ᠯᠢᠨᠳᠦ᠋ᠩ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠢᠴᠢᠶᠡᠯᠯᠡᠭᠡ ᠪᠣᠯᠣᠨ | ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠲᠥᠰᠦᠪ | | ᠨᠢᠭᠡ᠂ ᠥᠭᠡᠷᠡᠴᠢᠯᠡᠯᠲᠡ ᠶᠢᠨ ᠵᠢᠯᠤᠭᠤᠳᠬᠤ ᠦᠵᠡᠯ ᠰᠠᠨᠠᠭ᠎ᠠ | ᠬᠢᠴᠢᠶᠡᠯᠯᠡᠭᠡ ᠪᠣᠯᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠨᠢ ᠬᠡᠪ ᠴᠢᠨᠠᠷ ᠤᠨ ᠰᠤᠷᠭᠠᠨ | ᠬᠦᠮᠦᠵᠢᠯ ᠢᠶᠠᠷ ᠭᠤᠣᠯ ᠪᠣᠯᠭᠠᠵᠤ᠂ ᠴᠢᠳᠠᠪᠦᠷᠢ ᠶᠢᠨ ᠬᠦᠮᠦᠵᠢᠯ ᠢᠶᠠᠷ ᠭᠤᠣᠯᠳᠠᠭᠤᠯᠵᠤ᠂ ᠬᠢᠴᠢᠶᠡᠯ ᠤᠨ ᠲᠠᠩᠬᠢᠮ ᠤᠨ | ᠵᠢᠭᠠᠨ ᠰᠤᠷᠭᠠᠯᠲᠠ ᠪᠠᠷ ᠴᠦᠮ᠎ᠡ ᠪᠣᠯᠭᠠᠵᠤ᠂ ᠢᠳᠡᠪᠬᠢᠲᠠᠢ ᠪᠠᠷ ᠰᠢᠨ᠎ᠡ ᠶᠢ ᠡᠭᠦᠳᠦᠨ᠂ ︽ᠴᠢᠨᠠᠷᠯᠢᠭ ᠰᠤᠷᠭᠠᠭᠤᠯᠢ | ᠪᠠᠶᠢᠭᠤᠯᠵᠤ᠂ ᠲᠠᠭᠠᠰᠢᠶᠠᠭᠳᠠᠭᠰᠠᠨ ᠵᠢᠭᠠᠨ ᠰᠤᠷᠭᠠᠯᠲᠠ ᠲᠠᠢ᠂ ᠪᠣᠯᠪᠠᠰᠤᠨ ᠰᠤᠷᠤᠭᠴᠢ ᠲᠠᠢ︾ ᠰᠤᠷᠭᠠᠭᠤᠯᠢ | ᠡᠷᠬᠢᠯᠡᠬᠦ ᠡᠭᠦᠷᠭᠡ ᠪᠠᠨ ᠪᠡᠶᠡᠯᠡᠭᠦᠯᠵᠦ᠂ ᠬᠢᠴᠢᠶᠡᠯ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠪᠠ ᠬᠢᠴᠢᠶᠡᠯ ᠤᠨ | ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠢᠳᠡᠪᠬᠢᠲᠠᠢ ᠠᠬᠢᠭᠤᠯᠵᠤ᠂ ᠳᠣᠪᠤᠶᠢᠭᠰᠠᠨ ᠣᠨᠴᠠᠯᠢᠭ | ᠲᠠᠢ᠂ ᠠᠮᠢᠵᠢᠷᠠᠯ ᠤᠨ ᠬᠦᠴᠦᠨ ᠪᠦᠬᠦᠢ ᠰᠤᠷᠭᠠᠭᠤᠯᠢ ᠶᠢᠨ ᠰᠢᠨ᠎ᠡ ᠬᠢᠴᠢᠶᠡᠯ ᠤᠨ ᠰᠢᠰᠲ᠋ᠧᠮ ᠢ ᠪᠠᠶᠢᠭᠤᠯᠤᠨ᠂ ︽ | ᠬᠤᠶᠠᠷ ᠬᠡᠯᠪᠡᠷᠢ︾ ᠶᠢ ᠦᠨᠳᠦᠰᠦᠨ ᠠᠴᠠ ᠨᠢ ᠬᠤᠪᠢᠷᠠᠭᠤᠯᠵᠤ᠂ ᠪᠡᠶ᠎ᠡ ᠪᠠᠨ ᠳᠠᠭᠠᠭᠠᠭᠰᠠᠨ ᠦᠨᠳᠦᠷ ᠦᠷ᠎ᠡ | ᠪᠦᠲᠦᠮᠵᠢᠲᠦ ᠬᠢᠴᠢᠶᠡᠯ ᠤᠨ ᠲᠠᠩᠬᠢᠮ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ | ᠬᠤᠶᠠᠷ᠂ ᠥᠭᠡᠷᠡᠴᠢᠯᠡᠯᠲᠡ ᠶᠢᠨ ᠡᠭᠦᠷᠭᠡ ᠬᠠᠷᠠᠯᠲᠠ | ⒈ ᠬᠢᠴᠢᠶᠡᠯ ᠤᠨ ᠲᠠᠩᠬᠢᠮ ᠤᠨ ᠥᠭᠡᠷᠡᠴᠢᠯᠡᠯᠲᠡ ᠪᠠᠷ ᠳᠠᠮᠵᠢᠭᠤᠯᠵᠤ᠂ ᠰᠤᠷᠤᠭᠴᠢ ᠶᠢᠨ ᠰᠤᠷᠬᠤ ᠳᠤᠷ᠎ᠠ | ᠦᠭᠡᠢ᠂ ᠰᠤᠷᠬᠤ ᠰᠠᠨᠠᠭ᠎ᠠ ᠦᠭᠡᠢ᠂ ᠰᠤᠷᠴᠤ ᠳᠡᠶᠢᠯᠬᠦ ᠦᠭᠡᠢ᠂ ᠰᠤᠷᠤᠯᠭ᠎ᠠ ᠶᠢᠨ ᠬᠢᠷᠢ ᠪᠦᠲᠦᠮᠵᠢ ᠳᠣᠣᠷ᠎ᠠ᠂ ᠶᠠᠰᠤ | ᠴᠢᠨᠠᠷ ᠠᠨᠠᠢ ᠵᠡᠷᠭᠡ ᠠᠰᠠᠭᠤᠳᠠᠯ ᠢ ᠰᠢᠢᠳᠪᠦᠷᠢᠯᠡᠨ᠎ᠡ᠃ ᠰᠤᠷᠤᠭᠴᠢ ᠶᠢᠨ ᠰᠢᠨ᠎ᠡ ᠶᠢ ᠡᠭᠦᠳᠬᠦ ᠵᠣᠷᠢᠭ ᠰᠠᠨᠠᠭ᠎ᠠ᠂ | ᠦᠢᠯᠡᠳᠦᠯᠭᠡᠵᠢᠭᠦᠯᠬᠦ ᠴᠢᠳᠠᠪᠦᠷᠢ᠂ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠠ ᠥᠪᠡᠷ ᠢ ᠪᠠᠨ ᠬᠦᠮᠦᠵᠢᠭᠦᠯᠬᠦ᠂ | ᠪᠡᠶ᠎ᠡ ᠪᠠᠨ ᠳᠠᠭᠠᠭᠠᠬᠤ ᠴᠢᠳᠠᠪᠦᠷᠢ ᠶᠢ ᠬᠦᠮᠦᠵᠢᠭᠦᠯᠵᠦ᠂ ᠨᠠᠰᠤᠨ ᠲᠤᠷᠰᠢᠲᠠ ᠶᠢᠨ ᠰᠤᠷᠤᠯᠴᠠᠬᠤ ᠬᠦᠰᠡᠯ ᠡᠷᠡᠮᠡᠯᠵᠡᠯ | ᠲᠠᠢ ᠪᠣᠯᠭᠠᠨ᠂ ᠰᠤᠷᠤᠭᠴᠢ ᠶᠢᠨ ᠥᠪᠡᠷ ᠤᠨ ᠣᠨᠴᠠᠯᠢᠭ ᠲᠠᠢ ᠪᠦᠬᠦ ᠲᠠᠯ᠎ᠠ ᠪᠠᠷ ᠬᠦᠭᠵᠢᠬᠦ ᠶᠢ ᠠᠬᠢᠭᠤᠯᠵᠤ᠂ ᠨᠠᠰᠤᠨ | ᠲᠤᠷᠰᠢᠲᠠ ᠶᠢᠨ ᠬᠦᠭᠵᠢᠯᠲᠡ ᠳᠤ ᠰᠠᠭᠤᠷᠢ ᠲᠠᠯᠪᠢᠨ᠎ᠠ᠃ | ⒉ ᠬᠢᠴᠢᠶᠡᠯᠯᠡᠭᠡ ᠶᠢᠨ ᠥᠭᠡᠷᠡᠴᠢᠯᠡᠯᠲᠡ ᠪᠠᠷ ᠳᠠᠮᠵᠢᠭᠤᠯᠵᠤ᠂ ᠬᠢᠴᠢᠶᠡᠯᠯᠡᠭᠡ ᠶᠢᠨ ᠳᠣᠬᠢᠷᠠᠭᠤᠯᠤᠯᠲᠠ᠂ | ᠵᠢᠭᠠᠨ ᠰᠤᠷᠭᠠᠯᠲᠠ ᠶᠢᠨ ᠦᠵᠡᠯ ᠰᠠᠨᠠᠭ᠎ᠠ᠂ ᠰᠤᠷᠤᠭᠴᠢ ᠬᠦᠮᠦᠵᠢᠭᠦᠯᠬᠦ ᠬᠡᠯᠪᠡᠷᠢ᠂ ᠬᠢᠨᠠᠨ ᠦᠨᠡᠯᠡᠬᠦ ᠲᠣᠭᠲᠠᠯᠴᠠᠭ᠎ᠠ᠂ | ᠰᠤᠷᠭᠠᠭᠤᠯᠢ ᠶᠢᠨ ᠬᠦᠷᠢᠶᠡᠨ ᠤ ᠰᠤᠶᠤᠯ ᠵᠡᠷᠭᠡ ᠬᠡᠳᠦᠨ ᠲᠠᠯ᠎ᠠ ᠶᠢ ᠬᠠᠮᠤᠷᠤᠭᠰᠠᠨ ᠯᠢᠨᠳᠦ᠋ᠩ ᠤᠨ ᠨᠢᠭᠡᠳᠦᠭᠡᠷ | ᠳᠤᠮᠳᠠᠳᠤ ᠰᠤᠷᠭᠠᠭᠤᠯᠢ ᠶᠢᠨ ᠣᠨᠴᠠᠯᠢᠭᠲᠤ ᠰᠤᠷᠭᠠᠨ ᠬᠦᠮᠦᠵᠢᠯ ᠤᠨ ᠵᠢᠭᠠᠨ ᠰᠤᠷᠭᠠᠯᠲᠠ ᠶᠢᠨ ᠬᠡᠪ ᠵᠠᠭᠪᠤᠷ ᠢ | ᠪᠦᠷᠢᠯᠳᠦᠭᠦᠯᠵᠦ᠂ ᠠᠮᠢᠵᠢᠷᠠᠯ ᠤᠨ ᠬᠦᠴᠦᠨ ᠪᠦᠬᠦᠢ ᠬᠢᠴᠢᠶᠡᠯᠯᠡᠭᠡ ᠶᠢᠨ ᠰᠢᠰᠲ᠋ᠧᠮ ᠢ ᠪᠠᠶᠢᠭᠤᠯᠤᠨ᠎ᠠ᠃ | ⒊ ᠬᠢᠴᠢᠶᠡᠯᠯᠡᠭᠡ ᠶᠢᠨ ᠥᠭᠡᠷᠡᠴᠢᠯᠡᠯᠲᠡ ᠪᠠᠷ ᠳᠠᠮᠵᠢᠭᠤᠯᠵᠤ᠂ ᠪᠠᠭᠰᠢ ᠨᠠᠷ ᠤᠨ ᠰᠤᠷᠤᠯᠴᠠᠯᠭ᠎ᠠ ᠪᠣᠯᠤᠨ | ᠰᠤᠷᠭᠠᠨ ᠬᠦᠮᠦᠵᠢᠯ ᠤᠨ ᠦᠵᠡᠯᠲᠡ ᠲᠠᠨᠢᠯᠲᠠ ᠪᠠᠨ ᠰᠢᠨᠡᠴᠢᠯᠡᠬᠦ ᠶᠢ ᠠᠬᠢᠭᠤᠯᠵᠤ᠂ ᠰᠢᠨ᠎ᠡ ᠬᠢᠴᠢᠶᠡᠯᠯᠡᠭᠡ ᠶᠢᠨ | ᠱᠠᠭᠠᠷᠳᠠᠯᠭ᠎ᠠ ᠳᠤ ᠳᠣᠬᠢᠷᠠᠭᠰᠠᠨ ᠨᠢᠭᠡᠨ ᠰᠠᠯᠠᠭ᠎ᠠ ᠨᠡᠯᠢᠶᠡᠳ ᠦᠨᠳᠦᠷ ᠲᠤᠰᠬᠠᠢ ᠮᠡᠷᠭᠡᠵᠢᠯ ᠤᠨ ᠴᠢᠳᠠᠪᠦᠷᠢ ᠪᠠ ᠬᠢᠷᠢ | ᠲᠥᠪᠰᠢᠨ ᠲᠠᠢ ᠪᠠᠭᠰᠢ ᠶᠢᠨ ᠡᠩᠨᠡᠭᠡ ᠶᠢ ᠪᠠᠶᠢᠭᠤᠯᠤᠨ᠎ᠠ᠃ | ᠭᠤᠷᠪᠠ᠂ ᠥᠭᠡᠷᠡᠴᠢᠯᠡᠯᠲᠡ ᠶᠢᠨ ᠭᠤᠣᠯ ᠠᠭᠤᠯᠭ᠎ᠠ | ︵ᠨᠢᠭᠡ︶ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠬᠡᠯᠪᠡᠷᠢ ᠶᠢ ᠥᠭᠡᠷᠡᠴᠢᠯᠡᠬᠦ | ᠮᠠᠨ ᠤ ᠰᠤᠷᠭᠠᠭᠤᠯᠢ ︽ᠰᠢᠯᠢᠵᠦ ᠣᠷᠤᠭᠤᠯᠤᠨ᠂ ᠪᠣᠯᠪᠠᠰᠤᠷᠠᠭᠤᠯᠤᠨ ᠥᠭᠡᠷᠡᠴᠢᠯᠡᠵᠦ᠂ ᠳᠣᠲᠤᠭᠠᠳᠤᠴᠢᠯᠠᠨ | ᠰᠢᠨ᠎ᠡ ᠶᠢ ᠡᠭᠦᠳᠬᠦ︾ ᠵᠠᠷᠴᠢᠮ ᠢᠶᠠᠷ ︽271 ᠦᠨᠳᠦᠷ ᠦᠷ᠎ᠡ ᠪᠦᠲᠦᠮᠵᠢᠲᠦ ᠬᠢᠴᠢᠶᠡᠯ ᠤᠨ ᠲᠠᠩᠬᠢᠮ︾ ᠤᠨ ᠬᠡᠪ | ᠵᠠᠭᠪᠤᠷ ᠢ ᠣᠷᠤᠭᠤᠯᠵᠤ᠂ ᠲᠤᠰ ᠰᠤᠷᠭᠠᠭᠤᠯᠢ ᠶᠢᠨ ᠣᠨᠴᠠᠯᠢᠭ ᠲᠠᠢ ︽ᠰᠡᠳᠬᠢᠯ ᠢ ᠲᠠᠲᠠᠭᠰᠠᠨ ᠠᠮᠢᠳᠤᠯᠢᠭ | ᠬᠢᠴᠢᠶᠡᠯ ᠤᠨ ᠲᠠᠩᠬᠢᠮ︾ ᠢ ᠠᠯᠬᠤᠮ ᠠᠯᠬᠤᠮ ᠢᠶᠠᠷ ᠪᠠᠶᠢᠭᠤᠯᠵᠤ᠂ ᠰᠢᠨ᠎ᠡ ᠰᠡᠪᠡᠭᠦᠨ ᠵᠢᠭᠠᠨv ᠰᠤᠷᠭᠠᠯᠲᠠ ᠶᠢᠨ | ᠣᠨᠴᠠᠯᠢᠭ ᠪᠠ ᠬᠡᠪ ᠨᠠᠮᠪᠠ ᠶᠢ ᠪᠦᠷᠢᠯᠳᠦᠭᠦᠯᠦᠨ᠎ᠡ᠃ | ︵ᠬᠤᠶᠠᠷ︶ ᠰᠤᠷᠤᠭᠴᠢ ᠶᠢᠨ ᠰᠤᠷᠤᠯᠴᠠᠬᠤ ᠠᠷᠭ᠎ᠠ ᠶᠢ ᠥᠭᠡᠷᠡᠴᠢᠯᠡᠬᠦ | ⒈ ᠭᠤᠷᠪᠠᠨ ᠬᠡᠰᠡᠭ ᠲᠠᠪᠤᠨ ᠠᠯᠬᠤᠮ ᠤᠨ ᠠᠷᠭ᠎ᠠ ᠶᠢ ᠦᠨᠳᠦᠰᠦᠯᠡᠨ᠂ ᠰᠤᠷᠤᠭᠴᠢ ᠶᠢ ︽ᠪᠡᠶ᠎ᠡ ᠪᠠᠨ | ᠳᠠᠭᠠᠭᠠᠬᠤ᠂ ᠬᠠᠮᠵᠢᠯᠴᠠᠬᠤ᠂ ᠰᠢᠨᠵᠢᠯᠡᠨ ᠰᠤᠳᠤᠯᠬᠤ︾ ᠪᠣᠯᠭᠠᠨ᠎ᠠ᠃ | ⒉ ᠪᠠᠭ᠎ᠠ ᠳᠤᠭᠤᠶᠢᠯᠠᠩ ᠬᠤᠪᠢᠶᠠᠨ ᠰᠤᠷᠤᠯᠴᠠᠬᠤ ᠪᠠᠷ ᠭᠤᠣᠯᠯᠠᠭᠰᠠᠨ ᠬᠠᠮᠢᠶᠠᠷᠤᠯᠲᠠ ᠶᠢᠨ ᠬᠡᠪ ᠵᠠᠭᠪᠤᠷ | ᠪᠠ ᠠᠩᠭᠢ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠡᠪ ᠵᠠᠭᠪᠤᠷ ᠢ ᠪᠠᠶᠢᠭᠤᠯᠤᠨ᠎ᠠ᠃ | ︵ᠭᠤᠷᠪᠠ︶ ᠬᠡᠷᠡᠭᠵᠢᠭᠦᠯᠬᠦ ᠠᠯᠬᠤᠮ ᠳᠠᠷᠠᠭ᠎ᠠ | ⑴ ᠤᠬᠠᠭᠤᠯᠤᠨ ᠳᠠᠶᠢᠴᠢᠯᠠᠬᠤ ᠪᠣᠯᠤᠨ ᠳᠠᠪᠲᠠᠨ ᠪᠣᠯᠪᠠᠰᠤᠷᠠᠭᠤᠯᠬᠤ ︵2014 ᠣᠨ ᠤ 2 ᠰᠠᠷ᠎ᠠ | — 7 ᠰᠠᠷ᠎ᠠ︶ | ① ᠰᠤᠷᠭᠠᠨ ᠬᠦᠮᠦᠵᠢᠯ ᠤᠨ ᠲᠣᠪᠴᠢᠶ᠎ᠠ ᠵᠣᠬᠢᠶᠠᠨ ᠪᠠᠶᠢᠭᠤᠯᠵᠤ᠂ ᠪᠦᠬᠦ ᠰᠤᠷᠭᠠᠭᠤᠯᠢ ᠶᠢᠨ ᠺᠠᠳ᠋ᠷ ᠢ | ᠰᠤᠷᠤᠯᠴᠠᠭᠤᠯᠤᠨ᠂ ᠡᠯ᠎ᠡ ᠵᠢᠭᠠᠬᠤ ᠶᠢ ᠰᠤᠳᠤᠯᠬᠤ ᠳᠤᠭᠤᠶᠢᠯᠠᠩ ᠬᠠᠮᠲᠤ ᠪᠠᠷ ᠰᠤᠷᠤᠯᠴᠠᠵᠤ᠂ ᠪᠦᠬᠦ ᠪᠠᠭᠰᠢ ᠶᠢ | ᠤᠬᠠᠮᠰᠠᠷ ᠠᠴᠠ ᠪᠠᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠳᠤ ᠣᠷᠤᠯᠴᠠᠵᠤ᠂ | ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠵᠠᠶᠢᠯᠠᠰᠢ ᠦᠭᠡᠢ ᠴᠢᠨᠠᠷ ᠪᠠ ᠪᠠᠴᠢᠮ ᠲᠤᠯᠭᠠᠮ᠎ᠠ ᠴᠢᠨᠠᠷ ᠢ | ᠣᠶᠢᠯᠠᠭᠠᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠮᠦᠨ ᠴᠢᠨᠠᠷ ᠪᠠ ᠵᠣᠷᠢᠭ | ᠰᠠᠨᠠᠭ᠎ᠠ ᠶᠢ ᠲᠣᠳᠤᠷᠬᠠᠢ ᠪᠣᠯᠭᠠᠨ᠂ ᠬᠠᠮᠲᠤ ᠶᠢᠨ ᠦᠵᠡᠯᠲᠡ ᠶᠢ ᠪᠦᠷᠢᠯᠳᠦᠭᠦᠯᠵᠦ᠂ ᠬᠢᠴᠢᠶᠡᠯ ᠤᠨ ᠲᠠᠩᠬᠢᠮ ᠤᠨ | ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠰᠠᠶᠢᠨ ᠰᠠᠶᠢᠬᠠᠨ ᠪᠠᠶᠢᠳᠠᠯ ᠢ ᠪᠣᠢ ᠪᠣᠯᠭᠠᠨ᠎ᠠ︔ | ② ᠪᠠᠭᠰᠢ ᠨᠠᠷ ᠢ ᠵᠣᠬᠢᠶᠠᠨ ᠪᠠᠶᠢᠭᠤᠯᠤᠨ ᠠᠩᠬ᠎ᠠ ᠳᠤᠮᠳᠠᠳᠤ ᠶᠢᠨ ᠬᠢᠴᠢᠶᠡᠯ ᠢ ᠰᠣᠨᠤᠰᠴᠤ᠂ ᠠᠩᠬ᠎ᠠ | ᠳᠤᠮᠳᠠᠳᠤ ᠶᠢᠨ ᠬᠢᠴᠢᠶᠡᠯ ᠤᠨ ᠲᠠᠩᠬᠢᠮ ᠤᠨ ᠥᠭᠡᠷᠡᠴᠢᠯᠡᠯᠲᠡ ᠶᠢᠨ ᠳᠠᠪᠰᠢᠭᠰᠠᠨ ᠦᠵᠡᠯ ᠰᠠᠨᠠᠭ᠎ᠠ ᠪᠣᠯᠤᠨ | ᠪᠠᠭᠰᠢᠯᠠᠬᠤ ᠤᠷ᠎ᠠ ᠮᠡᠷᠭᠡᠰᠢᠯ ᠢ ᠰᠤᠷᠤᠯᠴᠠᠨ᠎ᠠ︔ | ③ ᠭᠠᠳᠠᠷ ᠣᠷᠣᠨ ᠤ ᠰᠤᠷᠭᠠᠭᠤᠯᠢ ᠳᠤ ᠬᠦᠷᠴᠦ ᠰᠤᠷᠤᠯᠴᠠᠨ᠂ ᠲᠡᠳᠡᠨ ᠤ ᠠᠮᠵᠢᠯᠲᠠ ᠣᠯᠤᠭᠰᠠᠨ | ᠲᠤᠷᠰᠢᠯᠭ᠎ᠠ ᠰᠤᠷᠭᠠᠮᠵᠢ ᠪᠠᠷ ᠲᠣᠯᠢᠯᠠᠭᠤᠯᠤᠨ᠎ᠠ᠃ | ④ ᠳᠡᠭᠡᠳᠦ ᠨᠢᠭᠡ ᠶᠢᠨ ᠲᠤᠷᠰᠢᠯᠲᠠ ᠶᠢᠨ ᠠᠩᠭᠢ ᠳᠤ ᠡᠬᠢᠯᠡᠨ ᠬᠡᠷᠡᠭᠵᠢᠭᠦᠯᠵᠦ᠂ ᠲᠤᠷᠰᠢᠯᠲᠠ ᠪᠠᠷ | ᠨᠣᠲᠠᠯᠠᠨ᠎ᠠ᠃ | ⑵ ᠬᠥᠳᠡᠯᠭᠡᠭᠡᠨ ᠢᠶᠠᠷ ᠠᠬᠢᠭᠤᠯᠵᠤ᠂ ᠠᠩᠬ᠎ᠠ ᠠᠯᠬᠤᠮ ᠦᠢᠯᠡᠳᠦᠯᠭᠡᠵᠢᠭᠦᠯᠬᠦ ︵2014 ᠣᠨ ᠤ 8 | ᠰᠠᠷ᠎ᠠ — 12 ᠰᠠᠷ᠎ᠠ︶ | ① ᠬᠡᠪ ᠳᠠᠭᠤᠷᠢᠶᠠᠯ ᠢᠶᠠᠷ ᠳᠠᠶᠢᠴᠢᠯᠠᠨ ᠳᠠᠭᠠᠭᠤᠯᠤᠨ᠎ᠠ᠃ ᠡᠩ ᠲᠡᠷᠢᠭᠦᠨ ᠳᠤ᠂ ᠭᠠᠳᠠᠷ ᠣᠷᠣᠨ ᠤ | ᠰᠢᠯᠢᠳᠡᠭ ᠪᠠᠭᠰᠢ ᠨᠠᠷ ᠢ ᠤᠷᠢᠨ ᠵᠠᠯᠠᠵᠤ ᠬᠢᠴᠢᠶᠡᠯ ᠶᠠᠷᠢᠭᠤᠯᠤᠨ᠂ ᠮᠠᠨ ᠤ ᠪᠠᠭᠰᠢ ᠨᠠᠷ ᠲᠤ ︽271 ᠬᠢᠴᠢᠶᠡᠯ ᠤᠨ | ᠲᠠᠩᠬᠢᠮ︾ ᠤᠨ ᠵᠢᠭᠠᠨ ᠰᠤᠷᠭᠠᠯᠲᠠ ᠶᠢᠨ ᠬᠡᠪ ᠵᠠᠭᠪᠤᠷ ᠪᠠ ᠠᠷᠭ᠎ᠠ ᠶᠢ ᠡᠵᠡᠮᠰᠢᠭᠦᠯᠦᠨ᠎ᠡ︔ ᠳᠠᠷᠠᠭ᠎ᠠ ᠨᠢ᠂ ᠣᠨ | ᠣᠨ ᠢᠶᠠᠷ ᠳᠣᠬᠢᠷᠠᠭᠤᠯᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠰᠢᠯᠢᠳᠡᠭ | ᠪᠠᠭᠰᠢ ᠪᠠᠷ ᠰᠤᠳᠤᠯᠤᠨ ᠶᠠᠷᠢᠯᠴᠠᠬᠤ ᠬᠢᠴᠢᠶᠡᠯ ᠶᠠᠷᠢᠭᠤᠯᠵᠤ᠂ ᠪᠠᠭᠰᠢ ᠨᠠᠷ ᠲᠤ ᠬᠢᠴᠢᠶᠡᠯ ᠤᠨ ᠲᠠᠩᠬᠢᠮ ᠤᠨ | ᠥᠭᠡᠷᠡᠴᠢᠯᠡᠯᠲᠡ ᠶᠢᠨ ᠠᠩᠬ᠎ᠠ ᠠᠯᠬᠤᠮ ᠤᠨ ᠬᠡᠪ ᠵᠠᠭᠪᠤᠷ ᠢ ᠬᠠᠩᠭᠠᠨ᠎ᠠ᠃ | ② ᠡᠯ᠎ᠡ ᠬᠢᠴᠢᠶᠡᠯ ᠪᠡᠯᠡᠳᠬᠡᠬᠦ ᠳᠤᠭᠤᠶᠢᠯᠠᠩ ᠠᠴᠠ ᠬᠢᠴᠢᠶᠡᠯ ᠰᠣᠨᠤᠰᠤᠨ ᠰᠤᠳᠤᠯᠤᠨ ᠶᠠᠷᠢᠯᠴᠠᠭᠰᠠᠨ ᠤ | ᠰᠠᠭᠤᠷᠢᠨ ᠳᠡᠭᠡᠷ᠎ᠡ᠂ ᠵᠢᠭᠠᠨ ᠰᠤᠷᠭᠠᠯᠲᠠ ᠶᠢᠨ ᠪᠤᠳᠠᠲᠠᠢ ᠲᠠᠢ ᠪᠠᠨ ᠤᠶᠠᠯᠳᠤᠭᠤᠯᠤᠨ᠂ ᠰᠢᠨ᠎ᠡ ᠵᠢᠭᠠᠨ | ᠰᠤᠷᠭᠠᠯᠲᠠ ᠶᠢᠨ ᠬᠡᠪ ᠵᠠᠭᠪᠤᠷ ᠢ ᠲᠤᠷᠰᠢᠨ᠎ᠠ᠃ | ③ ᠣᠨ ᠪᠣᠯᠭᠠᠨ ᠠᠴᠠ ᠰᠢᠯᠢᠳᠡᠭ ᠪᠠᠭᠰᠢ ᠰᠤᠩᠭᠤᠨ᠂ ᠬᠢᠴᠢᠶᠡᠯ ᠤᠨ ᠲᠠᠩᠬᠢᠮ ᠤᠨ ᠵᠢᠭᠠᠨ | ᠰᠤᠷᠭᠠᠯᠲᠠ ᠶᠢᠨ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢᠨ ᠦᠵᠡᠭᠦᠯᠭᠡ ᠬᠢᠨ᠎ᠡ᠃ | ⑶ ᠯᠠᠪᠳᠠᠭᠤᠨ ᠢᠶᠠᠷ ᠳᠠᠪᠰᠢᠵᠤ᠂ ᠠᠮᠵᠢᠯᠲᠠ ᠳᠤ ᠬᠦᠷᠦᠨ᠎ᠡ ︵2015 ᠣᠨ ᠤ 2 ᠰᠠᠷ᠎ᠠ — | 2015 ᠣᠨ ᠤ 7 ᠰᠠᠷ᠎ᠠ︶ | ① ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠦᠵᠡᠭᠦᠯᠭᠡ ᠶᠢᠨ | ᠬᠢᠴᠢᠶᠡᠯ ᠣᠷᠤᠵᠤ᠂ ᠡᠯ᠎ᠡ ᠬᠢᠴᠢᠶᠡᠯ ᠲᠥᠷᠥᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠦᠷ᠎ᠡ | ᠪᠦᠲᠦᠮᠵᠢ ᠪᠦᠬᠦ ᠪᠠᠭᠰᠢ ᠨᠠᠷ ᠲᠤ ᠦᠵᠡᠭᠦᠯᠵᠦ᠂ ᠰᠤᠷᠤᠯᠴᠠᠬᠤ ᠬᠡᠪ ᠳᠠᠭᠤᠷᠢᠶᠠᠯ ᠪᠣᠯᠤᠨ᠎ᠠ᠃ | ② ᠳᠡᠭᠡᠳᠦ ᠨᠢᠭᠡ ᠶᠢᠨ ᠬᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ | ᠰᠢᠯᠢᠳᠡᠭ ᠪᠠᠭᠰᠢ ᠪᠠᠷ ᠬᠢᠴᠢᠶᠡᠯ ᠶᠠᠷᠢᠭᠤᠯᠵᠤ᠂ ᠪᠤᠰᠤᠳ ᠪᠠᠭᠰᠢ ᠨᠠᠷ ᠤᠨ ᠢᠳᠡᠪᠬᠢᠲᠠᠢ ᠪᠠᠷ ᠵᠢᠭᠠᠨ ᠰᠤᠷᠭᠠᠯᠲᠠ ᠶᠢᠨ | ᠠᠷᠭ᠎ᠠ ᠢᠶᠠᠨ ᠥᠭᠡᠷᠡᠴᠢᠯᠡᠬᠦ ᠳᠤ ᠳᠠᠭᠠᠭᠤᠯᠬᠤ ᠦᠢᠯᠡᠳᠦᠯ ᠦᠵᠡᠭᠦᠯᠦᠨ᠎ᠡ᠃ | ③ ᠬᠢᠴᠢᠶᠡᠯ ᠰᠣᠨᠤᠰᠤᠨ ᠦᠨᠡᠯᠡᠬᠦ ᠠᠵᠢᠯᠯᠠᠭ᠎ᠠ ᠦᠷᠨᠢᠭᠦᠯᠵᠦ᠂ ᠬᠢᠴᠢᠶᠡᠯ ᠤᠨ ᠲᠠᠩᠬᠢᠮ ᠤᠨ ᠵᠢᠭᠠᠨ | ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠢᠨ᠎ᠡ ᠬᠢᠴᠢᠶᠡᠯ᠂ ᠳᠠᠪᠲᠠᠬᠤ ᠬᠢᠴᠢᠶᠡᠯ ᠪᠣᠯᠤᠨ | ᠶᠠᠷᠢᠯᠴᠠᠨ ᠦᠨᠡᠯᠡᠬᠦ ᠬᠢᠴᠢᠶᠡᠯ ᠤᠨ ᠬᠡᠯᠪᠡᠷᠢᠲᠦ ᠵᠢᠭᠠᠨ ᠰᠤᠷᠭᠠᠯᠲᠠ ᠶᠢᠨ ᠨᠠᠷᠢᠯᠢᠭ ᠠᠭᠤᠯᠭ᠎ᠠ ᠶᠢ ᠤᠯᠠᠮ ᠨᠢᠭᠡ | ᠠᠯᠬᠤᠮ ᠶᠠᠷᠢᠯᠴᠠᠨ ᠰᠤᠳᠤᠯᠤᠨ᠎ᠠ᠃ | ④ ᠣᠨ ᠨᠢᠭᠡᠴᠡ ᠶᠢᠨ ᠬᠢᠴᠢᠶᠡᠯ ᠪᠡᠯᠡᠳᠬᠡᠬᠦ ᠳᠤᠭᠤᠶᠢᠯᠠᠩ ᠤᠨ ᠥᠭᠡᠷᠡᠴᠢᠯᠡᠯᠲᠡ ᠶᠢᠨ ᠰᠠᠭᠤᠷᠢᠨ | ᠳᠡᠭᠡᠷ᠎ᠡ᠂ ᠡᠯ᠎ᠡ ᠬᠢᠴᠢᠶᠡᠯ ᠲᠥᠷᠥᠯ ᠤᠨ ᠳᠤᠭᠤᠶᠢᠯᠠᠩ ᠠᠴᠠ ᠰᠢᠯᠢᠳᠡᠭ ᠪᠠᠭᠰᠢ ᠨᠠᠷ ᠢ ᠲᠠᠨᠢᠯᠴᠠᠭᠤᠯᠤᠨ᠂ ᠣᠨ | ᠨᠢᠭᠡᠴᠡ ᠶᠢᠨ ᠬᠢᠴᠢᠶᠡᠯ ᠤᠨ ᠲᠠᠩᠬᠢᠮ ᠤᠨ ᠥᠭᠡᠷᠡᠴᠢᠯᠡᠯᠲᠡ ᠶᠢᠨ ᠦᠵᠡᠭᠦᠯᠭᠡ ᠶᠢᠨ ᠠᠵᠢᠯᠯᠠᠭᠠᠨ ᠳᠤ | ᠣᠷᠤᠯᠴᠠᠭᠤᠯᠵᠤ᠂ ᠬᠢᠴᠢᠶᠡᠯ ᠰᠣᠨᠤᠰᠬᠤ ᠪᠠᠷ ᠳᠠᠮᠵᠢᠭᠤᠯᠤᠨ᠂ ᠪᠠᠭᠰᠢ ᠨᠠᠷ ᠢ ᠰᠤᠷᠭᠠᠭᠤᠯᠢ ᠶᠢᠨ ᠬᠢᠨᠠᠨ ᠦᠨᠡᠯᠡᠬᠦ | ᠠᠵᠢᠯᠯᠠᠭᠠᠨ ᠳᠤ ᠣᠷᠤᠯᠴᠠᠭᠤᠯᠤᠨ᠎ᠠ᠃ | ⑤ ᠰᠤᠷᠭᠠᠭᠤᠯᠢ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠬᠢᠨᠠᠨ | ᠦᠨᠡᠯᠡᠬᠦ ᠵᠦᠪᠯᠡᠯ ᠪᠠᠶᠢᠭᠤᠯᠵᠤ᠂ ︽271 ᠬᠢᠴᠢᠶᠡᠯ ᠤᠨ ᠲᠠᠩᠬᠢᠮ︾ ᠤᠨ ᠵᠢᠭᠠᠨ ᠰᠤᠷᠭᠠᠯᠲᠠ ᠶᠢᠨ ᠬᠡᠪ | ᠵᠠᠭᠪᠤᠷ ᠤᠨ ᠬᠢᠨᠠᠨ ᠦᠨᠡᠯᠡᠬᠦ ᠪᠠᠷᠢᠮᠵᠢᠶ᠎ᠠ ᠶᠢ ᠦᠨᠳᠦᠰᠦᠯᠡᠨ᠂ ᠣᠨ ᠨᠢᠭᠡᠴᠡ ᠠᠴᠠ ᠲᠠᠨᠢᠯᠴᠠᠭᠤᠯᠤᠭᠰᠠᠨ ᠪᠠᠭᠰᠢ | ᠨᠠᠷ ᠤᠨ ᠬᠢᠴᠢᠶᠡᠯ ᠢ ᠰᠣᠨᠤᠰᠤᠨ ᠬᠢᠨᠠᠨ ᠦᠨᠡᠯᠡᠨ᠎ᠡ᠃ | ⑷ ᠲᠦᠭᠡᠮᠡᠯᠵᠢᠭᠦᠯᠦᠨ᠂ ᠡᠯ᠎ᠡ ᠭᠤᠭᠴᠤᠭ᠎ᠠ ᠶᠢ ᠭᠦᠨᠵᠡᠭᠡᠶᠢᠷᠡᠭᠦᠯᠦᠨ ᠨᠠᠷᠢᠯᠢᠭᠵᠢᠭᠤᠯᠤᠨ᠎ᠠ ︵2015 | ᠣᠨ ᠤ 9 ᠰᠠᠷ᠎ᠠ — 2017 ᠣᠨ ᠤ 1 ᠰᠠᠷ᠎ᠠ︶ | ①ᠠᠩᠬᠠᠨ ᠤ ᠱᠠᠲᠤᠨ ᠳᠠᠬᠢ ᠦᠷ᠎ᠡ ᠪᠦᠲᠦᠮᠵᠢ ᠶᠢᠨ ᠰᠠᠭᠤᠷᠢᠨ ᠳᠡᠭᠡᠷ᠎ᠡ᠂ ︽271︾ ᠬᠢᠴᠢᠶᠡᠯ ᠤᠨ | ᠲᠠᠩᠬᠢᠮ ᠤᠨ ᠵᠢᠭᠠᠨ ᠰᠤᠷᠭᠠᠯᠲᠠ ᠶᠢᠨ ᠬᠡᠪ ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠤᠷᠭᠠᠭᠤᠯᠢ ᠶᠢᠨ ᠵᠢᠭᠠᠨ | ᠰᠤᠷᠭᠠᠯᠲᠠ ᠶᠢᠨ ᠶᠠᠰᠤ ᠴᠢᠨᠠᠷ ᠪᠠ ᠪᠠᠭᠰᠢ ᠰᠤᠷᠤᠭᠴᠢ ᠶᠢᠨ ᠬᠡᠪ ᠰᠤᠷᠲᠠᠯ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ② ᠡᠨᠡᠬᠦ ᠱᠠᠲᠤᠨ ᠳᠤ ︽ᠤᠷᠢᠨ ᠠᠪᠴᠢᠷᠠᠵᠤ᠂ ᠬᠦᠷᠭᠡᠨ ᠭᠠᠷᠭᠠᠬᠤ︾ ᠠᠷᠭ᠎ᠠ ᠶᠢ ᠦᠷᠭᠦᠯᠵᠢᠯᠡᠨ | ᠠᠰᠢᠭᠯᠠᠵᠤ᠂ ᠴᠢᠮᠡᠭᠡ ᠵᠠᠩᠭᠢ ᠶᠢᠨ ᠰᠣᠯᠢᠯᠴᠠᠭᠠᠨ ᠤ ᠲᠠᠪᠴᠠᠩ ᠪᠠᠶᠢᠭᠤᠯᠤᠨ᠂ ᠬᠠᠮᠤᠭ ᠰᠢᠨ᠎ᠡ ᠵᠢᠭᠠᠨ | ᠰᠤᠷᠭᠠᠯᠲᠠ ᠶᠢᠨ ᠥᠭᠡᠷᠡᠴᠢᠯᠡᠯᠲᠡ ᠶᠢᠨ ᠴᠢᠮᠡᠭᠡ ᠵᠠᠩᠭᠢ ᠪᠠ ᠰᠤᠷᠭᠠᠨ ᠬᠦᠮᠦᠵᠢᠯ ᠤᠨ ᠡᠬᠢ ᠰᠣᠷᠪᠤᠯᠵᠢ ᠶᠢ ᠪᠠᠭᠰᠢ | ᠨᠠᠷ ᠲᠤ ᠬᠠᠩᠭᠠᠬᠤ ᠶᠢᠨ ᠬᠠᠮᠲᠤ᠂ ᠪᠠᠭᠰᠢ ᠨᠠᠷ ᠤᠨ ᠱᠠᠲᠤᠯᠢᠭ ᠦᠷ᠎ᠡ ᠪᠦᠲᠦᠮᠵᠢ ᠶᠢ ᠪᠠᠭᠰᠢ ᠶᠢᠨ ᠡᠩᠨᠡᠭᠡ ᠪᠠ | ᠨᠡᠶᠢᠭᠡᠮ ᠳᠤ ᠭᠠᠷᠭᠠᠵᠤ᠂ ᠨᠡᠷᠡᠲᠦ ᠪᠠᠭᠰᠢ ᠶᠢ ᠬᠦᠮᠦᠵᠢᠭᠦᠯᠦᠨ᠂ ᠪᠠᠭᠰᠢ ᠨᠠᠷ ᠤᠨ ᠰᠤᠷᠭᠠᠨ ᠬᠦᠮᠦᠵᠢᠯ ᠤᠨ | ᠰᠤᠳᠤᠯᠭᠠᠨ ᠤ ᠬᠢᠷᠢ ᠲᠥᠪᠰᠢᠨ ᠢ ᠳᠡᠭᠡᠭᠰᠢᠯᠡᠭᠦᠯᠵᠦ᠂ ᠪᠠᠭᠰᠢ ᠨᠠᠷ ᠢ ︽ᠬᠢᠴᠢᠶᠡᠯ ᠵᠢᠭᠠᠭᠴᠢ︾ ᠠᠴᠠ ᠨᠢ ︽ | ᠲᠤᠰᠬᠠᠢ ᠮᠡᠷᠭᠡᠵᠢᠯᠲᠡᠨ︾ ᠪᠣᠯᠭᠠᠨ ᠬᠤᠪᠢᠷᠠᠬᠤ ᠶᠢ ᠲᠦᠷᠭᠡᠳᠬᠡᠬᠦ ᠶᠢᠨ ᠳᠠᠭᠠᠤ ᠵᠢᠭᠠᠨ ᠰᠤᠷᠭᠠᠯᠲᠠ ᠶᠢᠨ ᠬᠢᠷᠢ | ᠲᠥᠪᠰᠢᠨ ᠪᠠ ᠶᠠᠰᠤ ᠴᠢᠨᠠᠷ ᠢ ᠳᠡᠭᠡᠭᠰᠢᠯᠡᠭᠦᠯᠦᠨ᠎ᠡ᠃ | ③ ᠬᠢᠴᠢᠶᠡᠯ ᠵᠢᠭᠠᠭᠴᠢ ᠪᠠᠭᠰᠢ ᠨᠠᠷ ᠢ ᠴᠦᠮ ᠡᠨᠡᠬᠦ ᠠᠵᠢᠯᠯᠠᠭᠠᠨ ᠳᠤ ᠣᠷᠤᠯᠴᠠᠭᠤᠯᠤᠨ᠂ ᠪᠦᠬᠦ | ᠬᠢᠴᠢᠶᠡᠯᠯᠡᠭᠴᠢ ᠪᠠᠭᠰᠢ ᠨᠠᠷ ᠤᠨ ᠵᠢᠭᠠᠨ ᠰᠤᠷᠭᠠᠯᠲᠠ ᠶᠢᠨ ᠴᠢᠳᠠᠪᠦᠷᠢ ᠪᠠ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ | ⑸ ᠦᠷ᠎ᠡ ᠪᠦᠲᠦᠮᠵᠢ ᠪᠠᠨ ᠪᠠᠲᠤᠳᠬᠠᠵᠤ᠂ ᠳ᠋ᠦᠩᠨᠡᠵᠦ ᠬᠦᠬᠢᠭᠦᠯᠦᠨ ᠱᠠᠩᠨᠠᠨ᠎ᠠ ︵2017 ᠣᠨ ᠤ 2 | ᠰᠠᠷ᠎ᠠ — 2017 ᠣᠨ ᠤ 7 ᠰᠠᠷ᠎ᠠ︶ | ᠰᠤᠷᠭᠠᠭᠤᠯᠢ᠂ ᠣᠨ ᠨᠢᠭᠡᠴᠡ᠂ ᠬᠢᠴᠢᠶᠡᠯ ᠪᠡᠯᠡᠳᠬᠡᠬᠦ ᠳᠤᠭᠤᠶᠢᠯᠠᠩ᠂ ᠪᠠᠭᠰᠢ ᠨᠠᠷ ᠢ ᠲᠤᠰ ᠲᠤᠰ ᠳᠤᠨᠢ ᠲᠦᠷᠥᠯ | ᠬᠤᠪᠢᠶᠠᠨ ᠳ᠋ᠦᠩᠨᠡᠯᠲᠡ ᠬᠢᠵᠦ᠂ ᠪᠢᠴᠢᠭᠯᠡᠭᠰᠡᠨ ᠮᠠᠲ᠋ᠧᠷᠢᠶᠠᠯ ᠪᠣᠯᠭᠠᠵᠤ᠂ ᠰᠤᠳᠤᠯᠭᠠᠨ ᠤ ᠦᠷ᠎ᠡ ᠪᠦᠲᠦᠭᠡᠯ ᠢ | ᠡᠮᠬᠢᠳᠬᠡᠨ᠎ᠡ᠃ ᠥᠪᠡᠷ ᠤᠨ ᠵᠢᠭᠠᠨ ᠰᠤᠷᠭᠠᠯᠲᠠ ᠶᠢᠨ ᠣᠨᠴᠠᠯᠢᠭ ᠢ ᠪᠦᠷᠢᠯᠳᠦᠭᠦᠯᠵᠦ᠂ ᠢᠯᠡ ᠲᠣᠳᠣ ᠥᠪᠡᠷᠮᠢᠴᠡ | ᠬᠡᠪ ᠨᠠᠮᠪᠠ ᠲᠠᠢ ᠪᠣᠯᠭᠠᠵᠤ᠂ ᠪᠦᠬᠦ ᠰᠤᠷᠭᠠᠭᠤᠯᠢ ᠶᠢᠨ ᠡᠯ᠎ᠡ ᠣᠨ ᠨᠢᠭᠡᠴᠡ ᠶᠢᠨ ᠵᠢᠭᠠᠨ ᠰᠤᠷᠭᠠᠯᠲᠠ ᠶᠢᠨ ᠶᠠᠰᠤ | ᠴᠢᠨᠠᠷ ᠢ ᠨᠡᠶᠢᠳᠡᠮ ᠳᠡᠭᠡᠭᠰᠢᠯᠡᠭᠦᠯᠵᠦ᠂ ᠬᠢᠴᠢᠶᠡᠯ ᠤᠨ ᠥᠭᠡᠷᠡᠴᠢᠯᠡᠯᠲᠡ ᠶᠢ ᠠᠮᠵᠢᠯᠲᠠ ᠵᠦᠭ ᠬᠦᠲᠦᠯᠦᠨ᠎ᠡ᠃ | ᠳᠥᠷᠪᠡ᠂ ᠪᠠᠲᠤᠯᠠᠬᠤ ᠠᠷᠭ᠎ᠠ ᠠᠪᠴᠠᠯ | ︵ᠨᠢᠭᠡ︶ ᠤᠳᠤᠷᠢᠳᠤᠯᠭ᠎ᠠ ᠪᠠᠨ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠪᠠᠨ ᠪᠦᠷᠢᠨᠰᠢᠭᠦᠯᠦᠨ᠎ᠡ᠃ | ⒈ ᠯᠢᠨᠳᠦ᠋ᠩ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ ᠶᠢᠨ ᠪᠣᠯᠪᠠᠰᠤᠷᠠᠯ ᠤᠨ ᠤᠳᠤᠷᠢᠳᠬᠤ | ᠳᠤᠭᠤᠶᠢᠯᠠᠩ | ᠭᠤᠣᠯ ᠬᠠᠷᠢᠭᠤᠴᠠᠯᠭ᠎ᠠ᠄ | ① ᠪᠠᠭᠰᠢ ᠨᠠᠷ ᠢ ᠬᠢᠴᠢᠶᠡᠯ ᠤᠨ ᠥᠭᠡᠷᠡᠴᠢᠯᠡᠯᠲᠡ ᠶᠢᠨ ᠪᠣᠯᠪᠠᠰᠤᠷᠠᠯ ᠳᠤ ᠣᠷᠤᠯᠴᠠᠬᠤ ᠠᠵᠢᠯ ᠢ | ᠪᠠᠶᠢᠷᠢᠯᠠᠭᠤᠯᠤᠨ ᠳᠣᠬᠢᠷᠠᠭᠤᠯᠵᠤ᠂ ᠲᠣᠭᠲᠠᠭᠰᠠᠨ ᠪᠣᠯᠪᠠᠰᠤᠷᠠᠯ ᠬᠦᠷᠲᠡᠭᠡᠨ᠂ ᠲᠡᠮᠳᠡᠭᠯᠡᠯ ᠬᠢᠨ᠎ᠡ᠃ | ② ᠪᠠᠭᠰᠢ ᠨᠠᠷ ᠢ ᠵᠣᠬᠢᠶᠠᠨ ᠪᠠᠶᠢᠭᠤᠯᠤᠨ᠂ ᠲᠤᠰ ᠰᠤᠷᠭᠠᠭᠤᠯᠢ ᠶᠢᠨ ᠰᠢᠨ᠎ᠡ ᠬᠢᠴᠢᠶᠡᠯ ᠤᠨ | ᠥᠭᠡᠷᠡᠴᠢᠯᠡᠯᠲᠡ ᠳᠤ ᠣᠷᠤᠯᠴᠠᠬᠤ ᠠᠵᠢᠯ ᠢ ᠬᠠᠷᠢᠭᠤᠴᠠᠨ᠎ᠠ᠃ | ③ ︽ᠤᠷᠢᠳᠠᠪᠠᠷ ᠪᠣᠯᠪᠠᠰᠤᠷᠠᠯ ᠳᠤ ᠣᠷᠤᠯᠴᠠᠵᠤ᠂ ᠳᠠᠷᠠᠭ᠎ᠠ ᠨᠢ ᠬᠢᠴᠢᠶᠡᠯᠯᠡᠬᠦ᠂ ᠪᠤᠯᠪᠠᠰᠤᠷᠠᠯ ᠳᠤ | ᠣᠷᠤᠯᠴᠠᠬᠤ ᠦᠭᠡᠢ ᠪᠣᠯ ᠬᠢᠴᠢᠶᠡᠯᠯᠡᠵᠦ ᠪᠣᠯᠬᠤ ᠦᠭᠡᠢ︾ ᠵᠠᠷᠴᠢᠮ ᠢ ᠴᠢᠩᠭ᠎ᠠ ᠬᠡᠷᠡᠭᠵᠢᠭᠦᠯᠵᠦ᠂ ᠪᠠᠭᠰᠢ ᠨᠠᠷ ᠤᠨ | ᠬᠢᠴᠢᠶᠡᠯᠯᠡᠬᠦ ᠬᠢᠷᠢ ᠭᠡᠮ ᠢ ᠲᠣᠭᠲᠠᠭᠠᠨ᠂ ᠰᠢᠨ᠎ᠡ ᠬᠢᠴᠢᠶᠡᠯ ᠤᠨ ᠥᠭᠡᠷᠡᠴᠢᠯᠡᠯᠲᠡ ᠶᠢ ᠠᠮᠵᠢᠯᠲᠠ ᠲᠠᠢ ᠪᠡᠶᠡᠯᠡᠭᠦᠯᠦᠨ᠎ᠡ | ᠃ | ④ ᠪᠠᠭᠰᠢ ᠶᠢᠨ ᠪᠣᠯᠪᠠᠰᠤᠷᠠᠯ ᠤᠨ ᠲᠥᠯᠥᠪᠯᠡᠭᠡ ᠪᠠ ᠳᠦᠷᠢᠮ ᠲᠣᠭᠲᠠᠭᠠᠨ᠎ᠠ᠃ | ⒉ ᠯᠢᠨᠳᠦ᠋ᠩ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠢᠨᠠᠨ ᠦᠨᠡᠯᠡᠬᠦ ᠤᠳᠤᠷᠢᠳᠬᠤ | ᠳᠤᠭᠤᠶᠢᠯᠠᠩ ᠪᠠᠶᠢᠭᠤᠯᠤᠨ᠎ᠠ | ᠭᠤᠣᠯ ᠡᠭᠦᠷᠭᠡ᠄ | ① ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠠᠵᠢᠯ ᠤᠨ ᠡᠯ᠎ᠡ ᠭᠤᠭᠴᠤᠭ᠎ᠠ ᠳᠤ ᠬᠢᠨᠠᠨ | ᠦᠨᠡᠯᠡᠯᠲᠡ ᠬᠢᠨ᠎ᠡ᠃ ᠪᠠᠶᠢᠴᠠᠭᠠᠨ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠎ᠡ᠃ | ② ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠬᠢᠨᠠᠨ ᠦᠨᠡᠯᠡᠬᠦ ᠳᠦᠷᠢᠮ ᠲᠣᠭᠲᠠᠭᠠᠨ᠎ᠠ᠃ | ③ ᠡᠳᠦᠷ ᠲᠣᠳᠣᠮ ᠤᠨ ᠠᠵᠢᠯ ᠤᠨ ᠲᠡᠮᠳᠡᠭᠯᠡᠯ ᠬᠢᠵᠦ᠂ ᠲᠣᠭᠲᠠᠭᠰᠠᠨ ᠴᠠᠭ ᠲᠠᠢ ᠬᠢᠨᠠᠨ | ᠲᠣᠭᠲᠠᠭᠠᠯᠲᠠ ᠶᠢᠨ ᠦᠷ᠎ᠡ ᠳ᠋ᠦᠩ ᠢ ᠨᠡᠶᠢᠲᠡᠯᠡᠨ᠎ᠡ᠃ | ④ ᠬᠤᠭᠤᠴᠠᠭ᠎ᠠ ᠪᠦᠷᠢ ᠶᠢᠨ ᠡᠴᠦᠰ ᠤᠨ ᠬᠢᠨᠠᠨ ᠲᠣᠭᠲᠠᠭᠠᠯᠲᠠ ᠶᠢᠨ ᠦᠷ᠎ᠡ ᠳ᠋ᠦᠩ ᠢ ᠪᠠᠭᠰᠢ ᠶᠢᠨ | ᠠᠵᠢᠯ ᠤᠨ ᠦᠷ᠎ᠡ ᠪᠦᠲᠦᠮᠵᠢ ᠶᠢᠨ ᠬᠢᠨᠠᠨ ᠲᠣᠭᠲᠠᠭᠠᠯᠲᠠ ᠳᠤ ᠣᠷᠤᠭᠤᠯᠵᠤ᠂ ᠳᠠᠷᠠᠭ᠎ᠠ ᠬᠤᠭᠤᠴᠠᠭᠠᠨ` ᠳᠤ ᠪᠠᠭᠰᠢ | ᠬᠡᠷᠡᠭᠯᠡᠬᠦ ᠦᠨᠳᠦᠰᠦᠯᠡᠯ ᠪᠣᠯᠭᠠᠨ᠎ᠠ᠃ | ︵ᠬᠤᠶᠠᠷ︶ ᠬᠢᠴᠢᠶᠡᠯᠯᠡᠭᠡ ᠳᠤ ᠰᠢᠨᠵᠢᠯᠡᠬᠦ ᠤᠬᠠᠭᠠᠨᠴᠢ ᠪᠠᠷ ᠳᠣᠬᠢᠷᠠᠭᠤᠯᠤᠯᠲᠠ ᠬᠢᠵᠦ᠂ ᠰᠤᠷᠤᠭᠴᠢ ᠶᠢᠨ | ᠪᠦᠬᠦ ᠲᠠᠯ᠎ᠠ ᠶᠢᠨ ᠬᠦᠭᠵᠢᠯᠲᠡ ᠪᠠ ᠥᠪᠡᠷᠮᠢᠴᠡ ᠬᠦᠭᠵᠢᠯᠲᠡ ᠳᠤ ᠠᠰᠢᠭᠲᠠᠢ᠂ ᠣᠯᠠᠨ ᠳᠡᠰ ᠳᠠᠪᠬᠤᠷᠭᠠᠲᠤ᠂ | ᠰᠤᠩᠭᠤᠯᠲᠠ ᠶᠢᠨ ᠬᠦᠷᠢᠶ᠎ᠡ ᠬᠡᠪᠴᠢᠶ᠎ᠡ ᠶᠡᠭᠡ ᠪᠠᠶᠢᠬᠤ ᠬᠢᠴᠢᠶᠡᠯᠯᠡᠭᠡ ᠶᠢᠨi ᠪᠠᠶᠢᠷᠢᠯᠠᠭᠤᠯᠤᠯᠲᠠ ᠶᠢᠨ ᠲᠦᠰᠥᠪ | ᠵᠣᠬᠢᠶᠠᠨ᠎ᠠ᠃ | ︵ᠭᠤᠷᠪᠠ︶ ᠬᠢᠴᠢᠶᠡᠯᠯᠡᠭᠡ ᠶᠢᠨ ᠪᠦᠲᠦᠭᠡᠨ ᠪᠠᠶᠢᠭᠤᠯᠤᠯᠲᠠ ᠪᠠᠷ ᠡᠬᠢ ᠰᠤᠷᠪᠤᠯᠵᠢ ᠶᠢ ᠨᠡᠭᠡᠭᠡᠨ | ᠬᠦᠭᠵᠢᠭᠦᠯᠬᠦ ᠬᠠᠮᠢᠶᠠᠷᠤᠯᠲᠠ ᠶᠢ ᠴᠢᠬᠤᠯᠠᠴᠢᠯᠠᠵᠤ᠂ ᠣᠨᠴᠠᠭᠠᠶᠢᠯᠠᠨ ᠰᠤᠩᠭᠤᠨ ᠰᠤᠷᠬᠤ ᠬᠢᠴᠢᠶᠡᠯ ︵ᠳᠤᠲᠤᠭᠠᠳᠤ | ᠮᠠᠲ᠋ᠧᠷᠢᠶᠠᠯ︶ ᠢ ᠨᠡᠭᠡᠭᠡᠬᠦ ᠪᠠ ᠳᠤᠬᠢᠷᠠᠭᠤᠯᠬᠤ ᠶᠢ ᠴᠢᠬᠤᠯᠠᠴᠢᠯᠠᠨ᠎ᠠ᠃ ᠪᠣᠳᠠᠲᠠᠢ ᠲᠠᠢ ᠨᠡᠶᠢᠴᠡᠭᠰᠡᠨ᠂ ᠠᠮᠢᠳᠤᠯᠢᠭ᠂ | ᠣᠯᠠᠨ ᠬᠡᠯᠪᠡᠷᠢᠲᠦ ᠬᠢᠴᠢᠶᠡᠯᠯᠡᠭᠡ ᠶᠢᠨ ᠰᠢᠰᠲ᠋ᠧᠮ ᠢ ᠪᠠᠶᠢᠭᠤᠯᠤᠨ᠎ᠠ᠃ | ︵ᠳᠥᠷᠪᠡ︶ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠠᠷᠭ᠎ᠠ ᠶᠢ ᠥᠭᠡᠷᠡᠴᠢᠯᠡᠵᠦ᠂ ᠵᠢᠭᠠᠨ | ᠰᠤᠷᠭᠠᠯᠲᠠ ᠶᠢᠨ ᠦᠨᠡᠯᠡᠯᠲᠡ ᠶᠢ ᠰᠢᠯᠢᠳᠡᠭᠵᠢᠭᠦᠯᠬᠦ ᠪᠠᠷ ᠠᠷᠭ᠎ᠠ ᠪᠠᠷᠢᠯ ᠪᠣᠯᠭᠠᠵᠤ᠂ ᠥᠭᠡᠷᠡᠴᠢᠯᠡᠯᠲᠡ ᠶᠢᠨ ᠪᠣᠳᠠᠲᠠᠢ | ᠱᠠᠭᠠᠷᠳᠠᠯᠭ᠎ᠠ ᠶᠢ ᠬᠢᠨᠠᠨ ᠦᠨᠡᠯᠡᠯᠲᠡ ᠳᠤ ᠣᠷᠤᠭᠤᠯᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ | ᠥᠭᠡᠷᠡᠴᠢᠯᠡᠯᠲᠡ ᠳᠠᠬᠢ ᠪᠠᠭᠰᠢ ᠨᠠᠷ ᠤᠨ ᠢᠳᠡᠪᠬᠢᠵᠢᠯ ᠢ ᠳᠡᠭᠡᠭᠰᠢᠯᠡᠭᠦᠯᠦᠨ᠎ᠡ᠃ | ︵ᠲᠠᠪᠤ︶ ᠰᠤᠷᠭᠠᠭᠤᠯᠢ ᠠᠴᠠ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ | ᠰᠢᠯᠢᠳᠡᠭ ᠬᠢᠴᠢᠶᠡᠯᠯᠡᠭᠡ ᠶᠢ ᠰᠤᠩᠭᠤᠨ ᠰᠢᠯᠭᠠᠷᠠᠭᠤᠯᠬᠤ ᠠᠷᠭ᠎ᠠ ᠪᠠᠷ ᠪᠠᠭᠰᠢ ᠨᠠᠷ ᠢ ᠬᠦᠬᠢᠭᠦᠯᠦᠨ ᠵᠣᠷᠢᠭᠵᠢᠭᠤᠯᠤᠨ᠎ᠠ | ᠃ ᠬᠢᠴᠢᠶᠡᠯ ᠤᠨ ᠲᠠᠩᠬᠢᠮ ᠤᠨ ᠥᠭᠡᠷᠡᠴᠢᠯᠡᠯᠲᠡ ᠶᠢᠨ ᠠᠵᠢᠯᠯᠠᠭᠠᠨ ᠤ ᠳᠤᠮᠳᠠ᠂ ᠰᠤᠷᠤᠯᠴᠠᠬᠤ ᠦᠭᠡᠢ᠂ ᠵᠢᠭᠠᠨ | ᠰᠤᠷᠭᠠᠬᠤ ᠬᠡᠯᠪᠡᠷᠢ ᠪᠠᠨ ᠥᠭᠡᠷᠡᠴᠢᠯᠡᠬᠦ ᠦᠭᠡᠢ ᠪᠠᠭᠰᠢ ᠨᠠᠷ ᠢ ᠬᠢᠷᠢ ᠲᠡᠩᠴᠡᠭᠦᠯᠬᠦ ᠦᠭᠡᠢ᠂ ᠰᠢᠯᠢᠳᠡᠭ | ᠬᠢᠴᠢᠶᠡᠯᠯᠡᠭᠡ ᠶᠢᠨ ᠰᠤᠩᠭᠤᠬᠤ ᠪᠠ ᠰᠢᠯᠢᠳᠡᠭ ᠪᠠᠭᠰᠢ᠂ ᠲᠤᠯᠭᠠᠭᠤᠷᠢᠯᠠᠭᠴᠢ ᠪᠠᠭᠰᠢ ᠲᠠᠨᠢᠯᠴᠠᠭᠤᠯᠬᠤ | ᠠᠵᠢᠯᠯᠠᠭᠠᠨ ᠳᠤ ᠣᠷᠤᠯᠴᠠᠭᠤᠯᠬᠤ ᠦᠭᠡᠢ᠃ | ᠲᠤᠰ ᠲᠥᠰᠥᠪ ᠢ ᠰᠤᠷᠭᠠᠨ ᠬᠦᠮᠦᠵᠢᠯ ᠤᠨ ᠲᠣᠪᠴᠢᠶ᠎ᠠ ᠠᠴᠠ ᠵᠦᠪᠰᠢᠶᠡᠷᠡᠵᠦ᠂ ᠪᠠᠭᠰᠢ ᠠᠵᠢᠯᠲᠠᠳ ᠤᠨ | ᠶᠡᠭᠡ ᠬᠤᠷᠠᠯ ᠢᠶᠠᠷ ᠳᠠᠮᠵᠢᠵᠤ ᠪᠠᠲᠤᠯᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | |