ᠰᠤᠷᠭᠠᠨ ᠬᠦᠮᠣᠵᠢᠯ ᠤᠨ ᠠᠬᠠᠮᠠᠳ ᠪᠠᠭᠰᠢ — ᠤᠳᠠᠪᠠᠯ᠎ᠠ
ᠨᠡᠶᠢᠲᠡᠯᠡᠭᠰᠡᠨ ᠴᠠᠭ᠄
2015/11/29
      ᠤᠳᠠᠪᠠᠯ᠎ᠠ       ᠡᠮᠡᠭᠲᠡᠢ  ᠂ ᠮᠤᠩᠭᠤᠯ ᠦᠨᠳᠤᠰᠤᠳᠠᠨ᠂ ᠡᠪ ᠬᠠᠮᠳᠣ ᠨᠠᠮ ᠤᠨ ᠭᠡᠰᠢᠬᠦᠨ᠃1926 ᠣᠨ ᠳᠤ᠂  ᠵᠢᠷᠢᠮ ᠤᠨ ᠴᠢᠭᠤᠯᠭᠠᠨ ᠤ ᠬᠤᠷᠴᠢᠨ ᠵᠡᠬᠦᠨ ᠭᠠᠷᠤᠨ ᠬᠤᠶᠢᠳᠤ  ᠬᠤᠰᠢᠭᠤᠨ ᠤ ᠰᠤᠷᠪᠤᠯᠵᠢᠳᠤ ᠭᠡᠷ ᠰᠤᠳᠨᠠᠮᠷᠠᠪᠳᠠᠨ ᠤ ᠳᠤ ᠲᠦᠷᠤᠪᠠ᠃ 1940 ᠣᠨ ᠳᠤ᠂ ᠬᠠᠭᠤᠷᠮᠠᠭ ᠮᠠᠨᠵᠤ ᠣᠯᠣᠰ ᠤᠨ ᠵᠠᠰᠠᠭ ᠤᠨ ᠭᠠᠵᠠᠷ ᠠᠴᠠ ᠵᠤᠬᠢᠶᠠᠨ ᠪᠠᠶᠢᠭᠤᠯᠤᠬᠰᠡᠨ ᠶᠠᠫᠤᠨ ᠤᠯᠤᠰ ᠲᠤ ᠲᠤᠭᠤᠷᠢᠨ ᠦᠵᠡᠬᠦ ᠬᠡᠣᠬᠡᠳ ᠤᠨ ᠪᠦᠯᠬᠦᠮ ᠳᠤ ᠤᠷᠤᠯᠴᠠᠵᠤ ᠶᠡᠬᠡᠳᠡ  ᠰᠡᠳᠤᠯᠳᠡ ᠣᠯᠵᠣ ᠪᠠᠭ᠎ᠠ ᠰᠤᠷᠭᠠᠭᠤᠯᠢ ᠶᠢᠨ ᠲᠡᠭᠡᠳᠤ ᠣᠨ ᠢ ᠠᠮᠵᠢᠯᠳᠠ ᠲᠠᠢ ᠲᠡᠬᠦᠰᠭᠡᠨ᠂ ᠬᠠᠭᠤᠷᠮᠠᠭ ᠮᠠᠨᠵᠤ ᠶᠢᠨ ᠬᠢᠩᠭᠠᠨ ᠶᠡᠷᠤᠩᠬᠡᠢ ᠮᠤᠵᠢ ᠶᠢᠨ ︽ᠣᠯᠣᠰ ᠠᠷᠠᠳ ᠤᠨ ᠲᠡᠭᠡᠳᠤ ᠵᠡᠷᠬᠡ ᠶᠢᠨ ᠦᠬᠢᠳ ᠤᠨ ᠰᠤᠷᠭᠠᠭᠤᠯᠢ︾ ᠳᠤ ᠰᠤᠷᠤᠯᠴᠠᠵᠤ᠂ ᠴᠠᠭ ᠲᠦᠷᠤ ᠶᠢᠨ ᠬᠤᠪᠢᠰᠤᠯ ᠠᠴᠠ ᠪᠤᠯᠵᠤ 1945  ᠣᠨ ᠳᠤ ᠰᠤᠷᠤᠯᠭ᠎ᠠ ᠲᠡᠬᠦᠰᠪᠡ᠃ 1947 ᠣᠨ ᠳᠤ᠂ ᠣᠯᠠᠭᠠᠬᠤᠳᠠ ᠳᠤ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠪᠠᠶᠢᠭᠤᠯᠤᠬᠳᠠᠵᠤ ︽ᠦᠪᠤᠷ ᠮᠤᠩᠭᠤᠯ ᠤᠨ ᠴᠡᠷᠢᠭ ᠵᠠᠰᠠᠭ ᠤᠨ ᠶᠡᠭᠡ ᠰᠤᠷᠭᠠᠭᠤᠯᠢ︾ ᠮᠦᠨ ᠤᠯᠠᠭᠠᠬᠤᠳᠠ ᠳᠤ ᠪᠠᠶᠢᠭᠤᠯᠤᠬᠳᠠᠬᠰᠡᠨ ᠳᠤ᠂ ︽ᠴᠡᠷᠢᠭ ᠵᠠᠰᠠᠭ ᠤᠨ ᠬᠤᠪᠢᠶᠠᠷᠢ ᠲᠡᠭᠡᠳᠤ ᠰᠤᠷᠭᠠᠭᠤᠯᠢ︾ ᠳᠤ ᠤᠷᠤᠵᠤ ᠰᠤᠷᠤᠯᠴᠠᠬᠤ ᠶᠢᠨ ᠬᠠᠮᠳᠤ ᠠᠵᠢᠯᠯᠠᠪᠠ᠃ 1949 ᠣᠨ ᠳᠤ ᠵᠤᠦ ᠤᠳᠠ ᠠᠶᠢᠮᠠᠭ ᠤᠨ ᠨᠤᠤᠷᠭᠠᠢ ᠳᠠᠬᠢ ᠪᠦᠷᠢᠨ ᠪᠠᠭ᠎ᠠ ᠰᠤᠷᠭᠠᠭᠤᠯᠢ ᠳᠤ ᠪᠠᠭᠰᠢᠯᠠᠵᠤ︔ 1952 ᠣᠨ ᠪᠤᠯᠬᠤ ᠳᠤ ᠯᠢᠨᠰᠢ ᠳᠤ ᠬᠢ ᠬᠢᠳᠠᠳ ᠮᠤᠩᠭᠤᠯ ᠬᠠᠮᠳᠤᠷᠠᠬᠰᠡᠨ ᠠᠩᠬ᠎ᠠ ᠵᠡᠷᠬᠡ ᠶᠢᠨ ᠪᠠᠭᠰᠢ ᠶᠢᠨ ᠰᠤᠷᠭᠠᠭᠤᠯᠢ ᠶᠢ ᠪᠠᠶᠢᠭᠤᠯᠬᠤ ᠠᠵᠢᠯ ᠳᠤ ᠤᠷᠤᠯᠴᠡᠨ ᠪᠠᠭᠰᠢᠯᠠᠵᠤ︔ 1953 ᠣᠨ ᠳᠤ᠂ ᠲᠤᠰ ᠪᠠᠭᠰᠢ ᠶᠢᠨ ᠰᠤᠷᠭᠠᠭᠤᠯᠢ  ᠯᠢᠨᠳᠦ᠋ᠩ ᠳᠤ ᠰᠢᠯᠵᠢᠬᠦ ᠦᠶ᠎ᠡ ᠳᠤ ᠰᠤᠷᠭᠠᠭᠤᠯᠢ ᠪᠠᠶᠢᠭᠤᠯᠬᠤ ᠠᠵᠢᠯ ᠳᠤ ᠤᠷᠤᠯᠴᠠᠬᠰᠡᠨ  ᠪᠦᠭᠡᠳ ᠪᠠᠭᠰᠢᠯᠠᠪᠠ᠃ 1955 ᠣᠨ ᠳᠤ᠂ ᠯᠢᠨᠳᠦ᠋ᠩ ᠤᠨ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠠᠵᠢᠯᠴᠢᠨ ᠤ ᠡᠪᠯᠡᠯ ᠤᠨ ᠲᠡᠷᠢᠬᠦᠯᠡᠭᠴᠢ ᠵᠡᠷᠬᠡ ᠶᠢᠨ ᠲᠤᠰᠢᠶᠠᠯ ᠡᠬᠦᠷᠭᠡᠯᠡᠵᠤ᠂ ᠬᠤᠶᠠᠳᠤᠭᠠᠷ ᠲᠤᠮᠳᠠᠳᠤ ᠰᠤᠷᠭᠠᠭᠤᠯᠢ ᠨᠢ ᠯᠢᠨᠳᠦ᠋ᠩ ᠤᠨ ᠭᠤᠷᠪᠠᠳᠤᠭᠠᠷ ᠪᠠᠭ᠎ᠠ ᠰᠤᠷᠭᠠᠭᠤᠯᠢ ᠲᠠᠢ ᠬᠠᠮᠳᠤᠷᠠᠨ  ᠡᠷᠬᠢᠯᠡᠬᠦ ᠦᠶ᠎ᠡ ᠳᠤ ᠬᠠᠷᠢᠶᠠᠳᠤ ᠪᠠᠭ᠎ᠠ ᠰᠤᠷᠭᠠᠭᠤᠯᠢ ᠶᠢᠨ ᠬᠢᠴᠢᠶᠡᠯ ᠬᠦᠮᠤᠵᠢᠯ ᠤᠨ ᠡᠷᠬᠢᠯᠡᠭᠴᠢ᠂ ᠲᠡᠳ᠋ ᠵᠠᠬᠢᠷᠤᠯ ᠪᠤᠯᠪᠠ᠃ ᠡᠬᠦᠨ ᠤ ᠪᠠᠨ ᠬᠠᠮᠳᠤ ᠬᠤᠶᠠᠳᠤᠭᠠᠷ  ᠲᠤᠮᠳᠠᠳᠤ ᠰᠤᠷᠭᠠᠭᠤᠯᠢ ᠶᠢᠨ ᠡᠪ ᠬᠠᠮᠳᠤ ᠵᠠᠯᠠᠭᠤᠴᠤᠳ ᠤᠨ ᠡᠪᠯᠡᠯ ᠤᠨ ᠶᠡᠷᠤᠩᠬᠡᠢ ᠡᠬᠦᠷ ᠤᠨ ᠱᠦᠵᠢ᠂ ᠠᠶᠢᠮᠠᠭ᠂ ᠬᠤᠰᠢᠭᠤ ᠶᠢᠨ ᠡᠮᠡᠭᠳᠠᠶᠢᠴᠤᠳ ᠤᠨ ᠬᠤᠯᠪᠤᠭᠠᠳᠤ ᠬᠤᠷᠠᠯ ᠤᠨ ᠬᠡᠰᠢᠬᠦᠨ ᠵᠡᠷᠬᠡ ᠨᠠᠶᠢᠭᠡᠮᠴᠢᠯᠡᠭᠰᠡᠨ ᠤ ᠵᠤᠬᠢᠶᠠᠨ ᠪᠠᠶᠢᠭᠤᠯᠤᠯᠳᠠ ᠶᠢᠨ  ᠲᠤᠰᠢᠶᠠᠯ ᠢ ᠬᠠᠷᠢᠭᠤᠴᠠᠵᠤ ᠪᠠᠶᠢᠬᠰᠡᠨ  ᠪᠠᠶᠢᠨ᠎ᠠ᠃ 1966  ᠣᠨ ᠤ 5  ᠰᠠᠷ᠎ᠠ ᠳᠤ᠂ ᠴᠠᠭᠠᠨᠬᠠᠳᠠ ᠰᠤᠮᠤ ᠶᠢᠨ ᠭᠤᠤᠯ ᠪᠠᠭ᠎ᠠ ᠰᠤᠷᠭᠠᠭᠤᠯᠢ ᠳᠤ ᠲᠡᠳ᠋ ᠵᠠᠬᠢᠷᠤᠯ ᠢᠶᠠᠷ ᠲᠤᠮᠢᠯᠠᠬᠳᠠᠨ ᠠᠵᠢᠯᠯᠠᠵᠤ ᠪᠠᠶᠢᠭᠠᠳ ︽ᠦᠪᠤᠷ ᠠᠷᠠᠳ ᠤᠨ  ᠨᠠᠮ︾ ᠤᠨ ᠬᠢᠯᠢᠰ ᠬᠡᠷᠡᠭ ᠢᠶᠠᠷ ᠲᠡᠮᠡᠴᠡᠭᠳᠠᠭᠡᠳ ᠤᠯᠠᠭᠠᠨᠭᠡᠷᠡᠯ ᠪᠠᠷᠢᠭᠠᠳᠠ ᠳᠤ ᠬᠦᠳᠠᠯᠮᠤᠷᠢ ᠪᠠᠷ ᠦᠭᠡᠷᠡᠴᠢᠯᠡᠭᠳᠠᠵᠤ᠂ ᠭᠤᠷᠪᠡᠨ ᠵᠢᠯ  ᠨᠣᠭᠤᠭ᠎ᠠ ᠲᠠᠷᠢᠪᠠ᠃ 1972 ᠣᠨ ᠳᠤ᠂ ᠠᠵᠢᠯ ᠢ ᠨᠢ ᠰᠡᠷᠬᠦᠭᠡᠵᠤ ᠦᠭᠪᠡ᠃ 1976 ᠣᠨ ᠳᠤ᠂  ᠬᠠᠳ᠋ᠬᠠᠩᠭᠡᠷ ᠬᠦᠩᠱᠧ ᠤᠨ ᠮᠤᠩᠭᠤᠯ ᠲᠤᠮᠳᠠᠳᠤ ᠰᠤᠷᠭᠠᠭᠤᠯᠢ ᠳᠤ ᠰᠢᠯᠵᠢᠨ ᠠᠵᠢᠯᠯᠠᠪᠠ᠃ 1978 ᠣᠨ ᠳᠤ᠂ ᠠᠯᠠᠱᠠᠨ ᠪᠠᠷᠠᠭᠤᠨ  ᠬᠤᠰᠢᠭᠤᠨ ᠤ ᠰᠤᠷᠭᠠᠭᠤᠯᠢ ᠳᠤ ᠰᠢᠯᠵᠢᠨ ᠰᠤᠷᠭᠠᠭᠤᠯᠢ ᠶᠢᠨ ᠲᠡᠳ᠋ ᠵᠠᠬᠢᠷᠤᠯ ᠪᠤᠯᠪᠠ᠃  1981 ᠣᠨ ᠳᠤ ᠠᠯᠠᠱᠡᠨ ᠠᠶᠢᠮᠠᠭ ᠤᠨ ᠮᠤᠩᠭᠤᠯ ᠲᠤᠮᠳᠠᠳᠤ ᠰᠤᠷᠭᠠᠭᠤᠯᠢ ᠶᠢᠨ ᠬᠢᠴᠢᠶᠡᠯ ᠬᠦᠮᠤᠵᠢᠯ ᠤᠨ ᠭᠠᠵᠠᠷ ᠤᠨ ᠡᠷᠬᠢᠯᠡᠭᠴᠢ ᠪᠠᠷ ᠠᠵᠢᠯᠯᠠᠵᠤ ᠪᠠᠶᠢᠪᠠ᠃ 1988  ᠣᠨ ᠳᠤ  ᠂ 62 ᠪᠦᠬᠦᠯᠢ ᠨᠠᠰᠤᠨ ᠲᠡᠭᠡᠷ᠎ᠠ ᠪᠠᠨ ᠠᠵᠢᠯ ᠠᠴᠠ ᠪᠠᠨ ᠲᠠᠷᠬᠠᠯᠠᠬᠳᠠᠵᠤ ᠲᠡᠳ᠋ ᠫᠷᠤᠹᠧᠰᠰᠤᠷ ᠤᠨ ᠲᠠᠳᠬᠦᠪᠤᠷᠢ ᠬᠦᠷᠳᠠᠵᠤ ᠪᠠᠶᠢᠪᠠ᠃ ᠰᠡᠬᠦᠯᠡᠷ ᠤ ᠵᠢᠩᠬᠢᠨᠢ ᠭᠠᠵᠠᠷ ᠤᠨ ᠲᠠᠰ ᠤᠨ ᠴᠠᠯᠢᠩ ᠤᠯᠭᠤᠮᠵᠢ ᠪᠠᠷ ᠠᠵᠢᠯ ᠤᠨ ᠪᠠᠶᠢᠷᠢ ᠠᠴᠠ ᠪᠠᠨ ᠰᠠᠯᠤᠬᠰᠡᠨ ᠠᠬᠠᠮᠠᠳ ᠺᠠᠳᠠᠷ ᠤᠨ ᠬᠦᠯᠤᠰᠤ ᠤᠯᠭᠤᠮᠵᠢ ᠶᠢ ᠬᠦᠷᠳᠡᠭᠰᠡᠨ ᠪᠠᠶᠢᠨ᠎ᠠ᠃ ᠠᠯᠠᠱᠡᠨ ᠠᠶᠢᠮᠠᠭ ᠤᠨ ᠮᠣᠩᠭᠤᠯ ᠲᠤᠮᠳᠠᠳᠤ ᠰᠤᠷᠭᠠᠭᠤᠯᠢ ᠳᠤ ᠠᠵᠢᠯᠯᠠᠵᠤ ᠪᠠᠶᠢᠬᠰᠡᠨ ᠬᠤᠭᠤᠴᠠᠭᠠᠨ ᠳᠤ ᠪᠠᠨ ᠠᠯᠠᠱᠠᠨ ᠠᠶᠢᠮᠠᠭ ᠤᠨ ᠤᠯᠤᠰ ᠲᠦᠷᠤ ᠶᠢᠨ ᠵᠦᠪᠯᠡᠯᠭᠡᠨ ᠤ ᠬᠤᠶᠠᠳᠤᠭᠠᠷ  ᠬᠤᠭᠤᠴᠠᠭᠠᠨ ᠤ ᠪᠠᠶᠢᠩᠭᠤ ᠶᠢᠨ ᠬᠡᠰᠢᠬᠦᠨ ᠪᠤᠯᠤᠬᠰᠡᠨ ᠪᠠᠶᠢᠨ᠎ᠠ᠃  ᠠᠶᠢᠮᠠᠭ ᠤᠨ ︽ᠠᠬᠠᠮᠠᠳ ᠺᠠᠳᠠᠷ ᠤᠨ ᠲᠤᠪᠴᠢᠶ᠎ᠠ︾ ᠳᠤ ᠨᠠᠮ ᠤᠨ ᠡᠬᠦᠷ ᠤᠨ ᠱᠦᠵᠢ ᠵᠠᠷᠬᠡ ᠲᠤᠰᠢᠶᠠᠯ ᠢ ᠬᠠᠷᠢᠭᠤᠴᠠᠵᠤ ᠦᠩᠭᠡᠷᠠᠪᠠ᠃ ᠠᠶᠢᠮᠠᠭ ᠤᠨ ︽ᠲᠡᠷᠢᠬᠦᠨ ᠤ ᠰᠤᠷᠭᠠᠨ ᠬᠦᠮᠤᠵᠢᠯ ᠤᠨ ᠠᠵᠢᠯᠳᠠᠨ︾᠂ ᠠᠶᠢᠮᠠᠭ ᠤᠨ ︽ᠤᠯᠤᠰ ᠲᠦᠷᠤ ᠶᠢᠨ ᠵᠦᠪᠯᠡᠯᠭᠡᠨ ᠤ ᠲᠡᠷᠢᠬᠦᠨ ᠤ ᠠᠵᠢᠯᠳᠠᠨ︾ ᠵᠡᠷᠬᠡ ᠰᠠᠶᠢᠰᠢᠶᠠᠯ ᠬᠦᠬᠢᠬᠦᠯᠤᠯ ᠢ ᠤᠯᠤᠬᠰᠡᠨ ᠪᠠᠶᠢᠨ᠎ᠠ᠃ ᠰᠤᠯᠠ  ᠰᠡᠯᠡᠬᠦᠤ ᠴᠠᠭ ᠢᠶᠠᠨ ᠠᠰᠢᠬᠯᠠᠨ ᠦᠬᠡᠯᠡᠤᠨ ᠮᠤᠩᠭᠤᠯ ᠤᠨ ᠲᠡᠤᠬᠡ ᠶᠢ ᠬᠢᠳᠠᠳ ᠲᠡᠭᠡᠷ᠎ᠠ ᠤᠷᠴᠢᠭᠤᠯᠵᠤ᠂ ᠠᠶᠢᠮᠠᠭ ᠤᠨ ᠤᠯᠤᠰ ᠲᠦᠷᠤ ᠶᠢᠨ ᠵᠦᠪᠯᠡᠯᠭᠡᠨ ᠤ ᠰᠤᠶᠤᠯ ᠲᠡᠤᠬᠡ ᠶᠢᠨ ᠡᠮᠬᠢᠳᠬᠡᠯ ᠮᠠᠲ᠋ᠧᠷᠢᠶᠠᠯ ᠳᠤ ᠨᠡᠶᠢᠳᠡᠯᠡᠭᠰᠡᠨ ᠪᠠᠶᠢᠨ᠎ᠠ᠃ 2005 ᠣᠨ ᠤ ᠨᠠᠮᠤᠷ᠂ ᠬᠦᠬᠡᠬᠤᠳᠠ ᠳᠤ ᠵᠢᠷᠤᠬᠡᠨ ᠡᠪᠡᠳᠴᠢᠨ ᠢᠶᠠᠷ ᠨᠠᠰᠤ ᠪᠠᠷᠠᠪᠠ᠃  ᠪᠠᠭᠰᠢ ᠰᠤᠷᠤᠬᠴᠢ ᠠᠷᠠᠳ ᠤᠯᠠᠨ ᠳᠤ ᠪᠠᠨ ᠬᠦᠷᠢᠶᠡᠯᠡᠯ ᠶᠡᠬᠡᠳᠠᠢ ᠲᠤᠰ ᠪᠠᠭᠰᠢ ᠲᠤᠮᠳᠠᠳᠤ ᠰᠤᠷᠭᠠᠭᠤᠯᠢ ᠶᠢᠨ ᠡᠯ᠎ᠠ  ᠬᠢᠴᠢᠶᠡᠯ ᠲᠦᠷᠤᠯ ᠢ ᠭᠠᠷᠮᠠᠭᠠᠢ ᠵᠢᠭᠠᠵᠤ ᠴᠢᠳᠠᠳᠠᠭ ᠶᠤᠮ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠮᠤᠩᠭᠤᠯ ᠦᠨᠳᠤᠰᠤᠳᠠᠨ ᠤ ᠰᠤᠷᠭᠠᠨ ᠬᠦᠮᠤᠵᠢᠯ ᠤᠨ ᠦᠢᠯᠠᠯᠭ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号