ᠰᠣᠳᠣᠨ ᠰᠤᠷᠤᠬᠴᠢ —  ᠬᠠᠨ ᠰᠧᠷᠡᠩ
ᠨᠡᠶᠢᠲᠡᠯᠡᠭᠰᠡᠨ ᠴᠠᠭ᠄
2015/12/1
   ᠬᠠᠨ ᠰᠧᠷᠡᠩ        ᠬᠢᠳᠠᠳ  ᠨᠡᠷ᠎ᠡ ᠨᠢ ᠬᠠᠨ ᡁᠢ ᠷᠠᠨ᠂ ᠮᠤᠩᠭᠤᠯ ᠦᠨᠳᠤᠰᠤᠳᠠᠨ᠂                1952  ᠣᠨ ᠤ 2  ᠰᠠᠷ᠎ᠠ ᠳᠤ᠂  ᠦᠪᠤᠷ ᠮᠤᠩᠭᠤᠯ ᠤᠨ ᠵᠠᠷᠢᠮ ᠠᠶᠢᠮᠠᠭ ᠤᠨ ᠨᠠᠢᠮᠠ ᠬᠤᠰᠢᠭᠤᠨ ᠳᠤ ᠲᠦᠷᠤᠪᠠ᠃  ᠪᠠᠭ᠎ᠠ ᠨᠠᠰᠤᠨ ᠳᠤ ᠪᠠᠨ ᠤᠯᠠᠭᠠᠨᠳᠠᠪᠠᠭ᠎ᠠ ᠰᠤᠮᠤᠨ ᠤ ᠬᠠᠪᠴᠢᠯ ᠭᠠᠴᠠᠭᠠᠨ ᠳᠤ ᠨᠡᠬᠦᠨ ᠢᠷᠠᠵᠤ᠂ 1961 — 1966  ᠣᠨ ᠪᠤᠯᠳᠠᠯ᠎ᠠ᠂ ᠤᠯᠠᠭᠠᠨᠳᠠᠪᠠᠭ᠎ᠠ ᠰᠤᠮᠤᠨ ᠤ ᠬᠠᠪᠴᠢᠯ ᠪᠠᠭ᠎ᠠ ᠰᠤᠷᠭᠠᠭᠤᠯᠢ ᠳᠤ ᠪᠢᠴᠢᠭ ᠦᠵᠡᠵᠤ᠂ 1966  ᠣᠨ ᠠᠴᠠ ᠯᠢᠨᠳᠦ᠋ᠩ ᠤᠨ ᠬᠤᠶᠠᠳᠤᠭᠠᠷ ᠲᠤᠮᠳᠠᠳᠤ ᠰᠤᠷᠭᠠᠭᠤᠯᠢ ᠳᠤ ᠰᠤᠷᠤᠯᠴᠡᠨ  ︽ᠰᠤᠶᠤᠯ ᠤᠨ ᠶᠡᠭᠡ ᠬᠤᠪᠢᠰᠠᠬᠠᠯ︾ ᠤᠨ ᠦᠶ᠎ᠠ ᠳᠤ ᠬᠦᠳᠡᠭᠡ ᠪᠠᠭᠤᠪᠠ᠃ ᠬᠤᠵᠢᠮ ᠨᠢ ᠭᠠᠨᠰᠤ ᠶᠢᠨ ᠲᠠᠷᠢᠶᠠᠯᠠᠩ ᠤᠨ ᠶᠡᠭᠡ ᠰᠤᠷᠭᠠᠭᠤᠯᠢ ᠠᠴᠠ ᠲᠠᠬᠦᠰᠴᠡᠢ᠃ ᠲᠤᠮᠳᠠᠳᠤ ᠣᠯᠣᠰ ᠤᠨ ᠨᠠᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠤᠨ ᠰᠤᠷᠤᠬᠴᠢ ᠪᠠᠷ ᠦᠷᠬᠦᠯᠵᠢᠯᠡᠨ ᠰᠤᠷᠤᠯᠴᠠᠵᠤ ᠲᠡᠬᠦᠰᠪᠡ᠃        1976  ᠣᠨ ᠤ 6 ᠰᠠᠷ᠎ᠠ ᠳᠤ᠂   ᠠᠵᠢᠯ ᠤᠨ ᠪᠠᠶᠢᠷᠢ ᠳᠤ ᠭᠠᠷᠴᠤ᠂ 1978 ᠣᠨ ᠤ 3  ᠰᠠᠷ᠎ᠠ  ᠳᠤ ᠲᠤᠮᠳᠠᠳᠤ ᠤᠯᠤᠰ ᠤᠨ ᠡᠪ ᠬᠠᠮᠳᠤ ᠨᠠᠮ ᠳᠤ ᠡᠯᠰᠡᠭᠳᠠᠪᠡ᠃        1976 —1983  ᠣᠨ ᠳᠤ᠂ ᠪᠠᠭᠠᠷᠢᠨ ᠵᠡᠬᠦᠨ ᠬᠤᠰᠢᠭᠤᠨ ᠤ ᠮᠠᠯ ᠠᠵᠤ ᠠᠬᠤᠢ ᠶᠢᠨ ᠲᠤᠪᠴᠢᠶᠠᠨ ᠤ ᠡᠪᠠᠰᠤ ᠪᠠᠯᠴᠢᠭᠡᠷ ᠤᠨ ᠦᠷᠳᠡᠬᠡᠨ ᠤ ᠺᠠᠳᠠᠷ᠂ ᠦᠷᠳᠡᠬᠡᠨ ᠲᠡᠳ᠋ ᠲᠠᠷᠤᠭ᠎ᠠ᠂  ᠮᠠᠯ ᠠᠵᠤ ᠠᠬᠤᠢ ᠶᠢᠨ ᠲᠤᠪᠴᠢᠶᠠᠨ ᠲᠠᠷᠤᠭ᠎ᠠ᠂ ᠨᠠᠮ ᠤᠨ ᠬᠤᠷᠢᠶᠠᠨ ᠤ ᠲᠡᠳ᠋ ᠱᠦᠵᠢ ᠶᠢᠨ ᠲᠤᠰᠢᠶᠠᠯ ᠢ  ᠬᠠᠷᠢᠭᠤᠴᠠᠵᠠᠢ᠃        1986 —1989 ᠣᠨ ᠳᠤ᠂  ᠠᠷᠤ ᠬᠤᠷᠴᠢᠨ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ ᠪᠦᠬᠡᠳ ᠬᠤᠰᠢᠭᠤᠨ ᠤ ᠲᠤᠰᠢᠶᠠᠯ ᠢ ᠡᠬᠦᠷᠭᠡᠯᠡᠪᠠ᠃        1989 —1990 ᠣᠨ ᠳᠤ᠂ ᠤᠯᠠᠭᠠᠨᠬᠠᠳᠠ ᠬᠤᠳᠠ ᠶᠢᠨ ᠲᠡᠳ᠋ ᠲᠠᠷᠤᠭ᠎ᠠ ᠶᠢᠨ ᠲᠤᠰᠢᠶᠠᠯ ᠳᠤ ᠲᠡᠪᠰᠢᠬᠦᠯᠤᠭ᠍ᠳᠡᠪᠡ᠃        1990 —1995 ᠣᠨ ᠳᠤ᠂ ᠣᠯᠠᠭᠠᠨᠬᠠᠳᠠ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠬᠡᠰᠢᠬᠦᠨ ᠂ ᠬᠤᠳᠠ ᠶᠢᠨ ᠲᠡᠳ᠋ ᠲᠠᠷᠤᠭ᠎ᠠ ᠶᠢᠨ ᠲᠤᠰᠢᠶᠠᠯ ᠢ ᠬᠠᠷᠢᠭᠤᠴᠠᠪᠠ᠃        1995 —1998 ᠣᠨ ᠳᠤ᠂ ᠪᠠᠶᠠᠨᠨᠠᠭᠤᠷ ᠠᠶᠢᠮᠠᠭ ᠤᠨ ᠨᠠᠮ ᠤᠨ ᠬᠤᠷᠢᠶᠠᠨ ᠤ ᠲᠡᠳ᠋ ᠱᠦᠵᠢ᠂ ᠠᠶᠢᠮᠠᠭ ᠤᠨ ᠲᠠᠷᠤᠭ᠎ᠠ ᠶᠢᠨ ᠲᠤᠰᠢᠶᠠᠯ ᠬᠠᠷᠢᠭᠤᠴᠠᠵᠤ᠂ ᠲᠤᠮᠳᠠᠳᠤ ᠣᠯᠣᠰ ᠤᠨ ᠨᠠᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠤᠨ ᠰᠤᠷᠤᠬᠴᠢ ᠪᠠᠷ ᠰᠤᠷᠤᠯᠴᠠᠪᠠ᠃        1998 —2000  ᠣᠨ ᠳᠤ᠂  ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠶᠢᠨ ᠪᠢᠴᠢᠭ ᠤᠨ ᠲᠠᠷᠤᠭ᠎ᠠ ᠪᠠᠷ ᠠᠵᠢᠯᠯᠠᠵᠡᠢ᠃        2000 —2001 ᠣᠨ ᠳᠤ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠨᠠᠷᠢᠨ ᠪᠢᠴᠢᠭ ᠤᠨ ᠲᠠᠷᠤᠭ᠎ᠠ ᠪᠦᠬᠡᠳ ᠠᠯᠪᠡᠨ ᠲᠢᠩᠬᠢᠮ ᠤᠨ ᠡᠬᠢᠯᠡᠭᠴᠢ ᠪᠠᠷ ᠠᠵᠢᠯᠯᠠᠪᠠ᠃        2001 —2003 ᠣᠨ ᠳᠤ᠂ ᠪᠤᠭᠤᠳᠤ ᠬᠤᠳᠠ ᠶᠢᠨ ᠨᠠᠮ ᠤᠨ ᠬᠤᠷᠢᠶᠠᠨ ᠤ ᠱᠦᠵᠢ᠂ ᠬᠤᠳᠠ ᠶᠢᠨ ᠲᠠᠷᠤᠭ᠎ᠠ ᠶᠢᠨ ᠲᠤᠰᠢᠶᠠᠯ ᠬᠠᠷᠢᠭᠤᠴᠠᠬᠤ ᠶᠢᠨ ᠲᠠᠭᠤ ᠲᠦᠪ ᠤᠨ ᠨᠠᠮ ᠤᠨ ᠰᠤᠷᠭᠠᠭᠤᠯᠢ ᠳᠤ ᠰᠤᠷᠤᠯᠴᠠᠵᠠᠢ᠃        2003 ᠣᠨ ᠤ 1  ᠰᠠᠷ᠎ᠠ —2004  ᠣᠨ ᠤ 9 ᠰᠠᠷ᠎ᠠ ᠪᠤᠯᠳᠠᠯ᠎ᠠ᠂ ᠤᠯᠠᠭᠠᠨᠴᠠᠪ ᠠᠶᠢᠮᠠᠭ ᠤᠨ ᠨᠠᠮ ᠤᠨ ᠬᠤᠷᠢᠶᠠᠨ ᠤ ᠱᠦᠵᠢ ᠪᠠᠷ ᠠᠵᠢᠯᠯᠠᠵᠠᠢ᠃        2004 —2011 ᠣᠨ ᠳᠤ᠂ᠬᠦᠬᠡᠬᠤᠳᠠ ᠶᠢᠨ ᠨᠠᠮ ᠤᠨ ᠬᠤᠷᠢᠶᠠᠨ ᠤ ᠱᠦᠵᠢ᠂ ᠦᠪᠡᠷᠳᠡᠬᠡᠨ  ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠤ ᠲᠤᠰᠢᠶᠠᠯ ᠢ ᠬᠠᠷᠢᠭᠤᠴᠠᠵᠤ᠂  ᠣᠳᠦ ᠦᠪᠡᠷᠳᠡᠬᠡᠨ ᠵᠠᠰᠠᠬᠤ ᠤᠷᠤᠨ ᠤ ᠤᠯᠤᠰ ᠲᠦᠷᠤ ᠶᠢᠨ ᠵᠦᠪᠯᠡᠯᠭᠡᠨ ᠤ ᠲᠡᠳ᠋ ᠲᠡᠷᠢᠬᠦᠯᠡᠭᠴᠢ ᠶᠢᠨ ᠲᠤᠰᠢᠶᠠᠯ ᠳᠤ ᠪᠤᠢ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠮᠤᠩᠭᠤᠯ ᠦᠨᠳᠤᠰᠤᠳᠠᠨ ᠤ ᠰᠤᠷᠭᠠᠨ ᠬᠦᠮᠤᠵᠢᠯ ᠤᠨ ᠦᠢᠯᠠᠯᠭ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号