ᠰᠤᠷᠭᠠᠨ ᠬᠦᠮᠣᠵᠢᠯ ᠤᠨ ᠵᠢᠳᠬᠦᠯᠳᠡᠳ— ᠪᠠᠶᠠᠨᠪᠠᠳᠦ
ᠨᠡᠶᠢᠲᠡᠯᠡᠭᠰᠡᠨ ᠴᠠᠭ᠄
2015/11/29
        ᠪᠠᠶᠠᠨᠪᠠᠳᠦ     ᠬᠢᠳᠠᠳ ᠨᠡᠷ᠎ᠠ ᠨᠢ ᠵᠸᠤ ᠸᠧᠨ ᠮᠢᠩ ᠭᠡᠳᠡᠭ᠃ ᠡᠷᠡᠭᠳᠠᠢ᠂ ᠮᠤᠩᠭᠤᠯ ᠦᠨᠳᠤᠰᠤᠳᠠᠨ᠂1902 ᠣᠨ ᠤ 8  ᠰᠠᠷ᠎ᠠ ᠶᠢᠨ ᠡᠳᠤᠷ᠂ ᠬᠠᠷᠠᠴᠢᠨ ᠬᠤᠰᠢᠭᠤᠨ ᠳᠤ  ᠲᠦᠷᠤᠵᠡᠢ᠃ ᠪᠠᠭ᠎ᠠ ᠨᠠᠰᠤᠨ ᠳᠤ ᠪᠠᠨ ︵1920 ᠣᠨ ᠤ7 ᠰᠠᠷ᠎ᠠ ᠳᠤ︶᠂ ᠬᠠᠷᠠᠴᠢᠨ ᠸᠠᠩ ᠤᠨ ᠤᠷᠳᠤᠨ ᠳᠤ ᠲᠠᠩᠰᠠ ᠲᠠᠮᠳᠡᠭᠯᠡᠴᠢ ᠪᠠᠶᠢᠵᠤ᠂ ᠲᠠᠪᠤᠨ ᠵᠢᠯ ᠤᠨ ᠲᠠᠷᠠᠭ᠎ᠠ ᠸᠠᠩ ᠤᠨ ᠤᠷᠳᠤᠨ ᠤ ᠬᠠᠮᠢᠶᠠᠷᠤᠬᠴᠢ  ᠪᠤᠯᠵᠡᠢ᠃ 1923 ᠣᠨ ᠳᠤ ᠵᠤᠨ᠂ ᠪᠸᠢᠢᠫᠢᠩ  ︵ᠪᠡᠭᠡᠵᠢᠩ︶ ᠤᠨ ᠮᠤᠩᠭᠤᠯ ᠲᠦᠪᠡᠳ ᠤᠨ ᠰᠤᠷᠭᠠᠭᠤᠯᠢ ᠳᠤ ᠰᠢᠯᠭᠠᠨ ᠤᠷᠤᠵᠤ᠂ ᠬᠠᠷᠠᠴᠢᠨ ᠸᠠᠩ ᠤᠨ ᠤᠷᠳᠤᠨ ᠠᠴᠠ  ᠰᠤᠷᠤᠯᠭ᠎ᠠ ᠶᠢᠨ ᠰᠤᠶᠢᠳᠬᠡᠯ ᠢ ᠨᠢ ᠬᠠᠷᠢᠭᠤᠴᠠᠪᠠ᠃ ᠲᠤᠬᠠᠢ ᠶᠢᠨ ᠦᠶ᠎ᠠ ᠳᠤ᠂ ᠤᠯᠠᠭᠠᠨᠬᠦᠤ ᠲᠡᠳ᠋  ᠲᠡᠷᠢᠬᠦᠯᠡᠭᠴᠢ ᠲᠠᠢ ᠨᠢᠭᠡ ᠠᠩᠬᠢ ᠳᠤ ᠰᠤᠷᠤᠯᠴᠠᠵᠤ ᠪᠠᠶᠢᠵᠡᠢ᠃ ᠲᠡᠭᠡᠷ᠎ᠠ ᠵᠠᠭᠤᠨ ᠤ ᠬᠤᠴᠢᠭᠠᠳ ᠣᠨ ᠤ ᠡᠬᠢᠨ  ᠳᠤ  ᠂ ᠪᠠᠭᠠᠷᠢᠨ ᠵᠡᠬᠦᠨ ᠬᠤᠰᠢᠭᠤᠨ ᠳᠤ ᠢᠷᠠᠵᠤ ᠪᠢᠴᠢᠭ ᠵᠢᠭᠠᠬᠰᠡᠨ ᠪᠦᠭᠡᠳ ᠴᠢᠩᠵᠤᠷᠢᠬᠲᠤ ᠶᠢᠨ ᠰᠠᠨᠠᠭᠤᠯᠭ᠎ᠠ  ᠪᠠᠷ ᠰᠤᠷᠭᠠᠭᠤᠯᠢ ᠡᠷᠬᠢᠯᠠᠵᠤ ᠪᠠᠶᠢᠪᠠ᠃1948 ᠣᠨ ᠤ 2  ᠰᠠᠷ᠎ᠠ ᠳᠤ᠂ ᠪᠠᠭᠠᠷᠢᠨ ᠵᠡᠬᠦᠨ ᠬᠤᠰᠢᠭᠤᠨ ᠤ ᠪᠠᠶᠠᠨ᠋ᠠ᠋ᠭᠤᠯᠠ ᠨᠢᠭᠡᠳᠤᠯ ᠤᠨ ᠴᠠᠭᠠᠨᠪᠠᠶᠢᠴᠨ ᠪᠠᠭ᠎ᠠ ᠰᠤᠷᠭᠠᠭᠤᠯᠢ ᠶᠢ ᠪᠠᠶᠢᠭᠤᠯᠤᠨ ᠭᠤᠨᠴᠤᠬᠰᠠᠷᠠᠩ᠂ ᠨᠠᠮᠵᠢᠯ᠂ ᠪᠦᠳᠤᠭᠡᠭᠴᠢ ᠵᠡᠷᠭᠡ ᠬᠦᠮᠤᠰ ᠲᠠᠢ ᠬᠠᠮᠳᠤ ᠪᠠᠭᠰᠢᠯᠠᠵᠤ᠂1955 ᠣᠨ ᠳᠤ᠂ ᠪᠢᠯᠡᠬᠦᠳᠠᠢ ᠨᠤᠳᠤᠭ ᠤᠨ ᠡᠯ᠎ᠠ ᠪᠠ ᠳ᠋ᠠᠢ ᠠᠶᠢᠯ ᠳᠤ ᠮᠤᠩᠭᠤᠯ ᠪᠠᠭ᠎ᠠ ᠰᠤᠷᠭᠠᠭᠤᠯᠢ ᠶᠢ ᠡᠬᠦᠰᠭᠡᠨ ᠪᠠᠶᠢᠭᠤᠯᠤᠨ ᠠᠵᠢᠯᠠᠯᠠᠵᠤ᠂ ︽ᠰᠣᠶᠣᠯ ᠤᠨ ᠶᠡᠭᠡ ᠬᠤᠪᠢᠰᠬᠠᠯ︾ ᠤᠨ ᠦᠶ᠎ᠡ ᠳᠤ᠂ ᠬᠢᠯᠢᠰ ᠢᠶᠠᠷ ᠲᠠᠮᠡᠴᠡᠭᠳᠡᠨ1966 ᠣᠨ ᠳᠤ ᠨᠠᠰᠤ ᠪᠠᠷᠠᠪᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠮᠤᠩᠭᠤᠯ ᠦᠨᠳᠤᠰᠤᠳᠠᠨ ᠤ ᠰᠤᠷᠭᠠᠨ ᠬᠦᠮᠤᠵᠢᠯ ᠤᠨ ᠣᠶᠢᠯᠠᠯᠭ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号