ᠲᠦᠷ ᠴᠠᠭ ᠤᠨ ᠵᠢᠯᠣᠭᠤᠴᠢ ᠶᠢᠨ ᠦᠨᠡᠮᠯᠡᠯ ᠭᠤᠶᠤᠴᠢᠯᠠᠨ ᠠᠪᠬᠤ
ᠨᠡᠶᠢᠲᠡᠯᠡᠭᠰᠡᠨ ᠴᠠᠭ᠄
2015/11/11
        ︽ᠬᠢᠯᠢ ᠪᠠᠷ ᠲᠦᠷ ᠣᠷᠣᠬᠤ ᠮᠠᠰᠢᠨᠲᠦ ᠲᠡᠷᠭᠡ ᠪᠠ ᠵᠢᠯᠣᠭᠤᠴᠢ ᠶᠢᠨ ᠬᠠᠮᠢᠶᠠᠷᠤᠯᠲᠠ ᠶᠢᠨ ᠲᠣᠭᠲᠠᠭᠠᠯ︾  ︵ ᠲᠣᠳᠤᠭᠠᠳᠤ ᠶᠢ ᠬᠠᠮᠠᠭᠠᠯᠠᠬᠤ ᠶᠠᠮᠤᠨ ᠤ 90 ᠳ᠋ᠤᠭᠡᠷ ᠲᠣᠭᠠᠲᠤ ᠵᠠᠷᠯᠢᠭ︶ ᠤᠨ ᠬᠤᠶᠠᠳᠤᠭᠠᠷ ᠵᠦᠢᠯ ᠢ  ᠦᠨᠳᠦᠰᠦᠯᠡᠪᠡᠯ ᠲᠤᠰ ᠲᠣᠭᠲᠠᠭᠠᠯ ᠨᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠳᠤ ᠲᠦᠷ  ᠴᠠᠭ ᠣᠷᠣᠵᠤ ᠭᠤᠷᠪᠠᠨ ᠰᠠᠷ᠎ᠠ ᠶᠢ ᠳᠠᠪᠠᠭ᠋ᠤ ᠦᠭᠡᠢ ᠮᠠᠰᠢᠨᠲᠦ ᠲᠡᠷᠭᠡ ᠪᠠ ᠮᠠᠰᠢᠨᠲᠦ ᠲᠡᠷᠭᠡᠨ ᠤ ᠵᠢᠯᠣᠭᠤᠴᠢ ᠳᠤ  ᠲᠣᠬᠢᠷᠠᠨ᠎ᠠ᠄               ︵ᠨᠢᠭᠡ︶ ᠤᠯᠤᠰ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠦᠭᠰᠡᠨ ᠪᠦᠭᠡᠳ  ᠬᠢᠯᠢ ᠪᠠᠷ ᠲᠦᠷ ᠣᠷᠣᠵᠤ ᠵᠣᠬᠢᠶᠠᠨ ᠪᠠᠶᠢᠭᠤᠯᠤᠯᠲᠠ ᠲᠠᠢ ᠵᠢᠭᠤᠯᠴᠢᠯᠠᠯ᠂ ᠤᠷᠤᠯᠳᠤᠭᠠᠨ ᠵᠢᠴᠢ ᠪᠤᠰᠤᠳ  ᠬᠠᠷᠢᠯᠴᠠᠭᠠᠨ ᠤ ᠠᠵᠢᠯᠯᠠᠭ᠎ᠠ ᠳᠤ ᠣᠷᠣᠯᠴᠠᠬᠤ ᠭᠠᠳᠠᠭᠠᠳᠤ ᠶᠢᠨ ᠮᠠᠰᠢᠨᠲᠦ ᠲᠡᠷᠭᠡ ᠪᠠ ᠮᠠᠰᠢᠨᠲᠦ ᠲᠡᠷᠭᠡᠨ ᠤ  ᠵᠢᠯᠣᠭᠤᠴᠢ︔               ︵ᠬᠤᠶᠠᠷ︶ ᠬᠢᠯᠢ ᠪᠠᠷ ᠲᠦᠷ ᠣᠷᠣᠭᠰᠠᠨ ᠤ ᠳᠠᠷᠠᠭ᠎ᠠ ᠵᠥᠪᠬᠡᠨ ᠬᠢᠯᠢ ᠶᠢᠨ ᠣᠷᠣᠨ ᠤ ᠵᠣᠬᠢᠬᠤ ᠬᠡᠪᠴᠢᠶᠡᠨ  ᠳᠤᠲᠤᠷ᠎ᠠ ᠶᠠᠪᠤᠭᠤᠯᠬᠤ ᠭᠠᠳᠠᠭᠠᠳᠤ ᠶᠢᠨ ᠮᠠᠰᠢᠨᠲᠦ ᠲᠡᠷᠭᠡ ᠪᠠ ᠮᠠᠰᠢᠨᠲᠦ ᠲᠡᠷᠭᠡᠨ ᠤ ᠵᠢᠯᠣᠭᠤᠴᠢ︔               ︵ᠭᠤᠷᠪᠠ︶ ᠬᠢᠯᠢ ᠪᠠᠷ ᠲᠦᠷ ᠣᠷᠣᠭᠰᠠᠨ ᠤ ᠳᠠᠷᠠᠭ᠎ᠠ ᠳᠤᠮᠳᠠᠳᠤ ᠤᠯᠤᠰ ᠤᠨ ᠮᠠᠰᠢᠨᠲᠦ ᠲᠡᠷᠭᠡ ᠶᠢ  ᠲᠦᠷᠢᠶᠡᠰᠦᠯᠡᠨ ᠵᠢᠯᠣᠭᠤᠳᠬᠤ ᠴᠢᠬᠤᠯᠠᠲᠠᠢ ᠭᠠᠳᠠᠭᠠᠳᠤ ᠶᠢᠨ ᠮᠠᠰᠢᠨᠲᠦ ᠲᠡᠷᠭᠡᠨ ᠤ ᠵᠢᠯᠣᠭᠤᠴᠢ︔ ᠳᠤᠮᠳᠠᠳᠤ ᠤᠯᠤᠰ ᠯᠤᠭ᠎ᠠ ᠬᠤᠶᠠᠷ ᠲᠠᠯ᠎ᠠ ᠪᠠᠷ ᠢᠶᠠᠨ ᠪᠤᠶᠤ ᠣᠯᠠᠨ ᠲᠠᠯ᠎ᠠ ᠶᠢᠨ ᠬᠢᠯᠢ ᠦᠩᠭᠡᠷᠡᠨ ᠲᠡᠭᠡᠭᠡᠪᠥᠷᠢ ᠬᠢᠬᠦ   ᠵᠦᠪᠳᠡᠯᠴᠡᠭᠡᠷ ᠲᠣᠭᠲᠠᠭᠰᠠᠨ ᠪᠠᠶᠢᠪᠠᠯ᠂ ᠵᠦᠪᠳᠡᠯᠴᠡᠭᠡᠷ ᠤᠨ ᠶᠤᠰᠤᠭᠠᠷ ᠭᠦᠢᠴᠡᠳᠬᠡᠨ᠎ᠡ᠃ ᠤᠯᠤᠰ ᠪᠤᠶᠤ ᠵᠠᠰᠠᠭ ᠤᠨ  ᠣᠷᠳᠣᠨ ᠤ ᠬᠤᠭᠤᠷᠤᠨᠳᠤ ᠮᠠᠰᠢᠨᠲᠦ ᠲᠡᠷᠭᠡᠨ ᠤ ᠫᠠᠶᠢᠰᠠ ᠪᠠ ᠵᠢᠯᠣᠭᠤᠴᠢ ᠶᠢᠨ ᠦᠨᠡᠮᠯᠡᠯ ᠢ ᠬᠠᠷᠢᠯᠴᠠᠨ  ᠵᠥᠪᠰᠢᠶᠡᠷᠡᠬᠦ ᠵᠦᠪᠯᠡᠯᠴᠡᠭᠡᠷ ᠲᠠᠢ ᠪᠣᠯ ᠵᠦᠪᠯᠡᠯᠴᠡᠭᠡᠷ ᠤᠨ ᠶᠣᠰᠤᠭᠠᠷ ᠭᠦᠢᠴᠡᠳᠬᠡᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号