ᠵᠠᠰᠠᠭ ᠤᠨ ᠣᠷᠳᠤᠨ ᠤ ᠠᠵᠢᠯ ᠤᠨ ᠢᠯᠡᠳᠬᠡᠯ | | — 2014 ᠣᠨ ᠤ 2 ᠰᠠᠷ᠎ᠠ ᠶᠢᠨ 18 ᠤ ᠡᠳᠦᠷ ᠤᠨ ᠪᠠᠭᠠᠷᠢᠨ ᠵᠡᠭᠦᠨ ᠬᠤᠰᠢᠭᠤᠨ ᠤ | ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠤᠳᠠᠭᠠᠨ ᠤ ᠬᠤᠷᠠᠯ ᠳᠡᠭᠡᠷ᠎ᠡ | | ᠬᠤᠰᠢᠭᠤ ᠳᠠᠷᠤᠭ᠎ᠠ ᠭᠤᠣ ᠰᠢ ᠬᠤᠸᠠ | ᠲᠦᠯᠦᠭᠡᠯᠡᠭᠴᠢᠳ ᠡ᠄ | ᠣᠳᠣ ᠪᠢ ᠬᠤᠰᠢᠭᠤ ᠠᠷᠠᠳ ᠤᠨ ᠵᠠᠰᠠᠭ ᠤᠨ ᠣᠷᠳᠤᠨ ᠢ ᠲᠦᠯᠦᠭᠡᠯᠡᠵᠦ᠂ ᠶᠡᠭᠡ ᠬᠤᠷᠠᠯ ᠳᠤ ᠠᠵᠢᠯ ᠤᠨ | ᠢᠯᠡᠳᠬᠡᠯ ᠬᠢᠶ᠎ᠡ᠃ ᠬᠢᠨᠠᠨ ᠵᠦᠪᠯᠡᠬᠦ ᠪᠣᠯᠪᠠᠤ᠂ ᠡᠭᠦᠨ ᠤ ᠵᠡᠷᠭᠡᠪᠡᠷ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ | ᠪᠣᠯᠤᠨ ᠬᠤᠷᠠᠯ ᠳᠤ ᠰᠤᠯᠠ ᠣᠷᠤᠯᠴᠠᠭᠰᠠᠳ ᠰᠠᠨᠠᠯ ᠢᠶᠠᠨ ᠳᠤᠷᠠᠳᠤᠭᠠᠷᠠᠢ᠃ | ᠨᠢᠭᠡ᠂ ᠦᠩᠭᠡᠷᠡᠭᠰᠡᠨ ᠨᠢᠭᠡ ᠵᠢᠯ ᠤᠨ ᠠᠵᠢᠯ ᠤᠨ ᠡᠷᠭᠢᠴᠡᠭᠦᠯᠦᠯ | 2013 ᠣᠨ ᠪᠣᠯ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠬᠠᠲᠠᠭᠤ ᠴᠢᠩᠭ᠎ᠠ | ᠰᠢᠯᠭᠠᠯᠲᠠ ᠶᠢ ᠳᠠᠭᠠᠭᠠᠭᠰᠠᠨ ᠪᠦᠭᠡᠳ ᠳᠣᠪᠤᠶᠢᠮ᠎ᠠ ᠠᠮᠵᠢᠯᠲᠠ ᠣᠯᠤᠭᠰᠠᠨ ᠨᠢᠭᠡ ᠵᠢᠯ ᠪᠣᠯᠬᠤ ᠶᠤᠮ᠃ ᠨᠢᠭᠡ ᠵᠢᠯ | ᠤᠨ ᠲᠤᠷᠰᠢ᠂ ᠠᠵᠤ ᠠᠬᠤᠢ ᠶᠢᠨ ᠪᠠᠭᠤᠷᠠᠯ ᠤᠨ ᠬᠦᠨᠳᠦ ᠳᠠᠷᠤᠭᠠᠰᠤ᠂ ᠠᠵᠤ ᠠᠬᠤᠶᠢᠯᠠᠯ ᠤᠨ ᠦᠷ᠎ᠡ ᠠᠰᠢᠭ ᠤᠨ | ᠮᠠᠭᠤᠲᠠᠯ ᠵᠢᠴᠢ ᠭᠡᠷ ᠪᠠᠶᠢᠰᠢᠩ ᠭᠠᠵᠠᠷ ᠰᠢᠷᠤᠢ ᠶᠢᠨ ᠬᠦᠷᠦᠩᠭᠡ ᠶᠢᠨ ᠵᠠᠬ᠎ᠠ ᠳᠡᠯᠭᠡᠭᠦᠷ ᠠᠨᠠᠢ ᠵᠡᠷᠭᠡ ᠠᠰᠢᠭ ᠦᠭᠡᠢ | ᠡᠯᠧᠮᠧᠨ᠋ᠲ ᠳᠤ ᠬᠠᠨᠳᠤᠭᠤᠯᠤᠨ᠂ ᠪᠢᠳᠡ ᠬᠤᠰᠢᠭᠤ ᠨᠠᠮ ᠤᠨ ᠬᠤᠷᠢᠶ᠎ᠠ ᠶᠢᠨ ᠴᠢᠩᠭ᠎ᠠ ᠵᠢᠯᠤᠭᠤᠳᠤᠯᠭ᠎ᠠ ᠳᠣᠣᠷ᠎ᠠ᠂ | ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠨᠢᠭᠡ ᠰᠡᠳᠬᠢᠯ | ᠨᠡᠶᠢᠲᠡ ᠶᠢᠨ ᠬᠦᠴᠦᠨ ᠢᠶᠠᠷ ᠬᠦᠴᠢᠷ ᠢ ᠢᠯᠠᠨ ᠳᠠᠪᠠᠵᠤ᠂ ᠰᠢᠷᠭᠠᠭᠤ ᠴᠢᠷᠮᠠᠶᠢᠨ᠂ ᠵᠢᠯ ᠤᠨ ᠡᠬᠢᠨ ᠳᠤ | ᠲᠣᠭᠲᠠᠭᠠᠨᠰᠠᠨ ᠡᠭᠦᠷᠭᠡ ᠬᠠᠷᠠᠯᠲᠠ ᠪᠠᠨ ᠨᠡᠯᠢᠶᠡᠳ ᠰᠠᠶᠢᠨ ᠪᠡᠶᠡᠯᠡᠭᠦᠯᠪᠡ᠃ ᠭᠠᠵᠠᠷ ᠣᠷᠤᠨ ᠤ ᠦᠢᠯᠡᠳᠪᠦᠷᠢᠯᠡᠯ ᠤᠨ | ᠶᠡᠷᠦᠩᠬᠡᠢ ᠦᠷᠲᠡᠭ ᠢ 110.7 ᠳ᠋ᠦᠩᠰᠢᠭᠤᠷ ᠲᠦᠭᠦᠷᠢᠭ ᠪᠡᠶᠡᠯᠡᠭᠦᠯᠵᠦ᠂ 10.9% ᠨᠡᠮᠡᠭᠳᠡᠪᠡ︔ ᠣᠷᠤᠨ | ᠨᠤᠲᠤᠭ ᠤᠨ ᠡᠳ᠋ ᠤᠨ ᠵᠠᠰᠠᠭ ᠤᠨ ᠣᠷᠤᠯᠭ᠎ᠠ ᠶᠢ 7.35 ᠳ᠋ᠦᠩᠰᠢᠭᠤᠷ ᠲᠦᠭᠦᠷᠢᠭ ᠪᠡᠶᠡᠯᠡᠭᠦᠯᠵᠦ᠂ 13.1% | ᠨᠡᠮᠡᠭᠳᠡᠪᠡ︔ ᠬᠡᠪᠴᠢᠶᠡᠵᠢᠭᠰᠡᠨ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠶᠢ 134.3 ᠳ᠋ᠦᠩᠰᠢᠭᠤᠷ | ᠲᠦᠭᠦᠷᠢᠭ ᠪᠡᠶᠡᠯᠡᠭᠦᠯᠵᠦ᠂ 22% ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠬᠤᠳᠠᠯᠳᠤᠭᠰᠠᠨ | ᠶᠡᠷᠦᠩᠬᠡᠢ ᠬᠡᠮᠵᠢᠶ᠎ᠡ 32 ᠳ᠋ᠦᠩᠰᠢᠭᠤᠷ ᠲᠦᠭᠦᠷᠢᠭ ᠲᠤ ᠬᠦᠷᠴᠦ᠂ 12.6% ᠨᠡᠮᠡᠭᠳᠡᠪᠡ︔ ᠬᠤᠲᠠ ᠪᠠᠯᠭᠠᠰᠤᠨ ᠤ | ᠬᠦᠮᠦᠨ ᠪᠦᠷᠢ ᠳᠤ ᠲᠡᠭᠰᠢᠳᠬᠡᠭᠰᠡᠨ ᠡᠵᠡᠮᠳᠡᠵᠦ ᠪᠣᠯᠬᠤ ᠣᠷᠤᠯᠭ᠎ᠠ 18521 ᠲᠦᠭᠦᠷᠢᠭ ᠪᠠ ᠮᠠᠯᠴᠢᠨ | ᠲᠠᠷᠢᠶᠠᠴᠢᠳ ᠤᠨ ᠬᠦᠮᠦᠨ ᠪᠦᠷᠢ ᠳᠤ ᠲᠡᠭᠰᠢᠳᠬᠡᠭᠰᠡᠨ ᠴᠡᠪᠡᠷ ᠣᠷᠤᠯᠭ᠎ᠠ 7175 ᠲᠦᠭᠦᠷᠢᠭ ᠲᠤ ᠬᠦᠷᠴᠦ᠂ | ᠲᠤᠰ ᠲᠤᠰ 11.4% ᠪᠠ 13.2% ᠨᠡᠮᠡᠭᠳᠡᠪᠡ᠃ | ᠨᠢᠭᠡ ᠵᠢᠯ ᠤᠨ ᠲᠤᠷᠰᠢ᠂ ᠪᠢᠳᠡ ᠭᠤᠣᠯᠳᠠᠭᠤ ᠳᠤᠤᠷᠠᠬᠢ ᠠᠵᠢᠯ ᠢ ᠪᠡᠶᠡᠯᠡᠭᠦᠯᠵᠡᠢ᠄ | ︵ᠨᠢᠭᠡ︶ ᠠᠵᠤ ᠦᠢᠯᠡᠳᠪᠦᠷᠢ ᠶᠢᠨ ᠠᠵᠤ ᠠᠬᠤᠢ ᠶᠢ ᠭᠤᠶᠢᠪᠢᠰᠢ ᠦᠭᠡᠢ ᠴᠢᠩᠭ᠎ᠠ ᠬᠦᠭᠵᠢᠭᠦᠯᠪᠡ᠃ | ᠠᠵᠤ ᠦᠢᠯᠡᠳᠪᠦᠷᠢ ᠶᠢᠨ ᠠᠵᠤ ᠠᠬᠤᠢ ᠶᠢᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ 1000 | ᠲᠦᠮᠡᠨ ᠲᠦᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠦᠷᠦᠯ ᠵᠦᠢᠯ 29 ᠶᠢ | ᠨᠠᠶᠢᠳᠠᠪᠦᠷᠢᠵᠢᠭᠤᠯᠵᠤ᠂ ᠠᠵᠤ ᠦᠢᠯᠡᠳᠪᠦᠷᠢ ᠶᠢᠨ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠶᠢ 48.9 | ᠳ᠋ᠦᠩᠰᠢᠭᠤᠷ ᠲᠦᠭᠦᠷᠢᠭ ᠪᠡᠶᠡᠯᠡᠭᠦᠯᠦᠨ᠂ 15.3% ᠨᠡᠮᠡᠭᠳᠡᠪᠡ᠃ ᠤᠷᠲᠤ ᠶᠢᠨ ᠬᠡᠮᠵᠢᠶ᠎ᠡ ᠨᠢ 30 ᠲᠦᠮᠡᠨ ᠮᠧᠲᠷ | ᠠᠭᠤᠷᠬᠠᠢ ᠬᠠᠶᠢᠵᠤ ᠨᠦᠭᠡᠴᠡ ᠨᠡᠮᠡᠭᠳᠡᠭᠦᠯᠬᠦ ᠢᠨᠵᠧᠨᠧᠷᠢᠩ ᠢ ᠪᠡᠶᠡᠯᠡᠭᠦᠯᠵᠦ᠂ ᠦᠩᠭᠡᠲᠦ ᠲᠡᠮᠦᠷᠯᠢᠭ ᠤᠨ ᠠᠭᠤᠷᠬᠠᠢ | ᠶᠢᠨ ᠨᠦᠭᠡᠴᠡ 4500 ᠲᠦᠮᠡᠨ ᠳᠤᠨ ᠰᠢᠨ᠎ᠡ ᠪᠠᠷ ᠨᠡᠮᠡᠭᠳᠡᠭᠦᠯᠦᠨ᠂ ᠬᠠᠶᠢᠵᠤ ᠢᠯᠡᠷᠡᠭᠦᠯᠦᠭᠰᠡᠨ ᠶᠡᠷᠦᠩᠬᠡᠢ ᠬᠡᠮᠵᠢᠶ᠎ᠡ | ᠨᠢ 2 ᠳ᠋ᠦᠩᠰᠢᠭᠤᠷ ᠳᠣᠨ ᠢ ᠳᠠᠪᠠᠪᠠ᠃ ᠦᠩᠭᠡᠲᠦ ᠲᠡᠮᠦᠷᠯᠢᠭ ᠤᠨ ᠬᠦᠳᠡᠷ ᠰᠢᠯᠢᠬᠦ ᠴᠢᠳᠠᠪᠦᠷᠢ ᠶᠢ ᠦᠷᠭᠡᠳᠬᠡᠬᠦ | ᠢᠨᠵᠧᠨᠧᠷᠢᠩ ᠢ ᠠᠬᠢᠭᠤᠯᠵᠤ᠂ ᠱᠠᠨ ᠶᠢᠨ ᠬᠤᠩ ᠯᠢᠩ ᠤᠨ 5000 ᠳᠣᠨ ᠤ ᠦᠷᠭᠡᠳᠬᠡᠨ ᠪᠠᠶᠢᠭᠤᠯᠬᠤ᠂ | ᠳᠤᠮᠳᠠᠳᠤ ᠶᠢᠨ ᠦᠩᠭᠡᠲᠦ ᠲᠡᠮᠦᠷᠯᠢᠭ ᠤᠨ ᠪᠠᠶᠠᠨᠨᠢᠷᠤᠭᠤ ᠠᠭᠤᠷᠬᠠᠢ ᠶᠢᠨ 3500 ᠳᠣᠨ ᠤ ᠦᠷᠭᠡᠳᠬᠡᠨ | ᠪᠠᠶᠢᠭᠤᠯᠬᠤ ᠵᠢᠴᠢ ᠯᠢᠶᠤᠤ ᠰᠢ ᠠᠭᠤᠷᠬᠠᠢ ᠪᠠ ᠺᠠᠢ ᠶᠤᠸᠠᠨ ᠠᠭᠤᠷᠬᠠᠢ ᠵᠡᠷᠭᠡ ᠨᠢᠭᠡ ᠪᠦᠯᠦᠭ 1000 ᠳᠤᠨ ᠤ | ᠬᠦᠳᠡᠷ ᠰᠢᠯᠢᠬᠦ ᠲᠦᠷᠦᠯ ᠵᠦᠢᠯ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠤᠪᠠ᠃ ᠴᠠᠶᠢᠷ ᠲᠤᠭᠤᠯᠭ᠎ᠠ ᠶᠢᠨ | ᠡᠳᠦᠷ ᠪᠦᠷᠢ ᠬᠦᠳᠡᠷ ᠰᠢᠯᠢᠬᠦ ᠴᠢᠳᠠᠪᠦᠷᠢ ᠨᠢ 6800 ᠳᠣᠨ ᠰᠢᠨ᠎ᠡ ᠪᠠᠷ ᠨᠡᠮᠡᠭᠳᠡᠵᠦ᠂ ᠪᠣᠳᠠᠲᠠᠢ ᠠᠵᠢᠯᠯᠠᠬᠤ | ᠴᠢᠳᠠᠪᠦᠷᠢ ᠨᠢ 2012 ᠣᠨ ᠤ ᠬᠢ ᠠᠴᠠ ᠨᠢᠭᠡ ᠳᠠᠬᠢᠨ ᠰᠢᠬᠠᠮ ᠨᠡᠮᠡᠭᠳᠡᠪᠡ᠃ ᠥᠩᠭᠡᠲᠦ ᠲᠡᠮᠦᠷᠯᠢᠭ ᠤᠨ ᠠᠵᠤ | ᠦᠢᠯᠡᠰ ᠢ ᠦᠷᠭᠡᠳᠬᠡᠨ᠂ ᠱᠠᠨ ᠶᠢᠨ ᠮᠦᠩᠭᠦ ᠲᠤᠭᠤᠯᠭ᠎ᠠ ᠶᠢᠨ ᠺᠤᠮᠫᠠᠨᠢ ᠶᠢᠨ ᠲᠤᠭᠤᠯᠭ᠎ᠠ ᠬᠠᠶᠢᠯᠤᠭᠤᠯᠬᠤ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠵᠢᠯ ᠤᠨ ᠲᠤᠭᠤᠯᠭ᠎ᠠ ᠬᠠᠶᠢᠯᠤᠭᠤᠯᠬᠤ ᠴᠢᠳᠠᠪᠦᠷᠢ ᠨᠢ 10 | ᠲᠦᠮᠡᠨ ᠳᠣᠨ ᠨᠡᠮᠡᠭᠳᠡᠪᠡ᠃ ᠠᠵᠤ ᠦᠢᠯᠡᠳᠪᠦᠷᠢ ᠶᠢᠨ ᠠᠵᠤ ᠠᠬᠤᠢ ᠶᠢᠨ ᠣᠯᠠᠨ ᠲᠦᠷᠦᠯ ᠤᠨ ᠬᠦᠭᠵᠢᠯᠲᠡ ᠶᠢ | ᠢᠳᠡᠪᠬᠢᠲᠠᠢ ᠠᠬᠢᠭᠤᠯᠵᠤ᠂ ᠲᠢᠶᠠᠨ ᠽᠧ ᠠᠮᠢᠳᠤ ᠪᠤᠳᠠᠰ ᠪᠣᠯᠤᠨ ᠲᠢᠶᠠᠨ ᠭᠤᠸᠠᠨ ᠳ᠋ᠧ ᠷᠦᠨ ᠵᠡᠷᠭᠡ ᠲᠠᠷᠢᠶᠠᠯᠠᠩ | ᠮᠠᠯ ᠠᠵᠤ ᠠᠬᠤᠢ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠲᠦᠷᠦᠯ ᠵᠦᠢᠯ ᠤᠨ ᠭᠤᠣᠯᠯᠠᠬᠤ | ᠢᠨᠵᠧᠨᠧᠷᠢᠩ ᠢ ᠪᠡᠶᠡᠯᠡᠭᠦᠯᠵᠦ᠂ ᠴᠢᠯᠠᠭᠤᠨ ᠮᠠᠲ᠋ᠧᠷᠢᠶᠠᠯ ᠪᠣᠯᠪᠠᠰᠤᠷᠠᠭᠤᠯᠬᠤ ᠪᠠ ᠬᠢᠲᠠᠳ ᠡᠮ ᠤᠨ ᠴᠢᠨᠠᠬᠤ ᠡᠮ ᠢ | ᠪᠣᠯᠪᠠᠰᠤᠷᠠᠭᠤᠯᠬᠤ ᠵᠡᠷᠭᠡ 500 ᠲᠦᠮᠡᠨ ᠲᠡᠭᠰᠢ ᠳᠦᠷᠪᠡᠯᠵᠢᠨ ᠮᠧᠲᠷ ᠨᠢᠭᠡ ᠪᠦᠯᠦᠭ ᠲᠦᠷᠦᠯ ᠵᠦᠢᠯ ᠢ ᠭᠠᠷ ᠤᠨ | ᠦᠰᠦᠭ ᠵᠢᠷᠤᠪᠠ᠃ ᠶᠡᠷᠦᠩᠬᠡᠢ ᠪᠡᠯᠡ ᠣᠷᠤᠭᠤᠯᠤᠯᠲᠠ ᠨᠢ 120 ᠳ᠋ᠦᠩᠰᠢᠭᠤᠷ ᠲᠦᠭᠦᠷᠢᠭ ᠤᠨ ᠾᠧᠪᠸᠢ ᠶᠢᠨ ᠪᠢ | ᠱᠢ ᠪᠦᠯᠦᠭᠯᠡᠯ ᠤᠨ ᠨᠡᠭᠦᠷᠡᠰᠦ ᠴᠠᠬᠢᠯᠭᠠᠨ ᠬᠢᠮᠢ ᠶᠢᠨ ᠨᠢᠭᠡ ᠴᠣᠭᠴᠠᠵᠢᠯᠲᠠ ᠶᠢᠨ ᠲᠦᠷᠦᠯ ᠵᠦᠢᠯ ᠢ ᠪᠡᠯᠡ | ᠣᠷᠤᠭᠤᠯᠬᠤ ᠬᠡᠯᠡᠯᠴᠡᠭᠡᠷ ᠲᠣᠭᠲᠠᠪᠠ᠃ ᠬᠤᠰᠢᠭᠤ ᠱᠠᠲᠤᠨ ᠤ ᠤᠳᠤᠷᠢᠳᠤᠯᠭ᠎ᠠ ᠪᠦᠯᠬᠦᠮ ᠪᠠᠶᠢᠭᠤᠯᠤᠨ | ᠠᠷᠠᠯᠵᠢᠶᠠᠴᠢᠨ ᠣᠷᠢᠵᠤ᠂ 30 ᠲᠦᠮᠡᠨ ᠳᠣᠨ ᠤ ᠴᠠᠶᠢᠷ ᠬᠠᠶᠢᠯᠤᠭᠤᠯᠬᠤ᠂ 12 ᠲᠦᠮᠡᠨ ᠳᠣᠨ ᠤ ᠴᠣᠬᠤᠢ ᠶᠢᠨ | ᠴᠢᠯᠠᠭᠤ ᠪᠠᠷ ᠴᠠᠭᠠᠰᠤ ᠬᠢᠬᠦ ᠵᠢᠴᠢ 12 ᠲᠦᠮᠡᠨ ᠦᠪᠴᠢ ᠬᠤᠪᠴᠠᠰᠤ ᠬᠢᠬᠦ ᠵᠡᠷᠭᠡ ᠨᠢᠭᠡ ᠪᠦᠯᠦᠭ ᠲᠦᠷᠦᠯ ᠵᠦᠢᠯ | ᠢ ᠬᠤᠷᠰᠢᠬᠤ ᠬᠡᠯᠡᠯᠴᠡᠭᠡᠷ ᠲᠣᠭᠲᠠᠨ᠂ ᠡᠨᠡ ᠵᠢᠯ ᠪᠠᠷᠢᠯᠭ᠎ᠠ ᠡᠬᠢᠯᠡᠬᠦ ᠪᠣᠯᠤᠮᠵᠢᠲᠠᠢ ᠪᠣᠯᠵᠠᠢ᠃ ᠠᠵᠤ ᠦᠢᠯᠡᠳᠪᠦᠷᠢ | ᠶᠢᠨ ᠲᠣᠭᠤᠷᠢᠭ ᠤᠨ ᠬᠦᠭᠵᠢᠯᠲᠡ ᠶᠢᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠪᠣᠬᠢᠷᠳᠤᠯ ᠤᠰᠤ ᠶᠢ | ᠰᠢᠢᠳᠪᠦᠷᠢᠯᠡᠬᠦ ᠦᠢᠯᠡᠳᠪᠦᠷᠢ᠂ ᠵᠠᠮ ᠱᠤᠭᠤᠮ ᠬᠤᠭᠤᠯᠠᠢ ᠰᠤᠪᠠᠭ ᠵᠢᠴᠢ ᠴᠠᠬᠢᠯᠭᠠᠨ ᠬᠤᠪᠢᠰᠬᠠᠭᠤᠷ ᠤᠨ ᠦᠷᠲᠡᠭᠡ | ᠶᠢ ᠦᠷᠭᠡᠳᠬᠡᠬᠦ ᠵᠡᠷᠭᠡ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠯᠬᠤᠮ ᠳᠠᠷᠠᠭ᠎ᠠ ᠲᠠᠢ | ᠭᠦᠢᠴᠡᠳᠬᠡᠵᠦ᠂ ᠠᠵᠤ ᠦᠢᠯᠡᠳᠪᠦᠷᠢ ᠶᠢᠨ ᠲᠣᠭᠤᠷᠢᠭ ᠤᠨ ᠪᠠᠭᠲᠠᠭᠠᠮᠵᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠪᠡ᠃ | ︵ᠬᠤᠶᠠᠷ︶ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠲᠡ ᠶᠢ ᠣᠭᠲᠤ ᠰᠤᠯᠠᠷᠠᠭᠤᠯᠤᠯ ᠦᠭᠡᠢ | ᠠᠳᠬᠤᠪᠠ᠃ ᠣᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠶᠡᠬᠡᠪᠡᠷ ᠬᠦᠭᠵᠢᠭᠦᠯᠦᠨ᠂ ᠲᠠᠷᠢᠶᠠᠯᠠᠩ ᠮᠠᠯ | ᠠᠵᠤ ᠠᠬᠤᠢ ᠶᠢᠨ ᠶᠡᠷᠦᠩᠬᠡᠢ ᠦᠢᠯᠡᠳᠪᠦᠷᠢᠯᠡᠯ ᠤᠨ ᠬᠦᠴᠦᠨ ᠢ ᠴᠢᠷᠮᠠᠶᠢᠨ ᠳᠡᠭᠡᠭᠰᠢᠯᠡᠭᠦᠯᠵᠦ᠂ ᠦᠨᠳᠦᠷ ᠦᠷ᠎ᠡ | ᠠᠰᠢᠭᠲᠤ ᠤᠰᠤ ᠠᠷᠪᠢᠯᠠᠬᠤ ᠳᠣᠰᠤᠯᠭᠠᠨ ᠤᠰᠤᠯᠠᠬᠤ ᠢᠨᠵᠧᠨᠧᠷᠢᠩ ᠢ 10.3 ᠲᠦᠮᠡᠨ ᠮᠤ᠋ ᠨᠠᠶᠢᠳᠠᠪᠦᠷᠢᠵᠢᠭᠤᠯᠤᠨ᠂ | 7.4 ᠲᠦᠮᠡᠨ ᠮᠤ᠋ ᠲᠠᠯᠠᠪᠠᠢ ᠶᠢ ᠪᠠᠬᠢᠵᠢᠭᠦᠯᠵᠦ᠂ ᠠᠮᠤ ᠪᠤᠳᠠᠭᠠᠨ ᠤ ᠤᠨᠠᠯᠲᠠ 9.3 ᠳ᠋ᠦᠩᠰᠢᠭᠤᠷ ᠵᠢᠩ | ᠪᠡᠶᠡᠯᠡᠭᠦᠯᠦᠨ᠂ ᠵᠢᠯ ᠤᠨ ᠮᠠᠯ ᠤᠨ ᠵᠣᠭᠰᠤᠭ᠎ᠠ ᠲᠤᠭ᠎ᠠ 219.8 ᠲᠦᠮᠡ ᠬᠦᠷᠴᠦ᠂ ᠪᠦᠬᠦᠨ ᠢᠶᠠᠷ ᠢᠶᠠᠨ ᠲᠡᠥᠬᠡ | ᠶᠢᠨ ᠬᠠᠮᠤᠭ ᠰᠠᠶᠢᠨ ᠲᠦᠪᠰᠢᠨ ᠳᠤ ᠬᠦᠷᠴᠠᠢ᠃ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠡᠵᠡᠩᠨᠡᠬᠦ | ᠭᠤᠣᠯ ᠴᠣᠭᠴᠠ ᠶᠢ ᠶᠡᠬᠡᠪᠡᠷ ᠬᠦᠮᠦᠵᠢᠭᠦᠯᠵᠦ᠂ ᠳᠦᠷᠢᠮᠵᠢᠭᠰᠡᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ | 14 ᠶᠢ ᠬᠦᠭᠵᠢᠭᠦᠯᠦᠨ᠂ ᠮᠠᠯᠴᠢᠨ ᠲᠠᠷᠢᠶᠠᠴᠢᠳ ᠤᠨ ᠲᠤᠰᠬᠠᠢ ᠬᠤᠷᠰᠢᠶᠠᠵᠢᠯ 185 ᠶᠢ ᠰᠢᠨ᠎ᠡ ᠪᠠᠷ ᠨᠡᠮᠡᠭᠳᠡᠭᠦᠯᠪᠡ | ᠃ ᠭᠠᠵᠠᠷ ᠰᠢᠷᠤᠢ ᠶᠢᠨ ᠡᠷᠭᠢᠯᠲᠡ ᠶᠢᠨ ᠬᠦᠴᠦᠨ ᠢ ᠴᠢᠩᠭᠠᠳᠬᠠᠵᠤ᠂ ᠳᠦᠷᠢᠮᠵᠢᠭᠦᠯᠦᠭᠰᠡᠨ ᠭᠠᠵᠠᠷ ᠰᠢᠷᠤᠢ ᠶᠢᠨ | ᠲᠠᠯᠠᠪᠠᠢ 17.7 ᠲᠦᠮᠡᠨ ᠮᠤ᠋ ᠳᠤ ᠬᠦᠷᠴᠠᠢ᠃ ︽3180︾ ᠡᠰᠢ ᠰᠦᠷᠡᠯ ᠢ ᠪᠣᠯᠪᠠᠰᠤᠷᠠᠭᠤᠯᠤᠨ ᠬᠤᠪᠢᠷᠠᠭᠠᠬᠤ | ᠢᠨᠵᠧᠨᠧᠷᠢᠩ ᠢ ᠨᠠᠶᠢᠳᠠᠪᠦᠷᠢᠵᠢᠭᠤᠯᠵᠤ᠂ ᠡᠰᠢ ᠰᠦᠷᠡᠯ ᠤᠨ ᠮᠦᠬᠦᠯᠢᠭᠲᠦ ᠪᠣᠷᠳᠤᠭ᠎ᠠ ᠪᠣᠯᠪᠠᠰᠤᠷᠠᠭᠤᠯᠬᠤ | ᠦᠢᠯᠡᠳᠪᠦᠷᠢ 3᠂ ᠪᠠᠷᠢᠮᠵᠢᠶᠠᠵᠢᠭᠰᠠᠨ ᠪᠣᠷᠳᠤᠭ᠎ᠠ ᠬᠠᠳᠠᠭᠠᠯᠠᠬᠤ ᠬᠦᠮᠦᠷᠭᠡ 2 ᠲᠦᠮᠡᠨ ᠲᠡᠭᠰᠢ ᠳᠦᠷᠪᠡᠯᠵᠢᠨ ᠮᠧᠲᠷ | ᠪᠠᠶᠢᠭᠤᠯᠵᠤ᠂ ᠡᠷᠳᠡᠨᠢ ᠰᠢᠰᠢ ᠶᠢᠨ ᠡᠰᠢ ᠰᠦᠷᠡᠯ ᠢ 3.2 ᠳ᠋ᠦᠩᠰᠢᠭᠤᠷ ᠵᠢᠩ ᠪᠤᠯᠪᠠᠰᠤᠷᠠᠭᠤᠯᠤᠨ ᠬᠤᠪᠢᠷᠠᠭᠠᠪᠠ᠃ | ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠭᠦᠨ ᠤ ᠨᠡᠷᠡᠲᠦ ᠲᠡᠮᠳᠡᠭ ᠡᠭᠦᠳᠬᠦ ᠠᠵᠢᠯ ᠢ | ᠴᠢᠩᠭᠠᠳᠬᠠᠵᠤ᠂ ᠡᠯᠵᠢᠭᠡᠨ ᠮᠢᠬᠠᠨ ᠤ ᠪᠦᠲᠦᠭᠡᠭᠳᠡᠬᠦᠨ ᠨᠢ ᠤᠯᠤᠰ ᠤᠨ ︽ᠤᠷᠭᠠᠨᠢᠭ ᠪᠦᠲᠦᠭᠡᠭᠳᠡᠬᠦᠨ︾ ᠤ | ᠡᠩᠨᠡᠭᠡᠨ ᠳᠤ ᠣᠷᠤᠵᠤ᠂ ᠵᠢᠶᠠᠨ ᠶᠤᠸᠠᠨ ᠪᠣᠭᠤ ᠶᠢᠨ ᠦᠢᠯᠡᠰ ᠨᠢ ᠤᠯᠤᠰ ᠤᠨ ᠳᠡᠰ ᠤᠨ ᠨᠡᠷᠡᠲᠦ ᠲᠠᠸᠠᠷ ᠤᠨ | ᠲᠡᠮᠳᠡᠭ ᠢᠶᠠᠷ ᠦᠨᠡᠯᠡᠭᠳᠡᠪᠡ᠃ ᠮᠣᠵᠢ ᠶᠢᠨ ᠳᠡᠰ ᠤᠨ ᠤᠳᠤᠷᠢᠳᠤᠯᠭ᠎ᠠ ᠬᠤᠯᠪᠤᠭᠠᠯᠠᠨ ᠬᠠᠪᠰᠤᠷᠤᠨ ᠲᠤᠰᠠᠯᠠᠬᠤ ᠪᠠ | ᠪᠡᠭᠡᠵᠢᠩ ᠦᠪᠦᠷ ᠮᠣᠩᠭᠤᠯ ᠤᠨ ᠰᠢᠰᠲ᠋ᠧᠮ ᠬᠤᠭᠤᠷᠤᠨᠳᠤ ᠪᠠᠨ ᠬᠠᠪᠰᠤᠷᠤᠨ ᠲᠤᠰᠠᠯᠠᠬᠤ ᠬᠤᠷᠰᠢᠯᠴᠠᠭ᠎ᠠ ᠵᠡᠷᠭᠡ | ᠳᠣᠬᠢᠶᠠᠯ ᠢ ᠠᠳᠬᠤᠵᠤ᠂ ᠠᠵᠤ ᠦᠢᠯᠡᠰ ᠤᠨ ᠶᠠᠳᠠᠭᠤ ᠶᠢ ᠲᠡᠳᠬᠦᠬᠦ ᠵᠢᠴᠢ ᠪᠦᠬᠦ ᠲᠤᠰᠬᠤᠨ ᠢᠶᠠᠷ ᠨᠢ ᠠᠬᠢᠭᠤᠯᠬᠤ | ᠵᠡᠷᠭᠡ ᠠᠯᠢ ᠣᠯᠠᠨ ᠶᠠᠳᠠᠭᠤ ᠶᠢ ᠲᠡᠳᠬᠦᠬᠦ ᠢᠨᠵᠧᠨᠧᠷᠢᠩ ᠢ ᠯᠠᠪᠳᠠᠭᠤᠨ ᠠᠬᠢᠭᠤᠯᠤᠨ᠂ ᠪᠦᠬᠦ ᠬᠤᠰᠢᠭᠤᠨ ᠤ 1.1 | ᠲᠦᠮᠡᠨ ᠶᠠᠳᠠᠭᠤ ᠬᠦᠴᠢᠷᠲᠠᠢ ᠬᠦᠮᠦᠨ ᠠᠮᠠ ᠶᠢ ᠶᠠᠳᠠᠭᠤ ᠠᠴᠠ ᠨᠢ ᠠᠩᠭᠢᠵᠢᠷᠠᠭᠤᠯᠪᠠ᠃ ︽ᠬᠦᠰᠢᠭᠦᠷᠭᠡ | ᠬᠡᠯᠪᠡᠷᠢᠲᠦ︾ ᠶᠠᠳᠠᠭᠤ ᠶᠢ ᠲᠡᠳᠬᠦᠵᠦ ᠨᠡᠭᠡᠭᠡᠨ ᠬᠦᠭᠵᠢᠭᠦᠯᠬᠦ ᠵᠠᠭᠪᠤᠷ ᠢ ᠨᠠᠶᠢᠳᠠᠪᠦᠷᠢᠵᠢᠭᠤᠯᠵᠤ᠂ ᠮᠦᠩᠭᠦᠨ | ᠭᠦᠢᠯᠭᠡᠭᠡᠨ ᠤ ᠬᠦᠷᠦᠩᠭᠡ ᠶᠢ ᠠᠰᠢᠭᠯᠠᠨ᠂ ᠶᠠᠳᠠᠭᠤ ᠶᠢ ᠲᠡᠳᠬᠦᠬᠦ ᠪᠡᠯᠡ ᠮᠦᠩᠭᠦᠨ ᠤ ᠣᠷᠤᠭᠤᠯᠤᠯᠲᠠ ᠶᠢ | ᠦᠷᠭᠡᠳᠬᠡᠵᠦ᠂ ᠦᠨ᠎ᠡ ᠲᠦᠯᠦᠪᠦᠷᠢ ᠲᠠᠢ ᠬᠡᠷᠡᠭᠯᠡᠨ᠂ ᠦᠷᠭᠦᠯᠵᠢᠯᠡᠨ ᠬᠦᠭᠵᠢᠭᠦᠯᠵᠦ᠂ ᠪᠦᠬᠦ ᠬᠤᠲᠠ ᠪᠠ ᠣᠷᠤᠨ ᠤ | ᠬᠡᠪᠴᠢᠶᠡᠨ ᠳᠤ ᠦᠷᠭᠡᠨ ᠢᠶᠠᠷ ᠲᠦᠭᠡᠮᠡᠯᠵᠢᠭᠦᠯᠪᠡ᠃ | ︵ᠭᠤᠷᠪᠠ︶ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠦᠭᠵᠢᠭᠦᠯᠪᠡ᠃ ᠤᠯᠤᠰ ᠤᠨ ᠬᠠᠭᠤᠴᠢ | ᠰᠣᠳᠤᠯᠤᠯ ᠪᠣᠯᠬᠤ ᠯᠢᠶᠣᠣ ᠶᠢᠨ ᠳᠡᠭᠡᠳᠦ ᠨᠡᠶᠢᠰᠯᠡᠯ ᠤᠨ ᠪᠠᠭᠤᠷᠢ ᠶᠢᠨ ᠴᠡᠴᠡᠷᠯᠢᠭ ᠢ ᠪᠠᠶᠢᠭᠤᠯᠬᠤ ᠠᠵᠢᠯ ᠢ | ᠢᠳᠡᠪᠬᠢᠲᠠᠢ ᠦᠷᠨᠢᠭᠦᠯᠦᠨ᠂ ᠤᠯᠤᠰ ᠤᠨ ᠲᠡᠥᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠬᠢᠨᠠᠨ | ᠵᠦᠪᠰᠢᠶᠡᠷᠡᠯ ᠢ ᠣᠯᠵᠤ᠂ ᠯᠢᠶᠣᠣ ᠶᠢᠨ ᠳᠡᠭᠡᠳᠦ ᠨᠡᠶᠢᠰᠯᠡᠯ ᠪᠡ ᠲᠡᠭᠦᠨ ᠤ ᠳᠡᠭᠡᠳᠦᠰ ᠤᠨ ᠬᠠᠭᠤᠴᠢᠳ ᠨᠢ ᠳᠡᠯᠡᠬᠡᠢ | ᠶᠢᠨ ᠰᠣᠶᠤᠯ ᠤᠨ ᠦᠯᠡᠳᠡᠭᠳᠡᠯ ᠤᠨ ᠪᠡᠯᠡᠳᠬᠡᠯ ᠨᠡᠷᠡᠰ ᠲᠤ ᠵᠢᠭᠰᠠᠭᠠᠭᠳᠠᠪᠠ︔ ᠭᠢᠳᠠᠨ ᠰᠣᠶᠤᠯ ᠤᠨ ᠦᠢᠯᠡᠰ ᠤᠨ | ᠲᠣᠭᠤᠷᠢᠭ ᠤᠨ ᠠᠩᠬᠠᠳᠤᠭᠠᠷ ᠱᠠᠲᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ 7.4 ᠳ᠋ᠦᠩᠰᠢᠭᠤᠷ | ᠲᠦᠭᠦᠷᠢᠭ ᠤᠨ ᠪᠡᠯᠡ ᠣᠷᠤᠭᠤᠯᠤᠨ᠂ ᠮᠦᠽᠸᠢ ᠶᠢᠨ ᠣᠷᠳᠤᠨ ᠪᠠ ᠡᠷᠲᠡᠨ ᠤ ᠡᠳ᠋ ᠤᠨ ᠬᠤᠲᠠ ᠶᠢᠨ ᠭᠤᠣᠯᠯᠠᠬᠤ | ᠢᠨᠵᠧᠨᠧᠷᠢᠩ ᠢ ᠪᠡᠶᠡᠯᠡᠭᠦᠯᠵᠦ᠂ ᠦᠵᠡᠭᠦᠯᠭᠡ ᠶᠢᠨ ᠲᠦᠪ ᠪᠠ ᠬᠤᠳᠠᠯᠳᠤᠭᠠᠨ ᠤ ᠲᠠᠯᠠᠪᠠᠢ ᠶᠢᠨ ᠪᠠᠶᠢᠭᠤᠯᠤᠯᠲᠠ | ᠤᠷᠤᠭᠰᠢᠲᠠᠢ ᠶᠠᠪᠤᠭᠳᠠᠵᠠᠢ︔ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠭᠢᠳᠠᠨ ᠰᠣᠶᠤᠯ ᠤᠨ ᠨᠠᠶᠢᠷ | ᠢ ᠠᠮᠵᠢᠯᠲᠠ ᠲᠠᠢ ᠬᠢᠵᠦ᠂ ᠳᠠᠭᠤᠤ ᠪᠦᠵᠢᠭ ᠤᠨ ᠦᠵᠡᠭᠦᠯᠭᠡ᠂ ᠡᠷᠳᠡᠮ ᠰᠢᠨᠵᠢᠯᠡᠭᠡᠨ ᠤ ᠶᠠᠷᠢᠯᠴᠠᠭ᠎ᠠ᠂ ᠡᠷᠲᠡᠨ ᠤ | ᠡᠳ᠋ ᠤᠨ ᠰᠣᠯᠢᠯᠴᠠᠭ᠎ᠠ ᠵᠢᠴᠢ ᠠᠵᠤ ᠠᠬᠤᠢ ᠠᠷᠠᠯᠵᠢᠶᠠᠨ ᠤ ᠵᠦᠪᠳᠡᠯᠴᠡᠭᠡ ᠵᠡᠷᠭᠡ ᠠᠵᠢᠯᠯᠠᠭ᠎ᠠ ᠦᠷᠨᠢᠭᠦᠯᠵᠦ᠂ | ᠭᠢᠳᠠᠨ ᠰᠣᠶᠤᠯ ᠪᠠ ᠪᠠᠭᠠᠷᠢᠨ ᠵᠡᠭᠦᠨ ᠬᠤᠰᠢᠭᠤᠨ ᠤ ᠨᠡᠷ᠎ᠡ ᠬᠦᠨᠳᠦ ᠶᠢ ᠢᠯᠡᠳᠲᠡ ᠳᠡᠭᠡᠭᠰᠢᠯᠡᠭᠦᠯᠪᠡ᠃ | ᠤᠯᠠᠭᠠᠨᠬᠠᠳᠠ ᠶᠢᠨ ᠬᠤᠶᠢᠲᠤ ᠬᠡᠰᠡᠭ ᠠᠴᠠ ᠤᠯᠠᠭᠠᠨᠬᠠᠳᠠ᠂ ᠰᠢᠯᠢᠩᠬᠤᠲᠠ ᠵᠢᠴᠢ ᠲᠦᠩᠯᠢᠶᠤᠤ ᠬᠦᠷᠬᠦ ᠣᠷᠤᠨ | ᠭᠠᠵᠠᠷ ᠤᠨ ᠴᠢᠨᠠᠷᠲᠠᠢ ᠠᠷᠠᠯᠵᠢᠶ᠎ᠠ ᠬᠤᠳᠠᠯᠳᠤᠭᠠᠨ ᠤ ᠪᠤᠳᠠᠰ ᠤᠨ ᠭᠦᠢᠯᠭᠡᠭᠡᠨ ᠤ ᠲᠦᠪ ᠪᠠᠶᠢᠭᠤᠯᠬᠤ ᠠᠵᠢᠯ ᠤᠨ | ᠲᠤᠭᠤᠷᠢᠨ ᠳᠤ᠂ ᠪᠦᠬᠦ ᠬᠤᠰᠢᠭᠤᠨ ᠤ ᠠᠷᠠᠯᠵᠢᠶ᠎ᠠ ᠬᠤᠳᠠᠯᠳᠤᠭ᠎ᠠ ᠪᠣᠳᠠᠰ ᠤᠨ ᠭᠦᠢᠯᠭᠡᠭᠡᠨ ᠤ ᠦᠢᠯᠡᠰ ᠤᠨ | ᠬᠦᠭᠵᠢᠯᠲᠡ ᠶᠢᠨ ᠲᠦᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠪᠠ᠃ ᠱᠠᠩ ᠵᠢᠩ ᠪᠤᠳᠠᠰ ᠤᠨ | ᠭᠦᠢᠯᠭᠡᠭᠡᠨ ᠤ ᠲᠣᠭᠤᠷᠢᠭ ᠤᠨ ᠣᠯᠠᠨ ᠲᠦᠷᠦᠯ ᠵᠦᠢᠯ ᠢ ᠴᠢᠩᠭ᠎ᠠ ᠬᠦᠭᠵᠢᠭᠦᠯᠦᠨ᠂ ᠵᠢᠯ ᠤᠨ ᠳᠣᠲᠤᠷ᠎ᠠ 5 | ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠵᠤ᠂ 14 ᠲᠦᠮᠡᠨ ᠲᠡᠭᠰᠢ ᠳᠦᠷᠪᠡᠯᠵᠢᠨ ᠮᠧᠲᠷ ᠲᠠᠯᠠᠪᠠᠢ ᠲᠠᠢ | ᠪᠠᠷᠢᠯᠭ᠎ᠠ ᠪᠠᠷᠢᠵᠤ ᠳᠠᠭᠤᠰᠬᠠᠨ᠂ ᠱᠠᠩ ᠵᠢᠩ ᠠᠷᠠᠯᠵᠢᠶ᠎ᠠ ᠬᠤᠳᠠᠯᠳᠤᠭᠠᠨ ᠤ ᠲᠠᠯᠠᠪᠠᠢ᠂ ᠹᠧᠩ ᠷᠦᠨ ᠲᠠᠷᠢᠶᠠᠯᠠᠩ | ᠤᠨ ᠠᠷᠠᠯᠵᠢᠶᠠᠨ ᠤ ᠵᠠᠬ᠎ᠠ ᠳᠡᠯᠭᠡᠭᠦᠷ ᠵᠢᠴᠢ ᠷᠦᠢ ᠳ᠋ᠦ᠋ ᠬᠤᠳᠠᠯᠳᠤᠭᠠᠨ ᠤ ᠲᠠᠯᠠᠪᠠᠢ ᠵᠡᠷᠭᠡ ᠠᠷᠠᠯᠵᠢᠶ᠎ᠠ ᠬᠤᠳᠠᠯᠳᠤᠭᠠᠨ | ᠤ ᠲᠦᠷᠦᠯ ᠵᠦᠢᠯ ᠢᠯᠡᠳᠲᠡ ᠠᠮᠵᠢᠯᠲᠠ ᠣᠯᠵᠤ᠂ ᠭᠠᠵᠠᠷ ᠣᠷᠤᠨ ᠤ ᠴᠢᠨᠠᠷᠲᠠᠢ ᠠᠷᠠᠯᠵᠢᠶ᠎ᠠ ᠬᠤᠳᠠᠯᠳᠤᠭ᠎ᠠ ᠪᠣᠳᠠᠰ | ᠤᠨ ᠭᠦᠢᠯᠭᠡᠭᠡᠨ ᠤ ᠲᠦᠪ ᠤᠨ ᠠᠩᠬᠠᠨ ᠤ ᠳᠦᠷᠰᠦ ᠪᠣᠢ ᠪᠣᠯᠵᠠᠢ᠃ ᠲᠤᠰᠠᠯᠠᠨ ᠲᠡᠳᠬᠦᠬᠦ ᠲᠦᠷᠦ ᠶᠢᠨ ᠪᠣᠳᠤᠯᠭ᠎ᠠ | ᠶᠢ ᠢᠳᠡᠪᠬᠢᠲᠠᠢ ᠨᠠᠶᠢᠳᠠᠪᠦᠷᠢᠵᠢᠭᠤᠯᠵᠤ᠂ ᠪᠠᠷᠢᠮᠵᠢᠶᠠᠵᠢᠭᠰᠠᠨ ᠬᠤᠷᠰᠢᠶ᠎ᠠ ᠬᠤᠳᠠᠯᠳᠤᠭ᠎ᠠ 80 ᠰᠢᠨ᠎ᠡ ᠪᠠᠷ | ᠪᠠᠶᠢᠭᠤᠯᠤᠭᠰᠠᠨ ᠪᠤᠶᠤ ᠵᠠᠰᠠᠨ ᠰᠠᠶᠢᠵᠢᠷᠠᠭᠤᠯᠵᠤ᠂ ᠭᠠᠴᠠᠭ᠎ᠠ ᠲᠤᠰᠬᠤᠨ ᠳᠠᠬᠢ ᠲᠠᠷᠬᠠᠯᠲᠠ ᠶᠢᠨ ᠨᠣᠷᠮ᠎ᠠ ᠶᠢ | 100% ᠳᠤ ᠬᠦᠷᠭᠡᠪᠡ᠃ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠲᠣᠭᠲᠠᠯᠴᠠᠭ᠎ᠠ ᠶᠢ ᠲᠠᠰᠤᠷᠠᠯᠲᠠ | ᠦᠭᠡᠢ ᠲᠡᠭᠦᠯᠳᠡᠵᠢᠭᠦᠯᠵᠦ᠂ 4 ᠶᠢ ᠰᠢᠨ᠎ᠡ ᠪᠠᠷ ᠪᠠᠶᠢᠭᠤᠯᠤᠨ᠂ ᠵᠢᠯ ᠤᠨ ᠰᠣᠯᠢᠯᠴᠠᠭᠠᠨ ᠤ ᠬᠡᠮᠵᠢᠶ᠎ᠡ ᠨᠢ 6.75 | ᠳ᠋ᠦᠩᠰᠢᠭᠤᠷ ᠲᠦᠭᠦᠷᠢᠭ ᠲᠤ ᠬᠦᠷᠪᠡ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠣᠷᠤᠨ ᠨᠤᠲᠤᠭ ᠤᠨ ᠠᠵᠤ | ᠠᠬᠤᠢ ᠶᠢᠨ ᠬᠦᠭᠵᠢᠯᠲᠡ ᠶᠢ ᠳᠡᠮᠵᠢᠬᠦ ᠶᠢ ᠵᠢᠯᠤᠭᠤᠳᠤᠭᠰᠠᠨ ᠪᠦᠭᠡᠳ ᠵᠣᠷᠢᠭᠵᠢᠭᠤᠯᠵᠤ᠂ ᠵᠠᠰᠠᠭ ᠤᠨ ᠣᠷᠳᠤᠨ᠂ | ᠪᠠᠩᠬᠢ ᠵᠢᠴᠢ ᠠᠵᠤ ᠠᠬᠤᠶᠢᠯᠠᠯ ᠣᠷᠤᠯᠴᠠᠭᠰᠠᠨ ᠬᠤᠷᠠᠯ ᠬᠤᠷᠠᠯᠳᠤᠨ᠂ ᠮᠦᠩᠭᠦᠨ ᠭᠦᠢᠯᠭᠡᠭᠡᠨ ᠤ ᠪᠠᠶᠢᠭᠤᠯᠤᠮᠵᠢ | ᠤᠳ ᠪᠣᠯᠤᠨ ᠬᠤᠰᠢᠭᠤᠨ ᠤ ᠳᠣᠲᠤᠭᠠᠳᠤᠬᠢ ᠠᠵᠤ ᠠᠬᠤᠶᠢᠯᠠᠯ ᠤᠳ 25.5 ᠳ᠋ᠦᠩᠰᠢᠭᠤᠷ ᠲᠦᠭᠦᠷᠢᠭ ᠤᠨ | ᠵᠢᠭᠡᠯᠡᠯᠭᠡ ᠶᠢᠨ ᠭᠡᠷ᠎ᠡ ᠲᠣᠭᠲᠠᠪᠠ᠃ | ︵ᠳᠦᠷᠪᠡ︶ ᠬᠤᠲᠠ ᠬᠦᠳᠡᠭᠡ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠪᠠ᠃ ᠯᠢᠨᠳᠦ᠋ᠩ ᠬᠤᠲᠠ ᠲᠣᠭᠤᠷᠢᠭ ᠤᠨ ᠶᠡᠷᠦᠩᠬᠡᠢ ᠲᠦᠯᠦᠪᠵᠢᠭᠦᠯᠭᠡ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠱᠠᠩ ᠵᠢᠩ ᠠᠵᠤ ᠦᠢᠯᠡᠳᠪᠦᠷᠢ ᠶᠢᠨ ᠲᠤᠭᠤᠷᠢᠭ ᠪᠠ ᠪᠤᠳᠠᠰ ᠤᠨ ᠭᠦᠢᠯᠭᠡᠭᠡᠨ ᠤ ᠲᠤᠭᠤᠷᠢᠭ | ᠢ ᠲᠦᠯᠦᠪᠵᠢᠭᠦᠯᠭᠡ ᠳᠤ ᠣᠷᠤᠭᠤᠯᠤᠨ᠂ ᠬᠤᠲᠠ ᠶᠢᠨ ᠪᠠᠷᠠᠭᠤᠨ ᠲᠡᠭᠦᠷᠭᠡ ᠶᠢᠨ ᠪᠦᠲᠦᠭᠡᠨ ᠪᠠᠶᠢᠭᠤᠯᠤᠯᠲᠠ ᠶᠢᠨ 3. | 6 ᠲᠡᠭᠰᠢ ᠳᠦᠷᠪᠡᠯᠵᠢᠨ ᠺᠢᠯᠤᠮᠧᠲᠷ ᠡᠵᠡᠮᠰᠢᠯᠲᠤ ᠴᠢᠨᠠᠷᠲᠠᠢ ᠨᠠᠷᠢᠯᠢᠭ ᠲᠦᠯᠦᠪᠵᠢᠭᠦᠯᠭᠡ ᠶᠢᠨ ᠠᠵᠢᠯ ᠢ ᠪᠡᠶᠡᠯᠡᠭᠦᠯᠪᠡ | ᠃ ᠬᠤᠲᠠ ᠶᠢᠨ ᠪᠠᠷᠠᠭᠤᠨ ᠲᠡᠭᠦᠷᠭᠡ ᠶᠢᠨ ᠨᠡᠭᠡᠭᠡᠯᠲᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠢᠯ ᠤᠨ | ᠳᠣᠲᠤᠷ᠎ᠠ 14 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠨ᠂ ᠯᠦ ᠱᠠᠨ ᠴᠡᠴᠡᠷᠯᠢᠭ ᠢ ᠣᠶᠢᠵᠢᠭᠤᠯᠬᠤ᠂ ᠹᠦ᠋ | ᠱᠠᠨ ᠬᠦᠬᠦᠷᠬᠡ ᠦᠵᠡᠮᠵᠢ ᠶᠢᠨ ᠣᠷᠤᠨ ᠢ ᠪᠠᠶᠢᠭᠤᠯᠬᠤ ᠵᠢᠴᠢ ᠪᠣᠬᠢᠷᠳᠤᠯ ᠤᠰᠤ ᠶᠢ ᠰᠢᠢᠳᠪᠦᠷᠢᠯᠡᠬᠦ ᠦᠢᠯᠡᠳᠪᠦᠷᠢ | ᠶᠢᠨ ᠤᠰᠤ ᠶᠢ ᠳᠠᠬᠢᠨ ᠠᠰᠢᠭᠯᠠᠬᠤ ᠵᠡᠷᠭᠡ ᠲᠦᠷᠦᠯ ᠵᠦᠢᠯ ᠢ ᠨᠠᠶᠢᠳᠠᠪᠦᠷᠢᠵᠢᠭᠤᠯᠵᠤ᠂ ᠬᠤᠳᠠᠯᠳᠤᠭᠠᠨ ᠤ ᠣᠷᠤᠨ | ᠰᠠᠭᠤᠴᠠ 55.7 ᠲᠦᠮᠡᠨ ᠲᠡᠭᠰᠢ ᠳᠦᠷᠪᠡᠯᠵᠢᠨ ᠮᠧᠲᠷ ᠰᠢᠨ᠎ᠡ ᠪᠠᠷ ᠪᠠᠶᠢᠭᠤᠯᠤᠨ᠂ ᠬᠤᠲᠠ ᠶᠢᠨ ᠪᠠᠷᠠᠭᠤᠨ | ᠲᠡᠭᠦᠷᠭᠡ ᠶᠢᠨ ᠪᠦᠲᠦᠭᠡᠨ ᠪᠠᠶᠢᠭᠤᠯᠤᠯᠲᠠ ᠰᠡᠭᠦᠯᠴᠢ ᠶᠢᠨ ᠱᠠᠲᠤᠨ ᠳᠠᠭᠠᠨ ᠣᠷᠤᠪᠠ᠃ ᠬᠠᠭᠤᠴᠢᠨ ᠬᠤᠲᠠ | ᠲᠣᠭᠤᠷᠢᠭ ᠤᠨ ᠬᠤᠲᠠ ᠵᠡᠭᠡᠯᠢ ᠶᠢᠨ ᠲᠦᠬᠦᠭᠡᠷᠦᠮᠵᠢ ᠶᠢ ᠰᠠᠶᠢᠵᠢᠷᠠᠭᠤᠯᠬᠤ ᠢᠨᠵᠧᠨᠧᠷᠢᠩ ᠢ ᠯᠠᠪᠳᠠᠭᠤᠨ ᠠᠬᠢᠭᠤᠯᠵᠤ | ᠂ ᠬᠠᠭᠤᠴᠢᠨ ᠠᠰᠠᠷ ᠤᠨ 1.3 ᠲᠦᠮᠡᠨ ᠮᠧᠲᠷ ᠳᠤᠯᠠᠭᠠᠯᠠᠮᠵᠢ ᠬᠠᠩᠭᠠᠬᠤ ᠬᠤᠭᠤᠯᠠᠢ ᠶᠢ ᠵᠠᠰᠠᠨ᠂ ᠵᠢᠵᠢᠭ ᠵᠡᠭᠡᠯᠢ | ᠭᠤᠳᠤᠮᠵᠢ 11 ᠶᠢ ᠴᠡᠭᠴᠡᠯᠡᠵᠦ᠂ 23 ᠰᠠᠭᠤᠭᠠᠯᠢ ᠠᠷᠠᠳ ᠤᠨ ᠲᠣᠭᠤᠷᠢᠭ ᠢ ᠨᠣᠭᠤᠭᠠᠷᠠᠭᠤᠯᠤᠨ | ᠭᠤᠸᠠᠯᠢᠭᠵᠢᠭᠤᠯᠵᠤ᠂ ᠬᠠᠭᠤᠴᠢᠨ ᠬᠤᠲᠠ ᠲᠣᠭᠤᠷᠢᠭ ᠤᠨ ᠣᠷᠤᠰᠢᠨ ᠰᠠᠭᠤᠷᠢᠰᠢᠬᠤ ᠨᠦᠬᠦᠴᠡᠯ ᠢ ᠤᠯᠠᠮ ᠨᠢᠭᠡ | ᠠᠯᠬᠤᠮ ᠰᠠᠶᠢᠵᠢᠷᠠᠭᠤᠯᠪᠠ᠃ ᠵᠢᠵᠢᠭ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠪᠢᠯᠡᠭᠦᠲᠠᠢ ᠪᠠᠯᠭᠠᠰᠤ ᠲᠣᠭᠤᠷᠢᠭ ᠤᠨ ᠤᠰᠤ ᠪᠠ ᠳᠤᠯᠠᠭᠠᠯᠠᠮᠵᠢ ᠶᠢᠨ ᠬᠠᠩᠭᠠᠯᠲᠠ ᠵᠡᠷᠭᠡ ᠰᠠᠭᠤᠷᠢ ᠲᠦᠬᠦᠭᠡᠷᠦᠮᠵᠢ | ᠶᠢ ᠪᠠᠶᠢᠭᠤᠯᠤᠨ᠂ ᠯᠦᠩᠴᠠᠩ ᠪᠠᠯᠭᠠᠰᠤ ᠲᠣᠭᠤᠷᠢᠭ ᠤᠨ ᠵᠡᠭᠡᠯᠢ ᠭᠤᠳᠤᠮᠵᠢ ᠶᠢ ᠵᠠᠰᠠᠨ ᠴᠡᠭᠴᠡᠯᠡᠬᠦ ᠵᠡᠷᠭᠡ ᠰᠠᠭᠤᠷᠢ | ᠲᠦᠬᠦᠭᠡᠷᠦᠮᠵᠢ ᠶᠢᠨ ᠪᠠᠷᠢᠯᠭ᠎ᠠ ᠳᠠᠭᠤᠰᠪᠠ᠃ ᠰᠢᠨ᠎ᠡ ᠮᠠᠯᠵᠢᠬᠤ ᠲᠠᠷᠢᠶᠠᠯᠠᠬᠤ ᠣᠷᠤᠨ ᠢ ᠯᠠᠪᠳᠠᠭᠤᠨ ᠪᠦᠲᠦᠭᠡᠨ | ᠪᠠᠶᠢᠭᠤᠯᠵᠤ᠂ ︽ᠪᠦᠬᠦ ᠬᠤᠰᠢᠭᠤᠨ ᠤ ᠬᠤᠲᠠ ᠬᠦᠳᠡᠭᠡ ᠶᠢ ᠨᠢᠭᠡ ᠴᠣᠭᠴᠠᠵᠢᠭᠤᠯᠬᠤ ᠬᠦᠭᠵᠢᠯᠲᠡ ᠶᠢᠨ | ᠲᠦᠯᠦᠪᠵᠢᠭᠦᠯᠭᠡ︾ ᠶᠢ ᠵᠣᠬᠢᠶᠠᠨ᠂ ᠪᠢᠯᠡᠭᠦᠲᠠᠢ ᠪᠠᠯᠭᠠᠰᠤ ᠶᠢᠨ ᠰᠧ ᠹᠠᠩ ᠴᠧᠩ ᠲᠤᠰᠬᠤᠨ ᠵᠢᠴᠢ ᠠᠷᠪᠠᠨ | ᠭᠤᠷᠪᠠᠨ ᠣᠪᠤᠭ᠎ᠠ ᠪᠠᠯᠭᠠᠰᠤ ᠶᠢᠨ ᠬᠠᠢ ᠰᠢᠩ ᠲᠤᠰᠬᠤᠨ ᠵᠡᠷᠭᠡ ᠲᠤᠷᠰᠢᠯᠲᠠ ᠶᠢᠨ ᠴᠢᠭ ᠤᠨ ᠠᠵᠢᠯ ᠢ ᠠᠯᠬᠤᠮ | ᠳᠠᠷᠠᠭ᠎ᠠ ᠲᠠᠢ ᠦᠷᠨᠢᠭᠦᠯᠪᠡ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠤᠨ᠂ 22.2 | ᠲᠦᠮᠡᠨ ᠮᠤ᠋ ᠲᠠᠯᠠᠪᠠᠢ ᠲᠠᠢ ᠠᠮᠢ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ | ᠤᠰᠤ ᠠᠷᠪᠢᠯᠠᠬᠤ ᠠᠵᠤ ᠠᠬᠤᠢ ᠶᠢᠨ ᠣᠢ 1.4 ᠲᠦᠮᠡᠨ ᠮᠤ᠋ ᠰᠢᠨ᠎ᠡ ᠪᠠᠷ ᠪᠠᠶᠢᠭᠤᠯᠤᠨ᠂ ᠤᠯᠠᠭᠠᠨᠳᠠᠪᠠᠭ᠎ᠠ | ᠪᠠᠶᠢᠭᠠᠯᠢ ᠶᠢᠨ ᠬᠠᠮᠠᠭᠠᠯᠠᠯᠲᠠ ᠶᠢᠨ ᠲᠣᠭᠤᠷᠢᠭ ᠨᠢ ᠤᠯᠤᠰ ᠤᠨ ᠬᠢᠨᠠᠨ ᠲᠣᠭᠲᠠᠭᠠᠯᠲᠠ ᠶᠢ ᠳᠠᠮᠵᠢᠭᠠᠳ ᠤᠯᠤᠰ ᠤᠨ | ᠳᠡᠰ ᠤᠨ ᠬᠠᠮᠠᠭᠠᠯᠠᠯᠲᠠ ᠶᠢᠨ ᠣᠷᠤᠨ ᠪᠣᠯᠵᠠᠢ᠃ ᠭᠤᠣᠯᠳᠠᠯᠭ᠎ᠠ ᠲᠠᠢ ᠭᠠᠵᠠᠷ ᠣᠷᠤᠨ ᠤ ᠣᠶᠢᠵᠢᠭᠤᠯᠤᠯᠲᠠ ᠶᠢ | 2100 ᠮᠣ᠋ ᠪᠡᠶᠡᠯᠡᠭᠦᠯᠦᠨ᠂ 12 ᠲᠦᠮᠡᠨ ᠰᠠᠭᠤᠷᠢ ᠨᠢᠯᠬ᠎ᠠ ᠮᠣᠳᠤ ᠵᠠᠶᠢᠯᠵᠤ᠂ ᠣᠶᠢᠵᠢᠭᠤᠯᠤᠯᠲᠠ ᠶᠢᠨ ᠠᠵᠢᠯ ᠨᠢ | ᠥᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠬᠦᠬᠢᠭᠦᠯᠦᠯ ᠰᠠᠶᠢᠰᠢᠶᠠᠯ ᠢ ᠬᠦᠷᠲᠡᠪᠡ᠃ | ᠬᠤ᠋ ᠪᠦᠸᠧ ᠭᠸᠦ ᠤᠰᠤᠨ ᠴᠦᠭᠦᠷᠦᠮ ᠪᠣᠯᠤᠨ ᠱᠢᠨᠠ ᠤᠰᠤᠨ ᠴᠦᠭᠦᠷᠦᠮ ᠤᠨ ᠬᠤᠶᠠᠳᠤᠭᠠᠷ ᠱᠠᠲᠤᠨ ᠤ ᠠᠶᠤᠯ ᠢ | ᠰᠡᠷᠭᠡᠶᠢᠯᠡᠵᠦ ᠪᠠᠬᠢᠵᠢᠭᠦᠯᠬᠦ ᠠᠵᠢᠯ ᠵᠢᠴᠢ ᠦᠯᠵᠡᠶᠢᠮᠦ᠋ᠷᠡᠨ ᠭᠤᠣᠯ ᠤᠨ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠡᠬᠢᠨ | ᠤ ᠱᠠᠲᠤᠨ ᠤ ᠠᠵᠢᠯ ᠢᠯᠡᠳᠲᠡ ᠠᠮᠵᠢᠯᠲᠠ ᠣᠯᠪᠠ᠃ 307 ᠮᠣᠵᠢ ᠶᠢᠨ ᠵᠠᠮ ᠤᠨ ᠪᠠᠭᠠᠷᠢᠨ ᠵᠡᠭᠦᠨ ᠬᠤᠰᠢᠭᠤᠨ | ᠳᠠᠬᠢ ᠵᠠᠮ ᠱᠤᠭᠤᠮ ᠨᠢ ᠨᠡᠶᠢᠳᠡᠮ ᠨᠡᠪᠲᠡᠷᠡᠵᠦ᠂ ᠲᠤᠰᠬᠤᠨ ᠳᠤ ᠨᠡᠪᠲᠡᠷᠡᠬᠦ ᠱᠦᠢᠨᠢ ᠵᠠᠮ 117.7 ᠺᠢᠯᠤᠮᠧᠲᠷ | ᠰᠢᠨ᠎ᠡ ᠪᠠᠷ ᠳᠡᠪᠢᠰᠦᠨ᠂ 303 ᠤᠯᠤᠰ ᠤᠨ ᠵᠠᠮ ᠤᠨ ᠯᠢᠨᠳᠦ᠋ᠩ ᠠᠴᠠ ᠹᠧᠩ ᠬᠤᠸᠠᠩ ᠱᠠᠨ ᠠᠵᠤ ᠦᠢᠯᠡᠳᠪᠦᠷᠢ | ᠤᠨ ᠲᠣᠭᠤᠷᠢᠭ ᠬᠦᠷᠬᠦ ᠬᠡᠰᠡᠭ ᠲᠠᠬᠢ ᠨᠢᠭᠡᠳᠦᠭᠡᠷ ᠳᠡᠰ ᠤᠨ ᠵᠠᠰᠠᠮᠠᠯ ᠵᠠᠮ ᠤᠨ ᠭᠠᠵᠠᠷ ᠲᠠᠲᠠᠪᠦᠷᠢᠯᠠᠵᠤ ᠨᠡᠭᠦᠯᠭᠡᠬᠦ | ᠠᠵᠢᠯ ᠳᠠᠭᠤᠰᠪᠠ︔ ᠯᠢᠨᠳᠦ᠋ᠩ ᠢ ᠭᠠᠵᠠᠷ ᠰᠢᠯᠵᠢᠭᠦᠯᠦᠨ ᠪᠠᠶᠢᠭᠤᠯᠬᠤ ᠠᠵᠢᠯ ᠬᠢᠨᠠᠨ ᠲᠣᠭᠲᠠᠭᠠᠯᠲᠠ ᠶᠢᠨ ᠱᠠᠲᠤᠨ | ᠳᠠᠭᠠᠨ ᠣᠷᠤᠵᠤ᠂ ᠪᠠᠶᠠᠨᠨᠢᠷᠤᠭᠤ ᠶᠢ ᠭᠠᠵᠠᠷ ᠰᠢᠯᠵᠢᠭᠦᠯᠦᠨ ᠰᠢᠨ᠎ᠡ ᠪᠠᠷ ᠪᠠᠶᠢᠭᠤᠯᠬᠤ ᠠᠵᠢᠯ ᠠᠩᠬ᠎ᠠ ᠠᠯᠬᠤᠮ ᠤᠨ | ᠲᠦᠯᠦᠪᠯᠡᠭᠡ ᠶᠢᠨ ᠱᠠᠲᠤᠨ ᠳᠤ ᠣᠷᠤᠪᠠ᠃ | ︵ᠲᠠᠪᠤ︶ ᠠᠷᠠᠳ ᠤᠨ ᠠᠮᠢᠳᠤᠷᠠᠯ ᠪᠠ ᠨᠡᠶᠢᠭᠡᠮ ᠤᠨ ᠦᠢᠯᠡᠰ ᠤᠨ ᠬᠦᠭᠵᠢᠯᠲᠡ ᠶᠢ ᠬᠦᠴᠦᠲᠠᠢ | ᠠᠬᠢᠭᠤᠯᠪᠠ᠃ ᠠᠷᠠᠳ ᠤᠨ ᠠᠮᠢᠳᠤᠷᠠᠯ ᠳᠠᠬᠢ ᠣᠷᠤᠭᠤᠯᠤᠯᠲᠠ ᠪᠠᠨ ᠨᠡᠮᠡᠭᠳᠡᠭᠦᠯᠵᠦ᠂ ᠪᠦᠬᠦ ᠵᠢᠯ ᠳᠤ ᠠᠷᠠᠳ ᠤᠨ | ᠠᠮᠢᠳᠤᠷᠠᠯ ᠤᠨ ᠬᠦᠷᠢᠶ᠎ᠡ ᠬᠡᠪᠴᠢᠶᠡᠨ ᠤ ᠵᠠᠷᠤᠯᠭ᠎ᠠ 15 ᠳ᠋ᠦᠩᠰᠢᠭᠤᠷ ᠲᠦᠭᠦᠷᠢᠭ ᠲᠤ ᠬᠦᠷᠴᠦ᠂ ᠡᠳ᠋ ᠤᠨ ᠵᠠᠰᠠᠭ | ᠤᠨ ᠵᠠᠷᠤᠯᠭ᠎ᠠ ᠶᠢᠨ ᠶᠡᠷᠦᠩᠬᠡᠢ ᠲᠣᠭᠠᠨ ᠤ 65% ᠶᠢ ᠡᠵᠡᠯᠡᠪᠡ᠃ ᠠᠷᠠᠳ ᠤᠨ ᠠᠮᠢᠳᠤᠷᠠᠯ ᠤᠨ ᠢᠨᠵᠧᠨᠧᠷᠢᠩ ᠤᠨ | ᠠᠵᠢᠯᠯᠠᠭᠠᠨ ᠢ ᠦᠷᠭᠦᠯᠵᠢᠯᠡᠨ ᠦᠷᠨᠢᠭᠦᠯᠵᠦ᠂ 8 ᠶᠡᠭᠡ ᠲᠦᠷᠦᠯ 54 ᠵᠦᠢᠯ ᠤᠨ ᠠᠷᠠᠳ ᠤᠨ ᠠᠮᠢᠳᠤᠷᠠᠯ ᠤᠨ | ᠢᠨᠵᠧᠨᠧᠷᠢᠩ ᠢ ᠨᠠᠶᠢᠳᠠᠪᠦᠷᠢᠵᠢᠭᠤᠯᠵᠤ᠂ ᠠᠷᠠᠳ ᠤᠨ ᠠᠮᠢᠳᠤᠷᠠᠯ ᠢᠯᠡᠳᠲᠡ ᠰᠠᠶᠢᠵᠢᠷᠠᠪᠠ᠃ ᠨᠡᠶᠢᠭᠡᠮ ᠤᠨ | ᠪᠠᠲᠤᠯᠠᠭ᠎ᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠲᠠ ᠬᠦᠳᠡᠭᠡ ᠶᠢᠨ ᠰᠠᠭᠤᠭᠠᠯᠢ | ᠠᠷᠠᠳ ᠤᠨ ᠨᠠᠰᠤᠵᠢᠯ ᠤᠨ ᠳᠠᠭᠠᠳᠬᠠᠯ ᠳᠤ ᠣᠷᠤᠯᠴᠠᠭᠰᠠᠨ ᠬᠦᠮᠦᠨ ᠤ ᠲᠤᠭ᠎ᠠ ᠨᠢ 15.8 ᠲᠦᠮᠡ ᠳᠤ | ᠬᠦᠷᠦᠭᠰᠡᠨ ᠪᠠ ᠬᠤᠲᠠ ᠪᠠᠯᠭᠠᠰᠤ ᠶᠢᠨ ᠦᠨᠳᠦᠰᠦᠨ ᠡᠮ ᠡᠮᠨᠡᠯᠭᠡ ᠶᠢᠨ ᠳᠠᠭᠠᠭᠳᠬᠯ ᠳᠤ ᠣᠷᠤᠯᠴᠠᠭᠰᠠᠨ ᠬᠦᠮᠦᠨ | ᠤ ᠲᠤᠭ᠎ᠠ ᠨᠢ 5.2 ᠲᠦᠮᠡ ᠳᠤ ᠬᠦᠷᠴᠦ᠂ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠠᠵᠢᠯᠲᠠᠳ ᠲᠤ | 2.3 ᠳ᠋ᠦᠩᠰᠢᠭᠤᠷ ᠲᠦᠭᠦᠷᠢᠭ ᠲᠠᠷᠬᠠᠭᠠᠪᠠ᠃ ᠬᠤᠳᠠ ᠬᠦᠳᠡᠭᠡ ᠶᠢᠨ ᠳᠣᠣᠷ᠎ᠠ ᠪᠠᠲᠤᠯᠠᠭ᠎ᠠ ᠶᠢᠨ ᠮᠦᠩᠭᠦ 6316. | 5 ᠲᠦᠮᠡᠨ ᠲᠦᠭᠦᠷᠢᠭ ᠨᠠᠶᠢᠳᠠᠪᠦᠷᠢᠵᠢᠭᠤᠯᠵᠤ᠂ ᠬᠤᠲᠠ ᠪᠠᠯᠭᠠᠰᠤᠨ ᠤ ᠳᠣᠣᠷ᠎ᠠ ᠪᠠᠲᠤᠯᠠᠭ᠎ᠠ ᠶᠢᠨ ᠪᠠᠷᠢᠮᠵᠢᠶ᠎ᠠ ᠨᠢ | ᠰᠠᠷ᠎ᠠ ᠪᠦᠷᠢ 355 ᠲᠦᠭᠦᠷᠢᠭ ᠪᠠᠶᠢᠭᠰᠠᠨ ᠠᠴᠠ ᠪᠠᠨ 410 ᠲᠦᠭᠦᠷᠢᠭ ᠪᠣᠯᠵᠤ ᠨᠡᠮᠡᠭᠳᠡᠨ᠂ ᠬᠦᠳᠡᠭᠡ ᠲᠤᠰᠬᠤᠨ | ᠤ ᠳᠣᠣᠷ᠎ᠠ ᠪᠠᠲᠤᠯᠠᠭ᠎ᠠ ᠶᠢᠨ ᠪᠠᠷᠢᠮᠵᠢᠶ᠎ᠠ ᠨᠢ ᠵᠢᠯ ᠪᠦᠷᠢ 2500 ᠲᠦᠭᠦᠷᠢᠭ ᠪᠠᠶᠢᠭᠰᠠᠨ ᠠᠴᠠ ᠪᠠᠨ 2600 | ᠲᠦᠭᠦᠷᠢᠭ ᠪᠣᠯᠵᠤ ᠨᠡᠮᠡᠭᠳᠡᠵᠡᠢ᠃ ᠬᠢᠮᠳᠠ ᠳᠦᠷᠢᠶᠡᠰᠦᠨ ᠭᠡᠷ 54 ᠰᠠᠭᠤᠴᠠ ᠪᠠ ᠨᠡᠶᠢᠳᠡ ᠶᠢᠨ ᠳᠦᠷᠢᠶᠡᠰᠦᠨ ᠭᠡᠷ | 108 ᠰᠠᠭᠤᠴᠠ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠤᠨ ᠤ 3000 ᠡᠷᠦᠬᠡ ᠶᠢᠨ ᠠᠶᠤᠯᠲᠠᠢ ᠭᠡᠷ | ᠪᠠᠶᠢᠰᠢᠩ ᠢ ᠵᠠᠰᠠᠨ ᠰᠢᠨᠡᠳᠬᠡᠪᠡ᠃ ᠮᠠᠯᠵᠢᠬᠤ ᠲᠠᠷᠢᠶᠠᠯᠠᠬᠤ ᠣᠷᠤᠨ ᠤ ᠤᠤᠭᠤᠬᠤ ᠤᠰᠤᠨ ᠤ ᠠᠮᠤᠷ ᠲᠦᠪᠰᠢᠨ ᠤ | ᠢᠨᠵᠧᠨᠧᠷᠢᠩ 45 ᠨᠠᠶᠢᠳᠠᠪᠦᠷᠢᠵᠢᠭᠤᠯᠵᠤ᠂ 2.5 ᠲᠦᠮᠡᠨ ᠬᠦᠮᠦᠨ ᠠᠮᠠ ᠶᠢᠨ ᠤᠤᠭᠤᠬᠤ ᠤᠰᠤᠨ ᠤ ᠠᠮᠤᠷ | ᠲᠦᠪᠰᠢᠨ ᠤ ᠠᠰᠠᠭᠤᠳᠠᠯ ᠢ ᠰᠢᠢᠳᠪᠦᠷᠢᠯᠡᠪᠡ᠃ ᠬᠤᠲᠠ ᠶᠢᠨ ᠪᠠᠷᠠᠭᠤᠨ ᠲᠡᠭᠦᠷᠭᠡ ᠶᠢᠨ ᠪᠦᠲᠦᠭᠡᠨ ᠪᠠᠶᠢᠭᠤᠯᠤᠯᠲᠠ᠂ | ᠬᠤᠲᠠ ᠳᠠᠬᠢ ᠲᠤᠰᠬᠤᠨ᠂ ᠯᠢᠶᠤᠤ ᠶᠢᠨ ᠳᠡᠭᠡᠳᠦ ᠨᠡᠶᠢᠰᠯᠡᠯ ᠤᠨ ᠬᠠᠭᠤᠴᠢᠳ ᠢ ᠡᠳᠦᠷ ᠲᠣᠳᠤᠮ ᠤᠨ ᠴᠡᠪᠡᠷᠯᠡᠭᠡ | ᠶᠢᠨ ᠬᠡᠪᠴᠢᠶᠡᠨ ᠳᠤ ᠣᠷᠤᠭᠤᠯᠵᠤ᠂ ᠬᠤᠲᠠ ᠲᠣᠭᠤᠷᠢᠭ ᠤᠨ ᠴᠡᠪᠡᠷᠯᠡᠭᠡ ᠶᠢᠨ ᠲᠠᠯᠠᠪᠠᠢ ᠶᠢ 131 ᠲᠦᠮᠡᠨ ᠲᠡᠭᠰᠢ | ᠳᠦᠷᠪᠡᠯᠵᠢᠨ ᠮᠧᠲᠷ ᠠᠴᠠ 207 ᠲᠦᠮᠡᠨ ᠲᠡᠭᠰᠢ ᠳᠦᠷᠪᠡᠯᠵᠢᠨ ᠮᠧᠲᠷ ᠪᠣᠯᠭᠠᠨ ᠦᠷᠭᠡᠳᠬᠡᠵᠡᠢ᠃ ᠰᠤᠷᠭᠠᠭᠤᠯᠢ | ᠶᠢᠨ ᠠᠮᠤᠷ ᠲᠦᠪᠰᠢᠨ ᠤ ᠪᠦᠲᠦᠭᠡᠨ ᠪᠠᠶᠢᠭᠤᠯᠤᠯᠲᠠ ᠶᠢᠨ ᠠᠵᠢᠯ ᠦᠨᠳᠦᠰᠦᠨ ᠳᠡᠭᠡᠨ ᠳᠠᠭᠤᠰᠴᠤ᠂ ᠬᠤᠲᠠ ᠶᠢᠨ | ᠪᠠᠷᠠᠭᠤᠨ ᠲᠡᠭᠦᠷᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠷ ᠪᠠᠶᠢᠭᠤᠯᠤᠭᠰᠠᠨ 4 ᠰᠤᠷᠭᠠᠭᠤᠯᠢ ᠨᠢᠭᠡᠨᠲᠡ | ᠠᠰᠢᠭᠯᠠᠯᠲᠠ ᠳᠤ ᠣᠷᠤᠵᠤ᠂ ᠱᠠᠩ ᠵᠢᠩ ᠳᠡᠭᠡᠳᠦ ᠳᠤᠮᠳᠠᠳᠤ ᠪᠣᠯᠤᠨ ᠬᠤᠸᠠ ᠰᠢᠶᠠ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢ ᠨᠡᠶᠢᠯᠡᠭᠦᠯᠪᠡ᠃ ᠰᠤᠷᠭᠠᠨ ᠬᠦᠮᠦᠵᠢᠯ ᠳᠤ ᠳᠣᠬᠢᠷᠠᠭᠤᠯᠤᠯᠲᠠ ᠬᠢᠬᠦ ᠠᠵᠢᠯ ᠢ ᠲᠣᠭᠲᠠᠭᠤᠨ | ᠠᠬᠢᠭᠤᠯᠵᠤ᠂ ᠳᠤᠮᠳᠠᠳᠤ ᠰᠤᠷᠭᠠᠭᠤᠯᠢ ᠶᠢ ᠪᠦᠬᠦᠨ ᠢ ᠬᠤᠲᠠ ᠳᠤ ᠰᠢᠯᠵᠢᠭᠦᠯᠦᠨ᠂ ᠪᠦᠬᠦ ᠬᠤᠰᠢᠭᠤᠨ ᠤ 72 | ᠰᠤᠷᠭᠠᠭᠤᠯᠢ ᠶᠢ ᠪᠠᠭᠠᠰᠬᠠᠭᠠᠳ 34 ᠪᠣᠯᠭᠠᠵᠠᠢ᠃ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ | ᠶᠡᠭᠡ ᠰᠤᠷᠭᠠᠭᠤᠯᠢ ᠶᠢᠨ ᠵᠢᠩᠬᠢᠨᠢ ᠠᠩᠬᠢ ᠳᠤ ᠰᠢᠯᠭᠠᠨ ᠣᠷᠤᠭᠰᠠᠨ ᠨᠣᠷᠮ᠎ᠠ ᠶᠢ 56.3% ᠳᠤ ᠬᠦᠷᠭᠡᠵᠦ᠂ ᠪᠦᠬᠦ | ᠬᠤᠲᠠ ᠶᠢᠨ ᠲᠡᠭᠰᠢᠳᠬᠡᠭᠰᠡᠨ ᠬᠢᠷᠢ ᠲᠦᠪᠰᠢᠨ ᠠᠴᠠ 7.3 ᠵᠠᠭᠤᠨ ᠤ ᠬᠤᠪᠢ ᠦᠨᠳᠦᠷ ᠪᠣᠯᠪᠠ᠃ ᠬᠤᠰᠢᠭᠤᠨ ᠤ | ᠡᠮᠨᠡᠯᠭᠡ ᠶᠢᠨ ᠬᠤᠷᠢᠶ᠎ᠠ ᠶᠢ ᠭᠠᠵᠠᠷ ᠰᠢᠯᠵᠢᠭᠦᠯᠵᠦ ᠰᠢᠨ᠎ᠡ ᠪᠠᠷ ᠪᠠᠶᠢᠭᠤᠯᠤᠨ᠂ ᠰᠢᠶᠠᠩ ᠪᠠᠯᠭᠠᠰᠤ ᠶᠢᠨ 2 ᠡᠷᠡᠭᠦᠯ | ᠬᠠᠮᠠᠭᠠᠯᠠᠯ ᠤᠨ ᠭᠠᠵᠠᠷ ᠢ ᠵᠠᠰᠠᠨ ᠦᠷᠭᠡᠳᠬᠡᠵᠦ᠂ ᠨᠦᠭᠦᠴᠡᠯ ᠢ ᠨᠢ ᠢᠯᠡᠳᠲᠡ ᠰᠠᠶᠢᠵᠢᠷᠠᠭᠤᠯᠪᠠ᠃ ᠰᠢᠨ᠎ᠡ ᠬᠦᠳᠡᠭᠡ | ᠲᠤᠰᠬᠤᠨ ᠤ ᠬᠤᠷᠰᠢᠭᠰᠠᠨ ᠡᠮᠨᠡᠯᠭᠡ ᠳᠤ ᠣᠷᠤᠭᠰᠠᠨ ᠬᠦᠮᠦᠨ ᠤ ᠲᠤᠭ᠎ᠠ 26 ᠲᠦᠮᠡ ᠬᠦᠷᠴᠦ᠂ ᠬᠦᠮᠦᠨ ᠪᠦᠷᠢ | ᠳᠤ ᠲᠡᠭᠰᠢᠳᠬᠡᠭᠰᠡᠨ ᠪᠡᠯᠡ ᠬᠤᠷᠠᠮᠳᠤᠭᠤᠯᠬᠤ ᠪᠠᠷᠢᠮᠵᠢᠶ᠎ᠠ ᠨᠢ 290 ᠲᠦᠭᠦᠷᠢᠭ ᠠᠴᠠ 340 ᠲᠦᠭᠦᠷᠢᠭ ᠪᠣᠯᠵᠤ | ᠨᠡᠮᠡᠭᠳᠡᠨ᠂ ᠡᠮᠨᠡᠯᠭᠡ ᠳᠤ ᠰᠠᠭᠤᠭᠰᠠᠨ ᠵᠠᠷᠤᠳᠠᠯ ᠢ ᠲᠦᠯᠦᠬᠦ ᠬᠠᠮᠤᠭ ᠳᠡᠭᠡᠳᠦ ᠬᠢᠵᠠᠭᠠᠷᠯᠠᠯ ᠨᠢ ᠤᠤᠯ ᠤᠨ 20 | ᠲᠦᠮᠡᠨ ᠲᠦᠭᠦᠷᠢᠭ ᠠᠴᠠ ᠨᠡᠮᠡᠭᠳᠡᠭᠡᠳ 25 ᠲᠦᠮᠡᠨ ᠲᠦᠭᠦᠷᠢᠭ ᠪᠣᠯᠵᠠᠢ᠃ ᠠᠵᠢᠯ ᠣᠯᠭᠤᠯᠲᠠ ᠶᠢ ᠠᠯᠢ ᠪᠣᠯᠬᠤ | ᠪᠠᠷ ᠦᠷᠭᠡᠳᠬᠡᠨ᠂ ᠬᠤᠲᠠ ᠪᠠᠯᠭᠠᠰᠤᠨ ᠤ 1443 ᠬᠦᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠨ ᠨᠣᠷᠮ᠎ᠠ ᠶᠢ 3.6% ᠶᠢᠨ ᠳᠣᠲᠤᠷ᠎ᠠ ᠬᠢᠵᠠᠭᠠᠷᠯᠠᠪᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠣᠯᠤᠨ ᠳᠠᠪᠰᠢᠯᠲᠠ ᠶᠢ ᠲᠠᠰᠤᠷᠠᠯᠲᠠ ᠦᠭᠡᠢ | ᠠᠬᠢᠭᠤᠯᠵᠤ᠂ ᠮᠠᠨ ᠤ ᠬᠤᠰᠢᠭᠤ ᠵᠠᠯᠭᠠᠪᠠᠷ ᠭᠤᠷᠪᠠ ᠤᠳᠠᠭ᠎ᠠ ︽ᠪᠦᠬᠦ ᠤᠯᠤᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠠᠪᠰᠢᠯᠲᠠ ᠶᠢᠨ ᠲᠡᠷᠢᠭᠦᠨ ᠤ ᠬᠤᠰᠢᠭᠤ︾ ᠶᠢᠨ ᠢᠷᠠᠭᠤ ᠠᠯᠳᠠᠷ ᠢ ᠬᠦᠷᠲᠡᠪᠡ᠃ | ︵ᠵᠢᠷᠭᠤᠭ᠎ᠠ︶ ᠵᠠᠰᠠᠭ ᠤᠨ ᠣᠷᠳᠤᠨ ᠤ ᠴᠢᠳᠠᠪᠦᠷᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ᠃ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠣᠯᠤᠨ ᠲᠡᠭᠦᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ | ᠲᠣᠭᠲᠠᠭᠠᠯ ᠢ ᠬᠢᠨᠠᠮᠠᠭᠠᠢ ᠬᠡᠷᠡᠭᠵᠢᠭᠦᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠶᠢᠨ | ᠬᠢᠨᠠᠯᠲᠠ᠂ ᠠᠵᠢᠯ ᠤᠨ ᠬᠢᠨᠠᠯᠲᠠ ᠪᠣᠯᠤᠨ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯᠲᠤ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠨ ᠠᠪᠴᠤ᠂ ᠡᠯ᠎ᠡ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢᠳ ᠤᠨ ᠰᠠᠨᠠᠯ ᠵᠦᠪᠯᠡᠯᠭᠡ ᠪᠠ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠭᠤᠯᠭ᠎ᠠ | ᠳᠤᠷᠠᠳᠤᠯᠭ᠎ᠠ ᠶᠢ ᠴᠠᠭ ᠲᠤᠬᠠᠢ ᠳᠤᠨᠢ ᠢᠳᠡᠪᠬᠢᠲᠠᠢ ᠪᠡᠶᠡᠯᠡᠭᠦᠯᠪᠡ᠃ ᠲᠦᠪ ᠤᠨ ᠨᠠᠢᠮᠠᠨ ᠵᠣᠷᠪᠤᠰ ᠲᠣᠭᠲᠠᠭᠠᠯ ᠪᠠ | ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠲᠦᠬᠦᠷᠵᠢᠭᠦᠯᠬᠦ ᠲᠣᠭᠲᠠᠭᠠᠯ ᠢ ᠴᠢᠩᠭ᠎ᠠ ᠨᠠᠶᠢᠳᠠᠪᠦᠷᠢᠵᠢᠭᠤᠯᠤᠨ᠂ ︽ | ᠳᠦᠷᠪᠡᠨ ᠰᠤᠷᠲᠠᠯ︾ ᠤᠨ ᠲᠠᠯ᠎ᠠ ᠪᠠᠷ ᠬᠢ ᠳᠣᠪᠤᠶᠢᠮ᠎ᠠ ᠠᠰᠠᠭᠤᠳᠠᠯ ᠤᠳ ᠢ ᠬᠦᠴᠦ ᠲᠠᠯᠪᠢᠨ ᠰᠢᠢᠳᠪᠦᠷᠢᠯᠡᠵᠦ᠂ | ᠵᠠᠰᠠᠭ ᠵᠠᠬᠢᠷᠭᠠᠨ ᠤ ᠴᠢᠳᠠᠪᠬᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠲᠦᠪ ᠤᠨ ᠠᠷᠪᠢᠯᠠᠨ ᠭᠠᠮᠨᠠᠬᠤ ᠶᠢ | ᠡᠷᠬᠢᠮᠯᠡᠵᠦ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠲᠣᠭᠲᠠᠭᠠᠯ ᠢ ᠬᠢᠨᠠᠮᠠᠭᠠᠢ ᠨᠠᠶᠢᠳᠠᠪᠦᠷᠢᠵᠢᠭᠤᠯᠵᠤ᠂ ᠡᠩ ᠤᠨ | ᠵᠠᠷᠤᠳᠠᠯ ᠢ ᠪᠠᠭᠠᠰᠬᠠᠨ᠂ ᠬᠤᠰᠢᠭᠤ ᠱᠠᠲᠤᠨ ᠤ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠵᠠᠷᠤᠯᠭ᠎ᠠ 26. | 3% ᠪᠠᠷ ᠳᠣᠷᠤᠭᠰᠢᠯᠠᠵᠠᠢ᠃ ᠪᠠᠷᠢᠮᠵᠢᠶ᠎ᠠ ᠠᠴᠠ ᠬᠡᠲᠦᠷᠡᠭᠰᠡᠨ ᠠᠯᠪᠠᠯᠠᠬᠤ ᠭᠡᠷ ᠪᠠ ᠠᠯᠪᠠᠨ ᠤ ᠲᠡᠷᠭᠡ ᠶᠢ ᠲᠤᠰᠬᠠᠢ | ᠴᠡᠭᠴᠡᠯᠡᠨ ᠰᠢᠢᠳᠪᠦᠷᠢᠯᠡᠬᠦ ᠠᠵᠢᠯᠯᠠᠭ᠎ᠠ ᠦᠷᠨᠢᠭᠦᠯᠵᠦ᠂ 24 ᠵᠠᠰᠠᠭ ᠵᠠᠬᠢᠷᠭᠠᠨ ᠤ ᠪᠠᠶᠢᠭᠤᠯᠤᠯᠭ᠎ᠠ ᠨᠢᠭᠡᠴᠡ ᠶᠢ | ᠨᠢᠭᠡᠲᠦᠭᠦᠯᠦᠨ ᠬᠠᠮᠲᠤᠷᠠᠨ ᠠᠯᠪᠠᠯᠠᠭᠤᠯᠵᠤ᠂ 9400 ᠲᠡᠭᠰᠢ ᠳᠦᠷᠪᠡᠯᠵᠢᠨ ᠮᠧᠲᠷ ᠠᠯᠪᠠᠨ ᠤ ᠭᠡᠷ ᠢ ᠰᠤᠯᠠᠯᠠᠨ᠂ | ᠲᠤᠭᠲᠠᠭᠠᠯ ᠢ ᠵᠦᠷᠢᠴᠡᠭᠰᠡᠨ 9 ᠠᠯᠪᠠᠨ ᠤ ᠲᠡᠷᠭᠡ ᠶᠢ ᠰᠢᠢᠳᠪᠦᠷᠢᠯᠡᠪᠡ᠃ ᠵᠠᠰᠠᠭ ᠵᠠᠬᠢᠷᠭᠠᠨ ᠤ ᠬᠢᠨᠠᠨ | ᠲᠣᠭᠲᠠᠭᠠᠯᠲᠠ ᠶᠢᠨ ᠲᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠬᠢᠨᠠᠨ | ᠲᠣᠭᠲᠠᠭᠠᠯᠲᠠ 85 ᠵᠦᠢᠯ ᠢ ᠦᠭᠡᠶᠢᠰᠬᠡᠵᠦ᠂ 13 ᠵᠦᠢᠯ ᠢ ᠨᠡᠶᠢᠯᠡᠭᠦᠯᠵᠡᠢ᠃ ᠠᠶᠤᠯ ᠦᠭᠡᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠦᠢᠯᠡᠳᠪᠦᠷᠢ ᠠᠭᠤᠷᠬᠠᠢ ᠶᠢᠨ ᠠᠷᠠᠯᠵᠢᠶ᠎ᠠ᠂ ᠵᠠᠮ | ᠬᠠᠷᠢᠯᠴᠠᠭ᠎ᠠ ᠵᠢᠴᠢ ᠢᠳᠡᠭᠡᠨ ᠡᠮ ᠤᠨ ᠵᠦᠢᠯᠡᠰ ᠵᠡᠷᠭᠡ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠠᠮᠤᠷ | ᠲᠦᠪᠰᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠨ᠂ ᠠᠳᠡᠯ ᠪᠠ ᠦᠬᠦᠯ ᠤᠨ ︽ᠬᠤᠣᠰ ᠪᠠᠭᠤᠷᠠᠯ︾ ᠢ | ᠪᠡᠶᠡᠯᠡᠭᠦᠯᠪᠡ᠃ ᠭᠡᠨᠡᠳᠲᠡ ᠶᠢᠨ ᠬᠡᠷᠡᠭ ᠢ ᠢᠳᠡᠪᠬᠢᠲᠠᠢ ᠠᠷᠭᠠᠴᠠᠭᠠᠵᠤ᠂ 2.28 ᠤ ᠬᠡᠷᠡᠬᠦ ᠶᠢᠨ ᠳᠠᠪᠠᠭ᠎ᠠ ᠶᠢᠨ | ᠴᠠᠰᠤ ᠰᠢᠭᠤᠷᠭᠠᠨ ᠳᠠᠬᠢ ᠬᠠᠰᠢᠭᠳᠠᠯ ᠪᠠ 8.23 ᠤ ᠬᠦᠬᠦᠷ ᠬᠦᠴᠢᠯ ᠤᠨ ᠯᠡᠪᠡᠷᠡᠯ ᠵᠢᠴᠢ ᠨᠡᠭᠦᠷᠡᠰᠦ | ᠵᠦᠭᠡᠭᠡᠪᠦᠷᠢᠯᠡᠬᠦ ᠵᠠᠮ ᠬᠠᠷᠢᠯᠴᠠᠭᠠᠨ ᠤ ᠡᠪᠳᠡᠭᠳᠡᠯ ᠵᠡᠷᠭᠡ ᠭᠡᠨᠡᠳᠲᠡ ᠶᠢᠨ ᠬᠡᠷᠡᠭ ᠤᠳ ᠢ ᠪᠦᠲᠦᠮᠵᠢᠲᠠᠢ | ᠰᠢᠢᠳᠪᠦᠷᠢᠯᠡᠪᠡ᠃ ᠵᠦᠷᠢᠴᠡᠯ ᠮᠦᠷᠭᠦᠯᠳᠦᠭᠡᠨ ᠢ ᠪᠠᠶᠢᠴᠠᠭᠠᠨ ᠡᠶᠡᠳᠡᠭᠦᠯᠬᠦ ᠠᠵᠢᠯ ᠢ ᠭᠦᠨᠵᠡᠭᠡᠢ ᠦᠷᠨᠢᠭᠦᠯᠦᠨ᠂ | ᠬᠦᠴᠢᠷ ᠪᠣᠳᠤᠯᠢᠶᠠᠨᠲᠠᠢ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ 26 ᠶᠢ ᠲᠦᠪᠯᠡᠷᠡᠭᠦᠯᠦᠨ ᠰᠢᠢᠳᠪᠦᠷᠢᠯᠡᠵᠦ᠂ | ᠪᠦᠬᠦ ᠵᠢᠯ ᠳᠤ ᠪᠡᠭᠡᠵᠢᠩ ᠪᠠ ᠬᠦᠬᠡᠬᠤᠲᠠ ᠳᠤ ᠣᠴᠢᠵᠤ ᠵᠠᠭᠠᠯᠳᠤᠯᠭ᠎ᠠ ᠬᠢᠭᠰᠡᠨ ᠬᠡᠷᠡᠭ ᠭᠠᠷᠤᠭᠰᠠᠨ ᠦᠭᠡᠢ᠃ ︽ | ᠠᠮᠤᠷ ᠲᠦᠪᠰᠢᠨ ᠵᠡᠭᠦᠨ ᠪᠠᠭᠠᠷᠢᠨ᠂ ᠬᠠᠤᠯᠢ ᠳᠦᠷᠢᠮᠲᠤ ᠵᠡᠭᠦᠨ ᠪᠠᠭᠠᠷᠢᠨ᠂ ᠡᠶ᠎ᠡ ᠵᠣᠬᠢᠴᠠᠯᠲᠤ ᠵᠡᠭᠦᠨ ᠪᠠᠭᠠᠷᠢᠨ︾ | ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠠᠬᠢᠭᠤᠯᠤᠨ᠂ ᠡᠯ᠎ᠡ ᠵᠦᠢᠯ ᠤᠨ ᠬᠠᠤᠯᠢ ᠪᠣᠰᠤ ᠶᠠᠯᠠᠲᠤ ᠠᠵᠢᠯᠯᠠᠭ᠎ᠠ | ᠳᠤ ᠬᠦᠨᠳᠦ ᠴᠣᠬᠢᠯᠲᠠ ᠦᠭᠴᠦ᠂ ᠨᠡᠶᠢᠭᠡᠮ ᠤᠨ ᠪᠦᠬᠦ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ | ᠪᠠᠲᠤᠯᠠᠵᠠᠢ᠃ | ᠲᠦᠯᠦᠭᠡᠯᠡᠭᠴᠢᠳ ᠡ᠂ 2013 ᠣᠨ ᠤ ᠠᠵᠢᠯ ᠢᠶᠠᠨ ᠡᠷᠭᠢᠴᠡᠭᠦᠯᠬᠦ ᠳᠤ᠂ ᠬᠦᠴᠢᠷ ᠪᠡᠷᠬᠡᠰᠢᠶᠡᠯᠲᠦ | ᠠᠬᠤᠢ ᠪᠠᠶᠢᠳᠠᠯ ᠳᠣᠣᠷ᠎ᠠ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠪᠠᠶᠠᠷᠯᠠᠭᠤᠰᠢᠲᠠᠢ | ᠠᠮᠵᠢᠯᠲᠠ ᠣᠯᠤᠭᠰᠠᠨ ᠪᠠᠶᠢᠨ᠎ᠠ᠃ ᠡᠨᠡᠬᠦ ᠠᠮᠵᠢᠯᠲᠠ ᠨᠢ ᠬᠤᠰᠢᠭᠤ ᠨᠠᠮ ᠤᠨ ᠬᠤᠷᠢᠶᠠᠨ ᠤ ᠪᠦᠬᠦ ᠲᠠᠯ᠎ᠠ ᠶᠢ | ᠬᠠᠮᠤᠷᠴᠦ᠂ ᠤᠯᠠᠨ ᠲᠠᠯ᠎ᠠ ᠶᠢ ᠵᠣᠬᠢᠴᠠᠭᠤᠯᠤᠭᠰᠠᠨ ᠤ ᠦᠷ᠎ᠡ ᠳ᠋ᠦᠩ ᠪᠣᠯᠬᠤ ᠪᠦᠭᠡᠳ ᠪᠦᠬᠦ ᠬᠤᠰᠢᠭᠤᠨ ᠤ ᠡᠯ᠎ᠡ | ᠦᠨᠳᠦᠰᠦᠲᠡᠨ ᠤ ᠺᠠᠳ᠋ᠷ ᠣᠯᠠᠨ ᠲᠦᠮᠡᠨ ᠤ ᠰᠢᠷᠭᠠᠭᠤ ᠲᠡᠮᠡᠴᠡᠯ ᠬᠠᠮᠲᠤ ᠶᠢᠨ ᠴᠢᠷᠮᠠᠶᠢᠯᠭ᠎ᠠ ᠶᠢᠨ ᠦᠷ᠎ᠡ ᠳ᠋ᠦᠩ | ᠮᠦᠨ᠂ ᠪᠠᠰᠠᠴᠤ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠪᠰᠤᠷᠤᠯᠭ᠎ᠠ ᠳᠡᠮᠵᠢᠯᠭᠡ ᠶᠢᠨ ᠦᠷ᠎ᠡ ᠳ᠋ᠦᠩ ᠪᠣᠯᠬᠤ | ᠶᠤᠮ᠃ ᠠᠳᠡ ᠪᠢ ᠬᠤᠰᠢᠭᠤ ᠵᠠᠰᠠᠭ ᠤᠨ ᠣᠷᠳᠤᠨ ᠢ ᠲᠦᠯᠦᠭᠡᠯᠡᠨ᠂ ᠡᠯ᠎ᠡ ᠹᠷᠤᠨᠲ ᠳᠡᠭᠡᠷ᠎ᠡ ᠰᠢᠨᠲᠠᠷᠠᠰᠢ ᠦᠭᠡᠢ | ᠲᠡᠮᠡᠴᠡᠨ ᠰᠢᠷᠭᠠᠭᠤ ᠠᠵᠢᠯᠯᠠᠵᠤ᠂ ᠬᠤᠪᠢ ᠨᠡᠮᠡᠷᠢ ᠪᠠᠨ ᠦᠵᠡᠭᠦᠯᠵᠦ ᠪᠠᠶᠢᠭ᠎ᠠ ᠨᠦᠬᠦᠳ ᠨᠠᠷ ᠵᠢᠴᠢ ᠪᠠᠭᠠᠷᠢᠨ ᠵᠡᠭᠦᠨ | ᠬᠤᠰᠢᠭᠤᠨ ᠤ ᠬᠦᠭᠵᠢᠯᠲᠡ ᠶᠢ ᠬᠠᠯᠠᠮᠵᠢᠯᠠᠨ ᠠᠩᠬᠠᠷᠴᠤ᠂ ᠬᠠᠪᠰᠤᠷᠤᠨ ᠳᠡᠮᠵᠢᠵᠦ ᠪᠠᠶᠢᠭ᠎ᠠ ᠨᠠᠶᠢᠵᠠ ᠨᠠᠷ ᠲᠠᠭᠠᠨ | ᠴᠢᠩ ᠰᠡᠳᠬᠢᠯ ᠤᠨ ᠬᠦᠨᠳᠦᠳᠬᠡᠯ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ | ᠠᠮᠵᠢᠯᠲᠠ ᠪᠠᠨ ᠣᠯᠵᠤ ᠬᠠᠷᠠᠬᠤ ᠶᠢᠨ ᠳᠠᠭᠠᠤ ᠳᠤ ᠪᠢᠳᠡ ᠪᠠᠰᠠ ᠪᠦᠬᠦ ᠬᠤᠰᠢᠭᠤᠨ ᠤ ᠬᠦᠭᠵᠢᠯᠲᠡ ᠰᠢᠨ᠎ᠡ | ᠬᠦᠴᠢᠷ ᠪᠡᠷᠭᠡᠰᠢᠶᠡᠯ ᠪᠠ ᠦᠷᠢᠰᠦᠯᠳᠦᠭᠡᠨ ᠳᠤ ᠲᠤᠯᠭᠠᠷᠠᠵᠤ ᠪᠠᠶᠢᠬᠤ ᠶᠢ ᠣᠯᠵᠤ ᠬᠠᠷᠠᠪᠠ᠃ ᠭᠤᠤᠯ ᠨᠢ᠄ | ᠲᠣᠯᠤᠭᠠᠶᠢᠯᠠᠭᠴᠢ ᠠᠵᠤ ᠦᠢᠯᠡᠰ ᠤᠨ ᠬᠦᠭᠵᠢᠯᠲᠡ ᠶᠢᠨ ᠲᠦᠪᠰᠢᠨ ᠳᠣᠣᠷ᠎ᠠ᠂ ᠤᠯᠠᠨ ᠲᠦᠷᠦᠯ ᠤᠨ | ᠲᠤᠯᠭᠠᠭᠤᠷᠢᠯᠠᠬᠤ ᠲᠣᠭᠲᠠᠯᠴᠠᠭ᠎ᠠ ᠬᠠᠷᠠᠬᠠᠨ ᠪᠦᠷᠢᠳᠦᠭᠡ ᠦᠭᠡᠢ᠂ ᠠᠵᠤ ᠠᠬᠤᠢ ᠶᠢᠨ ᠦᠷᠭᠦᠯᠵᠢᠯᠡᠭᠰᠡᠨ ᠲᠦᠷᠭᠡᠨ | ᠨᠡᠮᠡᠭᠳᠡᠯ ᠢ ᠪᠠᠲᠤᠯᠠᠬᠤ ᠳᠠᠷᠤᠭᠠᠰᠤ ᠬᠦᠨᠳᠦ︔ ᠭᠤᠣᠯᠳᠠᠯᠭ᠎ᠠ ᠲᠠᠢ ᠲᠦᠷᠦᠯ ᠵᠦᠢᠯ ᠤᠨ ᠪᠡᠶᠡᠯᠡᠯᠲᠡ ᠠᠨᠠᠢ᠂ ᠪᠡᠯᠡ | ᠣᠷᠤᠭᠤᠯᠤᠯᠲᠠ ᠶᠢᠨ ᠵᠠᠯᠭᠠᠮᠵᠢ ᠬᠦᠴᠦᠨ ᠬᠦᠷᠦᠯᠴᠡᠬᠦ ᠦᠭᠡᠢ᠂ ᠪᠡᠯᠡ ᠣᠷᠤᠭᠤᠯᠤᠯᠲᠠ ᠶᠢᠨ ᠪᠦᠲᠦᠴᠡ ᠶᠢ ᠤᠯᠠᠮ | ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠢ︔ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ | ᠬᠦᠨᠳᠦ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ᠂ ᠴᠠᠬᠢᠯᠭᠠᠨ ᠬᠦᠴᠦ ᠵᠡᠷᠭᠡ ᠰᠠᠭᠤᠷᠢ ᠲᠦᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠪᠠᠰᠠᠴᠤ ᠪᠠᠭᠤᠷᠠᠢ ᠭᠤᠭᠴᠤᠭ᠎ᠠ ᠪᠠᠶᠢᠵᠤ᠂ ᠪᠠᠲᠤᠯᠠᠭ᠎ᠠ ᠶᠢᠨ ᠴᠢᠳᠠᠪᠦᠷᠢ ᠶᠢ ᠲᠤᠯᠭᠠᠮ᠎ᠠ | ᠴᠢᠩᠭᠠᠳᠬᠠᠬᠤ ᠴᠢᠬᠤᠯᠠᠲᠠᠢ︔ ᠡᠳ᠋ ᠤᠨ ᠵᠠᠰᠠᠭ ᠤᠨ ᠣᠷᠤᠯᠭ᠎ᠠ ᠵᠠᠷᠤᠯᠭ᠎ᠠ ᠶᠢᠨ ᠵᠦᠷᠢᠴᠡᠯ ᠳᠣᠪᠤᠶᠢᠮ᠎ᠠ᠂ ᠵᠠᠰᠠᠭ | ᠤᠨ ᠣᠷᠳᠤᠨ ᠤ ᠪᠡᠯᠡ ᠣᠷᠤᠭᠤᠯᠤᠯᠲᠠ ᠵᠢᠴᠢ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠰᠠᠶᠢᠵᠢᠷᠠᠯᠲᠠ ᠶᠢᠨ | ᠳᠠᠷᠤᠭᠠᠰᠤ ᠬᠦᠨᠳᠦ︔ ᠨᠡᠶᠢᠭᠡᠮ ᠤᠨ ᠦᠢᠯᠡᠰ ᠤᠨ ᠰᠠᠭᠤᠷᠢ ᠨᠦᠬᠦᠴᠡᠯ ᠤᠨ ᠢᠯᠡᠳᠲᠡ ᠰᠠᠶᠢᠵᠢᠷᠠᠯᠲᠠ ᠵᠢᠴᠢ | ᠦᠢᠯᠡᠴᠢᠯᠡᠭᠡᠨ ᠤ ᠴᠢᠳᠠᠪᠦᠷᠢ᠂ ᠬᠢᠷᠢ ᠲᠦᠪᠰᠢᠨ᠂ ᠶᠠᠰᠤ ᠴᠢᠨᠠᠷ ᠤᠨ ᠳᠡᠭᠡᠭᠰᠢᠯᠡᠯᠲᠡ ᠨᠢ ᠤᠳᠠᠭᠠᠨ ᠪᠠᠶᠢᠬᠤ ᠨᠢ | ᠬᠤᠭᠤᠷᠤᠨᠳᠤ ᠪᠠᠨ ᠵᠣᠬᠢᠴᠠᠯ ᠦᠭᠡᠢ ᠪᠦᠭᠡᠳ ᠦᠷᠭᠡᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠲᠠᠢ ᠪᠠᠰᠠ | ᠵᠢᠭᠠᠬᠠᠨ ᠵᠦᠷᠢᠶ᠎ᠠ ᠲᠠᠢ ᠪᠠᠶᠢᠵᠤ᠂ ᠳᠣᠲᠤᠭᠠᠳᠤ ᠬᠦᠭᠵᠢᠯᠲᠡ ᠶᠢᠨ ᠣᠯᠠᠨ ᠠᠵᠢᠯ ᠢ ᠬᠢᠬᠦ ᠴᠢᠬᠤᠯᠠᠲᠠᠢ ᠪᠠᠶᠢᠭᠰᠠᠭᠠᠷ︔ | ᠵᠠᠰᠠᠭ ᠤᠨ ᠣᠷᠳᠤᠨ ᠤ ᠠᠵᠢᠯᠲᠠᠨ ᠤ ᠠᠵᠢᠯ ᠤᠨ ᠰᠤᠷᠲᠠᠯ ᠢ ᠤᠯᠠᠮ ᠨᠢᠭᠡ ᠠᠯᠬᠤᠮ ᠰᠠᠶᠢᠵᠢᠷᠠᠭᠤᠯᠬᠤ | ᠴᠢᠬᠤᠯᠠᠲᠠᠢ᠂ ᠬᠡᠰᠡᠭ ᠺᠠᠳ᠋ᠷ ᠠᠵᠢᠯᠲᠠᠨ ᠤ ᠰᠢᠨ᠎ᠡ ᠶᠢ ᠡᠭᠦᠳᠬᠦ ᠣᠷᠭᠢᠯᠤᠮ᠎ᠠ ᠰᠡᠳᠬᠢᠯᠭᠡ ᠳᠣᠣᠷ᠎ᠠ᠂ ᠠᠷᠭ᠎ᠠ | ᠬᠡᠮᠵᠢᠶ᠎ᠡ ᠨᠢ ᠴᠦᠬᠡᠨ᠂ ᠬᠢᠬᠦ ᠳᠤᠷ᠎ᠠ ᠦᠭᠡᠢ᠂ ᠬᠠᠷᠢᠭᠤᠴᠯᠠᠭ᠎ᠠ ᠡᠭᠦᠷᠭᠡᠯᠡᠬᠦ ᠠᠴᠠ ᠠᠶᠤᠬᠤ ᠵᠡᠷᠭᠡ ᠪᠠᠶᠢᠳᠠᠯ ᠬᠦᠨᠳᠦ | ᠨᠣᠴᠢᠲᠠᠢ ᠣᠷᠤᠰᠢᠵᠤ ᠪᠠᠶᠢᠨ᠎ᠠ᠃ ᠡᠳᠡᠭᠡᠷ ᠬᠦᠴᠢᠷᠳᠡᠯ ᠪᠠ ᠠᠰᠠᠭᠤᠳᠠᠯ ᠢ ᠪᠢᠳᠡ ᠬᠤᠶᠢᠰᠢᠲᠠ ᠶᠢᠨ ᠠᠵᠢᠯ ᠳᠤᠮᠳᠠ | ᠪᠠᠨ ᠨᠠᠷᠢᠨ ᠬᠢᠨᠠᠮᠠᠭᠠᠢ ᠰᠢᠢᠳᠪᠦᠷᠢᠯᠡᠨ᠎ᠡ᠃ | ᠬᠤᠶᠠᠷ᠂ ᠦᠨᠦ ᠵᠢᠯ ᠤᠨ ᠠᠵᠢᠯ ᠤᠨ ᠭᠤᠣᠯ ᠡᠭᠦᠷᠭᠡ | 2014 ᠣᠨ ᠪᠣᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠪᠠ ᠦᠭᠡᠷᠡᠴᠢᠯᠡᠯᠡᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ | ᠡᠬᠢᠯᠡᠯᠲᠡ ᠶᠢᠨ ᠵᠢᠯ ᠪᠣᠯᠬᠤ ᠪᠦᠭᠡᠳ ︽ᠲᠠᠪᠤᠨ ᠶᠡᠭᠡ ᠬᠦᠭᠵᠢᠯᠲᠡ ᠶᠢᠨ ᠣᠷᠤᠨ ᠪᠠᠶᠢᠷᠢ ᠶᠢ ᠲᠣᠭᠲᠠᠭᠠᠬᠤ︾ ᠶᠢ | ᠭᠦᠨᠵᠡᠭᠡᠢ ᠨᠠᠶᠢᠳᠠᠪᠦᠷᠢᠵᠢᠭᠤᠯᠬᠤ ᠵᠢᠴᠢ ︽ᠠᠷᠪᠠᠨ ᠬᠤᠶᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ | ᠬᠠᠷᠠᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ | ᠦᠨᠦ ᠵᠢᠯ ᠤᠨ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠬᠤᠰᠢᠭᠤ ᠨᠠᠮ ᠤᠨ ᠬᠤᠷᠢᠶᠠᠨ ᠤ ᠠᠷᠪᠠᠨ | ᠳᠦᠷᠪᠡᠳᠦᠭᠡᠷ ᠬᠤᠭᠤᠴᠠᠭᠠᠨ ᠤ ᠵᠢᠷᠭᠤᠳᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠤᠱᠯᠠᠭᠤᠯᠤᠨ᠂ ᠬᠦᠭᠵᠢᠯᠲᠡ ᠶᠢ ᠲᠦᠷᠭᠡᠳᠬᠡᠬᠦ ᠪᠠ ᠪᠣᠳᠠᠲᠠᠢ ᠶᠢ ᠡᠷᠬᠢᠮᠯᠡᠵᠦ ᠴᠢᠷᠮᠠᠶᠢᠨ | ᠤᠷᠤᠭᠰᠢᠯᠠᠬᠤ ᠭᠤᠣᠯ ᠰᠠᠨᠠᠭ᠎ᠠ ᠶᠢ ᠦᠷᠭᠦᠯᠵᠢᠯᠡᠨ ᠪᠠᠷᠢᠮᠲᠠᠯᠠᠵᠤ᠂ ᠪᠦᠬᠦ ᠲᠠᠯ᠎ᠠ ᠶᠢᠨ ᠪᠠ ᠭᠦᠨᠵᠡᠭᠡᠢ | ᠦᠭᠡᠷᠡᠴᠢᠯᠡᠯᠲᠡ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠤᠨ᠂ ︽ᠲᠠᠪᠤᠨ ᠶᠡᠭᠡ ᠬᠦᠭᠵᠢᠯᠲᠡ ᠶᠢᠨ ᠣᠷᠤᠨ ᠪᠠᠶᠢᠷᠢ | ᠶᠢ ᠲᠣᠭᠲᠠᠭᠠᠬᠤ︾ ᠶᠢ ᠪᠡᠶᠡᠯᠡᠭᠦᠯᠬᠦ ᠶᠢᠨ ᠲᠣᠭᠤᠷᠢᠨ ᠳᠤ᠂ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ᠂ | ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠵᠢᠴᠢ ᠣᠳᠣ | ᠦᠶ᠎ᠡ ᠶᠢᠨ ᠦᠢᠯᠡᠴᠢᠯᠡᠭᠡᠨ ᠤ ᠬᠦᠭᠵᠢᠯᠲᠡ ᠶᠢ ᠨᠢᠭᠡᠲᠦᠯᠲᠠᠢ ᠲᠦᠯᠦᠪᠯᠡᠨ ᠠᠬᠢᠭᠤᠯᠵᠤ᠂ ᠠᠷᠠᠳ ᠤᠨ ᠠᠮᠢᠳᠤᠷᠠᠯ ᠢ | ᠦᠷᠭᠦᠯᠵᠢᠯᠡᠨ ᠰᠠᠶᠢᠵᠢᠷᠠᠭᠤᠯᠵᠤ᠂ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠪᠦᠬᠦ ᠬᠤᠰᠢᠭᠤᠨ | ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨᠡᠮ᠃ ᠭᠤᠣᠯ ᠵᠢᠱᠢᠭᠰᠡᠨ | ᠬᠠᠷᠠᠯᠲᠠ ᠪᠣᠯ᠄ ᠭᠠᠵᠠᠷ ᠣᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 10%᠂ ᠡᠳ᠋ ᠤᠨ ᠵᠠᠰᠠᠭ ᠤᠨ | ᠣᠷᠤᠯᠭ᠎ᠠ ᠶᠢ 10%᠂ ᠬᠡᠪᠴᠢᠶᠡᠵᠢᠭᠰᠡᠨ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠶᠢ 17% ᠵᠢᠴᠢ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠶᠢ 13% ᠨᠡᠮᠡᠭᠳᠡᠭᠦᠯᠵᠦ᠂ | ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠬᠦᠮᠦᠨ ᠪᠦᠷᠢ ᠳᠤ ᠲᠡᠭᠰᠢᠳᠬᠡᠭᠰᠡᠨ ᠡᠵᠡᠮᠳᠡᠵᠦ ᠪᠣᠯᠬᠤ ᠣᠷᠤᠯᠭ᠎ᠠ | ᠪᠠ ᠮᠠᠯᠴᠢᠨ ᠲᠠᠷᠢᠶᠠᠴᠢᠳ ᠤᠨ ᠬᠦᠮᠦᠨ ᠪᠦᠷᠢ ᠳᠤ ᠲᠡᠭᠰᠢᠳᠬᠡᠭᠰᠡᠨ ᠴᠡᠪᠡᠷ ᠣᠷᠤᠯᠭ᠎ᠠ ᠶᠢ ᠲᠤᠰ ᠲᠤᠰ 11% | ᠪᠠ12% ᠨᠡᠮᠡᠭᠳᠡᠭᠦᠯᠦᠨ᠎ᠡ᠃ | ᠡᠳᠡᠭᠡᠷ ᠵᠢᠱᠢᠭᠰᠡᠨ ᠬᠠᠷᠠᠯᠳᠠ ᠶᠢ ᠬᠢᠨᠠᠮᠠᠭᠠᠢ ᠰᠤᠳᠤᠯᠵᠤ᠂ ᠳᠠᠬᠢᠨ ᠳᠠᠪᠳᠡᠨ ᠳᠤᠩᠭᠠᠨ ᠪᠣᠳᠣᠯᠬᠢᠯᠠᠭᠰᠠᠨ ᠤ | ᠰᠠᠭᠤᠷᠢᠨ ᠲᠡᠭᠡᠷ᠎ᠡ ᠲᠤᠭᠳᠠᠭᠠᠵᠤ᠂ ᠬᠤᠷᠳᠣᠴᠠ᠂ ᠴᠢᠨᠠᠷ ᠵᠢᠴ ᠦᠷ᠎ᠡ ᠪᠦᠳᠦᠮᠵᠢ ᠶᠢᠨ ᠨᠢᠭᠡᠳᠣᠯ ᠢ ᠶᠡᠷᠥᠩᠬᠡᠶᠢᠯᠡᠨ | ᠪᠤᠳᠤᠯᠬᠢᠯᠠᠵᠤ᠂ ᠦᠬᠡᠷᠡᠴᠢᠯᠡᠯᠳᠡ᠂ ᠬᠦᠭᠵᠢᠯᠳᠡ ᠪᠠ ᠳᠣᠬᠳᠠᠭᠤᠨ ᠤ ᠬᠠᠷᠢᠴᠠᠭ᠎ᠠ ᠶᠢ ᠬᠠᠮᠳᠣ ᠳᠤᠨᠢ | ᠬᠠᠷᠠᠭᠠᠯᠵᠠᠭᠰᠠᠨ ᠪᠠᠶᠢᠨ᠎ᠠ᠃ ᠳᠡᠭᠡᠳᠣ ᠱᠠᠳᠣᠨ ᠤ ᠵᠣᠷᠢᠭ ᠰᠠᠨᠠᠭ᠎ᠠ ᠲᠠᠢ ᠲᠤᠬᠢᠷᠠᠯᠴᠠᠭᠰᠠᠨ ᠮᠦᠷᠳᠡᠬᠡᠨ ᠮᠠᠨ ᠤ | ᠬᠤᠰᠢᠭᠤᠨ ᠤ ᠪᠤᠳᠠᠳᠤ ᠪᠠᠶᠢᠳᠠᠯ ᠳᠤ ᠨᠡᠶᠢᠴᠡᠭᠰᠡᠨ ᠪᠠᠶᠢᠨ᠎ᠠ᠃ ᠨᠢᠭᠡ ᠳᠠᠯ᠎ᠠ ᠪᠠᠷ᠂ ᠡᠨᠡ ᠪᠣᠯ ᠨᠢᠭᠡᠨ ᠢᠳᠡᠪᠬᠢᠳᠠᠢ | ᠪᠠᠷ ᠤᠷᠤᠭᠰᠢ ᠳᠠᠪᠰᠢᠬᠤ ᠬᠠᠷᠠᠯᠳᠠ ᠪᠣᠯᠣᠨ᠎ᠠ᠃ ᠣᠳᠣᠬᠠᠨ ᠳᠤ᠂ ᠬᠤᠷᠸ᠎ᠠ ᠠᠵᠤ ᠠᠬᠤᠢ ᠶᠢᠨ ᠪᠠᠶᠢᠳᠠᠯ | ᠣᠷᠴᠢᠮ ᠤᠨ ᠬᠡᠳᠣᠨ ᠵᠢᠯ ᠳᠤ ᠮᠠᠰᠢ ᠴᠦᠬᠡᠨ ᠳᠣᠬᠢᠶᠠᠯᠳᠣᠳᠠᠭ ᠪᠣᠳᠣᠯᠢᠶᠠᠨᠳᠣ ᠪᠠᠶᠢᠳᠠᠯ ᠳᠤ ᠳᠣᠯᠭᠠᠷᠠᠵᠤ᠂ ᠡᠬᠢ | ᠪᠠᠶᠠᠯᠢᠭ ᠤᠨ ᠪᠦᠳᠦᠭᠡᠭᠳᠡᠭᠦᠨ ᠤ ᠦᠨ᠎ᠡ ᠬᠠᠩᠰᠢ ᠦᠷᠬᠦᠯᠵᠢᠯᠡᠨ ᠳᠣᠷᠣᠭᠰᠢᠯᠠᠬᠤ ᠬᠡᠯᠪᠡᠯᠵᠢᠯᠳᠡ ᠳᠤ ᠳᠣᠯᠭᠠᠷᠠᠵᠤ᠂ | ᠠᠵᠤ ᠦᠢᠯᠡᠰ ᠤᠨ ᠪᠦᠳᠦᠭᠡᠭᠳᠡᠬᠦᠨ ᠤ ᠡᠯᠧᠮᠧᠨ᠋ᠲ ᠤᠨ ᠦᠪᠡᠷ ᠤᠨ ᠦᠷᠳᠡᠭ ᠳᠠᠰᠣᠷᠠᠯᠳᠠ ᠦᠭᠡᠢ ᠳᠡᠭᠡᠭᠰᠢᠯᠡᠵᠤ᠂ | ᠭᠡᠷ ᠬᠦᠷᠦᠩᠭᠡ ᠶᠢᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠦᠰᠦᠯᠳᠡ ᠳᠣᠮᠳᠠᠬᠢ ᠳᠠᠳᠠᠬᠤ ᠬᠦᠴᠦᠨ ᠤ | ᠦᠢᠯᠡᠳᠣᠯ ᠳᠠᠰᠣᠷᠠᠯᠳᠠ ᠦᠭᠡᠢ ᠳᠣᠷᠣᠭᠰᠢᠯᠠᠵᠠᠢ᠃ ᠡᠶᠢᠮᠦᠷᠬᠦ ᠠᠵᠤ ᠠᠬᠤᠢ ᠶᠢᠨ ᠪᠠᠶᠢᠳᠠᠯ ᠳᠣᠣᠷ᠎ᠠ ᠲᠤᠷᠠᠳᠴᠤ | ᠭᠠᠷᠭᠠᠭᠰᠠᠨ ᠵᠢᠱᠢᠭᠰᠡᠨ ᠬᠠᠷᠠᠯᠳᠠ ᠨᠢ ᠪᠦᠬᠦ ᠬᠤᠳᠠ᠂ ᠪᠦᠬᠦ ᠣᠷᠣᠨ ᠤ ᠬᠢ ᠠᠴᠠ ᠦᠨᠳᠦᠷ ᠬᠠᠷᠠᠯᠳᠠ ᠶᠢ | ᠳᠣᠷᠠᠳᠬᠤ ᠨᠢ᠂ ᠬᠤᠰᠢᠭᠤ ᠨᠠᠮ ᠤᠨ ᠬᠤᠷᠢᠶ᠎ᠠ ᠶᠢᠨ ᠬᠦᠭᠵᠢᠯᠳᠡ ᠪᠠᠨ ᠳᠦᠷᠭᠡᠳᠬᠡᠵᠤ᠂ ᠪᠣᠳᠠᠳᠣ ᠠᠵᠢᠯᠯᠠᠭ᠎ᠠ ᠶᠢ | ᠡᠷᠬᠢᠮᠯᠡᠬᠦ ᠭᠤᠤᠯ ᠰᠠᠨᠠᠭ᠎ᠠ ᠶᠢ ᠨᠠᠶᠢᠳᠠᠪᠤᠷᠢᠵᠢᠭᠤᠯᠵᠤ᠂ ᠪᠢᠳᠡᠨᠤᠰ ᠤᠨ ᠬᠦᠴᠢᠷ ᠪᠡᠷᠭᠡᠰᠢᠶᠠᠯ ᠢ ᠢᠯᠡᠨ ᠳᠠᠪᠠᠵᠤ᠂ | ᠴᠢᠷᠮᠠᠶᠢᠨ ᠳᠠᠪᠰᠢᠬᠤ ᠳᠤ ᠡᠷᠡᠯᠭᠡᠭ ᠵᠣᠷᠢᠭ ᠰᠠᠨᠠᠭ᠎ᠠ ᠶᠢ ᠬᠦᠪᠴᠢᠯᠡᠭᠰᠡᠨ ᠪᠠᠶᠢᠨ᠎ᠠ᠃ ᠨᠦᠭᠦᠬᠡ ᠳᠠᠯ᠎ᠠ ᠪᠠᠷ᠂ ᠡᠨᠡᠬᠦ | ᠬᠠᠷᠠᠯᠳᠠ ᠨᠢ ᠴᠢᠷᠮᠠᠶᠢᠨ ᠳᠡᠮᠡᠴᠡᠪᠡᠯ ᠪᠡᠶᠡᠯᠡᠭᠳᠡᠵᠤ ᠳᠡᠶᠢᠯᠬᠦ ᠶᠤᠮ᠃ ᠠᠭᠤᠷᠬᠠᠢ ᠶᠢᠨ ᠬᠦᠳᠡᠷ ᠰᠢᠯᠢᠬᠦ ᠨᠢᠭᠡ ᠪᠦᠯᠦᠭ | ᠳᠦᠷᠦᠯ ᠵᠦᠢᠯ ᠤᠨ ᠠᠵᠢᠯ ᠲᠠᠭᠤᠰᠤᠨ ᠠᠰᠢᠭᠯᠠᠯᠳᠠ ᠳᠤ ᠤᠷᠤᠵᠤ᠂ ᠦᠩᠭᠡᠳᠦ ᠳᠡᠮᠦᠷᠯᠢᠭ ᠤᠨ ᠠᠵᠤ | ᠦᠢᠯᠡᠰ ᠤᠨ ᠨᠢᠭᠡ ᠪᠦᠯᠦᠭ ᠵᠠᠯᠭᠠᠮᠵᠢ ᠳᠦᠷᠦᠯ ᠵᠦᠢᠯ ᠡᠵᠡᠩᠨᠡᠯᠳᠡ ᠳᠤ ᠤᠷᠤᠭᠰᠠᠨ ᠪᠠ ᠦᠩᠭᠡᠳᠤ ᠳᠡᠮᠦᠷᠯᠢᠭ ᠤᠨ | ᠪᠣᠰᠣ ᠠᠵᠤ ᠦᠢᠯᠡᠰ ᠤᠨ ᠨᠢᠭᠡ ᠪᠦᠯᠦᠭ ᠳᠦᠷᠦᠯ ᠵᠦᠢᠯ ᠨᠢ ᠠᠵᠢᠯ ᠡᠬᠢᠯᠡᠬᠦ ᠶᠢ ᠲᠠᠭᠠᠯᠳᠤᠨ ᠰᠢᠨ᠎ᠡ ᠨᠡᠮᠡᠭᠳᠡᠯ | ᠴᠢᠭ ᠲᠠᠢ ᠪᠣᠯᠵᠠᠢ︔ ᠠᠵᠤ ᠦᠢᠯᠡᠳᠪᠦᠷᠢ ᠶᠢᠨ ᠳᠣᠭᠤᠷᠢᠭ᠂ ᠪᠣᠳᠠᠰ ᠤᠨ ᠬᠦᠢᠯᠬᠡᠬᠡ ᠶᠢᠨ ᠳᠣᠭᠤᠷᠢᠭ᠂ | ᠰᠣᠶᠤᠯ ᠤᠨ ᠦᠢᠯᠡᠰ ᠤᠨ ᠳᠣᠭᠤᠷᠢᠭ ᠢ ᠳᠦᠷᠭᠡᠨ ᠪᠦᠳᠦᠬᠡᠨ ᠪᠠᠶᠢᠭᠤᠯᠬᠤ᠂ ᠠᠷᠠᠳ ᠤᠨ ᠠᠮᠢᠳᠣᠷᠠᠯ ᠤᠨ | ᠢᠨᠵᠧᠨᠧᠷᠢᠩ᠂ ᠨᠡᠶᠢᠭᠡᠮ ᠤᠨ ᠦᠢᠯᠡᠰ ᠤᠨ ᠲᠦᠷᠦᠯ ᠵᠦᠢᠯ ᠪᠠ ᠰᠠᠭᠤᠷᠢ ᠳᠦᠬᠦᠭᠡᠷᠤᠮᠵᠢ ᠶᠢᠨ ᠪᠦᠳᠦᠭᠡᠨ | ᠪᠠᠶᠢᠭᠤᠯᠤᠯᠳᠠ ᠶᠢ ᠪᠠᠳᠤᠳᠠᠢ ᠳᠦᠯᠬᠢᠨ ᠠᠬᠢᠭᠤᠯᠬᠤ ᠵᠢᠴᠢ ᠪᠡᠯᠡ ᠤᠷᠤᠭᠤᠯᠤᠯᠳᠠ ᠪᠠᠷ ᠠᠵᠤ ᠠᠬᠤᠢ ᠶᠢᠨ | ᠦᠰᠦᠯᠳᠡ ᠶᠢ ᠦᠳᠳᠦᠷ ᠲᠦᠷᠬᠡᠨ ᠨᠡᠮᠡᠭᠳᠡᠬᠦᠯᠬᠦ ᠶᠢ ᠪᠠᠳᠤᠯᠠᠬᠤ ᠨᠢ ᠵᠢᠱᠢᠭᠰᠡᠨ ᠬᠠᠷᠠᠯᠳᠠ ᠪᠠᠨ ᠪᠡᠶᠡᠯᠡᠬᠦᠯᠬᠦ ᠳᠤ | ᠠᠰᠢᠭᠳᠠᠢ ᠰᠠᠶᠢᠨ ᠨᠦᠬᠦᠴᠡᠯ ᠪᠦᠷᠢᠯᠳᠦᠬᠦᠯᠵᠤ ᠦᠭᠴᠠᠢ᠃ ᠡᠶᠢᠮᠦ ᠠᠴᠠ᠂ ᠪᠢᠳᠡ ᠢᠳᠡᠬᠡᠯ ᠲᠡᠬᠦᠯᠳᠡᠷ᠂ ᠣᠷᠣᠭᠰᠢ | ᠲᠡᠮᠡᠤᠯᠡᠨ᠂ ᠡᠯ᠎ᠡ ᠳᠦᠷᠦᠯ ᠤᠨ ᠵᠢᠱᠢᠭᠰᠡᠨ ᠬᠠᠷᠠᠯᠳᠠ ᠶᠢ ᠳᠣᠬᠳᠠᠬᠰᠠᠨ ᠬᠤᠭᠤᠴᠠᠭᠠᠨ ᠳᠤ ᠪᠡᠶᠡᠯᠡᠬᠦᠯᠬᠦ ᠶᠢ | ᠪᠡᠳᠣᠯᠠᠬᠤ ᠬᠡᠷᠡᠭᠳᠠᠢ᠃ | ᠦᠨᠦ ᠵᠢᠯ ᠪᠢᠳᠡ ᠳᠣᠣᠷᠠᠬᠢ ᠨᠠᠢᠮᠠᠨ ᠳᠠᠯ᠎ᠠ ᠪᠠᠷ ᠠᠵᠢᠯ ᠢᠶᠠᠨ ᠰᠠᠶᠢᠳᠣᠷ ᠬᠢᠬᠦ ᠬᠡᠷᠡᠭᠳᠠᠢ᠄ | ︵ᠨᠢᠭᠡ︶ ᠦᠭᠡᠷᠡᠴᠢᠯᠡᠯᠳᠡ ᠶᠢᠨ ᠡᠭᠦᠷᠭᠡ ᠶᠢ ᠪᠦᠬᠦ ᠳᠠᠯ᠎ᠠ ᠪᠠᠷ ᠬᠦᠢᠴᠡᠳᠬᠡᠵᠤ᠂ ᠠᠵᠤ ᠠᠬᠤᠢ | ᠨᠡᠶᠢᠭᠡᠮ ᠤᠨ ᠭᠦᠭᠵᠢᠯᠳᠡ ᠶᠢᠨ ᠬᠦᠳᠡᠯᠭᠡᠭᠴᠢ ᠬᠦᠴᠦᠨ ᠳᠤ ᠰᠡᠳᠡᠯᠳᠡ ᠦᠭᠭᠦᠨ᠎ᠠ | ᠠᠵᠤ ᠠᠬᠤᠢ ᠶᠢᠨ ᠬᠦᠷᠢᠶᠡᠨ ᠳᠠᠬᠢ ᠦᠭᠡᠷᠡᠴᠢᠯᠡᠯᠳᠡ ᠶᠢ ᠲᠦᠷᠬᠡᠳᠬᠡᠨ᠎ᠡ᠃ ᠨᠡᠶᠢᠳᠡ ᠶᠢᠨ ᠪᠣᠰᠣ | ᠦᠮᠴᠢᠯᠡᠯᠳᠦ ᠬᠦᠷᠦᠩᠬᠡ ᠲᠠᠢ ᠠᠵᠤ ᠠᠬᠤᠶᠢᠯᠠᠯ ᠤᠨ ᠪᠡᠯᠡ ᠭᠠᠷᠭᠠᠨ ᠬᠤᠪᠢ ᠣᠷᠣᠬᠤ ᠪᠠ ᠬᠤᠪᠢ ᠣᠷᠣᠬᠰᠠᠨ | ᠡᠷᠬᠡ ᠶᠢ ᠬᠤᠳᠠᠯᠳᠣᠨ ᠠᠪᠬᠤ ᠵᠡᠷᠬᠡ ᠠᠷᠭ᠎ᠠ ᠪᠠᠷᠢᠯ ᠢᠶᠠᠷ ᠲᠠᠮᠵᠢᠨ ᠠᠵᠤ ᠠᠬᠤᠶᠢᠯᠠᠯ ᠤᠨ ᠳᠠᠬᠢᠨ ᠪᠦᠷᠢᠯᠳᠣᠬᠦ ᠪᠠ | ᠪᠡᠯᠡ ᠬᠤᠷᠰᠢᠵᠤ ᠬᠠᠮᠳᠤᠷᠠᠨ ᠡᠵᠡᠩᠨᠡᠬᠦ ᠳᠤ ᠣᠷᠣᠯᠴᠠᠬᠤ᠂ ᠨᠡᠶᠢᠳᠡ ᠶᠢᠨ ᠦᠮᠴᠢᠯᠡᠯᠳᠣ ᠠᠵᠤ ᠠᠬᠤᠶᠢᠯᠠᠯ᠂ | ᠬᠠᠮᠳᠣ ᠶᠢᠨ ᠦᠮᠴᠢᠯᠡᠯᠳᠣ ᠠᠵᠤ ᠠᠬᠤᠶᠢᠯᠠᠯ ᠪᠠ ᠨᠡᠶᠢᠳᠡ ᠶᠢ ᠪᠤᠰᠤ ᠦᠮᠴᠢᠯᠡᠯᠳᠣ ᠪᠡᠯᠡᠨ ᠮᠦᠩᠬᠦ ᠶᠢ ᠰᠣᠯᠪᠢᠴᠠᠨ | ᠬᠤᠪᠢ ᠡᠵᠡᠮᠰᠢᠬᠦ ᠪᠠ ᠨᠡᠶᠢᠯᠡᠨ ᠬᠦᠭᠵᠢᠬᠦ ᠶᠢ ᠠᠬᠢᠭᠤᠯᠤᠨ᠎ᠠ᠃ ᠣᠯᠣᠰ ᠤᠨ ᠦᠮᠴᠢᠯᠡᠯᠳᠣ ᠡᠵᠡᠩᠨᠡᠯᠳᠡ ᠶᠢᠨ | ᠺᠣᠮᠫᠠᠨᠢ ᠶᠢᠨ ᠬᠠᠮᠢᠶᠠᠷᠣᠯᠳᠠ ᠶᠢᠨ ᠲᠤᠭᠳᠠᠯᠴᠠᠭ᠎ᠠ ᠪᠠ ᠳᠦᠷᠢᠮ ᠢ ᠪᠠᠶᠢᠭᠤᠯᠵᠤ᠂ ᠠᠭᠤᠷᠬᠠᠢ ᠶᠢᠨ ᠡᠬᠢ ᠪᠠᠶᠠᠯᠢᠭ᠂ | ᠵᠠᠰᠠᠭ ᠤᠨ ᠣᠷᠳᠣᠨ ᠤ ᠡᠳ᠋ ᠬᠦᠷᠦᠩᠬᠡ᠂ ᠰᠣᠶᠤᠯ ᠤᠨ ᠦᠢᠯᠡᠰ ᠵᠡᠷᠭᠡ ᠬᠦᠷᠢᠶ᠎ᠡ ᠬᠡᠪᠴᠢᠶᠡᠨ ᠳᠠᠬᠢ ᠣᠯᠣᠰ ᠤᠨ | ᠦᠮᠴᠢᠯᠡᠯᠳᠣ ᠬᠦᠷᠦᠩᠭᠡ ᠶᠢᠨ ᠬᠢᠨᠠᠨ ᠬᠠᠮᠢᠶᠠᠷᠣᠯᠳᠠ ᠪᠠᠨ ᠴᠢᠩᠭᠠᠳᠬᠠᠵᠤ᠂ ᠣᠯᠣᠰ ᠤᠨ ᠬᠦᠷᠦᠩᠭᠡ ᠬᠤᠭᠰᠢᠯ ᠤᠨ | ᠦᠷᠳᠡᠭ ᠤᠨ ᠪᠠᠳᠣᠯᠠᠯᠳᠠ ᠪᠠ ᠨᠡᠮᠡᠭᠳᠡᠯ ᠢ ᠪᠠᠳᠣᠯᠠᠨ᠎ᠠ᠃ ᠨᠡᠶᠢᠳᠡ ᠶᠢᠨ ᠪᠤᠰᠤ ᠦᠮᠴᠢᠯᠡᠯᠳᠣ ᠠᠵᠤ ᠠᠬᠤᠢ ᠶᠢᠨ | ᠬᠦᠭᠵᠢᠯᠳᠡ ᠶᠢ ᠳᠡᠮᠵᠢᠵᠤ᠂ ᠡᠯ᠎ᠡ ᠵᠦᠢᠯ ᠤᠨ ᠬᠠᠷᠠᠭᠠᠯᠵᠠᠯ ᠤᠨ ᠳᠦᠷᠦ ᠶᠢᠨ ᠪᠣᠳᠣᠯᠭ᠎ᠠ ᠶᠢ ᠡᠮᠬᠢᠳᠬᠡᠨ | ᠲᠦᠷᠢᠮᠵᠢᠬᠦᠯᠵᠤ᠂ ᠡᠷᠬᠡ ᠳᠡᠭᠰᠢ ᠦᠷᠢᠰᠦᠯᠳᠦᠭᠡᠨ ᠢ ᠬᠠᠷᠰᠢᠯᠠᠭᠰᠠᠨ ᠡᠯ᠎ᠡ ᠳᠦᠷᠢᠮ ᠳᠣᠬᠳᠠᠭᠠᠯ ᠢ ᠬᠦᠴᠦᠨ ᠦᠭᠡᠢ | ᠪᠣᠯᠭᠠᠨ᠎ᠠ᠃ ᠳᠣᠮᠳᠠ ᠵᠢᠵᠢᠭ ᠬᠡᠯᠪᠡᠷᠢ ᠶᠢᠨ ᠠᠵᠤ ᠠᠬᠤᠢ ᠶᠢᠨ ᠳᠣᠭᠤᠷᠢᠭ ᠢ ᠪᠦᠳᠦᠬᠡᠨ ᠪᠠᠶᠢᠭᠤᠯᠵᠤ᠂ ᠵᠠᠬ᠎ᠠ | ᠳᠡᠯᠭᠡᠭᠦᠷ ᠲᠤ ᠣᠷᠣᠯᠴᠠᠬᠤ᠂ ᠪᠡᠯᠡ ᠬᠤᠷᠠᠮᠳᠤᠭᠤᠯᠭ᠎ᠠ ᠶᠢ ᠦᠷᠭᠡᠳᠬᠡᠬᠦ ᠵᠢᠴᠢᠭᠠᠵᠠᠷ ᠰᠢᠷᠦᠢ ᠶᠢ ᠬᠠᠩᠭᠠᠬᠤ ᠵᠡᠷᠭᠡ | ᠳᠠᠯ᠎ᠠ ᠪᠠᠷ ᠳᠡᠮᠵᠢᠯᠬᠡ ᠣᠯᠭᠤᠵᠤ᠂ ᠳᠣᠮᠳᠠ ᠪᠠᠭ᠎ᠠ ᠵᠢᠵᠢᠭ ᠠᠵᠤ ᠠᠬᠤᠶᠢᠯᠠᠯ ᠤᠨ ᠪᠡᠯᠡ ᠣᠷᠣᠭᠤᠯᠣᠯᠳᠠ ᠪᠠ | ᠬᠦᠭᠵᠢᠯᠳᠡ ᠳᠤ ᠲᠤᠬᠢᠶᠠᠯ ᠬᠠᠨᠭ᠍ᠭᠠᠨ ᠦᠭᠬᠦᠨ᠎ᠡ᠃ ᠦᠢᠯᠡᠳᠪᠤᠷᠢ ᠬᠤᠳᠠᠯᠳᠣᠭᠠᠨ ᠤ ᠳᠠᠩᠰᠠᠯᠠᠨ ᠳᠡᠮᠳᠡᠭᠯᠡᠬᠦ | ᠳᠦᠷᠢᠮ ᠤᠨ ᠦᠭᠡᠷᠡᠴᠢᠯᠡᠯᠳᠡ ᠶᠢ ᠳᠦᠯᠬᠢᠨ ᠠᠬᠢᠭᠤᠯᠵᠤ᠂ ᠬᠦᠷᠦᠩᠬᠡ ᠬᠤᠬᠰᠢᠯ ᠤᠨ ᠳᠠᠩᠰᠠᠯᠠᠨ ᠳᠡᠮᠳᠡᠭᠯᠡᠬᠦ | ᠨᠦᠬᠦᠴᠡᠯ ᠢ ᠦᠷᠬᠡᠳᠬᠡᠨ᠂ ᠰᠠᠭᠤᠭ᠎ᠠ ᠭᠠᠵᠠᠷ ᠤᠷᠤᠨ ᠤ ᠳᠠᠩᠰᠠᠯᠠᠨ ᠳᠡᠮᠳᠡᠭᠯᠡᠬᠦ ᠭᠠᠷ ᠬᠦᠢᠴᠡᠳᠬᠡᠯ ᠤᠨ ᠠᠯᠬᠤᠮ | ᠶᠠᠪᠤᠴᠠ ᠶᠢ ᠲᠦᠬᠦᠮᠴᠢᠯᠠᠨ᠎ᠠ᠃ ᠵᠠᠰᠠᠭ ᠤᠨ ᠣᠷᠳᠣᠨ ᠤ ᠬᠤᠳᠠᠯᠳᠣᠨ ᠠᠪᠬᠤ ᠦᠢᠯᠡᠴᠢᠯᠡᠯᠭᠡ ᠶᠢ ᠠᠬᠢᠭᠤᠯᠵᠤ᠂ | ᠡᠯᠧᠺᠲᠷᠣᠨ ᠵᠠᠰᠠᠭ ᠤᠨ ᠶᠠᠪᠤᠳᠠᠯ᠂ ᠠᠳᠠᠯ ᠠᠬᠤᠢ ᠶᠢᠨ ᠦᠢᠯᠡᠴᠢᠯᠡᠬᠡᠨ ᠤ ᠬᠠᠮᠢᠶᠠᠷᠣᠯᠳᠠ᠂ ᠬᠤᠳᠠ ᠵᠡᠬᠡᠯᠢ ᠶᠢᠨ | ᠡᠷᠡᠭᠦᠯ ᠬᠠᠮᠠᠭᠠᠯᠠᠯ ᠵᠢᠴᠢ ᠬᠤᠭ ᠨᠤᠪᠰᠢ ᠶᠢ ᠠᠷᠢᠯᠭᠠᠨ ᠵᠦᠬᠡᠬᠡᠪᠦᠷᠢᠯᠡᠬᠦ ᠵᠡᠷᠭᠡ ᠠᠵᠢᠯ ᠤᠨ ᠬᠠᠮᠢᠶᠠᠷᠣᠯᠳᠠ ᠶᠢᠨ | ᠳᠠᠯ᠎ᠠ ᠳᠤ ᠣᠷᠢᠳᠴᠢᠯᠡᠨ ᠬᠡᠷᠡᠭᠯᠡᠯᠳᠡ ᠬᠢᠵᠤ᠂ ᠠᠭᠠᠵᠢᠮ ᠢᠶᠠᠷ ᠵᠠᠰᠠᠭ ᠤᠨ ᠣᠷᠳᠣᠨ ᠤ ᠡᠭᠦᠷᠭᠡᠯᠡᠯ ᠤᠨ ᠨᠡᠶᠢᠳᠡ ᠶᠢᠨ | ᠦᠢᠯᠡᠴᠢᠯᠡᠯᠬᠡᠨ ᠤ ᠬᠦᠷᠢᠶ᠎ᠠ ᠴᠠᠷ᠎ᠠ ᠳᠤ ᠦᠷᠭᠡᠳᠬᠡᠨ ᠬᠡᠷᠡᠭᠯᠡᠨ᠎ᠠ᠃ ᠠᠵᠤ ᠠᠬᠤᠶᠢᠯᠠᠯ ᠤᠨ ᠪᠡᠯᠡ | ᠣᠷᠣᠭᠤᠯᠣᠯᠳᠠ ᠶᠢᠨ ᠳᠦᠷᠦᠯ ᠵᠦᠢᠯ ᠢ ᠲᠡᠩᠰᠠᠨ ᠳᠤ ᠦᠯᠡᠳᠡᠬᠡᠬᠦ ᠳᠦᠷᠢᠮ ᠢ ᠬᠡᠷᠡᠭᠵᠢᠬᠦᠯᠦᠨ᠂ ᠠᠵᠤ | ᠠᠬᠤᠶᠢᠯᠠᠯ ᠤᠨ ᠬᠠᠣᠯᠢ ᠳᠦᠷᠢᠮ ᠶᠣᠰᠣᠭᠠᠷ ᠦᠪᠡᠷᠳᠡᠬᠡᠨ ᠰᠢᠢᠳᠪᠣᠷᠢ ᠭᠠᠷᠭᠠᠵᠤ᠂ ᠵᠠᠰᠠᠭ ᠤᠨ ᠣᠷᠳᠣᠨ ᠠᠴᠠ | ᠬᠢᠨᠠᠨ ᠵᠦᠪᠯᠡᠬᠦ ᠴᠢᠬᠤᠯᠠ ᠦᠭᠡᠢ ᠪᠣᠯᠭᠠᠨ᠎ᠠ᠃ ᠵᠠᠰᠠᠭ ᠤᠨ ᠣᠷᠳᠣᠨ ᠤ ᠴᠢᠨᠠᠷᠳᠠᠢ ᠦᠷᠢ ᠦᠭᠴᠡᠭᠡ ᠶᠢ ᠳᠦᠷᠦᠯ | ᠠᠩᠬᠢᠯᠠᠵᠤ ᠳᠦᠰᠦᠪ ᠤᠨ ᠬᠠᠮᠢᠶᠠᠷᠣᠯᠳᠠ ᠳᠤ ᠣᠷᠣᠭᠤᠯᠣᠨ᠂ ᠵᠠᠰᠠᠭ ᠤᠨ ᠣᠷᠳᠣᠨ ᠤ ᠦᠷᠢ ᠳᠦᠯᠦᠬᠦ ᠶᠠᠪᠤᠴᠠ ᠶᠢ | ᠰᠠᠶᠢᠳᠤᠷ ᠬᠡᠷᠡᠭᠵᠢᠭᠦᠯᠦᠨ᠎ᠠ᠃ | ᠨᠡᠶᠢᠭᠡᠮ ᠤᠨ ᠬᠦᠷᠢᠶ᠎ᠡ ᠬᠡᠪᠴᠢᠶᠡᠨ ᠳᠠᠬᠢ ᠦᠭᠡᠷᠡᠴᠢᠯᠡᠯᠳᠡ ᠶᠢ ᠳᠦᠷᠭᠡᠳᠬᠡᠨ᠎ᠡ᠃ ᠨᠠᠷᠢᠯᠢᠭ᠂ ᠨᠢᠬᠡᠳᠤᠯᠳᠡᠢ᠂ | ᠦᠷ᠎ᠡ ᠪᠦᠳᠦᠮᠵᠢᠳᠡᠢ ᠪᠠᠶᠢᠬᠤ ᠦᠨᠳᠦᠰᠣᠨ ᠵᠠᠷᠴᠢᠮ ᠶᠣᠰᠣᠭᠠᠷ᠂ ᠪᠠᠶᠢᠭᠤᠯᠤᠮᠵᠢ ᠶᠢᠨ ᠬᠢᠵᠠᠭᠠᠷᠳᠣ ᠳᠤᠭ᠎ᠠ ᠪᠠ | ᠣᠷᠣᠨ ᠳᠤᠭ᠎ᠠ ᠶᠢᠨ ᠶᠡᠷᠤᠩᠬᠡᠢ ᠳᠤᠭ᠎ᠠ ᠶᠢ ᠬᠢᠵᠠᠭᠠᠷᠯᠠᠨ᠂ ᠪᠣᠳᠠᠳᠠᠢ ᠪᠠᠶᠢᠭ᠎ᠠ ᠠᠵᠢᠯᠴᠢᠨ ᠤ ᠳᠤᠭ᠎ᠠ ᠶᠢ | ᠬᠦᠳᠡᠯᠦᠩᠬᠦᠢ ᠪᠠᠷ ᠬᠠᠮᠢᠶᠠᠷᠴᠦ᠂ ᠢᠯᠡᠭᠦᠴᠡ ᠣᠷᠣᠨ ᠳᠤᠭ᠎ᠠ ᠶᠢ ᠳᠡᠭᠰᠢᠯᠡᠨ ᠳᠣᠬᠢᠷᠠᠭᠤᠯᠤᠨ᠎ᠠ᠃ ᠵᠠᠰᠠᠭ ᠤᠨ | ᠣᠷᠳᠣᠨ ᠤ ᠴᠢᠳᠠᠮᠵᠢ ᠶᠢᠨ ᠬᠤᠪᠢᠷᠠᠯᠳᠠ ᠶᠢ ᠳᠦᠷᠭᠡᠳᠬᠡᠵᠤ᠂ ᠡᠷᠬᠡ ᠪᠠ ᠡᠭᠦᠷᠭᠡ ᠶᠢ ᠳᠣᠳᠣᠷᠬᠠᠢ ᠲᠤᠭᠳᠠᠭᠠᠨ᠂ | ᠬᠤᠰᠢᠭᠤ ᠰᠢᠶᠠᠩ ᠬᠤᠶᠠᠷ ᠱᠠᠳᠣᠨ ᠤ ᠵᠠᠰᠠᠭ ᠤᠨ ᠣᠷᠳᠣᠨ ᠪᠠ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠶᠢᠨ | ᠡᠷᠬᠡ ᠡᠭᠦᠷᠬᠡ ᠶᠢ ᠢᠯᠭᠠᠨ ᠰᠠᠯᠭᠠᠬᠤ ᠳᠦᠷᠢᠮᠵᠢᠯ ᠢ ᠳᠡᠭᠦᠯᠳᠡᠷᠵᠢᠭᠦᠯᠦᠨ᠎ᠠ᠃ ᠵᠠᠰᠠᠭ ᠤᠨ ᠶᠠᠪᠤᠳᠠᠯ ᠤᠨ | ᠦᠢᠯᠡᠴᠢᠯᠡᠯᠭᠡᠨ ᠤ ᠳᠦᠪ ᠢ ᠵᠣᠬᠢᠶᠠᠨ ᠪᠠᠶᠢᠭᠤᠯᠵᠤ᠂ ᠡᠯ᠎ᠡ ᠰᠠᠯᠠᠭ᠎ᠠ ᠮᠦᠴᠢᠷ ᠠᠵᠢᠯ ᠤᠨ ᠡᠷᠬᠡ ᠡᠭᠦᠷᠭᠡ᠂ ᠠᠵᠢᠯ | ᠬᠦᠢᠴᠡᠳᠬᠡᠬᠦ ᠳᠠᠰ ᠳᠠᠷᠠᠭ᠎ᠠ ᠵᠢᠴᠢ ᠬᠢᠨᠠᠨ ᠵᠦᠪᠰᠢᠶᠡᠷᠡᠬᠦ ᠡᠷᠬᠡ ᠶᠢᠨ ᠬᠢᠵᠠᠭᠠᠷᠯᠠᠯ ᠵᠡᠷᠬᠡ ᠶᠢ ᠳᠣᠳᠣᠷᠬᠠᠶᠢᠯᠠᠨ᠂ | ᠬᠢᠨᠠᠨ ᠪᠠᠶᠢᠴᠠᠭᠠᠬᠤ ᠦᠷ᠎ᠡ ᠠᠰᠢᠭ ᠢᠶᠠᠨ ᠳᠡᠭᠡᠭᠰᠢᠯᠡᠭᠦᠯᠦᠨ᠎ᠡ᠃ ᠵᠠᠰᠠᠭ ᠢ ᠴᠤᠬᠠᠳᠬᠠᠵᠤ᠂ ᠡᠷᠬᠡ ᠶᠢ ᠴᠢᠯᠤᠬᠡᠳᠠᠢ | ᠪᠠᠶᠢᠯᠭᠠᠬᠤ ᠶᠢ ᠳᠦᠯᠬᠢᠨ ᠠᠬᠢᠭᠤᠯᠵᠤ᠂ ᠬᠤᠰᠢᠭᠤᠨ ᠤ ᠨᠢᠭᠡ ᠪᠦᠯᠦᠭ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ | ᠠᠵᠢᠯ ᠢ ᠦᠭᠡᠶᠢᠰᠬᠡᠬᠦ ᠪᠠ ᠨᠡᠶᠢᠯᠡᠬᠦᠯᠦᠨ᠂ ᠦᠯᠡᠳᠡᠭᠰᠡᠨ ᠬᠢᠨᠠᠨ ᠵᠦᠪᠰᠢᠶᠡᠷᠡᠬᠦ ᠲᠦᠷᠦᠯ ᠵᠦᠢᠯ ᠢ ᠨᠡᠶᠢᠭᠡᠮ | ᠨᠡᠶᠢᠳᠡ ᠳᠤ ᠢᠯᠡ ᠪᠠᠷ ᠨᠡᠶᠢᠳᠡᠯᠡᠨ᠎ᠡ᠃ ᠰᠤᠷᠭᠠᠭᠤᠯᠢ ᠪᠠᠶᠢᠭᠤᠯᠬᠤ ᠨᠦᠬᠦᠴᠡᠯ᠂ ᠪᠠᠭᠰᠢ ᠶᠢᠨ ᠡᠩᠨᠡᠭᠡ ᠵᠢᠴᠢ | ᠰᠤᠷᠭᠠᠨ ᠬᠦᠮᠦᠵᠢᠯ ᠤᠨ ᠶᠠᠰᠣ ᠴᠢᠨᠠᠷ ᠢ ᠠᠬᠢᠭᠤᠯᠬᠤ ᠪᠠᠷ ᠭᠤᠣᠯᠳᠠᠯᠭ᠎ᠠ ᠪᠤᠯᠭᠠᠨ᠂ ᠬᠤᠳᠠ ᠬᠦᠳᠡᠭᠡ ᠶᠢᠨ ᠰᠣᠷᠭᠠᠨ | ᠬᠦᠮᠦᠵᠢᠯ ᠤᠨ ᠳᠡᠩᠴᠡᠭᠦᠷᠢᠳᠠᠢ ᠬᠦᠭᠵᠢᠯᠳᠡ ᠶᠢ ᠳᠦᠯᠬᠢᠨ ᠠᠬᠢᠭᠤᠯᠵᠤ᠂ ᠬᠤᠳᠠ ᠪᠠ ᠬᠦᠳᠡᠭᠡ᠂ ᠡᠯ᠎ᠡ | ᠰᠤᠷᠭᠠᠭᠤᠯᠢ ᠶᠢᠨ ᠬᠤᠭᠤᠷᠤᠨᠳᠤᠬᠢ ᠰᠣᠷᠭᠠᠨ ᠬᠦᠮᠦᠵᠢᠯ ᠤᠨ ᠡᠬᠢ ᠪᠠᠶᠠᠯᠢᠭ ᠤᠨ ᠬᠤᠪᠢᠶᠠᠷᠯᠠᠯᠳᠠ ᠶᠢᠨ ᠵᠦᠷᠢᠶ᠎ᠠ | ᠶᠡᠭᠡ ᠪᠠᠶᠢᠭ᠎ᠠ ᠠᠰᠠᠭᠤᠳᠠᠯ ᠢ ᠦᠨᠡᠨᠬᠦ ᠰᠢᠢᠳᠪᠤᠷᠢᠯᠡᠨ᠎ᠠ᠃ ᠭᠤᠤᠯᠳᠠᠯᠭ᠎ᠠ ᠲᠠᠢ ᠰᠣᠷᠭᠠᠭᠤᠯᠢ ᠪᠠ ᠠᠩᠬᠢ ᠶᠢ | ᠠᠭᠠᠵᠢᠮ ᠢᠶᠠᠷ ᠦᠭᠡᠶᠢᠰᠬᠡᠵᠤ᠂ ︽ᠰᠤᠷᠭᠠᠭᠤᠯᠢ ᠰᠣᠩᠭᠤᠬᠤ︾ ᠠᠰᠠᠭᠤᠳᠠᠯ ᠢ ᠰᠢᠢᠳᠪᠤᠷᠢᠯᠡᠨ᠎ᠠ᠃ ᠠᠯᠪᠠᠨ ᠠᠴᠠ | ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠳᠡ ᠶᠢ ᠠᠬᠢᠭᠤᠯᠵᠤ᠂ ᠡᠮᠴᠢᠯᠡᠭᠡᠨ ᠤ ᠦᠷ᠎ᠡ ᠪᠦᠳᠦᠮᠵᠢ ᠶᠢ | ᠦᠨᠡᠯᠡᠨ᠂ ᠰᠢᠨᠵᠢᠯᠡᠬᠦ ᠤᠬᠠᠭᠠᠨᠴᠢ ᠲᠤᠭᠳᠠᠯᠴᠠᠭ᠎ᠠ ᠪᠠ ᠠᠵᠢᠯ ᠳᠦᠷᠦᠯ ᠤᠨ ᠣᠨᠴᠠᠯᠢᠭ ᠲᠤ ᠳᠣᠬᠢᠷᠠᠯᠴᠠᠬᠰᠠᠨ | ᠴᠢᠳᠠᠪᠣᠷᠢᠳᠠᠨ ᠢ ᠬᠦᠮᠦᠵᠢᠬᠦᠯᠵᠤ᠂ ᠠᠵᠢᠯᠳᠠᠨ ᠤ ᠬᠦᠯᠦᠰᠣ ᠣᠯᠭᠤᠮᠵᠢ ᠶᠢᠨ ᠳᠦᠷᠢᠮ ᠢ ᠪᠠᠶᠢᠭᠤᠯᠤᠨ᠂ ᠡᠮᠴᠢᠯᠡᠬᠡᠨ | ᠤ ᠶᠠᠰᠣ ᠴᠢᠨᠠᠷ ᠪᠠ ᠬᠢᠷᠢ ᠳᠦᠪᠰᠢᠨ ᠢ ᠳᠡᠭᠡᠭᠰᠢᠯᠡᠭᠦᠯᠦᠨ᠎ᠠ᠃ | ︵ᠬᠤᠶᠠᠷ︶ ᠠᠵᠤ ᠦᠢᠯᠡᠰ ᠤᠨ ᠠᠵᠤ ᠠᠬᠤᠢ ᠶᠢᠨ ᠬᠦᠭᠵᠢᠯᠳᠡ ᠶᠢᠨ ᠬᠢᠷᠢ ᠳᠦᠪᠰᠢᠨ ᠢ | ᠳᠡᠭᠡᠭᠰᠢᠯᠡᠭᠦᠯᠵᠤ᠂ ᠠᠵᠤ ᠦᠢᠯᠡᠰ ᠤᠨ ᠠᠵᠤ ᠠᠬᠤᠢ ᠶᠢᠨ ᠳᠡᠰ ᠳᠠᠪᠰᠢᠬᠤ ᠶᠢ ᠠᠬᠢᠭᠤᠯᠤᠨ᠎ᠠ | ᠦᠩᠭᠡᠳᠦ ᠳᠡᠮᠦᠷᠯᠢᠭ ᠤᠨ ᠠᠵᠤ ᠦᠢᠯᠡᠰ ᠤᠨ ᠦᠷᠭᠦᠯᠵᠢᠯᠡᠨ ᠳᠡᠰ ᠳᠠᠪᠰᠢᠬᠤ ᠶᠢ ᠳᠦᠯᠬᠢᠨ ᠠᠬᠢᠭᠤᠯᠵᠤ᠂ | ᠣᠯᠠᠨ ᠠᠷᠭ᠎ᠠ ᠵᠠᠮ ᠢᠶᠠᠷ ᠲᠠᠮᠵᠢᠭᠤᠯᠤᠨ᠂ ᠠᠭᠤᠷᠬᠠᠢ ᠢᠯᠡᠷᠡᠭᠦᠯᠬᠦ ᠪᠡᠯᠡ ᠮᠦᠩᠬᠦ ᠶᠢ ᠴᠣᠬᠯᠠᠭᠤᠯᠤᠨ᠂ 30 ᠳᠦᠮᠡᠨ | ᠮᠧᠲᠷ ᠣᠷᠳᠣ ᠠᠭᠤᠷᠬᠠᠢ ᠬᠠᠶᠢᠵᠤ ᠨᠦᠭᠡᠴᠠ ᠶᠢ ᠨᠡᠮᠡᠭᠳᠡᠭᠦᠯᠬᠦ ᠢᠨᠵᠧᠨ᠋ᠷᠢᠩ ᠢ ᠬᠡᠷᠡᠭᠵᠢᠭᠦᠯᠵᠤ᠂ ᠰᠢᠨ᠎ᠠ ᠪᠠᠷ | ᠨᠡᠮᠡᠭᠳᠡᠨ ᠬᠠᠶᠢᠨ ᠢᠯᠡᠷᠡᠭᠦᠯᠦᠭᠰᠡᠨ ᠠᠭᠤᠷᠬᠠᠢ ᠶᠢᠨ ᠴᠢᠯᠠᠭᠤᠨ ᠤ ᠨᠦᠬᠡᠴᠡ ᠶᠢ 5000 ᠳᠦᠮᠡᠨ ᠳᠣᠨ ᠠᠴᠠ | ᠳᠡᠭᠡᠭᠰᠢ ᠪᠠᠶᠢᠯᠭᠠᠨ᠎ᠠ᠃ ᠴᠡᠭᠴᠡᠯᠡᠯᠳᠡ ᠪᠠᠷ ᠨᠢᠭᠡᠳᠦᠭᠦᠯᠬᠦ ᠶᠢ ᠠᠬᠢᠭᠤᠯᠵᠤ᠂ ᠨᠢᠭᠡᠳᠦᠭᠦᠯᠬᠦ ᠪᠠᠷ ᠳᠦᠷᠢᠮᠵᠢᠯᠳᠡ ᠶᠢ | ᠠᠬᠢᠭᠤᠯᠤᠨ᠂ ᠴᠢᠨᠠᠷ ᠰᠠᠶᠢᠨ ᠡᠬᠢ ᠪᠠᠶᠠᠯᠢᠭ ᠤᠨ ᠭᠤᠤᠯᠳᠠᠯᠭᠠᠳᠣ ᠨᠢᠭᠡᠳᠦᠮᠡᠯ ᠴᠤᠬᠴᠠ ᠳᠤ ᠳᠦᠪᠯᠡᠷᠡᠬᠦ ᠶᠢ | ᠵᠣᠷᠢᠭᠵᠢᠭᠤᠯᠬᠤ ᠪᠠ ᠬᠦᠳᠦᠯᠵᠤ᠂ ᠠᠭᠤᠷᠬᠠᠢ ᠶᠢᠨ ᠡᠬᠢ ᠪᠠᠶᠠᠯᠢᠭ ᠤᠨ ᠨᠡᠭᠡᠭᠡᠯᠳᠡ ᠶᠢᠨ ᠳᠦᠷᠢᠮᠵᠢᠭᠰᠡᠨ᠂ | ᠳᠣᠬᠳᠠᠭᠤᠨ ᠠᠬᠢᠴᠠ ᠶᠢ ᠳᠦᠯᠬᠢᠨ ᠠᠬᠢᠭᠤᠯᠤᠨ᠎ᠠ᠃ ᠦᠩᠭᠡᠳᠣ ᠳᠡᠮᠦᠷᠯᠢᠭ ᠤᠨ ᠬᠦᠳᠡᠷ ᠰᠢᠯᠢᠬᠦ ᠴᠢᠳᠠᠮᠵᠢ ᠶᠢ | ᠦᠷᠭᠡᠳᠬᠡᠵᠤ᠂ ᠵᠧ ᠱᠧᠩ ᠠᠭᠤᠷᠬᠠᠢ ᠶᠢᠨ ᠦᠢᠯᠡᠰ ᠤᠨ 4000 ᠲᠣᠨ ᠬᠦᠳᠡᠷ ᠰᠢᠯᠢᠵᠤ ᠦᠷᠭᠡᠳᠬᠡᠬᠦ᠂ ᠢᠣᠢ | ᠪᠠᠩ ᠠᠭᠤᠷᠬᠠᠢ ᠶᠢᠨ ᠦᠢᠯᠡᠰ ᠤᠨ 7000 ᠳᠣᠨ ᠢ ᠬᠦᠳᠡᠷ ᠰᠢᠯᠢᠵᠤ ᠦᠷᠭᠡᠳᠬᠡᠬᠦ ᠵᠢᠴᠢ ᠱᠠᠨ ᠵᠢᠩ ᠬᠤᠩ | ᠯᠢᠩ ᠤᠨ1000 ᠳᠣᠨ ᠰᠣᠩᠭᠤᠵᠤ ᠦᠢᠯᠡᠳᠪᠤᠷᠢᠯᠡᠬᠦ ᠳᠦᠷᠦᠯ ᠵᠦᠢᠯ ᠢ ᠪᠦᠳᠦᠭᠡᠨ ᠪᠠᠶᠢᠭᠤᠯᠬᠤ ᠠᠵᠢᠯ ᠢ | ᠡᠬᠢᠯᠡᠬᠦᠯᠦᠨ᠎ᠠ᠃ ᠠᠵᠤ ᠦᠢᠯᠡᠰ ᠤᠨ ᠦᠷᠬᠦᠯᠵᠢᠯᠡᠭᠰᠡᠨ ᠬᠦᠭᠵᠢᠯᠳᠡ ᠶᠢ ᠠᠬᠢᠭᠤᠯᠵᠤ᠂ 5 ᠳᠦᠮᠡᠨ ᠳᠣᠨ | ᠨᠠᠷᠢᠯᠢᠭ ᠴᠠᠶᠢᠷ ᠤᠨ ᠨᠣᠨᠳᠠᠭ᠂ 500 ᠳᠦᠮᠡᠨ ᠴᠢᠶᠠᠨ ᠹᠦ᠋ ᠠᠨ ᠴᠠᠬᠢᠯᠭᠠᠨ ᠬᠤᠷᠢᠶᠠᠭᠤᠷ᠂ 30 ᠳᠦᠮᠡᠨ | ᠴᠠᠶᠢᠷ ᠤᠨ ᠬᠠᠶᠢᠯᠤᠮᠠᠯ ᠢ ᠡᠳ᠋ᠰᠢᠭᠦᠯᠬᠦ ᠵᠡᠷᠭᠡᠢᠨᠵᠧᠨᠧᠷᠢᠩ ᠢ ᠪᠦᠳᠦᠭᠡᠨ ᠪᠠᠶᠢᠭᠤᠯᠵᠤ᠂ ᠦᠩᠭᠡᠳᠣ ᠳᠡᠮᠦᠷᠯᠢᠭ ᠤᠨ | ᠦᠢᠯᠡᠰ ᠤᠨ ︽ᠬᠠᠶᠢᠬᠤ᠂ ᠰᠣᠩᠭᠤᠬᠤ᠂ ᠬᠠᠶᠢᠯᠠᠭᠤᠯᠬᠤ︾ ᠶᠠᠪᠤᠴᠠ ᠶᠢ ᠨᠢᠭᠡ ᠴᠣᠬᠴᠠᠴᠢᠯᠠᠬᠤ ᠬᠦᠭᠵᠢᠯᠳᠡ ᠶᠢᠨ | ᠪᠠᠶᠢᠳᠠᠯ ᠢ ᠴᠢᠷᠮᠠᠶᠢᠨ ᠪᠣᠢ ᠪᠣᠯᠭᠠᠨ᠎ᠠ᠃ | ᠠᠵᠤ ᠦᠢᠯᠡᠰ ᠤᠨ ᠣᠯᠠᠨ ᠳᠦᠷᠦᠯᠰᠢᠯ ᠤᠨ ᠬᠦᠭᠵᠢᠯᠳᠡ ᠶᠢ ᠠᠬᠢᠭᠤᠯᠤᠨ᠎ᠠ᠃ ᠡᠬᠢ ᠪᠠᠶᠠᠯᠢᠭ ᠤᠨ | ᠬᠢᠮᠢ ᠶᠢᠨ ᠠᠵᠤ ᠦᠢᠯᠡᠳᠪᠦᠷᠢ ᠶᠢᠨ ᠦᠢᠯᠡᠰ ᠢ ᠭᠦᠭᠵᠢᠭᠦᠯᠵᠤ᠂ 320 ᠳᠦᠮᠡᠨ ᠳᠣᠨ ᠤᠯᠠᠭᠠᠨᠬᠠᠳᠠ ᠶᠢᠨ ᠵᠦ | ᠪᠠᠩ ᠬᠦᠷᠡᠩ ᠨᠡᠭᠦᠷᠡᠰᠦ ᠶᠢᠨ ᠬᠠᠳᠠᠭᠠᠮᠠᠯ ᠪᠠ ᠰᠢᠳᠠᠭᠠᠮᠠᠯ ᠬᠡᠢ ᠶᠢᠨ ᠶᠡᠷᠦᠩᠬᠡᠢ ᠠᠰᠢᠭᠯᠠᠯᠳᠠ ᠵᠢᠴᠢ 2.4 ᠳᠦᠮᠡᠨ | ᠳᠣᠨ ᠴᠢᠢᠳᠡᠮᠵᠢᠬᠦᠯᠬᠦ ᠳᠠᠷᠢ ᠦᠷᠬᠡᠳᠬᠡᠨ ᠪᠠᠶᠢᠭᠤᠯᠬᠤ ᠵᠡᠷᠭᠡ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ | ᠠᠬᠢᠭᠤᠯᠤᠨ᠂ ᠪᠢ ᠱᠢ ᠪᠦᠯᠦᠭᠯᠡᠯ ᠤᠨ ᠨᠡᠭᠦᠷᠡᠰᠣ ᠴᠠᠬᠢᠯᠭᠠᠨ ᠢ ᠨᠢᠭᠡ ᠴᠣᠬᠴᠠᠴᠢᠯᠠᠬᠤ ᠢᠨᠵᠧᠨ᠋ᠷᠢᠩ ᠢ ᠠᠵᠤ | ᠦᠢᠯᠡᠰ ᠤᠨ ᠳᠣᠭᠤᠷᠢᠭ ᠲᠤ ᠤᠷᠤᠭᠤᠯᠤᠨ᠎ᠠ᠃ ᠲᠡᠮᠦᠷᠯᠢᠭ ᠪᠤᠰᠤ ᠠᠭᠤᠷᠬᠠᠢ ᠶᠢᠨ ᠡᠬᠢ ᠪᠠᠶᠠᠯᠢᠭ ᠤᠨ ᠨᠡᠭᠡᠭᠡᠨ | ᠠᠰᠢᠬᠯᠠᠯᠳᠠ ᠶᠢ ᠳᠦᠯᠬᠢᠨ ᠠᠬᠢᠭᠤᠯᠵᠤ᠂ ᠬᠢᠳᠠᠨ ᠤ ᠴᠢᠯᠠᠭᠤᠨ ᠮᠠᠲ᠋ᠧᠷᠢᠶᠠᠯ ᠤᠨ ᠺᠣᠮᠫᠠᠨᠢ ᠶᠢᠨ 500 ᠳᠦᠮᠡᠨ | ᠳᠡᠭᠰᠢ ᠳᠦᠷᠪᠡᠯᠵᠢᠨ ᠮᠧᠲᠷ ᠴᠢᠯᠠᠭᠤᠨ ᠮᠠᠲ᠋ᠧᠷᠢᠶᠠᠯ ᠤᠨ ᠪᠣᠯᠪᠠᠰᠣᠷᠠᠭᠤᠯᠤᠯᠳᠠ ᠶᠢᠨ ᠳᠦᠷᠦᠯ ᠵᠦᠢᠯ ᠢ ᠡᠬᠢᠯᠡᠨ | ᠪᠦᠳᠦᠬᠡᠨ ᠪᠠᠶᠢᠭᠤᠯᠵᠤ᠂ 6 ᠳᠦᠮᠡᠨ ᠳᠣᠨ ᠹᠯᠣᠷᠳᠣ ᠣᠰᠣᠳᠦ᠋ᠷᠦᠭᠴᠢ ᠶᠢᠨ ᠬᠦᠴᠢᠯ᠂ ᠳᠠᠯᠠᠰᠳᠣ ᠬᠦᠬᠦᠷ | ᠬᠦᠴᠢᠯ ᠤᠨ ᠺᠠᠯᠽᠢ ᠵᠢᠴᠢ ᠴᠣᠬᠤᠢ ᠶᠢᠨ ᠴᠢᠯᠠᠭᠤᠨ ᠴᠠᠭᠠᠰᠣ ᠵᠡᠷᠬᠡ ᠳᠦᠷᠦᠯ ᠵᠦᠢᠯ ᠢ ᠪᠠᠶᠢᠭᠤᠯᠤᠨ᠎ᠠ᠃ ᠪᠣᠬᠢᠷᠳᠣᠯ | ᠦᠭᠡᠢ ᠡᠨᠧᠷᠬᠢ ᠵᠢᠨᠦᠢᠯᠡᠰ ᠤᠨ ᠬᠦᠭᠵᠢᠯᠳᠡ ᠶᠢ ᠳᠦᠯᠬᠢᠨ ᠠᠬᠢᠭᠤᠯᠵᠤ᠂ ᠰᠠᠯᠬᠢᠨ ᠬᠦᠴᠦ ᠪᠠᠷ ᠴᠠᠬᠢᠯᠭᠠᠨ | ᠭᠠᠷᠭᠠᠬᠤ᠂ ᠨᠠᠷᠠᠨ ᠤ ᠡᠨᠧᠷᠬᠢ ᠪᠠᠷ ᠴᠠᠬᠢᠯᠭᠠᠨ ᠭᠠᠷᠭᠠᠬᠤ ᠵᠡᠷᠬᠡ ᠰᠢᠨ᠎ᠠ ᠬᠡᠯᠪᠡᠷᠢ ᠶᠢᠨ ᠡᠨᠧᠷᠬᠢ ᠶᠢᠨ ᠳᠦᠷᠦᠯ | ᠵᠦᠢᠯ ᠢ ᠴᠢᠷᠮᠠᠶᠢᠨ ᠠᠰᠢᠬᠯᠠᠨ᠎ᠠ᠃ ᠡᠨᠧᠷᠬᠢ ᠶᠢ ᠠᠷᠪᠢᠯᠠᠨ᠂ ᠣᠷᠴᠢᠨ ᠳᠣᠭᠤᠷᠢᠨ ᠢ ᠬᠠᠮᠠᠭᠠᠯᠠᠬᠤ ᠮᠠᠶ᠋ᠢᠭ ᠤᠨ ᠠᠵᠤ | ᠦᠢᠯᠡᠳᠪᠦᠷᠢ ᠶᠢ ᠶᠡᠭᠡᠪᠡᠷ ᠬᠦᠭᠵᠢᠭᠦᠯᠵᠤ᠂ ᠮᠡᠷᠭᠡᠵᠢᠯ ᠲᠧᠭᠨᠢᠭ ᠤᠨ ᠬᠠᠮᠳᠣᠷᠠᠯᠴᠠᠯ ᠢ ᠴᠢᠷᠮᠠᠶᠢᠨ ᠰᠦᠪᠡᠭᠴᠢᠯᠡᠵᠤ᠂ | ᠠᠭᠤᠷᠬᠠᠢ ᠶᠢᠨ ᠬᠠᠶᠠᠭᠳᠠᠮᠠᠯ ᠰᠢᠭᠠᠷᠠᠤ ᠶᠢ ᠠᠷᠢᠯᠭᠠᠬᠤ᠂ ᠬᠠᠳᠠᠭᠤ ᠪᠡᠶᠡᠳᠣ ᠬᠠᠶᠠᠬᠳᠠᠮᠠᠯ ᠪᠣᠳᠠᠰ ᠢ ᠳᠠᠬᠢᠨ | ᠠᠰᠢᠬᠯᠠᠬᠤ ᠵᠡᠷᠭᠡ ᠣᠷᠴᠢᠯ ᠠᠵᠤ ᠠᠬᠤᠢ ᠶᠢᠨ ᠳᠦᠷᠦᠯ ᠵᠦᠢᠯ ᠢ ᠢᠳᠡᠪᠬᠢᠳᠠᠢ ᠰᠦᠪᠡᠭᠴᠢᠯᠡᠨ᠎ᠠ᠃ ᠡᠬᠢ | ᠪᠠᠶᠠᠯᠢᠭ ᠤᠨ ᠪᠣᠰᠣ ᠠᠵᠤ ᠦᠢᠯᠡᠳᠪᠣᠷᠢ ᠶᠢᠨ ᠬᠦᠷᠢᠶ᠎ᠠ ᠬᠡᠪᠴᠢᠶ᠎ᠠ ᠶᠢ ᠦᠷᠬᠡᠳᠬᠡᠨ᠂ ᠢ ᠳ᠋ᠦ᠋ ᠴᠤᠸᠠᠨ ᠬᠤᠪᠴᠠᠰᠣ | ᠵᠠᠰᠠᠯ᠂ ᠨᠣᠣᠰᠣᠨ ᠨᠡᠬᠡᠮᠡᠯ ᠤᠨ ᠦᠢᠯᠡᠰ ᠵᠡᠷᠬᠡ ᠬᠦᠳᠡᠯᠮᠦᠷᠢ ᠬᠦᠴᠦ ᠨᠢᠬᠳᠠᠷᠠᠬᠰᠠᠨᠬᠡᠯᠪᠡᠷᠢ ᠶᠢᠨ ᠳᠦᠷᠦᠯ ᠵᠦᠢᠯ ᠢ | ᠦᠷᠭᠦᠯᠵᠢᠯᠡᠨ ᠬᠦᠭᠵᠢᠬᠦᠯᠵᠤ᠂ ᠣᠯᠠᠨ ᠳᠦᠷᠦᠯᠰᠢᠭᠰᠡᠨ ᠬᠦᠭᠵᠢᠯᠳᠡ᠂ ᠣᠯᠠᠨ ᠡᠰᠢᠴᠢᠯᠡᠭᠰᠡᠨ ᠰᠢᠶᠠᠩ | ᠳᠣᠭᠤᠷᠢᠭ ᠤᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ ᠬᠤᠰᠢᠭᠤ ᠱᠠᠳᠣᠨ ᠤ ᠣᠳᠣᠷᠢᠳᠣᠯᠭ᠎ᠠ | ᠺᠠᠳ᠋ᠷᠴᠣᠳ ᠤᠨ ᠠᠷᠠᠯᠵᠢᠶᠠᠴᠢᠨ ᠣᠷᠢᠬᠤ ᠠᠵᠢᠯᠯᠠᠭ᠎ᠠ ᠶᠢ ᠳᠦᠯᠬᠢᠨ ᠠᠬᠢᠭᠤᠯᠵᠤ᠂ ᠬᠤᠰᠢᠭᠤᠨ ᠤ ᠰᠢᠭᠤᠳ | ᠬᠠᠷᠢᠶ᠎ᠠ ᠪᠠᠶᠢᠭᠤᠯᠭ᠎ᠠ᠂ ᠰᠣᠮᠣ ᠰᠢᠶᠠᠩ ᠪᠠᠯᠭᠠᠰᠣ᠂ ᠵᠡᠭᠡᠯᠢ ᠭᠤᠳᠣᠮᠵᠢ ᠶᠢᠨ ᠠᠷᠠᠯᠵᠢᠶᠠᠴᠢᠨ ᠣᠷᠢᠵᠤ ᠪᠡᠯᠡ | ᠴᠣᠬᠯᠠᠭᠤᠯᠬᠤ ᠢᠳᠡᠪᠬᠢᠵᠢᠯ ᠢ ᠪᠦᠷᠢᠨᠠᠰᠢᠭᠯᠠᠨ᠂ ᠠᠷᠭ᠎ᠠ ᠪᠦᠬᠦᠨ ᠢ ᠰᠦᠪᠡᠭᠴᠢᠯᠡᠵᠤ ᠪᠡᠯᠡ ᠮᠦᠩᠬᠦ᠂ ᠮᠡᠷᠭᠡᠵᠢᠯ | ᠵᠢᠴᠢ ᠴᠢᠳᠠᠪᠤᠷᠢᠳᠠᠨ ᠵᠡᠷᠭᠡ ᠦᠢᠯᠡᠳᠪᠦᠷᠢᠯᠡᠯ ᠤᠨ ᠡᠯᠧᠮᠧᠨ᠋ᠲ ᠢ ᠳᠠᠳᠠᠨ ᠠᠪᠴᠢᠷᠠᠨ᠎ᠠ᠃ | ᠠᠵᠤ ᠦᠢᠯᠡᠰ ᠤᠨ ᠳᠣᠭᠤᠷᠢᠭ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠎ᠠ᠃ ᠹᠸᠡᠭ ᠬᠤᠸᠠᠩ | ᠱᠠᠨ ᠠᠭᠤᠯᠠ ᠶᠢᠨ ᠠᠵᠤ ᠦᠢᠯᠡᠰ ᠤᠨ ᠳᠣᠭᠤᠷᠢᠭ ᠤᠨ ᠰᠠᠭᠤᠷᠢ ᠳᠣᠨᠤᠭ ᠳᠦᠬᠦᠭᠡᠷᠦᠮᠵᠢ ᠶᠢ ᠣᠯᠠᠮ | ᠰᠠᠶᠢᠵᠢᠷᠠᠭᠤᠯᠤᠨ᠂ ︽ᠨᠢᠬᠡ ᠬᠦᠨᠳᠡᠯᠡᠨ᠂ ᠨᠢᠭᠡ ᠭᠤᠯᠳᠣ︾ ᠵᠠᠮ ᠱᠣᠭᠤᠮ᠂ ᠪᠣᠵᠠᠷ ᠣᠰᠣ ᠶᠢ ᠰᠢᠢᠳᠪᠤᠷᠢᠯᠡᠬᠦ | ᠭᠠᠵᠠᠷ ᠪᠠ ᠡᠳ᠋ ᠪᠣᠳᠠᠰ ᠢ ᠬᠦᠮᠦᠷᠭᠡᠯᠡᠨ ᠬᠠᠳᠠᠭᠠᠯᠠᠬᠤ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ | ᠦᠷᠭᠦᠯᠵᠢᠯᠡᠨ ᠳᠦᠯᠬᠢᠨ ᠠᠬᠢᠭᠤᠯᠵᠤ᠂ ᠦᠩᠭᠡᠳᠣ ᠳᠡᠮᠦᠷᠯᠢᠭ ᠤᠨ ᠬᠠᠶᠢᠯᠠᠭᠤᠯᠤᠨ ᠪᠤᠯᠪᠠᠰᠤᠷᠠᠭᠤᠯᠬᠤ᠂ ᠹᠯᠤᠷᠳᠣ | ᠬᠢᠮᠢ ᠶᠢᠨ ᠦᠢᠯᠡᠳᠪᠦᠷᠢ ᠵᠡᠷᠭᠡ ᠳᠦᠷᠦᠯ ᠵᠦᠢᠯ ᠢ ᠳᠦᠪᠯᠡᠷᠡᠬᠦᠯᠦᠨ ᠪᠠᠶᠢᠷᠢᠰᠢᠭᠤᠯᠵᠤ᠂ ᠣᠷᠣᠨ ᠤ ᠳᠡᠰ ᠤᠨ ᠠᠵᠤ | ᠦᠢᠯᠡᠳᠪᠦᠷᠢ ᠶᠢᠨ ᠳᠣᠭᠤᠷᠢᠭ ᠢ ᠴᠢᠷᠮᠠᠶᠢᠨ ᠪᠦᠳᠦᠭᠡᠨ ᠪᠠᠶᠢᠭᠤᠯᠤᠨ᠎ᠠ᠃ ᠠᠵᠤ ᠦᠢᠯᠡᠳᠪᠦᠷᠢ ᠶᠢᠨ ᠳᠣᠭᠤᠷᠢᠭ ᠤᠨ | ᠣᠰᠣᠨ ᠤ ᠡᠬᠢ ᠰᠤᠷᠪᠤᠯᠵᠢ ᠶᠢᠨ ᠠᠰᠠᠭᠤᠳᠠᠯ ᠢ ᠰᠢᠢᠳᠪᠤᠷᠢᠯᠡᠵᠤ᠂ ᠱᠢᠨᠠ ᠣᠰᠣᠨ ᠠᠰᠢᠭᠯᠠᠯᠳᠠ ᠶᠢᠨ | ᠴᠦᠭᠦᠷᠣᠮ ᠤᠨ ᠣᠰᠣᠨ ᠤ ᠦᠮᠴᠢᠯᠡᠯ ᠡᠷᠬᠡ ᠶᠢ ᠬᠤᠪᠢᠷᠠᠭᠤᠯᠤᠨ᠎ᠠ᠃ 66 ᠺᠢᠯᠤᠸᠠᠲ ᠴᠡᠬᠢᠯᠭᠠᠨ ᠬᠤᠪᠢᠰᠬᠠᠬᠤ | ᠦᠷᠳᠡᠭᠡ ᠶᠢᠨ ᠴᠢᠳᠠᠪᠦᠷᠢ ᠪᠠᠭᠳᠠᠭᠠᠮᠵᠢ ᠶᠢ ᠦᠷᠬᠡᠳᠬᠡᠬᠦ ᠢᠨᠵᠧᠨᠧᠷᠢᠩ ᠢ ᠬᠡᠷᠡᠭᠵᠢᠬᠦᠯᠦᠨ᠂ ᠴᠠᠬᠢᠯᠭᠠᠨ ᠬᠦᠴᠦᠨ ᠤ | ᠣᠯᠠᠨ ᠳᠠᠯᠠᠳᠣ ᠰᠣᠯᠢᠯᠴᠠᠭ᠎ᠠ ᠪᠠ ᠳᠣᠮᠣ ᠬᠡᠷᠡᠭᠯᠡᠭᠴᠢ ᠳᠤ ᠰᠢᠭᠤᠳ ᠴᠠᠬᠢᠯᠭᠠᠨ ᠬᠠᠩᠭᠠᠬᠤ ᠠᠵᠢᠯ ᠢ ᠴᠢᠷᠮᠠᠶᠢᠨ | ᠪᠡᠶᠡᠯᠡᠭᠦᠯᠵᠤ᠂ ᠠᠵᠤ ᠦᠢᠯᠡᠳᠪᠤᠷᠢ ᠶᠢᠨ ᠴᠠᠬᠢᠯᠭᠠᠨ ᠬᠡᠷᠡᠭᠯᠡᠬᠦ ᠪᠠᠳᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠠ᠃ | ᠪᠠᠶᠠᠨᠨᠢᠷᠣᠭᠤ ᠠᠵᠣ ᠦᠢᠯᠡᠰ ᠤᠨ ᠳᠣᠭᠤᠷᠢᠭ ᠤᠨ ᠲᠦᠯᠦᠪᠵᠢᠬᠦᠯᠭᠡ ᠶᠢ ᠰᠢᠨᠵᠢᠯᠡᠬᠦ ᠤᠬᠠᠭᠠᠨᠴᠢ ᠪᠠᠷ ᠲᠤᠭᠳᠠᠭᠠᠨ᠂ | ᠠᠵᠤ ᠦᠢᠯᠡᠳᠪᠦᠷᠢ ᠶᠢᠨ ᠳᠣᠭᠤᠷᠢᠭ ᠤᠨ ᠪᠦᠳᠦᠬᠡᠨ ᠪᠠᠶᠢᠭᠤᠯᠤᠯᠳᠠ ᠶᠢ ᠰᠣᠳᠣᠯᠣᠨ ᠠᠰᠢᠬᠯᠠᠵᠤ᠂ ᠨᠡᠬᠦᠷᠡᠰᠦ | ᠴᠠᠬᠢᠯᠭᠠᠨ ᠬᠢᠮᠢ ᠶᠢ ᠨᠢᠭᠡ ᠴᠤᠬᠴᠠᠴᠢᠯᠠᠬᠤ ᠣᠷᠴᠢᠯ ᠠᠵᠤ ᠦᠢᠯᠡᠳᠪᠦᠷᠢ ᠶᠢᠨ ᠳᠣᠭᠤᠷᠢᠭ ᠢ ᠴᠢᠷᠮᠠᠶᠢᠨ ᠪᠣᠢ | ᠪᠣᠯᠭᠠᠨ᠎ᠠ᠃ | ︵ᠭᠤᠷᠪᠠ︶ ᠲᠠᠷᠢᠶᠠᠯᠠᠩ ᠮᠠᠯ ᠠᠵᠤ ᠠᠬᠤᠢ ᠵᠢᠨᠦᠢᠯᠡᠰ ᠤᠨ ᠰᠠᠭᠤᠷᠢ ᠶᠢ ᠪᠠᠬᠢᠵᠢᠬᠦᠯᠵᠤ᠂ ᠤᠳᠤ | ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ ᠬᠦᠭᠵᠢᠯᠳᠡ ᠶᠢ ᠳᠦᠷᠭᠡᠳᠬᠡᠨ᠎ᠠ | ᠭᠤᠣᠯ ᠪᠣᠯᠬᠤ ᠳᠠᠷᠢᠶᠠᠯᠠᠩ ᠤᠨ ᠪᠦᠳᠦᠭᠡᠭᠳᠡᠬᠦᠨ ᠤ ᠦᠢᠯᠡᠳᠪᠦᠷᠢᠯᠡᠯ ᠢ ᠬᠦᠴᠦᠳᠠᠢ ᠠᠳᠬᠤᠨ᠎ᠠ᠃ | ᠳᠠᠷᠢᠶᠠᠨ ᠭᠠᠵᠠᠷ ᠢ ᠬᠠᠮᠠᠭᠠᠯᠠᠬᠤ᠂ ᠪᠦᠳᠦᠭᠡᠨ ᠪᠠᠶᠢᠭᠤᠯᠬᠤ ᠵᠢᠴᠢ ᠡᠵᠡᠩᠨᠡᠨ ᠬᠠᠮᠢᠶᠠᠷᠬᠤ ᠬᠦᠴᠦᠯᠡᠴᠠ ᠪᠠᠨ | ᠴᠢᠩᠭᠠᠳᠬᠠᠵᠤ᠂ ᠠᠮᠤ ᠪᠤᠳᠠᠭᠠᠨ ᠤ ᠦᠢᠯᠡᠳᠪᠦᠷᠢᠯᠡᠯ ᠢ ᠴᠢᠩᠭ᠎ᠠ ᠠᠳᠬᠤᠵᠤ᠂ ᠠᠮᠤ ᠪᠤᠳᠠᠭ᠎ᠠ ᠳᠠᠷᠢᠬᠤ ᠳᠠᠯᠠᠪᠠᠢ | ᠶᠢ130 ᠳᠦᠮᠡᠨ ᠮᠤ᠋ ᠠᠴᠠ ᠳᠡᠭᠡᠭᠰᠢ ᠪᠠᠶᠢᠯᠭᠠᠬᠤ ᠶᠢ ᠪᠠᠳᠤᠯᠠᠨ᠂ ᠡᠩ ᠤᠨ ᠵᠢᠯ ᠳᠤ ᠠᠮᠤ ᠪᠤᠳᠠᠭᠠᠨ ᠤ ᠤᠨᠠᠯᠳᠠ | ᠶᠢ 10 ᠳ᠋ᠦᠩᠰᠢᠭᠤᠷ ᠵᠢᠩ ᠢ ᠲᠠᠪᠠᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ | ᠶᠡᠷᠤᠩᠬᠡᠶᠢᠯᠡᠭᠰᠡᠨ ᠦᠢᠯᠡᠳᠪᠦᠷᠢᠯᠡᠯ ᠤᠨ ᠬᠦᠴᠦᠨ ᠢ ᠳᠣᠭᠳᠠᠭᠤᠨ ᠢᠶᠠᠷ ᠳᠡᠭᠡᠭᠰᠢᠯᠡᠭᠦᠯᠵᠤ᠂ ᠰᠦᠷᠴᠢᠨ ᠣᠰᠣᠯᠠᠬᠤ | ᠪᠠ ᠳᠣᠰᠣᠯᠭᠠᠨᠤᠰᠣᠯᠠᠬᠤ ᠵᠡᠷᠬᠡ ᠣᠰᠣ ᠠᠷᠪᠢᠯᠠᠬᠤ ᠮᠡᠷᠭᠡᠵᠢᠯ ᠢ ᠲᠦᠬᠡᠮᠡᠯᠵᠢᠬᠦᠯᠦᠨ᠂10 ᠳᠦᠮᠡᠨ ᠮᠣ᠋ ᠦᠨᠳᠦᠷ | ᠠᠰᠢᠬᠳᠣ ᠤᠰᠣ ᠠᠷᠪᠢᠯᠠᠬᠤ ᠤᠰᠤᠯᠠᠯᠳᠠ ᠶᠢᠨ ᠲᠠᠷᠢᠶ᠎ᠠ᠂1.1 ᠳᠦᠮᠡᠨ ᠮᠣ᠋ ᠤᠰᠣ ᠠᠷᠪᠢᠯᠠᠬᠤ ᠪᠤᠷᠳᠤᠭᠠᠨ ᠤ | ᠰᠠᠭᠤᠷᠢᠨ ᠭᠠᠵᠠᠷ ᠢ ᠨᠠᠶᠢᠳᠠᠪᠦᠷᠢᠵᠢᠭᠤᠯᠵᠤ᠂ ᠪᠦᠷᠬᠦᠪᠴᠢᠳᠣ ᠳᠣᠰᠣᠯᠭᠠᠨ ᠣᠰᠣᠯᠠᠯᠳᠠ ᠶᠢᠨ ᠵᠢᠮᠢᠰ ᠢ 30 | ᠳᠦᠮᠡᠨ ᠮᠣ᠋ ᠠᠴᠠ ᠳᠡᠭᠡᠭᠰᠢ ᠪᠠᠶᠢᠯᠭᠠᠨ᠎ᠠ᠃ ᠮᠠᠯ ᠠᠵᠤ ᠠᠬᠤᠢ ᠶᠢᠨ ᠬᠦᠭᠵᠢᠯᠳᠡ ᠶᠢᠨ ᠠᠷᠭ᠎ᠠ ᠮᠠᠶ᠋ᠢᠭ ᠢ | ᠬᠤᠪᠢᠷᠠᠭᠤᠯᠤᠨ᠂ ᠬᠠᠰᠢᠶ᠎ᠠ ᠰᠠᠷᠠᠪᠴᠢ ᠪᠠ ᠨᠣᠭᠤᠭᠠᠨ ᠳᠠᠷᠣᠰᠢ ᠶᠢᠨ ᠵᠣᠭᠤᠷᠢ ᠵᠡᠷᠬᠡ ᠰᠠᠭᠤᠷᠢ ᠲᠦᠬᠦᠬᠡᠷᠦᠮᠵᠢ ᠶᠢᠨ | ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠤ᠂ ᠡᠷᠴᠢᠮᠵᠢᠭᠰᠡᠨ᠂ ᠪᠠᠷᠢᠮᠵᠢᠶᠠᠵᠢᠬᠰᠠᠨ᠂ ᠳᠣᠰᠬᠠᠶᠢᠵᠢᠬᠰᠠᠨ ᠳᠡᠵᠢᠭᠡᠨ | ᠦᠷᠡᠵᠢᠬᠦᠯᠦᠯᠳᠡ ᠶᠢ ᠬᠦᠭᠵᠢᠬᠦᠯᠦᠨ᠂ ᠮᠠᠯ ᠤᠨ ᠵᠣᠬᠰᠤᠭ᠎ᠠ ᠳᠤᠭ᠎ᠠ ᠶᠢ ᠵᠢᠯ ᠳᠤ 240 ᠳᠦᠮᠡᠨ ᠳᠣᠯᠣᠭᠠᠢ ᠠᠴᠠ | ᠲᠡᠭᠡᠭᠰᠢ ᠪᠠᠳᠣᠯᠠᠨ᠎ᠠ᠃ ᠬᠤᠨᠢᠨ ᠮᠢᠬᠠᠨ ᠤ ᠴᠢᠨᠠᠷ ᠢ ᠰᠠᠶᠢᠵᠢᠷᠠᠭᠤᠯᠵᠤ ᠬᠡᠮᠵᠢᠶ᠎ᠡ ᠶᠢ ᠨᠢ ᠨᠡᠮᠡᠭᠳᠡᠬᠦᠯᠬᠦ ᠢᠨᠵᠧᠨ᠋ᠷᠢᠩ ᠢ | ᠬᠡᠷᠡᠭᠵᠢᠭᠦᠯᠦᠨ᠂ ᠡᠭᠦᠯᠳᠡᠷ ᠤᠬᠰᠠᠭ᠎ᠠ ᠶᠢ ᠰᠠᠶᠢᠵᠢᠷᠠᠭᠤᠯᠵᠤ᠂ ᠬᠤᠶᠠᠷ ᠵᠢᠯ ᠳᠤ ᠭᠤᠷᠪᠠᠨ ᠳᠦᠯ ᠳᠣᠰᠬᠤ | ᠮᠡᠷᠭᠡᠵᠢᠯ ᠢ ᠠᠰᠢᠭᠯᠠᠨ᠂ ᠠᠯᠠᠰᠢᠨ ᠬᠤᠨᠢᠨ ᠤ ᠵᠣᠬᠰᠤᠭ᠎ᠠ ᠳᠤᠭ᠎ᠠ ᠶᠢ 160 ᠳᠦᠮᠡᠨ ᠳᠣᠯᠣᠭᠠᠢ ᠳᠤ ᠬᠦᠷᠬᠡᠵᠤ᠂ | 80 ᠲᠦᠮᠡ ᠪᠤᠷᠤᠯᠠᠭᠤᠯᠭ᠎ᠠ ᠶᠢ ᠪᠠᠳᠤᠯᠠᠨ᠎ᠠ᠃ ᠠᠯᠠᠰᠢᠨ ᠦᠭᠡᠷ ᠢ ᠦᠷᠡᠵᠢᠬᠦᠯᠬᠦ ᠳᠦᠷᠦᠯ ᠵᠦᠢᠯ ᠢ | ᠬᠡᠷᠡᠭᠵᠢᠭᠦᠯᠦᠨ᠂ ᠮᠠᠯᠵᠢᠬᠤ ᠣᠷᠣᠨ ᠤ ᠮᠠᠯ ᠤᠨ ᠦᠷᠡᠵᠢᠯᠳᠡ ᠶᠢᠨ ᠶᠠᠰᠣ ᠴᠢᠨᠠᠷ ᠪᠠ ᠳᠠᠷᠢᠶᠠᠯᠠᠬᠤ ᠣᠷᠣᠨ ᠤ | ᠪᠤᠷᠳᠤᠬᠤ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠠᠯᠠᠰᠢᠨ ᠦᠭᠡᠷ ᠤᠨ ᠵᠣᠬᠰᠤᠭ᠎ᠠ ᠳᠤᠭ᠎ᠠ ᠶᠢ 12 | ᠳᠦᠮᠡᠨ ᠳᠣᠯᠣᠭᠠᠢ ᠳᠤ ᠬᠦᠷᠬᠡᠨ᠂ 6 ᠲᠦᠮᠡ ᠠᠴᠠ ᠲᠡᠭᠡᠭᠰᠢ ᠪᠤᠷᠤᠯᠠᠭᠤᠯᠭ᠎ᠠ ᠶᠢ ᠪᠠᠳᠤᠯᠠᠨ᠎ᠠ᠃ | ᠣᠨᠴᠠᠯᠢᠭᠳᠣ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠤᠷᠢᠯᠠᠯ ᠤᠨ ᠰᠠᠭᠤᠷᠢᠨ ᠭᠠᠵᠠᠷ ᠢ | ᠭᠦᠭᠵᠢᠬᠦᠯᠦᠨ᠎ᠠ᠃ ︽ᠪᠦᠬᠦ ᠤᠯᠤᠰ ᠤᠨ ᠬᠠᠷ᠎ᠠ ᠡᠯᠵᠢᠭᠡ ᠲᠡᠵᠢᠬᠡᠬᠦ ᠵᠢᠱᠢᠶ᠎ᠠ ᠦᠵᠡᠭᠦᠯᠬᠦ ᠰᠠᠭᠤᠷᠢᠨ︾ ᠤ | ᠪᠦᠳᠦᠭᠡᠨ ᠪᠠᠶᠢᠭᠤᠯᠤᠯᠳᠠ ᠶᠢ ᠭᠤᠤᠯᠳᠠᠯᠭ᠎ᠠ ᠲᠠᠢ ᠠᠳᠬᠤᠵᠤ᠂ ᠠᠯᠠᠰᠢᠨ ᠡᠯᠵᠢᠬᠡ ᠳᠡᠵᠢᠭᠡᠨ ᠦᠷᠡᠵᠢᠭᠦᠯᠬᠦ | ᠬᠡᠪᠴᠢᠶ᠎ᠠ ᠶᠢ ᠦᠷᠭᠡᠳᠬᠡᠨ᠂ ᠠᠯᠠᠰᠢᠨ ᠡᠯᠵᠢᠭᠡ ᠶᠢᠨ ᠳᠤᠭ᠎ᠠ ᠶᠢ 18 ᠲᠦᠮᠡ ᠳᠤ ᠬᠦᠷᠬᠡᠵᠤ᠂ 8 ᠲᠦᠮᠡ ᠠᠴᠠ | ᠲᠡᠭᠡᠭᠰᠢ ᠪᠤᠷᠤᠯᠠᠭᠤᠯᠭ᠎ᠠ ᠶᠢ ᠪᠠᠳᠤᠯᠠᠨ᠎ᠠ᠃ ᠵᠢᠶᠠᠨ ᠶᠤᠸᠠᠨ ᠪᠣᠭᠤ ᠶᠢᠨ ᠦᠢᠯᠡᠰ ᠤᠨ ᠨᠡᠷᠡᠳᠣ ᠲᠡᠮᠳᠡᠭ ᠤᠨ | ᠳᠠᠪᠠᠭᠤᠯᠢᠭ ᠢ ᠣᠯᠠᠮ ᠪᠠᠳᠠᠷᠠᠭᠤᠯᠤᠨ᠂ ᠪᠣᠭᠤ ᠶᠢᠨ ᠦᠢᠯᠡᠳᠬᠦᠨ ᠤ ᠰᠢᠨ᠎ᠠ ᠢᠯᠡᠷᠡᠬᠦᠯᠦᠯᠳᠡ ᠶᠢ ᠳᠦᠯᠬᠢᠨ | ᠠᠬᠢᠭᠤᠯᠵᠤ᠂ ᠦᠢᠯᠡᠳᠬᠦᠨ ᠤ ᠪᠣᠷᠣᠯᠠᠭᠤᠯᠳᠠ ᠶᠢᠨ ᠵᠠᠬ᠎ᠠ ᠳᠡᠯᠭᠡᠭᠦᠷ ᠢ ᠦᠷᠭᠡᠳᠬᠡᠨ᠂ ᠵᠠᠬ᠎ᠠ ᠳᠡᠯᠭᠡᠬᠦᠷ ᠳᠣᠮᠳᠠᠬᠢ | ᠡᠵᠡᠯᠡᠬᠦ ᠬᠠᠷᠢᠴᠠᠯ ᠪᠠ ᠦᠷᠢᠰᠦᠯᠳᠦᠬᠦ ᠬᠦᠴᠦᠨ ᠢ ᠣᠯᠠᠮ ᠨᠡᠮᠡᠭᠳᠡᠭᠦᠯᠦᠨ᠎ᠠ᠃ ︽ᠪᠦᠬᠦ ᠤᠯᠤᠰ ᠤᠨ ᠳᠣᠵᠣᠣ ᠶᠢᠨ | ᠰᠦᠷᠡᠯ ᠤᠨ ᠨᠣᠳᠤᠭ︾ ᠭᠡᠮᠡᠭᠳᠡᠬᠦ ᠨᠡᠷᠡᠳᠣ ᠲᠡᠮᠳᠡᠭ ᠢ ᠡᠭᠦᠳᠦᠨ᠂ ᠴᠢᠬᠢ ᠪᠣᠶᠢᠵᠢᠭᠤᠯᠬᠤ ᠰᠠᠭᠤᠷᠢᠨ ᠭᠠᠵᠠᠷ ᠤᠨ | ᠪᠦᠳᠦᠭᠡᠨ ᠪᠠᠶᠢᠭᠤᠯᠤᠯᠳᠠ ᠪᠠᠨ ᠴᠢᠩᠭᠠᠳᠬᠠᠵᠤ᠂ ᠦᠢᠯᠡᠳᠪᠣᠷᠢᠯᠡᠬᠦ ᠮᠡᠷᠭᠡᠵᠢᠯ ᠤᠨ ᠪᠣᠯᠪᠠᠰᠣᠷᠠᠯ ᠢ ᠠᠳᠬᠤᠨ᠂ | ᠦᠢᠯᠡᠳᠪᠦᠷᠢᠯᠡᠬᠦ ᠴᠢᠳᠠᠪᠦᠷᠢ ᠶᠢ ᠨᠢ 500 ᠳᠦᠮᠡ ᠶᠢ ᠳᠠᠪᠠᠭᠤᠯᠤᠨ᠎ᠠ᠃ ᠨᠣᠭᠤᠭᠠᠷᠠᠭᠤᠯᠤᠯᠳᠠ᠂ | ᠣᠷᠭᠠᠨᠢᠭᠵᠢᠯᠠᠯᠳᠠ᠂ ᠪᠠᠷᠢᠮᠵᠢᠶᠠᠵᠢᠯᠠᠯᠳᠠ ᠶᠢᠨ ᠱᠠᠭᠠᠷᠳᠠᠯᠭ᠎ᠠ ᠶᠣᠰᠣᠭᠠᠷ᠂ ᠳᠦᠮᠦᠰᠦ 15 ᠳᠦᠮᠡᠨ ᠮᠣ᠋᠂ ᠢᠳᠡᠰᠢᠨ | ᠨᠣᠭᠤᠭ᠎ᠠ 5 ᠳᠦᠮᠡᠨ ᠮᠣ᠋᠂ ᠤᠷᠭᠠᠨᠢᠭ ᠠᠮᠤ 1 ᠳᠦᠮᠡᠨ ᠮᠣ᠋ ᠡᠴᠠᠲ᠋ᠡᠭᠡᠭᠰᠢ ᠲᠡᠷᠢᠵᠤ᠂ ᠲᠠᠷᠢᠶᠠᠯᠠᠩ ᠮᠠᠯ ᠠᠵᠤ | ᠠᠬᠤᠢ ᠶᠢᠨ ᠡᠯ᠎ᠡ ᠲᠦᠷᠦᠯ ᠵᠦᠢᠯ ᠤᠨ ᠲᠤᠰᠬᠠᠢ ᠳᠣᠭᠤᠷᠢᠭ ᠢ 6 ᠠᠴᠠ ᠳᠡᠭᠡᠭᠰᠢ ᠪᠠᠶᠢᠭᠤᠯᠤᠨ᠎ᠠ᠃ | ᠰᠢᠨ᠎ᠠ ᠮᠠᠶ᠋ᠢᠭ ᠤᠨ ᠳᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠳᠡ ᠶᠢᠨ ᠭᠤᠤᠯ ᠴᠣᠬᠴᠠ ᠶᠢ ᠪᠣᠢ | ᠪᠣᠯᠭᠠᠨ ᠬᠦᠮᠦᠵᠢᠭᠦᠯᠦᠨ᠎ᠠ᠃ ᠲᠠᠷᠢᠶᠠᠯᠠᠩ ᠮᠠᠯ ᠠᠵᠤ ᠠᠬᠤᠢ ᠶᠢᠨ ᠳᠣᠯᠣᠭᠠᠶᠢᠯᠠᠬᠴᠢ ᠠᠵᠤ ᠠᠬᠤᠶᠢᠯᠠᠯ ᠢ ᠪᠦᠬᠦ | ᠬᠦᠴᠦ ᠪᠠᠷ ᠬᠦᠭᠵᠢᠬᠦᠯᠵᠤ᠂ ᠵᠢᠶᠠᠨ ᠶᠤᠸᠠᠨ ᠪᠣᠭᠤ ᠶᠢᠨ ᠦᠢᠯᠡᠰ᠂ ᠺᠧ ᠷᠠᠨ ᠠᠮᠢᠳᠣ ᠪᠣᠳᠠᠰ ᠵᠢᠴᠢ ᠳᠢᠶᠠᠨ | ᠯᠦᠩ ᠠᠯᠠᠰᠢᠨ ᠡᠯᠵᠢᠭᠡ ᠵᠡᠷᠭᠡ ᠠᠵᠤ ᠠᠬᠤᠶᠢᠯᠠᠯ ᠤᠨ ᠬᠡᠪᠴᠢᠶ᠎ᠡ ᠪᠠᠨ ᠦᠷᠬᠡᠳᠬᠡᠬᠦ ᠶᠢ ᠵᠢᠯᠤᠭᠤᠳᠬᠤ ᠪᠠ | ᠵᠤᠷᠢᠭᠵᠢᠭᠤᠯᠵᠤ᠂ ᠵᠠᠬ᠎ᠠ ᠳᠡᠯᠭᠡᠭᠦᠷ ᠢ ᠦᠷᠭᠡᠳᠬᠡᠨ᠂ ᠦᠷ᠎ᠡ ᠠᠰᠢᠭ ᠢ ᠨᠡᠮᠡᠭᠳᠡᠬᠦᠯᠦᠨ᠎ᠡ᠃ ᠳ᠋ᠠ ᠯᠢᠶᠤᠤ ᠸᠠᠩ ᠹᠦ᠋ | ᠶᠢᠨ 6 ᠳᠦᠮᠡᠨ ᠳᠣᠨ ᠪᠦᠳᠦᠭᠦᠯᠢᠭ ᠠᠮᠤ ᠪᠤᠷᠴᠠᠭ ᠢ ᠨᠠᠷᠢᠯᠢᠭ ᠪᠤᠯᠪᠠᠰᠤᠷᠠᠭᠤᠯᠬᠤ ᠬᠤᠶᠠᠳᠤᠭᠠᠷ ᠬᠤᠭᠤᠴᠠᠭᠠᠨ ᠤ | ᠲᠦᠷᠦᠯ ᠵᠦᠢᠯ ᠤᠨ ᠠᠵᠢᠯ ᠡᠬᠢᠯᠡᠭᠦᠯᠦᠨ᠎ᠠ᠃ ᠳᠢᠶᠠᠨ ᠭᠤᠸᠠᠨ ᠳ᠋ᠧ ᠷᠦᠨ ᠠᠯᠠᠰᠢᠨ ᠤ ᠦᠭᠡᠷ ᠢ ᠠᠯᠠᠵᠤ | ᠡᠳ᠋ᠰᠢᠬᠦᠯᠬᠦ᠂ ᠳᠢᠶᠠᠨ ᠽᠧ ᠠᠮᠢᠳᠣ ᠪᠣᠳᠠᠰ ᠤᠨ ᠳᠦᠮᠦᠰᠦ ᠶᠢ ᠨᠠᠷᠢᠯᠢᠭ ᠪᠤᠯᠪᠠᠰᠤᠷᠠᠭᠤᠯᠬᠤ ᠬᠤᠶᠠᠳᠣᠭᠠᠷ | ᠬᠤᠭᠤᠴᠠᠭᠠᠨ ᠤ ᠢᠨᠵᠧᠨᠧᠷᠢᠩ ᠢ ᠪᠠᠶᠢᠭᠤᠯᠵᠤ᠂ ᠠᠰᠢᠭᠯᠠᠯᠳᠠ ᠳᠤ ᠣᠷᠣᠭᠤᠯᠤᠨ᠎ᠠ᠃ ᠮᠠᠯᠴᠢᠨ ᠳᠠᠷᠢᠶᠠᠴᠢᠳ ᠤᠨ | ᠳᠣᠰᠬᠠᠢ ᠬᠤᠷᠰᠢᠶᠠᠵᠢᠯ ᠢ ᠳᠦᠷᠢᠮᠵᠢᠭᠦᠯᠬᠦ ᠪᠠ ᠬᠦᠭᠵᠢᠭᠦᠯᠵᠤ᠂ ᠵᠠᠬ᠎ᠠ ᠳᠡᠯᠭᠡᠭᠦᠷ ᠲᠤ ᠬᠠᠨᠳᠣᠭᠰᠠᠨ ᠪᠦᠬᠡᠳ | ᠬᠦᠭᠵᠢᠯᠳᠡ ᠶᠢᠨ ᠲᠠᠯᠳᠠ ᠬᠦᠴᠦᠨ ᠲᠠᠢ ᠬᠤᠷᠰᠢᠶᠠᠵᠢᠯ ᠢ ᠭᠤᠤᠯᠳᠠᠯᠭ᠎ᠠ ᠲᠠᠢ ᠳᠡᠮᠵᠢᠵᠤ᠂ ᠡᠯ᠎ᠡ ᠬᠦᠷᠢᠶ᠎ᠠ | ᠬᠡᠪᠴᠢᠶᠡᠨ ᠳᠠᠬᠢ ᠵᠢᠱᠢᠶ᠎ᠠ ᠦᠵᠡᠭᠦᠯᠬᠦ ᠬᠠᠮᠳᠣᠷᠠᠬᠰᠠᠨ ᠬᠤᠷᠰᠢᠶᠠᠵᠢᠯ ᠢ 30 ᠡᠷᠦᠬᠡ ᠠᠴᠠ ᠳᠡᠭᠡᠭᠰᠢ ᠪᠠᠶᠢᠯᠭᠠᠨ᠎ᠠ᠃ | ᠳᠠᠷᠢᠵᠤ ᠦᠷᠡᠵᠢᠭᠦᠯᠬᠦ ᠳᠣᠮᠤ ᠡᠷᠦᠬᠡ ᠪᠡ ᠬᠡᠷ ᠪᠦᠯᠢ ᠶᠢᠨ ᠮᠠᠯᠵᠢᠯ ᠤᠨ ᠳᠠᠯᠠᠪᠠᠢ ᠶᠢ ᠪᠦᠬᠦ ᠬᠦᠴᠦ ᠪᠠᠷ | ᠬᠦᠭᠵᠢᠭᠦᠯᠵᠤ᠂ 70 ᠳᠡᠵᠢᠭᠡᠨ ᠦᠷᠡᠵᠢᠭᠦᠯᠬᠦ ᠳᠠᠯᠠᠪᠠᠢ᠂10 ᠠᠴᠠ ᠳᠡᠭᠡᠭᠰᠢ ᠭᠡᠷ ᠪᠦᠯᠢ ᠶᠢᠨ ᠮᠠᠯᠵᠢᠯ ᠤᠨ ᠲᠠᠯᠠᠪᠠᠢ | ᠶᠢ ᠨᠡᠮᠡᠵᠤ ᠪᠠᠶᠢᠭᠤᠯᠤᠨ᠎ᠠ᠃ ᠨᠣᠳᠤᠭ ᠪᠡᠯᠴᠢᠭᠡᠷ ᠤᠨ ᠳᠣᠰᠬᠠᠶᠢᠵᠢᠯ ᠡᠷᠦᠬᠡ᠂ ᠭᠡᠷ ᠪᠦᠯᠢ ᠶᠢᠨ ᠮᠠᠯᠵᠢᠯ ᠤᠨ ᠳᠠᠯᠠᠪᠠᠢ | ᠂ ᠮᠠᠯᠴᠢᠨ ᠲᠠᠷᠢᠶᠠᠴᠢᠳ ᠤᠨ ᠬᠤᠷᠰᠢᠶᠠᠵᠢᠯ ᠵᠢᠴᠢ ᠲᠠᠷᠢᠶᠠᠯᠠᠩ ᠮᠠᠯ ᠠᠵᠤ ᠠᠬᠤᠢ ᠵᠢᠨᠦᠢᠯᠡᠰ ᠤᠨ ᠳᠣᠰᠬᠠᠢ | ᠺᠣᠮᠫᠠᠨᠢ ᠳᠡᠰᠢ ᠬᠦᠭᠵᠢᠬᠦ ᠶᠢ ᠵᠣᠷᠢᠭᠵᠢᠭᠤᠯᠤᠨ ᠵᠢᠯᠤᠭᠤᠳᠤᠨ᠎ᠠ᠃ ᠣᠯᠠᠨ ᠲᠠᠯᠠᠳᠤ ᠬᠦᠭᠵᠢᠯᠳᠡ ᠳᠤ ᠳᠣᠬᠢᠷᠠᠬᠰᠠᠨ | ᠬᠡᠪᠴᠢᠶᠡᠵᠢᠭᠰᠡᠨ ᠡᠵᠡᠩᠨᠡᠯᠳᠡ ᠶᠢ ᠬᠦᠭᠵᠢᠭᠦᠯᠦᠨ᠎ᠠ᠃ ᠱᠠᠩᠵᠢᠩ ᠤᠳᠤ ᠦᠶ᠎ᠡ ᠶᠢᠨ ᠲᠠᠷᠢᠶᠠᠯᠠᠩ ᠤᠨ ᠵᠢᠱᠢᠶ᠎ᠡ | ᠦᠵᠡᠭᠦᠯᠬᠦ ᠬᠦᠷᠢᠶᠡᠯᠡᠭ ᠤᠨ ᠬᠦᠭᠵᠢᠯᠳᠡ ᠶᠢᠨ ᠲᠦᠯᠦᠪᠵᠢᠬᠦᠯᠬᠡ ᠶᠢ ᠰᠢᠨᠵᠢᠯᠡᠬᠦ ᠤᠬᠠᠭᠠᠨᠴᠢ ᠪᠠᠷ ᠲᠤᠭᠳᠠᠭᠠᠵᠤ᠂ | ᠡᠮᠣᠨ᠎ᠠ ᠬᠤᠭᠤᠴᠠᠭᠠᠨ ᠤ ᠡᠯ᠎ᠡ ᠲᠠᠯ᠎ᠠ ᠶᠢᠨ ᠪᠡᠯᠡᠳᠬᠡᠯ ᠠᠵᠢᠯ ᠢ ᠰᠠᠶᠢᠳᠣᠷ ᠬᠢᠵᠤ᠂ ᠠᠷᠠᠯᠵᠢᠶᠠᠴᠢᠨ ᠣᠷᠢᠵᠤ ᠪᠡᠯᠡ | ᠴᠣᠬᠯᠠᠭᠤᠯᠤᠨ᠂ ᠣᠷᠣᠨ ᠳᠣᠭᠤᠷᠢᠭ ᠤᠨ ᠪᠦᠳᠦᠬᠡᠨ ᠪᠠᠶᠢᠭᠤᠯᠤᠯᠳᠠ ᠶᠢ ᠳᠡᠮᠵᠢᠨ᠎ᠠ᠃ ᠲᠠᠷᠢᠶᠠᠯᠠᠩ ᠮᠠᠯ ᠠᠵᠤ | ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠲᠦᠬᠡᠮᠡᠯᠵᠢᠯᠳᠡ᠂ ᠮᠡᠳᠡᠭᠡ ᠬᠤᠯᠪᠤᠭ᠎ᠠ ᠵᠢᠴᠢ ᠡᠵᠡᠩᠨᠡᠯᠳᠡ | ᠬᠠᠮᠢᠶᠠᠷᠣᠯᠳᠠ ᠵᠡᠷᠭᠡ ᠦᠢᠯᠡᠴᠢᠯᠡᠭᠡᠨ ᠤ ᠳᠣᠣᠷ ᠤᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠤ᠂ ᠰᠢᠨ᠎ᠡ | ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠲᠤᠭᠳᠠᠯᠴᠠᠭᠠᠨ ᠤ ᠲᠤᠷᠰᠢᠯᠳᠠ ᠶᠢᠨ ᠴᠢᠭ ᠤᠨ | ᠠᠵᠢᠯ ᠢ ᠴᠢᠩᠭᠠᠳᠬᠠᠨ᠎ᠠ᠃ ᠭᠠᠵᠠᠷ ᠰᠢᠷᠦᠢ ᠶᠢᠨ ᠦᠮᠴᠢᠯᠡᠯ ᠤᠨᠡᠷᠬᠡ ᠶᠢ ᠳᠠᠩᠰᠠᠯᠠᠨ ᠳᠡᠮᠳᠡᠭ ᠣᠯᠭᠤᠬᠤ | ᠳᠣᠷᠰᠢᠯᠳᠠ ᠶᠢᠨ ᠴᠢᠭ ᠢ ᠪᠠᠶᠢᠭᠤᠯᠵᠤ᠂ ᠬᠠᠮᠳᠣ ᠶᠢᠨ ᠦᠮᠴᠢᠯᠡᠯᠳᠦ ᠭᠠᠵᠠᠷ ᠰᠢᠷᠦᠢ ᠶᠢᠨ ᠦᠮᠴᠢᠯᠡᠯ ᠤᠨ ᠡᠷᠬᠡ ᠶᠢ | ᠳᠠᠩᠰᠠᠯᠠᠨ ᠳᠡᠮᠳᠡᠭ ᠣᠯᠭᠤᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠦᠨ᠎ᠠ᠃ | ︵ᠳᠦᠷᠪᠡ︶ ᠬᠢᠳᠠᠨ ᠤ ᠰᠣᠶᠤᠯ ᠤᠨ ᠦᠢᠯᠡᠰ ᠪᠠ ᠠᠷᠠᠯᠵᠢᠶ᠎ᠠ ᠬᠤᠳᠠᠯᠳᠤᠭ᠎ᠠ ᠪᠣᠳᠠᠰ ᠤᠨ ᠬᠦᠢᠯᠬᠡᠬᠡᠨ ᠤ | ᠦᠢᠯᠡᠰ ᠢ ᠬᠦᠭᠵᠢᠭᠦᠯᠵᠤ᠂ ᠦᠢᠯᠡᠴᠢᠯᠡᠭᠡᠨ ᠤ ᠪᠦᠳᠦᠬᠡᠨ ᠪᠠᠶᠢᠭᠤᠯᠤᠯᠳᠠ ᠶᠢᠨ ᠬᠦᠷᠢᠶ᠎ᠡ ᠭᠡᠪᠴᠢᠶ᠎ᠠ ᠪᠠᠨ | ᠦᠷᠭᠡᠳᠬᠡᠨ᠎ᠡ | ᠬᠢᠳᠠᠨ ᠤ ᠰᠣᠶᠤᠯ ᠤᠨ ᠦᠢᠯᠡᠰ ᠢ ᠪᠦᠬᠦ ᠬᠦᠴᠦ ᠪᠠᠷ ᠬᠦᠭᠵᠢᠭᠦᠯᠦᠨ᠎ᠠ᠃ ᠳᠤᠮᠳᠠᠳᠣ ᠣᠯᠣᠰ ᠤᠨ | ᠬᠢᠳᠠᠨ ᠤ ᠰᠣᠶᠤᠯ ᠤᠨ ᠵᠢᠭᠤᠯᠴᠢᠯᠠᠯ ᠤᠨ ᠦᠵᠡᠮᠵᠢᠳᠤ ᠣᠷᠣᠨ ᠤ ᠪᠦᠳᠦᠬᠡᠨ ᠪᠠᠶᠢᠭᠤᠯᠤᠯᠳᠠ ᠶᠢᠨ ᠳᠣᠭᠤᠷᠢᠨ ᠳᠤ | ᠂ ᠣᠬᠠᠭᠤᠯᠭ᠎ᠠ ᠰᠤᠷᠳᠠᠯᠴᠢᠯᠠᠭ᠎ᠠ ᠶᠢᠨ ᠬᠦᠴᠦᠯᠡᠴᠡ ᠪᠠᠨ ᠴᠢᠩᠭᠠᠳᠬᠠᠵᠤ᠂ ᠦᠪᠡᠷᠳᠡᠭᠡᠨ ᠵᠠᠰᠠᠬᠤ ᠣᠷᠣᠨ ᠤ | ᠳᠡᠰ ᠤᠨ ᠰᠣᠶᠣᠯ ᠤᠨ ᠦᠢᠯᠡᠰ ᠤᠨ ᠨᠡᠷᠡᠳᠣ ᠲᠡᠮᠳᠡᠭ ᠢ ᠴᠢᠷᠮᠠᠶᠢᠨ ᠡᠭᠦᠳᠦᠨ᠎ᠠ᠃ ᠠᠵᠤ ᠦᠢᠯᠡᠰ ᠤᠨ | ᠳᠣᠭᠤᠷᠢᠭ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠳᠦᠯᠬᠢᠨ ᠠᠬᠢᠭᠤᠯᠵᠤ᠂ ᠤᠨᠴᠠᠯᠢᠭᠳᠤ ᠭᠠᠷ ᠤᠷᠠᠯᠠᠯ | ᠂ ᠭᠤᠤᠯ ᠰᠡᠳᠤᠪᠳᠤ ᠪᠠᠭᠤᠳᠠᠯ ᠵᠢᠴᠢ ᠦᠵᠡᠮᠵᠢᠳᠤ ᠠᠭᠤᠳᠠᠮ ᠲᠠᠯᠠᠪᠠᠢ ᠵᠡᠷᠬᠡ ᠲᠦᠷᠦᠯ ᠵᠦᠢᠯ ᠤᠨ ᠪᠦᠳᠦᠬᠡᠨ | ᠪᠠᠶᠢᠭᠤᠯᠤᠯᠳᠠ ᠶᠢᠨ ᠠᠵᠢᠯ ᠢ ᠡᠬᠢᠯᠡᠬᠦᠯᠦᠨ᠂ ᠮᠦᠽᠸᠢ᠂ ᠡᠷᠳᠡᠨ ᠤ ᠡᠳ᠋ ᠤᠨ ᠬᠤᠳᠠ᠂ ᠦᠵᠡᠬᠦᠯᠬᠡ ᠶᠢᠨ ᠳᠦᠪ | ᠵᠢᠴᠢ ᠬᠤᠳᠠᠯᠳᠣᠭᠠᠨ ᠤ ᠳᠠᠯᠠᠪᠠᠢ ᠶᠢ ᠠᠰᠢᠭᠯᠠᠯᠳᠠ ᠳᠤ ᠣᠷᠣᠭᠤᠯᠬᠤ ᠶᠢ ᠪᠠᠳᠣᠯᠠᠨ᠎ᠠ᠃ ᠠᠵᠤ ᠦᠢᠯᠡᠰ ᠤᠨ | ᠳᠣᠭᠤᠷᠢᠭ ᠤᠨ ᠳᠣᠳᠣᠭᠠᠳᠣ ᠳᠠᠬᠢ ᠳᠠᠩ ᠳᠦᠷᠦᠯ ᠵᠦᠢᠯ ᠤᠨ ᠠᠷᠠᠯᠵᠢᠶᠠᠴᠢᠨ ᠣᠷᠢᠬᠤ ᠠᠵᠢᠯ ᠢ ᠣᠷᠢᠳᠴᠢᠯᠡᠨ | ᠰᠠᠶᠢᠳᠣᠷ ᠬᠢᠵᠤ᠂ ᠨᠡᠷᠡᠳᠦ ᠠᠷᠠᠯᠵᠢᠶᠠᠨ ᠤ ᠲᠡᠮᠳᠡᠭ ᠢ ᠢᠳᠡᠪᠬᠢᠳᠠᠢ ᠪᠠᠷ ᠣᠷᠢᠨ ᠠᠪᠴᠢᠷᠠᠵᠤ᠂ ᠪᠦᠳᠦᠭᠡᠨ | ᠪᠠᠶᠢᠭᠤᠯᠤᠯᠳᠠ ᠪᠠ ᠡᠵᠡᠩᠨᠡᠯᠳᠡ ᠶᠢᠨ ᠡᠷᠡᠭᠦᠯ ᠣᠷᠴᠢᠯ ᠢ ᠴᠢᠷᠮᠠᠶᠢᠨ ᠪᠣᠢ ᠪᠣᠯᠭᠠᠨ᠎ᠠ᠃ ᠠᠵᠤ ᠣᠶᠢᠯᠡᠰ ᠤᠨ | ᠳᠣᠭᠤᠷᠢᠭ ᠤᠨ ᠬᠤᠶᠠᠳᠣᠭᠠᠷ ᠬᠤᠭᠤᠴᠠᠭᠠᠨ ᠤ ᠢᠨᠵᠧᠨᠧᠷᠢᠩ ᠤᠨ ᠶᠡᠷᠦᠩᠬᠡᠢ ᠲᠦᠯᠦᠪᠵᠢᠬᠦᠯᠬᠡ ᠶᠢ ᠰᠢᠨᠵᠢᠯᠡᠬᠦ | ᠤᠬᠠᠭᠠᠨᠴᠢ ᠪᠠᠷ ᠲᠤᠭᠳᠠᠭᠠᠵᠤ᠂ ᠺᠢᠨᠤ᠋ ᠲᠧᠯᠸᠢᠰ ᠤᠨ ᠰᠠᠭᠤᠷᠢᠨ ᠭᠠᠵᠠᠷ ᠤᠨ ᠨᠢᠭᠡᠳᠦᠭᠡᠷ ᠬᠤᠭᠤᠴᠠᠭᠠᠨ ᠤ ᠠᠵᠢᠯ ᠢ | ᠡᠬᠢᠯᠡᠭᠦᠯᠦᠨ᠂ ᠬᠢᠳᠠᠨ ᠤ ᠰᠣᠶᠤᠯ ᠤᠨ ᠰᠡᠳᠦᠪᠳᠦ ᠺᠢᠨᠤ᠋ ᠲᠧᠯᠸᠢᠰ ᠵᠦᠴᠦᠭᠡ ᠶᠢ ᠡᠬᠢᠯᠡᠨ ᠦᠢᠯᠡᠳᠦᠨ᠎ᠠ᠃ | ᠣᠯᠣᠰ ᠤᠨ ᠳᠡᠰ ᠤᠨ ᠬᠠᠭᠤᠴᠢ ᠰᠣᠳᠣᠯᠣᠯ ᠪᠤᠯᠬᠤ ᠯᠢᠶᠤᠤ ᠤᠨ ᠳᠡᠭᠡᠳᠣ ᠨᠡᠶᠢᠰᠯᠡᠯ ᠤᠨ ᠦᠯᠡᠳᠡᠭᠳᠡᠯ ᠪᠠᠭᠤᠷᠢ | ᠶᠢᠨ ᠴᠡᠴᠡᠷᠯᠢᠭ ᠤᠨ ᠪᠦᠳᠦᠬᠡᠨ ᠪᠠᠶᠢᠭᠤᠯᠤᠯᠳᠠ ᠶᠢ ᠬᠦᠴᠦᠳᠡᠢ ᠲᠦᠯᠬᠢᠵᠤ ᠠᠬᠢᠭᠤᠯᠤᠨ᠂ ᠯᠢᠶᠤᠤ ᠤᠨ ᠳᠡᠭᠡᠳᠣ | ᠨᠡᠶᠢᠰᠯᠡᠯ ᠤᠨ ᠦᠯᠡᠳᠡᠭᠳᠡᠯ ᠪᠠᠭᠤᠷᠢ ᠶᠢ ᠨᠡᠭᠡᠭᠡᠨ ᠢᠯᠡᠷᠡᠭᠦᠯᠬᠦ ᠠᠵᠢᠯ ᠢ ᠰᠠᠶᠢᠳᠣᠷ ᠬᠢᠵᠤ᠂ ᠴᠢᠨᠳᠠᠮᠤᠨᠢ ᠬᠠᠭᠠᠯᠭ᠎ᠠ | ᠶᠢᠨ ᠪᠠᠭᠤᠷᠢ ᠶᠢ ᠬᠠᠮᠠᠭᠠᠯᠠᠨ ᠳᠡᠯᠭᠡᠨ ᠦᠵᠡᠭᠦᠯᠬᠦ ᠳᠦᠷᠦᠯ ᠵᠦᠢᠯ ᠢ ᠡᠬᠢᠯᠡᠨ ᠪᠦᠳᠦᠭᠡᠨ ᠪᠠᠶᠢᠭᠤᠯᠤᠨ᠎ᠠ᠃ | ᠠᠮᠤᠷᠯᠢᠩᠭᠤᠢ ᠤᠷᠤᠰᠢᠭᠴᠢ ᠬᠡᠶᠢᠳ ᠤᠨ ᠦᠵᠡᠮᠵᠢ ᠶᠢᠨ ᠤᠷᠤᠨ ᠢ ᠦᠷᠭᠡᠳᠬᠡᠬᠦ ᠲᠦᠷᠦᠯ ᠵᠦᠢᠯ ᠤᠨ ᠲᠦᠰᠦᠪ | ᠤᠨ ᠲᠤᠪᠬᠢᠮᠠᠯ ᠢ ᠤᠯᠠᠮ ᠨᠢᠬᠡ ᠠᠯᠬᠤᠮ ᠲᠡᠬᠦᠯᠳᠡᠷᠵᠢᠬᠦᠯᠵᠤ᠂ ᠪᠡᠯᠡ ᠣᠷᠣᠭᠤᠯᠤᠯᠳᠠ ᠶᠢ ᠳᠠᠳᠠᠨ ᠠᠪᠴᠢᠷᠠᠬᠤ ᠪᠠ | ᠳᠦᠯᠦᠪᠯᠡᠭᠡᠳᠠᠢ ᠪᠦᠳᠦᠭᠡᠨ ᠪᠠᠶᠢᠭᠤᠯᠬᠤ ᠵᠡᠷᠬᠡ ᠠᠵᠢᠯ ᠢ ᠵᠡᠷᠬᠡᠪᠡᠷ ᠬᠦᠭᠵᠢᠬᠦᠯᠦᠨ᠂ ᠣᠯᠣᠰ ᠤᠨ 4 A ᠳᠡᠰ ᠤᠨ | ᠦᠵᠡᠮᠵᠢ ᠶᠢᠨ ᠤᠷᠤᠨ ᠪᠤᠯᠬᠤ ᠪᠠᠷ ᠲᠡᠪᠰᠢᠬᠤ ᠡᠮᠣᠨ᠎ᠠ ᠬᠤᠭᠤᠴᠠᠭᠠᠨ ᠤ ᠪᠡᠯᠡᠳᠬᠡᠯ ᠠᠵᠢᠯ ᠢ ᠡᠬᠢᠯᠡᠭᠦᠯᠦᠨ᠎ᠠ᠃ | ᠵᠢᠭᠤᠯᠴᠢᠯᠠᠯ ᠤᠨ ᠣᠷᠴᠢᠨ ᠳᠣᠭᠤᠷᠢᠨ ᠢ ᠰᠢᠯᠢᠳᠡᠭᠴᠢᠯᠡᠵᠤ᠂ ᠵᠢᠭᠤᠯᠴᠢᠯᠠᠯ ᠤᠨ ᠪᠦᠳᠦᠭᠡᠭᠳᠡᠬᠦᠨ ᠢ ᠡᠬᠦᠳᠦᠨ᠂ | ᠨᠠᠷᠢᠯᠢᠭ ᠵᠢᠭᠤᠯᠴᠢᠯᠠᠯ ᠤᠨ ᠵᠠᠮ ᠱᠣᠭᠤᠮ ᠢ ᠪᠠᠶᠢᠭᠤᠯᠵᠤ᠂ ᠬᠢᠳᠠᠨ ᠤ ᠰᠣᠶᠤᠯ ᠤᠨ ᠣᠶᠢᠯᠡᠰ ᠤᠨ ᠵᠢᠭᠤᠯᠴᠢᠯᠠᠯ ᠤᠨ | ᠨᠡᠷᠡᠳᠣ ᠲᠡᠮᠳᠡᠭ ᠢ ᠡᠭᠦᠳᠴᠦ᠂ ᠰᠣᠶᠣᠯ ᠪᠤᠯᠤᠨ ᠵᠢᠭᠤᠯᠴᠢᠯᠠᠯ ᠤᠨ ᠦᠢᠯᠡᠰ ᠤᠨ ᠬᠠᠷᠢᠯᠴᠠᠨ ᠦᠢᠯᠡᠳᠦᠯᠴᠡᠨ | ᠬᠦᠭᠵᠢᠬᠦ ᠶᠢ ᠠᠬᠢᠭᠤᠯᠤᠨ᠎ᠠ᠃ | ᠠᠷᠠᠯᠵᠢᠶ᠎ᠠ ᠬᠤᠳᠠᠯᠳᠤᠭ᠎ᠠ ᠪᠣᠳᠠᠰ ᠤᠨ ᠬᠦᠢᠯᠬᠡᠬᠡᠨ ᠤ ᠦᠢᠯᠡᠰ ᠤᠨ ᠬᠦᠭᠵᠢᠯᠳᠡ ᠶᠢ ᠠᠬᠢᠭᠤᠯᠤᠨ᠎ᠠ᠃ | ᠣᠯᠣᠰ᠂ ᠦᠪᠡᠷᠳᠡᠬᠡᠨ ᠵᠠᠰᠠᠬᠤ ᠣᠷᠣᠨ ᠪᠠ ᠬᠤᠳᠠ ᠵᠢᠨᠦᠢᠯᠡᠴᠢᠯᠡᠭᠡᠨ ᠤ ᠦᠢᠯᠡᠰ ᠤᠨ ᠦᠭᠡᠷᠡᠴᠢᠯᠡᠯᠳᠡ | ᠬᠦᠭᠵᠢᠬᠦᠯᠦᠯᠳᠡ ᠶᠢᠨ ᠳᠦᠷᠦ ᠶᠢᠨ ᠪᠣᠳᠣᠯᠭ᠎ᠠ ᠶᠢ ᠨᠠᠶᠢᠳᠠᠪᠦᠷᠢᠵᠢᠭᠤᠯᠤᠨ᠂ ᠪᠦᠬᠦ ᠬᠤᠰᠢᠭᠤᠨ ᠤ ᠠᠷᠠᠯᠵᠢᠶ᠎ᠠ | ᠬᠤᠳᠠᠯᠳᠤᠭ᠎ᠠ ᠪᠣᠳᠠᠰ ᠤᠨ ᠬᠦᠢᠯᠬᠡᠬᠡᠨ ᠤ ᠬᠦᠭᠵᠢᠯᠳᠡ ᠶᠢᠨ ᠳᠦᠯᠦᠪᠵᠢᠭᠦᠯᠬᠡ ᠶᠢ ᠪᠡᠶᠡᠯᠡᠬᠦᠯᠵᠤ᠂ ᠨᠡᠩ ᠣᠯᠠᠨ | ᠳᠣᠰᠬᠠᠢ ᠨᠡᠷᠡᠳᠣ ᠲᠡᠮᠳᠡᠭ ᠤᠨ ᠬᠤᠳᠠᠯᠳᠤᠭ᠎ᠠ ᠪᠠ ᠳᠣᠰᠬᠠᠢ ᠵᠠᠬ᠎ᠠ ᠳᠡᠯᠭᠡᠬᠦᠷ᠂ ᠰᠢᠨ᠎ᠡ ᠮᠠᠶ᠋ᠢᠭ ᠤᠨ | ᠬᠤᠳᠠᠯᠳᠣᠭᠠᠨ ᠤ ᠬᠡᠯᠪᠡᠷᠢ ᠶᠢ ᠮᠠᠨ ᠤ ᠵᠡᠬᠦᠨ ᠬᠤᠰᠢᠭᠤᠨ ᠳᠤ ᠲᠠᠳᠠᠨ ᠤᠷᠤᠭᠤᠯᠵᠤ ᠰᠠᠭᠤᠷᠢᠰᠢᠭᠤᠯᠤᠨ᠎ᠠ᠃ | ᠠᠷᠠᠯᠵᠢᠶ᠎ᠠ ᠬᠤᠳᠠᠯᠳᠤᠭ᠎ᠠ ᠪᠣᠳᠠᠰ ᠤᠨ ᠬᠦᠢᠯᠬᠡᠬᠡᠨ ᠤ ᠠᠵᠤ ᠠᠬᠤᠶᠢᠯᠠᠯ ᠢ ᠬᠦᠢᠯᠬᠡᠬᠡᠨ ᠤ ᠳᠣᠭᠤᠷᠢᠭ ᠲᠤ | ᠲᠦᠪᠯᠡᠷᠡᠬᠦᠯᠦᠨ᠂ ᠲᠦᠪᠯᠡᠷᠡᠩᠬᠦᠢ ᠬᠦᠭᠵᠢᠯᠳᠡ ᠶᠢ ᠠᠬᠢᠭᠤᠯᠵᠤ᠂ ᠴᠧᠨ ᠶᠠᠩ ᠠᠷᠠᠯᠵᠢᠶ᠎ᠠ ᠬᠤᠳᠠᠯᠳᠣᠭᠠᠨ ᠤ | ᠨᠢᠭᠡᠳᠣᠮᠡᠯ ᠴᠣᠬᠴᠠ᠂ ᠮᠦᠡᠭᠬᠦᠨ ᠬᠦᠢᠯᠬᠡᠬᠡᠨ ᠤ ᠬᠤᠯᠪᠤᠭᠠᠳᠤ ᠠᠷᠠᠯᠵᠢᠶ᠎ᠠ ᠬᠤᠳᠠᠯᠳᠣᠭᠠᠨ ᠤ ᠳᠦᠪ᠂ ᠷᠧᠨ ᠶᠤᠸᠠᠨ | ᠬᠤᠸᠠᠨ ᠮᠣᠣ ᠬᠡᠷ ᠤᠨ ᠡᠳ᠋ᠯᠡᠯ ᠤᠨ ᠮᠠᠲ᠋ᠧᠷᠢᠶᠠᠯ ᠪᠣᠷᠤᠯᠠᠭᠤᠯᠬᠤ ᠳᠡᠯᠭᠡᠭᠦᠷ ᠵᠡᠷᠭᠡ ᠳᠦᠷᠦᠯ ᠵᠦᠢᠯ ᠢ ᠳᠦᠯᠬᠢᠨ | ᠠᠬᠢᠭᠤᠯᠵᠤ᠂ ᠨᠦᠬᠦᠴᠡᠯ ᠳᠤ ᠬᠦᠷᠦᠭᠰᠡᠨ ᠳᠦᠷᠦᠯ ᠵᠦᠢᠯ ᠢ ᠡᠵᠡᠩᠨᠡᠯᠳᠡ ᠶᠢᠨ ᠬᠡᠪᠴᠢᠶᠡᠨ ᠳᠤ ᠣᠷᠣᠭᠤᠯᠵᠤ᠂ | ᠳᠣᠭᠤᠷᠢᠭ ᠤᠨ ᠬᠤᠳᠠᠯᠳᠣᠭᠠᠨ ᠤ ᠠᠭᠤᠷ ᠠᠮᠢᠰᠬᠤᠯ ᠢ ᠰᠠᠶᠢᠵᠢᠷᠠᠭᠤᠯᠤᠨ᠎ᠠ᠃ ᠠᠷᠠᠯᠵᠢᠶ᠎ᠠ ᠬᠤᠳᠠᠯᠳᠤᠭ᠎ᠠ | ᠪᠣᠳᠠᠰ ᠤᠨ ᠬᠦᠢᠯᠬᠡᠬᠡᠨ ᠤ ᠳᠣᠭᠤᠷᠢᠭ ᠤᠨ ᠵᠠᠮ ᠬᠠᠷᠢᠯᠴᠠᠭ᠎ᠠ᠂ ᠲᠤᠯᠠᠭᠠᠯᠠᠮᠵᠢ ᠬᠠᠩᠭᠠᠬᠤ ᠵᠢᠴᠢ ᠣᠰᠣ | ᠭᠠᠳᠠᠬᠰᠢᠯᠠᠭᠤᠯᠬᠤ ᠵᠡᠷᠭᠡ ᠰᠠᠭᠤᠷᠢ ᠳᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ | ᠬᠠᠭᠤᠴᠢᠨ ᠮᠠᠰᠢᠨ ᠳᠡᠷᠭᠡ ᠶᠢᠨ ᠰᠣᠯᠢᠯᠴᠠᠭᠠᠨ ᠤ ᠵᠠᠬ᠎ᠠ ᠪᠠ ᠢᠳᠡᠰᠢᠨ ᠨᠣᠭᠤᠭ᠎ᠠ ᠰᠤᠷᠭᠤᠭ ᠬᠠᠳᠠᠭᠠᠯᠠᠬᠤ ᠬᠦᠮᠦᠷᠬᠡ | ᠵᠡᠷᠭᠡ ᠳᠦᠷᠦᠯ ᠵᠦᠢᠯ ᠢ ᠪᠠᠶᠢᠭᠤᠯᠵᠤ᠂ ᠠᠷᠠᠯᠵᠢᠶ᠎ᠠ ᠬᠤᠳᠠᠯᠳᠤᠭ᠎ᠠ ᠪᠣᠳᠠᠰ ᠤᠨ ᠬᠦᠢᠯᠬᠡᠬᠡᠨ ᠤ ᠳᠣᠭᠤᠷᠢᠭ ᠤᠨ ᠪᠡᠯᠡ | ᠣᠷᠣᠭᠤᠯᠤᠯᠳᠠ ᠶᠢ 5 ᠳ᠋ᠦᠩᠰᠢᠭᠤᠷ ᠳᠦᠭᠦᠷᠢᠭ ᠠᠴᠠ ᠳᠡᠭᠡᠭᠰᠢ ᠪᠠᠶᠢᠯᠭᠠᠬᠤ ᠶᠢ ᠪᠠᠳᠣᠯᠠᠨ᠎ᠠ᠃ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠢᠳᠡᠪᠬᠢᠳᠠᠢ ᠪᠠᠷ ᠬᠦᠮᠦᠵᠢᠭᠦᠯᠦᠨ᠎ᠠ᠃ ᠮᠦᠩᠭᠦᠨ | ᠬᠦᠢᠯᠬᠡᠬᠡᠨ ᠤ ᠦᠢᠯᠡᠰ ᠢ ᠦᠷᠭᠡᠳᠬᠡᠨ ᠬᠦᠭᠵᠢᠭᠦᠯᠦᠨ᠎ᠠ᠃ ᠬᠤᠳᠠᠯᠳᠣᠭᠠᠨ ᠤ ᠪᠠᠩᠬᠢ ᠤᠷᠤᠭᠤᠯᠬᠤ ᠠᠬᠢᠴᠠ ᠶᠢ | ᠲᠦᠷᠬᠡᠳᠬᠡᠨ᠂ ᠪᠠᠭ᠎ᠠ ᠳᠣᠭᠠᠨ ᠤ ᠵᠢᠭᠡᠯᠡᠯᠭᠡ ᠪᠠ ᠪᠠᠳᠤᠯᠠᠭ᠎ᠠ ᠶᠢᠨ ᠺᠣᠮᠫᠠᠨᠢ ᠶᠢ ᠢᠳᠡᠪᠬᠢᠳᠠᠢ ᠨᠡᠮᠡᠨ ᠪᠠᠶᠢᠭᠤᠯᠵᠤ᠂ | ᠮᠦᠩᠬᠦᠨ ᠬᠦᠢᠯᠬᠡᠬᠡᠨ ᠤ ᠣᠷᠴᠢᠨ ᠢ ᠰᠢᠯᠢᠳᠡᠭᠴᠢᠯᠡᠨ᠂ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢ ᠣᠷᠣᠭᠤᠯᠬᠤ | ᠪᠠ ᠭᠠᠵᠠᠷ ᠣᠷᠣᠨ ᠤ ᠠᠵᠤ ᠠᠬᠤᠢ ᠶᠢᠨ ᠬᠦᠭᠵᠢᠯᠳᠡ ᠳᠤ ᠦᠢᠯᠡᠴᠢᠯᠡᠬᠦ ᠢᠳᠡᠪᠬᠢᠳᠣ ᠴᠢᠨᠠᠷ ᠢ ᠨᠡᠮᠡᠭᠳᠡᠭᠦᠯᠦᠨ᠎ᠡ︔ | ᠳᠡᠭᠡᠳᠣ ᠱᠠᠳᠣᠨ ᠤ ᠮᠦᠩᠭᠦᠨ ᠬᠦᠢᠯᠬᠡᠬᠡᠨ ᠤ ᠰᠠᠯᠠᠭ᠎ᠠ ᠮᠦᠴᠢᠷ ᠲᠠᠢ ᠬᠠᠮᠵᠢᠯᠴᠠᠬᠤ ᠬᠦᠴᠦᠯᠡᠴᠠ ᠪᠠᠨ | ᠴᠢᠩᠭᠠᠳᠬᠠᠵᠤ᠂ ᠪᠣᠰᠣᠳ ᠭᠠᠵᠠᠷ ᠣᠷᠣᠨ ᠤ ᠪᠡᠯᠡ ᠮᠦᠩᠬᠦ ᠶᠢ ᠢᠳᠡᠪᠬᠢᠳᠠᠢ ᠪᠠᠷ ᠳᠠᠳᠠᠨ᠂ ᠴᠢᠬᠤᠯᠠ ᠶᠡᠭᠡ | ᠳᠦᠷᠦᠯ ᠵᠦᠢᠯ᠂ ᠭᠤᠤᠯᠳᠠᠯᠭ᠎ᠠ ᠲᠠᠢ ᠠᠵᠤ ᠠᠬᠤᠶᠢᠯᠠᠯ ᠵᠢᠴᠢ ᠳᠣᠮᠳᠠ ᠪᠠᠭ᠎ᠠ ᠠᠵᠤ ᠠᠬᠤᠶᠢᠯᠠᠯ ᠳᠤ ᠢᠳᠡᠭᠡᠮᠵᠢᠳᠣ | ᠵᠢᠭᠡᠯᠡᠯᠭᠡ ᠶᠢᠨ ᠳᠡᠮᠵᠢᠯᠭᠡ ᠬᠠᠩᠭᠠᠨ᠎ᠠ︔ ᠲᠤᠮᠳᠠ ᠪᠠ ᠤᠷᠳᠣ ᠬᠤᠭᠤᠴᠠᠭᠠᠳᠣ ᠵᠢᠭᠡᠯᠡᠯᠬᠡ ᠶᠢ ᠨᠡᠮᠡᠭᠳᠡᠬᠦᠯᠬᠦ ᠶᠢ | ᠳᠡᠮᠵᠢᠬᠦ ᠪᠠ ᠵᠤᠷᠢᠭᠵᠢᠭᠤᠯᠤᠨ᠂ ᠣᠷᠣᠨ ᠨᠣᠳᠤᠭ ᠤᠨ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠦᠷᠢ | ᠦᠭᠴᠡᠭᠡ ᠶᠢ ᠢᠯᠡᠷᠡᠭᠦᠯᠵᠤ ᠂ ᠠᠷᠠᠳ ᠤᠨ ᠳᠣᠮᠳᠠᠬᠢ ᠪᠡᠯᠡᠨ ᠮᠦᠩᠬᠦ ᠶᠢᠨ ᠬᠠᠳᠠᠭᠠᠯᠠᠯᠳᠠ ᠳᠤ ᠰᠡᠳᠡᠯᠳᠡ ᠦᠭᠴᠦ᠂ | ᠪᠦᠬᠦ ᠳᠠᠯ᠎ᠠ ᠶᠢᠨ ᠪᠡᠯᠡ ᠬᠤᠷᠠᠮᠳᠤᠭᠤᠯᠬᠤ ᠰᠢᠰᠲ᠋ᠧᠮ ᠢ ᠪᠦᠳᠦᠭᠡᠨ ᠪᠠᠶᠢᠭᠤᠯᠤᠨ᠎ᠠ᠃ ᠰᠢᠨ᠎ᠠ ᠬᠡᠯᠪᠡᠷᠢ ᠶᠢᠨ | ᠦᠢᠯᠡᠴᠢᠯᠡᠯᠭᠡᠨ ᠤ ᠦᠢᠯᠡᠰ ᠢ ᠢᠳᠡᠪᠬᠢᠳᠠᠢ ᠪᠠᠷ ᠬᠦᠭᠵᠢᠭᠦᠯᠦᠨ᠎ᠡ᠃ ᠬᠡᠯᠬᠢᠶᠡᠳᠤ ᠡᠵᠡᠩᠨᠡᠯᠳᠡ ᠪᠠ ᠣᠨᠴᠠ ᠡᠷᠬᠡᠳᠦ | ᠡᠵᠡᠩᠨᠡᠯᠳᠡ ᠵᠡᠷᠭᠡ ᠰᠢᠨ᠎ᠠ ᠬᠡᠯᠪᠡᠷᠢ ᠶᠢᠨ ᠠᠵᠤ ᠦᠢᠯᠡᠰ ᠤᠨ ᠬᠡᠯᠪᠡᠷᠢ ᠶᠢ ᠵᠣᠷᠢᠬᠵᠢᠭᠤᠯᠬᠤ ᠪᠠ ᠬᠦᠭᠵᠢᠭᠦᠯᠵᠤ᠂ | ᠦᠢᠯᠡᠴᠢᠯᠡᠭᠡᠨ ᠤ ᠨᠡᠷᠡᠳᠤ ᠠᠵᠤ ᠠᠬᠤᠶᠢᠯᠠᠯ ᠢ ᠳᠠᠳᠠᠨ ᠠᠪᠴᠢᠷᠠᠵᠤ᠂ ᠦᠢᠯᠡᠴᠢᠯᠡᠭᠡᠨ ᠤ ᠦᠢᠯᠡᠰ ᠤᠨ ᠬᠦᠭᠵᠢᠯᠳᠡ | ᠶᠢᠨ ᠳᠡᠰ ᠳᠠᠪᠬᠤᠷᠭ᠎ᠠ ᠪᠠ ᠬᠢᠷᠢ ᠳᠦᠪᠰᠢᠨ ᠢ ᠳᠡᠭᠡᠭᠰᠢᠯᠡᠭᠦᠯᠦᠨ᠎ᠡ︔ ᠬᠡᠷᠡᠭᠯᠡᠭᠡᠨ ᠤ ᠣᠷᠴᠢᠨ ᠢ ᠰᠢᠯᠢᠳᠡᠭᠴᠢᠯᠡᠨ᠂ | ᠪᠣᠭᠤᠳᠠᠯ ᠪᠠᠭᠯᠠᠭ᠎ᠠ ᠶᠢ ᠵᠢᠷᠤᠵᠤ ᠲᠦᠯᠦᠪᠯᠡᠬᠦ᠂ ᠭᠡᠷ ᠤᠨ ᠶᠠᠪᠤᠳᠠᠯ ᠤᠨ ᠦᠢᠯᠡᠴᠢᠯᠡᠭᠡ᠂ ᠮᠡᠳᠡᠭᠡ ᠵᠠᠩᠬᠢ ᠶᠢᠨ | ᠯᠠᠪᠯᠠᠯᠳᠠ ᠪᠠ ᠪᠡᠶ᠎ᠡ ᠶᠢᠨ ᠳᠠᠮᠢᠷ ᠤᠨ ᠪᠣᠯᠪᠠᠰᠣᠷᠠᠯᠳᠠ ᠵᠡᠷᠭᠡ ᠬᠡᠷᠡᠭᠯᠡᠭᠡᠨ ᠤ ᠬᠠᠯᠠᠮᠰᠢᠯ ᠢ ᠪᠣᠢ ᠪᠣᠯᠭᠠᠨ᠂ ᠣᠯᠠᠨ | ᠨᠡᠶᠢᠳᠡ ᠶᠢᠨ ᠡᠳᠦᠷ ᠢᠷᠡᠬᠦᠶ᠎ᠡ ᠨᠡᠮᠡᠭᠳᠡᠵᠤ ᠪᠠᠶᠢᠭ᠎ᠠ ᠬᠡᠷᠡᠭᠯᠡᠭᠡᠨ ᠤ ᠱᠠᠭᠠᠷᠳᠠᠯᠭ᠎ᠠ ᠶᠢ ᠬᠠᠩᠭᠠᠨ᠎ᠠ᠃ ᠪᠠᠷᠢᠯᠭ᠎ᠠ ᠶᠢᠨ | ᠦᠢᠯᠡᠰ ᠢ ᠳᠦᠷᠢᠮᠵᠢᠭᠦᠯᠦᠨ ᠬᠦᠭᠵᠢᠭᠦᠯᠦᠨ᠎ᠡ᠃ ᠲᠤᠬᠠᠢ ᠶᠢᠨ ᠭᠠᠵᠠᠷ ᠤᠨ ᠪᠠᠷᠢᠯᠭ᠎ᠠ ᠶᠢᠨ ᠠᠵᠤ ᠠᠬᠤᠶᠢᠯᠠᠯ ᠤᠨ | ᠬᠢᠷᠢ ᠬᠡᠮ ᠢᠶᠠᠨ ᠲᠡᠭᠡᠭᠰᠢᠯᠡᠬᠦᠯᠬᠦ ᠶᠢ ᠵᠤᠷᠢᠭᠵᠢᠭᠤᠯᠤᠨ᠂ ᠲᠤᠬᠠᠢ ᠶᠢᠨ ᠭᠠᠵᠠᠷ ᠤᠨ ᠪᠠᠷᠢᠯᠭ᠎ᠠ ᠶᠢᠨ ᠦᠢᠯᠡᠰ ᠢ ᠣᠯᠠᠨ | ᠲᠠᠯ᠎ᠠ ᠪᠠᠷ ᠬᠦᠭᠵᠢᠬᠦᠯᠵᠤ᠂ ᠪᠠᠷᠢᠯᠭ᠎ᠠ ᠶᠢᠨ ᠮᠠᠲ᠋ᠧᠷᠢᠶᠠᠯ᠂ ᠵᠠᠮ ᠬᠦᠬᠦᠷᠭᠡ᠂ ᠬᠡᠷ ᠤᠨ ᠴᠢᠮᠡᠭᠯᠡᠯ᠂ ᠠᠳᠠᠯ ᠠᠬᠤᠢ ᠶᠢᠨ | ᠬᠠᠮᠢᠶᠠᠷᠣᠯᠳᠠ ᠵᠡᠷᠭᠡ ᠲᠠᠯ᠎ᠠ ᠪᠠᠷ ᠡᠵᠡᠩᠨᠡᠯᠳᠡᠶᠢᠨ ᠬᠡᠪᠴᠢᠶ᠎ᠡ ᠶᠢ ᠨᠢ ᠦᠷᠭᠡᠳᠬᠡᠨ᠎ᠠ᠃ ᠪᠠᠷᠢᠯᠭ᠎ᠠ ᠶᠢᠨ ᠵᠠᠬ᠎ᠠ | ᠳᠡᠯᠭᠡᠭᠦᠷ ᠤᠨ ᠡᠵᠡᠩᠨᠡᠯᠳᠡ ᠬᠠᠮᠢᠶᠠᠷᠣᠯᠳᠠ ᠪᠠᠨ ᠴᠢᠩᠭᠠᠳᠬᠠᠵᠤ᠂ ᠪᠠᠷᠢᠯᠭ᠎ᠠ ᠶᠢᠨ ᠶᠠᠰᠣ ᠴᠢᠨᠠᠷ ᠢ ᠲᠡᠭᠡᠭᠰᠢᠯᠡᠬᠦᠯᠵᠤ᠂ | 70 ᠳᠦᠮᠡᠨ ᠳᠡᠭᠰᠢ ᠳᠦᠷᠪᠡᠯᠵᠢᠨ ᠮᠧᠲᠷ ᠠᠴᠠ ᠳᠡᠭᠡᠭᠰᠢ ᠲᠠᠯᠠᠪᠠᠢ ᠲᠠᠢ ᠲᠠᠸᠠᠷ ᠤᠨ ᠤᠷᠤᠨ ᠰᠠᠭᠤᠴᠠᠳᠤ | ᠪᠠᠷᠢᠯᠭ᠎ᠠ ᠶᠢ ᠪᠠᠶᠢᠭᠤᠯᠤᠨ᠎ᠠ᠃ | ︵ᠲᠠᠪᠤ︶ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢ ᠨᠢᠬᠡᠳᠦᠯᠳᠡᠢ ᠠᠬᠢᠭᠤᠯᠵᠤ᠂ ᠠᠵᠤ ᠠᠬᠤᠢ | ᠶᠢᠨ ᠨᠡᠶᠢᠬᠡᠮ ᠤᠨ ᠬᠦᠭᠵᠢᠯᠳᠡ ᠶᠢᠨ ᠨᠦᠬᠦᠴᠡᠯ ᠢ ᠰᠢᠯᠢᠳᠡᠭᠵᠢᠬᠦᠯᠦᠨ᠎ᠡ | ᠯᠢᠨᠳᠦ᠋ᠡᠭ ᠬᠤᠳᠠ ᠶᠢᠨ ᠪᠦᠳᠦᠬᠡᠨ ᠪᠠᠶᠢᠭᠤᠯᠤᠯᠳᠠ ᠶᠢᠨ ᠬᠠᠮᠢᠶᠠᠷᠤᠯᠳᠠ ᠶᠢ ᠴᠢᠩᠭᠠᠳᠬᠠᠨ᠎ᠠ᠃ ᠬᠤᠳᠠ | ᠶᠢᠨ ᠪᠠᠷᠠᠭᠤᠨ ᠲᠡᠬᠦᠷᠬᠡ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠲᠠᠭᠤᠰᠬᠤ ᠠᠵᠢᠯ ᠢ ᠪᠦᠬᠦ ᠲᠠᠯ᠎ᠠ ᠪᠠᠷ | ᠪᠡᠶᠡᠯᠡᠬᠦᠯᠦᠨ᠂ ᠬᠤᠳᠠ ᠶᠢᠨ ᠪᠠᠷᠠᠭᠤᠨ ᠲᠡᠬᠦᠷᠬᠡ ᠶᠢᠨ ᠪᠦᠳᠦᠬᠡᠨ ᠪᠠᠶᠢᠭᠤᠯᠤᠯᠳᠠ ᠶᠢᠨ ᠡᠯ᠎ᠡ ᠰᠠᠯᠠᠭ᠎ᠠ ᠮᠦᠴᠢᠷ ᠲᠤ | ᠲᠤᠰᠢᠶᠠᠨ ᠦᠭᠴᠤ᠂ ᠬᠠᠮᠢᠶᠠᠷᠤᠯᠳᠠ ᠵᠢᠨᠲ᠋ᠤᠭᠳᠠᠴᠠᠯᠴᠠᠭᠠ ᠪᠠᠨ ᠤᠯᠠᠮ ᠨᠢᠬᠡ ᠠᠯᠬᠤᠮ ᠵᠤᠬᠢᠰᠳᠠᠢ ᠪᠤᠯᠭᠠᠨ᠂ | ᠲᠤᠭᠳᠠᠯᠴᠠᠭ᠎ᠠ ᠶᠢᠨ ᠰᠢᠨ᠎ᠡ ᠶᠢ ᠡᠬᠦᠳᠤᠨ᠂ ᠬᠠᠮᠢᠶᠠᠷᠤᠯᠳᠠ ᠶᠢᠨ ᠲᠤᠪᠰᠢᠨ ᠢ ᠲᠡᠭᠡᠭᠰᠢᠯᠡᠬᠦᠯᠦᠨ᠎ᠡ᠃ ᠰᠢᠨ᠎ᠡ ᠬᠤᠳᠠ | ᠲᠤᠭᠤᠷᠢᠭ ᠤᠨ ᠡᠯ᠎ᠡ ᠲᠦᠷᠦᠯ ᠤᠨ ᠢᠵᠢ ᠪᠦᠷᠢᠨ ᠲᠦᠬᠦᠬᠡᠷᠤᠮᠵᠢ ᠶᠢ ᠦᠷᠬᠦᠯᠵᠢᠯᠡᠨ ᠲᠡᠬᠦᠯᠳᠡᠷᠵᠢᠬᠦᠯᠵᠤ᠂ ᠬᠢᠳᠠᠨ | ᠠᠭᠤᠳᠠᠮ ᠲᠠᠯᠠᠪᠠᠢ᠂ ᠤᠷᠴᠢᠨ ᠲᠤᠭᠤᠷᠢᠨ ᠤ ᠦᠵᠡᠮᠵᠢ ᠵᠡᠷᠬᠡ ᠵᠠᠯᠭᠠᠮᠵᠢ ᠪᠦᠳᠦᠬᠡᠨ ᠪᠠᠶᠢᠭᠤᠯᠤᠯᠳᠠ ᠶᠢᠨ | ᠢᠨᠵᠧᠨᠧᠷᠢᠩ ᠤᠳ ᠢ ᠭᠤᠤᠯᠳᠠᠯᠭ᠎ᠠ ᠲᠠᠢ ᠠᠳᠬᠤᠨ᠂ ᠴᠠᠭ ᠠᠭᠤᠷ ᠤᠨ ᠤᠷᠢᠳᠯᠠᠭᠰᠠᠨ ᠮᠡᠳᠡᠬᠡᠯᠡᠯ ᠢᠶᠠᠷ ᠭᠠᠮᠰᠢᠭ | ᠢ ᠪᠠᠭᠠᠰᠬᠠᠬᠤ ᠲᠦᠪ ᠤᠨ ᠪᠦᠲᠦᠭᠡᠨ ᠪᠠᠶᠢᠭᠤᠯᠤᠯᠲᠠ ᠪᠠ ᠰᠢᠨ᠎ᠡ ᠬᠤᠳᠠ ᠲᠤᠭᠤᠷᠢᠭ ᠲᠤ ᠲᠤᠯᠠᠭᠠᠯᠠᠮᠵᠢ ᠬᠠᠨᠭ᠍ᠭᠠᠬᠤ | ᠵᠡᠷᠬᠡ ᠴᠢᠳᠠᠪᠦᠷᠢ ᠶᠢ ᠨᠢ ᠦᠷᠬᠡᠳᠬᠡᠬᠦ ᠦᠬᠡᠷᠡᠴᠢᠯᠡᠯᠳᠡ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢ ᠡᠬᠢᠯᠡᠬᠦᠯᠦᠨ᠎ᠡ᠃ ᠬᠠᠭᠤᠴᠢᠨ ᠬᠤᠳᠠ ᠲᠤᠭᠤᠷᠢᠭ ᠤᠨ ᠦᠬᠡᠷᠡᠴᠢᠯᠡᠯᠳᠡ ᠶᠢ ᠨᠢᠬᠡᠳᠤᠯᠳᠡᠢ ᠲᠦᠯᠬᠢᠵᠤ | ᠠᠬᠢᠭᠤᠯᠤᠨ᠂ ᠰᠢᠷᠭ᠎ᠠ ᠵᠡᠬᠡᠯᠢ ᠶᠢᠨ ᠦᠬᠡᠷᠡᠴᠢᠯᠡᠯᠳᠡ ᠶᠢᠨ ᠡᠮᠤᠨᠡᠬᠢ ᠬᠤᠭᠤᠴᠠᠭᠠᠨ ᠤ ᠠᠵᠢᠯ ᠢ ᠰᠠᠶᠢᠳᠤᠷ ᠬᠢᠵᠤ᠂ | ᠪᠠᠷᠭᠤᠨ ᠲᠡᠬᠦᠷᠬᠡ ᠶᠢᠨ ᠲᠡᠵᠢᠬᠡᠨ ᠦᠷᠡᠵᠢᠬᠦᠯᠬᠦ ᠵᠢᠵᠢᠭ ᠲᠤᠭᠤᠷᠢᠭ ᠤᠨ ᠲᠦᠬᠦᠮ ᠪᠦᠳᠦᠴᠡᠳᠤ ᠤᠷᠤᠨ ᠰᠠᠭᠤᠴᠠ | ᠶᠢ ᠦᠬᠡᠷᠡᠴᠢᠯᠡᠨ ᠰᠠᠶᠢᠵᠢᠷᠠᠭᠤᠯᠬᠤ ᠪᠠ ᠡᠯ᠎ᠡ ᠵᠦᠢᠯ ᠤᠨ ᠢᠵᠢ ᠪᠦᠷᠢᠳᠦᠭᠰᠡᠨ ᠢᠨᠵᠧᠨᠧᠷᠢᠩ ᠤᠨ ᠪᠦᠳᠦᠬᠡᠨ | ᠪᠠᠶᠢᠭᠤᠯᠤᠯᠳᠠ ᠶᠢ ᠡᠬᠢᠯᠡᠬᠦᠯᠤᠨ᠂ ᠰᠢᠨ᠎ᠡ ᠬᠠᠭᠤᠴᠢᠨ ᠬᠤᠳᠠ ᠲᠤᠭᠤᠷᠢᠭ ᠢ ᠵᠤᠬᠢᠴᠠᠩᠭᠤᠢ ᠪᠠᠷ ᠬᠦᠭᠵᠢᠬᠦᠯᠵᠤ | ᠠᠬᠢᠭᠤᠯᠤᠨ᠎ᠠ᠃ ᠤᠷᠴᠢᠨ ᠲᠤᠭᠤᠷᠢᠨ ᠤ ᠡᠷᠡᠬᠦᠯ ᠬᠠᠮᠠᠭᠠᠯᠠᠯ᠂ ᠬᠠᠤᠯᠢ ᠬᠡᠷᠡᠭᠵᠢᠬᠦᠯᠦᠭᠰᠡᠨ ᠬᠠᠮᠢᠶᠠᠷᠤᠯᠳᠠ ᠵᠡᠷᠬᠡ | ᠬᠦᠷᠢᠶ᠎ᠡ ᠬᠡᠪᠴᠢᠶᠡᠨ ᠳᠠᠬᠢ ᠠᠵᠢᠯᠯᠠᠭᠠᠨ ᠤ ᠲᠤᠭᠳᠠᠴᠠ ᠶᠢ ᠰᠦᠪᠡᠭᠴᠢᠯᠡᠵᠤ᠂ ᠬᠠᠭᠤᠴᠢᠨ ᠬᠤᠳᠠ ᠲᠤᠭᠤᠷᠢᠭ ᠤᠨ | ᠬᠤᠳᠠ ᠵᠡᠬᠡᠯᠢ ᠶᠢᠨ ᠰᠠᠭᠤᠷᠢ ᠲᠦᠬᠦᠬᠡᠷᠦᠮᠵᠢ᠂ ᠤᠷᠤᠨ ᠰᠠᠭᠤᠴᠠ ᠠᠳᠠᠯ ᠠᠬᠤᠢ ᠶᠢᠨ ᠬᠠᠮᠢᠶᠠᠷᠤᠯᠳᠠ ᠵᠢᠴᠢ | ᠪᠦᠷᠢᠨ ᠬᠦᠢᠴᠡᠳ ᠦᠢᠯᠡᠴᠢᠯᠡᠭᠡ ᠶᠢ ᠲᠡᠬᠦᠯᠳᠡᠷᠵᠢᠬᠦᠯᠵᠤ᠂ ᠬᠤᠳᠠ ᠶᠢᠨ ᠬᠠᠮᠢᠶᠠᠷᠤᠯᠳᠠ ᠪᠠ ᠦᠢᠯᠡᠴᠢᠯᠡᠬᠡᠨ ᠤ | ᠲᠦᠪᠰᠢᠨ ᠢ ᠲᠡᠭᠡᠭᠰᠢᠯᠡᠬᠦᠯᠦᠨ᠎ᠡ᠃ | ᠵᠢᠵᠢᠭ ᠬᠤᠳᠠ ᠪᠠᠯᠭᠠᠰᠤᠨ ᠤ ᠪᠦᠳᠦᠬᠡᠨ ᠪᠠᠶᠢᠭᠤᠯᠤᠯᠳᠠ ᠶᠢ ᠠᠬᠢᠭᠤᠯᠤᠨ᠎ᠠ᠃ ᠵᠢᠵᠢᠭ ᠬᠤᠳᠠ ᠪᠠᠯᠭᠠᠰᠤᠨ | ᠤ ᠬᠦᠭᠵᠢᠯᠳᠡ ᠶᠢᠨ ᠲᠦᠯᠦᠪᠵᠢᠬᠦᠯᠬᠡ ᠶᠢ ᠤᠯᠠᠮ ᠲᠡᠬᠦᠯᠳᠡᠷᠵᠢᠬᠦᠯᠦᠨ᠂ ᠵᠢᠵᠢᠭ ᠬᠤᠳᠠ ᠪᠠᠯᠭᠠᠰᠤᠨ ᠤ ᠪᠦᠳᠦᠬᠡᠨ | ᠪᠠᠶᠢᠭᠤᠯᠤᠯᠳᠠ ᠶᠢ ᠲᠡᠮᠵᠢᠭᠰᠡᠨ ᠲᠦᠷᠦ ᠶᠢᠨ ᠪᠤᠳᠤᠯᠭ᠎ᠠ ᠪᠠ ᠠᠷᠭ᠎ᠠ ᠠᠪᠴᠠᠯ ᠢ ᠰᠤᠳᠤᠯᠤᠨ ᠲᠤᠭᠳᠠᠭᠠᠵᠤ᠂ | ᠯᠢᠨᠳᠦ᠋ᠡᠭ ᠬᠤᠳᠠ ᠤᠨ ᠬᠦᠭᠵᠢᠯᠳᠡ ᠶᠢᠨ ᠵᠠᠬᠪᠤᠷ ᠶᠤᠰᠤᠭᠠᠷ᠂ ᠯᠦᠡᠭᠴᠡᠩ᠂ ᠪᠢᠯᠡᠬᠦᠳᠡᠢ᠂ ᠪᠠᠶ᠋ᠬᠠᠠᠭᠤᠯᠠ ᠵᠡᠷᠬᠡ | ᠵᠢᠵᠢᠭ ᠬᠤᠳᠠ ᠪᠠᠯᠭᠠᠰᠤᠨ ᠤ ᠪᠦᠳᠦᠬᠡᠨ ᠪᠠᠶᠢᠭᠤᠯᠤᠯᠳᠠ ᠶᠢ ᠭᠤᠤᠯᠳᠠᠯᠭ᠎ᠠ ᠲᠠᠢ ᠲᠦᠯᠬᠢᠨ ᠠᠬᠢᠭᠤᠯᠤᠨ᠎ᠠ᠃ | ᠬᠤᠳᠠ ᠶᠢᠨ ᠪᠦᠳᠦᠬᠡᠨ ᠪᠠᠶᠢᠭᠤᠯᠤᠯᠳᠠ ᠶᠢᠨ ᠦᠵᠡᠯᠳᠡ ᠶᠢ ᠪᠤᠢ ᠪᠤᠯᠭᠠᠵᠤ᠂ ᠪᠡᠯᠡ ᠬᠤᠷᠠᠮᠳᠤᠭᠤᠯᠬᠤ ᠠᠷᠭ᠎ᠠ ᠵᠠᠮ | ᠢᠶᠠᠨ ᠢᠳᠡᠪᠬᠢᠳᠡᠢ ᠦᠷᠬᠡᠳᠬᠡᠨ᠂ ᠨᠡᠶᠢᠬᠡᠮ ᠤᠨ ᠪᠡᠯᠡ ᠮᠦᠡᠭᠬᠦ ᠶᠢ ᠦᠷᠬᠡᠨ ᠢᠶᠠᠷ ᠲᠠᠳᠠᠵᠤ ᠵᠢᠵᠢᠭ ᠬᠤᠳᠠ | ᠪᠠᠯᠭᠠᠰᠤᠨ ᠤ ᠪᠦᠳᠦᠬᠡᠨ ᠪᠠᠶᠢᠭᠤᠯᠤᠯᠳᠠ ᠪᠠ ᠬᠠᠮᠢᠶᠠᠷᠤᠯᠳᠠ ᠳᠤ ᠬᠡᠷᠡᠭᠵᠢᠬᠦᠯᠦᠨ᠎ᠡ᠃ ᠰᠠᠭᠤᠷᠢ ᠲᠦᠬᠦᠬᠡᠷᠦᠮᠵᠢ | ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠂ ᠵᠠᠮ ᠱᠤᠭᠤᠮ ᠰᠤᠪᠠᠭ ᠬᠤᠭᠤᠯᠠᠢ ᠶᠢ ᠲᠣᠣᠷᠵᠢᠭᠤᠯᠬᠤ᠂ | ᠪᠤᠵᠠᠷ ᠤᠰᠤ ᠶᠢ ᠭᠠᠳᠠᠭᠰᠢᠯᠠᠭᠤᠯᠬᠤ᠂ ᠵᠡᠬᠡᠯᠢ ᠶᠢᠨ ᠵᠠᠮ ᠶᠢ ᠵᠠᠰᠠᠬᠤ ᠵᠢᠴᠢ ᠨᠣᠭᠤᠭᠠᠷᠠᠭᠤᠯᠵᠤ ᠴᠢᠮᠡᠭᠯᠡᠬᠦ ᠵᠡᠷᠬᠡ | ᠲᠦᠷᠦᠯ ᠵᠦᠢᠯ ᠤᠳ ᠢ ᠲᠦᠷᠬᠡᠨ ᠬᠦᠢᠴᠡᠳᠬᠡᠵᠤ᠂ ᠵᠢᠵᠢᠭ ᠬᠤᠳᠠ ᠪᠠᠯᠭᠠᠰᠤᠨ ᠤ ᠴᠢᠳᠠᠮᠵᠢ ᠶᠢ | ᠲᠡᠬᠦᠯᠳᠡᠷᠵᠢᠬᠦᠯᠦᠨ᠎ᠡ᠃ ᠰᠤᠷᠭᠠᠨ ᠬᠦᠮᠦᠵᠢᠯ ᠪᠠ ᠡᠮ ᠡᠮᠨᠡᠯᠬᠡ ᠶᠢᠨ ᠢᠵᠢ ᠪᠦᠷᠢᠳᠦᠭᠰᠡᠨ ᠨᠡᠶᠢᠳᠡ ᠶᠢᠨ | ᠦᠢᠯᠡᠴᠢᠯᠡᠭᠡ ᠶᠢ ᠵᠢᠵᠢᠭ ᠬᠤᠳᠠ ᠪᠠᠯᠭᠠᠰᠤ ᠲᠤ ᠬᠦᠭᠵᠢᠬᠦᠯᠦᠨ᠂ ᠠᠵᠢᠯ ᠤᠯᠭᠤᠬᠤ ᠪᠠ ᠬᠡᠷᠡᠭᠯᠡᠭᠡ ᠵᠡᠷᠬᠡ | ᠦᠢᠯᠡᠳᠪᠦᠷᠢᠯᠡᠯ ᠠᠮᠢᠳᠤᠷᠠᠯ ᠤᠨ ᠲᠠᠯ᠎ᠠ ᠪᠠᠷ ᠬᠢ ᠪᠠᠳᠤᠯᠠᠭ᠎ᠠ ᠶᠢ ᠴᠢᠩᠭᠠᠳᠬᠠᠨ᠂ ᠦᠷᠬᠡᠨ ᠤᠯᠠᠨ ᠮᠠᠯᠴᠢᠨ | ᠲᠠᠷᠢᠶᠠᠴᠢᠳ ᠢ ᠬᠤᠳᠠ ᠪᠠᠯᠭᠠᠰᠤ ᠳᠤ ᠲᠦᠪᠯᠡᠷᠡᠬᠦᠯᠦᠨ᠎ᠡ᠃ | ᠰᠢᠨ᠎ᠡ ᠮᠠᠯᠵᠢᠬᠤ ᠲᠠᠷᠢᠶᠠᠯᠠᠬᠤ ᠤᠷᠤᠨ ᠢ ᠢᠳᠡᠪᠬᠢᠳᠡᠢ ᠪᠦᠳᠦᠬᠡᠨ ᠪᠠᠶᠢᠭᠤᠯᠤᠨ᠎ᠠ᠃ ᠬᠤᠳᠠ ᠬᠦᠳᠡᠭᠡ ᠶᠢ | ᠨᠢᠬᠡ ᠴᠤᠭᠴᠠ ᠪᠠᠷ ᠬᠦᠭᠵᠢᠬᠦᠯᠬᠦ ᠶᠡᠷᠦᠩᠬᠡᠢ ᠲᠦᠯᠦᠪᠯᠡᠭᠡ ᠶᠢ ᠬᠦᠢᠴᠡᠳᠬᠡᠵᠤ᠂ ᠲᠤᠰᠬᠤᠨ ᠢ ᠨᠡᠶᠢᠯᠡᠬᠦᠯᠬᠦ᠂ | ᠬᠠᠭᠤᠴᠢᠨ ᠲᠤᠰᠬᠤᠨ ᠢ ᠦᠬᠡᠷᠡᠴᠢᠯᠡᠬᠦ ᠵᠡᠷᠬᠡ ᠢᠨᠵᠧᠨᠧᠷᠢᠩ ᠢ ᠯᠠᠪᠳᠠᠭᠤᠨ ᠪᠠᠳᠤᠳᠠᠢ ᠲᠦᠯᠬᠢᠨ ᠠᠬᠢᠭᠤᠯᠵᠤ᠂ ᠰᠧ | ᠹᠠᠨᠭ᠌ ᠴᠸᠡᠭ᠂ ᠬᠠᠢ ᠰᠢᠩ᠂ ᠰᠢᠶᠠᠨ ᠹᠸᠡᠭ᠂ ᠬᠤᠪᠤᠭᠤ ᠵᠡᠷᠬᠡ ᠰᠢᠨ᠎ᠡ ᠮᠠᠯᠵᠢᠬᠤ ᠲᠠᠷᠢᠶᠠᠯᠠᠬᠤ ᠤᠷᠤᠨ ᠤ | ᠲᠤᠷᠰᠢᠯᠳᠠ ᠶᠢᠨ ᠴᠢᠭ ᠢ ᠰᠠᠶᠢᠳᠤᠷ ᠠᠳᠬᠤᠨ᠂ ᠨᠢᠬᠡ ᠪᠦᠯᠦᠭ ᠰᠠᠭᠤᠷᠢ ᠲᠦᠬᠦᠬᠡᠷᠦᠮᠵᠢ ᠨᠢ ᠲᠡᠬᠦᠯᠳᠡᠷᠵᠢᠭᠰᠡᠨ᠂ | ᠴᠢᠳᠠᠮᠵᠢ ᠨᠢ ᠪᠦᠷᠢᠨ᠂ ᠤᠷᠴᠢᠨ ᠲᠤᠭᠤᠷᠢᠨ ᠨᠢ ᠰᠠᠶᠢᠬᠠᠨ ᠮᠠᠯᠴᠢᠨ ᠲᠠᠷᠢᠶᠠᠴᠢᠨ ᠤ ᠰᠢᠨ᠎ᠡ ᠲᠤᠰᠬᠤᠨ ᠢ | ᠪᠦᠳᠦᠬᠡᠨ ᠪᠠᠶᠢᠭᠤᠯᠤᠨ᠎ᠠ᠃ ᠠᠶᠤᠯᠳᠠᠢ ᠬᠡᠷ ᠪᠠᠶᠢᠰᠢᠩ ᠢ ᠦᠬᠡᠷᠡᠴᠢᠯᠡᠬᠦ᠂ ᠤᠤᠭᠤᠬᠤ ᠤᠰᠤᠨ ᠤ ᠠᠮᠤᠷ ᠲᠦᠪᠰᠢᠨ | ᠢ ᠪᠠᠳᠤᠯᠠᠬᠤ᠂ ᠵᠡᠬᠡᠯᠢ ᠭᠤᠳᠤᠮᠵᠢ ᠳᠤ ᠵᠠᠮ ᠲᠡᠪᠢᠰᠬᠦ ᠵᠡᠷᠬᠡ ᠰᠠᠭᠤᠷᠢ ᠲᠦᠬᠦᠬᠡᠷᠦᠮᠵᠢ ᠶᠢᠨ ᠪᠦᠳᠦᠬᠡᠨ | ᠪᠠᠶᠢᠭᠤᠯᠤᠯᠳᠠ ᠶᠢ ᠴᠢᠩᠭᠠᠳᠬᠠᠨ᠂ ᠪᠠᠷᠢᠮᠵᠢᠶᠠᠨ ᠳᠤ ᠬᠦᠷᠦᠭᠰᠡᠨ ᠡᠷᠡᠬᠦᠯ ᠬᠠᠮᠠᠭᠠᠯᠠᠯ ᠤᠨ ᠲᠠᠰᠤᠭ᠂ ᠰᠤᠶᠤᠯ ᠤᠨ | ᠬᠦᠳᠡᠯᠬᠡᠬᠡᠨ ᠤ ᠲᠠᠰᠤᠭ᠂ ᠠᠷᠠᠳ ᠲᠤ ᠲᠦᠬᠦᠮ ᠦᠵᠡᠬᠦᠯᠬᠦ ᠬᠡᠳᠤ ᠲᠡᠯᠭᠡᠭᠦᠷ ᠵᠡᠷᠬᠡ ᠨᠡᠶᠢᠳᠡ ᠶᠢᠨ ᠦᠢᠯᠡᠴᠢᠯᠡᠬᠡᠨ | ᠤ ᠲᠦᠬᠦᠬᠡᠷᠦᠮᠵᠢ ᠶᠢ ᠲᠡᠬᠦᠯᠳᠡᠷᠵᠢᠬᠦᠯᠵᠤ᠂ ᠬᠤᠳᠠ ᠬᠦᠳᠡᠭᠡ ᠶᠢᠨ ᠤᠯᠠᠨ ᠨᠡᠶᠢᠳᠡ ᠶᠢᠨ ᠰᠠᠭᠤᠷᠢ ᠦᠢᠯᠡᠴᠢᠯᠡᠬᠡᠨ | ᠤ ᠲᠡᠩᠴᠡᠬᠦᠷᠢᠳᠡᠢ ᠬᠦᠭᠵᠢᠬᠦ ᠶᠢ ᠠᠬᠢᠭᠤᠯᠤᠨ᠎ᠠ᠃ ᠰᠤᠮᠤ ᠰᠢᠶᠠᠩ ᠪᠠᠯᠭᠠᠰᠤᠨ ᠤ ᠭᠤᠤᠯ ᠴᠤᠭᠴᠠ ᠶᠢᠨ ᠦᠢᠯᠡᠳᠦᠯ | ᠢ ᠬᠦᠢᠴᠡᠳ ᠪᠠᠳᠠᠷᠠᠭᠤᠯᠵᠤ᠂ ᠰᠢᠶᠠᠩ ᠪᠠᠯᠭᠠᠰᠤᠨ ᠳᠤ ᠰᠠᠭᠤᠭ᠎ᠠ ᠲᠤᠰᠬᠤᠨ᠂ ᠭᠤᠤᠯ ᠲᠠᠭᠠᠭᠰᠠᠨ ᠪᠤᠶᠤ ᠵᠠᠮ ᠤᠨ | ᠬᠠᠵᠠᠭᠤ ᠬᠠᠪᠢ ᠶᠢᠨ ᠲᠤᠰᠬᠤᠨ᠂ ᠰᠢᠶᠠᠩ ᠤᠨ ᠲᠦᠪ ᠳᠠᠬᠢ ᠲᠤᠰᠬᠤᠨ ᠵᠡᠷᠬᠡ ᠭᠤᠤᠯ ᠭᠤᠤᠯ ᠲᠤᠰᠬᠤᠨ ᠤ | ᠬᠦᠷᠢᠶ᠎ᠡ ᠬᠠᠰᠢᠶ᠎ᠠ ᠶᠢ ᠨᠢ ᠨᠤᠭᠤᠭᠠᠷᠠᠭᠤᠯᠬᠤ᠂ ᠤᠰᠤᠨ ᠤ ᠬᠡᠷᠡᠭᠯᠡᠭᠡ ᠪᠠ ᠵᠤᠷᠯᠤᠩ ᠶᠢ ᠦᠬᠡᠷᠡᠴᠢᠯᠡᠬᠦ᠂ ᠬᠤᠭ | ᠨᠤᠪᠰᠢ ᠶᠢ ᠴᠡᠪᠡᠷᠯᠡᠬᠦ ᠵᠡᠷᠬᠡ ᠲᠤᠰᠬᠠᠢ ᠴᠡᠭᠴᠡᠯᠡᠯᠳᠡ ᠶᠢ ᠦᠷᠨᠢᠬᠦᠯᠦᠨ᠎ᠡ᠃ ᠠᠭᠤᠷ ᠤᠲᠤᠭ᠎ᠠ ᠶᠢᠨ ᠪᠤᠬᠢᠷᠳᠤᠯ ᠤᠨ | ᠲᠤᠰᠬᠠᠢ ᠴᠡᠭᠴᠡᠯᠡᠯᠳᠡ ᠬᠢᠵᠤ᠂ PM2.5᠂ ᠬᠦᠬᠦᠷ ᠤᠨ ᠲᠠᠪᠬᠤᠷ ᠢᠰᠦᠯ᠂ ᠠᠽᠤᠲ ᠬᠦᠴᠢᠯᠳᠦ᠋ᠷᠦᠭᠴᠢ ᠶᠢᠨ | ᠢᠰᠦᠯ ᠵᠡᠷᠬᠡ ᠪᠤᠬᠢᠷᠤᠯ ᠪᠤᠳᠠᠰ ᠢ ᠬᠢᠨᠠᠨ ᠰᠢᠯᠭᠠᠬᠤ ᠪᠠᠨ ᠴᠢᠩᠭᠠᠳᠬᠠᠨ᠂ ᠠᠭᠠᠷ ᠤᠨ ᠴᠢᠨᠠᠷ ᠴᠢᠨᠰᠠᠭ᠎ᠠ ᠶᠢ | ᠰᠠᠶᠢᠵᠢᠷᠠᠭᠤᠯᠤᠨ᠎ᠠ᠃ | ᠬᠤᠳᠠ ᠬᠦᠳᠡᠭᠡ ᠶᠢᠨ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠨ᠎ᠡ᠃ | ᠠᠮᠢ ᠠᠬᠤᠢ ᠶᠢᠨ ᠬᠠᠮᠠᠭᠠᠠᠯᠠᠯᠳᠠ ᠶᠢᠨ ᠪᠦᠳᠦᠬᠡᠨ ᠪᠠᠶᠢᠭᠤᠯᠤᠯᠳᠠ ᠶᠢᠨ ᠡᠷᠴᠢᠮ ᠢᠶᠠᠨ ᠴᠢᠩᠭᠠᠷᠠᠭᠤᠯᠵᠤ᠂ ᠠᠮᠢ | ᠠᠬᠤᠢ ᠶᠢ ᠬᠠᠮᠠᠭᠠᠯᠠᠬᠤ ᠰᠡᠷᠬᠡᠶᠢᠯᠡᠯᠳᠡ ᠶᠢᠨ ᠱᠤᠭᠤᠮ ᠶᠢ ᠲᠤᠭᠳᠠᠭᠠᠵᠤ᠂ ᠦᠷᠡᠵᠢᠬᠦ ᠶᠢ ᠬᠤᠷᠢᠭᠯᠠᠨ | ᠪᠡᠯᠴᠢᠬᠡᠷᠯᠡᠬᠦᠯᠬᠦ ᠶᠢ ᠴᠠᠭᠠᠵᠠᠯᠠᠬᠤ᠂ ᠮᠡᠯ ᠪᠤᠷᠳᠤᠭ᠎ᠠ ᠶᠢᠨ ᠲᠡᠩᠴᠡᠬᠦᠷᠢ ᠶᠢ ᠪᠠᠳᠤᠯᠠᠬᠤ ᠲᠦᠷᠢᠮ ᠢ ᠴᠢᠩᠭ᠎ᠠ | ᠬᠡᠷᠡᠭᠵᠢᠬᠦᠯᠵᠤ᠂ ᠠᠮᠢ ᠠᠬᠤᠢ ᠶᠢᠨ ᠤᠷᠴᠢᠨ ᠲᠤᠭᠤᠷᠢᠨ ᠢᠶᠠᠨ ᠦᠷᠬᠦᠯᠵᠢᠯᠡᠨ ᠰᠠᠶᠢᠵᠢᠷᠠᠭᠤᠯᠤᠨ᠎ᠠ᠃ | ᠤᠯᠠᠭᠠᠨᠳᠠᠪᠠᠭ᠎ᠠ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠢ ᠲᠡᠰ ᠲᠡᠪᠰᠢᠬᠦᠯᠵᠤ ᠤᠯᠤᠰ ᠤᠨ ᠲᠡᠰ ᠤᠨ ᠪᠠᠶᠢᠭᠠᠯᠢ | ᠶᠢᠨ ᠬᠠᠮᠠᠭᠠᠯᠠᠯᠳᠠ ᠶᠢᠨ ᠤᠷᠤᠨ ᠪᠤᠯᠭᠠᠬᠤ ᠪᠠᠷ ᠴᠢᠷᠮᠠᠶᠢᠨ᠎ᠠ᠃ ᠭᠤᠤᠯᠳᠠᠯᠭ᠎ᠠ ᠲᠠᠢ ᠭᠠᠵᠠᠷ ᠤᠷᠤᠨ ᠢ | ᠤᠶᠢᠵᠢᠭᠤᠯᠵᠤ ᠨᠤᠭᠤᠭᠠᠷᠠᠭᠤᠯᠬᠤ᠂ ᠪᠡᠬᠡᠵᠢᠩ ᠲᠢᠶᠠᠨᠵᠢᠨ ᠤ ᠡᠯᠡᠰᠤ ᠰᠢᠷᠦᠢ ᠶᠢᠨ ᠡᠬᠢ ᠶᠢ ᠵᠠᠰᠠᠬᠤ᠂ ᠲᠡᠷᠢᠶᠠᠯᠠᠬᠤ | ᠶᠢ ᠵᠤᠭᠰᠤᠭᠠᠵᠤ ᠤᠶᠢᠵᠢᠭᠤᠯᠬᠤ ᠵᠡᠷᠬᠡ ᠠᠮᠢ ᠠᠬᠤᠢ ᠶᠢᠨ ᠢᠨᠵᠧᠨᠧᠷᠢᠩ ᠢ ᠬᠦᠢᠴᠡᠳᠬᠡᠨ᠂ ᠤᠶᠢᠵᠢᠭᠤᠯᠤᠯᠳᠠ ᠶᠢᠨ | ᠬᠦᠷᠢᠶ᠎ᠡ ᠬᠡᠪᠴᠢᠶ᠎ᠠ ᠶᠢ 9 ᠲᠦᠮᠡᠨ ᠮᠤ᠋ ᠠᠴᠠ ᠳᠠᠪᠠᠭᠤᠯᠤᠨ᠎ᠠ᠃ ᠯᠢᠨᠳᠦ᠋ᠡᠭ ᠠᠴᠠ ᠪᠠᠶᠠᠨᠬᠤᠸᠠ ᠬᠦᠷᠬᠦ ᠲᠡᠮᠤᠷ ᠵᠠᠮ᠂ | ᠵᠢᠨᠢᠩ ᠠᠴᠠ ᠲᠦᠡᠭᠯᠢᠶᠤᠤ ᠬᠦᠷᠬᠦ ᠲᠡᠮᠦᠷ ᠵᠠᠮ ᠤᠨ ᠪᠠᠭᠠᠷᠢᠨ ᠵᠡᠬᠦᠨ ᠬᠤᠰᠢᠭᠤᠨ ᠳᠠᠬᠢ ᠲᠡᠮᠦᠷ ᠵᠠᠮ ᠤᠨ | ᠪᠦᠳᠦᠬᠡᠨ ᠪᠠᠶᠢᠭᠤᠯᠤᠯᠳᠠ ᠶᠢ ᠲᠦᠷᠬᠡᠳᠬᠡᠵᠤ᠂ ᠤᠯᠤᠰ ᠤᠨ ᠵᠠᠮ 303 ᠱᠤᠭᠤᠮ ᠤᠨ ᠯᠢᠨᠳᠦ᠋ᠡᠭ ᠠᠴᠠ ᠹᠸᠡᠭ | ᠬᠤᠸᠠᠩ ᠱᠠᠨ ᠠᠭᠤᠯᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠬᠦᠷᠬᠦ ᠨᠢᠬᠡᠳᠤᠬᠡᠷ ᠲᠡᠰ ᠤᠨ | ᠵᠠᠰᠠᠮᠠᠯ ᠵᠠᠮ ᠢ ᠡᠬᠢᠯᠡᠨ ᠲᠡᠪᠢᠰᠴᠤ᠂ ᠯᠢᠨᠳᠦ᠋ᠡᠭ ᠠᠴᠠ ᠰᠢᠶᠠ ᠾᠦᠸᠧ ᠹᠠᠨᠭ᠌ ᠬᠦᠷᠬᠦ ᠬᠡᠰᠡᠭ ᠤᠨ ᠨᠢᠬᠡᠳᠤᠬᠡᠷ ᠲᠡᠰ | ᠤᠨ ᠵᠠᠰᠠᠮᠠᠯ ᠵᠠᠮ ᠶᠢ ᠵᠠᠰᠠᠵᠤ ᠦᠬᠡᠷᠡᠴᠢᠯᠡᠬᠦ ᠶᠢ ᠲᠦᠯᠦᠪᠯᠡᠨ ᠪᠡᠶᠡᠯᠡᠬᠦᠯᠦᠨ᠂ ᠲᠤᠰᠬᠤᠨ ᠳᠤ ᠨᠡᠪᠳᠡᠷᠡᠬᠦ ᠵᠠᠮ ᠢ | ᠦᠷᠬᠦᠯᠵᠢᠯᠡᠨ ᠵᠠᠰᠠᠨ ᠲᠡᠪᠢᠰᠴᠤ᠂ ᠵᠠᠮ ᠬᠠᠷᠢᠯᠴᠠᠭᠠᠨ ᠳᠤ 6 ᠳ᠋ᠦᠡᠭᠰᠢᠭᠤᠷ ᠲᠦᠬᠦᠷᠢᠭ ᠠᠴᠠ ᠲᠡᠭᠡᠭᠰᠢ ᠪᠡᠯᠡ | ᠤᠷᠤᠭᠤᠯᠬᠤ ᠪᠠᠷ ᠴᠢᠷᠮᠠᠶᠢᠨ᠎ᠠ᠃ ᠬᠤᠪᠤᠭᠤ ᠤᠰᠤᠨ ᠴᠦᠬᠦᠷᠦᠮ᠂ ᠱᠢᠨᠠ ᠤᠰᠤᠨ ᠴᠦᠬᠦᠷᠦᠮ ᠤᠨ ᠬᠤᠶᠠᠳᠤᠬᠢ | ᠬᠤᠭᠤᠴᠠᠭᠠᠨ ᠤ ᠪᠠᠬᠢᠵᠢᠬᠦᠯᠬᠦ ᠲᠦᠷᠦᠯ ᠵᠦᠢᠯ ᠤᠨ ᠡᠮᠤᠨᠡᠬᠢ ᠬᠤᠭᠤᠴᠠᠭᠠᠨ ᠤ ᠠᠵᠢᠯ ᠢ ᠪᠠᠳᠤᠳᠠᠢ ᠠᠬᠢᠭᠤᠯᠵᠤ᠂ | ᠦᠯᠵᠡᠶᠢᠮᠦ᠋ᠷᠡᠨ ᠭᠤᠤᠯ ᠤᠨ ᠨᠢᠬᠡᠳᠤᠬᠡᠷ ᠬᠡᠰᠡᠭ ᠤᠨ ᠦᠶᠡᠷ ᠢ ᠰᠡᠷᠬᠡᠶᠢᠯᠡᠬᠦ ᠬᠠᠰᠢᠯᠭ᠎ᠠ ᠶᠢᠨ ᠪᠠᠷᠢᠯᠭ᠎ᠠ ᠶᠢ ᠡᠬᠢᠯᠡᠬᠦ | ᠪᠠᠷ ᠴᠢᠷᠮᠠᠶᠢᠨ᠎ᠠ᠃ ᠪᠠᠶᠠᠨᠨᠢᠷᠤᠭᠤ ᠶᠢ ᠰᠢᠨ᠎ᠡ ᠪᠠᠷ ᠪᠠᠶᠢᠭᠤᠯᠬᠤ ᠲᠦᠷᠦᠯ ᠵᠦᠢᠯ ᠢ ᠡᠬᠢᠯᠡᠬᠦᠯᠵᠤ᠂ ᠯᠢᠨᠳᠦ᠋ᠡᠭ ᠢ | ᠰᠢᠯᠵᠢᠬᠦᠯᠦᠨ ᠪᠦᠳᠦᠬᠡᠨ ᠪᠠᠶᠢᠭᠤᠯᠬᠤ ᠲᠦᠷᠦᠯ ᠵᠦᠢᠯ ᠤᠨ ᠡᠮᠤᠨᠡᠬᠢ ᠬᠤᠭᠤᠴᠠᠭᠠᠨ ᠤ ᠠᠵᠢᠯ ᠢ ᠰᠠᠶᠢᠳᠤᠷ | ᠪᠡᠶᠡᠯᠡᠬᠦᠯᠵᠤ᠂ ᠬᠦᠳᠡᠭᠡ ᠲᠤᠰᠬᠤᠨ ᠤ ᠴᠠᠬᠢᠯᠭᠠᠨ ᠰᠦᠯᠵᠢᠶ᠎ᠡ ᠶᠢ ᠦᠬᠡᠷᠡᠴᠢᠯᠡᠨ ᠲᠡᠰ ᠲᠡᠪᠰᠢᠬᠦᠯᠵᠤ᠂ ᠴᠠᠬᠢᠯᠭᠠᠨ | ᠬᠦᠴᠦᠨ ᠤ ᠬᠠᠨᠭ᠍ᠭᠠᠯᠭ᠎ᠠ ᠶᠢᠨ ᠪᠠᠳᠤᠯᠠᠭ᠎ᠠ ᠶᠢ ᠤᠯᠠᠮ ᠨᠢᠬᠡ ᠠᠯᠬᠤᠮ ᠴᠢᠩᠭᠠᠳᠬᠠᠨ᠎ᠠ᠃ ᠭᠠᠵᠠᠷ ᠰᠢᠷᠦᠢ ᠶᠢ | ᠡᠮᠬᠢᠳᠬᠡᠬᠦ ᠪᠠ ᠨᠦᠬᠡᠴᠡᠯᠡᠬᠦ ᠬᠦᠴᠦᠯᠡᠴᠡ ᠪᠠᠨ ᠴᠢᠩᠭᠠᠷᠠᠭᠤᠯᠤᠨ᠂ ᠭᠠᠵᠠᠷ ᠰᠢᠷᠦᠢ ᠶᠢᠨ ᠬᠠᠨᠭ᠍ᠭᠠᠯᠭ᠎ᠠ ᠶᠢ ᠰᠠᠶᠢᠳᠤᠷ | ᠬᠢᠵᠤ᠂ ᠬᠠᠨᠭ᠍ᠭᠠᠯᠭ᠎ᠠ ᠶᠢᠨ ᠨᠤᠷᠮ᠎ᠠ ᠶᠢ 90% ᠠᠴᠠ ᠲᠡᠭᠡᠭᠰᠢ ᠬᠦᠷᠬᠡᠨ᠎ᠡ᠃ | ︵ᠵᠢᠷᠭᠤᠭ᠎ᠠ︶ ᠨᠡᠶᠢᠬᠡᠮ ᠤᠨ ᠠᠵᠤ ᠦᠢᠯᠡᠰ ᠢ ᠲᠦᠷᠬᠡᠨ ᠢᠶᠠᠷ ᠬᠦᠭᠵᠢᠬᠦᠯᠵᠤ᠂ ᠲᠤᠳᠤᠭᠠᠳᠤ ᠶᠢᠨ | ᠬᠦᠭᠵᠢᠯᠳᠡ ᠶᠢᠨ ᠲᠦᠪᠰᠢᠨ ᠢ ᠲᠡᠭᠡᠭᠰᠢᠯᠡᠬᠦᠯᠤᠨ᠎ᠡ | ᠰᠤᠷᠭᠠᠨ ᠬᠦᠮᠦᠵᠢᠯ ᠤᠨ ᠦᠢᠯᠡᠰ ᠢ ᠡᠩ ᠲᠡᠷᠢᠬᠦᠨ ᠳᠤ ᠬᠦᠭᠵᠢᠬᠦᠯᠦᠨ᠎ᠡ᠃ ᠰᠤᠷᠭᠠᠨ ᠬᠦᠮᠦᠵᠢᠯ ᠤᠨ | ᠶᠡᠷᠦᠩᠬᠡᠶᠢᠯᠡᠭᠰᠡᠨᠦᠬᠡᠷᠡᠴᠢᠯᠡᠯᠳᠡ ᠶᠢ ᠬᠦᠨᠵᠡᠬᠡᠶᠢᠷᠡᠬᠦᠯᠵᠤ᠂ ᠬᠢᠴᠢᠶᠡᠯ ᠤᠨ ᠲᠤᠬᠢᠷᠠᠭᠤᠯᠤᠯᠳᠠ ᠶᠢ ᠶᠡᠬᠡᠪᠡᠷ ᠲᠦᠯᠬᠢᠨ | ᠠᠬᠢᠭᠤᠯᠵᠤ᠂ ᠪᠠᠭᠰᠢ ᠶᠢᠨ ᠬᠦᠮᠦᠵᠢᠯ ᠪᠤᠯᠪᠠᠰᠤᠷᠠᠯ ᠢ ᠴᠢᠩᠭᠠᠳᠬᠠᠨ᠂ ᠲᠦᠷᠢᠮ ᠲᠤᠭᠳᠠᠭᠠᠯ ᠤᠨ ᠪᠦᠳᠦᠬᠡᠨ | ᠪᠠᠶᠢᠭᠤᠯᠤᠯᠳᠠ ᠶᠢ ᠲᠡᠬᠦᠯᠳᠡᠷᠵᠢᠬᠦᠯᠵᠤ᠂ ᠰᠤᠷᠭᠠᠨ ᠬᠦᠮᠦᠵᠢᠯ ᠤᠨ ᠪᠠᠶᠢᠭᠤᠯᠤᠯ ᠪᠠ ᠬᠠᠮᠢᠶᠠᠷᠤᠯᠳᠠ ᠶᠢᠨ | ᠲᠤᠭᠳᠠᠯᠴᠠᠭ᠎ᠠ ᠶᠢᠨ ᠰᠢᠨ᠎ᠡ ᠶᠢ ᠡᠬᠦᠳᠬᠦ ᠶᠢ ᠠᠬᠢᠭᠤᠯᠤᠨ᠂ ᠰᠤᠷᠭᠠᠨ ᠬᠦᠮᠦᠵᠢᠯ ᠤᠨ ᠲᠤᠰ ᠪᠡᠶ᠎ᠡ ᠶᠢᠨ ᠬᠦᠭᠵᠢᠯᠳᠡ | ᠶᠢᠨ ᠬᠦᠳᠡᠯᠬᠡᠬᠦ ᠬᠦᠴᠦᠨ ᠢ ᠬᠦᠭᠵᠢᠬᠡᠵᠤ᠂ ᠰᠤᠷᠭᠠᠨ ᠬᠦᠮᠦᠵᠢᠯ ᠪᠠ ᠵᠢᠭᠠᠨ ᠰᠤᠷᠭᠠᠯᠳᠠ ᠶᠢᠨ ᠶᠠᠰᠤ ᠴᠢᠨᠠᠷ ᠢ | ᠲᠡᠭᠡᠭᠰᠢᠯᠡᠬᠦᠯᠤᠨ᠎ᠡ᠃ ᠠᠵᠢᠯ ᠮᠡᠷᠬᠡᠵᠢᠯ ᠤᠨ ᠰᠤᠷᠭᠠᠨ ᠬᠦᠮᠦᠵᠢᠯ ᠢ ᠡᠷᠴᠢᠮᠳᠡᠢ ᠬᠦᠭᠵᠢᠬᠦᠯᠵᠤ᠂ ᠠᠵᠤ ᠠᠬᠤᠶᠢᠯᠠᠯ | ᠤᠨ ᠬᠡᠷᠡᠭᠴᠡᠭᠡ ᠳᠤ ᠬᠠᠨᠳᠤᠭᠤᠯᠤᠨ ᠬᠢᠴᠢᠶᠡᠯ ᠪᠤᠯᠪᠠᠰᠤᠷᠠᠯ ᠢᠶᠠᠨ ᠲᠤᠬᠢᠷᠠᠭᠤᠯᠬᠤ ᠲᠤᠭᠳᠠᠴᠠ ᠶᠢ ᠪᠠᠶᠢᠭᠤᠯᠵᠤ᠂ | ᠵᠠᠬ᠎ᠠ ᠲᠡᠯᠭᠡᠭᠦᠷ ᠲᠤ ᠬᠡᠷᠡᠭᠴᠡᠭᠡᠳᠡᠢ ᠴᠢᠳᠠᠪᠦᠷᠢᠳᠠᠨ ᠢ ᠬᠦᠮᠦᠵᠢᠬᠦᠯᠦᠨ᠎ᠡ᠃ ᠬᠡᠤᠬᠡᠳ ᠤᠨ ᠴᠡᠴᠡᠷᠯᠢᠭ ᠢ | ᠵᠤᠷᠢᠭᠵᠢᠭᠤᠯᠤᠨ ᠬᠦᠭᠵᠢᠬᠦᠯᠵᠤ᠂ ᠦᠨᠳᠦᠰᠦᠳᠡᠨ ᠤ ᠰᠤᠷᠭᠠᠨ ᠬᠦᠮᠦᠵᠢᠯ᠂ ᠤᠨᠴᠠᠭᠠᠢ ᠰᠤᠷᠭᠠᠨ ᠬᠦᠮᠦᠵᠢᠯ ᠪᠠ | ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠢ ᠬᠠᠯᠠᠮᠵᠢᠯᠠᠨ ᠲᠡᠳᠬᠦᠵᠤ᠂ ᠰᠤᠷᠭᠠᠨ ᠬᠦᠮᠦᠵᠢᠯ ᠤᠨ ᠦᠢᠯᠡᠰ ᠤᠨ | ᠪᠦᠬᠦ ᠲᠠᠯ᠎ᠠ ᠶᠢᠨ ᠬᠦᠭᠵᠢᠯᠳᠡ ᠶᠢ ᠠᠬᠢᠭᠤᠯᠤᠨ᠎ᠠ᠃ ᠬᠤᠸᠠ ᠰᠢᠶᠠ ᠠᠵᠢᠯ ᠮᠡᠷᠬᠡᠵᠢᠯ ᠤᠨ ᠰᠤᠷᠭᠠᠭᠤᠯᠢ ᠶᠢᠨ | ᠪᠤᠯᠪᠠᠰᠤᠷᠠᠯ ᠤᠨ ᠠᠰᠠᠷ᠂ ᠱᠠᠩᠵᠢᠩ ᠬᠡᠣᠬᠡᠳ ᠤᠨ ᠴᠡᠴᠡᠷᠯᠢᠭ᠂ ᠹᠦ᠋ ᠱᠠᠨ ᠬᠡᠣᠬᠡᠳ ᠤᠨ ᠴᠡᠴᠡᠷᠯᠢᠭ ᠤᠨ | ᠪᠦᠳᠦᠬᠡᠨ ᠪᠠᠶᠢᠭᠤᠯᠤᠯᠳᠠ ᠶᠢ ᠡᠬᠢᠯᠡᠬᠦᠯᠦᠨ᠂ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠰᠤᠷᠭᠠᠭᠤᠯᠢ ᠶᠢ | ᠪᠠᠷᠢᠮᠵᠢᠶ᠎ᠠ ᠳᠤ ᠬᠦᠷᠭᠡᠬᠦ ᠪᠠ ᠪᠠᠭᠤᠷᠠᠢ ᠰᠤᠷᠭᠠᠭᠤᠯᠢ ᠶᠢ ᠦᠭᠡᠷᠡᠴᠢᠯᠡᠬᠦ ᠵᠡᠷᠭᠡ ᠢᠵᠧᠨᠧᠷᠢᠩ ᠢ ᠢᠳᠡᠪᠬᠢᠲᠠᠢ | ᠡᠷᠡᠮᠡᠯᠵᠡᠵᠦ᠂ ᠰᠤᠷᠭᠠᠭᠤᠯᠢ ᠡᠷᠬᠢᠯᠡᠬᠦ ᠨᠦᠬᠦᠴᠡᠯ ᠢ ᠤᠯᠠᠮ ᠰᠠᠶᠢᠵᠢᠷᠠᠭᠤᠯᠤᠨ᠎ᠠ᠃ | ᠦᠷᠬᠡᠨ ᠤᠯᠠᠨ ᠠᠷᠠᠳ ᠲᠦᠮᠡᠨ ᠤ ᠡᠷᠡᠬᠦᠯ ᠮᠡᠨᠳᠤ ᠶᠢᠨ ᠲᠦᠪᠰᠢᠨ ᠢ ᠲᠡᠭᠡᠭᠰᠢᠯᠡᠬᠦᠯᠤᠨ᠎ᠡ᠃ ᠠᠯᠪᠠᠨ | ᠠᠴᠠ ᠡᠷᠬᠢᠯᠡᠭᠰᠡᠨ ᠡᠮᠨᠡᠯᠬᠡ ᠶᠢᠨ ᠬᠤᠷᠢᠶᠠᠨ ᠤ ᠦᠬᠡᠷᠡᠴᠢᠯᠡᠯᠳᠡ ᠶᠢ ᠢᠳᠡᠪᠬᠢᠳᠡᠢ ᠯᠠᠪᠳᠠᠭᠤᠨ ᠠᠬᠢᠭᠤᠯᠵᠤ᠂ | ᠮᠠᠯᠵᠢᠬᠤ ᠲᠠᠷᠢᠶᠠᠯᠠᠬᠤ ᠤᠷᠤᠨ ᠤ ᠡᠮ ᠡᠮᠨᠡᠯᠬᠡ ᠡᠷᠡᠬᠦᠯ ᠬᠠᠮᠠᠭᠠᠯᠠᠯ ᠤᠨ ᠦᠢᠯᠡᠴᠢᠯᠡᠨ ᠤ ᠲᠤᠤᠷᠵᠢᠯ᠂ ᠬᠤᠳᠠ ᠶᠢᠨ | ᠨᠡᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠨ ᠤ ᠪᠠᠶᠢᠭᠤᠯᠤᠮᠵᠢ ᠪᠠ ᠦᠨᠳᠦᠰᠤᠨ ᠱᠠᠳᠤᠨ ᠤ ᠡᠮ | ᠡᠮᠨᠡᠯᠬᠡ ᠡᠷᠡᠬᠦᠯ ᠬᠠᠮᠠᠭᠠᠯᠠᠯ ᠤᠨ ᠡᠩᠨᠡᠬᠡᠨ ᠤ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠂ ᠡᠮ ᠡᠮᠨᠡᠯᠬᠡ ᠡᠷᠡᠬᠦᠯ | ᠬᠠᠮᠠᠭᠠᠯᠠᠯ ᠤᠨ ᠦᠢᠯᠡᠴᠢᠯᠡᠬᠡᠨ ᠤ ᠲᠦᠪᠰᠢᠨ ᠢ ᠲᠡᠭᠡᠭᠰᠢᠯᠡᠬᠦᠯᠤᠨ᠎ᠡ᠃ ᠲᠦᠷᠦ ᠶᠢᠨ ᠪᠤᠳᠤᠯᠭ᠎ᠠ ᠪᠠ ᠠᠷᠭ᠎ᠠ ᠠᠪᠴᠢᠯ | ᠢ ᠤᠯᠠᠮ ᠲᠡᠬᠦᠯᠳᠡᠷᠵᠢᠬᠦᠯᠤᠨ᠂ ᠲᠤᠭᠳᠠᠭᠰᠠᠨ ᠴᠢᠭᠯᠡᠯ ᠲᠠᠢ ᠬᠦᠮᠦᠵᠢᠬᠦᠯᠬᠦ᠂ ᠰᠤᠯᠢᠯᠴᠠᠭ᠎ᠠ ᠬᠢᠵᠤ ᠬᠠᠷᠢᠯᠴᠠᠨ | ᠰᠤᠷᠤᠯᠴᠠᠬᠤ᠂ ᠲᠤᠰᠬᠠᠢ ᠮᠡᠷᠬᠡᠵᠢᠯ ᠭᠠᠷᠭᠠᠬᠤ ᠵᠡᠷᠬᠡ ᠬᠡᠯᠪᠡᠷᠢ ᠪᠠᠷ ᠲᠠᠮᠵᠢᠨ᠂ ᠡᠮᠴᠢᠯᠡᠬᠡᠨ ᠤ ᠶᠠᠰᠤ ᠴᠢᠨᠠᠷ ᠢ | ᠲᠠᠰᠤᠷᠠᠯᠳᠠ ᠦᠬᠡᠢ ᠲᠡᠭᠡᠭᠰᠢᠯᠡᠬᠦᠯᠤᠨ᠎ᠡ᠃ ᠡᠮ ᠤᠨ ᠵᠦᠢᠯᠡᠰ ᠤᠨ ᠦᠨᠳᠦᠰᠤᠨ ᠲᠦᠷᠢᠮ ᠢ ᠪᠠᠳᠤᠳᠬᠠᠨ | ᠲᠡᠬᠦᠯᠳᠡᠷᠵᠢᠬᠦᠯᠵᠤ᠂ ᠠᠭᠠᠵᠢᠮ ᠢᠶᠠᠷ ᠭᠠᠴᠠᠭ᠎ᠠ ᠲᠤᠰᠬᠤᠨ ᠤ ᠡᠷᠡᠬᠦᠯ ᠬᠠᠮᠠᠭᠠᠯᠠᠯ ᠤᠨ ᠦᠷᠦᠬᠡ᠂ ᠠᠯᠪᠠᠨ ᠤ ᠪᠤᠰᠤ | ᠡᠷᠬᠢᠯᠡᠭᠰᠡᠨ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠵᠦᠭ ᠲᠦᠭᠡᠮᠡᠯᠵᠢᠭᠦᠯᠦᠨ᠂ ᠤᠯᠠᠨ ᠲᠦᠮᠡᠨ ᠤ | ᠡᠮ ᠤᠨ ᠦᠨᠳᠦᠰᠤᠨ ᠬᠡᠷᠡᠭᠴᠡᠭᠡ ᠶᠢ ᠪᠠᠳᠤᠯᠠᠨ᠎ᠠ᠃ ᠮᠤᠩᠭᠤᠯ ᠬᠢᠳᠠᠳ ᠡᠮ ᠤᠨ ᠦᠢᠯᠡᠰ ᠤᠨ ᠬᠦᠭᠵᠢᠯᠳᠡ ᠶᠢ | ᠲᠦᠷᠬᠡᠳᠬᠡᠨ᠂ ᠮᠤᠩᠭᠤᠯ ᠬᠢᠳᠠᠳ ᠡᠮᠨᠡᠯᠬᠡ ᠶᠢᠨ ᠬᠤᠷᠢᠶ᠎ᠠ ᠶᠢᠨ ᠡᠪᠡᠳᠴᠢᠳᠡᠨ ᠤ ᠶᠡᠷᠦᠩᠬᠡᠢ ᠠᠰᠠᠷ ᠢ ᠡᠬᠢᠯᠡᠨ | ᠪᠠᠶᠢᠭᠤᠯᠵᠤ᠂ ᠮᠤᠩᠭᠤᠯ ᠬᠢᠳᠠᠳ ᠡᠮ ᠤᠨ ᠬᠡᠷᠡᠭᠯᠡᠬᠡᠨ ᠤ ᠮᠡᠷᠬᠡᠵᠢᠯ ᠢ ᠲᠡᠯᠬᠡᠷᠡᠬᠦᠯᠵᠤ᠂ ᠴᠢᠳᠠᠮᠵᠢ ᠨᠢ | ᠲᠡᠬᠦᠯᠳᠡᠷᠵᠢᠭᠰᠡᠨ ᠮᠤᠩᠭᠤᠯ ᠬᠢᠳᠠᠳ ᠡᠮᠨᠡᠯᠬᠡ ᠶᠢᠨ ᠦᠢᠯᠡᠴᠢᠯᠡᠬᠡᠨ ᠤ ᠰᠢᠰᠲ᠋ᠧᠮ ᠢ ᠪᠠᠶᠢᠭᠤᠯᠤᠨ᠎ᠠ᠃ ᠬᠢᠵᠢᠭ ᠢ | ᠰᠡᠷᠬᠡᠶᠢᠯᠡᠬᠦ ᠲᠦᠪ᠂ ᠬᠤᠰᠢᠭᠤᠨ ᠤ ᠡᠬᠡ ᠨᠢᠯᠬᠠᠰ ᠤᠨ ᠡᠷᠡᠬᠦᠯ ᠮᠡᠨᠳᠤ ᠶᠢ ᠬᠠᠮᠠᠭᠠᠯᠠᠬᠤ ᠭᠠᠵᠠᠷ᠂ ᠬᠠᠭᠠᠨ | ᠲᠤᠭᠤᠪᠠᠢ ᠪᠠ ᠶᠧ ᠵᠤ᠋ ᠭᠸᠤ ᠶᠢᠨ ᠡᠷᠡᠬᠦᠯ ᠬᠠᠮᠠᠭᠠᠯᠠᠯ ᠤᠨ ᠬᠤᠷᠢᠶ᠎ᠠ ᠶᠢᠨ ᠪᠦᠳᠦᠬᠡᠨ ᠪᠠᠶᠢᠭᠤᠯᠤᠯᠳᠠ ᠶᠢ ᠰᠠᠶᠢᠳᠤᠷ | ᠠᠳᠬᠤᠨ᠂ ᠦᠨᠳᠤᠰᠤᠨ ᠱᠠᠳᠤᠨ ᠤ ᠡᠷᠡᠬᠦᠯ ᠬᠠᠮᠠᠭᠠᠯᠠᠯ ᠤᠨ ᠦᠢᠯᠡᠰ ᠤᠨ ᠬᠦᠭᠵᠢᠯᠳᠡ ᠶᠢᠨ ᠰᠠᠭᠤᠷᠢ ᠶᠢ | ᠪᠠᠳᠤᠳᠬᠠᠨ᠎ᠠ᠃ | ᠨᠡᠶᠢᠬᠡᠮ ᠤᠨ ᠪᠤᠰᠤᠳ ᠠᠵᠤ ᠦᠢᠯᠡᠰ ᠤᠨ ᠬᠦᠭᠵᠢᠯᠳᠡ ᠶᠢ ᠨᠢᠬᠡᠳᠤᠯᠳᠡᠢ ᠲᠦᠯᠦᠪᠯᠡᠨ ᠠᠬᠢᠭᠤᠯᠤᠨ᠎ᠠ᠃ | ᠤᠯᠤᠰ ᠤᠨ ᠲᠦᠯᠦᠪᠯᠡᠬᠡᠳᠤ ᠦᠷᠡᠵᠢᠯ ᠤᠨ ᠦᠨᠳᠦᠰᠤᠨ ᠲᠦᠷᠦ ᠶᠢᠨ ᠪᠤᠳᠤᠯᠭ᠎ᠠ ᠶᠢ ᠪᠠᠷᠢᠮᠳᠠᠯᠠᠨ᠂ ᠲᠤᠤᠷ᠎ᠠ | ᠦᠷᠡᠵᠢᠯ ᠤᠨ ᠲᠦᠪᠰᠢᠨ ᠢ ᠦᠷᠬᠦᠯᠵᠢᠯᠡᠨ ᠪᠠᠳᠤᠯᠠᠵᠤ᠂ ᠵᠡᠮᠳᠡᠭ ᠬᠡᠥᠬᠡᠳ ᠲᠦᠷᠦᠬᠦ ᠶᠢ ᠲᠡᠭᠡᠳᠤ ᠬᠡᠮᠵᠢᠶ᠎ᠡ ᠪᠠᠷ | ᠰᠠᠶᠢᠳᠤᠷ ᠰᠡᠷᠬᠡᠶᠢᠯᠡᠵᠤ᠂ ᠬᠦᠮᠦᠨ ᠠᠮᠠ ᠶᠢᠨ ᠶᠠᠰᠤ ᠴᠢᠨᠠᠷ ᠢ ᠲᠡᠭᠡᠭᠰᠢᠯᠡᠬᠦᠯᠤᠨ᠎ᠡ᠃ ᠰᠢᠨᠵᠢᠯᠡᠬᠦ ᠮᠡᠷᠬᠡᠵᠢᠯ ᠤᠨ | ᠰᠢᠨ᠎ᠡ ᠶᠢ ᠡᠬᠦᠳᠤᠨ᠂ ᠰᠢᠨᠵᠢᠯᠡᠬᠦ ᠮᠡᠷᠬᠡᠵᠢᠯ ᠤᠨ ᠲᠠᠯ᠎ᠠ ᠪᠠᠷ ᠬᠢ ᠲᠤᠰᠬᠠᠢ ᠶᠡᠭᠡ ᠲᠡᠮᠵᠢᠯᠬᠡ ᠶᠢ ᠤᠯᠵᠤ᠂ | ᠦᠡᠭᠬᠡᠳᠤ ᠲᠡᠮᠦᠷᠯᠢᠭ ᠤᠨ ᠦᠢᠯᠡᠳᠪᠦᠷᠢᠯᠡᠯ ᠢ ᠠᠬᠢᠭᠤᠯᠬᠤ ᠲᠦᠪ ᠵᠤᠬᠢᠶᠠᠨ ᠪᠠᠶᠢᠭᠤᠯᠤᠨ᠎ᠠ᠃ ᠰᠤᠶᠤᠯ ᠤᠨ | ᠶᠡᠷᠦᠩᠬᠡᠢ ᠦᠷᠳᠡᠭᠡ ᠶᠢ ᠪᠦᠳᠦᠬᠡᠨ ᠪᠠᠶᠢᠭᠤᠯᠵᠤ᠂ ᠤᠯᠠᠨ ᠲᠦᠮᠡᠨᠴᠢ ᠴᠢᠨᠠᠷᠳᠠᠢ ᠵᠤᠭ᠎ᠠ ᠴᠡᠩᠬᠡᠯ ᠰᠤᠶᠤᠯ ᠲᠠᠮᠢᠷ ᠤᠨ | ᠬᠦᠳᠡᠯᠬᠡᠬᠡᠨ ᠢ ᠦᠷᠬᠡᠨ ᠳᠡᠯᠭᠡᠷ ᠦᠷᠨᠢᠬᠦᠯᠤᠨ᠂ ᠦᠷᠬᠡᠨ ᠤᠯᠠᠨ ᠠᠷᠠᠳ ᠲᠦᠮᠡᠨ ᠤ ᠰᠤᠶᠤᠯ ᠤᠨ ᠠᠮᠢᠳᠤᠷᠠᠯ ᠢ | ᠨᠢ ᠲᠠᠰᠤᠷᠠᠯᠳᠠ ᠦᠬᠡᠢ ᠪᠠᠶᠠᠯᠢᠭᠵᠢᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠤᠳᠠᠰᠤᠳᠤ ᠲᠧᠯᠸᠢᠰ ᠢ | ᠲᠤᠭᠠᠴᠢᠯᠠᠭᠤᠯᠬᠤ ᠠᠵᠢᠯ ᠢ ᠪᠠᠳᠤᠳᠠᠢ ᠠᠬᠢᠭᠤᠯᠵᠤ᠂ ᠷᠠᠳᠢᠤ᠋ ᠲᠧᠯᠸᠢᠰ ᠨᠠᠶᠢᠷᠠᠭᠤᠯᠵᠤ ᠦᠢᠯᠡᠳᠬᠦ ᠶᠠᠰᠤ ᠴᠢᠨᠠᠷ ᠢ | ᠲᠡᠭᠡᠭᠰᠢᠯᠡᠬᠦᠯᠤᠨ᠎ᠡ᠃ ᠠᠵᠤ ᠠᠬᠤᠢ ᠶᠢᠨ ᠭᠤᠷᠪᠠᠳᠤᠭᠠᠷ ᠤᠳᠠᠭᠠᠨ ᠤ ᠨᠡᠶᠢᠳᠡᠮ ᠪᠠᠶᠢᠴᠠᠭᠠᠯᠳᠠ ᠶᠢ ᠰᠠᠶᠢᠳᠤᠷ ᠬᠢᠵᠤ | ᠂ ᠪᠡᠯᠡ ᠮᠦᠡᠭᠬᠦᠨ ᠤ ᠨᠦᠬᠡᠴᠡ ᠪᠠᠨ ᠰᠠᠶᠢᠳᠤᠷ ᠤᠶᠢᠯᠠᠭᠠᠨ᠂ ᠠᠵᠤ ᠠᠬᠤᠢ ᠨᠡᠶᠢᠬᠡᠮ ᠤᠨ ᠬᠦᠭᠵᠢᠯᠳᠡ ᠪᠠ ᠵᠠᠰᠠᠭ | ᠤᠨ ᠤᠷᠳᠤᠨ ᠤ ᠰᠢᠢᠳᠪᠦᠷᠢ ᠭᠠᠷᠭᠠᠬᠤ ᠳᠤ ᠯᠠᠪᠯᠠᠬᠤ ᠦᠨᠳᠦᠰᠦᠯᠡᠯ ᠬᠠᠨᠭ᠍ᠭᠠᠨ ᠦᠭᠬᠦᠨ᠎ᠡ᠃ ᠬᠤᠰᠢᠭᠤᠨ ᠤ | ᠲᠠᠩᠰᠠ ᠡᠪᠬᠡᠮᠡᠯ ᠤᠨ ᠶᠡᠷᠦᠩᠬᠡᠢ ᠤᠷᠳᠤᠨ ᠵᠢᠴᠢ ᠳᠠᠭᠠᠯᠲᠠ ᠪᠠᠷᠢᠯᠭ᠎ᠠ ᠶᠢ ᠪᠠᠶᠢᠭᠤᠯᠵᠤ᠂ ᠵᠢᠯ ᠤᠨ ᠲᠤᠳᠤᠷ᠎ᠠ | ᠬᠡᠷᠡᠭᠯᠡᠯᠳᠡ ᠳᠤ ᠤᠷᠤᠭᠤᠯᠤᠨ᠎ᠠ᠃ | ︵ᠲᠤᠯᠤᠭ᠎ᠠ︶ ᠠᠷᠠᠳ ᠤᠨ ᠠᠮᠢᠳᠤᠷᠠᠯ ᠢ ᠬᠦᠴᠤᠳᠡᠢ ᠪᠠᠳᠤᠯᠠᠨ ᠰᠠᠶᠢᠵᠢᠷᠠᠭᠤᠯᠵᠤ᠂ ᠦᠷᠬᠡᠨ ᠤᠯᠠᠨ | ᠠᠷᠠᠳ ᠲᠦᠮᠡᠨ ᠤ ᠠᠮᠢᠳᠤᠷᠠᠯ ᠤᠨ ᠶᠠᠰᠤ ᠴᠢᠨᠠᠷ ᠢ ᠲᠡᠭᠡᠭᠰᠢᠯᠡᠬᠦᠯᠤᠨ᠎ᠡ | ᠶᠠᠳᠠᠭᠤ ᠶᠢ ᠲᠡᠳᠬᠦᠬᠦ ᠵᠠᠩᠬᠢᠯᠠᠭ᠎ᠠ ᠶᠢᠨ ᠢᠨᠵᠧᠨᠧᠷᠢᠩ ᠢ ᠪᠠᠳᠤᠳᠠᠢ ᠲᠦᠯᠬᠢᠨ ᠠᠬᠢᠭᠤᠯᠤᠨ᠎ᠠ᠃ ︽ | ᠪᠠᠭᠠᠷᠢᠨ ᠵᠡᠬᠦᠨ ᠬᠤᠰᠢᠭᠤᠨ ᠤ 2013-2017 ᠤᠨ ᠤ ᠶᠠᠳᠠᠭᠤ ᠶᠢ ᠲᠡᠳᠬᠦᠵᠤ ᠨᠡᠬᠡᠬᠡᠨ ᠬᠦᠭᠵᠢᠬᠦᠯᠬᠦ | ᠲᠦᠯᠦᠪᠵᠢᠬᠦᠯᠬᠡ︾ ᠶᠢ ᠪᠦᠬᠦ ᠲᠠᠯ᠎ᠠ ᠪᠠᠷ ᠲᠤᠤᠱᠯᠠᠭᠤᠯᠵᠤ᠂ ᠪᠦᠬᠦ ᠲᠤᠰᠬᠤᠨ ᠢᠶᠠᠷ ᠨᠢ ᠠᠬᠢᠭᠤᠯᠬᠤ᠂ | ᠲᠦᠪᠯᠡᠷᠡᠬᠦᠯᠦᠨ ᠬᠡᠰᠡᠭ ᠬᠡᠰᠡᠭ ᠢᠶᠠᠷ ᠨᠡᠬᠡᠬᠡᠨ ᠬᠦᠭᠵᠢᠬᠦᠯᠬᠦ᠂ ᠨᠡᠶᠢᠬᠡᠮ ᠠᠴᠠ ᠲᠡᠳᠬᠦᠬᠦ ᠵᠡᠷᠬᠡ ᠶᠠᠳᠠᠭᠤ ᠶᠢ | ᠲᠡᠳᠬᠦᠵᠤ ᠨᠡᠬᠡᠬᠡᠨ ᠬᠦᠭᠵᠢᠬᠦᠯᠬᠦ ᠶᠢ ᠬᠦᠨᠵᠡᠬᠡᠢ ᠭᠡᠷᠡᠭᠵᠢᠬᠦᠯᠵᠤ᠂1.4 ᠲᠦᠮᠡᠨ ᠬᠦᠮᠦᠨ ᠢ ᠶᠠᠳᠠᠭᠤ ᠠᠴᠠ | ᠠᠩᠭᠢᠵᠢᠷᠠᠭᠤᠯᠬᠤ ᠪᠠᠳᠤᠯᠠᠨ᠎ᠠ᠃ ᠮᠤᠵᠢ ᠶᠢᠨ ᠲᠡᠰ ᠤᠨ ᠤᠳᠤᠷᠢᠳᠤᠯᠭ᠎ᠠ ᠺᠠᠳ᠋ᠷ ᠶᠠᠳᠠᠭᠤ ᠬᠦᠴᠢᠷᠳᠡᠯᠳᠡᠢ ᠬᠤᠰᠢᠭᠤ | ᠰᠢᠶᠠᠨ ᠲᠠᠢ ᠬᠠᠷᠢᠯᠴᠠᠬᠤ ᠪᠠ ᠪᠡᠬᠡᠵᠢᠩ ᠦᠪᠦᠷ ᠮᠤᠩᠭᠤᠯ ᠬᠤᠭᠤᠷᠤᠨᠳᠤ ᠪᠠᠨ ᠬᠠᠪᠰᠤᠷᠤᠨ ᠲᠤᠰᠠᠯᠠᠬᠤ ᠰᠠᠶᠢᠬᠠᠨ | ᠲᠤᠬᠢᠶᠠᠯ ᠢ ᠰᠠᠶᠢᠳᠤᠷ ᠠᠰᠢᠭᠯᠠᠵᠤ᠂ ᠬᠠᠷᠢᠴᠠᠭ᠎ᠠ ᠬᠤᠯᠪᠤᠭ᠎ᠠ ᠪᠠᠶᠢᠭᠤᠯᠤᠨ᠂ ᠤᠷᠳᠤ ᠬᠤᠭᠤᠴᠠᠭᠠᠨ ᠤ ᠬᠦᠭᠵᠢᠯᠳᠡ | ᠶᠢᠨ ᠰᠠᠭᠠᠳ ᠠᠰᠠᠭᠤᠳᠠᠯ ᠤᠳ ᠢ ᠰᠢᠢᠳᠪᠦᠷᠢᠯᠡᠨ᠎ᠡ᠃ ︽ᠬᠦᠰᠢᠬᠦᠷᠬᠡ ᠬᠡᠯᠪᠡᠷᠢᠳᠤ︾ ᠶᠠᠳᠠᠭᠤ ᠶᠢ ᠲᠡᠳᠬᠦᠬᠦ ᠶᠢᠨ | ᠨᠦᠯᠦᠬᠡᠯᠡᠯ ᠶᠢ ᠶᠡᠬᠡᠰᠬᠡᠵᠤ᠂ ᠶᠠᠳᠠᠭᠤ ᠶᠢ ᠲᠡᠳᠬᠦᠬᠦ ᠢᠳᠡᠬᠡᠮᠵᠢᠳᠤ ᠵᠢᠬᠡᠯᠡᠯᠬᠡ ᠶᠢᠨ ᠳ᠋ᠦᠡᠭᠰᠢᠭᠤᠷ ᠲᠦᠬᠦᠷᠢᠭ ᠤᠨ | ᠪᠡᠯᠡ ᠮᠦᠡᠭᠬᠦᠨ ᠤ ᠶᠠᠳᠠᠭᠤ ᠶᠢ ᠲᠡᠳᠬᠦᠬᠦ ᠲᠦᠷᠦᠯ ᠵᠦᠢᠯ ᠢ ᠬᠦᠳᠡᠯᠬᠡᠨ᠂ ᠶᠠᠳᠠᠭᠤ ᠶᠢ ᠲᠡᠳᠬᠦᠬᠦ ᠪᠡᠯᠡ ᠮᠦᠡᠭᠬᠦ ᠶᠢ | ᠦᠨ᠎ᠡ ᠲᠦᠯᠦᠪᠦᠷᠢ ᠲᠠᠢ ᠪᠠᠷ ᠬᠡᠷᠡᠭᠯᠡᠬᠦ᠂ ᠦᠷ᠎ᠡ ᠠᠰᠢᠭ ᠢ ᠨᠢ ᠦᠨᠳᠦᠷᠵᠢᠭᠦᠯᠬᠦ᠂ ᠦᠷᠬᠦᠯᠵᠢᠯᠡᠨ ᠬᠦᠭᠵᠢᠬᠦᠯᠬᠦ | ᠪᠦᠳᠦᠮᠵᠢᠳᠡᠢ ᠠᠷᠭ᠎ᠠ ᠬᠡᠮᠵᠢᠶ᠎ᠡ ᠶᠢ ᠦᠷᠬᠦᠯᠵᠢᠯᠡᠨ ᠡᠷᠢᠯᠬᠢᠯᠡᠨ ᠰᠦᠪᠡᠭᠴᠢᠯᠡᠨ᠎ᠡ᠃ | ᠦᠢᠯᠡᠰ ᠪᠦᠳᠦᠬᠡᠬᠦ ᠪᠠ ᠠᠵᠢᠯ ᠤᠯᠭᠤᠬᠤ ᠢᠨᠵᠧᠨᠧᠷᠢᠩ ᠢ ᠬᠦᠨᠵᠡᠬᠡᠢ ᠬᠡᠷᠡᠭᠵᠢᠬᠦᠯᠦᠨ᠎ᠡ᠃ ᠦᠢᠯᠡᠰ | ᠪᠦᠳᠦᠬᠡᠬᠦ ᠬᠡᠯᠪᠡᠷᠢ ᠶᠢᠨ ᠬᠤᠳᠠ ᠶᠢᠨ ᠪᠦᠳᠦᠬᠡᠨ ᠪᠠᠶᠢᠭᠤᠯᠤᠯᠳᠠ ᠶᠢ ᠬᠦᠴᠦᠳᠡᠢ ᠲᠦᠯᠬᠢᠨ ᠠᠬᠢᠭᠤᠯᠵᠤ᠂ | ᠪᠠᠳᠤᠯᠠᠭ᠎ᠠ ᠶᠢᠨ ᠢᠳᠡᠬᠡᠮᠵᠢᠳᠤ ᠵᠢᠬᠡᠯᠡᠯᠬᠡ᠂ ᠲᠡᠪᠴᠡᠩ ᠪᠠᠶᠢᠭᠤᠯᠬᠤ ᠵᠡᠷᠬᠡ ᠠᠷᠭ᠎ᠠ ᠮᠠᠶ᠋ᠢᠭ ᠢᠶᠠᠷ ᠲᠡᠮᠵᠢᠨ᠂ ᠦᠢᠯᠡᠰ | ᠪᠦᠳᠦᠬᠡᠬᠦ ᠪᠠᠷ ᠠᠵᠢᠯ ᠤᠯᠭᠤᠬᠤ ᠶᠢ ᠲᠠᠭᠠᠭᠤᠯᠬᠤ ᠶᠢ ᠲᠦᠯᠬᠢᠨ ᠠᠬᠢᠭᠤᠯᠤᠨ᠎ᠠ᠃ ᠠᠵᠤ ᠠᠬᠤᠢ ᠶᠢᠨ ᠬᠦᠭᠵᠢᠯᠳᠡ | ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠪᠤᠯᠤᠨ ᠠᠵᠢᠯ ᠤᠯᠭᠤᠬᠤ ᠶᠢ ᠦᠷᠬᠡᠳᠬᠡᠬᠦ ᠶᠢ ᠬᠠᠮᠳᠤ ᠳᠤᠨᠢ | ᠬᠦᠭᠵᠢᠬᠦᠯᠬᠦ ᠲᠤᠭᠳᠠᠴᠠ ᠶᠢ ᠲᠡᠬᠦᠯᠳᠡᠷᠵᠢᠬᠦᠯᠵᠤ᠂ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠬᠡᠨ | ᠪᠠᠶᠢᠭᠤᠯᠤᠯᠳᠠ ᠨᠢ ᠠᠵᠢᠯ ᠤᠯᠭᠤᠬᠤ ᠳᠤ ᠦᠵᠡᠬᠦᠯᠬᠦ ᠬᠦᠳᠡᠯᠬᠡᠭᠴᠢ ᠦᠢᠯᠡᠳᠦᠯ ᠢ ᠪᠠᠳᠠᠷᠠᠭᠤᠯᠤᠨ᠂ ᠨᠡᠩ ᠤᠯᠠᠨ | ᠬᠦᠳᠡᠯᠮᠦᠷᠢ ᠬᠦᠴᠦ ᠶᠢ ᠲᠠᠳᠠᠵᠤ ᠲᠤᠬᠠᠢ ᠶᠢᠨ ᠭᠠᠵᠠᠷ ᠲᠤᠨᠢ ᠠᠵᠢᠯ ᠤᠯᠭᠤᠨ᠎ᠠ᠃ ᠠᠵᠢᠯ ᠮᠡᠷᠬᠡᠵᠢᠯ ᠤᠨ | ᠪᠤᠯᠪᠠᠰᠤᠷᠠᠯ ᠢ ᠴᠢᠩᠭᠠᠳᠬᠠᠨ᠂ ᠪᠠᠷᠢᠮᠵᠢᠶᠠᠨ ᠳᠤ ᠬᠦᠷᠦᠭᠰᠡᠨ ᠠᠵᠢᠯ ᠤᠯᠭᠤᠬᠤ ᠮᠡᠷᠬᠡᠵᠢᠯ ᠤᠨ ᠪᠤᠳᠠᠳᠠᠢ | ᠪᠤᠯᠪᠠᠰᠤᠷᠠᠯ ᠤᠨ ᠰᠠᠭᠤᠷᠢᠨ ᠭᠠᠵᠠᠷ ᠢ ᠪᠦᠳᠦᠬᠡᠨ ᠪᠠᠶᠢᠭᠤᠯᠵᠤ᠂ ᠲᠤᠭᠳᠠᠭᠰᠠᠨ ᠴᠢᠭᠯᠡᠯ ᠲᠠᠢ ᠪᠤᠯᠪᠠᠰᠤᠷᠠᠯ ᠬᠢᠬᠦ᠂ | ᠠᠵᠤ ᠠᠬᠤᠶᠢᠯᠠᠯ ᠤᠨ ᠬᠡᠷᠡᠭᠴᠡᠬᠡᠨ ᠳᠤ ᠬᠠᠨᠳᠤᠭᠤᠯᠤᠨ ᠪᠤᠯᠪᠠᠰᠤᠷᠠᠯ᠂ ᠠᠵᠢᠯ ᠤᠨ ᠪᠠᠶᠢᠷᠢ ᠲᠤᠭᠳᠠᠭᠠᠨ ᠪᠤᠯᠪᠠᠰᠤᠷᠠᠯ | ᠬᠢᠬᠦ ᠶᠢ ᠲᠡᠯᠬᠡᠷᠡᠬᠦᠯᠦᠨ ᠬᠡᠷᠡᠭᠵᠢᠬᠦᠯᠦᠨ᠎ᠡ᠃ | ᠨᠡᠶᠢᠬᠡᠮ ᠤᠨ ᠪᠠᠳᠤᠯᠠᠪᠦᠷᠢ ᠶᠢᠨ ᠲᠤᠭᠳᠠᠯᠴᠠᠭ᠎ᠠ ᠶᠢ ᠤᠯᠠᠮ ᠨᠢᠬᠡ ᠠᠯᠬᠤᠮ ᠲᠡᠭᠦᠯᠳᠡᠷᠵᠢᠬᠦᠯᠦᠨ᠎ᠡ᠃ | ᠤᠷᠤᠭᠤᠯᠤᠯᠳᠠ ᠶᠢᠨ ᠬᠦᠴᠦᠯᠡᠴᠡ ᠪᠠᠨ ᠦᠷᠬᠦᠯᠵᠢᠯᠡᠨ ᠨᠡᠮᠡᠭᠳᠡᠬᠦᠯᠵᠤ᠂ ᠦᠨᠳᠤᠰᠤᠨ ᠱᠠᠳᠤ ᠪᠠ ᠤᠯᠠᠨ ᠲᠦᠮᠡᠨ ᠤ | ᠰᠠᠨᠠᠯ ᠢ ᠦᠷᠬᠡᠨ ᠢᠶᠠᠷ ᠬᠤᠷᠢᠶᠠᠨ ᠠᠪᠴᠤ᠂ ︽ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠵᠢᠯᠯᠠᠭᠠᠨ︾ ᠢ | ᠬᠦᠨᠵᠡᠬᠡᠢ ᠦᠷᠨᠢᠬᠦᠯᠵᠤ᠂ ᠠᠷᠠᠳ ᠤᠨ ᠠᠮᠢᠳᠤᠷᠠᠯ ᠢ ᠦᠷᠬᠦᠯᠵᠢᠯᠡᠨ ᠰᠠᠶᠢᠵᠢᠷᠠᠭᠤᠯᠤᠨ᠎ᠠ᠃ ᠬᠤᠳᠠ ᠬᠦᠳᠡᠭᠡ ᠶᠢᠨ | ᠨᠡᠶᠢᠬᠡᠮ ᠤᠨ ᠪᠠᠳᠤᠯᠠᠭ᠎ᠠ ᠶᠢᠨ ᠲᠤᠭᠳᠠᠯᠴᠠᠭ᠎ᠠ ᠶᠢ ᠲᠡᠬᠦᠯᠳᠡᠷᠵᠢᠬᠦᠯᠵᠤ᠂ ᠨᠡᠶᠢᠳᠡ ᠶᠢᠨ ᠪᠤᠰᠤ ᠦᠮᠴᠢᠯᠡᠯᠳᠤ ᠠᠵᠤ | ᠠᠬᠤᠢ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠴᠢᠯᠦᠬᠡᠳᠡᠢ ᠠᠮᠢᠳᠤᠯᠢᠭ ᠢᠶᠠᠷ ᠠᠵᠢᠯ | ᠤᠯᠭᠤᠭᠰᠠᠨ ᠠᠵᠢᠯᠳᠠᠨ ᠪᠠ ᠭᠠᠵᠠᠷ ᠰᠢᠷᠦᠢ ᠪᠠᠨ ᠠᠯᠳᠠᠭᠰᠠᠨ ᠮᠠᠯᠴᠢᠨ ᠲᠠᠷᠢᠶᠠᠴᠢᠳ ᠲᠤ ᠲᠠᠭᠠᠳᠬᠠᠯ ᠤᠯᠭᠤᠬᠤ | ᠵᠡᠷᠬᠡ ᠠᠵᠢᠯ ᠢ ᠭᠤᠤᠯᠳᠠᠯᠭ᠎ᠠ ᠲᠠᠢ ᠰᠠᠶᠢᠳᠤᠷ ᠬᠢᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ | ᠤᠨ ᠲᠠᠭᠠᠳᠬᠠᠯ ᠳᠤ ᠤᠷᠤᠭᠰᠠᠨ ᠨᠤᠷᠮ᠎ᠡ ᠶᠢ 85% ᠠᠴᠠ ᠲᠡᠭᠡᠭᠰᠢ ᠪᠣᠯᠭᠠᠨ᠎ᠠ᠃ ᠲᠤᠤᠷ᠎ᠠ ᠤᠷᠤᠯᠭ᠎ᠠ ᠲᠠᠢ | ᠬᠦᠮᠦᠰ ᠤᠨ ᠤᠷᠤᠯᠭ᠎ᠠ ᠶᠢᠨ ᠪᠠᠷᠢᠮᠵᠢᠶ᠎ᠠ ᠶᠢ ᠨᠢ ᠨᠡᠮᠡᠭᠳᠡᠬᠦᠯᠵᠤ᠂ ᠠᠵᠤ ᠠᠬᠤᠶᠢᠯᠠᠯ ᠤᠨ ᠠᠵᠢᠯ ᠠᠴᠠ ᠠᠮᠠᠷᠠᠭᠰᠠᠳ | ᠤᠨ ᠨᠠᠰᠤᠵᠢᠯ ᠤᠨ ᠦᠨᠳᠦᠰᠦᠨ ᠲᠠᠭᠠᠳᠬᠠᠯ ᠶᠢ ᠨᠢ10% ᠪᠠᠷ ᠲᠡᠭᠡᠭᠰᠢᠯᠡᠬᠦᠯᠤᠨ᠂ ᠬᠤᠳᠠ ᠪᠠᠯᠭᠠᠰᠤᠨ ᠤ | ᠠᠮᠢᠳᠤᠷᠠᠯ ᠤᠨ ᠬᠠᠮᠤᠭ ᠲᠤᠤᠷ᠎ᠠ ᠪᠠᠳᠤᠯᠠᠭ᠎ᠠ ᠶᠢ ᠨᠢ ᠬᠦᠮᠦᠨ ᠪᠦᠷᠢ ᠳᠤ ᠲᠡᠭᠰᠢᠳᠬᠡᠬᠡᠳ ᠰᠠᠷ᠎ᠠ ᠪᠦᠷᠢ15 | ᠲᠦᠬᠦᠷᠢᠭ ᠨᠡᠮᠡᠭᠳᠡᠬᠦᠯᠵᠤ᠂ ᠮᠠᠯᠵᠢᠬᠤ ᠲᠠᠷᠢᠶᠠᠯᠠᠬᠤ ᠤᠷᠤᠨ ᠤ ᠠᠮᠢᠳᠤᠷᠠᠯ ᠤᠨᠬᠠᠮᠤᠭ ᠲᠤᠤᠷ᠎ᠠ ᠪᠠᠳᠤᠯᠠᠭ᠎ᠠ ᠶᠢ ᠨᠢ | ᠬᠦᠮᠦᠨ ᠪᠦᠷᠢ ᠳᠤ ᠲᠡᠭᠰᠢᠳᠬᠡᠬᠡᠳ ᠵᠢᠯ ᠪᠦᠷᠢ150 ᠲᠦᠬᠦᠷᠢᠭ ᠨᠡᠮᠡᠭᠳᠡᠬᠦᠯᠤᠨ᠎ᠡ᠃ ᠪᠠᠳᠤᠯᠠᠭ᠎ᠠ ᠶᠢᠨ ᠴᠢᠨᠠᠷᠳᠠᠢ | ᠤᠷᠤᠨ ᠰᠠᠭᠤᠴᠠ ᠶᠢᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠨ᠂ ᠬᠢᠮᠳᠠ ᠲᠦᠷᠢᠶᠡᠰᠤᠨ ᠬᠡᠷ 54 ᠰᠠᠭᠤᠴᠠ᠂ | ᠨᠡᠶᠢᠳᠡ ᠶᠢᠨ ᠲᠦᠷᠢᠶᠡᠰᠤᠨ ᠬᠡᠷ 84 ᠰᠠᠭᠤᠴᠠ ᠪᠠᠶᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ 3500 ᠡᠷᠦᠬᠡ | ᠶᠢᠨ ᠠᠶᠤᠯᠳᠠᠢ ᠬᠡᠷ ᠪᠠᠶᠢᠰᠢᠩ ᠢ ᠦᠭᠡᠷᠡᠴᠢᠯᠡᠵᠦ ᠪᠠᠶᠢᠭᠤᠯᠤᠨ᠎ᠠ᠃ 2500 ᠲᠦᠮᠡᠨ ᠲᠦᠬᠦᠷᠢᠭ ᠤᠨ ᠪᠡᠯᠡ | ᠤᠷᠤᠭᠤᠯᠵᠤ᠂ ᠤᠤᠭᠤᠬᠤ ᠤᠰᠤᠨ ᠤ ᠢᠨᠵᠧᠨᠧᠷᠢᠩ ᠢ 52 ᠪᠠᠶᠢᠭᠤᠯᠵᠤ᠂ 3 ᠲᠦᠮᠡᠨ ᠬᠦᠮᠦᠨ ᠠᠮᠠ ᠶᠢᠨ | ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠨ᠎ᠡ᠃ 3000 ᠲᠦᠮᠡᠨ ᠲᠦᠬᠦᠷᠢᠭ ᠤᠨ | ᠪᠡᠯᠡ ᠮᠦᠡᠭᠬᠦ ᠬᠤᠷᠠᠮᠳᠤᠭᠤᠯᠵᠤ᠂ ᠲᠤᠤᠷ᠎ᠠ ᠤᠷᠤᠯᠭ᠎ᠠ ᠲᠠᠢ ᠬᠡᠷ ᠪᠦᠯᠢ ᠳᠤ ᠡᠷᠦᠬᠡ ᠪᠦᠷᠢ ᠳᠤ ᠨᠢᠬᠡ ᠲᠤᠨ ᠡᠪᠤᠯ | ᠤᠨ ᠲᠤᠯᠠᠭᠠᠴᠠᠬᠤ ᠨᠡᠬᠦᠷᠡᠰᠤ ᠦᠭᠬᠦᠨ᠎ᠡ᠃ | ︵ᠨᠠᠢᠮᠠ︶ ᠨᠡᠶᠢᠬᠡᠮ ᠤᠨ ᠬᠠᠮᠢᠶᠠᠷᠤᠯᠳᠠ ᠶᠢ ᠦᠬᠡᠷᠡᠴᠢᠯᠡᠵᠤ ᠰᠢᠨ᠎ᠡ ᠶᠢ ᠡᠬᠦᠳᠤᠨ᠂ ᠨᠡᠶᠢᠬᠡᠮ ᠤᠨ ᠡᠶ᠎ᠡ | ᠲᠤᠭᠳᠠᠭᠤᠨ ᠢ ᠬᠠᠮᠠᠭᠠᠯᠠᠨ᠎ᠠ | ᠨᠡᠶᠢᠬᠡᠮ ᠤᠨ ᠵᠦᠷᠢᠴᠡᠯ ᠮᠦᠷᠬᠦᠯᠳᠦᠬᠡᠨ ᠢ ᠢᠯᠡᠷᠡᠬᠦᠯᠵᠤ ᠡᠶᠡᠳᠡᠬᠦᠯᠤᠨᠡ᠃ ︽ᠤᠷᠢᠳᠴᠢᠯᠠᠨ ᠰᠡᠷᠬᠡᠶᠢᠯᠡᠬᠦ | ᠂ ᠪᠠᠶᠢᠴᠠᠭᠠᠵᠤ ᠢᠯᠡᠷᠡᠬᠦᠯᠬᠦ᠂ ᠬᠠᠮᠳᠤᠷᠠᠯᠴᠠᠨ ᠬᠤᠯᠪᠤᠭᠠᠯᠠᠬᠤ᠂ ᠵᠤᠬᠢᠴᠠᠭᠤᠯᠬᠤ︾ ᠵᠡᠷᠬᠡ ᠠᠵᠢᠯ ᠤᠨ ᠲᠤᠭᠳᠠᠴᠠ | ᠶᠢ ᠴᠢᠩᠭ᠎ᠠ ᠬᠡᠷᠡᠭᠵᠢᠬᠦᠯᠵᠤ᠂ ᠡᠯ᠎ᠡ ᠱᠠᠳᠤᠨ ᠤ ᠡᠶᠡᠳᠡᠬᠦᠯᠬᠦ ᠵᠤᠬᠢᠶᠠᠨ ᠪᠠᠶᠢᠭᠤᠯᠤᠯᠳᠠ ᠶᠢᠨ ᠴᠢᠳᠠᠮᠵᠢ ᠶᠢ ᠨᠢ | ᠬᠦᠢᠴᠡᠳ ᠪᠠᠳᠠᠷᠠᠭᠤᠯᠤᠨ᠂ ᠨᠡᠶᠢᠬᠡᠮ ᠤᠨ ᠵᠦᠷᠢᠴᠡᠯ ᠮᠦᠷᠬᠦᠯᠳᠦᠬᠡᠨ ᠢ ᠢᠯᠡᠷᠡᠬᠦᠯᠵᠤ ᠡᠶᠡᠳᠡᠬᠦᠯᠬᠦ ᠠᠵᠢᠯ ᠤᠨ | ᠪᠤᠳᠠᠳᠤ ᠦᠷ᠎ᠡ ᠠᠰᠢᠭ ᠶᠢ ᠨᠢ ᠲᠡᠭᠡᠭᠰᠢᠯᠡᠬᠦᠯᠵᠤ᠂ ᠬᠠᠮᠤᠷᠤᠭᠰᠠᠨ ᠬᠡᠪᠴᠢᠶ᠎ᠠ ᠶᠢ ᠨᠢ ᠦᠷᠬᠡᠳᠬᠡᠨ᠎ᠡ᠃ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠢ ᠤᠳᠤᠷᠢᠳᠤᠯᠭ᠎ᠠ ᠬᠠᠷᠢᠭᠤᠴᠠᠬᠤ ᠲᠦᠷᠢᠮ ᠢ ᠴᠢᠩᠭ᠎ᠠ ᠬᠡᠷᠡᠭᠵᠢᠬᠦᠯᠵᠤ᠂ | ᠤᠳᠤᠷᠢᠳᠤᠯᠭ᠎ᠠ ᠺᠠᠳ᠋ᠷ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠪᠠ ᠪᠤᠴᠠᠵᠤ ᠰᠤᠷᠪᠤᠯᠵᠢᠯᠠᠭ᠎ᠠ ᠬᠢᠬᠦ ᠲᠦᠷᠢᠮ | ᠢ ᠪᠠᠷᠢᠮᠳᠠᠯᠠᠨ᠂ ︽ᠶᠠᠪᠤᠳᠠᠯ ᠢ ᠡᠷᠬᠡᠪᠰᠢ ᠰᠢᠢᠳᠪᠦᠷᠢᠯᠡᠬᠦ︾ ᠵᠠᠷᠴᠢᠮ ᠶᠤᠰᠤᠭᠠᠷ᠂ ᠠᠷᠠᠳ ᠤᠯᠠᠨ ᠤ ᠲᠤᠰᠬᠠᠯ ᠶᠡᠭᠡ | ᠵᠠᠬᠢᠳᠠᠯ ᠰᠤᠷᠪᠤᠯᠵᠢᠯᠠᠭ᠎ᠠ ᠵᠢᠨᠵᠠᠷᠢᠮ ᠬᠡᠷᠡᠭ ᠶᠠᠪᠤᠳᠠᠯ ᠢ ᠲᠤᠰᠬᠠᠶᠢᠯᠠᠨ ᠡᠶᠡᠳᠡᠬᠦᠯᠵᠤ ᠰᠢᠢᠳᠪᠦᠷᠢᠯᠡᠨ᠎ᠡ᠃ ᠭᠤᠮᠤᠳᠠᠯ | ᠢᠶᠠᠨ ᠡᠮᠬᠢ ᠳᠠᠷᠠᠭ᠎ᠠ ᠲᠠᠢ ᠰᠠᠭᠠᠳ ᠦᠭᠡᠢ ᠲᠤᠭᠠᠴᠢᠵᠤ ᠢᠯᠡᠳᠬᠡᠬᠦ᠂ ᠵᠦᠷᠢᠴᠡᠯ ᠮᠦᠷᠬᠦᠯᠳᠦᠬᠡᠨ ᠶᠢ ᠨᠢ | ᠡᠶᠡᠳᠡᠬᠦᠯᠵᠤ ᠰᠢᠢᠳᠪᠦᠷᠢᠯᠡᠬᠦ᠂ ᠡᠷᠬᠡ ᠠᠰᠢᠭ ᠶᠢ ᠨᠢ ᠪᠠᠳᠤᠯᠠᠭᠰᠠᠨ ᠲᠤᠭᠳᠠᠴᠠ ᠶᠢ ᠪᠠᠶᠢᠭᠤᠯᠵᠤ᠂ ᠤᠯᠠᠨ ᠲᠦᠮᠡᠨ | ᠤ ᠵᠦᠢ ᠶᠤᠰᠤᠨ ᠤ ᠭᠤᠮᠤᠳᠠᠯ ᠲᠤᠭᠠᠴᠠᠯ ᠶᠢ ᠨᠢ ᠴᠠᠭ ᠲᠤᠬᠠᠢ ᠳᠤᠨᠢ ᠰᠢᠢᠳᠪᠦᠷᠢᠯᠡᠵᠤ ᠦᠭᠬᠦᠨ᠎ᠡ᠃ ᠨᠡᠶᠢᠬᠡᠮ ᠤᠨ | ᠲᠤᠭᠳᠠᠭᠤᠨ ᠤ ᠪᠠᠶᠢᠳᠠᠯ ᠳᠤ ᠦᠨᠡᠯᠡᠯᠳᠡ ᠬᠢᠬᠦ ᠲᠤᠭᠳᠠᠴᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠤᠷᠢᠳᠴᠢᠯᠠᠨ | ᠭᠠᠷ ᠣᠷᠤᠬᠤ᠂ ᠰᠢᠢᠳᠪᠦᠷᠢ ᠭᠠᠷᠭᠠᠨᠦᠨᠡᠯᠡᠯᠳᠡ ᠬᠢᠬᠦ ᠵᠢᠴᠢ ᠬᠡᠷᠡᠭ ᠤᠨ ᠲᠠᠷᠠᠭ᠎ᠠ ᠬᠠᠷᠢᠭᠤᠴᠠᠯᠭ᠎ᠠ ᠲᠤᠯᠭᠠᠬᠤ | ᠵᠡᠷᠬᠡ ᠭᠤᠷᠪᠠᠨ ᠭᠤᠭᠴᠤᠭ᠎ᠠ ᠶᠢ ᠰᠠᠶᠢᠳᠤᠷ ᠠᠳᠬᠤᠨ᠂ ᠨᠡᠶᠢᠬᠡᠮ ᠤᠨ ᠵᠦᠷᠢᠴᠡᠯ ᠮᠦᠷᠬᠦᠯᠳᠦᠬᠡᠨ ᠢ ᠦᠷᠬᠦᠯᠵᠢ | ᠰᠡᠷᠬᠡᠶᠢᠯᠡᠨ ᠬᠤᠷᠢᠭᠯᠠᠵᠤ ᠡᠶᠡᠳᠡᠬᠦᠯᠵᠤ ᠰᠢᠢᠳᠪᠦᠷᠢᠯᠡᠨ᠎ᠡ᠃ | ᠠᠮᠤᠷ ᠲᠦᠪᠰᠢᠨ ᠦᠢᠯᠡᠳᠪᠦᠷᠢᠯᠡᠯ ᠤᠨ ᠬᠠᠮᠢᠶᠠᠷᠤᠯᠳᠠ ᠶᠢ ᠴᠢᠩᠭᠠᠳᠬᠠᠨ᠎ᠠ᠃ ᠠᠮᠤᠷ ᠲᠦᠪᠰᠢᠨ | ᠦᠢᠯᠡᠳᠪᠦᠷᠢᠯᠡᠯ ᠤᠨ ︽ᠨᠢᠬᠡ ᠠᠵᠢᠯ ᠤᠨ ᠪᠠᠶᠢᠷᠢ ᠳᠠᠬᠢ ᠬᠤᠶᠠᠷ ᠬᠠᠷᠢᠭᠤᠴᠠᠯᠭ᠎ᠠ︾ ᠶᠢᠨ ᠲᠦᠷᠢᠮ ᠢ ᠴᠢᠩᠭ᠎ᠠ | ᠨᠠᠶᠢᠳᠠᠪᠦᠷᠢᠵᠢᠭᠤᠯᠵᠤ᠂ ᠬᠠᠮᠳᠤᠷᠠᠨ ᠬᠠᠤᠯᠢ ᠬᠡᠷᠡᠭᠵᠢᠬᠦᠯᠬᠦ ᠠᠵᠢᠯ ᠤᠨ ᠲᠤᠭᠳᠠᠯᠴᠠᠭ᠎ᠠ ᠶᠢ ᠲᠡᠬᠦᠯᠳᠡᠷᠵᠢᠬᠦᠯᠤᠨ᠂ ︽ | ᠠᠮᠤᠷ ᠲᠦᠪᠰᠢᠨ ᠦᠢᠯᠡᠳᠪᠦᠷᠢᠯᠡᠯ ᠤᠨ ᠵᠢᠯ︾ ᠤᠨ ᠠᠵᠢᠯᠯᠠᠭᠠᠨ ᠦᠷᠨᠢᠬᠦᠯᠵᠤ᠂ ᠠᠭᠤᠷᠬᠠᠢ᠂ ᠵᠠᠮ ᠬᠠᠷᠢᠯᠴᠠᠭ᠎ᠠ᠂ | ᠪᠠᠷᠢᠯᠭ᠎ᠠ᠂ ᠭᠠᠯ ᠰᠡᠷᠬᠡᠶᠢᠯᠡᠯᠳᠡ ᠵᠡᠷᠬᠡ ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠠ ᠪᠠ ᠠᠵᠢᠯ ᠦᠢᠯᠡᠰ ᠤᠨ ᠠᠮᠤᠷ | ᠲᠦᠪᠰᠢᠨ ᠤ ᠬᠢᠨᠠᠨ ᠬᠠᠮᠢᠶᠠᠷᠤᠯᠳᠠ ᠶᠢ ᠠᠳᠬᠤᠵᠤ᠂ ᠠᠮᠤᠷ ᠲᠦᠪᠰᠢᠨ ᠦᠢᠯᠡᠳᠪᠦᠷᠢᠯᠡᠯ ᠤᠨ ᠲᠠᠯᠳᠠ ᠨᠢᠭᠤᠭᠳᠠᠮᠠᠯ | ᠬᠡᠮ ᠢ ᠬᠠᠮᠤᠭ ᠶᠡᠭᠡ ᠬᠡᠮᠵᠢᠶ᠎ᠠ ᠪᠠᠷ ᠦᠬᠡᠶᠢᠰᠬᠡᠨ᠂ ᠬᠡᠨᠡᠳᠡᠯ ᠤᠨ ᠬᠡᠷᠡᠭ ᠤᠨ ᠶᠡᠷᠦᠩᠬᠡᠢ ᠬᠡᠮᠵᠢᠶ᠎ᠡ ᠶᠢ ᠬᠤᠷᠢᠭᠯᠠᠵᠤ | ᠪᠠᠭᠠᠰᠬᠠᠨ᠎ᠠ᠃ ᠢᠳᠡᠬᠡᠨ᠂ ᠡᠮ ᠤᠨ ᠵᠦᠢᠯᠡᠰ ᠤᠨ ᠶᠠᠰᠤ ᠴᠢᠨᠠᠷ ᠪᠠ ᠠᠮᠤᠷ ᠲᠦᠪᠰᠢᠨ ᠤ ᠬᠠᠮᠢᠶᠠᠷᠤᠯᠳᠠ ᠶᠢ | ᠴᠢᠩᠭᠠᠳᠬᠠᠨ᠂ ᠲᠦᠬᠦᠬᠡᠢ ᠮᠠᠲ᠋ᠧᠷᠢᠶᠠᠯ᠂ ᠡᠳ᠋ᠰᠢᠯᠡᠬᠦᠯᠦᠨ ᠪᠤᠯᠪᠠᠰᠤᠷᠠᠭᠤᠯᠬᠤ᠂ ᠵᠦᠬᠡᠬᠡᠪᠦᠷᠢᠯᠡᠬᠦ ᠪᠠ ᠪᠤᠷᠤᠯᠠᠭᠤᠯᠬᠤ | ᠵᠡᠷᠬᠡ ᠪᠦᠬᠦ ᠶᠠᠪᠤᠴᠠ ᠶᠢ ᠬᠠᠮᠢᠶᠠᠷᠴᠤ ᠡᠵᠡᠮᠳᠡᠨ᠂ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠪᠠᠳᠤᠳᠬᠠᠵᠤ᠂ | ᠦᠷᠬᠡᠨ ᠤᠯᠠᠨ ᠠᠷᠠᠳ ᠲᠦᠮᠡᠨ ᠤ ᠢᠳᠡᠬᠡᠨ ᠤᠮᠳᠠᠭᠠᠨ ᠪᠠ ᠡᠮ ᠤᠨ ᠠᠮᠤᠷ ᠲᠦᠪᠰᠢᠨ ᠢ ᠪᠠᠳᠤᠯᠠᠨ᠎ᠠ᠃ ᠪᠠᠴᠢᠮ | ᠪᠠᠶᠢᠳᠠᠯ ᠢ ᠠᠷᠭᠠᠴᠠᠭᠠᠬᠤ ᠲᠦᠰᠦᠪ ᠤᠨ ᠪᠤᠳᠠᠳᠤ ᠦᠢᠯᠡᠳᠦᠯ ᠢ ᠴᠢᠩᠭᠠᠳᠬᠠᠨ᠂ ᠤᠷᠢᠳᠴᠢᠯᠠᠨ ᠰᠡᠷᠬᠡᠶᠢᠯᠡᠬᠦ ᠪᠠ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠦᠷᠢ ᠶᠢ ᠲᠡᠭᠡᠭᠰᠢᠯᠡᠬᠦᠯᠤᠨ᠎ᠡ᠃ | ᠠᠮᠤᠷ ᠲᠠᠶᠢᠪᠤᠡᠭ ᠪᠠᠭᠠᠷᠢᠨ ᠵᠡᠬᠦᠨ ᠬᠤᠰᠢᠭᠤᠨ ᠤ ᠪᠦᠳᠦᠬᠡᠨ ᠪᠠᠶᠢᠭᠤᠯᠤᠯᠳᠠ ᠶᠢ ᠠᠬᠢᠭᠤᠯᠤᠨ᠎ᠠ᠃ | ᠨᠡᠶᠢᠬᠡᠮ ᠤᠨ ᠠᠮᠤᠷ ᠢ ᠬᠠᠮᠠᠭᠠᠯᠠᠬᠤ ᠪᠠ ᠰᠡᠷᠬᠡᠶᠢᠯᠡᠨ ᠡᠵᠡᠮᠳᠡᠬᠦ ᠰᠢᠰᠲ᠋ᠧᠮ ᠢ ᠲᠡᠬᠦᠯᠳᠡᠷᠵᠢᠬᠦᠯᠵᠤ᠂ ᠦᠨᠳᠦᠰᠤᠨ | ᠱᠠᠳᠤᠨ ᠤ ᠰᠠᠭᠤᠷᠢ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ ᠨᠡᠶᠢᠬᠡᠮ ᠤᠨ ᠠᠮᠤᠷ ᠢ ᠬᠠᠮᠠᠭᠠᠯᠠᠬᠤ ᠪᠠᠳᠤᠯᠠᠭ᠎ᠠ | ᠶᠢᠨ ᠴᠢᠳᠠᠪᠦᠷᠢ ᠶᠢ ᠪᠠᠳᠤᠳᠬᠠᠨ᠎ᠠ᠃ ᠬᠠᠤᠯᠢ ᠪᠠᠷ ᠪᠠᠭᠠᠷᠢᠨ ᠵᠡᠬᠦᠨ ᠬᠤᠰᠢᠭᠤ ᠪᠠᠨ ᠵᠠᠰᠠᠬᠤ ᠪᠦᠳᠦᠬᠡᠨ | ᠪᠠᠶᠢᠭᠤᠯᠤᠯᠳᠠ ᠶᠢ ᠠᠬᠢᠭᠤᠯᠵᠤ᠂ ᠵᠢᠷᠭᠤᠳᠤᠭᠠᠷ ᠲᠠᠪᠤᠨ ᠵᠢᠯ ᠤᠨ ᠬᠠᠤᠯᠢ ᠲᠦᠬᠡᠮᠡᠯᠵᠢᠬᠦᠯᠬᠦ ᠪᠠ ᠬᠠᠤᠯᠢ ᠶᠤᠰᠤᠭᠠᠷ | ᠬᠤᠰᠢᠭᠤ ᠪᠠᠨ ᠵᠠᠰᠠᠬᠤ ᠤᠬᠠᠭᠤᠯᠭ᠎ᠠ ᠬᠦᠮᠦᠵᠢᠯ ᠢ ᠬᠦᠨᠵᠡᠬᠡᠶᠢᠷᠡᠬᠦᠯᠦᠨ᠎ᠡ᠃ ᠠᠮᠤᠷ ᠲᠦᠪᠰᠢᠨ ᠢ ᠪᠦᠳᠦᠬᠡᠨ | ᠪᠠᠶᠢᠭᠤᠯᠬᠤ ᠢᠨᠵᠧᠨᠧᠷᠢᠩ ᠢ ᠬᠦᠨᠵᠡᠬᠡᠢ ᠬᠡᠷᠡᠭᠵᠢᠬᠦᠯᠵᠤ᠂ ᠬᠠᠤᠯᠢ ᠠᠴᠠ ᠵᠦᠷᠢᠴᠡᠭᠰᠡᠨ ᠡᠯ᠎ᠡ ᠵᠦᠢᠯ ᠤᠨ ᠶᠠᠯᠠᠳᠤ | ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠠᠷᠠᠳ ᠲᠦᠮᠡᠨ ᠤ ᠠᠮᠤᠷ ᠲᠦᠪᠰᠢᠨ ᠠᠮᠢᠳᠤᠷᠠᠬᠤ ᠶᠢ ᠪᠠᠳᠤᠯᠠᠨ᠎ᠠ | ᠃ ᠨᠡᠶᠢᠬᠡᠮ ᠤᠨ ᠬᠠᠮᠢᠶᠠᠷᠤᠯᠳᠠ ᠶᠢᠨ ᠰᠢᠨ᠎ᠡ ᠶᠢ ᠡᠬᠦᠳᠤᠨ᠂ ᠨᠡᠬᠦᠳᠡᠯ ᠬᠦᠮᠦᠨ ᠠᠮᠠ ᠪᠠ ᠨᠡᠶᠢᠳᠡ ᠶᠢᠨ ᠠᠮᠤᠷ | ᠲᠦᠪᠰᠢᠨ ᠤ ᠬᠠᠮᠢᠶᠠᠷᠤᠯᠳᠠ ᠶᠢ ᠴᠢᠩᠭᠠᠷᠠᠭᠤᠯᠵᠤ᠂ ᠠᠮᠤᠷ ᠲᠤᠭᠳᠠᠭᠤᠨ ᠡᠮᠬᠢ ᠴᠡᠭᠴᠡᠳᠡᠢ ᠨᠡᠶᠢᠬᠡᠮ ᠤᠨ ᠤᠷᠴᠢᠨ | ᠲᠤᠭᠤᠷᠢᠨ ᠢ ᠪᠤᠢ ᠪᠤᠯᠭᠠᠨ᠎ᠠ᠃ ᠰᠢᠨ᠎ᠡ ᠪᠠᠶᠢᠳᠠᠯ ᠲᠤᠤᠷ᠎ᠠ᠂ ᠰᠦᠯᠵᠢᠶᠡᠨ ᠳᠠᠬᠢ ᠶᠡᠷᠢᠶ᠎ᠠ ᠬᠡᠯᠡᠯᠴᠡᠭᠡ ᠶᠢ ᠰᠠᠶᠢᠳᠤᠷ | ᠬᠢᠨᠠᠨ ᠬᠠᠮᠢᠶᠠᠷᠴᠤ᠂ ᠰᠦᠯᠵᠢᠶᠡᠨ ᠳᠠᠬᠢ ᠶᠡᠷᠢᠶ᠎ᠠ ᠬᠡᠯᠡᠯᠴᠡᠭᠡ ᠶᠢ ᠢᠳᠡᠪᠬᠢᠳᠡᠢ ᠪᠠᠷ ᠵᠢᠯᠤᠭᠤᠳᠤᠨ ᠵᠦᠪ | ᠤᠨᠤᠪᠴᠢᠳᠠᠢ ᠬᠠᠨᠳᠤᠵᠤ᠂ ᠲᠤᠤᠷ ᠰᠦᠯᠵᠢᠶᠡᠨ ᠤ ᠬᠠᠮᠢᠶᠠᠷᠤᠯᠳᠠ ᠶᠢᠨ ᠬᠢᠷᠢ ᠲᠦᠪᠰᠢᠨ ᠶᠢ ᠲᠡᠭᠡᠭᠰᠢᠯᠡᠬᠦᠯᠤᠨ᠎ᠡ᠃ | ᠭᠤᠷᠪᠠ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ | ᠰᠠᠶᠢᠵᠢᠷᠠᠭᠤᠯᠤᠨ᠎ᠠ | ᠲᠦᠯᠦᠬᠡᠯᠡᠭᠴᠢᠳ ᠡ᠂ ᠴᠠᠭ ᠲᠦᠷᠦ ᠶᠢᠨ ᠰᠢᠨ᠎ᠡ ᠪᠠᠶᠢᠳᠠᠯ ᠪᠠ ᠰᠢᠨ᠎ᠡ ᠡᠬᠦᠷᠬᠡ ᠨᠢ ᠵᠠᠰᠠᠭ ᠤᠨ ᠤᠷᠳᠤᠨ | ᠤ ᠠᠵᠢᠯ ᠳᠤ ᠰᠢᠨ᠎ᠡ ᠱᠠᠭᠠᠷᠳᠠᠯᠭ᠎ᠠ ᠲᠤᠷᠠᠳᠪᠠ᠃ ᠵᠠᠰᠠᠭ ᠤᠨ ᠤᠷᠳᠤᠨ ᠤ ᠴᠢᠳᠠᠪᠦᠷᠢ ᠪᠠᠨ ᠬᠤᠪᠢᠷᠠᠭᠤᠯᠵᠤ᠂ | ᠵᠠᠰᠠᠭ ᠶᠠᠪᠤᠭᠤᠯᠬᠤ ᠴᠢᠳᠠᠮᠵᠢ ᠪᠠᠨ ᠲᠡᠭᠡᠭᠰᠢᠯᠡᠬᠦᠯᠦᠨ᠂ ᠠᠷᠠᠳ ᠲᠦᠮᠡᠨ ᠤ ᠲᠦᠯᠦᠬᠡ᠂ ᠪᠤᠳᠠᠳᠠᠢ ᠠᠵᠢᠯᠯᠠᠭ᠎ᠠ | ᠡᠷᠬᠢᠯᠡᠭᠰᠡᠨ᠂ ᠠᠷᠢᠭᠤᠨ ᠴᠢᠭᠴᠢ ᠵᠠᠰᠠᠭ ᠤᠨ ᠤᠷᠳᠤᠨ ᠢ ᠪᠦᠳᠦᠬᠡᠨ ᠪᠠᠶᠢᠭᠤᠯᠤᠶ᠎ᠠ᠃ | ᠰᠢᠨᠵᠢᠯᠡᠬᠦ ᠤᠬᠠᠭᠠᠨᠴᠢ ᠪᠠᠷ ᠰᠢᠢᠳᠪᠦᠷᠢ ᠭᠠᠷᠭᠠᠬᠤ ᠶᠢ ᠪᠠᠷᠢᠮᠳᠠᠯᠠᠨ᠎ᠠ᠃ ᠠᠷᠠᠳ ᠤᠨ ᠲᠦᠯᠦᠬᠡᠯᠡᠭᠴᠢᠳ | ᠤᠨ ᠶᠡᠭᠡ ᠬᠤᠷᠠᠯ ᠪᠤᠯᠤᠨ ᠪᠠᠶᠢᠡᠭᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠳᠠ ᠲᠠᠯᠪᠢᠬᠤ ᠪᠠ ᠠᠵᠢᠯ ᠤᠨ | ᠬᠢᠨᠠᠯᠳᠠ ᠲᠠᠯᠪᠢᠬᠤ ᠶᠢ ᠢᠳᠡᠪᠬᠢᠳᠡᠢ ᠪᠠᠷ ᠬᠦᠯᠢᠶᠡᠨ ᠠᠪᠴᠤ᠂ ᠤᠯᠤᠰ ᠲᠦᠷᠦ ᠶᠢᠨ ᠵᠦᠪᠯᠡᠯ ᠤᠨ ᠠᠷᠠᠳᠴᠢᠯᠠᠯ | ᠢᠶᠠᠷ ᠬᠢᠨᠠᠯᠳᠠ ᠲᠠᠯᠪᠢᠬᠤ ᠶᠢ ᠰᠠᠨᠠᠭᠠᠴᠢᠯᠭ᠎ᠠ ᠠᠴᠠ ᠪᠠᠨ ᠬᠦᠯᠢᠶᠡᠨ ᠠᠪᠴᠤ᠂ ᠡᠬᠦᠷᠢᠳᠡ ᠬᠠᠤᠯᠢ ᠶᠤᠰᠤᠭᠠᠷ ᠵᠠᠰᠠᠭ | ᠶᠠᠪᠤᠭᠤᠯᠤᠨ᠎ᠠ᠃ ᠬᠦᠨᠳᠤ ᠴᠢᠬᠤᠯᠠ ᠠᠰᠠᠭᠤᠳᠠᠯ ᠢ ᠬᠠᠮᠳᠤ ᠪᠠᠷ ᠰᠢᠢᠳᠪᠦᠷᠢ ᠲᠤᠭᠳᠠᠭᠠᠬᠤ ᠲᠦᠷᠢᠮ᠂ ᠨᠡᠶᠢᠬᠡᠮ | ᠨᠡᠶᠢᠳᠡ ᠳᠤ ᠵᠠᠷᠯᠠᠬᠤ ᠲᠦᠷᠢᠮ᠂ ᠬᠡᠷᠡᠴᠢᠯᠡᠯᠳᠡ ᠰᠤᠨᠤᠰᠬᠤ ᠲᠦᠷᠢᠮ ᠪᠠ ᠰᠢᠢᠳᠪᠦᠷᠢ ᠭᠠᠷᠭᠠᠬᠤ ᠬᠠᠷᠢᠭᠤᠴᠠᠯᠭ᠎ᠠ | ᠶᠢᠨ ᠲᠦᠷᠢᠮ ᠲᠤᠭᠳᠠᠭᠠᠨ ᠲᠡᠬᠦᠯᠳᠡᠷᠵᠢᠬᠦᠯᠵᠤ᠂ ᠤᠯᠠᠨ ᠲᠦᠮᠡᠨ ᠤ ᠠᠰᠢᠭ ᠲᠤᠰᠠ ᠲᠠᠢ ᠨᠢᠬᠳᠠ ᠬᠤᠯᠪᠤᠭᠳᠠᠭᠰᠠᠨ | ᠬᠦᠨᠳᠤ ᠴᠢᠬᠤᠯᠠ ᠰᠢᠢᠳᠪᠦᠷᠢ ᠲᠤᠭᠳᠠᠭᠠᠬᠤ ᠳᠤ ᠡᠷᠬᠡᠪᠰᠢ ᠤᠯᠠᠨ ᠲᠦᠮᠡᠨ ᠠᠴᠠ ᠰᠠᠨᠠᠯ ᠠᠪᠬᠤ ᠬᠡᠷᠡᠭᠳᠡᠢ ᠪᠠᠶᠢᠵᠤ᠂ | ᠵᠠᠰᠠᠭ ᠵᠠᠬᠢᠷᠭᠠᠨ ᠤ ᠰᠢᠢᠳᠪᠦᠷᠢ ᠲᠤᠭᠳᠠᠭᠠᠬᠤ ᠠᠷᠠᠳᠴᠢᠯᠠᠯ ᠤᠨ ᠬᠡᠮᠵᠢᠶ᠎ᠡ ᠶᠢ ᠦᠨᠡᠨᠬᠦ ᠲᠡᠭᠡᠭᠰᠢᠯᠡᠬᠦᠯᠤᠨ᠎ᠡ᠃ | ᠪᠠᠶᠢᠳᠠᠯ ᠤᠨ ᠬᠦᠭᠵᠢᠯᠳᠡ ᠬᠤᠪᠢᠷᠠᠯᠳᠠ ᠪᠠ ᠦᠬᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠰᠢᠨ᠎ᠡ | ᠱᠠᠭᠠᠷᠳᠠᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠤᠬᠢᠴᠠᠨ᠂ ᠰᠤᠷᠤᠯᠴᠠᠯᠭ᠎ᠠ ᠪᠠ ᠪᠠᠶᠢᠴᠠᠭᠠᠨ ᠰᠤᠳᠤᠯᠤᠯᠳᠠ ᠬᠢᠬᠦ᠂ | ᠠᠷᠠᠳ ᠲᠦᠮᠡᠨ ᠤ ᠤᠶᠤᠨ ᠤᠬᠠᠭᠠᠨ ᠢ ᠲᠦᠪᠯᠡᠷᠡᠬᠦᠯᠬᠦ ᠪᠠ ᠪᠤᠳᠠᠳᠠᠢ ᠶᠢ ᠡᠷᠬᠢᠮᠯᠡᠬᠦ ᠶᠢ ᠨᠡᠩ ᠬᠦᠨᠳᠤᠳᠬᠡᠨ | ᠦᠵᠡᠵᠤ᠂ ᠲᠡᠭᠡᠷ᠎ᠠ ᠱᠠᠲᠤᠨ ᠤ ᠪᠠᠶᠢᠷᠢᠯᠠᠭᠤᠯᠤᠯᠳᠠ ᠲᠤᠬᠢᠷᠠᠭᠤᠯᠤᠯᠳᠠ ᠶᠢ ᠬᠤᠰᠢᠭᠤᠨ ᠤ ᠪᠠᠶᠢᠳᠠᠯ ᠲᠠᠢ ᠪᠠᠨ | ᠰᠠᠶᠢᠳᠤᠷ ᠤᠶᠠᠯᠳᠤᠭᠤᠯᠤᠨ᠂ ᠵᠠᠩᠬᠢᠯᠭ᠎ᠠ ᠶᠢᠨ ᠴᠢᠭ ᠶᠢ ᠤᠨᠤᠪᠴᠢᠳᠠᠢ ᠤᠯᠵᠤ᠂ ᠠᠵᠢᠯ ᠢᠶᠠᠨ ᠡᠬᠦᠳᠤᠨ | ᠪᠦᠳᠦᠬᠡᠯᠴᠢ ᠲᠠᠢ ᠪᠠᠷ ᠦᠷᠨᠢᠬᠦᠯᠦᠨ᠎ᠡ᠃ | ᠤᠷᠴᠢᠨ ᠲᠤᠭᠤᠷᠢᠨ ᠢ ᠰᠢᠯᠢᠳᠡᠭᠵᠢᠬᠦᠯᠬᠦ ᠶᠢ ᠪᠠᠷᠢᠮᠳᠠᠯᠠᠨ᠎ᠠ᠃ ᠨᠠᠮ ᠤᠨ ᠤᠯᠠᠨ ᠲᠦᠮᠡᠨᠴᠢ ᠱᠤᠭᠤᠮ ᠤᠨ | ᠬᠦᠮᠦᠵᠢᠯ ᠦᠢᠯᠡᠳᠦᠯᠬᠡ ᠶᠢᠨ ᠠᠵᠢᠯᠯᠠᠭᠠᠨ ᠢ ᠦᠷᠨᠢᠬᠦᠯᠵᠤ᠂ ᠬᠡᠯᠪᠡᠷᠢ ᠶᠢ ᠪᠠᠷᠢᠮᠳᠠᠯᠠᠬᠤ ᠦᠵᠡᠯ᠂ ᠨᠤᠶᠠᠨᠴᠢ ᠦᠵᠡᠯ | ᠂ ᠵᠢᠷᠭᠠᠵᠤ ᠴᠡᠩᠬᠡᠬᠦ ᠦᠵᠡᠯ ᠪᠠ ᠪᠦᠷᠢᠯᠬᠡᠨ ᠰᠦᠢᠳᠬᠡᠬᠦ ᠰᠤᠷᠳᠠᠯ ᠶᠢ ᠲᠦᠪᠡᠯᠡᠷᠡᠬᠦᠯᠦᠨ ᠴᠡᠭᠴᠡᠯᠡᠵᠤ᠂ ᠤᠯᠠᠨ | ᠲᠦᠮᠡᠨ ᠤ ᠲᠤᠰᠬᠠᠯ ᠶᠡᠭᠡ ᠲᠤᠪᠤᠶᠢᠮ᠎ᠠ ᠠᠰᠠᠭᠤᠳᠠᠯ ᠤᠳ ᠢ ᠭᠤᠤᠯᠳᠠᠯᠭ᠎ᠠ ᠲᠠᠢ ᠰᠢᠢᠳᠪᠦᠷᠢᠯᠡᠨ᠎ᠡ᠃ ᠴᠢᠬᠤᠯᠠ | ᠠᠯᠪᠠᠨ ᠭᠡᠷ ᠠᠵᠢᠯᠯᠠᠬᠤ ᠲᠠᠰᠤᠭ ᠤᠨ ᠠᠵᠢᠯ ᠤᠨ ᠰᠤᠷᠲᠠᠯ ᠤᠨ ᠪᠦᠲᠦᠭᠡᠨ ᠪᠠᠶᠢᠭᠤᠯᠤᠯᠲᠠ ᠳᠤ ᠶᠡᠷᠦᠩᠬᠡᠶᠢᠯᠡᠨ | ᠬᠢᠨᠠᠯᠳᠠ ᠲᠠᠯᠪᠢᠵᠤ ᠰᠢᠯᠭᠠᠨ ᠦᠨᠡᠯᠡᠬᠦ ᠲᠤᠭᠳᠠᠯᠴᠠᠭ᠎ᠠ ᠶᠢ ᠪᠠᠶᠢᠭᠤᠯᠵᠤ᠂ ᠮᠦᠷᠳᠡᠨ ᠪᠠᠶᠢᠴᠠᠭᠠᠵᠤ ᠦᠷ᠎ᠡ ᠪᠦᠳᠦᠮᠵᠢ | ᠶᠢ ᠨᠢ ᠠᠰᠠᠭᠤᠬᠤ ᠪᠠ ᠵᠠᠰᠠᠭ ᠵᠠᠬᠢᠷᠭᠠᠨ ᠤ ᠬᠠᠷᠢᠭᠤᠴᠠᠯᠭ᠎ᠠ ᠶᠢ ᠨᠢ ᠡᠷᠢᠬᠦ ᠡᠷᠴᠢᠮ ᠢ ᠴᠢᠩᠭᠠᠷᠠᠭᠤᠯᠵᠤ᠂ ᠠᠵᠢᠯ | ᠰᠠᠭᠠᠳᠠᠭᠠᠬᠤ ᠪᠠ ᠵᠠᠷᠯᠢᠭ ᠢ ᠬᠦᠢᠴᠡᠳᠬᠡᠬᠦ ᠦᠬᠡᠢ᠂ ᠬᠤᠷᠢᠭ᠎ᠠ ᠴᠠᠭᠠᠵᠠ ᠶᠢ ᠡᠪᠳᠡᠬᠦ᠂ ᠠᠵᠢᠯ ᠬᠢᠬᠦ ᠦᠬᠡᠢ ᠪᠤᠶᠤ | ᠲᠤᠷ᠎ᠠ ᠪᠠᠷ ᠢᠶᠠᠨ ᠦᠢᠯᠡᠳᠬᠦ ᠦᠵᠡᠭᠳᠡᠯ ᠤᠳ ᠢ ᠦᠨᠡᠨᠬᠦ ᠰᠢᠢᠳᠪᠦᠷᠢᠯᠡᠨ᠎ᠡ᠃ ᠠᠯᠪᠠᠨ ᠠᠵᠢᠯᠳᠠᠨ ᠤ ᠡᠩᠨᠡᠭᠡ ᠶᠢᠨ | ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠂ ᠬᠠᠷᠢᠭᠤᠴᠠᠯᠭᠠᠳᠤ ᠦᠵᠡᠯ ᠤᠬᠠᠮᠰᠠᠷ ᠢ ᠨᠢ ᠳᠡᠭᠡᠭᠰᠢᠯᠡᠭᠦᠯᠵᠦ᠂ | ᠵᠠᠷᠴᠢᠮ ᠢ ᠪᠠᠷᠢᠮᠳᠠᠯᠠᠨ᠂ ᠢᠳᠡᠪᠬᠢᠳᠡᠢ᠂ ᠯᠠᠪᠳᠠᠭᠤᠨ ᠪᠠᠳᠤᠳᠠᠢ ᠤᠷᠤᠭᠰᠢᠯᠠᠵᠤ᠂ ᠵᠠᠰᠠᠭ ᠵᠠᠬᠢᠷᠭᠠᠨ ᠤ | ᠦᠢᠯᠡᠴᠢᠯᠡᠭᠡᠨ ᠤ ᠲᠦᠪᠰᠢᠨ ᠢ ᠲᠡᠭᠡᠭᠰᠢᠯᠡᠬᠦᠯᠤᠨ᠎ᠡ᠃ | ᠴᠢᠩᠭ᠎ᠠ ᠠᠳᠬᠤᠵᠤ ᠰᠠᠶᠢᠳᠤᠷ ᠨᠠᠶᠢᠳᠠᠪᠦᠷᠢᠵᠢᠭᠤᠯᠬᠤ ᠶᠢ ᠪᠠᠷᠢᠮᠳᠠᠯᠠᠨ᠎ᠠ᠃ ︽ᠶᠡᠬᠡᠪᠡᠷ | ᠨᠠᠶᠢᠳᠠᠪᠦᠷᠢᠵᠢᠭᠤᠯᠬᠤ︾ ᠠᠵᠢᠯᠯᠠᠭᠠᠨ ᠦᠷᠨᠢᠬᠦᠯᠵᠤ᠂ ᠬᠦᠨᠳᠤ ᠴᠢᠬᠤᠯᠠ ᠰᠢᠢᠳᠪᠦᠷᠢ᠂ ᠲᠤᠰᠬᠠᠢ | ᠪᠠᠶᠢᠷᠢᠯᠠᠭᠤᠯᠤᠯᠳᠠ᠂ ᠴᠢᠬᠤᠯᠠ ᠲᠦᠷᠦᠯ ᠵᠦᠢᠯ ᠤᠨ ᠲᠤᠬᠠᠢ ᠬᠢᠨᠠᠨ ᠪᠠᠶᠢᠴᠠᠭᠠᠯᠳᠠ ᠶᠢ ᠴᠢᠩᠭᠠᠳᠬᠠᠨ᠂ ᠡᠯ᠎ᠡ | ᠲᠦᠷᠦᠯ ᠤᠨ ᠠᠵᠢᠯ ᠢ ᠪᠤᠳᠠᠳᠠᠢ ᠨᠠᠶᠢᠳᠠᠪᠦᠷᠵᠢᠭᠤᠯᠬᠤ ᠶᠢ ᠪᠠᠳᠤᠯᠠᠨ᠎ᠠ᠃ ᠰᠢᠷᠭᠠᠭᠤ ᠬᠠᠳᠠᠭᠤᠵᠢᠯᠳᠠᠢ ᠵᠤᠷᠢᠭ | ᠰᠠᠨᠠᠭ᠎ᠠ ᠶᠢ ᠬᠦᠢᠴᠡᠳ ᠪᠠᠳᠠᠷᠠᠭᠤᠯᠵᠤ᠂ ᠤᠬᠠᠮᠰᠠᠷ ᠲᠠᠢ ᠢᠳᠡᠪᠬᠢᠳᠡᠢ᠂ ᠬᠡᠯᠡᠪᠡᠯ ᠪᠡᠶᠡᠯᠡᠭᠦᠯᠵᠦ᠂ ᠯᠠᠪᠳᠠᠭᠤᠨ | ᠪᠠᠳᠤᠳᠠᠢ ᠪᠠᠷ ᠠᠵᠢᠯ ᠢᠶᠠᠨ ᠬᠢᠨ᠎ᠡ᠃ ᠪᠠᠶᠢᠭᠤᠯᠵᠤ ᠲᠤᠭᠳᠠᠭᠠᠬᠤ ᠪᠤᠯᠤᠨ ᠲᠡᠬᠦᠯᠳᠡᠷᠵᠢᠬᠦᠯᠬᠦ ᠵᠢᠨᠭᠤᠤᠯ ᠵᠤᠷᠢᠯᠭ᠎ᠠ | ᠪᠤᠯ ᠨᠠᠶᠢᠳᠠᠷᠪᠦᠵᠢᠭᠤᠯᠤᠭᠰᠠᠨ ᠠᠵᠢᠯ ᠢ ᠠᠳᠬᠤᠵᠤ ᠲᠤᠭᠳᠠᠯᠴᠠᠭ᠎ᠠ ᠶᠢ ᠠᠬᠢᠭᠤᠯᠬᠤ ᠶᠢᠨ ᠲᠦᠯᠦᠬᠡ ᠶᠤᠮ᠃ ︽ | ᠲᠦᠷᠦᠯ ᠵᠦᠢᠯ᠂ ᠴᠠᠭ ᠬᠤᠭᠤᠴᠠᠭ᠎ᠠ᠂ ᠬᠠᠷᠢᠭᠤᠴᠠᠬᠤ ᠬᠦᠮᠦᠨ︾ ᠤ ᠱᠠᠭᠠᠷᠳᠠᠯᠭ᠎ᠠ ᠶᠤᠰᠤᠭᠠᠷ᠂ ᠡᠬᠦᠷᠬᠡ ᠪᠠᠨ | ᠨᠠᠷᠢᠯᠢᠭ ᠬᠤᠪᠢᠶᠠᠷᠢᠯᠠᠵᠤ᠂ ᠨᠠᠶᠢᠳᠠᠪᠦᠷᠢᠵᠢᠭᠤᠯᠬᠤ ᠲᠦᠰᠤᠯ ᠲᠤᠭᠳᠠᠭᠠᠨ᠂ ᠬᠠᠷᠢᠭᠤᠴᠠᠯᠭ᠎ᠠ ᠶᠢᠨ ᠭᠤᠤᠯ ᠴᠤᠭᠴᠠ | ᠶᠢ ᠲᠤᠳᠤᠳᠬᠠᠨ᠂ ᠡᠯ᠎ᠡ ᠵᠦᠢᠯ ᠤᠨ ᠡᠬᠦᠷᠬᠡ ᠪᠠᠨ ᠪᠤᠳᠠᠳᠠᠢ ᠪᠡᠶᠡᠯᠡᠬᠦᠯᠬᠦ ᠶᠢ ᠪᠠᠳᠤᠯᠠᠨ᠎ᠠ᠃ | ᠠᠷᠢᠭᠤᠨ ᠴᠢᠭᠴᠢ ᠪᠠᠷ ᠵᠠᠰᠠᠭ ᠪᠠᠷᠢᠬᠤ ᠶᠢ ᠪᠠᠷᠢᠮᠳᠠᠯᠠᠨ᠎ᠠ᠃ ᠲᠦᠪ ᠤᠨ ︽ᠨᠠᠢᠮᠠᠨ ᠵᠣᠷᠪᠤᠰ ᠲᠤᠭᠳᠠᠭᠠᠯ︾ | ᠂ ᠡᠯ᠎ᠡ ᠱᠠᠳᠤᠨ ᠤ ᠲᠦᠷᠢᠮ ᠲᠤᠭᠳᠠᠭᠠᠯ ᠪᠠ ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠬᠡ | ᠶᠢᠨ ᠠᠵᠢᠯᠯᠠᠭᠠᠨ ᠤ ᠱᠠᠭᠠᠷᠳᠠᠯᠭ᠎ᠠ ᠶᠢ ᠴᠢᠩᠭ᠎ᠠ ᠨᠠᠶᠢᠳᠠᠪᠦᠷᠢᠵᠢᠭᠤᠯᠤᠨ ᠲᠤᠤᠱᠯᠠᠭᠤᠯᠵᠤ᠂ ᠠᠷᠪᠢᠯᠠᠨ ᠭᠠᠮᠨᠠᠬᠤ ᠶᠢ | ᠡᠷᠬᠢᠮᠯᠡᠨ ᠪᠦᠷᠢᠯᠬᠡᠨ ᠰᠦᠢᠳᠬᠡᠬᠦ ᠶᠢ ᠡᠰᠡᠷᠬᠦᠴᠡᠬᠦ ᠲᠦᠪ ᠤᠨ ᠲᠤᠭᠳᠠᠭᠠᠯ ᠢ ᠰᠠᠶᠢᠳᠤᠷ ᠵᠢᠷᠤᠮᠯᠠᠨ ᠬᠦᠢᠴᠡᠳᠬᠡᠵᠤ᠂ | ︽ᠠᠯᠪᠠᠨ ᠤ ᠭᠤᠷᠪᠠᠨ ᠵᠦᠢᠯ ᠤᠨ ᠵᠠᠷᠤᠳᠠᠯ︾ ᠪᠠ ᠡᠳ᠋ ᠤᠨ ᠵᠠᠰᠠᠭ ᠤᠨ ᠶᠡᠷᠦ ᠶᠢᠨ ᠵᠠᠷᠤᠳᠠᠯ ᠢ ᠪᠠᠭᠠᠰᠬᠠᠨ᠂ | ᠪᠠᠶᠢᠭᠤᠯᠤᠮᠵᠢ ᠶᠢᠨ ᠤᠷᠤᠨ ᠲᠤᠭ᠎ᠠ᠂ ᠠᠯᠪᠠᠨ ᠲᠡᠷᠬᠡ᠂ ᠠᠯᠪᠠᠨ ᠬᠡᠷ ᠵᠡᠷᠬᠡ ᠶᠢ ᠲᠦᠷᠢᠮᠵᠢᠬᠦᠯᠦᠨ ᠬᠠᠮᠢᠶᠠᠷᠬᠤ ᠪᠠᠨ | ᠴᠢᠩᠭᠠᠳᠬᠠᠨ᠂ ᠵᠠᠰᠠᠭ ᠵᠠᠬᠢᠷᠭᠠᠨ ᠤ ᠲᠤᠰ ᠪᠡᠶ᠎ᠡ ᠶᠢᠨ ᠵᠠᠷᠤᠳᠠᠯ ᠢ ᠴᠢᠷᠮᠠᠢᠨ ᠪᠠᠭᠠᠰᠬᠠᠨ᠎ᠠ᠃ ᠨᠡᠶᠢᠳᠡ ᠶᠢᠨ ᠡᠬᠢ | ᠪᠠᠶᠠᠯᠢᠭ ᠤᠨ ᠰᠤᠯᠢᠯᠴᠠᠭᠠᠨ ᠤ ᠲᠡᠪᠴᠡᠩ ᠤᠨ ᠵᠤᠬᠢᠶᠠᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠠᠭᠤᠷᠬᠠᠢ | ᠶᠢᠨ ᠡᠬᠢ ᠪᠠᠶᠠᠯᠢᠭ ᠤᠨ ᠨᠡᠬᠡᠬᠡᠨ ᠠᠰᠢᠭᠯᠠᠯᠳᠠ᠂ ᠪᠠᠷᠢᠯᠭ᠎ᠠ ᠶᠢᠨ ᠲᠠᠭᠠᠭᠠᠴᠢᠯᠠᠯᠳᠠ ᠶᠢ ᠵᠠᠷᠯᠠᠵᠤ ᠦᠷᠢᠰᠦᠯᠳᠦᠭᠦᠯᠬᠦ᠂ | ᠭᠠᠵᠠᠷ ᠨᠤᠳᠤᠭ ᠲᠦᠷᠢᠶᠡᠰᠦᠯᠡᠬᠦᠯᠬᠦ᠂ ᠵᠠᠰᠠᠭ ᠤᠨ ᠤᠷᠳᠤᠨ ᠡᠴᠡᠬᠤᠳᠠᠯᠳᠤᠨ ᠠᠪᠬᠤ᠂ ᠤᠯᠤᠰ ᠤᠨ ᠦᠮᠴᠢᠯᠡᠯᠳᠤ | ᠬᠦᠷᠦᠩᠬᠡ ᠶᠢ ᠰᠢᠢᠳᠪᠦᠷᠢᠯᠡᠨ ᠲᠤᠬᠢᠷᠠᠭᠤᠯᠬᠤ ᠵᠡᠷᠬᠡ ᠬᠦᠷᠢᠶ᠎ᠡ ᠬᠡᠪᠴᠢᠶᠡᠨ ᠳᠤ ᠬᠢᠨᠠᠨ ᠪᠤᠳᠤᠯᠳᠠ ᠪᠠ ᠬᠢᠨᠠᠯᠳᠠ | ᠲᠠᠯᠪᠢᠬᠤ ᠪᠠᠨ ᠴᠢᠩᠭᠠᠳᠬᠠᠨ᠂ ᠡᠷᠬᠡ ᠪᠠᠨ ᠠᠰᠢᠭᠯᠠᠨ ᠠᠮᠢ ᠪᠠᠨ ᠪᠤᠷᠳᠤᠬᠤ᠂ ᠬᠠᠤᠯᠢ ᠴᠠᠭᠠᠵᠠ ᠶᠢ ᠵᠦᠷᠢᠴᠡᠬᠦ | ᠵᠡᠷᠬᠡ ᠲᠦᠪ ᠪᠤᠰᠤ ᠰᠤᠷᠳᠠᠯ ᠢ ᠡᠷᠡᠰ ᠲᠡᠪᠴᠢᠵᠤ᠂ ᠲᠦᠪ ᠴᠢᠩᠭ᠎ᠠ ᠠᠷᠢᠭᠤᠨ ᠴᠢᠭᠴᠢ ᠠᠷᠠᠳ ᠤᠨ ᠵᠠᠰᠠᠭ ᠤᠨ | ᠤᠷᠳᠤᠨ ᠢ ᠪᠦᠳᠦᠬᠡᠨ ᠪᠠᠶᠢᠭᠤᠯᠤᠨ᠎ᠠ᠃ | ᠲᠦᠯᠦᠬᠡᠯᠡᠭᠴᠢᠳ ᠡ᠂ ᠪᠢᠳᠡᠨ ᠤ ᠰᠢᠨ᠎ᠡ ᠡᠬᠦᠷᠬᠡ ᠬᠦᠨᠳᠤ ᠮᠦᠷᠳᠡᠬᠡᠨ ᠬᠦᠴᠢᠷ ᠪᠡᠷᠬᠡ ᠶᠤᠮ᠃ ᠪᠢᠳᠡ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ | ᠪᠦᠭᠦᠳᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠬᠤᠰᠢᠭᠤ ᠨᠠᠮ ᠤᠨ ᠬᠤᠷᠢᠶ᠎ᠠ ᠶᠢᠨ ᠴᠢᠩᠭ᠎ᠠ | ᠤᠳᠤᠷᠢᠳᠤᠯᠭ᠎ᠠ ᠲᠤᠤᠷ᠎ᠠ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠤ ᠤᠶᠤᠨ ᠤᠬᠠᠭᠠᠨ | ᠪᠠ ᠬᠦᠴᠦᠨ ᠴᠢᠳᠠᠯ ᠢ ᠲᠦᠪᠯᠡᠷᠡᠬᠦᠯᠵᠤ᠂ ᠦᠵᠡᠯ ᠰᠠᠨᠠᠭ᠎ᠠ ᠪᠠᠨ ᠤᠯᠠᠮ ᠴᠢᠯᠦᠬᠡᠯᠡᠨ᠂ ᠬᠠᠲᠠᠭᠤᠵᠢᠯᠲᠠᠢ ᠴᠢᠷᠮᠠᠶᠢᠵᠤ | ᠂ ᠦᠨᠡᠨ ᠪᠤᠳᠠᠳᠠᠢ ᠶᠢ ᠡᠷᠬᠢᠮᠯᠡᠨ᠂ ᠨᠡᠬᠡᠬᠡᠯᠳᠡ ᠲᠠᠢ ᠤᠷᠤᠭᠰᠢᠯᠠᠵᠤ᠂ ᠪᠦᠬᠦ ᠬᠤᠰᠢᠭᠤᠨ ᠤ ᠪᠠᠨ ᠠᠵᠤ ᠠᠬᠤᠢ | ᠨᠡᠶᠢᠬᠡᠮ ᠤᠨ ᠬᠦᠭᠵᠢᠯᠳᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠪᠠᠷ ᠴᠢᠷᠮᠠᠶᠢᠵᠠᠭᠠᠶ᠎ᠠ︕ |