| | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠤᠷᠪᠤᠰ ᠪᠠᠭᠠᠷᠢᠨ ᠵᠡᠭᠦᠨ ᠬᠤᠰᠢᠭᠤᠨ ᠤ ᠭᠠᠳᠠᠭᠠᠳᠤ ᠲᠠᠢ ᠴᠢᠯᠦᠭᠡᠲᠠᠢ ᠶᠠᠪᠤᠯᠴᠠᠨ᠂ | ᠠᠷᠠᠯᠵᠢᠶᠠᠴᠢᠨ ᠤᠷᠢᠵᠦ ᠪᠡᠯᠡ ᠲᠠᠲᠠᠬᠤ ᠠᠯᠬᠤᠴᠠ ᠶᠢ ᠲᠦᠷᠭᠡᠳᠭᠡᠵᠦ᠂ ᠪᠡᠯᠡ ᠤᠷᠤᠭᠤᠯᠤᠭᠰᠡᠳ ᠢ | ᠵᠣᠷᠢᠭᠵᠢᠭᠤᠯᠤᠨ᠂ ᠪᠠᠭᠠᠷᠢᠨ ᠵᠡᠭᠦᠨ ᠬᠤᠰᠢᠭᠤᠨ ᠤ ᠪᠦᠲᠦᠭᠡᠨ ᠪᠠᠶᠢᠭᠤᠯᠤᠯᠲᠠ ᠳᠤ ᠤᠷᠤᠯᠴᠠᠭᠤᠯᠵᠤ᠂ ᠮᠠᠨ ᠤ | ᠬᠤᠰᠢᠭᠤᠨ ᠤ ᠠᠵᠦ ᠠᠬᠤᠢ ᠨᠠᠶᠢᠭᠡᠮ ᠤᠨ ᠬᠦᠭᠵᠢᠯᠲᠡ ᠶᠢ ᠲᠦᠯᠬᠢᠨ ᠠᠬᠢᠭᠤᠯᠬᠤ ᠶᠢᠨ ᠲᠦᠯᠦᠭᠡ ᠤᠯᠤᠰ᠂ | ᠦᠪᠡᠷᠲᠡᠭᠡᠨ ᠵᠠᠰᠠᠬᠤ ᠤᠷᠤᠨ ᠪᠤᠯᠤᠨ ᠤᠯᠠᠭᠠᠨᠬᠠᠳᠠ ᠬᠤᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ | ᠲᠦᠷᠢᠮ ᠵᠢᠴᠢ ᠲᠦᠷᠦ ᠶᠢᠨ ᠪᠤᠳᠤᠯᠭ᠎ᠠ ᠶᠢ ᠦᠨᠳᠦᠰᠦᠯᠡᠵᠦ᠂ ᠮᠠᠨ ᠤ ᠬᠤᠰᠢᠭᠤᠨ ᠤ ᠪᠤᠲᠠᠲᠠᠢ ᠲᠠᠢ | ᠤᠶᠠᠯᠳᠤᠭᠤᠯᠤᠨ ᠲᠤᠰ ᠲᠦᠷᠢᠮ ᠢ ᠲᠣᠭᠲᠠᠭᠠᠪᠠ᠃ | ᠬᠤᠶᠠᠳᠤᠭᠠᠷ ᠵᠤᠷᠪᠤᠰ ᠤᠯᠤᠰ᠂ ᠦᠪᠡᠷᠲᠡᠭᠡᠨ ᠵᠠᠰᠠᠬᠤ ᠤᠷᠤᠨ ᠤ ᠤᠨᠴᠠᠭᠠᠢ ᠲᠦᠷᠢᠮ ᠲᠤᠭᠲᠠᠭᠠᠯ | ᠠᠴᠠ ᠭᠠᠳᠠᠨᠠᠬᠢ ᠮᠠᠨ ᠤ ᠬᠤᠰᠢᠭᠤᠨ ᠤ ᠡᠬᠢ ᠰᠤᠷᠪᠤᠯᠵᠢ᠂ ᠠᠵᠦ ᠦᠢᠯᠡᠰ᠂ ᠵᠠᠬ᠎ᠠ ᠳᠡᠯᠭᠡᠭᠦᠷ ᠴᠦᠮ ᠭᠠᠲᠠᠭᠠᠳᠦ | ᠳᠤ ᠨᠡᠬᠡᠬᠡᠯᠲᠡ ᠲᠠᠢ ᠃ | ᠭᠤᠷᠪᠠᠳᠤᠭᠠᠷ ᠵᠤᠷᠪᠤᠰ ᠤᠯᠤᠰ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠠᠳᠠ ᠬᠤᠲᠠ ᠶᠢᠨ ᠠᠵᠦ | ᠦᠢᠯᠡᠰ ᠤᠨ ᠲᠦᠷᠦ ᠶᠢᠨ ᠪᠤᠳᠤᠯᠭ᠎ᠠ ᠳᠤ ᠨᠡᠶᠢᠴᠡᠭᠰᠡᠨ ᠪᠠ ᠮᠠᠨ ᠤ ᠬᠤᠰᠢᠭᠤᠨ ᠤ ᠭᠤᠣᠯᠳᠠᠯᠭ᠎ᠠ ᠲᠠᠢ ᠬᠦᠭᠵᠢᠭᠦᠯᠬᠦ | ᠪᠠᠷ ᠵᠤᠷᠢᠭᠵᠢᠭᠤᠯᠤᠭᠰᠠᠨ ᠠᠵᠦ ᠦᠢᠯᠡᠰ ᠨᠢ ᠳᠤᠤᠷᠠᠬᠢ ᠳᠦᠷᠢᠮ ᠳᠤ ᠨᠡᠶᠢᠴᠡᠪᠡᠯ ᠲᠤᠰ ᠲᠦᠷᠦ ᠶᠢᠨ | ᠪᠤᠳᠤᠯᠭ᠎ᠠ ᠶᠢᠨ ᠬᠠᠷᠠᠭᠠᠯᠵᠠᠯ ᠢ ᠬᠦᠷᠲᠡᠭᠡᠨ᠎ᠡ᠃ | ⒈ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠨᠢ 50 ᠲᠦᠮᠡᠨ ᠲᠦᠭᠦᠷᠢᠭ ᠠᠴᠠ ᠳᠡᠭᠡᠭᠰᠢ | ᠪᠠᠶᠢᠬᠤ ᠬᠡᠷᠡᠭᠲᠡᠢ︔ | ⒉ ᠲᠤᠰ ᠭᠠᠵᠠᠷ ᠤᠷᠤᠨ ᠤ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠦᠴᠢᠷ ᠲᠤ ᠬᠠᠤᠯᠢ ᠪᠠᠷ | ᠳᠠᠩᠰᠠᠯᠠᠭᠤᠯᠵᠤ᠂ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠰᠢᠨ᠎ᠡ ᠪᠠᠷ ᠪᠠᠶᠢᠭᠤᠯᠤᠭᠰᠠᠨ ᠰᠢᠨ᠎ᠡ ᠠᠵᠦ | ᠠᠬᠤᠶᠢᠯᠠᠯ ᠪᠠᠶᠢᠬᠤ ᠬᠡᠷᠡᠭᠲᠡᠢ︔ | ⒊ ᠡᠵᠡᠩᠨᠡᠭᠰᠡᠨ ᠬᠤᠭᠤᠴᠠᠭ᠎ᠠ ᠨᠢ ᠭᠤᠷᠪᠠᠨ ᠵᠢᠯ ᠠᠴᠠ ᠳᠡᠭᠡᠭᠰᠢ ᠪᠠᠶᠢᠬᠤ ᠬᠡᠷᠡᠭᠲᠡᠢ᠃ | ᠳᠥᠷᠪᠡᠳᠦᠭᠡᠷ ᠵᠤᠷᠪᠤᠰ ᠲᠤᠰ ᠬᠤᠰᠢᠭᠤᠨ ᠤ ᠠᠷᠠᠳ ᠠᠴᠠ ᠡᠷᠬᠢᠯᠡᠭᠰᠡᠨ ᠠᠵᠦ ᠠᠬᠤᠢ ᠶᠢᠨ ᠬᠦᠭᠵᠢᠯᠲᠡ ᠶᠢ | ᠵᠤᠷᠢᠭᠵᠢᠭᠤᠯᠬᠤ ᠶᠢᠨ ᠲᠦᠯᠦᠭᠡ᠂ ᠳᠡᠭᠡᠷᠡᠬᠢ ᠨᠦᠬᠦᠴᠡᠯ ᠳᠤ ᠨᠡᠶᠢᠴᠡᠩᠰᠡᠨ ᠪᠠᠭᠠᠷᠢᠨ ᠵᠡᠭᠦᠨ ᠬᠤᠰᠢᠭᠤᠨ ᠤ ᠬᠠᠷᠢᠶ᠎ᠠ | ᠪᠡᠯᠡ ᠤᠷᠤᠭᠤᠯᠤᠭᠰᠡᠳ ᠲᠤᠰ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢ ᠬᠦᠷᠲᠡᠵᠦ ᠪᠣᠯᠤᠨ᠎ᠠ᠃ | ᠲᠠᠪᠤᠳᠤᠭᠠᠷ ᠵᠤᠷᠪᠤᠰ ᠮᠠᠨ ᠤ ᠬᠤᠰᠢᠭᠤᠨ ᠤ ᠠᠵᠦ ᠠᠬᠤᠢ ᠶᠢᠨ ᠬᠦᠭᠵᠢᠯᠲᠡ ᠪᠤᠯᠤᠨ ᠨᠡᠶᠢᠭᠡᠮ ᠤᠨ | ᠳᠠᠪᠰᠢᠯᠲᠠ ᠳᠤ ᠲᠠᠲᠠᠬᠤ ᠬᠦᠴᠦᠨ ᠪᠠᠷ ᠶᠡᠭᠡ ᠪᠦᠭᠡᠳ ᠪᠡᠯᠡ ᠮᠦᠩᠭᠦ ᠪᠤᠶᠤ ᠲᠤᠭᠲᠠᠮᠠᠯ ᠬᠦᠷᠦᠩᠭᠡ ᠶᠢᠨ ᠪᠡᠯᠡ | ᠤᠷᠤᠭᠤᠯᠤᠯᠲᠠ ᠨᠢ 1000 ᠲᠦᠮᠡᠨ ᠲᠦᠭᠦᠷᠢᠭ ᠠᠴᠠ ᠳᠡᠭᠡᠭᠰᠢᠬᠢ ᠲᠦᠷᠦᠯ ᠵᠦᠢᠯ ᠢ ᠪᠣᠯ ᠲᠦᠷᠦᠯ ᠵᠦᠢᠯ ᠶᠢᠨ | ᠱᠠᠭᠠᠷᠳᠠᠯᠭ᠎ᠠ ᠶᠢ ᠦᠨᠳᠦᠰᠦᠯᠡᠵᠦ᠂ ᠬᠤᠯᠪᠤᠭᠲᠠᠯ ᠪᠦᠬᠦᠢ ᠲᠦᠷᠦ ᠶᠢᠨ ᠪᠤᠳᠤᠯᠭ᠎ᠠ ᠲᠣᠭᠲᠠᠭᠠᠨ᠂ ᠤᠨᠴᠠᠭᠠᠢ | ᠬᠠᠷᠠᠭᠠᠯᠵᠠᠯ ᠬᠦᠷᠲᠡᠭᠡᠨ᠎ᠡ᠃ | ᠵᠢᠷᠭᠤᠳᠤᠭᠠᠷ ᠵᠤᠷᠪᠤᠰ ᠮᠠᠨ ᠤ ᠬᠤᠰᠢᠭᠤᠨ ᠤ ᠬᠢᠵᠠᠭᠠᠷ ᠲᠠᠬᠢ ᠦᠩᠭᠡᠲᠦ ᠲᠡᠮᠦᠷᠯᠢᠭ᠂ ᠬᠠᠷ᠎ᠠ | ᠲᠡᠮᠦᠷᠯᠢᠭ ᠤᠨ ᠠᠵᠦ ᠠᠬᠤᠶᠢᠯᠠᠯ ᠳᠤ ᠲᠤᠰ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠬᠦᠷᠲᠡᠭᠡᠬᠦ ᠦᠭᠡᠢ᠃ | ᠬᠤᠶᠠᠳᠤᠭᠠᠷ ᠪᠦᠯᠦᠭ ᠬᠠᠷᠠᠭᠠᠯᠵᠠᠬᠤ ᠲᠦᠷᠦ ᠶᠢᠨ ᠪᠤᠳᠤᠯᠭ᠎ᠠ | ᠳᠤᠯᠤᠭᠠᠳᠤᠭᠠᠷ ᠵᠤᠷᠪᠤᠰ ᠭᠠᠵᠠᠷ ᠰᠢᠷᠤᠢ ᠵᠢᠨᠬᠠᠷᠠᠭᠠᠯᠵᠠᠬᠤ ᠲᠦᠷᠦ ᠶᠢᠨ ᠪᠤᠳᠤᠯᠭ᠎ᠠ | ⒈ ᠵᠠᠰᠠᠭ ᠤᠨ ᠤᠷᠳᠤᠨ ᠤ ᠬᠤᠪᠢᠶᠠᠷᠢᠯᠠᠨ ᠰᠠᠯᠭᠠᠬᠤ ᠬᠡᠯᠪᠡᠷᠢ ᠪᠠᠷ ᠤᠯᠠᠨ ᠨᠡᠶᠢᠲᠡ ᠶᠢᠨ ᠠᠵᠢᠯ | ᠦᠢᠯᠡᠰ ᠤᠨ ᠲᠦᠷᠦᠯ ᠵᠦᠢᠯ ᠳᠤ ᠭᠠᠵᠠᠷ ᠰᠢᠷᠤᠢ ᠶᠢᠨ ᠬᠡᠷᠡᠭᠯᠡᠬᠦ ᠡᠷᠬᠡ ᠶᠢ ᠣᠯᠭᠤᠨ᠎ᠠ︔ ᠪᠤᠰᠤᠳ ᠲᠦᠷᠦᠯ ᠵᠦᠢᠯ | ᠨᠢ ᠪᠡᠯᠡ ᠤᠷᠤᠭᠤᠯᠤᠭᠰᠡᠳ ᠭᠠᠵᠠᠷ ᠰᠢᠷᠤᠢ ᠬᠤᠳᠠᠯᠳᠤᠨ ᠠᠪᠬᠤ ᠮᠦᠩᠭᠦ ᠪᠠᠨ ᠪᠦᠬᠦᠨ ᠢ ᠲᠤᠰᠢᠶᠠᠭᠰᠠᠨ ᠤ | ᠰᠠᠭᠤᠷᠢᠨ ᠳᠡᠭᠡᠷ᠎ᠡ ᠰᠠᠶ᠋ᠢ ᠭᠠᠵᠠᠷ ᠰᠢᠷᠤᠢ ᠬᠡᠷᠡᠭᠯᠡᠬᠦ ᠡᠷᠬᠡ ᠶᠢ ᠤᠯᠤᠨ᠎ᠠ᠃ | ⒉ ᠠᠵᠦ ᠦᠢᠯᠡᠳᠪᠦᠷᠢ ᠶᠢᠨ ᠲᠣᠭᠤᠷᠢᠭ ᠲᠤ ᠰᠠᠭᠤᠷᠢᠰᠢᠭᠰᠠᠨ ᠲᠦᠷᠦᠯ ᠵᠦᠢᠯ ᠢ ᠪᠣᠯ᠂ ᠭᠠᠵᠠᠷ | ᠰᠢᠷᠤᠢ ᠬᠤᠳᠠᠯᠳᠤᠨ ᠠᠪᠬᠤ ᠮᠦᠩᠭᠦ ᠶᠢ ᠪᠡᠯᠡ ᠤᠷᠤᠭᠤᠯᠤᠯᠲᠠ ᠪᠠᠷ ᠱᠠᠩᠨᠠᠯ ᠢ ᠣᠷᠤᠯᠠᠭᠤᠯᠬᠤ ᠬᠡᠯᠪᠡᠷᠢ ᠪᠠᠷ ᠨᠡᠩ | ᠶᠡᠭᠡ ᠬᠠᠷᠠᠭᠠᠯᠵᠠᠯ ᠦᠵᠡᠭᠦᠯᠦᠨ᠎ᠡ᠃ ᠪᠡᠯᠡ ᠤᠷᠤᠭᠤᠯᠤᠭᠰᠡᠳ ᠭᠡᠷ᠎ᠡ ᠳᠤ ᠲᠤᠭᠲᠠᠭᠰᠠᠨ ᠬᠤᠭᠤᠴᠠᠭᠠᠨ ᠤ ᠳᠤᠲᠤᠷ᠎ᠠ | ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠪᠠᠨ ᠭᠦᠢᠴᠡᠳᠭᠡᠵᠦ ᠳᠡᠶᠢᠯᠦᠭᠰᠡᠨ ᠦᠭᠡᠢ ᠪᠤᠶᠤ ᠠᠵᠦ | ᠦᠢᠯᠡᠳᠪᠦᠷᠢ ᠶᠢᠨ ᠲᠣᠭᠤᠷᠢᠭ ᠤᠨ ᠭᠠᠵᠠᠷ ᠰᠢᠷᠤᠢ ᠶᠢᠨ ᠬᠡᠷᠡᠭᠯᠡᠭᠡᠨ ᠤ ᠠᠷᠭ᠎ᠠ ᠵᠠᠮ ᠢ ᠬᠤᠪᠢᠷᠠᠭᠤᠯᠤᠭᠰᠠᠨ ᠪᠠᠶᠢᠪᠠᠯ | ᠵᠠᠰᠠᠭ ᠤᠨ ᠤᠷᠳᠤᠨ ᠠᠴᠠ ᠲᠤᠰᠢᠶᠠᠭᠰᠠᠨ ᠮᠦᠩᠭᠦ ᠶᠢ ᠪᠤᠴᠠᠭᠠᠨ ᠦᠭᠴᠦ ᠭᠠᠵᠠᠷ ᠰᠢᠷᠤᠢ ᠬᠡᠷᠡᠭᠯᠡᠬᠦ ᠡᠷᠬᠡ ᠶᠢ ᠨᠢ | ᠪᠤᠴᠠᠭᠠᠨ ᠠᠪᠬᠤ ᠡᠷᠬᠡ ᠲᠠᠢ᠃ ᠭᠠᠵᠠᠷ ᠰᠢᠷᠤᠢ ᠶᠢ ᠬᠡᠷᠡᠭᠯᠡᠬᠦ ᠬᠤᠭᠤᠴᠠᠭ᠎ᠠ ᠨᠢ 10 —50 ᠵᠢᠯ᠃ | ⒊ ᠴᠢᠬᠤᠯᠠ ᠶᠡᠭᠡ ᠪᠡᠯᠡ ᠤᠷᠤᠭᠤᠯᠤᠯᠲᠠ ᠶᠢᠨ ᠲᠦᠷᠦᠯ ᠵᠦᠢᠯ ᠤᠨ ᠭᠠᠵᠠᠷ ᠰᠢᠷᠤᠢ ᠶᠢᠨ ᠬᠡᠷᠡᠭᠯᠡᠬᠦ | ᠡᠷᠬᠡ ᠶᠢ ︽ᠨᠢᠭᠡ ᠶᠠᠪᠤᠳᠠᠯ ᠢ ᠨᠢᠭᠡ ᠵᠦᠪᠯᠡᠬᠦ︾ ᠪᠠ ᠵᠠᠰᠠᠭ ᠤᠨ ᠤᠷᠳᠤᠨ ᠤ ᠬᠤᠷᠠᠯ ᠢᠶᠠᠷ ᠪᠠᠲᠤᠯᠠᠨ᠎ᠠ᠃ | ⒋ ᠬᠤᠰᠢᠭᠤᠨ ᠤ ᠪᠡᠯᠡ ᠤᠷᠤᠭᠤᠯᠤᠭᠰᠡᠳ ᠢ ᠬᠤᠲᠠ ᠶᠢᠨ ᠲᠡᠭᠦᠷᠭᠡ ᠪᠠ ᠰᠤᠮᠦ ᠪᠠᠯᠭᠠᠰᠤᠨ ᠤ | ᠠᠭᠯᠠᠭ ᠠᠭᠤᠯᠠ᠂ ᠠᠲᠠᠷ ᠲᠠᠯ᠎ᠠ᠂ ᠡᠯᠡᠰᠦᠨ ᠴᠦᠯ᠂ ᠠᠲᠠᠷ ᠲᠠᠩ᠂ ᠭᠤᠤ ᠰᠤᠪᠠᠭ ᠢ ᠨᠡᠬᠡᠬᠡᠨ ᠠᠰᠢᠭᠯᠠᠬᠤ ᠶᠢ | ᠵᠤᠷᠢᠭᠵᠢᠭᠤᠯᠵᠦ᠂ ᠬᠡᠷᠡᠭᠯᠡᠬᠦ ᠬᠤᠭᠤᠴᠠᠭ᠎ᠠ ᠨᠢ ᠬᠠᠮᠤᠭ ᠤᠷᠲᠦ ᠲᠠᠭᠠᠨ 50 ᠵᠢᠯ᠃ | ⒌ ᠳᠡᠭᠡᠷ᠎ᠡ ᠲᠤᠷᠠᠲᠤᠭᠰᠠᠨ ᠭᠠᠵᠠᠷ ᠰᠢᠷᠤᠢ ᠬᠤᠳᠠᠯᠳᠤᠨ ᠠᠪᠬᠤ ᠮᠦᠩᠭᠦ ᠶᠢ ᠤᠯᠤᠰ ᠤᠨ ᠭᠠᠵᠠᠷ | ᠰᠢᠷᠤᠢ ᠡᠬᠢ ᠪᠠᠶᠠᠯᠢᠭ ᠤᠨ ᠰᠠᠯᠠᠭ᠎ᠠ ᠮᠦᠴᠢᠷ ᠤᠨ ᠭᠠᠵᠠᠷ ᠬᠤᠪᠢᠶᠠᠭᠰᠠᠨ ᠪᠠᠷᠢᠮᠵᠢᠶ᠎ᠠ ᠪᠠᠷ ᠬᠤᠷᠢᠶᠠᠨ᠎ᠠ ᠃ | ᠨᠠᠢᠮᠠᠳᠤᠭᠠᠷ ᠵᠤᠷᠪᠤᠰ ᠵᠠᠰᠠᠭ ᠵᠠᠬᠢᠷᠭᠠᠨ ᠤ ᠠᠵᠢᠯ ᠦᠢᠯᠡᠰ ᠤᠨ ᠰᠢᠨᠵᠢᠲᠠᠢ ᠰᠦᠢᠳᠭᠡᠯ ᠤᠨ | ᠬᠠᠷᠠᠭᠠᠯᠵᠠᠬᠤ ᠲᠦᠷᠦ ᠶᠢᠨ ᠪᠤᠳᠤᠯᠭ᠎ᠠ | ⒈ ᠦᠢᠯᠡᠳᠪᠤᠷᠢᠯᠡᠯ ᠤᠨ ᠴᠢᠨᠠᠷᠲᠠᠢ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢᠨ ᠨᠢᠭᠡ ᠯᠠ | ᠤᠳᠠᠭᠠᠨ ᠤ ᠰᠦᠢᠳᠭᠡᠯ ᠬᠤᠷᠢᠶᠠᠬᠤ ᠲᠦᠷᠦᠯ ᠵᠦᠢᠯ ᠳᠤ᠂ ᠭᠠᠵᠠᠷ ᠰᠢᠷᠤᠢ ᠲᠠᠲᠠᠪᠤᠷᠢᠯᠠᠬᠤ ᠬᠠᠮᠢᠶᠠᠷᠤᠯᠲᠠ ᠶᠢᠨ | ᠰᠦᠢᠳᠭᠡᠯ᠂ ᠰᠢᠨ᠎ᠡ ᠭᠠᠵᠠᠷ ᠰᠢᠷᠤᠢ ᠶᠢ ᠨᠡᠬᠡᠬᠡᠨ ᠠᠰᠢᠭᠯᠠᠭᠰᠠᠨ ᠰᠠᠭᠤᠷᠢ ᠮᠦᠩᠭᠦ᠂ ᠵᠠᠮ ᠡᠵᠡᠯᠡᠭᠰᠡᠨ ᠰᠦᠢᠳᠬᠡᠯ᠂ | ᠤᠰᠤ ᠤ ᠪᠠᠭᠲᠠᠭᠠᠮᠵᠢ ᠶᠢ ᠨᠡᠮᠡᠭᠳᠡᠭᠦᠯᠦᠭᠰᠡᠨ ᠰᠦᠢᠳᠬᠡᠯ᠂ ᠰᠤᠯᠢᠯᠴᠠᠭᠠᠨ ᠤ ᠬᠠᠮᠢᠶᠠᠷᠤᠯᠲᠠ ᠶᠢᠨ ᠰᠦᠢᠳᠬᠡᠯ | ᠵᠡᠷᠭᠡ ᠳᠠᠪᠤᠨ ᠲᠦᠷᠦᠯ ᠤᠨ ᠰᠦᠢᠳᠭᠡᠯ ᠢ ᠪᠦᠬᠦᠨ ᠢ ᠬᠡᠯᠲᠦᠷᠢᠭᠦᠯᠵᠦ᠂ ᠪᠤᠰᠤᠳ ᠶᠢ ᠨᠢ ᠬᠠᠮᠤᠭ ᠳᠤᠤᠷ᠎ᠠ | ᠰᠦᠢᠳᠭᠡᠯ ᠬᠤᠷᠢᠶᠠᠬᠤ ᠪᠠᠷᠢᠮᠵᠢᠶ᠎ᠠ ᠪᠠᠷ ᠬᠤᠷᠢᠶᠠᠨ᠎ᠠ᠃ | ⒉ ᠮᠠᠨ ᠤ ᠬᠤᠰᠢᠭᠤᠨ ᠳᠤ ᠪᠠᠶᠢᠭᠤᠯᠤᠭᠰᠠᠨ ᠲᠦᠷᠦᠯ ᠵᠦᠢᠯ ᠢ ᠠᠰᠢᠭᠯᠠᠯᠲᠠ ᠳᠤ ᠤᠷᠤᠭᠤᠯᠤᠭᠰᠠᠨ | ᠡᠳᠤᠷ ᠠᠴᠠ ᠡᠬᠢᠯᠡᠵᠦ ᠭᠤᠷᠪᠠᠨ ᠵᠢᠯ ᠤᠨ ᠳᠤᠲᠤᠷ᠎ᠠ ᠨᠢᠭᠡ ᠯᠡ ᠤᠳᠠᠭᠠᠨ ᠤ ᠴᠢᠨᠠᠷᠲᠠᠢ ᠵᠠᠰᠠᠭ ᠵᠠᠬᠢᠷᠭᠠᠨ ᠤ | ᠠᠵᠢᠯ ᠦᠢᠯᠡᠰ ᠤᠨ ᠰᠦᠢᠳᠭᠡᠯ ᠬᠤᠷᠢᠶᠠᠬᠤ ᠠᠴᠠ ᠭᠠᠳᠠᠨ᠎ᠠ᠂ ᠪᠤᠰᠤᠳ ᠵᠠᠰᠠᠭ ᠵᠠᠬᠢᠷᠭᠠᠨ ᠤ ᠠᠵᠢᠯ ᠦᠢᠯᠡᠰ ᠤᠨ | ᠰᠦᠢᠳᠭᠡᠯ ᠢ ᠪᠦᠬᠦᠨ ᠢ ᠬᠡᠯᠲᠦᠷᠢᠭᠦᠯᠦᠨ᠎ᠡ᠃ ᠭᠤᠷᠪᠠᠨ ᠵᠢᠯ ᠤᠨ ᠳᠠᠷᠠᠭ᠎ᠠ ᠨᠡᠶᠢᠲᠡᠯᠡᠬᠦ ᠲᠦᠷᠢᠮ ᠢ ᠬᠡᠷᠡᠭᠵᠢᠭᠦᠯᠵᠦ᠂ | ᠬᠠᠮᠤᠭ ᠳᠤᠤᠷ᠎ᠠ ᠪᠠᠷᠢᠮᠵᠢᠶ᠎ᠠ ᠪᠠᠷ ᠰᠦᠢᠳᠭᠡᠯ ᠬᠤᠷᠢᠶᠠᠨ᠎ᠠ᠃ | ⒊ ᠠᠵᠦ ᠦᠢᠯᠡᠳᠪᠦᠷᠢ ᠶᠢᠨ ᠲᠣᠭᠤᠷᠢᠭ ᠲᠤ ᠪᠡᠯᠡ ᠤᠷᠤᠭᠤᠯᠵᠤ ᠪᠠᠶᠢᠭᠤᠯᠤᠭᠰᠠᠨ ᠲᠦᠷᠦᠯ ᠵᠦᠢᠯ ᠢ | ᠠᠰᠢᠭᠯᠠᠯᠲᠠ ᠳᠤ ᠤᠷᠤᠭᠤᠯᠤᠭᠰᠠᠨ ᠡᠳᠤᠷ ᠠᠴᠠ ᠨᠢ ᠡᠬᠢᠯᠡᠵᠦ ᠲᠠᠪᠤᠨ ᠵᠢᠯ ᠤᠨ ᠳᠤᠳᠤᠷ᠎ᠠ ᠨᠢᠭᠡᠯᠠ ᠤᠳᠠᠭᠠᠨ ᠤ | ᠴᠢᠨᠠᠷᠲᠠᠢ ᠵᠠᠰᠠᠭ ᠵᠠᠬᠢᠷᠭᠠᠨ ᠤ ᠠᠵᠢᠯ ᠦᠢᠯᠡᠰ ᠤᠨ ᠰᠦᠢᠳᠭᠡᠯ ᠬᠤᠷᠢᠶᠠᠬᠤ ᠠᠴᠠ ᠭᠠᠳᠠᠨ᠎ᠠ᠂ ᠪᠤᠰᠤᠳ ᠵᠠᠰᠠᠭ | ᠵᠠᠬᠢᠷᠭᠠᠨ ᠤ ᠠᠵᠢᠯ ᠦᠢᠯᠡᠰ ᠤᠨ ᠰᠦᠢᠳᠭᠡᠯ ᠢ ᠪᠦᠬᠦᠨ ᠢ ᠬᠡᠯᠲᠦᠷᠢᠭᠦᠯᠦᠨ᠎ᠡ᠃ | |