ᠳᠡᠳ᠋ ᠡᠷᠬᠢᠯᠡᠭᠴᠢ᠄ ᠲᠢᠶᠠᠨ ᠼᠠᠢ ᠯᠢ
ᠨᠡᠶᠢᠲᠡᠯᠡᠭᠰᠡᠨ ᠴᠠᠭ᠄
2015-07-29
ᠳᠡᠳ᠋ ᠡᠷᠬᠢᠯᠡᠭᠴᠢ᠄ ᠲᠢᠶᠠᠨ ᠼᠠᠢ ᠯᠢ ᠠᠵᠢᠯ ᠤᠨ ᠬᠤᠪᠢᠶᠠᠷᠢ᠄   ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠰᠣᠷᠭᠠᠨ ᠬᠦᠮᠦᠵᠢᠯ ᠰᠢᠨᠵᠢᠯᠡᠬᠦ ᠣᠬᠠᠭᠠᠨ ᠰᠣᠶᠣᠯ ᠡᠷᠡᠭᠦᠯ ᠬᠠᠮᠠᠭᠠᠯᠠᠯ ᠤᠨ ᠵᠦᠪᠯᠡᠯ ᠂ ᠲᠦᠯᠦᠭᠡᠯᠡᠭᠴᠢᠳ ᠲᠠᠢ ᠬᠠᠷᠢᠯᠴᠠᠬᠤ ᠵᠦᠪᠯᠡᠯ ᠢ ᠬᠤᠪᠢᠳᠠᠨ ᠬᠠᠮᠢᠶᠠᠷᠴᠣ ᠂ ᠰᠣᠷᠭᠠᠨ ᠬᠦᠮᠦᠵᠢᠯ᠂ ᠰᠢᠨᠵᠢᠯᠡᠭᠡ ᠲᠧᠭᠨᠢᠭ᠂ ᠰᠣᠶᠣᠯ᠂ ᠪᠡᠶ᠎ᠡ ᠲᠠᠮᠢᠷ᠂ ᠡᠷᠡᠭᠦᠯ ᠬᠠᠮᠠᠭᠠᠯᠠᠯ᠂ ᠣᠶᠣᠨ ᠤ ᠪᠣᠯᠪᠠᠰᠣᠨ ᠤ ᠪᠠᠶᠢᠭᠤᠯᠣᠯᠲᠠ ᠪᠠ ᠲᠦᠯᠦᠭᠡᠯᠡᠭᠴᠢᠳ ᠤᠨ ᠠᠵᠢᠯ ᠢ ᠬᠠᠷᠢᠭᠤᠴᠠᠨ᠎ᠠ᠃ ᠲᠣᠪᠴᠢ ᠨᠠᠮᠲᠠᠷ᠄   ᠲᠢᠶᠠᠨ ᠼᠠᠢ ᠯᠢ᠂ ᠡᠮᠡᠭᠲᠡᠢ᠂ ᠮᠣᠩᠭᠤᠯ ᠦᠨᠳᠦᠰᠦᠲᠡᠨ᠂ 1965 ᠣᠨ ᠤ 8 ᠰᠠᠷ᠎ᠠ ᠳᠤ ᠦᠪᠦᠷ ᠮᠣᠩᠭᠤᠯ ᠤᠨ ᠪᠠᠭᠠᠷᠢᠨ ᠵᠡᠭᠦᠨ ᠬᠤᠰᠢᠭᠤᠨ ᠳᠤ ᠲᠦᠷᠦᠪᠡ᠃ ᠶᠡᠭᠡ ᠰᠣᠷᠭᠠᠭᠤᠯᠢ ᠶᠢᠨ ᠵᠢᠩᠬᠢᠨᠢ ᠠᠩᠬᠢ ᠶᠢᠨ ᠰᠣᠷᠣᠯᠭ᠎ᠠ ᠶᠢᠨ ᠨᠠᠮᠲᠠᠷ ᠲᠠᠢ᠂ 1984 ᠣᠨ ᠤ 8 ᠰᠠᠷ᠎ᠠ ᠳᠤ ᠠᠵᠢᠯ ᠤᠨ ᠭᠠᠷᠤᠭ᠎ᠠ ᠪᠠᠨ ᠠᠪᠴᠣ᠂ 1986 ᠣᠨ ᠤ 3 ᠰᠠᠷ᠎ᠠ ᠳᠤ ᠳᠣᠮᠳᠠᠳᠣ ᠣᠯᠣᠰ ᠤᠨ ᠡᠪ ᠬᠠᠮᠲᠣ ᠨᠠᠮ ᠳᠤ ᠡᠯᠰᠡᠭᠳᠡᠪᠡ᠃ ᠣᠳᠣ   ᠪᠠᠭᠠᠷᠢᠨ ᠵᠡᠭᠦᠨ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠨᠠᠮ ᠤᠨ ᠣᠳᠣᠷᠢᠳᠬᠤ ᠳᠣᠭᠤᠶᠢᠯᠠᠩ ᠤᠨ ᠭᠡᠰᠢᠭᠦᠨ ᠤ ᠲᠣᠰᠢᠶᠠᠯ ᠢ ᠡᠭᠦᠷᠭᠡᠯᠡᠵᠦ ᠪᠣᠢ᠃  1984 ᠣᠨ ᠤ 8 ᠰᠠᠷ᠎ᠠ — 1990 ᠣᠨ ᠤ 1 ᠰᠠᠷ᠎ᠠ ᠪᠣᠯᠲᠠᠯ᠎ᠠ ᠪᠠᠭᠠᠷᠢᠨ ᠵᠡᠭᠦᠨ ᠬᠤᠰᠢᠭᠤᠨ ᠤ ᠰᠢ ᠹᠠᠩ ᠴᠧᠩ ᠰᠢᠶᠠᠩ ᠤᠨ ᠲᠦᠯᠦᠪᠯᠡᠭᠡᠲᠦ ᠦᠷᠡᠵᠢᠯ ᠤᠨ ᠠᠵᠢᠯ ᠤᠨ ᠺᠠᠲᠠᠷ︔  1990 ᠣᠨ ᠤ 1 ᠰᠠᠷ᠎ᠠ — 1990 ᠣᠨ ᠤ 11 ᠰᠠᠷ᠎ᠠ ᠪᠣᠯᠲᠠᠯ᠎ᠠ ᠡᠪ ᠬᠠᠮᠲᠤ ᠵᠠᠯᠠᠭᠤᠴᠣᠳ ᠤᠨ ᠡᠪᠯᠡᠯ ᠤᠨ ᠪᠠᠭᠠᠷᠢᠨ ᠵᠡᠭᠦᠨ ᠬᠤᠰᠢᠭᠤᠨ ᠤ ᠰᠢ ᠹᠠᠩ ᠴᠧᠩ ᠰᠢᠶᠠᠩ ᠬᠤᠷᠢᠶᠠᠨ ᠤ ᠱᠥᠵᠢ︔  1990 ᠣᠨ ᠤ 11 ᠰᠠᠷ᠎ᠠ — 1992 ᠣᠨ ᠤ 12 ᠰᠠᠷ᠎ᠠ ᠪᠣᠯᠲᠠᠯ᠎ᠠ ᠲᠣᠮᠳᠠᠳᠣ ᠣᠯᠣᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠰᠢ ᠹᠠᠩ ᠴᠧᠩ ᠰᠢᠶᠠᠩ ᠬᠤᠷᠢᠶᠠᠨ ᠤ ᠣᠬᠠᠭᠤᠯᠬᠤ ᠭᠡᠰᠢᠭᠦᠨ︔  1992 ᠣᠨ ᠤ 12 ᠰᠠᠷ᠎ᠠ — 1994 ᠣᠨ ᠤ 8 ᠰᠠᠷ᠎ᠠ ᠪᠣᠯᠲᠠᠯ᠎ᠠ ᠲᠣᠮᠳᠠᠳᠣ ᠣᠯᠣᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠰᠢ ᠹᠠᠩ ᠴᠧᠩ ᠰᠢᠶᠠᠩ ᠬᠤᠷᠢᠶᠠᠨ ᠤ ᠳᠡᠳ᠋ ᠰᠠᠯᠠᠭᠠᠨ ᠳᠡᠰ ᠤᠨ ᠣᠬᠠᠭᠤᠯᠬᠤ ᠭᠡᠰᠢᠭᠦᠨ︔  1994 ᠣᠨ ᠤ 8 ᠰᠠᠷ᠎ᠠ — 1999 ᠣᠨ ᠤ 6 ᠰᠠᠷ᠎ᠠ ᠪᠣᠯᠲᠠᠯ᠎ᠠ ᠲᠣᠮᠳᠠᠳᠣ ᠣᠯᠣᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠰᠢ ᠹᠠᠩ ᠴᠧᠩ ᠰᠢᠶᠠᠩ ᠬᠤᠷᠢᠶᠠᠨ ᠤ ᠳᠡᠳ᠋ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ︔  1999 ᠣᠨ ᠤ 6 ᠰᠠᠷ᠎ᠠ — 2002 ᠣᠨ ᠤ 6 ᠰᠠᠷ᠎ᠠ ᠪᠣᠯᠲᠠᠯ᠎ᠠ ᠪᠠᠭᠠᠷᠢᠨ ᠵᠡᠭᠦᠨ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠣ ᠬᠤᠷᠠᠯ ᠤᠨ ᠳᠡᠳ᠋ ᠲᠡᠷᠢᠭᠦᠯᠡᠭᠴᠢ︔  2002 ᠣᠨ ᠤ 6 ᠰᠠᠷ᠎ᠠ — 2005 ᠣᠨ ᠤ 1 ᠰᠠᠷ᠎ᠠ ᠪᠣᠯᠲᠠᠯ᠎ᠠ ᠲᠣᠮᠳᠠᠳᠣ ᠣᠯᠣᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶᠠᠨ ᠤ ᠳᠡᠳ᠋ ᠱᠦᠵᠢ︔  2005 ᠣᠨ ᠤ 1 ᠰᠠᠷ᠎ᠠ — 2009 ᠣᠨ ᠤ 12 ᠰᠠᠷ᠎ᠠ ᠪᠣᠯᠲᠠᠯ᠎ᠠ ᠲᠣᠮᠳᠠᠳᠣ ᠣᠯᠣᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠣ ᠬᠤᠷᠠᠯ ᠤᠨ ᠨᠠᠮ ᠤᠨ ᠳᠣᠭᠤᠶᠢᠯᠠᠩ ᠤᠨ ᠱᠦᠵᠢ᠂   ᠲᠡᠷᠢᠭᠦᠯᠡᠭᠴᠢ︔  2009 ᠣᠨ ᠤ 12 ᠰᠠᠷ᠎ᠠ — 2015 ᠣᠨ ᠤ 8 ᠰᠠᠷ᠎ᠠ ᠪᠣᠯᠲᠠᠯ᠎ᠠ ᠲᠣᠮᠳᠠᠳᠣ ᠣᠯᠣᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠤᠨ ᠲᠣᠪᠴᠢᠶᠠᠨ ᠤ ᠨᠠᠮ ᠤᠨ ᠳᠣᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ︔  2015 ᠣᠨ ᠤ 8 ᠰᠠᠷ᠎ᠠ — 2016 ᠣᠨ ᠤ 2 ᠰᠠᠷ᠎ᠠ ᠪᠣᠯᠲᠠᠯ᠎ᠠ ᠲᠣᠮᠳᠠᠳᠣ ᠣᠯᠣᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠪᠠ ᠲᠦᠯᠦᠪᠯᠡᠭᠡᠲᠦ ᠦᠷᠡᠵᠢᠯ ᠤᠨ ᠲᠣᠪᠴᠢᠶ᠎ᠠ ᠬᠤᠷᠢᠶᠠᠨ ᠤ ᠱᠦᠵᠢ᠂ ᠨᠠᠮ ᠤᠨ ᠳᠣᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ︔  2016 ᠣᠨ ᠤ 2 ᠰᠠᠷ᠎ᠠ ᠠᠴᠠ ᠣᠳᠣᠬᠢ ᠲᠣᠰᠢᠶᠠᠯ ᠳᠤ ᠪᠣᠢ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号