ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠴᠢᠮᠡᠭᠡ ᠵᠠᠩᠭᠢ ᠶᠢ ᠢᠯᠡ ᠨᠡᠶᠢᠲᠡᠯᠡᠬᠦ ᠤᠳᠤᠷᠢᠳᠤᠮᠵᠢ | ᠡᠷᠬᠡᠲᠦ ᠠᠷᠠᠳ᠂ ᠬᠠᠤᠯᠢ ᠶᠢᠨ ᠡᠷᠬᠡᠲᠡᠨ ᠵᠢᠴᠢ ᠪᠣᠰᠤᠳ ᠵᠣᠬᠢᠶᠠᠨ ᠪᠠᠶᠢᠭᠤᠯᠤᠯᠲᠠ ᠳᠤ ᠵᠠᠰᠠᠭ ᠤᠨ | ᠣᠷᠳᠣᠨ ᠤ ᠴᠢᠮᠡᠭᠡ ᠵᠠᠩᠭᠢ ᠶᠢᠨ ᠳᠦᠭᠦᠮ ᠦᠢᠯᠡᠴᠢᠯᠡᠭᠡᠨ ᠬᠠᠩᠭᠠᠬᠤ ᠶᠢᠨ ᠲᠥᠯᠥᠭᠡ᠂ ︽ᠪᠥᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠨᠡᠶᠢᠲᠡᠯᠡᠬᠦ ᠳᠦᠷᠢᠮ︾ ᠤᠨ | ᠲᠣᠭᠲᠠᠭᠠᠯ ᠢ ᠦᠨᠳᠦᠰᠦᠯᠡᠨ᠂ ᠲᠤᠰ ᠵᠢᠯᠤᠭᠤᠳᠤᠮᠵᠢ ᠶᠢ ᠲᠣᠭᠲᠠᠭᠠᠪᠠ᠃ ᠵᠠᠰᠠᠭ ᠤᠨ ᠣᠷᠳᠣᠨ ᠤ ᠴᠢᠮᠡᠭᠡ | ᠵᠠᠩᠭᠢ ᠶᠢ ᠬᠡᠷᠡᠭᠰᠡᠬᠦ ᠡᠷᠬᠡᠲᠦ ᠠᠷᠠᠳ᠂ ᠬᠠᠤᠯᠢ ᠶᠢᠨ ᠡᠷᠬᠡᠲᠡᠨ ᠵᠢᠴᠢ ᠪᠣᠰᠤᠳ ᠵᠣᠬᠢᠶᠠᠨ ᠪᠠᠶᠢᠭᠤᠯᠤᠯᠲᠠ ᠶᠢᠨ | ᠬᠢᠨ ᠳᠤ ︽ᠵᠢᠯᠤᠭᠤᠳᠤᠮᠵᠢ︾ ᠶᠢ ᠤᠩᠰᠢᠨ ᠤᠶᠢᠯᠠᠭᠠᠬᠤ ᠬᠡᠷᠡᠭᠲᠡᠢ ᠭᠡᠵᠦ ᠰᠠᠨᠠᠭᠤᠯᠵᠤ ᠪᠠᠶᠢᠨ᠎ᠠ᠃ | ︽ᠵᠢᠯᠤᠭᠤᠳᠤᠮᠵᠢ︾ ᠶᠢ ᠵᠢᠯ ᠪᠦᠷᠢ ᠨᠢᠭᠡ ᠤᠳᠠᠭ᠎ᠠ ᠰᠢᠨᠡᠳᠬᠡᠵᠦ᠂ ᠵᠠᠰᠠᠭ ᠤᠨ ᠣᠷᠳᠣᠨ ᠤ ᠰᠦᠯᠵᠢᠶ᠎ᠡ | ︵ᠬᠠᠶ᠋ᠢᠭ:http://blzq.chifeng.gov.cn︶ ᠳᠡᠭᠡᠷ᠎ᠡ ᠠᠴᠠ ᠡᠷᠢᠵᠤ ᠤᠩᠰᠢᠬᠤ ᠪᠣᠶᠤ ᠵᠠᠰᠠᠭ ᠤᠨ | ᠣᠷᠳᠣᠨ ᠤ ᠠᠯᠪᠠᠨ ᠭᠡᠷ ᠤᠨ ᠳᠠᠩᠰᠠ ᠡᠪᠬᠡᠮᠡᠯ ᠤᠨ ᠲᠠᠰᠤᠭ ᠠᠴᠠ ᠡᠷᠢᠵᠤ ᠤᠩᠰᠢᠵᠤ ᠪᠣᠯᠤᠨ᠎ᠠ᠃ | ᠨᠢᠭᠡ᠂ ᠢᠳᠡᠪᠬᠢᠲᠠᠢ ᠢᠯᠡ ᠨᠡᠶᠢᠲᠡᠯᠡᠯ | ︵ᠨᠢᠭᠡ︶ ᠢᠯᠡ ᠨᠡᠶᠢᠲᠡᠯᠡᠬᠦ ᠬᠦᠷᠢᠶ᠎ᠡ ᠬᠡᠪᠴᠢᠶ᠎ᠡ | ᠵᠠᠰᠠᠭ ᠤᠨ ᠣᠷᠳᠣᠨ ᠤ ᠨᠡᠶᠢᠭᠡᠮ ᠳᠡᠭᠡᠷ᠎ᠡ ᠢᠳᠡᠪᠬᠢᠲᠠᠢ ᠢᠯᠡ ᠨᠡᠶᠢᠲᠡᠯᠡᠬᠦ ᠴᠢᠮᠡᠭᠡ ᠵᠠᠩᠭᠢ ᠶᠢᠨ ᠬᠦᠷᠢᠶ᠎ᠡ | ᠬᠡᠪᠴᠢᠶ᠎ᠡ ᠶᠢ ︽ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ | ᠨᠡᠶᠢᠲᠡᠯᠡᠬᠦ ᠭᠠᠷᠴᠠᠭ︾ ︵ᠳᠣᠷᠤᠭᠰᠢ ︽ᠭᠠᠷᠴᠠᠭ︾ ᠭᠡᠵᠦ ᠲᠣᠪᠴᠢᠯᠠᠶ᠎ᠠ︶ ᠠᠴᠠ ᠯᠠᠪᠯᠠᠭᠠᠷᠠᠢ᠃ | ︵ᠬᠤᠶᠠᠷ︶ ᠢᠯᠡ ᠨᠡᠶᠢᠲᠡᠯᠡᠬᠦ ᠬᠡᠯᠪᠡᠷᠢ | ᠢᠳᠡᠪᠬᠢᠲᠠᠢ ᠢᠯᠡ ᠨᠡᠶᠢᠲᠡᠯᠡᠬᠦ ᠴᠢᠮᠡᠭᠡ ᠵᠠᠩᠭᠢ ᠶᠢ ᠵᠠᠰᠠᠭ ᠤᠨ ᠣᠷᠳᠣᠨ ᠠᠴᠠ ᠭᠤᠣᠯᠳᠠᠭᠤ ᠲᠣᠣᠷ | ᠰᠦᠯᠵᠢᠶ᠎ᠡ ᠪᠠᠷ ᠢᠯᠡ ᠨᠡᠶᠢᠲᠡᠯᠡᠬᠦ ᠪᠠ ᠣᠯᠠᠨ ᠨᠡᠶᠢᠲᠡ ᠶᠢᠨ ᠡᠷᠢᠵᠦ ᠤᠩᠰᠢᠬᠤ ᠲᠠᠰᠤᠭ ᠢᠶᠠᠷ ᠢᠯᠡ ᠨᠡᠶᠢᠲᠡᠯᠡᠬᠦ | ᠭᠡᠬᠦ ᠬᠤᠶᠠᠷ ᠵᠦᠢᠯ ᠤᠨ ᠬᠡᠯᠪᠡᠷᠢ ᠶᠢ ᠠᠪᠴᠠᠢ᠃ ᠰᠦᠯᠵᠢᠶᠡᠨ ᠤ ᠬᠠᠶ᠋ᠢᠭ ᠨᠢ᠄ http://blzq.chifeng. | gov.cn ᠣᠯᠠᠨ ᠨᠡᠶᠢᠲᠡ ᠶᠢᠨ ᠡᠷᠢᠵᠦ ᠤᠩᠰᠢᠬᠤ ᠲᠠᠰᠤᠭ ᠤᠨ ᠬᠠᠶ᠋ᠢᠭ᠄ ᠪᠠᠭᠠᠷᠢᠨ ᠵᠡᠭᠦᠨ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠠᠩᠰᠠ ᠡᠪᠬᠡᠮᠡᠯ ᠤᠨ ᠲᠠᠰᠤᠭ ︵ᠬᠤᠰᠢᠭᠤᠨ ᠤ ᠨᠠᠮ | ᠵᠠᠰᠠᠭ ᠤᠨ ᠶᠡᠷᠦᠩᠬᠡᠶᠢᠯᠡᠭᠰᠡᠨ ᠠᠰᠠᠷ ᠤᠨ 406 ᠲᠠᠰᠤᠭ︶᠃ ᠡᠭᠦᠨ ᠠᠴᠠ ᠭᠠᠳᠠᠨ᠎ᠠ ᠪᠠᠰᠠ ᠷᠠᠳᠢᠤ᠋ ᠲᠧᠯᠸᠢᠰ | ᠨᠡᠪᠲᠡᠷᠡᠭᠦᠯᠭᠡ ᠪᠠ ᠰᠣᠨᠢᠨ ᠵᠡᠷᠭᠡ ᠵᠠᠭᠤᠴᠢᠯᠠᠭᠤᠷ ᠢᠶᠠᠷ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ | ᠨᠡᠶᠢᠲᠡᠯᠡᠨ᠎ᠡ᠃ | ︵ᠭᠤᠷᠪᠠ︶ ᠢᠯᠡ ᠨᠡᠶᠢᠲᠡᠯᠡᠬᠦ ᠴᠠᠭ ᠤᠨ ᠬᠢᠵᠠᠭᠠᠷᠯᠠᠯ | ᠵᠠᠰᠠᠭ ᠤᠨ ᠣᠷᠳᠣᠨ ᠤ ᠨᠡᠷ᠎ᠡ ᠪᠠᠷ ᠭᠠᠷᠭᠠᠭᠰᠠᠨ ᠪᠠ ᠵᠠᠰᠠᠭ ᠤᠨ ᠣᠷᠳᠣᠨ ᠭᠤᠣᠯᠯᠠᠨ ᠬᠠᠮᠢᠶᠠᠷᠴᠤ | ᠪᠣᠰᠤᠳ ᠰᠠᠯᠠᠭ᠎ᠠ ᠮᠦᠴᠢᠷ ᠲᠠᠢ ᠬᠤᠯᠪᠤᠭᠠᠯᠠᠨ ᠭᠠᠷᠭᠠᠭᠰᠠᠨ ᠵᠠᠰᠠᠭ ᠤᠨ ᠣᠷᠳᠣᠨ ᠤ ᠢᠯᠡ ᠨᠡᠶᠢᠲᠡᠯᠡᠬᠦ ᠴᠢᠮᠡᠭᠡ | ᠵᠠᠩᠭᠢ ᠶᠢ ᠭᠠᠷᠭᠠᠭᠰᠠᠨ ᠪᠣᠶᠤ ᠵᠠᠰᠠᠪᠤᠷᠢ ᠣᠷᠤᠭᠤᠯᠤᠭᠰᠠᠨ ᠡᠳᠦᠷ ᠠᠴᠠ ᠨᠢ ᠡᠬᠢᠯᠡᠵᠦ 20 ᠠᠵᠢᠯᠯᠠᠬᠤ ᠡᠳᠦᠷ ᠤᠨ | ᠳᠣᠲᠤᠷ᠎ᠠ ᠳᠡᠭᠡᠷᠡᠬᠢ ᠬᠡᠳᠦᠨ ᠬᠡᠯᠪᠡᠷᠢ ᠪᠠᠷ ᠢᠯᠡ ᠨᠡᠶᠢᠲᠡᠯᠡᠨ᠎ᠡ᠃ ᠣᠨᠴᠠᠭᠠᠢ ᠪᠠᠶᠢᠳᠠᠯ ᠤᠨ ᠳᠣᠣᠷ᠎ᠠ᠂ ᠬᠠᠮᠤᠭ | ᠣᠷᠤᠢ ᠳᠠᠭᠠᠨ 30 ᠡᠳᠦᠷ ᠤᠨ ᠳᠣᠲᠤᠷ᠎ᠠ ᠢᠯᠡ ᠨᠡᠶᠢᠲᠡᠯᠡᠨ᠎ᠡ᠃ | ᠬᠤᠶᠠᠷ ᠂ ᠢᠯᠡ ᠨᠡᠶᠢᠲᠡᠯᠡᠬᠦ ᠭᠤᠶᠤᠴᠢᠯᠠᠯ | ᠡᠷᠬᠡᠲᠦ ᠠᠷᠠᠳ᠂ ᠬᠠᠤᠯᠢ ᠶᠢᠨ ᠡᠷᠬᠡᠲᠡᠨ ᠪᠣᠶᠤ ᠪᠣᠰᠤᠳ ᠵᠣᠬᠢᠶᠠᠨ ᠪᠠᠶᠢᠭᠤᠯᠤᠯᠲᠠ ᠠᠴᠠ ᠵᠠᠰᠠᠭ ᠤᠨ | ᠣᠷᠳᠣᠨ ᠤ ᠢᠳᠡᠪᠬᠢᠲᠠᠢ ᠢᠯᠡ ᠨᠡᠶᠢᠲᠡᠯᠡᠭᠰᠡᠨ ᠴᠢᠮᠡᠭᠡ ᠵᠠᠩᠭᠢ ᠠᠴᠠ ᠭᠠᠳᠠᠨ᠎ᠠ ᠪᠣᠰᠤᠳ ᠴᠢᠮᠡᠭᠡ ᠵᠠᠩᠭᠢ ᠶᠢ ᠣᠯᠬᠤ | ᠭᠡᠪᠡᠯ᠂ ᠵᠠᠰᠠᠭ ᠤᠨ ᠣᠷᠳᠣᠨ ᠳᠤ ᠭᠤᠶᠤᠴᠢᠯᠠᠯ ᠳᠡᠪᠰᠢᠭᠦᠯᠵᠦ ᠪᠣᠯᠤᠨ᠎ᠠ᠃ ᠵᠠᠰᠠᠭ ᠤᠨ ᠣᠷᠳᠣᠨ ᠠᠴᠠ ᠲᠤᠰ | ᠴᠢᠮᠡᠭᠡ ᠵᠠᠩᠭᠢ ᠶᠢ ᠦᠨᠡᠨ ᠪᠣᠳᠠᠲᠠᠢ ᠪᠠᠷ ᠭᠤᠶᠤᠴᠢᠯᠠᠭᠰᠠᠳ ᠲᠤ ᠬᠠᠩᠭᠠᠵᠤ᠂ ᠶᠠᠮᠠᠷᠴᠤ ᠵᠠᠰᠠᠪᠤᠷᠢ ᠣᠷᠤᠭᠤᠯᠬᠤ᠂ | ᠪᠦᠷᠢᠳᠬᠡᠯ ᠬᠢᠬᠦ᠂ ᠵᠠᠳᠠᠯᠤᠨ ᠰᠢᠨᠵᠢᠯᠡᠬᠦ ᠪᠣᠶᠤ ᠥᠭᠡᠷᠡᠴᠢᠯᠡᠵᠦ ᠪᠣᠯᠬᠤ ᠦᠭᠡᠢ᠃ | ︵ᠨᠢᠭᠡ︶ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ | ᠵᠠᠰᠠᠭ ᠤᠨ ᠣᠷᠳᠣᠨ 2008 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠵᠠᠰᠠᠭ ᠤᠨ ᠣᠷᠳᠣᠨ ᠤ | ᠴᠢᠮᠡᠭᠡ ᠵᠠᠩᠭᠢ ᠶᠢ ᠢᠯᠡ ᠨᠡᠶᠢᠲᠡᠯᠡᠬᠦ ᠭᠤᠶᠤᠴᠢᠯᠠᠯ ᠢ ᠵᠢᠩᠬᠢᠨᠢ ᠪᠠᠷ ᠬᠦᠯᠢᠶᠡᠨ ᠠᠪᠴᠤ ᠰᠢᠢᠳᠪᠦᠷᠢᠯᠡᠪᠡ᠃ ᠬᠦᠯᠢᠶᠡᠨ | ᠠᠪᠴᠤ ᠰᠢᠢᠳᠪᠦᠷᠢᠯᠡᠬᠦ ᠪᠠᠶᠢᠭᠤᠯᠤᠮᠵᠢ ᠨᠢ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠭᠡᠷ᠃ ᠠᠵᠢᠯᠯᠠᠵᠤ ᠪᠠᠶᠢᠭ᠎ᠠ ᠭᠠᠵᠠᠷ ᠨᠢ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠭᠡᠷ ᠤᠨ ᠴᠢᠮᠡᠭᠡ ᠵᠠᠩᠭᠢ ᠶᠢᠨ ᠲᠥᠪ ︵ᠬᠤᠰᠢᠭᠤᠨ ᠤ ᠨᠠᠮ ᠵᠠᠰᠠᠭ ᠤᠨ ᠶᠡᠷᠦᠩᠬᠡᠶᠢᠯᠡᠭᠰᠡᠨ | ᠠᠰᠠᠷ ᠤᠨ 401 ᠲᠠᠰᠤᠭ︶︔ ᠠᠵᠢᠯᠯᠠᠬᠤ ᠴᠠᠭ ᠨᠢ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠪᠣᠯᠲᠠᠯ᠎ᠠ ︵ | ᠬᠠᠤᠯᠢ ᠪᠠᠷ ᠲᠣᠭᠲᠠᠭᠰᠠᠨ ᠠᠮᠠᠷᠠᠯᠲᠠ ᠶᠢᠨ ᠡᠳᠦᠷ ᠢ ᠪᠠᠭᠲᠠᠭᠠᠬᠤ ᠦᠭᠡᠢ︶︔ ᠡᠳᠦᠷ ᠪᠦᠷᠢ 9᠄ 00 —11᠄ | 30᠂14᠄ 30 —17᠄ 00︔ ᠬᠠᠷᠢᠯᠴᠠᠬᠤ ᠤᠲᠠᠰᠤ ᠨᠢ 0476 —7862662︔ ᠹᠠᠺᠰ 0476 | —7862662᠂ ᠵᠠᠬᠢᠳᠠᠯ ᠢᠯᠡᠭᠡᠬᠦ ᠬᠠᠶ᠋ᠢᠭ᠄ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠭᠡᠷ ᠤᠨ ᠴᠢᠮᠡᠭᠡ ᠵᠠᠩᠭᠢ ᠶᠢᠨ ᠲᠥᠪ ︵ᠬᠤᠰᠢᠭᠤᠨ ᠤ ᠨᠠᠮ ᠵᠠᠰᠠᠭ ᠤᠨ ᠶᠡᠷᠦᠩᠬᠡᠶᠢᠯᠡᠭᠰᠡᠨ | ᠠᠰᠠᠷ ᠤᠨ 401 ᠲᠠᠰᠤᠭ︶᠂ ᠰᠢᠤᠳᠠᠨ ᠨᠣᠮᠧᠷ᠄ 025450᠃ | ︵ᠬᠤᠶᠠᠷ︶ ᠭᠤᠶᠤᠴᠢᠯᠠᠬᠤ ᠠᠷᠭ᠎ᠠ | ︽ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ | ᠨᠡᠶᠢᠲᠡᠯᠡᠭᠦᠯᠬᠦ ᠪᠠᠷ ᠭᠤᠶᠤᠴᠢᠯᠠᠬᠤ ᠬᠦᠰᠦᠨᠦᠭ︾ ︵ᠳᠠᠭᠠᠯᠳᠤᠭᠤᠯᠤᠯ ᠬᠦᠰᠦᠨᠦᠭ ᠢ ᠦᠵᠡ᠂ ᠳᠣᠷᠤᠭᠰᠢ ︽ | ᠭᠤᠶᠤᠴᠢᠯᠠᠬᠤ ᠬᠦᠰᠦᠨᠦᠭ︾ ᠭᠡᠵᠦ ᠲᠣᠪᠴᠢᠯᠠᠶ᠎ᠠ︶ ᠢ ᠲᠠᠭᠯᠠᠵᠤ᠂ ᠵᠠᠰᠠᠭ ᠤᠨ ᠣᠷᠳᠣᠨ ᠳᠤ ᠭᠤᠶᠤᠴᠢᠯᠠᠯ | ᠳᠡᠪᠰᠢᠭᠦᠯᠵᠦ ᠪᠣᠯᠤᠨ᠎ᠠ᠃ | ᠭᠤᠶᠤᠴᠢᠯᠠᠬᠤ ᠬᠦᠰᠦᠨᠦᠭ ᠢ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠳᠤ ᠬᠦᠷᠴᠦ ᠠᠪᠬᠤ | ᠪᠣᠶᠤ ᠵᠠᠰᠠᠭ ᠤᠨ ᠣᠷᠳᠣᠨ ᠤ ᠰᠦᠯᠵᠢᠶ᠎ᠡ ᠠᠴᠠ ᠪᠠᠭᠤᠯᠭᠠᠵᠤ ᠪᠣᠯᠤᠨ᠎ᠠ᠃ ᠭᠤᠶᠤᠴᠢᠯᠠᠯ ᠢ ᠰᠢᠢᠳᠪᠦᠷᠢᠯᠡᠬᠦ ᠦᠷ᠎ᠡ | ᠪᠦᠲᠦᠮᠵᠢ ᠪᠠᠨ ᠳᠡᠭᠡᠭᠰᠢᠯᠡᠭᠦᠯᠬᠦ ᠶᠢᠨ ᠲᠥᠯᠥᠭᠡ᠂ ᠭᠤᠶᠤᠴᠢᠯᠠᠭᠰᠠᠳ ᠢ ᠰᠠᠨᠠᠭᠤᠯᠬᠤ ᠨᠢ ᠬᠡᠷᠡᠭᠰᠡᠬᠦ ᠴᠢᠮᠡᠭᠡ | ᠵᠠᠩᠭᠢ ᠶᠢᠨ ᠲᠣᠳᠤᠷᠬᠠᠶᠢᠯᠠᠯᠲᠠ ᠪᠠᠨ ᠴᠢᠳᠠᠬᠤ ᠶᠢᠨ ᠳᠣᠲᠤᠷ᠎ᠠ ᠲᠣᠳᠤᠷᠬᠠᠢ᠂ ᠨᠠᠷᠢᠯᠢᠭ ᠪᠢᠴᠢᠬᠦ ᠬᠡᠷᠡᠭᠲᠡᠢ︔ | ᠪᠣᠯᠤᠯᠴᠠᠭ᠎ᠠ ᠲᠠᠢ ᠪᠣᠯ ᠲᠤᠰ ᠴᠢᠮᠡᠭᠡ ᠵᠠᠩᠭᠢ ᠶᠢᠨ ᠭᠠᠷᠴᠠᠭ᠂ ᠨᠡᠶᠢᠲᠡᠯᠡᠭᠰᠡᠨ ᠴᠠᠭ᠂ ᠪᠢᠴᠢᠭ ᠮᠠᠲ᠋ᠧᠷᠢᠶᠠᠯ ᠤᠨ | ᠲᠤᠭ᠎ᠠ ᠨᠣᠮᠧᠷ ᠪᠣᠶᠤ ᠴᠢᠮᠡᠭᠡ ᠵᠠᠩᠭᠢ ᠶᠢ ᠠᠮᠠᠷᠬᠠᠨ ᠡᠷᠢᠵᠦ ᠣᠯᠬᠤ ᠪᠣᠰᠤᠳ ᠵᠦᠢᠯ ᠢ ᠲᠣᠳᠣᠷᠬᠠᠶᠢᠯᠠᠨ᠎ᠠ᠃ | ᠳᠣᠣᠷᠠᠬᠢ ᠠᠷᠭ᠎ᠠ ᠪᠠᠷ ᠭᠤᠶᠤᠴᠢᠯᠠᠵᠤ ᠪᠣᠯᠤᠨ᠎ᠠ᠄ | ⒈ ᠲᠣᠣᠷ ᠰᠦᠯᠵᠢᠶ᠎ᠡ ᠃ ᠭᠤᠶᠤᠴᠢᠯᠠᠭᠰᠠᠳ ᠵᠠᠰᠠᠭ ᠤᠨ ᠣᠷᠳᠣᠨ ᠤ ᠰᠦᠯᠵᠢᠶ᠎ᠡ ᠳᠡᠭᠡᠷ᠎ᠡ ︽ | ᠭᠤᠶᠤᠴᠢᠯᠠᠬᠤ ᠬᠦᠰᠦᠨᠦᠭ︾ ᠢ ᠲᠠᠭᠯᠠᠵᠤ᠂ ᠰᠦᠯᠵᠢᠶ᠎ᠡ ᠪᠠᠷ ᠳᠠᠮᠵᠢᠭᠤᠯᠵᠤ ᠪᠣᠯᠤᠨ᠎ᠠ᠃ | ⒉ ᠵᠠᠬᠢᠳᠠᠯ ᠪᠠ ᠹᠠᠺᠰ ᠃ ᠵᠠᠬᠢᠳᠠᠯ ᠢᠶᠠᠷ ᠭᠤᠶᠤᠴᠢᠯᠠᠬᠤ ᠳᠠᠭᠠᠨ ᠵᠠᠬᠢᠳᠠᠯ ᠤᠨ ᠤᠭᠤᠲᠠ ᠶᠢᠨ ᠵᠡᠭᠦᠨ | ᠳᠣᠣᠷ᠎ᠠ ᠥᠨᠴᠦᠭ ᠲᠤ ︽ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠨᠡᠶᠢᠲᠡᠯᠡᠬᠦ ᠭᠤᠶᠤᠴᠢᠯᠠᠯ︾ ᠭᠡᠵᠦ | ᠲᠣᠳᠤᠷᠬᠠᠶᠢᠯᠠᠨ᠎ᠠ︔ ᠹᠠᠺᠰ ᠢᠶᠠᠷ ᠭᠤᠶᠤᠴᠢᠯᠠᠬᠤ ᠳᠠᠭᠠᠨ ᠭᠤᠶᠤᠴᠢᠯᠠᠯ ᠤᠨ ᠬᠠᠭᠤᠳᠠᠰᠤᠨ ᠳᠡᠭᠡᠷ᠎ᠡ ︽ᠵᠠᠰᠠᠭ ᠤᠨ | ᠣᠷᠳᠣᠨ ᠤ ᠴᠢᠮᠡᠭᠡ ᠵᠠᠩᠭᠢ ᠶᠢ ᠢᠯᠡ ᠨᠡᠶᠢᠲᠡᠯᠡᠬᠦ ᠭᠤᠶᠤᠴᠢᠯᠠᠯ︾ ᠭᠡᠵᠦ ᠪᠢᠴᠢᠬᠦ ᠬᠡᠷᠡᠭᠲᠡᠢ᠃ | ⒊ ᠲᠤᠬᠠᠢ ᠶᠢᠨ ᠲᠠᠯᠠᠪᠤᠷ᠃ ᠭᠤᠶᠤᠴᠢᠯᠠᠭᠰᠠᠳ ᠬᠦᠯᠢᠶᠡᠨ ᠰᠢᠢᠳᠪᠦᠷᠢᠯᠡᠬᠦ ᠭᠠᠵᠠᠷ ᠬᠦᠷᠴᠦ᠂ | ᠨᠢᠭᠤᠷᠳᠠᠨ ᠭᠤᠶᠤᠴᠢᠯᠠᠵᠤ ᠪᠣᠯᠤᠨ᠎ᠠ᠃ | ᠵᠠᠰᠠᠭ ᠤᠨ ᠣᠷᠳᠣᠨ ᠤᠳᠠᠰᠤ ᠪᠠᠷ ᠬᠠᠷᠢᠯᠴᠠᠵᠤ ᠭᠤᠶᠤᠴᠢᠯᠠᠬᠤ ᠶᠢ ᠬᠦᠯᠢᠶᠡᠵᠦ ᠠᠪᠬᠤ ᠦᠭᠡᠢ᠃ ᠭᠡᠪᠡᠴᠦ | ᠭᠤᠶᠤᠴᠢᠯᠠᠭᠰᠠᠳ ᠤᠲᠠᠰᠤ ᠪᠠᠷ ᠬᠠᠷᠢᠯᠴᠠᠵᠤ᠂ ᠬᠤᠯᠪᠤᠭᠳᠠᠯ ᠪᠦᠬᠦᠢ ᠦᠢᠯᠡᠴᠢᠯᠡᠭᠡ ᠶᠢ ᠠᠰᠠᠭᠤᠨ ᠯᠠᠪᠯᠠᠵᠤ | ᠪᠣᠯᠤᠨ᠎ᠠ᠃ | ︵ᠭᠤᠷᠪᠠ︶ ᠭᠤᠶᠤᠴᠢᠯᠠᠯ ᠢ ᠰᠢᠢᠳᠪᠦᠷᠢᠯᠡᠬᠦ | ᠵᠠᠰᠠᠭ ᠤᠨ ᠣᠷᠳᠣᠨ ᠭᠤᠶᠤᠴᠢᠯᠠᠯ ᠢ ᠬᠦᠯᠢᠶᠡᠵᠦ ᠠᠪᠤᠭᠰᠠᠨ ᠡᠳᠦᠷ ᠠᠴᠠ ᠡᠬᠢᠯᠡᠨ 15 ᠠᠵᠢᠯᠯᠠᠬᠤ ᠡᠳᠦᠷ ᠲᠤ | ᠬᠠᠷᠢᠭᠤ ᠥᠭᠬᠦ ᠬᠡᠷᠡᠭᠲᠡᠢ᠃ ᠬᠠᠷᠢᠭᠤ ᠥᠭᠬᠦ ᠬᠤᠭᠤᠴᠠᠭ᠎ᠠ ᠶᠢ ᠤᠷᠲᠤᠳᠬᠠᠬᠤ ᠭᠡᠪᠡᠯ᠂ ᠭᠤᠶᠤᠴᠢᠯᠠᠭᠰᠠᠳ ᠲᠤ | ᠮᠡᠳᠡᠭᠳᠡᠨ᠎ᠡ᠃ ᠤᠷᠲᠤᠳᠬᠠᠬᠤ ᠡᠳᠦᠷ ᠢ 15 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠃ | ᠵᠠᠰᠠᠭ ᠤᠨ ᠣᠷᠳᠣᠨ ᠬᠦᠯᠢᠶᠡᠨ ᠠᠪᠤᠭᠰᠠᠨ ᠳᠡᠰ ᠳᠠᠷᠠᠭᠠᠯᠠᠯ ᠢᠶᠠᠷ ᠭᠤᠶᠤᠴᠢᠯᠠᠯ ᠢ ᠰᠢᠢᠳᠪᠦᠷᠢᠯᠡᠨ᠎ᠡ᠂ ᠨᠢᠭᠡ | ᠭᠤᠶᠤᠴᠢᠯᠠᠯ ᠳᠤ ᠬᠡᠳᠦᠨ ᠠᠳᠠᠯᠢ ᠪᠣᠰᠤ ᠠᠭᠤᠯᠭ᠎ᠠ ᠪᠠᠭᠲᠠᠭᠰᠠᠨ ᠪᠠᠶᠢᠪᠠᠯ᠂ ᠪᠦᠬᠦᠨ ᠢ ᠰᠢᠢᠳᠪᠦᠷᠢᠯᠡᠵᠦ | ᠪᠠᠷᠠᠭᠰᠠᠨ ᠤ ᠰᠡᠭᠦᠯᠡᠷ ᠰᠠᠶ᠋ᠢ ᠬᠠᠷᠢᠭᠤ ᠦᠭᠭᠦᠨ᠎ᠡ᠃ ᠡᠶᠢᠮᠦ ᠠᠴᠠ ᠰᠢᠢᠳᠪᠦᠷᠢᠯᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠶᠢᠨ ᠲᠥᠯᠥᠭᠡ᠂ ᠭᠤᠶᠤᠴᠢᠯᠠᠭᠰᠠᠳ ᠲᠤ ᠰᠠᠨᠠᠭᠤᠯᠬᠤ ᠨᠢ ᠠᠳᠠᠯᠢ ᠪᠣᠰᠤ ᠠᠭᠤᠯᠭ᠎ᠠ ᠶᠢ ᠠᠰ ᠠᠰ | ᠲᠤᠨᠢ ᠭᠤᠶᠤᠴᠢᠯᠠᠯ ᠭᠠᠷᠭᠠᠪᠠᠯ ᠵᠣᠬᠢᠨ᠎ᠠ᠃ ᠭᠤᠶᠤᠴᠢᠯᠠᠭᠰᠠᠳ ᠤᠨ ᠳᠤᠷᠠᠳᠤᠭᠰᠠᠨ ᠭᠤᠶᠤᠴᠢᠯᠠᠯ ᠨᠢ ᠳᠤᠲᠠᠭᠤ | ᠳᠣᠷᠭᠤᠨ᠂ ᠵᠦᠪ ᠣᠨᠤᠪᠴᠢ ᠦᠭᠡᠢ ᠪᠣᠶᠤ ᠪᠣᠳᠠᠲᠠᠢ ᠴᠢᠮᠡᠭᠡ ᠵᠠᠩᠭᠢ ᠶᠢᠨ ᠠᠭᠤᠯᠭ᠎ᠠ ᠶᠢ ᠲᠣᠭᠲᠠᠭᠠᠬᠤ ᠳᠤ ᠬᠦᠴᠢᠷ | ᠪᠠᠶᠢᠪᠠᠯ᠂ ᠵᠠᠰᠠᠭ ᠤᠨ ᠣᠷᠳᠣᠨ ᠠᠴᠠ ᠭᠤᠶᠤᠴᠢᠯᠠᠭᠰᠠᠳ ᠢ ᠨᠦᠬᠦᠪᠦᠷᠢᠯᠡᠬᠦ ᠪᠣᠶᠤ ᠵᠠᠰᠠᠬᠤ ᠶᠢ ᠱᠠᠭᠠᠷᠳᠠᠨ᠎ᠠ᠃ | ᠪᠣᠳᠠᠲᠠᠢ ᠬᠠᠷᠢᠭᠤ ᠥᠭᠬᠦ ᠠᠷᠭ᠎ᠠ ᠨᠢ ᠳᠣᠣᠷᠠᠬᠢ ᠮᠡᠲᠦ᠄ | ⒈ ᠢᠯᠡ ᠨᠡᠶᠢᠲᠡᠯᠡᠭᠦᠯᠬᠦ ᠪᠠᠷ ᠭᠤᠶᠤᠴᠢᠯᠠᠭᠰᠠᠨ ᠴᠢᠮᠡᠭᠡ ᠵᠠᠩᠭᠢ ᠨᠢ ᠬᠡᠷᠪᠡ ᠵᠠᠰᠠᠭ ᠤᠨ ᠣᠷᠳᠣᠨ ᠤ | ᠨᠢᠭᠡᠨᠲᠡ ᠢᠯᠡ ᠨᠡᠶᠢᠲᠡᠯᠡᠭᠰᠡᠨ ᠴᠢᠮᠡᠭᠡ ᠵᠠᠩᠭᠢ ᠳᠤ ᠪᠠᠭᠲᠠᠪᠠᠯ᠂ ᠬᠦᠯᠢᠶᠡᠨ ᠠᠪᠴᠤ ᠰᠢᠢᠳᠪᠦᠷᠢᠯᠡᠬᠦ | ᠪᠠᠶᠢᠭᠤᠯᠤᠮᠵᠢ ᠠᠴᠠ ᠭᠤᠶᠤᠴᠢᠯᠠᠭᠰᠠᠳ ᠲᠤ ᠡᠨᠡᠬᠦ ᠴᠢᠮᠡᠭᠡ ᠵᠠᠩᠭᠢ ᠶᠢ ᠣᠯᠬᠤ ᠠᠷᠭ᠎ᠠ ᠵᠠᠮ ᠢ ᠮᠡᠳᠡᠭᠳᠡᠨ᠎ᠡ᠃ | ⒉ ᠵᠠᠰᠠᠭ ᠤᠨ ᠣᠷᠳᠣᠨ ᠤ ᠢᠯᠡ ᠨᠡᠶᠢᠲᠡᠯᠡᠬᠦ ᠬᠦᠷᠢᠶ᠎ᠡ ᠬᠡᠪᠴᠢᠶᠡᠨ ᠳᠤ ᠬᠠᠷᠢᠶᠠᠯᠠᠭᠳᠠᠬᠤ ᠦᠭᠡᠢ ᠪᠣᠶᠤ | ᠡᠨᠡᠬᠦ ᠴᠢᠮᠡᠭᠡ ᠵᠠᠩᠭᠢ ᠨᠢ ᠪᠠᠶᠢᠬᠤ ᠦᠭᠡᠢ ᠪᠣᠯ᠂ ᠳᠠᠷᠤᠢ ᠳᠤᠨᠢ ᠭᠤᠶᠤᠴᠢᠯᠠᠭᠰᠠᠳ ᠲᠤ ᠪᠠᠶᠢᠳᠠᠯ ᠢ ᠮᠡᠳᠡᠭᠳᠡᠨ᠎ᠡ᠃ | ᠭᠤᠶᠤᠴᠢᠯᠠᠭᠰᠠᠨ ᠴᠢᠮᠡᠭᠡ ᠵᠠᠩᠭᠢ ᠶᠢ ᠢᠯᠡ ᠪᠣᠯᠭᠠᠬᠤ ᠳᠤ ᠬᠡᠷᠡᠭᠰᠡᠭᠰᠡᠨ ᠵᠠᠷᠤᠳᠠᠯ ᠤᠨ ᠰᠦᠢᠳᠬᠡᠯ | ᠬᠤᠷᠢᠶᠠᠬᠤ ᠲᠦᠷᠦᠯ ᠵᠦᠢᠯ ᠪᠠ ᠪᠠᠷᠢᠮᠵᠢᠶ᠎ᠠ ᠶᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠣᠳᠠᠰ ᠤᠨ | ᠦᠨ᠎ᠡ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠬᠠᠮᠢᠶ᠎ᠠ ᠪᠦᠬᠦᠢ ᠲᠤᠭᠲᠠᠭᠠᠯ ᠢᠶᠠᠷ ᠭᠦᠢᠴᠡᠳᠬᠡᠨ᠎ᠡ᠃ | ᠭᠤᠷᠪᠠ᠂ ᠬᠢᠨᠠᠯᠲᠠ ᠲᠠᠯᠪᠢᠬᠤ ᠪᠠ ᠵᠠᠭᠠᠯᠳᠤᠬᠤ | ᠡᠷᠬᠡᠲᠦ ᠠᠷᠠᠳ᠂ ᠬᠠᠤᠯᠢ ᠶᠢᠨ ᠡᠷᠬᠡᠲᠡᠨ ᠪᠣᠶᠤ ᠪᠣᠰᠤᠳ ᠵᠣᠬᠢᠶᠠᠨ ᠪᠠᠶᠢᠭᠤᠯᠤᠯᠲᠠ ᠬᠡᠷᠪᠡ ᠵᠠᠰᠠᠭ ᠤᠨ | ᠣᠷᠳᠣᠨ ᠠᠴᠠ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠨᠡᠶᠢᠲᠡᠯᠡᠬᠦ ᠡᠭᠦᠷᠭᠡ ᠬᠠᠷᠢᠭᠤᠴᠠᠯᠭ᠎ᠠ ᠪᠠᠨ ᠬᠠᠤᠯᠢ | ᠶᠣᠰᠤᠭᠠᠷ ᠭᠦᠢᠴᠡᠳᠬᠡᠭᠰᠡᠨ ᠦᠭᠡᠢ ᠭᠡᠵᠦ ᠦᠵᠡᠵᠦ ᠪᠠᠶᠢᠪᠠᠯ᠂ ᠵᠠᠰᠠᠭ ᠤᠨ ᠣᠷᠳᠣᠨ ᠤ ᠵᠠᠭᠠᠯᠳᠤᠬᠤ ᠤᠲᠠᠰᠤ ᠪᠠᠷ | ᠢᠯᠡᠴᠢᠯᠡᠨ ᠵᠠᠭᠠᠯᠳᠤᠵᠤ ᠪᠣᠯᠤᠨ᠎ᠠ᠃ ᠵᠠᠭᠠᠯᠳᠤᠬᠤ ᠤᠲᠠᠰᠤ᠄ 0476 —7862662᠂ ᠹᠠᠺᠰ᠄ 0476 | —7862662᠂ ᠰᠢᠤᠳᠠᠨ ᠤ ᠬᠠᠶ᠋ᠢᠭ᠄ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠭᠡᠷ᠂ ᠰᠢᠤᠳᠠᠨ ᠨᠣᠮᠧᠷ᠄ 025450᠂ ᠵᠠᠭᠠᠯᠳᠤᠯᠭ᠎ᠠ ᠶᠢ ᠬᠦᠯᠢᠶᠡᠵᠦ ᠠᠪᠬᠤ ᠴᠠᠭ᠄ ᠭᠠᠷᠠᠭ ᠤᠨ | ᠨᠢᠭᠡᠨ ᠠᠴᠠ ᠭᠠᠷᠠᠭ ᠤᠨ ᠲᠠᠪᠤᠨ ᠪᠣᠯᠲᠠᠯ᠎ᠠ ︵ᠬᠠᠤᠯᠢ ᠪᠠᠷ ᠲᠣᠭᠲᠠᠭᠰᠠᠨ ᠠᠮᠠᠷᠠᠯᠲᠠ ᠶᠢᠨ ᠡᠳᠦᠷ ᠢ ᠪᠠᠭᠲᠠᠭᠠᠬᠤ | ᠦᠭᠡᠢ︶᠃ | ᠡᠷᠬᠡᠲᠦ ᠠᠷᠠᠳ᠂ ᠬᠠᠤᠯᠢ ᠶᠢᠨ ᠡᠷᠬᠡᠲᠡᠨ ᠪᠣᠶᠤ ᠪᠣᠰᠤᠳ ᠵᠣᠬᠢᠶᠠᠨ ᠪᠠᠶᠢᠭᠤᠯᠤᠯᠲᠠ ᠠᠴᠠ ᠪᠠᠰᠠ ᠬᠢᠨᠠᠨ | ᠪᠠᠶᠢᠴᠠᠭᠠᠬᠤ ᠰᠠᠯᠠᠭ᠎ᠠ ᠮᠦᠴᠢᠷ ᠲᠤ ᠢᠯᠡᠴᠢᠯᠡᠨ ᠵᠠᠭᠠᠯᠳᠤᠵᠤ ᠪᠣᠯᠤᠨ᠎ᠠ᠃ ᠬᠢᠨᠠᠯᠲᠠ ᠲᠠᠯᠪᠢᠬᠤ ᠤᠲᠠᠰᠤ᠄ 0476 | —7861696᠂ ᠵᠠᠬᠢᠳᠠᠯ ᠢᠶᠠᠷ ᠬᠠᠷᠢᠯᠴᠠᠬᠤ ᠬᠠᠶ᠋ᠢᠭ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ | ᠵᠡᠭᠦᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠰᠢᠤᠳᠠᠨ ᠨᠣᠮᠧᠷ᠄ 025450᠂ | ᠵᠠᠭᠠᠯᠳᠤᠯᠭ᠎ᠠ ᠶᠢ ᠬᠦᠯᠢᠶᠡᠵᠦ ᠠᠪᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠪᠣᠯᠲᠠᠯ᠎ᠠ ︵ᠬᠠᠤᠯᠢ ᠪᠠᠷ | ᠲᠣᠭᠲᠠᠭᠰᠠᠨ ᠠᠮᠠᠷᠠᠯᠲᠠ ᠶᠢᠨ ᠡᠳᠦᠷ ᠢ ᠪᠠᠭᠲᠠᠭᠠᠬᠤ ᠦᠭᠡᠢ︶᠃ | ᠡᠷᠬᠡᠲᠦ ᠠᠷᠠᠳ᠂ ᠬᠠᠤᠯᠢ ᠶᠢᠨ ᠡᠷᠬᠡᠲᠡᠨ ᠪᠣᠶᠤ ᠪᠣᠰᠤᠳ ᠵᠣᠬᠢᠶᠠᠨ ᠪᠠᠶᠢᠭᠤᠯᠤᠯᠲᠠ ᠠᠴᠠ ᠵᠠᠰᠠᠭ ᠤᠨ | ᠣᠷᠳᠣᠨ ᠬᠤᠯᠪᠤᠭᠳᠠᠯ ᠪᠦᠬᠦᠢ ᠳᠦᠷᠢᠮ ᠲᠣᠭᠲᠠᠭᠠᠯ ᠢ ᠵᠦᠷᠢᠴᠡᠵᠦ᠂ ᠲᠡᠳᠡᠨ ᠤ ᠬᠠᠤᠯᠢ ᠶᠣᠰᠤᠨ ᠤ ᠡᠷᠬᠡ | ᠠᠰᠢᠭ ᠲᠤ ᠬᠠᠯᠳᠠᠵᠠᠢ ᠭᠡᠵᠦ ᠦᠵᠡᠵᠦ ᠪᠠᠶᠢᠪᠠᠯ᠂ ᠬᠠᠤᠯᠢ ᠪᠠᠷ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠷ | ᠭᠤᠶᠤᠴᠢᠯᠠᠬᠤ ᠪᠣᠶᠤ ᠵᠠᠰᠠᠭ ᠵᠠᠬᠢᠷᠭᠠᠨ ᠤ ᠵᠠᠷᠭᠤ ᠬᠢᠵᠦ ᠪᠣᠯᠤᠨ᠎ᠠ᠃ | | |