ᠶᠠᠭᠤ ᠶᠢ ᠬᠡᠨᠡᠳᠳᠠ ᠶᠢᠨ ᠤᠯᠠᠨ ᠨᠡᠶᠢᠳᠠ ᠶᠢᠨ ᠬᠡᠷᠡᠭ ᠬᠡᠬᠦ ᠪᠤᠢ︖
ᠨᠡᠶᠢᠲᠡᠯᠡᠭᠰᠡᠨ ᠴᠠᠭ᠄
2015/8/11
        1. ᠶᠠᠭᠤ ᠶᠢ ᠬᠡᠨᠡᠳᠳᠠ ᠶᠢᠨ ᠤᠯᠠᠨ ᠨᠡᠶᠢᠳᠠ ᠶᠢᠨ ᠬᠡᠷᠡᠭ ᠬᠡᠬᠦ ᠪᠤᠢ︖     ᠬᠡᠨᠡᠳᠳᠠ ᠶᠢᠨ ᠤᠯᠠᠨ ᠨᠡᠶᠢᠳᠠ ᠶᠢᠨ ᠬᠡᠷᠡᠭ ᠭᠡᠳᠡᠭ ᠨᠢ ᠬᠡᠨᠡᠳᠳᠠ ᠡᠬᠦᠰᠤᠭ᠍ᠰᠡᠨ᠂ ᠬᠦᠨᠳᠦ ᠶᠡᠭᠡ ᠬᠦᠮᠤᠨ ᠠᠮᠢᠲᠠᠨ ᠤ ᠰᠢᠷᠬᠠᠲᠤᠯ᠂ ᠡᠳ᠋ ᠬᠤᠬᠰᠢᠯ ᠤᠨ ᠰᠥᠢᠲᠥᠯ᠂ ᠠᠮᠢ ᠠᠬᠤᠢ ᠤᠷᠴᠢᠨ ᠲᠤᠭᠤᠷᠢᠨ ᠤ ᠡᠪᠳᠡᠭᠳᠡᠯ ᠵᠢᠴᠢ ᠬᠦᠨᠳᠦ ᠨᠣᠴᠢᠲᠠᠢ ᠨᠡᠶᠢᠭᠡᠮ ᠤᠨ ᠬᠤᠬᠢᠷᠠᠯ ᠤᠴᠠᠷᠠᠭᠤᠯᠬᠤ ᠪᠤᠶᠤ ᠤᠴᠠᠷᠠᠭᠤᠯᠵᠤ ᠮᠡᠳᠡᠬᠦ  ᠂ ᠤᠯᠠᠨ ᠨᠡᠶᠢᠳᠠ ᠶᠢᠨ ᠠᠮᠤᠷ ᠲᠥᠪᠰᠢᠨ ᠢ ᠰᠦᠷᠳᠡᠭᠦᠯᠦᠭᠰᠡᠨ ᠪᠠᠴᠢᠮ ᠬᠡᠷᠡᠭ ᠢ ᠵᠢᠭᠠᠨ᠎ᠠ᠃         2. ᠭᠡᠨᠡᠳᠳᠠ ᠶᠢᠨ ᠤᠯᠠᠨ ᠨᠡᠶᠢᠳᠠ ᠶᠢᠨ ᠬᠡᠷᠡᠭ ᠢ ᠬᠡᠷᠬᠢᠨ ᠲᠦᠷᠤᠯ ᠬᠤᠪᠢᠶᠠᠬᠤ ᠪᠤᠢ︖     ᠬᠡᠨᠡᠳᠳᠠ ᠶᠢᠨ ᠤᠯᠠᠨ ᠨᠡᠶᠢᠳᠠ ᠶᠢᠨ ᠬᠡᠷᠡᠭ ᠤᠨ ᠡᠬᠦᠰᠤᠭ᠍ᠰᠡᠨ ᠶᠠᠪᠤᠴᠠ᠂ ᠰᠢᠨᠵᠢ ᠴᠢᠨᠠᠷ ᠬᠢᠭᠡᠳ ᠵᠢᠮ᠎ᠠ ᠬᠠᠤᠯᠢ ᠶᠢ ᠨᠢ ᠦᠨᠳᠦᠰᠦᠯᠡᠵᠦ᠂ ᠲᠤᠤᠷᠠᠬᠢ ᠲᠦᠷᠪᠡᠨ ᠲᠦᠷᠤᠯ ᠬᠤᠪᠢᠶᠠᠨ᠎ᠠ᠄  ︵1︶  ᠪᠠᠶᠢᠭᠠᠯᠢ ᠶᠢᠨ ᠭᠠᠮᠰᠢᠭ︔ ︵2︶ ᠡᠨᠡᠳᠡᠯ ᠤᠨ ᠭᠠᠢ ᠵᠣᠪᠠᠯᠠᠩ︔  ︵3  ︶ ᠤᠯᠠᠨ ᠨᠡᠶᠢᠳᠠ ᠶᠢᠨ ᠡᠷᠡᠭᠦᠯ ᠬᠠᠮᠠᠭᠠᠯᠠᠯ ᠤᠨ ᠬᠡᠷᠡᠭ︔  ︵4 ︶  ᠨᠡᠶᠢᠭᠡᠮ ᠤᠨ ᠠᠮᠤᠷ ᠲᠥᠪᠰᠢᠨ ᠤ ᠬᠡᠷᠡᠭ᠃     ᠪᠠᠶᠢᠭᠠᠯᠢ ᠶᠢᠨ ᠭᠠᠮᠰᠢᠭ᠄ ᠭᠤᠤᠯᠳᠠᠭᠤ ᠦᠶᠡᠷ ᠤᠰᠤ ᠪᠠ ᠭᠠᠩ ᠬᠠᠭᠰᠠᠷᠠᠭᠠᠨ ᠤ ᠭᠠᠮᠰᠢᠭ᠂ ᠴᠠᠭ ᠠᠭᠤᠷ ᠤᠨ ᠭᠠᠮᠰᠢᠭ᠂ ᠭᠧᠯᠦᠬᠢ ᠶᠢᠨ ᠭᠠᠮᠰᠢᠭ᠂ ᠭᠠᠵᠠᠷ ᠬᠦᠳᠡᠯᠤᠯᠳᠡ ᠶᠢᠨ ᠭᠠᠮᠰᠢᠭ᠂ ᠲᠠᠯᠠᠢ ᠶᠢᠨ ᠢᠰᠬᠢᠷᠤᠯᠳᠠ ᠶᠢᠨ ᠭᠠᠮᠰᠢᠭ᠂ ᠠᠮᠢᠳᠤ ᠪᠤᠳᠠᠰ ᠤᠨ ᠭᠠᠮᠰᠢᠭ ᠬᠢᠭᠡᠳ ᠲᠠᠯ᠎ᠠ ᠨᠤᠳᠤᠭ ᠪᠠ ᠣᠢ ᠰᠢᠭᠤᠢ ᠶᠢᠨ ᠭᠠᠯ ᠤᠨ ᠭᠠᠮᠰᠢᠭ ᠵᠡᠷᠬᠡ᠃     ᠠᠳᠡᠯ ᠤᠨ ᠭᠠᠢ ᠵᠣᠪᠠᠯᠠᠩ᠄ ᠭᠤᠤᠯᠳᠠᠭᠤ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭ᠎ᠠ ᠵᠡᠷᠬᠡ ᠠᠵᠤ ᠠᠬᠤᠶᠢᠯᠠᠯ ᠤᠨ ᠡᠯ᠎ᠠ ᠵᠤᠶᠢᠯ ᠤᠨ ᠠᠳᠡᠯ᠂ ᠵᠠᠮ ᠲᠡᠭᠡᠭᠡᠪᠦᠷᠢ ᠶᠢᠨ ᠠᠳᠡᠯ᠂ ᠤᠯᠠᠨ ᠨᠡᠶᠢᠳᠠ ᠶᠢᠨ ᠲᠤᠨᠤᠭ ᠲᠦᠬᠦᠭᠡᠷᠤᠮᠵᠢ ᠶᠢᠨ ᠠᠳᠡᠯ᠂ ᠴᠦᠮ᠎ᠡ ᠪᠠ ᠰᠠᠴᠤᠷᠠᠭ ᠤᠨ ᠡᠨᠡᠳᠡᠯ᠂ ᠤᠷᠴᠢᠨ ᠲᠤᠭᠤᠷᠢᠨ ᠤ ᠪᠤᠵᠠᠷᠳᠠᠯ ᠬᠢᠭᠡᠳ ᠠᠮᠢ ᠠᠬᠤᠢ ᠶᠢᠨ ᠡᠪᠳᠡᠭᠳᠡᠯ ᠵᠡᠷᠬᠡ ᠪᠤᠯᠤᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号