| | ︵2011 ᠤᠨ ᠤ 9 ᠳ᠋ᠦ᠋ᠭᠡᠷ ᠰᠠᠷ᠎ᠠ ᠶᠢᠨ 28 ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠬᠤᠷᠢᠨ ᠳᠦᠷᠪᠡᠳᠡᠭᠡᠷ ᠤᠳᠠᠭᠠᠨ ᠤ ᠬᠤᠷᠠᠯ ᠠᠴᠠ ᠪᠠᠳᠤᠯᠠᠪᠠ︶ | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠮᠡᠳᠡᠭᠡ | | 31 ᠳ᠋ᠦ᠋ᠭᠡᠷ ᠳᠤᠭᠠᠳᠤ | | | 2011 ᠤᠨ ᠤ 9 ᠰᠠᠷ᠎ᠠ ᠶᠢᠨ 28 ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠶᠢᠨ ᠬᠤᠷᠢᠨ ᠳᠦᠷᠪᠡᠳᠡᠭᠡᠷ ᠤᠳᠠᠭᠠᠨ ᠤ ᠬᠤᠷᠠᠯ ᠳᠡᠭᠡᠷ᠎ᠠ ᠵᠠᠰᠠᠪᠤᠷᠢ ᠤᠷᠤᠭᠤᠯᠵᠤ ᠪᠠᠳᠤᠯᠠᠭᠰᠠᠨ ︽ᠦᠪᠦᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠨ ᠨᠤᠳᠤᠭ ᠪᠡᠯᠴᠢᠭᠡᠷ ᠢ ᠬᠠᠮᠠᠭᠠᠯᠠᠬᠤ ᠳᠦᠷᠢᠮ︾ ᠢ | ᠤᠳᠤ ᠨᠠᠶᠢᠳᠠᠯᠡᠪᠠ᠂ 2011 ᠤᠨ ᠤ 12 ᠰᠠᠷ᠎ᠠ ᠶᠢᠨ 1 ᠤ ᠡᠳᠦᠷ ᠠᠴᠠ ᠡᠬᠢᠯᠡᠵᠤ ᠬᠡᠷᠡᠭᠵᠢᠭᠦᠯᠦᠨ᠎ᠠ᠃ 1998 | ᠤᠨ ᠤ 11 ᠰᠠᠷ᠎ᠠ ᠶᠢᠨ 27 ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠶᠢᠰᠦᠳᠦᠭᠡᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠭᠤᠳᠤᠭᠠᠷ | ᠤᠳᠠᠭᠠᠨ ᠤ ᠬᠤᠷᠠᠯ ᠠᠴᠠ ᠪᠠᠳᠤᠯᠠᠭᠰᠡᠨ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠨ | ᠨᠤᠳᠤᠭ ᠪᠡᠯᠴᠢᠭᠡᠷ ᠢ ᠬᠠᠮᠠᠭᠠᠯᠠᠬᠤ ᠳᠦᠷᠢᠮ︾ ᠢ ᠬᠠᠮᠳᠤ ᠳᠤᠨᠢ ᠬᠦᠴᠦᠨ ᠦᠭᠡᠢ ᠪᠤᠯᠭᠠᠨ᠎ᠠ᠃ 2011 ᠤᠨ ᠤ | 9 ᠰᠠᠷ᠎ᠠ ᠶᠢᠨ 29 ᠤ ᠡᠳᠦᠷ | ᠨᠢᠭᠡᠳᠦᠭᠡᠷ ᠪᠦᠯᠦᠭ ᠶᠡᠷᠦᠩᠭᠡᠢ ᠳᠦᠷᠢᠮ | ᠨᠢᠭᠡᠳᠦᠭᠡᠷ ᠵᠦᠢᠯ ᠦᠨᠳᠦᠰᠦᠨ ᠨᠤᠳᠤᠭ ᠪᠡᠯᠴᠢᠭᠡᠷ ᠲᠤ ᠤᠨᠴᠠᠭᠠᠢ ᠬᠠᠮᠠᠭᠠᠯᠠᠯᠳᠠ ᠬᠢᠵᠤ ᠨᠤᠳᠤᠭ | ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠪᠠ ᠪᠦᠳᠦᠭᠡᠨ ᠪᠠᠶᠢᠭᠤᠯᠤᠯᠳᠠ ᠪᠠᠨ ᠴᠢᠩᠭᠠᠳᠬᠠᠨ᠂ ᠠᠵᠤ ᠠᠬᠤᠢ | ᠪᠠ ᠨᠡᠶᠢᠭᠡᠮ ᠤᠨ ᠦᠷᠭᠦᠯᠵᠢᠯᠡᠠ ᠬᠦᠭᠵᠢᠬᠦ ᠶᠢ ᠠᠬᠢᠭᠤᠯᠬᠤ ᠶᠢᠨ ᠲᠦᠯᠦᠭᠡ ︽ᠪᠦᠭᠦᠳᠠ ᠨᠠᠶᠢᠷᠠᠮᠳᠠᠬᠤ ᠲᠤᠮᠳᠠᠳᠤ | ᠠᠷᠠᠳ ᠤᠯᠤᠰ ᠤᠨ ᠨᠤᠳᠤᠭ ᠪᠡᠯᠴᠢᠭᠡᠷ ᠤᠨ ᠬᠠᠦᠯᠢ︾ ᠪᠠ ᠤᠯᠤᠰ ᠤᠨ ᠬᠤᠯᠪᠤᠭᠳᠠᠯ ᠪᠦᠭᠦᠢ ᠬᠠᠦᠯᠢ ᠴᠠᠭᠠᠵᠠ᠂ | ᠳᠦᠷᠢᠮ ᠲᠤᠭᠳᠠᠭᠠᠯ ᠶᠢ ᠦᠨᠳᠦᠰᠦᠯᠡᠵᠤ᠂ ᠦᠪᠡᠷᠳᠡᠭᠡᠨ ᠵᠠᠰᠠᠬᠤ ᠤᠷᠤᠨ ᠤ ᠪᠤᠳᠠᠳᠠᠢ ᠪᠠᠶᠢᠳᠠᠯ ᠲᠠᠢ | ᠤᠶᠠᠯᠳᠤᠭᠤᠯᠤᠨ ᠲᠤᠰ ᠳᠦᠷᠢᠮ ᠢ ᠲᠤᠭᠳᠠᠭᠠᠪᠠ᠃ | ᠬᠤᠶᠠᠳᠤᠭᠠᠷ ᠵᠦᠢᠯ ᠲᠤᠰ ᠳᠦᠷᠢᠮ ᠳᠤ ᠶᠠᠷᠢᠵᠤ ᠪᠠᠶᠢᠭ᠎ᠠ ᠦᠨᠳᠦᠰᠦᠨ ᠨᠤᠳᠤᠭ ᠪᠡᠯᠴᠢᠭᠡᠷ ᠭᠡᠳᠡᠭ ᠨᠢ | ᠬᠠᠦᠯᠢ ᠶᠤᠰᠤᠭᠠᠷ ᠤᠨᠴᠠᠭᠠᠢ ᠬᠠᠮᠠᠭᠠᠯᠠᠯᠳᠠ ᠬᠢᠭᠦ ᠪᠠᠷ ᠲᠤᠭᠳᠠᠭᠰᠡᠨ ᠨᠤᠳᠤᠭ ᠪᠡᠯᠴᠢᠭᠡᠷ ᠤᠨ ᠠᠮᠢ ᠠᠬᠤᠢ ᠶᠢᠨ | ᠴᠢᠳᠠᠪᠬᠢ ᠪᠠ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠲᠤᠬᠢᠷᠠᠬᠤ ᠪᠠᠶᠢᠭᠠᠯᠢ ᠶᠢᠨ ᠨᠤᠳᠤᠭ ᠪᠡᠯᠴᠢᠭᠡᠷ ᠪᠠ | ᠬᠦᠮᠦᠨ ᠤ ᠬᠦᠴᠦ ᠪᠠᠷ ᠳᠠᠷᠢᠭᠰᠠᠨ ᠪᠡᠯᠴᠢᠬᠡᠷ ᠢ ᠵᠢᠭᠠᠨ᠎ᠠ᠃ | ᠭᠤᠷᠪᠠᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠬᠠᠷᠢᠶᠠᠨ ᠳᠤ ᠦᠨᠳᠦᠰᠦᠨ | ᠨᠤᠳᠤᠭ ᠪᠡᠯᠴᠢᠭᠡᠷ ᠢ ᠲᠦᠯᠦᠪᠵᠢᠭᠦᠯᠭᠦ᠂ ᠬᠤᠪᠢᠶᠠᠬᠤ᠂ ᠬᠠᠮᠠᠭᠠᠯᠠᠬᠤ᠂ ᠪᠦᠳᠦᠭᠡᠨ ᠪᠠᠶᠢᠭᠤᠯᠬᠤ᠂ ᠠᠰᠢᠭᠯᠠᠬᠤ ᠪᠠ | ᠬᠠᠮᠢᠶᠠᠷᠬᠤ ᠳᠤ ᠲᠤᠰ ᠳᠦᠷᠢᠮ ᠢ ᠬᠡᠷᠡᠭᠯᠡᠨ᠎ᠠ᠃ | ᠳᠦᠷᠪᠡᠳᠦᠭᠡᠷ ᠵᠦᠢᠯ ᠦᠨᠳᠦᠰᠦᠨ ᠨᠤᠳᠤᠭ ᠪᠡᠯᠴᠢᠭᠡᠷ ᠢ ᠬᠠᠮᠭᠠᠯᠠᠬᠤ ᠳᠤ ᠰᠢᠨᠵᠢᠯᠡᠭᠦ ᠤᠬᠠᠭᠠᠨᠴᠢ ᠪᠠᠷ | ᠲᠦᠯᠦᠪᠵᠢᠭᠦᠯᠵᠤ᠂ ᠬᠠᠮᠭᠠᠯᠠᠬᠤ ᠶᠢ ᠴᠢᠬᠤᠯᠠᠴᠢᠯᠠᠵᠤ᠂ ᠪᠦᠳᠦᠭᠡᠨ ᠪᠠᠶᠢᠭᠤᠯᠤᠯᠳᠠ ᠪᠠᠷ ᠭᠤᠤᠯᠳᠠᠭᠤᠯᠤᠨ᠂ ᠵᠦᠢ | ᠵᠤᠬᠢᠰᠳᠠᠢ ᠠᠰᠢᠭᠯᠠᠵᠤ᠂ ᠴᠢᠩᠬ᠎ᠠ ᠨᠢᠮᠪᠠᠢ ᠬᠠᠮᠢᠶᠠᠷᠬᠤ ᠵᠠᠷᠴᠢᠮ ᠢ ᠪᠠᠷᠢᠮᠳᠠᠯᠠᠬᠤ ᠬᠡᠷᠡᠭᠳᠠᠢ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠭᠢ ᠠᠷᠠᠳ ᠤᠨ ᠵᠠᠰᠠᠭ ᠤᠨ ᠤᠷᠳᠤᠨ | ᠦᠨᠳᠦᠰᠦᠨ ᠨᠤᠳᠤᠭ ᠪᠡᠯᠴᠢᠭᠡᠷ ᠢ ᠬᠠᠮᠭᠠᠯᠠᠬᠤ ᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠦᠭᠵᠢᠯᠳᠠ ᠶᠢᠨ ᠲᠦᠯᠦᠪᠵᠢᠭᠦᠯᠭᠡ ᠳᠡᠭᠡᠨ ᠤᠷᠤᠭᠤᠯᠤᠨ᠂ ᠦᠨᠳᠦᠰᠦᠨ ᠨᠤᠳᠤᠭ ᠪᠡᠯᠴᠢᠭᠡᠷ ᠢ ᠬᠠᠮᠠᠭᠠᠯᠠᠬᠤ | ᠠᠵᠢᠯ ᠳᠤ ᠬᠡᠷᠡᠭᠰᠡᠬᠦ ᠵᠠᠷᠤᠳᠠᠯ ᠰᠦᠢᠳᠭᠡᠯ ᠢ ᠪᠠᠳᠤᠯᠠᠬᠤ ᠬᠡᠷᠡᠭᠳᠠᠢ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠭᠢ ᠠᠷᠠᠳ ᠤᠨ ᠵᠠᠰᠠᠭ ᠤᠨ | ᠤᠷᠳᠤᠨ ᠤ ᠨᠤᠳᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠰ ᠵᠠᠰᠠᠭ | ᠵᠠᠬᠢᠷᠭᠠᠨ ᠤ ᠬᠠᠷᠢᠶᠠᠨ ᠳᠠᠬᠢ ᠦᠨᠳᠦᠰᠦᠨ ᠨᠤᠳᠤᠭ ᠪᠡᠯᠴᠢᠭᠡᠷ ᠢ ᠬᠠᠮᠭᠠᠯᠠᠵᠤ ᠬᠢᠨᠠᠨ ᠬᠠᠮᠢᠶᠠᠷᠬᠤ ᠠᠵᠢᠯ ᠢ | ᠭᠤᠤᠯᠯᠠᠨ ᠬᠠᠮᠢᠶᠠᠷᠤᠨ᠎ᠠ᠃ | ᠬᠤᠰᠢᠭᠤ ᠰᠢᠶᠠᠨ ᠤ ᠱᠠᠳᠤᠨ ᠠᠴᠠ ᠳᠡᠭᠡᠭᠰᠢᠭᠢ ᠨᠤᠳᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠤᠨ ᠨᠤᠳᠤᠭ ᠪᠡᠯᠴᠢᠭᠡᠷ ᠢ ᠬᠢᠨᠠᠨ ᠬᠠᠮᠢᠶᠠᠷᠬᠤ ᠪᠠᠶᠢᠭᠤᠯᠤᠮᠵᠢ ᠲᠤᠰ ᠵᠠᠰᠠᠭ | ᠵᠠᠬᠢᠷᠭᠠᠨ ᠤ ᠬᠠᠷᠢᠶᠠᠨ ᠳᠠᠬᠢ ᠦᠨᠳᠦᠰᠦᠨ ᠨᠤᠳᠤᠭ ᠪᠡᠯᠴᠢᠭᠡᠷ ᠢ ᠬᠢᠨᠠᠨ ᠬᠠᠮᠢᠶᠠᠷᠬᠤ ᠪᠤᠳᠠᠳᠠᠢ ᠠᠵᠢᠯ ᠢ | ᠬᠠᠷᠢᠭᠤᠴᠠᠨ᠎ᠠ᠃ | ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠲᠤᠰ ᠵᠠᠰᠠᠭ ᠵᠠᠬᠢᠷᠭᠠᠨ ᠤ | ᠬᠠᠷᠢᠶᠠᠨ ᠳᠠᠬᠢ ᠦᠨᠳᠦᠰᠦᠨ ᠨᠤᠳᠤᠭ ᠪᠡᠯᠴᠢᠭᠡᠷ ᠢ ᠬᠠᠮᠠᠯᠭᠠᠬᠤ ᠶᠢ ᠬᠢᠨᠠᠯᠳᠠ ᠲᠠᠯᠪᠢᠨ ᠪᠠᠶᠢᠴᠠᠭᠠᠬᠤ ᠠᠵᠢᠯ ᠢᠶᠠᠨ | ᠴᠢᠩᠭᠠᠳᠬᠠᠬᠤ ᠬᠡᠷᠡᠭᠳᠠᠢ᠃ | ᠲᠤᠯᠤᠳᠤᠭᠠᠷ ᠵᠦᠢᠯ ᠶᠠᠮᠠᠷᠪᠠ ᠨᠢᠭᠡᠴᠠ ᠪᠠ ᠬᠤᠪᠢ ᠬᠦᠮᠦᠨ ᠪᠦᠷ ᠦᠨᠳᠦᠰᠦᠨ ᠨᠤᠳᠤᠭ ᠪᠡᠯᠴᠢᠭᠡᠷ ᠢ | ᠬᠠᠮᠭᠠᠯᠠᠬᠤ ᠡᠭᠦᠷᠭᠡ ᠲᠠᠢ᠂ ᠦᠨᠳᠦᠰᠦᠨ ᠨᠤᠳᠤᠭ ᠪᠡᠯᠴᠢᠭᠡᠷ ᠢ ᠬᠠᠮᠭᠠᠯᠠᠬᠤ ᠪᠠᠷ ᠨᠡᠶᠢᠭᠡᠮ ᠠᠴᠠ ᠬᠢᠨᠠᠯᠳᠠ | ᠲᠠᠯᠪᠢᠬᠤ ᠳᠤ ᠤᠷᠤᠯᠴᠠᠬᠤ ᠡᠷᠭᠡ ᠲᠠᠢ ᠪᠦᠭᠡᠳ ᠦᠨᠳᠦᠰᠦᠨ ᠨᠤᠳᠤᠭ ᠪᠡᠯᠴᠢᠭᠡᠷ ᠢ ᠡᠪᠳᠡᠭᠰᠡᠨ ᠬᠠᠦᠯᠢ ᠪᠤᠰᠤ | ᠠᠵᠢᠯᠯᠠᠭ᠎ᠠ ᠢ ᠢᠯᠡᠴᠢᠯᠡᠨ ᠵᠠᠭᠠᠯᠳᠤᠬᠤ ᠡᠷᠭᠡ ᠲᠠᠢ᠃ | ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠭᠢ ᠠᠷᠠᠳ ᠤᠨ ᠵᠠᠰᠠᠭ ᠤᠨ ᠤᠷᠳᠤᠨ | ᠪᠡᠯᠡ ᠮᠦᠡᠭᠭᠦᠨ ᠤ ᠨᠦᠬᠦᠪᠦᠷᠢ᠂ ᠮᠡᠷᠭᠡᠵᠢᠯ ᠤᠨ ᠲᠠᠮᠵᠢᠯᠭᠡ ᠵᠡᠷᠭᠡ ᠠᠷᠭ᠎ᠠ ᠪᠠᠷ ᠦᠨᠳᠦᠰᠦᠨ ᠨᠤᠳᠤᠭ ᠪᠡᠯᠴᠢᠭᠡᠷ ᠤᠨ | ᠠᠮᠢ ᠠᠬᠤᠢ ᠶᠢ ᠨᠦᠭᠦᠪᠦᠷᠢᠯᠡᠭᠦ ᠤᠷᠳᠤ ᠬᠤᠭᠤᠴᠠᠭᠠᠨ ᠤ ᠪᠦᠲᠦᠮᠵᠢᠲᠡᠢ ᠲᠤᠭᠳᠠᠴᠠ ᠪᠠ ᠤᠯᠠᠨ ᠠᠷᠭ᠎ᠠ ᠵᠠᠮ ᠢᠶᠠᠷ | ᠦᠨᠳᠦᠰᠦᠨ ᠨᠤᠳᠤᠭ ᠪᠡᠯᠴᠢᠭᠡᠷ ᠤᠨ ᠪᠦᠳᠦᠭᠡᠨ ᠪᠠᠶᠢᠭᠤᠯᠤᠯᠳᠠ ᠶᠢᠨ ᠪᠡᠯᠡ ᠤᠷᠤᠭᠤᠯᠤᠯᠳᠠ ᠶᠢ ᠨᠡᠮᠡᠭᠲᠡᠬᠦᠯᠬᠦ | ᠲᠤᠭᠳᠠᠴᠠ ᠪᠠᠶᠢᠭᠤᠯᠬᠤ ᠬᠡᠷᠡᠭᠳᠠᠢ᠃ | ᠶᠢᠰᠦᠳᠦᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠭᠢ ᠠᠷᠠᠳ ᠤᠨ ᠵᠠᠰᠠᠭ ᠤᠨ ᠤᠷᠳᠤᠨ | ᠦᠨᠳᠦᠰᠦᠨ ᠨᠤᠳᠤᠭ ᠪᠡᠯᠴᠢᠭᠡᠷ ᠢ ᠬᠠᠮᠠᠭᠠᠯᠠᠬᠤ ᠠᠵᠢᠯ ᠳᠤ ᠲᠤᠪᠤᠶᠢᠮ᠎ᠠ ᠠᠮᠵᠢᠯᠳᠠ ᠭᠠᠷᠭᠠᠭᠰᠡᠨ ᠨᠢᠭᠡᠴᠠ ᠪᠠ | ᠬᠤᠪᠢ ᠬᠦᠮᠦᠨ ᠢ ᠬᠦᠬᠢᠭᠦᠯᠦᠨ ᠱᠠᠩᠨᠠᠬᠤ ᠬᠡᠷᠡᠭᠳᠠᠢ᠃ | ᠬᠤᠶᠠᠳᠤᠭᠠᠷ ᠪᠦᠯᠦᠭ ᠲᠦᠯᠦᠪᠵᠢᠭᠦᠯᠭᠡ ᠪᠠ ᠬᠤᠪᠢᠶᠠᠷᠢᠯᠠᠨ ᠲᠣᠭᠲᠠᠭᠠᠬᠤ | ᠠᠷᠪᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠭᠢ ᠠᠷᠠᠳ ᠤᠨ ᠵᠠᠰᠠᠭ ᠤᠨ | ᠤᠷᠳᠤᠨ ᠤ ᠨᠤᠳᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠳᠠᠯᠢ | ᠱᠠᠳᠤᠨ ᠤ ᠬᠤᠯᠪᠤᠭᠳᠠᠯ ᠪᠦᠭᠦᠢ ᠰᠠᠯᠠᠭ᠎ᠠ ᠮᠦᠴᠢᠷ ᠲᠠᠢ ᠬᠠᠮᠳᠤᠷᠠᠠ ᠳᠡᠭᠡᠷ᠎ᠠ ᠨᠢᠭᠡ ᠱᠠᠳᠤᠨ ᠤ ᠦᠨᠳᠦᠰᠤᠨ | ᠨᠤᠳᠤᠭ ᠪᠡᠯᠴᠢᠭᠡᠷ ᠢ ᠬᠠᠮᠠᠭᠠᠯᠠᠬᠤ ᠲᠦᠯᠦᠪᠵᠢᠭᠦᠯᠭᠡ ᠶᠢ ᠦᠨᠳᠦᠰᠦᠯᠡᠵᠦ᠂ ᠲᠤᠬᠠᠢ ᠶᠢᠨ ᠭᠠᠵᠠᠷ ᠤᠷᠤᠨ ᠤ ᠪᠠᠨ | ᠪᠤᠳᠠᠳᠠᠢ ᠲᠠᠢ ᠤᠶᠠᠯᠳᠤᠭᠤᠯᠤᠨ᠂ ᠪᠠᠶᠢᠭᠠᠯᠢ ᠶᠢᠨ ᠵᠢᠮ᠎ᠠ ᠶᠤᠰᠤ᠂ ᠠᠵᠤ ᠠᠬᠤᠢ ᠨᠡᠶᠢᠭᠡᠮ ᠤᠨ ᠬᠦᠭᠵᠢᠯᠳᠠ ᠶᠢᠨ | ᠵᠢᠮ᠎ᠠ ᠶᠤᠰᠤ ᠶᠢ ᠬᠦᠨᠳᠦᠳᠭᠡᠨ᠂ ᠲᠤᠰ ᠵᠠᠰᠠᠭ ᠵᠠᠬᠢᠷᠭᠠᠨ ᠤ ᠬᠠᠷᠢᠶᠠᠨ ᠳᠠᠬᠢ ᠦᠨᠳᠦᠰᠦᠨ ᠨᠤᠳᠤᠭ ᠪᠡᠯᠴᠢᠭᠡᠷ ᠢ | ᠬᠠᠮᠭᠠᠯᠠᠬᠤ ᠲᠦᠯᠦᠪᠵᠢᠭᠦᠯᠭᠡ ᠭᠠᠷᠭᠠᠨ᠂ ᠲᠤᠰ ᠱᠠᠳᠤᠨ ᠤ ᠪᠠᠨ ᠠᠷᠠᠳ ᠤᠨ ᠵᠠᠰᠠᠭ ᠤᠨ ᠤᠷᠳᠤᠨ ᠳᠤ | ᠮᠡᠳᠡᠭᠦᠯᠦᠨ ᠵᠦᠪᠰᠢᠶᠡᠷᠡᠭᠦᠯᠦᠭᠰᠡᠨ ᠤ ᠳᠠᠷᠠᠭᠠᠬᠡᠷᠡᠭᠵᠢᠭᠦᠯᠦᠨᠠ᠃ | ᠵᠦᠪᠰᠢᠶᠡᠷᠡᠭᠦᠯᠦᠭᠰᠡᠨ ᠨᠤᠳᠤᠭ ᠪᠡᠯᠴᠢᠭᠡᠷ ᠢ ᠬᠠᠮᠠᠭᠠᠯᠠᠬᠤ ᠲᠦᠯᠦᠪᠵᠢᠭᠦᠯᠭᠡ ᠨᠢ ᠲᠤᠬᠢᠷᠠᠭᠤᠯᠤᠯᠳᠠ ᠬᠢᠵᠤ | ᠵᠠᠰᠠᠪᠤᠷᠢ ᠤᠷᠤᠭᠤᠯᠬᠤ ᠴᠢᠬᠤᠯᠠᠳᠠᠢ ᠪᠤᠯ ᠤᠤᠯ ᠤᠨ ᠬᠢᠨᠠᠨ ᠵᠦᠪᠰᠢᠶᠡᠷᠡᠭᠰᠡᠨ ᠪᠠᠶᠢᠭᠤᠯᠤᠯᠭ᠎ᠠ ᠨᠢᠭᠡᠴᠠ ᠳᠤ | ᠮᠡᠳᠡᠬᠦᠯᠦᠨ ᠵᠦᠪᠰᠢᠶᠡᠷᠡᠭᠦᠯᠬᠦ ᠬᠡᠷᠡᠭᠳᠠᠢ᠃ | ᠠᠷᠪᠠᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ | ᠦᠨᠳᠦᠰᠦᠨ ᠨᠤᠳᠤᠭ ᠪᠡᠯᠴᠢᠭᠡᠷ ᠢ ᠬᠤᠪᠢᠶᠠᠷᠢᠯᠠᠨ ᠲᠤᠭᠳᠠᠭᠠᠬᠤ ᠠᠵᠢᠯ ᠢ ᠬᠠᠷᠢᠭᠤᠴᠠᠨ᠎ᠠ᠃ | ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠦᠨᠳᠦᠰᠦᠨ ᠨᠤᠳᠤᠭ ᠪᠡᠯᠴᠢᠭᠡᠷ ᠢ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠳᠠᠯᠢ ᠱᠠᠳᠤᠨ ᠤ ᠬᠤᠯᠪᠤᠭᠳᠠᠯ ᠪᠦᠭᠦᠢ ᠰᠠᠯᠠᠭ᠎ᠠ ᠮᠦᠴᠢᠷ ᠲᠠᠢ ᠬᠠᠮᠳᠤ | ᠦᠨᠳᠦᠰᠦᠨ ᠨᠤᠳᠤᠭ ᠪᠡᠯᠴᠢᠭᠡᠷ ᠢ ᠬᠤᠪᠢᠶᠠᠷᠢᠯᠠᠨ ᠲᠤᠭᠳᠠᠭᠠᠬᠤ ᠪᠤᠳᠠᠳᠠᠢ ᠠᠵᠢᠯ ᠢ ᠬᠠᠷᠢᠭᠤᠴᠠᠨ᠎ᠠ᠃ | ᠠᠷᠪᠠᠨ ᠬᠤᠶᠠᠳᠤᠭᠠᠷ ᠵᠦᠢᠯ ᠲᠤᠤᠷᠠᠬᠢ ᠨᠤᠳᠤᠭ ᠪᠡᠯᠴᠢᠭᠡᠷ ᠢ ᠦᠨᠳᠦᠰᠦᠨ ᠨᠤᠳᠤᠭ ᠪᠡᠯᠴᠢᠭᠡᠷ ᠲᠤ | ᠤᠷᠤᠭᠤᠯᠬᠤ ᠬᠡᠷᠡᠭᠳᠠᠢ᠄ | ︵ᠨᠢᠬᠡ︶ ᠠᠭᠤᠷ ᠠᠮᠢᠰᠬᠤᠯ ᠢ ᠵᠤᠬᠢᠴᠠᠭᠤᠯᠬᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠤᠰᠤ | ᠰᠢᠷᠤᠢ ᠶᠢ ᠬᠠᠮᠭᠠᠯᠠᠬᠤ᠂ ᠰᠠᠯᠬᠢᠨ ᠢ ᠬᠠᠯᠬᠠᠯᠠᠵᠤ ᠡᠯᠡᠰᠤ ᠶᠢ ᠲᠤᠭᠳᠠᠪᠤᠷᠢᠵᠢᠭᠤᠯᠬᠤ ᠤᠨᠴᠠᠭᠠᠢ ᠠᠮᠢ ᠠᠬᠤᠢ ᠶᠢᠨ | ᠴᠢᠳᠠᠪᠬᠢ ᠲᠠᠢ ᠨᠤᠳᠤᠭ ᠪᠡᠯᠴᠢᠭᠡᠷ︔ | ︵ᠬᠤᠶᠠᠷ︶ ᠴᠢᠬᠤᠯᠠ ᠪᠡᠯᠴᠢᠭᠡᠷ︔ | ︵ᠭᠤᠷᠪᠠ︶ ᠬᠠᠳᠤᠯᠠᠩ︔ | ︵ᠳᠦᠷᠪᠡ︶ ᠮᠠᠯ ᠠᠵᠤ ᠠᠬᠤᠢ ᠶᠢᠨ ᠦᠢᠯᠡᠳᠪᠤᠷᠢᠯᠡᠯ ᠳᠤ ᠬᠡᠷᠡᠭᠯᠡᠳᠡᠭ ᠲᠠᠷᠢᠮᠠᠯ ᠪᠡᠯᠴᠢᠭᠡᠷ᠂ ᠡᠪᠡᠰᠦ | ᠪᠤᠷᠳᠤᠭᠠᠨ ᠰᠠᠭᠤᠷᠢᠨ᠂ ᠲᠠᠷᠢᠶᠠᠯᠠᠬᠤ ᠶᠢ ᠵᠤᠭᠰᠤᠭᠠᠵᠤ ᠪᠡᠯᠴᠢᠭᠡᠷ ᠢ ᠰᠡᠷᠭᠦᠭᠡᠭᠰᠡᠨ ᠨᠤᠲᠤᠭ ᠪᠠ ᠰᠢᠯᠢᠳᠡᠭᠵᠢᠭᠦᠯᠦᠨ | ᠰᠠᠶᠢᠵᠢᠷᠠᠭᠤᠯᠤᠭᠰᠠᠨ ᠪᠡᠯᠴᠢᠭᠡᠷ᠂ ᠡᠪᠡᠰᠦᠨ ᠦᠷ᠎ᠡ ᠶᠢᠨ ᠰᠠᠭᠤᠷᠢᠨ︔ | ︵ᠲᠠᠪᠤ︶ ᠤᠯᠤᠰ ᠪᠠ ᠦᠪᠡᠷᠳᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ | ᠠᠮᠢᠳᠠᠨ ᠤᠷᠭᠤᠮᠠᠯ ᠤᠨ ᠤᠷᠤᠰᠢᠨ ᠳᠤᠬᠳᠠᠨᠢᠬᠤ ᠤᠷᠴᠢᠨ ᠪᠤᠯᠳᠠᠭ ᠨᠤᠲᠤᠭ ᠪᠡᠯᠴᠢᠭᠡᠷ︔ | ︵ᠵᠢᠷᠭᠤᠭ᠎ᠠ︶ ᠨᠤᠲᠤᠭ ᠪᠡᠯᠴᠢᠭᠡᠷ ᠤᠨ ᠰᠤᠳᠤᠯᠭᠠᠨ ᠪᠠ ᠵᠢᠭᠠᠨ ᠰᠤᠷᠭᠠᠯᠳᠠ ᠶᠢᠨ ᠲᠤᠷᠰᠢᠯᠳᠠ ᠶᠢᠨ | ᠰᠠᠭᠤᠷᠢᠨ︔ | ︵ᠳᠤᠯᠤᠭ᠎ᠠ︶ ᠤᠯᠤᠰ ᠪᠠ ᠦᠪᠡᠷᠳᠡᠭᠡᠨ ᠵᠠᠰᠠᠬᠤ ᠤᠷᠤᠨ ᠤ ᠳᠤᠭᠳᠠᠭᠠᠯ ᠢᠶᠠᠷ ᠦᠨᠳᠦᠰᠦᠨ ᠨᠤᠲᠤᠭ | ᠪᠡᠯᠴᠢᠭᠡᠷ ᠲᠤ ᠤᠷᠤᠭᠤᠯᠪᠠᠰᠤ ᠵᠤᠬᠢᠬᠤ ᠪᠤᠰᠤᠳ ᠨᠤᠲᠤᠭ ᠪᠡᠯᠴᠢᠭᠡᠷ᠃ | ᠠᠷᠪᠠᠨ ᠭᠤᠷᠪᠠᠳᠤᠭᠠᠷ ᠵᠦᠢᠯ ᠬᠠᠮᠳᠤ ᠶᠢᠨ ᠦᠮᠴᠢᠯᠡᠯ ᠤᠨ ᠨᠤᠲᠤᠭ ᠪᠡᠯᠴᠢᠭᠡᠷ ᠢ ᠭᠠᠴᠠᠭ᠎ᠠ ᠲᠤᠰᠬᠤᠨ ᠢᠶᠠᠷ | ᠨᠢᠭᠡᠴᠢ ᠪᠤᠯᠭᠠᠨ ᠵᠠᠭᠠᠭᠯᠠᠵᠤ᠂ ᠤᠯᠤᠰ ᠤᠨ ᠦᠮᠴᠢᠯᠡᠯ ᠤᠨ ᠨᠤᠲᠤᠭ ᠪᠡᠯᠴᠢᠭᠡᠷ ᠢ ᠬᠡᠷᠡᠭᠯᠡᠬᠦ ᠡᠷᠬᠡ ᠪᠠᠷ ᠨᠢᠭᠡᠴᠢ | ᠪᠤᠯᠭᠠᠨ ᠵᠠᠭᠠᠭᠯᠠᠨ᠎ᠠ᠃ | ᠬᠤᠪᠢᠶᠠᠷᠢᠯᠠᠨ ᠵᠠᠭᠠᠭᠯᠠᠭᠰᠠᠨ ᠦᠨᠳᠦᠰᠦᠨ ᠨᠤᠲᠤᠭ ᠪᠡᠯᠴᠢᠭᠡᠷ ᠢ ᠬᠤᠰᠢᠭᠤ ᠰᠢᠶᠠᠨ ᠤ ᠱᠠᠳᠤᠨ ᠤ | ᠠᠷᠠᠳ ᠤᠨ ᠵᠠᠰᠠᠭ ᠤᠨ ᠤᠷᠳᠤᠨ ᠠᠴᠠ ᠳᠠᠩᠰᠠ ᠡᠪᠬᠡᠮᠡᠯ ᠪᠠᠶᠢᠭᠤᠯᠵᠤ᠂ ᠦᠨᠳᠦᠰᠦᠨ ᠨᠤᠲᠤᠭ ᠪᠡᠯᠴᠢᠭᠡᠷ ᠤᠨ | ᠲᠠᠷᠬᠠᠭᠠᠯᠳᠠ ᠶᠢᠨ ᠪᠤᠷᠤ ᠵᠢᠷᠤᠭ ᠢ ᠵᠢᠷᠤᠵᠤ᠂ ᠬᠠᠮᠠᠭᠠᠯᠠᠯᠳᠠ ᠬᠢᠬᠦ ᠲᠡᠮᠳᠡᠭ ᠲᠠᠯᠪᠢᠵᠤ ᠤᠯᠠᠨ ᠳᠤ ᠵᠠᠷᠯᠠᠬᠤ ᠶᠢᠨ | ᠬᠠᠮᠳᠤ ᠳᠡᠭᠡᠷ᠎ᠡ ᠨᠢᠭᠡ ᠱᠠᠳᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠳᠠᠩᠰᠠᠯᠠᠭᠤᠯᠬᠤ ᠬᠡᠷᠡᠭᠳᠠᠢ᠃ | | ᠠᠷᠪᠠᠨ ᠳᠦᠷᠪᠡᠳᠦᠭᠡᠷ ᠵᠦᠢᠯ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠵᠠᠭᠠᠭᠯᠠᠬᠤ | ᠮᠡᠷᠭᠡᠵᠢᠯ ᠤᠨ ᠳᠦᠷᠢᠮᠵᠢᠯ ᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠨᠤᠲᠤᠭ | ᠪᠡᠯᠴᠢᠭᠡᠷ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠳᠤᠭᠳᠠᠭᠠᠨ᠎ᠠ᠃ | ᠭᠤᠷᠪᠠᠳᠤᠭᠠᠷ ᠪᠦᠯᠦᠭ ᠬᠠᠮᠠᠭᠠᠯᠠᠯᠳᠠ ᠪᠠ ᠠᠰᠢᠭᠯᠠᠯᠳᠠ | ᠠᠷᠪᠠᠨ ᠲᠠᠪᠤᠳᠤᠭᠠᠷ ᠵᠦᠢᠯ ᠦᠨᠳᠦᠰᠦᠨ ᠨᠤᠲᠤᠭ ᠪᠡᠯᠴᠢᠭᠡᠷ ᠲᠤ ᠳᠤᠤᠷᠠᠬᠢ ᠠᠵᠢᠯᠯᠠᠭ᠎ᠠ ᠬᠢᠬᠦ ᠶᠢ | ᠴᠠᠭᠠᠵᠠᠯᠠᠨ᠎ᠠ᠄ | ︵ᠨᠢᠭᠡ︶ ᠦᠨᠳᠦᠰᠦᠨ ᠨᠤᠲᠤᠭ ᠪᠡᠯᠴᠢᠭᠡᠷ ᠲᠤ ᠠᠳᠠᠷ ᠬᠠᠭᠠᠯᠪᠤᠷᠢᠯᠠᠬᠤ︔ | ︵ᠬᠤᠶᠠᠷ︶ ᠦᠨᠳᠦᠰᠦᠨ ᠨᠤᠲᠤᠭ ᠪᠡᠯᠴᠢᠭᠡᠷ ᠤᠨ ᠬᠡᠷᠡᠭᠴᠡᠭᠡ ᠶᠢ ᠳᠤᠷ᠎ᠠ ᠪᠠᠷ ᠦᠭᠡᠷᠡᠴᠢᠯᠡᠬᠦ︔ | ︵ᠭᠤᠷᠪᠠ︶ ᠨᠤᠲᠤᠭ ᠪᠡᠯᠴᠢᠭᠡᠷ ᠤᠨ ᠳᠤᠤᠷ ᠬᠦᠷᠢᠶ᠎ᠠ ᠪᠠ ᠬᠦᠮᠦᠨ ᠮᠠᠯ ᠤᠨ ᠤᠰᠤ ᠤᠮᠳᠠ ᠶᠢᠨ | ᠲᠦᠭᠦᠭᠡᠷᠦᠮᠵᠢ ᠵᠡᠷᠭᠡ ᠨᠤᠲᠤᠭ ᠪᠡᠯᠴᠢᠭᠡᠷ ᠤᠨ ᠬᠠᠮᠠᠭᠠᠯᠠᠯᠳᠠ ᠪᠠ ᠪᠦᠲᠦᠭᠡᠨ ᠪᠠᠶᠢᠭᠤᠯᠤᠯᠳᠠ ᠶᠢᠨ ᠲᠤᠨᠤᠭ | ᠲᠦᠬᠦᠭᠡᠷᠦᠮᠵᠢ ᠶᠢ ᠡᠪᠳᠡᠬᠦ︔ | ︵ᠳᠦᠷᠪᠡ︶ ᠳᠤᠷ᠎ᠠ ᠪᠠᠷ ᠬᠤᠳᠳᠤᠭ ᠦᠷᠦᠮᠲᠡᠵᠦ ᠠᠵᠤ ᠦᠢᠯᠡᠳᠪᠤᠷᠢ ᠳᠤ ᠬᠡᠷᠡᠭᠯᠡᠬᠦ ᠤᠰᠤ ᠳᠠᠳᠠᠬᠤ︔ | | ︵ᠲᠠᠪᠤ︶ ᠵᠢᠭᠠᠰᠦᠨ ᠴᠦᠬᠦᠷᠦᠮ ᠪᠤᠶᠤ ᠭᠤᠤ ᠰᠤᠪᠠᠭ ᠮᠠᠯᠳᠠᠵᠤ᠂ ᠡᠪᠡᠰᠦᠨ ᠤ ᠬᠦᠷᠦᠰᠦ ᠶᠢ ᠢᠷᠠᠬᠤ᠂ | ᠬᠦᠯᠦᠷ᠎ᠡ ᠮᠠᠯᠳᠠᠬᠤ ᠵᠡᠷᠭᠡ ᠨᠤᠲᠤᠭ ᠪᠡᠯᠴᠢᠭᠡᠷ ᠤᠨ ᠤᠷᠭᠤᠮᠠᠯ ᠪᠦᠷᠬᠦᠴᠡ ᠶᠢ ᠡᠪᠳᠡᠬᠦ ᠠᠵᠢᠯᠯᠠᠭ᠎ᠠ︔ | ︵ᠵᠢᠷᠭᠤᠭ᠎ᠠ︶ ᠬᠡᠭᠦᠷ ᠤᠩᠭᠤᠨ ᠪᠤᠰᠬᠠᠬᠤ︔ | ︵ᠳᠤᠯᠤᠭ᠎ᠠ︶ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠤᠯᠢ ᠳᠦᠷᠢᠮ ᠢ ᠵᠦᠷᠢᠴᠡᠵᠦ᠂ ᠬᠠᠳᠠᠭᠤ | ᠪᠡᠶᠡᠳᠦ᠂ ᠰᠢᠩᠭᠡᠨ ᠪᠡᠶᠡᠳᠦ ᠪᠤᠶᠤ ᠬᠡᠢ ᠪᠡᠶᠡᠳᠦ ᠬᠠᠶᠠᠭᠳᠠᠮᠠᠯ ᠪᠤᠳᠠᠰ᠂ ᠠᠮᠢᠳᠤᠷᠠᠯ ᠤᠨ ᠬᠤᠭ ᠨᠤᠪᠰᠢ ᠬᠠᠶᠠᠬᠤ᠂ | ᠡᠰᠡᠭᠦᠯ᠎ᠡ ᠤᠷᠴᠢᠨ ᠲᠤᠭᠤᠷᠢᠨ ᠤ ᠳᠠᠭᠤ ᠱᠤᠤᠬᠢᠶᠠᠨ ᠤ ᠪᠤᠬᠢᠷᠳᠦᠯ᠂ ᠲᠤᠭᠤᠰᠤ ᠰᠢᠷᠤᠢ ᠶᠢᠨ ᠪᠤᠬᠢᠷᠳᠦᠯ᠂ | ᠰᠠᠴᠤᠷᠠᠭ ᠪᠤᠳᠠᠰ ᠤᠨ ᠪᠤᠬᠢᠷᠳᠦᠯ᠂ ᠴᠠᠬᠢᠯᠭᠠᠨ ᠰᠤᠷᠢᠨᠵᠢᠨ ᠳᠤᠯᠬᠢᠶᠠᠨ ᠤ ᠪᠤᠬᠢᠷᠳᠦᠯ ᠡᠭᠦᠰᠭᠡᠬᠦ ᠠᠵᠢᠯᠯᠠᠭ᠎ᠠ︔ | | ︵ᠨᠠᠢᠮᠠ︶ ᠦᠨᠳᠦᠰᠦᠨ ᠨᠤᠲᠤᠭ ᠪᠡᠯᠴᠢᠭᠡᠷ ᠢ ᠡᠪᠳᠡᠬᠦ ᠪᠤᠰᠤᠳ ᠡᠯ᠎ᠡ ᠵᠦᠢᠯ ᠤᠨ ᠠᠵᠢᠯᠯᠠᠭ᠎ᠠ᠃ | | ᠠᠷᠪᠠᠨ ᠵᠢᠷᠭᠤᠳᠤᠭᠠᠷ ᠵᠦᠢᠯ ᠠᠶᠤᠯ ᠭᠠᠮᠰᠢᠭ ᠠᠴᠠ ᠠᠪᠤᠷᠠᠬᠤ ᠪᠤᠶᠤ ᠮᠠᠯᠴᠢᠳ ᠤᠳᠤᠷᠯᠠᠨ ᠨᠡᠭᠦᠬᠦ ᠳᠤ | ᠬᠡᠷᠡᠭᠯᠡᠬᠦ ᠮᠠᠰᠢᠨ ᠲᠡᠷᠭᠡ ᠠᠴᠠ ᠭᠠᠳᠠᠨ᠎ᠠ ᠡᠯ᠎ᠡ ᠵᠦᠢᠯ ᠤᠨ ᠮᠠᠰᠢᠨ ᠲᠡᠷᠭᠡ ᠵᠠᠮ ᠠᠴᠠ ᠭᠠᠷᠴᠤ ᠦᠨᠳᠦᠰᠦᠨ | ᠨᠤᠲᠤᠭ ᠪᠡᠯᠴᠢᠭᠡᠷ ᠲᠤ ᠳᠤᠷ᠎ᠠ ᠪᠠᠷ ᠳᠠᠪᠬᠢᠵᠤ ᠨᠤᠲᠤᠭ ᠪᠡᠯᠴᠢᠭᠡᠷ ᠤᠨ ᠤᠷᠭᠤᠮᠠᠯ ᠪᠦᠷᠬᠦᠴᠡ ᠶᠢ ᠡᠪᠳᠡᠬᠦ ᠶᠢ | ᠴᠠᠭᠠᠵᠠᠯᠠᠨ᠎ᠠ︔ ᠭᠠᠵᠠᠷ ᠰᠢᠨᠵᠢᠯᠡᠭᠡᠨ ᠤ ᠬᠠᠶᠢᠯᠳᠠ ᠬᠢᠬᠦ ᠪᠤᠶᠤ ᠰᠢᠨᠵᠢᠯᠡᠬᠦ ᠤᠬᠠᠭᠠᠨ ᠤ ᠪᠠᠶᠢᠴᠠᠭᠠᠯᠳᠠ ᠬᠢᠬᠦ ᠵᠡᠷᠭᠡ | ᠠᠵᠢᠯᠯᠠᠭ᠎ᠠ ᠠᠴᠠ ᠪᠤᠯᠵᠤ ᠵᠠᠮ ᠠᠴᠠ ᠭᠠᠷᠴᠤ ᠮᠠᠰᠢᠨ ᠲᠡᠷᠭᠡ ᠪᠠᠷ ᠦᠨᠳᠦᠰᠦᠨ ᠨᠤᠲᠤᠭ ᠪᠡᠯᠴᠢᠭᠡᠷ ᠢᠶᠠᠷ ᠶᠠᠪᠤᠬᠤ | ᠴᠢᠬᠤᠯᠠ ᠲᠠᠢ ᠪᠤᠯ᠂ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠨᠤᠲᠤᠭ ᠪᠡᠯᠴᠢᠭᠡᠷ ᠢ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠶᠠᠪᠤᠵᠤ ᠪᠠᠭᠤᠬᠤ ᠤᠷᠤᠨ ᠪᠠ ᠶᠠᠪᠤᠵᠤ ᠪᠠᠭᠤᠬᠤ ᠱᠤᠭᠤᠮ ᠤᠨ | ᠲᠦᠰᠦᠯ ᠢᠶᠠᠨ ᠮᠡᠳᠡᠭᠳᠡᠵᠦ᠂ ᠵᠦᠪᠰᠢᠶᠡᠷᠡᠯ ᠤᠯᠪᠠᠯ ᠰᠠᠢᠢ ᠶᠠᠪᠤᠵᠤ ᠪᠤᠯᠤᠨ᠎ᠠ᠃ | ᠠᠷᠪᠠᠨ ᠳᠤᠯᠤᠳᠤᠭᠠᠷ ᠵᠦᠢᠯ ᠦᠨᠳᠦᠰᠦᠨ ᠨᠤᠲᠤᠭ ᠪᠡᠯᠴᠢᠭᠡᠷ ᠲᠤ ᠡᠵᠡᠩᠨᠡᠯᠳᠡ ᠶᠢᠨ ᠴᠢᠨᠠᠷᠳᠠᠢ | ᠵᠤᠭᠠᠴᠠᠯ ᠤᠨ ᠠᠵᠢᠯᠯᠠᠭ᠎ᠠ ᠡᠷᠬᠢᠯᠡᠬᠦ ᠳᠤ᠂ ᠦᠨᠳᠦᠰᠦᠨ ᠨᠤᠳᠤᠭ ᠪᠡᠯᠴᠢᠭᠡᠷ ᠤᠨ ᠬᠠᠮᠠᠭᠠᠯᠠᠯᠳᠠ ᠶᠢᠨ | ᠲᠦᠯᠦᠪᠵᠢᠭᠦᠯᠭᠡ ᠳᠤ ᠨᠡᠶᠢᠴᠡᠬᠦ ᠬᠡᠷᠡᠭᠳᠠᠢ ᠪᠦᠭᠡᠳ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠤᠷᠳᠤᠨ ᠤ ᠨᠤᠲᠤᠭ ᠪᠡᠯᠴᠢᠭᠡᠷ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ | ᠵᠦᠪᠰᠢᠶᠡᠷᠡᠬᠦᠯᠥᠭᠰᠡᠡ ᠤ ᠳᠠᠷᠠᠭ᠎ᠠ ᠬᠤᠯᠪᠤᠭᠳᠠᠯ ᠪᠦᠬᠦᠢ ᠭᠠᠷᠳᠠᠮ ᠢ ᠭᠦᠢᠴᠡᠳᠭᠡᠵᠦ ᠪᠤᠯᠤᠨ᠎ᠠ᠃ | ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠨᠤᠲᠤᠭ | ᠪᠡᠯᠴᠢᠭᠡᠷ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠤᠭᠠᠴᠠᠯ ᠤᠨ ᠠᠵᠢᠯᠯᠠᠭ᠎ᠠ ᠡᠷᠬᠢᠯᠡᠭᠰᠡᠳ ᠤᠨ | ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠬᠰᠠᠠ ᠪᠠᠶᠢᠳᠠᠯ ᠢ | ᠦᠷᠭᠦᠯᠵᠢ ᠬᠢᠨᠠᠵᠤ ᠪᠠᠶᠢᠴᠠᠭᠠᠬᠤ ᠬᠡᠷᠡᠭᠳᠠᠢ᠃ | ᠠᠷᠪᠠᠨ ᠨᠠᠢᠮᠠᠳᠤᠭᠠᠷ ᠵᠦᠢᠯ ᠠᠭᠤᠷᠬᠠᠢ ᠪᠤᠯᠠᠬᠳᠠᠴᠠ ᠮᠠᠯᠳᠠᠬᠤ ᠪᠤᠶᠤ ᠪᠠᠷᠢᠯᠭ᠎ᠠ ᠪᠠᠶᠢᠭᠤᠯᠬᠤ ᠳᠤ | ᠦᠨᠳᠦᠰᠦᠨ ᠨᠤᠲᠤᠭ ᠪᠡᠯᠴᠢᠭᠡᠷ ᠢ ᠳᠠᠳᠠᠪᠤᠷᠢᠯᠠᠨ ᠠᠪᠴᠤ᠂ ᠳᠠᠳᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠴᠢᠬᠤᠯᠠ ᠲᠠᠢ | ᠦᠶᠡᠰ ᠲᠤ᠂ ᠡᠷᠬᠡᠪᠰᠢ ᠦᠪᠡᠷᠳᠡᠭᠡᠨ ᠵᠠᠰᠠᠬᠤ ᠤᠷᠤᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠨᠤᠲᠤᠭ ᠪᠡᠯᠴᠢᠭᠡᠷ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠡᠨ ᠵᠦᠪᠰᠢᠶᠡᠷᠡᠬᠦᠯᠥᠭᠰᠡᠡ ᠤ | ᠳᠠᠷᠠᠭ᠎ᠠ ᠭᠠᠵᠠᠷ ᠰᠢᠷᠤᠢ ᠶᠢᠨ ᠬᠠᠮᠢᠶᠠᠷᠤᠯᠳᠠ ᠶᠢᠨ ᠬᠠᠤᠯᠢ ᠪᠠ ᠵᠠᠰᠠᠭ ᠵᠠᠬᠢᠷᠭᠠᠨ ᠤ ᠳᠦᠷᠢᠮ ᠳᠤᠭᠳᠠᠭᠠᠯ ᠢ | ᠦᠨᠳᠦᠰᠦᠯᠡᠨ ᠪᠦᠲᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠰᠢᠷᠤᠢ ᠶᠢ ᠬᠢᠨᠠᠨ ᠵᠦᠪᠰᠢᠶᠡᠷᠡᠬᠦᠯᠬᠦ ᠭᠠᠷ | ᠭᠦᠢᠴᠡᠳᠭᠡᠯ ᠬᠢᠯᠭᠡᠨ᠎ᠠ᠃ | ᠦᠨᠳᠦᠰᠦᠨ ᠨᠤᠲᠤᠭ ᠪᠡᠯᠴᠢᠭᠡᠷ ᠢ ᠳᠠᠳᠠᠪᠤᠷᠢᠯᠠᠨ ᠠᠪᠬᠤ᠂ ᠳᠠᠳᠠᠪᠤᠷᠢᠯᠠᠨ ᠬᠡᠷᠡᠭᠯᠡᠬᠦ ᠪᠤᠶᠤ ᠬᠡᠷᠡᠭᠯᠡᠭᠰᠡᠨ | ᠪᠠᠶᠢᠳᠠᠯ ᠢ ᠬᠢᠨᠠᠵᠤ ᠪᠠᠶᠢᠴᠠᠭᠠᠬᠤ ᠠᠵᠢᠯ ᠢ ᠦᠪᠡᠷᠳᠡᠭᠡᠨ ᠵᠠᠰᠠᠬᠤ ᠤᠷᠤᠨ ᠤ ᠨᠤᠲᠤᠭ ᠪᠡᠯᠴᠢᠭᠡᠷ ᠢ ᠬᠢᠨᠠᠵᠤ | ᠬᠠᠮᠢᠶᠠᠷᠬᠤ ᠰᠠᠯᠠᠭ᠎ᠠ ᠮᠦᠴᠢᠷ ᠠᠴᠠ ᠬᠠᠷᠢᠭᠤᠴᠠᠨ ᠵᠤᠬᠢᠶᠠᠨ ᠪᠠᠶᠢᠭᠤᠯᠵᠤ ᠬᠢᠨ᠎ᠡ᠃ | ᠠᠷᠪᠠᠨ ᠶᠢᠰᠤᠳᠦᠬᠡᠷ ᠵᠦᠢᠯ ᠦᠨᠳᠤᠰᠤᠨ ᠨᠤᠳᠤᠭ ᠪᠡᠯᠴᠢᠬᠡᠷ ᠲᠡᠬᠡᠷ᠎ᠠ ᠬᠠᠶᠢᠨ ᠰᠢᠨᠵᠢᠯᠡᠬᠡᠨ ᠬᠢᠬᠦ᠂ | ᠬᠤᠳᠳᠤᠭ ᠦᠷᠦᠮᠳᠡᠬᠦ᠂ ᠭᠠᠵᠠᠷ ᠲᠡᠬᠡᠷᠡᠬᠢ ᠪᠤᠶᠤ ᠭᠠᠵᠠᠷ ᠲᠤᠤᠷᠠᠬᠢ ᠪᠠᠷᠢᠯᠭ᠎ᠠ ᠪᠠᠷᠢᠬᠤ᠂ ᠰᠢᠷᠤᠢ ᠪᠠ ᠬᠠᠶᠢᠷ | ᠴᠢᠯᠠᠭᠤ ᠠᠪᠬᠤ᠂ ᠠᠭᠤᠷᠬᠠᠢ ᠶᠢᠨ ᠡᠬᠢ ᠪᠠᠶᠠᠯᠢᠭ ᠢ ᠨᠡᠬᠡᠬᠡᠬᠦ ᠳᠡᠭᠡᠨ ᠦᠨᠳᠤᠰᠤᠨ ᠨᠤᠳᠤᠭ ᠪᠡᠯᠴᠢᠬᠡᠷ ᠢ ᠲᠦᠷ | ᠡᠵᠡᠯᠡᠭᠰᠡᠨ ᠲᠠᠯᠠᠪᠠᠢ ᠨᠢ 2 ᠾᠧᠺᠲ᠋ᠠᠷ ᠲᠤ ᠬᠦᠷᠬᠦ ᠦᠬᠡᠢ ᠪᠤᠯ ᠬᠤᠰᠢᠭᠤ ᠰᠢᠶᠠᠨ ᠤ ᠱᠠᠳᠤ ᠶᠢᠨ ᠠᠷᠠᠳ ᠤᠨ | ᠵᠠᠰᠠᠭ ᠤᠨ ᠤᠷᠳᠤᠨ ᠤ ᠨᠤᠳᠤᠭ ᠪᠡᠯᠴᠢᠬᠡᠷ ᠤᠨ ᠵᠠᠰᠠᠭ ᠵᠠᠬᠢᠷᠭ᠎ᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ | ᠢᠶᠠᠷ ᠬᠢᠨᠡᠨ ᠵᠦᠪᠰᠢᠶᠡᠷᠡᠬᠦᠯᠦᠨ᠎ᠠ︔ 2 ᠾᠧᠺᠲ᠋ᠠᠷ ᠠᠴᠠ ᠲᠡᠬᠡᠭᠰᠢ 30 ᠾᠧᠺᠲ᠋ᠠᠷ ᠠᠴᠠ ᠲᠤᠷᠤᠭᠰᠢ ᠪᠤᠯ | ᠠᠶᠢᠮᠠᠭ ᠤᠨ ᠵᠠᠬᠢᠷᠭ᠎ᠠ ᠪᠤᠶᠤ ᠬᠤᠳᠠ ᠶᠢᠨ ᠵᠠᠰᠠᠭ ᠤᠨ ᠤᠷᠳᠤᠨ ᠤ ᠨᠤᠳᠤᠭ ᠪᠡᠯᠴᠢᠬᠡᠷ ᠤᠨ ᠵᠠᠰᠠᠭ ᠵᠠᠬᠢᠷᠭ᠎ᠠ ᠶᠢᠨ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠨ ᠵᠦᠪᠰᠢᠶᠡᠷᠡᠬᠦᠯᠦᠨ᠎ᠠ︔ 30 ᠾᠧᠺᠲ᠋ᠠᠷ ᠢ ᠲᠠᠪᠠᠪᠠᠯ | ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠨᠤᠳᠤᠭ ᠪᠡᠯᠴᠢᠬᠡᠷ ᠤᠨ ᠵᠠᠰᠠᠭ ᠵᠠᠬᠢᠷᠭ᠎ᠠ ᠶᠢᠨ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠨ ᠵᠦᠪᠰᠢᠶᠡᠷᠡᠬᠦᠯᠦᠨ᠎ᠠ᠃ | ᠦᠨᠳᠤᠰᠤᠨ ᠨᠤᠳᠤᠭ ᠪᠡᠯᠴᠢᠬᠡᠷ ᠢ ᠲᠦᠷ ᠡᠵᠡᠯᠡᠬᠦ ᠬᠤᠭᠤᠴᠠᠭ᠎ᠠ ᠨᠢ 2 ᠵᠢᠯ ᠠᠴᠠ ᠲᠠᠪᠠᠵᠤ ᠪᠤᠯᠬᠤ | ᠦᠬᠡᠢ ᠮᠦᠷᠳᠡᠬᠡᠨ ᠲᠦᠷ ᠡᠵᠡᠯᠡᠭᠰᠡᠨ ᠦᠨᠳᠤᠰᠤᠨ ᠨᠤᠳᠤᠭ ᠪᠡᠯᠴᠢᠬᠡᠷ ᠲᠠᠬᠡᠷ᠎ᠠ ᠪᠠᠶᠢᠩᠭᠤ ᠶᠢᠨ ᠴᠢᠨᠠᠷᠳᠠᠢ | ᠪᠠᠷᠢᠯᠭ᠎ᠠ ᠪᠠᠷᠢᠵᠤ ᠪᠤᠯᠬᠤ ᠦᠬᠡᠢ᠃ | ᠬᠤᠷᠢᠳᠤᠭᠠᠷ ᠵᠦᠢᠯ ᠵᠦᠪᠰᠢᠶᠡᠷᠡᠯ ᠢᠶᠠᠷ ᠲᠠᠮᠵᠢᠨ ᠦᠨᠳᠤᠰᠤᠨ ᠨᠤᠳᠤᠭ ᠪᠡᠯᠴᠢᠬᠡᠷ ᠢ ᠲᠠᠳᠠᠪᠤᠷᠢᠯᠠᠬᠤ᠂ | ᠲᠠᠳᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠳᠡᠭᠡᠨ ᠨᠤᠳᠤᠭ ᠪᠡᠯᠴᠢᠬᠡᠷ ᠤᠨ ᠨᠦᠬᠦᠪᠤᠷᠢ᠂ ᠲᠦᠪᠬᠢᠨᠡᠬᠦᠯᠬᠦ ᠨᠦᠬᠦᠪᠤᠷᠢ | ᠪᠠ ᠲᠠᠭᠠᠯᠳᠠ ᠪᠤᠳᠠᠰ ᠤᠨ ᠨᠦᠬᠦᠪᠤᠷᠢ ᠦᠭᠬᠦ ᠬᠡᠷᠡᠭᠳᠠᠢ᠃ | ᠨᠤᠳᠤᠭ ᠪᠡᠯᠴᠢᠬᠡᠷ ᠤᠨ ᠨᠦᠬᠦᠪᠤᠷᠢ᠂ ᠲᠦᠪᠬᠢᠨᠡᠬᠦᠯᠬᠦ ᠨᠦᠬᠦᠪᠤᠷᠢ ᠶᠢᠨ ᠪᠠᠷᠢᠮᠵᠢᠶ᠎ᠠ ᠶᠢ ᠤᠯᠤᠰ ᠪᠠ ᠦᠪᠡᠷᠳᠡᠬᠡᠨ | ᠵᠠᠰᠠᠬᠤ ᠤᠷᠤᠨ ᠤ ᠬᠠᠮᠢᠶ᠎ᠠ ᠪᠦᠬᠦᠢ ᠲᠦᠷᠢᠮ ᠢ ᠦᠨᠳᠤᠰᠤᠯᠡᠨ ᠬᠡᠷᠡᠭᠵᠢᠬᠦᠯᠵᠤ᠂ ᠲᠠᠭᠠᠯᠳᠠ ᠪᠤᠳᠠᠰ ᠤᠨ | ᠨᠦᠬᠦᠪᠤᠷᠢ ᠶᠢ ᠪᠤᠳᠠᠳᠠᠢ ᠬᠤᠬᠢᠷᠠᠯ ᠳᠤ ᠤᠴᠠᠷᠠᠭᠰᠠᠨ ᠪᠠᠶᠢᠳᠠᠯ ᠢ ᠦᠨᠳᠤᠰᠤᠯᠡᠨ ᠨᠦᠬᠦᠪᠤᠷᠢᠯᠡᠨ᠎ᠠ᠃ | ᠬᠤᠷᠢᠨ ᠨᠢᠬᠡᠳᠤᠬᠡᠷ ᠵᠦᠢᠯ ᠦᠨᠳᠤᠰᠤᠨ ᠨᠤᠳᠤᠭ ᠪᠡᠯᠴᠢᠬᠡᠷ ᠢ ᠲᠠᠳᠠᠪᠤᠷᠢᠯᠠᠬᠤ᠂ ᠲᠠᠳᠠᠪᠤᠷᠢᠯᠠᠨ | ᠬᠡᠷᠡᠭᠯᠡᠬᠦ ᠪᠠ ᠬᠡᠷᠡᠭᠯᠡᠬᠦ ᠪᠤᠶᠤ ᠡᠰᠡᠬᠦᠯ᠎ᠠ ᠦᠨᠳᠤᠰᠤᠨ ᠨᠤᠳᠤᠭ ᠪᠡᠯᠴᠢᠬᠡᠷ ᠢ ᠲᠦᠷ ᠡᠵᠡᠯᠡᠨ ᠬᠡᠷᠡᠭᠯᠡᠭᠰᠡᠨ ᠤ ᠲᠠᠷᠠᠭ᠎ᠠ | ᠨᠤᠳᠤᠭ ᠪᠡᠯᠴᠢᠬᠡᠷ ᠢ ᠰᠡᠷᠬᠦᠬᠡᠬᠦ ᠡᠬᠦᠷᠬᠡ ᠪᠠᠨ ᠪᠡᠶᠡᠯᠡᠬᠦᠯᠦᠭᠰᠡᠨ ᠦᠬᠡᠢ ᠪᠤᠯ ᠬᠠᠤᠯᠢ ᠶᠤᠰᠤᠭᠠᠷ ᠨᠤᠳᠤᠭ | ᠪᠡᠯᠴᠢᠬᠡᠷ ᠤᠨ ᠤᠷᠭᠤᠮᠠᠯ ᠤᠨ ᠪᠦᠷᠬᠦᠴᠡ ᠶᠢ ᠰᠡᠷᠬᠦᠬᠡᠬᠦ ᠰᠦᠢᠳᠬᠡᠯ ᠲᠤᠰᠢᠶᠠᠬᠤ ᠶᠢᠨ ᠬᠠᠮᠳᠤ ᠬᠠᠷᠠᠭᠠᠯᠵᠠᠭᠰᠠᠨ | ᠤᠷᠢᠳᠴᠢᠯᠠᠨ ᠰᠡᠷᠬᠡᠶᠢᠯᠡᠬᠦ ᠠᠷᠭ᠎ᠠ ᠬᠡᠮᠵᠢᠶ᠎ᠠ ᠠᠪᠴᠦ ᠪᠠᠶᠢᠭᠠᠳ ᠨᠤᠳᠤᠭ ᠪᠡᠯᠴᠢᠬᠡᠷ ᠤᠨ ᠤᠷᠭᠤᠮᠠᠯ ᠤᠨ ᠪᠦᠷᠬᠦᠴᠡ | ᠶᠢ ᠰᠡᠷᠬᠦᠬᠡᠬᠦ ᠶᠢ ᠪᠠᠳᠤᠯᠠᠬᠤ ᠬᠡᠷᠡᠭᠳᠠᠢ᠃ ᠨᠤᠳᠤᠭ ᠪᠡᠯᠴᠢᠬᠡᠷ ᠤᠨ ᠤᠷᠭᠤᠮᠠᠯ ᠤᠨ ᠪᠦᠷᠬᠦᠴᠡ ᠶᠢ ᠰᠡᠷᠬᠦᠬᠡᠬᠦ | ᠲᠤᠰᠬᠠᠢ ᠰᠦᠢᠳᠬᠡᠯ ᠢ ᠲᠤᠰᠬᠠᠢ ᠬᠡᠷᠡᠭᠯᠡᠵᠤ᠂ ᠨᠤᠳᠤᠭ ᠪᠡᠯᠴᠢᠬᠡᠷ ᠤᠨ ᠵᠠᠰᠠᠭ ᠵᠠᠬᠢᠷᠭ᠎ᠠ ᠶᠢᠨ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠯ ᠶᠤᠰᠤᠭᠠᠷ ᠨᠤᠳᠤᠭ ᠪᠡᠯᠴᠢᠬᠡᠷ ᠤᠨ ᠤᠷᠭᠤᠮᠠᠯ ᠤᠨ ᠪᠦᠷᠬᠦᠴᠡ ᠶᠢ | ᠰᠡᠷᠬᠦᠬᠡᠬᠦ ᠳᠤ ᠬᠡᠷᠡᠭᠯᠡᠵᠤ᠂ ᠠᠯᠢᠪᠠ ᠪᠠᠶᠢᠭᠤᠯᠤᠯᠭ᠎ᠠ ᠨᠢᠬᠡᠴᠡ ᠪᠠ ᠬᠤᠪᠢ ᠬᠦᠮᠦᠨ ᠦᠯᠡᠳᠡᠬᠡᠨ ᠠᠪᠬᠤ ᠪᠤᠶᠤ | ᠨᠡᠬᠦᠯᠬᠡᠨ ᠬᠡᠷᠡᠭᠯᠡᠵᠤ ᠪᠤᠯᠬᠤ ᠦᠬᠡᠢ᠃ | ᠬᠤᠷᠢᠨ ᠬᠤᠶᠠᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠠᠴᠠ ᠬᠠᠤᠯᠢ ᠶᠤᠰᠤᠭᠠᠷ ᠮᠠᠯ ᠪᠡᠯᠴᠢᠬᠡᠷ ᠤᠨ | ᠲᠠᠩᠴᠡᠬᠦᠷᠢ ᠶᠢᠨ ᠲᠦᠷᠢᠮ ᠪᠠ ᠪᠡᠯᠴᠢᠬᠡᠷᠯᠡᠬᠦᠯᠬᠦ ᠶᠢ ᠵᠤᠭᠰᠤᠭᠠᠬᠤ᠂ ᠪᠡᠯᠴᠢᠬᠡᠷ ᠢ ᠰᠡᠷᠬᠦᠬᠡᠬᠦ᠂ ᠪᠡᠯᠴᠢᠬᠡᠷ ᠢᠶᠠᠨ | ᠬᠡᠰᠡᠭᠯᠡᠨ ᠰᠡᠯᠬᠦᠨ ᠮᠠᠯᠵᠢᠬᠤ ᠲᠦᠷᠢᠮ ᠢ ᠬᠡᠷᠡᠭᠵᠢᠬᠦᠯᠬᠦ ᠶᠢᠨ ᠬᠠᠮᠳᠤ ᠤᠯᠤᠰ ᠪᠠ ᠦᠪᠡᠷᠳᠡᠬᠡᠨ ᠵᠠᠰᠠᠬᠤ ᠤᠷᠤᠨ ᠤ | ᠬᠠᠮᠢᠶ᠎ᠠ ᠪᠦᠬᠦᠢ ᠲᠤᠭᠳᠠᠭᠠᠯ ᠶᠤᠰᠤᠭᠠᠷ ᠲᠦᠷᠢᠮ ᠢ ᠨᠠᠶᠢᠳᠠᠪᠤᠷᠵᠢᠭᠤᠯᠤᠭᠰᠠᠨ ᠮᠠᠯᠴᠢᠨ ᠲᠠᠷᠢᠶᠠᠴᠢᠨ ᠳᠤ ᠱᠠᠩᠨᠠᠯ | ᠨᠦᠬᠦᠪᠤᠷᠢ ᠤᠯᠭᠤᠬᠤ ᠬᠡᠷᠡᠭᠳᠠᠢ᠃ | ᠬᠤᠷᠢᠨ ᠭᠤᠷᠪᠠᠳᠤᠭᠠᠷ ᠵᠦᠢᠯ ᠲᠠᠵᠢᠬᠡᠯ ᠡᠪᠡᠰᠤ ᠪᠤᠷᠳᠤᠭ᠎ᠠ ᠶᠢᠨ ᠰᠠᠭᠤᠷᠢᠨ ᠪᠠᠶᠢᠭᠤᠯᠬᠤ ᠳᠠᠭᠠᠨ | ᠦᠨᠳᠤᠰᠤᠨ ᠨᠤᠳᠤᠭ ᠪᠡᠯᠴᠢᠬᠡᠷ ᠢ ᠬᠠᠮᠠᠭᠠᠯᠠᠬᠤ ᠲᠦᠯᠦᠪᠵᠢᠬᠦᠯᠬᠡ ᠳᠤ ᠵᠤᠬᠢᠴᠠᠭᠰᠠᠨ ᠪᠠᠶᠢᠬᠤ ᠬᠡᠷᠡᠭᠳᠠᠢ᠃ ᠲᠠᠷᠢᠬᠤ | ᠲᠠᠵᠢᠬᠡᠯ ᠡᠪᠡᠰᠤ ᠪᠤᠷᠳᠤᠭ᠎ᠠ ᠶᠢᠨ ᠲᠦᠷᠦᠯ ᠢ ᠬᠤᠰᠢᠭᠤ ᠰᠢᠶᠠᠨ ᠤ ᠱᠠᠳᠤ ᠶᠢᠨ ᠠᠷᠠᠳ ᠤᠨ ᠵᠠᠰᠠᠭ ᠤᠨ | ᠤᠷᠳᠤᠨ ᠤ ᠨᠤᠳᠤᠭ ᠪᠡᠯᠴᠢᠬᠡᠷ ᠤᠨ ᠵᠠᠰᠠᠭ ᠵᠠᠬᠢᠷᠭ᠎ᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ | ᠪᠤᠳᠠᠳᠠᠢ ᠲᠤᠭᠳᠠᠭᠠᠯ ᠭᠠᠷᠭᠠᠬᠤ ᠬᠡᠷᠡᠭᠳᠠᠢ᠃ | ᠬᠤᠷᠢᠨ ᠲᠦᠷᠪᠡᠳᠤᠬᠡᠷ ᠵᠦᠢᠯ ᠦᠨᠳᠤᠰᠤᠨ ᠨᠤᠳᠤᠭ ᠪᠡᠯᠴᠢᠬᠡᠷ ᠲᠡᠬᠡᠷ᠎ᠠ ᠠᠴᠠ ᠤᠯᠤᠰ ᠤᠨ ᠬᠤᠶᠠᠳᠤᠭᠠᠷ | ᠲᠡᠰ ᠤᠨ ᠬᠠᠮᠠᠭᠠᠯᠠᠯᠳᠠ ᠲᠠᠢ ᠪᠠ ᠦᠪᠡᠷᠳᠡᠬᠡᠨ ᠵᠠᠰᠠᠬᠤ ᠤᠷᠤᠨ ᠠᠴᠠ ᠲᠤᠭᠳᠠᠭᠠᠭᠰᠠᠨ ᠭᠤᠤᠯᠳᠠᠯᠭ᠎ᠠ ᠲᠠᠢ ᠪᠠᠷ | ᠬᠠᠮᠠᠭᠠᠯᠠᠬᠤ ᠨᠤᠳᠤᠭ ᠪᠡᠯᠴᠢᠬᠡᠷ ᠤᠨ ᠬᠡᠬᠡᠷ᠎ᠠ ᠶᠢᠨ ᠤᠷᠭᠤᠮᠠᠯ ᠢ ᠴᠤᠭᠯᠠᠭᠤᠯᠵᠤ ᠬᠤᠷᠢᠶᠠᠬᠤ ᠳᠠᠭᠠᠨ ᠬᠠᠤᠯᠢ | ᠶᠤᠰᠤᠭᠠᠷ ᠨᠤᠳᠤᠭ ᠪᠡᠯᠴᠢᠬᠡᠷ ᠤᠨ ᠬᠡᠬᠡᠷ᠎ᠠ ᠶᠢᠨ ᠤᠷᠭᠤᠮᠠᠯ ᠢ ᠴᠤᠭᠯᠠᠭᠤᠯᠵᠤ ᠬᠤᠷᠢᠶᠠᠬᠤ ᠵᠦᠪᠰᠢᠶᠡᠷᠡᠯ ᠢ ᠤᠯᠬᠤ | ᠬᠡᠷᠡᠭᠳᠠᠢ᠃ | ᠨᠤᠳᠤᠭ ᠪᠡᠯᠴᠢᠬᠡᠷ ᠤᠨ ᠬᠡᠬᠡᠷ᠎ᠠ ᠶᠢᠨ ᠤᠷᠭᠤᠮᠠᠯ ᠢ ᠴᠤᠭᠯᠠᠭᠤᠯᠵᠤ ᠬᠤᠷᠢᠶᠠᠬᠤ ᠵᠦᠪᠰᠢᠶᠡᠷᠡᠯ ᠤᠨ | ᠦᠨᠡᠮᠯᠡᠯ ᠢ ᠤᠯᠤᠭᠰᠠᠨ ᠪᠤᠯ ᠴᠤᠭᠯᠠᠭᠤᠯᠵᠤ ᠬᠤᠷᠢᠶᠠᠬᠤ ᠵᠦᠪᠰᠢᠶᠡᠷᠡᠯ ᠤᠨ ᠦᠨᠡᠮᠯᠡᠯ ᠳᠤ ᠲᠤᠭᠳᠠᠭᠠᠭᠰᠠᠨ ᠨᠤᠳᠤᠭ | ᠪᠡᠯᠴᠢᠬᠡᠷ ᠤᠨ ᠬᠡᠬᠡᠷ᠎ᠠ ᠶᠢᠨ ᠤᠷᠭᠤᠮᠠᠯ ᠤᠨ ᠲᠦᠷᠦᠯ ᠬᠡᠯᠪᠡᠷᠢ᠂ ᠤᠷᠤᠨ ᠲᠤᠭᠤᠷᠢᠭ᠂ ᠴᠠᠭ ᠬᠤᠭᠤᠴᠠᠭ᠎ᠠ᠂ | ᠲᠤᠭ᠎ᠠ ᠬᠡᠮᠵᠢᠶ᠎ᠠ ᠪᠠ ᠠᠷᠭ᠎ᠠ ᠬᠡᠯᠪᠡᠷᠢ ᠶᠤᠰᠤᠭᠠᠷ ᠴᠤᠭᠯᠠᠭᠤᠯᠵᠤ ᠬᠤᠷᠢᠶᠠᠬᠤ ᠬᠡᠷᠡᠭᠳᠠᠢ᠃ | ᠬᠤᠷᠢᠨ ᠲᠠᠪᠤᠳᠤᠭᠠᠷ ᠵᠦᠢᠯ ᠦᠨᠳᠤᠰᠤᠨ ᠨᠤᠳᠤᠭ ᠪᠡᠯᠴᠢᠬᠡᠷ ᠢ ᠲᠠᠳᠠᠪᠤᠷᠢᠯᠠᠬᠤ᠂ ᠲᠠᠳᠠᠪᠤᠷᠢᠯᠠᠨ | ᠬᠡᠷᠡᠭᠯᠡᠬᠦ ᠂ ᠬᠡᠷᠡᠭᠯᠡᠬᠦ ᠪᠤᠶᠤ ᠲᠦᠷ ᠡᠵᠡᠯᠡᠪᠡᠯ ᠬᠠᠮᠢᠶ᠎ᠠ ᠪᠦᠬᠦᠢ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠤᠨ | ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠤᠯᠢ ᠴᠠᠭᠠᠵᠠ᠂ ᠬᠠᠤᠯᠢ ᠲᠦᠷᠢᠮ ᠤᠨ ᠲᠤᠭᠳᠠᠭᠠᠯ ᠢ ᠵᠢᠷᠤᠮᠯᠡᠵᠤ᠂ | ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠤᠨ ᠤᠷᠴᠢᠨ ᠲᠤᠭᠤᠷᠢᠨ ᠤᠨ ᠨᠦᠯᠦᠬᠡᠯᠡᠯ ᠤᠨ ᠮᠡᠳᠡᠬᠦᠯᠦᠯᠳᠡ | ᠶᠢᠨ ᠪᠢᠴᠢᠭ ᠲᠡᠭᠡᠨ ᠦᠨᠳᠤᠰᠤᠨ ᠨᠤᠳᠤᠭ ᠪᠡᠯᠴᠢᠬᠡᠷ ᠤᠨ ᠤᠷᠴᠢᠨ ᠲᠤᠭᠤᠷᠢᠨ ᠢ ᠬᠠᠮᠠᠭᠠᠯᠠᠬᠤ ᠲᠦᠰᠦᠯ ᠲᠠᠢ | ᠪᠠᠶᠢᠬᠤ ᠬᠡᠷᠡᠭᠳᠠᠢ᠃ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠵᠦᠪᠰᠢᠶᠡᠷᠡᠭᠳᠡᠭᠰᠡᠨ ᠬᠤᠶᠢᠨ᠎ᠠ ᠦᠨᠳᠤᠰᠤᠨ | ᠨᠤᠳᠤᠭ ᠪᠡᠯᠴᠢᠬᠡᠷ ᠤᠨ ᠤᠷᠴᠢᠨ ᠲᠤᠭᠤᠷᠢᠨ ᠢ ᠬᠠᠮᠠᠭᠠᠯᠠᠬᠤ ᠲᠦᠰᠦᠯ ᠢ ᠪᠦᠳᠦᠬᠡᠨ ᠪᠠᠶᠢᠭᠤᠯᠤᠯᠳᠠ ᠶᠢᠨ ᠲᠦᠷᠦᠯ | ᠵᠦᠢᠯ ᠯᠤᠭ᠎ᠠ ᠵᠡᠷᠬᠡᠪᠡᠷ ᠬᠡᠷᠡᠭᠵᠢᠬᠦᠯᠬᠦ ᠬᠡᠷᠡᠭᠳᠠᠢ᠃ | ᠬᠤᠷᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠬ ᠤᠨ | ᠤᠷᠳᠤᠨ ᠤ ᠨᠤᠳᠤᠬ ᠪᠠᠯᠴᠢᠬᠡᠷ ᠤᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠳᠠᠯᠢ | ᠱᠠᠳᠤᠨ ᠤ ᠤᠷᠴᠢᠨ ᠳᠤᠭᠤᠷᠢᠨ ᠤ ᠬᠠᠮᠠᠭᠠᠯᠠᠯᠳᠠ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠲᠠᠢ ᠬᠠᠮᠵᠢᠯᠴᠠᠨ ᠦᠡᠳᠤᠰᠤᠨ ᠨᠤᠳᠤᠬ ᠪᠠᠯᠴᠢᠬᠡᠷ ᠤᠨ ᠤᠷᠴᠢᠨ ᠳᠤᠭᠤᠷᠢᠨ ᠤ ᠶᠠᠰᠤ ᠴᠢᠨᠠᠷ ᠪᠠ | ᠪᠤᠬᠢᠷᠳᠤᠯ ᠤᠨ ᠪᠠᠶᠢᠳᠠᠯ ᠳᠤ ᠮᠦᠷᠳᠡᠠ ᠬᠢᠨᠠᠨ ᠬᠡᠮᠵᠢᠯᠳᠡ ᠬᠢᠵᠤ᠂ ᠳᠤᠬᠳᠠᠬᠰᠠᠨ ᠬᠤᠭᠤᠴᠠᠭᠠᠨ ᠳᠤ ᠳᠤᠰ | ᠱᠠᠳᠤᠨ ᠤ ᠠᠷᠠᠳ ᠤᠨ ᠵᠠᠰᠠᠬ ᠤᠨ ᠤᠷᠳᠤᠨ ᠳᠤ ᠤᠷᠴᠢᠨ ᠳᠤᠭᠤᠷᠢᠨ ᠤ ᠶᠠᠰᠤ ᠴᠢᠨᠠᠷ ᠪᠤᠯᠤᠨ ᠬᠤᠪᠢᠷᠠᠯᠳᠠ ᠶᠢᠨ | ᠪᠠᠶᠢᠳᠠᠯ ᠢ ᠮᠡᠳᠡᠭᠦᠯᠬᠦ ᠬᠡᠷᠡᠭᠳᠠᠢ᠃ | ᠬᠤᠷᠢᠨ ᠳᠤᠯᠤᠳᠤᠭᠠᠷ ᠵᠦᠢᠯ ᠠᠳᠡᠯ ᠡᠭᠦᠰᠦᠭᠰᠡᠨ ᠪᠤᠶᠤ ᠭᠡᠨᠡᠳᠳᠡ ᠶᠢᠨ ᠴᠢᠨᠠᠷ ᠲᠠᠢ ᠬᠡᠷᠡᠭ ᠶᠠᠪᠤᠳᠠᠯ ᠠᠴᠠ | ᠪᠤᠯᠵᠤ᠂ ᠳᠠᠯ᠎ᠠ ᠨᠤᠳᠤᠬ ᠤᠨ ᠠᠮᠢ ᠠᠬᠤᠢ ᠶᠢ ᠡᠪᠳᠡᠭᠰᠡᠨ ᠪᠤᠶᠤ ᠤᠷᠴᠢᠨ ᠳᠤᠭᠤᠷᠢᠨ ᠢ ᠪᠤᠬᠢᠷᠳᠤᠭᠤᠯᠤᠬᠰᠠᠨ | ᠪᠤᠶᠤ ᠪᠤᠬᠢᠷᠳᠤᠭᠤᠯᠬᠤ ᠪᠤᠯᠤᠮᠵᠢ ᠲᠠᠢ ᠬᠡᠷᠡᠭ ᠭᠠᠷᠤᠬᠰᠠᠨ ᠪᠤᠯ᠂ ᠳᠤᠬᠠᠢ ᠶᠢᠨ ᠬᠦᠮᠤᠨ ᠡᠷᠬᠡᠪᠰᠢ ᠴᠠᠬ ᠳᠤᠬᠠᠢ | ᠳᠤᠨᠢ ᠠᠷᠭ᠎ᠠ ᠬᠡᠮᠵᠢᠶ᠎ᠠ ᠠᠪᠴᠤ᠂ ᠪᠠᠰᠠ ᠰᠠᠭᠤᠭ᠎ᠠ ᠭᠠᠵᠠᠷ ᠤᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠵᠠᠰᠠᠬ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠨᠤᠳᠤᠬ ᠪᠠᠯᠴᠢᠬᠡᠷ ᠤᠨ ᠵᠠᠰᠠᠬ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠵᠤ᠂ ᠪᠠᠶᠢᠴᠠᠭᠠᠨ ᠰᠢᠢᠳᠪᠤᠷᠢᠯᠡᠬᠦ ᠶᠢ ᠬᠦᠯᠢᠶᠡᠨ ᠠᠪᠬᠤ ᠬᠡᠷᠡᠭᠳᠠᠢ᠃ | | ᠳᠦᠷᠪᠡᠳᠤᠭᠡᠷ ᠪᠦᠯᠦᠭ ᠬᠢᠨᠠᠯᠳᠠ ᠳᠠᠯᠪᠢᠵᠤ ᠬᠠᠮᠢᠶᠠᠷᠬᠤ | ᠬᠤᠷᠢᠨ ᠨᠠᠢᠮᠠᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠠᠴᠠ ᠦᠡᠳᠤᠰᠤᠨ ᠨᠤᠳᠤᠬ ᠪᠠᠯᠴᠢᠬᠡᠷ ᠤᠨ | ᠬᠠᠮᠠᠭᠠᠯᠠᠯᠳᠠ ᠶᠢᠨ ᠬᠠᠮᠢᠶᠠᠷᠤᠯᠳᠠ ᠶᠢᠨ ᠬᠠᠷᠠᠯᠳᠠᠳᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠤᠨ᠎ᠠ᠃ | ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠬ ᠤᠨ ᠤᠷᠳᠤᠨ ᠡᠷᠬᠡᠪᠰᠢ ᠨᠤᠳᠤᠬ ᠪᠠᠯᠴᠢᠬᠡᠷ ᠢ | ᠬᠠᠮᠠᠭᠠᠯᠠᠬᠤ ᠬᠠᠮᠢᠶᠠᠷᠤᠯᠳᠠ ᠶᠢᠨ ᠠᠵᠢᠯ ᠢ ᠤᠨ ᠤ ᠬᠠᠷᠠᠯᠳᠠᠳᠤ ᠬᠠᠷᠢᠭᠤᠴᠠᠯᠭ᠎ᠠ ᠶᠢᠨ ᠬᠢᠨᠠᠨ ᠰᠢᠯᠭᠠᠯᠳᠠ ᠳᠠᠭᠠᠨ | ᠤᠷᠤᠭᠤᠯᠵᠤ᠂ ᠪᠠᠰᠠ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠬ ᠤᠨ ᠤᠷᠳᠤᠨ ᠲᠠᠢ ᠦᠡᠳᠤᠰᠤᠨ ᠨᠤᠳᠤᠬ | ᠪᠠᠯᠴᠢᠬᠡᠷ ᠢ ᠬᠠᠮᠠᠭᠠᠯᠠᠬᠤ ᠬᠠᠷᠢᠭᠤᠴᠠᠯᠭ᠎ᠠ ᠶᠢᠨ ᠭᠡᠷ᠎ᠠ ᠳᠤᠬᠳᠠᠬᠤ ᠬᠡᠷᠡᠭᠳᠠᠢ᠃ ᠬᠤᠰᠢᠭᠤ ᠰᠢᠶᠠᠨ ᠤ ᠱᠠᠳᠤᠨ ᠤ | ᠠᠷᠠᠳ ᠤᠨ ᠵᠠᠰᠠᠬ ᠤᠨ ᠤᠷᠳᠤᠨ ᠡᠷᠬᠡᠪᠰᠢ ᠨᠤᠳᠤᠬ ᠪᠠᠯᠴᠢᠬᠡᠷ ᠢ ᠬᠡᠷᠡᠭᠯᠡᠬᠦ ᠡᠷᠬᠡ ᠶᠢᠨ ᠨᠢᠭᠡᠴᠡ ᠲᠠᠢ ᠦᠡᠳᠤᠰᠤᠨ | ᠨᠤᠳᠤᠬ ᠪᠠᠯᠴᠢᠬᠡᠷ ᠢ ᠬᠠᠮᠠᠭᠠᠯᠠᠬᠤ ᠬᠠᠷᠢᠭᠤᠴᠠᠯᠭ᠎ᠠ ᠶᠢᠨ ᠭᠡᠷ᠎ᠠ ᠳᠤᠬᠳᠠᠬᠤ ᠬᠡᠷᠡᠭᠳᠠᠢ᠃ ᠰᠤᠮᠤ ᠰᠢᠶᠠᠩ | ᠪᠠᠯᠭᠠᠰᠤᠨ ᠤ ᠠᠷᠠᠳ ᠤᠨ ᠵᠠᠰᠠᠬ ᠤᠨ ᠤᠷᠳᠤᠨ ᠡᠷᠬᠡᠪᠰᠢ ᠨᠤᠳᠤᠬ ᠪᠠᠯᠴᠢᠬᠡᠷ ᠢ ᠦᠮᠴᠢᠯᠡᠬᠦ ᠡᠷᠭᠡ ᠲᠠᠢ ᠨᠢᠭᠡᠴᠡ | ᠲᠠᠢ ᠦᠡᠳᠤᠰᠤᠨ ᠨᠤᠳᠤᠬ ᠪᠠᠯᠴᠢᠬᠡᠷ ᠢ ᠬᠠᠮᠠᠭᠠᠯᠠᠬᠤ ᠬᠠᠷᠢᠭᠤᠴᠠᠯᠭ᠎ᠠ ᠶᠢᠨ ᠭᠡᠷ᠎ᠠ ᠳᠤᠬᠳᠠᠬᠤ ᠬᠡᠷᠡᠭᠳᠠᠢ᠃ | ᠬᠤᠷᠢᠨ ᠶᠢᠰᠤᠳᠤᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠬ ᠤᠨ | ᠤᠷᠳᠤᠨ ᠡᠷᠬᠡᠪᠰᠢ ᠦᠡᠳᠤᠰᠤᠨ ᠨᠤᠳᠤᠬ ᠪᠠᠯᠴᠢᠬᠡᠷ ᠤᠨ ᠬᠠᠮᠠᠭᠠᠯᠠᠯᠳᠠ ᠶᠢ ᠬᠢᠨᠠᠨ ᠪᠠᠶᠢᠴᠠᠭᠠᠬᠤ ᠳᠦᠷᠢᠮ ᠢ | ᠪᠠᠶᠢᠭᠤᠯᠵᠤ᠂ ᠳᠤᠬᠳᠠᠬᠰᠠᠨ ᠬᠤᠭᠤᠴᠠᠭᠠᠨ ᠳᠤ ᠬᠤᠯᠪᠤᠬᠳᠠᠯ ᠪᠦᠬᠦᠢ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ | ᠢᠯᠡᠴᠢᠯᠡᠨ ᠮᠡᠳᠡᠭᠦᠯᠦᠭᠰᠡᠨ ᠵᠠᠭᠠᠯᠳᠤᠯᠭ᠎ᠠ ᠪᠠ ᠦᠡᠳᠤᠰᠤᠨ ᠨᠤᠳᠤᠬ ᠪᠠᠯᠴᠢᠬᠡᠷ ᠢ ᠡᠪᠳᠡᠭᠰᠡᠨ ᠠᠵᠢᠯᠯᠠᠭ᠎ᠠ ᠶᠢ | ᠪᠠᠶᠢᠴᠠᠭᠠᠨ ᠰᠢᠢᠳᠪᠤᠷᠢᠯᠡᠭᠰᠡᠨ ᠪᠠᠶᠢᠳᠠᠯ ᠢ ᠬᠦᠯᠢᠶᠡᠨ ᠠᠪᠴᠤ ᠬᠢᠨᠠᠨ ᠰᠢᠭᠦᠵᠤ᠂ ᠮᠠᠯ ᠪᠡᠯᠴᠢᠭᠡᠷ ᠤᠨ ᠳᠡᠩᠴᠡᠭᠦᠷᠢ᠂ | ᠪᠡᠯᠴᠢᠭᠡᠷᠯᠡᠭᠦᠯᠬᠦ ᠶᠢ ᠵᠤᠬᠰᠤᠭᠠᠬᠤ ᠰᠡᠯᠭᠦᠨ ᠮᠡᠯᠵᠢᠬᠤ ᠡᠭᠡᠯᠵᠢᠯᠡᠨ ᠮᠡᠯᠵᠢᠬᠤ᠂ ᠳᠠᠯ᠎ᠠ ᠨᠤᠳᠤᠬ ᠤᠨ ᠠᠮᠢ ᠠᠬᠤᠢ ᠶᠢᠨ | ᠬᠠᠮᠠᠭᠠᠯᠠᠯᠳᠠ ᠶᠢᠨ ᠱᠠᠩᠨᠠᠬᠤ ᠨᠦᠬᠦᠪᠤᠷᠢ ᠶᠢᠨ ᠪᠠᠶᠢᠳᠠᠯ᠂ ᠨᠤᠳᠤᠬ ᠪᠠᠯᠴᠢᠬᠡᠷ ᠤᠨ ᠭᠤᠤᠯᠳᠠᠯᠭ᠎ᠠ ᠲᠠᠢ ᠪᠦᠳᠤᠭᠡᠨ | ᠪᠠᠶᠢᠭᠤᠯᠤᠯᠳᠠ ᠶᠢᠨ ᠪᠠᠶᠢᠳᠠᠯ ᠵᠢᠴᠢ ᠨᠤᠳᠤᠬ ᠪᠠᠯᠴᠢᠬᠡᠷ ᠢ ᠳᠠᠳᠠᠪᠤᠷᠢᠯᠠᠨ ᠠᠪᠬᠤ᠂ ᠳᠠᠳᠠᠪᠤᠷᠢᠯᠠᠨ ᠬᠡᠷᠡᠭᠯᠡᠬᠦ᠂ | ᠬᠡᠷᠡᠭᠯᠡᠬᠦ ᠪᠤᠶᠤ ᠳᠦᠷ ᠴᠠᠬ ᠡᠵᠡᠯᠡᠬᠦ ᠵᠡᠷᠭᠡ ᠪᠠᠶᠢᠳᠠᠯ ᠳᠤ ᠪᠠᠶᠢᠴᠠᠭᠠᠯᠳᠠ ᠬᠢᠵᠤ᠂ ᠪᠠᠰᠠ ᠳᠡᠭᠡᠷ᠎ᠠ ᠨᠢᠭᠡ ᠱᠠᠳᠤᠨ ᠤ | ᠠᠷᠠᠳ ᠤᠨ ᠵᠠᠰᠠᠬ ᠤᠨ ᠤᠷᠳᠤᠨ ᠳᠤ ᠮᠡᠳᠡᠭᠦᠯᠬᠦ ᠬᠡᠷᠡᠭᠳᠠᠢ᠃ | ᠭᠤᠴᠢᠳᠤᠭᠠᠷ ᠵᠦᠢᠯ ᠨᠤᠳᠤᠬ ᠪᠠᠯᠴᠢᠬᠡᠷ ᠤᠨ ᠬᠢᠨᠠᠨ ᠬᠠᠮᠢᠶᠠᠷᠤᠯᠳᠠ ᠶᠢᠨ ᠠᠵᠢᠯᠳᠠᠳ ᠡᠭᠦᠷᠭᠡ | ᠳᠤᠰᠢᠶᠠᠯ ᠢᠶᠠᠨ ᠬᠠᠤᠯᠢ ᠶᠤᠰᠤᠭᠠᠷ ᠭᠦᠢᠴᠡᠳᠬᠡᠬᠦ ᠦᠶᠡᠰ᠂ ᠡᠷᠬᠡᠪᠰᠢ ᠨᠢᠭᠡᠳᠤᠯᠳᠠᠢ ᠢᠯᠡ ᠳᠤᠳᠤ ᠳᠡᠮᠳᠡᠭ ᠵᠡᠭᠦᠵᠤ᠂ | ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠬᠠᠷᠭᠤᠭᠤᠯᠤᠨ ᠳᠠᠷᠬᠠᠭᠠᠬᠰᠠᠨ ᠵᠠᠰᠠᠬ | ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠴᠢ ᠳᠡᠮᠳᠡᠭ ᠢᠶᠠᠨ ᠭᠠᠷᠭᠠᠨ ᠦᠵᠡᠭᠦᠯᠬᠦ ᠬᠡᠷᠡᠭᠳᠠᠢ᠃ ᠬᠤᠯᠪᠤᠬᠳᠠᠯ ᠪᠦᠬᠦᠢ | ᠨᠢᠭᠡᠴᠡ ᠪᠡ ᠬᠤᠪᠢ ᠬᠦᠮᠤᠨ ᠡᠷᠬᠡᠪᠰᠢ ᠳᠡᠮᠵᠢᠬᠦ ᠪᠡ ᠬᠠᠮᠵᠢᠯᠴᠠᠬᠤ ᠬᠡᠷᠡᠭᠳᠠᠢ᠂ ᠳᠡᠪᠴᠢᠬᠦ ᠪᠤᠶᠤ ᠬᠠᠷᠰᠢᠯᠠᠵᠤ | ᠪᠤᠯᠬᠤ ᠦᠭᠡᠢ᠃ | ᠳᠠᠪᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠭᠤᠴᠢᠨ ᠨᠢᠭᠡᠳᠤᠭᠡᠷ ᠵᠦᠢᠯ ᠳᠤᠰ ᠳᠦᠷᠢᠮ ᠤᠨ ᠠᠷᠪᠠᠨ ᠨᠢᠭᠡᠳᠤᠭᠡᠷ ᠵᠦᠢᠯ᠂ ᠠᠷᠪᠠᠨ ᠬᠤᠶᠠᠳᠤᠭᠠᠷ | ᠵᠦᠢᠯ᠂ ᠠᠷᠪᠠᠨ ᠭᠤᠷᠪᠠᠳᠤᠭᠠᠷ ᠵᠦᠢᠯ ᠤᠨ ᠳᠤᠬᠳᠠᠭᠠᠯ ᠶᠤᠰᠤᠭᠠᠷ ᠬᠤᠪᠢᠶᠠᠷᠢᠯᠠᠬᠰᠠᠨ ᠦᠭᠡᠢ ᠨᠤᠳᠤᠬ ᠪᠠᠯᠴᠢᠬᠡᠷ ᠢ | ᠪᠤᠯ᠂ ᠳᠡᠭᠡᠷ᠎ᠠ ᠨᠢᠭᠡ ᠱᠠᠳᠤᠨ ᠤ ᠠᠷᠠᠳ ᠤᠨ ᠵᠠᠰᠠᠬ ᠤᠨ ᠤᠷᠳᠤᠨ ᠵᠠᠷᠯᠢᠬᠳᠠᠨ ᠳᠤᠬᠳᠠᠬᠰᠠᠨ ᠬᠤᠭᠤᠴᠠᠭᠠᠨ ᠳᠤ | ᠬᠠᠯᠠᠨ ᠰᠠᠶᠢᠵᠢᠷᠠᠭᠤᠯᠵᠤ᠂ ᠰᠢᠭᠤᠳ ᠬᠠᠷᠢᠭᠤᠴᠠᠯᠭ᠎ᠠ ᠲᠠᠢ ᠭᠤᠤᠯᠯᠠᠨ ᠬᠠᠮᠢᠶᠠᠷᠬᠤ ᠬᠦᠮᠤᠨ ᠪᠠ ᠪᠤᠰᠤᠳ ᠰᠢᠭᠤᠳ | ᠬᠠᠷᠢᠭᠤᠴᠠᠯᠭ᠎ᠠ ᠲᠠᠢ ᠬᠦᠮᠤᠨ ᠳᠤ ᠬᠠᠤᠯᠢ ᠶᠤᠰᠤᠭᠠᠷ ᠵᠠᠰᠠᠬ ᠵᠠᠬᠢᠷᠭᠠᠨ ᠤ ᠰᠢᠳᠬᠡᠯ ᠦᠭᠬᠦᠨ᠎ᠠ᠃ | ᠭᠤᠴᠢᠨ ᠬᠤᠶᠠᠳᠤᠭᠠᠷ ᠵᠦᠢᠯ ᠳᠤᠰ ᠳᠦᠷᠢᠮ ᠤᠨ ᠠᠷᠪᠠᠨ ᠳᠠᠪᠤᠳᠤᠭᠠᠷ ᠵᠦᠢᠯ ᠤᠨ ᠳᠤᠬᠳᠠᠭᠠᠯ ᠢ | ᠵᠦᠷᠢᠴᠡᠨ᠂ ᠳᠤᠤᠷᠠᠬᠢ ᠨᠢᠭᠡ ᠠᠵᠢᠯᠯᠠᠭ᠎ᠠ ᠲᠠᠢ ᠪᠤᠯ᠂ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠨᠤᠳᠤᠬ | ᠪᠠᠯᠴᠢᠬᠡᠷ ᠤᠨ ᠬᠢᠨᠠᠨ ᠬᠠᠮᠢᠶᠠᠷᠬᠤ ᠪᠠᠶᠢᠭᠤᠯᠤᠮᠵᠢ ᠬᠠᠤᠯᠢ ᠪᠤᠰᠤ ᠠᠵᠢᠯᠯᠠᠭ᠎ᠠ ᠶᠢ ᠨᠢ ᠵᠠᠷᠯᠢᠬᠳᠠᠨ ᠵᠤᠬᠰᠤᠭᠠᠵᠤ᠂ | ᠳᠤᠬᠳᠠᠬᠰᠠᠨ ᠬᠤᠭᠤᠴᠠᠭᠠᠨ ᠳᠤ ᠤᠷᠭᠤᠮᠠᠯ ᠤᠨ ᠪᠦᠷᠬᠦᠴᠡ ᠶᠢ ᠰᠡᠷᠭᠦᠭᠡᠨ᠂ ᠬᠠᠤᠯᠢ ᠪᠤᠰᠤ ᠡᠳ᠋ ᠪᠤᠳᠠᠰ ᠪᠠ | ᠬᠠᠤᠯᠢ ᠪᠤᠰᠤ ᠪᠠᠷ ᠤᠯᠤᠬᠰᠠᠨ ᠤᠯᠵᠠ ᠶᠢ ᠬᠤᠷᠢᠶᠠᠨ ᠠᠪᠴᠤ᠂ ᠳᠤᠤᠷᠠᠬᠢ ᠳᠤᠬᠳᠠᠭᠠᠯ ᠢᠶᠠᠷ ᠰᠢᠳᠬᠡᠬᠦ ᠬᠡᠷᠡᠭᠳᠠᠢ᠄ | ᠨᠤᠳᠤᠬ ᠪᠠᠯᠴᠢᠬᠡᠷ ᠢ ᠦᠮᠴᠢᠯᠡᠭᠴᠢ ᠪᠤᠶᠤ ᠬᠡᠷᠡᠭᠯᠡᠭᠴᠢ ᠬᠤᠬᠢᠷᠠᠯ ᠳᠤ ᠤᠴᠠᠷᠠᠬᠰᠠᠨ ᠪᠤᠯ᠂ ᠳᠦᠯᠤᠪᠤᠷᠢ ᠦᠭᠬᠦ | ᠬᠠᠷᠢᠭᠤᠴᠠᠯᠭ᠎ᠠ ᠶᠢ ᠬᠠᠤᠯᠢ ᠶᠤᠰᠤᠭᠠᠷ ᠡᠭᠦᠷᠭᠡᠯᠡᠨ᠎ᠠ︔ ᠶᠠᠯ᠎ᠠ ᠬᠢᠭᠰᠡᠨ ᠳᠤ ᠳᠤᠭᠠᠴᠢᠬᠳᠠᠪᠠᠯ ᠬᠠᠤᠯᠢ ᠶᠤᠰᠤᠭᠠᠷ | ᠡᠷᠡᠭᠦᠤ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠠ᠄ | ︵ᠨᠢᠬᠡ︶ ᠦᠨᠳᠦᠰᠦᠨ ᠨᠤᠲᠤᠭ ᠪᠡᠯᠴᠢᠬᠡᠷ ᠢ ᠬᠠᠭᠠᠯᠪᠤᠷᠢᠯᠠᠬᠰᠠᠨ ᠪᠤᠯ ᠬᠠᠤᠯᠢ ᠪᠤᠰᠤ ᠤᠯᠵᠠᠪᠤᠷᠢ ᠶᠢᠨ | ᠭᠤᠷᠪᠠᠨ ᠲᠠᠬᠢᠨ ᠠᠴᠠ ᠲᠠᠪᠤᠨ ᠲᠠᠬᠢᠨ ᠠᠴᠠ ᠲᠤᠷᠤᠬᠰᠢ ᠵᠤᠭᠤᠰ ᠢᠶᠠᠷ ᠲᠤᠷᠭᠠᠨ᠎ᠠ︔ ᠬᠠᠤᠯᠢ ᠪᠤᠰᠤ ᠤᠯᠵᠠᠪᠤᠷᠢ | ᠦᠬᠡᠢ ᠪᠤᠯ 5000 ᠲᠦᠬᠦᠷᠢᠭ ᠠᠴᠠ ᠲᠡᠭᠡᠭᠰᠢ 5 ᠲᠦᠮᠡᠨ ᠲᠦᠬᠦᠷᠢᠭ ᠠᠴᠠ ᠲᠤᠷᠤᠬᠰᠢ ᠵᠤᠭᠤᠰ ᠢᠶᠠᠷ | ᠲᠤᠷᠭᠠᠨ᠎ᠠ︔ | ︵ᠬᠤᠶᠠᠷ︶ ᠦᠨᠳᠦᠰᠦᠨ ᠨᠤᠲᠤᠭ ᠪᠡᠯᠴᠢᠬᠡᠷ ᠤᠨ ᠬᠡᠷᠡᠭᠯᠡᠭᠡ ᠶᠢ ᠲᠤᠷ᠎ᠠ ᠪᠠᠷ ᠢᠶᠠᠨ ᠬᠤᠪᠢᠷᠠᠭᠤᠯᠤᠬᠰᠠᠨ | ᠪᠤᠯ ᠮᠦ ᠪᠦᠷᠢ ᠶᠢ 1000 ᠲᠦᠬᠦᠷᠢᠭ ᠠᠴᠠ ᠲᠡᠭᠡᠭᠰᠢ 5000 ᠲᠦᠬᠦᠷᠢᠭ ᠠᠴᠠ ᠲᠤᠷᠤᠭᠰᠢ ᠵᠤᠭᠤᠰ ᠢᠶᠠᠷ | ᠲᠤᠷᠭᠠᠨ᠎ᠠ︔ | ︵ᠭᠤᠷᠪᠠ︶ ᠲᠤᠤᠷ ᠬᠦᠷᠢᠶ᠎ᠠ᠂ ᠬᠦᠮᠦᠨ ᠮᠠᠯ ᠤᠨ ᠢᠳᠡᠬᠦ ᠤᠰᠤᠨ ᠤ ᠲᠦᠬᠦᠬᠡᠷᠦᠮᠵᠢ ᠵᠡᠷᠭᠡ ᠨᠤᠲᠤᠭ | ᠪᠡᠯᠴᠢᠬᠡᠷ ᠤᠨ ᠪᠦᠲᠦᠬᠡᠨ ᠪᠠᠶᠢᠭᠤᠯᠤᠯᠲᠠ ᠶᠢᠨ ᠬᠠᠮᠠᠭᠠᠯᠠᠯᠲᠠ ᠶᠢᠨ ᠲᠦᠬᠦᠬᠡᠷᠦᠮᠵᠢ ᠶᠢ ᠬᠤᠬᠢᠷᠠᠭᠤᠯᠤᠨ ᠡᠪᠳᠡᠭᠰᠡᠨ | ᠪᠤᠯ ᠵᠠᠷᠯᠢᠬᠳᠠᠵᠦ ᠬᠤᠭᠤᠴᠠᠭ᠎ᠠ ᠲᠤᠭᠲᠠᠭᠠᠨ ᠵᠠᠰᠠᠨ ᠰᠡᠯᠪᠢᠬᠦᠯᠬᠦ ᠶᠢᠨ ᠬᠠᠮᠲᠤ᠂ ᠪᠤᠲᠠᠲᠤ ᠬᠤᠬᠢᠷᠠᠯ ᠤᠨ ᠭᠤᠷᠪᠠᠨ | ᠲᠠᠬᠢᠨ ᠠᠴᠠ ᠲᠤᠷᠤᠬᠰᠢ ᠵᠤᠭᠤᠰ ᠢᠶᠠᠷ ᠲᠤᠷᠭᠠᠨ᠎ᠠ︔ | ︵ᠲᠦᠷᠪᠡ︶ ᠵᠢᠭᠠᠰᠤᠨ ᠨᠠᠭᠤᠷ ᠮᠠᠯᠲᠠᠬᠤ᠂ ᠭᠤᠤ ᠰᠤᠪᠠᠬ ᠮᠠᠯᠲᠠᠬᠤ᠂ ᠡᠪᠡᠰᠦ ᠮᠠᠯᠲᠠᠬᠤ᠂ ᠡᠪᠡᠰᠦᠨ | ᠦᠨᠳᠦᠰᠦ ᠮᠠᠯᠲᠠᠭᠰᠠᠨ ᠪᠤᠯ ᠮᠦ ᠪᠦᠷᠢ ᠶᠢ 5000 ᠲᠦᠬᠦᠷᠢᠭ ᠠᠴᠠ ᠲᠡᠭᠡᠭᠰᠢ ᠲᠦᠮᠡᠨ ᠲᠦᠬᠦᠷᠢᠭ ᠠᠴᠠ | ᠲᠤᠷᠤᠭᠰᠢ ᠵᠤᠭᠤᠰ ᠢᠶᠠᠷ ᠲᠤᠷᠭᠠᠨ᠎ᠠ︔ | ︵ᠲᠠᠪᠤ︶ ᠤᠩᠭᠤᠨ ᠪᠤᠰᠬᠠᠭᠰᠠᠨ ᠪᠤᠯ ᠵᠠᠷᠯᠢᠬᠳᠠᠵᠦ ᠬᠤᠭᠤᠴᠠᠭ᠎ᠠ ᠲᠤᠭᠲᠠᠭᠠᠨ ᠰᠢᠯᠵᠢᠬᠦᠯᠬᠦ ᠶᠢᠨ ᠬᠠᠮᠲᠤ | ᠂ 1000 ᠲᠦᠬᠦᠷᠢᠭ ᠠᠴᠠ ᠲᠡᠭᠡᠭᠰᠢ 2000 ᠲᠦᠬᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ᠃ | | ᠭᠤᠴᠢᠨ ᠭᠤᠷᠪᠠᠳᠤᠭᠠᠷ ᠵᠦᠢᠯ ᠲᠤᠰ ᠲᠦᠷᠢᠮ ᠤᠨ ᠠᠷᠪᠠᠨ ᠲᠠᠪᠤᠳᠤᠭᠠᠷ ᠵᠦᠢᠯ ᠤᠨ ᠲᠦᠷᠪᠡᠳᠦᠬᠡᠷ | ᠵᠤᠷᠪᠤᠰ᠂ ᠲᠤᠯᠤᠳᠤᠭᠠᠷ ᠵᠦᠢᠯ ᠤᠨ ᠲᠤᠭᠲᠠᠭᠠᠯ ᠢ ᠵᠦᠷᠢᠴᠡᠨ᠂ ᠲᠤᠷ᠎ᠠ ᠪᠠᠷ ᠢᠶᠠᠨ ᠬᠤᠳᠳᠤᠭ ᠮᠠᠯᠲᠠᠵᠦ ᠠᠵᠦ | ᠦᠢᠯᠡᠳᠪᠦᠷᠢ ᠶᠢᠨ ᠭᠡᠷᠡᠭᠯᠡᠭᠡᠨ ᠤ ᠤᠰᠤ ᠠᠪᠤᠬᠰᠠᠨ᠂ ᠦᠨᠳᠦᠰᠦᠨ ᠨᠤᠲᠤᠭ ᠪᠡᠯᠴᠢᠬᠡᠷ ᠲᠤ ᠬᠠᠲᠠᠭᠤ ᠪᠡᠶᠡᠲᠦ᠂ | ᠰᠢᠩᠭᠡᠨ ᠪᠡᠶᠡᠲᠦ᠂ ᠬᠡᠢ ᠪᠡᠶᠡᠲᠦ ᠬᠠᠶᠠᠬᠳᠠᠮᠠᠯ ᠪᠤᠳᠠᠰ ᠪᠠ ᠠᠮᠢᠳᠤᠷᠠᠯ ᠤᠨ ᠬᠤᠬ ᠨᠤᠪᠰᠢ ᠬᠠᠶᠠᠬᠰᠠᠨ ᠵᠢᠴᠢ | ᠤᠷᠴᠢᠨ ᠲᠤᠭᠤᠷᠢᠨ ᠳᠤ ᠲᠠᠭᠤ ᠱᠤᠤᠬᠢᠶᠠᠨ ᠤ ᠪᠤᠬᠢᠷᠲᠤᠯ᠂ ᠲᠤᠭᠤᠰᠤ ᠰᠢᠷᠤᠢ ᠶᠢᠨ ᠪᠤᠬᠢᠷᠲᠤᠯ᠂ ᠰᠠᠴᠤᠷᠠᠬ | ᠪᠤᠳᠠᠰ ᠤᠨ ᠪᠤᠬᠢᠷᠲᠤᠯ᠂ ᠴᠠᠬᠢᠯᠭᠠᠨ ᠰᠠᠴᠤᠷᠠᠬ ᠪᠤᠳᠠᠰ ᠤᠨ ᠪᠤᠬᠢᠷᠲᠤᠯ ᠡᠬᠦᠰᠭᠡᠭᠰᠡᠨ ᠪᠤᠯ ᠨᠤᠲᠤᠭ ᠪᠡᠯᠴᠢᠬᠡᠷ ᠤᠨ | ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠦ ᠬᠠᠮᠢᠶ᠎ᠠ | ᠪᠦᠬᠦᠢ ᠬᠠᠤᠯᠢ ᠴᠠᠭᠠᠵᠠ᠂ ᠬᠠᠤᠯᠢ ᠲᠦᠷᠢᠮ ᠤᠨ ᠲᠤᠭᠲᠠᠭᠠᠯ ᠶᠢ ᠦᠨᠳᠦᠰᠦᠯᠡᠵᠦ ᠲᠤᠷᠭᠠᠨ᠎ᠠ︔ ᠨᠤᠲᠤᠭ | ᠪᠡᠯᠴᠢᠬᠡᠷ ᠤᠨ ᠦᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠬᠰᠠᠨ ᠪᠤᠯ ᠬᠠᠤᠯᠢ ᠶᠤᠰᠤᠭᠠᠷ | ᠲᠦᠯᠦᠪᠦᠷᠢ ᠶᠢᠨ ᠬᠠᠷᠢᠭᠤᠴᠠᠯᠭ᠎ᠠ ᠡᠬᠦᠷᠭᠡᠯᠡᠨ᠎ᠠ᠃ | ᠭᠤᠴᠢᠨ ᠲᠦᠷᠪᠡᠳᠦᠭᠡᠷ ᠵᠦᠢᠯ ᠲᠤᠰ ᠲᠦᠷᠢᠮ ᠤᠨ ᠠᠷᠪᠠᠨ ᠵᠢᠷᠭᠤᠳᠤᠭᠠᠷ ᠵᠦᠢᠯ ᠤᠨ ᠲᠤᠭᠲᠠᠭᠠᠯ ᠢ | ᠵᠦᠷᠢᠴᠡᠨ᠂ ᠵᠠᠰᠠᠮᠠᠯ ᠵᠠᠮ ᠠᠴᠠ ᠭᠠᠷᠴᠤ ᠦᠨᠳᠦᠰᠦᠨ ᠨᠤᠲᠤᠭ ᠪᠡᠯᠴᠢᠬᠡᠷ ᠢᠶᠠᠷ ᠲᠠᠪᠬᠢᠭᠤᠯᠤᠬᠰᠠᠨ ᠪᠤᠶᠤ | ᠲᠤᠭᠲᠠᠬᠰᠠᠨ ᠮᠠᠰᠢᠨ ᠲᠡᠷᠭᠡ ᠶᠠᠪᠤᠬᠤ ᠤᠷᠤᠨ ᠪᠠ ᠮᠠᠰᠢᠨ ᠲᠡᠷᠭᠡ ᠶᠠᠪᠤᠬᠤ ᠵᠠᠮ ᠱᠤᠭᠤᠮ ᠢᠶᠠᠷ ᠶᠠᠪᠤᠬᠤ ᠦᠬᠡᠢ᠂ | ᠨᠤᠲᠤᠭ ᠪᠡᠯᠴᠢᠬᠡᠷ ᠤᠨ ᠤᠷᠭᠤᠮᠠᠯ ᠤᠨ ᠪᠦᠷᠬᠦᠴᠡ ᠶᠢ ᠡᠪᠳᠡᠭᠰᠡᠨ ᠪᠤᠯ᠂ ᠬᠤᠰᠢᠭᠤ ᠰᠢᠶᠠᠨ ᠤ ᠱᠠᠲᠤᠨ ᠤ ᠨᠤᠲᠤᠭ | ᠪᠡᠯᠴᠢᠬᠡᠷ ᠤᠨ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠠᠤᠯᠢ ᠪᠤᠰᠤ ᠠᠵᠢᠯᠯᠠᠭ᠎ᠠ ᠶᠢ ᠵᠠᠷᠯᠢᠬᠳᠠᠵᠦ | ᠵᠤᠭᠰᠤᠭᠠᠨ᠂ ᠬᠤᠭᠤᠴᠠᠭ᠎ᠠ ᠲᠤᠭᠲᠠᠭᠠᠨ ᠤᠷᠭᠤᠮᠠᠯ ᠤᠨ ᠪᠦᠷᠬᠦᠴᠡ ᠶᠢ ᠰᠡᠷᠬᠦᠬᠡᠯᠬᠡᠬᠦ ᠶᠢᠨ ᠬᠠᠮᠲᠤ᠂ ᠨᠤᠲᠤᠭ | ᠪᠡᠯᠴᠢᠬᠡᠷ ᠤᠨ ᠡᠪᠳᠡᠭᠳᠡᠬᠦ ᠠᠴᠠ ᠡᠮᠦᠨᠡᠬᠢ ᠭᠤᠷᠪᠠᠨ ᠵᠢᠯ ᠤᠨ ᠲᠤᠮᠳᠠᠴᠢ ᠦᠢᠯᠡᠳᠪᠦᠷᠢᠯᠡᠯ ᠤᠨ ᠦᠷᠲᠡᠭ ᠤᠨ | ᠭᠤᠷᠪᠠᠨ ᠲᠠᠬᠢᠨ ᠠᠴᠠ ᠲᠡᠭᠡᠭᠰᠢ ᠶᠢᠰᠦᠨ ᠲᠠᠬᠢᠨ ᠠᠴᠠ ᠲᠤᠷᠤᠭᠰᠢ ᠵᠤᠭᠤᠰ ᠢᠶᠠᠷ ᠲᠤᠷᠭᠠᠨ᠎ᠠ︔ ᠨᠤᠲᠤᠭ | ᠪᠡᠯᠴᠢᠬᠡᠷ ᠤᠨ ᠦᠮᠴᠢᠯᠡᠭᠴᠢ ᠪᠠ ᠬᠡᠷᠡᠭᠯᠡᠭᠴᠢ ᠳᠤ ᠬᠤᠬᠢᠷᠠᠯ ᠤᠴᠠᠷᠠᠭᠤᠯᠤᠬᠰᠠ ᠪᠤᠯ ᠬᠠᠤᠯᠢ ᠶᠤᠰᠤᠭᠠᠷ ᠲᠦᠯᠦᠪᠦᠷᠢ | ᠶᠢᠨ ᠬᠠᠷᠢᠭᠤᠴᠠᠯᠭ᠎ᠠ ᠡᠬᠦᠷᠭᠡᠯᠡᠨ᠎ᠠ᠃ | ᠭᠤᠴᠢᠨ ᠲᠠᠪᠤᠳᠤᠭᠠᠷ ᠵᠦᠢᠯ ᠲᠤᠰ ᠲᠦᠷᠢᠮ ᠤᠨ ᠲᠤᠭᠲᠠᠭᠠᠯ ᠢ ᠵᠦᠷᠢᠴᠡᠨ᠂ ᠤᠳᠤ ᠶᠠᠬ ᠮᠠᠰᠢᠨ | ᠲᠦᠬᠦᠬᠡᠷᠦᠮᠵᠢ ᠬᠡᠷᠡᠭᠯᠡᠵᠦ ᠦᠨᠳᠦᠰᠦᠨ ᠨᠤᠲᠤᠭ ᠪᠡᠯᠴᠢᠬᠡᠷ ᠢ ᠬᠠᠭᠠᠯᠪᠤᠷᠢᠯᠠᠨ ᠡᠪᠳᠡᠭᠰᠡᠨ ᠪᠤᠯ ᠬᠤᠰᠢᠭᠤ ᠰᠢᠶᠠᠨ ᠤ | ᠱᠠᠲᠤᠨ ᠠᠴᠠ ᠲᠡᠭᠡᠭᠰᠢᠬᠢ ᠨᠤᠲᠤᠭ ᠪᠡᠯᠴᠢᠬᠡᠷ ᠤᠨ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠵᠠᠪᠠᠯ ᠬᠠᠤᠯᠢ | ᠪᠤᠰᠤ ᠠᠵᠢᠯᠯᠠᠭ᠎ᠠ ᠶᠢ ᠵᠤᠭᠰᠤᠭᠠᠬᠤ ᠶᠢᠨ ᠬᠠᠮᠲᠤ᠂ ︽ᠪᠦᠬᠦᠳᠡ ᠨᠠᠶᠢᠷᠠᠮᠳᠠᠬᠤ ᠲᠤᠮᠲᠠᠲᠤ ᠠᠷᠠᠳ ᠤᠯᠤᠰ ᠤᠨ | ᠵᠠᠰᠠᠬ ᠵᠠᠬᠢᠷᠭᠠᠨ ᠤ ᠲᠤᠷᠭᠠᠭᠤᠯᠢ ᠶᠢᠨ ᠬᠠᠤᠯᠢ︾ ᠶᠢᠨ ᠭᠤᠴᠢᠨ ᠲᠤᠯᠤᠳᠤᠭᠠᠷ ᠵᠦᠢᠯ ᠤᠨ ᠬᠠᠮᠢᠶ᠎ᠠ ᠪᠦᠬᠦᠢ | ᠲᠤᠭᠲᠠᠭᠠᠯ ᠢ ᠦᠨᠳᠦᠰᠦᠯᠡᠨ ᠰᠢᠢᠳᠪᠦᠷᠢᠯᠡᠨ᠎ᠠ᠃ | ᠭᠤᠴᠢᠨ ᠵᠢᠷᠭᠤᠳᠤᠭᠠᠷ ᠵᠦᠢᠯ ᠲᠤᠰ ᠲᠦᠷᠢᠮ ᠤᠨ ᠲᠤᠭᠲᠠᠭᠠᠯ ᠢ ᠵᠦᠷᠢᠴᠡᠨ᠂ ᠵᠦᠪᠰᠢᠶᠡᠷᠡᠯ ᠦᠬᠡᠢ ᠪᠠᠷ ᠪᠤᠶᠤ | ᠮᠡᠬᠡᠯᠡᠬᠦ ᠠᠷᠭ᠎ᠠ ᠠᠪᠴᠠᠯ ᠢᠶᠠᠷ ᠵᠦᠪᠰᠢᠶᠡᠷᠡᠯ ᠤᠯᠵᠦ᠂ ᠦᠨᠳᠦᠰᠦᠨ ᠨᠤᠲᠤᠭ ᠪᠡᠯᠴᠢᠬᠡᠷ ᠢ ᠬᠠᠤᠯᠢ ᠪᠤᠰᠤ ᠪᠠᠷ | ᠬᠡᠷᠡᠭᠯᠡᠭᠰᠡᠨ ᠪᠤᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠨᠤᠲᠤᠭ ᠪᠡᠯᠴᠢᠬᠡᠷ ᠤᠨ ᠬᠢᠨᠠᠨ ᠬᠠᠮᠢᠶᠠᠷᠤᠯᠲᠠ | ᠶᠢᠨ ᠪᠠᠶᠢᠭᠤᠯᠤᠮᠵᠢ ᠠᠴᠠ ᠵᠠᠷᠯᠢᠬᠳᠠᠨ ᠬᠠᠤᠯᠢ ᠪᠤᠰᠤ ᠪᠠᠷ ᠭᠡᠷᠡᠭᠯᠡᠭᠰᠡᠨ ᠦᠨᠳᠦᠰᠦᠨ ᠨᠤᠲᠤᠭ ᠪᠡᠯᠴᠢᠬᠡᠷ ᠢ | ᠪᠤᠴᠠᠭᠠᠯᠭᠠᠵᠦ᠂ ᠬᠠᠤᠯᠢ ᠪᠤᠰᠤ ᠪᠠᠷ ᠬᠡᠷᠡᠭᠯᠡᠭᠰᠡᠨ ᠦᠨᠳᠦᠰᠦᠨ ᠨᠤᠲᠤᠭ ᠪᠡᠯᠴᠢᠬᠡᠷ ᠲᠡᠭᠡᠷ᠎ᠠ ᠰᠢᠨ᠎ᠠ ᠪᠠᠷ | ᠪᠠᠶᠢᠭᠤᠯᠤᠬᠰᠠᠨ ᠪᠠᠷᠢᠯᠭ᠎ᠠ ᠪᠠ ᠪᠤᠰᠤᠳ ᠲᠦᠬᠦᠬᠡᠷᠦᠮᠵᠢ ᠶᠢ ᠬᠤᠭᠤᠴᠠᠭ᠎ᠠ ᠲᠤᠭᠲᠠᠭᠠᠨ ᠨᠤᠷᠠᠭᠠᠵᠦ᠂ ᠨᠤᠲᠤᠭ | ᠪᠡᠯᠴᠢᠬᠡᠷ ᠤᠨ ᠤᠷᠭᠤᠮᠠᠯ ᠤᠨ ᠪᠦᠷᠬᠦᠴᠡ ᠶᠢ ᠰᠡᠷᠬᠦᠬᠡᠯᠬᠡᠬᠦ ᠶᠢᠨ ᠬᠠᠮᠲᠤ᠂ ᠲᠤᠰ ᠦᠨᠳᠦᠰᠦᠨ ᠨᠤᠲᠤᠭ | ᠪᠡᠯᠴᠢᠬᠡᠷ ᠤᠨ ᠬᠠᠤᠯᠢ ᠪᠤᠰᠤ ᠪᠠᠷ ᠬᠡᠷᠡᠭᠯᠡᠭᠳᠡᠬᠦ ᠠᠴᠠ ᠡᠮᠦᠨᠡᠬᠢ ᠭᠤᠷᠪᠠᠨ ᠵᠢᠯ ᠤᠨ ᠲᠤᠮᠲᠠᠴᠢ ᠦᠢᠯᠡᠳᠪᠦᠷᠢᠯᠡᠯ ᠤᠨ | ᠦᠷᠲᠡᠭ ᠤᠨ ᠶᠢᠰᠦᠨ ᠲᠠᠬᠢᠨ ᠠᠴᠠ ᠲᠡᠭᠡᠭᠰᠢ ᠠᠷᠪᠠᠨ ᠬᠤᠶᠠᠷ ᠲᠠᠬᠢᠨ ᠠᠴᠠ ᠲᠤᠷᠤᠭᠰᠢ ᠵᠤᠭᠤᠰ ᠢᠶᠠᠷ ᠲᠤᠷᠭᠠᠨ᠎ᠠ︔ | ᠶᠠᠯ᠎ᠠ ᠬᠢᠭᠰᠡᠨ ᠬᠡᠮᠵᠢᠶᠠᠨ ᠳᠤ ᠬᠦᠷᠦᠭᠰᠡᠨ ᠪᠤᠯ ᠬᠠᠤᠯᠢ ᠶᠤᠰᠤᠭᠠᠷ ᠡᠷᠡᠬᠦᠦ ᠶᠢᠨ ᠭᠡᠷᠡᠭ ᠤᠨ ᠬᠠᠷᠢᠭᠤᠴᠠᠯᠭ᠎ᠠ | ᠨᠡᠬᠡᠮᠵᠢᠯᠡᠨ᠎ᠠ᠃ | ᠭᠤᠴᠢᠨ ᠲᠤᠯᠤᠳᠤᠭᠠᠷ ᠵᠦᠢᠯ ᠲᠤᠰ ᠲᠦᠷᠢᠮ ᠤᠨ ᠠᠷᠪᠠ ᠶᠢᠰᠦᠳᠦᠭᠡᠷ ᠵᠦᠢᠯ ᠤᠨ ᠬᠤᠶᠠᠳᠤᠭᠠᠷ | ᠲᠤᠭᠲᠠᠭᠠᠯ ᠢ ᠵᠦᠷᠢᠴᠡᠨ᠂ ᠲᠦᠷ ᠴᠠᠬ ᠡᠵᠡᠯᠡᠨ ᠬᠡᠷᠡᠭᠯᠡᠭᠰᠡᠨ ᠦᠨᠳᠦᠰᠦᠨ ᠨᠤᠲᠤᠭ ᠪᠡᠯᠴᠢᠬᠡᠷ ᠲᠡᠭᠡᠷ᠎ᠠ ᠦᠨᠢᠳᠡ | ᠶᠢᠨ ᠴᠢᠨᠠᠷᠲᠠᠢ ᠪᠠᠷᠢᠯᠭ᠎ᠠ᠂ ᠤᠷᠤᠨ ᠰᠠᠭᠤᠴᠠ ᠶᠢᠨ ᠪᠤᠰᠤ ᠪᠠᠷᠢᠯᠭ᠎ᠠ ᠪᠤᠶᠤ ᠲᠦᠷ ᠴᠠᠬ ᠡᠵᠡᠯᠡᠨ ᠬᠡᠷᠡᠭᠯᠡᠭᠦ | ᠬᠤᠭᠤᠴᠠᠭ᠎ᠠ ᠨᠢ ᠲᠦᠬᠦᠷᠦᠭᠰᠡᠨ ᠪᠠᠶᠢᠲᠠᠯ᠎ᠠ ᠲᠦᠷ ᠴᠠᠬ ᠤᠨ ᠴᠢᠨᠠᠷᠲᠠᠢ ᠪᠠᠷᠢᠯᠭ᠎ᠠ᠂ ᠤᠷᠤᠨ ᠰᠠᠭᠤᠴᠠ ᠶᠢᠨ ᠪᠤᠰᠤ | ᠪᠠᠷᠢᠯᠭ᠎ᠠ ᠪᠠᠨ ᠨᠤᠷᠠᠭᠠᠬᠰᠠᠨ ᠦᠬᠡᠢ ᠪᠤᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠨᠤᠲᠤᠭ ᠪᠡᠯᠴᠢᠬᠡᠷ ᠤᠨ | ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠵᠠᠷᠯᠢᠬᠳᠠᠨ ᠬᠤᠭᠤᠴᠠᠭ᠎ᠠ ᠲᠤᠭᠲᠠᠭᠠᠨ ᠨᠤᠷᠠᠭᠠᠯᠭᠠᠨ᠎ᠠ︔ | ᠬᠤᠭᠤᠴᠠᠭ᠎ᠠ ᠨᠢ ᠦᠩᠭᠡᠷᠡᠭᠰᠡᠨ ᠪᠠᠶᠢᠳᠠᠯ᠎ᠠ ᠨᠤᠷᠠᠭᠠᠬᠰᠠᠨ ᠦᠬᠡᠢ ᠪᠤᠯ ᠬᠠᠤᠯᠢ ᠶᠤᠰᠤᠭᠠᠷ ᠠᠯᠪᠠᠳᠠᠯᠭ᠎ᠠ ᠪᠠᠷ | ᠨᠤᠷᠠᠭᠠᠨ᠂ ᠬᠡᠷᠡᠭᠰᠡᠬᠦ ᠰᠦᠢᠳᠭᠡᠯ ᠢ ᠬᠠᠤᠯᠢ ᠶᠢ ᠵᠦᠷᠢᠴᠡᠭᠴᠢ ᠠᠴᠠ ᠲᠠᠭᠠᠭᠠᠨ᠎ᠠ᠃ | ᠭᠤᠴᠢᠨ ᠨᠡᠢᠮᠠᠳᠤᠭᠠᠷ ᠵᠦᠢᠯ ᠲᠤᠰ ᠲᠤᠭᠳᠠᠭᠠᠯ ᠤᠨ ᠬᠤᠷᠢᠨ ᠬᠤᠶᠠᠳᠤᠭᠠᠷ ᠵᠦᠢᠯ ᠤᠨ ᠲᠤᠭᠳᠠᠭᠠᠯ ᠢ | ᠵᠦᠷᠢᠴᠡᠭᠰᠡᠨ ᠲᠤᠤᠷᠠᠬᠢ ᠠᠵᠢᠯᠯᠠᠭ᠎ᠠ ᠶᠢᠨ ᠨᠢᠭᠡ ᠪᠠᠶᠢᠪᠠᠯ᠂ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ | ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠳᠠ ᠶᠢᠨ ᠪᠠᠶᠢᠭᠤᠯᠤᠮᠵᠢ ᠠᠴᠠ ᠰᠡᠷᠡᠮᠵᠢ ᠦᠭᠬᠦ ᠶᠢᠨ ᠬᠠᠮᠳᠤ ᠲᠤᠤᠷᠠᠬᠢ | ᠲᠤᠭᠳᠠᠭᠠᠯ ᠢᠶᠠᠷ ᠲᠤᠷᠭᠠᠨ ᠰᠢᠳᠬᠡᠨ᠎ᠡ᠃ | ︵ᠨᠢᠬᠡ︶ ᠦᠨᠳᠦᠰᠦᠨ ᠨᠤᠲᠤᠭ ᠪᠡᠯᠴᠢᠭᠡᠷ ᠢ ᠬᠢᠨᠠᠨ ᠲᠤᠭᠳᠠᠭᠠᠭᠰᠠᠨ ᠪᠡᠯᠴᠢᠭᠡᠷ ᠤᠨ ᠳᠠᠭᠠᠭᠠᠴᠠ ᠠᠴᠠ | ᠭᠡᠲᠦᠷᠡᠳᠡᠯ᠎ᠡ ᠮᠠᠯᠵᠢᠭᠰᠠᠳ ᠢ ᠬᠤᠭᠤᠴᠠᠭ᠎ᠠ ᠲᠤᠭᠳᠠᠨ ᠵᠠᠷᠯᠢᠭᠳᠠᠨ ᠵᠠᠯᠠᠷᠠᠭᠤᠯᠬᠤ ᠬᠡᠷᠡᠭᠳᠡᠢ︔ ᠲᠤᠭᠳᠠᠭᠰᠠᠨ | ᠬᠤᠭᠤᠴᠠᠭ᠎ᠠ ᠳᠤ ᠵᠠᠯᠠᠷᠠᠭᠤᠯᠤᠭᠰᠠᠨ ᠦᠭᠡᠢ ᠪᠤᠯ ᠲᠤᠮᠳᠠᠴᠢ ᠬᠤᠨᠢᠨ ᠨᠢᠭᠡᠴᠢ ᠪᠦᠷᠢ ᠶᠢ 100 ᠲᠦᠭᠦᠷᠢᠭ ᠵᠤᠭᠤᠰ | ᠢᠶᠠᠷ ᠲᠤᠷᠭᠠᠨ᠎ᠠ᠃ | ︵ᠬᠤᠶᠠᠷ︶ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠦᠨᠳᠤᠰᠤᠨ ᠨᠤᠲᠤᠭ ᠪᠡᠯᠴᠢᠭᠡᠷ | ᠲᠤ ᠮᠠᠯ ᠮᠠᠯᠵᠢᠭᠰᠠᠳ ᠢ ᠲᠤᠮᠳᠠᠴᠢ ᠬᠤᠨᠢᠨ ᠨᠢᠭᠡᠴᠢ ᠪᠦᠷᠢ ᠶᠢ 30 ᠲᠦᠭᠦᠷᠢᠭ ᠵᠤᠭᠤᠰ ᠢᠶᠠᠷ ᠲᠤᠷᠭᠠᠨ᠎ᠠ᠃ | | ᠭᠤᠴᠢ ᠶᠢᠰᠦᠳᠦᠭᠡᠷ ᠵᠦᠢᠯ ᠲᠤᠰ ᠲᠤᠭᠳᠠᠭᠠᠯ ᠤᠨ ᠬᠤᠷᠢᠨ ᠭᠤᠷᠪᠠᠳᠤᠭᠠᠷ ᠵᠦᠢᠯ ᠤᠨ ᠲᠤᠭᠳᠠᠭᠠᠯ ᠢ | ᠵᠦᠷᠢᠴᠡᠭᠰᠡᠨ᠂ ᠲᠡᠵᠢᠭᠡᠯ ᠡᠪᠡᠰᠦ ᠪᠤᠷᠳᠤᠭ᠎ᠠ ᠶᠢᠨ ᠰᠠᠭᠤᠷᠢᠨ ᠤ ᠪᠦᠲᠦᠭᠡᠨ ᠪᠠᠶᠢᠭᠤᠯᠤᠯᠳᠠ ᠨᠢ ᠦᠨᠳᠦᠰᠦᠨ | ᠨᠤᠲᠤᠭ ᠪᠡᠯᠴᠢᠭᠡᠷ ᠤᠨ ᠲᠦᠯᠦᠪᠵᠢᠭᠦᠯᠭᠡ ᠳᠤ ᠨᠡᠶᠢᠴᠡᠬᠦ ᠦᠭᠡᠢ ᠪᠤᠶᠤ ᠲᠡᠵᠢᠭᠡᠯ ᠪᠤᠷᠳᠤᠭ᠎ᠠ ᠶᠢᠨ ᠰᠠᠭᠤᠷᠢᠨ ᠤ | ᠲᠠᠷᠢᠮᠠᠯ ᠤᠨ ᠲᠦᠷᠦᠯ ᠵᠦᠢᠯ ᠨᠢ ᠲᠤᠭᠳᠠᠭᠠᠯ ᠳᠤ ᠨᠡᠶᠢᠴᠡᠬᠦ ᠦᠭᠡᠢ ᠪᠤᠯ ᠬᠤᠰᠢᠭᠤ ᠰᠢᠶᠠᠨ ᠤ ᠱᠠᠳᠤᠨ ᠠᠴᠠ | ᠳᠡᠭᠡᠭᠰᠢᠬᠢ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠳᠠ ᠶᠢᠨ ᠪᠠᠶᠢᠭᠤᠯᠤᠮᠵᠢ ᠠᠴᠠ ᠬᠠᠤᠯᠢ ᠠᠴᠠ ᠵᠦᠷᠢᠴᠡᠭᠰᠡᠨ | ᠠᠵᠢᠯᠯᠠᠭ᠎ᠠ ᠶᠢ ᠨᠢ ᠱᠠᠭᠠᠷᠳᠠᠨ ᠵᠤᠭᠰᠤᠭᠠᠵᠤ᠂ ᠬᠤᠭᠤᠴᠠᠭ᠎ᠠ ᠲᠤᠭᠳᠠᠭᠠᠨ ᠵᠠᠯᠠᠷᠠᠭᠤᠯᠬᠤ ᠬᠡᠷᠡᠭᠳᠡᠢ︔ ᠲᠤᠭᠳᠠᠭᠰᠠᠨ | ᠬᠤᠭᠤᠴᠠᠭ᠎ᠠ ᠳᠤ ᠵᠠᠯᠠᠷᠠᠭᠤᠯᠤᠭᠰᠠᠨ ᠦᠭᠡᠢ ᠪᠤᠯ ᠮᠦ ᠪᠦᠷᠢ ᠠᠴᠠ 200 ᠲᠦᠭᠦᠷᠢᠭ ᠠᠴᠠ ᠳᠡᠭᠡᠭᠰᠢ 500 | ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ᠃ | ᠲᠦᠴᠢᠳᠦᠭᠡᠷ ᠵᠦᠢᠯ ᠲᠤᠰ ᠲᠤᠭᠳᠠᠭᠠᠯ ᠤᠨ ᠬᠤᠷᠢᠨ ᠲᠦᠷᠪᠡᠳᠦᠭᠡᠷ ᠵᠦᠢᠯ ᠤᠨ ᠲᠤᠭᠳᠠᠭᠠᠯ ᠢ | ᠵᠦᠷᠢᠴᠡᠭᠰᠡᠨ᠂ ᠨᠤᠲᠤᠭ ᠪᠡᠯᠴᠡᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠨ ᠴᠤᠭᠯᠠᠭᠤᠯᠬᠤ᠂ ᠬᠤᠳᠠᠯᠳᠤᠨ ᠠᠪᠬᠤ | ᠵᠦᠪᠰᠢᠶᠡᠷᠡᠯ ᠤᠨ ᠦᠨᠠᠮᠯᠠᠯ ᠠᠪᠤᠭᠰᠠᠨ ᠦᠭᠡᠢ ᠪᠤᠶᠤ ᠳᠡᠭᠦᠨ ᠴᠤᠭᠯᠠᠭᠤᠯᠬᠤ᠂ ᠬᠤᠳᠠᠯᠳᠤᠨ ᠠᠪᠬᠤ | ᠵᠦᠪᠰᠢᠶᠡᠷᠡᠯ ᠤᠨ ᠦᠨᠠᠮᠯᠠᠯ ᠤᠨ ᠲᠤᠭᠳᠠᠭᠠᠯ ᠶᠤᠰᠤᠭᠠᠷ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠨ | ᠴᠤᠭᠯᠠᠭᠤᠯᠬᠤ᠂ ᠬᠤᠳᠠᠯᠳᠤᠨ ᠠᠪᠤᠭᠰᠠᠨ ᠦᠭᠡᠢ ᠪᠤᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠨᠤᠲᠤᠭ | ᠪᠡᠯᠴᠢᠭᠡᠷ ᠤᠨ ᠬᠢᠨᠠᠨ ᠬᠠᠮᠢᠶᠠᠷᠤᠯᠳᠠ ᠶᠢᠨ ᠪᠠᠶᠢᠭᠤᠯᠤᠮᠵᠢ ᠠᠴᠠ ᠬᠠᠤᠯᠢ ᠪᠤᠰᠤ ᠠᠵᠢᠯᠯᠠᠭ᠎ᠠ ᠶᠢ ᠵᠠᠷᠯᠢᠭᠳᠠᠨ | ᠵᠤᠭᠰᠤᠭᠠᠵᠤ᠂ ᠬᠠᠤᠯᠢ ᠪᠤᠰᠤ ᠡᠳ᠋ ᠪᠤᠳᠠᠰ ᠪᠠ ᠤᠯᠵᠠᠪᠤᠷᠢ ᠶᠢ ᠨᠢ ᠬᠤᠷᠢᠶᠠᠨ ᠠᠪᠬᠤ ᠬᠡᠷᠡᠭᠳᠡᠢ᠂ ᠡᠭᠦᠨ ᠤ ᠬᠠᠮᠳᠤ | ᠬᠠᠤᠯᠢ ᠪᠤᠰᠤ ᠤᠯᠵᠠᠪᠤᠷᠢ ᠶᠢᠨ ᠬᠢᠨ ᠭᠤᠷᠪᠠ ᠳᠠᠬᠢᠨ ᠠᠴᠠ ᠳᠡᠭᠡᠭᠰᠢ ᠲᠠᠪᠦᠨ ᠳᠠᠬᠢᠨ ᠠᠴᠠ ᠲᠤᠷᠤᠭᠰᠢ ᠵᠤᠭᠤᠰ | ᠢᠶᠠᠷ ᠲᠤᠷᠭᠠᠨ᠎ᠠ︔ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠳᠡᠭᠦᠨ ᠴᠤᠭᠯᠠᠭᠤᠯᠬᠤ᠂ ᠬᠤᠳᠠᠯᠳᠤᠨ | ᠠᠪᠬᠤ ᠵᠦᠪᠰᠢᠶᠡᠷᠡᠯ ᠤᠨ ᠦᠨᠡᠮᠯᠡᠯ ᠲᠠᠢ ᠶᠢ ᠨᠢ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠤᠨ | ᠵᠦᠪᠰᠢᠶᠡᠷᠡᠯ ᠤᠨ ᠦᠨᠡᠮᠯᠡᠯ ᠢ ᠨᠢ ᠬᠦᠴᠦᠨ ᠦᠭᠡᠢ ᠪᠤᠯᠭᠠᠬᠤ ᠬᠡᠷᠡᠭᠳᠡᠢ︔ ᠨᠤᠲᠤᠭ ᠪᠡᠯᠴᠢᠭᠡᠷ ᠤᠨ ᠦᠮᠴᠢᠯᠡᠭᠴᠢ | ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠠ ᠪᠤᠯ ᠬᠠᠤᠯᠢ ᠶᠤᠰᠤᠭᠠᠷ ᠲᠦᠯᠦᠪᠦᠷᠢ ᠶᠢᠨ ᠬᠠᠷᠢᠭᠤᠴᠠᠯᠭ᠎ᠠ | ᠨᠡᠬᠡᠮᠵᠢᠯᠡᠬᠦ ᠬᠡᠷᠡᠭᠳᠡᠢ᠃ | ᠲᠦᠴᠢᠨ ᠨᠢᠭᠡᠳᠦᠭᠡᠷ ᠵᠦᠢᠯ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ | ᠰᠠᠯᠠᠭ᠎ᠠ ᠮᠦᠴᠢᠷ᠂ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠳᠠ ᠶᠢᠨ ᠪᠠᠶᠢᠭᠤᠯᠤᠮᠵᠢ ᠵᠢᠴᠢ ᠪᠤᠰᠤᠳ | ᠤᠯᠤᠰ ᠤᠨ ᠪᠠᠶᠢᠭᠤᠯᠭ᠎ᠠ ᠶᠢᠨ ᠠᠵᠢᠯᠳᠠᠨ ᠲᠤᠤᠷᠠᠬᠢ ᠠᠵᠢᠯᠯᠠᠭ᠎ᠠ ᠶᠢᠨ ᠨᠢᠭᠡ ᠨᠢ ᠪᠠᠶᠢᠪᠠᠯ ᠠᠵᠢᠯᠯᠠᠵᠤ ᠪᠠᠶᠢᠭ᠎ᠠ | ᠪᠠᠶᠢᠭᠤᠯᠤᠯᠭ᠎ᠠ ᠪᠤᠶᠤ ᠳᠡᠭᠡᠷ᠎ᠡ ᠱᠠᠳᠤᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠰᠢᠭᠤᠳ | ᠬᠠᠷᠢᠭᠤᠴᠠᠵᠤ ᠪᠠᠶᠢᠭ᠎ᠠ ᠭᠤᠤᠯ ᠬᠠᠮᠢᠶᠠᠷᠤᠯᠳᠠ ᠶᠢᠨ ᠬᠦᠮᠦᠰ ᠪᠤᠯᠤᠨ ᠪᠤᠰᠤᠳ ᠰᠢᠭᠤᠳ ᠬᠠᠷᠢᠭᠤᠴᠠᠯᠭᠠᠳᠠᠨ ᠳᠤ | ᠵᠠᠰᠠᠭ ᠵᠠᠬᠢᠷᠭᠠᠨ ᠤ ᠰᠢᠳᠬᠡᠯ ᠤᠯᠭᠤᠨ᠎ᠠ︔ ᠶᠠᠯ᠎ᠠ ᠬᠢᠭᠰᠡᠨ ᠬᠡᠮᠵᠢᠶᠡᠨ ᠳᠤ ᠬᠦᠷᠦᠭᠰᠡᠠ ᠪᠤᠯ ᠬᠠᠤᠯᠢ ᠶᠤᠰᠤᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠄ | ︵ᠨᠢᠬᠡ︶ ᠨᠤᠲᠤᠭ ᠪᠡᠯᠴᠢᠭᠡᠷ ᠤᠨ ᠨᠦᠬᠦᠪᠦᠷᠢ᠂ ᠲᠦᠪᠬᠢᠨᠡᠭᠦᠯᠬᠦ ᠨᠦᠬᠦᠪᠦᠷᠢ᠂ ᠳᠠᠭᠠᠯᠳᠤᠪᠤᠷᠢ | ᠨᠦᠬᠦᠪᠦᠷᠢ᠂ ᠤᠷᠭᠤᠮᠠᠯ ᠤᠨ ᠪᠦᠷᠬᠦᠴᠠ ᠶᠢ ᠰᠡᠷᠭᠦᠭᠡᠬᠦ ᠨᠦᠬᠦᠪᠦᠷᠢ ᠪᠤᠯᠤᠨ ᠨᠤᠲᠤᠭ ᠪᠡᠯᠴᠢᠭᠡᠷ ᠤᠨ ᠠᠮᠢ ᠠᠬᠤᠢ | ᠶᠢᠨ ᠬᠠᠮᠠᠭᠠᠯᠠᠯᠳᠠ ᠶᠢᠨ ᠱᠠᠩᠨᠠᠯ ᠤᠨ ᠮᠦᠩᠭᠦ ᠶᠢᠨ ᠨᠦᠬᠦᠪᠦᠷᠢ ᠶᠢ ᠲᠤᠮᠳᠠ ᠠᠴᠠ ᠨᠢ ᠦᠯᠡᠳᠡᠭᠡᠬᠦ᠂ ᠰᠢᠯᠵᠢᠭᠦᠯᠦᠨ | ᠬᠡᠷᠡᠭᠯᠡᠬᠦ︔ | ︵ᠬᠤᠶᠠᠷ︶ ᠦᠨᠳᠦᠰᠦᠨ ᠨᠤᠲᠤᠭ ᠪᠡᠯᠴᠢᠭᠡᠷ ᠢ ᠳᠠᠳᠠᠪᠦᠷᠢᠯᠠᠨ ᠠᠪᠬᠤ᠂ ᠳᠠᠳᠠᠪᠦᠷᠢᠯᠡᠨ ᠬᠡᠷᠡᠭᠯᠡᠬᠦ᠂ | ᠬᠡᠷᠡᠭᠯᠡᠬᠦ ᠪᠤᠯᠤᠨ ᠲᠦᠷ ᠴᠠᠭ ᠬᠡᠷᠡᠭᠯᠡᠬᠦ ᠶᠢ ᠡᠷᠬᠡ ᠦᠭᠡᠢ ᠪᠠᠶᠢᠭᠠᠳ ᠵᠦᠪᠰᠢᠶᠡᠷᠡᠬᠦ ᠪᠤᠶᠤ ᠳᠡᠰ ᠳᠠᠪᠠᠨ | ᠵᠦᠪᠰᠢᠶᠡᠷᠡᠬᠦ︔ | ︵ᠭᠤᠷᠪᠠ︶ ᠳᠠᠳᠠᠪᠦᠷᠢᠯᠠᠨ ᠠᠪᠬᠤ᠂ ᠳᠠᠳᠠᠪᠦᠷᠢᠯᠡᠨ ᠬᠡᠷᠡᠭᠯᠡᠬᠦ᠂ ᠬᠡᠷᠡᠭᠯᠡᠬᠦ ᠪᠤᠯᠤᠨ ᠲᠦᠷ ᠴᠠᠭ ᠬᠡᠷᠡᠭᠯᠡᠬᠦ | ᠦᠨᠳᠦᠰᠦᠨ ᠨᠤᠲᠤᠭ ᠪᠡᠯᠴᠢᠭᠡᠷ ᠢ ᠬᠠᠤᠯᠢ ᠶᠢᠨ ᠳᠡᠰ ᠳᠠᠷᠠᠭᠠᠯᠠᠯ ᠢᠶᠠᠷ ᠵᠦᠪᠰᠢᠶᠡᠷᠡᠭᠰᠡᠨ ᠦᠭᠡᠢ︔ | ︵ᠳᠦᠷᠪᠠ︶ ᠬᠢᠨᠠᠨ ᠬᠠᠮᠢᠶᠠᠷᠤᠯᠳᠠ ᠶᠢᠨ ᠡᠬᠦᠷᠬᠡ ᠬᠠᠷᠢᠭᠤᠴᠠᠯᠭ᠎ᠠ ᠪᠠᠨ ᠬᠠᠤᠯᠢ ᠪᠤᠰᠤ ᠪᠠᠷ | ᠬᠡᠷᠡᠭᠵᠢᠭᠦᠯᠦᠭᠰᠡᠨ︔ | ︵ᠳᠠᠪᠤ︶ ᠦᠨᠳᠦᠰᠦᠨ ᠨᠤᠲᠤᠭ ᠪᠡᠯᠴᠢᠭᠡᠷ ᠢ ᠡᠪᠳᠡᠨ ᠰᠦᠢᠳᠬᠡᠭᠰᠡᠨ ᠬᠠᠤᠯᠢ ᠪᠤᠰᠤ ᠠᠵᠢᠯᠯᠠᠭ᠎ᠠ ᠶᠢ | ᠢᠯᠡᠴᠢᠯᠡᠨ ᠮᠡᠳᠡᠭᠦᠯᠦᠭᠰᠡᠨ ᠪᠤᠯᠤᠨ ᠵᠠᠭᠠᠯᠳᠤᠭᠰᠠᠨ ᠢ ᠬᠦᠯᠢᠶᠡᠨ ᠠᠪᠴᠦ ᠰᠢᠢᠳᠪᠦᠷᠢᠯᠡᠭᠰᠡᠨ ᠦᠭᠡᠢ ᠪᠤᠶᠤ ᠬᠠᠤᠯᠢ | ᠪᠤᠰᠤ ᠠᠵᠢᠯᠯᠠᠭ᠎ᠠ ᠶᠢ ᠮᠡᠳᠡᠭᠡᠳ ᠪᠠᠶᠢᠴᠠᠭᠠᠨ ᠰᠢᠢᠳᠪᠦᠷᠢᠯᠡᠭᠰᠡᠨ ᠦᠭᠡᠢ᠂ ᠬᠦᠨᠳᠦ ᠨᠤᠴᠢᠳᠡᠢ ᠦᠷ᠎ᠡ ᠳ᠋ᠦᠩ | ᠭᠠᠷᠭᠠᠭᠰᠠᠨ︔ | ︵ᠵᠢᠷᠭᠤᠭ᠎ᠠ︶ ᠡᠭᠦᠷᠭᠡ ᠬᠠᠷᠢᠭᠤᠴᠠᠯᠭ᠎ᠠ ᠳᠠᠭᠠᠨ ᠤᠰᠤᠯᠳᠠᠵᠤ᠂ ᠡᠷᠬᠡ ᠲᠤᠰᠢᠶᠠᠯ ᠢᠶᠠᠨ ᠲᠤᠷ᠎ᠠ ᠪᠠᠷ ᠢᠶᠠᠨ | ᠬᠡᠷᠡᠭᠯᠡᠬᠦ᠂ ᠬᠠᠤᠯᠢ ᠶᠤᠰᠤ ᠶᠢ ᠵᠦᠷᠢᠴᠡᠭᠰᠡᠨ ᠵᠡᠷᠭᠡ ᠬᠠᠤᠯᠢ ᠪᠤᠰᠤ ᠠᠵᠢᠯᠯᠠᠭ᠎ᠠ᠃ | ᠵᠢᠷᠭᠤᠳᠤᠭᠠᠷ ᠪᠦᠯᠦᠭ ᠳᠠᠭᠠᠯᠳᠤᠭᠤᠯᠤᠯ ᠳᠦᠷᠢᠮ | ᠲᠦᠴᠢᠨ ᠬᠤᠶᠠᠳᠤᠭᠠᠷ ᠵᠦᠢᠯ ᠲᠤᠰ ᠲᠤᠭᠳᠠᠭᠠᠯ ᠤᠨ ᠭᠤᠴᠢᠨ ᠨᠠᠢᠮᠠᠳᠤᠭᠠᠷ ᠵᠦᠢᠯ ᠳᠤ ᠬᠡᠯᠡᠵᠦ | ᠪᠠᠶᠢᠭ᠎ᠠ ︽ᠬᠤᠨᠢᠨ ᠨᠢᠭᠡᠴᠢ︾ ᠭᠡᠳᠡᠭ ᠨᠢ ᠮᠠᠯ ᠤᠨ ᠲᠤᠭ᠎ᠠ ᠬᠡᠮᠵᠢᠯᠳᠡ ᠶᠢᠨ ᠨᠢᠭᠡᠴᠢ ᠪᠤᠯᠤᠨ᠎ᠠ᠃ ᠨᠢᠭᠡ ᠬᠤᠨᠢ | ᠨᠢ ᠨᠢᠭᠡ ᠬᠤᠨᠢᠨ ᠨᠢᠭᠡᠴᠢ᠂ ᠨᠢᠭᠡ ᠦᠬᠡᠷ 5 ᠬᠤᠨᠢᠨ ᠨᠢᠭᠡᠴᠢ᠂ ᠨᠢᠭᠡ ᠮᠤᠷᠢ 6 ᠬᠤᠨᠢᠨ ᠨᠢᠭᠡᠴᠢ᠂ ᠨᠢᠭᠡ | ᠯᠠᠭᠤᠰᠠ 3 ᠬᠤᠨᠢᠨ ᠨᠢᠭᠡᠴᠢ᠂ ᠨᠢᠭᠡ ᠡᠯᠵᠢᠭᠡ 5 ᠬᠤᠨᠢᠨ ᠨᠢᠭᠡᠴᠢ᠂ ᠨᠢᠭᠡ ᠲᠡᠮᠡᠭᠡ 7 ᠬᠤᠨᠢᠨ ᠨᠢᠭᠡᠴᠢ ᠲᠠᠢ | ᠲᠡᠩᠴᠡᠨ᠎ᠡ᠃ | ᠲᠦᠴᠢᠨ ᠭᠤᠷᠪᠠᠳᠤᠭᠠᠷ ᠵᠦᠢᠯ ᠲᠤᠰ ᠳᠦᠷᠢᠮ ᠢ 2011 ᠤᠨ ᠤ 12 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠠ᠃ 1998 ᠤᠨ ᠤ 11 ᠳ᠋ᠦ᠋ᠭᠡᠷ ᠰᠠᠷ᠎ᠠ ᠶᠢᠨ 27 ᠤ ᠡᠳᠦᠷ ᠦᠪᠦᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠶᠢᠰᠦᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠭᠤᠳᠤᠭᠠᠷ ᠤᠳᠠᠭᠠᠨ ᠤ ᠬᠤᠷᠠᠯ ᠠᠴᠠ ᠪᠠᠳᠤᠯᠠᠭᠰᠠᠨ ︽ᠦᠪᠦᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ︾ ᠢ | ᠬᠠᠮᠳᠤ ᠳᠤᠨᠢ ᠬᠦᠴᠦᠨ ᠦᠭᠡᠢ ᠪᠤᠯᠭᠠᠨ᠎ᠠ᠃ |