| ᠪᠠᠭᠠᠷᠢᠨ ᠵᠡᠭᠦᠨ ᠬᠤᠰᠢᠭᠤᠨ ᠤ ᠪᠦᠬᠦ ᠨᠤᠲᠤᠭ ᠳᠡᠪᠢᠰᠭᠡᠷ ᠤᠨ ᠲᠠᠯᠠᠪᠠᠢ ᠨᠢ 6644 ᠲᠡᠭᠰᠢ | ᠳᠦᠷᠪᠡᠯᠵᠢᠨ ᠺᠢᠯᠤᠮᠧᠲᠷ ᠪᠠᠶᠢᠵᠤ᠂ ᠡᠭᠦᠨ ᠳᠤ ᠲᠠᠷᠢᠶᠠᠨ ᠭᠠᠵᠠᠷ ᠤᠨ ᠲᠠᠯᠠᠪᠠᠢ 180 ᠲᠦᠮᠡᠨ ᠮᠦ᠂ ᠨᠤᠲᠤᠭ | ᠪᠡᠯᠴᠢᠭᠡᠷ ᠤᠨ ᠲᠠᠯᠠᠪᠠᠢ 580 ᠲᠦᠮᠡᠨ ᠮᠦ᠂ ᠣᠢ ᠰᠢᠭᠤᠢ ᠶᠢᠨ ᠲᠠᠯᠠᠪᠠᠢ 525.5 ᠲᠦᠮᠡᠨ ᠮᠦ ᠪᠠᠶᠢᠨ᠎ᠠ᠃ | ᠠᠮᠢᠳᠤ ᠪᠤᠳᠠᠰ ᠤᠨ ᠡᠬᠢ ᠰᠤᠷᠪᠤᠯᠵᠢ ᠣᠯᠠᠨ ᠶᠠᠩᠵᠤ ᠪᠣᠢ᠃ ᠡᠭᠦᠨ ᠳᠤ᠂ ᠤᠷᠭᠤᠮᠠᠯ ᠤᠨ ᠡᠬᠢ ᠰᠤᠷᠪᠤᠯᠵᠢ | 84 ᠢᠵᠠᠭᠤᠷ᠂ 313 ᠲᠥᠷᠥᠯ᠂ 582 ᠵᠦᠢᠯ ᠪᠠᠶᠢᠵᠤ᠂ ᠲᠥᠷᠥᠯ ᠵᠦᠢᠯ ᠬᠠᠮᠤᠭ ᠣᠯᠠᠨ ᠨᠢ ᠦᠶᠡᠲᠦ | ᠤᠷᠭᠤᠮᠠᠯ ᠤᠨ ᠢᠵᠠᠭᠤᠷ 80 ᠭᠠᠷᠤᠢ ᠵᠦᠢᠯ᠂ ᠳᠠᠷᠠᠭᠠᠯᠠᠪᠠᠯ ᠤᠳᠪᠠᠯᠠ ᠶᠢᠨ ᠢᠵᠠᠭᠤᠷ 79 ᠵᠦᠢᠯ ᠪᠠᠶᠢᠨ᠎ᠠ︔ | ᠬᠡᠭᠡᠷ᠎ᠡ ᠶᠢᠨ ᠠᠮᠢᠲᠠᠨ ᠭᠤᠣᠯᠳᠠᠭᠤ ᠠᠷᠢᠶᠠᠲᠠᠨ ᠤ ᠲᠥᠷᠥᠯ᠂ ᠰᠢᠪᠠᠭᠤᠨ ᠤ ᠲᠥᠷᠥᠯ᠂ ᠵᠢᠭᠠᠰᠤᠨ ᠲᠥᠷᠥᠯ᠂ | ᠮᠦᠯᠬᠦᠭᠴᠢ ᠬᠤᠷᠤᠬᠠᠢ ᠶᠢᠨ ᠲᠥᠷᠥᠯ ᠵᠢᠴᠢ ᠬᠤᠶᠠᠷ ᠨᠤᠲᠤᠭᠲᠤ ᠠᠮᠢᠲᠠᠨ ᠤ ᠲᠥᠷᠥᠯ ᠵᠡᠷᠭᠡ ᠪᠣᠢ᠃ ᠤᠰᠤᠨ ᠤ | ᠡᠬᠢ ᠰᠣᠷᠪᠣᠯᠵᠢ ᠪᠠᠶᠠᠯᠢᠭ ᠪᠠᠶᠢᠵᠤ᠂ ᠬᠤᠰᠢᠭᠤᠨ ᠤ ᠳᠣᠲᠤᠭᠠᠳᠤ ᠳᠤ ᠶᠡᠭᠡ ᠪᠠᠭ᠎ᠠ ᠭᠤᠣᠯ ᠮᠦᠷᠡᠨ ᠨᠡᠶᠢᠲᠡ 13 | ᠪᠠᠶᠢᠨ᠎ᠠ᠃ ᠠᠭᠤᠷᠬᠠᠢ ᠶᠢᠨ ᠡᠬᠢ ᠰᠤᠷᠪᠤᠯᠵᠢ ᠨᠡᠯᠢᠶᠡᠳ ᠪᠠᠶᠠᠯᠢᠭ᠂ ᠲᠥᠷᠥᠯ ᠵᠦᠢᠯ ᠣᠯᠠᠨ᠂ ᠬᠠᠳᠠᠭᠠᠯᠠᠮᠵᠢ ᠶᠡᠭᠡ | ᠃ ᠣᠳᠣᠬᠠᠨ ᠳᠤ ᠬᠤᠰᠢᠭᠤᠨ ᠤ ᠳᠣᠲᠤᠭᠠᠳᠤ ᠳᠤ ᠡᠯ᠎ᠡ ᠲᠥᠷᠥᠯ ᠤᠨ ᠠᠭᠤᠷᠬᠠᠢ ᠶᠢᠨ ᠭᠠᠷᠤᠯᠲᠠ ᠨᠡᠶᠢᠲᠡ 138 | ᠬᠡᠰᠡᠭ ᠢᠯᠡᠷᠡᠭᠦᠯᠵᠦ᠂ 30 ᠭᠠᠷᠤᠢ ᠵᠦᠢᠯ ᠤᠨ ᠠᠭᠤᠷᠬᠠᠢ ᠶᠢᠨ ᠲᠥᠷᠥᠯ ᠢ ᠬᠠᠶᠢᠵᠤ ᠣᠯᠵᠠᠢ᠃ ᠡᠭᠦᠨ ᠳᠤ | ᠭᠤᠣᠯᠳᠠᠭᠤ ᠬᠠᠷ᠎ᠠ ᠲᠤᠭᠤᠯᠭ᠎ᠠ᠂ ᠴᠠᠶᠢᠷ᠂ ᠵᠡᠰ᠂ ᠴᠠᠭᠠᠨ ᠲᠤᠭᠤᠯᠭ᠎ᠠ ᠵᠡᠷᠭᠡ ᠥᠩᠭᠡᠲᠦ ᠲᠡᠮᠦᠷᠯᠢᠭ︔ ᠠᠯᠲᠠ᠂ | ᠮᠦᠩᠭᠦ ᠵᠡᠷᠭᠡ ᠦᠨᠡᠲᠦ ᠲᠡᠮᠦᠷᠯᠢᠭ︔ ᠲᠡᠮᠦᠷ᠂ ᠮᠠᠩᠭᠠᠨ ᠵᠡᠷᠭᠡ ᠬᠠᠷ᠎ᠠ ᠲᠡᠮᠦᠷᠯᠢᠭ ᠵᠢᠴᠢ ᠲᠠᠮᠠᠭ᠎ᠠ ᠶᠢᠨ ᠴᠢᠯᠠᠭᠤ᠂ | ᠰᠤᠪᠤᠳᠯᠢᠭ ᠴᠢᠯᠠᠭᠤᠯᠢᠭ᠂ ᠪᠣᠷᠵᠢᠨ ᠴᠢᠯᠠᠭᠤᠯᠢᠭ ᠵᠡᠷᠭᠡ ᠲᠡᠮᠦᠷᠯᠢᠭ ᠪᠤᠰᠤ ᠠᠭᠤᠷᠬᠠᠢ ᠪᠣᠢ᠃ |