| ᠪᠠᠭᠠᠷᠢᠨ ᠵᠡᠬᠦᠨ ᠬᠤᠰᠢᠭᠤᠨ ᠤ ᠦᠨᠳᠦᠰᠦᠳᠡᠨ ᠱᠠᠰᠢᠨ ᠰᠤᠷᠳᠠᠬᠤᠨ ᠤ ᠠᠵᠢᠯ | | | ᠪᠠᠶᠠᠷ | | | ᠨᠢᠭᠡ᠄ ᠪᠠᠭᠠᠷᠢᠨ ᠵᠡᠬᠦᠨ ᠬᠤᠰᠢᠭᠤᠨ ᠤ ᠳᠣᠶᠢᠮᠦ | ᠪᠠᠭᠠᠷᠢᠨ ᠵᠡᠭᠦᠨ ᠬᠤᠰᠢᠭᠤ ᠨᠢ ᠤᠯᠠᠭᠠᠨᠬᠠᠳᠠ ᠬᠤᠳᠠ ᠶᠢᠨ ᠵᠡᠬᠦᠨ ᠳᠠᠯ᠎ᠠ ᠪᠠᠷ ᠪᠠᠶᠢᠷᠢᠯᠠᠵᠤ᠂ ᠮᠤᠩᠭᠤᠯ | ᠦᠨᠳᠦᠰᠦᠳᠡᠨ ᠢᠶᠠᠷ ᠭᠤᠤᠯ ᠴᠤᠭᠴᠠ ᠪᠤᠯᠭᠠᠵᠤ᠂ ᠬᠢᠳᠠᠳ ᠦᠨᠳᠦᠰᠦᠳᠡᠨ ᠵᠤᠩᠬᠢᠯᠠᠬᠤ ᠲᠤᠭ᠎ᠠ ᠶᠢ ᠡᠵᠡᠯᠡᠭᠰᠡᠨ | ᠴᠦᠬᠡᠨ ᠲᠤᠭᠠᠳᠤ ᠦᠨᠳᠦᠰᠦᠳᠡᠨ ᠤ ᠤᠷᠤᠨ ᠪᠣᠯᠬᠤ ᠶᠤᠮ᠃ ᠪᠦᠬᠦ ᠬᠤᠰᠢᠭᠤ ᠨᠢ 6644 ᠲᠡᠭᠰᠢ ᠲᠦᠷᠪᠡᠯᠵᠢᠨ | ᠺᠢᠯᠦᠮᠧᠲᠷ ᠨᠤᠳᠤᠭ ᠲᠡᠪᠢᠰᠭᠡᠷ ᠲᠠᠢ ᠪᠦᠭᠡᠳ 11 ᠰᠤᠮᠤ ᠰᠢᠶᠠᠩ ᠪᠠᠯᠭᠠᠰᠤ᠂ 2 ᠵᠡᠬᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠲᠠᠢ᠃ ᠪᠦᠬᠦ ᠬᠤᠰᠢᠭᠤ ᠪᠠᠷ ᠢᠶᠠᠨ ᠨᠡᠶᠢᠳᠡ 35.68 ᠲᠦᠮᠡᠨ ᠬᠦᠮᠦᠨ ᠠᠮᠠ ᠲᠠᠢ᠂ ᠴᠦᠬᠡᠨ | ᠳᠣᠭᠠᠳᠣ ᠦᠨᠳᠣᠰᠣᠳᠡᠨ ᠤ ᠬᠦᠮᠦᠨ ᠠᠮᠠ ︵ᠮᠣᠩᠭᠤᠯ᠂ ᠬᠤᠳᠣᠩ᠂ ᠮᠠᠨᠵᠤ᠂ ᠰᠣᠯᠣᠩᠭᠤᠰ ᠵᠡᠷᠬᠡ 16 ᠴᠦᠬᠡᠨ | ᠳᠣᠭᠠᠳᠣ ᠦᠨᠳᠦᠰᠦᠳᠡᠨ ᠲᠠᠢ︶13.94 ᠳᠦᠮᠡ ᠶᠢ ᠡᠵᠡᠯᠡᠵᠤ᠂ ᠡᠬᠦᠨ ᠤ ᠳᠣᠳᠣᠷ᠎ᠠ ᠮᠤᠩᠭᠤᠯ ᠦᠨᠳᠦᠰᠦᠳᠡᠨ ᠤ | ᠬᠦᠮᠦᠨ ᠠᠮᠠ 12.6 ᠲᠦᠮᠡ ᠶᠢ ᠡᠵᠡᠯᠡᠵᠤ᠂ ᠪᠦᠬᠦ ᠬᠦᠮᠦᠨ ᠠᠮᠠ ᠶᠢᠨ 35% ᠶᠢ ᠡᠵᠡᠯᠡᠨ᠎ᠠ᠂ ᠭᠤᠣᠯᠳᠠᠭᠤ | ᠪᠠᠶ᠋ᠬᠠᠠᠭᠤᠯᠠ ᠰᠣᠮᠣ᠂ ᠣᠯᠠᠭᠠᠨᠳᠠᠪᠠᠭ᠎ᠠ ᠰᠣᠮᠣ ᠪᠠ ᠴᠠᠭᠠᠨᠬᠠᠳᠠ ᠰᠣᠮᠣ ᠵᠡᠷᠬᠡ ᠭᠤᠷᠪᠠᠨ ᠮᠠᠯᠵᠢᠬᠤ ᠣᠷᠣᠨ ᠳᠤ | ᠳᠦᠪᠯᠡᠷᠡᠨ ᠳᠠᠷᠬᠠᠵᠤ ᠪᠤᠢ᠃ ᠡᠬᠦᠨ ᠳᠤ ᠮᠤᠩᠭᠤᠯ ᠦᠭᠡ ᠬᠡᠯᠡ ᠦᠰᠦᠭ ᠪᠢᠴᠢᠭ ᠢ ᠰᠤᠷᠴᠤ ᠬᠡᠷᠡᠭᠯᠡᠵᠤ ᠪᠠᠶᠢᠭ᠎ᠠ | ᠬᠦᠮᠦᠨ ᠤ ᠲᠤᠭ᠎ᠠ 31105 ᠪᠠᠶᠢᠵᠤ᠂ ᠪᠦᠬᠦ ᠬᠤᠰᠢᠭᠤᠨ ᠤ ᠬᠦᠮᠦᠨ ᠠᠮᠠ ᠶᠢᠨ 8.70 % ᠶᠢ ᠡᠵᠡᠯᠡᠵᠤ ᠪᠤᠢ | ᠃ | ᠬᠤᠶᠠᠷ᠄ ᠪᠠᠭᠠᠷᠢᠨ ᠵᠡᠬᠦᠨ ᠬᠤᠰᠢᠭᠤᠨ ᠤ ᠦᠨᠳᠦᠰᠦᠳᠡᠨ ᠤ ᠠᠵᠢᠯ ᠤᠨ ᠳᠣᠶᠢᠮᠦ | ᠪᠠᠭᠠᠷᠢᠨ ᠵᠡᠬᠦᠨ ᠬᠤᠰᠢᠭᠤᠨ ᠤ ᠦᠨᠳᠦᠰᠦᠳᠡᠨ ᠱᠠᠰᠢᠨ ᠰᠣᠷᠳᠠᠬᠤᠨ ᠤ ᠬᠡᠷᠡᠭ ᠡᠷᠬᠢᠯᠡᠬᠦ ᠳᠣᠪᠴᠢᠶ᠎ᠠ ᠨᠢ | ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠦᠪ ᠣᠨᠣᠪᠴᠢᠳᠠᠢ ᠣᠳᠣᠷᠢᠳᠣᠯᠭ᠎ᠠ ᠪᠠ ᠬᠤᠳᠠ᠂ | ᠦᠪᠡᠷᠳᠡᠭᠡᠨ ᠵᠠᠰᠠᠬᠤ ᠣᠷᠣᠨ ᠤ ᠦᠨᠳᠦᠰᠦᠳᠡᠨ ᠤ ᠠᠵᠢᠯ ᠢ ᠴᠢᠬᠤᠯᠠᠴᠢᠯᠠᠨ ᠠᠳᠬᠤᠬᠤ ᠣᠷᠢᠶᠠᠯᠭ᠎ᠠ ᠳᠣᠣᠷ᠎ᠠ᠂ ︽ | ᠬᠠᠮᠳᠣᠪᠠᠷ ᠪᠦᠯᠬᠦᠮᠳᠡᠨ ᠳᠠᠪᠰᠢᠵᠤ᠂ ᠬᠠᠮᠳᠣᠪᠡᠷ ᠬᠦᠭᠵᠢᠨ ᠴᠡᠴᠡᠭᠯᠡᠬᠦ︾ ᠰᠢᠨ᠎ᠠ ᠴᠠᠭ ᠡᠷᠢᠨ ᠤ ᠦᠨᠳᠦᠰᠦᠳᠡᠨ ᠤ | ᠠᠵᠢᠯ ᠢᠶᠠᠷ ᠭᠤᠣᠯᠳᠠᠯᠭ᠎ᠠ ᠪᠣᠯᠭᠠᠨ᠂ ᠦᠨᠳᠦᠰᠦᠳᠡᠨ ᠪᠦᠬᠦᠨ ᠡᠷᠬᠡ ᠳᠡᠭᠰᠢ ᠪᠠᠶᠢᠬᠤ ᠵᠠᠷᠴᠢᠮ ᠢᠶᠠᠷ ᠣᠷᠢᠳᠠᠯ | ᠪᠣᠯᠭᠠᠨ᠂ ᠦᠨᠳᠦᠰᠦᠳᠡᠨ ᠤ ᠪᠦᠯᠬᠦᠮᠳᠡᠯ ᠳᠠᠪᠰᠢᠯᠳᠠ ᠪᠠᠷ ᠰᠠᠭᠤᠷᠢ ᠪᠣᠯᠭᠠᠵᠤ᠂ ᠨᠠᠮ ᠤᠨ ᠦᠨᠳᠦᠰᠦᠳᠡᠨ ᠤ | ᠳᠦᠷᠦ ᠶᠢᠨ ᠪᠣᠳᠣᠯᠭ᠎ᠠ ᠶᠢ ᠯᠠᠪᠳᠠᠭᠤᠨ ᠪᠠᠳᠣᠳᠠᠢ ᠲᠤᠤᠱᠯᠠᠭᠤᠯᠤᠨ ᠬᠡᠷᠡᠭᠵᠢᠬᠦᠯᠵᠤ᠂ ᠬᠤᠰᠢᠭᠤᠨ ᠤ ᠠᠵᠤ ᠠᠬᠤᠢ | ᠨᠡᠶᠢᠭᠡᠮ ᠤᠨ ᠳᠣᠬᠳᠠᠭᠤᠨ ᠪᠦᠬᠡᠳ ᠳᠦᠷᠬᠡᠨ ᠬᠦᠭᠵᠢᠯᠳᠡ᠂ ᠦᠨᠳᠣᠰᠣᠳᠡᠨ ᠤ ᠪᠦᠯᠬᠦᠮᠳᠡᠯ ᠳᠠᠪᠰᠢᠯᠳᠡ᠂ ᠱᠠᠰᠢᠨ | ᠰᠣᠷᠳᠠᠬᠤᠨ ᠤ ᠡᠶ᠎ᠡ ᠵᠣᠬᠢᠴᠡᠯ᠂ ᠮᠣᠩᠭᠤᠯ ᠬᠡᠯᠡ ᠪᠢᠴᠢᠭ ᠤᠨ ᠰᠣᠷᠣᠯᠴᠠᠯᠭ᠎ᠠ ᠬᠡᠷᠡᠭᠯᠡᠬᠡᠨ ᠵᠢᠴᠢ ᠪᠠᠶᠢᠭᠤᠯᠭ᠎ᠠ ᠶᠢᠨ | ᠳᠦᠷᠢᠮᠵᠢᠭᠰᠡᠨ ᠬᠠᠮᠢᠶᠠᠷᠣᠯᠳᠠ ᠵᠡᠷᠬᠡ ᠪᠠᠷ ᠭᠤᠣᠯᠳᠠᠯᠭ᠎ᠠ ᠪᠣᠯᠭᠠᠵᠤ᠂ ᠳᠦᠷᠦ ᠶᠢᠨ ᠪᠣᠳᠣᠯᠭ᠎ᠠ ᠶᠢᠨ | ᠨᠠᠶᠢᠳᠡᠪᠣᠷᠢᠵᠢᠭᠤᠯᠤᠯᠳᠡ᠂ ᠬᠠᠣᠯᠢ ᠳᠦᠷᠢᠮ ᠤᠨ ᠬᠠᠮᠢᠶᠠᠷᠣᠯᠳᠠ᠂ ︽ᠳᠦᠷᠢᠮ︾ ᠤᠨ ᠬᠡᠷᠡᠭᠵᠢᠭᠦᠯᠦᠯᠳᠡ ᠵᠢᠴᠢ | ᠳᠣᠰ ᠪᠡᠶ᠎ᠡ ᠶᠢᠨ ᠪᠦᠳᠦᠬᠡᠨ ᠪᠠᠶᠢᠭᠤᠯᠤᠯᠳᠡ ᠶᠢ ᠬᠦᠴᠦᠳᠡᠢ ᠠᠬᠢᠭᠤᠯᠤᠨ᠂ ᠴᠢᠷᠮᠠᠶᠢᠨ ᠣᠷᠣᠬᠰᠢᠯᠠᠨ ᠳᠠᠪᠰᠢᠵᠤ᠂ | ᠯᠠᠪᠳᠠᠭᠤᠨ ᠪᠠᠳᠣᠳᠠᠢ ᠠᠵᠢᠯᠯᠠᠨ᠂ ᠦᠨᠳᠦᠰᠦᠳᠡᠨ ᠨᠦᠭᠦᠳ ᠪᠦᠯᠬᠦᠮᠳᠡᠯ ᠲᠠᠢ᠂ ᠱᠠᠰᠢᠨ ᠰᠣᠷᠳᠠᠬᠤᠨ ᠡᠶ᠎ᠡ ᠵᠣᠬᠢᠴᠠᠯ | ᠲᠠᠢ᠂ ᠨᠡᠶᠢᠭᠡᠮ ᠠᠮᠤᠷ ᠳᠣᠬᠳᠠᠭᠤᠨ ᠪᠠᠶᠢᠬᠤ ᠰᠠᠶᠢᠨ ᠰᠠᠶᠢᠬᠠᠨ ᠨᠡᠶᠢᠭᠡᠮ ᠤᠨ ᠠᠬᠤᠢ ᠣᠷᠴᠢᠨ ᠢ ᠡᠬᠦᠳᠦᠨ | ᠪᠠᠶᠢᠭᠤᠯᠵᠠᠢ᠃ | ᠭᠤᠷᠪᠠ᠄ ᠪᠠᠭᠠᠷᠢᠨ ᠵᠡᠬᠦᠨ ᠬᠤᠰᠢᠭᠤᠨ ᠤ ᠣᠶᠢᠷ᠎ᠠ ᠶᠢᠨ ᠳᠠᠪᠤᠨ ᠵᠢᠯ ᠤᠨ ᠦᠨᠳᠦᠰᠦᠳᠡᠨ ᠤ ᠠᠵᠢᠯ ᠤᠨ | ᠳᠣᠪᠣᠶᠢᠮ᠎ᠠ ᠠᠮᠵᠢᠯᠳᠡ | ︵ᠨᠢᠭᠡ︶ ᠴᠦᠬᠡᠨ ᠳᠣᠭᠠᠳᠣ ᠦᠨᠳᠦᠰᠦᠳᠡᠨ ᠤ ᠣᠷᠣᠨ ᠤ ᠠᠵᠤ ᠠᠬᠤᠢ ᠨᠡᠶᠢᠭᠡᠮ ᠤᠨ ᠬᠦᠭᠵᠢᠯᠳᠡ ᠪᠠ | ᠣᠯᠠᠮᠵᠢᠯᠠᠯᠳᠣ ᠰᠣᠶᠣᠯ ᠤᠨ ᠦᠪ ᠤᠨ ᠵᠠᠯᠭᠠᠮᠵᠢᠯᠠᠯᠳᠠ ᠬᠦᠭᠵᠢᠬᠦᠯᠦᠯᠳᠡ ᠶᠢ ᠶᠡᠭᠡᠪᠡᠷ ᠳᠦᠯᠬᠢᠨ ᠠᠬᠢᠭᠤᠯᠪᠠ᠃ | 1᠂ ᠳᠦᠪ ᠤᠨ ᠦᠨᠳᠦᠰᠦᠳᠡᠨ ᠤ ᠠᠵᠢᠯ ᠤᠨ ᠵᠣᠷᠢᠭ ᠰᠠᠨᠠᠭ᠎ᠠ ᠶᠢ ᠬᠦᠢᠴᠡᠳ ᠲᠤᠤᠱᠯᠠᠭᠤᠯᠤᠨ | ᠬᠡᠷᠡᠭᠵᠢᠬᠦᠯᠵᠤ᠂ ᠦᠨᠳᠦᠰᠦᠳᠡᠨ ᠤ ᠠᠵᠢᠯ ᠤᠨ ᠢᠯᠭᠤᠮ ᠣᠷᠣᠬᠰᠢᠳᠠᠢ ᠶᠠᠪᠤᠬᠳᠠᠬᠤ ᠶᠢ ᠪᠠᠳᠣᠯᠠᠵᠤ ᠪᠤᠢ᠃ ᠮᠠᠨ ᠤ | ᠬᠤᠰᠢᠭᠤ ᠨᠢ ᠡᠯ᠎ᠠ ᠰᠣᠮᠣ ᠰᠢᠶᠠᠩ ᠪᠠᠯᠭᠠᠰᠣ ︵ᠬᠤᠳᠠ ᠵᠡᠬᠡᠯᠢ︶ ᠵᠡᠷᠬᠡ ᠦᠨᠳᠦᠰᠦᠨ ᠱᠠᠳᠣᠨ ᠳᠤ ᠦᠨᠡᠨᠬᠦ | ᠬᠦᠨᠵᠡᠭᠡᠶᠢᠷᠡᠨ᠂ ᠪᠠᠶᠢᠴᠠᠭᠠᠯᠳᠠ ᠰᠣᠳᠣᠯᠭᠠᠨ ᠢ ᠣᠳᠠᠭ᠎ᠠ ᠳᠠᠷᠠᠭᠠᠯᠠᠨ ᠦᠷᠨᠢᠭᠦᠯᠵᠤ᠂ ᠴᠦᠬᠡᠨ ᠳᠣᠭᠠᠳᠣ | ᠦᠨᠳᠦᠰᠦᠳᠡᠨ ᠤ ᠣᠷᠣᠨ ᠤ ᠠᠷᠠᠳ ᠤᠨ ᠠᠮᠢᠳᠣᠷᠠᠯ᠂ ᠠᠵᠤ ᠠᠬᠤᠢ ᠶᠢᠨ ᠰᠠᠭᠤᠷᠢ᠂ ᠪᠠᠶᠢᠭᠠᠯᠢ ᠣᠷᠴᠢᠨ ᠤ | ᠨᠦᠬᠦᠴᠡᠯ ᠵᠢᠴᠢ ᠮᠠᠯᠴᠢᠨ ᠳᠦᠮᠡᠨ ᠤ ᠣᠶᠢᠯᠡᠳᠪᠦᠷᠢᠯᠡᠯ ᠠᠮᠢᠳᠣᠷᠠᠯ ᠳᠣᠮᠳᠠᠬᠢ ᠰᠠᠭᠤᠷᠢ ᠳᠦᠬᠦᠭᠡᠷᠣᠮᠵᠢ ᠶᠢᠨ | ᠪᠦᠳᠦᠬᠡᠨ ᠪᠠᠶᠢᠭᠤᠯᠤᠯᠳᠠ᠂ ᠣᠯᠠᠨ ᠨᠡᠶᠢᠳᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠤᠨ ᠪᠦᠳᠦᠬᠡᠨ | ᠪᠠᠶᠢᠭᠤᠯᠤᠯᠳᠠ ᠵᠡᠷᠬᠡ ᠳᠠᠯ᠎ᠠ ᠳᠤ ᠭᠤᠣᠯᠳᠠᠯᠭ᠎ᠠ ᠲᠠᠢ ᠪᠠᠶᠢᠴᠠᠭᠠᠯᠳᠠ ᠬᠢᠵᠤ᠂ ᠡᠯ᠎ᠠ ᠰᠣᠮᠣ ᠰᠢᠶᠠᠩ ᠪᠠᠯᠭᠠᠰᠣ ᠶᠢᠨ | ᠨᠠᠮ ᠤᠨ ᠬᠤᠷᠢᠶ᠎ᠠ ᠵᠠᠰᠠᠭ ᠤᠨ ᠣᠷᠳᠣᠨ ᠤ ᠦᠨᠳᠦᠰᠦᠳᠡᠨ ᠤ ᠠᠵᠢᠯ ᠤᠨ ᠳᠣᠬᠠᠢ ᠰᠠᠨᠠᠯ ᠰᠢᠬᠦᠮᠵᠢ ᠪᠠ ᠰᠠᠨᠠᠭᠤᠯᠭ᠎ᠠ | ᠵᠦᠪᠯᠡᠮᠵᠢ ᠵᠢᠴᠢ ᠦᠷᠬᠡᠨ ᠣᠯᠠᠨ ᠳᠦᠮᠡᠨ ᠤ ᠦᠨᠳᠦᠰᠦᠳᠡᠨ ᠤ ᠠᠵᠢᠯ ᠤᠨ ᠳᠠᠯ᠎ᠠ ᠳᠠᠬᠢ ᠰᠠᠨᠠᠯ ᠱᠠᠭᠠᠷᠳᠠᠯᠭ᠎ᠠ ᠶᠢ | ᠨᠠᠷᠢᠨ ᠬᠢᠨᠠᠮᠠᠭᠠᠢ ᠰᠣᠨᠣᠰᠴᠦ᠂ ᠵᠢᠯ ᠪᠦᠷᠢ ᠤᠯᠠᠨ ᠣᠳᠠᠭᠠᠨ ᠤ ᠰᠠᠭᠤᠳᠠᠯ ᠤᠨ ᠬᠤᠷᠠᠯ ᠬᠤᠷᠠᠯᠳᠣᠭᠤᠯᠣᠨ᠂ | ᠦᠨᠳᠦᠰᠦᠳᠡᠨ ᠤ ᠠᠵᠢᠯ ᠤᠨ ᠳᠣᠮᠳᠠ ᠣᠷᠣᠰᠢᠵᠤ ᠪᠠᠶᠢᠭ᠎ᠠ ᠳᠣᠪᠣᠶᠢᠮ᠎ᠠ ᠳᠣᠯᠭᠠᠮ᠎ᠠ ᠠᠰᠠᠭᠤᠳᠠᠯ ᠢ ᠴᠠᠭ ᠳᠣᠬᠠᠢ | ᠳᠤᠨᠢ ᠶᠠᠷᠢᠯᠴᠠᠨ ᠰᠣᠳᠣᠯᠵᠤ᠂ ᠵᠢᠯ ᠪᠦᠷᠢ ︽ᠪᠦᠬᠦ ᠬᠤᠰᠢᠭᠤᠨ ᠤ ᠦᠨᠳᠦᠰᠦᠳᠡᠨ ᠤ ᠠᠵᠢᠯ ᠢ ᠴᠢᠩᠭᠠᠳᠬᠠᠬᠤ | ᠳᠣᠬᠠᠢ ᠰᠠᠨᠠᠯ︾ ᠢ ᠳᠣᠭᠤᠷᠪᠢᠨ᠂ ᠰᠠᠨᠠᠯ ᠳᠣᠷᠠᠳᠣᠯᠭ᠎ᠠ ᠶᠢ ᠴᠠᠭ ᠳᠣᠬᠠᠢ ᠳᠤᠨᠢ ᠳᠡᠭᠡᠭᠰᠢ ᠳᠠᠮᠵᠢᠭᠤᠯᠵᠤ᠂ ᠪᠦᠬᠦ | ᠬᠤᠰᠢᠭᠤᠨ ᠤ ᠦᠨᠳᠦᠰᠦᠳᠡᠨ ᠤ ᠠᠵᠢᠯ ᠤᠨ ᠳᠣᠬᠳᠠᠭᠤᠨ ᠪᠦᠭᠡᠳ ᠣᠷᠣᠬᠰᠢᠳᠠᠢ ᠶᠠᠪᠤᠬᠳᠠᠬᠤ ᠶᠢ ᠪᠠᠳᠣᠯᠠᠵᠤ ᠪᠤᠢ | ᠃ | 2᠂ ᠪᠡᠯᠡ ᠣᠷᠣᠭᠤᠯᠣᠯᠳᠠ ᠪᠠᠨ ᠴᠢᠩᠭᠠᠳᠬᠠᠵᠤ᠂ ᠦᠨᠳᠦᠰᠦᠳᠡᠨ ᠤ ᠣᠷᠣᠨ ᠤ ᠠᠵᠤ ᠠᠬᠤᠢ᠂ | ᠨᠡᠶᠢᠭᠡᠮ ᠤᠨ ᠬᠦᠭᠵᠢᠯᠳᠡ ᠶᠢ ᠳᠦᠯᠬᠢᠨ ᠠᠬᠢᠭᠤᠯᠵᠠᠢ᠃ ᠴᠦᠬᠡᠨ ᠳᠣᠭᠠᠳᠣ ᠦᠨᠳᠦᠰᠦᠳᠡᠨ ᠤ ᠬᠦᠭᠵᠢᠯᠳᠡ ᠶᠢᠨ | ᠪᠡᠯᠡ ᠮᠦᠩᠬᠦ ᠨᠢ ᠴᠦᠬᠡᠨ ᠳᠣᠭᠠᠳᠣ ᠦᠨᠳᠦᠰᠦᠳᠡᠨ ᠪᠠ ᠦᠨᠳᠦᠰᠦᠳᠡᠨ ᠤ ᠣᠷᠣᠨ ᠤ ᠠᠵᠤ ᠠᠬᠤᠢ ᠨᠡᠶᠢᠬᠡᠮ ᠤᠨ | ᠳᠣᠬᠳᠠᠭᠤᠨ ᠬᠦᠭᠵᠢᠯᠳᠡ ᠳᠤ ᠢᠳᠡᠪᠬᠢᠳᠠᠢ ᠳᠦᠯᠬᠢᠴᠠ ᠦᠢᠯᠡᠳᠣᠯ ᠦᠵᠡᠭᠦᠯᠵᠤ ᠪᠠᠶᠢᠳᠠᠭ᠃ ᠠᠵᠤ ᠠᠬᠤᠢ ᠶᠢᠨ | ᠠᠵᠢᠯ ᠪᠣᠯ ᠦᠨᠳᠦᠰᠦᠳᠡᠨ ᠤ ᠠᠵᠢᠯ ᠤᠨ ᠴᠢᠬᠤᠯᠠ ᠪᠦᠷᠢᠯᠳᠦᠬᠦᠨ ᠬᠡᠰᠡᠭ ᠮᠦᠨ᠃ ᠴᠦᠬᠡᠨ ᠳᠣᠭᠠᠳᠣ | ᠦᠨᠳᠦᠰᠦᠳᠡᠨ ᠤ ᠬᠦᠭᠵᠢᠯᠳᠡ ᠶᠢᠨ ᠪᠡᠯᠡ ᠮᠦᠩᠬᠦ ᠨᠢ ᠠᠵᠤ ᠠᠬᠤᠢ ᠶᠢᠨ ᠠᠵᠢᠯ ᠤᠨ ᠳᠣᠮᠳᠠ ᠣᠷᠣᠯᠠᠭᠤᠯᠵᠤ | ᠪᠣᠯᠣᠰᠢ ᠦᠭᠡᠢ ᠦᠢᠯᠡᠳᠣᠯ ᠦᠵᠡᠭᠦᠯᠵᠤ ᠪᠤᠢ᠃ ᠣᠷᠴᠢᠮ ᠤᠨ ᠵᠢᠯ ᠤᠳ ᠲᠤ ᠮᠠᠨ ᠤ ᠳᠣᠪᠴᠢᠶ᠎ᠠ ᠨᠢ ᠬᠤᠰᠢᠭᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠳᠣᠷᠢᠳᠣᠯᠭ᠎ᠠ ᠳᠣᠣᠷ᠎ᠠ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ | ᠪᠦᠳᠦᠬᠡᠨ ᠪᠠᠶᠢᠭᠤᠯᠬᠤ ᠬᠠᠷᠠᠯᠳᠠ ᠪᠠ ᠵᠣᠷᠢᠯᠭ᠎ᠠ ᠪᠠᠷ ᠴᠦᠬᠡᠨ ᠳᠣᠭᠠᠳᠣ ᠦᠨᠳᠦᠰᠦᠳᠡᠨ ᠤ ᠣᠷᠣᠨ ᠢ ᠬᠦᠭᠵᠢᠬᠦᠯᠬᠦ | ᠪᠡᠯᠡ ᠮᠦᠩᠭᠦᠨ ᠤ ᠳᠦᠷᠦᠯ ᠵᠦᠢᠯ ᠢ ᠳᠣᠬᠳᠠᠭᠠᠬᠤ᠂ ᠮᠡᠳᠡᠭᠦᠯᠬᠦ ᠪᠠ ᠨᠡᠶᠢᠳᠡᠪᠤᠷᠢᠵᠢᠭᠤᠯᠬᠤ ᠵᠢᠴᠢ ᠡᠷᠡᠮᠵᠢᠯᠡᠬᠦ | ᠠᠵᠢᠯ ᠢ ᠬᠦᠨᠳᠦᠳᠬᠡᠨ ᠴᠢᠬᠤᠯᠠᠴᠢᠯᠠᠨ ᠠᠳᠬᠤᠵᠠᠢ᠃ ᠮᠠᠨ ᠤ ᠳᠣᠪᠴᠢᠶ᠎ᠠ ᠨᠢ ᠡᠯ᠎ᠠ ᠵᠦᠢᠯ ᠤᠨ ᠠᠷᠭ᠎ᠠ ᠵᠠᠮ ᠢ | ᠰᠦᠪᠡᠭᠴᠢᠯᠡᠨ᠂ ᠴᠦᠬᠡᠨ ᠳᠣᠭᠠᠳᠣ ᠦᠨᠳᠦᠰᠦᠳᠡᠨ ᠤ ᠣᠷᠣᠨ ᠳᠤ ᠳᠦᠯᠦᠪᠤᠷᠢ ᠦᠭᠡᠢ ᠪᠡᠯᠨ ᠮᠦᠩᠬᠦ᠂ ᠶᠠᠳᠠᠭᠤ | ᠶᠢ ᠳᠡᠳᠬᠦᠬᠦ ᠪᠡᠯᠡ ᠮᠦᠩᠬᠦ ᠪᠠ ᠳᠦᠷᠦᠯ ᠵᠦᠢᠯ ᠤᠨ ᠪᠡᠯᠡ ᠮᠦᠩᠬᠦ ᠶᠢ ᠬᠠᠷᠢᠴᠠᠨ ᠣᠯᠵᠣ᠂ ᠴᠦᠬᠡᠨ ᠳᠣᠭᠠᠳᠣ | ᠦᠨᠳᠦᠰᠦᠳᠡᠨ ᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠳᠠᠪᠰᠢᠯᠳᠡ᠂ ᠦᠨᠳᠦᠰᠦᠳᠡᠨ ᠤ | ᠰᠣᠷᠭᠠᠨ ᠬᠦᠮᠦᠵᠢᠯ᠂ ᠠᠮᠢ ᠠᠬᠤᠢ ᠣᠷᠴᠢᠨ ᠳᠣᠭᠤᠷᠢᠨ ᠤ ᠬᠠᠮᠠᠭᠠᠯᠠᠯᠳᠠ᠂ ᠳᠣᠣᠷ ᠬᠦᠷᠢᠶ᠎ᠡ ᠶᠢᠨ ᠪᠦᠳᠦᠬᠡᠨ | ᠪᠠᠶᠢᠭᠤᠯᠤᠯᠳᠠ᠂ ᠴᠠᠬᠢᠯᠭᠠᠨ ᠬᠦᠴᠣᠨ ᠤ ᠮᠠᠰᠢᠨ ᠬᠤᠳᠳᠤᠭ ᠮᠠᠯᠳᠠᠬᠤ᠂ ᠬᠦᠮᠦᠨ ᠮᠠᠯ ᠤᠨ ᠣᠣᠭᠤᠬᠤ ᠣᠰᠣᠨ ᠤ | ᠠᠰᠠᠭᠤᠳᠠᠯ ᠢ ᠰᠢᠢᠳᠪᠦᠷᠢᠯᠡᠬᠦ ᠢᠨᠵᠧᠨᠧᠷᠢᠩ᠂ ᠫᠧᠩ ᠰᠠᠷᠠᠪᠴᠢ ᠶᠢᠨ ᠪᠦᠳᠦᠬᠡᠨ ᠪᠠᠶᠢᠭᠤᠯᠤᠯᠳᠠ᠂ ᠰᠠᠭᠠᠯᠢ ᠶᠢᠨ | ᠦᠨᠢᠶ᠎ᠡ ᠳᠡᠵᠢᠬᠡᠬᠦ ᠦᠢᠯᠡᠰ᠂ ᠬᠤᠨᠢ ᠳᠡᠵᠢᠬᠡᠬᠦ ᠦᠢᠯᠡᠰ᠂ ᠠᠭᠤᠷᠬᠠᠢ ᠶᠢᠨ ᠦᠢᠯᠡᠰ ᠤᠨ ᠨᠡᠭᠡᠭᠡᠨ ᠬᠦᠭᠵᠢᠭᠦᠯᠦᠯᠳᠡ | ᠵᠡᠷᠬᠡ ᠳᠠᠯ᠎ᠠ ᠳᠤ ᠪᠡᠯᠡ ᠣᠷᠣᠭᠤᠯᠵᠠᠢ᠃ ᠡᠬᠦᠨ ᠳᠤ ᠮᠠᠨ ᠤ ᠳᠣᠪᠴᠢᠶ᠎ᠠ ᠨᠢ ᠬᠤᠰᠢᠭᠤᠨ ᠤ ᠠᠷᠠᠳ ᠤᠨ | ᠶᠠᠪᠤᠳᠠᠯ ᠤᠨ ᠳᠣᠪᠴᠢᠶ᠎ᠠ ᠲᠠᠢ ᠬᠠᠷᠢᠴᠠᠨ 600 ᠢᠯᠡᠬᠦᠦ ᠳᠦᠮᠡᠨ ᠳᠦᠭᠦᠷᠢᠭ ᠤᠨ ᠪᠡᠯᠡ ᠮᠦᠩᠬᠦ ᠣᠯᠵᠣ᠂ | ᠴᠦᠬᠡᠨ ᠳᠣᠭᠠᠳᠣ ᠦᠨᠳᠦᠰᠦᠳᠡᠨ ᠤ ᠣᠷᠣᠨ ᠤ ᠳᠡᠵᠢᠬᠡᠨ ᠦᠷᠡᠵᠢᠭᠦᠯᠬᠦ ᠦᠢᠯᠡᠰ ᠤᠨ ᠬᠦᠭᠵᠢᠭᠦᠯᠦᠯᠳᠡ᠂ | ᠳᠠᠷᠢᠮᠠᠯ ᠤᠨ ᠦᠢᠯᠡᠰ ᠤᠨ ᠬᠦᠭᠵᠢᠬᠦᠯᠦᠯᠳᠡ ᠪᠠ ᠵᠠᠮ ᠨᠡᠪᠳᠡᠷᠡᠯᠭᠡ᠂ ᠨᠠᠰᠣᠳᠠᠶᠢᠴᠣᠳ ᠤᠨ ᠠᠰᠠᠷᠠᠮᠵᠢ ᠶᠢᠨ ᠦᠢᠯᠡᠰ | ᠂ ᠰᠣᠶᠣᠯ ᠳᠠᠮᠢᠷ ᠤᠨ ᠬᠦᠳᠡᠯᠬᠡᠬᠡᠨ ᠵᠡᠷᠬᠡ ᠳᠠᠯ᠎ᠠ ᠳᠤ ᠣᠷᠣᠭᠤᠯᠵᠠᠢ᠃ ᠪᠠᠭᠠᠷᠢᠨ ᠵᠡᠬᠦᠨ ᠬᠤᠰᠢᠭᠤᠨ ᠳᠤ ᠶᠠᠳᠠᠭᠤ | ᠬᠦᠴᠢᠷᠳᠡᠯᠳᠠᠢ ᠮᠠᠯᠵᠢᠬᠤ ᠣᠷᠣᠨ ᠤ ᠭᠠᠴᠠᠭ᠎ᠠ ᠳᠣᠰᠬᠤᠨ ᠨᠡᠶᠢᠳᠡ 13 ᠪᠠᠶᠢᠵᠤ᠂ ᠶᠠᠳᠠᠭᠤ ᠬᠦᠴᠢᠷᠳᠡᠯᠳᠡᠢ ᠬᠦᠮᠦᠨ | ᠠᠮᠠ 3 ᠳᠦᠮᠡ ᠪᠤᠢ᠃ ᠴᠦᠬᠡᠨ ᠳᠣᠭᠠᠳᠣ ᠦᠨᠳᠦᠰᠦᠳᠡᠨ ᠤ ᠣᠷᠣᠨ ᠤ ᠠᠵᠤ ᠠᠬᠤᠢ ᠶᠢ ᠬᠦᠭᠵᠢᠬᠦᠯᠬᠦ᠂ | ᠴᠢᠨᠡᠭᠡᠯᠢᠭᠵᠢᠯ ᠤᠨ ᠵᠠᠮ ᠢᠶᠠᠷ ᠵᠠᠮᠨᠠᠭᠤᠯᠬᠤ ᠶᠢᠨ ᠳᠦᠯᠦᠭᠡ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ | ︽ᠺᠠᠳᠠᠷᠴᠤᠳ ᠢ ᠶᠡᠭᠡᠪᠡᠷ ᠬᠦᠳᠡᠭᠡ ᠪᠠᠭᠤᠯᠭᠠᠬᠤ︾ ᠬᠢᠬᠡᠳ ︽ᠰᠢᠨ᠎ᠠ ᠬᠦᠳᠡᠭᠡ ᠳᠣᠰᠬᠤᠨ᠂ ᠰᠢᠨ᠎ᠠ ᠮᠠᠯᠵᠢᠬᠤ | ᠣᠷᠣᠨ ᠢ ᠪᠦᠳᠦᠭᠡᠨ ᠪᠠᠶᠢᠭᠤᠯᠬᠤ︾ ᠠᠵᠢᠯᠯᠠᠭᠠᠨ ᠦᠷᠨᠢᠭᠦᠯᠵᠤ᠂ ᠡᠯ᠎ᠠ ᠱᠠᠳᠤᠨ ᠤ ᠶᠠᠳᠠᠭᠤ ᠶᠢ ᠳᠡᠳᠬᠦᠬᠦ ᠪᠡᠯᠡ | ᠮᠦᠩᠬᠦ ᠶᠢ ᠢᠳᠡᠪᠬᠢᠳᠠᠢ ᠴᠤᠬᠯᠠᠭᠤᠯᠤᠨ᠂ ᠴᠦᠬᠡᠨ ᠳᠣᠭᠠᠳᠣ ᠦᠨᠳᠦᠰᠦᠳᠡᠨ ᠤ ᠣᠷᠣᠨ ᠳᠤ ᠳᠦᠷᠦᠯ ᠵᠦᠢᠯ ᠤᠨ | ᠪᠦᠳᠦᠬᠡᠨ ᠪᠠᠶᠢᠭᠤᠯᠤᠯᠳᠡ ᠣᠯᠭᠤᠬᠤ ᠵᠡᠷᠬᠡ ᠠᠷᠭ᠎ᠠ ᠵᠠᠮ ᠢᠶᠠᠷ ᠳᠡᠳᠡᠨ ᠤ ᠦᠢᠯᠡᠳᠪᠦᠷᠢᠯᠡᠯ ᠠᠮᠢᠳᠣᠷᠠᠯ ᠢ | ᠬᠠᠪᠰᠣᠷᠣᠨ ᠳᠡᠮᠵᠢᠵᠠᠢ᠃ ᠡᠬᠦᠨ ᠤ ᠬᠠᠮᠳᠣ ᠬᠤᠰᠢᠭᠤ ᠵᠠᠰᠠᠭ ᠤᠨ ᠣᠷᠳᠣᠨ ᠠᠴᠠ ᠴᠦᠬᠡᠨ ᠳᠣᠭᠠᠳᠣ | ᠦᠨᠳᠦᠰᠦᠳᠡᠨ ᠪᠠ ᠴᠦᠬᠡᠨ ᠳᠣᠭᠠᠳᠣ ᠦᠨᠳᠦᠰᠦᠳᠡᠨ ᠤ ᠭᠠᠵᠠᠷ ᠣᠷᠣᠨ ᠤ ᠠᠵᠤ ᠠᠬᠤᠢ ᠠᠮᠢᠳᠣᠷᠠᠯ ᠤᠨ | ᠬᠤᠴᠣᠷᠣᠩᠭᠤᠢ ᠪᠣᠳᠠᠳᠣ ᠪᠠᠶᠢᠳᠠᠯ ᠳᠤ ᠴᠢᠭᠯᠡᠬᠦᠯᠦᠨ᠂ ᠴᠦᠬᠡᠨ ᠳᠣᠭᠠᠳᠣ ᠦᠨᠳᠦᠰᠦᠳᠡᠨ ᠬᠠᠷᠢᠴᠠᠩᠭᠤᠢ | ᠳᠦᠪᠯᠡᠷᠡᠨ ᠰᠠᠭᠤᠷᠢᠰᠢᠬᠰᠠᠨ ᠭᠠᠵᠠᠷ ᠣᠷᠣᠨ ᠪᠣᠯᠬᠤ ᠴᠠᠭᠠᠨᠬᠠᠳᠠ ᠰᠣᠮᠣ᠂ ᠤᠯᠠᠭᠠᠨᠳᠠᠪᠠᠭ᠎ᠠ ᠰᠣᠮᠣ ᠪᠠ | ᠪᠠᠶ᠋ᠬᠠᠠᠭᠤᠯᠠ ᠪᠠᠯᠭᠠᠰᠣ ᠵᠡᠷᠬᠡ ᠭᠠᠵᠠᠷ ᠣᠷᠣᠨ ᠢ ᠭᠤᠣᠯᠳᠠᠯᠭ᠎ᠠ ᠲᠠᠢ ᠠᠳᠬᠤᠵᠤ᠂ ᠪᠦᠬᠦ ᠳᠠᠯ᠎ᠠ ᠪᠠᠷ ᠳᠠᠶᠢᠴᠢᠯᠠᠨ᠂ | ᠨᠡᠶᠢᠳᠡᠯᠢᠭ ᠴᠢᠨᠠᠷ ᠲᠠᠢ ᠳᠣᠰᠠᠯᠠᠨ ᠳᠡᠮᠵᠢᠬᠦ ᠠᠷᠭ᠎ᠠ ᠵᠠᠮ ᠢᠶᠠᠷ ᠢᠷᠡᠵᠤ᠂ ᠨᠢᠭᠡ ᠪᠦᠯᠦᠭ ᠶᠠᠳᠠᠭᠤ ᠬᠦᠴᠢᠷᠳᠡᠯᠳᠡᠢ | ᠡᠷᠣᠬᠡ ᠶᠢ ᠰᠣᠩᠭᠤᠨ᠂ ᠨᠠᠮ ᠤᠨ ᠬᠡᠰᠢᠬᠦᠨ ᠺᠠᠳ᠋ᠷᠴᠣᠳ ᠬᠤᠯᠪᠤᠭᠠᠯᠠᠨ ᠬᠠᠪᠰᠤᠷᠤᠨ ᠳᠡᠳᠬᠦᠵᠤ᠂ ︽ᠨᠢᠭᠡ | ᠬᠠᠷᠠᠭᠠᠯᠵᠠᠬᠤ ᠨᠢᠭᠡ︾ ᠶᠢᠨ ᠠᠷᠭ᠎ᠠ ᠵᠠᠮ ᠢᠶᠠᠷ ᠦᠷᠬᠦᠯᠵᠢ ᠶᠢᠨ ᠴᠢᠨᠠᠷᠳᠠᠢ ᠡᠷᠣᠬᠡ ᠪᠦᠷᠢ ᠳᠤ ᠬᠦᠨᠵᠡᠭᠡᠶᠢᠷᠡᠬᠦ᠂ | ᠳᠦᠷᠦ ᠶᠢᠨ ᠪᠣᠳᠣᠯᠭ᠎ᠠ᠂ ᠮᠡᠷᠭᠡᠵᠢᠯ ᠰᠣᠷᠠᠭ ᠵᠠᠩᠬᠢ ᠶᠢ ᠴᠠᠭ ᠳᠣᠬᠠᠢ ᠳᠤᠨᠢ ᠳᠣᠷᠣᠬᠰᠢ ᠲᠤᠤᠱᠯᠠᠭᠤᠯᠤᠨ᠂ | ᠬᠦᠴᠢᠷᠳᠡᠯᠳᠠᠢ ᠣᠯᠠᠨ ᠳᠦᠮᠡᠨ ᠳᠤ ᠳᠦᠷᠦᠯ ᠵᠦᠢᠯ ᠢ ᠰᠣᠩᠭᠤᠨ ᠳᠣᠬᠳᠠᠭᠠᠨ ᠦᠭᠴᠦ᠂ ᠳᠡᠳᠡᠨᠤᠰ ᠢ ᠳᠡᠮᠵᠢᠨ᠂ | ᠶᠠᠳᠠᠭᠤ ᠬᠦᠴᠢᠷᠳᠡᠯ ᠠᠴᠠ ᠠᠩᠬᠢᠵᠢᠷᠠᠬᠤ ᠵᠠᠮ ᠢ ᠡᠷᠢᠯᠬᠢᠯᠡᠨ ᠰᠦᠪᠡᠭᠴᠢᠯᠡᠭᠰᠡᠨ ᠪᠠᠶᠢᠨ᠎ᠠ᠃ ᠣᠳᠣᠬᠠᠨ ᠪᠣᠯᠳᠠᠯ᠎ᠠ | ᠮᠠᠯᠵᠢᠬᠤ ᠣᠷᠣᠨ ᠤ ᠶᠠᠳᠠᠭᠤ ᠬᠦᠴᠢᠷᠳᠡᠯᠳᠠᠢ ᠭᠠᠵᠠᠷ ᠣᠷᠣᠨ ᠤ784 ᠶᠠᠳᠠᠭᠤ ᠬᠦᠴᠢᠷᠳᠡᠯᠳᠡᠢ ᠡᠷᠣᠬᠡ ᠶᠢᠨ | 2353 ᠬᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠪᠠ᠃ ᠮᠠᠨ ᠤ ᠳᠣᠪᠴᠢᠶ᠎ᠠ ᠨᠢ ᠣᠶᠢᠷ᠎ᠠ ᠶᠢᠨ ᠳᠠᠪᠤᠨ ᠵᠢᠯ | ᠳᠤ ᠶᠠᠳᠠᠭᠤ ᠶᠢ ᠳᠡᠳᠬᠦᠬᠦ ᠳᠦᠪ ᠪᠠ ᠦᠪᠡᠷᠳᠡᠬᠡᠨ ᠵᠠᠰᠠᠬᠤ ᠤᠷᠣᠨ ᠤ ᠪᠡᠯᠡ ᠮᠦᠩᠬᠦ 1751.95 ᠳᠦᠮᠡᠨ | ᠳᠦᠭᠦᠷᠢᠭ ᠢ ᠬᠠᠷᠢᠴᠠᠨ ᠣᠯᠵᠤ᠂ ᠴᠦᠬᠡᠨ ᠳᠣᠭᠠᠳᠣ ᠦᠨᠳᠦᠰᠦᠳᠡᠨ ᠤ ᠬᠠᠷᠢᠴᠠᠩᠭᠤᠢ ᠳᠦᠪᠯᠡᠷᠡᠨ | ᠰᠠᠭᠤᠷᠢᠰᠢᠬᠰᠠᠨ ᠴᠠᠭᠠᠨᠬᠠᠳᠠ ᠰᠣᠮᠣ᠂ ᠤᠯᠠᠭᠠᠨᠳᠠᠪᠠᠭ᠎ᠠ ᠰᠣᠮᠣ ᠪᠠ ᠪᠠᠶ᠋ᠬᠠᠠᠭᠤᠯᠠ ᠪᠠᠯᠭᠠᠰᠣ ᠵᠡᠷᠬᠡ ᠭᠤᠷᠪᠠᠨ | ᠮᠠᠯᠵᠢᠬᠤ ᠰᠣᠮᠣᠨ ᠳᠤ 20 ᠳᠦᠷᠦᠯ ᠵᠦᠢᠯ ᠢ ᠨᠡᠶᠢᠳᠠᠪᠤᠷᠢᠵᠢᠭᠤᠯᠤᠨ᠂ ᠳᠣᠰᠬᠤᠨ ᠤ ᠬᠤᠭᠤᠷᠣᠨᠳᠣ ᠵᠠᠰᠠᠮᠠᠯ ᠵᠠᠮ | ᠵᠠᠰᠠᠬᠤ᠂ ᠣᠰᠣ ᠦᠩᠭᠡᠷᠡᠬᠦ ᠭᠠᠳᠠᠷᠭᠤ ᠶᠢ ᠵᠠᠰᠠᠬᠤ ᠵᠢᠴᠢ ᠳᠡᠵᠢᠬᠡᠨ ᠦᠷᠡᠵᠢᠬᠦᠯᠬᠦ ᠦᠢᠯᠡᠰ᠂ ᠳᠠᠷᠢᠵᠤ | ᠣᠷᠭᠤᠭᠤᠯᠬᠤ ᠦᠢᠯᠡᠰ᠂ ᠰᠣᠶᠣᠯ ᠳᠠᠮᠢᠷ ᠤᠨ ᠦᠢᠯᠡᠰ᠂ ᠫᠧᠩ ᠰᠠᠷᠠᠪᠴᠢ ᠪᠠᠶᠢᠭᠤᠯᠬᠤ ᠢᠨᠵᠧᠨᠧᠷᠢᠩ᠂ ᠡᠪᠡᠰᠣ | ᠬᠠᠳᠠᠭᠠᠯᠠᠬᠤ ᠬᠦᠮᠦᠷᠬᠡ ᠪᠠᠶᠢᠭᠤᠯᠬᠤ ᠵᠡᠷᠬᠡ ᠳᠠᠯ᠎ᠠ ᠳᠤ ᠪᠦᠬᠦᠨ ᠢ ᠣᠷᠣᠭᠤᠯᠵᠠᠢ᠃ ᠮᠠᠨ ᠤ ᠳᠣᠪᠴᠢᠶ᠎ᠠ ᠪᠠᠰᠠ | ᠬᠤᠰᠢᠭᠤ ᠵᠠᠰᠠᠭ ᠤᠨ ᠣᠷᠳᠣᠨ ᠲᠠᠢ ᠬᠠᠷᠢᠴᠠᠨ᠂ ᠮᠠᠨ ᠤ ᠬᠤᠰᠢᠭᠤᠨ ᠤ ᠭᠤᠷᠪᠠᠨ ᠮᠠᠯᠵᠢᠬᠤ ᠰᠣᠮᠣᠨ ᠳᠤ | ᠪᠣᠰᠣᠳ ᠭᠠᠵᠠᠷ ᠣᠷᠣᠨ ᠠᠴᠠ ᠢᠯᠡᠬᠦᠦ 50 ᠳᠦᠮᠡᠨ ᠳᠦᠭᠦᠷᠢᠭ ᠤᠨ ᠪᠡᠯᠡ ᠮᠦᠩᠬᠦ ᠶᠢ ᠣᠯᠭᠤᠨ ᠦᠭᠴᠦ ᠪᠤᠢ᠃ | ᠡᠬᠦᠨ ᠠᠴᠠ ᠭᠠᠳᠠᠨ᠎ᠠ ᠮᠠᠨ ᠤ ᠳᠣᠪᠴᠢᠶ᠎ᠠ ᠨᠢ ᠰᠢᠨᠵᠢᠯᠡᠬᠦ ᠤᠬᠠᠭᠠᠨ ᠲᠧᠭᠨᠢᠭ ᠮᠠᠷᠬᠡᠵᠢᠯ ᠤᠨ ᠳᠣᠪᠴᠢᠶ᠎ᠠ᠂ | ᠳᠠᠷᠢᠶᠠᠯᠠᠩ ᠮᠠᠯ ᠠᠵᠤ ᠠᠬᠤᠢ ᠶᠢᠨ ᠳᠣᠪᠴᠢᠶ᠎ᠠ ᠵᠢᠴᠢ ᠶᠠᠳᠠᠭᠤ ᠶᠢ ᠳᠡᠳᠬᠦᠬᠦ ᠠᠯᠪᠠᠨ ᠭᠡᠷ ᠵᠡᠷᠬᠡ ᠮᠠᠯ ᠳᠠᠷᠢᠶᠠᠯᠠᠩ | ᠲᠠᠢ ᠬᠤᠯᠪᠣᠬᠳᠠᠬᠰᠠᠨ ᠰᠠᠯᠠᠭ᠎ᠠ ᠮᠦᠴᠢᠷ ᠤᠨ ᠬᠢᠨ ᠲᠠᠢ ᠢᠳᠡᠪᠬᠢᠳᠠᠢ ᠬᠠᠷᠢᠴᠠᠨ᠂ ᠴᠦᠬᠡᠨ ᠳᠣᠭᠠᠳᠣ | ᠦᠨᠳᠦᠰᠦᠳᠡᠨ ᠳᠦᠪᠯᠡᠷᠡᠨ ᠰᠠᠭᠤᠷᠢᠰᠢᠬᠰᠠᠨ ᠭᠠᠴᠠᠭ᠎ᠠ ︵ᠳᠣᠰᠬᠤᠨ︶ ᠳᠤ ᠪᠠᠶᠠᠵᠢᠯ ᠤᠨ ᠴᠢᠮᠡᠭᠡ ᠵᠠᠩᠬᠢ | ᠬᠠᠩᠭᠠᠵᠤ᠂ ᠮᠡᠷᠬᠡᠵᠢᠯ ᠤᠨ ᠪᠣᠯᠪᠠᠰᠣᠷᠠᠯ ᠬᠦᠷᠳᠡᠬᠡᠨ᠂ ᠠᠵᠢᠯ ᠣᠯᠬᠤ ᠠᠷᠭ᠎ᠠ ᠵᠠᠮ ᠢ ᠵᠢᠭᠠᠨ ᠵᠢᠯᠤᠭᠤᠳᠴᠤ᠂ ᠵᠢᠯ | ᠪᠦᠷᠢ ᠨᠡᠶᠢᠳᠡ 800 ᠢᠯᠡᠬᠦᠦ ᠬᠦᠮᠦᠨ ᠳᠤ ᠠᠵᠢᠯ ᠣᠯᠭᠤᠨ ᠦᠭᠴᠦ᠂ ᠳᠠᠪᠤᠨ ᠵᠢᠯ ᠤᠨ ᠳᠣᠳᠣᠷ᠎ᠠ ᠪᠦᠬᠦ | ᠨᠡᠶᠢᠳᠡ 5000 ᠭᠠᠷᠣᠢ ᠬᠦᠮᠦᠰ ᠤᠨ ᠠᠵᠢᠯ ᠤᠯᠭᠤᠯᠳᠠ ᠶᠢᠨ ᠠᠰᠠᠭᠤᠳᠠᠯ ᠢ ᠰᠢᠢᠳᠪᠤᠷᠢᠯᠡᠵᠤ᠂ ᠮᠠᠨ ᠤ | ᠬᠤᠰᠢᠭᠤᠨ ᠤ ᠠᠵᠢᠯ ᠣᠯᠭᠤᠯᠳᠠ ᠶᠢᠨ ᠬᠦᠨᠳᠦ ᠳᠠᠷᠣᠭᠠᠰᠣ ᠢ ᠵᠣᠬᠢᠬᠤ ᠬᠡᠮᠵᠢᠶᠠᠨ ᠳᠤ ᠬᠦᠩᠭᠡᠷᠡᠭᠦᠯᠵᠤ ᠴᠢᠳᠠᠵᠠᠢ᠃ | | 3᠂ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠳᠦᠯᠬᠢᠨ ᠠᠬᠢᠭᠤᠯᠵᠤ᠂ ᠬᠦᠬᠢᠬᠦᠯᠦᠨ ᠰᠠᠶᠢᠰᠢᠶᠠᠬᠤ | ᠠᠵᠢᠯᠯᠠᠭᠠᠨ ᠢ ᠰᠠᠶᠢᠳᠣᠷ ᠬᠢᠪᠠ᠃ ᠮᠠᠨ ᠤ ᠬᠤᠰᠢᠭᠤ ᠨᠢ ᠵᠢᠯ ᠪᠦᠷᠢ ᠶᠢᠨ 9 ᠳ᠋ᠣᠬᠡᠷ ᠰᠠᠷ᠎ᠠ ᠶᠢ ᠪᠦᠬᠦ ᠬᠤᠰᠢᠭᠤᠨ | ᠤ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠬᠦᠬᠢᠭᠦᠯᠦᠨ ᠰᠠᠶᠢᠰᠢᠶᠠᠬᠤ ᠠᠵᠢᠯᠯᠠᠭᠠᠨ ᠤ ᠰᠠᠷ᠎ᠠ ᠪᠠᠷ | ᠳᠣᠬᠳᠠᠭᠠᠵᠤ᠂ ᠳᠠᠪᠤᠨ ᠵᠢᠯ ᠠᠯᠤᠰᠯᠠᠬᠤ ᠪᠦᠷᠢ ᠳᠤ ᠨᠢᠬᠡ ᠤᠳᠠᠭ᠎ᠠ ᠪᠦᠬᠦ ᠬᠤᠰᠢᠭᠤᠨ ᠤ ᠦᠨᠳᠦᠰᠦᠳᠡᠨ ᠤ | ᠪᠦᠯᠬᠦᠮᠳᠠᠯ ᠳᠠᠪᠰᠢᠯᠳᠠ ᠵᠢᠴᠢ ᠮᠣᠩᠭᠤᠯ ᠦᠬᠡ ᠬᠡᠯᠡ ᠦᠰᠦᠭ ᠪᠢᠴᠢᠭ ᠢ ᠰᠣᠷᠴᠤ ᠬᠡᠷᠡᠭᠯᠡᠬᠦ ᠠᠵᠢᠯ ᠤᠨ ᠳᠣᠮᠳᠠ | ᠳᠣᠪᠣᠶᠢᠮ᠎ᠠ ᠬᠤᠪᠢ ᠨᠡᠮᠡᠷᠢ ᠦᠵᠡᠬᠦᠯᠦᠭᠰᠡᠨ ᠳᠡᠷᠢᠬᠦᠨ ᠤ ᠬᠤᠪᠢ ᠬᠦᠮᠦᠨ ᠪᠠ ᠳᠡᠷᠢᠬᠦᠨ ᠤ ᠨᠢᠭᠡᠴᠠ ᠶᠢ | ᠬᠦᠬᠢᠬᠦᠯᠦᠨ ᠱᠠᠩᠨᠠᠳᠠᠭ᠃ 2007 ᠣᠨ ᠳᠤ ᠰᠢᠨᠡᠪᠠᠶᠠᠷ ᠦᠪᠡᠷᠳᠡᠬᠡᠨ ᠵᠠᠰᠠᠬᠤ ᠣᠷᠣᠨ ᠤ ᠳᠡᠰ ᠤᠨ | ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠳᠡᠷᠢᠬᠦᠨ ᠤ ᠬᠤᠪᠢ ᠬᠦᠮᠦᠨ ᠢᠶᠠᠷ ᠰᠣᠩᠭᠤᠬᠳᠠᠬᠰᠠᠨ︔ 2012 | ᠣᠨ ᠳᠤ ᠪᠠᠶᠠᠷ᠂ ᠪᠠ ᠢ ᠵᠡᠷᠬᠡ ᠬᠤᠶᠠᠷ ᠬᠦᠮᠦᠨ ᠦᠪᠡᠷᠳᠡᠭᠡᠨ ᠵᠠᠰᠠᠬᠤ ᠣᠷᠣᠨ ᠤ ᠳᠡᠰ ᠤᠨ ᠦᠨᠳᠦᠰᠦᠳᠡᠨ ᠤ | ᠪᠦᠯᠬᠦᠮᠳᠡᠯ ᠳᠠᠪᠰᠢᠯᠳᠠ ᠶᠢᠨ ᠳᠡᠷᠢᠬᠦᠨ ᠤ ᠬᠤᠪᠢ ᠬᠦᠮᠦᠨ ᠢᠶᠠᠷ ᠰᠣᠩᠭᠤᠬᠳᠠᠬᠰᠠᠨ︔ 2013 ᠣᠨ ᠳᠤ ᠪᠠᠢ | ᠷᠢᠨᠴᠢᠨ᠂ ᠬᠤᠸᠠᠷ᠎ᠠ᠂ ᠴᠧᠨ ᠹᠦ᠋ ᠴᠦᠨ ᠵᠡᠷᠬᠡ ᠭᠤᠷᠪᠠᠨ ᠬᠦᠮᠦᠨ ᠪᠦᠬᠦ ᠬᠤᠳᠠ ᠶᠢᠨ ᠦᠨᠳᠦᠰᠦᠳᠡᠨ ᠤ | ᠪᠦᠯᠬᠦᠮᠳᠡᠯ ᠳᠠᠪᠰᠢᠯᠳᠠ ᠶᠢᠨ ᠳᠡᠷᠢᠬᠦᠨ ᠤ ᠬᠤᠪᠢ ᠬᠦᠮᠦᠨ ᠢᠶᠠᠷ ᠰᠣᠩᠭᠤᠬᠳᠠᠬᠰᠠᠨ︔ 2014 ᠣᠨ ᠳᠤ ᠭᠤᠸ᠎ᠠ | ᠨᠦᠬᠦᠷ ᠣᠯᠣᠰ ᠤᠨ ᠳᠡᠰ ᠤᠨ ᠦᠨᠳᠦᠰᠣᠳᠡᠨ ᠤ ᠪᠦᠯᠬᠦᠮᠳᠡᠯ ᠳᠠᠪᠰᠢᠯᠳᠠ ᠶᠢᠨ ᠳᠡᠷᠢᠬᠦᠨ ᠤ ᠬᠤᠪᠢ ᠬᠦᠮᠦᠨ ᠢᠶᠠᠷ | ᠦᠨᠡᠯᠡᠭᠳᠡᠭᠰᠡᠨ ᠪᠠᠶᠢᠨ᠎ᠠ᠃ ᠡᠬᠦᠨ ᠠᠴᠠ ᠭᠠᠳᠠᠨ᠎ᠠ ᠴᠠᠭᠠᠨᠬᠠᠳᠠ ᠰᠣᠮᠣ᠂ ᠤᠯᠠᠭᠠᠨᠳᠠᠪᠠᠭ᠎ᠠ ᠰᠣᠮᠣ ᠵᠡᠷᠬᠡ ᠭᠠᠵᠠᠷ | ᠣᠷᠣᠨ ᠨᠢ ᠪᠦᠷ ᠪᠦᠬᠦ ᠬᠤᠳᠠ ᠶᠢᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠳᠡᠷᠢᠬᠦᠨ ᠤ ᠨᠢᠭᠡᠴᠠ ᠪᠠᠷ | ᠰᠣᠩᠭᠤᠬᠳᠠᠬᠰᠠᠨ ᠪᠠᠶᠢᠨ᠎ᠠ︔ ᠠᠵᠢᠯᠯᠠᠭᠠᠨ ᠤ ᠶᠠᠪᠤᠴᠠ ᠳᠤ ᠪᠠᠰᠠ ᠪᠦᠬᠦ ᠬᠤᠰᠢᠭᠤᠨ ᠤ ᠨᠠᠮ ᠤᠨ ᠬᠡᠰᠢᠬᠦᠨ ᠺᠠᠳ᠋ᠷ | ᠢ ᠵᠣᠬᠢᠶᠠᠨ ᠪᠠᠶᠢᠭᠤᠯᠵᠤ᠂ ᠨᠠᠮ ᠤᠨ ᠦᠨᠳᠦᠰᠦᠳᠡᠨ ᠤ ᠣᠨᠣᠯ᠂ ᠦᠨᠳᠦᠰᠦᠳᠡᠨ ᠤ ᠳᠦᠷᠦ ᠶᠢᠨ ᠪᠣᠳᠣᠯᠭ᠎ᠠ᠂ | ᠦᠨᠳᠦᠰᠦᠳᠡᠨ ᠤ ᠬᠠᠣᠯᠢ ᠴᠠᠭᠠᠵᠠ ᠬᠠᠣᠯᠢ ᠳᠦᠷᠢᠮ ᠤᠨ ᠳᠣᠬᠠᠢ ᠲᠠᠢ ᠦᠨᠳᠦᠰᠦᠨ ᠮᠡᠳᠡᠯᠬᠡ ᠶᠢ ᠬᠦᠨᠵᠡᠬᠡᠢ | ᠰᠣᠷᠣᠯᠴᠠᠭᠤᠯᠤᠨ᠂ ᠦᠷᠬᠡᠨ ᠤᠯᠠᠨ ᠺᠠᠳ᠋ᠷᠴᠣᠳ ᠤᠨ ᠦᠨᠳᠦᠰᠦᠳᠡᠨ ᠤ ᠠᠵᠢᠯ ᠢ ᠰᠠᠶᠢᠳᠣᠷ ᠬᠢᠬᠦ | ᠬᠠᠷᠢᠭᠤᠴᠠᠯᠭᠠᠳᠣ ᠰᠡᠳᠬᠢᠯᠬᠡ ᠶᠢ ᠴᠢᠩᠭᠠᠳᠬᠠᠵᠤ ᠪᠤᠢ᠃ ᠬᠤᠰᠢᠭᠤᠨ ᠤ ᠳᠦᠷᠪᠡᠨ ᠶᠡᠭᠡ ᠪᠠᠭ ᠠᠴᠠ ᠴᠦᠬᠡᠨ | ᠳᠣᠭᠠᠳᠣ ᠦᠨᠳᠦᠰᠦᠳᠡᠨ ᠤ ᠣᠷᠣᠨ ᠳᠤ ᠬᠦᠨᠵᠡᠬᠡᠶᠢᠷᠡᠨ᠂ ᠦᠨᠳᠦᠰᠦᠳᠡᠨ ᠤ ᠰᠣᠷᠭᠠᠭᠤᠯᠢ᠂ ᠠᠵᠤ ᠠᠬᠤᠶᠢᠯᠠᠯ ᠢ | ᠪᠠᠶᠢᠴᠠᠭᠠᠨ ᠳᠣᠬᠤᠨᠢᠭᠤᠯᠬᠤ᠂ ᠣᠯᠠᠨ ᠳᠦᠮᠡᠨ ᠤ ᠠᠮᠢᠳᠣᠷᠠᠯ ᠤᠨ ᠪᠠᠶᠢᠳᠠᠯ ᠪᠠ ᠬᠦᠴᠢᠷᠳᠡᠯ ᠢ ᠣᠶᠢᠯᠠᠭᠠᠬᠤ᠂ | ᠦᠷᠬᠡᠨ ᠣᠯᠠᠨ ᠳᠦᠮᠡᠨ ᠳᠤ ᠪᠣᠳᠠᠳᠠᠢ ᠠᠵᠢᠯ᠂ ᠰᠠᠶᠢᠨ ᠠᠵᠢᠯ ᠬᠢᠬᠦ ᠬᠦᠴᠦᠯᠡᠴᠠ ᠪᠠᠨ ᠴᠢᠩᠭᠠᠳᠬᠠᠪᠠ᠃ ᠬᠡᠪᠯᠡᠯ | ᠮᠡᠳᠡᠭᠡᠯᠡᠯ᠂ ᠷᠠᠳᠢᠣ᠋ ᠲᠧᠯᠸᠢᠰ ᠵᠢᠴᠢ ᠳᠣᠣᠷ ᠰᠦᠯᠵᠢᠶ᠎ᠠ ᠵᠡᠷᠬᠡ ᠵᠠᠭᠤᠴᠢᠯᠠᠭᠤᠷ ᠢᠶᠠᠷ ᠳᠠᠮᠵᠢᠨ ︽ᠦᠨᠳᠦᠰᠦᠳᠡᠨ ᠤ | ᠪᠦᠯᠬᠦᠮᠳᠠᠯ ᠤᠨ ᠰᠣᠷᠭᠠᠨ ᠬᠦᠮᠦᠵᠢᠯ︾ ᠵᠡᠷᠬᠡ ᠳᠣᠰᠬᠠᠢ ᠫᠷᠣᠭ᠍ᠷᠠᠮ ᠳᠣᠬᠢᠷᠠᠭᠤᠯᠤᠨ᠂ ᠦᠨᠳᠦᠰᠦᠳᠡᠨ ᠤ ᠪᠦᠯᠬᠦᠮᠳᠡᠯ | ᠤᠨ ᠰᠣᠷᠭᠠᠨ ᠬᠦᠮᠦᠵᠢᠯ ᠢ ᠦᠷᠬᠡᠨ ᠢᠶᠠᠷ ᠳᠦᠬᠡᠮᠡᠯᠵᠢᠬᠦᠯᠦᠨ᠂ ᠨᠢᠬᠡ ᠪᠦᠯᠦᠭ ᠦᠨᠳᠦᠰᠦᠨ ᠱᠠᠳᠣᠨ ᠤ ᠳᠡᠷᠢᠬᠦᠨ | ᠤ ᠨᠡᠶᠢᠳᠡᠯᠢᠭ ᠵᠢᠱᠢᠶ᠎ᠠ ᠶᠢ ᠪᠤᠢ ᠪᠣᠯᠭᠠᠵᠤ᠂ ᠪᠦᠬᠦ ᠬᠤᠰᠢᠭᠤᠨ ᠤ ᠬᠡᠪᠴᠢᠶᠠᠨ ᠳᠤ ᠬᠦᠮᠦᠨ ᠪᠣᠯᠭᠠᠨ ᠦᠨᠳᠦᠰᠦᠳᠡᠨ | ᠤ ᠪᠦᠯᠬᠦᠮᠳᠡᠯ ᠢ ᠦᠷᠬᠡᠨ ᠢᠶᠠᠷ ᠤᠬᠠᠭᠤᠯᠤᠨ᠂ ᠬᠦᠮᠦᠨ ᠪᠣᠯᠭᠠᠨ ᠦᠨᠳᠦᠰᠦᠳᠡᠨ ᠤ ᠪᠦᠯᠬᠦᠮᠳᠡᠯ ᠤᠨ ᠵᠢᠱᠢᠶᠠᠴᠢ | ᠪᠣᠯᠬᠤ ᠪᠠᠷ ᠴᠢᠷᠮᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ ᠪᠤᠢ᠃ ︽ᠬᠤᠣᠰ ᠳᠠᠭᠤᠷᠢᠶᠠᠯ︾ | ᠤᠨ ᠨᠡᠶᠢᠳᠡᠯᠢᠭ ᠦᠢᠯᠡ ᠠᠵᠢᠯᠯᠠᠭ᠎ᠠ ᠶᠢ ᠡᠷᠴᠢᠮᠳᠠᠢ ᠤᠬᠠᠭᠤᠯᠵᠤ᠂ ᠲᠧᠯᠸᠢᠰ᠂ ᠷᠠᠳᠢᠣ᠋᠂ ᠰᠣᠨᠢᠨ ᠮᠡᠳᠡᠭᠡ ᠵᠡᠷᠬᠡ | ᠵᠠᠭᠤᠴᠢᠯᠠᠭᠤᠷ ᠢᠶᠠᠷ ᠮᠡᠳᠡᠭᠡᠯᠡᠵᠤ᠂ ᠪᠦᠬᠦ ᠬᠤᠰᠢᠭᠤᠨ ᠤ ᠬᠡᠪᠴᠢᠶᠠᠨ ᠳᠤ ᠳᠡᠷᠢᠬᠦᠨ ᠤ ᠬᠤᠪᠢ ᠬᠦᠮᠦᠨ ᠪᠠ | ᠳᠡᠷᠢᠬᠦᠨ ᠤ ᠨᠢᠭᠡᠴᠠ ᠠᠴᠠ ᠰᠣᠷᠣᠯᠴᠠᠬᠤ᠂ ᠳᠡᠷᠢᠬᠦᠨ ᠤ ᠬᠢ ᠶᠢ ᠬᠦᠭᠡᠭᠡᠴᠡᠯᠳᠣᠬᠦ᠂ ᠵᠦᠷᠢᠶ᠎ᠡ ᠪᠠᠨ ᠡᠷᠢᠬᠦ ᠵᠡᠷᠬᠡ | ᠰᠣᠷᠣᠯᠴᠠᠬᠤ ᠳᠠᠭᠤᠷᠢᠶᠠᠯ ᠢ ᠪᠣᠢ ᠪᠣᠯᠭᠠᠵᠤ᠂ ᠦᠨᠳᠦᠰᠦᠳᠡᠨ ᠤ ᠪᠦᠯᠬᠦᠮᠳᠡᠯ ᠳᠠᠪᠰᠢᠯᠳᠠ ᠪᠠᠷ ᠭᠤᠣᠯ ᠰᠡᠳᠣᠪ | ᠪᠣᠯᠭᠠᠬᠰᠠᠨ ᠣᠶᠣᠨ ᠤ ᠮᠦᠷᠦᠶᠢᠴᠡᠬᠡᠨ᠂ ᠳᠠᠭᠤᠤ ᠤᠷᠠᠯᠢᠭ ᠤᠨ ᠠᠵᠢᠯᠯᠠᠭᠠᠨ ᠦᠷᠨᠢᠬᠦᠯᠬᠦ ᠵᠡᠷᠬᠡ ᠬᠡᠯᠪᠡᠷᠢ ᠪᠠᠷ | ᠦᠷᠬᠡᠨ ᠤᠯᠠᠨ ᠺᠠᠳ᠋ᠷ᠂ ᠤᠯᠠᠨ ᠳᠦᠮᠠᠨ ᠤ ᠦᠨᠳᠦᠰᠦᠳᠡᠨ ᠤ ᠪᠦᠯᠬᠦᠮᠳᠡᠯ ᠤᠨ ᠤᠬᠠᠮᠰᠠᠷ ᠢ ᠤᠯᠠᠮ ᠨᠢᠬᠡ ᠠᠯᠬᠤᠮ | ᠴᠢᠩᠭᠠᠳᠬᠠᠵᠤ᠂ ︽ᠬᠢᠳᠠᠳ ᠦᠨᠳᠦᠰᠦᠳᠡᠨ ᠴᠦᠬᠡᠨ ᠳᠣᠭᠠᠳᠣ ᠦᠨᠳᠦᠰᠦᠳᠡᠨ ᠠᠴᠠ ᠰᠠᠯᠵᠤ ᠴᠢᠳᠠᠬᠤ ᠦᠬᠡᠢ᠂ | ᠴᠦᠬᠡᠨ ᠳᠣᠭᠠᠳᠣ ᠦᠨᠳᠦᠰᠦᠳᠡᠨ ᠬᠢᠳᠠᠳ ᠦᠨᠳᠦᠰᠦᠳᠡᠨ ᠠᠴᠠ ᠰᠠᠯᠵᠤ ᠴᠢᠳᠠᠬᠤ ᠦᠭᠡᠢ᠂ ᠴᠦᠬᠡᠨ ᠳᠣᠭᠠᠳᠣ | ᠦᠨᠳᠦᠰᠦᠳᠡᠨ ᠬᠤᠭᠤᠷᠣᠨᠳᠣ ᠪᠠᠨ ᠰᠠᠯᠵᠤ ᠴᠢᠳᠠᠬᠤ ᠦᠭᠡᠢ ︵ᠭᠤᠷᠪᠠᠨ ᠰᠠᠯᠵᠤ ᠴᠢᠳᠠᠬᠤ ᠦᠭᠡᠢ﹀︾ ᠦᠵᠡᠯ | ᠰᠠᠨᠠᠭ᠎ᠠ ᠶᠢ ᠨᠡᠶᠢᠳᠠᠪᠤᠷᠢᠵᠢᠭᠤᠯᠤᠨ ᠲᠤᠤᠱᠯᠠᠭᠤᠯᠪᠠ᠃ ᠡᠯ᠎ᠠ ᠪᠠᠶᠢᠭᠤᠯᠭ᠎ᠠ ᠨᠢᠭᠡᠴᠠ ᠬᠦᠨᠳᠡᠯᠡᠨ ᠪᠢᠴᠢᠭᠡᠰᠣ᠂ | ᠰᠠᠮᠪᠠᠷ᠎ᠠ ᠶᠢᠨ ᠰᠣᠨᠢᠨ᠂ ᠬᠠᠣᠯᠢ ᠴᠠᠭᠠᠵᠠ ᠶᠢᠨ ᠤᠬᠠᠭᠤᠯᠭ᠎ᠠ ᠵᠡᠷᠬᠡ ᠬᠡᠯᠪᠡᠷᠢ ᠶᠢ ᠬᠦᠢᠴᠠᠳ ᠠᠰᠢᠬᠯᠠᠵᠤ᠂ | ᠦᠨᠳᠦᠰᠦᠳᠡᠨ ᠤ ᠪᠦᠯᠬᠦᠮᠳᠡᠯ ᠢᠶᠠᠷ ᠭᠤᠣᠯ ᠰᠡᠳᠣᠪ ᠪᠣᠯᠭᠠᠬᠰᠠᠨ ᠤᠬᠠᠭᠤᠯᠭ᠎ᠠ ᠶᠢᠨ ᠠᠵᠢᠯ ᠢ ᠶᠡᠭᠡ ᠪᠠᠷ | ᠦᠷᠨᠢᠬᠦᠯᠵᠤ᠂ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠬᠡᠪ ᠵᠢᠱᠢᠶ᠎ᠠ ᠬᠠᠮᠳᠣ ᠨᠡᠶᠢᠳᠠ ᠪᠠ ᠬᠤᠪᠢ | ᠬᠦᠮᠦᠨ ᠤ ᠵᠢᠱᠢᠶᠡᠴᠢ ᠠᠵᠢᠯᠯᠠᠭ᠎ᠠ ᠶᠢ ᠢᠳᠡᠪᠬᠢᠳᠠᠢ ᠤᠬᠠᠭᠤᠯᠵᠤ᠂ ᠪᠦᠬᠦ ᠨᠡᠶᠢᠬᠡᠮ ᠤᠨ ᠬᠡᠪᠴᠢᠶᠠᠨ ᠳᠤ ᠴᠦᠬᠡᠨ | ᠳᠣᠭᠠᠳᠣ ᠦᠨᠳᠦᠰᠦᠳᠡᠨ ᠤ ᠬᠦᠭᠵᠢᠯᠳᠡ ᠶᠢ ᠬᠠᠯᠠᠮᠵᠢᠯᠠᠨ ᠳᠡᠮᠵᠢᠬᠦ ᠬᠡᠪ ᠳᠠᠭᠤᠷᠢᠶᠠᠯ ᠢ ᠪᠣᠢ ᠪᠣᠯᠭᠠᠬᠰᠠᠨ ᠪᠠᠶᠢᠨ᠎ᠠ᠃ | ᠵᠢᠯ ᠪᠦᠷᠢ ᠶᠢᠨ ᠰᠠᠷ᠎ᠠ ᠶᠢᠨ ᠠᠵᠢᠯᠯᠠᠭᠠᠨ ᠤ ᠳᠣᠮᠳᠠ᠂ ᠮᠠᠨ ᠤ ᠬᠤᠰᠢᠭᠤ ᠨᠢ 50 ᠬᠦᠨᠳᠡᠯᠠᠨ ᠪᠢᠴᠢᠭᠡᠰᠣ ᠡᠯᠬᠦᠨ | ᠂ 400 ᠤᠬᠠᠭᠤᠯᠭ᠎ᠠ ᠶᠢᠨ ᠭᠠᠷ ᠳᠡᠪᠳᠡᠷ ᠳᠡᠷᠬᠠᠭᠠᠵᠤ᠂ 50 ᠣᠳᠠᠭᠠᠨ ᠤ ᠬᠠᠣᠯᠢ ᠴᠠᠭᠠᠵᠠ ᠶᠢᠨ ᠬᠢᠴᠢᠶᠡᠯ | ᠣᠷᠣᠬᠤ ᠵᠡᠷᠬᠡ ᠰᠤᠷᠳᠠᠯᠴᠢᠯᠠᠭ᠎ᠠ ᠤᠬᠠᠭᠤᠯᠭ᠎ᠠ ᠶᠢᠨ ᠠᠵᠢᠯ ᠢ ᠬᠢᠵᠤ ᠪᠣᠢ᠃ ᠮᠠᠨ ᠤ ᠬᠤᠰᠢᠭᠤ ᠨᠢ ᠦᠨᠳᠦᠰᠦᠳᠡᠨ | ᠤ ᠪᠦᠯᠬᠦᠮᠳᠡᠯ ᠳᠠᠪᠰᠢᠯᠳᠠ ᠶᠢᠨ ᠠᠵᠢᠯ ᠢ ᠣᠷᠳᠣᠮᠵᠢ ᠶᠢᠨ ᠴᠢᠨᠠᠷᠳᠠᠢ ᠪᠠᠶᠢᠭᠤᠯᠤᠮᠵᠢ ᠪᠣᠯᠭᠠᠨ ᠪᠠᠶᠢᠭᠤᠯᠬᠤ ᠪᠠᠷ | ᠴᠢᠷᠮᠠᠶᠢᠵᠤ᠂ ᠨᠠᠮ ᠤᠨ ᠦᠨᠳᠦᠰᠦᠳᠡᠨ ᠤ ᠪᠦᠯᠬᠦᠮᠳᠡᠯ ᠤᠨ ᠠᠵᠢᠯ ᠢ ᠨᠢᠬᠡᠨ ᠣᠷᠳᠣ ᠬᠤᠭᠤᠴᠠᠭᠠᠨ ᠤ ᠡᠬᠦᠷᠬᠡ | ᠪᠤᠯᠭᠠᠨ ᠴᠢᠬᠤᠯᠠᠴᠢᠯᠠᠨ ᠠᠳᠬᠤᠵᠤ᠂ ᠡᠬᠡ ᠣᠯᠣᠰ ᠤᠨ ᠨᠢᠬᠡᠳᠣᠯ ᠢ ᠬᠠᠮᠠᠭᠠᠠᠯᠠᠨ᠂ ᠦᠨᠳᠦᠰᠦᠳᠡᠨ ᠤ ᠪᠦᠯᠬᠦᠮᠳᠡᠯ | ᠢ ᠴᠢᠩᠭᠠᠳᠬᠠᠵᠤ᠂ ᠦᠨᠳᠦᠰᠦᠳᠡᠨ ᠢ ᠬᠠᠭᠠᠴᠠᠭᠤᠯᠬᠤ ᠦᠵᠡᠯ ᠢ ᠡᠷᠡᠰ ᠡᠰᠡᠷᠬᠦᠴᠡᠨ᠂ ᠮᠠᠨ ᠤ ᠬᠤᠰᠢᠭᠤᠨ ᠤ | ᠠᠵᠤ ᠠᠬᠤᠢ᠂ ᠨᠡᠶᠢᠭᠡᠮ ᠤᠨ ᠬᠦᠭᠵᠢᠯᠳᠡ ᠪᠠ ᠣᠯᠣᠰ ᠳᠦᠷᠦ ᠶᠢᠨ ᠠᠮᠤᠷ ᠳᠣᠬᠳᠠᠭᠤᠨ ᠢ ᠬᠠᠮᠠᠭᠠᠯᠠᠬᠤ ᠳᠤ ᠨᠡᠩ | ᠶᠡᠭᠡ ᠬᠤᠪᠢ ᠨᠡᠮᠡᠷᠢ ᠦᠵᠡᠬᠦᠯᠬᠦ ᠪᠠᠷ ᠬᠦᠴᠦᠯᠡᠨ ᠴᠢᠷᠮᠠᠶᠢᠵᠤ ᠪᠤᠢ᠃ | 4᠂ ᠴᠦᠬᠡᠨ ᠳᠣᠭᠠᠳᠣ ᠦᠨᠳᠦᠰᠦᠳᠡᠨ ᠤ ᠣᠷᠣᠨ ᠤ ᠰᠢᠯᠢᠳᠡᠭ ᠦᠪ ᠰᠣᠶᠣᠯ ᠢ ᠠᠭᠤᠳᠠᠯᠠᠨ | ᠢᠯᠡᠷᠡᠬᠦᠯᠵᠤ᠂ ᠤᠯᠠᠮᠵᠢᠯᠠᠨ ᠭᠦᠭᠵᠢᠬᠦᠯᠬᠦ ᠠᠵᠢᠯ ᠢ ᠴᠢᠬᠤᠯᠠᠴᠢᠯᠠᠨ ᠠᠳᠬᠤᠵᠠᠢ᠃ ᠨᠢᠭᠡ ᠳᠤ᠂ ᠮᠣᠩᠭᠤᠯ | ᠤᠯᠠᠮᠵᠢᠯᠠᠯᠳᠣ ᠰᠣᠶᠣᠯ ᠤᠨ ᠨᠡᠶᠢᠭᠡᠮᠯᠢᠭ ᠢ ᠡᠬᠦᠰᠬᠡᠨ ᠪᠠᠶᠢᠭᠤᠯᠵᠠᠢ᠃ ᠦᠨᠳᠦᠰᠦᠳᠡᠨ ᠤ ᠣᠷᠣᠨ ᠤ ᠰᠣᠶᠣᠯ ᠤᠨ | ᠦᠪ ᠢᠶᠠᠨ ᠬᠠᠮᠠᠭᠠᠯᠠᠬᠤ᠂ ᠣᠯᠠᠮᠵᠢᠯᠠᠬᠤ ᠵᠠᠯᠭᠠᠮᠵᠢᠯᠠᠬᠤ ᠵᠢᠴᠢ ᠬᠦᠭᠵᠢᠬᠦᠯᠬᠦ ᠬᠠᠷᠠᠯᠳᠠ ᠪᠠᠷ ᠮᠠᠨ ᠤ ᠳᠣᠪᠴᠢᠶ᠎ᠠ ᠨᠢ | ᠪᠠᠭᠠᠷᠢᠨ ᠵᠡᠬᠦᠨ ᠬᠤᠰᠢᠭᠤᠨ ᠤ ᠬᠤᠰᠢᠭᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠳᠡᠮᠵᠢᠯᠬᠡ ᠳᠣᠣᠷ᠎ᠠ᠂ | 2009 ᠣᠨ ᠤ 8 ᠰᠠᠷ᠎ᠠ ᠶᠢᠨ18 ᠤ ᠡᠲᠦᠷ ᠪᠠᠭᠠᠷᠢᠨ ᠵᠡᠬᠦᠨ ᠬᠤᠰᠢᠭᠤᠨ ᠤ ᠮᠤᠩᠭᠤᠯ ᠤᠯᠠᠮᠵᠢᠯᠠᠯᠳᠤ ᠰᠤᠶᠤᠯ | ᠤᠨ ᠨᠡᠶᠢᠬᠡᠮᠯᠢᠭ ᠢ ᠡᠬᠦᠰᠬᠡᠨ ᠪᠠᠶᠢᠭᠤᠯᠵᠠᠢ᠃ ᠳᠣᠰ ᠨᠡᠶᠢᠭᠡᠮᠯᠢᠭ ᠪᠣᠯ ᠬᠠᠮᠢᠶ᠎ᠠ ᠪᠦᠬᠦᠢ ᠵᠠᠰᠠᠭ ᠵᠠᠭᠢᠷᠭᠠᠨ᠂ ᠠᠵᠢᠯ | ᠦᠢᠯᠡᠰ ᠤᠨ ᠨᠢᠭᠡᠴᠠ ᠶᠢᠨ ᠠᠯᠪᠠᠳᠠᠨ ᠪᠠ ᠮᠣᠩᠭᠤᠯ ᠰᠣᠶᠣᠯ ᠳᠠᠮᠢᠷ ᠤᠨ ᠦᠢᠯᠡᠰ ᠲᠤ ᠳᠣᠷ᠎ᠠ ᠪᠠᠭ᠋ᠠᠳᠠᠢ | ᠬᠦᠮᠦᠰ ᠢᠶᠠᠷ ᠪᠦᠷᠢᠯᠳᠦᠭᠰᠡᠨ᠂ ᠪᠠᠶᠢᠭᠤᠯᠭ᠎ᠠ ᠨᠢᠭᠡᠴᠠ ᠬᠢᠬᠡᠳ ᠬᠤᠪᠢ ᠬᠦᠮᠦᠨ ᠰᠠᠶᠢᠨ ᠳᠣᠷ᠎ᠠ ᠠᠴᠠ ᠪᠠᠨ | ᠣᠷᠣᠯᠴᠠᠬᠰᠠᠨ ᠣᠷᠣᠨ ᠨᠣᠳᠤᠭ ᠤᠨ ᠴᠢᠨᠠᠷᠳᠠᠢ᠂ ᠠᠵᠢᠯ ᠦᠢᠯᠡᠰ ᠤᠨ ᠴᠢᠨᠠᠷᠳᠠᠢ᠂ ᠠᠰᠢᠭ ᠣᠯᠵᠠᠪᠤᠷᠢ ᠦᠯᠦ | ᠬᠦᠭᠡᠭᠡᠴᠡᠯᠳᠣᠬᠦ ᠴᠢᠨᠠᠷ ᠪᠦᠬᠦᠢ ᠨᠡᠶᠢᠭᠡᠮ ᠤᠨ ᠵᠣᠬᠢᠶᠠᠨ ᠪᠠᠶᠢᠭᠤᠯᠤᠯᠳᠠ ᠪᠠᠶᠢᠵᠤ᠂ ᠮᠣᠩᠭᠤᠯ ᠦᠨᠳᠦᠰᠦᠳᠡᠨ ᠤ | ᠤᠯᠠᠮᠵᠢᠯᠠᠯᠳᠣ ᠰᠣᠶᠣᠯ ᠳᠠᠮᠢᠷ ᠤᠨ ᠦᠪ ᠪᠣᠯᠬᠤ ᠦᠨᠳᠦᠰᠦᠳᠡᠨ ᠤ ᠵᠠᠩ ᠵᠠᠩᠰᠢᠯ᠂ ᠰᠣᠶᠣᠯ ᠳᠠᠮᠢᠷ᠂ ᠪᠦᠬᠡ᠂ | ᠠᠷᠠᠳ ᠤᠨ ᠳᠠᠭᠤᠤ᠂ ᠪᠦᠵᠢᠭ᠂ ᠦᠯᠡᠳᠡᠭᠳᠡᠯ ᠬᠠᠭᠤᠴᠢᠳ᠂ ᠳᠠᠭᠠᠷᠢᠯᠴᠠᠭ᠎ᠠ ᠬᠤᠯᠪᠣᠭ᠎ᠠ᠂ ᠢᠷᠣᠬᠡᠯ ᠮᠠᠬᠳᠠᠭᠠᠯ᠂ | ᠳᠠᠬᠢᠯᠭ᠎ᠠ ᠳᠠᠶᠢᠯᠠᠯᠭ᠎ᠠ ᠶᠢᠨ ᠶᠣᠰᠣᠯᠠᠯ᠂ ᠮᠣᠩᠭᠤᠯ ᠣᠷᠠᠨ ᠵᠣᠬᠢᠶᠠᠯ ᠵᠡᠷᠬᠡ ᠰᠣᠶᠣᠯ ᠤᠷᠠᠯᠢᠭ ᠤᠨ ᠦᠢᠯᠡᠰ ᠢ | ᠰᠣᠳᠣᠯᠣᠨ ᠬᠦᠭᠵᠢᠬᠦᠯᠬᠦ᠂ ᠬᠤᠰᠢᠭᠤᠨ ᠤ ᠰᠣᠶᠣᠯ ᠳᠠᠮᠢᠷ ᠤᠨ ᠪᠦᠳᠦᠬᠡᠨ ᠪᠠᠶᠢᠭᠤᠯᠤᠯᠳᠠ ᠳᠤ ᠦᠢᠯᠡᠴᠢᠯᠡᠬᠦ | ᠵᠣᠬᠢᠶᠠᠨ ᠪᠠᠶᠢᠭᠤᠯᠤᠯᠳᠠ ᠪᠣᠯᠬᠤ ᠶᠤᠮ᠃ ᠨᠡᠶᠢᠭᠡᠮᠯᠢᠭ ᠨᠢ ᠪᠠᠶᠢᠭᠤᠯᠤᠬᠳᠠᠬᠰᠠᠨ ᠠᠴᠠ ᠨᠠᠭᠠᠰᠢᠬᠢ ᠵᠢᠷᠭᠤᠭᠠᠨ | ᠵᠢᠯ ᠤᠨ ᠳᠣᠷᠰᠢ ᠡᠯ᠎ᠠ ᠵᠦᠢᠯ ᠤᠨ ᠰᠣᠶᠣᠯ ᠳᠠᠮᠢᠷ ᠤᠨ ᠬᠦᠳᠡᠯᠭᠡᠭᠡᠨ ᠢ ᠢᠳᠡᠪᠬᠢᠳᠠᠢ ᠦᠷᠨᠢᠬᠦᠯᠬᠦ᠂ | ᠦᠨᠳᠦᠰᠦᠳᠡᠨ ᠤ ᠰᠣᠶᠣᠯ ᠳᠠᠮᠢᠷ ᠤᠨ ᠦᠢᠯᠡᠰ ᠢ ᠢᠳᠡᠪᠬᠢᠳᠠᠢ ᠤᠬᠠᠭᠤᠯᠬᠤ᠂ ᠳᠡᠯᠭᠡᠷᠡᠬᠦᠯᠬᠦ ᠪᠠ ᠪᠣᠰᠣᠳ ᠭᠠᠵᠠᠷ | ᠣᠷᠣᠨ ᠲᠠᠢ ᠰᠣᠶᠣᠯ ᠳᠠᠮᠢᠷ ᠤᠨ ᠰᠣᠯᠢᠯᠴᠠᠭ᠎ᠠ ᠦᠷᠨᠢᠬᠦᠯᠵᠤ᠂ ᠦᠪᠡᠷ ᠢ ᠪᠠᠨ ᠣᠯᠠᠮ ᠳᠡᠭᠦᠯᠳᠡᠷᠵᠢᠭᠦᠯᠬᠦ ᠠᠵᠢᠯ ᠢ | ᠭᠤᠣᠯᠴᠢᠯᠠᠨ ᠬᠦᠨᠳᠣᠳᠬᠡᠵᠤ᠂ ᠵᠢᠯ ᠪᠦᠷᠢ ᠶᠢᠨ ᠮᠣᠩᠭᠤᠯ ᠤᠯᠠᠮᠵᠢᠯᠠᠯᠳᠣ ᠰᠣᠶᠣᠯ ᠤᠨ ᠠᠵᠢᠯᠯᠠᠭᠠᠨ ᠳᠤ ᠪᠠᠨ | ᠵᠢᠯ ᠤᠨ ᠡᠬᠢᠨ ᠤ ᠴᠠᠭᠠᠨ ᠰᠠᠷ᠎ᠠ ᠶᠢᠨ ᠰᠢᠨ᠎ᠠ ᠶᠢᠨ ᠶᠢᠰᠣᠨ ᠤ ᠵᠡᠬᠦᠨ ᠪᠠᠭᠠᠷᠢᠨ ᠮᠣᠩᠭᠤᠯᠴᠣᠳ ᠤᠨ ᠰᠢᠨ᠎ᠠ ᠵᠢᠯ ᠤᠨ | ᠵᠣᠯᠭᠠᠯᠳᠠ ᠶᠢᠨ ᠨᠡᠶᠢᠷ᠂ 4 ᠰᠠᠷ᠎ᠠ ᠶᠢᠨ 15 ᠤ ᠬᠢᠯᠤᠪᠠᠷ ᠵᠤᠤ ᠰᠦᠮ᠎ᠠ ᠶᠢᠨ ᠰᠦᠮ᠎ᠠ ᠶᠢᠨ ᠬᠤᠷᠠᠯ᠂ ᠪᠢᠯᠢᠭ ᠤᠨ | ᠣᠯᠠᠷᠢᠯ ᠤᠨ 6 ᠰᠠᠷ᠎ᠠ ᠶᠢᠨ ᠰᠢᠨ᠎ᠠ ᠶᠢᠨ 7 ᠤ ᠬᠤᠰᠢᠭᠤ ᠣᠪᠣᠭ᠎ᠠ — ᠰᠠᠶᠢᠬᠠᠨ ᠣᠷᠣᠢ ᠣᠪᠣᠭᠠᠨ ᠳᠠᠬᠢᠯᠭ᠎ᠠ | ᠪᠣᠯᠣᠨ ᠮᠠᠯᠴᠢᠳ ᠤᠨ ᠨᠠᠭᠠᠳᠣᠮ ᠤᠨ ᠬᠤᠷᠠᠯ᠂ ᠵᠢᠯ ᠤᠨ ᠡᠴᠣᠰ ᠤᠨ ᠬᠦᠬᠡᠬᠡ ᠰᠠᠷ᠎ᠠ ᠶᠢᠨ ᠬᠤᠷᠢᠨ ᠭᠤᠷᠪᠠᠨ ᠤ | ᠵᠡᠬᠦᠨ ᠪᠠᠭᠠᠷᠢᠨ ᠮᠣᠩᠭᠤᠯᠴᠣᠳ ᠤᠨ ᠬᠠᠮᠳᠣ ᠶᠢᠨ ᠭᠠᠯ ᠳᠠᠬᠢᠯᠭ᠎ᠠ ᠶᠢᠨ ᠨᠡᠶᠢᠷ ᠵᠡᠷᠬᠡ ᠳᠦᠷᠪᠡᠨ ᠳᠣᠮᠣ | ᠤᠯᠠᠮᠵᠢᠯᠠᠯᠳᠣ ᠰᠣᠶᠣᠯ ᠤᠨ ᠠᠵᠢᠯᠯᠠᠭᠠᠨ ᠢᠶᠠᠷ ᠭᠤᠤᠯᠳᠠᠯᠭ᠎ᠠ ᠪᠣᠯᠭᠠᠬᠰᠠᠨ ᠡᠯ᠎ᠠ ᠳᠦᠷᠦᠯ ᠤᠨ ᠰᠣᠶᠣᠯ ᠤᠨ | ᠠᠵᠢᠯᠯᠠᠭᠠᠨ ᠢᠶᠠᠨ ᠠᠮᠵᠢᠯᠳᠠᠢ ᠰᠠᠶᠢᠬᠠᠨ ᠡᠷᠬᠢᠯᠡᠨ ᠶᠠᠪᠤᠬᠳᠠᠭᠤᠯᠵᠤ᠂ ᠰᠣᠶᠣᠯ ᠤᠨ ᠳᠣᠮᠣ ᠣᠷᠣᠨ ᠢ ᠪᠦᠳᠦᠬᠡᠨ | ᠪᠠᠶᠢᠭᠤᠯᠬᠤ ᠶᠠᠪᠤᠴᠠ ᠳᠠᠬᠢ ᠴᠦᠬᠡᠨ ᠳᠣᠭᠠᠳᠣ ᠦᠨᠳᠦᠰᠦᠳᠡᠨ ᠤ ᠣᠷᠣᠨ ᠤ ᠰᠢᠯᠢᠳᠡᠭ ᠦᠪ ᠰᠤᠶᠤᠯ ᠤᠨ | ᠨᠦᠯᠦᠭᠡᠯᠡᠬᠦ ᠬᠦᠴᠦᠨ ᠢ ᠣᠯᠠᠮ ᠨᠢᠭᠡ ᠠᠯᠬᠤᠮ ᠳᠡᠭᠡᠭᠰᠢᠯᠡᠭᠦᠯᠦᠭᠰᠡᠭᠡᠷ ᠪᠣᠢ᠃ ᠤᠯᠠᠮᠵᠢᠯᠠᠯᠳᠣ ᠰᠣᠶᠣᠯ ᠤᠨ | ᠨᠡᠶᠢᠭᠡᠮᠯᠢᠭ ᠤᠨ ᠢᠶᠠᠨ ᠳᠣᠳᠣᠭᠠᠳᠣ ᠳᠤ ᠪᠦᠬᠡ ᠶᠢᠨ ᠨᠡᠶᠢᠭᠡᠮᠯᠢᠭ᠂ ᠠᠳᠣᠭᠤᠨ ᠰᠣᠶᠣᠯ ᠤᠨ ᠨᠡᠶᠢᠭᠡᠮᠯᠢᠭ᠂ ᠰᠣᠷ | ᠬᠠᠷᠪᠤᠯᠳᠠ ᠶᠢᠨ ᠨᠡᠶᠢᠭᠡᠮᠯᠢᠭ᠂ ᠣᠳᠬ᠎ᠠ ᠤᠷᠠᠯᠢᠭ ᠤᠨ ᠨᠡᠶᠢᠭᠡᠮᠯᠢᠭ᠂ ᠰᠢᠳᠠᠷ᠎ᠠ ᠶᠢᠨ ᠨᠡᠶᠢᠭᠡᠮᠯᠢᠭ ᠬᠡᠬᠦ ᠳᠠᠪᠤᠨ | ᠬᠤᠪᠢᠶᠠᠷᠢ ᠨᠡᠶᠢᠭᠡᠮᠯᠢᠭ ᠪᠠᠶᠢᠭᠤᠯᠵᠤ᠂ ᠳᠣᠰ ᠳᠣᠰ ᠤᠨ ᠢᠶᠠᠨ ᠨᠡᠶᠢᠭᠡᠮᠯᠢᠭ ᠤᠨ ᠠᠵᠢᠯ ᠢᠶᠠᠨ ᠠᠯᠬᠤᠮ ᠳᠠᠷᠠᠭ᠎ᠠ ᠲᠠᠢ᠂ | ᠡᠮᠬᠢ ᠴᠡᠭᠴᠡ ᠲᠠᠢ ᠪᠠᠶᠢᠷᠢᠯᠠᠭᠤᠯᠤᠨ ᠠᠵᠢᠯᠯᠠᠵᠤ ᠪᠤᠢ᠃ ᠣᠳᠣᠬᠠᠨ ᠪᠣᠯᠳᠠᠯ᠎ᠠ ᠮᠠᠨ ᠤ ᠬᠤᠰᠢᠭᠤᠨ ᠠᠴᠠ ᠮᠢᠩᠭᠠᠨ | ᠪᠦᠬᠡ ᠶᠢᠨ ᠠᠪᠤᠷᠭᠤ᠂ ᠴᠢᠯᠦᠭᠡᠳᠣ ᠪᠦᠬᠡ ᠶᠢᠨ ᠣᠯᠣᠰ ᠤᠨ ᠠᠪᠤᠷᠭᠤ ᠠᠯᠳᠠᠨᠰᠦ᠋ᠬᠡ᠂ ᠡᠷᠡᠬᠡᠢ ᠮᠡᠷᠬᠡᠨ ᠰᠣᠷ | ᠬᠠᠷᠪᠤᠭᠠᠴᠢ ᠰᠠᠶᠢᠨ᠎ᠠ᠂ ᠵᠠᠯᠠᠭᠤ ᠵᠢᠤᠳᠣᠣ ᠪᠦᠬᠡ ᠶᠢᠨ ᠣᠯᠣᠰ ᠤᠨ ᠠᠪᠤᠷᠭᠤ᠂ ᠪᠦᠬᠡᠴᠢᠨ ᠳᠡᠭᠵᠢᠷᠡᠬᠦᠦ᠂ ᠵᠠᠯᠠᠭᠤ | ᠪᠦᠬᠡᠴᠢᠨ ᠴᠣᠬᠳᠣᠨᠠᠷᠠᠨ᠂ ᠬᠤᠤᠪᠠᠶᠠᠷ᠂ ᠠᠮᠤᠭᠤᠯᠠᠩ ᠵᠡᠷᠬᠡ ᠰᠣᠳᠣᠨ ᠪᠦᠬᠡᠴᠤᠳ ᠴᠣᠯᠭᠤᠷᠠᠨ ᠨᠣᠳᠤᠭ ᠣᠷᠣᠨ ᠤ | ᠪᠠᠨ ᠬᠡᠶᠢᠮᠦᠷᠢ ᠰᠦᠯᠳᠡ ᠶᠢ ᠡᠷᠬᠦᠨ ᠶᠠᠪᠤᠵᠤ ᠪᠤᠢ᠃ ᠡᠬᠦᠨ ᠠᠴᠠ ᠭᠠᠳᠠᠨ᠎ᠠ ᠮᠠᠨ ᠤ ᠳᠣᠪᠴᠢᠶ᠎ᠠ ᠨᠢ ᠤᠯᠠᠭᠠᠨᠬᠠᠳᠠ | ᠬᠤᠳᠠ ᠶᠢᠨ 7 ᠳ᠋ᠣᠭᠠᠷ ᠬᠤᠭᠤᠴᠠᠭᠠᠨ ᠤ ᠪᠦᠬᠦ ᠣᠷᠣᠨ ᠤ ᠪᠡᠶ᠎ᠡ ᠳᠠᠮᠢᠷ ᠤᠨ ᠴᠤᠭᠯᠠᠭᠠᠨ ᠤ ᠪᠦᠬᠡ ᠶᠢᠨ ᠨᠢᠬᠡᠴᠠ | ᠶᠢᠨ ᠣᠷᠣᠯᠳᠣᠭᠠᠨ ᠤ ᠨᠢᠬᠡᠳᠣᠭᠡᠷ ᠳᠡᠰ᠂ ᠰᠢᠯᠢᠩᠬᠤᠳᠠ ᠳᠤ ᠪᠣᠯᠣᠬᠰᠠᠨ 8 ᠳ᠋ᠣᠭᠠᠷ ᠣᠳᠠᠭᠠᠨ ᠤ ᠪᠦᠬᠦ ᠣᠷᠣᠨ ᠤ | ᠪᠦᠬᠡ ᠶᠢᠨ ᠨᠢᠬᠡᠴᠠ ᠶᠢᠨ ᠤᠷᠤᠯᠳᠣᠭᠠᠨ ᠤ 2 ᠳ᠋ᠣᠭᠠᠷ ᠨᠡᠷ᠎ᠡ᠂ 2013 ᠣᠨ ᠤ ᠣᠷᠳᠣᠰ ᠲᠤ ᠪᠣᠯᠣᠬᠰᠠᠨ | ᠣᠷᠳᠣᠰ ᠪᠦᠬᠡ ᠶᠢᠨ ᠨᠢᠭᠡᠴᠠ ᠶᠢᠨ ᠣᠷᠣᠯᠳᠣᠭᠠᠨ ᠤ 2 ᠳ᠋ᠣᠭᠠᠷ ᠨᠡᠷ᠎ᠡ᠂ ᠣᠷᠳᠣᠰ ᠪᠦᠬᠡ ᠶᠢᠨ ᠬᠤᠪᠢ ᠬᠦᠮᠦᠨ ᠤ | ᠪᠦᠬᠡ ᠶᠢᠨ 2 ᠳ᠋ᠣᠭᠠᠷ ᠨᠡᠷ᠎ᠡ ᠪᠠ 5 ᠳ᠋ᠣᠭᠠᠷ ᠨᠡᠷ᠎ᠡ ᠶᠢ ᠳᠡᠮᠡᠴᠡᠨ ᠣᠯᠣᠬᠰᠠᠨ ᠬᠢᠯᠠᠯᠵᠠᠬᠰᠠᠨ ᠰᠠᠶᠢᠬᠠᠨ ᠠᠮᠵᠢᠯᠳᠠ | ᠤᠳ ᠢ ᠣᠯᠵᠠᠢ᠃ ᠮᠠᠨ ᠤ ᠳᠣᠪᠴᠢᠶ᠎ᠠ ᠶᠢᠨ ᠰᠠᠨᠠᠭᠠᠴᠢᠯᠠᠭ᠎ᠠ ᠪᠠᠷ ᠮᠠᠨ ᠤ ᠬᠤᠰᠢᠭᠤᠨ ᠤ ︽ᠬᠡᠷᠡᠯᠳᠣ ᠴᠠᠭᠠᠨ | ᠣᠳᠠᠢ — ᠬᠢᠯᠥᠪᠡᠷ ᠵᠤᠤ ᠶᠢᠨ ᠤᠷᠤᠨ︾ ᠨᠣᠮ ᠢ ᠬᠡᠪᠯᠡᠭᠰᠡᠨ᠃ 2013 ᠣᠨ ᠳᠤ ᠮᠠᠨ ᠤ ᠳᠣᠪᠴᠢᠶ᠎ᠠ ᠶᠢᠨ | ᠳᠡᠭᠷᠢ ᠳᠠᠭᠤᠳᠠᠭᠠᠴᠢ ᠠᠯᠳᠠᠨ᠋ᠧᠴᠢᠷ ᠤᠨ ︽ᠤᠶᠠᠰᠣᠨ ᠬᠠᠶᠢᠯᠬᠤ ᠤᠶᠠᠬᠠᠨ ᠬᠠᠪᠤᠷ︾ ᠳᠣᠭᠤᠵᠢ ᠶᠢᠨ ᠰᠣᠩᠭᠤᠮᠠᠯ | ᠨᠢ ᠦᠪᠡᠷᠳᠡᠬᠡᠨ ᠵᠠᠰᠠᠬᠤ ᠣᠷᠣᠨ ᠤ ︽ᠳᠠᠪᠦ ᠨᠢᠭᠡ ᠢᠨᠵᠧᠨᠧᠷᠢᠩ︾ ᠤᠨ ᠱᠠᠩᠨᠠᠯ ᠳᠣᠰᠣᠬᠰᠠᠨ᠃ ᠮᠠᠨ ᠤ | ᠨᠡᠶᠢᠭᠡᠮᠯᠢᠭ ᠤᠨ ᠮᠠᠯᠴᠢᠨ ᠵᠣᠬᠢᠶᠠᠯᠴᠢ ᠮ᠊᠂ ᠡᠷᠳᠡᠨᠢᠪᠠᠶᠠᠷ ᠪᠦᠬᠦ ᠣᠯᠣᠰ ᠤᠨ ︽ᠨᠠ᠊᠂ ᠰᠠᠶᠢᠨᠴᠣᠬᠳᠣ ᠪᠠᠭᠰᠢ ᠶᠢᠨ | ᠮᠡᠨᠳᠣᠯᠡᠭᠰᠡᠨ100 ᠵᠢᠯ ᠤᠨ ᠣᠢ ᠶᠢ ᠪᠡᠯᠡᠭᠯᠡᠬᠦ ᠳᠣᠭᠤᠵᠢᠰ ᠤᠨ ᠵᠣᠬᠢᠶᠠᠯ ᠤᠨ ᠣᠷᠣᠯᠳᠣᠭᠠᠨ︾ ᠳᠤ ᠨᠢᠭᠡᠳᠦᠭᠡᠷ | ᠳᠡᠰ ᠤᠨ ᠱᠠᠩᠨᠠᠯ ᠳᠣᠰᠣᠬᠰᠠᠨ᠃ ᠡᠬᠦᠨ ᠠᠴᠠ ᠭᠠᠳᠠᠨ᠎ᠠ ᠮᠠᠨ ᠤ ᠬᠤᠰᠢᠭᠤᠨ ᠤ ᠨᠡᠯᠢᠶᠡᠳ ᠬᠡᠳᠣᠨ ᠬᠤᠪᠢ | ᠬᠦᠮᠦᠨ ᠤ ᠵᠣᠬᠢᠶᠠᠯ ᠪᠦᠳᠦᠬᠡᠯ ᠤᠨ ᠨᠣᠮ ᠬᠡᠪᠯᠡᠭᠳᠡᠨ ᠭᠠᠷᠴᠦ ᠢᠷᠡᠭᠰᠡᠨ ᠭᠡᠬᠦ ᠮᠡᠳᠣ ᠶᠢᠨ ᠠᠮᠵᠢᠯᠳᠠ ᠨᠤᠭᠤᠳ | ᠣᠯᠠᠨ ᠪᠤᠢ᠃ ᠡᠬᠦᠨ ᠠᠴᠠ ᠭᠠᠳᠠᠨ᠎ᠠ᠂ ᠮᠠᠨ ᠤ ᠳᠣᠪᠴᠢᠶ᠎ᠠ ᠨᠢ ᠮᠣᠩᠭᠤᠯ ᠤᠯᠠᠮᠵᠢᠯᠠᠯᠳᠣ ᠰᠣᠶᠣᠯ ᠤᠨ ᠨᠡᠶᠢᠭᠡᠮᠯᠢᠭ | ᠳᠤ ᠳᠦᠰᠢᠭᠯᠡᠨ ᠮᠣᠩᠭᠤᠯ ᠪᠦᠬᠡ ᠂ ᠰᠣᠷ ᠬᠠᠷᠪᠤᠯᠳᠠ ᠵᠢᠴᠢ ᠮᠣᠩᠭᠤᠯ ᠣᠷᠳᠣ ᠶᠢᠨ ᠳᠠᠭᠤᠤ᠂ ᠮᠣᠩᠭᠤᠯ | ᠰᠢᠳᠠᠷ᠎ᠠ ᠵᠡᠷᠬᠡ ᠪᠣᠯᠪᠠᠰᠣᠷᠠᠯ ᠤᠨ ᠠᠩᠬᠢ ᠶᠢ ᠵᠢᠯ ᠪᠣᠯᠭᠠᠨᠭᠤᠷᠪᠠ ᠠᠴᠠ ᠳᠦᠷᠪᠡ ᠣᠳᠠᠭ᠎ᠠ ᠦᠷᠨᠢᠬᠦᠯᠵᠤ᠂ ᠵᠢᠯ | ᠪᠦᠷᠢ 30 —50 ᠬᠦᠮᠦᠨ ᠢ ᠪᠣᠯᠪᠠᠰᠣᠷᠠᠯ ᠳᠤ ᠣᠷᠣᠯᠴᠠᠭᠤᠯᠳᠠᠭ᠃ ᠨᠡᠶᠢᠭᠡᠮᠯᠢᠭ ᠪᠠᠶᠢᠭᠤᠯᠤᠬᠳᠠᠬᠰᠠᠨ ᠠᠴᠠ | ᠨᠠᠭᠠᠰᠢ ︽ᠦᠯᠵᠡᠶᠢᠮᠦ᠋ᠷᠡᠨ ᠰᠡᠳᠬᠦᠯ︾ ᠢ ᠵᠢᠯ ᠪᠦᠷᠢ ᠬᠤᠶᠠᠷ ᠬᠤᠭᠤᠴᠠᠭ᠎ᠠ ᠲᠠᠢ ᠨᠡᠶᠢᠷᠡᠭᠤᠯᠤᠨ ᠬᠡᠪᠯᠡᠭᠦᠯᠵᠤ᠂ | ᠦᠷᠬᠡᠨ ᠤᠯᠠᠨ ᠮᠣᠩᠭᠤᠯ ᠳᠦᠮᠡᠨ ᠳᠤ ᠰᠣᠶᠣᠯ ᠣᠷᠠᠯᠢᠭ ᠤᠨ ᠳᠠᠪᠴᠠᠩ ᠢ ᠬᠠᠩᠭᠠᠨ᠂ ᠮᠠᠯᠴᠢᠨ ᠳᠦᠮᠠᠨ ᠪᠠ | ᠮᠣᠩᠭᠤᠯ ᠺᠠᠳ᠋ᠷᠴᠤᠳ ᠤᠨ ᠰᠣᠶᠣᠯ ᠤᠨ ᠠᠮᠢᠳᠣᠷᠠᠯ ᠢ ᠪᠠᠶᠠᠯᠢᠬᠵᠢᠭᠤᠯᠬᠤ ᠳᠤ ᠦᠢᠯᠡᠴᠢᠯᠡᠬᠦᠯᠵᠤ ᠪᠤᠢ᠃ ᠡᠬᠦᠨ ᠤ | ᠬᠠᠮᠳᠣ᠂ ᠮᠠᠨ ᠤ ᠳᠣᠪᠴᠢᠶ᠎ᠠ ᠨᠢ ᠳᠣᠰᠬᠠᠢ ᠬᠦᠮᠦᠨ ᠳᠣᠬᠢᠷᠠᠭᠤᠯᠤᠨ᠂ ︽ᠦᠯᠵᠡᠶᠢᠮᠦ᠋ᠷᠡᠨ︾ ᠰᠡᠳᠬᠦᠯ | ᠨᠠᠶᠢᠷᠠᠭᠤᠯᠵᠤ ᠬᠡᠪᠯᠡᠬᠦ ᠠᠵᠢᠯ ᠪᠠ ᠨᠡᠶᠢᠭᠡᠮᠯᠢᠭ ᠤᠨ ᠡᠯ᠎ᠠ ᠵᠦᠢᠯ ᠤᠨ ᠠᠵᠢᠯᠯᠠᠭᠠᠨ ᠳᠤ ᠬᠠᠮᠵᠢᠯᠴᠠᠭᠤᠯᠤᠨ᠂ | ᠨᠡᠶᠢᠭᠡᠮᠯᠢᠭ ᠤᠨ ᠠᠵᠢᠯ ᠤᠨ ᠢᠯᠭᠤᠮ ᠣᠷᠣᠬᠰᠢᠳᠠᠢ ᠶᠠᠪᠤᠬᠳᠠᠬᠤ ᠶᠢ ᠪᠠᠳᠣᠯᠠᠵᠤ ᠪᠤᠢ᠃ ᠮᠠᠨ ᠤ ᠳᠣᠪᠴᠢᠶ᠎ᠠ ᠨᠢ | ᠪᠠᠰᠠ ᠦᠨᠳᠦᠰᠦᠳᠡᠨ ᠤ ᠬᠤᠶᠢᠴᠢ ᠦᠶ᠎ᠡ ᠪᠠᠨ ᠬᠦᠮᠦᠵᠢᠭᠦᠯᠬᠦ ᠠᠵᠢᠯ ᠢ ᠮᠠᠰᠢᠳᠠ ᠬᠦᠨᠳᠣᠳᠬᠡᠨ ᠦᠵᠡᠵᠣ᠂ ᠦᠨᠦ | ᠵᠢᠯ ᠤᠨ ᠡᠬᠢᠨ ᠠᠴᠠ ᠪᠠᠭᠠᠷᠢᠨ ᠵᠡᠬᠦᠨ ᠬᠤᠰᠢᠭᠤᠨ ᠤ ᠵᠠᠯᠠᠭᠤᠴᠣᠳ ᠪᠠᠭᠠᠴᠣᠳ ᠤᠨ ︽ᠲᠤᠷᠭᠠᠨ ᠬᠦᠷᠦᠰᠤ︾ | ᠵᠣᠬᠢᠶᠠᠨ ᠪᠢᠴᠢᠯᠬᠡ ᠶᠢᠨ ᠰᠣᠷᠢᠭᠠᠨ ᠤ ᠭᠠᠵᠠᠷ ᠢ ᠡᠷᠬᠢᠯᠡᠬᠦ ᠠᠵᠢᠯ ᠢ ᠡᠬᠦᠰᠬᠡᠨ ᠰᠡᠳᠣᠵᠤ᠂ 5 ᠰᠠᠷ᠎ᠠ ᠶᠢᠨ 27 ᠤ | ᠡᠳᠦᠷ ᠰᠣᠷᠢᠭᠠᠨ ᠤ ᠭᠠᠵᠠᠷ ᠪᠠᠶᠢᠭᠤᠯᠤᠭᠳᠠᠬᠤ ᠲᠡᠷᠢᠬᠦᠯᠦᠭᠴᠢᠳ ᠤᠨ ᠬᠤᠷᠠᠯ ᠬᠢᠵᠤ᠂ ᠳᠣᠰ ᠨᠡᠶᠢᠭᠡᠮᠯᠢᠭ ᠲᠡᠭᠡᠨ | ᠨᠢᠭᠡᠨᠳᠡ 44 ᠨᠡᠷᠡᠰ ᠰᠣᠷᠣᠬᠴᠢᠳ ᠢ ᠰᠠᠶᠢᠨ ᠳᠣᠷ᠎ᠠ ᠠᠴᠠ ᠨᠢ ᠣᠷᠣᠯᠴᠠᠭᠤᠯᠵᠤ᠂ ᠳᠡᠳᠡᠨ ᠤ ᠵᠣᠬᠢᠶᠠᠨ | ᠪᠢᠴᠢᠯᠬᠡ ᠶᠢᠨ ᠣᠷᠮ᠎ᠠ ᠪᠠᠬ᠎ᠠ ᠶᠢ ᠬᠦᠭᠵᠢᠬᠡᠬᠦ᠂ ᠵᠣᠬᠢᠶᠠᠨ ᠪᠢᠴᠢᠬᠦ ᠤᠷ᠎ᠠ ᠳᠡᠮ ᠢ ᠳᠡᠭᠡᠭᠰᠢᠯᠡᠬᠦᠯᠬᠦ᠂ ᠶᠡᠭᠡ | ᠰᠣᠷᠭᠠᠭᠤᠯᠢ ᠳᠤ ᠰᠢᠯᠭᠠᠬᠤ ᠵᠣᠬᠢᠶᠠᠨ ᠪᠢᠴᠢᠯᠬᠡ ᠳᠤ ᠦᠢᠯᠡᠴᠢᠯᠡᠬᠦ ᠵᠢᠴᠢ ᠦᠨᠳᠦᠰᠦᠳᠡᠨ ᠤ ᠦᠪ ᠰᠣᠶᠣᠯ᠂ ᠵᠠᠩ | ᠵᠠᠩᠰᠢᠯ ᠢᠶᠠᠨ ᠤᠯᠠᠮᠵᠢᠯᠠᠨ ᠵᠠᠯᠭᠠᠮᠵᠢᠯᠠᠬᠤ᠂ ᠬᠦᠭᠵᠢᠬᠦᠯᠬᠦ ᠳᠠᠯ᠎ᠠ ᠳᠤ ᠦᠢᠯᠡᠴᠢᠯᠠᠬᠦᠯᠦᠭᠰᠡᠨ ᠪᠠᠶᠢᠨ᠎ᠠ᠃ ᠳᠣᠰ | ᠬᠤᠪᠢᠶᠠᠷᠢ ᠨᠡᠶᠢᠭᠡᠮᠯᠢᠭ ᠨᠢ ᠰᠠᠷ᠎ᠠ ᠪᠦᠷᠢ ᠳᠤ ᠬᠤᠶᠠᠷ ᠠᠴᠠ ᠭᠤᠷᠪᠠ ᠤᠳᠠᠭᠠᠨ ᠤ ᠪᠦᠬᠦ ᠬᠤᠰᠢᠭᠤᠨ ᠤ | ᠰᠣᠷᠣᠬᠴᠢᠳ ᠤᠨ ᠣᠷᠠᠨ ᠣᠩᠰᠢᠯᠭ᠎ᠠ ᠶᠢᠨ ᠮᠦᠷᠦᠶᠢᠴᠡᠬᠡᠨ᠂ ᠵᠣᠬᠢᠶᠠᠨ ᠪᠢᠴᠢᠯᠬᠡ ᠶᠢᠨ ᠮᠦᠷᠦᠶᠢᠴᠡᠬᠡᠨ᠂ | ᠴᠢᠯᠣᠬᠡᠳᠣ ᠶᠠᠷᠢᠯᠴᠠᠭᠠᠨ ᠤ ᠳᠠᠪᠴᠡᠩ ᠢ ᠡᠬᠦᠳᠬᠦ ᠵᠡᠷᠬᠡ ᠠᠵᠢᠯᠯᠠᠭᠠᠨ ᠢ ᠠᠯᠬᠤᠮ ᠳᠠᠷᠠᠭ᠎ᠠ ᠲᠠᠢ ᠦᠷᠨᠢᠬᠦᠯᠬᠦ ᠪᠠᠷ | ᠳᠦᠯᠦᠪᠯᠡᠵᠤ ᠪᠣᠢ᠃ ᠬᠤᠶᠠᠷ ᠲᠤ᠂ ᠪᠠᠭᠠᠷᠢᠨ ᠵᠡᠬᠦᠨ ᠬᠤᠰᠢᠭᠤᠨ ᠤ ᠦᠨᠳᠦᠰᠦᠳᠡᠨ ᠱᠠᠰᠢᠨ ᠰᠣᠷᠳᠠᠬᠤᠨ ᠤ ᠬᠡᠷᠡᠭ | ᠡᠷᠬᠢᠯᠡᠬᠦ ᠳᠣᠪᠴᠢᠶ᠎ᠠ ᠨᠢ 60 ᠵᠢᠯ ᠳᠠᠰᠣᠯᠳᠠᠬᠰᠠᠨ ᠬᠤᠰᠢᠭᠤ ᠣᠪᠣᠭ᠎ᠠ — ᠰᠠᠶᠢᠬᠠᠨ ᠣᠷᠣᠢ ᠶᠢᠨ ᠣᠪᠣᠭᠠᠨ | ᠳᠠᠬᠢᠯᠭ᠎ᠠ ᠶᠢ ᠰᠡᠷᠬᠦᠭᠡᠵᠠᠢ᠃ ᠵᠡᠬᠦᠨ ᠪᠠᠷᠠᠭᠤᠨ ᠪᠠᠭᠠᠷᠢᠨ ᠪᠣᠯ ᠣᠣᠯ ᠨᠢ ᠨᠢᠭᠡ ᠬᠡᠷ ᠪᠠᠶᠢᠵᠠᠢ᠃1952 ᠣᠨ ᠳᠤ | ᠪᠠᠭᠠᠷᠢᠨ ᠵᠡᠬᠦᠨ ᠬᠤᠰᠢᠭᠤᠨ ᠤ ᠳᠠᠪᠤ ᠵᠢᠷᠭᠤᠳᠣᠭᠠᠷ ᠨᠣᠳᠤᠭ ᠨᠤᠤᠷᠭᠠᠢ ︵ᠵᠢᠷᠭᠠᠯ ᠤᠨ ᠵᠠᠮ︶ ᠪᠠ ᠰᠣᠪᠣᠷᠭ᠎ᠠ | ᠬᠤᠶᠠᠷ ᠨᠤᠳᠤᠭ ᠪᠠᠭᠠᠷᠢᠨ ᠪᠠᠷᠠᠭᠤᠨ ᠬᠤᠰᠢᠭᠤᠨ ᠳᠤ ᠬᠠᠷᠢᠶᠠᠯᠠᠬᠳᠠᠬᠤ ᠪᠤᠯᠤᠬᠰᠠᠨ ᠠᠴᠠ ᠣᠣᠯ ᠤᠨ ᠵᠡᠬᠦᠨ | ᠪᠠᠭᠠᠷᠢᠨ ᠤ ᠵᠠᠩᠵᠤᠨ ᠪᠠᠶᠢᠰᠠ ᠰᠡᠷᠡᠩ ᠤᠨ ᠪᠣᠰᠬᠠᠬᠰᠠᠨ ᠰᠠᠶᠢᠬᠠᠨ ᠬᠠᠨ ᠣᠪᠣᠭ᠎ᠠ ᠨᠢ ᠪᠠᠭᠠᠷᠢᠨ ᠪᠠᠷᠠᠭᠤᠨ | ᠬᠤᠰᠢᠭᠤᠨ ᠤ ᠬᠠᠷᠢᠶᠠᠨ ᠳᠤ ᠣᠷᠣᠬᠰᠠᠨ ᠪᠠᠶᠢᠯ᠎ᠠ᠃ ᠡᠬᠦᠨᠴᠠ ᠵᠡᠬᠦᠨ ᠪᠠᠭᠠᠷᠢᠨ ᠤ ᠬᠤᠰᠢᠭᠤᠨ ᠳᠠᠬᠢᠯᠭ᠎ᠠ ᠴᠣ᠋ | ᠵᠣᠬᠰᠣᠵᠠᠢ᠃ ᠮᠣᠩᠭᠤᠯ ᠤᠯᠠᠮᠵᠢᠯᠠᠯᠳᠣ ᠰᠣᠶᠣᠯ ᠤᠨ ᠨᠡᠶᠢᠭᠡᠮᠯᠢᠭ ᠢ ᠪᠠᠶᠢᠭᠤᠯᠤᠬᠰᠠᠨ ᠤ ᠳᠠᠷᠠᠭ᠎ᠠ᠂ ᠬᠤᠰᠢᠭᠤ | ᠣᠪᠣᠭ᠎ᠠ ᠶᠢ ᠰᠡᠷᠬᠦᠬᠡᠬᠦ ᠠᠵᠢᠯ ᠢ ᠳᠠᠷᠣᠢ ᠳᠦᠷᠬᠡᠨ ᠭᠠᠷᠳᠠᠨ ᠬᠢᠵᠤ᠂ 2012 ᠣᠨ ᠳᠤ ᠪᠠᠭᠠᠷᠢᠨ ᠵᠡᠬᠦᠨ | ᠬᠤᠰᠢᠭᠤᠨ ᠤ ᠬᠤᠰᠢᠭᠤ ᠣᠪᠣᠭ᠎ᠠ — ᠰᠠᠶᠢᠬᠠᠨ ᠣᠷᠣᠢ ᠣᠪᠣᠭᠠᠨ ᠳᠠᠬᠢᠯᠭ᠎ᠠ ᠶᠢᠨ ᠠᠵᠢᠯᠯᠠᠭᠠᠨ ᠢ ᠳᠠᠬᠢᠨᠳᠡ | ᠰᠡᠷᠬᠦᠬᠡᠵᠤ᠂ ᠵᠢᠯ ᠪᠦᠷᠢ ᠶᠢᠨ ᠪᠢᠯᠢᠭ ᠤᠨ ᠣᠯᠠᠷᠢᠯ ᠤᠨ 6 ᠰᠠᠷ᠎ᠠ ᠶᠢᠨ ᠰᠢᠨ᠎ᠠ ᠶᠢᠨ 7 ᠤ ᠡᠳᠣᠷ ᠢ ᠬᠤᠰᠢᠭᠤ | ᠣᠪᠣᠭᠠᠨ ᠳᠠᠬᠢᠯᠭ᠎ᠠ ᠶᠢᠨ ᠡᠳᠣᠷ ᠢᠶᠠᠷ ᠳᠣᠬᠳᠠᠭᠠᠵᠤ᠂ ᠣᠳᠣ ᠪᠣᠯᠬᠤ ᠳᠤ ᠨᠢᠭᠡᠨᠳᠡ ᠳᠦᠷᠪᠡᠳᠡᠬᠢ ᠵᠢᠯ ᠤᠨ ᠨᠢᠭᠤᠷ | ᠦᠵᠡᠵᠤ ᠪᠤᠢ᠃ | 5᠂ ᠦᠨᠳᠦᠰᠦᠳᠡᠨ ᠤ ᠰᠣᠷᠭᠠᠨ ᠬᠦᠮᠦᠵᠢᠯ ᠤᠨ ᠦᠢᠯᠡᠰ ᠢ ᠬᠦᠨᠳᠦᠳᠬᠡᠨ ᠠᠳᠬᠤᠵᠤ ᠪᠤᠢ᠃ ᠮᠠᠨ ᠤ | ᠬᠤᠰᠢᠭᠤ ᠨᠢ ᠰᠣᠷᠭᠠᠭᠤᠯᠢ ᠡᠷᠬᠢᠯᠡᠬᠦ ᠨᠦᠬᠦᠴᠡᠯ ᠪᠣᠯᠤᠯᠴᠠᠭ᠎ᠠ ᠶᠢ ᠰᠠᠶᠢᠵᠢᠷᠠᠭᠤᠯᠬᠤ᠂ ᠬᠡᠪ ᠴᠢᠨᠠᠷ ᠤᠨ ᠰᠣᠷᠭᠠᠨ | ᠬᠦᠮᠦᠵᠢᠯ ᠢ ᠳᠦᠯᠬᠢᠨ ᠠᠬᠢᠭᠤᠯᠬᠤ᠂ ᠪᠠᠭᠰᠢ ᠶᠢᠨ ᠡᠩᠨᠡᠭᠡ ᠶᠢ ᠰᠢᠯᠢᠳᠡᠭᠵᠢᠬᠦᠯᠦᠨ ᠪᠦᠳᠦᠬᠡᠨ ᠪᠠᠶᠢᠭᠤᠯᠬᠤ ᠪᠠᠷ | ᠭᠤᠣᠯᠳᠠᠯᠭ᠎ᠠ ᠪᠤᠯᠭᠠᠵᠤ᠂ ᠬᠡᠣᠬᠡᠳ ᠪᠦᠷᠢ ᠰᠣᠷᠭᠠᠭᠤᠯᠢ ᠳᠤ ᠣᠷᠣᠬᠤ ᠪᠠ ᠨᠦᠬᠦᠴᠡᠯ ᠰᠠᠶᠢᠨ ᠰᠣᠷᠭᠠᠭᠤᠯᠢ ᠳᠤ | ᠰᠠᠭᠤᠬᠤ ᠶᠢ ᠪᠠᠳᠣᠯᠠᠵᠤ᠂ ᠰᠣᠷᠭᠠᠨ ᠬᠦᠮᠦᠵᠢᠯ ᠤᠨ ᠡᠬᠢ ᠪᠠᠶᠠᠯᠢᠭ ᠤᠨ ᠬᠤᠰᠢᠭᠤᠨ ᠤ ᠳᠣᠳᠣᠷ᠎ᠠ ᠳᠡᠭᠰᠢ ᠬᠡᠮ | ᠲᠠᠢ ᠬᠦᠭᠵᠢᠬᠦ ᠶᠢ ᠪᠠᠳᠣᠯᠠᠵᠠᠢ᠃ ᠨᠢᠭᠡ ᠳᠤ᠂ ᠪᠡᠯᠡ ᠣᠷᠣᠭᠤᠯᠣᠯᠳᠠ ᠶᠢᠨ ᠬᠦᠴᠦᠯᠡᠴᠠ ᠪᠠᠨ ᠴᠢᠩᠭᠠᠳᠬᠠᠵᠤ᠂ | ᠦᠨᠳᠦᠰᠦᠳᠡᠨ ᠤ ᠣᠷᠣᠨ ᠤ ᠰᠣᠷᠭᠠᠭᠤᠯᠢ ᠤᠳ ᠤᠨ ᠰᠣᠷᠭᠠᠭᠤᠯᠢ ᠡᠷᠬᠢᠯᠡᠬᠦ ᠨᠦᠬᠦᠴᠡᠯ ᠪᠣᠯᠣᠮᠵᠢ ᠶᠢ | ᠰᠠᠶᠢᠵᠢᠷᠠᠭᠤᠯᠪᠠ᠃ ᠮᠠᠨ ᠤ ᠬᠤᠰᠢᠭᠤ ᠨᠢ 2012 ᠣᠨ ᠠᠴᠠ ᠡᠬᠢᠯᠡᠵᠤ᠂ ᠨᠡᠶᠢᠳᠡ 15301.59 ᠳᠦᠮᠡᠨ | ᠳᠦᠬᠦᠷᠢᠭ ᠤᠨ ᠪᠡᠯᠡ ᠣᠷᠣᠭᠤᠯᠵᠣ᠂ ᠯᠢᠨᠳᠦ᠋ᠩ ᠤᠨ ᠮᠣᠩᠭᠤᠯ ᠳᠣᠮᠳᠠᠳᠣ ᠰᠣᠷᠭᠠᠭᠤᠯᠢ ᠶᠢ ᠰᠢᠯᠵᠢᠬᠦᠯᠦᠨ ᠰᠢᠨ᠎ᠠ | ᠪᠠᠷ ᠪᠠᠶᠢᠭᠤᠯᠤᠬᠰᠠᠨ ᠪᠠ ᠯᠢᠨᠳᠦ᠋ᠩ ᠤᠨ ᠮᠣᠩᠭᠤᠯ ᠪᠠᠭ᠎ᠠ ᠰᠣᠷᠭᠠᠭᠤᠯᠢ ᠶᠢ ᠰᠢᠨ᠎ᠠ ᠣᠷᠣᠨ ᠰᠠᠭᠤᠴᠠ ᠳᠤ | ᠰᠢᠯᠵᠢᠬᠦᠯᠦᠨ ᠪᠠᠶᠢᠭᠤᠯᠤᠬᠰᠠᠨ ᠪᠠᠶᠢᠨ᠎ᠠ᠃ ᠰᠢᠨ᠎ᠠ ᠪᠠᠷ ᠪᠠᠶᠢᠭᠤᠯᠤᠬᠰᠠᠨ ᠪᠠᠶᠢᠷᠢ ᠶᠢᠨ ᠠᠰᠠᠷ ᠪᠦᠬᠦᠢ ᠬᠢᠴᠢᠶᠡᠯ ᠤᠨ | ᠠᠰᠠᠷ 3 ᠰᠠᠭᠤᠷᠢ᠂ ᠪᠠᠭᠰᠢ ᠨᠠᠷ ᠤᠨ ᠠᠰᠠᠷ 2 ᠰᠠᠭᠤᠷᠢ᠂ ᠰᠣᠷᠣᠬᠴᠢᠳ ᠤᠨ ᠬᠤᠭᠤᠯᠠᠨ ᠭᠡᠷ 2 ᠰᠠᠭᠤᠷᠢ ᠶᠢ | ᠳᠣᠰ ᠳᠣᠰ ᠪᠠᠶᠢᠭᠤᠯᠵᠤ᠂ ᠦᠨᠳᠦᠰᠦᠳᠡᠨ ᠤ ᠰᠣᠷᠭᠠᠭᠤᠯᠢ ᠶᠢᠨ ᠳᠣᠭᠤᠭᠠᠨ ᠭᠡᠷ᠂ ᠳᠣᠭᠤᠭᠠᠨ ᠭᠡᠷ ᠤᠨ ᠡᠳ᠋ᠯᠡᠯ | ᠬᠡᠷᠡᠭᠰᠡᠯ᠂ ᠵᠣᠷᠯᠤᠩ ᠵᠡᠷᠬᠡ ᠬᠡᠰᠡᠭ ᠪᠦᠯᠦᠭ ᠬᠡᠷᠡᠭᠯᠡᠬᠡᠨ ᠤ ᠭᠠᠵᠠᠷ ᠢ ᠰᠡᠯᠪᠢᠨ ᠵᠠᠰᠠᠬᠰᠠᠨ ᠪᠠ ᠰᠢᠨᠡᠳᠬᠡᠵᠠᠢ᠃ | ᠳᠡᠭᠡᠳᠣ ᠱᠠᠳᠣᠨ ᠤ ᠳᠣᠰᠬᠠᠢ ᠪᠡᠯᠡ ᠮᠦᠩᠬᠦ 210 ᠳᠦᠮᠡᠨ ᠳᠦᠭᠦᠷᠢᠭ ᠢ ᠬᠠᠷᠢᠴᠠᠨ ᠣᠯᠵᠣ᠂ 5 ᠦᠨᠳᠦᠰᠦᠳᠡᠨ | ᠤ ᠪᠠᠭ᠎ᠠ ᠰᠣᠷᠭᠠᠭᠤᠯᠢ ᠶᠢᠨ ᠰᠣᠷᠭᠠᠨ ᠬᠦᠮᠦᠵᠢᠯ ᠤᠨ ᠪᠡᠯᠡᠳᠬᠡᠯ ᠳᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ | ᠳᠤ ᠣᠷᠣᠭᠤᠯᠪᠠ︔ ᠬᠤᠶᠠᠷ ᠲᠤ᠂ ᠬᠡᠪ ᠴᠢᠨᠠᠷ ᠤᠨ ᠰᠣᠷᠭᠠᠨ ᠬᠦᠮᠦᠵᠢᠯ ᠢ ᠴᠢᠬᠤᠯᠠᠴᠢᠯᠠᠨ ᠠᠳᠬᠤᠵᠠᠢ᠃ | ᠰᠣᠷᠣᠬᠴᠢ ᠪᠠᠷ ᠦᠨᠳᠦᠰᠦ ᠪᠣᠯᠭᠠᠬᠤ ᠶᠢ ᠪᠠᠷᠢᠮᠳᠠᠯᠠᠵᠤ᠂ ᠬᠢᠴᠢᠶᠡᠯ ᠬᠦᠮᠦᠵᠢᠯ ᠤᠨ ᠠᠷᠭ᠎ᠠ ᠮᠠᠶ᠋ᠢᠭ ᠢᠶᠠᠨ | ᠰᠢᠯᠢᠳᠡᠭᠵᠢᠬᠦᠯᠦᠨ ᠦᠭᠡᠷᠡᠴᠢᠯᠡᠵᠤ᠂ ᠣᠣᠯ ᠤᠨ ᠪᠠᠭᠰᠢ ᠠᠴᠠ ᠭᠤᠣᠯᠳᠠᠭᠤ ᠳᠠᠶᠢᠯᠪᠣᠷᠢᠯᠠᠬᠤ ᠵᠢᠭᠠᠬᠤ ᠠᠷᠭ᠎ᠠ ᠮᠠᠶ᠋ᠢᠭ | ᠢ ᠦᠭᠡᠷᠡᠴᠢᠯᠡᠨ᠂ ᠰᠣᠷᠣᠬᠴᠢᠳ ᠢ ᠢᠯᠡᠬᠦᠦ ᠶᠠᠷᠢᠭᠤᠯᠬᠤ᠂ ᠳᠡᠳᠡᠨ ᠤ ᠴᠢᠯᠦᠬᠡᠳᠠᠢ ᠰᠡᠳᠬᠢᠬᠦ ᠪᠠ ᠴᠢᠯᠦᠭᠡᠳᠠᠢ | ᠶᠠᠷᠢᠯᠴᠠᠬᠤ᠂ ᠦᠢᠯᠡᠳᠣᠯᠬᠡ ᠳᠤ ᠣᠷᠣᠯᠴᠠᠬᠤ ᠶᠢ ᠢᠯᠡᠬᠦᠦ ᠠᠩᠬᠠᠷᠴᠣ᠂ ᠪᠠᠭᠰᠢ ᠰᠣᠷᠣᠬᠴᠢ ᠴᠢᠯᠦᠭᠡᠳᠠᠢ | ᠰᠣᠳᠣᠯᠬᠤ᠂ ᠬᠠᠷᠢᠯᠴᠠᠨ ᠦᠵᠡᠯ ᠰᠠᠨᠠᠭ᠎ᠠ ᠪᠠᠨ ᠰᠣᠯᠢᠯᠴᠠᠬᠤ ᠰᠢᠨ᠎ᠠ ᠭᠡᠯᠪᠡᠷᠢ ᠶᠢᠨ ᠵᠢᠭᠠᠨ ᠰᠣᠷᠭᠠᠯᠳᠠ ᠶᠢᠨ ᠬᠡᠪ | ᠵᠠᠬᠪᠣᠷ ᠢᠶᠠᠷ ᠢᠷᠡᠵᠤ᠂ ᠰᠣᠷᠣᠬᠴᠢᠳ ᠤᠨ ᠪᠦᠳᠦᠭᠡᠯᠴᠢ ᠴᠢᠳᠠᠪᠤᠷᠢ ᠶᠢ ᠨᠢ ᠣᠯᠠᠮ ᠬᠦᠭᠵᠢᠬᠦᠯᠵᠤ ᠪᠤᠢ᠃ ᠡᠶᠢᠨᠬᠦ | ᠮᠠᠨ ᠤ ᠬᠤᠰᠢᠭᠤᠨ ᠤ ᠦᠨᠳᠦᠰᠦᠳᠡᠨ ᠤ ᠰᠣᠷᠭᠠᠭᠤᠯᠢ ᠶᠢᠨ ᠰᠣᠷᠣᠬᠴᠢᠳ ᠤᠨ ᠳᠣᠮᠳᠠᠳᠣ ᠰᠣᠷᠭᠠᠭᠤᠯᠢ ᠳᠤ | ᠰᠢᠯᠭᠠᠬᠳᠠᠨ ᠣᠷᠣᠬᠤ ᠬᠢᠷᠢ ᠳᠡᠩᠴᠡᠯᠳᠡ ᠶᠢᠨ ᠨᠣᠷᠮ᠎ᠠ ᠪᠠ ᠰᠢᠯᠢᠳᠡᠭ ᠬᠢᠷᠢ ᠪᠦᠳᠦᠮᠵᠢ ᠶᠢᠨ ᠨᠣᠷᠮ᠎ᠠ 2010 | ᠣᠨ ᠤ 20.9 % ᠪᠠ 1.4% ᠪᠠᠶᠢᠬᠰᠠᠨ ᠠᠴᠠ ᠪᠠᠨ 2014 ᠣᠨ ᠳᠤ 39.6 % ᠪᠠ 1.6 % ᠳᠤ | ᠬᠦᠷᠦᠭᠰᠡᠨ ᠪᠦᠬᠡᠳ ᠳᠡᠭᠡᠳᠣ ᠳᠣᠮᠳᠠᠳᠣ ᠶᠢᠨ ᠮᠣᠩᠭᠤᠯ ᠰᠣᠷᠣᠬᠴᠢᠳ ᠤᠨ ᠶᠡᠭᠡ ᠰᠣᠷᠭᠠᠭᠤᠯᠢ ᠶᠢᠨ ᠵᠢᠩᠬᠢᠨᠢ | ᠠᠩᠬᠢ ᠳᠤ ᠡᠯᠰᠡᠭᠳᠡᠭᠰᠡᠨ ᠬᠦᠮᠦᠨ ᠤ ᠳᠤᠭ᠎ᠠ 2010 ᠣᠨ ᠤ 60% ᠪᠠᠶᠢᠬᠰᠠᠨ ᠠᠴᠠ ᠪᠠᠨ 2014 ᠣᠨ ᠤ | 95.8% ᠳᠤ ᠬᠦᠷᠴᠠᠢ︔ ᠭᠤᠷᠪᠠ ᠳᠤ᠂ ︽ᠬᠤᠶᠠᠷ ᠢ ᠬᠠᠰᠣᠬᠤ᠂ ᠨᠢᠭᠡ ᠶᠢ ᠨᠦᠬᠦᠬᠦ︾ ᠳᠦᠷᠦ ᠶᠢᠨ | ᠪᠣᠳᠣᠯᠭ᠎ᠠ ᠶᠢᠨ ᠳᠠᠭᠠᠭᠤᠯᠭ᠎ᠠ ᠪᠠᠷ ᠨᠡᠶᠢᠳᠡ 1400 ᠳᠦᠮᠡᠨ ᠳᠦᠬᠦᠷᠢᠭ ᠨᠡᠶᠢᠳᠠᠪᠤᠷᠢᠵᠢᠭᠤᠯᠵᠤ᠂ ᠵᠢᠯ ᠪᠦᠷᠢ ᠶᠢᠨ | ᠪᠠᠶᠢᠷᠢ ᠳᠤ ᠰᠠᠭᠤᠵᠤ ᠪᠠᠶᠢᠭ᠎ᠠ ᠰᠣᠷᠣᠬᠴᠢᠳ ᠤᠨ ᠠᠮᠢᠳᠣᠷᠠᠯ ᠤᠨ ᠨᠦᠬᠦᠪᠦᠷᠢ ᠮᠦᠩᠬᠦ 80 ᠳᠦᠮᠠ ᠶᠢ | ᠨᠡᠶᠢᠳᠡᠪᠤᠷᠢᠵᠢᠭᠤᠯᠤᠨ᠂ ᠠᠰᠢᠭ ᠬᠦᠷᠳᠡᠭᠰᠡᠨ ᠰᠣᠷᠣᠬᠴᠢ ᠨᠡᠶᠢᠳᠠ 2338 ᠬᠦᠷᠪᠠ︔ ᠳᠦᠷᠪᠡ ᠳᠤ᠂ ᠪᠠᠭᠰᠢ | ᠶᠢᠨ ᠡᠩᠨᠡᠭᠡ ᠶᠢ ᠰᠢᠯᠢᠳᠡᠭᠵᠢᠬᠦᠯᠦᠨ᠂ ᠵᠢᠭᠠᠨ ᠰᠣᠷᠭᠠᠯᠳᠠ ᠶᠢᠨ ᠶᠠᠰᠣ ᠴᠢᠨᠠᠷ ᠢ ᠦᠨᠡᠨᠬᠦ ᠪᠠᠳᠣᠯᠠᠪᠠ᠃ ᠮᠠᠨ ᠤ | ᠬᠤᠰᠢᠭᠤ ᠨᠢ 2011 ᠣᠨ ᠠᠴᠠ ᠡᠬᠢᠯᠠᠵᠤ᠂ ᠴᠢᠳᠠᠪᠤᠷᠢᠳᠠᠨ ᠢ ᠣᠷᠢᠵᠤ ᠬᠡᠷᠡᠭᠯᠡᠬᠦ ᠠᠷᠭ᠎ᠠ ᠵᠠᠮ ᠢᠶᠠᠷ ᠶᠡᠭᠡ | ᠰᠣᠷᠭᠠᠭᠤᠯᠢ ᠶᠢᠨ ᠰᠣᠷᠣᠯᠭ᠎ᠠ ᠶᠢᠨ ᠨᠠᠮᠳᠠᠷ ᠠᠴᠠ ᠳᠡᠭᠡᠭᠰᠢᠬᠢ ᠪᠠᠭᠰᠢ ᠶᠢ 8 ᠨᠡᠷ᠎ᠡ ᠡᠯᠰᠡᠨ ᠬᠡᠷᠡᠭᠯᠡᠵᠠᠢ᠂ 310 | ᠨᠡᠷ᠎ᠡ ᠪᠠᠭᠰᠢ ᠠᠵᠢᠯᠳᠠᠨ ᠢ ᠳᠦᠪ ᠪᠠ ᠦᠪᠡᠷᠳᠡᠬᠡᠨ ᠵᠠᠰᠠᠬᠤ ᠣᠷᠣᠨ ᠤ ᠪᠠᠭᠰᠢ ᠶᠢᠨ ᠪᠣᠯᠪᠠᠰᠣᠷᠠᠯ ᠤᠨ ᠠᠩᠬᠢ ᠳᠤ | ᠰᠣᠷᠣᠯᠴᠠᠭᠤᠯᠵᠤ᠂ ᠵᠢᠭᠠᠨ ᠰᠣᠷᠭᠠᠯᠳᠠ ᠶᠢᠨ ᠵᠢᠯᠤᠭᠤᠳᠬᠤ ᠰᠣᠷᠣᠯᠴᠠᠯᠭ᠎ᠠ ᠶᠢᠨ ᠠᠩᠬᠢ ᠳᠤ 95 ᠬᠦᠮᠦᠨ | ᠣᠳᠠᠭ᠎ᠠ ᠣᠷᠣᠯᠴᠠᠭᠤᠯᠪᠠ᠃ ᠡᠶᠢᠨᠬᠦ ᠪᠠᠭᠰᠢ ᠶᠢᠨ ᠡᠩᠨᠡᠭᠡ ᠰᠢᠯᠢᠳᠡᠭᠵᠢᠨ᠂ ᠦᠪᠡᠷᠳᠡᠬᠡᠨ ᠵᠠᠰᠠᠬᠤ ᠣᠷᠣᠨ ᠤ ᠳᠡᠰ | ᠤᠨ ᠰᠢᠯᠢᠳᠡᠭ ᠪᠠᠭᠰᠢ 5 ᠨᠡᠷ᠎ᠡ᠂ ᠰᠣᠷᠭᠠᠨ ᠬᠦᠮᠦᠵᠢᠯ ᠤᠨ ᠴᠢᠳᠠᠪᠤᠷᠢᠳᠠᠨ ᠪᠠᠭᠰᠢ 3 ᠨᠡᠷ᠎ᠡ᠂ ᠵᠢᠭᠠᠨ ᠰᠣᠷᠭᠠᠯᠳᠠ | ᠶᠢᠨ ᠰᠢᠯᠢᠳᠡᠭ ᠪᠠᠭᠰᠢ 5 ᠨᠡᠷ᠎ᠡ ᠳᠣᠰ ᠳᠣᠰ ᠴᠣᠯᠭᠤᠷᠠᠨ ᠭᠠᠷᠴᠠᠢ᠃ ᠡᠬᠦᠨ ᠠᠴᠠ ᠭᠠᠳᠠᠨ᠎ᠠ ᠪᠠᠰᠠ ᠰᠣᠷᠣᠬᠴᠢᠳ | ᠤᠨ ᠪᠦᠬᠦ ᠳᠠᠯ᠎ᠠ ᠶᠢᠨ ᠬᠦᠭᠵᠢᠯᠳᠡ ᠶᠢ ᠬᠦᠨᠳᠦᠳᠬᠡᠨ ᠦᠵᠡᠵᠤ᠂ ᠡᠯ᠎ᠠ ᠵᠦᠢᠯ ᠤᠨ ᠬᠦᠳᠡᠯᠬᠡᠬᠡᠨ ᠪᠠ ᠠᠵᠢᠯᠯᠠᠭᠠᠨ | ᠢ ᠵᠢᠯ ᠪᠦᠷᠢ ᠳᠤ ᠦᠷᠨᠢᠬᠦᠯᠵᠤ ᠪᠤᠢ᠃ ᠡᠳᠡᠬᠡᠷ ᠤᠨ ᠳᠣᠳᠣᠷ᠎ᠠ 2011 ᠤᠨ ᠤ 8 ᠰᠠᠷ᠎ᠠ ᠳᠤ᠂ ᠬᠤᠰᠢᠭᠤᠨ ᠤ | ᠦᠨᠳᠦᠰᠦᠳᠡᠨ ᠤ ᠬᠡᠷᠡᠭ ᠡᠷᠬᠢᠯᠡᠬᠦ ᠳᠣᠪᠴᠢᠶ᠎ᠠ ᠠᠴᠠ ᠪᠦᠬᠦ ᠬᠤᠰᠢᠭᠤᠨ ᠤ ᠳᠣᠮᠳᠠᠳᠣ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ︽ᠭᠤᠷᠪᠠᠨ ᠬᠡᠯᠡᠨ︾ ᠤ ᠶᠠᠷᠢᠶ᠎ᠠ ᠢᠯᠡᠳᠭᠡᠯ ᠤᠨ ᠮᠦᠷᠦᠶᠢᠴᠡᠭᠡᠨ ᠢ ᠮᠤᠩᠭᠤᠯ ᠲᠤᠮᠳᠠᠳᠤ | ᠰᠤᠷᠭᠠᠭᠤᠯᠢ ᠳᠤ ᠬᠢᠭᠰᠡᠨ︔ ᠪᠦᠬᠦ ᠬᠤᠰᠢᠭᠤᠨ ᠤ ᠲᠤᠮᠳᠠᠳᠤ ᠪᠠᠭ᠎ᠠ ᠰᠤᠷᠭᠠᠭᠤᠯᠢ ᠶᠢᠨ ᠤᠷᠠᠯᠢᠭ ᠤᠨ ᠨᠠᠶᠢᠷ ᠵᠢᠴᠢ | ᠦᠨᠳᠦᠰᠦᠳᠡᠨ ᠤ ᠲᠠᠭᠤᠤ ᠪᠦᠵᠢᠭ ᠤᠨ ᠦᠳᠡᠰᠢᠯᠡᠭᠡ ᠶᠢ ᠯᠢᠨᠳᠦ᠋ᠩ ᠤᠨ ᠮᠤᠩᠭᠤᠯ ᠲᠤᠮᠳᠠᠳᠤ ᠰᠤᠷᠭᠠᠭᠤᠯᠢ ᠳᠤ | ᠶᠠᠪᠤᠬᠳᠠᠭᠤᠯᠤᠬᠰᠠᠨ ᠪᠦᠭᠡᠳ ᠪᠠᠰᠠ ︽ᠭᠤᠷᠪᠠᠨ ᠬᠡᠯᠡ︾ ᠶᠢᠨ ᠶᠠᠷᠢᠶ᠎ᠠ ᠢᠯᠡᠳᠭᠡᠯ ᠤᠨ ᠮᠦᠷᠦᠶᠢᠴᠡᠭᠡᠨ ᠬᠢᠭᠰᠡᠨ | ᠵᠡᠷᠬᠡ ᠃ | 6᠂ ᠯᠠᠯᠤ ᠶᠢᠨ ᠢᠳᠡᠬᠡᠨ ᠤ ᠦᠢᠯᠡᠳᠪᠦᠷᠢᠯᠡᠯ ᠪᠡ ᠡᠵᠡᠩᠨᠡᠯᠳᠡ ᠬᠠᠮᠢᠶᠠᠷᠣᠯᠳᠠ ᠶᠢ ᠦᠨᠡᠨᠬᠦ | ᠴᠢᠩᠭᠠᠳᠬᠠᠵᠤ ᠪᠣᠢ᠃ ᠮᠠᠨ ᠤ ᠳᠣᠪᠴᠢᠶ᠎ᠠ ᠨᠢ ︽ᠬᠤᠳᠠ ᠶᠢᠨ ᠦᠨᠳᠦᠰᠦᠳᠡᠨ ᠤ ᠠᠵᠢᠯ ᠤᠨ ᠳᠦᠷᠢᠮ︾ ᠪᠣᠯᠣᠨ | ︽ᠤᠯᠠᠭᠠᠨᠬᠠᠳᠠ ᠬᠤᠳᠠ ᠶᠢᠨ ᠯᠠᠯᠤ ᠶᠢᠨ ᠢᠳᠡᠭᠡᠨ ᠤ ᠦᠢᠯᠡᠳᠪᠣᠷᠢᠯᠡᠯ ᠪᠠ ᠡᠵᠡᠩᠨᠡᠯᠳᠡ ᠬᠠᠮᠢᠶᠠᠷᠣᠯᠳᠠ ᠶᠢᠨ | ᠳᠦᠷ ᠬᠡᠷᠡᠭᠵᠢᠬᠦᠯᠬᠦ ᠠᠷᠭ᠎ᠠ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠵᠢᠯ ᠪᠦᠷᠢ ᠳᠦᠷᠦ ᠶᠢᠨ ᠪᠣᠳᠣᠯᠭ᠎ᠠ | ᠶᠢᠨ ᠳᠣᠬᠳᠠᠭᠠᠯ ᠶᠣᠰᠣᠭᠠᠷ ᠯᠠᠯᠤ ᠶᠢᠨ ᠢᠳᠡᠬᠡᠨ ᠢ ᠳᠠᠩᠰᠠᠯᠠᠨ ᠳᠡᠮᠳᠡᠭᠯᠡᠵᠤ᠂ ᠡᠵᠡᠩᠨᠡᠯᠳᠡ ᠶᠢᠨ ᠵᠦᠪᠰᠢᠶᠡᠷᠡᠯ ᠤᠨ | ᠦᠨᠡᠮᠯᠡᠯ ᠤᠯᠭᠤᠵᠤ ᠪᠣᠢ᠂ ᠬᠡᠷᠪᠡ ᠳᠠᠩᠰᠠᠯᠠᠨ ᠳᠡᠮᠳᠡᠭᠯᠡᠭᠰᠡᠨ ᠦᠬᠡᠢ ᠯᠠᠯᠤ ᠶᠢᠨ ᠢᠳᠡᠭᠡᠨ ᠡᠷᠬᠢᠯᠡᠵᠤ ᠪᠠᠶᠢᠬᠤ | ᠳᠡᠯᠭᠡᠭᠦᠷ ᠬᠤᠳᠠᠯᠳᠤᠭ᠎ᠠ ᠪᠣᠶᠤ ᠨᠢᠭᠡᠴᠡ ᠶᠢ ᠢᠯᠡᠷᠡᠬᠦᠯᠪᠡᠯ ᠳᠠᠷᠣᠢ ᠳᠦᠷᠬᠡᠨ ᠡᠬᠦᠳᠡ ᠶᠢ ᠨᠢ ᠬᠠᠭᠠᠯᠭᠠᠵᠤ᠂ | ᠡᠵᠡᠩᠨᠡᠯᠳᠡ ᠶᠢᠨ ᠦᠨᠡᠮᠯᠡᠯ ᠵᠡᠷᠬᠡ ᠪᠠᠨ ᠪᠦᠷᠢᠨ ᠬᠦᠢᠴᠡᠳ ᠪᠣᠯᠭᠠᠬᠰᠠᠨ ᠤ ᠳᠠᠷᠠᠭ᠎ᠠ ᠰᠠᠶ᠋ᠢ ᠡᠬᠦᠳᠡ ᠪᠠᠨ ᠨᠡᠬᠡᠬᠡᠬᠦ | ᠶᠢ ᠱᠠᠭᠠᠷᠳᠠᠳᠠᠭ᠃ ᠡᠬᠦᠨ ᠠᠴᠠ ᠭᠠᠳᠠᠨ᠎ᠠ ᠵᠢᠯ ᠪᠦᠷᠢ ᠳᠤ ᠯᠠᠯᠤ ᠶᠢᠨ ᠢᠳᠡᠬᠡᠨ ᠢ 2 — 3 ᠤᠳᠠᠭ᠎ᠠ ᠬᠢᠨᠠᠨ | ᠪᠠᠶᠢᠴᠠᠭᠠᠵᠤ᠂ ᠬᠢᠷᠢ ᠳᠡᠩᠴᠡᠬᠦ ᠦᠭᠡᠢ ᠠᠵᠤ ᠠᠬᠤᠶᠢᠯᠠᠯ ᠳᠤ ᠬᠤᠭᠤᠴᠠᠭ᠎ᠠ ᠳᠣᠬᠳᠠᠭᠠᠨ ᠵᠠᠰᠠᠨ ᠴᠡᠭᠴᠡᠯᠡᠬᠦ | ᠱᠠᠭᠠᠷᠳᠠᠯᠭ᠎ᠠ ᠳᠣᠷᠠᠳᠣᠨ᠂ ᠯᠠᠯᠤ ᠶᠢᠨ ᠰᠦᠮ᠎ᠠ ᠶᠢᠨ ᠬᠠᠮᠢᠶᠠᠷᠣᠯᠳᠠ ᠶᠢᠨ ᠺᠣᠮᠢᠰ ᠢ ᠱᠠᠭᠠᠷᠳᠠᠨ ᠬᠢᠨᠠᠨ | ᠬᠠᠮᠢᠶᠠᠷᠣᠯᠳᠠ ᠪᠠᠨ ᠴᠢᠩᠭᠠᠳᠬᠠᠬᠤ ᠶᠢ ᠱᠠᠭᠠᠷᠳᠠᠳᠠᠭ᠃ | 7᠂ ᠳᠦᠷᠦ ᠶᠢᠨ ᠪᠣᠳᠣᠯᠭ᠎ᠠ ᠶᠢᠨ ᠳᠣᠬᠳᠠᠭᠠᠯ ᠶᠣᠰᠣᠭᠠᠷ᠂ ᠴᠦᠬᠡᠨ ᠳᠣᠭᠠᠳᠣ ᠦᠨᠳᠦᠰᠦᠳᠡᠨ ᠤ | ᠪᠦᠷᠢᠯᠳᠣᠬᠦᠨ ᠢ ᠳᠣᠳᠣᠷᠬᠠᠶᠢᠯᠠᠬᠤ ᠪᠠ ᠦᠨᠳᠦᠰᠦᠳᠡᠨ ᠢᠶᠠᠨ ᠦᠬᠡᠷᠡᠴᠢᠯᠡᠬᠦ ᠠᠵᠢᠯ ᠢ ᠬᠢᠨᠠᠮᠠᠭᠠᠢ ᠬᠢᠵᠤ ᠂ ᠰᠣᠷᠭᠠᠨ | ᠬᠦᠮᠦᠵᠢᠯ ᠤᠨ ᠳᠣᠪᠴᠢᠶ᠎ᠠ ᠶᠢ ᠬᠠᠮᠵᠢᠵᠤ᠂ ᠵᠢᠯ ᠪᠦᠷᠢ ᠵᠢᠨᠰᠣᠷᠭᠠᠭᠤᠯᠢ ᠳᠤ ᠳᠠᠪᠰᠢᠬᠤ ᠰᠢᠯᠭᠠᠭᠤᠯᠣᠬᠰᠠᠳ ᠤᠨ | ᠦᠨᠳᠦᠰᠦᠳᠡᠨ ᠤ ᠪᠦᠷᠢᠯᠳᠦᠬᠦᠨ ᠤ ᠳᠣᠳᠣᠷᠬᠠᠶᠢᠯᠠᠯ ᠢ ᠬᠢᠨᠠᠨ ᠪᠠᠶᠢᠴᠠᠭᠠᠵᠤ ᠪᠤᠢ᠃ | 8᠂ ᠦᠨᠳᠦᠰᠦᠳᠡᠨ ᠤ ᠠᠷᠠᠯᠵᠢᠶᠠᠨ ᠤ ᠠᠵᠤ ᠠᠬᠤᠶᠢᠯᠠᠯ ᠤᠨ ᠬᠠᠷᠠᠭᠠᠯᠵᠠᠬᠤ ᠳᠦᠷᠦ ᠶᠢᠨ ᠪᠣᠳᠣᠯᠭ᠎ᠠ ᠶᠢ | ᠬᠠᠣᠯᠢ ᠶᠣᠰᠣᠭᠠᠷ ᠨᠠᠶᠢᠳᠠᠪᠤᠷᠢᠵᠢᠭᠤᠯᠤᠨ᠂ 8 ᠠᠵᠤ ᠠᠬᠤᠶᠢᠯᠠᠯ ᠢ ᠳᠠᠬᠢᠨᠳᠠ ᠪᠠᠳᠣᠯᠠᠨ ᠵᠦᠪᠰᠢᠶᠡᠷᠡᠵᠤ᠂ 2013 | ᠣᠨ ᠠᠴᠠ ᠡᠬᠢᠯᠡᠵᠤ ᠱᠧᠩ ᠯᠦᠨ ᠰᠢᠬᠢᠷ ᠠᠷᠢᠬᠢ ᠶᠢᠨ ᠬᠢᠵᠠᠭᠠᠷᠳᠣ ᠬᠠᠷᠢᠭᠤᠴᠠᠯᠭᠠᠳᠣ ᠺᠣᠮᠫᠠᠨᠢ ᠳᠤ 600 | ᠢᠯᠡᠬᠦᠦ ᠳᠦᠮᠡᠨ ᠳᠦᠭᠦᠷᠢᠭ ᠤᠨ ᠬᠦᠦ ᠮᠦᠩᠬᠦ ᠶᠢ ᠨᠢ ᠣᠷᠣᠯᠠᠨ ᠦᠭᠬᠦ ᠣᠯᠣᠰ ᠤᠨ ᠵᠢᠬᠡᠯᠡᠯᠭᠡ ᠶᠢ ᠣᠯᠵᠣ | ᠦᠭᠪᠡ᠃ | ︵ᠬᠤᠶᠠᠷ ︶ ᠱᠠᠰᠢᠨ ᠰᠣᠷᠳᠠᠬᠤᠨ ᠤ ᠳᠣᠬᠳᠠᠭᠤᠨ ᠪᠠ ᠡᠶ᠎ᠡ ᠵᠣᠬᠢᠴᠠᠯ ᠢᠶᠠᠷ ᠭᠤᠣᠯᠳᠠᠯᠭ᠎ᠠ ᠪᠤᠯᠭᠠᠵᠤ᠂ | ᠬᠠᠣᠯᠢ ᠪᠠᠷ ᠬᠠᠮᠢᠶᠠᠷᠬᠤ ᠶᠢ ᠴᠢᠩᠭᠠᠳᠬᠠᠪᠠ | ᠮᠠᠨ ᠤ ᠬᠤᠰᠢᠭᠤᠨ ᠤ ᠱᠠᠰᠢᠨ ᠰᠣᠷᠳᠠᠬᠤᠨ ᠤ ᠠᠵᠢᠯ ᠨᠢ ᠨᠠᠮ ᠤᠨ ᠱᠠᠰᠢᠨ ᠰᠣᠷᠳᠠᠬᠤᠨ ᠤ ᠳᠣᠬᠠᠢ | ᠱᠣᠭᠤᠮ᠂ ᠴᠢᠭᠯᠡᠯᠳᠡ᠂ ᠳᠦᠷᠦ ᠶᠢᠨ ᠪᠣᠳᠣᠯᠭ᠎ᠠ ᠶᠢ ᠪᠦᠬᠦ ᠳᠠᠯ᠎ᠠ ᠪᠠᠷ ᠲᠤᠤᠱᠯᠠᠭᠤᠯᠤᠨ᠂ ᠱᠠᠰᠢᠨ ᠰᠣᠷᠳᠠᠬᠤᠨ ᠤ | ᠬᠡᠷᠡᠭ ᠶᠠᠪᠤᠳᠠᠯ ᠤᠨ ᠬᠠᠮᠢᠶᠠᠷᠣᠯᠳᠠ ᠳᠤ ᠪᠠᠨ ᠰᠢᠨ᠎ᠠ ᠶᠢ ᠡᠬᠦᠳᠬᠦ ᠶᠢ ᠪᠠᠷᠢᠮᠳᠠᠯᠠᠨ᠂ ᠱᠠᠰᠢᠨ ᠰᠣᠷᠳᠠᠬᠤᠨ ᠤ ᠠᠵᠢᠯ | ᠤᠨ ᠳᠣᠬᠳᠠᠭᠤᠨ ᠤ ᠳᠣᠮᠳᠠ ᠣᠷᠣᠬᠰᠢᠯᠠᠬᠤ ᠶᠢ ᠳᠦᠯᠬᠢᠨ ᠠᠬᠢᠭᠤᠯᠵᠤ᠂ ᠱᠠᠰᠢᠨ ᠤ ᠡᠳᠡᠬᠡᠳ ᠤᠨ ᠠᠵᠤ ᠠᠬᠤᠢ | ᠶᠢᠨ ᠬᠦᠭᠵᠢᠯᠳᠡ᠂ ᠨᠡᠶᠢᠭᠡᠮ ᠤᠨ ᠡᠶ᠎ᠡ ᠵᠣᠬᠢᠴᠠᠯ᠂ ᠰᠣᠶᠣᠯ ᠤᠨ ᠴᠡᠴᠡᠭᠯᠡᠯᠳᠡ ᠳᠣᠮᠳᠠᠬᠢ ᠢᠳᠡᠪᠬᠢ ᠦᠢᠯᠡᠳᠣᠯ ᠢ | ᠪᠠᠳᠠᠷᠠᠭᠤᠯᠪᠠ᠃ ᠱᠠᠰᠢᠨ ᠤ ᠬᠦᠷᠢᠶᠡᠨ ᠳᠠᠬᠢ ᠡᠶ᠎ᠡ ᠵᠣᠬᠢᠴᠠᠯ ᠪᠠ ᠳᠣᠬᠳᠠᠭᠤᠨ ᠢ ᠬᠠᠮᠠᠭᠠᠯᠠᠬᠤ ᠪᠠᠷ ᠭᠤᠣᠯ ᠡᠬᠦᠷᠬᠡ | ᠪᠣᠯᠭᠠᠨ᠂ ᠱᠠᠰᠢᠨ ᠤ ᠬᠦᠳᠡᠯᠬᠡᠬᠡᠨ ᠤ ᠳᠠᠯᠠᠪᠤᠷ ᠤᠨ ᠬᠠᠮᠢᠶᠠᠷᠣᠯᠳᠠ ᠪᠡ ᠭᠤᠷᠪᠠᠨ ᠱᠠᠳᠤᠨ ᠤ ᠱᠠᠰᠢᠨ ᠤ ᠳᠣᠣᠷ ᠢ | ᠪᠦᠳᠦᠬᠡᠨ ᠪᠠᠶᠢᠭᠤᠯᠬᠤ ᠶᠢ ᠴᠢᠩᠭᠠᠳᠬᠠᠵᠤ᠂ ᠱᠠᠰᠢᠨ ᠤ ᠬᠦᠷᠢᠶ᠎ᠠ ᠬᠡᠪᠴᠢᠶᠡᠨ ᠳᠠᠬᠢ ᠡᠯ᠎ᠠ ᠳᠦᠷᠣᠯ ᠤᠨ ᠠᠵᠢᠯ | ᠢᠶᠠᠨ ᠳᠣᠬᠳᠠᠭᠤᠨ ᠢᠶᠠᠷ ᠦᠷᠨᠢᠬᠦᠯᠦᠭᠰᠡᠨ ᠪᠠᠶᠢᠨ᠎ᠠ᠃ | ᠪᠠᠭᠠᠷᠢᠨ ᠵᠡᠬᠦᠨ ᠬᠤᠰᠢᠭᠤᠨ ᠤ ᠬᠠᠣᠯᠢ ᠳᠤ ᠨᠡᠶᠢᠴᠡᠭᠰᠡᠨ ᠱᠠᠰᠢᠨ ᠰᠣᠷᠳᠠᠬᠤᠨ ᠤ ᠠᠵᠢᠯᠯᠠᠭᠠᠨ ᠤ | ᠳᠠᠯᠠᠪᠣᠷ ᠨᠡᠶᠢᠳᠡ 4 ᠪᠠᠶᠢᠵᠤ᠂ ᠳᠣᠰ ᠳᠣᠰ ᠬᠢᠯᠤᠪᠡᠷ ᠵᠣᠣ ᠰᠦᠮ᠎ᠠ᠂ ᠳ᠋ᠦᠩᠱᠡᠨ ᠤ ᠶᠦᠨ ᠮᠧᠨ ᠰᠧ ᠰᠦᠮ᠎ᠠ᠂ | ᠺᠠᠲ᠋ᠣᠯᠢᠭ ᠱᠠᠰᠢᠨ ᠤ ᠳᠣᠭᠠᠩ᠂ ᠯᠢᠨᠳᠦ᠋ᠩ ᠳᠠᠬᠢ ᠴᠢᠩ ᠵᠧᠨ ᠰᠧ ᠰᠦᠮ᠎ᠠ ᠵᠡᠷᠬᠡ ᠪᠣᠯᠣᠨ᠎ᠠ᠃ ᠪᠠᠭᠠᠷᠢᠨ ᠵᠡᠬᠦᠨ | ᠬᠤᠰᠢᠭᠤᠨ ᠤ ᠦᠨᠳᠦᠰᠦᠳᠡᠨ ᠱᠠᠰᠢᠨ ᠰᠣᠷᠳᠠᠬᠤᠨ ᠤ ᠬᠡᠷᠡᠭ ᠡᠷᠬᠢᠯᠡᠬᠦ ᠳᠣᠪᠴᠢᠶ᠎ᠠ ᠨᠢ ᠬᠤᠰᠢᠭᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠠ ᠬᠤᠳᠠ᠂ ᠦᠪᠡᠷᠳᠡᠬᠡᠨ ᠵᠠᠰᠠᠬᠤ ᠣᠷᠣᠨ ᠤ ᠱᠠᠰᠢᠨ ᠰᠣᠷᠳᠠᠬᠤᠨ ᠤ ᠬᠠᠮᠢᠶ᠎ᠠ | ᠪᠦᠬᠦᠢ ᠬᠠᠣᠯᠢ ᠳᠣᠬᠳᠠᠭᠠᠯ᠂ ᠬᠠᠣᠯᠢ ᠳᠦᠷᠢᠮ ᠪᠠ ᠳᠦᠷᠦ ᠶᠢᠨ ᠪᠣᠳᠣᠯᠭ᠎ᠠ ᠶᠢᠨ ᠵᠢᠭᠠᠪᠤᠷᠢ ᠵᠢᠯᠤᠭᠤᠳᠣᠯᠭ᠎ᠠ | ᠶᠣᠰᠣᠭᠠᠷ᠂ ᠬᠤᠰᠢᠭᠤᠨ ᠤ ᠱᠠᠰᠢᠨ ᠰᠣᠷᠳᠠᠬᠤᠨ ᠤ ᠠᠵᠢᠯ ᠢ ᠬᠠᠤᠯᠢ ᠶᠣᠰᠣᠭᠠᠷ ᠴᠢᠩᠭ᠎ᠠ ᠬᠠᠮᠢᠶᠠᠷᠴᠣ᠂ ᠡᠯ᠎ᠠ | ᠵᠦᠢᠯ ᠤᠨ ᠱᠠᠰᠢᠨ ᠤ ᠠᠵᠢᠯᠯᠠᠭᠠᠨ ᠤ ᠡᠮᠬᠢ ᠴᠡᠭᠴᠡ ᠲᠠᠢ᠂ ᠠᠮᠤᠷ ᠳᠦᠪᠰᠢᠨ ᠶᠠᠪᠤᠬᠳᠠᠬᠤ ᠶᠢ ᠪᠠᠳᠣᠯᠠᠵᠤ ᠪᠤᠢ᠃ | ᠨᠢᠭᠡ ᠳᠤ᠂ ᠱᠠᠰᠢᠨ ᠰᠣᠷᠳᠠᠬᠤᠨ ᠤ ᠬᠡᠷᠡᠭ ᠶᠠᠪᠤᠳᠠᠯ ᠢ ᠬᠠᠣᠯᠢ ᠪᠠᠷ ᠬᠠᠮᠢᠶᠠᠷᠪᠠ᠃ ᠱᠠᠰᠢᠨ ᠰᠣᠷᠳᠠᠬᠤᠨ ᠤ | ᠠᠵᠢᠯᠯᠠᠭᠠᠨ ᠤ ᠳᠠᠯᠠᠪᠤᠷ ᠤᠨ ᠣᠨ ᠤ ᠪᠠᠶᠢᠴᠠᠭᠠᠯᠳᠠ ᠶᠢ ᠵᠢᠯ ᠪᠦᠷᠢ 2 —3 ᠣᠳᠠᠭ᠎ᠠ ᠬᠢᠵᠤ᠂ ᠬᠢᠨᠠᠨ ᠪᠠᠶᠢᠴᠠᠭᠠᠬᠤ | ᠂ ᠬᠢᠨᠠᠨ ᠬᠠᠮᠢᠶᠠᠷᠬᠤ ᠪᠠ ᠬᠠᠷᠢᠭᠤ ᠮᠡᠳᠡᠭᠦᠯᠦᠯᠳᠡ ᠰᠣᠨᠣᠰᠬᠤ ᠬᠡᠯᠪᠡᠷᠢ ᠪᠠᠷ ᠡᠯ᠎ᠠ ᠱᠠᠰᠢᠨ ᠤ ᠠᠵᠢᠯᠯᠠᠭᠠᠨ ᠤ | ᠳᠠᠯᠠᠪᠤᠷ ᠤᠨ ᠬᠠᠮᠢᠶᠠᠷᠣᠯᠳᠠ ᠶᠢᠨ ᠳᠦᠷᠢᠮ ᠢ ᠳᠣᠬᠳᠠᠭᠠᠨ ᠬᠡᠷᠡᠭᠵᠢᠬᠦᠯᠬᠦ᠂ ᠱᠠᠰᠢᠨ ᠤ ᠠᠵᠢᠯᠯᠠᠭᠠᠨ ᠦᠷᠨᠢᠬᠦᠯᠬᠦ | ᠵᠢᠴᠢ ᠠᠷᠠᠳᠴᠢᠯᠠᠬᠰᠠᠨ ᠬᠠᠮᠢᠶᠠᠷᠣᠯᠳᠠ ᠵᠡᠷᠬᠡ ᠳᠠᠯ᠎ᠠ ᠶᠢᠨ ᠠᠵᠢᠯ ᠢ ᠬᠢᠨᠠᠨ ᠬᠠᠮᠢᠶᠠᠷᠣᠬᠰᠠᠨ ᠪᠠ | ᠵᠢᠯᠤᠭᠤᠳᠣᠬᠰᠠᠨ ᠠᠴᠠ ᠡᠯ᠎ᠠ ᠱᠠᠰᠢᠨ ᠰᠣᠷᠳᠠᠬᠤᠨ ᠤ ᠠᠵᠢᠯᠯᠠᠭᠠᠨ ᠤ ᠳᠠᠯᠠᠪᠤᠷ ᠤᠨ ᠳᠦᠷᠢᠮ ᠳᠣᠬᠳᠠᠭᠠᠯ | ᠳᠡᠬᠦᠯᠳᠡᠷᠵᠢᠨ᠂ ᠡᠳ᠋ ᠤᠨ ᠶᠠᠪᠤᠳᠠᠯ ᠤᠨ ᠬᠠᠮᠢᠶᠠᠷᠣᠯᠳᠠ ᠨᠢ ᠴᠢᠩᠭ᠎ᠠ ᠳᠦᠷᠢᠮᠵᠢᠵᠤ ᠴᠢᠳᠠᠬᠰᠠᠨ ᠪᠠ ᠳᠠᠩᠰᠠ ᠬᠠᠷ᠎ᠠ | ᠨᠢ ᠪᠦᠷᠢᠨ ᠳᠡᠬᠦᠯᠳᠡᠷ᠂ ᠡᠮᠬᠢ ᠴᠡᠭᠴᠡ ᠲᠠᠢ ᠪᠣᠯᠵᠣ ᠴᠢᠳᠠᠬᠰᠠᠨ ᠪᠠᠶᠢᠨ᠎ᠠ᠃ ᠳᠣᠮᠣ ᠬᠡᠪᠴᠢᠶᠡᠨ ᠤ ᠱᠠᠰᠢᠨ ᠤ | ᠠᠵᠢᠯᠯᠠᠭ᠎ᠠ ᠶᠢ ᠴᠢᠩᠭ᠎ᠠ ᠬᠢᠨᠠᠨ ᠵᠦᠪᠰᠢᠶᠡᠷᠡᠬᠦ ᠳᠦᠷᠢᠮ ᠢ ᠪᠠᠷᠢᠮᠳᠠᠯᠠᠵᠤ᠂ ᠵᠢᠯ ᠪᠦᠷᠢ ᠳᠤ ᠶᠠᠪᠤᠬᠳᠠᠬᠤ ᠬᠢᠯᠣᠪᠠᠷ | ᠵᠤᠤ ᠰᠦᠮ᠎ᠠ ᠶᠢᠨ ᠬᠤᠷᠠᠯ᠂ ᠳ᠋ᠦᠩᠱᠠᠨ ᠤ ᠶᠦᠨ ᠮᠧᠨ ᠰᠧ ᠰᠦᠮ᠎ᠠ ᠶᠢᠨ ᠱᠠᠰᠢᠨ ᠤ ᠠᠵᠢᠯᠯᠠᠭ᠎ᠠ ᠶᠢᠨ ᠬᠠᠣᠯᠢ | ᠶᠣᠰᠣᠭᠠᠷ ᠡᠮᠬᠢ ᠴᠡᠭᠴᠡ ᠲᠠᠢ ᠶᠠᠪᠤᠬᠳᠠᠬᠤ ᠶᠢ ᠪᠠᠳᠣᠯᠠᠵᠠᠢ᠃ ᠬᠤᠶᠠᠷ ᠲᠤ᠂ ᠯᠠᠮᠠ ᠬᠤᠸᠠᠷᠠᠭ ᠤᠨ ᠪᠣᠯᠪᠠᠰᠣᠷᠠᠯ ᠢ | ᠴᠢᠬᠤᠯᠠᠴᠢᠯᠠᠪᠠ᠃ ᠱᠠᠰᠢᠨ ᠰᠣᠷᠳᠠᠬᠤᠨ ᠤ ᠳᠦᠷᠦ ᠶᠢᠨ ᠪᠣᠳᠣᠯᠭ᠎ᠠ᠂ ᠬᠠᠣᠯᠢ ᠳᠦᠷᠢᠮ ᠢ ᠰᠣᠷᠣᠯᠴᠠᠬᠤ ᠰᠠᠷ᠎ᠠ ᠶᠢᠨ | ᠠᠵᠢᠯᠯᠠᠭ᠎ᠠ ᠦᠷᠨᠢᠬᠦᠯᠬᠦ ᠪᠣᠯᠣᠨ ᠡᠶ᠎ᠡ ᠵᠣᠬᠢᠴᠠᠯ ᠪᠦᠬᠦᠢ ᠰᠦᠮ᠎ᠠ ᠬᠡᠶᠢᠳ ᠪᠠᠶᠢᠭᠤᠯᠬᠤ ᠪᠠᠷ ᠠᠴᠢᠶᠠᠯᠠᠪᠤᠷᠢ ᠪᠣᠯᠭᠠᠵᠤ | ᠂ ᠱᠠᠰᠢᠨ ᠰᠣᠷᠳᠠᠬᠤᠨ ᠤ ᠬᠠᠮᠢᠶ᠎ᠠ ᠪᠦᠬᠦᠢ ᠬᠦᠮᠦᠰ ᠲᠤ ︽ᠱᠠᠰᠢᠨ ᠰᠣᠷᠳᠠᠬᠤᠨ ᠤ ᠬᠡᠷᠡᠭ ᠡᠷᠬᠢᠯᠡᠬᠦ ᠳᠦᠷᠢᠮ︾ | ᠵᠢᠴᠢ ᠬᠤᠯᠪᠤᠬᠳᠠᠯ ᠪᠦᠬᠦᠢ ᠢᠵᠢ ᠪᠦᠷᠢᠨ ᠬᠠᠣᠯᠢ ᠳᠦᠷᠢᠮ ᠤᠨ ᠪᠣᠯᠪᠠᠰᠣᠷᠠᠯ᠂ ᠣᠯᠣᠰ ᠢᠶᠠᠨ ᠬᠠᠶᠢᠷᠠᠯᠠᠬᠤ | ᠦᠵᠡᠯ ᠤᠨ ᠬᠦᠮᠦᠵᠢᠯ ᠬᠦᠷᠳᠡᠬᠡᠬᠦ ᠠᠵᠢᠯ ᠢ ᠵᠢᠯ ᠪᠦᠷᠢ ᠴᠢᠬᠤᠯᠠᠴᠢᠯᠠᠨ ᠬᠢᠵᠤ ᠂ 80 % ᠠᠴᠠ ᠳᠡᠭᠡᠭᠰᠢᠬᠢ | ᠱᠠᠰᠢᠨ ᠤ ᠡᠳᠡᠭᠡᠳ ᠢ ᠪᠣᠯᠪᠠᠰᠣᠷᠠᠯ ᠳᠤ ᠣᠷᠣᠯᠴᠠᠭᠤᠯᠤᠬᠰᠠᠨ ᠪᠠᠶᠢᠨ᠎ᠠ᠃ ᠭᠤᠷᠪᠠ ᠳᠤ᠂ ᠦᠢᠯᠡᠴᠢᠯᠡᠬᠦ ᠴᠢᠳᠠᠪᠤᠷᠢ | ᠪᠠᠨ ᠳᠠᠰᠣᠷᠠᠯᠳᠠ ᠦᠭᠡᠢ ᠳᠡᠭᠡᠭᠰᠢᠯᠡᠬᠦᠯᠪᠠ᠃ ᠪᠠᠭᠠᠷᠢᠨ ᠵᠡᠬᠦᠨ ᠬᠤᠰᠢᠭᠤᠨ ᠤ ᠦᠨᠳᠦᠰᠦᠳᠡᠨ ᠱᠠᠰᠢᠨ | ᠰᠣᠷᠳᠠᠬᠤᠨ ᠤ ᠬᠡᠷᠡᠭ ᠡᠷᠬᠢᠯᠡᠬᠦ ᠳᠣᠪᠴᠢᠶ᠎ᠠ ᠨᠢ ᠱᠠᠰᠢᠨ ᠰᠣᠷᠳᠠᠬᠤᠨ ᠤ ᠠᠵᠢᠯ ᠢ ᠴᠢᠬᠤᠯᠠᠴᠢᠯᠠᠨ ᠠᠳᠬᠤᠵᠤ᠂ | ᠪᠦᠬᠦ ᠬᠤᠰᠢᠭᠤᠨ ᠤ 35 ᠨᠡᠷ᠎ᠡ ᠯᠠᠮᠠ ᠬᠤᠸᠠᠷᠠᠭ ᠪᠠ ᠱᠠᠰᠢᠨ ᠤ ᠡᠳᠡᠭᠡᠳ ᠢ ᠪᠦᠬᠦᠨ ᠢᠶᠠᠷ ᠨᠢ ᠬᠦᠳᠡᠭᠡ | ᠳᠣᠰᠬᠤᠨ ᠤ ᠬᠤᠷᠰᠢᠬᠰᠠᠨ ᠡᠮᠨᠡᠯᠬᠡ ᠳᠤ ᠣᠷᠣᠭᠤᠯᠵᠤ᠂ ᠠᠮᠢᠳᠣᠷᠠᠯ ᠨᠢ ᠬᠦᠴᠢᠷᠳᠡᠯᠳᠠᠢ᠂ ᠪᠠᠭᠠᠷᠢᠨ ᠵᠡᠬᠦᠨ | ᠬᠤᠰᠢᠭᠤᠨ ᠤ ᠡᠷᠣᠬᠡ ᠠᠮᠠ ᠶᠢᠨ ᠳᠠᠩᠰᠠ ᠲᠠᠢ 13 ᠯᠠᠮᠠ ᠬᠤᠸᠠᠷᠠᠭ ᠢ ᠬᠠᠪᠰᠣᠷᠴᠦ᠂ ᠬᠠᠮᠤᠭ ᠤᠨ ᠳᠣᠣᠷ᠎ᠠ | ᠠᠮᠢᠳᠣᠷᠠᠯ ᠤᠨ ᠪᠠᠳᠣᠯᠠᠭ᠎ᠠ ᠶᠢᠨ ᠬᠠᠷᠠᠭᠠᠯᠵᠠᠯ ᠤᠨ ᠳᠦᠷᠦ ᠶᠢᠨ ᠪᠣᠳᠣᠯᠭ᠎ᠠ ᠶᠢ ᠬᠦᠷᠳᠡᠬᠡᠪᠠ᠃ ᠠᠷᠠᠳ ᠤᠨ | ᠳᠦᠯᠦᠭᠡᠯᠡᠭᠴᠢᠳ ᠤᠨ ᠶᠡᠭᠡ ᠬᠤᠷᠠᠯ ᠤᠨ ᠳᠦᠯᠦᠬᠡᠯᠡᠭᠴᠢ ᠪᠣᠯᠣᠨ ᠣᠯᠣᠰ ᠳᠦᠷᠦ ᠶᠢᠨ ᠵᠦᠪᠯᠡᠯᠬᠡᠨ ᠤ ᠬᠡᠰᠢᠬᠦᠨ ᠤ | ︽ᠬᠢᠯᠤᠪᠠᠷ ᠵᠣᠣ ᠰᠦᠮ᠎ᠠ ᠶᠢᠨ ᠯᠠᠮᠠ ᠶᠢᠨ ᠣᠷᠣᠨ ᠰᠠᠭᠤᠴᠠ ᠶᠢᠨ ᠪᠦᠳᠦᠬᠡᠨ ᠪᠠᠶᠢᠭᠤᠯᠤᠯᠳᠠ ᠶᠢᠨ | ᠳᠦᠯᠦᠪᠵᠢᠬᠦᠯᠬᠡ︾ ᠶᠢᠨ ᠵᠦᠪᠯᠡᠯᠬᠡ ᠳᠣᠷᠠᠳᠣᠯᠭ᠎ᠠ ᠶᠢ ᠨᠠᠷᠢᠨ ᠬᠢᠨᠠᠮᠠᠭᠠᠢ ᠰᠢᠢᠳᠪᠤᠷᠢᠯᠠᠵᠤ᠂ ᠬᠢᠯᠤᠪᠡᠷ ᠵᠤᠤ ᠶᠢᠨ | ᠯᠠᠮᠠ ᠨᠠᠷ ᠤᠨ ᠦᠨᠳᠦᠰᠦᠨ ᠠᠮᠢᠳᠣᠷᠠᠯ ᠤᠨ ᠨᠦᠬᠦᠴᠡᠯ ᠪᠠ ᠣᠷᠣᠨ ᠰᠠᠭᠤᠴᠠ ᠶᠢᠨ ᠪᠣᠳᠠᠳᠣ ᠪᠠᠶᠢᠳᠠᠯ ᠢ ᠬᠤᠰᠢᠭᠤ | ᠵᠠᠰᠠᠭ ᠤᠨ ᠣᠷᠳᠣᠨ ᠳᠤ ᠦᠨᠡᠨ ᠪᠣᠳᠠᠳᠠᠢ ᠪᠠᠷ ᠳᠣᠰᠬᠠᠨ᠂ ᠣᠳᠣᠬᠠᠨ ᠳᠤ ᠬᠠᠮᠢᠶ᠎ᠠ ᠪᠦᠬᠦᠢ ᠪᠠᠶᠢᠭᠤᠯᠭ᠎ᠠ | ᠨᠢᠭᠡᠴᠠ ᠶᠢᠨ ᠵᠦᠪᠰᠢᠶᠠᠷᠠᠯ ᠢᠶᠠᠷ ᠬᠢᠯᠤᠪᠡᠷ ᠵᠤᠤ ᠰᠦᠮ᠎ᠠ ᠶᠢᠨ ᠯᠠᠮᠠ ᠨᠠᠷ ᠤᠨ ᠣᠷᠣᠨ ᠰᠠᠭᠤᠴᠠ ᠶᠢᠨ ᠪᠠᠷᠢᠯᠭ᠎ᠠ ᠶᠢ | ᠵᠠᠰᠠᠨ ᠰᠠᠶᠢᠵᠢᠷᠠᠭᠤᠯᠬᠤ ᠠᠵᠢᠯ ᠢ ᠭᠠᠷᠳᠠᠨ ᠬᠢᠵᠤ ᠪᠤᠢ᠃ 2012 ᠳᠤ ᠮᠠᠨ ᠤ ᠳᠣᠪᠴᠢᠶ᠎ᠠ ᠨᠢ ᠪᠠᠰᠠ | ᠬᠤᠰᠢᠭᠤ ᠵᠠᠰᠠᠭ ᠤᠨ ᠣᠷᠳᠣᠨ ᠲᠠᠢ ᠬᠠᠷᠢᠴᠠᠨ 80 ᠳᠦᠮᠡᠨ ᠳᠦᠭᠦᠷᠢᠭ ᠤᠨ ᠪᠡᠯᠡ ᠮᠦᠩᠬᠦ ᠣᠯᠵᠣ᠂ ᠯᠢᠨᠳᠦ᠋ᠩ | ᠤᠨ ᠴᠢᠩ ᠵᠧᠨ ᠰᠧ ᠰᠦᠮ᠎ᠠ ᠶᠢ ᠰᠢᠨᠡᠳᠬᠡᠨ ᠵᠠᠰᠠᠬᠰᠠᠨ ᠪᠠᠶᠢᠨ᠎ᠠ᠃ ᠳᠦᠷᠪᠡ ᠳᠤ᠂ ᠯᠠᠮᠠ ᠬᠤᠸᠠᠷᠠᠭ ᠲᠠᠢ | ᠶᠠᠷᠢᠯᠴᠠᠨ ᠵᠦᠪᠳᠡᠯᠴᠡᠬᠦ ᠳᠦᠷᠢᠮ ᠢ ᠨᠡᠶᠢᠳᠡᠪᠤᠷᠢᠵᠢᠭᠤᠯᠪᠠ᠃ ᠭᠤᠣᠯᠯᠠᠨ ᠬᠠᠮᠢᠶᠠᠷᠬᠤ ᠣᠳᠣᠷᠢᠳᠣᠯᠭ᠎ᠠ ᠠᠴᠠ | ᠴᠢᠬᠤᠯᠠ ᠶᠡᠭᠡ ᠪᠠᠶᠠᠷ ᠳᠣᠷᠠᠰᠬᠠᠯ ᠤᠨ ᠡᠳᠤᠷ ᠲᠤ ᠱᠠᠰᠢᠨ ᠤ ᠠᠵᠢᠯᠯᠠᠭᠠᠨ ᠤ ᠭᠠᠵᠠᠷ ᠢᠶᠠᠷ ᠡᠷᠬᠡᠪᠰᠢ ᠬᠦᠷᠬᠦ᠂ | ᠦᠨᠳᠦᠰᠦᠳᠡᠨ ᠤ ᠪᠠᠶᠠᠷ ᠤᠨ ᠡᠳᠦᠷ ᠢ ᠲᠤᠬᠢᠶᠠᠯᠳᠤᠭᠤᠯᠤᠨ ᠱᠠᠰᠢᠨ ᠤ ᠠᠵᠢᠯᠯᠠᠭᠠᠨ ᠤ ᠭᠠᠵᠠᠷ ᠪᠠᠷ ᠡᠷᠬᠡᠪᠰᠢ | ᠳᠣᠭᠤᠷᠢᠨ ᠦᠵᠡᠬᠦ᠂ ᠳᠣᠬᠤᠨᠢᠭᠤᠯᠬᠤ ᠵᠢᠴᠢ ᠡᠪᠡᠳᠴᠢᠯᠡᠬᠦ ᠪᠣᠶᠣ ᠠᠮᠢᠳᠣᠷᠠᠯ ᠨᠢ ᠦᠨᠠᠨᠬᠦ ᠬᠦᠴᠢᠷᠳᠡᠯᠳᠡᠢ ᠦᠶ᠎ᠡ | ᠳᠤ ᠳᠡᠮᠵᠢᠨ ᠳᠣᠰᠠᠯᠠᠬᠤ᠂ ᠬᠤᠪᠢᠳᠠᠨ ᠬᠠᠮᠢᠶᠠᠷᠴᠦ ᠪᠠᠶᠢᠭ᠎ᠠ ᠣᠳᠣᠷᠢᠳᠣᠯᠭ᠎ᠠ ᠠᠴᠠ ᠰᠠᠷ᠎ᠠ ᠪᠦᠷᠢ ᠳᠤ ᠡᠷᠬᠡᠪᠰᠢ 1 | —2 ᠣᠳᠠᠭ᠎ᠠ ᠱᠠᠰᠢᠨ ᠰᠣᠷᠳᠠᠬᠤᠨ ᠤ ᠠᠵᠢᠯᠯᠠᠭᠠᠨ ᠤ ᠳᠠᠯᠠᠪᠤᠷ ᠢᠶᠠᠷ ᠬᠦᠷᠬᠦ᠂ ᠱᠠᠰᠢᠨ ᠰᠤᠷᠳᠠᠬᠤᠨ ᠤ ᠪᠣᠳᠠᠳᠠᠢ | ᠠᠵᠢᠯᠳᠡᠨ ᠠᠴᠠ ᠭᠠᠷᠠᠭ ᠪᠦᠷᠢ ᠳᠡᠨᠳᠡ ᠬᠦᠷᠴᠦ᠂ ᠱᠠᠰᠢᠨ ᠰᠣᠷᠳᠠᠬᠤᠨ ᠤ ᠳᠠᠯ᠎ᠠ ᠪᠠᠷ ᠬᠢ ᠪᠣᠳᠠᠳᠣ ᠪᠠᠶᠢᠳᠠᠯ ᠪᠠ | ᠦᠨᠳᠦᠰᠦᠨ ᠪᠠᠶᠢᠳᠠᠯ ᠢ ᠴᠠᠭ ᠳᠣᠬᠠᠢ ᠳᠤᠨᠢ ᠤᠶᠢᠯᠠᠭᠠᠵᠤ ᠮᠡᠳᠡᠬᠦ᠂ ᠠᠩᠬᠠᠷᠴᠣ ᠬᠠᠯᠠᠮᠵᠢᠯᠠᠨ᠂ ᠣᠷᠣᠰᠢᠵᠤ ᠪᠠᠶᠢᠭ᠎ᠠ | ᠠᠰᠠᠭᠤᠳᠠᠯ ᠢ ᠨᠢ ᠴᠠᠭ ᠳᠣᠬᠠᠢ ᠳᠤᠨᠢ ᠳᠣᠶᠢᠯᠪᠣᠷᠢᠳᠠᠢ ᠰᠢᠢᠳᠪᠦᠷᠢᠯᠡᠨ ᠦᠭᠴᠦ᠂ ᠱᠠᠰᠢᠨ ᠰᠣᠷᠳᠠᠬᠤᠨ ᠢ ᠠᠰᠢᠬᠯᠠᠨ | ᠂ ᠬᠠᠣᠯᠢ ᠪᠣᠰᠣ ᠠᠵᠢᠯᠯᠠᠭᠠᠨ ᠪᠠ ᠱᠠᠰᠢᠨ ᠰᠣᠷᠳᠠᠬᠤᠨ ᠤ ᠪᠣᠰᠣ ᠠᠵᠢᠯᠯᠠᠭᠠᠨ ᠦᠷᠨᠢᠭᠦᠯᠬᠦ ᠶᠢ ᠪᠦᠳᠦᠮᠵᠢᠳᠠᠢ | ᠰᠡᠷᠬᠡᠶᠢᠯᠡᠬᠦ ᠪᠠ ᠬᠤᠷᠢᠬᠯᠠᠵᠤ᠂ ᠪᠦᠬᠦ ᠬᠤᠰᠢᠭᠤᠨ ᠤ ᠱᠠᠰᠢᠨ ᠰᠣᠷᠳᠠᠬᠤᠨ ᠤ ᠠᠵᠢᠯ ᠤᠨ ᠠᠮᠤᠷ ᠳᠦᠪᠰᠢᠨ ᠢ | ᠬᠠᠮᠠᠭᠠᠯᠠᠵᠤ ᠪᠣᠢ᠃ | ︵ ᠭᠤᠷᠪᠠ︶ ᠮᠣᠩᠭᠤᠯ ᠦᠬᠡ ᠬᠡᠯᠡ ᠦᠰᠦᠭ ᠪᠢᠴᠢᠭ ᠢ ᠰᠣᠷᠴᠦ ᠬᠡᠷᠡᠭᠯᠡᠬᠦ ᠪᠠᠷ ᠭᠤᠣᠯᠳᠠᠯᠭ᠎ᠠ | ᠪᠣᠯᠭᠠᠵᠤ ︽ᠮᠣᠩᠭᠤᠯ ᠦᠬᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ︾ ᠢ ᠬᠢᠨᠠᠮᠠᠭᠠᠢ ᠬᠡᠷᠡᠭᠵᠢᠭᠦᠯᠪᠡ | ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠮᠤᠩᠭᠤᠯ ᠦᠬᠡ ᠬᠡᠯᠡ ᠦᠰᠦᠭ ᠪᠢᠴᠢᠭ ᠤᠨ | ᠠᠵᠢᠯ ᠤᠨ ᠲᠦᠷᠢᠮ︾ ︵ᠳᠣᠣᠷ᠎ᠠ ᠠᠵᠢᠯ ᠤᠨ ᠳᠦᠷᠢᠮ ᠬᠡᠵᠤ ᠳᠣᠪᠴᠢᠯᠠᠨᠠ︶ ᠨᠢ 2005 ᠣᠨ ᠤ 5 ᠰᠠᠷ᠎ᠠ | ᠶᠢᠨ 1 ᠤ ᠡᠳᠦᠷ ᠠᠴᠠ ᠡᠬᠢᠯᠡᠵᠤ ᠬᠡᠷᠡᠭᠵᠢᠬᠦᠯᠦᠭᠳᠡᠭᠰᠡᠨ ᠠᠴᠠ ᠣᠳᠣ ᠳᠤ ᠳᠣᠯᠳᠠᠯ᠎ᠠ᠂ ᠬᠤᠰᠢᠭᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠠᠴᠠ ᠡᠨᠡᠬᠦ ᠠᠵᠢᠯ ᠢ ᠳᠦᠢᠯ ᠢᠶᠠᠷ ᠴᠢᠬᠤᠯᠠᠴᠢᠯᠠᠨ ᠦᠵᠡᠵᠤ᠂ ᠪᠦᠬᠦ ᠬᠤᠰᠢᠭᠤᠨ | ᠤ ᠬᠡᠪᠴᠢᠶᠡᠨ ᠳᠤ ︽ᠠᠵᠢᠯ ᠤᠨ ᠳᠦᠷᠢᠮ︾ ᠢ ᠣᠬᠠᠭᠤᠯᠤᠨ ᠲᠤᠤᠱᠯᠠᠭᠤᠯᠬᠤ ᠠᠵᠢᠯᠯᠠᠭᠠᠨ ᠢ ᠵᠠᠯᠭᠠᠪᠠᠷ | ᠦᠷᠨᠢᠬᠦᠯᠪᠡ᠃ ᠡᠨᠡ ᠨᠢ ᠦᠨᠳᠦᠰᠦᠳᠡᠨ ᠤ ᠣᠷᠣᠨ ᠤ ᠦᠪᠡᠷᠳᠡᠬᠡᠨ ᠵᠠᠰᠠᠬᠤ ᠬᠠᠣᠯᠢ ᠶᠢ ᠪᠠᠷᠢᠮᠳᠠᠯᠠᠨ | ᠳᠡᠬᠦᠯᠳᠡᠷᠵᠢᠬᠦᠯᠵᠤ᠂ ᠦᠨᠳᠦᠰᠦᠳᠡᠨ ᠤ ᠦᠬᠡ ᠬᠡᠯᠡ ᠦᠰᠦᠭ ᠪᠢᠴᠢᠭ ᠤᠨ ᠠᠵᠢᠯ ᠤᠨ ᠴᠡᠭᠴᠡᠯᠡᠯᠳᠡ ᠬᠦᠭᠵᠢᠯᠳᠡ | ᠶᠢ ᠣᠯᠠᠮ ᠨᠢᠬᠡ ᠠᠯᠬᠤᠮ ᠠᠬᠢᠭᠤᠯᠵᠤ ᠴᠢᠳᠠᠬᠰᠠᠨ ᠪᠠᠶᠢᠨ᠎ᠠ᠃ | ᠮᠠᠨ ᠤ ᠬᠤᠰᠢᠭᠤ ᠨᠢ ᠵᠢᠯ ᠪᠦᠷᠢ ᠤᠳᠤᠷᠢᠳᠤᠯᠭ᠎ᠠ ᠺᠠᠳ᠋ᠷᠴᠤᠳ ᠤᠨ ᠲᠦᠷᠦ ᠶᠢᠨ ᠪᠤᠳᠤᠯᠭ᠎ᠠ ᠬᠠᠤᠯᠢ | ᠴᠠᠭᠠᠵᠠ ᠶᠢᠨ ᠲᠤᠬᠠᠢ ᠰᠤᠷᠤᠯᠴᠠᠯᠭ᠎ᠠ ᠶᠢ ᠴᠢᠩᠭᠠᠳᠬᠠᠨ᠂ ᠨᠡᠶᠢᠬᠡᠮ ᠤᠨ ᠦᠡᠭᠬᠡᠨ ᠬᠡᠷᠡᠭᠯᠡᠬᠡᠨ ᠤ ᠦᠰᠦᠭ ᠪᠢᠴᠢᠭ | ᠲᠤ ᠮᠣᠩᠭᠤᠯ ᠬᠢᠳᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡᠪᠡᠷ ᠬᠡᠷᠡᠭᠯᠡᠬᠦ ᠬᠠᠮᠢᠶᠠᠷᠤᠯᠳᠠ ᠪᠠᠨ | ᠴᠢᠩᠭᠠᠷᠠᠭᠤᠯᠵᠤ᠂ ᠮᠤᠩᠭᠤᠯ ᠬᠡᠯᠡᠨ ᠤ ᠤᠷᠴᠢᠭᠤᠯᠭ᠎ᠠ ᠶᠢᠨ ᠦᠢᠯᠡᠴᠢᠯᠡᠬᠡᠨ ᠤ ᠴᠢᠳᠠᠪᠦᠷᠢ ᠪᠠᠨ ᠲᠡᠭᠡᠭᠰᠢᠯᠡᠬᠦᠯᠦᠨ᠂ | ᠮᠤᠩᠭᠤᠯ ᠬᠢᠳᠠᠳ ᠬᠡᠯᠡᠨ ᠳᠤ ᠨᠡᠪᠳᠡᠷᠡᠭᠰᠡᠨ ᠴᠢᠳᠠᠪᠦᠷᠢᠳᠠᠨ ᠪᠠ ᠤᠷᠴᠢᠭᠤᠯᠭ᠎ᠠ ᠶᠢᠨ ᠴᠢᠳᠠᠪᠦᠷᠢᠳᠠᠨ ᠤ ᠡᠩᠨᠡᠭᠡ ᠶᠢᠨ | ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠤ᠂ ᠴᠦᠬᠡᠨ ᠲᠤᠭᠠᠳᠤ ᠦᠨᠳᠦᠰᠦᠳᠡᠨ ᠤ ᠰᠤᠶᠤᠯ ᠤᠨ ᠠᠮᠢᠳᠤᠷᠠᠯ ᠢ | ᠪᠠᠶᠠᠯᠢᠭᠵᠢᠭᠤᠯᠤᠨ᠂ ᠤᠬᠠᠭᠤᠯᠭ᠎ᠠ᠂ ᠨᠠᠶᠢᠳᠠᠪᠦᠷᠢᠵᠢᠭᠤᠯᠤᠯᠳᠠ ᠪᠠ ᠬᠢᠨᠠᠨ ᠬᠠᠮᠢᠶᠠᠷᠤᠯᠳᠠ ᠶᠢ ᠪᠦᠳᠦᠮᠵᠢᠳᠡᠢ | ᠪᠡᠶᠡᠯᠡᠬᠦᠯᠵᠤ᠂ ᠪᠦᠬᠦ ᠬᠤᠰᠢᠭᠤᠨ ᠤ ᠮᠤᠩᠭᠤᠯ ᠬᠡᠯᠡ ᠪᠢᠴᠢᠭ ᠤᠨ ᠠᠵᠢᠯ ᠢ ᠲᠠᠰᠤᠷᠠᠯᠳᠠ ᠦᠬᠡᠢ ᠠᠬᠢᠭᠤᠯᠤᠨ | ᠰᠢᠨ᠎ᠡ ᠦᠷ᠎ᠡ ᠪᠦᠳᠦᠮᠵᠢ ᠶᠢ ᠣᠯᠵᠣ ᠪᠤᠢ᠃ | 1᠂ ᠰᠤᠷᠤᠯᠴᠠᠯᠭ᠎ᠠ ᠪᠠᠨ ᠴᠢᠩᠭᠠᠳᠬᠠᠨ᠂ ᠺᠠᠳ᠋ᠷ ᠤᠯᠠᠨ ᠲᠦᠮᠡᠨ ᠤ ᠲᠦᠷᠦ ᠶᠢᠨ ᠪᠤᠳᠤᠯᠭ᠎ᠠ ᠬᠠᠤᠯᠢ | ᠴᠠᠭᠠᠵᠠ ᠶᠢᠨ ᠲᠤᠬᠠᠢ ᠲᠠᠨᠢᠯᠳᠠ ᠤᠬᠠᠮᠰᠠᠷ ᠶᠢ ᠨᠢ ᠦᠷᠬᠦᠯᠵᠢᠯᠡᠨ ᠲᠡᠭᠡᠭᠰᠢᠯᠡᠬᠦᠯᠬᠦ ᠶᠢ ᠴᠢᠩᠭ᠎ᠠ ᠠᠳᠬᠤᠪᠠ᠃ | ᠮᠠᠨ ᠤ ᠳᠣᠪᠴᠢᠶ᠎ᠠ ᠨᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠨᠢᠬᠡᠳᠤᠯᠳᠡᠢ ᠪᠠᠶᠢᠷᠢᠯᠠᠭᠤᠯᠤᠯᠳᠠ | ᠲᠤᠬᠢᠷᠠᠭᠤᠯᠤᠯᠳᠠ ᠲᠤᠤᠷ᠎ᠠ᠂ ᠰᠤᠷᠤᠯᠴᠠᠯᠭ᠎ᠠ ᠶᠢᠨ ᠲᠦᠯᠦᠪᠯᠡᠭᠡ ᠲᠤᠭᠳᠠᠭᠠᠨ᠂ ᠲᠦᠷᠢᠮ ᠲᠤᠭᠳᠠᠭᠠᠯ ᠢ | ᠲᠡᠬᠦᠯᠳᠡᠷᠵᠢᠬᠦᠯᠵᠤ᠂ ᠵᠢᠯ ᠪᠦᠷᠢ ᠳᠤ ᠬᠡᠳᠣ ᠣᠳᠠᠭᠠᠨ ᠤ ᠨᠠᠮ ᠤᠨ ᠬᠡᠰᠢᠬᠦᠨ ᠺᠠᠳ᠋ᠷ ᠤᠨ ᠨᠢᠬᠡᠳᠤᠯᠳᠡᠢ ᠰᠤᠷᠤᠯᠴᠠᠬᠤ | ᠠᠵᠢᠯᠯᠠᠭᠠᠨ ᠵᠤᠬᠢᠶᠠᠨ ᠪᠠᠶᠢᠭᠤᠯᠤᠨ ᠦᠷᠨᠢᠬᠦᠯᠵᠤ ᠪᠤᠢ᠃ ᠰᠤᠷᠤᠯᠴᠠᠯᠭ᠎ᠠ ᠪᠠᠷ ᠲᠠᠮᠵᠢᠨ᠂ ᠦᠨᠳᠦᠰᠦᠳᠡᠨ᠂ ᠱᠠᠰᠢᠨ | ᠰᠣᠷᠳᠠᠬᠤᠨ᠂ ᠦᠨᠳᠦᠰᠦᠳᠡᠨ ᠤ ᠦᠬᠡ ᠬᠡᠯᠡ ᠦᠰᠦᠭ ᠪᠢᠴᠢᠭ ᠤᠨ ᠲᠦᠷᠦ ᠶᠢᠨ ᠪᠤᠳᠤᠯᠭ᠎ᠠ ᠬᠠᠤᠯᠢ ᠴᠠᠭᠠᠵᠠ | ᠪᠠ ᠲᠦᠷᠢᠮ ᠲᠤᠭᠳᠠᠭᠠᠯ ᠤᠨ ᠰᠤᠷᠤᠯᠴᠠᠯᠭ᠎ᠠ ᠪᠠᠨ ᠪᠠᠳᠤᠳᠬᠠᠨ᠂ ᠨᠠᠮ ᠤᠨ ᠬᠡᠰᠢᠬᠦᠨ ᠺᠠᠳ᠋ᠷᠴᠤᠳ ᠤᠨ ᠲᠦᠷᠦ ᠶᠢᠨ | ᠪᠤᠳᠤᠯᠭ᠎ᠠ ᠪᠠ ᠬᠠᠤᠯᠢ ᠴᠠᠭᠠᠵᠠ ᠶᠢᠨ ᠲᠤᠬᠠᠢ ᠲᠠᠨᠢᠯᠳᠠ ᠤᠬᠠᠮᠰᠠᠷ ᠶᠢ ᠨᠢ ᠲᠡᠭᠡᠭᠰᠢᠯᠡᠬᠦᠯᠦᠨ᠂ ᠬᠠᠤᠯᠢ ᠶᠤᠰᠤᠭᠠᠷ | ᠵᠠᠰᠠᠭ ᠪᠠᠷᠢᠬᠤ ᠴᠢᠳᠠᠪᠦᠷᠢ ᠶᠢ ᠨᠢ ᠳᠡᠭᠡᠭᠰᠢᠯᠡᠬᠦᠯᠵᠠᠢ᠃ | 2᠂ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠦᠷᠢᠵᠢᠭᠤᠯᠵᠤ᠂ ᠨᠡᠶᠢᠬᠡᠮ ᠤᠨ ᠦᠡᠭᠬᠡᠨ ᠬᠡᠷᠡᠭᠯᠡᠬᠡᠨ ᠤ | ᠦᠰᠦᠭ ᠪᠢᠴᠢᠭ ᠲᠤ ᠮᠣᠩᠭᠤᠯ ᠬᠢᠳᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡᠪᠡᠷ ᠬᠡᠷᠡᠭᠯᠡᠬᠦ ᠠᠵᠢᠯ ᠤᠨ | ᠳᠣᠮᠳᠠᠬᠢ ᠬᠢᠨᠠᠨ ᠬᠠᠮᠢᠶᠠᠷᠤᠯᠳᠠ ᠪᠠᠨ ᠴᠢᠩᠭᠠᠳᠬᠠᠵᠠᠢ᠃ ᠡᠩ ᠲᠡᠷᠢᠬᠦᠨ ᠳᠤ᠂ ᠮᠠᠨ ᠤ ᠬᠤᠰᠢᠭᠤ ᠨᠡᠶᠢᠬᠡᠮ ᠤᠨ | ᠦᠡᠭᠬᠡᠨ ᠬᠡᠷᠡᠭᠯᠡᠬᠡᠨ ᠤ ᠦᠰᠦᠭ ᠪᠢᠴᠢᠭ ᠤᠨ ᠪᠠᠶᠢᠴᠠᠭᠠᠯᠳᠠ ᠶᠢ ᠬᠠᠨᠳᠤᠯᠭᠠᠳᠤ ᠴᠢᠨᠠᠷᠳᠠᠢ᠂ ᠪᠤᠳᠠᠳᠤ ᠦᠷ᠎ᠡ | ᠪᠦᠳᠦᠮᠵᠢᠳᠡᠢ ᠲᠠᠢ ᠦᠷᠨᠢᠬᠦᠯᠬᠦ ᠶᠢ ᠬᠦᠨᠳᠦᠳᠬᠡᠨ ᠦᠵᠡᠵᠤ᠂ ᠪᠤᠳᠠᠳᠠᠶᠢᠵᠢᠭᠤᠯᠤᠨ ᠪᠦᠳᠦᠬᠡᠯᠴᠢ ᠴᠢᠨᠠᠷᠳᠠᠢ ᠪᠠᠶᠢᠬᠤ | ᠵᠠᠷᠴᠢᠮ ᠶᠤᠰᠤᠭᠠᠷ ᠨᠡᠶᠢᠬᠡᠮ ᠤᠨ ᠦᠡᠭᠬᠡᠨ ᠬᠡᠷᠡᠭᠯᠡᠬᠡᠨ ᠤ ᠦᠰᠦᠭ ᠪᠢᠴᠢᠭ ᠲᠤ ᠮᠣᠩᠭᠤᠯ ᠬᠢᠳᠠᠳ ᠬᠤᠶᠠᠷ ᠵᠦᠢᠯ | ᠤᠨ ᠦᠰᠦᠭ ᠪᠢᠴᠢᠭ ᠢ ᠵᠡᠷᠭᠡᠪᠡᠷ ᠬᠡᠷᠡᠭᠯᠡᠬᠦ ᠬᠢᠨᠠᠨ ᠬᠠᠮᠢᠶᠠᠷᠤᠯᠳᠠ ᠶᠢ ᠢᠳᠡᠪᠬᠢᠳᠡᠢ ᠦᠷᠨᠢᠬᠦᠯᠵᠡᠢ᠃ ᠴᠠᠭ ᠲᠤᠬᠠᠢ | ᠳᠤᠨᠢ ᠬᠢᠨᠠᠯᠳᠠ ᠲᠠᠯᠪᠢᠬᠤ᠂ ᠪᠠᠶᠢᠴᠠᠭᠠᠯᠳᠠ ᠬᠢᠵᠤ ᠰᠢᠯᠭᠠᠨ ᠠᠪᠬᠤ᠂ ᠰᠤᠩᠭᠤᠨ ᠪᠠᠶᠢᠴᠠᠭᠠᠵᠤ ᠴᠡᠭᠴᠡᠯᠡᠯᠳᠡ | ᠬᠢᠯᠬᠡᠬᠦ᠂ ᠮᠦᠷᠳᠡᠨ ᠪᠠᠶᠢᠴᠠᠭᠠᠬᠤ᠂ ᠭᠠᠷᠠᠭ ᠤᠨ ᠲᠠᠪᠤᠨ ᠪᠤᠯᠭᠠᠨ ᠪᠠᠶᠢᠴᠠᠭᠠᠯᠳᠠ ᠬᠢᠵᠤ ᠨᠢᠬᠡ ᠭᠠᠷᠠᠭ ᠲᠤ ᠰᠢᠨ᠎ᠡ | ᠪᠠᠷ ᠨᠡᠮᠡᠭᠳᠡᠭᠰᠡᠨ ᠫᠠᠶᠢᠰᠠ ᠢᠯᠡᠷᠬᠡᠶᠢᠯᠡᠯ ᠢ ᠪᠠᠶᠢᠴᠠᠭᠠᠵᠤ ᠴᠡᠭᠴᠡᠯᠡᠨ᠂ ᠮᠠᠨ ᠤ ᠬᠤᠰᠢᠭᠤᠨ ᠤ ᠨᠡᠶᠢᠬᠡᠮ ᠤᠨ ᠦᠡᠭᠬᠡᠨ | ᠬᠡᠷᠡᠭᠯᠡᠬᠡᠨ ᠤ ᠦᠰᠦᠭ ᠪᠢᠴᠢᠭ ᠤᠨ ᠬᠡᠷᠡᠭᠯᠡᠯᠳᠡ ᠶᠢᠨ ᠨᠣᠷᠮ᠎ᠠ ᠪᠠ ᠣᠨᠣᠪᠴᠢᠳᠠᠢ ᠬᠡᠷᠡᠭᠯᠡᠯᠳᠡ᠂ ᠪᠠᠷᠢᠮᠵᠢᠶ᠎ᠠ ᠳᠤ | ᠨᠡᠶᠢᠴᠡᠭᠰᠡᠨ ᠬᠡᠷᠡᠭᠯᠡᠯᠳᠡ ᠶᠢᠨ ᠨᠤᠷᠮ᠎ᠠ ᠶᠢ ᠲᠠᠰᠤᠷᠠᠯᠳᠠ ᠦᠬᠡᠢ ᠲᠡᠭᠡᠭᠰᠢᠯᠡᠬᠦᠯᠵᠡᠢ᠃ ᠮᠠᠨ ᠤ ᠬᠤᠰᠢᠭᠤ ᠨᠢ ᠵᠢᠯ | ᠪᠦᠷᠢ ᠳᠤ 2 —3 ᠤᠳᠠᠭᠠᠨ ᠤ ᠨᠡᠶᠢᠭᠡᠮ ᠤᠨ ᠦᠩᠬᠡᠨ ᠬᠡᠷᠡᠭᠯᠡᠬᠡᠨ ᠤ ᠫᠠᠶᠢᠰᠠ ᠢᠯᠡᠷᠬᠡᠶᠢᠯᠡᠯ ᠢ ᠪᠠᠶᠢᠴᠠᠭᠠᠬᠤ | ᠠᠵᠢᠯᠯᠠᠭᠠᠨ ᠢ ᠦᠷᠨᠢᠬᠦᠯᠦᠨ ᠶᠠᠪᠤᠬᠳᠠᠭᠤᠯᠵᠤ᠂ ᠵᠢᠯ ᠪᠦᠷᠢ 5000 ᠤᠷᠴᠢᠮ ᠫᠠᠶᠢᠰᠠ ᠢᠯᠡᠷᠬᠡᠶᠢᠯᠡᠯ ᠢ ᠪᠠᠶᠢᠴᠠᠭᠠᠨ | ᠬᠢᠨᠠᠵᠤ ᠪᠤᠢ᠃ ᠲᠠᠷᠠᠭ᠎ᠠ ᠨᠢ᠂ ᠵᠠᠷᠢᠮ ᠬᠦᠷᠢᠶ᠎ᠡ ᠬᠡᠪᠴᠢᠶᠠᠨ ᠳᠤ ᠲᠤᠰᠬᠠᠢ ᠴᠡᠭᠴᠡᠯᠡᠯᠳᠡ ᠬᠢᠪᠠ᠃ ᠰᠤᠷᠭᠠᠭᠤᠯᠢ᠂ | ᠡᠮᠨᠡᠯᠬᠡ ᠶᠢᠨ ᠬᠤᠷᠢᠶ᠎ᠠ ᠵᠡᠷᠬᠡ ᠵᠠᠰᠠᠭ ᠵᠠᠬᠢᠷᠭᠠᠨ᠂ ᠠᠵᠢᠯ ᠦᠢᠯᠡᠰ ᠤᠨ ᠬᠡᠰᠡᠭ ᠪᠠᠶᠢᠭᠤᠯᠭ᠎ᠠ᠂ ᠦᠢᠯᠡᠴᠢᠯᠡᠬᠡᠨ ᠤ | ᠨᠢᠬᠡᠴᠡ ᠵᠢᠴᠢ ᠬᠦᠮᠦᠨ ᠠᠮᠠ ᠲᠦᠪᠯᠡᠷᠡᠭᠰᠡᠨ ᠵᠢᠭᠤᠯᠴᠢᠯᠠᠯ ᠤᠨ ᠤᠷᠤᠨ ᠵᠡᠷᠬᠡ ᠬᠦᠷᠢᠶ᠎ᠡ ᠬᠡᠪᠴᠢᠶᠠᠨ ᠳᠤ ᠲᠤᠰᠬᠠᠢ | ᠴᠡᠭᠴᠡᠯᠡᠯᠳᠡ ᠬᠢᠵᠤ ᠪᠤᠢ᠃ ᠪᠠᠶᠢᠴᠠᠭᠠᠯᠳᠠ ᠪᠠᠷ ᠲᠠᠮᠵᠢᠨ᠂ ᠵᠠᠷᠢᠮ ᠨᠢᠬᠡᠴᠡ ᠶᠢᠨ ᠨᠡᠶᠢᠬᠡᠮ ᠤᠨ ᠦᠡᠭᠬᠡᠨ ᠬᠡᠷᠡᠭᠯᠡᠬᠡᠨ | ᠳᠠᠬᠢ ᠮᠤᠩᠭᠤᠯ ᠬᠢᠳᠠᠳ ᠦᠰᠦᠭ ᠪᠢᠴᠢᠭ ᠤᠨ ᠵᠡᠷᠬᠡᠪᠡᠷ ᠬᠡᠷᠡᠭᠯᠡᠭᠡ ᠨᠢ ᠮᠤᠩᠭᠤᠯ ᠬᠢᠳᠠᠳ ᠦᠰᠦᠭ ᠪᠢᠴᠢᠭ ᠢ | ᠵᠡᠷᠬᠡᠪᠡᠷ ᠬᠡᠷᠡᠭᠯᠡᠭᠰᠡᠨ ᠦᠬᠡᠢ᠂ ᠬᠠᠷᠢᠴᠠᠯ ᠲᠡᠩᠴᠡᠬᠦᠷᠢ ᠦᠬᠡᠢ᠂ ᠮᠤᠩᠭᠤᠯ ᠬᠢᠳᠠᠳ ᠦᠰᠦᠭ ᠪᠢᠴᠢᠭ ᠤᠨ ᠪᠠᠶᠢᠷᠢ | ᠨᠢ ᠰᠤᠯᠢᠭᠳᠠᠭᠰᠠᠨ ᠵᠡᠷᠬᠡ ᠤᠯᠠᠨ ᠠᠰᠠᠭᠤᠳᠠᠯ ᠤᠳ ᠢ ᠢᠯᠡᠷᠡᠬᠦᠯᠵᠡᠢ᠃ ᠴᠡᠭᠴᠡᠯᠡᠯᠳᠡ ᠪᠠᠷ ᠲᠠᠮᠵᠢᠨ ᠡᠳᠡᠬᠡᠷ | ᠲᠦᠷᠢᠮᠵᠢᠵᠤ ᠲᠡᠬᠦᠯᠳᠡᠷᠵᠢᠭᠰᠡᠨ ᠦᠬᠡᠢ ᠠᠰᠠᠭᠤᠳᠠᠯ ᠢ ᠴᠡᠭᠴᠡᠯᠡᠨ ᠵᠠᠰᠠᠵᠤ᠂ ᠡᠬᠦᠨ ᠤ ᠤᠯᠠᠮ ᠢᠶᠠᠷ ᠦᠷᠬᠡᠨ ᠤᠯᠠᠨ | ᠮᠤᠩᠭᠤᠯᠴᠤᠳ ᠲᠤ ᠦᠬᠡ ᠬᠡᠯᠡ ᠦᠰᠦᠭ ᠪᠢᠴᠢᠭ ᠤᠨ ᠲᠠᠯ᠎ᠠ ᠪᠠᠷ ᠲᠦᠬᠦᠮ ᠦᠵᠡᠬᠦᠯᠪᠡ᠃ | 3᠂ ᠤᠷᠴᠢᠭᠤᠯᠭ᠎ᠠ ᠶᠢᠨ ᠬᠢᠷᠢ ᠲᠦᠪᠰᠢᠨ ᠢᠶᠠᠨ ᠲᠡᠭᠡᠭᠰᠢᠯᠡᠬᠦᠯᠵᠤ᠂ ᠮᠤᠩᠭᠤᠯ ᠬᠡᠯᠡᠨ ᠤ ᠤᠷᠴᠢᠭᠤᠯᠭ᠎ᠠ | ᠶᠢᠨ ᠠᠵᠢᠯ ᠤᠨ ᠬᠦᠭᠵᠢᠯᠳᠡ ᠶᠢ ᠠᠬᠢᠭᠤᠯᠪᠠ᠃ ᠨᠢᠬᠡ ᠳᠤ ᠮᠤᠩᠭᠤᠯ ᠬᠡᠯᠡ ᠪᠢᠴᠢᠭ ᠤᠨ ᠠᠵᠢᠯᠳᠠᠨ ᠪᠠ | ᠤᠷᠴᠢᠭᠤᠯᠭ᠎ᠠ ᠶᠢᠨ ᠠᠵᠢᠯᠳᠠᠨ ᠤ ᠲᠤᠰᠬᠠᠢ ᠮᠡᠷᠬᠡᠵᠢᠯ ᠤᠨ ᠬᠢᠷᠢ ᠲᠦᠪᠰᠢᠨ ᠢ ᠨᠢ ᠲᠡᠭᠡᠭᠰᠢᠯᠡᠬᠦᠯᠪᠡ᠃ 2012 | ᠣᠨ ᠤ ᠮᠠᠨ ᠤ ᠬᠤᠰᠢᠭᠤᠨ ᠤ ᠣᠷᠴᠢᠭᠤᠯᠭ᠎ᠠ ᠶᠢᠨ ᠠᠵᠢᠯ ᠤᠨ ᠬᠢᠷᠢ ᠳᠦᠪᠰᠢᠨ ᠢ ᠳᠡᠭᠡᠭᠰᠢᠯᠡᠬᠦᠯᠬᠦ ᠡᠬᠦᠳᠡᠨ ᠠᠴᠠ | ᠮᠠᠨ ᠤ ᠳᠣᠪᠴᠢᠶ᠎ᠠ ᠨᠢ 2 ᠨᠡᠷ᠎ᠡ ᠠᠰᠫᠢᠷᠠᠨᠲ ᠠᠵᠢᠯᠳᠠᠨ ᠡᠯᠰᠡᠵᠤ᠂ ᠣᠷᠴᠢᠭᠤᠯᠭ᠎ᠠ ᠶᠢᠨ ᠡᠩᠨᠡᠭᠡ ᠪᠠᠨ | ᠦᠷᠬᠡᠳᠬᠡᠭᠰᠡᠨ ᠪᠠᠶᠢᠨ᠎ᠠ᠃ ᠣᠳᠣᠬᠠᠨ ᠪᠣᠯᠬᠤ ᠳᠤ ᠮᠠᠨ ᠤ ᠳᠣᠪᠴᠢᠶ᠎ᠠ ᠶᠢᠨ ᠣᠷᠴᠢᠭᠤᠯᠭ᠎ᠠ ᠶᠢᠨ ᠭᠡᠷ ᠲᠤ ᠭᠤᠷᠪᠠᠨ | ᠠᠵᠢᠯᠳᠡᠨ ᠲᠠᠢ ᠪᠠᠶᠢᠵᠤ᠂ ᠪᠦᠷ ᠠᠰᠫᠢᠷᠠᠨᠲ ᠤᠨ ᠰᠣᠷᠣᠯᠭ᠎ᠠ ᠶᠢᠨ ᠨᠠᠮᠳᠠᠷ ᠲᠠᠢ ᠵᠠᠯᠠᠭᠤ ᠠᠵᠢᠯᠳᠠᠳ ᠪᠤᠯᠤᠨ᠎ᠠ᠃ | ᠵᠢᠯ ᠪᠦᠷᠢ ᠶᠢᠨ 3 ᠳ᠋ᠣᠭᠠᠷ ᠰᠠᠷ᠎ᠠ ᠳᠤ᠂ ᠬᠤᠰᠢᠭᠤᠨ ᠠᠴᠠ ᠤᠷᠴᠢᠭᠤᠯᠭ᠎ᠠ ᠶᠢᠨ ᠲᠤᠰᠬᠠᠢ ᠠᠵᠢᠯᠳᠠᠨ ᠢ 2 ᠨᠡᠷ᠎ᠡ | ᠲᠤᠮᠢᠯᠠᠵᠤ ᠪᠦᠬᠦ ᠤᠷᠤᠨ ᠤ ᠮᠤᠩᠭᠤᠯ ᠬᠡᠯᠡ ᠪᠢᠴᠢᠭ ᠤᠨ ᠠᠵᠢᠯᠳᠠᠨ ᠪᠠ ᠤᠷᠴᠢᠭᠤᠯᠭ᠎ᠠ ᠶᠢᠨ ᠲᠤᠰᠬᠠᠢ | ᠮᠡᠷᠬᠡᠵᠢᠯᠳᠡᠨ ᠤ ᠦᠷᠬᠦᠯᠵᠢᠯᠡᠯ ᠰᠤᠷᠭᠠᠨ ᠬᠦᠮᠦᠵᠢᠯ ᠤᠨ ᠪᠤᠯᠪᠠᠰᠤᠷᠠᠯ ᠳᠤ ᠰᠤᠷᠤᠯᠴᠠᠭᠤᠯᠤᠨ᠂ ᠪᠤᠰᠤᠳ ᠲᠠᠢ | ᠲᠤᠷᠰᠢᠯᠭ᠎ᠠ ᠰᠤᠷᠭᠠᠮᠵᠢ ᠪᠠᠨ ᠰᠤᠯᠢᠯᠴᠠᠬᠤ ᠰᠠᠶᠢᠬᠠᠨ ᠲᠤᠬᠢᠶᠠᠯ ᠵᠠᠪᠰᠢᠶᠠᠨ ᠬᠠᠨᠭ᠍ᠭᠠᠨ ᠦᠭᠬᠦᠭᠰᠡᠨ ᠠᠴᠠ ᠮᠤᠩᠭᠤᠯ | ᠬᠡᠯᠡ ᠪᠢᠴᠢᠭ ᠪᠠ ᠤᠷᠴᠢᠭᠤᠯᠭ᠎ᠠ ᠶᠢᠨ ᠠᠵᠢᠯᠳᠠᠳ ᠤᠨ ᠤᠨᠤᠯ ᠤᠨ ᠲᠦᠪᠰᠢᠨ ᠪᠠ ᠲᠤᠰᠬᠠᠢ ᠮᠡᠷᠬᠡᠵᠢᠯ ᠤᠨ | ᠲᠦᠪᠰᠢᠨ ᠨᠢ ᠴᠢᠨᠠᠭᠰᠢᠳᠠ ᠲᠡᠭᠡᠭᠰᠢᠯᠡᠭᠰᠡᠨ ᠪᠠᠶᠢᠨ᠎ᠠ᠃ ᠬᠤᠶᠠᠷ ᠲᠤ᠂ ᠤᠷᠴᠢᠭᠤᠯᠭ᠎ᠠ ᠶᠢᠨ ᠲᠠᠰᠤᠭ ᠨᠢ ᠴᠢᠳᠠᠪᠦᠷᠢ | ᠪᠠᠨ ᠬᠦᠢᠴᠡᠳ ᠪᠠᠳᠠᠷᠠᠭᠤᠯᠵᠤ᠂ ᠪᠦᠬᠦ ᠬᠤᠰᠢᠭᠤᠨ ᠤ ᠦᠷᠬᠡᠨ ᠤᠯᠠᠨ ᠲᠦᠮᠡᠨ ᠳᠤ ᠦᠢᠯᠡᠴᠢᠯᠡᠭᠡ ᠬᠠᠩᠭᠠᠵᠤ ᠪᠤᠢ | ᠃ ᠵᠢᠯ ᠪᠦᠷᠢ ᠶᠢᠨ ᠬᠤᠰᠢᠭᠤᠨ ᠤ ᠬᠤᠶᠠᠷ ᠬᠤᠷᠠᠯ ᠤᠨ ᠪᠢᠴᠢᠭ ᠮᠠᠲ᠋ᠧᠷᠢᠶᠠᠯ ︵ᠪᠠᠷᠤᠭ 2.5 ᠳᠦᠮᠠᠨ ᠦᠰᠦᠭ︶ ᠢ | ᠣᠷᠴᠢᠭᠤᠯᠭ᠎ᠠ ᠶᠢᠨ ᠠᠯᠪᠡᠠ ᠭᠡᠷ ᠤᠨ ᠬᠢᠨ ᠬᠠᠷᠢᠭᠤᠴᠠᠨ ᠣᠷᠴᠢᠭᠤᠯᠤᠨ ᠨᠠᠶᠢᠷᠠᠭᠤᠯᠵᠤ ᠪᠣᠢ᠃ ᠪᠠᠰᠠ ᠡᠯ᠎ᠡ ᠵᠦᠢᠯ | ᠤᠨ ᠲᠠᠮᠠᠭ᠎ᠠ᠂ ᠵᠡᠷ ᠮᠡᠳᠡᠭᠡ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠫᠠᠶᠢᠰᠠ ᠢᠯᠡᠷᠬᠡᠶᠢᠯᠡᠯ᠂ | ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ ᠶᠢᠨ ᠨᠡᠷ᠎ᠡ᠂ ᠵᠢᠭᠤᠯᠴᠢᠯᠠᠯ ᠤᠨ ᠤᠷᠤᠨ᠂ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠨᠡᠷ᠎ᠡ ᠵᠡᠷᠬᠡ ᠨᠡᠶᠢᠬᠡᠮ ᠤᠨ ᠦᠡᠭᠬᠡᠨ ᠳᠠᠬᠢ ᠦᠰᠦᠭ ᠪᠢᠴᠢᠭ ᠤᠨ ᠤᠷᠴᠢᠭᠤᠯᠭ᠎ᠠ ᠵᠢᠯ ᠪᠦᠷᠢ | ᠨᠡᠶᠢᠳᠡ 5000 ᠢᠯᠡᠬᠦᠤ ᠬᠤᠪᠢ ᠣᠷᠴᠢᠭᠤᠯᠵᠤ ᠪᠣᠢ᠃ | 4᠂ ᠦᠨᠳᠦᠰᠦᠳᠡᠨ ᠤ ᠰᠤᠶᠤᠯ ᠤᠨ ᠬᠦᠳᠡᠯᠬᠡᠬᠡᠨ ᠦᠷᠨᠢᠬᠦᠯᠵᠤ᠂ ᠮᠤᠩᠭᠤᠯᠴᠤᠳ ᠤᠨ ᠰᠤᠶᠤᠯ ᠤᠨ | ᠠᠮᠢᠳᠤᠷᠠᠯ ᠢ ᠨᠢ ᠪᠠᠶᠠᠯᠢᠭᠵᠢᠭᠤᠯᠪᠠ᠃ ᠡᠯ᠎ᠡ ᠵᠦᠢᠯ ᠤᠨ ᠠᠷᠭ᠎ᠠ ᠬᠡᠯᠪᠡᠷᠢ ᠠᠪᠴᠤ ᠮᠤᠩᠭᠤᠯᠴᠤᠳ ᠤᠨ ᠦᠵᠡᠯ | ᠰᠠᠨᠠᠭ᠎ᠠ ᠰᠤᠶᠤᠯ ᠤᠨ ᠠᠮᠢᠳᠤᠷᠠᠯ ᠢ ᠨᠢ ᠲᠠᠰᠤᠷᠠᠯᠳᠠ ᠦᠬᠡᠢ ᠪᠠᠶᠠᠯᠢᠭᠵᠢᠭᠤᠯᠵᠤ᠂ ᠮᠤᠩᠭᠤᠯᠴᠤᠳ ᠤᠨ ᠮᠤᠩᠭᠤᠯ | ᠦᠬᠡ ᠬᠡᠯᠡ ᠦᠰᠦᠭ ᠪᠢᠴᠢᠭ ᠢᠶᠠᠨ ᠰᠤᠷᠴᠤ ᠬᠡᠷᠡᠭᠯᠡᠬᠦ ᠢᠳᠡᠪᠬᠢᠵᠢᠯ ᠢ ᠨᠢ ᠲᠠᠶᠢᠴᠢᠯᠠᠪᠠ᠃ ᠵᠢᠯ ᠪᠦᠷᠢ ᠶᠢᠨ ᠪᠢᠯᠢᠭ | ᠤᠨ ᠤᠯᠠᠷᠢᠯ ᠤᠨ ᠴᠠᠭᠠᠨ ᠰᠠᠷ᠎ᠠ ᠶᠢᠨ ᠰᠢᠨ᠎ᠠ ᠶᠢᠨ ᠶᠢᠰᠦᠨ ᠳᠤ ᠪᠦᠬᠦ ᠬᠤᠰᠢᠭᠤᠨ ᠤ ᠮᠤᠩᠭᠤᠯᠴᠤᠳ ᠤᠨ ᠴᠠᠭᠠᠨ | ᠰᠠᠷ᠎ᠠ ᠶᠢᠨ ᠵᠤᠯᠭᠠᠯᠳᠠ ᠶᠢᠨ ᠨᠠᠶᠢᠷ ᠬᠢᠵᠤ ᠪᠤᠢ᠃ ᠵᠢᠯ ᠪᠦᠷᠢ ᠶᠢᠨ ᠳᠡᠯᠡᠬᠡᠢ ᠶᠢᠨ ᠢᠷᠠᠭᠤ ᠨᠠᠶᠢᠷᠠᠭ ᠤᠨ ᠡᠳᠦᠷ ᠢ | ᠳᠣᠷᠠᠰᠬᠠᠨ ᠳᠡᠮᠳᠡᠭᠯᠡᠬᠦ ᠬᠠᠮᠳᠣ ᠶᠢᠨ ᠠᠵᠢᠯᠯᠠᠭᠠᠨ ᠢ ᠵᠤᠬᠢᠶᠠᠨ ᠪᠠᠶᠢᠭᠤᠯᠵᠤ ᠦᠷᠨᠢᠬᠦᠯᠵᠡᠢ᠃ 2013 ᠣᠨ ᠳᠤ | ᠮᠠᠨ ᠤ ᠬᠤᠰᠢᠭᠤᠨ ᠳᠤ ︽ᠵᠤᠤ ᠤᠳᠠ ᠣᠷᠠᠨ ᠵᠤᠬᠢᠶᠠᠯᠴᠢᠳ ᠤᠨ ᠨᠡᠶᠢᠭᠡᠮᠯᠢᠭ ᠤᠨ ᠪᠢᠯᠢᠭ ᠤᠨ ᠴᠤᠭᠯᠠᠭᠠᠨ ᠢ | ᠠᠮᠵᠢᠯᠳᠠ ᠲᠠᠢ ᠶᠠᠪᠤᠬᠳᠠᠭᠤᠯᠵᠠᠢ︔ 2014 ᠣᠨ ᠳᠤ ︽ᠪᠠᠭᠠᠷᠢᠨ ᠵᠡᠬᠦᠨ ᠬᠤᠰᠢᠭᠤᠨ ᠤ ᠠᠩᠬᠠᠳᠤᠭᠠᠷ | ᠤᠳᠠᠭᠠᠨ ᠤ ᠮᠤᠩᠭᠤᠯ ᠰᠢᠳᠠᠷ᠎ᠠ ᠶᠢᠨ ᠤᠷᠤᠯᠳᠤᠭᠠᠨ︾ ᠢ ᠡᠷᠬᠢᠯᠡᠨ ᠶᠠᠪᠤᠭᠳᠠᠭᠤᠯᠪᠠ︔ ᠵᠢᠯ ᠪᠦᠷᠢ ︽ | ᠦᠯᠵᠡᠶᠢᠮᠦ᠋ᠷᠡᠨ︾ ᠰᠡᠳᠬᠦᠯ ᠬᠤᠶᠠᠷ ᠬᠤᠭᠤᠴᠠᠭ᠎ᠠ ᠬᠡᠪᠯᠡᠨ ᠳᠠᠷᠬᠠᠭᠠᠵᠤ᠂ ︽ᠦᠨᠢᠷ ᠴᠡᠴᠡᠭ︾ ᠰᠡᠳᠬᠦᠯ 50 | ᠬᠤᠪᠢ ᠵᠠᠬᠢᠶᠠᠯᠠᠨ ᠪᠦᠬᠦ ᠬᠤᠰᠢᠭᠤᠨ ᠤ ᠮᠤᠩᠭᠤᠯ ᠰᠤᠮᠤ ᠭᠠᠴᠠᠭ᠎ᠠ᠂ ᠮᠤᠩᠭᠤᠯ ᠰᠤᠷᠭᠠᠭᠤᠯᠢ ᠪᠠ ᠮᠤᠩᠭᠤᠯ | ᠪᠠᠶᠢᠭᠤᠯᠭ᠎ᠠ ᠨᠢᠬᠡᠴᠡ ᠳᠤ ᠳᠦᠯᠦᠪᠤᠷᠢ ᠠᠪᠬᠤ ᠦᠭᠡᠢ ᠪᠠᠷ ᠲᠠᠷᠬᠠᠭᠠᠨ ᠦᠭᠴᠦ ᠪᠤᠢ᠃ ᠡᠬᠦᠨ ᠤ ᠬᠠᠮᠳᠣ ᠵᠡᠬᠦᠨ | ᠪᠠᠭᠠᠷᠢᠨ ᠮᠣᠩᠭᠤᠯᠴᠣᠳ ᠤᠨ ᠪᠣᠳᠠᠰ ᠤᠨ ᠪᠣᠰᠣ ᠰᠣᠶᠣᠯ ᠤᠨ ᠦᠪ ᠢ ᠡᠮᠬᠢᠳᠬᠡᠨ ᠴᠣᠬᠯᠠᠭᠤᠯᠬᠤ ᠠᠵᠢᠯ ᠢ ᠭᠠᠷᠳᠠᠨ | ᠬᠢᠵᠤ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠨᠢᠭᠡᠨᠳᠡ ᠴᠣᠬᠯᠠᠭᠤᠯᠤᠨ ᠡᠮᠬᠢᠳᠬᠡᠵᠤ᠂ ᠰᠣᠶᠣᠯ ᠤᠨ ᠦᠪ ᠢ | ᠡᠮᠬᠢᠳᠬᠡᠨ ᠴᠣᠬᠯᠠᠭᠤᠯᠬᠤ ᠠᠵᠢᠯ ᠤᠨ ᠢᠶᠠᠨ ᠰᠡᠬᠦᠯ ᠰᠢᠪᠳᠦᠷᠠᠬᠤ ᠳᠡᠰᠢ ᠳᠦᠬᠦᠵᠤ ᠪᠠᠶᠢᠨ᠎ᠠ᠃ | 5᠂ ᠵᠤᠬᠢᠶᠠᠨ ᠪᠠᠶᠢᠭᠤᠯᠤᠯᠳᠠ ᠪᠠ ᠤᠳᠤᠷᠢᠳᠤᠯᠭ᠎ᠠ ᠪᠠᠨ ᠴᠢᠩᠭᠠᠳᠬᠠᠨ᠂ ᠮᠤᠩᠭᠤᠯ ᠬᠡᠯᠡ ᠪᠢᠴᠢᠭ ᠤᠨ | ᠠᠵᠢᠯ ᠢᠶᠠᠨ ᠰᠠᠶᠢᠳᠤᠷ ᠤᠬᠠᠭᠤᠯᠤᠨ ᠦᠷᠨᠢᠬᠦᠯᠦᠭᠰᠠᠨ ᠪᠠᠶᠢᠨ᠎ᠠ᠃ ᠮᠠᠨ ᠤ ᠬᠤᠰᠢᠭᠤ ᠨᠢ ᠬᠦᠨᠳᠡᠯᠠᠨ ᠪᠢᠴᠢᠭᠡᠰᠣ | ᠡᠯᠬᠦᠬᠦ᠂ ᠤᠬᠠᠭᠤᠯᠭ᠎ᠠ ᠶᠢᠨ ᠬᠠᠭᠤᠳᠠᠰᠣ ᠳᠠᠷᠬᠠᠭᠠᠬᠤ ᠵᠢᠴᠢ ᠲᠧᠯᠸᠢᠰ ᠳ᠋ᠢᠶᠠᠩᠬᠤᠸᠠ ᠶᠢᠨ ᠬᠤᠷᠠᠯ ᠬᠢᠬᠦ᠂ ᠳᠣᠰᠬᠠᠢ | ᠵᠠᠷ ᠮᠡᠳᠡᠬᠡᠨ ᠤ ᠳᠠᠪᠴᠠᠩ ᠬᠠᠩᠭᠠᠬᠤ ᠵᠡᠷᠬᠡ ᠠᠷᠭ᠎ᠠ ᠪᠠᠷᠢᠯ ᠢᠶᠠᠷ ᠮᠠᠯᠴᠢᠨ ᠳᠦᠮᠡᠨ ᠤ ᠳᠣᠮᠳᠠ ︽ᠦᠪᠦᠷ ᠮᠤᠩᠭᠤᠯ | ᠤᠨ ᠦᠪᠡᠷᠳᠡᠬᠡᠨ ᠵᠠᠰᠠᠬᠤ ᠤᠷᠤᠨ ᠤ ᠮᠤᠩᠭᠤᠯ ᠦᠬᠡ ᠬᠡᠯᠡ ᠦᠰᠦᠭ ᠪᠢᠴᠢᠭ ᠤᠨ ᠠᠵᠢᠯ ᠤᠨ ᠲᠦᠷᠢᠮ︾ ᠪᠠ ︽ | ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠡᠶᠢᠬᠡᠮ ᠤᠨ ᠦᠩᠬᠡᠨ ᠳᠠᠬᠢ ᠮᠤᠩᠭᠤᠯ ᠬᠢᠳᠠᠳ ᠦᠰᠦᠭ | ᠪᠢᠴᠢᠭ ᠤᠨ ᠵᠡᠷᠬᠡᠪᠡᠷ ᠬᠡᠷᠡᠭᠯᠡᠬᠡᠨ ᠤ ᠬᠠᠮᠢᠶᠠᠷᠤᠯᠳᠠ ᠶᠢᠨ ᠠᠷᠭ᠎ᠠ︾ ᠶᠢ ᠣᠬᠠᠭᠤᠯᠤᠨ ᠰᠣᠷᠳᠠᠯᠴᠢᠯᠠᠬᠤ ᠶᠢᠨ ᠬᠠᠮᠳᠣ | ᠂ ᠳᠡᠳᠡᠨ ᠠᠴᠠ ᠦᠷᠬᠡᠨ ᠬᠡᠪᠴᠢᠶ᠎ᠠ ᠲᠠᠢ ᠰᠠᠨᠠᠯ ᠰᠠᠨᠠᠭᠤᠯᠭ᠎ᠠ ᠬᠤᠷᠢᠶᠠᠨ ᠠᠪᠴᠤ ᠡᠮᠬᠢᠳᠬᠡᠨ᠂ ᠬᠤᠳᠠ ᠶᠢᠨ | ᠦᠨᠳᠦᠰᠦᠳᠡᠨ ᠱᠠᠰᠢᠨ ᠰᠤᠷᠳᠠᠬᠤᠨ ᠤ ᠬᠡᠷᠡᠭ ᠡᠷᠬᠢᠯᠡᠬᠦ ᠵᠦᠪᠯᠡᠯ ᠤᠨ ᠮᠤᠩᠭᠤᠯ ᠬᠡᠯᠡ ᠪᠢᠴᠢᠭ ᠤᠨ ᠠᠯᠪᠠᠨ ᠬᠡᠷ | ᠲᠤ ᠴᠠᠭ ᠳᠣᠬᠠᠢ ᠳᠤᠨᠢ ᠳᠠᠮᠵᠢᠭᠤᠯᠤᠨ ᠮᠡᠳᠡᠬᠦᠯᠵᠤ ᠪᠤᠢ᠃ ᠮᠣᠩᠭᠤᠯ ᠦᠬᠡ ᠬᠡᠯᠡ ᠦᠰᠦᠭ ᠪᠢᠴᠢᠭ ᠢ ᠰᠣᠷᠴᠦ | ᠬᠡᠷᠡᠭᠯᠡᠬᠦ ᠳᠠᠯ᠎ᠠ ᠳᠤ ᠳᠣᠪᠣᠶᠢᠮ᠎ᠠ ᠠᠮᠵᠢᠯᠳᠠ ᠭᠠᠷᠭᠠᠬᠰᠠᠨ ᠳᠡᠷᠢᠬᠦᠨ ᠤ ᠬᠤᠪᠢ ᠬᠦᠮᠦᠨ ᠪᠠ ᠬᠠᠮᠳᠣ ᠨᠢᠭᠡᠴᠠ ᠶᠢ | ᠱᠠᠩᠨᠠᠨ ᠬᠦᠬᠢᠬᠦᠯᠦᠭᠰᠡᠨ ᠪᠠ ᠬᠤᠳᠠ ᠶᠢᠨ ᠳᠡᠰ ᠤᠨ ᠮᠣᠩᠭᠤᠯ ᠦᠬᠡ ᠬᠡᠯᠡ ᠦᠰᠦᠭ ᠪᠢᠴᠢᠭ ᠢ ᠰᠣᠷᠴᠤ | ᠬᠡᠷᠡᠭᠯᠡᠭᠰᠡᠨ ᠳᠡᠷᠢᠬᠦᠨ ᠤ ᠬᠤᠪᠢ ᠬᠦᠮᠦᠨ ᠪᠠ ᠬᠠᠮᠳᠣ ᠨᠢᠭᠡᠴᠠ ᠪᠠᠷ ᠮᠡᠳᠡᠬᠦᠯᠦᠨ ᠱᠠᠩᠨᠠᠭᠤᠯᠤᠬᠰᠠᠨ᠃ ᠦᠨᠦ ᠵᠢᠯ | ᠪᠣᠯ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠮᠤᠩᠭᠤᠯ ᠦᠬᠡ ᠬᠡᠯᠡ ᠦᠰᠦᠭ ᠪᠢᠴᠢᠭ ᠤᠨ | ᠠᠵᠢᠯ ᠤᠨ ᠲᠦᠷᠢᠮ︾ ᠬᠡᠷᠡᠭᠵᠢᠬᠦᠯᠦᠭᠳᠡᠬᠡᠳ 10 ᠵᠢᠯ ᠤᠨ ᠤᠢ ᠪᠠᠶᠢᠵᠤ᠂ ᠮᠠᠨ ᠤ ᠬᠤᠰᠢᠭᠤ ᠨᠢ ᠲᠦᠪ ᠤᠨ | ᠨᠢᠬᠡᠳᠤᠬᠡᠷ ᠲᠤᠭᠠᠳᠤ ᠪᠢᠴᠢᠭ ᠮᠠᠲ᠋ᠧᠷᠢᠶᠠᠯ ᠪᠠ ᠰᠢ ᠶᠢᠨ ᠫᠢᠡᠭ ᠶᠡᠷᠦᠩᠬᠡᠢ ᠱᠦᠵᠢ ᠦᠪᠦᠷ ᠮᠤᠩᠭᠤᠯ ᠤᠷᠤᠨ ᠢᠶᠠᠷ | ᠪᠠᠶᠢᠴᠠᠭᠠᠬᠤ ᠦᠶ᠎ᠡ ᠳᠤ ᠬᠢᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠤᠨ | ᠨᠠᠶᠢᠳᠠᠪᠦᠷᠢᠵᠢᠭᠤᠯᠵᠤ᠂ ︽ᠠᠵᠢᠯ ᠤᠨ ᠲᠦᠷᠢᠮ︾ ᠤᠨ ᠨᠠᠶᠢᠳᠠᠪᠦᠷᠢᠵᠢᠭᠤᠯᠤᠯᠳᠠ ᠶᠢ ᠠᠬᠢᠭᠤᠯᠬᠤ ᠶᠢᠨ ᠲᠦᠯᠦᠬᠡ᠂ | ᠣᠯᠠᠨ ᠵᠦᠢᠯ ᠤᠨ ᠠᠵᠢᠯᠯᠠᠭᠠᠨ ᠢ ᠠᠯᠬᠤᠮ ᠳᠠᠷᠠᠭ᠎ᠠ ᠲᠠᠢ ᠦᠷᠨᠢᠬᠦᠯᠦᠨ ᠬᠢᠵᠤ ᠪᠤᠢ᠃ ᠤᠷᠴᠢᠮᠬᠠᠨ ᠪᠠᠰᠠ | ᠤᠯᠠᠭᠠᠨᠬᠠᠳᠠ ᠬᠤᠳᠠ ᠶᠢᠨ ᠲᠧᠯᠸᠢᠰ ᠬᠤᠷᠢᠶ᠎ᠠ ᠨᠢ ᠮᠣᠩᠭᠤᠯ ᠬᠡᠯᠡ ᠪᠢᠴᠢᠭ ᠤᠨ ᠠᠵᠢᠯ ᠤᠨ ᠲᠦᠷᠢᠮ | ᠬᠡᠷᠡᠭᠵᠢᠬᠦᠯᠦᠭᠳᠡᠬᠡᠳ 10 ᠵᠢᠯ ᠤᠨ ᠤᠢ ᠪᠤᠯᠵᠤ ᠪᠠᠶᠢᠬᠤ ᠶᠢ ᠳᠣᠬᠢᠶᠠᠯᠳᠣᠭᠤᠯᠣᠨ ᠮᠠᠨ ᠤ ᠬᠤᠰᠢᠭᠤᠨ ᠳᠤ | ᠳᠣᠰᠬᠠᠶᠢᠯᠠᠨ ᠢᠷᠡᠵᠤ᠂ ᠮᠠᠨ ᠤ ᠳᠣᠪᠴᠢᠶᠠᠨ ᠤ ᠮᠣᠩᠭᠤᠯ ᠬᠡᠯᠡ ᠪᠢᠴᠢᠭ ᠤᠨ ᠠᠯᠪᠡᠨ ᠬᠡᠷ ᠤᠨ ᠬᠢᠨ ᠢ | ᠰᠣᠷᠪᠤᠯᠵᠢᠯᠠᠬᠰᠠᠨ ᠪᠠ ᠳᠣᠰᠬᠠᠢ ᠵᠢᠷᠤᠬᠳᠣ ᠮᠡᠳᠡᠭᠡ ᠪᠣᠯᠭᠠᠨ᠂ ᠦᠪᠦᠷ ᠮᠣᠩᠭᠤᠯ ᠤᠨ ᠣᠳᠣᠨ ᠲᠧᠯᠸᠢᠰ ᠤᠨ | ᠦᠷᠯᠦᠬᠡᠨ ᠤ ᠮᠡᠳᠡᠭᠡ᠂ ᠦᠳᠡᠰᠢ ᠶᠢᠨ ᠮᠡᠳᠡᠭᠡ᠂ ᠤᠯᠠᠭᠠᠨᠬᠠᠳᠠ ᠲᠧᠯᠸᠢᠰ ᠤᠨ ᠰᠣᠨᠢᠨ ᠮᠡᠳᠡᠭᠡ᠂ ᠯᠢᠨᠳᠦ᠋ᠩ ᠤᠨ | ᠮᠣᠩᠭᠤᠯ ᠰᠣᠨᠢᠨ ᠮᠡᠳᠡᠭᠡᠨ ᠤ ᠨᠡᠪᠳᠡᠷᠡᠬᠦᠯᠭᠡ ᠪᠠᠷ ᠬᠡᠳᠣ ᠳᠠᠬᠢᠨ ᠨᠡᠪᠳᠡᠷᠡᠬᠦᠯᠵᠤ᠂ ᠪᠠᠭᠠᠷᠢᠨ ᠵᠡᠬᠦᠨ ᠬᠤᠰᠢᠭᠤᠨ ᠤ | ᠮᠣᠩᠭᠤᠯ ᠬᠡᠯᠡ ᠪᠢᠴᠢᠭ ᠤᠨ ᠠᠵᠢᠯ ᠤᠨ ᠠᠯᠪᠡᠨ ᠭᠡᠷ ᠤᠨ ᠫᠠᠶᠢᠰᠠ ᠢᠯᠡᠷᠬᠡᠶᠢᠯᠡᠯ ᠤᠨ ᠣᠷᠴᠢᠭᠤᠯᠭ᠎ᠠ ᠶᠢᠨ ᠠᠵᠢᠯ | ᠵᠢᠴᠢ ᠮᠣᠩᠭᠤᠯ ᠬᠡᠯᠡ ᠪᠢᠴᠢᠭ ᠤᠨ ᠠᠵᠢᠯ ᠤᠨ ᠳᠣᠬᠠᠢ ᠲᠠᠢ ᠳᠣᠰᠬᠠᠢ ᠮᠡᠳᠡᠭᠡᠯᠡᠵᠤ᠂ ᠡᠬᠦᠨ ᠤ ᠣᠯᠠᠮ ᠮᠠᠨ ᠤ | ᠬᠤᠰᠢᠭᠤᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠢ ᠤᠬᠠᠭᠤᠯᠤᠨ ᠰᠣᠷᠳᠠᠯᠴᠢᠯᠠᠬᠰᠠᠨ ᠪᠠᠶᠢᠨ᠎ᠠ | ᠃ | | | ᠪᠠᠶᠠᠷ — ᠪᠠᠭᠠᠷᠢᠨ ᠵᠡᠬᠦᠨ ᠬᠤᠰᠢᠭᠤᠨ ᠤ ᠦᠨᠳᠦᠰᠦᠳᠡᠨ ᠱᠠᠰᠢᠨ ᠰᠤᠷᠳᠠᠬᠤᠨ ᠤ ᠬᠡᠷᠡᠭ ᠡᠷᠬᠢᠯᠡᠬᠦ | ᠲᠤᠪᠴᠢᠶ᠎ᠠ ᠶᠢᠨ ᠲᠤᠪᠴᠢᠶᠠᠨ ᠲᠠᠷᠤᠭ᠎ᠠ᠃ ᠬᠤᠰᠢᠭᠤ ᠮᠤᠩᠭᠤᠯ ᠤᠯᠠᠮᠵᠢᠯᠠᠯᠳᠤ ᠰᠤᠶᠤᠯ ᠤᠨ ᠨᠡᠶᠢᠬᠡᠮᠯᠢᠭ ᠤᠨ ᠲᠡᠳ᠋ | ᠲᠡᠷᠢᠬᠦᠯᠡᠭᠴᠢ᠂ ᠨᠠᠷᠢᠨ ᠪᠢᠴᠢᠭ ᠤᠨ ᠲᠠᠷᠤᠭ᠎ᠠ᠂ ᠪᠦᠬᠡ ᠶᠢᠨ ᠬᠤᠪᠢᠶᠠᠷᠢ ᠨᠡᠶᠢᠬᠡᠮᠯᠢᠭ ᠤᠨ ᠲᠡᠷᠢᠬᠦᠯᠡᠭᠴᠢ᠃ |