ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ
ᠨᠡᠶᠢᠲᠡᠯᠡᠭᠰᠡᠨ ᠴᠠᠭ᠄
2015/8/24
          ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ                                                                                                 209 ᠳ᠋ᠤᠭᠡᠷ ᠲᠤᠭᠠᠳᠤ      ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ  ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ︾ ᠢ 2015 ᠣᠨ ᠤ 2 ᠳ᠋ᠤᠭᠠᠷ  ᠰᠠᠷ᠎ᠠ ᠶᠢᠨ 27 ᠤ ᠡᠳᠦᠷ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 41 ᠳ᠋ᠤᠭᠡᠷ  ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠦᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ 2015  ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                                        ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ     ᠪᠠᠭᠠᠲᠤᠷ                                            2015 ᠣᠨ ᠤ 3 ᠳ᠋ᠤᠭᠠᠷ ᠰᠠᠷ᠎ᠠ ᠶᠢᠨ 16 ᠤ ᠡᠳᠦᠷ                                      ᠨᠢᠭᠡᠳᠦᠭᠡᠷ ᠪᠦᠯᠦᠭ   ᠶᠡᠷᠦᠩᠬᠡᠢ ᠳᠦᠷᠢᠮ                  ᠨᠢᠭᠡᠳᠦᠭᠡᠷ ᠵᠦᠢᠯ   ᠵᠠᠰᠠᠭ ᠤᠨ ᠣᠷᠳᠤᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ  ᠲᠣᠭᠲᠠᠭᠠᠬᠤ ᠠᠵᠢᠯᠯᠠᠭ᠎ᠠ ᠶᠢ ᠵᠢᠷᠤᠮᠵᠢᠭᠤᠯᠤᠨ᠂ ᠬᠠᠤᠯᠢ ᠶᠤᠰᠤᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ  ᠲᠣᠭᠲᠠᠴᠠ ᠶᠢ ᠪᠦᠷᠢᠨᠰᠢᠭᠦᠯᠵᠦ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠶᠠᠰᠤ ᠴᠢᠨᠠᠷ ᠢ  ᠳᠡᠭᠡᠭᠰᠢᠯᠡᠭᠦᠯᠬᠦ ᠶᠢᠨ ᠲᠤᠰᠠᠳᠠ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ  ᠦᠨᠳᠦᠰᠦᠯᠡᠵᠦ᠂ ᠦᠪᠡᠷᠲᠡᠭᠡᠨ ᠵᠠᠰᠠᠬᠤ ᠣᠷᠣᠨ ᠤ ᠪᠣᠲᠠᠲᠠᠢ ᠲᠠᠢ ᠤᠶᠠᠯᠳᠤᠭᠤᠯᠤᠨ᠂ ᠲᠤᠰ ᠲᠣᠭᠲᠠᠭᠠᠯ ᠢ  ᠲᠣᠭᠲᠠᠭᠠᠪᠠ᠃                 ᠬᠤᠶᠠᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ  ᠣᠷᠳᠤᠨ ᠤ ᠬᠢᠨ ᠬᠠᠤᠯᠢ ᠳᠤ ᠲᠣᠭᠲᠠᠭᠠᠭᠰᠠᠨ ᠡᠷᠬᠡ ᠲᠤᠰᠢᠶᠠᠯ ᠤᠨ ᠶᠤᠰᠤᠭᠠᠷ ᠬᠢᠭᠰᠡᠨ ᠲᠤᠰ ᠵᠠᠰᠠᠭ ᠵᠠᠬᠢᠷᠭᠠᠨ ᠤ  ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠬᠤ᠂ ᠨᠡᠶᠢᠭᠡᠮ ᠤᠨ  ᠬᠤᠯᠪᠣᠭᠳᠠᠬᠤ ᠬᠡᠪᠴᠢᠶ᠎ᠡ ᠪᠠᠷ ᠥᠷᠭᠡᠨ᠂ ᠣᠯᠠᠨ ᠨᠡᠶᠢᠲᠡ ᠶᠢᠨ ᠠᠰᠢᠭ ᠲᠤᠰᠠ ᠯᠤᠭ᠎ᠠ ᠨᠢᠭᠲᠠ ᠬᠤᠯᠪᠣᠭᠳᠠᠬᠤ  ᠴᠢᠬᠤᠯᠠ ᠶᠡᠭᠡ ᠵᠦᠢᠯᠡᠰ ᠤᠨ ᠲᠠᠯ᠎ᠠ ᠪᠠᠷ ᠬᠢ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ  ᠠᠵᠢᠯᠯᠠᠭ᠎ᠠ ᠳᠤ ᠲᠤᠰ ᠲᠣᠭᠲᠠᠭᠠᠯ ᠬᠡᠷᠡᠭᠯᠡᠭᠳᠡᠨ᠎ᠡ᠃                  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠢᠨ ᠠᠵᠢᠯᠲᠠᠨ ᠢ  ᠲᠣᠮᠢᠯᠠᠵᠤ ᠪᠠᠭᠤᠯᠭᠠᠬᠤ ᠵᠢᠴᠢ ᠳᠤᠲᠤᠭᠠᠲᠤ ᠶᠢᠨ ᠤᠴᠢᠷ ᠶᠠᠪᠤᠳᠠᠯ ᠢᠶᠠᠨ ᠬᠠᠮᠢᠶᠠᠷᠬᠤ ᠠᠷᠭ᠎ᠠ ᠬᠡᠮᠵᠢᠶ᠎ᠠ  ᠲᠣᠭᠲᠠᠭᠠᠬᠤ ᠳᠤ ᠲᠤᠰ ᠲᠣᠭᠲᠠᠭᠠᠯ ᠬᠡᠷᠡᠭᠯᠡᠭᠳᠡᠬᠦ ᠦᠭᠡᠢ᠃                   ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠦᠰᠦᠯ ᠢ ᠲᠤᠭᠤᠷᠪᠢᠨ ᠲᠣᠭᠲᠠᠭᠠᠬᠤ ᠪᠠ  ᠵᠠᠰᠠᠭ ᠤᠨ ᠣᠷᠳᠤᠨ ᠤ ᠳᠦᠷᠢᠮ ᠲᠣᠭᠲᠠᠭᠠᠯ ᠢ ᠲᠣᠭᠲᠠᠭᠠᠬᠤ ᠵᠢᠴᠢ ᠭᠡᠨᠡᠳᠲᠡ ᠶᠢᠨ ᠬᠡᠷᠡᠭ ᠢ ᠠᠷᠭᠠᠴᠠᠬᠤ  ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ  ᠬᠠᠤᠯᠢ ᠲᠣᠭᠲᠠᠭᠠᠯ ᠶᠤᠰᠤᠭᠠᠷ ᠬᠡᠷᠡᠭᠵᠢᠭᠦᠯᠬᠦ ᠬᠡᠷᠡᠭᠲᠡᠢ᠃                   ᠭᠤᠷᠪᠠᠳᠤᠭᠠᠷ ᠵᠦᠢᠯ   ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ  ᠰᠢᠨᠵᠢᠯᠡᠬᠦ ᠤᠬᠠᠭᠠᠨᠴᠢ᠂ ᠠᠷᠠᠳᠴᠢᠯᠠᠯ ᠲᠠᠢ᠂ ᠬᠠᠤᠯᠢ ᠶᠤᠰᠤᠨ ᠤ ᠵᠠᠷᠴᠢᠮ ᠢ ᠪᠠᠷᠢᠮᠲᠠᠯᠠᠵᠤ᠂ ᠣᠯᠠᠨ ᠨᠡᠶᠢᠲᠡ ᠪᠠᠷ  ᠣᠷᠤᠯᠴᠠᠬᠤ᠂ ᠮᠡᠷᠭᠡᠵᠢᠯᠲᠡᠨ ᠠᠴᠠ ᠨᠤᠲᠠᠯᠠᠬᠤ᠂ ᠲᠥᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠤᠰᠤᠴᠢ ᠴᠢᠨᠠᠷ ᠢ  ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠵᠤ ᠲᠣᠭᠲᠠᠭᠠᠬᠤ ᠳᠡᠰ ᠳᠠᠷᠠᠭᠠᠯᠠᠯ ᠢᠶᠠᠷ ᠭᠦᠢᠴᠡᠳᠭᠡᠨ᠂ ᠴᠢᠬᠤᠯᠠ  ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠤᠨ ᠰᠢᠨᠵᠢᠯᠡᠬᠦ ᠤᠬᠠᠭᠠᠨᠴᠢ᠂ ᠳᠡᠰ  ᠳᠠᠷᠠᠭ᠎ᠠ ᠨᠢ ᠵᠦᠢ ᠶᠤᠰᠤᠨ ᠤ᠂ ᠶᠠᠪᠤᠴᠠ ᠨᠢ ᠢᠯᠡ᠂ ᠬᠠᠷᠢᠭᠤᠴᠠᠯᠭ᠎ᠠ ᠨᠢ ᠲᠣᠳᠣᠷᠬᠠᠢ ᠪᠠᠶᠢᠬᠤ ᠶᠢ ᠦᠨᠡᠨᠬᠦ  ᠪᠠᠲᠤᠯᠠᠬᠤ ᠬᠡᠷᠡᠭᠲᠡᠢ᠃                   ᠳᠥᠷᠪᠡᠳᠦᠭᠡᠷ ᠵᠦᠢᠯ   ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ  ᠵᠠᠰᠠᠭ ᠤᠨ ᠣᠷᠳᠤᠨ ᠤ ᠵᠠᠰᠠᠭ ᠵᠠᠬᠢᠷᠭ᠎ᠠ ᠶᠢᠨ ᠳᠠᠷᠤᠭ᠎ᠠ ᠶᠢᠨ ᠬᠠᠷᠢᠭᠤᠴᠠᠬᠤ ᠳᠦᠷᠢᠮ ᠢ ᠬᠡᠷᠡᠭᠵᠢᠭᠦᠯᠦᠨ᠎ᠡ᠃  ᠵᠠᠰᠠᠭ ᠤᠨ ᠣᠷᠳᠤᠨ ᠤ ᠵᠠᠰᠠᠭ ᠵᠠᠬᠢᠷᠭ᠎ᠠ ᠶᠢᠨ ᠳᠠᠷᠤᠭ᠎ᠠ ᠨᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠤᠨ ᠤ  ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠵᠢᠯ ᠢ ᠬᠠᠤᠯᠢ ᠶᠤᠰᠤᠭᠠᠷ  ᠤᠳᠤᠷᠢᠳᠴᠤ᠂ ᠵᠠᠰᠠᠭ ᠤᠨ ᠣᠷᠳᠤᠨ ᠤ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠠᠴᠠ ᠵᠠᠰᠠᠭ ᠤᠨ ᠣᠷᠳᠣᠨ ᠤ  ᠵᠠᠰᠠᠭ ᠵᠠᠬᠢᠷᠭ᠎ᠠ ᠶᠢᠨ ᠳᠠᠷᠤᠭ᠎ᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠬᠠᠤᠯᠢ ᠶᠤᠰᠤᠭᠠᠷ ᠬᠠᠮᠵᠢᠬᠤ  ᠬᠡᠷᠡᠭᠲᠡᠢ᠃                  ᠲᠠᠪᠤᠳᠤᠭᠠᠷ ᠵᠦᠢᠯ   ᠵᠠᠰᠠᠭ ᠤᠨ ᠣᠷᠳᠤᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ  ᠪᠣᠳᠣᠯᠭ᠎ᠠ ᠲᠣᠭᠲᠠᠭᠠᠬᠤ ᠵᠦᠢᠯᠡᠰ ᠨᠢ ᠨᠠᠮ ᠤᠨ ᠬᠤᠷᠢᠶ᠎ᠠ ᠳᠤ ᠮᠡᠳᠡᠭᠦᠯᠦᠨ ᠵᠢᠭᠠᠪᠤᠷᠢ ᠠᠪᠬᠤ ᠴᠢᠬᠤᠯᠠᠲᠠᠢ ᠪᠣᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠤ ᠬᠢᠨ ᠰᠢᠢᠳᠪᠦᠷᠢᠲᠦ ᠪᠣᠳᠣᠯᠭ᠎ᠠ  ᠲᠣᠭᠲᠠᠭᠠᠬᠤ ᠠᠴᠠ ᠪᠠᠨ ᠡᠮᠦᠨ᠎ᠡ ᠠᠳᠠᠯᠢ ᠱᠠᠲᠤᠨ ᠤ ᠨᠠᠮ ᠤᠨ ᠬᠤᠷᠢᠶ᠎ᠠ ᠳᠠᠭᠠᠨ ᠮᠡᠳᠡᠭᠦᠯᠦᠨ ᠵᠢᠭᠠᠪᠤᠷᠢ ᠠᠪᠬᠤ  ᠬᠡᠷᠡᠭᠲᠡᠢ᠃                  ᠵᠠᠰᠠᠭ ᠤᠨ ᠣᠷᠳᠤᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ  ᠵᠦᠢᠯᠡᠰ ᠢ ᠬᠠᠤᠯᠢ ᠶᠤᠰᠤᠭᠠᠷ ᠠᠳᠠᠯᠢ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠣᠶᠣ  ᠲᠡᠭᠦᠨ ᠤ ᠪᠠᠶᠢᠩᠭᠤ ᠶᠢᠨ ᠬᠤᠷᠢᠶ᠎ᠠ ᠳᠤ ᠳᠡᠪᠰᠢᠭᠦᠯᠦᠨ ᠲᠣᠭᠲᠠᠭᠠᠪᠠᠰᠤ ᠵᠣᠬᠢᠬᠤ ᠶᠢ ᠨᠢ ᠬᠤᠰᠢᠭᠤ ᠰᠢᠶᠠᠨ ᠤ  ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠠᠴᠠ ᠰᠢᠢᠳᠪᠦᠷᠢᠲᠦ ᠪᠣᠳᠤᠯᠭ᠎ᠠ ᠲᠣᠭᠲᠠᠭᠠᠬᠤ  ᠰᠠᠨᠠᠭᠤᠯᠭ᠎ᠠ ᠳᠤᠷᠠᠳᠴᠤ᠂ ᠠᠳᠠᠯᠢ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠣᠶᠣ ᠲᠠᠭᠦᠨ ᠤ  ᠪᠠᠶᠢᠩᠭᠤ ᠶᠢᠨ ᠬᠤᠷᠢᠶ᠎ᠠ ᠳᠤ ᠬᠠᠤᠯᠢ ᠶᠤᠰᠤᠭᠠᠷ ᠳᠡᠪᠰᠢᠭᠦᠯᠦᠨ ᠬᠢᠨᠠᠨ ᠵᠦᠪᠯᠡᠭᠦᠯᠵᠦ ᠲᠤᠭᠳᠠᠭᠠᠯᠭᠠᠬᠤ ᠬᠡᠷᠡᠭᠲᠡᠢ᠃                  ᠵᠢᠷᠭᠤᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ  ᠣᠷᠳᠤᠨ ᠤ ᠬᠢᠨ ᠲᠤᠰ ᠲᠣᠭᠲᠠᠭᠠᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠᠨ ᠬᠠᠷᠢᠭᠤᠴᠠᠬᠤ ᠬᠡᠷᠡᠭᠲᠡᠢ᠃                  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠤ ᠬᠠᠤᠯᠢ ᠳᠦᠷᠢᠮ ᠤᠨ  ᠪᠠᠶᠢᠭᠤᠯᠤᠮᠵᠢ ᠠᠴᠠ ᠲᠤᠰ ᠱᠠᠲᠤᠨ ᠤ ᠠᠷᠠᠳ ᠤᠨ ᠵᠠᠰᠠᠭ ᠤᠨ ᠣᠷᠳᠤᠨ ᠤ ᠴᠢᠬᠤᠯᠠ ᠶᠡᠭᠡ ᠵᠠᠰᠠᠭ ᠵᠠᠬᠢᠷᠭᠠᠨ ᠤ  ᠰᠢᠢᠳᠪᠦᠷᠢᠲᠦ ᠪᠣᠳᠣᠯᠭ᠎ᠠ ᠶᠢᠨ ᠬᠠᠤᠯᠢ ᠶᠤᠰᠤᠴᠢ ᠴᠢᠨᠠᠷ ᠤᠨ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠬᠤ ᠬᠡᠷᠡᠭᠲᠡᠢ  ᠃                   ᠬᠤᠶᠠᠳᠤᠭᠠᠷ ᠪᠦᠯᠦᠭ   ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ  ᠬᠡᠪᠴᠢᠶ᠎ᠡ      ᠳᠤᠯᠤᠳᠤᠭᠠᠷ ᠵᠦᠢᠯ   ᠳᠣᠣᠷᠠᠬᠢ ᠵᠦᠢᠯᠡᠰ ᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ  ᠪᠣᠳᠣᠯᠭ᠎ᠠ ᠲᠣᠭᠲᠠᠭᠠᠬᠤ ᠬᠡᠪᠴᠢᠶᠡᠨ ᠳᠤ ᠵᠢᠭᠰᠠᠭᠠᠨ ᠣᠷᠤᠭᠤᠯᠬᠤ ᠬᠡᠷᠡᠭᠲᠡᠢ᠄                  ︵ᠨᠢᠭᠡ︶ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠦᠯᠦᠪᠵᠢᠭᠦᠯᠭᠡ᠂  ᠲᠦᠯᠦᠪᠯᠡᠭᠡ ᠵᠢᠴᠢ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠂ ᠡᠯ᠎ᠡ ᠲᠦᠷᠦᠯ ᠤᠨ  ᠶᠡᠷᠦᠩᠬᠡᠢ ᠲᠦᠯᠦᠪᠵᠢᠭᠦᠯᠭᠡ᠂ ᠭᠤᠣᠯᠳᠠᠯᠭ᠎ᠠ ᠲᠠᠢ ᠣᠷᠣᠨ ᠪᠦᠰᠡ ᠶᠢᠨ ᠲᠦᠯᠦᠪᠵᠢᠭᠦᠯᠭᠡ ᠵᠢᠴᠢ ᠴᠢᠬᠤᠯᠠ ᠶᠡᠭᠡ  ᠲᠤᠰᠬᠠᠢ ᠵᠦᠢᠯ ᠤᠨ ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ︔                  ︵ᠬᠤᠶᠠᠷ︶ ᠴᠢᠬᠤᠯᠠ ᠶᠡᠭᠡ ᠡᠳ᠋ ᠤᠨ ᠵᠠᠰᠠᠭ ᠤᠨ ᠪᠡᠯᠡ ᠮᠦᠩᠭᠦ ᠶᠢ ᠬᠡᠷᠡᠭᠯᠡᠬᠦ᠂ ᠵᠠᠰᠠᠭ ᠤᠨ ᠣᠷᠳᠤᠨ ᠤ  ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠦᠷᠦᠯ ᠵᠦᠢᠯ ᠢ ᠲᠣᠬᠢᠷᠠᠭᠤᠯᠬᠤ᠂ ᠣᠯᠠᠨ ᠨᠡᠶᠢᠲᠡ ᠶᠢᠨ ᠴᠢᠬᠤᠯᠠ  ᠡᠬᠢ ᠪᠠᠶᠠᠯᠢᠭ ᠢ ᠲᠣᠬᠢᠷᠠᠭᠤᠯᠬᠤ ᠪᠠ ᠤᠯᠤᠰ ᠤᠨ ᠦᠮᠴᠢᠯᠡᠯᠲᠦ ᠴᠢᠬᠤᠯᠠ ᠶᠡᠭᠡ ᠡᠳ᠋ ᠬᠦᠷᠦᠩᠭᠡ ᠶᠢ ᠰᠢᠢᠳᠪᠦᠷᠢᠯᠡᠬᠦ  ︔                   ︵ᠭᠤᠷᠪᠠ︶ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂  ᠭᠠᠵᠠᠷ ᠰᠢᠷᠤᠢ ᠶᠢᠨ ᠬᠠᠮᠢᠶᠠᠷᠤᠯᠲᠠ᠂ ᠬᠦᠳᠡᠯᠮᠦᠷᠢ ᠠᠵᠢᠯ ᠣᠯᠭᠤᠯᠳᠠ᠂ ᠨᠡᠶᠢᠭᠡᠮ ᠤᠨ ᠪᠠᠲᠤᠯᠠᠭ᠎ᠠ ᠂ ᠰᠢᠨᠵᠢᠯᠡᠬᠦ  ᠤᠬᠠᠭᠠᠨ ᠮᠡᠷᠭᠡᠵᠢᠯ ᠰᠤᠷᠭᠠᠨ ᠬᠦᠮᠦᠵᠢᠯ᠂ ᠡᠮᠴᠢᠯᠡᠭᠡ ᠡᠷᠡᠭᠦᠯ ᠬᠠᠮᠠᠭᠠᠯᠠᠯ᠂ ᠢᠳᠡᠭᠡᠨ ᠪᠠ ᠡᠮ ᠤᠨ ᠵᠦᠢᠯ᠂ ᠣᠷᠣᠨ  ᠰᠠᠭᠤᠴᠠ ᠶᠢᠨ ᠪᠠᠲᠤᠯᠠᠭ᠎ᠠ᠂ ᠠᠶᠤᠯ ᠦᠭᠡᠢ ᠦᠢᠯᠡᠳᠪᠦᠷᠢᠯᠡᠯ᠂ ᠣᠯᠠᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ  ᠲᠠᠯ᠎ᠠ ᠪᠠᠷ ᠬᠢ ᠴᠢᠬᠤᠯᠠ ᠶᠡᠭᠡ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠠ ᠶᠢ ᠲᠣᠭᠲᠠᠭᠠᠬᠤ ︔                  ︵ᠳᠥᠷᠪᠡ︶ ᠴᠢᠬᠤᠯᠠ ᠪᠦᠬᠦᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠰᠦᠢᠳᠭᠡᠯ ᠬᠤᠷᠢᠶᠠᠬᠤ  ᠵᠢᠴᠢ ᠵᠠᠰᠠᠭ ᠤᠨ ᠣᠷᠳᠤᠨ ᠤ ᠲᠣᠭᠲᠠᠭᠠᠭᠰᠠᠨ ᠦᠨ᠎ᠡ ᠶᠢ ᠬᠡᠷᠡᠭᠵᠢᠭᠦᠯᠵᠦ ᠪᠠᠶᠢᠭ᠎ᠠ ᠴᠢᠬᠤᠯᠠ ᠨᠡᠶᠢᠲᠡ ᠶᠢᠨ  ᠬᠡᠷᠡᠭᠯᠡᠭᠡᠨ ᠤ ᠦᠢᠯᠡᠰ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠶᠢ ᠲᠣᠭᠲᠠᠭᠠᠬᠤ ᠪᠠ  ᠲᠣᠬᠢᠷᠠᠭᠤᠯᠤᠯᠲᠠ ᠬᠢᠬᠦ︔                   ︵ᠲᠠᠪᠤ︶ ᠵᠠᠰᠠᠭ ᠤᠨ ᠣᠷᠳᠤᠨ ᠠᠴᠠ ᠰᠢᠢᠳᠪᠦᠷᠢᠳᠤ ᠪᠣᠳᠣᠯᠭ᠎ᠠ ᠲᠣᠭᠲᠠᠭᠠᠬᠤ ᠴᠢᠬᠤᠯᠠᠲᠠᠢ ᠪᠤᠰᠤᠳ  ᠴᠢᠬᠤᠯᠠ ᠶᠡᠭᠡ ᠵᠦᠢᠯᠡᠰ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ  ᠣᠷᠳᠤᠨ ᠤ ᠬᠢᠨ ᠡᠮᠦᠨᠡᠬᠢ ᠵᠣᠷᠪᠤᠰ ᠤᠨ ᠲᠣᠭᠲᠠᠭᠠᠯ ᠢ ᠦᠨᠳᠦᠰᠦᠯᠡᠵᠦ᠂ ᠲᠤᠰ ᠵᠠᠰᠠᠭ ᠵᠠᠬᠢᠷᠭᠠᠨ ᠤ ᠣᠷᠣᠨ  ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠲᠠᠲᠠᠢ ᠲᠠᠢ ᠪᠠᠨ ᠤᠶᠠᠯᠳᠤᠭᠤᠯᠵᠤ᠂ ᠴᠢᠬᠤᠯᠠ ᠶᠡᠭᠡ  ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠬᠡᠪᠴᠢᠶ᠎ᠡ ᠶᠢ ᠲᠣᠭᠲᠠᠭᠠᠬᠤ ᠬᠡᠷᠡᠭᠲᠡᠢ᠃                        ᠭᠤᠷᠪᠠᠳᠤᠭᠠᠷ ᠪᠦᠯᠦᠭ   ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ  ᠲᠣᠭᠲᠠᠭᠠᠬᠤ ᠳᠡᠰ ᠳᠠᠷᠠᠭᠠᠯᠠᠯ                  ᠨᠠᠢᠮᠠᠳᠤᠭᠠᠷ ᠵᠦᠢᠯ   ᠵᠠᠰᠠᠭ ᠤᠨ ᠣᠷᠳᠤᠨ ᠤ ᠵᠠᠰᠠᠭ ᠵᠠᠬᠢᠷᠭ᠎ᠠ ᠶᠢᠨ ᠳᠠᠷᠤᠭ᠎ᠠ᠂ ᠵᠠᠰᠠᠭ ᠤᠨ ᠣᠷᠳᠤᠨ ᠤ  ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠵᠠᠰᠠᠭ ᠤᠨ ᠣᠷᠳᠤᠨ ᠤ ᠨᠠᠷᠢᠨ ᠪᠢᠴᠢᠭ ᠤᠨ ᠳᠠᠷᠤᠭ᠎ᠠ ᠪᠣᠶᠣ ᠠᠯᠪᠠᠨ  ᠲᠢᠩᠬᠢᠮ ︵ᠭᠡᠷ︶ ᠤᠨ ᠡᠷᠬᠢᠯᠡᠭᠴᠢ᠂ ᠵᠠᠰᠠᠭ ᠤᠨ ᠣᠷᠳᠤᠨ ᠤ ᠠᠵᠢᠯ ᠤᠨ ᠰᠠᠯᠠᠭ᠎ᠠ ᠮᠦᠴᠢᠷ ᠤᠳ ᠤᠨ ᠭᠤᠣᠯ  ᠬᠠᠷᠢᠭᠤᠴᠠᠯᠭᠠᠲᠠᠨ ᠨᠢ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ ᠪᠠ ᠠᠵᠢᠯ ᠤᠨ ᠬᠤᠪᠢᠶᠠᠷᠢᠯᠠᠯ  ᠶᠤᠰᠤᠭᠠᠷ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠰᠠᠨᠠᠭᠤᠯᠭ᠎ᠠ ᠳᠤᠷᠠᠳᠬᠤ  ᠬᠡᠷᠡᠭᠲᠡᠢ᠃                   ᠳᠣᠣᠷ᠎ᠠ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠤᠨ ᠠᠴᠠ ᠳᠡᠭᠡᠷ᠎ᠡ ᠱᠠᠲᠤᠨ ᠤ ᠠᠷᠠᠳ ᠤᠨ  ᠵᠠᠰᠠᠭ ᠤᠨ ᠣᠷᠳᠤᠨ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠯᠭᠠᠬᠤ ᠴᠢᠬᠤᠯᠠᠲᠠᠢ ᠭᠡᠵᠦ ᠦᠵᠡᠭᠰᠡᠨ  ᠵᠦᠢᠯᠡᠰ ᠲᠡᠭᠡᠨ᠂ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠤᠨ ᠳᠤ ᠴᠢᠬᠤᠯᠠ ᠶᠡᠭᠡ ᠵᠠᠰᠠᠭ  ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠰᠠᠨᠠᠭᠤᠯᠭ᠎ᠠ ᠳᠤᠷᠠᠳᠴᠤ ᠪᠣᠯᠣᠨ᠎ᠠ᠃                   ᠠᠷᠠᠳ ᠤᠨ ᠲᠦᠯᠦᠭᠡᠯᠡᠭᠴᠢᠳ᠂ ᠣᠯᠣᠰ ᠲᠥᠷᠥ ᠶᠢᠨ ᠵᠦᠪᠯᠡᠯᠭᠡᠨ ᠤ ᠭᠡᠰᠢᠭᠦᠳ ᠨᠢ ᠰᠠᠨᠠᠭᠤᠯᠭ᠎ᠠ᠂  ᠳᠤᠷᠠᠳᠤᠯᠭ᠎ᠠ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ  ᠲᠣᠭᠲᠠᠭᠠᠬᠤ ᠰᠠᠨᠠᠭᠤᠯᠭ᠎ᠠ ᠳᠤᠷᠠᠳᠴᠤ ᠪᠣᠯᠣᠨ᠎ᠠ᠃                  ᠠᠷᠠᠳ ᠢᠷᠭᠡᠨ᠂ ᠬᠠᠤᠯᠢ ᠶᠢᠨ ᠡᠷᠬᠡᠲᠡᠨ ᠪᠣᠶᠣ ᠪᠤᠰᠤᠳ ᠵᠣᠬᠢᠶᠠᠨ ᠪᠠᠶᠢᠭᠤᠯᠤᠯᠲᠠ ᠨᠢ ᠵᠠᠰᠠᠭ ᠤᠨ ᠣᠷᠳᠤᠨ  ᠵᠢᠴᠢ ᠬᠤᠯᠪᠣᠭᠳᠠᠯ ᠪᠦᠬᠦᠢ ᠰᠠᠯᠠᠭ᠎ᠠ ᠮᠦᠴᠢᠷ ᠲᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ  ᠲᠣᠭᠲᠠᠭᠠᠬᠤ ᠰᠠᠨᠠᠭᠤᠯᠭ᠎ᠠ ᠳᠤᠷᠠᠳᠴᠤ ᠪᠣᠯᠣᠨ᠎ᠠ᠃                  ᠶᠢᠰᠦᠳᠦᠭᠡᠷ ᠵᠦᠢᠯ   ᠵᠠᠰᠠᠭ ᠤᠨ ᠣᠷᠳᠤᠨ ᠤ ᠵᠠᠰᠠᠭ ᠵᠠᠬᠢᠷᠭ᠎ᠠ ᠶᠢᠨ ᠳᠠᠷᠤᠭ᠎ᠠ ᠪᠠᠷ ᠵᠥᠪᠰᠢᠶᠡᠷᠡᠭᠦᠯᠦᠭᠡᠳ  ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠲᠤ ᠣᠷᠤᠭᠤᠯᠤᠭᠰᠠᠨ ᠢ ᠨᠢ  ᠵᠠᠰᠠᠭ ᠤᠨ ᠣᠷᠳᠤᠨ ᠤ ᠵᠠᠰᠠᠭ ᠵᠠᠬᠢᠷᠭ᠎ᠠ ᠶᠢᠨ ᠳᠠᠷᠤᠭ᠎ᠠ ᠪᠣᠶᠣ ᠵᠠᠰᠠᠭ ᠤᠨ ᠣᠷᠳᠤᠨ ᠤ ᠬᠤᠪᠢᠳᠠᠨ ᠬᠠᠮᠢᠶᠠᠷᠬᠤ  ᠬᠠᠷᠢᠭᠤᠴᠠᠯᠭᠠᠲᠠᠨ ᠠᠴᠠ ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠶᠢ ᠲᠣᠭᠲᠠᠭᠠᠨ᠎ᠠ  ︔ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠨᠢ ᠬᠤᠶᠠᠷ ᠠᠴᠠ  ᠳᠡᠭᠡᠭᠰᠢᠬᠢ ᠨᠢᠭᠡᠴᠡ ᠶᠢᠨ ᠡᠭᠦᠷᠭᠡ ᠬᠠᠷᠢᠭᠤᠴᠠᠯᠭ᠎ᠠ ᠳᠤ ᠬᠤᠯᠪᠣᠭᠳᠠᠭᠰᠠᠨ ᠪᠠᠶᠢᠪᠠᠯ᠂ ᠲᠦᠷᠦᠭᠦᠯᠡᠨ ᠳᠠᠭᠠᠭᠠᠨ  ᠠᠪᠴᠤ ᠭᠦᠢᠴᠡᠳᠭᠡᠬᠦ ᠨᠢᠭᠡᠴᠡ ᠶᠢ ᠨᠢ ᠲᠣᠳᠤᠷᠬᠠᠶᠢᠯᠠᠬᠤ ᠬᠡᠷᠡᠭᠲᠡᠢ᠃                  ᠠᠷᠪᠠᠳᠤᠭᠠᠷ ᠵᠦᠢᠯ   ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠨᠢ  ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠲᠤ ᠪᠠᠶᠢᠴᠠᠭᠠᠨ ᠰᠤᠳᠤᠯᠬᠤ ᠠᠵᠢᠯ  ᠦᠷᠨᠢᠭᠦᠯᠬᠦ ᠴᠢᠬᠤᠯᠠ ᠲᠠᠢ ᠪᠠᠶᠢᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ  ᠪᠠᠶᠢᠴᠠᠭᠠᠨ ᠰᠤᠳᠤᠯᠤᠯᠲᠠ ᠳᠤ ᠳᠣᠣᠷᠠᠬᠢ ᠵᠦᠢᠯᠡᠰ ᠪᠠᠭᠲᠠᠨ᠎ᠠ᠄                  ︵ᠨᠢᠭᠡ︶ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠤᠳᠤᠬᠢ ᠪᠠᠶᠢᠳᠠᠯ ᠪᠠ ᠠᠰᠠᠭᠤᠳᠠᠯ︔                  ︵ᠬᠤᠶᠠᠷ︶ ᠰᠢᠢᠳᠪᠦᠷᠢᠲᠦ  ᠪᠣᠳᠣᠯᠭ᠎ᠠ  ᠶᠢᠨ  ᠵᠦᠢᠯᠡᠰ  ᠤᠨ  ᠵᠠᠶᠢᠯᠠᠰᠢ  ᠦᠭᠡᠢ  ᠴᠢᠨᠠᠷ  ᠪᠠ   ᠪᠣᠯᠣᠮᠵᠢᠲᠦ ᠴᠢᠨᠠᠷ︔                  ︵ᠭᠤᠷᠪᠠ︶ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ  ᠲᠥᠷᠥ ᠶᠢᠨ ᠪᠣᠳᠣᠯᠭ᠎ᠠ ᠶᠢᠨ ᠦᠨᠳᠦᠰᠦ ᠪᠠᠷᠢᠮᠲᠠ︔                  ︵ᠳᠥᠷᠪᠡ︶ ᠪᠤᠰᠤᠳ ᠪᠠᠶᠢᠴᠠᠭᠠᠨ ᠰᠤᠳᠤᠯᠬᠤ ᠴᠢᠬᠤᠯᠠᠲᠠᠢ ᠠᠭᠤᠯᠭ᠎ᠠ᠃                   ᠠᠷᠪᠠᠨ ᠨᠢᠭᠡᠳᠦᠭᠡᠷ ᠵᠦᠢᠯ   ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠨᠢ  ᠪᠠᠶᠢᠴᠠᠭᠠᠨ ᠰᠤᠳᠤᠯᠤᠭᠰᠠᠨ ᠤ ᠳᠠᠷᠠᠭ᠎ᠠ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ  ᠲᠣᠭᠲᠠᠭᠠᠬᠤ ᠲᠦᠰᠦᠯ ᠢ ᠲᠤᠭᠤᠷᠪᠢᠬᠤ ᠬᠡᠷᠡᠭᠲᠡᠢ᠃                  ᠠᠷᠪᠠᠨ ᠬᠤᠶᠠᠳᠤᠭᠠᠷ ᠵᠦᠢᠯ   ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠨᠢ  ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠦᠰᠦᠯ ᠤᠨ ᠲᠠᠯ᠎ᠠ ᠪᠠᠷ ᠨᠡᠶᠢᠭᠡᠮ  ᠨᠡᠶᠢᠲᠡ ᠠᠴᠠ ᠢᠯᠡ ᠪᠠᠷ ᠰᠠᠨᠠᠯ ᠬᠤᠷᠢᠶᠠᠵᠣ᠂ ᠢᠯᠡ ᠪᠠᠷ ᠰᠠᠨᠠᠯ ᠬᠤᠷᠢᠶᠠᠬᠤ ᠴᠠᠭ ᠬᠤᠭᠤᠴᠠᠭ᠎ᠠ ᠶᠢ 20  ᠡᠳᠦᠷ ᠠᠴᠠ ᠳᠤᠳᠠᠭᠤ ᠪᠠᠶᠢᠯᠭᠠᠵᠤ ᠪᠣᠯᠬᠤ ᠦᠭᠡᠢ᠃                  ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠨᠢ ᠤᠯᠤᠰ ᠤᠨ ᠨᠢᠭᠤᠴᠠ᠂  ᠬᠤᠳᠠᠯᠳᠤᠭᠠᠨ ᠤ ᠨᠢᠭᠤᠴᠠ ᠳᠤ ᠬᠤᠯᠪᠣᠭᠳᠠᠭᠰᠠᠨ ᠪᠠᠶᠢᠪᠠᠯ᠂ ᠢᠯᠡ ᠪᠠᠷ ᠰᠠᠨᠠᠯ ᠬᠤᠷᠢᠶᠠᠬᠤ ᠦᠭᠡᠢ ᠪᠠᠶᠢᠵᠤ  ᠪᠣᠯᠣᠨ᠎ᠠ᠃                  ᠠᠷᠪᠠᠨ ᠭᠤᠷᠪᠠᠳᠤᠭᠠᠷ ᠵᠦᠢᠯ   ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ  ᠲᠤᠭᠳᠠᠭᠠᠬᠤ ᠳᠠᠭᠠᠨ ᠢᠯᠡ ᠪᠠᠷ ᠰᠠᠨᠠᠯ ᠬᠤᠷᠢᠶᠠᠬᠤ ᠳᠤ ᠰᠣᠨᠢᠨ ᠰᠡᠳᠭᠦᠯ᠂ ᠢᠨᠲ᠋ᠧᠷᠨᠧᠲ ᠰᠦᠯᠵᠢᠶ᠎ᠡ ᠪᠣᠶᠣ ᠷᠠᠳᠢᠣ᠋  ᠲᠧᠯᠸᠢᠰ ᠵᠡᠷᠭᠡ ᠵᠠᠭᠤᠴᠢᠯᠠᠭᠤᠷ ᠢᠶᠠᠷ ᠳᠠᠮᠵᠢᠨ ᠶᠠᠪᠤᠭᠳᠠᠭᠤᠯᠬᠤ ᠬᠡᠷᠡᠭᠲᠡᠢ᠃       ᠠᠷᠪᠠᠨ ᠳᠥᠷᠪᠡᠳᠦᠭᠡᠷ ᠵᠦᠢᠯ   ᠲᠤᠰ ᠲᠣᠭᠲᠠᠭᠠᠯ ᠤᠨ ᠳᠤᠯᠤᠳᠤᠭᠠᠷ ᠵᠦᠢᠯ ᠤᠨ ᠬᠤᠶᠠᠳᠤᠭᠠᠷ ᠵᠣᠷᠪᠣᠰ᠂  ᠭᠤᠷᠪᠠᠳᠤᠭᠠᠷ ᠵᠣᠷᠪᠤᠰ ᠤᠨ ᠬᠡᠪᠴᠢᠶᠡᠨ ᠳᠤ ᠬᠠᠷᠢᠶᠠᠯᠠᠭᠳᠠᠬᠤ ᠮᠥᠷᠲᠡᠭᠡᠨ ᠣᠯᠠᠨ ᠨᠡᠶᠢᠲᠡ ᠶᠢᠨ ᠲᠤᠰ ᠪᠡᠶ᠎ᠡ ᠶᠢᠨ  ᠠᠰᠢᠭ ᠲᠤᠰᠠ ᠳᠤ ᠬᠤᠯᠪᠣᠭᠳᠠᠬᠤ ᠵᠦᠢᠯᠡᠰ ᠲᠤ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠬᠤ ᠶᠢᠨ ᠬᠠᠮᠲᠤ  ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠲᠤᠰᠬᠠᠢ ᠪᠠᠶᠢᠭᠤᠯᠤᠮᠵᠢ ᠵᠡᠷᠭᠡ ᠳᠤ ᠨᠠᠶᠢᠳᠠᠵᠤ ᠭᠤᠷᠪᠠᠳᠡᠬᠢ  ᠡᠲᠡᠭᠡᠳ ᠤᠨ ᠬᠢᠨ ᠤ ᠠᠷᠠᠳ ᠤᠨ ᠰᠠᠨᠠᠭ᠎ᠠ ᠪᠣᠳᠣᠯ ᠤᠨ ᠪᠠᠶᠢᠴᠠᠭᠠᠯᠲᠠ ᠶᠢ ᠦᠷᠨᠢᠭᠦᠯᠵᠦ ᠪᠣᠯᠣᠨ᠎ᠠ᠃                  ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠨᠢ ᠴᠢᠬᠤᠯᠠ ᠶᠡᠭᠡ ᠵᠠᠰᠠᠭ  ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠠᠯ᠎ᠠ ᠪᠠᠷ ᠬᠢ ᠬᠤᠷᠢᠶᠠᠭᠰᠠᠨ ᠰᠠᠨᠠᠯ ᠢ ᠬᠡᠷᠡᠭᠯᠡᠭᠰᠡᠨ ᠪᠠᠶᠢᠳᠠᠯ ᠤᠨ  ᠮᠡᠳᠡᠭᠦᠯᠦᠯᠲᠡ ᠭᠠᠷᠭᠠᠬᠤ ᠶᠢᠨ ᠬᠠᠮᠲᠤ ᠵᠣᠬᠢᠰᠲᠠᠢ ᠬᠡᠯᠪᠡᠷᠢ ᠪᠠᠷ ᠳᠠᠮᠵᠢᠨ ᠬᠠᠷᠢᠭᠤ ᠲᠤᠰᠬᠠᠬᠤ ᠬᠡᠷᠡᠭᠲᠡᠢ᠃                  ᠠᠷᠪᠠᠨ ᠲᠠᠪᠤᠳᠤᠭᠠᠷ ᠵᠦᠢᠯ   ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ  ᠵᠦᠢᠯᠡᠰ ᠲᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠭᠡᠷᠡᠴᠢᠯᠡᠭᠡ ᠰᠤᠨᠤᠰᠬᠤ ᠬᠤᠷᠠᠯ ᠢ ᠬᠤᠷᠠᠯᠳᠤᠭᠤᠯᠬᠤ  ᠬᠡᠷᠡᠭᠲᠡᠢ᠄                  ︵ᠨᠢᠭᠡ︶ ᠣᠯᠠᠨ ᠨᠡᠶᠢᠲᠡ ᠶᠢᠨ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠪᠠᠶᠢᠪᠠᠯ︔                  ︵ᠬᠤᠶᠠᠷ︶ ᠨᠡᠶᠢᠭᠡᠮ ᠤᠨ ᠠᠮᠦᠷ ᠲᠣᠭᠲᠠᠭᠤᠨ ᠢ ᠨᠦᠯᠦᠭᠡᠯᠡᠬᠦ ᠪᠣᠯᠣᠮᠵᠢ ᠲᠠᠢ ᠪᠠᠶᠢᠪᠠᠯ︔                  ︵ᠭᠤᠷᠪᠠ︶ ᠣᠯᠠᠨ ᠨᠡᠶᠢᠲᠡ ᠠᠴᠠ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ  ᠲᠣᠭᠲᠠᠭᠠᠬᠤ ᠲᠦᠰᠦᠯ ᠳᠤ ᠶᠡᠭᠡ ᠵᠦᠷᠢᠯᠳᠦᠭᠡᠨ ᠲᠠᠢ ᠪᠠᠶᠢᠪᠠᠯ︔       ︵ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ  ᠭᠡᠷᠡᠴᠢᠯᠡᠭᠡ ᠰᠤᠨᠤᠰᠬᠤ ᠴᠢᠬᠤᠯᠠᠲᠠᠢ ᠵᠦᠢᠯ ᠪᠠᠶᠢᠪᠠᠯ᠃       ᠠᠷᠪᠠᠨ ᠵᠢᠷᠭᠤᠳᠤᠭᠠᠷ ᠵᠦᠢᠯ   ᠭᠡᠷᠡᠴᠢᠯᠡᠭᠡ ᠰᠤᠨᠤᠰᠬᠤ ᠬᠤᠷᠠᠯ ᠢ ᠰᠢᠢᠳᠪᠦᠷᠢᠲᠦ ᠪᠣᠳᠣᠯᠭ᠎ᠠ ᠶᠢ ᠳᠠᠭᠠᠭᠠᠨ  ᠠᠪᠴᠤ ᠭᠦᠢᠴᠡᠳᠭᠡᠬᠦ ᠨᠢᠭᠡᠴᠡ ᠠᠴᠠ ᠵᠣᠬᠢᠶᠠᠨ ᠪᠠᠶᠢᠭᠤᠯᠵᠤ ᠬᠤᠷᠠᠯᠳᠤᠭᠤᠯᠤᠨ᠎ᠠ᠃       ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠨᠢ ᠭᠡᠷᠡᠴᠢᠯᠡᠭᠡ ᠰᠤᠨᠤᠰᠬᠤ ᠬᠤᠷᠠᠯ  ᠳᠡᠭᠡᠷ᠎ᠡ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠲᠤ ᠲᠤᠳᠤᠷᠬᠠᠶᠢᠯᠠᠯ  ᠬᠢᠬᠦ ᠶᠢᠨ ᠬᠠᠮᠲᠤ᠂ ᠭᠡᠷᠡᠴᠢᠯᠡᠭᠡ ᠰᠤᠨᠣᠰᠬᠤ ᠬᠤᠷᠠᠯ ᠳᠤ ᠣᠷᠤᠯᠴᠠᠭᠰᠠᠳ ᠤᠨ ᠯᠠᠪᠯᠠᠨ ᠠᠰᠠᠭᠤᠬᠤ ᠶᠢ ᠬᠦᠯᠢᠶᠡᠬᠦ  ᠬᠡᠷᠡᠭᠲᠡᠢ᠃       ᠠᠷᠪᠠᠨ ᠳᠤᠯᠤᠳᠤᠭᠠᠷ ᠵᠦᠢᠯ   ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠨᠢ  ᠭᠡᠷᠡᠴᠢᠯᠡᠭᠡ ᠰᠤᠨᠤᠰᠬᠤ ᠬᠤᠷᠠᠯ ᠠᠴᠠ 30 ᠡᠳᠦᠷ ᠤᠨ ᠡᠮᠦᠨ᠎ᠡ ᠭᠡᠷᠡᠴᠢᠯᠡᠭᠡ ᠰᠤᠨᠤᠰᠬᠤ ᠵᠦᠢᠯᠡᠰ᠂ ᠴᠠᠭ  ᠬᠤᠭᠤᠴᠠᠭ᠎ᠠ᠂ ᠭᠠᠵᠠᠷ ᠣᠷᠣᠨ᠂ ᠭᠡᠷᠡᠴᠢᠯᠡᠭᠡ ᠰᠤᠨᠤᠰᠬᠤ ᠳᠤ ᠣᠷᠣᠯᠴᠠᠬᠤ ᠬᠦᠮᠦᠨ ᠤ ᠲᠤᠭ᠎ᠠ ᠵᠢᠴᠢ ᠨᠡᠷ᠎ᠡ  ᠮᠡᠳᠡᠭᠦᠯᠬᠦ ᠠᠷᠭ᠎ᠠ ᠪᠠ ᠨᠦᠬᠦᠴᠡᠯ ᠵᠡᠷᠭᠡ ᠠᠭᠤᠯᠭ᠎ᠠ ᠶᠢ ᠨᠡᠶᠢᠭᠡᠮ ᠨᠡᠶᠢᠲᠡ ᠳᠤ ᠨᠡᠶᠢᠲᠡᠯᠡᠬᠦ ᠬᠡᠷᠡᠭᠲᠡᠢ᠃       ᠠᠷᠪᠠᠨ ᠨᠠᠢᠮᠠᠳᠤᠭᠠᠷ ᠵᠦᠢᠯ   ᠠᠷᠠᠳ ᠢᠷᠭᠡᠨ᠂ ᠬᠠᠤᠯᠢ ᠶᠢᠨ ᠡᠷᠬᠡᠲᠡᠨ ᠪᠣᠶᠣ ᠪᠤᠰᠤᠳ ᠵᠣᠬᠢᠶᠠᠨ  ᠪᠠᠶᠢᠭᠤᠯᠤᠯᠲᠠ ᠨᠤᠭᠤᠳ ᠭᠡᠷᠡᠴᠢᠯᠡᠭᠡ ᠰᠤᠨᠤᠰᠬᠤ ᠬᠤᠷᠠᠯ ᠳᠤ ᠣᠷᠤᠯᠴᠠᠬᠤ ᠪᠠᠷ ᠭᠤᠶᠤᠴᠢᠯᠠᠵᠤ ᠪᠣᠯᠣᠨ᠎ᠠ᠃  ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠨᠢ ᠥᠷᠭᠡᠨ ᠳᠡᠯᠭᠡᠷᠡᠩᠭᠦᠢ ᠴᠢᠨᠠᠷ ᠪᠣᠯᠣᠨ  ᠲᠦᠯᠦᠭᠡᠯᠡᠬᠦ ᠴᠢᠨᠠᠷ ᠲᠠᠢ ᠪᠠᠶᠢᠬᠤ ᠵᠠᠷᠴᠢᠮ ᠤᠨ ᠶᠤᠰᠤᠭᠠᠷ᠂ ᠭᠡᠷᠡᠴᠢᠯᠡᠭᠡ ᠰᠤᠨᠤᠰᠬᠤ ᠵᠦᠢᠯᠡᠰ ᠤᠨ ᠰᠢᠨᠵᠢ ᠴᠢᠨᠠᠷ᠂  ᠪᠤᠳᠤᠯᠢᠶᠠᠨ ᠤ ᠬᠡᠮᠵᠢᠶ᠎ᠠ ᠵᠢᠴᠢ ᠨᠦᠯᠦᠭᠡᠯᠡᠬᠦ ᠬᠡᠪᠴᠢᠶ᠎ᠡ ᠵᠡᠷᠭᠡ ᠬᠦᠴᠦᠨ ᠵᠦᠢᠯ ᠢ ᠦᠨᠳᠦᠰᠦᠯᠡᠨ᠂ ᠨᠡᠷ᠎ᠡ ᠮᠡᠳᠡᠭᠦᠯᠬᠦ  ᠨᠦᠬᠦᠴᠡᠯ ᠳᠤ ᠨᠡᠶᠢᠴᠡᠭᠰᠡᠨ ᠠᠷᠠᠳ ᠢᠷᠭᠡᠨ᠂ ᠬᠠᠤᠯᠢ ᠶᠢᠨ ᠡᠷᠬᠡᠲᠡᠨ ᠪᠣᠶᠣ ᠪᠤᠰᠤᠳ ᠵᠣᠬᠢᠶᠠᠨ ᠪᠠᠶᠢᠭᠤᠯᠤᠯᠲᠠ ᠶᠢᠨ  ᠳᠤᠮᠳᠠ ᠠᠴᠠ ᠭᠡᠷᠡᠴᠢᠯᠡᠭᠡ ᠰᠤᠨᠤᠰᠬᠤ ᠳᠤ ᠣᠷᠣᠯᠴᠠᠬᠤ ᠬᠦᠮᠦᠰ ᠢ ᠰᠤᠩᠭᠤᠬᠤ ᠶᠢᠨ ᠬᠠᠮᠲᠤ᠂ ᠨᠡᠶᠢᠭᠡᠮ  ᠨᠡᠶᠢᠲᠡ ᠳᠤ ᠨᠡᠶᠢᠲᠡᠯᠡᠬᠦ ᠬᠡᠷᠡᠭᠲᠡᠢ᠃ ᠭᠡᠷᠡᠴᠢᠯᠡᠭᠡ ᠰᠤᠨᠤᠰᠬᠤ ᠵᠦᠢᠯᠡᠰ ᠯᠦᠭᠡ ᠠᠰᠢᠭ ᠬᠤᠣᠷ ᠤᠨ ᠬᠠᠷᠢᠴᠠᠭ᠎ᠠ ᠲᠠᠢ  ᠠᠷᠠᠳ ᠢᠷᠭᠡᠨ᠂ ᠬᠠᠤᠯᠢ ᠶᠢᠨ ᠡᠷᠬᠡᠲᠡᠨ ᠪᠣᠶᠣ ᠪᠤᠰᠤᠳ ᠵᠣᠬᠢᠶᠠᠨ ᠪᠠᠶᠢᠭᠤᠯᠤᠯᠲᠠ ᠠᠴᠠ ᠭᠡᠷᠡᠴᠢᠯᠡᠭᠡ  ᠰᠤᠨᠤᠰᠬᠤ ᠳᠤ ᠣᠷᠤᠯᠴᠠᠬᠤ ᠬᠦᠮᠦᠰ ᠢ ᠤᠷᠢᠳᠠᠪᠠᠷ ᠰᠤᠩᠭᠤᠵᠤ ᠪᠣᠯᠣᠨ᠎ᠠ᠃                  ᠠᠷᠪᠠ ᠶᠢᠰᠦᠳᠦᠭᠡᠷ ᠵᠦᠢᠯ   ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠨᠢ  ᠬᠡᠷᠡᠭᠴᠡᠭᠡ ᠪᠠᠨ ᠦᠨᠳᠦᠰᠦᠯᠡᠨ ᠬᠤᠯᠪᠣᠭᠳᠠᠯ ᠪᠦᠬᠦᠢ ᠲᠤᠰᠬᠠᠢ ᠠᠵᠢᠯᠲᠠᠨ᠂ ᠲᠤᠰᠬᠠᠢ ᠮᠡᠷᠭᠡᠵᠢᠯᠲᠡᠨ ᠡᠷᠳᠡᠮᠲᠡᠳ ᠢ  ᠭᠡᠷᠡᠴᠢᠯᠡᠭᠡ ᠰᠣᠨᠣᠰᠬᠤ ᠬᠤᠷᠠᠯ ᠳᠤ ᠣᠷᠣᠯᠴᠠᠭᠤᠯᠬᠤ ᠪᠠᠷ ᠤᠷᠢᠵᠤ ᠪᠣᠯᠣᠨ᠎ᠠ᠃                    ᠬᠤᠷᠢᠳᠤᠭᠠᠷ ᠵᠦᠢᠯ   ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠨᠢ  ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠲᠠᠭᠠᠬᠤ ᠲᠦᠰᠦᠯ᠂ ᠲᠤᠭᠤᠷᠪᠢᠭᠰᠠᠨ  ᠲᠣᠳᠤᠷᠬᠠᠶᠢᠯᠠᠯ ᠵᠢᠴᠢ ᠪᠤᠰᠤᠳ ᠬᠠᠮᠢᠶ᠎ᠠ ᠪᠦᠬᠦᠢ ᠮᠠᠲ᠋ᠧᠷᠢᠶᠠᠯ ᠢ ᠭᠡᠷᠡᠴᠢᠯᠡᠭᠡ ᠰᠤᠨᠤᠰᠬᠤ ᠬᠤᠷᠠᠯ  ᠶᠠᠪᠤᠭᠳᠠᠭᠤᠯᠬᠤ ᠠᠴᠠ 5 ᠡᠳᠦᠷ ᠤᠨ ᠡᠮᠦᠨ᠎ᠡ ᠭᠡᠷᠡᠴᠢᠯᠡᠭᠡ ᠰᠤᠨᠤᠰᠬᠤ ᠳᠤ ᠣᠷᠤᠯᠴᠠᠬᠤ ᠬᠦᠮᠦᠰ ᠲᠤ ᠬᠦᠷᠭᠡᠵᠦ  ᠭᠠᠷᠳᠠᠭᠤᠯᠬᠤ ᠬᠡᠷᠡᠭᠲᠡᠢ᠃                    ᠬᠤᠷᠢᠨ ᠨᠢᠭᠡᠳᠦᠭᠡᠷ ᠵᠦᠢᠯ   ᠭᠡᠷᠡᠴᠢᠯᠡᠭᠡ ᠰᠤᠨᠤᠰᠬᠤ ᠬᠤᠷᠠᠯ ᠠᠴᠠ ᠭᠡᠷᠡᠴᠢᠯᠡᠭᠡ ᠰᠣᠨᠣᠰᠤᠭᠰᠠᠨ  ᠲᠡᠮᠲᠡᠭᠯᠡᠯ ᠬᠢᠬᠦ ᠬᠡᠷᠡᠭᠲᠡᠢ᠃ ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠨᠢ  ᠭᠡᠷᠡᠴᠢᠯᠡᠭᠡ ᠰᠤᠨᠤᠰᠤᠭᠰᠠᠨ ᠲᠡᠮᠲᠡᠭᠯᠡᠯ ᠢ ᠦᠨᠳᠦᠰᠦᠯᠡᠨ ᠭᠡᠷᠡᠴᠢᠯᠡᠭᠡ ᠰᠤᠨᠤᠰᠤᠭᠰᠠᠨ ᠮᠡᠳᠡᠭᠦᠯᠦᠯᠲᠡ ᠬᠢᠵᠦ᠂ ᠵᠦᠢ  ᠶᠤᠰᠤᠨ ᠤ ᠰᠠᠨᠠᠯ ᠪᠠ ᠰᠠᠨᠠᠭᠤᠯᠭ᠎ᠠ ᠶᠢ ᠬᠦᠯᠢᠶᠡᠵᠦ ᠠᠪᠬᠤ ᠬᠡᠷᠡᠭᠲᠡᠢ︔ ᠬᠦᠯᠢᠶᠡᠨ ᠠᠪᠬᠤ ᠦᠭᠡᠢ ᠳᠤ ᠬᠦᠷᠪᠡᠯ᠂  ᠭᠡᠷᠡᠴᠢᠯᠡᠭᠡ ᠰᠤᠨᠤᠰᠬᠤ ᠳᠤ ᠣᠷᠤᠯᠴᠠᠭᠰᠠᠳ ᠲᠤ ᠰᠢᠯᠲᠠᠭᠠᠨ ᠢᠶᠠᠨ ᠳᠤᠲᠤᠷᠬᠠᠶᠢᠯᠠᠬᠤ ᠬᠡᠷᠡᠭᠲᠡᠢ᠃                  ᠬᠤᠷᠢᠨ ᠬᠤᠶᠠᠳᠤᠭᠠᠷ ᠵᠦᠢᠯ   ᠶᠠᠷᠢᠯᠴᠠᠬᠤ ᠬᠤᠷᠠᠯ ᠬᠤᠷᠠᠯᠳᠤᠭᠤᠯᠬᠤ ᠠᠷᠭ᠎ᠠ ᠮᠠᠶ᠋ᠢᠭ ᠢᠶᠠᠷ ᠣᠯᠠᠨ  ᠨᠡᠶᠢᠲᠡ ᠶᠢᠨ ᠰᠠᠨᠠᠯ ᠢ ᠬᠤᠷᠢᠶᠠᠬᠤ ᠳᠤ᠂ ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠭᠡᠬᠦ  ᠨᠢᠭᠡᠴᠡ ᠨᠢ ᠠᠰᠢᠭ ᠬᠤᠣᠷ ᠤᠨ ᠬᠠᠷᠢᠴᠠᠭ᠎ᠠ ᠲᠠᠢ ᠠᠷᠠᠳ ᠢᠷᠭᠡᠨ᠂ ᠬᠠᠤᠯᠢ ᠶᠢᠨ ᠡᠷᠬᠡᠲᠡᠨ ᠪᠣᠶᠣ ᠪᠤᠰᠤᠳ  ᠵᠣᠬᠢᠶᠠᠨ ᠪᠠᠶᠢᠭᠤᠯᠤᠯᠲᠠ ᠶᠢᠨ ᠲᠦᠯᠦᠭᠡᠯᠡᠭᠴᠢ ᠶᠢ ᠤᠷᠢᠵᠤ ᠣᠷᠣᠯᠴᠠᠭᠤᠯᠬᠤ ᠬᠡᠷᠡᠭᠲᠡᠢ᠃ ᠠᠷᠠᠳ ᠤᠨ ᠰᠠᠨᠠᠭ᠎ᠠ  ᠪᠤᠳᠤᠯ ᠤᠨ ᠪᠠᠶᠢᠴᠠᠭᠠᠯᠲᠠ ᠬᠢᠬᠦ ᠠᠷᠭ᠎ᠠ ᠮᠠᠶ᠋ᠢᠭ ᠢᠶᠠᠷ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠳᠤ᠂ ᠲᠤᠰᠬᠠᠢ  ᠪᠠᠶᠢᠴᠠᠭᠠᠨ ᠰᠤᠳᠤᠯᠬᠤ ᠪᠠᠶᠢᠭᠤᠯᠤᠮᠵᠢ ᠳᠤ ᠨᠠᠶᠢᠳᠠᠨ ᠬᠢᠯᠭᠡᠵᠦ ᠪᠣᠯᠣᠨ᠎ᠠ᠂ ᠲᠤᠰᠬᠠᠢ ᠪᠠᠶᠢᠴᠠᠭᠠᠨ ᠰᠤᠳᠤᠯᠬᠤ  ᠪᠠᠶᠢᠭᠤᠯᠤᠮᠵᠢ ᠨᠢ ᠪᠢᠴᠢᠭ ᠢᠶᠠᠷ ᠪᠠᠶᠢᠴᠠᠭᠠᠯᠲᠠ ᠶᠢᠨ ᠮᠡᠳᠡᠭᠦᠯᠦᠯᠲᠡ ᠭᠠᠷᠭᠠᠬᠤ ᠬᠡᠷᠡᠭᠲᠡᠢ᠃                  ᠬᠤᠷᠢᠨ ᠭᠤᠷᠪᠠᠳᠤᠭᠠᠷ ᠵᠦᠢᠯ   ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠭᠡᠬᠦ  ᠨᠢᠭᠡᠴᠡ ᠨᠢ ᠬᠠᠮᠢᠶ᠎ᠠ ᠪᠦᠬᠦᠢ ᠬᠦᠷᠢᠶᠡᠨ ᠳᠠᠬᠢ ᠲᠤᠰᠬᠠᠢ ᠮᠡᠷᠭᠡᠵᠢᠯᠲᠡᠨ ᠪᠣᠶᠣ ᠲᠤᠰᠬᠠᠢ ᠪᠠᠶᠢᠭᠤᠯᠤᠮᠵᠢ ᠶᠢ ᠵᠣᠬᠢᠶᠠᠨ  ᠪᠠᠶᠢᠭᠤᠯᠵᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠵᠠᠶᠢᠯᠠᠰᠢ ᠦᠭᠡᠢ  ᠴᠢᠨᠠᠷ᠂ ᠪᠣᠯᠣᠮᠵᠢᠲᠦ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠵᠡᠷᠭᠡ ᠳᠤ ᠨᠤᠲᠠᠯᠠᠯ ᠬᠢᠬᠦ ᠬᠡᠷᠡᠭᠲᠡᠢ᠃                  ᠬᠤᠷᠢᠨ ᠳᠥᠷᠪᠡᠳᠦᠭᠡᠷ ᠵᠦᠢᠯ   ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠭᠡᠬᠦ  ᠨᠢᠭᠡᠴᠡ ᠨᠢ ᠨᠤᠲᠠᠯᠠᠬᠤ ᠰᠠᠨᠠᠯ ᠳᠤᠷᠠᠳᠤᠭᠰᠠᠨ ᠲᠤᠰᠬᠠᠢ ᠮᠡᠷᠭᠡᠵᠢᠯᠲᠡᠨ ᠪᠣᠶᠣ ᠲᠤᠰᠬᠠᠢ ᠪᠠᠶᠢᠭᠤᠯᠤᠮᠵᠢ ᠳᠤ ᠲᠤᠰᠬᠠᠢ  ᠮᠡᠷᠭᠡᠵᠢᠯᠲᠡᠨ ᠤ ᠨᠤᠲᠠᠯᠠᠭᠰᠠᠨ ᠰᠠᠨᠠᠯ ᠢ ᠬᠦᠯᠢᠶᠡᠨ ᠠᠪᠤᠭᠰᠠᠨ ᠪᠠᠶᠢᠳᠠᠯ ᠢᠶᠠᠨ ᠬᠠᠷᠢᠭᠤ ᠲᠤᠰᠬᠠᠬᠤ ᠬᠡᠷᠡᠭᠲᠡᠢ᠃       ᠬᠤᠷᠢᠨ ᠲᠠᠪᠤᠳᠤᠭᠠᠷ ᠵᠦᠢᠯ   ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠨᠢ  ᠨᠡᠶᠢᠭᠡᠮ ᠤᠨ ᠠᠮᠦᠷ ᠲᠣᠭᠲᠠᠭᠤᠨ᠂ ᠠᠮᠢ ᠠᠬᠤᠢ ᠶᠢᠨ ᠣᠷᠴᠢᠨ ᠲᠤᠭᠤᠷᠢᠨ᠂ ᠠᠵᠤ ᠠᠬᠤᠢ ᠳᠤ ᠠᠰᠢᠭ ᠦᠭᠡᠢ  ᠨᠦᠯᠦᠭᠡ ᠭᠠᠷᠭᠠᠬᠤ ᠪᠣᠯᠣᠮᠵᠢ ᠲᠠᠢ ᠪᠣᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ  ᠣᠷᠳᠤᠨ ᠤ ᠬᠢᠨ ᠰᠠᠯᠠᠭ᠎ᠠ ᠮᠦᠴᠢᠷ ᠠᠴᠠ ᠨᠤᠲᠠᠯᠠᠬᠤ᠂ ᠲᠤᠰᠬᠠᠢ ᠮᠡᠷᠭᠡᠵᠢᠯᠲᠡᠳ ᠠᠴᠠ ᠯᠠᠪᠯᠠᠯᠭ᠎ᠠ ᠠᠪᠬᠤ᠂ ᠣᠯᠠᠨ  ᠨᠡᠶᠢᠲᠡ ᠶᠢ ᠣᠷᠣᠯᠴᠠᠭᠤᠯᠬᠤ᠂ ᠲᠤᠰᠬᠠᠢ ᠪᠠᠶᠢᠭᠤᠯᠤᠮᠵᠢ ᠠᠴᠠ ᠰᠢᠯᠭᠠᠨ ᠦᠨᠡᠯᠡᠬᠦ ᠶᠢ ᠬᠠᠷᠢᠯᠴᠠᠨ  ᠤᠶᠠᠯᠳᠤᠭᠤᠯᠤᠭᠰᠠᠨ ᠲᠥᠭᠰᠢᠭᠦᠷᠢ ᠶᠢ ᠦᠨᠡᠯᠡᠨ ᠵᠢᠱᠢᠬᠦ ᠲᠣᠭᠲᠠᠴᠠ ᠪᠠᠶᠢᠭᠤᠯᠬᠤ ᠬᠡᠷᠡᠭᠲᠡᠢ᠃ ᠬᠤᠰᠢᠭᠤ ᠰᠢᠶᠠᠨ ᠤ  ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠤ ᠬᠢᠨ ᠰᠢᠢᠳᠪᠦᠷᠢᠲᠦ ᠪᠣᠳᠣᠯᠭ᠎ᠠ ᠶᠢ ᠳᠠᠭᠠᠭᠠᠨ  ᠠᠪᠴᠤ ᠭᠦᠢᠴᠡᠳᠭᠡᠬᠦ ᠨᠢᠭᠡᠴᠡ ᠪᠣᠶᠣ ᠪᠤᠰᠤᠳ ᠰᠠᠯᠠᠭ᠎ᠠ ᠮᠦᠴᠢᠷ ᠢ ᠨᠡᠷᠡᠯᠡᠨ ᠲᠣᠭᠲᠠᠭᠠᠵᠤ ᠨᠡᠶᠢᠭᠡᠮ ᠤᠨ ᠠᠮᠦᠷ  ᠲᠣᠭᠲᠠᠭᠤᠨ ᠤ ᠲᠥᠭᠰᠢᠭᠦᠷᠢ᠂ ᠣᠷᠴᠢᠨ ᠲᠣᠭᠤᠷᠢᠨ ᠤ ᠲᠥᠭᠰᠢᠭᠦᠷᠢ ᠵᠢᠴᠢ ᠠᠵᠤ ᠠᠬᠤᠢ ᠶᠢᠨ ᠲᠥᠭᠰᠢᠭᠦᠷᠢ ᠶᠢ  ᠦᠨᠡᠯᠡᠨ ᠵᠢᠱᠢᠬᠦ ᠠᠵᠢᠯ ᠦᠷᠨᠢᠭᠦᠯᠬᠦ ᠶᠢᠨ ᠬᠠᠮᠲᠤ᠂ ᠦᠨᠡᠯᠡᠨ ᠵᠢᠱᠢᠯᠲᠡ ᠶᠢᠨ ᠮᠡᠳᠡᠭᠦᠯᠦᠯᠲᠡ ᠪᠢᠴᠢᠬᠦ ᠬᠡᠷᠡᠭᠲᠡᠢ᠃                  ᠬᠤᠷᠢᠨ ᠵᠢᠷᠭᠤᠳᠤᠭᠠᠷ ᠵᠦᠢᠯ   ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠤᠮᠵᠢ ᠨᠢ ᠲᠥᠭᠰᠢᠭᠦᠷᠢ ᠶᠢ  ᠦᠨᠡᠯᠡᠨ ᠵᠢᠱᠢᠭᠰᠡᠨ ᠦᠷ᠎ᠡ ᠳ᠋ᠦᠩ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠬᠤᠯᠠ ᠦᠨᠳᠦᠰᠦ ᠪᠠᠷᠢᠮᠲᠠ  ᠪᠣᠯᠭᠠᠬᠤ ᠬᠡᠷᠡᠭᠲᠡᠢ᠃      ᠦᠨᠡᠯᠡᠨ ᠵᠢᠱᠢᠯᠲᠠ ᠪᠠᠷ ᠳᠠᠮᠵᠢᠭᠠᠳ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠤᠭᠳᠠᠭᠠᠬᠤ ᠵᠦᠢᠯᠡᠰ ᠲᠤ  ᠪᠠᠭ᠎ᠠ ᠬᠡᠮᠵᠢᠶᠡᠨ ᠤ ᠲᠥᠭᠰᠢᠭᠦᠷᠢ ᠣᠷᠣᠰᠢᠵᠣ ᠪᠠᠶᠢᠬᠤ ᠪᠠᠷ ᠦᠵᠡᠪᠡᠯ᠂ ᠰᠢᠢᠳᠪᠦᠷᠢᠲᠦ ᠪᠣᠳᠤᠯᠭ᠎ᠠ ᠲᠣᠭᠲᠠᠭᠠᠵᠤ  ᠪᠣᠯᠣᠨ᠎ᠠ︔ ᠦᠨᠡᠯᠡᠨ ᠵᠢᠱᠢᠯᠲᠠ ᠪᠠᠷ ᠳᠠᠮᠵᠢᠭᠠᠳ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠤᠭᠳᠠᠭᠠᠬᠤ  ᠵᠦᠢᠯᠡᠰ ᠲᠤ ᠨᠡᠯᠢᠶᠡᠳ ᠶᠡᠭᠡ ᠲᠥᠭᠰᠢᠭᠦᠷᠢ ᠣᠷᠣᠰᠢᠵᠤ ᠪᠠᠶᠢᠬᠤ ᠪᠠᠷ ᠦᠵᠡᠪᠡᠯ᠂ ᠰᠢᠢᠳᠪᠦᠷᠢᠲᠦ ᠪᠣᠳᠣᠯᠭ᠎ᠠ  ᠲᠣᠭᠲᠠᠭᠠᠵᠤ ᠪᠣᠯᠬᠤ ᠪᠣᠯᠪᠠᠴᠤ ᠲᠥᠭᠰᠢᠭᠦᠷᠢ ᠶᠢ ᠰᠡᠷᠡᠮᠵᠢᠯᠡᠬᠦ᠂ ᠨᠠᠮᠳᠠᠭᠤᠯᠬᠤ ᠪᠦᠲᠦᠮᠵᠢᠲᠡᠢ ᠠᠷᠭ᠎ᠠ ᠬᠡᠮᠵᠢᠶ᠎ᠠ  ᠠᠪᠤᠭᠰᠠᠨ ᠤ ᠳᠠᠷᠠᠭ᠎ᠠ ᠰᠠᠶ᠋ᠢ ᠬᠡᠷᠡᠭᠵᠢᠭᠦᠯᠬᠦ ᠬᠡᠷᠡᠭᠲᠡᠢ︔ ᠦᠨᠡᠯᠡᠨ ᠵᠢᠱᠢᠯᠲᠠ ᠪᠠᠷ ᠳᠠᠮᠵᠢᠭᠠᠳ ᠴᠢᠬᠤᠯᠠ ᠶᠡᠭᠡ  ᠰᠢᠢᠳᠪᠦᠷᠢᠲᠦ ᠪᠣᠳᠣᠯᠭ᠎ᠠ ᠲᠤᠭᠳᠠᠭᠠᠬᠤ ᠵᠦᠢᠯᠡᠰ ᠲᠤ ᠶᠡᠭᠡ ᠬᠡᠮᠵᠢᠶᠡᠨ ᠤ ᠲᠥᠭᠰᠢᠭᠦᠷᠢ ᠣᠷᠣᠰᠢᠵᠤ ᠪᠠᠶᠢᠬᠤ ᠪᠠᠷ  ᠦᠵᠡᠪᠡᠯ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠤᠮᠵᠢ ᠠᠴᠠ ᠰᠢᠢᠳᠪᠦᠷᠢᠲᠦ ᠪᠣᠳᠣᠯᠭ᠎ᠠ ᠲᠣᠭᠲᠠᠭᠠᠵᠤ  ᠪᠣᠯᠬᠤ ᠦᠭᠡᠢ ᠪᠣᠶᠣ ᠲᠦᠰᠦᠯ ᠳᠡᠭᠡᠨ ᠲᠣᠬᠢᠷᠠᠭᠤᠯᠤᠯᠲᠠ ᠬᠢᠵᠦ᠂ ᠲᠥᠭᠰᠢᠭᠦᠷᠢ ᠶᠢ ᠪᠠᠭᠤᠷᠠᠭᠤᠯᠤᠭᠰᠠᠨ ᠤ ᠳᠠᠷᠠᠭ᠎ᠠ  ᠳᠠᠬᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠡᠷᠡᠭᠲᠡᠢ᠃                  ᠬᠤᠷᠢᠨ ᠳᠤᠯᠤᠳᠤᠭᠠᠷ ᠵᠦᠢᠯ   ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠨᠢ  ᠬᠤᠷᠢᠶᠠᠭᠰᠠᠨ ᠰᠠᠨᠠᠯ᠂ ᠲᠤᠰᠬᠠᠢ ᠮᠡᠷᠭᠡᠵᠢᠯᠲᠡᠨ ᠠᠴᠠ ᠨᠤᠲᠠᠯᠠᠭᠰᠠᠨ᠂ ᠲᠥᠭᠰᠢᠭᠦᠷᠢ ᠶᠢ ᠦᠨᠡᠯᠡᠨ ᠵᠢᠱᠢᠭᠰᠡᠨ ᠦᠷ᠎ᠡ  ᠳ᠋ᠦᠩ ᠢ ᠦᠨᠳᠦᠰᠦᠯᠡᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠦᠰᠦᠯ ᠳᠤ  ᠵᠠᠰᠠᠪᠤᠷᠢ ᠣᠷᠤᠭᠤᠯᠵᠤ ᠲᠡᠭᠦᠯᠳᠡᠷᠵᠢᠭᠦᠯᠬᠦ ᠶᠢᠨ ᠬᠠᠮᠲᠤ᠂ ᠳᠣᠣᠷᠠᠬᠢ ᠮᠠᠲ᠋ᠧᠷᠢᠶᠠᠯ ᠢ ᠠᠳᠠᠯᠢ ᠱᠠᠲᠤᠨ ᠤ ᠠᠷᠠᠳ ᠤᠨ  ᠵᠠᠰᠠᠭ ᠤᠨ ᠣᠷᠳᠤᠨ ᠳᠤ ᠮᠡᠳᠡᠭᠦᠯᠦᠨ ᠬᠦᠷᠭᠡᠬᠦ ᠬᠡᠷᠡᠭᠳᠡᠢ᠄                   ︵ᠨᠢᠭᠡ︶ ᠬᠢᠨᠠᠨ ᠵᠦᠪᠯᠡᠬᠦ ᠪᠠᠷ ᠳᠡᠪᠰᠢᠭᠦᠯᠦᠭᠰᠡᠨ ᠭᠤᠶᠤᠴᠢᠯᠠᠯ︔                   ︵ᠬᠤᠶᠠᠷ︶ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠦᠰᠦᠯ ᠵᠢᠴᠢ  ᠲᠤᠭᠤᠷᠪᠢᠭᠰᠠᠨ ᠳᠤᠲᠤᠷᠬᠠᠶᠢᠯᠠᠯ︔                   ︵ᠭᠤᠷᠪᠠ︶ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ  ᠬᠤᠷᠢᠶᠠᠭᠰᠠᠨ ᠰᠠᠨᠠᠯ ᠢ ᠬᠡᠷᠡᠭᠯᠡᠭᠰᠡᠨ ᠪᠠᠶᠢᠳᠠᠯ ᠤᠨ ᠮᠡᠳᠡᠭᠦᠯᠦᠯᠲᠡ᠂ ᠭᠡᠷᠡᠴᠢᠯᠡᠭᠡ ᠰᠤᠨᠤᠰᠤᠭᠰᠠᠨ ᠮᠡᠳᠡᠭᠦᠯᠦᠯᠲᠡ᠂  ᠲᠤᠰᠬᠠᠢ ᠮᠡᠷᠭᠡᠵᠢᠯᠲᠡᠨ ᠤ ᠨᠤᠲᠠᠯᠠᠯ ᠤᠨ ᠮᠡᠳᠡᠭᠦᠯᠦᠯᠲᠡ ᠪᠠ ᠲᠥᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ  ᠵᠡᠷᠭᠡ︔                   ︵ᠳᠥᠷᠪᠡ︶ ᠪᠣᠰᠣᠳ ᠲᠤᠰᠢᠶᠠᠬᠤ ᠴᠢᠬᠤᠯᠠᠲᠠᠢ ᠮᠠᠲ᠋ᠧᠷᠢᠶᠠᠯ᠃                   ᠬᠤᠷᠢᠨ ᠨᠠᠢᠮᠠᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ  ᠣᠷᠳᠤᠨ ᠤ ᠬᠢᠨ ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠶᠢᠨ ᠮᠡᠳᠡᠭᠦᠯᠦᠨ  ᠬᠦᠷᠭᠡᠭᠰᠡᠨ ᠮᠠᠲ᠋ᠧᠷᠢᠶᠠᠯ ᠢ ᠣᠯᠣᠭᠰᠠᠨ ᠤ ᠳᠠᠷᠠᠭ᠎ᠠ᠂ ᠵᠠᠰᠠᠭ ᠤᠨ ᠣᠷᠳᠤᠨ ᠤ ᠨᠠᠷᠢᠨ ᠪᠢᠴᠢᠭ ᠤᠨ ᠳᠠᠷᠤᠭ᠎ᠠ ᠪᠣᠶᠣ  ᠬᠤᠪᠢᠳᠠᠨ ᠬᠠᠮᠢᠶᠠᠷᠬᠤ ᠳᠡᠳ᠋ ᠨᠠᠷᠢᠨ ᠪᠢᠴᠢᠭ ᠤᠨ ᠳᠠᠷᠤᠭ᠎ᠠ ︵ᠠᠯᠪᠠᠨ ᠲᠢᠩᠬᠢᠮ ︵ᠭᠡᠷ︶ ᠤᠨ ᠡᠷᠬᠢᠯᠡᠭᠴᠢ ᠪᠣᠶᠣ  ᠬᠤᠪᠢᠳᠠᠨ ᠬᠠᠮᠢᠶᠠᠷᠬᠤ ᠳᠡᠳ᠋ ᠡᠷᠬᠢᠯᠡᠭᠴᠢ︶ ᠪᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠪᠠᠨ ᠵᠠᠰᠠᠭ ᠤᠨ  ᠣᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠳᠤ ᠰᠢᠯᠵᠢᠭᠦᠯᠦᠨ ᠬᠠᠤᠯᠢ ᠶᠤᠰᠤᠴᠢ ᠴᠢᠨᠠᠷ ᠢ ᠨᠢ ᠬᠢᠨᠠᠨ  ᠪᠠᠶᠢᠴᠠᠭᠠᠯᠭᠠᠬᠤ ᠬᠡᠷᠡᠭᠲᠡᠢ᠃ ᠬᠠᠤᠯᠢ ᠶᠤᠰᠤᠴᠢ ᠴᠢᠨᠠᠷ ᠢ ᠨᠢ ᠬᠢᠨᠠᠨ ᠪᠠᠶᠢᠴᠠᠭᠠᠭᠰᠠᠨ ᠦᠭᠡᠢ ᠪᠣᠶᠣ ᠬᠠᠤᠯᠢ  ᠶᠤᠰᠤᠴᠢ ᠴᠢᠨᠠᠷ ᠢ ᠬᠢᠨᠠᠨ ᠪᠠᠶᠢᠴᠠᠭᠠᠭᠠᠳ ᠬᠠᠤᠯᠢ ᠶᠤᠰᠤᠨ ᠳᠤ ᠨᠡᠶᠢᠴᠡᠬᠦ ᠦᠭᠡᠢ ᠪᠣᠯ᠂ ᠲᠤᠰ ᠱᠠᠲᠤᠨ ᠤ  ᠠᠷᠠᠳ ᠤᠨ ᠵᠠᠰᠠᠭ ᠤᠨ ᠣᠷᠳᠤᠨ ᠳᠤ ᠬᠢᠨᠠᠨ ᠵᠦᠪᠯᠡᠭᠦᠯᠬᠦ ᠪᠠ ᠰᠢᠢᠳᠪᠦᠷᠢᠲᠦ ᠪᠣᠳᠣᠯᠭ᠎ᠠ ᠲᠣᠭᠲᠠᠭᠠᠯᠭᠠᠬᠤ ᠪᠠᠷ  ᠳᠡᠪᠰᠢᠭᠦᠯᠵᠦ ᠪᠣᠯᠬᠤ ᠦᠭᠡᠢ᠃                   ᠬᠤᠷᠢ ᠶᠢᠰᠦᠳᠦᠭᠡᠷ ᠵᠦᠢᠯ   ᠵᠠᠰᠠᠭ ᠤᠨ ᠣᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠨᠢ ᠭᠤᠣᠯᠳᠠᠭᠤ  ᠳᠣᠣᠷᠠᠬᠢ ᠬᠡᠳᠦᠨ ᠲᠠᠯ᠎ᠠ ᠠᠴᠠ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠤᠯᠢ  ᠶᠣᠰᠤᠴᠢ ᠴᠢᠨᠠᠷ ᠲᠤ ᠬᠢᠨᠠᠨ ᠪᠠᠶᠢᠴᠠᠭᠠᠯᠲᠠ ᠬᠢᠬᠦ ᠬᠡᠷᠡᠭᠲᠡᠢ᠄                   ︵ᠨᠢᠭᠡ︶ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠡᠷᠬᠡ ᠮᠡᠳᠡᠯ ᠨᠢ ᠬᠠᠤᠯᠢ ᠶᠤᠰᠤᠨ ᠳᠤ ᠨᠡᠶᠢᠴᠡᠬᠦ  ᠡᠰᠡᠬᠦ︔                   ︵ᠬᠤᠶᠠᠷ︶ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠳᠡᠰ ᠳᠠᠷᠠᠭᠠᠯᠠᠯ ᠨᠢ ᠬᠠᠤᠯᠢ ᠶᠤᠰᠤᠨ ᠳᠤ ᠨᠡᠶᠢᠴᠡᠬᠦ  ᠡᠰᠡᠬᠦ︔                   ︵ᠭᠤᠷᠪᠠ︶ ᠰᠢᠢᠳᠪᠦᠷᠢᠲᠦ ᠪᠣᠳᠣᠯᠭ᠎ᠠ ᠶᠢᠨ ᠠᠭᠤᠯᠭ᠎ᠠ ᠨᠢ ᠬᠠᠤᠯᠢ ᠶᠤᠰᠤᠨ ᠳᠤ ᠨᠡᠶᠢᠴᠡᠬᠦ ᠡᠰᠡᠬᠦ︔                   ︵ᠳᠥᠷᠪᠡ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠠᠤᠯᠢ ᠶᠣᠰᠤᠴᠢ ᠴᠢᠨᠠᠷ ᠢ ᠬᠢᠨᠠᠨ  ᠪᠠᠶᠢᠴᠠᠭᠠᠬᠤ ᠴᠢᠬᠤᠯᠠᠲᠠᠢ ᠠᠭᠤᠯᠭ᠎ᠠ᠃                    ᠭᠤᠴᠢᠳᠤᠭᠠᠷ ᠵᠦᠢᠯ   ᠵᠠᠰᠠᠭ ᠤᠨ ᠣᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠶᠢᠨ ᠬᠠᠤᠯᠢ ᠶᠤᠰᠤᠴᠢ  ᠴᠢᠨᠠᠷ ᠤᠨ ᠬᠢᠨᠠᠨ ᠪᠠᠶᠢᠴᠠᠭᠠᠯᠲᠠ ᠳᠤ ᠬᠢᠨᠠᠨ ᠪᠠᠶᠢᠴᠠᠭᠠᠯᠲᠠ ᠶᠢᠨ ᠰᠠᠨᠠᠯ ᠢ ᠪᠢᠴᠢᠭ ᠢᠶᠠᠷ ᠭᠠᠷᠭᠠᠵᠤ ᠥᠭᠬᠦ ᠬᠡᠷᠡᠭᠲᠡᠢ᠃                    ᠭᠤᠴᠢᠨ ᠨᠢᠭᠡᠳᠦᠭᠡᠷ ᠵᠦᠢᠯ   ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ  ᠲᠣᠭᠲᠠᠭᠠᠬᠤ ᠳᠤ ᠵᠠᠰᠠᠭ ᠤᠨ ᠣᠷᠳᠤᠨ ᠤ ᠪᠠᠶᠢᠩᠭᠤ ᠶᠢᠨ ᠬᠤᠷᠠᠯ ᠪᠣᠶᠣ ᠪᠦᠬᠦ ᠭᠡᠰᠢᠭᠦᠳ ᠤᠨ ᠬᠤᠷᠠᠯ ᠢᠶᠠᠷ  ᠬᠠᠮᠲᠤ ᠪᠠᠷ ᠶᠠᠷᠢᠯᠴᠠᠨ ᠲᠣᠭᠲᠠᠭᠠᠬᠤ ᠶᠢᠨ ᠬᠠᠮᠲᠤ᠂ ᠪᠠᠲᠤᠯᠠᠭᠰᠠᠨ᠂ ᠵᠠᠷᠴᠢᠮ ᠤᠨ ᠲᠠᠯ᠎ᠠ ᠪᠠᠷ ᠪᠠᠲᠤᠯᠠᠭᠰᠠᠨ᠂ ᠲᠦᠷ  ᠬᠤᠶᠢᠰᠢᠯᠠᠭᠤᠯᠤᠨ ᠶᠠᠷᠢᠯᠴᠠᠬᠤ᠂ ᠵᠠᠰᠠᠪᠤᠷᠢ ᠣᠷᠤᠭᠤᠯᠤᠭᠰᠠᠨ ᠤ ᠳᠠᠷᠠᠭ᠎ᠠ ᠳᠠᠬᠢᠨ ᠶᠠᠷᠢᠯᠴᠠᠬᠤ ᠪᠣᠶᠣ ᠪᠠᠲᠤᠯᠠᠭᠰᠠᠨ  ᠦᠭᠡᠢ ᠭᠡᠳᠡᠭ ᠲᠣᠭᠲᠠᠭᠠᠯ ᠢ ᠭᠠᠷᠭᠠᠬᠤ ᠬᠡᠷᠡᠭᠲᠡᠢ᠃                   ᠭᠤᠴᠢᠨ ᠬᠤᠶᠠᠳᠤᠭᠠᠷ ᠵᠦᠢᠯ   ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ  ᠲᠣᠭᠲᠠᠭᠠᠭᠰᠠᠨ ᠤ ᠳᠠᠷᠠᠭ᠎ᠠ᠂ ᠬᠠᠤᠯᠢ ᠶᠤᠰᠤᠭᠠᠷ ᠨᠢᠭᠤᠴᠠ ᠶᠢ ᠬᠠᠮᠠᠭᠠᠯᠠᠬᠤ ᠠᠴᠠ ᠭᠠᠳᠠᠨ᠎ᠠ᠂ ᠬᠤᠰᠢᠭᠤ ᠰᠢᠶᠠᠨ ᠤ  ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠨᠢ ᠵᠠᠰᠠᠭ ᠤᠨ ᠣᠷᠳᠤᠨ ᠤ ᠠᠯᠪᠠᠨ ᠤ ᠰᠦᠯᠵᠢᠶ᠎ᠠ᠂  ᠰᠣᠨᠢᠨ ᠮᠡᠳᠡᠭᠡ ᠵᠠᠭᠤᠴᠢᠯᠠᠭᠤᠷ ᠢᠶᠠᠷ ᠳᠠᠮᠵᠢᠨ ᠨᠡᠶᠢᠭᠡᠮ ᠨᠡᠶᠢᠲᠡ ᠳᠤ ᠨᠡᠶᠢᠲᠡᠯᠡᠬᠦ ᠬᠡᠷᠡᠭᠲᠡᠢ᠃                   ᠭᠤᠴᠢᠨ ᠭᠤᠷᠪᠠᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ  ᠣᠷᠳᠤᠨ ᠨᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠳᠠᠷᠠᠭᠠᠬᠢ ᠦᠨᠡᠯᠡᠨ  ᠵᠢᠱᠢᠬᠦ ᠳᠦᠷᠢᠮ ᠢ ᠪᠠᠶᠢᠭᠤᠯᠬᠤ ᠬᠡᠷᠡᠭᠲᠡᠢ᠃       ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠨᠢ ᠰᠢᠢᠳᠪᠦᠷᠢᠲᠦ  ᠪᠣᠳᠣᠯᠭ᠎ᠠ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ᠂ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠰᠠᠯᠠᠭ᠎ᠠ  ᠮᠦᠴᠢᠷ ᠪᠣᠶᠣ ᠪᠤᠰᠤᠳ ᠰᠠᠯᠠᠭ᠎ᠠ ᠮᠦᠴᠢᠷ ᠢ ᠨᠡᠷᠡᠯᠡᠨ ᠲᠣᠭᠲᠠᠭᠠᠵᠦ ᠴᠢᠬᠤᠯᠠ ᠶᠡᠭᠡ ᠵᠠᠰᠠᠭ ᠵᠠᠬᠢᠷᠭᠠᠨ ᠤ  ᠰᠢᠢᠳᠪᠦᠷᠢᠲᠦ ᠪᠣᠳᠣᠯᠭ᠎ᠠ ᠶᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠶᠢ ᠥᠷᠨᠢᠭᠦᠯᠵᠦ ᠪᠣᠯᠣᠨ᠎ᠠ᠃                   ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠳᠠᠷᠠᠭᠠᠬᠢ ᠦᠨᠡᠯᠡᠨ  ᠵᠢᠱᠢᠯᠲᠡ ᠶᠢ ᠬᠡᠷᠡᠭᠵᠢᠭᠦᠯᠬᠦ ᠰᠠᠯᠠᠭ᠎ᠠ ᠮᠦᠴᠢᠷ ᠨᠢ ᠦᠨᠡᠯᠡᠨ ᠵᠢᠱᠢᠯᠲᠡ ᠶᠢᠨ ᠮᠡᠳᠡᠭᠦᠯᠦᠯᠲᠡ ᠪᠢᠴᠢᠬᠦ ᠬᠡᠷᠡᠭᠲᠡᠢ᠃  ᠲᠠᠷᠠᠭᠠᠬᠢ ᠦᠨᠡᠯᠡᠨ ᠵᠢᠱᠢᠯᠲᠡ ᠶᠢᠨ ᠮᠡᠳᠡᠭᠦᠯᠦᠯᠲᠡ ᠪᠠᠷ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ  ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ᠂ ᠲᠣᠬᠢᠷᠠᠭᠤᠯᠤᠯᠲᠠ ᠬᠢᠬᠦ ᠪᠣᠶᠣ ᠬᠡᠷᠡᠭᠵᠢᠭᠦᠯᠬᠦ ᠶᠢ ᠵᠣᠭᠰᠤᠭᠠᠬᠤ  ᠴᠢᠬᠤᠯᠠ ᠦᠨᠳᠦᠰᠦ ᠪᠠᠷᠢᠮᠲᠠ ᠪᠣᠯᠭᠠᠬᠤ ᠬᠡᠷᠡᠭᠲᠡᠢ᠃                             ᠳᠥᠷᠪᠡᠳᠦᠭᠡᠷ ᠪᠦᠯᠦᠭ   ᠬᠠᠤᠯᠢ ᠴᠠᠭᠠᠵᠠ ᠶᠢᠨ ᠬᠠᠷᠢᠭᠤᠴᠠᠯᠭ᠎ᠠ                  ᠭᠤᠴᠢᠨ ᠳᠦᠷᠪᠡᠳᠦᠭᠡᠷ ᠵᠦᠢᠯ   ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ  ᠲᠤᠭᠳᠠᠭᠠᠬᠤ ᠳᠤ ᠨᠠᠰᠤᠨ ᠲᠣᠷᠰᠢᠲᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠪᠠ ᠬᠠᠷᠢᠭᠤᠴᠠᠯᠭ᠎ᠠ ᠶᠢ ᠪᠣᠴᠠᠵᠤ  ᠪᠠᠶᠢᠴᠠᠭᠠᠬᠤ ᠲᠣᠭᠲᠠᠴᠠ ᠶᠢ ᠬᠡᠷᠡᠭᠵᠢᠭᠦᠯᠬᠦ ᠬᠡᠷᠡᠭᠲᠡᠢ᠃                  ᠭᠤᠴᠢᠨ ᠲᠠᠪᠤᠳᠤᠭᠠᠷ ᠵᠦᠢᠯ   ᠲᠤᠰ ᠲᠣᠭᠲᠠᠭᠠᠯ ᠠᠴᠠ ᠵᠦᠷᠢᠴᠡᠵᠦ᠂ ᠬᠠᠤᠯᠢ ᠶᠤᠰᠤᠴᠢ ᠴᠢᠨᠠᠷ ᠤᠨ ᠬᠢᠨᠠᠨ  ᠪᠠᠶᠢᠴᠠᠭᠠᠯᠲᠠ ᠬᠢᠭᠰᠡᠨ ᠦᠭᠡᠢ ᠪᠣᠶᠣ ᠬᠠᠮᠲᠤ ᠪᠠᠷ ᠶᠠᠷᠢᠯᠴᠠᠭᠰᠠᠨ ᠦᠭᠡᠢ ᠪᠠᠷ ᠴᠢᠬᠤᠯᠠ ᠶᠡᠭᠡ ᠵᠠᠰᠠᠭ ᠵᠠᠬᠢᠷᠭᠠᠨ ᠤ  ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠪᠤᠯ᠂ ︽ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠯᠪᠠᠲᠠᠨ ᠢ ᠰᠢᠳᠭᠡᠬᠦ  ᠳᠦᠷᠢᠮ︾ ᠤᠨ ᠠᠷᠪᠠ ᠶᠢᠰᠦᠳᠦᠭᠡᠷ ᠵᠦᠢᠯ ᠤᠨ ᠨᠢᠭᠡᠳᠦᠭᠡᠷ ᠵᠣᠷᠪᠤᠰ ᠤᠨ ᠲᠣᠭᠲᠠᠭᠠᠯ ᠶᠤᠰᠤᠭᠠᠷ᠂ ᠤᠳᠤᠷᠢᠳᠬᠤ  ᠬᠠᠷᠢᠭᠤᠴᠠᠯᠭ᠎ᠠ ᠲᠠᠢ ᠬᠦᠮᠦᠰ ᠲᠤ ᠰᠢᠳᠭᠡᠯ ᠥᠭᠭᠦ ᠬᠡᠷᠡᠭᠳᠡᠢ᠃                   ᠭᠤᠴᠢᠨ ᠵᠢᠷᠭᠤᠳᠤᠭᠠᠷ ᠵᠦᠢᠯ   ᠬᠠᠤᠯᠢ ᠶᠤᠰᠤᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠬᠤᠯᠠᠲᠠᠢ  ᠪᠠᠶᠢᠲᠠᠯ᠎ᠠ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠦᠭᠡᠢ᠂ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠬᠤ᠂ ᠠᠵᠢᠯ ᠰᠠᠭᠠᠲᠠᠭᠤᠯᠤᠭᠰᠠᠨ ᠪᠣᠯ᠂ ︽ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠯᠪᠠᠲᠠᠨ ᠢ ᠰᠢᠳᠭᠡᠬᠦ ᠳᠦᠷᠢᠮ︾  ᠤᠨ ᠬᠤᠷᠢᠳᠤᠭᠠᠷ ᠵᠦᠢᠯ ᠤᠨ ᠲᠣᠭᠲᠠᠭᠠᠯ ᠶᠤᠰᠤᠭᠠᠷ᠂ ᠰᠢᠭᠤᠳ ᠬᠠᠷᠢᠭᠤᠴᠠᠯᠭ᠎ᠠ ᠲᠠᠢ ᠬᠦᠮᠦᠰ ᠲᠤ ᠰᠢᠳᠭᠡᠯ  ᠥᠭᠬᠦ ᠬᠡᠷᠡᠭᠲᠡᠢ᠃                                   ᠲᠠᠪᠤᠳᠤᠭᠠᠷ ᠪᠦᠯᠦᠭ   ᠳᠠᠭᠠᠯᠳᠤᠭᠤᠯᠤᠯ ᠳᠦᠷᠢᠮ                   ᠭᠤᠴᠢᠨ ᠳᠤᠯᠤᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ  ᠣᠷᠳᠤᠨ ᠤ ᠠᠵᠢᠯ ᠤᠨ ᠰᠠᠯᠠᠭ᠎ᠠ ᠮᠦᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ  ᠣᠷᠳᠤᠨ ᠤ ᠬᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢᠨ ᠳᠡᠰ  ᠳᠠᠷᠠᠭᠠᠯᠠᠯ ᠳᠤ ᠲᠤᠰ ᠲᠣᠭᠲᠠᠭᠠᠯ ᠢ ᠯᠠᠪᠯᠠᠯᠳᠠ ᠪᠤᠯᠭᠠᠵᠦ ᠬᠡᠷᠡᠭᠵᠢᠭᠦᠯᠬᠦ ᠬᠡᠷᠡᠭᠲᠡᠢ᠃                   ᠭᠤᠴᠢᠨ ᠨᠠᠢᠮᠠᠳᠤᠭᠠᠷ ᠵᠦᠢᠯ   ᠲᠤᠰ ᠲᠣᠭᠲᠠᠭᠠᠯ ᠢ 2015 ᠣᠨ ᠤ 6 ᠳ᠋ᠤᠭᠠᠷ ᠰᠠᠷ᠎ᠠ 1 ᠤ ᠡᠳᠦᠷ ᠠᠴᠠ  ᠡᠬᠢᠯᠡᠨ ᠬᠡᠷᠡᠭᠵᠢᠭᠦᠯᠦᠨ᠎ᠡ᠃        
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号