ᠦᠨᠳᠦᠰᠦᠳᠡᠨ ᠤ ᠦᠬᠡ ᠬᠡᠯᠡ ᠦᠰᠦᠭ ᠪᠢᠴᠢᠭ ᠤᠨ ᠠᠵᠢᠯ ᠤᠨ ᠡᠷᠬᠢᠴᠡᠬᠦᠯᠦᠯ | ᠶᠢᠨ ᠶᠢᠩ | ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠮᠤᠩᠭᠤᠯ ᠦᠬᠡ ᠬᠡᠯᠡ ᠦᠰᠦᠭ ᠪᠢᠴᠢᠭ | ᠤᠨ ᠠᠵᠢᠯ ᠤᠨ ᠲᠦᠷᠢᠮ︾ ︵ᠲᠤᠤᠷ᠎ᠠ ᠲᠦᠬᠦᠮᠴᠢᠯᠡᠬᠡᠳ ︽ᠲᠦᠷᠢᠮ︾ ᠬᠡᠪᠡ︶ 2005 ᠤᠨ ᠤ 5 ᠰᠠᠷ᠎ᠠ | ᠶᠢᠨ 1 ᠳᠤ ᠨᠡᠶᠢᠳᠡᠯᠡᠭᠳᠡᠵᠤ ᠬᠡᠷᠡᠭᠵᠢᠬᠦᠯᠦᠭᠳᠡᠭᠰᠡᠨ ᠠᠴᠠ ᠨᠠᠰᠢ᠂ ᠮᠠᠨ ᠤ ᠬᠤᠰᠢᠭᠤ ︽ᠲᠦᠷᠢᠮ︾ ᠢ ᠰᠠᠶᠢᠳᠤᠷ | ᠲᠤᠤᠱᠯᠠᠭᠤᠯᠤᠨ ᠨᠠᠶᠢᠳᠠᠪᠦᠷᠢᠵᠢᠭᠤᠯᠵᠤ᠂ ᠪᠦᠬᠦ ᠬᠤᠰᠢᠭᠤᠨ ᠤ ᠬᠦᠷᠢᠶ᠎ᠡ ᠬᠡᠪᠴᠢᠶᠠᠨ ᠳᠤ ᠤᠬᠠᠭᠤᠯᠭ᠎ᠠ ᠬᠦᠮᠦᠵᠢᠯ | ᠤᠨ ᠠᠵᠢᠯ ᠦᠷᠬᠡᠨ ᠢᠶᠠᠷ ᠦᠷᠨᠢᠬᠦᠯᠤᠨ᠂ ᠮᠤᠩᠭᠤᠯ ᠬᠡᠯᠡ ᠪᠢᠴᠢᠭ ᠤᠨ ᠠᠵᠢᠯ ᠤᠨ ᠪᠠᠶᠢᠭᠤᠯᠤᠮᠵᠢ ᠶᠢ ᠪᠠᠶᠢᠭᠤᠯᠤᠨ | ᠲᠡᠬᠦᠯᠳᠡᠷᠵᠢᠬᠦᠯᠵᠤ᠂ ᠮᠤᠩᠭᠤᠯ ᠬᠢᠳᠠᠳ ᠤᠷᠴᠢᠭᠤᠯᠤᠭᠴᠢ ᠶᠢᠨ ᠡᠩᠨᠡᠭᠡ ᠶᠢᠨ ᠪᠦᠳᠦᠬᠡᠨ ᠪᠠᠶᠢᠭᠤᠯᠤᠯᠳᠠ ᠶᠢᠨ | ᠡᠷᠴᠢᠮ ᠢ ᠴᠢᠩᠭᠠᠳᠬᠠᠨ᠂ ᠬᠠᠤᠯᠢ ᠶᠤᠰᠤᠭᠠᠷ ᠨᠡᠶᠢᠬᠡᠮ ᠤᠨ ᠦᠡᠭᠬᠡᠨ ᠳᠠᠬᠢ ᠮᠤᠩᠭᠤᠯ ᠬᠢᠳᠠᠳ ᠦᠰᠦᠭ ᠪᠢᠴᠢᠭ | ᠤᠨ ᠵᠡᠷᠬᠡᠪᠡᠷ ᠬᠡᠷᠡᠭᠯᠡᠬᠡᠨ ᠤ ᠲᠤᠬᠠᠢ ᠬᠠᠮᠢᠶᠠᠷᠤᠯᠳᠠ ᠪᠠᠨ ᠴᠢᠩᠭᠠᠳᠬᠠᠵᠤ᠂ ᠶᠠᠭᠤᠨ ᠤ ᠡᠮᠤᠨ᠎ᠡ ᠦᠨᠳᠦᠰᠦᠳᠡᠨ ᠤ | ᠰᠤᠷᠭᠠᠨ ᠬᠦᠮᠦᠵᠢᠯ ᠢ ᠭᠤᠤᠯᠳᠠᠯᠭ᠎ᠠ ᠲᠠᠢ ᠠᠳᠬᠤᠵᠤ ᠠᠬᠢᠭᠤᠯᠤᠨ᠂ ᠮᠤᠩᠭᠤᠯᠴᠤᠳ ᠤᠨ ᠰᠤᠶᠤᠯ ᠤᠨ ᠠᠮᠢᠳᠤᠷᠠᠯ | ᠢ ᠲᠠᠰᠤᠷᠠᠯᠳᠠ ᠦᠬᠡᠢ ᠪᠠᠶᠠᠯᠢᠭᠵᠢᠭᠤᠯᠵᠤ᠂ ᠦᠨᠳᠦᠰᠦᠳᠡᠨ ᠤ ᠦᠬᠡ ᠬᠡᠯᠡ ᠦᠰᠦᠭ ᠪᠢᠴᠢᠭ ᠪᠠ ᠰᠤᠶᠤᠯ ᠢ | ᠤᠯᠠᠮᠵᠢᠯᠠᠵᠤ ᠬᠦᠭᠵᠢᠬᠦᠯᠦᠭᠰᠡᠨ ᠠᠴᠠ ᠪᠦᠬᠦ ᠬᠤᠰᠢᠭᠤᠨ ᠤ ᠮᠤᠩᠭᠤᠯ ᠦᠬᠡ ᠬᠡᠯᠡ ᠦᠰᠦᠭ ᠪᠢᠴᠢᠭ ᠤᠨ | ᠦᠢᠯᠡᠴᠢᠬᠡ ᠶᠢᠨ ᠲᠦᠪᠰᠢᠨ ᠲᠠᠰᠤᠷᠠᠯᠳᠠ ᠦᠬᠡᠢ ᠲᠡᠭᠡᠭᠰᠢᠯᠡᠵᠤ᠂ ᠮᠡᠳᠡᠭᠳᠡᠮ᠎ᠡ ᠠᠮᠵᠢᠯᠳᠠ ᠤᠯᠤᠭᠰᠠᠨ ᠪᠠᠶᠢᠨ᠎ᠠ᠃ | ︵ᠨᠢᠬᠡ︶ ᠤᠬᠠᠭᠤᠯᠭ᠎ᠠ ᠬᠦᠮᠦᠵᠢᠯ ᠤᠨ ᠡᠷᠴᠢᠮ ᠢᠶᠠᠨ ᠴᠢᠩᠭᠠᠳᠬᠠᠨ᠂ ᠺᠠᠳ᠋ᠷ ᠤᠯᠠᠨ ᠲᠦᠮᠡᠨ ᠤ | ᠲᠦᠷᠦ ᠶᠢᠨ ᠪᠤᠳᠤᠯᠭ᠎ᠠ ᠬᠠᠤᠯᠢ ᠴᠠᠭᠠᠵᠠ ᠶᠢᠨ ᠦᠵᠡᠯ ᠤᠬᠠᠮᠰᠠᠷ ᠢ ᠨᠢ ᠲᠡᠭᠡᠭᠰᠢᠯᠡᠬᠦᠯᠪᠡ᠃ ᠮᠠᠨ ᠤ ᠬᠤᠰᠢᠭᠤ | ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭᠠᠨ᠂ ᠲᠦᠷᠦ ᠶᠢᠨ ᠪᠤᠳᠤᠯᠭ᠎ᠠ ᠬᠠᠤᠯᠢ ᠴᠠᠭᠠᠵᠠ ᠶᠢᠨ | ᠤᠬᠠᠭᠤᠯᠭ᠎ᠠ ᠶᠢᠨ ᠰᠠᠷ᠎ᠠ ᠪᠠ ᠴᠢᠬᠤᠯᠠ ᠶᠡᠭᠡ ᠨᠠᠶᠢᠷ ᠨᠠᠭᠠᠳᠤᠮ ᠢ ᠬᠦᠢᠴᠡᠳ ᠠᠰᠢᠭᠯᠠᠨ᠂ ᠰᠤᠨᠢᠨ ᠮᠡᠳᠡᠭᠡ ᠲᠡᠭᠡᠷ᠎ᠡ | ᠲᠤᠰᠬᠠᠢ ᠪᠤᠯᠤᠩ ᠭᠠᠷᠠᠭᠠᠬᠤ᠂ ᠲᠧᠯᠸᠢᠰ ᠲᠡᠭᠡᠷ᠎ᠡ ᠲᠤᠰᠬᠠᠢ ᠰᠡᠳᠤᠪ ᠢᠶᠠᠷ ᠮᠡᠳᠡᠬᠡᠯᠡᠬᠦ ᠪᠠᠷ ᠲᠠᠮᠵᠢᠨ᠂ ᠨᠡᠶᠢᠳᠡ ᠶᠢᠨ | ᠲᠠᠯᠠᠪᠠᠢ ᠳᠤ ᠤᠷᠢᠶ᠎ᠠ ᠯᠤᠽᠦ᠋ᠡᠭ ᠤᠨ ᠦᠬᠡ ᠨᠠᠭᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠤᠬᠠᠭᠤᠯᠭ᠎ᠠ | ᠶᠢᠨ ᠡᠲᠦᠷ ᠤᠨ ᠠᠵᠢᠯᠯᠠᠭᠠᠨ ᠦᠷᠨᠢᠬᠦᠯᠬᠦ ᠪᠠᠷ ᠲᠠᠮᠵᠢᠨ᠂ ᠪᠦᠬᠦ ᠬᠤᠰᠢᠭᠤᠨ ᠤ ᠬᠡᠪᠴᠢᠶᠠᠨ ᠳᠤ ᠤᠬᠠᠭᠤᠯᠭ᠎ᠠ | ᠬᠦᠮᠦᠵᠢᠯ ᠤᠨ ᠠᠵᠢᠯᠯᠠᠭ᠎ᠠ ᠦᠷᠨᠢᠬᠦᠯᠵᠤ᠂ ᠤᠬᠠᠭᠤᠯᠭ᠎ᠠ ᠬᠦᠮᠦᠵᠢᠯ ᠪᠠ ᠪᠠᠶᠢᠴᠠᠭᠠᠯᠳᠠ ᠴᠡᠭᠴᠡᠯᠡᠯᠳᠡ ᠶᠢ | ᠤᠶᠠᠯᠳᠤᠭᠤᠯᠤᠭᠰᠠᠨ ᠠᠴᠠ ︽ᠲᠦᠷᠢᠮ︾ ᠨᠢ ᠦᠨᠡᠨ ᠬᠦ᠋ ᠬᠦᠮᠦᠰ ᠤᠨ ᠰᠡᠳᠬᠢᠯ ᠳᠤ ᠬᠦᠨ ᠬᠠᠳᠠᠩᠰᠢᠪᠠ᠃ ︽ | ᠲᠦᠷᠢᠮ︾ ᠨᠡᠶᠢᠳᠡᠯᠡᠭᠳᠡᠭᠰᠡᠨ ᠠᠴᠠ ᠨᠠᠰᠢ᠂ ᠮᠠᠨ ᠤ ᠬᠤᠰᠢᠭᠤ ᠵᠢᠯ ᠪᠦᠷᠢ ᠲᠤᠮᠳᠠᠴᠢ ᠪᠠᠷ ᠤᠬᠠᠭᠤᠯᠭ᠎ᠠ ᠶᠢᠨ | ᠡᠯᠬᠦᠬᠡ ᠪᠢᠴᠢᠬᠡᠰᠤ12 ᠬᠤᠪᠢ᠂ ᠤᠬᠠᠭᠤᠯᠭ᠎ᠠ ᠶᠢᠨ ᠬᠠᠭᠤᠳᠠᠰᠤ 5000 ᠬᠤᠪᠢ ᠡᠯᠬᠦᠵᠤ ᠲᠠᠷᠬᠠᠭᠠᠪᠠ︔ | ᠤᠷᠤᠨ ᠪᠠ ᠬᠤᠳᠠ ᠶᠢᠨ ᠮᠤᠩᠭᠤᠯ ᠤᠳᠤᠨ ᠲᠧᠯᠸᠢᠰ ᠤᠨ ᠰᠤᠨᠢᠨ ᠮᠡᠳᠡᠬᠡᠨ ᠲᠡᠭᠡᠷ᠎ᠡ ᠲᠤᠰ ᠲᠤᠰ 1ᠤᠳᠠᠭ᠎ᠠ | ᠮᠡᠳᠡᠬᠡᠯᠡᠵᠤ᠂ ᠤᠯᠠᠭᠠᠨᠬᠠᠳᠠ ᠬᠤᠳᠠ ᠶᠢᠨ ᠷᠠᠳᠢᠤ᠋ ᠲᠧᠯᠸᠢᠰ ᠲᠡᠭᠡᠷ᠎ᠡ ᠲᠤᠰᠬᠠᠢ ᠰᠡᠳᠤᠪ ᠢᠶᠠᠷ ᠲᠤᠰ 1 ᠬᠤᠭᠤᠴᠠᠭ᠎ᠠ | ᠮᠡᠳᠡᠬᠡᠯᠡᠪᠡ︔ ᠪᠠᠭᠠᠷᠢᠨ ᠵᠡᠬᠦᠨ ᠬᠤᠰᠢᠭᠤᠨ ᠤ ᠷᠠᠳᠢᠤ᠋ ᠲᠧᠯᠸᠢᠰ ᠲᠡᠭᠡᠷ᠎ᠡ 3 ᠬᠤᠭᠤᠴᠠᠭ᠎ᠠ ᠮᠡᠳᠡᠬᠡᠯᠡᠵᠤ᠂ | ᠬᠤᠰᠢᠭᠤᠨ ᠤ ᠰᠤᠨᠢᠨ ᠲᠡᠭᠡᠷ᠎ᠡ 2 ᠬᠤᠭᠤᠴᠠᠭᠠᠨ ᠤ ᠲᠤᠰᠬᠠᠢ ᠪᠤᠯᠤᠩ ᠭᠠᠷᠭᠠᠨ᠂ ᠤᠬᠠᠭᠤᠯᠭ᠎ᠠ ᠬᠦᠮᠦᠵᠢᠯ ᠤᠨ | ᠲᠠᠯ᠎ᠠ ᠪᠠᠷ ᠵᠤᠬᠢᠬᠤ ᠦᠷ᠎ᠡ ᠪᠦᠳᠦᠮᠵᠢ ᠤᠯᠤᠭᠰᠠᠨ ᠮᠦᠷᠳᠡᠬᠡᠨ᠂ ᠦᠷᠬᠡᠨ ᠤᠯᠠᠨ ᠺᠠᠳ᠋ᠷ ᠤᠯᠠᠨ ᠲᠦᠮᠡᠨ ᠤ ︽ | ᠲᠦᠷᠢᠮ︾ ᠢ ᠰᠤᠷᠤᠯᠴᠠᠵᠤ ᠨᠠᠶᠢᠳᠠᠪᠦᠷᠢᠵᠢᠭᠤᠯᠬᠤ ᠤᠬᠠᠮᠰᠠᠷ ᠢ ᠨᠢ ᠦᠨᠡᠨᠬᠦ ᠲᠡᠭᠡᠭᠰᠢᠯᠡᠬᠦᠯᠪᠡ᠃ | ︵ᠬᠤᠶᠠᠷ︶ ᠨᠡᠶᠢᠬᠡᠮ ᠤᠨ ᠦᠡᠭᠬᠡᠨ ᠬᠡᠷᠡᠭᠯᠡᠬᠡᠨ ᠳᠠᠬᠢ ᠦᠰᠦᠭ ᠪᠢᠴᠢᠭ ᠢᠶᠠᠷ ᠰᠢᠪᠳᠤᠯᠤᠯᠳᠠ ᠪᠤᠯᠭᠠᠨ᠂ | ᠮᠤᠩᠭᠤᠯ ᠦᠬᠡ ᠬᠡᠯᠡ ᠦᠰᠦᠭ ᠪᠢᠴᠢᠭ ᠰᠤᠷᠴᠤ ᠬᠡᠷᠡᠭᠯᠡᠬᠦ ᠶᠢ ᠠᠬᠢᠭᠤᠯᠪᠠ᠃ ᠨᠢᠬᠡ ᠳᠤ᠂ ᠲᠦᠷᠢᠮᠵᠢᠭᠰᠡᠨ ᠪᠢᠴᠢᠭ | ᠮᠠᠲ᠋ᠧᠷᠢᠶᠠᠯ ᠭᠠᠷᠭᠠᠪᠠ᠃ ᠣᠶᠢᠷ᠎ᠠ ᠶᠢᠨ ᠬᠡᠳᠦᠨ ᠵᠢᠯ᠂ ᠬᠤᠰᠢᠭᠤ ᠵᠠᠰᠠᠭ ᠤᠨ ᠣᠷᠳᠤᠨ ᠤᠷᠢᠳ ᠬᠤᠵᠢᠳ ︽ | ᠪᠠᠭᠠᠷᠢᠨ ᠵᠡᠭᠦᠨ ᠬᠤᠰᠢᠭᠤᠨ ᠤ ᠨᠡᠶᠢᠭᠡᠮ ᠤᠨ ᠦᠩᠭᠡᠨ ᠬᠡᠷᠡᠭᠯᠡᠬᠡᠨ ᠳᠠᠬᠢ ᠮᠣᠩᠭᠤᠯ ᠬᠢᠲᠠᠳ ᠬᠤᠶᠠᠷ ᠵᠦᠢᠯ ᠤᠨ | ᠦᠰᠦᠭ ᠪᠢᠴᠢᠭ ᠢ ᠵᠡᠷᠭᠡᠪᠡᠷ ᠬᠡᠷᠡᠭᠯᠡᠬᠦ ᠲᠦᠷᠢᠮᠵᠢᠭᠰᠡᠨ ᠬᠠᠮᠢᠶᠠᠷᠤᠯᠲᠠ ᠶᠢᠨ ᠠᠵᠢᠯᠯᠠᠭᠠᠨ ᠤ ᠬᠡᠷᠡᠭᠵᠢᠭᠦᠯᠬᠦ ᠲᠦᠰᠦᠪ | ︾᠂ ︽ᠪᠠᠭᠠᠷᠢᠨ ᠵᠡᠭᠦᠨ ᠬᠤᠰᠢᠭᠤᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡᠪᠡᠷ | ᠬᠡᠷᠡᠭᠯᠡᠭᠡ ᠶᠢᠨ ᠲᠤᠰᠬᠠᠢ ᠴᠡᠭᠴᠡᠯᠡᠯᠲᠡ ᠶᠢ ᠬᠡᠷᠡᠭᠵᠢᠭᠦᠯᠬᠦ ᠲᠦᠰᠦᠪ︾ ᠵᠡᠷᠭᠡ ᠳᠦᠷᠢᠮᠵᠢᠭᠰᠡᠨ ᠪᠢᠴᠢᠭ ᠮᠠᠲ᠋ᠧᠷᠢᠶᠠᠯ | ᠲᠠᠷᠬᠠᠭᠠᠨ᠂ ᠨᠡᠶᠢᠭᠡᠮ ᠤᠨ ᠦᠩᠭᠡᠨ ᠬᠡᠷᠡᠭᠯᠡᠬᠡᠨ ᠳᠠᠬᠢ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ | ᠤᠨ ᠵᠡᠷᠭᠡᠪᠡᠷ ᠬᠡᠷᠡᠭᠯᠡᠭᠡ ᠶᠢᠨ ᠲᠤᠬᠠᠢ ᠳᠦᠷᠢᠮ ᠲᠤᠭᠳᠠᠭᠠᠯ᠂ ᠮᠤᠩᠭᠤᠯ ᠬᠢᠳᠠᠳ ᠦᠰᠦᠭ ᠤᠨᠬᠠᠷᠢᠴᠠᠯ᠂ ᠦᠩᠭᠡ | ᠪᠣᠳᠤᠭ ᠵᠡᠷᠭᠡ ᠲᠠᠯ᠎ᠠ ᠪᠠᠷ ᠴᠢᠩᠭ᠎ᠠ ᠲᠣᠭᠲᠠᠭᠠᠯ ᠭᠠᠷᠭᠠᠪᠠ᠃ ᠬᠤᠶᠠᠷ ᠲᠤ᠂ ᠨᠡᠶᠢᠬᠡᠮ ᠤᠨ ᠦᠡᠭᠬᠡᠨ ᠬᠡᠷᠡᠭᠯᠡᠬᠡᠨ | ᠳᠠᠬᠢ ᠮᠤᠩᠭᠤᠯ ᠬᠢᠳᠠᠳ ᠦᠰᠦᠭ ᠪᠢᠴᠢᠭ ᠤᠨ ᠵᠡᠷᠬᠡᠪᠡᠷ ᠬᠡᠷᠡᠭᠯᠡᠭᠡ ᠶᠢ ᠡᠬᠢ ᠡᠬᠦᠰᠦᠯ ᠤᠨ ᠱᠠᠳᠤᠨ ᠳᠤ ᠨᠢ | ᠵᠠᠰᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠪᠠ᠃ ᠪᠦᠬᠦ ᠬᠤᠰᠢᠭᠤᠨ ᠤ ᠫᠠᠶᠢᠰᠠ ᠢᠯᠡᠷᠬᠡᠶᠢᠯᠡᠯ ᠦᠢᠯᠡᠳᠬᠦ | ᠨᠢᠭᠡᠴᠡ ᠳᠤ ᠬᠢᠷᠢ ᠭᠡᠮ ᠤᠨ ᠬᠢᠨᠠᠨ ᠲᠣᠭᠲᠠᠭᠠᠯᠲᠠ ᠬᠢᠵᠦ᠂ ᠨᠦᠬᠦᠴᠡᠯ ᠳᠤ ᠨᠡᠶᠢᠴᠡᠭᠰᠡᠨ 13 ᠨᠢᠭᠡᠴᠡ ᠳᠤ ︽ | ᠫᠠᠶᠢᠰᠠ ᠢᠯᠡᠷᠬᠡᠶᠢᠯᠡᠯ ᠦᠢᠯᠡᠳᠬᠦ ᠵᠦᠪᠰᠢᠶᠡᠷᠡᠯ ᠤᠨ ᠦᠨᠡᠮᠯᠡᠯ︾ ᠲᠠᠷᠬᠠᠭᠠᠪᠠ︔ ᠫᠠᠶᠢᠰᠠ ᠢᠯᠡᠷᠬᠡᠶᠢᠯᠡᠯ ᠦᠢᠯᠡᠳᠬᠦ | ᠬᠠᠷᠢᠭᠤᠴᠠᠯᠭ᠎ᠠ ᠶᠢᠨ ᠪᠢᠴᠢᠭ ᠳᠡᠭᠡᠷ᠎ᠡ ᠭᠠᠷ ᠤᠨ ᠦᠰᠦᠭ ᠵᠢᠷᠤᠵᠤ᠂ ᠫᠠᠶᠢᠰᠠ ᠢᠯᠡᠷᠬᠡᠶᠢᠯᠡᠯ ᠢ ᠦᠢᠯᠡᠳᠬᠦ᠂ ᠬᠢᠨᠠᠨ | ᠰᠢᠯᠭᠠᠬᠤ᠂ ᠳᠠᠩᠰᠠᠯᠠᠬᠤ ᠳᠦᠷᠢᠮ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢᠶᠠᠷ ᠳᠠᠮᠵᠢᠭᠤᠯᠤᠨ᠂ ᠫᠠᠶᠢᠰᠠ | ᠢᠯᠡᠷᠬᠡᠶᠢᠯᠡᠯ ᠢ ᠠᠩᠬᠠᠨ ᠤ ᠱᠠᠲᠤᠨ ᠳᠤᠨᠢ ᠵᠠᠰᠠᠨ ᠴᠡᠭᠴᠡᠯᠡᠬᠦ ᠬᠦᠴᠦᠯᠡᠴᠡ ᠪᠠᠨ ᠲᠠᠰᠤᠷᠠᠯᠲᠠ ᠦᠭᠡᠢ | ᠴᠢᠩᠭᠠᠳᠬᠠᠵᠤ᠂ ᠨᠡᠶᠢᠭᠡᠮ ᠤᠨ ᠥᠩᠭᠡᠨ ᠲᠠᠯ᠎ᠠ ᠶᠢᠨ ᠦᠰᠦᠭ ᠪᠢᠴᠢᠭ ᠤᠨ ᠬᠡᠷᠡᠭᠯᠡᠭᠡᠨ ᠤ ᠳᠦᠷᠢᠮᠵᠢᠯ ᠪᠠ | ᠲᠦᠷᠢᠮᠵᠢᠭᠰᠡᠨ ᠬᠠᠮᠢᠶᠠᠷᠤᠯᠲᠠ ᠳᠤ ᠪᠠᠳᠤ ᠪᠠᠬᠢ ᠰᠠᠭᠤᠷᠢ ᠶᠢ ᠲᠠᠯᠪᠢᠪᠠ᠃ ᠭᠤᠷᠪᠠ ᠳᠤ᠂ ᠪᠠᠶᠢᠴᠠᠭᠠᠯᠳᠠ ᠪᠠᠨ | ᠴᠢᠩᠭᠠᠳᠬᠠᠨ᠂ ᠲᠤᠰᠬᠠᠢ ᠵᠠᠰᠠᠨ ᠴᠡᠭᠴᠡᠯᠡᠬᠦ ᠠᠵᠢᠯ ᠦᠷᠨᠢᠭᠦᠯᠪᠡ᠃ ᠵᠢᠯ ᠪᠦᠷᠢ ᠶᠢᠨ 5 ᠰᠠᠷ᠎ᠠ᠂ ᠬᠤᠰᠢᠭᠤᠨ ᠤ | ᠵᠠᠰᠠᠭ ᠤᠨ ᠤᠷᠳᠤᠨ ᠠᠴᠠ ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠦᠨᠳᠦᠰᠦᠲᠡᠨ ᠱᠠᠰᠢᠨ ᠰᠤᠷᠲᠠᠬᠤᠨ ᠤ | ᠬᠡᠷᠡᠭ ᠡᠷᠬᠢᠯᠡᠬᠦ ᠲᠣᠪᠴᠢᠶ᠎ᠠ ᠵᠢᠴᠢ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ | ᠪᠠᠶᠢᠭᠤᠯᠤᠯᠭ᠎ᠠ ᠨᠢᠬᠡᠴᠡ ᠶᠢ ᠵᠤᠬᠢᠶᠠᠨ ᠪᠠᠶᠢᠭᠤᠯᠵᠤ᠂ ᠪᠦᠬᠦ ᠬᠤᠰᠢᠭᠤᠨ ᠤ ᠨᠠᠮ ᠵᠠᠰᠠᠭ ᠤᠨ ᠪᠠᠶᠢᠭᠤᠯᠭ᠎ᠠ᠂ ᠠᠵᠤ | ᠠᠬᠤᠶᠢᠯᠠᠯ ᠠᠵᠢᠯ ᠦᠢᠯᠡᠰ ᠤᠨ ᠨᠢᠬᠡᠴᠡ ᠪᠠ ᠯᠢᠨᠳᠦ᠋ᠡᠭ ᠬᠤᠳᠠ ᠲᠤᠭᠤᠷᠢᠭ ᠲᠠᠬᠢ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠳᠤ ᠶᠡᠭᠡ ᠪᠠᠶᠢᠭᠠᠴᠠᠯᠳᠠ᠂ ᠶᠡᠭᠡ ᠴᠡᠭᠴᠡᠯᠡᠯᠳᠡ ᠬᠢᠵᠤ᠂ ᠨᠡᠶᠢᠭᠡᠮ ᠤᠨ ᠦᠩᠭᠡᠨ ᠲᠠᠯ᠎ᠠ | ᠶᠢᠨ ᠦᠰᠦᠭ ᠪᠢᠴᠢᠭ ᠤᠨ ᠬᠡᠷᠡᠭᠯᠡᠭᠡᠨ ᠤ ᠲᠣᠭᠲᠠᠭᠠᠯ ᠳᠤ ᠨᠡᠶᠢᠴᠡᠬᠦ ᠦᠭᠡᠢ ᠨᠢᠭᠡᠴᠡ ᠶᠢ ᠲᠤᠭᠳᠠᠭᠰᠠᠨ | ᠬᠤᠭᠤᠴᠠᠭᠠᠨ ᠳᠤ ᠬᠠᠯᠠᠨ ᠰᠠᠶᠢᠵᠢᠷᠠᠭᠤᠯᠬᠤ ᠪᠠᠷ ᠱᠠᠯᠠᠪᠳᠠᠵᠤ᠂ ᠲᠣᠭᠲᠠᠭᠰᠠᠨ ᠬᠤᠭᠤᠴᠠᠭᠠᠨ ᠳᠤ ᠵᠠᠰᠠᠬᠤ ᠦᠭᠡᠢ | ᠪᠣᠯ ᠬᠤᠯᠪᠣᠭᠳᠠᠯ ᠪᠦᠬᠦᠢ ᠪᠠᠶᠢᠭᠤᠯᠤᠯᠭ᠎ᠠ ᠠᠴᠠ ᠠᠯᠪᠠᠳᠠᠯᠭ᠎ᠠ ᠶᠢᠨ ᠴᠢᠨᠠᠷᠲᠠᠢ ᠠᠪᠴᠤ ᠬᠠᠶᠠᠬᠤ ᠪᠠᠷ ᠲᠣᠭᠲᠠᠭᠠᠪᠠ᠃ | ᠣᠳᠣ᠂ ᠯᠢᠨᠳᠦ᠋ᠡᠭ ᠬᠤᠳᠠ ᠲᠤᠭᠤᠷᠢᠭ ᠤᠨ ᠬᠡᠪᠴᠢᠶᠠᠨ ᠳᠠᠬᠢ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ | ᠠᠵᠢᠯ ᠦᠢᠯᠡᠰ ᠤᠨ ᠨᠢᠬᠡᠴᠡ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠫᠠᠶᠢᠰᠠ ᠢᠯᠡᠷᠬᠡᠶᠢᠯᠡᠯ | ᠨᠡᠶᠢᠳᠡ5361 ᠮᠤᠩᠭᠤᠯ ᠬᠢᠳᠠᠳ ᠦᠰᠦᠭ ᠪᠢᠴᠢᠭ ᠢ ᠵᠡᠷᠬᠡᠪᠡᠷ ᠬᠡᠷᠡᠭᠯᠡᠭᠰᠡᠨ ᠨᠤᠷᠮ᠎ᠠ ᠨᠢᠬᠡᠨᠳᠡ 98%᠂ | ᠲᠦᠷᠢᠮᠵᠢᠭᠰᠡᠨ ᠨᠤᠷᠮ᠎ᠠ 92% ᠳᠤ ᠬᠦᠷᠦᠭᠰᠡᠨ ᠪᠠᠶᠢᠨ᠎ᠠ︔ ᠲᠦᠷᠪᠡ᠂ ᠨᠡᠶᠢᠬᠡᠮ ᠤᠨ ᠦᠡᠭᠬᠡᠨ ᠬᠡᠷᠡᠭᠯᠡᠬᠡᠨ ᠤ | ᠮᠤᠩᠭᠤᠯ ᠬᠢᠳᠠᠳ ᠤᠨ ᠤᠷᠴᠢᠭᠤᠯᠭ᠎ᠠ᠂ ᠬᠢᠨᠠᠨ ᠵᠦᠪᠰᠢᠶᠡᠷᠡᠯ ᠵᠡᠷᠬᠡ ᠠᠵᠢᠯ ᠤᠨ ᠲᠤᠤᠷ ᠰᠦᠯᠵᠢᠶᠡᠵᠢᠯ ᠢ | ᠪᠡᠶᠡᠯᠡᠬᠦᠯᠵᠤ᠂ ᠲᠤᠤᠷ ᠰᠦᠯᠵᠢᠶ᠎ᠡ ᠶᠢ ᠬᠦᠢᠴᠡᠳ ᠠᠰᠢᠭᠯᠠᠨ ᠨᠡᠶᠢᠬᠡᠮ ᠤᠨ ᠦᠡᠭᠬᠡᠨ ᠬᠡᠷᠡᠭᠯᠡᠬᠡᠨ ᠤ ᠦᠰᠦᠭ | ᠪᠢᠴᠢᠭ ᠢ ᠤᠷᠴᠢᠭᠤᠯᠬᠤ᠂ ᠬᠠᠷᠭᠤᠭᠤᠯᠬᠤ᠂ ᠬᠢᠨᠠᠨ ᠵᠦᠪᠰᠢᠶᠠᠷᠡᠯ ᠬᠢᠵᠤ᠂ ᠠᠵᠢᠯ ᠤᠨ ᠦᠷ᠎ᠡ ᠠᠰᠢᠭ ᠢ | ᠲᠡᠭᠡᠭᠰᠢᠯᠡᠬᠦᠯᠭᠰᠡᠨ ᠮᠦᠷᠳᠡᠬᠡᠨ ᠤᠯᠠᠨ ᠲᠦᠮᠡᠨ ᠳᠤ ᠲᠦᠬᠦᠮ ᠦᠵᠡᠬᠦᠯᠪᠡ᠃ | ︵ ᠭᠤᠷᠪᠠ︶ ᠤᠷᠴᠢᠭᠤᠯᠭ᠎ᠠ ᠶᠢᠨ ᠪᠠᠶᠢᠭᠤᠯᠤᠮᠵᠢ ᠪᠠᠶᠢᠭᠤᠯᠵᠤ᠂ ᠲᠤᠰᠬᠠᠢ ᠤᠷᠴᠢᠭᠤᠯᠤᠭᠴᠢ | ᠲᠤᠬᠢᠷᠠᠭᠤᠯᠪᠠ᠃ 2011 ᠤᠨ ᠳᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠦᠨᠳᠦᠰᠦᠳᠡᠨ | ᠱᠠᠰᠢᠨ ᠰᠤᠷᠳᠠᠬᠤᠨ ᠤ ᠬᠡᠷᠡᠭ ᠶᠠᠪᠤᠳᠠᠯ ᠤᠨ ᠲᠤᠪᠴᠢᠶ᠎ᠠ ᠳᠤ ᠤᠷᠴᠢᠭᠤᠯᠭ᠎ᠠ ᠶᠢᠨ ᠠᠯᠪᠠᠨ ᠬᠡᠷ ᠪᠠᠶᠢᠭᠤᠯᠵᠤ᠂ | ᠠᠰᠫᠢᠷᠠᠨᠲ ᠶᠢᠨ ᠰᠤᠷᠤᠯᠭ᠎ᠠ ᠶᠢᠨ ᠨᠠᠮᠳᠠᠷ ᠲᠠᠢ ᠭᠤᠷᠪᠠᠨ ᠲᠤᠰᠬᠠᠢ ᠤᠷᠴᠢᠭᠤᠯᠤᠭᠴᠢ ᠲᠤᠬᠢᠷᠠᠭᠤᠯᠪᠠ᠃ | ᠤᠷᠴᠢᠭᠤᠯᠭ᠎ᠠ ᠶᠢᠨ ᠲᠠᠰᠤᠭ ᠪᠠᠶᠢᠭᠤᠯᠤᠭᠳᠠᠭᠰᠠᠨ ᠠᠴᠠ ᠨᠠᠰᠢ᠂ ᠵᠢᠯ ᠪᠦᠷᠢ ᠬᠤᠰᠢᠭᠤᠨ ᠤ ᠬᠤᠶᠠᠷ ᠬᠤᠷᠠᠯ ᠤᠨ | ᠮᠡᠳᠡᠬᠦᠯᠦᠯᠳᠡ ᠶᠢ 2 ᠲᠦᠮᠡ ᠠᠴᠠ 4 ᠲᠦᠮᠡᠨ ᠦᠰᠦᠭ ᠤᠷᠴᠢᠭᠤᠯᠵᠤ᠂ ᠬᠤᠷᠠᠯ ᠤᠨ ᠲᠡᠮᠳᠡᠭ ᠪᠠ ᠤᠬᠠᠭᠤᠯᠭ᠎ᠠ | ᠶᠢᠨ ᠡᠯᠬᠦᠬᠡᠰᠤ100 ᠬᠤᠪᠢ ᠂ ᠪᠠᠶᠢᠭᠤᠯᠭ᠎ᠠ ᠨᠢᠬᠡᠴᠡ ᠪᠠ ᠺᠤᠮᠫᠠᠨᠢ ᠶᠢᠨ ᠨᠡᠷ᠎ᠡ 30᠂ ᠬᠡᠷ ᠤᠨ ᠭᠠᠳᠠᠨᠠᠬᠢ ᠵᠡᠷ | ᠮᠡᠳᠡᠭᠡ ᠫᠠᠶᠢᠰᠠ ᠢᠯᠡᠷᠬᠡᠶᠢᠯᠡᠯ1036᠂ ᠠᠯᠪᠠᠨ ᠪᠢᠴᠢᠭ ᠤᠨ ᠬᠠᠭᠤᠳᠠᠰᠤ ᠪᠠ ᠲᠠᠮᠠᠭ᠎ᠠ 50 ᠬᠤᠪᠢ | ᠤᠷᠴᠢᠭᠤᠯᠪᠠ᠃ | ︵ᠲᠦᠷᠪᠡ︶ ᠴᠢᠳᠠᠪᠦᠷᠢᠳᠠᠨ ᠬᠦᠮᠦᠵᠢᠬᠦᠯᠬᠦ ᠶᠢ ᠬᠦᠨᠳᠦᠳᠬᠡᠨ ᠴᠢᠬᠤᠯᠠᠴᠢᠯᠠᠪᠠ᠃ ᠨᠢᠬᠡ ᠳᠤ᠂ ᠡᠩᠨᠡᠬᠡᠨ | ᠤ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠂ ᠮᠤᠩᠭᠤᠯ ᠬᠡᠯᠡ ᠪᠢᠴᠢᠭ ᠤᠨ ᠠᠵᠢᠯᠳᠠᠨ ᠪᠠ ᠤᠷᠴᠢᠭᠤᠯᠤᠭᠴᠢ | ᠶᠢᠨ ᠲᠦᠷᠦ ᠶᠢᠨ ᠪᠤᠳᠤᠯᠭ᠎ᠠ ᠬᠠᠤᠯᠢ ᠴᠠᠭᠠᠵᠠ ᠶᠢᠨ ᠲᠤᠬᠠᠢ ᠦᠵᠡᠯ ᠤᠬᠠᠮᠰᠠᠷ ᠪᠠ ᠬᠠᠤᠯᠢ ᠶᠤᠰᠤᠭᠠᠷ ᠵᠠᠰᠠᠭ | ᠶᠠᠪᠤᠭᠤᠯᠬᠤ ᠴᠢᠳᠠᠪᠦᠷᠢ ᠶᠢ ᠨᠢ ᠲᠠᠰᠤᠷᠠᠯᠳᠠ ᠦᠬᠡᠢ ᠲᠡᠭᠡᠭᠰᠢᠯᠡᠬᠦᠯᠪᠡ︔ ᠬᠤᠶᠠᠷ ᠲᠤ᠂ ︽ᠮᠤᠩᠭᠤᠯ ᠬᠡᠯᠡᠨ ᠤ | ᠰᠢᠨ᠎ᠡ ᠨᠡᠷ᠎ᠡ ᠲᠤᠮᠢᠶ᠎ᠠ ᠶᠢᠨ ᠠᠯᠪᠠᠨ ᠮᠡᠳᠡᠬᠡᠯᠡᠯ︾ ︽ᠮᠤᠩᠭᠤᠯ ᠬᠡᠯᠡᠨ ᠤ ᠲᠤᠰᠬᠠᠢ ᠮᠡᠷᠬᠡᠵᠢᠯ ᠤᠨ ᠨᠡᠷ᠎ᠡ ᠲᠤᠮᠢᠶ᠎ᠠ | ᠶᠢᠨ ᠠᠯᠪᠠᠨ ᠮᠡᠳᠡᠬᠡᠯᠡᠯ︾ ᠵᠡᠷᠬᠡ ᠶᠢ ᠦᠷᠬᠦᠯᠵᠢ ᠠᠩᠬᠠᠷᠴᠤ᠂ ᠮᠤᠩᠭᠤᠯ ᠬᠡᠯᠡᠨ ᠤ ᠰᠢᠨ᠎ᠡ ᠨᠡᠷ᠎ᠡ ᠲᠤᠮᠢᠶ᠎ᠠ ᠪᠠ | ᠲᠤᠰᠬᠠᠢ ᠮᠡᠷᠬᠡᠵᠢᠯ ᠤᠨ ᠨᠡᠷ᠎ᠡ ᠲᠤᠮᠢᠶ᠎ᠠ ᠶᠢ ᠴᠠᠭ ᠲᠤᠬᠠᠢ ᠳᠤᠨᠢ ᠰᠤᠷᠤᠯᠴᠠᠨ ᠡᠵᠡᠮᠰᠢᠪᠡ︔ ᠭᠤᠷᠪᠠ ᠳᠤ᠂ ᠤᠷᠤᠨ | ᠪᠠ ᠬᠤᠳᠠ ᠶᠢᠨ ᠮᠤᠩᠭᠤᠯ ᠬᠡᠯᠡᠨ ᠤ ᠪᠠᠷᠢᠮᠵᠢᠶ᠎ᠠ ᠠᠪᠢᠶ᠎ᠠ ᠶᠢᠨ ᠬᠦᠮᠦᠵᠢᠯ ᠪᠤᠯᠪᠠᠰᠤᠷᠠᠯ᠂ ᠲᠤᠰᠬᠠᠢ | ᠤᠷᠴᠢᠭᠤᠯᠤᠭᠴᠢ ᠶᠢᠨ ᠬᠦᠮᠦᠵᠢᠯ ᠪᠤᠯᠪᠠᠰᠤᠷᠠᠯ ᠳᠤ ᠤᠷᠤᠯᠴᠠᠨ ᠰᠤᠷᠤᠯᠴᠠᠭᠤᠯᠵᠤ᠂ ᠮᠤᠩᠭᠤᠯ ᠬᠡᠯᠡ ᠪᠢᠴᠢᠭ ᠤᠨ | ᠠᠵᠢᠯᠳᠠᠨ ᠪᠠ ᠤᠷᠴᠢᠭᠤᠯᠤᠭᠴᠢ ᠳᠤ ᠰᠠᠶᠢᠬᠠᠨ ᠲᠤᠬᠢᠶᠠᠯ ᠪᠠ ᠲᠡᠪᠴᠡᠩ ᠬᠠᠨᠭ᠍ᠭᠠᠨ᠂ ᠪᠤᠰᠤᠳ ᠲᠠᠢ ᠰᠤᠯᠢᠯᠴᠠᠨ | ᠪᠤᠰᠤᠳ ᠤᠨ ᠠᠮᠵᠢᠯᠳᠠ ᠪᠦᠳᠦᠮᠵᠢ ᠰᠤᠷᠤᠯᠴᠠᠭᠰᠠᠨ ᠮᠦᠷᠳᠡᠬᠡᠨ ᠤᠨᠤᠯ ᠤᠨ ᠲᠦᠪᠰᠢᠨ ᠢ ᠨᠢ ᠤᠯᠠᠮ ᠴᠢᠨᠠᠬᠰᠢᠳᠠ | ᠲᠡᠭᠡᠭᠰᠢᠯᠡᠬᠦᠯᠪᠡ᠃ ᠮᠠᠨ ᠤ ᠬᠤᠰᠢᠭᠤ ᠪᠦᠬᠦ ᠤᠷᠤᠨ ᠤ ᠮᠤᠩᠭᠤᠯ ᠬᠡᠯᠡ ᠪᠢᠴᠢᠭ ᠤᠨ ᠠᠵᠢᠯᠳᠠᠨ ᠪᠠ | ᠤᠷᠴᠢᠭᠤᠯᠤᠭᠴᠢ ᠶᠢᠨ ᠦᠷᠬᠦᠯᠵᠢᠯᠡᠭᠰᠡᠨ ᠰᠤᠷᠭᠠᠨ ᠬᠦᠮᠦᠵᠢᠯ ᠳᠤ 4 ᠤᠳᠠᠭ᠎ᠠ10 ᠢᠯᠡᠬᠦᠤ ᠬᠦᠮᠦᠨ ᠲᠤᠮᠢᠯᠠᠵᠤ | ᠰᠤᠷᠤᠯᠴᠠᠭᠤᠯᠪᠠ᠃ | ︵ᠲᠠᠪᠤ︶ ᠤᠯᠠᠨ ᠵᠦᠢᠯ ᠤᠨ ᠠᠷᠭ᠎ᠠ ᠬᠡᠯᠪᠡᠷᠢ ᠪᠠᠷ ᠮᠤᠩᠭᠤᠯᠴᠤᠳ ᠤᠨ ᠤᠶᠤᠨ ᠤ ᠠᠮᠢᠳᠤᠷᠠᠯ ᠢ | ᠪᠠᠶᠠᠯᠢᠭᠵᠢᠭᠤᠯᠪᠠ᠃ ᠤᠯᠠᠨ ᠵᠦᠢᠯ ᠤᠨ ᠠᠷᠭ᠎ᠠ ᠬᠡᠯᠪᠡᠷᠢ ᠪᠠᠷ ᠮᠤᠩᠭᠤᠯᠴᠤᠳ ᠤᠨ ᠤᠶᠤᠨ ᠤ ᠠᠮᠢᠳᠤᠷᠠᠯ ᠢ | ᠪᠠᠶᠠᠯᠢᠭᠵᠢᠭᠤᠯᠵᠤ᠂ ᠦᠨᠳᠦᠰᠦᠳᠡᠨ ᠤ ᠦᠬᠡ ᠬᠡᠯᠡ ᠦᠰᠦᠭ ᠪᠢᠴᠢᠭ ᠢᠶᠠᠨ ᠰᠤᠷᠴᠤ ᠬᠡᠷᠡᠭᠯᠡᠬᠦ ᠢᠳᠡᠪᠬᠢᠵᠢᠯ ᠢ ᠨᠢ | ᠲᠠᠶᠢᠴᠢᠯᠠᠭᠰᠠᠨ ᠪᠠᠶᠢᠨ᠎ᠠ᠃ ᠯᠢᠨᠳᠦ᠋ᠡᠭ ᠮᠤᠩᠭᠤᠯᠴᠤᠳ ᠤᠨ ᠴᠠᠭᠠᠨ ᠰᠠᠷ᠎ᠠ ᠶᠢᠨ ᠵᠤᠯᠭᠠᠯᠳᠠ ᠶᠢᠨ ᠨᠠᠶᠢᠷ ᠢ | ᠲᠦᠷᠪᠡᠨ ᠵᠢᠯ ᠲᠠᠷᠠᠭᠠᠯᠠᠨ ᠵᠤᠬᠢᠶᠠᠨ ᠪᠠᠶᠢᠭᠤᠯᠵᠤ ᠦᠷᠨᠢᠬᠦᠯᠦᠨ᠂ ᠪᠦᠬᠦ ᠬᠤᠰᠢᠭᠤᠨ ᠤ ᠮᠤᠩᠭᠤᠯᠴᠤᠳ ᠬᠠᠮᠳᠤᠪᠠᠷ | ᠤᠴᠠᠷᠠᠨ ᠵᠤᠯᠭᠠᠵᠤ ᠨᠠᠶᠢᠷᠠᠯᠠᠯᠳᠤᠪᠠ᠃ ᠬᠤᠰᠢᠭᠤ ᠤᠪᠤᠭ᠎ᠠ ᠶᠢ ᠰᠡᠷᠬᠦᠬᠡᠨ ᠲᠠᠬᠢᠵᠤ᠂ ᠬᠤᠰᠢᠭᠤᠨ ᠤ ᠬᠡᠪᠴᠢᠶ᠎ᠠ | ᠲᠠᠢ ᠬᠤᠰᠢᠭᠤ ᠤᠪᠤᠭᠠᠨ ᠲᠠᠬᠢᠯᠭ᠎ᠠ ᠶᠢᠨ ᠨᠠᠶᠢᠷ ᠨᠠᠭᠠᠳᠤᠮ ᠬᠢᠪᠡ᠃ ᠠᠷᠪᠠᠨ ᠵᠢᠯ ᠤᠨ ᠬᠤᠭᠤᠴᠠᠭᠠᠨ ᠳᠤ᠂ ᠪᠦᠬᠦ | ᠬᠤᠰᠢᠭᠤᠨ ᠤ ᠬᠡᠪᠴᠢᠶᠠᠨ ᠳᠤ ᠨᠠᠭᠠᠳᠤᠮ ᠤᠨ ᠬᠤᠷᠠᠯ 30 ᠢᠯᠡᠬᠦᠤ ᠤᠳᠠᠭ᠎ᠠ ᠦᠷᠨᠢᠬᠦᠯᠪᠠ︔ ︽ᠲᠡᠯᠡᠬᠡᠢ ᠶᠢᠨ | ᠢᠷᠠᠭᠤ ᠨᠠᠶᠢᠷᠠᠭ ᠤᠨ ᠡᠲᠦᠷᠯᠢᠭ︾ ᠢ ᠲᠡᠮᠳᠡᠭᠯᠡᠬᠦ ᠢᠷᠠᠭᠤ ᠨᠠᠶᠢᠷᠠᠭ ᠤᠨ ᠮᠦᠷᠦᠶᠢᠴᠡᠬᠡᠨ᠂ ᠮᠤᠩᠭᠤᠯ ᠰᠢᠳᠠᠷ᠎ᠠ ᠶᠢᠨ | ᠮᠦᠷᠦᠶᠢᠴᠡᠬᠡᠨ᠂ ᠤᠷᠳᠤ ᠶᠢᠨ ᠲᠠᠭᠤᠣ ᠮᠦᠷᠦᠶᠢᠴᠡᠭᠡᠨ᠂ ᠤᠷᠠᠨ ᠪᠢᠴᠢᠯᠭᠡ ᠶᠢᠨ ᠮᠦᠷᠦᠶᠢᠴᠡᠭᠡᠨ᠂ ᠮᠤᠩᠭᠤᠯ | ᠶᠠᠷᠢᠶ᠎ᠠ ᠢᠯᠡᠳᠬᠡᠯ ᠤᠨ ᠮᠦᠷᠦᠶᠢᠴᠡᠬᠡᠨ᠂ ᠮᠤᠩᠭᠤᠯ ᠰᠢᠯᠦᠭ ᠲᠠᠭᠤᠤ ᠶᠢᠨ ᠮᠦᠷᠦᠶᠢᠴᠡᠬᠡᠨ᠂ ᠬᠠᠮᠳᠤ ᠶᠢᠨ ᠭᠠᠯ | ᠲᠠᠬᠢᠯᠭ᠎ᠠ ᠬᠢᠵᠤ᠂ ᠮᠤᠩᠭᠤᠯ ᠤᠯᠠᠮᠵᠢᠯᠠᠯᠳᠤ ᠰᠤᠶᠤᠯ ᠤᠷᠠᠯᠢᠭ ᠪᠠ ᠵᠠᠩ ᠲᠠᠳᠬᠠᠯ ᠢ ᠤᠯᠠᠮᠵᠢᠯᠠᠵᠤ ᠬᠦᠭᠵᠢᠬᠦᠯᠪᠡ︔ | ︽ᠤᠯᠠᠭᠠᠨᠬᠠᠳᠠ ᠬᠤᠳᠠ ᠶᠢᠨ ᠮᠤᠩᠭᠤᠯ ᠬᠡᠯᠡᠨ ᠤ ᠨᠡᠶᠢᠬᠡᠮᠯᠢᠭ ᠤᠨ ᠦᠨᠳᠦᠰᠤᠨ ᠱᠠᠳᠤᠨ ᠤ ᠵᠤᠬᠢᠶᠠᠨ | ᠪᠠᠶᠢᠭᠤᠯᠤᠯᠳᠠ︾ ᠶᠢ ᠵᠤᠬᠢᠶᠠᠨ ᠪᠠᠶᠢᠭᠤᠯᠵᠤ᠂ ᠮᠤᠩᠭᠤᠯ ᠵᠤᠬᠢᠶᠠᠯ ᠪᠦᠳᠦᠬᠡᠯ ᠳᠤ ᠪᠠᠨ ᠤᠷ᠎ᠠ ᠠᠪᠢᠶᠠᠰ ᠲᠠᠢ ᠨᠢᠬᠡ | ᠪᠦᠯᠦᠭ ᠬᠦᠮᠦᠰ ᠢ ᠴᠤᠭᠯᠠᠭᠤᠯᠵᠤ ᠨᠢᠬᠡᠳᠬᠡᠭᠰᠡᠨ ᠪᠠᠶᠢᠨ᠎ᠠ᠃ | ︵ᠵᠢᠷᠭᠤᠭ᠎ᠠ︶ ᠦᠨᠳᠦᠰᠤᠳᠡᠨ ᠤ ᠰᠤᠶᠤᠯ ᠢᠶᠠᠨ ᠡᠮᠬᠢᠳᠬᠡᠨ ᠴᠤᠭᠯᠠᠭᠤᠯᠵᠤ᠂ ᠮᠤᠩᠭᠤᠯ ᠤᠯᠠᠮᠵᠢᠯᠠᠯᠳᠤ | ᠰᠤᠶᠤᠯ ᠢᠶᠠᠨ ᠤᠯᠠᠮᠵᠢᠯᠠᠵᠤ ᠬᠦᠭᠵᠢᠬᠦᠯᠪᠡ᠃ ︽ᠪᠠᠭᠠᠷᠢᠨ ᠵᠡᠬᠦᠨ ᠬᠤᠰᠢᠭᠤᠨ ᠤ ᠮᠤᠩᠭᠤᠯ ᠬᠡᠯᠡᠨ ᠤ ᠠᠵᠢᠯ ᠤᠨ | ᠴᠢᠬᠤᠯᠠ ᠶᠡᠭᠡ ᠶᠠᠪᠤᠳᠠᠯ︾ ᠢ ᠡᠮᠬᠢᠳᠬᠡᠪᠡ︔ ︽ᠦᠯᠵᠡᠶᠢᠮᠦ᠋ᠷᠡᠨ︾ ᠰᠡᠳᠬᠦᠯ ᠢ ᠨᠠᠶᠢᠷᠠᠭᠤᠯᠤᠨ ᠬᠡᠪᠯᠡᠪᠡ︔ ︽ | ᠴᠢᠯᠠᠭᠤᠨ ᠰᠤᠨᠳᠤᠷ︾᠂ ︽ᠤᠶᠠᠰᠤᠨ ᠬᠠᠶᠢᠯᠬᠤ ᠤᠶᠠᠬᠠᠨ ᠬᠠᠪᠤᠷ︾᠂ ︽ᠢᠨᠢᠶᠡᠳᠤ ᠲᠠᠢ ᠠᠮᠢᠳᠤᠷᠠᠯ︾᠂ ︽ | ᠬᠡᠷᠡᠯᠳᠤ ᠴᠠᠭᠠᠨ ᠤᠳᠠᠢ ᠬᠢᠯᠤᠪᠠᠷ ᠵᠤ ᠶᠢᠨ ᠤᠷᠤᠨ︾ ︽ᠪᠠᠶ᠋ᠬᠠᠭᠤᠯᠠ ᠶᠢᠨ ᠤᠶᠢᠯᠠᠯᠭ᠎ᠠ︾᠂ ︽ᠪᠠᠭᠠᠷᠢᠨ ᠵᠡᠬᠦᠨ | ᠬᠤᠰᠢᠭᠤᠨ ᠤ ᠨᠠᠭᠠᠳᠤᠮ ᠤᠨ ᠬᠤᠷᠠᠯ ᠤᠨ ᠲᠡᠤᠬᠡ︾᠂ ︽ᠯᠢᠶᠤᠤ ᠤᠯᠤᠰ ᠤᠨ ᠨᠡᠶᠢᠰᠯᠡᠯ᠂ ᠦᠵᠡᠮᠵᠢᠳᠤ | ᠰᠠᠶᠢᠬᠠᠨ ᠵᠡᠬᠦᠨ ᠪᠠᠭᠠᠷᠢᠨ︾᠂ ︽ᠤᠶᠠᠬᠠᠨ ᠽᠠᠮᠪᠦ᠋ᠯᠢᠭ ᠤᠨ ᠠᠭᠤᠯᠠᠰ︾ ᠵᠡᠷᠬᠡ ᠵᠤᠬᠢᠶᠠᠯ ᠪᠦᠳᠦᠬᠡᠯ ᠤᠳ | ᠨᠠᠶᠢᠷᠠᠭᠤᠯᠤᠭᠳᠠᠨ ᠬᠡᠪᠯᠡᠭᠳᠡᠪᠡ︔ ᠪᠠᠭᠠᠷᠢᠨ ᠵᠡᠬᠦᠨ ᠬᠤᠰᠢᠭᠤᠨ ᠤ ᠮᠤᠩᠭᠤᠯ ᠦᠨᠳᠦᠰᠦᠳᠡᠨ ᠤ ᠵᠤᠬᠢᠶᠠᠭᠴᠢᠳ ᠤᠨ | ᠪᠦᠳᠦᠬᠡᠯ ᠤᠨ ᠲᠡᠬᠦᠪᠦᠷᠢ ᠶᠢ ᠨᠠᠶᠢᠷᠠᠭᠤᠯᠤᠨ ᠬᠡᠪᠯᠡᠪᠡ︔ ︽ᠪᠦᠬᠦ ᠬᠤᠳᠠ ᠶᠢᠨ ᠮᠤᠩᠭᠤᠯ ᠲᠤᠮᠳᠠᠳᠤ ᠪᠠᠭ᠎ᠠ | ᠰᠤᠷᠭᠠᠭᠤᠯᠢ ᠶᠢᠨ ᠤᠷᠠᠯᠢᠭ ᠤᠨ ᠨᠠᠶᠢᠷ︾᠂ ︽ᠪᠦᠬᠦ ᠬᠤᠳᠠ ᠶᠢᠨ ᠪᠦᠬᠡ ᠶᠢᠨ ᠡᠬᠡᠯᠵᠢᠳᠤ ᠤᠷᠤᠯᠳᠤᠭᠠᠨ︾᠂ ︽ | ᠪᠦᠬᠦ ᠬᠤᠳᠠ ᠶᠢᠨ ᠰᠤᠷ ᠬᠠᠷᠪᠤᠯᠳᠠ ᠶᠢᠨ ᠡᠬᠡᠯᠵᠢᠳᠤ ᠤᠷᠤᠯᠳᠤᠭᠠᠨ︾᠂ ︽ᠵᠤᠤ ᠤᠳᠠ ᠤᠷᠠᠨ ᠵᠤᠬᠢᠶᠠᠯ ᠤᠨ | ᠨᠡᠶᠢᠬᠡᠮᠯᠢᠭ ᠤᠨ ᠵᠡᠬᠦᠨ ᠪᠠᠭᠠᠷᠢᠨ ᠳᠠᠬᠢ ᠪᠢᠯᠢᠭ ᠤᠨ ᠴᠢᠭᠤᠯᠭᠠᠨ︾ ᠵᠡᠷᠬᠡ ᠲᠦᠷᠪᠡᠨ ᠲᠤᠮᠤ ᠠᠵᠢᠯᠯᠠᠭᠠᠨ ᠢ | ᠲᠠᠭᠠᠴᠢᠯᠠᠨ ᠪᠡᠶᠡᠯᠡᠬᠦᠯᠦᠭᠰᠡᠨ ᠪᠠᠶᠢᠨ᠎ᠠ︔ ᠪᠠᠭᠠᠷᠢᠨ ᠵᠡᠬᠦᠨ ᠬᠤᠰᠢᠭᠤᠨ ᠤ ᠮᠤᠩᠭᠤᠯ ᠤᠯᠠᠮᠵᠢᠯᠠᠯᠳᠤ ᠰᠤᠶᠤᠯ ᠤᠨ | ᠨᠡᠶᠢᠬᠡᠮᠯᠢᠭ᠂ ︽ᠤᠴᠢ︾ ᠶᠤᠰᠤᠯᠠᠯ ᠦᠢᠯᠡᠴᠢᠯᠡᠭᠡ ᠶᠢᠨ ᠺᠤᠮᠫᠠᠨᠢ᠂ ᠲᠦᠷᠪᠡᠨ ᠤᠳᠠᠰᠤᠳᠤ ᠬᠤᠭᠤᠷ ᠤᠨ | ᠨᠡᠶᠢᠬᠡᠮᠯᠢᠭ᠂ ᠤᠷᠢᠳᠤ ᠶᠢᠨ ᠲᠠᠭᠤᠤ ᠶᠢᠨ ᠨᠡᠶᠢᠬᠡᠮᠯᠢᠭ᠂ ᠮᠤᠷᠢᠨ ᠬᠤᠭᠤᠷ ᠤᠨ ᠨᠡᠶᠢᠬᠡᠮᠯᠢᠭ ᠶᠢ ᠪᠠᠶᠢᠭᠤᠯᠵᠤ ᠪᠦᠬᠦ | ᠬᠤᠰᠢᠭᠤᠨ ᠤ ᠮᠤᠩᠭᠤᠯ ᠰᠤᠶᠤᠯ ᠤᠨ ᠦᠢᠯᠡᠰ ᠤᠨ ᠬᠦᠭᠵᠢᠯᠳᠡ ᠶᠢ ᠠᠬᠢᠭᠤᠯᠬᠤ ᠳᠤ ᠨᠡᠮᠡᠷᠢ ᠦᠵᠡᠬᠦᠯᠦᠭᠰᠡᠨ | ᠪᠠᠶᠢᠨ᠎ᠠ︔ ᠦᠨᠳᠦᠰᠦᠳᠡᠨ ᠤ ᠰᠤᠷᠭᠠᠯ ᠬᠦᠮᠦᠵᠢᠯ ᠤᠨ ᠮᠤᠩᠭᠤᠯ ᠰᠦᠯᠵᠢᠶ᠎ᠡ ᠶᠢ ᠡᠬᠦᠳᠤᠨ ᠪᠠᠶᠢᠭᠤᠯᠵᠤ᠂ | ᠬᠤᠰᠢᠭᠤᠨ ᠤ ᠦᠨᠳᠦᠰᠦᠳᠡᠨ ᠤ ᠰᠤᠷᠭᠠᠯ ᠬᠦᠮᠦᠵᠢᠯ ᠪᠠ ᠤᠯᠠᠮᠵᠢᠯᠠᠯᠳᠤ ᠰᠤᠶᠤᠯ ᠤᠨ ᠪᠠᠶᠢᠳᠠᠯ ᠢ ᠤᠬᠠᠭᠤᠯᠵᠤ | ᠮᠡᠳᠡᠬᠡᠯᠡᠭᠰᠡᠨ ᠪᠠᠶᠢᠨ᠎ᠠ︔ ᠮᠠᠨ ᠤ ᠬᠤᠰᠢᠭᠤᠨ ᠤ ᠮᠤᠩᠭᠤᠯ ᠤᠷᠢᠳᠤ ᠶᠢᠨ ᠲᠠᠭᠤᠤ ᠶᠢᠨ ᠠᠯᠳᠠᠷᠳᠤ ᠲᠠᠭᠤᠴᠢᠨ | ᠠᠯᠳᠠᠨᠬᠡᠷᠡᠯ ᠤᠨ ᠲᠡᠤᠬᠡᠳᠤ ᠮᠠᠲ᠋ᠧᠷᠢᠶᠠᠯ ᠢ ᠡᠮᠬᠢᠳᠬᠡᠨ ᠴᠤᠭᠯᠠᠭᠤᠯᠵᠤ ᠲᠡᠬᠦᠨ ᠳᠤ ᠲᠤᠷᠠᠰᠬᠠᠯ ᠤᠨ ᠬᠦᠰᠢᠶ᠎ᠡ | ᠪᠤᠰᠬᠠᠵᠤ ᠦᠭᠬᠦᠭᠰᠡᠨ ᠪᠦᠬᠡᠳ ᠠᠩᠬᠠᠳᠤᠭᠠᠷ ᠤᠳᠠᠭᠠᠨ ᠤ ︽ᠠᠯᠳᠠᠨᠬᠡᠷᠡᠯ ᠬᠤᠨᠳᠠᠭᠠᠳᠤ︾ ᠤᠷᠢᠳᠤ ᠶᠢᠨ ᠲᠠᠭᠤᠤ | ᠶᠢᠨ ᠮᠦᠷᠦᠶᠢᠴᠡᠬᠡᠨ ᠦᠷᠨᠢᠬᠦᠯᠦᠭᠰᠡᠨ ᠪᠠᠶᠢᠨ᠎ᠠ᠃ | ︵ᠲᠤᠯᠤᠭ᠎ᠠ︶ ᠮᠤᠩᠭᠤᠯ ᠬᠡᠯᠡ ᠪᠢᠴᠢᠭ ᠤᠨ ᠲᠦᠷᠦ ᠶᠢᠨ ᠪᠤᠳᠤᠯᠭ᠎ᠠ ᠬᠠᠤᠯᠢ ᠲᠦᠷᠢᠮ ᠢ | ᠲᠡᠬᠦᠯᠳᠡᠷᠵᠢᠬᠦᠯᠪᠠ᠃ ︽︿ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠮᠤᠩᠭᠤᠯ ᠦᠬᠡ ᠬᠡᠯᠡ | ᠦᠰᠦᠭ ᠪᠢᠴᠢᠭ ᠤᠨ ᠠᠵᠢᠯ ᠤᠨ﹀ ᠬᠡᠷᠡᠭᠵᠢᠬᠦᠯᠬᠦ ᠨᠠᠷᠢᠨ ᠲᠦᠷᠢᠮ︾ ᠪᠠ ︽ᠦᠪᠦᠷ ᠮᠤᠩᠭᠤᠯ ᠤᠨ ᠦᠪᠡᠷᠳᠡᠬᠡᠨ | ᠵᠠᠰᠠᠬᠤ ᠤᠷᠤᠨ ᠤ ᠨᠡᠶᠢᠬᠡᠮ ᠤᠨ ᠦᠡᠭᠬᠡᠨ ᠳᠠᠬᠢ ᠮᠤᠩᠭᠤᠯ ᠬᠢᠳᠠᠳ ᠦᠰᠦᠭ ᠪᠢᠴᠢᠭ ᠤᠨ ᠬᠠᠮᠢᠶᠠᠷᠤᠯᠳᠠ ᠶᠢᠨ | ᠠᠷᠭ᠎ᠠ︾ ᠶᠢᠨ ᠲᠤᠬᠠᠢ ᠦᠷᠬᠡᠨ ᠰᠠᠨᠠᠯ ᠬᠤᠷᠢᠶᠠᠵᠤ᠂ ᠦᠪᠡᠷᠳᠡᠬᠡᠨ ᠵᠠᠰᠠᠬᠤ ᠤᠷᠤᠨ ᠤ ᠮᠤᠩᠭᠤᠯ ᠦᠬᠡ ᠬᠡᠯᠡ | ᠦᠰᠦᠭ ᠪᠢᠴᠢᠭ ᠤᠨ ᠠᠵᠢᠯ ᠤᠨ ᠲᠤᠬᠠᠢ ᠨᠠᠷᠢᠨ ᠲᠦᠷᠢᠮ ᠨᠠᠷᠢᠨ ᠲᠤᠭᠳᠠᠭᠠᠯ ᠭᠠᠷᠭᠠᠬᠤ ᠠᠵᠢᠯ ᠢ ᠪᠦᠬᠦ ᠬᠦᠴᠦᠨ | ᠢᠶᠠᠷ ᠲᠡᠮᠵᠢᠵᠤ ᠬᠢᠭᠰᠡᠨ ᠪᠠᠶᠢᠨ᠎ᠠ᠃ | ᠬᠤᠶᠢᠰᠢᠳᠠ ᠶᠢᠨ ᠠᠵᠢᠯ ᠲᠤᠮᠳᠠ ᠪᠠᠨ ︽ᠲᠦᠷᠢᠮ︾ ᠢ ᠤᠯᠠᠮ ᠨᠢᠬᠡ ᠠᠯᠬᠤᠮ ᠨᠠᠶᠢᠳᠠᠪᠦᠷᠢᠵᠢᠭᠤᠯᠤᠨ | ᠲᠤᠤᠱᠯᠠᠭᠤᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢ ᠠᠬᠢᠭᠤᠯᠬᠤ ᠳᠤ ᠰᠠᠶᠢᠳᠤᠷ | ᠦᠢᠯᠡᠴᠢᠯᠡᠬᠦ ᠪᠠᠷ ᠬᠠᠷᠠᠯᠳᠠ ᠪᠤᠯᠭᠠᠨ᠂ ᠬᠤᠰᠢᠭᠤᠨ ᠤ ᠪᠠᠨ ᠮᠤᠩᠭᠤᠯ ᠬᠡᠯᠡ ᠪᠢᠴᠢᠭ ᠤᠨ ᠠᠵᠢᠯ ᠢ ᠠᠬᠢᠭᠤᠯᠵᠤ | ᠬᠦᠭᠵᠢᠬᠦᠯᠦᠨ᠎ᠡ᠃ | ︵ᠨᠢᠬᠡ︶ ᠤᠳᠤᠷᠢᠳᠤᠯᠭ᠎ᠠ ᠪᠠ ᠬᠦᠮᠦᠵᠢᠯ ᠢᠶᠠᠨ ᠴᠢᠩᠭᠠᠳᠬᠠᠨ᠎ᠠ᠃ ᠨᠢᠬᠡ ᠳᠤ᠂ ᠮᠤᠩᠭᠤᠯ ᠬᠡᠯᠡᠨ ᠤ | ᠠᠵᠢᠯ ᠤᠨ ᠵᠦᠪᠯᠡᠯ ᠢ ᠤᠯᠠᠮ ᠨᠢᠬᠡ ᠠᠯᠬᠤᠮ ᠲᠡᠬᠦᠯᠳᠡᠷᠵᠢᠬᠦᠯᠵᠤ᠂ ᠵᠦᠪᠯᠡᠯ ᠤᠨ ᠦᠢᠯᠡᠳᠦᠯ ᠢ ᠬᠦᠢᠴᠡᠳ | ᠪᠠᠳᠠᠷᠠᠭᠤᠯᠤᠨ᠂ ᠮᠤᠩᠭᠤᠯ ᠬᠡᠯᠡᠨ ᠤ ᠠᠵᠢᠯ ᠤᠨ ᠤᠷᠤᠭᠰᠢᠳᠠᠢ ᠶᠠᠪᠤᠭᠳᠠᠵᠤ ᠬᠦᠭᠵᠢᠬᠦ ᠶᠢ ᠪᠠᠳᠤᠯᠠᠨ᠎ᠠ︔ ᠬᠤᠶᠠᠷ | ᠲᠤ᠂ ᠺᠠᠳᠢᠤ᠋ ᠲᠧᠯᠸᠢᠰ᠂ ᠰᠤᠨᠢᠨ ᠵᠡᠷᠬᠡ ᠵᠠᠭᠤᠴᠢᠯᠠᠭᠤᠷ ᠢ ᠬᠦᠢᠴᠡᠳ ᠠᠰᠢᠭᠯᠠᠨ᠂ ᠨᠠᠮ ᠤᠨ ᠦᠨᠳᠦᠰᠦᠳᠡᠨ ᠤ | ᠦᠬᠡ ᠬᠡᠯᠡ ᠦᠰᠦᠭ ᠪᠢᠴᠢᠭ ᠤᠨ ᠲᠤᠬᠠᠢ ᠲᠦᠷᠦ ᠶᠢᠨ ᠪᠤᠳᠤᠯᠭ᠎ᠠ ᠶᠢ ᠤᠬᠠᠭᠤᠯᠬᠤ ᠶᠢᠨ ᠬᠠᠮᠳᠤ᠂ | ᠲᠦᠪᠯᠡᠷᠡᠬᠦᠯᠦᠨ ᠪᠤᠯᠪᠠᠰᠤᠷᠠᠯ ᠬᠢᠬᠦ᠂ ᠲᠠᠷᠬᠠᠢ ᠪᠤᠳᠠᠷᠬᠠᠢ ᠰᠤᠷᠤᠯᠴᠠᠭᠤᠯᠬᠤ ᠪᠠᠷ ᠲᠠᠮᠵᠢᠨ ᠦᠷᠬᠡᠨ ᠤᠯᠠᠨ ᠺᠠᠳ᠋ᠷ | ᠤᠯᠠᠨ ᠲᠦᠮᠡᠨ ᠤ ︽ᠦᠨᠳᠤᠰᠦᠳᠡᠨ ᠤ ᠤᠷᠤᠨ ᠤ ᠦᠪᠡᠷᠳᠡᠬᠡᠨ ᠵᠠᠰᠠᠬᠤ ᠠᠷᠭ᠎ᠠ︾᠂ ︽ᠮᠤᠩᠭᠤᠯ ᠬᠡᠯᠡ ᠪᠢᠴᠢᠭ | ᠤᠨ ᠠᠵᠢᠯ ᠤᠨ ᠲᠦᠷᠢᠮ︾ ᠵᠡᠷᠬᠡ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠲᠤᠬᠠᠢ ᠲᠠᠨᠢᠯᠳᠠ ᠤᠬᠠᠮᠰᠠᠷ ᠢ | ᠨᠢ ᠲᠡᠭᠡᠭᠰᠢᠯᠡᠬᠦᠯᠤᠨ᠎ᠡ᠃ | ︵ᠬᠤᠶᠠᠷ︶ ᠭᠤᠤᠯᠳᠠᠯᠭ᠎ᠠ ᠪᠠᠨ ᠲᠤᠪᠤᠶᠢᠯᠭᠠᠨ᠂ ᠦᠷ᠎ᠡ ᠠᠰᠢᠭ ᠢ ᠲᠡᠭᠡᠭᠰᠢᠯᠡᠬᠦᠯᠦᠨ᠎ᠡ᠃ ᠨᠢᠬᠡ ᠳᠤ᠂ | ᠮᠤᠩᠭᠤᠯ ᠬᠡᠯᠡ ᠪᠢᠴᠢᠭ ᠤᠨ ᠠᠵᠢᠯᠳᠠᠨ ᠤ ᠡᠩᠨᠡᠭᠡ᠂ ᠤᠷᠴᠢᠭᠤᠯᠤᠭᠴᠢ ᠶᠢᠨ ᠡᠩᠨᠡᠭᠡ ᠪᠠ ᠨᠠᠶᠢᠷᠠᠭᠤᠯᠤᠭᠴᠢ | ᠨᠡᠪᠳᠡᠷᠡᠬᠦᠯᠦᠭᠴᠢ ᠶᠢᠨ ᠡᠩᠨᠡᠬᠡᠨ ᠤ ᠪᠦᠳᠦᠬᠡᠨ ᠪᠠᠶᠢᠭᠤᠯᠤᠯᠳᠠ ᠶᠢ ᠤᠯᠠᠮ ᠨᠢᠬᠡ ᠠᠯᠬᠤᠮ ᠴᠢᠩᠭᠠᠳᠬᠠᠨ᠂ | ᠪᠤᠯᠪᠠᠰᠤᠷᠠᠯ ᠬᠦᠮᠦᠵᠢᠯ ᠬᠢᠵᠤ᠂ ᠤᠷᠴᠢᠭᠤᠯᠭ᠎ᠠ᠂ ᠨᠠᠶᠢᠷᠠᠭᠤᠯᠭ᠎ᠠ᠂ ᠨᠡᠪᠳᠡᠷᠡᠬᠦᠯᠬᠡ ᠶᠢᠨ ᠵᠦᠪ ᠤᠨᠤᠪᠴᠢᠳᠠᠢ | ᠪᠠᠶᠢᠬᠤ ᠶᠢ ᠪᠠᠳᠤᠯᠠᠨ᠎ᠠ︔ ᠬᠤᠶᠠᠷ ᠲᠤ᠂ ︽ᠲᠦᠷᠢᠮ︾ ᠪᠠ ︽ᠮᠤᠩᠭᠤᠯ ᠬᠡᠯᠡᠨ ᠤ ᠠᠵᠢᠯ ᠤᠨ ᠵᠦᠪᠯᠡᠯ ᠤᠨ | ᠪᠦᠷᠢᠯᠳᠤᠬᠦᠨ ᠨᠢᠬᠡᠴᠡ ᠶᠢᠨ ᠠᠵᠢᠯ ᠤᠨ ᠬᠠᠷᠢᠭᠤᠴᠠᠯᠭ᠎ᠠ︾ ᠶᠢᠨ ᠱᠠᠭᠠᠷᠳᠠᠯᠭ᠎ᠠ ᠶᠤᠰᠤᠭᠠᠷ᠂ ᠪᠦᠷᠢᠯᠳᠦᠬᠦᠨ | ᠨᠢᠬᠡᠴᠡ ᠶᠢᠨ ᠬᠤᠭᠤᠷᠤᠨᠳᠤᠬᠢ ᠬᠠᠷᠢᠯᠴᠠᠵᠤ ᠬᠠᠮᠵᠢᠯᠴᠠᠬᠤ ᠶᠢ ᠴᠢᠩᠭᠠᠳᠬᠠᠨ᠂ ᠡᠯ᠎ᠡ ᠬᠡᠰᠢᠬᠦᠨ ᠨᠢᠬᠡᠴᠡ ᠶᠢᠨ | ᠬᠠᠷᠢᠭᠤᠴᠠᠯᠭ᠎ᠠ ᠪᠠᠨ ᠬᠦᠢᠴᠡᠳᠬᠡᠵᠤ ᠪᠠᠶᠢᠭ᠎ᠠ ᠪᠠᠶᠢᠳᠠᠯ ᠳᠤ ᠦᠷᠬᠦᠯᠵᠢ ᠪᠠᠶᠢᠴᠠᠭᠠᠯᠳᠠ ᠬᠢᠵᠤ᠂ ᠰᠠᠶᠢᠳᠤᠷ | ᠵᠢᠯᠤᠭᠤᠳᠴᠤ ᠦᠢᠯᠡᠴᠢᠯᠡᠨ᠎ᠡ︔ ᠭᠤᠷᠪᠠ ᠳᠤ᠂ ᠬᠡᠷ ᠤᠨ ᠭᠠᠳᠠᠨᠠᠬᠢ ᠵᠡᠷ ᠮᠡᠳᠡᠭᠡ᠂ ᠫᠠᠶᠢᠰᠠ ᠢᠯᠡᠷᠬᠡᠶᠢᠯᠡᠯ | ᠦᠢᠯᠡᠳᠴᠤ ᠪᠠᠶᠢᠭ᠎ᠠ ᠨᠢᠬᠡᠴᠡ ᠶᠢᠨ ᠬᠠᠮᠢᠶᠠᠷᠤᠯᠳᠠ ᠶᠢ ᠴᠢᠩᠭᠠᠳᠬᠠᠨ᠂ ᠫᠠᠶᠢᠰᠠ ᠢᠯᠡᠷᠬᠡᠶᠢᠯᠡᠯ ᠦᠢᠯᠡᠳᠴᠤ ᠪᠠᠶᠢᠭ᠎ᠠ | ᠠᠵᠤ ᠠᠬᠤᠶᠢᠯᠠᠯ ᠢ ᠲᠠᠩᠰᠠᠯᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠵᠡᠷᠬᠡ ᠬᠠᠮᠢᠶᠠᠷᠤᠯᠳᠠ ᠶᠢᠨ ᠲᠦᠷᠢᠮ ᠲᠤᠭᠳᠠᠭᠠᠯ | ᠢᠶᠠᠨ ᠤᠯᠠᠮ ᠴᠢᠨᠠᠭᠰᠢᠳᠠ ᠲᠡᠬᠦᠯᠳᠡᠷᠵᠢᠬᠦᠯᠵᠤ᠂ ᠨᠡᠶᠢᠬᠡᠮ ᠤᠨ ᠦᠡᠭᠬᠡᠨ ᠳᠠᠬᠢ ᠮᠤᠩᠭᠤᠯ ᠬᠢᠳᠠᠳ ᠦᠰᠦᠭ ᠪᠢᠴᠢᠭ | ᠤᠨ ᠵᠡᠷᠬᠡᠪᠡᠷ ᠬᠡᠷᠡᠭᠯᠡᠭᠡ ᠶᠢᠨ ᠡᠬᠢ ᠡᠬᠦᠰᠦᠯ ᠠᠴᠠ ᠨᠢ ᠵᠠᠰᠠᠨ ᠴᠡᠭᠴᠡᠯᠡᠵᠤ᠂ ᠬᠡᠷ ᠤᠨ ᠭᠠᠳᠠᠨᠠᠬᠢ ᠵᠡᠷ ᠮᠡᠳᠡᠭᠡ | ᠫᠠᠶᠢᠰᠠ ᠢᠯᠡᠷᠬᠡᠶᠢᠯᠡᠯ ᠤᠨ ᠴᠢᠨᠠᠷ ᠴᠢᠨᠰᠠᠭ᠎ᠠ ᠶᠢ ᠪᠠᠳᠤᠯᠠᠨ᠎ᠠ︔ ᠲᠦᠷᠪᠡ ᠳᠤ᠂ ᠲᠤᠭᠳᠠᠭᠰᠠᠨ ᠬᠤᠭᠤᠴᠠᠭ᠎ᠠ ᠲᠠᠢ | ᠪᠠᠶᠢᠴᠠᠭᠠᠬᠤ᠂ ᠲᠤᠰᠬᠠᠢ ᠴᠡᠭᠴᠡᠯᠡᠯᠳᠡ ᠬᠢᠬᠦ᠂ ᠰᠤᠩᠭᠤᠨ ᠪᠠᠶᠢᠴᠠᠭᠠᠬᠤ ᠵᠡᠷᠬᠡ ᠤᠯᠠᠨ ᠵᠦᠢᠯ ᠤᠨ ᠠᠷᠭ᠎ᠠ ᠬᠡᠯᠪᠡᠷᠢ | ᠪᠠᠷ᠂ ᠪᠦᠬᠦ ᠬᠤᠰᠢᠭᠤᠨ ᠤ ᠨᠡᠶᠢᠬᠡᠮ ᠤᠨ ᠦᠡᠭᠬᠡᠨ ᠳᠠᠬᠢ ᠮᠤᠩᠭᠤᠯ ᠬᠢᠳᠠᠳ ᠦᠰᠦᠭ ᠪᠢᠴᠢᠭ ᠤᠨ ᠵᠡᠷᠬᠡᠪᠡᠷ | ᠬᠡᠷᠡᠭᠯᠡᠬᠡᠨ ᠤ ᠠᠵᠢᠯ ᠤᠨ ᠬᠢᠨᠠᠨ ᠬᠠᠮᠢᠶᠠᠷᠤᠯᠳᠠ ᠶᠢᠨ ᠡᠷᠴᠢᠮ ᠢᠶᠠᠨ ᠴᠢᠩᠭᠠᠷᠠᠭᠤᠯᠤᠨ᠂ ᠬᠢᠨᠠᠨ ᠬᠠᠮᠢᠶᠠᠷᠤᠯᠳᠠ ᠶᠢ | ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠬᠦᠷᠳᠡᠯ᠎ᠡ ᠬᠦᠨᠵᠡᠬᠡᠶᠢᠷᠡᠬᠦᠯᠦᠨ᠂ ᠪᠦᠬᠦ ᠬᠤᠰᠢᠭᠤᠨ ᠤ ᠬᠡᠷ ᠤᠨ | ᠭᠠᠳᠠᠨᠠᠬᠢ ᠵᠡᠷ ᠮᠡᠳᠡᠭᠡ ᠫᠠᠶᠢᠰᠠ ᠢᠯᠡᠷᠬᠡᠶᠢᠯᠡᠯ ᠤᠨ ᠮᠤᠩᠭᠤᠯ ᠬᠢᠳᠠᠳ ᠦᠰᠦᠭ ᠪᠢᠴᠢᠭ ᠤᠨ ᠵᠡᠷᠬᠡᠪᠡᠷ ᠬᠡᠷᠡᠭᠯᠡᠭᠰᠡᠨ | ᠨᠤᠷᠮ᠎ᠠ ᠪᠠ ᠲᠦᠷᠢᠮᠵᠢᠭᠰᠡᠨ ᠨᠤᠷᠮ᠎ᠠ ᠶᠢ 100% ᠳᠤ ᠬᠦᠷᠬᠡᠬᠦ ᠪᠠᠷ ᠲᠡᠮᠡᠴᠡᠨ᠎ᠡ︔ ᠬᠤᠰᠢᠭᠤ ᠵᠠᠰᠠᠭ ᠤᠨ | ᠤᠷᠳᠤᠨ ᠤ ᠰᠠᠭᠤᠭ᠎ᠠ ᠬᠠᠷᠢᠶ᠎ᠠ ᠲᠤᠭᠤᠷᠢᠭ ᠲᠤᠳᠤᠷ᠎ᠡ ᠨᠡᠶᠢᠬᠡᠮ ᠤᠨ ᠦᠡᠭᠬᠡᠨ ᠳᠠᠬᠢ ᠮᠤᠩᠭᠤᠯ ᠬᠢᠳᠠᠳ ᠦᠰᠦᠭ | ᠪᠢᠴᠢᠭ ᠢ ᠵᠡᠷᠬᠡᠪᠡᠷ ᠬᠡᠷᠡᠭᠯᠡᠭᠰᠡᠨ ᠵᠢᠱᠢᠶ᠎ᠡ ᠦᠵᠡᠬᠦᠯᠬᠦ ᠵᠡᠬᠡᠯᠢ ᠭᠤᠳᠤᠮᠵᠢ ᠶᠢ1-2 ᠪᠠᠶᠢᠭᠤᠯᠬᠤ ᠪᠠᠷ ᠲᠡᠮᠡᠴᠡᠨ᠎ᠡ᠃ | ︵ᠭᠤᠷᠪᠠ︶ ᠮᠤᠩᠭᠤᠯ ᠬᠡᠯᠡᠨ ᠤ ᠪᠠᠷᠢᠮᠵᠢᠶ᠎ᠠ ᠠᠪᠢᠶ᠎ᠠ ᠶᠢ ᠲᠦᠬᠡᠮᠡᠯᠵᠢᠬᠦᠯᠬᠦ ᠪᠠ ᠭᠤᠷᠪᠠᠨ ᠬᠡᠯᠡᠨ ᠤ | ᠰᠤᠷᠭᠠᠨ ᠬᠦᠮᠦᠵᠢᠯ ᠤᠨ ᠬᠦᠴᠦᠯᠡᠴᠡ ᠶᠢ ᠨᠢ ᠴᠢᠩᠭᠠᠷᠠᠭᠤᠯᠬᠤ ᠶᠢᠨ ᠬᠠᠮᠳᠤ᠂ ᠮᠤᠩᠭᠤᠯ ᠲᠤᠮᠳᠠᠳᠤ ᠪᠠᠭ᠎ᠠ | ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠰᠤᠶᠤᠯ ᠤᠨ ᠬᠦᠳᠡᠯᠬᠡᠬᠡᠨ ᠶᠢ ᠨᠢ ᠲᠠᠰᠤᠷᠠᠯᠳᠠ ᠦᠬᠡᠢ | ᠪᠠᠶᠠᠯᠢᠭᠵᠢᠭᠤᠯᠤᠨ᠎ᠠ᠃ | ︵ᠲᠦᠷᠪᠡ︶ ᠬᠤᠰᠢᠭᠤ ᠤᠪᠤᠭ᠎ᠠ ᠲᠠᠬᠢᠬᠤ ᠨᠠᠭᠠᠳᠤᠮ᠂ ᠦᠨᠳᠦᠰᠤᠳᠡᠨ ᠤ ᠪᠦᠯᠬᠦᠮᠳᠡᠯ ᠤᠨ ᠬᠦᠬᠢᠬᠦᠯᠦᠯ | ᠵᠡᠷᠬᠡ ᠦᠨᠳᠦᠰᠦᠳᠡᠨ ᠤ ᠪᠠᠶᠠᠷ ᠲᠤᠷᠠᠰᠬᠠᠯ ᠤᠨ ᠡᠲᠦᠷ ᠪᠠ ᠡᠯ᠎ᠡ ᠵᠦᠢᠯ ᠤᠨ ᠠᠵᠢᠯᠯᠠᠭᠠᠨ ᠲᠠᠢ ᠤᠶᠠᠯᠳᠤᠭᠤᠯᠤᠨ᠂ | ᠮᠤᠩᠭᠤᠯ ᠦᠬᠡ ᠬᠡᠯᠡ ᠦᠰᠦᠭ ᠪᠢᠴᠢᠭ ᠰᠤᠷᠴᠤ ᠬᠡᠷᠡᠭᠯᠡᠭᠰᠡᠨ ᠲᠡᠷᠢᠬᠦᠨ ᠤ ᠬᠠᠮᠳᠤ ᠨᠢᠬᠡᠴᠡ᠂ ᠬᠤᠪᠢ ᠬᠦᠮᠦᠨ ᠢ | ᠬᠦᠬᠢᠬᠦᠯᠵᠤ ᠢᠳᠡᠪᠬᠢᠳᠠᠢ ᠤᠬᠠᠭᠤᠯᠤᠨ᠎ᠠ᠃ | ︵ᠲᠠᠪᠤ︶ ᠰᠤᠶᠤᠯ ᠤᠨ ᠦᠷᠳᠡᠭᠡ᠂ ︽ᠲᠠᠯ᠎ᠠ ᠨᠤᠳᠤᠭ ᠤᠨ ᠨᠤᠮ ᠤᠨ ᠦᠷᠦᠬᠡ︾᠂ ᠰᠤᠶᠤᠯ ᠤᠨ ᠡᠬᠢ | ᠰᠤᠷᠪᠤᠯᠵᠢ ᠶᠢ ᠬᠠᠮᠳᠤ ᠪᠠᠷ ᠡᠳ᠋ᠯᠡᠬᠦ ᠵᠡᠷᠬᠡ ᠲᠠᠯᠠᠪᠠᠢ᠂ ᠲᠡᠪᠴᠡᠩ ᠢ ᠰᠠᠶᠢᠳᠤᠷ ᠠᠰᠢᠭᠯᠠᠨ᠂ ᠤᠯᠠᠮᠵᠢᠯᠠᠯᠳᠤ | ᠰᠤᠶᠤᠯ ᠢ ᠤᠯᠠᠮᠵᠢᠯᠠᠵᠤ ᠬᠦᠭᠵᠢᠬᠦᠯᠬᠦ ᠳᠠᠬᠢ ᠦᠢᠯᠡᠳᠦᠯ ᠢ ᠨᠢ ᠬᠦᠢᠴᠡᠳ ᠪᠠᠳᠠᠷᠠᠭᠤᠯᠤᠨ᠎ᠠ᠃ ︽ᠲᠠᠯ᠎ᠠ ᠨᠤᠳᠤᠭ | ᠤᠨ ᠨᠤᠮ ᠤᠨ ᠦᠷᠦᠬᠡ︾ ᠶᠢ ᠠᠰᠢᠭᠯᠠᠨ ᠪᠤᠳᠠᠳᠤ ᠬᠡᠷᠡᠭᠴᠡᠬᠡᠨ ᠤ ᠮᠡᠷᠬᠡᠵᠢᠯ ᠤᠨ ᠪᠤᠯᠪᠠᠰᠤᠷᠠᠯ ᠬᠢᠬᠦ᠂ ᠪᠠᠶᠠᠯᠢᠭ | ᠠᠭᠤᠯᠭ᠎ᠠ ᠲᠠᠢ ᠰᠤᠶᠤᠯ ᠤᠷᠠᠯᠢᠭ ᠤᠨ ᠬᠦᠳᠡᠯᠬᠡᠬᠡᠨ ᠦᠷᠨᠢᠬᠦᠯᠦᠨ᠂ ︽ᠨᠤᠮ ᠤᠨ ᠦᠷᠦᠬᠡ︾ ᠶᠢᠨ | ᠮᠤᠩᠭᠤᠯᠴᠤᠳ ᠲᠦᠪᠯᠡᠷᠡᠨ ᠰᠠᠭᠤᠷᠢᠰᠢᠭᠰᠠᠨ ᠭᠠᠵᠠᠷ ᠤᠷᠤᠨ ᠳᠠᠬᠢ ᠦᠪᠡᠷ ᠤᠨ ᠦᠷᠳᠡᠭ ᠢ ᠨᠢ ᠬᠦᠢᠴᠡᠳ | ᠪᠠᠳᠠᠷᠠᠭᠤᠯᠤᠨ᠎ᠠ᠃ | ︵ᠵᠢᠷᠭᠤᠭ᠎ᠠ︶ ᠦᠨᠳᠦᠰᠦᠳᠡᠨ ᠤ ᠲᠡᠤᠬᠡ ᠰᠤᠳᠤᠷ ᠢ ᠠᠭᠤᠳᠠᠯᠠᠵᠤ᠂ ᠡᠮᠬᠢᠳᠬᠡᠨ ᠴᠤᠭᠯᠠᠭᠤᠯᠬᠤ ᠠᠵᠢᠯ | ᠢ ᠰᠠᠶᠢᠳᠤᠷ ᠬᠢᠵᠤ᠂ ᠦᠨᠳᠦᠰᠦᠳᠡᠨ ᠤ ᠦᠬᠡ ᠬᠡᠯᠡ ᠦᠰᠦᠭ ᠪᠢᠴᠢᠭ ᠢᠶᠠᠷ ᠬᠡᠪᠯᠡᠨ ᠲᠠᠷᠬᠠᠭᠠᠬᠤ ᠠᠬᠢᠭᠤᠯᠤᠨ | ᠵᠤᠷᠢᠭᠵᠢᠭᠤᠯᠤᠨ᠎ᠠ᠃ | | | | ᠶᠢᠨ ᠶᠢᠩ — ᠪᠠᠭᠠᠷᠢᠨ ᠵᠡᠬᠦᠨ ᠬᠤᠰᠢᠭᠤᠨ ᠤ ᠦᠨᠳᠦᠰᠦᠳᠡᠨ ᠱᠠᠰᠢᠨ ᠰᠤᠷᠳᠠᠬᠤᠨ ᠤ ᠬᠡᠷᠡᠭ | ᠡᠷᠬᠢᠯᠡᠬᠦ ᠲᠤᠪᠴᠢᠶ᠎ᠠ ᠶᠢᠨ ᠮᠤᠩᠭᠤᠯ ᠬᠡᠯᠡ ᠪᠢᠴᠢᠭ ᠤᠨ ᠠᠯᠪᠠᠨ ᠬᠡᠷ ᠤᠨ ᠡᠷᠬᠢᠯᠡᠭᠴᠢ᠃ | | | | | | |