ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠠᠮᠤᠷ ᠲᠥᠪᠰᠢᠨ ᠤ ᠠᠵᠢᠯ ᠤᠨ ᠵᠢᠯᠤᠭᠤᠳᠤᠮᠵᠢ | | ᠬᠡᠥᠬᠡᠳ ᠪᠣᠯ ᠭᠡᠷ ᠪᠦᠯᠢ ᠶᠢᠨ ᠬᠦᠰᠡᠯᠡᠩ ᠪᠦᠭᠡᠳ ᠤᠯᠤᠰ ᠣᠷᠣᠨ ᠤ ᠢᠷᠡᠭᠡᠳᠦᠢ ᠪᠣᠯᠬᠤ ᠶᠤᠮ᠃ | ᠳᠤᠮᠳᠠᠳᠤ ᠪᠠᠭ᠎ᠠ ᠰᠤᠷᠭᠠᠭᠤᠯᠢ ᠶᠢᠨ ᠠᠮᠤᠷ ᠲᠥᠪᠰᠢᠨ ᠤ ᠠᠵᠢᠯ ᠨᠢ ᠲᠦᠮᠡ ᠮᠢᠩᠭᠠᠨ ᠭᠡᠷ ᠪᠦᠯᠢ ᠲᠠᠢ | ᠬᠤᠯᠪᠤᠯᠳᠤᠵᠤ᠂ ᠪᠦᠬᠦᠶᠢᠯᠡ ᠨᠡᠶᠢᠭᠡᠮ ᠤᠨ ᠠᠮᠤᠷ ᠲᠣᠭᠲᠠᠭᠤᠨ ᠪᠣᠯᠣᠨ ᠡᠶ᠎ᠡ ᠵᠣᠬᠢᠴᠠᠯ ᠲᠠᠢ ᠨᠢᠭᠲᠠ ᠬᠠᠷᠢᠴᠠᠭ᠎ᠠ | ᠬᠤᠯᠪᠤᠭ᠎ᠠ ᠲᠠᠢ ᠪᠠᠶᠢᠳᠠᠭ᠃ ᠡᠨᠡᠬᠦ ᠠᠵᠢᠯ ᠢ ᠰᠠᠶᠢᠲᠤᠷ ᠬᠢᠵᠦ᠂ ᠥᠷᠭᠡᠨ ᠣᠯᠠᠨ ᠪᠠᠭᠰᠢ ᠰᠤᠷᠤᠭᠴᠢ ᠶᠢᠨ ᠠᠮᠤᠷ | ᠲᠥᠪᠰᠢᠨ ᠢ ᠪᠠᠲᠤᠯᠠᠬᠤ ᠪᠣᠯ ᠰᠤᠷᠭᠠᠨ ᠬᠦᠮᠦᠵᠢᠯ ᠤᠨ ᠲᠡᠷᠢᠭᠦᠨ ᠴᠢᠬᠤᠯᠠ ᠶᠠᠪᠤᠳᠠᠯ ᠪᠣᠯᠬᠤ ᠪᠦᠭᠡᠳ ᠬᠡᠪ | ᠴᠢᠨᠠᠷ ᠤᠨ ᠰᠤᠷᠭᠠᠨ ᠬᠦᠮᠦᠵᠢᠯ ᠤᠨ ᠴᠢᠬᠤᠯᠠ ᠠᠭᠤᠯᠭ᠎ᠠ ᠪᠠ ᠬᠦᠴᠦᠨ ᠪᠦᠬᠦᠢ ᠪᠠᠲᠤᠯᠠᠭ᠎ᠠ ᠪᠣᠯᠬᠤ ᠶᠤᠮ᠃ | ᠠᠷᠠᠳ ᠣᠯᠠᠨ ᠳᠤ ᠲᠠᠭᠠᠰᠢᠶᠠᠭᠳᠠᠭᠰᠠᠨ ᠰᠤᠷᠭᠠᠨ ᠬᠦᠮᠦᠵᠢᠯ ᠤᠨ ᠦᠨᠳᠦᠰᠦᠨ ᠤᠷᠢᠳᠠᠯ ᠨᠦᠭᠦᠴᠡᠯ ᠪᠣᠯᠬᠤ ᠪᠠᠷ | ᠪᠠᠷᠠᠬᠤ ᠦᠭᠡᠢ ᠮᠦᠨ ᠴᠦ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠡ ᠶᠢ ᠨᠠᠶᠢᠳᠠᠪᠦᠷᠢᠵᠢᠭᠤᠯᠬᠤ | ᠱᠠᠭᠠᠷᠳᠠᠯᠭ᠎ᠠ ᠪᠠ ᠨᠡᠶᠢᠭᠡᠮ ᠵᠢᠷᠦᠮᠲᠦ ᠡᠶ᠎ᠡ ᠵᠣᠬᠢᠴᠠᠯᠲᠤ ᠨᠡᠶᠢᠭᠡᠮ ᠢ ᠪᠦᠲᠦᠭᠡᠨ ᠪᠠᠶᠢᠭᠤᠯᠬᠤ ᠴᠢᠬᠤᠯᠠ | ᠠᠭᠤᠯᠤᠭᠳᠠᠬᠤᠨ ᠪᠣᠯᠤᠨ᠎ᠠ᠃ | ᠰᠤᠷᠤᠭᠴᠢ ᠶᠢᠨ ᠠᠮᠤᠷ ᠲᠥᠪᠰᠢᠨ ᠢ ᠪᠠᠲᠤᠯᠠᠬᠤ ᠪᠣᠯ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠪᠣᠯᠤᠨ | ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠵᠠᠶᠢᠯᠠᠭᠤᠯᠵᠤ ᠪᠣᠯᠣᠰᠢ ᠦᠭᠡᠢ ᠳᠠᠷᠬᠠᠨ ᠬᠠᠷᠢᠭᠤᠴᠠᠯᠭ᠎ᠠ ᠮᠦᠨ᠃ ᠡᠯ᠎ᠡ | ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠪᠣᠯᠤᠨ ᠪᠠᠭᠰᠢ ᠨᠠᠷ ᠠᠴᠠ ᠰᠤᠷᠭᠠᠭᠤᠯᠢ ᠶᠢᠨ ᠠᠮᠤᠷ ᠲᠥᠪᠰᠢᠨ ᠤ | ᠬᠦᠮᠦᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ︽ᠳᠤᠮᠳᠠᠳᠤ ᠪᠠᠭ᠎ᠠ ᠰᠤᠷᠭᠠᠭᠤᠯᠢ | ᠪᠣᠯᠤᠨ ᠬᠡᠥᠬᠡᠳ ᠤᠨ ᠴᠡᠴᠡᠷᠯᠢᠭ ᠤᠨ ᠠᠮᠤᠷ ᠲᠥᠪᠰᠢᠨ ᠤ ᠬᠠᠮᠢᠶᠠᠷᠤᠯᠲᠠ ᠶᠢᠨ ᠠᠷᠭ᠎ᠠ︾ ᠪᠠ ︽ᠳᠤᠮᠳᠠᠳᠤ ᠪᠠᠭ᠎ᠠ | ᠰᠤᠷᠭᠠᠭᠤᠯᠢ ᠶᠢᠨ ᠣᠯᠠᠨ ᠨᠡᠶᠢᠲᠡ ᠶᠢᠨ ᠠᠮᠤᠷ ᠲᠥᠪᠰᠢᠨ ᠤ ᠬᠦᠮᠦᠵᠢᠯ ᠤᠨ ᠵᠢᠯᠤᠭᠤᠳᠬᠤ ᠬᠦᠲᠦᠯᠪᠦᠷᠢ ᠶᠢᠨ | ᠲᠣᠪᠴᠢ︾ ᠶᠢ ᠦᠨᠳᠦᠰᠦᠯᠡᠨ᠂ ᠠᠮᠤᠷ ᠲᠥᠪᠰᠢᠨ ᠤ ᠬᠦᠮᠦᠵᠢᠯ ᠤᠨ ᠠᠵᠢᠯ ᠢ ᠰᠤᠷᠭᠠᠭᠤᠯᠢ ᠶᠢᠨ ᠬᠠᠷᠠᠯᠲᠠᠲᠤ | ᠬᠠᠮᠢᠶᠠᠷᠤᠯᠲᠠ ᠶᠢᠨ ᠬᠦᠷᠢᠶ᠎ᠡ ᠬᠡᠪᠴᠢᠶᠡᠨ ᠳᠤ ᠣᠷᠤᠭᠤᠯᠵᠤ᠂ ᠳᠦᠷᠢᠮ ᠲᠣᠭᠲᠠᠭᠠᠯ ᠢ ᠪᠠᠶᠢᠭᠤᠯᠤᠨ | ᠲᠡᠭᠦᠯᠳᠡᠷᠵᠢᠭᠦᠯᠵᠦ᠂ ᠠᠮᠦᠷ ᠲᠥᠪᠰᠢᠨ ᠢ ᠪᠠᠲᠤᠯᠠᠬᠤ ᠠᠷᠭ᠎ᠠ ᠬᠡᠮᠵᠢᠶ᠎ᠡ ᠶᠢ ᠦᠨᠡᠨᠬᠦ ᠨᠠᠶᠢᠳᠠᠪᠦᠷᠢᠵᠢᠭᠤᠯᠬᠤ ᠬᠡᠷᠡᠭᠲᠡᠢ︔ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠥᠪᠡᠷ ᠢ ᠪᠠᠨ ᠬᠠᠮᠠᠭᠠᠯᠠᠬᠤ᠂ ᠠᠶᠤᠯ ᠶᠢ ᠰᠡᠷᠭᠡᠶᠢᠯᠡᠬᠦ ᠵᠢᠴᠢ | ᠠᠶᠤᠯ ᠢ ᠠᠷᠭᠠᠴᠠᠭᠠᠬᠤ ᠴᠢᠳᠠᠪᠦᠷᠢ ᠶᠢ ᠨᠢ ᠳᠡᠭᠡᠭᠰᠢᠯᠡᠭᠦᠯᠬᠦ ᠪᠠᠷ ᠭᠤᠣᠯ ᠰᠡᠳᠦᠪ ᠪᠣᠯᠭᠠᠭᠰᠠᠨ ᠰᠤᠷᠭᠠᠨ | ᠬᠦᠮᠦᠵᠢᠯ ᠤᠨ ᠠᠵᠢᠯᠯᠠᠭ᠎ᠠ ᠥᠷᠨᠢᠭᠦᠯᠵᠦ᠂ ᠠᠶᠤᠯ ᠲᠥᠭᠰᠢᠭᠦᠷᠢ ᠳᠤ ᠤᠴᠠᠷᠠᠬᠤ ᠦᠶᠡᠰ ᠤᠨ ᠥᠪᠡᠷ ᠢ ᠪᠠᠨ | ᠠᠪᠤᠷᠠᠬᠤ ᠬᠠᠮᠤᠭ ᠤᠨ ᠦᠨᠳᠦᠰᠦᠨ ᠠᠷᠭ᠎ᠠ ᠶᠢ ᠡᠵᠡᠮᠰᠢᠭᠦᠯᠦᠨ᠎ᠡ︔ ᠰᠤᠷᠤᠭᠴᠢ ᠶᠢᠨ ᠰᠡᠳᠬᠢᠴᠡ ᠶᠢᠨ ᠡᠷᠡᠭᠦᠯ | ᠮᠡᠨᠳᠦ ᠪᠠ ᠬᠠᠤᠯᠢ ᠲᠥᠷᠢᠮ ᠤᠨ ᠬᠦᠮᠦᠵᠢᠯ ᠢ ᠴᠢᠩᠭᠠᠳᠬᠠᠬᠤ ᠶᠢ ᠴᠢᠬᠤᠯᠠᠴᠢᠯᠠᠨ᠂ ᠰᠤᠷᠤᠭᠴᠢᠳ ᠤᠨ | ᠬᠤᠭᠤᠷᠤᠨᠳᠤᠬᠢ ᠵᠦᠷᠢᠴᠡᠯ ᠮᠦᠷᠭᠦᠯᠳᠦᠭᠡᠨ ᠢ ᠴᠠᠭ ᠲᠤᠬᠠᠢ ᠳᠤᠨᠢ ᠡᠶᠡᠳᠡᠭᠦᠯᠦᠨ ᠰᠢᠢᠳᠪᠦᠷᠢᠯᠡᠵᠦ᠂ | ᠰᠤᠷᠭᠠᠭᠤᠯᠢ ᠶᠢᠨ ᠬᠦᠷᠢᠶᠡᠨ ᠳᠤ ᠬᠦᠴᠦᠷᠬᠡᠭᠯᠡᠯ ᠤᠨ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ | ᠰᠤᠷᠤᠭᠴᠢ ᠶᠢᠨ ᠠᠮᠤᠷ ᠲᠥᠪᠰᠢᠨ ᠢ ᠪᠠᠲᠤᠯᠠᠬᠤ ᠪᠣᠯ ᠪᠠᠰᠠᠴᠤ ᠪᠦᠬᠦ ᠨᠡᠶᠢᠭᠡᠮ ᠤᠨ ᠬᠠᠮᠲᠤ ᠶᠢᠨ | ᠬᠠᠷᠢᠭᠤᠴᠠᠯᠭ᠎ᠠ ᠪᠣᠯᠬᠤ ᠶᠤᠮ᠃ ᠡᠯ᠎ᠡ ᠱᠠᠲᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠪᠠᠶᠢᠭᠤᠯᠭ᠎ᠠ | ᠪᠣᠯᠤᠨ ᠰᠤᠷᠭᠠᠭᠤᠯᠢ ᠠᠴᠠ ᠲᠤᠬᠠᠢ ᠶᠢᠨ ᠭᠠᠵᠠᠷ ᠤᠨ ᠳᠣᠲᠤᠭᠠᠳᠤ ᠶᠢ ᠬᠠᠮᠠᠭᠠᠯᠠᠬᠤ᠂ ᠠᠮᠤᠷ ᠲᠥᠪᠰᠢᠨ ᠳᠤ | ᠬᠢᠨᠠᠯᠲᠠ ᠲᠠᠯᠪᠢᠬᠤ ᠵᠢᠴᠢ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠦᠴᠢᠷ ᠲᠠᠢ ᠢᠳᠡᠪᠬᠢᠲᠠᠢ ᠬᠠᠷᠢᠯᠴᠠᠨ ᠬᠠᠮᠵᠢᠯᠴᠠᠵᠤ | ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠳᠡᠮᠵᠢᠯᠭᠡ ᠪᠣᠯᠤᠨ ᠭᠡᠷ ᠤᠨ ᠠᠬᠠᠮᠠᠳ ᠤᠨ ᠬᠠᠮᠵᠢᠯᠴᠠᠭ᠎ᠠ ᠶᠢ ᠣᠯᠵᠤ᠂ | ᠬᠦᠴᠦᠨ ᠢᠶᠠᠨ ᠬᠠᠮᠳᠤᠳᠬᠠᠨ᠂ ᠰᠤᠷᠭᠠᠭᠤᠯᠢ ᠶᠢᠨ ᠠᠮᠤᠷ ᠲᠥᠪᠰᠢᠨ ᠤ ᠬᠠᠮᠢᠶᠠᠷᠤᠯᠲᠠ ᠶᠢᠨ ᠠᠵᠢᠯ ᠤᠨ | ᠪᠦᠲᠦᠮᠵᠢᠲᠠᠢ ᠲᠣᠭᠲᠠᠯᠴᠠᠭ᠎ᠠ ᠶᠢ ᠪᠠᠶᠢᠭᠤᠯᠤᠨ᠎ᠠ᠃ | ᠨᠢᠭᠡ᠂ ᠰᠤᠷᠭᠠᠭᠤᠯᠢ ᠶᠢᠨ ᠡᠳᠦᠷ ᠲᠣᠳᠣᠮ ᠤᠨ ᠠᠮᠤᠷ ᠲᠥᠪᠰᠢᠨ ᠤ ᠬᠠᠮᠢᠶᠠᠷᠤᠯᠲᠠ ᠶᠢᠨ ᠳᠦᠷᠢᠮ | ᠰᠤᠷᠭᠠᠭᠤᠯᠢ ᠶᠢᠨ ᠡᠳᠦᠷ ᠲᠣᠳᠣᠮ ᠤᠨ ᠠᠮᠤᠷ ᠲᠥᠪᠰᠢᠨ ᠤ ᠬᠠᠮᠢᠶᠠᠷᠤᠯᠲᠠ ᠶᠢᠨ ᠳᠦᠷᠢᠮ ᠳᠤ ᠠᠮᠤᠷ | ᠲᠥᠪᠰᠢᠨ ᠤ ᠬᠠᠮᠢᠶᠠᠷᠤᠯᠲᠠ ᠶᠢᠨ ᠳᠦᠷᠢᠮ ᠲᠣᠭᠲᠠᠭᠠᠯ᠂ ᠬᠤᠭᠤᠴᠠᠭ᠎ᠠ ᠪᠦᠷᠢ ᠶᠢᠨ ᠶᠡᠷᠦᠳᠡ ᠶᠢᠨ ᠠᠮᠤᠷ | ᠲᠥᠪᠰᠢᠨ ᠤ ᠬᠠᠮᠢᠶᠠᠷᠤᠯᠲᠠ ᠵᠢᠴᠢ ᠡᠳᠦᠷ ᠪᠦᠷᠢ ᠶᠢᠨ ᠶᠡᠷᠦᠳᠡ ᠶᠢᠨ ᠠᠮᠤᠷ ᠲᠥᠪᠰᠢᠨ ᠤ ᠬᠠᠮᠢᠶᠠᠷᠤᠯᠲᠠ ᠭᠡᠵᠦ | ᠭᠤᠷᠪᠠᠨ ᠬᠡᠰᠡᠭ ᠢ ᠪᠠᠭᠲᠠᠭᠠᠨ᠎ᠠ᠃ | ⒈ ᠰᠤᠷᠭᠠᠭᠤᠯᠢ ᠶᠢᠨ ᠠᠮᠤᠷ ᠲᠥᠪᠰᠢᠨ ᠤ ᠬᠠᠮᠢᠶᠠᠷᠤᠯᠲᠠ ᠶᠢᠨ ᠳᠦᠷᠢᠮ ᠲᠣᠭᠲᠠᠭᠠᠯ | ⑴ ᠵᠠᠬᠢᠷᠤᠯ ᠤᠨ ᠬᠠᠷᠢᠭᠤᠴᠠᠯᠭ᠎ᠠ ᠶᠢᠨ ᠳᠦᠷᠢᠮ ᠪᠣᠯᠤᠨ ᠬᠠᠤᠯᠢ ᠳᠦᠷᠢᠮᠲᠦ ᠳᠡᠳ᠋ ᠵᠠᠬᠢᠷᠤᠯ ᠤᠨ | ᠳᠦᠷᠢᠮ᠃ | ⑵ ᠵᠢᠵᠢᠭᠦᠷᠯᠡᠬᠦ ᠳᠦᠷᠢᠮ᠃ | ⑶ ᠰᠦᠨᠢ ᠴᠠᠭᠳᠠᠨ ᠲᠣᠭᠤᠷᠢᠬᠤ ᠪᠠ ᠡᠭᠦᠳᠡ ᠬᠠᠷᠠᠬᠤ ᠳᠦᠷᠢᠮ᠃ | ⑷ ᠰᠤᠷᠭᠠᠭᠤᠯᠢ ᠶᠢᠨ ᠳᠤᠲᠤᠭᠠᠳᠤᠬᠢ ᠠᠮᠤᠷ ᠲᠥᠪᠰᠢᠨ ᠢ ᠲᠣᠭᠲᠠᠭᠰᠠᠨ ᠬᠤᠭᠤᠴᠠᠭ᠎ᠠ ᠪᠠᠷ | ᠪᠠᠶᠢᠴᠠᠭᠠᠬᠤ ᠳᠦᠷᠢᠮ ᠪᠠ ᠠᠶᠤᠯ ᠲᠠᠢ ᠭᠡᠷ ᠪᠠᠶᠢᠰᠢᠩ ᠢ ᠳᠡᠭᠡᠭᠰᠢ ᠮᠡᠳᠡᠭᠦᠯᠬᠦ ᠳᠦᠷᠢᠮ᠃ | ⑸ ᠭᠠᠯ ᠢ ᠰᠡᠷᠭᠡᠶᠢᠯᠡᠬᠦ ᠠᠮᠤᠷ ᠲᠥᠪᠰᠢᠨ ᠤ ᠳᠦᠷᠢᠮ ᠪᠠ ᠭᠠᠯ ᠢ ᠰᠡᠷᠭᠡᠶᠢᠯᠡᠬᠦ ᠠᠵᠢᠯ ᠤᠨ | ᠬᠠᠷᠢᠭᠤᠴᠠᠯᠭ᠎ᠠ ᠶᠢᠨ ᠳᠦᠷᠢᠮ᠃ | ⑹ ᠤᠰᠤ ᠪᠠ ᠴᠠᠬᠢᠯᠭᠠᠨ ᠤ ᠬᠡᠷᠡᠭᠰᠡᠯ ᠢ ᠬᠡᠷᠡᠭᠯᠡᠬᠦ ᠠᠮᠤᠷ ᠲᠥᠪᠰᠢᠨ ᠤ ᠬᠠᠮᠢᠶᠠᠷᠤᠯᠲᠠ ᠶᠢᠨ ᠳᠦᠷᠢᠮ | ᠃ | ⑺ ᠰᠤᠷᠭᠠᠭᠤᠯᠢ ᠶᠢᠨ ᠬᠤᠭᠤᠯᠠᠨ ᠭᠡᠷ ᠤᠨ ᠡᠳ᠋ ᠪᠠᠷᠠᠭ᠎ᠠ ᠶᠢ ᠲᠣᠭᠲᠠᠭᠰᠠᠨ ᠭᠠᠵᠠᠷ ᠠᠴᠠ ᠬᠤᠳᠠᠯᠳᠤᠨ | ᠣᠷᠤᠭᠤᠯᠬᠤ ᠪᠠ ᠳᠠᠩᠰᠠᠯᠠᠨ ᠲᠡᠮᠳᠡᠭᠯᠡᠬᠦ ᠳᠦᠷᠢᠮ᠂ ᠨᠣᠭᠤᠭ᠎ᠠ ᠪᠤᠳᠠᠭ᠎ᠠ ᠶᠢ ᠪᠠᠶᠢᠴᠠᠭᠠᠬᠤ ᠪᠠ ᠲᠡᠮᠳᠡᠭᠯᠡᠬᠦ ᠳᠦᠷᠢᠮ᠃ | | ⑻ ᠲᠤᠷᠰᠢᠯᠲᠠ ᠶᠢᠨ ᠲᠠᠰᠤᠭ ᠤᠨ ᠠᠮᠤᠷ ᠲᠥᠪᠰᠢᠨ ᠤ ᠬᠠᠮᠢᠶᠠᠷᠤᠯᠲᠠ ᠶᠢᠨ ᠳᠦᠷᠢᠮ᠃ | ⑼ ᠪᠠᠶᠢᠷᠢ ᠶᠢᠨ ᠰᠤᠷᠤᠭᠴᠢ ᠶᠢᠨ ᠠᠮᠤᠷ ᠲᠥᠪᠰᠢᠨ ᠤ ᠬᠠᠮᠢᠶᠠᠷᠤᠯᠲᠠ ᠶᠢᠨ ᠳᠦᠷᠢᠮ᠃ | ⑽ ᠶᠡᠭᠡ ᠬᠡᠪᠴᠢᠶᠡᠨ ᠤ ᠬᠦᠳᠡᠯᠭᠡᠭᠡᠨ ᠤ ᠠᠮᠤᠷ ᠲᠥᠪᠰᠢᠨ ᠤ ᠵᠦᠪᠰᠢᠶᠡᠷᠡᠯᠲᠡ ᠶᠢᠨ ᠳᠦᠷᠢᠮ᠃ | ⑾ ᠰᠤᠷᠤᠭᠴᠢ ᠶᠢᠨ ᠠᠮᠤᠷ ᠲᠥᠪᠰᠢᠨ ᠤ ᠴᠢᠮᠡᠭᠡ ᠵᠠᠩᠭᠢ ᠶᠢ ᠨᠡᠶᠢᠲᠡᠯᠡᠬᠦ ᠳᠦᠷᠢᠮ᠃ | ⑿ ᠰᠤᠷᠤᠭᠴᠢ ᠶᠢᠨ ᠠᠮᠤᠷ ᠲᠥᠪᠰᠢᠨ ᠤ ᠠᠵᠢᠯ ᠢ ᠬᠢᠨᠠᠨ ᠲᠣᠭᠲᠠᠭᠠᠬᠤ ᠠᠷᠭ᠎ᠠ ᠵᠢᠴᠢ ᠱᠠᠩᠨᠠᠵᠤ | ᠲᠣᠷᠭᠤᠭᠠᠬᠤ ᠳᠦᠷᠢᠮ᠃ | ⒉ ᠬᠤᠭᠤᠴᠠᠭ᠎ᠠ ᠪᠦᠷᠢ ᠶᠢᠨ ᠶᠡᠷᠦᠳᠡ ᠶᠢᠨ ᠠᠮᠤᠷ ᠲᠥᠪᠰᠢᠨ ᠤ ᠬᠠᠮᠢᠶᠠᠷᠤᠯᠲᠠ ᠶᠢᠨ ᠠᠵᠢᠯ | ⑴ ᠰᠠᠷ᠎ᠠ ᠪᠣᠯᠭᠠᠨ ᠠᠳᠠᠭ ᠲᠠᠭᠠᠨ ᠨᠢᠭᠡ ᠤᠳᠠᠭᠠᠨ ᠤ ᠠᠮᠤᠷ ᠲᠥᠪᠰᠢᠨ ᠤ ᠠᠵᠢᠯ ᠤᠨ ᠬᠤᠷᠠᠯ | ᠬᠤᠷᠠᠯᠳᠤᠭᠤᠯᠵᠤ᠂ ᠠᠮᠤᠷ ᠲᠥᠪᠰᠢᠨ ᠤ ᠬᠠᠮᠢᠶᠠᠷᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠤᠯᠭ᠎ᠠ ᠪᠠ | ᠲᠤᠷᠰᠢᠯᠭ᠎ᠠ ᠰᠤᠷᠭᠠᠮᠵᠢ ᠶᠢ ᠰᠤᠷᠤᠯᠴᠠᠨ᠂ ᠰᠤᠷᠭᠠᠭᠤᠯᠢ ᠶᠢᠨ ᠠᠮᠤᠷ ᠲᠥᠪᠰᠢᠨ ᠤ ᠠᠵᠢᠯ ᠤᠨ ᠳᠤᠮᠳᠠ ᠣᠷᠣᠰᠢᠵᠤ | ᠪᠠᠶᠢᠭ᠎ᠠ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ ᠠᠮᠤᠷ ᠲᠥᠪᠰᠢᠨ ᠤ ᠠᠵᠢᠯ ᠳᠤ ᠪᠠᠶᠢᠷᠢᠯᠠᠭᠤᠯᠤᠯᠲᠠ | ᠳᠣᠬᠢᠷᠠᠭᠤᠯᠤᠯᠲᠠ ᠬᠢᠨ᠎ᠡ᠃ | ⑵ ᠠᠮᠤᠷ ᠲᠥᠪᠰᠢᠨ ᠤ ᠭᠡᠮ ᠠᠷᠬᠠᠭ ᠤᠨ ᠪᠦᠬᠦ ᠲᠠᠯ᠎ᠠ ᠶᠢᠨ ᠪᠠᠶᠢᠴᠠᠭᠠᠯᠲᠠ ᠶᠢ ᠴᠠᠭ ᠲᠤᠬᠠᠢ ᠳᠤᠨᠢ | ᠬᠢᠵᠦ᠂ ᠳᠠᠩᠰᠠ ᠪᠠᠶᠢᠭᠤᠯᠤᠨ᠎ᠠ᠃ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠠᠪᠴᠤ᠂ | ᠭᠡᠮ ᠠᠷᠬᠠᠭ ᠢ ᠠᠷᠢᠯᠭᠠᠬᠤ ᠬᠡᠷᠡᠭᠲᠡᠢ︔ ᠥᠪᠡᠷᠲᠡᠭᠡᠨ ᠴᠡᠭᠴᠡᠯᠡᠨ ᠰᠠᠶᠢᠵᠢᠷᠠᠭᠤᠯᠵᠤ ᠳᠡᠶᠢᠯᠬᠦ ᠦᠭᠡᠢ ᠪᠣᠯ᠂ ᠳᠡᠭᠡᠳᠦ | ᠱᠠᠲᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠣᠯᠤᠨ ᠵᠠᠰᠠᠭ ᠤᠨ ᠣᠷᠳᠣᠨ ᠳᠤ | ᠪᠢᠴᠢᠭ ᠢᠶᠠᠷ ᠮᠡᠳᠡᠭᠦᠯᠬᠦ ᠬᠡᠷᠡᠭᠲᠡᠢ᠃ ᠭᠡᠮ ᠠᠷᠬᠠᠭ ᠢ ᠲᠤᠶᠢᠯᠪᠦᠷᠢᠲᠠᠢ ᠠᠷᠢᠯᠭᠠᠬᠤ ᠠᠴᠠ ᠡᠮᠦᠨ᠎ᠡ᠂ ᠬᠦᠴᠦᠲᠠᠢ | ᠰᠡᠷᠭᠡᠶᠢᠯᠡᠨ ᠬᠤᠷᠢᠭᠯᠠᠬᠤ ᠠᠷᠭ᠎ᠠ ᠠᠪᠴᠠᠯ ᠠᠪᠬᠤ ᠬᠡᠷᠡᠭᠲᠡᠢ᠃ | ⑶ ᠶᠡᠭᠡ ᠬᠡᠪᠴᠢᠶᠡᠨ ᠤ ᠬᠠᠮᠲᠤ ᠶᠢᠨ ᠬᠦᠳᠡᠯᠭᠡᠭᠡᠨ ᠵᠣᠬᠢᠶᠠᠨ ᠪᠠᠶᠢᠭᠤᠯᠬᠤ ᠳᠤ ᠲᠤᠰᠬᠠᠢ ᠬᠠᠮᠢᠶᠠᠷᠬᠤ | ᠬᠦᠮᠦᠨ ᠳᠣᠬᠢᠷᠠᠭᠤᠯᠵᠤ᠂ ᠲᠦᠷ ᠴᠠᠭ ᠤᠨ ᠠᠮᠤᠷ ᠲᠥᠪᠰᠢᠨ ᠤ ᠬᠠᠮᠢᠶᠠᠷᠤᠯᠲᠠ ᠶᠢᠨ ᠪᠠᠶᠢᠭᠤᠯᠤᠮᠵᠢ ᠪᠠᠶᠢᠭᠤᠯᠤᠨ᠂ | ᠠᠮᠤᠷ ᠲᠥᠪᠰᠢᠨ ᠤ ᠪᠠᠴᠢᠮ ᠠᠷᠭᠠᠴᠠᠭᠠᠬᠤ ᠪᠡᠯᠡᠳᠬᠡᠯ ᠲᠥᠰᠥᠪ ᠲᠣᠭᠲᠠᠭᠠᠵᠤ᠂ ᠡᠯ᠎ᠡ ᠭᠤᠭᠴᠤᠭᠠᠨ ᠳᠠᠬᠢ | ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠂ ᠳᠡᠭᠡᠳᠦ ᠱᠠᠲᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠤᠨ ᠵᠦᠪᠰᠢᠶᠡᠷᠡᠯ ᠢ ᠣᠯᠤᠭᠰᠠᠨ ᠤ ᠳᠠᠷᠠᠭ᠎ᠠ ᠰᠠᠶ᠋ᠢ ᠬᠡᠷᠡᠭᠵᠢᠭᠦᠯᠬᠦ ᠶᠢᠨ ᠳᠠᠭᠠᠤ᠂ ᠬᠤᠯᠪᠤᠭᠳᠠᠯ | ᠪᠦᠬᠦᠢ ᠰᠠᠯᠠᠭ᠎ᠠ ᠮᠦᠴᠢᠷ ᠤᠨ ᠵᠢᠭᠠᠨ ᠵᠢᠯᠤᠭᠤᠳᠤᠯᠭ᠎ᠠ ᠪᠣᠯᠤᠨ ᠳᠡᠮᠵᠢᠯᠭᠡ ᠶᠢ ᠣᠯᠬᠤ ᠬᠡᠷᠡᠭᠲᠡᠢ᠃ | ⑷ ᠬᠤᠭᠤᠴᠠᠭ᠎ᠠ ᠪᠦᠷᠢ ᠠᠳᠠᠭ ᠲᠠᠭᠠᠨ ᠨᠢᠭᠡ ᠤᠳᠠᠭᠠᠨ ᠤ ᠠᠮᠤᠷ ᠲᠥᠪᠰᠢᠨ ᠤ ᠰᠣᠷᠢᠯᠲᠠ ᠶᠢᠨ | ᠠᠵᠢᠯᠯᠠᠭᠠᠨ ᠦᠷᠨᠢᠭᠦᠯᠦᠨ᠎ᠡ᠃ | ⑸ ᠠᠳᠠᠯᠢ ᠪᠣᠰᠤ ᠬᠤᠭᠤᠴᠠᠭᠠᠨ ᠤ ᠠᠮᠤᠷ ᠲᠥᠪᠰᠢᠨ ᠤ ᠬᠦᠮᠦᠵᠢᠯ ᠤᠨ ᠭᠤᠣᠯᠳᠠᠯᠭ᠎ᠠ ᠶᠢ | ᠦᠨᠳᠦᠰᠦᠯᠡᠵᠦ᠂ ᠬᠠᠨᠳᠤᠯᠭᠠᠲᠤ ᠴᠢᠨᠠᠷᠲᠠᠢ ᠬᠦᠮᠦᠵᠢᠯ ᠬᠦᠷᠲᠡᠭᠡᠨ᠎ᠡ᠃ | ⑹ ᠬᠤᠭᠤᠴᠠᠭ᠎ᠠ ᠪᠦᠷᠢ ᠰᠤᠷᠭᠠᠭᠤᠯᠢ ᠶᠢᠨ ᠠᠮᠤᠷ ᠲᠥᠪᠰᠢᠨ ᠤ ᠬᠠᠮᠢᠶᠠᠷᠤᠯᠲᠠ ᠶᠢ ᠬᠢᠨᠠᠨ ᠦᠨᠡᠯᠡᠬᠦ | ᠪᠠ ᠳ᠋ᠦᠩᠨᠡᠵᠦ᠂ ᠡᠯ᠎ᠡ ᠠᠵᠢᠯ ᠤᠨ ᠪᠠᠶᠢᠷᠢ ᠳᠡᠭᠡᠷᠡᠬᠢ ᠠᠮᠤᠷ ᠲᠥᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ | ᠭᠦᠢᠴᠡᠳᠬᠡᠭᠰᠡᠨ ᠪᠠᠶᠢᠳᠠᠯ ᠶᠢ ᠪᠠᠶᠢᠴᠠᠭᠠᠨ᠂ ᠠᠮᠤᠷ ᠲᠥᠪᠰᠢᠨ ᠤ ᠬᠠᠮᠢᠶᠠᠷᠤᠯᠲᠠ ᠶᠢᠨ ᠳᠦᠷᠢᠮ ᠪᠠ ᠲᠥᠰᠥᠪ ᠢ | ᠴᠠᠭ ᠲᠤᠬᠠᠢ ᠳᠤᠨᠢ ᠲᠡᠭᠦᠯᠳᠡᠷᠵᠢᠭᠦᠯᠦᠨ᠎ᠡ᠃ | ⒊ ᠡᠳᠦᠷ ᠪᠦᠷᠢ ᠶᠢᠨ ᠶᠡᠷᠦᠳᠡ ᠶᠢᠨ ᠠᠮᠤᠷ ᠲᠥᠪᠰᠢᠨ ᠤ ᠬᠠᠮᠢᠶᠠᠷᠤᠯᠲᠠ ᠶᠢᠨ ᠠᠵᠢᠯ | ⑴ ᠰᠤᠷᠭᠠᠭᠤᠯᠢ ᠶᠢᠨ ᠠᠮᠤᠷ ᠲᠥᠪᠰᠢᠨ ᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠤᠨ | ᠱᠠᠭᠠᠷᠳᠠᠯᠭ᠎ᠠ ᠶᠢ ᠦᠨᠳᠦᠰᠦᠯᠡᠵᠦ᠂ ᠡᠯ᠎ᠡ ᠠᠵᠢᠯ ᠤᠨ ᠪᠠᠶᠢᠷᠢ ᠳᠡᠭᠡᠷᠡᠬᠢ ᠬᠦᠮᠦᠰ ᠠᠮᠤᠷ ᠲᠥᠪᠰᠢᠨ ᠤ ᠠᠵᠢᠯ ᠤᠨ | ᠲᠡᠮᠳᠡᠭᠯᠡᠯ ᠬᠢᠬᠦ ᠬᠡᠷᠡᠭᠲᠡᠢ᠃ | ⑵ ᠡᠳᠦᠷ ᠪᠣᠯᠭᠠᠨ ᠰᠤᠷᠭᠠᠭᠤᠯᠢ ᠶᠢᠨ ᠬᠦᠷᠢᠶ᠎ᠡ ᠶᠢ ᠴᠠᠭᠳᠠᠨ ᠲᠣᠭᠤᠷᠢᠵᠤ᠂ ᠰᠤᠷᠤᠭᠴᠢ ᠶᠢᠨ | ᠪᠠᠶᠢᠷᠢ ᠳᠤ 24 ᠴᠠᠭ ᠢᠶᠠᠷ ᠵᠢᠵᠢᠭᠦᠷᠯᠡᠵᠦ᠂ ᠬᠡᠷᠡᠭ ᠶᠠᠪᠤᠳᠠᠯ ᠭᠠᠷᠪᠠᠯ ᠴᠠᠭ ᠲᠤᠬᠠᠢ ᠳᠤᠨᠢ ᠰᠢᠢᠳᠪᠦᠷᠢᠯᠡᠬᠦ ᠶᠢᠨ | ᠬᠠᠮᠲᠤ ᠳᠡᠭᠡᠭᠰᠢ ᠮᠡᠳᠡᠭᠦᠯᠦᠨ᠎ᠡ᠃ | ⑶ ᠬᠢᠴᠢᠶᠡᠯ ᠤᠨ ᠴᠠᠭ ᠪᠣᠯᠤᠨ ᠣᠷᠣᠢ ᠶᠢᠨ ᠳᠠᠪᠲᠠᠯᠭ᠎ᠠ ᠶᠢᠨ ᠴᠠᠭ ᠢᠶᠠᠷ ᠰᠤᠷᠤᠭᠴᠢ ᠲᠥᠪᠯᠡᠷᠡᠨ | ᠣᠷᠤᠵᠤ ᠭᠠᠷᠬᠤ ᠴᠠᠭ ᠢ ᠵᠣᠬᠢᠰᠲᠠᠢ ᠳᠣᠬᠢᠷᠠᠭᠤᠯᠵᠤ᠂ ᠰᠢᠬᠠᠯᠳᠤᠵᠤ ᠴᠢᠬᠢᠯᠳᠦᠬᠦ᠂ ᠣᠶᠢᠴᠢᠵᠤ ᠰᠢᠷᠬᠠᠲᠤᠬᠤ ᠠᠴᠠ | ᠰᠡᠷᠭᠡᠶᠢᠯᠡᠨ᠎ᠡ᠃ | ⑷ ᠴᠢᠯᠦᠭᠡ ᠣᠯᠭᠤᠬᠤ ᠠᠵᠢᠯ ᠢ ᠰᠠᠶᠢᠲᠤᠷ ᠬᠢᠵᠦ᠂ ᠬᠡᠷᠪᠡ ᠰᠤᠷᠤᠭᠴᠢ ᠴᠠᠭ ᠲᠠᠭᠠᠨ ᠢᠷᠡᠭᠰᠡᠨ | ᠦᠭᠡᠢ ᠪᠣᠯ᠂ ᠬᠢᠴᠢᠶᠡᠯᠯᠡᠭᠴᠢ ᠪᠠᠭᠰᠢ ᠨᠢ ᠠᠩᠭᠢ ᠶᠢᠨ ᠡᠷᠬᠢᠯᠡᠭᠴᠢ ᠲᠠᠢ ᠨᠢ ᠬᠠᠷᠢᠯᠴᠠᠵᠤ᠂ ᠠᠩᠭᠢ ᠶᠢᠨ | ᠡᠷᠬᠢᠯᠡᠭᠴᠢ ᠠᠴᠠ ᠭᠡᠷ ᠤᠨ ᠠᠬᠠᠮᠠᠳ ᠲᠠᠢ ᠨᠢ ᠬᠠᠷᠢᠯᠴᠠᠵᠤ ᠴᠠᠭ ᠲᠤᠬᠠᠢ ᠳᠤᠨᠢ ᠪᠠᠶᠢᠳᠠᠯ ᠢ ᠣᠶᠢᠯᠠᠭᠠᠨ᠎ᠠ᠃ | ⑸ ᠳᠣᠣᠷ᠎ᠠ ᠣᠨ ᠤ ᠰᠤᠷᠤᠭᠴᠢ ᠶᠢᠨ ᠰᠤᠷᠭᠠᠭᠤᠯᠢ ᠳᠤ ᠢᠷᠡᠵᠦ ᠪᠤᠴᠠᠬᠤ ᠦᠶᠡᠰ ᠤᠨ ᠬᠦᠯᠢᠶᠡᠨ | ᠠᠪᠬᠤ ᠪᠠ ᠲᠤᠰᠢᠶᠠᠬᠤ ᠠᠵᠢᠯ ᠢ ᠰᠠᠶᠢᠲᠤᠷ ᠬᠢᠨ᠎ᠡ᠃ | ⑹ ᠪᠡᠶ᠎ᠡ ᠰᠡᠳᠬᠢᠴᠡ ᠶᠢᠨ ᠲᠠᠯ᠎ᠠ ᠪᠠᠷ ᠡᠷᠡᠭᠦᠯ ᠴᠢᠬᠢᠷᠠᠭ ᠪᠣᠰᠤ ᠰᠤᠷᠤᠭᠴᠢ ᠶᠢ ᠬᠦᠮᠦᠵᠢᠭᠦᠯᠬᠦ ᠪᠠ | ᠬᠠᠮᠠᠭᠠᠯᠠᠬᠤ ᠠᠵᠢᠯ ᠢ ᠰᠠᠶᠢᠲᠤᠷ ᠬᠢᠨ᠎ᠡ᠃ | ᠬᠤᠶᠠᠷ᠂ ᠠᠳᠠᠯᠢ ᠪᠣᠰᠤ ᠤᠯᠠᠷᠢᠯ ᠳᠠᠬᠢ ᠰᠤᠷᠭᠠᠭᠤᠯᠢ ᠶᠢᠨ ᠠᠮᠤᠷ ᠲᠥᠪᠰᠢᠨ ᠤ ᠬᠦᠮᠦᠵᠢᠯ ᠤᠨ | ᠭᠤᠣᠯᠳᠠᠯᠭ᠎ᠠ | ︵ᠨᠢᠭᠡ︶ ᠬᠠᠪᠤᠷ ᠤᠨ ᠤᠯᠠᠷᠢᠯ ᠤᠨ ᠠᠮᠤᠷ ᠲᠥᠪᠰᠢᠨ ᠤ ᠬᠦᠮᠦᠵᠢᠯ ᠤᠨ ᠭᠤᠣᠯᠳᠠᠯᠭ᠎ᠠ | ⒈ ᠬᠠᠯᠳᠠᠪᠦᠷᠢᠲᠤ ᠡᠪᠡᠳᠴᠢᠨ ᠢ ᠰᠡᠷᠭᠡᠶᠢᠯᠡᠬᠦ ᠬᠦᠮᠦᠵᠢᠯ | ᠬᠠᠪᠤᠷ ᠤᠨ ᠤᠯᠠᠷᠢᠯ ᠪᠣᠯ ᠬᠠᠮᠤᠭ ᠪᠤᠳᠠᠰ ᠡᠰᠡᠨᠢᠨ ᠠᠮᠢᠯᠠᠵᠤ᠂ ᠡᠯ᠎ᠡ ᠵᠦᠢᠯ ᠤᠨ ᠡᠪᠡᠳᠴᠢᠨ ᠤ | ᠵᠠᠭᠤᠴᠢ ᠠᠮᠢᠲᠠᠨ ᠤ ᠦᠷᠡᠵᠢᠨ ᠲᠦᠯᠵᠢᠵᠦ ᠦᠷᠨᠢᠨ ᠬᠦᠭᠵᠢᠬᠦ ᠴᠠᠭ ᠬᠤᠭᠤᠴᠠᠭ᠎ᠠ ᠶᠤᠮ᠂ ᠪᠠᠰᠠᠴᠤ ᠠᠮᠢᠰᠬᠤᠯ ᠤᠨ | ᠵᠠᠮ ᠤᠨ ᠡᠪᠡᠳᠴᠢᠨ ᠢᠶᠠᠷ ᠭᠤᠣᠯ ᠪᠣᠯᠭᠠᠭᠰᠠᠨ ᠡᠯ᠎ᠡ ᠵᠦᠢᠯ ᠤᠨ ᠳᠠᠬᠤᠯᠲᠤ ᠬᠠᠯᠳᠠᠪᠦᠷᠢᠲᠤ ᠡᠪᠡᠳᠴᠢᠨ ᠠᠮᠠᠷᠬᠠᠨ | ᠦᠷᠡᠵᠢᠬᠦ ᠪᠠ ᠲᠦᠷᠭᠡᠨ ᠳᠠᠮᠵᠢᠭᠳᠠᠬᠤ ᠤᠯᠠᠷᠢᠯ ᠪᠣᠯᠬᠤ ᠶᠤᠮ᠃ ᠡᠶᠢᠮᠦ ᠠᠴᠠ᠂ ᠰᠤᠷᠭᠠᠭᠤᠯᠢ ᠡᠷᠬᠡᠪᠰᠢ | ᠰᠤᠷᠤᠭᠴᠢ ᠳᠤ ᠬᠠᠯᠳᠠᠪᠦᠷᠢᠲᠤ ᠡᠪᠡᠳᠴᠢᠨ ᠢ ᠰᠡᠷᠭᠡᠶᠢᠯᠡᠬᠦ ᠠᠮᠤᠷ ᠲᠥᠪᠰᠢᠨ ᠤ ᠬᠦᠮᠦᠵᠢᠯ ᠬᠢᠵᠦ᠂ ᠡᠨᠡᠬᠦ | ᠬᠦᠮᠦᠵᠢᠯ ᠢ ᠬᠠᠪᠤᠷ ᠤᠨ ᠤᠯᠠᠷᠢᠯ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭᠠᠨ ᠲᠠᠢ | ᠤᠶᠠᠯᠳᠤᠭᠤᠯᠬᠤ ᠬᠡᠷᠡᠭᠲᠡᠢ᠃ | ⒉ ᠭᠠᠯ ᠤᠨ ᠠᠶᠤᠯ ᠢ ᠰᠡᠷᠭᠡᠶᠢᠯᠡᠬᠦ ᠬᠦᠮᠦᠵᠢᠯ | ᠬᠠᠪᠤᠷ ᠤᠨ ᠤᠯᠠᠷᠢᠯ ᠳᠤ ᠠᠭᠠᠷ ᠤᠨ ᠳᠤᠯᠠᠭᠠᠨ ᠠᠭᠠᠵᠢᠮ ᠢᠶᠠᠷ ᠳᠡᠭᠡᠭᠰᠢᠯᠡᠨ᠂ ᠠᠭᠤᠷ ᠠᠮᠢᠰᠬᠤᠯ ᠭᠠᠩ | ᠬᠠᠭᠤᠷᠠᠢ ᠪᠣᠯᠵᠤ᠂ ᠠᠮᠠᠷᠬᠠᠨ ᠭᠠᠯ ᠤᠨ ᠠᠶᠤᠯ ᠡᠭᠦᠰᠳᠡᠭ ᠶᠤᠮ᠃ ᠡᠶᠢᠮᠦ ᠠᠴᠠ᠂ ᠰᠤᠷᠭᠠᠭᠤᠯᠢ ᠠᠴᠠ ᠪᠣᠳᠠᠲᠠᠢ | ᠰᠣᠷᠢᠯᠳᠠ ᠪᠠᠷ ᠳᠠᠮᠵᠢᠭᠤᠯᠵᠤ ᠰᠤᠷᠤᠭᠴᠢ ᠳᠤ ᠭᠠᠯ ᠤᠨ ᠠᠶᠤᠯ ᠢ ᠰᠡᠷᠭᠡᠶᠢᠯᠡᠬᠦ ᠬᠦᠮᠦᠵᠢᠯ ᠬᠢᠬᠦ ᠬᠡᠷᠡᠭᠲᠡᠢ᠃ | ⒊ ᠬᠠᠪᠤᠷ ᠤᠨ ᠵᠤᠭᠠᠴᠠᠯ ᠵᠡᠷᠭᠡ ᠨᠡᠶᠢᠭᠡᠮ ᠤᠨ ᠦᠢᠯᠡᠳᠦᠯᠭᠡ ᠶᠢᠨ ᠠᠵᠢᠯᠯᠠᠭᠠᠨ ᠳᠤᠮᠳᠠᠬᠢ ᠵᠠᠮ | ᠬᠠᠷᠢᠯᠴᠠᠭᠠᠨ ᠤ ᠠᠮᠤᠷ ᠲᠥᠪᠰᠢᠨ ᠪᠠ ᠢᠳᠡᠭᠡᠨ ᠤᠮᠳᠠᠭᠠᠨ ᠤ ᠠᠮᠤᠷ ᠲᠥᠪᠰᠢᠨ ᠤ ᠬᠦᠮᠦᠵᠢᠯ | ᠣᠯᠠᠩᠬᠢ ᠰᠤᠷᠭᠠᠭᠤᠯᠢ ᠬᠠᠪᠤᠷ ᠤᠨ ᠤᠯᠠᠷᠢᠯ ᠰᠤᠷᠤᠭᠴᠢᠳ ᠢᠶᠠᠨ ᠵᠣᠬᠢᠶᠠᠨ ᠪᠠᠶᠢᠭᠤᠯᠤᠨ ᠲᠣᠭᠤᠷᠢᠨ | ᠵᠤᠭᠠᠴᠠᠬᠤ ᠵᠡᠷᠭᠡ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠦᠷᠨᠢᠭᠦᠯᠳᠡᠭ ᠪᠠᠶᠢᠨ᠎ᠠ᠂ ᠡᠨᠡᠬᠦ ᠠᠵᠢᠯᠯᠠᠭᠠᠨ ᠤ | ᠶᠠᠪᠤᠴᠠ ᠳᠤ᠂ ᠵᠠᠮ ᠬᠠᠷᠢᠯᠴᠠᠭ᠎ᠠ ᠪᠠ ᠢᠳᠡᠭᠡᠨ ᠤᠮᠳᠠᠭᠠᠨ ᠤ ᠬᠤᠣᠷᠳᠠᠯ ᠮᠡᠲᠦ ᠶᠢᠨ ᠠᠮᠤᠷ ᠲᠥᠪᠰᠢᠨ ᠤ ᠬᠡᠷᠡᠭ | ᠠᠮᠠᠷᠬᠠᠨ ᠡᠭᠦᠰᠳᠡᠭ ᠶᠤᠮ᠃ ᠡᠶᠢᠮᠦ ᠠᠴᠠ᠂ ᠰᠤᠷᠭᠠᠭᠤᠯᠢ ᠡᠯ᠎ᠡ ᠵᠦᠢᠯ ᠤᠨ ᠨᠡᠶᠢᠭᠡᠮ ᠤᠨ ᠦᠢᠯᠡᠳᠦᠯᠭᠡ ᠶᠢᠨ | ᠠᠵᠢᠯᠯᠠᠭᠠᠨ ᠢ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠬᠤ ᠠᠴᠠ ᠭᠠᠳᠠᠨ᠎ᠠ᠂ ᠰᠤᠷᠤᠭᠴᠢ ᠳᠤ ᠲᠤᠰᠬᠠᠢ | ᠠᠮᠤᠷ ᠲᠥᠪᠰᠢᠨ ᠤ ᠬᠦᠮᠦᠵᠢᠯ ᠬᠢᠬᠦ ᠬᠡᠷᠡᠭᠲᠡᠢ᠃ | ︵ᠬᠤᠶᠠᠷ︶ ᠵᠤᠨ ᠤ ᠤᠯᠠᠷᠢᠯ ᠤᠨ ᠠᠮᠤᠷ ᠲᠥᠪᠰᠢᠨ ᠤ ᠬᠦᠮᠦᠵᠢᠯ ᠤᠨ ᠭᠤᠣᠯᠳᠠᠯᠭ᠎ᠠ | ⒈ ᠦᠶᠡᠷ ᠤᠰᠤ᠂ ᠰᠢᠷᠦᠭᠦᠨ ᠪᠣᠷᠣᠭᠠᠨ᠂ ᠠᠶᠤᠩᠭ᠎ᠠ ᠴᠠᠬᠢᠯᠭᠠᠨ᠂ ᠲᠠᠶᠢᠹᠧᠩ ᠰᠠᠯᠬᠢ ᠵᠡᠷᠭᠡ ᠭᠠᠢ | ᠭᠠᠮᠰᠢᠭᠲᠤ ᠠᠭᠤᠷ ᠠᠮᠢᠰᠬᠤᠯ ᠢ ᠰᠡᠷᠭᠡᠶᠢᠯᠡᠬᠦ ᠬᠦᠮᠦᠵᠢᠯ | ᠵᠣᠨ ᠤ ᠤᠯᠠᠷᠢᠯ ᠳᠤ ᠪᠣᠷᠤᠭᠠᠨ ᠬᠤᠷ᠎ᠠ ᠠᠷᠪᠢᠨ ᠪᠦᠭᠡᠳ ᠦᠶᠡᠷ ᠤᠰᠤ᠂ ᠰᠢᠷᠦᠭᠦᠨ ᠪᠣᠷᠣᠭᠠᠨ᠂ | ᠠᠶᠤᠩᠭ᠎ᠠ ᠴᠠᠬᠢᠯᠭᠠᠨ᠂ ᠲᠠᠶᠢᠹᠧᠩ ᠰᠠᠯᠬᠢ ᠵᠡᠷᠭᠡ ᠭᠠᠢ ᠭᠠᠮᠰᠢᠭᠲᠤ ᠠᠭᠤᠷ ᠠᠮᠢᠰᠬᠤᠯ ᠠᠷᠪᠢᠨ ᠡᠭᠦᠰᠳᠡᠭ ᠶᠤᠮ᠃ | ᠰᠤᠷᠭᠠᠭᠤᠯᠢ ᠠᠴᠠ ᠲᠤᠰ ᠭᠠᠵᠠᠷ ᠣᠷᠣᠨ ᠤ ᠭᠠᠵᠠᠷ ᠵᠦᠢ ᠶᠢᠨ ᠣᠷᠴᠢᠨ ᠲᠣᠭᠤᠷᠢᠨ ᠤ ᠣᠨᠴᠠᠯᠢᠭ ᠢᠶᠠᠨ | ᠦᠨᠳᠦᠰᠦᠯᠡᠵᠦ᠂ ᠭᠠᠢ ᠭᠠᠮᠰᠢᠭᠲᠤ ᠠᠭᠤᠷ ᠠᠮᠢᠰᠬᠤᠯ ᠢ ᠠᠷᠭᠠᠴᠠᠭᠠᠬᠤ ᠲᠠᠯ᠎ᠠ ᠪᠠᠷ ᠬᠠᠨᠳᠤᠯᠭᠠᠲᠤ ᠴᠢᠨᠠᠷᠲᠠᠢ ᠠᠮᠤᠷ | ᠲᠥᠪᠰᠢᠨ ᠤ ᠬᠦᠮᠦᠵᠢᠯ ᠬᠢᠬᠦ ᠬᠡᠷᠡᠭᠲᠡᠢ᠃ ᠡᠨᠡᠬᠦ ᠬᠦᠮᠦᠵᠢᠯ ᠢ ᠬᠢᠬᠦ ᠳᠤ᠂ ᠰᠤᠷᠤᠭᠴᠢ ᠶᠢᠨ ᠠᠵᠢᠭᠯᠠᠨ ᠪᠠᠶᠢᠴᠠᠭᠠᠬᠤ | ᠴᠢᠳᠠᠪᠦᠷᠢ ᠶᠢ ᠬᠦᠮᠦᠵᠢᠭᠦᠯᠬᠦ ᠶᠢ ᠴᠢᠬᠤᠯᠠᠴᠢᠯᠠᠵᠤ᠂ ᠲᠤᠰ ᠭᠠᠵᠠᠷ ᠣᠷᠤᠨ ᠤ ᠭᠠᠢ ᠭᠠᠮᠰᠢᠭᠲᠤ ᠠᠭᠤᠷ | ᠠᠮᠢᠰᠬᠤᠯ ᠤᠨ ᠲᠤᠬᠠᠢ ᠮᠡᠳᠡᠯᠭᠡ ᠶᠢ ᠢᠯᠡᠭᠦᠦ ᠠᠩᠬᠠᠷᠬᠤ ᠬᠡᠷᠡᠭᠲᠡᠢ᠃ | ⒉ ᠤᠰᠤᠨ ᠳᠤ ᠵᠢᠪᠬᠦ ᠠᠴᠠ ᠰᠡᠷᠭᠡᠶᠢᠯᠡᠬᠦ ᠬᠦᠮᠦᠵᠢᠯ | ᠵᠤᠨ ᠤ ᠤᠯᠠᠷᠢᠯ ᠠᠭᠤᠷ ᠠᠮᠢᠰᠬᠤᠯ ᠠᠭᠠᠬᠢᠮ᠎ᠠ ᠬᠠᠯᠠᠭᠤᠨ ᠪᠠᠶᠢᠵᠤ᠂ ᠰᠤᠷᠤᠭᠴᠢᠳ ᠤᠰᠤᠨ ᠳᠤ | ᠤᠮᠪᠠᠭ᠋ᠤ ᠪᠠ ᠨᠠᠭᠠᠳᠬᠤ ᠳᠤᠷᠠᠲᠠᠢ ᠪᠠᠶᠢᠳᠠᠭ᠃ ᠵᠣᠨ ᠤ ᠤᠯᠠᠷᠢᠯ ᠳᠤ ᠪᠣᠷᠤᠭᠠᠨ ᠠᠷᠪᠢᠨ ᠠᠴᠠ ᠤᠰᠤᠨ ᠴᠦᠭᠦᠷᠦᠮ | ᠂ ᠭᠤᠣᠯ ᠭᠤᠷᠤᠬ᠎ᠠ᠂ ᠤᠰᠤᠨ ᠲᠠᠩ ᠤᠨ ᠤᠰᠤᠨ ᠲᠥᠪᠰᠢᠨ ᠠᠮᠠᠷᠬᠠᠨ ᠳᠡᠭᠡᠭᠰᠢᠯᠡᠵᠦ᠂ ᠵᠠᠷᠢᠮ ᠤᠰᠤᠨ ᠤ ᠬᠡᠰᠡᠭ | ᠨᠢ ᠰᠤᠷᠤᠭᠴᠢ ᠣᠮᠪᠠᠭ᠋ᠤ ᠪᠣᠶᠤ ᠨᠠᠭᠠᠳᠬᠤ ᠳᠤ ᠳᠣᠬᠢᠷᠠᠬᠤ ᠦᠭᠡᠢ ᠶᠤᠮ᠃ ᠰᠤᠷᠭᠠᠭᠤᠯᠢ ᠡᠷᠬᠡᠪᠰᠢ ᠰᠤᠷᠤᠭᠴᠢ ᠳᠤ | ᠤᠰᠤᠨ ᠳᠤ ᠵᠢᠪᠬᠦ ᠠᠴᠠ ᠰᠡᠷᠭᠡᠶᠢᠯᠡᠬᠦ ᠠᠮᠤᠷ ᠲᠥᠪᠰᠢᠨ ᠤ ᠬᠦᠮᠦᠵᠢᠯ ᠬᠢᠵᠦ᠂ ᠨᠢᠭᠡ ᠲᠠᠯ᠎ᠠ ᠪᠠᠷ ᠰᠤᠷᠤᠭᠴᠢ ᠶᠢ | ᠠᠶᠤᠯᠲᠠᠢ ᠤᠰᠤᠨ ᠤ ᠬᠡᠰᠡᠭ ᠲᠤ ᠬᠦᠷᠴᠦ ᠣᠮᠪᠠᠨ ᠨᠠᠭᠠᠳᠴᠤ ᠪᠣᠯᠬᠤ ᠭᠡᠵᠦ ᠰᠤᠷᠭᠠᠨ᠂ ᠨᠦᠭᠦᠭᠡ ᠲᠠᠯ᠎ᠠ ᠪᠠᠷ | ᠰᠤᠷᠤᠭᠴᠢᠳ ᠢ ᠤᠮᠪᠠᠵᠤ ᠰᠤᠷᠭᠠᠬᠤ ᠬᠡᠷᠡᠭᠲᠡᠢ᠃ | ⒊ ᠢᠳᠡᠭᠡᠨ ᠤᠮᠳᠠᠭᠠᠨ ᠤ ᠬᠤᠣᠷᠳᠠᠯ ᠢ ᠰᠡᠷᠭᠡᠶᠢᠯᠡᠬᠦ ᠬᠦᠮᠦᠵᠢᠯ | ᠵᠣᠨ ᠤ ᠤᠯᠠᠷᠢᠯ ᠳᠤ ᠠᠭᠤᠷ ᠠᠮᠢᠰᠬᠤᠯ ᠠᠭᠠᠬᠢᠮ᠎ᠠ ᠬᠠᠯᠠᠭᠤᠨ ᠤᠴᠢᠷ ᠠᠴᠠ ᠮᠢᠺᠷᠤᠪ ᠲᠦᠷᠭᠡᠨ | ᠦᠷᠡᠵᠢᠨ ᠲᠦᠯᠵᠢᠵᠦ᠂ ᠢᠳᠡᠭᠡᠨ ᠤᠮᠳᠠᠭᠠᠨ ᠠᠮᠠᠷᠬᠠᠨ ᠴᠢᠨᠠᠷ ᠬᠤᠪᠢᠷᠠᠨ᠂ ᠲᠤᠩ ᠠᠮᠠᠷᠬᠠᠨ ᠢᠳᠡᠭᠡᠨ ᠤ | ᠬᠤᠣᠷᠳᠠᠯ ᠡᠭᠦᠰᠳᠡᠭ ᠶᠤᠮ᠃ ᠰᠤᠷᠭᠠᠭᠤᠯᠢ ᠠᠴᠠ ᠰᠤᠷᠤᠭᠴᠢᠳ ᠲᠤ ᠢᠳᠡᠭᠡᠨ ᠤ ᠬᠤᠣᠷᠳᠠᠯ ᠢ ᠰᠡᠷᠭᠡᠶᠢᠯᠡᠬᠦ | ᠬᠦᠮᠦᠵᠢᠯ ᠬᠢᠵᠦ᠂ ᠡᠨᠡᠬᠦ ᠬᠦᠮᠦᠵᠢᠯ ᠢ ᠢᠳᠡᠭᠡᠨ ᠤ ᠡᠷᠡᠭᠦᠯ ᠬᠠᠮᠠᠭᠠᠯᠠᠯ ᠤᠨ ᠬᠦᠮᠦᠵᠢᠯ ᠲᠠᠢ ᠤᠷᠭᠠᠨᠢᠭ ᠢᠶᠠᠷ | ᠤᠶᠠᠯᠳᠤᠭᠤᠯᠬᠤ ᠬᠡᠷᠡᠭᠲᠡᠢ᠃ ᠪᠠᠶᠢᠷᠢᠯᠠᠬᠤ ᠳᠦᠷᠢᠮᠲᠦ ᠰᠤᠷᠭᠠᠭᠤᠯᠢ ᠪᠠᠰᠠ ᠡᠨᠡᠬᠦ ᠬᠦᠮᠦᠵᠢᠯ ᠢ ᠰᠤᠷᠭᠠᠭᠤᠯᠢ ᠶᠢᠨ | ᠬᠤᠭᠤᠯᠠᠨ ᠭᠡᠷ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠠᠵᠢᠯ ᠲᠠᠢ ᠤᠷᠭᠠᠨᠢᠭ ᠢᠶᠠᠷ ᠤᠶᠠᠯᠳᠤᠭᠤᠯᠬᠤ | ᠬᠡᠷᠡᠭᠲᠡᠢ᠃ | ⒋ ᠵᠠᠮ ᠬᠠᠷᠢᠯᠴᠠᠭᠠᠨ ᠤ ᠠᠮᠤᠷ ᠲᠥᠪᠰᠢᠨ ᠤ ᠬᠦᠮᠦᠵᠢᠯ | ᠵᠣᠨ ᠤ ᠤᠯᠠᠷᠢᠯ ᠳᠤ ᠡᠳᠦᠷ ᠤᠷᠲᠤ ᠲᠤᠯᠠ ᠰᠤᠷᠤᠭᠴᠢᠳ ᠰᠤᠷᠭᠠᠭᠤᠯᠢ ᠲᠠᠷᠬᠠᠭᠰᠠᠨ ᠤ ᠳᠠᠷᠠᠭ᠎ᠠ | ᠭᠠᠳᠠᠨ᠎ᠠ ᠨᠠᠭᠠᠳᠬᠤ ᠴᠠᠭ ᠨᠢ ᠤᠷᠲᠤ ᠪᠠᠶᠢᠵᠤ᠂ ᠵᠠᠮ ᠬᠠᠷᠢᠯᠴᠠᠭᠠᠨ ᠤ ᠠᠮᠤᠷ ᠲᠥᠪᠰᠢᠨ ᠤ ᠠᠰᠠᠭᠤᠳᠠᠯ ᠡᠭᠦᠰᠬᠦ | ᠨᠣᠷᠮ᠎ᠠ ᠴᠦ ᠳᠡᠭᠡᠭᠰᠢᠯᠡᠳᠡᠭ ᠶᠤᠮ᠃ ᠰᠤᠷᠭᠠᠭᠤᠯᠢ ᠠᠴᠠ ᠰᠤᠷᠤᠭᠴᠢ ᠶᠢᠨ ᠶᠡᠷᠦᠳᠡ ᠶᠢᠨ ᠵᠠᠮ ᠬᠠᠷᠢᠯᠴᠠᠭᠠᠨ ᠤ | ᠶᠠᠪᠤᠵᠤ ᠰᠠᠭᠤᠬᠤ ᠠᠷᠭ᠎ᠠ ᠪᠠ ᠪᠣᠳᠠᠲᠠᠢ ᠬᠡᠷᠡᠭ ᠶᠠᠪᠤᠳᠠᠯ ᠢ ᠤᠶᠠᠯᠳᠤᠭᠤᠯᠵᠤ᠂ ᠴᠠᠭ ᠲᠤᠬᠠᠢ ᠳᠤᠨᠢ ᠪᠦᠲᠦᠮᠵᠢᠲᠠᠢ | ᠵᠠᠮ ᠬᠠᠷᠢᠯᠴᠠᠭᠠᠨ ᠤ ᠠᠮᠤᠷ ᠲᠥᠪᠰᠢᠨ ᠤ ᠬᠦᠮᠦᠵᠢᠯ ᠬᠢᠬᠦ ᠬᠡᠷᠡᠭᠲᠡᠢ᠃ | ⒌ ᠪᠡᠯᠭᠡ ᠶᠢᠨ ᠬᠠᠯᠳᠠᠯᠭ᠎ᠠ ᠶᠢ ᠰᠡᠷᠭᠡᠶᠢᠯᠡᠬᠦ ᠪᠠ ᠠᠷᠭᠠᠴᠠᠭᠠᠬᠤ ᠬᠦᠮᠦᠵᠢᠯ | ᠪᠠᠶᠢᠷᠢᠯᠠᠬᠤ ᠳᠦᠷᠢᠮᠲᠤ ᠰᠤᠷᠭᠠᠭᠤᠯᠢ ᠳᠤ᠂ ᠡᠨᠡᠬᠦ ᠬᠦᠮᠦᠵᠢᠯ ᠢ ᠪᠠᠶᠢᠷᠢ ᠶᠢᠨ ᠬᠠᠮᠢᠶᠠᠷᠤᠯᠲᠠ ᠶᠢ | ᠴᠢᠩᠭᠠᠳᠬᠠᠬᠤ ᠲᠠᠢ ᠤᠷᠭᠠᠨᠢᠭ ᠤᠶᠠᠯᠳᠤᠭᠤᠯᠬᠤ ᠬᠡᠷᠡᠭᠲᠡᠢ᠃ | ⒍ ᠴᠠᠬᠢᠯᠭᠠᠨ ᠬᠡᠷᠡᠭᠯᠡᠬᠦ ᠠᠮᠤᠷ ᠲᠥᠪᠰᠢᠨ ᠤ ᠬᠦᠮᠦᠵᠢᠯ | ᠵᠤᠨ ᠤ ᠤᠯᠠᠷᠢᠯ ᠳᠤ ᠴᠠᠬᠢᠯᠭᠠᠨ ᠬᠡᠷᠡᠭᠰᠡᠯ ᠢ ᠬᠡᠷᠡᠭᠯᠡᠬᠦ ᠨᠢ ᠣᠯᠠᠨ᠂ ᠴᠠᠬᠢᠯᠭᠠᠨ ᠤ ᠳᠠᠭᠠᠭᠠᠴᠠ ᠶᠡᠭᠡ | ᠪᠠᠶᠢᠵᠤ᠂ ᠴᠠᠬᠢᠯᠭᠠᠨ ᠳᠤ ᠴᠣᠬᠢᠭᠳᠠᠬᠤ ᠪᠠ ᠴᠠᠬᠢᠯᠭᠠᠨ ᠤ ᠭᠠᠯ ᠤᠨ ᠠᠶᠤᠯ ᠠᠮᠠᠷᠬᠠᠨ ᠡᠭᠦᠰᠳᠡᠭ ᠶᠤᠮ᠃ | ᠰᠤᠷᠭᠠᠭᠤᠯᠢ ᠠᠴᠠ ᠰᠤᠷᠤᠭᠴᠢ ᠳᠤ ᠴᠠᠬᠢᠯᠭᠠᠨ ᠬᠡᠷᠡᠭᠯᠡᠬᠦ ᠠᠮᠤᠷ ᠲᠥᠪᠰᠢᠨ ᠤ ᠬᠦᠮᠦᠵᠢᠯ ᠬᠢᠬᠦ ᠬᠡᠷᠡᠭᠲᠡᠢ᠃ ᠨᠡᠩ | ᠢᠯᠠᠩᠭᠤᠶ᠎ᠠ ᠪᠠᠶᠢᠷᠢᠯᠠᠬᠤ ᠳᠦᠷᠢᠮᠲᠤ ᠰᠤᠷᠭᠠᠭᠤᠯᠢ ᠳᠤ᠂ ᠪᠠᠶᠢᠷᠢ ᠶᠢᠨ ᠰᠤᠷᠤᠭᠴᠢ ᠶᠢᠨ ᠴᠠᠬᠢᠯᠭᠠᠨ ᠬᠡᠷᠡᠭᠯᠡᠬᠦ ᠠᠮᠤᠷ | ᠲᠥᠪᠰᠢᠨ ᠤ ᠬᠦᠮᠦᠵᠢᠯ ᠣᠨᠴᠠᠭᠠᠢ ᠴᠢᠬᠤᠯᠠ ᠪᠦᠭᠡᠳ ᠲᠡᠭᠦᠨ ᠢ ᠪᠠᠶᠢᠷᠢ ᠶᠢᠨ ᠬᠠᠮᠢᠶᠠᠷᠤᠯᠲᠠ ᠶᠢᠨ ᠠᠵᠢᠯ ᠲᠠᠢ | ᠤᠷᠭᠠᠨᠢᠭ ᠤᠶᠠᠯᠳᠤᠭᠤᠯᠬᠤ ᠬᠡᠷᠡᠭᠲᠡᠢ᠃ | ︵ᠭᠤᠷᠪᠠ︶ ᠨᠠᠮᠤᠷ ᠤᠨ ᠤᠯᠠᠷᠢᠯ ᠤᠨ ᠠᠮᠤᠷ ᠲᠥᠪᠰᠢᠨ ᠤ ᠬᠦᠮᠦᠵᠢᠯ ᠤᠨ ᠭᠤᠣᠯᠳᠠᠯᠭ᠎ᠠ | ⒈ ᠬᠦᠳᠡᠯᠭᠡᠭᠡᠨ ᠤ ᠳᠤᠮᠳᠠ ᠰᠢᠷᠬᠠᠳᠤᠬᠤ ᠶᠢ ᠰᠡᠷᠭᠡᠶᠢᠯᠡᠬᠦ ᠬᠦᠮᠦᠵᠢᠯ | ᠨᠠᠮᠤᠷ ᠤᠨ ᠤᠯᠠᠷᠢᠯ ᠤᠨ ᠠᠭᠤᠷ ᠠᠮᠢᠰᠬᠤᠯ ᠳᠤᠯᠠᠭᠠᠨ ᠲᠠᠭᠠᠯᠠᠮᠵᠢᠲᠠᠢ᠂ ᠲᠠᠮᠢᠷ ᠤᠨ ᠬᠦᠳᠡᠯᠭᠡᠭᠡᠨ | ᠬᠢᠬᠦ ᠳᠤ ᠲᠤᠶᠢᠯ ᠤᠨ ᠳᠤᠬᠢᠷᠠᠮᠵᠢᠲᠠᠢ ᠪᠠᠶᠢᠳᠠᠭ᠂ ᠡᠩ ᠤᠨ ᠪᠠᠶᠢᠳᠠᠯ ᠢᠶᠠᠷ ᠠᠪᠴᠤ ᠬᠡᠯᠡᠬᠦ ᠳᠤ᠂ ᠡᠯ᠎ᠡ ᠰᠤᠷᠭᠠᠭᠤᠯᠢ | ᠴᠥᠮ ᠨᠠᠮᠤᠷ ᠤᠨ ᠤᠯᠠᠷᠢᠯ ᠤᠨ ᠪᠡᠶ᠎ᠡ ᠲᠠᠮᠢᠷ ᠤᠨ ᠬᠦᠳᠡᠯᠭᠡᠭᠡᠨ ᠦᠷᠨᠢᠭᠦᠯᠳᠡᠭ᠃ ᠪᠡᠶ᠎ᠡ ᠲᠠᠮᠢᠷ ᠤᠨ ᠬᠦᠳᠡᠯᠭᠡᠭᠡᠨ ᠤ | ᠲᠤᠰ ᠪᠡᠶ᠎ᠡ ᠨᠢ ᠵᠣᠬᠢᠬᠤ ᠬᠡᠮᠵᠢᠶᠡᠨ ᠤ ᠠᠶᠤᠯ ᠲᠦᠭᠰᠢᠭᠦᠷᠢ ᠲᠠᠢ ᠪᠠᠶᠢᠵᠤ᠂ ᠲᠠᠮᠢᠷ ᠤᠨ ᠬᠦᠳᠡᠯᠭᠡᠭᠡᠨ ᠳᠤᠮᠳᠠᠬᠢ | ᠬᠦᠳᠡᠯᠭᠡᠭᠡᠨ ᠤ ᠪᠠᠷᠢᠮᠵᠢᠶ᠎ᠠ ᠪᠣᠰᠤ ᠠᠴᠠ ᠪᠣᠯᠵᠤ ᠠᠮᠠᠷᠬᠠᠨ ᠰᠢᠷᠬᠠᠳᠤᠯ ᠭᠠᠷᠳᠠᠭ ᠪᠠᠶᠢᠨ᠎ᠠ᠃ ᠡᠶᠢᠮᠦ ᠠᠴᠠ᠂ | ᠨᠠᠮᠤᠷ ᠤᠨ ᠤᠯᠠᠷᠢᠯ ᠳᠤ ᠰᠤᠷᠭᠠᠭᠤᠯᠢ ᠰᠤᠷᠤᠭᠴᠢ ᠶᠢᠨ ᠲᠠᠮᠢᠷ ᠤᠨ ᠬᠦᠳᠡᠯᠭᠡᠭᠡᠨ ᠤ ᠠᠮᠤᠷ ᠲᠥᠪᠰᠢᠨ ᠤ ᠲᠠᠯ᠎ᠠ ᠪᠠᠷ | ᠬᠢ ᠬᠦᠮᠦᠵᠢᠯ ᠢ ᠴᠢᠩᠭᠠᠳᠬᠠᠬᠤ ᠬᠡᠷᠡᠭᠲᠡᠢ᠃ | ⒉ ᠪᠠᠷᠢᠯᠭ᠎ᠠ ᠶᠢᠨ ᠠᠮᠤᠷ ᠲᠥᠪᠰᠢᠨ ᠤ ᠬᠦᠮᠦᠵᠢᠯ | ᠵᠤᠨ ᠤ ᠤᠯᠠᠷᠢᠯ ᠤᠨ ᠨᠠᠷᠠᠨ ᠳᠤ ᠰᠢᠷᠠᠭᠳᠠᠬᠤ ᠪᠣᠷᠤᠭᠠᠨ ᠳᠤ ᠨᠣᠷᠤᠭᠳᠠᠬᠤ ᠪᠠ ᠨᠠᠮᠤᠷ ᠤᠨ ᠤᠯᠠᠷᠢᠯ ᠤᠨ | ᠪᠣᠷᠤᠭᠠᠨ ᠠᠷᠪᠢᠨ ᠠᠴᠠ ᠪᠠᠷᠢᠯᠭ᠎ᠠ ᠶᠢᠨ ᠶᠠᠰᠤ ᠴᠢᠨᠠᠷ ᠮᠠᠭᠤᠳᠠᠵᠤ᠂ ᠨᠤᠷᠠᠬᠤ ᠠᠶᠤᠯ ᠲᠠᠢ ᠶᠤᠮ᠃ ᠡᠶᠢᠮᠦ ᠠᠴᠠ | ᠰᠤᠷᠭᠠᠭᠤᠯᠢ ᠪᠠᠭᠰᠢ ᠰᠤᠷᠤᠭᠴᠢ ᠳᠤ ᠪᠠᠷᠢᠯᠭ᠎ᠠ ᠶᠢᠨ ᠠᠮᠤᠷ ᠲᠥᠪᠰᠢᠨ ᠤ ᠲᠤᠬᠠᠢ ᠬᠦᠮᠦᠵᠢᠯ ᠬᠢᠵᠦ᠂ ᠡᠨᠡᠬᠦ | ᠬᠦᠮᠦᠵᠢᠯ ᠢ ᠰᠤᠷᠭᠠᠭᠤᠯᠢ ᠶᠢᠨ ᠪᠠᠷᠢᠯᠭ᠎ᠠ ᠶᠢᠨ ᠠᠮᠤᠷ ᠲᠥᠪᠰᠢᠨ ᠤ ᠭᠡᠮ ᠠᠷᠬᠠᠭ ᠢ ᠬᠢᠨᠠᠨ ᠪᠠᠶᠢᠴᠠᠭᠠᠬᠤ ᠠᠵᠢᠯ | ᠲᠠᠢ ᠤᠷᠭᠠᠨᠢᠭ ᠤᠶᠠᠯᠳᠤᠭᠤᠯᠬᠤ ᠬᠡᠷᠡᠭᠲᠡᠢ᠃ | ⒊ ᠰᠢᠩᠭᠡᠭᠡᠯᠲᠡ ᠶᠢᠨ ᠵᠠᠮ ᠤᠨ ᠡᠪᠡᠳᠴᠢᠨ ᠢ ᠰᠡᠷᠭᠡᠶᠢᠯᠡᠬᠦ ᠬᠦᠮᠦᠵᠢᠯ | ᠨᠠᠮᠤᠷ ᠤᠨ ᠤᠯᠠᠷᠢᠯ ᠳᠤ ᠠᠭᠤᠷ ᠠᠮᠢᠰᠬᠤᠯ ᠠᠭᠠᠵᠢᠮ ᠢᠶᠠᠷ ᠬᠦᠢᠲᠡᠷᠡᠵᠦ᠂ ᠰᠠᠭᠤᠯᠭᠠᠬᠤ ᠵᠡᠷᠭᠡ | ᠰᠢᠩᠭᠡᠭᠡᠯᠲᠡ ᠶᠢᠨ ᠵᠠᠮ ᠤᠨ ᠡᠪᠡᠳᠴᠢᠨ ᠠᠷᠪᠢᠨ ᠡᠭᠦᠰᠬᠦ ᠤᠯᠠᠷᠢᠯ ᠪᠣᠯᠬᠤ ᠶᠤᠮ᠃ ᠰᠤᠷᠭᠠᠭᠤᠯᠢ ᠰᠤᠷᠤᠭᠴᠢ ᠳᠤ | ᠰᠢᠩᠭᠡᠭᠡᠯᠲᠡ ᠶᠢᠨ ᠵᠠᠮ ᠤᠨ ᠡᠪᠡᠳᠴᠢᠨ ᠢ ᠰᠡᠷᠭᠡᠶᠢᠯᠡᠬᠦ ᠬᠦᠮᠦᠵᠢᠯ ᠬᠢᠵᠦ᠂ ᠡᠨᠡᠬᠦ ᠬᠦᠮᠦᠵᠢᠯ ᠢ ᠢᠳᠡᠭᠡᠨ ᠤ ᠡᠷᠡᠭᠦᠯ | ᠬᠠᠮᠠᠭᠠᠯᠠᠯ ᠤᠨ ᠬᠦᠮᠦᠵᠢᠯ ᠲᠠᠢ ᠤᠷᠭᠠᠨᠢᠭ ᠤᠶᠠᠯᠳᠤᠭᠤᠯᠬᠤ ᠬᠡᠷᠡᠭᠲᠡᠢ᠃ | ︵ᠳᠥᠷᠪᠡ︶ ᠡᠪᠦᠯ ᠤᠨ ᠤᠯᠠᠷᠢᠯ ᠤᠨ ᠠᠮᠤᠷ ᠲᠥᠪᠰᠢᠨ ᠤ ᠬᠦᠮᠦᠵᠢᠯ ᠤᠨ ᠭᠤᠣᠯᠳᠠᠯᠭ᠎ᠠ | ⒈ ᠬᠦᠢᠳᠡᠨ ᠬᠠᠯᠠᠭᠤᠨ ᠢ ᠲᠡᠩᠴᠡᠭᠦᠯᠬᠦ ᠬᠦᠮᠦᠵᠢᠯ | ᠡᠪᠦᠯ ᠤᠨ ᠤᠯᠠᠷᠢᠯ ᠳᠤ ᠠᠮᠤᠷ ᠠᠮᠢᠰᠬᠤᠯ ᠬᠠᠬᠢᠷ ᠬᠦᠢᠲᠡᠨ ᠠᠴᠠ ᠪᠣᠯᠵᠤ ᠰᠤᠷᠤᠭᠴᠢᠳ | ᠰᠤᠷᠭᠠᠭᠤᠯᠢ ᠳᠠᠭᠠᠨ ᠢᠷᠡᠵᠦ ᠶᠠᠪᠤᠬᠤ ᠦᠶ᠎ᠡ ᠳᠤ ᠠᠮᠠᠷᠬᠠᠨ ᠳᠠᠭᠠᠷᠠᠵᠤ ᠪᠡᠭᠡᠷᠡᠬᠦ ᠪᠣᠶᠤ ᠭᠠᠷ ᠬᠥᠯ ᠢᠶᠠᠨ ᠬᠦᠯᠳᠡᠭᠡᠬᠦ | ᠂ ᠡᠪᠡᠳᠴᠢᠨ ᠬᠢᠮᠤᠷᠠᠭ᠎ᠠ ᠳᠤᠰᠲᠠᠭ ᠪᠠᠶᠢᠨ᠎ᠠ᠃ ᠡᠶᠢᠮᠦ ᠠᠴᠠ᠂ ᠰᠤᠷᠭᠠᠭᠤᠯᠢ ᠠᠴᠠ ᠰᠤᠷᠤᠭᠴᠢ ᠳᠤ ᠬᠦᠢᠲᠡᠨ | ᠬᠠᠯᠠᠭᠤᠨ ᠢᠶᠠᠨ ᠲᠡᠩᠴᠡᠭᠦᠯᠦᠨ᠂ ᠡᠪᠡᠳᠴᠢᠨ ᠬᠢᠵᠢᠭ ᠢ ᠰᠡᠷᠭᠡᠶᠢᠯᠡᠬᠦ ᠬᠦᠮᠦᠵᠢᠯ ᠬᠢᠵᠦ᠂ ᠡᠨᠡᠬᠦ ᠬᠦᠮᠦᠵᠢᠯ ᠢᠶᠠᠨ | ᠰᠤᠷᠤᠭᠴᠢ ᠶᠢᠨ ᠭᠡᠷ ᠤᠨ ᠭᠠᠳᠠᠨᠠᠬᠢ ᠬᠦᠳᠡᠯᠭᠡᠭᠡᠨ ᠢ ᠵᠣᠬᠢᠰᠲᠠᠢ ᠳᠤᠬᠢᠷᠠᠭᠤᠯᠬᠤ ᠲᠠᠢ ᠤᠷᠭᠠᠨᠢᠭ ᠤᠶᠠᠯᠳᠤᠭᠤᠯᠬᠤ | ᠬᠡᠷᠡᠭᠲᠡᠢ᠃ | ⒉ ᠨᠡᠭᠦᠷᠡᠰᠦᠨ ᠬᠡᠢ ᠳᠤ ᠬᠤᠣᠷᠳᠠᠭᠳᠠᠬᠤ ᠠᠴᠠ ᠰᠡᠷᠭᠡᠶᠢᠯᠡᠬᠦ ᠬᠦᠮᠦᠵᠢᠯ | ᠡᠪᠦᠯ ᠤᠨ ᠤᠯᠠᠷᠢᠯ ᠳᠤ᠂ ᠤᠮᠠᠷᠠᠲᠤ ᠣᠷᠣᠨ ᠤ ᠵᠠᠷᠢᠮ ᠰᠤᠷᠭᠠᠭᠤᠯᠢ ᠠᠩᠭᠢ ᠶᠢᠨ ᠭᠡᠷ ᠪᠣᠯᠤᠨ | ᠪᠠᠶᠢᠷᠢ ᠶᠢᠨ ᠭᠡᠷ ᠲᠤ ᠨᠡᠭᠦᠷᠡᠰᠦ ᠰᠢᠲᠠᠭᠠᠵᠤ ᠳᠤᠯᠠᠭᠠᠴᠠᠳᠠᠭ ᠠᠴᠠ ᠠᠮᠠᠷᠬᠠᠨ ᠨᠡᠭᠦᠷᠡᠰᠦᠨ ᠬᠡᠢ ᠳᠤ ᠬᠤᠣᠷᠳᠠᠭᠳᠠᠬᠤ | ᠶᠠᠪᠤᠳᠠᠯ ᠡᠭᠦᠰᠳᠡᠭ ᠶᠤᠮ᠃ ᠰᠤᠷᠭᠠᠭᠤᠯᠢ ᠠᠴᠠ ᠨᠡᠭᠦᠷᠡᠰᠦᠨ ᠬᠡᠢ ᠳᠤ ᠬᠤᠣᠷᠳᠠᠭᠳᠠᠬᠤ ᠠᠴᠠ ᠰᠡᠷᠭᠡᠶᠢᠯᠡᠬᠦ | ᠬᠦᠮᠦᠵᠢᠯ ᠢ ᠠᠩᠭᠢ ᠶᠢᠨ ᠭᠡᠷ᠂ ᠪᠠᠶᠢᠷᠢ ᠶᠢᠨ ᠭᠡᠷ ᠤᠨ ᠳᠤᠯᠠᠭᠠᠴᠠᠬᠤ ᠲᠦᠬᠦᠭᠡᠷᠦᠮᠵᠢ ᠶᠢᠨ ᠴᠢᠳᠠᠪᠬᠢ ᠶᠢ | ᠴᠢᠩᠭᠠᠳᠬᠠᠬᠤ ᠵᠢᠴᠢ ᠠᠩᠭᠢ ᠶᠢᠨ ᠭᠡᠷ᠂ ᠪᠠᠶᠢᠷᠢ ᠶᠢᠨ ᠭᠡᠷ ᠤᠨ ᠬᠠᠮᠢᠶᠠᠷᠤᠯᠲᠠ ᠶᠢᠨ ᠠᠵᠢᠯ ᠲᠠᠢ ᠤᠷᠭᠠᠨᠢᠭ | ᠤᠶᠠᠯᠳᠤᠭᠤᠯᠬᠤ ᠬᠡᠷᠡᠭᠲᠡᠢ᠃ | ⒊ ᠮᠦᠰᠦ ᠴᠠᠰᠤᠨ ᠤ ᠪᠡᠶ᠎ᠡ ᠲᠠᠮᠢᠷ ᠤᠨ ᠬᠦᠳᠡᠯᠭᠡᠭᠡᠨ ᠤ ᠠᠮᠤᠷ ᠲᠥᠪᠰᠢᠨ ᠤ ᠬᠦᠮᠦᠵᠢᠯ ᠪᠠ ᠮᠦᠰᠦ | ᠬᠠᠭᠠᠷᠠᠵᠤ ᠵᠢᠪᠬᠦ ᠠᠴᠠ ᠰᠡᠷᠭᠡᠶᠢᠯᠡᠬᠦ ᠬᠦᠮᠦᠵᠢᠯ | ᠮᠦᠰᠦ ᠴᠠᠰᠤᠨ ᠤ ᠪᠡᠶ᠎ᠡ ᠲᠠᠮᠢᠷ ᠤᠨ ᠬᠦᠳᠡᠯᠭᠡᠭᠡᠨ ᠬᠢᠬᠦ ᠳᠤ ᠠᠮᠠᠷᠬᠠᠨ ᠰᠢᠷᠬᠠᠲᠤᠵᠤ ᠭᠡᠮᠲᠦᠬᠦ ᠬᠡᠷᠡᠭ | ᠭᠠᠷᠴᠤ᠂ ᠠᠶᠤᠯᠲᠠᠢ ᠮᠦᠰᠦᠨ ᠭᠠᠳᠠᠷᠭᠤ ᠴᠦ ᠬᠠᠭᠠᠷᠠᠵᠤ ᠵᠢᠪᠬᠦ ᠶᠠᠪᠤᠳᠠᠯ ᠵᠦᠩᠳᠡᠭᠡᠨ ᠡᠭᠦᠰᠳᠡᠭ ᠶᠤᠮ᠃ | ᠰᠤᠷᠭᠠᠭᠤᠯᠢ ᠠᠴᠠ ᠰᠤᠷᠤᠭᠴᠢᠳ ᠤᠨ ᠮᠦᠰᠦ ᠴᠠᠰᠣᠨ ᠤ ᠪᠡᠶ᠎ᠡ ᠲᠠᠮᠢᠷ ᠤᠨ ᠠᠮᠤᠷ ᠲᠥᠪᠰᠢᠨ ᠤ ᠬᠦᠮᠦᠵᠢᠯ ᠤᠨ | ᠠᠵᠢᠯ ᠢ ᠡᠷᠬᠡᠪᠰᠢ ᠴᠢᠬᠤᠯᠠᠴᠢᠯᠠᠵᠤ ᠠᠳᠬᠤᠬᠤ ᠬᠡᠷᠡᠭᠲᠡᠢ᠃ | ⒋ ᠭᠠᠯ ᠤᠨ ᠠᠶᠤᠯ ᠢ ᠰᠡᠷᠭᠡᠶᠢᠯᠡᠬᠦ ᠬᠦᠮᠦᠵᠢᠯ | ᠡᠪᠦᠯ ᠤᠨ ᠤᠯᠠᠷᠢᠯ ᠠᠮᠤᠷ ᠠᠮᠢᠰᠬᠤᠯ ᠭᠠᠩ ᠬᠠᠭᠤᠷᠠᠢ ᠤᠴᠢᠷ ᠠᠴᠠ ᠭᠠᠯ ᠤᠨ ᠠᠶᠤᠯ ᠡᠭᠦᠰᠬᠦ | ᠪᠣᠯᠤᠯᠴᠠᠭ᠎ᠠ ᠶᠡᠭᠡ ᠪᠠᠶᠢᠳᠠᠭ᠃ ᠪᠠᠶᠢᠷᠢᠯᠠᠬᠤ ᠳᠦᠷᠢᠮᠲᠦ ᠰᠤᠷᠭᠠᠭᠤᠯᠢ ᠰᠤᠷᠤᠭᠴᠢ ᠶᠢᠨ ᠪᠠᠶᠢᠷᠢ ᠶᠢᠨ ᠭᠡᠷ ᠤᠨ | ᠭᠠᠯ ᠤᠨ ᠠᠶᠤᠯ ᠢ ᠰᠡᠷᠭᠡᠶᠢᠯᠡᠬᠦ ᠠᠵᠢᠯ ᠪᠠ ᠰᠤᠷᠤᠭᠴᠢ ᠶᠢᠨ ᠭᠠᠯ ᠤᠨ ᠠᠶᠤᠯ ᠢ ᠰᠡᠷᠭᠡᠶᠢᠯᠡᠬᠦ ᠠᠮᠤᠷ ᠲᠥᠪᠰᠢᠨ ᠤ | ᠬᠦᠮᠦᠵᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ | ⒌ᠴᠠᠰᠤ ᠮᠠᠨᠠᠨ ᠲᠠᠢ ᠡᠳᠦᠷ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠦᠮᠦᠵᠢᠯ | ᠡᠪᠦᠯ ᠤᠨ ᠤᠯᠠᠷᠢᠯ ᠳᠤ ᠬᠦᠷ ᠴᠠᠰᠤ ᠪᠠ ᠬᠢᠷᠠᠭᠤ ᠠᠴᠠ ᠪᠣᠯᠵᠤ ᠭᠠᠵᠠᠷ ᠤᠨ ᠭᠠᠳᠠᠷᠭᠤ ᠭᠤᠯᠢᠭᠠᠮᠠᠲᠠᠭᠠᠢ | ᠂ ᠵᠠᠷᠢᠮ ᠳᠠᠭᠠᠨ ᠪᠠᠰᠠ ᠶᠡᠭᠡ ᠮᠠᠨᠠᠨ ᠲᠠᠲᠠᠵᠤ᠂ ᠵᠠᠮ ᠬᠠᠷᠢᠯᠴᠠᠭᠠᠨ ᠳᠤ ᠶᠡᠬᠡᠬᠡᠨ ᠳᠦᠭᠦᠮ ᠦᠭᠡᠢ ᠪᠠᠶᠢᠳᠠᠭ᠃ | ᠡᠭᠦᠨ ᠤ ᠬᠠᠮᠲᠤ ᠡᠪᠦᠯ ᠤᠨ ᠤᠯᠠᠷᠢᠯ ᠳᠤ ᠲᠡᠭᠷᠢ ᠡᠷᠲᠡ ᠬᠠᠷᠠᠩᠭᠤᠢ ᠪᠣᠯᠵᠤ᠂ ᠣᠯᠠᠩᠬᠢ ᠰᠤᠷᠤᠭᠴᠢᠳ ᠰᠤᠷᠭᠠᠭᠤᠯᠢ | ᠲᠠᠷᠬᠠᠭᠠᠳ ᠭᠡᠷ ᠲᠡᠭᠡᠨ ᠬᠦᠷᠲᠡᠯ᠎ᠡ ᠨᠡᠯᠢᠶᠡᠳ ᠬᠠᠷᠠᠩᠭᠤᠢ ᠪᠣᠯᠴᠢᠬᠠᠳᠠᠭ ᠶᠤᠮ᠃ ᠡᠶᠢᠮᠦ ᠠᠴᠠ ᠰᠤᠷᠭᠠᠭᠤᠯᠢ | ᠰᠤᠷᠤᠭᠴᠢᠳ ᠤᠨ ᠴᠠᠰᠤ ᠮᠠᠨᠠᠨ ᠲᠠᠢ ᠡᠳᠦᠷ ᠤᠨ ᠵᠠᠮ ᠬᠠᠷᠢᠯᠴᠠᠭᠠᠨ ᠤ ᠠᠮᠤᠷ ᠲᠥᠪᠰᠢᠨ ᠤ ᠬᠦᠮᠦᠵᠢᠯ ᠢ | ᠴᠢᠩᠭᠠᠳᠬᠠᠬᠤ ᠬᠡᠷᠡᠭᠲᠡᠢ᠃ | ᠭᠤᠷᠪᠠ᠂ ᠵᠠᠮ ᠬᠠᠷᠢᠯᠴᠠᠭᠠᠨ ᠤ ᠭᠡᠨᠡᠳᠡᠯ ᠢ ᠤᠷᠢᠳᠴᠢᠯᠠᠨ ᠰᠡᠷᠭᠡᠶᠢᠯᠡᠬᠦ ᠪᠠ ᠰᠢᠢᠳᠪᠦᠷᠢᠯᠡᠬᠦ | ︵ᠨᠢᠭᠡ︶ ᠵᠠᠮ ᠬᠠᠷᠢᠯᠴᠠᠭᠠᠨ ᠤ ᠠᠳᠡᠯ ᠢ ᠬᠡᠷᠬᠢᠨ ᠤᠷᠢᠳᠴᠢᠯᠠᠨ ᠰᠡᠷᠭᠡᠶᠢᠯᠡᠬᠦ ᠪᠣᠢ | ⒈ ᠬᠠᠮᠢᠶᠠᠷᠤᠯᠲᠠ ᠪᠠᠨ ᠴᠢᠩᠭᠠᠳᠬᠠᠬᠤ | ⑴ ᠰᠤᠷᠭᠠᠭᠤᠯᠢ ︽ᠵᠠᠮ ᠬᠠᠷᠢᠯᠴᠠᠭᠠᠨ ᠤ ᠭᠡᠨᠡᠳᠡᠯ ᠢ ᠪᠠᠴᠢᠮ ᠠᠷᠭᠠᠴᠠᠭᠠᠬᠤ ᠲᠥᠰᠥᠪ︾ ᠲᠣᠭᠲᠠᠭᠠᠨ᠎ᠠ | ᠃ ᠨᠡᠯᠢᠶᠡᠳ ᠶᠡᠭᠡ ᠵᠠᠮ ᠬᠠᠷᠢᠯᠴᠠᠭᠠᠨ ᠤ ᠠᠳᠡᠯ ᠤᠨ ᠬᠡᠷᠡᠭ ᠭᠠᠷᠴᠤ᠂ ᠭᠡᠮᠳᠦᠯ ᠰᠢᠷᠬᠠᠲᠤᠯ ᠡᠭᠦᠰᠦᠭᠰᠡᠨ ᠪᠣᠯ᠂ | ᠰᠤᠷᠭᠠᠭᠤᠯᠢ ᠠᠴᠠ ᠠᠷᠭ᠎ᠠ ᠬᠡᠮᠵᠢᠶ᠎ᠡ ᠠᠪᠴᠤ᠂ ᠬᠠᠮᠢᠶ᠎ᠠ ᠪᠦᠬᠦᠢ ᠬᠦᠮᠦᠰ ᠤᠨ ᠠᠵᠢᠯ ᠤᠨ ᠬᠠᠷᠢᠭᠤᠴᠠᠯᠭ᠎ᠠ ᠶᠢ | ᠲᠣᠳᠤᠷᠬᠠᠢ ᠪᠣᠯᠭᠠᠵᠤ᠂ ᠡᠯ᠎ᠡ ᠲᠠᠯ᠎ᠠ ᠶᠢᠨ ᠠᠵᠢᠯ ᠢ ᠡᠮᠬᠢ ᠵᠠᠮᠪᠠᠷᠠᠭ᠎ᠠ ᠲᠠᠢ ᠰᠠᠶᠢᠬᠠᠨ ᠭᠦᠢᠴᠡᠳᠬᠡᠬᠦ ᠬᠡᠷᠡᠭᠲᠡᠢ᠃ | ⑵ ᠰᠤᠷᠭᠠᠭᠤᠯᠢ ᠶᠢᠨ ᠲᠡᠷᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠤᠷᠤᠭᠴᠢ ᠶᠢᠨ ᠲᠡᠷᠭᠡᠨ ᠳᠤ | ᠰᠠᠭᠤᠬᠤ ᠠᠮᠤᠷ ᠲᠥᠪᠰᠢᠨ ᠢ ᠪᠠᠲᠤᠯᠠᠬᠤ ᠬᠡᠷᠡᠭᠲᠡᠢ᠃ ᠡᠩ ᠤᠨ ᠴᠠᠭ ᠲᠤ ᠵᠢᠯᠤᠭᠤᠴᠢ ᠪᠠ ᠲᠡᠷᠭᠡᠨ ᠤ | ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠤᠭᠠᠷ ᠰᠤᠷᠤᠭᠴᠢ ᠶᠢ ᠲᠣᠰᠴᠤ | ᠬᠦᠷᠭᠡᠬᠦ ᠡᠯ᠎ᠡ ᠵᠦᠢᠯ ᠤᠨ ᠵᠦᠪᠰᠢᠶᠡᠷᠡᠯ ᠤᠨ ᠭᠠᠷ ᠭᠦᠢᠴᠡᠳᠬᠡᠯ ᠢ ᠰᠠᠶᠢᠲᠤᠷ ᠬᠢᠵᠦ᠂ ᠲᠡᠷᠭᠡ ᠪᠠᠨ ᠲᠣᠭᠲᠠᠭᠰᠠᠨ | ᠬᠤᠭᠤᠴᠠᠭ᠎ᠠ ᠲᠠᠢ ᠠᠷᠠᠴᠢᠯᠠᠵᠤ ᠬᠠᠮᠠᠭᠠᠯᠠᠬᠤ ᠪᠠ ᠪᠠᠶᠢᠴᠠᠭᠠᠨ᠂ ᠠᠮᠤᠷ ᠲᠥᠪᠰᠢᠨ ᠢ ᠴᠠᠭ ᠢᠮᠠᠭᠲᠠ ᠪᠠᠲᠤᠯᠠᠬᠤ | ᠬᠡᠷᠡᠭᠲᠡᠢ᠃ ᠵᠢᠯᠤᠭᠤᠴᠢ ᠶᠢᠨ ᠳᠠᠪᠲᠠᠨ ᠪᠤᠯᠪᠠᠰᠤᠷᠠᠯ ᠢ ᠴᠢᠩᠭᠠᠳᠬᠠᠵᠤ᠂ ᠲᠡᠳᠡᠨ ᠤ ᠬᠠᠷᠢᠭᠤᠴᠠᠯᠭᠠᠲᠤ ᠣᠪᠤᠷ ᠢ ᠨᠢ | ᠨᠡᠮᠡᠭᠳᠡᠭᠦᠯᠦᠨ᠂ ᠵᠢᠯᠤᠭᠤᠴᠢ ᠶᠢᠨ ᠬᠠᠷᠢᠭᠤᠴᠠᠯᠭ᠎ᠠ ᠠᠯᠳᠠᠭᠰᠠᠨ ᠠᠴᠠ ᠪᠣᠯᠵᠤ ᠲᠡᠷᠭᠡᠨ ᠠᠳᠡᠯ ᠭᠠᠷᠬᠤ ᠶᠢ ᠡᠷᠡᠰ | ᠬᠤᠷᠢᠭᠯᠠᠬᠤ ᠬᠡᠷᠡᠭᠲᠡᠢ᠃ | ⑶ ᠰᠤᠷᠭᠠᠭᠤᠯᠢ ᠴᠤᠭᠯᠠᠬᠤ ᠦᠶ᠎ᠡ ᠪᠣᠯᠤᠨ ᠪᠠᠶᠠᠷ ᠳᠤᠷᠠᠰᠬᠠᠯ ᠤᠨ ᠡᠳᠦᠷ ᠤᠨ ᠠᠮᠠᠷᠠᠯᠲᠠ ᠪᠣᠯᠬᠤ ᠠᠴᠠ | ᠡᠮᠦᠨ᠎ᠡ ᠰᠤᠷᠭᠠᠭᠤᠯᠢ ᠰᠤᠷᠤᠭᠴᠢᠳ ᠲᠤ ᠵᠠᠮ ᠬᠠᠷᠢᠯᠴᠠᠭᠠᠨ ᠤ ᠠᠮᠤᠷ ᠲᠥᠪᠰᠢᠨ ᠤ ᠬᠦᠮᠦᠵᠢᠯ ᠬᠦᠷᠲᠡᠭᠡᠬᠦ ᠳᠦᠷᠢᠮ | ᠲᠤᠭᠲᠠᠭᠠᠬᠤ ᠬᠡᠷᠡᠭᠲᠡᠢ᠃ | ⑷ ᠰᠤᠷᠭᠠᠭᠤᠯᠢ ᠰᠤᠷᠤᠭᠴᠢ ᠪᠠᠨ ᠵᠣᠬᠢᠶᠠᠨ ᠪᠠᠶᠢᠭᠤᠯᠵᠤ᠂ ᠲᠡᠷᠭᠡ ᠤᠨᠤᠭ᠎ᠠ ᠠᠷᠪᠢᠨ ᠵᠠᠮ ᠳᠡᠭᠡᠷ᠎ᠡ | ᠬᠠᠮᠲᠤ ᠶᠢᠨ ᠬᠦᠳᠡᠯᠭᠡᠭᠡᠨ ᠪᠠ ᠲᠠᠮᠢᠷ ᠤᠨ ᠪᠤᠯᠪᠠᠰᠤᠷᠠᠯ ᠦᠷᠨᠢᠭᠦᠯᠵᠦ ᠪᠣᠯᠬᠤ ᠦᠭᠡᠢ᠂ ᠬᠡᠷᠪᠡ ᠵᠠᠮ ᠬᠠᠷᠢᠯᠴᠠᠭ᠎ᠠ ᠶᠢ | ᠠᠰᠢᠭᠯᠠᠵᠤ ᠬᠦᠳᠡᠯᠭᠡᠭᠡᠨ ᠦᠷᠨᠢᠭᠦᠯᠬᠦ ᠭᠡᠪᠡᠯ᠂ ᠲᠤᠰ ᠭᠠᠵᠠᠷ ᠣᠷᠣᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠰᠠᠯᠠᠭ᠎ᠠ ᠮᠦᠴᠢᠷ ᠤᠨ ᠵᠦᠪᠰᠢᠶᠡᠷᠡᠯ ᠤᠨ ᠣᠯᠬᠤ ᠶᠢᠨ ᠳᠠᠭᠠᠤ ᠵᠠᠮ ᠬᠠᠷᠢᠯᠴᠠᠭᠠᠨ ᠤ ᠴᠠᠭᠳᠠᠭ᠎ᠠ ᠪᠠᠷ ᠡᠮᠬᠢ ᠵᠢᠷᠦᠮ ᠢ | ᠪᠠᠷᠢᠮᠲᠠᠯᠠᠭᠤᠯᠵᠤ᠂ ᠪᠦᠲᠦᠮᠵᠢᠲᠠᠢ ᠰᠡᠷᠡᠮᠵᠢᠯᠡᠬᠦ ᠠᠷᠭ᠎ᠠ ᠬᠡᠮᠵᠢᠶ᠎ᠡ ᠠᠪᠴᠤ᠂ ᠰᠤᠷᠤᠭᠴᠢ ᠶᠢᠨ ᠠᠮᠤᠷ ᠲᠥᠪᠰᠢᠨ ᠢ | ᠪᠠᠲᠤᠯᠠᠬᠤ ᠬᠡᠷᠡᠭᠲᠡᠢ᠃ | ⑸ ᠬᠦᠳᠡᠭᠡ ᠲᠣᠰᠬᠤᠨ ᠤ ᠰᠤᠷᠭᠠᠭᠤᠯᠢ ︽ᠮᠦᠷᠯᠡᠨ ᠵᠢᠭᠰᠠᠬᠤ︾ ᠳᠦᠷᠢᠮ ᠪᠠᠶᠢᠭᠤᠯᠤᠨ᠎ᠠ᠃ | ᠰᠤᠷᠭᠠᠭᠤᠯᠢ ᠲᠠᠷᠬᠠᠭᠰᠠᠨ ᠤ ᠳᠠᠷᠠᠭ᠎ᠠ᠂ ᠰᠤᠷᠤᠭᠴᠢ ᠶᠢᠨ ᠭᠡᠷ ᠤᠨ ᠰᠠᠭᠤᠭ᠎ᠠ ᠭᠠᠵᠠᠷ ᠢ ᠨᠢ ᠦᠨᠳᠦᠰᠦᠯᠡᠵᠦ᠂ ᠨᠢᠭᠡ | ᠳᠤᠭᠤᠶᠢᠯᠠᠩ ᠪᠠᠶᠢᠭᠤᠯᠤᠨ ᠮᠦᠷᠯᠡᠵᠦ ᠭᠡᠷ ᠲᠡᠭᠡᠨ ᠬᠠᠷᠢᠨ᠎ᠠ᠃ ᠵᠠᠮ ᠤᠨ ᠪᠠᠷᠠᠭᠤᠨ ᠲᠠᠯ᠎ᠠ ᠪᠠᠷ ᠮᠦᠷᠯᠡᠨ ᠶᠠᠪᠤᠵᠤ᠂ | ᠠᠮᠤᠷ ᠲᠥᠪᠰᠢᠨ ᠢ ᠪᠠᠲᠤᠯᠠᠬᠤ ᠬᠡᠷᠡᠭᠲᠡᠢ᠃ | ⒉ᠰᠤᠷᠭᠠᠨ ᠬᠦᠮᠦᠵᠢᠯ ᠢ ᠴᠢᠩᠭᠠᠳᠬᠠᠬᠤ | ⑴ ᠰᠤᠷᠭᠠᠨ ᠬᠦᠮᠦᠵᠢᠯ ᠢ ᠴᠢᠩᠭᠠᠳᠬᠠᠵᠤ᠂ ᠰᠤᠷᠤᠭᠴᠢ ᠶᠢᠨ ᠵᠠᠮ ᠬᠠᠷᠢᠯᠴᠠᠭᠠᠨ ᠤ ᠠᠳᠡᠯ ᠢ | ᠤᠷᠢᠳᠴᠢᠯᠠᠨ ᠰᠡᠷᠭᠡᠶᠢᠯᠡᠬᠦ ᠪᠠ ᠠᠷᠭᠠᠴᠠᠭᠠᠬᠤ ᠴᠢᠳᠠᠪᠦᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃ ᠲᠤᠰ ᠭᠠᠵᠠᠷ ᠤᠨ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠬᠦᠮᠦᠰ ᠢ ᠤᠷᠢᠵᠤ᠂ ᠵᠠᠮ ᠬᠠᠷᠢᠯᠴᠠᠭᠠᠨ ᠤ | ᠠᠳᠡᠯ ᠤᠨ ᠪᠣᠳᠠᠳᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠰᠤᠷᠤᠭᠴᠢᠳ ᠲᠤ ᠵᠠᠮ ᠬᠠᠷᠢᠯᠴᠠᠭᠠᠨ ᠤ ᠬᠠᠤᠯᠢ | ᠳᠦᠷᠢᠮ ᠪᠠ ᠵᠠᠮ ᠬᠠᠷᠢᠯᠴᠠᠭᠠᠨ ᠤ ᠠᠮᠤᠷ ᠲᠥᠪᠰᠢᠨ ᠤ ᠮᠡᠳᠡᠯᠭᠡ ᠶᠢᠨ ᠬᠦᠮᠦᠵᠢᠯ ᠬᠦᠷᠲᠡᠭᠡᠵᠦ᠂ ᠰᠤᠷᠤᠭᠴᠢ ᠶᠢ | ᠬᠠᠤᠯᠢ ᠶᠢ ᠣᠶᠢᠯᠠᠭᠠᠬᠤ᠂ ᠬᠠᠤᠯᠢ ᠮᠡᠳᠡᠬᠦ᠂ ᠬᠠᠤᠯᠢ ᠶᠢ ᠰᠠᠬᠢᠬᠤ ᠤᠬᠠᠮᠰᠠᠷ ᠲᠠᠢ ᠪᠣᠯᠭᠠᠬᠤ ᠬᠡᠷᠡᠭᠲᠡᠢ᠃ | ᠰᠤᠷᠭᠠᠭᠤᠯᠢ ᠠᠴᠠ ᠵᠠᠮ ᠬᠠᠷᠢᠯᠴᠠᠭᠠᠨ ᠤ ᠠᠮᠤᠷ ᠲᠥᠪᠰᠢᠨ ᠤ ᠦᠵᠡᠭᠦᠯᠭᠡ᠂ ︽ᠠᠮᠤᠷ ᠲᠥᠪᠰᠢᠨ ᠶᠠᠪᠤᠵᠤ | ᠰᠠᠭᠤᠬᠤ︾ ᠪᠠᠷ ᠭᠤᠣᠯ ᠰᠡᠳᠦᠪ ᠪᠣᠯᠭᠠᠭᠰᠠᠨ ᠠᠩᠭᠢ ᠶᠢᠨ ᠬᠤᠷᠠᠯ ᠪᠣᠶᠤ ᠠᠩᠭᠢ ᠪᠦᠯᠬᠦᠮ ᠤᠨ ᠬᠦᠳᠡᠯᠭᠡᠭᠡᠨ | ᠦᠷᠨᠢᠭᠦᠯᠬᠦ ᠪᠠᠷ ᠳᠠᠮᠵᠢᠭᠤᠯᠵᠤ᠂ ᠰᠤᠷᠤᠭᠴᠢᠳ ᠲᠤ ᠵᠠᠮ ᠬᠠᠷᠢᠯᠴᠠᠭᠠᠨ ᠤ ᠬᠠᠤᠯᠢ ᠳᠦᠷᠢᠮ ᠪᠠ ᠵᠠᠮ | ᠬᠠᠷᠢᠯᠴᠠᠭᠠᠨ ᠤ ᠠᠮᠤᠷ ᠲᠥᠪᠰᠢᠨ ᠤ ᠭᠡᠮ ᠠᠷᠬᠠᠭ ᠢ ᠣᠶᠢᠯᠠᠭᠠᠭᠤᠯᠵᠤ᠂ ᠵᠠᠮ ᠬᠠᠷᠢᠯᠴᠠᠭᠠᠨ ᠤ ᠠᠳᠡᠯ ᠡᠭᠦᠰᠬᠦ | ᠵᠢᠮ᠎ᠡ ᠶᠣᠰᠣ ᠶᠢ ᠮᠡᠳᠡᠭᠦᠯᠦᠨ᠂ ᠤᠷᠢᠳᠴᠢᠯᠠᠨ ᠰᠡᠷᠡᠮᠵᠢᠯᠡᠬᠦ ᠤᠬᠠᠮᠰᠠᠷ ᠢ ᠨᠢ ᠳᠡᠭᠡᠭᠰᠢᠯᠡᠭᠦᠯᠵᠦ᠂ ᠰᠢᠨᠵᠢᠯᠡᠬᠦ | ᠤᠬᠠᠭᠠᠨᠴᠢ ᠪᠠᠷ ᠤᠷᠢᠳᠴᠢᠯᠠᠨ ᠰᠡᠷᠭᠡᠶᠢᠯᠡᠵᠦ᠂ ᠠᠳᠡᠯ ᠭᠠᠷᠬᠤ ᠶᠢ ᠪᠠᠭᠠᠰᠬᠠᠬᠤ ᠬᠡᠷᠡᠭᠲᠡᠢ᠃ | ⑵ ᠭᠡᠷ ᠤᠨ ᠠᠬᠠᠮᠠᠳ ᠤᠨ ᠬᠤᠷᠠᠯ ᠢᠶᠠᠷ ᠳᠠᠮᠵᠢᠭᠤᠯᠵᠤ᠂ ᠭᠡᠷ ᠤᠨ ᠠᠬᠠᠮᠠᠳ ᠲᠤ ᠵᠠᠮ ᠬᠠᠷᠢᠯᠴᠠᠭᠠᠨ ᠤ | ᠬᠠᠤᠯᠢ ᠳᠦᠷᠢᠮ ᠪᠠ ᠵᠠᠮ ᠬᠠᠷᠢᠯᠴᠠᠭᠠᠨ ᠤ ᠠᠮᠤᠷ ᠲᠥᠪᠰᠢᠨ ᠤ ᠮᠡᠳᠡᠯᠭᠡ ᠶᠢ ᠤᠬᠠᠭᠤᠯᠤᠨ᠂ ᠬᠡᠥᠬᠡᠳ ᠲᠡᠭᠡᠨ | ᠠᠮᠤᠷ ᠲᠥᠪᠰᠢᠨ ᠤ ᠲᠤᠬᠠᠢ ᠠᠵᠢᠯ ᠬᠢᠬᠦ ᠲᠤᠯᠭᠠᠮ᠎ᠠ ᠰᠡᠳᠬᠢᠯᠭᠡ ᠶᠢ ᠨᠢ ᠳᠡᠭᠡᠭᠰᠢᠯᠡᠭᠦᠯᠦᠨ᠂ ᠰᠤᠷᠭᠠᠭᠤᠯᠢ ᠪᠠ | ᠭᠡᠷ ᠤᠨ ᠠᠬᠠᠮᠠᠳ ᠬᠠᠮᠲᠤ ᠪᠠᠷ ᠰᠤᠷᠤᠭᠴᠢᠳ ᠲᠤ ᠵᠠᠮ ᠬᠠᠷᠢᠯᠴᠠᠭᠠᠨ ᠤ ᠠᠮᠤᠷ ᠲᠥᠪᠰᠢᠨ ᠤ ᠬᠦᠮᠦᠵᠢᠯ ᠢ | ᠰᠠᠶᠢᠲᠤᠷ ᠬᠢᠬᠦ ᠬᠡᠷᠡᠭᠲᠡᠢ᠃ ᠰᠤᠷᠭᠠᠭᠤᠯᠢ ᠴᠤᠭᠯᠠᠬᠤ ᠪᠠ ᠲᠠᠷᠬᠠᠬᠤ ᠦᠶ᠎ᠡ ᠳᠤ ᠵᠠᠮ ᠳᠡᠭᠡᠷ᠎ᠡ ᠨᠣᠴᠤᠯᠳᠤᠨ | ᠬᠦᠭᠡᠭᠡᠴᠡᠯᠳᠦᠵᠦ ᠪᠣᠯᠬᠤ ᠦᠭᠡᠢ᠂ ᠵᠠᠮ ᠬᠦᠨᠳᠡᠯᠡᠨ ᠣᠭᠲᠤᠯᠬᠤ ᠳᠠᠭᠠᠨ ᠲᠡᠷᠭᠡ ᠤᠨᠤᠭ᠎ᠠ ᠶᠢ ᠠᠩᠬᠠᠷᠤᠨ᠂ ᠳᠡᠭᠡᠳᠦ | ᠬᠤᠷᠳᠤᠴᠠᠲᠤ ᠵᠠᠮ ᠳᠡᠭᠡᠷ᠎ᠡ ᠠᠯᠬᠤᠵᠤ ᠪᠣᠯᠬᠤ ᠦᠭᠡᠢ᠂ ᠮᠠᠰᠢᠨ ᠲᠡᠷᠭᠡ ᠠᠴᠠ ᠵᠠᠶᠢᠳᠠᠭᠤ ᠠᠯᠬᠤᠬᠤ ᠬᠡᠷᠡᠭᠲᠡᠢ ᠭᠡᠵᠦ | ᠰᠤᠷᠤᠭᠴᠢᠳ ᠲᠤ ᠦᠷᠭᠦᠯᠵᠢ ᠰᠠᠨᠠᠭᠤᠯᠬᠤ ᠬᠡᠷᠡᠭᠲᠡᠢ᠃ | ① ᠶᠠᠪᠠᠭᠠᠨ ᠠᠯᠬᠤᠬᠤ᠄ | * ᠶᠠᠪᠠᠭᠠᠨ ᠬᠦᠮᠦᠨ ᠤ ᠵᠠᠮ ᠢᠶᠠᠷ ᠠᠯᠬᠤᠵᠤ᠂ ᠶᠠᠪᠠᠭᠠᠨ ᠬᠦᠮᠦᠨ ᠤ ᠵᠠᠮ ᠦᠭᠡᠢ ᠪᠣᠯ ᠵᠠᠮ ᠤᠨ | ᠪᠠᠷᠠᠭᠤᠨ ᠭᠠᠷ ᠲᠠᠯ᠎ᠠ ᠶᠢ ᠪᠠᠷᠢᠵᠤ ᠠᠯᠬᠤᠬᠤ ᠬᠡᠷᠡᠭᠲᠡᠢ᠃ | * ᠲᠤᠭᠤᠨᠤᠯᠵᠢᠨ ᠵᠠᠮ ᠥᠩᠭᠡᠷᠡᠬᠦ ᠪᠣᠶᠤ ᠵᠠᠮ ᠣᠭᠲᠤᠯᠬᠤ ᠦᠶ᠎ᠡ ᠳᠤ᠂ ᠶᠠᠪᠠᠭᠠᠨ ᠬᠦᠮᠦᠨ ᠥᠩᠭᠡᠷᠡᠬᠦ | ᠬᠦᠨᠳᠡᠯᠡᠨ ᠵᠠᠮ ᠢᠶᠠᠷ ᠶᠠᠪᠤᠬᠤ ᠪᠣᠶᠤ ᠤᠨᠠᠭᠤᠯᠢ ᠬᠦᠭᠦᠷᠭᠡ ᠳᠡᠭᠡᠭᠦᠷ ᠠᠯᠬᠤᠬᠤ ᠬᠡᠷᠡᠭᠲᠡᠢ᠃ | * ᠵᠠᠮ ᠬᠠᠷᠢᠯᠴᠠᠭᠠᠨ ᠤ ᠳᠣᠬᠢᠶᠠᠨ ᠳ᠋ᠧᠩ ᠤᠨ ᠵᠢᠯᠤᠭᠤᠳᠤᠯᠭ᠎ᠠ ᠢ ᠳᠠᠭᠠᠬᠤ ᠬᠡᠷᠡᠭᠲᠡᠢ᠃ | * ᠲᠡᠷᠭᠡ ᠤᠨᠤᠭ᠎ᠠ ᠠᠷᠪᠢᠨ ᠵᠦᠷᠢᠯᠳᠦᠵᠦ ᠪᠠᠶᠢᠭ᠎ᠠ ᠭᠠᠵᠠᠷ ᠲᠦᠷᠭᠡᠨ ᠵᠠᠮ ᠣᠭᠲᠤᠯᠬᠤ ᠪᠣᠶᠤ ᠵᠠᠮ ᠤᠨ | ᠳᠤᠮᠳᠠ ᠠᠴᠠ ᠪᠠᠨ ᠪᠣᠴᠠᠵᠤ ᠪᠣᠯᠬᠤ ᠦᠭᠡᠢ᠃ | ② ᠲᠡᠷᠭᠡᠨ ᠳᠤ ᠰᠠᠭᠤᠬᠤ᠄ | * ᠮᠠᠰᠢᠨ ᠲᠡᠷᠭᠡᠨ ᠤ ᠵᠠᠮ ᠳᠡᠭᠡᠷ᠎ᠡ ᠭᠠᠷᠴᠤ ᠲᠡᠷᠭᠡ ᠲᠣᠰᠴᠤ ᠪᠣᠯᠬᠤ ᠦᠭᠡᠢ᠃ | * ᠲᠡᠷᠭᠡᠨ ᠦᠷᠲᠡᠭᠡᠨ ᠳᠤ ᠲᠡᠷᠭᠡ ᠬᠦᠯᠢᠶᠡᠬᠦ ᠳᠡᠭᠡᠨ ᠤᠬᠠᠮᠰᠠᠷ ᠠᠴᠠ ᠪᠠᠨ ᠮᠦᠷᠯᠡᠵᠦ᠂ ᠲᠡᠷᠭᠡ | ᠯᠠᠪᠳᠠᠭᠤᠨ ᠵᠣᠭᠰᠤᠬᠤ ᠠᠴᠠ ᠡᠮᠦᠨ᠎ᠡ ᠲᠡᠷᠭᠡᠨ ᠳᠤ ᠶᠠᠭᠠᠷᠠᠵᠤ ᠭᠠᠷᠴᠤ ᠪᠣᠯᠬᠤ ᠦᠭᠡᠢ᠃ | * ᠲᠡᠷᠭᠡᠨ ᠤ ᠬᠠᠭᠠᠯᠭ᠎ᠠ ᠶᠢ ᠨᠡᠭᠡᠭᠡᠭᠰᠡᠨ ᠤ ᠳᠠᠷᠠᠭ᠎ᠠ᠂ ᠤᠷᠢᠳᠠᠪᠡᠷ ᠪᠠᠭᠤᠵᠤ ᠬᠤᠶᠢᠨ᠎ᠠ ᠨᠢ ᠭᠠᠷᠴᠤ᠂ | ᠨᠠᠰᠤᠲᠠᠶᠢᠴᠤᠳ᠂ ᠬᠡᠥᠬᠡᠳ ᠪᠣᠯᠤᠨ ᠵᠡᠮᠳᠡᠭᠴᠦᠳ ᠢ ᠤᠬᠠᠮᠰᠠᠷ ᠠᠴᠠ ᠪᠠᠨ ᠬᠠᠷᠠᠭᠠᠯᠵᠠᠬᠤ ᠬᠡᠷᠡᠭᠲᠡᠢ᠃ | * ᠲᠡᠷᠭᠡᠨ ᠳᠤ ᠭᠠᠷᠤᠭᠰᠠᠨ ᠤ ᠳᠠᠷᠠᠭ᠎ᠠ᠂ ᠣᠷᠣᠨ ᠳᠠᠭᠠᠨ ᠯᠠᠪᠳᠠᠭᠤᠨ ᠰᠠᠭᠤᠬᠤ ᠪᠣᠶᠤ ᠲᠦᠰᠢᠭᠦᠷ ᠠᠴᠠ | ᠯᠠᠪᠳᠠᠭᠤᠨ ᠠᠳᠬᠤᠵᠤ᠂ ᠴᠤᠩᠬᠤ ᠪᠠᠷ ᠲᠣᠯᠤᠭᠠᠢ ᠪᠠᠨ ᠭᠠᠷᠭᠠᠵᠤ ᠪᠣᠯᠬᠤ ᠦᠭᠡᠢ᠃ | * ᠰᠠᠭᠤᠭᠰᠠᠨ ᠲᠡᠷᠭᠡ ᠨᠢ ᠵᠠᠮ ᠬᠠᠷᠢᠯᠴᠠᠭᠠᠨ ᠤ ᠠᠳᠡᠯ ᠭᠠᠷᠪᠠᠯ᠂ ᠵᠢᠯᠤᠭᠤᠴᠢ ᠪᠠ ᠫᠢᠶᠤᠤ | ᠬᠤᠳᠠᠯᠳᠤᠭᠴᠢ ᠶᠢᠨ ᠵᠢᠯᠤᠭᠤᠳᠤᠯᠭ᠎ᠠ ᠶᠢ ᠳᠠᠭᠠᠬᠤ ᠬᠡᠷᠡᠭᠲᠡᠢ᠃ | * ᠲᠡᠷᠭᠡᠨ ᠳᠤ ᠭᠠᠷᠪᠠᠯ ᠠᠮᠤᠷ ᠲᠥᠪᠰᠢᠨ ᠤ ᠪᠦᠰᠡ ᠶᠢ ᠪᠦᠰᠡᠯᠡᠬᠦ ᠬᠡᠷᠡᠭᠲᠡᠢ᠃ | ③ ᠳᠤᠭᠤᠢ ᠤᠨᠤᠬᠤ᠄ | * ᠳᠤᠭᠤᠢ ᠤᠨᠤᠪᠠᠯ ᠮᠠᠰᠢᠨ ᠲᠡᠷᠭᠡ ᠶᠠᠪᠤᠬᠤ ᠦᠭᠡᠢ ᠵᠠᠮ ᠢᠶᠠᠷ ᠪᠠᠷᠠᠭᠤᠨ ᠭᠠᠷ ᠲᠠᠯ᠎ᠠ ᠪᠠᠨ ᠳᠠᠭᠠᠵᠤ | ᠶᠠᠪᠤᠨ᠎ᠠ᠃ | * ᠤᠯᠠᠨ ᠬᠦᠮᠦᠨ ᠵᠡᠷᠭᠡᠴᠡᠨ ᠶᠠᠪᠤᠬᠤ ᠪᠣᠶᠤ ᠵᠠᠮ ᠳᠠᠭᠠᠨ ᠶᠠᠷᠢᠯᠴᠠᠵᠤ ᠪᠣᠯᠬᠤ ᠦᠭᠡᠢ᠃ | * ᠵᠠᠮ ᠶᠠᠪᠤᠵᠤ ᠪᠠᠶᠢᠬᠤ ᠦᠶ᠎ᠡ ᠳᠤ ᠵᠡᠭᠦᠨᠰᠢ ᠮᠣᠷᠤᠶᠢᠬᠤ ᠭᠡᠪᠡᠯ᠂ ᠭᠠᠷ ᠢᠶᠠᠨ ᠡᠷᠭᠦᠵᠦ ᠬᠤᠶᠢᠨᠠᠬᠢ | ᠲᠡᠷᠭᠡᠨ ᠳᠤ ᠳᠣᠬᠢᠶ᠎ᠠ ᠮᠡᠳᠡᠭᠳᠡᠬᠦ ᠬᠡᠷᠡᠭᠲᠡᠢ᠂ ᠬᠠᠷᠢᠨ ᠳᠤᠷ᠎ᠠ ᠪᠠᠷ ᠢᠶᠠᠨ ᠵᠠᠮ ᠪᠤᠯᠢᠶᠠᠯᠳᠤᠬᠤ ᠪᠣᠶᠤ ᠤᠭᠵᠤᠮ | ᠮᠣᠷᠤᠶᠢᠵᠤ ᠪᠣᠯᠬᠤ ᠦᠭᠡᠢ᠃ | * ᠶᠠᠪᠠᠭᠠᠨ ᠬᠦᠮᠦᠨ ᠤ ᠶᠠᠪᠤᠬᠤ ᠵᠠᠮ ᠤᠨ ᠲᠡᠮᠳᠡᠭ ᠦᠭᠡᠢ ᠬᠡᠰᠡᠭ ᠢᠶᠠᠷ ᠵᠠᠮ ᠣᠭᠲᠤᠯᠬᠤ ᠳᠠᠭᠠᠨ ᠮᠠᠰᠢᠨ | ᠲᠡᠷᠭᠡ ᠠᠴᠠ ᠵᠠᠶᠢᠯᠠᠵᠤ ᠠᠭᠠᠵᠢᠭᠤ ᠦᠩᠭᠡᠷᠡᠬᠦ ᠬᠡᠷᠡᠭᠲᠡᠢ᠃ | * ᠬᠦᠮᠦᠨ ᠰᠠᠬᠢᠨ ᠬᠠᠷᠠᠵᠤ ᠪᠠᠶᠢᠬᠤ ᠦᠭᠡᠢ ᠲᠡᠮᠦᠷ ᠵᠠᠮ ᠤᠨ ᠬᠠᠵᠠᠭᠤ ᠳᠤ ᠬᠦᠷᠪᠡᠯ᠂ ᠠᠮᠤᠷ | ᠲᠥᠪᠰᠢᠨ ᠪᠠᠶᠢᠬᠤ ᠶᠢ ᠪᠠᠲᠤᠯᠠᠭᠰᠠᠨ ᠤ ᠰᠡᠭᠦᠯᠡᠷ ᠰᠠᠶ᠋ᠢ ᠥᠩᠭᠡᠷᠡᠬᠦ ᠬᠡᠷᠡᠭᠲᠡᠢ᠃ | * ᠳᠤᠭᠤᠢ ᠤᠨᠤᠨ ᠰᠦᠷᠴᠦ ᠶᠠᠪᠤᠵᠤ ᠪᠣᠯᠬᠤ ᠦᠭᠡᠢ᠂ ᠤᠯᠠᠭᠠᠨ ᠳ᠋ᠧᠩ ᠢ ᠥᠩᠭᠡᠷᠡᠵᠦ ᠪᠣᠯᠬᠤ ᠦᠭᠡᠢ︔ | ᠠᠷᠭ᠎ᠠ ᠦᠭᠡᠢ ᠪᠠᠶᠢᠳᠠᠯ ᠳᠣᠣᠷ᠎ᠠ ᠰᠦᠷᠴᠦ ᠶᠠᠪᠤᠬᠤ ᠭᠡᠪᠡᠯ᠂ ᠵᠠᠮ ᠤᠨ ᠬᠦᠪᠡᠭᠡ ᠳᠠᠭᠠᠵᠤ ᠶᠠᠪᠤᠬᠤ ᠬᠡᠷᠡᠭᠲᠡᠢ︔ | ᠲᠡᠷᠭᠡ ᠠᠷᠪᠢᠨ ᠦᠶᠡᠰ᠂ ᠳᠤᠭᠤᠢ ᠠᠴᠠ ᠪᠠᠨ ᠪᠠᠭᠤᠨ ᠶᠠᠪᠠᠭᠠᠨ ᠠᠯᠬᠤᠪᠠᠯ ᠵᠣᠬᠢᠨ᠎ᠠ᠃ | * ᠮᠠᠰᠢᠨ ᠲᠡᠷᠭᠡᠨ ᠤ ᠵᠠᠮ ᠢᠶᠠᠷ ᠳᠤᠭᠤᠢ ᠤᠨᠤᠵᠤ ᠪᠣᠯᠬᠤ ᠦᠭᠡᠢ᠃ | * ᠲᠤᠷᠮᠤᠰᠯᠠᠭᠤᠷ ᠪᠠ ᠬᠤᠩᠬᠤ ᠨᠢ ᠡᠪᠳᠡᠷᠡᠭᠰᠡᠨ ᠳᠤᠭᠤᠢ ᠤᠨᠤᠵᠤ ᠪᠣᠯᠬᠤ ᠦᠭᠡᠢ᠃ | * ᠳᠤᠭᠤᠢ ᠤᠨᠤᠵᠤ ᠪᠠᠶᠢᠭ᠎ᠠ ᠦᠶ᠎ᠡ ᠳᠤ᠂ ᠳᠤᠭᠤᠢ ᠶᠢᠨ ᠪᠠᠷᠢᠭᠤᠯ ᠠᠴᠠ ᠠᠳᠬᠤᠵᠤ᠂ ᠪᠤᠰᠤᠳ | ᠲᠡᠷᠭᠡᠨ ᠠᠴᠠ ᠲᠦᠰᠢᠬᠦ᠂ ᠭᠠᠷ ᠲᠠᠭᠠᠨ ᠶᠠᠭᠤᠮ᠎ᠠ ᠪᠠᠷᠢᠬᠤ ᠪᠣᠶᠤ ᠭᠠᠷ ᠤᠲᠠᠰᠤ ᠨᠠᠭᠠᠳᠴᠤ ᠪᠣᠯᠬᠤ ᠦᠭᠡᠢ᠃ | * ᠡᠮᠦᠨ᠎ᠡ ᠶᠠᠪᠤᠵᠤ ᠪᠠᠶᠢᠭ᠎ᠠ ᠲᠡᠷᠭᠡ ᠶᠢᠨ ᠵᠡᠭᠦᠨ ᠲᠠᠯ᠎ᠠ ᠪᠠᠷ ᠨᠢ ᠳᠠᠪᠠᠵᠤ᠂ S ᠬᠡᠯᠪᠡᠷᠢ ᠪᠠᠷ ᠶᠠᠪᠤᠵᠤ | ᠪᠣᠯᠬᠤ ᠦᠭᠡᠢ᠃ | * ᠳᠤᠭᠤᠢ ᠤᠨᠤᠵᠤ ᠪᠠᠶᠢᠬᠤ ᠳᠠᠭᠠᠨ᠂ ᠴᠢᠬᠢᠨ ᠳᠡᠭᠡᠨ ᠰᠣᠨᠤᠰᠤᠭᠤᠷ ᠵᠡᠭᠦᠵᠦ ᠳᠠᠭᠤᠤ ᠬᠦᠭᠵᠢᠮ | ᠰᠣᠨᠤᠰᠴᠤ ᠪᠣᠯᠬᠤ ᠦᠭᠡᠢ᠃ | * ᠰᠠᠯᠬᠢ ᠪᠣᠷᠣᠭᠠᠨ᠂ ᠴᠠᠰᠤ ᠰᠢᠭᠤᠷᠭ᠎ᠠ ᠲᠠᠢ ᠡᠳᠦᠷ ᠳᠤᠭᠤᠢ ᠤᠨᠤᠬᠤ ᠦᠭᠡᠢ ᠪᠠᠶᠢᠪᠠᠯ ᠵᠣᠬᠢᠨ᠎ᠠ᠃ | ⑶ ᠰᠤᠷᠤᠭᠴᠢᠳ ᠲᠤ ᠠᠮᠤᠷ ᠲᠥᠪᠰᠢᠨ ᠤ ᠲᠣᠭᠲᠠᠭᠠᠯ ᠳᠦᠷᠢᠮ ᠳᠤ ᠨᠡᠶᠢᠴᠡᠭᠰᠡᠨ ᠦᠭᠡᠢ | ᠲᠡᠷᠭᠡᠨ ᠳᠤ ᠰᠠᠭᠤᠵᠤ ᠪᠣᠯᠬᠤ ᠦᠭᠡᠢ ᠭᠡᠵᠦ ᠰᠠᠨᠠᠭᠤᠯᠬᠤ ᠬᠡᠷᠡᠭᠲᠡᠢ᠂ ᠡᠭᠦᠨ ᠳᠤ ᠪᠠᠭᠲᠠᠬᠤ ᠨᠢ᠄ | * ᠵᠢᠯᠤᠭᠤᠴᠢ ᠨᠢ ᠠᠷᠢᠬᠢ ᠤᠤᠭᠤᠭᠰᠠᠨ ᠲᠡᠷᠭᠡᠨ ᠳᠤ ᠰᠠᠭᠤᠵᠤ ᠪᠣᠯᠬᠤ ᠦᠭᠡᠢ᠃ | * ︽ᠬᠠᠷ᠎ᠠ︾ ᠲᠡᠷᠭᠡ ᠪᠣᠶᠤ ᠫᠠᠶᠢᠰᠠ ᠲᠡᠮᠳᠡᠭ ᠦᠭᠡᠢ ᠲᠡᠷᠭᠡᠨ ᠳᠤ ᠰᠠᠭᠤᠵᠤ ᠪᠣᠯᠬᠤ ᠦᠭᠡᠢ᠃ | * ᠬᠡᠲᠦᠷᠡᠲᠡᠯ᠎ᠡ ᠬᠦᠮᠦᠨ ᠲᠡᠭᠡᠭᠡᠭᠰᠡᠨ ᠲᠡᠷᠭᠡᠨ ᠳᠤ ᠰᠠᠭᠤᠵᠤ ᠪᠣᠯᠬᠤ ᠦᠭᠡᠢ᠃ | * ᠦᠨᠡᠮᠯᠡᠯ ᠦᠭᠡᠢ ᠵᠢᠯᠤᠭᠤᠴᠢ ᠶᠢᠨ ᠲᠡᠷᠭᠡᠨ ᠳᠤ ᠰᠠᠭᠤᠵᠤ ᠪᠣᠯᠬᠤ ᠦᠭᠡᠢ᠃ | * ᠬᠤᠶᠠᠷ ᠬᠦᠷᠳᠦᠲᠦ ᠲᠡᠷᠭᠡ᠂ ᠲᠠᠷᠢᠶᠠᠯᠠᠩ ᠤᠨ ᠮᠠᠰᠢᠨ ᠵᠢᠴᠢ ᠪᠠᠷᠠᠭ᠎ᠠ ᠲᠡᠭᠡᠭᠡᠪᠦᠷᠢᠯᠡᠬᠦ ᠮᠠᠰᠢᠨ | ᠲᠡᠷᠭᠡᠨ ᠳᠤ ᠰᠠᠭᠤᠵᠤ ᠪᠣᠯᠬᠤ ᠦᠭᠡᠢ᠃ | ⒊ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠤ ᠡᠷᠬᠡ ᠲᠤᠰᠢᠶᠠᠯᠲᠤ ᠰᠠᠯᠠᠭ᠎ᠠ ᠮᠦᠴᠢᠷ ᠪᠠ | ᠨᠡᠶᠢᠭᠡᠮ ᠲᠣᠭᠤᠷᠢᠭ ᠲᠠᠢ ᠬᠠᠮᠵᠢᠯᠴᠠᠨ᠂ ᠬᠠᠮᠲᠤ ᠪᠠᠷ ᠵᠠᠮ ᠬᠠᠷᠢᠯᠴᠠᠭᠠᠨ ᠤ ᠠᠮᠤᠷ ᠲᠥᠪᠰᠢᠨ ᠤ ᠠᠵᠢᠯ ᠢ ᠰᠠᠶᠢᠲᠤᠷ | ᠬᠢᠬᠦ ᠬᠡᠷᠡᠭᠲᠡᠢ᠃ | ⑴ ᠰᠤᠷᠭᠠᠭᠤᠯᠢ ᠶᠢᠨ ᠡᠭᠦᠳᠡ ᠨᠢ ᠵᠠᠮ ᠤᠨ ᠣᠶᠢᠷᠠᠯᠴᠠᠭ᠎ᠠ ᠪᠠᠶᠢᠬᠤ ᠳᠤ ᠬᠦᠷᠪᠡᠯ᠂ ᠲᠤᠬᠠᠢ ᠶᠢᠨ | ᠭᠠᠵᠠᠷ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠠᠢ ᠬᠠᠮᠵᠢᠯᠴᠠᠨ᠂ ᠰᠤᠷᠭᠠᠭᠤᠯᠢ ᠶᠢᠨ | ᠡᠭᠦᠳᠡ ᠠᠴᠠ ᠵᠣᠬᠢᠬᠤ ᠵᠠᠢ ᠲᠠᠢ ᠵᠠᠮ ᠳᠡᠭᠡᠷ᠎ᠡ ︽ᠰᠤᠷᠭᠠᠭᠤᠯᠢ ᠶᠢᠨ ᠣᠶᠢᠷᠠᠯᠴᠠᠭ᠎ᠠ᠂ ᠲᠡᠷᠭᠡ ᠤᠨᠤᠭ᠎ᠠ ᠠᠭᠠᠵᠢᠮ | ᠵᠠᠮᠨᠠᠭᠠᠷᠠᠢ︾ ᠭᠡᠬᠦ ᠫᠠᠶᠢᠰᠠ ᠡᠯᠭᠦᠵᠦ᠂ ᠵᠢᠯᠤᠭᠤᠴᠢ ᠳᠤ ᠬᠤᠷᠳᠤᠴᠠ ᠪᠠᠨ ᠪᠠᠭᠠᠰᠬᠠᠬᠤ ᠶᠢ ᠰᠡᠷᠡᠮᠵᠢᠯᠡᠭᠦᠯᠵᠦ᠂ ᠵᠠᠮ | ᠥᠩᠭᠡᠷᠡᠬᠦ ᠰᠤᠷᠤᠭᠴᠢᠳ ᠤᠨ ᠠᠮᠤᠷ ᠲᠥᠪᠰᠢᠨ ᠢ ᠪᠠᠲᠤᠯᠠᠬᠤ ᠬᠡᠷᠡᠭᠲᠡᠢ᠃ | ⑵ ᠠᠷᠠᠯᠵᠢᠶ᠎ᠠ ᠬᠤᠳᠠᠯᠳᠤᠭ᠎ᠠ ᠬᠦᠭᠵᠢᠭᠰᠡᠨ ᠭᠠᠵᠠᠷ ᠣᠷᠣᠨ ᠪᠣᠶᠤ ᠰᠤᠷᠭᠠᠭᠤᠯᠢ ᠶᠢᠨ ᠡᠭᠦᠳᠡᠨ ᠤ | ᠬᠠᠵᠠᠭᠤ ᠳᠠᠬᠢ ᠵᠠᠮ ᠳᠡᠭᠡᠷ᠎ᠡ ᠲᠡᠷᠭᠡ ᠤᠨᠤᠭ᠎ᠠ ᠣᠯᠠᠨ ᠪᠠᠶᠢᠪᠠᠯ᠂ ᠰᠤᠷᠭᠠᠭᠤᠯᠢ ᠠᠴᠠ ᠲᠤᠬᠠᠢ ᠶᠢᠨ ᠭᠠᠵᠠᠷ ᠤᠨ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠠᠢ ᠬᠠᠷᠢᠯᠴᠠᠵᠤ᠂ ᠰᠤᠷᠤᠭᠴᠢ ᠰᠤᠷᠭᠠᠭᠤᠯᠢ ᠳᠠᠭᠠᠨ | ᠢᠷᠡᠵᠦ ᠪᠤᠴᠠᠬᠤ ᠴᠠᠭ ᠲᠤ᠂ ᠵᠠᠮ ᠤᠨ ᠴᠠᠭᠳᠠᠭ᠎ᠠ ᠳᠣᠬᠢᠷᠠᠭᠤᠯᠤᠨ᠂ ᠰᠤᠷᠭᠠᠭᠤᠯᠢ ᠶᠢᠨ ᠡᠭᠦᠳᠡᠨ ᠤ ᠣᠶᠢᠷᠠᠯᠴᠠᠭᠠᠬᠢ | ᠵᠠᠮ ᠬᠠᠷᠢᠯᠴᠠᠭᠠᠨ ᠤ ᠡᠮᠬᠢ ᠵᠢᠷᠦᠮ ᠢ ᠬᠠᠮᠠᠭᠠᠯᠠᠵᠤ᠂ ᠰᠤᠷᠤᠭᠴᠢᠳ ᠤᠨ ᠠᠮᠤᠷ ᠲᠥᠪᠰᠢᠨ ᠢ ᠪᠠᠲᠤᠯᠠᠬᠤ ᠬᠡᠷᠡᠭᠲᠡᠢ᠃ | | |