| ᠭᠠᠯ ᠤᠨ ᠠᠶᠤᠯ ᠭᠠᠷᠤᠭᠰᠠᠨ ᠢ ᠣᠯᠵᠤ ᠮᠡᠳᠡᠪᠡᠯ ᠲᠦᠷᠭᠡᠬᠡᠨ 119 ᠶᠢ ᠨᠣᠮᠧᠷᠳᠡᠨᠡ᠃ ᠭᠠᠯ ᠤᠨ | ᠠᠶᠤᠯ ᠠᠴᠠ ᠭᠠᠳᠠᠨ᠎ᠠ᠂ ︽119︾ ᠪᠠᠰᠠ ᠪᠤᠰᠤᠳ ᠠᠳᠡᠯ ᠤᠨ ᠭᠠᠮᠰᠢᠭ ᠤᠨ ᠠᠶᠤᠯ ᠠᠴᠠ ᠠᠪᠤᠷᠠᠵᠦ | ᠲᠤᠰᠠᠯᠠᠬᠤ ᠠᠵᠢᠯ ᠳᠤ ᠣᠷᠣᠯᠴᠠᠨ᠎ᠠ᠂ ᠵᠢᠱᠢᠶᠡᠯᠡᠪᠡᠯ ᠭᠠᠵᠠᠷ ᠬᠦᠳᠡᠯᠦᠯᠲᠡ᠂ ᠦᠶᠡᠷ ᠤᠨ ᠭᠠᠮᠰᠢᠭ᠂ ᠨᠢᠰᠬᠡᠯ ᠤᠨ | ᠠᠳᠡᠯ᠂ ᠪᠠᠷᠢᠯᠭ᠎ᠠ ᠨᠤᠷᠠᠬᠤ᠂ ᠠᠶᠤᠯ ᠲᠠᠢ ᠬᠢᠮᠢ ᠶᠢᠨ ᠡᠳ᠋ ᠭᠤᠭᠤᠵᠢᠬᠤ᠂ ᠵᠢᠴᠢ ᠣᠯᠠᠨ ᠲᠦᠮᠡᠨ ᠤ ᠠᠮᠢᠳᠤᠷᠠᠯ ᠤᠨ | ᠳᠤᠮᠳᠠ ᠲᠣᠬᠢᠶᠠᠯᠳᠤᠭᠰᠠᠨ ᠪᠤᠰᠤᠳ ᠲᠦᠭᠰᠢᠭᠦᠷᠢᠲᠦ ᠪᠠᠶᠢᠳᠠᠯ᠃ | ᠲᠦᠭᠰᠢᠭᠦᠷᠢ ᠮᠡᠳᠡᠭᠦᠯᠬᠦ ᠶᠡᠷᠦ ᠶᠢᠨ ᠮᠡᠳᠡᠯᠭᠡ | ︵1︶ ᠲᠦᠭᠰᠢᠭᠦᠷᠢ ᠶᠢ ᠴᠠᠭ ᠲᠤᠬᠠᠢ ᠳᠤᠨᠢ ᠮᠡᠳᠡᠭᠦᠯᠦᠨ᠎ᠡ᠃ | ︵2︶ ᠭᠠᠵᠠᠷ ᠢᠶᠠᠨ ᠲᠣᠳᠣᠷᠬᠠᠢ ᠬᠡᠯᠡᠵᠦ ᠦᠭᠭᠦᠨ᠎ᠡ᠃ | ︵3︶ ᠭᠠᠯ ᠲᠦᠢᠮᠡᠷ ᠤᠨ ᠰᠢᠯᠲᠠᠭᠠᠨ ᠢᠶᠠᠨ ᠲᠣᠳᠣᠷᠬᠠᠶᠢᠯᠠᠨ᠎ᠠ᠃ 119 ᠭᠠᠯ ᠲᠦᠢᠮᠡᠷ ᠤᠨ | ᠮᠡᠳᠡᠭᠡ ᠶᠢᠨ ᠳ᠋ᠢᠶᠠᠩᠬᠤᠸᠠ ᠶᠢ ᠨᠣᠮᠧᠷᠳᠠᠬᠤ ᠳᠤ ᠭᠠᠯ ᠭᠠᠷᠤᠭᠰᠠᠨ ᠰᠢᠯᠲᠠᠭᠠᠨ ᠵᠢᠱᠢᠶᠡᠯᠡᠪᠡᠯ ᠴᠠᠬᠢᠯᠭᠠᠨ | ᠬᠡᠯᠬᠢᠶ᠎ᠡ ᠠᠴᠠ ᠭᠠᠯ ᠭᠠᠷᠤᠭᠰᠠᠨ᠂ ᠨᠡᠭᠦᠷᠡᠰᠦᠨ ᠬᠡᠢ ᠠᠴᠠ ᠭᠠᠯ ᠭᠠᠷᠤᠭᠰᠠᠨ᠂ ᠴᠢᠶ᠋ᠢᠦ ᠲᠣᠰᠤᠨ ᠠᠴᠠ ᠭᠠᠯ | ᠭᠠᠷᠤᠭᠰᠠᠨ᠂ ᠡᠰᠡᠬᠦᠯ᠎ᠡ ᠪᠤᠰᠤᠳ ᠰᠢᠯᠲᠠᠭᠠᠨ ᠠᠴᠠ ᠪᠣᠯᠵᠦ ᠡᠭᠦᠰᠥᠭᠰᠡᠨ ᠭᠠᠯ ᠤᠨ ᠠᠶᠤᠯ ᠭᠡᠳᠡᠭ ᠢ ᠣᠨᠴᠠᠭᠠᠶᠢᠯᠠᠨ | ᠲᠣᠳᠣᠷᠬᠠᠶᠢᠯᠠᠵᠦ᠂ ᠭᠠᠯ ᠤᠨᠲᠠᠷᠠᠭᠠᠭᠴᠢᠳ ᠤᠨ ᠵᠣᠬᠢᠴᠠᠩᠭᠤᠢ ᠭᠠᠯ ᠤᠨᠲᠠᠷᠠᠭᠠᠬᠤ ᠲᠣᠨᠤᠭ ᠲᠥᠬᠦᠭᠡᠷᠥᠮᠵᠢ ᠪᠠ | ᠡᠳ᠋ ᠪᠠᠷᠠᠭ᠎ᠠ ᠠᠪᠴᠤ ᠶᠠᠪᠤᠬᠤ ᠳᠤ ᠳᠥᠭᠦᠮ ᠦᠵᠡᠭᠦᠯᠬᠦ ᠬᠡᠷᠡᠭᠲᠡᠢ᠃ | ︵4︶ ᠣᠪᠣᠭ ᠨᠡᠷ᠎ᠡ ᠪᠠᠨ ᠦᠯᠡᠳᠡᠭᠡᠨ᠎ᠡ᠃ | ︵5︶ ᠬᠦᠯᠢᠶᠡᠵᠦ ᠪᠠᠶᠢᠭᠠᠳ ᠵᠢᠭᠠᠨ ᠳᠠᠭᠠᠭᠤᠯᠤᠨ᠎ᠠ᠃ | |