ᠭᠤᠶᠤᠴᠢᠯᠠᠨ ᠮᠡᠳᠡᠭᠦᠯᠦᠭᠰᠡᠨ 4 ᠲᠥᠷᠥᠯ ᠵᠦᠢᠯ | | 1. ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠨᠵᠢᠯᠡᠭᠡ ᠮᠡᠷᠭᠡᠵᠢᠯ ᠤᠨ ᠲᠤᠰᠬᠠᠢ ᠵᠦᠢᠯ 1 ᠶᠢ | ᠭᠤᠶᠤᠴᠢᠯᠠᠪᠠ᠃ ᠤᠯᠠᠭᠠᠨᠬᠠᠳᠠ ᠶᠢᠨ ᠱᠠᠨᠳᠦ᠋ᠩ ᠤᠨ ᠠᠯᠲᠠᠨ ᠤ ᠠᠭᠤᠷᠬᠠᠢ ᠶᠢᠨ ᠬᠢᠵᠠᠭᠠᠷᠲᠤ ᠺᠤᠮᠫᠠᠨᠢ ᠠᠴᠠ | ᠳᠠᠭᠠᠭᠠᠴᠢᠯᠠᠭᠰᠠᠨ ︽ᠠᠷᠭ᠎ᠠ ᠲᠤᠶᠢᠯ ᠤᠨ ᠰᠢᠪᠠᠷ ᠢ ᠬᠦᠴᠢᠯᠳᠦᠷᠦᠭᠴᠢ ᠪᠠᠷ ᠬᠠᠶᠢᠯᠤᠭᠤᠯᠬᠤ ᠣᠩᠭᠤᠴᠠᠨ ᠳᠤ | ᠬᠠᠶᠢᠯᠤᠭᠤᠯᠬᠤ ᠮᠡᠷᠭᠡᠵᠢᠯ ᠢ ᠠᠵᠤ ᠦᠢᠯᠡᠰᠵᠢᠭᠦᠯᠬᠦ ᠬᠡᠷᠡᠭᠯᠡᠭᠡᠨ︾ ᠤ ᠲᠥᠷᠥᠯ ᠵᠦᠢᠯ ᠢ 2015 ᠣᠨ ᠤ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠨᠵᠢᠯᠡᠭᠡ ᠮᠡᠷᠭᠡᠵᠢᠯ ᠤᠨ ᠲᠤᠰᠬᠠᠢ ᠵᠦᠢᠯ ᠢᠶᠠᠷ ᠭᠤᠶᠤᠴᠢᠯᠠᠪᠠ᠃ | ᠲᠤᠰ ᠲᠥᠷᠥᠯ ᠵᠦᠢᠯ ᠤᠨ ᠶᠡᠷᠦᠩᠬᠡᠢ ᠪᠡᠯᠡ ᠣᠷᠤᠭᠤᠯᠤᠯᠲᠠ ᠨᠢ 3780 ᠲᠦᠮᠡᠨ ᠲᠦᠭᠦᠷᠢᠭ ᠪᠠᠶᠢᠵᠤ᠂ | ᠡᠭᠦᠨ ᠳᠤ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠨᠵᠢᠯᠡᠭᠡ ᠮᠡᠷᠭᠡᠵᠢᠯ ᠤᠨ ᠲᠤᠰᠬᠠᠢ ᠵᠦᠢᠯ ᠢ | ᠭᠤᠶᠤᠴᠢᠯᠠᠭᠰᠠᠨ ᠪᠡᠯᠡ ᠮᠦᠩᠭᠦ 420 ᠲᠦᠮᠡᠨ ᠲᠦᠭᠦᠷᠢᠭ᠂ ᠤᠯᠠᠭᠠᠨᠬᠠᠳᠠ ᠬᠤᠲᠠ ᠶᠢᠨ ᠲᠥᠷᠥᠯ ᠵᠦᠢᠯ ᠤᠨ | ᠲᠦᠬᠦᠷᠵᠢᠭᠰᠡᠨ ᠪᠡᠯᠡ ᠮᠥᠩᠭᠦ 420 ᠲᠦᠮᠡᠨ ᠲᠦᠭᠦᠷᠢᠭ᠂ ᠲᠥᠷᠥᠯ ᠵᠦᠢᠯ ᠢ ᠨᠠᠶᠢᠳᠠᠪᠦᠷᠢᠵᠢᠭᠤᠯᠬᠤ ᠨᠢᠭᠡᠴᠡ | ᠥᠪᠡᠷᠲᠡᠭᠡᠨ ᠬᠤᠷᠠᠮᠳᠤᠭᠤᠯᠤᠭᠰᠠᠨ ᠪᠡᠯᠡ ᠮᠥᠩᠭᠦ 2940 ᠲᠦᠮᠡᠨ ᠲᠦᠭᠦᠷᠢᠭ ᠪᠠᠭᠲᠠᠨ᠎ᠠ᠃ | 2. 2015 ᠣᠨ ᠤ ︽ᠭᠤᠷᠪᠠᠨ ᠣᠷᠣᠨ︾ ᠤ ᠰᠢᠨᠵᠢᠯᠡᠭᠡ ᠮᠡᠷᠭᠡᠵᠢᠯ ᠤᠨ ᠴᠢᠳᠠᠪᠦᠷᠢᠲᠠᠨ ᠢ ᠳᠡᠮᠵᠢᠬᠦ | ᠲᠦᠯᠦᠪᠯᠡᠭᠡ ᠶᠢᠨ ᠰᠢᠨᠵᠢᠯᠡᠭᠡ ᠮᠡᠷᠭᠡᠵᠢᠯ ᠤᠨ ᠠᠵᠢᠯᠲᠠᠨ ᠤ ᠲᠤᠰᠬᠠᠢ ᠵᠦᠢᠯ ᠢ ᠭᠤᠶᠤᠴᠢᠯᠠᠵᠤ᠂ 18 ᠠᠵᠢᠯᠲᠠᠨ | ᠡᠯᠰᠡᠨ᠂ ᠠᠵᠢᠯ ᠤᠨ ᠵᠠᠷᠤᠳᠠᠯ 36 ᠲᠦᠮᠡᠨ ᠲᠦᠭᠦᠷᠢᠭ᠃ | 3. ︽ᠰᠢᠨᠵᠢᠯᠡᠭᠡ ᠤᠬᠠᠭᠠᠨ ᠢ ᠲᠦᠭᠡᠮᠡᠯᠵᠢᠭᠦᠯᠦᠨ᠂ ᠠᠷᠠᠳ ᠳᠤ ᠲᠤᠰᠠᠯᠠᠨ ᠲᠤᠰᠬᠤᠨ ᠢ ᠬᠦᠭᠵᠢᠭᠦᠯᠬᠦ | ᠲᠦᠯᠦᠪᠯᠡᠭᠡ︾ ᠶᠢᠨ ᠱᠠᠩᠨᠠᠯ ᠢᠶᠠᠷ ᠨᠦᠬᠦᠪᠦᠷᠢ ᠶᠢ ᠣᠷᠤᠯᠠᠭᠤᠯᠬᠤ ᠲᠥᠷᠥᠯ ᠵᠦᠢᠯ 1 ᠶᠢ ᠭᠤᠶᠤᠴᠢᠯᠠᠵᠤ᠂ | ᠲᠥᠷᠥᠯ ᠵᠦᠢᠯ ᠤᠨ ᠪᠡᠯᠡ ᠮᠥᠩᠭᠦ 5 ᠲᠦᠮᠡᠨ ᠲᠦᠭᠦᠷᠢᠭ᠃ | 4. ᠤᠯᠠᠭᠠᠨᠬᠠᠳᠠ ᠬᠤᠲᠠ ᠶᠢᠨi ᠰᠡᠨᠵᠢᠯᠡᠭᠡ ᠮᠡᠷᠭᠡᠵᠢᠯ ᠤᠨ ᠨᠡᠶᠢᠭᠡᠮᠯᠢᠭ ᠤᠨ ︽ᠤᠯᠠᠭᠠᠨᠬᠠᠳᠠ | ᠬᠤᠲᠠ ᠶᠢᠨ ᠰᠤᠷᠭᠠᠭᠤᠯᠢ ᠶᠢᠨ ᠬᠦᠷᠢᠶᠡᠨ ᠤ ᠰᠢᠨᠵᠢᠯᠡᠭᠡ ᠮᠡᠷᠭᠡᠵᠢᠯ ᠤᠨ ᠣᠷᠳᠣᠨ︾ ᠤ ᠲᠥᠷᠥᠯ ᠵᠦᠢᠯ 1 ᠶᠢ | ᠭᠤᠶᠤᠴᠢᠯᠠᠵᠤ᠂ ᠯᠢᠨᠳᠦ᠋ᠩ ᠨᠢᠭᠡᠳᠦᠭᠡᠷ ᠪᠠᠭ᠎ᠠ ᠰᠤᠷᠭᠠᠭᠤᠯᠢ ᠳᠤ ᠰᠢᠨᠵᠢᠯᠡᠭᠡ ᠮᠡᠷᠭᠡᠵᠢᠯ ᠤᠨ ᠣᠷᠳᠣᠨ ᠪᠠᠶᠢᠭᠤᠯᠵᠤ᠂ | ᠲᠥᠷᠥᠯ ᠵᠦᠢᠯ ᠤᠨ ᠪᠡᠯᠡ ᠮᠥᠩᠭᠦ 25 ᠲᠦᠮᠡᠨ ᠲᠦᠭᠦᠷᠢᠭ ᠣᠯᠵᠠᠢ᠃ |