ᠮᠠᠰᠢᠨᠲᠦ ᠲᠡᠷᠭᠡ ᠶᠢ ᠰᠢᠯᠵᠢᠭᠦᠯᠥᠨ ᠪᠦᠷᠢᠳᠭᠡᠭᠦᠯᠬᠦ
ᠨᠡᠶᠢᠲᠡᠯᠡᠭᠰᠡᠨ ᠴᠠᠭ᠄
2015/11/11
       ᠳᠠᠩᠰᠠᠯᠠᠭᠤᠯᠤᠨ ᠪᠦᠷᠢᠳᠭᠡᠭᠦᠯᠥᠭᠰᠡᠨ ᠮᠠᠰᠢᠨᠲᠦ ᠲᠡᠷᠭᠡ ᠶᠢᠨ ᠦᠮᠴᠢᠯᠡᠬᠦ ᠡᠷᠭᠡ ᠶᠢ ᠰᠢᠯᠵᠢᠬᠦᠯᠬᠦ ᠶᠠᠪᠤᠳᠠᠯ  ᠭᠠᠷᠪᠠᠯ᠂ ᠮᠠᠰᠢᠨᠲᠦ ᠲᠡᠷᠭᠡᠨ ᠤ ᠤᠳᠤ ᠶᠢᠨ ᠦᠮᠴᠢᠯᠡᠭᠴᠢ ᠨᠢ ᠮᠠᠰᠢᠨᠲᠦ ᠲᠡᠷᠭᠡ ᠶᠢ ᠲᠤᠰᠢᠶᠠᠭᠰᠠᠨ ᠡᠳᠥᠷ ᠠᠴᠠ  ᠡᠬᠢᠯᠡᠨ 30 ᠡᠳᠦᠷ ᠤᠨ ᠳᠤᠲᠤᠷ᠎ᠠ ᠪᠦᠷᠢᠳᠭᠡᠭᠦᠯᠥᠭᠰᠡᠨ ᠭᠠᠵᠠᠷ ᠤᠨ ᠲᠡᠷᠭᠡ ᠬᠦᠰᠭᠡ ᠶᠢᠨ ᠬᠠᠮᠢᠶᠠᠷᠤᠯᠲᠠ ᠶᠢᠨ  ᠭᠠᠵᠠᠷ ᠲᠤ ᠰᠢᠯᠵᠢᠬᠦᠯᠥᠨ ᠪᠦᠷᠢᠳᠭᠡᠭᠦᠯᠬᠦ ᠪᠠᠷ ᠭᠤᠶᠤᠴᠢᠯᠠᠬᠤ ᠬᠡᠷᠡᠭᠲᠡᠢ᠃               ᠮᠠᠰᠢᠨᠲᠦ ᠲᠡᠷᠭᠡᠨ ᠤ ᠦᠮᠴᠢᠯᠡᠭᠴᠢ ᠰᠢᠯᠵᠢᠬᠦᠯᠦᠨ ᠪᠦᠷᠢᠳᠭᠡᠭᠦᠯᠬᠦ ᠶᠢ ᠭᠤᠶᠤᠴᠢᠯᠠᠬᠤ ᠠᠴᠠ ᠡᠮᠦᠨ᠎ᠡ᠂  ᠲᠤᠰ ᠲᠡᠷᠭᠡᠨ ᠤ ᠵᠠᠮ ᠬᠠᠷᠢᠯᠴᠠᠭᠠᠨ ᠤ ᠠᠶᠤᠯ ᠦᠭᠡᠢ ᠶᠢᠨ ᠬᠠᠤᠯᠢ ᠠᠴᠠ ᠵᠦᠷᠢᠴᠡᠭᠰᠡᠨ ᠳᠤ ᠬᠤᠯᠪᠤᠭᠳᠠᠬᠤ ᠦᠢᠯᠡ  ᠠᠵᠢᠯᠯᠠᠭ᠎ᠠ ᠪᠠ ᠵᠠᠮ ᠬᠠᠷᠢᠯᠴᠠᠭᠠᠨ ᠤ ᠠᠳᠡᠯ ᠢ ᠰᠢᠢᠳᠪᠦᠷᠢᠯᠡᠵᠦ ᠳᠠᠭᠤᠰᠬᠠᠭᠰᠠᠨ ᠪᠠᠶᠢᠬᠤ ᠬᠡᠷᠡᠭᠲᠠᠢ᠃              ᠰᠢᠯᠵᠢᠬᠦᠯᠥᠨ ᠪᠦᠷᠢᠳᠭᠡᠭᠦᠯᠬᠦ ᠪᠠᠷ ᠭᠤᠶᠤᠴᠢᠯᠠᠬᠤ ᠳᠤ᠂ ᠮᠠᠰᠢᠨᠲᠦ ᠲᠡᠷᠭᠡᠨ ᠤ ᠤᠳᠤ ᠶᠢᠨ ᠦᠮᠴᠢᠯᠡᠭᠴᠢ  ᠭᠤᠶᠤᠴᠢᠯᠠᠯ ᠤᠨ ᠬᠦᠰᠦᠨᠦᠭᠲᠦ ᠲᠠᠭᠯᠠᠵᠤ᠂ ᠮᠠᠰᠢᠨ ᠲᠡᠷᠭᠡ ᠶᠢ ᠲᠤᠰᠢᠶᠠᠨ ᠰᠢᠯᠭᠠᠭᠤᠯᠬᠤ ᠶᠢᠨ ᠬᠠᠮᠲᠤ ᠳᠤᠤᠷᠠᠬᠢ  ᠬᠡᠷᠡᠴᠢ᠂ ᠪᠠᠷᠢᠮᠲᠠ ᠶᠢ ᠲᠤᠰᠢᠶᠠᠬᠤ ᠬᠡᠷᠡᠭᠲᠡᠢ᠄               ︵ᠨᠢᠭᠡ︶ ᠮᠠᠰᠢᠨᠲᠦ ᠲᠡᠷᠭᠡᠨ ᠤ ᠤᠳᠤ ᠶᠢᠨ ᠦᠮᠴᠢᠯᠡᠭᠴᠢ ᠶᠢᠨ ᠪᠡᠶ᠎ᠡ ᠶᠢᠨ ᠬᠡᠷᠡᠴᠢ︔                ︵ᠬᠤᠶᠠᠷ︶ ᠮᠠᠰᠢᠨᠲᠦ ᠲᠡᠷᠭᠡᠨ ᠤ ᠦᠮᠴᠢᠯᠡᠬᠦ ᠡᠷᠭᠡ ᠶᠢ ᠰᠢᠯᠵᠢᠭᠦᠯᠦᠭᠰᠡᠨ ᠬᠡᠷᠡᠴᠢ᠂ ᠪᠠᠷᠢᠮᠲᠠ︔               ︵ᠭᠤᠷᠪᠠ︶ ᠮᠠᠰᠢᠨᠲᠦ ᠲᠡᠷᠭᠡ ᠶᠢ ᠪᠦᠷᠢᠳᠭᠡᠭᠦᠯᠥᠭᠰᠡᠨ ᠦᠨᠡᠮᠯᠡᠯ︔               ︵ᠳᠦᠷᠪᠡ︶ ᠮᠠᠰᠢᠨᠲᠦ ᠲᠡᠷᠭᠡᠨ ᠤ ᠵᠢᠯᠤᠭᠤᠳᠬᠤ ᠦᠨᠡᠮᠯᠡᠯ︔               ︵ᠲᠠᠪᠤ︶ ᠪᠤᠭᠤᠮᠲᠠ ᠠᠴᠠ ᠬᠢᠨᠠᠨ ᠬᠠᠮᠢᠶᠠᠷᠴᠦ ᠪᠠᠶᠢᠭ᠎ᠠ ᠮᠠᠰᠢᠨᠲᠦ ᠲᠡᠷᠭᠡ ᠳᠤ ᠬᠠᠷᠢᠶᠠᠯᠠᠭᠳᠠᠪᠠᠯ᠂ ᠪᠠᠰᠠ ︽ ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠪᠤᠭᠤᠮᠲᠠ ᠠᠴᠠ ᠬᠢᠨᠠᠨ ᠬᠠᠮᠢᠶᠠᠷᠴᠦ ᠪᠠᠶᠢᠭ᠎ᠠ ᠲᠡᠷᠭᠡ  ᠬᠦᠰᠭᠡ ᠶᠢᠨ ᠬᠢᠨᠠᠨ ᠬᠠᠮᠢᠶᠠᠷᠬᠤ ᠶᠢ ᠲᠠᠶᠢᠯᠤᠭᠰᠠᠨ ᠬᠡᠷᠡᠴᠢ︾ ᠪᠤᠶᠤ ᠪᠤᠭᠤᠮᠲᠠ ᠶᠢᠨ ᠰᠢᠯᠵᠢᠬᠦᠯᠥᠨ ᠦᠭᠬᠦ ᠶᠢ  ᠵᠦᠪᠰᠢᠶᠡᠷᠡᠭᠰᠡᠨ ᠬᠡᠷᠡᠴᠢ ᠶᠢ ᠲᠤᠰᠢᠶᠠᠬᠤ ᠬᠡᠷᠡᠭᠲᠡᠢ︔               ︵ᠵᠢᠷᠭᠤᠭ᠎ᠠ︶ ᠰᠢᠯᠭᠠᠨ ᠪᠠᠶᠢᠴᠠᠭᠠᠬᠤ ᠬᠦᠴᠦᠨ ᠲᠠᠢ ᠬᠤᠭᠤᠴᠠᠭ᠎ᠠ ᠨᠢ ᠬᠡᠲᠦᠷᠡᠭᠰᠡᠨ ᠮᠠᠰᠢᠨᠲᠦ ᠲᠡᠷᠭᠡ ᠳᠤ  ᠬᠠᠷᠢᠶᠠᠯᠠᠭᠳᠠᠪᠠᠯ᠂ ᠪᠠᠰᠠ ᠮᠠᠰᠢᠨᠲᠦ ᠲᠡᠷᠭᠡᠨ ᠤ ᠠᠶᠤᠯ ᠦᠭᠡᠢ ᠶᠢᠨ ᠮᠡᠷᠭᠡᠵᠢᠯ ᠤᠨ ᠰᠢᠯᠭᠠᠨ ᠪᠠᠶᠢᠴᠠᠭᠠᠯᠲᠠ ᠳᠤ ᠬᠢᠷᠢ  ᠲᠡᠩᠴᠡᠭᠰᠡᠨ ᠬᠡᠷᠡᠴᠢ ᠪᠠ ᠵᠠᠮ ᠬᠠᠷᠢᠯᠴᠠᠭᠠᠨ ᠤ ᠠᠳᠡᠯ ᠤᠨ ᠬᠠᠷᠢᠭᠤᠴᠠᠯᠭ᠎ᠠ ᠶᠢᠨ ᠠᠯᠪᠠᠳᠠᠯᠭᠠᠲᠦ ᠳᠠᠭᠠᠳᠬᠠᠯ ᠤᠨ  ᠬᠡᠷᠡᠴᠢ ᠶᠢ ᠲᠤᠰᠢᠶᠠᠬᠤ ᠬᠡᠷᠡᠭᠲᠠᠢ᠃         ᠮᠠᠰᠢᠨᠲᠦ ᠲᠡᠷᠭᠡᠨ ᠤ ᠤᠳᠤ ᠶᠢᠨ ᠦᠮᠴᠢᠯᠡᠭᠴᠢ ᠶᠢᠨ ᠰᠠᠭᠤᠵᠦ ᠪᠠᠶᠢᠭ᠎ᠠ ᠭᠠᠵᠠᠷ ᠨᠢ ᠲᠡᠷᠭᠡ ᠬᠦᠰᠭᠡ ᠶᠢᠨ  ᠬᠠᠮᠢᠶᠠᠷᠤᠯᠲᠠ ᠶᠢᠨ ᠭᠠᠵᠠᠷ ᠤᠨ ᠬᠠᠷᠢᠶ᠎ᠠ ᠣᠷᠣᠨ ᠳᠤ ᠪᠠᠶᠢᠪᠠᠯ᠂ ᠲᠡᠷᠭᠡ ᠬᠦᠰᠬᠡ ᠶᠢᠨ ᠬᠠᠮᠢᠶᠠᠷᠤᠯᠲᠠ ᠶᠢᠨ ᠭᠠᠵᠠᠷ  ᠭᠤᠶᠤᠴᠢᠯᠠᠯ ᠢ ᠬᠦᠯᠢᠶᠡᠨ ᠠᠪᠤᠭᠰᠠᠨ ᠡᠳᠥᠷ ᠠᠴᠠ ᠡᠬᠢᠯᠡᠨ ᠨᠢᠭᠡ ᠡᠳᠦᠷ ᠤᠨ ᠳᠤᠲᠤᠷ᠎ᠠ᠂ ᠮᠠᠰᠢᠨᠲᠦ ᠲᠡᠷᠭᠡ ᠶᠢ  ᠨᠤᠲᠠᠯᠠᠵᠦ᠂ ᠲᠡᠷᠭᠡ ᠬᠦᠰᠭᠡ ᠶᠢ ᠢᠯᠭᠠᠨ ᠲᠠᠨᠢᠬᠤ ᠣᠷᠣᠯᠠᠬᠤ ᠳ᠋ᠤᠭᠠᠷ ᠤᠨ ᠳᠠᠷᠤᠮᠠᠯ ᠬᠡᠪ ᠢ ᠬᠠᠷᠭᠤᠭᠤᠯᠤᠨ᠂  ᠲᠤᠰᠢᠶᠠᠭᠰᠠᠨ ᠬᠡᠷᠡᠴᠢ᠂ ᠪᠠᠷᠢᠮᠲᠠ ᠶᠢ ᠬᠢᠨᠠᠨ ᠪᠠᠶᠢᠴᠠᠭᠠᠵᠤ᠂ ᠨᠣᠮᠧᠷᠲᠦ ᠫᠠᠶᠢᠰᠠᠨ᠂ ᠲᠡᠷᠭᠡ ᠶᠠᠪᠤᠭᠤᠯᠬᠤ ᠦᠨᠡᠮᠯᠡᠯ ᠢ  ᠬᠤᠷᠢᠶᠠᠵᠤ᠂ ᠮᠠᠰᠢᠨᠲᠦ ᠲᠡᠷᠭᠡᠨ ᠤ ᠰᠢᠨ᠎ᠡ ᠨᠣᠮᠧᠷᠲᠦ ᠫᠠᠶᠢᠰᠠ ᠶᠢᠨ ᠨᠤᠮᠧᠷ ᠢ ᠲᠣᠭᠲᠠᠭᠠᠨ᠂ ᠮᠠᠰᠢᠨᠲᠦ ᠲᠡᠷᠭᠡ ᠶᠢ  ᠪᠦᠷᠢᠳᠭᠡᠭᠦᠯᠥᠭᠰᠡᠨ ᠦᠨᠡᠮᠯᠡᠯ ᠳᠡᠭᠡᠷ᠎ᠡ ᠰᠢᠯᠵᠢᠬᠦᠯᠥᠭᠰᠡᠨ ᠵᠦᠢᠯᠡᠰ ᠢ ᠴᠣᠬᠤᠯᠠᠪᠥᠷᠢᠯᠠᠵᠦ᠂ ᠨᠣᠮᠧᠷᠲᠦ ᠫᠠᠶᠢᠰᠠ᠂  ᠲᠡᠷᠭᠡ ᠶᠠᠪᠤᠭᠤᠯᠬᠤ ᠦᠨᠡᠮᠯᠡᠯ ᠪᠠ ᠪᠠᠶᠢᠴᠠᠭᠠᠨ ᠰᠢᠯᠭᠠᠭᠠᠳ ᠬᠢᠷᠢ ᠲᠡᠩᠴᠡᠭᠰᠡᠨ ᠲᠡᠮᠳᠡᠭ ᠢ ᠳᠠᠬᠢᠵᠦ ᠬᠢᠨᠠᠨ  ᠣᠯᠭᠤᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号