ᠰᠤᠷᠭᠠᠨ ᠬᠦᠮᠣᠵᠢᠯ ᠤᠨ ᠠᠬᠠᠮᠠᠳ ᠪᠠᠭᠰᠢ — ᠷᠢᠨᠴᠢᠨᠰᠦ᠋ᠷᠦᠩ
ᠨᠡᠶᠢᠲᠡᠯᠡᠭᠰᠡᠨ ᠴᠠᠭ᠄
2015/11/29
       ᠷᠢᠨᠴᠢᠨᠰᠦ᠋ᠷᠦᠩ     ᠡᠷᠡᠭᠳᠡᠢ᠂ ᠮᠤᠩᠭᠤᠯ ᠦᠨᠳᠤᠰᠤᠳᠠᠨ᠂ ᠲᠤᠮᠳᠠᠳᠤ ᠰᠤᠷᠭᠠᠭᠤᠯᠢ ᠶᠢᠨ ᠲᠡᠭᠡᠳᠤ ᠲᠠᠰ ᠤᠨ ᠪᠠᠭᠰᠢ᠃ ᠠᠷᠤ ᠬᠤᠷᠴᠢᠨ ᠬᠤᠰᠢᠭᠤᠨ ᠤ ᠪᠠᠶᠠᠨᠳᠠᠯ᠎ᠠ ᠰᠤᠮᠤᠨ ᠳᠤ ᠨᠤᠳᠤᠭ ᠲᠠᠢ᠃ ᠲᠤᠮᠳᠠᠳᠤ ᠤᠯᠤᠰ ᠤᠨ ᠡᠪ ᠬᠠᠮᠳᠤ ᠨᠠᠮ ᠤᠨ  ᠬᠡᠰᠢᠬᠦᠨ᠃ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠃1947 ᠣᠨ ᠤ9  ᠰᠠᠷ᠎ᠠ ᠳᠤ᠂ ᠪᠠᠭᠰᠢ ᠶᠢᠨ ᠠᠯᠪᠡᠨ ᠠᠵᠢᠯ ᠳᠤ ᠭᠠᠷᠤᠬᠰᠡᠨ ᠠᠴᠠ1990 ᠣᠨ ᠳᠤ ᠠᠵᠢᠯ ᠤᠨ ᠠᠮᠠᠷᠠᠯᠳᠠ ᠪᠠᠨ ᠠᠪᠬᠤ ᠪᠤᠯᠳᠠᠯ᠎ᠠ ᠲᠦᠴᠢᠨ  ᠬᠡᠳᠤᠨ ᠵᠢᠯ ᠦᠨᠳᠤᠰᠤᠨ ᠱᠠᠳᠤᠨ ᠳᠤ ᠪᠠᠭᠰᠢᠯᠠᠪᠠ᠃1947 ᠣᠨ ᠠᠴᠠ 1953  ᠣᠨ ᠪᠤᠯᠳᠠᠯ᠎ᠠ᠂ ᠠᠷᠤ ᠬᠤᠷᠴᠢᠨ ᠬᠤᠰᠢᠭᠤᠨ ᠤ ᠪᠠᠶᠠᠨᠳᠠᠯ᠎ᠠ ᠶᠢᠨ ᠭᠤᠤᠯ ᠬᠦᠢᠰᠤᠨ ᠰᠤᠷᠭᠠᠭᠤᠯᠢ᠂ ᠲᠢᠶᠠᠨᠱᠠᠨ ᠨᠢᠭᠡᠳᠤᠭᠡᠷ ᠪᠠᠭ᠎ᠠ ᠰᠤᠷᠭᠠᠭᠤᠯᠢ ᠳᠤ ᠪᠠᠭᠰᠢᠯᠠᠪᠠ᠃1953 ᠣᠨ ᠤ 5  ᠰᠠᠷ᠎ᠠ ᠳᠤ᠂  ᠯᠢᠨᠳᠦ᠋ᠩ ᠤᠨ ᠭᠤᠷᠪᠠᠳᠤᠭᠠᠷ ᠪᠦᠷᠢᠨ ᠪᠠᠭ᠎ᠠ ᠰᠤᠷᠭᠠᠭᠤᠯᠢ ᠳᠤ ᠰᠢᠯᠵᠢᠨ ᠢᠷᠠᠵᠤ ᠪᠠᠭᠰᠢᠯᠠᠨ᠂ ᠲᠠᠷᠠᠭ᠎ᠠ ᠵᠢᠯ ᠳᠤ  ᠨᠢ ᠦᠪᠤᠷ ᠮᠤᠩᠭᠤᠯ ᠤᠨ  ᠪᠠᠭᠰᠢ ᠶᠢᠨ ᠲᠡᠭᠡᠳᠤ  ᠰᠤᠷᠭᠠᠭᠤᠯᠢ ᠶᠢᠨ ᠮᠤᠩᠭᠤᠯ ᠬᠡᠯᠡᠨ ᠤ ᠠᠩᠬᠢ ᠳᠤ ᠰᠤᠷᠤᠯᠴᠡᠨ᠂1956 ᠣᠨ ᠤ 8  ᠰᠠᠷ᠎ᠠ ᠳᠤ᠂ ᠰᠤᠷᠤᠯᠭ᠎ᠠ ᠪᠠᠨ ᠲᠡᠬᠦᠰᠴᠤ᠂ ᠵᠤᠦ ᠤᠳᠠ ᠠᠶᠢᠮᠠᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠺᠠᠳᠠᠷ ᠤᠨ ᠰᠤᠷᠭᠠᠭᠤᠯᠢ ᠳᠤ  ᠪᠠᠭᠰᠢᠯᠠᠵᠡᠢ᠃1973 ᠣᠨ ᠤ ᠬᠠᠪᠤᠷ᠂ ᠪᠠᠭᠠᠷᠢᠨ ᠵᠡᠬᠦᠨ ᠬᠤᠰᠢᠭᠤᠨ ᠤ ᠪᠠᠶᠠᠨ᠋ᠠ᠋ᠭᠤᠯᠠ ᠲᠤᠮᠳᠠᠳᠤ ᠰᠤᠷᠭᠠᠭᠤᠯᠢ ᠳᠤ ᠰᠢᠯᠵᠢᠨ ᠢᠷᠡᠵᠤ᠂ ᠬᠢᠴᠢᠶᠡᠯ ᠬᠦᠮᠤᠵᠢᠯ ᠤᠨ ᠡᠷᠬᠢᠯᠡᠭᠴᠢ ᠂ ᠰᠤᠷᠭᠠᠭᠤᠯᠢ ᠶᠢᠨ ᠲᠠᠷᠤᠭ᠎ᠠ᠂ ᠨᠠᠮ ᠤᠨ ᠡᠬᠦᠷ ᠤᠨ ᠱᠦᠵᠢ ᠶᠢᠨ ᠠᠵᠢᠯ ᠢ  ᠤᠳᠠᠭᠠᠨ ᠵᠢᠯ ᠬᠠᠷᠢᠭᠤᠴᠠᠵᠤ ᠦᠪᠠᠷ ᠤᠨ ᠪᠡᠶ᠎ᠠ ᠪᠠᠷ ᠢᠶᠠᠨ ᠬᠡᠪ ᠲᠦᠷᠢᠮ ᠪᠤᠯᠵᠤ ᠨᠢᠭᠡ ᠰᠡᠳᠬᠢᠯ ᠢᠶᠠᠷ ᠴᠢᠷᠮᠠᠶᠢᠨ ᠠᠵᠢᠯᠯᠠᠵᠤ ᠢᠷᠡᠪᠠ᠃ ᠠᠷᠤ ᠬᠤᠷᠴᠢᠨ ᠬᠤᠰᠢᠭᠤ᠂ ᠪᠠᠭᠠᠷᠢᠨ ᠵᠡᠬᠦᠨ ᠬᠤᠰᠢᠭᠤᠨ ᠳᠤ ᠠᠵᠢᠯᠯᠠᠵᠤ ᠪᠠᠶᠢᠬᠤ ᠬᠤᠭᠤᠴᠠᠭᠠᠨ ᠳᠤ ᠪᠠᠨ ᠠᠶᠢᠮᠠᠭ ᠤᠨ ᠰᠤᠷᠭᠠᠨ ᠬᠦᠮᠤᠵᠢᠯ ᠤᠨ ᠰᠢᠰᠲ᠋ᠧᠮ ᠤᠨ ᠲᠡᠰ ᠤᠨ ᠵᠢᠱᠢᠶᠡᠴᠢ ᠪᠠᠭᠰᠢ᠂ ᠰᠢᠯᠢᠳᠡᠭ ᠪᠠᠭᠰᠢ ᠪᠠᠷ ᠤᠯᠠᠨ ᠤᠳᠠᠭ᠎ᠠ ᠬᠦᠬᠢᠬᠦᠯᠤᠯ ᠱᠠᠩᠨᠠᠯ ᠬᠦᠷᠳᠡᠪᠠ᠃ ᠬᠤᠰᠢᠭᠤ ᠬᠤᠳᠠ ᠶᠢᠨ  ᠠᠷᠠᠳ ᠤᠨ ᠲᠦᠯᠤᠬᠡᠯᠡᠭᠴᠢ᠂ ᠤᠯᠤᠰ ᠲᠦᠷᠤ ᠶᠢᠨ ᠵᠦᠪᠯᠡᠯᠭᠡᠨ ᠤ ᠭᠡᠰᠢᠬᠦᠨ᠂ ᠨᠠᠮ ᠤᠨ ᠲᠦᠯᠤᠬᠡᠯᠡᠭᠴᠢ ᠶᠢᠨ ᠬᠤᠷᠠᠯ ᠳᠤ ᠤᠷᠤᠯᠴᠠᠵᠤ  ᠶᠠᠪᠤᠵᠡᠢ᠃ ᠲᠡᠷᠠ ᠰᠤᠷᠭᠠᠭᠤᠯᠢ ᠪᠠᠷ  ᠭᠡᠷ ᠪᠦᠯᠢ ᠪᠠᠨ ᠪᠤᠯᠭᠠᠵᠤ᠂ ᠮᠠᠰᠢ ᠤᠯᠠᠨ ᠰᠢᠯᠢᠳᠡᠭ ᠰᠤᠷᠤᠬᠴᠢ ᠬᠦᠮᠤᠵᠢᠬᠦᠯᠤᠭ᠍ᠰᠡᠨ ᠪᠦᠬᠡᠳ ᠮᠠᠯᠴᠢᠨ ᠲᠦᠮᠡᠨ ᠤ ᠦᠷ᠎ᠠ ᠬᠡᠤᠭᠡᠳ ᠲᠤ ᠬᠠᠷᠢᠭᠤᠴᠠᠨ᠂ ᠪᠠᠭᠰᠢ ᠪᠠ ᠭᠡᠷ ᠤᠨ ᠠᠬᠠᠮᠠᠳ ᠤᠨ ᠬᠦᠷᠢᠶᠡᠯᠡᠯ ᠢ ᠤᠯᠤᠬᠰᠡᠨ ᠬᠦᠨᠳᠤᠳᠭᠡᠯᠳᠠᠢ ᠪᠠᠭᠰᠢ ᠶᠤᠮ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠮᠤᠩᠭᠤᠯ ᠦᠨᠳᠤᠰᠣᠳᠠᠡ ᠶᠢᠨ ᠰᠤᠷᠭᠠᠨ ᠬᠦᠮᠣᠵᠢᠯ ᠤᠨ ᠣᠶᠢᠯᠠᠯᠭ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号