ᠬᠤᠯᠠᠭᠠᠢ ᠬᠢᠬᠦ ᠠᠵᠢᠯᠯᠠᠭ᠎ᠠ ᠶᠢ ᠣᠯᠵᠣ ᠦᠵᠡᠪᠡᠯ᠂  ᠶᠠᠭᠠᠬᠢᠪᠠᠯ ᠵᠤᠬᠢᠬᠤ ᠪᠤᠢ︖
ᠨᠡᠶᠢᠲᠡᠯᠡᠭᠰᠡᠨ ᠴᠠᠭ᠄
2015/8/11
    ᠬᠤᠯᠠᠭᠠᠢ ᠬᠢᠬᠦ ᠠᠵᠢᠯᠯᠠᠭ᠎ᠠ ᠶᠢ ᠣᠯᠵᠣ ᠦᠵᠡᠪᠡᠯ᠂  ᠶᠠᠭᠠᠬᠢᠪᠠᠯ ᠵᠤᠬᠢᠬᠤ ᠪᠤᠢ︖     ᠬᠤᠯᠠᠭᠠᠢ ᠬᠢᠬᠦ ᠭᠡᠳᠡᠭ ᠨᠢ ᠨᠢᠭᠤᠴᠠ ᠠᠷᠭ᠎ᠠ ᠠᠪᠴᠢᠯ ᠢᠶᠠᠷ ᠪᠤᠰᠤᠳ ᠤᠨ ᠡᠳ᠋ ᠬᠤᠭᠰᠢᠯ ᠢ ᠥᠪᠡᠷ ᠤᠨ ᠢᠶᠠᠨ ᠪᠤᠯᠭᠠᠬᠤ ᠦᠢᠯᠡ ᠠᠵᠢᠯᠯᠠᠭ᠎ᠠ ᠶᠢ ᠬᠡᠯᠡᠨ᠎ᠡ᠃     ︵1︶ ᠣᠯᠠᠨ ᠨᠡᠶᠢᠳᠠ ᠶᠢᠨ ᠲᠠᠯᠠᠪᠤᠷ ᠲᠤ ᠬᠤᠯᠠᠭᠠᠶᠢᠴᠢ ᠶᠢᠨ ᠬᠤᠯᠠᠭᠠᠶᠢᠯᠠᠬᠤ ᠠᠵᠢᠯᠯᠠᠭ᠎ᠠ ᠶᠢ ᠣᠯᠵᠤ ᠦᠵᠡᠪᠡᠯ᠂ ᠶᠡᠭᠡ ᠲᠠᠭᠤᠨ ᠢᠶᠠᠷ ᠬᠠᠰᠬᠢᠷᠤᠨ ᠬᠤᠷᠢᠭᠯᠠᠨ ᠵᠤᠬᠰᠤᠭᠠᠬᠤ ᠪᠤᠶᠤ ᠤᠷᠴᠢᠨ ᠲᠤᠭᠤᠷᠢᠨ ᠤ ᠬᠦᠮᠦᠰ ᠲᠤ ᠮᠡᠳᠡᠭᠳᠡᠨ ᠬᠠᠮᠲᠤ ᠪᠠᠷ ᠬᠤᠷᠢᠭᠯᠠᠬᠤ ᠬᠡᠷᠡᠭᠲᠡᠢ᠃     ︵2︶  ᠶᠠᠯᠠᠲᠤ ᠡᠲᠡᠭᠡᠳ ᠶᠠᠭ ᠰᠠᠶ᠋ᠢᠬᠠᠨ ᠭᠡᠷ ᠲᠤᠳᠤᠷ᠎ᠠ ᠶᠠᠯᠠᠳᠤ ᠠᠵᠢᠯᠯᠠᠭ᠎ᠠ ᠬᠢᠵᠤ ᠪᠠᠶᠢᠭ᠎ᠠ ᠦᠶ᠎ᠡ ᠳᠤ ᠰᠢᠭᠤᠳ ᠤᠷᠤᠵᠤ ᠬᠤᠷᠢᠬᠠᠯᠠᠵᠤ ᠪᠤᠯᠬᠤ ᠦᠬᠡᠢ᠂ ᠬᠠᠷᠢᠨ ᠭᠠᠳᠠᠨ᠎ᠠ ᠭᠠᠷᠴᠤ ᠪᠤᠰᠤᠳ ᠤᠨ ᠲᠤᠰᠠᠯᠠᠮᠵᠢ ᠶᠢ ᠭᠤᠶᠤᠬᠤ ᠪᠤᠶᠤ ᠴᠠᠬᠳᠠᠭ᠎ᠠ ᠳᠤ ᠮᠡᠳᠡᠭᠦᠯᠬᠦ ᠬᠡᠷᠡᠭᠲᠡᠢ᠃     ︵3︶ ᠶᠡᠷᠦ ᠶᠢᠨ ᠪᠠᠶᠢᠳᠠᠯ ᠲᠤᠤᠷ᠎ᠠ᠂ ᠶᠠᠯᠠᠳᠤ ᠡᠲᠡᠭᠡᠳ ᠲᠠᠢ ᠠᠰ ᠲᠤᠯᠤᠨ ᠠᠪᠤᠨ ᠬᠠᠷᠢᠭᠤᠴᠠᠬᠤ ᠠᠴᠠ ᠵᠠᠶᠢᠯᠠᠰᠬᠢᠵᠤ᠂ ᠭᠡᠮᠲᠦᠯ ᠰᠢᠷᠠᠬᠳᠣᠯ ᠣᠯᠬᠤ ᠠᠴᠠ ᠰᠡᠷᠬᠡᠶᠢᠯᠡᠬᠦ ᠬᠡᠷᠡᠭᠳᠡᠢ᠃ ᠢᠯᠠᠩᠭᠤᠶ᠎ᠠ ᠣᠷᠣᠢ ᠦᠳᠡᠰᠢ ᠪᠠᠷ ᠶᠠᠯᠠᠳᠤ ᠡᠲᠡᠭᠡᠳ ᠲᠠᠢ ᠤᠴᠠᠷᠠᠪᠠᠯ᠂ ᠡᠷᠬᠡᠰᠢᠶᠠᠵᠤ ᠲᠠᠶᠢᠯᠬᠦ ᠪᠠᠶᠢᠳᠠᠯ ᠲᠤᠤᠷ᠎ᠠ ᠡᠷᠬᠡᠰᠢᠶᠡᠨ ᠪᠠᠷᠢᠪᠴᠢᠯᠠᠬᠤ ᠪᠤᠶᠤ ᠵᠠᠪᠰᠢᠶᠠᠨ ᠣᠯᠵᠣ ᠴᠠᠬᠳᠠᠭ᠎ᠠ ᠳᠤ ᠮᠡᠳᠡᠭᠦᠯᠵᠦ ᠲᠤᠰᠠᠯᠠᠮᠵᠢ ᠭᠤᠶᠤᠬᠤ ᠬᠡᠷᠡᠭᠳᠡᠢ᠃     ︵4︶ ᠬᠡᠷᠡᠭ ᠤᠨ ᠲᠠᠯᠠᠪᠠᠢ ᠠᠴᠠ ᠶᠠᠭ ᠰᠠᠯᠤᠨ ᠣᠳᠬᠤ ᠭᠡᠵᠦ ᠪᠠᠶᠢᠭ᠎ᠠ ᠶᠠᠯᠠᠳᠤ ᠡᠳᠡᠭᠡᠳ ᠤᠨ ᠬᠤᠪᠴᠠᠰᠤ ᠵᠠᠰᠠᠯ  ᠂ ᠦᠩᠬᠡ  ᠵᠢᠰᠦᠨ ᠤ ᠤᠨᠴᠠᠯᠢᠭ ᠰᠢᠨᠵᠢ ᠪᠣᠯᠤᠨ ᠶᠠᠪᠤᠭᠰᠠᠨ ᠵᠦᠭ ᠴᠢᠭᠯᠡᠯ ᠢ ᠲᠣᠳᠣᠷᠬᠠᠢ ᠴᠡᠭᠡᠵᠢᠯᠡᠵᠦ᠂  ᠬᠡᠷᠪᠡ ᠵᠠᠮ ᠬᠠᠷᠢᠯᠴᠠᠭᠠᠨ ᠤ ᠪᠠᠭᠠᠵᠢ ᠪᠠᠶᠢᠪᠠᠯ᠂ ᠲᠡᠷᠬᠡᠨ ᠤ ᠬᠡᠯᠪᠠᠷᠢ᠂ ᠦᠩᠬᠡ᠂ ᠲᠡᠷᠬᠡᠨ ᠫᠠᠶᠢᠰᠠᠨ ᠨᠣᠮᠧᠷ ᠵᠠᠷᠬᠡ ᠰᠦᠪᠡᠭᠴᠢ ᠶᠢ ᠳᠣᠲᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠲᠤ ᠮᠡᠳᠡᠬᠦᠯᠤᠨ᠎ᠡ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号