ᠳᠡᠭᠡᠷ᠎ᠡ ᠬᠠᠭᠠᠰ ᠵᠢᠯ ᠳᠤ ᠪᠦᠬᠦ ᠬᠤᠰᠢᠭᠤᠨ ᠤ ᠠᠵᠤ ᠠᠬᠤᠢ ᠶᠢᠨ ᠡᠷᠭᠢᠯᠲᠡ ᠶᠡᠷᠦᠩᠬᠡᠢ ᠳᠤ ᠪᠠᠨ ᠲᠤᠭᠲᠠᠭᠤᠨ
ᠨᠡᠶᠢᠲᠡᠯᠡᠭᠰᠡᠨ ᠴᠠᠭ᠄
2015/8/10
    ᠵᠢᠯ ᠤᠨ ᠡᠬᠢᠨ ᠠᠴᠠ ᠨᠠᠰᠢ᠂ ᠪᠦᠬᠦ ᠬᠤᠰᠢᠭᠤ ᠪᠠᠷ ᠢᠶᠠᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠳᠣᠬᠢᠷᠠᠭᠤᠯᠤᠯᠲᠠ ᠳᠤᠤᠷ᠎ᠠ᠂ ᠰᠢᠨᠵᠢᠯᠡᠬᠦ ᠤᠬᠠᠭᠠᠨᠴᠢ ᠬᠦᠭᠵᠢᠯᠲᠡ ᠪᠠᠷ ᠭᠤᠤᠯ ᠰᠡᠳᠤᠪ ᠪᠤᠯᠭᠠᠵᠤ᠂ ︽ᠲᠠᠪᠤᠨ ᠬᠦᠭᠵᠢᠯᠲᠡ ᠶᠢᠨ ᠣᠷᠣᠨ ᠲᠤᠭᠲᠠᠴᠠ︾ ᠶᠢᠨ ᠲᠤᠭᠤᠷᠢᠨ ᠳᠤ᠂ ᠰᠢᠨ᠎ᠡ ᠮᠠᠶ᠋ᠢᠭ ᠤᠨ ᠠᠵᠦ ᠦᠢᠯᠡᠳᠪᠦᠷᠢᠵᠢᠯᠡᠯᠲᠡ᠂ ᠲᠠᠷᠢᠶᠠᠯᠠᠩ ᠮᠠᠯ ᠠᠬᠤᠢ ᠶᠢᠨ ᠤᠳᠤᠬᠢᠴᠢᠯᠠᠯᠲᠠ᠂ ᠰᠢᠨ᠎ᠡ ᠮᠠᠶ᠋ᠢᠭ ᠤᠨ ᠬᠤᠲᠠᠴᠢᠯᠠᠯᠲᠠ ᠪᠤᠯᠤᠨ ᠣᠳᠣᠬᠢ ᠦᠢᠯᠡᠴᠢᠯᠡᠭᠡᠨ ᠤ ᠬᠦᠭᠵᠢᠯᠲᠡ ᠶᠢ ᠨᠢᠭᠡᠲᠦᠯᠲᠠᠢ ᠠᠬᠢᠭᠤᠯᠪᠠ᠃ ᠪᠡᠯᠡ ᠤᠷᠤᠭᠤᠯᠤᠯᠲᠠ ᠶᠢᠨ ᠬᠦᠴᠦᠯᠡᠴᠡ ᠪᠠᠨ ᠲᠠᠰᠤᠷᠠᠯᠲᠠ ᠦᠭᠡᠢ ᠴᠢᠩᠭᠤᠳᠬᠠᠵᠤ᠂ ᠡᠳ᠋ ᠤᠨ ᠵᠠᠰᠠᠭ ᠤᠨ ᠣᠷᠣᠯᠭ᠎ᠠ ᠪᠤᠯᠤᠨ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠲᠦᠪᠰᠢᠨ ᠢ ᠳᠡᠭᠡᠭᠰᠢᠯᠡᠭᠦᠯᠦᠨ᠂ ᠠᠵᠦ ᠠᠬᠤᠢ ᠨᠡᠶᠢᠭᠡᠮ ᠤᠨ ᠬᠦᠭᠵᠢᠯᠲᠡ ᠶᠡᠷᠤᠩᠬᠡᠢ ᠳᠤ ᠪᠠᠨ ᠲᠤᠭᠲᠠᠭᠤᠨ ᠪᠠᠶᠢᠳᠠᠯ ᠲᠠᠢ᠃     ᠨᠢᠭᠡ ᠠᠵᠤ ᠠᠬᠤᠢ ᠶᠢᠨ ᠡᠷᠭᠢᠯᠲᠡ ᠶᠢᠨ ᠪᠠᠶᠢᠳᠠᠯ     ᠤᠯᠤᠰ ᠠᠷᠠᠳ ᠤᠨ ᠠᠵᠤ ᠠᠬᠤᠢ ᠶᠢᠨ ᠬᠦᠭᠵᠢᠯᠲᠡ ᠲᠤᠭᠲᠠᠭᠤᠨ᠃ ᠳᠡᠭᠡᠷ᠎ᠡ ᠬᠠᠭᠠᠰ ᠵᠢᠯ ᠳᠤ᠂ ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 44.8 ᠳ᠋ᠦᠩᠰᠢᠭᠤᠷ ᠪᠡᠶᠡᠯᠡᠭᠦᠯᠵᠦ᠂ 9% ᠪᠠᠷ ᠨᠡᠮᠡᠭᠳᠡᠵᠦ᠂ ᠪᠦᠬᠦ ᠬᠤᠲᠠ ᠶᠢᠨ ᠲᠡᠭᠰᠢᠳᠭᠡᠭᠰᠡᠨ ᠬᠡᠮᠵᠢᠶ᠎ᠡ ᠠᠴᠠ 0.7 ᠵᠠᠭᠤᠨ ᠤ ᠬᠤᠪᠢ ᠦᠨᠳᠦᠷ ᠪᠠᠶᠢᠪᠠ᠃ ᠡᠭᠦᠨ ᠤ ᠳᠤᠲᠤᠷ᠎ᠠ ᠨᠢᠭᠡᠳᠦᠭᠡᠷ ᠠᠵᠦ ᠦᠢᠯᠡᠰ ᠤᠨ  ᠨᠡᠮᠡᠭᠳᠡᠯ ᠥᠷᠲᠡᠭ ᠨᠢ 2.8 ᠳ᠋ᠦᠩᠰᠢᠭᠤᠷ ᠲᠦᠭᠦᠷᠢᠭ ᠪᠠᠶᠢᠵᠦ 3.3% ᠪᠠᠷ ᠨᠡᠮᠡᠭᠳᠡᠪᠡ︔ ᠬᠤᠶᠠᠳᠤᠭᠠᠷ ᠠᠵᠦ ᠦᠢᠯᠡᠰ ᠤᠨ ᠨᠡᠮᠡᠭᠳᠡᠯ ᠥᠷᠲᠡᠭ ᠨᠢ 26.1 ᠳ᠋ᠦᠩᠰᠢᠭᠤᠷ ᠲᠦᠭᠦᠷᠢᠭ ᠪᠠᠶᠢᠵᠦ᠂ 11.9% ᠪᠠᠷ ᠨᠡᠮᠡᠭᠳᠡᠪᠡ︔ ᠭᠤᠷᠪᠠᠳᠤᠭᠠᠷ ᠠᠵᠦ ᠦᠢᠯᠡᠰ ᠤᠨ ᠨᠡᠮᠡᠭᠳᠡᠯ ᠥᠷᠲᠡᠭ ᠨᠢ 15.9 ᠳ᠋ᠦᠩᠰᠢᠭᠤᠷ ᠲᠦᠭᠦᠷᠢᠭ ᠪᠠᠶᠢᠵᠤ᠂ 5.1% ᠪᠠᠷ ᠨᠡᠮᠡᠭᠳᠡᠪᠡ᠃     ᠠᠵᠤ ᠦᠢᠯᠡᠳᠪᠦᠷᠢ ᠶᠢᠨ ᠠᠵᠤ ᠠᠬᠤᠢ ᠶᠢᠨ ᠲᠠᠲᠠᠬᠤ ᠬᠦᠴᠦᠨ ᠨᠢ ᠨᠡᠯᠢᠶᠡᠳ ᠴᠢᠩᠭ᠎ᠠ᠃ ᠳᠡᠭᠡᠷ᠎ᠡ ᠬᠠᠭᠠᠰ ᠵᠢᠯ ᠳᠤ᠂ ᠪᠦᠬᠦ ᠠᠵᠤ  ᠦᠢᠯᠡᠳᠪᠦᠷᠢ ᠶᠢᠨ ᠨᠡᠮᠡᠭᠳᠡᠯ ᠥᠷᠲᠡᠭ ᠨᠢ 23.31 ᠳ᠋ᠦᠩᠰᠢᠭᠤᠷ ᠲᠦᠭᠦᠷᠢᠭ ᠪᠠᠶᠢᠵᠤ᠂ 12.3% ᠪᠠᠷ ᠨᠡᠮᠡᠭᠳᠡᠪᠡ᠃ ᠡᠭᠦᠨ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ 13.2% ᠢᠶᠠᠷ ᠨᠡᠮᠡᠭᠳᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6.5 ᠵᠠᠭᠤᠨ ᠤ ᠬᠤᠪᠢ ᠨᠡᠮᠡᠭᠳᠡᠭᠦᠯᠪᠡ ᠃ ᠭᠤᠤᠯ ᠪᠤᠯᠬᠤ ᠦᠢᠯᠡᠳᠬᠦᠨ ᠤ ᠦᠢᠯᠡᠳᠪᠦᠷᠢᠯᠡᠭᠰᠡᠨ ᠬᠡᠮᠵᠢᠶ᠎ᠡ ᠨᠢ ᠨᠡᠮᠡᠭᠳᠡᠯ ᠲᠠᠢ ᠬᠠᠰᠤᠭᠳᠠᠯ ᠲᠠᠢ᠄ ᠳᠡᠭᠡᠷ᠎ᠡ ᠬᠠᠭᠠᠰ ᠵᠢᠯ ᠳᠤ᠂ ᠰᠢᠨ᠎ᠡ ᠰᠤᠷᠭᠤᠭ ᠪᠠ ᠬᠦᠢᠲᠡᠨ ᠬᠠᠳᠠᠭᠠᠯᠠᠭᠰᠠᠨ ᠮᠢᠬᠠᠨ ᠤ ᠭᠠᠷᠤᠯᠲᠠ ᠨᠢ 1.07 ᠲᠦᠮᠡᠨ ᠲᠤᠨ ᠪᠠᠶᠢᠵᠤ᠂ 6.4% ᠪᠠᠷ ᠪᠠᠭᠤᠷᠠᠪᠠ᠃ ᠲᠤᠭᠤᠯᠭ᠎ᠠ ᠶᠢᠨ ᠭᠠᠷᠤᠯᠲᠠ ᠨᠢ 5.06 ᠲᠦᠮᠡᠨ ᠲᠤᠨ ᠪᠠᠶᠢᠵᠤ᠂ 6.3% ᠪᠠᠷ ᠨᠡᠮᠡᠭᠳᠡᠪᠡ᠃ ᠴᠠᠶᠢᠷ ᠤᠨ ᠭᠠᠷᠤᠯᠲᠠ ᠨᠢ 8.27 ᠲᠦᠮᠡᠨ ᠲᠤᠨ ᠪᠠᠶᠢᠵᠤ᠂ 20.8% ᠪᠠᠷ ᠨᠡᠮᠡᠭᠳᠡᠪᠡ᠃ ᠴᠠᠬᠢᠯᠭᠠᠨ ᠬᠠᠩᠭᠠᠬᠤ ᠬᠡᠮᠵᠢᠶ᠎ᠡ ᠨᠢ ᠴᠠᠭ ᠪᠦᠷᠢ 2.43 ᠳ᠋ᠦᠩᠰᠢᠭᠤᠷ ᠺᠢᠯᠤᠸᠠᠲ ᠪᠠᠶᠢᠵᠤ᠂ 17.6% ᠪᠠᠷ ᠨᠡᠮᠡᠭᠳᠡᠪᠡ᠂ ᠱᠦᠢᠨᠢ ᠶᠢᠨ ᠭᠠᠷᠤᠯᠲᠠ ᠨᠢ 23.88 ᠲᠦᠮᠡᠨ ᠲᠤᠨ ᠪᠠᠶᠢᠵᠤ᠂ 26.5% ᠪᠠᠷ ᠨᠡᠮᠡᠭᠳᠡᠪᠡ᠃     ᠲᠣᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠨᠢ ᠲᠤᠭᠲᠠᠭᠤᠨ ᠢᠶᠠᠷ ᠨᠡᠮᠡᠭᠳᠡᠪᠡ᠃ ᠳᠡᠭᠡᠷ᠎ᠡ ᠬᠠᠭᠠᠰ ᠵᠢᠯ  ᠳᠤ᠂ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ 55.6 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 16.7% ᠪᠠᠷ ᠨᠡᠮᠡᠭᠳᠡᠪᠡ᠃ ᠡᠭᠦᠨ ᠳᠤ᠂ ᠬᠤᠲᠠ ᠪᠠᠯᠭᠠᠰᠤ ᠶᠢᠨ ᠪᠡᠯᠡ ᠤᠷᠤᠭᠤᠯᠤᠯᠲᠠ 54.7 ᠳ᠋ᠦᠩᠰᠢᠭᠤᠷ ᠲᠥᠭᠦᠷᠢᠭ ᠪᠠᠶᠢᠵᠤ᠂ 48.2% ᠪᠠᠷ ᠨᠡᠮᠡᠭᠳᠡᠪᠡ᠃ ᠭᠡᠷ ᠪᠠᠶᠢᠰᠢᠩ ᠭᠠᠵᠠᠷ ᠬᠦᠷᠦᠩᠭᠡ ᠶᠢᠨ ᠪᠡᠯᠡ ᠤᠷᠤᠭᠤᠯᠤᠯᠲᠠ 0.87 ᠳ᠋ᠦᠩᠰᠢᠭᠤᠷ ᠲᠥᠭᠦᠷᠢᠭ ᠪᠠᠶᠢᠵᠤ᠂ 91.7% ᠪᠠᠷ ᠪᠠᠭᠤᠷᠠᠪᠠ᠃     ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠲᠤᠭᠲᠠᠭᠤᠨ ᠬᠦᠭᠵᠢᠵᠡᠢ᠃ ᠳᠡᠭᠡᠷ᠎ᠡ ᠬᠠᠭᠠᠰ ᠵᠢᠯ  ᠳᠤ᠂ ᠪᠦᠬᠦ ᠬᠤᠰᠢᠭᠤ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠬᠤᠳᠠᠯᠳᠤᠭᠰᠠᠨ  ᠪᠦᠬᠦ ᠲᠤᠭ᠎ᠠ 16.29 ᠳ᠋ᠦᠩᠰᠢᠭᠤᠷ ᠲᠥᠭᠦᠷᠢᠭ ᠪᠠᠶᠢᠵᠤ᠂ 11.7% ᠪᠠᠷ ᠨᠡᠮᠡᠭᠳᠡᠪᠡ᠃ ᠡᠭᠦᠨ ᠳᠤ᠂ ᠬᠤᠲᠠ ᠪᠠᠯᠭᠠᠰᠤ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 12.31 ᠳ᠋ᠦᠩᠰᠢᠭᠤᠷ ᠲᠥᠭᠦᠷᠢᠭ ᠪᠠᠶᠢᠵᠤ᠂ 14.9% ᠪᠠᠷ ᠨᠡᠮᠡᠭᠳᠡᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠣᠭᠠᠨ ᠤ 75.6% ᠶᠢ ᠡᠵᠡᠯᠡᠪᠡ᠃ ᠬᠥᠳᠡᠭᠡ ᠲᠤᠰᠬᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 