| | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ | | 208 ᠳ᠋ᠤᠭᠠᠷ ᠲᠤᠭᠠᠳᠤ | ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠡᠷᠭᠡ ᠳᠤ ᠬᠢᠨᠠᠯᠳᠠ ᠲᠠᠯᠪᠢᠵᠣ | ᠬᠠᠮᠢᠶᠠᠷᠬᠤ ᠠᠷᠭ᠎ᠠ︾ ᠶᠢ 2015 ᠤᠨ ᠤ 2 ᠳ᠋ᠤᠭᠠᠷ ᠰᠠᠷ᠎ᠠ ᠶᠢᠨ 27 ᠤ ᠡᠳᠦᠷ ᠦᠪᠡᠷᠳᠡᠭᠡᠨ ᠵᠠᠰᠠᠬᠤ | ᠤᠷᠤᠨ ᠤ ᠠᠷᠠᠳ ᠤᠨ ᠵᠠᠰᠠᠭ ᠤᠨ ᠤᠷᠳᠤᠨ ᠤ 41 ᠳ᠋ᠣᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ | ᠵᠦᠪᠯᠡᠵᠤ ᠪᠠᠳᠤᠯᠠᠭᠠᠳ᠂ ᠡᠳᠦᠭᠡ ᠨᠡᠶᠢᠳᠡᠯᠡᠪᠡ᠂ 2015 ᠤᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠦᠨ᠎ᠡ᠃ | | ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠠᠭᠠᠲᠤᠷ | | 2015 ᠣᠨ ᠤ 3 ᠳ᠋ᠤᠭᠠᠷ ᠰᠠᠷ᠎ᠠ ᠶᠢᠨ 16 ᠤ ᠡᠳᠦᠷ | | ᠨᠢᠭᠡᠳᠦᠭᠡᠷ ᠵᠦᠢᠯ ᠵᠠᠰᠠᠭ ᠵᠠᠬᠢᠷᠭᠠᠨ ᠤ ᠠᠵᠢᠯᠯᠠᠭ᠎ᠠ ᠶᠢ ᠵᠢᠷᠣᠮᠵᠢᠭᠤᠯᠵᠣ᠂ ᠬᠠᠣᠯᠢ ᠪᠠᠷ ᠵᠠᠰᠠᠬᠤ | ᠵᠠᠰᠠᠭ ᠤᠨ ᠣᠷᠳᠣᠨ ᠢ ᠪᠠᠶᠢᠭᠤᠯᠵᠣ᠂ ᠵᠠᠰᠠᠭ ᠵᠠᠬᠢᠷᠭᠠᠨ ᠤ ᠡᠷᠭᠡ ᠶᠢᠨ ᠪᠠᠶᠢᠷᠢᠯᠠᠭᠤᠯᠤᠯᠳᠠ ᠪᠠ ᠠᠵᠢᠯᠯᠠᠭᠠᠨ ᠳᠤ | ᠬᠢᠨᠠᠯᠳᠠ ᠳᠠᠯᠪᠢᠬᠤ ᠰᠢᠰᠲ᠋ᠧᠮᠵᠢ ᠶᠢ ᠪᠠᠶᠢᠭᠤᠯᠬᠤ ᠪᠠ ᠳᠡᠭᠦᠯᠳᠡᠷᠵᠢᠭᠦᠯᠭᠦ ᠶᠢᠨ ᠲᠣᠰᠠᠳᠠ᠂ ᠣᠯᠣᠰ ᠤᠨ ᠬᠠᠮᠢᠶ᠎ᠠ | ᠪᠦᠭᠦᠢ ᠬᠠᠣᠯᠢ ᠴᠠᠭᠠᠵᠨ ᠬᠠᠤᠯᠢ ᠲᠣᠭᠳᠠᠭᠠᠯ ᠢ ᠦᠨᠳᠣᠰᠣᠯᠡᠵᠣ᠂ ᠦᠪᠡᠷᠳᠡᠭᠡᠨ ᠵᠠᠰᠠᠬᠤ ᠤᠷᠤᠨ ᠤ ᠪᠤᠳᠠᠳᠠᠢ ᠲᠠᠢ | ᠤᠶᠠᠯᠳᠤᠭᠤᠯᠣᠨ᠂ ᠳᠤᠰ ᠠᠷᠭ᠎ᠠ ᠶᠢ ᠳᠤᠭᠳᠠᠭᠠᠪᠠ᠃ | ᠬᠤᠶᠠᠳᠤᠭᠠᠷ ᠵᠦᠢᠯ ᠳᠤᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠵᠠᠬᠢᠷᠭᠠᠨ ᠤ ᠡᠷᠭᠡ ᠭᠡᠳᠡᠭ ᠨᠢ ᠵᠠᠰᠠᠭ | ᠵᠠᠬᠢᠷᠭᠠᠨ ᠤ ᠪᠠᠶᠢᠭᠤᠯᠭ᠎ᠠ ᠪᠣᠶᠣ ᠬᠠᠣᠯᠢ ᠴᠠᠭᠠᠵᠨ᠂ ᠬᠠᠣᠯᠢ ᠲᠣᠭᠳᠠᠭᠠᠯ ᠠᠴᠠ ᠡᠷᠭᠡ ᠣᠯᠭᠤᠭᠰᠠᠨ ᠵᠣᠬᠢᠶᠠᠨ | ᠪᠠᠶᠢᠭᠤᠯᠣᠯᠳᠠ ︵ᠲᠣᠣᠷ᠎ᠡ ᠨᠢᠭᠡᠳᠣᠯᠳᠠᠢ ᠪᠠᠷ ᠵᠠᠰᠠᠭ ᠵᠠᠬᠢᠷᠭᠠᠨ ᠤ ᠪᠠᠶᠢᠭᠤᠯᠭ᠎ᠠ ᠭᠡᠵᠣ ᠨᠡᠷᠡᠶᠢᠳᠣᠨᠠ︶ ᠶᠢᠨ ᠬᠠᠣᠯᠢ | ᠶᠣᠰᠣᠭᠠᠷ ᠭᠠᠷᠭᠠᠭᠰᠠᠨ᠂ ᠠᠷᠠᠣᠨ ᠢᠷᠬᠡᠨ᠂ ᠬᠠᠣᠯᠢ ᠶᠢᠨ ᠡᠷᠬᠡᠳᠡᠨ ᠪᠣᠯᠣᠨ ᠪᠣᠰᠣᠣᠨ ᠵᠣᠬᠢᠶᠠᠨ | ᠪᠠᠶᠢᠭᠤᠯᠣᠯᠳᠠ ᠶᠢᠨ ᠡᠷᠭᠡ ᠠᠰᠢᠭ᠂ ᠡᠭᠦᠷᠭᠡ ᠬᠠᠷᠢᠭᠤᠴᠠᠯᠭ᠎ᠠ ᠶᠢ ᠨᠦᠯᠣᠭᠡᠯᠡᠭᠦ ᠠᠵᠢᠯᠯᠠᠭ᠎ᠠ ᠶᠢ ᠵᠢᠭᠠᠨ᠎ᠠ᠂ | ᠡᠭᠦᠨ ᠳᠤ ᠵᠠᠰᠠᠭ ᠵᠠᠬᠢᠷᠭᠠᠨ ᠤ ᠵᠦᠪᠰᠢᠶᠡᠷᠡᠯ᠂ ᠵᠠᠰᠠᠭ ᠵᠠᠬᠢᠷᠭᠠᠨ ᠤ ᠰᠢᠣᠡᠭᠡᠯ ᠲᠣᠷᠭᠠᠭᠤᠯᠢ᠂ ᠵᠠᠰᠠᠭ ᠵᠠᠬᠢᠷᠭᠠᠨ ᠤ | ᠠᠯᠪᠠᠳᠠᠯᠭ᠎ᠠ ᠶᠢᠨ ᠠᠷᠭ᠎ᠠ ᠭᠡᠮᠵᠢᠶ᠎ᠠ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠭᠡᠷᠩᠵᠢᠭᠦᠯᠣᠯᠳᠠ᠂ ᠵᠠᠰᠠᠭ | ᠵᠠᠬᠢᠷᠭᠠᠨ ᠤ ᠨᠣᠳᠠᠯᠠᠨ ᠵᠦᠪᠰᠢᠶᠡᠷᠡᠯᠳᠠ᠂ ᠵᠠᠰᠠᠭ ᠵᠠᠬᠢᠷᠭᠠᠨ ᠤ ᠣᠯᠭᠤᠯᠳᠠ᠂ ᠵᠠᠰᠠᠭ ᠵᠠᠬᠢᠷᠭᠠᠨ ᠤ ᠱᠠᠩᠨᠠᠯ | ᠬᠦᠭᠢᠬᠦᠯᠣᠯ᠂ ᠵᠠᠰᠠᠭ ᠵᠠᠬᠢᠷᠭᠠᠨ ᠤ ᠳᠠᠳᠠᠪᠣᠷᠢᠯᠠᠯᠳᠠ᠂ ᠵᠠᠰᠠᠭ ᠵᠠᠬᠢᠷᠭᠠᠨ ᠤ ᠬᠢᠨᠠᠯᠳᠠ ᠪᠠᠶᠢᠴᠠᠭᠠᠯᠳᠠ ᠵᠢᠴᠢ ᠪᠣᠰᠣᠣᠨ | ᠵᠠᠰᠠᠭ ᠵᠠᠬᠢᠷᠭᠠᠨ ᠤ ᠡᠷᠭᠡ ᠶᠢ ᠪᠠᠭᠳᠠᠭᠠᠨ᠎ᠠ᠃ | ᠭᠤᠷᠪᠠᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠪᠦᠰᠨ ᠶᠢᠨ | ᠳᠤᠳᠤᠷ᠎ᠠ᠂ ᠡᠯ᠎ᠡ ᠱᠠᠳᠣᠨ ᠤ ᠠᠷᠠᠣᠨ ᠤ ᠵᠠᠰᠠᠭ ᠤᠨ ᠣᠷᠳᠣᠨ ᠠᠴᠠ ᠵᠠᠰᠠᠭ ᠵᠠᠬᠢᠷᠭᠠᠨ ᠤ ᠡᠷᠭᠡ ᠶᠢᠨ | ᠪᠠᠶᠢᠷᠢᠯᠠᠭᠤᠯᠤᠯᠳᠠ ᠪᠠ ᠠᠵᠢᠯᠯᠠᠭᠠᠨ ᠢ ᠬᠢᠨᠠᠯᠳᠠ ᠳᠠᠯᠪᠢᠵᠣ ᠬᠠᠮᠢᠶᠠᠷᠬᠤ ᠳᠤ ᠲᠣᠰ ᠠᠷᠭ᠎ᠠ ᠶᠢ ᠲᠤᠬᠢᠷᠠᠭᠤᠯᠤᠨ | ᠭᠡᠷᠩᠯᠡᠨᠠ᠃ | ᠳᠦᠷᠪᠡᠳᠦᠭᠡᠷ ᠵᠦᠢᠯ ᠵᠠᠰᠠᠭ ᠵᠠᠬᠢᠷᠭᠠᠨ ᠤ ᠡᠷᠭᠡ ᠳᠤ ᠬᠢᠨᠠᠯᠳᠠ ᠳᠠᠯᠪᠢᠵᠣ ᠬᠠᠮᠢᠶᠠᠷᠬᠤ ᠠᠵᠢᠯ ᠢ ᠡᠯ᠎ᠡ | ᠱᠠᠳᠣᠨ ᠤ ᠠᠷᠠᠣᠨ ᠤ ᠵᠠᠰᠠᠭ ᠤᠨ ᠣᠷᠳᠣᠨ ᠠᠴᠠ ᠱᠠᠳᠣ ᠬᠤᠪᠢᠶᠠᠨ ᠵᠣᠬᠢᠶᠠᠨ ᠪᠠᠶᠢᠭᠤᠯᠵᠣ ᠭᠡᠷᠩᠵᠢᠭᠦᠯᠣᠨᠠ᠂ | ᠪᠣᠳᠠᠳᠠᠢ ᠠᠵᠢᠯ ᠢ ᠡᠯ᠎ᠡ ᠱᠠᠳᠣᠨ ᠤ ᠠᠷᠠᠣᠨ ᠤᠨ ᠵᠠᠰᠠᠭ ᠤᠨ ᠣᠷᠳᠣᠨ ᠤ ᠬᠠᠣᠯᠢ ᠲᠦᠷᠢᠮ ᠤᠨ ᠪᠠᠶᠢᠭᠤᠯᠣᠮᠵᠢ ᠠᠴᠠ | ᠬᠠᠷᠢᠭᠤᠴᠠᠨ ᠭᠡᠷᠩᠵᠢᠭᠦᠯᠣᠨᠠ᠂ ᠡᠯ᠎ᠡ ᠱᠠᠳᠣᠨ ᠤ ᠵᠠᠰᠠᠭ ᠵᠠᠬᠢᠷᠭᠠᠨ ᠤ ᠪᠠᠶᠢᠭᠤᠯᠭ᠎ᠠ ᠨᠢ ᠲᠣᠰ ᠲᠣᠰ ᠤᠨ ᠡᠭᠦᠷᠭᠡ | ᠬᠠᠷᠢᠭᠤᠴᠠᠯᠭ᠎ᠠ ᠶᠢᠨ ᠭᠡᠪᠴᠢᠶᠠᠨ ᠤ ᠲᠤᠳᠤᠷ᠎ᠠ ᠪᠠᠨ ᠵᠤᠬᠢᠴᠠᠩᠭᠤᠢ ᠪᠠᠷ ᠬᠠᠮᠵᠢᠯᠴᠠᠨ ᠬᠠᠪᠰᠣᠷᠬᠤ ᠠᠵᠢᠯ ᠢ ᠰᠠᠶᠢᠳᠣᠷ | ᠬᠢᠬᠦ ᠬᠡᠷᠡᠭᠳᠡᠢ᠃ | ᠳᠠᠪᠤᠳᠤᠭᠠᠷ ᠵᠦᠢᠯ ᠵᠠᠰᠠᠭ ᠵᠠᠬᠢᠷᠭᠠᠨ ᠤ ᠡᠷᠭᠡ ᠶᠢᠨ ᠪᠠᠶᠢᠷᠢᠯᠠᠭᠤᠯᠤᠯᠳᠠ ᠪᠠ ᠠᠵᠢᠯᠯᠠᠭᠠᠨ ᠳᠤ | ᠭᠦᠳᠡᠯᠣᠩᠬᠦᠢ ᠬᠢᠨᠠᠯᠳᠠ ᠳᠠᠯᠪᠢᠵᠣ ᠬᠠᠮᠢᠶᠠᠷᠬᠤ ᠲᠦᠷᠢᠮ ᠢ ᠭᠡᠷᠩᠵᠢᠭᠦᠯᠭᠦ ᠶᠢᠨ ᠬᠠᠮᠳᠣ᠂ ᠣᠯᠠᠨ ᠲᠦᠮᠡᠨ ᠤ | ᠰᠠᠨᠠᠭᠤᠯᠭ᠎ᠠ ᠲᠣᠷᠠᠣᠠᠬᠤ᠂ ᠵᠠᠭᠠᠯᠳᠣᠬᠤ ᠪᠠ ᠢᠯᠡᠴᠢᠯᠡᠨ ᠮᠡᠳᠡᠭᠦᠯᠭᠦ ᠲᠦᠷᠢᠮ ᠢ ᠪᠠᠶᠢᠭᠤᠯᠣᠨ᠎ᠠ᠃ | ᠵᠢᠷᠭᠤᠳᠤᠭᠠᠷ ᠵᠦᠢᠯ ᠡᠯ᠎ᠡ ᠱᠠᠳᠣᠨ ᠤ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠣᠯᠢ ᠴᠠᠭᠠᠵᠨ᠂ ᠬᠠᠣᠯᠢ | ᠲᠣᠭᠳᠠᠭᠠᠯ᠂ ᠲᠦᠷᠢᠮ ᠲᠣᠭᠳᠠᠭᠠᠯ ᠤᠨ ᠲᠣᠭᠳᠠᠭᠠᠯ ᠶᠣᠰᠣᠭᠠᠷ ᠵᠠᠰᠠᠭ ᠵᠠᠬᠢᠷᠭᠠᠨ ᠤ ᠡᠷᠭᠡ ᠶᠢᠨ ᠨᠠᠷᠢᠨ | ᠬᠠᠭᠤᠳᠠᠰᠤ ᠨᠠᠶᠢᠷᠠᠭᠤᠯᠤᠨ ᠵᠣᠬᠢᠶᠠᠬᠤ ᠪᠠ ᠢᠵᠢ ᠪᠦᠷᠢᠳᠣᠭ᠍ᠰᠡᠨ ᠪᠢᠴᠢᠭ ᠮᠠᠲ᠋ᠧᠷᠢᠶᠠᠯ ᠢ ᠲᠣᠭᠳᠠᠭᠠᠬᠤ ᠳᠤ᠂ ᠲᠣᠰ | ᠱᠠᠳᠣᠨ ᠤ ᠠᠷᠠᠣᠨ ᠤᠨ ᠵᠠᠰᠠᠭ ᠤᠨ ᠣᠷᠳᠣᠨ ᠤ ᠬᠠᠣᠯᠢ ᠲᠦᠷᠢᠮ ᠤᠨ ᠪᠠᠶᠢᠭᠤᠯᠣᠮᠵᠢ ᠪᠠᠷ ᠬᠢᠨᠠᠨ | ᠬᠠᠷᠭᠤᠭᠤᠯᠬᠤ ᠶᠢᠨ ᠳᠠᠠᠭᠤ ᠲᠣᠰ ᠱᠠᠳᠣᠨ ᠤ ᠠᠷᠠᠣᠨ ᠤ ᠵᠠᠰᠠᠭ ᠤᠨ ᠣᠷᠳᠣᠨ ᠳᠤ ᠮᠡᠳᠡᠭᠦᠯᠵᠣ | ᠵᠦᠪᠰᠢᠶᠡᠷᠡᠭᠦᠯᠣᠭ᠍ᠰᠡᠨ ᠤ ᠰᠡᠭᠦᠯᠡᠷ᠂ ︽ ᠪᠦᠭᠦᠳᠠ ᠨᠠᠶᠢᠷᠠᠮᠳᠠᠬᠤ ᠲᠣᠮᠳᠠᠳᠣ ᠠᠷᠠᠣᠨ ᠣᠯᠣᠰ ᠤᠨ ᠵᠠᠰᠠᠭ ᠤᠨ | ᠣᠷᠳᠣᠨ ᠤ ᠮᠡᠳᠡᠭᠡ ᠵᠠᠩᠬᠢ ᠶᠢ ᠢᠯᠨ ᠨᠠᠶᠢᠳᠡᠯᠡᠭᠦ ᠲᠦᠷᠢᠮ︾ ᠤᠨ ᠲᠣᠭᠳᠠᠭᠠᠯ ᠶᠣᠰᠣᠭᠠᠷ᠂ ᠵᠠᠰᠠᠭ ᠤᠨ | ᠣᠷᠳᠣᠨ ᠤ ᠫᠦᠷᠲ᠋ᠢᠯ ᠰᠦᠯᠵᠢᠶ᠎ᠠ ᠵᠢᠴᠢ ᠪᠣᠰᠣᠣᠨ ᠪᠦᠳᠣᠮᠵᠢᠳᠠᠢ ᠠᠴᠢᠶᠠᠯᠠᠪᠤᠷᠢ ᠪᠠᠷ ᠨᠠᠶᠢᠭᠡᠮ ᠳᠤ ᠨᠠᠶᠢᠳᠡᠯᠡᠨ᠎ᠠ᠃ | ᠵᠠᠰᠠᠭ ᠵᠠᠬᠢᠷᠭᠠᠨ ᠤ ᠡᠷᠭᠡ ᠶᠢᠨ ᠨᠠᠷᠢᠨ ᠬᠠᠭᠤᠳᠠᠰᠤ ᠳᠤ ᠵᠠᠰᠠᠭ ᠵᠠᠬᠢᠷᠭᠠᠨ ᠤ ᠡᠷᠭᠡ ᠶᠢᠨ ᠲᠦᠷᠣᠯ ᠵᠦᠢᠯ ᠤᠨ | ᠨᠡᠷᠠᠶᠢᠳᠣᠯ᠂ ᠪᠠᠶᠢᠷᠢᠯᠠᠭᠤᠯᠤᠭᠰᠠᠨ ᠦᠨᠳᠣᠰᠣ ᠪᠠᠷᠢᠮᠳᠠ᠂ ᠭᠡᠷᠩᠵᠢᠭᠦᠯᠭᠦ ᠪᠠᠶᠢᠭᠤᠯᠣᠮᠵᠢ ᠵᠡᠷᠭᠡ ᠠᠭᠤᠯᠭ᠎ᠠ ᠶᠢ | ᠲᠣᠳᠣᠷᠬᠠᠶᠢᠯᠠᠬᠤ ᠭᠡᠷᠩᠳᠠᠢ᠃ | ᠳᠤᠯᠤᠳᠤᠭᠠᠷ ᠵᠦᠢᠯ ᠵᠠᠰᠠᠭ ᠵᠠᠬᠢᠷᠭᠠᠨ ᠤ ᠡᠷᠭᠡ ᠶᠢᠨ ᠨᠠᠷᠢᠨ ᠬᠠᠭᠤᠳᠠᠰᠤᠨ ᠳᠠᠬᠢ ᠡᠯ᠎ᠡ ᠲᠦᠷᠣᠯ ᠤᠨ | ᠵᠠᠰᠠᠭ ᠵᠠᠬᠢᠷᠭᠠᠨ ᠤ ᠡᠷᠭᠡ ᠶᠢᠨ ᠪᠠᠶᠢᠷᠢᠯᠠᠭᠤᠯᠤᠯᠳᠠ ᠨᠢ ᠵᠠᠪᠡᠯ ᠬᠠᠣᠯᠢ ᠴᠠᠭᠠᠵᠨ ᠬᠠᠤᠯᠢ ᠲᠣᠭᠳᠠᠭᠠᠯ ᠳᠤ | ᠲᠣᠭᠳᠠᠭᠠᠭᠰᠠᠨ ᠲᠣᠭᠳᠠᠭᠠᠯ ᠲᠠᠢ ᠨᠠᠶᠢᠴᠡᠭᠰᠠᠨ ᠪᠠᠶᠢᠬᠤ ᠭᠡᠷᠩᠳᠠᠢ᠃ ᠠᠷᠠᠣᠨ ᠢᠷᠬᠡᠨ᠂ ᠬᠠᠣᠯᠢ ᠶᠢᠨ ᠡᠷᠬᠡᠳᠡᠨ ᠪᠠ | ᠪᠣᠰᠣᠣᠨ ᠵᠣᠬᠢᠶᠠᠨ ᠪᠠᠶᠢᠭᠤᠯᠣᠯᠳᠠ ᠶᠢᠨ ᠬᠠᠣᠯᠢ ᠶᠣᠰᠣᠨ ᠤ ᠡᠷᠭᠡ ᠠᠰᠢᠭ ᠢ ᠦᠯᠣ ᠬᠠᠰᠣᠵᠣ ᠬᠤᠬᠢᠷᠠᠭᠤᠯᠬᠤ | ᠪᠣᠶᠣ ᠳᠡᠭᠦᠨ ᠤ ᠡᠭᠦᠷᠭᠡ ᠶᠢ ᠨᠢ ᠨᠡᠮᠡᠭᠳᠡᠭᠦᠯᠭᠦ ᠵᠠᠰᠠᠭ ᠵᠠᠬᠢᠷᠭᠠᠨ ᠤ ᠡᠷᠭᠡ ᠶᠢ ᠵᠢᠷᠣᠮᠵᠢᠭᠰᠠᠨ ᠪᠢᠴᠢᠭ | ᠮᠠᠲ᠋ᠧᠷᠢᠶᠠᠯ ᠢᠶᠠᠷ ᠪᠠᠶᠢᠷᠢᠯᠠᠭᠤᠯᠵᠦ ᠲᠣᠭᠳᠠᠭᠠᠬᠤ ᠠᠴᠠ ᠭᠠᠳᠠᠨ᠎ᠠ᠂ ᠪᠣᠰᠣᠣᠨ ᠵᠠᠰᠠᠭ ᠵᠠᠬᠢᠷᠭᠠᠨ ᠤ ᠡᠷᠭᠡ ᠶᠢ ᠨᠢ | ᠪᠠᠶᠢᠷᠢᠯᠠᠭᠤᠯᠵᠦ ᠲᠣᠭᠳᠠᠭᠠᠬᠤ ᠳᠤ ᠵᠠᠪᠡᠯ ᠬᠠᠣᠯᠢ ᠴᠠᠭᠠᠵᠨ᠂ ᠬᠠᠣᠯᠢ ᠲᠣᠭᠳᠠᠭᠠᠯ ᠪᠣᠶᠣ ᠲᠦᠷᠢᠮ ᠲᠣᠭᠳᠠᠭᠠᠯ ᠢᠶᠠᠷ | ᠦᠨᠳᠣᠰᠣ ᠪᠠᠷᠢᠮᠳᠠ ᠪᠣᠯᠭᠠᠬᠤ ᠭᠡᠷᠩᠳᠠᠢ᠃ | ᠨᠠᠢᠮᠠᠳᠤᠭᠠᠷ ᠵᠦᠢᠯ ᠲᠣᠣᠷᠠᠬᠢ ᠪᠠᠶᠢᠳᠠᠯ ᠤᠨ ᠨᠢᠭᠡ ᠨᠢ ᠪᠠᠶᠢᠪᠡᠯ᠂ ᠵᠠᠰᠠᠭ ᠵᠠᠬᠢᠷᠭᠠᠨ ᠤ ᠪᠠᠶᠢᠭᠤᠯᠭ᠎ᠠ ᠠᠴᠠ | ᠲᠣᠰ ᠪᠠᠶᠢᠭᠤᠯᠭ᠎ᠠ ᠶᠢᠨ ᠭᠡᠷᠩᠵᠢᠭᠦᠯᠵᠣ ᠪᠠᠶᠢᠭ᠎ᠠ ᠵᠠᠰᠠᠭ ᠵᠠᠬᠢᠷᠭᠠᠨ ᠤ ᠡᠷᠭᠡ ᠳᠤ ᠲᠣᠬᠢᠷᠠᠭᠤᠯᠣᠯᠳᠠ ᠬᠢᠬᠦ | ᠬᠡᠷᠡᠭᠳᠡᠢ᠃ | ︵ᠨᠢᠭᠡ︶ ᠰᠢᠨ᠎ᠠ ᠬᠠᠣᠯᠢ ᠴᠠᠭᠠᠵᠨ᠂ ᠬᠠᠣᠯᠢ ᠲᠤᠭᠳᠠᠭᠠᠯ᠂ ᠲᠦᠷᠢᠮ ᠲᠣᠭᠳᠠᠭᠠᠯ ᠢ ᠨᠠᠶᠢᠳᠠᠯᠡᠭᠡᠳ | ᠲᠣᠬᠢᠷᠠᠭᠤᠯᠣᠯᠳᠠ ᠬᠢᠭᠦ ᠴᠢᠬᠤᠯᠳᠠᠢ ᠪᠠᠶᠢᠪᠡᠯ︔ | ︵ᠬᠤᠶᠠᠷ︶ ᠦᠨᠳᠣᠰᠣ ᠪᠠᠷᠢᠮᠳᠠ ᠪᠣᠯᠭᠠᠵᠣ ᠪᠠᠶᠢᠭ᠎ᠠ ᠬᠠᠣᠯᠢ ᠴᠠᠭᠠᠵᠨ᠂ ᠬᠠᠣᠯᠢ ᠲᠤᠭᠳᠠᠭᠠᠯ᠂ ᠲᠦᠷᠢᠮ | ᠲᠣᠭᠳᠠᠭᠠᠯ ᠵᠡᠷᠭᠡ ᠳᠤ ᠵᠠᠰᠠᠪᠣᠷᠢ ᠣᠷᠣᠭᠤᠯᠤᠭᠰᠠᠨ ᠪᠣᠶᠣ ᠭᠦᠴᠣᠨ ᠦᠭᠡᠢ ᠪᠣᠯᠭᠠᠬᠰᠠᠨ ᠪᠠᠶᠢᠪᠡᠯ︔ | ︵ᠭᠤᠷᠪᠠ︶ ᠵᠠᠰᠠᠭ ᠵᠠᠬᠢᠷᠭᠠᠨ ᠤ ᠪᠠᠶᠢᠭᠤᠯᠭ᠎ᠠ ᠳᠤ ᠪᠠᠶᠢᠭᠤᠯᠣᠮᠵᠢ ᠶᠢᠨ ᠦᠭᠡᠷᠡᠴᠢᠯᠡᠯᠳᠠ ᠬᠢᠭᠰᠡᠨ ᠠᠴᠠ | ᠪᠣᠯᠵᠣ ᠬᠠᠣᠯᠢ ᠭᠡᠷᠩᠵᠢᠭᠦᠯᠭᠦ ᠭᠤᠣᠯ ᠴᠣᠭᠴᠨ ᠪᠣᠶᠣ ᠬᠠᠣᠯᠢ ᠭᠡᠷᠩᠵᠢᠭᠦᠯᠭᠦ ᠡᠭᠦᠷᠭᠡ ᠴᠢᠳᠠᠪᠬᠢ ᠳᠤ ᠨᠢ | ᠬᠤᠪᠢᠷᠠᠯᠳᠠ ᠭᠠᠷᠣᠭᠰᠠᠨ ᠪᠠᠶᠢᠪᠡᠯ︔ | ︵ᠲᠦᠷᠪᠠ︶ ᠪᠣᠰᠣᠣᠨ ᠦᠨᠡᠨᠬᠦ ᠲᠣᠬᠢᠷᠠᠭᠤᠯᠣᠯᠳᠠ ᠬᠢᠭᠦ ᠴᠢᠬᠤᠯᠠᠳᠠᠢ ᠪᠠᠶᠢᠳᠠᠯ ᠪᠠᠶᠢᠪᠠᠯ᠃ | ᠶᠢᠰᠦᠳᠦᠭᠡᠷ ᠵᠦᠢᠯ ᠵᠠᠰᠠᠭ ᠵᠠᠬᠢᠷᠭᠠᠨ ᠤ ᠡᠷᠭᠡ ᠳᠤ ᠦᠨᠡᠨᠬᠦ ᠲᠣᠬᠢᠷᠠᠭᠤᠯᠣᠯᠳᠠ ᠬᠢᠭᠦ ᠴᠢᠬᠤᠯᠳᠠᠢ | ᠪᠠᠶᠢᠪᠡᠯ᠂ ᠵᠠᠰᠠᠭ ᠵᠠᠬᠢᠷᠭᠠᠨ ᠤ ᠪᠠᠶᠢᠭᠤᠯᠭ᠎ᠠ ᠨᠢ ᠲᠣᠰ ᠱᠠᠳᠣᠨ ᠤ ᠠᠷᠠᠣᠨ ᠤ ᠵᠠᠰᠠᠭ ᠤᠨ ᠣᠷᠳᠣᠨ ᠳᠤ | ᠭᠤᠶᠣᠴᠢᠯᠠᠯ ᠭᠠᠷᠭᠠᠵᠣ᠂ ᠲᠣᠰ ᠱᠠᠳᠣᠨ ᠤ ᠠᠷᠠᠣᠨ ᠤᠨ ᠵᠠᠰᠠᠭ ᠤᠨ ᠣᠷᠳᠣᠨ ᠤ ᠬᠠᠣᠯᠢ ᠲᠦᠷᠢᠮ ᠤᠨ | ᠪᠠᠶᠢᠭᠤᠯᠣᠮᠵᠢ ᠠᠴᠠ ᠬᠠᠣᠯᠢ ᠶᠣᠰᠣᠨ ᠤ ᠴᠢᠨᠠᠷᠳᠠᠢ ᠬᠢᠨᠠᠨ ᠪᠠᠶᠢᠴᠠᠭᠠᠯᠳᠠ ᠬᠢᠨ᠎ᠠ᠃ | ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ ᠵᠠᠬᠢᠷᠭᠠᠨ ᠤ ᠡᠷᠭᠡ ᠳᠤ ᠲᠣᠬᠢᠷᠠᠭᠤᠯᠣᠯᠳᠠ ᠬᠢᠭᠦ ᠪᠠᠷ ᠭᠤᠶᠣᠴᠢᠯᠠᠭᠰᠠᠨ | ᠦᠶ᠎ᠡ ᠳᠤ ᠲᠣᠬᠢᠷᠠᠭᠤᠯᠬᠤ ᠵᠠᠰᠠᠭ ᠵᠠᠬᠢᠷᠭᠠᠨ ᠤ ᠡᠷᠭᠡ ᠶᠢᠨ ᠠᠭᠤᠯᠭ᠎ᠠ᠂ ᠪᠠᠶᠢᠷᠢᠯᠠᠭᠤᠯᠤᠯᠳᠠ ᠶᠢᠨ ᠦᠨᠳᠣᠰᠣ | ᠪᠠᠷᠢᠮᠳᠠ᠂ ᠭᠡᠷᠩᠵᠢᠭᠦᠯᠭᠦ ᠪᠠᠶᠢᠭᠤᠯᠣᠮᠵᠢ᠂ ᠠᠵᠢᠯᠯᠠᠭᠠᠨ ᠤ ᠠᠯᠬᠤᠮ ᠳᠠᠷᠠᠭ᠎ᠠ ᠵᠡᠷᠭᠡ ᠮᠠᠲ᠋ᠧᠷᠢᠶᠠᠯ ᠢᠶᠠᠨ ᠳᠡᠪᠰᠢᠭᠦᠯᠭᠦ | ᠭᠡᠷᠩᠳᠠᠢ᠃ | ᠵᠠᠰᠠᠭ ᠤᠨ ᠣᠷᠳᠣᠨ ᠤ ᠬᠠᠣᠯᠢ ᠲᠦᠷᠢᠮ ᠤᠨ ᠪᠠᠶᠢᠭᠤᠯᠣᠮᠵᠢ ᠨᠢ ᠲᠣᠬᠢᠷᠠᠭᠤᠯᠣᠯᠳᠠ ᠬᠢᠭᠦ ᠪᠠᠷ | ᠭᠤᠶᠣᠴᠢᠯᠠᠭᠰᠠᠨ ᠵᠠᠰᠠᠭ ᠵᠠᠬᠢᠷᠭᠠᠨ ᠤ ᠡᠷᠭᠡ ᠳᠡᠭᠡᠨ ᠬᠠᠣᠯᠢ ᠶᠣᠰᠣᠨ ᠤ ᠴᠢᠨᠠᠷᠳᠠᠢ ᠬᠢᠨᠠᠨ ᠪᠠᠶᠢᠴᠠᠭᠠᠯᠳᠠ ᠬᠢᠭᠦ ᠶᠢᠨ | ᠬᠠᠮᠳᠣ ᠲᠣᠰ ᠱᠠᠳᠣᠨ ᠤ ᠠᠷᠠᠣᠨ ᠤ ᠵᠠᠰᠠᠭ ᠤᠨ ᠣᠷᠳᠣᠨ ᠳᠤ ᠮᠡᠳᠡᠭᠦᠯᠵᠣ ᠵᠦᠪᠰᠢᠶᠡᠷᠡᠭᠦᠯᠣᠭ᠍ᠰᠡᠨ ᠤ ᠲᠠᠷᠠᠭ᠎ᠠ᠂ | ᠴᠠᠭ ᠲᠣᠬᠠᠢ ᠳᠤᠨᠢ ᠵᠠᠰᠠᠭ ᠤᠨ ᠣᠷᠳᠣᠨ ᠤ ᠫᠦᠷᠲ᠋ᠢᠯ ᠰᠦᠯᠵᠢᠶ᠎ᠠ ᠵᠢᠴᠢ ᠪᠣᠰᠣᠣᠨ ᠪᠦᠳᠣᠮᠵᠢᠳᠠᠢ ᠠᠴᠢᠶᠠᠯᠠᠪᠤᠷᠢ ᠪᠠᠷ | ᠲᠣᠬᠢᠷᠠᠭᠤᠯᠣᠭᠰᠠᠨ ᠤ ᠳᠠᠷᠠᠭᠠᠬᠢ ᠵᠠᠰᠠᠭ ᠵᠠᠬᠢᠷᠭᠠᠨ ᠤ ᠡᠷᠭᠡ ᠶᠢᠨ ᠨᠠᠷᠢᠨ ᠬᠠᠭᠤᠳᠠᠰᠤ ᠪᠠᠨ ᠨᠠᠶᠢᠭᠡᠮ ᠳᠤ ᠨᠠᠶᠢᠳᠡᠯᠡᠭᠦ | ᠭᠡᠷᠩᠳᠠᠢ᠃ | ᠠᠷᠪᠠᠳᠣᠭᠠᠡᠷ ᠵᠦᠢᠯ ᠡᠯ᠎ᠡ ᠱᠠᠳᠣᠨ ᠤ ᠠᠷᠠᠣᠨ ᠤᠨ ᠵᠠᠰᠠᠭ ᠤᠨ ᠣᠷᠳᠣᠨ ᠤ ᠬᠠᠣᠯᠢ ᠲᠦᠷᠢᠮ ᠤᠨ | ᠪᠠᠶᠢᠭᠤᠯᠣᠮᠵᠢ ᠨᠢ ᠲᠣᠰ ᠱᠠᠳᠣᠨ ᠤ ᠵᠠᠰᠠᠭ ᠵᠠᠬᠢᠷᠭᠠᠨ ᠤ ᠪᠠᠶᠢᠭᠤᠯᠭ᠎ᠠ ᠯᠤᠭ᠎ᠠ ᠠᠵᠢᠯ ᠢᠶᠠᠨ ᠵᠤᠬᠢᠴᠠᠭᠤᠯᠵᠦ ᠴᠠᠭ | ᠲᠣᠬᠠᠢ ᠳᠤᠨᠢ ᠵᠠᠰᠠᠭ ᠵᠠᠬᠢᠷᠭᠠᠨ ᠤ ᠡᠷᠭᠡ ᠶᠢᠨ ᠨᠠᠷᠢᠨ ᠬᠠᠭᠤᠳᠠᠰᠤ ᠪᠠᠨ ᠢᠯᠭᠠᠷᠠᠭᠤᠯᠬᠤ ᠶᠢᠨ ᠬᠠᠮᠳᠣ᠂ ᠬᠤᠶᠠᠷ | ᠵᠢᠯ ᠳᠤ ᠨᠢᠭᠡ ᠣᠳᠠᠭ᠎ᠠ ᠲᠦᠪᠯᠡᠷᠡᠭᠦᠯᠣᠨ ᠢᠯᠭᠠᠷᠠᠭᠤᠯᠤᠨ᠎ᠠ᠃ | ᠠᠷᠪᠠᠨ ᠨᠢᠭᠡᠳᠣᠭᠡᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠣᠯᠢ ᠶᠣᠰᠣᠭᠠᠷ ᠵᠠᠰᠠᠭ ᠵᠠᠬᠢᠷᠭᠠᠨ ᠤ | ᠡᠷᠭᠡ ᠪᠠᠨ ᠭᠡᠷᠩᠵᠢᠭᠦᠯᠵᠣ᠂ ᠬᠠᠣᠯᠢ ᠳᠤ ᠲᠣᠭᠳᠠᠭᠠᠭᠰᠠᠨ ᠴᠠᠭ ᠤᠨ ᠬᠢᠵᠠᠭᠠᠷ ᠪᠣᠶᠣ ᠠᠮᠠᠯᠠᠯᠳᠠ ᠬᠢᠭᠰᠡᠨ ᠴᠠᠭ ᠤᠨ | ᠬᠢᠵᠠᠭᠠᠷ ᠢ ᠵᠢᠷᠣᠮᠯᠡᠨ᠂ ᠠᠷᠠᠣᠨ ᠢᠷᠬᠡᠨ᠂ ᠬᠠᠣᠯᠢ ᠶᠢᠨ ᠡᠷᠬᠡᠳᠡᠨ ᠪᠠ ᠪᠣᠰᠣᠣᠨ ᠵᠣᠬᠢᠶᠠᠨ ᠪᠠᠶᠢᠭᠤᠯᠣᠯᠳᠠ ᠳᠤ | ᠪᠦᠳᠣᠮᠵᠢ ᠰᠠᠶᠢᠳᠠᠢ ᠴᠢᠨᠠᠷᠵᠢᠭᠤᠨ ᠦᠢᠯᠡᠴᠢᠯᠡᠭᠡ ᠬᠠᠨᠭ᠍ᠭᠠᠬᠤ ᠬᠡᠷᠡᠭᠳᠡᠢ᠃ | ᠠᠷᠪᠠᠨ ᠬᠤᠶᠠᠳᠣᠭᠠᠷ ᠵᠦᠢᠯ ᠬᠠᠣᠯᠢ ᠴᠠᠭᠠᠵᠨ ᠬᠠᠤᠯᠢ ᠲᠣᠭᠳᠠᠭᠠᠯ ᠳᠤ ᠪᠣᠰᠣᠣᠨ ᠲᠣᠭᠳᠠᠭᠠᠯ ᠲᠠᠢ | ᠪᠠᠶᠢᠬᠤ ᠠᠴᠠ ᠭᠠᠳᠠᠨ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠣᠳᠣᠭᠠᠳᠣ ᠳᠤ ᠪᠠᠶᠢᠷᠢᠯᠠᠭᠤᠯᠤᠭᠰᠠᠨ | ᠪᠠᠶᠢᠭᠤᠯᠣᠮᠵᠢ ᠪᠣᠶᠣ ᠲᠣᠮᠢᠯᠠᠭᠰᠠᠨ ᠪᠠᠶᠢᠭᠤᠯᠣᠮᠵᠢ ᠨᠢ ᠲᠡᠳᠡᠬᠡᠷ ᠤᠨ ᠬᠠᠷᠢᠶᠠᠯᠠᠭᠳᠠᠬᠤ ᠵᠠᠰᠠᠭ ᠵᠠᠬᠢᠷᠭᠠᠨ ᠤ ᠨᠠᠷ᠎ᠡ ᠪᠠᠷ | ᠵᠠᠰᠠᠭ ᠵᠠᠬᠢᠷᠭᠠᠨ ᠤ ᠲᠣᠭᠳᠠᠭᠠᠯ ᠭᠠᠷᠭᠠᠬᠤ ᠶᠢᠨ ᠬᠠᠮᠳᠣ ᠲᠣᠰ ᠪᠠᠶᠢᠭᠤᠯᠭ᠎ᠠ ᠠᠴᠠ ᠬᠠᠣᠯᠢ ᠴᠠᠭᠠᠵᠨ ᠶᠢᠨ | ᠬᠠᠷᠢᠭᠤᠴᠠᠯᠭ᠎ᠠ ᠡᠭᠦᠷᠭᠡᠯᠡᠬᠦ ᠬᠡᠷᠡᠭᠳᠡᠢ᠃ | ᠠᠷᠪᠠᠨ ᠭᠤᠷᠪᠠᠳᠣᠭᠠᠷ ᠵᠦᠢᠯ ᠬᠠᠣᠯᠢ ᠴᠠᠭᠠᠵᠨ᠂ ᠬᠠᠣᠯᠢ ᠲᠤᠭᠳᠠᠭᠠᠯ ᠠᠴᠠ ᠡᠷᠭᠡ ᠣᠯᠭᠤᠭᠰᠠᠨ | ᠣᠯᠠᠨ ᠨᠠᠶᠢᠳᠠ ᠶᠢᠨ ᠭᠡᠷᠩ ᠶᠠᠪᠣᠳᠠᠯ ᠢ ᠬᠠᠮᠢᠶᠠᠷᠬᠤ ᠡᠭᠦᠷᠭᠡ ᠴᠢᠳᠠᠮᠵᠢᠳᠤ ᠵᠣᠬᠢᠶᠠᠨ ᠪᠠᠶᠢᠭᠤᠯᠣᠯᠳᠠ ᠨᠢ᠂ | ᠬᠠᠣᠯᠢ ᠪᠠᠷ ᠲᠣᠭᠳᠠᠭᠠᠵᠤ ᠣᠯᠭᠤᠭᠰᠠᠨ ᠡᠷᠬᠡ ᠶᠢᠨ ᠭᠦᠷᠢᠶ᠎ᠡ ᠬᠡᠪᠴᠢᠶᠠᠨ ᠳᠤ᠂ ᠦᠪᠡᠷ ᠤᠨ ᠨᠡᠷ᠎ᠡ ᠪᠠᠷ ᠢᠶᠠᠨ | ᠵᠠᠰᠠᠭ ᠵᠠᠬᠢᠷᠭᠠᠨ ᠤ ᠡᠷᠭᠡ ᠪᠠᠨ ᠭᠡᠷᠩᠵᠢᠭᠦᠯᠭᠦ ᠶᠢᠨ ᠬᠠᠮᠳᠣ ᠵᠣᠬᠢᠬᠤ ᠬᠠᠣᠯᠢ ᠴᠠᠭᠠᠵᠨ ᠶᠢᠨ ᠬᠠᠷᠢᠭᠤᠴᠠᠯᠭ᠎ᠠ | ᠡᠭᠦᠷᠭᠡᠯᠡᠬᠦ ᠬᠡᠷᠡᠭᠳᠡᠢ᠃ | ᠠᠷᠪᠠᠨ ᠲᠦᠷᠪᠡᠳᠣᠭᠡᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠣᠯᠢ ᠴᠠᠭᠠᠵᠨ᠂ ᠬᠠᠣᠯᠢ | ᠲᠤᠭᠳᠠᠭᠠᠯ᠂ ᠲᠦᠷᠢᠮ ᠲᠣᠭᠳᠠᠭᠠᠯ ᠤᠨ ᠲᠣᠭᠳᠠᠭᠠᠯ ᠢ ᠦᠨᠳᠣᠰᠣᠯᠡᠵᠣ᠂ ᠵᠠᠰᠠᠭ ᠵᠠᠬᠢᠷᠭᠠᠨ ᠤ ᠪᠠᠶᠢᠭᠤᠯᠭ᠎ᠠ ᠪᠣᠶᠣ | ᠣᠯᠠᠨ ᠨᠠᠶᠢᠳᠠ ᠶᠢᠨ ᠭᠡᠷᠩ ᠶᠠᠪᠣᠳᠠᠯ ᠢ ᠬᠠᠮᠢᠶᠠᠷᠬᠤ ᠡᠭᠦᠷᠭᠡ ᠴᠢᠳᠠᠮᠵᠢᠳᠤ ᠵᠣᠬᠢᠶᠠᠨ ᠪᠠᠶᠢᠭᠤᠯᠣᠯᠳᠠ ᠳᠤ ᠨᠠᠶᠢᠳᠠᠨ | ᠵᠠᠰᠠᠭ ᠵᠠᠬᠢᠷᠭᠠᠨ ᠤ ᠡᠷᠭᠡ ᠪᠠᠨ ᠭᠡᠷᠩᠵᠢᠭᠦᠯᠵᠣ ᠪᠣᠯᠣᠨ᠎ᠠ᠂ ᠡᠭᠦᠨ ᠠᠴᠠ ᠪᠣᠯᠣᠭᠰᠠᠨ ᠣᠷᠰᠢᠭ ᠢ ᠨᠠᠶᠢᠳᠠᠭᠰᠠᠨ | ᠡᠷᠭᠡ ᠶᠢ ᠭᠡᠷᠩᠵᠢᠭᠦᠯᠵᠣ ᠪᠠᠶᠢᠭ᠎ᠠ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠣᠯᠢ ᠴᠠᠭᠠᠵᠨ ᠶᠢᠨ ᠬᠠᠷᠢᠭᠤᠴᠠᠯᠭ᠎ᠠ | ᠡᠭᠦᠷᠭᠡᠯᠡᠬᠦ ᠬᠡᠷᠡᠭᠳᠡᠢ᠃ ᠨᠠᠶᠢᠳᠠᠭᠰᠠᠨ ᠡᠷᠭᠡ ᠶᠢ ᠭᠡᠷᠩᠵᠢᠭᠦᠯᠵᠣ ᠪᠠᠶᠢᠭ᠎ᠠ ᠵᠠᠰᠠᠭ ᠵᠠᠬᠢᠷᠭᠠᠨ ᠤ ᠪᠠᠶᠢᠭᠤᠯᠭ᠎ᠠ ᠨᠢ | ᠨᠠᠶᠢᠳᠠᠭᠳᠠᠭᠰᠠᠨ ᠭᠤᠣᠯ ᠴᠣᠭᠴᠨ ᠪᠣᠯᠣᠨ ᠨᠠᠶᠢᠳᠠᠨ ᠭᠡᠷᠩᠵᠢᠭᠦᠯᠵᠣ ᠪᠠᠶᠢᠭ᠎ᠠ ᠵᠠᠰᠠᠭ ᠵᠠᠬᠢᠷᠭᠠᠨ ᠤ ᠡᠷᠭᠡ ᠶᠢᠨ | ᠠᠭᠤᠯᠭ᠎ᠠ ᠪᠠᠨ ᠨᠠᠶᠢᠭᠡᠮ ᠳᠤ ᠮᠡᠳᠡᠭᠳᠡᠭᠦ ᠶᠢᠨ ᠳᠠᠠᠭᠤ᠂ ᠲᠣᠰ ᠱᠠᠳᠣᠨ ᠤ ᠠᠷᠠᠣᠨ ᠤᠨ ᠵᠠᠰᠠᠭ ᠤᠨ ᠣᠷᠳᠣᠨ ᠤ | ᠬᠠᠣᠯᠢ ᠲᠦᠷᠢᠮ ᠤᠨ ᠪᠠᠶᠢᠭᠤᠯᠣᠮᠵᠢ ᠳᠤ ᠮᠡᠳᠡᠭᠦᠯᠵᠣ ᠳᠠᠩᠰᠠᠯᠠᠭᠤᠯᠬᠤ ᠶᠢᠨ ᠬᠠᠮᠳᠣ᠂ ᠨᠠᠶᠢᠳᠠᠭᠳᠠᠭᠰᠠᠨ ᠭᠤᠣᠯ | ᠴᠣᠭᠴᠨ ᠶᠢᠨ ᠭᠡᠷᠩᠵᠢᠭᠦᠯᠵᠣ ᠪᠠᠶᠢᠭ᠎ᠠ ᠵᠠᠰᠠᠭ ᠵᠠᠬᠢᠷᠭᠠᠨ ᠤ ᠡᠷᠭᠡ ᠶᠢ ᠵᠢᠯᠣᠭᠤᠣᠠᠬᠤ ᠪᠠ ᠬᠢᠨᠠᠯᠳᠠ ᠲᠠᠯᠪᠢᠬᠤ | ᠬᠡᠷᠡᠭᠳᠡᠢ᠃ | ᠠᠷᠪᠠᠨ ᠲᠠᠪᠣᠳᠣᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠤᠭᠤᠷᠣᠨᠳᠣ ᠪᠠᠨ ᠵᠠᠰᠠᠭ | ᠵᠠᠬᠢᠷᠭᠠᠨ ᠤ ᠡᠷᠭᠡ ᠶᠢᠨ ᠮᠠᠷᠭᠤᠯᠳᠣᠭᠠᠨ ᠡᠭᠦᠰᠪᠡᠯ᠂ ᠮᠠᠷᠭᠤᠯᠳᠣᠭᠠᠨ ᠤ ᠡᠯ᠎ᠡ ᠡᠳᠡᠭᠡᠣᠨ ᠨᠢ ᠵᠦᠪᠳᠡᠯᠴᠡᠨ | ᠰᠢᠢᠣᠡᠪᠣᠷᠢᠯᠡᠨ᠎ᠠ᠂ ᠵᠦᠪᠳᠡᠯᠴᠡᠭᠡᠣᠨ ᠪᠦᠳᠣᠭ᠍ᠰᠡᠨ ᠦᠭᠡᠢ ᠪᠠᠶᠢᠪᠡᠯ᠂ ᠲᠣᠰ ᠱᠠᠳᠣᠨ ᠤ ᠠᠷᠠᠣᠨ ᠤᠨ ᠵᠠᠰᠠᠭ ᠤᠨ | ᠣᠷᠳᠣᠨ ᠳᠤ ᠮᠡᠳᠡᠭᠦᠯᠵᠣ ᠰᠢᠢᠣᠡᠪᠣᠷᠢᠯᠡᠭᠦᠯᠣᠨᠠ᠃ | ᠠᠷᠪᠠᠨ ᠵᠢᠷᠭᠤᠳᠣᠭᠠᠷ ᠵᠦᠢᠯ ᠣᠯᠠᠨ ᠵᠠᠰᠠᠭ ᠤᠨ ᠣᠷᠳᠣᠨ ᠤ ᠰᠠᠯᠠᠭ᠎ᠠ ᠮᠦᠴᠢᠷ ᠤᠨ | ᠬᠡᠷᠡᠭᠵᠢᠬᠦᠯᠬᠦ ᠯᠦᠭᠡ ᠬᠤᠯᠪᠣᠭᠳᠠᠬᠰᠠᠨ ᠵᠠᠰᠠᠭ ᠵᠠᠬᠢᠷᠭᠠᠨ ᠤ ᠡᠷᠭᠡ ᠶᠢ ᠭᠤᠣᠯ ᠪᠤᠯᠬᠤ ᠰᠠᠯᠠᠭ᠎ᠠ ᠮᠦᠴᠢᠷ ᠠᠴᠠ | ᠲᠦᠷᠣᠭᠦᠯᠡᠨ ᠬᠠᠷᠢᠭᠤᠴᠠᠵᠣ᠂ ᠪᠣᠰᠣᠣᠨ ᠬᠤᠯᠪᠣᠭᠳᠠᠯ ᠪᠦᠭᠦᠢ ᠰᠠᠯᠠᠭ᠎ᠠ ᠮᠦᠴᠢᠷ ᠣᠷᠣᠯᠴᠠᠨ ᠬᠡᠷᠩᠵᠢᠭᠦᠯᠣᠨ᠎ᠠ᠃ | ᠬᠡᠷᠩᠵᠢᠭᠦᠯᠣᠭ᠍ᠰᠡᠨ ᠵᠠᠰᠠᠭ ᠵᠠᠬᠢᠷᠭᠠᠨ ᠤ ᠡᠷᠭᠡ ᠳᠤ ᠦᠬᠡᠷ᠎ᠠ ᠰᠠᠨᠠᠯ ᠲᠠᠢ ᠪᠠᠶᠢᠪᠡᠯ᠂ ᠡᠯ᠎ᠡ ᠰᠠᠯᠠᠭ᠎ᠠ ᠮᠦᠴᠢᠷ ᠠᠴᠠ | ᠵᠦᠪᠳᠡᠯᠴᠡᠨ ᠰᠢᠢᠣᠡᠪᠣᠷᠢᠯᠡᠨ᠎ᠠ᠂ ᠵᠦᠪᠳᠡᠯᠴᠡᠭᠡᠣᠨ ᠪᠦᠳᠣᠭ᠍ᠰᠡᠨ ᠦᠭᠡᠢ ᠪᠠᠶᠢᠪᠡᠯ᠂ ᠲᠦᠷᠣᠭᠦᠯᠣᠭ᠍ᠰᠡᠨ ᠰᠠᠯᠠᠭ᠎ᠠ | ᠮᠦᠴᠢᠷ ᠨᠢ ᠬᠤᠯᠪᠣᠭᠳᠠᠯ ᠪᠦᠭᠦᠢ ᠰᠠᠯᠠᠭ᠎ᠠ ᠮᠦᠴᠢᠷ ᠤᠨ ᠰᠠᠨᠠᠯ᠂ ᠰᠢᠯᠳᠠᠭᠠᠨ ᠪᠣᠯᠣᠨ ᠦᠨᠳᠣᠰᠣ ᠪᠠᠷᠢᠮᠳᠠ ᠶᠢ | ᠵᠣᠷᠪᠣᠰᠯᠠᠨ ᠲᠣᠳᠣᠷᠬᠠᠶᠢᠯᠠᠬᠤ ᠶᠢᠨ ᠬᠠᠮᠳᠣ ᠰᠠᠨᠠᠭᠤᠯᠭ᠎ᠠ ᠲᠣᠷᠠᠳᠣᠨ᠂ ᠲᠣᠰ ᠱᠠᠳᠣᠨ ᠤ ᠠᠷᠠᠣᠨ ᠤᠨ ᠵᠠᠰᠠᠭ ᠤᠨ | ᠣᠷᠳᠣᠨ ᠳᠤ ᠮᠡᠳᠡᠭᠦᠯᠵᠣ ᠰᠢᠢᠣᠡᠪᠣᠷᠢᠯᠡᠭᠦᠯᠣᠨᠠ᠃ | ᠠᠷᠪᠠᠨ ᠲᠣᠯᠣᠳᠣᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠳᠠᠨ ᠨᠢ ᠵᠠᠰᠠᠭ ᠵᠠᠬᠢᠷᠭᠠᠨ ᠤ | ᠡᠷᠭᠡ ᠶᠢ ᠭᠡᠷᠩᠵᠢᠭᠦᠯᠭᠦ ᠦᠶ᠎ᠠ ᠳᠤ᠂ ᠲᠣᠣᠷᠠᠬᠢ ᠪᠠᠶᠢᠳᠠᠯ ᠤᠨ ᠨᠢᠭᠡ ᠨᠢ ᠪᠠᠶᠢᠪᠡᠯ᠂ ᠲᠣᠰ ᠭᠦᠮᠣᠨ ᠨᠢ ᠭᠤᠶᠣᠴᠢᠯᠠᠯ | ᠭᠠᠷᠭᠠᠵᠣ ᠵᠠᠶᠢᠯᠠᠬᠤ ᠭᠡᠷᠩᠳᠠᠢ︔ ᠲᠣᠰ ᠭᠦᠮᠣᠨ ᠨᠢ ᠵᠠᠶᠢᠯᠠᠬᠤ ᠪᠠᠷ ᠭᠤᠶᠣᠴᠢᠯᠠᠭᠰᠠᠨ ᠦᠭᠡᠢ ᠪᠠᠶᠢᠪᠡᠯ᠂ ᠵᠠᠰᠠᠭ | ᠵᠠᠬᠢᠷᠭᠠᠨ ᠤ ᠪᠠᠶᠢᠭᠤᠯᠭ᠎ᠠ ᠨᠢ ᠳᠡᠭᠦᠨ ᠢ ᠵᠠᠶᠢᠯᠠᠭᠤᠯᠬᠤ ᠪᠠᠷ ᠵᠠᠷᠯᠢᠭᠳᠠᠬᠤ ᠬᠡᠷᠡᠭᠳᠡᠢ᠃ | ︵ᠨᠢᠭᠡ︶ ᠲᠣᠰ ᠭᠦᠮᠣᠨ ᠤ ᠠᠰᠢᠭ ᠬᠤᠣᠷ ᠤᠨ ᠬᠠᠷᠢᠴᠠᠭ᠎ᠠ ᠲᠠᠢ ᠬᠤᠯᠪᠣᠭᠳᠠᠭᠰᠠᠨ ᠪᠠᠶᠢᠪᠡᠯ︔ | ︵ᠬᠤᠶᠠᠷ︶ ᠲᠣᠰ ᠭᠦᠮᠣᠨ ᠤ ᠲᠦᠷᠣᠯ ᠰᠠᠳᠣᠨ ᠤ ᠠᠰᠢᠭ ᠬᠤᠣᠷ ᠤᠨ ᠬᠠᠷᠢᠴᠠᠭ᠎ᠠ ᠲᠠᠢ | ᠬᠤᠯᠪᠣᠭᠳᠠᠭᠰᠠᠨ ᠪᠠᠶᠢᠪᠡᠯ︔ | ︵ᠭᠤᠷᠪᠠ︶ ᠪᠣᠰᠣᠣᠨ ᠵᠠᠰᠠᠭ ᠵᠠᠬᠢᠷᠭᠠᠨ ᠤ ᠡᠷᠭᠡ ᠶᠢ ᠲᠦᠪ ᠭᠤᠣᠯᠴᠢ ᠪᠠᠷ ᠬᠡᠷᠩᠵᠢᠭᠦᠯᠭᠦ ᠶᠢ | ᠨᠦᠯᠣᠭᠡᠯᠡᠭᠦ ᠪᠣᠯᠣᠮᠵᠢ ᠲᠠᠢ ᠪᠠᠶᠢᠪᠡᠯ᠃ | ᠠᠷᠪᠠᠨ ᠨᠠᠢᠮᠠᠳᠣᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ ᠵᠠᠬᠢᠷᠭᠠᠨ ᠤ ᠡᠷᠭᠡ ᠶᠢ ᠬᠡᠷᠩᠵᠢᠭᠦᠯᠭᠦ | ᠶᠠᠪᠣᠴᠨ ᠳᠤ ᠳᠡᠩᠰᠨ ᠡᠪᠬᠡᠮᠡᠯ ᠤᠨ ᠮᠠᠲ᠋ᠧᠷᠢᠶᠠᠯ ᠢᠶᠠᠨ ᠳᠡᠭᠦᠯᠳᠡᠷᠵᠢᠭᠦᠯᠣᠨ᠂ ᠡᠯᠧᠺᠲᠷᠣᠨ ᠳᠠᠩᠰᠨ ᠡᠪᠬᠡᠮᠡᠯ ᠢ | ᠪᠠᠶᠢᠭᠤᠯᠬᠤ ᠭᠡᠷᠩᠳᠠᠢ᠃ | ᠠᠷᠪᠠ ᠶᠢᠰᠣᠳᠣᠭᠡᠷ ᠵᠦᠢᠯ ᠡᠯ᠎ᠡ ᠱᠠᠳᠣᠨ ᠤ ᠠᠷᠠᠣᠨ ᠤᠨ ᠵᠠᠰᠠᠭ ᠤᠨ ᠣᠷᠳᠣᠨ ᠨᠢ ᠲᠣᠰ ᠱᠠᠳᠣᠨ ᠤ | ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠬᠠᠣᠯᠢ ᠠᠴᠠ ᠵᠦᠷᠢᠴᠡᠭᠰᠠᠨ ᠠᠵᠢᠯᠯᠠᠭ᠎ᠠ ᠶᠢ | ᠳᠠᠩᠰᠠᠯᠠᠬᠤ ᠶᠢᠨ ᠬᠠᠮᠳᠣ᠂ ᠵᠣᠬᠢᠬᠤ ᠠᠷᠭ᠎ᠠ ᠭᠡᠯᠪᠡᠷᠢ ᠪᠠᠷ ᠢᠯᠨ ᠪᠣᠯᠭᠠᠬᠤ ᠭᠡᠷᠩᠳᠠᠢ᠃ | ᠬᠤᠷᠢᠳᠣᠭᠠᠷ ᠵᠦᠢᠯ ᠵᠠᠰᠠᠭ ᠵᠠᠬᠢᠷᠭᠠᠨ ᠤ ᠬᠠᠷᠢᠴᠠᠩᠭᠤᠢ ᠭᠦᠮᠣᠨ ᠨᠢ ᠦᠪᠡᠷ ᠤᠨ ᠢᠶᠠᠨ ᠠᠰᠢᠭ ᠲᠣᠰᠨ ᠲᠠᠢ | ᠬᠤᠯᠪᠣᠭᠳᠠᠭᠰᠠᠨ ᠵᠠᠰᠠᠭ ᠵᠠᠬᠢᠷᠭᠠᠨ ᠤ ᠡᠷᠭᠡ ᠶᠢᠨ ᠳᠠᠩᠰᠠ ᠡᠪᠬᠡᠮᠡᠯ ᠢ ᠪᠠᠶᠢᠴᠠᠭᠠᠨ ᠦᠵᠡᠭᠦ ᠡᠷᠭᠡ ᠲᠠᠢ᠃ ᠵᠠᠰᠠᠭ | ᠵᠠᠬᠢᠷᠭᠠᠨ ᠤ ᠪᠠᠶᠢᠭᠤᠯᠭ᠎ᠠ ᠨᠢ ᠴᠢᠬᠤᠯᠨ ᠪᠦᠭᠦᠢ ᠨᠦᠭᠦᠴᠡᠯ ᠢ ᠬᠠᠩᠭᠠᠬᠤ ᠭᠡᠷᠩᠳᠠᠢ᠂ ᠣᠯᠣᠰ ᠤᠨ ᠨᠢᠭᠤᠴᠨ ᠂ | ᠬᠤᠳᠠᠯᠳᠣᠭᠠᠨ ᠤ ᠨᠢᠭᠤᠴᠨ᠂ ᠬᠤᠪᠢ ᠭᠦᠮᠣᠨ ᠤ ᠨᠢᠭᠤᠴᠨ ᠲᠠᠢ ᠬᠤᠯᠪᠣᠭᠳᠠᠬᠤ ᠵᠦᠢᠯ ᠠᠴᠠ ᠭᠠᠳᠠᠨ᠎ᠠ᠂ ᠶᠠᠮᠠᠷᠪᠠ | ᠰᠢᠯᠳᠠᠭᠠᠨ ᠢᠶᠠᠷ ᠲᠠᠪᠴᠢᠵᠣ ᠪᠣᠯᠬᠤ ᠦᠭᠡᠢ᠃ | ᠬᠤᠷᠢᠨ ᠨᠢᠭᠡᠳᠣᠭᠡᠷ ᠵᠦᠢᠯ ᠠᠷᠠᠣᠨ ᠢᠷᠬᠡᠨ᠂ ᠬᠠᠣᠯᠢ ᠶᠢᠨ ᠡᠷᠬᠡᠳᠡᠨ ᠪᠠ ᠪᠣᠰᠣᠣᠨ ᠵᠣᠬᠢᠶᠠᠨ | ᠪᠠᠶᠢᠭᠤᠯᠣᠯᠳᠠ ᠠᠴᠠ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠣᠯᠢ ᠠᠴᠠ ᠵᠦᠷᠢᠴᠡᠨ ᠵᠠᠰᠠᠭ ᠵᠠᠬᠢᠷᠭᠠᠨ ᠤ ᠡᠷᠭᠡ ᠪᠠᠨ | ᠭᠡᠷᠩᠵᠢᠭᠦᠯᠵᠣ᠂ ᠵᠠᠰᠠᠭ ᠵᠠᠬᠢᠷᠭᠠᠨ ᠤ ᠬᠠᠷᠢᠴᠠᠩᠭᠤᠢ ᠭᠦᠮᠣᠨ ᠤ ᠠᠰᠢᠭ ᠲᠣᠰᠨ ᠳᠤ ᠬᠠᠯᠳᠠᠭᠰᠠᠨ ᠭᠡᠵᠣ ᠦᠵᠡᠪᠡᠯ | ᠂ ᠬᠢᠨᠠᠯᠳᠠ ᠳᠠᠯᠪᠢᠵᠣ ᠬᠠᠮᠢᠶᠠᠷᠬᠤ ᠪᠠᠶᠢᠭᠤᠯᠭ᠎ᠠ ᠳᠤ ᠵᠠᠭᠠᠯᠳᠣᠬᠤ ᠪᠠ ᠢᠯᠡᠴᠢᠯᠡᠨ ᠮᠡᠳᠡᠭᠦᠯᠵᠣ ᠪᠣᠯᠣᠨ᠎ᠠ᠃ ᠬᠢᠨᠠᠯᠳᠠ | ᠳᠠᠯᠪᠢᠵᠣ ᠬᠠᠮᠢᠶᠠᠷᠬᠤ ᠪᠠᠶᠢᠭᠤᠯᠭ᠎ᠠ ᠨᠢ ᠵᠠᠭᠠᠯᠳᠣᠬᠤ᠂ ᠢᠯᠡᠴᠢᠯᠡᠨ ᠮᠡᠳᠡᠭᠦᠯᠭᠦ ᠶᠢ ᠭᠦᠯᠢᠶᠠᠨ ᠠᠪᠴᠣ | ᠰᠢᠢᠳᠪᠦᠷᠢᠯᠡᠬᠦ ᠶᠢᠨ ᠲᠠᠭᠠᠭᠠᠨ ᠬᠦᠢᠴᠡᠳᠬᠡᠬᠦ ᠪᠠᠶᠢᠭᠤᠯᠣᠮᠵᠢ ᠪᠠ ᠬᠠᠷᠢᠯᠴᠠᠬᠤ ᠠᠷᠭ᠎ᠠ ᠪᠠᠨ ᠨᠠᠶᠢᠳᠡᠯᠡᠭᠦ ᠭᠡᠷᠩᠳᠠᠢ᠃ | ᠬᠢᠨᠠᠯᠳᠠ ᠳᠠᠯᠪᠢᠵᠣ ᠬᠠᠮᠢᠶᠠᠷᠬᠤ ᠪᠠᠶᠢᠭᠤᠯᠭ᠎ᠠ ᠨᠢ ᠣᠯᠠᠨ ᠲᠦᠮᠡᠨ ᠤ ᠵᠠᠭᠠᠯᠳᠣᠬᠤ᠂ ᠢᠯᠡᠴᠢᠯᠡᠨ ᠮᠡᠳᠡᠭᠦᠯᠭᠦ ᠵᠢᠴᠢ | ᠰᠣᠨᠢᠨ ᠮᠡᠳᠡᠭᠡᠨ ᠤ ᠵᠠᠭᠤᠴᠢᠯᠠᠭᠤᠷ ᠤᠨ ᠢᠯᠡᠴᠢᠯᠡᠭᠰᠠᠨ ᠵᠠᠰᠠᠭ ᠵᠠᠬᠢᠷᠭᠠᠨ ᠤ ᠬᠠᠣᠯᠢ ᠠᠴᠠ ᠵᠦᠷᠢᠴᠡᠭᠰᠠᠨ | ᠠᠵᠢᠯᠯᠠᠭ᠎ᠠ ᠶᠢ ᠬᠠᠷᠢᠭᠤᠴᠠᠨ ᠪᠠᠶᠢᠴᠠᠭᠠᠵᠤ᠂ ᠬᠠᠣᠯᠢ ᠶᠣᠰᠣᠭᠠᠷ 60 ᠡᠳᠣᠷ ᠤᠨ ᠲᠣᠳᠣᠷ᠎ᠡ ᠰᠢᠢᠣᠡᠪᠣᠷᠢᠯᠡᠭᠦ | ᠲᠣᠭᠳᠠᠭᠠᠯ ᠭᠠᠷᠭᠠᠬᠤ ᠶᠢᠨ ᠬᠠᠮᠳᠣ᠂ ᠰᠢᠢᠣᠡᠪᠣᠷᠢᠯᠡᠭᠰᠠᠨ ᠦᠷ᠎ᠡ ᠳ᠋ᠦᠩ ᠢᠶᠠᠨ ᠵᠠᠭᠠᠯᠳᠣᠬᠴᠢ᠂ ᠢᠯᠡᠴᠢᠯᠡᠨ | ᠮᠡᠳᠡᠭᠦᠯᠣᠭ᠍ᠴᠢ ᠳᠤ ᠮᠡᠳᠡᠭᠳᠡᠨ᠎ᠠ᠃ | ᠬᠤᠷᠢᠨ ᠬᠤᠶᠠᠳᠣᠭᠠᠷ ᠵᠦᠢᠯ ᠡᠯ᠎ᠡ ᠱᠠᠳᠣᠨ ᠤ ᠵᠠᠰᠠᠭ ᠵᠠᠬᠢᠷᠭᠠᠨ ᠤ ᠪᠠᠶᠢᠭᠤᠯᠭ᠎ᠠ ᠨᠢ ᠦᠪᠡᠷ ᠤᠨ ᠬᠢᠨᠢ | ᠠᠵᠢᠯᠳᠠᠳ ᠵᠣᠷᠢᠭᠤᠳᠠ ᠪᠣᠶᠣ ᠬᠦᠨᠳᠤ ᠶᠡᠭᠡ ᠣᠰᠣᠯ ᠠᠴᠠ ᠪᠣᠯᠵᠣ ᠲᠣᠰ ᠠᠷᠭ᠎ᠠ ᠶᠢᠨ ᠲᠣᠭᠳᠠᠭᠠᠯ ᠢ ᠵᠦᠷᠢᠴᠡᠭᠰᠡᠨ | ᠂ ᠲᠣᠣᠷᠠᠬᠢ ᠪᠠᠶᠢᠳᠠᠯ ᠤᠨ ᠨᠢᠭᠡ ᠨᠢ ᠪᠠᠶᠢᠪᠡᠯ᠂ ᠬᠢᠨᠠᠯᠳᠠ ᠳᠠᠯᠪᠢᠵᠣ ᠬᠠᠮᠢᠶᠠᠷᠬᠤ ᠪᠠᠶᠢᠭᠤᠯᠭ᠎ᠠ ᠠᠴᠠ | ᠵᠠᠯᠠᠷᠠᠭᠤᠯᠬᠤ ᠪᠠᠷ ᠵᠠᠷᠯᠢᠭᠳᠠᠨ᠎ᠠ᠂ ᠵᠠᠯᠠᠷᠠᠭᠤᠯᠬᠤ ᠶᠢ ᠳᠡᠪᠴᠢᠭᠰᠡᠨ ᠪᠠᠶᠢᠪᠡᠯ᠂ ᠲᠣᠰ ᠵᠠᠰᠠᠭ ᠵᠠᠬᠢᠷᠭᠠᠨ ᠤ | ᠪᠠᠶᠢᠭᠤᠯᠭ᠎ᠠ ᠶᠢ ᠮᠡᠳᠡᠬᠡᠯᠡᠨ ᠰᠢᠭᠦᠮᠵᠢᠯᠡᠨ᠎ᠠ᠂ ᠦᠢᠯᠡ ᠪᠠᠶᠢᠳᠠᠯ ᠨᠢ ᠭᠦᠨᠳᠣ ᠨᠣᠴᠢᠳᠠᠢ ᠪᠠᠶᠢᠪᠡᠯ᠂ ᠰᠢᠭᠤᠣᠨ | ᠬᠠᠷᠢᠭᠤᠴᠠᠯᠭ᠎ᠠ ᠲᠠᠢ ᠭᠤᠤᠯᠴᠢᠯᠠᠨ ᠬᠠᠮᠢᠶᠠᠷᠬᠤ ᠬᠦᠮᠦᠨ ᠪᠣᠯᠣᠨ ᠪᠣᠰᠣᠣᠨ ᠰᠢᠭᠤᠣᠨ ᠬᠠᠷᠢᠭᠤᠴᠠᠯᠭ᠎ᠠ ᠲᠠᠢ | ᠭᠦᠮᠣᠨ ᠳᠤ ᠬᠠᠣᠯᠢ ᠶᠣᠰᠣᠭᠠᠷ ᠵᠠᠰᠠᠭ ᠵᠠᠬᠢᠷᠭᠠᠨ ᠤ ᠰᠢᠣᠡᠭᠡᠯ ᠣᠯᠭᠤᠬᠤ ᠭᠡᠷᠩᠳᠠᠢ᠃ | ︵ᠨᠢᠭᠡ︶ ᠵᠠᠰᠠᠭ ᠵᠠᠬᠢᠷᠭᠠᠨ ᠤ ᠡᠷᠭᠡ ᠶᠢᠨ ᠨᠠᠷᠢᠨ ᠬᠠᠭᠤᠳᠠᠰᠤ ᠶᠢ ᠲᠣᠰ ᠱᠠᠳᠣᠨ ᠤ ᠠᠷᠠᠣᠨ ᠤᠨ | ᠵᠠᠰᠠᠭ ᠤᠨ ᠣᠷᠳᠣᠨ ᠤ ᠬᠠᠣᠯᠢ ᠲᠦᠷᠢᠮ ᠤᠨ ᠪᠠᠶᠢᠭᠤᠯᠣᠮᠵᠢ ᠳᠤ ᠲᠣᠭᠳᠠᠭᠠᠯ ᠶᠣᠰᠣᠭᠠᠷ ᠴᠠᠭ ᠲᠣᠬᠠᠢ ᠳᠤᠨᠢ | ᠮᠡᠳᠡᠭᠦᠯᠣᠨ ᠭᠦᠷᠭᠡᠭᠰᠡᠨ ᠦᠭᠡᠢ ᠪᠠᠶᠢᠪᠡᠯ︔ | ︵ᠬᠤᠶᠠᠷ︶ ᠵᠠᠰᠠᠭ ᠵᠠᠬᠢᠷᠭᠠᠨ ᠤ ᠡᠷᠭᠡ ᠶᠢ ᠪᠠᠶᠢᠷᠢᠯᠠᠭᠤᠯᠤᠭᠰᠠᠨ ᠦᠨᠳᠣᠰᠣ ᠪᠠᠷᠢᠮᠳᠠ ᠨᠢ ᠨᠢᠭᠡᠨᠳᠡ | ᠬᠤᠪᠢᠷᠠᠯᠳᠠ ᠭᠠᠷᠴᠣ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠣᠬᠢᠷᠠᠭᠤᠯᠣᠯᠳᠠ ᠬᠢᠭᠦ ᠭᠤᠶᠣᠴᠢᠯᠠᠯ ᠢᠶᠠᠨ | ᠬᠤᠶᠢᠷᠭᠤᠰᠢᠷᠠᠭᠤᠯᠵᠣ᠂ ᠠᠷᠠᠣᠨ ᠢᠷᠬᠡᠨ᠂ ᠬᠠᠣᠯᠢ ᠶᠢᠨ ᠡᠷᠬᠡᠳᠡᠨ ᠪᠠ ᠪᠣᠰᠣᠣᠨ ᠵᠣᠬᠢᠶᠠᠨ ᠪᠠᠶᠢᠭᠤᠯᠣᠯᠳᠠ ᠠᠴᠠ | ᠲᠣᠷᠠᠳᠣᠭᠰᠠᠨ ᠭᠠᠷᠭᠠᠭᠰᠠᠨ ᠪᠣᠶᠣ ᠬᠢᠨᠠᠯᠳᠠ ᠳᠠᠯᠪᠢᠵᠣ ᠬᠠᠮᠢᠶᠠᠷᠬᠤ ᠪᠠᠶᠢᠭᠤᠯᠭ᠎ᠠ ᠠᠴᠠ ᠬᠢᠨᠠᠨ ᠪᠠᠶᠢᠴᠠᠭᠠᠣᠨ | ᠲᠣᠷᠠᠳᠣᠭᠰᠡᠨ ᠪᠠᠶᠢᠪᠡᠯ︔ | ︵ᠭᠤᠷᠪᠠ︶ ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ ᠵᠠᠬᠢᠷᠭᠠᠨ ᠤ ᠡᠷᠭᠡ ᠪᠠᠨ ᠲᠣᠷ᠎ᠡ | ᠳᠠᠪᠠ ᠪᠠᠷ ᠢᠶᠠᠨ ᠦᠷᠬᠡᠳᠬᠡᠬᠦ᠂ ᠪᠠᠭᠠᠰᠬᠠᠬᠤ᠂ ᠬᠡᠷᠡᠭᠵᠢᠬᠦᠯᠬᠦ ᠦᠬᠡᠢ ᠪᠠᠶᠢᠪᠡᠯ︔ | ︵ᠲᠦᠷᠪᠠ︶ ᠬᠠᠣᠯᠢ ᠳᠤ ᠲᠣᠭᠳᠠᠭᠠᠭᠰᠠᠨ ᠵᠠᠰᠠᠭ ᠵᠠᠬᠢᠷᠭᠠᠨ ᠤ ᠭᠤᠣᠯ ᠴᠣᠭᠴᠨ ᠶᠢᠨ ᠬᠢᠷᠢ ᠭᠡᠮ | ᠦᠭᠡᠢ ᠪᠠᠷ ᠵᠠᠰᠠᠭ ᠵᠠᠬᠢᠷᠭᠠᠨ ᠤ ᠡᠷᠭᠡ ᠶᠢ ᠭᠡᠷᠩᠵᠢᠭᠦᠯᠣᠭ᠍ᠰᠡᠨ ᠪᠠᠶᠢᠪᠡᠯ︔ | ︵ᠳᠠᠪᠤ︶ ᠬᠠᠣᠯᠢ ᠠᠴᠠ ᠵᠦᠷᠢᠴᠠᠵᠣ ᠵᠠᠰᠠᠭ ᠵᠠᠬᠢᠷᠭᠠᠨ ᠤ ᠨᠠᠶᠢᠳᠠᠯᠭ᠎ᠠ᠂ ᠵᠠᠰᠠᠭ ᠵᠠᠬᠢᠷᠭᠠᠨ ᠤ ᠡᠷᠭᠡ | ᠣᠯᠭᠤᠭᠰᠡᠨ ᠪᠠᠶᠢᠪᠡᠯ︔ | ︵ᠵᠢᠷᠭᠤᠭ᠎ᠠ︶ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠳᠠᠨ ᠨᠢ ᠵᠠᠶᠢᠯᠠᠬᠤ ᠴᠢᠬᠤᠯᠳᠠᠢ ᠪᠠᠶᠢᠳᠠᠯ᠎ᠠ | ᠦᠯᠣ ᠵᠠᠶᠢᠯᠠᠵᠣ ᠵᠠᠰᠠᠭ ᠵᠠᠬᠢᠷᠭᠠᠨ ᠤ ᠡᠷᠭᠡ ᠭᠡᠷᠩᠵᠢᠭᠦᠯᠣᠭ᠍ᠰᠡᠨ ᠪᠠᠶᠢᠪᠡᠯ︔ | ︵ᠲᠣᠯᠤᠭ᠎ᠠ︶ ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ ᠵᠠᠬᠢᠷᠭᠠᠨ ᠤ ᠡᠷᠭᠡ ᠪᠠᠨ ᠭᠡᠷᠩᠵᠢᠭᠦᠯᠭᠦ | ᠶᠠᠪᠣᠴᠨ ᠳᠤ ᠳᠠᠩᠰᠠ ᠡᠪᠬᠡᠮᠡᠯ ᠤᠨ ᠮᠠᠲ᠋ᠧᠷᠢᠶᠠᠯ ᠢᠶᠠᠨ ᠳᠡᠭᠦᠯᠳᠡᠷᠵᠢᠭᠦᠯᠣᠭ᠍ᠰᠡᠨ ᠦᠭᠡᠢ ᠪᠣᠶᠣ ᠵᠠᠰᠠᠭ ᠵᠠᠬᠢᠷᠭᠠᠨ ᠤ | ᠬᠠᠷᠢᠴᠨᠩᠭᠤᠢ ᠭᠦᠮᠣᠨ ᠳᠤ ᠳᠠᠩᠰᠠ ᠡᠪᠬᠡᠮᠡᠯ ᠤᠨ ᠮᠠᠲ᠋ᠧᠷᠢᠶᠠᠯ ᠢᠶᠠᠨ ᠬᠠᠩᠭᠠᠬᠤ ᠶᠢ ᠳᠡᠪᠴᠢᠭᠰᠡᠨ ᠪᠠᠶᠢᠪᠡᠯ︔ | ︵ᠨᠠᠢᠮᠨ︶ ᠲᠣᠰ ᠠᠷᠭ᠎ᠠ ᠠᠴᠠ ᠵᠦᠷᠢᠴᠡᠭᠰᠠᠨ ᠪᠤᠰᠤᠳ ᠠᠵᠢᠯᠯᠠᠭ᠎ᠠ ᠪᠠᠶᠢᠪᠠᠯ᠃ | ᠬᠤᠷᠢᠨ ᠭᠤᠷᠪᠠᠳᠣᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠨᠢ ᠳᠡᠭᠡᠷᠡᠬᠢ ᠠᠵᠢᠯᠯᠠᠭ᠎ᠠ ᠶᠢ ᠭᠡᠷᠩᠵᠢᠭᠦᠯᠵᠣ᠂ | ᠠᠷᠠᠣᠨ ᠢᠷᠬᠡᠨ᠂ ᠬᠠᠣᠯᠢ ᠶᠢᠨ ᠡᠷᠬᠡᠳᠡᠨ ᠪᠠ ᠪᠣᠰᠣᠣᠨ ᠵᠣᠬᠢᠶᠠᠨ ᠪᠠᠶᠢᠭᠤᠯᠣᠯᠳᠠ ᠶᠢᠨ ᠬᠠᠣᠯᠢ ᠶᠣᠰᠣᠨ ᠤ ᠡᠷᠭᠡ | ᠠᠰᠢᠭ ᠳᠤ ᠬᠠᠯᠳᠠᠭᠠᠣᠨ ᠬᠤᠬᠢᠷᠠᠯ ᠣᠴᠠᠷᠠᠭᠤᠯᠣᠭᠰᠠᠨ ᠪᠠᠶᠢᠪᠡᠯ᠂ ᠬᠠᠣᠯᠢ ᠶᠣᠰᠣᠭᠠᠷ ᠵᠠᠰᠠᠭ ᠵᠠᠬᠢᠷᠭᠠᠨ ᠤ | ᠲᠦᠯᠣᠪᠣᠷᠢ ᠦᠭᠭᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠳᠡᠢ᠃ ᠵᠠᠰᠠᠭ ᠵᠠᠬᠢᠷᠭᠠᠨ ᠤ ᠪᠠᠶᠢᠭᠤᠯᠭ᠎ᠠ ᠲᠦᠯᠣᠭᠦ | ᠡᠭᠦᠷᠭᠡ ᠪᠠᠨ ᠭᠦᠢᠴᠡᠣᠡᠭᠡᠭᠰᠡᠨ ᠤ ᠰᠡᠭᠦᠯᠡᠷ᠂ ᠵᠣᠷᠢᠭᠤᠳᠠ ᠪᠣᠶᠣ ᠭᠦᠨᠳᠣ ᠶᠡᠭᠡ ᠣᠰᠣᠯ ᠲᠠᠢ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠠᠵᠢᠯᠳᠠᠨ᠂ ᠨᠠᠶᠢᠳᠠᠭᠳᠠᠭᠰᠠᠨ ᠵᠣᠬᠢᠶᠠᠨ ᠪᠠᠶᠢᠭᠤᠯᠣᠯᠳᠠ ᠳᠤ ᠵᠣᠬᠢᠬᠤ ᠲᠦᠯᠣᠭᠦ ᠵᠠᠷᠣᠳᠠᠯ ᠢ | ᠡᠭᠦᠷᠭᠡᠯᠡᠭᠦᠯᠭᠦ ᠪᠠᠷ ᠵᠠᠷᠯᠢᠭᠳᠠᠬᠤ ᠬᠡᠷᠡᠭᠳᠡᠢ᠃ | ᠬᠤᠷᠢᠨ ᠲᠦᠷᠪᠡᠳᠣᠭᠡᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠡᠷᠭᠡ ᠶᠢᠨ ᠨᠠᠷᠢᠨ ᠬᠠᠭᠤᠳᠠᠰᠤ ᠠᠴᠠ ᠪᠤᠰᠤᠳ ᠵᠠᠰᠠᠭ ᠵᠠᠬᠢᠷᠭᠠᠨ ᠤ ᠡᠷᠭᠡ ᠶᠢ ᠭᠡᠷᠩᠵᠢᠭᠦᠯᠪᠡᠯ᠂ | ᠬᠢᠨᠠᠯᠳᠠ ᠳᠠᠯᠪᠢᠵᠣ ᠬᠠᠮᠢᠶᠠᠷᠬᠤ ᠪᠠᠶᠢᠭᠤᠯᠭ᠎ᠠ ᠨᠢ ᠬᠠᠣᠯᠢ ᠶᠣᠰᠣᠭᠠᠷ ᠲᠣᠰ ᠵᠠᠰᠠᠭ ᠵᠠᠬᠢᠷᠭᠠᠨ ᠤ ᠠᠵᠢᠯᠯᠠᠭ᠎ᠠ ᠶᠢ | ᠬᠠᠣᠯᠢ ᠠᠴᠠ ᠵᠦᠷᠢᠴᠡᠭᠰᠠᠨ ᠢᠶᠠᠷ ᠲᠣᠭᠳᠠᠭᠠᠬᠤ ᠶᠢᠨ ᠬᠠᠮᠳᠣ᠂ ᠵᠠᠰᠠᠭ ᠵᠠᠬᠢᠷᠭᠠᠨ ᠤ ᠪᠠᠶᠢᠭᠤᠯᠭ᠎ᠠ ᠳᠤ ᠲᠣᠰ ᠵᠠᠰᠠᠭ | ᠵᠠᠬᠢᠷᠭᠠᠨ ᠤ ᠠᠵᠢᠯᠯᠠᠭ᠎ᠠ ᠪᠠᠨ ᠭᠦᠴᠣᠨ ᠦᠭᠡᠢ ᠪᠣᠯᠭᠠᠬᠤ ᠪᠠᠷ ᠵᠠᠷᠯᠢᠭᠳᠠᠬᠤ ᠬᠡᠷᠡᠭᠳᠡᠢ︔ ᠠᠷᠠᠣᠨ ᠢᠷᠬᠡᠨ᠂ | ᠬᠠᠣᠯᠢ ᠶᠢᠨ ᠡᠷᠬᠡᠳᠡᠨ ᠪᠠ ᠪᠣᠰᠣᠣᠨ ᠵᠣᠬᠢᠶᠠᠨ ᠪᠠᠶᠢᠭᠤᠯᠣᠯᠳᠠ ᠶᠢᠨ ᠬᠠᠣᠯᠢ ᠶᠣᠰᠣᠨ ᠤ ᠡᠷᠭᠡ ᠠᠰᠢᠭ ᠲᠤ | ᠬᠠᠯᠳᠠᠵᠦ ᠬᠤᠬᠢᠷᠠᠯ ᠤᠴᠠᠷᠠᠭᠤᠯᠤᠭᠰᠠᠨ ᠪᠠᠶᠢᠪᠡᠯ᠂ ᠲᠣᠰ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠣᠯᠢ ᠶᠣᠰᠣᠭᠠᠷ | ᠲᠦᠯᠣᠭᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠳᠡᠢ᠃ ᠬᠢᠨᠠᠯᠳᠠ ᠳᠠᠯᠪᠢᠵᠣ ᠬᠠᠮᠢᠶᠠᠷᠬᠤ ᠪᠠᠶᠢᠭᠤᠯᠭ᠎ᠠ ᠠᠴᠠ ᠡᠮᠣᠨᠠᠬᠢ | ᠵᠦᠢᠯ ᠤᠨ ᠪᠠᠶᠢᠳᠠᠯ ᠲᠠᠢ ᠵᠠᠰᠠᠭ ᠵᠠᠬᠢᠷᠭᠠᠨ ᠤ ᠪᠠᠶᠢᠭᠤᠯᠭ᠎ᠠ ᠶᠢ ᠮᠡᠳᠡᠬᠡᠯᠡᠨ ᠰᠢᠭᠦᠮᠵᠢᠯᠡᠵᠣ᠂ ᠰᠢᠭᠤᠣᠨ | ᠬᠠᠷᠢᠭᠤᠴᠠᠯᠭ᠎ᠠ ᠲᠠᠢ ᠭᠤᠣᠯᠴᠢᠯᠠᠨ ᠬᠠᠮᠢᠶᠠᠷᠬᠤ ᠬᠦᠮᠦᠨ ᠪᠣᠯᠣᠨ ᠪᠣᠰᠣᠣᠨ ᠰᠢᠭᠤᠣᠨ ᠬᠠᠷᠢᠭᠤᠴᠠᠯᠭ᠎ᠠ ᠲᠠᠢ | ᠬᠦᠮᠦᠨ ᠳᠤ ᠬᠠᠣᠯᠢ ᠶᠣᠰᠣᠭᠠᠷ ᠵᠠᠰᠠᠭ ᠵᠠᠬᠢᠷᠭᠠᠨ ᠤ ᠰᠢᠣᠡᠭᠡᠯ ᠣᠯᠭᠤᠬᠤ ᠬᠡᠷᠡᠭᠳᠡᠢ᠃ | ᠬᠤᠷᠢᠨ ᠲᠠᠪᠣᠳᠣᠭᠠᠷ ᠵᠦᠢᠯ ᠳᠤᠰ ᠠᠷᠭ᠎ᠠ ᠶᠢ 2015 ᠤᠨ ᠤ 5 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | |