ᠲᠦᠭᠰᠢᠭᠦᠷᠢ ᠮᠡᠳᠡᠭᠦᠯᠬᠦ ᠶᠡᠷᠦ ᠶᠢᠨ ᠮᠡᠳᠡᠯᠭᠡ ︵110 ᠲᠦᠭᠰᠢᠭᠦᠷᠢ ᠮᠡᠳᠡᠭᠦᠯᠬᠦ ᠳ᠋ᠢᠶᠠᠩᠬᠤᠸᠠ ᠶᠢᠨ  ᠬᠡᠰᠡᠭ︶
ᠨᠡᠶᠢᠲᠡᠯᠡᠭᠰᠡᠨ ᠴᠠᠭ᠄
2015/8/25
        ᠣᠯᠠᠨ ᠨᠡᠶᠢᠲᠡ ᠶᠢᠨ ᠠᠮᠤᠷ ᠲᠦᠪᠰᠢᠨ ᠪᠠ ᠬᠤᠪᠢ ᠬᠥᠮᠥᠨ ᠤ ᠪᠡᠶ᠎ᠡ᠂ ᠡᠳ᠋ ᠬᠥᠷᠥᠩᠭᠡ ᠶᠢᠨ ᠠᠮᠤᠷ  ᠲᠥᠪᠰᠢᠨ ᠳᠤ ᠠᠶᠤᠯᠲᠠᠢ ᠭᠡᠨᠡᠳᠲᠡ ᠶᠢᠨ ᠬᠡᠷᠡᠭ ᠭᠠᠷᠪᠠᠯ᠂ ᠴᠠᠭ ᠲᠤᠬᠠᠢ ᠳᠤᠨᠢ ᠲᠦᠭᠰᠢᠭᠦᠷᠢ ᠮᠡᠳᠡᠭᠦᠯᠬᠦ ᠪᠣᠯ  ᠨᠡᠶᠢᠭᠡᠮ ᠤᠨ ᠪᠦᠷᠢᠯᠳᠦᠬᠦᠨ ᠨᠢᠭᠡᠪᠥᠷᠢ ᠶᠢᠨ ᠭᠦᠢᠴᠡᠳᠬᠡᠪᠡᠰᠦ ᠵᠣᠬᠢᠬᠤ ᠡᠭᠦᠷᠭᠡ ᠪᠣᠯᠣᠨ᠎ᠠ᠃              ᠠᠶᠤᠯ ᠳᠤ ᠤᠴᠠᠷᠠᠪᠠᠯ 110 ᠶᠢ ᠨᠣᠮᠧᠷᠳᠠᠨ᠎ᠠ᠃ ᠲᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ  110᠂119᠂122 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠳ᠋ᠢᠶᠠᠩᠬᠤᠸᠠ ᠶᠢᠨ ︽ᠭᠤᠷᠪᠠᠨ ᠳᠠᠪᠴᠠᠩ ᠢ  ᠨᠢᠭᠡᠳᠬᠡᠬᠦ︾ ᠶᠢ ᠬᠡᠷᠡᠭᠵᠢᠭᠦᠯᠵᠦ᠂ ᠠᠮᠤᠷ ᠢ ᠬᠠᠮᠠᠭᠠᠯᠠᠬᠤ᠂ ᠡᠷᠡᠭᠦᠦ ᠶᠢᠨ ᠬᠡᠷᠡᠭ᠂ ᠭᠠᠯ ᠤᠨ ᠠᠶᠤᠯ ᠭᠠᠷᠬᠤ᠂ ᠵᠠᠮ  ᠬᠠᠷᠢᠯᠴᠠᠭᠠᠨ ᠤ ᠠᠳᠡᠯ᠂ ᠵᠢᠴᠢ ᠤᠰᠤ᠂ ᠴᠠᠬᠢᠯᠭᠠᠨ᠂ ᠬᠡᠢ᠂ ᠢᠯᠴᠢ ᠵᠡᠷᠭᠡ ᠣᠯᠠᠨ ᠨᠡᠶᠢᠲᠡ ᠶᠢᠨ ᠪᠡᠯᠡᠳᠬᠡᠮᠵᠢ ᠳᠤ  ᠬᠥᠮᠥᠨ ᠤ ᠪᠡᠶ᠎ᠡ᠂ ᠡᠳ᠋ ᠬᠥᠷᠥᠩᠭᠡ ᠶᠢᠨ ᠠᠮᠤᠷ ᠲᠥᠪᠰᠢᠨ ᠳᠤ ᠠᠶᠤᠯᠲᠠᠢ ᠬᠦᠨᠳᠦ ᠶᠡᠭᠡ ᠲᠦᠭᠰᠢᠭᠦᠷᠢᠲᠦ ᠪᠠᠶᠢᠳᠠᠯ  ᠭᠠᠷᠪᠠᠯ᠂ ᠴᠦᠮ 110 ᠶᠢ ᠨᠣᠮᠧᠷᠳᠠᠵᠤ ᠪᠣᠯᠣᠨ᠎ᠠ︔ ᠤᠰᠤᠨ ᠳᠤ ᠵᠢᠪᠬᠦ᠂ ᠠᠰᠠᠷ ᠠᠴᠠ ᠤᠨᠠᠬᠤ᠂ ᠠᠮᠢ ᠪᠠᠨ  ᠬᠤᠣᠷᠯᠠᠬᠤ᠂ ᠲᠥᠭᠡᠷᠢᠬᠦ ᠵᠢᠴᠢ ᠬᠤᠪᠢ ᠬᠥᠮᠥᠨ ᠲᠦᠭᠰᠢᠭᠦᠷᠢᠲᠦ ᠪᠠᠶᠢᠳᠠᠯ ᠳᠤ ᠣᠷᠣᠪᠠᠯ᠂ ᠪᠠᠰᠠ 110 ᠶᠢ  ᠨᠣᠮᠧᠷᠳᠠᠵᠤ ᠪᠣᠯᠣᠨ᠎ᠠ᠃ ︽110︾ ᠬᠢᠭᠡᠳ ᠡᠯ᠎ᠡ ᠡᠭᠦᠷᠭᠡ ᠴᠢᠳᠠᠪᠥᠷᠢᠲᠦ ᠰᠠᠯᠠᠭ᠎ᠠ ᠮᠥᠴᠢᠷ ᠬᠠᠮᠲᠤᠷᠠᠨ  ᠬᠦᠳᠡᠯᠥᠯᠴᠡᠬᠦ ᠲᠣᠭᠲᠠᠴᠠ ᠪᠠᠶᠢᠭᠤᠯᠵᠤ᠂ ᠡᠯ᠎ᠡ ᠵᠦᠢᠯ ᠤᠨ ᠲᠦᠭᠰᠢᠭᠦᠷᠢᠲᠦ ᠪᠠᠶᠢᠳᠠᠯ ᠳᠤ ᠴᠦᠮ ᠠᠪᠤᠷᠠᠨ  ᠲᠤᠰᠠᠯᠠᠬᠤ ᠶᠢ ᠬᠠᠩᠭᠠᠵᠤ ᠴᠢᠳᠠᠨ᠎ᠠ᠃                     ᠲᠦᠭᠰᠢᠭᠦᠷᠢ ᠮᠡᠳᠡᠭᠦᠯᠬᠦ ᠶᠡᠷᠦ ᠶᠢᠨ ᠮᠡᠳᠡᠯᠭᠡ             ︵1︶ ᠴᠠᠭ ᠲᠤᠬᠠᠢ ᠳᠤᠨᠢ ᠲᠦᠭᠰᠢᠭᠦᠷᠢ ᠮᠡᠳᠡᠭᠦᠯᠦᠨ᠎ᠡ᠃ ᠠᠶᠤᠯᠲᠠᠢ ᠪᠠᠶᠢᠳᠠᠯ ᠭᠠᠷᠪᠠᠯ ᠳᠠᠷᠤᠢ   ᠳᠤᠨᠢ ᠲᠦᠭᠰᠢᠭᠦᠷᠢ ᠮᠡᠳᠡᠭᠦᠯᠬᠦ ᠬᠡᠷᠡᠭᠲᠡᠢ᠃ ᠬᠡᠷᠪᠡ ᠪᠠᠶᠢᠳᠠᠯ ᠪᠠᠴᠢᠮ ᠲᠦᠭᠰᠢᠭᠦᠷᠢᠲᠡᠢ ᠪᠣᠯᠤᠭᠠᠳ ᠳᠠᠷᠤᠢ ᠳᠤᠨᠢ  ᠲᠦᠭᠰᠢᠭᠦᠷᠢ ᠮᠡᠳᠡᠭᠦᠯᠬᠦ ᠶᠢᠨ ᠠᠷᠭ᠎ᠠ ᠦᠭᠡᠢ ᠪᠣᠯ ᠠᠶᠤᠯ ᠠᠴᠠ ᠬᠡᠯᠲᠦᠷᠢᠭᠰᠡᠨ ᠤ ᠳᠠᠷᠠᠭ᠎ᠠ ᠪᠤᠰᠢᠭᠤ ᠲᠦᠷᠭᠡᠨ  ᠲᠦᠭᠰᠢᠭᠦᠷᠢ ᠮᠡᠳᠡᠭᠦᠯᠬᠦ ᠬᠡᠷᠡᠭᠲᠡᠢ᠃               ︵2︶ ᠬᠡᠷᠡᠭ ᠤᠨ ᠲᠠᠯᠠᠪᠠᠢ ᠶᠢ ᠬᠠᠮᠠᠭᠠᠯᠠᠨ᠎ᠠ᠃ ᠲᠦᠭᠰᠢᠭᠦᠷᠢ ᠮᠡᠳᠡᠭᠦᠯᠦᠭᠰᠡᠨ ᠤ ᠳᠠᠷᠠᠭ᠎ᠠ᠂  ᠲᠤᠬᠠᠢ ᠶᠢᠨ ᠲᠠᠯᠠᠪᠠᠢ ᠶᠢ ᠬᠠᠮᠠᠭᠠᠯᠠᠬᠤ ᠶᠢ ᠠᠩᠬᠠᠷᠴᠤ᠂ ᠴᠠᠭᠳᠠᠭ᠎ᠠ ᠶᠢᠨ ᠲᠠᠯ᠎ᠠ ᠶᠢᠨ ᠬᠢᠨ ᠤ ᠰᠦᠪᠡᠭᠴᠢ  ᠴᠤᠭᠯᠠᠭᠤᠯᠬᠤ ᠳᠤ ᠳᠦᠭᠦᠮ ᠦᠵᠡᠭᠦᠯᠬᠦ ᠬᠡᠷᠡᠭᠲᠡᠢ᠃               ︵3︶ ᠭᠠᠵᠠᠷ ᠢᠶᠠᠨ ᠲᠣᠳᠣᠷᠬᠠᠢ ᠬᠡᠯᠡᠵᠦ ᠦᠭᠭᠦᠨ᠎ᠡ᠃ ᠠᠶᠤᠯᠲᠠᠢ ᠪᠠᠶᠢᠳᠠᠯ ᠭᠠᠷᠤᠭᠰᠠᠨ ᠴᠠᠭ᠂  ᠭᠠᠵᠠᠷ ᠣᠷᠣᠨ ᠢ ᠲᠣᠳᠣᠷᠬᠠᠢ ᠬᠡᠯᠡᠵᠦ ᠦᠭᠬᠦ ᠬᠡᠷᠡᠭᠲᠡᠢ᠃ ᠬᠡᠷᠪᠡ ᠭᠠᠵᠠᠷ ᠤᠨ ᠪᠠᠶᠢᠴᠠ᠂ ᠭᠠᠵᠠᠷ ᠤᠨ ᠭᠠᠳᠠᠷᠭᠤ ᠨᠢ  ᠪᠤᠳᠤᠯᠢᠶᠠᠨᠲᠠᠢ ᠪᠣᠯ ᠡᠷᠭᠢᠨ ᠲᠣᠭᠤᠷᠢᠨ ᠤ ᠲᠡᠮᠳᠡᠭ ᠨᠢ ᠨᠡᠯᠢᠶᠡᠳ ᠢᠯᠡᠷᠬᠡᠢ ᠪᠠᠷᠢᠯᠭ᠎ᠠ᠂ ᠣᠯᠠᠨ ᠨᠡᠶᠢᠲᠡ ᠶᠢᠨ ᠮᠠᠰᠢᠨ  ᠲᠡᠷᠭᠡᠨ ᠤ ᠥᠷᠲᠡᠭᠡ᠂ ᠪᠠᠶᠢᠭᠤᠯᠭ᠎ᠠ ᠶᠢᠨ ᠨᠡᠷᠡᠶᠢᠳᠥᠯ᠂ ᠡᠭᠦᠳᠡᠨ ᠤ ᠨᠣᠮᠧᠷ ᠪᠤᠶᠤ ᠢᠯᠡᠷᠬᠡᠢ ᠭᠠᠵᠠᠷ ᠤᠨ  ᠭᠠᠳᠠᠷᠭᠤ ᠶᠢᠨ ᠣᠨᠴᠠᠯᠢᠭ ᠵᠡᠷᠭᠡ ᠶᠢ ᠮᠡᠳᠡᠭᠳᠡᠬᠦ ᠬᠡᠷᠡᠭᠲᠡᠢ᠃            ︵4︶ ᠪᠠᠴᠢᠮ ᠪᠠᠶᠢᠳᠠᠯ ᠢᠶᠠᠨ ᠲᠣᠳᠣᠷᠬᠠᠶᠢᠯᠠᠨ᠎ᠠ᠃ ᠠᠶᠤᠯ ᠲᠦᠭᠰᠢᠭᠦᠷᠢ ᠭᠠᠷᠤᠭᠰᠠᠨ ᠰᠢᠯᠲᠠᠭᠠᠨ᠂  ᠵᠢᠴᠢ ᠶᠠᠮᠠᠷ ᠲᠤᠰᠠᠯᠠᠮᠵᠢ ᠬᠡᠷᠡᠭᠴᠡᠭᠡ ᠲᠠᠢ ᠪᠠᠶᠢᠭ᠎ᠠ ᠪᠠᠨ ᠲᠣᠪᠴᠢᠬᠠᠨ ᠲᠣᠳᠣᠷᠬᠠᠶᠢᠯᠠᠬᠤ ᠬᠡᠷᠡᠭᠲᠡᠢ᠃              ︵5︶ ᠣᠪᠣᠭ ᠨᠡᠷ᠎ᠡ ᠪᠠᠷ ᠦᠯᠡᠳᠡᠭᠡᠨ᠎ᠡ᠃ ᠲᠦᠭᠰᠢᠭᠦᠷᠢ ᠮᠡᠳᠡᠭᠦᠯᠥᠭᠴᠢ ᠥᠪᠡᠷ ᠤᠨ ᠣᠪᠣᠭ ᠨᠡᠷ᠎ᠡ᠂  ᠬᠠᠷᠢᠯᠴᠠᠬᠤ ᠠᠷᠭ᠎ᠠ ᠮᠠᠶ᠋ᠢᠭ ᠢᠶᠠᠨ ᠦᠯᠡᠳᠡᠭᠡᠬᠦ ᠬᠡᠷᠡᠭᠲᠡᠢ᠃              ︵6︶ ᠬᠦᠯᠢᠶᠡᠵᠦ ᠪᠠᠶᠢᠭᠠᠳ ᠵᠢᠭᠠᠨ ᠳᠠᠭᠠᠭᠤᠯᠤᠨ᠎ᠠ᠃ ᠠᠪᠤᠷᠠᠨ ᠲᠤᠰᠠᠯᠠᠬᠤ ᠬᠦᠮᠥᠰ ᠤᠨ ᠶᠡᠭᠡ  ᠲᠥᠯᠥᠪ ᠬᠦᠷᠴᠦ ᠢᠷᠡᠬᠦ ᠴᠠᠭ ᠢ ᠣᠶᠢᠯᠠᠭᠠᠨ ᠠᠪᠴᠦ᠂ ᠣᠶᠢᠷ᠎ᠠ ᠬᠠᠪᠢ ᠶᠢᠨ ᠨᠡᠯᠢᠶᠡᠳ ᠢᠯᠡᠷᠬᠡᠢ ᠲᠡᠮᠳᠡᠭ ᠲᠠᠢ  ᠭᠠᠵᠠᠷ᠂ ᠵᠢᠱᠢᠶᠡᠯᠡᠪᠡᠯ ᠵᠠᠮ ᠤᠨ ᠠᠭᠤᠯᠵᠠᠷ ᠪᠤᠶᠤ ᠭᠤᠳᠤᠮᠵᠢ ᠶᠢᠨ ᠠᠮᠠᠰᠠᠷ ᠲᠤ ᠤᠷᠢᠳᠠᠪᠡᠷ ᠬᠦᠷᠴᠦ ᠠᠪᠤᠷᠠᠨ  ᠲᠤᠰᠠᠯᠠᠬᠤ ᠬᠦᠮᠥᠰ ᠢ ᠬᠦᠯᠢᠶᠡᠬᠦ ᠶᠢᠨ ᠬᠠᠮᠲᠤ ᠵᠢᠭᠠᠨ ᠳᠠᠭᠠᠭᠤᠯᠤᠨ᠎ᠠ᠃      ᠬᠠᠯᠠᠭᠤᠮᠰᠤᠭ ᠰᠠᠨᠠᠭᠤᠯᠭ᠎ᠠ  ᠵᠢᠵᠢᠭ ᠰᠠᠵᠢᠭ ᠶᠠᠪᠤᠳᠠᠯ ᠳᠤ ᠴᠠᠭᠳᠠᠭ᠎ᠠ ᠨᠠᠷ ᠢ ᠲᠦᠢᠪᠡᠭᠡᠬᠦ ᠦᠭᠡᠢ ᠪᠠᠶᠢᠬᠤ ᠬᠡᠷᠡᠭᠲᠡᠢ᠂ ᠴᠠᠭᠳᠠᠭ᠎ᠠ  ᠨᠠᠷ ᠢ ᠲᠦᠢᠪᠡᠭᠡᠪᠡᠯ ᠰᠢᠳᠭᠡᠨ ᠲᠣᠷᠭᠠᠨ᠎ᠠ᠃ ᠥᠪᠡᠷ ᠢᠶᠠᠨ ᠰᠢᠢᠳᠪᠦᠷᠢᠯᠡᠵᠦ ᠪᠣᠯᠬᠤ ᠠᠰᠠᠭᠤᠳᠠᠯ ᠪᠣᠯ 110 ᠶᠢ  ᠳᠤᠷ᠎ᠠ ᠮᠡᠳᠡᠨ ᠨᠣᠮᠧᠷᠳᠠᠬᠤ ᠦᠭᠡᠢ ᠪᠠᠶᠢᠬᠤ ᠬᠡᠷᠡᠭᠲᠡᠢ᠃ 110 ᠶᠢ ᠡᠷᠤᠢ ᠬᠤᠷᠤᠢ ᠦᠭᠡᠢ ᠨᠣᠮᠧᠷᠳᠠᠵᠤ᠂ ︽ 110︾ ᠤᠨ ᠬᠡᠪ ᠤᠨ ᠶᠣᠰᠤᠭᠠᠷ ᠠᠵᠢᠯᠯᠠᠬᠤ ᠶᠢ ᠰᠠᠮᠠᠭᠤᠷᠠᠭᠤᠯᠪᠠᠯ ᠰᠢᠳᠭᠡᠭᠳᠡᠨ  ᠲᠣᠷᠭᠠᠬᠳᠠᠨ᠎ᠠ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号