ᠲᠦᠭᠰᠢᠭᠦᠷᠢ ᠮᠡᠳᠡᠭᠦᠯᠬᠦ ᠶᠡᠷᠦ ᠶᠢᠨ ᠮᠡᠳᠡᠯᠭᠡ ︵120 ᠡᠮᠴᠢᠯᠡᠭᠡᠨ ᠤ ᠲᠥᠷᠭᠡᠨ ᠠᠪᠤᠷᠠᠬᠤ ᠳ᠋ᠢᠶᠠᠩᠬᠤᠸᠠ ᠶᠢᠨ ᠬᠠᠭᠤᠳᠠᠰᠤ︶
ᠨᠡᠶᠢᠲᠡᠯᠡᠭᠰᠡᠨ ᠴᠠᠭ᠄
2015/8/25
         120 ᠪᠣᠯ ᠡᠮᠴᠢᠯᠡᠭᠡᠨ ᠤ ᠲᠥᠷᠭᠡᠨ ᠠᠪᠤᠷᠠᠬᠤ ᠲᠤᠰᠠᠯᠠᠮᠵᠢ ᠭᠤᠶᠤᠴᠢᠯᠠᠬᠤ ᠳ᠋ᠢᠶᠠᠩᠬᠤᠸᠠ ᠪᠣᠯᠤᠨ᠎ᠠ᠂ ᠳᠡᠷᠭᠡᠳᠡᠬᠢ ᠬᠥᠮᠦᠨ ᠴᠢᠨᠢ ᠭᠡᠨᠡᠳᠲᠡ ᠡᠪᠡᠳᠴᠢᠨ ᠬᠥᠳᠡᠯᠥᠭᠰᠡᠨ ᠪᠣᠶᠤ ᠰᠠᠨᠠᠭᠠᠨ ᠳᠤ ᠦᠭᠡᠢ ᠭᠡᠮᠳᠥᠪᠡᠯ ᠴᠠᠭ  ᠲᠤᠬᠠᠢ ᠳᠤᠨᠢ ᠤᠳᠠᠰᠤᠲᠠᠬᠤ ᠬᠡᠷᠡᠭᠲᠡᠢ᠃              ᠲᠦᠭᠰᠢᠭᠦᠷᠢ ᠮᠡᠳᠡᠭᠦᠯᠬᠦ ᠶᠡᠷᠦ ᠶᠢᠨ ᠮᠡᠳᠡᠯᠭᠡ              ︵1︶ ᠴᠠᠭ ᠲᠤᠬᠠᠢ ᠳᠤᠨᠢ ᠲᠦᠭᠰᠢᠭᠦᠷᠢ ᠮᠡᠳᠡᠭᠦᠯᠦᠨ᠎ᠡ᠃              ︵2︶ ᠭᠠᠵᠠᠷ ᠢᠶᠠᠨ ᠲᠣᠳᠤᠷᠬᠠᠢ ᠬᠡᠯᠡᠵᠦ ᠦᠭᠭᠦᠨ᠎ᠡ᠃              ︵3︶ ᠡᠪᠡᠳᠴᠢᠨ ᠤ ᠪᠠᠶᠢᠳᠠᠯ ᠢ ᠨᠢ ᠲᠣᠳᠣᠷᠬᠠᠢ ᠬᠡᠯᠡᠵᠦ ᠦᠭᠭᠦᠨ᠎ᠡ᠃ ᠡᠪᠡᠳᠴᠢᠲᠡᠨ ᠤ ᠨᠠᠰᠤ ᠵᠢᠯ᠂ ᠬᠦᠢᠰᠦ ᠢᠯᠭᠠᠯ᠂ ᠡᠪᠡᠳᠴᠢᠯᠡᠭᠰᠡᠨ ᠴᠠᠭ ᠬᠤᠭᠤᠴᠠᠭ᠎ᠠ ᠪᠠ ᠡᠪᠡᠳᠴᠢᠨ ᠤ ᠨᠡᠶᠢᠲᠡᠯᠢᠭ ᠢᠯᠡᠷᠡᠯ ᠵᠢᠱᠢᠶᠡᠯᠡᠪᠡᠯ  ᠴᠡᠭᠡᠵᠢ ᠡᠪᠡᠳᠬᠦ᠂ ᠤᠬᠠᠭ᠎ᠠ ᠠᠯᠳᠠᠬᠤ᠂ ᠴᠢᠰᠤ ᠪᠠᠷ ᠪᠥᠭᠡᠯᠵᠢᠬᠦ᠂ ᠪᠥᠭᠡᠯᠵᠢᠭᠡᠳ ᠵᠣᠭᠰᠤᠬᠤ ᠦᠭᠡᠢ ᠪᠠᠶᠢᠬᠤ᠂  ᠠᠮᠢᠰᠬᠤᠯ ᠴᠢᠬᠤᠯᠳᠠᠵᠦ ᠪᠠᠶᠢᠭ᠎ᠠ ᠵᠡᠷᠭᠡ ᠶᠢ ᠲᠣᠳᠤᠷᠬᠠᠢ ᠬᠡᠯᠡᠵᠦ ᠦᠭᠬᠦ ᠬᠡᠷᠡᠭᠲᠡᠢ᠃ ᠰᠠᠨᠠᠭᠠᠨ ᠳᠤ ᠦᠭᠡᠢ  ᠭᠡᠮᠲᠥᠭᠰᠡᠨ ᠪᠣᠯ ᠰᠢᠷᠠᠭᠲᠤᠭᠰᠠᠨ ᠰᠢᠯᠲᠠᠭᠠᠨ ᠢ ᠨᠢ ᠲᠣᠳᠣᠷᠬᠠᠢ ᠬᠡᠯᠡᠵᠦ ᠦᠭᠬᠦ ᠬᠡᠷᠡᠭᠲᠡᠢ᠂ ᠵᠢᠱᠢᠶᠡᠯᠡᠪᠡᠯ ᠴᠠᠬᠢᠯᠭᠠᠨ   ᠳᠤ ᠴᠤᠬᠢᠭᠳᠠᠭᠰᠠᠨ᠂ ᠤᠰᠤᠨ ᠳᠤ ᠵᠢᠪᠦᠭᠰᠡᠨ᠂ ᠭᠠᠯ ᠤᠨ ᠠᠶᠤᠯ᠂ ᠬᠤᠣᠷᠳᠠᠭᠳᠠᠭᠰᠠᠨ ᠵᠡᠷᠭᠡ ᠰᠢᠷᠠᠭᠲᠤᠭᠴᠢ ᠶᠢᠨ  ᠰᠢᠷᠬ᠎ᠠ ᠶᠢᠨ ᠪᠠᠶᠢᠳᠠᠯ ᠢ ᠲᠣᠳᠣᠷᠬᠠᠢ ᠬᠡᠯᠡᠵᠦ ᠦᠭᠭᠦᠨ᠎ᠡ᠃              ︵4︶ ᠣᠪᠣᠭ ᠨᠡᠷ᠎ᠡ ᠪᠠᠨ ᠦᠯᠡᠳᠡᠭᠡᠨ᠎ᠡ᠃              ︵5︶ ᠬᠦᠯᠢᠶᠡᠨ ᠠᠪᠴᠦ ᠵᠢᠭᠠᠨ ᠳᠠᠭᠠᠭᠤᠯᠤᠨ᠎ᠠ᠃                  ᠬᠠᠯᠠᠭᠤᠮᠰᠤᠭ ᠰᠠᠨᠠᠭᠤᠯᠤᠮᠵᠢ            ᠬᠦᠯᠢᠶᠡᠬᠦ ᠶᠢᠨ ᠵᠡᠷᠭᠡᠴᠡᠪᠡᠷ ᠢᠳᠡᠪᠬᠢᠲᠡᠢ ᠪᠠᠷ ᠠᠪᠤᠷᠠᠬᠤ ᠠᠵᠢᠯ ᠬᠢᠨ᠎ᠡ᠃ ᠭᠠᠮᠰᠢᠭ ᠪᠣᠯᠤᠭᠰᠠᠨ  ᠠᠳᠡᠯ ᠭᠠᠷᠤᠭᠰᠠᠨ ᠤ ᠳᠠᠷᠠᠭ᠎ᠠ ᠨᠡᠩ ᠢᠯᠡᠭᠦᠦ ᠭᠡᠮᠲᠥᠯ ᠪᠣᠯᠭᠠᠬᠤ ᠦᠭᠡᠢ ᠪᠠᠶᠢᠬᠤ ᠶᠢ ᠦᠨᠡᠨᠬᠦ ᠪᠠᠳᠤᠯᠠᠭᠰᠠᠨ  ᠪᠠᠶᠢᠳᠠᠯ ᠤᠨ ᠳᠣᠣᠷ᠎ᠠ᠂ ᠰᠢᠷᠠᠭᠳᠤᠭᠰᠠᠳ ᠲᠤ ᠪᠥᠲᠦᠮᠵᠢᠲᠡᠢ ᠠᠷᠭ᠎ᠠ ᠬᠡᠮᠵᠢᠶ᠎ᠡ ᠠᠪᠴᠤ᠂ ᠡᠮᠨᠡᠯᠭᠡ ᠶᠢᠨ  ᠠᠵᠢᠯᠲᠠᠳ ᠢ ᠬᠦᠷᠴᠦ ᠢᠷᠡᠲᠡᠯ᠎ᠡ ᠲᠥᠷᠭᠡᠨ ᠠᠪᠤᠷᠠᠯᠲᠠ ᠬᠢᠨ᠎ᠡ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠡᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号