| | ᠮᠠᠨ ᠤ ᠤᠯᠤᠰ ᠤᠨ ᠨᠢᠭᠡᠲᠦᠭᠡᠷ ᠦᠶ᠎ᠠ ᠶᠢᠨ ᠡᠯᠴᠢᠨ ᠰᠠᠶᠢᠳ ᠭᠡᠭᠡᠨᠬᠦᠦ | ᠲᠤᠰᠢᠶᠠᠯ ᠳᠤ ᠭᠠᠷᠤᠬᠰᠠᠨ ᠨᠢ | ᠰᠠᠢ ᠨᠠᠨ | | ᠭᠡᠭᠡᠨᠬᠦᠦ ᠶᠢᠨ ᠤᠤᠯ ᠨᠡᠷ᠎ᠡ ᠨᠢ ᠰᠠᠪᠵᠢᠳᠳᠤᠷᠵᠢ ᠭᠡᠳᠡᠭ᠂ 1925 ᠤᠨ ᠳᠤ ᠤᠯᠠᠭᠠᠨᠬᠠᠳᠠ | ᠬᠤᠳᠠ ᠶᠢᠨ ᠪᠠᠭᠠᠷᠢᠨ ᠵᠡᠭᠦᠨ ᠬᠤᠰᠢᠭᠤᠨ ᠳᠤ ᠲᠦᠷᠦᠵᠦ᠂ 1930 ᠤᠨ ᠳᠤ ᠭᠢᠨᠭ᠍ᠭᠠᠨ ᠲᠡᠭᠡᠲᠦ ᠰᠤᠷᠭᠠᠭᠤᠯᠢ ᠳᠤ | ᠰᠠᠭᠤᠪᠠ᠂ ᠲᠤᠬᠠᠢ ᠶᠢᠨ ᠦᠶ᠎ᠡ ᠳᠤ᠂ ᠬᠢᠨᠭ᠍ᠭᠠᠨ ᠲᠡᠭᠡᠲᠦ ᠰᠤᠷᠭᠠᠭᠤᠯᠢ ᠨᠢ ᠶᠠᠫᠤᠨ ᠬᠦᠮᠦᠨ ᠡᠷᠬᠢᠯᠡᠵᠦ ᠪᠠᠶᠢᠵᠠᠢ᠃ | 1944 ᠤᠨ ᠠᠴᠠ ᠭᠡᠭᠡᠨᠭᠦᠦ ᠴᠠᠩᠴᠦ᠋ᠨ ᠤ ᠵᠢᠶᠠᠨ ᠭᠦᠸᠧ ᠶᠡᠭᠡ ᠰᠤᠷᠭᠠᠭᠤᠯᠢ ᠳᠤ ᠰᠤᠷᠤᠯᠴᠠᠨ᠂ ᠲᠠᠷᠠᠭ᠎ᠠ | ᠵᠢᠯ ᠨᠢ ᠶᠠᠫᠤᠨᠴᠤᠳ ᠪᠠᠭᠤᠵᠦ ᠦᠭᠭᠦᠭᠰᠡᠨ ᠢᠶᠠᠷ ᠰᠤᠷᠭᠠᠭᠤᠯᠢ ᠨᠢ ᠡᠭᠦᠳᠡ ᠪᠠᠨ ᠬᠠᠭᠠᠪᠠ᠃ ᠲᠤᠰ ᠵᠢᠯ ᠳᠤᠨᠢ᠂ | ᠬᠠᠮᠳᠤ ᠰᠤᠷᠤᠬᠴᠢ ᠶᠢᠨ ᠢᠶᠠᠨ ᠲᠠᠨᠢᠯᠴᠠᠭᠤᠯᠭ᠎ᠠ ᠪᠠᠷ ᠭᠡᠭᠡᠨᠬᠦᠦ ᠵᠡᠭᠦᠨ ᠮᠤᠩᠭᠤᠯ ᠤᠨ ᠦᠨᠳᠦᠰᠦᠳᠡᠨ ᠤ ᠦᠪᠡᠷᠲᠡᠭᠡᠨ | ᠵᠠᠰᠠᠬᠤ ᠪᠤᠯᠤᠨ ᠦᠨᠳᠦᠰᠦᠳᠡᠨ ᠤ ᠴᠢᠯᠦᠭᠡᠯᠡᠬᠦ ᠬᠦᠳᠡᠯᠭᠡᠭᠡᠨ ᠳᠤ ᠤᠷᠤᠯᠴᠠᠪᠠ᠃ 1946 ᠤᠨ ᠳᠤ ᠦᠪᠦᠷ | ᠮᠤᠩᠭᠤᠯ ᠤᠨ ︽4 · 3︾ ᠬᠤᠷᠠᠯ ᠠᠴᠠ ᠰᠡᠭᠦᠯᠡᠷ᠂ ᠲᠡᠷᠡ ᠦᠪᠦᠷ ᠮᠤᠩᠭᠤᠯ ᠤᠨ ᠦᠪᠡᠷᠲᠡᠭᠡᠨ ᠵᠠᠰᠠᠬᠤ | ᠤᠷᠤᠨ ᠤ ᠬᠦᠳᠡᠯᠭᠡᠭᠡᠨ ᠤ ᠬᠤᠯᠪᠤᠭᠠᠳᠤ ᠬᠤᠷᠠᠯ ᠤᠨ ᠤᠯᠠᠭᠠᠨᠬᠠᠳᠠ ᠬᠤᠪᠢᠶᠠᠷᠢ ᠬᠤᠷᠠᠯ ᠤᠨ ᠵᠠᠯᠠᠭᠤᠴᠤᠳ ᠤᠨ | ᠲᠠᠰᠤᠭ ᠤᠨ ᠲᠠᠷᠤᠭ᠎ᠠ ᠪᠠᠷ ᠠᠵᠢᠯᠯᠠᠪᠠ᠃ ᠮᠤᠷᠢᠲᠦ ᠴᠡᠷᠢᠭ ᠤᠨ ᠲᠦᠷᠪᠡᠳᠦᠭᠡᠷ ᠳ᠋ᠢᠸᠢᠽᠢ | ᠪᠠᠶᠢᠭᠤᠯᠤᠬᠳᠠᠬᠰᠠᠨ ᠠᠴᠠ ᠰᠡᠭᠦᠯᠡᠷ᠂ ᠲᠡᠷᠡ 32 ᠳ᠋ᠤᠭᠠᠷ ᠬᠤᠷᠢᠶ᠎ᠠ ᠶᠢᠨ ᠤᠯᠤᠰ ᠲᠦᠷᠦ ᠶᠢᠨ ᠭᠡᠰᠢᠭᠦᠨ ᠤ | ᠲᠤᠰᠢᠶᠠᠯ ᠢ ᠬᠠᠷᠢᠭᠤᠴᠠᠵᠦ᠂ ᠰᠡᠭᠦᠯᠡᠷ ᠨᠢ ᠲᠤᠰ ᠳ᠋ᠢᠸᠢᠽᠢ ᠨᠢ ᠮᠤᠷᠢᠳᠤ ᠴᠡᠷᠢᠭ ᠤᠨ ᠭᠤᠷᠪᠠᠳᠤᠭᠠᠷ ᠳ᠋ᠢᠸᠢᠽᠢ | ᠪᠤᠯᠵᠦ᠂ ᠳ᠋ᠢᠸᠢᠽᠢ ᠶᠢᠨ ᠲᠠᠷᠤᠭ᠎ᠠ ᠨᠢ ᠺᠦᠡᠭ ᠹᠸᠢ ᠪᠠᠶᠢᠵᠦ᠂ ᠯᠢᠤ ᠴᠠᠩ ᠤᠯᠤᠰ ᠲᠦᠷᠦ ᠶᠢᠨ ᠭᠡᠰᠢᠭᠦᠨ ᠪᠠᠶᠢᠪᠠ᠃ | | 1949 ᠤᠨ ᠳᠤ ᠰᠢᠨ᠎ᠠ ᠲᠤᠮᠳᠠᠳᠤ ᠤᠯᠤᠰ ᠪᠠᠶᠢᠭᠤᠯᠤᠬᠳᠠᠬᠤ ᠳᠤ ᠤᠤᠯ ᠤᠨ ᠵᠦᠪᠯᠡᠯᠳᠤ ᠬᠤᠯᠪᠤᠭᠠᠳᠤ | ᠤᠯᠤᠰ᠂ ᠵᠠᠭᠦᠨ ᠡᠸᠦ᠋ᠷᠦ᠋ᠫᠠ ᠵᠢᠴᠢ ᠵᠠᠷᠢᠮ ᠨᠡᠶᠢᠭᠡᠮ ᠵᠢᠷᠤᠮᠲᠦ ᠤᠯᠤᠰ ᠤᠳᠠᠯ ᠦᠭᠡᠢ ᠰᠢᠨ᠎ᠠ ᠲᠤᠮᠳᠠᠳᠤ | ᠤᠯᠤᠰ ᠢ ᠮᠡᠳᠡᠷᠡᠭᠰᠡᠨ ᠢᠶᠠᠷ ᠲᠤᠮᠳᠠᠳᠤ ᠤᠯᠤᠰ ᠤᠨ ᠲᠠᠯ᠎ᠠ ᠠᠴᠠ ᠭᠠᠳᠠᠭᠠᠳᠤ ᠬᠠᠷᠢᠯᠴᠠᠭᠠᠨ ᠤ ᠠᠵᠢᠯᠯᠠᠭ᠎ᠠ | ᠦᠷᠨᠢᠭᠦᠯᠬᠦ ᠶᠢ ᠲᠤᠯᠭᠠᠮ᠎ᠠ ᠱᠠᠭᠠᠷᠳᠠᠵᠦ ᠪᠠᠶᠢᠪᠠ᠃ ᠭᠠᠳᠠᠭᠠᠳᠤ ᠳᠤ ᠰᠠᠭᠤᠵᠦ ᠭᠠᠳᠠᠭᠠᠳᠤ ᠬᠠᠷᠢᠯᠴᠠᠭᠠᠨ ᠤ | ᠠᠵᠢᠯᠯᠠᠭ᠎ᠠ ᠳᠤ ᠤᠷᠤᠯᠴᠠᠬᠤ ᠳᠤ ᠵᠠᠪᠠᠯ ᠤᠯᠤᠰ ᠲᠦᠷᠦ ᠶᠢᠨ ᠲᠠᠯ᠎ᠠ ᠪᠠᠷ ᠢᠳᠡᠭᠡᠮᠵᠢᠲᠠᠢ ᠬᠦᠮᠦᠨ ᠪᠠᠶᠢᠬᠤ | ᠴᠢᠬᠤᠯᠠᠳᠠᠢ ᠪᠤᠯᠬᠤᠷ ᠤᠯᠤᠰ ᠠᠴᠠ ᠴᠡᠷᠢᠭ ᠠᠩᠭᠢ ᠶᠢᠨ ᠲᠤᠳᠤᠷ᠎ᠠ ᠠᠴᠠ ᠨᠢᠭᠡ ᠪᠦᠯᠦᠭ ᠺᠠᠳ᠋ᠷᠴᠤᠳ ᠢ | ᠰᠢᠨ᠎ᠠ ᠪᠠᠷ ᠪᠠᠶᠢᠭᠤᠯᠤᠬᠰᠠᠨ ᠭᠠᠳᠠᠭᠠᠳᠤ ᠬᠠᠷᠢᠯᠴᠠᠭᠠᠨ ᠤ ᠶᠠᠮᠤᠨ ᠳᠤ ᠰᠢᠯᠵᠢᠭᠦᠯᠪᠡ᠃ ᠴᠠᠭ ᠤᠨ ᠪᠠᠶᠢᠳᠠᠯ | ᠪᠠᠴᠢᠮ ᠲᠤᠯᠭᠠᠮ᠎ᠠ ᠪᠠᠶᠢᠬᠰᠠᠨ ᠲᠡᠭᠡᠷ᠎ᠡ᠂ ᠲᠤᠮᠳᠠᠳᠤ ᠤᠯᠤᠰ ᠠᠴᠠ ᠪᠦᠬᠦᠳᠡ ᠨᠠᠶᠢᠷᠠᠮᠳᠠᠬᠤ ᠮᠤᠩᠭᠤᠯ ᠠᠷᠠᠳ | ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠪᠠᠶᠢᠭᠤᠯᠬᠤ ᠴᠢᠬᠤᠯᠠᠲᠠᠢ ᠪᠠᠶᠢᠬᠰᠠᠨ ᠪᠤᠯᠬᠤᠷ ᠵᠸᠤ | ᠶᠡᠷᠦᠩᠭᠡᠢ ᠰᠠᠶᠢᠳ ᠠᠴᠠ ᠤᠯᠠᠭᠠᠨᠬᠦᠦ ᠳᠤ ᠲᠤᠬᠢᠷᠠᠮᠵᠢᠳᠠᠢ ᠬᠦᠮᠦᠨ ᠰᠤᠩᠭᠤᠬᠤ ᠡᠭᠦᠷᠭᠡ ᠶᠢ ᠲᠠᠭᠠᠭᠠᠯᠭᠠᠪᠠ᠃ | ᠤᠯᠠᠭᠠᠨᠬᠦᠦ ᠵᠠᠶᠠᠭᠠᠳᠠᠢ ᠶᠢ ᠡᠯᠴᠢᠨ ᠰᠠᠶᠢᠳ ᠤᠨ ᠶᠠᠮᠤᠨ ᠤ ᠰᠠᠶᠢᠳ ᠢᠶᠠᠷ ᠨᠡᠷ᠎ᠠ ᠲᠤᠷᠠᠳᠬᠤ ᠶᠢᠨ ᠲᠠᠭᠠᠤ | ᠦᠪᠦᠷ ᠮᠤᠩᠭᠤᠯ ᠤᠨ ᠴᠡᠷᠢᠭ ᠤᠨ ᠲᠤᠭᠤᠷᠢᠭ ᠠᠴᠠ ᠲᠤᠬᠢᠷᠠᠮᠵᠢᠲᠠᠢ ᠠᠵᠢᠯᠳᠠᠨ ᠡᠷᠢᠵᠦ ᠪᠠᠶᠢᠪᠠ᠃ | ᠲᠤᠬᠠᠢ ᠶᠢᠨ ᠦᠶ᠎ᠠ ᠳᠤ᠂ ᠦᠪᠦᠷ ᠮᠤᠩᠭᠤᠯ ᠤᠨ ᠮᠤᠷᠢᠲᠦ ᠴᠡᠷᠢᠭ ᠤᠨ ᠭᠤᠷᠪᠠᠳᠤᠭᠠᠷ ᠳ᠋ᠢᠸᠢᠽᠢ ᠶᠢᠨ | ᠲᠤᠯᠤᠳᠤᠭᠠᠷ ᠬᠤᠷᠢᠶ᠎ᠠ ᠶᠢᠨ ᠤᠯᠤᠰ ᠲᠦᠷᠦ ᠶᠢᠨ ᠭᠡᠰᠢᠭᠦᠨ᠂ ᠨᠠᠮ ᠤᠨ ᠬᠤᠷᠢᠶ᠎ᠠ ᠶᠢᠨ ᠱᠦᠵᠢ᠂ | ᠳ᠋ᠢᠸᠢᠽᠢ ᠶᠢᠨ ᠢᠶᠠᠨ ᠨᠠᠮ ᠤᠨ ᠬᠤᠷᠢᠶ᠎ᠠ ᠶᠢᠨ ᠭᠡᠰᠢᠭᠦᠨ ᠪᠠᠶᠢᠬᠰᠠᠨ ᠭᠡᠭᠡᠨᠬᠦᠦ ᠢᠡᠭᠭᠢᠵᠦ ᠡᠯᠴᠢᠨ ᠰᠠᠶᠢᠳ ᠤᠨ | ᠶᠠᠮᠤᠨ ᠤ ᠰᠠᠶᠢᠳ ᠢᠶᠠᠷ ᠰᠤᠩᠭᠤᠬᠳᠠᠪᠠ᠃ | 1949 ᠤᠨ ᠤ ᠰᠡᠭᠦᠯᠴᠢ ᠪᠠᠷ᠂ ᠭᠡᠭᠡᠨᠬᠦᠦ ᠳ᠋ᠢᠸᠢᠽᠢ ᠶᠢᠨ ᠶᠡᠷᠦᠩᠭᠡᠢ ᠬᠡᠯᠳᠡᠰ ᠲᠤ ᠤᠴᠢᠵᠦ ᠨᠡᠷ᠎ᠡ | ᠮᠡᠳᠡᠭᠦᠯ ᠭᠡᠰᠡᠨ ᠲᠡᠭᠡᠲᠦ ᠱᠠᠳᠤᠨ ᠤ ᠮᠡᠳᠡᠭᠳᠡᠯ ᠢ ᠲᠤᠰᠪᠠ᠃ ᠶᠠᠪᠤᠬᠤ ᠠᠴᠠ ᠨᠢ ᠡᠮᠦᠨ᠎ᠠ᠂ ᠳ᠋ᠢᠸᠢᠽᠢ ᠶᠢᠨ | ᠤᠯᠤᠰ ᠲᠦᠷᠦ ᠶᠢᠨ ᠬᠡᠯᠳᠡᠰ ᠤᠨ ᠡᠷᠭᠢᠯᠡᠭᠴᠢ ᠬᠡᠬᠡᠨᠬᠦᠦ ᠳᠤ᠄ ︽ᠲᠠᠨ ᠤ ᠤᠨᠤᠬᠰᠠᠨ ᠮᠤᠷᠢ ᠦᠨᠡᠭᠡᠷ ᠰᠠᠶᠢᠨ | ᠪᠠᠶᠢᠨ᠎ᠠ᠂ ᠮᠠᠨ ᠤ ᠠᠳᠡ ᠲᠡᠭᠦᠨ ᠢ ᠨᠡᠩ ᠬᠡᠷᠡᠭᠰᠡᠨ᠎ᠠ︾ ᠭᠡᠪᠡ᠃ ᠭᠡᠭᠡᠨᠬᠦᠦ ᠰᠠᠯᠵᠦ ᠶᠠᠳᠠᠨ ᠪᠠᠶᠢᠬᠰᠠᠨ ᠪᠤᠯᠪᠠᠴᠤ | ᠠᠷᠭ᠎ᠠ ᠪᠤᠰᠤ ᠤᠳᠠᠭᠠᠨ ᠵᠢᠯ ᠤᠨᠤᠬᠰᠠᠨ ᠲᠠᠶᠢᠨ ᠤ ᠠᠬᠳᠠ ᠪᠠᠨ ᠳ᠋ᠢᠸᠢᠽᠢ ᠶᠢᠨ ᠶᠡᠷᠦᠩᠭᠡᠢ ᠬᠡᠯᠳᠡᠰ ᠲᠡᠭᠡᠨ | ᠦᠯᠡᠳᠡᠭᠡᠵᠦ ᠦᠭᠪᠡ᠃ ᠳ᠋ᠢᠸᠢᠽᠢ ᠶᠢᠨ ᠶᠡᠷᠦᠩᠭᠡᠢ ᠬᠡᠯᠳᠡᠰ ᠠᠴᠠ ᠭᠡᠭᠡᠨᠬᠦᠦ ᠳᠤ ᠦᠭᠡᠷ᠎ᠡ ᠨᠢᠭᠡᠨ ᠲᠠᠭᠠᠭᠠᠮᠠᠭᠠᠢ | ᠪᠦᠭᠡᠳ ᠬᠤᠯᠠ ᠵᠠᠮ ᠶᠠᠪᠤᠬᠤ ᠳᠤ ᠰᠠᠶᠢᠨ ᠮᠤᠷᠢ ᠠᠪᠴᠢᠷᠠᠵᠦ ᠦᠭᠭᠦᠭᠰᠡᠨ ᠪᠠᠶᠢᠯ᠎ᠠ᠃ ᠭᠡᠭᠡᠨᠬᠦᠦ ᠢᠡᠭᠭᠢᠵᠦ ︽ | ᠲᠠᠪᠬᠢᠭ᠎ᠠ ᠮᠤᠷᠢ︾ ᠪᠠᠷ ᠲᠤᠰᠢᠶᠠᠯ ᠳᠤ ᠭᠠᠷᠤᠬᠰᠠᠨ ᠶᠤᠮ᠃ ᠭᠢᠷᠢᠨ ᠮᠤᠵᠢ ᠶᠢᠨ ᠪᠠᠢ ᠴᠸᠡᠭ ᠬᠤᠳᠠ ᠳᠠᠬᠢ | ᠶᠡᠷᠦᠩᠭᠡᠢ ᠬᠡᠯᠳᠡᠰ ᠲᠤ ᠬᠦᠷᠬᠦ ᠳᠤ ᠳ᠋ᠢᠸᠢᠽᠢ ᠶᠢᠨ ᠲᠠᠷᠤᠭ᠎ᠠ ᠪᠠᠶᠢᠬᠰᠠᠨ ᠺᠦᠡᠭ ᠹᠸᠢ ᠲᠡᠭᠦᠨ ᠤ ᠰᠦᠪᠡᠭᠡᠨ ᠳᠡᠭᠡᠨ | ᠵᠡᠭᠦᠭᠰᠡᠨ ᠭᠧᠷᠮᠠᠨ ᠬᠢᠴᠢᠳᠠᠢ ᠭᠠᠷ ᠫᠤᠤ ᠶᠢ ᠨᠢ ᠦᠵᠡᠭᠡᠳ ᠲᠤᠭᠤᠴᠢᠬᠠᠪᠠ᠃ ᠲᠡᠷᠡ ᠡᠯᠴᠢᠨ ᠰᠠᠶᠢᠳ ᠤᠨ | ᠶᠠᠮᠤᠨ ᠳᠤ ᠬᠦᠷᠪᠡᠯ ᠭᠠᠷ ᠫᠤᠤ ᠪᠠᠰᠠ ᠵᠠᠷᠤᠬᠤ ᠭᠠᠵᠠᠷ ᠦᠭᠡᠢ ᠪᠤᠯᠴᠢᠬᠠᠨ᠎ᠠ ᠭᠡᠵᠦ ᠪᠤᠳᠤᠭᠠᠳ ᠭᠠᠷ ᠫᠤᠤ ᠪᠠᠨ | ᠺᠦᠡᠭ ᠹᠸᠢ ᠳᠤ ᠬᠦᠷᠭᠡᠪᠡ᠃ ᠰᠠᠨᠠᠭᠠᠨ ᠳᠤ ᠦᠭᠡᠢ ᠨᠢ ᠴᠢᠭᠤᠯᠤᠯᠳᠤ ᠬᠠᠭᠠᠯᠭ᠎ᠠ ᠬᠤᠳᠠ ᠪᠠᠷ ᠦᠡᠭᠭᠡᠷᠡᠬᠦ ᠳᠤ᠂ | ᠲᠢᠩ ᠮᠤᠤ ᠵᠠᠩᠵᠤᠨ ᠭᠡᠭᠡᠨᠬᠦᠤ ᠶᠢᠨ ᠬᠠᠮᠠᠭᠠᠯᠠᠬᠴᠢ ᠶᠢ ᠨᠢ ᠦᠵᠡᠭᠡᠳ ᠶᠠᠪᠤᠭᠤᠯᠬᠤ ᠳᠤᠷ᠎ᠠ ᠦᠭᠡᠢ ᠪᠤᠯᠴᠢᠬᠠᠪᠠ᠃ | ᠲᠢᠩ ᠮᠤᠤ ᠰᠢᠭᠤᠳ ᠬᠡᠯᠡᠬᠦ ᠠᠴᠠ ᠪᠠᠨ ᠡᠪ ᠦᠭᠡᠶᠢᠷᠡᠭᠰᠡᠨ ᠮᠠᠶ᠋ᠢᠬᠳᠠᠢ ᠡᠷᠭᠢᠬᠦᠯᠵᠦ ᠲᠤᠭᠤᠷᠢᠭᠤᠯᠵᠦ ᠶᠠᠷᠢᠭᠠᠳ | ᠡᠴᠦᠰ ᠲᠡᠭᠡᠨ ᠬᠠᠮᠠᠭᠠᠯᠠᠬᠴᠢ ᠶᠢ ᠨᠢ ᠦᠯᠡᠳᠡᠬᠡᠬᠦ ᠰᠠᠨᠠᠭ᠎ᠠ ᠪᠠᠨ ᠴᠤᠬᠤᠢᠢᠯᠭᠠᠪᠠ᠃ ᠲᠡᠷᠡ ᠪᠡᠭᠡᠵᠢᠩ ᠳᠤ | ᠭᠠᠳᠠᠭᠠᠳᠤ ᠬᠠᠷᠢᠯᠴᠠᠭᠠᠨ ᠤ ᠶᠠᠮᠤᠨ ᠳᠤ ᠤᠴᠢᠵᠦ᠂ ᠴᠡᠷᠢᠭ ᠤᠨ ᠬᠤᠷᠢᠶ᠎ᠠ ᠠᠴᠠ ᠭᠠᠷᠬᠤ ᠶᠤᠮ ᠴᠢᠨᠢ ᠬᠠᠵᠠᠭᠤ ᠳᠤ | ᠬᠠᠮᠠᠭᠠᠯᠠᠬᠴᠢ ᠲᠠᠭᠠᠭᠠᠳ ᠪᠠᠰᠠ ᠡᠪ ᠦᠭᠡᠢ ᠭᠡᠵᠦ ᠪᠤᠳᠤᠭᠠᠳ ᠬᠠᠮᠠᠭᠠᠯᠠᠬᠴᠢ ᠪᠠᠨ ᠪᠠᠰᠠ ᠦᠯᠡᠳᠡᠭᠡᠵᠦ ᠦᠭᠪᠠ᠃ | ᠫᠤᠤ ᠵᠠᠪᠰᠡᠭ᠂ ᠠᠬᠳᠠ ᠬᠦᠯᠦᠭ᠂ ᠰᠢᠳᠠᠷ ᠬᠠᠮᠠᠭᠠᠯᠠᠬᠴᠢ ᠪᠠᠨ ᠲᠤᠰᠢᠶᠠᠬᠰᠠᠨ ᠬᠡᠬᠡᠨᠭᠦᠦ ᠲᠠᠨᠢᠯᠴᠠᠭᠤᠯᠭ᠎ᠠ ᠶᠢᠨ | ᠪᠢᠴᠢᠭ ᠢᠶᠠᠨ ᠠᠪᠴᠤ ᠤᠮᠠᠷᠠᠳᠤ ᠤᠷᠤᠨ ᠤ ᠲᠤᠪᠴᠢᠶ᠎ᠠ᠂ ᠲᠦᠪ ᠤᠨ ᠤᠬᠠᠭᠤᠯᠬᠤ ᠬᠡᠯᠳᠡᠰ᠂ ᠭᠠᠳᠠᠭᠠᠳᠤ | ᠬᠠᠷᠢᠯᠴᠠᠭᠠᠨ ᠤ ᠶᠠᠮᠤᠨ ᠢᠶᠠᠷ ᠲᠡᠰ ᠲᠠᠷᠠᠭᠠᠯᠠᠨ ᠨᠡᠷ᠎ᠡ ᠮᠡᠳᠡᠭᠦᠯᠪᠡ᠂ ︽ᠤᠳᠤ ᠶᠢᠨ ᠦᠭᠡ ᠪᠠᠷ ᠬᠡᠯᠡᠪᠡᠯ ᠪᠢ ᠴᠢᠨᠢ | ᠲᠡᠷᠡ ᠦᠶ᠎ᠠ ᠳᠤ ᠶᠤᠰᠤᠳᠠᠢ ︿ᠨᠢᠴᠦᠭᠦᠨ﹀ ᠪᠤᠯᠤᠬᠰᠠᠨ ᠰᠢᠤ︾ ᠭᠡᠵᠦ ᠬᠡᠬᠡᠨᠬᠦᠦ ᠨᠠᠰᠤᠳᠠᠨ ᠶᠦᠮᠦᠷᠯᠢᠢᠡ | ᠶᠠᠷᠢᠨ᠎ᠠ ᠪᠢᠯᠡ᠃ | | ᠴᠡᠷᠢᠭ ᠤᠨ ᠠᠯᠪᠠᠨ ᠠᠴᠠ ᠡᠯᠴᠢᠨ ᠰᠠᠶᠢᠳ ᠪᠤᠯᠤᠬᠰᠠᠨ ᠨᠢ | ᠭᠠᠳᠠᠭᠠᠳᠤ ᠬᠠᠷᠢᠯᠴᠠᠭᠠᠨ ᠤ ᠶᠠᠮᠤᠨ ᠤ ᠡᠸᠦ᠋ᠷᠦᠫᠠ ᠬᠤᠪᠴᠠᠰᠤ ᠶᠢ ᠶᠠᠭᠠᠬᠢᠵᠦ ᠡᠮᠦᠰᠬᠦ᠂ ᠡᠸᠦ᠋ᠷᠦᠫᠠ | ᠬᠤᠭᠤᠯᠠ ᠶᠢ ᠶᠠᠭᠠᠬᠢᠵᠦ ᠢᠳᠡᠬᠦ᠂ ᠮᠡᠳᠡᠭᠦᠯᠦᠯᠳᠡ ᠶᠢ ᠶᠠᠭᠠᠬᠢᠵᠦ ᠦᠵᠡᠨ ᠮᠠᠲ᠋ᠧᠷᠢᠶᠠᠯ ᠢ ᠬᠡᠷᠬᠢᠨ ᠬᠢᠨᠠᠬᠤ ᠵᠡᠷᠭᠡ | ᠰᠢᠰᠲ᠋ᠧᠮ ᠲᠠᠢ ᠶᠤᠰᠤᠯᠠᠯ ᠤᠨ ᠰᠤᠷᠤᠯᠴᠠᠯᠭ᠎ᠠ ᠶᠢ ᠦᠡᠭᠭᠡᠷᠡᠭᠡᠭᠡᠳ᠂ 1950 ᠤᠨ ᠳᠤ 25 ᠨᠠᠰᠤᠲᠠᠢ ᠭᠡᠭᠡᠨᠬᠦᠦ | ᠲᠤᠮᠳᠠᠳᠤ ᠤᠯᠤᠰ ᠤᠨ ᠪᠦᠭᠦᠳᠡ ᠨᠠᠶᠢᠷᠠᠮᠳᠠᠬᠤ ᠮᠤᠩᠭᠤᠯ ᠠᠷᠠᠳ ᠤᠯᠤᠰ ᠲᠤ ᠰᠠᠭᠤᠭ᠎ᠠ ᠡᠯᠴᠢᠨ ᠰᠠᠶᠢᠳ ᠤᠨ | ᠶᠠᠮᠤᠨ ᠤ ᠬᠤᠶᠠᠳᠤᠭᠠᠷ ᠨᠠᠷᠢᠨ ᠪᠢᠴᠢᠭᠡᠴᠢ ᠪᠠᠷ ᠲᠤᠮᠢᠯᠠᠬᠳᠠᠪᠠ᠃ ᠡᠯᠴᠢᠳ ᠰᠠᠶᠢᠳ ᠨᠢ ᠵᠠᠶᠠᠭᠠᠳᠠᠢ᠂ | ᠵᠦᠪᠯᠡᠭᠴᠢ ᠨᠢ ᠹᠦ᠋ ᠬᠤᠤ᠂ ᠨᠢᠭᠡᠲᠦᠭᠡᠷ ᠨᠠᠷᠢᠨ ᠪᠢᠴᠢᠭᠡᠴᠢ ᠨᠢ ᠲᠡᠯᠭᠡᠷ ᠪᠠᠶᠢᠪᠠ᠃ | ᠲᠤᠬᠠᠢ ᠶᠢᠨ ᠦᠶ᠎ᠠ ᠳᠤ᠂ ᠰᠢᠨ᠎ᠠ ᠲᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ ᠦᠢᠯᠡᠰ | ᠰᠠᠶ᠋ᠢᠬᠠᠨ ᠡᠬᠢᠯᠡᠵᠦ᠂ ᠭᠠᠳᠠᠭᠠᠳᠤ ᠬᠠᠷᠢᠯᠴᠠᠭᠠᠨ ᠤ ᠶᠠᠮᠤᠨ ᠳᠤ ᠰᠠᠶ᠋ᠢ 100 ᠭᠠᠷᠤᠢ ᠠᠵᠢᠯᠳᠠᠨ ᠪᠠᠶᠢᠵᠦ᠂ | ᠤᠯᠡᠩᠭᠢ ᠨᠢ ᠰᠠᠶ᠋ᠢᠬᠠᠨ ᠲᠠᠶᠢᠨ ᠤ ᠲᠠᠯᠠᠪᠤᠷ ᠠᠴᠠ ᠪᠤᠴᠠᠵᠦ ᠢᠷᠡᠭᠡᠳ ᠴᠡᠷᠢᠭ ᠬᠤᠪᠴᠠᠰᠤ ᠪᠠᠨ ᠲᠠᠶᠢᠯᠤᠬᠰᠠᠨ | ᠺᠠᠳ᠋ᠷ ᠪᠠᠶᠢᠵᠦ᠂ ᠵᠸᠤ ᠶᠡᠷᠦᠩᠭᠡᠢ ᠰᠠᠶᠢᠳ ᠭᠠᠳᠠᠭᠠᠳᠤ ᠬᠠᠷᠢᠯᠴᠠᠭ᠎ᠠ ᠤ ᠶᠠᠮᠤᠨ ᠤ ᠲᠠᠷᠤᠭ᠎ᠠ ᠶᠢᠨ ᠲᠤᠰᠢᠶᠠᠯ ᠢ | ᠬᠠᠪᠰᠤᠷᠭᠠᠨ ᠬᠠᠷᠢᠭᠤᠴᠠᠵᠦ᠂ ᠵᠠᠩ ᠸᠧᠨ ᠲᠢᠶᠠᠨ ᠲᠡᠳ᠋ ᠲᠠᠷᠤᠭ᠎ᠠ᠂ ᠦ᠋ ᠰᠢᠦ ᠴᠢᠤᠸᠠᠨ ᠵᠡᠷᠭᠡ ᠠᠬᠠᠮᠠᠳ | ᠺᠠᠳᠠᠷᠴᠤᠳ ᠵᠦᠪᠯᠡᠭᠴᠢ ᠶᠢᠨ ᠲᠤᠰᠢᠶᠠᠯ ᠢ ᠬᠠᠷᠢᠭᠤᠴᠠᠵᠦ ᠪᠠᠶᠢᠪᠠ᠃ ᠭᠡᠭᠡᠨᠬᠦᠦ ᠨᠢᠭᠡᠲᠦᠭᠡᠷ ᠦᠶ᠎ᠠ ᠶᠢᠨ | ᠭᠠᠳᠠᠭᠠᠳᠤ ᠬᠠᠷᠢᠯᠴᠠᠭᠠᠨ ᠤ ᠰᠠᠶᠢᠳ ᠤᠨ ᠬᠤᠪᠢ ᠪᠠᠷ ᠭᠠᠳᠠᠭᠠᠳᠤ ᠬᠠᠷᠢᠯᠴᠠᠭᠠᠨ ᠤ ᠶᠠᠮᠤᠨ ᠳᠤ 40 ᠭᠠᠷᠤᠢ | ᠵᠢᠯ ᠲᠤᠰᠢᠶᠠᠯ ᠬᠠᠷᠢᠭᠤᠴᠠᠪᠠ ᠃ | ᠲᠤᠮᠳᠠᠳᠤ ᠤᠯᠤᠰ ᠤᠨ ᠪᠦᠭᠦᠳᠡ ᠨᠠᠶᠢᠷᠠᠮᠳᠠᠬᠤ ᠮᠤᠩᠭᠤᠯ ᠠᠷᠠᠳ ᠤᠯᠤᠰ ᠲᠤ ᠰᠠᠭᠤᠭ᠎ᠠ ᠡᠯᠴᠢᠨ | ᠰᠠᠶᠢᠳ ᠤᠨ ᠶᠠᠮᠤᠨ ᠳᠤ ᠭᠡᠭᠡᠨᠬᠦᠦ ᠭᠠᠳᠠᠭᠠᠳᠤ ᠬᠠᠷᠢᠯᠴᠠᠭᠠᠨ ᠤ ᠰᠠᠶᠢᠳ ᠪᠦᠭᠡᠳ ᠤᠷᠴᠢᠭᠤᠯᠤᠬᠴᠢ᠂ | ᠲᠤᠳᠤᠭᠠᠳᠤ ᠳᠠᠭᠠᠨ ᠪᠠᠰᠠ ᠶᠠᠮᠤᠨ ᠤ ᠪᠠᠨ ᠲᠤᠳᠤᠭᠠᠳᠠᠬᠢ ᠵᠠᠰᠠᠭ ᠵᠠᠬᠢᠷᠭᠠᠨ ᠤ ᠠᠵᠢᠯ ᠢ ᠬᠠᠷᠢᠭᠤᠴᠠᠵᠦ᠂ ᠮᠤᠩᠭᠤᠯ | ᠬᠡᠯᠡᠨ ᠳᠡᠭᠡᠨ ᠰᠠᠶᠢᠨ ᠪᠦᠭᠡᠳ ᠤᠷᠤᠰ ᠬᠡᠯᠡ ᠪᠠᠰᠠ ᠮᠡᠳᠡᠳᠡᠭ ᠪᠤᠯᠬᠤᠷ ᠭᠠᠳᠠᠭᠠᠳᠤ ᠬᠠᠷᠢᠯᠴᠠᠭᠠᠨ ᠤ ᠠᠵᠢᠯ | ᠲᠡᠭᠡᠷ᠎ᠡ ᠢᠯᠡᠷᠭᠡᠢ ᠲᠠᠪᠠᠭᠤᠯᠢᠭ ᠲᠠᠯ᠎ᠠ ᠲᠠᠢ ᠪᠠᠶᠢᠪᠠ᠃ ︽ᠵᠢᠱᠢᠶᠡᠯᠡᠭᠡᠳ ᠶᠠᠷᠢᠬᠤ ᠳᠤ᠂ ᠨᠢᠭᠡ ᠤᠳᠠᠭᠠᠨ ᠤ | ᠰᠤᠯᠠ ᠲᠠᠶᠢᠯᠠᠯᠭ᠎ᠠ ᠲᠡᠭᠡᠷ᠎ᠠ ᠠᠯᠢ ᠨᠢᠭᠡ ᠤᠯᠤᠰ ᠤᠨ ᠡᠯᠴᠢᠨ ᠰᠠᠶᠢᠳ ᠢᠷᠡᠵᠦ ᠲᠠᠨ ᠲᠠᠢ ᠵᠤᠭᠤᠬᠳᠠᠬᠤ ᠳᠤ | ᠲᠠ ᠬᠡᠷᠪᠡ ᠦᠭᠡ ᠶᠢ ᠨᠢ ᠤᠢᠢᠯᠠᠭᠠᠬᠤ ᠦᠭᠡᠢ ᠲᠡᠨᠳᠡ ᠪᠠᠨ ᠮᠡᠯᠡᠷᠡᠵᠦ ᠵᠤᠬᠰᠤᠬᠤ ᠶᠤᠮ ᠪᠤᠯ ᠪᠦᠭᠦ | ᠭᠠᠳᠠᠭᠠᠳᠤ ᠬᠠᠷᠢᠯᠴᠠᠭᠠᠨ ᠤ ᠬᠡᠪᠴᠢᠶᠠᠨ ᠳᠤ ᠬᠡᠪ ᠤᠨ ᠪᠠᠶᠢᠳᠠᠯ ᠢᠶᠠᠷ ᠠᠵᠢᠯᠯᠠᠵᠦ ᠲᠡᠶᠢᠯᠬᠦ ᠦᠭᠡᠢ ᠶᠤᠮ︾ ᠭᠡᠵᠦ | ᠬᠡᠭᠡᠨᠬᠦᠦ ᠶᠠᠷᠢᠵᠦ ᠪᠠᠶᠢᠯ᠎ᠠ᠃ | 1951 ᠤᠨ ᠤ 7 ᠰᠠᠷ᠎ᠠ ᠳᠤ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠡᠳ᠋ | ᠲᠡᠷᠢᠭᠦᠯᠡᠭᠴᠢ ᠸᠠᠩ ᠽᠠᠢ ᠲᠢᠶᠠᠨ ᠢᠶᠠᠷ ᠪᠦᠯᠬᠦᠮ ᠤᠨ ᠲᠠᠷᠤᠭ᠎ᠠ ᠪᠤᠯᠭᠠᠬᠰᠠᠨ ᠠᠩᠬᠠᠳᠠᠬᠴᠢ ᠤᠳᠠᠭᠠᠨ ᠤ ᠰᠢᠨ᠎ᠠ | ᠲᠤᠮᠳᠠᠳᠤ ᠤᠯᠤᠰ ᠤᠨ ᠵᠠᠰᠠᠭ ᠤᠨ ᠤᠷᠳᠤᠨ ᠤ ᠲᠦᠯᠦᠭᠡᠯᠡᠭᠴᠢᠳ ᠤᠨ ᠪᠦᠯᠬᠦᠮ ᠪᠦᠬᠦᠳᠡ ᠨᠠᠶᠢᠷᠠᠮᠳᠠᠬᠤ | ᠮᠤᠩᠭᠤᠯ ᠠᠷᠠᠳ ᠤᠯᠤᠰ ᠲᠤ ᠠᠶᠢᠯᠴᠢᠯᠠᠬᠤ ᠳᠤ ᠬᠡᠬᠡᠨᠬᠦᠦ ᠪᠡᠷ᠎ᠠ ᠪᠤᠯᠤᠬᠰᠠᠨ ᠪᠦᠭᠡᠳ ᠤᠷᠴᠢᠭᠤᠯᠤᠬᠴᠢ ᠪᠤᠯᠪᠠ᠃ | 1952 ᠤᠨ ᠳᠤ ᠠᠯᠳᠠᠷᠳᠤ ᠵᠤᠬᠢᠶᠠᠯᠴᠢ ᠵᠸᠤ ᠯᠢ ᠪᠦᠸᠧ ᠪᠠᠷ ᠪᠦᠯᠬᠦᠮ ᠤᠨ ᠲᠠᠷᠤᠭ᠎ᠠ ᠪᠤᠯᠭᠠᠬᠰᠠᠨ | ᠲᠤᠮᠳᠠᠳᠤ ᠤᠯᠤᠰ ᠤᠨ ᠰᠤᠶᠤᠯ ᠤᠨ ᠲᠦᠯᠦᠭᠡᠯᠡᠭᠴᠢᠳ ᠤᠨ ᠪᠦᠯᠬᠦᠮ ᠪᠦᠬᠦᠳᠡ ᠨᠠᠶᠢᠷᠠᠮᠳᠠᠬᠤ ᠮᠤᠩᠭᠤᠯ | ᠠᠷᠠᠳ ᠤᠯᠤᠰ ᠲᠤ ᠠᠶᠢᠯᠴᠢᠯᠠᠬᠤ ᠳᠤ ᠭᠡᠭᠡᠨᠭᠦᠦ ᠮᠦᠨ ᠪᠡᠷ᠎ᠡ ᠪᠤᠯᠤᠯᠴᠠᠬᠰᠠᠨ ᠪᠦᠭᠡᠳ ᠤᠷᠴᠢᠭᠤᠯᠤᠬᠴᠢ ᠪᠤᠯᠵᠦ᠂ | ᠮᠦᠨ ᠵᠢᠯ ᠳᠤ ᠲᠡᠷᠡ ᠨᠢᠶᠧ ᠷᠦᠡᠭ ᠵᠧᠨ᠂ ᠤᠯᠠᠭᠠᠨᠬᠦᠦ᠂ ᠦ᠋ ᠰᠢᠤ ᠴᠢᠤᠸᠠᠨ ᠵᠡᠷᠭᠡ ᠤᠳᠤᠷᠢᠳᠤᠯᠭ᠎ᠠ ᠳᠤ ᠪᠡᠷ᠎ᠠ | ᠪᠤᠯᠤᠨ ᠮᠤᠩᠭᠤᠯ ᠤᠯᠤᠰ ᠤᠨ ᠶᠡᠷᠦᠩᠭᠡᠶᠢᠯᠡᠭᠴᠢ ᠶᠢᠨ ᠤᠷᠤᠰᠢᠭᠤᠯᠭ᠎ᠠ ᠶᠢᠨ ᠶᠤᠰᠤᠯᠠᠯ ᠳᠤ ᠤᠷᠤᠯᠴᠠᠵᠦ᠂ | 1954 ᠤᠨ ᠤ 8 ᠰᠠᠷ᠎ᠠ ᠳᠤ ᠵᠸᠤ ᠶᠡᠷᠦᠩᠭᠡᠢ ᠰᠠᠶᠢᠳ ᠢ ᠲᠠᠭᠠᠵᠦ ᠮᠤᠩᠭᠤᠯ ᠤᠯᠤᠰ ᠲᠤ ᠠᠶᠢᠯᠴᠢᠯᠠᠪᠠ᠃ | ᠭᠠᠳᠠᠭᠠᠳᠤ ᠬᠠᠷᠢᠯᠴᠠᠭᠠᠨ ᠤ ᠠᠵᠢᠯ ᠤᠨ ᠶᠠᠭᠠᠷᠠᠤ᠂ ᠲᠦᠪᠡᠭ ᠪᠤᠳᠤᠯᠢᠶᠠᠨᠳᠠᠢ ᠪᠠᠶᠢᠳᠠᠯ ᠨᠢ ᠵᠠᠯᠠᠭᠤ ᠨᠠᠰᠤᠨ ᠤ | ᠭᠡᠭᠡᠨᠬᠦᠦ ᠶᠢ ᠤᠯᠠᠮ ᠢᠶᠠᠷ ᠲᠠᠪᠰᠢᠭᠤᠯᠤᠨ ᠰᠢᠯᠢᠳᠡᠭ ᠲᠤᠰᠬᠠᠢ ᠡᠯᠴᠢᠨ ᠰᠠᠶᠢᠳ ᠪᠤᠯᠭᠠᠬᠰᠠᠨ ᠶᠤᠮ᠃ | | 1955 ᠤᠨ ᠳᠤ ᠭᠡᠭᠡᠨᠬᠦᠦ ᠶᠢᠨ ᠲᠤᠰᠢᠶᠠᠯ ᠤᠨ ᠬᠤᠭᠤᠴᠠᠭ᠎ᠠ ᠨᠢ ᠲᠠᠭᠤᠰᠴᠤ ᠤᠯᠤᠰ ᠲᠠᠭᠠᠨ | ᠬᠠᠷᠢᠬᠰᠠᠨ ᠤ ᠲᠠᠷᠠᠭ᠎ᠠ᠂ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠲᠡᠭᠡᠭᠰᠢᠯᠡᠭᠦᠯᠭᠦ ᠶᠢᠨ ᠲᠦᠯᠦᠭᠡ ᠲᠡᠷᠡ | ᠭᠠᠳᠠᠭᠠᠳᠤ ᠬᠠᠷᠢᠯᠴᠠᠭᠠᠨ ᠤ ᠲᠡᠭᠡᠲᠦ ᠰᠤᠷᠭᠠᠭᠤᠯᠢ ᠳᠤ ᠰᠤᠷᠤᠯᠴᠠᠪᠠ᠃ ᠲᠤᠬᠳᠠᠭᠠᠯ ᠢᠶᠠᠷ ᠪᠤᠯ᠂ 4 ᠵᠢᠯ ᠤᠨ | ᠰᠤᠷᠤᠯᠭ᠎ᠠ ᠶᠢᠨ ᠬᠤᠭᠤᠴᠠᠭ᠎ᠠ ᠶᠢ 2 ᠵᠢᠯ ᠳᠤ ᠲᠡᠭᠦᠰᠭᠡᠵᠦ ᠪᠤᠯᠤᠨ᠎ᠠ᠂ ᠭᠡᠪᠡᠴᠤ ᠬᠡᠬᠡᠨᠬᠦᠦ 4 ᠵᠢᠯ ᠰᠤᠷᠤᠯᠴᠠᠭᠠᠳ | ᠰᠠᠶ᠋ᠢ ᠲᠡᠭᠦᠰᠦᠭᠰᠡᠨ ᠶᠤᠮ᠃ | | ᠶᠠᠷᠦᠩᠭᠡᠢ ᠰᠠᠶᠢᠳ ᠤᠨ ᠤᠷᠴᠢᠭᠤᠯᠤᠬᠴᠢ | 1959 ᠤᠨ ᠳᠤ᠂ ᠰᠤᠷᠤᠯᠭ᠎ᠠ ᠪᠠᠨ ᠲᠡᠭᠦᠰᠭᠡᠭᠰᠡᠨ ᠭᠡᠭᠡᠨᠬᠦᠦ ᠭᠠᠳᠠᠭᠠᠳᠤ ᠬᠠᠷᠢᠯᠴᠠᠭᠠᠨ ᠤ | ᠶᠠᠮᠤᠨ ᠳᠠᠭᠠᠨ ᠬᠠᠷᠢᠵᠦ ᠠᠵᠢᠯᠯᠠᠪᠠ᠃ ᠠᠽᠢᠶ᠎ᠠ ᠶᠢᠨ ᠲᠤᠪᠴᠢᠶ᠎ᠠ ᠶᠢᠨ ᠨᠢᠭᠡᠲᠦᠭᠡᠷ ᠭᠠᠵᠠᠷ ᠤᠨ ᠲᠠᠷᠤᠭ᠎ᠠ᠂ ᠲᠤᠰᠬᠠᠢ | ᠲᠤᠰᠢᠶᠠᠯᠳᠠᠨ ︵ᠲᠡᠳ᠋ ᠲᠤᠪᠴᠢᠶᠠᠨ ᠲᠡᠰ︶ ᠵᠡᠷᠭᠡ ᠲᠤᠰᠢᠶᠠᠯ ᠳᠤ ᠪᠠᠶᠢᠵᠦ᠂ ᠮᠤᠩᠭᠤᠯ ᠪᠤᠯᠤᠨ | ᠰᠤᠯᠤᠩᠭᠤᠰ ᠤᠨ ᠬᠡᠷᠡᠭ ᠢ ᠭᠤᠤᠯᠯᠠᠨ ᠬᠠᠮᠢᠶᠠᠷᠴᠤ ᠪᠠᠶᠢᠪᠠ᠃ ᠡᠨᠡ ᠬᠤᠭᠤᠷᠤᠨᠲᠦ ᠲᠡᠷᠡ ᠤᠯᠤᠰ | ᠪᠠᠶᠢᠭᠤᠯᠤᠬᠳᠠᠬᠰᠠᠨ 10 ᠵᠢᠯ ᠤᠨ ᠤᠢ ᠶᠢᠨ ᠬᠦᠳᠡᠯᠭᠡᠭᠡᠨ᠂ ᠲᠤᠮᠳᠠᠳᠤ ᠰᠤᠯᠤᠩᠭᠤᠰ ᠤᠨ ᠬᠢᠯᠢ ᠶᠢᠨ | ᠠᠰᠠᠭᠤᠳᠠᠯ ᠤᠨ ᠬᠡᠯᠡᠯᠴᠡᠭᠡᠷ᠂ ᠬᠢᠯᠢ ᠲᠤᠬᠳᠠᠭᠠᠬᠤ᠂ ᠬᠡᠷ᠎ᠡ ᠲᠤᠬᠳᠠᠬᠤ ᠵᠡᠷᠭᠡ ᠪᠦᠬᠦ ᠶᠠᠪᠤᠴᠠ ᠳᠤ | ᠤᠷᠤᠯᠴᠠᠨ᠂ ᠲᠤᠬᠢᠶᠠᠯ ᠢ ᠠᠮᠵᠢᠨ ᠮᠠᠰᠢ ᠤᠯᠠᠨ ᠲᠡᠤᠭᠡ ᠶᠢᠨ ᠨᠤᠮ ᠰᠤᠳᠤᠷ ᠢ ᠤᠡᠭᠰᠢᠪᠠ᠃ ᠲᠤᠰ ᠵᠢᠯ | ᠪᠦᠭᠦᠳᠡ ᠨᠠᠶᠢᠷᠠᠮᠳᠠᠬᠤ ᠮᠤᠩᠭᠤᠯ ᠠᠷᠠᠳ ᠤᠯᠤᠰ ᠤᠨ ᠤᠳᠤᠷᠢᠳᠤᠯᠭ᠎ᠠ ᠼᠦᠢᠳᠠᠨᠪᠠᠯ ᠸᠢᠶᠧᠲᠨᠠᠮ ᠢᠶᠠᠷ | ᠠᠶᠢᠯᠴᠢᠯᠠᠬᠤ ᠵᠠᠮ ᠳᠠᠭᠠᠨ ᠪᠡᠭᠡᠵᠢᠩ ᠢᠶᠠᠷ ᠦᠡᠭᠭᠡᠷᠡᠭᠦ ᠳᠤ ᠵᠸᠤ ᠶᠡᠷᠦᠩᠭᠡᠢ ᠰᠠᠶᠢᠳ ᠬᠦᠯᠢᠶᠠᠨ ᠠᠪᠴᠤ | ᠠᠭᠤᠯᠵᠠᠬᠰᠠᠨ ᠪᠦᠭᠡᠳ ᠭᠡᠭᠡᠨᠬᠦᠦ ᠪᠠᠷ ᠤᠷᠴᠢᠭᠤᠯᠤᠬᠴᠢ ᠪᠤᠯᠭᠠᠵᠦ ᠨᠠᠨᠨᠢᠩ ᠳᠤ ᠬᠦᠷᠳᠡᠯ᠎ᠠ ᠦᠳᠡᠪᠡ᠃ ᠲᠤᠰ | ᠵᠢᠯ ᠳᠤᠨᠢ᠂ ᠼᠦᠢᠳᠠᠨᠪᠠᠯ ᠲᠤᠮᠳᠠᠳᠤ ᠤᠯᠤᠰ ᠲᠤ ᠠᠶᠢᠯᠴᠢᠯᠠᠬᠤ ᠳᠤ ᠮᠠᠤ ᠲᠡᠷᠢᠭᠦᠯᠡᠭᠴᠢ ᠬᠦᠯᠢᠶᠠᠨ ᠠᠪᠴᠤ | ᠠᠭᠤᠯᠵᠠᠨ᠂ ᠭᠡᠭᠡᠨᠬᠦᠦ ᠪᠠᠷ ᠲᠤᠰᠬᠠᠢ ᠤᠷᠴᠢᠭᠤᠯᠤᠬᠴᠢ ᠪᠤᠯᠭᠠᠨ᠂ 1960 ᠤᠨ ᠳᠤ ᠵᠸᠤ ᠶᠡᠷᠦᠩᠭᠡᠢ | ᠰᠠᠶᠢᠳ ᠲᠤᠰᠬᠠᠢᠢᠯᠠᠨ ᠮᠤᠩᠭᠤᠯ ᠤᠯᠤᠰ ᠲᠤ ᠠᠶᠢᠯᠴᠢᠯᠠᠬᠤ ᠳᠤ ᠭᠡᠭᠡᠨᠬᠦᠦ ᠪᠠᠰᠠ ᠪᠦᠬᠦ ᠶᠠᠪᠤᠴᠠ ᠳᠤ ᠪᠡᠷ᠎ᠠ | ᠪᠤᠯᠤᠯᠴᠠᠬᠰᠠᠨ ᠪᠦᠭᠡᠳ ᠤᠷᠴᠢᠭᠤᠯᠤᠬᠴᠢ ᠪᠤᠯᠪᠠ᠃ | ᠤᠷᠴᠢᠭᠤᠯᠤᠬᠴᠢ ᠬᠦᠮᠦᠨ ᠨᠢᠭᠡ ᠲᠦᠷᠦᠯ ᠤᠨ ᠭᠠᠳᠠᠭᠠᠳᠤ ᠬᠡᠯᠡ ᠮᠡᠳᠡᠭᠡᠳ ᠵᠠᠷᠤᠵᠦ ᠬᠦᠷᠬᠦ | ᠦᠭᠡᠢ ᠭᠡᠳᠡᠭ ᠢ ᠠᠵᠢᠯ ᠤᠨ ᠲᠤᠷᠰᠢᠯᠭ᠎ᠠ ᠲᠠᠢ ᠬᠦᠮᠦᠰ ᠪᠦᠷ ᠮᠡᠳᠡᠨ᠎ᠠ᠃ ᠦᠷᠭᠡᠨ ᠮᠡᠳᠡᠯᠭᠡ᠂ ᠬᠤᠷᠴᠡ ᠰᠡᠷᠭᠡᠭ | ᠲᠤᠰᠬᠠᠬᠤ ᠴᠢᠳᠠᠪᠤᠷᠢ ᠲᠠᠢ᠂ ᠲᠤᠮᠤ ᠴᠢᠬᠤᠯᠠ ᠲᠠᠯᠠᠪᠤᠷ ᠲᠤ ᠪᠠᠴᠢᠮᠳᠠᠵᠦ ᠰᠠᠨᠳᠤᠷᠬᠤ ᠦᠭᠡᠢ ᠪᠠᠶᠢᠬᠤ ᠵᠡᠷᠭᠡ ᠨᠢ | ᠤᠷᠴᠢᠭᠤᠯᠤᠬᠴᠢ ᠬᠦᠮᠦᠨ ᠳᠤ ᠠᠪᠴᠤ ᠬᠡᠯᠡᠪᠡᠯ ᠦᠭᠡ ᠬᠡᠯᠡ ᠲᠠᠢ ᠠᠳᠠᠯᠢᠬᠠᠨ ᠴᠢᠬᠤᠯᠠ ᠪᠦᠷᠢᠯᠳᠦᠭᠦᠯᠪᠡᠰᠤ | ᠵᠤᠬᠢᠬᠤ ᠤᠤᠷ ᠴᠢᠨᠠᠷ ᠪᠤᠯᠤᠨ᠎ᠠ᠃ ᠬᠡᠬᠡᠨᠬᠦᠦ ᠪᠡᠶ᠎ᠡ ᠳᠡᠭᠡᠨ ᠢᠳᠡᠭᠡᠯ ᠵᠤᠷᠢᠭ ᠡᠪᠦᠷᠯᠡᠨ ᠤᠯᠠᠨ ᠤᠳᠠᠭ᠎ᠠ ᠮᠠᠤ | ᠲᠡᠷᠢᠭᠦᠯᠡᠭᠴᠢ᠂ ᠵᠸᠤ ᠶᠡᠷᠦᠩᠭᠡᠢ ᠰᠠᠶᠢᠳ ᠵᠡᠷᠭᠡ ᠠᠬᠠᠮᠠᠳ ᠦᠶ᠎ᠠ ᠶᠢᠨ ᠤᠳᠤᠷᠢᠳᠤᠯᠭ᠎ᠠ ᠳᠤ ᠤᠷᠴᠢᠭᠤᠯᠤᠬᠴᠢ | ᠪᠤᠯᠵᠦ᠂ ᠶᠡᠷᠦ ᠠᠴᠠ ᠪᠠᠨ ᠪᠤᠷᠤᠭᠤ ᠭᠠᠷᠭᠠᠵᠦ ᠦᠡᠭᠭᠡᠷᠡᠭᠰᠡᠨ ᠦᠭᠡᠢ᠃ ︽ᠵᠸᠤ ᠶᠡᠷᠦᠩᠭᠡᠢ ᠰᠠᠶᠢᠳ ᠪᠤᠯ ᠮᠢᠨᠦ | ᠰᠢᠳᠦᠭᠡᠨ ᠰᠢᠤ︕︾ ᠤᠯᠠᠩᠭᠢ ᠤᠷᠴᠢᠭᠤᠯᠤᠬᠴᠢ ᠵᠸᠤ ᠶᠡᠷᠦᠩᠭᠡᠢ ᠰᠠᠶᠢᠳ ᠤᠨ ᠤᠷᠴᠢᠭᠤᠯᠤᠬᠴᠢ ᠪᠤᠯᠬᠤ ᠬᠢᠯᠪᠡᠷ | ᠠᠵᠦ ᠪᠤᠰᠤ ᠭᠡᠳᠡᠭ ᠢ ᠮᠡᠳᠡᠨ᠎ᠠ ᠭᠡᠵᠦ ᠭᠡᠭᠡᠨᠬᠦᠦ ᠶᠠᠷᠢᠨ᠎ᠠ᠃ ᠵᠸᠤ ᠶᠡᠷᠦᠩᠭᠡᠢ ᠰᠠᠶᠢᠳ ᠠᠩᠭ᠍ᠯᠢ᠂ ᠹᠷᠠᠨᠼᠢ᠂ | ᠤᠷᠤᠰ ᠬᠡᠯᠡ ᠮᠡᠳᠡᠭᠦ ᠪᠠᠷ ᠪᠠᠷᠠᠬᠤ ᠦᠭᠡᠢ ᠪᠠᠰᠠ ᠤᠳᠠᠭ᠎ᠠ ᠪᠤᠯᠭᠠᠨ ᠮᠠᠰᠢ ᠲᠦᠷᠭᠡᠨ ᠪᠦᠭᠡᠳ ᠤᠨᠤᠪᠴᠢᠳᠠᠢ | ᠤᠷᠴᠢᠭᠤᠯᠬᠤ ᠶᠢ ᠱᠠᠭᠠᠷᠳᠠᠳᠠᠭ᠂ ᠤᠷᠴᠢᠭᠤᠯᠤᠬᠰᠠᠨ ᠨᠢ ᠪᠤᠷᠤᠭᠤ ᠪᠤᠯ ᠲᠠᠭᠢᠵᠦ ᠤᠷᠴᠢᠭᠤᠯᠤᠨ᠂ ᠬᠠᠮᠤᠭ ᠤᠨ | ᠲᠤᠬᠢᠷᠠᠮᠵᠢᠳᠠᠢ ᠦᠭᠡᠰ ᠢ ᠤᠯᠵᠦ ᠠᠪᠳᠠᠭ᠃ ᠵᠸᠤ ᠶᠡᠷᠦᠩᠭᠡᠢ ᠰᠠᠶᠢᠳ ᠮᠡᠳᠡᠭᠦ ᠦᠭᠡᠢ ᠬᠡᠯᠡ ᠪᠠᠨ ᠴᠤ ᠭᠡᠰᠡᠨ | ᠡᠰᠡᠷᠭᠦ ᠡᠳᠡᠭᠡᠳ ᠤᠨ ᠢᠶᠠᠨ ᠴᠢᠷᠠᠢ ᠶᠢᠨ ᠢᠯᠡᠷᠡᠯ᠂ ᠠᠰᠠᠭᠤᠬᠰᠠᠨ ᠠᠰᠠᠭᠤᠯᠳᠠ ᠬᠢᠭᠡᠳ | ᠤᠷᠴᠢᠭᠤᠯᠤᠬᠴᠢ ᠶᠢᠨ ᠢᠶᠠᠨ ᠪᠠᠶᠢᠳᠠᠯ ᠲᠦᠯᠦᠪ ᠠᠴᠠ ᠵᠦᠪ ᠤᠷᠴᠢᠭᠤᠯᠤᠬᠰᠠᠨ ᠡᠰᠡᠭᠦ ᠶᠢ ᠲᠠᠭᠠᠭᠠᠮᠠᠬᠯᠠᠵᠦ | ᠲᠡᠶᠢᠯᠳᠡᠭ᠃ | 1966 ᠤᠨ ᠳᠤ ᠰᠤᠶᠤᠯ ᠤᠨ ᠶᠡᠭᠡ ᠬᠤᠪᠢᠰᠬᠠᠯ ᠡᠬᠢᠯᠡᠪᠡ᠃ ᠬᠦᠳᠡᠭᠡ ᠲᠤᠰᠬᠤᠨ ᠳᠤ ︽ᠲᠦᠷᠪᠡ ᠶᠢ | ᠴᠡᠪᠡᠷᠯᠡᠬᠦ︾ ᠬᠦᠳᠡᠯᠭᠡᠭᠡᠨ ᠦᠷᠨᠢᠭᠦᠯᠵᠦ ᠲᠠᠭᠤᠰᠤᠭᠠᠳ ᠬᠠᠷᠢᠵᠦ ᠢᠷᠡᠭᠰᠡᠨ ᠭᠡᠭᠡᠨᠬᠦᠦ ᠮᠠᠰᠢ ᠤᠯᠠᠨ ᠭᠠᠳᠠᠭᠠᠳᠤ | ᠬᠠᠷᠢᠯᠴᠠᠭᠠᠨ ᠤ ᠰᠠᠶᠢᠳ ᠲᠡᠮᠡᠴᠡᠭᠳᠡᠵᠦ ᠦᠡᠭᠭᠡᠷᠡᠭᠰᠡᠨ ᠪᠦᠭᠡᠳ ᠲᠤᠬᠠᠢ ᠶᠢᠨ ᠦᠶ᠎ᠠ ᠶᠢᠨ ᠭᠠᠳᠠᠭᠠᠳᠤ | ᠬᠠᠷᠢᠯᠴᠠᠭᠠᠨ ᠤ ᠰᠠᠶᠢᠳ ᠴᠧᠨ ᠢ ᠪᠠᠰᠠ ᠬᠡᠯᠳᠦᠷᠢᠵᠦ ᠲᠡᠶᠢᠯᠦᠭᠰᠡᠨ ᠦᠭᠡᠢ ᠭᠡᠳᠡᠭ ᠢ ᠮᠡᠳᠡᠯ᠎ᠠ᠃ ᠭᠡᠭᠡᠨᠬᠦᠦ | ᠪᠠᠰᠠ ᠭᠠᠵᠠᠷ ᠲᠤᠤᠷᠠᠬᠢ ᠬᠡᠷ ᠲᠤ ᠬᠤᠷᠢᠬᠳᠠᠨ᠂ ᠪᠠᠶᠢᠴᠠᠭᠠᠬᠳᠠᠨ ᠲᠡᠮᠡᠴᠡᠭᠳᠡᠵᠦ᠂ 1974 ᠤᠨ ᠬᠦᠷᠦᠭᠡᠳ | ᠰᠠᠶ᠋ᠢ ᠲᠤᠬᠢᠶᠠᠯ ᠤᠯᠵᠦ ᠺᠠᠳ᠋ᠷ ᠤᠨ ᠰᠤᠷᠭᠠᠭᠤᠯᠢ ᠠᠴᠠ ᠪᠡᠭᠡᠵᠢᠩ ᠳᠤ ᠬᠠᠷᠢᠵᠦ ᠡᠪᠡᠳᠴᠢᠨ ᠢᠶᠠᠨ ᠵᠠᠰᠠᠭᠤᠯᠪᠠ | ᠃ 1978 ᠤᠨ ᠤ ᠡᠬᠢ ᠪᠠᠷ᠂ ᠭᠡᠭᠡᠨᠬᠦᠦ ᠲᠤᠮᠳᠠᠳᠤ ᠤᠯᠤᠰ ᠤᠨ ᠶᠠᠫᠤᠨ ᠳᠤ ᠰᠠᠭᠤᠭ᠎ᠠ ᠡᠯᠴᠢᠨ ᠰᠠᠶᠢᠳ ᠤᠨ | ᠶᠠᠮᠤᠨ ᠳᠤ ᠲᠤᠮᠢᠯᠠᠬᠳᠠᠨ ᠵᠠᠰᠠᠭ ᠤᠨ ᠶᠠᠪᠤᠳᠠᠯ ᠤᠨ ᠵᠦᠪᠯᠡᠭᠴᠢ ᠪᠠᠷ ᠠᠵᠢᠯᠯᠠᠪᠠ᠂ ᠡᠯ᠎ᠡ ᠵᠦᠪᠯᠡᠭᠴᠢ ᠶᠢᠨ | ᠲᠤᠳᠤᠷ᠎ᠠ ᠵᠠᠰᠠᠭ ᠤᠨ ᠶᠠᠪᠤᠳᠠᠯ ᠤᠨ ᠵᠦᠪᠯᠡᠭᠴᠢ ᠪᠤᠯ ᠬᠠᠮᠤᠭ ᠤᠨ ᠲᠡᠷᠢᠬᠦᠨ ᠳᠤ ᠵᠢᠬᠰᠠᠳᠠᠭ ᠶᠤᠮ᠃ | | ᠲᠤᠬᠠᠢ ᠶᠢᠨ ᠦᠶ᠎ᠠ ᠳᠤ᠂ ᠮᠠᠨ ᠤ ᠤᠯᠤᠰ ᠬᠡᠲᠦ᠋ᠢᠪᠡᠷ ᠶᠠᠫᠤᠨ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠤᠬᠰᠠᠨ | ᠪᠤᠯᠪᠠᠴᠤ ᠲᠤᠳᠤᠨᠤ ᠪᠠᠶᠢᠬᠰᠠᠨ ᠦᠭᠡᠢ᠃ ᠳ᠋ᠸᠡᠭ ᠰᠢᠶᠤᠤ ᠫᠢᠡᠭ 1978 ᠤᠨ ᠤ 10 ᠰᠠᠷ᠎ᠠ ᠳᠤ ᠶᠠᠫᠤᠨ ᠳᠤ | ᠠᠶᠢᠯᠴᠢᠯᠠᠬᠰᠠᠨ ᠠᠴᠠ ᠰᠡᠭᠦᠯᠡᠷ ᠬᠤᠶᠠᠷ ᠤᠯᠤᠰ ᠤᠨ ᠬᠠᠷᠢᠴᠠᠭ᠎ᠠ ᠰᠠᠶ᠋ᠢ ᠠᠭᠠᠵᠢᠮ ᠢᠶᠠᠷ ᠰᠠᠶᠢᠵᠢᠷᠠᠪᠠ᠃ | ᠬᠡᠬᠡᠨᠬᠦᠦ ᠲᠡᠷᠢᠭᠦᠨ ᠵᠦᠪᠯᠡᠭᠴᠢ ᠪᠤᠯᠤᠬᠰᠠᠨ ᠬᠤᠪᠢ ᠳᠤ᠂ ᠪᠦᠬᠦ ᠰᠡᠳᠭᠢᠯ ᠪᠦᠬᠦ ᠵᠤᠷᠢᠭ ᠢᠶᠠᠷ ᠢᠶᠠᠨ ᠪᠡᠯᠡᠳᠭᠡᠯ | ᠠᠵᠢᠯ ᠪᠤᠯᠤᠨ ᠬᠦᠯᠢᠶᠠᠨ ᠠᠪᠬᠤ ᠠᠵᠢᠯ ᠳᠤ ᠤᠷᠤᠯᠴᠠᠪᠠ᠃ ᠲᠠᠷᠠᠭ᠎ᠠ ᠳᠤᠨᠢ᠂ 1980 ᠤᠨ ᠳᠤ ᠬᠤᠸᠠ | ᠭᠦᠸᠧ ᠹᠸᠡᠭ ᠵᠡᠷᠭᠡ ᠬᠡᠲᠦᠨ ᠤᠳᠤᠷᠢᠳᠤᠯᠭ᠎ᠠ ᠶᠠᠫᠤᠨ ᠳᠤ ᠠᠶᠢᠯᠴᠢᠯᠠᠬᠤ ᠳᠤ ᠬᠡᠬᠡᠨᠬᠦᠦ ᠵᠦᠪᠯᠡᠭᠴᠢ ᠶᠢᠨ | ᠬᠤᠪᠢ ᠪᠠᠷ ᠪᠡᠷ᠎ᠠ ᠪᠤᠯᠤᠯᠴᠠᠵᠦ ᠤᠷᠴᠢᠭᠤᠯᠤᠬᠴᠢ ᠪᠤᠯᠪᠠ᠃ ᠬᠢᠨᠭ᠍ᠭᠠᠨ ᠲᠡᠭᠡᠲᠦ ᠰᠤᠷᠭᠠᠭᠤᠯᠢ ᠳᠤ | ᠰᠤᠷᠤᠬᠰᠠᠨ ᠶᠠᠫᠤᠨ ᠬᠡᠯᠡ ᠨᠢ ᠢᠡᠭᠭᠢᠵᠦ ᠬᠡᠷᠡᠭᠲ᠋ᠤ ᠬᠦᠷᠦᠭᠰᠡᠨ ᠪᠠᠶᠢᠵᠠᠢ᠃ | ᠶᠠᠫᠤᠨ ᠳᠤ ᠪᠠᠶᠢᠬᠤ ᠳᠠᠭᠠᠨ᠂ ᠭᠡᠭᠡᠨᠬᠦᠦ ᠪᠠᠰᠠ ᠶᠠᠫᠤᠨ ᠠᠮᠧᠷᠢᠺᠠ᠂ ᠶᠠᠫᠤᠨ ᠵᠦᠪᠯᠡᠯᠳᠤ᠂ | ᠲᠤᠮᠳᠠᠳᠤ ᠶᠠᠫᠤᠨ ᠤ ᠬᠠᠷᠢᠴᠠᠭᠠᠨ ᠳᠤ ᠪᠠᠶᠢᠴᠠᠭᠠᠨ ᠰᠤᠳᠤᠯᠤᠯᠳᠠ ᠬᠢᠵᠦ᠂ ᠨᠢᠳᠤᠨ ᠡᠮᠦᠨᠡᠬᠢ ᠬᠢᠭᠡᠳ | ᠬᠤᠶᠢᠰᠢᠳᠠ ᠶᠢᠨ ᠠᠵᠢᠯ ᠳᠠᠭᠠᠨ ᠰᠠᠭᠤᠷᠢ ᠲᠠᠯᠪᠢᠵᠠᠢ᠃ 1983 ᠤᠨ ᠳᠤ 58 ᠨᠠᠰᠤᠳᠠᠢ ᠭᠡᠭᠡᠨᠬᠦᠦ | ᠲᠤᠰᠢᠶᠠᠯ ᠤᠨ ᠬᠤᠭᠤᠴᠠᠭ᠎ᠠ ᠪᠠᠨ ᠲᠠᠭᠤᠰᠬᠠᠭᠠᠳ ᠬᠠᠷᠢᠵᠦ ᠢᠷᠡᠭᠰᠡᠨ ᠤ ᠲᠠᠷᠠᠭ᠎ᠠ ᠤᠯᠠᠨ ᠤᠯᠤᠰ ᠤᠨ | ᠠᠰᠠᠭᠤᠳᠠᠯ ᠳᠤ ᠰᠤᠳᠤᠯᠤᠯᠭ᠎ᠠ ᠬᠢᠳᠡᠭ ᠪᠠᠶᠢᠬᠰᠠᠨ ᠲᠡᠷᠡᠪᠡᠷ ᠤᠷᠢᠯᠭ᠎ᠠ ᠪᠠᠷ ᠭᠠᠳᠠᠭᠠᠳᠤ ᠬᠠᠷᠢᠯᠴᠠᠭᠠᠨ ᠤ ᠶᠠᠮᠤᠨ ᠤ | ᠤᠯᠠᠨ ᠤᠯᠤᠰ ᠤᠨ ᠠᠰᠠᠭᠤᠳᠠᠯ ᠢ ᠰᠤᠳᠤᠯᠬᠤ ᠭᠠᠵᠠᠷ ᠤᠨᠴᠠ ᠤᠷᠢᠬᠰᠠᠨ ᠰᠤᠳᠤᠯᠤᠬᠴᠢ ᠪᠠᠷ ᠠᠵᠢᠯᠯᠠᠨ᠂ | ᠶᠠᠫᠤᠨ ᠢᠶᠠᠷ ᠭᠤᠤᠯ ᠪᠤᠯᠭᠠᠬᠰᠠᠨ ᠠᠽᠢᠶ᠎ᠠ ᠨᠤᠮᠤᠬᠠᠨ ᠲᠠᠯᠠᠢ ᠶᠢᠨ ᠤᠷᠤᠨ ᠤ ᠤᠯᠤᠰ ᠲᠦᠷᠦ᠂ ᠠᠵᠦ | ᠠᠬᠤᠢ᠂ ᠴᠡᠷᠢᠭ ᠤᠨ ᠶᠠᠪᠤᠳᠠᠯ ᠤᠨ ᠪᠠᠶᠢᠳᠠᠯ ᠳᠤ ᠰᠤᠳᠤᠯᠤᠯᠳᠠ ᠬᠢᠵᠦ ᠤᠯᠠᠨ ᠦᠭᠦᠯᠡᠯ ᠨᠡᠶᠢᠲᠡᠯᠡᠪᠡ᠃ | 1991 ᠤᠨ ᠳᠤ ᠠᠵᠢᠯ ᠠᠴᠠ ᠪᠠᠨ ᠠᠮᠠᠷᠠᠪᠠ᠃ | ︽ᠭᠠᠳᠠᠭᠠᠳᠤ ᠬᠠᠷᠢᠯᠴᠠᠭᠠᠨ ᠤ ᠠᠵᠢᠯ ᠳᠤ ᠶᠡᠭᠡ ᠪᠠᠭ᠎ᠠ ᠶᠢᠨ ᠢᠯᠭᠠᠭ᠎ᠠ ᠦᠭᠡᠢ᠂ ᠡᠨᠡ ᠪᠤᠯ ᠵᠸᠤ | ᠶᠡᠷᠦᠩᠭᠡᠢ ᠰᠠᠶᠢᠳ ᠤᠨ ᠬᠡᠯᠡᠭᠰᠡᠨ ᠦᠭᠡ᠂ ᠮᠠᠨ ᠤ ᠭᠠᠳᠠᠭᠠᠳᠤ ᠬᠠᠷᠢᠯᠴᠠᠭᠠᠨ ᠤ ᠠᠵᠢᠯᠳᠠᠳ ᠵᠸᠤ ᠶᠡᠷᠦᠩᠭᠡᠢ | ᠰᠠᠶᠢᠳ ᠤᠨ ᠭᠠᠳᠠᠭᠠᠳᠤ ᠬᠠᠷᠢᠯᠴᠠᠭᠠᠨ ᠤ ᠦᠵᠡᠯ ᠰᠠᠨᠠᠭ᠎ᠠ ᠳᠤ ᠪᠡᠶ᠎ᠡ ᠪᠠᠷ ᠢᠶᠠᠨ ᠤᠢᠢᠯᠠᠭᠠᠯᠳᠠ ᠲᠠᠢ᠃ ᠭᠠᠳᠠᠭᠠᠳᠤ | ᠬᠠᠷᠢᠯᠴᠠᠭᠠᠨ ᠤ ᠠᠵᠢᠯ ᠬᠤᠨᠳᠠᠭ᠎ᠠ ᠮᠦᠷᠭᠦᠭᠦᠯᠦᠭᠡᠳ ᠭᠠᠷ ᠠᠳᠬᠤᠪᠠᠯ ᠪᠤᠯᠴᠢᠬᠠᠳᠠᠭ ᠲᠡᠶᠢᠮᠦ ᠬᠢᠯᠪᠠᠷᠬᠠᠨ ᠤᠴᠢᠷ | ᠪᠢᠰᠢ᠂ ᠭᠠᠷ ᠠᠳᠬᠤᠵᠦ ᠪᠤᠯᠬᠤ ᠦᠭᠡᠢ ᠦᠶ᠎ᠠ ᠳᠤ ᠠᠳᠬᠤᠬᠰᠠᠭᠠᠷ ᠲᠠᠷᠤᠢ ᠪᠤᠷᠤᠭᠤ ᠪᠤᠯᠤᠨ᠎ᠠ︾ ᠭᠡᠵᠦ | ᠬᠡᠭᠡᠨᠬᠦᠦ ᠶᠠᠷᠢᠨ᠎ᠠ᠃ | ᠮᠠᠯᠵᠢᠬᠤ ᠤᠷᠤᠨ ᠤ ᠶᠠᠳᠠᠭᠤ ᠬᠡᠤᠭᠡᠳ ᠠᠴᠠ ᠪᠠᠨ ᠤᠯᠤᠰ ᠤᠨ ᠨᠢᠭᠡᠳᠦᠭᠡᠷ ᠦᠶ᠎ᠠ ᠶᠢᠨ ᠭᠠᠳᠠᠭᠠᠳᠤ | ᠬᠠᠷᠢᠯᠴᠠᠭᠠᠨ ᠤ ᠡᠯᠴᠢᠨ ᠰᠠᠶᠢᠳ ᠪᠤᠯᠬᠤ ᠳᠤ ᠭᠡᠭᠡᠨᠬᠦᠦ ᠵᠢᠷᠦᠭᠡᠨ ᠴᠢᠰᠤ ᠪᠠᠨ ᠰᠢᠪᠬᠠᠬᠰᠠᠨ ᠪᠦᠭᠡᠳ ᠮᠠᠰᠢ ᠤᠯᠠᠨ | ᠮᠡᠳᠡᠯᠭᠡ ᠰᠤᠷᠪᠠ᠂ ᠬᠢᠷᠢ ᠲᠡᠩᠴᠡᠭᠰᠡᠨ ᠡᠯᠴᠢᠨ ᠰᠠᠶᠢᠳ ᠪᠤᠯᠤᠬᠰᠠᠨ ᠳᠠᠭᠠᠨ ᠲᠡᠷᠡ ᠶᠡᠷᠦ ᠨᠢ ᠤᠮᠤᠬᠰᠢᠳᠠᠭ᠃ | | |