭ ᠤᠨ ᠴᠢᠳᠠᠪᠤᠷᠢᠳᠠᠨ ᠤ ᠪᠦᠯᠬᠦᠮ᠃  ᠲᠠᠷᠤᠢ 112  ᠬᠦᠮᠤᠨ ᠢᠶᠠᠷ ᠪᠦᠷᠢᠯᠳᠤᠭ᠍ᠰᠡᠨ ᠫᠢᠷᠠᠮᠢᠳ᠋ ᠰᠤᠪᠤᠷᠭ᠎ᠠ ᠶᠢᠨ ᠬᠡᠯᠪᠡᠷᠢᠳᠤ ᠴᠢᠳᠠᠪᠤᠷᠢᠳᠠᠨ ᠤ ᠬᠦᠮᠤᠷᠭᠡ ᠶᠢ  ᠪᠠᠶᠢᠭᠤᠯᠵᠡᠢ᠃ ᠴᠢᠳᠠᠪᠤᠷᠢᠳᠠᠨ ᠢ  ᠬᠡᠷᠡᠭᠯᠡᠬᠦ ᠲᠠᠯ᠎ᠠ ᠪᠠᠷ ᠲᠤᠬᠳᠠᠯᠴᠠᠭ᠎ᠠ ᠶᠢ ᠰᠢᠨᠡᠴᠢᠯᠡᠵᠤ᠂  ᠵᠠᠰᠠᠭ ᠤᠨ ᠤᠷᠳᠤᠨ ᠠᠴᠠ ᠨᠦᠬᠦᠪᠤᠷᠢ  ᠣᠯᠭᠤᠨ᠎ᠠ᠃  ᠦᠪᠡᠷᠳᠡᠬᠡᠨ ᠵᠠᠰᠠᠬᠤ ᠤᠷᠤᠨ ᠤ ᠲᠡᠰ ᠠᠴᠠ ᠲᠡᠭᠡᠭᠰᠢᠬᠢ ᠲᠤᠰᠬᠠᠢ ᠮᠡᠷᠭᠡᠵᠢᠯᠳᠠᠨ᠂ ᠬᠤᠰᠢᠭᠤᠨ ᠳᠤ ᠢᠷᠡᠵᠤ ᠦᠢᠯᠡᠴᠢᠯᠡᠬᠦ ᠤᠳᠠᠭ᠎ᠠ ᠪᠦᠷᠢ 5000  ᠲᠦᠷᠬᠦᠷᠢᠭ ᠤᠨ ᠨᠦᠬᠦᠪᠤᠷᠢ ᠤᠯᠭᠤᠵᠤ᠂ ᠬᠤᠳᠠ ᠶᠢᠨ ᠲᠡᠰ ᠤᠨ  ᠲᠤᠰᠬᠠᠢ ᠮᠡᠷᠭᠡᠵᠢᠯᠳᠠᠨ ᠳᠤ ᠤᠳᠠᠭ᠎ᠠ  ᠪᠦᠷᠢ 3000  ᠲᠦᠬᠦᠷᠢᠭ  ᠤᠯᠭᠤᠨ᠎ᠠ᠃  ᠤᠷᠤᠨ ᠨᠤᠳᠤᠭ ᠤᠨ ᠴᠢᠳᠠᠪᠤᠷᠢᠳᠠᠨ ᠳᠤ ᠵᠢᠯ ᠢᠶᠠᠷ  ᠲᠠᠭᠠᠭᠠᠴᠢᠯᠠᠨ ᠦᠢᠯᠡᠴᠢᠯᠠᠵᠤ᠂  ᠵᠠᠰᠠᠭ ᠤᠨ ᠤᠷᠳᠤᠨ ᠠᠴᠠ ᠵᠢᠯ ᠪᠦᠷᠢ 1  ᠲᠦᠮᠡᠨ ᠲᠦᠬᠦᠷᠢᠭ ᠤᠨ ᠨᠦᠬᠦᠪᠤᠷᠢ ᠦᠭᠬᠦᠨ᠎ᠡ᠃ ᠡᠬᠦᠨ ᠤ ᠬᠠᠮᠳᠤ  ︽ ᠨᠢᠭᠡ ᠲᠤᠰᠬᠠᠢ ᠮᠡᠷᠭᠡᠵᠢᠯᠳᠠᠨ ᠨᠢᠭᠡ ᠪᠦᠯᠬᠦᠮ ᠲᠠᠭᠠᠭᠤᠯᠵᠤ᠂ ᠨᠢᠭᠡ ᠪᠦᠯᠬᠦᠮ ᠨᠢᠭᠡ ᠠᠵᠤ ᠦᠢᠯᠡᠰ ᠢ ᠲᠦᠯᠬᠢᠨ ᠠᠬᠢᠭᠤᠯᠬᠤ︾  ᠦᠢᠯᠡᠴᠢᠯᠡᠭᠡᠨ ᠤ ᠬᠡᠯᠪᠡᠷᠢ ᠶᠢ  ᠠᠪᠴᠠᠢ᠃  ᠠᠵᠤ ᠦᠢᠯᠡᠰ ᠨᠢᠭᠡᠪᠤᠷᠢ ᠶᠢ ᠴᠦᠮ ᠨᠢᠭᠡᠨ ᠲᠡᠷᠢᠬᠦᠨ ᠲᠤᠰᠬᠠᠢ ᠮᠡᠷᠭᠡᠵᠢᠯᠳᠡᠨ ᠬᠦᠳᠤᠯᠤᠨ ᠲᠠᠭᠠᠭᠤᠯᠵᠤ᠂ ᠠᠬᠢᠭᠤᠯᠬᠤ ᠪᠤᠯᠤᠨ᠎ᠠ  ᠃ ᠵᠢᠱᠢᠶᠡᠯᠡᠪᠠᠯ᠂  ᠦᠪᠤᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠵᠢᠶᠠ ᠢᠣᠢ ᠱᠠᠨ ᠫᠷᠤᠹᠧᠰᠰᠤᠷ ᠤᠨ ᠲᠠᠭᠠᠭᠤᠯᠭ᠎ᠠ ᠲᠤᠤᠷ᠎ᠠ ᠂  ᠪᠠᠭᠠᠷᠢᠨ  ᠵᠡᠬᠦᠨ ᠬᠤᠰᠢᠭᠤ  ︿3180  ﹀ ᠡᠰᠢ ᠰᠦᠷᠡᠯ ᠢ ᠡᠳᠡᠰᠢᠬᠦᠯᠬᠦ  ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠬᠦᠯᠤᠭ᠍ᠰᠡᠨ ᠶᠤᠮ᠃ 3  ᠵᠢᠯ ᠤᠨ ᠴᠠᠭ ᠢ ᠠᠰᠢᠬᠠᠯᠨ᠂ 1  ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠶᠢ ᠬᠤᠷᠠᠮᠳᠤᠭᠤᠯᠵᠤ᠂ ᠪᠦᠬᠦ ᠬᠤᠰᠢᠭᠤᠨ ᠤ ᠡᠰᠢ ᠰᠦᠷᠠᠯ ᠡᠳᠡᠰᠢᠬᠦᠯᠬᠦ ᠨᠤᠷᠮ᠎ᠠ ᠶᠢ 80%  ᠠᠴᠠ ᠲᠡᠭᠡᠭᠡᠰᠢ ᠬᠡᠮᠵᠢᠶᠡᠨ ᠳᠤ ᠬᠦᠷᠭᠡᠬᠦ ᠪᠠᠷ ᠲᠦᠯᠤᠪᠯᠡᠵᠤ ᠪᠠᠶᠢᠨ᠎ᠠ᠃  ᠬᠡᠷᠡᠭᠵᠢᠬᠦᠯᠬᠦ ᠶᠠᠪᠤᠴᠠ ᠳᠤ᠂  ᠮᠠᠨ ᠤ ᠬᠤᠰᠢᠭᠤᠨ ᠪᠤᠷᠳᠤᠭ᠎ᠠ ᠪᠤᠯᠪᠠᠰᠤᠷᠠᠭᠤᠯᠬᠤ ᠲᠤᠯᠤᠭᠠᠶᠢᠯᠠᠬᠴᠢ ᠠᠵᠤ ᠠᠬᠤᠶᠢᠯᠠᠯ — ᠦᠪᠤᠷ ᠮᠤᠩᠭᠤᠯ ᠤᠨ ᠴᠤᠤ ᠶᠤᠸᠠᠢ ᠲᠡᠵᠢᠭᠡᠯ ᠪᠤᠷᠳᠤᠭᠠᠨ ᠤ ᠬᠢᠵᠠᠭᠠᠷᠳᠤ ᠺᠤᠮᠫᠠᠨᠢ ᠲᠦᠷᠤᠬᠦᠯᠡᠨ  ︽ ᠪᠠᠭᠠᠷᠢᠨ ᠵᠡᠬᠦᠨ ᠬᠤᠰᠢᠭᠤᠨ ᠤ ᠰᠢᠩ ᠮᠦ ᠲᠠᠷᠢᠶᠠᠯᠠᠩ ᠳᠤ ᠲᠤᠰᠠᠯᠠᠬᠤ ᠡᠰᠢ ᠰᠦᠷᠡᠯ ᠢ ᠡᠳᠡᠰᠢᠬᠦᠯᠬᠦ ᠢᠨᠵᠧᠨᠧᠷᠢᠩ ᠤᠨ ᠨᠡᠭᠡᠮᠯᠢᠩ︾  ᠪᠠᠶᠢᠭᠤᠯᠵᠤ᠂ 2014  ᠣᠨ ᠤ12  ᠰᠠᠷ᠎ᠠ ᠳᠤ  ︽ᠠᠮᠢᠳᠤ ᠪᠤᠳᠠᠰ ᠤᠨ ᠪᠤᠷᠳᠤᠭ᠎ᠠ ᠶᠢ ᠨᠡᠭᠡᠭᠡᠨ ᠬᠦᠭᠵᠢᠬᠦᠯᠬᠦ ᠤᠯᠤᠰ ᠤᠨ ᠢᠨᠵᠧᠨᠧᠷᠢᠩ ᠤᠨ ᠰᠤᠳᠤᠯᠭᠠᠨ ᠤ ᠲᠦᠪ  ︾  ᠠᠴᠠ ︽ᠠᠮᠢᠳᠤ ᠪᠤᠳᠠᠰ ᠢᠶᠠᠷ ᠢᠰᠭᠡᠭᠰᠡᠨ ᠲᠡᠵᠢᠭᠡᠯ ᠪᠤᠷᠳᠤᠭ᠎ᠠ ᠶᠢᠨ ᠦᠢᠯᠡᠳᠪᠤᠷᠢᠯᠡᠯ ᠤᠨ ᠲᠤᠰᠬᠠᠢ ᠠᠰᠢᠭ ᠤᠨ ᠮᠡᠷᠭᠡᠵᠢᠯ︾  ᠢ ᠤᠷᠤᠭᠤᠯᠤᠨ ᠪᠦᠷᠢᠨ ᠲᠡᠵᠢᠭᠡᠯ ᠤᠨ  ᠮᠦᠬᠦᠯᠢᠭᠳᠦ ᠪᠤᠷᠳᠤᠭ᠎ᠠ ᠦᠢᠯᠡᠳᠪᠤᠷᠢᠯᠠᠵᠤ ᠪᠤᠢ᠃ ᠺᠣᠮᠫᠠᠨᠢ ᠠᠴᠠ ᠲᠣᠮᠢᠯᠠᠬᠰᠡᠨ ᠮᠡᠷᠭᠡᠵᠢᠯ ᠤᠨ ᠠᠵᠢᠯᠳᠠᠨ᠂  ᠲᠡᠵᠢᠭᠡᠨ ᠦᠷᠡᠵᠢᠬᠦᠯᠬᠦ ᠡᠷᠤᠬᠡ ᠳᠤ ᠮᠡᠷᠭᠡᠵᠢᠯ ᠤᠨ ᠵᠢᠯᠤᠭᠤᠳᠤᠯᠭ᠎ᠠ ᠬᠢᠬᠦ ᠪᠠ ᠪᠦᠳᠤᠭᠡᠭᠳᠡᠬᠦᠨ ᠢᠶᠠᠨ ᠪᠤᠷᠤᠯᠠᠭᠤᠯᠪᠠ᠃ ᠣᠳᠣᠬᠠᠨ ᠳᠤ ᠬᠡᠰᠢᠬᠦᠨ ᠨᠢᠭᠡᠴᠢ 10  ᠂   ᠭᠡᠰᠢᠬᠦᠨ ᠨᠢ 54  ᠬᠦᠮᠤᠨ ᠪᠤᠯᠵᠤ ᠬᠦᠭᠵᠢᠵᠡᠢ᠃ 2014  ᠣᠨ ᠪᠤᠯᠪᠠᠰᠤᠷᠠᠭᠤᠯᠤᠨ ᠡᠳᠡᠰᠢᠬᠦᠯᠤᠭ᠍ᠰᠡᠨ ᠡᠷᠳᠡᠨᠢ ᠰᠢᠰᠢ ᠶᠢᠨ ᠡᠰᠢ ᠰᠦᠷᠡᠯ 2.5  ᠳ᠋ᠦᠩᠰᠢᠭᠤᠷ  ᠺᠢᠯᠣᠭ᠍ᠷᠠᠮ ᠪᠠᠶᠢᠵᠤ᠂  ᠰᠢᠨ᠎ᠡ ᠪᠠᠷ ᠰᠢᠨᠵᠢᠯᠡᠭᠡ ᠮᠡᠷᠭᠡᠵᠢᠯ ᠤᠨ ᠵᠢᠱᠢᠶ᠎ᠠ ᠦᠵᠡᠬᠦᠯᠬᠦ ᠡᠷᠤᠬᠡ 100  ᠡᠷᠤᠬᠡ ᠪᠤᠯᠭᠠᠵᠤ᠂ ᠮᠠᠯᠴᠢᠨ ᠲᠠᠷᠢᠶᠠᠴᠢᠨ ᠡᠷᠤᠬᠡ ᠳᠤ 2000 ᠢᠯᠡᠬᠦᠤ ᠲᠦᠮᠡᠨ ᠲᠦᠬᠦᠷᠢᠭ ᠤᠨ ᠰᠢᠭᠤᠳ ᠠᠵᠤ ᠠᠬᠤᠢ ᠶᠢᠨ ᠦᠷ᠎ᠠ ᠠᠰᠢᠭ ᠣᠯᠭᠤᠬᠰᠡᠨ ᠪᠠᠶᠢᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号