ᠵᠠᠰᠠᠭ ᠤᠨ ᠤᠷᠳᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2015/7/31
                ᠵᠠᠰᠠᠭ ᠤᠨ ᠤᠷᠳᠤᠨ ᠤ ᠠᠵᠢᠯ ᠤᠨ ᠢᠯᠡᠳᠬᠡᠯ                                                                                —— 2013 ᠤᠨ ᠤ 2 ᠰᠠᠷ᠎ᠠ ᠶᠢᠨ 27 ᠤ ᠡᠳᠦᠷ ᠪᠠᠭᠠᠷᠢᠨ ᠵᠡᠬᠦᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ   ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠲᠡᠭᠡᠷ᠎ᠡ                                                                             ᠬᠤᠰᠢᠭᠤ ᠲᠠᠷᠤᠭ᠎ᠠ    ᠭᠤᠤ ᠰᠢ ᠬᠤᠸᠠ                ᠤᠳᠤ ᠪᠢ ᠬᠤᠰᠢᠭᠤᠨ ᠤ ᠵᠠᠰᠠᠭ ᠤᠨ ᠤᠷᠳᠤᠨ ᠢ ᠲᠦᠯᠦᠬᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠃ ᠬᠢᠨᠠᠨ ᠵᠦᠪᠯᠡᠬᠦ ᠪᠤᠯᠪᠠᠤ︕ ᠬᠤᠷᠠᠯ ᠳᠤ ᠰᠤᠯᠠ ᠤᠷᠤᠯᠴᠠᠭᠰᠠᠨ ᠤᠯᠤᠰ ᠲᠦᠷᠦ ᠶᠢᠨ ᠵᠦᠪᠯᠡᠯᠬᠡᠨ ᠤ  ᠬᠡᠰᠢᠬᠦᠳ ᠪᠤᠯᠤᠨ ᠪᠤᠰᠤᠳ ᠨᠦᠬᠦᠳ ᠰᠠᠨᠠᠯ ᠢᠶᠠᠨ ᠲᠤᠷᠠᠳᠬᠤ ᠶᠢ ᠬᠦᠰᠡᠶ᠎ᠡ᠃              ᠨᠢᠬᠡ᠂ 2012 ᠤᠨ ᠤ ᠠᠵᠢᠯ ᠤᠨ ᠡᠷᠬᠢᠴᠡᠬᠦᠯᠦᠯ       ᠦᠡᠭᠬᠡᠷᠡᠭᠰᠡᠨ ᠨᠢᠬᠡ ᠵᠢᠯ ᠳᠤ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠢᠯᠡᠷᠬᠡᠢ ᠠᠮᠵᠢᠯᠳᠠ ᠤᠯᠤᠭᠰᠠᠨ ᠪᠠᠶᠢᠨ᠎ᠠ᠃ ᠨᠢᠬᠡ ᠵᠢᠯ ᠤᠨ ᠲᠤᠳᠤᠷ᠎ᠠ᠂ ᠪᠢᠳᠡ ︽ᠠᠷᠪᠠᠨ ᠬᠤᠶᠠᠳᠤᠭᠠᠷ ᠲᠠᠪᠤᠨ ᠵᠢᠯ︾  ᠤᠨ ᠲᠦᠯᠦᠪᠵᠢᠬᠦᠯᠬᠡ ᠶᠢᠨ ᠡᠬᠢᠯᠡᠯᠳᠡ ᠶᠢᠨ ᠰᠠᠶᠢᠨ ᠰᠠᠶᠢᠬᠠᠨ ᠴᠠᠭ ᠲᠤᠬᠢᠶᠠᠯ ᠲᠠᠢ ᠵᠤᠯᠭᠠᠨ᠂ ᠬᠤᠷᠸ᠎ᠠ ᠤᠷᠴᠢᠨ ᠲᠤᠭᠤᠷᠢᠨ ᠤ ᠪᠠᠶᠢᠳᠠᠯ ᠪᠠᠴᠢᠮ ᠪᠤᠯᠵᠤ᠂ ᠬᠦᠭᠵᠢᠯᠳᠡ ᠶᠢᠨ ᠡᠬᠦᠷᠬᠡ ᠤᠯᠠᠮ ᠬᠦᠨᠳᠦᠷᠡᠵᠤ᠂ ᠬᠦᠴᠢᠷ ᠪᠡᠷᠬᠡᠰᠢᠶᠡᠯ ᠡᠲᠦᠷ ᠢᠷᠡᠬᠦᠶ᠎ᠡ ᠤᠯᠠᠰᠢᠷᠠᠵᠤ ᠪᠠᠶᠢᠬᠤ ᠪᠠᠶᠢᠳᠠᠯ ᠲᠤᠤᠷ᠎ᠠ᠂ ᠬᠤᠰᠢᠭᠤ ᠨᠠᠮ ᠤᠨ ᠬᠤᠷᠢᠶ᠎ᠠ ᠶᠢᠨ ᠰᠢᠢᠳᠪᠦᠷᠢ ᠲᠤᠬᠢᠷᠠᠭᠤᠯᠤᠯᠳᠠ ᠶᠢ ᠰᠠᠶᠢᠳᠤᠷ ᠨᠠᠶᠢᠳᠠᠪᠦᠷᠢᠵᠢᠭᠤᠯᠤᠨ ᠪᠦᠬᠦ ᠰᠡᠳᠬᠢᠯ ᠪᠦᠬᠦ ᠵᠤᠷᠢᠭ ᠢᠶᠠᠷ ᠦᠰᠦᠯᠳᠡ ᠶᠢ ᠲᠤᠭᠳᠠᠭᠤᠨ ᠪᠠᠶᠢᠯᠭᠠᠵᠤ᠂ ᠠᠷᠠᠳ ᠲᠤ ᠠᠰᠢᠭ ᠬᠦᠷᠳᠡᠬᠡᠨ᠂ ᠲᠤᠭᠳᠠᠭᠤᠨ ᠢ ᠪᠠᠳᠤᠯᠠᠵᠤ᠂ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠤᠳᠠᠭᠠᠨ ᠤ ᠬᠤᠷᠠᠯ ᠳᠤ ᠲᠤᠭᠳᠠᠭᠠᠭᠰᠠᠨ ᠡᠯ᠎ᠡ ᠵᠦᠢᠯ ᠤᠨ ᠡᠬᠦᠷᠬᠡ ᠬᠠᠷᠠᠯᠳᠠ ᠶᠢ ᠰᠠᠶᠢᠳᠤᠷ ᠪᠡᠶᠡᠯᠡᠬᠦᠯᠪᠡ᠃        ︵ᠨᠢᠬᠡ︶ ᠶᠡᠷᠦᠩᠬᠡᠶᠢᠯᠡᠭᠰᠡᠨ ᠪᠤᠳᠠᠳᠤ ᠬᠦᠴᠦᠨ ᠰᠢᠨ᠎ᠡ ᠲᠦᠪᠰᠢᠨ ᠳᠤ ᠬᠦᠷᠦᠭᠰᠡᠨ ᠪᠠᠶᠢᠨ᠎ᠠ᠃ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠪᠠ ᠲᠤᠭᠳᠠᠮᠠᠯ ᠬᠦᠷᠦᠩᠬᠡ ᠶᠢᠨ ᠪᠡᠯᠡ ᠤᠷᠤᠯᠠᠭᠤᠯᠤᠯᠳᠠ  ᠴᠦᠮ ᠵᠠᠭᠤᠨ ᠳ᠋ᠦᠡᠭᠰᠢᠭᠤᠷ ᠲᠦᠬᠦᠷᠢᠭ ᠤᠨ ᠪᠤᠭᠤᠮᠳᠠ ᠶᠢ ᠲᠠᠪᠠᠵᠤ᠂ ᠡᠬᠦᠨ ᠤ ᠲᠤᠳᠤᠷ᠎ᠠ᠄ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ 100.2 ᠳ᠋ᠦᠡᠭᠰᠢᠭᠤᠷ ᠲᠦᠬᠦᠷᠢᠭ ᠢ ᠪᠡᠶᠡᠯᠡᠬᠦᠯᠵᠤ᠂ 15.4% ᠪᠠᠷ ᠨᠡᠮᠡᠭᠳᠡᠪᠡ︔ ᠬᠡᠪᠴᠢᠶᠡᠵᠢᠭᠰᠡᠨ ᠲᠤᠭᠳᠠᠮᠠᠯ ᠬᠦᠷᠦᠩᠬᠡ ᠶᠢᠨ ᠪᠡᠯᠡ ᠤᠷᠤᠯᠠᠭᠤᠯᠤᠯᠳᠠ ᠨᠢ110 ᠳ᠋ᠦᠡᠭᠰᠢᠭᠤᠷ ᠲᠦᠬᠦᠷᠢᠭ ᠢ ᠪᠡᠶᠡᠯᠡᠬᠦᠯᠵᠤ᠂ 27.8 % ᠪᠠᠷ ᠨᠡᠮᠡᠭᠳᠡᠪᠡ︔ ᠤᠷᠤᠨ ᠨᠤᠳᠤᠭ ᠤᠨ ᠡᠳ᠋ ᠤᠨ ᠵᠠᠰᠠᠭ ᠤᠨ ᠤᠷᠤᠯᠭ᠎ᠠ 6.5 ᠳ᠋ᠦᠡᠭᠰᠢᠭᠤᠷ ᠲᠦᠬᠦᠷᠢᠭ ᠲᠤ ᠬᠦᠷᠴᠤ᠂ 8 % ᠪᠠᠷ ᠨᠡᠮᠡᠭᠳᠡᠪᠡ︔ ᠡᠳ᠋ ᠤᠨ ᠵᠠᠰᠠᠭ ᠤᠨ ᠵᠠᠷᠤᠯᠭ᠎ᠠ 22.3 ᠳ᠋ᠦᠡᠭᠰᠢᠭᠤᠷ ᠲᠦᠬᠦᠷᠢᠭ ᠢ ᠪᠠᠶᠡᠯᠡᠬᠦᠯᠵᠤ᠂ ᠵᠠᠷᠤᠯᠭ᠎ᠠ ᠨᠢ 5 ᠳ᠋ᠦᠡᠭᠰᠢᠭᠤᠷ ᠲᠦᠬᠦᠷᠢᠭ ᠨᠡᠮᠡᠭᠳᠡᠵᠤ᠂ 29% ᠪᠠᠷ ᠨᠡᠮᠡᠭᠳᠡᠪᠡ︔ ᠨᠡᠶᠢᠬᠡᠮ ᠤᠨ ᠬᠡᠷᠡᠭᠯᠡᠬᠡᠨ ᠤ ᠵᠦᠢᠯᠡᠰ ᠢ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠲᠤᠭ᠎ᠠ ᠨᠢ 28.4 ᠳ᠋ᠦᠡᠭᠰᠢᠭᠤᠷ ᠲᠦᠬᠦᠷᠢᠭ ᠲᠤ ᠬᠦᠷᠴᠤ᠂16.4% ᠪᠠᠷ ᠨᠡᠮᠡᠭᠳᠡᠪᠡ︔ ᠬᠤᠳᠠ ᠪᠠᠯᠭᠠᠰᠤ ᠶᠢᠨ ᠰᠠᠭᠤᠭᠠᠯᠢ ᠠᠷᠠᠳ ᠤᠨ ᠬᠦᠮᠦᠨ ᠪᠦᠷᠢ ᠳᠤ ᠲᠡᠭᠰᠢᠳᠬᠡᠭᠰᠡᠨ ᠵᠠᠷᠤᠵᠤ ᠪᠤᠯᠬᠤ ᠤᠷᠤᠯᠭ᠎ᠠ᠂ ᠮᠠᠯᠴᠢᠨ ᠲᠠᠷᠢᠶᠠᠴᠢᠨ ᠤ ᠬᠦᠮᠦᠨ ᠪᠦᠷᠢ ᠳᠤ ᠲᠡᠭᠰᠢᠳᠬᠡᠭᠰᠡᠨ ᠴᠡᠪᠡᠷ ᠤᠷᠤᠯᠭ᠎ᠠ ᠨᠢ ᠲᠤᠰᠪᠦᠷᠢ 16633 ᠲᠦᠬᠦᠷᠢᠭ ᠪᠠ 6337 ᠲᠦᠬᠦᠷᠢᠭ   ᠲᠤ ᠬᠦᠷᠴᠤ᠂ ᠲᠤᠰ ᠲᠤᠰ13.7% ᠪᠠ 8.6% ᠪᠠᠷ ᠨᠡᠮᠡᠭᠳᠡᠭᠰᠡᠨ ᠪᠠᠶᠢᠨ᠎ᠠ᠃      ︵ᠬᠤᠶᠠᠷ︶ ᠭᠤᠷᠪᠠᠨ ᠠᠵᠤ ᠦᠢᠯᠡᠰ ᠦᠷᠬᠦᠯᠵᠢᠯᠡᠨ ᠲᠤᠭᠳᠠᠭᠤᠨ ᠪᠦᠬᠡᠳ ᠲᠦᠷᠬᠡᠨ ᠬᠦᠭᠵᠢᠭᠰᠡᠨ ᠪᠠᠶᠢᠨ᠎ᠠ᠃ ᠦᠢᠯᠡᠳᠪᠦᠷᠢ ᠠᠵᠤ ᠠᠬᠤᠢ ᠶᠢ ᠬᠦᠴᠦᠷᠬᠡᠭᠵᠢᠬᠦᠯᠵᠤ᠂ ᠲᠠᠷᠢᠶᠠᠯᠠᠩ ᠮᠠᠯ ᠠᠵᠤ ᠠᠬᠤᠢ ᠶᠢ ᠰᠢᠯᠢᠳᠡᠭᠵᠢᠬᠦᠯᠦᠨ᠂ ᠦᠢᠯᠡᠴᠢᠯᠡᠬᠡᠨ ᠤ ᠦᠢᠯᠡᠰ ᠢ ᠬᠦᠭᠵᠢᠬᠦᠯᠵᠤ᠂ ᠭᠤᠷᠪᠠᠨ ᠠᠵᠤ ᠦᠢᠯᠡᠰ ᠤᠨ ᠬᠠᠷᠢᠴᠠᠯ ᠢ 21:46.9:32.1 ᠠᠴᠠ18.8:52:29.2 ᠪᠤᠯᠭᠠᠨ ᠬᠤᠪᠢᠷᠠᠭᠤᠯᠪᠠ᠃ ᠠᠵᠤ ᠦᠢᠯᠡᠳᠪᠦᠷᠢ ᠶᠢᠨ ᠶᠡᠷᠦᠩᠬᠡᠢ ᠬᠡᠮᠵᠢᠶ᠎ᠡ ᠲᠠᠰᠤᠷᠠᠯᠳᠠ ᠦᠬᠡᠢ ᠦᠷᠬᠡᠳᠴᠤ᠂ ᠬᠡᠪᠴᠢᠶᠡᠵᠢᠭᠰᠡᠨ  ᠦᠢᠯᠡᠳᠪᠦᠷᠢ ᠠᠵᠤ ᠠᠬᠤᠶᠢᠯᠠᠯ 3 ᠰᠢᠨ᠎ᠡ ᠪᠠᠷ ᠨᠡᠮᠡᠭᠳᠡᠨ᠂ ᠨᠡᠶᠢᠳᠡ 51 ᠪᠤᠯᠵᠤ᠂ 146 ᠳ᠋ᠦᠡᠭᠰᠢᠭᠤᠷ ᠲᠦᠬᠦᠷᠢᠭ ᠤᠨ ᠦᠢᠯᠡᠳᠬᠦᠨ ᠤ ᠦᠷᠳᠡᠭ ᠢ ᠪᠡᠶᠡᠯᠡᠬᠦᠯᠵᠤ ᠂ 27.8% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠨᠢ 52.2 ᠳ᠋ᠦᠡᠭᠰᠢᠭᠤᠷ ᠲᠦᠬᠦᠷᠢᠭ ᠢ ᠪᠡᠶᠡᠯᠡᠬᠦᠯᠵᠤ᠂ 22.4% ᠪᠠᠷ ᠨᠡᠮᠡᠭᠳᠡᠪᠡ᠃ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠢ ᠦᠢᠯᠡᠳᠪᠦᠷᠢᠯᠡᠯ ᠤᠨ ᠬᠦᠴᠦᠨ ᠲᠤᠭᠳᠠᠭᠤᠨ ᠪᠠᠷ ᠲᠡᠭᠡᠭᠰᠢᠯᠡᠵᠤ᠂ ᠲᠠᠷᠢᠶᠠᠯᠠᠩ ᠠᠵᠤ ᠠᠬᠤᠢ ᠶᠢᠨ ᠲᠠᠷᠢᠬᠤ ᠲᠠᠯᠠᠪᠠᠢ161.6 ᠲᠦᠮᠡᠨ ᠮᠤ᠋᠂ ᠠᠮᠤ ᠪᠤᠳᠠᠭᠠᠨ ᠤ ᠤᠨᠠᠯᠳᠠ 8 ᠳ᠋ᠦᠡᠭᠰᠢᠭᠤᠷ ᠵᠢᠩ ᠬᠦᠷᠴᠤ᠂ ᠮᠠᠯ ᠠᠵᠤ ᠠᠬᠤᠢ  ᠶᠢᠨ ᠵᠢᠯ ᠤᠨ ᠮᠠᠯ ᠤᠨ ᠲᠤᠭ᠎ᠠ 204.6 ᠲᠦᠮᠡᠨ ᠲᠤᠯᠤᠭᠠᠢ ᠳᠤ ᠬᠦᠷᠴᠤ᠂ ᠲᠡᠣᠬᠡ ᠶᠢᠨ ᠰᠢᠨ᠎ᠡ ᠲᠡᠮᠳᠡᠭᠯᠡᠯ ᠢ ᠡᠬᠦᠳᠦᠭᠰᠡᠨ ᠪᠠᠶᠢᠨ᠎ᠠ︔ ᠨᠢᠬᠡᠳᠤᠭᠡᠷ ᠠᠵᠤ ᠦᠢᠯᠡᠰ18.8 ᠳ᠋ᠦ᠋ᠩᠰᠢᠭᠤᠷ ᠲᠦᠬᠦᠷᠢᠭ ᠤᠨ ᠨᠡᠮᠡᠭᠳᠡᠯ ᠦᠷᠳᠡᠭ ᠢ ᠪᠡᠶᠡᠯᠡᠬᠦᠯᠵᠤ᠂ 6.9% ᠪᠠᠷ ᠨᠡᠮᠡᠭᠳᠡᠪᠡ᠃ ᠤᠷᠤᠨ ᠨᠤᠳᠤᠭ ᠤᠨ ᠴᠢᠨᠠᠷᠳᠠᠢ ᠠᠷᠠᠯᠵᠢᠶ᠎ᠠ ᠬᠤᠳᠠᠯᠳᠤᠭ᠎ᠠ ᠶᠢᠨ ᠪᠤᠳᠠᠰ  ᠤᠨ ᠬᠦᠢᠯᠬᠡᠬᠡᠨ ᠤ ᠲᠦᠪ ᠤᠨ ᠪᠦᠳᠦᠬᠡᠨ ᠪᠠᠶᠢᠭᠤᠯᠤᠯᠳᠠ ᠶᠢ ᠠᠬᠢᠭᠤᠯᠵᠤ᠂ ᠪᠦᠬᠦ ᠬᠤᠰᠢᠭᠤᠨ ᠤ ᠰᠢᠨ᠎ᠡ ᠪᠠᠷ ᠨᠡᠮᠡᠭᠳᠡᠭᠰᠡᠨ ᠠᠷᠠᠯᠵᠢᠶ᠎ᠠ ᠬᠤᠳᠠᠯᠳᠤᠭᠠᠨ ᠤ ᠪᠠᠷᠢᠯᠭ᠎ᠠ ᠶᠢᠨ ᠲᠠᠯᠠᠪᠠᠢ 29.5 ᠲᠦᠮᠡᠨ ᠲᠡᠭᠰᠢ ᠲᠦᠷᠪᠡᠯᠵᠢᠨ ᠮᠧᠲᠷ ᠪᠠᠶᠢᠵᠤ᠂ ᠭᠤᠷᠪᠠᠳᠤᠭᠠᠷ ᠠᠵᠤ ᠦᠢᠯᠡᠰ 29.3 ᠳ᠋ᠦᠡᠭᠰᠢᠭᠤᠷ ᠲᠦᠬᠦᠷᠢᠭ ᠤᠨ ᠨᠡᠮᠡᠭᠳᠡᠯ ᠦᠷᠳᠡᠭ ᠢ ᠪᠡᠶᠡᠯᠡᠬᠦᠯᠵᠤ᠂ 9.7% ᠪᠠᠷ ᠨᠡᠮᠡᠭᠳᠡᠨ᠂ ᠠᠭᠠᠵᠢᠮ ᠢᠶᠠᠷ ᠠᠵᠤ ᠠᠬᠤᠢ ᠶᠢᠨ ᠤᠷᠤᠯᠭ᠎ᠠ ᠶᠢ ᠨᠡᠮᠡᠭᠳᠡᠬᠦᠯᠬᠦ ᠰᠢᠨ᠎ᠡ ᠲᠦᠯᠬᠢᠬᠦ ᠬᠦᠴᠦᠨ ᠪᠤᠯᠤᠭᠰᠠᠨ ᠪᠠᠶᠢᠨ᠎ᠠ᠃       ︵ᠭᠤᠷᠪᠠ︶ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠬᠦᠨᠵᠡᠬᠡᠢ ᠲᠦᠯᠬᠢᠨ ᠠᠬᠢᠭᠤᠯᠤᠭᠰᠠᠨ ᠪᠠᠶᠢᠨ᠎ᠠ᠃ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠪᠠᠷ ᠠᠵᠤ ᠠᠬᠤᠢ ᠶᠢᠨ ᠤᠷᠤᠯᠭ᠎ᠠ ᠶᠢ ᠨᠡᠮᠡᠭᠳᠡᠬᠦᠯᠬᠦ ᠬᠦᠴᠦᠨ ᠪᠤᠯᠭᠠᠵᠤ᠂ 3000 ᠲᠦᠮᠡᠨ ᠲᠦᠬᠦᠷᠢᠭ ᠢ ᠲᠠᠪᠠᠭᠰᠠᠨ 70 ᠭᠤᠤᠯᠳᠠᠯᠭ᠎ᠠ ᠲᠠᠢ ᠲᠦᠷᠦᠯ ᠵᠦᠢᠯ ᠳᠤ ᠪᠡᠯᠡ ᠤᠷᠤᠭᠤᠯᠵᠤ᠂ 81.8 ᠳ᠋ᠦᠡᠭᠰᠢᠭᠤᠷ ᠲᠦᠬᠦᠷᠢᠭ ᠪᠡᠯᠡ ᠤᠷᠤᠭᠤᠯᠪᠠ᠃ ᠢᠦᠢ ᠪᠠᠨᠭ᠌ ᠠᠭᠤᠷᠬᠠᠢ  ᠶᠢᠨ ᠦᠢᠯᠡᠰ ᠤᠨ 3000 ᠳᠤᠨ ᠤ ᠬᠦᠳᠡᠷ ᠰᠤᠩᠭᠤᠬᠤ ᠨᠢᠬᠡᠳᠤᠭᠡᠷ ᠬᠤᠭᠤᠴᠠᠭᠠᠨ ᠤ ᠪᠠᠷᠢᠯᠭ᠎ᠠ᠂ ᠢᠦᠢ ᠹᠸᠡᠭ ᠠᠭᠤᠷᠬᠠᠢ ᠶᠢᠨ ᠦᠢᠯᠡᠰ ᠤᠨ 1000 ᠲᠤᠨ ᠬᠦᠳᠡᠷ ᠰᠤᠩᠭᠤᠬᠤ ᠪᠠᠷᠢᠯᠭ᠎ᠠ᠂ ᠯᠤ᠋ ᠮᠸᠡᠭ ᠱᠦᠢᠨᠢ ᠶᠢᠨ ᠦᠢᠯᠡᠳᠪᠦᠷᠢ ᠶᠢᠨ 2500 ᠲᠤᠨ ᠪᠤᠯᠭᠤᠭᠰᠠᠨ ᠮᠠᠲ᠋ᠧᠷᠢᠶᠠᠯ ᠦᠢᠯᠡᠳᠪᠦᠷᠢᠯᠡᠬᠦ ᠪᠠᠷᠢᠯᠭ᠎ᠠ᠂ ᠳ᠋ᠠ ᠲᠠᠩ ᠰᠢᠨ᠎ᠡ ᠡᠨᠧᠷᠬᠢ ᠶᠢᠨ 30 ᠲᠦᠮᠡᠨ ᠺᠢᠯᠤᠸᠤᠯᠲ ᠰᠠᠯᠬᠢᠨ ᠴᠠᠬᠢᠯᠭᠠᠨ ᠪᠠᠷ ᠲᠤᠯᠠᠭᠠᠯᠠᠮᠵᠢ ᠬᠠᠨᠭ᠍ᠭᠠᠬᠤ ᠵᠢᠱᠢᠶ᠎ᠡ ᠦᠵᠡᠬᠦᠯᠬᠦ ᠨᠢᠬᠡᠳᠤᠭᠡᠷ ᠬᠤᠭᠤᠴᠠᠭᠠᠨ ᠤ ᠪᠠᠷᠢᠯᠭ᠎ᠠ ᠵᠡᠷᠬᠡ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠲᠠᠭᠤᠰᠬᠠᠵᠤ᠂ 10 ᠲᠦᠮᠡᠨ ᠲᠤᠨ‌‍ᠲ᠋ᠤᠭᠤᠯᠭ᠎ᠠ ᠬᠠᠶᠢᠯᠤᠭᠤᠯᠤᠨ ᠪᠤᠯᠪᠠᠰᠤᠷᠠᠭᠤᠯᠬᠤ᠂ ᠱᠠᠨ ᠶᠢᠨ ᠬᠤᠨᠭ᠌ ᠯᠢᠩ ᠤᠨ 5000 ᠲᠤᠨ  ᠤ ᠦᠷᠬᠡᠳᠬᠡᠨ ᠪᠠᠶᠢᠭᠤᠯᠬᠤ ᠪᠠᠷᠢᠯᠭ᠎ᠠ᠂ ᠲᠤᠮᠳᠠᠳᠤ ᠤᠯᠤᠰ ᠤᠨ ᠦᠡᠭᠬᠡᠳᠤ ᠲᠡᠮᠦᠷᠯᠢᠭ ᠤᠨ ᠪᠠᠶᠠᠨᠨᠢᠷᠤᠭᠤ ᠠᠭᠤᠷᠬᠠᠢ ᠶᠢᠨ 3500 ᠲᠤᠨ ᠤ ᠦᠷᠬᠡᠳᠬᠡᠨ ᠪᠠᠶᠢᠭᠤᠯᠬᠤ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠠᠬᠢᠭᠤᠯᠵᠤ᠂ ᠱᠡᠩ ᠵᠢᠩ ᠠᠷᠠᠯᠵᠢᠶ᠎ᠠ ᠬᠤᠳᠠᠯᠳᠤᠭᠠᠨ ᠤ ᠲᠠᠯᠠᠪᠠᠢ ᠵᠡᠷᠬᠡ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠠᠬᠢᠴᠠ ᠨᠡᠯᠢᠶᠡᠳ ᠤᠷᠤᠭᠰᠢᠳᠠᠢ ᠪᠠᠶᠢᠵᠤ᠂ ᠲᠢᠶᠠᠨ ᠭᠤᠸᠠᠨ 10 ᠲᠦᠮᠡᠨ ᠲᠤᠯᠤᠭᠠᠢ ᠠᠯᠠᠰᠢᠨ ᠦᠬᠡᠷ ᠠᠯᠠᠵᠤ ᠡᠳ᠋ᠰᠢᠯᠡᠬᠦᠯᠬᠦ᠂ ᠲᠢᠶᠠᠨ ᠽᠧ ᠠᠮᠢᠳᠤ ᠪᠤᠳᠠᠰ ᠤᠨ 5 ᠲᠦᠮᠡᠨ ᠲᠤᠨ ᠲᠦᠮᠦᠰᠦ ᠨᠠᠷᠢᠯᠢᠭ ᠪᠤᠯᠪᠠᠰᠤᠷᠠᠭᠤᠯᠬᠤ ᠬᠤᠶᠠᠳᠤᠭᠠᠷ ᠬᠤᠭᠤᠴᠠᠭᠠᠨ ᠤ ᠪᠠᠷᠢᠯᠭ᠎ᠠ᠂ ᠲᠢᠶᠠᠨ ᠭᠤᠸᠠᠨ‌‍ᠲ᠋ᠡᠷᠢᠬᠦᠨ ᠤ ᠬᠤᠳᠠ ᠶᠢᠨ ᠶᠡᠷᠦᠩᠬᠡᠢ ᠴᠤᠭᠴᠠ᠂ ᠪᠠᠩᠬᠢ ᠶᠢᠨ ᠬᠤᠯᠪᠤᠭᠠᠨ ᠤ ᠠᠷᠠᠯᠵᠢᠶ᠎ᠠ ᠬᠤᠳᠠᠯᠳᠤᠭ᠎ᠠ ᠶᠢᠨ ᠪᠤᠳᠠᠰ ᠤᠨ ᠬᠦᠢᠯᠬᠡᠬᠡᠨ ᠤ ᠲᠦᠪ᠂ ᠴᠧᠨ ᠶᠠᠩ ᠠᠷᠠᠯᠵᠢᠶ᠎ᠠ ᠬᠤᠳᠠᠯᠳᠤᠭᠠᠨ ᠤ ᠶᠡᠷᠦᠩᠬᠡᠢ ᠴᠤᠭᠴᠠ ᠵᠡᠷᠬᠡ ᠨᠢᠬᠡ ᠪᠦᠯᠦᠭ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠡᠬᠢᠯᠡᠬᠦᠯᠪᠡ᠃ ᠪᠦᠬᠦ ᠵᠢᠯ ᠳᠤ ᠤᠯᠤᠰ᠂ ᠦᠪᠡᠷᠳᠡᠬᠡᠨ ᠵᠠᠰᠠᠬᠤ ᠤᠷᠤᠨ᠂ ᠬᠤᠳᠠ ᠶᠢᠨ ᠪᠡᠯᠡ ᠤᠷᠤᠭᠤᠯᠤᠭᠰᠠᠨ ᠲᠦᠷᠦᠯ ᠵᠦᠢᠯ ᠢ 264 ᠲᠡᠮᠡᠴᠡᠨ ᠤᠯᠵᠤ᠂ 6.5 ᠳ᠋ᠦᠡᠭᠰᠢᠭᠤᠷ ᠲᠦᠬᠦᠷᠢᠭ ᠨᠠᠶᠢᠳᠠᠪᠦᠷᠢᠵᠢᠭᠤᠯᠵᠤ᠂ ᠪᠦᠬᠦ ᠬᠤᠳᠠ ᠶᠢᠨ ᠲᠡᠷᠢᠬᠦᠨ ᠡᠩᠨᠡᠬᠡᠨ ᠳᠤ ᠤᠷᠤᠪᠠ᠃       ︵ᠲᠦᠷᠪᠡ︶ ᠠᠵᠤ ᠦᠢᠯᠡᠰ ᠤᠨ ᠪᠦᠳᠦᠴᠡ ᠶᠢᠨ ᠲᠤᠬᠢᠷᠠᠭᠤᠯᠤᠯᠳᠠ ᠶᠢ ᠤᠯᠠᠮ ᠰᠢᠯᠢᠳᠡᠭᠵᠢᠬᠦᠯᠦᠨ ᠠᠬᠢᠭᠤᠯᠤᠭᠰᠠᠨ ᠪᠠᠶᠢᠨ᠎ᠠ᠃  ᠦᠡᠭᠬᠡᠳᠤ ᠲᠡᠮᠦᠷᠯᠢᠭ ᠤᠨ ᠠᠵᠤ ᠦᠢᠯᠡᠰ ᠢ ᠰᠠᠶᠢᠳᠤᠷ ᠠᠳᠬᠤᠬᠤ ᠶᠢᠨ ᠬᠠᠮᠳᠤ ᠦᠢᠯᠡᠳᠪᠦᠷᠢ ᠠᠵᠤ ᠠᠬᠤᠢ ᠶᠢᠨ ᠤᠯᠠᠨ ᠲᠦᠷᠦᠯ ᠢᠶᠠᠷ ᠬᠦᠭᠵᠢᠬᠦ ᠶᠢ ᠬᠦᠴᠦᠳᠡᠢ ᠲᠦᠯᠬᠢᠨ ᠠᠬᠢᠭᠤᠯᠤᠨ᠎ᠠ᠃160 ᠲᠦᠮᠡᠨ ᠲᠤᠨ ᠬᠦᠷᠡᠩ ᠨᠡᠬᠦᠷᠡᠰᠦᠨ ᠤ ᠴᠢᠨᠡᠷ ᠢ ᠲᠡᠭᠡᠭᠰᠢᠯᠡᠬᠦᠯᠬᠦ ᠪᠠ ᠲᠤᠰᠤᠨ ᠤᠳᠤᠭ᠎ᠠ ᠶᠢ ᠠᠷᠢᠯᠭᠠᠬᠤ 20 ᠲᠦᠮᠡᠨ ᠲᠤᠨ ᠰᠡᠶᠢᠮᠡᠭᠡᠷ ᠲᠡᠮᠦᠷ ᠤᠨ ᠲᠦᠷᠦᠯ ᠵᠦᠢᠯ ᠢ ᠬᠡᠷ᠎ᠡ ᠲᠤᠭᠳᠠᠭᠠᠨ᠂ ᠬᠤᠷᠭᠤᠯᠵᠢᠨ ᠴᠡᠨᠡᠭ ᠤᠨ ᠴᠠᠬᠢᠯᠭᠠᠨ ᠬᠤᠷᠢᠶᠠᠭᠤᠷ ᠵᠡᠷᠬᠡ ᠲᠦᠷᠦᠯ ᠵᠦᠢᠯ ᠤᠨ ᠡᠮᠤᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠳᠤᠳᠠᠢ ᠲᠦᠯᠬᠢᠨ ᠠᠬᠢᠭᠤᠯᠪᠠ᠃ ᠠᠵᠤ ᠦᠢᠯᠡᠳᠪᠦᠷᠢ ᠶᠢᠨ ᠲᠤᠭᠤᠷᠢᠭ ᠲᠤ 2 ᠠᠵᠤ ᠠᠬᠤᠶᠢᠯᠠᠯ ᠰᠢᠨ᠎ᠡ ᠪᠠᠷ ᠨᠡᠮᠡᠭᠳᠡᠵᠤ᠂ ᠦᠢᠯᠡᠳᠬᠦᠨ ᠤ ᠦᠷᠳᠡᠭ ᠢ 33.2 ᠳ᠋ᠦᠡᠭᠰᠢᠭᠤᠷ ᠲᠦᠬᠦᠷᠢᠭ ᠪᠡᠶᠡᠯᠡᠬᠦᠯᠦᠨ᠂ 23.6% ᠪᠠᠷ ᠨᠡᠮᠡᠭᠳᠡᠬᠦᠯᠪᠡ᠃  ᠤᠨᠴᠠᠯᠢᠭᠳᠤ ᠲᠠᠷᠢᠶᠠᠯᠠᠩ ᠮᠠᠯ ᠠᠵᠤ ᠠᠬᠤᠢ ᠶᠢ ᠶᠡᠬᠡᠪᠡᠷ ᠬᠦᠭᠵᠢᠬᠦᠯᠵᠤ᠂ ᠲᠤᠵᠤᠤ ᠶᠢᠨ ᠰᠦᠷᠡᠯ ᠤᠨ ᠲᠠᠷᠢᠵᠤ ᠤᠷᠭᠤᠭᠤᠯᠬᠤ ᠬᠡᠪᠴᠢᠶ᠎ᠠ ᠶᠢ 35 ᠲᠦᠮᠡᠨ ᠮᠤ᠋ ᠪᠠᠷ ᠪᠠᠳᠤᠯᠠᠵᠤ᠂ 15 ᠲᠦᠮᠡᠨ ᠲᠤᠯᠤᠭᠠᠢ ᠠᠯᠠᠰᠢᠨ ᠡᠯᠵᠢᠬᠡ ᠲᠡᠵᠢᠬᠡᠨ ᠦᠷᠡᠵᠢᠬᠦᠯᠪᠡ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠳᠬᠦᠨ ᠢ ᠨᠡᠮᠡᠭᠳᠡᠬᠦᠯᠵᠤ ᠦᠷ᠎ᠡ ᠠᠰᠢᠭ ᠢ  ᠨᠢ ᠲᠡᠭᠡᠭᠰᠢᠯᠡᠬᠦᠯᠬᠦ ᠪᠠᠷ ᠬᠠᠷᠠᠯᠳᠠ ᠪᠤᠯᠭᠠᠨ᠂ ᠡᠷᠳᠡᠨᠢ ᠰᠢᠰᠢ ᠶᠢᠨ ᠪᠦᠷᠬᠦᠪᠴᠢᠳᠤ ᠲᠤᠰᠤᠯᠭᠠᠨ‌ᠤᠰᠤᠯᠠᠯᠳᠠ ᠶᠢ 12.3 ᠲᠦᠮᠡᠨ ᠮᠤ᠋ ᠦᠷᠬᠡᠳᠬᠡᠨ᠂ ᠲᠦᠬᠦᠬᠡᠷᠦᠮᠵᠢᠳᠤ ᠲᠠᠷᠢᠶᠠᠯᠠᠩ ᠢ 5000 ᠲᠦᠮᠡᠨ ᠮᠤ᠋ ᠨᠡᠮᠡᠭᠳᠡᠬᠦᠯᠪᠡ᠃ ᠪᠦᠬᠦ ᠬᠤᠰᠢᠭᠤᠨ ᠳᠤ 41 ᠠᠵᠤ ᠠᠬᠤᠶᠢᠯᠠᠯ ᠤᠨ ᠪᠤᠷᠤᠯᠠᠭᠤᠯᠭ᠎ᠠ ᠶᠢᠨ ᠤᠷᠤᠯᠭ᠎ᠠ ᠨᠢ 100 ᠲᠦᠮᠡᠨ ᠲᠦᠬᠦᠷᠢᠭ ᠠᠴᠠ ᠲᠠᠪᠠᠵᠤ᠂ 24 ᠳ᠋ᠦᠡᠭᠰᠢᠭᠤᠷ ᠲᠦᠬᠦᠷᠢᠭ ᠤᠨ ᠤᠷᠤᠯᠭ᠎ᠠ ᠶᠢ ᠪᠡᠶᠡᠯᠡᠬᠦᠯᠵᠠᠢ᠃ ᠠᠷᠠᠯᠵᠢᠶ᠎ᠠ ᠬᠤᠳᠠᠯᠳᠤᠭ᠎ᠠ ᠶᠢᠨ ᠪᠤᠳᠠᠰ ᠤᠨ ᠬᠦᠢᠯᠬᠡᠬᠡᠨ ᠤ ᠬᠦᠭᠵᠢᠯᠳᠡ ᠶᠢ ᠴᠢᠬᠤᠯᠠ ᠪᠠᠶᠢᠷᠢᠨ ᠳᠤ ᠲᠠᠯᠪᠢᠵᠤ᠂ ᠱᠠᠩ ᠵᠢᠩ ᠪᠤᠳᠠᠰ ᠤᠨ ᠬᠦᠢᠯᠬᠡᠬᠡᠨ ᠤ ᠲᠤᠭᠤᠷᠢᠭ ᠤᠨ ᠪᠠᠶᠢᠭᠤᠯᠤᠯᠳᠠ ᠶᠢ ᠡᠬᠢᠯᠡᠬᠦᠯᠤᠨ ᠰᠢᠪᠳᠤᠯᠤᠯᠳᠠ ᠲᠠᠢ ᠪᠠᠶᠢᠵᠤ᠂ ᠵᠢᠯ ᠤᠨ ᠲᠤᠳᠤᠷ᠎ᠠ 6 ᠠᠵᠤ ᠠᠬᠤᠶᠢᠯᠠᠯ ᠤᠷᠤᠵᠤ ᠰᠠᠭᠤᠷᠢᠰᠢᠪᠠ᠃ ᠮᠦᠡᠭᠬᠦᠨ ᠬᠦᠢᠯᠬᠡᠬᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ ᠲᠤᠭ᠎ᠠ ᠨᠢ 50.6 ᠳ᠋ᠦᠡᠭᠰᠢᠭᠤᠷ ᠲᠦᠬᠦᠷᠢᠭ ᠪᠠᠶᠢᠵᠤ᠂ ᠵᠢᠬᠡᠯᠡᠯᠬᠡ ᠶᠢᠨ ᠲᠤᠭ᠎ᠠ 21 ᠳ᠋ᠦᠡᠭᠰᠢᠭᠤᠷ ᠲᠦᠬᠦᠷᠢᠭ ᠲᠤ ᠬᠦᠷᠴᠤ᠂ ᠲᠤᠰ ᠪᠦᠷᠢ 3.1% ᠪᠤᠯᠤᠨ 20% ᠪᠠᠷ ᠨᠡᠮᠡᠭᠳᠡᠪᠡ᠃        ︵ᠲᠠᠪᠤ︶ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢᠨ ᠦᠷ᠎ᠡ ᠪᠦᠳᠦᠮᠵᠢ ᠢᠯᠡᠷᠬᠡᠢ ᠪᠤᠯᠵᠠᠢ︔ ︽ᠰᠤᠶᠤᠯ ᠤᠨ ᠨᠠᠷᠡᠳᠤ ᠬᠤᠳᠠ᠂ ᠠᠭᠤᠯᠠ ᠤᠰᠤ ᠲᠠᠢ ᠰᠢᠨ᠎ᠡ ᠬᠤᠳᠠ᠂ ᠰᠠᠭᠤᠷᠢᠰᠢᠬᠤ ᠳᠤ ᠲᠠᠭᠠᠯᠠᠮᠵᠢᠳᠠᠢ ᠭᠤᠶᠤ ᠬᠤᠳᠠ︾ ᠶᠢ ᠪᠠᠶᠢᠭᠤᠯᠬᠤ ᠬᠠᠷᠠᠯᠳᠠ ᠶᠤᠰᠤᠭᠠᠷ ᠬᠤᠳᠠ ᠶᠢᠨ ᠪᠠᠷᠠᠭᠤᠨ ᠲᠡᠬᠦᠷᠬᠡ ᠶᠢᠨ ᠨᠡᠬᠡᠬᠡᠨ ᠬᠦᠭᠵᠢᠯᠳᠡ ᠶᠢ ᠲᠦᠷᠬᠡᠳᠬᠡᠵᠤ᠂ ᠵᠢᠯ ᠤᠨ ᠲᠤᠳᠤᠷ᠎ᠠ 19 ᠳ᠋ᠦᠡᠭᠰᠢᠭᠤᠷ ᠲᠦᠬᠦᠷᠢᠭ ᠤᠨ ᠪᠡᠯᠡ ᠤᠷᠤᠭᠤᠯᠪᠠ᠃ ᠬᠢᠳᠠᠨ ᠲᠠᠯᠠᠪᠠᠢ᠂ ᠯᠢ ᠱᠠᠨ ᠴᠡᠴᠡᠷᠯᠢᠭ᠂ ᠰᠢᠷᠭ᠎ᠠ ᠶᠢᠨ ᠭᠤᠤᠯ ᠤᠨ ᠤᠰᠤᠨ ᠵᠠᠮ ᠢ ᠶᠡᠷᠦᠩᠬᠡᠶᠢᠯᠡᠨ ᠵᠠᠰᠠᠬᠤ ᠵᠡᠷᠬᠡ ᠬᠤᠳᠠ ᠶᠢᠨ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠦᠨᠳᠦᠰᠤᠨ ᠳᠡᠭᠡᠨ ᠪᠡᠶᠡᠯᠡᠬᠦᠯᠪᠡ᠃ ᠬᠤᠳᠠ ᠶᠢᠨ ᠬᠡᠪᠴᠢᠶᠡᠨ ᠳᠠᠬᠢ 303 ᠱᠤᠭᠤᠮ ᠢ ᠵᠠᠰᠠᠵᠤ ᠦᠬᠡᠷᠡᠴᠢᠯᠡᠬᠦ ᠢᠨᠵᠧᠨᠧᠷᠢᠩ ᠤᠨ ᠪᠠᠷᠢᠯᠭ᠎ᠠ ᠶᠢ ᠲᠠᠭᠤᠰᠬᠠᠪᠠ᠃ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠤᠷᠤᠨ ᠰᠠᠭᠤᠴᠠ ᠪᠠ ᠬᠤᠳᠠ ᠬᠦᠳᠡᠭᠡ  ᠶᠢᠨ ᠪᠦᠳᠦᠬᠡᠨ ᠪᠠᠶᠢᠭᠤᠯᠤᠯᠳᠠ ᠶᠢᠨ ᠲᠤᠪᠴᠢᠶ᠎ᠠ᠂ ᠤᠢ ᠰᠢᠭᠤᠢ ᠶᠢᠨ ᠲᠤᠪᠴᠢᠶ᠎ᠠ ᠵᠡᠷᠬᠡ 5 ᠨᠢᠬᠡᠴᠡ ᠶᠢᠨ ᠪᠠᠷᠢᠯᠭ᠎ᠠ ᠨᠢᠬᠡᠨᠳᠡ ᠬᠡᠷᠡᠭᠯᠡᠬᠡᠨ ᠳᠤ ᠤᠷᠤᠵᠤ᠂ 6 ᠨᠢᠬᠡᠴᠡ ᠨᠢᠬᠡᠨᠳᠡ ᠨᠦᠬᠦᠴᠡᠯ ᠢᠶᠠᠨ ᠪᠦᠷᠢᠳᠦᠬᠦᠯᠵᠤ ᠬᠡᠷᠡᠭᠯᠡᠬᠡᠨ  ᠳᠤ ᠤᠷᠤᠭᠤᠯᠬᠤ ᠪᠠᠷ ᠪᠤᠯᠪᠠ᠃ 45 ᠲᠦᠮᠡᠨ ᠲᠡᠭᠰᠢ ᠲᠦᠷᠪᠡᠯᠵᠢᠨ ᠮᠧᠲᠷ ᠬᠤᠳᠠᠯᠳᠤᠭ᠎ᠠ ᠪᠤᠯᠤᠨ ᠤᠷᠤᠨ ᠰᠠᠭᠤᠴᠠ ᠶᠢᠨ ᠶᠡᠷᠦᠩᠬᠡᠶᠢᠯᠡᠭᠰᠡᠨ ᠠᠰᠠᠷ ᠢ ᠨᠡᠬᠡᠬᠡᠨ ᠬᠦᠭᠵᠢᠬᠦᠯᠬᠦ ᠲᠦᠷᠦᠯ ᠵᠦᠢᠯ ᠤᠨ ᠪᠠᠷᠢᠯᠭ᠎ᠠ ᠡᠬᠢᠯᠡᠬᠦᠯᠦᠨ᠂ ᠵᠠᠷᠢᠮ ᠵᠢᠵᠢᠭ ᠲᠤᠭᠤᠷᠢᠭ ᠤᠨ ᠭᠤᠤᠯ ᠴᠤᠭᠴᠠ ᠶᠢᠨ ᠢᠨᠵᠧᠨᠧᠷᠢᠩ ᠨᠢᠬᠡᠨᠳᠡ ᠲᠠᠭᠤᠰᠪᠠ᠃ ᠯᠢᠨᠳᠦ᠋ᠡᠭ ᠬᠤᠳᠠ  ᠶᠢᠨ ᠶᠢᠨ ᠬᠡᠪᠴᠢᠶ᠎ᠠ17 ᠲᠡᠭᠰᠢ ᠲᠦᠷᠪᠡᠯᠵᠢᠨ ᠺᠢᠯᠤᠮᠧᠲᠷ ᠦᠷᠬᠡᠵᠢᠵᠤ᠂ ᠬᠤᠳᠠ ᠶᠢᠨ ᠬᠦᠮᠦᠨ ᠠᠮᠠ11.8 ᠲᠦᠮᠡ ᠳᠤ ᠬᠦᠷᠴᠡᠢ᠃ ᠰᠢᠨ᠎ᠡ ᠬᠤᠳᠠ ᠲᠤᠭᠤᠷᠢᠭ ᠤᠨ ᠲᠦᠷᠢ ᠲᠦᠷᠬᠦ ᠦᠨᠳᠦᠰᠦᠨ ᠳᠡᠭᠡᠨ ᠪᠦᠷᠢᠯᠳᠦᠵᠤ᠂ ᠬᠤᠳᠠ ᠶᠢᠨ ᠪᠠᠷᠠᠭᠤᠨ ᠲᠡᠬᠦᠷᠬᠡ ᠶᠢᠨ ᠪᠦᠳᠦᠬᠡᠨ ᠪᠠᠶᠢᠭᠤᠯᠤᠯᠳᠠ ᠨᠢ ᠪᠦᠬᠦ ᠤᠯᠤᠰ ᠤᠨ ᠤᠷᠤᠨ ᠰᠠᠭᠤᠴᠡ ᠶᠢᠨ ᠰᠤᠩᠭᠤᠳᠠᠭ ᠪᠠᠷᠢᠯᠭ᠎ᠠ ᠶᠢᠨ ᠲᠦᠯᠦᠪᠯᠡᠭᠡ ᠶᠢᠨ ᠶᠡᠷᠦᠩᠬᠡᠢ ᠴᠢᠨᠠᠷᠳᠠᠢ ᠠᠯᠳᠠᠨ ᠮᠧᠲᠠᠯ ᠤᠨ ᠱᠠᠩᠨᠠᠯ ᠬᠦᠷᠳᠡᠪᠡ᠃ ᠬᠠᠭᠤᠴᠢᠨ ᠬᠤᠳᠠ ᠲᠤᠭᠤᠷᠢᠭ ᠤᠨ ᠦᠬᠡᠷᠡᠴᠢᠯᠡᠯᠳᠡ ᠶᠢ ᠪᠠᠳᠤᠳᠠᠢ ᠲᠦᠯᠬᠢᠨ ᠠᠬᠢᠭᠤᠯᠵᠤ᠂ ᠰᠢᠶᠤᠤ ᠴᠢᠩ ᠡᠾᠧ ᠭᠤᠤᠯ ᠤᠨ ᠭᠠᠵᠠᠷ ᠤᠷᠤᠨ ᠢ ᠶᠡᠷᠦᠩᠬᠡᠶᠢᠯᠡᠨ ᠵᠠᠰᠠᠬᠤ᠂ ᠪᠸᠢ ᠱᠠᠨ ᠴᠡᠴᠡᠷᠯᠢᠭ ᠵᠠᠰᠠᠵᠤ ᠦᠬᠡᠷᠡᠴᠢᠯᠡᠬᠦ ᠬᠤᠶᠠᠳᠤᠭᠠᠷ ᠬᠤᠭᠤᠴᠠᠭᠠᠨ ᠤ ᠪᠠᠷᠢᠯᠭ᠎ᠠ ᠨᠢᠬᠡᠨᠳᠡ ᠲᠡᠭᠤᠰᠪᠠ᠃ ᠵᠠᠮ ᠨᠡᠪᠳᠡᠷᠡᠯᠬᠡ᠂ ᠤᠰᠤᠨ ᠠᠰᠢᠭᠯᠠᠯᠳᠠ᠂ ᠴᠠᠬᠢᠯᠭᠠᠨ ᠬᠦᠴᠦᠨ ᠤ ᠭᠤᠤᠯᠳᠠᠯᠭ᠎ᠠ ᠲᠠᠢ ᠲᠦᠷᠦᠯ ᠵᠦᠢᠯ ᠢ ᠲᠡᠮᠡᠴᠡᠨ ᠤᠯᠬᠤ ᠠᠵᠢᠯ ᠰᠢᠨ᠎ᠡ ᠠᠮᠵᠢᠯᠳᠠ ᠲᠠᠢ ᠪᠠᠶᠢᠵᠤ᠂ ᠮᠤᠵᠢ ᠶᠢᠨ ᠵᠠᠮ 307 ᠱᠤᠭᠤᠮ ᠤᠨ ᠰᠢᠶᠠ ᠡᠾᠦ᠋ᠸᠧ ᠹᠠᠨᠭ᠌ ᠠᠴᠠ ᠬᠦᠨᠳᠦᠯᠡᠨ ᠬᠦᠷᠬᠦ ᠵᠠᠮ ᠶᠢ ᠨᠢᠬᠡᠨᠳᠡ ᠲᠡᠪᠢᠰᠴᠤ᠂ ᠵᠢᠨᠢᠩ ᠠᠴᠠ ᠲᠦᠡᠭᠯᠢᠶᠤᠤ ᠬᠦᠷᠬᠦ ᠲᠡᠮᠦᠷ ᠵᠠᠮ ᠤᠨ ᠪᠠᠭᠠᠷᠢᠨ ᠵᠡᠬᠦᠨ ᠬᠤᠰᠢᠭᠤᠨ ᠤ ᠬᠡᠰᠡᠭ ᠢ ᠵᠠᠰᠠᠬᠤ ᠠᠵᠢᠯ ᠦᠨᠳᠦᠰᠦᠨ ᠳᠡᠭᠡᠨ ᠲᠠᠭᠤᠰᠴᠤ᠂ ᠬᠤ᠋ ᠪᠦᠸᠧ ᠭᠸᠤ ᠤᠰᠤᠨ ᠴᠦᠬᠦᠷᠦᠮ ᠤᠨ ᠪᠠᠶᠢᠭᠤᠯᠤᠯᠳᠠ ᠶᠢ ᠡᠬᠢᠯᠡᠵᠤ ᠲᠦᠯᠦᠪᠯᠡᠨ᠂ ᠰᠢᠨ᠎ᠡ ᠬᠤᠳᠠ ᠶᠢᠨ ᠬᠦᠴᠦᠳᠡᠯ ᠦᠬᠡᠷᠡᠴᠢᠯᠡᠬᠦ ᠦᠷᠳᠡᠭᠡ ᠪᠠᠶᠢᠭᠤᠯᠤᠭᠳᠠᠵᠤ ᠠᠰᠢᠭᠯᠠᠯᠳᠠ  ᠳᠤ ᠤᠷᠤᠪᠠ᠃        ︵ᠵᠢᠷᠭᠤᠭ᠎ᠠ︶ ᠬᠢᠳᠠᠨ ᠤ ᠯᠢᠶᠤᠤ ᠶᠢᠨ ᠰᠤᠶᠤᠯ ᠤᠨ ᠠᠵᠤ ᠦᠢᠯᠡᠰ ᠪᠤᠳᠠᠳᠠᠢ ᠰᠢᠪᠳᠤᠯᠤᠯᠳᠠ ᠭᠠᠷᠭᠠᠭᠰᠠᠨ ᠪᠠᠶᠢᠨ᠎ᠠ᠃ ᠱᠠᠩ ᠵᠢᠩ ᠬᠢᠳᠠᠨ ᠤ ᠯᠢᠶᠤᠤ ᠶᠢᠨ ᠰᠤᠶᠤᠯ ᠤᠨ ᠠᠵᠤ ᠦᠢᠯᠡᠰ ᠤᠨ ᠬᠦᠷᠢᠶᠡᠯᠡᠩ ᠪᠦᠬᠦ ᠤᠷᠤᠨ ᠤ ︽ᠠᠷᠪᠠᠨ ᠬᠤᠶᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢᠨ ᠬᠤᠭᠤᠴᠠᠭᠠᠨ ᠤ ᠰᠤᠶᠤᠯ ᠤᠨ ᠦᠢᠯᠡᠰ ᠤᠨ ᠭᠤᠤᠯᠳᠠᠯᠭ᠎ᠠ ᠲᠠᠢ ᠲᠦᠷᠦᠯ ᠵᠦᠢᠯ ᠤᠨ ᠡᠩᠨᠡᠬᠡᠨ ᠳᠤ ᠤᠷᠤᠵᠤ᠂ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠵᠢᠯ ᠬᠤᠪᠢᠶᠠᠨ 1.4 ᠳ᠋ᠦᠡᠭᠰᠢᠭᠤᠷ ᠲᠦᠬᠦᠷᠢᠭ ᠤᠨ ᠪᠡᠯᠡ ᠮᠦᠡᠭᠬᠦ ᠲᠠᠮᠵᠢᠬᠦ ᠪᠠᠷ ᠪᠤᠯᠪᠠ᠃ ᠠᠵᠤ ᠦᠢᠯᠡᠰ ᠤᠨ ᠲᠤᠭᠤᠷᠢᠭ ᠤᠨ ᠨᠢᠬᠡᠳᠤᠬᠡᠷ ᠬᠤᠭᠤᠴᠠᠭᠠᠨ ᠤ ᠢᠨᠵᠧᠨᠧᠷᠢᠩ ᠲᠤ ᠨᠢᠬᠡᠨᠳᠡ 4.5 ᠳ᠋ᠦᠡᠭᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠬᠢᠵᠤ᠂ ᠵᠠᠮ᠂ ᠤᠰᠤ ᠬᠠᠨᠭ᠍ᠭᠠᠬᠤ ᠪᠠ ᠭᠠᠳᠠᠭᠰᠢᠯᠠᠭᠤᠯᠬᠤ ᠵᠡᠷᠬᠡ ᠶᠢᠨ ᠰᠠᠭᠤᠷᠢ ᠲᠦᠬᠦᠬᠡᠷᠦᠮᠵᠢ ᠶᠢᠨ ᠶᠡᠷᠦᠩᠬᠡᠶᠢᠯᠡᠭᠰᠡᠨ ᠪᠦᠳᠦᠬᠡᠨ ᠪᠠᠶᠢᠭᠤᠯᠤᠯᠳᠠ ᠶᠢ ᠪᠡᠶᠡᠯᠡᠬᠦᠯᠦᠨ᠂ ᠤᠷᠠᠯᠢᠭ ᠤᠨ ᠲᠦᠪ᠂ ᠮᠦᠽᠸᠢ ᠵᠡᠷᠬᠡ ᠲᠦᠷᠦᠯ ᠵᠦᠢᠯ ᠤᠨ ᠰᠠᠭᠤᠷᠢ ᠪᠦᠳᠦᠬᠡᠨ ᠪᠠᠶᠢᠭᠤᠯᠤᠯᠳᠠ ᠶᠢ ᠪᠡᠶᠡᠯᠡᠬᠦᠯᠵᠤ᠂ ᠡᠷᠳᠡᠨ ᠤ ᠦᠯᠡᠳᠡᠭᠳᠡᠯ ᠡᠳ᠋ ᠤᠨ ᠬᠤᠳᠠᠯᠳᠤᠭᠠᠨ ᠤ ᠬᠤᠳᠠ ᠶᠢᠨ ᠠᠰᠠᠷ ᠢ ᠡᠬᠢᠯᠡᠵᠤ ᠬᠤᠳᠠᠯᠳᠤᠪᠠ᠃ ᠯᠢᠶᠤᠤ  ᠶᠢᠨ ᠲᠡᠭᠡᠳᠤ ᠨᠡᠶᠢᠰᠯᠡᠯ ᠤᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠢ ᠪᠠᠶᠢᠭᠤᠯᠬᠤ ᠡᠮᠤᠨᠡᠬᠢ ᠬᠤᠭᠤᠴᠠᠭᠠᠨ ᠤ ᠠᠵᠢᠯ ᠤᠷᠤᠭᠰᠢᠳᠠᠢ ᠶᠠᠪᠤᠭᠳᠠᠵᠤ᠂ ᠯᠢᠶᠤᠤ ᠶᠢᠨ ᠲᠡᠭᠡᠳᠤ ᠨᠡᠶᠢᠰᠯᠡᠯ ᠤᠨ ᠪᠠᠭᠤᠷᠠᠢ ᠪᠤᠯᠤᠨ ᠬᠢᠳᠠᠨ ᠤ ᠲᠡᠭᠡᠳᠤᠰ ᠤᠨ ᠤᠡᠭᠭᠤᠨ ᠤ ᠪᠠᠭᠤᠷᠠᠢ ᠨᠢᠬᠡᠨᠳᠡ ︽ᠲᠤᠮᠳᠠᠳᠤ ᠤᠯᠤᠰ ᠤᠨ ᠲᠡᠯᠡᠬᠡᠢ ᠶᠢᠨ ᠰᠤᠶᠤᠯ ᠤᠨ ᠦᠯᠡᠳᠡᠭᠳᠡᠯ ᠤᠨ ᠪᠡᠯᠡᠳᠬᠡᠯ ᠨᠡᠷᠡᠰ︾ ᠲᠤ ᠤᠷᠤᠪᠠ᠃ ᠬᠢᠳᠠᠨ ᠤ ᠯᠢᠶᠤᠤ ᠶᠢᠨ ᠰᠤᠶᠤᠯ ᠢᠶᠠᠷ ᠭᠤᠤᠯ ᠤᠨᠴᠠᠯᠢᠭ ᠪᠤᠯᠭᠠᠭᠰᠠᠨ ᠰᠤᠶᠤᠯ ᠤᠨ ᠵᠢᠭᠤᠯᠴᠢᠯᠠᠯ ᠤᠨ ᠦᠢᠯᠡᠰ ᠦᠳᠳᠡᠷ ᠲᠦᠷᠬᠡᠨ ᠬᠦᠭᠵᠢᠵᠤ᠂ ᠪᠦᠬᠦ ᠵᠢᠯ ᠳᠤ ᠤᠯᠤᠰ ᠤᠨ ᠲᠤᠳᠤᠭᠠᠳᠤ ᠭᠠᠳᠠᠭᠠᠳᠤ ᠶᠢᠨ ᠵᠢᠭᠤᠯᠴᠢᠯᠠᠭᠴᠢᠳ ᠨᠡᠶᠢᠳᠡ 38.5 ᠲᠦᠮᠡᠨ ᠬᠦᠮᠦᠨ ᠤᠳᠠᠭ᠎ᠠ ᠳᠤ ᠬᠦᠷᠦᠭᠰᠡᠨ ᠪᠦᠬᠡᠳ ᠵᠢᠭᠤᠯᠴᠢᠯᠠᠯ ᠤᠨ ᠤᠷᠤᠯᠭ᠎ᠠ 4.4 ᠳ᠋ᠦᠡᠭᠰᠢᠭᠤᠷ ᠲᠦᠬᠦᠷᠢᠭ ᠲᠤ ᠬᠦᠷᠴᠤ᠂ ᠲᠤᠰ ᠪᠦᠷᠢ 10% ᠪᠠᠷ ᠨᠡᠮᠡᠭᠳᠡᠪᠡ᠃        ︵ᠲᠤᠯᠤᠭ᠎ᠠ︶ ᠨᠡᠶᠢᠬᠡᠮ ᠤᠨ ᠦᠢᠯᠡᠰ ᠪᠤᠯᠤᠨ ᠠᠷᠠᠳ ᠤᠨ ᠠᠮᠢᠳᠤᠷᠠᠯ ᠤᠨ ᠢᠨᠵᠧᠨᠧᠷᠢᠩ ᠢ ᠯᠠᠪᠳᠠᠭᠤᠨ ᠪᠠᠳᠤᠳᠠᠢ ᠲᠦᠯᠬᠢᠨ ᠠᠬᠢᠭᠤᠯᠤᠭᠰᠠᠨ ᠪᠠᠶᠢᠨ᠎ᠠ᠃ ︽2012 ᠤᠨ ᠤ ᠠᠷᠠᠳ ᠤᠨ ᠠᠮᠢᠳᠤᠷᠠᠯ ᠤᠨ ᠠᠵᠢᠯ ᠤᠨ ᠲᠦᠯᠦᠪᠯᠡᠭᠡ︾ ᠶᠢ ᠲᠤᠤᠱᠳᠠᠢ ᠬᠡᠷᠡᠭᠵᠢᠬᠦᠯᠵᠤ᠂ 12 ᠳ᠋ᠦᠡᠭᠰᠢᠭᠤᠷ ᠲᠦᠬᠦᠷᠢᠭ ᠤᠨ ᠪᠡᠯᠡ ᠤᠷᠤᠭᠤᠯᠵᠤ᠂ 63 ᠬᠤᠪᠢ ᠤᠴᠢᠷ ᠶᠠᠪᠤᠳᠠᠯ ᠢ ᠰᠢᠢᠳᠪᠦᠷᠢᠯᠡᠨ ᠬᠦᠢᠴᠡᠳᠬᠡᠵᠤ ᠠᠷᠠᠳ ᠲᠤ ᠠᠰᠢᠭ ᠬᠦᠷᠳᠡᠬᠡᠭᠰᠡᠨ ᠪᠠᠶᠢᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠢ ᠲᠡᠯᠭᠡᠷᠡᠬᠦᠯᠬᠦ ᠠᠵᠢᠯ ᠰᠢᠨ᠎ᠡ ᠠᠬᠢᠴᠠ ᠲᠠᠢ ᠪᠤᠯᠪᠠ᠃ 24 ᠲᠦᠮᠡᠨ ᠲᠡᠭᠰᠢ ᠲᠦᠷᠪᠡᠯᠵᠢᠨ ᠮᠧᠲᠷ ᠰᠤᠷᠭᠠᠭᠤᠯᠢ ᠶᠢᠨ ᠪᠠᠶᠢᠷᠢ ᠶᠢ ᠰᠢᠨ᠎ᠡ ᠪᠠᠷ ᠪᠠᠶᠢᠭᠤᠯᠬᠤ ᠪᠤᠶᠤ ᠵᠠᠰᠠᠨ ᠰᠠᠶᠢᠵᠢᠷᠠᠭᠤᠯᠵᠤ ᠂ ᠬᠤᠳᠠ ᠶᠢᠨ ᠪᠠᠷᠠᠭᠤᠨ ᠲᠡᠬᠦᠷᠬᠡ ᠲᠤ ᠰᠢᠨ᠎ᠡ ᠪᠠᠷ ᠪᠠᠶᠢᠭᠤᠯᠤᠭᠰᠠᠨ 4 ᠰᠤᠷᠭᠠᠭᠤᠯᠢ ᠨᠢᠬᠡᠨᠳᠡ ᠪᠠᠶᠢᠭᠤᠯᠤᠭᠳᠠᠵᠤ ᠵᠠᠰᠠᠵᠤ ᠡᠬᠢᠯᠡᠪᠡ᠃ ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠵᠤ᠂ ᠶᠡᠭᠡ ᠰᠤᠷᠭᠠᠭᠤᠯᠢ ᠶᠢᠨ ᠵᠢᠩᠬᠢᠨᠢ ᠠᠩᠬᠢ ᠳᠤ ᠬᠢᠷᠢ ᠲᠡᠩᠴᠡᠭᠰᠡᠨ ᠨᠤᠷᠮ᠎ᠠ 63.2% ᠳᠤ ᠬᠦᠷᠴᠠᠢ᠃ ᠬᠤᠰᠢᠭᠤᠨ ᠤ ᠡᠮᠨᠡᠯᠬᠡ ᠶᠢᠨ ᠬᠤᠷᠢᠶ᠎ᠠ ᠶᠢ ᠭᠠᠵᠠᠷ ᠰᠢᠯᠵᠢᠬᠦᠯᠦᠨ ᠰᠢᠨ᠎ᠡ ᠪᠠᠷ ᠪᠠᠶᠢᠭᠤᠯᠬᠤ ᠠᠵᠢᠯ ᠲᠠᠭᠤᠰᠴᠤ᠂ ᠰᠠᠭᠤᠷᠢ ᠲᠦᠬᠦᠬᠡᠷᠦᠮᠵᠢ ᠲᠤᠨᠤᠭᠯᠠᠵᠤ ᠡᠬᠢᠯᠡᠪᠡ᠃ ᠬᠤᠰᠢᠭᠤᠨ ᠤ ᠮᠤᠩᠭᠤᠯ ᠬᠢᠳᠠᠳ ᠡᠮᠨᠡᠯᠬᠡ ᠶᠢᠨ ᠬᠤᠷᠢᠶ᠎ᠠ ᠶᠢᠨ ᠡᠬᠦᠳᠡᠨ ᠡᠮᠨᠡᠯᠬᠡ ᠶᠢᠨ ᠠᠰᠠᠷ ᠢ ᠦᠷᠬᠡᠳᠬᠡᠨ ᠪᠠᠶᠢᠭᠤᠯᠵᠤ ᠠᠰᠢᠭᠯᠠᠯᠳᠠ ᠳᠤ ᠤᠷᠤᠭᠤᠯᠪᠠ᠃ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠳᠤ ᠤᠷᠤᠯᠴᠠᠭᠰᠠᠨ ᠨᠤᠷᠮ᠎ᠠ 95.4% ᠪᠤᠯᠵᠤ᠂ ᠡᠮᠨᠡᠯᠬᠡ ᠳᠤ ᠰᠠᠭᠤᠬᠤ ᠨᠦᠬᠦᠪᠦᠷᠢ ᠮᠦᠡᠭᠬᠦ ᠬᠠᠮᠤᠭ ᠦᠨᠳᠦᠷ ᠲᠡᠭᠡᠨ 20 ᠲᠦᠮᠡᠨ ᠲᠦᠬᠦᠷᠢᠭ ᠲᠤ ᠬᠦᠷᠦᠭᠰᠡᠨ ᠪᠠᠶᠢᠨ᠎ᠠ᠃ ᠬᠤᠳᠠ ᠪᠠᠯᠭᠠᠰᠤᠨ ᠤ ᠰᠢᠨ᠎ᠡ ᠪᠠᠷ ᠠᠵᠢᠯ ᠤᠯᠤᠭᠰᠠᠨ ᠬᠦᠮᠦᠨ ᠤ ᠲᠤᠭ᠎ᠠ 1309 ᠪᠠᠶᠢᠵᠤ᠂ 5.7 ᠲᠦᠮᠡᠨ ᠬᠦᠳᠡᠯᠮᠦᠷᠢ ᠬᠦᠴᠦ ᠶᠢ ᠭᠠᠳᠠᠭᠰᠢ ᠭᠠᠷᠭᠠᠭᠰᠠᠨ ᠪᠠᠶᠢᠨ᠎ᠠ᠃ ᠬᠦᠳᠡᠭᠡ ᠲᠤᠰᠬᠤᠨ ᠤ ᠰᠢᠨ᠎ᠡ ᠬᠡᠯᠪᠡᠷᠢ ᠶᠢᠨ ᠨᠡᠶᠢᠬᠡᠮ ᠤᠨ ᠨᠠᠰᠤᠵᠢᠯ ᠤᠨ ᠲᠠᠭᠠᠳᠬᠠᠯ ᠡᠬᠢᠯᠡᠨ ᠬᠡᠷᠡᠭᠵᠢᠬᠦᠯᠦᠭᠳᠡᠵᠤ᠂ ᠪᠦᠷᠬᠦᠴᠡ` ᠶᠢᠨ ᠬᠡᠮᠵᠢᠶ᠎ᠡ 95.4% ᠳᠤ ᠬᠦᠷᠪᠡ᠃ ᠬᠤᠳᠠ ᠪᠠᠯᠭᠠᠰᠤ ᠪᠠ ᠮᠠᠯᠵᠢᠬᠤ ᠲᠠᠷᠢᠶᠠᠯᠠᠬᠤ ᠤᠷᠤᠨ ᠤ ᠬᠠᠮᠤᠭ ᠲᠤᠤᠷ᠎ᠠ ᠠᠮᠢᠳᠤᠷᠠᠯ ᠤᠨ ᠪᠠᠳᠤᠯᠠᠭ᠎ᠠ ᠶᠢᠨ ᠪᠠᠷᠢᠮᠵᠢᠶ᠎ᠠ ᠲᠤᠰ ᠲᠤᠰ 355 ᠲᠦᠬᠦᠷᠢᠭ᠂ 2500 ᠲᠦᠬᠦᠷᠢᠭ ᠨᠡᠮᠡᠭᠳᠡᠵᠤ᠂ ᠪᠦᠬᠦ ᠵᠢᠯ ᠳᠤ ᠬᠤᠳᠠ ᠬᠦᠳᠡᠭᠡ  ᠶᠢᠨ ᠲᠤᠤᠷ᠎ᠠ ᠪᠠᠳᠤᠯᠠᠭ᠎ᠠ ᠶᠢᠨ ᠮᠦᠡᠭᠬᠦ ᠶᠢ ᠨᠡᠶᠢᠳᠡ 6659.4 ᠲᠦᠮᠡᠨ ᠲᠦᠬᠦᠷᠢᠭ ᠲᠠᠷᠬᠠᠭᠠᠪᠠ᠃ ᠲᠠᠪᠤᠨ ᠪᠠᠳᠤᠯᠠᠭ᠎ᠠ ᠶᠢᠨ ᠠᠰᠠᠷᠠᠮᠵᠢ᠂ ᠡᠮ ᠡᠮᠨᠡᠯᠬᠡ ᠶᠢᠨ ᠲᠡᠳᠬᠦᠮᠵᠢ᠂ ᠦᠨᠦᠴᠢᠨ ᠬᠡᠤᠬᠡᠳ ᠢ ᠬᠠᠷᠠᠭᠠᠯᠵᠠᠨ ᠲᠡᠵᠢᠬᠡᠬᠦ ᠵᠡᠷᠬᠡ ᠡᠯ᠎ᠡ ᠵᠦᠢᠯ ᠤᠨ ᠲᠡᠳᠬᠦᠮᠵᠢ ᠶᠢᠨ ᠮᠦᠡᠭᠬᠦ ᠶᠢ ᠨᠡᠶᠢᠳᠡ 3358.6 ᠲᠦᠮᠡᠨ ᠲᠦᠬᠦᠷᠢᠭ ᠨᠠᠶᠢᠳᠠᠪᠦᠷᠢᠵᠢᠭᠤᠯᠪᠠ᠃ ᠬᠤᠰᠢᠭᠤᠨ ᠤ ᠤᠷᠤᠰᠢᠭᠤᠯᠭ᠎ᠠ ᠶᠢᠨ ᠭᠠᠵᠠᠷ ᠢ ᠰᠢᠯᠵᠢᠬᠦᠯᠵᠤ ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ ᠭᠤᠤᠯ ᠴᠤᠭᠴᠠ ᠨᠢ ᠨᠢᠬᠡᠨᠳᠡ ᠪᠡᠶᠡᠯᠡᠭᠳᠡᠵᠤ᠂ ᠲᠤᠨᠤᠭ ᠲᠦᠬᠦᠬᠡᠷᠦᠮᠵᠢ ᠲᠠᠭᠠᠷᠠᠭᠤᠯᠵᠤ ᠡᠬᠢᠯᠡᠪᠡ᠃ 108 ᠬᠢᠮᠳᠠ ᠲᠦᠷᠢᠶᠡᠰᠤᠨ ᠬᠡᠷ᠂ 180 ᠨᠡᠶᠢᠳᠡ ᠶᠢᠨ ᠲᠦᠷᠢᠶᠡᠰᠣᠨ ᠬᠡᠷ ᠢ ᠰᠢᠨ᠎ᠡ ᠪᠠᠷ ᠪᠠᠶᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ 3380 ᠡᠷᠦᠬᠡ ᠶᠢᠨ ᠠᠶᠤᠯ ᠲᠠᠢ ᠬᠡᠷ ᠪᠠᠶᠢᠰᠢᠩ ᠢ ᠵᠠᠰᠠᠵᠤ ᠦᠬᠡᠷᠡᠴᠢᠯᠡᠪᠡ᠃ ᠶᠠᠳᠠᠭᠤ ᠶᠢ ᠲᠡᠳᠬᠦᠬᠦ‌ᠡᠯ᠎ᠡ ᠵᠦᠢᠯ ᠤᠨ ᠢᠨᠵᠧᠨᠧᠷᠢᠩ ᠢ ᠪᠠᠳᠤᠳᠠᠢ ᠲᠦᠯᠬᠢᠨ ᠠᠬᠢᠭᠤᠯᠵᠤ᠂1.17 ᠳ᠋ᠦᠡᠭᠰᠢᠭᠤᠷ ᠲᠦᠬᠦᠷᠢᠭ ᠤᠨ ᠶᠠᠳᠠᠭᠤ ᠶᠢ ᠲᠡᠳᠬᠦᠬᠦ ᠮᠦᠡᠭᠬᠦ ᠶᠢ ᠨᠠᠶᠢᠳᠠᠪᠦᠷᠢᠵᠢᠭᠤᠯᠪᠠ᠃ ᠬᠦᠮᠦᠨ ᠠᠮᠠ ᠶᠢᠨ ᠲᠦᠯᠦᠪᠯᠡᠬᠡᠳᠤ ᠦᠷᠡᠵᠢᠯ ᠤᠨ ᠠᠵᠢᠯ ᠢ ᠯᠠᠪᠳᠠᠭᠤᠨ ᠪᠠᠳᠤᠳᠠᠢ ᠦᠷᠨᠢᠬᠦᠯᠵᠤ᠂ ᠮᠠᠨ ᠤ ᠬᠤᠰᠢᠭᠤ ︽ᠦᠪᠡᠷᠳᠡᠬᠡᠨ ᠵᠠᠰᠠᠬᠤ ᠤᠷᠤᠨ ᠤ ᠰᠢᠯᠢᠳᠡᠭ ᠦᠢᠯᠡᠴᠢᠯᠡᠬᠡᠨ ᠤ ᠲᠡᠷᠢᠬᠦᠨ ᠤ ᠨᠢᠬᠡᠴᠡ︾ ᠶᠢᠨ ᠡᠩᠨᠡᠬᠡᠨ ᠳᠤ ᠤᠷᠤᠭᠰᠢᠳᠠᠢ ᠲᠠᠪᠰᠢᠨ ᠤᠷᠤᠪᠠ᠃ ᠷᠠᠳᠢᠤ᠋ ᠲᠧᠯᠸᠢᠰ ᠰᠦᠯᠵᠢᠶ᠎ᠡ ᠶᠢ ᠨᠢᠬᠡᠳᠤᠬᠦᠯᠬᠦ ᠠᠵᠢᠯ ᠤᠷᠤᠭᠰᠢᠳᠠᠢ ᠪᠡᠶᠡᠯᠡᠭᠳᠡᠵᠤ᠂ ᠷᠠᠳᠢᠤ᠋ ᠲᠧᠯᠸᠢᠰ ᠨᠠᠶᠢᠷᠠᠭᠤᠯᠵᠤ ᠨᠡᠪᠳᠡᠷᠡᠬᠦᠯᠬᠦ ᠴᠢᠨᠠᠷ ᠴᠢᠨᠰᠠᠭ᠎ᠠ ᠨᠢ ᠲᠡᠭᠡᠭᠰᠢᠯᠡᠪᠡ᠃        ︵ᠨᠠᠢᠮᠠ︶ ᠵᠠᠰᠠᠭ ᠤᠨ ᠤᠷᠳᠤᠨ ᠤ ᠵᠠᠰᠠᠭ ᠶᠠᠪᠤᠭᠤᠯᠬᠤ ᠲᠦᠪᠰᠢᠨ ᠤᠯᠠᠮ ᠨᠢᠬᠡ ᠠᠯᠬᠤᠮ ᠲᠡᠭᠡᠭᠰᠢᠯᠡᠭᠰᠡᠨ ᠪᠠᠶᠢᠨ᠎ᠠ᠃ ︽ᠪᠠᠶᠢᠭᠤᠯᠤᠯᠭ᠎ᠠ ᠶᠢᠨ ᠴᠢᠳᠠᠮᠵᠢ ᠶᠢᠨ ᠪᠠᠶᠢᠭᠤᠯᠤᠯᠳᠠ ᠶᠢᠨ ᠤᠨ︾ ᠤ ᠠᠵᠢᠯᠯᠠᠭ᠎ᠠ ᠶᠢ ᠬᠦᠨᠵᠡᠬᠡᠢ ᠦᠷᠨᠢᠬᠦᠯᠦᠭᠰᠡᠨ ᠠᠴᠠ ᠵᠠᠰᠠᠭ ᠤᠨ ᠤᠷᠳᠤᠨ ᠤ ᠠᠵᠢᠯ ᠤᠨ ᠬᠡᠪ ᠰᠤᠷᠳᠠᠯ ᠤᠯᠠᠮ ᠰᠠᠶᠢᠵᠢᠷᠠᠪᠠ᠃ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠠᠤᠯᠢ ᠪᠠᠷ ᠬᠢᠨᠠᠯᠳᠠ ᠲᠠᠯᠪᠢᠬᠤ᠂ ᠠᠵᠢᠯ ᠤᠨ ᠬᠢᠨᠠᠯᠳᠠ ᠲᠠᠯᠪᠢᠬᠤ ᠪᠠ ᠤᠯᠤᠰ ᠲᠦᠷᠦ ᠶᠢᠨ ᠵᠦᠪᠯᠡᠯᠬᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠠᠷᠠᠳ ᠤᠨ ᠲᠦᠯᠦᠬᠡᠯᠡᠭᠴᠢᠳ ᠤᠨ ᠲᠤᠷᠠᠳᠤᠭᠰᠠᠨ ᠰᠠᠨᠠᠯ ᠵᠦᠪᠯᠡᠯᠬᠡ 33 ᠬᠤᠪᠢ᠂ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠤᠨ ᠲᠤᠷᠠᠳᠤᠯᠭ᠎ᠠ 42 ᠬᠤᠪᠢ ᠶᠢ ᠰᠢᠢᠳᠪᠦᠷᠢᠯᠡᠨ ᠬᠦᠢᠴᠡᠳᠬᠡᠵᠤ᠂ ᠰᠢᠢᠳᠪᠦᠷᠢᠯᠡᠭᠰᠡᠨ ᠨᠤᠷᠮ᠎ᠠ ᠨᠢ ᠪᠦᠷ 100% ᠬᠦᠷᠪᠡ᠃ ︽ᠠᠮᠤᠷ ᠲᠠᠶᠢᠪᠤᠡᠭ ᠵᠡᠬᠦᠨ ᠬᠤᠰᠢᠭᠤ︾ ᠶᠢᠨ ᠪᠦᠳᠦᠬᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠡᠯ᠎ᠡ ᠵᠦᠢᠯ ᠤᠨ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠬᠦᠨᠳᠤ ᠴᠤᠬᠢᠯᠳᠠ ᠦᠭᠬᠦᠨ᠎ᠡ᠃ ᠵᠦᠷᠢᠴᠡᠯ ᠮᠦᠷᠬᠦᠯᠳᠦᠬᠡᠨ ᠪᠠ ᠵᠠᠬᠢᠳᠠᠯ ᠰᠤᠷᠪᠤᠯᠵᠢᠯᠠᠭ᠎ᠠ ᠶᠢᠨ ᠲᠠᠯᠳᠠ ᠬᠡᠮ ᠢ ᠰᠠᠶᠢᠳᠤᠷ ᠢᠯᠡᠷᠡᠬᠦᠯᠦᠨ᠂ ᠵᠠᠬᠢᠳᠠᠯ ᠰᠤᠷᠪᠤᠯᠵᠢᠯᠠᠭ᠎ᠠ ᠶᠢ 30 ᠬᠤᠪᠢ ᠰᠢᠢᠳᠪᠦᠷᠢᠯᠡᠪᠡ᠃ ᠠᠷᠪᠠᠨ ᠨᠠᠢᠮᠠᠳᠤᠭᠠᠷ ᠤᠳᠠᠭᠠᠨ ᠤ ᠭᠠᠴᠠᠭ᠎ᠠ ᠲᠤᠰᠬᠤᠨ ᠤ ᠵᠦᠪᠯᠡᠯ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ  ᠢ ᠬᠠᠤᠯᠢ ᠶᠤᠰᠤᠭᠠᠷ ᠤᠷᠤᠭᠰᠢᠳᠠᠢ ᠦᠷᠨᠢᠬᠦᠯᠪᠡ᠃ ᠠᠮᠤᠷ ᠲᠦᠪᠰᠢᠨ ᠦᠢᠯᠡᠳᠪᠦᠷᠢᠯᠡᠯ ᠪᠤᠯᠤᠨ ᠠᠶᠤᠯ ᠲᠠᠢ ᠲᠡᠯᠪᠡᠷᠡᠬᠦ ᠪᠤᠳᠠᠰ ᠤᠨ ᠬᠠᠮᠢᠶᠠᠷᠤᠯᠳᠠ ᠶᠢ ᠴᠢᠩᠭᠠᠳᠬᠠᠨ᠂ ᠢᠳᠡᠬᠡᠨ ᠪᠠ ᠡᠮ ᠤᠨ ᠵᠦᠢᠯᠡᠰ ᠤᠨ ᠠᠮᠤᠷ ᠲᠦᠪᠰᠢᠨ  ᠤ ᠪᠠᠶᠢᠴᠠᠭᠠᠯᠳᠠ ᠪᠤᠯᠤᠨ ᠵᠠᠮ ᠬᠠᠷᠢᠯᠴᠠᠭᠠᠨ ᠤ ᠡᠮᠬᠢ ᠲᠢᠭᠯᠢᠮ ᠤᠨ ᠴᠡᠭᠴᠡᠯᠡᠯᠳᠡ ᠶᠢ ᠴᠢᠩᠭᠠᠳᠬᠠᠭᠰᠠᠨ ᠠᠴᠠ ᠠᠷᠠᠳ ᠲᠦᠮᠡᠨ ᠤ ᠠᠮᠤᠷ ᠲᠦᠪᠰᠢᠨ ᠤ ᠲᠤᠬᠠᠢ ᠰᠠᠨᠠᠭ᠎ᠠ ᠵᠤᠪᠠᠭ᠋ᠤ ᠦᠬᠡᠢ ᠪᠤᠯᠪᠠ᠃        ᠲᠦᠯᠦᠬᠡᠯᠡᠭᠴᠢᠳ ᠡ᠂ ᠦᠡᠭᠬᠡᠷᠡᠭᠰᠡᠨ ᠨᠢᠬᠡ ᠵᠢᠯ ᠳᠤ ᠮᠠᠨ ᠤ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠪᠠᠶᠠᠷᠯᠠᠭᠤᠰᠢᠳᠠᠢ ᠠᠮᠵᠢᠯᠳᠠ ᠤᠯᠤᠭᠰᠠᠨ‌‍ᠪᠠᠶᠢᠨ᠎ᠠ᠃ ᠡᠳᠡᠬᠡᠷ ᠠᠮᠵᠢᠯᠳᠠ ᠨᠢ ᠭᠤᠤᠯᠳᠠᠭᠤ ᠬᠤᠰᠢᠭᠤ ᠨᠠᠮ ᠤᠨ ᠬᠤᠷᠢᠶᠠᠨ ᠤ ᠪᠦᠬᠦ ᠲᠠᠯ᠎ᠠ ᠶᠢ ᠪᠤᠳᠤᠯᠬᠢᠯᠠᠵᠤ᠂ ᠵᠦᠪ ᠤᠨᠤᠪᠴᠢᠳᠠᠢ ᠤᠳᠤᠷᠢᠳᠤᠭᠰᠠᠨ ᠤ ᠦᠷ᠎ᠡ ᠳ᠋ᠦᠡᠭ ᠶᠤᠮ᠂ ᠠᠷᠠᠳ ᠤᠨ ᠲᠦᠯᠦᠬᠡᠯᠡᠭᠴᠢᠳ ᠪᠠ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠤᠨ ᠬᠠᠤᠯᠢ ᠶᠤᠰᠤᠭᠠᠷ ᠬᠢᠨᠠᠯᠳᠠ ᠲᠠᠯᠪᠢᠵᠤ᠂ ᠰᠠᠨᠠᠯ ᠵᠦᠪᠯᠡᠯᠬᠡ ᠲᠤᠷᠠᠳᠤᠭᠰᠠᠨ ᠤ ᠦᠷ᠎ᠡ ᠳ᠋ᠦᠡᠭ ᠶᠤᠮ᠂ ᠪᠦᠬᠦ ᠬᠤᠰᠢᠭᠤᠨ ᠤ ᠡᠯ᠎ᠡ ᠱᠠᠳᠤᠨ ᠤ ᠺᠠᠳ᠋ᠷ ᠪᠤᠯᠤᠨ ᠡᠯ᠎ᠡ ᠦᠨᠳᠦᠰᠦᠳᠡᠨ ᠤ ᠠᠷᠠᠳ ᠲᠦᠮᠡᠨ ᠪᠦᠯᠬᠦᠮᠳᠡᠨ ᠨᠢᠬᠡᠳᠴᠤ ᠬᠠᠮᠳᠤ ᠪᠠᠷ ᠴᠢᠷᠮᠠᠢᠭᠰᠠᠨ ᠤ ᠦᠷ᠎ᠡ ᠳ᠋ᠦᠡᠭ ᠶᠤᠮ᠂ ᠨᠡᠶᠢᠬᠡᠮ ᠤᠨ ᠡᠯ᠎ᠡ ᠡᠳᠡᠬᠡᠳ ᠤᠨ ᠬᠢᠨ ᠤ ᠠᠩᠬᠠᠷᠤᠨ ᠬᠠᠯᠠᠮᠵᠢᠯᠠᠵᠤ᠂ ᠪᠦᠬᠦ ᠬᠦᠴᠦ ᠪᠠᠷ ᠲᠡᠮᠵᠢᠭᠰᠡᠨ ᠤ ᠦᠷ᠎ᠡ ᠳ᠋ᠦᠡᠭ ᠪᠤᠯᠤᠨ᠎ᠠ᠃ ᠡᠬᠦᠨ ᠳᠤ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠬᠡᠯᠡᠵᠤ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ᠂ ᠵᠡᠬᠦᠨ ᠬᠤᠰᠢᠭᠤᠨ  ᠤ ᠬᠦᠭᠵᠢᠯᠳᠡ ᠶᠢ ᠬᠠᠯᠠᠮᠵᠢᠯᠠᠨ ᠲᠡᠮᠵᠢᠵᠤ ᠪᠠᠶᠢᠭ᠎ᠠ ᠨᠠᠶᠢᠵᠠ ᠨᠦᠬᠦᠳ ᠲᠤ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠬᠦᠯᠵᠤ ᠪᠠᠶᠢᠨ᠎ᠠ᠃       ᠦᠷ᠎ᠡ ᠪᠦᠳᠦᠮᠵᠢ ᠪᠠᠨ ᠤᠯᠵᠤ ᠬᠠᠷᠠᠬᠤ ᠶᠢᠨ ᠬᠠᠮᠳᠤ ᠪᠢᠳᠡ ᠪᠠᠰᠠ ᠬᠦᠭᠵᠢᠯᠳᠡ ᠶᠢᠨ ᠲᠤᠮᠳᠠ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠰᠡᠷᠬᠡᠭ ᠢᠶᠠᠷ ᠲᠠᠨᠢᠵᠤ ᠮᠡᠳᠡᠬᠦ ᠬᠡᠷᠡᠭᠳᠡᠢ᠃ ᠭᠤᠤᠯ ᠨᠢ᠄ ᠠᠵᠤ ᠠᠬᠤᠢ ᠶᠢ ᠰᠡᠷᠬᠦᠬᠡᠨ ᠬᠦᠭᠵᠢᠬᠦᠯᠬᠦ  ᠲᠠᠷᠤᠭᠠᠰᠤ ᠨᠡᠮᠡᠭᠳᠡᠵᠤ᠂ ᠠᠵᠤ ᠠᠬᠤᠢ ᠶᠢᠨ ᠲᠤᠭᠳᠠᠭᠤᠨ ᠪᠦᠬᠡᠳ ᠲᠦᠷᠬᠡᠨ ᠬᠦᠭᠵᠢᠯᠳᠡ ᠶᠢ ᠪᠠᠳᠤᠯᠠᠬᠤ ᠳᠤ ᠲᠤᠭᠳᠠᠭᠤᠨ ᠪᠤᠰᠤ ᠡᠯᠧᠮᠧᠨ᠋ᠲ ᠨᠡᠮᠡᠭᠳᠡᠵᠤ ᠪᠠᠶᠢᠨ᠎ᠠ︔ ᠰᠠᠭᠤᠷᠢ ᠲᠦᠬᠦᠬᠡᠷᠦᠮᠵᠢ  ᠶᠢᠨ ᠪᠦᠳᠦᠬᠡᠨ ᠪᠠᠶᠢᠭᠤᠯᠤᠯᠳᠠ ᠬᠠᠷᠢᠴᠠᠩᠭᠤᠢ ᠬᠤᠴᠤᠷᠤᠩᠭᠤᠢ᠂ ᠬᠤᠳᠠ ᠬᠦᠳᠡᠭᠡ ᠶᠢᠨ ᠨᠢᠬᠡ ᠴᠤᠭᠴᠠᠴᠢᠯᠠᠯᠳᠠ  ᠶᠢᠨ ᠲᠦᠪᠰᠢᠨ ᠢ ᠤᠯᠠᠮ ᠲᠡᠭᠡᠭᠰᠢᠯᠡᠬᠦᠯᠬᠦ ᠴᠢᠬᠤᠯᠠ ᠲᠠᠢ︔ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢ ᠨᠡᠮᠡᠭᠳᠡᠬᠦᠯᠬᠦ ᠠᠷᠭ᠎ᠠ ᠵᠠᠮ ᠢᠪᠴᠤᠤ᠂ ᠤᠷᠤᠯᠭ᠎ᠠ ᠶᠢᠨ ᠵᠦᠷᠢᠶ᠎ᠡ ᠶᠡᠭᠡ᠂ ᠰᠢᠢᠳᠪᠦᠷᠢᠯᠡᠬᠦ ᠴᠢᠬᠤᠯᠠ  ᠲᠠᠢ ᠠᠷᠠᠳ ᠤᠨ ᠠᠮᠢᠳᠤᠷᠠᠯ ᠤᠨ ᠠᠰᠠᠭᠤᠳᠠᠯ ᠬᠠᠷᠠᠬᠠᠨ ᠤᠯᠠᠨ ᠪᠠᠶᠢᠭᠰᠠᠭᠠᠷ︔ ᠨᠡᠶᠢᠬᠡᠮ ᠤᠨ ᠲᠤᠭᠳᠠᠭᠤᠨ ᠢ ᠬᠠᠮᠠᠭᠠᠯᠠᠬᠤ ᠳᠤ ᠲᠤᠯᠭᠠᠷᠠᠵᠤ ᠪᠠᠶᠢᠭ᠎ᠠ ᠬᠦᠴᠢᠷᠳᠡᠯ ᠪᠤᠯᠤᠨ ᠦᠷᠢᠰᠦᠯᠳᠦᠬᠡᠨ ᠡᠲᠦᠷ ᠢᠷᠡᠬᠦᠶ᠎ᠡ ᠨᠡᠮᠡᠭᠳᠡᠵᠤ᠂ ᠢᠯᠡᠷᠡᠭᠰᠡᠨ ᠰᠢᠨ᠎ᠡ ᠪᠠᠶᠢᠳᠠᠯ ᠪᠠ ᠰᠢᠨ᠎ᠡ ᠠᠰᠠᠭᠤᠳᠠᠯ ᠪᠤᠳᠤᠯᠢᠶᠠᠨᠳᠠᠢ᠂ ᠨᠡᠶᠢᠬᠡᠮ ᠤᠨ ᠬᠠᠮᠢᠶᠠᠷᠤᠯᠳᠠ ᠶᠢᠨ ᠡᠬᠦᠷᠬᠡ ᠬᠦᠨᠳᠤ ᠪᠠᠶᠢᠭᠰᠠᠭᠠᠷ︔ ᠵᠠᠷᠢᠮ ᠺᠠᠳ᠋ᠷ ᠤᠨ ᠴᠢᠳᠠᠪᠦᠷᠢ ᠪᠠ ᠬᠡᠪ ᠴᠢᠨᠠᠷ ᠢ ᠲᠡᠭᠡᠭᠰᠢᠯᠡᠬᠦᠯᠬᠦ ᠴᠢᠬᠤᠯᠠᠳᠠᠢ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠦᠳᠦᠬᠡᠨ ᠪᠠᠶᠢᠭᠤᠯᠤᠯᠳᠠ ᠶᠢ ᠤᠯᠠᠮ ᠴᠢᠩᠭᠠᠳᠬᠠᠬᠤ ᠴᠢᠬᠤᠯᠠ ᠲᠠᠢ᠃ ᠡᠳᠡᠬᠡᠷ ᠠᠰᠠᠭᠤᠳᠠᠯ ᠢ ᠪᠢᠳᠡ ᠬᠤᠵᠢᠮ ᠪᠦᠳᠦᠮᠵᠢᠳᠡᠢ ᠠᠷᠭ᠎ᠠ ᠬᠡᠮᠵᠢᠶ᠎ᠡ ᠠᠪᠴᠤ ᠰᠠᠶᠢᠳᠤᠷ ᠰᠢᠢᠳᠪᠦᠷᠢᠯᠡᠨ᠎ᠠ᠃              ᠬᠤᠶᠠᠷ᠂ 2013 ᠤᠨ ᠤ ᠠᠵᠢᠯ ᠤᠨ ᠭᠤᠤᠯ ᠡᠬᠦᠷᠬᠡ       2013 ᠤᠨ ᠪᠤᠯ ᠲᠤᠰ ᠬᠤᠭᠤᠴᠠᠭᠠᠨ ᠤ ᠵᠠᠰᠠᠭ ᠤᠨ ᠣᠷᠳᠤᠨ ᠤ ᠠᠵᠢᠯ ᠢᠶᠠᠨ ᠡᠬᠢᠯᠡᠬᠦᠯᠬᠦ ᠵᠢᠯ᠂ ᠨᠠᠮ  ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢ ᠬᠡᠷᠡᠭᠵᠢᠬᠦᠯᠬᠦ ᠵᠠᠩᠬᠢᠯᠠᠭ᠎ᠠ ᠶᠢᠨ ᠨᠢᠬᠡ ᠵᠢᠯ ᠪᠤᠯᠤᠨ᠎ᠠ᠃ ᠮᠦᠨ ᠴᠤ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠳᠤ ᠪᠠᠳᠤ ᠪᠠᠬᠢ ᠰᠠᠭᠤᠷᠢ ᠶᠢ ᠲᠠᠯᠪᠢᠬᠤ ᠴᠢᠬᠤᠯᠠ ᠨᠢᠬᠡ ᠵᠢᠯ ᠪᠤᠯᠤᠨ᠎ᠠ᠃ ᠬᠤᠰᠢᠭᠤᠨ ᠤ ᠲᠤᠳᠤᠭᠠᠳᠤ ᠭᠠᠳᠠᠭᠠᠳᠤ ᠶᠢᠨ ᠪᠠᠶᠢᠳᠠᠯ ᠠᠴᠠ ᠦᠵᠡᠪᠡᠯ ᠂ ᠬᠦᠭᠵᠢᠯᠳᠡ ᠳᠤ ᠰᠢᠨ᠎ᠡ ᠲᠤᠬᠢᠶᠠᠯ ᠪᠠ ᠰᠢᠨ᠎ᠡ ᠦᠷᠢᠰᠦᠯᠳᠦᠬᠡᠨ ᠲᠤᠯᠭᠠᠷᠠᠵᠤ ᠪᠠᠶᠢᠨ᠎ᠠ᠃ ᠭᠠᠳᠠᠭᠠᠳᠤ ᠤᠷᠴᠢᠨ ᠲᠤᠭᠤᠷᠢᠨ ᠠᠴᠠ ᠠᠪᠴᠤ ᠦᠵᠡᠪᠡᠯ᠂ ᠤᠯᠤᠰ ᠤᠨ ᠲᠤᠳᠤᠭᠠᠳᠤ ᠶᠢᠨ ᠬᠡᠷᠡᠭᠴᠡᠭᠡ ᠶᠢ ᠢᠳᠡᠪᠬᠢᠳᠡᠢ ᠪᠠᠷ ᠦᠷᠬᠡᠳᠬᠡᠨ᠂ ᠠᠵᠤ ᠠᠬᠤᠢ ᠶᠢᠨ ᠪᠦᠳᠦᠴᠡ ᠶᠢ ᠲᠤᠬᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠠᠷᠠᠭᠤᠨ ᠬᠤᠶᠢᠳᠤ ᠤᠷᠤᠨ ᠢ ᠨᠡᠬᠡᠬᠡᠨ ᠬᠦᠭᠵᠢᠬᠦᠯᠬᠦ᠂ ᠵᠡᠬᠦᠨ ᠬᠤᠶᠢᠳᠤ ᠤᠷᠤᠨ ᠤ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ ᠰᠡᠷᠬᠦᠬᠡᠨ ᠬᠦᠭᠵᠢᠬᠦᠯᠬᠦ᠂ ᠦᠪᠦᠷ ᠮᠤᠩᠭᠤᠯ ᠤᠨ ᠬᠦᠭᠵᠢᠯᠳᠡ ᠶᠢ ᠦᠷᠬᠦᠯᠵᠢᠯᠡᠨ ᠲᠠᠮᠵᠢᠵᠤ ᠬᠦᠨᠵᠡᠬᠡᠢ ᠲᠤᠤᠱᠯᠠᠭᠤᠯᠵᠤ᠂ ᠦᠪᠡᠷᠳᠡᠬᠡᠨ ᠵᠠᠰᠠᠬᠤ ᠤᠷᠤᠨ ᠤ ᠵᠡᠬᠦᠨ ᠬᠡᠰᠡᠭ ᠤᠨ ᠠᠶᠢᠮᠠᠭ ᠬᠤᠳᠠ ᠶᠢ ᠬᠦᠭᠵᠢᠬᠦᠯᠬᠦ ᠠᠯᠬᠤᠴᠠ ᠪᠠᠨ ᠲᠦᠷᠬᠡᠳᠬᠡᠨ᠂ ᠰᠢᠶᠠᠨ ᠤ ᠭᠠᠵᠠᠷ ᠤᠷᠤᠨ ᠤ ᠠᠵᠤ ᠠᠬᠤᠢ ᠶᠢᠨ ᠬᠦᠭᠵᠢᠯᠳᠡ ᠳᠤ ᠴᠢᠬᠤᠯᠠ ᠪᠠᠶᠢᠷᠢᠯᠠᠭᠤᠯᠤᠯᠳᠠ ᠬᠢᠭᠰᠡᠨ ᠠᠴᠠ ᠮᠠᠨᠤᠰ ᠤᠨ ᠶᠡᠭᠡ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠪᠤᠯᠤᠨ ᠠᠵᠤ ᠦᠢᠯᠡᠰ ᠢ ᠬᠦᠭᠵᠢᠬᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠰᠠᠭᠤᠷᠢ ᠲᠦᠬᠦᠬᠡᠷᠦᠮᠵᠢ ᠲᠡᠭᠦᠯᠳᠡᠷᠵᠢᠬᠦᠯᠬᠦ ᠳᠤ ᠪᠠᠰᠠ ᠨᠡᠩ ᠤᠯᠠᠨ ᠲᠤᠬᠢᠶᠠᠯ ᠤᠯᠭᠤᠬᠤ ᠪᠤᠯᠤᠨ᠎ᠠ᠃ ᠲᠤᠰ ᠪᠡᠶ᠎ᠡ ᠶᠢᠨ ᠬᠦᠭᠵᠢᠯᠳᠡ ᠠᠴᠠ ᠦᠵᠡᠪᠡᠯ᠂ ᠤᠶᠢᠷ᠎ᠠ ᠶᠢᠨ ᠵᠢᠯ ᠤᠳ ᠲᠤ ᠮᠠᠨ ᠤ ᠬᠤᠰᠢᠭᠤ ᠰᠠᠭᠤᠷᠢ ᠶᠢ ᠪᠠᠬᠢᠵᠢᠬᠦᠯᠵᠤ᠂ ᠬᠤᠵᠢᠮ ᠢ ᠪᠤᠳᠤᠯᠬᠢᠯᠠᠭᠰᠠᠨ ᠲᠤᠮᠤ ᠲᠦᠷᠦᠯ ᠵᠦᠢᠯ ᠢ ᠬᠡᠷᠡᠭᠵᠢᠬᠦᠯᠵᠤ᠂ ᠠᠵᠤ ᠠᠬᠤᠢ ᠶᠢᠨ ᠶᠡᠷᠦᠩᠬᠡᠢ ᠪᠤᠳᠠᠳᠤ ᠬᠦᠴᠦᠨ ᠢᠯᠡᠷᠬᠡᠢ ᠨᠡᠮᠡᠭᠳᠡᠵᠤ᠂ ᠬᠦᠭᠵᠢᠯᠳᠡ ᠶᠢᠨ ᠪᠠᠳᠤ ᠪᠠᠬᠢ ᠰᠠᠭᠤᠷᠢ ᠲᠠᠯᠪᠢᠵᠤ  ᠴᠢᠳᠠᠭᠰᠠᠨ ᠪᠠᠶᠢᠨ᠎ᠠ᠃ ᠬᠤᠰᠢᠭᠤᠨ ᠤ ᠠᠷᠪᠠᠨ ᠲᠦᠷᠪᠡᠳᠤᠭᠡᠷ ᠤᠳᠠᠭᠠᠨ ᠤ ᠨᠠᠮ ᠤᠨ ᠲᠦᠯᠦᠬᠡᠯᠡᠭᠴᠢᠳ ᠤᠨ ᠶᠡᠭᠡ ᠬᠤᠷᠠᠯ ᠪᠠ ᠠᠷᠪᠠᠨ ᠵᠢᠷᠭᠤᠳᠤᠭᠠᠷ ᠬᠤᠭᠤᠴᠠᠭᠠᠨ ᠤ ᠠᠩᠬᠠᠳᠤᠭᠠᠷ ᠤᠳᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠠᠮᠵᠢᠯᠳᠠ ᠲᠠᠢ ᠬᠤᠷᠠᠯᠳᠤᠭᠰᠠᠨ ᠠᠴᠠ ᠨᠠᠰᠢ᠂ ᠪᠢᠳᠡᠨ ᠤ ᠬᠤᠵᠢᠮ ᠤᠨ ᠨᠢᠬᠡ ᠬᠤᠭᠤᠴᠠᠭᠠᠨ ᠤ ᠬᠦᠭᠵᠢᠯᠳᠡ ᠶᠢᠨ ᠬᠠᠷᠠᠯᠳᠠ ᠨᠡᠩ ᠲᠤᠳᠤ᠂ ᠠᠵᠢᠯ ᠤᠨ ᠰᠡᠳᠬᠢᠮᠵᠢ ᠨᠡᠩ ᠲᠤᠳᠤᠷᠬᠠᠢ ᠪᠤᠯᠤᠭᠰᠠᠨ ᠪᠦᠬᠡᠳ ᠦᠷᠬᠡᠨ ᠤᠯᠠᠨ ᠺᠠᠳ᠋ᠷ ᠤᠯᠠᠨ ᠲᠦᠮᠡᠨ ᠤ ᠦᠵᠡᠯ ᠰᠠᠨᠠᠭ᠎ᠠ ᠨᠢᠬᠡᠳᠤᠨ᠂ ᠢᠳᠡᠬᠡᠯ ᠵᠤᠷᠢᠭ ᠲᠡᠭᠦᠯᠳᠡᠷ ᠪᠤᠯᠵᠤ᠂ ᠬᠦᠭᠵᠢᠯᠳᠡ ᠶᠢ ᠲᠦᠯᠦᠪᠯᠡᠵᠤ ᠠᠬᠢᠭᠤᠯᠬᠤ ᠤᠷᠮ᠎ᠠ ᠵᠤᠷᠢᠭ ᠦᠨᠳᠦᠷᠵᠢᠵᠤ᠂  ᠬᠦᠭᠵᠢᠯᠳᠡ ᠶᠢ ᠲᠦᠷᠬᠡᠳᠬᠡᠬᠦ ᠳᠤ ᠲᠤᠳᠠᠭᠳᠠᠵᠤ ᠪᠤᠯᠤᠰᠢ ᠦᠬᠡᠢ ᠬᠦᠳᠡᠯᠬᠡᠬᠦ ᠬᠦᠴᠦᠨ ᠪᠤᠯᠵᠠᠢ᠃ ᠡᠶᠢᠮᠤ ᠠᠴᠠ᠂ ᠪᠢᠳᠠ ᠡᠷᠬᠡᠪᠰᠢ ᠠᠵᠢᠯ ᠤᠨ ᠰᠠᠨᠠᠭᠠᠴᠢᠯᠭᠠᠳᠤ ᠡᠷᠬᠡ ᠪᠠᠨ ᠴᠢᠩᠭ᠎ᠠ ᠡᠵᠡᠮᠳᠡᠵᠤ ᠂ ᠢᠳᠡᠬᠡᠯ ᠵᠤᠷᠢᠭ ᠢᠶᠠᠨ ᠬᠦᠪᠴᠢᠯᠠᠨ᠂ ᠪᠤᠳᠠᠳᠠᠢ ᠶᠢ ᠡᠷᠬᠢᠮᠯᠡᠨ ᠴᠢᠷᠮᠠᠶᠢᠨ ᠲᠡᠮᠡᠴᠡᠵᠤ᠂ ᠠᠵᠤ ᠠᠬᠤᠢ ᠨᠡᠶᠢᠬᠡᠮ ᠤᠨ ᠰᠠᠶᠢᠨ ᠪᠦᠬᠡᠳ ᠲᠦᠷᠬᠡᠨ ᠬᠦᠭᠵᠢᠯᠳᠡ ᠶᠢ ᠠᠬᠢᠭᠤᠯᠤᠨ᠎ᠠ᠃      ᠦᠨᠦ ᠵᠢᠯ ᠤᠨ ᠵᠠᠰᠠᠭ ᠤᠨ ᠣᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠬᠤᠰᠢᠭᠤ ᠨᠠᠮ ᠤᠨ ᠬᠤᠷᠢᠶᠠᠨ ᠤ ᠠᠷᠪᠠᠨ ᠳᠦᠷᠪᠡᠳᠦᠭᠡᠷ ᠬᠤᠭᠤᠴᠠᠭᠠᠨ ᠤ ᠲᠠᠪᠤᠳᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯᠳᠤᠭᠠᠨ ᠪᠣᠯᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠩᠬᠠᠳᠤᠭᠠᠷ ᠤᠳᠠᠭᠠᠨ ᠤ ᠠᠷᠠᠳ  ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢᠲᠦ ᠪᠣᠳᠤᠯᠭ᠎ᠠ ᠪᠠ ᠪᠠᠶᠢᠷᠢᠯᠠᠭᠤᠯᠤᠯᠲᠠ ᠳᠣᠬᠢᠷᠠᠭᠤᠯᠤᠯᠲᠠ  ᠶᠢ ᠭᠦᠨᠵᠡᠭᠡᠢ ᠨᠠᠶᠢᠳᠠᠪᠦᠷᠢᠵᠢᠭᠤᠯᠤᠨ᠂ ᠬᠦᠭᠵᠢᠯᠲᠡ ᠶᠢ ᠲᠦᠷᠭᠡᠳᠬᠡᠬᠦ ᠪᠠᠷ ᠭᠤᠣᠯᠳᠠᠯᠭ᠎ᠠ ᠪᠣᠯᠭᠠᠵᠤ᠂ ᠪᠤᠳᠠᠲᠠᠢ ᠶᠢ ᠡᠷᠬᠢᠮᠯᠡᠵᠦ᠂ ᠴᠢᠷᠮᠠᠶᠢᠨ ᠳᠠᠪᠰᠢᠬᠤ ᠪᠠᠷ ᠶᠡᠷᠦᠩᠬᠡᠢ ᠱᠠᠭᠠᠷᠳᠠᠯᠭ᠎ᠠ ᠪᠣᠯᠭᠠᠵᠤ᠂ ᠠᠵᠤ ᠠᠬᠤᠢ ᠶᠢᠨ ᠶᠡᠷᠦᠩᠬᠡᠢ ᠬᠦᠴᠦᠨ ᠢ ᠦᠷᠭᠦᠯᠵᠢᠯᠡᠨ ᠨᠡᠮᠡᠭᠳᠡᠭᠦᠯᠵᠦ᠂ ᠬᠠᠷᠰᠢ ᠰᠠᠭᠠᠳ ᠢ ᠬᠦᠴᠦᠯᠡᠨ ᠠᠷᠢᠯᠭᠠᠵᠤ᠂ ᠠᠵᠤ ᠠᠬᠤᠢ ᠨᠡᠶᠢᠭᠡᠮ  ᠤᠨ ᠬᠦᠭᠵᠢᠯᠲᠡ ᠶᠢᠨ ᠴᠢᠨᠠᠷ ᠴᠢᠨᠰᠠᠭ᠎ᠠ ᠪᠣᠯᠤᠨ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠵᠤ ᠦᠢᠯᠡᠳᠪᠦᠷᠢᠵᠢᠭᠦᠯᠦᠯᠲᠡ᠂ ᠬᠤᠲᠠ ᠪᠠᠯᠭᠠᠰᠤᠴᠢᠯᠠᠯᠲᠠ ᠵᠢᠴᠢ ᠲᠠᠷᠢᠶᠠᠯᠠᠩ ᠮᠠᠯ ᠠᠵᠤ ᠠᠬᠤᠢ ᠶᠢᠨ ᠣᠳᠤᠬᠢᠴᠢᠯᠠᠯᠲᠠ ᠶᠢ ᠨᠢᠭᠡᠲᠦᠯᠲᠠᠢ ᠲᠦᠯᠦᠪᠯᠡᠨ ᠠᠬᠢᠭᠤᠯᠵᠤ᠂ ᠠᠷᠠᠳ ᠤᠨ ᠠᠮᠢᠳᠤᠷᠠᠯ ᠪᠠ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠬᠦᠴᠦᠯᠡᠴᠡ ᠶᠢ ᠴᠢᠩᠭᠠᠳᠬᠠᠨ᠂ ᠰᠢᠨᠵᠢᠯᠡᠬᠦ ᠤᠬᠠᠭᠠᠨᠴᠢ ᠬᠦᠭᠵᠢᠯᠲᠡ ᠲᠠᠢ᠂ ᠠᠷᠠᠳ ᠢ ᠪᠠᠶᠠᠵᠢᠭᠤᠯᠵᠤ ᠣᠷᠤᠨ ᠢᠶᠠᠨ ᠬᠦᠴᠦᠷᠬᠡᠭᠵᠢᠭᠦᠯᠬᠦ ᠰᠢᠨ᠎ᠡ ᠠᠮᠵᠢᠯᠲᠠ ᠣᠯᠬᠤ ᠪᠠᠷ ᠴᠢᠷᠮᠠᠶᠢᠨ᠎ᠠ᠃       ᠵᠢᠱᠢᠭᠰᠡᠨ ᠭᠤᠣᠯ ᠬᠠᠷᠠᠯᠲᠠ ᠪᠣᠯ᠄ ᠣᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 118 ᠳ᠋ᠦᠩᠰᠢᠭᠤᠷ ᠲᠦᠭᠦᠷᠢᠭ ᠪᠡᠶᠡᠯᠡᠭᠦᠯᠵᠦ᠂ 18% ᠪᠠᠷ ᠨᠡᠮᠡᠭᠳᠡᠭᠦᠯᠦᠨ᠎ᠡ︔ ᠡᠳ᠋ ᠤᠨ ᠵᠠᠰᠠᠭ ᠤᠨ ᠣᠷᠤᠯᠭ᠎ᠠ  ᠶᠢ 7.8 ᠳ᠋ᠦᠩᠰᠢᠭᠤᠷ ᠲᠦᠭᠦᠷᠢᠭ ᠪᠡᠶᠡᠯᠡᠭᠦᠯᠵᠦ᠂ 20% ᠪᠠᠷ ᠨᠡᠮᠡᠭᠳᠡᠭᠦᠯᠦᠨ᠎ᠡ︔ ᠬᠡᠪᠴᠢᠶᠡᠵᠢᠭᠰᠡᠨ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠶᠢ 134 ᠳ᠋ᠦᠩᠰᠢᠭᠤᠷ ᠲᠦᠭᠦᠷᠢᠭ ᠪᠡᠶᠡᠯᠡᠭᠦᠯᠵᠦ᠂ 22% ᠪᠠᠷ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠪᠣᠷᠤᠯᠠᠭᠤᠯᠬᠤ ᠶᠡᠷᠦᠩᠬᠡᠢ ᠲᠤᠭ᠎ᠠ ᠶᠢ 33.8 ᠳ᠋ᠦᠩᠰᠢᠭᠤᠷ ᠲᠦᠭᠦᠷᠢᠭ ᠪᠡᠶᠡᠯᠡᠭᠦᠯᠵᠦ᠂ 19% ᠪᠠᠷ ᠨᠡᠮᠡᠭᠳᠡᠭᠦᠯᠦᠨ᠎ᠡ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠵᠠᠷᠤᠵᠤ ᠪᠣᠯᠬᠤ ᠤᠷᠤᠯᠭ᠎ᠠ ᠪᠠ ᠮᠠᠯᠴᠢᠨ ᠲᠠᠷᠢᠶᠠᠴᠢᠨ ᠤ ᠬᠦᠮᠦᠨ ᠪᠦᠷᠢ ᠳᠤ ᠲᠡᠭᠰᠢᠳᠬᠡᠭᠰᠡᠨ ᠴᠡᠪᠡᠷ ᠣᠷᠤᠯᠭ᠎ᠠ ᠶᠢ 19460 ᠲᠦᠭᠦᠷᠢᠭ ᠪᠠ 7287 ᠲᠦᠭᠦᠷᠢᠭ ᠲᠤ ᠬᠦᠷᠭᠡᠵᠦ᠂ ᠲᠤᠰᠪᠦᠷᠢ 17% ᠪᠠ 15%  ᠪᠠᠷ ᠨᠡᠮᠡᠭᠳᠡᠭᠦᠯᠦᠨ᠎ᠡ᠃       ᠡᠳᠡᠭᠡᠷ ᠬᠠᠷᠠᠯᠲᠠ ᠶᠢ ᠪᠡᠶᠡᠯᠡᠭᠦᠯᠬᠦ ᠳᠤ᠂ ᠪᠢᠳᠡ ᠳᠣᠣᠷᠠᠬᠢ ᠨᠠᠢᠮᠠᠨ ᠲᠠᠯ᠎ᠠ ᠶᠢᠨ ᠠᠵᠢᠯ ᠢ ᠯᠠᠪᠳᠠᠭᠤᠨ ᠪᠠᠲᠤᠲᠠᠢ ᠪᠡᠶᠡᠯᠡᠭᠦᠯᠬᠦ ᠬᠡᠷᠡᠭᠲᠡᠢ᠄       ︵ᠨᠢᠭᠡ︶ ᠪᠡᠯᠡ ᠣᠷᠤᠭᠤᠯᠬᠤ ᠬᠦᠴᠦᠯᠡᠴᠡ ᠪᠠᠨ ᠴᠢᠩᠭᠠᠳᠬᠠᠵᠤ᠂ ᠪᠡᠯᠡ ᠣᠷᠤᠭᠤᠯᠤᠯᠲᠠ ᠪᠠᠷ ᠲᠠᠲᠠᠬᠤ ᠵᠠᠩᠭᠢᠯᠠᠭ᠎ᠠ ᠶᠢᠨ ᠦᠢᠯᠡᠳᠦᠯ ᠢ ᠪᠠᠳᠠᠷᠠᠭᠤᠯᠤᠨ᠎ᠠ᠃ᠪᠡᠯᠡ ᠣᠷᠤᠭᠤᠯᠤᠯᠲᠠ ᠶᠢᠨ ᠡᠨᠡᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠴᠢᠭᠯᠡᠯ ᠢᠶᠠᠨ ᠣᠨᠤᠪᠴᠢᠲᠠᠢ ᠲᠣᠭᠲᠠᠭᠠᠭᠰᠠᠨ᠂ ᠪᠦᠲᠦᠴᠡ ᠪᠠᠨ ᠰᠢᠯᠢᠳᠡᠭᠵᠢᠭᠦᠯᠦᠭᠰᠡᠨ ᠵᠢᠴᠢ ᠴᠢᠨᠠᠷ ᠴᠢᠨᠰᠠᠭ᠎ᠠ ᠪᠠ ᠦᠷ᠎ᠡ ᠠᠰᠢᠭ ᠢᠶᠠᠨ ᠳᠡᠭᠡᠭᠰᠢᠯᠡᠭᠦᠯᠦᠭᠰᠡᠨ ᠤᠷᠢᠳᠠᠴᠢ ᠨᠦᠬᠦᠴᠡᠯ ᠳᠣᠣᠷ᠎ᠠ᠂ ᠪᠡᠯᠡ ᠣᠷᠤᠭᠤᠯᠤᠯᠲᠠ ᠶᠢᠨ ᠠᠷᠭ᠎ᠠ ᠵᠠᠮ ᠢ ᠤᠯᠠᠰᠢᠷᠠᠭᠤᠯᠤᠨ ᠂ ᠪᠡᠯᠡ ᠣᠷᠤᠭᠤᠯᠬᠤ ᠬᠦᠷᠢᠶ᠎ᠡ ᠬᠡᠪᠴᠢᠶ᠎ᠡ ᠪᠠᠨ ᠦᠷᠭᠡᠳᠬᠡᠨ᠎ᠡ᠃       ᠳᠡᠭᠡᠳᠦ ᠱᠠᠲᠣᠨ ᠤ ᠪᠡᠯᠡ ᠣᠷᠤᠭᠤᠯᠤᠯᠲᠠ ᠶᠢ ᠠᠯᠢ ᠪᠣᠯᠬᠤ ᠪᠠᠷ ᠢᠯᠡᠭᠦᠬᠡᠨ ᠣᠯᠬᠤ ᠪᠠᠷ ᠴᠢᠷᠮᠠᠶᠢᠨ᠎ᠠ᠃ ᠬᠤᠷᠸ᠎ᠠ ᠠᠵᠤ ᠠᠬᠤᠢ ᠶᠢᠨ ᠲᠦᠷᠦ ᠶᠢᠨ ᠪᠣᠳᠤᠯᠭ᠎ᠠ ᠪᠠ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢ  ᠰᠠᠶᠢᠳᠤᠷ ᠤᠶᠢᠯᠠᠭᠠᠨ ᠡᠵᠡᠮᠳᠡᠵᠤ᠂ ᠤᠯᠤᠰ᠂ ᠥᠪᠡᠷᠲᠡᠭᠡᠨ ᠵᠠᠰᠠᠬᠤ ᠣᠷᠤᠨ ᠪᠣᠯᠤᠨ ᠬᠤᠲᠠ ᠶᠢᠨ ᠪᠡᠯᠡ ᠣᠷᠤᠭᠤᠯᠤᠯᠲᠠ ᠶᠢᠨ ᠬᠠᠨᠳᠤᠰᠢ ᠪᠠ ᠲᠦᠷᠦᠯ ᠵᠦᠢᠯ ᠤᠨ ᠭᠤᠤᠯᠳᠠᠯᠭ᠎ᠠ ᠶᠢ ᠴᠠᠭ ᠲᠤᠬᠠᠢ ᠳᠤᠨᠢ ᠡᠵᠡᠮᠰᠢᠵᠦ᠂ ᠮᠠᠨ  ᠤ ᠬᠤᠰᠢᠭᠤ ᠶᠢᠨ ᠠᠵᠤ ᠦᠢᠯᠡᠰ ᠤᠨ ᠬᠦᠭᠵᠢᠯᠲᠡ᠂ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ ᠶᠢᠨ ᠬᠠᠮᠠᠭᠠᠯᠠᠯᠲᠠ ᠵᠢᠴᠢ ᠠᠷᠠᠳ ᠤᠨ ᠠᠮᠢᠳᠤᠷᠠᠯ   ᠢ ᠰᠠᠶᠢᠵᠢᠷᠠᠭᠤᠯᠬᠤ ᠵᠡᠷᠭᠡ ᠲᠠᠯ᠎ᠠ ᠶᠢᠨ ᠪᠣᠳᠠᠲᠠᠢ ᠲᠠᠢ ᠤᠶᠠᠯᠳᠤᠭᠤᠯᠤᠨ᠂ ᠳᠡᠭᠡᠳᠦ ᠱᠠᠲᠤᠨ ᠤ ᠲᠦᠷᠦ ᠶᠢᠨ ᠪᠣᠳᠤᠯᠭ᠎ᠠ ᠶᠢᠨ ᠲᠣᠭᠤᠷᠢᠨ ᠳᠤ ᠲᠦᠯᠦᠪᠵᠢᠭᠦᠯᠭᠡ ᠲᠣᠭᠲᠠᠭᠠᠵᠤ᠂ ︽ᠮᠠᠯᠴᠢᠨ ᠲᠠᠷᠢᠶᠠᠴᠢᠨ᠂ ᠮᠠᠯᠵᠢᠬᠤ ᠲᠠᠷᠢᠶᠠᠯᠠᠬᠤ ᠣᠷᠤᠨ᠂ ᠮᠠᠯ ᠲᠠᠷᠢᠶᠠᠯᠠᠩ︾ ᠤᠨ ᠲᠦᠷᠦᠯ ᠵᠦᠢᠯ ᠵᠢᠴᠢ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ᠂ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠨᠡᠶᠢᠭᠡᠮ ᠤᠨ ᠦᠢᠯᠡᠰ ᠪᠠ ᠠᠷᠠᠳ  ᠤᠨ ᠠᠮᠢᠳᠤᠷᠠᠯ ᠤᠨ ᠪᠠᠲᠤᠯᠠᠭ᠎ᠠ ᠵᠡᠷᠭᠡ ᠲᠠᠯ᠎ᠠ ᠶᠢᠨ ᠨᠢᠭᠡ ᠪᠦᠯᠦᠭ ᠰᠢᠯᠢᠳᠡᠭ ᠲᠦᠷᠦᠯ ᠵᠦᠢᠯ ᠢ ᠨᠦᠭᠡᠴᠡᠯᠡᠨ᠂ ᠡᠷᠲᠡᠬᠡᠨ ᠪᠠᠷᠢᠯᠭ᠎ᠠ ᠶᠢᠨ ᠠᠵᠢᠯ ᠢᠶᠠᠨ ᠡᠬᠢᠯᠡᠭᠦᠯᠵᠦ᠂ ᠳᠡᠭᠡᠳᠦ ᠱᠠᠲᠤᠨ ᠤ ᠪᠡᠯᠡ ᠮᠦᠩᠭᠦᠨ ᠤ ᠳᠡᠮᠵᠢᠯᠭᠡ ᠶᠢ ᠴᠢᠷᠮᠠᠶᠢᠨ ᠣᠯᠵᠤ᠂ ᠪᠦᠬᠦ ᠬᠤᠰᠢᠭᠤᠨ ᠤ ᠠᠵᠤ ᠠᠬᠤᠢ ᠶᠢᠨ ᠦᠷᠭᠦᠯᠵᠢᠯᠡᠨ᠂ ᠲᠦᠷᠭᠡᠨ᠂ ᠡᠷᠡᠭᠦᠯ ᠢᠶᠠᠷ ᠬᠦᠭᠵᠢᠬᠦ  ᠳᠤ ᠰᠠᠭᠤᠷᠢ ᠲᠠᠯᠪᠢᠵᠦ ᠦᠭᠭᠦᠨ᠎ᠡ᠃       ᠠᠷᠠᠯᠵᠢᠶᠠᠴᠢᠨ ᠣᠷᠢᠵᠤ ᠪᠡᠯᠡ ᠣᠷᠤᠭᠤᠯᠬᠤ ᠶᠢ ᠴᠢᠬᠤᠯᠠᠴᠢᠯᠠᠨ ᠠᠳᠬᠤᠨ᠎ᠠ᠃ ᠳᠠᠪᠠᠭᠤᠯᠢᠭ ᠠᠵᠤ ᠦᠢᠯᠡᠰ ᠪᠠ ᠬᠦᠭᠵᠢᠭᠦᠯᠬᠦ ᠭᠤᠣᠯᠳᠠᠯᠭ᠎ᠠ ᠶᠢᠨ ᠲᠣᠭᠤᠷᠢᠨ ᠳᠤ᠂ ᠡᠨᠧᠷᠭᠢ ᠶᠢᠨ ᠬᠤᠷᠤᠭᠳᠠᠯ ᠪᠠᠭ᠎ᠠ᠂ ᠬᠤᠯᠪᠤᠭᠠᠰᠤ ᠴᠢᠩᠭ᠎ᠠ᠂ ᠳᠠᠭᠠᠭᠤᠯᠬᠤ ᠦᠷ᠎ᠡ ᠠᠰᠢᠭ ᠢᠶᠠᠷ ᠰᠠᠶᠢᠨ ᠪᠠᠶᠢᠬᠤ ᠲᠦᠷᠦᠯ ᠵᠦᠢᠯ ᠢ ᠢᠳᠡᠪᠬᠢᠲᠠᠢ ᠣᠷᠤᠭᠤᠯᠵᠤ᠂ ᠭᠠᠳᠠᠭᠠᠳᠤ ᠪᠡᠯᠡ ᠣᠷᠤᠭᠤᠯᠤᠯᠲᠠ ᠶᠢ ᠵᠢᠯᠤᠭᠤᠳᠤᠨ᠂ ᠰᠢᠨ᠎ᠡ ᠮᠠᠶ᠋ᠢᠭ ᠤᠨ ᠠᠵᠤ ᠦᠢᠯᠡᠳᠪᠦᠷᠢ᠂ ᠣᠨᠴᠠᠯᠢᠭᠲᠦ ᠲᠠᠷᠢᠶᠠᠯᠠᠩ ᠮᠠᠯ ᠠᠵᠤ ᠠᠬᠤᠢ᠂ ᠣᠳᠣᠬᠢ ᠦᠢᠯᠡᠴᠢᠯᠡᠭᠡᠨ ᠤ ᠦᠢᠯᠡᠰ ᠵᠢᠴᠢ ᠣᠯᠠᠨ ᠨᠡᠶᠢᠲᠡ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠣᠷᠤᠯᠴᠠᠭᠤᠯᠵᠤ᠂ ᠠᠵᠤ ᠦᠢᠯᠡᠰ ᠤᠨ ᠪᠦᠲᠦᠴᠡ ᠶᠢᠨ ᠰᠢᠯᠢᠳᠡᠭᠵᠢᠯ ᠢ ᠣᠯᠠᠮ ᠨᠢᠭᠡ ᠠᠯᠬᠤᠮ ᠠᠬᠢᠭᠤᠯᠤᠨ᠎ᠠ᠃ ᠴᠠᠶᠢᠷ ᠲᠤᠭᠤᠯᠭ᠎ᠠ ᠶᠢ ᠬᠠᠶᠢᠯᠤᠭᠤᠯᠤᠨ ᠪᠤᠯᠪᠠᠰᠤᠷᠠᠭᠤᠯᠬᠤ ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ᠂ ᠰᠣᠶᠤᠯ ᠵᠢᠭᠤᠯᠴᠢᠯᠠᠯ ᠵᠡᠷᠭᠡ ᠠᠵᠤ ᠦᠢᠯᠡᠰ ᠤᠨ ᠪᠦᠷᠢᠨ ᠲᠦᠬᠦᠷ ᠲᠦᠷᠦᠯ ᠵᠦᠢᠯ ᠳᠠᠬᠢ ᠠᠷᠠᠯᠵᠢᠶᠠᠴᠢᠨ ᠣᠷᠢᠬᠤ ᠠᠵᠢᠯ ᠢ ᠭᠤᠣᠯᠳᠠᠯᠭ᠎ᠠ  ᠲᠠᠢ ᠠᠬᠢᠭᠤᠯᠵᠤ᠂ ᠠᠷᠠᠯᠵᠢᠶᠠᠴᠢᠨ ᠣᠷᠢᠵᠤ ᠪᠡᠯᠡ ᠣᠷᠤᠭᠤᠯᠬᠤ ᠲᠦᠷᠦᠯ ᠵᠦᠢᠯ ᠤᠨ ᠪᠡᠶᠡᠯᠡᠭᠳᠡᠯ ᠪᠠ ᠪᠡᠯᠡ ᠣᠷᠤᠭᠤᠯᠬᠤ ᠶᠠᠪᠤᠴᠠ ᠶᠢ ᠲᠦᠷᠭᠡᠳᠬᠡᠨ᠎ᠡ᠃ ᠬᠦᠭᠵᠢᠭᠰᠡᠨ ᠭᠠᠵᠠᠷ ᠣᠷᠤᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠠᠢ ᠠᠰᠢᠭᠯᠠᠵᠤ᠂ ᠨᠡᠩ ᠣᠯᠠᠨ ᠪᠡᠯᠡ ᠮᠦᠩᠭᠦ᠂ ᠮᠡᠷᠭᠡᠵᠢᠯ᠂ ᠲᠦᠷᠦᠯ ᠵᠦᠢᠯ᠂ ᠴᠢᠳᠠᠪᠦᠷᠢᠲᠠᠨ ᠵᠢᠴᠢ ᠬᠠᠮᠢᠶᠠᠷᠤᠯᠲᠠ ᠵᠡᠷᠭᠡ ᠦᠢᠯᠡᠳᠪᠦᠷᠢᠯᠡᠯ ᠤᠨ ᠡᠯᠧᠮᠧᠨ᠋ᠲ ᠤᠳ ᠢ ᠮᠠᠨ ᠤ ᠬᠤᠰᠢᠭᠤᠨ ᠳᠠᠭᠠᠨ ᠲᠠᠲᠠᠨ ᠠᠪᠴᠢᠷᠠᠨ᠎ᠠ᠃       ᠮᠦᠩᠭᠦᠨ ᠭᠦᠢᠯᠭᠡᠭᠡᠨ ᠤ ᠪᠠᠶᠢᠭᠤᠯᠤᠮᠵᠢ ᠳᠠᠬᠢ ᠪᠡᠯᠡ ᠣᠷᠤᠭᠤᠯᠤᠯᠲᠠ ᠪᠠᠨ ᠦᠷᠭᠡᠳᠬᠡᠨ᠎ᠡ᠃ ᠪᠠᠩᠬᠢ ᠪᠣᠯᠤᠨ ᠣᠷᠤᠨ ᠨᠤᠲᠤᠭ᠂ ᠪᠠᠩᠬᠢ ᠪᠣᠯᠤᠨ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂  ᠢᠳᠡᠬᠡᠮᠵᠢᠳᠤ ᠵᠢᠬᠡᠯᠡᠯᠬᠡ ᠪᠠᠲᠤᠯᠠᠨ ᠲᠠᠭᠠᠭᠠᠴᠢᠯᠠᠯᠳᠠ ᠶᠢ ᠲᠡᠭᠦᠯᠳᠡᠷᠵᠢᠭᠦᠯᠦᠨ ᠳᠦᠷᠢᠮᠵᠢᠭᠦᠯᠵᠦ᠂ ᠬᠤᠰᠢᠭᠤᠨ ᠳᠣᠲᠤᠷᠠᠬᠢ ᠡᠯ᠎ᠡ ᠬᠤᠳᠠᠯᠳᠤᠭᠠᠨ ᠤ ᠪᠠᠩᠬᠢ ᠶᠢᠨ ᠲᠤᠰ ᠲᠤᠰ ᠶᠢᠨ ᠳᠠᠪᠠᠭᠤᠯᠢᠭ ᠢᠶᠠᠨ ᠪᠠᠳᠠᠷᠠᠭᠤᠯᠬᠤ ᠶᠢ ᠵᠤᠷᠢᠭᠵᠢᠭᠤᠯᠤᠨ᠂ ᠮᠠᠨ ᠤ ᠬᠤᠰᠢᠭᠤᠨ ᠤ ᠭᠤᠣᠯᠳᠠᠯᠭ᠎ᠠ ᠲᠠᠢ ᠠᠵᠢᠯ ᠲᠦᠷᠦᠯ ᠪᠠ ᠭᠤᠣᠯᠳᠠᠯᠭ᠎ᠠ ᠲᠠᠢ ᠠᠵᠤ ᠠᠬᠤᠶᠢᠯᠠᠯ ᠳᠠᠬᠢ ᠵᠢᠭᠡᠯᠡᠯᠭᠡ ᠶᠢᠨ ᠬᠦᠷᠢᠶ᠎ᠡ ᠬᠡᠪᠴᠢᠶ᠎ᠡ ᠶᠢ ᠦᠷᠭᠡᠳᠬᠡᠨ᠎ᠡ᠃ ᠲᠤᠰᠬᠤᠨ ᠤ ᠪᠠᠩᠬᠢ᠂ ᠪᠠᠲᠤᠯᠠᠨ ᠳᠠᠭᠠᠭᠠᠬᠤ ᠵᠠᠭᠤᠴᠢ ᠶᠢᠨ ᠪᠠᠶᠢᠭᠤᠯᠤᠮᠵᠢ ᠵᠡᠷᠭᠡ ᠰᠢᠨ᠎ᠡ ᠮᠠᠶ᠋ᠢᠭ ᠤᠨ ᠬᠦᠳᠡᠭᠡ ᠲᠤᠰᠬᠤᠨ ᠤ ᠮᠦᠩᠭᠦᠨ ᠭᠦᠢᠯᠭᠡᠭᠡᠨ  ᠤ ᠪᠠᠶᠢᠭᠤᠯᠤᠮᠵᠢ ᠶᠢ ᠪᠠᠶᠢᠭᠤᠯᠬᠤ ᠪᠠᠷ ᠰᠦᠪᠡᠭᠴᠢᠯᠡᠵᠦ᠂ ᠮᠦᠩᠭᠦᠨ ᠭᠦᠢᠯᠭᠡᠭᠡᠨ ᠤ ᠵᠢᠭᠡᠯᠡᠯᠭᠡ ᠶᠢᠨ ︽ᠮᠠᠯᠴᠢᠨ ᠲᠠᠷᠢᠶᠠᠴᠢᠨ᠂ ᠮᠠᠯᠵᠢᠬᠤ ᠲᠠᠷᠢᠶᠠᠯᠠᠬᠤ ᠣᠷᠤᠨ᠂ ᠮᠠᠯ ᠲᠠᠷᠢᠶᠠᠯᠠᠩ︾ ᠪᠠ ᠳᠣᠮᠳᠠ ᠪᠠᠭ᠎ᠠ ᠬᠡᠯᠪᠡᠷᠢ ᠶᠢᠨ ᠠᠵᠤ ᠠᠬᠤᠶᠢᠯᠠᠯ ᠲᠡᠰᠢ ᠬᠡᠯᠪᠡᠶᠢᠬᠦ ᠶᠢ ᠵᠢᠯᠤᠭᠤᠳᠤᠨ ᠳᠠᠭᠠᠭᠤᠯᠤᠨ᠎ᠠ᠃ ᠡᠯ᠎ᠡ ᠲᠦᠷᠦᠯ ᠤᠨ ᠬᠤᠳᠠᠯᠳᠤᠭᠠᠨ ᠤ ᠪᠠᠩᠬᠢ ᠪᠠ  ᠢᠳᠡᠬᠡᠮᠵᠢᠳᠤ ᠵᠢᠭᠡᠯᠡᠯᠭᠡ ᠶᠢᠨ  ᠪᠠᠶᠢᠭᠤᠯᠤᠮᠵᠢ ᠶᠢᠨ ᠮᠠᠨ ᠤ ᠬᠤᠰᠢᠭᠤᠨ ᠳᠤ ᠠᠵᠢᠯ ᠢᠶᠠᠨ ᠨᠡᠭᠡᠭᠡᠨ ᠦᠷᠭᠡᠳᠬᠡᠬᠦ  ᠶᠢ ᠦᠷᠭᠦᠯᠵᠢᠯᠡᠨ ᠳᠡᠮᠵᠢᠵᠦ᠂ ᠡᠨᠡ ᠵᠢᠯ ᠬᠤᠳᠠᠯᠳᠤᠭᠠᠨ ᠤ ᠪᠠᠩᠬᠢ ᠶᠢ 1 ᠲᠠᠳᠠᠨ ᠤᠷᠤᠭᠤᠯᠵᠤ᠂ ᠪᠠᠭ᠎ᠠ ᠲᠣᠭᠠᠨ  ᠤ ᠵᠢᠭᠡᠯᠡᠯᠭᠡ ᠶᠢᠨ ᠺᠣᠮᠫᠠᠨᠢ ᠶᠢ 2 ᠵᠤᠬᠢᠶᠠᠨ ᠪᠠᠶᠢᠭᠤᠯᠬᠤ ᠪᠠᠷ ᠴᠢᠷᠮᠠᠶᠢᠨ᠂ ᠣᠯᠠᠨ ᠳᠠᠪᠬᠤᠷᠭᠠᠲᠤ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠢᠳᠡᠭ ᠢᠳᠡᠭ ᠢᠶᠠᠷ ᠪᠦᠲᠦᠭᠡᠨ ᠪᠠᠶᠢᠭᠤᠯᠤᠨ᠎ᠠ᠃       ᠠᠷᠠᠳ ᠤᠨ ᠳᠤᠮᠳᠠᠬᠢ ᠪᠡᠯᠡ ᠣᠷᠤᠭᠤᠯᠤᠯᠲᠠ ᠶᠢ ᠵᠢᠯᠤᠭᠤᠳᠤᠨ ᠳᠠᠭᠠᠭᠤᠯᠬᠤ ᠪᠠ ᠦᠷᠭᠡᠳᠬᠡᠨ᠎ᠡ᠃ ︽ᠴᠠᠭᠠᠵᠠᠯᠠᠭᠰᠠᠨ ᠪᠣᠰᠣ ᠪᠣᠯ ᠣᠷᠤᠭᠤᠯᠵᠤ ᠪᠣᠯᠬᠤ᠂ ᠡᠷᠬᠡ ᠲᠡᠭᠰᠢ ᠪᠠᠷ ᠬᠠᠷᠠᠭᠠᠯᠵᠠᠬᠤ︾ ᠵᠠᠷᠴᠢᠮ ᠢ ᠦᠨᠳᠦᠰᠦᠯᠡᠵᠦ ᠂ ᠠᠷᠠᠳ ᠤᠨ ᠳᠤᠮᠳᠠᠬᠢ ᠪᠡᠯᠡ ᠣᠷᠤᠭᠤᠯᠤᠯᠲᠠ ᠶᠢᠨ ᠬᠡᠯᠪᠡᠷᠢ ᠶᠢ ᠣᠯᠠᠮ ᠨᠢᠭᠡ ᠠᠯᠬᠤᠮ ᠰᠢᠨᠡᠳᠬᠡᠨ᠂ ᠪᠡᠯᠡ ᠣᠷᠤᠭᠤᠯᠤᠯᠲᠠ ᠶᠢᠨ ᠬᠦᠷᠢᠶ᠎ᠡ ᠬᠡᠪᠴᠢᠶ᠎ᠡ ᠶᠢ ᠦᠷᠭᠡᠳᠬᠡᠵᠦ᠂ ᠪᠡᠯᠡ ᠣᠷᠤᠭᠤᠯᠤᠯᠲᠠ ᠶᠢᠨ ᠳᠠᠯᠳᠠ ᠬᠦᠴᠦᠨ ᠢ ᠭᠦᠢᠴᠡᠳ ᠢᠯᠡᠷᠡᠭᠦᠯᠦᠨ᠂ ᠠᠷᠠᠳ ᠤᠨ ᠳᠤᠮᠳᠠᠬᠢ ᠪᠡᠯᠡ ᠣᠷᠤᠭᠤᠯᠤᠯᠲᠠ ᠶᠢᠨ ᠰᠠᠭᠤᠷᠢ ᠠᠵᠤ ᠦᠢᠯᠡᠰ᠂ ᠰᠠᠭᠤᠷᠢ ᠲᠦᠬᠦᠭᠡᠷᠦᠮᠵᠢ᠂ ᠣᠯᠠᠨ ᠨᠡᠶᠢᠲᠡ ᠶᠢᠨ ᠦᠢᠯᠡᠴᠢᠯᠡᠭᠡᠨ᠂ ᠨᠡᠶᠢᠭᠡᠮ ᠤᠨ ᠦᠢᠯᠡᠰ ᠵᠢᠴᠢ ᠮᠦᠩᠭᠦᠨ ᠭᠦᠢᠯᠭᠡᠭᠡᠨ ᠤ ᠦᠢᠯᠡᠴᠢᠯᠡᠭᠡᠨ ᠵᠡᠷᠭᠡ ᠬᠦᠷᠢᠶ᠎ᠡ ᠬᠡᠪᠴᠢᠶᠡᠨ ᠳᠤ ᠣᠷᠤᠬᠤ ᠶᠢ ᠵᠣᠷᠢᠭᠵᠢᠭᠤᠯᠤᠨ ᠵᠢᠯᠤᠭᠤᠳᠴᠦ᠂ ᠠᠷᠠᠳ ᠤᠨ ᠳᠤᠮᠳᠠᠬᠢ ᠪᠡᠯᠡ ᠣᠷᠤᠭᠤᠯᠤᠯᠲᠠ ᠳᠤ ᠳᠣᠬᠢᠷᠠᠬᠤ ᠨᠢᠭᠡ ᠪᠦᠯᠦᠭ ᠳᠣᠮᠳᠠ ᠪᠠᠭ᠎ᠠ ᠬᠡᠯᠪᠡᠷᠢ ᠶᠢᠨ ᠲᠦᠷᠦᠯ ᠵᠦᠢᠯ ᠢ ᠰᠡᠳᠦᠨ ᠲᠦᠯᠦᠪᠯᠡᠵᠦ᠂ ᠲᠦᠷᠦᠯ ᠵᠦᠢᠯ ᠢ ᠲᠠᠨᠢᠯᠴᠠᠭᠤᠯᠤᠨ ᠨᠡᠭᠡᠬᠡᠬᠦ ᠠᠵᠢᠯ ᠢ ᠰᠠᠶᠢᠲᠤᠷ ᠬᠢᠵᠦ᠂ ᠪᠡᠯᠡ ᠮᠦᠩᠭᠦ ᠪᠠ ᠲᠦᠷᠦᠯ ᠵᠦᠢᠯ ᠤᠨ ᠬᠤᠯᠪᠤᠭᠠᠰᠤ ᠶᠢ ᠠᠬᠢᠭᠤᠯᠤᠨ᠂ ᠠᠷᠠᠳ ᠤᠨ ᠳᠤᠮᠳᠠᠬᠢ ᠪᠡᠯᠡ ᠣᠷᠤᠭᠤᠯᠤᠯᠲᠠ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ᠃       ︵ᠬᠤᠶᠠᠷ︶ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠵᠣ ᠠᠬᠤᠢ ᠶᠢ ᠲᠦᠷᠭᠡᠨ ᠪᠦᠭᠡᠳ ᠡᠷᠡᠬᠦᠯ ᠢᠶᠠᠷ ᠬᠦᠭᠵᠢᠬᠦᠯᠬᠦ   ᠶᠢ ᠠᠬᠢᠭᠤᠯᠤᠨ᠎ᠠ᠃       ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠭᠵᠢᠯᠲᠡ ᠶᠢᠨ ᠬᠡᠯᠪᠡᠷᠢ ᠶᠢ ᠥᠭᠡᠷᠡᠴᠢᠯᠡᠬᠦ ᠪᠠ ᠠᠵᠤ ᠠᠬᠤᠢ᠂ ᠨᠡᠶᠢᠭᠡᠮ ᠤᠨ ᠬᠦᠭᠵᠢᠯᠲᠡ ᠶᠢ ᠠᠬᠢᠭᠤᠯᠬᠤ ᠴᠢᠬᠤᠯᠠ ᠠᠷᠭ᠎ᠠ ᠵᠠᠮ ᠪᠣᠯᠭᠠᠵᠤ᠂ ᠨᠡᠩ ᠶᠡᠭᠡ ᠵᠣᠷᠢᠭ᠂ ᠨᠡᠩ ᠰᠠᠶᠢᠨ ᠠᠷᠭ᠎ᠠ ᠬᠡᠮᠵᠢᠶ᠎ᠡ ᠪᠠᠷ ᠯᠠᠪᠳᠠᠭᠤᠨ ᠪᠠᠳᠤᠳᠠᠢ᠂ ᠰᠠᠶᠢᠳᠤᠷ ᠠᠳᠬᠤᠨ᠎ᠠ᠃       ᠴᠢᠬᠤᠯᠠ ᠶᠡᠭᠡ ᠲᠦᠷᠦᠯ ᠵᠦᠢᠯ ᠢ ᠰᠦᠪᠡᠭᠴᠢᠯᠡᠨ ᠨᠡᠭᠡᠭᠡᠬᠦ ᠶᠢ ᠠᠬᠢᠭᠤᠯᠤᠨ᠎ᠠ᠃ ᠪᠦᠬᠦ ᠬᠤᠰᠢᠭᠤᠨ ᠤ ᠬᠦᠭᠵᠢᠯᠲᠡ ᠶᠢᠨ ᠭᠤᠣᠯᠳᠠᠯᠭ᠎ᠠ ᠲᠠᠢ ᠭᠠᠵᠠᠷ ᠣᠷᠤᠨ ᠪᠠ ᠭᠤᠣᠯᠳᠠᠯᠭ᠎ᠠ ᠲᠠᠢ ᠠᠵᠢᠯ ᠲᠦᠷᠦᠯ ᠤᠨ ᠲᠣᠭᠤᠷᠢᠨ ᠳᠤ᠂ ᠲᠦᠷᠦᠯ ᠵᠦᠢᠯ ᠤᠨ ᠪᠦᠲᠦᠴᠡ ᠶᠢ ᠰᠢᠯᠢᠳᠡᠭᠵᠢᠭᠦᠯᠦᠨ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠩᠬᠠᠨ ᠤ ᠱᠠᠲᠤᠨ ᠤ ᠲᠦᠯᠦᠪᠵᠢᠭᠦᠯᠭᠡ᠂ ᠵᠢᠷᠤᠭ ᠲᠦᠯᠦᠪᠯᠡᠭᠡ᠂ ᠮᠡᠳᠡᠭᠦᠯᠦᠯᠲᠡ ᠵᠢᠴᠢ ᠪᠡᠯᠡᠳᠬᠡᠯ ᠠᠵᠢᠯ ᠢ ᠰᠠᠶᠢᠲᠤᠷ ᠬᠢᠨ᠎ᠡ᠃ ᠳᠠᠭᠠᠭᠤᠯᠬᠤ ᠬᠦᠴᠦᠨ ᠶᠡᠭᠡ᠂ ᠬᠠᠷᠢᠴᠠᠭ᠎ᠠ ᠬᠤᠯᠪᠤᠭ᠎ᠠ ᠴᠢᠩᠭ᠎ᠠ᠂ ᠠᠵᠤ ᠦᠢᠯᠡᠰ ᠤᠨ ᠬᠤᠯᠪᠤᠭᠠᠰᠤ ᠣᠷᠲᠤ ᠪᠠᠶᠢᠬᠤ ᠴᠢᠬᠤᠯᠠ ᠶᠡᠭᠡ ᠠᠵᠤ ᠦᠢᠯᠡᠳᠪᠦᠷᠢ ᠶᠢᠨ ᠲᠦᠷᠦᠯ ᠵᠦᠢᠯ᠂ ᠠᠷᠠᠳ ᠢ ᠪᠠᠶᠠᠵᠢᠭᠤᠯᠵᠤ ᠣᠷᠤᠯᠭ᠎ᠠ ᠶᠢ ᠨᠡᠮᠡᠭᠳᠡᠭᠦᠯᠬᠦ ᠪᠠᠷ ᠭᠤᠣᠯᠳᠠᠯᠭ᠎ᠠ ᠪᠣᠯᠭᠠᠭᠰᠠᠨ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠲᠦᠷᠦᠯ ᠵᠦᠢᠯ᠂ ᠭᠢᠳᠠᠨ ᠤ ᠯᠢᠶᠤᠤ ᠶᠢᠨ ᠰᠣᠶᠤᠯ ᠤᠨ ᠠᠵᠤ ᠦᠢᠯᠡᠰ ᠢ ᠬᠦᠭᠵᠢᠬᠦᠯᠬᠦ ᠪᠠᠷ ᠭᠤᠣᠯᠳᠠᠯᠭ᠎ᠠ ᠪᠣᠯᠭᠠᠭᠰᠠᠨ ᠰᠣᠶᠤᠯ ᠵᠢᠭᠤᠯᠴᠢᠯᠠᠯ ᠤᠨ ᠦᠢᠯᠡᠰ ᠤᠨ ᠲᠦᠷᠦᠯ ᠵᠦᠢᠯ᠂ ᠪᠠᠳᠤᠯᠠᠭ᠎ᠠ ᠶᠢᠨ ᠴᠢᠳᠠᠪᠦᠷᠢ ᠶᠢ ᠴᠢᠩᠭᠠᠳᠬᠠᠨ ᠬᠦᠭᠵᠢᠬᠦᠯᠬᠦ ᠪᠠᠷ ᠭᠤᠤᠯᠳᠠᠯᠭ᠎ᠠ ᠪᠤᠯᠭᠠᠭᠰᠠᠨ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠬᠤᠲᠠ ᠪᠠᠯᠭᠠᠰᠤᠴᠢᠯᠠᠯᠳᠠ ᠰᠠᠭᠤᠷᠢ ᠲᠦᠬᠦᠭᠡᠷᠦᠮᠵᠢ ᠶᠢᠨ ᠪᠦᠳᠦᠬᠡᠨ ᠪᠡᠶᠢᠭᠤᠯᠤᠯᠳᠠ ᠶᠢᠨ ᠲᠦᠷᠦᠯ ᠵᠦᠢᠯ᠂ ᠡᠨᠧᠷᠬᠢ ᠠᠷᠪᠢᠯᠠᠵᠤ ᠪᠣᠬᠢᠷᠳᠤᠯ ᠢ ᠪᠠᠭᠠᠰᠬᠠᠬᠤ ᠪᠠ ᠣᠷᠴᠢᠨ ᠲᠣᠭᠤᠷᠢᠨ ᠤ ᠬᠠᠮᠠᠭᠠᠯᠠᠯᠲᠠ ᠪᠠᠷ ᠭᠤᠣᠯᠳᠠᠯᠭ᠎ᠠ ᠪᠣᠯᠭᠠᠭᠰᠠᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠵᠢᠴᠢ ︽ᠠᠷᠠᠳ ᠤᠨ ᠠᠮᠢᠳᠤᠷᠠᠯ ᠤᠨ ᠠᠵᠢᠯᠯᠠᠭᠠᠨ ᠤ ᠲᠦᠯᠦᠪᠯᠡᠭᠡ︾ ᠪᠠᠷ ᠭᠤᠣᠯᠳᠠᠯᠭ᠎ᠠ ᠪᠣᠯᠭᠠᠭᠰᠠᠨ ᠠᠷᠠᠳ ᠤᠨ ᠠᠮᠢᠳᠤᠷᠠᠯ ᠤᠨ ᠲᠦᠷᠦᠯ ᠵᠦᠢᠯ ᠵᠡᠷᠭᠡ ᠨᠢᠭᠡ ᠪᠦᠯᠦᠭ ᠲᠦᠷᠦᠯ ᠵᠦᠢᠯ ᠢ ᠰᠦᠪᠡᠭᠴᠢᠯᠡᠨ ᠲᠦᠯᠦᠪᠯᠡᠵᠦ᠂ ᠲᠦᠷᠦᠯ ᠵᠦᠢᠯ ᠤᠨ ᠠᠩᠬᠠᠳᠠᠭᠴᠢ ᠬᠤᠭᠤᠴᠠᠭᠠᠨ ᠤ ᠪᠡᠯᠡ ᠣᠷᠤᠭᠤᠯᠤᠯᠲᠠ ᠶᠢ ᠨᠡᠮᠡᠭᠳᠡᠭᠦᠯᠦᠨ᠂ ᠲᠦᠷᠦᠯ ᠵᠦᠢᠯ ᠢ ᠣᠷᠤᠭᠰᠢᠲᠠᠢ ᠶᠠᠪᠤᠭᠳᠠᠭᠤᠯᠬᠤ ᠳᠤ ᠨᠦᠬᠦᠴᠡᠯ ᠪᠦᠷᠢᠯᠳᠦᠭᠦᠯᠵᠦ ᠦᠭᠭᠦᠨ᠎ᠡ᠃       ᠲᠦᠷᠦᠯ ᠵᠦᠢᠯ ᠤᠨ ᠨᠢᠬᠡᠳᠤᠬᠡᠷ ᠬᠤᠭᠤᠴᠠᠭᠠᠨ ᠤ ᠠᠵᠢᠯ ᠤᠨ ᠬᠦᠴᠦᠯᠡᠴᠡ ᠶᠢ ᠴᠢᠩᠭᠠᠳᠬᠠᠨ᠎ᠠ᠃ ᠲᠦᠷᠦᠯ ᠵᠦᠢᠯ ᠤᠨ ᠬᠦᠮᠦᠷᠭᠡ ᠶᠢᠨ ᠪᠦᠲᠦᠭᠡᠨ ᠪᠠᠶᠢᠭᠤᠯᠤᠯᠲᠠ ᠶᠢ ᠣᠯᠠᠮ ᠨᠢᠭᠡ ᠠᠯᠬᠤᠮ ᠴᠢᠩᠭᠠᠳᠬᠠᠵᠤ᠂ ᠲᠦᠷᠦᠯ ᠵᠦᠢᠯ ᠤᠨ ᠨᠢᠬᠡᠳᠤᠭᠡᠷ ᠬᠤᠭᠤᠴᠠᠭᠠᠨ ᠤ ᠠᠵᠢᠯ ᠤᠨ ᠠᠬᠢᠴᠠ ᠶᠢ ᠲᠦᠷᠬᠡᠳᠬᠡᠨ᠂ ᠲᠦᠷᠦᠯ ᠵᠦᠢᠯ ᠴᠦᠬᠡᠨ᠂ ᠲᠦᠷᠦᠯ ᠵᠦᠢᠯ ᠪᠠᠭ᠎ᠠ᠂ ᠪᠡᠶᠡᠯᠡᠭᠦᠯᠦᠯᠲᠡ ᠬᠦᠴᠢᠷ᠂ ᠠᠬᠢᠴᠠ ᠤᠳᠠᠭᠠᠨ ᠪᠠᠶᠢᠬᠤ ᠵᠡᠷᠭᠡ ᠳᠣᠪᠤᠶᠢᠮ᠎ᠠ ᠠᠰᠠᠭᠤᠳᠠᠯ ᠤᠳ ᠢ ᠦᠨᠡᠨᠬᠦ ᠰᠢᠢᠳᠪᠦᠷᠢᠯᠡᠵᠦ᠂ ᠪᠦᠭᠡᠮ ᠢᠶᠠᠷ ᠪᠠᠷᠢᠯᠭ᠎ᠠ ᠡᠬᠢᠯᠡᠬᠦ᠂ ᠪᠦᠭᠡᠮ ᠢᠶᠠᠷ ᠪᠠᠶᠢᠭᠤᠯᠵᠤ ᠳᠠᠭᠤᠰᠬᠤ ᠵᠢᠴᠢ ᠪᠦᠭᠡᠮ ᠢᠶᠠᠷ ᠪᠡᠯᠡᠳᠬᠡᠬᠦ ᠵᠡᠷᠭᠡ ᠦᠷᠭᠦᠯᠵᠢᠯᠡᠨ ᠬᠦᠭᠵᠢᠭᠦᠯᠬᠦ ᠲᠦᠷᠦᠯ ᠵᠦᠢᠯ ᠢ ᠰᠦᠪᠡᠭᠴᠢᠯᠡᠨ ᠪᠦᠲᠦᠭᠡᠨ ᠪᠠᠶᠢᠭᠤᠯᠬᠤ ᠲᠣᠭᠲᠠᠯᠴᠠᠭ᠎ᠠ ᠶᠢ ᠪᠣᠢ ᠪᠣᠯᠭᠠᠵᠤ᠂ ᠪᠡᠯᠡ ᠣᠷᠤᠭᠤᠯᠤᠯᠲᠠ ᠶᠢᠨ ᠬᠦᠴᠦᠨ ᠢ ᠨᠡᠯᠢᠶᠡᠳ ᠣᠷᠲᠤ ᠬᠤᠭᠤᠴᠠᠭᠠᠨ ᠳᠤ ᠦᠨᠳᠦᠷ ᠬᠢᠷᠢ ᠲᠦᠪᠰᠢᠨ ᠳᠤ ᠪᠠᠶᠢᠯᠭᠠᠨ᠎ᠠ᠃ 10 ᠲᠦᠮᠡᠨ ᠳᠤᠨ ᠤ ᠴᠠᠶᠢᠷ ᠬᠠᠶᠢᠯᠤᠭᠤᠯᠤᠨ ᠪᠣᠯᠪᠠᠰᠤᠷᠠᠭᠤᠯᠬᠤ᠂ ᠬᠤᠷᠭᠤᠯᠵᠢᠨ ᠬᠦᠴᠢᠯ ᠤᠨ ᠴᠠᠬᠢᠯᠭᠠᠨ ᠬᠤᠷᠢᠶᠠᠭᠤᠷ᠂ ᠪᠣᠳᠤᠯᠢᠶᠠᠨᠲᠠᠢ ᠪᠣᠶᠤ ᠰᠢᠯᠢᠨ ᠰᠤᠩᠭᠤᠬᠤ ᠳᠤ ᠬᠦᠴᠢᠷᠲᠠᠢ ᠬᠦᠳᠡᠷ ᠢ ᠶᠡᠷᠦᠩᠬᠡᠶᠢᠯᠡᠨ ᠬᠤᠷᠢᠶᠠᠵᠤ ᠬᠠᠶᠢᠯᠤᠭᠤᠯᠤᠨ ᠪᠣᠯᠪᠠᠰᠤᠷᠠᠭᠤᠯᠬᠤ᠂ ᠢᠥᠢ ᠪᠠᠩ ᠠᠭᠤᠷᠬᠠᠢ ᠶᠢᠨ ᠦᠢᠯᠡᠰ ᠤᠨ 7000 ᠳᠤᠨ ᠤ ᠬᠦᠳᠡᠷ ᠰᠤᠩᠭᠤᠵᠤ ᠦᠷᠭᠡᠳᠬᠡᠨ ᠪᠠᠶᠢᠭᠤᠯᠬᠤ᠂ ᠶᠢᠨ ᠱᠠᠨ ᠬᠤᠩ ᠯᠢᠩ ᠤᠨ 1 ᠲᠦᠮᠡᠨ ᠳᠤᠨ ᠤ ᠬᠦᠳᠡᠷ ᠰᠤᠩᠭᠤᠵᠤ ᠦᠷᠭᠡᠳᠬᠡᠨ ᠪᠠᠶᠢᠭᠤᠯᠬᠤ᠂ ᠯᠦ ᠮᠧᠩ ᠱᠦᠢᠨᠢ  ᠶᠢᠨ ᠦᠢᠯᠡᠳᠪᠦᠷᠢᠯᠡᠯ ᠤᠨ ᠱᠤᠭᠤᠮ ᠤᠨ ᠮᠡᠷᠭᠡᠵᠢᠯ ᠤᠨ ᠥᠭᠡᠷᠡᠴᠢᠯᠡᠯᠲᠡ᠂ ᠤᠯᠤᠰ ᠤᠨ ᠴᠠᠬᠢᠯᠭᠠᠨ ᠤ 2×100 ᠲᠦᠮᠡᠨ ᠺᠢᠯᠤᠸᠤᠯᠲ ᠶᠢᠨ ᠢᠯᠴᠢ ᠶᠢᠨ ᠬᠦᠴᠦᠨ ᠤ ᠴᠠᠬᠢᠯᠭᠠᠨ ᠵᠢᠴᠢ ᠬᠤ᠋ ᠪᠦᠸᠧ ᠭᠸᠦ ᠣᠰᠤᠨ ᠴᠦᠭᠦᠷᠦᠮ ᠵᠡᠷᠭᠡ ᠲᠦᠷᠦᠯ ᠵᠦᠢᠯ ᠢ ᠭᠤᠣᠯᠳᠠᠯᠭ᠎ᠠ ᠲᠠᠢ ᠠᠬᠢᠭᠤᠯᠵᠤ᠂ ᠲᠦᠷᠭᠡᠨ ᠰᠢᠪᠲᠤᠯᠤᠯᠲᠠ ᠶᠢ ᠪᠡᠶᠡᠯᠡᠭᠦᠯᠦᠨ᠎ᠡ᠃        ᠰᠢᠨ᠎ᠡ ᠲᠦᠷᠦᠯ ᠵᠦᠢᠯ ᠢ ᠪᠠᠷᠢᠯᠭ᠎ᠠ ᠡᠬᠢᠯᠡᠭᠦᠯᠬᠦ ᠪᠠ ᠣᠳᠣ ᠪᠠᠷ ᠪᠠᠶᠢᠭᠤᠯᠵᠤ ᠪᠠᠶᠢᠭ᠎ᠠ ᠲᠦᠷᠦᠯ ᠵᠦᠢᠯ  ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭ᠎ᠠ ᠠᠳᠬᠤᠨ᠎ᠠ᠃ 2013 ᠣᠨ ᠤ ᠭᠤᠣᠯᠳᠠᠯᠭᠠᠲᠤ ᠲᠦᠷᠦᠯ ᠵᠦᠢᠯ ᠢ ᠲᠦᠯᠬᠢᠨ ᠠᠬᠢᠭᠤᠯᠬᠤ ᠲᠦᠯᠦᠪᠯᠡᠭᠡ ᠶᠢ ᠦᠨᠳᠦᠰᠦᠯᠡᠨ᠂ ᠪᠠᠷᠢᠯᠭ᠎ᠠ ᠶᠢᠨ ᠪᠦᠬᠦ ᠶᠠᠪᠤᠴᠠ ᠶᠢ ᠮᠦᠷᠳᠡᠨ ᠳᠠᠭᠠᠭᠰᠠᠨ ᠪᠦᠬᠡᠳ ᠪᠠᠶᠢᠭᠤᠯᠤᠯᠭ᠎ᠠ ᠨᠢᠭᠡᠴᠡ ᠬᠤᠯᠪᠤᠭᠠᠯᠠᠨ ᠬᠦᠳᠡᠯᠬᠦ᠂ ᠬᠠᠷᠢᠭᠤᠴᠠᠯᠭ᠎ᠠ ᠴᠢᠩᠭ᠎ᠠ ᠪᠠᠶᠢᠬᠤ ᠠᠵᠢᠯ ᠤᠨ ᠲᠣᠭᠲᠠᠯᠴᠠᠭ᠎ᠠ ᠶᠢ ᠪᠠᠶᠢᠭᠤᠯᠵᠤ᠂ ᠯᠢᠶᠤᠤ ᠤᠨ ᠲᠡᠭᠡᠳᠤ ᠨᠡᠶᠢᠰᠯᠡᠯ ᠤᠨ ᠪᠠᠭᠤᠷᠠᠢ ᠠᠴᠠ ᠹᠸᠡᠭ ᠬᠤᠸᠠᠩ ᠱᠠᠨ ᠠᠭᠤᠯᠠ ᠶᠢᠨ ᠠᠵᠤ ᠦᠢᠯᠡᠳᠪᠦᠷᠢ ᠶᠢᠨ ᠲᠤᠭᠤᠷᠢᠭ ᠬᠦᠷᠬᠦ ᠬᠡᠰᠡᠭ ᠢ ᠲᠤᠭᠤᠷᠢᠵᠤ ᠭᠠᠷᠬᠤ ᠤᠯᠤᠰ ᠤᠨ   ᠵᠠᠮ 303 ᠱᠤᠭᠤᠮ ᠢ ᠡᠬᠢᠯᠡᠨ ᠲᠡᠪᠢᠰᠴᠤ᠂ᠯᠢᠶᠤᠤ ᠰᠢ ᠠᠭᠤᠷᠬᠠᠢ ᠶᠢᠨ ᠦᠢᠯᠡᠰ ᠤᠨ 1000 ᠳᠤᠨ ᠬᠦᠳᠡᠷ ᠰᠤᠩᠭᠤᠬᠤ᠂ ᠷᠧᠨ ᠶᠤᠸᠠᠨ ᠬᠤᠸᠠᠨ ᠮᠣᠤ ᠭᠡᠷ ᠤᠨ ᠡᠳ᠋ᠯᠡᠯ ᠬᠡᠷᠡᠭᠰᠡᠯ ᠪᠠᠷᠢᠯᠭ᠎ᠠ ᠶᠢᠨ ᠮᠠᠲ᠋ᠧᠷᠢᠶᠠᠯ ᠤᠨ ᠬᠤᠳᠠᠯᠳᠤᠭ᠎ᠠ᠂ ᠪᠠᠶᠠᠨᠨᠢᠷᠤᠭᠤ ᠶᠢᠨ ᠴᠠᠬᠢᠯᠭᠠᠨ ᠬᠦᠴᠦᠳᠡᠢ ᠪᠦᠳᠦᠬᠡᠨ ᠬᠤᠪᠢᠷᠠᠭᠤᠯᠬᠤ ᠪᠦᠳᠦᠬᠡᠨ ᠪᠠᠶᠢᠭᠤᠯᠤᠯᠳᠠ᠂ ᠯᠢᠨᠳᠦ᠋ᠡᠭ ᠤᠨ ᠴᠠᠬᠢᠯᠭᠠᠨ ᠬᠦᠴᠦᠳᠡᠢ ᠦᠬᠡᠷᠡᠴᠢᠯᠡᠬᠦ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠪᠠᠷᠢᠯᠭ᠎ᠠ ᠡᠬᠢᠯᠡᠭᠦᠯᠵᠦ ᠢᠳᠡᠪᠬᠢᠲᠠᠢ ᠪᠦᠲᠦᠭᠡᠨ ᠪᠠᠶᠢᠭᠤᠯᠤᠨ᠎ᠠ᠃ ᠢᠨᠵᠢᠨᠧᠷᠢᠩ  ᠤᠨ ᠴᠢᠨᠠᠷ ᠴᠢᠨᠰᠠᠭ᠎ᠠ ᠶᠢ ᠪᠠᠲᠤᠯᠠᠭᠰᠠᠨ ᠤᠷᠢᠳᠠᠯ ᠳᠣᠣᠷ᠎ᠠ᠂ ᠪᠠᠷᠢᠯᠭ᠎ᠠ ᠶᠢᠨ ᠬᠤᠭᠤᠴᠠᠭ᠎ᠠ ᠶᠢ ᠪᠣᠭᠤᠨᠢᠰᠬᠠᠨ᠂ ᠠᠬᠢᠴᠠ ᠶᠢ ᠲᠦᠷᠭᠡᠳᠬᠡᠵᠦ᠂ ᠪᠠᠶᠢᠭᠤᠯᠵᠤ ᠪᠠᠶᠢᠭ᠎ᠠ ᠲᠦᠷᠦᠯ ᠵᠦᠢᠯ ᠢ ᠴᠢᠳᠠᠬᠤ ᠶᠢᠨ ᠳᠣᠲᠤᠷ᠎ᠠ ᠪᠣᠳᠠᠲᠤ ᠠᠵᠢᠯ  ᠤᠨ ᠬᠡᠮᠵᠢᠶ᠎ᠡ ᠲᠠᠢ ᠪᠣᠯᠭᠠᠵᠤ᠂ 10 ᠲᠦᠮᠡᠨ ᠳᠤᠨ ᠲᠤᠭᠤᠯᠭ᠎ᠠ ᠬᠠᠶᠢᠯᠤᠭᠤᠯᠤᠨ ᠪᠣᠯᠪᠠᠰᠤᠷᠠᠭᠤᠯᠬᠤ ᠢᠨᠵᠧᠨᠧᠷᠢᠩ᠂ ᠶᠢᠨ ᠱᠠᠨ ᠬᠤᠩ ᠯᠢᠩ ᠤᠨ 5000 ᠳᠤᠨ ᠬᠦᠳᠡᠷ ᠰᠤᠩᠭᠤᠵᠤ ᠦᠷᠭᠡᠳᠬᠡᠨ ᠪᠠᠶᠢᠭᠤᠯᠬᠤ ᠢᠨᠵᠢᠨᠧᠷᠢᠩ᠂ ᠳᠣᠮᠳᠠᠳᠤ ᠶᠢᠨ ᠦᠩᠭᠡᠲᠦ ᠲᠡᠮᠦᠷᠯᠢᠭ ᠤᠨ ᠪᠠᠶᠠᠨᠨᠢᠷᠤᠭᠤ ᠠᠭᠤᠷᠬᠠᠢ ᠶᠢᠨ 3500 ᠳᠤᠨ ᠤ ᠬᠦᠳᠡᠷ ᠰᠣᠩᠭᠤᠵᠤ ᠦᠷᠭᠡᠳᠬᠡᠨ ᠪᠠᠶᠢᠭᠤᠯᠬᠤ ᠢᠨᠵᠧᠨᠧᠷᠢᠩ ᠵᠢᠴᠢ ᠢᠥᠢ ᠪᠠᠩ ᠠᠭᠤᠷᠬᠠᠢ ᠶᠢᠨ ᠦᠢᠯᠡᠰ ᠤᠨ 3000 ᠳᠤᠨ ᠬᠠᠶᠢᠨ ᠰᠤᠩᠭᠤᠬᠤ ᠢᠨᠵᠢᠨᠧᠷᠢᠩ ᠵᠡᠷᠭᠡ ᠲᠦᠷᠦᠯ ᠵᠦᠢᠯ ᠤᠨ ᠵᠢᠯ ᠤᠨ ᠳᠣᠲᠤᠷ᠎ᠠ ᠠᠰᠢᠭᠯᠠᠯᠲᠠ ᠳᠤ ᠣᠷᠤᠵᠤ ᠦᠷ᠎ᠡ ᠠᠰᠢᠭ ᠣᠯᠬᠤ ᠶᠢ ᠪᠠᠲᠤᠯᠠᠨ᠎ᠠ︔ ᠪᠠᠩᠬᠢ ᠶᠢᠨ ᠬᠤᠯᠪᠤᠭᠠᠨ ᠤ ᠠᠷᠠᠯᠵᠢᠶ᠎ᠠ ᠬᠤᠳᠠᠯᠳᠤᠭᠠᠨ ᠤ ᠪᠣᠳᠠᠰ ᠤᠨ ᠭᠦᠢᠯᠭᠡᠭᠡ ᠶᠢᠨ ᠲᠦᠪ᠂ ᠴᠧᠨ ᠶᠠᠩ ᠠᠷᠠᠯᠵᠢᠶ᠎ᠠ ᠬᠤᠳᠠᠯᠳᠤᠭᠠᠨ ᠤ ᠶᠡᠷᠦᠩᠬᠡᠢ ᠴᠣᠭᠴᠠ᠂ ᠯᠢᠨ ᠪᠠᠢ ᠲᠡᠮᠦᠷ ᠵᠠᠮ ᠵᠢᠴᠢ ᠱᠠᠩ ᠵᠢᠩ ᠯᠢᠶᠤᠤ ᠶᠢᠨ ᠰᠣᠶᠤᠯ ᠤᠨ ᠦᠢᠯᠡᠰ ᠤᠨ ᠬᠦᠷᠢᠶᠡᠯᠡᠩ ᠤᠨ  ᠨᠢᠬᠡᠳᠤᠬᠡᠷ ᠬᠤᠭᠤᠴᠠᠭ᠎ᠠ ᠵᠡᠷᠭᠡ ᠲᠦᠷᠦᠯ ᠵᠦᠢᠯ ᠳᠤ ᠴᠠᠭ ᠤᠨ ᠳᠠᠷᠠᠭᠠᠯᠠᠯ ᠢᠶᠠᠷ ᠪᠡᠯᠡ ᠣᠷᠤᠭᠤᠯᠬᠤ ᠠᠵᠢᠯ ᠢ ᠪᠡᠶᠡᠯᠡᠭᠦᠯᠦᠨ᠎ᠡ᠃       ᠲᠦᠷᠦᠯ ᠵᠦᠢᠯ ᠤᠨ ᠪᠡᠯᠡ ᠣᠷᠤᠭᠤᠯᠬᠤ ᠠᠷᠭ᠎ᠠ ᠵᠠᠮ ᠢ ᠣᠯᠠᠮ ᠨᠢᠭᠡ ᠠᠯᠬᠤᠮ ᠦᠷᠭᠡᠳᠬᠡᠨ᠎ᠡ᠃ ︽ᠵᠠᠰᠠᠭ ᠤᠨ ᠣᠷᠳᠤᠨ ᠤ ᠵᠢᠯᠤᠭᠤᠳᠤᠯᠭ᠎ᠠ᠂ ᠪᠠᠩᠬᠢ ᠶᠢᠨ ᠳᠡᠮᠵᠢᠯᠭᠡ᠂ ᠪᠠᠲᠤᠯᠠᠨ ᠳᠠᠭᠠᠭᠠᠭᠴᠢ ᠶᠢᠨ ᠪᠠᠲᠤᠯᠠᠭ᠎ᠠ᠂ ᠠᠵᠤ ᠠᠬᠤᠶᠢᠯᠠᠯ ᠤᠨ ᠣᠷᠤᠯᠴᠠᠯᠭ᠎ᠠ︾ ᠲᠠᠢ ᠪᠡᠯᠡ ᠣᠷᠤᠭᠤᠯᠬᠤ ᠠᠵᠢᠯ ᠤᠨ ᠲᠣᠭᠲᠠᠯᠴᠠᠭ᠎ᠠ ᠶᠢ ᠪᠠᠶᠢᠭᠤᠯᠵᠤ᠂  ᠮᠠᠨ ᠤ ᠬᠤᠰᠢᠭᠤᠨ ᠤ ᠭᠤᠣᠯᠳᠠᠯᠭ᠎ᠠ ᠲᠠᠢ ᠭᠦᠢᠯᠭᠡᠭᠡᠨ ᠤ ᠪᠡᠯᠡ ᠮᠦᠩᠭᠦ ᠶᠢᠨ ᠲᠦᠷᠦᠯ ᠵᠦᠢᠯ ᠢ ᠴᠠᠭ ᠲᠤᠬᠠᠢ  ᠳᠤᠨᠢ ᠮᠦᠩᠭᠦᠨ ᠭᠦᠢᠯᠭᠡᠭᠡᠨ ᠤ ᠪᠠᠶᠢᠭᠤᠯᠤᠮᠵᠢ ᠳᠤ ᠲᠠᠨᠢᠯᠴᠠᠭᠤᠯᠵᠤ᠂ ᠢᠲᠡᠭᠡᠮᠵᠢᠲᠦ ᠵᠢᠭᠡᠯᠡᠯᠭᠡ ᠶᠢᠨ ᠬᠦᠷᠢᠶ᠎ᠡ ᠬᠡᠪᠴᠢᠶ᠎ᠡ ᠶᠢ ᠴᠢᠷᠮᠠᠶᠢᠨ ᠦᠷᠭᠡᠳᠬᠡᠨ᠎ᠡ᠃ ᠡᠳ᠋ ᠤᠨ ᠬᠦᠴᠦᠨ ᠢ ᠨᠢᠭᠡᠲᠦᠯᠲᠠᠢ ᠲᠦᠯᠦᠪᠯᠡᠨ ᠳᠣᠬᠢᠷᠠᠭᠤᠯᠵᠤ᠂ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ ᠵᠠᠰᠠᠭ ᠤᠨ ᠣᠷᠳᠤᠨ ᠤ ᠪᠡᠯᠡ ᠣᠷᠤᠭᠤᠯᠤᠯᠲᠠ ᠶᠢᠨ ᠬᠡᠯᠪᠡᠷᠢ  ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠦᠩᠭᠦ ᠨᠢ ᠴᠠᠭ ᠲᠤᠬᠠᠢ ᠳᠤᠨᠢ ᠭᠦᠢᠴᠡᠳ ᠨᠠᠶᠢᠳᠠᠪᠦᠷᠢᠭ᠌ᠵᠢᠬᠤ ᠶᠢ ᠪᠠᠲᠤᠯᠠᠨ᠎ᠠ᠃ ᠭᠦᠸᠧ ᠶᠤᠸᠠᠨ ᠠᠭᠤᠷᠬᠠᠢ ᠶᠢᠨ ᠺᠤᠮᠫᠠᠨᠢ᠂ ᠬᠤᠲᠠ ᠶᠢᠨ ᠪᠡᠯᠡ ᠣᠷᠤᠭᠤᠯᠤᠯᠲᠠ ᠶᠢᠨ ᠺᠤᠮᠫᠠᠨᠢ ᠵᠢᠴᠢ ᠯᠢᠶᠤᠤ ᠶᠢᠨ ᠰᠣᠶᠤᠯ ᠤᠨ ᠬᠦᠭᠵᠢᠯᠲᠡ ᠶᠢᠨ ᠺᠤᠮᠫᠠᠨᠢ ᠵᠡᠷᠭᠡ ᠭᠦᠢᠯᠭᠡᠭᠡᠨ ᠤ ᠪᠡᠯᠡ ᠮᠦᠩᠭᠦ ᠶᠢᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯᠯᠠᠭᠠᠨ ᠨᠢ ᠳᠦᠷᠢᠮᠵᠢᠭᠰᠡᠨ ᠭᠦᠢᠯᠭᠡᠭᠡᠨ ᠤ ᠪᠡᠯᠡ ᠮᠦᠩᠭᠦ ᠶᠢᠨ ᠰᠢᠰᠲ᠋ᠧᠮ ᠢ ᠪᠠᠶᠢᠭᠤᠯᠤᠨ᠂ ᠲᠦᠷᠦᠯ ᠵᠦᠢᠯ ᠤᠨ ᠪᠡᠯᠡ ᠣᠷᠤᠭᠤᠯᠤᠯᠲᠠ ᠶᠢᠨ ᠴᠢᠳᠠᠪᠦᠷᠢ ᠶᠢ ᠲᠡᠭᠡᠭᠰᠢᠯᠡᠭᠦᠯᠦᠨ᠎ᠡ᠃       ︵ᠭᠤᠷᠪᠠ︶ ᠪᠦᠲᠦᠴᠡ ᠶᠢᠨ ᠳᠣᠬᠢᠷᠠᠭᠤᠯᠤᠯᠲᠠ ᠶᠢᠨ ᠠᠯᠬᠤᠮ ᠢᠶᠠᠨ ᠲᠦᠷᠭᠡᠳᠬᠡᠵᠦ᠂ ᠠᠵᠤ ᠦᠢᠯᠡᠰ  ᠤᠨ ᠬᠦᠭᠵᠢᠯᠲᠡ ᠶᠢᠨ ᠪᠦᠬᠦ ᠲᠠᠯ᠎ᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃      ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠭᠦᠯᠦᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠣᠳᠤᠬᠢ ᠲᠠᠷᠢᠶᠠᠯᠠᠩ ᠮᠠᠯ ᠠᠵᠤ ᠠᠬᠤᠢ ᠪᠠ ᠦᠢᠯᠡᠴᠢᠯᠡᠭᠡᠨ ᠤ ᠦᠢᠯᠡᠰ ᠢ ᠶᠡᠭᠡ ᠬᠦᠴᠦᠨ ᠢᠶᠠᠷ ᠬᠦᠭᠵᠢᠭᠦᠯᠦᠨ᠂ ᠣᠯᠠᠨ ᠲᠦᠷᠦᠯ ᠤᠨ ᠬᠦᠭᠵᠢᠯᠲᠡ ᠲᠠᠢ᠂ ᠣᠯᠠᠨ ᠲᠠᠯ᠎ᠠ ᠪᠠᠷ ᠲᠤᠯᠭᠠᠭᠤᠷᠢ ᠬᠦᠴᠦᠨ ᠲᠠᠢ᠂ ᠬᠦᠷᠢᠶ᠎ᠡ ᠬᠡᠪᠴᠢᠶ᠎ᠠ ᠪᠣᠯᠤᠨ ᠦᠷ᠎ᠡ ᠠᠰᠢᠭ ᠢ ᠵᠡᠷᠭᠡᠪᠡᠷ ᠴᠢᠬᠤᠯᠠᠴᠢᠯᠠᠭᠰᠠᠨ ᠠᠵᠤ ᠦᠢᠯᠡᠰ ᠤᠨ ᠬᠦᠭᠵᠢᠯᠲᠡ ᠶᠢᠨ ᠪᠠᠶᠢᠳᠠᠯ ᠢ ᠪᠣᠢ ᠪᠣᠯᠭᠠᠨ᠎ᠠ᠃       ᠤᠯᠠᠨ ᠲᠦᠷᠦᠯ ᠤᠨ ᠬᠦᠭᠵᠢᠯᠲᠡ ᠲᠠᠢ ᠠᠵᠤ ᠦᠢᠯᠡᠳᠪᠦᠷᠢ ᠶᠢᠨ ᠲᠣᠭᠲᠠᠯᠴᠠᠭ᠎ᠠ ᠶᠢ ᠢᠳᠡᠪᠬᠢᠲᠠᠢ ᠪᠣᠢ ᠪᠣᠯᠭᠠᠨ᠎ᠠ᠃ ᠠᠭᠤᠷᠬᠠᠢ ᠬᠠᠶᠢᠵᠤ ᠨᠦᠭᠡᠴᠡ ᠪᠠᠨ ᠨᠡᠮᠡᠭᠳᠡᠭᠦᠯᠬᠦ ᠬᠦᠴᠦᠯᠡᠴᠡ ᠪᠠᠨ ᠦᠷᠭᠦᠯᠵᠢᠯᠡᠨ ᠴᠢᠩᠭᠠᠳᠬᠠᠵᠤ᠂ 30 ᠲᠦᠮᠡᠨ ᠤᠷᠳᠤᠳᠬᠠᠯ ᠮᠧᠲᠷ ᠲᠠᠯᠠᠪᠠᠢ ᠲᠠᠢ ᠠᠭᠤᠷᠬᠠᠢ ᠬᠠᠶᠢᠵᠤ ᠨᠦᠭᠡᠴᠡ ᠪᠠᠨ ᠨᠡᠮᠡᠭᠳᠡᠭᠦᠯᠬᠦ ᠢᠨᠵᠧᠨᠧᠷᠢᠩ ᠢ ᠨᠠᠶᠢᠳᠠᠪᠦᠷᠢᠵᠢᠭᠤᠯᠤᠨ᠎ᠠ᠃ ᠭᠦᠸᠧ ᠶᠤᠸᠠᠨ ᠠᠭᠤᠷᠬᠠᠢ ᠶᠢᠨ ᠦᠢᠯᠡᠰ ᠤᠨ ᠺᠤᠮᠫᠠᠨᠢ ᠪᠠᠷ ᠲᠠᠪᠴᠠᠩ ᠪᠣᠯᠭᠠᠵᠤ᠂ ᠠᠭᠤᠷᠬᠠᠢ ᠶᠢᠨ ᠡᠵᠡᠩᠨᠡᠯᠲᠡ ᠶᠢᠨ ᠡᠷᠬᠡ ᠲᠤᠭᠳᠠᠭᠠᠬᠤ ᠪᠠ ᠨᠦᠭᠡᠴᠡ ᠬᠠᠳᠠᠭᠠᠯᠠᠬᠤ ᠬᠦᠴᠦᠯᠡᠴᠡ ᠪᠠᠨ ᠨᠡᠮᠡᠭᠳᠡᠭᠦᠯᠦᠨ᠂ ᠠᠭᠤᠷᠬᠠᠢ ᠶᠢᠨ ᠦᠢᠯᠡᠰ ᠤᠨ ᠡᠵᠡᠩᠨᠡᠯᠲᠡ ᠶᠢᠨ ᠡᠷᠬᠡ ᠶᠢᠨ ᠵᠠᠬ᠎ᠠ ᠳᠡᠯᠭᠡᠭᠦᠷ ᠲᠠᠬᠢ ᠵᠠᠰᠠᠭ ᠤᠨ ᠣᠷᠳᠤᠨ ᠤ ᠡᠵᠡᠮᠰᠢᠯ ᠤᠨ ᠴᠢᠳᠠᠪᠦᠷᠢ ᠶᠢ ᠴᠢᠩᠭᠠᠳᠬᠠᠨ᠎ᠠ᠃ ᠯᠢᠶᠤᠤ ᠰᠢ ᠠᠭᠤᠷᠬᠠᠢ ᠶᠢᠨ ᠦᠢᠯᠡᠰ᠂ ᠰᠠᠨ ᠰᠢᠨ ᠠᠭᠤᠷᠬᠠᠢ ᠶᠢᠨ ᠦᠢᠯᠡᠰ ᠵᠢᠴᠢ ᠶᠤᠸᠠᠨ ᠯᠦᠩ ᠠᠭᠤᠷᠬᠠᠢ ᠶᠢᠨ ᠦᠢᠯᠡᠰ ᠵᠡᠷᠭᠡ 1000 ᠳᠤᠨ ᠤ ᠬᠦᠳᠡᠷ ᠰᠤᠩᠭᠤᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠵᠦ᠂ ᠦᠡᠭᠬᠡᠳᠤ ᠲᠡᠮᠦᠷᠯᠢᠭ ᠤᠨ ᠠᠵᠤ ᠦᠢᠯᠡᠰ ᠤᠨ ᠭᠤᠤᠯᠳᠠᠯᠭ᠎ᠠ ᠲᠠᠢ ᠵᠠᠯᠭᠠᠮᠵᠢ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠢ ᠲᠦᠷᠬᠡᠳᠬᠡᠨ ᠠᠬᠢᠭᠤᠯᠵᠤ᠂ ᠥᠩᠭᠡᠲᠦ ᠲᠡᠮᠦᠷᠯᠢᠭ ᠤᠨ ᠦᠢᠯᠡᠳᠪᠦᠷᠢᠯᠡᠯ ᠤᠨ ᠴᠢᠳᠠᠪᠦᠷᠢ ᠶᠢ ᠤᠯᠠᠮ ᠨᠢᠭᠡ ᠠᠯᠬᠤᠮ ᠦᠷᠭᠡᠳᠬᠡᠨ᠎ᠡ ᠃ 10 ᠲᠦᠮᠡᠨ ᠳᠤᠨ ᠤ ᠲᠤᠭᠤᠯᠭ᠎ᠠ ᠬᠠᠶᠢᠯᠤᠭᠤᠯᠬᠤ ᠪᠣᠯᠤᠨ ᠬᠤᠷᠭᠤᠯᠵᠢᠨ ᠬᠦᠴᠢᠯ ᠤᠨ ᠴᠠᠬᠢᠯᠭᠠᠨ ᠬᠤᠷᠢᠶᠠᠭᠤᠷ ᠵᠡᠷᠭᠡ ᠠᠵᠤ ᠦᠢᠯᠡᠰ ᠤᠨ ᠵᠠᠯᠭᠠᠮᠵᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠥᠩᠭᠡᠲᠦ ᠲᠡᠮᠦᠷᠯᠢᠭ ᠤᠨ ᠠᠵᠤ ᠦᠢᠯᠡᠰ ᠤᠨ ᠭᠢᠨᠵᠢ ᠪᠦᠷᠢᠨ ᠪᠦᠲᠦᠨ ᠪᠣᠯᠬᠤ ᠶᠢ ᠠᠬᠢᠭᠤᠯᠤᠨ᠎ᠠ᠃ ᠨᠡᠭᠦᠷᠡᠰᠦ ᠶᠢ ᠬᠤᠪᠢᠷᠠᠭᠤᠯᠬᠤ ᠠᠵᠤ ᠦᠢᠯᠡᠰ ᠢ ᠪᠣᠶᠢᠵᠢᠭᠤᠯᠵᠤ᠂ 160 ᠲᠦᠮᠡᠨ ᠳᠤᠨ ᠤ ᠬᠦᠷᠡᠩ ᠨᠡᠭᠦᠷᠡᠰᠦ ᠶᠢᠨ ᠴᠢᠨᠠᠷ ᠢ ᠳᠡᠭᠡᠭᠰᠢᠯᠡᠭᠦᠯᠬᠦ ᠪᠠ ᠲᠤᠰᠤᠨ ᠤᠳᠤᠭ᠎ᠠ ᠶᠢ ᠠᠷᠢᠯᠭᠠᠬᠤ 20 ᠲᠦᠮᠡᠨ ᠳᠤᠨ ᠤ ᠰᠡᠶᠢᠮᠡᠬᠡᠷ ᠲᠡᠮᠦᠷ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠦᠨ᠂ ᠨᠢᠬᠡᠳᠤᠬᠡᠷ ᠬᠤᠭᠤᠴᠠᠭᠠᠨ ᠤ ᠢᠨᠵᠧᠨᠧᠷᠢᠩ ᠢ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠤᠭᠤᠯᠤᠨ᠎ᠠ᠃ ᠯᠦ ᠮᠧᠩ ᠱᠦᠢᠨᠢ ᠶᠢᠨ ᠦᠢᠯᠡᠳᠪᠦᠷᠢ ᠵᠡᠷᠭᠡ ᠠᠵᠤ ᠠᠬᠤᠶᠢᠯᠠᠯ ᠤᠨ ᠪᠡᠯᠡ ᠣᠷᠤᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ᠂ ᠱᠦᠢᠨᠢ᠂ ᠪᠠᠷᠢᠯᠭ᠎ᠠ ᠶᠢᠨ ᠮᠠᠲ᠋ᠧᠷᠢᠶᠠᠯ ᠵᠢᠴᠢ ᠺᠠᠯᠼ ᠤᠨ ᠨᠣᠨᠳᠠᠭ ᠵᠡᠷᠭᠡ ᠴᠤᠬᠤᠢ ᠶᠢᠨ ᠴᠢᠯᠠᠭᠤᠯᠢᠭ ᠢ ᠨᠠᠷᠢᠯᠢᠭ ᠪᠣᠯᠪᠠᠰᠤᠷᠠᠭᠤᠯᠬᠤ ᠲᠦᠷᠦᠯ ᠵᠦᠢᠯ ᠢ ᠶᠡᠭᠡ ᠬᠦᠴᠦᠨ ᠢᠶᠠᠷ ᠬᠦᠭᠵᠢᠭᠦᠯᠦᠨ᠂ ᠲᠡᠮᠦᠷᠯᠢᠭ ᠪᠤᠰᠤ ᠡᠨᠧᠷᠬᠢ ᠶᠢᠨ ᠠᠵᠤ ᠦᠢᠯᠡᠰ ᠤᠨ ᠬᠦᠭᠵᠢᠯᠲᠡ  ᠶᠢᠨ ᠪᠦᠯᠦᠭᠯᠡᠯ ᠢ ᠴᠢᠷᠮᠠᠶᠢᠨ ᠪᠣᠢ ᠪᠣᠯᠭᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠭᠦᠨ ᠢ  ᠪᠣᠯᠪᠠᠰᠤᠷᠠᠭᠤᠯᠬᠤ ᠦᠢᠯᠡᠰ ᠢ ᠬᠦᠭᠵᠢᠬᠦᠯᠵᠤ᠂ ᠠᠯᠠᠰᠢᠨ ᠤ ᠡᠯᠵᠢᠭᠡ᠂ ᠲᠣᠷᠤᠭ ᠪᠣᠭᠤ᠂ ᠲᠤᠵᠤᠤ ᠶᠢᠨ ᠰᠦᠷᠡᠯ ᠵᠡᠷᠭᠡ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠠᠵᠢᠯ ᠢ ᠰᠠᠶᠢᠲᠤᠷ ᠬᠢᠵᠦ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠬᠤᠪᠢᠷᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠵᠡᠷᠭᠡ ᠰᠢᠨ᠎ᠡ ᠡᠨᠧᠷᠭᠢ ᠶᠢᠨ ᠠᠵᠤ ᠦᠢᠯᠡᠰ ᠤᠨ ᠬᠦᠭᠵᠢᠯᠲᠡ ᠶᠢ ᠦᠷᠭᠦᠯᠵᠢᠯᠡᠨ ᠳᠡᠮᠵᠢᠵᠦ᠂ ᠨᠡᠬᠡᠮᠡᠯ ᠪᠠᠷᠠᠭ᠎ᠠ ᠬᠤᠪᠴᠠᠰᠤ ᠬᠤᠨᠠᠷ ᠪᠠ ᠮᠠᠰᠢᠨ ᠢᠶᠠᠷ ᠦᠢᠯᠡᠳᠬᠦ ᠵᠡᠷᠭᠡ ᠠᠵᠤ ᠦᠢᠯᠡᠰ ᠤᠨ ᠰᠢᠯᠵᠢᠯᠲᠡ ᠶᠢ ᠢᠳᠡᠪᠬᠢᠲᠠᠢ ᠠᠰᠢᠭᠯᠠᠨ᠎ᠠ᠃ ᠠᠵᠤ ᠦᠢᠯᠡᠳᠪᠦᠷᠢ ᠶᠢᠨ ᠲᠤᠭᠤᠷᠢᠭ ᠤᠨ ᠪᠦᠳᠦᠬᠡᠨ ᠪᠠᠶᠢᠭᠤᠯᠤᠯᠳᠠ ᠪᠠ ᠲᠦᠯᠦᠪᠯᠡᠯᠬᠡ ᠶᠢ ᠲᠡᠬᠦᠯᠳᠡᠷᠵᠢᠬᠦᠯᠵᠤ᠂ ᠲᠤᠭᠤᠷᠢᠭ ᠤᠨ ᠰᠠᠭᠤᠷᠢ ᠲᠦᠬᠦᠬᠡᠷᠦᠮᠵᠢ ᠪᠠ ᠲᠦᠬᠦᠷᠵᠢᠭᠰᠡᠨ ᠲᠤᠨᠤᠭ ᠲᠦᠬᠦᠬᠡᠷᠦᠮᠵᠢ ᠶᠢᠨ ᠪᠠᠶᠢᠭᠤᠯᠤᠯᠳᠠ ᠶᠢ ᠴᠢᠩᠭᠠᠳᠬᠠᠨ᠂ ᠠᠵᠤ ᠦᠢᠯᠡᠳᠪᠦᠷᠢ ᠶᠢᠨ ᠲᠤᠭᠤᠷᠢᠭ ᠤᠨ ᠴᠢᠳᠠᠪᠦᠷᠢ ᠶᠢᠨ ᠣᠷᠤᠨ ᠲᠤᠭᠲᠠᠭᠠᠯᠲᠠ ᠶᠢ ᠦᠨᠳᠦᠰᠦᠯᠡᠵᠦ᠂ ᠪᠡᠯᠡ ᠣᠷᠤᠭᠤᠯᠤᠯᠲᠠ ᠶᠢᠨ ᠬᠡᠪᠴᠢᠶ᠎ᠡ ᠶᠡᠭᠡ᠂ ᠮᠡᠷᠭᠡᠵᠢᠯ ᠤᠨ ᠠᠭᠤᠯᠤᠭᠳᠠᠴᠠ ᠦᠨᠳᠦᠷ᠂ ᠳᠠᠭᠠᠭᠤᠯᠬᠤ ᠬᠦᠴᠦᠨ ᠴᠢᠩᠭ᠎ᠠ ᠪᠠᠶᠢᠬᠤ ᠠᠵᠤ ᠠᠬᠤᠶᠢᠯᠠᠯ ᠢ ᠭᠤᠣᠯᠳᠠᠯᠭ᠎ᠠ ᠲᠠᠢ ᠲᠠᠲᠠᠨ ᠠᠪᠴᠢᠷᠠᠵᠤ᠂ ᠲᠤᠭᠤᠷᠢᠭ ᠲᠤ ᠰᠠᠭᠤᠷᠢᠰᠢᠭᠰᠠᠨ ᠠᠵᠤ ᠠᠬᠤᠶᠢᠯᠠᠯ ᠢ 2 ᠠᠴᠠ ᠳᠡᠭᠡᠭᠰᠢ ᠪᠠᠶᠢᠯᠭᠠᠨ᠎ᠠ᠃      ᠣᠳᠤᠬᠢ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠲᠡ ᠶᠢ ᠲᠦᠷᠭᠡᠳᠬᠡᠨ᠎ᠡ᠃ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂  ᠨᠡᠶᠢᠬᠡᠮᠴᠢᠯᠡᠭᠰᠡᠨ ᠦᠢᠯᠡᠴᠢᠯᠡᠬᠡᠨ ᠤ ᠰᠢᠰᠲ᠋ᠧᠮ ᠤᠨ ᠰᠢᠨ᠎ᠡ ᠶᠢ ᠡᠬᠦᠳᠴᠤ᠂10 ᠲᠦᠮᠡᠨ ᠮᠤ᠋ ᠣᠰᠤ ᠠᠷᠪᠢᠯᠠᠬᠤ ᠤᠰᠤᠯᠤᠯᠳᠠ ᠶᠢᠨ ᠢᠨᠵᠧᠨᠧᠷᠢᠩ ᠢ ᠨᠠᠶᠢᠳᠠᠪᠦᠷᠢᠵᠢᠭᠤᠯᠵᠤ᠂ 30 ᠲᠦᠮᠡᠨ ᠮᠤ᠋ ᠲᠤᠵᠤᠤ ᠶᠢᠨ ᠰᠦᠷᠡᠯ᠂ 40 ᠲᠦᠮᠡᠨ ᠮᠤ᠋ ᠠᠮᠤ ᠪᠤᠳᠠᠭ᠎ᠠ ᠪᠣᠷᠴᠠᠭ ᠵᠡᠷᠭᠡ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢ ᠬᠦᠭᠵᠢᠭᠦᠯᠦᠨ᠂ ᠭᠠᠮᠰᠢᠭ ᠢ ᠰᠡᠷᠭᠡᠶᠢᠯᠡᠵᠦ ᠭᠠᠮᠰᠢᠭ ᠢ ᠡᠰᠡᠷᠭᠦᠴᠡᠬᠦ ᠴᠢᠳᠠᠪᠦᠷᠢ ᠶᠢ ᠨᠢ ᠳᠡᠭᠡᠭᠰᠢᠯᠡᠭᠦᠯᠵᠦ᠂ ᠲᠠᠷᠢᠮᠠᠯ ᠤᠨ ᠦᠢᠯᠡᠰ ᠤᠨ ᠦᠷ᠎ᠡ ᠠᠰᠢᠭ ᠢ ᠨᠡᠮᠡᠭᠳᠡᠭᠦᠯᠦᠨ᠎ᠡ᠃ ᠱᠠᠩ ᠵᠢᠩ ᠣᠳᠤᠬᠢ ᠲᠠᠷᠢᠶᠠᠯᠠᠩ ᠤᠨ ᠦᠢᠯᠡᠰ ᠤᠨ ᠵᠢᠱᠢᠶ᠎ᠡ ᠦᠵᠡᠭᠦᠯᠬᠦ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠦᠨ᠂ ᠴᠢᠬᠢ ᠪᠣᠶᠢᠵᠢᠭᠤᠯᠬᠤ᠂ ᠲᠠᠷᠢᠬᠤ᠂ ᠪᠣᠯᠪᠠᠰᠤᠷᠠᠭᠤᠯᠬᠤ ᠵᠢᠴᠢ ᠪᠣᠷᠤᠯᠠᠭᠤᠯᠬᠤ ᠪᠠᠷ ᠨᠢᠭᠡ ᠴᠣᠭᠴᠠ ᠪᠣᠯᠭᠠᠭᠰᠠᠨ ᠦᠢᠯᠡᠳᠪᠦᠷᠢᠯᠡᠯ ᠡᠵᠡᠩᠨᠡᠯᠲᠡ ᠶᠢᠨ ᠬᠡᠯᠪᠡᠷᠢ ᠶᠢ ᠦᠷᠬᠡᠳᠬᠡᠨ ᠬᠦᠭᠵᠢᠬᠦᠯᠤᠨ᠎ᠡ᠃ ᠯᠢᠨᠳᠦ᠋ᠩ ᠬᠤᠲᠠ ᠲᠤᠭᠤᠷᠢᠭ ᠤᠨ ᠡᠷᠬᠢᠨ ᠲᠣᠭᠤᠷᠢᠨ ᠳᠠᠬᠢ ᠲᠦᠬᠦᠭᠡᠷᠦᠮᠵᠢᠲᠦ ᠲᠠᠷᠢᠶᠠᠯᠠᠩ ᠤᠨ ᠬᠦᠭᠵᠢᠯᠲᠡ ᠶᠢ ᠳᠠᠭᠠᠭᠤᠯᠤᠨ ᠬᠦᠭᠵᠢᠭᠦᠯᠦᠨ᠎ᠡ᠃ ᠮᠠᠨ ᠤ ᠬᠤᠰᠢᠭᠤᠨ ᠤ ᠪᠣᠳᠠᠲᠠᠢ ᠲᠠᠢ ᠨᠡᠶᠢᠴᠡᠭᠰᠡᠨ ᠤᠳᠤᠬᠢ ᠮᠠᠶ᠋ᠢᠭ ᠤᠨ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂  ᠠᠵᠤ ᠠᠬᠤᠢ ᠶᠢᠨ ᠬᠡᠪᠴᠢᠶᠡᠵᠢᠯᠡᠭᠰᠡᠨ᠂ ᠪᠠᠷᠢᠮᠵᠢᠶᠠᠵᠢᠭᠰᠠᠨ᠂ ᠵᠠᠬ᠎ᠠ ᠲᠡᠯᠬᠡᠬᠦᠷᠴᠢᠯᠡᠭᠰᠡᠨ ᠡᠵᠡᠩᠨᠡᠯᠳᠡ ᠶᠢᠨ ᠬᠢᠷᠢ ᠲᠦᠪᠰᠢᠨ ᠢ ᠲᠡᠭᠡᠭᠰᠢᠯᠡᠬᠦᠯᠵᠤ᠂ ᠨᠢᠬᠡ ᠵᠢᠯ ᠳᠤ 5 ᠲᠦᠮᠡᠨ ᠠᠯᠠᠰᠢᠨ ᠦᠭᠡᠷ᠂ 60 ᠲᠦᠮᠡᠨ ᠠᠯᠠᠰᠢᠨ ᠬᠤᠨᠢ᠂ 30 ᠲᠦᠮᠡᠨ ᠭᠠᠭ᠋ᠠᠢ᠂18 ᠲᠦᠮᠡᠨ ᠠᠯᠠᠰᠢᠨ ᠡᠯᠵᠢᠭᠡ ᠲᠡᠵᠢᠬᠡᠵᠤ ᠦᠷᠡᠵᠢᠬᠦᠯᠪᠡ᠃ ᠬᠦᠮᠦᠨ ᠤ ᠬᠦᠴᠦ ᠪᠠᠷ ᠡᠪᠡᠰᠤ ᠲᠠᠷᠢᠬᠤ ᠶᠢ ᠬᠦᠭᠵᠢᠬᠦᠯᠵᠤ᠂ ᠡᠪᠡᠰᠤ ᠰᠦᠷᠡᠯ ᠶᠢ ᠶᠡᠬᠡᠪᠡᠷ ᠡᠳ᠋ᠰᠢᠯᠡᠬᠦᠯᠦᠨ ᠪᠤᠯᠪᠠᠰᠤᠷᠠᠭᠤᠯᠵᠤ᠂ ᠬᠦᠮᠦᠨ ᠤ ᠬᠦᠴᠤ ᠪᠠᠷ ᠲᠠᠷᠢᠭᠰᠠᠨ ᠡᠪᠡᠰᠤ ᠪᠤᠷᠳᠤᠭ᠎ᠠ ᠶᠢᠨ ᠲᠠᠯᠠᠪᠠᠢ ᠶᠢ15 ᠲᠦᠮᠡᠨ ᠮᠤ᠋ ᠬᠦᠭᠵᠢᠬᠦᠯᠵᠤ᠂1.5 ᠳ᠋ᠦᠡᠭᠰᠢᠭᠤᠷ ᠺᠢᠯᠤᠭ᠍ᠷᠠᠮ ᠡᠪᠡᠰᠤ ᠰᠦᠷᠡᠯ ᠢ ᠡᠳ᠋ᠰᠢᠯᠡᠬᠦᠯᠵᠤ ᠪᠤᠯᠪᠠᠰᠤᠷᠠᠭᠤᠯᠪᠠ᠃ ᠲᠠᠷᠢᠶᠠᠯᠠᠩ ᠮᠠᠯ ᠠᠵᠤ ᠠᠬᠤᠢ ᠵᠢᠨ‌‍ᠰᠢᠨ᠎ᠡ ᠮᠠᠶ᠋ᠢᠭ ᠤᠨ ᠡᠵᠡᠩᠨᠡᠯᠳᠡ ᠡᠵᠡᠩᠨᠡᠯᠳᠡ ᠶᠢᠨ ᠴᠤᠭᠴᠠ ᠶᠢ ᠬᠦᠮᠦᠵᠢᠬᠦᠯᠦᠨ ᠬᠦᠭᠵᠢᠬᠦᠯᠵᠤ᠂ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠬᠢ ᠶᠢᠨ ᠲᠡᠪᠴᠡᠩ᠂ ᠪᠤᠷᠤᠯᠠᠭᠤᠯᠤᠯᠳᠠ ᠶᠢᠨ ᠲᠡᠪᠴᠡᠩ ᠶᠢ ᠪᠠᠶᠢᠭᠤᠯᠵᠤ᠂ ᠲᠡᠳᠬᠦᠮᠵᠢ ᠶᠢᠨ ᠬᠤᠷᠰᠢᠶ᠎ᠠ᠂ ᠨᠡᠶᠢᠬᠡᠮᠯᠢᠭ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ ᠲᠤᠰᠬᠠᠢ ᠡᠷᠦᠬᠡ ᠵᠡᠷᠬᠡ ᠡᠯ᠎ᠡ ᠵᠦᠢᠯ ᠤᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢ ᠬᠦᠭᠵᠢᠬᠦᠯᠦᠨ᠎ᠡ᠃       ᠣᠳᠤᠬᠢ ᠮᠠᠶ᠋ᠢᠭ ᠤᠨ ᠦᠢᠯᠡᠴᠢᠯᠡᠭᠡᠨ ᠤ ᠦᠢᠯᠡᠰ ᠢ ᠶᠡᠬᠡᠪᠡᠷ ᠬᠦᠭᠵᠢᠭᠦᠯᠦᠨ᠎ᠡ᠃ ᠠᠷᠠᠯᠵᠢᠶ᠎ᠠ ᠬᠤᠳᠠᠯᠳᠤᠭᠠᠨ ᠤ ᠪᠤᠳᠠᠰ ᠤᠨ ᠭᠦᠢᠯᠭᠡᠭᠡᠨ ᠤ ᠦᠢᠯᠡᠰ ᠤᠨ ᠬᠦᠭᠵᠢᠯᠲᠡ ᠶᠢᠨ ᠲᠦᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠦᠯᠦᠪᠯᠡᠵᠦ᠂ ᠪᠣᠳᠠᠰ ᠤᠨ ᠭᠦᠢᠯᠭᠡᠭᠡᠨ ᠤ ᠦᠢᠯᠡᠰ ᠤᠨ ᠬᠦᠭᠵᠢᠯᠲᠡ ᠶᠢᠨ ᠪᠠᠶᠢᠳᠠᠯ ᠢ ᠣᠨᠤᠪᠴᠢᠲᠠᠢ ᠲᠣᠭᠲᠠᠭᠠᠨ᠂ ᠱᠠᠩ ᠵᠢᠩ ᠠᠷᠠᠯᠵᠢᠶ᠎ᠠ ᠬᠤᠳᠠᠯᠳᠤᠭᠠᠨ ᠤ ᠲᠠᠯᠠᠪᠠᠢ ᠪᠠ ᠢ ᠮᠢᠨ ᠬᠤᠳᠠᠯᠳᠤᠭᠠᠨ ᠤ ᠲᠠᠯᠠᠪᠠᠢ᠂ ᠤᠯᠠᠭᠠᠨᠬᠠᠳᠠ ᠶᠢᠨ ᠹᠸᠡᠭ ᠷᠦᠨ ᠲᠠᠷᠢᠶᠠᠯᠠᠩ ᠤᠨ ᠠᠷᠠᠯᠵᠢᠶ᠎ᠠ ᠬᠤᠳᠠᠯᠳᠤᠭᠠᠨ ᠤ ᠵᠠᠬ᠎ᠠ ᠲᠡᠯᠭᠡᠭᠦᠷ ᠵᠡᠷᠭᠡ ᠠᠷᠠᠯᠵᠢᠶ᠎ᠠ ᠬᠤᠳᠠᠯᠳᠤᠭᠠᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠷᠭᠡᠳᠬᠡᠨ᠎ᠡ᠃ ᠤᠯᠠᠭᠠᠨᠬᠠᠳᠠ ᠶᠢᠨ ᠬᠤᠶᠢᠲᠤ ᠬᠡᠰᠡᠭ ᠤᠨ ᠠᠷᠠᠯᠵᠢᠶ᠎ᠠ ᠬᠤᠳᠠᠯᠳᠤᠭᠠᠨ ᠤ ᠪᠣᠳᠠᠰ ᠤᠨ ᠭᠦᠢᠯᠭᠡᠭᠡᠨ ᠤ ᠲᠦᠪ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠦᠷᠢᠨ ᠲᠦᠬᠦᠷ᠂ ᠣᠯᠠᠨ ᠶᠠᠩᠵᠤ ᠬᠡᠯᠪᠡᠷᠢ ᠲᠠᠢ᠂ ᠢᠯᠡ ᠲᠣᠳᠤ ᠣᠷᠤᠨ ᠨᠤᠲᠤᠭ ᠤᠨ ᠣᠨᠴᠠᠯᠢᠭ ᠲᠠᠢ ᠣᠳᠣᠬᠢᠴᠢᠯᠠᠭᠰᠠᠨ ᠪᠤᠳᠠᠰ ᠤᠨ ᠭᠦᠢᠯᠭᠡᠭᠡᠨ ᠤ ᠲᠤᠭᠤᠷᠢᠭ ᠢ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ᠂ ᠮᠠᠰᠢᠨ ᠲᠡᠷᠭᠡᠨ ᠤ ᠠᠷᠠᠯᠵᠢᠶ᠎ᠠ ᠪᠠ ᠰᠡᠯᠪᠢᠭ ᠲᠣᠨᠤᠭ᠂ ᠪᠠᠷᠢᠯᠭ᠎ᠠ ᠶᠢᠨ ᠮᠠᠲ᠋ᠧᠷᠢᠶᠠᠯ ᠵᠢᠴᠢ ᠨᠡᠭᠦᠷᠡᠰᠦ ᠵᠡᠷᠭᠡ ᠪᠤᠳᠠᠰ ᠤᠨ ᠭᠦᠢᠯᠭᠡᠭᠡᠨ ᠤ ᠦᠢᠯᠡᠰ ᠢ ᠢᠳᠡᠪᠬᠢᠲᠠᠢ ᠬᠦᠭᠵᠢᠭᠦᠯᠦᠨ᠂ ᠠᠵᠤ ᠦᠢᠯᠡᠳᠪᠦᠷᠢ ᠶᠢᠨ ᠲᠣᠭᠤᠷᠢᠭ ᠤᠨ ᠬᠤᠳᠠᠯᠳᠤᠨ ᠣᠷᠤᠭᠤᠯᠬᠤ᠂ ᠬᠦᠮᠦᠷᠭᠡ ᠶᠢᠨ ᠬᠠᠳᠠᠭᠠᠯᠠᠮᠵᠢ ᠪᠣᠯᠤᠨ ᠪᠠᠷᠠᠭ᠎ᠠ ᠳᠣᠬᠢᠷᠠᠭᠤᠯᠤᠨ ᠬᠦᠷᠭᠡᠬᠦ ᠵᠡᠷᠭᠡ ᠴᠢᠳᠠᠪᠦᠷᠢ ᠶᠢ ᠨᠢ ᠳᠡᠭᠡᠭᠰᠢᠯᠡᠭᠦᠯᠦᠨ᠎ᠡ᠃ ᠪᠠᠩᠬᠢ  ᠶᠢᠨ ᠬᠤᠯᠪᠤᠭᠠᠨ ᠤ ᠠᠷᠠᠯᠵᠢᠶ᠎ᠠ ᠬᠤᠳᠠᠯᠳᠤᠭᠠᠨ ᠤ ᠪᠤᠳᠠᠰ ᠤᠨ ᠭᠦᠢᠯᠭᠡᠭᠡᠨ ᠤ ᠲᠦᠪ᠂ ᠴᠧᠨ ᠶᠠᠩ ᠠᠷᠠᠯᠵᠢᠶ᠎ᠠ ᠬᠤᠳᠠᠯᠳᠤᠭᠠᠨ ᠤ ᠶᠡᠷᠦᠩᠬᠡᠢ ᠴᠣᠭᠴᠠ᠂ ᠥᠪᠦᠷ ᠮᠣᠩᠭᠤᠯ ᠤᠨ ᠲᠠᠷᠢᠶᠠᠯᠠᠩ ᠤᠨ ᠬᠡᠷᠡᠭᠯᠡᠬᠦᠨ ᠢ ᠳᠣᠬᠢᠷᠠᠭᠤᠯᠤᠨ ᠬᠦᠷᠭᠡᠬᠦ ᠲᠦᠪ ᠵᠡᠷᠭᠡ ᠦᠷᠭᠦᠯᠵᠢᠯᠡᠨ ᠪᠦᠲᠦᠭᠡᠨ ᠪᠠᠶᠢᠭᠤᠯᠬᠤ ᠲᠦᠷᠦᠯ ᠵᠦᠢᠯ ᠢ ᠴᠢᠩᠭ᠎ᠠ ᠠᠳᠬᠤᠵᠤ᠂ ᠪᠤᠳᠠᠰ  ᠤᠨ ᠬᠦᠢᠯᠬᠡᠬᠡᠨ ᠤ ᠲᠤᠭᠤᠷᠢᠭ ᠲᠤ 3 ᠠᠴᠠ ᠲᠡᠭᠡᠭᠰᠢ ᠠᠷᠠᠯᠵᠢᠶ᠎ᠠ ᠬᠤᠳᠠᠯᠳᠤᠭ᠎ᠠ ᠶᠢᠨ ᠪᠤᠳᠠᠰ ᠤᠨ ᠭᠦᠢᠯᠭᠡᠭᠡᠨ ᠤ ᠠᠵᠤ ᠠᠬᠤᠶᠢᠯᠠᠯ ᠢ ᠲᠠᠳᠠᠨ ᠤᠷᠤᠭᠤᠯᠵᠤ ᠰᠠᠭᠤᠷᠢᠰᠢᠯᠠᠭᠤᠯᠬᠤ ᠪᠠᠷ ᠴᠢᠷᠮᠠᠶᠢᠨ᠂ 7 ᠳ᠋ᠦᠩᠰᠢᠭᠤᠷ ᠲᠦᠭᠦᠷᠢᠭ ᠠᠴᠠ ᠳᠡᠭᠡᠭᠰᠢ ᠪᠡᠯᠡ ᠤᠷᠤᠯᠠᠭᠤᠯᠤᠯᠳᠠ ᠶᠢ ᠪᠡᠶᠡᠯᠡᠬᠦᠯᠦᠨ᠎ᠡ᠃       ︵ᠳᠦᠷᠪᠡ︶ ᠰᠤᠶᠤᠯ ᠤᠨ ᠠᠵᠤ ᠦᠢᠯᠡᠰ ᠢ ᠶᠡᠬᠡᠪᠡᠷ ᠲᠦᠯᠬᠢᠨ ᠠᠬᠢᠭᠤᠯᠵᠤ᠂ ᠰᠤᠶᠤᠯ ᠤᠨ ᠪᠤᠳᠠᠳᠤ ᠬᠦᠴᠦᠨ ᠢ ᠤᠯᠠᠮ ᠲᠡᠭᠡᠭᠰᠢᠯᠡᠬᠦᠯᠤᠨ᠎ᠡ᠃       ᠱᠠᠩ ᠵᠢᠩ ᠭᠢᠳᠠᠨ ᠤ ᠯᠢᠶᠤᠤ ᠶᠢᠨ ᠰᠣᠶᠣᠯ ᠤᠨ ᠠᠵᠤ ᠦᠢᠯᠡᠰ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠤᠯᠤᠰ ᠤᠨ ᠳᠡᠰ ᠤᠨ ᠰᠣᠶᠤᠯ ᠤᠨ ᠦᠢᠯᠡᠰ ᠤᠨ ᠵᠢᠱᠢᠶ᠎ᠡ ᠦᠵᠡᠭᠦᠯᠬᠦ ᠲᠤᠭᠤᠷᠢᠭ ᠢ ᠪᠠᠶᠢᠭᠤᠯᠬᠤ ᠪᠠᠷ ᠬᠠᠷᠠᠯᠲᠠ ᠪᠠᠨ ᠪᠣᠯᠭᠠᠵᠤ᠂ ᠠᠵᠤ ᠦᠢᠯᠡᠰ ᠤᠨ ᠲᠤᠭᠤᠷᠢᠭ ᠤᠨ ᠨᠢᠬᠡᠳᠤᠭᠡᠷ ᠬᠤᠭᠤᠴᠠᠭᠠᠨ ᠤ ᠪᠦᠳᠦᠬᠡᠨ ᠪᠠᠶᠢᠭᠤᠯᠤᠯᠳᠠ ᠶᠢ ᠬᠦᠴᠦᠳᠡᠢ ᠲᠦᠯᠬᠢᠨ ᠠᠬᠢᠭᠤᠯᠵᠤ᠂ ᠤᠷᠠᠯᠢᠭ ᠤᠨ ᠲᠦᠪ᠂ ᠮᠦᠽᠸᠢ ᠶᠢᠨ ᠤᠷᠳᠤᠨ ᠵᠡᠷᠬᠡ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠵᠤ᠂ ᠵᠢᠯ ᠤᠨ ᠲᠤᠳᠤᠷ᠎ᠠ ᠲᠠᠭᠤᠰᠬᠠᠨ᠎ᠠ᠃ ᠲᠢᠶᠠᠨ ᠭᠤᠸᠠᠨ ᠲᠡᠷᠢᠭᠦᠨ ᠤ ᠬᠤᠲᠠ ᠶᠢᠨ ᠶᠡᠷᠦᠩᠬᠡᠢ ᠴᠣᠭᠴᠠᠲᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ   ᠶᠢ ᠠᠬᠢᠭᠤᠯᠵᠤ᠂ ᠣᠨᠴᠠᠯᠢᠭᠲᠤ ᠦᠢᠯᠡᠳᠪᠦᠷᠢ ᠶᠢᠨ ᠭᠠᠵᠠᠷ᠂ ᠵᠤᠭ᠎ᠠ ᠴᠡᠩᠬᠡᠯ ᠤᠨ ᠣᠷᠳᠤᠨ ᠵᠡᠷᠬᠡ ᠲᠠᠩ ᠭᠠᠭᠴᠠ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠪᠡᠶᠡᠯᠡᠬᠦᠯᠦᠨ᠎ᠡ᠃ ᠲᠣᠭᠤᠷᠢᠭ  ᠤᠨ ᠳᠣᠲᠤᠷᠠᠬᠢ ᠵᠢᠭᠤᠯᠴᠢᠯᠠᠯ ᠢ ᠬᠦᠯᠢᠶᠡᠨ ᠠᠪᠬᠤ ᠦᠢᠯᠡᠴᠢᠯᠡᠭᠡ ᠪᠠ ᠲᠡᠷᠭᠡ ᠵᠣᠭᠰᠤᠭᠠᠬᠤ ᠭᠠᠵᠠᠷ ᠵᠡᠷᠭᠡ ᠪᠦᠷᠢᠨ ᠲᠦᠬᠦᠷᠵᠢᠭᠰᠡᠨ ᠦᠢᠯᠡᠴᠢᠯᠡᠭᠡᠨ ᠤ ᠬᠡᠷᠡᠭᠰᠡᠯ ᠢ ᠪᠠᠶᠢᠭᠤᠯᠵᠤ᠂ ᠠᠵᠤ ᠦᠢᠯᠡᠰ ᠤᠨ ᠲᠤᠭᠤᠷᠢᠭ ᠤᠨ ᠵᠢᠭᠤᠯᠴᠢᠯᠠᠯ  ᠤᠨ ᠦᠢᠯᠡᠴᠢᠯᠡᠬᠡᠨ ᠤ ᠴᠢᠳᠠᠮᠵᠢ ᠶᠢ ᠲᠡᠬᠦᠯᠳᠡᠷᠵᠢᠬᠦᠯᠦᠨ᠎ᠡ᠃ ᠭᠤᠣᠯ ᠰᠡᠳᠦᠪᠲᠦ ᠺᠢᠨᠤ᠋ ᠲᠧᠯᠸᠢᠰ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠠᠵᠢᠯ ᠢ ᠡᠬᠢᠯᠡᠭᠦᠯᠵᠦ᠂ ᠭᠢᠳᠠᠨ  ‍ᠣ‌ᠯᠢᠶᠤᠤ ᠶᠢᠨ ᠰᠣᠶᠤᠯ ᠤᠨ ᠰᠡᠳᠦᠪᠲᠦ ᠺᠢᠨᠤ᠋ ᠲᠧᠯᠸᠢᠰ ᠶᠢᠨ ᠵᠦᠴᠦᠭᠡ ᠨᠠᠶᠢᠷᠠᠭᠤᠯᠵᠤ ᠵᠣᠬᠢᠶᠠᠬᠤ ᠠᠵᠢᠯ ᠦᠷᠨᠢᠭᠦᠯᠵᠦ᠂ ᠱᠠᠩ ᠵᠢᠩ ᠭᠢᠳᠠᠨ ᠤ ᠯᠢᠶᠤᠤ ᠶᠢᠨ ᠰᠣᠶᠤᠯ ᠤᠨ ᠦᠢᠯᠡᠰ ᠤᠨ ᠲᠣᠭᠤᠷᠢᠭ ᠤᠨ ᠮᠠᠨ ᠤ ᠬᠤᠰᠢᠭᠤᠨ ᠤ ᠰᠣᠶᠤᠯ ᠵᠢᠭᠤᠯᠴᠢᠯᠠᠯ ᠤᠨ ᠦᠢᠯᠡᠰ ᠤᠨ ᠬᠦᠭᠵᠢᠯᠲᠡ ᠳᠤ ᠦᠵᠡᠭᠦᠯᠦᠭᠰᠡᠨ ᠲᠣᠯᠭᠠᠭᠤᠷᠢ ᠬᠦᠴᠦᠨ ᠤ ᠦᠢᠯᠡᠳᠦᠯ ᠢ ᠤᠯᠠᠮ ᠨᠡᠮᠡᠭᠳᠡᠭᠦᠯᠦᠨ᠎ᠡ᠃       ᠵᠢᠭᠤᠯᠴᠢᠯᠠᠯ ᠤᠨ ᠦᠢᠯᠡᠰ ᠢ ᠪᠦᠬᠦ ᠬᠦᠴᠦ ᠪᠠᠷ ᠬᠦᠭᠵᠢᠭᠦᠯᠦᠨ᠎ᠠ᠃ ᠮᠠᠨ ᠤᠨ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠶᠡᠷᠦᠩᠬᠡᠢ ᠲᠦᠯᠦᠪᠵᠢᠭᠦᠯᠭᠡ ᠪᠠ ᠳᠤᠰᠬᠠᠢ ᠠᠵᠢᠯ ᠤᠨ ᠲᠦᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠤᠨ᠎ᠠ᠃ ᠬᠢᠳᠠᠨ ᠤᠨ ᠳᠡᠭᠡᠳᠦᠰ ᠤᠨ ᠣᠩᠭᠤᠨ ᠤ ᠦᠵᠡᠮᠵᠢ ᠶᠢᠨ ᠣᠷᠤᠨ᠂ ᠯᠢᠶᠤᠤ ᠶᠢᠨ ᠰᠦᠮ᠎ᠡ ᠬᠡᠶᠢᠳ ᠤᠨ ᠦᠵᠡᠮᠵᠢᠳᠦ ᠣᠷᠣᠨ ᠤ ᠪᠦᠳᠦᠭᠡᠨ ᠪᠠᠶᠢᠭᠤᠯᠤᠯᠳᠠ ᠶᠢᠨ ᠢᠨᠵᠧᠨ᠋ᠷᠢᠩ ᠢ ᠦᠷᠭᠡᠳᠬᠡᠨ ᠳᠡᠰ ᠳᠡᠪᠰᠢᠭᠦᠯᠵᠤ᠂ ᠳᠣᠯᠤᠭᠠᠨ ᠳᠣᠭᠤᠭ᠎ᠠ ᠠᠭᠤᠯᠠ ᠶᠢ ᠤᠯᠤᠰ ᠤᠨ ᠳᠡᠰ ᠤᠨ ᠭᠠᠵᠠᠷ ᠰᠢᠨᠵᠢᠯᠡᠭᠡᠨ ᠤ ᠵᠢᠭᠤᠯᠴᠢᠯᠠᠯ ᠤᠨ ᠣᠷᠤᠨ ᠢᠶᠠᠷ ᠮᠡᠳᠡᠭᠦᠯᠵᠤ ᠵᠦᠪᠰᠢᠶᠡᠷᠡᠭᠦᠯᠬᠦ ᠶᠢ ᠠᠬᠢᠴᠠ ᠲᠠᠢ ᠪᠣᠯᠭᠠᠨ᠎ᠠ᠃ ᠭᠤᠣᠯᠳᠠᠯᠭᠠᠳᠣ ᠦᠵᠡᠮᠵᠢ ᠶᠢᠨ ᠣᠷᠣᠨ ᠤ ᠵᠠᠮ ᠨᠡᠪᠳᠡᠷᠡᠭᠦᠯᠬᠡ ᠶᠢᠨ ᠪᠦᠳᠦᠭᠡᠨ ᠪᠠᠶᠢᠭᠤᠯᠤᠯᠳᠠ ᠶᠢ ᠰᠠᠶᠢᠵᠢᠷᠠᠭᠤᠯᠵᠤ ᠂ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢᠨ ᠰᠠᠭᠤᠷᠢ ᠶᠢ ᠠᠬᠢᠭᠤᠯᠤᠨ᠎ᠠ᠃ ᠨᠡᠭᠡᠭᠡᠨ ᠠᠰᠢᠭᠯᠠᠬᠤ ᠪᠠ ᠬᠠᠮᠠᠭᠠᠯᠠᠬᠤ ᠶᠢ ᠴᠢᠬᠤᠯᠠᠴᠢᠯᠡᠨ᠂ ᠯᠢᠶᠣᠣ ᠶᠢᠨ ᠳᠡᠭᠡᠳᠦ ᠨᠡᠶᠢᠰᠯᠡᠯ ᠤᠨ ᠦᠯᠡᠳᠡᠭᠳᠡᠯ ᠪᠠᠭᠤᠷᠢ ᠪᠠ ᠬᠢᠳᠠᠨ ᠤ ᠳᠡᠭᠡᠳᠦᠰ ᠤᠨ ᠣᠩᠭᠤᠨ ᠤ ᠪᠠᠭᠤᠷᠢ ᠶᠢ ︽ᠳᠡᠯᠡᠬᠡᠢ ᠶᠢᠨ ᠰᠣᠶᠤᠯ ᠤᠨ ᠦᠯᠡᠳᠡᠭᠳᠡᠯ ᠳᠤ ᠭᠤᠶᠤᠴᠢᠯᠠᠬᠤ︾ ᠠᠵᠢᠯ  ᠢ ᠪᠠᠳᠤᠳᠠᠢ ᠳᠦᠯᠬᠢᠨ ᠠᠬᠢᠭᠤᠯᠵᠤ᠂ ᠯᠢᠶᠣᠣ ᠶᠢᠨ ᠳᠡᠭᠡᠳᠦ ᠨᠡᠶᠢᠰᠯᠡᠯ ᠤᠨ ᠤᠯᠤᠰ ᠤᠨ ᠬᠠᠭᠤᠴᠢ ᠰᠣᠳᠤᠯᠤᠯ ᠤᠨ ᠴᠡᠴᠡᠷᠯᠢᠭ ᠤᠨ ᠨᠢᠭᠡᠳᠦᠭᠡᠷ ᠬᠤᠭᠤᠴᠠᠭᠠᠨ ᠤ ᠢᠨᠵᠧᠨ᠋ᠷᠢᠩ ᠢ ᠡᠬᠢᠯᠡᠭᠦᠯᠵᠦ᠂ ᠯᠢᠶᠤᠤ ᠶᠢᠨ ᠳᠡᠭᠡᠳᠦ ᠨᠡᠶᠢᠰᠯᠡᠯ ᠤᠨ ᠦᠯᠡᠳᠡᠭᠳᠡᠯ ᠪᠠᠭᠤᠷᠢ ᠶᠢᠨ ᠦᠶᠡᠷ ᠤᠨ ᠠᠶᠤᠯ ᠠᠴᠠ ᠰᠡᠷᠬᠡᠶᠢᠯᠡᠬᠦ ᠵᠡᠷᠭᠡ ᠪᠣᠳᠠᠰ ᠤᠨ ᠰᠣᠶᠤᠯ ᠢ ᠬᠠᠮᠠᠭᠠᠯᠠᠬᠤ ᠢᠨᠵᠧᠨᠧᠷᠢᠩ ᠢ ᠠᠬᠢᠭᠤᠯᠤᠨ᠎ᠠ᠃ ᠰᠣᠶᠤᠯ ᠤᠨ ᠦᠢᠯᠡᠰ ᠢ ᠤᠬᠠᠭᠤᠯᠤᠨ ᠳᠠᠨᠢᠯᠴᠠᠭᠤᠯᠬᠤ ᠶᠢ ᠶᠡᠭᠡ ᠪᠠᠷ ᠦᠷᠨᠢᠭᠦᠯᠵᠤ᠂ ᠰᠣᠶᠤᠯ ᠤᠨ ᠪᠦᠳᠦᠭᠡᠭᠳᠡᠬᠦᠨ ᠢ ᠰᠣᠳᠣᠯᠣᠨ ᠳᠡᠯᠭᠡᠷᠡᠭᠦᠯᠦᠨ᠎ᠡ᠃ ᠬᠢᠳᠠᠨ ᠤ ᠳᠠᠭᠤᠤ ᠪᠦᠵᠢᠭ ᠢ ᠰᠡᠷᠭᠦᠬᠡᠨ ᠬᠦᠭᠵᠢᠭᠦᠯᠵᠤ᠂ ᠣᠨᠴᠠᠯᠢᠭᠳᠦ ᠤᠬᠠᠭᠤᠯᠭ᠎ᠠ ᠶᠢᠨ ᠭᠠᠷ ᠳᠡᠪᠳᠡᠷ ᠪᠠ ᠵᠣᠭᠠᠴᠠᠯ ᠤᠨ ᠳᠤᠷᠠᠰᠬᠠᠯ ᠤᠨ ᠪᠣᠳᠠᠰ ᠢ ᠵᠣᠬᠢᠶᠠᠨ ᠪᠦᠳᠦᠭᠡᠵᠤ᠂ ᠯᠢᠶᠤᠤ ᠶᠢᠨ ᠰᠣᠶᠣᠯ ᠤᠨ ᠭᠤᠣᠯ ᠰᠡᠳᠦᠪᠳᠦ ᠠᠵᠢᠯᠯᠠᠭᠠᠨ ᠢ ᠨᠠᠷᠢᠯᠢᠭ ᠳᠦᠯᠦᠪᠯᠡᠬᠦ ᠪᠠ ᠵᠣᠬᠢᠶᠠᠨ ᠪᠠᠶᠢᠭᠤᠯᠵᠤ᠂ ᠤᠨᠴᠠᠯᠢᠭ ᠢ ᠳᠣᠪᠤᠶᠢᠯᠭᠠᠵᠤ᠂ ᠦᠷ᠎ᠠ ᠠᠰᠢᠭ ᠭᠠᠷᠭᠠᠨ᠎ᠠ᠃       ᠣᠶᠤᠨ ᠤ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠣᠯᠠᠨ ᠲᠦᠮᠡᠨᠴᠢ ᠴᠢᠨᠠᠷᠲᠠᠢ ᠣᠶᠤᠨ ᠤ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠦᠷᠨᠢᠭᠦᠯᠵᠦ᠂ ᠣᠯᠠᠨ ᠲᠦᠮᠡᠨ ᠤ ᠣᠶᠤᠨ  ᠤ ᠪᠣᠯᠪᠠᠰᠤᠨ ᠪᠠ ᠰᠣᠶᠤᠯ ᠤᠨ ᠲᠠᠯ᠎ᠠ ᠶᠢᠨ ᠬᠦᠰᠡᠯ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠨ᠎ᠠ᠃ ᠨᠣᠮ ᠤᠨ ᠰᠠᠩ᠂ ᠮᠦᠽᠸᠢ᠂ ᠤᠯᠤᠰ ᠢᠶᠠᠨ ᠬᠠᠶᠢᠷᠠᠯᠠᠬᠤ ᠦᠵᠡᠯ ᠤᠨ ᠰᠤᠷᠭᠠᠨ ᠬᠦᠮᠦᠵᠢᠯ ᠤᠨ ᠰᠠᠭᠤᠷᠢᠨ ᠭᠠᠵᠠᠷ ᠤᠨ  ᠦᠢᠯᠡᠳᠦᠯ ᠢ ᠭᠦᠢᠴᠡᠳ ᠪᠠᠳᠠᠷᠠᠭᠤᠯᠤᠨ᠂ ᠬᠦᠰᠡᠯᠡᠩ ᠢᠲᠡᠭᠡᠯ ᠵᠣᠷᠢᠭ ᠪᠠ ᠣᠯᠤᠰ ᠢᠶᠠᠨ ᠬᠠᠶᠢᠷᠠᠯᠠᠬᠤ ᠵᠢᠴᠢ ᠬᠠᠮᠲᠤᠴᠢ ᠦᠵᠡᠯ ᠤᠨ ᠰᠤᠷᠭᠠᠨ ᠬᠦᠮᠦᠵᠢᠯ ᠤᠨ ᠠᠵᠢᠯᠯᠠᠭ᠎ᠠ ᠦᠷᠨᠢᠭᠦᠯᠦᠨ᠎ᠡ᠃ ︽ᠪᠠᠭᠠᠷᠢᠨ ᠵᠡᠬᠦᠨ ᠬᠤᠰᠢᠭᠤᠨ ᠤ ᠵᠤᠷᠢᠭ ᠰᠠᠨᠠᠭ᠎ᠠ︾ ᠶᠢ ᠪᠤᠢ ᠪᠤᠯᠭᠠᠨ ᠬᠦᠮᠦᠵᠢᠬᠦᠯᠵᠤ᠂ ᠦᠷᠭᠡᠨ ᠣᠯᠠᠨ ᠺᠠᠳ᠋ᠷ ᠣᠯᠠᠨ ᠲᠦᠮᠡᠨ ᠢ ᠢᠮᠠᠭᠲᠠ ᠪᠣᠰᠤᠳ ᠤᠨ ᠲᠦᠯᠦᠭᠡ ᠵᠢᠳᠬᠦᠵᠦ᠂ ᠴᠤᠭ ᠵᠤᠷᠢᠭ ᠪᠠᠳᠠᠷᠠᠩᠭᠤᠢ ᠣᠷᠤᠭᠰᠢ ᠳᠠᠪᠰᠢᠬᠤ ᠣᠶᠤᠨ ᠰᠠᠨᠠᠭᠠᠨ ᠤ ᠪᠠᠶᠢᠳᠠᠯ ᠲᠠᠢ ᠪᠠᠶᠢᠬᠤ ᠶᠢ ᠤᠷᠮᠠᠰᠢᠭᠤᠯᠤᠨ ᠵᠣᠷᠢᠭᠵᠢᠭᠤᠯᠤᠨ᠎ᠠ᠃ ᠨᠡᠶᠢᠭᠡᠮ ᠤᠨ ᠨᠡᠶᠢᠲᠡ ᠶᠢᠨ ᠶᠣᠰᠤ ᠰᠤᠷᠲᠠᠬᠤᠨ᠂ ᠲᠤᠬᠠᠶᠢᠯᠠᠭᠰᠠᠨ ᠠᠵᠢᠯ ᠤᠨ ᠶᠤᠰᠤ ᠰᠤᠷᠲᠠᠬᠤᠨ᠂ ᠭᠡᠷ ᠪᠦᠯᠢ ᠶᠢᠨ ᠰᠠᠶᠢᠬᠠᠨ ᠰᠤᠷᠲᠠᠯ ᠵᠢᠴᠢ ᠬᠤᠪᠢ ᠪᠡᠶ᠎ᠡ ᠶᠢᠨ ᠵᠠᠩ ᠮᠤᠷᠠᠯ ᠤᠨ ᠰᠤᠷᠭᠠᠨ ᠬᠦᠮᠦᠵᠢᠯ ᠢ ᠴᠢᠩᠭᠠᠳᠬᠠᠵᠤ᠂ ᠬᠦᠮᠦᠨ ᠪᠦᠬᠦᠨ ᠬᠡᠪ ᠰᠤᠷᠲᠠᠯ ᠰᠠᠶᠢᠨ᠂ ᠮᠤᠷᠠᠯ ᠪᠣᠯᠪᠠᠰᠤᠷᠠᠯ ᠢ ᠬᠦᠨᠳᠦᠳᠬᠡᠬᠦ ᠨᠡᠶᠢᠭᠡᠮ ᠤᠨ ᠣᠷᠴᠢᠨ ᠠᠬᠤᠢ ᠶᠢ ᠪᠣᠢ ᠪᠣᠯᠭᠠᠨ᠎ᠠ᠃ ᠬᠤᠶᠠᠷ ᠢ ᠬᠦᠷᠢᠶᠡᠯᠡᠵᠦ ᠬᠠᠮᠲᠤ  ᠪᠠᠷ ᠪᠦᠲᠦᠭᠡᠨ ᠪᠠᠶᠢᠭᠤᠯᠬᠤ ᠠᠵᠢᠯᠯᠠᠭᠠᠨ ᠦᠷᠨᠢᠭᠦᠯᠵᠦ᠂ ︽ᠬᠤᠤᠰ ᠬᠦᠷᠢᠶᠡᠯᠡᠯ ᠲᠠᠢ ᠵᠢᠱᠢᠶᠡᠴᠢ ᠬᠤᠰᠢᠭᠤ︾ ᠶᠢ ᠪᠦᠲᠦᠭᠡᠨ ᠪᠠᠶᠢᠭᠤᠯᠤᠭᠰᠠᠨ ᠦᠷ᠎ᠡ ᠪᠦᠲᠦᠮᠵᠢ ᠶᠢ ᠪᠠᠲᠤᠳᠬᠠᠨ᠎ᠠ᠃ ᠵᠠᠯᠠᠭᠤ ᠪᠠᠭᠠᠴᠤᠳ ᠤᠨ ᠦᠵᠡᠯ ᠰᠠᠨᠠᠭ᠎ᠠ ᠶᠣᠰᠤ ᠰᠤᠷᠲᠠᠬᠤᠨ ᠤ ᠰᠤᠷᠭᠠᠨ ᠬᠦᠮᠦᠵᠢᠯ ᠤᠨ ᠠᠵᠢᠯ ᠢ ᠰᠠᠶᠢᠲᠤᠷ ᠬᠢᠵᠦ᠂ ᠵᠠᠯᠠᠭᠤ ᠪᠠᠭᠠᠴᠤᠳ ᠤᠨ ᠡᠷᠡᠭᠦᠯ ᠴᠢᠬᠢᠷᠠᠭ ᠦᠰᠦᠨ ᠪᠣᠶᠢᠵᠢᠯᠲᠠ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠣᠢ ᠪᠣᠯᠭᠠᠵᠤ ᠦᠭᠭᠦᠨ᠎ᠡ᠃       ︵ᠳᠠᠪᠤ︶ ᠰᠠᠭᠤᠷᠢ ᠳᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠬᠤᠳᠠ ᠪᠠᠯᠭᠠᠰᠤ ᠶᠢᠨ ᠵᠣᠬᠢᠴᠠᠩᠭᠤᠢ ᠬᠦᠭᠵᠢᠯᠳᠠ ᠶᠢ ᠨᠢᠬᠡᠳᠦᠯᠳᠠᠢ ᠳᠦᠯᠦᠪᠵᠢᠭᠦᠯᠦᠨ᠎ᠠ᠃       ᠬᠤᠳᠠ ᠶᠢᠨ ᠪᠠᠷᠠᠭᠤᠨ ᠳᠡᠭᠦᠷᠭᠡ ᠶᠢᠨ ᠪᠦᠳᠦᠭᠡᠨ ᠪᠠᠶᠢᠭᠤᠯᠤᠯᠳᠠ ᠶᠢ ᠬᠦᠨᠵᠡᠭᠡᠢ ᠳᠦᠯᠬᠢᠨ ᠠᠬᠢᠭᠤᠯᠤᠨ᠎ᠠ᠃ ᠯᠢᠨᠳᠦ᠋ᠡᠭ ᠤᠨ ᠪᠠᠷᠠᠭᠤᠨ ᠬᠤᠳᠠ ᠲᠤᠭᠤᠷᠢᠭ ᠤᠨ ᠪᠦᠳᠦᠬᠡᠨ ᠪᠠᠶᠢᠭᠤᠯᠤᠯᠳᠠ ᠶᠢᠨ ᠲᠦᠯᠦᠪᠵᠢᠬᠦᠯᠬᠡ ᠶᠢ ᠴᠢᠩᠭ᠎ᠠ ᠬᠡᠷᠡᠭᠵᠢᠬᠦᠯᠪᠠ᠃ ᠨᠠᠮ ᠤᠨ ᠬᠤᠷᠢᠶ᠎ᠠ ᠶᠢᠨ ᠶᠡᠷᠦᠩᠬᠡᠶᠢᠯᠡᠭᠰᠡᠨ ᠠᠰᠠᠷ ᠵᠡᠷᠬᠡ ᠨᠡᠶᠢᠳᠡ ᠶᠢᠨ ᠪᠦᠳᠦᠭᠡᠨ ᠪᠠᠶᠢᠭᠤᠯᠤᠯᠳᠠ  ᠶᠢᠨ ᠳᠦᠷᠦᠯ ᠵᠦᠢᠯ ᠢ ᠪᠦᠳᠦᠭᠡᠨ ᠪᠠᠶᠢᠭᠤᠯᠵᠤ᠂ ᠳᠤᠰ ᠵᠢᠯ ᠳᠤ ᠠᠰᠢᠭᠯᠠᠯᠳᠠ ᠳᠤ ᠣᠷᠣᠭᠤᠯᠤᠨ᠎ᠠ᠃ ᠬᠤᠳᠠ ᠶᠢᠨ ᠪᠠᠷᠠᠭᠤᠨ ᠳᠡᠭᠦᠷᠭᠡ ᠶᠢᠨ ᠪᠦᠳᠦᠭᠡᠨ ᠪᠠᠶᠢᠭᠤᠯᠤᠯᠳᠠ ᠶᠢᠨ ᠨᠤᠭᠤᠭᠠᠷᠠᠭᠤᠯᠤᠯᠳᠠ᠂ ᠭᠤᠶᠤᠵᠢᠭᠤᠯᠤᠯᠳᠠ ᠵᠡᠷᠭᠡ ᠰᠠᠭᠤᠷᠢ ᠳᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠢ ᠪᠡᠶᠡᠯᠡᠭᠦᠯᠵᠤ᠂ ᠳᠦᠬᠦᠭᠡᠷᠤᠮᠵᠢ ᠪᠦᠷᠢᠨ᠂ ᠴᠡᠪᠡᠷ ᠴᠡᠮᠴᠡᠭᠡᠷ ᠣᠷᠴᠢᠨ ᠳᠣᠭᠤᠷᠢᠨ ᠲᠠᠢ ᠰᠢᠨ᠎ᠠ ᠳᠣᠭᠤᠷᠢᠭ ᠢ ᠪᠦᠳᠦᠭᠡᠨ ᠪᠠᠶᠢᠭᠤᠯᠤᠨ᠎ᠠ᠃ ᠳᠡᠭᠡᠳᠦ ᠱᠠᠳᠣᠨ ᠤ ᠳᠡᠮᠵᠢᠯᠭᠡ ᠶᠢ ᠣᠯᠬᠤ ᠪᠠᠷ ᠬᠦᠴᠦᠯᠡᠨ᠂ ᠢᠵᠢ ᠪᠦᠷᠢᠨ ᠳᠦᠬᠦᠭᠡᠷᠦᠮᠵᠢ ᠶᠢ ᠲᠡᠬᠦᠯᠳᠡᠷᠵᠢᠬᠦᠯᠵᠤ᠂ ᠬᠤᠳᠠ ᠶᠢᠨ ᠪᠠᠷᠠᠭᠤᠨ ᠳᠡᠭᠦᠷᠭᠡ ᠶᠢᠨ ᠪᠦᠳᠦᠭᠡᠨ ᠪᠠᠶᠢᠭᠤᠯᠤᠯᠳᠠ ᠶᠢᠨ ᠬᠡᠪᠴᠢᠶᠡᠨ ᠳᠠᠬᠢ 4 ᠰᠣᠷᠭᠠᠭᠤᠯᠢ᠂ ᠬᠤᠰᠢᠭᠤ ᠡᠮᠨᠡᠯᠭᠡ ᠶᠢᠨ ᠬᠤᠷᠢᠶ᠎ᠠ ᠵᠡᠷᠭᠡ ᠨᠠᠶᠢᠭᠡᠮ ᠤᠨ ᠠᠵᠢᠯ ᠦᠢᠯᠡᠰ ᠤᠨ ᠳᠦᠷᠦᠯ ᠵᠦᠢᠯ ᠢ ᠠᠰᠢᠭᠯᠠᠯᠳᠠ ᠳᠤ ᠣᠷᠣᠭᠤᠯᠤᠨ᠎ᠠ᠃ ᠳᠡᠭᠡᠭᠡᠪᠦᠷᠢ ᠶᠢᠨ ᠺᠣᠮᠫᠠᠨᠢ ᠶᠢ ᠭᠠᠵᠠᠷ ᠰᠢᠯᠵᠢᠬᠦᠯᠦᠨ ᠪᠠᠶᠢᠭᠤᠯᠬᠤ᠂ ᠴᠠᠭ ᠠᠭᠤᠷ ᠤᠨ ᠲᠤᠪᠴᠢᠶ᠎ᠠ  ᠶᠢ ᠭᠠᠵᠠᠷ ᠰᠢᠯᠵᠢᠬᠦᠯᠦᠨ ᠪᠠᠶᠢᠭᠤᠯᠬᠤ᠂ ᠳᠠᠷᠢᠶᠠᠯᠠᠩ ᠠᠷᠠᠯᠵᠢᠶ᠎ᠠ ᠶᠢᠨ ᠵᠠᠬ᠎ᠠ ᠳᠡᠯᠭᠡᠭᠦᠷ᠂ ᠨᠣᠮ ᠤᠨ ᠰᠠᠩ ᠵᠡᠷᠭᠡ ᠠᠵᠢᠯ ᠳᠦᠷᠦᠯ ᠤᠨ ᠪᠦᠳᠦᠭᠡᠨ ᠪᠠᠶᠢᠭᠤᠯᠤᠯᠳᠠ ᠶᠢ ᠳᠠᠶᠢᠴᠢᠯᠠᠵᠤ᠂ ᠬᠤᠳᠠ ᠶᠢᠨ ᠦᠢᠯᠡᠳᠦᠯ ᠴᠢᠳᠠᠮᠵᠢ ᠶᠢ ᠣᠯᠠᠮ ᠳᠡᠭᠦᠯᠳᠡᠷᠵᠢᠭᠦᠯᠦᠨ᠎ᠠ᠃ ᠳᠦᠯᠦᠪᠵᠢᠭᠦᠯᠬᠡ ᠶᠣᠰᠣᠭᠠᠷ᠂ ᠬᠤᠳᠠ ᠳᠣᠭᠤᠷᠢᠭ ᠤᠨ ᠪᠠᠷᠠᠭᠤᠨ ᠳᠡᠭᠦᠷᠭᠡ ᠶᠢᠨ ᠪᠦᠳᠦᠭᠡᠨ ᠪᠠᠶᠢᠭᠤᠯᠤᠯᠳᠠ ᠶᠢᠨ ᠠᠷᠠᠯᠵᠢᠶ᠎ᠠ ᠬᠤᠳᠠᠯᠳᠣᠭᠠᠨ ᠤ ᠠᠰᠠᠷ ᠪᠠ ᠣᠷᠣᠨ ᠰᠠᠭᠤᠴᠠ ᠶᠢᠨ ᠳᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠳᠦᠯᠬᠢᠨ ᠠᠬᠢᠭᠤᠯᠵᠤ᠂ ᠬᠦᠮᠦᠨ ᠠᠮᠠ ᠨᠢᠭᠳᠠᠷᠠᠭᠰᠠᠨ ᠪᠠ ᠡᠯ᠎ᠡ ᠵᠦᠢᠯ ᠤᠨ ᠠᠵᠢᠯ ᠳᠦᠷᠦᠯ ᠤᠨ ᠬᠠᠮᠳᠣ ᠪᠠᠷ ᠴᠡᠴᠡᠭᠯᠡᠨ ᠬᠦᠭᠵᠢᠬᠦ ᠶᠢ ᠠᠬᠢᠭᠤᠯᠤᠨ᠎ᠠ᠃       ᠬᠠᠭᠤᠴᠢᠨ ᠬᠤᠳᠠ ᠳᠣᠭᠤᠷᠢᠭ ᠢ ᠦᠭᠡᠷᠡᠴᠢᠯᠡᠨ ᠪᠠᠶᠢᠭᠤᠯᠬᠤ ᠠᠬᠢᠴᠠ ᠶᠢ ᠳᠦᠷᠭᠡᠳᠬᠡᠨ᠎ᠠ᠃ ᠪᠣᠵᠠᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢ ᠦᠷᠭᠡᠳᠬᠡᠨ ᠪᠠᠶᠢᠭᠤᠯᠵᠤ᠂ ᠶᠡᠷᠦᠩᠬᠡᠶᠢᠯᠡᠭᠰᠡᠨ ᠤᠰᠤᠨ ᠬᠤᠭᠤᠯᠠᠢ ᠶᠢᠨ ᠳᠣᠣᠷᠵᠢᠯ ᠤᠨ ᠦᠭᠡᠷᠡᠴᠢᠯᠡᠯᠳᠡ ᠵᠡᠷᠭᠡ ᠢᠨᠵᠧᠨᠧᠷᠢᠩ ᠢ ᠬᠡᠷᠡᠭᠵᠢᠭᠦᠯᠦᠨ᠂ ᠤᠰᠤ ᠭᠠᠳᠠᠭᠰᠢᠯᠠᠭᠤᠯᠬᠤ᠂ ᠳᠤᠯᠠᠭᠠᠯᠠᠮᠵᠢ ᠬᠠᠩᠭᠠᠬᠤ ᠵᠡᠷᠭᠡ ᠦᠨᠳᠦᠰᠦᠨ ᠨᠦᠭᠦᠴᠡᠯ ᠢ ᠰᠠᠶᠢᠵᠢᠷᠠᠭᠤᠯᠤᠨ᠎ᠠ᠃ ᠨᠡᠶᠢᠭᠡᠮ ᠤᠨ ᠪᠡᠯᠡ ᠮᠦᠩᠬᠦ ᠶᠢ ᠬᠦᠢᠴᠡᠳ ᠠᠰᠢᠭᠯᠠᠵᠤ᠂ ᠯᠢᠶᠤᠤ ᠶᠢᠨ ᠳᠡᠭᠡᠳᠦ ᠨᠡᠶᠢᠰᠯᠡᠯ ᠤᠨ ᠦᠯᠡᠳᠡᠭᠳᠡᠯ ᠪᠠᠭᠤᠷᠢ ᠶᠢᠨ ᠬᠠᠵᠠᠭᠤ ᠬᠠᠪᠢ ᠶᠢᠨ ᠣᠷᠴᠢᠨ ᠳᠣᠭᠤᠷᠢᠨ ᠢ ᠵᠠᠰᠠᠨ ᠰᠠᠶᠢᠵᠢᠷᠠᠭᠤᠯᠬᠤ ᠲᠠᠢ ᠤᠶᠠᠯᠳᠤᠭᠤᠯᠤᠨ᠂ ᠰᠢᠷᠭ᠎ᠠ ᠵᠡᠭᠡᠯᠢ ᠶᠢᠨ ᠬᠠᠵᠠᠭᠤ ᠬᠠᠪᠢ  ᠶᠢᠨ ᠭᠡᠷ ᠪᠠᠶᠢᠰᠢᠩ ᠢ ᠵᠠᠰᠠᠨ ᠰᠠᠶᠢᠵᠢᠷᠠᠭᠤᠯᠬᠤ ᠵᠢᠴᠢ ᠵᠠᠮ ᠬᠠᠷᠢᠯᠴᠠᠭᠠᠨ ᠤ ᠪᠦᠳᠦᠬᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠰᠢᠷᠭ᠎ᠠ ᠵᠡᠬᠡᠯᠢ ᠪᠤᠯᠤᠨ ᠲᠡᠬᠦᠨ ᠤ ᠬᠠᠵᠠᠭᠤ ᠬᠠᠪᠢ ᠶᠢᠨ ︽ᠠᠷᠢᠭᠤᠨ ᠴᠡᠪᠡᠷ ᠪᠤᠰᠤ︾ ᠪᠠᠶᠢᠳᠠᠯ ᠪᠤᠯᠤᠨ ᠤᠯᠠᠨ ᠲᠦᠮᠡᠨ ᠤ ︽ᠶᠡᠪᠤᠵᠤ ᠰᠠᠭᠤᠬᠤ ᠳᠤ ᠬᠦᠴᠢᠷ︾ ᠪᠠᠶᠢᠬᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠨ᠎ᠡ᠃ ᠪᠠᠷᠠᠭᠤᠨ ᠳᠡᠭᠦᠷᠭᠡ ᠶᠢᠨ ᠳᠡᠵᠢᠭᠡᠨ ᠦᠷᠡᠵᠢᠭᠦᠯᠬᠦ ᠵᠢᠵᠢᠭ ᠳᠣᠭᠤᠷᠢᠭ ᠢ ᠦᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠬᠦᠯᠵᠤ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ  ᠤᠨ ᠨᠦᠬᠦᠴᠡᠯ ᠢ ᠰᠠᠶᠢᠵᠢᠷᠠᠭᠤᠯᠤᠨ᠎ᠠ᠃ ︽ᠬᠤᠳᠠ ᠶᠢᠨ ᠪᠦᠳᠦᠬᠡᠨ ᠪᠠᠶᠢᠭᠤᠯᠤᠯᠳᠠ ᠶᠢᠨ ᠬᠠᠮᠢᠶᠠᠷᠤᠯᠳᠠ ᠶᠢᠨ ᠤᠨ ︾ ᠤ ᠠᠵᠢᠯᠯᠠᠭᠠᠨ ᠢ ᠲᠤᠬᠢᠶᠠᠯᠳᠤᠭᠤᠯᠤᠨ᠂ ᠬᠤᠳᠠ ᠶᠢᠨ ᠡᠮᠬᠢ ᠲᠢᠭᠯᠢᠮ ᠢ ᠴᠡᠭᠴᠡᠯᠡᠨ ᠵᠠᠰᠠᠵᠤ᠂ ᠤᠷᠴᠢᠨ ᠲᠤᠭᠤᠷᠢᠨ᠂ ᠡᠷᠡᠬᠦᠯ ᠬᠠᠮᠠᠭᠠᠯᠠᠯ ᠤᠨ ᠲᠦᠬᠦᠬᠡᠷᠦᠮᠵᠢ ᠶᠢᠨ ᠲᠦᠷᠦᠯ ᠵᠦᠢᠯ ᠪᠤᠯᠤᠨ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠨ᠂ ᠬᠤᠳᠠ ᠶᠢᠨ ᠦᠢᠯᠡᠳᠦᠯ ᠴᠢᠳᠠᠮᠵᠢ ᠶᠢ ᠤᠯᠠᠮ ᠨᠢᠬᠡ ᠠᠯᠬᠤᠮ ᠲᠡᠭᠦᠯᠳᠡᠷᠵᠢᠬᠦᠯᠵᠤ᠂ ᠬᠤᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠤᠨ᠎ᠠ᠃      ᠬᠤᠳᠠ ᠬᠦᠳᠡᠭᠡ ᠶᠢᠨ ᠨᠢᠬᠡᠳᠤᠯᠳᠡᠢ ᠬᠦᠭᠵᠢᠯᠳᠡ ᠶᠢ ᠠᠬᠢᠭᠤᠯᠤᠨ᠎ᠠ᠃ ᠬᠤᠳᠠ ᠬᠦᠳᠡᠭᠡ ᠶᠢᠨ ᠨᠢᠬᠡ ᠴᠤᠭᠴᠠᠴᠢᠯᠠᠭᠰᠠᠨ ᠬᠦᠭᠵᠢᠯᠳᠡ ᠲᠦᠯᠦᠪᠵᠢᠬᠦᠯᠬᠡ ᠶᠢ ᠰᠢᠨᠵᠢᠯᠡᠬᠦ ᠤᠬᠠᠭᠠᠨᠴᠢ ᠪᠠᠷ ᠲᠦᠯᠦᠪᠯᠡᠵᠤ᠂ ᠠᠵᠤ ᠦᠢᠯᠡᠰ  ᠤᠨ ᠪᠤᠶᠢᠵᠢᠯᠳᠠ᠂ ᠬᠤᠳᠠ ᠪᠠᠯᠭᠠᠰᠤ ᠶᠢᠨ ᠬᠦᠭᠵᠢᠯᠳᠡ ᠵᠢᠴᠢ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠲᠠᠢ ᠬᠠᠷᠢᠯᠴᠠᠨ ᠤᠶᠠᠯᠳᠤᠭᠤᠯᠤᠨ᠂ ᠰᠢᠨᠵᠢᠯᠡᠬᠦ ᠤᠬᠠᠭᠠᠨᠴᠢ ᠵᠦᠢ ᠶᠤᠰᠤᠨ ᠤ ᠬᠤᠳᠠ ᠬᠦᠳᠡᠭᠡ  ᠶᠢᠨ ᠬᠦᠭᠵᠢᠯᠳᠡ ᠶᠢᠨ ᠪᠠᠶᠢᠳᠠᠯ ᠢ ᠴᠢᠷᠮᠠᠶᠢᠨ ᠪᠤᠢ ᠪᠤᠯᠭᠠᠨ᠎ᠠ᠃ ᠡᠬᠢ ᠰᠤᠷᠪᠤᠯᠵᠢ ᠶᠢᠨ ᠲᠠᠪᠠᠭᠤᠯᠢᠭ ᠲᠠᠭᠠᠨ ᠲᠦᠰᠢᠭᠯᠡᠵᠤ᠂ ᠠᠵᠤ ᠦᠢᠯᠡᠳᠪᠦᠷᠢ᠂ ᠲᠠᠷᠢᠶᠠᠯᠠᠩ᠂ ᠠᠷᠠᠯᠵᠢᠶ᠎ᠠ ᠬᠤᠳᠠᠯᠳᠤᠭ᠎ᠠ ᠳᠤ ᠲᠤᠰ ᠲᠤᠰ ᠲᠤᠬᠢᠷᠠᠭᠤᠯᠤᠨ ᠬᠦᠭᠵᠢᠬᠦᠯᠵᠤ᠂ ᠤᠨᠴᠠᠯᠢᠭᠳᠤ ᠲᠤᠯᠭᠠᠭᠤᠷᠢ ᠠᠵᠤ ᠦᠢᠯᠡᠰ ᠢ ᠴᠢᠷᠮᠠᠶᠢᠨ ᠬᠦᠭᠵᠢᠬᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠳᠡ ᠶᠢᠨ ᠲᠤᠭᠳᠠᠯᠴᠠᠭ᠎ᠠ ᠶᠢ ᠰᠢᠨᠡᠴᠢᠯᠡᠨ᠂ ᠮᠠᠯᠵᠢᠬᠤ ᠲᠠᠷᠢᠶᠠᠯᠠᠬᠤ ᠤᠷᠤᠨ ᠤ ᠭᠠᠵᠠᠷ ᠰᠢᠷᠤᠢ ᠶᠢᠨ ᠲᠠᠭᠠᠭᠠᠴᠢᠯᠠᠯᠳᠠ ᠡᠵᠡᠭᠨᠡᠯᠳᠡ ᠶᠢᠨ ᠡᠷᠬᠡ ᠶᠢᠨ ᠡᠷᠬᠢᠯᠳᠡ ᠵᠠᠬ᠎ᠠ ᠲᠡᠯᠭᠡᠭᠦᠷ ᠢ ᠪᠠᠶᠢᠭᠤᠯᠤᠨ ᠲᠡᠬᠦᠯᠳᠡᠷᠵᠢᠬᠦᠯᠵᠤ᠂ ᠭᠠᠵᠠᠷ ᠰᠢᠷᠦᠢ ᠶᠢᠨ ᠡᠷᠬᠢᠯᠳᠡ ᠶᠢᠨ ᠵᠢᠱᠢᠶ᠎ᠡ ᠦᠵᠡᠬᠦᠯᠬᠦ ᠪᠠᠯᠭᠠᠰᠤ ᠪᠠ ᠲᠤᠰᠬᠤᠨ ᠤ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠎ᠠ᠃ ︽ᠳᠡᠭᠡᠳᠦ ᠱᠠᠳᠤᠨ ᠠᠴᠠ ᠨᠦᠬᠦᠪᠦᠷᠢ ᠤᠯᠭᠤᠵᠤ᠂ ᠵᠠᠰᠠᠭ ᠤᠨ ᠣᠷᠳᠤᠨ ᠠᠴᠠ ᠪᠠᠭ᠎ᠠ ᠳᠦᠬᠦᠷᠵᠢᠭᠦᠯᠵᠤ᠂ ᠣᠯᠠᠨ ᠳᠦᠮᠡᠨ ᠠᠴᠠ ᠪᠠᠭ᠎ᠠ ᠬᠦᠳᠡᠯᠮᠦᠷᠢ ᠵᠠᠷᠤᠴᠠᠭᠤᠯᠬᠤ︾  ᠶᠢ ᠬᠠᠷᠢᠯᠴᠠᠨ ᠤᠶᠠᠯᠳᠤᠭᠤᠯᠬᠤ ᠠᠷᠭ᠎ᠠ ᠪᠠᠷ᠂  ᠳᠤᠰᠬᠤᠨ ᠳᠤ ᠨᠡᠪᠳᠡᠷᠡᠬᠦ ᠱᠦᠢᠨᠢ ᠵᠠᠮ ᠤᠨ ᠪᠦᠳᠦᠭᠡᠨ ᠪᠠᠶᠢᠭᠤᠯᠤᠯᠳᠠ ᠶᠢ ᠶᠡᠬᠡᠪᠡᠷ ᠠᠬᠢᠭᠤᠯᠤᠨ᠎ᠠ᠃ ᠵᠠᠮ ᠬᠠᠷᠢᠯᠴᠠᠭ᠎ᠠ᠂  ᠬᠠᠶᠠᠭᠳᠠᠮᠠᠯ ᠤᠰᠤ᠂ ᠬᠤᠭ ᠨᠤᠪᠰᠢ ᠶᠢ ᠠᠷᠢᠯᠭᠠᠬᠤ ᠵᠡᠷᠬᠡ ᠪᠠᠷ ᠭᠤᠤᠯᠳᠠᠯᠭ᠎ᠠ ᠪᠤᠯᠭᠠᠭᠰᠠᠨ ᠬᠤᠳᠠ ᠪᠠᠯᠭᠠᠰᠤ ᠶᠢᠨ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠲᠠᠰᠤᠷᠠᠯᠳᠠ ᠦᠬᠡᠢ ᠲᠡᠬᠦᠯᠳᠡᠷᠵᠢᠬᠦᠯᠦᠨ᠎ᠡ᠃ ᠰᠤᠮᠤ ᠪᠠᠯᠭᠠᠰᠤ ᠶᠢᠨ ᠵᠠᠰᠠᠭ ᠤᠨ ᠤᠷᠳᠤᠨ ᠤ ᠪᠠᠶᠢᠭ᠎ᠠ ᠭᠠᠵᠠᠷ ᠪᠤᠯᠤᠨ ᠭᠤᠤᠯᠳᠠᠯᠭ᠎ᠠ ᠲᠠᠢ ᠭᠠᠴᠠᠭ᠎ᠠ ᠲᠤᠰᠬᠤᠨ ᠤ ᠲᠦᠷᠰᠦ ᠪᠠᠶᠢᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠠᠳᠬᠤᠵᠤ᠂ ᠮᠠᠯᠵᠢᠬᠤ ᠲᠠᠷᠢᠶᠠᠯᠠᠬᠤ ᠤᠷᠤᠨ ᠤ ᠦᠢᠯᠡᠳᠪᠦᠷᠢᠯᠡᠯ ᠠᠮᠢᠳᠤᠷᠠᠯ  ᠤᠨ ᠨᠦᠬᠦᠴᠡᠯ ᠢ ᠲᠠᠰᠤᠷᠠᠯᠳᠠ ᠦᠬᠡᠢ ᠰᠠᠶᠢᠵᠢᠷᠠᠭᠤᠯᠤᠨ᠎ᠠ᠃      ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠪᠠ ᠣᠷᠴᠢᠨ ᠳᠣᠭᠤᠷᠢᠨ ᠤ ᠬᠠᠮᠠᠭᠠᠯᠠᠯᠳᠠ ᠶᠢ ᠴᠢᠩᠭᠠᠳᠬᠠᠨ᠎ᠠ ᠃ ︽ᠠᠮᠢ ᠠᠬᠤᠢ ᠪᠠᠷ ᠬᠤᠰᠢᠭᠤ ᠪᠠᠨ ᠪᠠᠶᠢᠭᠤᠯᠬᠤ︾ ᠪᠠᠶᠢᠯᠳᠣᠬᠤ ᠪᠣᠳᠣᠯᠭ᠎ᠠ ᠶᠢ ᠬᠦᠨᠵᠡᠭᠡᠢ ᠨᠠᠶᠢᠳᠡᠪᠤᠷᠢᠵᠢᠭᠤᠯᠤᠨ᠂ 16.9 ᠳᠦᠮᠡᠨ ᠮᠦ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠡᠭᠦᠷᠭᠡ ᠶᠢ ᠪᠦᠬᠦ ᠳᠠᠯ᠎ᠠ ᠪᠠᠷ ᠪᠡᠶᠡᠯᠡᠭᠦᠯᠵᠤ᠂ 1 ᠳᠦᠮᠡᠨ ᠮᠦ ᠣᠰᠣ ᠠᠷᠪᠢᠯᠠᠬᠤ ᠠᠵᠤ ᠠᠬᠤᠢ ᠶᠢᠨ ᠣᠢ ᠶᠢᠨ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠢ ᠪᠡᠶᠡᠯᠡᠭᠦᠯᠦᠨ᠎ᠠ᠃ ᠦᠨᠦ ᠵᠢᠯ ᠳᠤ ᠤᠯᠠᠭᠠᠨᠳᠠᠪᠠᠭ᠎ᠠ ᠶᠢᠨ ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ ᠢ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ ᠪᠣᠯᠭᠠᠨ ᠳᠡᠰ ᠳᠡᠪᠰᠢᠭᠦᠯᠵᠤ᠂ ᠤᠯᠤᠰ ᠤᠨ ᠬᠢᠨᠠᠨ ᠦᠨᠡᠯᠡᠯᠳᠡ ᠠᠴᠠ ᠡᠮᠦᠨᠡᠬᠢ ᠪᠡᠯᠡᠳᠬᠡᠯ ᠠᠵᠢᠯ ᠢ ᠰᠠᠶᠢᠳᠤᠷ ᠬᠢᠨ᠎ᠡ᠃ ᠪᠡᠯᠴᠢᠭᠡᠷᠯᠡᠭᠦᠯᠬᠦ ᠶᠢ ᠬᠤᠷᠢᠭᠯᠠᠬᠤ ᠠᠵᠢᠯ ᠤᠨ ᠬᠢᠨᠠᠨ ᠬᠠᠮᠢᠶᠠᠷᠤᠯᠳᠠ ᠪᠠᠨ ᠴᠢᠩᠭᠠᠳᠬᠠᠨ᠂ ᠭᠤᠣᠯᠳᠠᠯᠭᠠᠳᠣ ᠳᠦᠷᠦᠯ ᠵᠦᠢᠯ ᠤᠨ ᠣᠷᠣᠨ᠂ ᠪᠢᠳᠡᠭᠦᠮᠵᠢᠯᠡᠨ ᠣᠶᠢᠵᠢᠭᠤᠯᠬᠤ ᠬᠠᠮᠠᠭᠠᠯᠠᠯᠳᠠ ᠶᠢᠨ ᠣᠷᠣᠨ ᠢ ᠳᠦᠪᠯᠡᠷᠡᠭᠦᠯᠦᠨ ᠵᠠᠰᠠᠨ᠎ᠠ᠃ ᠦᠯᠵᠡᠶᠢᠮᠦᠷᠡᠨ ᠭᠤᠤᠯ ᠤᠨ ᠦᠶᠡᠷ ᠢ ᠰᠡᠷᠬᠡᠶᠢᠯᠡᠬᠦ ᠢᠨᠵᠧᠨᠧᠷᠢᠩ ᠤᠨ ᠪᠦᠳᠦᠬᠡᠨ ᠪᠠᠶᠢᠭᠤᠯᠤᠯᠳᠠ ᠶᠢᠨ ᠠᠵᠢᠯ ᠢ ᠡᠬᠢᠯᠡᠬᠦᠯᠵᠤ᠂ ᠱᠢᠨᠠ ᠤᠰᠤᠨ ᠴᠦᠬᠦᠷᠦᠮ ᠤᠨ ᠬᠤᠶᠠᠳᠤᠭᠠᠷ ᠬᠤᠭᠤᠴᠠᠭᠠᠨ ᠤ ᠠᠶᠤᠯ ᠢ ᠦᠬᠡᠶᠢᠰᠬᠡᠵᠤ ᠪᠠᠳᠤ ᠪᠠᠬᠢ ᠪᠤᠯᠭᠠᠬᠤ ᠢᠨᠵᠧᠨᠧᠷᠢᠩ ᠢ ᠵᠢᠯ ᠤᠨ ᠲᠤᠳᠤᠷ᠎ᠠ ᠨᠠᠶᠢᠳᠠᠪᠦᠷᠢᠵᠢᠭᠤᠯᠬᠤ ᠪᠠᠷ ᠴᠢᠷᠮᠠᠶᠢᠨ᠎ᠠ᠃ ᠭᠠᠵᠠᠷ ᠳᠣᠣᠷᠠᠬᠢ ᠡᠬᠢ ᠪᠠᠶᠠᠯᠢᠭ ᠤᠨ ᠬᠠᠮᠢᠶᠠᠷᠤᠯᠳᠠ ᠶᠢ ᠴᠢᠩᠭᠠᠳᠬᠠᠵᠤ᠂ ᠣᠰᠣ ᠬᠡᠷᠡᠭᠯᠡᠬᠦ ᠵᠦᠪᠰᠢᠶᠠᠷᠠᠯ ᠢ ᠴᠢᠩᠭᠠᠳᠬᠠᠨ᠂ ᠦᠢᠯᠡᠳᠪᠦᠷᠢ ᠠᠭᠤᠷᠬᠠᠢ ᠠᠵᠤ ᠠᠬᠤᠶᠢᠯᠠᠯ ᠤᠨ ᠣᠷᠣᠨ ᠤ ᠣᠰᠣ ᠭᠠᠳᠠᠭᠰᠢᠯᠠᠭᠤᠯᠬᠤ ᠰᠣᠪᠠᠭ ᠢ ᠬᠢᠨᠠᠨ ᠬᠠᠮᠢᠶᠠᠷᠬᠤ ᠡᠵᠡᠮᠳᠡᠯ ᠤᠨ ᠬᠦᠷᠢᠶ᠎ᠠ ᠬᠡᠪᠴᠢᠶᠡᠨ ᠳᠤ ᠣᠷᠣᠭᠤᠯᠵᠤ᠂ ᠪᠣᠵᠠᠷᠳᠠᠯ ᠢᠶᠠᠷ ᠪᠠᠭ᠎ᠠ᠂ ᠡᠨᠧᠷᠬᠢ ᠳᠤ ᠠᠷᠪᠢᠳᠠᠢ ᠠᠵᠢᠯ ᠢ ᠰᠠᠶᠢᠳᠤᠷ ᠬᠢᠵᠤ᠂ ᠭᠤᠣᠯᠳᠠᠯᠭᠠᠳᠣ ᠡᠨᠧᠷᠬᠢ ᠵᠠᠷᠤᠴᠠᠭᠤᠯᠬᠤ ᠠᠵᠤ ᠠᠬᠤᠶᠢᠯᠠᠯ ᠤᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠰᠢᠨ᠎ᠠ ᠮᠡᠷᠭᠡᠵᠢᠯ᠂ ᠰᠢᠨ᠎ᠠ ᠳᠦᠬᠦᠭᠡᠷᠦᠮᠵᠢ ᠦᠷᠭᠡᠳᠬᠡᠨ ᠬᠡᠷᠡᠭᠯᠡᠬᠦ ᠶᠢ ᠵᠣᠷᠢᠭᠵᠢᠭᠤᠯᠵᠤ᠂ ᠬᠤᠴᠤᠷᠤᠩᠭᠤᠢ ᠦᠢᠯᠡᠳᠪᠦᠷᠢᠯᠠᠯ ᠤᠨ ᠠᠷᠭ᠎ᠠ ᠮᠠᠶ᠋ᠢᠭ ᠢ ᠠᠭᠠᠵᠢᠮ ᠢᠶᠠᠷ ᠳᠠᠶᠠᠭᠳᠠᠨ᠎ᠠ᠃ ᠠᠭᠤᠷᠬᠠᠢ ᠶᠢᠨ ᠣᠷᠣᠨ ᠤ ᠣᠷᠴᠢᠨ ᠳᠣᠭᠤᠷᠢᠨ ᠢ ᠵᠠᠰᠠᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠬᠦᠨᠵᠡᠭᠡᠢ ᠦᠷᠨᠢᠭᠦᠯᠵᠤ᠂ ᠠᠭᠤᠷᠬᠠᠢ ᠶᠢᠨ ᠦᠯᠡᠳᠡᠭᠳᠡᠯ ᠬᠦᠳᠡᠷ ᠪᠠ ᠬᠠᠶᠢᠯᠤᠭᠤᠯᠤᠭᠰᠠᠨ ᠬᠦᠳᠡᠷ ᠤᠨ ᠦᠯᠡᠳᠡᠭᠳᠡᠯ ᠤᠨ ᠶᠡᠷᠦᠩᠬᠡᠢ ᠠᠰᠢᠭᠯᠠᠯᠳᠠ ᠶᠢᠨ ᠨᠣᠷᠮ᠎ᠠ ᠶᠢ ᠳᠡᠭᠡᠭᠰᠢᠯᠡᠭᠦᠯᠵᠤ᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠣᠷᠴᠢᠨ ᠳᠣᠭᠤᠷᠢᠨ ᠢ ᠬᠠᠮᠠᠭᠠᠯᠠᠬᠤ ᠠᠵᠢᠯ ᠶᠢ ᠨᠢᠭᠡᠳᠦᠯᠳᠠᠢ ᠳᠦᠯᠦᠪᠵᠢᠭᠦᠯᠦᠨ᠎ᠡ᠃      ︵ᠵᠢᠷᠭᠤᠭ᠎ᠠ︶ ᠨᠡᠶᠢᠭᠡᠮ ᠤᠨ ᠠᠵᠢᠯ ᠦᠢᠯᠡᠰ ᠢ ᠪᠦᠬᠦ ᠳᠠᠯ᠎ᠠ ᠪᠠᠷ ᠬᠦᠭᠵᠢᠭᠦᠯᠵᠤ᠂ ᠠᠵᠤ ᠠᠬᠤᠢ ᠨᠡᠶᠢᠭᠡᠮ ᠤᠨ ᠵᠣᠬᠢᠴᠠᠩᠭᠤᠢ ᠬᠦᠭᠵᠢᠯᠳᠠ ᠶᠢ ᠴᠢᠷᠮᠠᠶᠢᠨ ᠪᠡᠶᠡᠯᠡᠭᠦᠯᠦᠨ᠎ᠠ᠃        ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠳᠠ ᠶᠢ ᠳᠦᠯᠬᠢᠨ ᠠᠬᠢᠭᠤᠯᠤᠨ᠎ᠠ᠃ ᠴᠢᠳᠠᠪᠤᠷᠢᠳᠠᠨ ᠢ ᠤᠷᠢᠨ ᠠᠪᠴᠢᠷᠠᠬᠤ ᠪᠠ ᠬᠦᠮᠦᠵᠢᠭᠦᠯᠬᠦ ᠶᠢ ᠴᠢᠩᠭᠠᠳᠬᠠᠵᠤ᠂ ᠠᠵᠤ ᠠᠬᠤᠶᠢᠯᠠᠯ ᠤᠨ ᠭᠠᠳᠠᠨ᠎ᠠ ᠠᠴᠠ ᠴᠢᠳᠠᠪᠤᠷᠢᠳᠠᠨ ᠣᠷᠢᠵᠤ ᠬᠡᠷᠡᠭᠯᠡᠬᠦ ᠶᠢ ᠵᠣᠷᠢᠭᠵᠢᠭᠤᠯᠵᠤ᠂ ᠳᠣᠰᠬᠠᠢ ᠮᠡᠷᠭᠡᠵᠢᠯ ᠪᠠ ᠰᠢᠯᠢᠳᠡᠭ ᠬᠠᠮᠢᠶᠠᠷᠤᠯᠳᠠ ᠶᠢᠨ ᠴᠢᠳᠠᠪᠤᠷᠢᠳᠠᠨ ᠢ ᠣᠷᠢᠵᠤ ᠬᠡᠷᠡᠭᠯᠡᠨ᠎ᠡ᠃ ᠳᠤᠰᠬᠠᠢ ᠮᠡᠷᠭᠡᠵᠢᠯ ᠤᠨ ᠰᠣᠷᠭᠠᠨ ᠬᠦᠮᠦᠵᠢᠯ᠂ ᠮᠡᠷᠭᠡᠵᠢᠯ ᠤᠨ ᠪᠣᠯᠪᠠᠰᠣᠷᠠᠯ ᠬᠦᠷᠳᠡᠭᠡᠭᠦ ᠵᠡᠷᠭᠡ ᠠᠷᠭ᠎ᠠ ᠵᠠᠮ ᠢᠶᠠᠷ᠂ ᠮᠡᠷᠭᠡᠵᠢᠯ ᠤᠨ ᠭᠤᠣᠯᠯᠠᠭᠴᠢ ᠬᠦᠴᠦᠨ ᠪᠠ ᠬᠦᠳᠡᠭᠡ ᠳᠣᠰᠬᠤᠨ ᠤ ᠴᠢᠳᠠᠪᠤᠷᠢᠳᠠᠨ ᠢ ᠶᠡᠬᠡᠪᠡᠷ ᠬᠦᠮᠦᠵᠢᠭᠦᠯᠦᠨ᠎ᠠ᠃ ᠦᠢᠯᠡᠳᠪᠦᠷᠢᠯᠡᠯ ᠤᠨ ᠬᠦᠴᠦᠨ ᠢ ᠳᠦᠯᠬᠢᠨ ᠠᠬᠢᠭᠤᠯᠬᠤ ᠭᠤᠣᠯᠳᠠᠯᠭᠠᠳᠣ ᠪᠦᠳᠦᠭᠡᠨ ᠪᠠᠶᠢᠭᠤᠯᠤᠯᠳᠠ ᠶᠢ ᠣᠯᠠᠮ ᠳᠡᠭᠦᠯᠳᠡᠷᠵᠢᠭᠦᠯᠵᠤ᠂ ᠬᠤᠰᠢᠭᠤᠨ ᠤ ᠳᠤᠮᠳᠠ ᠪᠠᠭ᠎ᠠ ᠠᠵᠤ ᠠᠬᠤᠶᠢᠯᠠᠯ ᠳᠤ ᠬᠡᠷᠡᠭᠯᠡᠭᠡᠨ ᠤ ᠮᠡᠷᠭᠡᠵᠢᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠰᠠᠭᠤᠨ ᠯᠠᠪᠯᠡᠬᠤ ᠦᠢᠯᠡᠴᠢᠯᠡᠭᠡ ᠶᠢ ᠬᠠᠩᠭᠠᠨ᠎ᠠ᠃ ᠮᠠᠯ ᠠᠵᠤ ᠠᠬᠤᠢ ᠳᠠᠷᠢᠶᠠᠯᠠᠩ ᠤᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠦᠭᠡᠮᠡᠯᠵᠢᠯᠳᠡ ᠶᠢᠨ ᠬᠦᠴᠦᠯᠡᠴᠡ ᠶᠢ ᠳᠦᠯᠬᠢᠨ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ ᠳᠤᠰᠬᠤᠨ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ ᠡᠷᠣᠬᠡ ᠶᠢ ᠪᠠᠶᠢᠭᠤᠯᠬᠤ ᠠᠵᠢᠯ ᠢ ᠦᠷᠭᠦᠯᠵᠢᠯᠡᠨ ᠦᠷᠨᠢᠭᠦᠯᠵᠤ᠂ ᠪᠦᠬᠦ ᠵᠢᠯ ᠳᠤ ᠮᠠᠯᠵᠢᠬᠤ ᠳᠠᠷᠢᠶᠠᠯᠠᠬᠤ ᠣᠷᠣᠨ ᠤ 8 ᠳᠦᠮᠡᠨ ᠬᠦᠮᠦᠨ ᠢ ᠮᠡᠷᠭᠡᠵᠢᠯ ᠤᠨ ᠪᠣᠯᠪᠠᠰᠣᠷᠠᠭᠤᠯᠤᠯᠳᠠ ᠳᠤ ᠣᠷᠤᠯᠴᠠᠭᠤᠯᠤᠨ᠎ᠠ᠃      ᠰᠣᠷᠭᠠᠨ ᠬᠦᠮᠦᠵᠢᠯ ᠤᠨ ᠦᠢᠯᠡᠰ ᠢ ᠪᠦᠬᠦ ᠬᠦᠴᠦ ᠪᠠᠷ ᠬᠦᠭᠵᠢᠭᠦᠯᠦᠨ᠎ᠠ᠃ ᠰᠣᠷᠭᠠᠭᠤᠯᠢ ᠡᠷᠬᠢᠯᠡᠬᠦ ᠨᠦᠬᠦᠴᠡᠯ ᠢ ᠣᠯᠠᠮ ᠨᠢᠭᠡ ᠠᠯᠬᠤᠮ ᠳᠦᠯᠬᠢᠨ ᠠᠬᠢᠭᠤᠯᠵᠤ᠂ ᠵᠢᠩ ᠽᠢ ᠭᠸᠦ᠂ ᠪᠢᠯᠡᠭᠦᠳᠠᠢ ᠶᠢᠨ 2 ᠰᠠᠭᠤᠷᠢ ᠬᠡᠣᠬᠡᠳ ᠤᠨ ᠴᠡᠴᠡᠷᠯᠢᠩ ᠤᠨ ᠪᠦᠳᠦᠭᠡᠨ ᠪᠠᠶᠢᠭᠤᠯᠤᠯᠳᠠ ᠶᠢᠨ ᠠᠵᠢᠯ ᠪᠠ ᠮᠤᠤᠪᠣᠯᠠᠭ ᠰᠣᠷᠭᠠᠭᠤᠯᠢ ᠶᠢᠨ ᠵᠢᠭᠠᠨ ᠰᠤᠷᠭᠠᠬᠤ ᠠᠰᠠᠷ ᠤᠨ ᠪᠦᠳᠦᠭᠡᠨ ᠪᠠᠶᠢᠭᠤᠯᠤᠯᠳᠠ ᠶᠢᠨ ᠠᠵᠢᠯ ᠢ ᠡᠬᠢᠯᠡᠭᠦᠯᠦᠨ᠎ᠡ᠃ ᠰᠣᠷᠭᠠᠭᠤᠯᠢ ᠶᠢᠨ ᠪᠠᠶᠢᠷᠢᠯᠠᠭᠤᠯᠤᠯᠳᠠ ᠶᠢ ᠳᠣᠬᠢᠷᠠᠭᠤᠯᠬᠤ ᠠᠵᠢᠯ ᠢ ᠰᠢᠨᠵᠢᠯᠡᠬᠦ ᠤᠬᠠᠭᠠᠨᠴᠢ ᠪᠠᠷ ᠢᠳᠡᠪᠬᠢᠳᠠᠢ ᠦᠷᠨᠢᠭᠦᠯᠵᠤ ᠦᠷᠨᠢᠬᠦᠯᠦᠨ᠎ᠡ᠃ ᠰᠣᠷᠬᠤ ᠨᠠᠰᠣᠨ ᠠᠴᠠ ᠡᠮᠦᠨᠡᠬᠢ ᠰᠣᠷᠭᠠᠨ ᠬᠦᠮᠦᠵᠢᠯ ᠢ ᠲᠦᠬᠡᠮᠡᠯᠵᠢᠬᠦᠯᠦᠨ᠂ ᠰᠣᠷᠭᠠᠭᠤᠯᠢ ᠡᠷᠬᠢᠯᠡᠬᠦ ᠬᠢᠷᠢ ᠳᠦᠪᠰᠢᠨ ᠪᠠ ᠰᠣᠷᠭᠠᠭᠤᠯᠢ ᠳᠤ ᠣᠷᠣᠬᠤ ᠨᠣᠷᠮ᠎ᠠ ᠶᠢ ᠳᠡᠭᠡᠭᠰᠢᠯᠡᠭᠦᠯᠦᠨ᠎ᠠ᠃ ᠦᠨᠳᠦᠰᠦᠳᠡᠨ ᠤ ᠣᠨᠴᠠᠯᠢᠭᠳᠤ ᠰᠣᠷᠭᠠᠭᠤᠯᠢ ᠪᠠᠶᠢᠭᠤᠯᠬᠤ ᠠᠵᠢᠯ ᠢ ᠴᠢᠩᠭ᠎ᠠ ᠠᠳᠬᠤᠵᠤ᠂ ᠤᠯᠠᠮᠵᠢᠯᠠᠯᠳᠣ ᠦᠨᠳᠦᠰᠦᠳᠡᠨ ᠤ ᠰᠣᠶᠤᠯ ᠢ ᠤᠯᠠᠮᠵᠢᠯᠠᠬᠤ ᠪᠠ ᠬᠦᠭᠵᠢᠭᠦᠯᠦᠨ᠎ᠠ᠃ ᠬᠤᠸᠠ ᠰᠢᠶᠠ ᠠᠵᠢᠯ ᠮᠡᠷᠭᠡᠵᠢᠯ ᠤᠨ ᠰᠤᠷᠭᠠᠭᠤᠯᠢ ᠶᠢᠨ ︽ᠤᠯᠤᠰ ᠤᠨ ᠳᠤᠮᠳᠠ ᠵᠡᠷᠭᠡ ᠶᠢᠨ ᠰᠣᠷᠭᠠᠨ ᠬᠦᠮᠦᠵᠢᠯ ᠤᠨ ᠦᠭᠡᠷᠡᠴᠢᠯᠡᠯᠳᠡ ᠬᠦᠭᠵᠢᠯᠳᠡ ᠶᠢᠨ ᠵᠢᠱᠢᠶ᠎ᠡ ᠦᠵᠡᠭᠦᠯᠬᠦ ᠰᠤᠷᠭᠠᠭᠤᠯᠢ︾ ᠶᠢᠨ ᠪᠦᠳᠦᠭᠡᠨ ᠪᠠᠶᠢᠭᠤᠯᠤᠯᠳᠠ ᠶᠢ ᠳᠦᠯᠬᠢᠨ ᠠᠬᠢᠭᠤᠯᠵᠤ᠂ ᠣᠨᠴᠠᠯᠢᠭ ᠲᠠᠢ ᠪᠣᠶᠤ ᠭᠤᠣᠯᠳᠠᠯᠭ᠎ᠠ  ᠲᠠᠢ ᠳᠤᠰᠬᠠᠢ ᠮᠡᠷᠭᠡᠵᠢᠯ ᠢ ᠪᠤᠢ ᠪᠤᠯᠭᠠᠵᠤ᠂ ᠪᠣᠳᠠᠳᠤ ᠪᠣᠯᠪᠠᠰᠣᠷᠠᠯ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠎ᠠ᠃ ᠳᠡᠭᠡᠳᠦ ᠳᠤᠮᠳᠠᠳᠣ ᠶᠢᠨ ᠰᠣᠷᠭᠠᠨ ᠬᠦᠮᠦᠵᠢᠯ ᠤᠨ ᠰᠣᠷᠭᠠᠭᠤᠯᠢ ᠡᠷᠬᠢᠯᠡᠬᠦ ᠬᠢᠷᠢ ᠳᠦᠪᠰᠢᠨ ᠢ ᠤᠯᠠᠮ ᠳᠡᠭᠡᠭᠰᠢᠯᠡᠭᠦᠯᠵᠤ᠂ ᠶᠡᠭᠡ ᠰᠤᠷᠭᠠᠭᠤᠯᠢ ᠶᠢᠨ ᠵᠢᠩᠬᠢᠨᠢ ᠠᠩᠬᠢ ᠳᠤ ᠳᠠᠪᠰᠢᠬᠤ ᠨᠣᠷᠮ᠎ᠠ ᠶᠢ ᠪᠦᠬᠦ ᠬᠤᠳᠠ ᠶᠢᠨ ᠡᠮᠦᠨ᠎ᠠ ᠨᠡᠷᠡᠰ ᠲᠤ ᠣᠷᠣᠭᠤᠯᠤᠨ᠎ᠠ᠃ ᠳᠤᠮᠳᠠᠳᠣ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠬᠢᠷᠢ ᠳᠦᠪᠰᠢᠨ ᠢ ᠦᠨᠡᠯᠡᠬᠦ ᠠᠷᠭ᠎ᠠ ᠶᠢ ᠳᠡᠭᠦᠯᠳᠡᠷᠵᠢᠭᠦᠯᠵᠤ᠂ ᠰᠣᠷᠭᠠᠨ ᠬᠦᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃      ᠤᠯᠠᠨ ᠲᠦᠮᠡᠨ ᠤ ᠡᠷᠡᠬᠦᠯ ᠬᠠᠮᠠᠭᠠᠯᠠᠯ ᠤᠨ ᠬᠢᠷᠢ ᠲᠦᠪᠰᠢᠨ ᠢ ᠲᠡᠭᠡᠭᠰᠢᠯᠡᠬᠦᠯᠤᠨ᠎ᠡ᠃ ᠦᠨᠳᠦᠰᠦᠨ ᠱᠠᠳᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂  ᠬᠤᠰᠢᠭᠤᠨ ᠤ ᠬᠢᠵᠢᠭ ᠢ ᠰᠡᠷᠬᠡᠶᠢᠯᠡᠬᠦ ᠲᠦᠪ ᠤᠨ ᠶᠡᠷᠦᠩᠬᠡᠢ ᠠᠰᠠᠷ ᠪᠤᠯᠤᠨ ᠦᠨᠳᠦᠰᠦᠨ ᠱᠠᠳᠤᠨ ᠳᠤ 2 ᠰᠠᠭᠤᠷᠢ ᠡᠷᠡᠭᠦᠯ ᠬᠠᠮᠠᠭᠠᠯᠠᠯ ᠤᠨ ᠭᠠᠵᠠᠷ ᠢ ᠦᠷᠭᠡᠳᠬᠡᠵᠤ ᠪᠠᠶᠢᠭᠤᠯᠬᠤ ᠳᠦᠷᠦᠯ ᠵᠦᠢᠯ ᠢ  ᠪᠦᠳᠦᠬᠡᠨ ᠪᠠᠶᠢᠭᠤᠯᠤᠨ᠎ᠠ᠃ ᠨᠡᠶᠢᠳᠡ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠳᠡ ᠶᠢ ᠢᠳᠡᠪᠬᠢᠳᠠᠢ ᠨᠠᠶᠢᠳᠠᠪᠤᠷᠢᠵᠢᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠳᠠ᠂ ᠠᠵᠤ ᠠᠬᠤᠶᠢᠯᠠᠯ ᠪᠠ ᠬᠤᠪᠢ ᠬᠦᠮᠦᠨ ᠠᠴᠠ ᠡᠮᠴᠢᠯᠡᠭᠡᠨ ᠤ ᠪᠠᠶᠢᠭᠤᠯᠤᠮᠵᠢ ᠡᠷᠬᠢᠯᠡᠬᠦ ᠶᠢ ᠵᠣᠷᠢᠭᠵᠢᠭᠤᠯᠵᠤ᠂ ᠬᠦᠳᠡᠭᠡ ᠳᠤᠰᠬᠤᠨ ᠤ ᠰᠢᠨ᠎ᠡ ᠮᠠᠶ᠋ᠢᠭ  ᠤᠨ ᠬᠤᠷᠰᠢᠭᠰᠠᠨ ᠡᠮᠨᠡᠯᠭᠡ ᠶᠢᠨ ᠬᠠᠮᠢᠶᠠᠷᠤᠯᠳᠠ ᠶᠢ ᠴᠢᠩᠭᠠᠳᠬᠠᠵᠤ᠂ ᠡᠷᠡᠬᠦᠯ ᠢᠶᠠᠷ᠂ ᠡᠮᠬᠢ ᠴᠡᠭᠴᠡ ᠲᠠᠢ ᠶᠠᠪᠤᠭᠳᠠᠬᠤ ᠶᠢ ᠨᠢ ᠪᠠᠳᠤᠯᠠᠨ᠎ᠠ᠃ ᠤᠯᠤᠰ ᠤᠨ ᠣᠯᠠᠨ ᠨᠡᠶᠢᠳᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠨᠡᠶᠢᠳᠠᠪᠤᠷᠢᠵᠢᠭᠤᠯᠤᠨ᠂ ᠦᠨᠳᠦᠰᠦᠨ ᠱᠠᠳᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠡᠯᠡᠳᠬᠡᠯ ᠳᠦᠬᠦᠭᠡᠷᠦᠮᠵᠢ ᠪᠠ ᠦᠨᠳᠦᠰᠦᠨ ᠡᠮ ᠡᠮᠨᠡᠯᠭᠡ ᠶᠢᠨ ᠪᠠᠶᠢᠳᠠᠯ ᠲᠠᠬᠢ ᠬᠢᠨᠠᠨ ᠬᠠᠮᠢᠶᠠᠷᠤᠯᠳᠠ ᠪᠠᠨ ᠴᠢᠩᠭᠠᠳᠬᠠᠨ᠎ᠠ᠃ ᠢᠳᠡᠭᠡᠨ ᠪᠠ ᠡᠮ ᠤᠨ ᠵᠦᠢᠯᠡᠰ ᠲᠠᠬᠢ ᠬᠢᠨᠠᠨ ᠬᠠᠮᠢᠶᠠᠷᠤᠯᠳᠠ ᠪᠠᠨ ᠴᠢᠩᠭᠠᠳᠬᠠᠵᠤ᠂ ᠢᠳᠡᠬᠡᠨ ᠪᠠ ᠡᠮ ᠡᠮᠨᠡᠯᠭᠡ ᠶᠢᠨ ᠠᠮᠤᠷ ᠳᠦᠪᠰᠢᠨ ᠢ ᠪᠠᠳᠤᠯᠠᠨ᠎ᠠ᠃ ᠬᠦᠮᠦᠨ ᠠᠮᠠ ᠶᠢᠨ ᠲᠦᠯᠦᠪᠯᠡᠬᠡᠳᠤ ᠦᠷᠡᠵᠢᠯ ᠤᠨ ︽ᠤᠷᠤᠨ ᠨᠤᠳᠤᠭ ᠤᠨ ᠲᠠᠪᠠᠭᠤᠯᠢᠭ︾ ᠠᠵᠢᠯ ᠤᠨ ᠦᠷ᠎ᠡ ᠪᠦᠳᠦᠮᠵᠢ ᠪᠠᠨ ᠪᠠᠳᠤᠳᠬᠠᠵᠤ᠂ ᠲᠦᠷᠦᠬᠦ ᠬᠦᠮᠦᠨ ᠠᠮᠠ ᠶᠢᠨ ᠬᠡᠪ ᠴᠢᠨᠠᠷ ᠢ ᠲᠡᠭᠡᠭᠰᠢᠯᠡᠬᠦᠯᠵᠤ᠂ ᠳᠤᠤᠷ᠎ᠠ ᠦᠷᠡᠵᠢᠯ ᠤᠨ ᠬᠢᠷᠢ ᠳᠦᠪᠰᠢᠨ ᠢ  ᠪᠠᠳᠤᠯᠠᠵᠤ᠂ ᠬᠦᠮᠦᠨ ᠠᠮᠠ ᠶᠢᠨ ᠲᠦᠷᠦᠬᠦ ᠨᠤᠷᠮ᠎ᠠ ᠶᠢ 9.16% ᠠᠴᠠ ᠲᠤᠤᠷ᠎ᠠ ᠪᠠᠶᠢᠯᠭᠠᠨ᠎ᠠ᠃       ᠷᠠᠳᠢᠤ᠋ ᠲᠧᠯᠸᠢᠰ ᠤᠨ ᠦᠢᠯᠡᠴᠢᠯᠡᠬᠡᠨ ᠤ ᠳᠦᠪᠰᠢᠨ ᠢ ᠳᠡᠭᠡᠭᠰᠢᠯᠡᠭᠦᠯᠦᠨ᠎ᠠ᠃ ᠷᠠᠳᠢᠤ᠋ ᠲᠧᠯᠸᠢᠰ ᠤᠨ ᠰᠢᠭᠤᠳ ᠨᠡᠪᠳᠡᠷᠡᠯᠬᠡ ᠶᠢᠨ ᠦᠢᠯᠡᠴᠢᠯᠡᠭᠡ ᠶᠢ ︽ᠡᠷᠤᠬᠡ ᠪᠦᠬᠦᠨ ᠳᠤ ᠨᠡᠪᠳᠡᠷᠡᠭᠦᠯᠬᠦ︾ ᠢᠨᠵᠧᠨᠧᠷᠢᠩ ᠢ ᠪᠡᠶᠡᠯᠡᠭᠦᠯᠵᠤ᠂ ᠪᠣᠶᠢᠳᠠ ᠪᠦᠭᠯᠡᠭᠦᠦ ᠭᠠᠵᠠᠷ ᠣᠷᠣᠨ ᠤ ᠬᠦᠯᠢᠶᠡᠨ ᠰᠣᠨᠤᠰᠬᠤ ᠪᠠ ᠬᠦᠯᠢᠶᠡᠨ ᠦᠵᠡᠬᠦ ᠬᠢᠷᠢ ᠳᠦᠪᠰᠢᠨ ᠢ ᠳᠡᠭᠡᠭᠰᠢᠯᠡᠭᠦᠯᠦᠨ᠎ᠠ᠃ ᠷᠠᠳᠢᠤ᠋ ᠲᠧᠯᠸᠢᠰ ᠤᠨ ᠫᠷᠦᠭᠷᠡᠮ ᠤᠨ ᠠᠭᠤᠯᠭ᠎ᠠ ᠶᠢ ᠡᠯᠪᠡᠭᠵᠢᠭᠦᠯᠵᠤ᠂ ᠨᠡᠷᠡᠳᠦ ᠫᠷᠤᠭ᠍ᠷᠠᠮ ᠢ ᠡᠭᠦᠳᠦᠨ᠂  ᠨᠡᠪᠳᠡᠷᠡᠯᠬᠡ ᠶᠢᠨ ᠶᠠᠰᠤ ᠴᠢᠨᠠᠷ ᠢ ᠤᠯᠠᠮ ᠨᠢᠬᠡ ᠠᠯᠬᠤᠮ ᠳᠡᠭᠡᠭᠰᠢᠯᠡᠭᠦᠯᠦᠨ᠎ᠠ᠃ ᠮᠠᠯᠵᠢᠬᠤ ᠳᠠᠷᠢᠶᠠᠯᠠᠬᠤ ᠣᠷᠤᠨ ᠳᠠᠬᠢ ᠺᠢᠨᠤ᠋ ᠦᠵᠡᠭᠦᠯᠭᠡ ᠶᠢᠨ ᠠᠵᠢᠯ ᠢ ᠴᠢᠩᠭᠠᠳᠬᠠᠵᠤ᠂ ᠬᠤᠳᠠ ᠪᠠᠯᠭᠠᠰᠣ ᠳᠤ ᠳᠣᠭᠠᠴᠢᠭᠠᠳᠣ ᠺᠢᠨᠤ᠋ ᠶᠢᠨ ᠣᠷᠳᠦᠨ  ᠪᠠᠶᠢᠭᠤᠯᠬᠤ ᠪᠠᠷ ᠴᠢᠷᠮᠠᠶᠢᠵᠤ᠂ ᠦᠷᠭᠡᠨ ᠣᠯᠠᠨ ᠳᠦᠮᠡᠨ ᠤ ᠠᠵᠢᠯ ᠤᠨ ᠴᠢᠯᠦᠭᠡᠨ ᠤ ᠰᠣᠶᠤᠯ ᠤᠨ ᠠᠮᠢᠳᠤᠷᠠᠯ ᠤᠨ ᠠᠭᠤᠯᠭ᠎ᠠ ᠶᠢ ᠪᠠᠶᠠᠯᠢᠭᠵᠢᠭᠤᠯᠤᠨ᠎ᠠ᠃       ︵ᠳᠤᠯᠤᠭ᠎ᠠ︶  ᠠᠷᠠᠳ ᠤᠨ ᠠᠮᠢᠳᠤᠷᠠᠯ ᠤᠨ ᠪᠠᠳᠤᠯᠠᠭ᠎ᠠ ᠶᠢ ᠳᠡᠭᠦᠯᠳᠡᠷᠵᠢᠭᠦᠯᠵᠤ᠂ ᠦᠷᠬᠡᠨ ᠣᠯᠠᠨ ᠳᠦᠮᠡᠨ ᠤ ᠠᠮᠢᠳᠤᠷᠠᠯ ᠤᠨ ᠬᠢᠷᠢ ᠳᠦᠪᠰᠢᠨ ᠢ ᠳᠡᠭᠡᠭᠰᠢᠯᠡᠭᠦᠯᠦᠨ᠎ᠠ᠃      ︽ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠭᠡᠭᠡᠴᠡᠯᠳᠦᠯ ᠪᠣᠯ ᠪᠢᠳᠡᠨ ᠤ ᠳᠡᠮᠡᠴᠡᠬᠦ ᠬᠠᠷᠠᠯᠳᠠ ᠮᠦᠨ︾᠂ ᠡᠷᠬᠡᠪᠰᠢ ᠠᠷᠠᠳ ᠢ ᠪᠠᠶᠠᠵᠢᠭᠤᠯᠬᠤ ᠬᠦᠭᠵᠢᠯᠳᠡ ᠶᠢᠨ ᠦᠵᠡᠯᠳᠡ ᠶᠢ ᠪᠠᠷᠢᠮᠳᠠᠯᠠᠵᠤ᠂ ᠨᠡᠩ ᠶᠡᠭᠡ ᠡᠳ᠋  ᠤᠨ ᠬᠦᠴᠦᠨ ᠢ ᠠᠷᠠᠳ ᠤᠨ ᠠᠮᠢᠳᠤᠷᠠᠯ ᠳᠤ  ᠵᠠᠷᠤᠴᠠᠭᠤᠯᠤᠨ᠂ ᠦᠷᠭᠡᠨ ᠣᠯᠠᠨ ᠳᠦᠮᠡᠨ ᠤ ᠵᠣᠯ ᠵᠢᠷᠭᠠᠯ ᠢ ᠨᠡᠮᠡᠭᠳᠡᠭᠦᠯᠦᠨ᠎ᠡ᠃       ᠬᠤᠳᠠ ᠪᠠᠯᠭᠠᠰᠤ ᠶᠢᠨ ᠠᠵᠢᠯ ᠣᠯᠭᠤᠯᠳᠠ ᠶᠢᠨ ᠵᠠᠮ ᠢ ᠦᠷᠭᠡᠳᠬᠡᠨ᠎ᠡ᠃ ︽ᠤᠷᠢᠳᠠᠪᠡᠷ ᠠᠵᠢᠯ ᠣᠯᠭᠤᠬᠤ ︾ ᠳᠦᠷᠦ ᠶᠢᠨ ᠪᠣᠳᠤᠯᠭ᠎ᠠ ᠪᠠ ᠨᠡᠩ ᠢᠳᠡᠪᠬᠢᠳᠠᠢ ᠠᠵᠢᠯ ᠣᠯᠭᠤᠯᠳᠠ ᠶᠢᠨ ᠠᠷᠭ᠎ᠠ ᠪᠠᠷᠢᠯ ᠢ ᠬᠡᠷᠡᠭᠵᠢᠭᠦᠯᠵᠤ᠂ ᠬᠤᠳᠠ ᠪᠠᠯᠭᠠᠰᠣ ᠶᠢᠨ ᠠᠵᠢᠯ ᠠᠯᠳᠠᠭᠰᠠᠨ ᠳᠠᠩᠰᠠᠯᠠᠯ ᠤᠨ ᠨᠣᠷᠮ᠎ᠠ ᠶᠢ 4.2% ᠤᠨ ᠳᠤᠳᠤᠷ᠎ᠠ ᠪᠠᠶᠢᠯᠭᠠᠨ᠎ᠠ᠃ ᠣᠯᠠᠨ  ᠳᠦᠷᠦᠯ ᠤᠨ ᠠᠷᠭ᠎ᠠ ᠵᠠᠮ ᠢᠶᠠᠷ ᠠᠵᠢᠯ ᠤᠨ ᠪᠠᠶᠢᠷᠢ ᠶᠢ ᠨᠡᠮᠡᠭᠳᠡᠭᠦᠯᠦᠨ᠂ ᠬᠤᠳᠠ ᠪᠠᠯᠭᠠᠰᠣᠨ‌‍ᠳᠤ ᠰᠢᠨ᠎ᠡ  ᠪᠠᠷ ᠠᠵᠢᠯ ᠤᠯᠭᠤᠭᠰᠠᠨ ᠬᠦᠮᠦᠨ ᠤ ᠳᠤᠭ᠎ᠠ ᠶᠢ 1000 ᠳᠤ ᠬᠦᠷᠭᠡᠨ᠂ ᠬᠦᠳᠡᠭᠡ ᠳᠤᠰᠬᠤᠨ ᠤ ᠬᠦᠳᠡᠯᠮᠦᠷᠢ ᠬᠦᠴᠦ ᠶᠢ ᠰᠢᠯᠵᠢᠬᠦᠯᠵᠤ 5.7 ᠳᠦᠮᠡᠨ ᠬᠦᠮᠦᠨ ᠳᠤ ᠠᠵᠢᠯ ᠤᠯᠭᠤᠨ᠎ᠠ᠃ ᠠᠵᠦ ᠠᠬᠤᠶᠢᠯᠠᠯ ᠢ ᠵᠤᠷᠢᠭᠭᠤᠯᠵᠤ ᠠᠵᠢᠯ ᠤᠨ ᠪᠠᠶᠢᠷᠢ ᠨᠡᠮᠡᠭᠳᠡᠬᠦᠯᠦᠨ᠂ ᠵᠠᠰᠠᠭ ᠤᠨ ᠤᠷᠳᠤᠨ ᠠᠴᠠ ᠪᠡᠯᠡ ᠤᠷᠤᠭᠤᠯᠤᠭᠰᠠᠨ ᠳᠦᠷᠦᠯ ᠵᠦᠢᠯ ᠵᠢᠯᠤᠭᠤᠳᠴᠤ ᠬᠤᠰᠢᠭᠤᠨ ᠤ ᠳᠤᠳᠤᠷᠠᠬᠢ ᠬᠦᠳᠡᠯᠮᠦᠷᠢ ᠬᠦᠴᠦ ᠶᠢ ᠤᠷᠢᠳᠠᠪᠡᠷ ᠰᠢᠩᠭᠡᠭᠡᠨ ᠠᠪᠴᠦ ᠠᠵᠢᠯ ᠤᠯᠭᠤᠨ᠎ᠠ᠃ ᠠᠵᠢᠯ ᠣᠯᠭᠤᠬᠤ ᠪᠣᠯᠪᠠᠰᠣᠷᠠᠯ ᠪᠠ ᠦᠢᠯᠡᠰ ᠪᠦᠳᠦᠭᠡᠬᠦ ᠦᠢᠯᠡᠴᠢᠯᠡᠭᠡ ᠶᠢ ᠴᠢᠩᠭᠠᠳᠬᠠᠵᠤ᠂ ᠠᠵᠢᠯ ᠣᠯᠭᠤᠬᠤ ᠴᠢᠳᠠᠪᠤᠷᠢ ᠶᠢᠨ ᠪᠣᠯᠪᠠᠰᠣᠷᠠᠯ ᠳᠤ ᠣᠷᠤᠯᠴᠠᠭᠰᠠᠳ ᠢ 600 ᠬᠦᠮᠦᠨ᠂ ᠦᠢᠯᠡᠰ ᠪᠦᠳᠦᠭᠡᠬᠦ ᠪᠣᠯᠪᠠᠰᠣᠷᠠᠯ  ᠳᠤ ᠣᠷᠤᠯᠴᠠᠭᠰᠠᠳ ᠢ 300 ᠬᠦᠮᠦᠨ ᠠᠴᠠ ᠳᠡᠭᠡᠭᠰᠢᠬᠢ ᠪᠠᠶᠢᠬᠤ ᠶᠢ ᠪᠠᠳᠤᠯᠠᠨ᠎ᠠ᠃        ᠨᠡᠶᠢᠭᠡᠮ ᠤᠨ ᠪᠠᠳᠤᠯᠠᠭ᠎ᠠ ᠶᠢᠨ ᠠᠵᠢᠯ ᠢ ᠰᠠᠶᠢᠳᠤᠷ ᠬᠢᠨ᠎ᠡ᠃ ᠬᠤᠳᠠ ᠬᠦᠳᠡᠭᠡ ᠶᠢᠨ ᠨᠡᠶᠢᠭᠡᠮ ᠤᠨ ᠨᠠᠰᠤᠵᠢᠯ ᠤᠨ ᠲᠠᠭᠠᠳᠬᠠᠯ ᠤᠨ ᠠᠵᠢᠯ ᠢ ᠢᠳᠡᠪᠬᠢᠳᠠᠢ ᠠᠬᠢᠭᠤᠯᠵᠤ᠂ ᠪᠦᠷᠬᠦᠴᠡ ᠶᠢᠨ ᠬᠡᠪᠴᠢᠶ᠎ᠡ ᠶᠢ ᠦᠷᠭᠦᠯᠵᠢᠯᠡᠨ ᠦᠷᠭᠡᠳᠬᠡᠨ᠎ᠡ᠃ ᠬᠤᠳᠠ ᠬᠦᠳᠡᠭᠡ ᠶᠢᠨ ᠳᠤᠤᠷ᠎ᠠ ᠪᠠᠳᠤᠯᠠᠭ᠎ᠠ ᠶᠢᠨ ᠠᠵᠢᠯ ᠢ ᠬᠢᠨᠠᠮᠠᠭᠠᠢ ᠦᠷᠨᠢᠭᠦᠯᠵᠤ᠂ ᠪᠠᠳᠤᠯᠠᠭ᠎ᠠ  ᠶᠢᠨ ᠳᠦᠪᠰᠢᠨ ᠪᠠ ᠪᠦᠷᠬᠦᠴᠡ ᠶᠢ ᠳᠠᠰᠤᠷᠠᠯᠳᠠ ᠦᠭᠡᠢ ᠨᠡᠮᠡᠭᠳᠡᠭᠦᠯᠦᠨ᠎ᠠ᠃ ᠨᠡᠶᠢᠭᠡᠮ ᠤᠨ ᠠᠪᠤᠷᠠᠨ ᠳᠤᠰᠠᠯᠠᠬᠤ ᠰᠢᠰᠲ᠋ᠧᠮ ᠢ ᠳᠡᠭᠦᠯᠳᠡᠷᠵᠢᠭᠦᠯᠵᠤ᠂ ᠬᠦᠴᠢᠷᠳᠠᠢ ᠣᠯᠠᠨ ᠳᠦᠮᠡᠨ ᠤ ᠦᠨᠳᠦᠰᠦᠨ ᠠᠮᠢᠳᠤᠷᠠᠯ ᠤᠨ ᠳᠦᠪᠰᠢᠨ ᠢ ᠪᠠᠳᠤᠯᠠᠨ᠎ᠠ᠃ ᠪᠠᠳᠤᠯᠭᠠᠳᠤ ᠣᠷᠤᠨ ᠰᠠᠭᠤᠴᠠ ᠶᠢᠨ ᠪᠦᠳᠦᠬᠡᠨ ᠪᠠᠶᠢᠭᠤᠯᠤᠯᠳᠠ ᠶᠢᠨ ᠠᠵᠢᠯ ᠢ ᠲᠦᠷᠬᠡᠳᠬᠡᠵᠤ᠂ ᠬᠢᠮᠳᠠ ᠦᠨ᠎ᠡ ᠶᠢᠨ ᠳᠦᠷᠢᠶᠡᠰᠦᠨ ᠭᠡᠷ 54᠂ ᠨᠡᠶᠢᠳᠡ ᠶᠢᠨ ᠳᠦᠷᠢᠶᠡᠰᠦᠨ ᠭᠡᠷ 108 ᠶᠢ ᠪᠦᠳᠦᠭᠡᠨ ᠪᠠᠶᠢᠭᠤᠯᠤᠨ᠎ᠠ᠃ ᠨᠠᠰᠤᠳᠠᠶᠢᠴᠤᠳ᠂ ᠵᠡᠮᠳᠡᠭᠴᠦᠳ ᠵᠢᠴᠢ ᠨᠢᠭᠦᠯᠡᠰᠦᠩᠭᠦᠢ ᠦᠢᠯᠡᠰ ᠤᠨ ᠬᠦᠭᠵᠢᠯᠳᠠ ᠶᠢ ᠳᠦᠯᠬᠢᠨ ᠠᠬᠢᠭᠤᠯᠵᠤ᠂ ᠨᠡᠶᠢᠭᠡᠮ ᠤᠨ ᠳᠤᠰᠠᠯᠠᠨ ᠳᠡᠳᠬᠦᠬᠦ ᠶᠡᠷᠦᠩᠭᠡᠢ ᠭᠠᠵᠠᠷ᠂ ᠨᠠᠰᠤᠳᠠᠶᠢᠴᠤᠳ ᠢ ᠠᠰᠠᠷᠠᠬᠤ ᠭᠠᠵᠠᠷ ᠵᠢᠴᠢ ᠠᠪᠤᠷᠠᠨ ᠳᠡᠳᠬᠦᠬᠦ ᠦᠷᠳᠡᠭᠡ ᠶᠢᠨ ᠬᠠᠮᠢᠶᠠᠷᠤᠯᠳᠠ ᠶᠢᠨ ᠦᠢᠯᠡᠴᠢᠯᠡᠭᠡᠨ ᠤᠨ ᠳᠦᠪᠰᠢᠨ ᠢ ᠳᠡᠭᠡᠭᠰᠢᠯᠡᠭᠦᠯᠦᠨ᠎ᠠ᠃ ᠲᠡᠭᠡᠳᠤ ᠱᠠᠳᠤᠨ ᠤ ᠡᠯ᠎ᠡ ᠵᠦᠢᠯ ᠤᠨ ᠲᠡᠳᠬᠦᠮᠵᠢ ᠶᠢᠨ ᠮᠦᠡᠭᠬᠦ ᠶᠢ ᠢᠳᠡᠪᠬᠢᠳᠡᠢ ᠤᠯᠵᠤ᠂ ᠨᠡᠶᠢᠬᠡᠮ ᠤᠨ ᠲᠤᠰᠠᠯᠠᠨ ᠲᠡᠮᠵᠢᠬᠦ ᠬᠦᠴᠦᠯᠡᠴᠡ ᠪᠠᠨ ᠴᠢᠩᠭᠠᠳᠬᠠᠨ᠂ ᠲᠦᠪᠯᠡᠷᠡᠬᠦᠯᠦᠨ ᠬᠡᠰᠡᠭ ᠬᠡᠰᠡᠭ ᠢᠶᠠᠷ ᠨᠡᠬᠡᠬᠡᠨ ᠬᠦᠭᠵᠢᠬᠦᠯᠬᠦ᠂ ᠵᠢᠴᠢ ᠪᠦᠬᠦ ᠲᠤᠰᠬᠤᠨ ᠢᠶᠠᠷ ᠨᠢ ᠬᠦᠭᠵᠢᠬᠦᠯᠬᠦ ᠵᠡᠷᠬᠡ ᠭᠤᠤᠯᠳᠠᠯᠭ᠎ᠠ ᠲᠠᠢ ᠢᠨᠵᠧᠨᠧᠷᠢᠩ ᠢ ᠦᠷᠬᠦᠯᠵᠢᠯᠡᠨ ᠠᠬᠢᠭᠤᠯᠵᠤ᠂ ᠡᠨᠡ ᠵᠢᠯ ᠳᠤ1.1 ᠲᠦᠮᠡᠨ ᠬᠦᠮᠦᠨ ᠢ ᠶᠠᠳᠠᠭᠤ ᠠᠴᠠ ᠠᠩᠬᠢᠵᠢᠷᠠᠭᠤᠯᠤᠨ᠎ᠠ᠃       ︽ᠠᠷᠠᠳ ᠤᠨ ᠠᠮᠢᠳᠤᠷᠠᠯ ᠤᠨ ᠠᠵᠢᠯᠯᠠᠭᠠᠨ ᠤ ᠳᠦᠯᠦᠪᠯᠡᠭᠡ︾ ᠶᠢ ᠭᠦᠨᠵᠡᠭᠡᠢ ᠨᠡᠶᠢᠳᠠᠪᠤᠷᠢᠵᠢᠭᠤᠯᠤᠨ᠎ᠠ᠃ ︽ᠴᠢᠳᠠᠯ ᠢᠶᠠᠷ ᠢᠶᠠᠨ ᠴᠢᠷᠮᠠᠶᠢᠬᠤ᠂ ᠬᠦᠴᠦ ᠪᠠᠷ ᠢᠶᠠᠨ ᠬᠢᠬᠦ︾ ᠵᠠᠷᠴᠢᠮ ᠢᠶᠠᠷ ᠣᠯᠠᠨ ᠳᠦᠮᠡᠨ ᠤ ᠰᠠᠨᠠᠯ ᠢ  ᠴᠣᠭᠯᠠᠭᠤᠯᠤᠨ ᠬᠦᠯᠢᠶᠡᠨ ᠠᠪᠴᠣ᠂ ᠠᠷᠠᠳ ᠤᠨ ᠠᠮᠢᠳᠦᠷᠠᠯ ᠤᠨ ᠳᠦᠷᠦᠯ ᠵᠦᠢᠯ ᠢ ᠬᠠᠨᠳᠤᠯᠭᠠᠳᠠᠢ ᠪᠠᠷ ᠰᠦᠪᠡᠭᠴᠢᠯᠡᠨ᠂ ᠪᠡᠯᠡ ᠣᠷᠤᠭᠤᠯᠬᠤ ᠬᠦᠴᠦᠯᠡᠴᠡ ᠪᠠᠨ ᠴᠢᠩᠭᠠᠳᠬᠠᠵᠤ᠂ ᠦᠨᠳᠦᠰᠦᠨ ᠱᠠᠳᠣᠨ ᠤ ᠰᠣᠷᠭᠠᠨ ᠬᠦᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠪᠠᠳᠤᠯᠠᠭᠠᠳᠤ ᠣᠷᠣᠨ ᠰᠠᠭᠤᠴᠠ᠂ ᠣᠣᠭᠤᠬᠤ ᠣᠰᠣᠨ ᠤ ᠠᠮᠤᠷ ᠳᠦᠪᠰᠢᠨ ᠤ ᠢᠨᠵᠧᠨᠧᠷᠢᠩ ᠵᠡᠷᠬᠡ ᠠᠷᠠᠳ ᠤᠨ ᠠᠮᠢᠳᠤᠷᠠᠯ ᠤᠨ ᠳᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠭᠤᠣᠯᠳᠠᠯᠭ᠎ᠠ ᠲᠠᠢ ᠠᠳᠬᠤᠵᠤ᠂ ︽ᠠᠷᠠᠳ ᠤᠨ ᠠᠮᠢᠳᠤᠷᠠᠯ ᠤᠨ ᠠᠵᠢᠯᠯᠠᠭᠠᠨ ᠤ ᠳᠦᠯᠦᠪᠯᠡᠭᠡ︾ ᠶᠢᠨ ᠪᠣᠳᠠᠳᠠᠢ ᠦᠷ᠎ᠡ ᠠᠰᠢᠭ ᠢ ᠨᠡᠮᠡᠭᠳᠡᠭᠦᠯᠦᠨ᠎ᠠ᠃ ︽ᠠᠷᠠᠳ ᠤᠨ ᠠᠮᠢᠳᠤᠷᠠᠯ ᠤᠨ ᠠᠵᠢᠯᠯᠠᠭᠠᠨ ᠤ ᠳᠦᠯᠦᠪᠯᠡᠭᠡ︾ ᠶᠢᠨ ᠬᠡᠷᠡᠭᠵᠢᠭᠦᠯᠦᠭᠳᠡᠵᠤ ᠪᠠᠶᠢᠭ᠎ᠠ ᠪᠣᠳᠠᠳᠣ ᠪᠠᠶᠢᠳᠠᠯ ᠳᠠᠬᠢ ᠪᠠᠶᠢᠴᠠᠭᠠᠯᠳᠠ ᠬᠢᠨᠠᠯᠳᠠ ᠪᠠᠨ ᠴᠢᠩᠭᠠᠳᠬᠠᠬᠤ ᠪᠠ ᠳᠦᠷᠢᠮᠵᠢᠭᠦᠯᠵᠤ᠂ ᠡᠯ᠎ᠡ ᠠᠵᠢᠯ ᠳᠦᠷᠦᠯ ᠤᠨ ᠡᠷᠴᠢᠮ ᠲᠠᠢ ᠶᠠᠪᠤᠭᠳᠠᠬᠤ ᠶᠢ ᠨᠠᠶᠢᠳᠠᠪᠤᠷᠢᠵᠢᠭᠤᠯᠵᠤ᠂ ᠪᠣᠳᠠᠳᠠᠢ ᠠᠵᠢᠯ ᠢ ᠰᠢᠢᠳᠪᠦᠷᠢᠯᠡᠵᠤ᠂ ᠰᠠᠶᠢᠨ ᠶᠠᠪᠤᠳᠠᠯ ᠢ ᠢᠯᠡᠭᠦᠬᠡᠨ ᠬᠢᠵᠤ᠂ ᠣᠯᠠᠨ ᠳᠦᠮᠡᠨ ᠢ ᠰᠡᠳᠬᠢᠯ ᠬᠠᠨᠤᠮᠵᠢᠳᠠᠢ ᠪᠣᠯᠭᠠᠨ᠎ᠠ᠃       ︵ᠨᠠᠢᠮᠠ︶ ᠨᠡᠶᠢᠭᠡᠮ ᠤᠨ ᠬᠠᠮᠢᠶᠠᠷᠤᠯᠳᠠ ᠶᠢᠨ ᠰᠢᠰᠲ᠋ᠧᠮ ᠢ ᠳᠡᠭᠦᠯᠳᠡᠷᠵᠢᠭᠦᠯᠵᠤ᠂ ᠨᠡᠶᠢᠭᠡᠮ ᠤᠨ ᠠᠮᠤᠷ ᠳᠤᠭᠳᠠᠭᠤᠨ ᠡᠶ᠎ᠡ ᠵᠣᠬᠢᠴᠠᠯ ᠲᠠᠢ ᠪᠠᠶᠢᠬᠤ ᠶᠢ ᠪᠠᠳᠣᠯᠠᠨ᠎ᠠ᠃       ᠠᠷᠠᠳᠴᠢᠯᠠᠭᠰᠠᠨ ᠬᠠᠣᠯᠢ ᠳᠦᠷᠢᠮ ᠤᠨ ᠪᠦᠳᠦᠬᠡᠨ ᠪᠠᠶᠢᠭᠤᠯᠤᠯᠳᠠ ᠶᠢ ᠲᠤᠤᠱᠳᠠᠢ ᠠᠬᠢᠭᠤᠯᠤᠨ᠎ᠠ᠃ ᠬᠤᠰᠢᠭᠤᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠪᠠ  ᠪᠠᠶᠢᠩᠭᠤ ᠶᠢᠨ ᠬᠤᠷᠢᠶ᠎ᠠ ᠶᠢᠨ ᠬᠠᠣᠯᠢ ᠶᠣᠰᠣᠭᠠᠷ ᠬᠠᠣᠯᠢ ᠶᠢᠨ ᠬᠢᠨᠠᠯᠳᠠ ᠳᠠᠯᠪᠢᠬᠤ ᠪᠠ ᠪᠠᠶᠢᠴᠠᠭᠠᠯᠳᠠ ᠬᠢᠬᠦ ᠶᠢ ᠬᠦᠯᠢᠶᠡᠨ ᠠᠪᠴᠦ᠂ ᠬᠤᠰᠢᠭᠤᠨ ᠤ ᠤᠯᠤᠰ ᠳᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠳᠠ ᠳᠠᠯᠪᠢᠬᠤ ᠶᠢ ᠬᠦᠯᠢᠶᠡᠵᠤ᠂ ᠠᠷᠠᠳ ᠤᠨ ᠳᠦᠯᠦᠭᠡᠯᠡᠭᠴᠢᠳ ᠤᠨ ᠰᠠᠨᠠᠯ ᠵᠦᠪᠯᠡᠯᠬᠡ ᠪᠠ ᠣᠯᠣᠰ ᠳᠦᠷᠦ ᠶᠢᠨ ᠵᠦᠪᠯᠡᠯᠭᠡᠨ ᠤ ᠰᠠᠨᠠᠯ ᠳᠤᠷᠠᠳᠣᠯᠭ᠎ᠠ ᠶᠢ ᠬᠢᠨᠠᠮᠠᠭᠠᠢ  ᠬᠦᠯᠢᠶᠡᠵᠤ᠂ ᠣᠯᠠᠨ ᠳᠦᠮᠡᠨ ᠤ ᠰᠠᠨᠠᠯ ᠰᠢᠭᠦᠮᠵᠢ ᠶᠢ ᠦᠷᠭᠡᠨ ᠢᠶᠠᠷ ᠰᠣᠨᠤᠰᠴᠦ᠂ ᠨᠡᠶᠢᠭᠡᠮ ᠤᠨ ᠪᠠ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠬᠢᠨᠠᠯᠳᠠ ᠶᠢ ᠬᠦᠯᠢᠶᠡᠨ᠂ ᠰᠢᠢᠳᠪᠦᠷᠢᠳᠤ ᠪᠣᠳᠤᠯᠭ᠎ᠠ ᠶᠢᠨ ᠠᠷᠠᠳᠴᠢᠯᠠᠯᠳᠠ ᠪᠠ ᠰᠢᠨᠵᠢᠯᠡᠬᠦ ᠤᠬᠠᠭᠠᠨᠴᠢᠯᠠᠯᠳᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠠ᠃ ︽ᠵᠢᠷᠭᠤᠳᠤᠭᠠᠷ ᠳᠠᠪᠤᠨ ᠵᠢᠯ︾ ᠤᠨ ᠬᠠᠣᠯᠢ ᠳᠦᠭᠡᠮᠡᠯᠵᠢᠭᠦᠯᠬᠦ ᠪᠠ ᠬᠠᠣᠯᠢ ᠶᠣᠰᠣᠭᠠᠷ ᠬᠤᠰᠢᠭᠤ ᠪᠠᠨ ᠵᠠᠰᠠᠬᠤ ᠠᠵᠢᠯ  ᠤᠨ ᠠᠬᠢᠴᠠ ᠶᠢ ᠯᠠᠪᠳᠠᠭᠤᠨ ᠪᠠᠳᠣᠳᠠᠢ ᠠᠬᠢᠭᠤᠯᠵᠤ᠂ ᠠᠷᠠᠳ ᠤᠨ ᠳᠤᠳᠤᠭᠠᠳᠣᠬᠢ ᠡᠶᠡᠳᠡᠭᠦᠯᠭᠡ᠂ ᠵᠠᠰᠠᠭ ᠵᠠᠬᠢᠷᠭᠠᠨ  ᠤ ᠡᠶᠡᠳᠡᠭᠦᠯᠭᠡ ᠪᠠ ᠬᠠᠤᠯᠢ ᠶᠢᠨ ᠡᠶᠡᠳᠡᠭᠦᠯᠭᠡ ᠶᠢ ᠴᠢᠩᠭᠠᠳᠬᠠᠨ᠎ᠠ᠃ ᠨᠠᠮ ᠤᠨ ᠦᠨᠳᠦᠰᠦᠳᠡᠨ ᠪᠠ ᠱᠠᠰᠢᠨ ᠰᠤᠷᠳᠠᠬᠤᠨ ᠤ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠦᠷᠢᠵᠢᠭᠤᠯᠵᠤ᠂ ᠦᠨᠳᠦᠰᠦᠳᠡᠨ ᠱᠠᠰᠢᠨ ᠰᠤᠷᠳᠠᠬᠤᠨ ᠤ ᠬᠡᠷᠡᠭ ᠶᠠᠪᠤᠳᠠᠯ ᠢ ᠬᠠᠣᠯᠢ ᠶᠤᠰᠤᠭᠠᠷ ᠬᠠᠮᠢᠶᠠᠷᠤᠨ᠎ᠠ᠃ ᠬᠠᠤᠯᠢ ᠶᠢᠨ ᠳᠡᠮᠵᠢᠯᠭᠡ ᠶᠢ ᠴᠢᠩᠭᠠᠳᠬᠠᠵᠤ᠂ ᠬᠠᠤᠯᠢ ᠶᠢᠨ ᠦᠢᠯᠡᠴᠢᠯᠡᠭᠡ ᠶᠢ ᠴᠢᠩᠭᠠᠳᠬᠠᠵᠤ᠂ ᠵᠡᠮᠳᠡᠭᠴᠤᠳ᠂ ᠨᠠᠰᠤᠳᠠᠶᠢᠴᠤᠳ ᠵᠡᠷᠬᠡ ᠤᠨᠴᠠᠭᠠᠢ ᠤᠯᠠᠨ ᠲᠦᠮᠡᠨ ᠬᠠᠮᠢᠶᠠᠷᠤᠯᠳᠠ ᠶᠢᠨ ᠠᠵᠢᠯ ᠢ ᠰᠠᠶᠢᠳᠤᠷ ᠬᠢᠨ᠎ᠡ᠃        ᠨᠡᠶᠢᠭᠡᠮ ᠤᠨ ᠬᠠᠮᠢᠶᠠᠷᠤᠯᠳᠠ ᠶᠢᠨ ᠳᠦᠪᠰᠢᠨ ᠢ ᠳᠡᠭᠡᠭᠰᠢᠯᠡᠭᠦᠯᠦᠨ᠎ᠠ᠃ ᠨᠡᠶᠢᠭᠡᠮ ᠤᠨ ᠳᠤᠭᠳᠠᠭᠤᠨ ᠤ ᠠᠶᠤᠯ ᠳᠦᠭᠰᠢᠭᠦᠷᠢᠳᠤ ᠪᠠᠶᠢᠳᠠᠯ ᠢ ᠬᠢᠨᠠᠵᠤ ᠦᠨᠡᠯᠡᠬᠦ ᠳᠤᠭᠳᠠᠯᠴᠠᠭ᠎ᠠ ᠶᠢ ᠳᠡᠭᠦᠯᠳᠡᠷᠵᠢᠭᠦᠯᠵᠤ᠂ ᠨᠡᠶᠢᠬᠡᠮ ᠤᠨ ᠠᠰᠠᠭᠤᠳᠠᠯ ᠪᠠ ᠵᠦᠷᠢᠴᠡᠯ ᠮᠦᠷᠬᠦᠯᠳᠦᠬᠡᠨ ᠢ ᠡᠶᠡᠳᠡᠬᠦᠯᠦᠨ ᠰᠢᠢᠳᠪᠦᠷᠢᠯᠡᠬᠦ ᠠᠵᠢᠯ ᠢ ᠬᠦᠨᠵᠡᠬᠡᠢ ᠨᠠᠶᠢᠳᠠᠪᠦᠷᠢᠵᠢᠭᠤᠯᠤᠨ᠎ᠠ᠃ ᠨᠡᠶᠢᠭᠡᠮ ᠤᠨ ᠵᠦᠷᠢᠴᠡᠯ ᠪᠠ ᠮᠦᠷᠭᠦᠯᠳᠦᠭᠡᠨ ᠢ ᠡᠬᠢ ᠡᠭᠦᠰᠪᠦᠷᠢ ᠠᠴᠠ ᠨᠢ ᠤᠷᠢᠳᠴᠢᠯᠡᠨ ᠰᠡᠷᠬᠡᠶᠢᠯᠡᠬᠦ ᠪᠠ ᠰᠢᠢᠳᠪᠦᠷᠢᠯᠡᠨ᠎ᠠ᠃ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠠᠷᠭ᠎ᠠ ᠵᠠᠮ ᠢ ᠣᠯᠠᠮ ᠦᠷᠭᠡᠳᠬᠡᠨ᠎ᠠ᠃ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠳᠤᠤᠷᠵᠢᠯ ᠤᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠨ ᠳᠡᠭᠦᠯᠳᠡᠷᠵᠢᠭᠦᠯᠵᠤ᠂ ᠨᠡᠶᠢᠭᠡᠮ ᠤᠨ ᠬᠠᠮᠢᠶᠠᠷᠤᠯᠳᠠ ᠶᠢᠨ ᠬᠢᠷᠢ ᠳᠦᠪᠰᠢᠨ ᠢ ᠴᠢᠩᠭᠠᠳᠬᠠᠨ᠎ᠠ᠃ ᠦᠨᠳᠦᠰᠦᠨ ᠱᠠᠳᠣᠨ ᠤ ᠦᠢᠯᠡᠴᠢᠯᠡᠭᠡᠨ ᠤ ᠬᠠᠮᠢᠶᠠᠷᠤᠯᠳᠠ ᠶᠢ ᠠᠳᠬᠤᠵᠤ᠂ ᠭᠠᠴᠠᠭ᠎ᠠ ᠳᠤᠰᠬᠤᠨ ᠤ ᠠᠷᠠᠳᠴᠢᠯᠠᠯ ᠢᠶᠠᠷ ᠰᠢᠢᠳᠪᠦᠷᠢ ᠳᠤᠬᠳᠠᠭᠠᠬᠤ ᠪᠠ ᠳᠤᠰᠬᠤᠨ ᠤ ᠬᠡᠷᠡᠭ ᠢ ᠢᠯᠡ ᠨᠡᠶᠢᠳᠡᠯᠡᠬᠦ ᠶᠢ ᠳᠦᠯᠬᠢᠨ ᠠᠬᠢᠭᠤᠯᠤᠨ᠎ᠠ᠃ ᠵᠡᠭᠡᠯᠢ ᠭᠤᠳᠤᠮᠵᠢ ᠶᠢᠨ ᠨᠡᠶᠢᠭᠡᠮ ᠳᠤᠭᠤᠷᠢᠭ ᠤᠨ ᠦᠢᠯᠡᠴᠢᠯᠡᠭᠡᠨ ᠤ ᠦᠢᠯᠡᠳᠦᠯ ᠢ ᠳᠡᠭᠦᠯᠳᠡᠷᠵᠢᠭᠦᠯᠵᠤ᠂ ᠰᠠᠭᠤᠭᠠᠯᠢ ᠠᠷᠠᠳ ᠲᠤ ᠦᠢᠯᠡᠴᠢᠯᠡᠬᠦ ᠴᠢᠳᠠᠪᠤᠷᠢ ᠶᠢ ᠳᠠᠰᠤᠷᠠᠯᠳᠠ ᠦᠭᠡᠢ ᠳᠡᠭᠡᠭᠰᠢᠯᠡᠭᠦᠯᠦᠨ᠎ᠠ᠃ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠪᠠ ᠣᠷᠣᠨ ᠨᠤᠳᠤᠭ᠂ ᠠᠵᠤ ᠠᠬᠤᠶᠢᠯᠠᠯ ᠪᠠ ᠠᠷᠠᠳ ᠣᠯᠠᠨ ᠤ ᠬᠠᠷᠢᠴᠠᠭ᠎ᠠ  ᠶᠢ ᠴᠢᠷᠮᠠᠶᠢᠨ ᠰᠠᠶᠢᠵᠢᠷᠠᠭᠤᠯᠤᠨ᠎ᠠ᠃       ᠠᠮᠦᠷ ᠳᠦᠪᠰᠢᠨ ᠳᠤᠭᠳᠠᠭᠤᠨ ᠨᠡᠶᠢᠭᠡᠮ ᠤᠨ ᠣᠷᠴᠢᠨ ᠳᠤᠭᠤᠷᠢᠨ ᠢ ᠡᠭᠦᠳᠦᠨ᠎ᠠ᠃ ᠨᠡᠶᠢᠭᠡᠮ ᠤᠨ ᠠᠮᠦᠷ ᠢ ᠬᠠᠮᠠᠭᠠᠯᠠᠬᠤ ᠶᠡᠷᠦᠩᠬᠡᠢ ᠬᠠᠮᠢᠶᠠᠷᠤᠯᠳᠠ ᠶᠢ ᠴᠢᠩᠭᠠᠳᠬᠠᠵᠤ᠂ ᠠᠮᠤᠷ ᠢ ᠬᠠᠮᠠᠭᠠᠯᠠᠬᠤ ᠪᠠ ᠰᠡᠷᠭᠡᠶᠢᠯᠡᠨ ᠡᠵᠡᠮᠳᠡᠬᠦ ᠰᠢᠰᠲ᠋ᠧᠮ ᠢ ᠪᠠᠶᠢᠭᠤᠯᠵᠤ᠂ ᠠᠮᠦᠷ ᠳᠠᠶᠢᠪᠤᠩ ᠢ ᠴᠣᠭᠴᠠᠯᠠᠨ ᠪᠠᠶᠢᠭᠤᠯᠬᠤ ᠠᠵᠢᠯᠯᠠᠭᠠᠨ ᠢ ᠬᠦᠨᠵᠡᠭᠡᠢ ᠦᠷᠨᠢᠭᠦᠯᠦᠨ᠎ᠠ ᠃ ᠡᠯ᠎ᠠ ᠵᠦᠢᠯ ᠤᠨ ᠬᠠᠤᠯᠢ ᠶᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠬᠠᠣᠯᠢ ᠶᠣᠰᠣᠭᠠᠷ ᠴᠣᠬᠢᠯᠳᠠ ᠦᠭᠴᠦ᠂ ᠠᠷᠠᠳ ᠣᠯᠠᠨ ᠤ ᠠᠮᠤᠷ ᠳᠦᠪᠰᠢᠨ ᠤ ᠤᠬᠠᠮᠰᠠᠷ ᠢ ᠴᠢᠩᠭᠠᠳᠬᠠᠨ᠎ᠠ᠃ ᠬᠡᠨᠡᠳᠳᠡ ᠶᠢᠨ ᠬᠡᠷᠡᠭ ᠢ ᠪᠠᠴᠢᠮ ᠠᠷᠭᠠᠴᠠᠭᠠᠬᠤ ᠬᠠᠮᠢᠶᠠᠷᠤᠯᠳᠠ ᠶᠢᠨ ᠰᠢᠰᠲ᠋ᠧᠮ ᠢ ᠳᠡᠭᠦᠯᠳᠡᠷᠵᠢᠭᠦᠯᠵᠤ᠂ ᠡᠯ᠎ᠡ ᠳᠦᠷᠦᠯ ᠤᠨ ᠪᠠᠴᠢᠮ ᠬᠡᠷᠡᠭ ᠤᠨ ᠡᠭᠦᠰᠬᠦ ᠶᠢ ᠤᠷᠢᠳᠴᠢᠯᠠᠨ ᠰᠡᠷᠭᠡᠶᠢᠯᠡᠬᠦ ᠪᠠ ᠪᠦᠳᠦᠮᠵᠢᠳᠠᠢ ᠰᠢᠢᠳᠪᠦᠷᠢᠯᠡᠵᠤ᠂ ᠰᠢᠶᠠ ᠡᠾᠦ᠋ᠸᠧ ᠹᠠᠨᠭ᠌ ᠤᠨ ᠭᠠᠯ ᠤᠨᠳᠠᠷᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠦᠷᠳᠡᠬᠡᠨ ᠤ ᠪᠦᠳᠦᠬᠡᠨ ᠪᠠᠶᠢᠭᠤᠯᠤᠯᠳᠠ ᠶᠢᠨ ᠠᠵᠢᠯ ᠢ  ᠲᠠᠭᠤᠰᠬᠠᠨ᠎ᠠ᠃ ᠠᠶᠤᠯ ᠦᠬᠡᠢ ᠦᠢᠯᠡᠳᠪᠦᠷᠢᠯᠡᠯ ᠢ ᠡᠷᠡᠰ ᠪᠠᠷᠢᠮᠳᠠᠯᠠᠵᠤ᠂ ᠦᠢᠯᠡᠳᠪᠦᠷᠢᠯᠡᠯ ᠠᠭᠤᠷᠬᠠᠢ ᠬᠦᠢᠯᠬᠡᠬᠡ᠂ ᠵᠠᠮ ᠬᠠᠷᠢᠯᠴᠠᠭ᠎ᠠ ᠳᠡᠭᠡᠭᠡᠪᠦᠷᠢ᠂ ᠠᠶᠤᠯᠳᠠᠢ ᠬᠢᠮᠢ ᠶᠢᠨ ᠪᠣᠳᠠᠰ᠂ ᠫᠣᠣᠵᠢᠩ᠂ ᠢᠳᠡᠭᠡᠨ ᠪᠠ ᠡᠮ ᠤᠨ ᠵᠦᠢᠯᠡᠰ ᠵᠡᠷᠭᠡ ᠴᠢᠬᠤᠯᠠ ᠪᠣᠯᠬᠤ ᠬᠦᠷᠢᠶ᠎ᠡ ᠴᠠᠷ᠎ᠠ ᠪᠠ ᠠᠵᠢᠯ ᠦᠢᠯᠡᠰ ᠤᠨ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠵᠤ᠂ ᠤᠨᠴᠠ ᠶᠡᠭᠡ ᠠᠶᠤᠯ ᠦᠬᠡᠢ ᠦᠢᠯᠡᠳᠪᠦᠷᠢᠯᠡᠯ ᠤᠨ ᠬᠡᠷᠡᠭ ᠡᠭᠦᠰᠬᠦ ᠶᠢ ᠡᠷᠡᠰ ᠬᠤᠷᠢᠭᠯᠠᠵᠤ᠂ ᠪᠦᠬᠦ ᠬᠤᠰᠢᠭᠤᠨ ᠤ ᠠᠮᠤᠷ ᠳᠦᠪᠰᠢᠨ ᠦᠢᠯᠡᠳᠪᠦᠷᠢᠯᠡᠯ ᠢ ᠠᠬᠢᠭᠤᠯᠤᠨ᠎ᠠ᠃       ᠳᠦᠯᠦᠭᠡᠯᠡᠭᠴᠢᠳ ᠡ᠂ ᠡᠨᠡ ᠵᠢᠯ ᠤᠨ ᠳᠡᠮᠡᠴᠡᠬᠦ ᠬᠠᠷᠠᠯᠳᠠ ᠪᠠᠨ ᠪᠡᠶᠡᠯᠡᠭᠦᠯᠬᠦ ᠳᠤ ᠡᠭᠦᠷᠭᠡ ᠬᠦᠨᠳᠦ᠂ ᠬᠠᠷᠢᠭᠤᠴᠠᠯᠭ᠎ᠠ ᠳᠤᠮᠦ ᠪᠠᠶᠢᠨ᠎ᠠ᠃ ᠡᠷᠬᠡᠪᠰᠢ ᠵᠠᠰᠠᠭ ᠤᠨ ᠣᠷᠳᠦᠨ ᠤᠨ ᠲᠤᠰ ᠪᠡᠶ᠎ᠡ ᠶᠢᠨ ᠪᠦᠳᠦᠭᠡᠨ ᠪᠠᠶᠢᠭᠤᠯᠤᠯᠳᠠ  ᠶᠢ ᠴᠢᠩᠭᠠᠳᠬᠠᠬᠤ ᠪᠠ ᠠᠬᠢᠭᠤᠯᠬᠤ ᠶᠢ ᠱᠠᠭᠠᠷᠳᠠᠵᠤ᠂ ᠡᠬᠦᠷᠬᠡ ᠲᠤᠰᠢᠶᠠᠯ ᠢᠶᠠᠨ ᠬᠦᠢᠴᠡᠳᠬᠡᠬᠦ ᠬᠠᠷᠢᠭᠤᠴᠠᠯᠭ᠎ᠠ ᠪᠠᠨ ᠡᠬᠦᠷᠬᠡᠯᠡᠬᠦ ᠴᠢᠳᠠᠪᠦᠷᠢ ᠪᠤᠯᠤᠨ ᠬᠢᠷᠢ ᠲᠦᠪᠰᠢᠨ ᠢ ᠴᠢᠷᠮᠠᠶᠢᠨ ᠲᠡᠭᠡᠭᠰᠢᠯᠡᠬᠦᠯᠤᠨ᠎ᠡ᠃ ᠦᠵᠡᠯ ᠰᠠᠨᠠᠭ᠎ᠠ ᠪᠠᠨ ᠳᠠᠰᠤᠷᠠᠯᠳᠠ ᠦᠭᠡᠢ ᠴᠢᠯᠦᠭᠡᠯᠡᠨ᠂ ᠵᠠᠰᠠᠭ ᠤᠨ ᠤᠷᠳᠤᠨ ᠤ ᠦᠷᠭᠡᠨ ᠣᠯᠠᠨ ᠺᠠᠳ᠋ᠷ ᠠᠵᠢᠯᠳᠠᠳ ᠤᠨ ᠠᠷᠠᠯᠵᠢᠶᠠᠴᠢᠨ ᠣᠷᠢᠵᠤ ᠪᠡᠯᠡ ᠤᠷᠤᠭᠤᠯᠬᠤ᠂ ᠳᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠵᠡᠷᠭᠡ ᠠᠵᠢᠯ ᠤᠨ ᠳᠤᠮᠳᠠᠬᠢ ᠦᠵᠡᠯ ᠰᠠᠨᠠᠭᠠᠨ ᠤ ᠴᠢᠯᠦᠭᠡᠯᠡᠯᠳᠡ ᠳᠤᠳᠠᠮᠠᠭ᠂ ᠰᠢᠨ᠎ᠡ ᠶᠢ ᠡᠭᠦᠳᠬᠦ ᠤᠬᠠᠮᠰᠠᠷ ᠦᠨᠳᠦᠷ ᠪᠢᠰᠢ ᠵᠡᠷᠭᠡ ᠠᠰᠠᠭᠤᠳᠠᠯ  ᠢ ᠪᠤᠳᠠᠳᠠᠢ ᠰᠢᠢᠳᠪᠦᠷᠢᠯᠡᠵᠤ᠂ ᠠᠰᠠᠭᠤᠳᠠᠯ ᠢ ᠰᠢᠢᠳᠪᠦᠷᠢᠯᠡᠬᠦ ᠰᠢᠨ᠎ᠠ ᠠᠷᠭ᠎ᠠ ᠵᠠᠮ᠂ ᠰᠢᠨ᠎ᠠ ᠠᠷᠭ᠎ᠠ ᠬᠡᠯᠪᠡᠷᠢ ᠶᠢ ᠢᠳᠡᠪᠬᠢᠳᠠᠢ ᠰᠦᠪᠡᠭᠴᠢᠯᠡᠵᠤ᠂ ᠵᠠᠰᠠᠭ ᠤᠨ ᠣᠷᠳᠤᠨ ᠤ ᠰᠢᠨ᠎ᠠ ᠶᠢ ᠡᠭᠦᠳᠬᠦ ᠴᠢᠳᠠᠪᠤᠷᠢ ᠶᠢ ᠳᠠᠰᠣᠷᠠᠯᠳᠠ ᠦᠭᠡᠢ ᠳᠡᠭᠡᠭᠰᠢᠯᠡᠭᠦᠯᠦᠨ᠎ᠠ︔ ᠪᠣᠳᠠᠳᠠᠢ ᠠᠵᠢᠯ ᠬᠢᠬᠦ ᠶᠢ ᠪᠠᠷᠢᠮᠳᠠᠯᠠᠵᠤ᠂ ᠬᠦᠭᠵᠢᠯᠳᠠ ᠶᠢᠨ ᠭᠤᠣᠯᠳᠠᠯᠭ᠎ᠠ ᠶᠢ ᠠᠳᠬᠤᠬᠤ ᠶᠢ ᠳᠦᠯᠬᠢᠨ ᠠᠬᠢᠭᠤᠯᠵᠤ᠂ ᠠᠰᠠᠭᠤᠳᠠᠯ ᠢ ᠰᠢᠢᠳᠪᠦᠷᠢᠯᠡᠬᠦ ᠵᠠᠩᠭᠢᠯᠠᠭ᠎ᠠ ᠶᠢ ᠠᠳᠬᠤᠵᠤ᠂ ᠵᠠᠰᠠᠭ ᠤᠨ ᠣᠷᠳᠤᠨ ᠤ ᠰᠢᠢᠳᠪᠦᠷᠢ ᠳᠤᠭᠳᠠᠭᠠᠬᠤ ᠪᠠᠶᠢᠳᠠᠯ ᠳᠤ ᠬᠢᠨᠠᠨ ᠪᠠᠶᠢᠴᠠᠭᠠᠯᠳᠠ ᠬᠢᠬᠦ ᠶᠢ ᠴᠢᠩᠭᠠᠳᠬᠠᠵᠤ᠂ ᠠᠵᠢᠯ ᠤᠨ ᠪᠡᠶᠡᠯᠡᠭᠳᠡᠯ ᠢ ᠬᠦᠴᠦᠳᠠᠢ ᠠᠳᠬᠤᠵᠤ᠂ ᠡᠯ᠎ᠡ ᠵᠦᠢᠯ ᠤᠨ ᠭᠤᠣᠯᠳᠠᠯᠭᠠᠳᠤ ᠠᠵᠢᠯ ᠢ ᠡᠷᠴᠢᠮᠳᠠᠢ ᠶᠠᠪᠤᠭᠳᠠᠭᠤᠯᠵᠤ᠂ ᠦᠷ᠎ᠡ ᠪᠦᠳᠦᠮᠵᠢ ᠭᠠᠷᠭᠠᠨ᠎ᠠ︔ ᠵᠠᠰᠠᠭ ᠶᠠᠪᠤᠭᠤᠯᠬᠤ ᠨᠢ ᠠᠷᠠᠳ ᠤᠨ ᠳᠦᠯᠦᠭᠡ ᠪᠠᠶᠢᠬᠤ ᠶᠢ ᠪᠠᠷᠢᠮᠳᠠᠯᠠᠵᠤ᠂ ᠵᠠᠰᠠᠭ ᠤᠨ ᠣᠷᠳᠤᠨ ᠤ ᠦᠢᠯᠡᠳᠦᠯ ᠴᠢᠳᠠᠮᠵᠢ ᠶᠢ ᠤᠯᠠᠮ ᠨᠢᠬᠡ ᠠᠯᠬᠤᠮ ᠬᠤᠪᠢᠷᠠᠭᠤᠯᠵᠤ᠂ ᠨᠡᠶᠢᠭᠡᠮ ᠤᠨ ᠬᠠᠮᠢᠶᠠᠷᠤᠯᠳᠠ ᠪᠠ ᠣᠯᠠᠨ ᠨᠡᠶᠢᠳᠡ ᠶᠢᠨ ᠦᠢᠯᠡᠴᠢᠯᠡᠭᠡᠨ ᠤ ᠦᠢᠯᠡᠰ ᠢ ᠣᠯᠠᠮ ᠴᠢᠬᠤᠯᠠᠴᠢᠯᠡᠵᠤ᠂ ᠵᠠᠰᠠᠭ ᠶᠠᠪᠤᠭᠤᠯᠬᠤ ᠳᠠᠭᠠᠨ ᠠᠷᠠᠳ  ᠠᠴᠠ ᠠᠰᠠᠭᠤᠬᠤ᠂ ᠠᠷᠠᠳ ᠤᠨ ᠬᠡᠷᠡᠭᠴᠡᠭᠡ ᠶᠢ ᠠᠰᠠᠭᠤᠬᠤ᠂ ᠵᠠᠰᠠᠭ ᠢ ᠳᠦᠯᠦᠪᠯᠡᠬᠦ ᠳᠡᠭᠡᠨ ᠠᠷᠠᠳ ᠠᠴᠠ ᠠᠰᠠᠭᠤᠬᠤ ᠶᠢ ᠪᠠᠷᠢᠮᠳᠠᠯᠠᠵᠤ᠂ ᠨᠡᠩ ᠣᠯᠠᠨ ᠡᠬᠢ ᠪᠠᠶᠠᠯᠢᠭ ᠤᠨ ᠨᠡᠭᠡᠭᠡᠯᠳᠡ ᠶᠢ ᠳᠦᠯᠬᠢᠨ ᠠᠬᠢᠭᠤᠯᠬᠤ ᠳᠤ ᠦᠢᠯᠡᠴᠢᠯᠡᠭᠦᠯᠵᠤ᠂ ᠨᠡᠩ ᠣᠯᠠᠨ ᠡᠳ᠋ ᠤᠨ ᠬᠦᠴᠦᠨ ᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠦᠢᠯᠡᠴᠢᠯᠡᠭᠦᠯᠦᠨ᠎ᠠ︔ ᠠᠵᠢᠯ ᠤᠨ ᠰᠤᠷᠳᠠᠯ ᠢᠶᠠᠨ ᠬᠤᠪᠢᠷᠠᠭᠤᠯᠬᠤ ᠶᠢ ᠪᠠᠷᠢᠮᠳᠠᠯᠠᠵᠤ᠂ ᠲᠦᠪ ᠬᠤᠷᠢᠶᠠᠨ ᠤ ᠰᠤᠷᠳᠠᠯ ᠤᠨ ᠪᠦᠳᠦᠬᠡᠨ ᠪᠠᠶᠢᠭᠤᠯᠤᠯᠳᠠ ᠶᠢᠨ ᠲᠤᠬᠠᠢ ᠬᠠᠮᠢᠶ᠎ᠠ ᠪᠦᠬᠦᠢ ᠲᠤᠭᠳᠠᠭᠠᠯ ᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠤᠨ᠂ ᠰᠤᠶᠤᠯ ᠤᠨ ᠰᠤᠷᠳᠠᠯ ᠪᠤᠯᠤᠨ ᠬᠤᠷᠠᠯ ᠤᠨ ᠰᠤᠷᠳᠠᠯ ᠢ ᠲᠡᠭᠡᠭᠰᠢᠯᠡᠬᠦᠯᠤᠨ᠎ᠡ᠃ ᠠᠷᠠᠳ ᠲᠦᠮᠡᠨ ᠲᠠᠢ ᠨᠢᠬᠳᠠ ᠬᠠᠷᠢᠯᠴᠠᠵᠤ᠂ ᠠᠷᠪᠢᠴᠢ ᠭᠠᠮᠳᠠᠢ ᠪᠠᠶᠢᠵᠤ᠂ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠡᠰᠡᠷᠬᠦᠴᠡᠨ᠂ ᠬᠤᠳᠠᠯ ᠬᠠᠭᠤᠷᠮᠠᠭ ᠵᠤᠬᠢᠶᠠᠵᠤ᠂ ᠦᠡᠭᠬᠡᠪᠴᠢ ᠶᠠᠪᠤᠳᠠᠯ ᠬᠢᠬᠦ ᠶᠢ ᠴᠡᠭᠴᠡᠯᠡᠨ᠎ᠡ︔ ᠠᠷᠢᠭᠤᠨ ᠴᠢᠬᠡᠴᠢ  ᠪᠠᠷ ᠵᠠᠰᠠᠭ ᠶᠠᠪᠤᠭᠤᠯᠬᠤ ᠶᠢ ᠪᠠᠷᠢᠮᠳᠠᠯᠠᠵᠤ᠂ ᠢᠯᠵᠢᠷᠠᠯ ᠢ ᠡᠰᠡᠷᠭᠦᠴᠡᠬᠦ ᠪᠠ ᠬᠤᠷᠢᠭᠯᠠᠬᠤ ᠰᠢᠰᠲ᠋ᠧᠮ ᠢ ᠳᠡᠭᠦᠯᠳᠡᠷᠵᠢᠭᠦᠯᠦᠨ᠂  ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠲᠦᠪ ᠪᠤᠰᠤ ᠰᠤᠷᠳᠠᠯ ᠢ ᠴᠢᠩᠭ᠎ᠠ ᠵᠠᠯᠠᠷᠠᠭᠤᠯᠵᠤ᠂ ᠴᠢᠬᠡᠴᠢ ᠵᠠᠰᠠᠭ ᠤᠨ ᠪᠦᠳᠦᠬᠡᠨ ᠪᠠᠶᠢᠭᠤᠯᠤᠯᠳᠠ ᠶᠢᠨ ᠨᠦᠬᠦᠴᠡᠯ ᠱᠠᠭᠠᠷᠳᠠᠯᠭ᠎ᠠ ᠶᠢ ᠵᠠᠰᠠᠭ  ᠤᠨ ᠤᠷᠳᠤᠨ ᠤ ᠠᠵᠢᠯ ᠤᠨ ᠡᠯ᠎ᠡ ᠭᠤᠭᠴᠤᠭ᠎ᠠ ᠳᠤ ᠨᠠᠶᠢᠳᠠᠪᠦᠷᠢᠵᠢᠭᠤᠯᠤᠨ᠂ ᠠᠷᠠᠳ ᠲᠦᠮᠡᠨ ᠤ ᠲᠦᠯᠦᠬᠡ᠂ ᠪᠤᠳᠠᠳᠠᠢ ᠶᠢ ᠡᠷᠬᠢᠮᠯᠡᠬᠦ᠂ ᠠᠷᠢᠭᠤᠨ ᠴᠢᠬᠡᠴᠢ ᠵᠠᠰᠠᠭ ᠤᠨ ᠤᠷᠳᠤᠨ ᠤ ᠲᠦᠷᠢ ᠲᠦᠷᠬᠦ ᠶᠢ ᠪᠤᠢ ᠪᠤᠯᠭᠠᠨ᠎ᠠ᠃      ᠳᠦᠯᠦᠭᠡᠯᠡᠭᠴᠢᠳ ᠡ᠂ ᠮᠠᠨ ᠤ ᠬᠤᠰᠢᠭᠤ ᠨᠢ ᠶᠠᠭ ᠰᠠᠶᠢᠬᠠᠨ ᠰᠢᠨᠵᠢᠯᠡᠬᠦ ᠤᠬᠠᠭᠠᠨᠴᠢ ᠪᠠᠷ ᠬᠦᠭᠵᠢᠯᠳᠡ ᠶᠢ ᠳᠦᠷᠭᠡᠳᠬᠡᠬᠦ ᠵᠠᠩᠬᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ᠃ ᠨᠠᠮ ᠤᠨ ᠠᠷᠪᠠᠨ ᠨᠡᠢᠮᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢᠨ ᠵᠢᠯᠤᠭᠤᠳᠤᠮᠵᠢ ᠪᠠ ᠬᠤᠰᠢᠭᠤ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠤᠤᠷ᠎ᠠ ᠂ ᠡᠷᠡᠰ ᠪᠠᠳᠤ ᠢᠳᠡᠭᠡᠯ ᠵᠣᠷᠢᠭ ᠲᠠᠢ ᠪᠦᠭᠡᠳ ᠪᠣᠳᠠᠳᠠᠢ ᠶᠢ ᠡᠷᠬᠢᠮᠯᠡᠬᠦ ᠶᠢ ᠴᠢᠬᠤᠯᠠᠴᠢᠯᠠᠵᠤ᠂ ᠪᠦᠬᠦ ᠬᠦᠴᠦ ᠪᠠᠨ ᠳᠦᠪᠯᠡᠷᠡᠭᠦᠯᠦᠨ᠂ ᠬᠦᠴᠢᠷ ᠪᠡᠷᠬᠡ ᠶᠢ ᠢᠯᠠᠨ ᠳᠠᠪᠠᠵᠤ᠂ ᠠᠷᠠᠳ ᠢ ᠪᠠᠶᠠᠵᠢᠭᠤᠯᠵᠤ ᠬᠤᠰᠢᠭᠤ ᠪᠠᠨ ᠬᠦᠴᠦᠷᠬᠡᠭᠵᠢᠭᠦᠯᠬᠦ ᠰᠢᠨᠵᠢᠯᠡᠬᠦ ᠤᠬᠠᠭᠠᠨᠴᠢ ᠰᠢᠨ᠎ᠠ ᠬᠦᠭᠵᠢᠯᠳᠡ ᠶᠢ ᠳᠡᠮᠡᠴᠡᠨ ᠤᠯᠬᠤ ᠪᠠᠷ ᠴᠢᠷᠮᠠᠶᠢᠨ ᠳᠡᠮᠡᠴᠡᠵᠡᠭᠡᠶ᠎ᠡ
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号