ᠦᠯᠵᠡᠶᠢᠮᠦ᠋ᠷᠡᠨ ᠤ ᠬᠠᠪᠤᠷ | | ᠪᠠᠭᠠᠷᠢᠨ ᠵᠡᠬᠦᠨ ᠬᠤᠰᠢᠭᠤᠨ ᠤ ᠮᠤᠩᠭᠤᠯ ᠤᠯᠠᠮᠵᠢᠯᠠᠯᠳᠤ ᠰᠤᠶᠤᠯ | ᠤᠨ ᠨᠡᠶᠢᠬᠡᠮᠯᠢᠭ ᠤᠨ ᠠᠵᠢᠯᠯᠠᠭᠠᠨ ᠤ ᠲᠤᠬᠠᠢ ᠬᠦᠣᠷᠨᠢᠯ | ᠶᠧᠰᠢᠪᠠᠯᠵᠤᠤᠷ | ᠪᠠᠭᠠᠷᠢᠨ ᠵᠡᠬᠦᠨ ᠬᠤᠰᠢᠭᠤᠨ ᠤ ᠮᠤᠩᠭᠤᠯ ᠤᠯᠠᠮᠵᠢᠯᠠᠯᠳᠤ ᠰᠤᠶᠤᠯ ᠤᠨ ᠨᠡᠶᠢᠬᠡᠮᠯᠢᠭ ᠨᠢ 2009 ᠤᠨ ᠤ | 8 ᠰᠠᠷ᠎ᠠ ᠶᠢᠨ 8 ᠤ ᠡᠲᠦᠷ ᠪᠠᠶᠢᠭᠤᠯᠤᠭᠳᠠᠵᠠᠢ ︵ᠲᠤᠷᠤᠭᠰᠢ ᠨᠡᠶᠢᠬᠡᠮᠯᠢᠭ ᠬᠡᠨ᠎ᠡ︶᠃ ᠨᠡᠶᠢᠬᠡᠮᠯᠢᠭ ᠨᠢ ᠨᠠᠮ ᠤᠨ | ᠡᠯ᠎ᠡ ᠦᠨᠳᠦᠰᠦᠳᠡᠨ ᠤ ᠦᠪ ᠰᠤᠶᠤᠯ ᠢᠶᠠᠨ ᠰᠡᠷᠬᠦᠬᠡᠨ ᠬᠦᠭᠵᠢᠬᠦᠯᠬᠦ ᠠᠭᠤᠤ ᠶᠡᠭᠡ ᠲᠦᠷᠦ ᠶᠢᠨ ᠪᠤᠳᠤᠯᠭ᠎ᠠ ᠶᠢᠨ | ᠲᠤᠶᠠᠭᠠᠯᠠᠯ ᠲᠤᠤᠷ᠎ᠠ ᠬᠤᠰᠢᠭᠤᠨ ᠤ ᠨᠠᠮ ᠵᠠᠰᠠᠭ ᠤᠨ ᠵᠢᠭᠠᠨ ᠵᠢᠯᠤᠭᠤᠳᠤᠯᠭ᠎ᠠ ᠪᠤᠯᠤᠨ ᠬᠦᠴᠦᠳᠡᠢ ᠲᠡᠮᠵᠢᠯᠬᠡ ᠪᠠᠷ | ᠡᠯ᠎ᠡ ᠬᠡᠰᠢᠬᠦᠨ ᠨᠢᠬᠡᠴᠡ ᠬᠢᠬᠡᠳ ᠮᠤᠩᠭᠤᠯ ᠰᠤᠶᠤᠯ ᠳᠠᠭᠠᠨ ᠬᠠᠶᠢᠷ᠎ᠠ ᠰᠡᠳᠬᠢᠯᠬᠡ ᠲᠠᠢ ᠬᠤᠰᠢᠭᠤ ᠨᠤᠳᠤᠭ ᠤᠨ | ᠪᠦᠬᠦ ᠮᠤᠩᠭᠤᠯᠴᠤᠳ ᠤᠨ ᠬᠠᠮᠳᠤ ᠶᠢᠨ ᠴᠢᠷᠮᠠᠶᠢᠯᠭ᠎ᠠ ᠪᠠᠷ ᠰᠤᠶᠤᠯ ᠤᠨ ᠨᠡᠶᠢᠬᠡᠮᠯᠢᠭ ᠤᠨ ᠠᠵᠢᠯᠯᠠᠭᠠᠨ ᠢᠶᠠᠨ ᠮᠠᠰᠢ | ᠡᠮᠬᠢ ᠵᠢᠷᠦᠮ ᠲᠠᠢ ᠡᠬᠢᠯᠡᠨ ᠶᠡᠪᠤᠭᠤᠯᠵᠠᠢ᠃ | ᠪᠠᠭᠠᠷᠢᠨ ᠵᠡᠬᠦᠨ ᠬᠤᠰᠢᠭᠤ ᠪᠤᠯ ᠨᠡᠬᠦᠳᠡᠯ ᠮᠠᠯᠵᠢᠯ ᠤᠨ ᠰᠤᠶᠤᠯ ᠤᠨ ᠤᠯᠠ ᠮᠦᠷ ᠢ ᠬᠠᠳᠠᠭᠠᠯᠠᠭᠰᠠᠨ | ᠤᠯᠠᠨ ᠰᠤᠶᠤᠯ ᠤᠨ ᠦᠪ ᠲᠠᠢ ᠤᠷᠤᠨ ᠪᠠᠶᠢᠭᠰᠠᠨ ᠴᠤ ᠲᠡᠤᠬᠡ ᠶᠢᠨ ᠤᠯᠠᠨ ᠵᠦᠢᠯ ᠤᠨ ᠰᠢᠯᠳᠠᠭᠠᠨ ᠠᠴᠠ ᠪᠤᠯᠵᠤ | ᠰᠠᠶᠢᠨ ᠰᠠᠶᠢᠬᠠᠨ ᠮᠤᠩᠭᠤᠯ ᠦᠪ ᠰᠤᠶᠤᠯ ᠨᠢ ᠪᠠᠯᠠᠷᠠᠵᠤ ᠬᠡᠬᠡᠭᠳᠡᠬᠦ ᠪᠠᠶᠢᠳᠠᠯ ᠲᠠᠢ ᠪᠤᠯᠵᠤ ᠶᠠᠪᠤᠬᠤ ᠲᠤᠳᠤᠮ | ᠨᠢᠮᠬᠡᠷᠡᠬᠦ ᠪᠤᠯᠵᠠᠢ᠃ ᠶᠠᠭ ᠡᠨᠡᠬᠦ ᠴᠠᠭ ᠮᠦᠴᠡ ᠳᠤ ᠪᠠᠭᠠᠷᠢᠨ ᠵᠡᠬᠦᠨ ᠬᠤᠰᠢᠭᠤᠨ ᠤ ᠮᠤᠩᠭᠤᠯ ᠤᠯᠠᠮᠵᠢᠯᠠᠯᠳᠤ | ᠰᠤᠶᠤᠯ ᠤᠨ ᠨᠡᠶᠢᠬᠡᠮᠯᠢᠭ ᠪᠠᠶᠢᠭᠤᠯᠤᠭᠳᠠᠭᠠᠳ ᠮᠤᠩᠭᠤᠯ ᠰᠤᠶᠤᠯ ᠢᠶᠠᠨ ︽ᠰᠡᠷᠬᠦᠬᠡᠬᠦ᠂ ᠵᠠᠯᠭᠠᠮᠵᠢᠯᠠᠬᠤ᠂ | ᠲᠡᠯᠬᠡᠷᠡᠬᠦᠯᠦᠨ ᠬᠦᠭᠵᠢᠬᠦᠯᠬᠦ︾ ᠵᠠᠷᠴᠢᠮ ᠢ ᠲᠤᠭᠳᠠᠭᠠᠨ᠂ ᠠᠵᠢᠯ ᠢᠶᠠᠨ ᠠᠯᠬᠤᠮ ᠲᠠᠷᠠᠭ᠎ᠠ ᠲᠠᠢ ᠪᠠᠶᠢᠷᠢᠯᠠᠭᠤᠯᠵᠤ᠂ | ᠰᠦᠪᠡᠭᠴᠢᠯᠡᠯ ᠰᠢᠨᠵᠢᠯᠡᠯ ᠲᠠᠢ ᠵᠦᠪᠯᠡᠵᠤ ᠰᠤᠳᠤᠯᠤᠨ᠂ ᠬᠠᠷᠠᠯᠳᠠ ᠲᠠᠢ ᠭᠤᠤᠯᠳᠠᠯᠭ᠎ᠠ ᠲᠠᠢ ᠠᠯᠢᠪᠠ ᠰᠤᠶᠤᠯ ᠤᠨ | ᠠᠵᠢᠯᠯᠠᠭᠠᠨ ᠢᠶᠠᠨ ᠦᠷᠨᠢᠬᠦᠯᠦᠭᠰᠡᠨ ᠶᠤᠮ᠃ ᠤᠤᠯ ᠨᠡᠶᠢᠬᠡᠮᠯᠢᠭ ᠪᠠᠶᠢᠭᠤᠯᠤᠭᠳᠠᠭᠰᠠᠨ ᠠᠴᠠ ᠨᠠᠰᠢᠬᠢ ᠲᠦᠷᠪᠡᠨ ᠵᠢᠯ | ᠢᠯᠡᠬᠦᠤ ᠶᠢᠨ ᠬᠤᠭᠤᠴᠠᠭᠠᠨ ᠳᠤ ᠠᠷᠪᠠᠨ ᠵᠦᠢᠯ ᠤᠨ ᠪᠤᠳᠠᠳᠠᠢ ᠠᠵᠢᠯᠯᠠᠭᠠᠨ ᠢ ᠦᠷᠨᠢᠬᠦᠯᠦᠭᠰᠡᠨ ᠪᠠᠶᠢᠨ᠎ᠠ᠃ | ᠨᠢᠬᠡ᠂ ᠮᠤᠩᠭᠤᠯ ᠤᠯᠠᠮᠵᠢᠯᠠᠯᠳᠤ ᠵᠠᠩ ᠦᠢᠯᠡ ᠶᠢ ᠰᠤᠷᠪᠤᠯᠵᠢᠯᠠᠨ ᠡᠮᠬᠢᠳᠬᠡᠵᠤ ᠦᠷᠬᠡᠨ ᠢᠶᠠᠷ | ᠤᠬᠠᠭᠤᠯᠤᠨ ᠲᠡᠯᠬᠡᠷᠡᠬᠦᠯᠵᠡᠢ | 2010 ᠤᠨ ᠤ ᠡᠴᠦᠰ ᠲᠤ ᠨᠡᠶᠢᠬᠡᠮᠯᠢᠭ ᠨᠢ ᠤᠯᠠᠭᠠᠨᠬᠠᠳᠠ ᠬᠤᠳᠠ ᠶᠢᠨ ᠲᠧᠯᠸᠢᠰ ᠬᠤᠷᠢᠶ᠎ᠠ ᠲᠠᠢ | ᠬᠠᠷᠢᠯᠴᠠᠵᠤ ᠲᠤᠰᠬᠠᠶᠢᠯᠠᠨ ᠰᠤᠷᠪᠤᠯᠵᠢᠯᠠᠭᠴᠢ ᠨᠠᠶᠢᠷᠠᠭᠤᠯᠤᠭᠴᠢ ᠶᠢ ᠤᠷᠢᠨ᠂ ᠬᠠᠭᠠᠰ ᠰᠠᠷ᠎ᠠ ᠶᠢᠨ ᠴᠠᠭ ᠢ | ᠬᠡᠷᠡᠭᠰᠡᠵᠤ᠂ ᠪᠠᠭᠠᠷᠢᠨ ᠵᠡᠬᠦᠨ ᠬᠤᠰᠢᠭᠤᠨ ᠤ ᠮᠤᠩᠭᠤᠯᠴᠤᠳ ᠤᠨ ᠭᠠᠯ ᠲᠡᠬᠢᠬᠤ᠂ ᠪᠢᠳᠡᠬᠦᠯᠡᠬᠦ ᠵᠠᠩᠰᠢᠯ᠂ ᠰᠢᠨ᠎ᠡ | ᠶᠢᠨ ᠵᠤᠯᠭᠠᠯᠳᠠ ᠶᠢᠨ ᠵᠠᠩᠰᠢᠯ ᠵᠡᠷᠬᠡ ᠤᠯᠠᠮᠵᠢᠯᠠᠯᠳᠤ ᠵᠠᠩ ᠦᠢᠯᠡ ᠶᠢ ᠰᠤᠷᠪᠤᠯᠵᠢᠯᠠᠨ ᠡᠮᠬᠢᠳᠬᠡᠵᠤ᠂ ᠰᠡᠬᠦᠳᠡᠷᠯᠡᠨ | ᠰᠢᠩᠬᠡᠬᠡᠬᠡᠳ 2011 ᠤᠨ ᠤ ᠴᠠᠭᠠᠨ ᠰᠠᠷ᠎ᠠ ᠳᠤ ᠬᠤᠰᠢᠭᠤ᠂ ᠬᠤᠳᠠ᠂ ᠤᠷᠤᠨ ᠤ ᠲᠧᠯᠸᠢᠰ ᠨᠡᠪᠳᠡᠷᠡᠬᠦᠯᠬᠡ ᠳᠤ | ᠨᠡᠪᠳᠡᠷᠡᠬᠦᠯᠦᠬᠡᠳ᠂ ᠪᠠᠭᠠᠷᠢᠨ ᠵᠡᠬᠦᠨ ᠬᠤᠰᠢᠭᠤ ᠨᠤᠳᠤᠭ ᠤᠨ ᠮᠤᠩᠭᠤᠯᠴᠤᠳ ᠪᠤᠰᠤᠳ ᠤᠷᠤᠨ ᠤ ᠮᠤᠩᠭᠤᠯᠴᠤᠳ | ᠲᠠᠢ ᠠᠳᠠᠯᠢ ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠶᠢᠨ ᠲᠤᠶᠠᠭᠠᠯᠠᠯ ᠲᠤᠤᠷ᠎ᠠ ᠦᠪᠡᠷ ᠤᠨ ᠰᠤᠶᠤᠯ | ᠢᠶᠠᠨ ᠦᠪᠡᠷᠳᠡᠬᠡᠨ ᠬᠦᠨᠳᠦᠳᠬᠡᠨ ᠰᠡᠷᠬᠦᠬᠡᠨ ᠬᠦᠭᠵᠢᠬᠦᠯᠵᠤ ᠪᠠᠶᠢᠭ᠎ᠠ ᠪᠠᠶᠢᠳᠠᠯ ᠢ ᠦᠷᠬᠡᠨ ᠲᠦᠮᠡᠨ ᠳᠤ | ᠲᠠᠨᠢᠯᠴᠠᠭᠤᠯᠵᠤ ᠤᠬᠠᠭᠤᠯᠵᠠᠢ᠃ | ᠬᠤᠶᠠᠷ᠂ ᠮᠤᠩᠭᠤᠯ ᠦᠨᠳᠦᠰᠦᠳᠡᠨ ᠤ ᠲᠤᠮᠳᠠᠳᠤ ᠪᠠᠭ᠎ᠠ ᠰᠤᠷᠭᠠᠭᠤᠯᠢ ᠳᠤ ᠦᠨᠳᠦᠰᠦᠳᠡᠨ ᠤ ᠤᠯᠠᠮᠵᠢᠯᠠᠯᠳᠤ | ᠰᠤᠶᠤᠯ ᠤᠨ ᠬᠦᠮᠦᠵᠢᠯ ᠢ ᠬᠦᠨᠵᠡᠬᠡᠢ ᠦᠷᠨᠢᠬᠦᠯᠪᠡ | 2010 ᠤᠨ ᠳᠤ ᠨᠡᠶᠢᠬᠡᠮᠯᠢᠭ ᠨᠢ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶ᠎ᠠ᠂ ᠵᠢᠭᠠᠬᠤ ᠶᠢ | ᠰᠤᠳᠤᠯᠬᠤ ᠠᠯᠪᠠᠨ ᠬᠡᠷ ᠲᠠᠢ ᠬᠠᠮᠳᠤ ᠪᠠᠷ ᠶᠠᠷᠢᠯᠴᠠᠨ ᠲᠤᠭᠳᠠᠭᠠᠳ᠂ ᠲᠤᠮᠳᠠᠳᠤ ᠪᠠᠭ᠎ᠠ ᠰᠤᠷᠭᠠᠭᠤᠯᠢ ᠳᠤ | ᠦᠨᠳᠦᠰᠦᠳᠡᠨ ᠤ ᠤᠯᠠᠮᠵᠢᠯᠠᠯᠳᠤ ᠰᠤᠶᠤᠯ ᠢ ᠤᠬᠠᠭᠤᠯᠤᠨ ᠰᠤᠷᠭᠠᠬᠤ ᠠᠵᠢᠯᠯᠠᠭ᠎ᠠ ᠦᠷᠨᠢᠬᠦᠯᠵᠡᠢ᠃ | ᠬᠡᠳᠤᠨ ᠵᠢᠯ ᠤᠨ ᠲᠤᠷᠰᠢ ᠪᠦᠬᠦ ᠬᠤᠰᠢᠭᠤᠨ ᠤ ᠲᠤᠮᠳᠠᠳᠤ ᠪᠠᠭ᠎ᠠ ᠰᠤᠷᠭᠠᠭᠤᠯᠢ ᠨᠢ ᠦᠪᠡᠷᠰᠡᠳ ᠤᠨ ᠪᠤᠳᠠᠳᠠᠢ | ᠪᠠᠶᠢᠳᠠᠯ ᠪᠤᠯᠤᠨ ᠨᠦᠬᠦᠴᠡᠯ ᠢᠶᠠᠨ ᠦᠨᠳᠦᠰᠦᠯᠡᠵᠤ᠂ ᠨᠤᠮᠤ ᠰᠤᠮᠤ ᠬᠠᠷᠪᠤᠬᠤ᠂ ᠪᠦᠬᠡ ᠪᠠᠷᠢᠯᠳᠤᠬᠤ᠂ ᠮᠤᠩᠭᠤᠯ | ᠤᠷᠳᠤ ᠶᠢᠨ ᠲᠠᠭᠤᠤ ᠲᠠᠭᠤᠯᠠᠬᠤ ᠪᠤᠯᠪᠠᠰᠤᠷᠠᠯ ᠬᠢᠭᠰᠡᠨ ᠠᠴᠠ ᠬᠡᠤᠬᠡᠳ ᠪᠠᠭᠠᠴᠤᠳ ᠤᠯᠠᠮᠵᠢᠯᠠᠯᠳᠤ ᠰᠤᠶᠤᠯ ᠳᠠᠭᠠᠨ | ᠲᠤᠷ᠎ᠠ ᠪᠠᠭ᠋ᠠᠳᠠᠢ ᠪᠤᠯᠵᠠᠢ᠃ ᠡᠯ᠎ᠡ ᠰᠤᠷᠭᠠᠭᠤᠯᠢ ᠨᠢ ᠵᠤᠬᠢᠰᠳᠠᠢ ᠴᠠᠭ ᠢ ᠲᠤᠬᠢᠷᠠᠭᠤᠯᠵᠤ᠂ ᠪᠦᠬᠡ ᠪᠠᠷᠢᠯᠳᠤᠬᠤ᠂ | ᠰᠤᠷ ᠬᠠᠷᠪᠤᠬᠤ᠂ ᠤᠷᠳᠤ ᠶᠢᠨ ᠲᠠᠭᠤᠤ ᠲᠠᠭᠤᠯᠠᠬᠤ ᠮᠦᠷᠦᠶᠢᠴᠡᠬᠡᠨ ᠢ ᠦᠷᠨᠢᠬᠦᠯᠪᠡ᠃ ᠨᠡᠶᠢᠬᠡᠮᠯᠢᠭ ᠨᠢ | ᠪᠠᠶ᠋ᠬᠠᠠᠭᠤᠯᠠ ᠰᠤᠷᠭᠠᠭᠤᠯᠢ ᠳᠤ ︽ᠪᠦᠬᠦ ᠬᠤᠰᠢᠭᠤᠨ ᠤ ᠦᠨᠳᠦᠰᠦᠳᠡᠨ ᠤ ᠪᠠᠭ᠎ᠠ ᠰᠤᠷᠭᠠᠭᠤᠯᠢ ᠶᠢᠨ ᠪᠠᠭᠰᠢ | ᠰᠤᠷᠤᠭᠴᠢᠳ ᠴᠤᠭᠯᠠᠷᠠᠵᠤ᠂ ᠮᠠᠯᠵᠢᠬᠤ ᠤᠷᠤᠨ ᠤ ᠪᠤᠳᠠᠳᠠᠢ ᠭᠠᠵᠠᠷ ᠲᠤᠨᠢ ᠬᠦᠨᠵᠡᠬᠡᠶᠢᠷᠡᠨ ᠨᠡᠬᠦᠳᠡᠯ ᠮᠠᠯᠵᠢᠯ ᠤᠨ | ᠠᠮᠢᠳᠤᠷᠠᠯ ᠤᠨ ᠪᠠᠶᠢᠳᠠᠯ ᠢ ᠤᠶᠢᠯᠠᠭᠠᠨ ᠰᠤᠷᠤᠯᠴᠠᠬᠤ ᠠᠵᠢᠯᠯᠠᠭ᠎ᠠ︾ ᠦᠷᠨᠢᠬᠦᠯᠪᠡ᠃ ᠡᠨᠡᠬᠦ ᠠᠵᠢᠯᠯᠠᠭ᠎ᠠ ᠪᠠᠷ | ᠲᠠᠮᠵᠢᠭᠠᠳ ᠪᠠᠭᠰᠢ ᠰᠤᠷᠤᠭᠴᠢᠳ ᠮᠤᠩᠭᠤᠯ ᠦᠨᠳᠦᠰᠦᠳᠡᠨ ᠤ ᠤᠯᠠᠮᠵᠢᠯᠠᠯᠳᠤ ᠰᠤᠶᠤᠯ ᠵᠠᠩ ᠦᠢᠯᠡ ᠶᠢ ᠤᠯᠠᠮ | ᠨᠢᠬᠡ ᠠᠯᠬᠤᠮ ᠤᠶᠢᠯᠠᠭᠠᠵᠤ᠂ ᠨᠡᠬᠦᠳᠡᠯ ᠮᠠᠯᠵᠢᠯ ᠠᠮᠢᠳᠤᠷᠠᠯ ᠪᠤᠯᠤᠨ ᠦᠪ ᠰᠤᠶᠤᠯ ᠳᠠᠭᠠᠨ ᠬᠢᠵᠠᠭᠠᠯᠠᠰᠢ ᠦᠬᠡᠢ | ᠬᠠᠶᠢᠷ᠎ᠠ ᠰᠡᠳᠬᠢᠯᠬᠡ ᠲᠠᠢ ᠪᠤᠯᠵᠤ᠂ ᠦᠪ ᠰᠤᠶᠤᠯ ᠳᠠᠭᠠᠨ ᠦᠯᠡᠮᠵᠢ ᠢᠳᠡᠬᠡᠯ ᠰᠢᠳᠦᠯᠬᠡ ᠲᠠᠢ ᠪᠤᠯᠵᠠᠢ᠃ | ᠯᠢᠨᠳᠦ᠋ᠡᠭ ᠤᠨ ᠮᠤᠩᠭᠤᠯ ᠦᠨᠳᠦᠰᠦᠳᠡᠨ ᠤ ᠲᠤᠮᠳᠠᠳᠤ ᠰᠤᠷᠭᠠᠭᠤᠯᠢ ᠨᠢ ᠮᠤᠩᠭᠤᠯᠴᠤᠳ ᠤᠨ | ᠤᠯᠠᠮᠵᠢᠯᠠᠯᠳᠤ ᠰᠤᠷᠭᠠᠯ ᠶᠤᠰᠤ ᠪᠠᠷ ᠶᠤᠰᠤ ᠮᠤᠷᠠᠯ ᠤᠨ ᠬᠦᠮᠦᠵᠢᠯ ᠬᠢᠬᠦ ᠵᠤᠷᠢᠯᠳᠠ ᠪᠠᠷ ︽ᠠᠯᠳᠠᠨ ᠰᠤᠷᠭᠠᠯ︾ | ᠬᠡᠮᠡᠬᠦ ᠤᠡᠭᠰᠢᠬᠤ ᠪᠢᠴᠢᠭ ᠢ ᠨᠠᠶᠢᠷᠠᠭᠤᠯᠵᠤ᠂ ᠰᠤᠷᠤᠭᠴᠢᠳ ᠤᠨ ᠲᠤᠮᠳᠠ ᠦᠷᠬᠡᠨ ᠢᠶᠠᠷ ᠤᠡᠭᠰᠢᠬᠤ ᠠᠵᠢᠯᠯᠠᠭ᠎ᠠ | ᠦᠷᠨᠢᠬᠦᠯᠵᠡᠢ᠃ ᠯᠢᠨᠳᠦ᠋ᠡᠭ ᠤᠨ ᠮᠤᠩᠭᠤᠯ ᠪᠠᠭ᠎ᠠ ᠰᠤᠷᠭᠠᠭᠤᠯᠢ ᠨᠢ ︽ᠲᠠᠷᠬᠠᠨ ᠦᠪ︾ ᠬᠡᠬᠦ ᠮᠤᠩᠭᠤᠯ ᠰᠤᠶᠤᠯ | ᠤᠨ ᠡᠯ᠎ᠡ ᠠᠭᠤᠯᠭ᠎ᠠ ᠶᠢ ᠲᠤᠪᠴᠢ ᠲᠦᠬᠦᠮ ᠲᠡᠮᠳᠡᠭᠯᠡᠭᠰᠡᠨ ᠨᠤᠮ ᠢ ᠵᠤᠬᠢᠶᠠᠵᠤ ᠰᠤᠷᠤᠭᠴᠢᠳ ᠲᠠᠭᠠᠨ ᠬᠦᠮᠦᠵᠢᠯ | ᠬᠢᠵᠡᠢ᠃ | ᠭᠤᠷᠪᠠ᠂ ᠬᠤᠰᠢᠭᠤᠨ ᠤ ᠨᠠᠶᠢᠷ ᠨᠠᠭᠠᠳᠤᠮ ᠢ ᠰᠡᠳᠤᠨ ᠡᠷᠬᠢᠯᠡᠵᠤ᠂ ᠮᠠᠯᠴᠢᠳ ᠤᠨ ᠤᠳᠠᠭᠠᠨ ᠵᠢᠯ ᠤᠨ | ᠬᠦᠰᠡᠯ ᠢ ᠬᠠᠨᠭ᠍ᠭᠠᠪᠠ | ᠮᠤᠩᠭᠤᠯᠴᠤᠳ ᠠᠭᠤᠳᠠᠮ ᠨᠤᠳᠤᠭ ᠤᠰᠤᠨ ᠳᠠᠭᠠᠨ ᠠᠵᠤ ᠠᠮᠢᠳᠤᠷᠠᠬᠤ ᠳᠠᠭᠠᠨ ᠠᠳᠠᠭᠠᠳᠠᠨ ᠲᠠᠶᠢᠰᠤᠨ | ᠢᠶᠠᠨ ᠲᠠᠷᠤᠵᠤ ᠴᠢᠳᠠᠬᠤ ᠠᠷᠤᠤᠬᠠᠨ ᠪᠠᠭᠠᠳᠤᠷᠴᠤᠳ ᠢ ᠲᠠᠪᠳᠠᠨ ᠪᠤᠯᠪᠠᠰᠤᠷᠠᠭᠤᠯᠬᠤ ᠬᠡᠵᠤ ᠪᠦᠬᠡ ᠪᠠᠷᠢᠯᠳᠤᠨ ᠪᠡᠶ᠎ᠡ | ᠴᠢᠬᠢᠷᠠᠭᠵᠢᠭᠤᠯᠵᠤ᠂ ᠰᠤᠷ ᠬᠠᠷᠪᠤᠨ ᠨᠢᠳᠤᠨ ᠤ ᠬᠤᠷᠴᠠ ᠭᠠᠷ ᠤᠨ ᠲᠠᠮᠢᠷ ᠢᠶᠠᠨ ᠰᠤᠷᠢᠵᠤ᠂ ᠮᠤᠷᠢ ᠤᠷᠤᠯᠳᠤᠨ | ᠡᠷᠳᠡᠨᠢ ᠶᠢᠨ ᠬᠦᠯᠦᠭ ᠨᠢᠰᠬᠡᠵᠤ ᠰᠡᠳᠬᠢᠯ ᠰᠡᠷᠬᠦᠬᠡᠬᠦ ᠶᠢᠨ ᠲᠦᠯᠦᠬᠡ ᠨᠠᠶᠢᠷ ᠨᠠᠭᠠᠳᠤᠮ ᠬᠢᠳᠡᠭ᠃ | ᠪᠠᠭᠠᠷᠢᠨ ᠵᠡᠬᠦᠨ ᠬᠤᠰᠢᠭᠤᠨ ᠤ ᠮᠤᠩᠭᠤᠯᠴᠤᠳ ᠴᠤ ᠡᠶᠢᠮᠤ ᠤᠳᠤᠮᠰᠢᠯᠳᠤ ᠵᠠᠩᠰᠢᠯ ᠲᠠᠢ ᠶᠤᠮ᠃ | ᠬᠡᠳᠡᠯ᠎ᠡ 1987 ᠤᠨ ᠳᠤ 16 ᠳ᠋ᠤᠭᠠᠷ ᠤᠳᠠᠭᠠᠨ ᠤ ᠬᠤᠰᠢᠭᠤᠨ ᠨᠠᠶᠢᠷ ᠬᠢᠭᠰᠡᠨ ᠠᠴᠠ ᠨᠠᠰᠢ ᠡᠯ᠎ᠡ ᠵᠦᠢᠯ ᠤᠨ | ᠰᠢᠯᠳᠠᠭᠠᠨ ᠠᠴᠠ ᠪᠤᠯᠵᠤ ᠬᠤᠷᠢᠨ ᠬᠡᠳᠤᠨ ᠵᠢᠯ ᠬᠢᠭᠰᠡᠨ ᠦᠬᠡᠢ ᠲᠠᠰᠤᠯᠳᠠᠪᠠ᠃ 2010 ᠤᠨ ᠤ ᠵᠢᠯ ᠤᠨ ᠡᠬᠢᠨ | ᠳᠤ ᠨᠡᠶᠢᠬᠡᠮᠯᠢᠭ ᠨᠢ ᠬᠤᠰᠢᠭᠤᠨ ᠤ 17 ᠳ᠋ᠤᠭᠠᠷ ᠤᠳᠠᠭᠠᠨ ᠤ ᠬᠤᠰᠢᠭᠤᠨ ᠨᠠᠶᠢᠷ ᠬᠢᠬᠦ ᠲᠤᠬᠠᠢ ᠰᠡᠳᠤᠨ᠂ ᠪᠦᠬᠦ | ᠠᠵᠢᠯ ᠤᠨ ᠲᠦᠰᠦᠪ ᠲᠡᠭᠡᠨ ᠤᠷᠤᠭᠤᠯᠵᠤ᠂ ᠬᠤᠰᠢᠭᠤᠨ ᠤ ᠨᠠᠮ ᠵᠠᠰᠠᠭ ᠲᠤ ᠮᠡᠳᠡᠬᠦᠯᠦᠯᠳᠡ ᠲᠡᠪᠰᠢᠬᠦᠯᠦᠨ | ᠵᠦᠪᠰᠢᠶᠡᠷᠡᠬᠦᠯᠵᠤ᠂ ᠪᠦᠬᠦᠶᠢᠯᠡ ᠨᠠᠶᠢᠷ ᠨᠠᠭᠠᠳᠤᠮ ᠢ ᠡᠷᠬᠢᠯᠡᠨ ᠬᠢᠬᠦ ᠠᠵᠢᠯ ᠢ ᠲᠠᠭᠠᠭᠠᠴᠢᠯᠠᠨ ᠡᠬᠦᠷᠬᠡᠯᠡᠬᠡᠳ᠂ | ᠠᠵᠢᠯᠯᠠᠭᠠᠨ ᠤ ᠲᠦᠰᠦᠪ ᠲᠤᠭᠳᠠᠭᠠᠨ ᠬᠦᠮᠦᠨ ᠤ ᠬᠦᠴᠦᠨ᠂ ᠪᠤᠳᠠᠰ ᠮᠦᠡᠭᠬᠦ ᠶᠢᠨ ᠲᠠᠯ᠎ᠠ ᠪᠠᠷ ᠵᠤᠬᠢᠶᠠᠨ | ᠪᠠᠶᠢᠭᠤᠯᠵᠤ᠂ 2010 ᠤᠨ ᠤ 7 ᠰᠠᠷ᠎ᠠ ᠳᠤ ᠪᠠᠶ᠋ᠬᠠᠠᠭᠤᠯᠠ ᠪᠠᠯᠭᠠᠰᠤᠨ ᠤ ᠠᠭᠳᠠ ᠶᠢᠨ ᠲᠠᠯ᠎ᠠ ᠳᠤ ᠰᠢᠯᠢ ᠶᠢᠨ | ᠭᠤᠤᠯ᠂ ᠲᠦᠡᠭᠯᠢᠶᠤᠤ᠂ ᠤᠯᠠᠭᠠᠨᠬᠠᠳᠠ ᠵᠡᠷᠬᠡ ᠠᠶᠢᠮᠠᠭ ᠬᠤᠳᠠ ᠶᠢᠨ512 ᠰᠢᠯᠢᠳᠡᠭ ᠪᠦᠬᠡ ᠶᠢᠨ ᠪᠠᠷᠢᠯᠳᠤᠭᠠᠨ | ᠲᠠᠢ ᠮᠦᠷᠦᠶᠢᠴᠡᠬᠡᠨ ᠢ ᠶᠠᠪᠤᠭᠤᠯᠵᠤ ᠬᠤᠷᠳᠤᠨ ᠮᠤᠷᠢ᠂ ᠵᠢᠷᠤᠭ᠎ᠠ ᠮᠤᠷᠢ᠂ ᠦᠷᠢᠶ᠎ᠡ ᠮᠤᠷᠢᠨ ᠤ ᠤᠷᠤᠯᠳᠤᠭᠠᠨ ᠢ | ᠠᠮᠵᠢᠯᠳᠠ ᠲᠠᠢ ᠡᠷᠬᠢᠯᠡᠨ ᠶᠠᠪᠤᠭᠳᠠᠭᠤᠯᠵᠠᠢ᠃ ᠢᠡᠭᠬᠢᠬᠡᠳ ᠮᠠᠯᠴᠢᠨ ᠲᠦᠮᠡᠨ ᠢᠶᠠᠨ ᠪᠠᠶᠠᠰᠬᠠᠵᠤ᠂ ᠪᠠᠭᠠᠷᠢᠨ ᠵᠡᠬᠦᠨ | ᠬᠤᠰᠢᠭᠤ ᠪᠠᠨ ᠦᠷᠬᠡᠨ ᠢᠶᠠᠷ ᠲᠠᠨᠢᠯᠴᠠᠭᠤᠯᠵᠤ᠂ ᠮᠤᠩᠭᠤᠯ ᠨᠠᠶᠢᠷ ᠨᠠᠭᠠᠳᠤᠮ ᠦᠬᠡᠢ ᠡᠯᠦᠢ ᠬᠤᠯᠤᠢ ᠪᠠᠶᠢᠳᠠᠯ ᠢ | ᠦᠬᠡᠶᠢᠰᠬᠡᠨ ᠨᠠᠶᠢᠷ ᠬᠦᠷ ᠢᠶᠠᠷ ᠪᠢᠯᠬᠠᠬᠰᠠᠨ ᠬᠤᠰᠢᠭᠤ ᠨᠤᠳᠤᠭ ᠪᠤᠯᠭᠠᠪᠠ᠃ | ᠲᠦᠷᠪᠡ᠂ ᠬᠤᠰᠢᠭᠤ ᠤᠪᠤᠭ᠎ᠠ ᠪᠠᠨ ᠰᠡᠷᠬᠦᠬᠡᠨ ᠪᠠᠶᠢᠭᠤᠯᠵᠤ᠂ ᠤᠪᠤᠭᠠᠨ ᠲᠠᠬᠢᠯᠭ᠎ᠠ ᠶᠢᠨ ᠶᠤᠰᠤᠯᠠᠯ ᠢ | ᠬᠦᠢᠴᠡᠳᠬᠡᠪᠡ | ᠡᠮᠤᠨ᠎ᠡ ᠵᠠᠭᠤᠨ ᠤ ᠲᠠᠪᠢᠨ ᠬᠤᠶᠠᠷ ᠤᠨ ᠳᠤ᠂ ᠪᠠᠭᠠᠷᠢᠨ ᠵᠡᠬᠦᠨ ᠬᠤᠰᠢᠭᠤᠨ ᠤ ᠲᠠᠪᠤ ᠵᠢᠷᠭᠤᠳᠤᠭᠠᠷ | ᠨᠤᠳᠤᠭ ᠨᠤᠤᠷᠭᠠᠢ ︵ᠵᠢᠷᠭᠠᠯ ᠤᠨ ᠵᠠᠮ︶ ᠪᠠ ᠰᠤᠪᠤᠷᠭ᠎ᠠ ᠬᠤᠶᠠᠷ ᠨᠤᠳᠤᠭ ᠪᠠᠭᠠᠷᠢᠨ ᠪᠠᠷᠠᠭᠤᠨ ᠬᠤᠰᠢᠭᠤᠨ ᠳᠤ | ᠬᠠᠷᠢᠶᠠᠯᠠᠭᠳᠠᠬᠤ ᠪᠤᠯᠤᠭᠰᠠᠨ ᠠᠴᠠ ᠤᠤᠯ ᠤᠨ ᠵᠡᠬᠦᠨ ᠪᠠᠭᠠᠷᠢᠨ ᠤ ᠵᠠᠩᠵᠤᠨ ᠪᠠᠶᠢᠰᠠ ᠰᠡᠷᠡᠩ ᠤᠨ ᠪᠤᠰᠬᠠᠬᠰᠠᠨ | ᠰᠠᠶᠢᠬᠠᠨ ᠬᠠᠨ ᠤ ᠤᠪᠤᠭ᠎ᠠ ᠨᠢ ᠪᠠᠭᠠᠷᠢᠨ ᠪᠠᠷᠠᠭᠤᠨ ᠬᠤᠰᠢᠭᠤ ᠶᠢᠨ ᠬᠠᠷᠢᠶᠠᠨ ᠳᠤ ᠤᠷᠤᠭᠰᠠᠨ ᠪᠠᠶᠢᠯ᠎ᠠ᠃ ᠡᠬᠦᠨᠴᠡ | ᠵᠠᠬᠦᠨ ᠪᠠᠭᠠᠷᠢᠨ ᠤ ᠬᠤᠰᠢᠭᠤ ᠪᠠᠷ ᠢᠶᠠᠨ ᠲᠠᠬᠢᠳᠠᠭ ᠤᠪᠤᠭ᠎ᠠ ᠶᠢᠨ ᠲᠠᠬᠢᠯᠭ᠎ᠠ ᠵᠤᠬᠰᠤᠴᠢᠬᠠᠬᠰᠠᠨ ᠶᠤᠮ᠃ | 2012 ᠤᠨ ᠤ ᠡᠬᠢᠨ ᠳᠤ᠂ ᠨᠡᠶᠢᠬᠡᠮᠯᠢᠭ ᠨᠢ ᠮᠠᠯᠴᠢᠨ ᠲᠦᠮᠡᠨ ᠤ ᠬᠦᠰᠡᠯ ᠱᠠᠭᠠᠷᠳᠠᠯᠭ᠎ᠠ ᠪᠤᠯᠤᠨ | ᠬᠤᠰᠢᠭᠤᠨ ᠤ ᠵᠠᠰᠠᠭ ᠤᠨ ᠤᠷᠳᠤᠨ ᠤ ᠵᠢᠭᠠᠪᠦᠷᠢ ᠪᠠᠷ ᠬᠤᠰᠢᠭᠤ ᠤᠪᠤᠭ᠎ᠠ ᠶᠢ ᠰᠡᠷᠬᠦᠬᠡᠵᠤ ᠪᠠᠶᠢᠭᠤᠯᠬᠤ ᠠᠵᠢᠯ ᠤᠨ | ᠲᠦᠰᠦᠪ ᠢ ᠲᠤᠭᠳᠠᠭᠠᠨ ᠲᠡᠣᠬᠡ ᠶᠢᠨ ᠪᠠᠶᠢᠴᠠᠭᠠᠯᠳᠠ ᠬᠢᠵᠤ᠂ ᠨᠠᠷᠡᠳᠤ ᠬᠦᠮᠦᠰ ᠪᠤᠯᠤᠨ ᠱᠠᠰᠢᠨ ᠰᠤᠷᠳᠠᠬᠤᠨ ᠤ | ᠲᠠᠯ᠎ᠠ ᠶᠢᠨ ᠬᠦᠮᠦᠰ ᠤᠨ ᠰᠠᠨᠠᠯ ᠵᠦᠪᠯᠡᠯᠬᠡ ᠶᠢ ᠠᠪᠴᠤ ᠤᠳᠤᠷᠢᠳᠤᠯᠭ᠎ᠠ ᠨᠡᠷ ᠪᠠ ᠮᠠᠯᠴᠢᠳ ᠤᠨ ᠲᠦᠯᠦᠬᠡᠯᠡᠭᠴᠢᠳ᠂ | ᠤᠷᠤᠨ ᠨᠤᠳᠤᠭ ᠤᠨ ᠠᠬᠠᠮᠠᠳᠴᠤᠳ ᠤᠨ ᠰᠠᠨᠠᠯ ᠲᠤᠷᠠᠳᠤᠯᠭ᠎ᠠ ᠶᠢ ᠰᠤᠨᠤᠰᠴᠤ᠂ ᠤᠪᠤᠭ᠎ᠠ ᠪᠤᠰᠬᠠᠬᠤ ᠭᠠᠵᠠᠷ | ᠪᠤᠯᠤᠨ ᠲᠡᠬᠢᠬᠤ ᠡᠲᠦᠷ ᠵᠡᠷᠬᠡ ᠶᠢ ᠶᠠᠷᠢᠯᠴᠠᠨ ᠲᠤᠭᠳᠠᠭᠠᠭᠠᠳ ᠰᠡᠷᠬᠦᠬᠡᠨ ᠪᠠᠶᠢᠭᠤᠯᠬᠤ ᠳᠤ ᠬᠡᠷᠡᠭᠰᠡᠬᠦ ᠮᠦᠡᠭᠬᠦ᠂ | ᠤᠪᠤᠭ᠎ᠠ ᠰᠦᠡᠭᠰᠢᠯᠡᠵᠤ ᠠᠮᠢᠯᠠᠭᠤᠯᠬᠤ᠂ ᠵᠠᠮ ᠱᠤᠭᠤᠮ ᠢ ᠨᠡᠪᠳᠡᠷᠡᠬᠦᠯᠬᠦ᠂ ᠤᠪᠤᠭᠠᠨ ᠨᠠᠶᠢᠷ ᠢ ᠵᠤᠬᠢᠶᠠᠨ ᠪᠠᠶᠢᠭᠤᠯᠬᠤ | ᠵᠡᠷᠬᠡ ᠠᠵᠢᠯ ᠤᠳ ᠢ ᠬᠠᠮᠵᠢᠨ ᠨᠠᠶᠢᠳᠠᠪᠦᠷᠢᠵᠢᠭᠤᠯᠤᠭᠠᠳ 2012 ᠤᠨ ᠤ ᠪᠢᠯᠢᠭ ᠤᠨ ᠤᠯᠠᠷᠢᠯ ᠤᠨ 6 ᠰᠠᠷ᠎ᠠ | ᠶᠢᠨ 7 ᠤ ᠡᠲᠦᠷ ᠰᠠᠶᠢᠬᠠᠨ ᠤᠷᠤᠢ ᠳᠤ ᠤᠪᠤᠭ᠎ᠠ ᠪᠤᠰᠬᠠᠵᠤ᠂ ᠪᠠᠭᠠᠷᠢᠨ ᠵᠡᠬᠦᠨ ᠬᠤᠰᠢᠭᠤᠨ ᠤ ᠤᠪᠤᠭ᠎ᠠ ᠪᠠᠨ | ᠲᠠᠬᠢᠵᠤ᠂ ᠦᠪᠡᠳᠡᠭᠰᠢ ᠶᠡᠭᠡ ᠨᠠᠶᠢᠷ ᠨᠠᠭᠠᠳᠤᠮ ᠡᠷᠬᠢᠯᠡᠨ᠂ ᠵᠡᠬᠦᠨ ᠪᠠᠭᠠᠷᠢᠨ ᠤ ᠨᠤᠳᠤᠭ ᠤᠰᠤᠨ ᠤ ᠬᠡᠶᠢᠮᠦᠷᠢ | ᠰᠦᠯᠳᠡ ᠪᠠᠨ ᠰᠡᠷᠬᠦᠬᠡᠭᠰᠡᠨ ᠪᠦᠬᠡᠳ ᠵᠡᠬᠦᠨ ᠪᠠᠭᠠᠷᠢᠨ ᠬᠤᠰᠢᠭᠤ ᠤᠪᠤᠭ᠎ᠠ ᠲᠠᠢ ᠪᠤᠯᠤᠭᠰᠠᠨ ᠢ ᠦᠷᠬᠡᠨ ᠲᠦᠮᠡᠨ | ᠳᠡᠭᠡᠨ ᠲᠤᠩᠬᠠᠬᠯᠠᠵᠤ᠂ 6 ᠰᠠᠷ᠎ᠠ ᠶᠢᠨ 7 ᠤ ᠡᠲᠦᠷ ᠤᠪᠤᠭ᠎ᠠ ᠪᠠᠨ ᠲᠠᠬᠢᠵᠤ ᠨᠠᠶᠢᠷ ᠨᠠᠭᠠᠳᠤᠮ ᠬᠢᠬᠦ ᠪᠠᠷ ᠪᠤᠯᠵᠠᠢ᠃ | ᠲᠠᠪᠤ᠂ ᠨᠡᠶᠢᠬᠡᠮᠯᠢᠭ ᠨᠢ ᠴᠠᠭᠠᠨ ᠰᠠᠷ᠎ᠠ ᠶᠢᠨ ᠵᠤᠯᠭᠠᠯᠳᠠ ᠶᠢᠨ ᠨᠠᠶᠢᠷ ᠢ ᠰᠡᠷᠬᠦᠬᠡᠨ ᠡᠷᠬᠢᠯᠡᠵᠤ᠂ ᠤᠯᠤᠰ ᠲᠠᠶᠠᠭᠠᠷ ᠤᠨ | ᠴᠠᠭᠠᠨ ᠰᠠᠷ᠎ᠠ ᠶᠢᠨ ᠪᠠᠶᠠᠷ ᠢ ᠬᠠᠮᠳᠤᠪᠠᠷ ᠪᠡᠯᠬᠡᠯᠡᠵᠤ ᠰᠢᠨᠠᠯᠡᠪᠡ | 2011 ᠤᠨ ᠳᠤ ᠡᠷᠬᠢᠯᠡᠵᠤ᠂ ᠵᠢᠯ ᠪᠦᠷᠢ ᠶᠢᠨ ᠴᠠᠭᠠᠨ ᠰᠠᠷ᠎ᠠ ᠶᠢᠨ ᠰᠢᠨ᠎ᠡ ᠶᠢᠨ ᠶᠢᠰᠦᠨ ᠳᠤ | ᠵᠤᠯᠭᠠᠯᠳᠠ ᠶᠢᠨ ᠨᠠᠶᠢᠷ ᠢᠶᠠᠨ ᠬᠢᠬᠦ ᠪᠠᠷ ᠲᠤᠭᠳᠠᠭᠠᠵᠠᠢ᠃ ᠯᠢᠨᠳᠦ᠋ᠡᠭ ᠪᠠᠯᠭᠠᠰᠤᠨ ᠳᠠᠬᠢ ᠮᠤᠩᠭᠤᠯᠴᠤᠳ ︵ | ᠨᠡᠶᠢᠬᠡᠮᠯᠢᠭ ᠤᠨ ᠪᠦᠬᠦ ᠬᠡᠰᠢᠬᠦᠳ︶ ᠪᠤᠯᠤᠨ ᠪᠦᠬᠦ ᠬᠤᠰᠢᠭᠤᠨ ᠤ ᠮᠠᠯᠴᠢᠳ ᠤᠨ ᠲᠦᠯᠦᠬᠡᠯᠡᠭᠴᠢᠳ ᠬᠢᠬᠡᠳ ᠡᠯ᠎ᠡ | ᠡᠳᠡᠬᠡᠳ ᠤᠨ ᠨᠡᠷᠡᠳᠤ ᠬᠦᠮᠦᠰ᠂ ᠬᠤᠰᠢᠭᠤᠨ ᠤ ᠬᠤᠯᠪᠤᠭᠳᠠᠯ ᠪᠦᠬᠦᠢ ᠤᠳᠤᠷᠢᠳᠤᠯᠭ᠎ᠠ ᠨᠠᠷ ᠬᠦᠷᠦᠯᠴᠡᠨ ᠢᠷᠡᠵᠤ | ᠬᠠᠮᠳᠤᠪᠡᠷ ᠤᠴᠠᠷᠠᠨ ᠵᠣᠯᠭᠠᠵᠤ ᠰᠢᠨ᠎ᠡ ᠵᠢᠯ ᠤᠨ ᠵᠣᠯᠭᠠᠯᠲᠠ ᠪᠠᠨ ᠬᠢᠳᠡᠭ᠃ | ᠲᠤᠰ ᠨᠠᠶᠢᠷ ᠢ ᠬᠤᠰᠢᠭᠤᠨ ᠤ ᠵᠠᠰᠠᠭ ᠤᠨ ᠣᠷᠳᠣᠨ ᠠᠴᠠ ᠡᠷᠬᠢᠯᠡᠨ ᠶᠠᠪᠤᠭᠳᠠᠭᠤᠯᠵᠤ ᠪᠠᠶᠢᠭ᠎ᠠ ᠴᠠᠭᠠᠨ ᠰᠠᠷ᠎ᠠ ᠶᠢᠨ | ᠰᠤᠶᠤᠯ ᠤᠨ ᠠᠵᠢᠯᠯᠠᠭᠠᠨ ᠤ ᠴᠢᠬᠤᠯᠠ ᠨᠢᠭᠡ ᠠᠭᠤᠯᠭ᠎ᠠ ᠬᠡᠯᠪᠡᠷᠢ ᠪᠤᠯᠭᠠᠭᠰᠠᠨ ᠠᠴᠠ ᠵᠣᠯᠭᠠᠯᠲᠠ ᠶᠢᠨ ᠨᠠᠶᠢᠷ ᠨᠢ | ᠠᠭᠤᠤ ᠨᠠᠮ ᠤᠨ ᠠᠴᠢ ᠭᠠᠪᠢᠶ᠎ᠠ ᠶᠢ ᠮᠠᠭᠲᠠᠨ ᠳᠠᠭᠤᠯᠠᠬᠤ᠂ ᠡᠯ᠎ᠡ ᠦᠨᠳᠦᠰᠦᠲᠡᠨ ᠤ ᠪᠦᠯᠬᠦᠮᠳᠡᠯ ᠢᠶᠠᠨ | ᠮᠠᠭᠳᠠᠭᠤᠯᠬᠤ᠂ ᠦᠭᠡᠷᠡᠴᠢᠯᠡᠯᠲᠡ ᠬᠦᠭᠵᠢᠯᠲᠡ ᠲᠠᠢ ᠦᠨᠦᠳᠦᠷ ᠢᠶᠠᠨ ᠮᠠᠭᠲᠠᠨ ᠳᠠᠭᠤᠯᠠᠵᠤ᠂ ᠢᠷᠡᠭᠡᠳᠦᠢ ᠶᠢᠨ | ᠠᠵᠢᠯ ᠦᠢᠯᠡᠰ ᠲᠡᠭᠡᠨ ᠤᠯᠠᠮ ᠴᠢᠷᠮᠠᠶᠢᠨ ᠠᠵᠢᠯᠯᠠᠬᠤ ᠵᠣᠷᠢᠭ ᠰᠦᠯᠳᠡ ᠶᠢ ᠪᠠᠳᠠᠷᠠᠭᠤᠯᠬᠤ ᠨᠠᠶᠢᠷ ᠪᠣᠯᠵᠠᠢ᠃ ᠡᠶᠢᠨᠬᠦ | ᠂ ᠪᠦᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠪᠠ ᠨᠡᠶᠢᠭᠡᠮ ᠤᠨ ᠠᠮᠤᠷ ᠲᠤᠭᠲᠠᠭᠤᠨ ᠢ | ᠲᠦᠯᠬᠢᠨ ᠠᠬᠢᠭᠤᠯᠬᠤ ᠳᠤ ᠵᠣᠬᠢᠬᠤ ᠬᠤᠪᠢ ᠨᠡᠮᠡᠷᠢ ᠪᠠᠨ ᠦᠵᠡᠭᠦᠯᠵᠦ ᠪᠠᠶᠢᠭ᠎ᠠ ᠰᠠᠶᠢᠨ ᠰᠠᠶᠢᠬᠠᠨ ᠣᠯᠠᠨ ᠲᠦᠮᠡᠨᠴᠢ | ᠠᠵᠢᠯᠯᠠᠭᠠᠨ ᠭᠡᠵᠦ ᠨᠡᠶᠢᠭᠡᠮ ᠳᠠᠶᠠᠭᠠᠷ ᠮᠡᠳᠡᠷᠡᠨ ᠮᠠᠭᠲᠠᠵᠠᠭᠠᠵᠤ ᠪᠠᠶᠢᠨ᠎ᠠ᠃ | ᠵᠢᠷᠭᠤᠭ᠎ᠠ᠂ ᠮᠣᠩᠭᠤᠯ ᠦᠨᠳᠦᠰᠦᠲᠡᠨ ᠤ ᠤᠯᠠᠮᠵᠢᠯᠠᠯᠲᠤ ᠰᠤᠶᠤᠯ ᠢ ᠵᠠᠯᠭᠠᠮᠵᠢᠯᠠᠨ ᠬᠦᠭᠵᠢᠭᠦᠯᠵᠦ | ᠮᠣᠩᠭᠤᠯ ᠦᠨᠳᠦᠰᠦᠲᠡᠨ ᠤ ᠤᠷᠲᠤ ᠶᠢᠨ ᠳᠠᠭᠤᠤ ᠶᠢ ᠤᠯᠠᠮᠵᠢᠯᠠᠨ ᠳᠡᠯᠭᠡᠷᠡᠭᠦᠯᠪᠡ | 2012 ᠣᠨ ᠳᠤ᠂ ᠤᠳᠬ᠎ᠠ ᠠᠭᠤᠯᠭ᠎ᠠ ᠶᠢᠨ ᠬᠤᠪᠢᠶᠠᠷᠢ ᠨᠡᠶᠢᠭᠡᠮᠯᠢᠭ ᠨᠢ ᠪᠠᠶᠠᠨ᠋ᠠ᠋ᠭᠤᠯᠠ ᠪᠠᠯᠭᠠᠰᠤᠨ ᠤ ᠤᠷᠲᠤ | ᠶᠢᠨ ᠳᠠᠭᠤᠤ ᠶᠢᠨ ᠨᠡᠶᠢᠭᠡᠮᠯᠢᠭ ᠪᠠ ᠤᠯᠠᠭᠠᠨᠳᠠᠪᠠᠭ᠎ᠠ ᠰᠤᠮᠤᠨ ᠤ ᠳᠥᠷᠪᠡᠨ ᠤᠳᠠᠰᠤᠲᠤ ᠬᠤᠭᠤᠷ ᠤᠨ ᠨᠡᠶᠢᠭᠡᠮᠯᠢᠭ ᠢ | ᠬᠠᠪᠰᠤᠷᠤᠨ ᠪᠠᠶᠢᠭᠤᠯᠵᠤ ᠦᠭᠭᠦᠭᠰᠡᠨ ᠪᠦᠭᠡᠳ ᠪᠣᠯᠪᠠᠰᠤᠷᠠᠯ ᠡᠷᠬᠢᠯᠡᠵᠡᠢ᠃ ᠥᠪᠥᠷ ᠮᠣᠩᠭᠤᠯ ᠤᠨ ᠰᠤᠶᠤᠯ ᠤᠨ | ᠲᠢᠩᠬᠢᠮ ᠠᠴᠠ ᠴᠤᠯᠠᠯᠠᠭᠰᠠᠨ᠂ ᠤᠷᠲᠤ ᠶᠢᠨ ᠳᠠᠭᠤᠤ ᠶᠢ ᠦᠪᠯᠡᠨ ᠤᠯᠠᠮᠵᠢᠯᠠᠭᠴᠢ ᠪᠠᠷ ᠳᠠᠶᠠᠭᠠᠷ ᠣᠯᠠᠨ ᠳᠤ | ᠮᠡᠳᠡᠷᠡᠭᠳᠡᠭᠰᠡᠨ᠂ ᠪᠠᠭᠠᠷᠢᠨ ᠵᠡᠭᠦᠨ ᠬᠤᠰᠢᠭᠤᠨ ᠤ ᠨᠤᠲᠤᠭ ᠤᠨ ᠠᠯᠳᠠᠷᠲᠤ ᠳᠠᠭᠤᠴᠢᠨ ᠠᠯᠳᠠᠩᠭᠡᠷᠡᠯ ᠤᠨ ᠲᠡᠥᠬᠡ ᠶᠢ | ᠡᠮᠬᠢᠳᠬᠡᠨ ᠴᠤᠭᠯᠠᠭᠤᠯᠬᠤ ᠠᠵᠢᠯ ᠢ ᠬᠢᠭᠰᠡᠨ ᠪᠦᠭᠡᠳ ᠠᠯᠳᠠᠩᠭᠡᠷᠡᠯ ᠳᠠᠭᠤᠴᠢᠨ ᠤ ᠨᠤᠲᠤᠭ ᠲᠤᠨᠢ ᠬᠦᠰᠢᠶ᠎ᠡ | ᠪᠣᠰᠬᠠᠵᠤ ᠳᠤᠷᠠᠰᠬᠠᠪᠠ᠃ ᠤᠷᠲᠤ ᠶᠢᠨ ᠳᠠᠭᠤᠤ ᠶᠢᠨ ᠪᠤᠯᠪᠠᠰᠤᠷᠠᠯ ᠤᠨ ᠠᠩᠭᠢ ᠶᠢ ᠡᠷᠬᠢᠯᠡᠵᠦ᠂ ᠬᠤᠰᠢᠭᠤᠨ | ᠣᠪᠤᠭᠠᠨ ᠲᠠᠬᠢᠯᠭ᠎ᠠ ᠶᠢᠨ ᠨᠠᠶᠢᠷ ᠳᠡᠭᠡᠷ᠎ᠡ ︽ᠪᠦᠬᠦ ᠬᠤᠰᠢᠭᠤᠨ ᠤ ᠠᠩᠬᠠᠳᠤᠭᠠᠷ ᠤᠳᠠᠭᠠᠨ ᠤ ︿ᠠᠯᠳᠠᠩᠬᠡᠷᠡᠯ | ᠬᠤᠨᠳᠠᠭᠠᠲᠤ﹀ ᠤᠷᠲᠤ ᠶᠢᠨ ᠳᠠᠭᠤᠤ ᠶᠢᠨ ᠮᠦᠷᠦᠶᠢᠴᠡᠭᠡᠨ︾ ᠢ ᠵᠣᠬᠢᠶᠠᠨ ᠪᠠᠶᠢᠭᠤᠯᠤᠨ ᠬᠢᠵᠠᠢ᠃ ᠰᠢᠨ᠎ᠡ ᠨᠢᠭᠡᠨ | ᠦᠶ᠎ᠡ ᠶᠢᠨ ᠤᠯᠠᠮᠵᠢᠯᠠᠭᠴᠢ ᠶᠢ ᠢᠯᠡᠷᠡᠭᠦᠯᠦᠨ ᠲᠣᠭᠲᠠᠭᠠᠵᠤ᠂ ᠮᠣᠩᠭᠤᠯ ᠤᠷᠲᠤ ᠶᠢᠨ ᠳᠠᠭᠤᠤ ᠪᠠᠨ ᠵᠠᠯᠭᠠᠮᠵᠢᠯᠠᠨ | ᠰᠤᠷᠴᠤ ᠥᠪᠯᠡᠨ ᠳᠠᠭᠤᠯᠠᠬᠤ ᠶᠢ ᠤᠬᠠᠭᠤᠯᠤᠨ ᠰᠤᠷᠲᠠᠯᠴᠢᠯᠠᠵᠤ᠂ ᠪᠦᠬᠦ ᠬᠤᠰᠢᠭᠤᠨ ᠤ ᠪᠠᠨ ᠮᠣᠩᠭᠤᠯ ᠤᠳᠬ᠎ᠠ | ᠤᠷᠠᠯᠢᠭ ᠤᠨ ᠠᠵᠢᠯ ᠤᠨ ᠬᠤᠶᠢᠰᠢᠲᠠ ᠶᠢᠨ ᠬᠦᠭᠵᠢᠯᠲᠡ ᠳᠤ ᠨᠢᠭᠡᠨ ᠮᠦᠷᠦ ᠶᠢᠨ ᠲᠦᠯᠬᠢᠴᠡ ᠦᠢᠯᠡᠳᠦᠯ ᠢ | ᠦᠵᠡᠭᠦᠯᠵᠦ ᠴᠢᠳᠠᠭᠰᠠᠨ ᠪᠠᠶᠢᠨ᠎ᠠ᠃ | ᠳᠣᠯᠤᠭ᠎ᠠ᠂ ᠪᠦᠬᠡᠴᠦᠳ᠂ ᠰᠤᠷᠴᠢᠳ ᠤᠨ ᠰᠣᠷᠢᠭ᠎ᠠ ᠪᠣᠯᠪᠠᠰᠤᠷᠠᠯ ᠢ ᠴᠢᠩᠭᠠᠳᠬᠠᠵᠤ᠂ ᠮᠡᠷᠭᠡᠵᠢᠯ | ᠴᠢᠳᠠᠪᠬᠢ ᠶᠢ ᠨᠢ ᠳᠡᠭᠡᠭᠰᠢᠯᠡᠭᠦᠯᠪᠡ | ᠣᠶᠢᠷ᠎ᠠ ᠶᠢᠨ ᠬᠡᠳᠦᠨ ᠵᠢᠯ ᠤᠨ ᠲᠤᠷᠰᠢ ᠪᠦᠬᠡ ᠶᠢᠨ ᠬᠤᠪᠢᠶᠠᠷᠢ ᠨᠡᠶᠢᠭᠡᠮᠯᠢᠭ ᠪᠠ ᠰᠤᠷᠴᠢᠨ ᠤ ᠬᠤᠪᠢᠶᠠᠷᠢ | ᠨᠡᠶᠢᠭᠡᠮᠯᠢᠭ ᠨᠢ ᠪᠦᠬᠡᠴᠦᠳ ᠪᠣᠯᠣᠨ ᠰᠤᠷᠴᠢᠳ ᠢ ᠪᠣᠯᠪᠠᠰᠤᠷᠠᠭᠤᠯᠤᠨ ᠬᠦᠮᠦᠵᠢᠭᠦᠯᠬᠦ ᠠᠵᠢᠯ ᠢ ᠣᠨᠴᠠ | ᠴᠢᠬᠤᠯᠠᠴᠢᠯᠠᠵᠠᠢ᠃ ᠪᠦᠬᠡ ᠶᠢᠨ ᠪᠣᠯᠪᠠᠰᠤᠷᠠᠯ ᠤᠨ ᠠᠩᠬᠢ ᠶᠢ ᠵᠢᠯ ᠪᠦᠷᠢ ᠬᠤᠶᠠᠷ ᠤᠳᠠᠭ᠎ᠠ ᠡᠷᠬᠢᠯᠡᠵᠦ᠂ ᠲᠤᠰᠬᠠᠢ | ᠪᠠᠭᠰᠢ ᠤᠷᠢᠨ᠂ ᠪᠦᠬᠡᠴᠦᠳ ᠤᠨ ᠪᠡᠶ᠎ᠡ ᠲᠠᠮᠢᠷ᠂ ᠬᠢᠴᠡ ᠮᠡᠷᠭᠡᠵᠢᠯ᠂ ᠰᠦᠰᠦ ᠵᠣᠷᠢᠭ ᠵᠡᠷᠭᠡ ᠴᠢᠬᠤᠯᠠ ᠵᠦᠢᠯᠡᠰ ᠢ | ᠳᠡᠭᠡᠭᠰᠢᠯᠡᠭᠦᠯᠬᠦ ᠪᠠᠷ ᠴᠢᠷᠮᠠᠶᠢᠭᠰᠠᠨ ᠪᠦᠭᠡᠳ ᠣᠨᠴᠠ ᠵᠠᠷᠢᠮ ᠢᠷᠡᠭᠡᠳᠦᠢ ᠲᠠᠢ ᠵᠠᠯᠠᠭᠤ ᠪᠦᠬᠡᠴᠦᠳ ᠢ ᠭᠤᠣᠯᠳᠠᠯᠭ᠎ᠠ | ᠲᠠᠢ ᠪᠣᠯᠪᠠᠰᠤᠷᠠᠭᠤᠯᠬᠤ ᠪᠣᠶᠤ ᠭᠠᠳᠠᠷ ᠠᠶᠢᠮᠠᠭ ᠬᠤᠰᠢᠭᠤᠨ ᠤ ᠪᠦᠬᠡ ᠶᠢᠨ ᠺᠯᠦ᠋ᠪ ᠲᠤ ᠣᠴᠢᠭᠤᠯᠵᠤ | ᠪᠣᠯᠪᠠᠰᠤᠷᠠᠭᠤᠯᠤᠭᠰᠠᠨ ᠠᠴᠠ ᠲᠡᠳᠡᠨ ᠤ ᠬᠢᠴᠡ ᠮᠡᠷᠭᠡᠵᠢᠯ ᠴᠢᠨᠠᠷ ᠴᠢᠨᠰᠠᠭ᠎ᠠ ᠨᠢ ᠳᠡᠭᠡᠭᠰᠢᠯᠡᠵᠦ᠂ ᠤᠯᠤᠰ ᠤᠨ ᠳᠡᠰ | ᠤᠨ ᠪᠦᠬᠡ ᠠᠯᠲᠠᠨᠰᠦ᠋ᠬᠡ᠂ ᠠᠶᠢᠮᠠᠭ ᠤᠨ ᠭᠠᠷᠤᠳᠢ ᠴᠤᠭᠳᠤᠨᠠᠷᠠᠨ ᠵᠡᠷᠭᠡ ᠵᠠᠯᠠᠭᠤ ᠰᠢᠯᠢᠳᠡᠭ ᠪᠦᠬᠡᠴᠦᠳ ᠴᠤᠯᠭᠤᠷᠠᠨ | ᠭᠠᠷᠴᠠᠢ᠃ ᠲᠡᠳᠡ ᠨᠠᠷ ᠡᠯ᠎ᠡ ᠠᠶᠢᠮᠠᠭ᠂ ᠬᠤᠲᠠ᠂ ᠬᠤᠰᠢᠭᠤᠨ ᠤ ᠨᠠᠶᠢᠷ ᠨᠠᠭᠠᠳᠤᠮ ᠳᠤ ᠰᠢᠯᠢᠳᠡᠭ ᠪᠦᠲᠦᠮᠵᠢ ᠶᠢ | ᠣᠯᠵᠣ ᠪᠠᠭᠠᠷᠢᠨ ᠵᠡᠭᠦᠨ ᠬᠤᠰᠢᠭᠤᠨ ᠤ ᠨᠡᠷ᠎ᠡ ᠠᠯᠳᠠᠷ ᠢ ᠳᠠᠭᠤᠳᠠᠭᠤᠯᠵᠤ ᠥᠩᠭᠡ ᠭᠡᠷᠡᠯ ᠢ ᠠᠪᠴᠢᠷᠠᠵᠤ | ᠦᠭᠭᠦᠭᠰᠡᠨ ᠪᠠᠶᠢᠨ᠎ᠠ᠃ | 2011 ᠣᠨ ᠳᠤ᠂ ᠨᠡᠶᠢᠭᠡᠮᠯᠢᠭ ᠨᠢ ᠲᠤᠰᠬᠠᠢ ᠪᠠᠭᠰᠢ ᠤᠷᠢᠨ ᠠᠪᠴᠢᠷᠠᠵᠤ᠂ ᠪᠦᠬᠦ ᠬᠤᠰᠢᠭᠤᠨ ᠤ | ᠠᠩᠬᠠᠳᠤᠭᠠᠷ ᠤᠳᠠᠭᠠᠨ ᠤ ᠰᠤᠷᠴᠢᠳ ᠤᠨ ᠪᠣᠯᠪᠠᠰᠤᠷᠠᠯ ᠢ ᠡᠷᠬᠢᠯᠡᠭᠰᠡᠨ ᠠᠴᠠ ᠨᠠᠰᠢ᠂ ᠮᠣᠩᠭᠤᠯ ᠳᠤᠮᠳᠠᠳᠤ | ᠰᠤᠷᠭᠠᠭᠤᠯᠢ᠂ ᠴᠠᠭᠠᠨᠬᠠᠳᠠ ᠰᠤᠷᠭᠠᠭᠤᠯᠢ ᠨᠢ ᠰᠤᠷᠴᠢᠳ ᠤᠨ ᠪᠣᠯᠪᠠᠰᠤᠷᠠᠯ ᠢ ᠦᠷᠭᠦᠯᠵᠢ ᠶᠢᠨ ᠴᠢᠨᠠᠷᠲᠠᠢ | ᠠᠳᠬᠤᠭᠰᠠᠨ ᠢᠶᠠᠷ᠂ ᠣᠬᠤᠷᠬᠠᠨ ᠬᠤᠶᠠᠷ ᠵᠢᠯ ᠤᠨ ᠳᠣᠲᠤᠷ᠎ᠠ ᠰᠤᠷ ᠬᠠᠷᠪᠤᠬᠤ ᠬᠦᠮᠦᠨ ᠤ ᠲᠤᠭ᠎ᠠ ᠨᠡᠮᠡᠭᠳᠡᠵᠦ᠂ | ᠤᠷᠮ᠎ᠠ ᠪᠠᠬ᠎ᠠ ᠨᠢ ᠬᠦᠭᠵᠢᠨ᠂ ᠬᠠᠷᠪᠤᠬᠤ ᠮᠡᠷᠭᠡᠵᠢᠯ ᠨᠢ ᠳᠡᠭᠡᠭᠰᠢᠯᠡᠵᠦ᠂ ᠦᠷᠢᠰᠦᠯᠳᠦᠬᠦ ᠵᠣᠷᠢᠭ ᠨᠢ ᠪᠠᠳᠠᠷᠠᠵᠤ᠂ | ᠬᠤᠲᠠ ᠶᠢᠨ ᠲᠡᠷᠢᠭᠦᠨ ᠰᠠᠶᠢᠨ᠎ᠠ ᠮᠡᠲᠦ ᠶᠢᠨ ᠡᠷᠡᠬᠡᠢ ᠮᠡᠷᠭᠡᠨ ᠬᠠᠷᠪᠤᠭᠠᠴᠢ ᠰᠢᠯᠭᠠᠷᠠᠨ ᠭᠠᠷᠤᠭᠰᠠᠨ ᠪᠠᠶᠢᠨ᠎ᠠ᠃ | ᠣᠷᠴᠢᠮ ᠳᠤ ᠰᠠᠶᠢᠨ᠎ᠠ ᠺᠣᠷᠢᠶᠠ ᠤᠯᠤᠰ ᠲᠤ ᠭᠠᠷᠴᠤ ᠰᠤᠷ ᠬᠠᠷᠪᠤᠯᠲᠠ ᠶᠢᠨ ᠮᠦᠷᠦᠶᠢᠴᠡᠭᠡᠨ ᠳᠤ ᠣᠷᠤᠯᠴᠠᠨ | ᠭᠤᠷᠪᠠᠳᠤᠭᠠᠷ ᠳᠡᠰ ᠲᠤ ᠣᠷᠤᠵᠤ᠂ ᠬᠦᠷᠡᠯ ᠮᠧᠲᠡᠯ ᠣᠯᠪᠠ᠃ ᠡᠨᠡ ᠨᠢ ᠪᠦᠬᠡ ᠶᠢᠨ ᠦᠢᠯᠡᠰ ᠪᠣᠯᠤᠨ ᠰᠤᠷ | ᠬᠠᠷᠪᠤᠯᠲᠠ ᠶᠢᠨ ᠦᠢᠯᠡᠰ ᠠᠯᠤᠰ ᠤᠨ ᠬᠦᠭᠵᠢᠯᠲᠡ ᠶᠢᠨ ᠢᠷᠡᠭᠡᠳᠦᠢ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠃ | ᠨᠠᠢᠮᠠ᠂ ᠠᠳᠤᠭᠤᠨ ᠰᠤᠶᠤᠯ ᠢ ᠰᠡᠷᠭᠦᠭᠡᠨ ᠬᠦᠭᠵᠢᠭᠦᠯᠵᠦ᠂ ᠮᠠᠯᠵᠢᠬᠤ ᠣᠷᠣᠨ ᠤ ᠠᠵᠤ ᠠᠬᠤᠢ ᠶᠢ | ᠬᠦᠭᠵᠢᠭᠦᠯᠬᠦ ᠳᠤ ᠬᠦᠭᠦᠷᠭᠡ ᠶᠢᠨ ᠦᠢᠯᠡᠳᠦᠯ ᠦᠵᠡᠭᠦᠯᠪᠡ | ᠠᠳᠤᠭᠤᠨ ᠰᠤᠶᠤᠯ ᠨᠢ ᠪᠠᠭᠠᠷᠢᠨ ᠵᠡᠭᠦᠨ ᠬᠤᠰᠢᠭᠤᠨ ᠳᠤ ᠠᠪᠴᠤ ᠬᠡᠯᠡᠪᠡᠯ ᠨᠢᠭᠡᠨ ᠰᠢᠨ᠎ᠡ ᠦᠢᠯᠡᠰ | ᠪᠣᠯᠤᠨ᠎ᠠ᠃ ᠤᠴᠢᠷ ᠨᠢ ᠲᠤᠰ ᠬᠤᠰᠢᠭᠤ ᠪᠣᠯ ᠮᠠᠯᠵᠢᠬᠤ ᠣᠷᠣᠨ ᠨᠢ ᠴᠦᠬᠡᠨ᠂ ᠲᠠᠷᠢᠶᠠᠯᠠᠬᠤ ᠣᠷᠣᠨ ᠨᠢ ᠶᠡᠬᠡᠩᠬᠢ | ᠶᠢ ᠡᠵᠡᠯᠡᠭᠰᠡᠨ ᠲᠤᠯᠠ ᠡᠷᠲᠡ ᠳᠡᠭᠡᠨ ᠠᠳᠤᠭᠤᠨ ᠰᠤᠶᠤᠯ ᠮᠠᠰᠢ ᠰᠠᠶᠢᠨ ᠪᠠᠶᠢᠭᠰᠠᠨ ᠴᠦ ᠲᠡᠥᠬᠡᠨ ᠬᠤᠪᠢᠷᠠᠯᠲᠠ | ᠠᠴᠠ ᠶᠠᠪᠤᠬᠤ ᠲᠤᠳᠤᠮ ᠠᠳᠤᠭᠤ ᠴᠥᠬᠡᠷᠡᠵᠦ᠂ ᠠᠳᠤᠭᠤᠨ ᠰᠤᠶᠤᠯ ᠪᠠᠯᠠᠷᠠᠨ ᠭᠡᠭᠡᠭᠳᠡᠬᠦ ᠪᠠᠶᠢᠳᠠᠯ ᠳᠤ ᠣᠷᠤᠵᠠᠢ᠃ | ᠣᠷᠴᠢᠮ ᠤᠨ ᠵᠢᠯ ᠳᠤ ᠠᠳᠤᠭᠤᠨ ᠰᠤᠶᠤᠯ ᠤᠨ ᠨᠡᠶᠢᠭᠡᠮᠯᠢᠭ ᠨᠢ ᠠᠳᠤᠭᠤ ᠣᠯᠠᠨ ᠲᠠᠢ ᠤᠯᠠᠭᠠᠨᠳᠠᠪᠠᠭ᠎ᠠ ᠰᠤᠮᠤᠨ | ᠳᠤ ᠠᠳᠤᠭᠤᠨ ᠰᠤᠶᠤᠯ ᠤᠨ ᠰᠠᠭᠤᠷᠢᠨ ᠭᠠᠵᠠᠷ ᠢ ᠪᠠᠶᠢᠭᠤᠯᠵᠤ᠂ ᠰᠣᠮᠣ ᠭᠠᠴᠠᠭ᠎ᠠ ᠲᠠᠢ ᠬᠠᠮᠵᠢᠯᠴᠠᠨ ᠬᠦᠮᠦᠨ ᠤ | ᠬᠦᠴᠦ ᠪᠠ ᠪᠤᠳᠠᠰ ᠤᠨ ᠬᠦᠴᠦᠨ ᠢ ᠵᠣᠬᠢᠰᠲᠠᠢ ᠳᠣᠬᠢᠷᠠᠭᠤᠯᠵᠤ᠂ ᠮᠠᠯᠴᠢᠳ ᠢ ᠳᠠᠶᠢᠴᠢᠯᠠᠨ ᠪᠤᠰᠤᠳ ᠭᠠᠵᠠᠷ | ᠣᠷᠣᠨ ᠲᠠᠢ ᠬᠤᠯᠪᠤᠭᠠᠯᠠᠨ᠂ ᠠᠳᠤᠭᠤᠨ ᠰᠤᠶᠤᠯ ᠤᠨ ᠨᠠᠶᠢᠷ ᠡᠷᠬᠢᠯᠡᠬᠦ᠂ ᠰᠢᠯᠢᠳᠡᠭ ᠡᠭᠦᠯᠳᠡᠷ ᠤᠨ ᠠᠳᠤᠭᠤ | ᠣᠷᠤᠭᠤᠯᠵᠤ ᠠᠪᠴᠢᠷᠠᠬᠤ᠂ ᠠᠳᠤᠭᠤᠨ ᠰᠤᠶᠤᠯ ᠢᠶᠠᠷ ᠢᠶᠠᠨ ᠳᠠᠮᠵᠢᠭᠤᠯᠤᠨ ᠣᠷᠣᠨ ᠨᠤᠲᠤᠭ ᠤᠨ ᠢᠶᠠᠨ | ᠳᠠᠪᠠᠭᠤᠯᠢᠭ ᠢᠶᠠᠨ ᠭᠠᠳᠠᠭᠰᠢ ᠤᠬᠠᠭᠤᠯᠬᠤ᠂ ᠠᠳᠤᠭᠤᠨ ᠰᠤᠶᠤᠯ ᠢᠶᠠᠨ ᠠᠵᠤ ᠠᠬᠤᠶᠢᠯᠠᠯ ᠤᠨ ᠬᠦᠭᠵᠢᠯᠲᠡ ᠲᠠᠢ | ᠤᠶᠠᠯᠳᠤᠭᠤᠯᠬᠤ ᠵᠡᠷᠭᠡ ᠠᠵᠢᠯᠯᠠᠭᠠᠨ ᠢ ᠦᠷᠨᠢᠭᠦᠯᠦᠨ᠂ ᠮᠠᠯᠴᠢᠳ ᠤᠨ ᠠᠵᠤ ᠠᠮᠢᠳᠤᠷᠠᠯ ᠢᠶᠠᠨ ᠳᠡᠭᠡᠭᠰᠢᠯᠡᠭᠦᠯᠵᠦ | ᠣᠷᠤᠯᠭ᠎ᠠ ᠪᠠᠨ ᠨᠡᠮᠡᠭᠳᠡᠭᠦᠯᠬᠦ ᠳᠤ ᠦᠢᠯᠡᠴᠢᠯᠡᠭᠡ ᠬᠠᠩᠭᠠᠵᠤ ᠦᠭᠴᠠᠢ᠃ ᠮᠠᠯᠵᠢᠬᠤ ᠰᠤᠶᠤᠯ ᠨᠢ ᠮᠣᠩᠭᠤᠯ | ᠦᠨᠳᠦᠰᠦᠲᠡᠨ ᠤ ᠤᠤᠭᠠᠯ ᠰᠤᠶᠤᠯ ᠪᠣᠯᠤᠭᠰᠠᠨ ᠤ ᠬᠤᠪᠢ ᠳᠤ ᠮᠣᠩᠭᠤᠯᠴᠤᠳ ᠤᠨ ᠦᠢᠯᠡᠳᠪᠦᠷᠢᠯᠡᠯ ᠤᠨ ᠬᠡᠯᠪᠡᠷᠢ | ᠂ ᠠᠮᠢᠳᠤᠷᠠᠯ ᠤᠨ ᠬᠡᠯᠪᠡᠷᠢ᠂ ᠰᠡᠳᠬᠢᠬᠦ ᠬᠡᠯᠪᠡᠷᠢ᠂ ᠦᠷᠲᠡᠭ ᠤᠨ ᠬᠡᠯᠪᠡᠷᠢ ᠶᠢᠨ ᠲᠣᠭᠲᠠᠯᠴᠠᠭᠠᠨ ᠤ ᠰᠤᠩᠭᠤᠳᠠᠭ | ᠢᠯᠡᠷᠡᠯ ᠪᠣᠯᠤᠭᠰᠠᠨ ᠪᠢᠯᠡ᠃ ᠡᠨᠡ ᠨᠢ ᠡᠷᠲᠡ ᠳᠡᠭᠡᠳᠦ ᠶᠢᠨ ᠪᠠᠭᠠᠷᠢᠨ ᠵᠡᠭᠦᠨ ᠬᠤᠰᠢᠭᠤᠨ ᠤ ᠮᠣᠩᠭᠤᠯ ᠠᠳᠤᠭᠤᠨ | ᠰᠤᠶᠤᠯ ᠢ ᠣᠳᠣᠬᠢ ᠡᠷᠡᠨ ᠤ ᠵᠠᠬ᠎ᠠ ᠳᠡᠯᠭᠡᠭᠦᠷ ᠤᠨ ᠠᠵᠤ ᠠᠬᠤᠢ ᠲᠠᠢ ᠤᠷᠭᠠᠨᠢᠭ ᠢᠶᠠᠷ ᠤᠶᠠᠯᠳᠤᠭᠤᠯᠤᠨ | ᠬᠦᠭᠵᠢᠭᠦᠯᠵᠦ ᠪᠠᠶᠢᠭ᠎ᠠ ᠰᠢᠨ᠎ᠡ ᠨᠢᠭᠡᠨ ᠦᠷ᠎ᠡ ᠠᠰᠢᠭ ᠲᠠᠢ ᠰᠤᠶᠤᠯ ᠤᠨ ᠠᠵᠢᠯᠯᠠᠭᠠᠨ ᠪᠣᠯᠵᠠᠢ᠃ | ᠶᠢᠰᠦ᠂ ᠠᠵᠢᠯ ᠤᠨ ᠴᠢᠯᠦᠭᠡᠨ ᠤ ᠵᠣᠬᠢᠶᠠᠯᠴᠢ ᠪᠦᠲᠦᠭᠡᠯᠴᠢᠳ ᠢ ᠵᠣᠬᠢᠶᠠᠨ ᠪᠠᠶᠢᠭᠤᠯᠵᠤ᠂ ᠣᠷᠮ᠎ᠠ ᠶᠢ ᠨᠢ | ᠬᠦᠭᠵᠢᠭᠡᠨ᠂ ᠵᠣᠬᠢᠶᠠᠨ ᠪᠢᠴᠢᠬᠦ ᠣᠷᠤᠯᠳᠤᠯᠭ᠎ᠠ ᠶᠢ ᠨᠢ ᠴᠢᠩᠭᠠᠳᠬᠠᠪᠠ | ᠤᠳᠬ᠎ᠠ ᠤᠷᠠᠯᠢᠭ ᠤᠨ ᠬᠤᠪᠢᠶᠠᠷᠢ ᠨᠡᠶᠢᠭᠡᠮᠯᠢᠭ ᠨᠢ ᠵᠣᠬᠢᠶᠠᠯ ᠣᠷᠤᠯᠳᠤᠯᠭ᠎ᠠ ᠳᠤ ᠳᠤᠷ᠎ᠠ ᠪᠠᠭ᠋ᠠᠲᠠᠢ᠂ | ᠤᠷ᠎ᠠ ᠠᠪᠢᠶᠠᠰ ᠲᠠᠢ ᠨᠢᠭᠡ ᠪᠦᠯᠦᠭ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠪᠣᠯᠣᠨ ᠢᠳᠡᠷ ᠵᠠᠯᠠᠭᠤ᠂ | ᠬᠡᠥᠬᠡᠳ ᠪᠠᠭᠠᠴᠤᠳ ᠢ ᠤᠬᠠᠭᠤᠯᠤᠨ ᠳᠠᠶᠢᠴᠢᠯᠠᠵᠤ᠂ ᠶᠠᠷᠢᠯᠴᠠᠬᠤ ᠬᠤᠷᠠᠯ ᠬᠢᠵᠦ ᠰᠠᠨᠠᠯ ᠰᠢᠭᠦᠮᠵᠢ ᠰᠣᠨᠣᠰᠬᠤ᠂ | ᠦᠵᠦᠭ ᠤᠨ ᠴᠤᠭᠯᠠᠭᠠᠨ ᠡᠷᠬᠢᠯᠡᠵᠦ ᠵᠣᠬᠢᠶᠠᠯ ᠪᠦᠲᠦᠭᠡᠯ ᠢᠶᠠᠨ ᠵᠠᠳᠠᠯᠤᠨ ᠶᠠᠷᠢᠯᠴᠠᠬᠤ᠂ ᠵᠣᠬᠢᠶᠠᠯ ᠣᠷᠤᠯᠳᠤᠭᠰᠠᠳ | ᠢᠶᠠᠨ ᠬᠤᠲᠠ ᠶᠢᠨ ᠪᠢᠯᠢᠭ ᠤᠨ ᠴᠤᠭᠯᠠᠭᠠᠨ ᠪᠣᠶᠣ ᠪᠣᠰᠤᠳ ᠬᠤᠰᠢᠭᠤ ᠰᠢᠶᠠᠨ ᠨᠢᠭᠡᠴᠡ ᠶᠢᠨ ᠦᠵᠦᠭ ᠤᠨ | ᠴᠤᠭᠯᠠᠭᠠᠨ ᠳᠤ ᠲᠣᠮᠢᠯᠠᠵᠤ ᠣᠷᠤᠯᠴᠠᠭᠤᠯᠤᠨ ᠰᠤᠷᠤᠯᠴᠠᠭᠤᠯᠬᠤ᠂ ᠵᠣᠬᠢᠶᠠᠯ ᠪᠦᠲᠦᠭᠡᠯ ᠤᠨ ᠱᠠᠩᠨᠠᠯᠲᠤ | ᠤᠷᠤᠯᠳᠤᠭᠠᠨ ᠢ ᠡᠷᠬᠢᠯᠡᠨ ᠬᠢᠬᠦ ᠵᠡᠷᠭᠡ ᠠᠷᠭ᠎ᠠ ᠪᠠᠷ ᠣᠷᠠᠨ ᠪᠦᠲᠦᠭᠡᠯᠴᠢᠳ ᠤᠨ ᠵᠣᠬᠢᠶᠠᠵᠤ ᠪᠦᠲᠦᠭᠡᠬᠦ ᠤᠷᠮ᠎ᠠ | ᠰᠡᠳᠬᠢᠯᠭᠡ ᠶᠢ ᠨᠢ ᠰᠡᠷᠭᠦᠭᠡᠨ ᠬᠦᠭᠵᠢᠭᠦᠯᠦᠭᠰᠡᠨ ᠠᠴᠠ ᠣᠷᠤᠯᠳᠤᠯᠭ᠎ᠠ ᠨᠢ ᠰᠠᠶᠢᠵᠢᠷᠠᠵᠤ᠂ ᠪᠦᠲᠦᠭᠡᠯ ᠦᠭᠡᠢ ᠠᠴᠠ | ᠪᠠᠨ ᠪᠠᠶᠢᠬᠤ ᠪᠣᠯᠵᠤ᠂ ᠪᠢᠴᠢᠵᠦ ᠣᠷᠤᠯᠳᠤᠬᠤ ᠬᠦᠮᠦᠨ ᠣᠯᠠᠰᠢᠷᠠᠵᠤ᠂ ︽ᠭᠡᠷᠡᠯᠲᠦ ᠴᠠᠭᠠᠨ ᠤᠲᠠᠢ ᠭᠢᠯᠦᠪᠡᠷ ᠵᠤᠤ | ᠶᠢᠨ ᠣᠷᠤᠨ︾᠂ ︽ᠵᠡᠭᠦᠨ ᠪᠠᠭᠠᠷᠢᠨ ᠤ ᠠᠷᠠᠳ ᠤᠨ ᠳᠠᠭᠤᠤ︾᠂ ︽ᠰᠢᠨᠵᠢᠯᠡᠬᠦ ᠤᠬᠠᠭᠠᠨ ᠤ ᠬᠦᠭᠵᠢᠯᠲᠡ ᠶᠢᠨ | ᠦᠵᠡᠯᠲᠡ ᠬᠢᠭᠡᠳ ᠪᠠᠭᠠᠴᠤᠳ ᠤᠨ ᠱᠤᠭ ᠵᠢᠷᠤᠭ ᠤᠨ ᠣᠩᠰᠢᠭᠤ︾᠂ ︽ᠤᠶᠠᠰᠤᠨ ᠬᠠᠶᠢᠯᠬᠤ ᠤᠶᠠᠬᠠᠨ ᠬᠠᠪᠤᠷ︾ | ᠂ ︽ᠠᠯᠲᠠᠨ ᠰᠤᠷᠭᠠᠯ︾᠂ ︽ᠳᠠᠷᠬᠠᠨ ᠥᠪ︾᠂ ︽ᠭᠢᠯᠦᠪᠡᠷ ᠤᠨ ᠵᠣᠭᠤᠭ︾᠂ ᠮᠠᠯᠴᠢᠨ ᠨᠣ ᠪᠠᠭᠠᠳᠤᠷ ᠤᠨ ︽ | ᠪᠢᠯᠢᠭ ᠤᠨ ᠭᠡᠭᠡᠪᠴᠢ︾᠂ ᠮᠠᠯᠴᠢᠨ ᠪᠠᠳᠮᠠᠷᠢᠨᠴᠢᠨ ᠤ ︽ᠳᠣᠮᠤᠭ ᠤᠨ ᠪᠠᠭᠠᠲᠤᠷ︾᠂ ᠪᠦᠷᠢᠨ᠎ᠡ ᠶᠢᠨ ︽ᠵᠡᠭᠦᠨ | ᠪᠠᠭᠠᠷᠢᠨ ᠤ ᠣᠷᠴᠢᠨ ᠦᠶ᠎ᠡ ᠶᠢᠨ ᠨᠠᠶᠢᠷ ᠨᠠᠭᠠᠳᠤᠮ︾᠂ ᠪᠠᠶᠠᠨᠳᠡᠯᠭᠡᠷ ᠤᠨ ︽ᠮᠣᠩᠭᠤᠯ ᠱᠤᠭ ᠵᠢᠷᠤᠭ ᠤᠨ | ᠲᠤᠰᠬᠠᠢ ᠳᠡᠪᠲᠡᠷ︾᠂ ᠴᠢᠯᠠᠭᠤ ᠶᠢᠨ ︽ᠴᠢᠯᠠᠭᠤᠨ ᠰᠤᠨᠳᠤᠷ︾᠂ ᠰ᠊᠂ ᠮᠦᠩᠬᠡᠪᠠᠶᠠᠷ ᠤᠨ ︽ᠪᠠᠶᠠᠨ ᠵᠢᠷᠦᠬᠡ︾ ᠁ | ᠵᠡᠷᠭᠡ ᠣᠯᠠᠨ ᠨᠣᠮ ᠬᠡᠪᠯᠡᠭᠳᠡᠨ ᠲᠠᠷᠬᠠᠭᠠᠭᠳᠠᠵᠤ᠂ ᠦᠯᠵᠡᠶᠢᠮᠦ᠋ᠷᠡᠨ ᠤ ᠲᠠᠯ᠎ᠠ ᠨᠤᠲᠤᠭ ᠲᠤ ᠦᠭᠭᠢᠶᠡᠮᠦᠷ ᠬᠤᠷ᠎ᠠ | ᠪᠠᠭᠤᠵᠤ᠂ ᠦᠩᠭᠡ ᠶᠢᠨ ᠴᠡᠴᠡᠭ ᠮᠢᠷᠠᠯᠵᠠᠨ ᠳᠡᠯᠭᠡᠷᠡᠭᠰᠡᠨ ᠮᠡᠲᠦ ᠣᠯᠠᠨ ᠨᠣᠮ ᠪᠢᠴᠢᠭ ᠨᠢ ᠣᠷᠣᠨ ᠨᠤᠲᠤᠭ ᠤᠨ | ᠣᠩᠰᠢᠭᠴᠢ ᠲᠦᠮᠡᠨ ᠤ ᠤᠶᠤᠨ ᠤ ᠬᠦᠨᠡᠰᠦ ᠪᠣᠯᠤᠭᠰᠠᠨ ᠪᠦᠭᠡᠳ ᠵᠠᠷᠢᠮ ᠪᠦᠲᠦᠭᠡᠯ ᠨᠢ ᠤᠯᠤᠰ᠂ ᠣᠷᠣᠨ ᠤ | ᠱᠠᠩᠨᠠᠯ ᠢ ᠲᠣᠰᠴᠤ᠂ ᠨᠡᠶᠢᠭᠡᠮ ᠨᠡᠶᠢᠲᠡ ᠳᠡᠭᠡᠨ ᠮᠡᠳᠡᠷᠡᠭᠳᠡᠨ ᠪᠠᠭ᠋ᠠᠷᠤᠭᠳᠠᠵᠤ ᠪᠠᠶᠢᠨ᠎ᠠ᠃ ᠨᠡᠶᠢᠭᠡᠮᠯᠢᠭ ᠨᠢ ᠥᠪᠡᠷ ᠤᠨ | ᠣᠷᠣᠨ ᠨᠤᠲᠤᠭ ᠤᠨ ᠠᠭᠤᠯᠠ ᠤᠰᠤ᠂ ᠤᠷᠭᠤᠮᠠᠯ ᠠᠮᠢᠲᠠᠨ᠂ ᠡᠷᠳᠡᠮᠲᠡᠨ ᠮᠡᠷᠭᠡᠳ ᠤᠨ ᠲᠡᠣᠬᠡ ᠳᠣᠮᠤᠭ ᠢᠶᠠᠨ | ᠪᠢᠴᠢᠭᠯᠡᠵᠦ ᠦᠷ᠎ᠡ ᠬᠤᠶᠢᠴᠢᠰ ᠲᠠᠭᠠᠨ ᠰᠤᠶᠤᠯ ᠤᠨ ᠥᠪ ᠬᠦᠷᠦᠩᠭᠡ ᠪᠣᠯᠭᠠᠬᠤ ᠶᠢᠨ ᠲᠦᠯᠦᠭᠡ ︽ᠦᠯᠵᠡᠶᠢᠮᠦ᠋ᠷᠡᠨ | ︾ ᠭᠡᠬᠦ ᠮᠣᠩᠭᠤᠯ ᠰᠡᠳᠬᠦᠯ ᠢ ᠥᠩᠭᠡᠷᠡᠭᠰᠡᠨ ᠳᠥᠷᠪᠡᠨ ᠵᠢᠯ ᠳᠤ ᠨᠡᠶᠢᠲᠡ 6 ᠬᠤᠭᠤᠴᠠᠭ᠎ᠠ ᠡᠷᠬᠢᠯᠡᠵᠦ ᠵᠠᠭᠤ | ᠢᠯᠡᠭᠦᠦ ᠵᠣᠬᠢᠶᠠᠯ ᠢ ᠨᠡᠶᠢᠲᠡᠯᠡᠵᠡᠢ᠃ ᠡᠭᠦᠨ ᠳᠤ ᠮᠦᠩᠬᠡ ᠲᠤᠯᠭ᠎ᠠ᠂ ᠨᠠᠷᠠᠨ ᠬᠤᠶᠢᠮᠤᠷ᠂ ᠦᠬᠦᠯᠡᠯᠬᠡ ᠨᠠᠶᠢᠷᠠᠭᠤᠯᠤᠯ | ᠂ ᠤᠶᠠᠩᠭ᠎ᠠ ᠶᠢᠨ ᠰᠠᠴᠤᠯᠢ᠂ ᠡᠩᠭᠡᠷ ᠭᠠᠵᠠᠷ ᠤᠨ ᠨᠣᠭᠤᠭ᠎ᠠ ︵ᠪᠠᠭᠠᠴᠤᠳ ᠬᠡᠥᠬᠡᠳ ᠤᠨ ᠵᠣᠬᠢᠶᠠᠯ︶᠂ ᠵᠣᠭᠤᠭ | ᠤᠨ ᠦᠷᠦᠭᠡ᠂ ᠰᠢᠬᠦᠮᠵᠢ᠂ ᠵᠣᠬᠢᠶᠠᠯ ᠤᠨ ᠤᠷᠤᠯᠳᠤᠭᠠᠨ ᠵᠡᠷᠭᠡ ᠪᠠᠷ ᠭᠠᠷᠴᠠᠭᠯᠠᠨ ᠨᠠᠶᠢᠷᠠᠭᠤᠯᠵᠠᠢ᠃ ᠡᠭᠦᠨ ᠤ | ᠳᠣᠲᠤᠷ᠎ᠠ ᠳᠠᠯ᠎ᠠ ᠭᠠᠷᠤᠭᠰᠠᠨ ᠠᠬᠠᠮᠠᠳᠴᠤᠳ ᠤᠨ ᠵᠣᠬᠢᠶᠠᠯ᠂ ᠠᠷᠪᠠᠭᠠᠳ ᠨᠠᠰᠤᠨ ᠤ ᠰᠤᠷᠤᠭᠴᠢᠳ ᠤᠨ ᠵᠣᠬᠢᠶᠠᠯ | 21 ᠬᠤᠪᠢ᠂ ᠮᠠᠯᠴᠢᠨ ᠵᠣᠬᠢᠶᠠᠯᠴᠢᠳ ᠤᠨ ᠪᠦᠲᠦᠭᠡᠯ ᠠᠷᠪᠠᠭᠠᠳ ᠬᠤᠪᠢ ᠪᠠᠶᠢᠯ᠎ᠠ᠃ ᠨᠡᠶᠢᠬᠡᠮᠯᠢᠭ ᠲᠡᠭᠡᠨ ︽ᠣᠴᠢ | ︾ ᠮᠣᠩᠭᠤᠯ ᠬᠤᠷᠢᠮ ᠨᠠᠶᠢᠷ ᠤᠨ ᠶᠣᠰᠤᠯᠠᠯ ᠤᠨ ᠬᠠᠮᠲᠤᠯᠢᠭ ᠢ ᠵᠣᠬᠢᠶᠠᠨ ᠪᠠᠶᠢᠭᠤᠯᠵᠤ᠂ ᠲᠤᠰᠬᠠᠢ ᠬᠦᠲᠦᠯᠦᠭᠴᠢ᠂ | ᠳᠠᠭᠤᠴᠢᠨ᠂ ᠬᠦᠭᠵᠢᠮᠴᠢᠨ ᠢ ᠳᠤᠬᠢᠷᠠᠭᠤᠯᠤᠨ᠂ ᠮᠣᠩᠭᠤᠯᠴᠤᠳ ᠤᠨ ᠬᠤᠷᠢᠮ ᠨᠠᠶᠢᠷ ᠲᠤ ᠦᠢᠯᠡᠴᠢᠯᠡᠵᠦ᠂ ᠦᠷᠭᠡᠨ | ᠣᠯᠠᠨ ᠮᠠᠯᠴᠢᠨ ᠲᠦᠮᠡᠨ ᠤ ᠮᠠᠭᠲᠠᠭᠠᠯ ᠰᠠᠶᠢᠰᠢᠶᠠᠯ ᠢ ᠣᠯᠵᠠᠢ᠃ | ᠠᠷᠪᠠ᠂ ᠪᠦᠬᠦ ᠬᠤᠲᠠ ᠶᠢᠨ ᠬᠡᠪᠴᠢᠶᠡᠨ ᠤ ᠰᠤᠶᠤᠯ ᠤᠨ ᠠᠵᠢᠯᠯᠠᠭᠠᠨ ᠢ ᠳᠠᠭᠠᠭᠠᠴᠢᠯᠠᠨ ᠪᠡᠶᠡᠯᠡᠭᠦᠯᠵᠦ᠂ | ᠵᠡᠭᠦᠨ ᠪᠠᠭᠠᠷᠢᠨ ᠢᠶᠠᠨ ᠤᠬᠠᠭᠤᠯᠪᠠ | 2013 ᠣᠨ ᠳᠤ ︽ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠮᠣᠩᠭᠤᠯ ᠰᠤᠷᠤᠭᠴᠢᠳ | ᠤᠨ ᠤᠷᠠᠯᠢᠭ ᠤᠨ ᠨᠠᠶᠢᠷ︾᠂ ︽ᠪᠦᠬᠦ ᠬᠤᠲᠠ ᠶᠢᠨ ᠮᠣᠩᠭᠤᠯ ᠪᠦᠬᠡ ᠶᠢᠨ ᠡᠭᠡᠯᠵᠢᠲᠦ ᠤᠷᠤᠯᠳᠤᠭᠠᠨ︾᠂ ︽ | ᠪᠦᠬᠦ ᠬᠤᠲᠠ ᠶᠢᠨ ᠰᠤᠷ ᠬᠠᠷᠪᠤᠯᠲᠠ ᠶᠢᠨ ᠡᠭᠡᠯᠵᠢᠲᠦ ᠤᠷᠤᠯᠳᠤᠭᠠᠨ︾᠂ ︽ᠵᠣᠣ ᠤᠳᠠ ᠶᠢᠨ ᠤᠷᠠᠨ ᠵᠣᠬᠢᠶᠠᠯ | ᠤᠨ ᠨᠡᠶᠢᠭᠡᠮᠯᠢᠭ ᠤᠨ ᠵᠡᠭᠦᠨ ᠪᠠᠭᠠᠷᠢᠨ ᠳᠠᠬᠢ ᠪᠢᠯᠢᠭ ᠤᠨ ᠴᠤᠭᠯᠠᠭᠠᠨ︾ ᠵᠡᠷᠭᠡ ᠳᠦᠷᠪᠡᠨ ᠶᠡᠭᠡ ᠠᠵᠢᠯᠯᠠᠭᠠᠨ ᠢ | ᠳᠠᠭᠠᠭᠠᠴᠢᠯᠠᠨ ᠠᠪᠴᠤ ᠠᠮᠵᠢᠯᠲᠠ ᠲᠠᠢ ᠪᠡᠶᠡᠯᠡᠭᠦᠯᠵᠡᠢ᠃ ᠡᠳᠡᠭᠡᠷ ᠠᠵᠢᠯᠯᠠᠭᠠᠨ ᠨᠢ ᠨᠡᠶᠢᠭᠡᠮᠯᠢᠭ ᠪᠠᠶᠢᠭᠤᠯᠤᠭᠳᠠᠭᠰᠠᠨ | ᠠᠴᠠ ᠨᠠᠰᠢᠬᠢ ᠬᠡᠪᠴᠢᠶ᠎ᠡ ᠪᠠᠷ ᠶᠡᠭᠡ ᠠᠭᠤᠯᠭ᠎ᠠ ᠪᠠᠷ ᠪᠠᠶᠠᠯᠢᠭ ᠠᠵᠢᠯᠯᠠᠭᠠᠨ ᠪᠣᠯᠤᠨ᠎ᠠ᠃ ᠵᠡᠭᠦᠨ ᠪᠠᠭᠠᠷᠢᠨ ᠤ ᠰᠤᠶᠤᠯ | ᠤᠨ ᠠᠵᠢᠯᠯᠠᠭᠠᠨ ᠢᠶᠠᠷ ᠳᠠᠮᠵᠢᠭᠤᠯᠵᠤ᠂ ᠬᠤᠰᠢᠭᠤ ᠨᠤᠲᠤᠭ ᠢᠶᠠᠨ ᠭᠠᠳᠠᠭᠰᠢ ᠦᠷᠭᠡᠨ ᠢᠶᠠᠷ ᠲᠠᠨᠢᠯᠴᠠᠭᠤᠯᠵᠤ | ᠤᠬᠠᠭᠤᠯᠤᠭᠰᠠᠨ ᠪᠠᠶᠢᠨ᠎ᠠ᠃ ᠡᠭᠦᠨ ᠳᠤ ᠬᠤᠰᠢᠭᠤᠨ ᠤ ᠵᠠᠰᠠᠭ ᠤᠨ ᠣᠷᠳᠣᠨ ᠤ ᠬᠠᠯᠠᠭᠤᠨ ᠳᠡᠮᠵᠢᠯᠭᠡ ᠳᠣᠣᠷ᠎ᠠ | ᠨᠡᠶᠢᠬᠡᠮᠯᠢᠭ ᠤᠨ ᠪᠦᠬᠦ ᠭᠡᠰᠢᠭᠦᠳ ᠤᠨ ᠴᠢᠷᠮᠠᠶᠢᠯᠭ᠎ᠠ ᠪᠠᠷ ᠠᠯᠢ ᠣᠯᠠᠨ ᠪᠣᠳᠠᠲᠠᠢ ᠬᠦᠴᠢᠷᠳᠡᠯ ᠢ ᠢᠯᠠᠨ ᠳᠠᠪᠠᠵᠤ᠂ | 2013 ᠣᠨ ᠤ 7 ᠰᠠᠷ᠎ᠠ ᠳᠤ ︽ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ | ᠤᠷᠠᠯᠢᠭ ᠤᠨ ᠨᠠᠶᠢᠷ︾᠂ ︽ᠵᠣᠣ ᠤᠳᠠ ᠶᠢᠨ ᠪᠢᠯᠢᠭ ᠤᠨ ᠴᠤᠭᠯᠠᠭᠠᠨ︾ ᠢ ᠬᠢᠵᠦ᠂ 2013 ᠣᠨ ᠤ 8 ᠰᠠᠷ᠎ᠠ | ᠳᠤ ᠪᠦᠬᠦ ᠬᠤᠰᠢᠭᠤᠨ ᠤ ᠭᠢᠳᠠᠨ ᠰᠤᠶᠤᠯ ᠤᠨ ᠠᠵᠢᠯᠯᠠᠭᠠᠨ ᠪᠣᠯᠤᠨ ᠴᠠᠭᠠᠨᠬᠠᠳᠠ ᠰᠤᠮᠤᠨ ᠤ ᠨᠠᠭᠠᠳᠤᠮ ᠤᠨ ᠬᠤᠷᠠᠯ | ᠲᠠᠢ ᠬᠠᠮᠲᠤᠷᠠᠨ ᠡᠷ᠎ᠡ ᠶᠢᠨ ᠭᠤᠷᠪᠠᠨ ᠨᠠᠭᠠᠳᠤᠮ ᠢ ᠠᠮᠵᠢᠯᠲᠠ ᠲᠠᠢ ᠬᠢᠵᠦ ᠭᠦᠢᠴᠡᠳᠬᠡᠵᠡᠢ᠃ ᠨᠠᠶᠢᠷ ᠲᠤ | ᠬᠦᠷᠦᠯᠴᠡᠨ ᠢᠷᠡᠭᠰᠡᠨ ᠤᠯᠤᠰ ᠤᠨ ᠭᠠᠳᠠᠭᠠᠳᠤ ᠲᠣᠲᠤᠭᠠᠳᠤ ᠶᠢᠨ ᠦᠵᠡᠭᠴᠢ ᠪᠣᠯᠤᠨ ᠨᠠᠭᠠᠳᠤᠮᠴᠢᠳ ᠲᠠᠭᠠᠨ | ᠬᠤᠰᠢᠭᠤ ᠨᠤᠲᠤᠭ ᠤᠨ ᠰᠤᠶᠤᠯ ᠪᠤᠯᠤᠨ ᠡᠬᠡ ᠪᠠᠶᠢᠭᠠᠯᠢ ᠶᠢᠨ ᠡᠯᠪᠡᠭ ᠪᠠᠶᠠᠯᠢᠭ ᠠᠵᠤ ᠠᠬᠤᠢ ᠶᠢᠨ ᠳᠠᠪᠠᠭᠤᠯᠢᠭ | ᠨᠦᠬᠦᠴᠡᠯ ᠢᠶᠠᠨ ᠤᠬᠠᠭᠤᠯᠤᠭᠰᠠᠨ ᠶᠤᠮ᠃ | | | | | ᠵᠤᠬᠢᠶᠠᠭᠴᠢ — ᠪᠠᠭᠠᠷᠢᠨ ᠵᠡᠬᠦᠨ ᠬᠤᠰᠢᠭᠤᠨ ᠤ ᠦᠨᠳᠦᠰᠦᠳᠡᠨ ᠱᠠᠰᠢᠨ ᠰᠤᠷᠳᠠᠬᠤᠨ ᠤ ᠬᠡᠷᠡᠭ | ᠡᠷᠬᠢᠯᠡᠬᠦ ᠵᠦᠪᠯᠡᠯ ᠤᠨ ᠤᠤᠯ ᠤᠨ ᠡᠷᠬᠢᠯᠡᠭᠴᠢ᠂ ᠠᠬᠠᠮᠠᠳ ᠺᠠᠳ᠋ᠷ᠃ | | | | |