3.98 ᠳ᠋ᠦᠩᠰᠢᠭᠤᠷ ᠪᠠᠶᠢᠵᠤ᠂ 2.7% ᠪᠠᠷ ᠨᠡᠮᠡᠭᠳᠡᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ  ᠵᠢᠵᠢᠭᠯᠡᠨ ᠬᠤᠳᠠᠯᠳᠤᠭᠰᠠᠨ ᠪᠦᠬᠦ  ᠲᠣᠭᠠᠨ ᠤ 24.4% ᠶᠢ ᠡᠵᠡᠯᠡᠪᠡ᠃     ᠡᠳ᠋ ᠤᠨ ᠵᠠᠰᠠᠭ ᠤᠨ ᠤᠷᠤᠯᠭ᠎ᠠ ᠲᠤᠭᠲᠠᠭᠤᠨ ᠢᠶᠠᠷ ᠨᠡᠮᠡᠭᠳᠡᠪᠡ᠃ ᠳᠡᠭᠡᠷ᠎ᠡ ᠬᠠᠭᠠᠰ ᠵᠢᠯ ᠳᠤ᠂ ᠪᠦᠬᠦ ᠬᠤᠰᠢᠭᠤᠨ ᠤ ᠣᠷᠣᠨ ᠨᠤᠲᠤᠭ ᠤᠨ ᠡᠳ᠋ ᠤᠨ ᠵᠠᠰᠠᠭ ᠤᠨ ᠶᠡᠷᠦᠩᠬᠡᠢ ᠤᠷᠤᠯᠭ᠎ᠠ ᠶᠢ 43754 ᠲᠦᠮᠡᠨ ᠲᠦᠭᠦᠷᠢᠭ ᠪᠡᠶᠡᠯᠡᠭᠦᠯᠵᠦ᠂ 9.4% ᠪᠠᠷ ᠨᠡᠮᠡᠭᠳᠡᠪᠡ᠃ ᠡᠭᠦᠨ ᠳᠤ᠂  ᠡᠩ ᠤᠨ ᠲᠥᠰᠥᠪ ᠤᠨ ᠤᠷᠤᠯᠭ᠎ᠠ ᠨᠢ 26044  ᠲᠦᠮᠡᠨ ᠲᠥᠭᠦᠷᠢᠭ ᠪᠠᠶᠢᠵᠤ᠂ 1.8% ᠢᠶᠠᠷ ᠨᠡᠮᠡᠭᠳᠡᠪᠡ︔ ᠲᠥᠪ ᠤᠨ ᠭᠠᠶᠢᠯᠢ ᠶᠢᠨ ᠣᠷᠤᠯᠭ᠎ᠠ 12578 ᠲᠦᠮᠡᠨ ᠲᠦᠭᠦᠷᠢᠭ ᠪᠠᠶᠢᠵᠤ᠂ 17.0% ᠪᠠᠷ ᠨᠡᠮᠡᠭᠳᠡᠨ᠂ ᠥᠪᠡᠷᠲᠡᠭᠡᠨ ᠵᠠᠰᠠᠬᠤ ᠣᠷᠣᠨ ᠤ ᠣᠷᠤᠯᠭ᠎ᠠ 5132 ᠲᠦᠮᠡᠨ ᠲᠦᠭᠦᠷᠢᠭ ᠪᠠᠶᠢᠵᠤ᠂ 40.2% ᠢᠶᠠᠷ ᠨᠡᠮᠡᠭᠳᠡᠪᠡ᠃ ᠣᠷᠣᠨ ᠨᠤᠲᠤᠭ ᠤᠨ ᠡᠳ᠋ ᠤᠨ ᠵᠠᠰᠠᠭ ᠤᠨ ᠵᠠᠷᠤᠯᠭ᠎ᠠ  ᠨᠢ 110081 ᠲᠦᠮᠡᠨ ᠲᠦᠭᠦᠷᠢᠭ ᠬᠦᠷᠴᠦ᠂ 31.8% ᠪᠠᠷ ᠨᠡᠮᠡᠭᠳᠡᠪᠡ᠃     ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠮᠦᠩᠭᠦᠨ ᠤ ᠦᠯᠡᠳᠡᠪᠦᠷᠢ ᠲᠤᠭ᠎ᠠ ᠨᠢ ᠨᠡᠮᠡᠭᠳᠡᠪᠡ᠃ ᠳᠡᠭᠡᠷ᠎ᠡ ᠬᠠᠭᠠᠰ ᠵᠢᠯ ᠳᠤ᠂ ᠪᠦᠬᠦ ᠬᠤᠰᠢᠭᠤᠨ ᠤ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰᠤᠨ ᠤ ᠡᠯ᠎ᠡ ᠵᠦᠢᠯ ᠢ ᠬᠠᠳᠠᠭᠠᠯᠠᠮᠵᠢ ᠶᠢᠨ ᠦᠯᠡᠳᠡᠪᠦᠷᠢ ᠨᠢ 52.96 ᠳ᠋ᠦᠩᠰᠢᠭᠤᠷ ᠲᠦᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.8% ᠪᠠᠷ ᠨᠡᠮᠡᠭᠳᠡᠪᠡ᠃ ᠡᠭᠦᠨ ᠳᠤ᠂ ᠰᠠᠭᠤᠭᠠᠯᠢ ᠠᠷᠠᠳ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ ᠨᠢ 40.44  ᠳ᠋ᠦᠩᠰᠢᠭᠤᠷ ᠲᠦᠭᠦᠷᠢᠭ ᠪᠠᠶᠢᠵᠤ ᠂ ᠠᠳᠠᠯᠢ ᠬᠤᠭᠤᠴᠠᠭᠠᠨ ᠤ ᠬᠢ ᠠᠴᠠ 12.0% ᠪᠠᠷ ᠨᠡᠮᠡᠭᠳᠡᠪᠡ᠃ ᠪᠦᠬᠦ ᠬᠤᠰᠢᠭᠤᠨ ᠤ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ  ᠠᠷᠠᠳ ᠤᠨ ᠵᠤᠭᠤᠰ ᠤᠨ ᠡᠯ᠎ᠡ ᠵᠦᠢᠯ ᠢ ᠵᠢᠭᠡᠯᠡᠯᠭᠡ ᠶᠢᠨ ᠦᠯᠡᠳᠡᠪᠦᠷᠢ ᠲᠤᠭ᠎ᠠ ᠨᠢ 34.47 ᠳ᠋ᠦᠩᠰᠢᠭᠤᠷ ᠲᠦᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 25.9% ᠪᠠᠷ ᠨᠡᠮᠡᠭᠳᠡᠪᠡ᠃     ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠨᠢ ᠲᠤᠭᠲᠠᠭᠤᠨ ᠢᠶᠠᠷ ᠳᠡᠭᠡᠭᠰᠢᠯᠡᠪᠡ᠃ ᠳᠡᠭᠡᠷ᠎ᠡ ᠬᠠᠭᠠᠰ ᠵᠢᠯ ᠳᠤ ᠪᠦᠬᠦ  ᠬᠤᠰᠢᠭᠤᠨ ᠤ ᠰᠠᠭᠤᠭᠠᠯᠢ ᠠᠷᠠᠳ ᠤᠨ ᠬᠦᠮᠦᠨ ᠪᠦᠷᠢ ᠳᠤ ᠲᠡᠭᠰᠢᠳᠭᠡᠭᠰᠡᠨ ᠡᠵᠡᠮᠳᠡᠵᠦ ᠪᠣᠯᠬᠤ ᠤᠷᠤᠯᠭ᠎ᠠ ᠨᠢ 5247 ᠲᠦᠭᠦᠷᠢᠭ ᠪᠠᠶᠢᠵᠤ᠂ 11.6% ᠪᠠᠷ ᠨᠡᠮᠡᠭᠳᠡᠪᠡ᠃ ᠪᠦᠬᠦ ᠬᠤᠰᠢᠭᠤᠨ ᠤ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠪᠦᠷᠢ ᠳᠤ ᠲᠡᠭᠰᠢᠳᠬᠡᠭᠰᠡᠨ ᠣᠷᠣᠯᠭ᠎ᠠ ᠨᠢ 10171 ᠲᠦᠭᠦᠷᠢᠭ ᠬᠦᠷᠴᠦ᠂ 10.7% ᠪᠠᠷ ᠨᠡᠮᠡᠭᠳᠡᠪᠡ᠃ ᠪᠦᠬᠦ ᠬᠤᠰᠢᠭᠤᠨ ᠤ ᠬᠦᠳᠡᠭᠡ ᠲᠤᠰᠬᠤᠨ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠪᠦᠷᠢ ᠳᠤ ᠲᠡᠭᠰᠢᠳᠭᠡᠭᠰᠡᠨ ᠡᠵᠡᠮᠳᠡᠵᠦ ᠪᠣᠯᠬᠤ ᠤᠷᠤᠯᠭ᠎ᠠ ᠨᠢ 3029 ᠲᠦᠭᠦᠷᠢᠭ ᠪᠠᠶᠢᠵᠤ᠂ 13.1% ᠪᠠᠷ ᠨᠡᠮᠡᠭᠳᠡᠪᠡ᠃ ᠪᠠᠶᠢᠭᠤᠯᠭ᠎ᠠ ᠶᠢᠨ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠤ ᠲᠡᠭᠰᠢᠳᠭᠡᠭᠰᠡᠨ ᠤᠷᠤᠯᠭ᠎ᠠ ᠨᠢ 24014 ᠲᠦᠭᠦᠷᠢᠭ᠂ 6.8% ᠪᠠᠷ ᠨᠡᠮᠡᠭᠳᠡᠪᠡ᠃     ᠬᠤᠶᠠᠷ   ᠠᠵᠦ ᠠᠬᠤᠢ ᠶᠢᠨ ᠡᠷᠭᠢᠯᠲᠡ ᠲᠤᠮᠲᠠᠬᠢ ᠠᠩᠬᠠᠷᠤᠭᠤᠰᠢᠲᠠᠢ ᠬᠡᠳᠤᠨ ᠠᠰᠠᠭᠤᠳᠠᠯ     ᠵᠢᠯ ᠤᠨ ᠡᠬᠢᠨ ᠠᠴᠠ ᠨᠠᠰᠢ᠂ ᠬᠡᠳᠦᠶᠢᠪᠡᠷ ᠪᠦᠬᠦ ᠬᠤᠰᠢᠭᠤᠨ ᠤ ᠠᠵᠤ ᠠᠬᠤᠢ ᠶᠢᠨ ᠶᠡᠷᠦᠩᠬᠡᠢ ᠪᠠᠶᠢᠳᠠᠯ ᠲᠤᠭᠲᠠᠭᠤᠨ ᠪᠤᠯᠪᠠᠴᠤ᠂ ᠤᠯᠤᠰ ᠤᠷᠤᠨ ᠤ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠶᠢᠨ ᠵᠠᠯᠭᠠᠯᠲᠠ ᠰᠤᠯᠢᠬᠤ ᠬᠤᠭᠤᠴᠠᠭ᠎ᠠ᠂ ᠪᠦᠲᠦᠴᠡ ᠶᠢᠨ ᠳᠣᠬᠢᠷᠠᠭᠤᠯᠤᠯᠲᠠ ᠶᠢᠨ ᠬᠦᠴᠢᠷᠳᠡᠯᠲᠡᠢ ᠬᠤᠭᠤᠴᠠᠭ᠎ᠠ᠂ ᠡᠮᠦᠨᠡᠬᠢ ᠬᠤᠭᠤᠴᠠᠭᠠᠨ ᠤ ᠰᠡᠲᠦᠯᠲᠡ ᠥᠭᠬᠦ ᠲᠥᠷᠥ ᠶᠢᠨ ᠪᠣᠳᠣᠯᠭ᠎ᠠ ᠶᠢᠨ ᠰᠢᠩᠭᠡᠭᠡᠬᠦ ᠬᠤᠭᠤᠴᠠᠭ᠎ᠠ ᠵᠡᠷᠭᠡ ᠭᠤᠷᠪᠠᠨ ᠬᠤᠭᠤᠴᠠᠭᠠᠨ ᠤ ᠳᠠᠪᠬᠤᠴᠠᠭᠰᠠᠨ ᠪᠠᠶᠢᠳᠠᠯ ᠤᠨ ᠨᠥᠯᠥᠭᠡ ᠪᠠᠷ᠂ ᠪᠦᠬᠦ ᠬᠤᠰᠢᠭᠤᠨ ᠤ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠨᠢ ᠤᠳᠠᠭᠠᠰᠢᠷᠠᠬᠤ ᠦᠵᠡᠭᠳᠡᠯ ᠢᠯᠡᠷᠡᠵᠦ᠂ ᠠᠵᠤ ᠠᠬᠤᠢ ᠶᠢᠨ ᠬᠦᠭᠵᠢᠯᠲᠡ ᠳᠤᠮᠳᠠ ᠲᠣᠳᠣᠷᠬᠠᠢ ᠪᠤᠰᠤ ᠡᠯᠧᠮᠧᠨ᠋ᠲ ᠬᠢᠭᠡᠳ ᠠᠰᠠᠭᠤᠳᠠᠯ ᠤᠷᠤᠰᠢᠭᠰᠠᠭᠠᠷ ᠪᠠᠶᠢᠨ᠎ᠠ᠃    1. ᠠᠵᠤ ᠠᠬᠤᠢ ᠶᠢᠨ ᠪᠠᠭᠤᠷᠠᠯᠲᠠ ᠶᠢᠨ ᠳᠠᠷᠤᠭᠠᠰᠤ ᠮᠦᠨ ᠴᠦ ᠨᠡᠯᠢᠶᠡᠳ ᠶᠡᠭᠡ᠃ ᠵᠢᠯ ᠤᠨ ᠪᠠᠶᠢᠳᠠᠯ ᠠᠴᠠ ᠦᠵᠡᠪᠡᠯ᠂ 2010 — 2013 ᠬᠦᠷᠲᠡᠯᠡᠬᠢ ᠳᠦᠷᠪᠡᠨ ᠵᠢᠯ ᠤᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠠᠴᠠ ᠦᠵᠡᠪᠡᠯ᠄ 2013 ᠤᠨ ᠳᠤ᠂ ᠪᠦᠬᠦ ᠤᠯᠤᠰ ᠤᠨ GDP ᠶᠢᠨ ᠨᠡᠮᠡᠭᠳᠡᠯ ᠬᠤᠷᠳᠤᠴᠠ ᠨᠢ ᠬᠠᠮᠤᠭ ᠦᠨᠳᠦᠷ ᠵᠢᠯ  ᠠᠴᠠ 2.7 ᠵᠠᠭᠤᠨ ᠤ ᠬᠤᠪᠢ ᠪᠠᠭᠤᠷᠠᠵᠤ᠂ ᠪᠦᠬᠦ ᠤᠷᠤᠨ ᠤ ᠪᠠᠭᠤᠷᠠᠯᠲᠠ ᠨᠢ 5.9 ᠵᠠᠭᠤᠨ ᠤ ᠬᠤᠪᠢ᠂ ᠪᠦᠬᠦ ᠬᠤᠲᠠ 6.3 ᠵᠠᠭᠤᠨ ᠤ ᠬᠤᠪᠢ ᠪᠠᠭᠤᠷᠠᠵᠤ᠂ ᠮᠠᠨ ᠤ ᠬᠤᠰᠢᠭᠤ 4.5 ᠵᠠᠭᠤᠨ ᠤ ᠬᠤᠪᠢ ᠪᠠᠭᠤᠷᠠᠪᠠ︔ ᠤᠯᠠᠷᠢᠯ ᠤᠨ ᠪᠠᠶᠢᠳᠠᠯ ᠠᠴᠠ ᠦᠵᠡᠪᠡᠯ᠂  2014 ᠤᠨ ᠤ ᠨᠢᠭᠡᠳᠦᠭᠡᠷ ᠤᠯᠠᠷᠢᠯ ᠳᠤ ᠪᠦᠬᠦ ᠤᠯᠤᠰ ᠤᠨGDP ᠨᠢ 7.4% ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 0.3 ᠵᠠᠭᠤᠨ ᠤ ᠬᠤᠪᠢ ᠪᠠᠭᠤᠷᠠᠪᠠ᠃ ᠪᠦᠬᠦ ᠣᠷᠣᠨ 7.3% ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 2.6 ᠵᠠᠭᠤᠨ ᠤ ᠬᠤᠪᠢ ᠪᠠᠭᠤᠡᠷᠠᠭᠰᠠᠨ ᠪᠠᠶᠢᠨ᠎ᠠ᠃ ᠪᠦᠬᠦ ᠬᠤᠲᠠ 8.6% ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 1.4 ᠵᠠᠭᠤᠨ ᠤ ᠬᠤᠪᠢ ᠪᠠᠭᠤᠷᠠᠪᠠ᠂ ᠪᠦᠬᠦ ᠬᠤᠰᠢᠭᠤ 11.1% ᠪᠠᠷ ᠨᠡᠮᠡᠭᠳᠡᠵᠦ᠂ ᠠᠳᠠᠯᠢ  ᠬᠤᠭᠤᠴᠠᠭᠠᠨ ᠤ  ᠬᠢ ᠠᠴᠠ 7.7% ᠢᠶᠠᠷ ᠪᠠᠭᠤᠷᠠᠪᠠ︔ ᠳᠡᠭᠡᠷ᠎ᠡ ᠬᠠᠭᠠᠰ ᠵᠢᠯ ᠤᠨ ᠪᠠᠶᠢᠳᠠᠯ ᠠᠴᠠ ᠦᠵᠡᠪᠡᠯ᠂ ᠪᠦᠬᠦ ᠤᠯᠤᠰ ᠤᠨ GDP7.4% ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 0.2 ᠵᠠᠭᠤᠨ ᠤ ᠬᠤᠪᠢ ᠪᠠᠭᠤᠷᠠᠪᠠ᠃ ᠪᠦᠬᠦ ᠤᠷᠤᠨ 7.6% ᠪᠠᠷ  ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 4 ᠵᠠᠭᠤᠨ ᠤ ᠬᠤᠪᠢ ᠪᠠᠭᠤᠷᠠᠪᠠ᠃ ᠪᠦᠬᠦ ᠬᠤᠲᠠ 8.3% ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 3.3 ᠵᠠᠭᠤᠨ ᠤ ᠬᠤᠪᠢ ᠪᠠᠭᠤᠷᠠᠪᠠ᠃ ᠪᠦᠬᠦ ᠬᠤᠰᠢᠭᠤ 9.0% ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 3.2 ᠵᠠᠭᠤᠨ ᠤ ᠬᠤᠪᠢ ᠪᠠᠭᠤᠷᠠᠪᠠ᠃     2.  ᠭᠤᠤᠯ ᠪᠤᠯᠬᠤ ᠠᠵᠦ ᠠᠬᠤᠢ ᠶᠢᠨ ᠭᠦᠢᠴᠡᠳᠭᠡᠯ ᠲᠣᠭᠠᠨ ᠤ ᠨᠡᠮᠡᠭᠳᠡᠯ ᠤᠨ ᠬᠤᠷᠳᠤᠴᠠ ᠨᠢ ᠪᠠᠭᠤᠷᠠᠪᠠ᠃ ᠠᠳᠠᠯᠢ ᠬᠤᠭᠤᠴᠠᠭᠠᠨ ᠤ ᠪᠠᠶᠢᠳᠠᠯ ᠠᠴᠠ ᠦᠵᠡᠪᠡᠯ᠂ ᠳᠡᠭᠡᠷ᠎ᠡ ᠬᠠᠭᠠᠰ ᠵᠢᠯ ᠳᠤ᠂ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢᠨ ᠨᠡᠮᠡᠭᠳᠡᠯ ᠤᠨ ᠬᠤᠷᠳᠤᠴᠠ  ᠨᠢ ᠠᠳᠠᠯᠢ ᠬᠤᠭᠤᠴᠠᠭᠠᠨ ᠤ ᠬᠢ ᠠᠴᠠ 19.6 ᠵᠠᠭᠤᠨ ᠤ ᠬᠤᠪᠢ ᠪᠠᠭᠤᠷᠠᠵᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 0.3 ᠵᠠᠭᠤᠨ ᠤ ᠬᠤᠪᠢ ᠪᠠᠭᠤᠷᠠᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠠᠳᠠᠯᠢ ᠬᠤᠭᠤᠴᠠᠭᠠᠨ ᠤ ᠬᠢ ᠠᠴᠠ 5.3 ᠵᠠᠭᠤᠨ ᠤ ᠬᠤᠪᠢ ᠪᠠᠭᠤᠷᠠᠵᠤ᠂ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠠᠳᠠᠯᠢ ᠬᠤᠭᠤᠴᠠᠭᠠᠨ ᠤ ᠬᠢ ᠠᠴᠠ 12.9  ᠵᠠᠭᠤᠨ ᠤ ᠬᠤᠪᠢ ᠪᠠᠭᠤᠷᠠᠪᠠ︔ ᠭᠠᠷᠠᠬᠠᠨ ᠬᠠᠷᠢᠴᠠᠯ ᠤᠨ ᠪᠠᠶᠢᠳᠠᠯ ᠠᠴᠠ ᠦᠵᠡᠪᠡᠯ᠂ ᠳᠡᠭᠡᠷ᠎ᠡ ᠬᠠᠭᠠᠰ ᠵᠢᠯ ᠳᠤ᠂  ᠪᠦᠬᠦ ᠬᠤᠰᠢᠭᠤᠨ  ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠤᠨ ᠠᠳᠠᠯᠢ ᠬᠤᠭᠤᠴᠠᠭᠠᠨ ᠤ ᠬᠢ ᠠᠴᠠ 2.1 ᠵᠠᠭᠤᠨ ᠤ ᠬᠤᠪᠢ ᠪᠠᠭᠤᠷᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ 1 —5 ᠰᠠᠷ᠎ᠠ ᠶᠢᠨ  ᠬᠢ ᠠᠴᠠ 2.6 ᠵᠠᠭᠤᠨ ᠤ ᠬᠤᠪᠢ  ᠪᠠᠭᠤᠷᠠᠨ᠂ ᠨᠢᠭᠡᠳᠦᠭᠡᠷ ᠤᠯᠠᠷᠢᠯ ᠲᠠᠢ ᠬᠠᠷᠢᠴᠠᠭᠤᠯᠪᠠᠯ 4.7 ᠵᠠᠭᠤᠨ ᠤ ᠬᠤᠪᠢ ᠪᠠᠭᠤᠷᠠᠪᠠ᠃ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠢ 1 —5 ᠰᠠᠷ᠎ᠠ ᠤ ᠬᠢ ᠠᠴᠠ 1.4 ᠵᠠᠭᠤᠨ ᠤ ᠬᠤᠪᠢ ᠪᠠᠭᠤᠷᠠᠵᠤ᠂ ᠡᠳ᠋ ᠤᠨ ᠵᠠᠰᠠᠭ ᠤᠨ ᠤᠷᠤᠯᠭ᠎ᠠ ᠶᠢᠨ ᠨᠡᠮᠡᠭᠳᠡᠯ ᠤᠨ ᠬᠤᠷᠳᠤᠴᠠ ᠨᠢ  1 —5 ᠰᠠᠷ᠎ᠠ ᠤ ᠬᠢ ᠠᠴᠠ 33.4 ᠵᠠᠭᠤᠨ ᠤ ᠬᠤᠪᠢ ᠪᠠᠭᠤᠷᠠᠪᠠ᠃     3.  ᠦᠢᠯᠡᠳᠪᠦᠷᠢᠯᠡᠯ ᠤᠨ ᠡᠯᠧᠮᠧᠨ᠋ᠲ ᠤᠨ ᠦᠪᠡᠷ ᠤᠨ ᠥᠷᠲᠡᠭ ᠨᠢ ᠳᠡᠭᠡᠭᠰᠢᠯᠡᠵᠦ᠂ ᠠᠵᠤ ᠠᠬᠤᠢ ᠶᠢᠨ ᠠᠰᠢᠭ ᠤᠯᠬᠤ ᠤᠷᠴᠢᠨ ᠪᠠᠭᠠᠰᠪᠠ᠃ ᠠᠵᠤ ᠠᠬᠤᠢ ᠶᠢᠨ ᠬᠦᠭᠵᠢᠯᠲᠡ ᠶᠢᠨ ᠱᠠᠲᠤᠨ ᠤ ᠬᠤᠪᠢᠷᠠᠯᠲᠠ ᠶᠢ ᠳᠠᠭᠠᠵᠤ᠂ ᠠᠵᠤ ᠠᠬᠤᠶᠢᠯᠠᠯ ᠤᠨ ᠬᠦᠮᠦᠨ ᠤ ᠬᠦᠴᠦᠨ ᠤ  ᠥᠪᠡᠷ ᠤᠨ ᠥᠷᠲᠡᠭ ᠳᠡᠭᠡᠭᠰᠢᠯᠡᠬᠦ ᠳᠠᠷᠤᠯᠲᠠ ᠳᠤ ᠲᠤᠯᠭᠠᠷᠠᠨ᠂ ᠭᠠᠵᠠᠷ ᠰᠢᠷᠤᠢ᠂ ᠠᠭᠤᠷᠬᠠᠢ ᠶᠢᠨ ᠡᠬᠢ ᠪᠠᠶᠠᠯᠢᠭ ᠪᠤᠯᠤᠨ ᠠᠮᠢ ᠠᠬᠤᠢ ᠶᠢᠨ ᠤᠷᠴᠢᠨ ᠲᠤᠭᠤᠷᠢᠨ ᠤ ᠬᠦᠯᠢᠶᠡᠰᠦᠯᠡᠯ ᠡᠳᠦᠷ ᠢᠷᠡᠬᠦᠶ᠎ᠡ ᠨᠡᠮᠡᠭᠳᠡᠵᠦ᠂ ᠡᠯᠧᠮᠧᠨ᠋ᠲ ᠤᠨ ᠦᠨ᠎ᠡ ᠦᠷᠭᠦᠯᠵᠢᠯᠡᠨ ᠳᠡᠭᠡᠭᠰᠢᠯᠡᠵᠦ᠂ ᠡᠯᠧᠮᠧᠨ᠋ᠲ ᠤᠨ  ᠤᠷᠤᠭᠤᠯᠤᠯᠲᠠ ᠶᠢ ᠶᠡᠬᠡᠪᠡᠷ ᠨᠡᠮᠡᠭᠳᠡᠭᠦᠯᠬᠦ ᠳᠤ ᠲᠦᠰᠢᠭᠯᠡᠨ᠂ ᠡᠬᠢ ᠪᠠᠶᠠᠯᠢᠭ ᠤᠨ ᠤᠷᠴᠢᠨ ᠲᠤᠭᠤᠷᠢᠨ ᠤ ᠬᠡᠲᠦ ᠵᠠᠷᠤᠯᠭ᠎ᠠ ᠪᠠᠷ ᠠᠵᠤ ᠠᠬᠤᠢ ᠶᠢᠨ ᠨᠡᠮᠡᠭᠳᠡᠯ ᠢ ᠠᠷᠭᠠᠴᠠᠭᠠᠬᠤ ᠳᠤ ᠤᠯᠠᠮ ᠬᠦᠴᠢᠷᠳᠡᠯ ᠲᠠᠢ ᠪᠤᠯᠪᠠ᠃ ᠬᠡᠳᠦᠶᠢᠪᠡᠷ ᠤᠯᠤᠰ ᠤᠨ ᠳᠤᠲᠤᠭᠠᠳᠤᠬᠢ ᠠᠵᠤ ᠠᠬᠤᠢ ᠶᠢᠨ ᠨᠥᠯᠥᠭᠡ ᠪᠠᠷ ᠪᠠᠶᠢᠳᠠᠯ ᠰᠠᠶᠢᠵᠢᠷᠠᠨ᠂ ᠴᠠᠶᠢᠷ ᠲᠤᠭᠤᠯᠭ᠎ᠠ ᠶᠢᠨ ᠦᠨ᠎ᠡ ᠠᠭᠠᠭᠵᠢᠯ ᠢᠶᠠᠷ ᠳᠡᠭᠡᠭᠰᠢᠯᠡᠭᠰᠡᠨ ᠪᠤᠯᠪᠠᠴᠤ᠂  ᠲᠦᠭᠦᠷᠡᠩᠭᠦᠲᠡ ᠡᠷᠭᠢᠯᠲᠡ ᠠᠴᠠ   ᠪᠠᠰᠠ ᠵᠤᠬᠢᠬᠤ ᠵᠦᠷᠢᠶ᠎ᠡ  ᠲᠠᠢ ᠪᠠᠶᠢᠵᠤ᠂ ᠥᠩᠭᠡᠲᠦ ᠲᠡᠮᠦᠷᠯᠢᠭ ᠢᠶᠠᠷ ᠭᠤᠣᠯ ᠪᠣᠯᠭᠠᠭᠰᠠᠨ ᠪᠦᠬᠦ ᠬᠤᠰᠢᠭᠤᠨ ᠤ ᠠᠵᠤ ᠦᠢᠯᠡᠳᠪᠦᠷᠢ ᠶᠢᠨ ᠪᠦᠬᠦᠯᠢ ᠴᠤᠭᠴᠠ ᠶᠢᠨ ᠦᠷᠢᠰᠦᠯᠳᠦᠬᠦ ᠬᠦᠴᠦᠨ ᠢ ᠨᠦᠯᠦᠭᠡᠯᠡᠪᠡ᠃ ᠳᠡᠭᠡᠷ᠎ᠡ ᠬᠠᠭᠠᠰ ᠵᠢᠯ ᠳᠤ᠂ ᠪᠦᠬᠦ ᠬᠤᠰᠢᠭᠤᠨ  ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠵᠡᠩᠨᠡᠯᠲᠡ ᠶᠢᠨ ᠦᠪᠡᠷ ᠤᠨ ᠥᠷᠲᠡᠭ ᠨᠢ ᠡᠵᠡᠭᠨᠡᠯᠲᠡ ᠶᠢᠨ ᠤᠷᠤᠯᠭ᠎ᠠ ᠶᠢᠨ 78.9% ᠶᠢ ᠡᠵᠡᠯᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 10.7 ᠵᠠᠭᠤᠨ ᠤ ᠬᠤᠪᠢ ᠳᠡᠭᠡᠭᠰᠢᠯᠡᠪᠡ᠃     ᠭᠤᠷᠪᠠ᠂ ᠨᠢᠳᠦᠨ ᠡᠮᠦᠨᠡᠬᠢ ᠠᠵᠤ ᠠᠬᠤᠢ ᠶᠢᠨ ᠠᠵᠢᠯ ᠳᠤ ᠳᠤᠷᠠᠳᠤᠭᠰᠠᠨ ᠰᠠᠨᠠᠭᠤᠯᠭ᠎ᠠ     ᠤᠲᠤ ᠮᠠᠨ ᠤ ᠬᠤᠰᠢᠭᠤ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠠᠶᠢᠭᠤᠯᠬᠤ ᠵᠠᠩᠭᠢᠯᠠᠭ᠎ᠠ ᠶᠢᠨ ᠱᠠᠲᠤᠨ ᠳᠤ ᠣᠷᠤᠰᠢᠵᠤ᠂ ᠠᠵᠤ ᠠᠬᠤᠢ ᠶᠢᠨ ᠡᠷᠭᠢᠯᠲᠡ ᠳᠤᠮᠳᠠᠬᠢ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ ᠴᠢᠩᠭ᠎ᠠ ᠠᠩᠬᠠᠷᠴᠤ ᠂ ᠤᠯᠤᠰ ᠤᠷᠤᠨ ᠤ ᠳᠠᠮᠵᠢᠵᠦ ᠪᠠᠶᠢᠭ᠎ᠠ ᠦᠪᠡᠷᠲᠡᠭᠡᠨ ᠵᠠᠰᠠᠬᠤ ᠤᠷᠤᠨ ᠤ ᠬᠦᠭᠵᠢᠯᠲᠡ ᠳᠤ ᠠᠰᠢᠭᠲᠠᠢ ᠲᠤᠬᠢᠶᠠᠯ ᠢ ᠵᠤᠬᠢᠰᠲᠠᠢ ᠠᠰᠢᠭᠯᠠᠵᠤ ᠬᠡᠷᠡᠭᠵᠢᠭᠦᠯᠦᠨ᠂ ᠪᠦᠬᠦ ᠵᠢᠯ ᠤᠨ ᠠᠵᠤ ᠠᠬᠤᠢ ᠶᠢᠨ ᠬᠠᠷᠠᠯᠲᠠ ᠶᠢ ᠲᠤᠭᠲᠠᠭᠰᠠᠨ ᠬᠤᠭᠤᠴᠠᠭᠠᠨ ᠳᠤ ᠪᠠᠨ ᠪᠡᠶᠡᠯᠡᠭᠦᠯᠬᠦ ᠶᠢ ᠪᠠᠲᠤᠯᠠᠨ᠎ᠠ᠃     1. ᠠᠵᠤ ᠠᠬᠤᠢ ᠶᠢᠨ ᠲᠣᠭᠲᠠᠭᠤᠨ ᠢ ᠪᠠᠲᠤᠯᠠᠨ᠎ᠠ᠃ ᠠᠵᠤ ᠠᠬᠤᠢ ᠶᠢᠨ ᠡᠷᠭᠢᠯᠲᠡ ᠶᠢᠨ ᠬᠢᠨᠠᠨ ᠪᠠᠶᠢᠴᠠᠭᠠᠯᠲᠠ ᠪᠠᠨ ᠴᠢᠩᠭᠠᠳᠬᠠᠵᠤ᠂ ᠤᠷᠢᠳᠴᠢᠯᠠᠨ ᠲᠦᠯᠦᠪᠯᠡᠵᠦ᠂ ᠤᠷᠢᠳᠴᠢᠯᠠᠨ ᠵᠠᠳᠠᠯᠤᠨ᠂ ᠤᠷᠢᠳᠴᠢᠯᠠᠨ ᠰᠡᠷᠡᠮᠵᠢᠯᠡᠵᠦ᠂ ᠵᠤᠬᠢᠰᠲᠠᠢ ᠠᠷᠭ᠎ᠠ ᠠᠪᠴᠢᠯ ᠢ ᠠᠪᠴᠤ᠂ ᠠᠵᠤ ᠠᠬᠤᠢ ᠶᠢᠨ ᠬᠡᠯᠪᠡᠯᠵᠡᠯ ᠭᠠᠷᠬᠤ ᠶᠢ ᠰᠡᠷᠭᠡᠶᠢᠯᠡᠨ᠎ᠡ᠃ ᠡᠭᠦᠨ ᠤ ᠬᠠᠮᠲᠤ᠂ ᠭᠤᠣᠯᠳᠠᠯᠭᠠᠲᠤ ᠠᠵᠤ ᠦᠢᠯᠡᠳᠪᠦᠷᠢ ᠶᠢᠨ ᠲᠤᠬᠢᠷᠠᠭᠤᠯᠤᠯᠲᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠪᠣᠳᠠᠲᠠᠢ ᠦᠢᠯᠡᠳᠪᠦᠷᠢᠯᠡᠯ ᠤᠨ ᠲᠤᠮᠲᠠ ᠲᠤᠯᠭᠠᠷᠠᠬᠤ ᠬᠦᠴᠢᠷᠳᠡᠯ ᠢ ᠲᠤᠤᠰᠢᠲᠠᠢ  ᠰᠢᠢᠳᠪᠦᠷᠢᠯᠡᠨ᠂ ᠨᠢᠭᠡ ᠪᠦᠯᠦᠭ ᠭᠤᠤᠯ ᠪᠤᠯᠬᠤ ᠠᠵᠤ ᠠᠬᠤᠶᠢᠯᠠᠯ ᠤᠨ ᠤᠯᠤᠰ ᠤᠨ ᠳᠤᠲᠤᠭᠠᠲᠤ ᠳᠠᠬᠢ ᠠᠵᠤ ᠠᠬᠤᠢ ᠶᠢᠨ ᠡᠷᠭᠢᠯᠲᠡ ᠰᠠᠶᠢᠨ᠂ ᠦᠨ᠎ᠡ ᠬᠠᠩᠰᠢ ᠥᠰᠥᠯᠲᠡ ᠲᠠᠢ ᠪᠠᠶᠢᠬᠤ ᠨᠦᠬᠦᠴᠡᠯ ᠳᠤ ᠰᠠᠭᠤᠷᠢᠯᠠᠵᠤ  ᠂ ᠡᠷᠲᠡ ᠨᠢᠭᠡᠨ ᠡᠳᠦᠷ ᠳᠦᠭᠦᠷᠡᠩ ᠡᠷᠭᠢᠯᠲᠡ ᠶᠢ ᠪᠡᠶᠡᠯᠡᠭᠦᠯᠦᠨ᠂  ᠪᠦᠬᠦ ᠬᠤᠰᠢᠭᠤᠨ ᠤ ᠠᠵᠤ ᠠᠬᠤᠢ ᠶᠢᠨ ᠬᠦᠭᠵᠢᠯᠲᠡ ᠶᠢ ᠲᠦᠯᠬᠢᠨ ᠠᠬᠢᠭᠤᠯᠤᠨ᠎ᠠ᠃     2. ᠠᠵᠤ ᠠᠬᠤᠢ ᠶᠢᠨ ᠨᠡᠮᠡᠭᠳᠡᠯ ᠴᠡᠭ ᠢ ᠪᠣᠶᠢᠵᠢᠭᠤᠯᠤᠨ᠎ᠠ᠃ ᠰᠢᠨ᠎ᠡ ᠪᠠᠷ ᠠᠰᠢᠭᠯᠠᠯᠲᠠ ᠳᠤ ᠣᠷᠤᠭᠤᠯᠤᠭᠰᠠᠨ ᠠᠵᠤ ᠠᠬᠤᠶᠢᠯᠠᠯ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠦᠢᠯᠡᠳᠪᠦᠷᠢᠯᠡᠯ ᠢ ᠬᠦᠳᠡᠯᠦᠩᠭᠦᠢ ᠪᠠᠶᠢᠳᠠᠯ ᠤᠨ ᠬᠢᠨᠠᠨ ᠬᠠᠮᠢᠶᠠᠷᠤᠯᠲᠠ ᠪᠠᠨ ᠴᠢᠩᠭᠠᠳᠬᠠᠵᠤ᠂ ᠠᠵᠤ ᠠᠬᠤᠶᠢᠯᠠᠯ ᠢ ᠢᠳᠡᠪᠬᠢᠲᠠᠢ ᠳᠡᠮᠵᠢᠨ᠂ ᠦᠢᠯᠡᠳᠪᠦᠷᠢᠯᠡᠯ ᠤᠨ ᠦᠢᠯᠡᠴᠢᠯᠡᠭᠡ ᠪᠣᠯᠤᠨ ᠪᠦᠷᠢᠳᠬᠡᠯ ᠤᠨ ᠠᠵᠢᠯ ᠢ ᠰᠠᠶᠢᠲᠤᠷ ᠪᠡᠶᠡᠯᠡᠭᠦᠯᠦᠨ᠎ᠡ︔ ᠪᠠᠶᠢᠭᠤᠯᠵᠤ ᠪᠠᠶᠢᠭ᠎ᠠ ᠠᠵᠤ ᠠᠬᠤᠶᠢᠯᠠᠯ ᠨᠢᠭᠡᠪᠦᠷᠢ ᠶᠢᠨ ᠮᠦᠷᠳᠡᠨ ᠪᠠᠶᠢᠴᠠᠭᠠᠯᠲᠠ ᠪᠠᠨ ᠴᠢᠩᠭᠠᠳᠬᠠᠵᠤ᠂ ᠲᠥᠷᠥᠯ ᠵᠦᠢᠯ ᠤᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠰᠢᠨ᠎ᠡ ᠪᠠᠷ ᠪᠠᠷᠢᠯᠭ᠎ᠠ ᠡᠬᠢᠯᠡᠭᠦᠯᠦᠭᠰᠡᠨ ᠪᠠ ᠦᠷᠭᠦᠯᠵᠢᠯᠡᠨ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠲᠣᠭᠲᠠᠭᠰᠠᠨ ᠬᠤᠭᠤᠴᠠᠭᠠᠨ ᠳᠠᠭᠠᠨ ᠠᠰᠢᠭᠯᠠᠯᠲᠠ ᠳᠤ ᠣᠷᠤᠭᠤᠯᠬᠤ ᠶᠢ ᠪᠠᠲᠤᠯᠠᠨ᠂ ᠠᠵᠤ ᠠᠬᠤᠢ ᠶᠢᠨ ᠨᠡᠮᠡᠭᠳᠡᠯ ᠴᠡᠭ ᠢ  ᠪᠣᠶᠢᠵᠢᠭᠤᠯᠤᠨ᠎ᠠ᠃     3. ᠪᠡᠯᠡ ᠤᠷᠤᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠵᠦ᠂ ᠠᠵᠤ ᠠᠬᠤᠢ ᠶᠢᠨ ᠬᠦᠭᠵᠢᠯᠲᠡ ᠶᠢᠨ ᠨᠦᠭᠡᠴᠡ ᠬᠦᠴᠦ ᠪᠠᠨ ᠴᠢᠩᠭᠠᠷᠠᠭᠤᠯᠤᠨ᠎ᠠ᠃ ᠨᠢᠭᠡ ᠲᠠᠯ᠎ᠠ ᠪᠠᠷ᠂ ᠠᠵᠤ ᠦᠢᠯᠡᠰ ᠤᠨ ᠪᠦᠲᠦᠴᠡ ᠶᠢᠨ ᠳᠡᠰ ᠳᠡᠪᠰᠢᠬᠦ ᠪᠠᠷ ᠪᠡᠯᠡ ᠣᠷᠤᠭᠤᠯᠤᠯᠲᠠ ᠶᠢᠨ ᠪᠦᠲᠦᠴᠡ ᠶᠢ ᠤᠯᠠᠮ ᠨᠢᠭᠡ ᠠᠯᠬᠤᠮ ᠳᠣᠬᠢᠷᠠᠭᠤᠯᠤᠨ ᠰᠢᠯᠢᠳᠡᠭᠵᠢᠭᠦᠯᠵᠦ ᠂ ᠨᠢᠭᠡᠳᠦᠭᠡᠷ ᠠᠵᠤ ᠦᠢᠯᠡᠰ ᠤᠨ ᠪᠡᠯᠡ ᠤᠷᠤᠭᠤᠯᠤᠯᠲᠠ ᠪᠠᠨ ᠴᠢᠩᠭᠠᠳᠬᠠᠨ᠂ ᠬᠤᠶᠠᠳᠤᠭᠠᠷ ᠠᠵᠤ ᠦᠢᠯᠡᠰ ᠤᠨ ᠪᠡᠯᠡ ᠤᠷᠤᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠵᠦ᠂ ᠭᠤᠷᠪᠠᠳᠤᠭᠠᠷ ᠠᠵᠤ ᠦᠢᠯᠡᠰ ᠤᠨ ᠪᠡᠯᠡ ᠤᠷᠤᠭᠤᠯᠤᠯᠲᠠ ᠶᠢᠨ ᠬᠦᠴᠦᠯᠡᠴᠡ ᠪᠠᠨ ᠲᠦᠷᠭᠡᠳᠬᠡᠨ᠎ᠡ᠃ ᠨᠥᠭᠦᠭᠡ ᠲᠠᠯ᠎ᠠ ᠪᠠᠷ᠂ ᠭᠤᠣᠯᠳᠠᠯᠭᠠᠲᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠦᠴᠦᠯᠡᠴᠡ ᠶᠢ ᠲᠦᠯᠬᠢᠨ ᠠᠬᠢᠭᠤᠯᠵᠤ᠂ ᠨᠢᠭᠡᠨᠲᠡ ᠡᠬᠢᠯᠡᠭᠦᠯᠦᠭᠰᠡᠨ ᠲᠥᠷᠥᠯ ᠵᠦᠢᠯ ᠤᠨ ᠮᠦᠷᠳᠡᠨ ᠪᠠᠶᠢᠴᠠᠭᠠᠯᠲᠠ ᠶᠢ ᠴᠢᠩᠭᠠᠳᠬᠠᠨ᠂ ᠡᠷᠲᠡ ᠨᠢᠭᠡᠨ ᠡᠳᠦᠷ ᠠᠰᠢᠭᠯᠠᠯᠲᠠ ᠳᠤ ᠣᠷᠤᠭᠤᠯᠤᠨ᠎ᠠ᠃ ᠰᠢᠨ᠎ᠡ ᠪᠠᠷ ᠡᠬᠢᠯᠡᠭᠦᠯᠬᠦ ᠭᠡᠵᠦ ᠪᠠᠶᠢᠭ᠎ᠠ ᠲᠥᠷᠥᠯ ᠵᠦᠢᠯ ᠤᠨ ᠬᠤᠯᠪᠤᠭᠳᠠᠯ ᠪᠦᠬᠦᠢ ᠪᠠᠶᠢᠭᠤᠯᠭ᠎ᠠ ᠠᠴᠠ ᠳ᠋ᠦ᠋ᠩᠰᠢᠭᠤᠷ ᠲᠦᠭᠦᠷᠢᠭ ᠠᠴᠠ ᠳᠡᠭᠡᠭᠰᠢᠬᠢ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ  ᠲᠠᠢ ᠲᠥᠷᠥᠯ ᠵᠦᠢᠯ ᠢ ᠬᠢᠨᠠᠨ ᠬᠦᠮᠦᠷᠭᠡᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠡᠷᠡᠭᠰᠡᠬᠦ ᠮᠠᠲ᠋ᠧᠷᠢᠶᠠᠯ ᠤᠳ ᠢ ᠴᠠᠭ ᠲᠤᠬᠠᠢ ᠳᠤᠨᠢ ᠳᠡᠭᠡᠭᠰᠢ ᠮᠡᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠪᠦᠬᠦᠨ ᠤ ᠨᠢᠭᠡᠲᠦᠯᠲᠡᠢ ᠪᠠᠶᠢᠬᠤ ᠶᠢ ᠪᠠᠲᠤᠯᠠᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号