ᠱᠢᠨᠠ ᠤᠰᠤᠨ ᠴᠦᠭᠦᠷᠦᠮ
ᠨᠡᠶᠢᠲᠡᠯᠡᠭᠰᠡᠨ ᠴᠠᠭ᠄
2015/7/29
        ᠱᠢᠨᠠ ᠤᠰᠤᠨ ᠴᠦᠭᠦᠷᠦᠮ     ᠱᠢᠨᠠ ᠤᠰᠤᠨ ᠴᠦᠭᠦᠷᠦᠮ ᠨᠢ ᠪᠠᠭᠠᠷᠢᠨ ᠵᠡᠭᠦᠨ ᠬᠤᠰᠢᠭᠤᠨ ᠤ ᠵᠡᠭᠦᠨ ᠬᠤᠶᠢᠲᠤ ᠪᠡᠶ᠎ᠡ ᠳᠤ ᠪᠠᠶᠢᠷᠢᠯᠠᠵᠤ᠂ ᠬᠤᠰᠢᠭᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠯᠢᠨᠳᠦ᠋ᠩ ᠪᠠᠯᠭᠠᠰᠤ ᠠᠴᠠ 52 ᠺᠢᠯᠤᠮᠧᠲᠷ ᠵᠠᠢ ᠲᠠᠢ᠃ ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ ᠤᠨ ᠦᠯᠵᠡᠶᠢᠮᠦ᠋ᠷᠡᠨ ᠭᠤᠣᠯ ᠤᠨ ᠳᠡᠭᠡᠳᠦ ᠤᠷᠤᠰᠬᠠᠯ ᠤᠨ ᠣᠷᠣᠨ ᠳᠤ ᠪᠠᠶᠢᠵᠤ᠂ ᠨᠣᠮᠢᠨ ᠳᠠᠪᠠᠯᠭᠠᠨ ᠳᠠᠪᠠᠯᠭᠠᠯᠠᠨ᠂ ᠬᠦᠬᠡᠮᠳᠦᠭ ᠠᠭᠤᠯᠠ ᠲᠤᠩᠭᠠᠯᠠᠭ ᠤᠰᠤ᠂ ᠢᠭ᠌ᠴᠢ ᠰᠠᠬᠤᠯᠠᠭ ᠣᠢ ᠮᠣᠳᠣ᠂ ᠵᠢᠷᠭᠢᠨ ᠳᠣᠩᠭᠤᠳᠬᠤ ᠪᠣᠯᠵᠤᠮᠤᠷ ᠰᠢᠪᠠᠭᠤᠳ᠂ ᠠᠩᠭᠢᠯᠤᠨ ᠰᠡᠩᠭᠢᠨᠡᠬᠦ ᠬᠤᠸᠠᠷ ᠴᠡᠴᠡᠭ   ᠨᠢ ᠬᠦᠮᠦᠰ ᠲᠤ ︽ᠲᠠᠯ᠎ᠠ ᠨᠤᠲᠤᠭ ᠤᠨ ᠭᠡᠷᠡᠯᠲᠦ ᠰᠣᠪᠤᠳ︾ ᠬᠡᠮᠡᠭᠳᠡᠵᠡᠢ᠃     ᠱᠢᠨᠠ ᠤᠰᠤᠨ ᠴᠦᠭᠦᠷᠦᠮ ᠢ 1975 ᠣᠨ ᠳᠤ ᠪᠠᠶᠢᠭᠤᠯᠤᠨ ᠠᠰᠢᠭᠯᠠᠯᠲᠠ ᠳᠤ ᠣᠷᠤᠭᠤᠯᠵᠤ᠂ 2001 ᠣᠨ ᠠᠴᠠ 2003 ᠣᠨ ᠳᠤ ᠬᠠᠰᠢᠯᠭ᠎ᠠ ᠶᠢ ᠪᠠᠬᠢᠵᠢᠭᠦᠯᠬᠦ ᠶᠢᠨ ᠬᠠᠮᠲᠤ᠂ ᠦᠶᠡᠷ ᠵᠠᠯᠠᠬᠤ ᠭᠤᠯᠳᠤᠩ ᠨᠡᠮᠡᠵᠦ ᠪᠠᠶᠢᠭᠤᠯᠵᠠᠢ᠃ ᠱᠢᠨᠠ ᠤᠰᠤᠨ ᠴᠦᠭᠦᠷᠦᠮ ᠪᠣᠯ ᠦᠶᠡᠷ ᠢ ᠰᠡᠷᠭᠡᠶᠢᠯᠡᠵᠦ᠂ ᠤᠰᠤᠯᠠᠯᠲᠠ ᠪᠠᠷ ᠭᠤᠣᠯ ᠪᠣᠯᠭᠠᠭᠰᠠᠨ᠂ ᠵᠢᠭᠠᠰᠤ ᠲᠡᠵᠢᠭᠡᠬᠦ ᠪᠠ ᠵᠢᠭᠤᠯᠴᠢᠯᠠᠯ ᠢ ᠬᠠᠪᠰᠤᠷᠭᠠᠭᠰᠠᠨ ᠳᠤᠮᠳᠠ ᠬᠡᠯᠪᠡᠷᠢ ᠶᠢᠨ ᠣᠰᠤᠨ ᠴᠦᠭᠦᠷᠦᠮ ᠪᠣᠯᠤᠨ᠎ᠠ᠃ ᠳᠡᠭᠡᠳᠦ ᠤᠷᠤᠰᠬᠠᠯ ᠤᠨ ᠲᠠᠯᠠᠪᠠᠢ ᠨᠢ 1855 ᠲᠡᠭᠰᠢ ᠳᠦᠷᠪᠡᠯᠵᠢᠨ ᠺᠢᠯᠤᠮᠧᠲᠷ᠂ ᠴᠦᠭᠦᠷᠦᠮ ᠤᠨ ᠶᠡᠷᠦᠩᠬᠡᠢ ᠪᠠᠭᠲᠠᠭᠠᠮᠵᠢ ᠨᠢ 7175 ᠲᠦᠮᠡᠨ ᠺᠦᠪ ᠮᠧᠲᠷ᠂ ᠬᠠᠮᠤᠭ ᠤᠨ ᠶᠡᠭᠡ ᠬᠡᠰᠡᠭ ᠤᠨ ᠤᠰᠤᠨ ᠤ ᠭᠠᠳᠠᠷᠭᠤ ᠨᠢ 10 ᠲᠡᠭᠰᠢ ᠳᠦᠷᠪᠡᠯᠵᠢᠨ ᠺᠢᠯᠤᠮᠧᠲᠷ ᠪᠠᠶᠢᠵᠤ᠂ ᠵᠢᠭᠠᠰᠤ ᠲᠡᠵᠢᠭᠡᠵᠦ ᠪᠣᠯᠬᠤ ᠬᠡᠰᠡᠭ ᠤᠨ ᠤᠰᠤᠨ ᠭᠠᠳᠠᠷᠭᠤ ᠨᠢ 8 ᠲᠡᠭᠰᠢ ᠳᠦᠷᠪᠡᠯᠵᠢᠨ ᠺᠢᠯᠤᠮᠧᠲᠷ᠃      ᠱᠢᠨᠠ ᠤᠰᠤᠨ ᠴᠦᠭᠦᠷᠦᠮ ᠤᠨ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ ᠤ ᠡᠵᠡᠯᠡᠬᠦ ᠲᠠᠯᠠᠪᠠᠢ ᠨᠢ 30 ᠲᠡᠭᠰᠢ ᠳᠦᠷᠪᠡᠯᠵᠢᠨ ᠺᠢᠯᠤᠮᠧᠲᠷ᠂ ᠡᠭᠦᠨ ᠳᠤ ᠣᠰᠤᠨ ᠭᠠᠳᠠᠷᠭᠤ ᠶᠢᠨ ᠲᠠᠯᠠᠪᠠᠢ ᠨᠢ 10 ᠲᠡᠭᠰᠢ ᠳᠦᠷᠪᠡᠯᠵᠢᠨ ᠺᠢᠯᠤᠮᠧᠲᠷ᠂ ᠣᠢ ᠰᠢᠭᠤᠢ᠂ ᠴᠢᠭᠢᠭᠯᠢᠭ ᠭᠠᠵᠠᠷ ᠪᠣᠯᠤᠨ ᠠᠭᠤᠯᠠᠨ ᠭᠠᠵᠠᠷ ᠤᠨ ᠲᠠᠯᠠᠪᠠᠢ ᠨᠢ 20 ᠲᠡᠭᠰᠢ ᠳᠦᠷᠪᠡᠯᠵᠢᠨ ᠺᠢᠯᠤᠮᠧᠲᠷ᠃ ᠵᠠᠮ ᠬᠠᠷᠢᠯᠴᠠᠭ᠎ᠠ ᠳᠦᠭᠦᠮ᠂ ᠴᠢᠮᠡᠭᠡ ᠨᠡᠪᠲᠡᠷᠡᠯᠭᠡ ᠬᠦᠭᠵᠢᠵᠦ᠂ 307 ᠮᠤᠵᠢ ᠶᠢᠨ ᠵᠠᠮ ᠵᠡᠭᠦᠨ ᠬᠠᠪᠢ ᠪᠠᠷ ᠨᠢ ᠥᠩᠭᠡᠷᠡᠨ᠂ ᠦᠵᠡᠮᠵᠢ ᠶᠢᠨ ᠣᠷᠣᠨ ᠤ ᠳᠣᠲᠤᠷ᠎ᠠ ᠰᠢᠯᠵᠢᠮᠡᠯ ᠬᠤᠯᠪᠤᠭ᠎ᠠ ᠪᠠ ᠨᠢᠭᠡᠲᠦᠮᠡᠯ ᠬᠤᠯᠪᠤᠭ᠎ᠠ ᠶᠢᠨ ᠰᠤᠪᠤᠷᠭ᠎ᠠ ᠪᠤᠰᠬᠠᠵᠠᠢ᠃     ᠱᠢᠨᠠ ᠤᠰᠤᠨ ᠴᠦᠭᠦᠷᠦᠮ ᠤᠨ ᠦᠵᠡᠮᠵᠢ ᠶᠢᠨ ᠣᠷᠣᠨ ᠤ ᠭᠤᠣᠯᠳᠠᠭᠤ ᠦᠵᠡᠮᠵᠢ ᠪᠣᠯ᠄     1. ᠤᠰᠤᠨ ᠤ ᠦᠵᠡᠮᠵᠢ᠄     10 ᠲᠡᠭᠰᠢ ᠳᠦᠷᠪᠡᠯᠵᠢᠨ ᠺᠢᠯᠤᠮᠧᠲᠷ ᠤᠨ ᠤᠰᠤᠨ ᠭᠠᠳᠠᠷᠭᠤ ᠶᠢᠨ ᠦᠵᠡᠮᠵᠢ  ᠪᠠ ᠤᠰᠤ ᠵᠠᠯᠠᠬᠤ ᠨᠦᠬᠡ ᠶᠢᠨ ᠦᠵᠡᠮᠵᠢ     2.  ᠭᠠᠵᠠᠷ ᠤᠨ ᠭᠠᠳᠠᠷᠭᠤ ᠶᠢᠨ ᠦᠵᠡᠮᠵᠢ᠄     ᠪᠦᠬᠦᠲᠦ ᠠᠭᠤᠯᠠ ᠶᠢᠨ ᠦᠵᠡᠮᠵᠢ ᠨᠢ ᠶᠠᠭ ᠨᠢᠭᠡᠨ ᠬᠦᠨᠳᠦ ᠠᠴᠢᠶ᠎ᠠ ᠲᠠᠢ ᠲᠡᠮᠡᠭᠡ ᠠᠭᠤᠯᠠᠨ ᠣᠷᠭᠢᠯ ᠥᠭᠡᠳᠡ ᠡᠷᠡᠯᠬᠡᠭᠯᠡᠨ ᠮᠠᠴᠤᠵᠤ ᠪᠠᠶᠢᠭ᠎ᠠ ᠮᠡᠲᠦ ᠠᠮᠢᠳᠤ ᠳᠦᠷᠰᠦᠯᠢᠭ ᠬᠠᠷᠠᠭᠳᠠᠨ᠎ᠠ︔     ᠲᠡᠭᠷᠢ ᠶᠢᠨ ᠬᠤᠳᠳᠤᠭ ᠤᠨ ᠦᠵᠡᠮᠵᠢ ᠨᠢ ᠭᠤᠷᠪᠠᠨ ᠲᠠᠯ᠎ᠠ ᠪᠠᠷ ᠨᠢ ᠠᠭᠤᠯᠠ ᠬᠦᠷᠢᠶᠡᠯᠡᠵᠦ᠂ ᠢᠪᠴᠤᠤ ᠨᠠᠷᠢᠨ ᠠᠮᠠᠰᠠᠷ ᠨᠢ ᠶᠡᠭᠡ ᠪᠠᠭ᠎ᠠ ᠬᠤᠶᠠᠷ ᠲᠠᠯ᠎ᠠ ᠲᠠᠢ ᠬᠤᠯᠪᠤᠯᠳᠤᠨ ᠳᠤᠮᠳᠠ ᠨᠢ ᠣᠷᠤᠰᠢᠵᠤ᠂ ᠶᠡᠭᠡ ᠪᠠᠶᠢᠭᠠᠯᠢ ᠶᠢᠨ ᠭᠠᠶᠢᠬᠠᠮᠰᠢᠭ ᠢ ᠭᠠᠶᠢᠬᠠᠭᠤᠯᠤᠨ᠎ᠠ︔     ᠭᠠᠷᠤᠳᠢ ᠠᠭᠤᠯᠠᠨ ᠤ ᠦᠵᠡᠮᠵᠢ ᠨᠢ ᠭᠠᠷᠤᠳᠢ ᠶᠢᠨ ᠲᠣᠯᠣᠭᠠᠢ ᠨᠢ ᠤᠷᠤᠭᠰᠢ ᠱᠤᠩᠭᠤᠨ᠂ ᠤᠰᠤᠨ ᠴᠦᠭᠦᠷᠦᠮ ᠤᠷᠤᠭᠤ ᠳᠠᠯᠠᠪᠴᠢ ᠳᠡᠯᠭᠡᠨ ᠨᠢᠰᠦᠨ ᠳᠡᠭᠦᠯᠢᠬᠦ ᠭᠡᠵᠦ ᠪᠠᠶᠢᠭ᠎ᠠ ᠮᠡᠲᠦ ᠬᠠᠷᠠᠭᠳᠠᠨ᠎ᠠ︔     ᠬᠤᠮᠰᠢᠮ ᠪᠣᠳᠢᠰᠠᠳ᠋ᠸ᠎ᠠ ᠠᠭᠤᠯᠠᠨ ᠤ ᠦᠵᠡᠮᠵᠢ ᠨᠢ ᠤᠰᠤᠨ ᠴᠦᠭᠦᠷᠦᠮ ᠤᠨ ᠵᠡᠭᠦᠨ ᠡᠷᠭᠢ ᠳᠡᠭᠡᠷᠡᠬᠢ ᠳᠠᠪᠠᠯᠭᠠᠯᠠᠨ ᠳᠤᠯᠭᠢᠶᠠᠯᠠᠭᠰᠠᠨ ᠮᠡᠲᠦ ᠠᠭᠤᠯᠠ ᠳᠣᠪᠤ ᠨᠢ ᠨᠠᠮᠵᠢᠭᠤᠨ ᠲᠤᠩᠭᠠᠯᠠᠭ ᠤᠰᠤᠨ ᠭᠠᠳᠠᠷᠭᠤ ᠳᠡᠭᠡᠷ᠎ᠡ ᠳᠤᠰᠤᠭᠰᠠᠨ ᠲᠤᠩᠭᠤᠷᠤᠤ ᠳᠦᠷᠰᠦ ᠲᠠᠢ ᠪᠠᠨ ᠨᠢᠭᠡ ᠴᠣᠭᠴᠠ ᠪᠣᠯᠵᠤ᠂  ᠶᠠᠭ ᠯᠢᠩᠬᠤᠸ᠎ᠠ ᠴᠡᠴᠡᠭ ᠤᠨ ᠰᠠᠭᠤᠳᠠᠯ ᠳᠡᠭᠡᠷ᠎ᠡ ᠰᠠᠭᠠᠲᠠᠭᠰᠠᠨ ᠬᠤᠮᠰᠢᠮ ᠪᠣᠳᠢᠰᠠᠳ᠋ᠸ᠎ᠠ ᠶᠢᠨ ᠬᠦᠷᠦᠭ ᠳᠦᠷᠢ ᠮᠡᠲᠦ ᠪᠠᠶᠢᠵᠤ᠂ ᠱᠢᠨᠠ ᠤᠰᠤᠨ ᠴᠦᠭᠦᠷᠦᠮ ᠢ ᠪᠠᠷᠠᠭᠠᠯᠠᠨ᠂ ᠠᠳᠡ ᠵᠢᠭᠤᠯᠴᠢᠯᠠᠭᠰᠠᠳ ᠢ ᠢᠪᠡᠭᠡᠨ ᠳᠠᠭᠠᠳᠬᠠᠵᠤ ᠪᠠᠶᠢᠨ᠎ᠠ︔       ᠤᠯᠠᠭᠠᠨ ᠬᠠᠳᠠ ᠶᠢᠨ ᠦᠵᠡᠮᠵᠢ ᠨᠢ ᠤᠷᠠᠨ ᠨᠠᠷᠢᠯᠢᠭ ᠴᠠᠪᠴᠢᠵᠤ ᠰᠡᠶᠢᠯᠦᠭᠰᠡᠨ ᠮᠡᠲᠦ᠂ ᠡᠭᠴᠡ ᠪᠣᠰᠤᠭ᠎ᠠ ᠴᠠᠪᠴᠢᠮ᠎ᠠ ᠬᠠᠳᠠ ᠪᠠᠶᠢᠵᠤ᠂ ᠶᠠᠭ ᠨᠢᠭᠡᠨ ᠬᠤᠷᠴᠠ ᠰᠡᠯᠡᠮ᠎ᠡ ᠶᠢ ᠤᠰᠤᠨ ᠳᠤᠮᠳᠠ ᠬᠠᠳᠬᠤᠵᠤ ᠲᠠᠯᠪᠢᠭᠰᠠᠨ ᠮᠡᠲᠦ ᠪᠠᠶᠢᠳᠠᠭ︔     ᠮᠡᠯᠡᠬᠡᠶᠢᠲᠦ ᠬᠠᠳᠠᠨ ᠤ ᠦᠵᠡᠮᠵᠢ ᠨᠢ ᠤᠷᠢᠳᠤ ᠬᠥᠯ ᠪᠠ ᠮᠠᠩᠨᠠᠢ ᠨᠢ ᠭᠠᠵᠠᠷ ᠨᠠᠭᠠᠯᠳᠤᠵᠤ᠂ ᠬᠤᠶᠢᠲᠤ ᠬᠤᠶᠠᠷ ᠬᠥᠯ ᠢ ᠨᠢ ᠴᠠᠪᠴᠢᠭᠰᠠᠨ ᠳᠤᠩᠭᠤᠷᠴᠤ ᠪᠠᠶᠢᠭ᠎ᠠ ᠮᠡᠯᠡᠬᠡᠢ ᠮᠡᠲᠦ ᠬᠠᠷᠠᠭᠳᠠᠨ᠎ᠠ᠃     3. ᠪᠠᠷᠢᠯᠭ᠎ᠠ ᠶᠢᠨ ᠦᠵᠡᠮᠵᠢ᠄     ᠳᠡᠭᠡᠳᠦ ᠤᠷᠤᠰᠬᠠᠯ ᠤᠨ ᠤᠰᠤᠨ ᠭᠠᠳᠠᠷᠭᠤ ᠳᠡᠭᠡᠷ᠎ᠡ ᠰᠦᠨᠳᠡᠷᠯᠡᠵᠦ ᠪᠠᠶᠢᠭ᠎ᠠ ᠬᠤᠶᠠᠷ ᠰᠠᠭᠤᠷᠢ ᠤᠰᠤ ᠣᠷᠤᠬᠤ ᠬᠠᠭᠠᠯᠲᠠ ᠶᠢᠨ ᠠᠰᠠᠷ ᠤᠨ ᠦᠵᠡᠮᠵᠢ ᠪᠠ ᠳᠤᠤᠷᠠᠳᠤ ᠤᠷᠤᠰᠬᠠᠯ ᠤᠨ ᠬᠤᠶᠠᠷ ᠰᠠᠭᠤᠷᠢ ᠤᠰᠤ ᠵᠠᠯᠠᠬᠤ ᠬᠠᠭᠠᠯᠲᠠ ᠶᠢᠨ ᠠᠰᠠᠷ ᠤᠨ ᠦᠵᠡᠮᠵᠢ ᠵᠢᠴᠢ 938 ᠮᠧᠲᠷ ᠤᠷᠲᠤ᠂ 22.2 ᠮᠧᠲᠷ ᠦᠨᠳᠦᠷ ᠪᠣᠯᠬᠤ ᠵᠡᠭᠦᠨ ᠪᠠᠷᠠᠭᠤᠨ ᠬᠤᠶᠠᠷ ᠠᠭᠤᠯᠠ ᠶᠢ ᠤᠨᠢᠰᠤᠯᠠᠵᠤ ᠪᠠᠶᠢᠭ᠎ᠠ ᠣᠨᠢᠰᠤ ᠮᠡᠲᠦ ᠲᠣᠮᠣ ᠬᠠᠰᠢᠯᠭ᠎ᠠ ᠶᠢᠨ ᠦᠵᠡᠮᠵᠢ ᠵᠡᠷᠭᠡ︔     ᠱᠢᠨᠠ ᠤᠰᠤᠨ ᠴᠦᠭᠦᠷᠦᠮ ᠤᠨ ᠦᠵᠡᠮᠵᠢ ᠶᠢᠨ ᠣᠷᠣᠨ ᠳᠤ ᠬᠠᠷ᠎ᠠ ᠨᠠᠷᠠᠰᠤ᠂ ᠦᠷᠭᠡᠰᠦᠲᠦ ᠠᠷᠴᠠ᠂ ᠭᠠᠴᠤᠷ᠎ᠠ᠂ ᠲᠠᠤᠯᠠᠢ ᠶᠢᠨ ᠪᠦᠭᠡᠷ᠎ᠡ᠂ ᠭᠤᠣᠯᠲᠤ ᠪᠣᠷᠣ᠂ ᠤᠯᠢᠶᠠᠰᠤ ᠵᠢᠴᠢ ᠤᠨᠵᠢᠭᠢᠷ ᠤᠳᠠ ᠵᠡᠷᠭᠡ ᠬᠡᠭᠡᠷ᠎ᠡ ᠶᠢᠨ ᠲᠤᠷᠤᠭ ᠮᠣᠳᠣ ᠪᠣᠢ︔ ᠡᠯᠪᠡᠭᠲᠦ ᠴᠡᠴᠡᠭ᠂ ᠬᠤᠵᠢᠰᠤ᠂ ᠢᠩᠲᠤᠤᠷ ᠤᠨ ᠮᠣᠳᠣ ᠵᠡᠷᠭᠡ ᠪᠣᠳᠠᠯᠢᠭ ᠮᠣᠳᠣ ᠪᠣᠢ︔ ᠪᠣᠷᠣ ᠭᠦᠷᠦᠭᠡᠰᠦ᠂ ᠪᠤᠭᠤ᠂ ᠦᠨᠡᠭᠡ᠂ ᠭᠤᠷᠭᠤᠤᠯ᠂ ᠬᠤᠨ ᠭᠠᠯᠠᠭᠤ᠂ ᠬᠡᠭᠡᠷ᠎ᠡ ᠶᠢᠨ ᠨᠤᠭᠤᠰᠤ᠂ ᠬᠠᠯᠢᠭᠤᠨ ᠭᠠᠯᠠᠭᠤ᠂ ᠴᠠᠬᠤᠯᠠᠢ᠂ ᠬᠠᠷ᠎ᠠ ᠭᠠᠯᠠᠭᠤ ᠵᠡᠷᠭᠡ ᠬᠤᠷᠢᠭᠠᠳ ᠲᠦᠷᠦᠯ ᠤᠨ ᠬᠡᠭᠡᠷ᠎ᠡ ᠶᠢᠨ ᠠᠮᠢᠲᠠᠨ ᠪᠠᠶᠢᠨ᠎ᠠ᠃ ᠠᠳᠡ ᠪᠠᠰᠠ ᠡᠯᠪᠡᠭ ᠶᠡᠭᠡ ᠵᠢᠭᠠᠰᠤᠨ ᠭᠠᠷᠤᠯᠲᠠ ᠲᠠᠢ ᠪᠠᠶᠢᠳᠠᠭ᠂ ᠠᠯᠠᠭᠠᠨ᠎ᠠ ᠰᠤᠭᠤᠰᠤ᠂ ᠮᠦᠷᠬᠦ ᠵᠢᠭᠠᠰᠤ᠂ ᠬᠡᠯᠲᠡᠭᠡ ᠵᠢᠭᠠᠰᠤ᠂ ᠲᠣᠮᠤ ᠮᠦᠩᠭᠦᠨ ᠵᠢᠭᠠᠰᠤ ᠵᠡᠷᠭᠡ ᠨᠢ ᠮᠢᠬᠠᠯᠢᠭ ᠮᠦᠷᠲᠡᠭᠡᠨ ᠰᠢᠨ᠎ᠡ ᠰᠣᠷᠭᠤᠭ᠂ ᠪᠤᠬᠢᠷᠳᠤᠯ ᠦᠭᠡᠢ ᠪᠠᠶᠢᠳᠠᠭ ᠢᠶᠠᠷ ᠢᠶᠠᠨ ᠬᠤᠯᠠ ᠣᠶᠢᠷ᠎ᠠ ᠳᠠᠭᠠᠨ ᠠᠯᠳᠠᠷᠰᠢᠵᠤ᠂ 2003 ᠣᠨ ᠳᠤ᠂ ᠤᠯᠤᠰ ᠤᠨ ᠲᠠᠷᠢᠶᠠᠯᠠᠩ ᠤᠨ ᠶᠠᠮᠤᠨ ᠠᠴᠠ ᠪᠤᠬᠢᠷᠳᠤᠯ ᠦᠭᠡᠢ ᠤᠰᠤᠨ ᠭᠠᠷᠤᠯᠲᠠ ᠪᠠᠷ ᠲᠣᠭᠲᠠᠭᠠᠵᠤ᠂ ᠱᠢᠨᠠ ᠤᠰᠤᠨ ᠴᠦᠭᠦᠷᠦᠮ ᠢ ᠪᠤᠬᠢᠷᠳᠤᠯ ᠦᠭᠡᠢ ᠤᠰᠤᠨ ᠭᠠᠷᠤᠯᠲᠠ ᠶᠢᠨ ᠰᠠᠭᠤᠷᠢᠨ ᠭᠠᠵᠠᠷ ᠢᠶᠠᠷ ᠲᠣᠭᠲᠠᠭᠠᠪᠠ᠃     ᠱᠢᠨᠠ ᠤᠰᠤᠨ ᠴᠦᠭᠦᠷᠦᠮ ᠤᠨ ᠦᠵᠡᠮᠵᠢ ᠶᠢᠨ ᠣᠷᠣᠨ ᠪᠣᠯ ᠪᠠᠭᠠᠷᠢᠨ ᠵᠡᠭᠦᠨ ᠬᠤᠰᠢᠭᠤᠨ ᠤ ᠰᠤᠶᠤᠯ ᠪᠠ ᠵᠢᠭᠤᠯᠴᠢᠯᠠᠯ ᠤᠨ ᠬᠤᠯᠪᠤᠭᠠᠰᠤ ᠮᠦᠨ᠃ ᠦᠵᠡᠮᠵᠢ ᠶᠢᠨ ᠣᠷᠣᠨ ᠳᠤ ᠠᠭᠤᠢ ᠶᠢᠨ ᠰᠦᠮ᠎ᠡ ᠶᠢᠨ ᠪᠠᠭᠤᠷᠢ ᠪᠠᠶᠢᠵᠤ᠂ ᠲᠥᠪᠡᠳ ᠤᠨ ᠪᠣᠳ᠋ᠳ᠋ᠾᠨ ᠶᠢᠨ ᠱᠠᠰᠢᠨ ᠤ ᠤᠯᠠᠮᠵᠢᠯᠠᠯ ᠪᠣᠯᠬᠤ ᠪᠦᠭᠡᠳ ᠤᠯᠠᠭᠠᠨᠬᠠᠳᠠ ᠬᠤᠲᠠ ᠶᠢᠨ ᠤᠯᠤᠰ ᠢᠶᠠᠨ ᠬᠠᠶᠢᠷᠠᠯᠠᠬᠤ ᠦᠵᠡᠯ ᠤᠨ ᠬᠦᠮᠦᠵᠢᠯ ᠤᠨ ᠰᠠᠭᠤᠷᠢᠨ ᠭᠠᠵᠠᠷ ᠪᠠᠶᠢᠵᠤ᠂ ᠵᠢᠯ ᠪᠣᠯᠭᠠᠨ ᠮᠢᠩᠭ᠎ᠠ ᠲᠦᠮᠡᠨ ᠬᠦᠮᠦᠨ ︵ᠤᠳᠠᠭ᠎ᠠ︶ ᠠᠳᠡ ᠢᠷᠡᠵᠦ᠂ ᠤᠯᠤᠰ ᠢᠶᠠᠨ ᠬᠠᠶᠢᠷᠠᠯᠠᠬᠤ ᠦᠵᠡᠯ ᠤᠨ ᠬᠦᠮᠦᠵᠢᠯ ᠬᠦᠷᠲᠡᠳᠡᠭ ᠪᠠᠶᠢᠨ᠎ᠠ᠃ ᠶᠠᠭ ᠡᠨᠡᠬᠦ ᠡᠯᠪᠡᠭ ᠪᠠᠶᠠᠯᠢᠭ ᠦᠵᠡᠮᠵᠢ ᠶᠢᠨ ᠡᠬᠢ ᠰᠣᠷᠪᠤᠯᠵᠢ ᠪᠠ ᠲᠡᠥᠬᠡ ᠰᠤᠶᠤᠯ ᠤᠨ ᠦᠯᠡᠳᠡᠭᠳᠡᠯ ᠨᠢ ᠱᠢᠨᠠ ᠤᠰᠤᠨ ᠴᠦᠭᠦᠷᠦᠮ ᠨᠢ ᠵᠢᠭᠤᠯᠴᠢᠯᠠᠯ ᠤᠨ ᠦᠨ᠎ᠡ ᠥᠷᠲᠡᠭ ᠲᠠᠢ ᠪᠣᠯᠭᠠᠵᠠᠢ᠃ ᠱᠢᠨᠠ ᠤᠰᠤᠨ ᠴᠦᠭᠦᠷᠦᠮ ᠤᠨ ᠬᠠᠮᠢᠶᠠᠷᠤᠯᠲᠠ ᠶᠢᠨ ᠣᠷᠣᠨ 1993 ᠣᠨ ᠳᠤ ︽ᠱᠢᠨᠠ ᠤᠰᠤᠨ ᠴᠦᠭᠦᠷᠦᠮ ᠤᠨ ᠵᠢᠭᠤᠯᠴᠢᠯᠠᠯ ᠤᠨ ᠣᠷᠣᠨ︾ ᠢ ᠪᠠᠶᠢᠭᠤᠯᠤᠭᠰᠠᠨ ᠠᠴᠠ ᠨᠠᠭᠠᠰᠢ᠂ ᠤᠷᠢᠳ ᠬᠤᠵᠢᠳ ᠬᠤᠶᠢᠲᠤ ᠭᠤᠣᠯ ᠤᠨ ᠲᠠᠩ ᠤᠨ ᠵᠤᠭᠠᠴᠠᠨ ᠨᠠᠭᠠᠳᠬᠤ ᠲᠣᠭᠤᠷᠢᠭ᠂ ᠪᠠᠷᠢᠯᠭ᠎ᠠ ᠶᠢ ᠵᠤᠭᠠᠴᠠᠨ ᠦᠵᠡᠬᠦ ᠲᠣᠭᠤᠷᠢᠭ᠂ ᠬᠡᠭᠡᠷ᠎ᠡ ᠶᠢᠨ ᠰᠢᠪᠠᠭᠤ ᠦᠵᠡᠬᠦ ᠲᠣᠭᠤᠷᠢᠭ᠂ ᠡᠷᠲᠡᠨ ᠤ ᠰᠤᠶᠤᠯ ᠤᠨ ᠵᠢᠭᠤᠯᠴᠢᠯᠠᠯ ᠤᠨ ᠲᠣᠭᠤᠷᠢᠭ᠂ ᠤᠰᠤᠨ ᠳᠡᠭᠡᠷ᠎ᠡ ᠲᠣᠭᠤᠷᠢᠨ ᠵᠤᠭᠠᠴᠠᠬᠤ ᠲᠣᠭᠤᠷᠢᠭ ᠵᠡᠷᠭᠡ ᠶᠢ ᠨᠡᠭᠡᠭᠡᠵᠦ᠂ ᠡᠯᠡᠰᠦᠨ ᠲᠠᠩ ᠤᠨ ᠤᠭᠢᠶᠠᠯ ᠤᠨ ᠭᠠᠵᠠᠷ᠂ ᠵᠢᠭᠠᠰᠤ ᠭᠦᠬᠢᠲᠡᠬᠦ ᠭᠠᠵᠠᠷ᠂ ᠵᠣᠴᠢᠯᠠᠬᠤ ᠭᠠᠵᠠᠷ᠂ ᠠᠷᠢᠬᠢᠨ ᠮᠣᠬᠤᠯᠠᠭ᠂ ᠳᠠᠭᠤᠤ ᠳᠠᠭᠤᠯᠠᠬᠤ ᠭᠠᠵᠠᠷ᠂ ᠬᠤᠷᠠᠯ ᠤᠨ ᠭᠡᠷ᠂ ᠲᠡᠷᠭᠡ ᠵᠣᠭᠰᠤᠭᠠᠬᠤ ᠭᠠᠵᠠᠷ ᠵᠡᠷᠭᠡ ᠶᠢ ᠪᠠᠶᠢᠭᠤᠯᠤᠨ᠂ ᠵᠤᠭ᠎ᠠ ᠴᠡᠩᠭᠡᠯ᠂ ᠠᠮᠠᠷᠠᠯᠲᠠ᠂ ᠰᠡᠯᠡᠭᠦᠴᠡᠯ ᠬᠦᠳᠡᠯᠭᠡᠭᠡᠨ ᠵᠡᠷᠭᠡ ᠣᠯᠠᠨ ᠠᠵᠢᠯᠯᠠᠭ᠎ᠠ ᠦᠷᠨᠢᠭᠦᠯᠵᠦ᠂ ᠥᠨᠥ ᠵᠢᠯ ᠠᠷᠪᠠᠭᠠᠳ ᠲᠦᠮᠡᠨ ᠵᠢᠭᠤᠯᠴᠢᠯᠠᠭᠰᠠᠳ ᠢ ᠬᠦᠯᠢᠶᠡᠨ ᠠᠪᠤᠭᠰᠠᠨ ᠪᠠᠶᠢᠨ᠎ᠠ᠃     ᠱᠢᠨᠠ ᠤᠰᠤᠨ ᠴᠦᠭᠦᠷᠦᠮ ᠤᠨ ᠦᠵᠡᠮᠵᠢ ᠶᠢᠨ ᠣᠷᠣᠨ ᠤ ᠨᠡᠭᠡᠭᠡᠨ ᠬᠦᠭᠵᠢᠭᠦᠯᠦᠯᠲᠡ ᠪᠠ ᠪᠦᠲᠦᠭᠡᠨ ᠪᠠᠶᠢᠭᠤᠯᠤᠯᠲᠠ ᠨᠢ ᠪᠠᠭᠠᠷᠢᠨ ᠵᠡᠭᠦᠨ ᠬᠤᠰᠢᠭᠤᠨ ᠤ ᠰᠤᠶᠤᠯ ᠵᠢᠭᠤᠯᠴᠢᠯᠠᠯ ᠤᠨ ᠲᠣᠮᠤ ᠬᠤᠰᠢᠭᠤ ᠶᠢ ᠪᠦᠲᠦᠭᠡᠨ ᠪᠠᠶᠢᠭᠤᠯᠬᠤ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃   ᠤᠰᠤᠨ ᠴᠦᠭᠦᠷᠦᠮ ᠤᠨ ᠵᠢᠭᠤᠯᠴᠢᠯᠠᠯ ᠤᠨ ᠦᠢᠯᠡᠰ ᠡᠳᠦᠷ ᠢᠷᠡᠬᠦᠶ᠎ᠡ ᠬᠦᠭᠵᠢᠬᠦ ᠶᠢ ᠳᠠᠭᠠᠯᠳᠤᠨ᠂ ᠤᠰᠦᠨ ᠴᠦᠭᠦᠷᠦᠮ ᠤᠨ ᠬᠠᠮᠢᠶᠠᠷᠤᠯᠲᠠ ᠶᠢᠨ ᠭᠠᠵᠠᠷ ᠠᠴᠠ ᠭᠤᠣᠯ ᠰᠡᠳᠦᠪ ᠢᠶᠠᠨ ᠤᠯᠠᠮ ᠲᠣᠳᠤᠷᠬᠠᠢ ᠪᠣᠯᠭᠠᠵᠤ᠂ ᠬᠦᠭᠵᠢᠭᠦᠯᠬᠦ ᠪᠠ ᠬᠠᠮᠠᠭᠠᠯᠠᠬᠤ ᠶᠢ ᠵᠡᠷᠭᠡᠪᠡᠷ ᠠᠳᠬᠤᠬᠤ ᠶᠢ ᠴᠢᠬᠤᠯᠠᠴᠢᠯᠠᠨ᠂ ᠬᠦᠭᠵᠢᠯᠲᠡ ᠶᠢᠨ ᠳᠤᠮᠳᠠ ᠬᠠᠮᠠᠭᠠᠯᠠᠨ᠂ ᠬᠠᠮᠠᠭᠠᠯᠠᠬᠤ ᠶᠢᠨ ᠳᠠᠭᠠᠤ ᠬᠦᠭᠵᠢᠭᠦᠯᠵᠦ᠂ ᠡᠬᠢ ᠰᠤᠷᠪᠤᠯᠵᠢ ᠶᠢ ᠵᠣᠬᠢᠰᠲᠠᠢ ᠳᠣᠬᠢᠷᠠᠭᠤᠯᠤᠨ᠂ ᠠᠮᠠᠷᠠᠯᠲᠠ ᠶᠢᠨ ᠲᠣᠭᠤᠷᠢᠭ᠂ ᠵᠤᠭ᠎ᠠ ᠴᠡᠩᠭᠡᠯ ᠤᠨ ᠲᠣᠭᠤᠷᠢᠭ᠂ ᠬᠦᠳᠡᠯᠭᠡᠭᠡᠨ ᠤ ᠲᠣᠭᠤᠷᠢᠭ ᠵᠢᠴᠢ ᠬᠠᠮᠠᠭᠠᠯᠠᠯᠲᠠ ᠶᠢᠨ ᠲᠣᠭᠤᠷᠢᠭ ᠭᠡᠵᠦ ᠳᠦᠷᠪᠡᠨ ᠶᠡᠭᠡ ᠲᠣᠭᠤᠷᠢᠭ ᠬᠤᠪᠢᠶᠠᠵᠠᠢ᠃ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠ ᠬᠠᠳᠠᠭᠠᠯᠠᠬᠤ ᠭᠠᠵᠠᠷ ᠲᠤ ᠵᠤᠭᠠᠴᠠᠨ ᠲᠣᠭᠤᠷᠢᠬᠤ ᠶᠢ ᠴᠢᠩᠭ᠎ᠠ ᠬᠤᠷᠢᠭᠯᠠᠨ᠂ ᠠᠮᠢ ᠠᠬᠤᠢ ᠶᠢ ᠬᠠᠮᠠᠭᠠᠯᠠᠬᠤ ᠪᠠᠷ ᠭᠤᠣᠯ ᠪᠣᠯᠭᠠᠵᠤ᠂ ᠤᠰᠤᠨ ᠠᠰᠢᠭᠯᠠᠯᠲᠠ ᠶᠢᠨ ᠠᠮᠢ ᠠᠬᠤᠢ ᠶᠢᠨ ᠣᠨᠴᠠᠯᠢᠭᠲᠤ ᠵᠢᠭᠤᠯᠴᠢᠯᠠᠯ ᠤᠨ ᠦᠢᠯᠡᠰ ᠢ ᠪᠣᠢ ᠪᠣᠯᠭᠠᠬᠤ ᠪᠠᠷ ᠴᠢᠷᠮᠠᠶᠢᠵᠤ ᠪᠠᠶᠢᠨ᠎ᠠ᠃ 2008 ᠣᠨ ᠤ 9 ᠰᠠᠷ᠎ᠠ ᠶᠢᠨ 22 ᠤ ᠡᠳᠦᠷ᠂ ᠤᠰᠤᠨ ᠠᠰᠢᠭᠯᠠᠯᠲᠠ ᠶᠢᠨ ᠶᠠᠮᠤᠨ ᠤ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ ᠤ ᠬᠢᠨᠠᠨ ᠲᠣᠭᠲᠠᠭᠠᠬᠤ ᠵᠦᠪᠯᠡᠯ ᠠᠴᠠ ᠱᠢᠨᠠ ᠤᠰᠤᠨ ᠴᠦᠭᠦᠷᠦᠮ ᠤᠨ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ ᠢ ᠤᠯᠤᠰ ᠤᠨ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ ᠢᠶᠠᠷ ᠲᠣᠭᠲᠠᠭᠠᠪᠠ᠃     ᠪᠠᠶᠢᠭ᠎ᠠ ᠭᠠᠵᠠᠷ᠄ ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ ᠤᠨ ᠦᠯᠵᠡᠶᠢᠮᠦ᠋ᠷᠡᠨ ᠭᠤᠣᠯ ᠤᠨ ᠳᠡᠭᠡᠳᠦ ᠤᠷᠤᠰᠬᠠᠯ ᠳᠤ ᠪᠠᠶᠢᠷᠢᠠᠯᠵᠤ᠂ ᠪᠠᠭᠠᠷᠢᠨ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠠᠭᠤᠭ᠎ᠠ ᠭᠠᠵᠠᠷ — ᠯᠢᠨᠳᠦ᠋ᠩ ᠪᠠᠯᠭᠠᠰᠤ ᠠᠴᠠ 52 ᠺᠢᠯᠤᠮᠧᠲᠷ ᠵᠠᠢ ᠲᠠᠢ᠃     ᠬᠠᠷᠢᠯᠴᠠᠬᠤ ᠤᠲᠠᠰᠤ᠄ 0476 — 7632236
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号