| | ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ︽ᠲᠡᠭᠡᠳᠤ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠲᠤᠬᠠᠢ ᠰᠠᠨᠠᠯ︾ | ᠬᠢᠬᠡᠳ ︽ᠪᠠᠭᠠᠷᠢᠨ ᠵᠡᠬᠦᠨ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶ᠎ᠠ ᠶᠢᠨ ᠲᠡᠭᠡᠳᠤ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠶᠢ | ᠬᠡᠷᠡᠭᠵᠢᠬᠦᠯᠬᠦ ᠲᠦᠰᠦᠪ︾ ᠢ ᠪᠦᠬᠦ ᠲᠠᠯ᠎ᠠ ᠪᠠᠷ ᠲᠤᠤᠱᠯᠠᠭᠤᠯᠵᠤ᠂ ᠰᠤᠷᠭᠠᠭᠤᠯᠢ ᠶᠢᠨ ᠬᠠᠮᠢᠶᠠᠷᠤᠯᠳᠠ ᠶᠢ | ᠰᠠᠶᠢᠵᠢᠷᠠᠭᠤᠯᠤᠨ᠂ ᠰᠤᠷᠭᠠᠨ ᠬᠦᠮᠦᠵᠢᠬᠦᠯᠬᠦ ᠵᠠᠭᠪᠤᠷ ᠢ ᠰᠢᠯᠢᠳᠡᠭᠵᠢᠭᠦᠯᠵᠦ᠂ ᠰᠤᠷᠭᠠᠭᠤᠯᠢ ᠡᠷᠬᠢᠯᠡᠬᠦ ᠶᠠᠰᠤ ᠴᠢᠨᠠᠷ ᠢ | ᠲᠡᠭᠡᠭᠰᠢᠯᠡᠬᠦᠯᠬᠦ ᠶᠢᠨ ᠲᠦᠯᠦᠬᠡ᠂ ᠯᠢᠨᠳᠦ᠋ᠡᠭ ᠤᠨ ᠨᠢᠬᠡᠳᠤᠬᠡᠷ ᠲᠤᠮᠳᠠᠳᠤ ᠰᠤᠷᠭᠠᠭᠤᠯᠢ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠬᠡᠷᠡᠭᠵᠢᠬᠦᠯᠬᠦ ᠲᠦᠰᠦᠪ ᠢ ᠤᠨᠴᠠᠭᠠᠶᠢᠯᠠᠨ ᠲᠤᠭᠳᠠᠭᠠᠬᠤ ᠶᠢᠨ ᠬᠠᠮᠳᠤ᠂ 2014 ᠤᠨ ᠤ | ᠨᠠᠮᠤᠷ ᠲᠡᠭᠡᠳᠤ ᠨᠢᠭᠡᠳᠦᠭᠡᠷ ᠤᠨ ᠳᠤ ᠪᠦᠬᠦ ᠲᠠᠯ᠎ᠠ ᠪᠠᠷ ᠬᠡᠷᠡᠭᠵᠢᠭᠦᠯᠪᠡ᠃ | ᠨᠢᠬᠡ᠂ ᠵᠢᠯᠤᠭᠤᠳᠬᠤ ᠦᠵᠡᠯ ᠰᠠᠨᠠᠭ᠎ᠠ | ᠨᠠᠮ ᠤᠨ ᠰᠤᠷᠭᠠᠨ ᠬᠦᠮᠦᠵᠢᠯ ᠤᠨ ᠴᠢᠭᠯᠡᠯᠳᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠠᠷᠠᠳ ᠤᠨ | ᠵᠠᠰᠠᠭ ᠤᠨ ᠤᠷᠳᠤᠨ ᠤ ︽ᠲᠡᠭᠡᠳᠤ ᠵᠡᠷᠭᠡ ᠶᠢᠨ ᠳᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ ᠦᠬᠡᠷᠡᠴᠢᠯᠡᠯᠳᠡ | ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠲᠤᠬᠠᠢ ᠰᠠᠨᠠᠯ︾ ᠬᠢᠬᠡᠳ ︽ᠪᠠᠭᠠᠷᠢᠨ ᠵᠡᠬᠦᠨ ᠬᠤᠰᠢᠭᠤᠨ ᠤ ᠰᠤᠷᠭᠠᠨ | ᠬᠦᠮᠦᠵᠢᠯ ᠤᠨ ᠲᠤᠪᠴᠢᠶ᠎ᠠ ᠶᠢᠨ ᠲᠡᠭᠡᠳᠤ ᠵᠡᠷᠭᠡ ᠶᠢᠨ ᠳᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ | ᠦᠬᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠶᠢ ᠬᠡᠷᠡᠭᠵᠢᠬᠦᠯᠬᠦ ᠲᠦᠰᠦᠪ︾ ᠢᠶᠠᠷ ᠵᠢᠯᠤᠭᠤᠳᠤᠯᠭ᠎ᠠ | ᠪᠤᠯᠭᠠᠵᠤ᠂ ᠰᠤᠷᠭᠠᠨ ᠬᠦᠮᠦᠵᠢᠯ ᠤᠨ ᠶᠠᠰᠤ ᠴᠢᠨᠠᠷ ᠶᠢ ᠲᠡᠭᠡᠭᠰᠢᠯᠡᠬᠦᠯᠬᠦ ᠪᠠᠷ ᠴᠦᠮ᠎ᠡ ᠪᠤᠯᠭᠠᠨ᠂ ᠰᠤᠷᠭᠠᠭᠤᠯᠢ ᠶᠢᠨ | ᠤᠨᠴᠠᠯᠢᠭ ᠢ ᠪᠤᠢ ᠪᠤᠯᠭᠠᠬᠤ ᠳᠤ ᠠᠰᠢᠭᠳᠠᠢ᠂ ᠰᠤᠷᠤᠭᠴᠢᠳ ᠤᠨ ᠦᠪᠡᠷᠮᠢᠴᠡ ᠤᠨᠴᠠᠯᠢᠭ ᠤᠨ ᠬᠦᠭᠵᠢᠯᠳᠡ ᠶᠢ | ᠠᠬᠢᠭᠤᠯᠬᠤ ᠳᠤ ᠠᠰᠢᠭᠳᠠᠢ ᠵᠢᠴᠢ ᠤᠯᠤᠰ ᠭᠡᠷ ᠲᠤ ᠣᠯᠠᠨ ᠴᠢᠳᠠᠪᠦᠷᠢᠳᠠᠨ ᠢ ᠬᠦᠮᠦᠵᠢᠬᠦᠯᠬᠦ ᠳᠤ ᠠᠰᠢᠭᠳᠠᠢ | ᠪᠠᠶᠢᠬᠤ ᠵᠠᠷᠴᠢᠮ ᠢ ᠪᠠᠷᠢᠮᠲᠠᠯᠠᠵᠤ᠂ ᠰᠤᠷᠭᠠᠭᠤᠯᠢ ᠶᠢᠨ ᠲᠤᠳᠤᠭᠠᠳᠤ ᠪᠦᠳᠦᠴᠡ ᠶᠢ ᠴᠡᠭᠴᠡᠯᠡᠬᠦ᠂ ᠠᠵᠢᠯᠳᠠᠨ ᠤ | ᠲᠦᠷᠢᠮ ᠲᠤᠭᠳᠠᠭᠠᠯ᠂ ᠴᠠᠯᠢᠩ ᠬᠦᠯᠦᠰᠤ ᠶᠢᠨ ᠲᠦᠷᠢᠮ ᠲᠤᠭᠳᠠᠭᠠᠯ ᠵᠢᠴᠢ ᠬᠢᠴᠢᠶᠡᠯᠡᠯᠬᠡ ᠪᠠ ᠵᠢᠭᠠᠨ ᠰᠤᠷᠭᠠᠯᠳᠠ | ᠶᠢᠨ ᠦᠬᠡᠷᠡᠴᠢᠯᠠᠯᠳᠠ ᠶᠢ ᠤᠯᠠᠮ ᠨᠢᠬᠡ ᠠᠯᠬᠤᠮ ᠭᠦᠨᠵᠡᠭᠡᠶᠢᠷᠡᠭᠦᠯᠦᠨ᠂ ᠰᠢᠨᠵᠢᠯᠡᠬᠦ ᠤᠬᠠᠭᠠᠨᠴᠢ᠂ ᠪᠦᠷᠢᠨ ᠲᠦᠬᠦᠷ | ᠂ ᠠᠵᠢᠯᠯᠠᠭ᠎ᠠ ᠨᠢ ᠦᠨᠳᠦᠷ ᠦᠷ᠎ᠡ ᠠᠰᠢᠭ ᠲᠠᠢ ᠰᠤᠷᠭᠠᠭᠤᠯᠢ ᠶᠢᠨ ᠪᠠᠶᠢᠭᠤᠯᠤᠯ ᠪᠠ ᠲᠤᠭᠳᠠᠯᠴᠠᠭ᠎ᠠ ᠶᠢ ᠪᠠᠶᠢᠭᠤᠯᠵᠤ | ᠂ ᠰᠤᠷᠭᠠᠭᠤᠯᠢ ᠶᠢᠨ ᠲᠤᠳᠤᠭᠠᠳᠤ ᠠᠭᠤᠯᠭ᠎ᠠ ᠶᠢᠨ ᠬᠦᠭᠵᠢᠯᠳᠡ ᠶᠢ ᠠᠬᠢᠭᠤᠯᠤᠨ᠂ ᠰᠤᠷᠤᠭᠴᠢᠳ ᠤᠨ ᠨᠢᠬᠡ ᠨᠠᠰᠤᠨ | ᠤ ᠬᠦᠭᠵᠢᠯᠳᠡ ᠳᠤ ᠰᠠᠭᠤᠷᠢ ᠲᠠᠯᠪᠢᠵᠤ ᠦᠭᠬᠦᠨ᠎ᠡ᠃ | ᠬᠤᠶᠠᠷ᠂ ᠬᠠᠷᠠᠯᠳᠠ ᠪᠠ ᠡᠬᠦᠷᠬᠡ | ︵ᠨᠢᠬᠡ︶ ᠰᠤᠷᠭᠠᠭᠤᠯᠢ ᠶᠢᠨ ᠲᠤᠳᠤᠭᠠᠳᠤ ᠴᠡᠭᠴᠡᠯᠡᠯᠲᠡ ᠶᠢᠨ ᠪᠦᠳᠦᠴᠡ ᠳᠤ ᠦᠬᠡᠷᠡᠴᠢᠯᠡᠯᠳᠡ ᠬᠢᠬᠦ ᠶᠢ | ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠰᠤᠷᠭᠠᠭᠤᠯᠢ ᠶᠢᠨ ᠲᠤᠳᠤᠭᠠᠳᠤ ᠪᠠᠶᠢᠭᠤᠯᠤᠮᠵᠢ ᠶᠢᠨ ᠳᠣᠬᠢᠷᠠᠭᠤᠯᠤᠯᠲᠠ | ᠳᠤ ᠦᠬᠡᠷᠡᠴᠢᠯᠡᠯᠳᠡ ᠬᠢᠵᠤ᠂ ᠦᠷᠢᠰᠦᠯᠳᠦᠬᠡᠨ ᠤ ᠤᠷᠴᠢᠨ ᠡᠬᠦᠳᠤᠨ᠂ ᠲᠡᠪᠴᠡᠩ ᠬᠠᠨᠭ᠍ᠭᠠᠨ ᠦᠭᠴᠤ᠂ | ᠬᠠᠮᠢᠶᠠᠷᠤᠯᠳᠠ ᠶᠢᠨ ᠪᠤᠳᠠᠳᠤ ᠴᠤᠭᠴᠠ ᠶᠢ ᠪᠠᠭᠠᠰᠬᠠᠨ᠂ ᠬᠠᠮᠢᠶᠠᠷᠤᠯᠳᠠ ᠶᠢᠨ ᠭᠤᠣᠯᠳᠠᠯᠭ᠎ᠠ ᠪᠠᠨ | ᠲᠤᠷᠤᠭᠰᠢᠯᠠᠭᠤᠯᠤᠨ᠂ ᠡᠬᠦᠷᠬᠡ᠂ ᠡᠷᠬᠡ᠂ ᠠᠰᠢᠭ ᠢ ᠲᠡᠭᠡᠳᠤ ᠬᠡᠮᠵᠢᠶ᠎ᠡ ᠪᠠᠷ ᠨᠢᠬᠡᠳᠬᠡᠨ᠎ᠡ᠃ | ︵ᠬᠤᠶᠠᠷ︶ ᠠᠵᠢᠯᠳᠠᠨ ᠤ ᠲᠦᠷᠢᠮ ᠲᠤᠭᠳᠠᠭᠠᠯ ᠤᠨ ᠦᠬᠡᠷᠡᠴᠢᠯᠡᠯᠳᠡ ᠶᠢ ᠭᠦᠨᠵᠡᠭᠡᠶᠢᠷᠡᠭᠦᠯᠦᠨ᠂ | ᠵᠠᠬᠢᠷᠤᠯ ᠤᠨ ᠲᠤᠰᠢᠶᠠᠯ ᠤᠨ ᠬᠤᠭᠤᠴᠠᠭᠠᠨ ᠳᠠᠬᠢ ᠬᠠᠷᠠᠯᠳᠠ ᠬᠠᠷᠢᠭᠤᠴᠠᠯᠭ᠎ᠠ ᠶᠢᠨ ᠲᠦᠷᠢᠮ ᠢ ᠢᠳᠡᠪᠬᠢᠳᠡᠢ ᠪᠦᠬᠡᠳ | ᠯᠠᠪᠳᠠᠭᠤᠨ ᠢᠶᠠᠷ ᠲᠦᠯᠬᠢᠨ ᠠᠬᠢᠭᠤᠯᠵᠤ᠂ ᠺᠠᠳ᠋ᠷ ᠢ ᠰᠤᠩᠭᠤᠨ ᠬᠡᠷᠡᠭᠯᠡᠬᠦ ᠲᠦᠷᠢᠮ ᠢ ᠪᠦᠬᠦ ᠲᠠᠯ᠎ᠠ ᠪᠠᠷ | ᠲᠤᠤᠱᠯᠠᠭᠤᠯᠤᠨ᠂ ᠪᠠᠭᠰᠢ ᠠᠵᠢᠯᠲᠠᠨ ᠤ ᠠᠵᠢᠯ ᠤᠨ ᠪᠠᠶᠢᠷᠢ ᠶᠢᠨ ᠤᠷᠢᠵᠤ ᠬᠡᠷᠡᠭᠯᠡᠬᠦ ᠲᠦᠷᠢᠮ ᠢ ᠬᠡᠷᠡᠭᠵᠢᠬᠦᠯᠵᠤ᠂ | ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃ | ︵ᠭᠤᠷᠪᠠ︶ ᠴᠠᠯᠢᠩ ᠬᠦᠯᠦᠰᠤᠨ ᠤ ᠲᠦᠷᠢᠮ ᠤᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠤ᠂ ᠦᠷ᠎ᠡ | ᠪᠦᠳᠦᠮᠵᠢ ᠶᠢᠨ ᠴᠠᠯᠢᠩ ᠤᠨ ᠲᠦᠷᠢᠮ ᠢ ᠰᠠᠶᠢᠳᠤᠷ ᠲᠤᠤᠱᠯᠠᠭᠤᠯᠤᠨ᠂ ᠦᠷ᠎ᠡ ᠪᠦᠳᠦᠮᠵᠢ ᠶᠢᠨ ᠴᠠᠯᠢᠩ ᠤᠨ | ᠵᠤᠷᠢᠭᠵᠢᠭᠤᠯᠤᠯ ᠤᠨ ᠦᠢᠯᠡᠳᠦᠯ ᠢ ᠦᠨᠡᠨᠬᠦ ᠪᠠᠳᠠᠷᠠᠭᠤᠯᠤᠨ᠎ᠠ︔ ᠠᠯᠪᠠᠨ ᠰᠦᠢᠳᠬᠡᠯ ᠢ ᠰᠤᠷᠭᠠᠭᠤᠯᠢ ᠶᠢᠨ | ᠲᠤᠳᠤᠭᠠᠳᠤ ᠳᠤ ᠬᠢᠵᠠᠭᠠᠷᠯᠠᠯ ᠲᠠᠢ ᠲᠠᠭᠠᠭᠠᠴᠢᠯᠠᠭᠤᠯᠬᠤ ᠲᠦᠷᠢᠮ ᠢ ᠬᠡᠷᠡᠭᠵᠢᠬᠦᠯᠵᠤ᠂ ᠦᠷ᠎ᠡ ᠪᠦᠳᠦᠮᠵᠢ ᠪᠠᠷ ᠨᠢ | ᠱᠠᠩᠨᠠᠵᠤ ᠲᠤᠷᠭᠤᠭᠠᠬᠤ ᠲᠦᠷᠢᠮ ᠪᠠ ᠠᠵᠢᠯ ᠤᠨ ᠪᠠᠶᠢᠷᠢ ᠶᠢᠨ ᠨᠦᠬᠦᠪᠦᠷᠢ ᠦᠭᠬᠦ ᠲᠦᠷᠢᠮ ᠢ ᠬᠡᠷᠡᠭᠵᠢᠬᠦᠯᠦᠨ᠎ᠡ︔ | ︽ᠢᠯᠡᠬᠦᠤ ᠬᠦᠳᠡᠯᠮᠦᠷᠢᠯᠡᠪᠡᠯ ᠢᠯᠡᠬᠦᠤ ᠤᠯᠭᠤᠬᠤ᠂ ᠰᠠᠶᠢᠨ ᠬᠢᠪᠡᠯ ᠰᠠᠶᠢᠨ ᠱᠠᠩᠨᠠᠬᠤ︾ ᠴᠠᠯᠢᠩ ᠬᠦᠯᠦᠰᠤᠨ ᠤ | ᠬᠤᠪᠢᠶᠠᠷᠢᠯᠠᠯ ᠤᠨ ᠲᠦᠷᠢᠮ ᠢ ᠪᠠᠶᠢᠭᠤᠯᠤᠨ᠎ᠠ᠃ | ︵ᠲᠦᠷᠪᠡ︶ ᠬᠢᠴᠢᠶᠡᠯᠯᠡᠭᠡ ᠪᠠ ᠵᠢᠭᠠᠨ ᠰᠤᠷᠭᠠᠯᠳᠠ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠎ᠡ᠃ | ︽ᠰᠤᠷᠤᠭᠴᠢᠳ ᠤᠨ ᠨᠢᠬᠡ ᠨᠠᠰᠤᠨ ᠤ ᠬᠦᠭᠵᠢᠯᠳᠡ ᠳᠤ ᠰᠠᠭᠤᠷᠢ ᠲᠠᠯᠪᠢᠬᠤ︾ ᠰᠤᠷᠭᠠᠨ ᠬᠦᠮᠦᠵᠢᠯ ᠤᠨ | ᠦᠵᠡᠯᠳᠡ ᠶᠢ ᠲᠣᠭᠲᠠᠭᠠᠵᠤ᠂ ︽ᠪᠤᠳᠠᠳᠠᠢ ᠲᠠᠢ ᠤᠶᠠᠯᠳᠤᠭᠤᠯᠬᠤ︾ ᠵᠢᠭᠠᠨ ᠰᠤᠷᠭᠠᠯᠳᠠ ᠶᠢᠨ ᠵᠠᠷᠴᠢᠮ ᠢ | ᠬᠡᠷᠡᠭᠵᠢᠭᠦᠯᠦᠨ᠂ ᠬᠢᠴᠢᠶᠡᠯᠯᠡᠭᠡ ᠶᠢᠨ ᠡᠬᠢ ᠰᠤᠷᠪᠤᠯᠵᠢ ᠶᠢ ᠢᠳᠡᠪᠬᠢᠳᠡᠢ ᠨᠡᠬᠡᠬᠡᠨ ᠬᠦᠭᠵᠢᠬᠦᠯᠵᠤ᠂ ᠴᠠᠭ ᠦᠶ᠎ᠡ ᠶᠢᠨ | ᠵᠤᠷᠢᠭ ᠰᠠᠨᠠᠭ᠎ᠠ ᠲᠠᠢ᠂ ᠤᠯᠠᠨ ᠲᠦᠷᠦᠯ ᠢᠶᠠᠷ ᠬᠦᠭᠵᠢᠭᠰᠡᠨ᠂ ᠠᠮᠢᠵᠢᠷᠠᠯ ᠤᠨ ᠬᠦᠴᠦᠨ ᠲᠠᠢ᠂ ᠤᠯᠠᠨ | ᠲᠠᠪᠬᠤᠷᠭᠠᠳᠤ ᠰᠤᠩᠭᠤᠬᠤ ᠤᠷᠤᠨ ᠵᠠᠢ ᠲᠠᠢ ᠰᠤᠷᠭᠠᠭᠤᠯᠢ ᠶᠢᠨ ᠬᠢᠴᠢᠶᠡᠯᠯᠡᠭᠡ ᠶᠢᠨ ᠰᠢᠰᠲ᠋ᠧᠮ ᠢ ᠪᠠᠶᠢᠭᠤᠯᠤᠨ᠎ᠠ︔ | ᠵᠢᠭᠠᠬᠤ ᠪᠠ ᠰᠤᠷᠬᠤ ᠠᠷᠭ᠎ᠠ ᠬᠡᠯᠪᠡᠷᠢ ᠶᠢ ᠦᠨᠳᠦᠰᠦᠨ ᠠᠴᠠ ᠨᠢ ᠬᠤᠪᠢᠷᠠᠭᠤᠯᠵᠤ᠂ ᠪᠡᠶ᠎ᠡ ᠪᠠᠨ ᠳᠠᠭᠠᠭᠠᠭᠰᠠᠨ᠂ | ᠦᠨᠳᠦᠷ ᠦᠷ᠎ᠡ ᠪᠦᠳᠦᠮᠵᠢᠳᠤ ᠬᠢᠴᠢᠶᠡᠯᠡᠯᠬᠡ ᠶᠢ ᠪᠦᠬᠦ ᠬᠦᠴᠦᠨ ᠢᠶᠠᠷ ᠡᠬᠦᠳᠴᠤ᠂ ᠰᠤᠷᠤᠭᠴᠢᠳ ᠤᠨ | ᠬᠦᠭᠵᠢᠯᠳᠡ ᠳᠤ ᠵᠤᠬᠢᠴᠠᠭᠰᠠᠨ ᠰᠤᠷᠭᠠᠨ ᠬᠦᠮᠦᠵᠢᠯ ᠢ ᠡᠬᠦᠳᠤᠨ ᠪᠦᠳᠦᠬᠡᠨ᠎ᠡ᠃ | ᠭᠤᠷᠪᠠ᠂ ᠪᠠᠳᠤᠯᠠᠭ᠎ᠠ ᠶᠢᠨ ᠠᠷᠭ᠎ᠠ ᠬᠡᠮᠵᠢᠶ᠎ᠡ | ︵ᠨᠢᠬᠡ︶ ᠵᠤᠬᠢᠶᠠᠨ ᠪᠠᠶᠢᠭᠤᠯᠤᠯᠳᠠ ᠶᠢ ᠲᠡᠬᠦᠯᠳᠡᠷᠵᠢᠬᠦᠯᠵᠤ᠂ ᠤᠳᠤᠷᠢᠳᠤᠯᠭ᠎ᠠ ᠶᠢ ᠴᠢᠩᠭᠠᠳᠬᠠᠨ᠎ᠠ᠃ | ᠰᠤᠷᠭᠠᠭᠤᠯᠢ ᠠᠴᠠ ᠶᠡᠷᠦᠩᠬᠡᠶᠢᠯᠡᠭᠰᠡᠨ ᠦᠬᠡᠷᠡᠴᠢᠯᠡᠯᠳᠡ ᠶᠢᠨ ᠠᠵᠢᠯ ᠤᠨ ᠤᠳᠤᠷᠢᠳᠬᠤ ᠲᠤᠭᠤᠶᠢᠯᠠᠩ ᠪᠠᠶᠢᠭᠤᠯᠵᠤ᠂ | ᠦᠬᠡᠷᠡᠴᠢᠯᠡᠯᠳᠡ ᠶᠢᠨ ᠲᠦᠰᠦᠪ ᠲᠤᠭᠳᠠᠭᠠᠨ᠂ ᠲᠦᠷᠢᠮ ᠪᠠᠶᠢᠭᠤᠯᠵᠤ᠂ ᠦᠨᠡᠯᠡᠬᠦ ᠰᠢᠰᠲ᠋ᠧᠮ ᠢ ᠪᠦᠷᠢᠨᠵᠢᠬᠦᠯᠦᠨ᠂ | ᠶᠡᠷᠦᠩᠬᠡᠶᠢᠯᠡᠭᠰᠡᠨ ᠦᠬᠡᠷᠡᠴᠢᠯᠡᠯᠳᠡ ᠶᠢᠨ ᠪᠤᠳᠠᠳᠠᠢ ᠠᠵᠢᠯ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠎ᠠ᠃ | ︵ᠬᠤᠶᠠᠷ︶ ᠠᠵᠢᠯ ᠤᠨ ᠬᠤᠪᠢᠶᠠᠷᠢᠯᠠᠯ ᠢᠶᠠᠨ ᠲᠤᠳᠤᠷᠬᠠᠶᠢᠯᠠᠨ᠂ ᠬᠠᠷᠢᠭᠤᠴᠠᠯᠭ᠎ᠠ ᠶᠢ ᠨᠢ | ᠨᠠᠶᠢᠳᠠᠪᠦᠷᠢᠵᠢᠭᠤᠯᠤᠨ᠎ᠠ᠃ ᠶᠡᠷᠦᠩᠬᠡᠶᠢᠯᠡᠭᠰᠡᠨ ᠦᠬᠡᠷᠡᠴᠢᠯᠡᠯᠳᠡ ᠪᠠ ᠠᠵᠢᠯᠳᠠᠨ ᠤ ᠲᠦᠷᠢᠮ᠂ ᠴᠠᠯᠢᠩ ᠬᠦᠯᠦᠰᠤᠨ ᠤ | ᠲᠦᠷᠢᠮ ᠤᠨ ᠦᠬᠡᠷᠡᠴᠢᠯᠡᠯᠳᠡ᠂ ᠬᠢᠴᠢᠶᠠᠯ ᠲᠦᠷᠦᠯ ᠪᠠ ᠵᠢᠭᠠᠨ ᠰᠤᠷᠭᠠᠯᠳᠠ ᠶᠢᠨ ᠦᠬᠡᠷᠡᠴᠢᠯᠡᠯᠳᠡ ᠶᠢᠨ ᠠᠵᠢᠯ ᠢ | ᠠᠬᠢᠭᠤᠯᠬᠤ ᠲᠤᠭᠤᠶᠢᠯᠠᠩ ᠢ ᠲᠤᠰ ᠲᠤᠰ ᠵᠤᠬᠢᠶᠠᠨ ᠪᠠᠶᠢᠭᠤᠯᠵᠤ᠂ ᠦᠬᠡᠷᠡᠴᠢᠯᠡᠯᠳᠡ ᠶᠢᠨ ᠲᠦᠰᠦᠪ ᠲᠤ | ᠲᠤᠭᠳᠠᠭᠠᠭᠰᠠᠨ ᠡᠬᠦᠷᠬᠡ ᠬᠠᠷᠠᠯᠳᠠ ᠪᠠ ᠠᠵᠢᠯ ᠤᠨ ᠲᠤᠬᠢᠷᠠᠭᠤᠯᠤᠯᠳᠠ ᠶᠤᠰᠤᠭᠠᠷ᠂ ᠡᠯ᠎ᠡ ᠲᠠᠯ᠎ᠠ ᠶᠢᠨ ᠠᠵᠢᠯ ᠢ | ᠰᠠᠶᠢᠳᠤᠷ ᠬᠢᠵᠤ᠂ ᠦᠬᠡᠷᠡᠴᠢᠯᠡᠯᠳᠡ ᠶᠢ ᠪᠤᠳᠠᠳᠠᠢ ᠪᠠᠷ ᠲᠤᠤᠱᠯᠠᠭᠤᠯᠵᠤ᠂ ᠪᠤᠳᠠᠳᠤ ᠦᠷ᠎ᠡ ᠪᠦᠳᠦᠮᠵᠢ ᠣᠯᠬᠤ ᠶᠢ | ᠪᠠᠳᠤᠯᠠᠨ᠎ᠠ᠃ | ︵ᠭᠤᠷᠪᠠ︶ ᠦᠵᠡᠯ ᠰᠠᠨᠠᠭ᠎ᠠ ᠪᠠᠨ ᠨᠢᠬᠡᠳᠬᠡᠨ᠂ ᠲᠠᠨᠢᠯᠳᠠ ᠪᠠᠨ ᠲᠡᠭᠡᠭᠰᠢᠯᠡᠬᠦᠯᠦᠨ᠎ᠡ᠃ ᠤᠨᠤᠯ ᠤᠨ | ᠰᠤᠷᠤᠯᠴᠠᠯᠭ᠎ᠠ ᠪᠠᠨ ᠴᠢᠩᠭᠠᠳᠬᠠᠨ᠂ ᠰᠤᠷᠭᠠᠨ ᠬᠦᠮᠦᠵᠢᠯ ᠤᠨ ᠤᠨᠤᠯ ᠤᠨ ᠰᠠᠭᠤᠳᠠᠯ ᠤᠨ ᠬᠤᠷᠠᠯ᠂ ᠲᠤᠰᠬᠠᠢ | ᠮᠡᠷᠬᠡᠵᠢᠯᠳᠡᠨ ᠤ ᠶᠡᠷᠢᠶ᠎ᠠ᠂ ᠲᠡᠰ ᠲᠠᠪᠬᠤᠷᠭ᠎ᠠ ᠬᠤᠪᠢᠶᠠᠨ ᠪᠤᠯᠪᠠᠰᠤᠷᠠᠭᠤᠯᠬᠤ ᠵᠡᠷᠬᠡ ᠡᠯ᠎ᠡ ᠵᠦᠢᠯ ᠤᠨ ᠠᠷᠭ᠎ᠠ ᠪᠠᠷᠢᠯ | ᠢᠶᠠᠷ ᠲᠠᠮᠵᠢᠨ᠂ ᠪᠦᠬᠦ ᠰᠤᠷᠭᠠᠭᠤᠯᠢ ᠶᠢᠨ ᠪᠠᠭᠰᠢ ᠠᠵᠢᠯᠲᠠᠳ ᠲᠤ ᠦᠬᠡᠷᠡᠴᠢᠯᠡᠯᠳᠡ ᠶᠢᠨ ᠴᠢᠬᠤᠯᠠ ᠴᠢᠨᠠᠷ ᠪᠠ | ᠲᠤᠯᠭᠠᠮ᠎ᠠ ᠴᠢᠨᠠᠷ ᠢ ᠮᠡᠳᠡᠬᠦᠯᠵᠤ᠂ ᠦᠬᠡᠷᠡᠴᠢᠯᠡᠯᠳᠡ ᠶᠢ ᠲᠡᠷᠢᠬᠦᠨ ᠴᠢᠬᠤᠯᠠ ᠪᠠᠶᠢᠷᠢᠨ ᠳᠤ ᠲᠠᠯᠪᠢᠨ ᠬᠦᠨᠳᠦᠳᠬᠡᠨ | ᠦᠵᠡᠵᠤ᠂ ᠤᠯᠠᠨ ᠤ ᠲᠠᠨᠢᠯᠳᠠ ᠶᠢ ᠨᠢᠬᠡᠳᠬᠡᠨ᠂ ᠨᠡᠶᠢᠳᠡ ᠶᠢᠨ ᠬᠦᠴᠦᠨ ᠢ ᠪᠦᠷᠢᠯᠳᠤᠬᠦᠯᠵᠤ᠂ ᠦᠬᠡᠷᠡᠴᠢᠯᠡᠯᠳᠡ | ᠶᠢᠨ ᠡᠬᠦᠷᠬᠡ ᠶᠢ ᠪᠦᠬᠦ ᠲᠠᠯ᠎ᠠ ᠪᠠᠷ ᠲᠤᠤᠱᠯᠠᠭᠤᠯᠤᠨ᠎ᠠ᠃ | ︵ᠲᠦᠷᠪᠡ︶ ᠲᠡᠪᠳᠠᠨ ᠪᠤᠯᠪᠠᠰᠤᠷᠠᠯ ᠢ ᠴᠢᠩᠭᠠᠳᠬᠠᠨ᠂ ᠮᠡᠷᠬᠡᠵᠢᠯ ᠢᠶᠠᠨ ᠲᠡᠭᠡᠭᠰᠢᠯᠡᠬᠦᠯᠦᠨ᠎ᠡ᠃ ︽ | ᠰᠢᠯᠢᠵᠦ ᠣᠷᠤᠭᠤᠯᠤᠨ᠂ ᠪᠣᠯᠪᠠᠰᠤᠷᠠᠭᠤᠯᠤᠨ ᠥᠭᠡᠷᠡᠴᠢᠯᠡᠵᠦ᠂ ᠵᠣᠬᠢᠰᠲᠠᠢ ᠵᠣᠯᠭᠠᠭᠤᠯᠤᠨ᠂ ᠥᠪᠡᠷᠮᠢᠴᠢᠯᠡᠨ | ᠰᠢᠨ᠎ᠡ ᠶᠢ ᠡᠭᠦᠳᠬᠦ︾ ᠵᠡᠷᠬᠡ ᠵᠠᠷᠴᠢᠮ ᠶᠤᠰᠤᠭᠠᠷ᠂ ︽271 ᠶᠢᠨ ᠦᠨᠳᠦᠷ ᠪᠦᠳᠦᠮᠵᠢᠳᠤ ᠬᠢᠴᠢᠶᠡᠯᠡᠯᠬᠡ︾ ᠶᠢᠨ | ᠵᠠᠬᠪᠤᠷ ᠢ ᠬᠡᠷᠡᠭᠯᠡᠨ᠂ ᠤᠷᠢᠵᠤ ᠤᠷᠤᠭᠤᠯᠬᠤ ᠪᠠ ᠭᠠᠳᠠᠭᠰᠢ ᠭᠠᠷᠭᠠᠵᠤ᠂ ᠬᠢᠴᠢᠶᠡᠯᠯᠡᠬᠦ ᠪᠠᠭᠰᠢ ᠶᠢᠨ ᠲᠤᠬᠠᠶᠢᠯᠠᠭᠰᠠᠨ | ᠠᠵᠢᠯ ᠤᠨ ᠪᠤᠯᠪᠠᠰᠤᠷᠠᠯ ᠢ ᠴᠢᠩᠭᠠᠳᠬᠠᠨ᠂ ᠮᠡᠷᠬᠡᠵᠢᠯ ᠢ ᠨᠢ ᠳᠡᠭᠡᠭᠰᠢᠯᠡᠭᠦᠯᠵᠦ᠂ ᠰᠤᠷᠭᠠᠭᠤᠯᠢ ᠶᠢᠨ ᠢᠶᠠᠨ | ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠳᠠ ᠶᠢᠨ ᠥᠪᠡᠷᠮᠢᠴᠡ ᠤᠨᠴᠠᠯᠢᠭ ᠢ ᠠᠭᠠᠵᠢᠮ ᠢᠶᠠᠷ ᠪᠤᠢ ᠪᠤᠯᠭᠠᠨ᠎ᠠ᠃ | ︵ᠲᠠᠪᠤ︶ ᠬᠢᠨᠠᠯᠳᠠ ᠲᠠᠯᠪᠢᠨ ᠦᠨᠡᠯᠡᠯᠳᠡ ᠬᠢᠵᠤ᠂ ᠴᠠᠭ ᠲᠤᠬᠠᠢ ᠳᠤᠨᠢ ᠵᠠᠰᠠᠨ ᠵᠠᠯᠠᠷᠠᠭᠤᠯᠤᠨ᠎ᠠ᠃ | ᠰᠤᠷᠭᠠᠭᠤᠯᠢ ᠶᠢᠨ ᠡᠯ᠎ᠡ ᠵᠦᠢᠯ ᠤᠨ ᠲᠦᠷᠢᠮ ᠲᠤᠭᠳᠠᠭᠠᠯ ᠪᠠ ᠦᠨᠡᠯᠡᠯᠳᠡ ᠬᠢᠬᠦ ᠰᠢᠰᠲ᠋ᠧᠮ ᠢ ᠤᠯᠠᠮ ᠨᠢᠬᠡ ᠠᠯᠬᠤᠮ | ᠬᠠᠯᠠᠨ ᠰᠠᠶᠢᠵᠢᠷᠠᠭᠤᠯᠵᠤ᠂ ᠡᠯ᠎ᠡ ᠵᠦᠢᠯ ᠤᠨ ᠴᠢᠳᠠᠮᠵᠢ ᠶᠢᠨ ᠠᠯᠪᠠᠨ ᠬᠡᠷ ᠤᠨ ᠬᠢᠨᠠᠯᠳᠠ ᠲᠠᠯᠪᠢᠬᠤ᠂ ᠦᠨᠡᠯᠡᠯᠳᠡ | ᠬᠢᠬᠦ ᠪᠠ ᠦᠢᠯᠡᠴᠢᠯᠡᠬᠡᠨ ᠤ ᠦᠢᠯᠡᠳᠦᠯ ᠴᠢᠳᠠᠪᠦᠷᠢ ᠶᠢ ᠨᠢ ᠬᠦᠢᠴᠡᠳ ᠪᠠᠳᠠᠷᠠᠭᠤᠯᠵᠤ᠂ ᠦᠬᠡᠷᠡᠴᠢᠯᠡᠯᠳᠡ ᠶᠢᠨ | ᠶᠠᠪᠤᠴᠠ ᠳᠠᠬᠢ ᠲᠤᠷᠰᠢᠯᠭ᠎ᠠ ᠰᠤᠷᠭᠠᠮᠵᠢ ᠶᠢ ᠴᠠᠭ ᠲᠤᠬᠠᠢ ᠳᠤᠨᠢ ᠳ᠋ᠦᠡᠭᠨᠡᠨ ᠵᠠᠳᠠᠯᠵᠤ᠂ ᠠᠰᠠᠭᠤᠳᠠᠯ ᠢ ᠢᠯᠡᠷᠡᠬᠦᠯᠵᠤ | ᠴᠠᠭ ᠲᠤᠬᠠᠢ ᠳᠤᠨᠢ ᠰᠢᠢᠳᠪᠦᠷᠢᠯᠡᠵᠤ ᠵᠠᠯᠠᠷᠠᠭᠤᠯᠤᠨ᠎ᠠ᠃ | | ᠯᠢᠨᠳᠦ᠋ᠡᠭ ᠨᠢᠬᠡᠳᠤᠬᠡᠷ ᠲᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠤᠳᠤᠷᠢᠳᠬᠤ ᠲᠤᠭᠤᠶᠢᠯᠠᠩ | ᠨᠢᠬᠡ᠂ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ | ᠲᠤᠭᠤᠶᠢᠯᠠᠩ ᠤᠨ ᠲᠠᠷᠤᠭ᠎ᠠ᠄ ᠵᠤᠤ ᠹᠸᠡᠭ ᠰᠢ | ᠲᠡᠳ᠋ ᠲᠤᠭᠤᠶᠢᠯᠠᠩ ᠤᠨ ᠲᠠᠷᠤᠭ᠎ᠠ᠄ ᠸᠠᠩ ᠵᠢᠶᠦ᠋ᠨ ᠢ᠂ ᠵᠠᠩ ᠸᠧᠢ᠂ ᠴᠧᠨ ᠱᠤᠤ ᠬᠤᠸᠠ᠂ ᠯᠢ | ᠬᠤᠨᠭ᠌ ᠹᠸᠢ | ᠬᠡᠰᠢᠬᠦᠨ᠄ ᠵᠢᠭᠠᠨ ᠰᠤᠷᠭᠠᠯᠳᠠ ᠶᠢᠨ ᠲᠠᠰᠤᠭ᠂ ᠰᠤᠷᠤᠭᠴᠢ ᠶᠢᠨ ᠠᠵᠢᠯ ᠤᠨ ᠠᠯᠪᠠᠨ ᠬᠡᠷ᠂ ᠬᠢᠴᠢᠶᠠᠯ | ᠲᠥᠷᠥᠯ ᠤᠨ ᠰᠤᠳᠤᠯᠭᠠᠨ ᠤ ᠲᠠᠰᠤᠭ᠂ ᠶᠡᠷᠦᠩᠬᠡᠢ ᠶᠠᠪᠤᠳᠠᠯ ᠤᠨ ᠲᠠᠰᠤᠭ᠂ ᠤᠨ ᠨᠢᠭᠡᠴᠡ ᠶᠢᠨ ᠬᠡᠯᠲᠡᠰ ᠤᠨ | ᠡᠷᠬᠢᠯᠡᠭᠴᠢ᠂ ᠡᠯ᠎ᠡ ᠬᠢᠴᠢᠶᠡᠯ ᠲᠦᠷᠦᠯ ᠤᠨ ᠪᠠᠭᠰᠢ | ᠬᠤᠶᠠᠷ᠂ ᠤᠳᠤᠷᠢᠳᠬᠤ ᠲᠤᠭᠤᠶᠢᠯᠠᠩ ᠤᠨ ᠡᠬᠦᠷᠬᠡ | ⒈ ᠰᠤᠷᠭᠠᠭᠤᠯᠢ ᠶᠢᠨ ᠶᠡᠷᠦᠩᠬᠡᠶᠢᠯᠡᠭᠰᠡᠨ ᠦᠬᠡᠷᠡᠴᠢᠯᠡᠯᠳᠡ ᠶᠢᠨ ᠪᠦᠬᠦ ᠲᠠᠯ᠎ᠠ ᠶᠢᠨ ᠠᠵᠢᠯ ᠢ | ᠤᠳᠤᠷᠢᠳᠴᠤ᠂ ᠦᠬᠡᠷᠡᠴᠢᠯᠡᠯᠳᠡ ᠶᠢᠨ ᠲᠦᠰᠦᠪ ᠲᠤᠭᠳᠠᠭᠠᠨ᠂ ᠶᠡᠷᠦᠩᠬᠡᠢ ᠲᠦᠯᠦᠪᠯᠡᠭᠡ ᠶᠢ ᠪᠡᠶᠡᠯᠡᠬᠦᠯᠦᠨ᠎ᠡ᠃ | ⒉ ᠠᠵᠢᠯ ᠤᠨ ᠪᠠᠶᠢᠷᠢ ᠶᠢᠨ ᠡᠬᠦᠷᠬᠡ ᠬᠠᠷᠢᠭᠤᠴᠠᠯᠭ᠎ᠠ᠂ ᠲᠦᠷᠢᠮ ᠲᠤᠭᠳᠠᠭᠠᠯ᠂ ᠬᠢᠨᠠᠨ ᠰᠢᠯᠭᠠᠬᠤ | ᠨᠠᠷᠢᠨ ᠵᠠᠷᠴᠢᠮ ᠵᠢᠴᠢ ᠱᠠᠩᠨᠠᠵᠤ ᠲᠤᠷᠭᠤᠭᠠᠬᠤ ᠵᠤᠷᠪᠤᠰ ᠤᠳ ᠢ ᠵᠠᠰᠠᠵᠤ ᠲᠡᠬᠦᠯᠳᠡᠷᠵᠢᠬᠦᠯᠦᠨ᠎ᠡ᠃ | ⒊ ᠰᠤᠷᠭᠠᠭᠤᠯᠢ ᠶᠢᠨ ᠲᠤᠳᠤᠭᠠᠳᠤ ᠪᠦᠳᠦᠴᠡ ᠶᠢ ᠴᠡᠭᠴᠡᠯᠡᠬᠦ᠂ ᠠᠵᠢᠯᠳᠠᠨ ᠤ ᠲᠦᠷᠢᠮ᠂ ᠴᠠᠯᠢᠩ | ᠬᠦᠯᠦᠰᠦᠨ ᠤ ᠲᠦᠷᠢᠮ᠂ ᠬᠢᠴᠢᠶᠡᠯᠯᠡᠭᠡ ᠪᠠ ᠵᠢᠭᠠᠨ ᠰᠤᠷᠭᠠᠯᠳᠠ ᠶᠢᠨ ᠦᠬᠡᠷᠡᠴᠢᠯᠡᠯᠳᠡ ᠵᠡᠷᠬᠡ ᠲᠦᠷᠪᠡᠨ ᠲᠦᠷᠦᠯ | ᠤᠨ ᠦᠬᠡᠷᠡᠴᠢᠯᠡᠯᠳᠡ ᠶᠢᠨ ᠡᠬᠦᠷᠬᠡ ᠶᠢ ᠪᠦᠬᠦ ᠲᠠᠯ᠎ᠠ ᠪᠠᠷ ᠠᠬᠢᠭᠤᠯᠤᠨ᠎ᠠ᠃ | | | | | ᠯᠢᠨᠳᠦ᠋ᠡᠭ ᠤᠨ ᠨᠢᠬᠡᠳᠤᠬᠡᠷ ᠲᠤᠮᠳᠠᠳᠤ ᠰᠤᠷᠭᠠᠭᠤᠯᠢ ᠶᠢᠨ ᠲᠤᠳᠤᠭᠠᠳᠤ | ᠪᠦᠳᠦᠴᠡ ᠶᠢᠨ ᠦᠬᠡᠷᠡᠴᠢᠯᠡᠯᠳᠡ ᠶᠢᠨ ᠬᠡᠷᠡᠭᠵᠢᠬᠦᠯᠬᠦ ᠲᠦᠰᠦᠪ | ᠰᠤᠷᠭᠠᠭᠤᠯᠢ ᠶᠢᠨ ᠲᠤᠳᠤᠭᠠᠳᠤ ᠶᠢ ᠵᠠᠰᠠᠨ ᠴᠡᠭᠴᠡᠯᠡᠬᠦ ᠪᠦᠳᠦᠴᠡ ᠪᠤᠯ ᠰᠤᠷᠭᠠᠭᠤᠯᠢ ᠶᠢᠨ ᠵᠤᠬᠢᠶᠠᠨ | ᠪᠠᠶᠢᠭᠤᠯᠬᠤ ᠰᠢᠰᠲ᠋ᠧᠮ᠂ ᠰᠢᠢᠳᠪᠦᠷᠢ ᠭᠠᠷᠭᠠᠬᠤ ᠰᠢᠰᠲ᠋ᠧᠮ᠂ ᠭᠦᠢᠴᠡᠳᠬᠡᠬᠦ ᠰᠢᠰᠲ᠋ᠧᠮ᠂ ᠬᠢᠨᠠᠯᠳᠠ ᠲᠠᠯᠪᠢᠬᠤ | ᠰᠢᠰᠲ᠋ᠧᠮ᠂ ᠦᠨᠡᠯᠡᠯᠳᠡ ᠬᠢᠬᠦ ᠰᠢᠰᠲ᠋ᠧᠮ ᠵᠡᠷᠬᠡ ᠲᠦᠷᠢᠮ ᠲᠤᠭᠳᠠᠭᠠᠯ ᠵᠢᠴᠢ ᠠᠵᠢᠯᠯᠠᠭᠠᠨ ᠤ ᠯᠤᠬᠢᠭ ᠤᠨ | ᠲᠤᠬᠢᠷᠠᠭᠤᠯᠤᠯᠳᠠ ᠲᠦᠯᠦᠪᠯᠡᠭᠡ ᠪᠣᠯᠬᠤ ᠪᠦᠭᠡᠳ ᠨᠢᠬᠡ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠦᠵᠡᠯ ᠰᠠᠨᠠᠭ᠎ᠠ᠂ | ᠰᠤᠶᠤᠯ ᠤᠨ ᠦᠷᠳᠡᠭ ᠵᠡᠷᠬᠡ ᠶᠢᠨ ᠲᠠᠯᠳᠠ ᠢᠯᠡᠷᠡᠯ ᠪᠤᠯᠤᠨ᠎ᠠ᠃ ᠮᠦᠨ ᠴᠤ ᠰᠤᠷᠭᠠᠭᠤᠯᠢ ᠶᠢᠨ ᠵᠤᠬᠢᠶᠠᠨ | ᠪᠠᠶᠢᠭᠤᠯᠤᠯᠳᠠ ᠶᠢᠨ ᠲᠦᠯᠦᠪᠯᠡᠭᠡ ᠲᠤᠳᠤᠷᠠᠬᠢ ᠪᠠᠭᠰᠢ᠂ ᠰᠤᠷᠤᠭᠴᠢ᠂ ᠬᠡᠷ ᠤᠨ ᠠᠬᠠᠮᠠᠳ ᠢᠶᠠᠷ | ᠲᠦᠯᠦᠬᠡᠯᠡᠬᠦᠯᠦᠭᠰᠡᠨ ᠰᠤᠷᠭᠠᠭᠤᠯᠢ ᠡᠷᠬᠢᠯᠡᠬᠦ ᠡᠯ᠎ᠡ ᠵᠦᠢᠯ ᠤᠨ ᠬᠦᠴᠦᠨ ᠴᠢᠳᠠᠯ ᠤᠨ ᠰᠢᠭᠤᠳ ᠢᠯᠡᠷᠡᠯ ᠪᠤᠯᠤᠨ᠎ᠠ᠃ | ᠨᠢᠬᠡ᠂ ᠦᠬᠡᠷᠡᠴᠢᠯᠡᠯᠳᠡ ᠶᠢᠨ ᠵᠢᠯᠤᠭᠤᠳᠬᠤ ᠦᠵᠡᠯ ᠰᠠᠨᠠᠭ᠎ᠠ | ᠰᠤᠷᠭᠠᠭᠤᠯᠢ ᠶᠢ ᠵᠠᠰᠠᠨ ᠴᠡᠭᠴᠡᠯᠡᠬᠦ ᠪᠦᠳᠦᠴᠡ ᠳᠤ ᠰᠢᠰᠲ᠋ᠧᠮ ᠲᠠᠢ ᠦᠬᠡᠷᠡᠴᠢᠯᠡᠯᠳᠡ ᠬᠢᠬᠦ ᠨᠢ ᠳᠠᠷᠤᠢ | ᠠᠰᠢᠭᠳᠠᠢ ᠶᠢ ᠨᠢ ᠦᠯᠡᠳᠡᠬᠡᠨ ᠠᠷᠬᠠᠭ ᠬᠡᠮ ᠢ ᠨᠢ ᠠᠷᠢᠯᠭᠠᠵᠤ᠂ ᠰᠤᠷᠭᠠᠭᠤᠯᠢ ᠶᠢᠨ ᠬᠠᠮᠢᠶᠠᠷᠤᠯᠳᠠ ᠶᠢᠨ ᠰᠢᠰᠲ᠋ᠧᠮ | ᠢ ᠲᠡᠬᠦᠯᠳᠡᠷᠵᠢᠬᠦᠯᠤᠨ᠂ ᠰᠢᠰᠲ᠋ᠧᠮ ᠤᠨ ᠪᠦᠳᠦᠴᠡ ᠶᠢ ᠰᠢᠯᠢᠳᠡᠭᠵᠢᠬᠦᠯᠵᠤ᠂ ᠬᠠᠮᠢᠶᠠᠷᠤᠯᠳᠠ ᠶᠢᠨ ᠲᠡᠰ ᠲᠠᠪᠬᠤᠷᠭ᠎ᠠ | ᠶᠢ ᠪᠠᠭᠠᠭᠰᠠᠨ᠂ ᠬᠠᠮᠢᠶᠠᠷᠤᠯᠳᠠ ᠶᠢᠨ ᠭᠤᠣᠯᠳᠠᠯᠭ᠎ᠠ ᠪᠠᠨ ᠳᠣᠷᠤᠭᠰᠢᠯᠠᠭᠤᠯᠵᠤ᠂ ᠡᠷᠬᠡ ᠬᠠᠷᠢᠭᠤᠴᠠᠯᠭ᠎ᠠ ᠠᠰᠢᠭ ᠢ | ᠨᠢᠬᠡᠳᠬᠡᠭᠰᠡᠨ ᠠᠵᠢᠯ ᠤᠨ ᠲᠤᠭᠳᠠᠯᠴᠠᠭ᠎ᠠ ᠶᠢ ᠪᠠᠶᠢᠭᠤᠯᠵᠤ᠂ ᠰᠤᠷᠭᠠᠭᠤᠯᠢ ᠶᠢᠨ ᠬᠠᠮᠢᠶᠠᠷᠤᠯᠳᠠ ᠶᠢᠨ ᠴᠢᠳᠠᠮᠵᠢ ᠶᠢ | ᠪᠦᠳᠦᠮᠵᠢᠳᠡᠢ ᠲᠡᠭᠡᠭᠰᠢᠯᠡᠬᠦᠯᠦᠨ᠎ᠡ᠃ | ᠬᠤᠶᠠᠷ᠂ ᠦᠬᠡᠷᠡᠴᠢᠯᠡᠯᠳᠡ ᠶᠢᠨ ᠡᠬᠦᠷᠬᠡ ᠬᠠᠷᠠᠯᠳᠠ | ⒈ ᠰᠤᠷᠭᠠᠭᠤᠯᠢ ᠶᠢᠨ ᠵᠤᠬᠢᠶᠠᠨ ᠪᠠᠶᠢᠭᠤᠯᠤᠯᠳᠠ ᠶᠢᠨ ᠰᠢᠰᠲ᠋ᠧᠮ᠂ ᠰᠢᠢᠳᠪᠦᠷᠢ ᠭᠠᠷᠭᠠᠬᠤ ᠰᠢᠰᠲ᠋ᠧᠮ᠂ | ᠬᠦᠢᠴᠡᠳᠬᠡᠬᠦ ᠰᠢᠰᠲ᠋ᠧᠮ᠂ ᠬᠢᠨᠠᠯᠳᠠ ᠲᠠᠯᠪᠢᠬᠤ ᠰᠢᠰᠲ᠋ᠧᠮ᠂ ᠦᠨᠡᠯᠡᠯᠳᠡ ᠬᠢᠬᠦ ᠰᠢᠰᠲ᠋ᠧᠮ ᠢ ᠪᠠᠶᠢᠭᠤᠯᠤᠨ᠎ᠠ᠃ | ⒉ ︽ᠬᠤᠶᠠᠷ ᠡᠰᠢᠳᠤ ᠪᠦᠳᠦᠴᠡ︾ ᠶᠢᠨ ᠬᠠᠮᠢᠶᠠᠷᠤᠯᠳᠠ ᠶᠢᠨ ᠪᠠᠶᠢᠭᠤᠯᠤᠮᠵᠢ ᠶᠢ ᠪᠠᠶᠢᠭᠤᠯᠵᠤ᠂ | ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠴᠢᠳᠠᠮᠵᠢ ᠲᠠᠢ ᠬᠡᠳᠤᠨ ᠵᠠᠰᠠᠭ ᠵᠠᠬᠢᠷᠭᠠᠨ ᠤ ᠴᠢᠳᠠᠮᠵᠢ ᠶᠢᠨ ᠠᠯᠪᠠᠨ ᠬᠡᠷ | ᠪᠠ ᠪᠣᠳᠠᠲᠤ ᠠᠵᠢᠯ ᠦᠢᠯᠡᠰ ᠤᠨ ᠬᠠᠮᠢᠶᠠᠷᠤᠯᠳᠠ ᠶᠢᠨ ᠬᠡᠯᠳᠡᠰ ᠪᠠᠶᠢᠭᠤᠯᠵᠤ᠂ ᠡᠷᠬᠡ ᠬᠤᠪᠢᠶᠠᠷᠢᠯᠠᠭᠰᠠᠨ | ᠬᠠᠮᠢᠶᠠᠷᠤᠯᠳᠠ ᠶᠢ ᠬᠡᠷᠡᠭᠵᠢᠬᠦᠯᠦᠨ᠎ᠡ᠃ | ⒊ ᠡᠷᠬᠡ᠂ ᠬᠠᠷᠢᠭᠤᠴᠠᠯᠭ᠎ᠠ᠂ ᠠᠰᠢᠭ ᠭᠤᠷᠪᠠ ᠶᠢ ᠲᠡᠭᠡᠳᠤ ᠬᠡᠮᠵᠢᠶ᠎ᠡ ᠪᠠᠷ ᠨᠢᠭᠡᠲᠦᠵᠢᠭᠦᠯᠦᠭᠰᠡᠨ | ᠦᠨᠳᠦᠷ ᠦᠷ᠎ᠡ ᠪᠦᠳᠦᠮᠵᠢᠳᠤ ᠬᠠᠮᠢᠶᠠᠷᠤᠯᠳᠠ ᠶᠢᠨ ᠲᠤᠭᠳᠠᠯᠴᠠᠭ᠎ᠠ ᠶᠢ ᠪᠠᠶᠢᠭᠤᠯᠤᠨ᠎ᠠ᠃ | ᠭᠤᠷᠪᠠ᠂ ᠦᠬᠡᠷᠡᠴᠢᠯᠡᠯᠳᠡ ᠶᠢᠨ ᠭᠤᠤᠯ ᠠᠭᠤᠯᠭ᠎ᠠ | ⒈ ᠰᠤᠷᠭᠠᠭᠤᠯᠢ ᠶᠢᠨ ᠬᠠᠮᠢᠶᠠᠷᠤᠯᠳᠠ ᠶᠢᠨ ᠰᠢᠰᠲ᠋ᠧᠮ ᠢ ᠲᠡᠬᠦᠯᠳᠡᠷᠵᠢᠬᠦᠯᠦᠨ᠎ᠡ | ⑴ ᠰᠤᠷᠭᠠᠭᠤᠯᠢ ᠶᠢᠨ ᠵᠤᠬᠢᠶᠠᠨ ᠪᠠᠶᠢᠭᠤᠯᠤᠯᠳᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ | ① ᠰᠤᠷᠭᠠᠭᠤᠯᠢ ᠶᠢᠨ ᠵᠠᠬᠢᠷᠤᠯ ᠬᠠᠷᠢᠭᠤᠴᠠᠬᠤ ᠲᠦᠷᠢᠮ ᠢ ᠬᠡᠷᠡᠭᠵᠢᠬᠦᠯᠦᠨ᠎ᠡ᠃ ᠵᠤᠬᠢᠶᠠᠨ | ᠪᠠᠶᠢᠭᠤᠯᠤᠯᠳᠠ ᠠᠴᠠ ᠤᠯᠭᠤᠭᠰᠠᠨ ᠡᠷᠬᠡ ᠶᠤᠰᠤᠭᠠᠷ᠂ ᠰᠤᠷᠭᠠᠭᠤᠯᠢ ᠶᠢᠨ ᠵᠠᠬᠢᠷᠤᠯ ᠰᠤᠷᠭᠠᠭᠤᠯᠢ ᠶᠢᠨ ᠪᠦᠷᠢᠨ | ᠡᠷᠬᠡ ᠶᠢ ᠲᠦᠯᠦᠬᠡᠯᠡᠬᠦ ᠮᠦᠷᠳᠡᠬᠡᠨ ᠰᠢᠢᠳᠪᠦᠷᠢ ᠭᠠᠷᠭᠠᠬᠤ ᠡᠷᠬᠡ᠂ ᠵᠢᠯᠤᠭᠤᠳᠬᠤ ᠡᠷᠬᠡ᠂ ᠠᠵᠢᠯᠳᠠᠨ ᠢ ᠲᠤᠮᠢᠯᠠᠵᠤ | ᠤᠭᠴᠠᠷᠠᠭᠤᠯᠬᠤ ᠡᠷᠬᠡ ᠬᠢᠬᠡᠳ ᠡᠳ᠋ ᠤᠨ ᠵᠠᠰᠠᠭ ᠤᠨ ᠡᠷᠬᠡ ᠪᠠᠨ ᠬᠡᠷᠡᠭᠵᠢᠬᠦᠯᠬᠦ ᠶᠢᠨ ᠬᠠᠮᠳᠤ ᠪᠦᠬᠦ ᠲᠠᠯ᠎ᠠ ᠶᠢ | ᠬᠠᠷᠢᠭᠤᠴᠠᠨ᠎ᠠ︔ ᠨᠠᠮ ᠤᠨ ᠵᠤᠬᠢᠶᠠᠨ ᠪᠠᠶᠢᠭᠤᠯᠤᠯᠳᠠ ᠬᠢᠨᠠᠯᠳᠠ ᠲᠠᠯᠪᠢᠵᠤ ᠪᠠᠳᠤᠯᠠᠨ᠎ᠠ︔ ᠪᠠᠭᠰᠢ ᠠᠵᠢᠯᠳᠠᠳ | ᠰᠤᠷᠭᠠᠭᠤᠯᠢ ᠶᠢᠨ ᠤᠳᠤᠷᠢᠳᠬᠤ ᠪᠠᠶᠢᠭᠤᠯᠤᠮᠵᠢ ᠶᠢᠨ ᠭᠤᠤᠯ ᠲᠤᠭᠳᠠᠯᠴᠠᠭ᠎ᠠ ᠳᠤ ᠠᠷᠠᠳᠴᠢᠯᠠᠯ ᠢᠶᠠᠷ ᠤᠷᠤᠯᠴᠠᠨ᠎ᠠ᠃ | ᠰᠤᠷᠭᠠᠭᠤᠯᠢ ᠶᠢᠨ ᠲᠡᠰ ᠤᠨ ᠤᠳᠤᠷᠢᠳᠬᠤ ᠪᠠᠭ ᠪᠤᠯ ᠰᠤᠷᠭᠠᠭᠤᠯᠢ ᠶᠢᠨ ᠬᠠᠮᠢᠶᠠᠷᠤᠯᠳᠠ ᠶᠢᠨ ᠰᠢᠰᠲ᠋ᠧᠨ ᠤᠨ | ᠭᠤᠤᠯ ᠴᠦᠮ᠎ᠡ ᠪᠦᠭᠡᠳ ᠰᠤᠷᠭᠠᠭᠤᠯᠢ ᠶᠢᠨ ᠵᠢᠯᠤᠭᠤᠳᠬᠤ ᠰᠢᠰᠲ᠋ᠧᠮ ᠪᠠᠶᠢᠵᠤ᠂ ᠬᠠᠮᠳᠤᠪᠡᠷ ᠵᠢᠯᠤᠭᠤᠳᠴᠤ᠂ | ᠰᠢᠢᠳᠪᠦᠷᠢ ᠲᠤᠭᠳᠠᠭᠠᠬᠤ ᠭᠤᠤᠯ ᠲᠦᠪ ᠪᠣᠯᠵᠤ᠂ ᠰᠤᠷᠭᠠᠭᠤᠯᠢ ᠶᠢᠨ ᠵᠠᠬᠢᠷᠤᠯ ᠤᠨ ᠨᠢᠬᠡᠳᠤᠯᠳᠡᠢ ᠤᠳᠤᠷᠢᠳᠤᠯᠭ᠎ᠠ | ᠲᠤᠤᠷ᠎ᠠ᠂ ᠰᠤᠷᠭᠠᠭᠤᠯᠢ ᠶᠢᠨ ᠬᠦᠭᠵᠢᠯᠳᠡ ᠶᠢ ᠲᠦᠯᠦᠪᠯᠡᠨ᠂ ᠬᠢᠴᠢᠶᠡᠯᠯᠡᠭᠡ ᠶᠢᠨ ᠵᠢᠭᠠᠨ ᠰᠤᠷᠭᠠᠯᠳᠠ ᠶᠢ | ᠤᠳᠤᠷᠢᠳᠴᠤ᠂ ᠬᠦᠮᠦᠨ ᠬᠦᠮᠦᠵᠢᠬᠦᠯᠬᠦ ᠰᠤᠶᠤᠯ ᠤᠨ ᠤᠷᠴᠢᠨ ᠢ ᠡᠬᠦᠳᠦᠨ᠂ ᠪᠠᠭᠰᠢᠨᠠᠷ ᠤᠨ ᠦᠰᠦᠨ ᠪᠤᠶᠢᠵᠢᠯᠳᠠ | ᠶᠢ ᠳᠠᠭᠠᠭᠤᠯᠵᠤ᠂ ᠲᠤᠳᠤᠭᠠᠳᠤ ᠬᠠᠮᠢᠶᠠᠷᠤᠯᠳᠠ ᠶᠢ ᠰᠢᠯᠢᠳᠡᠭᠵᠢᠭᠦᠯᠦᠨ᠂ ᠭᠠᠳᠠᠭᠠᠳᠤ ᠤᠷᠴᠢᠨ ᠢ ᠵᠤᠬᠢᠴᠠᠭᠤᠯᠤᠨ᠎ᠠ᠃ | ᠪᠦᠯᠬᠦᠮᠳᠡᠵᠤ ᠪᠤᠯᠬᠤ ᠬᠦᠴᠦᠨ ᠪᠦᠬᠦᠨ ᠲᠠᠢ ᠪᠦᠯᠬᠦᠮᠳᠡᠵᠤ᠂ ᠲᠠᠶᠢᠴᠢᠯᠠᠵᠤ ᠪᠤᠯᠬᠤ ᠢᠳᠡᠪᠬᠢᠳᠡᠢ ᠡᠯᠧᠮᠧᠨ᠋ᠲ | ᠪᠦᠬᠦᠨ ᠢ ᠲᠠᠶᠢᠴᠢᠯᠠᠨ᠂ ᠦᠬᠡᠷᠡᠴᠢᠯᠡᠵᠤ ᠪᠤᠯᠬᠤ ᠲᠤᠭᠳᠠᠯᠴᠠᠭ᠎ᠠ ᠶᠢ ᠦᠬᠡᠷᠡᠴᠢᠯᠡᠨ᠂ ᠰᠤᠷᠭᠠᠭᠤᠯᠢ ᠡᠷᠬᠢᠯᠡᠬᠦ ᠬᠢᠷᠢ | ᠲᠦᠪᠰᠢᠨ ᠢᠶᠠᠨ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ | ② ᠰᠤᠷᠭᠠᠭᠤᠯᠢ ᠶᠢᠨ ᠶᠠᠪᠤᠳᠠᠯ ᠤᠨ ᠵᠦᠪᠯᠡᠯ ᠢ ᠪᠠᠶᠢᠭᠤᠯᠵᠤ ᠲᠡᠬᠦᠯᠳᠡᠷᠵᠢᠬᠦᠯᠦᠨ᠎ᠡ᠃ ᠰᠤᠷᠭᠠᠭᠤᠯᠢ | ᠶᠢᠨ ᠵᠠᠬᠢᠷᠤᠯ᠂ ᠲᠡᠳ᠋ ᠵᠠᠬᠢᠷᠤᠯ ᠵᠢᠴᠢ ᠵᠠᠰᠠᠭ ᠵᠠᠬᠢᠷᠭᠠᠨ ᠤ ᠴᠢᠳᠠᠮᠵᠢ ᠶᠢᠨ ᠠᠯᠪᠠᠨ ᠬᠡᠷ᠂ ᠤᠨ ᠨᠢᠭᠡᠴᠡ ᠶᠢᠨ | ᠬᠡᠰᠡᠭ ᠭᠤᠤᠯ ᠬᠠᠷᠢᠭᠤᠴᠠᠯᠭᠠᠳᠠᠨ ᠠᠴᠠ ᠪᠦᠷᠢᠯᠳᠦᠵᠡᠢ᠃ ᠰᠤᠷᠭᠠᠭᠤᠯᠢ ᠶᠢᠨ ᠶᠠᠪᠤᠳᠠᠯ ᠤᠨ ᠲᠣᠭᠲᠠᠮᠠᠯ ᠬᠤᠷᠠᠯ ᠤᠨ | ᠲᠦᠷᠢᠮ ᠢ ᠬᠡᠷᠡᠭᠵᠢᠬᠦᠯᠵᠤ᠂ ᠰᠤᠷᠭᠠᠭᠤᠯᠢ ᠶᠢᠨ ᠲᠥᠰᠥᠪ ᠲᠦᠯᠦᠪᠵᠢᠬᠦᠯᠬᠡ ᠶᠢ ᠲᠤᠭᠳᠠᠭᠠᠨ᠂ ᠰᠤᠷᠭᠠᠭᠤᠯᠢ ᠶᠢᠨ | ᠡᠲᠦᠷ ᠲᠤᠳᠤᠮ ᠤᠨ ᠠᠵᠢᠯ ᠢ ᠲᠤᠬᠢᠷᠠᠭᠤᠯᠵᠤ᠂ ᠪᠠᠭᠰᠢ ᠠᠵᠢᠯᠳᠠᠨ ᠤ ᠲᠦᠯᠦᠬᠡᠯᠡᠭᠴᠢ ᠶᠢᠨ ᠬᠤᠷᠠᠯ ᠳᠤ | ᠮᠡᠳᠡᠬᠦᠯᠵᠤ᠂ ᠵᠠᠬᠢᠷᠤᠯ ᠤᠨ ᠠᠯᠪᠠᠯᠠᠬᠤ ᠬᠤᠷᠠᠯ ᠤᠨ ᠰᠢᠢᠳᠪᠦᠷᠢ ᠶᠢ ᠬᠢᠨᠠᠵᠤ ᠵᠦᠪᠯᠡᠨ᠂ ᠬᠦᠨᠳᠤ ᠴᠢᠬᠤᠯᠠ ᠬᠡᠷᠡᠭ | ᠶᠠᠪᠤᠳᠠᠯ ᠢ ᠪᠠᠭᠰᠢ ᠠᠵᠢᠯᠳᠠᠨ ᠤ ᠲᠦᠯᠦᠬᠡᠯᠡᠭᠴᠢ ᠶᠢᠨ ᠬᠤᠷᠠᠯ ᠪᠤᠶᠤ ᠪᠠᠭᠰᠢ ᠠᠵᠢᠯᠳᠠᠨ ᠲᠦᠯᠦᠬᠡᠯᠡᠭᠴᠢ ᠶᠢᠨ | ᠬᠤᠷᠠᠯ ᠤᠨ ᠲᠡᠷᠢᠬᠦᠯᠡᠭᠴᠢ ᠶᠢᠨ ᠪᠦᠯᠬᠦᠮ ᠳᠤ ᠲᠤᠰᠢᠶᠠᠵᠤ ᠰᠢᠢᠳᠪᠦᠷᠢ ᠭᠠᠷᠭᠠᠯᠭᠠᠨ᠎ᠠ᠃ | ③ ᠰᠤᠷᠭᠠᠭᠤᠯᠢ ᠶᠢᠨ ᠬᠠᠮᠢᠶᠠᠷᠤᠯᠳᠠ ᠶᠢᠨ ᠪᠠᠶᠢᠭᠤᠯᠤᠮᠵᠢ ᠶᠢ ᠲᠡᠭᠦᠯᠳᠡᠷᠵᠢᠬᠦᠯᠦᠨ᠎ᠡ᠃ ᠵᠠᠰᠠᠭ | ᠵᠠᠬᠢᠷᠭᠠᠨ ᠤ ᠴᠢᠳᠠᠮᠵᠢ ᠲᠠᠢ ᠪᠦᠬᠡᠳ ᠣᠯᠠᠨ ᠲᠦᠮᠡᠨ ᠤ ᠠᠵᠢᠯ ᠤᠨ ᠴᠢᠨᠠᠷᠳᠠᠢ ᠡᠯ᠎ᠡ ᠬᠡᠯᠲᠡᠰ ᠤᠨ ᠠᠯᠪᠠᠨ ᠬᠡᠷ | ᠶᠢ ᠪᠠᠶᠢᠭᠤᠯᠵᠤ᠂ ᠬᠢᠴᠢᠶᠡᠯ ᠬᠦᠮᠦᠵᠢᠯ ᠤᠨ ᠭᠠᠵᠠᠷ᠂ ᠰᠤᠷᠤᠭᠴᠢ ᠶᠢᠨ ᠶᠠᠪᠤᠳᠠᠯ ᠤᠨ ᠠᠯᠪᠠᠨ ᠬᠡᠷ᠂ ᠡᠷᠳᠡᠮ | ᠰᠢᠨᠵᠢᠯᠡᠬᠡᠨ ᠤ ᠰᠤᠳᠤᠯᠭᠠᠨ ᠤ ᠲᠠᠰᠤᠭ᠂ ᠶᠡᠷᠦᠩᠬᠡᠢ ᠠᠵᠢᠯ ᠤᠨ ᠲᠠᠰᠤᠭ᠂ ᠠᠮᠤᠷ ᠲᠦᠪᠰᠢᠨ ᠤ ᠬᠢᠨᠠᠨ | ᠬᠠᠮᠢᠶᠠᠷᠤᠯᠳᠠ ᠶᠢᠨ ᠠᠯᠪᠠᠨ ᠬᠡᠷ᠂ ᠨᠠᠮ ᠤᠨ ᠠᠵᠢᠯ ᠤᠨ ᠠᠯᠪᠠᠨ ᠬᠡᠷ᠂ ᠵᠠᠰᠠᠭ ᠵᠠᠬᠢᠷᠭᠠᠨ ᠤ ᠠᠯᠪᠠᠨ ᠬᠡᠷ᠂ | ᠠᠵᠢᠯᠳᠠᠨ ᠤ ᠡᠪᠯᠡᠯ᠂ ᠡᠪ ᠬᠠᠮᠳᠤ ᠵᠠᠯᠠᠭᠤᠴᠤᠳ ᠤᠨ ᠡᠪᠯᠡᠯ ᠵᠡᠷᠬᠡ ᠪᠠᠶᠢᠭᠤᠯᠤᠮᠵᠢ ᠶᠢ ᠪᠠᠭᠳᠠᠭᠠᠨ᠎ᠠ᠃ ᠭᠤᠤᠯ | ᠡᠬᠦᠷᠬᠡ ᠲᠤᠰᠢᠶᠠᠯ ᠨᠢ ︽ᠬᠢᠨᠠᠨ ᠵᠢᠯᠤᠭᠤᠳᠬᠤ᠂ ᠦᠨᠡᠯᠡᠯᠳᠡ ᠬᠢᠬᠦ᠂ ᠦᠢᠯᠡᠴᠢᠯᠡᠬᠡᠨ ᠢ ᠪᠠᠲᠤᠯᠠᠬᠤ᠂ ᠭᠠᠳᠠᠭᠠᠳᠤ | ᠲᠠᠢ ᠬᠠᠷᠢᠯᠴᠠᠬᠤ︾ ᠪᠤᠯᠤᠨ᠎ᠠ᠃ | ④ ᠪᠣᠳᠠᠲᠠᠢ ︽ᠠᠵᠢᠯ ᠦᠢᠯᠡᠰ ᠤᠨ ᠬᠡᠯᠳᠡᠰ︾ ᠢ ᠲᠡᠬᠦᠯᠳᠡᠷᠵᠢᠬᠦᠯᠦᠨ᠎ᠡ᠃ ᠲᠡᠭᠡᠳᠤ ᠨᠢᠬᠡ ᠶᠢᠨ | ᠬᠤᠶᠠᠷ ᠬᠡᠯᠳᠡᠰ᠂ ᠳᠡᠭᠡᠳᠦ ᠬᠤᠶᠠᠷ ᠤᠨ ᠬᠤᠶᠠᠷ ᠬᠡᠯᠳᠡᠰ᠂ ᠳᠡᠭᠡᠳᠦ ᠭᠤᠷᠪᠠ ᠶᠢᠨ ᠨᠢᠬᠡ ᠬᠡᠯᠳᠡᠰ᠂ ᠲᠠᠮᠢᠷ | ᠤᠷᠠᠯᠢᠭ ᠤᠨ ᠬᠡᠯᠳᠡᠰ ᠨᠢᠬᠡ᠂ ᠬᠤᠭᠤᠯᠠ ᠢᠳᠡᠬᠡᠨ ᠤ ᠬᠤᠶᠠᠷ ᠬᠡᠯᠳᠡᠰ᠂ ᠪᠠᠶᠢᠷᠢ ᠶᠢᠨ ᠠᠵᠢᠯ ᠤᠨ ᠬᠠᠮᠢᠶᠠᠷᠤᠯᠳᠠ | ᠶᠢᠨ ᠨᠢᠬᠡ ᠬᠡᠯᠳᠡᠰ ᠢ ᠪᠠᠭᠲᠠᠭᠠᠨ᠎ᠠ᠃ ᠠᠵᠢᠯ ᠦᠢᠯᠡᠰ ᠤᠨ ᠬᠡᠯᠳᠡᠰ ᠪᠤᠯ ᠰᠤᠷᠭᠠᠭᠤᠯᠢ ᠶᠢᠨ ᠠᠵᠢᠯ ᠦᠢᠯᠡᠰ ᠤᠨ | ᠨᠢᠬᠡᠴᠡ ᠮᠦᠨ᠂ ᠬᠠᠮᠢᠶ᠎ᠠ ᠪᠦᠬᠦᠢ ᠡᠬᠦᠷᠬᠡ ᠬᠠᠷᠢᠭᠤᠴᠠᠯᠭ᠎ᠠ ᠪᠠᠨ ᠦᠨᠳᠦᠰᠦᠯᠡᠨ᠂ ᠰᠤᠷᠭᠠᠭᠤᠯᠢ ᠶᠢᠨ ᠲᠦᠯᠦᠪᠯᠡᠭᠡ᠂ | ᠲᠥᠰᠥᠪ ᠢ ᠪᠦᠬᠦ ᠲᠠᠯ᠎ᠠ ᠪᠠᠷ ᠲᠤᠤᠱᠯᠠᠭᠤᠯᠵᠤ᠂ ᠲᠤᠰ ᠬᠦᠷᠢᠶ᠎ᠡ ᠬᠡᠪᠴᠢᠶᠡᠨ ᠳᠠᠬᠢ ᠪᠠᠭᠰᠢ ᠠᠵᠢᠯᠳᠠᠨ ᠢᠶᠠᠨ | ᠲᠠᠭᠠᠭᠤᠯᠤᠨ᠂ ᠰᠤᠷᠭᠠᠨ ᠬᠦᠮᠦᠵᠢᠯ ᠵᠢᠭᠠᠨ ᠰᠤᠷᠭᠠᠯᠳᠠ ᠪᠠ ᠬᠠᠮᠢᠶᠠᠷᠤᠯᠳᠠ ᠶᠢᠨ ᠠᠵᠢᠯ ᠪᠠᠨ ᠪᠦᠳᠦᠬᠡᠯᠴᠢ | ᠴᠢᠨᠠᠷᠳᠠᠢ ᠦᠷᠨᠢᠬᠦᠯᠵᠤ᠂ ᠬᠠᠮᠳᠤ ᠶᠢᠨ ᠬᠦᠴᠦᠨ ᠢ ᠪᠦᠷᠢᠯᠳᠦᠭᠦᠯᠦᠨ᠂ ᠬᠠᠮᠢᠶᠠᠷᠤᠯᠳᠠ ᠶᠢᠨ ᠴᠢᠳᠠᠮᠵᠢ ᠪᠠᠨ | ᠴᠢᠷᠮᠠᠶᠢᠨ ᠲᠡᠭᠡᠭᠰᠢᠯᠡᠬᠦᠯᠤᠨ᠎ᠡ᠃ | ⑤ ᠡᠯ᠎ᠡ ᠪᠠᠶᠢᠭᠤᠯᠤᠮᠵᠢ ᠶᠢᠨ ᠠᠵᠢᠯᠳᠠᠨ ᠤ ᠲᠤᠬᠢᠷᠠᠭᠤᠯᠤᠯᠳᠠ᠄ | ᠬᠢᠴᠢᠶᠡᠯ ᠬᠦᠮᠦᠵᠢᠯ ᠤᠨ ᠭᠠᠵᠠᠷ᠂ ᠰᠤᠷᠤᠭᠴᠢ ᠶᠢᠨ ᠶᠠᠪᠤᠳᠠᠯ ᠤᠨ ᠠᠯᠪᠠᠨ ᠬᠡᠷ᠂ ᠡᠷᠳᠡᠮ ᠰᠢᠨᠵᠢᠯᠡᠬᠡᠨ ᠤ | ᠰᠤᠳᠤᠯᠭᠠᠨ ᠤ ᠭᠠᠵᠠᠷ᠂ ᠶᠡᠷᠦᠩᠬᠡᠢ ᠠᠵᠢᠯ ᠤᠨ ᠭᠠᠵᠠᠷ ᠲᠤ ᠡᠷᠬᠢᠯᠡᠭᠴᠢ ᠪᠠ ᠲᠡᠳ᠋ ᠡᠷᠬᠢᠯᠡᠭᠴᠢ ᠲᠤᠰ ᠲᠤᠰ 1 | ᠬᠦᠮᠦᠨ᠂ ᠠᠵᠢᠯᠳᠠᠨ ᠤ ᠡᠪᠯᠡᠯ ᠳᠤ ᠲᠡᠷᠢᠬᠦᠯᠡᠭᠴᠢ ᠪᠠ ᠲᠡᠳ᠋ ᠲᠡᠷᠢᠬᠦᠯᠡᠭᠴᠢ ᠲᠤᠰ ᠲᠤᠰ 1 ᠬᠦᠮᠦᠨ | ᠲᠤᠬᠢᠷᠠᠭᠤᠯᠵᠤ᠂ ᠨᠠᠮ ᠤᠨ ᠠᠵᠢᠯ ᠤᠨ ᠠᠯᠪᠠᠨ ᠬᠡᠷ ᠤᠨ ᠡᠷᠬᠢᠯᠡᠭᠴᠢ᠂ ᠵᠠᠰᠠᠭ ᠤᠨ ᠶᠠᠪᠤᠳᠠᠯ ᠤᠨ ᠠᠯᠪᠠᠨ ᠬᠡᠷ ᠤᠨ | ᠡᠷᠬᠢᠯᠡᠭᠴᠢ᠂ ᠠᠮᠤᠷ ᠲᠦᠪᠰᠢᠨ ᠤ ᠬᠢᠨᠠᠨ ᠪᠠᠶᠢᠴᠠᠭᠠᠯᠳᠠ ᠶᠢᠨ ᠠᠯᠪᠠᠨ ᠬᠡᠷ ᠤᠨ ᠡᠷᠬᠢᠯᠡᠭᠴᠢ᠂ ᠡᠪᠯᠡᠯ ᠤᠨ ᠡᠬᠦᠷ | ᠤᠨ ᠱᠦᠵᠢ ᠲᠤᠰ ᠲᠤᠰ 1 ᠬᠦᠮᠦᠨ ᠲᠤᠬᠢᠷᠠᠭᠤᠯᠪᠠ᠃ ᠵᠠᠰᠠᠭ ᠤᠨ ᠶᠠᠪᠤᠳᠠᠯ ᠤᠨ ᠪᠠᠶᠢᠭᠤᠯᠤᠮᠵᠢ ᠶᠢᠨ ᠲᠤᠮᠳᠠ | ᠲᠡᠰ ᠤᠨ ᠺᠠᠳ᠋ᠷ 14 ᠪᠣᠢ᠃ | ᠲᠡᠭᠡᠳᠤ ᠨᠢᠭᠡ ᠳᠤ ᠬᠤᠶᠠᠷ ᠬᠡᠯᠳᠡᠰ ᠭᠠᠷᠭᠠᠨ᠂ ᠡᠯ᠎ᠡ ᠬᠡᠯᠳᠡᠰ ᠲᠤ ᠡᠷᠬᠢᠯᠡᠭᠴᠢ 1 ᠂ ᠲᠡᠳ᠋ | ᠡᠷᠬᠢᠯᠡᠭᠴᠢ1 ᠶᠢ ᠲᠤᠬᠢᠷᠠᠭᠤᠯᠤᠨ᠎ᠠ︔ ᠲᠡᠭᠡᠳᠤ ᠬᠤᠶᠠᠷ ᠤᠨ ᠬᠤᠶᠠᠷ ᠬᠡᠯᠳᠡᠰ ᠲᠤ ᠡᠷᠬᠢᠯᠡᠭᠴᠢ 1᠂ ᠲᠡᠳ᠋ | ᠡᠷᠬᠢᠯᠡᠭᠴᠢ 1 ᠲᠤᠬᠢᠷᠠᠭᠤᠯᠤᠨ᠎ᠠ︔ ᠲᠡᠭᠡᠳᠤ ᠭᠤᠷᠪᠠ ᠳᠤ ᠡᠷᠬᠢᠯᠡᠭᠴᠢ 1᠂ ᠲᠡᠳ᠋ ᠡᠷᠬᠢᠯᠡᠭᠴᠢ 2 | ᠲᠤᠬᠢᠷᠠᠭᠤᠯᠤᠨ᠎ᠠ︔ ᠪᠠᠶᠢᠷᠢ ᠶᠢᠨ ᠬᠠᠮᠢᠶᠠᠷᠤᠯᠳᠠ ᠶᠢᠨ ᠨᠢᠬᠡ ᠬᠡᠯᠲᠡᠰ ᠪᠠ ᠲᠠᠮᠢᠷ ᠤᠷᠠᠯᠢᠭ ᠤᠨ ᠨᠢᠬᠡ ᠬᠡᠯᠲᠡᠰ ᠲᠤ | ᠲᠤᠰ ᠲᠤᠰ 1 ᠡᠷᠬᠢᠯᠡᠭᠴᠢ ᠲᠤᠬᠢᠷᠠᠭᠤᠯᠤᠨ᠎ᠠ︔ ᠠᠵᠢᠯ ᠦᠢᠯᠡᠰ ᠤᠨ ᠬᠡᠯᠲᠡᠰ ᠲᠤ ᠲᠤᠮᠳᠠ ᠲᠡᠰ ᠤᠨ ᠺᠠᠳ᠋ᠷ 15 | ᠪᠣᠢ᠃ | ⑥ ᠬᠤᠪᠢᠶᠠᠷᠢ ᠠᠵᠢᠯ ᠤᠨ ᠬᠤᠭᠤᠷᠤᠨᠳᠤᠬᠢ ᠬᠠᠷᠢᠯᠴᠠᠭᠠᠨ ᠤ ᠵᠠᠭᠪᠤᠷ ᠲᠤᠳᠤᠷ᠎ᠠ ᠪᠠᠨ᠂ ᠰᠤᠷᠭᠠᠭᠤᠯᠢ | ᠶᠢᠨ ᠡᠲᠦᠷ ᠲᠤᠳᠤᠮ ᠤᠨ ᠴᠢᠨᠠᠷᠳᠠᠢ ᠠᠵᠢᠯ ᠢᠶᠠᠨ ︽ᠵᠢᠵᠢᠬᠦᠷᠯᠡᠬᠦ ᠵᠠᠬᠢᠷᠤᠯ ᠬᠠᠷᠢᠭᠤᠴᠠᠯᠭ᠎ᠠ ᠡᠬᠦᠷᠬᠡᠯᠡᠬᠦ ᠲᠦᠷᠢᠮ︾ | ᠢ ᠬᠡᠷᠡᠭᠵᠢᠬᠦᠯᠵᠤ᠂ ᠰᠤᠷᠭᠠᠭᠤᠯᠢ ᠶᠢᠨ ᠡᠯ᠎ᠡ ᠲᠦᠷᠦᠯ ᠤᠨ ᠠᠵᠢᠯ ᠢ ᠪᠦᠬᠦ ᠲᠠᠯ᠎ᠠ ᠪᠠᠷ ᠬᠠᠷᠢᠭᠤᠴᠠᠨ᠎ᠠ᠃ | ⑦ ᠬᠢᠴᠢᠶᠠᠯ ᠲᠦᠷᠦᠯ ᠤᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠂ ᠬᠡᠯᠡ ᠪᠢᠴᠢᠭ᠂ ᠲᠤᠭ᠎ᠠ᠂ | ᠠᠩᠭ᠍ᠯᠢ ᠬᠡᠯᠡ᠂ ᠹᠢᠴᠢᠺ᠂ ᠬᠢᠮᠢ᠂ ᠠᠮᠢᠳᠤ ᠪᠤᠳᠠᠰ᠂ ᠤᠯᠤᠰ ᠲᠦᠷᠦ᠂ ᠲᠡᠣᠬᠡ᠂ ᠭᠠᠵᠠᠷ ᠵᠦᠢ ᠵᠡᠷᠬᠡ 9 ᠬᠢᠴᠢᠶᠡᠯ | ᠲᠦᠷᠦᠯ ᠳᠤ ᠲᠡᠷᠢᠭᠦᠯᠡᠭᠴᠢ ᠪᠠᠭᠰᠢ ᠶᠢᠨ ᠡᠷᠳᠡᠮ ᠰᠢᠨᠵᠢᠯᠡᠬᠡᠨ ᠤ ᠲᠤᠰᠢᠶᠠᠯ ᠲᠤᠬᠢᠷᠠᠭᠤᠯᠵᠤ᠂ ᠬᠢᠴᠢᠶᠡᠯ ᠲᠦᠷᠦᠯ | ᠤᠨ ᠪᠠᠶᠢᠭᠤᠯᠤᠯᠳᠠ ᠶᠢ ᠲᠡᠷᠢᠭᠦᠯᠡᠭᠴᠢ ᠪᠠᠭᠰᠢ ᠬᠠᠷᠢᠭᠤᠴᠠᠬᠤ ᠲᠦᠷᠢᠮ ᠢ ᠬᠡᠷᠡᠭᠵᠢᠬᠦᠯᠦᠨ᠎ᠡ᠃ | ⑵ ᠰᠤᠷᠭᠠᠭᠤᠯᠢ ᠶᠢᠨ ᠰᠢᠢᠳᠪᠦᠷᠢ ᠭᠠᠷᠭᠠᠬᠤ ᠰᠢᠰᠲ᠋ᠧᠮ ᠢ ᠲᠡᠬᠦᠯᠳᠡᠷᠵᠢᠬᠦᠯᠦᠨ᠎ᠡ | ᠰᠤᠷᠭᠠᠭᠤᠯᠢ ᠶᠢᠨ ᠲᠡᠰ ᠤᠨ ᠤᠳᠤᠷᠢᠳᠬᠤ ᠪᠠᠭ ᠤᠨ ᠭᠡᠰᠢᠭᠦᠳ ᠢᠶᠠᠷ ᠰᠤᠷᠭᠠᠭᠤᠯᠢ ᠶᠢᠨ ᠰᠢᠢᠳᠪᠦᠷᠢ ᠭᠠᠷᠭᠠᠬᠤ | ᠲᠦᠪ ᠪᠤᠯᠭᠠᠨ᠂ ᠬᠤᠷᠸ᠎ᠠ ᠲᠦᠯᠦᠪᠯᠡᠭᠡ ᠬᠢᠨ᠎ᠡ᠃ ᠬᠦᠨᠳᠤ ᠴᠢᠬᠤᠯᠠ ᠬᠡᠷᠡᠭ ᠶᠠᠪᠤᠳᠠᠯ ᠤᠨ ᠰᠢᠢᠳᠪᠦᠷᠢ ᠭᠠᠷᠭᠠᠬᠤ | ᠳᠤ ᠪᠠᠨ ᠰᠤᠷᠭᠠᠭᠤᠯᠢ ᠶᠢᠨ ᠶᠠᠪᠤᠳᠠᠯ ᠤᠨ ᠵᠦᠪᠯᠡᠯ ᠶᠠᠷᠢᠯᠴᠠᠨ᠂ ᠪᠠᠭᠰᠢ ᠠᠵᠢᠯᠳᠠᠨ ᠤ ᠲᠦᠯᠦᠬᠡᠯᠡᠭᠴᠢ ᠶᠢᠨ ᠬᠤᠷᠠᠯ | ᠬᠢᠨᠠᠨ ᠵᠦᠪᠯᠡᠵᠤ᠂ ᠰᠢᠢᠳᠪᠦᠷᠢ ᠭᠠᠷᠭᠠᠭᠰᠠᠨ ᠤ ᠲᠠᠷᠠᠭ᠎ᠠ ᠪᠤᠳᠠᠳᠠᠢ ᠪᠠᠷ ᠬᠡᠷᠡᠭᠵᠢᠬᠦᠯᠦᠨ᠎ᠡ᠃ | ⑶ ᠰᠤᠷᠭᠠᠭᠤᠯᠢ ᠶᠢᠨ ᠬᠦᠢᠴᠡᠳᠬᠡᠬᠦ ᠰᠢᠰᠲ᠋ᠧᠮ ᠢ ᠴᠢᠩᠭᠠᠳᠬᠠᠨ᠎ᠠ | ᠰᠤᠷᠭᠠᠭᠤᠯᠢ ᠶᠢᠨ ᠡᠯ᠎ᠡ ︽ᠠᠵᠢᠯ ᠦᠢᠯᠡᠰ ᠤᠨ ᠬᠡᠯᠳᠡᠰ︾ ᠪᠤᠯ ᠰᠤᠷᠭᠠᠭᠤᠯᠢ ᠶᠢᠨ ᠬᠦᠢᠴᠡᠳᠬᠡᠬᠦ ᠪᠠᠶᠢᠭᠤᠯᠤᠮᠵᠢ | ᠪᠤᠯᠤᠨ᠎ᠠ᠃ ᠰᠤᠷᠭᠠᠭᠤᠯᠢ ᠶᠢᠨ ᠲᠦᠯᠦᠪᠯᠡᠭᠡ ᠶᠢᠨ ᠵᠢᠯᠤᠭᠤᠳᠤᠯᠭ᠎ᠠ ᠲᠤᠤᠷ᠎ᠠ᠂ ᠡᠬᠦᠷᠬᠡᠯᠡᠭᠰᠡᠨ ᠠᠵᠢᠯ ᠢᠶᠠᠨ | ᠪᠦᠳᠦᠬᠡᠯᠴᠢ ᠪᠠᠷ ᠬᠦᠢᠴᠡᠳᠬᠡᠨ᠂ ᠬᠠᠮᠢᠶᠠᠷᠤᠯᠳᠠ ᠶᠢᠨ ᠴᠢᠳᠠᠮᠵᠢ ᠪᠠᠨ ᠳᠡᠭᠡᠭᠰᠢᠯᠡᠭᠦᠯᠵᠦ᠂ ᠰᠤᠷᠭᠠᠨ ᠬᠦᠮᠦᠵᠢᠯ | ᠵᠢᠭᠠᠨ ᠰᠤᠷᠭᠠᠯᠳᠠ ᠶᠢᠨ ᠦᠷ᠎ᠡ ᠪᠦᠳᠦᠮᠵᠢ ᠭᠠᠷᠭᠠᠨ᠎ᠠ᠃ | ⑷ ᠰᠤᠷᠭᠠᠭᠤᠯᠢ ᠶᠢᠨ ᠬᠢᠨᠠᠯᠳᠠ ᠲᠠᠯᠪᠢᠬᠤ ᠰᠢᠰᠲ᠋ᠧᠮ ᠢ ᠲᠡᠭᠦᠯᠳᠡᠷᠵᠢᠬᠦᠯᠦᠨ᠎ᠡ | ᠰᠤᠷᠭᠠᠭᠤᠯᠢ ᠶᠢᠨ ᠨᠠᠮ ᠤᠨ ᠡᠬᠦᠷ᠂ ᠪᠠᠭᠰᠢ ᠠᠵᠢᠯᠳᠠᠨ ᠤ ᠲᠦᠯᠦᠬᠡᠯᠡᠭᠴᠢ ᠶᠢᠨ ᠶᠡᠭᠡ ᠬᠤᠷᠠᠯ ᠵᠢᠴᠢ ᠪᠠᠭᠰᠢ ᠶᠢᠨ | ᠲᠦᠯᠦᠬᠡᠯᠡᠭᠴᠢ ᠶᠢᠨ ᠲᠡᠷᠢᠬᠦᠯᠡᠭᠴᠢᠳ ᠤᠨ ᠪᠦᠯᠬᠦᠮ᠂ ᠰᠤᠷᠤᠭᠴᠢ ᠶᠢᠨ ᠲᠦᠯᠦᠬᠡᠯᠡᠭᠴᠢ ᠶᠢᠨ ᠬᠤᠷᠠᠯ ᠵᠢᠴᠢ | ᠰᠤᠷᠤᠭᠴᠢ ᠶᠢᠨ ᠵᠦᠪᠯᠡᠯ ᠪᠠ ᠬᠡᠷ ᠤᠨ ᠠᠬᠠᠮᠠᠳ ᠤᠨ ᠵᠦᠪᠯᠡᠯ ᠵᠡᠷᠬᠡ ᠪᠠᠶᠢᠡᠭᠭᠤ ᠶᠢᠨ ᠪᠠᠶᠢᠭᠤᠯᠤᠮᠵᠢ ᠪᠠᠷ | ᠪᠦᠷᠢᠯᠳᠦᠭᠰᠡᠨ ᠰᠤᠷᠭᠠᠭᠤᠯᠢ ᠶᠢᠨ ᠬᠢᠨᠠᠯᠳᠠ ᠲᠠᠯᠪᠢᠬᠤ ᠰᠢᠰᠲ᠋ᠧᠮ ᠢ ᠪᠠᠶᠢᠭᠤᠯᠵᠤ᠂ ᠰᠤᠷᠭᠠᠭᠤᠯᠢ ᠶᠢᠨ ᠰᠤᠷᠭᠠᠭᠤᠯᠢ | ᠡᠷᠬᠢᠯᠡᠬᠦ ᠴᠢᠭᠯᠡᠯ ᠵᠢᠴᠢ ᠦᠢᠯᠡᠴᠢᠯᠡᠬᠡᠨ ᠤ ᠶᠠᠰᠤ ᠴᠢᠨᠠᠷ᠂ ᠺᠠᠳ᠋ᠷ ᠤᠨ ᠲᠤᠰᠢᠶᠠᠯ ᠢᠶᠠᠨ ᠬᠦᠢᠴᠡᠳᠬᠡᠵᠤ ᠪᠠᠶᠢᠭ᠎ᠠ | ᠪᠠᠶᠢᠳᠠᠯ ᠳᠤ ᠬᠢᠨᠠᠯᠳᠠ ᠲᠠᠯᠪᠢᠨ᠎ᠠ᠃ | ⑸ ᠰᠤᠷᠭᠠᠭᠤᠯᠢ ᠶᠢᠨ ᠦᠨᠡᠯᠡᠬᠦ ᠰᠢᠰᠲ᠋ᠧᠮ ᠢ ᠲᠡᠬᠦᠯᠳᠡᠷᠵᠢᠬᠦᠯᠦᠨ᠎ᠡ | ᠰᠤᠷᠭᠠᠭᠤᠯᠢ ᠶᠢᠨ ᠲᠡᠰ ᠤᠨ ᠤᠳᠤᠷᠢᠳᠬᠤ ᠪᠠᠭ ᠤᠨ ᠬᠡᠰᠢᠬᠦᠳ ᠪᠠ ᠡᠯ᠎ᠡ ᠬᠡᠯᠳᠡᠰ ᠤᠨ ᠬᠠᠮᠢᠶᠠᠷᠤᠭᠴᠢᠳ ᠢᠶᠠᠷ | ᠪᠦᠷᠢᠯᠳᠦᠭᠰᠡᠨ ᠬᠢᠨᠠᠨ ᠦᠨᠡᠯᠡᠯᠳᠡ ᠶᠢᠨ ᠤᠳᠤᠷᠢᠳᠬᠤ ᠲᠤᠭᠤᠶᠢᠯᠠᠩ ᠪᠠᠶᠢᠭᠤᠯᠵᠤ᠂ ᠰᠤᠷᠭᠠᠭᠤᠯᠢ ᠶᠢᠨ ᠡᠯ᠎ᠡ ᠲᠠᠯ᠎ᠠ | ᠶᠢᠨ ᠠᠵᠢᠯ ᠳᠤ ᠬᠢᠨᠠᠨ ᠦᠨᠡᠯᠡᠯᠳᠡ ᠬᠢᠬᠦ ᠶᠢ ᠬᠠᠷᠢᠭᠤᠴᠠᠨ᠂ ᠶᠡᠷᠦ ᠶᠢᠨ ᠴᠠᠭ ᠲᠤ ᠵᠢᠯᠤᠭᠤᠳᠤᠯᠭ᠎ᠠ ᠪᠠᠨ | ᠴᠢᠩᠭᠠᠳᠬᠠᠬᠤ ᠶᠢᠨ ᠬᠠᠮᠳᠤ᠂ ᠰᠤᠷᠤᠯᠭ᠎ᠠ ᠶᠢᠨ ᠬᠤᠭᠤᠴᠠᠭᠠᠨ ᠤ ᠡᠬᠢᠨ᠂ ᠲᠤᠮᠳᠠ᠂ ᠰᠡᠬᠦᠯ ᠳᠤ ᠲᠦᠪᠯᠡᠷᠡᠩᠬᠦᠢ | ᠪᠠᠷ ᠬᠢᠨᠠᠨ ᠦᠨᠡᠯᠡᠯᠳᠡ ᠬᠢᠨ᠎ᠠ᠃ | ᠬᠤᠶᠠᠷ᠂ ᠰᠤᠷᠭᠠᠭᠤᠯᠢ ᠶᠢᠨ ᠬᠠᠮᠢᠶᠠᠷᠤᠯᠳᠠ ᠶᠢᠨ ᠲᠤᠭᠳᠠᠯᠴᠠᠭ᠎ᠠ ᠳᠤ ᠦᠬᠡᠷᠡᠴᠢᠯᠡᠯᠳᠡ ᠬᠢᠨ᠎ᠡ | ⑴ ᠡᠯ᠎ᠡ ᠪᠠᠶᠢᠭᠤᠯᠤᠮᠵᠢ ᠶᠢᠨ ᠬᠠᠮᠢᠶᠠᠷᠤᠭᠴᠢᠳ ᠤᠨ ᠡᠬᠦᠰᠤᠨ ᠪᠦᠷᠢᠯᠳᠦᠬᠦ ᠠᠷᠭ᠎ᠠ ᠠᠪᠴᠠᠯ᠄ | ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶ᠎ᠠ ᠶᠢᠨ ᠲᠤᠰᠢᠶᠠᠯ ᠤᠨ ᠬᠤᠭᠤᠴᠠᠭᠠᠨ ᠳᠤ ᠤᠷᠢᠨ ᠬᠡᠷᠡᠭᠯᠡᠬᠦ | ᠲᠦᠷᠢᠮ ᠤᠨ ᠨᠢᠬᠡᠳᠦᠯᠳᠡᠢ ᠱᠠᠭᠠᠷᠳᠠᠯᠭ᠎ᠠ ᠶᠤᠰᠤᠭᠠᠷ᠂ ᠡᠯ᠎ᠡ ᠵᠠᠰᠠᠭ ᠵᠠᠬᠢᠷᠭᠠᠨ ᠤ ᠪᠠᠶᠢᠭᠤᠯᠤᠮᠵᠢ ᠂ ᠬᠠᠮᠢᠶᠠᠷᠤᠯᠳᠠ | ᠶᠢᠨ ᠪᠠᠶᠢᠭᠤᠯᠤᠮᠵᠢ ᠪᠠ ᠠᠵᠢᠯ ᠦᠢᠯᠡᠰ ᠤᠨ ᠬᠡᠯᠳᠡᠰ ᠤᠨ ᠬᠠᠮᠢᠶᠠᠷᠤᠭᠴᠢᠳ ᠨᠢ ᠰᠤᠷᠭᠠᠭᠤᠯᠢ ᠶᠢᠨ ᠲᠡᠰ ᠤᠨ ᠪᠠᠭ | ᠠᠴᠠ ᠤᠷᠢᠨ ᠬᠡᠷᠡᠭᠯᠡᠵᠤ᠂ ᠰᠤᠷᠭᠠᠨ ᠬᠦᠮᠦᠵᠢᠯ ᠤᠨ ᠲᠤᠪᠴᠢᠶᠠᠨ ᠳᠤ ᠲᠡᠩᠰᠠ ᠦᠯᠡᠳᠡᠬᠡᠨ᠎ᠡ᠃ ᠡᠯ᠎ᠡ | ᠬᠠᠮᠢᠶᠠᠷᠤᠯᠳᠠ ᠶᠢᠨ ᠠᠵᠢᠯ ᠤᠨ ᠪᠠᠶᠢᠷᠢ ᠲᠡᠭᠡᠷ᠎ᠡ ᠬᠤᠤᠰ ᠴᠢᠭᠯᠡᠯ ᠤᠨ ᠰᠤᠩᠭᠤᠯᠳᠠ ᠬᠢᠨ᠎ᠡ᠃ ᠡᠩ ᠲᠡᠷᠢᠬᠦᠨ ᠳᠤ | ᠵᠠᠰᠠᠭ ᠵᠠᠬᠢᠷᠭᠠᠨ ᠬᠠᠮᠢᠶᠠᠷᠤᠯᠳᠠ ᠶᠢᠨ ᠬᠡᠯᠳᠡᠰ ᠤᠨ ᠬᠠᠮᠢᠶᠠᠷᠤᠭᠴᠢᠳ ᠢ ᠤᠷᠢᠨ ᠬᠡᠷᠡᠭᠯᠡᠵᠤ᠂ ᠲᠠᠷᠠᠭ᠎ᠠ ᠨᠢ ᠡᠯ᠎ᠡ | ᠠᠵᠢᠯ ᠦᠢᠯᠡᠰ ᠤᠨ ᠬᠡᠯᠳᠡᠰ ᠤᠨ ᠬᠠᠮᠢᠶᠠᠷᠤᠭᠴᠢᠳ ᠢ ᠤᠷᠢᠨ ᠬᠡᠷᠡᠭᠯᠡᠨ᠎ᠡ᠃ ᠬᠤᠪᠢ ᠬᠦᠮᠦᠨ ᠤ ᠭᠤᠶᠤᠴᠢᠯᠠᠯ ᠢ | ᠦᠨᠳᠦᠰᠦᠯᠡᠨ᠂ ᠠᠵᠢᠯ ᠤᠨ ᠪᠠᠶᠢᠷᠢ ᠶᠢᠨ ᠦᠷᠢᠰᠦᠯᠳᠦᠬᠦ ᠵᠠᠷᠴᠢᠮ ᠶᠤᠰᠤᠭᠠᠷ ᠰᠢᠯᠢᠳᠡᠭ ᠢ ᠨᠢ ᠰᠤᠩᠭᠤᠨ | ᠬᠡᠷᠡᠭᠯᠡᠨ᠎ᠡ᠃ | ᠵᠠᠰᠠᠭ ᠵᠠᠬᠢᠷᠭᠠᠨ ᠤ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ ᠬᠤᠭᠤᠴᠠᠭ᠎ᠠ ᠨᠢ ᠭᠤᠷᠪᠠᠨ ᠵᠢᠯ᠃ ᠡᠯ᠎ᠡ | ᠠᠵᠢᠯ ᠤᠨ ᠬᠡᠯᠳᠡᠰ ᠤᠨ ᠤᠷᠢᠨ ᠬᠡᠷᠡᠭᠯᠡᠬᠦ ᠬᠤᠭᠤᠴᠠᠭ᠎ᠠ ᠨᠢ ᠨᠢᠬᠡ ᠠᠴᠠ ᠭᠤᠷᠪᠠᠨ ᠵᠢᠯ᠂ ᠤᠷᠢᠨ ᠬᠡᠷᠡᠭᠯᠡᠬᠦ | ᠬᠤᠭᠤᠴᠠᠭ᠎ᠠ ᠨᠢ ᠲᠤᠯᠪᠠᠯ ᠲᠤᠰᠢᠶᠠᠯ ᠠᠴᠠ ᠨᠢ ᠪᠠᠭᠤᠯᠭᠠᠨ᠎ᠠ᠃ ᠬᠤᠭᠤᠴᠠᠭ᠎ᠠ ᠲᠠᠷᠠᠭᠠᠯᠠᠨ ᠲᠤᠰᠢᠶᠠᠯ ᠡᠬᠦᠷᠬᠡᠯᠡᠵᠤ | ᠪᠤᠯᠤᠨ᠎ᠠ᠃ | ⑵ ᠡᠯ᠎ᠡ ᠠᠵᠢᠯ ᠤᠨ ᠪᠠᠶᠢᠷᠢ ᠶᠢᠨ ᠬᠠᠷᠢᠭᠤᠴᠠᠯᠭ᠎ᠠ᠂ ᠡᠷᠬᠡ ᠪᠠ ᠡᠬᠦᠷᠬᠡ ᠢ ᠲᠤᠳᠤᠷᠬᠠᠶᠢᠯᠠᠨ᠂ ᠡᠷᠬᠡ | ᠠᠰᠢᠭ ᠬᠠᠷᠢᠭᠤᠴᠠᠯᠭ᠎ᠠ ᠭᠤᠷᠪᠠ ᠶᠢ ᠨᠢᠬᠡᠳᠬᠡᠭᠰᠡᠨ ᠦᠨᠡᠯᠡᠯᠳᠡ ᠬᠢᠵᠤ ᠵᠤᠷᠢᠭᠵᠢᠭᠤᠯᠬᠤ ᠲᠤᠭᠳᠠᠯᠴᠠᠭ᠎ᠠ ᠶᠢ | ᠪᠠᠶᠢᠭᠤᠯᠤᠨ᠎ᠠ᠃ ᠬᠢᠴᠢᠶᠠᠯ ᠰᠤᠳᠤᠯᠬᠤ ᠲᠤᠭᠤᠶᠢᠯᠠᠩ ᠤᠨ ᠲᠠᠷᠤᠭ᠎ᠠ᠂ ᠲᠤᠮᠳᠠ ᠲᠡᠰ ᠤᠨ ᠬᠠᠮᠢᠶᠠᠷᠤᠯᠳᠠ ᠶᠢᠨ | ᠺᠠᠳ᠋ᠷ᠂ ᠰᠤᠷᠭᠠᠭᠤᠯᠢ ᠶᠢᠨ ᠲᠡᠰ ᠤᠨ ᠤᠳᠤᠷᠢᠳᠤᠯᠭ᠎ᠠ ᠶᠢ ᠱᠠᠲᠤ ᠱᠠᠲᠤ ᠪᠠᠷ ᠠᠵᠢᠯ ᠤᠨ ᠪᠠᠶᠢᠷᠢ ᠶᠢᠨ ᠨᠦᠬᠦᠪᠦᠷᠢ | ᠦᠭᠬᠦᠨ᠎ᠡ᠃ ᠭᠠᠪᠢᠶ᠎ᠠ ᠵᠢᠳᠬᠦᠯ ᠲᠠᠢ ᠪᠠᠭᠰᠢ ᠠᠵᠢᠯᠳᠠᠨ ᠪᠠ ᠡᠯ᠎ᠡ ᠲᠡᠪᠬᠤᠷᠭ᠎ᠠ ᠶᠢᠨ ᠬᠠᠮᠢᠶᠠᠷᠤᠭᠴᠢ ᠶᠢ | ᠬᠦᠬᠢᠬᠦᠯᠵᠤ᠂ ᠱᠠᠩᠨᠠᠯ ᠤᠨ ᠮᠦᠡᠭᠬᠦ ᠪᠠ ᠦᠨᠡᠮᠯᠡᠯ ᠤᠯᠭᠤᠨ᠎ᠠ᠃ ︵ᠨᠠᠷᠢᠨ ᠪᠠᠶᠢᠳᠠᠯ ᠢ ᠴᠠᠯᠢᠩ ᠬᠦᠯᠦᠰᠤ ᠶᠢᠨ | ᠲᠦᠷᠢᠮ ᠤᠨ ᠦᠬᠡᠷᠡᠴᠢᠯᠡᠯᠳᠡ ᠶᠢᠨ ᠲᠦᠰᠦᠪ ᠠᠴᠠ ᠦᠵᠡᠬᠡᠷᠡᠢ︶ | ⑶ ᠬᠢᠴᠢᠶᠠᠯ ᠰᠤᠳᠤᠯᠬᠤ ᠬᠡᠳᠤᠨ ᠲᠤᠭᠤᠶᠢᠯᠠᠩ ᠪᠠᠶᠢᠭᠤᠯᠵᠤ᠂ ᠬᠢᠴᠢᠶᠡᠯ ᠤᠨ ᠰᠠᠶᠢᠨ ᠪᠠᠭᠰᠢ ᠪᠠᠷ | ᠵᠢᠯᠤᠭᠤᠳᠤᠭᠤᠯᠵᠤ᠂ ᠬᠢᠴᠢᠶᠡᠯ ᠲᠦᠷᠦᠯ ᠤᠨ ᠪᠠᠶᠢᠭᠤᠯᠤᠯᠳᠠ ᠪᠠ ᠬᠢᠴᠢᠶᠠᠯ ᠲᠦᠷᠦᠯ ᠢ ᠬᠠᠮᠳᠤᠪᠡᠷ ᠰᠤᠳᠤᠯᠤᠨ | ᠶᠠᠷᠢᠯᠴᠠᠬᠤ ᠶᠢ ᠪᠦᠬᠦ ᠲᠠᠯ᠎ᠠ ᠪᠠᠷ ᠬᠠᠷᠢᠭᠤᠴᠠᠨ᠂ ᠬᠢᠴᠢᠶᠠᠯ ᠲᠦᠷᠦᠯ ᠤᠨ ᠬᠦᠭᠵᠢᠯᠳᠡ ᠶᠢᠨ ᠲᠦᠯᠦᠪᠯᠡᠭᠡ | ᠲᠤᠭᠳᠠᠭᠠᠵᠤ᠂ ᠨᠢᠬᠡᠳᠦᠯᠳᠡᠢ ᠵᠢᠯᠤᠭᠤᠳᠤᠨ᠂ ᠵᠢᠭᠠᠨ ᠰᠤᠷᠭᠠᠬᠤ ᠲᠦᠯᠦᠪᠯᠡᠭᠡ ᠲᠤᠭᠳᠠᠭᠠᠵᠤ᠂ ᠬᠢᠴᠢᠶᠡᠯ ᠲᠦᠷᠦᠯ | ᠤᠨ ᠲᠠᠪᠠᠭᠤᠯᠢᠭ ᠢ ᠪᠤᠢ ᠪᠤᠯᠭᠠᠨ᠎ᠠ︔ ᠪᠦᠬᠦ ᠤᠨ ᠢᠶᠠᠷ ᠢᠶᠠᠨ ᠪᠦᠯᠦᠭ ᠬᠤᠪᠢᠶᠠᠵᠤ ᠬᠠᠮᠳᠤ ᠪᠠᠷ ᠠᠯᠪᠠᠯᠠᠨ᠎ᠠ︔ | ᠬᠢᠴᠢᠶᠡᠯᠯᠡᠬᠦ ᠪᠠᠭᠰᠢ ︵ᠠᠩᠬᠢ ᠶᠢᠨ ᠪᠠᠭᠰᠢ ᠶᠢ ᠪᠠᠭᠳᠠᠭᠠᠬᠤ ᠦᠬᠡᠢ︶ ᠶᠢᠨ ︽ᠤᠨ ᠤ ᠲᠡᠰ ᠤᠨ ᠶᠠᠰᠤ ᠴᠢᠨᠠᠷ | ᠪᠠ ᠠᠰᠢᠭ ᠲᠤᠰᠠ ᠶᠢᠨ ᠬᠠᠮᠳᠤ ᠶᠢᠨ ᠴᠤᠭᠴᠠ︾ ᠪᠠ ᠬᠢᠴᠢᠶᠡᠯ ᠲᠦᠷᠦᠯ ᠤᠨ ᠪᠠᠭᠰᠢ ᠶᠢᠨ ︽ᠬᠢᠴᠢᠶᠡᠯ ᠲᠦᠷᠦᠯ | ᠤᠨ ᠶᠠᠰᠤ ᠴᠢᠨᠠᠷ ᠪᠠ ᠠᠰᠢᠭ ᠲᠤᠰᠠ ᠶᠢᠨ ᠬᠠᠮᠳᠤ ᠶᠢᠨ ᠴᠤᠭᠴᠠ︾ ᠶᠢ ᠪᠠᠶᠢᠭᠤᠯᠤᠨ᠎ᠠ᠃ ᠬᠤᠶᠠᠷ ︽ᠬᠠᠮᠳᠤ ᠶᠢᠨ | ᠴᠤᠭᠴᠠ︾ ᠶᠢ ᠪᠠᠶᠢᠭᠤᠯᠬᠤ ᠪᠠᠷ ᠲᠠᠮᠵᠢᠨ ᠰᠤᠷᠭᠠᠨ ᠬᠦᠮᠦᠵᠢᠯ ᠤᠨ ᠬᠠᠮᠳᠤ ᠶᠢᠨ ᠬᠦᠴᠦᠨ ᠢ ᠪᠦᠷᠢᠯᠳᠦᠬᠦᠯᠦᠨ᠎ᠡ᠃ | ᠦᠨᠡᠯᠡᠯᠳᠡ ᠬᠢᠬᠦ ᠪᠠ ᠵᠤᠷᠢᠭᠵᠢᠭᠤᠯᠬᠤ ᠲᠤᠭᠳᠠᠯᠴᠠᠭ᠎ᠠ ᠪᠠᠷ ᠬᠠᠮᠳᠤ ᠨᠡᠶᠢᠳᠡ ᠶᠢ ᠬᠦᠬᠢᠬᠦᠯᠵᠤ ᠲᠤᠷᠭᠤᠭᠠᠬᠤ ᠪᠠ | ᠬᠤᠪᠢ ᠬᠦᠮᠦᠨ ᠢ ᠬᠦᠬᠢᠬᠦᠯᠦᠨ ᠲᠤᠷᠭᠤᠭᠠᠬᠤ ᠶᠢ ᠬᠠᠪᠰᠤᠷᠭᠠᠭᠰᠠᠨ ᠵᠠᠷᠴᠢᠮ ᠢ ᠰᠠᠶᠢᠳᠤᠷ ᠪᠠᠷᠢᠮᠳᠠᠯᠠᠨ᠎ᠠ᠃ ︵ | ᠨᠠᠷᠢᠨ ᠪᠠᠶᠢᠳᠠᠯ ᠢ ᠴᠠᠯᠢᠩ ᠬᠦᠯᠦᠰᠤ ᠶᠢᠨ ᠲᠦᠷᠢᠮ ᠤᠨ ᠦᠬᠡᠷᠡᠴᠢᠯᠡᠯᠳᠡ ᠶᠢᠨ ᠲᠦᠰᠦᠪ ᠠᠴᠠ ᠦᠵᠡᠬᠡᠷᠡᠢ︶ | ⑷ ᠵᠢᠷᠭᠤᠭᠠᠨ ᠵᠤᠷᠪᠤᠰ ᠬᠠᠮᠢᠶᠠᠷᠤᠯᠳᠠ ᠶᠢᠨ ᠭᠤᠤᠯ ᠱᠤᠭᠤᠮ ᠢ ᠲᠤᠤᠱᠯᠠᠭᠤᠯᠬᠤ ᠠᠷᠭ᠎ᠠ ᠠᠪᠴᠠᠯ᠄ | ᠰᠣᠷᠭᠠᠭᠤᠯᠢ ᠶᠢᠨ ︽ᠵᠢᠷᠭᠤᠭᠠᠨ ᠵᠤᠷᠪᠤᠰ ᠭᠤᠯᠳᠤ ᠴᠢᠭᠯᠡᠯᠲᠦ ᠬᠠᠮᠢᠶᠠᠷᠤᠯᠳᠠ ᠶᠢᠨ ᠱᠤᠭᠤᠮ︾ ᠢ | ᠪᠠᠶᠢᠭᠤᠯᠵᠤ ᠲᠡᠬᠦᠯᠳᠡᠷᠵᠢᠬᠦᠯᠦᠨ᠂ ᠵᠢᠭᠠᠨ ᠰᠤᠷᠭᠠᠯᠳᠠ ᠪᠠ ᠵᠢᠭᠠᠬᠤ ᠶᠢ ᠰᠤᠳᠤᠯᠬᠤ ᠨᠢᠬᠡ ᠱᠤᠭᠤᠮ᠂ ᠶᠤᠰᠤ ᠮᠤᠷᠠᠯ | ᠪᠡᠶ᠎ᠡ ᠲᠠᠮᠢᠷ ᠤᠷᠠᠯᠢᠭ ᠤᠨ ᠨᠢᠬᠡ ᠱᠤᠭᠤᠮ᠂ ᠠᠮᠤᠷ ᠲᠦᠪᠰᠢᠨ ᠤ ᠬᠠᠮᠢᠶᠠᠷᠤᠯᠳᠠ ᠶᠢᠨ ᠨᠢᠬᠡ ᠱᠤᠭᠤᠮ᠂ | ᠰᠤᠷᠭᠠᠭᠤᠯᠢ ᠶᠢᠨ ᠶᠡᠷᠦᠩᠬᠡᠢ ᠠᠵᠢᠯ ᠪᠠ ᠠᠷᠤ ᠦᠢᠯᠡᠴᠢᠯᠡᠬᠡᠨ ᠤ ᠨᠢᠬᠡ ᠱᠤᠭᠤᠮ᠂ ᠵᠢᠭᠠᠨ ᠰᠣᠷᠭᠠᠯᠳᠠ ᠶᠢ | ᠬᠠᠪᠰᠤᠷᠤᠨ ᠵᠢᠯᠤᠭᠤᠳᠬᠤ ᠬᠠᠮᠢᠶᠠᠷᠤᠯᠳᠠ ᠶᠢᠨ ᠨᠢᠬᠡ ᠱᠤᠭᠤᠮ᠂ ᠵᠠᠰᠠᠭ ᠵᠠᠬᠢᠷᠭᠠᠨ ᠤ ᠬᠢᠨᠠᠯᠳᠠ ᠲᠠᠯᠪᠢᠬᠤ ᠨᠢᠬᠡ | ᠱᠤᠭᠤᠮ᠃ | ① ᠵᠢᠭᠠᠨ ᠰᠤᠷᠭᠠᠯᠳᠠ ᠶᠢ ᠬᠤᠪᠢᠶᠠᠷᠯᠠᠨ ᠬᠠᠷᠢᠭᠤᠴᠠᠬᠤ ᠲᠡᠳ᠋ ᠵᠠᠬᠢᠷᠤᠯ ᠤᠨ ᠨᠢᠭᠡᠴᠡ ᠶᠢ | ᠤᠳᠤᠷᠢᠳᠴᠤ᠂ ᠵᠢᠭᠠᠨ ᠰᠤᠷᠭᠠᠯᠳᠠ ᠶᠢᠨ ᠠᠵᠢᠯ ᠪᠠ ᠡᠩ ᠤᠨ ᠬᠠᠮᠢᠶᠠᠷᠤᠯᠳᠠ ᠪᠠᠨ ᠪᠦᠯᠦᠭ ᠬᠤᠪᠢᠶᠠᠨ | ᠬᠦᠢᠴᠡᠳᠬᠡᠨ᠂ ᠬᠢᠴᠢᠶᠡᠯ ᠲᠦᠷᠦᠯ ᠤᠨ ᠡᠷᠬᠢᠯᠡᠭᠴᠢ ᠶᠢ ᠤᠳᠤᠷᠢᠳᠴᠤ᠂ ᠬᠢᠴᠢᠶᠡᠯ ᠲᠦᠷᠦᠯ ᠤᠨ ᠵᠢᠭᠠᠨ | ᠰᠤᠷᠭᠠᠯᠳᠠ ᠶᠢ ᠰᠤᠳᠤᠯᠤᠨ᠂ ᠬᠢᠴᠢᠶᠡᠯ ᠬᠦᠮᠦᠵᠢᠯ ᠤᠨ ᠭᠠᠵᠠᠷ ᠢ ᠤᠳᠤᠷᠢᠳᠴᠤ᠂ ᠵᠢᠭᠠᠨ ᠰᠤᠷᠭᠠᠯᠳᠠ ᠳᠤ | ᠬᠢᠨᠠᠯᠳᠠ ᠲᠠᠯᠪᠢᠬᠤ ᠪᠠ ᠰᠢᠯᠭᠠᠯᠳᠠ ᠶᠢᠨ ᠠᠵᠢᠯ ᠢ ᠬᠠᠮᠢᠶᠠᠷᠤᠨ᠎ᠠ᠃ | ② ᠶᠤᠰᠤ ᠮᠤᠷᠠᠯ ᠢ ᠬᠤᠪᠢᠶᠠᠷᠢᠯᠠᠨ ᠬᠠᠷᠢᠭᠤᠴᠠᠬᠤ ᠲᠡᠳ᠋ ᠵᠠᠬᠢᠷᠤᠯ ᠨᠢ ᠲᠠᠮᠢᠷ ᠤᠷᠠᠯᠢᠭ ᠤᠨ ᠬᠡᠯᠳᠡᠰ | ᠪᠠ ᠪᠠᠶᠢᠷᠢ ᠶᠢᠨ ᠬᠠᠮᠢᠶᠠᠷᠤᠯᠳᠠ ᠶᠢᠨ ᠬᠡᠯᠲᠡᠰ ᠢ ᠤᠳᠤᠷᠢᠳᠴᠤ᠂ ᠶᠤᠰᠤ ᠮᠤᠷᠠᠯ᠂ ᠪᠡᠶ᠎ᠡ ᠲᠠᠮᠢᠷ᠂ ᠲᠠᠭᠤᠤ ᠤᠷᠠᠯᠢᠭ᠂ | ᠡᠷᠡᠬᠦᠯ ᠬᠠᠮᠠᠭᠠᠯᠠᠯ ᠪᠠ ᠰᠤᠷᠤᠭᠴᠢ ᠶᠢᠨ ᠠᠮᠤᠷ ᠲᠦᠪᠰᠢᠨ ᠤ ᠠᠵᠢᠯ ᠵᠢᠴᠢ ᠡᠲᠦᠷ ᠲᠤᠳᠤᠮ ᠤᠨ ᠬᠠᠮᠢᠶᠠᠷᠤᠯᠳᠠ | ᠶᠢ ᠬᠦᠢᠴᠡᠳᠬᠡᠨ᠎ᠡ᠃ ᠰᠤᠷᠤᠭᠴᠢ ᠶᠢᠨ ᠶᠠᠪᠤᠳᠠᠯ ᠤᠨ ᠭᠠᠵᠠᠷ ᠢ ᠤᠳᠤᠷᠢᠳᠴᠤ᠂ ᠶᠤᠰᠤ ᠮᠤᠷᠠᠯ᠂ ᠪᠡᠶ᠎ᠡ ᠲᠠᠮᠢᠷ᠂ | ᠲᠠᠭᠤᠤ ᠤᠷᠠᠯᠢᠭ᠂ ᠡᠷᠡᠬᠦᠯ ᠬᠠᠮᠠᠭᠠᠯᠠᠯ ᠤᠨ ᠠᠵᠢᠯ ᠳᠤ ᠬᠢᠨᠠᠯᠳᠠ ᠲᠠᠯᠪᠢᠨ ᠬᠠᠮᠢᠶᠠᠷᠤᠨ᠎ᠠ᠃ | ③ ᠵᠠᠰᠠᠭ ᠵᠠᠬᠢᠷᠭᠠᠨ ᠪᠠ ᠬᠢᠴᠢᠶᠡᠯ ᠲᠦᠷᠦᠯ ᠢ ᠰᠤᠳᠤᠯᠬᠤ ᠶᠢ ᠬᠤᠪᠢᠶᠠᠷᠢᠯᠠᠨ ᠬᠠᠷᠢᠭᠤᠴᠠᠬᠤ ᠲᠡᠳ᠋ | ᠵᠠᠬᠢᠷᠤᠯ ᠬᠢᠴᠢᠶᠡᠯ ᠲᠦᠷᠦᠯ ᠢ ᠰᠤᠳᠤᠯᠬᠤ ᠭᠠᠵᠠᠷ ᠢ ᠤᠳᠤᠷᠢᠳᠴᠤ᠂ ᠰᠡᠳᠤᠪ ᠤᠨ ᠰᠤᠳᠤᠯᠤᠯᠳᠠ᠂ ᠬᠢᠴᠢᠶᠡᠯ | ᠰᠤᠳᠤᠯᠵᠤ ᠡᠬᠦᠳᠬᠦ᠂ ᠪᠠᠭᠰᠢ ᠶᠢᠨ ᠪᠤᠯᠪᠠᠰᠤᠷᠠᠯ᠂ ᠰᠤᠷᠤᠭᠴᠢ ᠶᠢᠨ ᠰᠡᠳᠬᠢᠯᠬᠡ ᠶᠢᠨ ᠯᠠᠪᠯᠠᠯᠭ᠎ᠠ ᠵᠡᠷᠬᠡ ᠲᠠᠯ᠎ᠠ ᠶᠢᠨ | ᠠᠵᠢᠯ ᠳᠤ ᠬᠢᠨᠠᠯᠳᠠ ᠲᠠᠯᠪᠢᠨ ᠬᠠᠮᠢᠶᠠᠷᠤᠯᠳᠠ ᠬᠢᠨ᠎ᠡ᠃ | ④ ᠰᠤᠷᠭᠠᠭᠤᠯᠢ ᠶᠢᠨ ᠶᠡᠷᠦᠩᠬᠡᠢ ᠠᠵᠢᠯ ᠪᠠ ᠠᠮᠤᠷ ᠲᠦᠪᠰᠢᠨ ᠢ ᠬᠤᠪᠢᠶᠠᠷᠢᠯᠠᠨ ᠬᠠᠷᠢᠭᠤᠴᠠᠬᠤ ᠲᠡᠳ᠋ | ᠵᠠᠬᠢᠷᠤᠯ ᠬᠤᠭᠤᠯᠠᠨ ᠬᠡᠷ ᠢ ᠤᠳᠤᠷᠢᠳᠴᠤ᠂ ᠪᠠᠭᠰᠢ ᠰᠤᠷᠤᠭᠴᠢ ᠶᠢᠨ ᠬᠤᠭᠤᠯᠠᠨ ᠪᠤᠳᠠᠭᠠᠨ ᠤ ᠠᠵᠢᠯ ᠢ ᠰᠠᠶᠢᠳᠤᠷ | ᠬᠢᠵᠤ᠂ ᠶᠡᠷᠦᠩᠬᠡᠢ ᠠᠵᠢᠯ ᠤᠨ ᠭᠠᠵᠠᠷ ᠢ ᠤᠳᠤᠷᠢᠳᠴᠤ᠂ ᠠᠷᠤ ᠲᠠᠯ᠎ᠠ ᠶᠢᠨ ᠦᠢᠯᠡᠴᠢᠯᠡᠬᠡᠨ ᠤ ᠠᠵᠢᠯ ᠢ ᠰᠠᠶᠢᠳᠤᠷ | ᠬᠠᠮᠢᠶᠠᠷᠴᠤ ᠬᠢᠨᠠᠯᠳᠠ ᠲᠠᠯᠪᠢᠨ᠎ᠠ᠃ | ⑤ ᠰᠤᠷᠭᠠᠭᠤᠯᠢ ᠶᠢᠨ ᠶᠡᠷᠦᠩᠬᠡᠢ ᠠᠵᠢᠯ ᠪᠠ ᠠᠮᠤᠷ ᠲᠦᠪᠰᠢᠨ ᠢ ᠬᠤᠪᠢᠶᠠᠷᠢᠯᠠᠨ ᠬᠠᠷᠢᠭᠤᠴᠠᠬᠤ ᠲᠡᠳ᠋ | ᠵᠠᠬᠢᠷᠤᠯ ᠠᠮᠤᠷ ᠲᠦᠪᠰᠢᠨ ᠳᠤ ᠬᠢᠨᠠᠯᠳᠠ ᠲᠠᠯᠪᠢᠬᠤ ᠠᠯᠪᠠᠨ ᠬᠡᠷ ᠢ ᠤᠳᠤᠷᠢᠳᠴᠤ᠂ ᠪᠦᠬᠦ ᠰᠤᠷᠭᠠᠭᠤᠯᠢ ᠶᠢᠨ ᠠᠮᠤᠷ | ᠲᠦᠪᠰᠢᠨ ᠤ ᠠᠵᠢᠯ ᠳᠤ ᠬᠢᠨᠠᠯᠳᠠ ᠲᠠᠯᠪᠢᠨ ᠬᠠᠮᠢᠶᠠᠷᠤᠨ᠎ᠠ᠃ | ⑥ ᠵᠢᠭᠠᠨ ᠰᠤᠷᠭᠠᠯᠳᠠ ᠶᠢ ᠬᠤᠪᠢᠶᠠᠷᠯᠠᠨ ᠬᠠᠷᠢᠭᠤᠴᠠᠬᠤ ᠲᠡᠳ᠋ ᠵᠠᠬᠢᠷᠤᠯ ᠬᠢᠴᠢᠶᠡᠯ ᠬᠦᠮᠦᠵᠢᠯ ᠤᠨ | ᠭᠠᠵᠠᠷ ᠢ ᠤᠳᠤᠷᠢᠳᠴᠤ᠂ ᠵᠢᠭᠠᠨ ᠰᠤᠷᠭᠠᠯᠳᠠ ᠶᠢ ᠬᠠᠪᠰᠤᠷᠤᠨ ᠵᠢᠯᠤᠭᠤᠳᠬᠤ ᠬᠦᠷᠢᠶ᠎ᠡ ᠬᠡᠪᠴᠢᠶᠡᠨ ᠤ ᠠᠵᠢᠯ ᠳᠤ | ᠬᠢᠨᠠᠯᠳᠠ ᠲᠠᠯᠪᠢᠨ ᠬᠠᠮᠢᠶᠠᠷᠤᠨ᠎ᠠ᠃ | ᠲᠦᠷᠪᠡ᠂ ᠦᠬᠡᠷᠡᠴᠢᠯᠡᠯᠳᠡ ᠶᠢ ᠪᠠᠲᠤᠯᠠᠬᠤ ᠠᠷᠭ᠎ᠠ ᠬᠡᠮᠵᠢᠶ᠎ᠡ | ⒈ ᠰᠤᠷᠭᠠᠭᠤᠯᠢ ᠶᠢ ᠴᠡᠭᠴᠡᠯᠡᠬᠦ ᠪᠦᠳᠦᠴᠡ ᠶᠢᠨ ᠦᠬᠡᠷᠡᠴᠢᠯᠡᠯᠳᠡ ᠶᠢᠨ ᠤᠳᠤᠷᠢᠳᠬᠤ ᠲᠤᠭᠤᠶᠢᠯᠠᠩ | ᠪᠠᠶᠢᠭᠤᠯᠵᠤ᠂ ᠰᠢᠰᠲ᠋ᠧᠮ ᠲᠠᠢ ᠪᠠᠷ ᠲᠦᠯᠦᠪᠯᠡᠵᠤ᠂ ᠵᠤᠬᠢᠶᠠᠨ ᠪᠠᠶᠢᠭᠤᠯᠤᠯᠳᠠ ᠲᠠᠢ ᠪᠠᠷ ᠰᠤᠷᠭᠠᠭᠤᠯᠢ ᠶᠢᠨ | ᠴᠡᠭᠴᠡᠯᠡᠯᠳᠡ ᠦᠬᠡᠷᠡᠴᠢᠯᠡᠯᠳᠡ ᠬᠢᠨ᠎ᠡ᠃ | ⒉ ᠤᠯᠠᠨ ᠲᠦᠮᠡᠨ ᠢ ᠦᠷᠬᠡᠨ ᠢᠶᠠᠷ ᠲᠠᠶᠢᠴᠢᠯᠠᠵᠤ᠂ ᠢᠳᠡᠪᠬᠢᠳᠡᠢ ᠪᠠᠷ ᠤᠬᠠᠭᠤᠯᠤᠨ᠂ ᠲᠠᠨᠢᠯᠳᠠ ᠪᠠᠨ | ᠲᠡᠭᠡᠭᠰᠢᠯᠡᠬᠦᠯᠵᠤ᠂ ᠦᠵᠡᠯ ᠰᠠᠨᠠᠭ᠎ᠠ ᠪᠠᠨ ᠨᠢᠬᠡᠳᠬᠡᠨ᠂ ᠪᠦᠬᠦᠳᠡ ᠪᠠᠭᠰᠢ ᠠᠵᠢᠯᠳᠠᠨ ᠤ ᠬᠠᠮᠳᠤ ᠶᠢᠨ ᠦᠵᠡᠯᠳᠡ ᠶᠢ | ᠨᠢᠬᠡᠳᠦᠬᠦᠯᠵᠤ᠂ ᠪᠠᠭᠰᠢ ᠠᠵᠢᠯᠳᠠᠨ ᠢ ᠵᠢᠯᠤᠭᠤᠳᠤᠨ ᠦᠬᠡᠷᠡᠴᠢᠯᠡᠯᠳᠡ ᠶᠢ ᠲᠡᠮᠵᠢᠵᠤ ᠢᠳᠡᠪᠬᠢᠳᠡᠢ ᠤᠷᠤᠯᠴᠠᠭᠤᠯᠤᠨ᠎ᠠ | ᠃ | ⒊ ᠲᠤᠰᠢᠶᠠᠯ ᠳᠤ ᠪᠠᠶᠢᠭᠰᠠᠨ ᠤᠤᠯ ᠤᠨ ᠲᠤᠮᠳᠠ ᠳᠠᠬᠢ ᠺᠠᠳ᠋ᠷ ᠤᠨ ᠦᠵᠡᠯ ᠰᠠᠨᠠᠭᠠᠨ ᠤ ᠠᠵᠢᠯ ᠢ | ᠰᠠᠶᠢᠳᠤᠷ ᠬᠢᠵᠤ᠂ ᠢᠳᠡᠪᠬᠢᠳᠡᠢ ᠤᠪᠤᠷ ᠰᠡᠳᠬᠢᠯᠬᠡ ᠪᠠ ᠲᠡᠬᠦᠯᠳᠡᠷ ᠡᠷᠴᠢ ᠵᠤᠷᠢᠭ ᠢᠶᠠᠷ ᠦᠬᠡᠷᠡᠴᠢᠯᠡᠯᠳᠡ ᠳᠤ | ᠢᠳᠡᠪᠬᠢᠲᠠᠢ ᠤᠷᠤᠯᠴᠠᠨ᠂ ᠬᠠᠷᠢᠭᠤᠴᠠᠯᠭ᠎ᠠ ᠲᠠᠢ ᠪᠠᠶᠢᠵᠤ᠂ ᠦᠬᠡᠷᠡᠴᠢᠯᠡᠯᠳᠡ ᠶᠢᠨ ᠠᠬᠢᠭᠤᠯᠤᠭᠴᠢ ᠪᠤᠯᠵᠤ᠂ | ᠲᠤᠭᠳᠠᠭᠤᠨ ᠪᠠᠶᠢᠳᠠᠯ ᠢ ᠪᠠᠳᠤᠯᠠᠨ᠎ᠠ᠃ | ⒋ ᠬᠠᠮᠢᠶᠠᠷᠤᠯᠳᠠ ᠶᠢᠨ ᠠᠵᠢᠯ ᠤᠨ ᠪᠠᠶᠢᠷᠢ ᠶᠢ ᠵᠤᠬᠢᠴᠠᠭᠤᠯᠵᠤ᠂ ᠲᠤᠰᠢᠶᠠᠯ ᠬᠠᠷᠢᠭᠤᠴᠠᠯᠭ᠎ᠠ ᠶᠢ ᠨᠢ | ᠲᠤᠳᠤᠷᠬᠠᠶᠢᠯᠠᠨ᠂ ᠲᠤᠮᠳᠠ ᠳᠠᠬᠢ ᠺᠠᠳ᠋ᠷ ᠦᠷᠢᠰᠦᠯᠳᠦᠬᠡᠨ ᠢᠶᠠᠷ ᠲᠠᠮᠵᠢᠨ ᠠᠵᠢᠯ ᠤᠨ ᠪᠠᠶᠢᠷᠢ ᠳᠤ ᠭᠠᠷᠬᠤ ᠠᠯᠬᠤᠮ | ᠲᠠᠷᠠᠭ᠎ᠠ ᠶᠢ ᠪᠠᠶᠢᠭᠤᠯᠵᠤ᠂ ᠲᠠᠶᠢᠴᠢᠯᠠᠯᠳᠠ ᠶᠢᠨ ᠬᠤᠷᠠᠯ ᠪᠠ ᠠᠵᠢᠯ ᠤᠨ ᠪᠠᠶᠢᠷᠢ ᠦᠷᠢᠰᠦᠯᠳᠦᠬᠦ ᠬᠤᠷᠠᠯ ᠬᠢᠵᠤ᠂ | ᠢᠯᠡ ᠪᠠᠷ᠂ ᠡᠷᠬᠡ ᠲᠡᠭᠰᠢ ᠪᠠᠷ᠂ ᠲᠦᠪ ᠭᠤᠤᠯᠴᠢ ᠪᠠᠷ ᠦᠷᠢᠰᠦᠯᠳᠦᠬᠦ ᠤᠷᠴᠢᠨ ᠲᠤᠭᠤᠷᠢᠨ ᠡᠬᠦᠳᠴᠤ᠂ | ᠦᠷᠢᠰᠦᠯᠳᠦᠬᠡᠨ ᠢᠶᠠᠷ ᠠᠵᠢᠯ ᠤᠨ ᠪᠠᠶᠢᠷᠢ ᠳᠤ ᠭᠠᠷᠬᠤ ᠶᠢ ᠤᠷᠤᠭᠰᠢᠳᠠᠢ ᠶᠠᠪᠤᠭᠳᠠᠭᠤᠯᠤᠨ᠎ᠠ᠃ |