ᠯᠢᠨᠳᠦ᠋ᠩ ᠤᠨ ᠳᠣᠯᠣᠳᠣᠭᠠᠷ ᠳᠤᠮᠳᠠᠳᠤ ᠰᠤᠷᠭᠠᠭᠤᠯᠢ ᠬᠦᠮᠦᠵᠢᠯ ᠦᠢᠯᠡᠳᠦᠯᠭᠡ ᠶᠢᠨ | ᠠᠵᠢᠯᠯᠠᠭ᠎ᠠ ᠪᠠᠷ ᠰᠤᠷᠭᠠᠭᠤᠯᠢ ᠶᠢᠨ ᠰᠢᠨᠵᠢᠯᠡᠬᠦ ᠤᠬᠠᠭᠠᠨᠴᠢ ᠬᠦᠭᠵᠢᠯᠲᠡ ᠶᠢ ᠲᠦᠯᠬᠢᠨ ᠠᠬᠢᠭᠤᠯᠪᠠ | | ᠯᠢᠨᠳᠦ᠋ᠩ ᠤᠨ ᠳᠣᠯᠣᠳᠣᠭᠠᠷ ᠳᠤᠮᠳᠠᠳᠤ ᠰᠤᠷᠭᠠᠭᠤᠯᠢ ᠰᠤᠷᠭᠠᠨ ᠬᠦᠮᠦᠵᠢᠯ ᠤᠨ ᠪᠠᠶᠢᠷᠢᠯᠠᠭᠤᠯᠤᠯᠲᠠ | ᠳᠣᠬᠢᠷᠠᠭᠤᠯᠤᠯᠲᠠ ᠶᠢᠨ ᠳᠠᠷᠠᠭ᠎ᠠ ᠡᠯ᠎ᠡ ᠬᠦᠷᠢᠶ᠎ᠡ ᠬᠡᠪᠴᠢᠶᠡᠨ ᠤ ᠠᠵᠢᠯ ᠤᠨ ︽ᠭᠦᠢᠴᠡᠳ ᠵᠣᠬᠢᠴᠠᠬᠤ︾ ᠶᠢ | ᠱᠠᠭᠠᠷᠳᠠᠬᠤ ᠪᠣᠳᠠᠳᠤ ᠪᠠᠶᠢᠳᠠᠯ ᠳᠤ ᠰᠠᠭᠤᠷᠢᠯᠠᠵᠤ᠂ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠦᠷᠨᠢᠭᠦᠯᠬᠦ ᠶᠢ | ᠳᠣᠬᠢᠶᠠᠯᠳᠤᠭᠤᠯᠤᠨ᠂ ᠪᠠᠶᠢᠭᠤᠯᠤᠯ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠬᠦ ᠠᠴᠠ ᠭᠠᠷ ᠣᠷᠤᠵᠤ᠂ | ᠰᠤᠷᠭᠠᠭᠤᠯᠢ ᠶᠢᠨ ᠰᠢᠨᠵᠢᠯᠡᠬᠦ ᠤᠬᠠᠭᠠᠨᠴᠢ ᠬᠦᠭᠵᠢᠯᠲᠡ ᠶᠢ ᠲᠦᠯᠬᠢᠨ ᠠᠬᠢᠭᠤᠯᠪᠠ | ︽ᠭᠤᠷᠪᠠᠨ ᠰᠤᠷᠲᠠᠯ ᠨᠢᠭᠡ ᠰᠤᠷᠭᠠᠯ ︾ ᠤᠨ ᠠᠩᠬᠠᠷᠤᠯ ᠢᠶᠠᠨ ᠲᠦᠪᠯᠡᠷᠡᠭᠦᠯᠵᠦ ᠬᠦᠴᠦᠨ ᠢᠶᠠᠨ | ᠬᠠᠮᠲᠤᠳᠬᠠᠭᠰᠠᠨ ᠵᠠᠮᠴᠢᠯᠠᠭᠴᠢ ᠲᠣᠭᠲᠠᠯᠴᠠᠭ᠎ᠠ ᠪᠠᠶᠢᠭᠤᠯᠪᠠ᠃ ᠰᠤᠷᠭᠠᠭᠤᠯᠢ ᠶᠢ ᠨᠡᠶᠢᠯᠡᠭᠦᠯᠦᠭᠰᠡᠨ ᠤ ᠠᠩᠬ᠎ᠠ | ᠡᠬᠢᠨ ᠳᠤ᠂ ᠰᠤᠷᠭᠠᠭᠤᠯᠢ ᠶᠢᠨ ᠤᠳᠤᠷᠢᠳᠬᠤ ᠪᠠᠭ ᠠᠴᠠ ᠦᠵᠡᠯ ᠰᠠᠨᠠᠭᠠᠨ ᠤ ᠵᠠᠮᠴᠢ ᠶᠢ ᠪᠠᠷᠢᠮᠲᠠᠯᠠᠬᠤ ᠶᠢ ᠠᠯᠢᠪᠠ | ᠠᠵᠢᠯ ᠤᠨ ᠵᠠᠩᠭᠢᠯᠠᠭ᠎ᠠ ᠪᠣᠯᠭᠠᠵᠤ᠂ ᠦᠨᠳᠦᠷ ᠳᠡᠰ ᠪᠠ ᠪᠠᠶᠠᠯᠢᠭ ᠠᠭᠤᠯᠤᠭᠳᠠᠬᠤᠨ ᠲᠠᠢ ᠰᠤᠷᠭᠠᠭᠤᠯᠢ ᠡᠷᠬᠢᠯᠡᠬᠦ | ᠰᠤᠶᠤᠯ ᠢ ᠬᠦᠴᠦᠯᠡᠨ ᠪᠠᠶᠢᠭᠤᠯᠪᠠ᠃ ᠣᠨᠴᠠᠭᠠᠶᠢᠯᠠᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠪᠠᠷ ᠳᠠᠮᠵᠢᠭᠤᠯᠵᠤ᠂ | ︽ᠰᠤᠷᠭᠠᠭᠤᠯᠢ ᠶᠢᠨ ᠰᠣᠶᠤᠯ ᠤᠨ ᠢᠯᠡᠷᠬᠡᠶᠢᠯᠡᠯ ᠤᠨ ᠰᠠᠨᠠᠯ ᠬᠤᠷᠢᠶᠠᠬᠤ ᠪᠢᠴᠢᠭ︾ ᠢ ᠳᠠᠷᠤᠮᠠᠯᠯᠠᠨ ᠲᠠᠷᠬᠠᠭᠠᠵᠤ᠂ | ᠰᠠᠭᠤᠳᠠᠯ ᠤᠨ ᠬᠤᠷᠠᠯ᠂ ᠰᠠᠨᠠᠯ ᠬᠤᠷᠢᠶᠠᠬᠤ ᠬᠤᠷᠠᠯ ᠪᠣᠯᠤᠨ ᠶᠠᠷᠢᠯᠴᠠᠨ ᠰᠤᠳᠤᠯᠬᠤ ᠬᠤᠷᠠᠯ ᠬᠤᠷᠠᠯᠳᠤᠭᠤᠯᠬᠤ ᠵᠡᠷᠭᠡ | ᠠᠷᠭ᠎ᠠ ᠬᠡᠯᠪᠡᠷᠢ ᠪᠠᠷ᠂ ᠰᠤᠷᠭᠠᠭᠤᠯᠢ ᠶᠢᠨ ᠤᠳᠤᠷᠢᠳᠬᠤ ᠪᠠᠭ ᠤᠨ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ | ᠵᠢᠴᠢ ᠰᠤᠷᠭᠠᠭᠤᠯᠢ ᠶᠢᠨ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠲᠤᠬᠠᠢ ᠦᠷᠭᠡᠨ ᠣᠯᠠᠨ ᠪᠠᠭᠰᠢ | ᠠᠵᠢᠯᠲᠠᠨ ᠠᠴᠠ ᠰᠠᠨᠠᠯ ᠵᠦᠪᠯᠡᠯᠭᠡ ᠬᠤᠷᠢᠶᠠᠪᠠ᠃ ᠣᠯᠠᠨ ᠤᠳᠠᠭᠠᠨ ᠤ ᠶᠠᠷᠢᠯᠴᠠᠭ᠎ᠠ ᠵᠦᠪᠳᠡᠯᠴᠡᠭᠡ ᠪᠠ ᠪᠠᠭᠰᠢ | ᠠᠵᠢᠯᠲᠠᠨ ᠤ ᠲᠦᠯᠦᠭᠡᠯᠡᠭᠴᠢᠳ ᠤᠨ ᠶᠡᠭᠡ ᠬᠤᠷᠠᠯ ᠢᠶᠠᠷ ᠪᠠᠲᠤᠯᠠᠨ᠂ ᠬᠠᠮᠤᠭ ᠡᠴᠦᠰ ᠲᠤ ︽ᠬᠡᠥᠬᠡᠳ ᠤᠨ ᠵᠣᠯ | ᠵᠢᠷᠭᠠᠯ ᠤᠨ ᠲᠥᠯᠥᠭᠡ ᠪᠣᠳᠣᠯᠬᠢᠯᠠᠵᠤ᠂ ᠤᠯᠤᠰ ᠭᠡᠷ ᠲᠤ ᠲᠤᠯᠭᠠᠭᠤᠷᠢ ᠬᠦᠴᠦᠨ ᠬᠦᠮᠦᠵᠢᠭᠦᠯᠬᠦ︾ ᠰᠤᠷᠭᠠᠭᠤᠯᠢ | ᠡᠷᠬᠢᠯᠡᠬᠦ ᠡᠭᠦᠷᠭᠡ ᠪᠠᠨ ᠲᠣᠭᠲᠠᠭᠠᠵᠤ᠂ ︽ᠤᠷᠠᠨ ᠨᠠᠷᠢᠯᠢᠭ ᠰᠢᠨᠡᠴᠢᠯᠡᠵᠦ᠂ ᠡᠶ᠎ᠡ ᠵᠣᠬᠢᠴᠠᠯ ᠲᠠᠢ ᠤᠷᠤᠭᠰᠢᠯᠠᠨ | ᠳᠠᠪᠰᠢᠬᠤ︾ ᠰᠤᠷᠭᠠᠭᠤᠯᠢ ᠶᠢᠨ ᠰᠤᠷᠲᠠᠯ ᠪᠠ ︽ᠵᠢᠭᠠᠨ ᠰᠤᠷᠭᠠᠬᠤ ᠳᠠᠭᠠᠨ ᠪᠠᠭ᠋ᠠᠲᠠᠢ ᠰᠤᠷᠤᠭᠴᠢᠳ ᠲᠠᠭᠠᠨ | ᠬᠠᠶᠢᠷᠠᠲᠠᠢ᠂ ᠶᠣᠰᠣ ᠮᠤᠷᠠᠯ ᠢ ᠬᠦᠨᠳᠦᠳᠬᠡᠨ ᠲᠤᠬᠠᠶᠢᠯᠠᠭᠰᠠᠨ ᠠᠵᠢᠯ ᠳᠠᠭᠠᠨ ᠮᠡᠷᠡᠶᠢᠬᠦ︾ ᠵᠢᠭᠠᠨ ᠰᠤᠷᠭᠠᠯᠲᠠ ᠶᠢᠨ | ᠰᠤᠷᠲᠠᠯ᠂ ︽ᠥᠪᠡᠷᠲᠡᠭᠡᠨ ᠰᠤᠷᠬᠤ ᠳᠤ ᠪᠠᠭ᠋ᠠᠲᠠᠢ᠂ ᠬᠠᠷᠢᠯᠴᠠᠨ ᠬᠠᠪᠰᠤᠷᠤᠯᠴᠠᠨ ᠦᠨᠳᠦᠷ ᠦᠷ᠎ᠡ ᠠᠰᠢᠭ ᠣᠯᠬᠤ︾ | ᠰᠤᠷᠤᠯᠴᠠᠬᠤ ᠰᠤᠷᠲᠠᠯ ᠵᠢᠴᠢ ︽ᠶᠣᠰᠣ ᠮᠤᠷᠠᠯ ᠴᠢᠳᠠᠪᠦᠷᠢ ᠬᠤᠣᠰᠯᠠᠨ᠂ ᠡᠬᠡ ᠤᠯᠤᠰ ᠲᠠᠭᠠᠨ ᠠᠴᠢ | ᠬᠠᠷᠢᠭᠤᠯᠬᠤ︾ ᠰᠤᠷᠭᠠᠭᠤᠯᠢ ᠶᠢᠨ ᠰᠤᠷᠭᠠᠯ ᠢ ᠲᠣᠭᠲᠠᠭᠠᠪᠠ᠃ ᠭᠤᠣᠯ ᠰᠤᠷᠭᠠᠨ ᠬᠦᠮᠦᠵᠢᠯ ᠤᠨ ᠦᠵᠡᠯᠲᠡ ᠶᠢ ᠪᠣᠢ | ᠪᠣᠯᠭᠠᠬᠤ ᠪᠠᠷ ᠳᠠᠮᠵᠢᠭᠤᠯᠵᠤ᠂ ᠪᠦᠬᠦ ᠪᠠᠭᠰᠢ ᠠᠵᠢᠯᠲᠠᠨ ᠤ ᠦᠵᠡᠯ ᠰᠠᠨᠠᠭ᠎ᠠ ᠶᠢ ᠨᠢᠭᠡᠳᠬᠡᠨ᠂ ᠰᠤᠷᠭᠠᠭᠤᠯᠢ ᠵᠠᠰᠠᠬᠤ | ᠠᠷᠭ᠎ᠠ ᠪᠣᠳᠤᠯᠭ᠎ᠠ᠂ ᠰᠤᠷᠭᠠᠭᠤᠯᠢ ᠡᠷᠬᠢᠯᠡᠬᠦ ᠡᠬᠦᠷᠭᠡ᠂ ᠬᠦᠭᠵᠢᠯᠲᠡ ᠶᠢᠨ ᠬᠠᠷᠠᠯᠲᠠ ᠵᠢᠴᠢ ᠭᠤᠣᠯ ᠡᠭᠦᠷᠭᠡ ᠪᠠᠨ | ᠲᠣᠳᠤᠷᠬᠠᠢ ᠪᠣᠯᠭᠠᠵᠤ᠂ ︽ᠭᠤᠷᠪᠠᠨ ᠵᠢᠯ ᠳᠤ ᠪᠦᠷᠢᠯᠳᠤᠨ᠂ ᠵᠢᠷᠭᠤᠭᠠᠨ ᠵᠢᠯ ᠳᠤ ᠨᠡᠷ᠎ᠡ ᠭᠠᠷᠴᠤ᠂ ᠶᠢᠰᠦᠨ ᠵᠢᠯ ᠳᠤ | ᠦᠷ᠎ᠡ ᠪᠦᠲᠦᠮᠵᠢ ᠭᠠᠷᠭᠠᠨ᠂ ᠦᠷᠭᠦᠯᠵᠢᠯᠡᠨ ᠠᠯᠬᠤᠮ ᠳᠠᠪᠰᠢᠬᠤ︾ ᠶᠢ ᠪᠦᠬᠦ ᠪᠠᠭᠰᠢ ᠠᠵᠢᠯᠲᠠᠨ ᠤ ᠬᠠᠮᠲᠤ ᠶᠢᠨ | ᠬᠦᠭᠵᠢᠯᠲᠡ ᠶᠢᠨ ᠠᠯᠤᠰ ᠤᠨ ᠬᠦᠰᠡᠯᠡᠩ ᠪᠣᠯᠭᠠᠵᠤ᠂ ᠰᠤᠷᠭᠠᠭᠤᠯᠢ ᠶᠢᠨ ᠤᠳᠤᠷᠢᠳᠬᠤ ᠪᠠᠭ ᠤᠨ ᠨᠢᠭᠲᠠᠷᠠᠯ ᠤᠨ | ᠬᠦᠴᠦᠨ ᠪᠠ ᠪᠠᠶᠢᠯᠳᠤᠬᠤ ᠬᠦᠴᠦᠨ ᠢ ᠨᠡᠮᠡᠭᠳᠡᠭᠦᠯᠦᠨ᠂ ᠰᠤᠷᠭᠠᠭᠤᠯᠢ ᠶᠢᠨ ᠰᠢᠨᠵᠢᠯᠡᠬᠦ ᠤᠬᠠᠭᠠᠨᠴᠢ ᠬᠦᠭᠵᠢᠯᠲᠡ ᠶᠢᠨ | ᠦᠵᠡᠯ ᠰᠠᠨᠠᠭᠠᠨ ᠤ ᠳᠣᠲᠤᠭᠠᠳᠤ ᠠᠭᠤᠯᠤᠭᠳᠠᠬᠤᠨ ᠪᠣᠯᠤᠨ ᠰᠤᠷᠭᠠᠭᠤᠯᠢ ᠡᠷᠬᠢᠯᠡᠬᠦ ᠣᠨᠴᠠᠯᠢᠭ ᠢ ᠪᠠᠶᠠᠯᠢᠭᠵᠢᠭᠤᠯᠪᠠ᠃ | | ︽ᠭᠤᠷᠪᠠ ᠬᠤᠪᠢᠶᠠᠵᠤ ᠳᠥᠷᠪᠡ ᠶᠢ ᠨᠢᠭᠡᠳᠬᠡᠨ᠂ ᠪᠠᠭ᠎ᠠ ᠳᠤᠭᠤᠶᠢᠯᠠᠩ ᠪᠠᠶᠢᠭᠤᠯᠤᠨ ᠠᠵᠢᠯᠯᠠᠵᠤ︾᠂ | ᠲᠦᠷᠭᠡᠨ ᠪᠦᠭᠡᠳ ᠦᠨᠳᠦᠷ ᠦᠷ᠎ᠡ ᠠᠰᠢᠭᠲᠤ ᠵᠠᠰᠠᠨ ᠴᠡᠭᠴᠡᠯᠡᠬᠦ ᠲᠣᠭᠲᠠᠯᠴᠠᠭ᠎ᠠ ᠪᠠᠶᠢᠭᠤᠯᠪᠠ᠃ ᠰᠤᠷᠭᠠᠭᠤᠯᠢ ᠶᠢᠨ | ᠡᠳᠦᠷ ᠲᠣᠳᠣᠮ ᠤᠨ ᠬᠠᠮᠢᠶᠠᠷᠤᠯᠲᠠ ᠪᠠ ᠪᠦᠲᠦᠮᠵᠢᠲᠦ ᠠᠵᠢᠯᠯᠠᠬᠤ ᠠᠷᠭ᠎ᠠ ᠵᠠᠮ ᠢ ᠢᠳᠡᠪᠬᠢᠲᠠᠢ ᠰᠦᠪᠡᠭᠴᠢᠯᠡᠨ᠂ ︽ | ᠭᠤᠷᠪᠠ ᠬᠤᠪᠢᠶᠠᠵᠤ ᠳᠥᠷᠪᠡ ᠶᠢ ᠨᠢᠭᠡᠲᠦᠭᠦᠯᠦᠨ᠂ ᠪᠠᠭ᠎ᠠ ᠳᠤᠭᠤᠶᠢᠯᠠᠩ ᠪᠠᠶᠢᠭᠤᠯᠤᠨ ᠠᠵᠢᠯᠯᠠᠬᠤ︾ | ᠠᠵᠢᠯᠯᠠᠭᠠᠨ ᠤ ᠲᠣᠭᠲᠠᠯᠴᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠪᠡ᠃ ︽ᠭᠤᠷᠪᠠ ᠬᠤᠪᠢᠶᠠᠬᠤ︾ ᠭᠡᠳᠡᠭ ᠨᠢ | ᠳᠠᠷᠤᠢ ᠭᠤᠷᠪᠠᠨ ᠣᠨ ᠶᠢ ᠭᠤᠷᠪᠠᠨ ᠰᠤᠷᠭᠠᠭᠤᠯᠢ ᠬᠤᠪᠢᠶᠠᠵᠤ᠂ ᠡᠯ᠎ᠡ ᠬᠤᠪᠢᠶᠠᠷᠢ ᠰᠤᠷᠭᠠᠭᠤᠯᠢ ᠶᠢ | ᠬᠠᠷᠢᠴᠠᠩᠭᠤᠢ ᠪᠠᠷ ᠪᠡᠶ᠎ᠡ ᠪᠠᠨ ᠳᠠᠭᠠᠭᠠᠨ ᠠᠵᠢᠯᠯᠠᠭᠤᠯᠵᠤ᠂ ᠪᠡᠶ᠎ᠡ ᠪᠠᠨ ᠳᠠᠭᠠᠭᠠᠨ ᠡᠯ᠎ᠡ ᠵᠦᠢᠯ ᠤᠨ ᠰᠤᠷᠭᠠᠨ | ᠬᠦᠮᠦᠵᠢᠯ ᠤᠨ ᠠᠵᠢᠯ ᠦᠷᠨᠢᠭᠦᠯᠵᠦ᠂ ᠪᠡᠶ᠎ᠡ ᠪᠠᠨ ᠳᠠᠭᠠᠭᠠᠨ ᠪᠠᠭᠰᠢ ᠰᠤᠷᠤᠭᠴᠢᠳ ᠢᠶᠠᠨ ᠬᠠᠮᠢᠶᠠᠷᠬᠤ ᠶᠢ ᠬᠡᠯᠡᠨ᠎ᠡ︔ | ︽ᠳᠥᠷᠪᠡ ᠶᠢ ᠨᠢᠭᠡᠳᠬᠡᠬᠦ︾ ᠭᠡᠳᠡᠭ ᠨᠢ ᠰᠤᠷᠭᠠᠭᠤᠯᠢ ᠶᠢᠨ ᠶᠠᠪᠤᠳᠠᠯ ᠤᠨ ᠵᠦᠪᠯᠡᠯ ᠤᠨ ᠨᠢᠭᠡᠲᠦᠯᠲᠠᠢ | ᠤᠳᠤᠷᠢᠳᠤᠯᠭ᠎ᠠ ᠳᠣᠣᠷ᠎ᠠ᠂ ᠰᠤᠷᠭᠠᠭᠤᠯᠢ ᠶᠢᠨ ᠶᠣᠰᠣ ᠮᠤᠷᠠᠯ᠂ ᠠᠮᠤᠷ ᠲᠦᠪᠰᠢᠨ᠂ ᠵᠢᠭᠠᠨ ᠰᠤᠷᠭᠠᠯᠲᠠ᠂ | ᠶᠡᠷᠦᠩᠬᠡᠢ ᠶᠠᠪᠤᠳᠠᠯ᠂ ᠬᠠᠪᠰᠤᠷᠤᠨ ᠵᠢᠯᠤᠭᠤᠳᠬᠤ ᠵᠡᠷᠭᠡ ᠳᠥᠷᠪᠡᠨ ᠲᠠᠯ᠎ᠠ ᠶᠢᠨ ᠬᠦᠷᠢᠶ᠎ᠡ ᠬᠡᠪᠴᠢᠶᠡᠨ ᠳᠤ ᠭᠤᠯᠳᠤ | ᠴᠢᠭᠯᠡᠯ ᠢᠶᠠᠷ ᠨᠢᠭᠡᠲᠦᠯᠲᠠᠢ ᠬᠠᠮᠢᠶᠠᠷᠴᠤ᠂ ᠤᠳᠤᠷᠢᠳᠬᠤ ᠪᠠᠭ ᠤᠨ ᠪᠦᠷᠢᠯᠳᠦᠬᠦᠨ᠂ ᠬᠤᠭᠤᠴᠠᠭ᠎ᠠ ᠰᠣᠯᠢᠬᠤ | ᠺᠠᠳ᠋ᠷ ᠠᠴᠠ ᠡᠩ ᠤᠨ ᠠᠵᠢᠯᠲᠠᠨ ᠬᠦᠷᠲᠡᠯ᠎ᠡ ᠬᠠᠷᠢᠭᠤᠴᠯᠠᠭ᠎ᠠ ᠶᠢᠨ ᠳᠦᠷᠢᠮ ᠢ ᠳᠡᠰ ᠳᠡᠰ ᠢᠶᠠᠷ ᠨᠠᠶᠢᠳᠠᠪᠦᠷᠢᠵᠢᠭᠤᠯᠤᠨ | ᠂ ᠨᠢᠭᠡᠳᠦᠯᠲᠠᠢ ᠲᠦᠯᠦᠪᠯᠡᠨ᠂ ᠨᠢᠭᠡᠲᠦᠯᠲᠠᠢ ᠪᠠᠶᠢᠷᠢᠯᠠᠭᠤᠯᠵᠤ᠂ ᠬᠠᠷᠢᠯᠴᠠᠭ᠎ᠠ ᠪᠠᠨ ᠴᠢᠩᠭᠠᠳᠬᠠᠵᠤ᠂ ᠠᠰ ᠠᠰ ᠢᠶᠠᠷ | ᠬᠡᠷᠡᠭᠵᠢᠭᠦᠯᠦᠨ᠎ᠡ᠃ | ︽ᠬᠤᠶᠠᠷ ᠬᠡᠯᠪᠡᠷᠢ ᠬᠤᠣᠰ ᠲᠥᠰᠥᠪ᠂ ᠲᠠᠪᠤᠨ ᠶᠠᠪᠤᠴᠠ ᠳᠥᠷᠪᠡᠨ ᠭᠤᠭᠴᠤᠭ᠎ᠠ︾ ᠭᠠᠷᠭᠠᠵᠤ᠂ | ᠠᠪᠢᠶᠠᠰ ᠲᠤᠨᠢ ᠳᠣᠬᠢᠷᠠᠭᠤᠯᠵᠤ ᠵᠢᠭᠠᠬᠤ ᠲᠣᠭᠲᠠᠯᠴᠠᠭ᠎ᠠ ᠶᠢ ᠪᠠᠶᠢᠭᠤᠯᠪᠠ᠃ ᠬᠢᠴᠢᠶᠡᠯ ᠤᠨ ᠲᠢᠩᠬᠢᠮ ᠤᠨ ᠵᠢᠭᠠᠨ | ᠰᠤᠷᠭᠠᠯᠲᠠ ᠶᠢᠨ ᠰᠤᠳᠤᠯᠭᠠᠨ ᠢ ᠭᠦᠨᠵᠡᠭᠡᠶᠢᠷᠡᠭᠦᠯᠵᠦ᠂ ︽ᠭᠠᠳᠠᠭᠠᠳᠤ ᠠᠴᠠ ᠣᠷᠣᠭᠤᠯᠵᠤ ᠳᠤᠲᠤᠭᠠᠳᠤ ᠪᠠᠨ | ᠴᠢᠩᠭᠠᠳᠬᠠᠨ᠂ ᠬᠢᠴᠢᠶᠡᠯ ᠤᠨ ᠥᠭᠡᠷᠡᠴᠢᠯᠡᠯᠲᠡ ᠶᠢ ᠠᠬᠢᠭᠤᠯᠬᠤ︾ ᠪᠣᠳᠣᠯᠭ᠎ᠠ ᠶᠢ ᠬᠡᠷᠡᠭᠵᠢᠭᠦᠯᠵᠦ᠂ ︽ᠬᠤᠶᠠᠷ | ᠬᠡᠯᠪᠡᠷᠢ ᠬᠤᠣᠰ ᠲᠥᠰᠥᠪ᠂ ᠲᠠᠪᠤᠨ ᠶᠠᠪᠤᠴᠠ ᠳᠥᠷᠪᠡᠨ ᠭᠤᠭᠴᠤᠭ᠎ᠠ︾ ᠶᠢᠨ ᠰᠤᠷᠤᠯᠭ᠎ᠠ ᠵᠢᠯᠤᠭᠤᠳᠬᠤ ᠬᠡᠪ | ᠵᠠᠭᠪᠤᠷ ᠢ ᠬᠡᠷᠡᠭᠵᠢᠭᠦᠯᠦᠨ᠂ ᠪᠡᠶ᠎ᠡ ᠪᠠᠨ ᠳᠠᠭᠠᠭᠠᠭᠰᠠᠨ ᠦᠨᠳᠦᠷ ᠦᠷ᠎ᠡ ᠠᠰᠢᠭᠲᠤ ᠬᠢᠴᠢᠶᠡᠯ ᠤᠨ ᠲᠢᠩᠬᠢᠮ ᠢ | ᠪᠠᠶᠢᠭᠤᠯᠤᠨ᠎ᠠ᠃ ︽ᠬᠤᠶᠠᠷ ᠬᠡᠯᠪᠡᠷᠢ︾ ᠭᠡᠳᠡᠭ ᠨᠢ ᠥᠪᠡᠷᠲᠡᠭᠡᠨ ᠰᠤᠷᠬᠤ ᠶᠢ ᠵᠢᠭᠠᠨ ᠵᠢᠯᠤᠭᠤᠳᠬᠤ ᠬᠢᠴᠢᠶᠡᠯ ᠪᠠ | ᠪᠣᠯᠪᠠᠰᠤᠷᠠᠯ ᠢ ᠳᠡᠭᠡᠭᠰᠢᠯᠡᠭᠦᠯᠬᠦ ᠬᠢᠴᠢᠶᠡᠯ ᠨᠡᠭᠡᠭᠡᠭᠦ ᠶᠢ ᠬᠡᠯᠡᠵᠦ᠂ ᠰᠤᠷᠤᠭᠴᠢ ᠪᠠᠷ ᠦᠨᠳᠦᠰᠦ ᠪᠣᠯᠭᠠᠨ᠂ | ᠬᠢᠴᠢᠶᠡᠯ ᠤᠨ ᠠᠭᠤᠯᠭ᠎ᠠ ᠶᠢ ᠨᠠᠷᠢᠯᠢᠭᠵᠢᠭᠤᠯᠤᠨ ᠪᠣᠯᠪᠠᠰᠤᠷᠠᠭᠤᠯᠵᠤ᠂ ᠬᠢᠴᠢᠶᠡᠯ ᠤᠨ ᠲᠠᠩᠬᠢᠮ ᠤᠨ ᠵᠢᠭᠠᠨ | ᠰᠤᠷᠭᠠᠯᠲᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ︽ᠬᠤᠣᠰ ᠲᠥᠰᠥᠪ︾ ᠭᠡᠳᠡᠭ ᠨᠢ ᠳᠠᠷᠤᠢ ᠰᠤᠷᠤᠯᠴᠠᠬᠤ | ᠲᠥᠰᠥᠪ ᠪᠠ ᠪᠣᠯᠪᠠᠰᠤᠷᠠᠬᠤ ᠲᠥᠰᠥᠪ ᠶᠢ ᠬᠡᠯᠡᠨ᠎ᠡ᠂ ᠪᠠᠭᠰᠢ ᠶᠢᠨ ︽ᠰᠤᠷᠤᠯᠭ᠎ᠠ ᠶᠢ ᠵᠢᠯᠤᠭᠤᠳᠬᠤ᠂ ᠮᠠᠳᠠᠭ ᠲᠠᠢ | ᠠᠰᠠᠭᠤᠳᠠᠯ ᠢ ᠵᠢᠯᠤᠭᠤᠳᠬᠤ᠂ ᠰᠤᠷᠤᠯᠴᠠᠬᠤ ᠠᠷᠭ᠎ᠠ ᠶᠢ ᠵᠢᠯᠤᠭᠤᠳᠬᠤ︾ ᠵᠡᠷᠭᠡ ᠪᠠᠷ ᠬᠠᠪᠰᠤᠷᠤᠮᠵᠢ ᠪᠣᠯᠭᠠᠵᠤ᠂ | ᠪᠣᠯᠪᠠᠰᠤᠷᠠᠯ ᠢ ᠪᠠᠲᠤᠳᠬᠠᠬᠤ ᠪᠠ ᠬᠢᠴᠢᠶᠡᠯ ᠤᠨ ᠲᠢᠩᠬᠢᠮ ᠳᠤ ᠪᠠᠷᠢᠮᠵᠢᠶ᠎ᠠ ᠳᠤ ᠬᠦᠷᠬᠦ ᠬᠠᠷᠢᠭᠤ ᠦᠨᠡᠯᠡᠯᠲᠡ | ᠥᠭᠬᠦ ᠪᠠᠷ ᠭᠤᠣᠯ ᠠᠷᠭ᠎ᠠ ᠪᠠᠷᠢᠯ ᠪᠣᠯᠭᠠᠵᠤ᠂ ᠬᠢᠴᠢᠶᠡᠯ ᠤᠨ ᠲᠢᠩᠬᠢᠮ ᠤᠨ ᠵᠢᠭᠠᠨ ᠰᠤᠷᠭᠠᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ︔ ︽ᠲᠠᠪᠤᠨ ᠶᠠᠪᠤᠴᠠ︾ ᠭᠡᠳᠡᠭ ᠨᠢ ᠰᠤᠷᠤᠭᠴᠢ ᠪᠠᠷ ᠭᠤᠣᠯ ᠴᠤᠭᠴᠠ | ᠪᠣᠯᠭᠠᠭᠰᠠᠨ ︽ᠰᠤᠷᠬᠤ — ᠵᠦᠪᠳᠡᠯᠴᠡᠬᠦ — ᠦᠵᠡᠭᠦᠯᠬᠦ — ᠣᠶᠢᠯᠠᠭᠠᠬᠤ — ᠪᠣᠯᠪᠠᠰᠤᠷᠠᠬᠤ︾ ᠲᠠᠪᠤᠨ | ᠶᠠᠪᠤᠴᠠ ᠶᠢ ᠬᠡᠯᠡᠨ᠎ᠡ︔ ︽ᠳᠥᠷᠪᠡᠨ ᠭᠤᠭᠴᠤᠭ᠎ᠠ︾ ᠭᠡᠳᠡᠭ ᠨᠢ ᠪᠠᠭᠰᠢ ᠶᠢᠨ ᠬᠠᠪᠰᠤᠷᠤᠨ ᠵᠢᠯᠤᠭᠤᠳᠤᠯᠭ᠎ᠠ ᠶᠢᠨ | ︽ᠳᠠᠭᠠᠭᠤᠯᠬᠤ — ᠪᠠᠶᠢᠴᠠᠭᠠᠬᠤ — ᠵᠢᠯᠤᠭᠤᠳᠬᠤ — ᠳ᠋ᠦᠩᠨᠡᠭᠦ︾ ᠵᠡᠷᠭᠡ ᠳᠥᠷᠪᠡᠨ ᠭᠤᠭᠴᠤᠭ᠎ᠠ ᠶᠢ ᠬᠡᠯᠡᠵᠦ᠂ | ᠰᠤᠷᠤᠭᠴᠢ ᠶᠢᠨ ᠥᠪᠡᠷᠲᠡᠭᠡᠨ ᠡᠵᠡᠨ ᠮᠡᠳᠡᠭᠰᠡᠨ᠂ ᠬᠠᠷᠢᠯᠴᠠᠨ ᠬᠠᠪᠰᠤᠷᠤᠯᠴᠠᠭᠰᠠᠨ᠂ ᠰᠤᠳᠤᠯᠤᠨ ᠰᠢᠨᠵᠢᠯᠡᠬᠦ | ᠴᠢᠳᠠᠪᠦᠷᠢ ᠶᠢ ᠪᠣᠯᠪᠠᠰᠤᠷᠠᠭᠤᠯᠤᠨ᠎ᠠ᠃ | ︽ᠭᠤᠷᠪᠠᠨ ᠳᠠᠪᠬᠤᠷᠭ᠎ᠠ ᠬᠤᠪᠢᠶᠠᠵᠤ᠂ ᠬᠤᠯᠪᠤᠭᠠᠯᠠᠨ ᠬᠠᠮᠲᠤ ᠪᠠᠷ ᠪᠦᠲᠦᠭᠡᠨ ᠪᠠᠶᠢᠭᠤᠯᠵᠤ︾᠂ | ᠱᠠᠲᠤᠯᠢᠭ ᠬᠡᠯᠪᠡᠷᠢᠲᠦ ᠬᠦᠮᠦᠵᠢᠯ ᠤᠨ ᠳᠡᠭᠡᠭᠰᠢᠯᠡᠭᠦᠯᠬᠦ ᠲᠣᠭᠲᠠᠯᠴᠠᠭ᠎ᠠ ᠪᠠᠶᠢᠭᠤᠯᠪᠠ᠃ ᠨᠡᠷᠡᠲᠦ ᠪᠠᠭᠰᠢ ᠪᠠᠷ | ᠰᠤᠷᠭᠠᠭᠤᠯᠢ ᠪᠠᠨ ᠬᠦᠴᠦᠷᠬᠡᠭᠵᠢᠭᠦᠯᠬᠦ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ᠪᠦᠬᠦ ᠪᠠᠭᠰᠢ ᠶᠢ ᠰᠠᠭᠤᠷᠢ ᠶᠢ | ᠲᠠᠯᠪᠢᠭᠴᠢ᠂ ᠭᠤᠣᠯᠯᠠᠭᠴᠢ ᠬᠦᠴᠦᠨ᠂ ᠰᠤᠳᠤᠯᠭᠠᠲᠠᠨ ᠵᠡᠷᠭᠡ ᠭᠤᠷᠪᠠᠨ ᠶᠡᠭᠡ ᠲᠥᠷᠥᠯ ᠬᠤᠪᠢᠶᠠᠵᠤ᠂ ᠠᠳᠠᠯᠢ | ᠪᠣᠰᠤ ᠳᠠᠪᠬᠤᠷᠭ᠎ᠠ ᠳᠤ ᠠᠳᠠᠯᠢ ᠪᠣᠰᠤ ᠶᠢᠨ ᠬᠦᠮᠦᠵᠢᠭᠦᠯᠬᠦ ᠠᠷᠭ᠎ᠠ ᠬᠡᠮᠵᠢᠶ᠎ᠡ ᠠᠪᠴᠤ᠂ ᠱᠠᠲᠤᠯᠢᠭ ᠬᠡᠯᠪᠡᠷᠢ ᠪᠠᠷ | ᠳᠠᠪᠰᠢᠬᠤ ᠲᠣᠭᠲᠠᠯᠴᠠᠭ᠎ᠠ ᠶᠢ ᠬᠡᠷᠡᠭᠵᠢᠭᠦᠯᠪᠡ᠃ | ︽ᠨᠢᠭᠡ ᠭᠤᠣᠯᠳᠠᠯᠭ᠎ᠠ ᠳᠥᠷᠪᠡᠨ ᠰᠠᠯᠠᠭ᠎ᠠ᠂ ᠵᠦᠷᠢᠶ᠎ᠡ ᠪᠠᠷ ᠬᠢᠨᠠᠨ ᠦᠨᠡᠯᠡᠵᠦ︾᠂ ᠠᠷᠠᠳᠴᠢᠯᠠᠭᠰᠠᠨ | ᠢᠯᠡ ᠲᠣᠳᠣ ᠬᠢᠨᠠᠨ ᠦᠨᠡᠯᠡᠬᠦ ᠲᠣᠭᠲᠠᠯᠴᠠᠭ᠎ᠠ ᠪᠠᠶᠢᠭᠤᠯᠪᠠ᠃ ᠦᠷ᠎ᠡ ᠪᠦᠲᠦᠮᠵᠢ ᠶᠢᠨ ᠴᠠᠯᠢᠩ ᠤᠨ | ᠵᠣᠷᠢᠭᠵᠢᠭᠤᠯᠤᠯ ᠤᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠤᠳᠤᠷᠢᠳᠤᠮᠵᠢ ᠨᠢ ᠲᠣᠳᠤᠷᠬᠠᠢ᠂ | ᠪᠠᠷᠢᠮᠵᠢᠶ᠎ᠠ ᠨᠢ ᠰᠢᠨᠵᠢᠯᠡᠬᠦ ᠤᠬᠠᠭᠠᠨᠴᠢ᠂ ᠰᠢᠰᠲ᠋ᠧᠮ ᠨᠢ ᠲᠡᠭᠦᠯᠳᠡᠷᠵᠢᠭᠰᠡᠨ ᠦᠷ᠎ᠡ ᠪᠦᠲᠦᠮᠵᠢ ᠶᠢᠨ ᠬᠢᠨᠠᠨ ᠦᠨᠡᠯᠡᠬᠦ | ᠳᠦᠷᠢᠮ ᠪᠠ ᠦᠷ᠎ᠡ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢᠨ ᠳᠦᠷᠢᠮ ᠢ ᠪᠠᠶᠢᠭᠤᠯᠵᠤ᠂ ︽ᠨᠢᠭᠡ | ᠭᠤᠣᠯᠳᠠᠯᠭ᠎ᠠ ᠳᠥᠷᠪᠡᠨ ᠰᠠᠯᠠᠭ᠎ᠠ᠂ ᠵᠦᠷᠢᠶ᠎ᠡ ᠪᠠᠷ ᠬᠢᠨᠠᠨ ᠲᠣᠭᠲᠠᠭᠠᠵᠤ︾ ᠦᠨᠡᠯᠡᠯᠲᠡ ᠶᠢᠨ ᠲᠣᠭᠲᠠᠯᠴᠠᠭ᠎ᠠ ᠶᠢ | ᠬᠡᠷᠡᠭᠵᠢᠭᠦᠯᠪᠡ᠃ ︽ᠨᠢᠭᠡ ᠭᠤᠣᠯᠳᠠᠯᠭ᠎ᠠ︾ ᠭᠡᠳᠡᠭ ᠨᠢ ᠳᠠᠷᠤᠢ ᠨᠢᠭᠡ ᠭᠤᠣᠯ ᠲᠦᠰᠦᠪ ᠢᠶᠠᠷ ᠶᠡᠷᠦᠩᠬᠡᠶᠢᠯᠡᠨ | ᠵᠠᠬᠢᠷᠬᠤ ᠶᠢ ᠬᠡᠯᠡᠨ᠎ᠡ᠃ ︽ᠪᠠᠭᠰᠢ ᠠᠵᠢᠯᠲᠠᠳ ᠤᠨ ᠦᠷ᠎ᠡ ᠪᠦᠲᠦᠮᠵᠢ ᠶᠢᠨ ᠬᠢᠨᠠᠨ ᠲᠣᠭᠲᠠᠭᠠᠯᠲᠠ ᠶᠢᠨ | ᠬᠡᠷᠡᠭᠵᠢᠭᠦᠯᠬᠦ ᠲᠥᠰᠥᠪ︾ ᠢ ᠲᠣᠭᠲᠠᠭᠠᠵᠤ᠂ ᠪᠦᠬᠦ ᠪᠠᠭᠰᠢ ᠠᠵᠢᠯᠲᠠᠨ ᠤ ᠰᠢᠯᠢᠳᠡᠭ ᠢ ᠰᠢᠯᠭᠠᠷᠠᠭᠤᠯᠬᠤ᠂ | ᠵᠢᠱᠢᠶᠡᠴᠢ ᠶᠢ ᠦᠨᠡᠯᠡᠬᠦ᠂ ᠲᠤᠰᠢᠶᠠᠯ ᠳᠡᠪᠰᠢᠬᠦ᠂ ᠵᠡᠷᠭᠡ ᠳᠡᠪᠰᠢᠬᠦ᠂ᠴᠠᠯᠢᠩ ᠬᠤᠪᠢᠶᠠᠷᠢᠯᠠᠬᠤ ᠵᠡᠷᠭᠡ ᠶᠠᠪᠤᠳᠠᠯ ᠢ | ᠳᠦᠷᠢᠮᠵᠢᠭᠦᠯᠪᠡ᠃ ︽ᠳᠥᠷᠪᠡᠨ ᠰᠠᠯᠪᠤᠷᠢ︾ ᠭᠡᠳᠡᠭ ᠨᠢ ᠳᠥᠷᠪᠡᠨ ᠰᠠᠯᠪᠤᠷᠢ ᠲᠥᠰᠥᠪ ᠢᠶᠠᠷ ᠬᠠᠪᠰᠤᠷᠤᠮᠵᠢ | ᠪᠣᠯᠭᠠᠬᠤ ᠶᠢ ᠬᠡᠯᠡᠨ᠎ᠡ᠃ ᠭᠤᠣᠯ ᠲᠥᠰᠥᠪ ᠤᠨ ᠵᠢᠯᠤᠭᠤᠳᠤᠯᠭ᠎ᠠ ᠳᠣᠣᠷ᠎ᠠ᠂ ︽ᠲᠤᠰᠬᠠᠢ ᠬᠢᠴᠢᠶᠡᠯᠯᠡᠭᠴᠢ | ᠪᠠᠭᠰᠢ ᠶᠢᠨ ᠬᠢᠨᠠᠨ ᠲᠣᠭᠲᠠᠭᠠᠯᠲᠠ ᠶᠢᠨ ᠨᠠᠷᠢᠨ ᠳᠦᠷᠢᠮ︾᠂ ︽ᠠᠩᠭᠢ ᠶᠢᠨ ᠪᠠᠭᠰᠢ ᠶᠢᠨ ᠬᠢᠨᠠᠨ | ᠲᠣᠭᠲᠠᠭᠠᠯᠲᠠ ᠶᠢᠨ ᠨᠠᠷᠢᠨ ᠳᠦᠷᠢᠮ︾᠂ ︽ᠶᠡᠷᠦᠩᠬᠡᠢ ᠶᠠᠪᠤᠳᠠᠯ ᠤᠨ ᠠᠵᠢᠯᠲᠠᠨ ᠤ ᠬᠢᠨᠠᠨ ᠲᠣᠭᠲᠠᠭᠠᠯᠲᠠ ᠶᠢᠨ | ᠨᠠᠷᠢᠨ ᠳᠦᠷᠢᠮ︾ ᠵᠢᠴᠢ ︽ᠬᠠᠪᠰᠤᠷᠤᠨ ᠵᠢᠯᠤᠭᠤᠳᠤᠭᠴᠢ ᠶᠢᠨ ᠬᠢᠨᠠᠨ ᠲᠣᠭᠲᠠᠭᠠᠯᠲᠠ ᠶᠢᠨ ᠨᠠᠷᠢᠨ ᠳᠦᠷᠢᠮ︾ | ᠵᠡᠷᠭᠡ ᠳᠦᠷᠪᠡᠨ ᠰᠠᠯᠪᠤᠷᠢ ᠲᠥᠰᠥᠪ ᠲᠣᠭᠲᠠᠭᠠᠵᠤ᠂ ᠪᠠᠭᠰᠢ ᠠᠵᠢᠯᠲᠠᠨ ᠢ ᠬᠢᠨᠠᠨ ᠰᠢᠯᠭᠠᠵᠤ᠂ ᠵᠦᠷᠢᠶ᠎ᠡ ᠪᠠᠷ ᠬᠢᠨᠠᠨ | ᠦᠨᠡᠯᠡᠨ᠂ ᠠᠳᠠᠯᠢ ᠪᠣᠰᠤ ᠠᠵᠢᠯ ᠤᠨ ᠪᠠᠶᠢᠷᠢ ᠳᠡᠭᠡᠷᠡᠬᠢ ᠪᠠᠭᠰᠢ ᠠᠵᠢᠯᠲᠠᠨ ᠥᠪᠡᠷ ᠥᠪᠡᠷ ᠤᠨ ᠳᠠᠪᠠᠭᠤᠯᠢᠭ ᠢᠶᠠᠨ | ᠪᠠᠳᠠᠷᠠᠭᠤᠯᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠵᠤ ᠠᠵᠢᠯ ᠢᠶᠠᠨ ᠦᠷᠨᠢᠭᠦᠯᠦᠨ᠎ᠡ᠃ ᠬᠢᠴᠢᠶᠡᠯ ᠤᠨ | ᠲᠠᠩᠬᠢᠮ ᠳᠠᠬᠢ ᠵᠢᠭᠠᠨ ᠰᠤᠷᠭᠠᠯᠲᠠ ᠪᠠ ᠵᠢᠭᠠᠨ ᠰᠤᠳᠤᠯᠬᠤ ᠳᠤᠭᠤᠶᠢᠯᠠᠩ ᠤᠨ ᠬᠤᠭᠤᠷᠤᠨᠳᠤ ᠪᠠᠨ ᠬᠠᠷᠢᠯᠴᠠᠨ | ᠦᠨᠡᠯᠡᠬᠦ᠂ ᠵᠢᠭᠠᠨ ᠰᠤᠳᠤᠯᠬᠤ ᠳᠤᠭᠤᠶᠢᠯᠠᠩ ᠢ ᠳᠠᠷᠤᠭ᠎ᠠ ᠦᠨᠡᠯᠡᠬᠦ᠂ ᠬᠤᠪᠢᠶᠠᠷᠢ ᠰᠤᠷᠭᠠᠭᠤᠯᠢ ᠶᠢᠨ ᠤᠳᠤᠷᠢᠳᠤᠯᠭ᠎ᠠ | ᠦᠨᠡᠯᠡᠬᠦ ᠵᠡᠷᠭᠡ ︽ᠭᠤᠷᠪᠠᠨ ᠳᠡᠰ ᠤᠨ ᠬᠢᠨᠠᠨ ᠪᠠᠶᠢᠴᠠᠭᠠᠬᠤ︾ ᠦᠨᠡᠯᠡᠯᠲᠡ ᠶᠢᠨ ᠲᠣᠭᠲᠠᠯᠴᠠᠭ᠎ᠠ ᠪᠠᠶᠢᠭᠤᠯᠵᠤ᠂ | ᠴᠢᠨᠠᠷᠯᠢᠭ ᠬᠢᠴᠢᠶᠡᠯ ᠨᠡᠭᠡᠭᠡᠬᠦ᠂ ᠬᠢᠴᠢᠶᠡᠯ ᠤᠨ ᠰᠡᠳᠦᠪ᠂ ᠦᠭᠦᠯᠡᠯ ᠵᠡᠷᠭᠡ ᠶᠢ ᠲᠤᠰᠬᠠᠢ ᠰᠤᠩᠭᠤᠨ ᠰᠢᠯᠭᠠᠷᠠᠭᠤᠯᠬᠤ | ᠠᠵᠢᠯᠯᠠᠭ᠎ᠠ ᠦᠷᠨᠢᠭᠦᠯᠵᠦ᠂ ᠰᠤᠷᠭᠠᠭᠤᠯᠢ ᠶᠢᠨ ᠳᠡᠰ ᠤᠨ ︽ᠠᠯᠲᠠᠨ ᠮᠧᠲᠡᠯᠲᠦ ᠪᠠᠭᠰᠢ︾ ᠪᠣᠯᠤᠨ ︽ᠰᠢᠯᠢᠳᠡᠭ | ᠠᠩᠭᠢ ᠶᠢᠨ ᠡᠷᠬᠢᠯᠡᠭᠴᠢ︾ ᠰᠢᠯᠭᠠᠷᠠᠭᠤᠯᠬᠤ ᠠᠵᠢᠯᠯᠠᠭ᠎ᠠ ᠥᠷᠨᠢᠭᠦᠯᠦᠨ᠂ ᠪᠠᠭᠰᠢ ᠠᠵᠢᠯᠲᠠᠳ ᠤᠨ ᠠᠵᠢᠯᠯᠠᠬᠤ | ᠤᠷᠮ᠎ᠠ ᠵᠣᠷᠢᠭ ᠢ ᠶᠡᠬᠡᠪᠡᠷ ᠬᠦᠪᠴᠢᠯᠡᠪᠡ᠃ | ︽ᠲᠠᠪᠤᠨ ᠪᠠᠲᠤᠯᠠᠭ᠎ᠠ ᠨᠢᠭᠡ ᠪᠡᠯᠡᠳᠬᠡᠯ᠂ ᠨᠢᠭᠲᠠ ᠬᠤᠯᠪᠤᠭ᠎ᠠ︾ ᠠᠬᠢᠭᠤᠯᠬᠤ ᠬᠦᠴᠦᠨ ᠲᠠᠢ | ᠪᠠᠲᠤᠯᠠᠭ᠎ᠠ ᠶᠢᠨ ᠲᠣᠭᠲᠠᠯᠴᠠᠭ᠎ᠠ ᠪᠠᠶᠢᠭᠤᠯᠪᠠ᠃ ᠰᠤᠷᠭᠠᠭᠤᠯᠢ ᠶᠢᠨ ᠬᠦᠷᠢᠶᠡᠨ ᠤ ᠠᠮᠤᠷ ᠲᠥᠪᠰᠢᠨ ᠪᠠ ᠪᠠᠭᠰᠢ | ᠰᠤᠷᠤᠭᠴᠢᠳ ᠤᠨ ᠠᠮᠢ ᠨᠠᠰᠤ ᠡᠳ᠋ ᠬᠦᠷᠦᠩᠭᠡ ᠶᠢᠨ ᠠᠮᠤᠷ ᠲᠥᠪᠰᠢᠨ ᠢ ᠬᠠᠮᠠᠭᠠᠯᠠᠬᠤ ᠪᠠᠷ ᠬᠠᠷᠠᠯᠲᠠ ᠪᠣᠯᠭᠠᠵᠤ᠂ | ︽ᠲᠠᠪᠤᠨ ᠪᠠᠲᠤᠯᠠᠭ᠎ᠠ ᠨᠢᠭᠡ ᠪᠡᠯᠡᠳᠬᠡᠯ︾ ᠢᠶᠠᠷ ᠭᠤᠣᠯ ᠠᠭᠤᠯᠭ᠎ᠠ ᠪᠣᠯᠭᠠᠭᠰᠠᠨ ᠠᠮᠤᠷ ᠲᠥᠪᠰᠢᠨ | ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠬᠤ ᠢᠵᠧᠨᠧᠷᠢᠩ ᠢ ᠶᠡᠭᠡ ᠬᠦᠴᠦᠨ ᠢᠶᠠᠷ ᠬᠡᠷᠡᠭᠵᠢᠭᠦᠯᠪᠡ᠃ ︽ᠲᠠᠪᠤᠨ | ᠪᠠᠲᠤᠯᠠᠭ᠎ᠠ︾ ᠭᠡᠳᠡᠭ ᠨᠢ ᠳᠠᠷᠤᠢ ᠵᠠᠮ ᠬᠠᠷᠢᠯᠴᠠᠭᠠᠨ ᠤ ᠠᠮᠤᠷ ᠲᠥᠪᠰᠢᠨ ᠤ ᠪᠠᠲᠤᠯᠠᠭ᠎ᠠ᠂ ᠪᠠᠶᠢᠷᠢ ᠶᠢᠨ ᠭᠡᠷ ᠤᠨ | ᠠᠮᠤᠷ ᠲᠥᠪᠰᠢᠨ ᠤ ᠪᠠᠲᠤᠯᠠᠭ᠎ᠠ᠂ ᠢᠳᠡᠭᠡᠨ ᠤᠮᠳᠠᠭᠠᠨ ᠤ ᠠᠮᠤᠷ ᠲᠥᠪᠰᠢᠨ ᠤ ᠪᠠᠲᠤᠯᠠᠭ᠎ᠠ᠂ ᠰᠡᠳᠬᠢᠴᠡ ᠶᠢᠨ | ᠡᠷᠡᠭᠦᠯ ᠮᠡᠨᠳᠦ ᠶᠢᠨ ᠪᠠᠲᠤᠯᠠᠭ᠎ᠠ ᠵᠢᠴᠢ ᠡᠳᠦᠷ ᠲᠣᠳᠣᠮ ᠤᠨ ᠠᠮᠤᠷ ᠲᠥᠪᠰᠢᠨ ᠤ ᠪᠠᠲᠤᠯᠠᠭ᠎ᠠ ᠵᠡᠷᠭᠡ ᠶᠢ ᠬᠡᠯᠡᠨ᠎ᠡ᠃ | ︽ᠨᠢᠭᠡ ᠪᠡᠯᠡᠳᠬᠡᠯ︾ ᠭᠡᠳᠡᠭ ᠨᠢ ᠳᠠᠷᠤᠢ ᠭᠡᠨᠡᠳᠲᠡ ᠶᠢᠨ ᠬᠡᠷᠡᠭ ᠶᠠᠪᠤᠳᠠᠯ ᠢ ᠪᠠᠴᠢᠮ ᠠᠷᠭᠠᠴᠠᠭᠠᠨ ᠰᠢᠢᠳᠪᠦᠷᠢᠯᠡᠬᠦ | ᠪᠡᠯᠡᠳᠬᠡᠯ ᠲᠥᠰᠥᠪ ᠢ ᠬᠡᠯᠡᠨ᠎ᠡ᠃ ᠰᠠᠷ᠎ᠠ ᠪᠣᠯᠭᠠᠨ ᠨᠢᠭᠡ ᠤᠳᠠᠭᠠᠨ ᠤ ᠠᠮᠤᠷ ᠲᠥᠪᠰᠢᠨ ᠤ ᠪᠠᠴᠢᠮ ᠠᠷᠭᠠᠴᠠᠭᠠᠬᠤ | ᠰᠠᠯᠭᠠᠨ ᠵᠠᠶᠢᠯᠠᠭᠤᠯᠬᠤ ᠪᠣᠯᠪᠠᠰᠤᠷᠠᠯ ᠬᠢᠯᠭᠡᠵᠦ᠂ ᠪᠠᠴᠢᠮ ᠠᠷᠭᠠᠴᠠᠭᠠᠬᠤ ᠲᠤᠰᠠᠯᠠᠨ ᠠᠪᠤᠷᠠᠬᠤ ᠭᠠᠪᠰᠢᠭᠠᠢ ᠠᠩᠭᠢ | ᠪᠠᠶᠢᠭᠤᠯᠤᠨ᠂ ᠬᠡᠷᠡᠭᠴᠡᠭᠡ ᠪᠦᠬᠦᠢ ᠪᠣᠳᠠᠰ ᠲᠦᠬᠦᠭᠡᠷᠦᠮᠵᠢ ᠳᠤᠬᠢᠷᠠᠭᠤᠯᠵᠤ᠂ ᠴᠢᠮᠡᠭᠡ ᠵᠠᠩᠭᠢ ᠶᠢᠨ ᠪᠠᠲᠤᠯᠠᠭ᠎ᠠ᠂ | ᠪᠣᠳᠠᠰ ᠤᠨ ᠪᠠᠲᠤᠯᠠᠭ᠎ᠠ ᠪᠣᠯᠤᠨ ᠬᠦᠮᠦᠨ ᠤ ᠬᠦᠴᠦᠨ ᠤ ᠪᠠᠲᠤᠯᠠᠭ᠎ᠠ ᠶᠢ ᠲᠡᠭᠦᠯᠳᠡᠷᠵᠢᠭᠦᠯᠦᠨ᠂ ᠰᠤᠷᠭᠠᠭᠤᠯᠢ ᠶᠢᠨ | ᠪᠠᠴᠢᠮ ᠠᠷᠭᠠᠴᠠᠭᠠᠨ ᠰᠢᠢᠳᠪᠦᠷᠢᠯᠡᠬᠦ ᠴᠢᠳᠠᠪᠦᠷᠢ ᠪᠠᠨ ᠴᠢᠷᠮᠠᠶᠢᠨ ᠳᠡᠭᠡᠭᠰᠢᠯᠡᠭᠦᠯᠪᠡ᠃ |