ᠦᠨᠳᠦᠰᠦᠳᠡᠨ ᠤ ᠰᠤᠶᠤᠯ ᠤᠷᠠᠯᠢᠭ ᠤᠨ ᠲᠤᠬᠠᠢ ᠲᠦᠬᠦᠮ ᠦᠬᠦᠯᠡᠬᠦ ᠨᠢ
ᠨᠡᠶᠢᠲᠡᠯᠡᠭᠰᠡᠨ ᠴᠠᠭ᠄
2015/12/2
         ᠦᠨᠳᠦᠰᠦᠳᠡᠨ ᠤ ᠰᠤᠶᠤᠯ ᠤᠷᠠᠯᠢᠭ ᠤᠨ ᠲᠤᠬᠠᠢ ᠲᠦᠬᠦᠮ ᠦᠬᠦᠯᠡᠬᠦ ᠨᠢ                                                                                                                            ᠰᠦᠨ ᠱᠦ ᠬᠤᠩ        ᠨᠢᠬᠡ᠂ ᠦᠨᠳᠦᠰᠤᠨ ᠪᠠᠶᠢᠳᠠᠯ        ᠪᠠᠭᠠᠷᠢᠨ ᠵᠡᠬᠦᠨ ᠬᠤᠰᠢᠭᠤ ᠦᠪᠦᠷ ᠮᠤᠩᠭᠤᠯ ᠤᠨ ᠤᠯᠠᠭᠠᠨᠬᠠᠳᠠ ᠬᠤᠳᠠ ᠶᠢᠨ ᠤᠮᠠᠷᠠᠳᠤ ᠬᠡᠰᠡᠭ ᠲᠤ ᠪᠠᠶᠢᠷᠢᠯᠠᠵᠤ᠂ ᠶᠡᠷᠦᠩᠬᠡᠢ ᠲᠠᠯᠠᠪᠠᠢ 6644 ᠲᠡᠭᠰᠢ ᠲᠦᠷᠪᠡᠯᠵᠢᠨ ᠺᠢᠯᠤᠮᠧᠲᠷ᠂ 11 ᠰᠤᠮᠤ ᠰᠢᠶᠠᠩ ᠪᠠᠯᠭᠠᠰᠤ᠂ 2 ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ᠃ ᠲᠠᠷᠢᠶᠠᠯᠠᠩ ᠮᠠᠯ ᠠᠵᠤ ᠠᠬᠤᠢ ᠠᠭᠤᠷᠬᠠᠢ ᠭᠤᠷᠪᠠ ᠶᠢ ᠤᠶᠠᠯᠳᠤᠭᠤᠯᠤᠭᠰᠠᠨ ᠠᠵᠤ ᠠᠬᠤᠢ ᠶᠢᠨ ᠤᠷᠤᠨ ᠪᠤᠯᠤᠨ᠎ᠠ᠃ ᠨᠡᠶᠢᠳᠡ 35.68 ᠲᠦᠮᠡᠨ  ᠬᠦᠮᠦᠨ ᠠᠮᠠ ᠲᠠᠢ᠂ ᠮᠤᠩᠭᠤᠯ᠂ ᠬᠢᠳᠠᠳ᠂ ᠬᠤᠳᠤᠩ᠂ ᠮᠠᠨᠵᠤ᠂ ᠰᠤᠯᠤᠩᠭᠤᠰ ᠵᠡᠷᠭᠡ 16 ᠦᠨᠳᠦᠰᠦᠳᠡᠨ ᠢᠶᠠᠷ ᠪᠦᠷᠢᠯᠳᠦᠭᠰᠡᠨ ᠪᠠᠶᠢᠨ᠎ᠠ᠃ ᠡᠬᠦᠨ ᠤ ᠲᠤᠳᠤᠷ᠎ᠠ ᠴᠦᠬᠡᠨ ᠲᠤᠭᠠᠳᠤ ᠦᠨᠳᠦᠰᠦᠳᠡᠨ ᠤ ᠬᠦᠮᠦᠨ ᠠᠮᠠ ᠶᠢᠨ ᠲᠤᠭ᠎ᠠ ᠨᠢ 13.94  ᠲᠦᠮᠡ ᠪᠠᠶᠢᠵᠤ᠂ ᠪᠦᠬᠦ ᠬᠤᠰᠢᠭᠤᠨ ᠤ ᠶᠡᠷᠦᠩᠬᠡᠢ ᠬᠦᠮᠦᠨ ᠠᠮᠠ ᠶᠢᠨ 39% ᠶᠢ ᠡᠵᠡᠯᠡᠵᠤ᠂ ᠶᠡᠭᠡ ᠪᠠᠷ ᠬᠤᠯᠢᠯᠳᠤᠵᠤ᠂ ᠪᠠᠭ᠎ᠠ ᠪᠠᠷ ᠲᠦᠪᠯᠡᠷᠡᠭᠰᠡᠨ ᠤᠨᠴᠠᠯᠢᠭ ᠲᠠᠢ᠃ ᠮᠤᠩᠭᠤᠯ ᠦᠨᠳᠦᠰᠦᠳᠡᠨ ᠤ ᠬᠦᠮᠦᠨ ᠠᠮᠠ ᠶᠢᠨ ᠲᠤᠭ᠎ᠠ 12.7 ᠲᠦᠮᠡ ᠪᠠᠶᠢᠵᠤ᠂ ᠭᠤᠤᠯ ᠨᠢ ᠴᠠᠭᠠᠨᠬᠠᠳᠠ ᠰᠤᠮᠤ᠂ ᠤᠯᠠᠭᠠᠨᠳᠠᠪᠠᠭ᠎ᠠ ᠰᠤᠮᠤ᠂ ᠪᠠᠶ᠋ᠬᠠᠠᠭᠤᠯᠠ ᠪᠠᠯᠭᠠᠰᠤ᠂ ᠯᠢᠨᠳᠦ᠋ᠡᠭ ᠪᠠᠯᠭᠠᠰᠤ᠂ ᠵᠡᠬᠦᠨ ᠬᠤᠳᠠ ᠶᠢᠨ ᠵᠡᠬᠡᠯᠢ ᠭᠤᠳᠤᠮᠵᠢ᠂ ᠪᠠᠷᠠᠭᠤᠨ ᠬᠤᠳᠠ ᠶᠢᠨ ᠵᠡᠬᠡᠯᠢ ᠭᠤᠳᠤᠮᠵᠢ ᠳᠤ ᠲᠦᠪᠯᠡᠷᠡᠨ ᠰᠠᠭᠤᠷᠢᠰᠢᠵᠤ ᠪᠠᠶᠢᠨ᠎ᠠ︔ ᠮᠠᠨᠵᠤ ᠦᠨᠳᠦᠰᠦᠳᠡᠨ ᠤ ᠬᠦᠮᠦᠨ ᠠᠮᠠ ᠶᠢᠨ ᠲᠤᠭ᠎ᠠ ᠨᠢ 11279 ᠪᠠᠶᠢᠵᠤ᠂ ᠭᠤᠤᠯ ᠨᠢ ᠯᠢᠨᠳᠦ᠋ᠡᠭ ᠪᠠᠯᠭᠠᠰᠤ᠂ ᠯᠦᠡᠭᠴᠠᠩ ᠪᠠᠯᠭᠠᠰᠤ᠂ ᠪᠢᠯᠡᠬᠦᠳᠡᠢ ᠪᠠᠯᠭᠠᠰᠤᠨ ᠳᠤ ᠲᠦᠪᠯᠡᠷᠡᠨ ᠰᠠᠭᠤᠷᠢᠰᠢᠵᠤ ᠪᠠᠶᠢᠨ᠎ᠠ︔ ᠬᠤᠳᠤᠩ ᠦᠨᠳᠦᠰᠦᠳᠡᠨ 754 ᠬᠦᠮᠦᠨ ᠠᠮᠠ ᠲᠠᠢ ᠪᠠᠶᠢᠵᠤ᠂ ᠭᠤᠤᠯ ᠨᠢ ᠯᠢᠨᠳᠦ᠋ᠡᠭ ᠤᠨ ᠵᠡᠬᠦᠨ ᠬᠤᠳᠠ ᠲᠤᠭᠤᠷᠢᠭ ᠪᠠ ᠪᠠᠷᠠᠭᠤᠨ ᠬᠤᠳᠠ ᠲᠤᠭᠤᠷᠢᠭ ᠤᠨ ᠵᠡᠬᠡᠯᠢ ᠭᠤᠳᠤᠮᠵᠢ ᠳᠤ ᠲᠦᠪᠯᠡᠷᠡᠨ ᠰᠠᠭᠤᠷᠢᠰᠢᠵᠤ ᠪᠠᠶᠢᠨ᠎ᠠ︔ ᠰᠤᠯᠤᠩᠭᠤᠰ ᠦᠨᠳᠦᠰᠦᠳᠡᠨ᠂ ᠲᠠᠭᠤᠷ ᠦᠨᠳᠦᠰᠦᠳᠡᠨ᠂ ᠣᠷᠴᠤᠨ ᠦᠨᠳᠦᠰᠦᠳᠡᠨ᠂ ᠵᠤᠸᠠᠩ ᠦᠨᠳᠦᠰᠦᠳᠡᠨ᠂ ᠲᠦᠪᠡᠳ ᠦᠨᠳᠦᠰᠦᠳᠡᠨ᠂ ᠰᠢᠪᠡᠭᠡ ᠦᠨᠳᠦᠰᠦᠳᠡᠨ ᠵᠢᠴᠢ ᠪᠤᠰᠤᠳ ᠦᠨᠳᠦᠰᠦᠳᠡᠨ ᠨᠡᠶᠢᠯᠡᠬᠡᠳ 350 ᠬᠦᠮᠦᠨ ᠠᠮᠠ ᠲᠠᠢ ᠪᠠᠶᠢᠵᠤ᠂ ᠪᠦᠬᠦ ᠬᠤᠰᠢᠭᠤᠨ ᠤ ᠡᠯ᠎ᠡ ᠭᠠᠵᠠᠷ ᠤᠷᠤᠨ ᠳᠤ ᠲᠠᠷᠬᠠᠢ ᠪᠤᠳᠠᠷᠬᠠᠢ ᠰᠠᠭᠤᠷᠢᠰᠢᠵᠤ ᠪᠠᠶᠢᠨ᠎ᠠ᠃        ᠬᠤᠶᠠᠷ᠂ ᠦᠨᠳᠦᠰᠦᠳᠡᠨ ᠤ ᠰᠤᠶᠤᠯ ᠤᠨ ᠠᠵᠢᠯ ᠢ ᠦᠷᠨᠢᠬᠦᠯᠦᠭᠰᠡᠨ ᠪᠠᠶᠢᠳᠠᠯ        ᠤᠶᠢᠷ᠎ᠠ ᠶᠢᠨ ᠵᠢᠯ ᠤᠳ ᠲᠤ᠂ ᠮᠠᠨ ᠤ ᠬᠤᠰᠢᠭᠤ ᠦᠪᠡᠷᠳᠡᠬᠡᠨ ᠵᠠᠰᠠᠬᠤ ᠤᠷᠤᠨ ᠤ ︽ᠦᠨᠳᠦᠰᠦᠳᠡᠨ  ᠳᠤ ᠠᠰᠢᠭ ᠬᠦᠷᠳᠡᠬᠡᠬᠦ ᠨᠠᠢᠮᠠᠨ ᠶᠡᠭᠡ ᠰᠤᠶᠤᠯ ᠤᠨ ᠢᠨᠵᠧᠨᠧᠷᠢᠩ︾ ᠪᠠ ︽ᠠᠷᠪᠠ ᠶᠢ ᠪᠦᠷᠬᠦᠬᠦᠯᠬᠦ ᠢᠨᠵᠧᠨᠧᠷᠢᠩ︾   ᠢ ᠬᠡᠷᠡᠭᠵᠢᠬᠦᠯᠬᠦ ᠲᠠᠰᠢᠷᠠᠮ ᠢᠶᠠᠷ᠂ ᠰᠤᠶᠤᠯ ᠤᠨ ᠰᠠᠭᠤᠷᠢ ᠲᠦᠬᠦᠬᠡᠷᠦᠮᠵᠢ ᠶᠢ ᠲᠠᠰᠤᠷᠠᠯᠳᠠ ᠦᠬᠡᠢ ᠲᠡᠬᠦᠯᠳᠡᠷᠵᠢᠬᠦᠯᠦᠨ᠂ ᠴᠢᠳᠠᠪᠦᠷᠢᠳᠠᠨ ᠤ ᠡᠩᠨᠡᠭᠡ ᠶᠢ ᠪᠤᠵᠠᠭᠠᠶᠢᠷᠠᠭᠤᠯᠵᠤ᠂ ᠤᠯᠠᠮᠵᠢᠯᠠᠯᠳᠤ ᠰᠤᠶᠤᠯ ᠢ ᠤᠯᠠᠮᠵᠢᠯᠠᠵᠤ ᠬᠦᠭᠵᠢᠬᠦᠯᠬᠦ ᠡᠷᠴᠢᠮ ᠢᠶᠠᠨ ᠴᠢᠩᠭᠠᠷᠠᠭᠤᠯᠤᠨ᠂ ᠰᠤᠶᠤᠯ ᠢ ᠠᠬᠢᠭᠤᠯᠬᠤ ᠪᠠ ᠠᠵᠤ ᠠᠬᠤᠢ ᠶᠢ ᠬᠦᠭᠵᠢᠬᠦᠯᠬᠦ ᠶᠢ ᠢᠳᠡᠪᠬᠢᠳᠡᠢ ᠤᠶᠠᠯᠳᠤᠭᠤᠯᠵᠤ᠂ ᠦᠨᠳᠦᠰᠦᠳᠡᠨ ᠤ ᠰᠤᠶᠤᠯ ᠢ ᠪᠠᠳᠠᠷᠠᠭᠤᠯᠵᠤ ᠬᠦᠭᠵᠢᠬᠦᠯᠪᠡ᠃        ︵ᠨᠢᠬᠡ︶ ᠦᠨᠳᠦᠰᠦᠳᠡᠨ ᠤ ᠰᠤᠶᠤᠯ ᠤᠨ ᠰᠠᠭᠤᠷᠢ ᠶᠢ ᠲᠠᠰᠤᠷᠠᠯᠳᠠ ᠦᠬᠡᠢ ᠪᠠᠬᠢᠵᠢᠬᠦᠯᠪᠡ᠃ ᠦᠪᠡᠷᠳᠡᠬᠡᠨ ᠵᠠᠰᠠᠬᠤ ᠤᠷᠤᠨ ᠤ ︽ᠦᠨᠳᠦᠰᠦᠳᠡᠨ ᠳᠤ ᠠᠰᠢᠭ ᠬᠦᠷᠳᠡᠬᠡᠬᠦ ᠨᠠᠢᠮᠠᠨ ᠶᠡᠭᠡ ᠰᠤᠶᠤᠯ ᠤᠨ ᠢᠨᠵᠧᠨᠧᠷᠢᠩ︾ ᠪᠠ ︽ᠠᠷᠪᠠ ᠶᠢ ᠪᠦᠷᠬᠦᠬᠦᠯᠬᠦ ᠢᠨᠵᠧᠨᠧᠷᠢᠩ︾ ᠲᠠᠢ ᠤᠶᠠᠯᠳᠤᠭᠤᠯᠤᠨ᠂ ᠰᠤᠶᠤᠯ ᠤᠨ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠪᠠᠳᠤᠳᠠᠢ ᠠᠬᠢᠭᠤᠯᠪᠠ᠃ ᠤᠳᠤᠬᠠᠨ᠂ ᠴᠠᠭᠠᠨᠬᠠᠳᠠ ᠰᠤᠮᠤ᠂ ᠤᠯᠠᠭᠠᠨᠳᠠᠪᠠᠭ᠎ᠠ ᠰᠤᠮᠤ᠂ ᠪᠠᠶ᠋ᠬᠠᠠᠭᠤᠯᠠ ᠪᠠᠯᠭᠠᠰᠤ ᠭᠤᠷᠪᠠᠨ ᠮᠠᠯᠵᠢᠬᠤ ᠤᠷᠤᠨ ᠳᠤ ᠨᠢᠬᠡᠨᠳᠡ ᠰᠤᠶᠤᠯ ᠤᠨ ᠦᠷᠳᠡᠭᠡ ᠪᠠᠶᠢᠭᠤᠯᠵᠤ᠂ ᠰᠤᠷᠠᠭ ᠵᠠᠩᠬᠢ ᠶᠢᠨ ᠡᠬᠢ ᠰᠤᠷᠪᠤᠯᠵᠢ ᠶᠢ ᠬᠠᠮᠳᠤ ᠡᠳ᠋ᠯᠡᠬᠦ ᠢᠨᠵᠢᠨᠧᠷᠢᠩ ᠢ ᠲᠤᠤᠱᠯᠠᠭᠤᠯᠤᠨ᠂ ᠡᠯᠧᠺᠲᠷᠤᠨ ᠮᠠᠰᠢᠨ᠂ ᠲᠦᠷᠰᠤ ᠲᠤᠰᠬᠠᠬᠤ ᠮᠠᠰᠢᠨ ᠵᠡᠷᠬᠡ ᠲᠤᠨᠤᠭ ᠲᠦᠬᠦᠬᠡᠷᠦᠮᠵᠢ ᠲᠤᠬᠢᠷᠠᠭᠤᠯᠪᠠ᠃ ᠭᠠᠴᠠᠭ᠎ᠠ ᠲᠤᠰᠬᠤᠨ ᠤ ᠰᠤᠶᠤᠯ ᠤᠨ ᠦᠷᠦᠬᠡ 11 ᠶᠢ ᠪᠠᠶᠢᠭᠤᠯᠤᠨ ᠲᠡᠬᠦᠯᠳᠡᠷᠵᠢᠬᠦᠯᠵᠤ᠂ ᠮᠠᠯᠴᠢᠳ ᠠᠴᠠ ᠰᠠᠨᠠᠯ ᠵᠦᠪᠯᠡᠯᠬᠡ ᠠᠪᠤᠭᠰᠠᠨ ᠤ ᠰᠠᠭᠤᠷᠢᠨ ᠲᠡᠭᠡᠷ᠎ᠡ ᠲᠦᠷᠪᠡᠨ ᠤᠳᠠᠰᠤᠳᠤ ᠬᠤᠭᠤᠷ᠂ ᠮᠤᠷᠢᠨ ᠬᠤᠭᠤᠷ ᠵᠡᠷᠬᠡ ᠦᠨᠳᠦᠰᠦᠳᠡᠨ ᠤ ᠬᠦᠭᠵᠢᠮᠳᠡᠬᠦᠷ ᠬᠤᠳᠠᠯᠳᠤᠨ ᠠᠪᠴᠤ ᠣᠷᠤᠭᠤᠯᠤᠭᠰᠠᠨ ᠪᠠᠶᠢᠨ᠎ᠠ᠃ ᠡᠨᠡ ᠵᠢᠯ ᠦᠷᠬᠦᠯᠵᠢᠯᠡᠨ 2 ᠭᠠᠴᠠᠭ᠎ᠠ ᠲᠤᠰᠬᠤᠨ ᠳᠤ ᠰᠤᠶᠤᠯ ᠤᠨ ᠦᠷᠦᠬᠡ ᠪᠠᠶᠢᠭᠤᠯᠤᠨ᠂ ᠬᠠᠮᠢᠶ᠎ᠠ ᠪᠦᠬᠦᠢ ᠲᠤᠨᠤᠭ ᠲᠦᠬᠦᠬᠡᠷᠦᠮᠵᠢ ᠶᠢ ᠲᠤᠬᠢᠷᠠᠭᠤᠯᠵᠤ ᠦᠭᠬᠦ ᠪᠠᠷ ᠪᠣᠢ᠃ ᠭᠠᠴᠠᠭ᠎ᠠ ᠲᠤᠰᠬᠤᠨ ᠳᠤ ᠨᠡᠶᠢᠳᠡᠮ ︽ᠲᠠᠯ᠎ᠠ ᠨᠤᠳᠤᠭ ᠤᠨ ᠨᠤᠮ ᠤᠨ ᠦᠷᠦᠬᠡ︾ ᠪᠠᠶᠢᠭᠤᠯᠤᠨ ᠂ ᠵᠠᠰᠠᠭ ᠤᠨ ᠤᠷᠳᠤᠨ ᠢᠶᠠᠷ ᠲᠠᠮᠵᠢᠨ 19 ᠭᠠᠴᠠᠭ᠎ᠠ ᠲᠤᠰᠬᠤᠨ ᠤ ᠮᠤᠩᠭᠤᠯ ᠨᠤᠮ ᠪᠢᠴᠢᠭ ᠢ ᠨᠢ ᠰᠢᠨᠡᠳᠬᠡᠵᠤ ᠦᠭᠪᠡ᠃ ︽ᠡᠷᠦᠬᠡ ᠪᠦᠷᠢ ᠳᠤ ᠨᠡᠪᠳᠡᠷᠡᠬᠦ︾ ᠢᠨᠵᠧᠨᠧᠷᠢᠩ ᠤᠨ ᠨᠢᠬᠡ ᠬᠤᠶᠠᠳᠤᠭᠠᠷ ᠬᠤᠭᠤᠴᠠᠭᠠᠨ ᠤ ᠡᠬᠦᠷᠬᠡ  ᠶᠢ ᠨᠢᠬᠡᠨᠳᠡ ᠪᠡᠶᠡᠯᠡᠬᠦᠯᠦᠭᠰᠡᠨ ᠪᠠᠶᠢᠨ᠎ᠠ᠃ 11 ᠰᠤᠮᠤ ᠰᠢᠶᠠᠩ ᠪᠠᠯᠭᠠᠰᠤᠨ ᠤ 18799 ᠡᠷᠦᠬᠡ ᠳᠤ ᠨᠡᠪᠲᠡᠷᠡᠭᠦᠯᠪᠡ᠃ ᠷᠠᠳᠢᠤ᠋ ᠨᠡᠪᠳᠡᠷᠡᠬᠦᠯᠬᠡ ᠶᠢᠨ ︽ᠭᠠᠴᠠᠭ᠎ᠠ ᠪᠣᠯᠭᠠᠨ ᠳᠤ ᠨᠡᠪᠳᠡᠷᠡᠬᠦᠯᠬᠦ︾ ᠢᠨᠵᠢᠨᠧᠷᠢᠩ ᠢ ᠡᠬᠢᠯᠡᠬᠦᠯᠵᠤ᠂ ᠤᠳᠤᠬᠠᠨ ᠨᠢᠬᠡᠨᠳᠡ 11 ᠰᠤᠮᠤ ᠰᠢᠶᠠᠩ ᠪᠠᠯᠭᠠᠰᠤᠨ ᠤ ᠪᠤᠳᠠᠳᠤ ᠭᠠᠵᠠᠷ ᠲᠤ ᠬᠠᠶᠢᠨ ᠪᠠᠶᠢᠴᠠᠭᠠᠯᠳᠠ ᠬᠢᠵᠤ ᠲᠦᠯᠦᠪᠯᠡᠨ᠂ ᠢᠨᠵᠧᠨᠧᠷᠢᠩ ᠤᠨ ᠪᠦᠳᠦᠬᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠪᠡᠶᠡᠯᠡᠬᠦᠯᠬᠦ  ᠳᠤ ᠪᠠᠳᠤ ᠪᠠᠬᠢ ᠰᠠᠭᠤᠷᠢ ᠲᠠᠯᠪᠢᠵᠤ ᠦᠭᠴᠠᠢ᠃ 2013 ᠤᠨ ᠳᠤ᠂ 80 ᠢᠯᠡᠬᠦᠤ ᠲᠦᠮᠡᠨ ᠲᠦᠬᠦᠷᠢᠭ ᠤᠨ ᠪᠡᠯᠡ ᠤᠷᠤᠭᠤᠯᠵᠤ ᠯᠢᠨᠳᠦ᠋ᠡᠭ ᠯᠠᠯᠤ ᠶᠢᠨ ᠰᠦᠮ᠎ᠡ ᠶᠢ ᠰᠢᠨ᠎ᠡ ᠪᠠᠷ ᠪᠠᠶᠢᠭᠤᠯᠤᠭᠰᠠᠨ ᠪᠦᠭᠡᠳ ᠣᠳᠣ ᠬᠢᠯᠤᠪᠠᠷ ᠵᠤᠤ  ᠶᠢᠨ ᠰᠦᠮ᠎ᠡ ᠶᠢᠨ ᠯᠠᠮᠠ ᠨᠠᠷ ᠤᠨ ᠪᠠᠶᠢᠷᠢ ᠶᠢᠨ ᠬᠡᠷ ᠢ ᠪᠠᠶᠢᠭᠤᠯᠬᠤ ᠪᠠᠷ ᠡᠮᠤᠨᠡᠬᠢ ᠬᠤᠭᠤᠴᠠᠭᠠᠨ ᠤ ᠠᠵᠢᠯ ᠢ ᠡᠬᠢᠯᠡᠬᠦᠯᠦᠭᠰᠡᠨ ᠪᠠᠶᠢᠨ᠎ᠠ᠃        ︵ᠬᠤᠶᠠᠷ︶ ᠴᠢᠳᠠᠪᠦᠷᠢᠳᠠᠨ ᠢ ᠬᠦᠮᠦᠵᠢᠬᠦᠯᠬᠦ ᠪᠠ ᠡᠩᠨᠡᠭᠡ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠭᠰᠠᠨ ᠪᠠᠶᠢᠨ᠎ᠠ᠃ ᠤᠳᠤᠬᠠᠨ᠂ ᠪᠦᠬᠦ ᠬᠤᠰᠢᠭᠤᠨ ᠳᠤ ᠮᠤᠩᠭᠤᠯ ᠢᠶᠠᠷ ᠬᠢᠴᠢᠶᠡᠯᠯᠡᠵᠤ ᠪᠠᠶᠢᠭ᠎ᠠ ᠪᠠᠭ᠎ᠠ ᠰᠤᠷᠭᠠᠭᠤᠯᠢ 5᠂ ᠰᠤᠷᠭᠠᠭᠤᠯᠢ ᠳᠤ ᠪᠠᠶᠢᠭ᠎ᠠ ᠰᠤᠷᠤᠭᠴᠢ ᠶᠢᠨ ᠲᠤᠭ᠎ᠠ 832 ᠬᠦᠮᠦᠨ ᠪᠣᠢ᠃ ᠬᠤᠳᠠ ᠶᠢᠨ ᠬᠡᠤᠬᠡᠳ ᠤᠨ ᠴᠡᠴᠡᠷᠯᠢᠭ 1᠂ ᠰᠤᠮᠤ ᠪᠠᠯᠭᠠᠰᠤᠨ ᠤ ᠬᠡᠤᠬᠡᠳ ᠤᠨ ᠴᠡᠴᠡᠷᠯᠢᠭ 4᠂ ᠭᠠᠴᠠᠭ᠎ᠠ ᠲᠤᠰᠬᠤᠨ ᠤ ᠬᠡᠣᠬᠡᠳ ᠤᠨ ᠴᠡᠴᠡᠷᠯᠢᠭ 20᠂ ᠰᠤᠷᠬᠤ ᠠᠴᠠ ᠡᠮᠤᠨᠡᠬᠢ ᠨᠠᠰᠤᠨ ᠤ ᠬᠡᠤᠬᠡᠳ 470 ᠬᠦᠮᠦᠨ ᠪᠠᠶᠢᠨ᠎ᠠ᠃ 2011 ᠤᠨ ᠳᠤ᠂ 1.06 ᠳ᠋ᠦᠡᠭᠰᠢᠭᠤᠷ ᠲᠦᠬᠦᠷᠢᠭ ᠤᠨ ᠪᠡᠯᠡ ᠤᠷᠤᠭᠤᠯᠵᠤ᠂ ᠮᠤᠩᠭᠤᠯ ᠦᠨᠳᠦᠰᠦᠳᠡᠨ ᠤ ᠳᠤᠮᠳᠠᠳᠤ ᠰᠤᠷᠭᠠᠭᠤᠯᠢ ᠶᠢ ᠭᠠᠵᠠᠷ ᠰᠢᠯᠵᠢᠭᠦᠯᠦᠨ ᠪᠠᠶᠢᠭᠤᠯᠵᠤ᠂ ᠤᠳᠤ ᠨᠢᠬᠡᠨᠳᠡ ᠬᠡᠷᠡᠭᠯᠡᠬᠡᠨ ᠳᠤ ᠤᠷᠤᠭᠤᠯᠵᠤ᠂ ᠰᠤᠷᠤᠭᠴᠢ ᠶᠢᠨ ᠲᠤᠭ᠎ᠠ 885 ᠬᠦᠮᠦᠨ ᠪᠣᠢ᠃ ᠡᠬᠦᠨ ᠠᠴᠠ ᠭᠠᠳᠠᠨ᠎ᠠ᠂ ᠴᠦᠬᠡᠨ ᠲᠤᠭᠠᠳᠤ ᠦᠨᠳᠦᠰᠦᠳᠡᠨ ᠤ ᠰᠤᠶᠤᠯ ᠤᠨ ᠪᠦᠯᠬᠦᠮ ᠪᠠᠶᠢᠭᠤᠯᠬᠤ ᠪᠠ ᠴᠢᠳᠠᠪᠦᠷᠢᠳᠠᠨ ᠢ ᠶᠡᠬᠡᠪᠡᠷ ᠬᠦᠮᠦᠵᠢᠬᠦᠯᠦᠭᠰᠡᠨ ᠪᠠᠶᠢᠨ᠎ᠠ᠃ 2009 ᠤᠨ  ᠳᠤ᠂ ᠮᠤᠩᠭᠤᠯ ᠤᠯᠠᠮᠵᠢᠯᠠᠯᠳᠤ ᠰᠤᠶᠤᠯ ᠤᠨ ᠨᠡᠶᠢᠬᠡᠮᠯᠢᠭ ᠪᠠᠶᠢᠭᠤᠯᠤᠭᠳᠠᠭᠰᠠᠨ ᠤ ᠳᠠᠷᠠᠭ᠎ᠠ᠂ ᠲᠦᠷᠪᠡᠨ ᠤᠳᠠᠰᠤᠳᠤ ᠬᠤᠭᠤᠷ᠂ ᠪᠦᠬᠡ᠂ ᠰᠤᠷ ᠬᠠᠷᠪᠤᠬᠤ᠂ ᠮᠤᠩᠭᠤᠯ ᠰᠢᠳᠡᠷ᠎ᠠ᠂ ᠤᠷᠳᠤ ᠶᠢᠨ ᠲᠠᠭᠤᠤ ᠶᠢᠨ ᠨᠡᠶᠢᠬᠡᠮᠯᠢᠭ ᠳᠠᠷᠠᠭᠠᠯᠠᠨ ᠪᠠᠶᠢᠭᠤᠯᠤᠭᠳᠠᠵᠤ᠂ ᠵᠢᠯ ᠪᠦᠷᠢ ᠲᠤᠭᠳᠠᠭᠰᠠᠨ ᠬᠤᠭᠤᠴᠠᠭ᠎ᠠ ᠲᠠᠢ ᠴᠥᠬᠡᠨ ᠲᠣᠭᠠᠲᠤ ᠦᠨᠳᠦᠰᠦᠲᠡᠨ ᠤ ᠤᠯᠠᠮᠵᠢᠯᠠᠯᠳᠤ ᠰᠤᠶᠤᠯ ᠲᠠᠮᠢᠷ ᠤᠨ ᠬᠦᠳᠡᠯᠬᠡᠬᠡᠨ ᠦᠷᠨᠢᠬᠦᠯᠳᠡᠭ᠃ ᠤᠳᠤ ᠮᠠᠨ ᠤ ᠬᠤᠰᠢᠭᠤ ᠨᠢᠬᠡᠨᠳᠡ ᠦᠨᠳᠦᠰᠦᠳᠡᠨ ᠤ ᠰᠤᠶᠤᠯ ᠤᠷᠠᠯᠢᠭ ᠤᠨ ᠪᠦᠯᠬᠦᠮ 6 ᠪᠠᠶᠢᠭᠤᠯᠵᠤ᠂ ᠰᠤᠶᠤᠯ ᠤᠨ ᠤᠷᠠᠯᠢᠭᠴᠢᠳ 100 ᠭᠠᠷᠤᠢ ᠪᠠᠶᠢᠨ᠎ᠠ᠃        ︵ᠭᠤᠷᠪᠠ︶ ᠪᠤᠳᠠᠰ ᠤᠨ ᠪᠤᠰᠤ ᠰᠤᠶᠤᠯ ᠤᠨ ᠦᠯᠡᠳᠡᠭᠳᠡᠯ ᠢ ᠲᠡᠭᠡᠳᠤ ᠬᠡᠮᠵᠢᠶ᠎ᠡ ᠪᠠᠷ ᠬᠦᠨᠳᠦᠳᠬᠡᠨ ᠦᠵᠡᠵᠤ ᠬᠠᠮᠠᠭᠠᠯᠠᠭᠰᠠᠨ ᠪᠠᠶᠢᠨ᠎ᠠ᠃ ᠰᠡᠬᠦᠳᠡᠷ ᠰᠢ ᠨᠢ ᠤᠯᠤᠰ ᠤᠨ ᠲᠡᠰ ᠤᠨ ᠭᠤᠷᠪᠠᠳᠤᠭᠠᠷ ᠪᠦᠯᠦᠭ ᠪᠤᠳᠠᠰ ᠤᠨ ᠪᠤᠰᠤ ᠰᠤᠶᠤᠯ ᠤᠨ ᠦᠯᠡᠳᠡᠭᠳᠡᠯ ᠤᠨ ᠨᠡᠷᠡᠰ ᠲᠤ ᠵᠢᠬᠰᠠᠭᠠᠭᠳᠠᠭᠰᠠᠨ ᠪᠠᠶᠢᠨ᠎ᠠ᠃ ᠡᠬᠦᠨ ᠤ ᠰᠠᠭᠤᠷᠢᠨ ᠲᠡᠭᠡᠷ᠎ᠡ ᠰᠡᠬᠦᠳᠡᠷ ᠰᠢ ᠶᠢᠨ ᠨᠢᠬᠡ ᠪᠦᠯᠦᠭ ᠰᠢᠯᠢᠳᠡᠭ ᠵᠦᠴᠦᠬᠡ ᠵᠠᠰᠠᠨ ᠨᠠᠶᠢᠷᠠᠭᠤᠯᠤᠭᠰᠠᠨ ᠪᠤᠶᠤ ᠰᠢᠨ᠎ᠡ ᠪᠠᠷ ᠨᠠᠶᠢᠷᠠᠭᠤᠯᠤᠭᠰᠠᠨ ᠪᠠᠶᠢᠨ᠎ᠠ᠃ ᠡᠬᠦᠨ ᠳᠤ᠂ ︽ᠯᠢᠶᠤᠤ ᠲᠠᠶᠢᠽᠤ ᠶᠢᠨ ᠤᠯᠠᠮᠵᠢᠯᠠᠯ︾ ᠨᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠢ ᠵᠦᠴᠦᠬᠡ ᠶᠢᠨ ᠪᠦᠳᠦᠬᠡᠯ ᠤᠨ ︽ᠰᠠᠷᠠᠨ᠎ᠠ︾ ᠱᠠᠩᠨᠠᠯ ᠢ ᠬᠦᠷᠳᠡᠨ᠂ ︽ᠯᠢᠨ ᠬᠤᠸᠠᠩ ᠤᠨ ᠮᠠᠭᠳᠠᠭᠠᠯ︾ ᠨᠢ ᠪᠦᠬᠦ ᠬᠤᠳᠠ ᠶᠢᠨ ᠤᠳᠬ᠎ᠠ ᠤᠷᠠᠯᠢᠭ ᠤᠨ ᠮᠦᠷᠦᠶᠢᠴᠡᠬᠡᠨ ᠤ ᠠᠯᠳᠠᠨ ᠮᠧᠳᠠᠯ ᠬᠦᠷᠳᠡᠪᠡ᠃ ᠲᠤᠰ ᠲᠤᠭᠯᠠᠯᠳᠠ ᠨᠢ ᠮᠤᠷᠢᠨ ᠬᠤᠭᠤᠷ ᠬᠠᠪᠰᠤᠷᠭᠠᠨ ᠬᠦᠭᠵᠢᠮᠳᠡᠭᠰᠡᠨ ᠠᠴᠠ ᠤᠯᠤᠰ ᠤᠨ ᠲᠤᠳᠤᠭᠠᠳᠤ ᠳᠤ ᠢᠵᠢᠯᠢ ᠲᠦᠷᠦᠯ ᠤᠨ ᠲᠤᠳᠤᠷ᠎ᠠ ᠠᠩᠬ᠎ᠠ ᠡᠬᠦᠳᠦᠭᠰᠡᠨ ᠪᠦᠲᠦᠭᠡᠯ ᠪᠣᠯᠵᠠᠢ᠃ ᠡᠬᠦᠨ ᠤ ᠬᠠᠮᠳᠤ᠂ ᠮᠠᠨ ᠤ ᠬᠤᠰᠢᠭᠤᠨ ᠤ ᠮᠤᠩᠭᠤᠯ ᠠᠷᠠᠳ ᠤᠨ ᠲᠠᠭᠤᠤ ᠬᠦᠭᠵᠢᠮ ᠢ ᠡᠮᠬᠢᠳᠬᠡᠨ ᠴᠤᠭᠯᠠᠭᠤᠯᠵᠤ᠂ 130 ᠠᠷᠠᠳ  ᠤᠨ ᠲᠠᠭᠤᠤ᠂ 10 ᠲᠠᠭᠤᠤ ᠬᠦᠭᠵᠢᠮ᠂ 60 ᠭᠠᠷᠤᠢ ᠦᠯᠢᠬᠡᠷ ᠲᠠᠢ ︽ᠪᠠᠭᠠᠷᠢᠨ ᠵᠡᠬᠦᠨ ᠬᠤᠰᠢᠭᠤᠨ ᠤ ᠮᠤᠩᠭᠤᠯ ᠠᠷᠠᠳ ᠤᠨ ᠲᠠᠭᠤᠤ ᠶᠢᠨ ᠲᠡᠬᠦᠪᠦᠷᠢ︾ ᠶᠢ ᠬᠡᠪᠯᠡᠨ ᠲᠠᠷᠬᠠᠭᠠᠵᠤ᠂ ᠮᠤᠩᠭᠤᠯ ᠦᠨᠳᠦᠰᠦᠳᠡᠨ ᠤ ᠪᠤᠳᠠᠰ ᠤᠨ ᠪᠤᠰᠤ ᠰᠤᠶᠤᠯ ᠤᠨ ᠦᠯᠡᠳᠡᠭᠳᠡᠯ ᠢ ᠪᠦᠳᠦᠮᠵᠢᠳᠡᠢ ᠬᠠᠮᠠᠭᠠᠯᠠᠵᠤ ᠤᠯᠠᠮᠵᠢᠯᠠᠭᠰᠠᠨ ᠪᠠᠶᠢᠨ᠎ᠠ᠃        ︵ᠲᠦᠷᠪᠡ︶ ᠦᠨᠳᠦᠰᠦᠳᠡᠨ ᠤ ᠰᠤᠶᠤᠯ ᠪᠠ ᠠᠵᠤ ᠠᠬᠤᠢ ᠶᠢᠨ ᠬᠠᠷᠢᠯᠴᠠᠨ ᠠᠭᠤᠰᠬᠤ ᠶᠢ ᠠᠬᠢᠭᠤᠯᠤᠭᠰᠠᠨ ᠪᠠᠶᠢᠨ᠎ᠠ᠃ ᠦᠨᠳᠦᠰᠦᠳᠡᠨ ᠤ ᠲᠤᠬᠠᠢ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ᠂ ᠦᠨᠳᠦᠰᠦᠳᠡᠨ ᠤ ᠰᠤᠶᠤᠯ ᠪᠠ ᠠᠵᠤ ᠠᠬᠤᠢ ᠨᠡᠶᠢᠬᠡᠮ ᠤᠨ ᠬᠦᠭᠵᠢᠯᠳᠡ ᠶᠢ ᠤᠷᠭᠠᠨᠢᠭ ᠵᠣᠬᠢᠴᠠᠭᠤᠯᠵᠠᠢ᠃ 2006 ᠤᠨ ᠠᠴᠠ ᠨᠠᠰᠢ᠂ ᠦᠨᠳᠦᠰᠦᠳᠡᠨ ᠤ ᠠᠵᠤ ᠠᠬᠤᠶᠢᠯᠠᠯ ᠪᠠ ᠤᠨᠴᠠ ᠬᠡᠷᠡᠭᠴᠡᠬᠡᠳᠤ ᠲᠠᠸᠠᠷ ᠤᠨ ᠦᠢᠯᠡᠳᠪᠦᠷᠢᠯᠡᠯ ᠡᠵᠡᠩᠨᠡᠯᠳᠡ ᠶᠢᠨ ᠠᠵᠤ ᠠᠬᠤᠶᠢᠯᠠᠯ ᠳᠤ ᠬᠠᠷᠠᠭᠠᠯᠵᠠᠯ ᠦᠵᠡᠬᠦᠯᠬᠦ ᠲᠦᠷᠦ ᠶᠢᠨ ᠪᠤᠳᠤᠯᠭ᠎ᠠ ᠶᠢ ᠨᠠᠶᠢᠳᠠᠪᠦᠷᠢᠵᠢᠭᠤᠯᠤᠨ᠂ ᠦᠷᠳᠡᠭ ᠤᠨ ᠨᠡᠮᠡᠭᠳᠡᠯ ᠭᠠᠶᠢᠯᠢ ᠶᠢ ᠬᠡᠯᠳᠦᠷᠢᠬᠦᠯᠬᠦ ᠵᠢᠴᠢ ᠦᠨᠳᠦᠰᠦᠳᠡᠨ ᠤ ᠠᠷᠠᠯᠵᠢᠶ᠎ᠠ ᠬᠤᠳᠠᠯᠳᠤᠭ᠎ᠠ ᠪᠠ ᠤᠨᠴᠠ ᠬᠡᠷᠡᠭᠴᠡᠬᠡᠳᠤ ᠲᠠᠸᠠᠷ ᠤᠨ ᠦᠢᠯᠡᠳᠪᠦᠷᠢᠯᠡᠯ ᠤᠨ ᠵᠢᠬᠡᠯᠡᠯᠬᠡ  ᠶᠢᠨ ᠬᠦᠤ ᠨᠤᠷᠮ᠎ᠠ ᠶᠢ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠬᠡᠷᠡᠭᠵᠢᠬᠦᠯᠦᠭᠰᠡᠨ ᠠᠴᠠ ︵ᠮᠠᠨ ᠤ ᠬᠤᠰᠢᠭᠤ ᠤᠳᠤ 5 ᠦᠨᠳᠦᠰᠦᠳᠡᠨ ᠤ ᠠᠷᠠᠯᠵᠢᠶ᠎ᠠ ᠬᠤᠳᠠᠯᠳᠤᠭ᠎ᠠ ᠶᠢᠨ ᠠᠵᠤ ᠠᠬᠤᠶᠢᠯᠠᠯ᠂ 1 ᠦᠨᠳᠦᠰᠦᠳᠡᠨ ᠤ ᠤᠨᠴᠠ ᠬᠡᠷᠡᠭᠴᠡᠬᠡᠳᠤ ᠲᠠᠸᠠᠷ ᠤᠨ ᠦᠢᠯᠡᠳᠪᠦᠷᠢᠯᠡᠯ ᠤᠨ ᠴᠢᠭ ᠲᠤᠭᠳᠠᠭᠰᠠᠨ ᠠᠵᠤ ᠠᠬᠤᠶᠢᠯᠠᠯ ᠲᠠᠢ᠂ 1 ᠠᠵᠤ ᠠᠬᠤᠶᠢᠯᠠᠯ ᠨᠢᠬᠡᠨᠳᠡ ᠤᠯᠤᠰ ᠤᠨ ᠲᠠᠮ ᠬᠦᠤ ᠲᠠᠢ ᠵᠢᠬᠡᠯᠡᠯᠬᠡ 600 ᠲᠦᠮᠡᠨ ᠲᠦᠬᠦᠷᠢᠭ ᠵᠢᠬᠡᠯᠡᠵᠤ᠂ ᠵᠢᠯ ᠪᠦᠷᠢ ᠤᠯᠤᠰ  ᠠᠴᠠ ᠬᠦᠤ ᠮᠦᠡᠭᠬᠦ ᠶᠢ ᠨᠢ 24 ᠲᠦᠮᠡ ᠢᠯᠡᠬᠦᠤ ᠲᠦᠬᠦᠷᠢᠭ ᠤᠷᠤᠯᠠᠨ ᠦᠭᠳᠡᠭ︶ ᠠᠵᠤ ᠠᠬᠤᠶᠢᠯᠠᠯ ᠤᠨ ᠢᠳᠡᠪᠬᠢᠵᠢᠯ ᠢ ᠨᠢ ᠶᠡᠬᠡᠪᠡᠷ ᠳᠡᠭᠡᠭᠰᠢᠯᠡᠭᠦᠯᠦᠭᠰᠡᠨ ᠪᠠᠶᠢᠨ᠎ᠠ᠃ ᠵᠢᠱᠢᠶᠡᠯᠡᠪᠡᠯ᠂ ᠬᠤᠳᠤᠩ ᠦᠨᠳᠦᠰᠦᠳᠡᠨ ᠤ ᠢᠳᠡᠬᠡᠨ  ᠤ ᠰᠤᠶᠤᠯ ᠪᠤᠯᠤᠨ ᠮᠢᠬᠠᠨ ᠢᠳᠡᠬᠡᠨ ᠤ ᠦᠢᠯᠡᠳᠪᠦᠷᠢᠯᠡᠯ ᠤᠨ ᠦᠢᠯᠡᠰ ᠢ ᠬᠠᠷᠢᠯᠴᠠᠨ ᠤᠶᠠᠯᠳᠤᠭᠤᠯᠵᠤ᠂ ᠯᠠᠯᠤ ᠶᠢᠨ ᠢᠳᠡᠬᠡᠨ ᠤ ᠦᠢᠯᠡᠰ ᠢ ᠡᠬᠦᠰᠬᠡᠨ ᠬᠦᠭᠵᠢᠬᠦᠯᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠢ ᠦᠷᠬᠡᠳᠬᠡᠨ᠂ ᠲᠠᠷᠢᠶᠠᠯᠠᠩ ᠮᠠᠯ ᠠᠵᠤ ᠠᠬᠤᠢ ᠶᠢᠨ ᠪᠦᠳᠦᠬᠡᠭᠳᠡᠬᠦᠨ ᠤ ᠦᠷᠳᠡᠭ ᠢ ᠨᠢ ᠨᠡᠮᠡᠭᠳᠡᠬᠦᠯᠵᠡᠢ᠃ ᠤᠳᠤ᠂ ᠮᠠᠨ ᠤ ᠬᠤᠰᠢᠭᠤᠨ ᠳᠤ ᠯᠠᠯᠤ ᠶᠢᠨ ᠢᠳᠡᠬᠡᠨ ᠤ ᠦᠢᠯᠡᠳᠪᠦᠷᠢᠯᠡᠯ ᠤᠨ ᠠᠵᠤ ᠠᠬᠤᠶᠢᠯᠠᠯ 6 ᠪᠠᠶᠢᠨ᠎ᠠ᠂ ᠵᠢᠯ ᠳᠤ 10 ᠲᠦᠮᠡᠨ ᠬᠤᠨᠢ᠂ 8 ᠲᠦᠮᠡᠨ ᠦᠬᠡᠷ ᠠᠯᠠᠵᠤ᠂ ᠪᠡᠬᠡᠵᠢᠩ᠂ ᠱᠠᠩᠬᠠᠢ ᠪᠠ ᠠᠷᠠᠪ ᠤᠯᠤᠰ ᠤᠷᠤᠨ ᠢᠶᠠᠷ ᠪᠤᠷᠤᠯᠠᠭᠤᠯᠳᠠᠭ᠃ ᠡᠬᠦᠨ ᠠᠴᠠ ᠭᠠᠳᠠᠨ᠎ᠠ᠂ ᠭᠢᠯᠦᠪᠡᠷ ᠵᠤᠤ ᠰᠦᠮ᠎ᠡ ᠪᠠᠷ ᠭᠤᠤᠯ ᠪᠤᠯᠭᠠᠭᠰᠠᠨ ᠵᠢᠭᠤᠯᠴᠢᠯᠠᠯ ᠤᠨ ᠦᠢᠯᠡᠰ ᠨᠢ᠂ ᠬᠢᠳᠠᠨ ᠰᠤᠶᠤᠯ᠂ ᠱᠠᠰᠢᠨ ᠰᠤᠷᠳᠠᠬᠤᠨ ᠤ ᠰᠤᠶᠤᠯ ᠪᠠ ᠮᠤᠩᠭᠤᠯ ᠦᠨᠳᠦᠰᠦᠳᠡᠨ ᠤ ᠰᠤᠶᠤᠯ ᠢᠶᠠᠷ ᠲᠤᠯᠭᠠᠭᠤᠷᠢᠯᠠᠨ᠂ ᠲᠡᠣᠬᠡ ᠰᠤᠶᠤᠯ᠂ ᠦᠨᠳᠦᠰᠦᠳᠡᠨ ᠤ ᠰᠤᠶᠤᠯ᠂ ᠠᠵᠤ ᠠᠬᠤᠢ ᠠᠷᠠᠯᠵᠢᠶ᠎ᠠ ᠬᠤᠳᠠᠯᠳᠤᠭ᠎ᠠ ᠶᠢᠨ ᠬᠠᠷᠢᠯᠴᠠᠨ ᠤᠶᠠᠯᠳᠤᠭᠰᠠᠨ ᠤᠨᠴᠠᠯᠢᠭ ᠢ ᠢᠯᠡᠷᠡᠬᠦᠯᠦᠭᠰᠡᠨ ᠪᠠᠶᠢᠨ᠎ᠠ᠃ ᠵᠢᠯ ᠪᠦᠷᠢ ᠵᠤᠭᠠᠴᠠᠭᠰᠠᠳ ᠤᠨ ᠲᠤᠭ᠎ᠠ 3 ᠲᠦᠮᠡ ᠢᠯᠡᠬᠦᠤ ᠪᠠᠶᠢᠵᠤ᠂ ᠵᠤᠭᠠᠴᠠᠯ ᠤᠨ ᠤᠷᠤᠯᠭ᠎ᠠ ᠨᠢ 4.6 ᠳ᠋ᠦᠡᠭᠰᠢᠭᠤᠷ ᠲᠦᠬᠦᠷᠢᠭ ᠬᠦᠷᠴᠤ᠂ ᠮᠠᠨ ᠤ ᠬᠤᠰᠢᠭᠤ ᠶᠢ ᠭᠠᠳᠠᠭᠰᠢ ᠤᠬᠠᠭᠤᠯᠵᠤ ᠲᠠᠨᠢᠯᠴᠠᠭᠤᠯᠬᠤ᠂ ᠰᠤᠶᠤᠯ ᠤᠨ ᠰᠤᠯᠢᠯᠴᠠᠭ᠎ᠠ ᠬᠢᠬᠦ ᠭᠤᠤᠯ ᠠᠷᠭ᠎ᠠ ᠵᠠᠮ ᠪᠤᠯᠤᠭᠰᠠᠨ ᠪᠠᠶᠢᠨ᠎ᠠ᠃        ︵ᠲᠠᠪᠤ︶ ᠠᠷᠠᠳ ᠲᠤ ᠠᠰᠢᠭ ᠬᠦᠷᠳᠡᠬᠡᠬᠦ ᠰᠤᠶᠤᠯ ᠤᠨ ᠠᠵᠢᠯ ᠢ ᠯᠠᠪᠳᠠᠭᠤᠨ ᠦᠷᠨᠢᠭᠦᠯᠦᠭᠰᠡᠨ ᠪᠠᠶᠢᠨ᠎ᠠ᠃ ᠰᠤᠶᠤᠯ ᠤᠨ ᠰᠠᠭᠤᠷᠢ ᠲᠦᠬᠦᠬᠡᠷᠦᠮᠵᠢ ᠶᠢ ᠰᠠᠶᠢᠳᠤᠷ ᠪᠦᠳᠦᠬᠡᠨ ᠪᠠᠶᠢᠭᠤᠯᠬᠤ ᠶᠢᠨ ᠬᠠᠮᠳᠤ᠂ ᠮᠠᠯᠵᠢᠬᠤ ᠤᠷᠤᠨ ᠤ ᠰᠤᠶᠤᠯ ᠤᠨ ᠦᠢᠯᠡᠰ ᠶᠢ ᠠᠬᠢᠭᠤᠯᠤᠨ ᠬᠦᠭᠵᠢᠬᠦᠯᠪᠡ᠃ ᠣᠯᠠᠨ ᠨᠡᠶᠢᠳᠡ ᠶᠢᠨ ᠲᠣᠭᠠᠴᠢᠯᠠᠭᠰᠠᠨ ᠰᠤᠶᠤᠯ ᠤᠨ ᠪᠦᠳᠦᠬᠡᠨ ᠪᠠᠶᠢᠭᠤᠯᠤᠯᠳᠠ ᠶᠢᠨ ᠲᠠᠯ᠎ᠠ ᠪᠠᠷ᠂ 2009 ᠤᠨ ᠳᠤ ᠰᠤᠶᠤᠯ ᠤᠨ ᠮᠡᠳᠡᠭᠡ ᠵᠠᠩᠬᠢ ᠶᠢ ᠬᠠᠮᠳᠤ ᠡᠳ᠋ᠯᠡᠬᠦ ᠢᠨᠵᠧᠨᠧᠷᠢᠩ ᠤᠨ ᠮᠠᠨ ᠤ ᠬᠤᠰᠢᠭᠤᠨ ᠳᠠᠬᠢ ᠰᠠᠯᠪᠦᠷᠢ ᠲᠦᠪ ᠢ ᠪᠠᠶᠢᠭᠤᠯᠵᠤ᠂ ᠮᠡᠳᠡᠭᠡ ᠵᠠᠩᠬᠢ ᠶᠢᠨ ᠠᠭᠤᠯᠭ᠎ᠠ ᠶᠢ  ᠨᠢ ᠪᠠᠶᠠᠯᠢᠭᠵᠢᠭᠤᠯᠤᠨ᠂11 ᠰᠤᠮᠤ ᠰᠢᠶᠠᠩ ᠪᠠᠯᠭᠠᠰᠤᠨ ᠳᠤ ᠰᠤᠶᠤᠯ ᠤᠨ ᠮᠡᠳᠡᠭᠡ ᠵᠠᠩᠬᠢ ᠶᠢᠨ ᠡᠬᠢ ᠰᠤᠷᠪᠤᠯᠵᠢ  ᠶᠢ ᠬᠠᠮᠳᠤ ᠡᠳ᠋ᠯᠡᠬᠦ ᠢᠨᠵᠧᠨᠧᠷᠢᠩ ᠤᠨ ᠦᠨᠳᠦᠰᠦᠨ ᠱᠠᠳᠤᠨ ᠳᠠᠬᠢ ᠦᠢᠯᠡᠴᠢᠯᠡᠬᠡᠨ ᠤ ᠴᠢᠭ ᠪᠠᠶᠢᠭᠤᠯᠵᠤ᠂ ᠪᠦᠬᠦ ᠬᠤᠰᠢᠭᠤᠨ ᠳᠤ ᠪᠦᠷᠬᠦᠭᠰᠡᠨ ᠮᠤᠩᠭᠤᠯ ᠰᠤᠨᠢᠨ ᠮᠡᠳᠡᠬᠡᠨ ᠤ ᠫᠷᠦᠭᠷᠡᠮ ᠭᠠᠷᠭᠠᠭᠰᠠᠨ ᠪᠠᠶᠢᠨ᠎ᠠ᠃ ᠬᠦᠳᠡᠭᠡ ᠲᠤᠰᠬᠤᠨ ᠮᠠᠯᠵᠢᠬᠤ ᠤᠷᠤᠨ ᠳᠤ ᠺᠢᠨᠤ᠋ ᠭᠠᠷᠭᠠᠬᠤ ᠡᠩᠨᠡᠭᠡ ᠭᠠᠷᠭᠠᠨ᠂ ᠮᠠᠯᠴᠢᠨ ᠲᠠᠷᠢᠶᠠᠴᠢᠳ ᠤᠨ ᠰᠠᠨᠠᠯ ᠢ ᠦᠨᠳᠦᠰᠦᠯᠡᠨ ᠠᠵᠢᠯ ᠤᠨ ᠭᠤᠤᠯᠳᠠᠯᠭ᠎ᠠ᠂ ᠺᠢᠨᠤ᠋ ᠶᠢᠨ ᠰᠡᠳᠦᠪ ᠢᠶᠠᠨ ᠲᠤᠭᠳᠠᠭᠠᠨ᠂ 2014 ᠤᠨ ᠳᠤ ᠨᠡᠶᠢᠳᠡ 2192 ᠲᠠᠯᠠᠪᠠᠢ ᠺᠢᠨᠤ᠋ ᠭᠠᠷᠭᠠᠨ᠂ ᠡᠬᠦᠷᠬᠡ ᠪᠠᠨ ᠲᠠᠪᠠᠭᠤᠯᠤᠨ ᠪᠡᠶᠡᠯᠡᠬᠦᠯᠵᠡᠢ᠃ ᠴᠦᠬᠡᠨ ᠲᠤᠭᠠᠳᠤ ᠦᠨᠳᠦᠰᠦᠳᠡᠨ ᠤ ᠰᠤᠨᠢᠨ ᠮᠡᠳᠡᠭᠡ ᠬᠡᠪᠯᠡᠨ ᠲᠠᠷᠬᠠᠭᠠᠬᠤ ᠢᠨᠵᠧᠨᠧᠷᠢᠩ ᠤᠨ ᠲᠠᠯ᠎ᠠ ᠪᠠᠷ᠂ ᠮᠤᠩᠭᠤᠯ ᠰᠤᠨᠢᠨ ᠰᠡᠳᠬᠦᠯ ᠢᠳᠡᠪᠬᠢᠳᠡᠢ ᠵᠠᠬᠢᠶᠠᠯᠠᠨ᠂ 4 ᠮᠤᠩᠭᠤᠯ ᠨᠤᠮ ᠲᠡᠪᠳᠡᠷ ᠬᠡᠪᠯᠡᠨ ᠲᠠᠷᠬᠠᠭᠠᠵᠤ᠂ ᠪᠦᠬᠦ ᠬᠤᠰᠢᠭᠤᠨ ᠤ ᠬᠡᠪᠴᠢᠶᠡᠨ ᠳᠤ ᠵᠠᠷᠤᠳᠠᠯ ᠠᠪᠬᠤ ᠦᠬᠡᠢ ᠪᠠᠷ ︽ᠪᠠᠭᠠᠷᠢᠨ ᠵᠡᠬᠦᠨ ᠬᠤᠰᠢᠭᠤᠨ ᠤ ᠮᠡᠳᠡᠭᠡ ᠵᠠᠩᠬᠢ︾ ᠶᠢ ᠬᠦᠷᠬᠡᠪᠡ᠃ ᠡᠳᠡᠬᠡᠷ ᠠᠷᠭ᠎ᠠ ᠠᠪᠴᠠᠯ ᠢᠶᠠᠷ ᠳᠠᠮᠵᠢᠭᠤᠯᠤᠨ᠂ ᠮᠠᠯᠴᠢᠳ ᠲᠤ ᠰᠤᠶᠤᠯ ᠤᠨ ᠰᠢᠨ᠎ᠡ ᠡᠬᠢ ᠰᠤᠷᠪᠤᠯᠵᠢ ᠶᠢ ᠡᠳ᠋ᠯᠡᠭᠦᠯᠦᠭᠰᠡᠨ ᠢᠶᠠᠷ ᠪᠠᠷᠠᠬᠤ ᠦᠭᠡᠢ ᠦᠨᠳᠦᠰᠦᠳᠡᠨ ᠤ ᠰᠤᠶᠤᠯ ᠢ ᠤᠯᠠᠮ ᠨᠢᠭᠡ ᠠᠯᠬᠤᠮ ᠤᠬᠠᠭᠤᠯᠪᠠ᠃        ︵ᠵᠢᠷᠭᠤᠭ᠎ᠠ︶  ᠰᠢᠯᠢᠳᠡᠭ ᠤᠯᠠᠮᠵᠢᠯᠠᠯᠳᠤ ᠰᠤᠶᠤᠯ ᠢ ᠤᠯᠠᠮᠵᠢᠯᠠᠵᠤ ᠪᠠᠳᠠᠷᠠᠭᠤᠯᠬᠤ ᠪᠠᠨ ᠴᠢᠩᠭᠠᠳᠬᠠᠬᠰᠠᠨ ᠪᠠᠶᠢᠨ᠎ᠠ᠃ ᠨᠠᠭᠠᠳᠤᠮ ᠤᠨ ᠬᠤᠷᠠᠯ᠂ ᠦᠨᠳᠦᠰᠦᠳᠡᠨ ᠤ ᠲᠠᠭᠤᠤ ᠪᠦᠵᠢᠭ ᠤᠨ ᠮᠦᠷᠦᠶᠢᠴᠡᠬᠡᠨ᠂ ᠣᠪᠣᠭ᠎ᠠ ᠲᠠᠬᠢᠯᠭ᠎ᠠ᠂ ᠮᠤᠩᠭᠤᠯ ᠬᠤᠪᠴᠠᠰᠤᠨ ᠤ ᠦᠵᠡᠬᠦᠯᠬᠡ ᠵᠡᠷᠬᠡ ᠦᠨᠳᠦᠰᠦᠳᠡᠨ ᠤ ᠰᠤᠶᠤᠯ ᠤᠷᠠᠯᠢᠭ ᠤᠨ ᠬᠦᠳᠡᠯᠬᠡᠬᠡᠨ ᠦᠷᠨᠢᠬᠦᠯᠵᠤ᠂ ᠵᠢᠯ ᠪᠦᠷᠢ ᠪᠢᠯᠢᠭ ᠤᠨ ᠤᠯᠠᠷᠢᠯ ᠤᠨ ᠵᠢᠷᠭᠤᠭᠠᠨ ᠰᠠᠷ᠎ᠠ ᠶᠢᠨ ᠰᠢᠨ᠎ᠡ ᠶᠢᠨ ᠲᠤᠯᠤᠭᠠᠨ  ᠳᠤ ᠬᠤᠰᠢᠭᠤ ᠤᠪᠤᠭ᠎ᠠ —— ᠰᠠᠶᠢᠬᠠᠨ ᠤᠷᠤᠢ ᠤᠪᠤᠭᠠᠨ ᠲᠠᠬᠢᠯᠭ᠎ᠠ ᠪᠠ ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠰᠢᠨ᠎ᠡ ᠶᠢᠨ ᠶᠢᠰᠤᠨ ᠤ ᠦᠳᠡᠰᠢᠯᠡᠭᠡ ᠬᠢᠵᠤ᠂ ᠮᠤᠩᠭᠤᠯᠴᠤᠳ ᠤᠨ ᠬᠦᠮᠦᠨ ᠪᠠᠶᠢᠭᠠᠯᠢ ᠶᠢᠨ ᠡᠶ᠎ᠡ ᠵᠤᠬᠢᠴᠠᠩᠭᠤᠢ ᠤᠷᠤᠰᠢᠬᠤ ᠶᠢ ᠡᠷᠬᠢᠮᠯᠡᠬᠦ ᠦᠵᠡᠯᠳᠡ ᠲᠠᠨᠢᠯᠳᠠ ᠶᠢ ᠲᠦᠪᠯᠡᠷᠡᠩᠬᠦᠢ ᠲᠤᠰᠬᠠᠬᠰᠠᠨ ᠪᠠᠶᠢᠨ᠎ᠠ᠃ ᠰᠤᠷᠭᠠᠭᠤᠯᠢ ᠶᠢᠨ ᠬᠦᠷᠢᠶᠡᠨ ᠳᠠᠬᠢ ᠮᠤᠩᠭᠤᠯ ᠰᠤᠶᠤᠯ ᠤᠨ ᠬᠦᠳᠡᠯᠬᠡᠬᠡᠨ ᠢ ᠶᠡᠬᠡᠪᠡᠷ ᠦᠷᠨᠢᠬᠦᠯᠵᠤ᠂ ᠮᠤᠩᠭᠤᠯ ᠲᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠤᠨᠴᠠᠯᠢᠭᠳᠤ ᠬᠢᠴᠢᠶᠡᠯ ᠲᠦᠷᠦᠯ ᠳᠤ ᠪᠦᠬᠡ ᠪᠠᠷᠢᠯᠳᠤᠬᠤ᠂ ᠤᠷᠳᠤ ᠶᠢᠨ ᠲᠠᠭᠤᠤ᠂ ᠰᠤᠷ ᠬᠠᠷᠪᠤᠬᠤ ᠵᠡᠷᠬᠡ ᠮᠤᠩᠭᠤᠯ ᠰᠤᠶᠤᠯ ᠤᠨ ᠬᠢᠴᠢᠶᠡᠯ ᠲᠦᠷᠦᠯ ᠢ ᠨᠡᠮᠡᠨ ᠤᠷᠤᠭᠤᠯᠵᠤ᠂ ᠰᠤᠷᠤᠭᠴᠢᠳ ᠬᠤᠪᠢ ᠶᠢᠨ ᠲᠤᠷ᠎ᠠ ᠪᠠᠬ᠎ᠠ ᠪᠠᠨ ᠦᠨᠳᠦᠰᠦᠯᠡᠨ ᠰᠤᠩᠭᠤᠨ ᠰᠤᠷᠬᠤ ᠪᠠᠷ ᠳᠠᠮᠵᠢᠭᠤᠯᠤᠨ᠂ ᠮᠤᠩᠭᠤᠯ ᠰᠤᠶᠤᠯ ᠢ ᠲᠡᠯᠬᠡᠨ ᠦᠵᠡᠬᠦᠯᠬᠦ ᠲᠡᠪᠴᠡᠩ ᠬᠠᠩᠭᠠᠵᠤ ᠦᠭᠬᠦᠭᠰᠡᠨ ᠪᠠᠶᠢᠨ᠎ᠠ︔ ᠴᠦᠬᠡᠨ ᠲᠤᠭᠠᠳᠤ ᠦᠨᠳᠦᠰᠦᠳᠡᠨ ᠤ ᠤᠯᠠᠮᠵᠢᠯᠠᠯᠳᠤ ᠰᠤᠶᠤᠯ ᠢ ᠠᠭᠤᠳᠠᠯᠠᠨ ᠢᠯᠡᠷᠡᠬᠦᠯᠪᠡ᠃ ᠬᠤᠰᠢᠭᠤ ᠤᠪᠤᠭ᠎ᠠ ᠶᠢ ᠰᠡᠷᠬᠦᠬᠡᠨ ᠲᠠᠬᠢᠭᠰᠠᠨ ᠪᠦᠬᠡᠳ ᠬᠤᠳᠠ ᠳᠤ ᠰᠠᠭᠤᠭ᠎ᠠ ᠮᠤᠩᠭᠤᠯᠴᠤᠳ ᠲᠤ ᠲᠦᠬᠦᠮ ᠦᠵᠡᠬᠦᠯᠬᠦ ᠡᠭᠦᠳᠡᠨ ᠠᠴᠠ ᠪᠢᠯᠢᠭ ᠤᠨ ᠤᠯᠠᠷᠢᠯ ᠤᠨ ᠯᠠ ᠰᠠᠷ᠎ᠠ ᠶᠢᠨ ᠬᠤᠷᠢᠨ ᠭᠤᠷᠪᠠᠨ ᠳᠤ ᠬᠠᠮᠳᠤ ᠶᠢᠨ ᠭᠠᠯ ᠲᠠᠬᠢᠯᠭ᠎ᠠ ᠶᠢ ᠵᠤᠬᠢᠶᠠᠨ ᠪᠠᠶᠢᠭᠤᠯᠵᠤ ᠦᠷᠨᠢᠬᠦᠯᠪᠡ᠃ ᠪᠦᠬᠡ ᠪᠠᠷᠢᠯᠳᠤᠬᠤ᠂ ᠰᠤᠷ ᠬᠠᠷᠪᠤᠬᠤ᠂ ᠤᠷᠳᠤ ᠶᠢᠨ ᠲᠠᠭᠤᠤ ᠵᠡᠷᠬᠡ ᠪᠤᠯᠪᠠᠰᠤᠷᠠᠯ ᠤᠨ ᠨᠡᠶᠢᠬᠡᠮᠯᠢᠭ ᠪᠤᠶᠤ ᠰᠤᠷᠢᠭᠠᠨ ᠤ ᠭᠠᠵᠠᠷ 8 ᠶᠢ ᠪᠠᠶᠢᠭᠤᠯᠵᠤ᠂ ᠵᠢᠯ ᠪᠦᠷᠢ ᠲᠤᠰ ᠲᠤᠰ 80 ᠭᠠᠷᠤᠢ ᠬᠦᠮᠦᠨ ᠤᠳᠠᠭ᠎ᠠ ᠳᠤ ᠪᠣᠯᠪᠠᠰᠤᠷᠠᠯ ᠬᠦᠷᠲᠡᠭᠡᠳᠡᠭ᠃ ᠮᠣᠩᠭᠤᠯ ᠬᠢᠲᠠᠳ ᠰᠢᠯᠢᠳᠡᠭ ᠵᠣᠬᠢᠶᠠᠯ ᠪᠦᠲᠦᠭᠡᠯ ᠢ ᠬᠠᠷᠢᠯᠴᠠᠨ ᠣᠷᠴᠢᠭᠤᠯᠬᠤ ᠠᠵᠢᠯ ᠢ ᠳᠡᠮᠵᠢᠵᠦ ᠂ ︽ᠣᠳᠣ ᠦᠶ᠎ᠡ ᠶᠢᠨ ᠲᠠᠯ᠎ᠠ ᠨᠤᠲᠤᠭ ᠤᠨ ᠨᠠᠭᠠᠳᠤᠮ ᠤᠨ ᠬᠤᠷᠠᠯ︾᠂ ︽ᠭᠡᠷᠡᠯᠲᠦ ᠴᠠᠭᠠᠨ ᠤᠲᠠᠢ ᠭᠢᠯᠦᠪᠡᠷ ᠵᠤᠤ ᠶᠢᠨ ᠣᠷᠣᠨ︾ ᠵᠡᠷᠭᠡ ᠶᠢ ᠣᠷᠴᠢᠭᠤᠯᠤᠨ ᠬᠡᠪᠯᠡᠭᠦᠯᠵᠡᠢ᠃ ᠮᠣᠩᠭᠤᠯ ᠦᠨᠳᠦᠰᠦᠲᠡᠨ ᠤ ᠠᠯᠳᠠᠷᠲᠤ ᠤᠷᠲᠤ  ᠶᠢᠨ ᠳᠠᠭᠤᠴᠢᠨ — ᠠᠯᠲᠠᠩᠭᠡᠷᠡᠯ ᠤᠨ ᠲᠡᠥᠬᠡᠲᠦ ᠮᠠᠲ᠋ᠧᠷᠢᠶᠠᠯ ᠢ ᠴᠤᠭᠯᠠᠭᠤᠯᠤᠨ ᠡᠮᠬᠢᠳᠬᠡᠵᠦ᠂ ︽ᠠᠯᠲᠠᠩᠭᠡᠷᠡᠯ ᠬᠤᠨᠳᠠᠭᠠᠲᠤ︾ ᠤᠷᠲᠤ ᠶᠢᠨ ᠳᠠᠭᠤᠤ ᠶᠢᠨ ᠮᠦᠷᠦᠶᠢᠴᠡᠭᠡᠨ ᠵᠣᠬᠢᠶᠠᠨ ᠪᠠᠶᠢᠭᠤᠯᠪᠠ᠃ ︽ᠪᠤᠳᠠᠰ ᠤᠨ ᠪᠣᠰᠣ ᠰᠤᠶᠤᠯ  ᠤᠨ ᠥᠪ ᠤᠨ ᠴᠣᠪᠤᠷᠠᠯ︾ ᠢ ᠨᠠᠶᠢᠷᠠᠭᠤᠯᠤᠨ ᠪᠢᠴᠢᠵᠦ᠂ ᠪᠠᠭᠠᠷᠢᠨ ᠵᠡᠭᠦᠨ ᠬᠤᠰᠢᠭᠤᠨ ᠤ ᠮᠣᠩᠭᠤᠯ ᠳᠠᠭᠤᠤ ᠬᠦᠭᠵᠢᠮ᠂ ᠢᠳᠡᠭᠡᠨ ᠤᠮᠳᠠᠭᠠᠨ᠂ ᠡᠮ ᠡᠮᠨᠡᠯᠭᠡ ᠵᠡᠷᠭᠡ 28 ᠲᠦᠷᠦᠯ ᠵᠦᠢᠯ ᠢ ᠡᠮᠬᠢᠳᠬᠡᠨ ᠴᠤᠭᠯᠠᠭᠤᠯᠤᠭᠰᠠᠨ ᠪᠠᠶᠢᠨ᠎ᠠ᠃ ᠭᠠᠳᠠᠭᠠᠳᠤ ᠲᠠᠢ ᠰᠤᠶᠤᠯ ᠤᠨ ᠰᠣᠯᠢᠯᠴᠠᠭ᠎ᠠ ᠬᠢᠵᠦ᠂ ᠪᠦᠬᠦ ᠤᠷᠤᠨ ᠤ ᠲᠤᠯᠤᠳᠤᠭᠠᠷ ᠬᠤᠭᠤᠴᠠᠭᠠᠨ ᠤ ᠴᠦᠬᠡᠨ ᠲᠤᠭᠠᠳᠤ ᠦᠨᠳᠦᠰᠦᠳᠡᠨ ᠤ ᠪᠡᠶ᠎ᠡ ᠲᠠᠮᠢᠷ ᠤᠨ ᠤᠷᠤᠯᠳᠤᠭᠠᠨ ᠳᠤ ᠮᠠᠨ ᠤ ᠬᠤᠰᠢᠭᠤᠨ ᠤ ᠪᠦᠬᠡᠴᠢᠨ ᠬᠠᠮᠳᠤ ᠨᠢᠬᠡᠴᠡ ᠶᠢᠨ ᠨᠢᠬᠡᠳᠤᠬᠡᠷ ᠨᠡᠷᠡᠰ᠂ ᠬᠤᠪᠢ ᠬᠦᠮᠦᠨ ᠤ ᠬᠤᠶᠠᠳᠤᠭᠠᠷ ᠨᠡᠷᠡᠰ᠂ ᠲᠠᠪᠤᠳᠤᠭᠠᠷ ᠨᠡᠷᠡᠰ ᠤᠨ ᠰᠢᠯᠢᠳᠡᠭ ᠦᠷ᠎ᠡ ᠪᠦᠳᠦᠮᠵᠢ ᠶᠢ ᠤᠯᠵᠤ᠂ ᠲᠦᠸᠠ ᠳᠤ ᠪᠤᠯᠤᠭᠰᠠᠨ ᠲᠤᠯᠤᠭᠠᠨ ᠤᠯᠤᠰ ᠤᠨ ᠮᠤᠩᠭᠤᠯ ᠪᠦᠬᠡ ᠶᠢᠨ ᠮᠦᠷᠦᠶᠢᠴᠡᠬᠡᠨ ᠳᠤ ᠮᠠᠨ ᠤ ᠬᠤᠰᠢᠭᠤᠨ ᠤ ᠪᠦᠬᠡᠴᠢᠨ ᠨᠠᠢᠮᠠᠳᠤᠭᠠᠷ ᠨᠡᠷᠡᠰ ᠤᠨ ᠰᠠᠶᠢᠨ ᠦᠷ᠎ᠡ ᠪᠦᠳᠦᠮᠵᠢ ᠶᠢ ᠤᠯᠤᠭᠰᠠᠨ ᠪᠠᠶᠢᠨ᠎ᠠ᠃        ᠮᠠᠨ ᠤ ᠬᠤᠰᠢᠭᠤ ᠦᠨᠳᠦᠰᠦᠳᠡᠨ ᠤ ᠰᠤᠶᠤᠯ ᠤᠨ ᠦᠢᠯᠡᠰ ᠢ ᠶᠡᠬᠡᠪᠡᠷ ᠬᠦᠨᠳᠦᠳᠬᠡᠨ ᠬᠦᠭᠵᠢᠬᠦᠯᠵᠤ᠂ ᠶᠡᠭᠡ ᠬᠡᠮᠵᠢᠶᠡᠨ ᠤ ᠠᠵᠢᠯ ᠬᠢᠭᠰᠡᠨ ᠠᠴᠠ ᠵᠤᠬᠢᠬᠤ ᠠᠮᠵᠢᠯᠳᠠ ᠤᠯᠤᠭᠰᠠᠨ ᠪᠠᠶᠢᠨ᠎ᠠ᠃ ᠬᠡᠪᠡᠴᠤ ᠠᠵᠤ ᠠᠬᠤᠢ ᠨᠡᠶᠢᠬᠡᠮ ᠤᠨ ᠦᠳᠳᠡᠷ ᠲᠦᠷᠬᠡᠨ ᠬᠦᠭᠵᠢᠯᠳᠡ᠂ ᠴᠦᠬᠡᠨ ᠲᠤᠭᠠᠳᠤ ᠦᠨᠳᠦᠰᠦᠳᠡᠨ ᠤ ᠠᠷᠠᠳ ᠲᠦᠮᠡᠨ ᠤ ᠡᠲᠦᠷ ᠢᠷᠡᠬᠦᠶ᠎ᠡ ᠨᠡᠮᠡᠭᠳᠡᠵᠤ ᠪᠠᠶᠢᠭ᠎ᠠ ᠰᠤᠶᠤᠯ ᠤᠨ ᠱᠠᠭᠠᠷᠳᠠᠯᠭ᠎ᠠ ᠲᠠᠢ ᠬᠠᠷᠢᠴᠠᠭᠤᠯᠪᠠᠯ᠂ ᠮᠠᠨ ᠤ ᠠᠵᠢᠯ ᠪᠠᠰᠠ ᠬᠠᠷᠠᠬᠠᠨ ᠰᠢᠢᠳᠪᠦᠷᠢᠯᠡᠭᠳᠡᠬᠡᠳᠦᠢ ᠠᠰᠠᠭᠤᠳᠠᠯ ᠤᠷᠤᠰᠢᠵᠤ ᠪᠠᠶᠢᠨ᠎ᠠ᠃ᠨᠢᠬᠡ᠂ ᠦᠨᠳᠦᠰᠦᠳᠡᠨ ᠤ ᠰᠤᠶᠤᠯ ᠤᠨ ᠠᠵᠢᠯ ᠤᠨ ᠰᠢᠰᠲ᠋ᠧᠮ ᠤᠨ ᠪᠦᠳᠦᠬᠡᠨ ᠪᠠᠶᠢᠭᠤᠯᠤᠯᠳᠠ ᠬᠠᠷᠢᠴᠠᠩᠭᠤᠢ ᠪᠠᠭᠤᠷᠠᠢ᠃ ᠮᠠᠨ ᠤ ᠬᠤᠰᠢᠭᠤᠨ ᠤ ᠰᠤᠶᠤᠯ ᠤᠨ ᠤᠷᠳᠤᠨ᠂ ᠨᠤᠮ ᠤᠨ ᠰᠠᠩ᠂ ᠰᠢᠶᠠᠩ ᠪᠠᠯᠭᠠᠰᠤᠨ ᠤ ᠰᠤᠶᠤᠯ  ᠤᠨ ᠦᠷᠳᠡᠭᠡ ᠵᠡᠷᠬᠡ ᠦᠢᠯᠡᠴᠢᠯᠡᠬᠡᠨ ᠤ ᠪᠠᠶᠢᠭᠤᠯᠤᠮᠵᠢ ᠪᠦᠷᠢᠨ᠂ ᠬᠡᠪᠡᠴᠤ ᠴᠦᠬᠡᠨ ᠲᠤᠭᠠᠳᠤ ᠦᠨᠳᠦᠰᠦᠳᠡᠨ ᠤ ᠴᠢᠳᠠᠪᠦᠷᠢᠳᠠᠨ᠂ ᠪᠡᠯᠡ ᠮᠦᠡᠭᠬᠦ ᠵᠡᠷᠬᠡ ᠲᠠᠯ᠎ᠠ ᠶᠢᠨ ᠡᠯᠧᠮᠧᠨ᠋ᠲ ᠤᠨ ᠬᠢᠵᠠᠭᠠᠷᠯᠠᠯ ᠠᠴᠠ ᠪᠤᠯᠵᠤ᠂ ᠦᠢᠯᠡᠴᠢᠯᠡᠬᠡᠨ ᠤ ᠦᠢᠯᠡᠳᠦᠯ ᠴᠢᠳᠠᠪᠦᠷᠢ ᠪᠠᠨ ᠬᠦᠢᠴᠡᠳ ᠪᠠᠳᠠᠷᠠᠭᠤᠯᠵᠤ ᠲᠡᠶᠢᠯᠬᠦ ᠦᠬᠡᠢ᠂ ᠣᠯᠠᠨ ᠨᠡᠶᠢᠳᠡ ᠶᠢᠨ ᠰᠤᠶᠤᠯ ᠤᠨ ᠪᠦᠳᠦᠬᠡᠭᠳᠡᠬᠦᠨ ᠪᠠ ᠦᠢᠯᠡᠴᠢᠯᠡᠬᠡᠨ ᠤ ᠭᠤᠤᠯ ᠠᠷᠭ᠎ᠠ ᠵᠠᠮ ᠤᠨ ᠦᠢᠯᠡᠳᠦᠯ ᠢ ᠨᠢ ᠰᠠᠶᠢᠳᠤᠷ ᠪᠠᠳᠠᠷᠠᠭᠤᠯᠵᠤ ᠲᠡᠶᠢᠯᠬᠦ ᠦᠬᠡᠢ ᠠᠴᠠ ᠪᠤᠯᠵᠤ᠂ ᠴᠦᠬᠡᠨ ᠲᠤᠭᠠᠳᠤ ᠦᠨᠳᠦᠰᠦᠳᠡᠨ ᠤ ᠠᠷᠠᠳ ᠲᠦᠮᠡᠨ ᠰᠤᠶᠤᠯ ᠤᠨ ᠲᠠᠯ᠎ᠠ ᠪᠠᠷ  ᠬᠢ ᠱᠠᠭᠠᠷᠳᠠᠯᠭ᠎ᠠ ᠶᠢ ᠨᠢ ᠬᠠᠨᠭ᠍ᠭᠠᠵᠤ ᠲᠡᠶᠢᠯᠬᠦ ᠦᠬᠡᠢ ᠪᠠᠶᠢᠭᠰᠠᠭᠠᠷ᠃        ᠬᠤᠶᠠᠷ᠂ ᠪᠡᠯᠡ ᠮᠦᠡᠭᠬᠦ ᠶᠢᠨ ᠠᠰᠠᠭᠤᠳᠠᠯ ᠮᠦᠨ ᠬᠦᠴᠢᠷᠳᠡᠢ ᠪᠠᠶᠢᠭᠰᠠᠭᠠᠷ᠃ ᠮᠠᠨ ᠤ ᠬᠤᠰᠢᠭᠤ ᠪᠤᠯ ᠤᠯᠤᠰ ᠤᠨ ᠶᠠᠳᠠᠭᠤ ᠬᠦᠴᠢᠷᠳᠡᠢ ᠰᠢᠶᠠᠨ ᠪᠤᠯᠤᠨ᠎ᠠ᠂ ᠡᠳ᠋ ᠤᠨ ᠬᠦᠴᠦᠨ ᠬᠢᠵᠠᠭᠠᠷᠳᠠᠢ᠂ ᠬᠡᠳᠤᠶᠢᠪᠡᠷ ᠲᠡᠭᠡᠷ᠎ᠠ ᠱᠠᠳᠤᠨ ᠤ ᠬᠢ ᠡᠨᠡ ᠬᠡᠳᠤᠨ ᠵᠢᠯ ᠶᠡᠬᠡᠪᠡᠷ ᠲᠡᠮᠵᠢᠭᠰᠡᠨ ᠪᠤᠯᠪᠠᠴᠤ᠂ ᠶᠡᠷᠦ ᠶᠢᠨ ᠤᠷᠤᠯᠭ᠎ᠠ ᠠᠴᠠ ᠭᠠᠳᠠᠨ᠎ᠠ ᠰᠤᠶᠤᠯ  ᠤᠨ ᠪᠦᠳᠦᠬᠡᠨ ᠪᠠᠶᠢᠭᠤᠯᠤᠯᠳᠠ ᠳᠠᠬᠢ ᠪᠡᠯᠡ ᠣᠷᠤᠯᠠᠭᠤᠯᠤᠯᠲᠠ ᠮᠦᠨ ᠯᠡ ᠬᠢᠵᠠᠭᠠᠷ ᠲᠠᠢ᠂ ᠡᠬᠦᠨ ᠤ ᠲᠡᠭᠡᠷ᠎ᠡ ᠨᠢ ᠦᠨᠳᠦᠰᠦᠳᠡᠨ ᠤ ᠰᠤᠶᠤᠯ ᠤᠨ ᠪᠦᠳᠦᠬᠡᠨ ᠪᠠᠶᠢᠭᠤᠯᠤᠯᠳᠠ ᠶᠢᠨ ᠲᠠᠯ᠎ᠠ ᠪᠠᠷ ᠦᠷᠢᠳᠦᠭᠰᠡᠨ ᠨᠢ ᠤᠯᠠᠨ ᠠᠴᠠ ᠪᠤᠯᠵᠤ ᠂ ᠲᠤᠯᠭᠠᠷᠠᠭᠰᠠᠨ ᠬᠦᠴᠢᠷᠳᠡᠯ ᠲᠦᠢᠯ ᠤᠨ ᠶᠡᠭᠡ ᠪᠤᠯᠵᠠᠢ᠃ ᠵᠢᠱᠢᠶᠠᠯᠠᠪᠠᠯ᠂ ᠦᠨᠳᠦᠰᠦᠳᠡᠨ ᠤ ᠰᠤᠶᠤᠯ ᠤᠨ ᠪᠦᠳᠦᠬᠡᠭᠳᠡᠬᠦᠨ ᠪᠠ ᠦᠢᠯᠡᠴᠢᠯᠡᠬᠡᠨ ᠤ ᠲᠠᠯ᠎ᠠ ᠪᠠᠷ᠂ ᠪᠢᠳᠡ ᠬᠡᠳᠦᠶᠢᠪᠡᠷ ᠠᠵᠢᠯ ᠬᠢᠭᠰᠡᠨ ᠪᠤᠯᠪᠠᠴᠤ᠂ ᠴᠦᠬᠡᠨ ᠲᠤᠭᠠᠳᠤ ᠦᠨᠳᠦᠰᠦᠳᠡᠨ ᠤ ᠦᠬᠡ ᠬᠡᠯᠡ ᠦᠰᠦᠭ ᠪᠢᠴᠢᠭ ᠤᠨ ᠨᠤᠮ ᠲᠡᠪᠳᠡᠷ᠂ ᠰᠤᠨᠢᠨ ᠰᠡᠳᠬᠦᠯ᠂ ᠺᠢᠨᠤ᠋ ᠵᠦᠴᠦᠬᠡ  ᠵᠡᠷᠬᠡ ᠵᠠᠬ᠎ᠠ ᠲᠡᠯᠬᠡᠬᠦᠷ ᠤᠨ ᠬᠦᠷᠢᠶ᠎ᠡ ᠬᠡᠪᠴᠢᠶ᠎ᠠ ᠪᠠᠭ᠎ᠠ  ᠂ ᠦᠢᠯᠡᠳᠬᠦᠨ ᠤ ᠦᠷᠳᠡᠭ ᠶᠡᠭᠡ᠂ ᠲᠤᠭ᠎ᠠ ᠨᠤᠷᠮ᠎ᠠ ᠪᠠ ᠴᠢᠨᠠᠷ ᠴᠢᠨᠰᠠᠭ᠎ᠠ ᠵᠡᠷᠭᠡ ᠨᠢ ᠪᠦᠷ ᠱᠠᠭᠠᠷᠳᠠᠯᠭ᠎ᠠ ᠶᠢ ᠬᠠᠨᠭ᠍ᠭᠠᠵᠤ ᠲᠡᠶᠢᠯᠬᠦ ᠦᠬᠡᠢ᠃        ᠭᠤᠷᠪᠠ᠂ ᠦᠨᠳᠦᠰᠦᠳᠡᠨ ᠤ ᠰᠤᠶᠤᠯ ᠤᠨ ᠡᠬᠢ ᠰᠤᠷᠪᠤᠯᠵᠢ ᠬᠤᠪᠤᠷ᠃ ᠮᠠᠨ ᠤ ᠬᠤᠰᠢᠭᠤᠨ ᠤ ᠴᠦᠬᠡᠨ ᠲᠤᠭᠠᠳᠤ ᠦᠨᠳᠦᠰᠦᠳᠡᠨ ᠤ ᠡᠵᠡᠯᠡᠬᠦ ᠬᠠᠷᠢᠴᠠᠯ ᠬᠠᠷᠢᠴᠠᠩᠭᠤᠢ ᠪᠠᠭ᠎ᠠ᠂ ᠰᠤᠶᠤᠯ ᠤᠨ ᠰᠤᠯᠢᠯᠴᠠᠭ᠎ᠠ ᠶᠢᠨ ᠲᠦᠷᠬᠡᠳᠬᠦ  ᠶᠢ ᠲᠠᠭᠠᠯᠳᠤᠨ᠂ ᠴᠦᠬᠡᠨ ᠲᠤᠭᠠᠳᠤ ᠦᠨᠳᠦᠰᠦᠳᠡᠨ ᠤ ᠵᠠᠷᠢᠮ ᠵᠠᠩ ᠲᠠᠳᠬᠠᠯ᠂ ᠬᠤᠪᠴᠠᠰᠤ ᠵᠠᠰᠠᠯ᠂ ᠲᠠᠭᠤᠤ ᠪᠦᠵᠢᠭ ᠪᠠ ᠠᠷᠠᠳ ᠤᠨ ᠲᠤᠮᠳᠠᠬᠢ ᠭᠠᠷ ᠤᠷᠠᠯᠠᠯ ᠵᠡᠷᠬᠡ ᠨᠢ ᠤᠰᠠᠳᠬᠤ ᠬᠡᠮᠵᠢᠶᠡᠨ ᠳᠤ ᠬᠦᠷᠦᠭᠰᠡᠨ ᠪᠠᠶᠢᠨ᠎ᠠ᠃ ᠡᠬᠦᠨ ᠤ ᠬᠠᠮᠳᠤ᠂ ᠤᠷᠳᠤ ᠬᠤᠭᠤᠴᠠᠭᠠᠨ ᠤ ᠦᠨᠳᠦᠰᠦᠳᠡᠨ ᠤ ᠨᠡᠬᠦᠳᠡᠯ᠂ ᠰᠤᠶᠤᠯ ᠤᠨ ᠬᠠᠷᠢᠯᠴᠠᠨ ᠠᠭᠤᠰᠬᠤ ᠵᠢᠴᠢ ᠤᠳᠤᠬᠢ ᠱᠠᠳᠤᠨ ᠳᠠᠬᠢ ᠬᠦᠮᠦᠨ ᠠᠮᠠ ᠶᠢᠨ ᠨᠡᠬᠦᠳᠡᠯᠯᠡᠨ ᠰᠢᠯᠵᠢᠭᠰᠡᠨ ᠤ ᠦᠷ᠎ᠡ ᠳ᠋ᠦᠡᠭ ᠳᠤ ᠵᠠᠷᠢᠮ ᠴᠦᠬᠡᠨ ᠲᠤᠭᠠᠳᠤ ᠦᠨᠳᠦᠰᠦᠳᠡᠨ ᠤ ᠵᠠᠩ ᠵᠠᠩᠰᠢᠯ ᠠᠯᠭᠤᠷ ᠠᠭᠠᠵᠢᠮ ᠢᠶᠠᠷ ᠬᠠᠷᠢᠯᠴᠠᠨ ᠠᠭᠤᠰᠴᠤ᠂ ᠴᠦᠬᠡᠨ ᠲᠤᠭᠠᠳᠤ ᠦᠨᠳᠦᠰᠦᠳᠡᠨ ᠤ ᠰᠤᠶᠤᠯ ᠤᠨ ᠡᠬᠢ ᠰᠤᠷᠪᠤᠯᠵᠢ ᠤᠯᠠᠮ ᠢᠶᠠᠷ ᠴᠦᠬᠡᠷᠡᠵᠤ ᠪᠠᠶᠢᠨ᠎ᠠ᠃        ᠲᠦᠷᠪᠡ᠂ ᠴᠢᠳᠠᠪᠦᠷᠢᠳᠠᠨ ᠤ ᠡᠩᠨᠡᠭᠡ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠬᠤ ᠴᠢᠬᠤᠯᠠᠳᠠᠢ᠃ ᠦᠨᠳᠦᠰᠦᠨ ᠱᠠᠳᠤᠨ ᠳᠠᠬᠢ ᠴᠦᠬᠡᠨ ᠲᠤᠭᠠᠳᠤ ᠦᠨᠳᠦᠰᠦᠳᠡᠨ ᠤ ᠰᠤᠶᠤᠯ ᠤᠨ ᠴᠢᠳᠠᠪᠦᠷᠢᠳᠠᠨ ᠤ ᠡᠩᠨᠡᠭᠡ ᠪᠠᠭᠤᠷᠠᠢ ᠂ ᠤᠯᠠᠮᠵᠢᠯᠠᠯᠳᠤ ᠰᠤᠶᠤᠯ ᠢ ᠠᠭᠤᠳᠠᠯᠠᠨ ᠢᠯᠡᠷᠡᠬᠦᠯᠬᠦ᠂ ᠤᠯᠠᠮᠵᠢᠯᠠᠨ ᠪᠠᠳᠠᠷᠠᠭᠤᠯᠬᠤ᠂ ᠰᠢᠨ᠎ᠡ ᠶᠢ ᠡᠬᠦᠳᠴᠤ ᠬᠦᠭᠵᠢᠬᠦᠯᠬᠦ ᠠᠵᠢᠯ ᠬᠠᠷᠠᠬᠠᠨ ᠬᠤᠴᠤᠷᠤᠩᠭᠤᠢ᠂ ᠦᠨᠳᠦᠰᠦᠳᠡᠨ ᠤ ᠰᠤᠶᠤᠯ ᠤᠨ ᠬᠡᠯᠪᠡᠷᠢ ᠪᠠ ᠠᠭᠤᠯᠭ᠎ᠠ ᠨᠢ ᠪᠠᠰᠠ ᠤᠤᠯ ᠤᠨ ᠪᠠᠶᠢᠳᠠᠯ ᠳᠤ ᠪᠠᠨ ᠵᠤᠭᠰᠤᠩᠭᠤᠶᠢᠷᠠᠵᠤ᠂ ᠴᠠᠭ ᠦᠶ᠎ᠡ ᠶᠢᠨ ᠬᠦᠭᠵᠢᠯᠳᠡ ᠶᠢᠨ ᠬᠡᠷᠡᠭᠴᠡᠭᠡ ᠪᠤᠯᠤᠨ ᠭᠠᠳᠠᠭᠠᠳᠤ ᠰᠤᠶᠤᠯ ᠤᠨ ᠲᠠᠭᠠᠷᠢᠯᠳᠠ ᠪᠠ ᠦᠷᠢᠰᠦᠯᠳᠦᠬᠡᠨ ᠲᠠᠢ ᠵᠤᠬᠢᠴᠠᠵᠤ ᠲᠡᠶᠢᠯᠬᠦ ᠦᠬᠡᠢ᠃ ᠡᠬᠦᠨ ᠤ ᠬᠠᠮᠳᠤ᠂ ᠭᠠᠵᠠᠷ ᠤᠷᠤᠨ ᠤ ᠨᠦᠯᠦᠬᠡ ᠪᠠ ᠠᠵᠤ ᠠᠬᠤᠢ ᠶᠢᠨ ᠨᠦᠬᠦᠴᠡᠯ ᠰᠢᠯᠳᠠᠭᠠᠨ ᠠᠴᠠ ᠪᠤᠯᠵᠤ᠂ ᠴᠦᠬᠡᠨ ᠲᠤᠭᠠᠳᠤ ᠦᠨᠳᠦᠰᠦᠳᠡᠨ ᠤ ᠤᠷᠤᠨ ᠤ ᠵᠠᠯᠠᠭᠤᠴᠤᠳ ᠭᠠᠳᠠᠭᠰᠢ ᠭᠠᠷᠴᠤ ᠬᠦᠳᠡᠯᠮᠦᠷᠢᠯᠡᠬᠦ ᠪᠤᠶᠤ ᠭᠠᠳᠠᠭᠰᠢ ᠨᠡᠬᠦᠵᠤ ᠰᠠᠭᠤᠷᠢᠰᠢᠭᠰᠠᠨ ᠠᠴᠠ ᠪᠤᠯᠵᠤ᠂ ᠨᠡᠯᠢᠶᠡᠳ ᠤᠯᠠᠨ ᠤᠯᠠᠮᠵᠢᠯᠠᠯᠳᠤ ᠤᠷ᠎ᠠ ᠮᠡᠷᠬᠡᠰᠢᠯ ᠪᠠ ᠠᠷᠠᠳ ᠤᠨ ᠤᠷᠠᠯᠢᠭ ᠤᠯᠠᠮᠵᠢᠯᠠᠭᠴᠢ ᠲᠤᠳᠠᠪᠠ᠃        ᠲᠠᠪᠤ᠂ ᠦᠨᠳᠦᠰᠦᠳᠡᠨ ᠤ ᠰᠤᠶᠤᠯ ᠤᠨ ᠠᠵᠤ ᠦᠢᠯᠡᠰ ᠤᠨ ᠶᠡᠷᠦᠩᠬᠡᠢ ᠬᠦᠭᠵᠢᠯᠳᠡ ᠨᠢ ᠬᠤᠴᠤᠷᠤᠩᠭᠤᠢ᠃ ᠤᠳᠤᠬᠠᠨ᠂ ᠦᠨᠳᠦᠰᠦᠳᠡᠨ ᠤ ᠰᠤᠶᠤᠯ ᠤᠨ ᠵᠢᠭᠤᠯᠴᠢᠯᠠᠯ᠂ ᠬᠡᠷᠡᠭᠯᠡᠬᠦᠨ᠂ ᠢᠳᠡᠬᠡᠨ ᠤ ᠪᠦᠳᠦᠬᠡᠭᠳᠡᠬᠦᠨ ᠨᠢ ᠰᠢᠰᠲ᠋ᠧᠮ ᠲᠠᠢ ᠬᠦᠭᠵᠢᠬᠡᠳᠦᠢ᠂ ᠭᠠᠵᠠᠷ ᠤᠷᠤᠨ ᠤ ᠤᠨᠴᠠᠯᠢᠭ᠂ ᠦᠨᠳᠦᠰᠦᠳᠡᠨ ᠤ ᠤᠨᠴᠠᠯᠢᠭ᠂ ᠰᠤᠶᠤᠯ ᠤᠨ ᠰᠢᠨᠵᠢ ᠴᠢᠨᠠᠷ ᠢ ᠲᠦᠪᠯᠡᠷᠡᠬᠦᠯᠦᠭᠰᠡᠨ ᠨᠡᠷᠡᠳᠤ ᠲᠡᠮᠳᠡᠭᠳᠤ ᠪᠦᠳᠦᠬᠡᠭᠳᠡᠬᠦᠨ ᠲᠤᠳᠠᠭᠳᠠᠵᠤ ᠪᠠᠶᠢᠨ᠎ᠠ᠃ ᠡᠬᠦᠨ ᠤ ᠬᠠᠮᠳᠤ ᠠᠵᠤ ᠦᠢᠯᠡᠰ ᠤᠨ ᠬᠦᠷᠢᠶ᠎ᠡ ᠬᠡᠪᠴᠢᠶ᠎ᠡ ᠨᠢ ᠪᠠᠭ᠎ᠠ᠂ ᠪᠦᠳᠦᠴᠡ ᠨᠢ ᠵᠤᠬᠢᠰ ᠦᠬᠡᠢ᠂ ᠠᠵᠤ ᠠᠬᠤᠶᠢᠯᠠᠯ ᠲᠠᠶᠢᠴᠢᠯᠠᠨ ᠲᠠᠭᠠᠭᠤᠯᠬᠤ ᠪᠠ ᠵᠠᠬ᠎ᠠ ᠲᠡᠯᠭᠡᠭᠦᠷ ᠤᠨ ᠦᠷᠢᠰᠦᠯᠳᠦᠬᠡᠨ ᠲᠤᠳᠠᠮᠠᠭ᠂ ᠵᠠᠬ᠎ᠠ ᠲᠡᠯᠭᠡᠭᠦᠷ ᠢ ᠡᠵᠡᠯᠡᠬᠦ᠂ ᠢᠯᠡ ᠲᠤᠳᠤ ᠤᠨᠴᠠᠯᠢᠭ ᠲᠠᠢ ᠭᠤᠤᠯᠯᠠᠭᠴᠢ ᠠᠵᠤ ᠦᠢᠯᠡᠰ ᠪᠣᠯᠵᠣ ᠪᠦᠷᠢᠯᠳᠤᠵᠤ ᠲᠡᠶᠢᠯᠦᠭᠰᠡᠨ ᠦᠬᠡᠢ ᠮᠦᠷᠳᠡᠬᠡᠨ ᠲᠤᠰ ᠭᠠᠵᠠᠷ ᠤᠷᠤᠨ ᠤ ᠠᠵᠤ ᠠᠬᠤᠢ ᠶᠢᠨ ᠬᠦᠭᠵᠢᠯᠳᠡ ᠳᠤ ᠦᠵᠡᠬᠦᠯᠬᠦ ᠬᠤᠪᠢ ᠨᠡᠮᠡᠷᠢ ᠶᠡᠭᠡ ᠪᠢᠰᠢ᠃ ᠡᠳᠡᠬᠡᠷ ᠠᠰᠠᠭᠤᠳᠠᠯ ᠢ ᠪᠢᠳᠡ ᠶᠠᠭ ᠰᠤᠳᠤᠯᠤᠨ ᠬᠠᠨᠳᠤᠯᠭᠠᠳᠤ ᠴᠢᠨᠠᠷᠳᠠᠢ ᠠᠷᠭ᠎ᠠ ᠠᠪᠴᠠᠯ ᠰᠦᠪᠡᠭᠴᠢᠯᠡᠵᠤ᠂ ᠬᠤᠶᠢᠰᠢᠳᠠ ᠭᠤᠤᠯᠳᠠᠯᠭ᠎ᠠ ᠲᠠᠢ ᠰᠢᠢᠳᠪᠦᠷᠢᠯᠡᠬᠦ ᠪᠠᠷ ᠪᠠᠶᠢᠨ᠎ᠠ᠃        ᠭᠤᠷᠪᠠ᠂ ᠴᠦᠬᠡᠨ ᠲᠤᠭᠠᠳᠤ ᠦᠨᠳᠦᠰᠦᠳᠡᠨ ᠤ ᠰᠤᠶᠤᠯ ᠤᠨ ᠬᠦᠭᠵᠢᠯᠳᠡ ᠶᠢᠨ ᠲᠠᠯ᠎ᠠ ᠪᠠᠷ ᠬᠢ ᠬᠡᠳᠤᠨ ᠰᠠᠨᠠᠭᠤᠯᠭ᠎ᠠ        ᠰᠤᠶᠤᠯ ᠪᠤᠯ ᠦᠨᠳᠦᠰᠦᠳᠡᠨ ᠤ ᠴᠢᠬᠤᠯᠠ ᠦᠪᠡᠷᠮᠢᠴᠡ ᠤᠨᠴᠠᠯᠢᠭ᠂ ᠨᠢᠬᠡ ᠦᠨᠳᠦᠰᠦᠳᠡᠨ ᠤ ᠤᠷᠤᠰᠢᠨ ᠲᠣᠭᠲᠠᠨᠢᠯ ᠪᠠ ᠤᠯᠠᠮᠵᠢᠯᠠᠯ ᠵᠠᠯᠭᠠᠮᠵᠢᠯᠠᠯ ᠲᠠᠢ ᠬᠤᠯᠪᠤᠭᠰᠠᠨ ᠰᠦᠭ ᠰᠦᠨᠡᠰᠤ᠂ ᠦᠨᠳᠦᠰᠦᠳᠡᠨ ᠤ ᠬᠦᠭᠵᠢᠯᠳᠡ  ᠶᠢᠨ ᠡᠬᠢ ᠪᠤᠯᠠᠭ ᠪᠤᠯᠬᠤ ᠶᠤᠮ᠃ ᠴᠦᠬᠡᠨ ᠲᠤᠭᠠᠳᠤ ᠦᠨᠳᠦᠰᠦᠳᠡᠨ ᠤ ᠰᠤᠶᠤᠯ ᠢ ᠬᠠᠮᠠᠭᠠᠯᠠᠵᠤ ᠬᠦᠭᠵᠢᠬᠦᠯᠬᠦ ᠨᠢ᠂ ᠴᠦᠬᠡᠨ ᠲᠤᠭᠠᠳᠤ ᠦᠨᠳᠦᠰᠦᠳᠡᠨ ᠤ ᠰᠤᠶᠤᠯ ᠤᠨ ᠬᠡᠪ ᠴᠢᠨᠠᠷ ᠢ ᠲᠡᠭᠡᠭᠰᠢᠯᠡᠬᠦᠯᠬᠦ᠂ ᠴᠦᠬᠡᠨ ᠲᠤᠭᠠᠳᠤ ᠦᠨᠳᠦᠰᠦᠳᠡᠨ ᠤ ᠠᠵᠤ ᠠᠬᠤᠢ ᠨᠡᠶᠢᠬᠡᠮ ᠢ ᠬᠦᠭᠵᠢᠬᠦᠯᠬᠦ ᠶᠢᠨ ᠬᠦᠳᠡᠯᠬᠡᠬᠦ ᠬᠦᠴᠦᠨ ᠪᠠᠶᠢᠵᠤ᠂ ᠦᠨᠳᠦᠰᠦᠳᠡᠨ ᠤ ᠪᠦᠯᠬᠦᠮᠳᠡᠯ ᠪᠠ ᠨᠡᠶᠢᠬᠡᠮ ᠤᠨ ᠲᠤᠭᠳᠠᠭᠤᠨ ᠢ ᠠᠬᠢᠭᠤᠯᠬᠤ ᠳᠤ ᠬᠦᠨᠳᠤ ᠴᠢᠬᠤᠯᠠ ᠪᠦᠬᠡᠳ ᠠᠯᠤᠰ ᠬᠡᠳᠦ ᠶᠢᠨ ᠤᠳᠬ᠎ᠠ ᠠᠭᠤᠯᠭ᠎ᠠ ᠲᠠᠢ ᠶᠤᠮ᠃ ᠡᠶᠢᠮᠤ ᠠᠴᠠ᠂ ᠴᠦᠬᠡᠨ ᠲᠤᠭᠠᠳᠤ ᠦᠨᠳᠦᠰᠦᠳᠡᠨ ᠤ ᠰᠤᠶᠤᠯ ᠤᠨ ᠪᠦᠳᠦᠬᠡᠨ ᠪᠠᠶᠢᠭᠤᠯᠤᠯᠳᠠ ᠶᠢ ᠡᠷᠬᠡᠪᠰᠢ ᠬᠦᠨᠳᠦᠳᠬᠡᠨ ᠦᠵᠡᠵᠤ᠂ ᠦᠨᠳᠦᠰᠦᠳᠡᠨ ᠤ ᠤᠷᠤᠨ ᠤ ᠠᠵᠤ ᠶᠢᠨ ᠪᠦᠳᠦᠬᠡᠨ ᠪᠠᠶᠢᠭᠤᠯᠤᠯᠳᠠ ᠳᠤ ᠤᠶᠤᠨ ᠤ ᠬᠦᠳᠡᠯᠬᠡᠭᠴᠢ ᠬᠦᠴᠦᠨ ᠪᠠ ᠪᠤᠳᠠᠰ ᠤᠨ ᠲᠡᠮᠵᠢᠯᠬᠡ ᠬᠠᠨᠭ᠍ᠭᠠᠨ ᠦᠭᠬᠦᠨ᠎ᠡ᠃        ︵ᠨᠢᠬᠡ︶ ᠤᠳᠤᠷᠢᠳᠬᠤ ᠲᠤᠭᠤᠶᠢᠯᠠᠩ ᠪᠠᠶᠢᠭᠤᠯᠤᠨ᠎ᠠ᠃ ᠬᠤᠳᠠ ᠶᠢᠨ ᠲᠡᠰ ᠤᠨ ᠬᠢᠨ ᠤ ᠲᠤᠰᠬᠠᠢ ᠠᠵᠢᠯ ᠤᠨ ᠲᠤᠭᠤᠶᠢᠯᠠᠩ ᠪᠠᠶᠢᠭᠤᠯᠵᠤ᠂ ᠦᠨᠳᠦᠰᠦᠳᠡᠨ ᠤ ᠰᠤᠶᠤᠯ ᠤᠨ ᠲᠤᠰᠬᠠᠢ ᠮᠡᠷᠬᠡᠵᠢᠯᠳᠡᠨ ᠪᠠ ᠡᠷᠳᠡᠮᠳᠡᠳ ᠢ ᠵᠤᠬᠢᠶᠠᠨ ᠪᠠᠶᠢᠭᠤᠯᠵᠤ ᠪᠠᠶᠢᠴᠠᠭᠠᠨ ᠰᠤᠳᠤᠯᠤᠯᠳᠠ ᠬᠢᠵᠤ᠂ ᠦᠨᠳᠦᠰᠤᠨ ᠪᠠᠶᠢᠳᠠᠯ ᠢ ᠤᠶᠢᠯᠠᠭᠠᠨ᠂ ᠰᠢᠨᠵᠢᠯᠡᠨ ᠰᠤᠳᠤᠯᠵᠤ᠂ ᠪᠦᠬᠦ ᠬᠤᠳᠠ ᠶᠢᠨ ᠦᠨᠳᠦᠰᠦᠳᠡᠨ ᠤ ᠰᠤᠶᠤᠯ ᠤᠨ ᠲᠤᠬᠠᠢ ᠬᠠᠨᠳᠤᠯᠭᠠᠳᠤ ᠴᠢᠨᠠᠷᠳᠠᠢ ᠬᠦᠭᠵᠢᠯᠳᠡ  ᠶᠢᠨ ᠲᠦᠯᠦᠪᠯᠡᠭᠡ ᠲᠤᠭᠳᠠᠭᠠᠨ᠂ ᠭᠤᠤᠯᠳᠠᠯᠭ᠎ᠠ ᠪᠠᠨ ᠲᠤᠪᠤᠶᠢᠯᠭᠠᠨ᠂ ᠨᠢᠬᠡᠳᠤᠯᠳᠡᠢ ᠲᠦᠯᠦᠪᠯᠡᠨ ᠠᠬᠢᠭᠤᠯᠵᠤ᠂ ᠡᠯ᠎ᠡ ᠬᠤᠰᠢᠭᠤ ᠰᠢᠶᠠᠨ ᠤ ᠦᠨᠳᠦᠰᠦᠳᠡᠨ ᠤ ᠰᠤᠶᠤᠯ ᠳᠤ ᠲᠦᠷᠦ ᠶᠢᠨ ᠪᠤᠳᠤᠯᠭ᠎ᠠ ᠶᠢᠨ ᠵᠢᠯᠤᠭᠤᠳᠤᠯᠭ᠎ᠠ ᠪᠠ ᠤᠶᠤᠨ  ᠴᠢᠳᠠᠯ ᠤᠨ ᠲᠡᠮᠵᠢᠯᠬᠡ ᠦᠵᠡᠬᠦᠯᠬᠦ ᠶᠢ ᠰᠠᠨᠠᠭᠠᠴᠢᠯᠠᠵᠤ ᠪᠠᠶᠢᠨ᠎ᠠ᠃        ︵ᠬᠤᠶᠠᠷ︶ ᠦᠨᠳᠦᠰᠦᠳᠡᠨ ᠤ ᠤᠷᠤᠨ ᠤ ᠰᠤᠶᠤᠯ ᠤᠨ ᠪᠦᠳᠦᠬᠡᠨ ᠪᠠᠶᠢᠭᠤᠯᠤᠯᠳᠠ ᠶᠢᠨ ᠪᠡᠯᠡ ᠤᠷᠤᠭᠤᠯᠤᠯᠳᠠ ᠪᠠᠨ ᠴᠢᠩᠭᠠᠳᠬᠠᠨ᠎ᠠ᠃ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠪᠠᠨ ᠴᠢᠩᠭᠠᠳᠬᠠᠨ᠂ ᠦᠨᠳᠦᠰᠦᠳᠡᠨ ᠤ ᠰᠤᠶᠤᠯ ᠤᠨ ᠪᠡᠯᠡ ᠤᠷᠤᠭᠤᠯᠤᠯᠳᠠ ᠶᠢ ᠲᠤᠭᠳᠠᠭᠤᠨ ᠨᠡᠮᠡᠭᠳᠡᠬᠦᠯᠬᠦ ᠲᠤᠭᠳᠠᠯᠴᠠᠭ᠎ᠠ ᠶᠢ ᠪᠠᠶᠢᠭᠤᠯᠤᠨ᠂ ᠭᠠᠴᠠᠭ᠎ᠠ ᠲᠤᠰᠬᠤᠨ ᠤ ᠲᠡᠰ ᠤᠨ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠬᠡᠨ ᠤ ᠪᠦᠷᠢᠨ ᠲᠡᠬᠦᠯᠳᠡᠷ ᠲᠤᠭᠳᠠᠯᠴᠠᠭ᠎ᠠ ᠶᠢ ᠪᠤᠢ ᠪᠤᠯᠭᠠᠨ᠎ᠠ᠃ ᠨᠢᠬᠡ ᠲᠠᠯ᠎ᠠ ᠪᠠᠷ ᠡᠳ᠋ ᠤᠨ ᠵᠠᠰᠠᠭ ᠤᠨ ᠪᠡᠯᠡ ᠤᠷᠤᠭᠤᠯᠤᠯᠳᠠ ᠪᠠᠨ ᠨᠡᠮᠡᠭᠳᠡᠬᠦᠯᠵᠤ᠂ ᠴᠦᠬᠡᠨ ᠲᠤᠭᠠᠳᠤ ᠦᠨᠳᠦᠰᠦᠳᠡᠨ ᠤ ᠤᠯᠠᠮᠵᠢᠯᠠᠯᠳᠤ ᠰᠤᠶᠤᠯ ᠢ ᠠᠭᠤᠳᠠᠯᠠᠵᠤ ᠢᠯᠡᠷᠡᠬᠦᠯᠦᠨ᠂ ᠴᠦᠬᠡᠨ ᠲᠤᠭᠠᠳᠤ ᠦᠨᠳᠦᠰᠦᠳᠡᠨ ᠤ ᠠᠷᠠᠳ ᠤᠨ ᠲᠤᠮᠳᠠᠬᠢ ᠡᠩᠨᠡᠭᠡ᠂ ᠵᠤᠬᠢᠶᠠᠨ ᠪᠠᠶᠢᠭᠤᠯᠤᠯᠳᠠ ᠳᠤ ᠪᠡᠯᠡ ᠮᠦᠡᠭᠬᠦᠨ ᠤ ᠲᠡᠮᠵᠢᠯᠬᠡ ᠪᠠ ᠬᠦᠬᠢᠬᠦᠯᠦᠯ ᠦᠭᠬᠦᠨ᠎ᠡ︔ ᠡᠬᠦᠨ ᠤ ᠬᠠᠮᠳᠤ ᠨᠡᠶᠢᠬᠡᠮ ᠤᠨ ᠬᠦᠴᠦᠨ ᠢ ᠲᠠᠶᠢᠴᠢᠯᠠᠵᠤ ᠴᠦᠬᠡᠨ ᠲᠤᠭᠠᠳᠤ ᠦᠨᠳᠦᠰᠦᠳᠡᠨ ᠤ ᠰᠤᠶᠤᠯ ᠤᠨ ᠪᠦᠳᠦᠬᠡᠨ ᠪᠠᠶᠢᠭᠤᠯᠤᠯᠳᠠ ᠶᠢ ᠲᠡᠮᠵᠢᠵᠤ᠂ ᠦᠨᠳᠦᠰᠦᠳᠡᠨ ᠤ ᠰᠤᠶᠤᠯ ᠤᠨ ᠪᠦᠳᠦᠬᠡᠨ ᠪᠠᠶᠢᠭᠤᠯᠤᠯᠳᠠ ᠶᠢ ᠡᠯ᠎ᠡ ᠲᠦᠷᠦᠯ ᠤᠨ ᠰᠤᠶᠤᠯ ᠤᠨ ᠬᠦᠳᠡᠭᠡ ᠪᠠᠭᠤᠬᠤ ᠠᠵᠢᠯᠯᠠᠭᠠᠨ ᠪᠠ ᠠᠵᠢᠯ ᠲᠦᠷᠦᠯ ᠢᠶᠠᠷ ᠲᠡᠮᠵᠢᠬᠦ ᠠᠵᠢᠯᠯᠠᠭᠠᠨ ᠳᠤ ᠤᠷᠤᠭᠤᠯᠤᠨ᠂ ᠬᠤᠳᠠ ᠠᠴᠠ ᠮᠠᠯᠵᠢᠬᠤ ᠤᠷᠤᠨ ᠳᠤ ᠰᠤᠶᠤᠯ ᠤᠨ ᠲᠡᠮᠵᠢᠯᠬᠡ ᠦᠭᠬᠦ ᠲᠤᠭᠳᠠᠯᠴᠠᠭ᠎ᠠ ᠶᠢ ᠪᠠᠶᠢᠭᠤᠯᠤᠨ ᠲᠡᠬᠦᠯᠳᠡᠷᠵᠢᠬᠦᠯᠦᠨ᠎ᠡ᠃ ᠨᠦᠬᠦᠬᠡ ᠲᠠᠯ᠎ᠠ ᠪᠠᠷ ᠨᠡᠶᠢᠬᠡᠮ ᠤᠨ ᠬᠦᠴᠦᠨ ᠢ ᠴᠦᠬᠡᠨ ᠲᠤᠭᠠᠳᠤ ᠦᠨᠳᠦᠰᠦᠳᠡᠨ ᠤ ᠰᠤᠶᠤᠯ ᠤᠨ ᠦᠢᠯᠡᠰ ᠡᠷᠬᠢᠯᠡᠬᠦ ᠶᠢ ᠵᠤᠷᠢᠭᠵᠢᠭᠤᠯᠵᠤ ᠢᠳᠡᠪᠬᠢᠳᠡᠢ ᠵᠢᠯᠤᠭᠤᠳᠤᠨ᠂ ᠠᠷᠠᠳ ᠤᠨ ᠲᠤᠮᠳᠠ ᠠᠴᠠ ᠢᠳᠡᠪᠬᠢᠳᠡᠢ ᠪᠡᠯᠡ ᠬᠤᠷᠠᠮᠳᠤᠭᠤᠯᠵᠤ᠂ ᠭᠠᠴᠠᠭ᠎ᠠ ᠲᠤᠰᠬᠤᠨ ᠪᠠ ᠠᠵᠤ ᠠᠬᠤᠶᠢᠯᠡᠯ ᠬᠠᠮᠳᠤ ᠪᠠᠷ ᠪᠠᠶᠢᠭᠤᠯᠬᠤ ᠪᠠᠷ ᠲᠠᠮᠵᠢᠨ᠂ ᠪᠡᠯᠡ ᠮᠦᠡᠭᠬᠦ᠂ ᠰᠤᠶᠤᠯ ᠤᠨ ᠠᠵᠢᠯᠯᠠᠭᠠᠨ ᠤ ᠪᠠᠭᠠᠵᠢ ᠬᠡᠷᠡᠭᠰᠡᠯ ᠵᠢᠴᠢ ᠮᠠᠲ᠋ᠧᠷᠢᠶᠠᠯ ᠤᠷᠤᠭᠤᠯᠵᠤ᠂ ᠮᠠᠯᠴᠢᠳ ᠤᠨ ᠡᠲᠦᠷ ᠲᠤᠳᠤᠮ ᠤᠨ ᠰᠤᠶᠤᠯ ᠨᠠᠶᠢᠷ ᠨᠠᠭᠠᠳᠤᠮ ᠤᠨ ᠬᠡᠷᠡᠭᠴᠡᠭᠡ ᠶᠢ ᠨᠢ ᠬᠠᠨᠭ᠍ᠭᠠᠨ᠎ᠠ᠃        ︵ᠭᠤᠷᠪᠠ︶ ᠦᠨᠳᠦᠰᠦᠳᠡᠨ ᠤ ᠰᠤᠶᠤᠯ ᠤᠨ ᠤᠯᠠᠮᠵᠢᠯᠠᠨ ᠵᠠᠯᠭᠠᠮᠵᠢᠯᠠᠭᠴᠢ ᠶᠢ ᠰᠠᠶᠢᠳᠤᠷ ᠬᠠᠮᠠᠭᠠᠯᠠᠨ᠎ᠠ᠃ ᠦᠨᠳᠦᠰᠦᠳᠡᠨ ᠤ ᠰᠤᠶᠤᠯ ᠤᠨ ᠵᠠᠯᠭᠠᠮᠵᠢᠯᠠᠭᠴᠢ ᠪᠤᠯ ᠤᠯᠠᠮᠵᠢᠯᠠᠯᠳᠤ ᠰᠤᠶᠤᠯ ᠤᠨ ᠭᠤᠤᠯ ᠡᠵᠡᠮᠰᠢᠭᠴᠢ ᠪᠦᠬᠡᠳ ᠵᠠᠯᠭᠠᠮᠵᠢᠯᠠᠭᠴᠢ ᠮᠦᠨ᠂ ᠤᠯᠠᠮᠵᠢᠯᠠᠯᠳᠤ ᠰᠤᠶᠤᠯ ᠤᠨ ︽ᠬᠠᠳᠠᠭᠠᠯᠠᠭᠴᠢ ᠰᠠᠩ︾ ᠪᠤᠯᠤᠨ᠎ᠠ᠃ ᠡᠳᠡᠬᠡᠷ ᠬᠦᠮᠦᠰ  ᠤᠨ ᠤᠯᠠᠩᠬᠢ ᠨᠢ ᠨᠠᠰᠤ ᠠᠬᠰᠢᠷᠠᠵᠤ ᠲᠠᠮᠢᠷ ᠲᠡᠩᠭᠡᠭᠡ ᠠᠨᠠᠢ ᠪᠤᠯᠤᠭᠰᠠᠨ ᠠᠴᠠ ᠰᠠᠶᠢᠳᠤᠷ ᠬᠠᠮᠠᠭᠠᠯᠠᠬᠤ ᠦᠬᠡᠢ ᠪᠤᠯ ᠦᠨᠳᠦᠰᠦᠳᠡᠨ ᠤ ᠵᠠᠷᠢᠮ ᠰᠤᠶᠤᠯ ᠲᠠᠭᠠᠯᠳᠤᠨ ᠤᠰᠠᠳᠬᠤ ᠮᠠᠭᠠᠳ᠃ ᠡᠶᠢᠮᠤ ᠠᠴᠠ ︽ᠦᠨᠳᠦᠰᠦᠳᠡᠨ ᠤ ᠰᠤᠶᠤᠯ  ᠤᠨ ᠵᠠᠯᠭᠠᠮᠵᠢᠯᠠᠭᠴᠢ ᠶᠢ ᠬᠢᠨᠠᠨ ᠰᠢᠯᠭᠠᠷᠠᠭᠤᠯᠬᠤ ᠺᠤᠮᠢᠰ︾ ᠪᠠᠶᠢᠭᠤᠯᠵᠤ᠂ ᠨᠢᠬᠡ ᠪᠦᠯᠦᠭ ᠵᠠᠯᠭᠠᠮᠵᠢᠯᠠᠭᠴᠢ ᠶᠢ ᠨᠡᠷᠡᠶᠢᠳᠦᠨ ᠲᠤᠭᠳᠠᠭᠠᠵᠤ᠂ ᠲᠠᠩᠰᠠ ᠡᠪᠬᠡᠮᠡᠯ ᠪᠠᠶᠢᠭᠤᠯᠵᠤ᠂ ᠲᠤᠭᠳᠠᠭᠰᠠᠨ ᠬᠤᠭᠤᠴᠠᠭ᠎ᠠ ᠲᠠᠢ ᠬᠠᠷᠢᠴᠠᠬᠤ ᠶᠢ ᠰᠠᠨᠠᠭᠠᠴᠢᠯᠠᠵᠤ ᠪᠠᠶᠢᠨ᠎ᠠ᠃ ᠡᠬᠦᠨ ᠤ ᠬᠠᠮᠳᠤ᠂ ᠪᠤᠳᠠᠳᠤ ᠪᠠᠶᠢᠳᠠᠯ ᠢ ᠦᠨᠳᠦᠰᠦᠯᠡᠨ ᠵᠤᠬᠢᠬᠤ ᠬᠠᠷᠠᠭᠠᠯᠵᠠᠯ ᠬᠦᠷᠳᠡᠬᠡᠨ᠂ ᠨᠢᠬᠡᠨᠳᠡ ᠡᠵᠡᠮᠰᠢᠭᠰᠡᠨ ᠦᠨᠳᠦᠰᠦᠳᠡᠨ ᠤ ᠰᠤᠶᠤᠯ ᠲᠠᠢ ᠤᠶᠠᠯᠳᠤᠭᠤᠯᠵᠤ ᠪᠠᠶᠢᠭᠠᠳ ᠵᠠᠯᠭᠠᠮᠵᠢᠯᠠᠭᠴᠢ  ᠶᠢᠨ ᠨᠠᠮᠳᠠᠷ ᠬᠡᠪᠯᠡᠨ᠎ᠡ᠃        ︵ᠲᠦᠷᠪᠡ︶ ᠦᠨᠳᠦᠰᠦᠳᠡᠨ ᠤ ᠰᠤᠶᠤᠯ ᠤᠨ ᠴᠢᠳᠠᠪᠦᠷᠢᠳᠠᠨ ᠢ ᠢᠳᠡᠪᠬᠢᠳᠡᠢ ᠬᠦᠮᠦᠵᠢᠬᠦᠯᠦᠨ᠎ᠡ᠃ ᠰᠢᠶᠠᠩ ᠲᠤᠰᠬᠤᠨ ᠤ ᠰᠤᠶᠤᠯ ᠤᠨ ᠠᠵᠢᠯᠳᠠᠨ ᠤ ᠲᠤᠬᠠᠢ ᠬᠦᠮᠦᠵᠢᠯ ᠪᠤᠯᠪᠠᠰᠤᠷᠠᠯ ᠢᠶᠠᠨ ᠴᠢᠩᠭᠠᠳᠬᠠᠨ᠂ ᠰᠢᠶᠠᠩ ᠲᠤᠰᠬᠤᠨ ᠤ ᠰᠤᠶᠤᠯ ᠤᠨ ᠠᠵᠢᠯᠳᠠᠨ ᠢ ᠵᠤᠷᠢᠭᠵᠢᠭᠤᠯᠵᠤ ᠦᠪᠡᠷᠳᠡᠬᠡᠨ ᠰᠤᠷᠤᠯᠴᠠᠵᠤ᠂ ᠲᠠᠪᠳᠠᠨ ᠪᠤᠯᠪᠠᠰᠤᠷᠠᠨ᠂ ᠲᠤᠭᠳᠠᠭᠰᠠᠨ ᠬᠤᠭᠤᠴᠠᠭ᠎ᠠ ᠲᠠᠢ ᠪᠤᠯᠪᠠᠰᠤᠷᠠᠯ ᠤᠨ ᠠᠩᠬᠢ ᠡᠷᠬᠢᠯᠡᠵᠤ᠂ ᠲᠦᠯᠦᠪᠯᠡᠭᠡ ᠲᠠᠢ ᠪᠠᠷ ᠲᠤᠬᠢᠷᠠᠭᠤᠯᠤᠨ ᠦᠨᠳᠤᠰᠤᠨ ᠱᠠᠳᠤᠨ ᠤ ᠦᠨᠳᠦᠰᠦᠳᠡᠨ ᠤ ᠰᠤᠶᠤᠯ ᠤᠨ ᠠᠵᠢᠯᠳᠠᠨ ᠢ ᠪᠠᠶᠢᠭᠤᠯᠤᠯᠭ᠎ᠠ ᠪᠣᠶᠣ ᠶᠡᠭᠡ ᠳᠡᠭᠡᠳᠦ ᠰᠤᠷᠭᠠᠭᠤᠯᠢ ᠳᠤ ᠰᠤᠷᠤᠯᠴᠠᠭᠤᠯᠤᠨ᠎ᠠ᠃ ᠠᠷᠠᠳ ᠠᠴᠠ ᠡᠷᠬᠢᠯᠡᠭᠰᠡᠨ ᠦᠨᠳᠦᠰᠦᠳᠡᠨ ᠤ ᠰᠤᠶᠤᠯ ᠤᠨ ᠪᠦᠯᠬᠦᠮ ᠳᠤ ᠵᠤᠬᠢᠬᠤ ᠲᠡᠮᠵᠢᠯᠬᠡ ᠦᠭᠬᠦᠨ᠂ ᠴᠦᠬᠡᠨ ᠲᠤᠭᠠᠳᠤ ᠦᠨᠳᠦᠰᠦᠳᠡᠨ ᠤ ᠦᠨᠳᠦᠰᠦᠳᠡᠨ ᠤ ᠤᠯᠠᠮᠵᠢᠯᠠᠯᠳᠤ ᠰᠤᠶᠤᠯ  ᠢᠶᠠᠨ ᠤᠯᠠᠮᠵᠢᠯᠠᠵᠤ᠂ ᠠᠭᠤᠳᠠᠯᠠᠬᠤ ᠵᠢᠴᠢ ᠬᠦᠭᠵᠢᠬᠦᠯᠬᠦ ᠶᠢ ᠵᠤᠷᠢᠭᠵᠢᠭᠤᠯᠤᠨ᠎ᠠ᠃ ᠦᠨᠳᠦᠰᠦᠳᠡᠨ ᠤ ᠰᠤᠶᠤᠯ ᠪᠠ ᠵᠠᠬ᠎ᠠ ᠲᠡᠯᠬᠡᠬᠦᠷ ᠤᠨ ᠠᠵᠢᠯᠯᠠᠭ᠎ᠠ ᠶᠢ ᠰᠠᠶᠢᠳᠤᠷ ᠡᠵᠡᠮᠰᠢᠭᠰᠡᠨ ᠡᠵᠡᠩᠨᠡᠭᠴᠢ ᠮᠠᠶ᠋ᠢᠭ ᠤᠨ ᠴᠢᠳᠠᠪᠦᠷᠢᠳᠠᠨ ᠪᠠ ᠬᠠᠮᠢᠶᠠᠷᠤᠭᠴᠢ ᠮᠠᠶ᠋ᠢᠭ ᠤᠨ ᠴᠢᠳᠠᠪᠦᠷᠢᠳᠠᠨ ᠢ ᠭᠤᠤᠯᠳᠠᠯᠭ᠎ᠠ ᠲᠠᠢ ᠬᠦᠮᠦᠵᠢᠬᠦᠯᠵᠤ᠂ ᠦᠨᠳᠦᠰᠦᠳᠡᠨ ᠤ ᠰᠤᠶᠤᠯ ᠤᠨ ᠦᠵᠡᠬᠦᠯᠬᠡ ᠶᠢᠨ ᠲᠤᠭᠯᠠᠯᠳᠠ᠂ ᠪᠦᠳᠦᠬᠡᠭᠳᠡᠬᠦᠨ᠂ ᠵᠢᠭᠤᠯᠴᠢᠯᠠᠯ ᠤᠨ ᠵᠠᠬ᠎ᠠ ᠲᠡᠯᠭᠡᠭᠦᠷ ᠢ ᠦᠷᠬᠡᠳᠬᠡᠨ᠂ ᠦᠨᠳᠦᠰᠦᠳᠡᠨ ᠤ ᠤᠳᠬ᠎ᠠ ᠤᠷᠠᠯᠢᠭ ᠤᠨ ᠬᠤᠳᠠᠯᠳᠤᠭᠠᠨ ᠤ ᠦᠷᠳᠡᠭ ᠢ ᠨᠢ ᠨᠡᠬᠡᠬᠡᠨ ᠠᠰᠢᠭᠯᠠᠵᠤ᠂ ᠦᠨᠳᠦᠰᠦᠳᠡᠨ  ᠤ ᠰᠤᠶᠤᠯ ᠤᠨ ᠠᠵᠤ ᠦᠢᠯᠡᠰ ᠤᠨ ᠨᠡᠷ᠎ᠡ ᠲᠡᠮᠳᠡᠭ ᠢ ᠲᠠᠰᠤᠷᠠᠯᠳᠠ ᠦᠬᠡᠢ ᠶᠡᠬᠡᠳᠬᠡᠨ᠎ᠡ᠃                                                    ᠰᠦᠨ ᠱᠤ᠋ ᠬᠤᠨᠭ᠌ — ᠬᠤᠰᠢᠭᠤ ᠦᠨᠳᠦᠰᠦᠳᠡᠨ ᠱᠠᠰᠢᠨ ᠰᠤᠷᠳᠠᠬᠤᠨ ᠤ ᠬᠡᠷᠡᠭ ᠡᠷᠬᠢᠯᠡᠬᠦ ᠲᠤᠪᠴᠢᠶ᠎ᠠ  ᠶᠢᠨ ᠠᠯᠪᠠᠨ ᠬᠡᠷ ᠤᠨ ᠡᠷᠬᠢᠯᠡᠭᠴᠢ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号