ᠪᠠᠭᠠᠷᠢᠨ ᠵᠡᠭᠦᠨ ᠬᠤᠰᠢᠭᠤᠨ ᠤ 2014 ᠣᠨ ᠤ ᠵᠠᠰᠠᠭ ᠤᠨ ᠣᠷᠳᠣᠨ ᠤ | ᠴᠢᠮᠡᠭᠡ ᠵᠠᠩᠭᠢ ᠶᠢ ᠢᠯᠡ ᠨᠡᠶᠢᠲᠡᠯᠡᠭᠰᠡᠨ ᠣᠨ ᠤ ᠮᠡᠳᠡᠭᠦᠯᠦᠯᠲᠡ | 2014 ᠣᠨ ᠳᠤ᠂ ᠪᠠᠭᠠᠷᠢᠨ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ | ᠨᠡᠶᠢᠲᠡᠯᠡᠬᠦ ᠠᠵᠢᠯ ᠨᠢ ᠬᠤᠲᠠ ᠶᠢᠨ ᠵᠠᠰᠠᠭ ᠤᠨ ᠶᠠᠪᠤᠳᠠᠯ ᠤᠨ ᠢᠯᠡ ᠨᠡᠶᠢᠲᠡᠯᠡᠬᠦ ᠤᠳᠤᠷᠢᠳᠬᠤ ᠳᠤᠭᠤᠶᠢᠯᠠᠩ ᠤᠨ | ᠠᠯᠪᠠᠨ ᠭᠡᠷ ᠤᠨ ᠵᠢᠯᠤᠭᠤᠳᠤᠯᠭ᠎ᠠ ᠳᠣᠣᠷ᠎ᠠ᠂ ︽ᠢᠯᠡ ᠲᠣᠳᠣ ᠵᠠᠰᠠᠭ ᠤᠨ ᠣᠷᠳᠣᠨ᠂ ᠦᠢᠯᠡᠴᠢᠯᠡᠭᠡᠨ ᠤ ᠵᠠᠰᠠᠭ ᠤᠨ | ᠣᠷᠳᠣᠨ᠂ ᠠᠷᠢᠭᠤᠨ ᠴᠢᠭᠡᠴᠢ ᠵᠠᠰᠠᠭ ᠤᠨ ᠣᠷᠳᠣᠨ᠂ ᠬᠠᠤᠯᠢ ᠳᠦᠷᠢᠮᠲᠦ ᠵᠠᠰᠠᠭ ᠤᠨ ᠣᠷᠳᠣᠨ︾ ᠢ ᠪᠦᠲᠦᠭᠡᠨ | ᠪᠠᠶᠢᠭᠤᠯᠬᠤ ᠪᠠᠷ ᠬᠠᠷᠠᠯᠲᠠ ᠪᠣᠯᠭᠠᠵᠤ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠨᠡᠶᠢᠲᠡᠯᠡᠬᠦ ᠠᠵᠢᠯ ᠢ | ᠺᠠᠳ᠋ᠷ ᠤᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠠᠵᠢᠯ ᠤᠨ ᠰᠤᠷᠲᠠᠯ ᠢ ᠬᠤᠪᠢᠷᠠᠭᠤᠯᠬᠤ | ᠵᠢᠴᠢ ᠠᠵᠢᠯ ᠤᠨ ᠨᠠᠶᠢᠳᠠᠪᠦᠷᠢᠵᠢᠭᠤᠯᠤᠯᠲᠠ ᠶᠢ ᠴᠢᠩᠭ᠎ᠠ ᠠᠳᠬᠤᠬᠤ ᠭᠤᠣᠯ ᠠᠷᠭ᠎ᠠ ᠬᠡᠮᠵᠢᠶ᠎ᠡ ᠪᠣᠯᠭᠠᠵᠤ᠂ ᠪᠦᠬᠦ | ᠬᠤᠰᠢᠭᠤᠨ ᠤ ᠡᠯ᠎ᠡ ᠲᠠᠯ᠎ᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠬᠦᠴᠦᠲᠠᠢ ᠠᠬᠢᠭᠤᠯᠤᠭᠰᠠᠨ ᠪᠠᠶᠢᠨ᠎ᠠ᠃ | ᠳᠣᠣᠷ᠎ᠠ ᠬᠠᠮᠢᠶ᠎ᠠ ᠪᠦᠬᠦᠢ ᠠᠵᠢᠯ ᠤᠨ ᠪᠠᠶᠢᠳᠠᠯ ᠢ ᠬᠠᠷᠢᠭᠤ ᠮᠡᠳᠡᠭᠦᠯᠦᠶ᠎ᠡ᠄ | ᠨᠢᠭᠡ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠨᠡᠶᠢᠲᠡᠯᠡᠭᠰᠡᠨ ᠠᠵᠢᠯ ᠤᠨ ᠪᠠᠶᠢᠳᠠᠯ | ︵ᠨᠢᠭᠡ︶ ᠵᠤᠬᠢᠶᠠᠨ ᠪᠠᠶᠢᠭᠤᠯᠤᠯᠲᠠ ᠪᠠ ᠤᠳᠤᠷᠢᠳᠤᠯᠭ᠎ᠠ ᠪᠠᠨ ᠴᠢᠩᠭᠠᠳᠬᠠᠪᠠ᠃ ᠬᠤᠰᠢᠭᠤ ᠵᠠᠰᠠᠭ ᠤᠨ | ᠣᠷᠳᠣᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠨᠡᠶᠢᠲᠡᠯᠡᠬᠦ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠭᠤᠣᠯᠳᠠᠯᠭ᠎ᠠ ᠲᠠᠢ ᠠᠵᠢᠯᠯᠠᠬᠤ ᠡᠳᠦᠷ ᠤᠨ ᠳᠠᠷᠠᠭᠠᠯᠠᠯ ᠳᠤ ᠣᠷᠤᠭᠤᠯᠤᠨ᠂ | ᠬᠤᠪᠢᠶᠠᠷᠢᠯᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠤᠯᠠᠨ ᠤᠳᠠᠭ᠎ᠠ ᠠᠰᠠᠭᠤᠨ ᠯᠠᠪᠯᠠᠵᠤ᠂ ᠢᠯᠡ ᠨᠡᠶᠢᠲᠡᠯᠡᠬᠦ | ᠬᠡᠯᠪᠡᠷᠢ ᠶᠢ ᠬᠡᠷᠬᠢᠨ ᠪᠠᠶᠠᠯᠢᠭᠵᠢᠭᠤᠯᠬᠤ᠂ ᠠᠷᠭ᠎ᠠ ᠵᠠᠮ ᠢ ᠬᠡᠷᠬᠢᠨ ᠦᠷᠭᠡᠳᠬᠡᠬᠦ᠂ ᠬᠡᠷᠬᠢᠨ ᠴᠠᠭ ᠲᠤᠬᠠᠢ ᠳᠤᠨᠢ ᠢᠯᠡ | ᠨᠡᠶᠢᠲᠡᠯᠡᠬᠦ ᠲᠤᠬᠠᠢ ᠪᠣᠳᠠᠲᠠᠢ ᠪᠠᠶᠢᠷᠢᠯᠠᠭᠤᠯᠤᠯᠲᠠ ᠬᠢᠪᠡ᠃ ᠲᠣᠭᠲᠠᠭᠰᠠᠨ ᠴᠠᠭ ᠲᠠᠢ ᠲᠤᠰᠬᠠᠢ ᠰᠡᠳᠦᠪᠲᠦ ᠬᠤᠷᠠᠯ | ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽2014 ᠣᠨ ᠤ ᠵᠠᠰᠠᠭ ᠤᠨ | ᠣᠷᠳᠣᠨ ᠤ ᠴᠢᠮᠡᠭᠡ ᠵᠠᠩᠭᠢ ᠶᠢ ᠢᠯᠡ ᠨᠡᠶᠢᠲᠡᠯᠡᠬᠦ ᠠᠵᠢᠯ ᠤᠨ ᠭᠤᠣᠯᠳᠠᠯᠭ᠎ᠠ︾ ᠪᠣᠯᠣᠨ ︽2014 ᠣᠨ ᠤ ᠪᠦᠬᠦ | ᠬᠤᠲᠠ ᠶᠢᠨ ᠵᠠᠰᠠᠭ ᠤᠨ ᠶᠠᠪᠤᠳᠠᠯ ᠢ ᠢᠯᠡ ᠨᠡᠶᠢᠲᠡᠯᠡᠬᠦ ᠬᠢᠭᠡᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠵᠢᠯ ᠤᠨ ᠭᠤᠣᠯᠳᠠᠯᠭ᠎ᠠ︾ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠵᠣᠬᠢᠶᠠᠨ | ᠪᠠᠶᠢᠭᠤᠯᠤᠨ ᠰᠤᠷᠤᠯᠴᠠᠵᠤ᠂ ᠬᠠᠮᠢᠶ᠎ᠠ ᠪᠦᠬᠦᠢ ᠬᠤᠷᠠᠯ ᠬᠤᠷᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠪᠣᠯᠣᠨ | ᠤᠯᠠᠭᠠᠨᠬᠠᠳᠠ ᠬᠤᠲᠠ ᠶᠢᠨ ᠵᠠᠰᠠᠭ ᠤᠨ ᠶᠠᠪᠤᠳᠠᠯ ᠢ ᠢᠯᠡ ᠨᠡᠶᠢᠲᠡᠯᠡᠬᠦ ᠬᠤᠷᠠᠯ ᠤᠨ ᠵᠣᠷᠢᠭ ᠰᠠᠨᠠᠭ᠎ᠠ ᠶᠢ | ᠳᠠᠮᠵᠢᠭᠤᠯᠬᠤ ᠶᠢᠨ ᠳᠠᠭᠠᠤ ᠬᠠᠮᠢᠶ᠎ᠠ ᠪᠦᠬᠦᠢ ᠰᠠᠯᠠᠭ᠎ᠠ ᠮᠦᠴᠢᠷ ᠢ ᠵᠣᠬᠢᠶᠠᠨ ᠪᠠᠶᠢᠭᠤᠯᠵᠤ ᠵᠠᠰᠠᠭ ᠤᠨ ᠣᠷᠳᠣᠨ ᠤ | ᠴᠢᠮᠡᠭᠡ ᠵᠠᠩᠭᠢ ᠶᠢ ᠢᠯᠡ ᠨᠡᠶᠢᠲᠡᠯᠡᠬᠦ ᠠᠵᠢᠯ ᠤᠨ ᠪᠣᠯᠪᠠᠰᠤᠷᠠᠯ ᠦᠷᠨᠢᠭᠦᠯᠪᠡ᠃ | ︵ᠬᠤᠶᠠᠷ︶ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠪᠠ᠃ ᠬᠤᠰᠢᠭᠤ ᠵᠠᠰᠠᠭ ᠤᠨ ᠶᠠᠪᠤᠳᠠᠯ ᠢ | ᠢᠯᠡ ᠨᠡᠶᠢᠲᠡᠯᠡᠬᠦ ᠤᠳᠤᠷᠢᠳᠬᠤ ᠳᠤᠭᠤᠶᠢᠯᠠᠩ ᠤᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠤᠨ᠂ ᠪᠦᠬᠦ | ᠬᠤᠰᠢᠭᠤᠨ ᠤ ᠵᠠᠰᠠᠭ ᠤᠨ ᠶᠠᠪᠤᠳᠠᠯ ᠢ ᠢᠡᠯ ᠨᠡᠶᠢᠲᠡᠯᠡᠬᠦ ᠠᠵᠢᠯ ᠢ ᠰᠤᠳᠤᠯᠤᠨ ᠶᠠᠷᠢᠯᠴᠠᠵᠤ᠂ ᠵᠠᠰᠠᠭ ᠤᠨ ᠣᠷᠳᠣᠨ ᠤ | ᠴᠢᠮᠡᠭᠡ ᠵᠠᠩᠭᠢ ᠶᠢ ᠰᠠᠨᠠᠭᠠᠴᠢᠯᠠᠭ᠎ᠠ ᠲᠠᠢ ᠢᠯᠡ ᠨᠡᠶᠢᠲᠡᠯᠡᠬᠦ᠂ ᠢᠯᠡ ᠨᠡᠶᠢᠲᠡᠯᠡᠭᠦᠯᠬᠦ ᠪᠠᠷ ᠭᠤᠶᠤᠴᠢᠯᠠᠬᠤ᠂ | ᠨᠢᠭᠤᠴᠠ ᠶᠢ ᠬᠠᠮᠠᠭᠠᠯᠠᠬᠤ ᠬᠢᠨᠠᠯᠲᠠ᠂ ᠬᠢᠨᠠᠨ ᠰᠢᠯᠭᠠᠬᠤ ᠵᠡᠷᠭᠡ ᠳᠦᠷᠢᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠪᠡ᠃ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠠᠴᠠ ᠥᠪᠡᠷᠲᠡᠭᠡᠨ ᠵᠠᠰᠠᠬᠤ ᠣᠷᠣᠨ ᠪᠠ | ᠤᠯᠠᠭᠠᠨᠬᠠᠳᠠ ᠬᠤᠲᠠ ᠶᠢᠨ ᠱᠠᠭᠠᠷᠳᠠᠯᠭ᠎ᠠ ᠶᠣᠰᠤᠭᠠᠷ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ︽2014 ᠣᠨ ᠤ ᠪᠦᠬᠦ ᠬᠤᠲᠠ ᠶᠢᠨ ᠵᠠᠰᠠᠭ ᠤᠨ ᠶᠠᠪᠤᠳᠠᠯ ᠢ ᠢᠯᠡ ᠨᠡᠶᠢᠲᠡᠯᠡᠬᠦ ᠬᠢᠭᠡᠳ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠭᠤᠣᠯᠳᠠᠯᠭ᠎ᠠ︾ ᠶᠢᠨ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠤ᠂ ᠬᠤᠯᠪᠣᠭᠳᠠᠯ ᠪᠦᠬᠦᠢ ᠬᠠᠷᠢᠭᠤᠴᠠᠯᠭ᠎ᠠ ᠶᠢ ᠬᠠᠮᠢᠶ᠎ᠠ ᠪᠦᠬᠦᠢ | ᠰᠠᠯᠠᠭ᠎ᠠ ᠮᠦᠴᠢᠷ ᠲᠤ ᠨᠠᠶᠢᠳᠠᠪᠦᠷᠢᠵᠢᠭᠤᠯᠤᠨ᠂ ᠪᠦᠬᠦ ᠬᠤᠰᠢᠭᠤᠨ ᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ | ᠢᠯᠡ ᠨᠡᠶᠢᠲᠡᠯᠡᠬᠦ ᠠᠵᠢᠯ ᠢ ᠠᠬᠢᠭᠤᠯᠬᠤ ᠳᠤ ᠴᠢᠩᠭ᠎ᠠ ᠬᠦᠴᠦᠲᠠᠢ ᠳᠦᠷᠢᠮ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃ | ︵ᠭᠤᠷᠪᠠ︶ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠪᠠ᠃ ᠨᠢᠭᠡ ᠳᠤ᠂ ᠵᠠᠰᠠᠭ ᠤᠨ ᠣᠷᠳᠣᠨ ᠤ ᠡᠭᠦᠳᠡ | ᠡᠷᠦᠬᠡ ᠶᠢᠨ ᠰᠦᠯᠵᠢᠶᠡᠨ ᠤ ᠪᠠᠶᠢᠭᠤᠯᠤᠯᠲᠠ ᠶᠢ ᠴᠢᠩᠭᠠᠳᠬᠠᠵᠠᠢ᠃ 2014 ᠣᠨ ᠳᠤ᠂ ᠬᠤᠰᠢᠭᠤ ᠵᠠᠰᠠᠭ ᠤᠨ | ᠣᠷᠳᠣᠨ ᠤ ᠡᠭᠦᠳᠡ ᠡᠷᠦᠬᠡ ᠶᠢᠨ ᠰᠦᠯᠵᠢᠶ᠎ᠡ ᠶᠢ ᠰᠢᠨ᠎ᠡ ᠪᠠᠷ ᠪᠠᠷᠯᠠᠵᠤ᠂ ︽ᠨᠠᠷᠢᠯᠢᠭ᠂ ᠲᠣᠪᠴᠢ᠂ ᠪᠣᠳᠠᠲᠠᠢ︾ | ᠶᠢᠨ ᠵᠠᠷᠴᠢᠮ ᠢᠶᠠᠷ ᠦᠢᠯᠡᠴᠢᠯᠡᠭᠡᠨ ᠤ ᠴᠢᠳᠠᠮᠵᠢ ᠶᠢ ᠨᠡᠩ ᠴᠢᠬᠤᠯᠠᠴᠢᠯᠠᠨ᠂ ᠴᠢᠮᠡᠭᠡ ᠵᠠᠩᠭᠢ ᠶᠢ ᠢᠯᠡ ᠨᠡᠶᠢᠲᠡᠯᠡᠬᠦ᠂ | ᠰᠦᠯᠵᠢᠶᠡᠨ ᠳᠡᠭᠡᠷ᠎ᠡ ᠰᠢᠢᠳᠪᠦᠷᠢᠯᠡᠬᠦ᠂ ᠣᠯᠠᠨ ᠲᠦᠮᠡᠨ ᠣᠷᠤᠯᠴᠠᠬᠤ᠂ ᠰᠢᠨ᠎ᠡ ᠵᠠᠭᠤᠴᠢᠯᠠᠭᠤᠷ ᠵᠢᠴᠢ ᠰᠦᠯᠵᠢᠶᠡᠨ ᠤ | ᠰᠦᠷᠦᠭᠵᠢᠯ ᠵᠡᠷᠭᠡ ᠣᠯᠠᠨ ᠲᠠᠯ᠎ᠠ ᠪᠠᠷ ᠴᠦᠮ ᠰᠢᠪᠲᠤᠯᠤᠯᠲᠠ ᠲᠠᠢ ᠪᠠᠶᠢᠵᠤ᠂ ᠣᠳᠣ ᠨᠢᠭᠡᠨᠲᠡ ᠲᠤᠷᠰᠢᠨ ᠬᠡᠷᠡᠭᠯᠡᠬᠦ | ᠱᠠᠲᠤᠨ ᠳᠠᠭᠠᠨ ᠣᠷᠤᠵᠠᠢ᠃ ᠬᠤᠶᠠᠷ ᠲᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠠᠢ᠃ ᠵᠠᠰᠠᠭ ᠤᠨ ᠶᠠᠪᠤᠳᠠᠯ ᠤᠨ ᠰᠢᠨ᠎ᠡ ᠦᠢᠯᠡᠴᠢᠯᠡᠭᠡᠨ ᠤ | ᠲᠥᠪ ᠢ ᠡᠬᠢᠯᠡᠨ ᠪᠠᠶᠢᠭᠤᠯᠵᠤ᠂ 6 ᠰᠤᠮᠤ ᠰᠢᠶᠠᠩ ᠪᠠᠯᠭᠠᠰᠤᠨ ᠳᠤ ᠠᠷᠠᠳ ᠲᠤ ᠦᠢᠯᠡᠴᠢᠯᠡᠬᠦ ᠲᠢᠩᠬᠢᠮ ᠰᠢᠨ᠎ᠡ ᠪᠠᠷ | ᠪᠠᠶᠢᠭᠤᠯᠤᠨ᠂ ᠬᠤᠲᠠ ᠵᠡᠭᠡᠯᠢ ᠶᠢᠨ 7 ᠨᠡᠶᠢᠭᠡᠮ ᠲᠣᠭᠤᠷᠢᠭ ᠲᠤ ᠠᠷᠠᠳ ᠲᠤ ᠦᠢᠯᠡᠴᠢᠯᠡᠬᠦ ᠲᠥᠪ ᠭᠠᠷᠭᠠᠵᠤ᠂ | ᠭᠠᠴᠠᠭ᠎ᠠ ᠲᠤᠰᠬᠤᠨ ᠳᠤ ᠠᠷᠠᠳ ᠲᠤ ᠦᠢᠯᠡᠴᠢᠯᠡᠬᠦ ᠴᠢᠭ ᠭᠠᠷᠭᠠᠪᠠ᠃ ᠭᠤᠷᠪᠠ ᠳᠤ᠂ ︽ᠨᠢᠭᠡ ᠦᠷᠲᠡᠭᠡᠨ ᠤ | ᠬᠡᠯᠪᠡᠷᠢᠲᠦ ᠬᠢᠨᠠᠨ ᠵᠦᠪᠰᠢᠶᠡᠷᠡᠬᠦ︾ ᠵᠠᠭᠪᠤᠷ ᠢ ᠬᠡᠷᠡᠭᠯᠡᠪᠡ᠃ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ | ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ | ᠵᠡᠷᠭᠡ ᠶᠢᠰᠦᠨ ᠰᠠᠯᠠᠭ᠎ᠠ ᠮᠦᠴᠢᠷ ᠲᠤᠰ ᠲᠤᠰ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ | ᠦᠢᠯᠡᠴᠢᠯᠡᠭᠡᠨ ᠤ ᠲᠢᠩᠬᠢᠮ ᠪᠠᠶᠢᠭᠤᠯᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠲᠤ ︽ᠨᠢᠭᠡ | ᠦᠢᠯᠡᠴᠢᠯᠡᠭᠡᠨ ᠤ ᠴᠣᠩᠬᠤ︾ ᠪᠠᠷ ᠦᠢᠯᠡᠴᠢᠯᠡᠬᠦ ᠳᠦᠷᠢᠮ᠂ ᠨᠡᠶᠢᠲᠡᠯᠡᠬᠦ ᠳᠦᠷᠢᠮ᠂ ᠨᠢᠭᠡ ᠯᠡ ᠤᠳᠠᠭ᠎ᠠ ᠳᠤ | ᠮᠡᠳᠡᠭᠳᠡᠬᠦ ᠳᠦᠷᠢᠮ ᠵᠢᠴᠢ ᠬᠢᠨᠠᠨ ᠪᠠᠶᠢᠴᠠᠭᠠᠬᠤ ᠳᠦᠷᠢᠮ ᠵᠡᠷᠭᠡ ᠶᠢ ᠬᠡᠷᠡᠭᠵᠢᠭᠦᠯᠦᠨ᠂ ᠵᠠᠰᠠᠭ ᠵᠠᠬᠢᠷᠭᠠᠨ ᠤ | ᠵᠦᠪᠰᠢᠶᠡᠷᠡᠯ ᠤᠨ ᠠᠵᠢᠯ ᠤᠨ ᠡᠯ᠎ᠡ ᠭᠤᠭᠴᠤᠭ᠎ᠠ ᠶᠢ ᠬᠠᠮᠤᠷᠪᠠ᠃ | ︵ᠳᠥᠷᠪᠡ︶ ᠤᠬᠠᠭᠤᠯᠭ᠎ᠠ ᠶᠢᠨ ᠬᠦᠴᠦᠯᠡᠴᠡ ᠪᠠᠨ ᠴᠢᠩᠭᠠᠳᠬᠠᠪᠠ᠃ ᠡᠷᠬᠡᠲᠦ ᠠᠷᠠᠳ᠂ ᠬᠠᠤᠯᠢ ᠶᠢᠨ | ᠡᠷᠬᠡᠲᠡᠨ ᠵᠢᠴᠢ ᠪᠣᠰᠣᠳ ᠵᠣᠬᠢᠶᠠᠨ ᠪᠠᠶᠢᠭᠤᠯᠤᠯᠲᠠ ᠠᠴᠠ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠣᠯᠬᠤ ᠳᠤ | ᠳᠦᠭᠦᠮ ᠦᠵᠡᠭᠦᠯᠬᠦ ᠪᠠ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠨᠡᠶᠢᠲᠡᠯᠡᠬᠦ ᠦᠷ᠎ᠡ ᠠᠰᠢᠭ ᠢ ᠨᠡᠩ | ᠰᠠᠶᠢᠨ ᠪᠠᠳᠠᠷᠠᠭᠤᠯᠬᠤ ᠶᠢᠨ ᠲᠦᠯᠥᠭᠡ᠂ ᠮᠠᠨ ᠤ ᠬᠤᠰᠢᠭᠤ ᠨᠢᠭᠡᠲᠦᠭᠦᠯᠬᠦ᠂ ᠲᠡᠭᠦᠯᠳᠡᠷᠵᠢᠭᠦᠯᠬᠦ᠂ ᠪᠦᠷᠢᠨᠰᠢᠭᠦᠯᠭᠦ | ᠵᠢᠴᠢ ᠳᠡᠭᠡᠭᠰᠢᠯᠡᠭᠦᠯᠬᠦ ᠠᠵᠢᠯ ᠤᠨ ᠰᠡᠳᠬᠢᠴᠡ ᠪᠠᠷ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠨᠡᠶᠢᠲᠡᠯᠡᠬᠦ | ᠠᠴᠢᠶᠠᠯᠠᠪᠦᠷᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠢᠯᠡ ᠨᠡᠶᠢᠲᠡᠯᠡᠬᠦ ᠠᠷᠭ᠎ᠠ ᠵᠠᠮ ᠢ ᠦᠷᠭᠡᠳᠬᠡᠵᠦ᠂ | ᠠᠷᠭ᠎ᠠ ᠵᠠᠮ ᠪᠣᠯᠣᠨ ᠬᠡᠯᠪᠡᠷᠢ ᠮᠠᠶ᠋ᠢᠭ ᠢ ᠨᠢ ᠨᠡᠩ ᠣᠯᠠᠨ ᠶᠠᠩᠵᠤ ᠶᠢᠨ ᠪᠠ ᠳᠦᠭᠦᠮ ᠳᠦᠳᠡ ᠪᠣᠯᠭᠠᠵᠤ᠂ ᠬᠤᠰᠢᠭᠤ | ᠵᠠᠰᠠᠭ ᠤᠨ ᠣᠷᠳᠣᠨ ᠤ ᠡᠭᠦᠳᠡ ᠡᠷᠦᠬᠡ ᠶᠢᠨ ᠰᠦᠯᠵᠢᠶ᠎ᠡ᠂ ᠬᠤᠰᠢᠭᠤ ᠰᠤᠶᠤᠯ ᠤᠨ ᠠᠭᠤᠳᠠᠮ ᠲᠠᠯᠠᠪᠠᠢ ᠶᠢᠨ | ᠴᠢᠮᠡᠭᠡ ᠵᠠᠩᠭᠢ ᠶᠢᠨ ᠡᠯᠧᠺᠲᠷᠤᠨ ᠳᠡᠯᠭᠡᠴᠡ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢᠨ ᠢᠯᠡ ᠪᠤᠯᠤᠩ ᠵᠢᠴᠢ | ᠷᠠᠳᠢᠤ᠋ ᠲᠧᠯᠸᠢᠰ ᠲᠥᠪ ᠤᠨ ︽ᠬᠤᠰᠢᠭᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠨᠡᠶᠢᠲᠡᠯᠡᠬᠦ ᠴᠢᠭ︾ | ᠵᠡᠷᠭᠡ ᠶᠢ ᠲᠣᠳᠣᠷᠬᠠᠢ ᠪᠣᠯᠭᠠᠵᠤ᠂ ᠣᠯᠠᠨ ᠲᠦᠮᠡᠨ ᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠡᠷᠢᠵᠤ | ᠤᠩᠰᠢᠬᠤ ᠳᠤ ᠳᠦᠭᠦᠮ ᠦᠵᠡᠭᠦᠯᠦᠭᠰᠡᠨ ᠪᠠᠶᠢᠨ᠎ᠠ᠃ ᠵᠠᠰᠠᠭ ᠤᠨ ᠣᠷᠳᠣᠨ ᠤ ᠴᠢᠮᠡᠭᠡ ᠵᠠᠩᠭᠢ ᠶᠢᠨ ᠢᠯᠡ | ᠨᠡᠶᠢᠲᠡᠯᠡᠬᠦ ᠠᠭᠤᠯᠭ᠎ᠠ ᠶᠢ ᠪᠦᠷᠢᠨᠰᠢᠭᠦᠯᠵᠦ᠂ ᠬᠤᠰᠢᠭᠤ ᠨᠣᠮ ᠤᠨ ᠰᠠᠩ᠂ ᠳᠠᠩᠰᠠ ᠡᠪᠬᠡᠮᠡᠯ ᠤᠨ ᠣᠷᠳᠣᠨ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ︽ᠬᠤᠰᠢᠭᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ | ᠢᠯᠡ ᠨᠡᠶᠢᠲᠡᠯᠡᠬᠦ ᠪᠠ ᠡᠷᠢᠵᠦ ᠰᠤᠷᠠᠬᠤ ᠴᠢᠭ︾ ᠢ ᠲᠣᠳᠣᠷᠬᠠᠢ ᠪᠣᠯᠭᠠᠪᠠ᠃ ᠨᠣᠮ ᠤᠨ ᠰᠠᠩ ᠲᠠᠯᠪᠢᠭᠤᠷ ᠭᠠᠷᠭᠠᠵᠤ | ᠨᠣᠮ ᠵᠢᠭᠡᠯᠡᠭᠦᠯᠦᠨ᠂ ᠭᠠᠷᠠᠭ ᠪᠦᠷᠢ 40 ᠴᠠᠭ ᠤᠨ ᠦᠢᠯᠡᠴᠢᠯᠡᠭᠡ ᠬᠠᠩᠭᠠᠵᠤ᠂ 2014 ᠣᠨ ᠳᠤ ᠣᠯᠠᠨ | ᠨᠡᠶᠢᠲᠡ ᠶᠢᠨ ᠠᠰᠠᠭᠤᠯᠭ᠎ᠠ ᠰᠤᠷᠠᠯᠭᠠ 54 ᠬᠦᠮᠦᠨ ︵ᠤᠳᠠᠭ᠎ᠠ︶ ᠬᠦᠯᠢᠶᠡᠨ ᠠᠪᠴᠤ᠂ ᠯᠠᠪᠯᠠᠵᠤ ᠰᠤᠷᠠᠭᠰᠠᠨ | ᠴᠢᠮᠡᠭᠡ ᠵᠠᠩᠭᠢ 145 ᠵᠣᠷᠪᠤᠰ ᠪᠣᠢ᠃ ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ | ᠵᠠᠰᠠᠭ ᠤᠨ ᠣᠷᠳᠣᠨ ᠤ ᠴᠢᠮᠡᠭᠡ ᠵᠠᠩᠭᠢ ᠶᠢ ᠠᠰᠠᠭᠤᠨ ᠯᠠᠪᠯᠠᠬᠤ ᠴᠣᠩᠬᠤ ᠭᠠᠷᠭᠠᠵᠤ᠂ ᠠᠰᠠᠭᠤᠨ ᠯᠠᠪᠯᠠᠬᠤ ᠪᠠ | ᠡᠷᠢᠵᠦ ᠰᠤᠷᠠᠬᠤ ᠦᠢᠯᠡᠴᠢᠯᠡᠭᠡ ᠬᠠᠩᠭᠠᠨ᠂ ᠵᠢᠯ ᠳᠤ 175 ᠬᠦᠮᠦᠨ ︵ᠤᠳᠠᠭ᠎ᠠ︶ ᠶᠢ ᠬᠦᠯᠢᠶᠡᠨ ᠠᠪᠴᠤ᠂ | ᠡᠷᠢᠵᠦ ᠰᠤᠷᠠᠭᠰᠠᠨ ᠴᠢᠮᠡᠭᠡ ᠵᠠᠩᠭᠢ ᠨᠢ 1025 ᠵᠣᠷᠪᠤᠰ ᠲᠤ ᠬᠥᠷᠴᠡᠢ᠃ ᠳᠠᠩᠰᠠ ᠡᠪᠬᠡᠮᠡᠯ ᠤᠨ ᠣᠷᠳᠣᠨ | ᠵᠢᠯ ᠳᠤ 349 ᠬᠦᠮᠦᠨ ︵ᠤᠳᠠᠭ᠎ᠠ︶ ᠶᠢ ᠬᠦᠯᠢᠶᠡᠨ ᠠᠪᠴᠤ᠂ ᠡᠷᠢᠵᠤ ᠰᠤᠷᠠᠭᠰᠠᠨ ᠴᠢᠮᠡᠭᠡ ᠵᠠᠩᠭᠢ ᠨᠢ 510 | ᠵᠣᠷᠪᠤᠰ᠃ ᠮᠠᠨ ᠤ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠰᠠᠯᠠᠭ᠎ᠠ ᠮᠦᠴᠢᠷ | ᠪᠠᠰᠠ ᠴᠢᠮᠡᠭᠡ ᠵᠠᠩᠭᠢ ᠢᠯᠡ ᠨᠡᠶᠢᠲᠡᠯᠡᠬᠦ ᠴᠢᠭ᠂ ᠡᠷᠢᠵᠦ ᠤᠩᠰᠢᠬᠤ ᠴᠢᠭ ᠪᠣᠯᠤᠨ ᠡᠯ᠎ᠡ ᠵᠦᠢᠯ ᠤᠨ ᠠᠷᠭ᠎ᠠ | ᠵᠠᠮ ᠢᠶᠠᠷ ᠣᠯᠠᠨ ᠲᠦᠮᠡᠨ ᠳᠤ ᠴᠢᠮᠡᠭᠡ ᠵᠠᠩᠭᠢ ᠣᠯᠬᠤ ᠳᠦᠭᠦᠮ ᠳᠥᠲᠡ ᠠᠷᠭ᠎ᠠ ᠵᠠᠮ ᠬᠠᠩᠭᠠᠪᠠ᠃ | ᠬᠤᠶᠠᠷ᠂ ᠰᠠᠨᠠᠭᠠᠴᠢᠯᠠᠭ᠎ᠠ ᠲᠠᠢ ᠪᠠᠷ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠨᠡᠶᠢᠲᠡᠯᠡᠭᠰᠡᠨ | ᠪᠠᠶᠢᠳᠠᠯ | ᠨᠢᠭᠡ ᠵᠢᠯ ᠤᠨ ᠲᠤᠷᠰᠢ᠂ ᠬᠤᠰᠢᠭᠤ ᠵᠠᠰᠠᠭ ᠤᠨ ᠣᠷᠳᠣᠨ ᠤ ᠴᠢᠮᠡᠭᠡ ᠵᠠᠩᠭᠢ ᠢᠯᠡ ᠨᠡᠶᠢᠲᠡᠯᠡᠬᠦ ᠠᠵᠢᠯ | ᠨᠢ ︽ᠳᠦᠷᠢᠮ︾ ᠤᠨ ᠱᠠᠭᠠᠷᠳᠠᠯᠭ᠎ᠠ ᠶᠣᠰᠤᠭᠠᠷ᠂ ᠢᠯᠡ ᠨᠡᠶᠢᠲᠡᠯᠡᠬᠦ ᠰᠠᠨᠠᠭᠠᠴᠢᠯᠠᠭᠠᠲᠤ ᠤᠬᠠᠮᠰᠠᠷ ᠢ | ᠳᠡᠭᠡᠭᠰᠢᠯᠡᠭᠦᠯᠵᠦ᠂ ᠠᠷᠭ᠎ᠠ ᠬᠡᠯᠪᠡᠷᠢ ᠶᠢ ᠨᠢ ᠲᠡᠭᠦᠯᠳᠡᠷᠵᠢᠭᠦᠯᠦᠨ᠂ ᠭᠤᠣᠯᠳᠠᠯᠭ᠎ᠠ ᠲᠠᠢ ᠢᠯᠡ ᠨᠡᠶᠢᠲᠡᠯᠡᠬᠦ | ᠠᠭᠤᠯᠭ᠎ᠠ ᠶᠢ ᠳᠣᠪᠤᠶᠢᠯᠭᠠᠵᠤ᠂ ᠣᠨᠴᠠᠭᠠᠶᠢᠯᠠᠨ ᠨᠡᠶᠢᠭᠡᠮ ᠤᠨ ᠬᠠᠯᠠᠮᠰᠢᠯ ᠠᠰᠠᠭᠤᠳᠠᠯ᠂ ᠬᠦᠴᠢᠷᠳᠡᠯ ᠲᠠᠢ ᠠᠰᠠᠭᠤᠳᠠᠯ | ᠵᠢᠴᠢ ᠳᠣᠪᠤᠶᠢᠮ᠎ᠠ ᠠᠰᠠᠭᠤᠳᠠᠯ ᠢ ᠪᠦᠬᠦ ᠲᠠᠯ᠎ᠠ ᠪᠠᠷ᠂ ᠴᠠᠭ ᠲᠤᠬᠠᠢ ᠳᠤᠨᠢ᠂ ᠵᠥᠪ ᠣᠨᠤᠪᠴᠢᠲᠠᠢ ᠢᠯᠡ ᠨᠡᠶᠢᠲᠡᠯᠡᠪᠡ | ᠃ ᠪᠦᠬᠦ ᠬᠤᠰᠢᠭᠤᠨ ᠤ ᠡᠯ᠎ᠡ ᠰᠠᠯᠠᠭ᠎ᠠ ᠮᠦᠴᠢᠷ ᠤᠨ ᠰᠠᠨᠠᠭᠠᠴᠢᠯᠠᠭ᠎ᠠ ᠲᠠᠢ ᠪᠠᠷ ᠢᠯᠡ ᠨᠡᠶᠢᠲᠡᠯᠡᠭᠰᠡᠨ ᠴᠢᠮᠡᠭᠡ ᠵᠠᠩᠭᠢ | 1860 ᠵᠣᠷᠪᠤᠰ ᠪᠠᠶᠢᠵᠤ᠂ ᠡᠭᠦᠨ ᠳᠤ᠄ ᠪᠠᠶᠢᠭᠤᠯᠤᠮᠵᠢ ᠶᠢᠨ ᠴᠢᠳᠠᠮᠵᠢ ᠶᠢᠨ ᠲᠥᠷᠥᠯ 106 ᠵᠣᠷᠪᠤᠰ᠂ ᠬᠠᠤᠯᠢ | ᠳᠦᠷᠢᠮ ᠤᠨ ᠪᠢᠴᠢᠭ ᠮᠠᠲ᠋ᠧᠷᠢᠶᠠᠯ ᠤᠨ ᠲᠥᠷᠥᠯ 150 ᠵᠣᠷᠪᠤᠰ᠂ ᠲᠦᠯᠦᠪᠵᠢᠭᠦᠯᠭᠡ ᠲᠦᠯᠦᠪᠯᠡᠭᠡ ᠶᠢᠨ ᠲᠥᠷᠥᠯ | 79 ᠵᠣᠷᠪᠤᠰ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠶᠢᠨ ᠲᠥᠷᠥᠯ 98 ᠵᠣᠷᠪᠤᠰ᠂ ᠲᠤᠬᠠᠶᠢᠯᠠᠭᠰᠠᠨ ᠠᠵᠢᠯ ᠤᠨ | ᠬᠦᠳᠡᠯᠦᠩᠭᠦᠢ ᠪᠠᠶᠢᠳᠠᠯ ᠤᠨ ᠲᠥᠷᠥᠯ 1168 ᠵᠣᠷᠪᠤᠰ᠂ ᠠᠵᠢᠯᠲᠠᠨ ᠤ ᠬᠤᠪᠢᠷᠠᠯᠲᠠ ᠶᠢᠨ ᠲᠥᠷᠥᠯ 20 ᠵᠣᠷᠪᠤᠰ᠂ | ᠡᠳ᠋ ᠤᠨ ᠵᠠᠰᠠᠭ ᠤᠨ ᠲᠥᠷᠥᠯ 12 ᠵᠣᠷᠪᠤᠰ᠂ ᠪᠣᠰᠣᠳ ᠲᠥᠷᠥᠯ 227 ᠵᠣᠷᠪᠤᠰ᠃ ᠰᠦᠯᠵᠢᠶᠡᠨ ᠤ ︽ | ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠨᠡᠶᠢᠲᠡᠯᠡᠭᠰᠡᠨ ᠭᠠᠷᠴᠠᠭ︾ ᠤᠨ ᠪᠣᠯᠤᠩ ᠢ 87813 ᠬᠦᠮᠦᠨ ︵ | ᠤᠳᠠᠭ᠎ᠠ︶ ᠤᠩᠰᠢᠵᠠᠢ᠃ | ᠭᠤᠷᠪᠠ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠨᠡᠶᠢᠲᠡᠯᠡᠭᠦᠯᠬᠦ ᠪᠠᠷ ᠭᠤᠶᠤᠴᠢᠯᠠᠭᠰᠠᠨ | ᠪᠠᠶᠢᠳᠠᠯ | 2014 ᠣᠨ ᠳᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠨᠡᠶᠢᠲᠡᠯᠡᠭᠦᠯᠬᠦ ᠪᠠᠷ | ᠭᠤᠶᠤᠴᠢᠯᠠᠭᠰᠠᠨ ᠭᠤᠶᠤᠴᠢᠯᠠᠯ 0 ᠬᠤᠪᠢ᠃ | ᠳᠥᠷᠪᠡ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢᠨ ᠢᠯᠡ ᠨᠡᠶᠢᠲᠡᠯᠡᠯ ᠢ ᠠᠰᠠᠭᠤᠨ ᠯᠠᠪᠯᠠᠭᠰᠠᠨ᠂ | ᠵᠠᠭᠠᠯᠳᠤᠭᠰᠠᠨ ᠵᠢᠴᠢ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠷ ᠭᠤᠶᠤᠴᠢᠯᠠᠭᠰᠠᠨ ᠪᠠ ᠵᠠᠰᠠᠭ ᠵᠠᠬᠢᠷᠭᠠᠨ ᠤ | ᠵᠠᠷᠭᠤᠯᠳᠤᠭᠠᠨ ᠬᠢᠭᠰᠡᠨ ᠪᠠᠶᠢᠳᠠᠯ | 2014ᠣᠨ ᠳᠤ᠂ ᠵᠠᠰᠠᠭ ᠤᠨ ᠣᠷᠳᠣᠨ ᠤ ᠴᠢᠮᠡᠭᠡ ᠵᠠᠩᠭᠢ ᠵᠢᠨᠢᠯᠡ ᠨᠡᠶᠢᠲᠡᠯᠡᠯ ᠢ ᠠᠰᠠᠭᠤᠨ | ᠯᠠᠪᠯᠠᠭᠰᠠᠨ ᠪᠠ ᠵᠠᠭᠠᠯᠳᠤᠭᠰᠠᠨ ᠶᠠᠪᠤᠳᠠᠯ ᠦᠭᠡᠢ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠨᠡᠶᠢᠲᠡᠯᠡᠭᠰᠡᠨ | ᠪᠠᠶᠢᠳᠠᠯ ᠢ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠷ ᠭᠤᠶᠤᠴᠢᠯᠠᠭᠰᠠᠨ ᠪᠠ ᠵᠠᠰᠠᠭ ᠵᠠᠬᠢᠷᠭᠠᠨ ᠤ ᠵᠠᠭᠠᠯᠳᠤᠯᠭ᠎ᠠ | ᠭᠠᠷᠤᠭᠰᠠᠨ ᠦᠭᠡᠢ᠃ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠪᠢᠴᠢᠭ ᠤᠨ ᠬᠡᠯᠪᠡᠷᠢ ᠪᠣᠶᠤ ᠪᠤᠰᠤᠳ | ᠬᠡᠯᠪᠡᠷᠢ ᠪᠠᠷ ᠭᠤᠶᠤᠴᠢᠯᠠᠭᠰᠠᠨ ᠭᠤᠶᠤᠴᠢᠯᠠᠯ ᠭᠠᠷᠤᠭᠰᠠᠨ ᠦᠭᠡᠢ᠂ ︽ᠢᠯᠡ ᠨᠡᠶᠢᠲᠡᠯᠡᠭᠰᠡᠨ ᠦᠭᠡᠢ︾ ᠪᠠᠶᠢᠳᠠᠯ | ᠦᠭᠡᠢ᠃ ᠪᠦᠬᠦ ᠬᠤᠰᠢᠭᠤ ᠪᠠᠷ ᠢᠶᠠᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠲᠦᠯᠦᠪᠦᠷᠢ ᠦᠭᠡᠢ ᠪᠠᠷ ᠢᠯᠡ | ᠨᠡᠶᠢᠲᠡᠯᠡᠵᠦ᠂ ᠬᠠᠮᠢᠶ᠎ᠠ ᠪᠦᠬᠦᠢ ᠰᠦᠢᠳᠬᠡᠯ ᠬᠤᠷᠢᠶᠠᠬᠤ ᠪᠠ ᠪᠠᠭᠠᠰᠬᠠᠵᠤ ᠬᠡᠯᠲᠦᠷᠢᠭᠦᠯᠬᠦ ᠠᠵᠢᠯᠯᠠᠭ᠎ᠠ ᠭᠠᠷᠤᠭᠰᠠᠨ | ᠦᠭᠡᠢ᠃ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠰᠠᠯᠠᠭ᠎ᠠ ᠮᠦᠴᠢᠷ ᠵᠢᠴᠢ ᠬᠤᠰᠢᠭᠤ ᠵᠠᠰᠠᠭ ᠤᠨ | ᠣᠷᠳᠣᠨ ᠤ ᠴᠢᠮᠡᠭᠡ ᠵᠠᠩᠭᠢ ᠶᠢᠨ ᠲᠥᠪ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡe ᠨᠡᠶᠢᠲᠡᠯᠡᠯ ᠳᠤ | ᠭᠤᠶᠤᠴᠢᠯᠠᠯ ᠭᠠᠷᠭᠠᠭᠰᠠᠨ ᠪᠠᠶᠢᠳᠠᠯ ᠦᠭᠡᠢ᠂ ᠵᠠᠭᠠᠯᠳᠤᠯᠭ᠎ᠠ ᠦᠭᠡᠢ᠃ | ᠲᠠᠪᠤ᠂ ᠣᠷᠤᠰᠢᠵᠤ ᠪᠠᠶᠢᠭ᠎ᠠ ᠭᠤᠣᠯ ᠠᠰᠠᠭᠤᠳᠠᠯ ᠬᠢᠭᠡᠳ ᠰᠠᠶᠢᠵᠢᠷᠠᠭᠤᠯᠬᠤ ᠠᠷᠭ᠎ᠠ ᠪᠠᠷᠢᠯ | ᠮᠠᠨ ᠤ ᠬᠤᠰᠢᠭᠤ ᠬᠡᠳᠦᠶᠢᠪᠡᠷ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠨᠡᠶᠢᠲᠡᠯᠡᠬᠦ ᠠᠵᠢᠯ ᠤᠨ | ᠲᠠᠯ᠎ᠠ ᠪᠠᠷ ᠢᠯᠡᠳᠲᠡ ᠠᠮᠵᠢᠯᠲᠠ ᠣᠯᠵᠠᠢ ᠭᠡᠳᠡᠭ ᠪᠣᠯᠪᠠᠴᠤ ᠪᠠᠰᠠᠴᠤ ᠪᠠᠭ᠎ᠠ ᠰᠠᠭ᠎ᠠ ᠠᠰᠠᠭᠤᠳᠠᠯ ᠪᠠ ᠬᠦᠷᠦᠯᠴᠡᠬᠦ | ᠦᠭᠡᠢ ᠲᠠᠯ᠎ᠠ ᠣᠷᠤᠰᠢᠵᠤ ᠪᠠᠶᠢᠨ᠎ᠠ᠃ ᠭᠤᠣᠯᠳᠠᠭᠤ᠄ ᠬᠡᠰᠡᠭ ᠰᠤᠮᠤ ᠰᠢᠶᠠᠩ ᠪᠠᠯᠭᠠᠰᠤ ᠪᠠ ᠰᠠᠯᠠᠭ᠎ᠠ ᠮᠦᠴᠢᠷ ᠤᠨ | ᠴᠢᠮᠡᠭᠡ ᠵᠠᠩᠭᠢ ᠢᠯᠡ ᠨᠡᠶᠢᠲᠡᠯᠡᠬᠦ ᠰᠠᠨᠠᠭᠠᠴᠢᠯᠠᠭᠠᠲᠤ ᠴᠢᠨᠠᠷ ᠳᠣᠣᠷ᠎ᠠ ᠪᠠᠶᠢᠵᠤ᠂ ᠤᠯᠠᠮ ᠨᠢᠭᠡ ᠠᠯᠬᠤᠮ | ᠴᠢᠩᠭᠠᠳᠬᠠᠬᠤ ᠬᠡᠷᠡᠭᠲᠡᠢ︔ ᠢᠯᠡ ᠨᠡᠶᠢᠲᠡᠯᠡᠭᠰᠡᠨ ᠴᠢᠮᠡᠭᠡ ᠵᠠᠩᠭᠢ ᠪᠠᠭ᠎ᠠ᠂ ᠢᠯᠡ ᠨᠡᠶᠢᠲᠡᠯᠡᠬᠦ ᠠᠭᠤᠯᠭ᠎ᠠ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠢ︔ ᠣᠯᠠᠨ ᠨᠡᠶᠢᠲᠡ ᠶᠢᠨ ᠠᠵᠤ ᠠᠬᠤᠶᠢᠯᠠᠯ ᠪᠠ ᠠᠵᠢᠯ ᠦᠢᠯᠡᠰ ᠤᠨ | ᠨᠢᠭᠡᠴᠡ ᠶᠢᠨ ᠰᠠᠨᠠᠭᠠᠴᠢᠯᠠᠭ᠎ᠠ ᠲᠠᠢ ᠪᠠᠷ ᠢᠯᠡ ᠨᠡᠶᠢᠲᠡᠯᠡᠬᠦ ᠤᠬᠠᠮᠰᠠᠷ ᠳᠣᠣᠷ᠎ᠠ᠂ ᠠᠵᠢᠯ ᠬᠠᠷᠢᠴᠠᠩᠭᠤᠢ ᠪᠠᠷ | ᠤᠳᠠᠭᠠᠯᠢᠭ᠃ | ᠳᠠᠷᠠᠭ᠎ᠠ ᠠᠯᠬᠤᠮ ᠳᠤ ᠪᠢᠳᠡ ᠳᠣᠣᠷᠠᠬᠢ ᠲᠠᠪᠤᠨ ᠲᠠᠯ᠎ᠠ ᠪᠠᠷ ᠵᠠᠰᠠᠭ ᠤᠨ ᠣᠷᠳᠣᠨ ᠤ ᠴᠢᠮᠡᠭᠡ ᠵᠠᠩᠭᠢ ᠶᠢ | ᠢᠯᠡ ᠨᠡᠶᠢᠲᠡᠯᠡᠬᠦ ᠠᠵᠢᠯ ᠤᠨ ᠬᠢᠷᠢ ᠲᠥᠪᠰᠢᠨ ᠢᠶᠠᠨ ᠳᠡᠭᠡᠭᠰᠢᠯᠡᠭᠦᠯᠦᠨ᠎ᠡ᠃ ᠨᠢᠭᠡ ᠳᠤ᠂ ᠬᠠᠷᠢᠭᠤᠴᠠᠯᠭ᠎ᠠ ᠪᠠᠨ | ᠤᠯᠠᠮ ᠨᠢᠭᠡ ᠠᠯᠬᠤᠮ ᠴᠢᠩᠭᠠᠳᠬᠠᠨ᠎ᠠ᠃ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠨᠡᠶᠢᠲᠡᠯᠡᠬᠦ ᠠᠵᠢᠯ ᠢ ︽ | ᠨᠠᠷᠠᠨ ᠭᠡᠷᠡᠯᠲᠦ ᠪᠦᠲᠦᠭᠡᠨ ᠪᠠᠶᠢᠭᠤᠯᠤᠯᠲᠠ︾ ᠶᠢᠨ ᠭᠤᠣᠯ ᠠᠭᠤᠯᠭ᠎ᠠ ᠪᠣᠯᠭᠠᠵᠤ᠂ ᠢᠯᠡ ᠨᠡᠶᠢᠲᠡᠯᠡᠬᠦ | ᠬᠠᠷᠢᠭᠤᠴᠠᠯᠭᠠᠲᠤ ᠤᠬᠠᠮᠰᠠᠷ ᠢ ᠨᠢ ᠳᠡᠭᠡᠭᠰᠢᠯᠡᠭᠦᠯᠦᠨ᠂ ᠢᠯᠡ ᠨᠡᠶᠢᠲᠡᠯᠡᠬᠦ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ | ᠵᠠᠰᠠᠭ ᠤᠨ ᠣᠷᠳᠣᠨ ᠤ ᠴᠢᠮᠡᠭᠡ ᠵᠠᠩᠭᠢ ᠶᠢ ᠴᠠᠭ ᠲᠤᠬᠠᠢ ᠳᠤᠨᠢ ᠣᠨᠤᠪᠴᠢᠲᠠᠢ ᠢᠯᠡ ᠨᠡᠶᠢᠲᠡᠯᠡᠬᠦ ᠪᠠᠷ ᠴᠢᠷᠮᠠᠶᠢᠨ᠎ᠠ︔ | ᠬᠤᠶᠠᠷ ᠲᠤ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠨᠡᠶᠢᠲᠡᠯᠡᠬᠦ ᠬᠦᠷᠢᠶ᠎ᠡ ᠬᠡᠪᠴᠢᠶ᠎ᠡ ᠶᠢ ᠢᠳᠡᠭ | ᠢᠳᠡᠭ ᠢᠶᠠᠷ ᠦᠷᠭᠡᠳᠬᠡᠨ᠎ᠡ᠃ ᠣᠯᠠᠨ ᠲᠦᠮᠡᠨ ᠤ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ ᠠᠵᠢᠯ | ᠲᠥᠷᠥᠯ ᠤᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠨᠡᠶᠢᠲᠡᠯᠡᠬᠦ ᠠᠵᠢᠯ ᠢ ᠭᠤᠣᠯᠳᠠᠯᠭ᠎ᠠ ᠲᠠᠢ ᠠᠳᠬᠤᠵᠤ | ᠂ ᠠᠭᠤᠯᠭ᠎ᠠ ᠶᠢ ᠨᠢ ᠲᠠᠰᠤᠷᠠᠯᠲᠠ ᠦᠭᠡᠢ ᠪᠠᠶᠠᠯᠢᠭᠵᠢᠭᠤᠯᠤᠨ᠂ ᠡᠯ᠎ᠡ ᠰᠠᠯᠠᠭ᠎ᠠ ᠮᠦᠴᠢᠷ ᠤᠨ ᠠᠷᠠᠳ ᠤᠨ | ᠠᠮᠢᠳᠤᠷᠠᠯ ᠤᠨ ᠴᠢᠮᠡᠭᠡ ᠵᠠᠩᠭᠢ ᠶᠢ ᠲᠥᠷᠥᠯ ᠬᠤᠪᠢᠶᠠᠵᠤ᠂ ᠠᠵᠤ ᠠᠬᠤᠢ ᠨᠡᠶᠢᠭᠡᠮ ᠤᠨ ᠬᠦᠭᠵᠢᠯᠲᠡ ᠪᠣᠯᠤᠨ ᠣᠯᠠᠨ | ᠲᠦᠮᠡᠨ ᠤ ᠠᠮᠢᠳᠤᠷᠠᠯ ᠲᠠᠢ ᠨᠢᠭᠲᠠ ᠬᠤᠯᠪᠤᠭᠳᠠᠭᠰᠠᠨ ᠴᠢᠮᠡᠭᠡ ᠵᠠᠩᠭᠢ ᠶᠢ ᠴᠠᠭ ᠲᠤᠬᠠᠢ ᠳᠤᠨᠢ ᠢᠯᠡ ᠨᠡᠶᠢᠲᠡᠯᠡᠬᠦ | ᠠᠵᠢᠯ ᠢ ᠰᠠᠶᠢᠲᠤᠷ ᠬᠢᠨ᠎ᠡ︔ ᠭᠤᠷᠪᠠ ᠳᠤ᠂ ᠠᠵᠢᠯ ᠤᠨ ᠲᠣᠭᠲᠠᠯᠴᠠᠭ᠎ᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠎ᠡ᠃ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠨᠡᠶᠢᠲᠡᠯᠡᠬᠦ ᠡᠯ᠎ᠡ ᠵᠦᠢᠯ ᠤᠨ ᠪᠠᠲᠤᠯᠠᠭ᠎ᠠ | ᠲᠠᠢ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠤ᠂ ᠪᠦᠬᠦ ᠬᠤᠰᠢᠭᠤᠨ ᠤ ᠵᠠᠰᠠᠭ ᠤᠨ ᠣᠷᠳᠣᠨ ᠤ | ᠴᠢᠮᠡᠭᠡ ᠵᠠᠩᠭᠢ ᠶᠢ ᠢᠯᠡ ᠨᠡᠶᠢᠲᠡᠯᠡᠬᠦ ᠳᠤ ᠬᠢᠨᠠᠯᠲᠠ ᠲᠠᠯᠪᠢᠬᠤ᠂ ᠪᠠᠶᠢᠴᠠᠭᠠᠬᠤ ᠵᠢᠴᠢ ᠬᠢᠨᠠᠨ ᠰᠢᠯᠭᠠᠬᠤ ᠠᠵᠢᠯ ᠢ | ᠴᠢᠩᠭᠠᠳᠬᠠᠨ᠂ ᠣᠨᠴᠠᠭᠠᠶᠢᠯᠠᠨ ᠴᠢᠮᠡᠭᠡ ᠵᠠᠩᠭᠢ ᠶᠢ ᠳᠦᠷᠢᠮᠵᠢᠭᠦᠯᠦᠨ ᠴᠤᠭᠯᠠᠭᠤᠯᠬᠤ᠂ ᠲᠥᠷᠥᠯ ᠬᠤᠪᠢᠶᠠᠬᠤ᠂ | ᠢᠯᠡ ᠨᠡᠶᠢᠲᠡᠯᠡᠬᠦ ᠵᠡᠷᠭᠡ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ | ᠢᠯᠡ ᠨᠡᠶᠢᠲᠡᠯᠡᠬᠦ ᠤᠷᠳᠤᠮᠵᠢᠲᠤ ᠬᠠᠮᠢᠶᠠᠷᠤᠯᠲᠠ ᠶᠢ ᠪᠠᠶᠢᠭᠤᠯᠤᠨ᠎ᠠ︔ ᠳᠥᠷᠪᠡ ᠳᠤ᠂ ᠰᠤᠷᠤᠯᠴᠠᠯᠭ᠎ᠠ ᠪᠣᠯᠪᠠᠰᠤᠷᠠᠯ ᠢ | ᠤᠯᠠᠮ ᠨᠢᠭᠡ ᠠᠯᠬᠤᠮ ᠴᠢᠩᠭᠠᠳᠬᠠᠨ᠎ᠠ᠃ ᠰᠤᠷᠤᠯᠴᠠᠯᠭ᠎ᠠ ᠪᠠ ᠪᠣᠯᠪᠠᠰᠤᠷᠠᠯ ᠤᠨ ᠠᠵᠢᠯᠯᠠᠭ᠎ᠠ ᠶᠢ ᠢᠳᠡᠪᠬᠢᠲᠠᠢ | ᠦᠷᠨᠢᠭᠦᠯᠵᠦ᠂ ᠡᠯ᠎ᠡ ᠰᠤᠮᠤ ᠰᠢᠶᠠᠩ ᠪᠠᠯᠭᠠᠰᠤ ᠪᠠ ᠰᠠᠯᠠᠭ᠎ᠠ ᠮᠦᠴᠢᠷ ᠤᠨ ᠵᠠᠰᠠᠭ ᠤᠨ ᠣᠷᠳᠣᠨ ᠤ ᠴᠢᠮᠡᠭᠡ | ᠵᠠᠩᠭᠢ ᠶᠢ ᠢᠯᠡ ᠨᠡᠶᠢᠲᠡᠯᠡᠬᠦ ᠵᠢᠯᠤᠭᠤᠳᠤᠯᠭ᠎ᠠ ᠪᠠ ᠪᠣᠯᠪᠠᠰᠤᠷᠠᠯ ᠤᠨ ᠬᠦᠴᠦᠯᠡᠴᠡ ᠶᠢ ᠴᠢᠩᠭᠠᠳᠬᠠᠨ᠂ ᠵᠠᠰᠠᠭ ᠤᠨ | ᠣᠷᠳᠣᠨ ᠤ ᠠᠵᠢᠯᠲᠠᠨ ᠤ ᠬᠠᠮᠢᠶ᠎ᠠ ᠪᠦᠬᠦᠢ ᠠᠵᠢᠯ ᠤᠨ ᠴᠢᠳᠠᠪᠦᠷᠢ ᠪᠠ ᠬᠢᠷᠢ ᠲᠥᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ︔ ᠲᠠᠪᠤ ᠳᠤ᠂ ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠪᠦᠲᠦᠭᠡᠨ | ᠪᠠᠶᠢᠭᠤᠯᠤᠯᠲᠠ ᠪᠠ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠬᠤᠰᠢᠭᠤ᠂ ᠰᠤᠮᠤ ᠰᠢᠶᠠᠩ ᠪᠠᠯᠭᠠᠰᠤ ᠵᠡᠭᠡᠯᠢ | ᠭᠤᠳᠤᠮᠵᠢ ᠵᠢᠴᠢ ᠭᠠᠴᠠᠭ᠎ᠠ ᠲᠤᠰᠬᠤᠨ ᠵᠡᠷᠭᠡ ᠭᠤᠷᠪᠠᠨ ᠱᠠᠲᠤᠨ ᠤ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠦᠢᠯᠡᠴᠢᠯᠡᠭᠡᠨ ᠤ ᠦᠷ᠎ᠡ ᠠᠰᠢᠭ ᠪᠠ ᠬᠢᠷᠢ ᠲᠥᠪᠰᠢᠨ ᠢᠶᠠᠨ ᠳᠡᠭᠡᠭᠰᠢᠯᠡᠭᠦᠯᠦᠨ᠎ᠡ᠃ |