ᠰᠤᠷᠭᠠᠨ ᠬᠦᠮᠣᠵᠢᠯ ᠤᠨ ᠠᠬᠠᠮᠠᠳ ᠪᠠᠭᠰᠢ — ᠣᠳᠽᠡᠷ
ᠨᠡᠶᠢᠲᠡᠯᠡᠭᠰᠡᠨ ᠴᠠᠭ᠄
2015/11/29
        ᠣᠳᠽᠡᠷ        ᠡᠷᠡᠭᠳᠡᠢ᠂ ᠮᠤᠩᠭᠤᠯ ᠦᠨᠳᠤᠰᠣᠳᠠᠡ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠭᠡᠰᠢᠬᠦᠨ᠃1938  ᠣᠨ ᠤ 2  ᠰᠠᠷ᠎ᠠ  ᠶᠢᠨ 15  ᠡᠳᠤᠷ᠂  ᠪᠠᠶᠠᠨ᠋ᠠ᠋ᠭᠤᠯᠠ ᠰᠤᠮᠤ ᠶᠢᠨ ᠶᠤᠯᠤ ᠶᠢᠨ ᠠᠷᠤ ᠭᠠᠴᠠᠭᠠᠨ ᠤ ᠨᠢᠭᠡᠨ ᠮᠠᠯᠴᠢᠨ ᠤ ᠭᠡᠷ ᠲᠤ ᠲᠦᠷᠤᠵᠡᠢ᠃ 1948  ᠣᠨ ᠠᠴᠠ ᠰᠤᠶᠤᠯ ᠤᠨ ᠮᠦᠷ ᠬᠦᠭᠡᠭᠡᠵᠤ᠂ 1961  ᠣᠨ ᠳᠤ  ᠯᠢᠨᠳᠦ᠋ᠩ ᠳᠠᠬᠢ ᠪᠠᠭᠰᠢ ᠶᠢᠨ ᠰᠤᠷᠭᠠᠭᠤᠯᠢ ᠠᠴᠠ ᠲᠡᠬᠦᠰᠴᠤ᠂ ᠠᠵᠢᠯ ᠤᠨ ᠪᠠᠶᠢᠷᠢ ᠳᠤ ᠭᠠᠷᠤᠭᠠᠳ ᠡᠮᠣᠨ᠎ᠠ ᠬᠤᠶᠢᠨ᠎ᠠ ᠰᠠᠶᠢᠬᠠᠤᠳᠳᠠᠭ᠂ ᠶᠤᠯᠤ ᠶᠢᠨ ᠠᠷᠤ᠂ ᠨᠠᠷᠢᠨᠳᠠᠪᠠᠭ᠎ᠠ ᠪᠠᠭ᠎ᠠ ᠰᠤᠷᠭᠠᠭᠤᠯᠢ  ᠳᠤ ᠪᠠᠭᠰᠢᠯᠠᠵᠤ ᠪᠠᠶᠢᠬᠤ ᠳᠤ ᠪᠠᠨ ᠮᠤᠵᠢ ᠤᠷᠤᠨ ᠤ ︽ᠲᠠᠯ᠎ᠠ ᠨᠤᠳᠤᠭ ᠤᠨ ᠬᠡᠷᠡᠯᠳᠦ ᠰᠤᠪᠤᠳ︾ ᠬᠡᠰᠡᠨ ᠰᠠᠶᠢᠬᠠᠨ ᠴᠤᠯᠡ ᠬᠦᠷᠳᠠᠵᠤ᠂  ᠬᠤᠰᠢᠭᠤ ᠲᠠᠶᠠᠭᠠᠷ ᠰᠤᠷᠤᠯᠴᠠᠬᠤ ᠲᠠᠭᠤᠷᠢᠶᠠᠯ ᠪᠤᠯᠤᠬᠰᠡᠨ ᠪᠠᠶᠢᠪᠠ᠃ 1977  ᠣᠨ ᠳᠤ᠂ ᠪᠠᠶᠠᠨ᠋ᠠ᠋ᠭᠤᠯᠠ ᠲᠤᠮᠳᠠᠳᠤ ᠰᠤᠷᠭᠠᠭᠤᠯᠢ ᠶᠢᠨ ᠨᠠᠮ ᠤᠨ ᠡᠬᠦᠷ ᠤᠨ ᠱᠦᠵᠢ ᠶᠢᠨ ᠲᠤᠰᠢᠶᠠᠯ ᠢ ᠬᠠᠷᠢᠭᠤᠴᠠᠵᠤ ᠦᠩᠭᠡᠷᠠᠪᠠ᠃ 1965  ᠣᠨ ᠪᠠ 1966  ᠣᠨ ᠳᠤ  ᠲᠤᠰ ᠪᠦᠷᠢ ᠰᠤᠮᠤ᠂  ᠬᠤᠰᠢᠭᠤᠨ ᠤ  ︽ᠲᠠᠪᠤᠨ ᠰᠠᠶᠢᠨᠳᠠᠢ ᠪᠢᠶᠤᠤᠪᠢᠩ︾ ᠢᠶᠠᠷ ᠬᠦᠬᠢᠬᠦᠯᠤᠭ᠍ᠳᠠᠵᠤ᠂ 1973᠂1979  ᠂1980  ᠣᠨ ᠳᠤ᠂ ᠲᠠᠷᠠᠭᠠᠯᠠᠨ ᠵᠤᠦ ᠤᠳᠠ ᠠᠶᠢᠮᠠᠭ ᠤᠨ ︽ᠵᠢᠱᠢᠶᠡᠴᠢ ᠪᠠᠭᠰᠢ︾ ᠪᠠᠷ ᠰᠤᠩᠭᠤᠬᠳᠠᠵᠤ᠂1984 ᠣᠨ ᠳᠤ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ︽ ᠲᠡᠷᠢᠬᠦᠨ ᠤ ᠠᠵᠢᠯᠳᠠᠨ︾ ᠢᠶᠠᠷ ᠬᠦᠬᠢᠬᠦᠯᠤᠭ᠍ᠳᠠᠪᠠ᠃ ᠣᠲᠤᠷ ᠮᠠᠯᠵᠢᠯ ᠢᠶᠠᠷ ᠡᠳᠤᠷᠵᠢᠨ ᠬᠦᠶᠤᠭ᠍ᠰᠡᠨ ᠲᠡᠷᠡ 1986  ᠣᠨ ᠤ 10  ᠰᠠᠷ᠎ᠠ ᠳᠤ ᠲᠦᠴᠢᠨ ᠨᠠᠢᠮᠠᠨ ᠨᠠᠰᠤᠳᠠᠢ ᠳᠤ ᠪᠠᠨ ᠡᠪᠡᠳᠴᠢᠨ ᠢᠶᠠᠷ ᠨᠠᠰᠤ ᠪᠠᠷᠠᠪᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠮᠤᠩᠭᠤᠯ ᠦᠨᠳᠤᠰᠣᠳᠠᠡ ᠶᠢᠨ ᠰᠤᠷᠭᠠᠨ ᠬᠦᠮᠤᠵᠢᠯ ᠤᠨ ᠣᠶᠢᠯᠠᠯᠭ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号