ᠬᠦᠢᠯᠭᠡᠭᠡᠨ ᠤ ᠦᠢᠯᠡᠴᠢᠯᠡᠭᠡᠨ ᠤ ᠲᠠᠪᠴᠠᠩ  ᠪᠠᠶᠢᠭᠤᠯᠵᠤ᠂ ᠨᠡᠷᠡᠳᠤ ᠲᠡᠮᠳᠡᠭᠳᠦ ᠶᠢ ᠡᠵᠡᠩᠨᠡᠨ ᠪᠤᠷᠤᠯᠠᠭᠤᠯᠬᠤ᠂ ᠲᠡᠯᠭᠡᠨ ᠪᠤᠷᠤᠯᠠᠭᠤᠯᠬᠤ ᠪᠠ ᠡᠯᠧᠺᠲᠷᠤᠨ ᠬᠤᠳᠠᠯᠳᠤᠭᠠᠨ ᠤ ᠶᠠᠪᠤᠳᠠᠯ ᠵᠡᠷᠬᠡ ᠤᠯᠠᠨ ᠠᠷᠭ᠎ᠠ ᠵᠠᠮ ᠢᠶᠠᠷ ᠦᠢᠯᠡᠴᠢᠯᠡᠭᠡᠨ ᠤ ᠲᠤᠬᠳᠠᠯᠴᠠᠭ᠎ᠠ ᠶᠢ ᠨᠡᠪᠳᠠᠷᠡᠬᠦᠯᠵᠤ ᠪᠤᠢ
ᠨᠡᠶᠢᠲᠡᠯᠡᠭᠰᠡᠨ ᠴᠠᠭ᠄
2015/10/8
          ᠬᠦᠢᠯᠭᠡᠭᠡᠨ ᠤ ᠦᠢᠯᠡᠴᠢᠯᠡᠭᠡᠨ ᠤ ᠲᠠᠪᠴᠠᠩ  ᠪᠠᠶᠢᠭᠤᠯᠵᠤ᠂ ᠨᠡᠷᠡᠳᠤ ᠲᠡᠮᠳᠡᠭᠳᠦ ᠶᠢ ᠡᠵᠡᠩᠨᠡᠨ ᠪᠤᠷᠤᠯᠠᠭᠤᠯᠬᠤ᠂ ᠲᠡᠯᠭᠡᠨ ᠪᠤᠷᠤᠯᠠᠭᠤᠯᠬᠤ ᠪᠠ ᠡᠯᠧᠺᠲᠷᠤᠨ ᠬᠤᠳᠠᠯᠳᠤᠭᠠᠨ ᠤ ᠶᠠᠪᠤᠳᠠᠯ ᠵᠡᠷᠬᠡ ᠤᠯᠠᠨ ᠠᠷᠭ᠎ᠠ ᠵᠠᠮ ᠢᠶᠠᠷ ᠦᠢᠯᠡᠴᠢᠯᠡᠭᠡᠨ ᠤ ᠲᠤᠬᠳᠠᠯᠴᠠᠭ᠎ᠠ ᠶᠢ ᠨᠡᠪᠳᠠᠷᠡᠬᠦᠯᠵᠤ ᠪᠤᠢ᠃  ᠬᠦᠢᠯᠭᠡᠭᠡᠨ ᠰᠢᠭᠤᠳ ᠰᠢᠯᠤᠭᠤᠨ ᠪᠤᠰᠤ ᠪᠠᠶᠢᠬᠤ ᠪᠤᠯ ᠣᠳᠣ ᠦᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢ ᠬᠢᠵᠠᠭᠠᠷᠯᠠᠵᠤ ᠪᠠᠶᠢᠭ᠎ᠠ  ᠪᠤᠭᠤᠮᠢ ᠪᠤᠯᠤᠨ᠎ᠠ᠂ ᠡᠨᠡ ᠬᠦ᠋ ᠠᠰᠠᠭᠤᠳᠠᠯ ᠳᠤ  ᠴᠢᠭᠯᠡᠬᠦᠯᠤᠨ᠂  ᠨᠢᠭᠡ ᠳᠤ᠂  ᠲᠠᠷᠢᠶᠠᠯᠠᠩ ᠤᠨ  ᠪᠦᠳᠣᠭᠡᠭᠳᠡᠬᠦᠨ ᠤ ᠨᠡᠷᠡᠳᠤ ᠲᠠᠮᠳᠡᠭ ᠤᠨ ᠪᠦᠳᠤᠬᠡᠨ  ᠪᠠᠶᠢᠭᠤᠯᠤᠯᠳᠠ ᠶᠢ ᠴᠢᠩᠭᠠᠳᠬᠠᠵᠤ᠂ᠤᠯᠤᠰ ᠤᠨ ᠦᠢᠯᠡᠳᠪᠤᠷᠢ ᠬᠤᠳᠠᠯᠳᠤᠭᠠᠨ ᠤ ᠶᠡᠷᠤᠩᠬᠡᠢ ᠲᠤᠪᠴᠢᠶ᠎ᠠ ᠭᠤᠶᠤᠴᠢᠯᠠᠨ ᠲᠠᠩᠰᠠᠯᠠᠭᠤᠯᠵᠤ᠂ ᠪᠠᠭᠠᠷᠢᠨ ᠵᠡᠬᠦᠨ ᠬᠤᠰᠢᠭᠤᠨ ᠤ ᠱᠦᠬᠦᠷ ᠡᠪᠡᠰᠤ᠂  ᠱᠦᠬᠦᠷ ᠵᠢᠴᠢ᠂ ᠤᠷᠭᠠᠨᠢᠭ ᠨᠠᠷᠢᠮᠤ ᠠᠮᠤ ᠵᠡᠷᠬᠡ ᠭᠤᠷᠪᠡᠨ ᠤᠷᠤᠨ ᠨᠤᠳᠤᠭ ᠤᠨ ᠪᠡᠯᠭᠡ ᠲᠡᠮᠳᠡᠭᠳᠦ  ᠪᠦᠳᠤᠬᠡᠭᠳᠡᠬᠦᠨ ᠢ ᠲᠠᠷᠢᠶᠠᠯᠠᠩ ᠤᠨ ᠶᠠᠮᠤᠨ ᠳᠤ᠂ ᠲᠠᠷᠢᠶᠠᠯᠠᠩ ᠤᠨ ᠪᠦᠳᠤᠭᠡᠭᠳᠡᠬᠦᠨ ᠤ ᠤᠷᠤᠨ ᠨᠣᠳᠤᠭ ᠤᠨ ᠪᠡᠯᠭᠡ ᠲᠡᠮᠳᠡᠭᠳᠦ ᠪᠦᠳᠤᠭᠡᠭᠳᠡᠬᠦᠨ ᠪᠠᠷ ᠭᠤᠶᠤᠴᠢᠯᠡᠪᠠ  ᠃ ᠣᠳᠣ ᠪᠦᠬᠦ ᠬᠤᠰᠢᠭᠤᠨ ᠤ ᠨᠢᠭᠡᠨᠳᠠ ᠲᠠᠩᠰᠠᠯᠠᠭᠤᠯᠬᠰᠡᠨ ᠲᠠᠸᠠᠷ ᠤᠨ ᠲᠡᠮᠳᠡᠭᠳᠦ 395  ᠪᠠᠶᠢᠵᠤ᠂  ᠡᠬᠦᠨ ᠳᠤ ᠲᠡᠯᠡᠬᠡᠢ ᠶᠢᠨ  ᠨᠡᠷᠡᠳᠤ ᠲᠠᠸᠠᠷ ᠤᠨ ᠲᠠᠮᠳᠡᠭ 1  ᠂  ᠣᠯᠣᠰ ᠣᠷᠣᠨ ᠤ ᠨᠠᠷᠡᠳᠤ ᠲᠠᠸᠠᠷ ᠤᠨ 2  ᠂  ᠬᠤᠳᠠ ᠶᠢᠨ ᠨᠠᠷᠡᠳᠤ ᠲᠠᠸᠠᠷ ᠤᠨ ᠲᠠᠮᠳᠡᠭ 6  ᠂  ᠲᠠᠩᠰᠠᠯᠠᠭᠤᠯᠬᠰᠡᠨ ᠤᠷᠤᠨ ᠨᠣᠳᠤᠭ ᠤᠨ ᠪᠡᠯᠭᠡ ᠲᠠᠮᠳᠡᠭᠳᠦ ᠪᠦᠳᠤᠬᠡᠭᠳᠡᠬᠦᠨ 3  ᠂ ᠲᠠᠷᠢᠶᠠᠯᠠᠩ ᠤᠨ ᠪᠦᠳᠤᠭᠡᠭᠳᠡᠬᠦᠨ ᠤ ᠤᠷᠤᠨ ᠨᠤᠳᠤᠭ ᠤᠨ ᠪᠡᠯᠭᠡ ᠲᠠᠮᠳᠡᠭ ᠨᠢ 1  ᠪᠠᠶᠢᠨ᠎ᠠ᠃  ᠬᠤᠶᠠᠷ   ᠲᠤ᠂  960  ᠲᠡᠭᠰᠢ ᠲᠦᠷᠪᠡᠯᠵᠢᠨ ᠮᠧᠲᠷ ᠤᠨ ᠲᠠᠷᠢᠶᠠᠯᠠᠩ ᠤᠨ ᠪᠦᠳᠤᠭᠡᠭᠳᠡᠬᠦᠨ ᠢ ᠲᠦᠪᠯᠡᠷᠡᠬᠦᠯᠤᠨ ᠲᠡᠯᠭᠡᠨ ᠦᠵᠡᠬᠦᠯᠵᠤ᠂ ᠬᠤᠰᠢᠭᠤᠨ ᠤ ᠲᠤᠳᠤᠭᠠᠳᠤ ᠭᠠᠳᠠᠨᠠᠬᠢ ᠬᠤᠳᠠᠯᠳᠤᠭᠠᠴᠢᠳ ᠲᠤ  ︽ ᠨᠢᠭᠡ ᠯᠡ  ᠦᠷᠳᠡᠬᠡᠨ︾  ᠤ  ᠬᠡᠯᠪᠡᠷᠢᠳᠤ ᠦᠢᠯᠡᠴᠢᠯᠡᠭᠡ  ᠬᠠᠩᠭᠠᠵᠤ ᠦᠭᠬᠦᠭᠰᠡᠨ ᠶᠤᠮ᠃  ᠭᠤᠷᠪᠠ ᠳᠤ᠂  ᠡᠯᠧᠺᠲᠷᠤᠨ ᠬᠤᠳᠠᠯᠳᠤᠭᠠᠨ ᠤ ᠵᠠᠬ᠎ᠠ ᠲᠡᠯᠭᠡᠬᠦᠷ ᠢ ᠢᠳᠡᠪᠬᠢᠳᠠᠢ ᠦᠷᠭᠡᠳᠬᠡᠵᠤ᠂ ᠡᠯᠧᠺᠲᠷᠤᠨ ᠬᠤᠳᠠᠯᠳᠤᠭ᠎ᠠ  ᠂  ᠰᠦᠯᠵᠢᠶ᠎ᠡ ᠪᠠᠷ ᠰᠢᠭᠤᠳ  ᠨᠡᠪᠳᠠᠷᠡᠬᠦ 15  ᠲᠣᠤ ᠪᠤᠣ ᠲᠡᠯᠭᠡᠬᠦᠷ ᠨᠡᠬᠡᠬᠡᠵᠤ᠂ ᠲᠢᠶᠠᠨ ᠮᠤᠤ ᠲᠡᠯᠭᠡᠬᠦᠷ  ᠬᠤᠳᠠᠯᠳᠤᠭᠠᠨ ᠤ ᠲᠠᠯᠠᠪᠠᠢ ᠳᠤ ︽ ᠬᠢᠳᠠᠨ ᠤ  ᠬᠤᠰᠢᠭᠤᠴᠢ ᠲᠡᠯᠭᠡᠬᠦᠷ︾  ᠪᠠ ︽ᠱᠠᠩ  ᠶᠡᠨ ᠬᠤᠰᠢᠭᠤᠴᠢ ᠲᠡᠯᠭᠡᠬᠦᠷ  ︾  ᠨᠡᠭᠡᠭᠡᠵᠤ᠂  ︽ᠰᠦᠯᠵᠢᠶᠠᠨ ᠲᠡᠭᠡᠷ᠎ᠠ ᠤᠬᠠᠭᠤᠯᠵᠤ᠂ ᠰᠦᠯᠵᠢᠶᠡᠨ ᠤ ᠭᠠᠳᠠᠨ᠎ᠠ ᠪᠤᠷᠤᠯᠠᠭᠤᠯᠬᠤ︾ ᠰᠢᠨ᠎ᠡ ᠵᠠᠮ ᠢ ᠨᠡᠭᠡᠭᠡᠭᠰᠡᠨ ᠪᠠᠶᠢᠨ᠎ᠠ᠃  ᠲᠦᠷᠪᠠ ᠳᠤ᠂ ᠲᠠᠷᠢᠶᠠᠯᠠᠩ ᠤᠨ ᠴᠢᠯᠤᠭᠡᠳᠤ ᠲᠠᠯᠭᠡᠬᠦᠷ ᠢ ᠬᠤᠷᠰᠢᠯᠴᠠᠭ᠎ᠠ ᠶᠢ ᠠᠬᠢᠭᠤᠯᠤᠭᠰᠠᠨ  ᠤ ᠲᠠᠷᠠᠭ᠎ᠠ᠂ ᠪᠦᠬᠡᠮ ᠢᠶᠠᠨ ᠬᠤᠳᠠᠯᠳᠤᠬᠤ ᠭᠤᠬᠴᠤᠭ᠎ᠠ ᠶᠢ ᠪᠠᠭᠠᠰᠬᠠᠵᠤ᠂ ᠲᠠᠷᠢᠶᠠᠴᠢᠳ ᠦᠩᠭᠡᠷᠡᠭᠰᠡ ᠶᠢᠨ ᠬᠢ ᠠᠴᠠ  ᠲᠤᠮᠳᠠᠴᠢ ᠪᠠᠷ ᠨᠢᠭᠡ ᠵᠢᠩ ᠨᠤᠭᠤᠭ᠎ᠠ ᠶᠢ ᠢᠯᠡᠬᠦᠤ 10  ᠮᠦᠩᠬᠦ ᠬᠤᠳᠠᠯᠳᠤᠵᠤ᠂ ᠬᠤᠳᠠ ᠶᠢᠨ ᠠᠷᠠᠳ ᠤᠨ ᠨᠤᠭᠤᠭ᠎ᠠ ᠬᠤᠳᠠᠯᠳᠤᠨ ᠠᠪᠬᠤ ᠳᠤ ᠦᠩᠭᠡᠷᠡᠭᠰᠡ ᠶᠢᠨ ᠬᠢ ᠠᠴᠠ ᠪᠠᠭ᠎ᠠ 50  ᠮᠦᠩᠬᠦ ᠭᠡᠷᠡᠭᠯᠡᠬᠦ ᠪᠤᠯᠵᠡᠢ᠃ ᠬᠤᠶᠠᠷ ᠲᠠᠯ᠎ᠠ ᠪᠠᠷ ᠴᠦᠮ ᠠᠰᠢᠭ ᠪᠦᠳᠤᠮᠵᠢ ᠤᠯᠵᠡᠢ᠃  ᠲᠠᠪᠤ ᠳᠤ᠂  ᠠᠮᠢᠳᠠᠨ ᠤ ᠬᠢᠵᠢᠭ ᠢ ᠰᠡᠷᠭᠡᠶᠢᠯᠡᠬᠦ᠂ ᠡᠬᠦᠯᠳᠠᠷ ᠰᠠᠶᠢᠵᠢᠷᠠᠭᠤᠯᠬᠤ  ᠪᠠ ᠬᠢᠵᠢᠭ ᠪᠠᠶᠢᠴᠠᠭᠠᠬᠤ ᠵᠠᠷᠬᠡ ᠨᠡᠶᠢᠳᠠ ᠶᠢᠨ ᠠᠰᠠᠷᠠᠮᠵᠢ ᠶᠢᠨ ᠴᠢᠨᠠᠷᠳᠠᠢ ᠦᠢᠯᠡᠴᠢᠯᠡᠭᠡ ᠶᠢ ᠲᠤᠬᠳᠠᠯᠴᠠᠭᠠᠨ ᠤ ᠪᠦᠳᠤᠬᠡᠨ ᠪᠠᠶᠢᠭᠤᠯᠤᠯᠳᠠ ᠤᠷᠤᠭᠤᠯᠵᠤ ᠬᠢᠵᠢᠭ ᠰᠡᠷᠭᠡᠶᠢᠯᠡᠭᠴᠢ 