ᠮᠠᠰᠢᠨ ᠲᠡᠷᠭᠡᠨ ᠤ ᠳᠠᠩᠰᠠᠯᠠᠯ ᠪᠦᠷᠢᠳᠭᠡᠯ ᠵᠶ᠋ᠡᠨ‌ᠬᠤᠪᠢᠷᠠᠭᠤᠯᠬᠤ ᠲᠣᠬᠠᠶᠢᠯᠠᠭᠰᠠᠨ ᠠᠵᠢᠯ ᠢ ᠭᠦᠢᠴᠡᠳᠬᠡᠬᠦ ᠵᠥᠭᠯᠡᠭᠦᠷ
ᠨᠡᠶᠢᠲᠡᠯᠡᠭᠰᠡᠨ ᠴᠠᠭ᠄
2015/11/11
       ᠨᠢᠭᠡ᠂ ᠲᠣᠬᠠᠶᠢᠯᠠᠭᠰᠠᠨ ᠠᠵᠢᠯ ᠤᠨ ᠬᠡᠪᠴᠢᠶ᠎ᠡ᠄          ᠮᠠᠰᠢᠨ ᠲᠡᠷᠭᠡᠨ ᠤ ᠦᠮᠴᠢᠯᠡᠭᠴᠢ ᠶᠢᠨ ᠣᠪᠣᠭ ᠨᠡᠷ᠎ᠡ ︵ᠨᠢᠭᠡᠴᠡ ᠶᠢᠨ ᠨᠡᠷᠡᠶᠢᠳᠦᠯ︶  ᠶᠢ ᠬᠤᠪᠢᠷᠠᠭᠤᠯᠬᠤ᠂ ᠠᠯᠪᠠᠨ ᠲᠠᠮᠠᠭ᠎ᠠ ᠶᠢᠨ ᠶᠠᠩᠵᠤ ᠬᠡᠯᠪᠡᠷᠢ ᠶᠢ ᠬᠤᠪᠢᠷᠠᠭᠤᠯᠬᠤ᠂  ᠬᠠᠷᠢᠯᠴᠠᠬᠤ ᠬᠡᠯᠪᠡᠷᠢ ᠪᠠᠨ ᠬᠤᠪᠢᠷᠠᠭᠤᠯᠬᠤ᠂ ᠮᠠᠰᠢᠨ ᠲᠡᠷᠭᠡ ᠶᠢᠨ ᠦᠮᠴᠢᠯᠡᠭᠴᠢ ᠶᠢᠨ ᠪᠡᠶ᠎ᠡ ᠶᠢᠨ ᠭᠡᠷᠡᠴᠢ ᠶᠢᠨ  ᠨᠣᠮᠧᠷ ᠢ ᠬᠤᠪᠢᠷᠠᠭᠤᠯᠬᠤ᠃              ᠬᠤᠶᠠᠷ᠂ ᠲᠣᠰᠢᠶᠠᠬᠤ ᠮᠠᠲ᠋ᠧᠷᠢᠶᠠᠯ᠄              1. ᠬᠤᠪᠢᠷᠠᠭᠤᠯᠣᠭᠰᠠᠨ ᠤ ᠳᠠᠷᠠᠭᠠᠬᠢ ᠮᠠᠰᠢᠨ ᠲᠡᠷᠭᠡᠨ ᠤ ᠦᠮᠴᠢᠯᠡᠭᠴᠢ ᠶᠢᠨ ᠪᠡᠶ᠎ᠡ ᠶᠢᠨ ᠭᠡᠷᠡᠴᠢ ᠂ ᠭᠠᠷᠳᠠᠨ  ᠭᠦᠢᠴᠡᠳᠬᠡᠭᠴᠢ ᠶᠢᠨ ᠪᠡᠶ᠎ᠡ ᠶᠢᠨ ᠭᠡᠷᠡᠴᠢ ᠶᠢᠨ ᠬᠠᠭᠤᠯᠪᠤᠷᠢ ︵A4  ᠴᠠᠭᠠᠰᠤ︶᠃ ︵ᠬᠤᠪᠢ ᠬᠥᠮᠥᠨ᠄ ᠪᠡᠶ᠎ᠡ ᠶᠢᠨ  ᠦᠨᠡᠮᠯᠡᠯ ᠪᠤᠶᠤ ᠡᠷᠦᠬᠡ ᠠᠮᠠ ᠶᠢᠨ ᠳᠠᠩᠰᠠ︔ ᠨᠢᠭᠡᠴᠡ᠄ ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠦᠨᠡᠮᠯᠡᠯ︔  ᠲᠤᠰ ᠬᠤᠲᠠ ᠶᠢᠨ ᠪᠣᠰᠤ ᠬᠥᠮᠥᠰ ᠪᠣᠯ ︽ᠲᠦᠷ ᠰᠠᠭᠤᠬᠤ ᠭᠡᠷᠡᠴᠢ︾ ᠶᠢ ᠲᠤᠰᠢᠶᠠᠨ᠎ᠠ᠃︶              2. ᠬᠤᠯᠪᠣᠭᠳᠠᠯ ᠪᠦᠬᠦᠢ ᠨᠢᠭᠡᠴᠡ ᠶᠢᠨ ᠬᠢᠵᠦ ᠥᠭᠭᠦᠭᠰᠡᠨ ᠬᠠᠤᠯᠢ ᠪᠠᠷ ᠲᠣᠭᠲᠠᠭᠠᠭᠰᠠᠨ ᠬᠥᠴᠦᠨ ᠪᠦᠬᠦᠢ  ᠭᠡᠷᠡᠴᠢ᠃              3. ᠮᠠᠰᠢᠨ ᠲᠡᠷᠭᠡᠨ ᠤ ᠪᠦᠷᠢᠳᠬᠡᠯ ᠤᠨ ᠦᠨᠡᠮᠯᠡᠯ᠃              4. ︽ᠮᠠᠰᠢᠨ ᠲᠡᠷᠭᠡᠨ ᠤ ᠳᠠᠩᠰᠠᠯᠠᠯ ᠢᠶᠠᠨ ᠬᠤᠪᠢᠷᠠᠭᠤᠯᠬᠤ ᠭᠤᠶᠤᠴᠢᠯᠠᠯ ᠤᠨ ᠬᠦᠰᠦᠨᠦᠭᠲᠦ  ︾᠂  ︽ᠮᠠᠰᠢᠨ ᠲᠡᠷᠭᠡᠨ ᠤ ᠪᠦᠷᠢᠳᠬᠡᠯ ᠤᠨ ᠲᠣᠬᠠᠶᠢᠯᠠᠭᠰᠠᠨ ᠠᠵᠢᠯ ᠤᠨ ᠴᠤᠪᠤᠷᠠᠯ ᠬᠠᠭᠤᠳᠠᠰᠤ︾᠃ ︵ᠠᠯᠪᠠᠨ ᠤ ᠮᠠᠰᠢᠨ  ᠲᠡᠷᠭᠡ᠄  ᠨᠢᠭᠡᠴᠡ ᠠᠯᠪᠠᠨ ᠲᠠᠮᠠᠭ᠎ᠠ ᠪᠠᠨ ᠳᠠᠷᠣᠨ᠎ᠠ︔ ᠬᠤᠪᠢ ᠶᠢᠨ ᠮᠠᠰᠢᠨ ᠲᠡᠷᠭᠡ᠄  ᠭᠠᠷ ᠤᠨ ᠢᠶᠠᠨ ᠦᠰᠦᠭ  ᠵᠢᠷᠣᠨ᠎ᠠ︶               ᠭᠤᠷᠪᠠ᠂ ᠣᠷᠣᠯᠠᠨ ᠭᠦᠢᠴᠡᠳᠬᠡᠭᠴᠢ ᠳᠤ ᠨᠠᠶᠢᠳᠠᠨ ᠭᠦᠢᠴᠡᠳᠬᠡᠯᠭᠡᠬᠦ              1. ᠬᠤᠪᠢ ᠶᠢᠨ ᠮᠠᠰᠢᠨ ᠲᠡᠷᠭᠡ᠄  ᠣᠷᠣᠯᠠᠨ ᠭᠦᠢᠴᠡᠳᠬᠡᠭᠴᠢ ᠨᠢ ᠠᠯᠪᠠᠨ ᠭᠡᠷᠡᠴᠢᠯᠡᠭᠡ ᠬᠢᠯᠭᠡᠭᠰᠡᠨ  ᠨᠠᠶᠢᠳᠠᠯᠭ᠎ᠠ ᠶᠢᠨ ᠪᠢᠴᠢᠭ᠂ ᠬᠤᠶᠠᠷ ᠡᠲᠡᠭᠡᠳ ᠤᠨ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ  ︾ ᠤᠨ ᠤᠭ  ᠵᠦᠢᠯ ᠵᠢᠴᠢ ᠬᠠᠭᠤᠯᠪᠤᠷᠢ ᠶᠢ ᠲᠤᠰᠢᠶᠠᠨ᠎ᠠ᠃              2. ᠠᠯᠪᠠᠨ ᠤ ᠮᠠᠰᠢᠨ ᠲᠡᠷᠭᠡ᠄  ᠣᠷᠣᠯᠠᠨ ᠭᠦᠢᠴᠡᠳᠬᠡᠭᠴᠢ ᠨᠢ ᠨᠢᠭᠡᠴᠡ ᠶᠢᠨ ᠢᠶᠠᠨ ᠲᠠᠨᠢᠯᠴᠠᠭᠤᠯᠭ᠎ᠠ  ᠶᠢᠨ  ᠪᠢᠴᠢᠭ᠂ ᠠᠯᠪᠠᠨ ᠲᠠᠮᠠᠭ᠎ᠠ ᠳᠠᠷᠤᠭᠰᠠᠨ ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠬᠠᠭᠤᠯᠪᠤᠷᠢ᠂  ︽ᠰᠠᠭᠤᠭᠠᠯᠢ  ᠠᠷᠠᠳ ᠤᠨ ᠪᠡᠶ᠎ᠡ ᠶᠢᠨ ᠦᠨᠡᠮᠯᠡᠯ︾ ᠤᠨ ᠤᠭ ᠵᠦᠢᠯ ᠵᠢᠴᠢ ᠬᠠᠭᠤᠯᠪᠤᠷᠢ ᠶᠢ ᠲᠤᠰᠢᠶᠠᠨ᠎ᠠ᠃              3. ᠬᠠᠨᠢ ᠨᠥᠬᠦᠷ ᠤᠨ ᠬᠠᠷᠢᠴᠠᠭ᠎ᠠ ᠲᠠᠢ ᠪᠣᠯ  ︽ᠣᠷᠤᠭ ᠤᠨ ᠦᠨᠡᠮᠯᠡᠯ︾᠂ ᠬᠤᠶᠠᠷ ᠡᠲᠡᠭᠡᠳ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾ ᠤᠨ ᠤᠭ ᠵᠦᠢᠯ ᠵᠢᠴᠢ ᠬᠠᠭᠤᠯᠪᠤᠷᠢ ᠶᠢ ᠲᠤᠰᠢᠶᠠᠨ᠎ᠠ᠃              4. ᠡᠴᠢᠭᠡ ᠡᠬᠡ ᠦᠷ᠎ᠡ ᠬᠡᠦᠬᠡᠳ ᠵᠡᠷᠭᠡ ᠰᠠᠳᠤᠨ ᠲᠦᠷᠦᠯ ᠤᠨ ᠬᠠᠷᠢᠴᠠᠭ᠎ᠠ ᠲᠠᠢ ᠪᠣᠯ᠂ ᠰᠠᠳᠤᠨ  ᠲᠦᠷᠦᠯ ᠤᠨ ᠬᠠᠷᠢᠴᠠᠭ᠎ᠠ ᠶᠢ ᠬᠡᠷᠡᠴᠢᠯᠡᠭᠰᠡᠨ ᠡᠷᠦᠬᠡ ᠠᠮᠠ ᠶᠢᠨ ᠳᠠᠩᠰᠠ ᠪᠠ ᠬᠤᠶᠠᠷ ᠡᠲᠡᠭᠡᠳ ᠤᠨ ︽ᠰᠠᠭᠤᠭᠠᠯᠢ  ᠠᠷᠠᠳ ᠤᠨ ᠪᠡᠶ᠎ᠡ ᠶᠢᠨ ᠦᠨᠡᠮᠯᠡᠯ︾  ᠤᠨ ᠤᠭ ᠵᠦᠢᠯ ᠪᠠ ᠬᠠᠭᠤᠯᠪᠤᠷᠢ ᠶᠢ ᠲᠤᠰᠢᠶᠠᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号