ᠪᠦᠷᠢᠳᠭᠡᠯ ᠤᠨ ᠦᠨᠡᠮᠯᠡᠯ ᠢ ᠨᠥᠬᠦᠵᠦ ᠠᠪᠬᠤ᠂ ᠭᠤᠶᠤᠴᠢᠯᠠᠨ ᠠᠪᠬᠤ ᠶᠢ ᠭᠦᠢᠴᠡᠳᠬᠡᠬᠦ ᠲᠤᠬᠠᠶᠢᠯᠠᠭᠰᠠᠨ ᠠᠵᠢᠯ ᠤᠨ ᠴᠤᠪᠤᠷᠠᠯ ᠪᠠ ᠪᠣᠲᠠᠲᠠᠢ ᠶᠠᠪᠤᠳᠠᠯ
ᠨᠡᠶᠢᠲᠡᠯᠡᠭᠰᠡᠨ ᠴᠠᠭ᠄
2015/11/11
        ᠪᠦᠷᠢᠳᠭᠡᠯ ᠤᠨ ᠦᠨᠡᠮᠯᠡᠯ ᠢ ᠨᠥᠬᠦᠵᠦ ᠠᠪᠬᠤ᠂ ᠭᠤᠶᠤᠴᠢᠯᠠᠨ ᠠᠪᠬᠤ ᠶᠢ ᠭᠦᠢᠴᠡᠳᠬᠡᠬᠦ ᠲᠤᠬᠠᠶᠢᠯᠠᠭᠰᠠᠨ  ᠠᠵᠢᠯ ᠤᠨ ᠴᠤᠪᠤᠷᠠᠯ ᠪᠠ ᠪᠣᠲᠠᠲᠠᠢ ᠶᠠᠪᠤᠳᠠᠯ ᠭᠡᠪᠠᠯ᠄               ︵ᠨᠢᠭᠡ︶ ᠪᠠᠶᠢᠴᠠᠭᠠᠨ ᠰᠢᠯᠭᠠᠬᠤ ᠠᠵᠢᠯ ᠤᠨ ᠪᠠᠶᠢᠷᠢ ᠶᠢᠨ ᠬᠢᠨ ᠮᠠᠰᠢᠨ ᠲᠡᠷᠭᠡ ᠶᠢ ᠪᠠᠶᠢᠴᠠᠭᠠᠨ ᠰᠢᠯᠭᠠᠨ᠎ᠠ᠃   ᠪᠦᠷᠢᠳᠭᠡᠯ ᠤᠨ ᠦᠨᠡᠮᠯᠡᠯ ᠢ ᠭᠤᠶᠤᠴᠢᠯᠠᠨ ᠠᠪᠬᠤ ᠳᠤ ᠬᠠᠷᠢᠶᠠᠯᠠᠭᠳᠠᠪᠠᠯ᠂ ᠲᠡᠷᠭᠡᠨ ᠤ ᠢᠯᠭᠠᠬᠤ ᠨᠣᠮᠧᠷ ᠢ  ᠳᠠᠷᠤᠵᠤ ᠬᠡᠪᠯᠡᠭᠰᠡᠨ ᠪᠥᠷᠬᠦᠪᠴᠢ ᠶᠢ ᠪᠠᠰᠠ ᠬᠠᠷᠭᠤᠭᠤᠯᠤᠨ᠎ᠠ᠃ ᠲᠣᠭᠲᠠᠭᠠᠯ ᠳᠤ ᠨᠡᠶᠢᠴᠡᠭᠰᠡᠨ ᠪᠤᠯ᠂ ᠮᠠᠰᠢᠨ  ᠲᠡᠷᠭᠡ ᠶᠢ ᠪᠠᠶᠢᠴᠠᠭᠠᠨ ᠰᠢᠯᠭᠠᠭᠰᠠᠨ ᠲᠡᠮᠳᠡᠭᠯᠡᠯ ᠤᠨ ᠬᠥᠰᠥᠨᠥᠭᠲᠦ ᠳᠡᠭᠡᠷ᠎ᠡ ᠭᠠᠷ ᠤᠨ ᠦᠰᠦᠭ ᠵᠢᠷᠤᠬᠤ ᠶᠢᠨ ᠬᠠᠮᠲᠤ  ᠳᠣᠲᠣᠭᠠᠳᠤ ᠳᠠᠮᠵᠢᠭᠤᠯᠭ᠎ᠠ ᠪᠠᠷ ᠪᠦᠷᠢᠳᠭᠡᠯ ᠢ ᠬᠢᠨᠠᠨ ᠬᠠᠷᠭᠤᠭᠤᠯᠬᠤ ᠠᠵᠢᠯ ᠤᠨ ᠪᠠᠶᠢᠷᠢ  ᠳᠤ ᠳᠠᠮᠵᠢᠭᠤᠯᠤᠨ᠎ᠠ᠃               ︵ᠬᠤᠶᠠᠷ︶ ᠪᠦᠷᠢᠳᠭᠡᠯ ᠢ ᠬᠢᠨᠠᠨ ᠬᠠᠷᠭᠤᠭᠤᠯᠬᠤ ᠠᠵᠢᠯ ᠤᠨ ᠪᠠᠶᠢᠷᠢ ᠶᠢᠨ ᠬᠢᠨ ︽ᠮᠠᠰᠢᠨ ᠲᠡᠷᠭᠡ ᠶᠢᠨ  ᠫᠠᠶᠢᠰᠠ ᠦᠨᠡᠮᠯᠡᠯ ᠤᠨ ᠭᠤᠶᠤᠴᠢᠯᠠᠯ ᠤᠨ ᠬᠥᠰᠥᠨᠥᠭᠲᠦ︾᠂ ᠮᠠᠰᠢᠨ ᠲᠡᠷᠭᠡ ᠶᠢᠨ ᠥᠮᠴᠢᠯᠡᠭᠴᠢ ᠶᠢᠨ ᠪᠡᠶ᠎ᠡ ᠶᠢᠨ  ᠭᠡᠷᠡᠴᠢ ᠶᠢ ᠬᠢᠨᠠᠨ ᠪᠠᠶᠢᠴᠠᠭᠠᠨ᠎ᠠ᠃ ᠲᠣᠭᠲᠠᠭᠠᠯ ᠳᠤ ᠨᠡᠶᠢᠴᠡᠭᠰᠡᠨ ᠪᠤᠯ᠂ ᠬᠠᠮᠢᠶ᠎ᠡ ᠪᠥᠬᠦᠢ ᠮᠡᠳᠡᠭᠡ ᠵᠠᠩᠭᠢ ᠶᠢ ᠨᠢ  ᠪᠢᠴᠢᠵᠦ ᠣᠷᠤᠭᠤᠯᠤᠭᠠᠳ᠂ ᠮᠠᠰᠢᠨ ᠲᠡᠷᠭᠡ ᠶᠢᠨ ᠥᠮᠴᠢᠯᠡᠭᠴᠢ ᠳᠤ ᠬᠦᠯᠢᠶᠡᠨ ᠠᠪᠴᠤ ᠰᠢᠢᠳᠪᠦᠷᠢᠯᠡᠭᠰᠡᠨ ᠭᠡᠷᠡᠴᠢ  ᠪᠠᠷᠢᠮᠲᠠ ᠬᠢᠵᠦ ᠥᠭᠭᠦᠨ᠎ᠡ᠃ ᠪᠦᠷᠢᠳᠭᠡᠯ ᠤᠨ ᠦᠨᠡᠮᠯᠡᠯ ᠢ ᠨᠥᠬᠦᠵᠦ ᠠᠪᠬᠤ ᠳᠤ ᠬᠠᠷᠢᠶᠠᠯᠠᠭᠳᠠᠪᠠᠯ᠂  ᠪᠦᠷᠢᠳᠭᠡᠯ   ᠤᠨ ᠦᠨᠡᠮᠯᠡᠯ ᠬᠢᠵᠦ ᠮᠠᠰᠢᠨ ᠲᠡᠷᠭᠡ ᠶᠢᠨ ᠥᠮᠴᠢᠯᠡᠭᠴᠢ ᠳᠤ ᠥᠭᠭᠦᠨ᠎ᠡ᠃  ᠪᠦᠷᠢᠳᠭᠡᠯ ᠤᠨ ᠦᠨᠡᠮᠯᠡᠯ ᠢ  ᠭᠤᠶᠤᠴᠢᠯᠠᠨ ᠠᠪᠬᠤ ᠳᠤ ᠬᠠᠷᠢᠶᠠᠯᠠᠭᠳᠠᠪᠠᠯ᠂  ᠬᠦᠯᠢᠶᠡᠨ ᠠᠪᠴᠤ ᠭᠦᠢᠴᠡᠳᠭᠡᠬᠦ ᠭᠡᠷᠡᠴᠢ ᠪᠠᠷᠢᠮᠲᠠ ᠳᠡᠭᠡᠷ᠎ᠡ  ᠭᠠᠷᠳᠠᠨ ᠠᠪᠤᠭᠰᠠᠨ ᠴᠠᠭ ᠢ ᠲᠣᠳᠣᠷᠬᠠᠶᠢᠯᠠᠨ ᠪᠢᠴᠢᠵᠦ᠂ ᠺᠤᠮᠫᠢᠦᠲ᠋ᠧᠷ ᠤᠨ ᠪᠦᠷᠢᠳᠭᠡᠯ ᠤᠨ ᠰᠢᠰᠲ᠋ᠧᠮᠵᠢ ᠶᠢᠨ  ᠮᠡᠳᠡᠭᠡ ᠵᠠᠩᠭᠢ ᠶᠢ ᠬᠢᠨᠠᠨ ᠬᠠᠷᠭᠤᠭᠤᠯᠤᠭᠠᠳ᠂ ᠳᠠᠩᠰᠠ ᠡᠪᠬᠡᠮᠡᠯ ᠢ ᠠᠪᠴᠢᠷᠠᠨ ᠦᠵᠡᠵᠦ᠂ ᠮᠠᠰᠢᠨ ᠲᠡᠷᠭᠡ ᠶᠢᠨ  ᠥᠮᠴᠢᠯᠡᠭᠴᠢ ᠶᠢᠨ ᠪᠡᠶ᠎ᠡ ᠶᠢᠨ ᠭᠡᠷᠡᠴᠢ ᠪᠠ ᠲᠡᠷᠭᠡᠨ ᠤ ᠢᠯᠭᠠᠬᠤ ᠨᠣᠮᠧᠷ ᠢ ᠳᠠᠷᠤᠵᠤ ᠬᠡᠪᠯᠡᠭᠰᠡᠨ ᠪᠥᠷᠬᠦᠪᠴᠢ ᠶᠢ  ᠬᠠᠷᠭᠤᠭᠤᠯᠤᠭᠠᠳ᠂  ᠪᠦᠷᠢᠳᠭᠡᠯ ᠤᠨ ᠦᠨᠡᠮᠯᠡᠯ ᠬᠢᠵᠦ ᠮᠠᠰᠢᠨ ᠲᠡᠷᠭᠡ ᠶᠢᠨ ᠥᠮᠴᠢᠯᠡᠭᠴᠢ ᠳᠤ ᠥᠭᠭᠦᠨ᠎ᠡ᠃              ︵ᠭᠤᠷᠪᠡ︶ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢᠨ ᠬᠢᠨ ᠺᠤᠮᠫᠢᠦᠲ᠋ᠧᠷ ᠤᠨ  ᠪᠦᠷᠢᠳᠭᠡᠯ ᠤᠨ ᠰᠢᠰᠲ᠋ᠧᠮᠵᠢ ᠶᠢᠨ ᠮᠡᠳᠡᠭᠡ ᠵᠠᠩᠭᠢ ᠶᠢ ᠬᠠᠷᠭᠤᠭᠤᠯᠤᠭᠠᠳ᠂ ᠮᠠᠲ᠋ᠧᠷᠢᠶᠠᠯ ᠢ ᠡᠮᠬᠢᠯᠡᠵᠦ ᠳᠡᠪᠲᠡᠷᠯᠡᠭᠡᠳ  ᠳᠠᠩᠰᠠ ᠡᠪᠬᠡᠮᠡᠯ ᠳᠤ ᠣᠷᠤᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号