239  ᠬᠦᠮᠤᠨ ᠤᠷᠢᠨ ᠬᠡᠷᠡᠭᠯᠡᠵᠦ᠂ ᠬᠦᠮᠤᠨ ᠪᠦᠷᠢ ᠳᠤ 9000  ᠲᠦᠬᠦᠷᠢᠭ ᠤᠨ ᠠᠮᠢᠳᠤᠷᠠᠯ ᠤᠨ ᠨᠦᠬᠦᠪᠤᠷᠢ  ᠤᠯᠭᠤᠵᠤ ᠲᠡᠭᠡᠷ᠎ᠠ ᠨᠢ ᠦᠷ᠎ᠠ ᠠᠰᠢᠭ ᠤᠨ ᠴᠠᠯᠢᠩ  ᠤᠯᠭᠤᠨ᠂  ᠡᠬᠦᠨ ᠤ ᠤᠯᠠᠮ ᠠᠴᠠ ᠠᠵᠢᠯ ᠤᠨ ᠢᠳᠡᠪᠬᠢᠵᠢᠯ ᠢ ᠲᠠᠶᠢᠴᠢᠯᠠᠪᠠ᠃  ᠦᠩᠭᠡᠷᠡᠭᠰᠡ ᠳᠤ ᠦᠬᠦᠮᠡᠯ ᠴᠠᠯᠢᠩ ᠤᠯᠵᠤ᠂ ᠤᠯᠠᠨ ᠲᠦᠮᠡᠨ ᠢᠷᠠᠵᠤ ᠵᠠᠯᠠᠪᠠᠯ ᠰᠠᠶ᠋ᠢ ᠤᠴᠢᠵᠤ ᠬᠢᠵᠢᠭ ᠰᠡᠷᠬᠡᠶᠢᠯᠡᠬᠦ ᠠᠵᠢᠯ ᠬᠢᠳᠡᠭ  ᠪᠤᠯᠵᠡᠢ᠃ ᠢᠩᠬᠢᠵᠤ ᠪᠦᠬᠦ ᠤᠷᠤᠨ  ᠳᠤ  ᠲᠦᠷᠤᠬᠦᠯᠡᠨ ᠠᠮᠢᠳᠠᠨ ᠤ ᠬᠢᠵᠢᠭ ᠰᠡᠷᠬᠡᠶᠢᠯᠡᠬᠦ᠂ ᠵᠠᠰᠠᠬᠤ᠂ ᠬᠢᠵᠢᠭ ᠪᠠᠶᠢᠴᠠᠭᠠᠬᠤ᠂ ᠨᠠᠶᠢᠭᠡᠮᠴᠢᠯᠡᠭᠰᠡᠨ ᠦᠢᠯᠡᠴᠢᠯᠡᠭᠡ ᠶᠢ ᠪᠦᠷᠬᠦᠬᠦᠯᠤᠭ᠍ᠰᠡᠨ ᠪᠠᠶᠢᠨ᠎ᠠ᠃  ᠪᠦᠬᠦ ᠬᠤᠰᠢᠭᠤᠨ ᠤ ᠭᠡᠪᠴᠢᠶᠡᠨ ᠳᠤ ᠮᠠᠯ ᠵᠢᠬᠦᠷᠳᠡᠨ ᠤ ᠬᠢᠵᠢᠭ ᠦᠬᠡᠢ᠂  ᠡᠬᠦᠯᠳᠠᠷ ᠰᠠᠶᠢᠵᠢᠷᠠᠭᠤᠯᠵᠤ ᠪᠠ ᠦᠢᠯᠡᠳᠬᠦᠨ ᠠᠮᠤᠷ ᠲᠦᠪᠰᠢᠨ᠂ ᠲᠠᠸᠠᠷ ᠤᠨ ᠪᠤᠷᠤᠯᠠᠭᠤᠯᠭ᠎ᠠ ᠨᠡᠩ ᠰᠠᠶᠢᠨ ᠪᠤᠯᠤᠬᠰᠡᠨ ᠪᠠᠶᠢᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号