ᠨᠡᠶᠢᠭᠡᠮ ᠤᠨ ᠡᠯ᠎ᠡ ᠡᠲᠡᠭᠡᠳ ᠤᠨ ᠬᠢᠨ ᠢ ᠢᠳᠡᠪᠬᠢᠲᠠᠢ ᠪᠠᠷ ᠠᠷᠠᠯᠵᠢᠶᠠᠴᠢᠨ ᠤᠷᠢᠵᠤ ᠪᠡᠯᠡ ᠲᠠᠲᠠᠬᠤ | ᠠᠵᠢᠯ ᠳᠤ ᠣᠷᠤᠯᠴᠠᠬᠤ ᠶᠢ ᠵᠣᠷᠢᠭᠵᠢᠭᠤᠯᠵᠤ᠂ ᠪᠦᠬᠦ ᠬᠤᠰᠢᠭᠤᠨ ᠤ ᠠᠵᠤ ᠠᠬᠤᠢ ᠶᠢᠨ ᠴᠢᠨᠠᠷᠯᠢᠭ ᠪᠦᠭᠡᠳ | ᠲᠥᠷᠭᠡᠨ ᠬᠦᠭᠵᠢᠯᠲᠡ ᠶᠢ ᠠᠬᠢᠭᠤᠯᠬᠤ ᠶᠢᠨ ᠲᠥᠯᠥᠭᠡ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠠᠴᠠ ᠠᠷᠠᠯᠵᠢᠶᠠᠴᠢᠨ ᠤᠷᠢᠭᠰᠠᠨ ᠠᠷᠪᠠᠨ ᠶᠡᠭᠡ ᠭᠤᠣᠯᠳᠠᠯᠭᠠᠲᠤ ᠲᠥᠷᠥᠯ ᠵᠦᠢᠯ ᠢ ᠱᠠᠩᠨᠠᠬᠤ ᠪᠠᠷ | ᠲᠣᠭᠲᠠᠪᠠ᠃ ᠠᠷᠠᠯᠵᠢᠶᠠᠴᠢᠨ ᠤᠷᠢᠭᠰᠠᠨ ᠲᠥᠷᠥᠯ ᠵᠦᠢᠯ ᠤᠨ ᠲᠣᠭᠲᠠᠮᠠᠯ ᠬᠦᠷᠥᠩᠭᠡ ᠶᠢᠨ ᠪᠡᠯᠡ | ᠣᠷᠤᠭᠤᠯᠤᠯᠲᠠ ᠶᠢᠨ ᠬᠦᠷᠢᠶ᠎ᠡ ᠬᠡᠪᠴᠢᠶ᠎ᠡ ᠪᠠ ᠤᠷᠢᠳᠴᠢᠯᠠᠨ ᠵᠢᠱᠢᠭᠰᠡᠨ ᠠᠰᠢᠭ ᠣᠷᠤᠯᠭ᠎ᠠ ᠶᠢᠨ ᠪᠠᠶᠢᠳᠠᠯ ᠢ | ᠦᠨᠳᠦᠰᠦᠯᠡᠵᠦ᠂ ᠱᠠᠩᠨᠠᠬᠤ ᠪᠠᠷᠢᠮᠵᠢᠶ᠎ᠠ ᠶᠢ ᠲᠤᠰ ᠲᠤᠰ 50 ᠲᠦᠮᠡᠨ ᠲᠦᠭᠦᠷᠢᠭ᠂ 30 ᠲᠦᠮᠡᠨ ᠲᠦᠭᠦᠷᠢᠭ᠂ | 20 ᠲᠦᠮᠡᠨ ᠲᠦᠭᠦᠷᠢᠭ᠂ 10 ᠲᠦᠮᠡᠨ ᠲᠦᠭᠦᠷᠢᠭ ᠢᠶᠠᠷ ᠲᠣᠭᠲᠠᠭᠠᠪᠠ᠃ ᠪᠣᠳᠠᠲᠠᠢ ᠪᠠᠷᠢᠮᠵᠢᠶ᠎ᠠ ᠨᠢ ᠳᠣᠣᠷᠠᠬᠢ | ᠮᠡᠲᠦ᠄ | ᠨᠢᠭᠡ᠂ ᠠᠷᠠᠯᠵᠢᠶᠠᠴᠢᠨ ᠤᠷᠢᠵᠤ ᠪᠡᠯᠡ ᠲᠠᠲᠠᠭᠰᠠᠨ ᠭᠤᠣᠯᠳᠠᠯᠭᠠᠲᠤ ᠲᠥᠷᠥᠯ ᠵᠦᠢᠯ ᠵᠢᠴᠢ ᠱᠠᠩᠨᠠᠬᠤ | ᠪᠠᠷᠢᠮᠵᠢᠶ᠎ᠠ | ︵ᠨᠢᠭᠡ︶ 50 ᠲᠦᠮᠡᠨ ᠲᠦᠭᠦᠷᠢᠭ ᠤᠨ ᠱᠠᠩᠨᠠᠬᠤ ᠲᠥᠷᠥᠯ ᠵᠦᠢᠯ ︵1︶ | ⒈ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠨᠢ 5 ᠳ᠋ᠦᠩᠰᠢᠭᠤᠷ ᠲᠦᠭᠦᠷᠢᠭ ᠠᠴᠠ | ᠳᠡᠭᠡᠭᠰᠢᠬᠢ ᠥᠩᠭᠡᠲᠦ ᠲᠡᠮᠦᠷᠯᠢᠭ ᠨᠠᠷᠢᠯᠢᠭ ᠪᠣᠯᠪᠠᠰᠤᠷᠠᠭᠤᠯᠬᠤ ᠲᠥᠷᠥᠯ ᠵᠦᠢᠯ᠃ | ︵ᠬᠤᠶᠠᠷ︶ 30 ᠲᠦᠮᠡᠨ ᠲᠦᠭᠦᠷᠢᠭ ᠤᠨ ᠱᠠᠩᠨᠠᠬᠤ ᠲᠥᠷᠥᠯ ᠵᠦᠢᠯ ︵4︶ | ⒉ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠨᠢ 2 ᠳ᠋ᠦᠩᠰᠢᠭᠤᠷ ᠲᠦᠭᠦᠷᠢᠭ ᠠᠴᠠ | ᠳᠡᠭᠡᠭᠰᠢᠬᠢ ᠬᠤᠷᠭᠤᠯᠵᠢᠨ ᠬᠦᠴᠢᠯ ᠤᠨ ᠴᠡᠨᠡᠭ ᠤᠨ ᠲᠥᠷᠥᠯ ᠵᠦᠢᠯ᠃ | ⒊ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠨᠢ 5 ᠳ᠋ᠦᠩᠰᠢᠭᠤᠷ ᠲᠦᠭᠦᠷᠢᠭ ᠠᠴᠠ | ᠳᠡᠭᠡᠭᠰᠢᠬᠢ ᠴᠣᠬᠤᠢ ᠶᠢᠨ ᠴᠢᠯᠠᠭᠤ ᠶᠢᠨ ᠪᠦᠲᠦᠭᠡᠭᠳᠡᠬᠦᠨ ᠤ ᠲᠥᠷᠥᠯ ᠵᠦᠢᠯ᠃ | ⒋ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠨᠢ 2 ᠳ᠋ᠦᠩᠰᠢᠭᠤᠷ ᠲᠦᠭᠦᠷᠢᠭ ᠠᠴᠠ | ᠳᠡᠭᠡᠭᠰᠢᠬᠢ ᠹᠧᠯᠤᠷ ᠤᠨ ᠠᠵᠤ ᠦᠢᠯᠡᠳᠪᠦᠷᠢ ᠶᠢᠨ ᠲᠥᠷᠥᠯ ᠵᠦᠢᠯ᠃ | ⒌ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠨᠢ 20 ᠳ᠋ᠦᠩᠰᠢᠭᠤᠷ ᠲᠦᠭᠦᠷᠢᠭ ᠠᠴᠠ | ᠳᠡᠭᠡᠭᠰᠢᠬᠢ ᠨᠠᠷᠠᠨ ᠡᠨᠧᠷᠭᠢ ᠵᠢᠴᠢ ᠨᠠᠷᠠᠨ ᠡᠨᠧᠷᠭᠢ ᠶᠢᠨ ᠴᠠᠬᠢᠯᠭᠠᠨ ᠬᠦᠴᠦᠨ ᠤ ᠲᠥᠷᠥᠯ ᠵᠦᠢᠯ᠃ | ︵ᠭᠤᠷᠪᠠ︶ 20 ᠲᠦᠮᠡᠨ ᠲᠦᠭᠦᠷᠢᠭ ᠤᠨ ᠱᠠᠩᠨᠠᠬᠤ ᠲᠥᠷᠥᠯ ᠵᠦᠢᠯ ︵4︶ | ⒍ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠨᠢ 0.7 ᠳ᠋ᠦᠩᠰᠢᠭᠤᠷ ᠲᠦᠭᠦᠷᠢᠭ ᠠᠴᠠ | ᠳᠡᠭᠡᠭᠰᠢᠬᠢ ᠨᠡᠬᠡᠮᠡᠯ ᠪᠠ ᠬᠤᠪᠴᠠᠰᠤ ᠬᠢᠬᠦ ᠲᠥᠷᠥᠯ ᠵᠦᠢᠯ᠃ | ⒎ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠨᠢ 1 ᠳ᠋ᠦᠩᠰᠢᠭᠤᠷ ᠲᠦᠭᠦᠷᠢᠭ ᠠᠴᠠ | ᠳᠡᠭᠡᠭᠰᠢᠬᠢ ᠪᠣᠯᠪᠠᠰᠤᠷᠠᠭᠤᠯᠵᠤ ᠦᠢᠯᠡᠳᠬᠦ ᠲᠥᠷᠥᠯ ᠵᠦᠢᠯ᠃ | ⒏ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠨᠢ 2 ᠳ᠋ᠦᠩᠰᠢᠭᠤᠷ ᠲᠦᠭᠦᠷᠢᠭ ᠠᠴᠠ | ᠳᠡᠭᠡᠭᠰᠢᠬᠢ ᠮᠠᠯ ᠲᠠᠷᠢᠶᠠᠯᠠᠩ ᠤᠨ ᠪᠦᠲᠦᠭᠡᠭᠳᠡᠬᠦᠨ ᠪᠣᠯᠪᠠᠰᠤᠷᠠᠭᠤᠯᠬᠤ ᠪᠠ ᠢᠳᠡᠭᠡᠨ ᠪᠣᠯᠪᠠᠰᠤᠷᠠᠭᠤᠯᠬᠤ ᠲᠥᠷᠥᠯ | ᠵᠦᠢᠯ᠃ | ⒐ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠨᠢ 1 ᠳ᠋ᠦᠩᠰᠢᠭᠤᠷ ᠲᠦᠭᠦᠷᠢᠭ ᠠᠴᠠ | ᠳᠡᠭᠡᠭᠰᠢᠬᠢ ᠪᠤᠳᠠᠰ ᠤᠨ ᠭᠦᠢᠯᠭᠡᠭᠡᠨ ᠤ ᠲᠣᠭᠤᠷᠢᠭ ᠤᠨ ᠲᠥᠷᠥᠯ ᠵᠦᠢᠯ᠃ | ︵ᠳᠥᠷᠪᠡ︶ 10 ᠲᠦᠮᠡᠨ ᠲᠦᠭᠦᠷᠢᠭ ᠤᠨ ᠱᠠᠩᠨᠠᠬᠤ ᠲᠥᠷᠥᠯ ᠵᠦᠢᠯ ︵1︶ | ⒑ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠨᠢ 1 ᠳ᠋ᠦᠩᠰᠢᠭᠤᠷ ᠲᠦᠭᠦᠷᠢᠭ ᠠᠴᠠ | ᠳᠡᠭᠡᠭᠰᠢᠬᠢ ᠰᠣᠪᠤᠳᠯᠢᠭ ᠴᠢᠯᠠᠭᠤᠯᠢᠭ ᠪᠣᠯᠪᠠᠰᠤᠷᠠᠭᠤᠯᠬᠤ ᠲᠥᠷᠥᠯ ᠵᠦᠢᠯ᠃ | ᠡᠭᠦᠨ ᠤ ᠬᠠᠮᠲᠤ᠂ ᠠᠵᠤ ᠦᠢᠯᠡᠳᠪᠦᠷᠢ ᠶᠢᠨ ᠲᠣᠭᠤᠷᠢᠭ ᠲᠤ ᠰᠠᠭᠤᠷᠢᠰᠢᠭ᠎ᠠ ᠪᠣᠯᠪᠠᠴᠤ ᠠᠷᠠᠯᠵᠢᠶᠠᠴᠢᠨ ᠤᠷᠢᠵᠤ | ᠪᠡᠯᠡ ᠲᠠᠲᠠᠭᠰᠠᠨ ᠭᠤᠣᠯᠳᠠᠯᠭᠠᠲᠤ ᠲᠥᠷᠥᠯ ᠵᠦᠢᠯ ᠤᠨ ᠱᠠᠩᠨᠠᠬᠤ ᠬᠦᠷᠢᠶ᠎ᠡ ᠬᠡᠪᠴᠢᠶ᠎ᠡ ᠳᠤ ᠪᠠᠭᠲᠠᠭᠰᠠᠨ ᠦᠭᠡᠢ᠂ | ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠨᠢ 5 ᠮᠢᠩᠭᠠᠨ ᠲᠦᠮᠡᠨ ᠲᠦᠭᠦᠷᠢᠭ ᠠᠴᠠ ᠳᠡᠭᠡᠭᠰᠢᠬᠢ ᠲᠥᠷᠥᠯ | ᠵᠦᠢᠯ ᠤᠨ ᠪᠡᠯᠡ ᠣᠷᠤᠭᠤᠯᠤᠭᠴᠢ ᠳᠤ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠶᠢᠨ ᠬᠢᠨᠢ ᠮᠢᠩᠭᠠᠨ ᠤ | ᠨᠢᠭᠡ ᠬᠤᠪᠢ ᠪᠠᠷ ᠱᠠᠩᠨᠠᠨ᠎ᠠ︔ ᠪᠤᠳᠠᠰ ᠤᠨ ᠭᠦᠢᠯᠭᠡᠭᠡᠨ ᠤ ᠲᠣᠭᠤᠷᠢᠭ ᠲᠤ ᠰᠠᠭᠤᠷᠢᠰᠢᠭ᠎ᠠ ᠪᠣᠯᠪᠠᠴᠤ | ᠠᠷᠠᠯᠵᠢᠶᠠᠴᠢᠨ ᠤᠷᠢᠵᠤ ᠪᠡᠯᠡ ᠲᠠᠲᠠᠭᠰᠠᠨ ᠭᠤᠣᠯᠳᠠᠯᠭᠠᠲᠤ ᠲᠥᠷᠥᠯ ᠵᠦᠢᠯ ᠤᠨ ᠱᠠᠩᠨᠠᠬᠤ ᠬᠦᠷᠢᠶ᠎ᠡ ᠬᠡᠪᠴᠢᠶ᠎ᠡ ᠳᠤ | ᠪᠠᠭᠲᠠᠭᠰᠠᠨ ᠦᠭᠡᠢ᠂ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠨᠢ 3 ᠮᠢᠩᠭᠠᠨ ᠲᠦᠮᠡᠨ | ᠲᠦᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠪᠡᠯᠡ ᠣᠷᠤᠭᠤᠯᠤᠭᠴᠢ ᠳᠤ ᠲᠣᠭᠲᠠᠮᠠᠯ ᠬᠦᠷᠦᠩᠭᠡ ᠶᠢᠨ ᠪᠡᠯᠡ | ᠣᠷᠤᠭᠤᠯᠤᠯᠲᠠ ᠶᠢᠨ ᠬᠢᠨᠢ ᠮᠢᠩᠭᠠᠨ ᠤ ᠨᠢᠭᠡ ᠬᠤᠪᠢ ᠪᠠᠷ ᠱᠠᠩᠨᠠᠨ᠎ᠠ︔ | ᠬᠤᠶᠠᠷ᠂ ᠠᠷᠠᠯᠵᠢᠶᠠᠴᠢᠨ ᠤᠷᠢᠵᠤ ᠪᠡᠯᠡ ᠲᠠᠲᠠᠭᠰᠠᠨ ᠭᠤᠤᠯᠳᠠᠯᠭᠠᠲᠤ ᠲᠥᠷᠥᠯ ᠵᠦᠢᠯ | ᠵᠦᠪᠰᠢᠶᠡᠷᠡᠭᠳᠡᠭᠰᠡᠨ ᠤ ᠳᠠᠷᠠᠭᠠᠬᠢ ᠲᠥᠷᠥ ᠶᠢᠨ ᠪᠣᠳᠤᠯᠭ᠎ᠠ ᠶᠢᠨ ᠠᠰᠢᠭ ᠬᠦᠷᠲᠡᠭᠡᠯ | ︵ᠨᠢᠭᠡ︶ ᠠᠷᠠᠯᠵᠢᠶᠠᠴᠢᠨ ᠤᠷᠢᠵᠤ ᠪᠡᠯᠡ ᠲᠠᠲᠠᠭᠰᠠᠨ ᠭᠤᠤᠯᠳᠠᠯᠭᠠᠲᠤ ᠲᠥᠷᠥᠯ ᠵᠦᠢᠯ ᠪᠣᠯᠭᠠᠨ ᠴᠦᠮ | ᠤᠯᠤᠰ ᠤᠨ ᠪᠠᠷᠠᠭᠤᠨ ᠣᠷᠣᠨ ᠢ ᠨᠡᠭᠡᠭᠡᠨ ᠬᠦᠭᠵᠢᠭᠦᠯᠬᠦ᠂ ᠵᠡᠭᠦᠨ ᠬᠤᠶᠢᠲᠤ ᠣᠷᠣᠨ ᠤ ᠬᠠᠭᠤᠴᠢᠨ ᠠᠵᠤ | ᠦᠢᠯᠡᠳᠪᠦᠷᠢ ᠶᠢᠨ ᠰᠠᠭᠤᠷᠢᠨ ᠢ ᠰᠡᠷᠭᠦᠭᠡᠨ ᠮᠠᠨᠳᠤᠭᠤᠯᠬᠤ ᠵᠢᠴᠢ ᠪᠠᠭᠠᠷᠢᠨ ᠵᠡᠭᠦᠨ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠠᠴᠠ ᠲᠣᠭᠲᠠᠭᠠᠭᠰᠠᠨ ᠡᠯ᠎ᠡ ᠵᠦᠢᠯ ᠤᠨ ᠴᠢᠯᠦᠭᠡᠲᠡᠢ ᠠᠷᠠᠯᠵᠢᠶᠠᠴᠢᠨ ᠤᠷᠢᠵᠤ ᠪᠡᠯᠡ ᠲᠠᠲᠠᠬᠤ | ᠬᠠᠷᠠᠭᠠᠯᠵᠠᠬᠤ ᠲᠥᠷᠥ ᠶᠢᠨ ᠪᠣᠳᠤᠯᠭ᠎ᠠ ᠶᠢᠨ ᠬᠠᠷᠠᠭᠠᠯᠵᠠᠯ ᠢ ᠬᠦᠷᠲᠡᠨ᠎ᠡ᠃ | ︵ᠬᠤᠶᠠᠷ︶ ᠲᠥᠷᠥᠯ ᠵᠦᠢᠯ ᠤᠨ ᠪᠡᠯᠡ ᠣᠷᠤᠭᠤᠯᠤᠯᠲᠠ ᠶᠢᠨ ᠬᠡᠮᠵᠢᠶ᠎ᠡ ᠵᠢᠴᠢ ᠮᠠᠨ ᠤ ᠬᠤᠰᠢᠭᠤᠨ ᠤ | ᠠᠵᠤ ᠠᠬᠤᠢ ᠶᠢᠨ ᠬᠦᠭᠵᠢᠯᠲᠡ ᠳᠤ ᠦᠵᠡᠭᠦᠯᠦᠭᠰᠡᠨ ᠦᠢᠯᠡᠳᠦᠯ ᠤᠨ ᠬᠢᠨᠢ ᠶᠡᠭᠡ ᠪᠠᠭ᠎ᠠ ᠶᠢ ᠦᠨᠳᠦᠰᠦᠯᠡᠵᠦ᠂ | ᠮᠠᠨ ᠤ ᠬᠤᠰᠢᠭᠤᠨ ᠤ ᠠᠵᠤ ᠦᠢᠯᠡᠳᠪᠦᠷᠢ ᠶᠢᠨ ᠲᠣᠭᠤᠷᠢᠭ ᠪᠣᠯᠤᠨ ᠪᠤᠳᠠᠰ ᠤᠨ ᠭᠦᠢᠯᠭᠡᠭᠡᠨ ᠤ ᠲᠣᠭᠤᠷᠢᠭ ᠲᠤ | ᠰᠠᠭᠤᠷᠢᠰᠢᠭ᠎ᠠ ᠠᠷᠠᠯᠵᠢᠶᠠᠴᠢᠨ ᠣᠷᠢᠭᠰᠠᠨ ᠭᠤᠤᠯᠳᠠᠯᠭᠠᠲᠤ ᠲᠥᠷᠥᠯ ᠵᠦᠢᠯ ᠤᠨ ᠭᠠᠵᠠᠷ ᠰᠢᠷᠤᠢ ᠶᠢᠨ ᠲᠥᠷᠥ ᠶᠢᠨ | ᠪᠣᠳᠤᠯᠭ᠎ᠠ ᠶᠢ ︽ᠪᠠᠭᠠᠷᠢᠨ ᠵᠡᠭᠦᠨ ᠬᠤᠰᠢᠭᠤᠨ ᠤ ᠭᠠᠳᠠᠭᠰᠢ ᠲᠠᠢ ᠴᠢᠯᠦᠭᠡᠲᠡᠢ ᠶᠠᠪᠤᠯᠴᠠᠨ ᠠᠷᠠᠯᠵᠢᠶᠠᠴᠢᠨ ᠤᠷᠢᠵᠤ | ᠪᠡᠯᠡ ᠲᠠᠲᠠᠬᠤ ᠬᠠᠷᠠᠭᠠᠯᠵᠠᠬᠤ ᠲᠥᠷᠥ ᠶᠢᠨ ᠪᠣᠳᠤᠯᠭ᠎ᠠ︾ ︵ᠪᠠᠭᠠᠷᠢᠨ ᠵᠡᠭᠦᠨ ᠬᠤᠰᠢᠭᠤᠨ ᠤ ᠵᠠᠰᠠᠭ ᠤᠨ | ᠣᠷᠳᠣᠨ ᠠᠴᠠ ᠲᠠᠷᠬᠠᠭᠠᠭᠰᠠᠨ ﹇2006﹈ 32 ᠲᠣᠭᠠᠲᠤ︶ ᠶᠢᠨ ᠲᠣᠭᠲᠠᠭᠠᠯ ᠢᠶᠠᠷ ᠭᠦᠢᠴᠡᠳᠬᠡᠨ᠎ᠡ᠃ ᠣᠷᠣᠨ | ᠨᠤᠲᠤᠭ ᠤᠨ ᠠᠵᠤ ᠠᠬᠤᠢ ᠳᠤ ᠶᠡᠬᠡᠬᠡᠨ ᠲᠦᠯᠬᠢᠴᠡ ᠦᠢᠯᠡᠳᠦᠯ ᠦᠵᠡᠭᠦᠯᠦᠭᠰᠡᠨ ᠲᠥᠷᠥᠯ ᠵᠦᠢᠯ ᠳᠤ ᠭᠠᠵᠠᠷ | ᠰᠢᠷᠤᠢ ᠶᠢᠨ ᠲᠥᠷᠥ ᠶᠢᠨ ᠪᠣᠳᠤᠯᠭ᠎ᠠ ᠶᠢᠨ ᠨᠡᠩ ᠶᠡᠭᠡ ᠬᠠᠷᠠᠭᠠᠯᠵᠠᠯ ᠦᠵᠡᠭᠦᠯᠦᠨ᠎ᠡ᠃ | ︵ᠭᠤᠷᠪᠠ︶ ᠠᠷᠠᠯᠵᠢᠶᠠᠴᠢᠨ ᠤᠷᠢᠵᠤ ᠪᠡᠯᠡ ᠲᠠᠲᠠᠭᠰᠠᠨ ᠭᠤᠣᠯᠳᠠᠯᠭᠠᠲᠤ ᠲᠥᠷᠥᠯ ᠵᠦᠢᠯ ᠠᠴᠠ ᠭᠠᠶᠢᠯᠢ | ᠬᠤᠷᠢᠶᠠᠬᠤ ᠪᠠ ᠵᠠᠰᠠᠭ ᠵᠠᠬᠢᠷᠭᠠᠨ ᠤ ᠴᠢᠨᠠᠷᠲᠠᠢ ᠠᠵᠢᠯ ᠦᠢᠯᠡᠰ ᠤᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ︽ | ᠪᠠᠭᠠᠷᠢᠨ ᠵᠡᠭᠦᠨ ᠬᠤᠰᠢᠭᠤᠨ ᠤ ᠭᠠᠳᠠᠭᠰᠢ ᠲᠠᠢ ᠴᠢᠯᠦᠭᠡᠲᠡᠢ ᠶᠠᠪᠤᠯᠴᠠᠨ ᠠᠷᠠᠯᠵᠢᠶᠠᠴᠢᠨ ᠤᠷᠢᠵᠤ ᠪᠡᠯᠡ ᠲᠠᠲᠠᠬᠤ | ᠬᠠᠷᠠᠭᠠᠯᠵᠠᠬᠤ ᠲᠥᠷᠥ ᠶᠢᠨ ᠪᠣᠳᠤᠯᠭ᠎ᠠ︾ ︵ᠪᠠᠭᠠᠷᠢᠨ ᠵᠡᠭᠦᠨ ᠬᠤᠰᠢᠭᠤᠨ ᠤ ᠵᠠᠰᠠᠭ ᠤᠨ ᠣᠷᠳᠣᠨ ᠠᠴᠠ | ᠲᠠᠷᠬᠠᠭᠠᠭᠰᠠᠨ ﹇2006﹈ 32 ᠲᠣᠭᠠᠲᠤ︶ ᠶᠢᠨ ᠲᠣᠭᠲᠠᠭᠠᠯ ᠢᠶᠠᠷ ᠭᠦᠢᠴᠡᠳᠬᠡᠨ᠎ᠡ᠃ ᠬᠠᠷᠠᠭᠠᠯᠵᠠᠯ ᠬᠦᠷᠲᠡᠬᠦ | ᠬᠤᠭᠤᠴᠠᠭ᠎ᠠ ᠶᠢ ᠪᠠᠷᠢᠯᠭ᠎ᠠ ᠡᠬᠢᠯᠡᠭᠰᠡᠨ ᠡᠳᠦᠷ ᠠᠴᠠ ᠡᠬᠢᠯᠡᠵᠦ ᠪᠤᠳᠤᠨ᠎ᠠ᠃ | ︵ᠳᠥᠷᠪᠡ︶ ᠨᠢᠭᠡᠨᠲᠡ ᠭᠡᠷ᠎ᠡ ᠲᠣᠭᠲᠠᠭᠰᠠᠨ ᠠᠷᠠᠯᠵᠢᠶᠠᠴᠢᠨ ᠤᠷᠢᠵᠤ ᠪᠡᠯᠡ ᠲᠠᠲᠠᠭᠰᠠᠨ ᠭᠤᠣᠯᠳᠠᠯᠭᠠᠲᠤ | ᠲᠥᠷᠥᠯ ᠵᠦᠢᠯ ᠤᠨ ᠪᠦᠬᠦ ᠶᠠᠪᠤᠴᠠ ᠳᠤ ︽ᠣᠷᠤᠯᠠᠨ ᠭᠦᠢᠴᠡᠳᠬᠡᠬᠦ ᠳᠦᠷᠢᠮ︾ ᠪᠠ ︽ᠲᠥᠪᠯᠡᠷᠡᠭᠦᠯᠦᠭᠰᠡᠨ | ᠦᠢᠯᠡᠴᠢᠯᠡᠭᠡ︾ ᠶᠢ ᠬᠡᠷᠡᠭᠵᠢᠭᠦᠯᠦᠨ᠎ᠡ᠃ | ︵ᠲᠠᠪᠤ︶ ᠨᠢᠭᠡᠨᠲᠡ ᠪᠠᠷᠢᠯᠭ᠎ᠠ ᠡᠬᠢᠯᠡᠭᠰᠡᠨ ᠠᠷᠠᠯᠵᠢᠶᠠᠴᠢᠨ ᠤᠷᠢᠵᠤ ᠪᠡᠯᠡ ᠲᠠᠲᠠᠭᠰᠠᠨ ᠭᠤᠤᠯᠳᠠᠯᠭᠠᠲᠤ | ᠲᠥᠷᠥᠯ ᠵᠦᠢᠯ ᠳᠤ ᠬᠤᠰᠢᠭᠤ ᠳᠡᠰ ᠤᠨ ᠤᠳᠤᠷᠢᠳᠤᠯᠭ᠎ᠠ ᠲᠤᠰᠠᠯᠠᠨ ᠱᠠᠭᠠᠷᠳᠠᠬᠤ ᠳᠦᠷᠢᠮ ᠢ ᠬᠡᠷᠡᠭᠵᠢᠭᠦᠯᠦᠨ᠎ᠡ᠃ | ︵ᠵᠢᠷᠭᠤᠭ᠎ᠠ︶ ᠣᠨᠴᠠᠭᠠᠢ ᠪᠠᠶᠢᠳᠠᠯ ᠳᠣᠣᠷ᠎ᠠ᠂ ︽ᠣᠨᠴᠠᠭᠠᠢ ᠶᠠᠪᠤᠳᠠᠯ ᠢ ᠣᠨᠴᠠᠭᠠᠢ ᠰᠢᠢᠳᠪᠦᠷᠢᠯᠡᠬᠦ᠂ | ᠨᠢᠭᠡ ᠶᠠᠪᠤᠳᠠᠯ ᠢ ᠨᠢᠭᠡ ᠵᠦᠪᠯᠡᠬᠦ︾ ᠳᠦᠷᠢᠮ ᠢ ᠬᠡᠷᠡᠭᠵᠢᠭᠦᠯᠦᠨ᠎ᠡ᠃ | ᠭᠤᠷᠪᠠ᠂ ᠠᠷᠠᠯᠵᠢᠶᠠᠴᠢᠨ ᠤᠷᠢᠵᠤ ᠪᠡᠯᠡ ᠲᠠᠲᠠᠭᠰᠠᠨ ᠭᠤᠤᠯᠳᠠᠯᠭᠠᠲᠤ ᠲᠥᠷᠥᠯ ᠵᠦᠢᠯ ᠤᠨ ᠱᠠᠩᠨᠠᠬᠤ | ᠬᠦᠷᠢᠶ᠎ᠡ ᠬᠡᠪᠴᠢᠶ᠎ᠡ | ᠬᠤᠰᠢᠭᠤᠨ ᠤ ᠳᠣᠲᠤᠷᠠᠬᠢ ᠪᠦᠬᠦᠶᠢᠯᠡ ᠪᠠᠶᠢᠭᠠᠯᠢ ᠬᠦᠮᠦᠨ᠂ ᠬᠠᠣᠯᠢ ᠶᠢᠨ ᠡᠷᠬᠡᠲᠡᠨ ᠵᠢᠴᠢ ᠪᠣᠰᠣᠳ | ᠵᠣᠬᠢᠶᠠᠨ ᠪᠠᠶᠢᠭᠤᠯᠤᠯᠲᠠ ︵ᠳᠣᠷᠤᠭᠰᠢ ᠪᠠᠲᠤᠯᠠᠨ ᠲᠠᠨᠢᠯᠴᠠᠭᠤᠯᠤᠭᠴᠢ ᠭᠡᠶ᠎ᠡ︶ ᠳᠤ ᠬᠠᠨᠳᠤᠭᠤᠯᠵᠤ᠂ ᠠᠷᠠᠯᠵᠢᠶᠠᠴᠢᠨ | ᠤᠷᠢᠵᠤ ᠪᠡᠯᠡ ᠲᠠᠲᠠᠭᠰᠠᠨ ᠭᠤᠤᠯᠳᠠᠯᠭᠠᠲᠤ ᠲᠥᠷᠥᠯ ᠵᠦᠢᠯ ᠢ ᠤᠷᠢᠵᠤ ᠠᠪᠴᠢᠷᠠᠭᠰᠠᠨ ᠪᠠᠲᠤᠯᠠᠨ | ᠲᠠᠨᠢᠯᠴᠠᠭᠤᠯᠤᠭᠴᠢ ᠶᠢᠨ ᠪᠡᠶ᠎ᠡ ᠶᠢᠨ ᠭᠠᠷᠤᠯ ᠵᠢᠴᠢ ᠰᠠᠭᠤᠭ᠎ᠠ ᠭᠠᠵᠠᠷ ᠢ ᠬᠠᠮᠢᠶᠠᠷᠬᠤ ᠦᠭᠡᠢ ᠪᠠᠷ᠂ ᠲᠤᠰ | ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ ᠴᠦᠮ ᠱᠠᠩᠨᠠᠨ᠎ᠠ᠃ | ᠳᠥᠷᠪᠡ᠂ ᠱᠠᠩᠨᠠᠬᠤ ᠦᠨᠳᠦᠰᠦᠯᠡᠯ ᠪᠣᠯᠤᠨ ᠨᠦᠬᠦᠴᠡᠯ | ︵ᠨᠢᠭᠡ︶ ᠠᠷᠠᠯᠵᠢᠶᠠᠴᠢᠨ ᠤᠷᠢᠵᠤ ᠪᠡᠯᠡ ᠲᠠᠲᠠᠭᠰᠠᠨ ᠭᠤᠤᠯᠳᠠᠯᠭᠠᠲᠤ ᠲᠥᠷᠥᠯ ᠵᠦᠢᠯ ᠤᠨ ᠱᠠᠩᠨᠠᠬᠤ | ᠦᠨᠳᠦᠰᠦᠯᠡᠯ᠄ ᠲᠥᠷᠥᠯ ᠵᠦᠢᠯ ᠢ ᠪᠦᠷᠢᠯᠳᠦᠭᠦᠯᠬᠦ ᠳᠤ ᠬᠡᠷᠡᠭᠰᠡᠬᠦ ᠲᠣᠭᠲᠠᠮᠠᠯ ᠬᠦᠷᠥᠩᠭᠡ ᠶᠢᠨ ᠪᠡᠯᠡ | ᠣᠷᠤᠭᠤᠯᠤᠯᠲᠠ ᠶᠢᠨ ᠬᠡᠮᠵᠢᠶ᠎ᠡ ᠪᠠ ᠦᠢᠯᠡᠳᠪᠦᠷᠢᠯᠡᠯ ᠤᠨ ᠬᠦᠷᠢᠶ᠎ᠡ ᠬᠡᠪᠴᠢᠶ᠎ᠡ ᠪᠠᠷ ᠱᠠᠩᠨᠠᠬᠤ ᠦᠨᠳᠦᠰᠦᠯᠡᠯ ᠪᠣᠯᠭᠠᠵᠤ | ᠂ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠶᠢᠨ ᠬᠡᠮᠵᠢᠶ᠎ᠡ ᠪᠠᠷ ᠭᠤᠣᠯ ᠦᠨᠳᠦᠰᠦᠯᠡᠯ ᠪᠣᠯᠭᠠᠨ᠎ᠠ᠃ | ︵ᠬᠤᠶᠠᠷ︶ ᠠᠷᠠᠯᠵᠢᠶᠠᠴᠢᠨ ᠤᠷᠢᠵᠤ ᠪᠡᠯᠡ ᠲᠠᠲᠠᠭᠰᠠᠨ ᠭᠤᠤᠯᠳᠠᠯᠭᠠᠲᠤ ᠲᠥᠷᠥᠯ ᠵᠦᠢᠯ ᠤᠨ ᠱᠠᠩᠨᠠᠬᠤ | ᠨᠦᠬᠦᠴᠡᠯ᠄ ᠲᠥᠷᠥᠯ ᠵᠦᠢᠯ ᠤᠨ ᠲᠣᠭᠲᠠᠮᠠᠯ ᠬᠦᠷᠥᠩᠭᠡ ᠶᠢᠨ ᠪᠡᠯᠡ ᠣᠷᠤᠭᠤᠯᠤᠯᠲᠠ ᠶᠢᠨ ᠬᠡᠮᠵᠢᠶ᠎ᠡ ᠪᠣᠶᠣ | ᠦᠢᠯᠡᠳᠪᠦᠷᠢᠯᠡᠯ ᠤᠨ ᠬᠦᠷᠢᠶ᠎ᠡ ᠬᠡᠪᠴᠢᠶ᠎ᠡ ᠶᠢᠨ ᠲᠣᠭᠲᠠᠭᠠᠯ ᠳᠤ ᠨᠢᠭᠡᠨᠲᠡ ᠬᠦᠷᠦᠭᠰᠡᠨ ᠪᠠᠶᠢᠪᠠᠯ᠂ ᠲᠥᠷᠥᠯ ᠵᠦᠢᠯ ᠢ | ᠠᠰᠢᠭᠯᠠᠯᠲᠠ ᠳᠤ ᠣᠷᠤᠭᠤᠯᠤᠭᠰᠠᠨ ᠡᠳᠦᠷ ᠠᠴᠠ ᠡᠬᠢᠯᠡᠵᠦ ᠱᠠᠩᠨᠠᠨ᠎ᠠ︔ ᠨᠢᠭᠡᠨᠲᠡ ᠠᠰᠢᠭᠯᠠᠯᠲᠠ ᠳᠤ ᠣᠷᠤᠭᠰᠠᠨ | ᠪᠣᠯᠪᠠᠴᠤ ᠲᠥᠷᠥᠯ ᠵᠦᠢᠯ ᠤᠨ ᠲᠣᠭᠲᠠᠮᠠᠯ ᠬᠦᠷᠥᠩᠭᠡ ᠶᠢᠨ ᠪᠡᠯᠡ ᠣᠷᠤᠭᠤᠯᠤᠯᠲᠠ ᠶᠢᠨ ᠬᠡᠮᠵᠢᠶ᠎ᠡ ᠪᠣᠶᠣ | ᠦᠢᠯᠡᠳᠪᠦᠷᠢᠯᠡᠯ ᠤᠨ ᠬᠦᠷᠢᠶ᠎ᠡ ᠬᠡᠪᠴᠢᠶ᠎ᠡ ᠶᠢᠨ ᠲᠣᠭᠲᠠᠭᠠᠯ ᠳᠤ ᠬᠦᠷᠦᠭᠰᠡᠨ ᠦᠭᠡᠢ ᠪᠠᠶᠢᠪᠠᠯ᠂ ᠲᠣᠭᠲᠠᠮᠠᠯ | ᠬᠦᠷᠦᠩᠭᠡ ᠶᠢᠨ ᠪᠡᠯᠡ ᠣᠷᠤᠭᠤᠯᠤᠯᠲᠠ ᠶᠢᠨ ᠬᠡᠮᠵᠢᠶ᠎ᠡ ᠪᠣᠯᠤᠨ ᠦᠢᠯᠡᠳᠪᠦᠷᠢᠯᠡᠯ ᠤᠨ ᠠᠰᠢᠭ ᠬᠤᠨᠵᠢᠪᠦᠷᠢ ᠶᠢ ᠨᠢ | ᠦᠵᠡᠵᠦ᠂ ︽ᠨᠢᠭᠡ ᠶᠠᠪᠤᠳᠠᠯ ᠢ ᠨᠢᠭᠡ ᠵᠦᠪᠯᠡᠨ︾᠂ ᠱᠠᠩᠨᠠᠬᠤ ᠪᠠᠷᠢᠮᠵᠢᠶ᠎ᠠ ᠶᠢ ᠳᠠᠬᠢᠵᠤ ᠲᠣᠭᠲᠠᠭᠠᠨ᠎ᠠ︔ | ᠠᠰᠢᠭᠯᠠᠯᠲᠠ ᠳᠤ ᠣᠷᠤᠭᠤᠯᠤᠭᠰᠠᠨ ᠦᠭᠡᠢ ᠲᠥᠷᠥᠯ ᠵᠦᠢᠯ ᠢ ᠱᠠᠩᠨᠠᠬᠤ ᠦᠭᠡᠢ᠃ | ᠲᠠᠪᠤ᠂ ᠠᠷᠠᠯᠵᠢᠶᠠᠴᠢᠨ ᠤᠷᠢᠵᠤ ᠪᠡᠯᠡ ᠲᠠᠲᠠᠭᠰᠠᠨ ᠭᠤᠤᠯᠳᠠᠯᠭᠠᠲᠤ ᠲᠥᠷᠥᠯ ᠵᠦᠢᠯ ᠤᠨ ᠱᠠᠩᠨᠠᠯ ᠤᠨ | ᠬᠡᠷᠡᠭᠵᠢᠭᠦᠯᠦᠯᠲᠡ | ︵ᠨᠢᠭᠡ︶ ᠠᠷᠠᠯᠵᠢᠶᠠᠴᠢᠨ ᠤᠷᠢᠵᠤ ᠪᠡᠯᠡ ᠲᠠᠲᠠᠭᠰᠠᠨ ᠭᠤᠤᠯᠳᠠᠯᠭᠠᠲᠤ ᠱᠠᠩᠨᠠᠬᠤ ᠲᠥᠷᠥᠯ ᠵᠦᠢᠯ ᠢ | ᠵᠢᠯ ᠤᠨ ᠡᠬᠢᠨ ᠳᠤ ᠬᠤᠰᠢᠭᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠴᠠ ᠲᠣᠭᠲᠠᠭᠠᠵᠤ᠂ ᠬᠦᠴᠦᠨ | ᠲᠠᠢ ᠬᠤᠭᠤᠴᠠᠭ᠎ᠠ ᠨᠢ ᠨᠢᠭᠡ ᠵᠢᠯ᠃ | ︵ᠬᠤᠶᠠᠷ︶ ᠠᠷᠠᠯᠵᠢᠶᠠᠴᠢᠨ ᠤᠷᠢᠵᠤ ᠪᠡᠯᠡ ᠲᠠᠲᠠᠭᠰᠠᠨ ᠭᠤᠤᠯᠳᠠᠯᠭᠠᠲᠤ ᠲᠥᠷᠥᠯ ᠵᠦᠢᠯ ᠤᠨ ᠱᠠᠩᠨᠠᠯ ᠢ | ᠮᠡᠳᠡᠭᠦᠯᠬᠦ᠂ ᠵᠦᠪᠰᠢᠶᠡᠷᠡᠬᠦ ᠵᠢᠴᠢ ᠣᠯᠭᠤᠬᠤ ᠠᠯᠬᠤᠮ ᠳᠠᠷᠠᠭ᠎ᠠ ᠶᠢ ︽ᠤᠯᠠᠭᠠᠨᠬᠠᠳᠠ ᠬᠤᠲᠠ ᠶᠢᠨ ᠠᠷᠠᠯᠵᠢᠶᠠᠴᠢᠨ | ᠣᠷᠢᠵᠤ ᠪᠡᠯᠡ ᠲᠠᠲᠠᠬᠤ ᠶᠢ ᠱᠠᠩᠨᠠᠬᠤ ᠠᠷᠭ᠎ᠠ︾ ︵ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠠᠴᠠ | ᠲᠠᠷᠬᠠᠭᠠᠭᠰᠠᠨ ﹇2006﹈ 5 ᠲᠣᠭᠠᠲᠤ︶ ᠶᠢᠨ ᠵᠢᠷᠭᠤᠳᠤᠭᠠᠷ ᠵᠣᠷᠪᠣᠰ ᠤᠨ ᠠᠭᠤᠯᠭ᠎ᠠ ᠪᠠᠷ ᠪᠠᠷᠢᠮᠵᠢᠶ᠎ᠠ ᠪᠣᠯᠭᠠᠨ | ᠱᠠᠩᠨᠠᠵᠤ᠂ ᠳᠠᠪᠬᠤᠷ ᠱᠠᠩᠨᠠᠬᠤ ᠦᠭᠡᠢ᠃ | ︵ᠭᠤᠷᠪᠠ︶ ᠠᠷᠠᠯᠵᠢᠶᠠᠴᠢᠨ ᠤᠷᠢᠵᠤ ᠪᠡᠯᠡ ᠲᠠᠲᠠᠭᠰᠠᠨ ᠭᠤᠤᠯᠳᠠᠯᠭᠠᠲᠤ ᠲᠥᠷᠥᠯ ᠵᠦᠢᠯ ᠤᠨ | ᠱᠠᠩᠨᠠᠯ ᠤᠨ ᠮᠡᠳᠡᠭᠦᠯᠦᠯᠲᠡ᠂ ᠵᠦᠪᠰᠢᠶᠡᠷᠡᠯ ᠵᠢᠴᠢ ᠣᠯᠭᠤᠯᠲᠠ ᠶᠢ ᠬᠤᠰᠢᠭᠤᠨ ᠤ ᠭᠠᠳᠠᠭᠠᠳᠤ ᠲᠠᠢ ᠴᠢᠯᠦᠭᠡᠲᠠᠢ | ᠶᠠᠪᠤᠯᠴᠠᠨ ᠠᠷᠠᠯᠵᠢᠶᠠᠴᠢᠨ ᠤᠷᠢᠵᠤ ᠪᠡᠯᠡ ᠲᠠᠲᠠᠬᠤ ᠶᠢ ᠤᠳᠤᠷᠢᠳᠬᠤ ᠳᠤᠭᠤᠶᠢᠯᠠᠩ ᠬᠠᠷᠢᠭᠤᠴᠠᠨ ᠲᠣᠭᠲᠠᠭᠠᠬᠤ ᠪᠠ | ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | | |