ᠰᠤᠷᠭᠠᠨ ᠬᠦᠮᠣᠵᠢᠯ ᠤᠨ ᠠᠬᠠᠮᠠᠳ ᠪᠠᠭᠰᠢ — ᠲᠡᠮᠤᠷᠰᠡᠷᠡᠩ
ᠨᠡᠶᠢᠲᠡᠯᠡᠭᠰᠡᠨ ᠴᠠᠭ᠄
2015/11/29
         ᠲᠡᠮᠤᠷᠰᠡᠷᠡᠩ       ︵ᠯᠾᠮᠤᠰᠦᠷᠤᠩ︶ ᠡᠷᠡᠭᠳᠡᠢ᠂  ᠮᠣᠩᠭᠤᠯ ᠦᠨᠳᠤᠰᠤᠳᠠᠨ᠃ ᠲᠤᠮᠳᠠᠳᠤ ᠰᠤᠷᠭᠠᠭᠤᠯᠢ ᠶᠢᠨ ᠲᠡᠭᠡᠳᠤ ᠲᠡᠰ ᠤᠨ ᠪᠠᠭᠰᠢ᠃1937 ᠣᠨ ᠳᠤ᠂ ᠪᠠᠭᠠᠷᠢᠨ ᠵᠡᠬᠦᠨ ᠬᠤᠰᠢᠭᠤᠨ ᠤ ᠴᠠᠭᠠᠨᠬᠠᠳᠠ ᠰᠤᠮᠤᠨ ᠳᠤ ᠲᠦᠷᠤᠵᠡᠢ᠃ 1956 ᠣᠨ ᠯᠢᠨᠳᠦ᠋ᠩ ᠳᠠᠬᠢ  ᠪᠠᠭᠰᠢ ᠶᠢᠨ ᠰᠤᠷᠭᠠᠭᠤᠯᠢ ᠠᠴᠠ ᠲᠡᠬᠦᠰᠴᠤ᠂ ᠬᠦᠬᠡᠬᠤᠳᠠ ᠶᠢᠨ ᠬᠤᠶᠠᠳᠤᠭᠠᠷ  ᠪᠠᠭᠰᠢ ᠶᠢᠨ ᠰᠤᠷᠭᠠᠭᠤᠯᠢ ᠶᠢᠨ ᠬᠠᠷᠢᠶᠠᠳᠤ ᠪᠠᠭ᠎ᠠ ᠰᠤᠷᠭᠠᠭᠤᠯᠢ ᠳᠤ ᠠᠵᠢᠯ ᠬᠤᠪᠢᠶᠠᠷᠢᠯᠠᠨ᠂1960  ᠣᠨ ᠤ 9  ᠰᠠᠷ᠎ᠠ ᠪᠤᠯᠳᠠᠯ᠎ᠠ ᠪᠠᠭᠰᠢᠯᠠᠵᠡᠢ᠃1960 ᠣᠨ ᠤ10  ᠰᠠᠷ᠎ᠠ ᠠᠴᠠ1963 ᠣᠨ ᠤ 8  ᠰᠠᠷ᠎ᠠ ᠪᠤᠯᠳᠠᠯ᠎ᠠ᠂  ᠯᠢᠨᠳᠦ᠋ᠩ ᠤᠨ ᠭᠤᠷᠪᠠᠳᠤᠭᠠᠷ ᠪᠠᠭ᠎ᠠ ᠰᠤᠷᠭᠠᠭᠤᠯᠢ ᠳᠤ ᠪᠠᠭᠰᠢᠯᠠᠵᠡᠢ᠃1961 ᠣᠨ ᠤ 3  ᠰᠠᠷ᠎ᠠ ᠠᠴᠠ1964  ᠣᠨ ᠤ 8  ᠰᠠᠷ᠎ᠠ ᠪᠤᠯᠳᠠᠯ᠎ᠠ᠂ ᠦᠪᠤᠷ ᠮᠤᠩᠭᠤᠯ ᠤᠨ ᠪᠠᠭᠰᠢ ᠶᠢᠨ ᠲᠡᠭᠡᠳᠤ ᠰᠤᠷᠭᠠᠭᠤᠯᠢ ᠠᠴᠠ ᠡᠷᠬᠢᠯᠡᠭᠰᠡᠨ ᠵᠠᠬᠢᠳᠠᠯ ᠢᠶᠠᠷ  ᠰᠤᠷᠭᠠᠬᠤ ᠶᠡᠭᠡ ᠰᠤᠷᠭᠠᠭᠤᠯᠢ ᠶᠢᠨ ᠤᠯᠠᠭᠠᠨᠬᠠᠳᠠ ᠳᠤ ᠬᠢ ᠬᠤᠪᠢᠶᠠᠷᠢ ᠰᠤᠷᠭᠠᠭᠤᠯᠢ ᠳᠤ ᠮᠤᠩᠭᠤᠯ ᠬᠡᠯᠡ ᠪᠢᠴᠢᠭ ᠤᠨ ᠲᠤᠰᠬᠠᠢ ᠮᠡᠷᠭᠡᠵᠢᠯ ᠰᠤᠷᠴᠠᠢ᠃ 1963  ᠣᠨ ᠤ 9  ᠰᠠᠷ᠎ᠠ   ᠳᠤ᠂  ᠴᠠᠭᠠᠨᠬᠠᠳᠠ ᠲᠤᠮᠳᠠᠳᠤ ᠰᠤᠷᠭᠠᠭᠤᠯᠢ ᠳᠤ ᠤᠴᠢᠵᠤ᠂ 1978  ᠣᠨ ᠳᠤ᠂  ᠬᠢᠴᠢᠶᠡᠯ ᠬᠦᠮᠤᠵᠢᠯ ᠤᠨ ᠲᠡᠳ᠋ ᠡᠷᠬᠢᠯᠡᠭᠴᠢ ᠪᠤᠯᠪᠠ᠃ 1981  ᠣᠨ ᠤ 9  ᠰᠠᠷ᠎ᠠ ᠠᠴᠠ 1983  ᠣᠨ ᠤ4  ᠰᠠᠷ᠎ᠠ ᠪᠤᠯᠳᠠᠯ᠎ᠠ᠂ ᠯᠢᠨᠳᠦ᠋ᠩ ᠤᠨ ᠮᠤᠩᠭᠤᠯ ᠲᠤᠮᠳᠠᠳᠤ ᠰᠤᠷᠭᠠᠭᠤᠯᠢ ᠳᠤ ᠬᠢᠴᠢᠶᠡᠯ ᠬᠦᠮᠤᠵᠢᠯ ᠤᠨ ᠲᠡᠳ᠋ ᠡᠷᠬᠢᠯᠡᠭᠴᠢ ᠪᠠᠷ ᠠᠵᠢᠯᠯᠠᠵᠠᠢ᠃ 1983  ᠣᠨ ᠤ 5  ᠰᠠᠷ᠎ᠠ ᠠᠴᠠ1997 ᠣᠨ ᠤ 8  ᠰᠠᠷ᠎ᠠ ᠪᠤᠯᠳᠠᠯ᠎ᠠ᠂  ᠴᠠᠭᠠᠨᠬᠠᠳᠠ ᠶᠢᠨ ᠶᠡᠷᠤᠩᠬᠡᠢ ᠰᠤᠷᠭᠠᠭᠤᠯᠢ ᠪᠠ ᠲᠤᠮᠳᠠᠳᠤ ᠰᠤᠷᠭᠠᠭᠤᠯᠢ ᠳᠤ ᠲᠡᠳ᠋ ᠵᠠᠬᠢᠷᠤᠯ ᠢᠶᠠᠷ ᠠᠵᠢᠯᠯᠠᠵᠤ᠂1997  ᠣᠨ ᠤ 8  ᠰᠠᠷ᠎ᠠ ᠳᠤ ᠠᠵᠢᠯ  ᠠᠴᠠ ᠪᠠᠨ ᠠᠮᠠᠷᠠᠪᠠ᠃ ᠲᠤᠰ ᠨᠦᠬᠦᠷ ᠵᠢᠭᠠᠬᠤ ᠠᠷᠭ᠎ᠠ ᠠᠮᠢᠳᠤᠯᠢᠭ᠂  ᠰᠤᠳᠤᠯᠬᠤ ᠴᠢᠨᠠᠷᠳᠠᠢ  ᠪᠠᠷ ᠰᠤᠷᠤᠬᠴᠢᠳ ᠢᠶᠠᠨ ᠵᠢᠯᠤᠭᠤᠳᠳᠠᠭ  ᠪᠤᠯᠬᠤᠷ ᠰᠤᠷᠤᠬᠴᠢᠳ ᠲᠤ ᠪᠠᠨ ᠬᠦᠷᠢᠶᠡᠯᠡᠯ ᠶᠡᠭᠡᠳᠠᠢ ᠮᠦᠷᠳᠡᠬᠡᠨ ᠨᠦᠯᠤᠬᠡ ᠲᠤᠰᠬᠠᠯ ᠴᠦ ᠦᠨᠳᠤᠷ ᠪᠠᠶᠢᠳᠠᠭ ᠶᠤᠮ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠮᠤᠩᠭᠤᠯ ᠦᠨᠳᠤᠰᠤᠳᠠᠨ ᠤ ᠰᠤᠷᠭᠠᠨ ᠬᠦᠮᠤᠵᠢᠯ ᠤᠨ ᠣᠶᠢᠯᠠᠯᠭ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号