ᠪᠠᠭᠠᠷᠢᠨ ᠵᠡᠬᠦᠨ ᠬᠤᠰᠢᠭᠤᠨ ᠤ ᠮᠤᠩᠭᠤᠯ ᠰᠦᠯᠵᠢᠶ᠎ᠡ ᠶᠢᠨ ᠨᠠᠶᠢᠷᠠᠭᠤᠯᠬᠤ ᠬᠡᠯᠳᠡᠰ
ᠨᠡᠶᠢᠲᠡᠯᠡᠭᠰᠡᠨ ᠴᠠᠭ᠄
2015/8/18
ᠡᠷᠬᠢᠮ ᠬᠦᠨᠳᠤᠳᠤ ᠰᠦᠯᠵᠢᠶᠡᠴᠢᠳ ᠲᠠᠨ᠎ᠠ᠄         ᠲᠠᠨᠠᠷ ᠮᠢᠨᠢ ᠰᠠᠶᠢᠨ  ᠪᠠᠶᠢᠨᠠᠤ︖         ︽ᠪᠠᠭᠠᠷᠢᠨ ᠵᠡᠬᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ︾ ᠠᠷᠭ᠎ᠠ ᠶᠢᠨ ᠣᠯᠠᠷᠢᠯ ᠤᠨ 8 ᠰᠠᠷ᠎ᠠ ᠶᠢᠨ 14 ᠤ ᠡᠳᠦᠷ ︵ᠪᠢᠯᠢᠭ ᠤᠨ ᠣᠯᠠᠷᠢᠯ ᠤᠨ ᠲᠤᠯᠤᠭᠠᠨ ᠰᠠᠷ᠎ᠠ ᠶᠢᠨ ᠰᠢᠨ᠎ᠡ ᠶᠢᠨ ᠨᠢᠭᠡᠨ︶ ᠲᠤᠷᠰᠢᠨ ᠨᠡᠭᠡᠭᠡᠵᠦ᠂ ᠲᠠᠨᠠᠷ ᠤᠨ ᠬᠤᠵᠢᠮ ᠤᠨ ᠠᠮᠢᠳᠤᠷᠠᠯ ᠤᠨ  ᠳᠠᠨᠢ ᠨᠢᠭᠡ ᠭᠡᠰᠡᠭ ᠠᠭᠤᠯᠭ᠎ᠠ ᠪᠤᠯᠬᠤ ᠪᠠᠷ ᠣᠴᠠᠷᠡᠨ ᠵᠣᠯᠭᠠᠵᠤ ᠪᠠᠶᠢᠨ᠎ᠠ᠃         ︽ᠪᠠᠭᠠᠷᠢᠨ ᠵᠡᠬᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ︾ ᠨᠢ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠵᠢᠴᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠤᠪᠴᠢᠲᠠᠢ ᠤᠳᠤᠷᠢᠳᠤᠯᠭ᠎ᠠ ᠳᠣᠣᠷ᠎ᠠ᠂ ︽ᠦᠨᠳᠤᠰᠤᠳᠠᠨ ᠤ ᠤᠷᠤᠨ ᠤ ᠦᠪᠡᠷᠳᠡᠬᠡᠨ ᠵᠠᠰᠠᠬᠤ ᠬᠠᠣᠯᠢ︾᠂ ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠮᠤᠩᠭᠤᠯ ᠦᠬᠡ ᠬᠡᠯᠠ ᠦᠰᠦᠭ ᠪᠢᠴᠢᠭ ᠤᠨ ᠠᠵᠢᠯ ᠤᠨ ᠲᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤ ᠵᠠᠰᠠᠭ ᠤᠨ ᠣᠷᠳᠣᠨ ᠤ ᠳᠦᠷᠢ ᠳᠥᠷᠬᠦ ᠶᠢ ᠢᠯᠡᠷᠡᠭᠦᠯᠦᠨ᠂  ᠮᠣᠩᠭᠤᠯ ᠦᠭᠡ ᠬᠡᠯᠡ ᠦᠰᠦᠭ ᠪᠢᠴᠢᠭ ᠢᠶᠠᠷ ᠢᠶᠠᠨ ᠨᠠᠮ ᠤᠨ ᠱᠤᠭᠤᠮ ᠴᠢᠭᠯᠡᠯᠲᠡ᠂ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠳᠦᠷᠢᠮ ᠢ ᠪᠦᠲᠦᠮᠵᠢᠲᠠᠢ ᠤᠬᠠᠭᠤᠯᠵᠤ᠂ ᠬᠤᠰᠢᠭᠤ᠂ ᠬᠤᠳᠠ᠂ ᠥᠪᠡᠷᠲᠡᠭᠡᠨ ᠵᠠᠰᠠᠬᠤ ᠣᠷᠣᠨ᠂ ᠨᠡᠩ ᠴᠢᠨᠠᠭᠰᠢᠯᠠᠨ ᠣᠯᠣᠰ ᠭᠡᠷ᠂  ᠳᠡᠯᠡᠬᠡᠢ ᠨᠡᠶᠢᠳᠠ ᠶᠢᠨ ᠴᠠᠭ ᠲᠥᠷᠥ ᠶᠢᠨ ᠪᠠᠶᠢᠳᠠᠯ ᠢ ᠴᠠᠭ ᠲᠤᠬᠠᠢ ᠳᠤᠨᠢ ᠨᠡᠶᠢᠲᠡᠯᠡᠨ᠂ ᠣᠯᠠᠨ ᠲᠦᠮᠡᠨ ᠤ ᠨᠡᠩ ᠲᠥᠷᠭᠡᠨ᠂ ᠨᠡᠩ ᠣᠨᠤᠪᠴᠢᠲᠠᠢ ᠪᠠᠷ ᠰᠤᠷᠠᠭ ᠵᠠᠩᠭᠢ ᠬᠦᠯᠢᠶᠡᠨ ᠠᠪᠬᠤ ᠳᠤ ᠳᠦᠭᠦᠮ ᠦᠢᠯᠡᠴᠢᠯᠡᠭᠡ  ᠬᠠᠩᠭᠠᠬᠤ ᠶᠢᠨ ᠬᠠᠮᠳᠣ᠂ ᠪᠠᠭᠠᠷᠢᠨ ᠵᠡᠬᠦᠨ ᠬᠤᠰᠢᠭᠤᠨ ᠤ ᠮᠤᠩᠭᠤᠯᠴᠤᠳ ᠤᠨ ᠰᠣᠶᠣᠯ ᠢᠷᠬᠡᠨᠰᠢᠯ ᠤᠨ ᠬᠠᠮᠢᠶ᠎ᠠ ᠪᠦᠬᠦᠢ ᠠᠭᠤᠯᠭ᠎ᠠ ᠶᠢ ᠲᠠ ᠪᠦᠬᠦᠨ ᠳᠤ ᠳᠣᠯᠢᠳᠠᠭᠤᠯᠬᠤ ᠪᠠᠷ ᠪᠤᠢ᠃         ᠮᠠᠨ ᠤ  ︽ᠵᠠᠰᠠᠭ ᠢ ᠣᠷᠳᠣᠨ  ︾ ᠤ ᠰᠦᠯᠵᠢᠶ᠎ᠡ ᠶᠢᠨ ᠨᠠᠶᠢᠷᠠᠭᠤᠯᠬᠤ ᠬᠡᠯᠲᠡᠰ ᠲᠤ ᠨᠡᠶᠢᠳᠠ 4 ᠬᠦᠮᠦᠨ  ᠲᠠᠢ᠄          ᠶᠡᠷᠦᠩᠬᠡᠢ  ᠨᠠᠶᠢᠷᠠᠭᠤᠯᠤᠬᠴᠢ᠄ ᠠᠯᠳᠠᠨ᠋ᠧᠴᠢᠷ          ᠬᠠᠷᠢᠭᠤᠴᠠᠬᠰᠡᠨ‌ᠨᠠᠶᠢᠷᠠᠭᠤᠯᠤᠬᠴᠢ᠂ ᠣᠷᠴᠢᠭᠤᠯᠤᠬᠴᠢ᠄ ᠠᠷᠢᠭᠤᠨ᠎ᠠ          ᠬᠦᠢᠴᠡᠳᠬᠡᠭᠰᠡᠨ ᠨᠠᠶᠢᠷᠠᠭᠤᠯᠤᠬᠴᠢ᠂ ᠺᠤᠮᠫᠢᠤᠲ᠋ᠧᠷᠯᠢᠭᠴᠢ᠂ ᠤᠷᠴᠢᠭᠤᠯᠤᠭᠴᠢ᠂᠄  ᠰᠣᠷᠣᠨ᠎ᠠ          ᠡᠬᠡ ᠪᠢᠴᠢᠭ ᠴᠣᠬᠯᠠᠭᠤᠯᠤᠬᠴᠢ᠂ ᠨᠠᠶᠢᠷᠠᠭᠤᠯᠤᠬᠴᠢ  ᠄ ᠬᠦᠮᠦᠵᠢᠯ         ︽ᠪᠠᠭᠠᠷᠢᠨ ᠵᠡᠬᠦᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ︾  ᠮᠠᠨᠢ ᠪᠢᠳᠠ ᠪᠦᠬᠦᠨ ᠵᠢᠴᠢ ᠲᠠ ᠪᠦᠬᠦᠨ ᠤ ᠬᠠᠮᠳᠤ ᠶᠢᠨ ᠬᠦᠴᠤᠨ ᠳᠤ ᠨᠡᠩ ᠣᠷᠣᠬᠰᠢᠳᠠᠢ᠂ ᠨᠡᠩ ᠦᠷᠬᠡᠨ ᠳᠡᠯᠭᠡᠷ ᠠᠭᠤᠯᠭ᠎ᠠ  ᠲᠠᠢ᠂ ᠨᠡᠩ ᠪᠠᠳᠠᠷᠠᠨ  ᠴᠡᠴᠡᠭᠯᠡᠵᠤ ᠴᠢᠳᠠᠨ᠎ᠠ ᠭᠡᠳᠡᠭ ᠲᠤ ᠪᠠᠳᠦ ᠢᠳᠡᠭᠡᠯ ᠲᠠᠢ ᠪᠠᠶᠢᠨ᠎ᠠ᠃ ᠡᠷᠬᠢᠮ ᠣᠯᠠᠨ ᠰᠦᠯᠵᠢᠶᠡᠴᠢᠳ ᠮᠢᠨᠢ ᠮᠠᠨ ᠤ ᠰᠦᠯᠵᠢᠶᠠᠨ ᠳᠤ ᠠᠩᠬᠠᠷᠣᠯ ᠢᠶᠠᠨ ᠬᠠᠨᠳᠤᠭᠤᠯᠵᠤ ᠰᠠᠨᠠᠯ  ᠵᠦᠪᠯᠡᠯᠭᠡ ᠪᠠᠨ ᠬᠠᠷᠠᠮ ᠦᠬᠡᠢ ᠬᠠᠶᠢᠷᠠᠯᠠᠨᠠᠤ︖
        ᠲᠠᠭᠤᠳᠠᠭᠠᠴᠢ ᠠᠯᠲᠠᠨ᠋ᠧᠴᠢᠷ    ᠪᠠᠭᠠᠷᠢᠨ ᠵᠡᠬᠦᠨ ᠬᠤᠰᠢᠭᠤᠨ ᠤ ᠦᠨᠳᠤᠰᠣᠳᠠᠡ ᠱᠠᠰᠢᠨ ᠰᠤᠷᠳᠠᠬᠤᠨ ᠤ ᠬᠡᠷᠡᠭ ᠡᠷᠬᠢᠯᠡᠬᠦ  ᠲᠤᠪᠴᠢᠶᠠᠨ ᠤ ᠲᠡᠳ᠋ ᠲᠤᠪᠴᠢᠶᠠᠨ ᠲᠠᠷᠤᠭ᠎ᠠ  ᠂ ᠦᠪᠦᠷ ᠮᠤᠩᠭᠤᠯ ᠤᠨ ᠵᠤᠬᠢᠶᠠᠯᠴᠢᠳ ᠤᠨ ᠡᠪᠯᠡᠯ  ᠤᠨ ᠭᠡᠰᠢᠭᠦᠨ᠂ ᠵᠣᠦ ᠤᠳᠠ ᠮᠤᠩᠭᠤᠯ ᠤᠷᠠᠨ ᠵᠤᠬᠢᠶᠠᠯᠴᠢᠳ ᠤᠨ ᠨᠡᠶᠢᠭᠡᠮᠯᠢᠭ ᠤᠨ ᠲᠡᠳ᠋ ᠲᠡᠷᠢᠬᠦᠯᠡᠭᠴᠢ᠂ ᠪᠠᠭᠠᠷᠢᠨ ᠵᠡᠭᠦᠨ ᠬᠤᠰᠢᠭᠤᠨ ᠤ ᠮᠤᠩᠭᠤᠯ ᠤᠯᠠᠨᠵᠢᠯᠠᠯᠲᠦ ᠰᠤᠶᠤᠯ ᠤᠨ ᠨᠡᠶᠢᠭᠡᠮᠯᠢᠭ ᠤᠨ ᠳᠡᠳ᠋ ᠨᠠᠷᠢᠨ ᠪᠢᠴᠢᠭ ᠤᠨ ᠳᠠᠷᠤᠭ᠎ᠠ᠂ ᠠᠯᠪᠠᠨ ᠭᠡᠷ ᠤᠨ ᠡᠷᠬᠢᠯᠡᠭᠴᠢ᠂ ᠤᠳᠬ᠎ᠠ ᠤᠷᠯᠢᠭ ᠤᠨ ᠬᠤᠪᠢᠶᠠᠷᠢ ᠨᠡᠶᠢᠭᠡᠮᠯᠢᠭ ᠤᠨ ᠳᠡᠳ᠋ ᠲᠡᠷᠢᠭᠦᠯᠡᠭᠴᠢ ᠵᠡᠷᠭᠡ ᠨᠡᠶᠢᠭᠡᠮ ᠨᠡᠶᠢᠲᠡ ᠶᠢᠨ ᠲᠤᠰᠢᠶᠠᠯ ᠤᠳ ᠢ ᠬᠠᠪᠰᠤᠷᠭᠠᠨ ᠬᠠᠷᠢᠭᠤᠴᠠᠵᠤ ᠪᠤᠢ᠃ ᠣᠳᠣ ᠵᠠᠰᠠᠭ ᠤᠨ ᠣᠷᠳᠣᠨ ᠤ ᠰᠦᠯᠵᠢᠶ᠎ᠡ ᠶᠢᠨ ᠶᠡᠷᠤᠩᠬᠡᠢ ᠨᠠᠶᠢᠷᠠᠭᠤᠯᠤᠬᠴᠢ ᠶᠢᠨ ᠠᠵᠢᠯ ᠢ ᠬᠠᠪᠰᠤᠷᠭᠠᠨ ᠠᠵᠢᠯᠯᠠᠵᠤ ᠪᠤᠢ᠃
        ᠠᠷᠢᠭᠤᠨ᠎ᠠ   ᠪᠠᠭᠠᠷᠢᠨ ᠵᠡᠬᠦᠨ ᠬᠤᠰᠢᠭᠤᠨ ᠤ ᠪᠠᠶ᠋ᠬᠠᠠᠭᠤᠯᠠ ᠰᠤᠮᠤ ᠪᠠᠷ  ᠨᠣᠳᠣᠬᠳᠠᠢ᠃ 2010 ᠤᠨ  ᠳᠤ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠤᠮᠳᠠᠳᠤ ᠤᠯᠤᠰ ᠤᠨ ᠴᠦᠬᠡᠨ ᠲᠤᠭᠠᠳᠤ ᠦᠨᠳᠦᠰᠦᠳᠡᠨ ᠤ ᠬᠡᠯᠡ ᠪᠠ ᠤᠳᠬ᠎ᠠ ᠵᠤᠬᠢᠶᠠᠯ ᠰᠤᠳᠤᠯᠬᠤ ᠴᠢᠭᠯᠡᠯ ᠢᠶᠠᠷ ᠠᠰᠫᠢᠷᠠᠨᠲ ᠤᠨ ᠰᠤᠷᠤᠯᠭ᠎ᠠ ᠪᠠᠨ ᠲᠡᠬᠦᠰᠬᠡᠵᠦ᠂ ᠮᠦᠨ ᠵᠢᠯ ᠳᠤ ᠤᠶᠤᠳᠠᠨ ᠭᠠᠴᠠᠭᠠᠨ ᠲᠠᠷᠤᠭ᠎ᠠ ᠪᠠᠷ ᠪᠠᠶ᠋ᠬᠠᠠᠭᠤᠯᠠ ᠰᠤᠮᠤ ᠶᠢᠨ ᠴᠠᠭᠠᠨᠪᠠᠶᠢᠴᠠ ᠭᠠᠴᠠᠭᠠᠨ ᠤ ᠨᠠᠮ ᠤᠨ ᠡᠬᠦᠷ ᠤᠨ ᠱᠦᠵᠢ ᠶᠢᠨ ᠲᠤᠰᠠᠯᠠᠭᠴᠢ ᠪᠠᠷ 2 ᠵᠢᠯ ᠠᠵᠢᠯᠯᠠᠵᠠᠢ᠃ 2012 ᠤᠨ ᠳᠤ᠂ ᠬᠤᠰᠢᠭᠤᠨ ᠤ ᠦᠨᠳᠦᠰᠦᠳᠡᠨ ᠱᠠᠰᠢᠨ ᠰᠤᠷᠳᠠᠬᠤᠨ ᠤ ᠬᠡᠷᠡᠭ ᠡᠷᠬᠢᠯᠡᠬᠦ ᠲᠤᠪᠴᠢᠶ᠎ᠠ ᠶᠢᠨ ᠮᠤᠩᠭᠤᠯ ᠬᠡᠯᠡᠨ ᠤ ᠤᠷᠴᠢᠭᠤᠯᠭ᠎ᠠ ᠶᠢᠨ ᠲᠠᠰᠤᠭ ᠲᠤ ᠰᠢᠯᠵᠢᠨ ᠠᠵᠢᠯᠯᠠᠵᠠᠢ᠃ ᠣᠳᠣ ᠵᠠᠰᠠᠭ ᠤᠨ ᠣᠷᠳᠣᠨ ᠤ ᠰᠦᠯᠵᠢᠶ᠎ᠡ ᠶᠢᠨ ᠬᠠᠷᠢᠭᠤᠴᠠᠬᠰᠡᠨ ᠨᠠᠶᠢᠷᠠᠭᠤᠯᠤᠭᠴᠢ ᠪᠠ ᠣᠷᠴᠢᠭᠤᠯᠤᠭᠴᠢ ᠶᠢᠨ ᠠᠵᠢᠯ ᠢ ᠬᠠᠪᠰᠤᠷᠭᠠᠨ ᠬᠢᠵᠦ ᠪᠣᠢ᠃
       ᠰᠤᠷᠤᠨ᠎ᠠ   ᠣᠯᠠᠭᠠᠨᠬᠠᠳᠠ ᠬᠤᠳᠠ ᠶᠢᠨ ᠪᠠᠭᠠᠷᠢᠨ ᠵᠡᠬᠦᠨ ᠬᠤᠰᠢᠭᠤᠨ ᠤ ᠪᠠᠶᠠᠨᠨᠢᠷᠤᠭᠤ ᠪᠠᠯᠭᠠᠰᠤᠨ ᠤ ᠶᠤᠯᠤ ᠶᠢᠨ ᠠᠷᠤ ᠭᠠᠴᠠᠭ᠎ᠠ ᠪᠠᠷ ᠨᠤᠳᠤᠬᠳᠠᠢ᠃ 2009 —2013  ᠣᠨ ᠳᠤ ᠦᠪᠤᠷ ᠮᠣᠩᠭᠤᠯ ᠤᠨ ᠦᠨᠳᠤᠰᠤᠳᠠᠨ ᠤ ᠶᠡᠭᠡ ᠰᠤᠷᠭᠠᠭᠤᠯᠢ  ᠶᠢᠨ ᠵᠠᠭᠤᠴᠢᠯᠠᠯᠳᠠ ᠶᠢᠨ ᠲᠡᠭᠡᠳᠤ ᠰᠤᠷᠭᠠᠭᠤᠯᠢ ᠶᠢᠨ ᠨᠠᠶᠢᠷᠠᠭᠤᠯᠵᠤ ᠬᠡᠪᠯᠡᠬᠦᠯᠬᠦ ᠲᠤᠰᠬᠠᠢ ᠮᠡᠷᠬᠡᠵᠢᠯ ᠢᠶᠠᠷ ᠲᠡᠬᠦᠰᠪᠡ᠃ ᠶᠡᠭᠡ  ᠰᠤᠷᠭᠠᠭᠤᠯᠢ ᠶᠢᠨ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠳᠠᠷ ᠲᠠᠢ᠃ ᠣᠳᠣ ᠵᠠᠰᠠᠭ ᠤᠨ ᠣᠷᠳᠣᠨ ᠤ ᠰᠦᠯᠵᠢᠶ᠎ᠡ ᠶᠢᠨ ᠬᠦᠢᠴᠡᠳᠬᠡᠭᠰᠡᠨ ᠨᠠᠶᠢᠷᠠᠭᠤᠯᠤᠬᠴᠢ᠂  ᠺᠤᠮᠫᠢᠤᠲ᠋ᠧᠷᠯᠢᠭᠴᠢ᠂ ᠣᠷᠴᠢᠭᠤᠯᠤᠬᠴᠢ ᠶᠢᠨ ᠠᠵᠢᠯ ᠢ ᠬᠢᠵᠤ ᠪᠤᠢ᠃
               
        ᠬᠦᠮᠦᠵᠢᠯ   ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠴᠠᠭᠠᠨᠬᠠᠳᠠ ᠰᠤᠮᠤᠨ ᠤ ᠤᠯᠠᠭᠠᠨᠭᠡᠷᠡᠯ ᠭᠠᠴᠠᠭ᠎ᠠ ᠪᠠᠷ ᠨᠤᠳᠤᠬᠳᠠᠢ᠃ 2009 —2013  ᠣᠨ ᠳᠤ ᠦᠪᠤᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ  ᠶᠢᠨ  ᠮᠠᠰᠢᠨ  ᠴᠠᠬᠢᠯᠭᠠᠨ ᠤ ᠢᠨᠵᠧᠨᠧᠷᠢᠩ ᠤᠨ ᠲᠡᠭᠡᠳᠤ ᠰᠤᠷᠭᠠᠭᠤᠯᠢ  ᠠᠴᠠ ᠲᠡᠭᠦᠰᠪᠡ᠃ ᠶᠡᠭᠡ ᠰᠤᠷᠭᠠᠭᠤᠯᠢ ᠶᠢᠨ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠳᠠᠷ ᠲᠠᠢ᠃ ᠣᠳᠣ ᠵᠠᠰᠠᠭ ᠤᠨ ᠣᠷᠳᠣᠨ ᠤ ᠰᠦᠯᠵᠢᠶ᠎ᠡ ᠶᠢᠨ ᠡᠬᠡ ᠪᠢᠴᠢᠭ ᠴᠤᠬᠯᠠᠭᠤᠯᠤᠬᠴᠢ᠂ ᠨᠠᠶᠢᠷᠠᠭᠤᠯᠤᠬᠴᠢ ᠶᠢᠨ ᠠᠵᠢᠯ ᠢ ᠬᠢᠵᠤ ᠪᠤᠢ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号