ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2015/8/3
           ᠵᠠᠰᠠᠭ ᠤᠨ ᠣᠷᠳᠣᠨ ᠤ ᠠᠵᠢᠯ ᠤᠨ ᠢᠯᠡᠳᠬᠡᠯ                      —  2015 ᠣᠨ ᠤ 3 ᠰᠠᠷ᠎ᠠ ᠶᠢᠨ 1 ᠡᠳᠦᠷ ᠪᠠᠭᠠᠷᠢᠨ ᠵᠡᠭᠦᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ  ᠬᠤᠷᠠᠯ ᠤᠨ  ᠳᠥᠷᠪᠡᠳᠦᠭᠡᠷ  ᠤᠳᠠᠭᠠᠨ ᠤ ᠬᠤᠷᠠᠯ  ᠳᠡᠭᠡᠷ᠎ᠡ                                                                    ᠬᠤᠰᠢᠭᠤ ᠳᠠᠷᠤᠭ᠎ᠠ      ᠭᠤᠣ ᠰᠢ ᠬᠤᠸᠠᠲᠦᠯᠦᠭᠡᠯᠡᠭᠴᠢᠳ ᠡ᠄       ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠃ ᠬᠢᠨᠠᠨ ᠵᠦᠪᠯᠡᠬᠦ ᠪᠣᠯᠪᠠᠤ︕ ᠬᠤᠷᠠᠯ ᠳᠤ ᠰᠤᠯᠠ ᠣᠷᠤᠯᠴᠠᠭᠰᠠᠨ ᠤᠯᠤᠰ ᠲᠥᠷᠥ ᠶᠢᠨ ᠵᠦᠪᠯᠡᠯᠭᠡᠨ ᠤ ᠭᠡᠰᠢᠭᠦᠳ ᠪᠣᠯᠤᠨ ᠪᠣᠰᠤᠳ ᠨᠦᠬᠦᠳ ᠰᠠᠨᠠᠯ ᠢᠶᠠᠨ ᠳᠤᠷᠠᠳᠬᠤ ᠶᠢ ᠬᠦᠰᠡᠶ᠎ᠡ᠃              ᠨᠢᠭᠡ᠂ 2014 ᠣᠨ ᠤ ᠠᠵᠢᠯ ᠤᠨ ᠡᠷᠭᠢᠴᠡᠭᠦᠯᠦᠯ       2014 ᠣᠨ ᠪᠣᠯ ᠪᠢᠳᠡᠨ ᠤ ᠰᠢᠷᠭᠠᠭᠤ ᠬᠠᠳᠠᠭᠤᠵᠢᠯᠲᠠᠢ ᠲᠡᠮᠡᠴᠡᠭᠰᠡᠨ ᠨᠢᠭᠡ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠬᠤᠰᠢᠭᠤ ᠨᠠᠮ ᠤᠨ ᠬᠤᠷᠢᠶ᠎ᠠ ᠶᠢᠨ ᠴᠢᠩᠭ᠎ᠠ ᠤᠳᠤᠷᠢᠳᠤᠯᠭ᠎ᠠ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠤᠯᠤᠰ ᠲᠥᠷᠥ ᠶᠢᠨ ᠵᠦᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠬᠤᠰᠢᠭᠤ ᠵᠠᠰᠠᠭ ᠤᠨ ᠣᠷᠳᠣᠨ ᠠᠴᠠ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ᠂ ︽ᠲᠠᠪᠤᠨ ᠶᠡᠭᠡ ᠬᠦᠭᠵᠢᠯᠲᠡ ᠶᠢᠨ ᠣᠷᠤᠨ ᠲᠣᠭᠲᠠᠭᠠᠯᠲᠠ︾ ᠶᠢ ᠪᠡᠶᠡᠯᠡᠭᠦᠯᠬᠦ ᠶᠢᠨ ᠲᠣᠭᠤᠷᠢᠨ ᠳᠤ᠂ ᠠᠵᠤ ᠠᠬᠤᠢ ᠶᠢᠨ ᠤᠷᠤᠭᠤᠳᠠᠯ ᠠᠴᠠ ᠪᠣᠯᠤᠭᠰᠠᠨ ᠠᠰᠢᠭ ᠦᠭᠡᠢ ᠨᠦᠯᠥᠭᠡ ᠶᠢ ᠴᠢᠷᠮᠠᠶᠢᠨ ᠳᠠᠪᠠᠵᠤ᠂ ᠰᠢᠨ᠎ᠡ ᠪᠠᠶᠢᠳᠠᠯ ᠢ ᠠᠳᠬᠤᠨ᠂ ᠰᠢᠨ᠎ᠡ ᠣᠷᠴᠢᠨ ᠲᠣᠭᠤᠷᠢᠨ ᠳᠤ ᠵᠣᠬᠢᠴᠠᠵᠤ᠂ ᠰᠢᠨ᠎ᠡ ᠬᠦᠭᠵᠢᠯᠲᠡ ᠶᠢ ᠠᠬᠢᠭᠤᠯᠤᠨ᠂ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠰᠢᠨ᠎ᠡ ᠠᠮᠵᠢᠯᠲᠠ ᠶᠢ ᠣᠯᠵᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠦᠨᠳᠦᠰᠦᠨ ᠳᠡᠭᠡᠨ ᠬᠤᠶᠠᠷ ᠳᠠᠬᠢᠨ ᠢᠶᠠᠷ ᠨᠡᠮᠡᠭᠳᠡᠨ᠂ ᠵᠢᠯ ᠤᠨ ᠡᠬᠢᠨ ᠳᠤ ᠲᠣᠭᠲᠠᠭᠠᠭᠰᠠᠨ ᠡᠭᠦᠷᠭᠡ ᠬᠠᠷᠠᠯᠲᠠ ᠶᠢ ᠨᠡᠯᠢᠶᠡᠳ ᠰᠠᠶᠢᠨ ᠪᠡᠶᠡᠯᠡᠭᠦᠯᠦᠭᠰᠡᠨ ᠪᠠᠶᠢᠨ᠎ᠠ᠃       ︵ᠨᠢᠭᠡ︶ ᠣᠷᠣᠨ ᠪᠦᠰᠡ ᠶᠢᠨ ᠠᠵᠤ ᠠᠬᠤᠢ ᠲᠣᠭᠲᠠᠭᠤᠨ ᠢᠶᠠᠷ ᠬᠦᠭᠵᠢᠪᠡ᠃ ᠬᠤᠷᠸ᠎ᠠ ᠠᠵᠤ ᠠᠬᠤᠢ ᠶᠢᠨ ᠦᠷᠭᠦᠯᠵᠢᠯᠡᠨ ᠤᠷᠤᠭᠤᠳᠠᠬᠤ ᠴᠢᠩᠭ᠎ᠠ ᠰᠢᠯᠭᠠᠯᠲᠠ ᠳᠣᠣᠷ᠎ᠠ᠂ ᠬᠤᠰᠢᠭᠤ ᠵᠠᠰᠠᠭ ᠤᠨ ᠣᠷᠳᠣᠨ ᠠᠴᠠ  ᠳᠣᠬᠢᠷᠠᠭᠤᠯᠤᠯᠲᠠ ᠶᠢ ᠴᠢᠩᠭᠠᠳᠬᠠᠨ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠣᠷᠣᠨ ᠪᠦᠰᠡ ᠶᠢᠨ ᠠᠵᠤ ᠠᠬᠤᠢ ᠲᠣᠭᠲᠠᠭᠤᠨ ᠢᠶᠠᠷ ᠥᠰᠦᠭᠰᠡᠨ ᠰᠠᠶᠢᠨ ᠰᠠᠶᠢᠬᠠᠨ ᠪᠠᠶᠢᠳᠠᠯ ᠢᠶᠠᠨ ᠦᠷᠭᠦᠯᠵᠢᠯᠡᠭᠦᠯᠪᠡ᠃ ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 118.8 ᠳ᠋ᠦᠩᠰᠢᠭᠤᠷ ᠲᠦᠭᠦᠷᠢᠭ ᠪᠡᠶᠡᠯᠡᠭᠦᠯᠵᠦ᠂ 8.9% ᠪᠠᠷ ᠨᠡᠮᠡᠭᠳᠡᠪᠡ︔ ᠣᠷᠣᠨ ᠨᠤᠲᠤᠭ ᠤᠨ ᠡᠳ᠋ ᠤᠨ ᠵᠠᠰᠠᠭ ᠤᠨ ᠣᠷᠣᠯᠭ᠎ᠠ ᠶᠢ 8.09 ᠳ᠋ᠦᠩᠰᠢᠭᠤᠷ ᠲᠦᠭᠦᠷᠢᠭ ᠪᠡᠶᠡᠯᠡᠭᠦᠯᠵᠦ᠂ 10.1% ᠪᠠᠷ ᠨᠡᠮᠡᠭᠳᠡᠪᠡ᠃ ᠠᠵᠤ ᠦᠢᠯᠡᠳᠪᠦᠷᠢ ᠶᠢᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠦᠷᠭᠦᠯᠵᠢᠯᠡᠨ ᠨᠡᠮᠡᠭᠳᠡᠵᠦ᠂ ᠬᠡᠪᠴᠢᠶᠡᠵᠢᠭᠰᠡᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠥᠷᠲᠡᠭ ᠢ 191 ᠳ᠋ᠦᠩᠰᠢᠭᠤᠷ ᠲᠦᠭᠦᠷᠢᠭ ᠪᠡᠶᠡᠯᠡᠭᠦᠯᠦᠨ᠂ ᠠᠵᠤ ᠦᠢᠯᠡᠳᠪᠦᠷᠢᠯᠡᠯ ᠤᠨ ᠨᠡᠮᠡᠭᠳᠡᠯ ᠥᠷᠲᠡᠭ ᠨᠢ 13.8% ᠪᠠᠷ ᠨᠡᠮᠡᠭᠳᠡᠵᠦ᠂ ᠡᠳ᠋ ᠤᠨ ᠵᠠᠰᠠᠭ ᠲᠤ ᠦᠵᠡᠭᠦᠯᠦᠭᠰᠡᠨ ᠦᠢᠯᠡᠳᠦᠯ ᠤᠨ ᠨᠣᠷᠮ᠎ᠠ ᠨᠢ 50.8% ᠳᠤ ᠬᠦᠷᠪᠡ᠃ ᠥᠪᠥᠷ ᠮᠣᠩᠭᠤᠯ ᠤᠨ ᠵᠡᠭᠦᠨ ᠬᠡᠰᠡᠭ ᠤᠨ ᠥᠩᠭᠡᠲᠦ ᠲᠡᠮᠦᠷᠯᠢᠭ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠠᠩᠬ᠎ᠠ ᠠᠯᠬᠤᠮ ᠪᠦᠷᠢᠯᠳᠦᠵᠦ᠂ 4000 ᠲᠦᠮᠡᠨ ᠳᠤᠨ ᠤ ᠠᠭᠤᠷᠬᠠᠢ ᠶᠢᠨ ᠴᠢᠯᠠᠭᠤᠨ ᠤ ᠬᠠᠳᠠᠭᠠᠯᠠᠭᠳᠠᠴᠠ ᠶᠢ ᠰᠢᠨ᠎ᠡ ᠪᠠᠷ ᠨᠡᠮᠡᠭᠳᠡᠭᠦᠯᠦᠨ᠂ ᠡᠳᠦᠷ ᠪᠦᠷᠢ ᠶᠢᠨ ᠬᠦᠳᠡᠷ ᠰᠢᠯᠢᠨ ᠰᠤᠩᠭᠤᠬᠤ ᠴᠢᠳᠠᠪᠦᠷᠢ ᠨᠢ 2 ᠲᠦᠮᠡᠨ ᠳᠤᠨ ᠢ ᠳᠠᠪᠠᠵᠤ᠂ ᠵᠢᠯ ᠤᠨ ᠬᠠᠶᠢᠯᠤᠭᠤᠯᠤᠨ ᠪᠣᠯᠪᠠᠰᠤᠷᠠᠭᠤᠯᠬᠤ ᠴᠢᠳᠠᠪᠦᠷᠢ ᠨᠢ 20 ᠲᠦᠮᠡᠨ ᠲᠤᠨ ᠬᠦᠷᠪᠡ᠃ 2.6 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠵᠤ᠂ ᠠᠵᠤ ᠦᠢᠯᠡᠳᠪᠦᠷᠢ ᠶᠢᠨ ᠲᠣᠭᠤᠷᠢᠭ ᠤᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ 6 ᠶᠢ ᠪᠡᠶᠡᠯᠡᠭᠦᠯᠦᠨ᠂  3 ᠠᠵᠤ ᠠᠬᠤᠶᠢᠯᠠᠯ  ᠰᠠᠭᠤᠷᠢᠰᠢᠵᠤ᠂ ᠠᠵᠤ ᠦᠢᠯᠡᠳᠪᠦᠷᠢ ᠶᠢᠨ ᠲᠣᠭᠤᠷᠢᠭ ᠤᠨ 104.2 ᠳ᠋ᠦᠩᠰᠢᠭᠤᠷ ᠲᠦᠭᠦᠷᠢᠭ ᠤᠨ ᠦᠢᠯᠡᠳᠪᠦᠷᠢᠯᠡᠯ ᠤᠨ ᠥᠷᠲᠡᠭ  ᠢ ᠪᠡᠶᠡᠯᠡᠭᠦᠯᠦᠨ᠂ 34.5% ᠪᠠᠷ ᠨᠡᠮᠡᠭᠳᠡᠪᠡ᠃ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠦᠷᠢ ᠲᠠᠰᠤᠷᠠᠯᠲᠠ ᠦᠭᠡᠢ ᠳᠡᠭᠡᠭᠰᠢᠯᠡᠵᠦ᠂ 8.9 ᠳ᠋ᠦᠩᠰᠢᠭᠤᠷ ᠵᠢᠩ ᠠᠮᠤ ᠪᠤᠳᠠᠭ᠎ᠠ ᠬᠤᠷᠢᠶᠠᠨ᠂ ᠭᠠᠩ ᠬᠠᠭᠰᠠᠷᠠᠭᠠᠨ ᠲᠠᠢ ᠵᠢᠯ ᠢ ᠠᠵᠢᠭ ᠦᠭᠡᠢ ᠲᠤᠭᠤᠯᠵᠤ ᠭᠠᠷᠪᠠ︔ ᠡᠷᠳᠡᠨᠢ ᠰᠢᠰᠢ ᠶᠢᠨ ᠪᠦᠷᠬᠦᠪᠴᠢᠲᠦ ᠳᠤᠰᠤᠯᠭᠠᠨ ᠤᠰᠤᠯᠠᠯᠲᠠ ᠶᠢ 10 ᠲᠦᠮᠡᠨ ᠮᠤ᠋ ᠰᠢᠨ᠎ᠡ ᠪᠠᠷ ᠨᠡᠮᠡᠭᠳᠡᠭᠦᠯᠦᠨ᠂ 16.5 ᠲᠦᠮᠡᠨ ᠮᠤ᠋ ᠲᠣᠭᠲᠠᠪᠦᠷᠢᠵᠢᠭᠤᠯᠪᠠ᠃ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠬᠡᠪᠴᠢᠶ᠎ᠡ ᠲᠠᠰᠤᠷᠠᠯᠲᠠ ᠦᠭᠡᠢ ᠦᠷᠭᠡᠳᠴᠦ᠂ ᠲᠡᠵᠢᠭᠡᠨ ᠦᠷᠡᠵᠢᠭᠦᠯᠬᠦ ᠲᠣᠭᠤᠷᠢᠭ ᠪᠠ ᠲᠡᠵᠢᠭᠡᠨ ᠦᠷᠡᠵᠢᠭᠦᠯᠬᠦ ᠲᠠᠯᠠᠪᠠᠢ 11 ᠰᠢᠨ᠎ᠡ ᠪᠠᠷ  ᠪᠠᠶᠢᠭᠤᠯᠤᠨ᠂ 100 ᠲᠣᠮᠣ ᠲᠡᠵᠢᠭᠡᠨ ᠦᠷᠡᠵᠢᠭᠦᠯᠬᠦ ᠡᠷᠦᠬᠡ ᠭᠠᠷᠭᠠᠵᠤ᠂ ᠡᠷᠳᠡᠨᠢ ᠰᠢᠰᠢ ᠶᠢᠨ ᠡᠰᠢ ᠰᠦᠷᠡᠯ 5 ᠳ᠋ᠦᠩᠰᠢᠭᠤᠷ ᠵᠢᠩ ᠪᠣᠯᠪᠠᠰᠤᠷᠠᠭᠤᠯᠤᠨ ᠡᠳ᠋ᠰᠢᠭᠦᠯᠵᠦ᠂ ᠭᠡᠷ ᠤᠨ ᠲᠡᠵᠢᠭᠡᠪᠦᠷᠢ 265.8 ᠲᠦᠮᠡ ᠶᠢ ᠳᠠᠪᠠᠵᠤ᠂ 20.9% ᠪᠠᠷ ᠨᠡᠮᠡᠭᠳᠡᠪᠡ᠃ ᠱᠠᠩ ᠵᠢᠩ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠳᠡᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠵᠢᠱᠢᠶ᠎ᠡ ᠦᠵᠡᠭᠦᠯᠬᠦ ᠲᠣᠭᠤᠷᠢᠭ ᠢᠶᠠᠷ ᠦᠨᠡᠯᠡᠭᠳᠡᠪᠡ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠲᠦᠷᠭᠡᠨ ᠬᠦᠭᠵᠢᠵᠦ᠂ ᠨᠡᠶᠢᠭᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠬᠡᠮᠵᠢᠶ᠎ᠡ ᠨᠢ 35.7 ᠳ᠋ᠦᠩᠰᠢᠭᠤᠷ ᠲᠦᠭᠦᠷᠢᠭ ᠢ ᠪᠡᠶᠡᠯᠡᠭᠦᠯᠦᠨ᠂ 11.6% ᠪᠠᠷ ᠨᠡᠮᠡᠭᠳᠡᠪᠡ᠃ ᠱᠠᠩ ᠵᠢᠩ ᠪᠣᠳᠠᠰ ᠤᠨ ᠭᠦᠢᠯᠭᠡᠭᠡᠨ ᠤ ᠲᠣᠭᠤᠷᠢᠭ ᠤᠨ ᠰᠢᠨ᠎ᠡ ᠪᠠᠷ ᠨᠡᠮᠡᠭᠳᠡᠭᠰᠡᠨ ᠪᠠᠷᠢᠯᠭ᠎ᠠ ᠶᠢᠨ ᠲᠠᠯᠠᠪᠠᠢ ᠨᠢ 7.4 ᠲᠦᠮᠡᠨ ᠲᠡᠭᠰᠢ ᠳᠦᠷᠪᠡᠯᠵᠢᠨ ᠮᠧᠲᠷ ᠪᠠᠶᠢᠵᠤ᠂ 11 ᠠᠵᠤ ᠠᠬᠤᠶᠢᠯᠠᠯ ᠰᠠᠭᠤᠷᠢᠰᠢᠪᠠ᠃ ᠮᠠᠯᠵᠢᠬᠤ ᠲᠠᠷᠢᠶᠠᠯᠠᠬᠤ ᠣᠷᠣᠨ ᠤ ᠠᠷᠠᠳ ᠲᠤ ᠳᠦᠭᠦᠮ ᠦᠵᠡᠭᠦᠯᠬᠦ 34 ᠬᠡᠯᠬᠢᠶᠡᠲᠦ ᠴᠢᠯᠦᠭᠡᠲᠦ ᠳᠡᠯᠭᠡᠭᠦᠷ ᠢ ᠥᠭᠡᠷᠡᠴᠢᠯᠡᠨ ᠰᠢᠨᠡᠳᠬᠡᠵᠦ᠂  ᠪᠦᠷᠬᠦᠴᠡ ᠶᠢᠨ ᠨᠣᠷᠮ᠎ᠠ ᠨᠢ 87% ᠬᠦᠷᠪᠡ᠃ ᠬᠤᠰᠢᠭᠤᠨ ᠳᠣᠲᠤᠷᠠᠬᠢ ᠮᠦᠩᠭᠦᠨ ᠭᠦᠢᠯᠭᠡᠭᠡᠨ ᠤ ᠪᠠᠶᠢᠭᠤᠯᠤᠮᠵᠢ 36.4 ᠳ᠋ᠦᠩᠰᠢᠭᠤᠷ ᠲᠦᠭᠦᠷᠢᠭ ᠤᠨ ᠵᠢᠭᠡᠯᠡᠯᠭᠡ ᠲᠠᠯᠪᠢᠵᠤ᠂ 29.5% ᠪᠠᠷ ᠨᠡᠮᠡᠭᠳᠡᠨ᠂ ᠵᠢᠭᠡᠯᠡᠯᠭᠡ ᠶᠢᠨ ᠨᠡᠮᠡᠭᠳᠡᠯ  ᠨᠢ ᠬᠠᠳᠠᠭᠠᠯᠠᠮᠵᠢ ᠶᠢᠨ ᠨᠡᠮᠡᠭᠳᠡᠯ ᠠᠴᠠ 24.8 ᠵᠠᠭᠤᠨ ᠤ ᠬᠠᠷᠢᠴᠠᠯ ᠦᠨᠳᠦᠷ ᠪᠣᠯᠵᠠᠢ᠃ ᠵᠢᠭᠤᠯᠴᠢᠯᠠᠭᠰᠠᠳ ᠤᠨ ᠲᠤᠭ᠎ᠠ ᠪᠣᠯᠤᠨ ᠵᠢᠭᠤᠯᠴᠢᠯᠠᠯ ᠤᠨ ᠣᠷᠤᠯᠭ᠎ᠠ ᠦᠷᠭᠦᠯᠵᠢᠯᠡᠨ ᠨᠡᠮᠡᠭᠳᠡᠵᠦ᠂ ᠪᠦᠬᠦ ᠵᠢᠯ ᠳᠤ ᠨᠡᠶᠢᠲᠡ 53.3 ᠲᠦᠮᠡᠨ ᠵᠢᠭᠤᠯᠴᠢᠯᠠᠭᠰᠠᠳ ᠢ ᠬᠦᠯᠢᠶᠡᠨ ᠠᠪᠴᠤ᠂ 4.74 ᠳ᠋ᠦᠩᠰᠢᠭᠤᠷ ᠲᠦᠭᠦᠷᠢᠭ ᠤᠨ ᠣᠷᠤᠯᠭ᠎ᠠ ᠣᠯᠪᠠ᠃       ︵ᠬᠤᠶᠠᠷ︶ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠢᠯᠡᠳᠲᠡ ᠠᠮᠵᠢᠯᠲᠠ ᠣᠯᠪᠠ᠃ ᠪᠡᠯᠡ ᠣᠷᠤᠭᠤᠯᠤᠯᠲᠠ ᠶᠢ ᠦᠷᠭᠡᠳᠬᠡᠬᠦ ᠪᠠᠷ ᠠᠵᠤ ᠠᠬᠤᠢ ᠶᠢᠨ ᠨᠡᠮᠡᠭᠳᠡᠯ ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠪᠦᠬᠦ ᠵᠢᠯ ᠳᠤ 1000 ᠲᠦᠮᠡᠨ ᠲᠦᠭᠦᠷᠢᠭ ᠤᠨ ᠪᠡᠯᠡ ᠣᠷᠤᠭᠤᠯᠤᠯᠲᠠ ᠲᠠᠢ 126  ᠭᠤᠣᠯᠳᠠᠯᠭ᠎ᠠ  ᠲᠠᠢ ᠲᠥᠷᠥᠯ ᠵᠦᠢᠯ ᠢ ᠪᠡᠶᠡᠯᠡᠭᠦᠯᠦᠨ᠂ ᠰᠢᠨ᠎ᠡ ᠲᠤᠭ᠎ᠠ ᠪᠦᠷᠢᠳᠬᠡᠯ ᠢ ᠦᠨᠳᠦᠰᠦᠯᠡᠪᠡᠯ᠂ 500 ᠲᠦᠮᠡᠨ ᠲᠦᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠨᠢ 88.5 ᠳ᠋ᠦᠩᠰᠢᠭᠤᠷ ᠲᠦᠭᠦᠷᠢᠭ ᠪᠡᠶᠡᠯᠡᠭᠦᠯᠵᠦ᠂ 17.3% ᠪᠠᠷ ᠨᠡᠮᠡᠭᠳᠡᠪᠡ᠃ ᠱᠠᠨᠳᠦ᠋ᠩ ᠤᠨ ᠠᠯᠲᠠᠨ ᠤ ᠠᠭᠤᠷᠬᠠᠢ ᠶᠢᠨ 10 ᠲᠦᠮᠡᠨ ᠲᠤᠨ ᠤ ᠲᠤᠭᠤᠯᠭ᠎ᠠ ᠬᠠᠶᠢᠯᠤᠭᠤᠯᠬᠤ᠂ ᠵᠢᠢ ᠠᠨ ᠬᠢᠮᠢ ᠶᠢᠨ ᠦᠢᠯᠡᠳᠪᠦᠷᠢ ᠶᠢᠨ 2.4 ᠲᠦᠮᠡᠨ ᠲᠤᠨ ᠤ ᠴᠡᠶᠢᠳᠡᠮᠵᠢᠭᠦᠯᠦᠭᠰᠡᠨ ᠳᠠᠷᠢ ᠦᠢᠯᠡᠳᠬᠦ ᠵᠢᠴᠢ ᠬᠠᠢ ᠯᠦᠨ ᠴᠣᠬᠤᠢ ᠶᠢᠨ ᠦᠢᠯᠡᠳᠪᠦᠷᠢ ᠶᠢᠨ 1 ᠲᠦᠮᠡᠨ ᠲᠤᠨ ᠤ ᠲᠣᠰᠣᠨ ᠰᠢᠷ ᠪᠡᠭᠡ ᠶᠢᠨ ᠮᠡᠷᠭᠡᠵᠢᠯ ᠢ ᠳᠡᠭᠡᠭᠰᠢᠯᠡᠭᠦᠯᠬᠦ ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠤᠭᠤᠯᠤᠨ᠂ ᠵᠧ ᠱᠧᠩ ᠠᠭᠤᠷᠬᠠᠢ ᠶᠢᠨ 4000 ᠲᠤᠨ ᠤ ᠬᠦᠳᠡᠷ ᠰᠢᠯᠢᠵᠦ ᠥᠷᠭᠡᠳᠬᠡᠨ ᠪᠠᠶᠢᠭᠤᠯᠬᠤ᠂ ᠳᠤᠮᠳᠠᠳᠤ ᠶᠢᠨ ᠲᠡᠮᠦᠷᠯᠢᠭ ᠤᠨ ᠯᠢᠩ ᠨᠠᠨ 30 ᠲᠦᠮᠡᠨ ᠲᠤᠨ ᠤ ᠲᠤᠭᠤᠯᠭ᠎ᠠ ᠴᠠᠶᠢᠷ ᠬᠠᠶᠢᠯᠤᠭᠤᠯᠬᠤ ᠵᠡᠷᠭᠡ ᠲᠥᠷᠥᠯ ᠵᠦᠢᠯ ᠢ ᠡᠬᠢᠯᠡᠭᠦᠯᠵᠦ᠂ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠳᠠᠬᠢ ᠠᠵᠤ ᠦᠢᠯᠡᠳᠪᠦᠷᠢ ᠶᠢᠨ ᠪᠡᠯᠡ ᠣᠷᠤᠭᠤᠯᠤᠯᠲᠠ ᠶᠢᠨ ᠡᠵᠡᠯᠡᠬᠦ ᠬᠠᠷᠢᠴᠠᠯ ᠨᠢ 52% ᠬᠦᠷᠪᠡ᠃ ᠲᠢᠶᠠᠨ ᠭᠤᠸᠠᠨ ᠳ᠋ᠧ ᠷᠦᠨ ᠤ 10 ᠲᠦᠮᠡᠨ ᠠᠯᠠᠰᠢᠨ ᠤ ᠦᠬᠡᠷ ᠠᠯᠠᠵᠤ ᠡᠳ᠋ᠰᠢᠭᠦᠯᠬᠦ᠂ ᠲᠢᠶᠠᠨ ᠽᠧ ᠠᠮᠢᠳᠤ ᠪᠤᠳᠠᠰ ᠤᠨ 5 ᠲᠦᠮᠡᠨ ᠲᠤᠨ ᠤ ᠲᠦᠮᠦᠰᠦ ᠪᠣᠯᠪᠠᠰᠤᠷᠠᠭᠤᠯᠬᠤ ᠵᠡᠷᠭᠡ ᠲᠥᠷᠥᠯ ᠵᠦᠢᠯ ᠢ ᠠᠮᠵᠢᠯᠲᠠ ᠲᠠᠢ ᠪᠡᠶᠡᠯᠡᠭᠦᠯᠦᠨ᠂ ᠲᠢᠶᠠᠨ ᠯᠦᠩ ᠺᠤᠮᠫᠠᠨᠢ ᠶᠢᠨ ᠡᠯᠵᠢᠭᠡᠨ ᠮᠢᠬ᠎ᠠ ᠡᠳ᠋ᠰᠢᠭᠦᠯᠬᠦ᠂ ᠳ᠋ᠠ ᠯᠢᠶᠤᠤ ᠸᠠᠩ ᠹᠦ᠋ ᠶᠢᠨ 6 ᠲᠦᠮᠡᠨ ᠲᠤᠨ ᠤ ᠠᠮᠤ ᠪᠤᠳᠠᠭ᠎ᠠ ᠪᠣᠯᠪᠠᠰᠤᠷᠠᠭᠤᠯᠬᠤ ᠵᠡᠷᠭᠡ ᠲᠥᠷᠥᠯ ᠵᠦᠢᠯ ᠢ ᠡᠬᠢᠯᠡᠨ ᠪᠠᠶᠢᠭᠤᠯᠵᠤ᠂ ᠪᠣᠷᠤᠯᠠᠭᠤᠯᠭ᠎ᠠ ᠶᠢᠨ ᠣᠷᠤᠯᠭ᠎ᠠ ᠨᠢ 500 ᠲᠦᠮᠡᠨ ᠲᠦᠭᠦᠷᠢᠭ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠢ ᠶᠢᠨ ᠲᠣᠯᠤᠭᠠᠶᠢᠯᠠᠭᠴᠢ ᠠᠵᠤ ᠠᠬᠤᠶᠢᠯᠠᠯ 45 ᠪᠣᠯᠵᠤ᠂ ᠣᠷᠤᠯᠭ᠎ᠠ ᠨᠢ 20 ᠳ᠋ᠦᠩᠰᠢᠭᠤᠷ ᠲᠦᠭᠦᠷᠢᠭ ᠢ ᠳᠠᠪᠠᠪᠠ᠃ ᠳᠡᠭᠡᠳᠦ ᠨᠡᠶᠢᠰᠯᠡᠯ ᠭᠢᠳᠠᠨ ᠰᠤᠶᠤᠯ ᠤᠨ ᠠᠵᠤ ᠦᠢᠯᠡᠰ ᠤᠨ ᠲᠤᠭᠤᠷᠢᠭ ᠤᠨ ᠠᠩᠬᠠᠳᠠᠭᠴᠢ ᠬᠤᠭᠤᠴᠠᠭᠠᠨ ᠤ ᠪᠠᠷᠢᠯᠭ᠎ᠠ ᠳᠤ 12.9 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠵᠤ᠂ ᠴᠧᠨ ᠶᠠᠩ ᠠᠷᠠᠯᠵᠢᠶ᠎ᠠ ᠬᠤᠳᠠᠯᠳᠤᠭᠠᠨ ᠤ ᠶᠡᠷᠦᠩᠬᠡᠢ ᠴᠣᠭᠴᠠ᠂ ᠪᠠᠩᠬᠢ ᠶᠢᠨ ᠬᠤᠯᠪᠤᠭᠠᠨ ᠤ ᠠᠷᠠᠯᠵᠢᠶ᠎ᠠ ᠬᠤᠳᠠᠯᠳᠤᠭᠠᠨ ᠤ ᠪᠤᠳᠠᠰ ᠤᠨ ᠭᠦᠢᠯᠭᠡᠭᠡᠨ ᠤ ᠲᠥᠪ᠂ ᠱᠠᠩ ᠵᠢᠩ ᠠᠷᠠᠯᠵᠢᠶ᠎ᠠ ᠬᠤᠳᠠᠯᠳᠤᠭᠠᠨ ᠤ ᠲᠠᠯᠠᠪᠠᠢ ᠵᠢᠴᠢ ᠪᠢᠯᠡᠭᠦᠲᠠᠢ ᠶᠢᠨ ᠹᠧᠩ ᠷᠦᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠢ ᠡᠷᠴᠢᠮᠲᠠᠢ ᠠᠬᠢᠭᠤᠯᠵᠤ᠂ ᠨᠢᠭᠡ ᠪᠦᠯᠦᠭ ᠠᠵᠤ ᠠᠬᠤᠶᠢᠯᠠᠯ ᠨᠢ ᠨᠢᠭᠡᠨᠲᠡ ᠡᠵᠡᠩᠨᠡᠯᠲᠡ ᠪᠠᠨ ᠡᠬᠢᠯᠡᠭᠦᠯᠵᠡᠢ᠃ 303 ᠤᠯᠤᠰ ᠤᠨ ᠵᠠᠮ ᠤᠨ ᠯᠢᠨᠳᠦ᠋ᠩ ᠠᠴᠠ ᠹᠧᠩ ᠬᠤᠸᠠᠩ ᠱᠠᠨ ᠠᠭᠤᠯᠠᠨ ᠤ ᠠᠵᠤ ᠦᠢᠯᠡᠳᠪᠦᠷᠢ ᠶᠢᠨ ᠲᠣᠭᠤᠷᠢᠭ ᠬᠦᠷᠬᠦ ᠬᠡᠰᠡᠭ ᠤᠨ ᠵᠠᠰᠠᠮᠠᠯ ᠵᠠᠮ ᠢ ᠳᠡᠪᠢᠰᠴᠦ᠂ ᠲᠤᠰᠬᠤᠨ ᠳᠤ ᠨᠡᠪᠲᠡᠷᠡᠬᠦ ᠱᠦᠢᠨᠢ ᠵᠠᠮ 11 ᠵᠣᠷᠪᠤᠰ 128.8 ᠺᠢᠯᠦᠮᠧᠲᠷ ᠳᠡᠪᠢᠰᠴᠦ᠂ ᠵᠡᠭᠡᠯᠢ ᠭᠤᠳᠤᠮᠵᠢ 102 ᠺᠢᠯᠤᠮᠧᠲᠷ ᠬᠠᠲᠠᠭᠤᠵᠢᠭᠤᠯᠤᠨ᠂ ᠠᠵᠤ ᠦᠢᠯᠡᠳᠪᠦᠷᠢ ᠶᠢᠨ ᠲᠣᠭᠤᠷᠢᠭ᠂ ᠪᠤᠳᠠᠰ ᠤᠨ ᠭᠦᠢᠯᠭᠡᠭᠡᠨ ᠤ ᠲᠣᠭᠤᠷᠢᠭ ᠲᠠᠬᠢ ᠵᠠᠮ ᠱᠤᠭᠤᠮ᠂ ᠤᠰᠤᠨ ᠤ ᠬᠠᠩᠭᠠᠯᠲᠠ᠂ ᠴᠠᠬᠢᠯᠭᠠᠨ ᠬᠠᠩᠭᠠᠯᠲᠠ ᠵᠢᠴᠢ ᠴᠢᠮᠡᠭᠡ ᠨᠡᠪᠲᠡᠷᠡᠯᠭᠡ ᠵᠡᠷᠭᠡ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ︽ᠲᠠᠪᠤ ᠨᠡᠪᠲᠡᠷᠡᠵᠦ ᠨᠢᠭᠡ ᠲᠡᠭᠰᠢᠯᠡᠬᠦ︾ ᠶᠢ ᠦᠨᠳᠦᠰᠦᠨ ᠳᠡᠭᠡᠨ ᠪᠡᠶᠡᠯᠡᠭᠦᠯᠪᠡ᠃ ᠱᠢᠨᠠ ᠤᠰᠤᠨ ᠴᠦᠭᠦᠷᠦᠮ ᠤᠨ ᠬᠤᠶᠠᠳᠤᠭᠠᠷ ᠬᠤᠭᠤᠴᠠᠭᠠᠨ ᠤ ᠠᠶᠤᠯ ᠢ ᠰᠡᠷᠭᠡᠶᠢᠯᠡᠵᠦ ᠪᠠᠬᠢᠵᠢᠭᠦᠯᠬᠦ ᠪᠡᠯᠡ ᠣᠷᠤᠭᠤᠯᠤᠯᠲᠠ ᠶᠢᠨ ᠲᠦᠯᠦᠪᠯᠡᠭᠡ ᠨᠢ ᠤᠯᠤᠰ ᠤᠨ ᠬᠦᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ ᠤᠨ ᠵᠦᠪᠰᠢᠶᠡᠷᠡᠯ ᠢ ᠬᠦᠯᠢᠶᠡᠵᠦ᠂ ᠦᠯᠵᠡᠶᠢᠮᠦ᠋ᠷᠡᠨ ᠭᠤᠣᠯ ᠤᠨ ᠦᠶᠡᠷ ᠢ ᠰᠡᠷᠭᠡᠶᠢᠯᠡᠬᠦ ᠪᠠᠷᠢᠯᠭ᠎ᠠ ᠨᠢ ᠤᠰᠤᠨ ᠠᠰᠢᠭᠯᠠᠯᠲᠠ ᠶᠢᠨ ᠰᠠᠯᠠᠭ᠎ᠠ ᠮᠦᠴᠢᠷ ᠤᠨ ᠬᠢᠨᠠᠨ ᠪᠠᠶᠢᠴᠠᠭᠠᠯᠲᠠ ᠶᠢ ᠳᠠᠮᠵᠢᠨ᠂ ᠬᠤ᠋ ᠪᠦᠸᠧ ᠭᠸᠦ ᠤᠰᠤᠨ ᠴᠦᠭᠦᠷᠦᠮ᠂ ᠱᠠᠩ ᠵᠢᠩ ᠨᠡᠶᠢᠲᠡ ᠶᠢᠨ ᠨᠢᠰᠬᠡᠯ ᠤᠨ ᠲᠠᠯᠠᠪᠠᠢ ᠵᠡᠷᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠨᠢ ᠱᠠᠲᠤ ᠥᠶᠡᠴᠢ ᠴᠢᠨᠠᠷᠲᠠᠢ ᠠᠮᠵᠢᠯᠲᠠ ᠣᠯᠪᠠ᠃       ︵ᠭᠤᠷᠪᠠ︶ ᠬᠤᠲᠠ ᠬᠦᠳᠡᠭᠡ ᠶᠢᠨ ᠬᠦᠭᠵᠢᠯᠲᠡ ᠶᠢ ᠨᠢᠭᠡᠲᠦᠯᠵᠢᠭᠦᠯᠬᠦ ᠠᠯᠬᠤᠮ ᠢᠶᠠᠨ ᠲᠦᠷᠭᠡᠳᠬᠡᠪᠡ᠃ ᠲᠦᠯᠦᠪᠵᠢᠭᠦᠯᠭᠡ ᠶᠢᠨ ᠳᠠᠭᠠᠭᠤᠯᠬᠤ ᠦᠢᠯᠡᠳᠦᠯ ᠢ ᠢᠳᠡᠪᠬᠢᠲᠠᠢ ᠪᠠᠳᠠᠷᠠᠭᠤᠯᠵᠤ᠂ ᠬᠤᠰᠢᠭᠤᠨ ᠤ ᠬᠤᠲᠠ ᠬᠦᠳᠡᠭᠡ ᠶᠢᠨ ᠲᠦᠯᠦᠪᠵᠢᠭᠦᠯᠭᠡ ᠶᠢᠨ ᠲᠣᠪᠴᠢᠶ᠎ᠠ ᠶᠢ ᠪᠠᠶᠢᠭᠤᠯᠤᠨ᠂ ᠯᠢᠨᠳᠦ᠋ᠩ ᠬᠤᠲᠠ ᠲᠣᠭᠤᠷᠢᠭ ᠤᠨ ᠶᠡᠷᠦᠩᠬᠡᠢ ᠲᠦᠯᠦᠪᠵᠢᠭᠦᠯᠭᠡ ᠳᠣᠬᠢᠷᠠᠭᠤᠯᠤᠯᠲᠠ ᠶᠢᠨ ᠠᠵᠢᠯ ᠢ ᠡᠬᠢᠯᠡᠭᠦᠯᠵᠦ᠂ ᠬᠤᠲᠠ ᠶᠢᠨ ᠪᠠᠷᠠᠭᠤᠨ ᠲᠡᠭᠦᠷᠭᠡ ᠶᠢᠨ ᠪᠦᠲᠦᠭᠡᠨ ᠪᠠᠶᠢᠭᠤᠯᠤᠯᠲᠠ ᠶᠢᠨ ᠨᠠᠷᠢᠯᠢᠭ ᠲᠦᠯᠦᠪᠵᠢᠭᠦᠯᠭᠡ ᠶᠢ ᠲᠣᠭᠲᠠᠭᠠᠪᠠ᠃ ᠬᠤᠲᠠ ᠶᠢᠨ ᠪᠠᠷᠠᠭᠤᠨ ᠲᠡᠭᠦᠷᠭᠡ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠳᠥᠷᠪᠡᠨ ᠬᠦᠨᠳᠡᠯᠡᠨ ᠶᠢᠰᠦᠨ ᠭᠤᠯᠳᠤ︾ ᠵᠠᠮ ᠱᠤᠭᠤᠮ᠂ ᠴᠡᠴᠡᠷᠯᠢᠭ᠂ ᠠᠭᠤᠳᠠᠮ ᠲᠠᠯᠠᠪᠠᠢ ᠶᠢᠨ ᠰᠡᠭᠦᠯ ᠬᠤᠷᠢᠶᠠᠬᠤ ᠠᠵᠢᠯ ᠢ ᠳᠠᠭᠤᠰᠬᠠᠨ᠂ ᠰᠢᠨ᠎ᠡ ᠬᠤᠲᠠ ᠶᠢᠨ ᠢᠯᠴᠢ ᠴᠠᠬᠢᠯᠭᠠᠨ᠂ ᠹᠦ᠋ ᠯᠦᠩ ᠢᠯᠴᠢ ᠶᠢᠨ ᠬᠦᠴᠦᠨ ᠵᠢᠴᠢ 46 ᠲᠦᠮᠡᠨ ᠲᠡᠭᠰᠢ ᠳᠦᠷᠪᠡᠯᠵᠢᠨ ᠮᠧᠲᠷ ᠬᠤᠳᠠᠯᠳᠤᠭᠠᠨ ᠤ ᠣᠷᠣᠨ ᠰᠠᠭᠤᠴᠠ ᠶᠢ ᠠᠰᠢᠭᠯᠠᠯᠲᠠ ᠳᠤ ᠣᠷᠤᠭᠤᠯᠵᠤ᠂ ᠬᠤᠲᠠ ᠶᠢᠨ ᠪᠠᠷᠠᠭᠤᠨ ᠲᠡᠭᠦᠷᠭᠡ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠦᠨᠳᠦᠰᠦᠨ ᠳᠡᠭᠡᠨ ᠪᠡᠶᠡᠯᠡᠭᠦᠯᠪᠡ᠃ ︽ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠣᠨ︾ ᠤ ᠠᠵᠢᠯᠯᠠᠭ᠎ᠠ ᠶᠢ ᠡᠷᠴᠢᠮᠲᠠᠢ  ᠦᠷᠨᠢᠭᠦᠯᠵᠦ᠂ ᠰᠢᠷᠭ᠎ᠠ ᠵᠡᠭᠡᠯᠢ ᠶᠢᠨ ᠵᠠᠮ ᠢ ᠵᠠᠰᠠᠵᠤ ᠰᠢᠨᠡᠳᠬᠡᠬᠦ ᠠᠵᠢᠯ ᠢ  ᠳᠠᠭᠤᠰᠬᠠᠨ᠂ ᠬᠠᠭᠤᠴᠢᠨ ᠬᠤᠲᠠ ᠶᠢᠨ 1.35 ᠲᠦᠮᠡᠨ ᠮᠧᠲᠷ ᠳᠤᠯᠠᠭᠠᠯᠠᠮᠵᠢ ᠬᠠᠩᠭᠠᠬᠤ ᠬᠤᠭᠤᠯᠠᠢ ᠪᠠ 1.96 ᠲᠦᠮᠡᠨ ᠮᠧᠲᠷ ᠤᠰᠤ ᠬᠠᠩᠭᠠᠬᠤ ᠬᠤᠭᠤᠯᠠᠢ ᠶᠢ ᠵᠠᠰᠠᠨ ᠰᠢᠨᠡᠳᠬᠡᠵᠦ᠂ 37 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠲᠤ ᠠᠶᠤᠯ ᠢ ᠰᠡᠷᠭᠡᠶᠢᠯᠡᠬᠦ ᠢᠨᠵᠧᠨᠧᠷᠢᠩ ᠬᠡᠷᠡᠭᠵᠢᠭᠦᠯᠦᠨ᠂ ᠠᠷᠠᠳ ᠤᠨ ᠠᠮᠢᠳᠤᠷᠠᠯ ᠤᠨ ᠣᠷᠴᠢᠨ ᠢ ᠰᠠᠶᠢᠵᠢᠷᠠᠭᠤᠯᠪᠠ᠃ ᠠᠳᠠᠯ ᠠᠬᠤᠢ ᠶᠢᠨ ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠮᠴᠢᠲᠠᠨ ᠤ ᠺᠤᠮᠢᠰ ᠪᠠᠶᠢᠭᠤᠯᠤᠭᠰᠠᠨ ᠨᠤᠷᠮ᠎ᠠ ᠨᠢ 80% ᠶᠢ ᠳᠠᠪᠠᠪᠠ᠃ ᠥᠪᠡᠷᠲᠡᠭᠡᠨ ᠵᠠᠰᠠᠬᠤ ᠣᠷᠣᠨ ᠤ ᠬᠦᠳᠡᠭᠡ ᠲᠤᠰᠬᠤᠨ ᠤ ︽ᠠᠷᠪᠠ ᠶᠢ ᠨᠡᠶᠢᠳᠡᠮ ᠪᠦᠷᠬᠦᠭᠦᠯᠬᠦ︾ ᠢᠨᠵᠧᠨᠧᠷᠢᠩ ᠤᠨ ᠠᠰᠢᠭᠲᠠᠢ ᠳᠣᠬᠢᠶᠠᠯ ᠢ ᠴᠢᠩᠭ᠎ᠠ ᠠᠳᠬᠤᠨ᠂ 34 ᠭᠠᠴᠠᠭ᠎ᠠ ᠲᠤᠰᠬᠤᠨ ᠤ ᠠᠶᠤᠯ ᠲᠠᠢ ᠭᠡᠷ ᠪᠠᠶᠢᠰᠢᠩ ᠢ ᠵᠠᠰᠠᠨ ᠰᠢᠨᠡᠳᠬᠡᠬᠦ᠂ ᠵᠡᠭᠡᠯᠢ ᠭᠤᠳᠤᠮᠵᠢ ᠶᠢ ᠬᠠᠲᠠᠭᠤᠵᠢᠭᠤᠯᠬᠤ᠂ ᠪᠠᠷᠢᠮᠵᠢᠶᠠᠲᠤ ᠡᠷᠡᠭᠦᠯ ᠬᠠᠮᠠᠭᠠᠯᠠᠯ ᠤᠨ ᠲᠠᠰᠤᠭ ᠪᠠ ᠰᠤᠶᠤᠯ ᠤᠨ ᠬᠦᠳᠡᠯᠭᠡᠭᠡᠨ ᠤ ᠲᠠᠰᠤᠭ ᠪᠠᠶᠢᠭᠤᠯᠬᠤ ᠵᠡᠷᠭᠡ ᠰᠠᠭᠤᠷᠢ  ᠲᠦᠬᠦᠭᠡᠷᠦᠮᠵᠢ ᠶᠢ ᠭᠤᠣᠯᠳᠠᠯᠭ᠎ᠠ ᠲᠠᠢ ᠥᠭᠡᠷᠡᠴᠢᠯᠡᠵᠦ᠂ ᠬᠦᠳᠡᠭᠡ ᠲᠤᠰᠬᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠢᠯᠡᠳᠲᠡ  ᠳᠡᠭᠡᠭᠰᠢᠯᠡᠭᠦᠯᠪᠡ᠃ ᠤᠯᠠᠭᠠᠨᠳᠠᠪᠠᠭ᠎ᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠥᠪᠰᠢᠶᠡᠷᠡᠯ ᠢᠶᠠᠷ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠯᠪᠠ᠃ ᠭᠤᠣᠯᠳᠠᠯᠭᠠᠲᠤ ᠣᠷᠣᠨ ᠪᠦᠰᠡ ᠶᠢ ᠣᠶᠢᠵᠢᠭᠤᠯᠤᠨ ᠨᠣᠭᠤᠭᠠᠷᠠᠭᠤᠯᠬᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠵᠡᠷᠭᠡ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ 18.7 ᠲᠦᠮᠡᠨ ᠮᠤ᠋ ᠣᠶᠢᠵᠢᠭᠤᠯᠪᠠ᠃ ᠳᠣᠯᠤᠭᠠᠨ ᠲᠣᠭᠤᠭᠠᠲᠤ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠨᠢ ᠥᠪᠡᠷᠲᠡᠭᠡᠨ ᠵᠠᠰᠠᠬᠤ ᠣᠷᠣᠨ ᠤ ᠳᠡᠰ ᠤᠨ ᠭᠠᠵᠠᠷ ᠰᠢᠨᠵᠢᠯᠡᠭᠡᠨ ᠤ ᠴᠡᠴᠡᠷᠯᠢᠭ ᠪᠣᠯᠪᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠲᠤᠲᠠᠢ ᠠᠬᠢᠭᠤᠯᠵᠤ᠂ ᠳᠤᠮᠳᠠᠳᠤ ᠶᠢᠨ ᠥᠩᠭᠡᠲᠦ ᠲᠡᠮᠦᠷᠯᠢᠭ ᠤᠨ ᠪᠠᠶᠠᠨᠨᠢᠷᠤᠭᠤ ᠠᠭᠤᠷᠬᠠᠢ᠂ ᠢᠦᠢ ᠹᠧᠩ ᠠᠭᠤᠷᠬᠠᠢ ᠵᠡᠷᠭᠡ ᠦᠯᠡᠳᠡᠭᠳᠡᠯ ᠠᠭᠤᠷᠬᠠᠢ ᠶᠢ ᠴᠡᠭᠴᠡᠯᠡᠬᠦ ᠠᠵᠢᠯ ᠠᠮᠵᠢᠯᠲᠠ ᠲᠠᠢ ᠶᠠᠪᠤᠭᠳᠠᠵᠤ᠂ ᠠᠭᠤᠷᠬᠠᠢ ᠶᠢᠨ ᠡᠷᠭᠢᠨ ᠲᠣᠭᠤᠷᠢᠨ ᠤ ᠠᠮᠢ ᠠᠬᠤᠢ ᠢᠯᠡᠳᠲᠡ ᠰᠠᠶᠢᠵᠢᠷᠠᠪᠠ︔ ︽ᠬᠦᠷᠢᠶ᠎ᠡ ᠬᠠᠰᠢᠶ᠎ᠠ᠂ ᠵᠡᠭᠡᠯᠢ ᠭᠤᠳᠤᠮᠵᠢ ᠵᠢᠴᠢ ᠣᠯᠠᠨ ᠨᠡᠶᠢᠲᠡ ᠶᠢᠨ ᠲᠠᠯᠠᠪᠠᠢ ᠶᠢ ᠦᠭᠡᠶᠢᠰᠬᠡᠬᠦ︾ ᠪᠠᠷ ᠭᠤᠣᠯ ᠪᠣᠯᠭᠠᠭᠰᠠᠨ ᠡᠷᠡᠭᠦᠯ ᠬᠠᠮᠠᠭᠠᠯᠠᠯ ᠢ ᠰᠠᠶᠢᠵᠢᠷᠠᠭᠤᠯᠬᠤ ᠠᠵᠢᠯᠯᠠᠭ᠎ᠠ ᠶᠢ ᠦᠷᠭᠡᠨ ᠢᠶᠠᠷ ᠦᠷᠨᠢᠭᠦᠯᠵᠦ᠂ ᠬᠦᠳᠡᠭᠡ ᠲᠤᠰᠬᠤᠨ ᠤ ᠣᠷᠣᠨ ᠰᠠᠭᠤᠴᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠪᠠ᠃       ︵ᠳᠥᠷᠪᠡ︶ ᠥᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠪᠡ ᠃ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠥᠭᠡᠷᠡᠴᠢᠯᠡᠯᠲᠡ ᠶᠢᠨ ᠡᠭᠦᠷᠭᠡ ᠶᠢ ᠬᠢᠨᠠᠮᠠᠭᠠᠢ ᠪᠡᠶᠡᠯᠡᠭᠦᠯᠵᠦ᠂ ᠡᠯ᠎ᠡ ᠬᠦᠷᠢᠶ᠎ᠡ ᠬᠡᠪᠴᠢᠶᠡᠨ ᠤ ᠲᠤᠰᠬᠠᠢ ᠥᠭᠡᠷᠡᠴᠢᠯᠡᠯᠲᠡ ᠶᠢᠨ ᠲᠥᠰᠥᠪ 23 ᠵᠣᠬᠢᠶᠠᠨ᠂ ᠠᠵᠤ ᠠᠬᠤᠢ᠂ ᠰᠤᠶᠤᠯ ᠵᠢᠴᠢ ᠠᠮᠢ ᠠᠬᠤᠢ ᠶᠢᠨ ᠪᠣᠯᠪᠠᠰᠤᠨ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠡᠬᠢᠯᠡᠭᠦᠯᠵᠦ᠂ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠠᠮᠢᠵᠢᠷᠠᠯ ᠤᠨ ᠬᠦᠴᠦᠨ ᠢ ᠢᠯᠡᠳᠲᠡ ᠴᠢᠩᠭᠠᠷᠠᠭᠤᠯᠪᠠ᠃ ᠵᠠᠰᠠᠭ ᠤᠨ ᠣᠷᠳᠣᠨ ᠤ ᠴᠢᠳᠠᠪᠬᠢ ᠶᠢᠨ ᠥᠭᠡᠷᠡᠴᠢᠯᠡᠯᠲᠡ ᠪᠣᠯᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢᠨ ᠠᠵᠢᠯ ᠢ ᠡᠷᠴᠢᠮᠲᠠᠢ ᠠᠬᠢᠭᠤᠯᠵᠤ᠂ ᠢᠳᠡᠭᠡᠨ ᠤᠮᠳᠠᠭᠠᠨ ᠡᠮ ᠤᠨ ᠵᠦᠢᠯᠡᠰ ᠤᠨ ᠬᠢᠨᠠᠨ ᠬᠠᠮᠢᠶᠠᠷᠤᠯᠲᠠ᠂  ᠦᠢᠯᠡᠳᠪᠦᠷᠢ ᠬᠤᠳᠠᠯᠳᠤᠭ᠎ᠠ᠂ ᠶᠠᠰᠤ ᠴᠢᠨᠠᠷ ᠤᠨ ᠬᠢᠨᠠᠨ ᠪᠠᠶᠢᠴᠠᠭᠠᠯᠲᠠ ᠵᠡᠷᠭᠡ ᠰᠠᠯᠠᠭ᠎ᠠ ᠮᠦᠴᠢᠷ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠠᠬᠢᠭᠤᠯᠪᠠ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠶᠢᠨ  ᠡᠷᠬᠡ ᠶᠢ ᠳᠣᠷᠤᠭᠰᠢ ᠪᠠᠭᠤᠯᠭᠠᠬᠤ ᠠᠵᠢᠯ ᠢ ᠦᠷᠨᠢᠭᠦᠯᠵᠦ᠂ ᠵᠠᠰᠠᠭ ᠵᠠᠬᠢᠷᠭᠠᠨ ᠤ  ᠬᠢᠨᠠᠨ ᠵᠦᠪᠰᠢᠶᠡᠷᠡᠯᠲᠡ 32 ᠵᠦᠢᠯ ᠢ ᠦᠭᠡᠶᠢᠰᠬᠡᠭᠰᠡᠨ ᠪᠠ ᠨᠢᠭᠡᠳᠬᠡᠨ  ᠳᠣᠬᠢᠷᠠᠭᠤᠯᠵᠤ᠂ ᠨᠠᠷᠢᠯᠢᠭᠵᠢᠭᠤᠯᠤᠭᠰᠠᠨ ᠬᠠᠷᠢᠴᠠᠯ ᠨᠢ 25.4% ᠬᠦᠷᠪᠡ᠃ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠲᠤᠷᠰᠢᠯᠲᠠ ᠶᠢᠨ ᠴᠢᠭ ᠤᠨ ᠪᠦᠲᠦᠭᠡᠨ ᠪᠠᠶᠢᠭᠤᠯᠤᠯᠲᠠ ᠤᠷᠤᠭᠰᠢᠲᠠᠢ ᠶᠠᠪᠤᠭᠳᠠᠪᠠ ᠃ ᠬᠦᠳᠡᠭᠡ ᠲᠤᠰᠬᠤᠨ ᠤ ᠭᠠᠵᠠᠷ ᠰᠢᠷᠤᠢ ᠶᠢᠨ ᠡᠵᠡᠩᠨᠡᠯᠲᠡ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢᠨ  ᠬᠢᠵᠦ᠂ ᠮᠠᠨ ᠤ ᠬᠤᠰᠢᠭᠤ ᠪᠦᠬᠦ ᠣᠷᠣᠨ ᠤ ᠬᠦᠳᠡᠭᠡ ᠲᠤᠰᠬᠤᠨ ᠤ ᠭᠠᠵᠠᠷ ᠰᠢᠷᠤᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠲᠣᠳᠤᠷᠬᠠᠶᠢᠯᠠᠨ ᠳᠠᠩᠰᠠᠯᠠᠵᠤ ᠦᠨᠡᠮᠯᠡᠯ ᠣᠯᠭᠤᠬᠤ ᠲᠤᠷᠰᠢᠯᠲᠠ ᠶᠢᠨ  ᠴᠢᠭ ᠪᠠ ᠪᠦᠬᠦ ᠣᠷᠣᠨ ᠤ ᠴᠣᠷᠢ ᠶᠢᠨ ᠭᠠᠭᠴᠠ ᠬᠦᠳᠡᠭᠡ ᠲᠤᠰᠬᠤᠨ ᠤ ᠭᠠᠵᠠᠷ ᠰᠢᠷᠤᠢ ᠶᠢᠨ ᠡᠵᠡᠩᠨᠡᠯᠲᠡ ᠬᠠᠮᠢᠶᠠᠷᠤᠯᠲᠠ ᠶᠢᠨ ᠳᠦᠷᠢᠮ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠪᠣᠯᠪᠠ᠃ ᠬᠦᠳᠡᠭᠡ ᠲᠤᠰᠬᠤᠨ ᠤ ᠮᠦᠩᠭᠦᠨ ᠭᠦᠢᠯᠭᠡᠭᠡᠨ ᠤ ᠥᠭᠡᠷᠡᠴᠢᠯᠡᠯᠲᠡ ᠶᠢ ᠡᠷᠴᠢᠮᠲᠠᠢ ᠦᠷᠨᠢᠭᠦᠯᠦᠨ᠂ ᠨᠡᠶᠢᠳᠡᠮ ᠲᠤᠰᠠᠲᠠᠢ ᠮᠦᠩᠭᠦᠨ ᠭᠦᠢᠯᠭᠡᠭᠡᠨ ᠤ ᠢᠨᠵᠧᠨᠧᠷᠢᠩ ᠢ ᠲᠥᠷᠭᠡᠳᠬᠡᠨ ᠠᠬᠢᠭᠤᠯᠵᠤ᠂ ᠢᠲᠡᠭᠡᠮᠵᠢ ᠶᠢᠨ ᠬᠤᠷᠰᠢᠶ᠎ᠠ ᠶᠢᠨ ︽ᠲᠠᠷᠢᠶᠠᠯᠠᠩ ᠳᠤ ᠲᠤᠰᠠᠯᠠᠬᠤ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠭ︾ ᠨᠢ ᠪᠦᠬᠦ ᠭᠠᠴᠠᠭ᠎ᠠ ᠲᠤᠰᠬᠤᠨ ᠳᠤ ᠨᠡᠶᠢᠳᠡᠮ ᠲᠠᠷᠬᠠᠭᠠᠭᠳᠠᠪᠠ᠃ ᠳᠡᠭᠡᠳᠦ ᠳᠤᠮᠳᠠᠳᠤ ᠰᠤᠷᠭᠠᠭᠤᠯᠢ ᠶᠢᠨ ᠰᠤᠷᠭᠠᠨ ᠬᠦᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ  ᠦᠷᠨᠢᠭᠦᠯᠦᠨ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂  ᠶᠡᠭᠡ ᠰᠤᠷᠭᠠᠭᠤᠯᠢ ᠳᠤ ᠳᠠᠪᠰᠢᠬᠤ ᠪᠠ ᠳᠡᠭᠡᠳᠦ ᠳᠤᠮᠳᠠᠳᠤ ᠳᠤ ᠳᠠᠪᠰᠢᠬᠤ ᠰᠢᠯᠭᠠᠯᠲᠠ ᠶᠢᠨ ᠬᠢᠷᠢ ᠪᠦᠲᠦᠮᠵᠢ ᠨᠢ ᠪᠦᠬᠦ ᠬᠤᠲᠠ ᠳᠤ ᠲᠡᠷᠢᠭᠦᠨ ᠡᠩᠨᠡᠭᠡᠨ ᠳᠤ ᠵᠢᠭᠰᠠᠭᠠᠭᠳᠠᠪᠠ᠃ ᠪᠡᠭᠡᠵᠢᠩ ᠥᠪᠥᠷ ᠮᠣᠩᠭᠤᠯ ᠬᠤᠯᠪᠤᠭᠠᠯᠠᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠠᠵᠢᠯ ᠢ ᠪᠠᠲᠤᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠴᠢᠭ ᠪᠠᠶᠢᠭᠤᠯᠤᠨ᠂ ᠬᠤᠶᠠᠷ ᠭᠠᠵᠠᠷ ᠤᠨ ᠰᠣᠯᠢᠯᠴᠠᠭ᠎ᠠ ᠬᠠᠮᠵᠢᠯᠴᠠᠭ᠎ᠠ ᠡᠳᠦᠷ ᠢᠷᠡᠬᠦᠶ᠎ᠡ ᠣᠯᠠᠰᠢᠷᠠᠪᠠ᠃ ᠭᠠᠳᠠᠭᠠᠳᠤ ᠲᠠᠢ ᠰᠣᠯᠢᠯᠴᠠᠭ᠎ᠠ ᠬᠤᠷᠰᠢᠯᠴᠠᠭ᠎ᠠ ᠪᠠᠨ ᠴᠢᠩᠭᠠᠳᠬᠠᠵᠤ ᠂ ᠳᠤᠮᠳᠠᠳᠤ ᠤᠯᠤᠰ ᠤᠨ ᠰᠢᠶᠠᠨ ᠤ ᠠᠵᠤ ᠠᠬᠤᠢ ᠶᠢᠨ ᠬᠦᠭᠵᠢᠯᠲᠡ ᠶᠢᠨ ᠲᠥᠪ᠂ ᠪᠡᠭᠡᠵᠢᠩ ᠤᠨ ᠳ᠋ᠠ ᠰᠢᠩ ᠲᠣᠭᠤᠷᠢᠭ ᠤᠨ ᠠᠵᠤ ᠠᠬᠤᠢ ᠶᠢᠨ ᠰᠤᠷᠠᠭ ᠵᠠᠩᠭᠢ ᠶᠢᠨ ᠵᠦᠪᠯᠡᠯ ᠵᠢᠴᠢ ᠾᠧᠪᠸᠢ ᠮᠤᠵᠢ ᠶᠢᠨ ᠲᠠᠩᠱᠠᠨ ᠬᠤᠲᠠ ᠶᠢᠨ ᠵᠠᠰᠠᠭ ᠤᠨ ᠣᠷᠳᠣᠨ ᠲᠠᠢ ᠨᠠᠶᠢᠳᠠᠵᠤ ᠠᠷᠠᠯᠵᠢᠶᠠᠴᠢᠨ ᠣᠷᠢᠬᠤ ᠬᠠᠷᠢᠴᠠᠭ᠎ᠠ ᠪᠠᠶᠢᠭᠤᠯᠤᠨ᠂ 11 ᠲᠥᠷᠥᠯ ᠵᠦᠢᠯ ᠤᠨ ᠭᠡᠷ᠎ᠡ ᠲᠣᠭᠲᠠᠵᠤ᠂ 92.3 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠬᠤ ᠪᠠᠷ ᠲᠣᠭᠲᠠᠨ᠂ ᠲᠤᠭᠤᠯᠭ᠎ᠠ ᠴᠠᠶᠢᠷ ᠬᠠᠶᠢᠯᠤᠭᠤᠯᠬᠤ᠂ ᠴᠢᠯᠠᠭᠤᠨ ᠮᠠᠲ᠋ᠧᠷᠢᠶᠠᠯ ᠪᠣᠯᠪᠠᠰᠤᠷᠠᠭᠤᠯᠬᠤ ᠵᠢᠴᠢ ᠬᠢᠲᠠᠳ ᠡᠮ ᠨᠠᠶᠢᠷᠠᠭᠤᠯᠬᠤ ᠵᠡᠷᠭᠡ ᠲᠥᠷᠥᠯ ᠵᠦᠢᠯ ᠢ ᠣᠯᠵᠣ᠂ ᠨᠠᠷᠠᠨ ᠤ ᠡᠨᠧᠷᠭᠢ ᠪᠠᠷ ᠴᠠᠬᠢᠯᠭᠠᠨ ᠭᠠᠷᠭᠠᠬᠤ᠂ ᠡᠳ᠋ ᠪᠤᠳᠠᠰ ᠳᠣᠬᠢᠷᠠᠭᠤᠯᠤᠨ ᠬᠦᠷᠭᠡᠬᠦ᠂  ᠺᠢᠨᠤ᠋ ᠲᠧᠯᠸᠢᠰ ᠤᠨ ᠰᠠᠭᠤᠷᠢᠨ᠂ ᠭᠢᠯᠦᠪᠡᠷ ᠵᠤᠤ ᠶᠢᠨ ᠦᠵᠡᠮᠵᠢ ᠶᠢᠨ ᠣᠷᠣᠨ ᠢ ᠦᠷᠭᠡᠳᠬᠡᠬᠦ ᠵᠡᠷᠭᠡ ᠲᠦᠷᠥᠯ ᠵᠦᠢᠯ ᠳᠤ ᠪᠡᠯᠡ ᠣᠷᠤᠭᠤᠯᠬᠤ ᠬᠡᠯᠡᠯᠴᠡᠭᠡᠷ ᠲᠣᠭᠲᠠᠪᠠ᠃ ᠭᠠᠳᠠᠭᠠᠳᠤ ᠠᠷᠠᠯᠵᠢᠶᠠᠨ ᠤ ᠠᠵᠢᠯ ᠰᠢᠨ᠎ᠡ ᠰᠢᠪᠲᠤᠯᠤᠯᠲᠠ ᠣᠯᠵᠤ᠂ ᠵᠢᠶᠠᠨ ᠶᠤᠸᠠᠨ ᠪᠤᠭᠤ ᠶᠢᠨ ᠦᠢᠯᠡᠰ᠂ ᠳ᠋ᠦᠩ ᠰᠢᠨ ᠨᠣᠣᠰᠣ ᠨᠣᠣᠯᠤᠭᠤᠷ ᠵᠡᠷᠭᠡ ᠪᠦᠲᠦᠭᠡᠭᠳᠡᠬᠦᠨ ᠨᠢ ᠡᠯᠧᠺᠲᠷᠤᠨ ᠠᠷᠠᠯᠵᠢᠶᠠᠨ ᠤ ᠬᠡᠯᠪᠡᠷᠢ ᠪᠠᠷ ᠭᠠᠳᠠᠭᠠᠳᠤ ᠳᠤ va ᠪᠣᠷᠣᠯᠠᠭᠤᠯᠤᠭᠳᠠᠪᠠ᠃       ︵ᠲᠠᠪᠤ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠦᠷᠭᠦᠯᠵᠢᠯᠡᠨ ᠰᠠᠶᠢᠵᠢᠷᠠᠭᠤᠯᠪᠠ᠃ ᠠᠷᠠᠳ ᠤᠨ ᠠᠮᠢᠳᠤᠷᠠᠯ ᠢᠶᠠᠷ ᠦᠨᠳᠦᠰᠦ ᠪᠣᠯᠭᠠᠬᠤ ᠵᠠᠰᠠᠭ ᠪᠠᠷᠢᠬᠤ ᠦᠵᠡᠯᠲᠡ ᠶᠢ ᠪᠣᠢ ᠪᠣᠯᠭᠠᠵᠤ᠂ ᠠᠷᠠᠳ ᠤᠨ  ᠠᠮᠢᠳᠤᠷᠠᠯ ᠤᠨ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠬᠤᠲᠠ ᠬᠦᠳᠡᠭᠡ ᠶᠢᠨ ᠰᠠᠭᠤᠭᠠᠯᠢ ᠬᠦᠮᠦᠨ ᠠᠮᠠ ᠶᠢᠨ ᠬᠦᠮᠦᠨ ᠪᠦᠷᠢ ᠳᠤ ᠲᠡᠭᠰᠢᠳᠬᠡᠭᠰᠡᠨ ᠡᠵᠡᠮᠳᠡᠵᠦ ᠪᠣᠯᠬᠤ ᠣᠷᠤᠯᠭ᠎ᠠ ᠨᠢ 20655 ᠲᠦᠭᠦᠷᠢᠭ ᠪᠠ7240 ᠲᠦᠭᠦᠷᠢᠭ ᠢ ᠪᠡᠶᠡᠯᠡᠭᠦᠯᠵᠦ᠂ ᠲᠤᠰ ᠲᠤᠰ 9.7 %   ᠪᠠ 11.1% ᠪᠠᠷ ᠨᠡᠮᠡᠭᠳᠡᠪᠡ᠃ 2014 ᠣᠨ ᠤ ᠠᠷᠠᠳ ᠤᠨ ᠠᠮᠢᠳᠤᠷᠠᠯ ᠤᠨ ᠠᠵᠢᠯᠯᠠᠭᠠᠨ ᠤ ᠲᠦᠯᠦᠪᠯᠡᠭᠡ ᠶᠢ ᠭᠦᠨᠵᠡᠭᠡᠢ ᠬᠡᠷᠡᠭᠵᠢᠭᠦᠯᠵᠦ᠂ 16.2 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠨ᠂ 9 ᠶᠡᠭᠡ ᠲᠦᠷᠦᠯ 76 ᠵᠣᠷᠪᠣᠰ ᠠᠷᠠᠳ ᠤᠨ ᠠᠮᠢᠳᠤᠷᠠᠯ ᠤᠨ ᠢᠨᠵᠧᠨᠧᠷᠢᠩ ᠢ ᠨᠠᠶᠢᠳᠠᠪᠦᠷᠢᠵᠢᠭᠤᠯᠤᠨ᠂ ᠠᠷᠠᠳ ᠤᠨ ᠠᠮᠢᠳᠤᠷᠠᠯ ᠳᠠᠬᠢ ᠣᠷᠤᠭᠤᠯᠤᠯᠲᠠ ᠨᠢ ᠡᠳ᠋ ᠤᠨ ᠵᠠᠰᠠᠭ ᠤᠨ ᠵᠠᠷᠤᠯᠭ᠎ᠠ ᠶᠢᠨ 68% ᠶᠢ ᠡᠵᠡᠯᠡᠪᠡ᠃ ᠥᠩᠭᠡᠲᠦ ᠲᠡᠮᠦᠷᠯᠢᠭ ᠤᠨ ᠦᠢᠯᠡᠳᠪᠦᠷᠢᠯᠡᠯ ᠤᠨ ᠬᠦᠴᠦᠨ ᠢ ᠠᠬᠢᠭᠤᠯᠬᠤ ᠲᠥᠪ ᠪᠠᠶᠢᠭᠤᠯᠤᠨ᠂ ︽ᠬᠦᠰᠡᠯᠡᠩᠲᠦ ᠬᠠᠪᠤᠷ︾ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠦᠵᠡᠭᠦᠯᠭᠡ ᠶᠢ ᠠᠮᠵᠢᠯᠲᠠ  ᠲᠠᠢ ᠡᠷᠬᠢᠯᠡᠨ ᠶᠠᠪᠤᠭᠳᠠᠭᠤᠯᠵᠤ᠂ ᠭᠠᠵᠠᠷ ᠣᠷᠣᠨ ᠤ ᠬᠤᠭᠤᠷᠤᠨᠳᠤᠬᠢ ᠰᠢᠨᠵᠢᠯᠡᠭᠡ ᠮᠡᠷᠭᠡᠵᠢᠯ ᠤᠨ ᠰᠣᠯᠢᠯᠴᠠᠭ᠎ᠠ ᠬᠠᠮᠵᠢᠯᠴᠠᠭ᠎ᠠ ᠡᠳᠦᠷ ᠢᠷᠡᠬᠦᠶ᠎ᠡ ᠣᠯᠠᠰᠢᠷᠠᠪᠠ᠃ ᠯᠢᠨᠳᠦ᠋ᠩ ᠤᠨ ᠨᠢᠭᠡᠳᠦᠭᠡᠷ ᠳᠤᠮᠳᠠᠳᠤ ᠰᠤᠷᠭᠠᠭᠤᠯᠢ ᠵᠡᠷᠭᠡ 4 ᠰᠤᠷᠭᠠᠭᠤᠯᠢ ᠶᠢᠨ ᠪᠠᠷᠢᠯᠭ᠎ᠠ ᠶᠢᠨ  ᠠᠵᠢᠯ ᠢ ᠳᠠᠭᠤᠰᠬᠠᠵᠤ᠂ ᠪᠢᠯᠡᠭᠦᠲᠠᠢ ᠭᠤᠣᠯ ᠬᠡᠥᠬᠡᠳ ᠤᠨ ᠴᠡᠴᠡᠷᠯᠢᠭ᠂ ᠬᠡᠰᠡᠭ ᠰᠤᠷᠭᠠᠭᠤᠯᠢ ᠶᠢᠨ ᠪᠠᠭᠰᠢ ᠨᠠᠷ ᠤᠨ ᠲᠦᠷ ᠰᠠᠭᠤᠬᠤ ᠭᠡᠷ ᠵᠢᠴᠢ ᠰᠤᠷᠭᠠᠭᠤᠯᠢ ᠶᠢᠨ ᠬᠤᠭᠤᠯᠠᠨ ᠭᠡᠷ ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠤᠭᠤᠯᠪᠠ  ᠃  ᠦᠨᠳᠦᠰᠦᠨ ᠱᠠᠲᠤᠨ ᠤ 2 ᠡᠷᠡᠭᠦᠯ ᠬᠠᠮᠠᠭᠠᠯᠠᠯ ᠤᠨ ᠬᠤᠷᠢᠶ᠎ᠠ ᠶᠢ ᠦᠷᠭᠡᠳᠬᠡᠨ᠂ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠠᠵᠢᠯᠲᠠᠨ ᠤ 5 ᠲᠦᠷ ᠰᠠᠭᠤᠬᠤ ᠭᠡᠷ ᠰᠢᠨ᠎ᠡ ᠪᠠᠷ ᠪᠠᠶᠢᠭᠤᠯᠵᠤ᠂ ᠭᠠᠴᠠᠭ᠎ᠠ ᠲᠤᠰᠬᠤᠨ ᠤ 43 ᠪᠠᠷᠢᠮᠵᠢᠶᠠᠲᠤ ᠡᠷᠡᠭᠦᠯ ᠬᠠᠮᠠᠭᠠᠯᠠᠯ ᠤᠨ ᠲᠠᠰᠤᠭ ᠢ ᠵᠠᠰᠠᠨ ᠰᠢᠨᠡᠳᠬᠡᠪᠡ︔ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠳᠤ ᠣᠷᠤᠯᠴᠠᠭᠰᠠᠨ ᠨᠣᠷᠮ᠎ᠠ 96% ᠬᠦᠷᠴᠦ᠂ ᠶᠠᠳᠠᠭᠤ ᠬᠦᠴᠢᠷᠳᠡᠯᠲᠡᠢ ᠬᠦᠮᠦᠰ ᠤᠨ ᠣᠷᠤᠯᠴᠠᠭᠰᠠᠨ ᠨᠣᠷᠮ᠎ᠠ ᠨᠢ 100% ᠬᠦᠷᠴᠦ᠂ 5.9 ᠲᠦᠮᠡᠨ ᠬᠦᠮᠦᠨ ︵ᠤᠳᠠᠭ᠎ᠠ ︶ ᠳᠤ ᠠᠰᠢᠭ ᠬᠦᠷᠲᠡᠭᠡᠪᠡ︔ ᠮᠠᠨ ᠤ ᠬᠤᠰᠢᠭᠤ ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠲᠡᠷᠢᠭᠦᠨ ᠤ ᠭᠠᠵᠠᠷ ᠣᠷᠣᠨ ᠢᠶᠠᠷ ᠦᠨᠡᠯᠡᠭᠳᠡᠪᠡ᠃ ︽ᠭᠠᠭᠴᠠ ᠬᠤᠶᠠᠷ ᠬᠡᠥᠬᠡᠳ︾ ᠤᠨ ᠲᠥᠷᠥ ᠶᠢᠨ ᠪᠣᠳᠤᠯᠭ᠎ᠠ ᠶᠢ ᠬᠡᠷᠡᠭᠵᠢᠭᠦᠯᠵᠦ᠂ ᠬᠦᠮᠦᠨ ᠠᠮᠠ ᠪᠣᠯᠤᠨ ᠲᠥᠯᠥᠪᠯᠡᠭᠡᠲᠦ ᠦᠷᠡᠵᠢᠯ ᠤᠨ ᠠᠵᠢᠯ ᠢ ᠨᠢᠭᠡᠲᠦᠯᠲᠠᠢ ᠰᠠᠶᠢᠲᠤᠷ ᠬᠢᠵᠦ᠂ ᠲᠦᠷᠦᠬᠦ ᠨᠣᠷᠮ᠎ᠠ 9.26‰ ᠬᠦᠷᠴᠦ᠂ ᠲᠥᠷᠥ ᠶᠢᠨ ᠪᠣᠳᠤᠯᠭ᠎ᠠ ᠳᠤ ᠨᠡᠶᠢᠴᠡᠭᠰᠡᠨ ᠲᠦᠷᠦᠬᠦ ᠨᠣᠷᠮ᠎ᠠ 92.3% ᠬᠦᠷᠪᠡ᠃ ᠦᠢᠯᠡᠰ ᠪᠤᠰᠬᠠᠬᠤ ᠬᠡᠯᠪᠡᠷᠢ ᠶᠢᠨ ᠬᠤᠲᠠ ᠶᠢ ᠪᠦᠲᠦᠭᠡᠨ ᠪᠠᠶᠢᠭᠤᠯᠵᠤ᠂ ᠦᠢᠯᠡᠰ ᠪᠤᠰᠬᠠᠬᠤ ᠪᠣᠯᠪᠠᠰᠤᠷᠠᠯ ᠳᠤ 371 ᠬᠦᠮᠦᠨ ᠢ ᠣᠷᠤᠯᠴᠠᠭᠤᠯᠤᠨ᠂ ᠬᠤᠲᠠ ᠪᠠᠯᠭᠠᠰᠤ ᠶᠢᠨ 736 ᠬᠦᠮᠦᠨ ᠳᠤ ᠠᠵᠢᠯ ᠣᠯᠭᠤᠬᠤ ᠮᠡᠷᠭᠡᠵᠢᠯ ᠤᠨ ᠪᠣᠯᠪᠠᠰᠤᠷᠠᠯ ᠬᠦᠷᠲᠡᠭᠡᠵᠦ᠂ ᠬᠤᠲᠠ ᠪᠠᠯᠭᠠᠰᠤ ᠶᠢᠨ ᠠᠵᠢᠯ ᠠᠯᠳᠠᠭᠰᠠᠳ ᠤᠨ ᠨᠣᠷᠮ᠎ᠠ ᠶᠢ 3.74% ᠳᠤ ᠬᠢᠵᠠᠭᠠᠷᠯᠠᠪᠠ᠃ ᠨᠡᠶᠢᠭᠡᠮ ᠤᠨ ᠪᠠᠲᠤᠯᠠᠭ᠎ᠠ ᠶᠢᠨ ᠬᠢᠷᠢ ᠲᠥᠪᠰᠢᠨ ᠢ ᠢᠳᠡᠭ ᠢᠳᠡᠭ ᠢᠶᠠᠷ ᠳᠡᠭᠡᠭᠰᠢᠯᠡᠭᠦᠯᠵᠦ᠂ ᠪᠦᠬᠦ ᠵᠢᠯ ᠳᠤ ᠨᠡᠶᠢᠲᠡ 2.65 ᠳ᠋ᠦᠩᠰᠢᠭᠤᠷ ᠲᠦᠭᠦᠷᠢᠭ ᠤᠨ ᠨᠠᠰᠤᠲᠠᠨ ᠢ ᠠᠰᠠᠷᠠᠬᠤ ᠮᠦᠩᠭᠦ ᠲᠠᠷᠬᠠᠭᠠᠨ᠂ ᠨᠡᠶᠢᠭᠡᠮ ᠤᠨ ᠠᠪᠤᠷᠠᠨ ᠲᠤᠰᠠᠯᠠᠬᠤ ᠮᠦᠩᠭᠦ 1.1 ᠳ᠋ᠦᠩᠰᠢᠭᠤᠷ ᠲᠦᠭᠦᠷᠢᠭ ᠲᠠᠷᠬᠠᠭᠠᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠣᠷᠤᠯᠴᠠᠭᠰᠠᠨ ᠬᠦᠮᠦᠨ ᠤ ᠲᠤᠭ᠎ᠠ 16 ᠲᠦᠮᠡ ᠬᠦᠷᠴᠦ᠂ ᠬᠤᠲᠠ ᠪᠠᠯᠭᠠᠰᠤ ᠶᠢᠨ ᠬᠠᠮᠤᠭ ᠳᠣᠣᠷ᠎ᠠ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠨᠢ ᠬᠦᠮᠦᠨ ᠪᠦᠷᠢ ᠰᠠᠷ᠎ᠠ ᠪᠣᠯᠭᠠᠨ 15 ᠲᠦᠭᠦᠷᠢᠭ ᠨᠡᠮᠡᠭᠳᠡᠵᠦ᠂ ᠬᠦᠳᠡᠭᠡ ᠲᠤᠰᠬᠤᠨ ᠤ ᠬᠠᠮᠤᠭ ᠳᠣᠣᠷ᠎ᠠ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠨᠢ ᠬᠦᠮᠦᠨ ᠪᠦᠷᠢ ᠵᠢᠯ ᠳᠤ 150 ᠲᠦᠭᠦᠷᠢᠭ ᠨᠡᠮᠡᠭᠳᠡᠪᠡ᠃  ᠤᠶᠤᠨᠴᠢᠯᠠᠭᠰᠠᠨ ᠶᠠᠳᠠᠭᠤ ᠶᠢ ᠲᠡᠳᠬᠦᠬᠦ ᠪᠠ ᠮᠦᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠠᠵᠢᠯ ᠠᠴᠠ ᠭᠠᠷᠳᠠᠵᠤ᠂ ᠶᠠᠳᠠᠭᠤ ᠶᠢ ᠲᠡᠳᠬᠦᠬᠦ ᠪᠡᠯᠡ ᠮᠦᠩᠭᠦ 3.6 ᠳ᠋ᠦᠩᠰᠢᠭᠤᠷ ᠲᠦᠭᠦᠷᠢᠭ ᠨᠠᠶᠢᠳᠠᠪᠦᠷᠢᠵᠢᠭᠤᠯᠤᠨ᠂ 2 ᠲᠦᠮᠡᠨ ᠬᠦᠮᠦᠨ ᠢ ᠶᠠᠳᠠᠭᠤ ᠠᠴᠠ ᠠᠩᠭᠢᠵᠢᠷᠠᠭᠤᠯᠪᠠ᠃ 54 ᠰᠠᠭᠤᠷᠢ 2404 ᠲᠡᠭᠰᠢ ᠳᠥᠷᠪᠡᠯᠵᠢᠨ ᠮᠧᠲᠷ ᠤᠨ ᠬᠢᠮᠳᠠ ᠳᠦᠷᠢᠶᠡᠰᠦᠨ ᠠᠰᠠᠷ ᠪᠣᠯᠤᠨ 84 ᠰᠠᠭᠤᠷᠢ 5812 ᠲᠡᠭᠰᠢ ᠳᠥᠷᠪᠡᠯᠵᠢᠨ ᠮᠧᠲᠷ ᠨᠡᠶᠢᠲᠡ ᠶᠢᠨ ᠳᠦᠷᠢᠶᠡᠰᠦᠨ ᠠᠰᠠᠷ ᠰᠢᠨ᠎ᠡ ᠪᠠᠷ ᠪᠠᠶᠢᠭᠤᠯᠤᠨ᠂ ᠳᠣᠣᠷ᠎ᠠ ᠣᠷᠤᠯᠭ᠎ᠠ ᠲᠠᠢ ᠬᠦᠮᠦᠰ ᠤᠨ ᠣᠷᠣᠨ ᠰᠠᠭᠤᠴᠠ ᠶᠢᠨ ᠠᠰᠠᠭᠤᠳᠠᠯ ᠢ ᠵᠣᠬᠢᠬᠤ ᠬᠡᠮᠵᠢᠶ᠎ᠡ ᠪᠠᠷ ᠰᠢᠢᠳᠪᠦᠷᠢᠯᠡᠪᠡ᠃ 2571 ᠲᠦᠮᠡᠨ ᠲᠦᠭᠦᠷᠢᠭ ᠤᠨ ᠪᠡᠯᠡ ᠣᠷᠤᠭᠤᠯᠵᠤ᠂ 52 ᠰᠠᠭᠤᠷᠢ ᠤᠤᠭᠤᠬᠤ ᠤᠰᠤᠨ ᠤ ᠠᠮᠤᠷ ᠲᠥᠪᠰᠢᠨ ᠢᠨᠵᠧᠨᠧᠷᠢᠭ ᠪᠠᠶᠢᠭᠤᠯᠤᠨ᠂ 3 ᠲᠦᠮᠡᠨ ᠬᠦᠮᠦᠨ ᠠᠮᠠ ᠪᠠ 60 ᠲᠦᠮᠡᠨ ᠮᠠᠯ ᠤᠨᠤᠭ᠎ᠠ ᠶᠢᠨ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠪᠡ᠃        ︵ᠵᠢᠷᠭᠤᠭ᠎ᠠ︶ ᠨᠡᠶᠢᠭᠡᠮ ᠤᠨ ᠪᠠᠶᠢᠳᠠᠯ ᠡᠶ᠎ᠡ ᠵᠣᠬᠢᠴᠠᠯ ᠲᠠᠢ ᠲᠣᠭᠲᠠᠭᠤᠨ ᠪᠣᠯᠪᠠ᠃ ︽ᠵᠢᠷᠭᠤᠭ᠎ᠠ ᠲᠠᠪᠤ ᠶᠢᠨ ᠬᠠᠤᠯᠢ ᠲᠦᠭᠡᠮᠡᠯᠵᠢᠭᠦᠯᠬᠦ︾ ᠠᠵᠢᠯ ᠪᠣᠯᠤᠨ ︽ᠠᠮᠤᠷ ᠲᠥᠪᠰᠢᠨ ᠵᠡᠭᠦᠨ ᠬᠤᠰᠢᠭᠤ︾ ᠶᠢ ᠪᠠᠶᠢᠭᠤᠯᠬᠤ ᠠᠵᠢᠯᠯᠠᠭᠠᠨ ᠦᠷᠨᠢᠭᠦᠯᠵᠦ᠂ ᠬᠠᠤᠯᠢ ᠳᠦᠷᠢᠮᠲᠦ ᠪᠠᠭᠠᠷᠢᠨ ᠵᠡᠭᠦᠨ ᠬᠤᠰᠢᠭᠤ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠣᠯᠠᠨ ᠲᠦᠮᠡᠨ ᠤ ᠬᠠᠤᠯᠢ ᠶᠢᠨ ᠤᠬᠠᠮᠰᠠᠷ ᠢ ᠨᠡᠶᠢᠳᠡᠮ ᠳᠡᠭᠡᠭᠰᠢᠯᠡᠭᠦᠯᠪᠡ  ᠃ ᠬᠠᠤᠯᠢ ᠶᠢ ᠵᠦᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠰᠡᠷᠭᠡᠶᠢᠯᠡᠬᠦ ᠪᠠ ᠴᠣᠬᠢᠯᠲᠠ ᠦᠭᠴᠦ᠂ ᠨᠡᠶᠢᠭᠡᠮ ᠤᠨ ᠠᠮᠤᠷ ᠢ ᠬᠠᠮᠠᠭᠠᠯᠠᠬᠤ ᠶᠡᠷᠦᠩᠬᠡᠶᠢᠯᠡᠨ ᠴᠡᠭᠴᠡᠯᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠦᠷᠭᠡᠨ ᠣᠯᠠᠨ ᠲᠦᠮᠡᠨ ᠤ ᠠᠮᠤᠷᠯᠢᠩᠭᠤᠢ ᠰᠡᠳᠬᠢᠯᠭᠡ ᠪᠣᠯᠤᠨ ᠬᠠᠨᠤᠮᠵᠢᠲᠤ ᠰᠡᠳᠬᠢᠯᠭᠡ ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ︽ᠵᠠᠬᠢᠳᠠᠯ ᠰᠣᠷᠪᠤᠯᠵᠢᠯᠠᠭ᠎ᠠ ᠶᠢ ᠵᠠᠭᠤᠨ ᠡᠳᠦᠷ ᠲᠤ ᠰᠢᠪᠲᠤᠯᠬᠤ︾ ᠠᠵᠢᠯᠯᠠᠭ᠎ᠠ ᠶᠢ ᠡᠷᠴᠢᠮᠲᠠᠢ ᠠᠬᠢᠭᠤᠯᠤᠨ᠂  ᠬᠦᠴᠢᠷ ᠪᠣᠳᠤᠯᠢᠶᠠᠨᠲᠠᠢ ᠵᠠᠬᠢᠳᠠᠯ ᠰᠣᠷᠪᠤᠯᠵᠢᠯᠠᠭ᠎ᠠ ᠶᠢᠨ 67 ᠵᠦᠢᠯ ᠤᠨ ᠬᠡᠷᠡᠭ ᠢ ᠲᠥᠪᠯᠡᠷᠡᠭᠦᠯᠦᠨ ᠡᠶᠡᠳᠡᠭᠦᠯᠵᠦ᠂ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠵᠢᠭᠰᠠᠭᠠᠭᠳᠠᠪᠠ᠃ ᠬᠦᠯᠦᠰᠦᠨ ᠠᠵᠢᠯᠴᠢᠨ ᠤ ᠬᠠᠤᠯᠢ ᠶᠣᠰᠤᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ 911 ᠬᠦᠯᠦᠰᠦᠨ ᠠᠵᠢᠯᠴᠢᠨ ᠢ ᠬᠠᠪᠰᠤᠷᠤᠨ᠂ 974 ᠲᠦᠮᠡᠨ ᠲᠦᠭᠦᠷᠢᠭ ᠤᠨ ᠬᠦᠯᠦᠰᠦ ᠮᠦᠩᠭᠦ ᠶᠢ ᠣᠯᠵᠣ ᠥᠭᠪᠡ᠃ ᠬᠠᠩᠰᠢ ᠶᠢᠨ ᠡᠳᠦᠷ ᠤᠨ ᠲᠤᠰᠬᠤᠨ ᠤ ᠭᠠᠯ ᠤᠨ ᠠᠶᠤᠯ ᠪᠣᠯᠤᠨ 10·21 ᠡᠳᠦᠷ ᠤᠨ ᠬᠤᠲᠠ ᠶᠢᠨ ᠲᠦᠭᠡᠭᠡᠯ ᠤᠰᠤᠨ ᠤ ᠪᠤᠷᠤᠭᠤ ᠵᠠᠯᠭᠠᠯᠲᠠ ᠵᠡᠷᠭᠡ ᠭᠡᠨᠡᠳᠲᠡ ᠶᠢᠨ ᠬᠡᠷᠡᠭ ᠢ ᠯᠠᠪᠳᠠᠭᠤᠨ ᠰᠢᠢᠳᠪᠦᠷᠢᠯᠡᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠦᠷᠢ ᠨᠢ ᠲᠠᠰᠤᠷᠠᠯᠲᠠ ᠦᠭᠡᠢ ᠳᠡᠭᠡᠭᠰᠢᠯᠡᠪᠡ᠃ ᠰᠢᠨ᠎ᠡ ᠬᠡᠪ ᠪᠠᠶᠢᠳᠠᠯ ᠳᠣᠣᠷᠠᠬᠢ ᠦᠨᠳᠦᠰᠦᠲᠡᠨ ᠤ ᠠᠵᠢᠯ ᠤᠨ ᠵᠢᠮ᠎ᠡ ᠶᠣᠰᠣ ᠶᠢ ᠣᠨᠤᠪᠴᠢᠲᠠᠢ ᠠᠳᠬᠤᠵᠤ᠂ ᠱᠠᠰᠢᠨ ᠰᠤᠷᠲᠠᠬᠤᠨ ᠤ ᠶᠠᠪᠤᠳᠠᠯ ᠢ ᠬᠠᠤᠯᠢ ᠶᠣᠰᠤᠭᠠᠷ ᠬᠠᠮᠢᠶᠠᠷᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠲᠠᠰᠤᠷᠠᠯᠲᠠ ᠦᠭᠡᠢ ᠠᠬᠢᠭᠤᠯᠪᠠ᠃ ᠤᠯᠤᠰ ᠤᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠬᠤᠶᠠᠷ ᠢ ᠬᠦᠷᠢᠶᠡᠯᠡᠨ ᠬᠠᠮᠲᠤ ᠪᠠᠷ ᠪᠦᠲᠦᠭᠡᠨ ᠪᠠᠶᠢᠭᠤᠯᠬᠤ ᠠᠵᠢᠯ ᠢ ᠭᠦᠨᠵᠡᠭᠡᠢ ᠦᠷᠨᠢᠭᠦᠯᠵᠦ᠂ ᠴᠡᠷᠢᠭ ᠪᠣᠯᠣᠨ ᠣᠷᠣᠨ ᠨᠤᠲᠤᠭ᠂ ᠴᠡᠷᠢᠭ ᠪᠣᠯᠣᠨ ᠠᠷᠠᠳ ᠤᠨ ᠬᠠᠷᠢᠴᠠᠭ᠎ᠠ ᠶᠢ ᠨᠡᠩ ᠨᠢᠭᠲᠠᠷᠠᠭᠤᠯᠪᠠ᠃  ᠦᠢᠯᠡᠳᠪᠦᠷᠢ ᠠᠭᠤᠷᠬᠠᠢ ᠂ ᠠᠷᠠᠯᠵᠢᠶ᠎ᠠ ᠬᠤᠳᠠᠯᠳᠤᠭ᠎ᠠ᠂ ᠢᠳᠡᠭᠡᠨ ᠤᠮᠳᠠᠭᠠᠨ ᠡᠮ ᠤᠨ ᠵᠦᠢᠯᠡᠰ᠂ ᠵᠠᠮ ᠬᠠᠷᠢᠯᠴᠠᠭ᠎ᠠ ᠵᠡᠷᠭᠡ ᠬᠦᠷᠢᠶ᠎ᠡ  ᠴᠠᠷ᠎ᠠ ᠶᠢᠨ ᠲᠤᠰᠬᠠᠢ ᠴᠡᠭᠴᠡᠯᠡᠯᠲᠡ ᠶᠢᠨ ᠠᠵᠢᠯ ᠢ ᠴᠢᠩᠭᠠᠳᠬᠠᠵᠤ᠂ ᠠᠶᠤᠯ ᠦᠭᠡᠢ ᠦᠢᠯᠡᠳᠪᠦᠷᠢᠯᠡᠯ ᠤᠨ ᠡᠯ᠎ᠡ ᠵᠦᠢᠯ ᠤᠨ ᠭᠦᠢᠴᠡᠳᠬᠡᠯ ᠲᠤᠭ᠎ᠠ ᠨᠢ ᠲᠣᠭᠲᠠᠭᠤᠨ ᠤ ᠳᠤᠮᠳᠠ ᠪᠠᠭᠤᠷᠠᠬᠤ ᠬᠠᠨᠳᠤᠰᠢ ᠲᠠᠢ ᠪᠣᠯᠵᠤ᠂ ᠪᠦᠬᠦ ᠵᠢᠯ ᠳᠤ ᠣᠨᠴᠠ ᠶᠡᠭᠡ ᠠᠮᠤᠷ ᠲᠦᠪᠰᠢᠨ ᠤ ᠬᠡᠷᠡᠭ ᠡᠭᠦᠰᠦᠭᠰᠡᠨ ᠦᠭᠡᠢ᠂ ᠨᠡᠶᠢᠭᠡᠮ ᠤᠨ ᠪᠠᠶᠢᠳᠠᠯ ᠡᠶ᠎ᠡ ᠵᠣᠬᠢᠴᠠᠯ ᠲᠠᠢ᠂ ᠠᠮᠤᠷ ᠲᠣᠭᠲᠠᠭᠤᠨ ᠪᠠᠶᠢᠪᠠ᠃       ᠲᠦᠯᠦᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ ᠪᠢᠳᠡ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ︽ᠠᠷᠠᠳ ᠤᠨ ᠲᠥᠯᠥᠭᠡ ᠪᠣᠳᠤᠯᠬᠢᠯᠠᠵᠤ᠂ ᠪᠣᠳᠠᠲᠠᠢ ᠪᠠᠷ ᠠᠵᠢᠯᠯᠠᠨ᠂ ᠠᠷᠢᠭᠤᠨ ᠴᠢᠭᠡᠴᠢ ᠶᠢ ᠡᠷᠬᠢᠮᠯᠡᠬᠦ︾ ᠪᠠᠷ ᠭᠤᠣᠯ ᠰᠡᠳᠦᠪ ᠪᠣᠯᠭᠠᠵᠤ᠂ ᠨᠠᠮ ᠤᠨ ᠣᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠦᠷᠨᠢᠭᠦᠯᠦᠨ᠂ ᠵᠠᠰᠠᠭ ᠤᠨ ᠣᠷᠳᠣᠨ ᠤ ᠰᠢᠰᠲ᠋ᠧᠮ ᠤᠨ ᠺᠠᠳ᠋ᠷ ᠠᠵᠢᠯᠲᠠᠳ ᠤᠨ ︽ᠳᠥᠷᠪᠡᠨ ᠰᠤᠷᠲᠠᠯ︾ ᠤᠨ ᠲᠠᠯ᠎ᠠ ᠪᠠᠷ ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠴᠢᠩᠭ᠎ᠠ ᠰᠢᠢᠳᠪᠦᠷᠢᠯᠡᠵᠦ᠂ ᠨᠠᠮ ᠪᠣᠯᠤᠨ ᠣᠯᠠᠨ ᠲᠦᠮᠡᠨ᠂ ᠺᠠᠳ᠋ᠷ ᠪᠣᠯᠤᠨ ᠣᠯᠠᠨ ᠲᠦᠮᠡᠨ ᠤ ᠬᠠᠷᠢᠴᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠪᠠ᠃ ᠬᠤᠲᠠ ᠶᠢᠨ ᠬᠠᠮᠢᠶᠠᠷᠤᠯᠲᠠ ᠰᠤᠯᠠ᠂ ᠠᠷᠠᠳ ᠲᠦᠮᠡᠨ ᠤᠴᠢᠷ ᠰᠢᠢᠳᠪᠦᠷᠢᠯᠡᠭᠦᠯᠬᠦ ᠳᠤ ᠬᠦᠴᠢᠷ ᠵᠡᠷᠭᠡ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠵᠦ᠂ ᠣᠯᠠᠨ ᠲᠦᠮᠡᠨ ᠤ ᠠᠰᠢᠭ ᠲᠤᠰᠠ ᠳᠤ ᠬᠤᠯᠪᠤᠭᠳᠠᠭᠰᠠᠨ ᠨᠢᠭᠡ ᠪᠦᠯᠦᠭ ᠠᠰᠠᠭᠤᠳᠠᠯ ᠢ ᠪᠦᠲᠦᠮᠵᠢᠲᠠᠢ ᠰᠢᠢᠳᠪᠦᠷᠢᠯᠡᠪᠡ᠃ ᠲᠥᠪ ᠤᠨ ᠨᠠᠢᠮᠠᠨ ᠵᠣᠷᠪᠣᠰ ᠲᠣᠭᠲᠠᠭᠠᠯ ᠵᠢᠴᠢ ᠣᠷᠣᠨ ᠨᠤᠲᠤᠭ ᠤᠨ ᠡᠯ᠎ᠡ ᠱᠠᠲᠤᠨ ᠤ ᠲᠦᠬᠦᠷᠵᠢᠭᠦᠯᠦᠭᠰᠡᠨ ᠲᠤᠭᠲᠠᠭᠠᠯ ᠢ ᠴᠢᠩᠭ᠎ᠠ ᠬᠡᠷᠡᠭᠵᠢᠭᠦᠯᠵᠦ᠂ ᠰᠤᠷᠲᠠᠯ ᠤᠨ ᠬᠤᠪᠢᠷᠠᠯᠲᠠ ᠪᠠ ᠠᠵᠢᠯ ᠤᠨ ᠨᠠᠶᠢᠳᠠᠪᠦᠷᠢᠵᠢᠭᠤᠯᠤᠯᠲᠠ ᠶᠢ ᠴᠢᠩᠭ᠎ᠠ ᠠᠳᠬᠤᠨ᠂ ᠵᠠᠰᠠᠭ ᠤᠨ ᠣᠷᠳᠣᠨ ᠤ ᠠᠵᠢᠯ ᠤᠨ ᠴᠢᠳᠠᠮᠵᠢ ᠶᠢ ᠢᠯᠡᠳᠲᠡ  ᠳᠡᠭᠡᠭᠰᠢᠯᠡᠭᠦᠯᠪᠡ᠃ ᠵᠠᠰᠠᠭ ᠤᠨ ᠣᠷᠳᠣᠨ ᠤ ᠴᠢᠨᠠᠷᠲᠠᠢ ᠠᠰᠠᠷ ᠲᠠᠭᠲᠤ ᠭᠡᠷ ᠣᠷᠳᠣᠨ ᠤ ᠪᠦᠲᠦᠭᠡᠨ ᠪᠠᠶᠢᠭᠤᠯᠤᠯᠲᠠ ᠶᠢ ᠴᠢᠩᠭ᠎ᠠ ᠬᠢᠵᠠᠭᠠᠷᠯᠠᠵᠤ᠂ ᠬᠡᠮᠵᠢᠶ᠎ᠡ ᠠᠴᠠ ᠬᠡᠲᠦᠷᠡᠭᠰᠡᠨ 2.61 ᠲᠦᠮᠡᠨ ᠲᠡᠭᠰᠢ ᠳᠥᠷᠪᠡᠯᠵᠢᠨ ᠮᠧᠲᠷ ᠠᠯᠪᠠᠨ ᠤ ᠭᠡᠷ ᠣᠷᠣᠨ ᠢ ᠰᠤᠯᠠᠯᠠᠵᠤ᠂ ᠪᠠᠷᠢᠮᠵᠢᠶ᠎ᠠ ᠠᠴᠠ ᠬᠡᠲᠦᠷᠡᠭᠰᠡᠨ 36 ᠠᠯᠪᠠᠨ ᠤ ᠲᠡᠷᠭᠡ ᠶᠢ ᠬᠤᠷᠢᠶᠠᠨ ᠠᠪᠴᠤ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠥᠪᠡᠷ ᠤᠨ ᠥᠷᠲᠡᠭ ᠢ ᠶᠡᠬᠡᠪᠡᠷ ᠪᠠᠭᠤᠷᠠᠭᠤᠯᠪᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠶᠢᠨ ᠬᠢᠨᠠᠯᠲᠠ ᠪᠠ ᠠᠵᠢᠯ ᠤᠨ ᠬᠢᠨᠠᠯᠲᠠ ᠵᠢᠴᠢ ᠤᠯᠤᠰ ᠲᠥᠷᠥ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠪᠦᠬᠦ ᠵᠢᠯ ᠳᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠳᠤ 12 ᠤᠳᠠᠭ᠎ᠠ ᠠᠵᠢᠯ ᠤᠨ ᠬᠠᠷᠢᠭᠤ ᠮᠡᠳᠡᠭᠦᠯᠦᠯᠲᠡ ᠬᠢᠵᠦ᠂ ᠤᠯᠤᠰ ᠲᠥᠷᠥ ᠶᠢᠨ ᠵᠦᠪᠯᠡᠯᠭᠡᠨ ᠤ ᠵᠣᠬᠢᠶᠠᠨ ᠪᠠᠶᠢᠭᠤᠯᠤᠭᠰᠠᠨ ᠡᠯ᠎ᠡ ᠵᠦᠢᠯ ᠤᠨ ᠬᠦᠳᠡᠯᠭᠡᠭᠡᠨ ᠳᠤ 9 ᠤᠳᠠᠭ᠎ᠠ ᠣᠷᠤᠯᠴᠠᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠰᠠᠨᠠᠯ ᠵᠦᠪᠯᠡᠯᠭᠡ ᠪᠣᠯᠤᠨ ᠤᠯᠤᠰ ᠲᠥᠷᠥ ᠶᠢᠨ ᠵᠦᠪᠯᠡᠯᠭᠡᠨ ᠤ ᠭᠡᠰᠢᠭᠦᠳ ᠤᠨ ᠲᠦᠰᠦᠪ ᠢ ᠭᠦᠢᠴᠡᠳᠬᠡᠭᠰᠡᠨ ᠨᠣᠷᠮ᠎ᠠ ᠨᠢ 100% ᠳᠤ ᠬᠦᠷᠴᠠᠢ᠃       ᠭᠤᠣᠯᠳᠠᠯᠭ᠎ᠠ ᠲᠠᠢ ᠬᠦᠷᠢᠶ᠎ᠡ ᠴᠠᠷ᠎ᠠ ᠪᠠ ᠠᠵᠢᠯ ᠲᠥᠷᠥᠯ ᠳᠠᠬᠢ ᠬᠢᠨᠠᠨ ᠪᠣᠳᠣᠯᠲᠠ ᠶᠢᠨ ᠬᠢᠨᠠᠯᠲᠠ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂  ᠳᠡᠭᠡᠷ᠎ᠡ ᠱᠠᠲᠤᠨ ᠤ ᠬᠢᠨᠠᠨ ᠪᠣᠳᠤᠯᠲᠠ ᠶᠢᠨ ᠰᠠᠯᠠᠭ᠎ᠠ ᠮᠦᠴᠢᠷ ᠲᠠᠢ ᠬᠠᠮᠵᠢᠯᠴᠠᠨ ᠭᠠᠵᠠᠷ ᠰᠢᠷᠤᠢ ᠬᠤᠳᠠᠯᠳᠤᠬᠤ ᠪᠠ ᠲᠠᠷᠢᠶᠠᠨ ᠭᠠᠵᠠᠷ ᠢ ᠬᠠᠮᠠᠭᠠᠯᠠᠬᠤ᠂ ᠠᠮᠢ ᠠᠬᠤᠢ ᠶᠢᠨ ᠪᠡᠯᠡ ᠮᠦᠩᠭᠦ ᠵᠡᠷᠭᠡ ᠲᠤᠰᠬᠠᠢ ᠬᠢᠨᠠᠨ ᠪᠣᠳᠣᠯᠲᠠ ᠶᠢᠨ ᠠᠵᠢᠯ ᠢ ᠪᠡᠶᠡᠯᠡᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠺᠠᠳ᠋ᠷ ᠠᠵᠢᠯᠲᠠᠨ ᠤ ᠬᠠᠤᠯᠢ ᠶᠣᠰᠤᠭᠠᠷ ᠵᠠᠰᠠᠭ ᠪᠠᠷᠢᠬᠤ ᠤᠬᠠᠮᠰᠠᠷ ᠢ ᠨᠢ ᠲᠠᠰᠤᠷᠠᠯᠲᠠ ᠦᠭᠡᠢ ᠳᠡᠭᠡᠭᠰᠢᠯᠡᠭᠦᠯᠪᠡ᠃       ᠲᠦᠯᠦᠭᠡᠯᠡᠭᠴᠢᠳ ᠡ᠂ ᠥᠩᠭᠡᠷᠡᠭᠰᠡᠨ ᠨᠢᠭᠡ ᠵᠢᠯ ᠢᠶᠠᠨ ᠡᠷᠭᠢᠴᠡᠭᠦᠯᠬᠦ ᠳᠤ᠂ ᠪᠢᠳᠡ ᠡᠭᠦᠷᠭᠡ ᠬᠠᠷᠢᠭᠤᠴᠠᠯᠭ᠎ᠠ ᠪᠠᠨ ᠠᠮᠵᠢᠯᠲᠠ ᠲᠠᠢ ᠪᠡᠶᠡᠯᠡᠭᠦᠯᠵᠦ᠂ ᠦᠨᠡᠨ ᠪᠣᠳᠠᠲᠠᠢ ᠪᠠᠷ ᠠᠵᠢᠯᠯᠠᠨ᠂ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠠᠬᠢᠭᠤᠯᠵᠤ᠂ ᠨᠢᠭᠡ ᠪᠦᠯᠦᠭ ᠭᠤᠣᠯᠳᠠᠯᠭᠠᠲᠤ ᠢᠨᠵᠧᠨᠧᠷᠢᠩ ᠢ ᠪᠡᠶᠡᠯᠡᠭᠦᠯᠦᠨ᠂ ᠨᠢᠭᠡ ᠪᠦᠯᠦᠭ ᠠᠷᠠᠳ ᠳᠤ ᠲᠤᠰᠠᠲᠠᠢ ᠠᠵᠢᠯ ᠬᠢᠵᠦ᠂ ᠬᠦᠭᠵᠢᠯᠲᠡ ᠶᠢᠨ ᠶᠡᠭᠡ ᠬᠠᠨᠳᠤᠰᠢ ᠶᠢ ᠪᠠᠬᠢᠵᠢᠭᠦᠯᠦᠨ᠂ ᠬᠦᠭᠵᠢᠯᠲᠡ ᠶᠢᠨ ᠰᠠᠭᠤᠷᠢ ᠶᠢ  ᠲᠠᠯᠪᠢᠵᠤ᠂ ᠬᠦᠭᠵᠢᠯᠲᠡ ᠶᠢᠨ ᠬᠦᠴᠦᠨ ᠢ ᠬᠤᠷᠠᠮᠳᠤᠭᠤᠯᠪᠠ᠃ ᠡᠨᠡᠬᠦ ᠦᠷ᠎ᠡ ᠪᠦᠲᠦᠮᠵᠢ ᠪᠣᠯ ᠬᠤᠰᠢᠭᠤ ᠨᠠᠮ ᠤᠨ ᠬᠤᠷᠢᠶ᠎ᠠ ᠶᠢᠨ ᠵᠥᠪ ᠣᠨᠤᠪᠴᠢᠲᠠᠢ ᠤᠳᠤᠷᠢᠳᠤᠯᠭ᠎ᠠ ᠪᠣᠯᠣᠨ ᠬᠡᠳᠦᠨ ᠶᠡᠭᠡ ᠤᠳᠤᠷᠢᠳᠬᠤ ᠪᠠᠭ ᠤᠨ ᠬᠦᠴᠦ ᠪᠠᠨ ᠬᠠᠮᠲᠤᠳᠬᠠᠨ ᠬᠠᠮᠵᠢᠯᠴᠠᠭᠰᠠᠨ ᠤ ᠦᠷ᠎ᠡ ᠳ᠋ᠦᠩ ᠪᠣᠯᠬᠤ ᠪᠦᠭᠡᠳ ᠥᠷᠭᠡᠨ ᠣᠯᠠᠨ ᠺᠠᠳ᠋ᠷ ᠣᠯᠠᠨ ᠲᠦᠮᠡᠨ ᠤ ᠪᠦᠯᠬᠦᠮᠳᠡᠨ ᠨᠢᠭᠡᠳᠴᠦ᠂ ᠬᠠᠮᠲᠤ ᠪᠠᠷ ᠴᠢᠷᠮᠠᠶᠢᠨ ᠲᠡᠮᠡᠴᠡᠭᠰᠡᠨ ᠤ ᠦᠷ᠎ᠡ ᠳ᠋ᠦᠩ ᠪᠣᠯᠬᠤ ᠶᠤᠮ᠂ ᠪᠠᠰᠠᠴᠤ ᠨᠡᠶᠢᠭᠡᠮ ᠤᠨ ᠡᠯ᠎ᠡ ᠡᠲᠡᠭᠡᠳ ᠤᠨ ᠬᠢᠨ ᠤ ᠤᠬᠠᠭᠠᠨ ᠪᠣᠳᠤᠯᠭ᠎ᠠ ᠭᠠᠷᠭᠠᠨ᠂ ᠬᠠᠪᠰᠤᠷᠤᠨ ᠳᠡᠮᠵᠢᠭᠰᠡᠨ ᠤ ᠦᠷ᠎ᠡ ᠳ᠋ᠦᠩ ᠪᠣᠯᠬᠤ ᠶᠤᠮ᠃ ᠠᠳᠡ ᠪᠢ ᠬᠤᠰᠢᠭᠤ ᠵᠠᠰᠠᠭ ᠤᠨ ᠣᠷᠳᠣᠨ ᠢ ᠲᠦᠯᠦᠭᠡᠯᠡᠵᠦ᠂ ᠡᠯ᠎ᠡ ᠹᠷᠤᠨᠲ ᠳᠡᠭᠡᠷ᠎ᠡ ᠰᠢᠨᠳᠠᠷᠠᠰᠢ ᠦᠭᠡᠢ ᠲᠡᠮᠡᠴᠡᠨ ᠰᠢᠷᠭᠠᠭᠤ ᠴᠢᠷᠮᠠᠶᠢᠨ ᠠᠵᠢᠯᠯᠠᠵᠤ ᠪᠠᠶᠢᠭ᠎ᠠ ᠨᠦᠬᠦᠳ ᠨᠠᠷ ᠵᠢᠴᠢ ᠪᠠᠭᠠᠷᠢᠨ ᠵᠡᠭᠦᠨ ᠬᠤᠰᠢᠭᠤᠨ ᠤ ᠬᠦᠭᠵᠢᠯᠲᠡ ᠶᠢ ᠠᠩᠬᠠᠷᠤᠨ ᠬᠠᠯᠠᠮᠵᠢᠯᠠᠵᠤ᠂ ᠬᠠᠪᠰᠤᠷᠤᠨ ᠳᠡᠮᠵᠢᠵᠦ ᠪᠠᠶᠢᠭ᠎ᠠ ᠨᠠᠶᠢᠵᠠ ᠨᠠᠷ ᠲᠠᠭᠠᠨ ᠴᠢᠩ ᠰᠡᠳᠬᠢᠯ ᠤᠨ ᠬᠦᠨᠳᠦᠳᠬᠡᠯ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕       ᠠᠮᠵᠢᠯᠲᠠ ᠣᠯᠬᠤ ᠶᠢᠨ ᠳᠠᠭᠠᠤ ᠪᠢᠳᠡ ᠪᠠᠰᠠ ᠮᠠᠨ ᠤ ᠬᠤᠰᠢᠭᠤ ᠬᠦᠭᠵᠢᠯᠲᠡ ᠳᠤᠲᠠᠮᠠᠭ ᠦᠨᠳᠦᠰᠦᠨ ᠪᠠᠶᠢᠳᠠᠯ ᠢᠶᠠᠨ ᠬᠤᠪᠢᠷᠠᠭᠤᠯᠵᠤ ᠳᠡᠶᠢᠯᠦᠭᠡᠳᠦᠢ᠂ ᠨᠢᠭᠡ ᠪᠦᠯᠦᠭ ᠲᠤᠯᠭᠠᠮ᠎ᠠ ᠰᠢᠢᠳᠪᠦᠷᠢᠯᠡᠬᠦ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠣᠯᠵᠣ ᠬᠠᠷᠠᠪᠠ᠃ ᠭᠤᠣᠯ ᠨᠢ᠄ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠠᠷᠭ᠎ᠠ ᠬᠡᠯᠪᠡᠷᠢ ᠪᠠᠨ ᠥᠭᠡᠷᠡᠴᠢᠯᠡᠬᠦ ᠪᠠ ᠪᠦᠲᠦᠴᠡ ᠪᠠᠨ ᠳᠣᠬᠢᠷᠠᠭᠤᠯᠬᠤ ᠡᠭᠦᠷᠭᠡ ᠬᠦᠨᠳᠦ︔ ᠭᠤᠣᠯᠳᠠᠯᠭᠠᠲᠤ ᠲᠥᠷᠥᠯ ᠵᠦᠢᠯ ᠤᠨ ᠣᠷᠣᠭᠤᠯᠤᠯᠲᠠ ᠳᠤᠲᠠᠭᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠤᠭᠤᠯᠤᠯᠲᠠ ᠳᠤ ᠦᠵᠡᠭᠦᠯᠬᠦ ᠨᠦᠭᠡᠴᠡ ᠬᠦᠴᠦᠨ ᠠᠨᠠᠢ︔ ᠬᠤᠲᠠ ᠬᠦᠳᠡᠭᠡ ᠶᠢᠨ ᠬᠦᠭᠵᠢᠯᠲᠡ ᠶᠢᠨ ᠵᠦᠷᠢᠶ᠎ᠡ ᠨᠡᠯᠢᠶᠡᠳ ᠶᠡᠭᠡ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠨᠦᠬᠦᠴᠡᠯ ᠢ ᠰᠠᠶᠢᠵᠢᠷᠠᠭᠤᠯᠬᠤ ᠴᠢᠬᠤᠯᠠᠲᠠᠢ︔ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠨᠢ ᠪᠦᠬᠦ ᠣᠷᠣᠨ ᠤ ᠲᠡᠭᠰᠢᠳᠬᠡᠭᠰᠡᠨ ᠲᠥᠪᠰᠢᠨ ᠠᠴᠠ ᠳᠣᠣᠷ᠎ᠠ ᠪᠠᠶᠢᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠰᠠᠶᠢᠵᠢᠷᠠᠭᠤᠯᠤᠯᠲᠠ ᠶᠢ ᠠᠬᠢᠭᠤᠯᠬᠤ ᠬᠡᠷᠡᠭᠲᠡᠢ︔ ᠣᠯᠠᠨ ᠨᠡᠶᠢᠲᠡ ᠶᠢᠨ ᠭᠤᠶᠤᠴᠢᠯᠠᠯ ᠡᠳᠦᠷ ᠢᠷᠡᠬᠦᠶ᠎ᠡ ᠣᠯᠠᠰᠢᠷᠠᠵᠤ ᠂ ᠨᠡᠶᠢᠭᠡᠮ ᠤᠨ ᠡᠶ᠎ᠡ ᠵᠣᠬᠢᠴᠠᠯ ᠠᠮᠤᠷ ᠲᠣᠭᠲᠠᠭᠤᠨ ᠢ ᠨᠦᠯᠦᠭᠡᠯᠡᠬᠦ ᠡᠯᠧᠮᠧᠨ᠋ᠲ ᠮᠦᠨ ᠣᠯᠠᠨ ᠪᠠᠶᠢᠭᠰᠠᠭᠠᠷ︔ ᠵᠠᠰᠠᠭ ᠤᠨ ᠣᠷᠳᠣᠨ ᠤ ᠴᠢᠳᠠᠪᠬᠢ ᠶᠢᠨ ᠬᠤᠪᠢᠷᠠᠭᠠᠯ ᠪᠣᠯᠤᠨ ᠥᠭᠡᠷᠡᠴᠢᠯᠡᠯᠲᠡ ᠬᠦᠭᠵᠢᠯᠲᠡ ᠶᠢᠨ ᠨᠦᠭᠦᠴᠡᠯ ᠱᠠᠭᠠᠷᠳᠠᠯᠭ᠎ᠠ ᠶᠢᠨ ᠬᠤᠭᠤᠷᠤᠨᠳᠤ ᠵᠦᠷᠢᠶ᠎ᠡ ᠣᠷᠤᠰᠢᠵᠤ᠂ ᠬᠡᠰᠡᠭ  ᠺᠠᠳ᠋ᠷ ᠠᠵᠢᠯᠲᠠᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠤᠬᠠᠮᠰᠠᠷ᠂ ᠵᠣᠷᠢᠭᠲᠠᠢi ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ᠃ ᠡᠳᠡᠭᠡᠷ ᠬᠦᠴᠢᠷᠳᠡᠯ ᠪᠠ ᠠᠰᠠᠭᠤᠳᠠᠯ ᠳᠤ ᠴᠢᠭᠯᠡᠭᠦᠯᠦᠨ᠂ ᠪᠢᠳᠡ ᠡᠭᠦᠷᠭᠡ ᠬᠠᠷᠢᠭᠤᠴᠠᠯᠭ᠎ᠠ ᠪᠠᠨ ᠢᠮᠠᠭᠲᠠ ᠪᠠᠲᠤ ᠴᠡᠭᠡᠵᠢᠯᠡᠵᠦ᠂ ᠨᠡᠩ ᠴᠢᠷᠮᠠᠶᠢᠨ ᠠᠵᠢᠯᠯᠠᠵᠤ᠂ ᠪᠦᠲᠦᠮᠵᠢᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠨᠠᠷᠢᠨ ᠬᠢᠨᠠᠮᠠᠭᠠᠢ ᠰᠢᠢᠳᠪᠦᠷᠢᠯᠡᠨ᠂ ᠲᠦᠯᠦᠭᠡᠯᠡᠭᠴᠢᠳ ᠪᠣᠯᠤᠨ ᠦᠷᠭᠡᠨ ᠣᠯᠠᠨ ᠲᠦᠮᠡᠨ ᠤ ᠬᠦᠰᠡᠯ ᠨᠠᠶᠢᠳᠠᠯᠭ᠎ᠠ ᠶᠢ ᠯᠠᠪᠲᠠᠢ ᠬᠦᠰᠡᠷᠳᠡᠭᠦᠯᠬᠦ ᠦᠭᠡᠢ ᠶᠤᠮ᠃            ᠬᠤᠶᠠᠷ᠂ 2015 ᠣᠨ ᠤ ᠭᠤᠣᠯ ᠡᠭᠦᠷᠭᠡ       2015 ᠣᠨ ᠪᠣᠯ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠬᠤ ᠪᠦᠭᠡᠳ ᠬᠠᠤᠯᠢ ᠪᠠᠷ ᠤᠯᠤᠰ ᠢᠶᠠᠨ ᠵᠠᠰᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠡᠬᠢᠯᠡᠯᠲᠡ ᠶᠢᠨ ᠵᠢᠯ ᠪᠣᠯᠬᠤ ᠶᠤᠮ᠂ ᠪᠠᠰᠠᠴᠤ ︽ᠠᠷᠪᠠᠨ ᠬᠤᠶᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠬᠠᠮᠤᠭ ᠰᠡᠭᠦᠯᠴᠢ ᠶᠢᠨ ᠨᠢᠭᠡ ᠵᠢᠯ ᠪᠣᠯᠬᠤ ᠶᠤᠮ᠃ᠲᠥᠪ ᠬᠤᠷᠢᠶ᠎ᠠ ᠠᠴᠠ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠲᠡ ᠰᠢᠨ᠎ᠡ ᠬᠡᠪ ᠪᠠᠶᠢᠳᠠᠯ ᠳᠤ ᠣᠷᠤᠬᠤ ᠪᠠᠶᠢᠯᠳᠤᠬᠤ ᠪᠣᠳᠤᠯᠭ᠎ᠠ ᠶᠢᠨ ᠮᠠᠭᠠᠳᠯᠠᠯ ᠬᠢᠵᠦ᠂ ᠠᠵᠤ ᠠᠬᠤᠢ ᠶᠢᠨ ᠬᠦᠭᠵᠢᠯᠲᠡ ᠶᠢᠨ ᠬᠤᠷᠳᠤᠴᠠ ᠪᠠᠨ ᠨᠡᠮᠡᠵᠦ᠂ ᠪᠦᠲᠦᠴᠡ ᠪᠠᠨ ᠬᠤᠪᠢᠷᠠᠭᠤᠯᠤᠨ᠂ ᠬᠦᠳᠡᠯᠭᠡᠭᠴᠢ ᠬᠦᠴᠦᠨ ᠢᠶᠠᠨ ᠰᠣᠯᠢᠬᠤ ᠰᠢᠨ᠎ᠡ ᠴᠠᠭ ᠦᠶ᠎ᠡ ᠳᠤ ᠣᠷᠤᠭᠰᠠᠨ ᠢ ᠲᠣᠳᠣᠷᠬᠠᠢ ᠳᠤᠷᠠᠳᠪᠠ᠃ ᠪᠦᠬᠦ ᠬᠤᠰᠢᠭᠤ ᠪᠠᠷ ᠢᠶᠠᠨ ᠰᠢᠨ᠎ᠡ ᠬᠡᠪ ᠪᠠᠶᠢᠳᠠᠯ ᠳᠣᠣᠷᠠᠬᠢ ᠠᠵᠤ ᠠᠬᠤᠢ ᠶᠢᠨ ᠬᠦᠭᠵᠢᠯᠲᠡ ᠶᠢᠨ ᠬᠠᠨᠳᠤᠯᠭᠠᠲᠤ ᠴᠢᠨᠠᠷᠲᠠᠢ ᠬᠤᠪᠢᠷᠠᠯᠲᠠ ᠶᠢ ᠭᠦᠢᠴᠡᠳ ᠲᠠᠨᠢᠵᠤ᠂ ᠰᠠᠨᠠᠭᠠᠴᠢᠯᠠᠭ᠎ᠠ ᠲᠠᠢ ᠪᠠᠷ ᠵᠣᠬᠢᠴᠠᠬᠤ ᠪᠠ ᠢᠳᠡᠪᠬᠢᠲᠠᠢ ᠳᠠᠶᠢᠴᠢᠯᠠᠨ ᠳᠠᠭᠠᠭᠤᠯᠵᠤ᠂ ᠬᠠᠨᠳᠤᠰᠢ ᠳᠤᠨᠢ ᠳᠣᠬᠢᠷᠠᠭᠤᠯᠤᠨ ᠴᠢᠳᠠᠮᠠᠭᠠᠢ ᠪᠠᠷ ᠵᠢᠯᠤᠭᠤᠳᠴᠤ᠂  ᠢᠳᠡᠪᠬᠢᠲᠠᠢ ᠪᠠᠷ ᠠᠵᠢᠯᠯᠠᠨ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠣᠯᠵᠤ᠂ ᠪᠠᠭᠠᠷᠢᠨ ᠵᠡᠭᠦᠨ ᠬᠤᠰᠢᠭᠤᠨ ᠤ ᠬᠦᠭᠵᠢᠯᠲᠡ ᠶᠢ ᠠᠬᠢᠭᠤᠯᠬᠤ ᠬᠡᠷᠡᠭᠲᠡᠢ᠃ ᠣᠳᠣᠬᠠᠨ ᠳᠤ ᠪᠢᠳᠡ ᠬᠡᠳᠦᠶᠢᠪᠡᠷ ᠬᠤᠷᠸ᠎ᠠ ᠪᠠᠶᠢᠳᠠᠯ ᠤᠨ ᠬᠡᠯᠪᠡᠶᠢᠯᠲᠡ᠂ ᠪᠦᠲᠦᠴᠡ ᠶᠢᠨ ᠵᠦᠷᠢᠴᠡᠯ ᠳᠣᠪᠤᠶᠢᠮ᠎ᠠ᠂ ᠣᠷᠣᠨ ᠪᠦᠰᠡ ᠶᠢᠨ ᠦᠷᠢᠰᠦᠯᠳᠦᠭᠡᠨ ᠰᠢᠷᠦᠭᠦᠨ ᠵᠡᠷᠭᠡ ᠬᠦᠴᠢᠷᠳᠡᠯ ᠪᠣᠯᠤᠨ ᠦᠷᠢᠰᠦᠯᠳᠦᠭᠡᠨ ᠳᠤ ᠲᠤᠯᠭᠠᠷᠠᠵᠤ ᠪᠠᠶᠢᠨ᠎ᠠ ᠭᠡᠳᠡᠭ ᠪᠣᠯᠪᠠᠴᠤ ᠬᠦᠭᠵᠢᠯᠲᠡ ᠶᠢ ᠲᠦᠯᠬᠢᠨ ᠠᠬᠢᠭᠤᠯᠬᠤ ᠠᠰᠢᠭᠲᠠᠢ ᠨᠦᠬᠦᠴᠡᠯ ᠪᠣᠯᠤᠨ ᠴᠢᠬᠤᠯᠠ ᠶᠡᠭᠡ ᠳᠣᠬᠢᠶᠠᠯ ᠳᠤᠬᠢᠶᠠᠯᠳᠤᠭᠰᠠᠨ ᠶᠤᠮ᠃ ᠥᠨᠥ ᠵᠢᠯ᠂ ᠤᠯᠤᠰ ᠠᠴᠠ ᠢᠳᠡᠪᠬᠢᠲᠠᠢ ᠡᠳ᠋ ᠤᠨ ᠵᠠᠰᠠᠭ ᠤᠨ ᠲᠥᠷᠥ ᠶᠢᠨ ᠪᠣᠳᠤᠯᠭ᠎ᠠ ᠶᠢ ᠬᠡᠷᠡᠭᠵᠢᠭᠦᠯᠬᠦ ᠬᠦᠴᠦᠯᠡᠴᠡ ᠪᠠᠨ ᠦᠷᠭᠡᠳᠬᠡᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠰᠢᠭ ᠣᠯᠵᠠᠪᠦᠷᠢ ᠶᠢ ᠨᠡᠮᠡᠭᠳᠡᠭᠦᠯᠦᠨ᠂ ᠰᠢᠶᠠᠨ ᠬᠡᠴᠡ ᠶᠢᠨ ᠠᠵᠤ ᠠᠬᠤᠢ ᠶᠢᠨ ᠬᠦᠭᠵᠢᠯᠲᠡ ᠶᠢ ᠬᠢᠵᠠᠭᠠᠷᠯᠠᠬᠤ ᠨᠢᠭᠡ ᠪᠦᠯᠦᠭ ᠬᠠᠷᠰᠢ ᠰᠠᠭᠠᠳ ᠢ ᠤᠯᠠᠮ ᠨᠢᠭᠡ ᠠᠯᠬᠤᠮ ᠠᠷᠢᠯᠭᠠᠬᠤ ᠪᠠᠷ ᠪᠠᠶᠢᠨ᠎ᠠ︔ ᠥᠪᠡᠷᠲᠡᠭᠡᠨ ᠵᠠᠰᠠᠬᠤ ᠣᠷᠣᠨ ᠠᠴᠠ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠯᠬᠤᠮ ᠢᠶᠠᠨ ᠲᠦᠷᠭᠡᠳᠬᠡᠵᠦ᠂ ︽ᠲᠠᠪᠤᠨ ᠶᠡᠭᠡ ᠰᠠᠭᠤᠷᠢᠨ ᠭᠠᠵᠠᠷ︾᠂ ︽ᠬᠤᠶᠠᠷ ᠬᠠᠯᠬᠠᠪᠴᠢ︾᠂ ︽ᠨᠢᠭᠡ ᠬᠦᠭᠦᠷᠭᠡᠨ ᠪᠠᠬᠢᠯᠡᠯᠲᠡ︾ ᠶᠢᠨ ᠪᠦᠲᠦᠭᠡᠨ ᠪᠠᠶᠢᠭᠤᠯᠤᠯᠲᠠ ᠶᠢ  ᠠᠬᠢᠭᠤᠯᠤᠨ᠂ ᠳᠣᠣᠷ᠎ᠠ ᠱᠠᠲᠤᠨ ᠤ ᠨᠢᠭᠡ ᠪᠦᠯᠦᠭ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠡᠷᠬᠡ ᠶᠢᠨ ᠬᠢᠵᠠᠭᠠᠷᠯᠠᠯ ᠢ ᠦᠷᠭᠦᠯᠵᠢᠯᠡᠨ ᠦᠭᠡᠶᠢᠰᠬᠡᠵᠦ᠂ ᠪᠢᠳᠡᠨ ᠤ ᠣᠷᠣᠨ ᠪᠦᠰᠡ ᠶᠢᠨ ᠠᠵᠤ ᠠᠬᠤᠢ ᠶᠢᠨ ᠬᠦᠭᠵᠢᠯᠲᠡ ᠶᠢ ᠲᠦᠷᠭᠡᠳᠬᠡᠬᠦ ᠳᠤ ᠲᠠᠭᠠᠯᠠᠮᠵᠢᠲᠠᠢ ᠣᠷᠴᠢᠨ ᠲᠣᠭᠤᠷᠢᠨ ᠬᠠᠩᠭᠠᠪᠠ︔ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠬᠤᠰᠢᠭᠤ ᠰᠢᠶᠠᠨ ᠤ ᠠᠵᠤ ᠦᠢᠯᠡᠳᠪᠦᠷᠢ ᠲᠥᠪᠯᠡᠷᠡᠭᠰᠡᠨ ᠲᠣᠭᠤᠷᠢᠭ ᠢ ᠭᠤᠣᠯᠳᠠᠯᠭ᠎ᠠ ᠲᠠᠢ ᠡᠭᠦᠳᠴᠦ᠂ ᠥᠩᠭᠡᠲᠦ ᠲᠡᠮᠦᠷᠯᠢᠭ᠂ ᠪᠤᠬᠢᠷᠳᠤᠯ ᠦᠭᠡᠢ ᠡᠨᠧᠷᠭᠢ᠂ ᠰᠢᠨ᠎ᠡ ᠪᠠᠷ ᠬᠦᠭᠵᠢᠭᠰᠡᠨ ᠬᠢᠮᠢ ᠶᠢᠨ ᠠᠵᠤ ᠦᠢᠯᠡᠳᠪᠦᠷᠢ᠂ ᠪᠣᠬᠢᠷᠳᠤᠯ ᠦᠭᠡᠢ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠦᠢᠯᠡᠳᠪᠦᠷᠢᠯᠡᠨ ᠪᠣᠯᠪᠠᠰᠤᠷᠠᠭᠤᠯᠬᠤ ᠳᠥᠷᠪᠡᠨ ᠶᠡᠭᠡ ᠠᠵᠤ ᠦᠢᠯᠡᠰ ᠤᠨ ᠬᠦᠭᠵᠢᠯᠲᠡ ᠶᠢᠨ ᠪᠦᠯᠦᠭᠯᠡᠯ ᠪᠠᠶᠢᠭᠤᠯᠵᠤ᠂ ᠮᠠᠨ ᠤ ᠬᠦᠭᠵᠢᠯᠲᠡ ᠳᠤ ᠶᠠᠪ ᠴᠠᠪ ᠨᠡᠶᠢᠴᠡᠭᠰᠡᠨ ᠬᠦᠭᠵᠢᠯᠲᠡ ᠶᠢᠨ ᠳᠣᠬᠢᠶᠠᠯ ᠣᠯᠭᠤᠭᠰᠠᠨ ᠪᠠᠶᠢᠨ᠎ᠠ︔ ᠬᠤᠰᠢᠭᠤ ᠨᠠᠮ ᠤᠨ ᠬᠤᠷᠢᠶ᠎ᠠ ᠠᠴᠠ ᠰᠢᠨᠵᠢᠯᠡᠬᠦ ᠤᠬᠠᠭᠠᠨᠴᠢ ᠪᠠᠷ ᠰᠣᠳᠤᠯᠤᠨ ᠲᠥᠯᠥᠪᠯᠡᠵᠦ᠂ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠢ ᠮᠠᠨ ᠤ ᠬᠤᠰᠢᠭᠤᠨ ᠤ ᠬᠦᠭᠵᠢᠯᠲᠡ ᠶᠢᠨ ᠣᠳᠣᠬᠢ ᠪᠠᠶᠢᠳᠠᠯ᠂ ᠬᠦᠭᠵᠢᠯᠲᠡ ᠶᠢᠨ ᠨᠦᠬᠦᠴᠡᠯ ᠵᠢᠴᠢ ᠬᠦᠭᠵᠢᠯᠲᠡ ᠶᠢᠨ ᠵᠢᠱᠢᠯᠲᠡ ᠲᠠᠢ ᠤᠷᠭᠠᠨᠢᠭ ᠤᠶᠠᠯᠳᠤᠭᠤᠯᠵᠤ᠂ ᠪᠦᠬᠦ ᠬᠤᠰᠢᠭᠤᠨ ᠤ ᠠᠵᠤ ᠠᠬᠤᠢ ᠶᠢᠨ ᠬᠦᠭᠵᠢᠯᠲᠡ ᠶᠢ ᠰᠢᠨ᠎ᠡ ᠬᠡᠪ ᠪᠠᠶᠢᠳᠠᠯ ᠳᠤ ᠣᠷᠤᠭᠤᠯᠬᠤ ᠡᠯ᠎ᠡ ᠲᠠᠯ᠎ᠠ ᠶᠢᠨ ᠡᠭᠦᠷᠭᠡ ᠬᠠᠷᠠᠯᠲᠠ ᠶᠢ ᠲᠣᠳᠣᠷᠬᠠᠢ ᠲᠣᠭᠲᠠᠭᠠᠨ᠂ ᠥᠨᠥ ᠵᠢᠯ ᠤᠨ ᠠᠵᠢᠯ ᠤᠨ ᠭᠤᠣᠯ ᠴᠢᠭᠯᠡᠯ ᠢ ᠵᠢᠭᠠᠵᠤ ᠦᠭᠭᠦᠭᠰᠡᠨ ᠪᠠᠶᠢᠨ᠎ᠠ᠃ ᠪᠢᠳᠡ ᠡᠷᠬᠡᠪᠰᠢ ᠳᠣᠬᠢᠶᠠᠯ ᠤᠨ ᠤᠬᠠᠮᠰᠠᠷ᠂ ᠴᠢᠷᠮᠠᠶᠢᠨ ᠳᠠᠪᠰᠢᠬᠤ ᠤᠬᠠᠮᠰᠠᠷ᠂ ᠬᠠᠷᠢᠭᠤᠴᠠᠯᠭᠠᠲᠤ ᠦᠵᠡᠯ ᠤᠬᠠᠮᠰᠠᠷ ᠢ ᠪᠣᠢ ᠪᠣᠯᠭᠠᠵᠤ᠂ ᠥᠭᠡᠷᠡᠴᠢᠯᠡᠯᠲᠡ ᠬᠦᠭᠵᠢᠯᠲᠡ ᠶᠢ ᠲᠦᠯᠬᠢᠨ ᠠᠬᠢᠭᠤᠯᠬᠤ ᠢᠲᠡᠭᠡᠯ ᠵᠣᠷᠢᠭ ᠲᠠᠢ ᠪᠠᠶᠢᠵᠤ᠂ ᠠᠰᠢᠭᠲᠠᠢ ᠳᠣᠬᠢᠶᠠᠯ ᠢ ᠠᠳᠬᠤᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠰᠢᠨ᠎ᠡ ᠬᠡᠪ ᠪᠠᠶᠢᠳᠠᠯ ᠳᠣᠣᠷ᠎ᠠ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃       ᠬᠤᠰᠢᠭᠤ ᠨᠠᠮ ᠤᠨ ᠬᠤᠷᠢᠶ᠎ᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠳᠣᠯᠣᠳᠣᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠥᠨᠥ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠢᠴᠢ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠦᠨᠳᠦᠰᠦᠨ ᠠᠷᠭ᠎ᠠ ᠪᠣᠳᠤᠯᠭ᠎ᠠ ᠶᠢ ᠬᠢᠨᠠᠮᠠᠭᠠᠢ ᠲᠤᠤᠱᠯᠠᠭᠤᠯᠵᠤ᠂ ᠰᠢᠨ᠎ᠡ ᠬᠡᠪ ᠪᠠᠶᠢᠳᠠᠯ ᠢ ᠲᠠᠨᠢᠵᠤ᠂ ᠵᠣᠬᠢᠴᠠᠬᠤ ᠵᠢᠴᠢ ᠵᠠᠮᠴᠢᠯᠠᠨ ᠳᠠᠭᠠᠭᠤᠯᠵᠤ᠂ ᠦᠷᠭᠦᠯᠵᠢᠯᠡᠨ ︽ᠲᠠᠪᠤᠨ ᠶᠡᠭᠡ ᠬᠦᠭᠵᠢᠯᠲᠡ ᠶᠢᠨ ᠣᠷᠣᠨ ᠲᠣᠭᠲᠠᠭᠠᠯᠲᠠ︾ ᠶᠢᠨ ᠬᠠᠷᠠᠯᠲᠠ ᠶᠢᠨ ᠲᠣᠭᠤᠷᠢᠨ ᠳᠤ᠂ ᠰᠢᠨᠵᠢᠯᠡᠬᠦ ᠤᠬᠠᠭᠠᠨᠴᠢ ᠬᠦᠭᠵᠢᠯᠲᠡ ᠪᠣᠯᠤᠨ ᠪᠣᠳᠠᠲᠠᠢ ᠶᠢ ᠡᠷᠬᠢᠮᠯᠡᠨ ᠴᠢᠷᠮᠠᠶᠢᠨ ᠤᠷᠤᠭᠰᠢᠯᠠᠬᠤ ᠭᠤᠣᠯ ᠰᠠᠨᠠᠭ᠎ᠠ ᠶᠢ ᠪᠠᠷᠢᠮᠲᠠᠯᠠᠨ᠂ ᠠᠷᠭ᠎ᠠ ᠬᠡᠯᠪᠡᠷᠢ ᠶᠢᠨ ᠬᠤᠪᠢᠷᠠᠯᠲᠠ ᠪᠣᠯᠤᠨ ᠪᠦᠲᠦᠴᠡ ᠶᠢᠨ ᠳᠣᠬᠢᠷᠠᠭᠤᠯᠤᠯᠲᠠ ᠶᠢ ᠨᠡᠩ ᠴᠢᠬᠤᠯᠠ ᠪᠠᠶᠢᠷᠢᠨ ᠳᠤ ᠲᠠᠯᠪᠢᠵᠤ᠂ ᠬᠦᠭᠵᠢᠯᠲᠡ ᠶᠢᠨ ᠶᠠᠰᠤ ᠴᠢᠨᠠᠷ ᠪᠣᠯᠤᠨ ᠦᠷ᠎ᠡ ᠠᠰᠢᠭ ᠢ ᠳᠡᠭᠡᠭᠰᠢᠯᠡᠭᠦᠯᠦᠨ᠂ ᠥᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠬᠤ ᠶᠢ ᠭᠦᠨᠵᠡᠭᠡᠶᠢᠷᠡᠭᠦᠯᠵᠦ᠂ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠤᠨ᠂ ᠠᠵᠤ ᠠᠬᠤᠢ᠂ ᠤᠯᠤᠰ ᠲᠥᠷᠥ᠂ ᠰᠤᠶᠤᠯ᠂ ᠨᠡᠶᠢᠭᠡᠮ ᠵᠢᠴᠢ ᠠᠮᠢ ᠠᠬᠤᠢ ᠶᠢᠨ ᠪᠣᠯᠪᠠᠰᠤᠨ ᠵᠡᠷᠭᠡ ᠲᠠᠪᠦ‍ ᠨᠢᠭᠡ ᠴᠣᠭᠴᠠᠴᠢᠯᠠᠭᠰᠠᠨ ᠪᠦᠲᠦᠭᠡᠨ ᠪᠠᠶᠢᠭᠤᠯᠤᠯᠲᠠ ᠶᠢ ᠨᠢᠭᠡᠲᠦᠯᠲᠠᠢ ᠲᠦᠯᠬᠢᠨ ᠠᠬᠢᠭᠤᠯᠵᠤ᠂ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠵᠢᠴᠢ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠨᠡᠶᠢᠯᠡᠯ ᠬᠦᠭᠵᠢᠯᠲᠡ ᠶᠢ ᠲᠦᠷᠭᠡᠳᠬᠡᠨ᠂ ᠥᠭᠡᠷᠡᠴᠢᠯᠡᠯᠲᠡ ᠬᠦᠭᠵᠢᠯᠲᠡ ᠲᠠᠢ᠂ ᠠᠷᠠᠳ ᠢᠶᠠᠨ ᠪᠠᠶᠠᠵᠢᠭᠤᠯᠤᠨ ᠬᠤᠰᠢᠭᠤ ᠪᠠᠨ ᠬᠦᠴᠦᠷᠬᠡᠭᠵᠢᠭᠦᠯᠦᠭᠰᠡᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃ ᠭᠤᠣᠯ ᠵᠢᠱᠢᠭᠰᠡᠨ ᠬᠠᠷᠠᠯᠲᠠ ᠪᠣᠯ᠄ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 129 ᠳ᠋ᠦᠩᠰᠢᠭᠤᠷ ᠲᠦᠭᠦᠷᠢᠭ ᠪᠡᠶᠡᠯᠡᠭᠦᠯᠵᠦ᠂ 8% ᠪᠠᠷ ᠨᠡᠮᠡᠭᠳᠡᠭᠦᠯᠦᠨ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠣᠷᠤᠯᠭ᠎ᠠ ᠶᠢ5.01 ᠳ᠋ᠦᠩᠰᠢᠭᠤᠷ ᠲᠦᠭᠦᠷᠢᠭ ᠪᠡᠶᠡᠯᠡᠭᠦᠯᠵᠦ᠂ 7% ᠪᠠᠷ ᠨᠡᠮᠡᠭᠳᠡᠭᠦᠯᠦᠨ᠎ᠡ᠃ 500 ᠲᠦᠮᠡᠨ ᠲᠦᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠶᠢ 100ᠳ᠋ᠦᠩᠰᠢᠭᠤᠷ ᠲᠦᠭᠦᠷᠢᠭ ᠪᠡᠶᠡᠯᠡᠭᠦᠯᠵᠦ᠂ 13% ᠪᠠᠷ ᠨᠡᠮᠡᠭᠳᠡᠭᠦᠯᠦᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠶᠢ 40 ᠳ᠋ᠦᠩᠰᠢᠭᠤᠷ ᠲᠦᠭᠦᠷᠢᠭ ᠪᠡᠶᠡᠯᠡᠭᠦᠯᠵᠦ᠂ 12% ᠪᠠᠷ ᠨᠡᠮᠡᠭᠳᠡᠭᠦᠯᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠪᠦᠷᠢ ᠳᠤ ᠲᠡᠭᠰᠢᠳᠬᠡᠭᠰᠡᠨ ᠡᠵᠡᠮᠳᠡᠵᠦ ᠪᠣᠯᠬᠤ ᠣᠷᠤᠯᠭ᠎ᠠ ᠶᠢ 22720 ᠲᠦᠭᠦᠷᠢᠭ ᠪᠠ 8040 ᠲᠦᠭᠦᠷᠢᠭ  ᠬᠦᠷᠭᠡᠵᠦ᠂ ᠲᠤᠰ ᠲᠤᠰ 10% ᠪᠠ 12% ᠪᠠᠷ ᠨᠡᠮᠡᠭᠳᠡᠭᠦᠯᠦᠨ᠎ᠡ᠃       ᠥᠨᠥ ᠵᠢᠯ ᠡᠳᠡᠭᠡᠷ ᠡᠭᠦᠷᠭᠡ ᠬᠠᠷᠠᠯᠲᠠ ᠶᠢ ᠪᠡᠶᠡᠯᠡᠭᠦᠯᠬᠦ ᠳᠤ᠂ ᠭᠤᠣᠯᠳᠠᠯᠭ᠎ᠠ ᠪᠠᠨ ᠳᠣᠪᠤᠶᠢᠯᠭᠠᠵᠤ᠂ ᠨᠢᠭᠡᠲᠦᠯᠲᠠᠢ ᠲᠦᠯᠦᠪᠯᠡᠵᠦ ᠨᠡᠶᠢᠳᠡᠮ ᠳᠤᠨᠢ ᠬᠠᠷᠠᠭᠠᠯᠵᠠᠨ᠂ ᠳᠣᠣᠷᠠᠬᠢ ᠨᠠᠢᠮᠠᠨ ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠄        ︵ᠨᠢᠭᠡ︶ ᠠᠵᠤ ᠦᠢᠯᠡᠰ ᠤᠨ ᠬᠦᠭᠵᠢᠯᠲᠡ ᠶᠢᠨ ᠳᠠᠪᠬᠤᠷᠭ᠎ᠠ ᠶᠢ ᠲᠡᠭᠡᠭᠰᠢᠯᠡᠭᠦᠯᠵᠦ᠂ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠡᠯᠲᠡ ᠶᠢ ᠠᠬᠢᠭᠤᠯᠤᠨ᠎ᠠ        ᠬᠠᠳᠠᠭᠠᠯᠠᠭᠳᠠᠴᠠ ᠳᠤ ᠳᠣᠬᠢᠷᠠᠭᠤᠯᠤᠯᠲᠠ ᠬᠢᠬᠦ ᠪᠠ ᠶᠠᠰᠤ ᠴᠢᠨᠠᠷ ᠪᠣᠯᠤᠨ ᠬᠡᠮ ᠬᠡᠮᠵᠢᠶ᠎ᠡ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ᠂ ᠠᠵᠤ ᠦᠢᠯᠡᠳᠪᠦᠷᠢ ᠶᠢᠨ ᠲᠣᠭᠤᠷᠢᠭ ᠪᠠ ᠠᠷᠠᠯᠵᠢᠶᠠᠴᠢᠨ ᠣᠷᠢᠵᠤ ᠪᠡᠯᠡ ᠲᠠᠲᠠᠬᠤ ᠠᠴᠠ ᠭᠠᠷ ᠣᠷᠤᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠡᠷᠴᠢᠮᠯᠢᠭ ᠨᠡᠮᠡᠭᠳᠡᠯ ᠢ ᠠᠬᠢᠭᠤᠯᠤᠨ᠎ᠠ᠃        ᠥᠩᠭᠡᠲᠦ ᠲᠡᠮᠦᠷᠯᠢᠭ ᠤᠨ ᠠᠵᠤ ᠦᠢᠯᠡᠰ ᠢ ᠰᠢᠯᠢᠳᠡᠭᠵᠢᠭᠦᠯᠦᠨ᠎ᠡ᠃ ᠠᠵᠤ ᠠᠬᠤᠶᠢᠯᠠᠯ ᠤᠨ ᠬᠡᠪ ᠤᠨ ᠣᠷᠴᠢᠯ ᠢ ᠳᠣᠬᠢᠷᠠᠭᠤᠯᠵᠤ᠂ ᠡᠳᠦᠷ ᠢᠶᠠᠷ ᠰᠠᠷ᠎ᠠ ᠶᠢ ᠪᠠᠲᠤᠯᠠᠵᠤ᠂ ᠰᠠᠷ᠎ᠠ ᠪᠠᠷ ᠤᠯᠠᠷᠢᠯ ᠢ ᠪᠠᠲᠤᠯᠠᠨ᠂ ᠤᠯᠠᠷᠢᠯ ᠢᠶᠠᠷ ᠵᠢᠯ ᠢ ᠪᠠᠲᠤᠯᠠᠵᠤ᠂ ᠥᠩᠭᠡᠲᠦ ᠲᠡᠮᠦᠷᠯᠢᠭ ᠤᠨ ᠡᠳᠦᠷ ᠪᠦᠷᠢ ᠶᠢᠨ ᠬᠦᠳᠡᠷ ᠰᠢᠯᠢᠬᠦ ᠴᠢᠳᠠᠪᠦᠷᠢ 1.5 ᠲᠦᠮᠡᠨ ᠲᠤᠨ ᠠᠴᠠ ᠳᠡᠭᠡᠭᠰᠢ ᠪᠠᠶᠢᠬᠤ ᠶᠢ ᠪᠠᠲᠤᠯᠠᠨ᠎ᠠ᠃ ᠠᠭᠤᠷᠬᠠᠢ ᠬᠠᠶᠢᠵᠤ ᠨᠥᠭᠡᠴᠡ ᠪᠠᠨ ᠨᠡᠮᠡᠭᠳᠡᠭᠦᠯᠬᠦ ᠬᠦᠴᠦᠯᠡᠴᠡ ᠪᠠᠨ ᠴᠢᠩᠭᠠᠳᠬᠠᠵᠤ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠥᠷᠥᠯ ᠵᠦᠢᠯ ᠣᠯᠵᠣ᠂ ᠠᠭᠤᠷᠬᠠᠢ ᠶᠢᠨ ᠴᠢᠯᠠᠭᠤ ᠶᠢᠨ ᠬᠠᠳᠠᠭᠠᠯᠠᠭᠳᠠᠴᠠ ᠶᠢ 5000 ᠲᠦᠮᠡᠨ ᠲᠤᠨ ᠠᠴᠠ ᠳᠡᠭᠡᠭᠰᠢ ᠪᠣᠯᠭᠠᠨ᠎ᠠ᠃ ᠠᠭᠤᠷᠬᠠᠢ ᠶᠢᠨ ᠡᠬᠢ ᠰᠤᠷᠪᠤᠯᠵᠢ ᠶᠢ ᠨᠢᠭᠡᠲᠦᠯᠵᠢᠭᠦᠯᠬᠦ ᠪᠠ ᠠᠵᠤ ᠠᠬᠤᠶᠢᠯᠠᠯ ᠢ ᠳᠠᠬᠢᠨ ᠪᠠᠶᠢᠭᠤᠯᠵᠤ᠂ ᠱᠠᠨ ᠶᠢᠨ ᠬᠤᠩ ᠯᠢᠩ᠂ ᠳᠤᠮᠳᠠᠳᠤ ᠶᠢᠨ ᠥᠩᠭᠡᠲᠦ ᠲᠡᠮᠦᠷᠯᠢᠭ ᠤᠨ ᠪᠠᠶᠠᠨᠨᠢᠷᠤᠭᠤ ᠠᠭᠤᠷᠬᠠᠢ ᠵᠢᠴᠢ ᠵᠧ ᠱᠧᠩ ᠠᠭᠤᠷᠬᠠᠢ ᠵᠡᠷᠭᠡ ᠠᠬᠤᠶᠢᠯᠠᠯ ᠤᠨ ᠡᠷᠭᠢᠨ ᠲᠣᠭᠤᠷᠢᠨ ᠤ ᠠᠭᠤᠷᠬᠠᠢ ᠶᠢᠨ ᠡᠷᠬᠡ ᠶᠢ ᠨᠢᠭᠡᠲᠦᠭᠦᠯᠬᠦ ᠶᠢ ᠳᠡᠮᠵᠢᠨ᠂ ᠱᠠᠨ ᠶᠢᠨ ᠬᠤᠩ ᠯᠢᠩ ᠪᠣᠯᠣᠨ ᠳ᠋ᠦᠡᠭ ᠹᠠᠨᠭ᠌ ᠹᠦ᠋ ᠶᠤᠸᠠᠨ᠂ ᠢᠦᠢ ᠪᠠᠩ ᠠᠭᠤᠷᠬᠠᠢ ᠶᠢ ᠳᠠᠬᠢᠨ ᠪᠠᠶᠢᠭᠤᠯᠬᠤ ᠶᠢ ᠠᠬᠢᠭᠤᠯᠤᠨ᠎ᠠ᠃ ᠥᠩᠭᠡᠲᠦ ᠲᠡᠮᠦᠷᠯᠢᠭ ᠤᠨ ᠬᠦᠳᠡᠷ ᠰᠢᠯᠢᠬᠦ ᠴᠢᠳᠠᠪᠦᠷᠢ ᠶᠢ ᠦᠷᠭᠡᠳᠬᠡᠨ᠂ ᠺᠠᠢ ᠶᠤᠸᠠᠨ ᠠᠭᠤᠷᠬᠠᠢ ᠶᠢᠨ 2000 ᠲᠤᠨ ᠤ ᠬᠦᠳᠡᠷ ᠰᠢᠯᠢᠵᠦ ᠦᠷᠭᠡᠳᠬᠡᠨ ᠪᠠᠶᠢᠭᠤᠯᠬᠤ ᠲᠦᠷᠥᠯ ᠵᠦᠢᠯ ᠢ ᠪᠠᠶᠢᠭᠤᠯᠵᠤ᠂ ᠵᠧ ᠱᠧᠩ ᠠᠭᠤᠷᠬᠠᠢ ᠶᠢᠨ 4000 ᠲᠤᠨ ᠤ ᠬᠦᠳᠡᠷ ᠰᠢᠯᠢᠵᠦ ᠦᠷᠭᠡᠳᠬᠡᠨ ᠪᠠᠶᠢᠭᠤᠯᠬᠤ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ ᠠᠵᠢᠯ ᠢ ᠠᠬᠢᠭᠤᠯᠤᠨ᠂ ᠢᠦᠢ ᠪᠠᠩ ᠠᠭᠤᠷᠬᠠᠢ ᠶᠢᠨ ᠲᠦᠮᠡᠨ ᠲᠤᠨ ᠤ ᠦᠷᠭᠡᠳᠬᠡᠨ ᠪᠠᠶᠢᠭᠤᠯᠬᠤ ᠲᠥᠷᠥᠯ ᠵᠦᠢᠯ ᠢ ᠲᠦᠯᠦᠪᠯᠡᠵᠦ᠂ ᠥᠩᠭᠡᠲᠦ ᠲᠡᠮᠦᠷᠯᠢᠭ ᠤᠨ ᠡᠳᠦᠷ ᠪᠦᠷᠢ ᠶᠢᠨ ᠬᠦᠳᠡᠷ ᠰᠢᠯᠢᠬᠦ ᠴᠢᠳᠠᠪᠦᠷᠢ ᠶᠢ 3 ᠲᠦᠮᠡᠨ ᠲᠤᠨ ᠠᠴᠠ ᠳᠡᠭᠡᠭᠰᠢ ᠪᠣᠯᠭᠠᠨ᠎ᠠ᠃ ᠳᠣᠮᠳᠠᠲᠤ ᠶᠢᠨ ᠥᠩᠭᠡᠲᠦ ᠲᠡᠮᠦᠷᠯᠢᠭ ᠤᠨ ᠯᠢᠩ ᠨᠠᠨ ᠬᠢᠵᠠᠭᠠᠷᠳᠤ ᠺᠤᠮᠫᠠᠨᠢ ᠶᠢᠨ 30 ᠲᠦᠮᠡᠨ ᠲᠤᠨ ᠤ ᠴᠠᠶᠢᠷ ᠲᠤᠭᠤᠯᠭ᠎ᠠ ᠬᠠᠶᠢᠯᠤᠭᠤᠯᠬᠤ᠂ 5 ᠲᠦᠮᠡᠨ ᠲᠤᠨ ᠨᠠᠷᠢᠯᠢᠭ ᠴᠠᠶᠢᠷ ᠤᠨ ᠨᠣᠨᠳᠠᠭ ᠪᠠ ᠢᠯᠵᠠᠷᠠᠬᠤ ᠶᠢ ᠰᠡᠷᠭᠡᠶᠢᠯᠡᠬᠦ ᠴᠣᠬᠤᠢ᠂ 25 ᠲᠦᠮᠡᠨ ᠲᠤᠨ ᠤ ᠥᠩᠭᠡᠲᠦ ᠲᠡᠮᠦᠷᠯᠢᠭ ᠤᠨ ᠬᠠᠶᠠᠭᠳᠠᠮᠠᠯ ᠪᠣᠳᠠᠰ ᠵᠢᠴᠢ ᠬᠡᠷᠡᠭᠴᠡᠭᠡ ᠲᠠᠢ ᠲᠡᠮᠦᠷᠯᠢᠭ ᠢ ᠬᠤᠷᠢᠶᠠᠨ ᠠᠪᠬᠤ ᠵᠡᠷᠭᠡ ᠲᠥᠷᠥᠯ ᠵᠦᠢᠯ ᠢ ᠭᠤᠣᠯᠳᠠᠯᠭ᠎ᠠ ᠲᠠᠢ ᠨᠠᠶᠢᠳᠠᠪᠦᠷᠢᠵᠢᠭᠤᠯᠵᠤ ᠂ ᠥᠩᠭᠡᠲᠦ ᠲᠡᠮᠦᠷᠯᠢᠭ ᠤᠨ ᠠᠵᠤ ᠦᠢᠯᠡᠰ ᠤᠨ ᠭᠢᠨᠵᠢ ᠶᠢ ᠦᠷᠭᠡᠳᠬᠡᠨ᠂ ︽ᠬᠠᠶᠢᠬᠤ᠂ ᠰᠢᠯᠢᠬᠦ᠂ ᠬᠠᠶᠢᠯᠤᠭᠤᠯᠬᠤ ᠂ ᠪᠣᠯᠪᠠᠰᠤᠷᠠᠭᠤᠯᠬᠤ︾ ᠶᠢ ᠨᠢᠭᠡᠲᠦᠵᠢᠭᠦᠯᠦᠭᠰᠡᠨ ᠬᠦᠭᠵᠢᠯᠲᠡ ᠶᠢᠨ ᠪᠠᠶᠢᠳᠠᠯ ᠢ ᠴᠢᠷᠮᠠᠶᠢᠨ ᠪᠡᠶᠡᠯᠡᠭᠦᠯᠦᠨ᠎ᠡ᠃        ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠦᠭᠵᠢᠭᠦᠯᠦᠨ᠎ᠡ᠃ ᠰᠠᠯᠬᠢᠨ ᠤ ᠡᠨᠧᠷᠭᠢ᠂ ᠨᠠᠷᠠᠨ ᠤ ᠡᠨᠧᠷᠭᠢ ᠵᠡᠷᠭᠡ ᠪᠤᠬᠢᠷᠳᠤᠯ ᠦᠭᠡᠢ ᠡᠬᠢ ᠰᠤᠷᠪᠤᠯᠵᠢ ᠶᠢᠨ ᠲᠥᠷᠥᠯ ᠵᠦᠢᠯ ᠢ ᠨᠠᠶᠢᠳᠠᠪᠦᠷᠢᠵᠢᠭᠤᠯᠵᠤ᠂ ᠴᠣᠬᠤᠢ ᠶᠢᠨ ᠴᠢᠯᠠᠭᠤ ᠶᠢ ᠨᠠᠷᠢᠯᠢᠭ ᠪᠣᠯᠪᠠᠰᠤᠷᠠᠭᠤᠯᠬᠤ ᠪᠠᠷ ᠭᠤᠣᠯ ᠪᠣᠯᠭᠠᠭᠰᠠᠨ ᠲᠦᠷᠥᠯ ᠵᠦᠢᠯ ᠢ ᠲᠥᠯᠥᠪᠯᠡᠨ᠂ ᠡᠨᠧᠷᠭᠢᠲᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠶᠢ ᠬᠦᠭᠵᠢᠭᠦᠯᠦᠨ ᠪᠣᠵᠠᠭᠠᠶᠢᠷᠠᠭᠤᠯᠤᠨ᠎ᠠ᠃ ᠵᠦᠩ ᠯᠢ ᠲᠧᠩ ᠬᠤᠢ ᠶᠢᠨ 3 ᠲᠦᠮᠡᠨ ᠺᠢᠯᠤᠸᠠᠲ ᠪᠠ ᠤᠯᠠᠭᠠᠨᠬᠠᠳᠠ ᠶᠢᠨ ᠺᠤᠸᠠᠩ ᠳ᠋ᠠ 10 ᠲᠦᠮᠡᠨ ᠺᠢᠯᠤᠸᠠᠲ ᠨᠠᠷᠠᠨ ᠤ ᠡᠨᠧᠷᠭᠢ ᠪᠠᠷ ᠴᠠᠬᠢᠯᠭᠠᠨ ᠭᠠᠷᠭᠠᠬᠤ ᠲᠦᠷᠥᠯ ᠵᠦᠢᠯ ᠢ ᠪᠦᠲᠦᠭᠡᠨ ᠪᠠᠶᠢᠭᠤᠯᠵᠤ᠂ ᠲᠤᠰ ᠵᠢᠯ ᠳᠡᠭᠡᠨ ᠠᠰᠢᠭᠯᠠᠯᠲᠠ ᠳᠤ ᠣᠷᠤᠭᠤᠯᠬᠤ ᠪᠠᠷ ᠴᠢᠷᠮᠠᠶᠢᠨ᠎ᠠ᠃ ᠶᠢᠨ ᠹᠧᠩ ᠶᠤᠸᠠᠨ 300 ᠲᠦᠮᠡᠨ ᠲᠡᠭᠰᠢ ᠳᠥᠷᠪᠡᠯᠵᠢᠨ ᠮᠧᠲᠷ ᠪᠠ ᠭᠢᠳᠠᠨ ᠴᠢᠯᠠᠭᠤᠨ ᠮᠠᠲ᠋ᠧᠷᠢᠶᠠᠯ ᠤᠨ ᠭᠠᠵᠠᠷ ᠤᠨ 500 ᠲᠦᠮᠡᠨ ᠲᠡᠭᠰᠢ ᠳᠥᠷᠪᠡᠯᠵᠢᠨ ᠮᠧᠲᠷ ᠴᠢᠯᠠᠭᠤᠨ ᠮᠠᠲ᠋ᠧᠷᠢᠶᠠᠯ ᠪᠣᠯᠪᠠᠰᠤᠷᠠᠭᠤᠯᠬᠤ ᠵᠢᠴᠢ ᠸᠧᠨ ᠷᠦᠢ ᠶᠢᠨ 1000 ᠲᠤᠨ ᠤ ᠴᠤᠯᠤ ᠥᠭᠡᠬᠦᠨ ᠴᠢᠯᠠᠭᠤᠨ ᠡᠯᠡᠰᠦ ᠪᠣᠯᠪᠠᠰᠤᠷᠠᠭᠤᠯᠬᠤ ᠵᠡᠷᠭᠡ ᠲᠥᠷᠥᠯ ᠵᠦᠢᠯ ᠢ ᠲᠥᠷᠭᠡᠨ ᠪᠠᠶᠢᠭᠤᠯᠵᠤ᠂  ᠡᠬᠢ ᠰᠤᠷᠪᠤᠯᠵᠢ ᠶᠢᠨ ᠴᠢᠨᠠᠷᠲᠠᠢ ᠠᠵᠤ ᠦᠢᠯᠡᠰ ᠤᠨ ᠤᠯᠠᠨ ᠲᠦᠷᠦᠯᠵᠢᠭᠰᠡᠨ ᠬᠦᠭᠵᠢᠯᠲᠡ ᠶᠢ ᠠᠬᠢᠭᠤᠯᠤᠨ᠎ᠠ᠃ ᠫᠧᠩ ᠬᠤᠢ ᠮᠠᠰᠢᠨ ᠮᠧᠬᠠᠨᠢᠭ ᠤᠨ ᠦᠢᠯᠡᠳᠪᠦᠷᠢ ᠶᠢᠨ 3700 ᠢᠵᠢ ᠲᠠᠷᠢᠶᠠᠯᠠᠩ ᠤᠨ ᠮᠠᠰᠢᠨ ᠬᠡᠷᠡᠭᠰᠡᠯ ᠦᠢᠯᠡᠳᠬᠦ᠂ ᠰᠢᠨ ᠳ᠋ᠧ ᠴᠧᠩ ᠬᠤᠪᠴᠠᠰᠤᠨ ᠦᠢᠯᠡᠳᠪᠦᠷᠢ ᠶᠢᠨ 5 ᠲᠦᠮᠡᠨ ᠵᠠᠬ᠎ᠠ ᠬᠤᠪᠴᠠᠰᠤ ᠬᠢᠬᠦ ᠵᠡᠷᠭᠡ ᠡᠬᠢ ᠰᠤᠷᠪᠤᠯᠵᠢ ᠶᠢᠨ ᠪᠣᠰᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠠᠵᠤ ᠦᠢᠯᠡᠳᠪᠦᠷᠢ ᠶᠢᠨ ᠠᠵᠤ ᠠᠬᠤᠢ ᠳᠠᠬᠢ ᠡᠬᠢ ᠰᠣᠷᠪᠤᠯᠵᠢ ᠶᠢᠨ ᠪᠤᠰᠤ ᠬᠡᠯᠪᠡᠷᠢᠲᠦ ᠠᠵᠤ ᠦᠢᠯᠡᠰ ᠤᠨ ᠡᠵᠡᠯᠡᠬᠦ ᠬᠠᠷᠢᠴᠠᠯ ᠢ ᠨᠡᠮᠡᠭᠳᠡᠭᠦᠯᠦᠨ᠎ᠡ᠃ ᠬᠤᠰᠢᠭᠤᠨ ᠤ ᠳᠣᠲᠤᠭᠠᠳᠤ ᠶᠢᠨ ᠰᠢᠨ᠎ᠡ ᠪᠠᠷ ᠮᠠᠨᠳᠤᠭᠰᠠᠨ ᠠᠵᠤ ᠦᠢᠯᠡᠰ ᠲᠠᠬᠢ ᠪᠡᠯᠡ ᠣᠷᠤᠭᠤᠯᠤᠯᠲᠠ ᠶᠢ ᠵᠣᠷᠢᠭᠵᠢᠭᠤᠯᠤᠨ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠴᠢᠬᠤᠯᠠ ᠠᠵᠤ ᠠᠬᠤᠢ ᠶᠢᠨ ᠰᠢᠨ᠎ᠡ ᠦᠰᠦᠯᠲᠡ ᠶᠢᠨ ᠴᠢᠭ ᠪᠣᠯᠭᠠᠨ᠎ᠠ᠃        ᠠᠵᠤ ᠦᠢᠯᠡᠳᠪᠦᠷᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠥᠷᠭᠡᠨ ᠬᠦᠭᠵᠢᠭᠦᠯᠦᠨ᠎ᠡ᠃ ᠠᠵᠤ ᠦᠢᠯᠡᠳᠪᠦᠷᠢ ᠶᠢᠨ ᠲᠣᠭᠤᠷᠢᠭ ᠤᠨ ᠤᠰᠤ᠂ ᠴᠠᠬᠢᠯᠭᠠᠨ᠂ ᠵᠠᠮ ᠬᠠᠷᠢᠯᠴᠠᠭ᠎ᠠ ᠵᠡᠷᠭᠡ ᠢᠵᠢ ᠪᠦᠷᠢᠳᠦᠭᠰᠡᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠲᠣᠭᠤᠷᠢᠭ ᠤᠨ ᠰᠠᠭᠤᠷᠢ ᠲᠦᠬᠦᠭᠡᠷᠦᠮᠵᠢ ᠠᠨᠠᠢ ᠪᠠᠶᠢᠬᠤ ᠪᠠᠶᠢᠳᠠᠯ ᠢ ᠬᠤᠪᠢᠷᠠᠭᠤᠯᠤᠨ᠂  ᠦᠢᠯᠡᠳᠪᠦᠷᠢᠯᠡᠯ ᠤᠨ ᠡᠯᠧᠮᠧᠨ᠋ᠲ ᠤᠨ ᠲᠦᠪᠯᠡᠷᠡᠯ ᠳᠤ ᠨᠦᠬᠦᠴᠡᠯ ᠬᠠᠩᠭᠠᠵᠤ ᠥᠭᠭᠦᠨ᠎ᠡ᠃ ᠹᠧᠩ ᠬᠤᠸᠠᠩ ᠱᠠᠨ ᠠᠭᠤᠯᠠᠨ ᠤ ᠠᠵᠤ ᠦᠢᠯᠡᠳᠪᠦᠷᠢ ᠶᠢᠨ ᠲᠣᠭᠤᠷᠢᠭ ᠲᠤ ᠲᠦᠭᠡᠭᠡᠯ ᠤᠰᠤᠨ ᠤ ᠭᠠᠵᠠᠷ ᠭᠠᠷᠭᠠᠵᠤ᠂ ︽ᠨᠢᠭᠡ ᠬᠦᠨᠳᠡᠯᠡᠨ ᠨᠢᠭᠡ ᠭᠤᠯᠳᠤ︾ ᠵᠠᠮ ᠱᠤᠭᠤᠮ᠂ ᠪᠤᠬᠢᠷᠳᠤᠯ ᠤᠰᠤ ᠶᠢ ᠴᠡᠪᠡᠷᠯᠡᠬᠦ ᠦᠢᠯᠡᠳᠪᠦᠷᠢ ᠵᠢᠴᠢ ᠬᠠᠲᠠᠭᠤ ᠪᠡᠶᠡᠲᠦ ᠬᠠᠶᠠᠭᠳᠠᠮᠠᠯ ᠪᠤᠳᠠᠰ ᠢ ᠰᠢᠢᠳᠪᠦᠷᠢᠯᠡᠬᠦ ᠦᠢᠯᠡᠳᠪᠦᠷᠢ ᠵᠡᠷᠭᠡ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠠᠵᠤ ᠦᠢᠯᠡᠳᠪᠦᠷᠢ ᠶᠢᠨ ᠲᠣᠭᠤᠷᠢᠭ ᠤᠨ ᠶᠡᠷᠦᠩᠬᠡᠶᠢᠯᠡᠭᠰᠡᠨ ᠬᠦᠴᠦᠨ ᠢ ᠨᠡᠮᠡᠭᠳᠡᠭᠦᠯᠦᠨ᠎ᠡ᠃ ᠱᠢᠨᠠ ᠤᠰᠤᠨ ᠴᠦᠭᠦᠷᠦᠮ ᠤᠨ ᠡᠷᠬᠡ ᠶᠢ ᠰᠢᠯᠵᠢᠭᠦᠯᠬᠦ᠂ ᠲᠣᠭᠤᠷᠢᠭ ᠤᠨ ᠲᠦᠯᠦᠪᠵᠢᠭᠦᠯᠭᠡ ᠶᠢᠨ ᠬᠢᠨᠠᠨ ᠵᠦᠪᠰᠢᠶᠡᠷᠡᠯᠲᠡ ᠶᠢᠨ ᠠᠵᠢᠯ ᠢ ᠬᠢᠵᠦ᠂ 220 ᠺᠢᠯᠤᠸᠠᠲ ᠤᠨ ᠨᠢᠭᠡ ᠯᠡ ᠤᠳᠠᠭ᠎ᠠ ᠬᠤᠪᠢᠰᠬᠠᠭᠤᠷ ᠢ ᠥᠪᠥᠷ ᠮᠣᠩᠭᠤᠯ ᠤᠨ ᠵᠡᠭᠦᠨ ᠬᠡᠰᠡᠭ ᠣᠷᠣᠨ ᠤ ᠴᠠᠬᠢᠯᠭᠠᠨ ᠰᠦᠯᠵᠢᠶ᠎ᠡ ᠶᠢᠨ ᠲᠦᠯᠦᠪᠵᠢᠭᠦᠯᠭᠡ ᠳᠤ ᠣᠷᠤᠭᠤᠯᠵᠤ᠂ ᠹᠧᠩ ᠬᠤᠸᠠᠩ ᠱᠠᠨ ᠠᠭᠤᠯᠠᠨ ᠤ ᠠᠵᠤ ᠦᠢᠯᠡᠳᠪᠦᠷᠢ ᠶᠢᠨ ᠲᠣᠭᠤᠷᠢᠭ ᠢ ᠥᠪᠡᠷᠲᠡᠭᠡᠨ ᠵᠠᠰᠬᠠᠤ ᠣᠷᠣᠨ ᠤ ᠳᠡᠰ ᠤᠨ ᠣᠷᠴᠢᠯᠲᠤ ᠠᠵᠤ ᠠᠬᠤᠢ ᠶᠢᠨ ᠵᠢᠱᠢᠶ᠎ᠡ ᠦᠵᠡᠭᠦᠯᠬᠦ ᠲᠣᠭᠤᠷᠢᠭ ᠪᠣᠯᠭᠠᠬᠤ ᠪᠠᠷ ᠴᠢᠷᠮᠠᠶᠢᠨ᠎ᠠ᠃ ᠡᠯ᠎ᠡ ᠵᠦᠢᠯ ᠤᠨ ᠳᠡᠳᠬᠦᠨ ᠳᠡᠮᠵᠢᠬᠦ ᠲᠥᠷᠥ ᠶᠢᠨ ᠪᠣᠳᠤᠯᠭ᠎ᠠ ᠶᠢ ᠢᠳᠡᠪᠬᠢᠲᠠᠢ ᠬᠠᠷᠢᠴᠠᠨ ᠣᠯᠬᠤ ᠪᠠ ᠨᠠᠶᠢᠳᠠᠪᠦᠷᠢᠵᠢᠭᠤᠯᠤᠨ᠂ ᠳᠤᠮᠳᠠ ᠪᠠᠭ᠎ᠠ ᠠᠵᠤ ᠠᠬᠤᠶᠢᠯᠠᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠣᠭᠤᠷᠢᠭ ᠲᠤ ᠣᠷᠤᠭᠤᠯᠤᠭᠰᠠᠨ ᠠᠩᠬᠠᠳᠠᠭᠴᠢ ᠨᠢᠭᠡ ᠪᠦᠯᠦᠭ ᠲᠥᠷᠥᠯ ᠵᠦᠢᠯ ᠢ ᠲᠤᠰ ᠵᠢᠯ ᠳᠡᠭᠡᠨ ᠠᠰᠢᠭᠯᠠᠯᠲᠠ ᠳᠤ ᠣᠷᠤᠭᠤᠯᠬᠤ ᠪᠠᠷ ᠴᠢᠷᠮᠠᠶᠢᠨ᠎ᠠ᠃ ᠲᠣᠭᠤᠷᠢᠭ ᠲᠤ ᠰᠠᠭᠤᠷᠢᠰᠢᠬᠤ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠬᠦᠭᠵᠢᠭᠦᠯᠵᠦ᠂ 3 ᠠᠴᠠ ᠳᠡᠭᠡᠭᠰᠢᠬᠢ ᠠᠵᠤ ᠠᠬᠤᠶᠢᠯᠠᠯ ᠢ  ᠰᠠᠭᠤᠷᠢᠰᠢᠭᠤᠯᠤᠨ᠂ ᠠᠵᠤ ᠦᠢᠯᠡᠳᠪᠦᠷᠢ ᠶᠢᠨ ᠲᠤᠭᠤᠷᠢᠭ ᠤᠨ ᠦᠢᠯᠡᠳᠪᠦᠷᠢᠯᠡᠯ ᠤᠨ ᠦᠷᠲᠡᠭ ᠢ 100 ᠳ᠋ᠦᠩᠰᠢᠭᠤᠷ ᠲᠦᠭᠦᠷᠢᠭ ᠠᠴᠠ ᠳᠡᠭᠡᠭᠰᠢ ᠪᠠᠶᠢᠬᠤ ᠶᠢ ᠪᠠᠲᠤᠯᠠᠨ᠎ᠠ᠃        ᠠᠷᠠᠯᠵᠢᠶᠠᠴᠢᠨ ᠣᠷᠢᠵᠤ ᠪᠡᠯᠡ ᠲᠠᠲᠠᠬᠤ ᠶᠢ ᠠᠬᠢᠭᠤᠯᠤᠨ᠎ᠠ᠃ ᠪᠡᠭᠡᠵᠢᠩ ᠲᠢᠶᠠᠨᠵᠢᠨ ᠾᠧᠪᠸᠢ ᠵᠡᠷᠭᠡ ᠭᠠᠵᠠᠷ ᠣᠷᠣᠨ ᠤ ᠠᠵᠤ ᠦᠢᠯᠡᠰ ᠢ ᠰᠢᠯᠵᠢᠭᠦᠯᠬᠦ᠂ ᠠᠭᠠᠷ ᠮᠠᠨᠳᠠᠯ ᠤᠨ ᠣᠷᠴᠢᠨ ᠲᠣᠭᠤᠷᠢᠨ ᠶᠢ ᠴᠡᠪᠡᠷᠰᠢᠭᠦᠯᠬᠦ ᠵᠢᠴᠢ ᠠᠵᠤ ᠠᠬᠤᠢ ᠶᠢᠨ ᠨᠡᠮᠡᠭᠳᠡᠯ ᠤᠨ ᠬᠡᠯᠪᠡᠷᠢ ᠶᠢ ᠬᠤᠪᠢᠷᠠᠭᠤᠯᠬᠤ ᠵᠡᠷᠭᠡ ᠳᠣᠬᠢᠶᠠᠯ ᠢ ᠴᠢᠩᠭ᠎ᠠ ᠠᠳᠬᠤᠵᠤ᠂ ᠭᠠᠳᠠᠭᠠᠲᠤ ᠲᠠᠢ ᠴᠢᠯᠦᠭᠡᠲᠡᠢ ᠶᠠᠪᠤᠯᠴᠠᠨ᠂ ᠨᠡᠩ ᠣᠯᠠᠨ ᠠᠵᠤ ᠠᠬᠤᠶᠢᠯᠠᠯ ᠢ ᠮᠠᠨ ᠤ ᠬᠤᠰᠢᠭᠤᠨ ᠳᠤ ᠰᠠᠭᠤᠷᠢᠰᠢᠭᠤᠯᠤᠨ᠎ᠠ᠃ ᠬᠤᠰᠢᠭᠤᠨ ᠳᠡᠰ ᠤᠨ ᠤᠳᠤᠷᠢᠳᠤᠯᠭ᠎ᠠ ᠨᠠᠷ ᠤᠨ ᠪᠦᠯᠬᠦᠮ ᠪᠠᠶᠢᠭᠤᠯᠤᠨ ᠠᠷᠠᠯᠵᠢᠶᠠᠴᠢᠨ ᠣᠷᠢᠬᠤ ᠠᠷᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠥᠩᠭᠡᠲᠦ ᠲᠡᠮᠦᠷᠯᠢᠭ ᠪᠠ ᠲᠡᠮᠦᠷᠯᠢᠭ ᠪᠣᠰᠤ ᠡᠬᠢ ᠰᠣᠷᠪᠤᠯᠵᠢ ᠶᠢ ᠨᠠᠷᠢᠯᠢᠭ ᠪᠣᠯᠪᠠᠰᠤᠷᠠᠭᠤᠯᠬᠤ ᠵᠡᠷᠭᠡ ᠲᠥᠷᠥᠯ ᠵᠦᠢᠯ ᠢ ᠢᠳᠡᠪᠬᠢᠲᠠᠢ ᠣᠷᠤᠭᠤᠯᠤᠨ ᠠᠪᠴᠢᠷᠠᠵᠤ᠂ ᠠᠵᠤ ᠦᠢᠯᠡᠰ ᠤᠨ ᠬᠦᠭᠵᠢᠯᠲᠡ ᠶᠢᠨ ᠳᠠᠪᠬᠤᠷᠭ᠎ᠠ ᠶᠢ ᠳᠡᠭᠡᠭᠰᠢᠯᠡᠭᠦᠯᠦᠨ᠎ᠡ᠃ ᠪᠡᠭᠡᠵᠢᠩ ᠥᠪᠥᠷ ᠮᠣᠩᠭᠤᠯ ᠬᠤᠯᠪᠤᠭᠠᠯᠠᠨ ᠳᠡᠳᠬᠦᠨ ᠳᠡᠮᠵᠢᠬᠦ ᠠᠰᠢᠭᠲᠠᠢ ᠳᠣᠬᠢᠶᠠᠯ ᠢ ᠠᠳᠬᠤᠵᠤ᠂ ᠪᠦᠸᠧᠬᠠᠢ ᠲᠠᠩᠭᠢᠰ ᠢ ᠲᠣᠭᠤᠷᠢᠭᠰᠠᠨ ᠠᠵᠤ ᠠᠬᠤᠢ ᠶᠢᠨ ᠪᠦᠰᠡ ᠪᠠ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠨ ᠬᠦᠭᠵᠢᠭᠦᠯᠬᠦ ᠪᠠᠶᠢᠯᠳᠤᠬᠤ ᠪᠣᠳᠣᠯᠭ᠎ᠠ ᠳᠤ ᠲᠦᠰᠢᠭᠯᠡᠨ᠂ ᠨᠡᠬᠡᠮᠡᠯ ᠪᠠᠷᠠᠭ᠎ᠠ ᠬᠤᠪᠴᠠᠰᠤ ᠵᠠᠰᠠᠯ᠂ ᠡᠯᠧᠺᠲᠷᠤᠨ ᠰᠤᠷᠠᠭ ᠵᠠᠩᠭᠢ᠂ ᠵᠡᠪᠰᠡᠭ ᠲᠣᠨᠤᠭᠯᠠᠯ ᠵᠡᠷᠭᠡ ᠬᠦᠳᠡᠯᠮᠦᠷᠢ ᠨᠢᠭᠲᠠᠷᠠᠭᠰᠠᠨ ᠬᠡᠯᠪᠡᠷᠢᠲᠦ ᠠᠵᠤ ᠦᠢᠯᠡᠰ ᠪᠠ ᠲᠥᠷᠥᠯ ᠵᠦᠢᠯ ᠢ ᠭᠤᠣᠯᠳᠠᠯᠭ᠎ᠠ ᠲᠠᠢ ᠣᠷᠤᠭᠤᠯᠤᠨ᠎ᠠ᠃ ᠠᠵᠤ ᠦᠢᠯᠡᠳᠪᠦᠷᠢ ᠶᠢᠨ ᠲᠣᠭᠤᠷᠢᠭ᠂ ᠪᠤᠳᠠᠰ ᠤᠨ ᠭᠦᠢᠯᠭᠡᠭᠡᠨ ᠤ ᠲᠣᠭᠤᠷᠢᠭ᠂ ᠰᠤᠶᠤᠯ ᠤᠨ ᠠᠵᠤ ᠦᠢᠯᠡᠰ ᠤᠨ ᠲᠤᠭᠤᠷᠢᠭ ᠵᠢᠴᠢ ᠱᠠᠩ ᠵᠢᠩ ᠣᠳᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠲᠣᠭᠤᠷᠢᠭ ᠳᠠᠬᠢ ᠠᠷᠠᠯᠵᠢᠶᠠᠨ ᠣᠷᠢᠵᠤ ᠪᠡᠯᠡ ᠲᠠᠲᠠᠬᠤ ᠠᠵᠢᠯ ᠢ ᠲᠦᠷᠭᠡᠳᠬᠡᠨ᠂ ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ᠂ ᠰᠤᠶᠤᠯ ᠤᠨ ᠠᠵᠤ ᠦᠢᠯᠡᠰ ᠵᠢᠴᠢ ᠲᠠᠷᠢᠶᠠᠯᠠᠩ ᠮᠠᠯ ᠠᠵᠤ ᠠᠬᠤᠢ ᠶᠢᠨ ᠭᠠᠳᠠᠭᠠᠳᠤ ᠲᠠᠢ ᠴᠢᠯᠦᠭᠡᠲᠡᠢ ᠶᠠᠪᠤᠯᠴᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠭᠡᠷ᠎ᠡ ᠲᠣᠭᠲᠠᠭᠰᠠᠨ ᠲᠥᠷᠥᠯ ᠵᠦᠢᠯ ᠢ ᠪᠣᠳᠠᠳᠠᠶᠢᠵᠢᠭᠤᠯᠤᠨ ᠨᠠᠶᠢᠳᠠᠪᠦᠷᠢᠵᠢᠭᠤᠯᠬᠤ ᠠᠵᠢᠯ ᠢ ᠰᠠᠶᠢᠲᠤᠷ ᠬᠢᠵᠦ᠂ ᠭᠡᠷ᠎ᠡ ᠭᠦᠢᠴᠡᠳᠬᠡᠬᠦ ᠨᠣᠷᠮ᠎ᠠ᠂ ᠪᠡᠯᠡ ᠮᠦᠩᠭᠦᠨ ᠤ ᠨᠠᠶᠢᠳᠠᠪᠦᠷᠢᠵᠢᠬᠤ ᠨᠣᠷᠮ᠎ᠠ ᠵᠢᠴᠢ ᠲᠥᠷᠥᠯ ᠵᠦᠢᠯ ᠢ ᠪᠡᠶᠡᠯᠡᠭᠦᠯᠬᠦ ᠨᠣᠷᠮ᠎ᠠ ᠶᠢ ᠴᠢᠷᠮᠠᠶᠢᠨ ᠳᠡᠭᠡᠭᠰᠢᠯᠡᠭᠦᠯᠦᠨ᠎ᠡ᠃ ᠪᠦᠬᠦ ᠵᠢᠯ ᠳᠤ ᠨᠡᠶᠢᠲᠡ ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠲᠠᠢ ᠲᠥᠷᠥᠯ ᠵᠦᠢᠯ ᠢ 4 — 6 ᠣᠷᠤᠭᠤᠯᠵᠤ᠂ 6 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠦᠨ᠎ᠡ᠃       ︵ᠬᠤᠶᠠᠷ︶  ᠬᠦᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠲᠦᠷᠭᠡᠳᠬᠡᠨ᠎ᠡ᠃       ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠵᠠᠮ ᠢᠶᠠᠷ ᠵᠠᠶᠢᠯᠠᠰᠢ ᠦᠭᠡᠢ ᠵᠠᠮᠨᠠᠵᠤ᠂  ᠠᠵᠤ ᠦᠢᠯᠡᠰ ᠤᠨ ᠪᠦᠲᠦᠴᠡ ᠶᠢ ᠳᠣᠬᠢᠷᠠᠭᠤᠯᠤᠨ᠂ ᠠᠵᠤ ᠦᠢᠯᠡᠰᠵᠢᠯᠲᠡ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠤᠨ ᠳᠡᠭᠡᠭᠰᠢᠯᠡᠯᠲᠡ ᠪᠠ ᠦᠷ᠎ᠡ ᠠᠰᠢᠭ ᠤᠨ ᠨᠡᠮᠡᠭᠳᠡᠯ ᠢ ᠠᠬᠢᠭᠤᠯᠤᠨ᠂ ᠮᠠᠯᠴᠢᠨ ᠲᠠᠷᠢᠶᠠᠴᠢᠳ ᠤᠨ ᠣᠷᠤᠯᠭ᠎ᠠ ᠶᠢ ᠦᠷᠭᠦᠯᠵᠢᠯᠡᠨ ᠨᠡᠮᠡᠭᠳᠡᠭᠦᠯᠦᠨ᠎ᠡ᠃       ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠶᠡᠬᠡᠪᠡᠷ ᠬᠦᠭᠵᠢᠭᠦᠯᠦᠨ᠎ᠡ᠃ ᠪᠦᠬᠦ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠲᠣᠮᠣ ᠰᠢᠶᠠᠨ ᠤ ᠪᠠᠶᠢᠷᠢ ᠰᠠᠭᠤᠷᠢ ᠪᠠᠨ ᠪᠠᠬᠢᠵᠢᠭᠦᠯᠵᠦ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠤᠨ᠂ ᠲᠠᠷᠢᠮᠠᠯ ᠤᠨ ᠲᠠᠯᠠᠪᠠᠢ ᠶᠢ 150 ᠲᠦᠮᠡᠨ ᠮᠤ᠋ ᠠᠴᠠ ᠳᠡᠭᠡᠭᠰᠢ ᠪᠠᠶᠢᠬᠤ ᠶᠢ ᠪᠠᠲᠤᠯᠠᠵᠤ᠂ ᠠᠮᠤ ᠪᠤᠳᠠᠭᠠᠨ ᠤ ᠤᠨᠠᠯᠲᠠ ᠶᠢ 10 ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠨ᠎ᠠ᠃ ᠦᠨᠳᠦᠷ ᠦᠷ᠎ᠡ ᠠᠰᠢᠭᠲᠤ ᠤᠰᠤ ᠠᠷᠪᠢᠯᠠᠬᠤ ᠳᠤᠰᠤᠯᠭᠠᠨ ᠤᠰᠤᠯᠠᠯᠲᠠ ᠶᠢ ᠦᠷᠭᠦᠯᠵᠢᠯᠡᠨ ᠲᠦᠭᠡᠮᠡᠯᠵᠢᠭᠦᠯᠵᠦ᠂ ᠪᠦᠷᠬᠦᠪᠴᠢᠲᠦ ᠳᠤᠰᠤᠯᠭᠠᠨ ᠤᠰᠤᠯᠠᠯᠲᠠ ᠶᠢᠨ ᠲᠠᠯᠠᠪᠠᠢ ᠶᠢ 10 ᠲᠦᠮᠡᠨ ᠮᠤ᠋᠂ ᠤᠰᠤ ᠠᠷᠪᠢᠯᠠᠬᠤ ᠪᠣᠷᠳᠤᠭᠠᠨ ᠰᠠᠭᠤᠷᠢᠨ ᠭᠠᠵᠠᠷ 7 ᠲᠦᠮᠡᠨ ᠮᠤ᠋ ᠵᠢᠴᠢ ᠤᠰᠤ ᠠᠷᠪᠢᠯᠠᠬᠤ ᠠᠵᠤ ᠠᠬᠤᠢ ᠶᠢᠨ ᠣᠢ 1740 ᠮᠤ᠋ ᠰᠢᠨ᠎ᠡ ᠪᠠᠷ ᠨᠡᠮᠡᠭᠳᠡᠭᠦᠯᠦᠨ᠂ ᠤᠰᠤ ᠠᠷᠪᠢᠯᠠᠨ ᠳᠤᠰᠤᠯᠭᠠᠨ ᠤᠰᠤᠯᠠᠬᠤ ᠲᠠᠷᠢᠮᠠᠯ ᠤᠨ  ᠬᠠᠷᠢᠴᠠᠯ ᠢ ᠦᠷᠬᠡᠳᠭᠡᠨ᠎ᠡ᠃ ᠠᠯᠠᠰᠢᠨ ᠤ ᠬᠤᠨᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠ ᠠᠯᠠᠰᠢᠨ ᠤ ᠦᠬᠡᠷ ᠤᠨ ᠦᠷᠡᠵᠢᠯ ᠢ ᠦᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠢᠨᠵᠧᠨᠧᠷᠢᠩ ᠢ ᠨᠠᠶᠢᠳᠠᠪᠦᠷᠢᠵᠢᠭᠤᠯᠵᠤ᠂ ᠲᠡᠵᠢᠭᠡᠪᠦᠷᠢ ᠶᠢᠨ ᠡᠷᠦᠬᠡ᠂ ᠭᠡᠷ ᠪᠦᠯᠢ ᠶᠢᠨ ᠮᠠᠯᠵᠢᠯ ᠤᠨ ᠲᠠᠯᠠᠪᠠᠢ ᠵᠢᠴᠢ ᠲᠤᠰᠬᠠᠢ ᠬᠤᠷᠰᠢᠶᠠᠵᠢᠯ ᠵᠡᠷᠭᠡ ᠡᠵᠡᠩᠨᠡᠯᠲᠡ ᠶᠢᠨ ᠭᠤᠣᠯ ᠴᠣᠭᠴᠠ ᠶᠢ ᠭᠤᠣᠯᠳᠠᠯᠭ᠎ᠠ ᠲᠠᠢ ᠬᠦᠭᠵᠢᠭᠦᠯᠦᠨ᠂ 100 ᠲᠦᠮᠡᠨ ᠬᠤᠨᠢ ᠪᠠ 5 ᠲᠦᠮᠡ ᠢᠯᠡᠭᠦᠦ ᠦᠬᠡᠷ ᠪᠣᠷᠤᠯᠠᠭᠤᠯᠬᠤ ᠪᠠᠷ ᠴᠢᠷᠮᠠᠶᠢᠵᠤ᠂  ᠵᠢᠯ ᠳᠤ ᠮᠠᠯ ᠤᠨ ᠲᠤᠭ᠎ᠠ ᠲᠣᠯᠤᠭᠠᠢ 260 ᠲᠦᠮᠡ ᠣᠷᠴᠢᠮ ᠪᠠᠶᠢᠬᠤ ᠶᠢ ᠪᠠᠲᠤᠯᠠᠨ᠎ᠠ᠃ ᠲᠡᠵᠢᠭᠡᠯ ᠪᠣᠷᠳᠤᠭ᠎ᠠ ᠶᠢᠨ ᠠᠵᠤ ᠦᠢᠯᠡᠰ ᠲᠤ ᠰᠠᠭᠤᠷᠢᠯᠠᠵᠤ᠂ ︽3180︾ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ 6 ᠳ᠋ᠦᠩᠰᠢᠭᠤᠷ ᠵᠢᠩ ᠡᠰᠢ ᠰᠦᠷᠡᠯ ᠢ ᠡᠳ᠋ᠰᠢᠭᠦᠯᠦᠨ ᠬᠤᠪᠢᠷᠠᠭᠠᠨ᠎ᠠ᠃ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠲᠤᠷᠰᠢᠯᠲᠠ ᠶᠢᠨ ᠴᠢᠭ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂  ᠰᠤᠷᠠᠭ ᠵᠠᠩᠭᠢ ᠶᠢ ᠬᠠᠮᠲᠤ ᠪᠠᠷ ᠠᠰᠢᠭᠯᠠᠬᠤ᠂ ᠮᠡᠷᠭᠡᠵᠢᠯ ᠢ ᠲᠦᠭᠡᠮᠡᠯᠵᠢᠭᠦᠯᠬᠦ᠂ ᠭᠡᠮ ᠬᠢᠵᠢᠭ ᠢ ᠰᠡᠷᠭᠡᠶᠢᠯᠡᠨ ᠵᠠᠰᠠᠬᠤ ᠵᠢᠴᠢ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠵᠡᠷᠭᠡ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠰᠢᠨ᠎ᠡ ᠠᠮᠵᠢᠯᠲᠠ ᠳᠤ ᠬᠦᠷᠭᠡᠨ᠎ᠡ       ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢ ᠢᠳᠡᠪᠬᠢᠲᠠᠢ ᠬᠦᠭᠵᠢᠭᠦᠯᠦᠨ᠎ᠡ᠃ ︽ᠤᠯᠠᠭᠠᠨᠬᠠᠳᠠ ᠣᠷᠣᠨ ᠤ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠢ ᠦᠢᠯᠡᠳᠪᠦᠷᠢᠯᠡᠨ ᠪᠣᠯᠪᠠᠰᠤᠷᠠᠭᠤᠯᠬᠤ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠱᠦᠭᠦᠷ ᠡᠪᠡᠰᠦ ᠶᠢᠨ ᠡᠭᠦᠯᠳᠡᠷ ᠢ ᠰᠠᠶᠢᠵᠢᠷᠠᠭᠤᠯᠤᠨ ᠲᠦᠭᠡᠮᠡᠯᠵᠢᠭᠦᠯᠦᠨ ᠬᠡᠷᠡᠭᠯᠡᠵᠦ᠂ ᠱᠦᠭᠦᠷ ᠡᠪᠡᠰᠦ ᠲᠠᠷᠢᠬᠤ ᠵᠢᠱᠢᠶ᠎ᠡ ᠦᠵᠡᠭᠦᠯᠬᠦ 20 ᠲᠤᠰᠬᠤᠨ ᠢ ᠭᠤᠣᠯᠳᠠᠯᠭ᠎ᠠ ᠲᠠᠢ ᠠᠳᠬᠤᠨ᠂ ᠲᠠᠷᠢᠬᠤ ᠲᠠᠯᠠᠪᠠᠢ ᠨᠢ 30 ᠲᠦᠮᠡᠨ ᠮᠤ᠋ ᠠᠴᠠ ᠳᠡᠭᠡᠭᠰᠢ ᠪᠠᠶᠢᠬᠤ ᠶᠢ ᠪᠠᠲᠤᠯᠠᠨ᠎ᠠ᠃ ᠨᠡᠷᠡᠲᠦ ᠳᠡᠮᠳᠡᠭ ᠢ ᠡᠭᠦᠳᠴᠦ᠂ ᠱᠦᠭᠦᠷ ᠡᠪᠡᠰᠦ᠂ ᠮᠣᠣ ᠮᠣᠣ  ᠨᠠᠷᠢᠮᠤ ᠵᠡᠷᠭᠡ ᠭᠠᠵᠠᠷ ᠣᠷᠣᠨ ᠤ ᠬᠤᠶᠠᠷ ᠲᠡᠮᠳᠡᠭᠲᠦl ᠳᠠᠩᠰᠠᠯᠠᠭᠤᠯᠬᠤ ᠠᠵᠢᠯ ᠢ  ᠪᠡᠶᠡᠯᠡᠭᠦᠯᠦᠨ᠎ᠡ᠃ ︽ᠪᠦᠬᠦ ᠤᠯᠤᠰ ᠤᠨ ᠬᠠᠷ᠎ᠠ ᠡᠯᠵᠢᠭᠡ ᠲᠡᠵᠢᠭᠡᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ︽ᠬᠠᠷ᠎ᠠ ᠡᠯᠵᠢᠭᠡ︾ ᠪᠠ ︽ᠤᠷᠭᠠᠨᠢᠭ ᠡᠯᠵᠢᠭᠡᠨ ᠮᠢᠬ᠎ᠠ︾ ᠭᠡᠬᠦ ᠬᠤᠶᠠᠷ ᠨᠡᠷᠡᠲᠦ ᠲᠡᠮᠳᠡᠭᠲᠦ ᠶᠢ ᠡᠭᠦᠳᠦᠨ᠂ ᠯᠦᠩᠴᠠᠩ᠂ ᠯᠢᠨᠳᠦ᠋ᠩ ᠵᠡᠷᠭᠡ ᠠᠯᠠᠰᠢᠨ ᠤ ᠡᠯᠵᠢᠭᠡ ᠶᠢᠨ ᠲᠡᠵᠢᠭᠡᠨ ᠦᠷᠡᠵᠢᠭᠦᠯᠬᠦ ᠲᠤᠰᠬᠠᠢ ᠪᠠᠯᠭᠠᠰᠤ ᠶᠢ ᠬᠦᠭᠵᠢᠭᠦᠯᠵᠦ᠂ ᠠᠯᠠᠰᠢᠨ ᠤ ᠡᠯᠵᠢᠭᠡ ᠲᠡᠵᠢᠭᠡᠬᠦ ᠲᠤᠰᠬᠠᠢ ᠲᠤᠰᠬᠤᠨ 15 ᠶᠢ ᠰᠢᠨ᠎ᠡ ᠪᠠᠷ ᠨᠡᠮᠡᠨ ᠪᠠᠶᠢᠭᠤᠯᠤᠨ᠎ᠠ᠃ ᠤᠯᠤᠰ ᠤᠨ ᠨᠡᠷᠡᠲᠦ ᠲᠡᠮᠳᠡᠭᠲᠦ — ᠵᠢᠶᠠᠨ ᠶᠤᠸᠠᠨ ᠪᠤᠭᠤ ᠶᠢᠨ ᠦᠢᠯᠡᠰ ᠲᠤ ᠲᠦᠰᠢᠭᠯᠡᠨ᠂ ᠡᠭᠦᠯᠳᠡᠷ ᠰᠠᠶᠢᠵᠢᠷᠠᠭᠤᠯᠤᠨ ᠬᠡᠮᠵᠢᠶ᠎ᠡ ᠶᠢ ᠨᠡᠮᠡᠭᠳᠡᠭᠦᠯᠬᠦ ᠪᠠᠷ ᠳᠠᠮᠵᠢᠭᠤᠯᠵᠤ᠂ ᠲᠣᠷᠤᠭ ᠪᠤᠭᠤ ᠲᠡᠵᠢᠭᠡᠨ ᠦᠷᠡᠵᠢᠭᠦᠯᠬᠦ ᠬᠦᠷᠢᠶ᠎ᠡ ᠬᠡᠪᠴᠢᠶ᠎ᠡ ᠶᠢ ᠦᠷᠭᠡᠳᠬᠡᠨ᠂ ︽ᠭᠢᠳᠠᠨ ᠠᠮᠢ ᠠᠬᠤᠢ ᠶᠢᠨ ᠪᠤᠭᠤ ᠶᠢᠨ ᠦᠢᠯᠡᠰ︾ ᠤᠨ ᠣᠨᠴᠠᠯᠢᠭᠲᠤ ᠨᠡᠷᠡᠲᠦ ᠲᠡᠮᠳᠡᠭᠲᠦ ᠶᠢ ᠡᠭᠦᠳᠦᠨ᠎ᠡ᠃ ᠭᠠᠷᠤᠯᠲᠠ ᠶᠢ ᠨᠡᠮᠡᠭᠳᠡᠭᠦᠯᠬᠦ ᠪᠠ ᠶᠠᠰᠤ ᠴᠢᠨᠠᠷ ᠢ ᠳᠡᠭᠡᠭᠰᠢᠯᠡᠭᠦᠯᠬᠦ ᠠᠴᠠ ᠭᠠᠷᠳᠠᠵᠤ᠂ ᠠᠮᠤ ᠪᠤᠳᠠᠭ᠎ᠠ ᠪᠠ ᠲᠦᠮᠦᠰᠦ ᠶᠢᠨ ᠲᠡᠮᠳᠡᠭᠲᠦ ᠶᠢ ᠰᠢᠯᠢᠳᠡᠭᠵᠢᠭᠦᠯᠦᠨ᠂ ᠤᠷᠭᠠᠨᠢᠭ ᠠᠮᠤ ᠶᠢᠨ ᠲᠠᠷᠢᠮᠠᠯ ᠤᠨ ᠲᠠᠯᠠᠪᠠᠢ ᠶᠢ 1 ᠲᠦᠮᠡᠨ ᠮᠤ᠋ ᠨᠡᠮᠡᠭᠳᠡᠭᠦᠯᠦᠨ᠂ ᠲᠦᠮᠦᠰᠦ ᠲᠠᠷᠢᠬᠤ ᠲᠠᠯᠠᠪᠠᠢ ᠶᠢ 12 ᠲᠦᠮᠡᠨ ᠮᠤ᠋ ᠠᠴᠠ ᠳᠡᠭᠡᠭᠰᠢ ᠪᠣᠯᠭᠠᠨ᠎ᠠ᠃       ᠠᠵᠤ ᠦᠢᠯᠡᠰᠵᠢᠭᠰᠡᠨ ᠡᠵᠡᠩᠨᠡᠯᠲᠡ ᠶᠢ ᠭᠦᠨᠵᠡᠭᠡᠢ ᠠᠬᠢᠭᠤᠯᠤᠨ᠎ᠠ᠃ ᠪᠡᠯᠡ ᠣᠷᠤᠭᠤᠯᠬᠤ ᠠᠷᠭ᠎ᠠ ᠵᠠᠮ ᠢ ᠦᠷᠭᠡᠳᠬᠡᠨ᠂ ᠦᠢᠯᠡᠳᠪᠦᠷᠢᠯᠡᠯ ᠤᠨ ᠡᠯᠧᠮᠧᠨ᠋ᠲ ᠢ ᠨᠢᠭᠡᠲᠦᠯᠵᠢᠭᠦᠯᠵᠦ᠂ ᠱᠠᠩ ᠵᠢᠩ ᠣᠳᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠲᠢᠶᠠᠨ ᠯᠦᠩ ᠠᠯᠠᠰᠢᠨ ᠤ ᠡᠯᠵᠢᠭᠡ ᠪᠠ ᠳ᠋ᠠ ᠯᠢᠶᠤᠤ ᠸᠠᠩ ᠹᠦ᠋ ᠠᠮᠤ ᠪᠤᠳᠠᠭ᠎ᠠ᠂ ᠤᠯᠠᠭᠠᠨᠬᠠᠳᠠ ᠶᠢᠨ ᠹᠧᠩ ᠷᠦᠨ ᠵᠡᠷᠭᠡ ᠦᠷᠭᠦᠯᠵᠢᠯᠡᠨ ᠪᠦᠲᠦᠭᠡᠨ ᠪᠠᠶᠢᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠯᠬᠤᠮ ᠢ ᠲᠦᠷᠭᠡᠳᠬᠡᠨ᠂ ᠲᠢᠶᠠᠨ ᠽᠧ ᠠᠮᠢᠳᠤ ᠪᠤᠳᠠᠰ ᠪᠠ ᠲᠢᠶᠠᠨ ᠭᠤᠸᠠᠨ ᠳ᠋ᠧ ᠷᠦᠨ ᠵᠡᠷᠭᠡ ᠨᠢᠭᠡᠨᠲᠡ ᠪᠠᠶᠢᠭᠤᠯᠤᠭᠳᠠᠭᠰᠠᠨ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢ ᠴᠢᠩᠭ᠎ᠠ ᠠᠳᠬᠤᠵᠤ᠂ ᠲᠣᠯᠤᠭᠠᠶᠢᠯᠠᠭᠴᠢ ᠠᠵᠤ ᠠᠬᠤᠶᠢᠯᠠᠯ ᠤᠨ ᠬᠦᠷᠢᠶ᠎ᠡ ᠬᠡᠪᠴᠢᠶ᠎ᠡ ᠶᠢ ᠲᠠᠰᠤᠷᠠᠯᠲᠠ ᠦᠭᠡᠢ ᠪᠣᠵᠠᠭᠠᠶᠢᠷᠠᠭᠤᠯᠤᠨ᠎ᠠ᠃ ᠵᠠᠯᠭᠠᠬᠤ ᠪᠠ ᠥᠭᠡᠷᠡᠴᠢᠯᠡᠬᠦ᠂ ᠳᠠᠬᠢᠨ ᠵᠣᠬᠢᠶᠠᠨ ᠪᠠᠶᠢᠭᠤᠯᠵᠤ ᠨᠡᠶᠢᠯᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠵᠤ᠂ ᠵᠢᠶᠠᠨ ᠶᠤᠸᠠᠨ ᠪᠤᠭᠤ ᠶᠢᠨ ᠦᠢᠯᠡᠰ ᠪᠠ ᠺᠧ ᠷᠠᠨ ᠠᠮᠢᠳᠤ ᠪᠤᠳᠠᠰ ᠵᠡᠷᠭᠡ ᠠᠵᠤ ᠠᠬᠤᠶᠢᠯᠠᠯ ᠢ ᠬᠤᠷᠰᠢᠭᠰᠠᠨ ᠬᠦᠭᠵᠢᠯᠲᠡ ᠶᠢᠨ ᠵᠠᠮ ᠢᠶᠠᠷ ᠵᠠᠮᠨᠠᠭᠤᠯᠤᠨ᠎ᠠ᠃ ᠲᠣᠯᠤᠭᠠᠶᠢᠯᠠᠭᠴᠢ ᠠᠵᠤ ᠠᠬᠤᠶᠢᠯᠠᠯ ᠤᠨ ᠳᠠᠭᠠᠭᠤᠯᠤᠭᠴᠢ ᠶᠢᠨ ᠦᠢᠯᠡᠳᠦᠯ ᠢ ᠪᠠᠳᠠᠷᠠᠭᠤᠯᠤᠨ᠂ ᠲᠠᠷᠢᠵᠤ ᠲᠡᠵᠢᠭᠡᠬᠦ ᠰᠠᠭᠤᠷᠢᠨ ᠭᠠᠵᠠᠷ ᠪᠣᠯᠤᠨ ᠮᠠᠯᠴᠢᠨ ᠲᠠᠷᠢᠶᠠᠴᠢᠳ ᠤᠨ ᠠᠰᠢᠭ ᠲᠤᠰᠠ ᠶᠢ ᠨᠢᠭᠲᠠ ᠬᠤᠯᠪᠤᠯᠳᠠᠭᠤᠯᠵᠤ᠂ ᠮᠠᠯᠴᠢᠨ ᠲᠠᠷᠢᠶᠠᠴᠢᠳ ᠲᠤ ᠨᠡᠩ ᠶᠡᠭᠡ ᠠᠰᠢᠭ ᠬᠦᠷᠲᠡᠭᠡᠨ᠎ᠡ᠃ ᠰᠢᠨ᠎ᠡ ᠮᠠᠶ᠋ᠢᠭ ᠤᠨ ᠠᠵᠤ ᠦᠢᠯᠡᠰ ᠤᠨ ᠡᠵᠡᠩᠨᠡᠯᠲᠡ ᠶᠢᠨ ᠭᠤᠣᠯ ᠴᠣᠭᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠯᠠᠰᠢᠨ ᠤ ᠬᠤᠨᠢ ᠦᠬᠡᠷ᠂ ᠲᠤᠤᠵᠤᠤ ᠱᠦᠭᠦᠷ᠂ ᠠᠯᠠᠰᠢᠨ ᠤ ᠡᠯᠵᠢᠭᠡ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠢᠶᠠᠷ ᠭᠤᠣᠯᠳᠠᠯᠭ᠎ᠠ ᠪᠣᠯᠭᠠᠵᠤ᠂ ᠲᠠᠷᠢᠵᠤ ᠲᠡᠵᠢᠭᠡᠬᠦ ᠵᠢᠱᠢᠶ᠎ᠡ ᠦᠵᠡᠭᠦᠯᠬᠦ ᠲᠣᠮᠤ ᠡᠷᠦᠬᠡ 50 ᠢ ᠨᠡᠮᠡᠭᠳᠡᠭᠦᠯᠵᠦ᠂ ᠲᠦᠷᠢᠮᠵᠢᠭᠰᠡᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ 20 ᠪᠠᠶᠢᠭᠤᠯᠤᠨ᠂ ᠬᠤᠰᠢᠭᠤᠨ ᠳᠡᠰ ᠠᠴᠠ ᠳᠡᠭᠡᠭᠰᠢᠬᠢ ᠵᠢᠱᠢᠶ᠎ᠡ ᠦᠵᠡᠭᠦᠯᠬᠦ  ᠬᠤᠷᠰᠢᠶᠠᠵᠢᠯ 15 ᠪᠠᠶᠢᠭᠤᠯᠤᠨ᠎ᠠ᠃       ᠣᠯᠠᠨ ᠠᠷᠭ᠎ᠠ ᠵᠠᠮ ᠢᠶᠠᠷ ᠮᠠᠯᠴᠢᠨ ᠲᠠᠷᠢᠶᠠᠴᠢᠳ ᠤᠨ ᠣᠷᠤᠯᠭ᠎ᠠ ᠶᠢ ᠨᠡᠮᠡᠭᠳᠡᠭᠦᠯᠦᠨ᠎ᠡ᠃ ᠮᠠᠯᠴᠢᠨ ᠲᠠᠷᠢᠶᠠᠴᠢᠳ ᠢ ᠳᠠᠪᠠᠭᠤᠯᠢᠭ ᠲᠠᠷᠢᠵᠤ ᠲᠡᠵᠢᠭᠡᠬᠦ ᠦᠢᠯᠡᠰ ᠪᠠ  ᠣᠨᠴᠠᠯᠢᠭᠲᠤ ᠠᠵᠤ ᠦᠢᠯᠡᠰ ᠢ ᠬᠦᠭᠵᠢᠭᠦᠯᠬᠦ ᠶᠢ ᠵᠣᠷᠢᠭᠵᠢᠭᠤᠯᠤᠨ᠂  ᠬᠡᠪᠴᠢᠶᠡᠵᠢᠭᠰᠡᠨ ᠡᠵᠡᠩᠨᠡᠯᠲᠡ ᠶᠢ ᠬᠦᠭᠵᠢᠭᠦᠯᠵᠦ᠂ ᠦᠷ᠎ᠡ ᠠᠰᠢᠭ ᠢ ᠳᠡᠭᠡᠭᠰᠢᠯᠡᠭᠦᠯᠦᠨ᠂ ᠠᠷᠭ᠎ᠠ ᠪᠦᠬᠦᠨ ᠢ ᠰᠦᠪᠡᠭᠴᠢᠯᠡᠵᠦ᠂ ᠡᠵᠡᠩᠨᠡᠯᠲᠡ ᠶᠢᠨ ᠴᠢᠨᠠᠷᠲᠠᠢ ᠣᠷᠤᠯᠭ᠎ᠠ ᠶᠢ ᠨᠡᠮᠡᠭᠳᠡᠭᠦᠯᠦᠨ᠎ᠡ᠃ ᠠᠮᠤ ᠪᠤᠳᠠᠭᠠᠨ ᠤ ᠰᠢᠭᠤᠳ ᠨᠦᠬᠦᠪᠦᠷᠢ᠂ ᠰᠠᠶᠢᠨ ᠲᠠᠷᠢᠶᠠᠨ ᠦᠷ᠎ᠡ ᠶᠢᠨ ᠨᠦᠬᠦᠪᠦᠷᠢ ᠵᠢᠴᠢ ᠲᠠᠷᠢᠶᠠᠯᠠᠩ ᠤᠨ ᠮᠠᠰᠢᠨ ᠬᠡᠷᠡᠭᠰᠡᠯ ᠬᠤᠳᠠᠯᠳᠤᠵᠤ ᠠᠪᠬᠤ ᠨᠦᠬᠦᠪᠦᠷᠢ ᠵᠡᠷᠭᠡ ᠲᠠᠷᠢᠶᠠᠯᠠᠩ ᠳᠤ ᠲᠤᠰᠠᠯᠠᠬᠤ ᠲᠥᠷᠥ ᠶᠢᠨ ᠪᠣᠳᠤᠯᠭ᠎ᠠ ᠶᠢ ᠴᠢᠩᠭ᠎ᠠ ᠨᠠᠶᠢᠳᠠᠪᠦᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠨᠦᠬᠦᠪᠦᠷᠢ ᠶᠢᠨ ᠱᠠᠩᠨᠠᠯ ᠲᠣᠷᠭᠤᠭᠤᠯᠢ ᠶᠢ ᠨᠠᠶᠢᠳᠠᠪᠦᠷᠢᠵᠢᠭᠤᠯᠤᠨ᠂ ᠮᠠᠯᠴᠢᠨ ᠲᠠᠷᠢᠶᠠᠴᠢᠳ ᠤᠨ ᠲᠥᠷᠥ ᠶᠢᠨ ᠪᠣᠳᠤᠯᠭ᠎ᠠ ᠶᠢᠨ ᠴᠢᠨᠠᠷᠲᠠᠢ ᠣᠷᠤᠯᠭ᠎ᠠ ᠶᠢ ᠨᠡᠮᠡᠭᠳᠡᠭᠦᠯᠦᠨ᠎ᠡ᠃ ᠬᠦᠳᠡᠯᠮᠦᠷᠢ ᠬᠦᠴᠦᠨ ᠤ ᠭᠠᠳᠠᠭᠰᠢ ᠭᠠᠷᠭᠠᠯᠲᠠ ᠶᠢᠨ ᠤᠷᠲᠤ ᠤᠳᠠᠭᠠᠨ ᠴᠢᠨᠠᠷᠲᠠᠢ ᠂ ᠲᠣᠭᠲᠠᠭᠤᠨ ᠴᠢᠨᠠᠷᠲᠠᠢ᠂ ᠮᠡᠷᠭᠡᠵᠢᠯᠲᠦ ᠴᠢᠨᠠᠷᠲᠠᠢ ᠬᠤᠪᠢᠷᠠᠯᠲᠠ ᠶᠢ ᠠᠬᠢᠭᠤᠯᠵᠤ᠂ ᠬᠤᠲᠠ ᠪᠠᠯᠭᠠᠰᠤ ᠪᠠ ᠬᠦᠳᠡᠭᠡ ᠲᠤᠰᠬᠤᠨ ᠤ ᠦᠯᠡᠭᠦᠦ ᠬᠦᠳᠡᠯᠮᠦᠷᠢ ᠬᠦᠴᠦ ᠶᠢ ᠬᠤᠰᠢᠭᠤᠨ ᠤ ᠳᠣᠲᠤᠭᠠᠳᠤ ᠭᠠᠳᠠᠭᠠᠳᠤ ᠶᠢᠨ ᠠᠵᠤ ᠠᠬᠤᠶᠢᠯᠠᠯ ᠳᠤ ᠠᠵᠢᠯᠯᠠᠭᠤᠯᠵᠤ᠂ ᠴᠠᠯᠢᠩ ᠬᠦᠯᠦᠰᠦ ᠶᠢᠨ ᠬᠡᠯᠪᠡᠷᠢᠲᠦ ᠣᠷᠤᠯᠭ᠎ᠠ ᠶᠢ ᠪᠦᠲᠦᠮᠵᠢᠲᠠᠢ ᠨᠡᠮᠡᠭᠳᠡᠭᠦᠯᠦᠨ᠎ᠡ᠃ ᠮᠠᠯᠴᠢᠳ ᠤᠨ ᠣᠷᠤᠯᠭ᠎ᠠ ᠶᠢᠨ ᠨᠡᠮᠡᠭᠳᠡᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠠᠳᠬᠤᠵᠤ᠂ ᠲᠥᠷᠥᠯ ᠵᠦᠢᠯ ᠤᠨ ᠪᠠᠶᠢᠷᠢᠯᠠᠭᠤᠯᠤᠯᠲᠠ᠂ ᠲᠥᠷᠥ ᠶᠢᠨ ᠪᠣᠳᠤᠯᠭ᠎ᠠ ᠶᠢᠨ ᠳᠡᠮᠵᠢᠯᠭᠡ ᠵᠢᠴᠢ ᠪᠡᠯᠡ ᠮᠦᠩᠭᠦᠨ ᠤ ᠣᠷᠤᠭᠤᠯᠤᠯᠲᠠ ᠵᠡᠷᠭᠡ ᠶᠢ ᠮᠠᠯᠵᠢᠬᠤ ᠣᠷᠤᠨ ᠵᠦᠭ ᠬᠠᠨᠳᠤᠭᠤᠯᠵᠤ᠂ ᠮᠠᠯᠴᠢᠳ ᠤᠨ ᠣᠷᠤᠯᠭ᠎ᠠ ᠶᠢᠨ ᠲᠥᠪᠰᠢᠨ ᠢ‌‍ᠲ᠋ᠡᠭᠡᠭᠰᠢᠯᠡᠭᠦᠯᠦᠨ᠎ᠡ᠃       ︵ᠭᠤᠷᠪᠠ︶ ᠭᠢᠳᠠᠨ ᠰᠤᠶᠤᠯ ᠤᠨ ᠠᠵᠤ ᠦᠢᠯᠡᠰ ᠢ ᠴᠢᠩᠭ᠎ᠠ ᠠᠳᠬᠤᠵᠤ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠨ ᠬᠦᠭᠵᠢᠭᠦᠯᠦᠨ᠎ᠡ       ᠰᠢᠨ᠎ᠡ ᠠᠵᠤ ᠠᠬᠤᠢ ᠶᠢᠨ ᠨᠡᠮᠡᠭᠳᠡᠯ ᠴᠢᠭ ᠢ ᠪᠣᠶᠢᠵᠢᠭᠤᠯᠵᠤ᠂ ᠳᠠᠪᠠᠭᠤᠯᠢᠭ ᠡᠬᠢ ᠰᠤᠷᠪᠤᠯᠵᠢ ᠶᠢ ᠲᠦᠪᠯᠡᠷᠡᠭᠦᠯᠦᠨ᠂ ᠭᠢᠳᠠᠨ ᠰᠤᠶᠤᠯ ᠤᠨ ᠠᠵᠤ ᠦᠢᠯᠡᠰ ᠢ ᠡᠭᠦᠳᠦᠨ ᠪᠠᠶᠢᠭᠤᠯᠵᠤ᠂ ᠦᠢᠯᠡᠴᠢᠯᠡᠭᠡᠨ ᠤ ᠦᠢᠯᠡᠰ ᠤᠨ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ ᠦᠢᠯᠡᠳᠦᠯ ᠴᠢᠳᠠᠪᠬᠢ ᠶᠢ ᠨᠢ ᠲᠡᠭᠦᠯᠳᠡᠷᠵᠢᠭᠦᠯᠵᠦ᠂ ᠳᠡᠰ ᠳᠠᠪᠬᠤᠷᠭ᠎ᠠ ᠶᠢ ᠨᠢ ᠳᠡᠭᠡᠭᠰᠢᠯᠡᠭᠦᠯᠦᠨ᠎ᠡ᠃       ᠭᠢᠳᠠᠨ ᠰᠤᠶᠤᠯ ᠤᠨ ᠠᠵᠤ ᠦᠢᠯᠡᠰ ᠢ  ᠲᠥᠷᠬᠡᠨ ᠬᠦᠭᠵᠢᠭᠦᠯᠦᠨ᠎ᠡ᠃ ︽ᠳᠤᠮᠳᠠᠳᠤ ᠤᠯᠤᠰ ᠤᠨ ᠭᠢᠳᠠᠨ ᠰᠤᠶᠤᠯ ᠵᠢᠭᠤᠯᠴᠢᠯᠠᠯ ᠤᠨ ᠦᠵᠡᠮᠵᠢᠲᠦ ᠣᠷᠣᠨ︾ ᠤ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠭᠢᠳᠠᠨ ᠰᠤᠶᠤᠯ ᠤᠨ ᠠᠵᠤ ᠦᠢᠯᠡᠰ ᠤᠨ ᠬᠠᠲᠠᠭᠤ ᠵᠦᠭᠡᠯᠡᠨ ᠬᠦᠴᠦᠨ ᠢ ᠨᠢᠭᠡᠲᠦᠯᠲᠠᠢ ᠲᠦᠯᠬᠢᠨ ᠠᠬᠢᠭᠤᠯᠵᠤ᠂ ᠭᠢᠳᠠᠨ ᠰᠤᠶᠤᠯ ᠤᠨ ᠨᠡᠷᠡᠲᠦ ᠲᠡᠮᠳᠡᠭᠲᠦ ᠶᠢᠨ  ᠨᠦᠯᠦᠭᠡᠯᠡᠬᠦ ᠬᠦᠴᠦᠨ ᠢ ᠨᠡᠮᠡᠭᠳᠡᠭᠦᠯᠦᠨ᠎ᠡ᠃ ᠳᠡᠭᠡᠳᠦ ᠨᠡᠶᠢᠰᠯᠡᠯ ᠭᠢᠳᠠᠨ ᠰᠤᠶᠤᠯ ᠤᠨ ᠠᠵᠤ ᠦᠢᠯᠡᠰ ᠤᠨ ᠠᠩᠬᠠᠳᠠᠭᠴᠢ ᠬᠤᠭᠤᠴᠠᠭᠠᠨ ᠤ ᠢᠨᠵᠧᠨᠧᠷᠢᠩ ᠢ ᠲᠦᠷᠭᠡᠳᠬᠡᠵᠦ᠂ ᠠᠷᠠᠯᠵᠢᠶᠠᠴᠢᠨ ᠤᠷᠢᠵᠤ ᠪᠡᠯᠡ ᠲᠠᠲᠠᠬᠤ ᠪᠠ ᠡᠵᠡᠩᠨᠡᠯᠲᠡ ᠬᠠᠮᠢᠶᠠᠷᠤᠯᠲᠠ ᠶᠢᠨ ᠠᠵᠢᠯ ᠢ ᠢᠳᠡᠪᠬᠢᠲᠠᠢ ᠦᠷᠨᠢᠭᠦᠯᠦᠨ᠂  ᠰᠤᠶᠤᠯ ᠪᠠ ᠵᠢᠭᠤᠯᠴᠢᠯᠠᠯ ᠤᠨ ᠤᠷᠭᠠᠨᠢᠭ ᠬᠦᠭᠵᠢᠯᠲᠡ ᠶᠢ ᠠᠬᠢᠭᠤᠯᠤᠨ᠎ᠠ᠃ ᠦᠢᠯᠡᠳᠦᠯ ᠴᠢᠳᠠᠪᠬᠢ ᠶᠢ ᠨᠢ ᠤᠯᠠᠮ ᠲᠡᠭᠦᠯᠳᠡᠷᠵᠢᠭᠦᠯᠵᠦ᠂ ᠺᠢᠨᠤ᠋ ᠲᠧᠯᠸᠢᠰ ᠤᠨ ᠰᠠᠭᠤᠷᠢᠨ ᠪᠠ ᠭᠢᠯᠦᠪᠡᠷ ᠵᠤᠤ ᠶᠢᠨ ᠦᠵᠡᠮᠵᠢ ᠶᠢᠨ ᠣᠷᠣᠨ ᠵᠢᠴᠢ ᠳᠡᠭᠡᠳᠦ ᠨᠡᠶᠢᠰᠯᠡᠯ ᠤᠨ ᠴᠢᠨᠳᠠᠮᠦᠨᠢ ᠬᠠᠭᠠᠯᠭ᠎ᠠ ᠶᠢᠨ ᠪᠠᠭᠤᠷᠢ ᠶᠢᠨ ᠬᠠᠮᠠᠭᠠᠯᠠᠯᠲᠠ ᠶᠢᠨ ᠦᠵᠡᠭᠦᠯᠭᠡ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠵᠤ ᠦᠢᠯᠡᠰ ᠤᠨ ᠤᠬᠠᠭᠤᠯᠭ᠎ᠠ ᠶᠢᠨ ᠠᠴᠢᠶᠠᠯᠠᠪᠦᠷᠢ ᠶᠢ ᠢᠳᠡᠪᠬᠢᠲᠠᠢ ᠪᠠᠶᠢᠭᠤᠯᠵᠤ᠂ ᠭᠢᠳᠠᠨ ᠰᠤᠶᠤᠯ ᠤᠨ ᠨᠡᠷᠡᠲᠦ ᠲᠡᠮᠳᠡᠭᠲᠦ ᠶᠢᠨ ᠲᠠᠨᠢᠯᠴᠠᠭᠤᠯᠭ᠎ᠠ ᠶᠢ ᠴᠢᠩᠭᠠᠳᠬᠠᠵᠤ᠂ ᠠᠵᠤ ᠦᠢᠯᠡᠰ ᠤᠨ ᠬᠦᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠵᠤ ᠦᠭᠭᠦᠨ᠎ᠡ᠃ ᠳᠡᠭᠡᠳᠦ ᠱᠠᠲᠤᠨ ᠤ ᠰᠤᠶᠤᠯ ᠤᠨ ᠠᠵᠤ ᠦᠢᠯᠡᠰ ᠤᠨ ᠬᠦᠭᠵᠢᠯᠲᠡ ᠶᠢᠨ ᠰᠠᠭᠤᠷᠢ ᠮᠦᠩᠭᠦᠨ ᠤ ᠳᠡᠮᠵᠢᠯᠭᠡ ᠶᠢ ᠢᠳᠡᠪᠬᠢᠲᠠᠢ ᠬᠠᠷᠢᠴᠠᠨ ᠣᠯᠵᠤ᠂ ᠭᠢᠳᠠᠨ ᠰᠤᠶᠤᠯ ᠤᠨ ᠪᠦᠲᠦᠭᠡᠭᠳᠡᠭᠦᠨ ᠢ ᠰᠤᠳᠤᠯᠵᠤ ᠦᠢᠯᠡᠳᠦᠨ᠂ 2 — 3 ᠰᠤᠶᠤᠯ ᠤᠨ ᠠᠵᠤ ᠠᠬᠤᠶᠢᠯᠠᠯ ᠢ ᠭᠤᠣᠯᠳᠠᠯᠭ᠎ᠠ ᠲᠠᠢ ᠬᠦᠮᠦᠵᠢᠭᠦᠯᠦᠨ᠎ᠡ᠃       ᠪᠤᠳᠠᠰ ᠤᠨ ᠭᠦᠢᠯᠭᠡᠭᠡᠨ ᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠤᠯᠠᠭᠠᠨᠬᠠᠳᠠ ᠶᠢᠨ ᠬᠤᠶᠢᠲᠤ ᠬᠡᠰᠡᠭ ᠲᠤ ᠰᠠᠭᠤᠷᠢᠯᠠᠵᠤ᠂ ᠤᠯᠠᠭᠠᠨᠬᠠᠳᠠ ᠰᠢᠯᠢ ᠶᠢᠨ ᠭᠤᠣᠯ ᠲᠦᠩᠯᠢᠶᠤᠤ ᠳᠤ ᠬᠠᠨᠳᠤᠭᠤᠯᠤᠭᠰᠠᠨ ᠭᠠᠵᠠᠷ ᠣᠷᠣᠨ ᠤ ᠴᠢᠨᠠᠷᠲᠠᠢ ᠠᠷᠠᠯᠵᠢᠶ᠎ᠠ ᠬᠤᠳᠠᠯᠳᠤᠭᠠᠨ ᠤ ᠪᠤᠳᠠᠰ ᠤᠨ ᠭᠦᠢᠯᠭᠡᠭᠡᠨ ᠤ ᠲᠥᠪ︾ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠪᠤᠳᠠᠰ ᠤᠨ ᠭᠦᠢᠯᠭᠡᠭᠡᠨ ᠤ ᠲᠣᠭᠤᠷᠢᠭ ᠲᠤ ᠤᠯᠠᠭᠠᠨᠬᠠᠳᠠ ᠶᠢᠨ ᠪᠠᠩᠭᠢ ᠶᠢᠨ ᠬᠤᠯᠪᠤᠭ᠎ᠠ᠂ ᠴᠧᠨ ᠶᠠᠩ ᠠᠷᠠᠯᠵᠢᠶ᠎ᠠ ᠬᠤᠳᠠᠯᠳᠤᠭ᠎ᠠ ᠵᠢᠴᠢ ᠲᠠᠷᠢᠶᠠᠯᠠᠩ ᠤᠨ ᠬᠡᠷᠡᠭᠯᠡᠬᠦᠨ ᠤ ᠵᠠᠬ᠎ᠠ ᠳᠡᠯᠭᠡᠭᠦᠷ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠢ ᠪᠦᠲᠦᠭᠡᠨ ᠪᠠᠶᠢᠭᠤᠯᠬᠤ ᠶᠢ ᠲᠦᠷᠭᠡᠳᠬᠡᠵᠦ᠂ ᠵᠢᠯ ᠤᠨ ᠳᠣᠲᠤᠷ᠎ᠠ 3 ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠪᠡᠯᠡ ᠣᠷᠤᠭᠤᠯᠤᠯᠲᠠ ᠶᠢ ᠪᠡᠶᠡᠯᠡᠭᠦᠯᠦᠨ᠎ᠡ᠃ ᠠᠷᠠᠯᠵᠢᠶᠠᠴᠢᠨ ᠣᠷᠢᠵᠤ ᠪᠡᠯᠡ ᠲᠠᠲᠠᠨ᠂ ᠲᠣᠭᠤᠷᠢᠭ ᠤᠨ ᠡᠵᠡᠩᠨᠡᠯᠲᠡ ᠶᠢᠨ ᠲᠠᠯᠠᠪᠠᠢ ᠶᠢ   ᠥᠷᠭᠡᠳᠬᠡᠵᠦ᠂ ᠬᠤᠳᠠᠯᠳᠤᠭᠠᠨ ᠤ ᠠᠭᠤᠷ ᠠᠮᠢᠰᠬᠤᠯ ᠢ ᠪᠣᠢ ᠪᠣᠯᠭᠠᠨ᠎ᠠ᠃ ᠥᠪᠥᠷ ᠮᠣᠩᠭᠤᠯ ᠤᠨ ᠲᠠᠷᠢᠶᠠᠯᠠᠩ ᠤᠨ ᠬᠡᠷᠡᠭᠯᠡᠬᠦᠨ ᠤ ᠺᠤᠮᠫᠠᠨᠢ ᠶᠢᠨ ᠪᠠᠭᠠᠷᠢᠨ ᠵᠡᠭᠦᠨ ᠬᠤᠰᠢᠭᠤᠨ ᠳᠠᠬᠢ ᠬᠤᠪᠢᠶᠠᠷᠢ ᠺᠤᠮᠫᠠᠨᠢ᠂ ᠵᠢᠢ ᠯᠦᠩ ᠴᠠᠬᠢᠯᠭᠠᠨ ᠬᠤᠪᠢᠰᠬᠠᠭᠤᠷ᠂ ᠳ᠋ᠦᠩ ᠢᠦᠢ ᠨᠣᠣᠯᠤᠭᠤᠷ ᠤᠨ ᠰᠣᠯᠢᠯᠴᠠᠭᠠᠨ ᠤ ᠵᠠᠬ᠎ᠠ ᠳᠡᠯᠭᠡᠭᠦᠷ ᠵᠡᠷᠭᠡ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠲᠣᠭᠲᠠᠭᠰᠠᠨ ᠴᠠᠭ ᠲᠠᠭᠠᠨ ᠡᠮᠬᠢ ᠳᠠᠷᠠᠭ᠎ᠠ ᠲᠠᠢ ᠶᠠᠪᠤᠭᠳᠠᠬᠤ ᠶᠢ ᠪᠠᠲᠤᠯᠠᠨ᠎ᠠ᠃ ᠲᠣᠭᠤᠷᠢᠭ ᠤᠨ ᠰᠠᠭᠤᠷᠢ ᠲᠦᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠦᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠲᠠᠲᠠᠬᠤ ᠬᠦᠴᠦᠨ ᠢ ᠨᠢ ᠨᠡᠮᠡᠭᠳᠡᠭᠦᠯᠦᠨ᠎ᠡ᠃ ᠬᠤᠰᠢᠭᠤᠨ ᠤ ᠳᠣᠲᠤᠭᠠᠳᠤᠬᠢ ᠲᠣᠭᠤᠷᠢᠭ ᠲᠠᠢ ᠬᠤᠯᠪᠤᠭᠳᠠᠯ ᠪᠦᠬᠦᠢ ᠠᠵᠢᠯ ᠦᠢᠯᠡᠰ ᠢ ᠲᠣᠭᠤᠷᠢᠭ ᠲᠤ ᠲᠥᠪᠯᠡᠷᠡᠭᠦᠯᠦᠨ᠂ ᠲᠤᠭᠤᠷᠢᠭ ᠤᠨ ᠲᠠᠲᠠᠬᠤ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃       ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠳᠡᠰ ᠳᠠᠪᠬᠤᠷᠭ᠎ᠠ ᠶᠢ ᠳᠡᠭᠡᠭᠰᠢᠯᠡᠭᠦᠯᠦᠨ᠎ᠡ᠃ ᠠᠷᠠᠯᠵᠢᠶ᠎ᠠ ᠬᠤᠳᠠᠯᠳᠤᠭᠠᠨ ᠤ ᠪᠤᠳᠠᠰ ᠤᠨ ᠭᠦᠢᠯᠭᠡᠭᠡᠨ ᠤ ᠬᠦᠭᠵᠢᠯᠲᠡ ᠶᠢᠨ ᠲᠦᠯᠦᠪᠵᠢᠭᠦᠯᠭᠡ ᠶᠢ ᠭᠦᠨᠵᠡᠭᠡᠢ ᠨᠠᠶᠢᠳᠠᠪᠦᠷᠢᠵᠢᠭᠤᠯᠵᠤ᠂ ᠨᠡᠩ ᠣᠯᠠᠨ ᠨᠡᠷᠡᠲᠦ ᠲᠡᠮᠳᠡᠭᠲᠦ ᠶᠢᠨ ᠳᠡᠯᠭᠡᠭᠦᠷ᠂ ᠲᠤᠰᠬᠠᠢ ᠵᠠᠬ᠎ᠠ ᠳᠡᠯᠭᠡᠭᠦᠷ ᠵᠢᠴᠢ ᠰᠢᠨ᠎ᠡ ᠮᠠᠶ᠋ᠢᠭ ᠤᠨ ᠬᠤᠳᠠᠯᠳᠤᠭᠠᠨ ᠤ ᠦᠢᠯᠡᠰ ᠢ ᠵᠡᠭᠦᠨ ᠬᠤᠰᠢᠭᠤᠨ ᠳᠠᠭᠠᠨ ᠣᠷᠤᠭᠤᠯᠤᠨ ᠠᠪᠴᠢᠷᠠᠨ᠎ᠠ᠃ ︽ᠰᠢᠨ᠎ᠡ ᠰᠦᠯᠵᠢᠶᠡᠨ ᠤ ᠢᠨᠵᠧᠨᠧᠷᠢᠩ︾᠂ ︽ᠠᠷᠪᠠ ᠶᠢ ᠨᠡᠶᠢᠳᠡᠮ ᠪᠦᠷᠬᠦᠭᠦᠯᠬᠦ ᠢᠨᠵᠧᠨᠧᠷᠢᠩ︾ ᠵᠢᠴᠢ ︽ᠬᠦᠳᠡᠭᠡ ᠲᠤᠰᠬᠤᠨ ᠤ ᠵᠠᠬ᠎ᠠ ᠳᠡᠯᠭᠡᠭᠦᠷ ᠤᠨ ᠢᠨᠵᠧᠨᠧᠷᠢᠩ︾ ᠲᠠᠢ ᠤᠶᠠᠯᠳᠤᠭᠤᠯᠤᠨ᠂ ᠡᠳᠦᠷ ᠲᠣᠳᠣᠮ ᠤᠨ ᠬᠡᠷᠡᠭᠯᠡᠭᠡᠨ ᠢ ᠳᠣᠬᠢᠷᠠᠭᠤᠯᠤᠨ ᠬᠦᠷᠭᠡᠬᠦ ᠲᠥᠪ ᠪᠠᠶᠢᠭᠤᠯᠵᠤ᠂ ᠠᠷᠠᠳ ᠲᠤ ᠲᠤᠰᠠᠲᠠᠢ ᠬᠡᠯᠬᠢᠶᠡᠲᠦ ᠬᠡᠲᠦ ᠳᠡᠯᠭᠡᠭᠦᠷ 69 ᠶᠢ ᠵᠠᠰᠠᠨ ᠥᠭᠡᠷᠡᠴᠢᠯᠡᠨ᠎ᠡ᠃ ᠷᠦᠢ ᠳ᠋ᠦ᠋ ᠠᠷᠠᠯᠵᠢᠶ᠎ᠠ ᠬᠤᠳᠠᠯᠳᠤᠭᠠᠨ ᠤ ᠲᠠᠯᠠᠪᠠᠢ᠂ ᠬᠠᠭᠤᠴᠢᠨ ᠮᠠᠰᠢᠨ ᠲᠡᠷᠭᠡᠨ ᠤ ᠰᠣᠯᠢᠯᠴᠠᠭᠠᠨ ᠤ ᠵᠠᠬ᠎ᠠ ᠳᠡᠯᠭᠡᠭᠦᠷ᠂ ᠪᠠᠷᠠᠭᠤᠨ ᠬᠤᠲᠠ ᠶᠢᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠲᠥᠷᠥᠯ ᠵᠦᠢᠯ ᠢ ᠨᠠᠶᠢᠳᠠᠪᠦᠷᠢᠵᠢᠭᠤᠯᠤᠨ᠂ ᠠᠷᠠᠯᠵᠢᠶ᠎ᠠ ᠬᠤᠳᠠᠯᠳᠤᠭᠠᠨ ᠤ ᠦᠢᠯᠡᠰ ᠢ ᠦᠷᠭᠦᠯᠵᠢᠯᠡᠨ ᠳᠡᠰ ᠳᠡᠪᠰᠢᠭᠦᠯᠦᠨ᠎ᠡ᠃ ᠱᠠᠩ ᠵᠢᠩ ᠠᠷᠠᠯᠵᠢᠶ᠎ᠠ ᠬᠤᠳᠠᠯᠳᠤᠭᠠᠨ ᠤ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠠᠢ  ᠠᠬᠢᠭᠤᠯᠵᠤ᠂ ᠵᠢᠯ ᠤᠨ ᠳᠣᠲᠤᠷ᠎ᠠ ᠠᠰᠢᠭᠯᠠᠯᠲᠠ ᠳᠤ ᠣᠷᠤᠭᠤᠯᠬᠤ ᠶᠢ ᠪᠠᠲᠤᠯᠠᠨ᠎ᠠ᠃ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠨᠡᠭᠡᠭᠡᠯᠲᠡ ᠶᠢᠨ ᠬᠦᠷᠢᠶ᠎ᠡ ᠬᠡᠪᠴᠢᠶ᠎ᠡ ᠶᠢ ᠵᠣᠬᠢᠰᠲᠠᠢ ᠳᠣᠬᠢᠷᠠᠭᠤᠯᠤᠨ᠂ ᠡᠷᠡᠭᠦᠯ ᠬᠦᠭᠵᠢᠯᠲᠡ ᠶᠢ ᠪᠠᠲᠤᠯᠠᠨ᠎ᠠ᠃       ᠮᠦᠩᠭᠦᠨ ᠭᠦᠢᠯᠭᠡᠭᠡᠨ ᠤ ᠦᠢᠯᠡᠰ ᠢ ᠪᠣᠵᠠᠭᠠᠶᠢᠷᠠᠭᠤᠯᠤᠨ᠎ᠠ᠃ ᠠᠵᠤ ᠠᠬᠤᠶᠢᠯᠠᠯ ᠤᠨ ᠰᠢᠭᠤᠳ ᠪᠡᠯᠡ ᠴᠤᠭᠯᠠᠭᠤᠯᠬᠤ ᠲᠣᠭᠲᠠᠯᠴᠠᠭ᠎ᠠ ᠶᠢ ᠢᠳᠡᠪᠬᠢᠲᠠᠢ ᠡᠷᠢᠯᠬᠢᠯᠡᠵᠦ᠂ ᠠᠵᠤ ᠠᠬᠤᠶᠢᠯᠠᠯ ᠢ ᠵᠣᠷᠢᠭᠵᠢᠭᠤᠯᠤᠨ ᠳᠠᠭᠠᠭᠤᠯᠵᠤ᠂ ᠰᠲ᠋ᠤᠺ ᠤᠨ ᠡᠷᠬᠡ ᠪᠠᠷ ᠪᠡᠯᠡ ᠬᠤᠷᠠᠮᠳᠤᠭᠤᠯᠬᠤ᠂ ᠳᠦᠷᠢᠮ ᠤᠨ ᠥᠭᠡᠷᠡᠴᠢᠯᠡᠯᠲᠡ ᠪᠠᠷ ᠵᠠᠬ᠎ᠠ ᠳᠡᠯᠭᠡᠭᠦᠷ ᠲᠤ ᠭᠠᠷᠭᠠᠬᠤ ᠵᠢᠴᠢ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠵᠡᠷᠭᠡ ᠠᠷᠭ᠎ᠠ ᠪᠠᠷ ᠳᠠᠮᠵᠢᠭᠤᠯᠵᠤ᠂ ᠪᠡᠯᠡ ᠬᠤᠷᠠᠮᠳᠤᠭᠤᠯᠬᠤ ᠬᠡᠪᠴᠢᠶ᠎ᠡ ᠪᠠᠨ ᠦᠷᠭᠡᠳᠬᠡᠨ᠎ᠡ᠃ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠮᠠᠨ ᠤ ᠬᠤᠰᠢᠭᠤᠨ ᠳᠤ ᠪᠦᠲᠦᠭᠡᠨ ᠪᠠᠶᠢᠭᠤᠯᠤᠯᠲᠠ ᠶᠢᠨ ᠪᠠᠩᠭᠢ ᠪᠠ ᠪᠣᠣ ᠱᠠᠩ ᠪᠠᠩᠭᠢ ᠶᠢ ᠰᠠᠭᠤᠷᠢᠰᠢᠭᠤᠯᠵᠤ᠂  ᠵᠢᠯ ᠤᠨ ᠳᠣᠲᠤᠷ᠎ᠠ ᠠᠰᠢᠭᠯᠠᠯᠲᠠ ᠳᠤ ᠣᠷᠤᠭᠤᠯᠤᠨ᠎ᠠ᠃  ᠨᠡᠶᠢᠳᠡᠮ ᠤᠨ ᠴᠢᠨᠠᠷᠲᠠᠢ ᠠᠰᠢᠭᠲᠠᠢ ᠪᠠᠶᠢᠬᠤ ᠮᠦᠩᠭᠦᠨ ᠭᠦᠢᠯᠭᠡᠭᠡᠨ ᠤ ᠠᠵᠢᠯ ᠢ ᠭᠦᠨᠵᠡᠭᠡᠢ ᠦᠷᠨᠢᠭᠦᠯᠵᠦ᠂ ᠢᠲᠡᠭᠡᠮᠵᠢ ᠶᠢᠨ ᠬᠤᠷᠰᠢᠶ᠎ᠠ ᠶᠢᠨ ᠲᠠᠷᠢᠶᠠᠯᠠᠩ ᠳᠤ ᠲᠤᠰᠠᠯᠠᠬᠤ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠭ ᠤᠨ ᠬᠠᠮᠤᠷᠬᠤ ᠬᠦᠷᠢᠶ᠎ᠡ ᠬᠡᠪᠴᠢᠶ᠎ᠡ ᠶᠢ ᠥᠷᠭᠡᠳᠬᠡᠨ᠂ ᠲᠠᠷᠢᠶᠠᠯᠠᠩ ᠤᠨ ᠪᠠᠩᠬᠢ ᠶᠢᠨ ᠲᠠᠷᠢᠶᠠᠯᠠᠩ ᠳᠤ ᠲᠤᠰᠠᠯᠠᠬᠤ ᠦᠢᠯᠡᠴᠢᠯᠡᠭᠡᠨ ᠤ ᠴᠢᠭ 80 ᠢ ᠰᠢᠨ᠎ᠡ ᠪᠠᠷ ᠪᠠᠶᠢᠭᠤᠯᠤᠨ᠎ᠠ᠃ ᠬᠠᠤᠯᠢ ᠪᠤᠰᠤ ᠪᠠᠷ ᠪᠡᠯᠡ ᠬᠤᠷᠠᠮᠳᠤᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂ ᠰᠢᠰᠲ᠋ᠧᠮᠲᠦ ᠴᠢᠨᠠᠷᠲᠠᠢ᠂ ᠭᠠᠵᠠᠷ ᠣᠷᠣᠨ ᠤ ᠴᠢᠨᠠᠷᠲᠠᠢ  ᠮᠦᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠰᠠᠶᠢᠲᠤᠷ ᠬᠢᠨ᠎ᠡ᠃ ᠣᠳᠣ ᠦᠶ᠎ᠡ ᠶᠢᠨ ᠳᠠᠭᠠᠳᠬᠠᠯ ᠤᠨ ᠦᠢᠯᠡᠴᠢᠯᠡᠭᠡᠨ ᠤ ᠦᠢᠯᠡᠰ ᠢ ᠲᠥᠷᠭᠡᠨ ᠬᠦᠭᠵᠢᠭᠦᠯᠵᠦ᠂ ᠳᠠᠭᠠᠳᠬᠠᠯ ᠤᠨ ᠭᠦᠨᠴᠡ ᠪᠠ ᠨᠢᠭᠲᠠᠴᠠ ᠶᠢ ᠳᠡᠭᠡᠭᠰᠢᠯᠡᠭᠦᠯᠦᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠳᠤ ᠨᠡᠩ ᠰᠠᠶᠢᠨ ᠦᠢᠯᠡᠴᠢᠯᠡᠭᠦᠯᠦᠨ᠎ᠡ᠃       ︵ᠳᠥᠷᠪᠡ︶ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠬᠦᠳᠡᠭᠡ ᠶᠢᠨ ᠨᠢᠭᠡ ᠴᠣᠭᠴᠠᠵᠢᠯᠲᠠ ᠶᠢ ᠨᠢᠭᠡᠲᠦᠯᠲᠠᠢ ᠠᠬᠢᠭᠤᠯᠤᠨ᠎ᠠ       ᠰᠢᠨ᠎ᠡ ᠮᠠᠶ᠋ᠢᠭ ᠤᠨ ᠬᠤᠲᠠ ᠪᠠᠯᠭᠠᠰᠤᠴᠢᠯᠠᠯᠲᠠ ᠶᠢᠨ ᠦᠵᠡᠯᠲᠡ ᠶᠢ ᠪᠠᠷᠢᠮᠲᠠᠯᠠᠵᠤ᠂ ᠭᠤᠣᠯ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠦᠭᠵᠢᠯᠲᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠂ ᠬᠤᠲᠠ ᠬᠦᠳᠡᠭᠡ ᠶᠢᠨ ᠵᠣᠬᠢᠴᠠᠩᠭᠤᠢ ᠬᠦᠭᠵᠢᠯᠲᠡ ᠶᠢ ᠠᠬᠢᠭᠤᠯᠤᠨ᠎ᠠ᠃ᠯᠢᠨᠳᠦ᠋ᠩ ᠬᠤᠲᠠ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠲᠥᠪᠰᠢᠨ ᠢ ᠴᠢᠩᠭᠠᠳᠬᠠᠨ᠎ᠠ ᠃ ᠬᠤᠲᠠ ᠶᠢᠨ ᠪᠠᠷᠠᠭᠤᠨ ᠲᠡᠭᠦᠷᠭᠡ ᠶᠢᠨ ᠪᠦᠲᠦᠭᠡᠨ ᠪᠠᠶᠢᠭᠤᠯᠤᠯᠲᠠ ᠶᠢᠨ ᠲᠦᠬᠦᠷᠵᠢᠭᠰᠡᠨ ᠲᠣᠨᠤᠭ ᠲᠦᠬᠦᠭᠡᠷᠦᠮᠵᠢ ᠶᠢ ᠤᠯᠠᠮ ᠨᠢᠭᠡ ᠠᠯᠬᠤᠮ ᠪᠦᠷᠢᠨᠰᠢᠭᠦᠯᠦᠨ᠂ ᠵᠣᠴᠢᠨᠰᠠᠭ ᠵᠠᠮ᠂ ᠸᠧᠢ ᠢ ᠵᠡᠭᠡᠯᠢ ᠵᠢᠴᠢ ᠪᠠᠶᠠᠨᠨᠢᠷᠤᠭᠤ ᠵᠡᠭᠡᠯᠢ ᠶᠢᠨ ᠳᠤᠮᠳᠠ ᠬᠡᠰᠡᠭ ᠢ ᠪᠦᠲᠦᠭᠡᠨ ᠪᠠᠶᠢᠭᠤᠯᠵᠤ᠂ ᠬᠤᠲᠠ ᠶᠢᠨ ᠠᠷᠠᠳ ᠤᠨ ᠴᠡᠴᠡᠷᠯᠢᠭ ᠢ ᠭᠤᠸᠠᠯᠢᠭᠵᠢᠭᠤᠯᠬᠤ ᠪᠠ ᠭᠢᠳᠠᠨ ᠰᠤᠶᠤᠯ ᠤᠨ ᠠᠵᠤ ᠦᠢᠯᠡᠰ ᠤᠨ ᠲᠣᠭᠤᠷᠢᠭ ᠢ ᠣᠶᠢᠵᠢᠭᠤᠯᠬᠤ ᠵᠡᠷᠭᠡ ᠢᠨᠵᠧᠨᠧᠷᠢᠩ ᠢ ᠨᠠᠶᠢᠳᠠᠪᠦᠷᠢᠵᠢᠭᠤᠯᠤᠨ᠂ ᠳᠣᠬᠢᠷᠠᠮᠵᠢᠲᠠᠢ ᠣᠷᠣᠨ ᠰᠠᠭᠤᠴᠠ ᠲᠠᠭᠠᠯᠠᠮᠵᠢᠲᠠᠢ ᠠᠵᠢᠯ ᠦᠢᠯᠡᠰ ᠤᠨ ᠰᠢᠨ᠎ᠡ ᠬᠤᠲᠠ ᠶᠢ ᠪᠠᠶᠢᠭᠤᠯᠤᠨ᠎ᠠ᠃ ︽ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠣᠨ︾ ᠤ ᠦᠷ᠎ᠡ ᠪᠦᠲᠦᠮᠵᠢ ᠶᠢ ᠪᠠᠲᠤᠳᠬᠠᠵᠤ᠂ ᠬᠠᠭᠤᠴᠢᠨ ᠬᠤᠲᠠ ᠶᠢᠨ ᠥᠭᠡᠷᠡᠴᠢᠯᠡᠯᠲᠡ ᠶᠢ ᠦᠷᠭᠦᠯᠵᠢᠯᠡᠭᠦᠯᠦᠨ᠂ ᠪᠣᠶᠢᠳᠠ ᠪᠦᠭᠯᠡᠭᠦᠦ ᠵᠡᠭᠡᠯᠢ ᠭᠤᠳᠤᠮᠵᠢ ᠶᠢ ᠵᠠᠰᠠᠨ ᠴᠡᠭᠴᠡᠯᠡᠵᠦ᠂ ᠤᠰᠤ ᠬᠠᠩᠭᠠᠬᠤ᠂ ᠳᠤᠯᠠᠭᠠᠯᠠᠮᠵᠢ ᠬᠠᠩᠭᠠᠬᠤ ᠵᠢᠴᠢ ᠪᠤᠬᠢᠷᠳᠤᠯ ᠢ ᠭᠠᠳᠠᠭᠰᠢᠯᠠᠭᠤᠯᠬᠤ ᠵᠡᠷᠭᠡ ᠤᠳᠠᠭᠠᠨ ᠵᠢᠯ ᠤᠨ ᠬᠤᠭᠤᠯᠠᠢ ᠰᠤᠪᠠᠭ ᠢ ᠰᠢᠨᠡᠳᠬᠡᠨ᠂ ᠰᠠᠭᠤᠭᠠᠯᠢ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠢᠨᠵᠧᠨᠧᠷᠢᠩ ᠢ ᠨᠠᠶᠢᠳᠠᠪᠦᠷᠢᠵᠢᠭᠤᠯᠵᠤ᠂ 17 ᠲᠦᠮᠡᠨ ᠲᠡᠭᠰᠢ ᠳᠥᠷᠪᠡᠯᠵᠢᠨ ᠮᠧᠲᠷ ᠢᠯᠡᠭᠦᠦ ᠬᠠᠭᠤᠴᠢᠨ ᠪᠠᠷᠢᠯᠭ᠎ᠠ ᠶᠢ ᠵᠠᠰᠠᠨ ᠰᠢᠨᠡᠳᠬᠡᠨ᠎ᠡ᠃  ᠬᠤᠲᠠ ᠶᠢᠨ ᠪᠠᠷᠠᠭᠤᠨ ᠲᠡᠭᠦᠷᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠬᠤᠲᠠ ᠶᠢᠨ ᠳᠦᠷᠢ ᠳᠥᠷᠬᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠢᠴᠢ ᠵᠠᠮ ᠬᠠᠷᠢᠯᠴᠠᠭᠠᠨ ᠤ ᠡᠮᠬᠢ ᠲᠢᠭᠯᠢᠮ ᠢ ᠶᠡᠷᠦᠩᠬᠡᠶᠢᠯᠡᠨ ᠵᠠᠰᠠᠨ ᠴᠡᠭᠴᠡᠯᠡᠵᠦ᠂ ᠬᠤᠲᠠ ᠶᠢᠨ ᠬᠠᠮᠢᠶᠠᠷᠤᠯᠲᠠ ᠶᠢᠨ ᠲᠥᠪᠰᠢᠨ ᠢ ᠳᠡᠭᠡᠭᠰᠢᠯᠡᠭᠦᠯᠦᠨ᠎ᠡ᠃ ᠬᠤᠲᠠ ᠲᠣᠭᠤᠷᠢᠭ ᠤᠨ ᠲᠦᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢᠨ ᠬᠢᠨᠠᠨ ᠬᠠᠮᠢᠶᠠᠷᠤᠯᠲᠠ ᠪᠠᠨ ᠴᠢᠩᠭᠠᠳᠬᠠᠨ᠂ ᠬᠤᠲᠠ ᠲᠣᠭᠤᠷᠢᠭ᠂ ᠵᠠᠮ ᠵᠡᠭᠡᠯᠢ ᠵᠢᠴᠢ ᠬᠤᠲᠠᠨ ᠳᠤᠮᠳᠠᠬᠢ ᠲᠤᠰᠬᠤᠨ ᠤ ᠳᠦᠷᠢᠮ ᠢ ᠵᠦᠷᠢᠴᠡᠭᠰᠡᠨ ᠪᠠᠷᠢᠯᠭ᠎ᠠ ᠶᠢ ᠴᠢᠩᠭ᠎ᠠ ᠪᠠᠶᠢᠴᠠᠭᠠᠨ ᠢᠯᠡᠷᠡᠭᠦᠯᠵᠦ᠂ ᠯᠢᠨᠳᠦ᠋ᠩ ᠬᠤᠲᠠ ᠲᠣᠭᠤᠷᠢᠭ ᠤᠨ ᠲᠦᠯᠦᠪᠵᠢᠭᠦᠯᠭᠡ ᠶᠢᠨ ᠡᠷᠬᠡ ᠰᠥᠷᠲᠦ ᠴᠢᠨᠠᠷ ᠢ ᠬᠠᠮᠠᠭᠠᠯᠠᠨ᠎ᠠ᠃        ︽ᠠᠷᠪᠠ ᠶᠢ ᠨᠡᠶᠢᠳᠡᠮ ᠪᠦᠷᠬᠦᠭᠦᠯᠬᠦ︾ ᠢᠨᠵᠧᠨᠧᠷᠢᠩ ᠢ ᠬᠦᠴᠦᠲᠠᠢ ᠨᠠᠶᠢᠳᠠᠪᠦᠷᠢᠵᠢᠭᠤᠯᠤᠨ᠎ᠠ᠃ ᠰᠣᠮᠣ ᠰᠢᠶᠠᠩ ᠪᠠᠯᠭᠠᠰᠤ ᠶᠢᠨ ᠶᠡᠷᠦᠩᠬᠡᠶᠢᠯᠡᠭᠰᠡᠨ ᠲᠦᠯᠦᠪᠵᠢᠭᠦᠯᠭᠡ ᠵᠢᠴᠢ ᠭᠠᠴᠠᠭ᠎ᠠ ᠲᠤᠰᠬᠤᠨ ᠤ ︽ᠠᠷᠪᠠ ᠶᠢ ᠨᠡᠶᠢᠳᠡᠮ ᠪᠦᠷᠬᠦᠭᠦᠯᠬᠦ︾ ᠲᠦᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠵᠡᠭᠡᠯᠢ ᠭᠤᠳᠤᠮᠵᠢ ᠶᠢ ᠬᠠᠲᠠᠭᠤᠵᠢᠭᠤᠯᠬᠤ᠂ ᠠᠶᠤᠯ ᠲᠠᠢ ᠭᠡᠷ ᠪᠠᠶᠢᠰᠢᠩ ᠢ ᠵᠠᠰᠠᠨ ᠰᠢᠨᠡᠳᠬᠡᠬᠦ᠂ ᠤᠤᠭᠤᠬᠤ ᠤᠰᠤᠨ ᠤ ᠠᠮᠤᠷ ᠲᠥᠪᠰᠢᠨ ᠵᠢᠴᠢ ᠴᠠᠬᠢᠯᠭᠠᠨ ᠰᠦᠯᠵᠢᠶ᠎ᠡ ᠶᠢ ᠥᠭᠡᠷᠡᠴᠢᠯᠡᠬᠦ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠳᠬᠤᠵᠤ᠂ ᠰᠠᠭᠤᠷᠢ ᠲᠦᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠢ ᠬᠦᠳᠡᠭᠡ ᠲᠤᠰᠬᠤᠨ ᠳᠤ ᠣᠷᠤᠭᠤᠯᠤᠨ᠎ᠠ᠃ 6.15  ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠵᠤ᠂  ᠭᠠᠴᠠᠭ᠎ᠠ ᠲᠤᠰᠬᠤᠨ ᠤ ᠵᠡᠭᠡᠯᠢ ᠭᠤᠳᠤᠮᠵᠢ ᠶᠢ ᠬᠠᠳᠠᠭᠤᠵᠢᠭᠤᠯᠬᠤ ᠢᠨᠵᠧᠨᠧᠷᠢᠩ 332 ᠺᠢᠯᠦᠮᠧᠲᠷ ᠨᠠᠶᠢᠳᠠᠪᠦᠷᠢᠵᠢᠭᠤᠯᠵᠤ᠂ ᠰᠤᠷᠭᠠᠭᠤᠯᠢ ᠶᠢᠨ 21 ᠪᠠᠶᠢᠷᠢ ᠶᠢᠨ ᠭᠡᠷ ᠢ ᠰᠢᠨ᠎ᠡ ᠪᠠᠷ ᠪᠠᠶᠢᠭᠤᠯᠬᠤ ᠪᠠ ᠵᠠᠰᠠᠵᠤ᠂ ᠷᠠᠳᠢᠤ᠋ ᠨᠡᠪᠲᠡᠷᠡᠭᠦᠯᠭᠡ ᠶᠢ ᠰᠢᠨ᠎ᠡ ᠪᠠᠷ 164 ᠭᠠᠴᠠᠭ᠎ᠠ ᠲᠤᠰᠬᠤᠨ ᠲᠤ ᠨᠡᠪᠲᠡᠷᠡᠭᠦᠯᠵᠦ᠂ ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠲᠠᠰᠤᠭ 25᠂ ᠰᠣᠶᠤᠯ ᠤᠨ ᠠᠵᠢᠯᠯᠠᠭᠠᠨ ᠤ ᠲᠠᠰᠤᠭ 52 ᠪᠠᠶᠢᠭᠤᠯᠤᠨ᠎ᠠ᠃ ᠬᠦᠳᠡᠭᠡ ᠲᠤᠰᠬᠤᠨ ᠤ ᠰᠠᠭᠤᠭᠠᠯᠢ ᠬᠦᠮᠦᠨ ᠠᠮᠠ ᠶᠢᠨ ᠨᠠᠰᠤᠵᠢᠯ᠂ ᠡᠮ ᠡᠮᠨᠡᠯᠭᠡ᠂ ᠳᠣᠣᠷ᠎ᠠ ᠪᠠᠲᠤᠯᠠᠭ᠎ᠠ ᠵᠡᠷᠭᠡ ᠨᠡᠶᠢᠭᠡᠮ ᠤᠨ ᠪᠠᠲᠤᠯᠠᠭ᠎ᠠ ᠶᠢ ᠨᠠᠶᠢᠳᠠᠪᠦᠷᠢᠵᠢᠭᠤᠯᠵᠤ᠂ ᠥᠷᠭᠡᠨ ᠣᠯᠠᠨ ᠮᠠᠯᠴᠢᠨ ᠲᠠᠷᠢᠶᠠᠴᠢᠳ ᠤᠨ ᠦᠲᠡᠯᠪᠡᠯ ᠠᠰᠠᠷᠠᠮᠵᠢ ᠲᠠᠢ᠂ ᠡᠪᠡᠳᠴᠢᠯᠡᠪᠡᠯ ᠡᠮᠨᠡᠯᠭᠡ ᠲᠠᠢ᠂ ᠠᠮᠢᠳᠤᠷᠠᠯ ᠤᠨ ᠪᠠᠲᠤᠯᠠᠭ᠎ᠠ ᠲᠠᠢ ᠪᠣᠯᠭᠠᠨ᠎ᠠ᠃ ᠪᠦᠲᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢ ᠤᠶᠠᠯᠳᠤᠭᠤᠯᠤᠭᠰᠠᠨ ᠪᠦᠲᠦᠮᠵᠢᠲᠠᠢ ᠠᠷᠭ᠎ᠠ ᠵᠠᠮ ᠢ ᠡᠷᠢᠯᠬᠢᠯᠡᠵᠦ᠂ ︽ᠠᠷᠪᠠ ᠶᠢ ᠨᠡᠶᠢᠳᠡᠮ ᠪᠦᠷᠬᠦᠭᠦᠯᠬᠦ︾ ᠦᠷ᠎ᠡ ᠪᠦᠲᠦᠮᠵᠢ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠵᠠᠰᠠᠨ ᠴᠡᠭᠴᠡᠯᠡᠭᠰᠡᠨ ᠦᠷ᠎ᠡ ᠪᠦᠲᠦᠮᠵᠢ ᠶᠢ ᠪᠠᠲᠤᠳᠬᠠᠨ᠂ ᠡᠯ᠎ᠡ ᠲᠠᠯ᠎ᠠ ᠶᠢᠨ ᠢᠨᠵᠧᠨᠧᠷᠢᠩ ᠢ ᠠᠮᠵᠢᠯᠲᠠ ᠲᠠᠢ ᠶᠠᠪᠤᠭᠳᠠᠭᠤᠯᠵᠤ᠂ ᠦᠷ᠎ᠡ ᠠᠰᠢᠭ ᠢᠶᠠᠨ ᠦᠷᠭᠦᠯᠵᠢᠯᠡᠨ ᠪᠠᠳᠠᠷᠠᠭᠤᠯᠬᠤ ᠶᠢ ᠪᠠᠲᠤᠯᠠᠨ᠎ᠠ᠃        ᠰᠠᠭᠤᠷᠢ ᠲᠦᠬᠦᠭᠡᠷᠦᠮᠵᠢ ᠶᠢᠨ ᠳᠠᠭᠠᠭᠠᠴᠠ ᠶᠢ ᠳᠡᠭᠡᠭᠰᠢᠯᠡᠭᠦᠯᠦᠨ᠎ᠡ᠃ ᠵᠠᠮ ᠬᠠᠷᠢᠯᠴᠠᠭ᠎ᠠ ᠲᠡᠭᠡᠭᠡᠪᠦᠷᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠢᠨᠢᠩ — ᠲᠦᠩᠯᠢᠶᠤᠤ ᠬᠦᠷᠬᠦ ᠲᠡᠮᠦᠷ ᠵᠠᠮ ᠤᠨ ᠬᠤᠣᠰ ᠵᠠᠮ ᠤᠨ ᠪᠠᠷᠢᠯᠭ᠎ᠠ ᠶᠢ ᠲᠦᠷᠭᠡᠳᠬᠡᠨ᠂ ᠲᠤᠰᠬᠤᠨ ᠳᠤ ᠨᠡᠪᠲᠡᠷᠡᠬᠦ ᠱᠦᠢᠨᠢ ᠵᠠᠮ ᠢ ᠦᠷᠭᠦᠯᠵᠢᠯᠡᠨ ᠪᠦᠲᠦᠭᠡᠨ ᠪᠠᠶᠢᠭᠤᠯᠵᠤ᠂ 307 ᠮᠤᠵᠢ ᠶᠢᠨ ᠵᠠᠮ ᠤᠨ ᠯᠢᠨᠳᠦ᠋ᠩ ᠠᠴᠠ ᠶᠠᠩ ᠵᠢᠶᠠ ᠶᠢᠩᠽᠢ ᠬᠦᠷᠬᠦ ᠰᠦᠢᠳᠬᠡᠯ ᠬᠤᠷᠢᠶᠠᠬᠤ ᠵᠠᠰᠠᠮᠠᠯ ᠵᠠᠮ ᠢ ᠡᠬᠢᠯᠡᠨ ᠵᠠᠰᠠᠵᠤ᠂ 303 ᠤᠯᠤᠰ ᠤᠨ ᠵᠠᠮ ᠤᠨ ᠯᠢᠨᠳᠦ᠋ᠩ ᠠᠴᠠ ᠹᠧᠩ ᠬᠤᠸᠠᠩ ᠱᠠᠨ ᠠᠵᠤ ᠦᠢᠯᠡᠳᠪᠦᠷᠢ ᠶᠢᠨ ᠲᠣᠭᠤᠷᠢᠭ ᠬᠦᠷᠬᠦ ᠵᠠᠰᠠᠮᠠᠯ ᠵᠠᠮ ᠤᠨ ᠬᠡᠰᠡᠭ ᠤᠨ ᠪᠠᠷᠢᠯᠭ᠎ᠠ ᠶᠢ ᠳᠠᠭᠤᠰᠬᠠᠵᠤ ᠲᠡᠷᠭᠡ ᠨᠡᠪᠲᠡᠷᠡᠭᠦᠯᠦᠨ᠎ᠡ᠃ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠦᠯᠵᠡᠶᠢᠮᠦ᠋ᠷᠡᠨ ᠭᠤᠣᠯ ᠤᠨ ᠦᠶᠡᠷ ᠢ ᠰᠡᠷᠭᠡᠶᠢᠯᠡᠬᠦ ᠪᠠᠷᠢᠯᠭ᠎ᠠ ᠪᠠ ᠡᠯ ᠯᠦᠩ ᠤᠰᠤᠯᠠᠯᠲᠠ ᠶᠢᠨ ᠲᠣᠭᠤᠷᠢᠭ ᠤᠨ ᠤᠰᠤ ᠠᠷᠪᠢᠯᠬᠠᠤ ᠲᠦᠬᠦᠭᠡᠷᠦᠮᠵᠢ ᠶᠢ ᠥᠭᠡᠷᠡᠴᠢᠯᠡᠬᠦ ᠢᠨᠵᠧᠨᠧᠷᠢᠩ ᠢ ᠡᠬᠢᠯᠡᠭᠦᠯᠵᠦ᠂ ᠰᠢᠷᠭ᠎ᠠ ᠶᠢᠨ ᠭᠤᠣᠯ ᠤᠨ ᠯᠢᠨᠳᠦ᠋ᠩ ᠢᠶᠠᠷ ᠥᠩᠭᠡᠷᠡᠬᠦ ᠬᠡᠰᠡᠭ ᠤᠨ ᠦᠶᠡᠷ ᠢ ᠰᠡᠷᠭᠡᠶᠢᠯᠡᠬᠦ ᠪᠠᠷᠢᠯᠭ᠎ᠠ ᠶᠢ ᠳᠠᠭᠤᠰᠬᠠᠨ᠂ ᠬᠤ᠋ ᠪᠦᠸᠧ ᠭᠸᠦ ᠤᠰᠤᠨ ᠴᠦᠭᠦᠷᠦᠮ ᠪᠠ ᠱᠢᠨᠠ ᠤᠰᠤᠨ ᠴᠦᠭᠦᠷᠦᠮ ᠤᠨ ᠬᠤᠶᠠᠳᠤᠭᠠᠷ ᠬᠤᠭᠤᠴᠠᠭᠠᠨ ᠤ ᠠᠶᠤᠯ ᠢ ᠰᠡᠷᠭᠡᠶᠢᠯᠡᠨ ᠪᠠᠬᠢᠵᠢᠭᠦᠯᠬᠦ ᠪᠠᠷᠢᠯᠭ᠎ᠠ ᠶᠢᠨ ᠡᠮᠦᠨᠡᠬᠢ ᠱᠠᠲᠤᠨ ᠤ ᠠᠵᠢᠯ ᠢ ᠠᠬᠢᠭᠤᠯᠤᠨ᠎ᠠ᠃ ᠴᠠᠬᠢᠯᠭᠠᠨ ᠬᠦᠴᠦᠨ ᠤ ᠪᠠᠲᠤᠯᠠᠭ᠎ᠠ ᠪᠣᠯᠤᠨ ᠦᠢᠯᠡᠴᠢᠯᠡᠭᠡᠨ ᠤ ᠲᠥᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠪᠠᠶᠠᠨᠨᠢᠷᠤᠭᠤ 220 ᠺᠢᠯᠦᠸᠤᠯᠲ ᠨᠢᠭᠡ ᠯᠡ ᠤᠳᠠᠭ᠎ᠠ ᠬᠤᠪᠢᠰᠬᠠᠬᠤ ᠪᠠᠷᠢᠯᠭ᠎ᠠ ᠶᠢ ᠡᠬᠢᠯᠡᠭᠦᠯᠵᠦ᠂ 10 ᠺᠢᠯᠦᠸᠤᠯᠲ ᠤᠨ ᠲᠠᠷᠢᠶᠠᠯᠠᠩ ᠤᠨ ᠰᠦᠯᠵᠢᠶ᠎ᠡ ᠶᠢ ᠥᠭᠡᠷᠡᠴᠢᠯᠡᠬᠦ ᠪᠠ ᠯᠦᠩᠴᠠᠩ ᠤᠨ ᠴᠠᠬᠢᠯᠭᠠᠨ ᠬᠤᠪᠢᠰᠬᠠᠬᠤ ᠦᠷᠲᠡᠭᠡ ᠶᠢ ᠭᠠᠵᠠᠷ ᠰᠢᠯᠵᠢᠭᠦᠯᠦᠨ ᠪᠠᠶᠢᠭᠤᠯᠬᠤ ᠢᠨᠵᠧᠨᠧᠷᠢᠩ ᠢ ᠨᠠᠶᠢᠳᠠᠪᠦᠷᠢᠵᠢᠭᠤᠯᠤᠨ᠂ ᠹᠧᠩ ᠬᠤᠸᠠᠩ ᠱᠠᠨ ᠠᠭᠤᠯᠠᠨ ᠤ ᠠᠵᠤ ᠦᠢᠯᠡᠳᠪᠦᠷᠢ ᠶᠢᠨ ᠲᠣᠭᠤᠷᠢᠭ ᠤᠨ 2×4 ᠲᠦᠮᠡᠨ ᠺᠢᠯᠦᠸᠣᠯᠲ ᠠᠮᠫᠧᠷ ᠴᠠᠬᠢᠯᠭᠠᠨ ᠬᠤᠪᠢᠰᠬᠠᠭᠤᠷ ᠤᠨ ᠦᠷᠲᠡᠭᠡ ᠶᠢ ᠪᠠᠶᠢᠭᠤᠯᠤᠨ᠎ᠠ᠃ ᠭᠠᠵᠠᠷ ᠰᠢᠷᠤᠢ ᠶᠢ ᠵᠠᠰᠠᠨ ᠴᠡᠭᠴᠡᠯᠡᠬᠦ ᠠᠵᠢᠯ ᠢ ᠢᠳᠡᠪᠬᠢᠲᠠᠢ ᠦᠷᠨᠢᠭᠦᠯᠵᠦ᠂ ᠹᠦ᠋ ᠾᠧ ᠪᠠᠯᠭᠠᠰᠤ ᠪᠣᠯᠤᠨ ᠪᠢᠯᠡᠭᠦᠲᠠᠢ ᠪᠠᠯᠭᠠᠰᠤ ᠶᠢᠨ 3 ᠲᠤᠰᠬᠤᠨ ᠤ ᠭᠠᠵᠠᠷ ᠰᠢᠷᠤᠢ ᠴᠡᠭᠴᠡᠯᠡᠬᠦ ᠲᠥᠷᠥᠯ ᠵᠦᠢᠯ ᠢ ᠪᠡᠶᠡᠯᠡᠭᠦᠯᠦᠨ᠂ ᠭᠠᠵᠠᠷ ᠰᠢᠷᠤᠢ ᠶᠢᠨ ᠶᠡᠷᠦᠩᠬᠡᠶᠢᠯᠡᠭᠰᠡᠨ ᠠᠰᠢᠭᠯᠠᠯᠲᠠ ᠶᠢᠨ ᠲᠥᠪᠰᠢᠨ ᠢ ᠳᠡᠭᠡᠭᠰᠢᠯᠡᠭᠦᠯᠦᠨ᠎ᠡ᠃        ᠡᠨᠧᠷᠭᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ ᠪᠣᠯᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠣᠷᠴᠢᠨ ᠲᠣᠭᠤᠷᠢᠨ ᠢ ᠬᠠᠮᠠᠭᠠᠯᠠᠬᠤ ᠰᠢᠨ᠎ᠡ ᠬᠠᠤᠯᠢ ᠶᠢ ᠲᠤᠤᠱᠯᠠᠭᠤᠯᠵᠤ᠂ ᠬᠦᠨᠳᠦ ᠲᠡᠮᠦᠷᠯᠢᠭ ᠤᠨ ᠠᠵᠤ ᠠᠬᠤᠶᠢᠯᠠᠯ ᠤᠨ ᠬᠢᠨᠠᠨ ᠬᠠᠮᠢᠶᠠᠷᠤᠯᠲᠠ ᠪᠠᠨ ᠴᠢᠩᠭᠠᠳᠬᠠᠵᠤ᠂ ᠬᠦᠨᠳᠦ ᠲᠡᠮᠦᠷᠯᠢᠭ ᠤᠨ ᠪᠣᠬᠢᠷᠳᠤᠯ ᠢ ᠵᠠᠰᠠᠬᠤ ᠲᠥᠷᠥᠯ ᠵᠦᠢᠯ ᠢ ᠨᠠᠶᠢᠳᠠᠪᠦᠷᠢᠵᠢᠭᠤᠯᠤᠨ᠂ ᠭᠤᠣᠯᠳᠠᠯᠭᠠᠲᠤ ᠪᠣᠬᠢᠷᠳᠤᠯ ᠲᠠᠢ ᠠᠵᠤ ᠠᠬᠤᠶᠢᠯᠠᠯ ᠪᠠ ᠬᠦᠨᠳᠦ ᠲᠡᠮᠦᠷᠯᠢᠭ ᠤᠨ ᠠᠵᠤ ᠠᠬᠤᠶᠢᠯᠠᠯ ᠤᠨ ᠦᠯᠡᠳᠡᠭᠳᠡᠯ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠰᠠᠶᠢᠲᠤᠷ ᠬᠢᠵᠦ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠪᠣᠬᠢᠷᠳᠤᠯ ᠢ ᠪᠠᠭᠠᠰᠬᠠᠬᠤ ᠡᠭᠦᠷᠭᠡ ᠶᠢ ᠪᠡᠶᠡᠯᠡᠭᠦᠯᠦᠨ᠎ᠡ᠃ ᠯᠢᠨᠳᠦ᠋ᠩ ᠤᠨ ᠬᠤᠲᠠ ᠲᠣᠭᠤᠷᠢᠭ ᠤᠨ ᠠᠭᠠᠷ ᠮᠠᠨᠳᠠᠯ ᠤᠨ ᠪᠣᠬᠢᠷᠳᠤᠯ ᠢ ᠵᠠᠰᠠᠵᠤ᠂ ᠬᠤᠲᠠ ᠲᠣᠭᠤᠷᠢᠭ ᠤᠨ ᠨᠡᠭᠦᠷᠡᠰᠦ ᠰᠢᠲᠠᠭᠠᠬᠤ ᠵᠢᠵᠢᠭ ᠵᠤᠤᠬ᠎ᠠ ᠶᠢ ᠦᠭᠡᠶᠢᠰᠬᠡᠬᠦ ᠪᠣᠶᠤ ᠥᠭᠡᠷᠡᠴᠢᠯᠡᠨ᠂ ᠬᠡᠰᠡᠭ ᠬᠤᠭᠤᠯᠠᠨ ᠭᠡᠷ ᠪᠠ ᠤᠭᠢᠶᠠᠯ ᠤᠨ ᠭᠠᠵᠠᠷ ᠤᠨ ᠲᠠᠷᠠᠬᠠᠢ ᠪᠣᠲᠠᠷᠬᠠᠢ ᠲᠤᠯᠠᠭᠠᠯᠠᠮᠵᠢ ᠬᠠᠩᠭᠠᠬᠤ ᠲᠦᠬᠦᠭᠡᠷᠦᠮᠵᠢ ᠶᠢ ᠦᠭᠡᠢ ᠪᠣᠯᠭᠠᠵᠤ᠂ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠪᠠ ᠪᠠᠷᠢᠯᠭ᠎ᠠ ᠶᠢᠨ ᠭᠠᠵᠠᠷ ᠤᠨ ᠬᠤᠭ ᠲᠣᠭᠤᠰᠤ ᠶᠢ ᠠᠷᠢᠯᠭᠠᠨ᠂ ᠬᠤᠲᠠ ᠲᠣᠭᠤᠷᠢᠭ ᠤᠨ ᠠᠭᠠᠷ ᠮᠠᠨᠳᠠᠯ ᠢ ᠴᠡᠪᠡᠷᠰᠢᠭᠦᠯᠦᠨ᠎ᠡ᠃ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠭᠤᠣᠯᠳᠠᠯᠭᠠᠲᠤ ᠭᠠᠵᠠᠷ ᠣᠷᠣᠨ ᠢ ᠣᠶᠢᠵᠢᠭᠤᠯᠬᠤ ᠵᠢᠴᠢ ᠤᠯᠤᠰ ᠤᠨ ᠴᠢᠭᠢᠭᠯᠢᠭ ᠭᠠᠵᠠᠷ ᠢ ᠰᠡᠷᠭᠦᠭᠡᠬᠦ ᠵᠡᠷᠭᠡ ᠠᠮᠢ ᠠᠬᠤᠢ ᠶᠢᠨ ᠢᠨᠵᠧᠨᠧᠷᠢᠩ ᠢ ᠨᠠᠶᠢᠳᠠᠪᠦᠷᠢᠵᠢᠭᠤᠯᠵᠤ᠂ ᠤᠯᠠᠭᠠᠨᠳᠠᠪᠠᠭ᠎ᠠ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠩᠬᠠᠳᠠᠭᠴᠢ ᠬᠤᠭᠤᠴᠠᠭᠠᠨ ᠤ ᠢᠨᠵᠧᠨᠧᠷᠢᠩ ᠤᠨ ᠲᠦᠯᠦᠪᠵᠢᠭᠦᠯᠭᠡ ᠶᠢᠨ ᠠᠵᠢᠯ ᠢ ᠰᠠᠶᠢᠲᠤᠷ ᠬᠢᠨ᠎ᠡ᠃ ᠠᠮᠢ ᠠᠬᠤᠢ ᠶᠢᠨ ᠡᠬᠢ ᠪᠠᠶᠠᠯᠢᠭ ᠢ ᠬᠠᠮᠠᠭᠠᠯᠠᠵᠤ᠂ ᠪᠡᠯᠴᠢᠭᠡᠷᠯᠡᠭᠦᠯᠬᠦ ᠶᠢ ᠵᠣᠭᠰᠤᠭᠠᠵᠤ ᠬᠠᠰᠢᠶᠠᠯᠠᠨ ᠮᠠᠯᠵᠢᠬᠤ  ᠲᠥᠷᠥ ᠶᠢᠨ ᠪᠣᠳᠤᠯᠭ᠎ᠠ ᠶᠢ ᠴᠢᠩᠭ᠎ᠠ ᠨᠠᠶᠢᠳᠠᠪᠦᠷᠢᠵᠢᠭᠤᠯᠤᠨ᠂ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ ᠭᠠᠯ ᠢ ᠰᠡᠷᠭᠡᠶᠢᠯᠡᠬᠦ᠂ ᠦᠶᠡᠷ ᠢ ᠰᠡᠷᠭᠡᠶᠢᠯᠡᠬᠦ ᠵᠢᠴᠢ ᠴᠠᠭ ᠠᠭᠤᠷ ᠤᠨ ᠦᠢᠯᠡᠴᠢᠯᠡᠭᠡ ᠵᠡᠷᠭᠡ ᠠᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠠᠶᠤᠯ ᠭᠠᠮᠰᠢᠭ ᠶᠡᠬᠡᠪᠡᠷ ᠪᠠᠭᠠᠰᠬᠠᠨ᠎ᠠ᠃       ︵ᠲᠠᠪᠤ︶ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠬᠦᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠦᠨ᠎ᠡ       ᠡᠯ᠎ᠡ ᠲᠥᠷᠥᠯ ᠤᠨ ᠥᠭᠡᠷᠡᠴᠢᠯᠡᠯᠲᠡ ᠶᠢᠨ ᠰᠢᠢᠳᠪᠦᠷᠢ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠪᠠᠶᠢᠭᠤᠯᠤᠯ ᠲᠣᠭᠲᠠᠯᠴᠠᠭ᠎ᠠ ᠶᠢᠨ ᠲᠤᠳᠠᠭᠳᠠᠯ ᠪᠠ ᠬᠠᠷᠰᠢ ᠰᠠᠭᠠᠳ ᠢ ᠤᠯᠠᠮ ᠨᠢᠭᠡ ᠠᠯᠬᠤᠮ ᠠᠷᠢᠯᠭᠠᠨ᠂ ᠭᠤᠤᠯᠳᠠᠯᠭ᠎ᠠ ᠲᠠᠢ ᠰᠢᠪᠲᠤᠯᠤᠨ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃       ᠵᠠᠰᠠᠭ ᠵᠠᠬᠢᠷᠭᠠᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠥᠭᠡᠷᠡᠴᠢᠯᠡᠯᠲᠡ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠵᠠᠰᠠᠭ ᠤᠨ ᠣᠷᠳᠣᠨ ᠤ ᠴᠢᠳᠠᠪᠬᠢ ᠶᠢ ᠵᠣᠬᠢᠰᠲᠠᠢ ᠵᠠᠭᠠᠭ ᠲᠣᠭᠲᠠᠭᠠᠵᠤ᠂ ᠵᠠᠰᠠᠭ ᠤᠨ ᠣᠷᠳᠣᠨ ᠪᠣᠯᠤᠨ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠣᠨᠤᠪᠴᠢᠲᠠᠢ ᠰᠢᠢᠳᠪᠦᠷᠢᠯᠡᠨ᠎ᠡ᠃ ᠪᠠᠶᠢᠭᠤᠯᠤᠮᠵᠢ ᠶᠢᠨ ᠬᠢᠵᠠᠭᠠᠷ ᠲᠤᠭ᠎ᠠ ᠶᠢ ᠴᠢᠩᠭ᠎ᠠ ᠬᠡᠷᠡᠭᠵᠢᠭᠦᠯᠵᠦ᠂ ᠠᠵᠢᠯ ᠤᠨ ᠪᠠᠶᠢᠷᠢ ᠶᠢᠨ  ᠶᠡᠷᠦᠩᠬᠡᠢ ᠲᠤᠭ᠎ᠠ ᠶᠢ ᠬᠢᠵᠠᠭᠠᠷᠯᠠᠨ᠂ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠳᠡᠭᠡᠷᠡᠬᠢ ᠭᠤᠷᠪᠠᠨ ᠱᠠᠲᠤᠨ ᠤ ᠳᠣᠷᠤᠭᠰᠢ ᠲᠠᠷᠬᠠᠭᠠᠭᠰᠠᠨ ᠬᠢᠨᠠᠨ ᠵᠦᠪᠰᠢᠶᠡᠷᠡᠯᠲᠡ ᠶᠢᠨ ᠵᠦᠢᠯ ᠢ ᠢᠳᠡᠪᠬᠢᠲᠠᠢ ᠵᠠᠯᠭᠠᠮᠵᠢᠯᠠᠨ ᠠᠪᠴᠤ᠂ ᠬᠤᠰᠢᠭᠤ ᠱᠠᠲᠤᠨ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠶᠢᠨ ᠵᠦᠢᠯ ᠢ ᠦᠷᠭᠦᠯᠵᠢᠯᠡᠨ ᠴᠣᠮᠬᠠᠳᠬᠠᠨ᠂ ᠬᠡᠷᠡᠭ ᠤᠨ  ᠳᠣᠮᠳᠠᠬᠢ ᠪᠠ ᠬᠤᠶᠢᠨᠠᠬᠢ ᠬᠢᠨᠠᠨ ᠬᠠᠮᠢᠶᠠᠷᠬᠤ ᠦᠨᠳᠦᠰᠦᠨ ᠳᠦᠷᠢᠮ ᠢ ᠪᠠᠶᠢᠭᠤᠯᠬᠤ ᠶᠢᠨ ᠬᠠᠮᠲᠤ ᠴᠢᠩᠭ᠎ᠠv ᠨᠠᠶᠢᠳᠠᠪᠦᠷᠢᠵᠢᠭᠤᠯᠤᠨ᠎ᠠ᠃ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠦᠰᠦᠪ ᠢ ᠢᠯᠡ ᠨᠡᠶᠢᠲᠡᠯᠡᠨ᠂ ᠨᠠᠷᠢᠯᠢᠭᠵᠢᠭᠤᠯᠤᠭᠰᠠᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠰᠢᠰᠲ᠋ᠧᠮ ᠢ ᠪᠠᠶᠢᠭᠤᠯᠤᠨ᠎ᠠ᠃ ᠦᠢᠯᠡᠳᠪᠦᠷᠢ ᠬᠤᠳᠠᠯᠳᠤᠭ᠎ᠠ ᠪᠠ ᠭᠠᠶᠢᠯᠢ ᠬᠤᠷᠢᠶᠠᠬᠤ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠤᠷᠢᠳᠠᠪᠠᠷ ᠭᠠᠶᠢᠯᠢ ᠬᠤᠷᠢᠶᠠᠨ ᠳᠠᠷᠠᠭ᠎ᠠ ᠨᠢ ᠦᠨᠡᠮᠯᠡᠯ ᠣᠯᠭᠤᠬᠤ︾ ︽ᠤᠷᠢᠳᠠᠪᠠᠷ ᠰᠡᠭᠦᠳᠡᠷᠯᠡᠨ ᠳᠠᠷᠠᠭ᠎ᠠ ᠨᠢ ᠦᠨᠡᠮᠯᠡᠯ ᠣᠯᠭᠤᠬᠤ︾ ᠠᠷᠭ᠎ᠠ ᠶᠢ ᠬᠡᠷᠡᠭᠵᠢᠭᠦᠯᠦᠨ᠂ ︽ᠭᠤᠷᠪᠠ ᠶᠢ ᠨᠢᠭᠡᠲᠦᠵᠢᠭᠦᠯᠬᠦ︾ ᠪᠠ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠶᠢᠨ ᠡᠯᠧᠺᠲᠷᠤᠨ ᠳᠠᠩᠰᠠᠯᠠᠬᠤ ᠬᠠᠮᠢᠶᠠᠷᠤᠯᠲᠠ ᠶᠢ ᠪᠦᠬᠦ ᠲᠠᠯ᠎ᠠ ᠪᠠᠷ ᠠᠬᠢᠭᠤᠯᠤᠨ᠎ᠠ᠃ ᠵᠠᠬᠢᠳᠠᠯ ᠰᠣᠷᠪᠤᠯᠵᠢᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠰᠦᠯᠵᠢᠶ᠎ᠡ ᠪᠠᠷ ᠬᠦᠯᠢᠶᠡᠨ ᠠᠪᠬᠤ ᠪᠠ ᠬᠤᠯᠪᠤᠭᠠᠯᠠᠨ ᠬᠦᠯᠢᠶᠡᠨ ᠰᠣᠷᠪᠤᠯᠵᠢᠯᠠᠬᠤ ᠵᠡᠷᠭᠡ  ᠳᠦᠷᠢᠮ ᠢ ᠬᠡᠷᠡᠭᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠠᠷᠭ᠎ᠠ ᠵᠠᠮ ᠢ ᠦᠷᠭᠡᠳᠬᠡᠨ᠎ᠡ᠃       ᠠᠵᠤ ᠠᠬᠤᠢ ᠶᠢᠨ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠨᠡᠶᠢᠯᠡᠮᠡᠯ ᠦᠮᠴᠢᠯᠡᠯᠲᠦ ᠠᠵᠤ ᠠᠬᠤᠢ ᠶᠢ ᠢᠳᠡᠪᠬᠢᠲᠠᠢ ᠬᠦᠭᠵᠢᠭᠦᠯᠦᠨ᠂ ᠨᠡᠶᠢᠲᠡ ᠶᠢᠨ ᠪᠣᠰᠤ ᠦᠮᠴᠢᠯᠡᠯᠲᠦ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠪᠡᠯᠡ ᠬᠤᠷᠠᠮᠳᠤᠭᠤᠯᠬᠤ ᠶᠢ ᠵᠣᠷᠢᠭᠵᠢᠭᠤᠯᠤᠨ ᠳᠡᠮᠵᠢᠵᠦ᠂ ᠣᠯᠠᠨ ᠳᠡᠰ ᠳᠠᠪᠬᠤᠷᠭᠠᠲᠤ ᠪᠡᠯᠡ ᠮᠦᠩᠭᠦᠨ ᠤ ᠵᠠᠬ᠎ᠠ ᠳᠡᠯᠭᠡᠭᠦᠷ ᠢ ᠬᠦᠭᠵᠢᠭᠦᠯᠦᠨ᠎ᠡ᠃ ᠤᠯᠤᠰ ᠤᠨ ᠦᠮᠴᠢᠯᠡᠯᠲᠦ ᠬᠦᠷᠦᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠤᠨ᠂ ᠨᠡᠶᠢᠭᠡᠮ ᠤᠨ ᠪᠡᠯᠡ ᠮᠦᠩᠭᠦ ᠶᠢ ᠤᠯᠤᠰ ᠤᠨ ᠦᠮᠴᠢᠯᠡᠯᠲᠦ ᠬᠦᠷᠦᠩᠭᠡ ᠶᠢᠨ ᠨᠢᠭᠡᠲᠦᠯ ᠳᠤ ᠣᠷᠤᠯᠴᠠᠭᠤᠯᠵᠤ᠂ ᠠᠰᠢᠭ ᠣᠯᠵᠠᠪᠦᠷᠢ ᠶᠢ ᠨᠡᠮᠡᠭᠳᠡᠭᠦᠯᠦᠨ᠎ᠡ᠃ ᠡᠬᠢ ᠰᠣᠷᠪᠣᠯᠵᠢ ᠶᠢᠨ ᠬᠦᠷᠦᠩᠭᠡᠴᠢᠯᠡᠬᠦ ᠥᠭᠡᠷᠡᠴᠢᠯᠡᠯᠲᠡ ᠶᠢ ᠠᠬᠢᠭᠤᠯᠵᠤ᠂ ᠠᠭᠤᠷᠬᠠᠢ ᠶᠢᠨ ᠭᠠᠷᠤᠯᠲᠠ ᠶᠢᠨ ᠰᠣᠯᠢᠯᠴᠠᠭᠠᠨ ᠤ ᠲᠠᠪᠴᠠᠩ ᠪᠠ ᠰᠣᠯᠢᠯᠴᠠᠭᠠᠨ ᠤ ᠲᠥᠪ ᠪᠠᠶᠢᠭᠤᠯᠤᠨ᠎ᠠ᠃ ᠵᠠᠰᠠᠭ ᠤᠨ ᠣᠷᠳᠣᠨ ᠤ ᠬᠤᠳᠠᠯᠳᠤᠨ ᠠᠪᠬᠤ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠦᠷᠭᠡᠳᠬᠡᠨ᠎ᠡ᠃ ᠬᠦᠳᠡᠭᠡ ᠲᠤᠰᠬᠤᠨ ᠤ ᠭᠠᠵᠠᠷ ᠰᠢᠷᠤᠢ ᠶᠢᠨ ᠡᠵᠡᠩᠨᠡᠯᠲᠡ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠪᠠ ᠳᠠᠭᠠᠭᠠᠴᠢᠯᠠᠨ ᠡᠵᠡᠩᠨᠡᠬᠦ ᠡᠷᠬᠡ ᠶᠢ ᠲᠣᠳᠣᠷᠬᠠᠶᠢᠯᠠᠨ ᠳᠠᠩᠰᠠᠯᠠᠵᠤ ᠦᠨᠡᠮᠯᠡᠯ ᠣᠯᠭᠤᠬᠤ ᠲᠤᠷᠰᠢᠯᠲᠠ ᠶᠢᠨ ᠴᠢᠭ ᠤᠨ ᠠᠵᠢᠯ ᠢ ᠰᠠᠶᠢᠲᠤᠷ ᠪᠡᠶᠡᠯᠡᠭᠦᠯᠵᠦ᠂ ᠬᠠᠮᠲᠤ ᠶᠢᠨ ᠦᠮᠴᠢᠯᠡᠯ ᠤᠨ ᠡᠷᠬᠡ ᠶᠢ ᠨᠠᠶᠢᠳᠠᠪᠦᠷᠢᠵᠢᠭᠤᠯᠤᠨ᠂ ᠲᠠᠷᠢᠶᠠᠴᠢᠨ ᠡᠷᠦᠬᠡ ᠶᠢᠨ ᠳᠠᠭᠠᠭᠠᠴᠢᠯᠠᠬᠤ ᠡᠷᠬᠡ ᠶᠢ ᠲᠣᠭᠲᠠᠪᠦᠷᠢᠵᠢᠭᠤᠯᠵᠤ᠂ ᠭᠠᠵᠠᠷ ᠰᠢᠷᠤᠢ ᠶᠢᠨ ᠡᠵᠡᠩᠨᠡᠯᠲᠡ ᠶᠢᠨ ᠡᠷᠬᠡ ᠶᠢ ᠴᠢᠯᠦᠭᠡᠲᠡᠢ ᠪᠣᠯᠭᠠᠨ᠎ᠠ᠃ ᠨᠡᠶᠢᠭᠡᠮ ᠤᠨ ᠪᠡᠯᠡ ᠮᠦᠩᠭᠦ ᠶᠢ ᠬᠤᠲᠠ ᠬᠦᠳᠡᠭᠡ ᠶᠢᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠣᠷᠤᠯᠴᠠᠭᠤᠯᠵᠤ᠂  ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠬᠤᠷᠠᠮᠳᠤᠭᠤᠯᠬᠤ ᠠᠷᠭ᠎ᠠ ᠵᠠᠮ ᠢ ᠦᠷᠭᠡᠳᠬᠡᠨ᠎ᠡ᠃       ᠨᠡᠶᠢᠭᠡᠮ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠪᠠᠲᠤᠯᠠᠬᠤ ᠶᠢᠨ ᠲᠣᠭᠤᠷᠢᠨ ᠳᠤ᠂ ᠦᠢᠯᠡᠰ ᠪᠤᠰᠬᠠᠵᠤ ᠠᠵᠢᠯ ᠣᠯᠬᠤ᠂ ᠨᠡᠶᠢᠭᠡᠮ ᠤᠨ ᠪᠠᠲᠤᠯᠠᠭ᠎ᠠ᠂ ᠰᠢᠨᠵᠢᠯᠡᠭᠡ ᠮᠡᠷᠭᠡᠵᠢᠯ ᠰᠤᠶᠤᠯ ᠵᠡᠷᠭᠡ ᠬᠦᠷᠢᠶ᠎ᠡ ᠬᠡᠪᠴᠢᠶᠡᠨ ᠤ ᠥᠭᠡᠷᠡᠴᠢᠯᠡᠯᠲᠡ ᠶᠢ ᠠᠬᠢᠭᠤᠯᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠡᠩ ᠰᠠᠶᠢᠨ ᠬᠠᠩᠭᠠᠨ᠎ᠠ᠃ ᠨᠡᠶᠢᠭᠡᠮ ᠤᠨ ᠪᠡᠯᠡ ᠮᠦᠩᠭᠦ ᠶᠢ ᠬᠤᠲᠠ ᠶᠢᠨ ᠳᠤᠯᠠᠭᠠᠯᠠᠮᠵᠢ ᠬᠠᠩᠭᠠᠬᠤ᠂ ᠲᠤᠰᠣ ᠬᠡᠢ ᠬᠠᠩᠭᠠᠬᠤ ᠵᠢᠴᠢ ᠪᠤᠬᠢᠷᠳᠤᠯ ᠤᠰᠤᠨ ᠤ ᠬᠠᠮᠢᠶᠠᠷᠤᠯᠲᠠ ᠳᠤ ᠣᠷᠤᠯᠴᠠᠭᠤᠯᠵᠤ᠂ ᠣᠯᠠᠨ ᠨᠡᠶᠢᠲᠡ ᠶᠢᠨ ᠦᠢᠯᠡᠰ ᠤᠨ ᠬᠠᠮᠢᠶᠠᠷᠤᠯᠲᠠ ᠶᠢᠨ ᠲᠥᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠷᠭᠡᠳᠬᠡᠵᠦ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠢ ᠬᠦᠭᠵᠢᠭᠦᠯᠦᠨ᠂ ᠬᠤᠷᠢᠶᠠᠨ ᠳᠠᠷᠤᠭ᠎ᠠ ᠶᠢᠨ ᠤᠷᠢᠨ ᠬᠡᠷᠡᠭᠯᠡᠬᠦ ᠳᠦᠷᠢᠮ ᠢ ᠬᠡᠷᠡᠭᠵᠢᠭᠦᠯᠵᠦ᠂ ᠡᠮᠨᠡᠯᠭᠡ ᠶᠢᠨ ᠬᠤᠷᠢᠶᠠᠨ ᠳᠤ ᠪᠦᠬᠦᠶᠢᠯᠡ ᠥᠪᠡᠷ ᠤᠨ ᠦᠷᠲᠡᠭ ᠢ ᠲᠣᠭᠠᠴᠠᠭ᠎ᠠ ᠪᠠ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠷᠦᠬᠡ ᠠᠮᠠ ᠶᠢᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠲᠠᠷᠢᠶᠠᠯᠠᠩ ᠤᠨ ᠡᠷᠦᠬᠡ ᠠᠮᠠ ᠪᠠ ᠲᠠᠷᠢᠶᠠᠯᠠᠩ ᠤᠨ ᠪᠣᠰᠤ ᠡᠷᠦᠬᠡ ᠠᠮᠠ ᠶᠢ ᠥᠭᠡᠶᠢᠰᠬᠡᠨ᠂ ᠬᠤᠲᠠ ᠬᠦᠳᠡᠭᠡ ᠶᠢ ᠨᠢᠭᠡᠲᠦᠯᠵᠢᠭᠦᠯᠦᠭᠰᠡᠨ ᠡᠷᠦᠬᠡ ᠠᠮᠠ ᠳᠠᠩᠰᠠᠯᠠᠬᠤ ᠳᠦᠷᠢᠮ ᠢ ᠪᠠᠶᠢᠭᠤᠯᠤᠨ᠎ᠠ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢ ᠠᠪᠬᠤ᠂ ᠬᠡᠷᠡᠭᠯᠡᠬᠦ ᠵᠢᠴᠢ ᠬᠢᠨᠠᠨ ᠬᠠᠮᠢᠶᠠᠷᠬᠤ ᠲᠣᠭᠲᠠᠯᠴᠠᠭ᠎ᠠ ᠶᠢ ᠰᠠᠶᠢᠵᠢᠷᠠᠭᠤᠯᠵᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦᠨ ᠤ ᠪᠠᠲᠤᠯᠠᠭ᠎ᠠ ᠶᠢ ᠦᠷᠭᠡᠳᠬᠡᠨ᠎ᠡ᠃ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠳᠠᠪᠦᠷᠢ ᠶᠢ ᠴᠢᠩᠭᠠᠳᠬᠠᠵᠤ᠂ ︽12349︾ ᠠᠷᠠᠳ ᠲᠤ ᠦᠢᠯᠡᠴᠢᠯᠡᠬᠦ ᠲᠠᠪᠴᠠᠩ ᠢ  ᠠᠬᠢᠭᠤᠯᠤᠨ᠂ ᠰᠠᠭᠤᠭᠠᠯᠢ ᠠᠷᠠᠳ ᠲᠤ ᠦᠢᠯᠡᠴᠢᠯᠡᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃       ︵ᠵᠢᠷᠭᠤᠭ᠎ᠠ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠪᠠᠲᠤᠯᠠᠵᠤ᠂ ᠥᠷᠭᠡᠨ ᠣᠯᠠᠨ ᠲᠦᠮᠡᠨ ᠤ ᠬᠡᠰᠢᠭ ᠪᠤᠶᠠᠨ ᠢ ᠨᠡᠮᠡᠭᠳᠡᠭᠦᠯᠦᠨ᠎ᠡ       ᠰᠠᠭᠤᠷᠢ ᠶᠢ ᠪᠠᠲᠤᠯᠠᠬᠤ ᠪᠠ ᠭᠤᠣᠯᠳᠠᠯᠭ᠎ᠠ ᠶᠢ ᠳᠣᠪᠤᠶᠢᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠳᠤ ᠬᠤᠯᠪᠤᠭᠳᠠᠭᠰᠠᠨ ᠳᠣᠪᠤᠶᠢᠮ᠎ᠠ ᠠᠰᠠᠭᠤᠳᠠᠯ ᠢ ᠦᠨᠡᠨᠬᠦ ᠰᠢᠢᠳᠪᠦᠷᠢᠯᠡᠨ᠂ ︽ᠠᠷᠠᠳ ᠤᠨ ᠠᠮᠢᠳᠤᠷᠠᠯ ᠤᠨ ᠠᠵᠢᠯᠯᠠᠭᠠᠨ ᠤ ᠲᠦᠯᠦᠪᠯᠡᠭᠡ︾ ᠶᠢ ᠦᠷᠭᠦᠯᠵᠢᠯᠡᠨ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠴᠢᠳᠠᠪᠦᠷᠢ ᠶᠢ ᠳᠡᠭᠡᠭᠰᠢᠯᠡᠭᠦᠯᠦᠨ᠎ᠡ᠃       ᠶᠠᠳᠠᠭᠤ ᠶᠢ ᠲᠡᠳᠬᠦᠬᠦ ᠬᠦᠴᠦᠯᠡᠴᠡ ᠪᠠᠨ ᠴᠢᠩᠭᠠᠳᠬᠠᠨ᠎ᠠ᠃ ᠶᠠᠳᠠᠭᠤ ᠶᠢ ᠲᠡᠳᠬᠦᠬᠦ ᠠᠵᠢᠯ ᠤᠨ ᠰᠢᠨ᠎ᠡ ᠶᠢ ᠡᠭᠦᠳᠴᠦ᠂ ︽ᠭᠤᠷᠪᠠ ᠶᠢ ᠲᠤᠰᠬᠤᠨ ᠪᠠ ᠡᠷᠦᠬᠡ ᠳᠤ ᠬᠦᠷᠭᠡᠬᠦ︾᠂ ᠮᠦᠩᠭᠦᠨ ᠭᠦᠢᠯᠭᠡᠭᠡᠨ ᠤ ᠳᠡᠳᠬᠦᠮᠵᠢ ᠵᠢᠴᠢ ᠠᠵᠤ ᠦᠢᠯᠡᠰ ᠤᠨ ᠳᠡᠳᠬᠦᠮᠵᠢ ᠵᠡᠷᠭᠡ ᠠᠷᠭ᠎ᠠ ᠬᠡᠯᠪᠡᠷᠢ ᠳᠤ ᠲᠦᠰᠢᠭᠯᠡᠨ᠂ 2  ᠲᠦᠮᠡᠨ ᠬᠦᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠬᠦᠮᠦᠨ ᠪᠦᠷᠢ ᠳᠤ ᠲᠡᠭᠰᠢᠳᠬᠡᠭᠰᠡᠨ ᠣᠷᠤᠯᠭ᠎ᠠ ᠶᠢ 15% ᠠᠴᠠ ᠳᠡᠭᠡᠭᠰᠢ ᠪᠣᠯᠭᠠᠨ᠎ᠠ᠃ ᠤᠶᠤᠨᠴᠢᠯᠠᠭᠰᠠᠨ ᠶᠠᠳᠠᠭᠤ ᠶᠢ ᠲᠡᠳᠬᠦᠬᠦ ᠠᠷᠭ᠎ᠠ ᠶᠢ ᠬᠡᠷᠡᠭᠵᠢᠭᠦᠯᠵᠦ᠂ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠦᠩᠭᠦ 3510 ᠲᠦᠮᠡᠨ ᠲᠦᠭᠦᠷᠢᠭ  ᠨᠠᠶᠢᠳᠠᠪᠦᠷᠢᠵᠢᠭᠤᠯᠤᠨ᠂ 78 ᠭᠠᠴᠠᠭ᠎ᠠ ᠲᠤᠰᠬᠤᠨ ᠢ  ᠶᠠᠳᠠᠭᠤ ᠠᠴᠠ ᠠᠩᠭᠢᠵᠢᠷᠠᠭᠤᠯᠤᠨ᠎ᠠ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠢᠲᠡᠭᠡᠮᠵᠢᠲᠦ ᠵᠢᠭᠡᠯᠡᠯᠭᠡ ᠶᠢᠨ ᠬᠦᠴᠦᠯᠡᠴᠡ ᠪᠠᠨ ᠥᠷᠭᠡᠳᠬᠡᠨ᠂ ᠳ᠋ᠦᠩᠰᠢᠭᠤᠷ ᠲᠦᠭᠦᠷᠢᠭ ᠤᠨ ᠮᠦᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ ᠢ ᠦᠷᠭᠦᠯᠵᠢᠯᠡᠨ ᠨᠠᠶᠢᠳᠠᠪᠦᠷᠢᠵᠢᠭᠤᠯᠵᠤ᠂ 2000 ᠢᠯᠡᠭᠦᠦ ᠡᠷᠦᠬᠡ ᠮᠠᠯᠴᠢᠨ ᠲᠠᠷᠢᠶᠠᠴᠢᠳ ᠢ ᠶᠠᠳᠠᠭᠤ ᠠᠴᠠ ᠠᠩᠭᠢᠵᠢᠷᠠᠭᠤᠯᠤᠨ᠎ᠠ᠃ ᠪᠡᠭᠡᠵᠢᠩ ᠤᠨ ᠱᠦᠨ ᠢ ᠲᠣᠭᠤᠷᠢᠭ ᠪᠠ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠪᠦᠯᠦᠭᠯᠡᠯ ᠤᠨ ᠺᠤᠮᠫᠠᠨᠢ ᠵᠡᠷᠭᠡ ᠲᠣᠭᠲᠠᠭᠰᠠᠨ ᠴᠢᠭ ᠤᠨ ᠬᠠᠪᠰᠤᠷᠤᠨ ᠳᠡᠮᠵᠢᠬᠦ ᠠᠵᠢᠯ ᠢ ᠢᠳᠡᠪᠬᠢᠲᠠᠢ ᠬᠢᠵᠦ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠦᠴᠢᠷ ᠪᠠ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠨᠡᠶᠢᠭᠡᠮ ᠤᠨ ᠶᠠᠳᠠᠭᠤ ᠶᠢ ᠲᠡᠳᠬᠦᠬᠦ ᠠᠵᠢᠯ ᠢ ᠪᠡᠶᠡᠯᠡᠭᠦᠯᠵᠦ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃       ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠲᠠ ᠶᠢ ᠦᠷᠭᠡᠳᠬᠡᠨ᠎ᠡ᠃ ︽ᠭᠤᠣᠯᠳᠠᠯᠭ᠎ᠠ ᠲᠠᠢ ᠲᠥᠷᠥᠯ ᠵᠦᠢᠯ ᠢ ᠠᠵᠢᠯ ᠣᠯᠭᠤᠯᠲᠠ ᠳᠤ  ᠦᠢᠯᠡᠴᠢᠯᠡᠭᠦᠯᠬᠦ ᠲᠦᠯᠦᠪᠯᠡᠭᠡ︾ ᠪᠠ ︽ᠠᠵᠤ ᠦᠢᠯᠡᠰ ᠤᠨ ᠬᠤᠪᠢᠷᠠᠭᠠᠯ ᠢ ᠵᠠᠯᠭᠠᠮᠵᠢᠯᠠᠵᠤ ᠠᠵᠢᠯ ᠣᠯᠭᠤᠯᠲᠠ ᠳᠤ ᠦᠢᠯᠡᠴᠢᠯᠡᠭᠦᠯᠬᠦ ᠲᠦᠯᠦᠪᠯᠡᠭᠡ︾ ᠶᠢ ᠭᠦᠨᠵᠡᠭᠡᠢ ᠨᠠᠶᠢᠳᠠᠪᠦᠷᠢᠵᠢᠭᠤᠯᠤᠨ᠂ ᠣᠯᠠᠨ ᠠᠷᠭ᠎ᠠ ᠵᠠᠮ ᠢᠶᠠᠷ ᠠᠵᠢᠯ ᠤᠨ ᠪᠠᠶᠢᠷᠢ ᠭᠠᠷᠭᠠᠵᠤ᠂ ᠬᠦᠳᠡᠭᠡ ᠲᠤᠰᠬᠤᠨ ᠤ ᠬᠦᠳᠡᠯᠮᠦᠷᠢ ᠬᠦᠴᠦᠨ ᠢ ᠰᠢᠯᠵᠢᠭᠦᠯᠦᠨ᠂ 5.7 ᠲᠦᠮᠡᠨ ᠬᠦᠮᠦᠨ ᠳᠤ ᠠᠵᠢᠯ ᠣᠯᠭᠤᠵᠣ᠂ ᠬᠤᠲᠠ ᠪᠠᠯᠭᠠᠰᠤ ᠶᠢᠨ ᠠᠵᠢᠯ ᠠᠯᠳᠠᠭᠰᠠᠨ ᠨᠣᠷᠮ᠎ᠠ ᠶᠢ 3.9% ᠶᠢᠨ ᠳᠣᠲᠤᠷ᠎ᠠ ᠬᠢᠵᠠᠭᠠᠷᠯᠠᠨ᠎ᠠ᠃ ᠦᠢᠯᠡᠰ ᠪᠤᠰᠬᠠᠬᠤ ᠬᠡᠯᠪᠡᠷᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠭᠠᠷᠭᠠᠵᠤ᠂ ᠨᠡᠶᠢᠭᠡᠮ ᠤᠨ ᠪᠠᠲᠤᠯᠠᠭ᠎ᠠ ᠶᠢᠨ ᠨᠦᠬᠦᠪᠦᠷᠢ ᠶᠢᠨ ᠲᠥᠷᠥ ᠶᠢᠨ ᠪᠣᠳᠤᠯᠭ᠎ᠠ ᠶᠢ ᠨᠠᠶᠢᠳᠠᠪᠦᠷᠢᠵᠢᠭᠤᠯᠤᠨ᠂ ᠬᠦᠴᠢᠷᠳᠡᠯᠲᠠᠢ ᠠᠵᠤ ᠠᠬᠤᠶᠢᠯᠠᠯ ᠢ ᠬᠠᠪᠰᠤᠷᠤᠨ᠂ ᠠᠵᠢᠯ ᠣᠯᠭᠤᠯᠲᠠ ᠶᠢ ᠠᠬᠢᠭᠤᠯᠬᠤ ᠠᠵᠢᠯ ᠢ ᠰᠠᠶᠢᠲᠤᠷ ᠬᠢᠨ᠎ᠡ᠃ ᠠᠵᠢᠯ ᠣᠯᠭᠤᠯᠲᠠ ᠶᠢᠨ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠵᠤ᠂ ᠴᠢᠭᠯᠡᠯᠲᠦ ᠪᠣᠯᠪᠠᠰᠤᠷᠠᠯ᠂ ᠲᠤᠭᠲᠠᠭᠰᠠᠨ ᠪᠣᠯᠪᠠᠰᠤᠷᠠᠯ ᠵᠡᠷᠭᠡ ᠬᠡᠷᠡᠭᠯᠡᠭᠡᠨ ᠤ ᠴᠢᠨᠠᠷ ᠢᠶᠠᠷ ᠴᠢᠩᠭ᠎ᠠ ᠪᠣᠯᠪᠠᠰᠤᠷᠠᠯ ᠤᠨ ᠠᠷᠭ᠎ᠠ ᠶᠢ ᠲᠦᠭᠡᠮᠡᠯᠵᠢᠭᠦᠯᠵᠦ᠂ ᠬᠦᠳᠡᠯᠮᠦᠷᠢ ᠬᠦᠴᠦᠨ ᠤ  ᠠᠵᠢᠯ ᠰᠤᠩᠭᠤᠬᠤ ᠴᠢᠳᠠᠪᠦᠷᠢ ᠶᠢ ᠳᠡᠭᠡᠭᠰᠢᠯᠡᠭᠦᠯᠦᠨ᠎ᠡ᠃        ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠨᠡᠶᠢᠭᠡᠮ ᠤᠨ ᠪᠠᠲᠤᠯᠠᠭ᠎ᠠ ᠶᠢᠨ ᠠᠰᠢᠭ ᠬᠦᠷᠲᠡᠭᠡᠯ ᠢ ᠥᠷᠭᠡᠳᠬᠡᠨ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠣᠷᠤᠯᠴᠠᠭᠰᠠᠨ ᠨᠣᠷᠮ᠎ᠠ ᠶᠢ 94% ᠠᠴᠠ ᠳᠡᠭᠡᠭᠰᠢ᠂ ᠬᠤᠲᠠ ᠪᠠᠯᠭᠠᠰᠤ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠤᠯᠴᠠᠭᠰᠠᠨ ᠨᠣᠷᠮ᠎ᠠ ᠶᠢ 96% ᠠᠴᠠ ᠳᠡᠭᠡᠭᠰᠢ ᠂ ᠰᠢᠨ᠎ᠡ ᠮᠠᠶ᠋ᠢᠭ ᠤᠨ ᠬᠦᠳᠡᠭᠡ ᠲᠤᠰᠬᠤᠨ ᠤ ᠬᠤᠷᠰᠢᠭᠰᠠᠨ ᠡᠮᠨᠡᠯᠭᠡ ᠳᠤ ᠣᠷᠤᠯᠴᠠᠭᠰᠠᠨ ᠨᠣᠷᠮ᠎ᠠ ᠶᠢ 95% ᠠᠴᠠ ᠳᠡᠭᠡᠭᠰᠢ ᠪᠠᠶᠢᠯᠭᠠᠨ᠎ᠠ᠃ ︽ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠳᠦᠷᠢᠮ ᠢ ᠬᠡᠷᠡᠭᠵᠢᠭᠦᠯᠬᠦ ᠠᠷᠭ᠎ᠠ︾ ᠶᠢ ᠨᠠᠶᠢᠳᠠᠪᠦᠷᠢᠵᠢᠭᠤᠯᠤᠨ᠂ ᠪᠠᠭ᠎ᠠ ᠵᠢᠵᠢᠭ ᠠᠵᠤ ᠠᠬᠤᠶᠢᠯᠠᠯ ᠪᠠ ᠪᠠᠷᠢᠯᠭ᠎ᠠ ᠶᠢᠨ ᠠᠵᠢᠯᠴᠢᠨ ᠤ ᠳᠠᠭᠠᠳᠬᠠᠯ ᠳᠤ  ᠣᠷᠤᠯᠴᠠᠬᠤ ᠠᠵᠢᠯ ᠢ ᠭᠤᠣᠯᠳᠠᠯᠭ᠎ᠠ ᠲᠠᠢ ᠬᠢᠵᠦ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠪᠦᠷᠬᠦᠴᠡ ᠶᠢ ᠠᠬᠢᠭᠤᠯᠤᠨ᠎ᠠ᠃ ᠯᠢᠶᠤᠤ  ᠳ᠋ᠦ᠋ ᠢᠦᠢ ᠹᠦ᠋ ᠪᠣᠯᠣᠨ ᠶᠢᠨ ᠾᠧ ᠴᠡᠴᠡᠷᠯᠢᠭ ᠵᠡᠷᠭᠡ ᠳᠦᠭᠦᠮ ᠪᠦᠲᠦᠴᠡᠲᠦ ᠰᠠᠭᠤᠭᠠᠯᠢ ᠲᠤᠭᠤᠷᠢᠭ ᠢ ᠰᠢᠨᠡᠳᠬᠡᠨ ᠵᠠᠰᠠᠵᠤ᠂ ᠨᠡᠶᠢᠲᠡ ᠶᠢᠨ ᠳᠦᠷᠢᠶᠡᠰᠦᠨ ᠠᠰᠠᠷ 48 ᠰᠠᠭᠤᠷᠢ ᠰᠢᠨ᠎ᠡ ᠪᠠᠷ ᠪᠠᠶᠢᠭᠤᠯᠤᠨ᠂  ᠬᠦᠳᠡᠭᠡ ᠲᠤᠰᠬᠤᠨ ᠤ ᠠᠶᠤᠯ ᠲᠠᠢ ᠭᠡᠷ ᠪᠠᠶᠢᠰᠢᠩ 3000 ᠰᠠᠭᠤᠷᠢ ᠰᠢᠨᠡᠳᠬᠡᠨ ᠵᠠᠰᠠᠨ᠎ᠠ᠃ 6403 ᠲᠦᠮᠡᠨ ᠲᠦᠭᠦᠷᠢᠭ ᠤᠨ ᠪᠡᠯᠡ ᠣᠷᠤᠭᠤᠯᠵᠤ᠂ ᠤᠤᠭᠤᠬᠤ ᠤᠰᠤᠨ ᠤ ᠠᠮᠤᠷ ᠲᠥᠪᠰᠢᠨ ᠤ ᠢᠨᠵᠧᠨᠧᠷᠢᠩ 75 ᠬᠡᠰᠡᠭ ᠪᠠᠶᠢᠭᠤᠯᠤᠨ᠂ 5.1 ᠲᠦᠮᠡᠨ ᠬᠦᠮᠦᠨ ᠤ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠨ᠎ᠡ᠃ 3876 ᠲᠦᠮᠡᠨ ᠲᠦᠭᠦᠷᠢᠭ ᠤᠨ ᠪᠡᠯᠡ ᠮᠦᠩᠭᠦ ᠬᠤᠷᠠᠮᠳᠤᠭᠤᠯᠤᠨ᠂ ᠪᠦᠬᠦ ᠬᠤᠰᠢᠭᠤᠨ ᠤ ᠳᠣᠣᠷ᠎ᠠ ᠣᠷᠤᠯᠭ᠎ᠠ ᠲᠠᠢ ᠮᠠᠯᠴᠢᠨ ᠲᠠᠷᠢᠶᠠᠴᠢᠨ ᠡᠷᠦᠬᠡ ᠳᠤ ᠡᠪᠦᠯ ᠤᠨ ᠤᠯᠠᠷᠢᠯ ᠤᠨ ᠰᠢᠲᠠᠭᠠᠯᠭ᠎ᠠ ᠶᠢᠨ ᠨᠦᠬᠦᠪᠦᠷᠢ ᠦᠷᠭᠦᠯᠵᠢᠯᠡᠨ ᠲᠠᠷᠬᠠᠭᠠᠵᠤ᠂ ᠶᠠᠳᠠᠭᠤ ᠬᠦᠴᠢᠷᠲᠠᠢ ᠣᠯᠠᠨ ᠲᠦᠮᠡᠨ ᠤ ᠳᠤᠯᠠᠭᠠᠯᠠᠭ᠎ᠠ ᠶᠢᠨ ᠨᠦᠬᠦᠴᠡᠯ ᠢ ᠦᠨᠡᠨᠬᠦ ᠰᠠᠶᠢᠵᠢᠷᠠᠭᠤᠯᠤᠨ᠎ᠠ᠃        ᠨᠡᠶᠢᠭᠡᠮ ᠤᠨ ᠠᠪᠤᠷᠠᠨ ᠲᠤᠰᠠᠯᠠᠬᠤ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ︽ᠨᠡᠶᠢᠭᠡᠮ ᠤᠨ ᠠᠪᠤᠷᠠᠨ ᠲᠤᠰᠠᠯᠠᠬᠤ ᠲᠦᠷ ᠬᠡᠷᠡᠭᠵᠢᠭᠦᠯᠬᠦ ᠠᠷᠭ᠎ᠠ︾ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠪᠠᠷᠢᠮᠵᠢᠶ᠎ᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠲᠠ ᠪᠠᠯᠭᠠᠰᠤ ᠶᠢᠨ ᠳᠣᠣᠷ᠎ᠠ ᠪᠠᠲᠤᠯᠠᠭ᠎ᠠ ᠶᠢᠨ ᠪᠠᠷᠢᠮᠵᠢᠶ᠎ᠠ ᠶᠢ ᠬᠦᠮᠦᠨ ᠪᠦᠷᠢ ᠳᠤ ᠲᠡᠭᠰᠢᠳᠬᠡᠨ ᠰᠠᠷ᠎ᠠ ᠳᠤ 20 ᠲᠦᠭᠦᠷᠢᠭ ᠨᠡᠮᠡᠭᠳᠡᠭᠦᠯᠵᠦ᠂ ᠬᠦᠳᠡᠭᠡ ᠲᠤᠰᠬᠤᠨ ᠤ ᠳᠣᠣᠷ᠎ᠠ  ᠪᠠᠲᠤᠯᠠᠭ᠎ᠠ ᠶᠢᠨ ᠪᠠᠷᠢᠮᠵᠢᠶ᠎ᠠ ᠶᠢ ᠬᠦᠮᠦᠨ ᠪᠦᠷᠢ ᠳᠤ ᠲᠡᠭᠰᠢᠳᠬᠡᠨ ᠵᠢᠯ ᠳᠤ 200 ᠲᠦᠭᠦᠷᠢᠭ  ᠨᠡᠮᠡᠭᠳᠡᠭᠦᠯᠦᠨ᠎ᠡ᠃ ᠲᠦᠷ ᠴᠠᠭ ᠤᠨ ᠠᠪᠤᠷᠠᠨ ᠲᠤᠰᠠᠯᠠᠯᠲᠠ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠵᠢᠴᠢ ᠰᠤᠷᠭᠠᠨ ᠬᠦᠮᠦᠵᠢᠯ ᠤᠨ ᠲᠤᠰᠠᠯᠠᠮᠵᠢ ᠪᠠᠷ ᠭᠤᠣᠯ ᠪᠣᠯᠭᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠭᠤᠣᠯᠳᠠᠯᠭ᠎ᠠ ᠲᠠᠢ ᠠᠳᠬᠤᠵᠤ᠂ ᠣᠯᠠᠨ ᠳᠡᠰ ᠳᠠᠪᠬᠤᠷᠭᠠᠲᠤ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠠᠶᠢᠭᠤᠯᠤᠨ᠎ᠠ᠃ ᠬᠦᠳᠡᠯᠦᠩᠭᠦᠢ ᠬᠠᠮᠢᠶᠠᠷᠤᠯᠲᠠ ᠶᠢ ᠪᠠᠷᠢᠮᠲᠠᠯᠠᠵᠤ᠂ ᠨᠡᠶᠢᠭᠡᠮ ᠠᠴᠠ ᠠᠪᠤᠷᠠᠨ ᠲᠤᠰᠠᠯᠠᠭᠰᠠᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠢᠨᠠᠨ ᠬᠠᠷᠭᠤᠭᠤᠯᠬᠤ ᠠᠵᠢᠯ ᠢ ᠬᠢᠨᠠᠮᠠᠭᠠᠢ ᠦᠷᠨᠢᠭᠦᠯᠦᠨ᠂  ᠬᠠᠷᠢᠴᠠᠭ᠎ᠠ ᠦᠵᠡᠬᠦ᠂ ᠨᠢᠭᠤᠷ ᠲᠠᠯ᠎ᠠ ᠬᠠᠷᠠᠬᠤ᠂ ᠪᠤᠷᠤᠭᠤ ᠪᠣᠶᠤ ᠭᠡᠭᠡᠭᠳᠡᠭᠦᠯᠵᠦ  ᠣᠷᠬᠢᠭᠳᠠᠭᠤᠯᠬᠤ ᠵᠡᠷᠭᠡ ᠦᠵᠡᠭᠳᠡᠯ ᠤᠳ ᠢ ᠴᠢᠩᠭ᠎ᠠ ᠬᠤᠷᠢᠭᠯᠠᠬᠤ ᠬᠡᠷᠡᠭᠲᠡᠢ᠃ ᠪᠠᠷᠠᠭᠤᠨ ᠲᠡᠭᠦᠷᠭᠡ ᠶᠢᠨ ᠲᠤᠰᠬᠤᠨ ᠤ ᠬᠠᠷᠢᠯᠴᠠᠨ ᠬᠠᠪᠰᠤᠷᠤᠯᠴᠠᠬᠤ ᠨᠠᠰᠤᠲᠠᠨ ᠢ ᠠᠰᠠᠷᠠᠬᠤ ᠬᠦᠷᠢᠶᠡᠯᠡᠩ ᠪᠠ ᠵᠡᠮᠳᠡᠭᠴᠦᠳ ᠢ ᠡᠷᠡᠭᠦᠯᠵᠢᠭᠦᠯᠬᠦ ᠲᠥᠪ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠢᠯ ᠤᠨ ᠳᠣᠲᠤᠷ᠎ᠠ ᠠᠰᠢᠭᠯᠠᠯᠲᠠ ᠳᠤ ᠣᠷᠤᠭᠤᠯᠤᠨ᠎ᠠ᠃ ᠬᠤᠶᠠᠷ ᠢ ᠬᠦᠷᠢᠶᠡᠯᠡᠬᠦ ᠬᠡᠪ ᠳᠠᠭᠤᠷᠢᠶᠠᠯᠲᠤ ᠬᠤᠰᠢᠭᠤ ᠶᠢ ᠳᠠᠬᠢᠨ ᠬᠢᠨᠠᠬᠤ ᠠᠵᠢᠯ ᠢ ᠢᠳᠡᠪᠬᠢᠲᠠᠢ ᠬᠢᠵᠦ᠂ ᠮᠠᠨ ᠤ ᠬᠤᠰᠢᠭᠤ ᠪᠠᠨ ᠭᠤᠷᠪᠠᠨ ᠵᠢᠯ ᠳᠠᠷᠠᠭᠠᠯᠠᠨ ︽ᠬᠤᠶᠠᠷ ᠢ ᠬᠦᠷᠢᠶᠡᠯᠡᠭᠰᠡᠨ ᠬᠡᠪ ᠳᠠᠭᠤᠷᠢᠶᠠᠯᠲᠤ ᠬᠤᠰᠢᠭᠤ︾ ᠪᠣᠯᠵᠤ  ᠲᠡᠷᠢᠭᠦᠯᠡᠬᠦ ᠶᠢ ᠪᠠᠲᠤᠯᠠᠨ᠎ᠠ᠃        ︵ᠳᠣᠯᠤᠭ᠎ᠠ︶ ᠠᠭᠤᠯᠤᠭᠳᠠᠬᠤᠨ ᠤ ᠬᠦᠭᠵᠢᠯᠲᠡ ᠶᠢ ᠴᠢᠩᠭᠠᠳᠬᠠᠵᠤ᠂ ᠨᠡᠶᠢᠭᠡᠮ ᠤᠨ ᠦᠢᠯᠡᠰ ᠢ ᠠᠬᠢᠭᠤᠯᠤᠨ᠎ᠠ        ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠢᠳᠡᠪᠬᠢᠲᠠᠢ ᠪᠡᠶᠡᠯᠡᠭᠦᠯᠵᠦ᠂ ᠠᠭᠤᠯᠤᠭᠳᠠᠬᠤᠨ ᠤ ᠬᠦᠭᠵᠢᠯᠲᠡ ᠶᠢ ᠨᠡᠩ ᠴᠢᠬᠤᠯᠠᠴᠢᠯᠠᠨ᠂ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ ᠵᠢᠴᠢ ᠰᠤᠶᠤᠯ ᠵᠡᠷᠭᠡ ᠨᠡᠶᠢᠭᠡᠮ ᠤᠨ ᠠᠵᠢᠯ ᠦᠢᠯᠡᠰ ᠢ ᠨᠢᠭᠡᠲᠦᠯᠲᠠᠢ ᠲᠦᠯᠦᠪᠯᠡᠨ ᠠᠬᠢᠭᠤᠯᠵᠤ᠂ ᠠᠵᠤ ᠠᠬᠤᠢ ᠨᠡᠶᠢᠭᠡᠮ ᠤᠨ ᠵᠣᠬᠢᠴᠠᠩᠭᠤᠢ ᠬᠦᠭᠵᠢᠯᠲᠡ ᠶᠢᠨ ᠲᠥᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃        ᠮᠡᠷᠭᠡᠵᠢᠯ ᠤᠨ ᠴᠢᠳᠠᠪᠦᠷᠢᠲᠠᠨ ᠢ ᠬᠦᠮᠦᠵᠢᠭᠦᠯᠬᠦ ᠠᠵᠢᠯ ᠢ ᠴᠢᠩᠭᠠᠳᠬᠠᠨ᠎ᠠ᠃ ᠪᠦᠬᠦ ᠬᠤᠲᠠ ᠶᠢᠨ ᠲᠠᠷᠢᠶᠠᠯᠠᠩ ᠤᠨ ᠮᠡᠷᠭᠡᠵᠢᠯ ᠤᠨ ᠦᠵᠡᠭᠦᠯᠭᠡ ᠳᠤ ᠢᠳᠡᠪᠬᠢᠲᠠᠢ  ᠣᠷᠤᠯᠴᠠᠨ᠂ ᠪᠦᠬᠦ ᠬᠤᠰᠢᠭᠤᠨ ᠤ ︽ᠬᠦᠰᠡᠯᠡᠩᠲᠦ ᠬᠠᠪᠤᠷ︾ ᠲᠠᠷᠢᠶᠠᠯᠠᠩ ᠤᠨ ᠦᠵᠡᠭᠦᠯᠭᠡ ᠶᠢ ᠡᠷᠬᠢᠯᠡᠨ ᠶᠠᠪᠤᠭᠳᠠᠭᠤᠯᠵᠤ᠂ ᠪᠠᠭᠠᠷᠢᠨ ᠵᠡᠭᠦᠨ ᠬᠤᠰᠢᠭᠤᠨ ᠤ ᠣᠨᠴᠠᠯᠢᠭᠲᠤ ᠨᠢᠭᠡ ᠪᠦᠯᠦᠭ ᠨᠡᠷᠡᠲᠦ ᠲᠠᠸᠠᠷ ᠢ ᠦᠢᠯᠡᠳᠦᠨ᠎ᠡ᠃ ᠰᠢᠨᠵᠢᠯᠡᠭᠡ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠦᠢᠯᠡᠰ ᠪᠤᠰᠬᠠᠬᠤ ᠠᠵᠢᠯᠯᠠᠭ᠎ᠠ ᠦᠷᠨᠢᠭᠦᠯᠵᠦ᠂ ︽ᠨᠤᠲᠤᠭ ᠤᠨ ᠮᠡᠷᠭᠡᠵᠢᠯᠲᠡᠨ︾ ᠪᠣᠯᠤᠨ ︽ᠲᠠᠷᠢᠶᠠᠯᠠᠩ ᠤᠨ ᠴᠢᠳᠠᠪᠦᠷᠢᠲᠠᠨ︾ ᠬᠦᠮᠦᠵᠢᠭᠦᠯᠦᠨ᠂ ᠲᠠᠷᠢᠶᠠᠯᠠᠩ ᠤᠨ ᠮᠡᠷᠭᠡᠵᠢᠯ ᠢ ᠲᠦᠭᠡᠮᠡᠯᠵᠢᠭᠦᠯᠬᠦ ︽ᠬᠠᠮᠤᠭ ᠡᠴᠦᠰ ᠤᠨ ᠨᠢᠭᠡ ᠺᠢᠯᠦᠮᠧᠲᠷ︾ ᠤᠨ ᠠᠰᠠᠭᠤᠳᠠᠯ ᠢ ᠰᠢᠢᠳᠪᠦᠷᠢᠯᠡᠨ᠎ᠡ᠃ ᠰᠢᠨᠵᠢᠯᠡᠭᠡᠨ ᠤ ᠦᠷ᠎ᠡ ᠪᠦᠲᠦᠭᠡᠯ ᠢ ᠲᠦᠭᠡᠮᠡᠯᠵᠢᠭᠦᠯᠦᠨ ᠬᠡᠷᠡᠭᠯᠡᠵᠦ᠂ ᠡᠷᠳᠡᠨᠢ ᠰᠢᠰᠢ ᠪᠠ ᠠᠯᠠᠰᠢᠨ ᠤ ᠬᠤᠨᠢ ᠵᠡᠷᠭᠡ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ 4 ᠪᠠᠶᠢᠭᠤᠯᠤᠨ᠂ ᠮᠠᠯᠴᠢᠨ ᠲᠠᠷᠢᠶᠠᠴᠢᠳ ᠤᠨ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ 900 ᠡᠷᠦᠬᠡ ᠭᠠᠷᠭᠠᠵᠤ᠂ ᠮᠠᠯᠴᠢᠨ ᠲᠠᠷᠢᠶᠠᠴᠢᠳ ᠤᠨ ᠰᠤᠷᠭᠠᠭᠤᠯᠢ 5 ᠪᠠᠶᠢᠭᠤᠯᠤᠨ᠎ᠠ᠃ ᠴᠢᠳᠠᠪᠦᠷᠢᠲᠠᠨ ᠬᠡᠷᠡᠭᠰᠡᠬᠦ ᠪᠠᠶᠢᠳᠠᠯ ᠢ ᠨᠡᠶᠢᠳᠡᠮ ᠪᠠᠶᠢᠴᠠᠭᠠᠵᠤ᠂ ᠢᠯᠡ ᠪᠠᠷ ᠰᠢᠯᠭᠠᠨ ᠡᠯᠰᠡᠬᠦ ᠪᠠ ᠤᠷᠢᠵᠤ ᠬᠡᠷᠡᠭᠯᠡᠬᠦ ᠵᠡᠷᠭᠡ ᠠᠷᠭ᠎ᠠ ᠪᠠᠷ ᠳᠠᠮᠵᠢᠭᠤᠯᠤᠨ᠂ ᠭᠤᠣᠯᠳᠠᠯᠭ᠎ᠠ ᠲᠠᠢ ᠬᠦᠷᠢᠶ᠎ᠠ ᠴᠠᠷ᠎ᠠ ᠳᠤ ᠴᠢᠬᠤᠯᠠ ᠬᠡᠷᠡᠭᠰᠡᠬᠦ ᠲᠤᠰᠬᠠᠢ ᠮᠡᠷᠭᠡᠵᠢᠯᠲᠡᠨ 50  ᠡᠯᠰᠡᠨ᠎ᠡ᠃        ᠰᠤᠷᠭᠠᠨ ᠬᠦᠮᠦᠵᠢᠯ ᠢ ᠭᠤᠣᠯᠯᠠᠨ ᠬᠦᠭᠵᠢᠭᠦᠯᠦᠨ᠎ᠡ᠃ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ᠂ ᠰᠠᠭᠤᠷᠢ ᠰᠤᠷᠭᠠᠨ ᠬᠦᠮᠦᠵᠢᠯ᠂ ᠳᠡᠭᠡᠳᠦ ᠳᠤᠮᠳᠠᠳᠤ ᠶᠢᠨ ᠰᠤᠷᠭᠠᠨ ᠬᠦᠮᠦᠵᠢᠯ᠂ ᠦᠨᠳᠦᠰᠦᠲᠡᠨ ᠤ ᠰᠤᠷᠭᠠᠨ ᠬᠦᠮᠦᠵᠢᠯ ᠵᠢᠴᠢ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠠᠭᠤᠯᠤᠭᠳᠠᠬᠤᠨᠲᠤ ᠬᠦᠭᠵᠢᠯᠲᠡ ᠶᠢ ᠨᠢᠭᠡᠲᠦᠯᠲᠠᠢ ᠲᠦᠯᠦᠪᠯᠡᠨ ᠠᠬᠢᠭᠤᠯᠤᠨ᠎ᠠ᠃ ᠰᠤᠷᠤᠭᠴᠢ ᠡᠯᠰᠡᠬᠦ ᠰᠤᠷᠭᠠᠭᠤᠯᠢ ᠶᠢᠨ ᠬᠠᠷᠢᠶᠠᠯᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠪᠦᠲᠦᠮᠵᠢᠲᠠᠢ ᠠᠷᠭ᠎ᠠ ᠬᠡᠮᠵᠢᠶ᠎ᠡ ᠠᠪᠴᠤ᠂ ᠰᠤᠷᠭᠠᠭᠤᠯᠢ ᠰᠤᠩᠭᠤᠬᠤ ᠲᠦᠪᠡᠭᠲᠡᠢ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠎ᠡ᠃ ᠰᠤᠷᠭᠠᠭᠤᠯᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠂  ᠳᠦᠷᠢᠮᠵᠢᠭᠰᠡᠨ ᠡᠮᠬᠢ ᠴᠡᠭᠴᠡ ᠲᠠᠢ᠂ ᠱᠠᠩᠨᠠᠯ ᠲᠣᠷᠭᠤᠭᠤᠯᠢ ᠲᠣᠳᠣᠷᠬᠠᠢ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠰᠤᠷᠭᠠᠨ ᠬᠦᠮᠦᠵᠢᠯ ᠤᠨ ᠰᠠᠭᠤᠷᠢ ᠲᠦᠬᠦᠭᠡᠷᠦᠮᠵᠢ ᠶᠢᠨ ᠨᠦᠬᠦᠴᠡᠯ ᠢ ᠰᠠᠶᠢᠵᠢᠷᠠᠭᠤᠯᠵᠤ᠂  ᠱᠠᠩ ᠵᠢᠩ ᠬᠡᠥᠬᠡᠳ ᠤᠨ ᠴᠡᠴᠡᠷᠯᠢᠭ᠂ ᠹᠦ᠋ ᠱᠠᠨ ᠬᠡᠥᠬᠡᠳ ᠤᠨ ᠴᠡᠴᠡᠷᠯᠢᠭ᠂ ᠯᠢᠨᠳᠦ᠋ᠩ ᠤᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ ᠵᠢᠴᠢ ᠬᠤᠸᠠᠰᠢᠶᠠ ᠠᠵᠢᠯ ᠮᠡᠷᠭᠡᠵᠢᠯ ᠤᠨ ᠰᠤᠷᠭᠠᠭᠤᠯᠢ ᠶᠢᠨ ᠳᠠᠪᠲᠠᠨ ᠪᠣᠯᠪᠠᠰᠤᠷᠠᠯ ᠤᠨ ᠰᠠᠭᠤᠷᠢᠨ ᠵᠡᠷᠭᠡ ᠪᠦᠲᠦᠭᠡᠨ ᠪᠠᠶᠢᠭᠤᠯᠬᠤ ᠲᠥᠷᠥᠯ ᠵᠦᠢᠯ ᠢ ᠠᠬᠢᠭᠤᠯᠵᠤ᠂ ᠰᠤᠷᠭᠠᠨ ᠬᠦᠮᠦᠵᠢᠯ ᠤᠨ ᠬᠦᠭᠵᠢᠯᠲᠡ ᠶᠢᠨ ᠣᠷᠴᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠬᠡᠥᠬᠡᠳ ᠤᠨ ᠴᠡᠴᠡᠷᠯᠢᠭ ᠢ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠲᠣᠭᠤᠷᠢᠭ ᠪᠣᠯᠭᠠᠨ ᠪᠠᠶᠢᠭᠤᠯᠬᠤ ᠠᠵᠢᠯ ᠢ ᠰᠠᠶᠢᠲᠤᠷ ᠠᠳᠬᠤᠵᠤ᠂ ᠬᠤᠸᠠᠰᠢᠶᠠ ᠠᠵᠢᠯ ᠮᠡᠷᠭᠡᠵᠢᠯ ᠤᠨ ᠰᠤᠷᠭᠠᠭᠤᠯᠢ ᠶᠢ ︽ᠤᠯᠤᠰ ᠤᠨ ᠳᠡᠰ ᠤᠨ ᠵᠢᠱᠢᠶ᠎ᠡ ᠦᠵᠡᠭᠦᠯᠬᠦ ᠰᠤᠷᠭᠠᠭᠤᠯᠢ︾ ᠪᠣᠯᠭᠠᠬᠤ ᠪᠠᠷ ᠰᠢᠯᠭᠠᠨ ᠠᠪᠬᠤ ᠠᠵᠢᠯ ᠢ ᠰᠠᠶᠢᠲᠤᠷ ᠬᠢᠵᠦ᠂ ᠮᠠᠨ ᠤ ᠬᠤᠰᠢᠭᠤᠨ ᠤ ᠰᠤᠷᠭᠠᠨ ᠬᠦᠮᠦᠵᠢᠯ ᠤᠨ ᠦᠢᠯᠡᠰ ᠤᠨ ᠨᠦᠯᠦᠭᠡᠯᠡᠬᠦ   ᠬᠦᠴᠦᠨ ᠢ ᠳᠡᠭᠡᠭᠰᠢᠯᠡᠭᠦᠯᠦᠨ᠎ᠡ᠃       ᠣᠯᠠᠨ ᠲᠦᠮᠡᠨ ᠤ ᠡᠷᠡᠭᠦᠯ ᠮᠡᠨᠳᠦ ᠶᠢᠨ ᠲᠦᠪᠰᠢᠨ ᠳᠡᠭᠡᠭᠰᠢᠯᠡᠭᠦᠯᠦᠨ᠎ᠡ᠃ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠢᠳᠡᠪᠬᠢᠲᠠᠢ ᠠᠬᠢᠭᠤᠯᠵᠤ᠂ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠪᠠᠶᠢᠭᠤᠯᠤᠮᠵᠢ ᠶᠢᠨ ᠴᠢᠳᠠᠪᠬᠢ ᠶᠢ ᠬᠤᠪᠢᠷᠠᠭᠤᠯᠤᠨ᠂ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠡᠮ ᠡᠮᠨᠡᠯᠭᠡ ᠡᠷᠡᠭᠦᠯ ᠮᠡᠨᠳᠦ ᠶᠢᠨ ᠠᠰᠠᠭᠤᠳᠠᠯ ᠢ ᠰᠢᠢᠳᠪᠦᠷᠢᠯᠡᠨ᠎ᠡ᠃ ᠨᠡᠶᠢᠭᠡᠮ ᠤᠨ ᠪᠡᠯᠡ ᠮᠦᠩᠭᠦ ᠳᠤ ᠲᠦᠰᠢᠭᠯᠡᠨ ᠡᠮᠨᠡᠯᠭᠡ ᠪᠠᠶᠢᠭᠤᠯᠬᠤ ᠲᠥᠷᠥ ᠶᠢᠨ ᠪᠣᠳᠤᠯᠭ᠎ᠠ ᠶᠢ ᠢᠳᠡᠪᠬᠢᠲᠠᠢ ᠨᠠᠶᠢᠳᠠᠪᠦᠷᠢᠵᠢᠭᠤᠯᠵᠤ ᠂ ᠠᠷᠠᠳ ᠠᠴᠠ ᠡᠷᠬᠢᠯᠡᠭᠰᠡᠨ ᠣᠨᠴᠠᠯᠢᠭᠲᠤ ᠲᠤᠰᠬᠠᠢ ᠮᠡᠷᠭᠡᠵᠢᠯ ᠤᠨ ᠡᠮᠨᠡᠯᠭᠡ ᠶᠢᠨ ᠬᠤᠷᠢᠶ᠎ᠠ ᠪᠠᠶᠢᠭᠤᠯᠤᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪᠰᠢᠨ ᠢ ᠳᠡᠭᠡᠭᠰᠢᠯᠡᠭᠦᠯᠦᠨ᠎ᠡ᠃ ᠤᠯᠤᠰ ᠤᠨ ᠡᠮᠨᠡᠯᠭᠡ ᠶᠢᠨ ᠠᠷᠢᠭᠤᠨ ᠴᠡᠪᠡᠷ ᠤᠨ ᠲᠠᠰᠤᠯᠭ᠎ᠠ ᠶᠢ ᠥᠭᠡᠷᠡᠴᠢᠯᠡᠬᠦ᠂ ᠬᠦᠳᠡᠭᠡ ᠲᠤᠰᠬᠤᠨ ᠤ ᠵᠢᠷᠮᠦᠰᠦᠨ ᠪᠦᠰᠡᠭᠦᠢ ᠶᠢᠨ ᠡᠮᠨᠡᠯᠭᠡ ᠳᠤ ᠰᠠᠭᠤᠵᠤ ᠬᠦᠩᠭᠡᠵᠢᠬᠦ ᠳᠤ ᠨᠦᠬᠦᠪᠦᠷᠢ ᠣᠯᠭᠤᠬᠤ᠂ ᠮᠢᠩᠭ᠎ᠠ ᠲᠦᠮᠡᠨ ᠶᠠᠳᠠᠭᠤ ᠬᠦᠴᠢᠷᠲᠠᠢ ᠴᠠᠭᠠᠨ ᠬᠠᠷᠠᠩ ᠡᠪᠡᠳᠴᠢᠲᠡᠨ ᠢ ᠬᠠᠷᠠᠭ᠎ᠠ ᠣᠷᠤᠭᠤᠯᠬᠤ ᠵᠢᠴᠢ ᠡᠮᠡᠭᠲᠡᠶᠢᠴᠦᠳ ᠤᠨ ︽ᠬᠤᠶᠠᠷ ᠠᠢ︾ ᠶᠢ ᠨᠡᠶᠢᠳᠡᠮ ᠪᠠᠶᠢᠴᠠᠭᠠᠬᠤ ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠷᠥᠯ ᠵᠦᠢᠯ ᠢ ᠬᠠᠷᠢᠴᠠᠨ ᠣᠯᠵᠣ᠂ ᠬᠦᠳᠡᠭᠡ ᠲᠤᠰᠬᠤᠨ ᠤ ᠡᠷᠡᠭᠦᠯ ᠬᠠᠮᠠᠭᠠᠯᠠᠯ ᠤᠨ ᠨᠦᠬᠦᠴᠡᠯ ᠪᠠ ᠮᠠᠯᠴᠢᠨ ᠲᠠᠷᠢᠶᠠᠴᠢᠳ ᠤᠨ ᠡᠷᠡᠭᠦᠯ ᠴᠢᠬᠢᠷᠠᠭ ᠤᠨ ᠪᠠᠶᠢᠳᠠᠯ ᠢ ᠰᠠᠶᠢᠵᠢᠷᠠᠭᠤᠯᠤᠨ᠎ᠠ᠃ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠳᠬᠠᠵᠤ᠂ ᠡᠮᠨᠡᠯᠭᠡ ᠶᠢᠨ ᠮᠤᠷᠠᠯ ᠰᠤᠷᠲᠠᠯ ᠢ ᠳᠡᠭᠡᠭᠰᠢᠯᠡᠭᠦᠯᠦᠨ᠂ ᠬᠠᠤᠯᠢ ᠴᠠᠭᠠᠵᠠ ᠪᠠ ᠰᠠᠬᠢᠯᠭ᠎ᠠ ᠪᠠᠲᠤ ᠶᠢ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠥᠪᠰᠢᠨ ᠪᠠ ᠠᠷᠠᠳ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠡᠮᠨᠡᠯᠭᠡ ᠳᠤ ᠰᠠᠭᠤᠬᠤ ᠠᠰᠠᠷ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠲᠠᠰᠤᠭ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ  ᠠᠳᠬᠤᠵᠤ᠂ ᠰᠠᠭᠤᠷᠢ ᠲᠦᠬᠦᠭᠡᠷᠦᠮᠵᠢ ᠶᠢ ᠰᠠᠶᠢᠵᠢᠷᠠᠭᠤᠯᠤᠨ᠎ᠠ᠃ ︽ᠭᠠᠭᠴᠠ ᠬᠤᠶᠠᠷ ᠬᠡᠥᠬᠡᠳ ᠠᠪᠬᠤ︾ ᠲᠥᠷᠥ ᠶᠢᠨ ᠪᠣᠳᠤᠯᠭ᠎ᠠ᠂ ︽ᠰᠢᠯᠢᠳᠡᠭ ᠵᠢᠷᠮᠦᠰᠦᠯᠡᠬᠦ︾ ᠪᠠᠶᠢᠴᠠᠭᠠᠯᠲᠠ ᠪᠣᠯᠤᠨ ᠲᠥᠷᠥᠬᠦ ᠬᠦᠮᠦᠨ ᠠᠮᠠ ᠶᠢᠨ ᠴᠢᠨᠠᠷ ᠤᠨ ᠢᠯᠭᠠᠯ ᠤᠨ ᠬᠠᠷᠢᠴᠠᠯ ᠢ ᠶᠡᠷᠦᠩᠬᠡᠶᠢᠯᠡᠨ ᠴᠡᠭᠴᠡᠯᠡᠬᠦ ᠵᠡᠷᠭᠡ ᠠᠵᠢᠯ ᠢ ᠭᠦᠢᠴᠡᠳᠬᠡᠵᠦ᠂ ᠲᠥᠷᠥᠬᠦ ᠬᠦᠮᠦᠨ ᠠᠮᠠ ᠶᠢᠨ ᠬᠡᠪ ᠴᠢᠨᠠᠷ ᠢ ᠳᠡᠭᠡᠭᠰᠢᠯᠡᠭᠦᠯᠦᠨ᠂ ᠳᠣᠣᠷ᠎ᠠ ᠦᠷᠡᠵᠢᠯ ᠤᠨ ᠬᠢᠷᠢ ᠲᠥᠪᠰᠢᠨ ᠢ ᠲᠣᠭᠲᠠᠪᠦᠷᠢᠵᠢᠭᠤᠯᠤᠨ᠎ᠠ᠃       ᠰᠣᠶᠣᠯ ᠪᠡᠶ᠎ᠡ ᠲᠠᠮᠢᠷ ᠤᠨ ᠦᠢᠯᠡᠰ ᠢ ᠬᠦᠭᠵᠢᠭᠦᠯᠦᠨ᠎ᠡ᠃ ᠴᠢᠬᠤᠯᠠ ᠪᠠᠶᠠᠷ ᠳᠤᠷᠠᠰᠬᠠᠯ ᠤᠨ ᠡᠳᠦᠷ ᠤᠨ ᠰᠤᠶᠤᠯ ᠪᠡᠶ᠎ᠡ ᠲᠠᠮᠢᠷ ᠤᠨ ᠠᠵᠢᠯᠯᠠᠭ᠎ᠠ ᠪᠣᠯᠤᠨ ︽ᠵᠤᠨ ᠤ ᠵᠠᠭᠤᠨ ᠡᠳᠦᠷ ᠤᠨ ᠰᠤᠶᠤᠯ ᠤᠨ ᠨᠠᠶᠢᠷ︾ ᠢ ᠢᠳᠡᠪᠬᠢᠲᠠᠢ ᠬᠢᠵᠦ᠂  ᠣᠯᠠᠨ ᠲᠦᠮᠡᠨ ᠤ ᠤᠶᠤᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠣᠯᠠᠨ ᠨᠡᠶᠢᠲᠡ ᠶᠢᠨ ᠰᠤᠶᠤᠯ ᠳᠠᠬᠢ ᠣᠷᠤᠭᠤᠯᠤᠯᠲᠠ ᠶᠢ ᠦᠷᠭᠡᠳᠬᠡᠵᠦ᠂ ᠰᠤᠶᠤᠯ ᠢᠶᠠᠷ ᠠᠷᠠᠳ ᠲᠤ ᠲᠤᠰᠠ ᠦᠵᠡᠭᠦᠯᠬᠦ ᠢᠨᠵᠧᠨᠧᠷᠢᠩ ᠢ ᠨᠠᠶᠢᠳᠠᠪᠦᠷᠢᠵᠢᠭᠤᠯᠤᠨ᠂ ᠦᠨᠳᠦᠰᠦᠨ ᠱᠠᠲᠤᠨ ᠤ ᠰᠤᠶᠤᠯ ᠤᠨ ᠠᠮᠢᠳᠤᠷᠠᠯ ᠤᠨ ᠨᠦᠬᠦᠴᠡᠯ ᠢ ᠰᠠᠶᠢᠵᠢᠷᠠᠭᠤᠯᠤᠨ᠎ᠠ᠃ ᠰᠤᠶᠤᠯ ᠢ ᠬᠦᠳᠡᠭᠡ ᠪᠠᠭᠤᠯᠭᠠᠬᠤ ᠠᠵᠢᠯᠯᠠᠭᠠᠨ ᠦᠷᠨᠢᠭᠦᠯᠵᠦ᠂  ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠰᠤᠶᠤᠯ ᠤᠷᠠᠯᠢᠭ ᠤᠨ ᠫᠷᠦᠭᠷᠡᠮ ᠵᠣᠬᠢᠶᠠᠨ᠂ ᠪᠠᠭᠠᠷᠢᠨ ᠵᠡᠭᠦᠨ ᠬᠤᠰᠢᠭᠤᠨ ᠤ ᠣᠨᠴᠠᠯᠢᠭᠲᠤ ᠰᠤᠶᠤᠯ ᠤᠨ ᠨᠡᠷᠡᠲᠦ ᠲᠡᠮᠳᠡᠭᠲᠦ ᠶᠢ ᠡᠭᠦᠳᠦᠨ᠎ᠡ᠃ ᠪᠦᠬᠦ ᠠᠷᠠᠳ ᠢᠶᠠᠷ ᠢᠶᠠᠨ ᠪᠡᠶ᠎ᠡ ᠪᠠᠨ ᠴᠢᠬᠢᠷᠠᠭᠵᠢᠭᠤᠯᠬᠤ ᠲᠦᠯᠦᠪᠯᠡᠭᠡ ᠶᠢ ᠨᠠᠶᠢᠳᠠᠪᠦᠷᠢᠵᠢᠭᠤᠯᠵᠤ᠂ ᠠᠵᠢᠯᠯᠠᠭ᠎ᠠ ᠦᠷᠨᠢᠭᠦᠯᠦᠨ᠂ ᠣᠯᠠᠨ ᠲᠦᠮᠡᠨ ᠤ ᠪᠡᠶ᠎ᠡ ᠲᠠᠮᠢᠷ ᠪᠣᠯᠤᠨ ᠦᠷᠢᠰᠦᠯᠳᠦᠭᠡᠨ ᠤ ᠪᠡᠶ᠎ᠡ ᠲᠠᠮᠢᠷ ᠤᠨ ᠵᠣᠬᠢᠴᠠᠩᠭᠤᠢ ᠬᠦᠭᠵᠢᠯᠲᠡ ᠶᠢ ᠠᠬᠢᠭᠤᠯᠤᠨ᠎ᠠ᠃ ᠦᠨᠳᠦᠰᠦᠲᠡᠨ ᠤv ᠰᠤᠶᠤᠯ ᠤᠨ ᠠᠭᠤᠯᠤᠭᠳᠠᠬᠤᠨ ᠢ ᠠᠭᠤᠳᠠᠯᠠᠵᠤ᠂ ᠨᠠᠶᠢᠷ ᠨᠠᠭᠠᠳᠤᠮ᠂ ᠣᠪᠣᠭᠠᠨ ᠲᠠᠬᠢᠯᠭ᠎ᠠ ᠵᠡᠷᠭᠡ ᠤᠯᠠᠮᠵᠢᠯᠠᠯᠲᠤ ᠰᠤᠶᠤᠯ ᠤᠨ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠵᠤ᠂ ᠮᠠᠯᠵᠢᠬᠤ ᠣᠷᠣᠨ ᠤ ᠣᠯᠠᠨ ᠲᠦᠮᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠰᠤᠶᠤᠯ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠶᠢᠨ ᠰᠤᠷᠠᠭ ᠵᠠᠩᠬᠢᠴᠢᠯᠠᠯᠲᠠ ᠪᠠ ᠳᠦᠷᠢᠮᠵᠢᠭᠰᠡᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠰᠤᠶᠤᠯ ᠤᠨ ᠵᠠᠬ᠎ᠠ ᠳᠡᠯᠭᠡᠭᠦᠷ ᠤᠨ ᠡᠷᠡᠭᠦᠯ ᠬᠦᠭᠵᠢᠯᠲᠡ ᠶᠢ ᠠᠬᠢᠭᠤᠯᠤᠨ᠎ᠠ᠃       ︵ᠨᠠᠢᠮᠠ︶ ᠬᠠᠤᠯᠢ ᠪᠠᠷ ᠵᠠᠰᠠᠨ ᠴᠡᠭᠴᠡᠯᠡᠬᠦ ᠶᠢ ᠭᠦᠨᠵᠡᠭᠡᠶᠢᠷᠡᠭᠦᠯᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠢ ᠠᠬᠢᠭᠤᠯᠤᠨ᠎ᠠ       ᠠᠮᠤᠷ ᠲᠣᠭᠲᠠᠭᠤᠨ ᠪᠠᠭᠠᠷᠢᠨ ᠵᠡᠭᠦᠨ ᠬᠤᠰᠢᠭᠤ  ᠶᠢ ᠪᠦᠲᠦᠭᠡᠨ ᠪᠠᠶᠢᠭᠤᠯᠵᠤ᠂ ᠣᠯᠠᠨ ᠳᠡᠰ ᠳᠠᠪᠬᠤᠷᠭ᠎ᠠ ᠪᠠ ᠣᠯᠠᠨ ᠬᠦᠷᠢᠶ᠎ᠡ ᠬᠡᠪᠴᠢᠶᠡᠨ ᠤ ᠬᠠᠤᠯᠢ ᠪᠠᠷ ᠵᠠᠰᠠᠨ ᠴᠡᠭᠴᠡᠯᠡᠬᠦ ᠶᠢ ᠭᠦᠨᠵᠡᠭᠡᠶᠢᠷᠡᠭᠦᠯᠵᠦ᠂ ᠬᠠᠤᠯᠢ ᠪᠠᠷ ᠡᠷᠬᠡ ᠶᠢ ᠬᠠᠮᠠᠭᠠᠯᠠᠬᠤ ᠪᠠ ᠵᠦᠷᠢᠴᠡᠯ ᠮᠦᠷᠭᠦᠯᠳᠦᠭᠡᠨ ᠢ ᠡᠶᠡᠳᠡᠭᠦᠯᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠦᠷᠬᠡᠨ ᠤᠯᠠᠨ ᠠᠷᠠᠳ ᠲᠦᠮᠡᠨ ᠤ ᠦᠨᠳᠦᠰᠤᠨ ᠠᠰᠢᠭ ᠲᠤᠰᠠ ᠶᠢ ᠦᠨᠡᠨᠬᠦ ᠬᠠᠮᠠᠭᠠᠯᠠᠨ᠎ᠠ᠃       ᠬᠠᠤᠯᠢ ᠳᠦᠷᠢᠮᠲᠦ ᠪᠠᠭᠠᠷᠢᠨ ᠵᠡᠭᠦᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠠᠷᠪᠠᠨ ᠨᠠᠢᠮᠠᠳᠤᠭᠠᠷ ᠬᠤᠭᠤᠴᠠᠭᠠᠨ ᠤ ᠳᠥᠷᠪᠡᠳᠦᠭᠡᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠬᠠᠤᠯᠢ ᠪᠠᠷ ᠬᠤᠰᠢᠭᠤ ᠪᠠᠨ ᠵᠠᠰᠠᠬᠤ ᠠᠯᠬᠤᠮ ᠢᠶᠠᠨ ᠲᠦᠷᠭᠡᠳᠬᠡᠨ᠂ ︽ᠵᠢᠷᠭᠤᠭ᠎ᠠ ᠲᠠᠪᠤ ᠶᠢᠨ ᠬᠠᠤᠯᠢ ᠲᠦᠭᠡᠮᠡᠯᠵᠢᠭᠦᠯᠬᠦ︾ ᠡᠭᠦᠷᠭᠡ ᠶᠢ ᠪᠦᠬᠦ ᠲᠠᠯ᠎ᠠ ᠪᠠᠷ ᠭᠦᠢᠴᠡᠳᠬᠡᠨ᠎ᠡ᠃ ᠡᠯ᠎ᠡ ᠵᠦᠢᠯ ᠤᠨ ᠬᠠᠤᠯᠢ ᠶᠢ ᠵᠦᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂ ᠬᠦᠮᠦᠨ ᠤ ᠬᠦᠴᠦ᠂ ᠪᠤᠳᠠᠰ ᠤᠨ ᠬᠦᠴᠦ ᠵᠢᠴᠢ ᠮᠡᠷᠭᠡᠵᠢᠯ ᠤᠨ ᠬᠦᠴᠦᠨ ᠤ ᠰᠡᠷᠭᠡᠶᠢᠯᠡᠯᠲᠡ ᠶᠢᠨ ᠠᠷᠭ᠎ᠠ ᠶᠢ ᠶᠡᠷᠦᠩᠬᠡᠶᠢᠯᠡᠨ ᠠᠰᠢᠭᠯᠠᠵᠤ᠂ ᠪᠣᠰᠤᠭ᠎ᠠ ᠴᠣᠭᠴᠠᠴᠢᠯᠠᠭᠰᠠᠨ ᠠᠮᠤᠷ ᠢ ᠬᠠᠮᠠᠭᠠᠯᠠᠵᠤ ᠰᠡᠷᠭᠡᠶᠢᠯᠡᠨ ᠬᠢᠵᠠᠭᠠᠷᠯᠠᠬᠤ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠯᠢᠨᠳᠦ᠋ᠩ ᠤᠨ ᠬᠤᠲᠠ ᠲᠣᠭᠤᠷᠢᠭ ᠤᠨ ︽ᠠᠮᠤᠷ ᠲᠣᠭᠲᠠᠭᠤᠨ ᠨᠡᠶᠢᠭᠡᠮ ᠲᠣᠭᠤᠷᠢᠭ︾ ᠢ ᠪᠦᠲᠦᠭᠡᠨ ᠪᠠᠶᠢᠭᠤᠯᠤᠭᠰᠠᠨ ᠲᠤᠷᠰᠢᠯᠭ᠎ᠠ ᠶᠢ ᠳ᠋ᠦᠡᠭᠨᠡᠵᠤ᠂ ᠬᠦᠳᠡᠭᠡ ᠲᠤᠰᠬᠤᠨ ᠤ ︽ᠨᠢᠭᠡ ᠲᠤᠰᠬᠤᠨ ︵ᠭᠠᠴᠠᠭ᠎ᠠ︶ ᠳᠤ ᠨᠢᠭᠡ ᠴᠠᠭᠳᠠᠭ᠎ᠠ︾ ᠭᠠᠷᠭᠠᠨ᠂ ᠦᠨᠳᠦᠰᠦᠨ ᠱᠠᠲᠤᠨ ᠤ ᠨᠡᠶᠢᠭᠡᠮ ᠤᠨ ᠠᠮᠤᠷ ᠢ ᠬᠠᠮᠠᠭᠠᠯᠠᠬᠤ ᠴᠢᠳᠠᠪᠦᠷᠢ ᠶᠢ ᠳᠡᠭᠡᠭᠰᠢᠯᠡᠭᠦᠯᠦᠨ᠎ᠡ᠃ ᠭᠤᠤᠯᠳᠠᠯᠭ᠎ᠠ ᠲᠠᠢ ᠣᠯᠠᠨ ᠲᠦᠮᠡᠨ ᠤ ᠬᠦᠳᠡᠯᠦᠩᠭᠦᠢ ᠬᠠᠮᠢᠶᠠᠷᠤᠯᠲᠠ ᠶᠢ ᠰᠢᠨᠡᠴᠢᠯᠡᠵᠦ᠂ ᠡᠷᠡᠭᠦᠦ ᠰᠢᠢᠳᠬᠡᠯ ᠭᠦᠢᠴᠡᠳᠬᠡᠭᠴᠢ᠂ ᠬᠤᠣᠷ ᠲᠠᠶᠢᠯᠤᠭᠰᠠᠳ ᠵᠢᠴᠢ ᠡᠷᠡᠭᠦᠦ ᠶᠢᠨ ᠬᠤᠭᠤᠴᠠᠭ᠎ᠠ ᠳᠠᠭᠤᠰᠴᠤ ᠰᠤᠯᠠᠯᠠᠭᠰᠠᠳ ᠢ ᠠᠪᠤᠷᠠᠨ ᠲᠤᠰᠠᠯᠠᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠬᠦᠳᠡᠯᠮᠦᠷᠢ ᠶᠢᠨ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠬᠦᠯᠦᠰᠦᠨ ᠠᠵᠢᠯᠴᠢᠨ ᠤ ᠴᠠᠯᠢᠩ ᠬᠦᠯᠦᠰᠦ ᠶᠢ ᠵᠤᠷᠢᠭᠤᠳᠠ ᠬᠠᠰᠤᠬᠤ᠂ ᠬᠤᠶᠢᠰᠢᠯᠠᠭᠤᠯᠬᠤ᠂ ᠰᠠᠭᠤᠳᠬᠠᠬᠤ ᠵᠡᠷᠭᠡ ᠬᠠᠤᠯᠢ ᠶᠢ ᠵᠦᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠶᠢᠰᠦᠳᠦᠭᠡᠷ ᠬᠤᠭᠤᠴᠠᠭᠠᠨ ᠤ ᠭᠠᠴᠠᠭ᠎ᠠ ᠲᠤᠰᠬᠤᠨ ᠤ ᠵᠦᠪᠯᠡᠯ ᠤᠨ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠵᠢᠯ ᠢ ᠰᠠᠶᠢᠲᠤᠷ ᠬᠢᠵᠦ᠂ ᠦᠨᠳᠦᠰᠦᠨ ᠱᠠᠲᠤᠨ ᠤ ᠵᠠᠰᠠᠭ ᠤᠨ ᠡᠷᠬᠡ ᠪᠠᠨ ᠦᠪᠡᠷᠳᠡᠬᠡᠨ ᠵᠠᠰᠠᠬᠤ ᠴᠢᠳᠠᠪᠦᠷᠢ ᠶᠢ ᠳᠡᠭᠡᠭᠰᠢᠯᠡᠭᠦᠯᠦᠨ᠎ᠡ᠃        ᠨᠡᠶᠢᠭᠡᠮ ᠤᠨ ᠵᠦᠷᠢᠴᠡᠯ ᠢ ᠴᠢᠷᠮᠠᠶᠢᠨ ᠡᠶᠡᠳᠡᠭᠦᠯᠦᠨ᠎ᠡ᠃ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠶᠢᠨ ᠬᠠᠷᠢᠯᠴᠠᠨ ᠬᠤᠯᠪᠤᠯᠳᠤᠭᠰᠠᠨ ᠲᠣᠭᠲᠠᠯᠴᠠᠭ᠎ᠠ ᠶᠢ ᠪᠦᠷᠢᠨᠰᠢᠭᠦᠯᠵᠦ᠂  ᠰᠦᠯᠵᠢᠶᠡᠵᠢᠭᠦᠯᠦᠭᠰᠡᠨ ᠪᠠ ᠭᠡᠷᠡᠲᠦ ᠬᠠᠮᠢᠶᠠᠷᠤᠯᠲᠠ ᠶᠢᠨ ᠬᠡᠪ ᠵᠠᠭᠪᠤᠷ ᠢ ᠲᠡᠭᠦᠯᠳᠡᠷᠵᠢᠭᠦᠯᠦᠨ᠂ ᠠᠷᠭ᠎ᠠ ᠪᠦᠬᠦᠨ ᠢ ᠰᠦᠪᠡᠭᠴᠢᠯᠡᠨ ᠨᠡᠶᠢᠭᠡᠮ ᠤᠨ ᠵᠦᠷᠢᠴᠡᠯ ᠢ ᠡᠶᠡᠳᠡᠭᠦᠯᠦᠨ᠎ᠡ᠃ ᠵᠦᠷᠢᠴᠡᠯ ᠮᠦᠷᠭᠦᠯᠳᠦᠭᠡᠨ ᠢ ︽ᠶᠡᠬᠡᠪᠡᠷ ᠪᠠᠶᠢᠴᠠᠭᠠᠨ ᠰᠢᠢᠳᠪᠦᠷᠢᠯᠡᠬᠦ︾ ᠠᠵᠢᠯᠯᠠᠭ᠎ᠠ ᠶᠢ ᠲᠣᠭᠲᠠᠭᠰᠠᠨ ᠴᠠᠭ ᠲᠠᠢ ᠦᠷᠨᠢᠭᠦᠯᠵᠦ᠂ ᠨᠡᠶᠢᠭᠡᠮ ᠤᠨ ᠵᠦᠷᠢᠴᠡᠯ ᠮᠦᠷᠭᠦᠯᠳᠦᠭᠡᠨ ᠢ ᠡᠬᠢ ᠡᠭᠦᠰᠦᠯ ᠤᠨ ᠱᠠᠲᠤᠨ ᠳᠤᠨᠢ ᠦᠭᠡᠶᠢᠰᠬᠡᠨ᠎ᠡ᠃ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠬᠠᠤᠯᠢ ᠶᠤᠰᠤᠭᠠᠷ ᠰᠢᠢᠳᠪᠦᠷᠢᠯᠡᠬᠦ ᠬᠢᠬᠦ ᠶᠢ ᠪᠠᠷᠢᠮᠲᠠᠯᠠᠵᠤ᠂ ᠵᠠᠬᠢᠳᠠᠯ ᠰᠣᠷᠪᠤᠯᠵᠢᠯᠠᠭ᠎ᠠ ᠶᠢᠨ ᠡᠮᠬᠢ ᠵᠢᠷᠦᠮ ᠢ ᠳᠦᠷᠢᠮᠵᠢᠭᠦᠯᠦᠨ᠂ ᠣᠯᠠᠨ ᠲᠦᠮᠡᠨ ᠢ ᠬᠠᠤᠯᠢ ᠶᠣᠰᠤᠭᠠᠷ ᠵᠣᠬᠢᠰᠲᠠᠢ ᠥᠪᠡᠷ ᠤᠨ ᠭᠤᠶᠤᠴᠢᠯᠠᠭ᠎ᠠ ᠵᠠᠭᠠᠯᠳᠤᠯᠭ᠎ᠠ ᠪᠠᠨ ᠢᠯᠡᠳᠬᠡᠬᠦ ᠶᠢ ᠬᠠᠪᠰᠤᠷᠤᠨ ᠵᠢᠯᠤᠭᠤᠳᠤᠨ᠎ᠠ᠃ ᠬᠠᠤᠯᠢ ᠪᠣᠰᠤ ᠪᠠᠷ ᠰᠣᠷᠪᠤᠯᠵᠢᠯᠠᠭ᠎ᠠ ᠬᠢᠬᠦ᠂ ᠬᠡᠷᠡᠭ ᠦᠳᠦᠭᠡᠬᠦ ᠵᠡᠷᠭᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂ ᠬᠡᠷᠡᠭ ᠦᠳᠦᠭᠡᠬᠦ ᠪᠠᠷ ᠤᠴᠢᠷ ᠰᠢᠢᠳᠪᠦᠷᠢᠯᠡᠭᠦᠯᠬᠦ ᠶᠢ ᠬᠦᠰᠡᠬᠦ ᠪᠠ ᠰᠣᠷᠪᠤᠯᠵᠢᠯᠠᠭ᠎ᠠ ᠬᠢᠬᠦ ᠪᠠᠷ ᠬᠤᠪᠢ ᠪᠠᠨ ᠪᠣᠷᠳᠤᠬᠤ ᠵᠡᠷᠭᠡ ᠦᠵᠡᠭᠳᠡᠯ ᠡᠭᠦᠰᠬᠦ ᠶᠢ ᠡᠷᠡᠰ ᠬᠤᠷᠢᠭᠯᠠᠨ᠎ᠠ᠃ ᠵᠠᠬᠢᠳᠠᠯ ᠰᠣᠷᠪᠤᠯᠵᠢᠯᠠᠭ᠎ᠠ ᠶᠢᠨ ᠬᠠᠷᠢᠭᠤᠴᠠᠯᠭ᠎ᠠ ᠶᠢ ᠲᠣᠭᠲᠠᠭᠠᠵᠤ᠂ ᠴᠢᠩᠭ᠎ᠠ ᠰᠢᠢᠳᠪᠦᠷᠢᠯᠡᠨ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠤᠳᠤᠷᠢᠳᠤᠯᠭ᠎ᠠ ᠬᠦᠯᠢᠶᠡᠨ ᠰᠢᠢᠳᠪᠦᠷᠢᠯᠡᠬᠦ ᠪᠠ ᠲᠣᠭᠲᠠᠭᠰᠠᠨ ᠬᠤᠭᠤᠴᠠᠭ᠎ᠠ ᠲᠠᠢ ᠰᠣᠷᠪᠤᠯᠵᠢᠯᠠᠭ᠎ᠠ ᠬᠦᠯᠢᠶᠡᠬᠦ ᠵᠡᠷᠭᠡ ᠳᠦᠷᠢᠮ ᠢ  ᠬᠡᠷᠡᠭᠵᠢᠭᠦᠯᠦᠨ᠂ ᠢᠳᠡᠪᠬᠢᠲᠠᠢ ᠡᠶᠡᠳᠡᠭᠦᠯᠦᠨ ᠰᠢᠢᠳᠪᠦᠷᠢᠯᠡᠵᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠪᠦᠬᠦ ᠬᠤᠲᠠ ᠶᠢᠨ ᠲᠡᠷᠢᠭᠦᠨ ᠡᠩᠨᠡᠭᠡᠨ ᠳᠤ ᠪᠠᠶᠢᠯᠭᠠᠨ᠎ᠠ᠃       ᠠᠶᠤᠯ ᠦᠭᠡᠢ ᠦᠢᠯᠡᠳᠪᠦᠷᠢᠯᠡᠯ ᠳᠠᠬᠢ ᠬᠢᠨᠠᠨ ᠬᠠᠮᠢᠶᠠᠷᠤᠯᠲᠠ ᠪᠠᠨ ᠴᠢᠩᠭᠠᠳᠬᠠᠨ᠎ᠠ᠃  ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠪᠣᠯᠤᠨ ︽ᠨᠢᠭᠡ ᠫᠢᠶᠤᠤ ᠪᠠᠷ ᠰᠢᠢᠳᠪᠦᠷᠢᠯᠡᠬᠦ︾ ᠳᠦᠷᠢᠮ ᠢ ᠴᠢᠩᠭ᠎ᠠ ᠬᠡᠷᠡᠭᠵᠢᠭᠦᠯᠵᠦ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠤᠨ᠂  ᠠᠶᠤᠯ ᠦᠬᠡᠢ ᠦᠢᠯᠡᠳᠪᠦᠷᠢᠯᠡᠯ ᠤᠨ ᠬᠡᠷᠡᠭ  ᠠᠳᠦᠯ   ᠢ ᠡᠬᠢ ᠡᠭᠦᠰᠦᠯ ᠠᠴᠠ ᠨᠢ ᠰᠡᠷᠭᠡᠶᠢᠯᠡᠨ᠎ᠡ᠃ ︽ᠠᠶᠤᠯ ᠦᠭᠡᠢ ᠦᠢᠯᠡᠳᠪᠦᠷᠢᠯᠡᠯ ᠤᠨ ᠣᠨ︾ ᠤ ᠠᠵᠢᠯᠯᠠᠭ᠎ᠠ ᠶᠢ ᠭᠦᠨᠵᠡᠭᠡᠢ ᠦᠷᠨᠢᠭᠦᠯᠦᠨ᠂ ᠭᠤᠣᠯᠳᠠᠯᠭ᠎ᠠ ᠲᠠᠢ ᠠᠵᠢᠯ ᠲᠥᠷᠥᠯ ᠪᠠ ᠬᠦᠷᠢᠶ᠎ᠡ ᠴᠠᠷ᠎ᠠ ᠶᠢᠨ ᠲᠤᠰᠬᠠᠢ ᠵᠠᠰᠠᠨ ᠴᠡᠭᠴᠡᠯᠡᠯᠲᠡ ᠶᠢ ᠳᠣᠪᠤᠶᠢᠮ᠎ᠠ ᠠᠳᠬᠤᠵᠤ᠂ ᠠᠮᠤᠷ ᠲᠦᠪᠰᠢᠨ  ᠤ ᠲᠠᠯᠳᠠ ᠬᠡᠮ ᠢ ᠴᠢᠷᠮᠠᠶᠢᠨ ᠢᠯᠡᠷᠡᠬᠦᠯᠵᠤ ᠦᠬᠡᠶᠢᠰᠬᠡᠨ᠎ᠡ᠃ ᠬᠠᠤᠯᠢ ᠶᠢ ᠵᠦᠷᠢᠴᠡᠭᠰᠡᠨ ᠦᠢᠯᠡᠳᠪᠦᠷᠢᠯᠡᠯ ᠡᠵᠡᠩᠨᠡᠯᠲᠡ ᠶᠢᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂ ᠣᠨᠴᠠ ᠶᠡᠭᠡ ᠬᠡᠷᠡᠭ ᠭᠠᠷᠬᠤ ᠶᠢ ᠬᠤᠷᠢᠭᠯᠠᠵᠤ᠂ ᠡᠩ ᠤᠨ ᠬᠡᠷᠡᠭ ᠢ ᠰᠡᠷᠭᠡᠶᠢᠯᠡᠨ᠂ ᠲᠤᠭ᠎ᠠ ᠶᠢ ᠨᠢ ᠤᠯᠠᠮ ᠨᠢᠭᠡ ᠠᠯᠬᠤᠮ ᠪᠠᠭᠠᠰᠬᠠᠨ᠎ᠠ᠃ ᠠᠮᠤᠷ ᠲᠥᠪᠰᠢᠨ ᠢ ᠪᠠᠲᠤᠯᠠᠬᠤ ᠳᠦᠷᠢᠮ ᠢ ᠲᠤᠷᠰᠢᠨ ᠲᠦᠭᠡᠮᠡᠯᠵᠢᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠨ ᠬᠠᠮᠢᠶᠠᠷᠤᠯᠲᠠ ᠶᠢᠨ ᠲᠥᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠶᠤᠯ ᠭᠠᠮᠰᠢᠭ ᠤᠨ ᠬᠡᠷᠡᠭ᠂ ᠣᠯᠠᠨ ᠨᠠᠶᠢᠲᠡ ᠶᠢᠨ ᠬᠡᠷᠡᠭ ᠤᠨ ᠰᠡᠷᠡᠮᠵᠢ᠂ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠴᠢᠳᠠᠪᠦᠷᠢ ᠪᠠᠨ ᠳᠡᠭᠡᠭᠰᠢᠯᠡᠭᠦᠯᠦᠨ᠎ᠡ᠃       ᠲᠦᠯᠦᠭᠡᠯᠡᠭᠴᠢᠳ ᠡ᠂ 2015 ᠤᠨ ᠳᠤ ᠮᠠᠨ ᠤ ᠡᠬᠦᠷᠬᠡ ᠬᠦᠨᠳᠤ᠂ ᠵᠠᠰᠠᠭ ᠤᠨ ᠤᠷᠳᠤᠨ ᠤ ᠡᠬᠦᠷᠬᠡᠯᠡᠵᠤ ᠪᠠᠶᠢᠭ᠎ᠠ ᠬᠠᠷᠢᠭᠤᠴᠠᠯᠭ᠎ᠠ ᠶᠡᠭᠡ ᠮᠦᠷᠳᠡᠬᠡᠨ ᠦᠡᠭᠬᠡ ᠬᠡᠷᠡᠯᠳᠡᠢ᠂ ᠰᠢᠨ᠎ᠡ ᠪᠠᠶᠢᠳᠠᠯ ᠲᠤᠤᠷ᠎ᠠ᠂ ᠰᠢᠨ᠎ᠡ ᠡᠬᠦᠷᠬᠡ ᠶᠢᠨ ᠡᠮᠤᠨ᠎ᠡ ᠪᠢᠳᠡᠨ ᠳᠤ ᠲᠤᠯᠭᠠᠷᠠᠭᠰᠠᠨ ᠰᠢᠨ᠎ᠡ ᠱᠠᠭᠠᠷᠳᠠᠯᠭ᠎ᠠ ᠲᠠᠢ ᠴᠢᠮᠠᠶᠢᠨ ᠵᠤᠬᠢᠴᠠᠵᠤ᠂ ᠠᠵᠢᠯᠯᠠᠬᠤ ᠰᠤᠷᠳᠠᠯ ᠪᠠ ᠠᠷᠭ᠎ᠠ ᠠᠪᠴᠠᠯ ᠢᠶᠠᠨ ᠦᠷᠬᠦᠯᠵᠢᠳᠡ ᠰᠠᠶᠢᠵᠢᠷᠠᠭᠤᠯᠤᠨ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠦᠳᠦᠬᠡᠨ ᠪᠠᠶᠢᠭᠤᠯᠤᠯᠳᠠ ᠶᠢ ᠲᠠᠰᠤᠷᠠᠯᠳᠠ ᠦᠬᠡᠢ ᠴᠢᠩᠭᠠᠳᠬᠠᠨ᠎ᠠ᠃ ᠪᠢᠳᠡ ᠬᠠᠤᠯᠢ ᠪᠠᠷ ᠵᠠᠰᠠᠭ  ᠪᠠᠷᠢᠬᠤ   ᠪᠠᠨ  ᠦᠷᠬᠦᠯᠵᠢ ᠪᠠᠷᠢᠮᠳᠠᠯᠠᠨ᠎ᠠ᠃ ︽ᠬᠠᠤᠯᠢ ᠠᠴᠠ ᠣᠯᠭᠤᠭᠰᠠᠨ ᠡᠷᠬᠡ ᠦᠭᠡᠢ ᠪᠣᠯ ᠬᠢᠬᠦ ᠦᠭᠡᠢ᠂ ᠬᠠᠤᠯᠢ ᠳᠤ ᠲᠣᠭᠲᠠᠭᠰᠠᠨ ᠡᠭᠦᠷᠭᠡ ᠬᠠᠷᠢᠭᠤᠴᠠᠯᠭ᠎ᠠ ᠪᠠᠨ ᠡᠷᠬᠡᠪᠰᠢ ᠪᠡᠶᠡᠯᠡᠬᠦᠯᠬᠦ︾ ᠶᠢ ᠪᠠᠷᠢᠮᠳᠠᠯᠠᠨ᠂ ᠬᠠᠤᠯᠢ ᠳᠦᠷᠢᠮ ᠤᠨ ᠦᠵᠡᠯᠲᠡ ᠪᠠᠨ ᠴᠢᠩᠭᠠᠳᠬᠠᠵᠤ᠂ ᠥᠪᠡᠷ ᠤᠨ ᠤᠬᠠᠮᠰᠠᠷ ᠠᠴᠠ ᠪᠠᠨ ᠬᠠᠤᠯᠢ ᠪᠠᠷ ᠵᠠᠰᠠᠬᠤ ᠠᠷᠭ᠎ᠠ ᠬᠡᠮᠵᠢᠶ᠎ᠡ ᠶᠢ ᠬᠡᠷᠡᠭᠯᠡᠨ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠭᠦᠢᠴᠡᠳᠬᠡᠨ᠎ᠡ᠃ ᠬᠠᠤᠯᠢ ᠬᠡᠷᠡᠭᠵᠢᠭᠦᠯᠦᠯᠲᠡ ᠶᠢᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠴᠢᠩᠭ᠎ᠠ  ᠬᠡᠷᠡᠭᠵᠢᠬᠦᠯᠵᠤ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠪᠠ ᠬᠢᠨᠠᠨ ᠪᠣᠳᠤᠯᠲᠠ ᠶᠢᠨ ᠬᠢᠨᠠᠯᠲᠠ ᠶᠢ ᠴᠢᠩᠭᠠᠳᠬᠠᠨ᠂ ᠬᠠᠤᠯᠢ ᠶᠢᠨ ᠦᠵᠡᠯ ᠤᠬᠠᠮᠰᠠᠷ ᠢᠶᠠᠷ ᠬᠦᠭᠵᠢᠯᠳᠡ ᠶᠢ ᠠᠬᠢᠭᠤᠯᠬᠤ ᠪᠠ ᠵᠦᠷᠢᠴᠡᠯ ᠶᠢ ᠰᠢᠢᠳᠪᠦᠷᠢᠯᠡᠬᠦ ᠴᠢᠳᠠᠪᠦᠷᠢ ᠪᠠᠨ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠤᠯᠤᠰ ᠲᠥᠷᠥ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠰᠠᠨᠠᠭᠠᠴᠢᠯᠠᠭ᠎ᠠ ᠲᠠᠢ ᠪᠠᠷ ᠬᠦᠯᠢᠶᠡᠨ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢᠳ  ᠤᠨ ᠵᠦᠪᠯᠡᠯᠬᠡ᠂ ᠰᠠᠨᠠᠯ ᠪᠠ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ ᠤ ᠲᠤᠷᠠᠳᠤᠯᠭ᠎ᠠ ᠶᠢ ᠰᠠᠶᠢᠳᠤᠷ ᠰᠢᠢᠳᠪᠦᠷᠢᠯᠡᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠵᠦᠪᠯᠡᠯᠭᠡ ᠶᠢ ᠥᠷᠭᠡᠨ ᠢᠶᠠᠷ ᠰᠣᠨᠤᠰᠤᠨ᠎ᠠ᠃ ᠪᠢᠳᠡ ᠵᠠᠰᠠᠭ ᠤᠨ ᠣᠷᠳᠣᠨ ᠤ ᠴᠢᠳᠠᠮᠵᠢ ᠶᠢ ᠤᠯᠠᠮ ᠨᠢᠬᠡ ᠠᠯᠬᠤᠮ ᠥᠭᠡᠷᠡᠴᠢᠯᠡᠨ᠎ᠡ᠃ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠦᠢᠯᠡᠴᠢᠯᠡᠭᠡᠨ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ ᠵᠢᠴᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠭᠦᠷᠭᠡ ᠬᠠᠷᠢᠭᠤᠴᠠᠯᠭ᠎ᠠ ᠶᠢ  ᠴᠢᠩᠭᠠᠳᠬᠠᠨ᠂ ᠬᠤᠮᠠᠬᠢ ᠬᠠᠮᠢᠶᠠᠷᠤᠯᠲᠠ ᠪᠠᠨ ᠪᠠᠭᠠᠰᠬᠠᠨ᠂ ᠵᠠᠰᠠᠭ ᠤᠨ ᠣᠷᠳᠣᠨ ᠪᠣᠯᠣᠨ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠤᠯᠠᠮ ᠨᠢᠭᠡ ᠠᠯᠬᠤᠮ ᠲᠣᠳᠣ  ᠪᠤᠯᠭᠠᠨ᠎ᠠ᠃ ᠡᠷᠬᠡ ᠬᠠᠷᠢᠭᠤᠴᠠᠯᠭ᠎ᠠ ᠵᠢᠴᠢ ᠨᠠᠵᠠᠭᠠᠢ ᠲᠠᠯ᠎ᠠ ᠶᠢ ᠦᠭᠡᠶᠢᠰᠬᠡᠬᠦ ᠳᠦᠷᠢᠮ ᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠶᠢᠨ ᠵᠦᠢᠯ ᠢ ᠦᠷᠭᠦᠯᠵᠢᠯᠡᠨ ᠪᠠᠭᠠᠰᠬᠠᠨ ᠦᠭᠡᠶᠢᠰᠬᠡᠵᠦ᠂ ᠬᠠᠮᠤᠭ ᠶᠡᠭᠡ ᠬᠡᠮᠵᠢᠶ᠎ᠡ ᠪᠠᠷ ᠵᠠᠰᠠᠭ ᠢ ᠴᠣᠮᠬᠠᠳᠬᠠᠨ ᠡᠷᠬᠡ ᠶᠢ ᠴᠢᠯᠦᠭᠡᠯᠡᠨ᠎ᠡ᠃ ᠵᠠᠰᠠᠭ ᠤᠨ ᠣᠷᠳᠣᠨ ᠤ ᠨᠡᠶᠢᠭᠡᠮ ᠤᠨ ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠦᠷᠢ ᠶᠢ ᠴᠢᠩᠭᠠᠳᠬᠠᠵᠤ᠂ ᠵᠠᠰᠠᠭ ᠤᠨ ᠣᠷᠳᠣᠨ ᠤ ᠡᠬᠢ ᠰᠣᠷᠪᠣᠯᠵᠢ ᠶᠢ ᠣᠯᠠᠨ ᠨᠡᠶᠢᠲᠡ ᠶᠢᠨ ᠪᠦᠲᠦᠭᠡᠭᠳᠡᠭᠦᠨ ᠪᠠ ᠦᠢᠯᠡᠴᠢᠯᠡᠭᠡᠨ ᠤ ᠬᠦᠷᠢᠶ᠎ᠡ ᠬᠡᠪᠴᠢᠶᠡᠨ ᠳᠤ ᠣᠷᠤᠭᠤᠯᠤᠨ᠎ᠠ᠃ ᠪᠢᠳᠡ ᠠᠵᠢᠯ ᠤᠨ ᠰᠤᠷᠲᠠᠯ ᠢᠶᠠᠨ ᠲᠠᠰᠤᠷᠠᠯᠳᠠ ᠦᠬᠡᠢ ᠰᠠᠶᠢᠵᠢᠷᠠᠭᠤᠯᠤᠨ᠎ᠠ᠃ ᠨᠠᠮ ᠤᠨ ᠣᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭᠠᠨ ᠤ ᠦᠷ᠎ᠡ ᠪᠦᠲᠦᠮᠵᠢ ᠶᠢ ᠪᠠᠲᠤᠳᠬᠠᠨ ᠦᠷᠭᠡᠳᠬᠡᠵᠦ᠂ ᠠᠷᠠᠳ ᠲᠤ ᠲᠤᠰᠠᠲᠠᠢ ᠠᠵᠢᠯ ᠣᠯᠠᠨ ᠬᠢᠵᠦ᠂ ᠠᠷᠠᠳ ᠤᠨ ᠬᠦᠴᠢᠷᠳᠡᠯ ᠢ ᠢᠯᠡᠭᠦᠬᠡᠨ ᠰᠢᠢᠳᠪᠦᠷᠢᠯᠡᠨ᠂ ᠠᠷᠠᠳ ᠤᠨ ᠠᠰᠢᠭ ᠲᠤᠰᠠ ᠶᠢ ᠬᠠᠮᠤᠭ ᠶᠡᠭᠡ ᠬᠡᠮᠵᠢᠶ᠎ᠡ ᠪᠠᠷ ᠬᠠᠮᠠᠭᠠᠯᠠᠨ ᠬᠦᠭᠵᠢᠭᠦᠯᠦᠨ᠎ᠡ᠃ ᠲᠦᠪ ᠤᠨ ᠨᠠᠢᠮᠠᠨ ᠵᠣᠷᠪᠣᠰ ᠲᠣᠭᠲᠠᠭᠠᠯ ᠵᠢᠴᠢ ᠡᠯ᠎ᠡ ᠱᠠᠲᠤᠨ ᠤ ᠲᠦᠬᠦᠷᠵᠢᠭᠦᠯᠦᠭᠰᠡᠨ ᠲᠣᠭᠲᠠᠭᠠᠯ ᠢ ᠢᠮᠠᠭᠲᠠ ᠲᠤᠤᠱᠯᠠᠭᠤᠯᠵᠤ᠂ ︽ᠭᠤᠷᠪᠠᠨ ᠠᠯᠪᠠᠨ︾ ᠤ ᠵᠠᠷᠤᠳᠠᠯ ᠪᠠ ᠡᠩ ᠤᠨ ᠵᠠᠷᠤᠳᠠᠯ ᠢ ᠪᠠᠭᠠᠰᠬᠠᠨ᠂ ᠰᠤᠷᠲᠠᠯ ᠢᠶᠠᠨ ᠥᠭᠡᠷᠡᠴᠢᠯᠡᠬᠦ ᠰᠢᠨ᠎ᠡ ᠳᠠᠳᠬᠠᠯ ᠰᠢᠨ᠎ᠡ ᠬᠡᠪ ᠪᠠᠶᠢᠳᠠᠯ ᠢ ᠪᠣᠢ ᠪᠣᠯᠭᠠᠨ᠎ᠠ᠃ ᠵᠠᠰᠠᠭ ᠤᠨ ᠶᠠᠪᠤᠳᠠᠯ ᠤᠨ ᠪᠠᠶᠢᠴᠠᠭᠠᠯᠲᠠ ᠶᠢ ᠴᠢᠩᠭᠠᠳᠬᠠᠵᠤ᠂ ᠵᠤᠷᠢᠭᠳᠠᠢ ᠪᠠᠷ ᠬᠢᠵᠤ ᠦᠢᠯᠡᠳᠬᠦ᠂ ᠰᠠᠶᠢᠨ ᠬᠢᠵᠤ ᠰᠠᠶᠢᠳᠤᠷ ᠬᠦᠢᠴᠡᠳᠬᠡᠬᠦ ᠠᠵᠢᠯ ᠤᠨ ᠰᠤᠷᠳᠠᠯ ᠢ ᠲᠠᠶᠢᠴᠢᠯᠠᠨ᠂ ᠠᠯᠵᠠᠭᠤ ᠬᠤᠶᠢᠷᠭᠤ ᠰᠤᠯᠠ ᠵᠠᠳᠠᠭᠠᠢ ᠪᠦᠷᠢᠯᠭᠡᠨ ᠰᠦᠢᠳᠬᠡᠬᠦ ᠵᠡᠷᠭᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠢᠯᠡᠷᠡᠭᠦᠯᠵᠦ᠂ ᠵᠠᠰᠠᠭ ᠵᠠᠬᠢᠷᠭᠠᠨ ᠤ ᠦᠷ᠎ᠡ ᠠᠰᠢᠭ ᠢ ᠴᠢᠷᠮᠠᠶᠢᠨ ᠳᠡᠭᠡᠭᠰᠢᠯᠡᠭᠦᠯᠦᠨ᠎ᠡ᠃ ᠪᠢᠳᠡ ᠴᠢᠭᠡᠴᠢ ᠵᠠᠰᠠᠭ ᠤᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠨ᠎ᠠ᠃ ᠤᠳᠤᠷᠢᠳᠬᠤ ᠺᠠᠳᠠᠷ ᠤᠨ ︽ᠨᠢᠬᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠰᠠᠶᠢᠳᠤᠷ ᠲᠤᠤᠱᠯᠠᠭᠤᠯᠤᠨ᠂ ᠠᠷᠢᠭᠤᠨ ᠴᠢᠬᠡᠴᠢ ᠶᠢᠨ ᠪᠠᠶᠢᠭᠤᠯᠤᠯᠳᠠ ᠪᠠ ᠲᠤᠬᠠᠶᠢᠯᠠᠭᠰᠠᠨ ᠠᠵᠢᠯ ᠶᠢ ᠨᠢᠬᠳᠠ ᠤᠶᠠᠯᠳᠤᠭᠤᠯᠤᠭᠰᠠᠨ ᠲᠤᠭᠳᠠᠯᠴᠠᠭ᠎ᠠ ᠶᠢ ᠪᠠᠶᠢᠭᠤᠯᠵᠤ᠂ ᠴᠢᠭᠡᠴᠢ ᠵᠠᠰᠠᠭ ᠤᠨ ᠪᠠᠶᠢᠭᠤᠯᠤᠯᠲᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠭᠤᠭᠴᠤᠭ᠎ᠠ ᠳᠤ ᠨᠠᠶᠢᠳᠠᠪᠦᠷᠢᠵᠢᠭᠤᠯᠤᠨ᠎ᠠ᠃ ᠲᠥᠪ ᠭᠤᠣᠯᠴᠢ ᠰᠣᠯᠢᠯᠴᠠᠭᠠᠨ ᠤ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠠᠭᠤᠷᠬᠠᠢ ᠶᠢᠨ ᠡᠷᠬᠡ ᠰᠣᠯᠢᠯᠴᠠᠬᠤ᠂ ᠭᠠᠵᠠᠷ ᠰᠢᠷᠤᠢ ᠬᠤᠳᠠᠯᠳᠤᠬᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠵᠠᠰᠠᠭ ᠤᠨ ᠣᠷᠳᠣᠨ ᠬᠤᠳᠠᠯᠳᠣᠨ ᠠᠪᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷ᠎ᠠ ᠶᠢᠨ ᠬᠢᠨᠠᠨ ᠪᠠᠶᠢᠴᠠᠭᠠᠯᠲᠠ ᠶᠢ ᠴᠢᠩᠭ᠎ᠠ ᠠᠳᠬᠤᠵᠤ᠂ ᠳᠦᠷᠢᠮ ᠢᠶᠠᠷ ᠡᠷᠬᠡ᠂ ᠬᠦᠮᠦᠨ᠂ ᠬᠡᠷᠡᠭ ᠶᠠᠪᠤᠳᠠᠯ ᠢ ᠴᠢᠩᠭ᠎ᠠ ᠬᠠᠮᠢᠶᠠᠷᠤᠨ᠎ᠠ᠃ ᠠᠯᠪᠠᠨ ᠶᠠᠪᠤᠳᠠᠯ ᠤᠨ ᠬᠦᠯᠢᠶᠡᠨ ᠠᠪᠬᠤ ᠪᠠ ᠠᠯᠪᠠᠨ ᠭᠡᠷ ᠤᠨ ᠬᠠᠮᠢᠶᠠᠷᠤᠯᠲᠠ ᠶᠢ ᠴᠢᠩᠭᠠᠳᠬᠠᠨ᠂ ᠠᠯᠪᠠᠨ ᠲᠡᠷᠭᠡ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠤᠨ ᠵᠦᠭᠡᠷ ᠰᠠᠭᠤᠵᠤ ᠴᠠᠯᠢᠩ ᠣᠯᠬᠤ  ᠦᠵᠡᠭᠳᠡᠯ ᠢ ᠲᠦᠪᠯᠡᠷᠡᠭᠦᠯᠦᠨ ᠰᠢᠢᠳᠪᠦᠷᠢᠯᠡᠵᠦ᠂ ᠨᠡᠩ ᠣᠯᠠᠨ ᠡᠳ᠋ ᠤᠨ ᠬᠦᠴᠦᠨ ᠢ ᠠᠷᠠᠳ ᠤᠨ ᠠᠮᠢᠳᠤᠷᠠᠯ ᠢ ᠪᠠᠲᠤᠯᠠᠵᠤ ᠰᠠᠶᠢᠵᠢᠷᠠᠭᠤᠯᠬᠤ ᠳᠡᠭᠡᠷ᠎ᠡ ᠬᠡᠷᠡᠭᠯᠡᠨ᠎ᠡ᠃        ᠲᠦᠯᠦᠭᠡᠯᠡᠭᠴᠢᠳ ᠡ᠂ 2015 ᠣᠨ ᠤ ᠠᠵᠢᠯ ᠢ ᠭᠦᠢᠴᠡᠳᠬᠡᠬᠦ ᠳᠤ ᠮᠠᠨ ᠤ ᠬᠠᠷᠢᠭᠤᠴᠠᠯᠭ᠎ᠠ ᠶᠡᠭᠡ᠂ ᠡᠭᠦᠷᠭᠡ ᠬᠦᠨᠳᠦ᠃ ᠪᠢᠳᠡ ᠬᠤᠰᠢᠭᠤ ᠨᠠᠮ ᠤᠨ ᠬᠤᠷᠢᠶ᠎ᠠ ᠶᠢᠨ ᠴᠢᠩᠭ᠎ᠠ ᠤᠳᠤᠷᠢᠳᠤᠯᠭ᠎ᠠ ᠳᠣᠣᠷ᠎ᠠ᠂ ᠰᠢᠨ᠎ᠡ ᠬᠡᠪ ᠪᠠᠶᠢᠳᠠᠯ ᠳᠤ ᠵᠣᠬᠢᠴᠠᠨ᠂ ᠴᠢᠷᠮᠠᠶᠢᠨ ᠤᠷᠤᠭᠰᠢᠯᠠᠬᠤ ᠵᠣᠷᠢᠭ ᠰᠠᠨᠠᠭ᠎ᠠ ᠪᠠᠷ ᠬᠦᠴᠦᠨ ᠬᠠᠮᠲᠤᠳᠬᠠᠨ ᠬᠦᠴᠦᠯᠡᠨ ᠬᠦᠭᠵᠢᠭᠦᠯᠵᠦ᠂ ᠥᠭᠡᠷᠡᠴᠢᠯᠡᠯᠲᠡ ᠬᠦᠭᠵᠢᠯᠲᠡ ᠲᠠᠢ᠂ ᠠᠷᠠᠳ ᠨᠢ ᠪᠠᠶᠠᠵᠢᠵᠤ ᠬᠤᠰᠢᠭᠤ ᠨᠢ ᠬᠦᠴᠦᠷᠬᠡᠭᠵᠢᠭᠰᠡᠨ ᠪᠠᠭᠠᠷᠢᠨ ᠵᠡᠭᠦᠨ ᠬᠤᠰᠢᠭᠤᠨ ᠤ ᠰᠢᠨ᠎ᠡ ᠬᠡᠪ ᠪᠠᠶᠢᠳᠠᠯ ᠢ ᠴᠢᠷᠮᠠᠶᠢᠨ ᠪᠡᠶᠡᠯᠡᠭᠦᠯᠦᠨ᠎ᠡ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号